2023 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠠᠵᠢᠯ ᠢ | ᠪᠦᠬᠦ ᠲᠠᠯ᠎ᠠ ᠪᠠᠷ ᠠᠬᠢᠭᠤᠯᠬᠤ ᠲᠤᠬᠠᠢ ᠨᠠᠮ ᠤᠨ ᠲᠥᠪ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶ᠎ᠠ ᠶᠢᠨ | ᠰᠠᠨᠠᠯ | ︵2023 ᠣᠨ ᠤ 1 ᠰᠠᠷ᠎ᠠ ᠶᠢᠨ 2 ᠤᠨ ᠡᠳᠦᠷ︶ | ᠨᠠᠮ ᠤᠨ ᠬᠤᠷᠢᠳᠤᠭᠠᠷ ᠶᠡᠭᠡ ᠬᠤᠷᠠᠯ ᠨᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠠᠤᠭ᠎ᠠ | ᠶᠡᠭᠡ ᠵᠢᠷᠤᠭ ᠲᠥᠯᠥᠪᠯᠡᠭᠡ ᠶᠢ ᠵᠢᠷᠤᠭᠯᠠᠪᠠ᠃ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ | ᠪᠦᠲᠦᠭᠡᠨ ᠪᠠᠶᠢᠭᠤᠯᠬᠤ ᠶᠢᠨ ᠬᠠᠮᠤᠭ ᠤᠨ ᠬᠠᠲᠠᠭᠤ ᠪᠡᠷᠬᠡ ᠬᠠᠮᠤᠭ ᠤᠨ ᠬᠦᠨᠳᠦ ᠨᠦᠰᠡᠷ ᠡᠭᠦᠷᠭᠡ ᠮᠥᠨ ᠬᠦ | ᠬᠥᠳᠡᠭᠡ ᠲᠣᠰᠬᠤᠨ ᠳᠤ ᠪᠠᠶᠢᠨ᠎ᠠ᠃ ᠳᠡᠯᠡᠬᠡᠢ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ | ᠲᠦᠷᠭᠡᠰᠦᠨ ᠶᠠᠪᠤᠭᠳᠠᠵᠤ᠂ ᠮᠠᠨ ᠤ ᠤᠯᠤᠰ ᠤᠨ ᠬᠥᠭᠵᠢᠯᠲᠡ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠪᠠ | ᠠᠶᠤᠯ ᠲᠦᠭᠰᠢᠭᠦᠷᠢ ᠥᠷᠢᠰᠥᠯᠳᠦᠭᠡᠨ ᠵᠡᠷᠭᠡᠪᠡᠷ ᠣᠷᠣᠰᠢᠵᠤ᠂ ᠲᠣᠭᠲᠠᠭᠠᠭᠳᠠᠰᠢ ᠦᠭᠡᠢ ᠪᠡᠯᠡᠳᠬᠡᠯ ᠬᠦᠴᠦᠨ ᠵᠦᠢᠯ | ᠨᠡᠮᠡᠭᠳᠡᠵᠦ ᠪᠠᠶᠢᠭ᠎ᠠ ᠴᠠᠭ ᠦᠶ᠎ᠡ ᠳᠤ ᠣᠷᠣᠵᠤ᠂ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ | ᠦᠨᠳᠦᠰᠦᠨ ᠪᠠᠶᠢᠳᠠᠯ ᠢ ᠰᠠᠶᠢᠲᠤᠷ ᠰᠠᠬᠢᠬᠤ ᠲᠦᠢᠯ ᠤᠨ ᠴᠢᠬᠤᠯᠠ᠂ ᠠᠯᠳᠠᠰᠢ ᠭᠠᠷᠭᠠᠵᠤ ᠪᠣᠯᠬᠤ ᠦᠭᠡᠢ᠃ ᠨᠠᠮ ᠤᠨ | ᠲᠥᠪ ᠬᠤᠷᠢᠶᠠᠨ ᠤ ᠦᠵᠡᠬᠦ ᠪᠠᠷ᠂ ᠡᠷᠬᠡᠪᠰᠢ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ | ᠠᠰᠠᠭᠤᠳᠠᠯ ᠢ ᠰᠠᠶᠢᠲᠤᠷ ᠰᠢᠢᠳᠪᠦᠷᠢᠯᠡᠬᠦ ᠶᠢ ᠪᠦᠬᠦ ᠨᠠᠮ ᠤᠨ ᠠᠵᠢᠯ ᠤᠨ ᠭᠤᠣᠯᠳᠠᠯᠭ᠎ᠠ ᠶᠢᠨ ᠳᠣᠲᠣᠷᠠᠬᠢ | ᠭᠤᠣᠯᠳᠠᠯᠭ᠎ᠠ ᠪᠣᠯᠭᠠᠵᠤ᠂ ᠪᠦᠬᠦ ᠨᠠᠮ ᠪᠦᠬᠦ ᠨᠡᠶᠢᠭᠡᠮ ᠤᠨ ᠬᠦᠴᠦᠨ ᠢ ᠳᠠᠶᠢᠴᠢᠯᠠᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ | ᠣᠳᠣᠬᠢᠴᠢᠯᠠᠯᠲᠠ ᠶᠢ ᠲᠦᠷᠭᠡᠳᠬᠡᠬᠦ ᠬᠡᠷᠡᠭᠲᠡᠢ᠃ ᠬᠦᠴᠦᠷᠬᠡᠭ ᠤᠯᠤᠰ ᠵᠠᠪᠠᠯ ᠤᠷᠢᠳ ᠢᠶᠠᠷ ᠬᠥᠳᠡᠭᠡ ᠠᠵᠤ | ᠠᠬᠤᠢ ᠶᠢ ᠬᠦᠴᠦᠷᠬᠡᠭ ᠪᠣᠯᠭᠠᠪᠠᠯ ᠰᠠᠶᠢ ᠬᠦᠴᠦᠷᠬᠡᠭ ᠪᠣᠯᠤᠨ᠎ᠠ᠃ ᠤᠯᠤᠰ ᠤᠨ ᠪᠠᠶᠢᠳᠠᠯ ᠪᠠ ᠲᠠᠷᠢᠶᠠᠯᠠᠩ ᠤᠨ | ᠪᠠᠶᠢᠳᠠᠯ ᠳᠤ ᠰᠠᠭᠤᠷᠢᠯᠠᠵᠤ᠂ ᠳᠤᠮᠳᠠᠳᠤ ᠤᠯᠤᠰ ᠤᠨ ᠣᠨᠴᠠᠯᠢᠭ ᠢ ᠢᠯᠡᠷᠡᠭᠦᠯᠵᠦ᠂ ᠬᠠᠩᠭᠠᠯᠭ᠎ᠠ ᠶᠢᠨ ᠪᠠᠲᠤᠯᠠᠭ᠎ᠠ ᠪᠠᠷ | ᠴᠢᠩᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠨᠣᠭᠯᠠᠯ ᠢᠶᠠᠷ ᠴᠢᠩᠭ᠎ᠠ᠂ ᠡᠵᠡᠩᠨᠡᠯᠲᠡ ᠶᠢᠨ | ᠰᠢᠰᠲ᠋ᠧᠮ ᠢᠶᠠᠷ ᠴᠢᠩᠭ᠎ᠠ᠂ ᠠᠵᠤ ᠦᠢᠯᠡᠰ ᠤᠨ ᠤᠶᠠᠨ ᠬᠠᠳᠠᠨ ᠴᠢᠨᠠᠷ ᠢᠶᠠᠷ ᠴᠢᠩᠭ᠎ᠠ᠂ ᠦᠷᠢᠰᠦᠯᠳᠦᠬᠦ | ᠴᠢᠳᠠᠪᠤᠷᠢ ᠪᠠᠷ ᠴᠢᠩᠭ᠎ᠠ ᠲᠠᠷᠢᠶᠠᠯᠠᠩ ᠤᠨ ᠬᠦᠴᠦᠷᠬᠡᠭ ᠤᠯᠤᠰ ᠢ ᠪᠦᠳᠦᠭᠡᠨ ᠪᠠᠶᠢᠭᠤᠯᠬᠤ ᠬᠡᠷᠡᠭᠲᠡᠢ᠃ | 2023 ᠣᠨ ᠪᠠ ᠬᠤᠶᠢᠰᠢᠳᠠ ᠶᠢᠨ ᠨᠢᠭᠡ ᠬᠤᠭᠤᠴᠠᠭᠠᠨ ᠤ ︽ᠬᠥᠳᠡᠭᠡ ᠠᠵᠤ ᠠᠬᠤᠢ ᠬᠥᠳᠡᠭᠡ | ᠲᠣᠰᠬᠤᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠨᠠᠮ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠳᠠᠬᠢ | ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠢ | ᠤᠷᠢᠳᠠᠪᠠᠷ ᠬᠥᠭᠵᠢᠭᠦᠯᠬᠦ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ | ᠲᠦᠷᠢᠮ ᠤᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠠᠮᠤ ᠪᠤᠳᠠᠭᠠᠨ ᠤ ᠠᠮᠤᠷ ᠲᠦᠪᠰᠢᠨ ᠢ ᠦᠨᠡᠨᠬᠦ ᠪᠠᠲᠤᠯᠠᠬᠤ᠂ | ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠵᠡᠷᠭᠡ ᠬᠤᠷᠢᠭ᠎ᠠ ᠱᠤᠭᠤᠮ ᠢ ᠡᠷᠡᠰ ᠪᠠᠲᠤ | ᠰᠠᠬᠢᠵᠤ᠂ ᠬᠥᠳᠡᠭᠡ ᠲᠣᠰᠬᠤᠨ ᠤ ᠬᠥᠭᠵᠢᠯᠲᠡ᠂ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ᠂ ᠬᠥᠳᠡᠭᠡ | ᠲᠣᠰᠬᠤᠨ ᠤ ᠵᠠᠰᠠᠯᠲᠠ ᠵᠡᠷᠭᠡ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠬᠥᠳᠡᠭᠡ ᠠᠵᠤ | ᠠᠬᠤᠢ ᠶᠢᠨ ᠬᠦᠴᠦᠷᠬᠡᠭ ᠤᠯᠤᠰ ᠢ ᠲᠦᠷᠭᠡᠨ ᠪᠦᠳᠦᠭᠡᠨ ᠪᠠᠶᠢᠭᠤᠯᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ | ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ ᠰᠠᠶᠢᠨ ᠡᠬᠢᠯᠡᠯᠲᠡ ᠲᠠᠢ ᠪᠣᠯᠭᠠᠬᠤ ᠳᠤ ᠪᠠᠲᠤ ᠪᠠᠬᠢ | ᠰᠠᠭᠤᠷᠢ ᠶᠢ ᠲᠠᠯᠪᠢᠬᠤ ᠬᠡᠷᠡᠭᠲᠡᠢ᠃ | ᠨᠢᠭᠡ᠂ ᠠᠮᠤ ᠪᠤᠳᠠᠭ᠎ᠠ ᠪᠣᠯᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠲᠣᠭᠲᠠᠭᠤᠨ ᠢᠶᠠᠷ | ᠨᠡᠮᠡᠭᠳᠡᠬᠦ ᠶᠢ ᠴᠢᠩᠭ᠎ᠠ ᠰᠠᠶᠢᠲᠤᠷ ᠠᠳᠬᠤᠬᠤ ᠬᠡᠷᠡᠭᠲᠡᠶ᠃ | ︵ᠨᠢᠭᠡ︶᠂ ᠠᠮᠤ ᠪᠤᠳᠠᠭᠠᠨ ᠤ ᠦᠢᠯᠡᠳᠪᠦᠷᠢᠯᠡᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ | ᠬᠡᠷᠡᠭᠲᠡᠢ᠃ ᠪᠦᠬᠦ ᠤᠯᠤᠰ ᠤᠨ ᠠᠮᠤ ᠪᠤᠳᠠᠭᠠᠨ ᠤ ᠭᠠᠷᠤᠯᠲᠠ ᠪᠠᠨ 1.3 ᠲᠦᠮᠡᠨ ᠳ᠋ᠦᠩᠰᠢᠭᠤᠷ ᠵᠢᠩ ᠠᠴᠠ | ᠳᠡᠭᠡᠭᠰᠢ ᠪᠠᠶᠢᠯᠭᠠᠬᠤ ᠶᠢ ᠦᠡᠨᠡᠬᠦ ᠪᠠᠲᠤᠯᠠᠨ᠎ᠠ᠂ ᠡᠯ᠎ᠡ ᠮᠣᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ | ᠬᠤᠲᠠ︶ ᠪᠦᠷ ᠲᠠᠯᠠᠪᠠᠢ ᠶᠢ ᠲᠣᠭᠲᠠᠪᠤᠷᠢᠵᠢᠭᠤᠯᠤᠨ᠂ ᠲᠠᠯᠠᠪᠠᠢ ᠨᠢᠭᠡᠴᠢ ᠶᠢᠨ ᠤᠨᠠᠯᠲᠠ ᠶᠢ ᠭᠤᠣᠯᠳᠠᠯᠭ᠎ᠠ ᠲᠠᠢ | ᠠᠳᠬᠤᠵᠤ᠂ ᠭᠠᠷᠤᠯᠲᠠ ᠪᠠᠨ ᠨᠡᠮᠡᠭᠳᠡᠭᠦᠯᠬᠦ ᠪᠠᠷ ᠴᠢᠷᠮᠠᠶᠢᠬᠤ ᠬᠡᠷᠡᠭᠲᠡᠢ᠃ ᠠᠮᠤ ᠪᠤᠳᠠᠭᠠᠨ ᠤ ᠠᠮᠤᠷ ᠲᠦᠪᠰᠢᠨ ᠤ | ᠰᠠᠭᠤᠷᠢ ᠶᠢ ᠪᠦᠬᠦ ᠲᠠᠯ᠎ᠠ ᠪᠠᠷ ᠪᠠᠬᠢᠵᠢᠭᠦᠯᠵᠦ᠂ ᠠᠮᠤ ᠪᠤᠳᠠᠭ᠎ᠠ ᠶᠢ ᠭᠠᠵᠠᠷ ᠰᠢᠷᠣᠶ ᠳᠤ ᠬᠠᠳᠠᠭᠠᠯᠠᠬᠤ᠂ ᠠᠮᠤ | ᠪᠤᠳᠠᠭ᠎ᠠ ᠶᠢ ᠮᠡᠷᠭᠡᠵᠢᠯ ᠳᠤ ᠬᠠᠳᠠᠭᠠᠯᠠᠬᠤ ᠪᠣᠳᠠᠰ ᠤᠨ ᠰᠠᠭᠤᠷᠢ ᠶᠢ ᠴᠢᠩᠭᠠᠳᠬᠠᠵᠤ᠂ ᠲᠠᠷᠢᠶᠠᠴᠢᠳ ᠤᠨ ᠠᠮᠤ | ᠪᠤᠳᠠᠭ᠎ᠠ ᠲᠠᠷᠢᠵᠤ ᠵᠣᠭᠤᠰ ᠣᠯᠵᠤ ᠠᠰᠢᠭ ᠤᠯᠬᠤ᠂ ᠣᠷᠣᠨ ᠨᠤᠲᠤᠭ ᠤᠨ ᠠᠮᠤ ᠪᠤᠳᠠᠭ᠎ᠠ ᠶᠢ ᠠᠳᠬᠤᠵᠤ | ᠬᠠᠷᠢᠭᠤᠴᠠᠯᠭ᠎ᠠ ᠡᠭᠦᠷᠭᠡᠯᠡᠬᠦ ᠵᠢᠷᠤᠮ ᠢ ᠭᠦᠢᠴᠡᠳᠬᠡᠬᠦ ᠲᠣᠭᠲᠠᠴᠠ ᠶᠢᠨ ᠪᠠᠲᠤᠯᠠᠭ᠎ᠠ ᠶᠢ ᠪᠦᠷᠢᠨᠰᠢᠭᠦᠯᠬᠦ ᠬᠡᠷᠡᠭᠲᠡᠶ᠃ | ᠰᠢᠨ᠎ᠡ ᠨᠢᠭᠡ ᠡᠭᠡᠯᠵᠢ ᠶᠢᠨ ᠮᠢᠩᠭᠠᠨ ᠳ᠋ᠦᠩᠰᠢᠭᠤᠷ ᠵᠢᠩ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ | ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠪᠡ᠃ ᠲᠤᠨ ᠠᠮᠤ ᠪᠤᠳᠠᠭᠠᠨ ᠤ ᠲᠠᠷᠢᠶᠠᠨ ᠭᠠᠵᠠᠷ ᠢ ᠡᠭᠦᠳᠦᠨ | ᠪᠠᠶᠢᠭᠤᠯᠬᠤ ᠠᠵᠢᠯ ᠢ ᠦᠷᠨᠢᠭᠦᠯᠦᠨ᠎ᠡ᠃ ᠡᠮᠦᠨᠡᠲᠦ ᠣᠷᠤᠨ ᠤ ᠮᠣᠵᠢ ᠶᠢᠨ ᠬᠢᠨ ᠣᠯᠠᠨ ᠪᠣᠯᠪᠠᠰᠤᠷᠠᠩᠬᠤᠢ ᠠᠮᠤ | ᠪᠤᠳᠠᠭᠠᠨ ᠤ ᠦᠢᠯᠡᠳ᠋ᠪᠦᠷᠢᠯᠡᠯ ᠢ ᠬᠥᠭᠵᠢᠭᠦᠯᠬᠦ ᠶᠢ ᠠᠬᠢᠭᠤᠯᠵᠤ᠂ ᠨᠥᠬᠦᠴᠡᠯ ᠲᠠᠢ ᠭᠠᠵᠠᠷ ᠣᠷᠤᠨ ᠤ ᠳᠠᠬᠢᠯᠲᠠ | ᠳᠣᠲᠤᠷᠭ᠎ᠠ ᠶᠢ ᠬᠥᠭᠵᠢᠭᠦᠯᠬᠦ ᠶᠢ ᠵᠣᠷᠢᠭᠵᠢᠭᠤᠯᠤᠨ᠎ᠠ᠃ ᠪᠤᠭᠤᠳᠠᠶ ᠶᠢᠨ ︽ᠨᠢᠭᠡ ᠶᠢ ᠰᠦᠷᠴᠢᠵᠦ ᠭᠤᠷᠪᠠ ᠶᠢ | ᠰᠡᠷᠭᠡᠶᠢᠯᠡᠬᠦ︾ ᠶᠢ ᠥᠷᠨᠢᠭᠦᠯᠬᠦ ᠶᠢ ᠳᠡᠮᠵᠢᠨ᠎ᠡ᠃ ᠡᠷᠳᠡᠨᠢ ᠰᠢᠰᠢ ᠶᠢᠨ ᠲᠠᠯᠠᠪᠠᠢ ᠨᠢᠭᠡᠴᠢ ᠶᠢᠨ ᠤᠨᠠᠯᠲᠠ ᠶᠢ | ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃ ᠪᠤᠭᠤᠳᠠᠶ ᠬᠤᠳᠠᠯᠳᠤᠨ ᠠᠪᠬᠤ ᠨᠠᠭᠠᠳᠤ ᠵᠠᠬ᠎ᠠ ᠶᠢᠨ ᠦᠨ᠎ᠡ ᠶᠢ | ᠦᠷᠭᠦᠯᠵᠢᠯᠡᠨ ᠳᠡᠭᠡᠭᠰᠢᠯᠡᠭᠦᠯᠵᠦ᠂ ᠲᠤᠲᠤᠷᠭ᠎ᠠ ᠬᠤᠳᠠᠯᠳᠤᠨ ᠠᠪᠬᠤ ᠨᠠᠭᠠᠳᠤ ᠵᠠᠬ᠎ᠠ ᠶᠢᠨ ᠦᠨ᠎ᠡ ᠶᠢ ᠵᠦᠢ ᠵᠣᠬᠢᠰᠲᠠᠶ | ᠲᠣᠭᠲᠠᠭᠠᠨ᠂ ᠲᠤᠲᠤᠷᠭ᠎ᠠ ᠶᠢᠨ ᠨᠥᠬᠦᠪᠥᠷᠢ ᠶᠢ ᠲᠣᠭᠲᠠᠭᠤᠨ ᠪᠠᠶᠢᠯᠭᠠᠵᠤ᠂ ᠲᠠᠷᠢᠶᠠᠯᠠᠩ ᠤᠨ ᠦᠢᠯᠡᠳᠪᠦᠷᠢᠯᠡᠯ ᠤᠨ | ᠬᠡᠷᠡᠭᠰᠡᠯ ᠤᠨ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠲᠣᠭᠲᠠᠴᠠ ᠶᠢ | ᠲᠡᠭᠦᠯᠳᠡᠷᠵᠢᠭᠦᠯᠬᠦ ᠬᠡᠷᠡᠭᠲᠡᠶ᠃ ᠭᠤᠤᠯ ᠭᠠᠷᠤᠯᠲᠠ ᠶᠢᠨ ᠣᠷᠣᠨ ᠤ ᠠᠰᠢᠭ ᠲᠤᠰᠠ ᠳᠤ ᠨᠥᠬᠦᠪᠥᠷᠢᠯᠡᠬᠦ | ᠲᠣᠭᠲᠠᠴᠠ ᠶᠢ ᠪᠦᠷᠢᠨᠰᠢᠭᠦᠯᠵᠦ᠂ ᠠᠮᠤ ᠪᠤᠳᠠᠭᠠᠨ ᠤ ᠭᠠᠷᠤᠯᠲᠠ ᠶᠡᠬᠡᠲᠡᠶ ᠰᠢᠶᠠᠨ ᠢ ᠱᠠᠩᠨᠠᠬᠤ ᠪᠡᠯᠡ ᠮᠥᠩᠭᠦ ᠶᠢᠨ | ᠬᠡᠪᠴᠢᠶ᠎ᠡ ᠶᠢ ᠨᠡᠮᠡᠭᠳᠡᠭᠦᠯᠦᠨ᠎ᠡ᠃ ᠪᠤᠭᠤᠳᠠᠶ ᠶᠢᠨ ᠡᠷᠳᠡᠨᠢ ᠰᠢᠰᠢ ᠶᠢᠨ ᠪᠦᠷᠢᠨ ᠥᠪᠡᠷ ᠤᠨ ᠥᠷᠲᠡᠭ ᠤᠨ ᠳᠠᠭᠠᠳᠬᠠᠯ | ᠪᠠ ᠲᠠᠷᠢᠮᠠᠯ ᠤᠨ ᠣᠷᠣᠯᠭ᠎ᠠ ᠶᠢᠨ ᠳᠠᠭᠠᠳᠬᠠᠯ ᠤᠨ ᠬᠡᠷᠡᠭᠵᠢᠭᠦᠯᠬᠦ ᠬᠡᠪᠴᠢᠶ᠎ᠡ ᠶᠢ ᠠᠯᠬᠤᠮ ᠠᠯᠬᠤᠮ ᠢᠶᠠᠷ | ᠥᠷᠭᠡᠳᠬᠡᠨ᠎ᠡ᠃ ᠴᠢᠨᠠᠷ ᠰᠠᠶᠢᠲᠠᠶ ᠠᠮᠤ ᠪᠤᠳᠠᠭᠠᠨ ᠤ ᠢᠨᠵᠧᠨᠧᠷᠢᠩ ᠢ ᠰᠠᠶᠢᠲᠤᠷ ᠬᠡᠷᠡᠭᠵᠢᠭᠦᠯᠦᠨ᠎ᠡ᠃ ᠠᠮᠤ | ᠪᠤᠳᠠᠭᠠᠨ ᠤ ᠵᠠᠬᠢᠶᠠᠯᠠᠭ᠎ᠠ ᠪᠠᠷ ᠦᠢᠯᠡᠳᠪᠦᠷᠢᠯᠡᠬᠦ ᠶᠢ ᠵᠣᠷᠢᠭᠵᠢᠭᠤᠯᠤᠨ ᠬᠥᠭᠵᠢᠭᠦᠯᠵᠦ᠂ ᠴᠢᠨᠠᠷ ᠰᠠᠶᠢᠲᠠᠶ ᠪᠥᠭᠡᠳ | ᠰᠠᠶᠢᠨ ᠦᠨ᠎ᠡ ᠬᠢᠬᠦ ᠶᠢ ᠪᠡᠶᠡᠯᠡᠭᠦᠯᠬᠦ ᠬᠡᠷᠡᠭᠲᠡᠶ᠃ ᠲᠠᠷᠢᠶᠠᠨ ᠭᠠᠵᠠᠷ ᠢ ᠡᠪᠳᠡᠵᠦ ᠠᠮᠤ ᠪᠤᠳᠠᠭ᠎ᠠ ᠶᠢ ᠡᠪᠳᠡᠬᠦ ᠶᠢ | ᠴᠢᠩᠭ᠎ᠠ ᠰᠡᠷᠭᠡᠶᠢᠯᠡᠬᠦ ᠬᠡᠷᠡᠭᠲᠡᠢ᠃ ᠮᠤᠵᠢ ᠶᠢᠨ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ | ᠲᠠᠷᠢᠶᠠᠨ ᠭᠠᠵᠠᠷ ᠢ ᠬᠠᠮᠠᠭᠠᠯᠠᠬᠤ ᠪᠠ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠤᠨ | ᠬᠢᠨᠠᠨ ᠰᠢᠯᠭᠠᠯᠲᠠ ᠶᠢ ᠴᠢᠩᠳᠠᠯᠠᠨ᠎ᠠ᠃ ᠠᠮᠤ ᠪᠤᠳᠠᠭᠠᠨ ᠤ ᠠᠮᠤᠷ ᠲᠥᠪᠰᠢᠨ ᠤ ᠪᠠᠲᠤᠯᠠᠭ᠎ᠠ ᠶᠢᠨ ᠬᠠᠤᠯᠢ ᠶᠢ | ᠲᠣᠭᠲᠠᠭᠠᠬᠤ ᠶᠢ ᠠᠬᠢᠭᠤᠯᠤᠨ᠎ᠠ᠃ | ︵ᠬᠤᠶᠠᠷ︶ ᠰᠢᠷ᠎ᠠ ᠪᠤᠷᠴᠠᠭ ᠤᠨ ᠲᠣᠰᠣᠯᠢᠭ ᠲᠠᠷᠢᠮᠠᠯ ᠢ ᠬᠦᠴᠦᠯᠡᠨ ᠥᠷᠭᠡᠳᠬᠡᠬᠦ᠃ ᠰᠢᠷ᠎ᠠ ᠪᠤᠷᠴᠠᠭ | ᠪᠣᠯᠤᠨ ᠲᠣᠰᠣᠯᠢᠭ ᠵᠦᠢᠯ ᠤᠨ ᠦᠢᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠭᠦᠨᠵᠡᠭᠡᠶ | ᠠᠬᠢᠭᠤᠯᠤᠨ᠎ᠠ᠃ ᠰᠢᠷ᠎ᠠ ᠪᠤᠷᠴᠠᠭ ᠤᠨ ᠡᠷᠳᠡᠨᠢ ᠰᠢᠰᠢ ᠶᠢᠨ ᠪᠦᠰᠡᠯᠢᠭ ᠨᠡᠶᠢᠯᠡᠮᠡᠯ ᠲᠠᠷᠢᠮᠠᠯ ᠢ ᠯᠠᠪᠳᠠᠭᠤᠨ ᠪᠠᠲᠤᠲᠠᠢ | ᠠᠬᠢᠭᠤᠯᠵᠤ᠂ ᠵᠡᠭᠦᠨ ᠬᠤᠶᠢᠲᠤ ᠣᠷᠣᠨ᠂ ᠬᠠᠳᠤᠨ ᠭᠤᠣᠯ ᠬᠤᠸᠠᠢ ᠬᠠᠢ ᠭᠠᠵᠠᠷ ᠣᠷᠣᠨ ᠳᠤ ᠠᠮᠤ ᠪᠤᠷᠴᠠᠭ ᠢ | ᠡᠭᠡᠯᠵᠢᠯᠡᠨ ᠲᠠᠷᠢᠬᠤ ᠶᠢ ᠳᠡᠮᠵᠢᠵᠦ᠂ ᠬᠤᠵᠢᠷᠯᠢᠭ ᠭᠠᠵᠠᠷ ᠢ ᠲᠣᠭᠲᠠᠭᠤᠨ ᠢᠶᠠᠷ ᠨᠡᠭᠡᠭᠡᠨ ᠠᠰᠢᠭᠯᠠᠵᠤ ᠰᠢᠷ᠎ᠠ ᠪᠤᠷᠴᠠᠭ | ᠲᠠᠷᠢᠪᠠ᠃ ᠡᠷᠳᠡᠨᠢ ᠰᠢᠰᠢ ᠰᠢᠷ᠎ᠠ ᠪᠤᠷᠴᠠᠭ ᠦᠢᠯᠡᠳᠪᠦᠷᠢᠯᠡᠭᠴᠢ ᠳᠤ ᠨᠥᠬᠦᠪᠥᠷᠢ ᠥᠭᠬᠦ ᠶᠢ ᠲᠡᠭᠦᠯᠳᠡᠷᠵᠢᠭᠦᠯᠵᠦ᠂ | ᠰᠢᠷ᠎ᠠ ᠪᠤᠷᠴᠠᠭ ᠤᠨ ᠪᠦᠷᠢᠨ ᠥᠪᠡᠷ ᠤᠨ ᠥᠷᠲᠡᠭ ᠤᠨ ᠳᠠᠭᠠᠳᠬᠠᠯ ᠪᠠ ᠲᠠᠷᠢᠮᠠᠯ ᠤᠨ ᠣᠷᠣᠯᠭ᠎ᠠ ᠶᠢᠨ | ᠳᠠᠭᠠᠳᠬᠠᠯ ᠤᠨ ᠲᠤᠷᠰᠢᠯᠲᠠ ᠶᠢ ᠰᠠᠶᠢᠲᠤᠷ ᠬᠡᠷᠡᠭᠵᠢᠭᠦᠯᠦᠨ᠎ᠡ᠃ ᠰᠢᠯᠢᠮᠳᠡᠭ ᠤᠨ ᠶᠡᠷᠦᠩᠬᠡᠶᠢᠯᠡᠭᠰᠡᠨ ᠴᠢᠨᠠᠷᠲᠠᠶ | ᠲᠡᠳᠬᠦᠬᠦ ᠠᠷᠭ᠎ᠠ ᠬᠡᠮᠵᠢᠶ᠎ᠡ ᠶᠢ ᠨᠢᠭᠡᠳᠦᠯᠲᠡᠶ ᠲᠥᠯᠥᠪᠯᠡᠨ᠂ ᠲᠤᠲᠤᠷᠭ᠎ᠠ ᠶᠢᠨ ᠡᠭᠡᠯᠵᠢᠯᠡᠨ ᠲᠠᠷᠢᠬᠤ ᠶᠠᠪᠤᠳᠠᠯ ᠢ | ᠶᠠᠪᠤᠭᠤᠯᠵᠤ᠂ ᠡᠪᠦᠯ ᠤᠨ ᠰᠤᠯᠠ ᠲᠠᠷᠢᠶᠠᠨ ᠭᠠᠵᠠᠷ ᠲᠤ ᠰᠢᠯᠢᠮᠳᠡᠭ ᠤᠨ ᠲᠠᠷᠢᠮᠠᠯ ᠢ ᠶᠡᠬᠡᠪᠡᠷ ᠨᠡᠭᠡᠭᠡᠨ ᠠᠰᠢᠭᠯᠠᠬᠤ | ᠬᠡᠷᠡᠭᠲᠡᠶ᠃ ᠮᠣᠳᠣᠯᠢᠭ ᠲᠣᠰᠣᠯᠢᠭ ᠵᠦᠢᠯ ᠤᠨ ᠬᠥᠭᠵᠢᠯᠲᠡ ᠶᠢ ᠳᠡᠮᠵᠢᠵᠦ᠂ ᠲᠣᠰᠣᠯᠢᠭ ᠴᠠᠶ ᠶᠢᠨ ᠠᠵᠤ ᠦᠢᠯᠡᠰ ᠢ | ᠬᠥᠭᠵᠢᠭᠦᠯᠬᠦ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠵᠦ᠂ ᠲᠣᠰᠣᠯᠢᠭ ᠴᠠᠶ ᠶᠢᠨ ᠡᠭᠦᠯᠳᠡᠷ ᠢ ᠥᠷᠭᠡᠳᠬᠡᠬᠦ | ᠪᠠ ᠤᠨᠠᠯᠲᠠ ᠪᠠᠭᠠᠲᠠᠶ ᠦᠷ᠎ᠡ ᠠᠰᠢᠭ ᠪᠠᠭᠠᠲᠠᠶ ᠣᠶ ᠶᠢ ᠥᠭᠡᠷᠡᠴᠢᠯᠡᠬᠦ ᠡᠭᠦᠷᠭᠡ ᠶᠢ ᠨᠠᠶᠢᠳᠠᠪᠤᠷᠢᠵᠢᠭᠤᠯᠬᠤ ᠬᠡᠷᠡᠭᠲᠡᠶ᠃ | ᠲᠡᠵᠢᠭᠡᠯ ᠪᠣᠷᠳᠤᠭ᠎ᠠ ᠳᠤ ᠬᠡᠷᠡᠭᠯᠡᠬᠦ ᠪᠤᠷᠴᠠᠭ ᠤᠨ ᠰᠢᠭᠠᠷᠤ ᠶᠢ ᠪᠠᠭᠠᠰᠬᠠᠨ ᠣᠷᠣᠯᠠᠭᠤᠯᠬᠤ ᠠᠵᠢᠯᠯᠠᠭ᠎ᠠ ᠶᠢ ᠭᠦᠨᠵᠡᠭᠡᠶ | ᠬᠡᠷᠡᠭᠵᠢᠭᠦᠯᠦᠨ᠎ᠡ᠃ | ︵ᠭᠤᠷᠪᠠ︶ ᠣᠳᠣ ᠦᠶ᠎ᠡ ᠶᠢᠨ ᠪᠡᠯᠡᠳᠬᠡᠮᠵᠢᠲᠦ ᠲᠠᠷᠢᠶᠠᠯᠠᠩ ᠢ ᠬᠥᠭᠵᠢᠭᠦᠯᠦᠨ᠎ᠡ᠃ ᠪᠡᠯᠡᠳᠭᠡᠮᠵᠢᠳᠤ | ᠲᠠᠷᠢᠶᠠᠯᠠᠩ ᠤᠨ ᠣᠳᠣᠬᠢᠴᠢᠯᠠᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ ᠤᠰᠤᠨ | ᠲᠤᠲᠤᠷᠭ᠎ᠠ ᠶᠢᠨ ᠴᠢᠬᠢ ᠪᠤᠶᠢᠵᠢᠭᠤᠯᠬᠤ ᠲᠥᠪ ᠪᠣᠯᠤᠨ ᠢᠳᠡᠰᠢᠨ ᠨᠣᠭᠤᠭ᠎ᠠ ᠶᠢ ᠡᠷᠴᠢᠮᠵᠢᠭᠦᠯᠦᠨ ᠴᠢᠬᠢ | ᠪᠤᠶᠢᠵᠢᠭᠤᠯᠬᠤ ᠲᠥᠪ ᠢ ᠲᠦᠷᠭᠡᠳᠬᠡᠨ ᠬᠥᠭᠵᠢᠭᠦᠯᠬᠦ ᠬᠡᠷᠡᠭᠲᠡᠶ᠃ ᠠᠮᠤ ᠪᠤᠳᠠᠭ᠎ᠠ ᠬᠠᠲᠠᠭᠠᠬᠤ᠂ ᠲᠠᠷᠢᠶᠠᠯᠠᠩ ᠤᠨ | ᠪᠦᠲᠦᠭᠡᠭᠳᠡᠬᠦᠨ ᠤ ᠭᠠᠷᠤᠯᠲᠠ ᠶᠢᠨ ᠣᠷᠣᠨ ᠳᠤ ᠬᠥᠯᠳᠡᠭᠡᠵᠦ ᠬᠠᠳᠠᠭᠠᠯᠠᠬᠤ᠂ ᠬᠥᠯᠳᠡᠭᠡᠵᠦ ᠬᠡᠯᠬᠢᠶᠡᠵᠢᠭᠦᠯᠬᠦ | ᠪᠠᠷᠠᠭᠠᠨ ᠤ ᠭᠦᠢᠯᠭᠡᠭᠡᠨ ᠤ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠬᠠᠭᠤᠴᠢᠨ ᠢᠳᠡᠰᠢᠨ | ᠨᠣᠭᠤᠭ᠎ᠠ ᠶᠢᠨ ᠲᠥᠬᠦᠭᠡᠷᠦᠮᠵᠢ ᠶᠢ ᠥᠭᠡᠷᠡᠴᠢᠯᠡᠨ ᠳᠡᠭᠡᠭᠰᠢᠯᠡᠭᠦᠯᠬᠦ ᠶᠢ ᠲᠥᠪᠯᠡᠷᠡᠭᠦᠯᠦᠨ ᠠᠬᠢᠭᠤᠯᠤᠨ᠎ᠠ᠃ ᠮᠠᠯ | ᠵᠢᠭᠦᠷᠲᠡᠨ ᠤ ᠬᠡᠪᠴᠢᠶᠡᠲᠦ ᠲᠡᠵᠢᠭᠡᠨ ᠦᠷᠡᠵᠢᠭᠦᠯᠬᠦ ᠲᠠᠯᠠᠪᠠᠶ ᠪᠠ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ | ᠨᠠᠭᠤᠷ ᠴᠥᠭᠦᠷᠥᠮ ᠢ ᠥᠭᠡᠷᠡᠴᠢᠯᠡᠨ ᠳᠡᠰ ᠳᠡᠪᠰᠢᠭᠦᠯᠬᠦ ᠶᠢ ᠲᠦᠯᠬᠢᠨ ᠠᠬᠢᠭᠤᠯᠬᠤ ᠬᠡᠷᠡᠭᠲᠡᠶ᠃ ᠠᠮᠢ ᠠᠬᠤᠶ ᠶᠢ | ᠬᠠᠮᠠᠭᠠᠯᠠᠬᠤ ᠪᠠ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠨᠡᠮᠡᠭᠳᠡᠭᠦᠯᠬᠦ ᠦᠭᠡᠶ ᠪᠠᠶᠢᠬᠤ ᠤᠷᠢᠲᠠᠯ ᠳᠣᠤᠷ᠎ᠠ᠂ ᠭᠤᠪᠢ | ᠡᠯᠡᠰᠦ ᠵᠡᠷᠭᠡ ᠶᠢ ᠰᠢᠨᠵᠢᠯᠡᠬᠦ ᠤᠬᠠᠭᠠᠨᠴᠢ ᠪᠠᠷ ᠠᠰᠢᠭᠯᠠᠬᠤ ᠶᠢ ᠰᠦᠪᠡᠭᠴᠢᠯᠡᠨ ᠪᠡᠯᠡᠳᠬᠡᠮᠵᠢᠲᠦ ᠲᠠᠷᠢᠶᠠᠯᠠᠩ ᠢ | ᠬᠥᠭᠵᠢᠭᠦᠯᠦᠨ᠎ᠡ᠃ ᠣᠷᠣᠨ ᠨᠤᠲᠤᠭ ᠢ ᠵᠣᠷᠢᠭᠵᠢᠭᠤᠯᠵᠤ ᠪᠠᠶᠢᠭᠠᠳ ᠪᠡᠯᠡᠳᠬᠡᠮᠵᠢᠲᠦ ᠲᠠᠷᠢᠶᠠᠯᠠᠩ ᠤᠨ ᠪᠦᠲᠦᠭᠡᠨ | ᠪᠠᠶᠢᠭᠤᠯᠤᠯᠲᠠ ᠳᠤ ᠢᠲᠡᠭᠡᠮᠵᠢᠲᠦ ᠵᠢᠭᠡᠯᠡᠯᠭᠡ ᠶᠢᠨ ᠳᠠᠮ ᠬᠦᠦ ᠮᠥᠩᠭᠦ ᠣᠯᠭᠤᠬᠤ ᠬᠡᠷᠡᠭᠲᠡᠶ᠃ | ︵ᠳᠥᠷᠪᠡ︶ ᠣᠯᠠᠨ ᠡᠰᠢᠵᠢᠭᠰᠡᠨ ᠢᠳᠡᠭᠡᠨ ᠤ ᠬᠠᠩᠭᠠᠯᠭ᠎ᠠ ᠶᠢᠨ ᠰᠢᠰᠲ᠋ᠧᠮᠵᠢ ᠶᠢ ᠪᠠᠶᠢᠭᠤᠯᠤᠨ᠎ᠠ᠃ ᠲᠣᠮᠣ | ᠢᠳᠡᠭᠡᠨ ᠤ ᠦᠵᠡᠯᠲᠡ ᠶᠢ ᠪᠣᠶ ᠪᠣᠯᠭᠠᠵᠤ᠂ ᠠᠮᠤ ᠪᠤᠳᠠᠭ᠎ᠠ ᠠᠵᠤ ᠠᠬᠤᠶ ᠲᠡᠵᠢᠭᠡᠯ ᠪᠣᠷᠳᠤᠭ᠎ᠠ ᠶᠢ ᠨᠢᠭᠡᠳᠦᠯᠲᠡᠶ | ᠲᠥᠯᠥᠪᠯᠡᠬᠦ᠂ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤ ᠶᠢ ᠤᠶᠠᠯᠳᠤᠭᠤᠯᠬᠤ᠂ ᠤᠷᠭᠤᠮᠠᠯ ᠠᠮᠢᠲᠠᠨ ᠤ | ᠮᠢᠺᠷᠣᠪ ᠢ ᠵᠡᠷᠭᠡᠪᠡᠷ ᠬᠥᠭᠵᠢᠭᠦᠯᠬᠦ ᠣᠯᠠᠨ ᠡᠰᠢᠵᠢᠭᠰᠡᠨ ᠢᠳᠡᠭᠡᠨ ᠤ ᠬᠠᠩᠭᠠᠯᠭ᠎ᠠ ᠶᠢᠨ ᠰᠢᠰᠲ᠋ᠧᠮᠵᠢ ᠶᠢ ᠲᠦᠷᠭᠡᠳᠬᠡᠨ | ᠪᠠᠶᠢᠭᠤᠯᠵᠤ᠂ ᠬᠦᠷᠢᠶ᠎ᠡ ᠬᠡᠪᠴᠢᠶ᠎ᠡ ᠬᠤᠪᠢᠶᠠᠨ ᠬᠡᠷᠡᠭᠵᠢᠭᠦᠯᠬᠦ ᠲᠥᠰᠦᠯ ᠲᠣᠭᠲᠠᠭᠠᠨ᠎ᠠ᠃ ᠴᠢᠨᠠᠷ ᠰᠠᠶᠢᠲᠠᠶ ᠤᠰᠤ | ᠠᠷᠪᠢᠯᠠᠬᠤ ᠥᠨᠳᠥᠷ ᠪᠥᠭᠡᠳ ᠲᠣᠭᠲᠠᠭᠤᠨ ᠲᠡᠵᠢᠭᠡᠯ ᠡᠪᠡᠰᠦ ᠪᠣᠷᠳᠣᠭᠠᠨ ᠤ ᠦᠢᠯᠡᠳᠪᠦᠷᠢᠯᠡᠯ ᠤᠨ ᠰᠠᠭᠤᠷᠢᠨ | ᠭᠠᠵᠠᠷ ᠢ ᠪᠦᠲᠦᠭᠡᠨ ᠪᠠᠶᠢᠭᠤᠯᠵᠤ᠂ ᠴᠠᠷᠭᠠᠰᠤ ᠵᠡᠷᠭᠡ ᠡᠪᠡᠰᠦᠨ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠬᠦ | ᠬᠡᠷᠡᠭᠲᠡᠶ᠃ ᠬᠥᠬᠡ ᠪᠠᠷ ᠳᠠᠷᠤᠰᠢᠭᠤᠯᠤᠭᠰᠠᠨ ᠪᠣᠷᠳᠤᠭ᠎ᠠ ᠶᠢ ᠶᠡᠬᠡᠪᠡᠷ ᠬᠥᠭᠵᠢᠭᠦᠯᠵᠦ ᠡᠰᠢ ᠰᠦᠷᠡᠯ ᠢᠶᠠᠷ ᠮᠠᠯ | ᠮᠠᠯᠯᠠᠬᠤ ᠶᠢ ᠲᠦᠷᠭᠡᠳᠬᠡᠨ ᠠᠬᠢᠭᠤᠯᠬᠤ ᠬᠡᠷᠡᠭᠲᠡᠶ᠃ ᠣᠢ ᠶᠢᠨ ᠬᠤᠷᠮᠥᠢ ᠶᠢᠨ ᠳᠡᠷᠢᠵᠦ ᠳᠡᠵᠢᠭᠡᠬᠦ ᠶᠢ | ᠬᠦᠭᠵᠢᠬᠦᠯᠥᠨ᠎ᠠ᠃ ᠨᠤᠲᠤᠭ ᠪᠡᠯᠴᠢᠭᠡᠷ ᠤᠨ ᠮᠠᠯ ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠤᠨ ᠳᠡᠰ | ᠳᠡᠪᠰᠢᠭᠦᠯᠬᠦ ᠶᠢ ᠭᠦᠨᠵᠡᠭᠡᠶ ᠲᠦᠯᠬᠢᠨ ᠠᠬᠢᠭᠤᠯᠵᠤ᠂ ᠪᠡᠯᠴᠢᠭᠡᠷ ᠤᠨ ᠡᠬᠢ ᠪᠠᠶᠠᠯᠢᠭ ᠢ ᠵᠦᠢ ᠵᠣᠬᠢᠰᠲᠠᠶ ᠠᠰᠢᠭᠯᠠᠨ᠂ | ᠪᠡᠯᠴᠢᠭᠡᠷ ᠢ ᠬᠡᠰᠡᠭᠯᠡᠵᠦ ᠰᠡᠯᠭᠦᠨ ᠮᠠᠯᠯᠠᠬᠤ ᠶᠢ ᠲᠦᠯᠬᠢᠨ ᠠᠬᠢᠭᠤᠯᠤᠨ᠎ᠠ᠃ ᠠᠷᠠᠴᠢᠯᠠᠨ ᠬᠠᠮᠠᠭᠠᠯᠠᠬᠤ ᠣᠷᠣᠨ ᠢ | ᠱᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠲᠣᠮᠣ ᠤᠰᠤᠨ ᠤ ᠭᠠᠳᠠᠷᠭᠤ ᠶᠢᠨ ᠠᠮᠢ ᠠᠬᠤᠢ ᠶᠢᠨ ᠵᠢᠭᠠᠰᠤ ᠶᠢ | ᠬᠥᠭᠵᠢᠭᠦᠯᠦᠨ᠎ᠡ᠃ ᠣᠳᠣ ᠦᠶ᠎ᠡ ᠶᠢᠨ ᠳᠠᠯᠠᠢ ᠲᠠᠩᠭᠢᠰ ᠤᠨ ᠮᠠᠯᠵᠢᠯ ᠤᠨ ᠲᠠᠯᠠᠪᠠᠢ ᠶᠢ ᠪᠦᠲᠦᠭᠡᠨ ᠪᠠᠶᠢᠭᠤᠯᠵᠤ᠂ | ᠭᠦᠨ ᠤᠰᠤᠨ ᠤ ᠲᠣᠣᠷᠲᠤ ᠬᠠᠶᠢᠷᠴᠠᠭ᠂ ᠲᠡᠵᠢᠭᠡᠨ ᠦᠷᠡᠵᠢᠭᠦᠯᠬᠦ ᠠᠵᠢᠯᠴᠢᠨ ᠤ ᠣᠩᠭᠤᠴᠠ ᠵᠡᠷᠭᠡ ᠠᠯᠤᠰ | ᠳᠠᠯᠠᠢ ᠶᠢᠨ ᠲᠡᠵᠢᠭᠡᠨ ᠦᠷᠡᠵᠢᠭᠦᠯᠬᠦ ᠶᠢ ᠬᠥᠭᠵᠢᠭᠦᠯᠦᠨ᠎ᠡ᠃ ᠢᠳᠡᠰᠢᠨ ᠤ ᠮᠥᠭᠦ ᠪᠣᠯᠤᠨ ᠵᠠᠮᠠᠭ ᠤᠨ ᠲᠦᠷᠦᠯ ᠤᠨ | ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠤᠨ᠎ᠠ᠃ ᠢᠳᠡᠭᠡᠨ ᠤ ᠠᠶᠤᠯ ᠦᠭᠡᠶ᠂ ᠲᠠᠷᠢᠶᠠᠯᠠᠩ ᠤᠨ | ᠪᠦᠲᠦᠭᠡᠭᠳᠡᠬᠦᠨ ᠤ ᠶᠠᠰᠤ ᠴᠢᠨᠠᠷ ᠤᠨ ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ | ᠴᠢᠩᠭᠠᠷᠠᠭᠤᠯᠵᠤ᠂ ᠮᠥᠷᠳᠡᠨ ᠤᠬᠤᠴᠢᠯᠠᠬᠤ ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠬᠦ ᠬᠡᠷᠡᠭᠲᠡᠶ᠃ | ︵ᠲᠠᠪᠤ︶ ᠠᠮᠤ ᠪᠤᠳᠠᠭ᠎ᠠ ᠪᠣᠯᠤᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠲᠣᠬᠢᠷᠠᠭᠤᠯᠭ᠎ᠠ ᠡᠵᠡᠮᠳᠡᠯ ᠢ | ᠨᠢᠭᠡᠳᠦᠯᠲᠡᠶ ᠲᠥᠯᠥᠪᠯᠡᠵᠦ ᠰᠠᠶᠢᠲᠤᠷ ᠬᠢᠬᠦ ᠬᠡᠷᠡᠭᠲᠡᠶ᠃ ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠬᠤ | ᠪᠠᠲᠤᠯᠠᠭ᠎ᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠨᠥᠭᠡᠴᠡᠯᠡᠬᠦ ᠪᠠ ᠬᠤᠳᠠᠯᠳᠤᠨ ᠠᠪᠬᠤ | ᠪᠣᠷᠣᠯᠠᠭᠤᠯᠬᠤ ᠬᠦᠷᠢᠶ᠎ᠡ ᠴᠠᠷᠠᠭᠠᠨ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠠᠮᠢᠳᠤ ᠭᠠᠭ᠋ᠠᠶ ᠶᠢᠨ | ᠭᠠᠷᠤᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠮᠤᠵᠢ ᠶᠢᠨ ᠶᠡᠷᠦᠩᠬᠡᠶ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠨ᠂ ᠦᠷᠡᠵᠢᠬᠦ ᠮᠡᠭᠡᠵᠢ ᠪᠠᠷ ᠭᠤᠤᠯ ᠪᠣᠯᠭᠠᠭᠰᠠᠨ ᠭᠠᠭ᠋ᠠᠶ ᠦᠢᠯᠡᠳᠪᠦᠷᠢᠯᠡᠬᠦ ᠴᠢᠳᠠᠪᠤᠷᠢ ᠶᠢ | ᠲᠣᠬᠢᠷᠠᠭᠤᠯᠤᠨ ᠡᠵᠡᠮᠳᠡᠬᠦ ᠶᠢ ᠴᠢᠩᠭᠠᠷᠠᠭᠤᠯᠤᠨ᠎ᠠ᠃ ︽ᠢᠳᠡᠰᠢᠨ ᠨᠣᠭᠤᠭ᠎ᠠ︾ ᠶᠢᠨ ᠬᠤᠲᠠ ᠶᠢᠨ ᠳᠠᠷᠤᠭ᠎ᠠ ᠶᠢᠨ | ᠬᠠᠷᠢᠭᠤᠴᠠᠯᠭ᠎ᠠ ᠶᠢᠨ ᠲᠦᠷᠢᠮ ᠤᠨ ᠰᠢᠯᠭᠠᠨ ᠬᠢᠨᠠᠬᠤ ᠶᠢ ᠴᠢᠩᠳᠠᠯᠠᠬᠤ ᠬᠡᠷᠡᠭᠲᠡᠶ᠃ ᠬᠥᠪᠥᠩ ᠤᠨ ᠬᠠᠷᠠᠯᠲᠠᠲᠤ | ᠦᠨ᠎ᠡ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ᠰᠢᠬᠢᠷᠲᠦ ᠨᠢᠰᠢᠩᠭᠦ ᠶᠢᠨ ᠰᠠᠶᠢᠨ ᠡᠭᠦᠯᠳᠡᠷ ᠤᠨ | ᠰᠠᠶᠢᠨ ᠠᠷᠭ᠎ᠠ ᠶᠢ ᠳᠡᠯᠭᠡᠷᠡᠭᠦᠯᠬᠦ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠦᠨ᠎ᠡ᠃ | ᠪᠠᠶᠢᠭᠠᠯᠢ ᠶᠢᠨ ᠭᠤᠮ ᠢ ᠲᠡᠳ᠋ᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ᠬᠢᠮᠢ ᠶᠢᠨ | ᠪᠣᠷᠳᠣᠭᠤᠷ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠢᠯᠡᠳᠪᠦᠷᠢᠯᠡᠯ᠂ ᠬᠠᠳᠠᠭᠠᠯᠠᠵᠤ | ᠵᠥᠭᠡᠭᠡᠪᠦᠷᠢᠯᠡᠬᠦ ᠲᠣᠬᠢᠷᠠᠭᠤᠯᠭ᠎ᠠ ᠡᠵᠡᠮᠰᠢᠯ ᠢ ᠴᠢᠩᠭᠠᠳᠬᠠᠬᠤ ᠬᠡᠷᠡᠭᠲᠡᠶ᠃ ᠲᠠᠷᠢᠶᠠᠯᠠᠩ ᠤᠨ ᠪᠦᠲᠦᠭᠡᠭᠳᠡᠬᠦᠨ ᠤ ᠣᠯᠠᠨ | ᠤᠯᠤᠰ ᠤᠨ ᠠᠷᠠᠯᠵᠢᠶᠠᠨ ᠤ ᠦᠢᠯᠡᠳᠦᠯ ᠢ ᠪᠠᠳᠠᠷᠠᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠢ ᠭᠠᠳᠠᠭᠠᠳᠤ ᠠᠴᠠ | ᠣᠷᠣᠭᠤᠯᠬᠤ ᠣᠯᠠᠨ ᠡᠰᠢᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠬᠦ ᠬᠡᠷᠡᠭᠲᠡᠶ᠃ ᠠᠮᠤ | ᠪᠤᠳᠠᠭ᠎ᠠ ᠶᠢ ᠠᠷᠪᠢᠯᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠪᠦᠬᠦ ᠬᠡᠯᠬᠢᠶ᠎ᠡ ᠪᠠᠷ ᠠᠷᠪᠢᠯᠠᠨ ᠬᠤᠬᠢᠷᠠᠯ ᠢ | ᠪᠠᠭᠠᠰᠬᠠᠬᠤ ᠶᠢ ᠲᠦᠯᠬᠢᠨ ᠠᠬᠢᠭᠤᠯᠵᠤ᠂ ᠪᠠᠶᠢᠩᠭᠤᠵᠢᠭᠰᠠᠨ᠂ ᠣᠷᠳᠣ ᠬᠤᠭᠤᠴᠠᠭᠠᠨ ᠤ ᠪᠦᠲᠦᠮᠵᠢᠲᠡᠶ ᠠᠵᠢᠯ ᠤᠨ | ᠲᠣᠭᠲᠠᠴᠠ ᠶᠢ ᠪᠦᠷᠢᠨᠰᠢᠭᠦᠯᠦᠨ᠎ᠡ᠃ ᠡᠷᠡᠭᠦᠯ ᠮᠡᠨᠳᠦ ᠢᠳᠡᠭᠡᠨ ᠤᠮᠳᠠᠭᠠᠨ ᠢ ᠡᠷᠬᠢᠮᠯᠡᠬᠦ ᠬᠡᠷᠡᠭᠲᠡᠢ᠃ | ᠬᠤᠶᠠᠷ᠂ ᠲᠠᠷᠢᠶᠠᠯᠠᠩ ᠤᠨ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ | ᠬᠡᠷᠡᠭᠲᠡᠢ | ︵ᠵᠢᠷᠭᠤᠭ᠎ᠠ︶ ᠲᠠᠷᠢᠶᠠᠨ ᠭᠠᠵᠠᠷ ᠢ ᠬᠠᠮᠠᠭᠠᠯᠠᠬᠤ ᠪᠠ ᠬᠡᠷᠡᠭᠯᠡᠬᠦ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ᠃ | ᠲᠠᠷᠢᠶᠠᠨ ᠭᠠᠵᠠᠷ ᠢ ᠡᠵᠡᠯᠡᠬᠦ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠬᠠᠮᠢᠶᠠᠷᠤᠯᠲᠠ ᠶᠢ ᠴᠢᠩᠳᠠᠯᠠᠵᠤ᠂ | ᠰᠠᠯᠠᠭ᠎ᠠ ᠮᠥᠴᠢᠷ ᠬᠠᠮᠲᠤᠷᠠᠨ ᠲᠠᠷᠢᠶᠠᠨ ᠭᠠᠵᠠᠷ ᠢ ᠨᠥᠬᠦᠪᠥᠷᠢᠯᠡᠵᠦ ᠰᠢᠯᠭᠠᠨ ᠲᠣᠭᠲᠠᠭᠠᠵᠤ ᠦᠨᠡᠯᠡᠨ ᠲᠣᠭᠲᠠᠭᠠᠬᠤ | ᠪᠠ ︽ᠬᠤᠲᠠ ᠰᠢᠶᠠᠨ ᠬᠢᠨᠠᠨ ᠬᠠᠷᠭᠤᠭᠤᠯᠬᠤ᠂ ᠮᠤᠵᠢ ᠶᠢᠨ ᠱᠠᠲᠤᠨ ᠠᠴᠠ ᠳᠠᠬᠢᠨ ᠬᠢᠨᠠᠬᠤ᠂ ᠨᠡᠶᠢᠭᠡᠮ ᠠᠴᠠ | ᠬᠢᠨᠠᠯᠲᠠ ᠲᠠᠯᠪᠢᠬᠤ︾ ᠲᠣᠭᠲᠠᠴᠠ ᠶᠢ ᠥᠷᠨᠢᠭᠦᠯᠵᠦ᠂ ᠨᠥᠬᠦᠪᠥᠷᠢᠯᠡᠬᠦ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ ᠨᠢ | ᠬᠠᠷᠢᠯᠴᠠᠨ ᠲᠡᠩᠴᠡᠭᠦ᠂ ᠶᠠᠰᠤ ᠴᠢᠨᠠᠷ ᠨᠢ ᠲᠡᠩᠴᠡᠭᠦᠤ ᠪᠠᠶᠢᠬᠤ ᠶᠢ ᠦᠨᠡᠨ ᠬᠦ ᠪᠠᠲᠤᠯᠠᠨ᠎ᠠ᠃ ᠲᠠᠷᠢᠶᠠᠨ ᠭᠠᠵᠠᠷ ᠢ | ᠲᠠᠷᠢᠶᠠᠯᠠᠩ ᠳᠤ ᠬᠡᠷᠡᠭᠯᠡᠬᠦ ᠪᠤᠰᠤᠳ ᠭᠠᠵᠠᠷ ᠪᠣᠯᠭᠠᠨ ᠬᠤᠪᠢᠷᠠᠭᠤᠯᠬᠤ ᠶᠢ ᠴᠢᠩᠭ᠎ᠠ ᠬᠢᠵᠠᠭᠠᠷᠯᠠᠨ᠎ᠠ᠃ ᠲᠠᠷᠢᠶᠠᠨ | ᠭᠠᠵᠠᠷ ᠤᠨ ᠲᠠᠷᠢᠮᠠᠯ ᠤᠨ ᠬᠡᠷᠡᠭᠯᠡᠭᠡᠨ ᠤ ᠬᠠᠮᠢᠶᠠᠷᠤᠨ ᠡᠵᠡᠮᠳᠡᠬᠦ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ | ᠠᠰᠢᠭᠯᠠᠯᠲᠠ ᠶᠢ ᠤᠷᠢᠳ ᠢᠶᠠᠷ ᠪᠣᠳᠣᠯᠬᠢᠯᠠᠬᠤ ᠳᠡᠰ ᠳᠠᠷᠠᠭᠠᠯᠠᠯ ᠢ ᠲᠣᠳᠣᠷᠬᠠᠶᠢᠯᠠᠨ᠂ ᠬᠥᠳᠡᠯᠦᠩᠭᠦᠢ ᠬᠢᠨᠠᠨ | ᠬᠡᠮᠵᠢᠯᠲᠡ ᠶᠢ ᠴᠢᠩᠭᠠᠳᠬᠠᠵᠤ᠂ ᠲᠤᠷᠰᠢᠯᠲᠠ ᠶᠢᠨ ᠴᠡᠭ ᠢ ᠡᠮᠬᠢ ᠵᠢᠷᠤᠮ ᠲᠠᠢ ᠥᠷᠨᠢᠭᠦᠯᠦᠨ᠎ᠡ᠃ ᠠᠲᠠᠷᠰᠢᠭᠰᠠᠨ | ᠲᠠᠷᠢᠶᠠᠨ ᠭᠠᠵᠠᠷ ᠢ ᠠᠰᠢᠭᠯᠠᠬᠤ ᠡᠷᠴᠢᠮ ᠢ ᠴᠢᠩᠭᠠᠷᠠᠭᠤᠯᠤᠨ᠎ᠠ᠃ ᠭᠤᠷᠪᠠᠳᠤᠭᠠᠷ ᠤᠳᠠᠭᠠᠨ ᠤ ᠪᠦᠬᠦ ᠤᠯᠤᠰ ᠤᠨ | ᠬᠥᠷᠥᠰᠥ ᠰᠢᠷᠣᠶ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠨ᠎ᠡ᠃ | ︵ᠳᠣᠯᠤᠭ᠎ᠠ︶ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ | ᠬᠡᠷᠡᠭᠲᠡᠢ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠳᠡᠭᠡᠭᠰᠢᠯᠡᠭᠦᠯᠬᠦ | ᠣᠨ ᠤ ᠡᠭᠦᠷᠭᠡ ᠶᠢ ᠪᠡᠶᠡᠯᠡᠭᠦᠯᠵᠦ᠂ ᠬᠥᠷᠥᠰᠥ ᠰᠢᠷᠣᠶ ᠶᠢ ᠰᠠᠶᠢᠵᠢᠷᠠᠭᠤᠯᠬᠤ᠂ ᠲᠠᠷᠢᠶᠠᠨ ᠭᠠᠵᠠᠷ ᠤᠨ ᠤᠰᠤᠯᠠᠬᠤ ᠪᠠ | ᠤᠰᠤ ᠵᠠᠯᠠᠬᠤ ᠪᠡᠯᠡᠳᠬᠡᠮᠵᠢ ᠵᠡᠷᠭᠡ ᠳᠤᠲᠠᠭᠤᠳᠠᠯ ᠢ ᠭᠤᠤᠯᠳᠠᠯᠭ᠎ᠠ ᠲᠠᠢ ᠨᠥᠬᠦᠪᠥᠷᠢᠯᠡᠵᠦ᠂ ᠥᠨᠳᠥᠷ ᠪᠦᠲᠦᠮᠵᠢᠲᠡᠶ | ᠤᠰᠤ ᠠᠷᠪᠢᠯᠠᠬᠤ ᠤᠰᠤᠯᠠᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠤᠷᠲᠤ ᠬᠤᠭᠤᠴᠠᠭᠠᠨ ᠤ ᠪᠦᠲᠦᠮᠵᠢᠲᠡᠶ | ᠬᠠᠮᠢᠶᠠᠷᠴᠤ ᠬᠠᠮᠠᠭᠠᠯᠠᠬᠤ ᠲᠣᠭᠲᠠᠴᠠ ᠶᠢ ᠪᠦᠷᠢᠨᠰᠢᠭᠦᠯᠦᠨ᠎ᠡ᠃ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ | ᠠᠯᠬᠤᠮ ᠠᠯᠬᠤᠮ ᠢᠶᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠦᠲᠦᠭᠡᠨ ᠪᠠᠶᠢᠭᠤᠯᠬᠤ ᠶᠢᠨ | ᠬᠡᠷᠡᠭᠵᠢᠭᠦᠯᠬᠦ ᠲᠥᠰᠦᠯ ᠢ ᠲᠣᠭᠲᠠᠭᠠᠨ᠎ᠠ᠃ ᠬᠠᠷ᠎ᠠ ᠬᠦᠷᠦᠰᠦᠲᠦ ᠭᠠᠵᠠᠷ ᠤᠨ ᠬᠠᠮᠠᠭᠠᠯᠠᠯᠲᠠ ᠪᠠ ᠬᠥᠲᠥᠯ ᠲᠠᠷᠢᠶᠠᠨ | ᠭᠠᠵᠠᠷ ᠤᠨ ᠶᠡᠷᠦᠩᠬᠡᠶᠢᠯᠡᠭᠰᠡᠨ ᠵᠠᠰᠠᠯᠲᠠ ᠶᠢ ᠴᠢᠩᠭᠠᠳᠬᠠᠨ᠎ᠠ᠃ ᠬᠠᠷ᠎ᠠ ᠬᠥᠷᠥᠰᠥ ᠶᠢ ᠬᠤᠯᠠᠭᠠᠶᠢᠯᠠᠨ ᠮᠠᠯᠲᠠᠬᠤ᠂ | ᠴᠠᠬᠢᠯᠭᠠᠨ ᠢᠶᠠᠷ ᠴᠢᠭᠢᠭ ᠤᠨ ᠤᠯᠠᠭᠠᠨ ᠬᠤᠷᠣᠬᠠᠢ ᠪᠠᠷᠢᠪᠴᠢᠯᠠᠬᠤ ᠵᠡᠷᠭᠡ ᠬᠥᠷᠥᠰᠥ ᠰᠢᠷᠣᠶ ᠶᠢ ᠡᠪᠳᠡᠬᠦ ᠦᠢᠯᠡ | ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠶ᠃ ᠭᠠᠩ ᠬᠠᠭᠰᠠᠷᠠᠭᠠᠨ ᠪᠠ ᠬᠠᠭᠠᠰ ᠭᠠᠩ ᠬᠠᠭᠰᠠᠷᠠᠭᠠᠨ ᠤ | ᠲᠠᠷᠢᠶᠠᠨ ᠭᠠᠵᠠᠷ᠂ ᠤᠯᠠᠭᠠᠨ ᠰᠢᠷ᠎ᠠ ᠬᠥᠷᠥᠰᠥ ᠶᠢᠨ ᠲᠠᠷᠢᠶᠠᠨ ᠭᠠᠵᠠᠷ ᠤᠨ ᠦᠢᠯᠡᠳᠪᠦᠷᠢᠯᠡᠬᠦ ᠴᠢᠳᠠᠪᠤᠷᠢ ᠶᠢ | ᠳᠡᠭᠡᠭᠰᠢᠯᠡᠭᠦᠯᠬᠦ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠶᠢ ᠴᠢᠩᠭᠠᠳᠬᠠᠵᠤ᠂ ᠭᠤᠣᠯᠳᠠᠭᠤ ᠬᠤᠵᠢᠷᠯᠢᠭ | ᠭᠠᠵᠠᠷ ᠲᠤ ᠵᠣᠬᠢᠴᠠᠬᠤ ᠲᠠᠷᠢᠮᠠᠯ ᠠᠴᠠ ᠨᠡᠩ ᠤᠯᠠᠨ ᠬᠤᠵᠢᠷᠯᠢᠭ ᠬᠦᠷᠦᠰᠦᠨ ᠳᠤ ᠵᠣᠬᠢᠴᠠᠬᠤ ᠤᠷᠭᠤᠮᠠᠯ ᠢ | ᠰᠤᠩᠭᠤᠵᠤ ᠬᠥᠮᠦᠵᠢᠭᠦᠯᠬᠦ ᠬᠤᠵᠢᠷᠯᠢᠭ ᠭᠠᠵᠠᠷ ᠢ ᠬᠤᠪᠢᠷᠠᠭᠤᠯᠬᠤ ᠶᠢ ᠦᠷᠭᠦᠯᠵᠢᠯᠡᠨ ᠠᠬᠢᠭᠤᠯᠵᠤ᠂ ᠬᠤᠵᠢᠷᠯᠢᠭ | ᠭᠠᠵᠠᠷ ᠵᠡᠷᠭᠡ ᠲᠠᠷᠢᠶᠠᠨ ᠭᠠᠵᠠᠷ ᠤᠨ ᠪᠡᠯᠡᠳᠬᠡᠯ ᠡᠬᠢ ᠪᠠᠶᠠᠯᠢᠭ ᠢ ᠶᠡᠷᠦᠩᠬᠡᠶᠢᠯᠡᠨ ᠨᠡᠭᠡᠭᠡᠨ ᠠᠰᠢᠭᠯᠠᠬᠤ | ᠲᠤᠷᠰᠢᠯᠲᠠ ᠶᠢ ᠰᠠᠶᠢᠲᠤᠷ ᠬᠢᠨ᠎ᠡ᠃ | ︵ᠨᠠᠢᠮᠠ︶ ᠤᠰᠤᠨ ᠠᠰᠢᠭᠯᠠᠯᠲᠠ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠨ᠎ᠠ᠃ ᠤᠰᠤᠨ ᠠᠰᠢᠭᠯᠠᠯᠲᠠ ᠶᠢᠨ ᠴᠢᠬᠤᠯᠠ ᠶᠡᠭᠡ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ | ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ ᠤᠯᠤᠰ ᠤᠨ ᠤᠰᠤᠨ ᠲᠣᠤᠷ ᠤᠨ ᠭᠤᠤᠯᠯᠠᠬᠤ ᠲᠣᠤᠷ ᠰᠦᠯᠵᠢᠶ᠎ᠡ ᠶᠢ | ᠲᠦᠷᠭᠡᠳᠬᠡᠨ ᠪᠠᠶᠢᠭᠤᠯᠤᠨ᠎ᠠ᠃ ᠲᠣᠮᠣ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠤ ᠪᠦᠲᠦᠭᠡᠨ | ᠪᠠᠶᠢᠭᠤᠯᠤᠯᠲᠠ ᠪᠣᠯᠤᠨ ᠣᠳᠣᠬᠢᠴᠢᠯᠠᠬᠤ ᠥᠭᠡᠷᠡᠴᠢᠯᠡᠯᠲᠡ ᠶᠢ ᠲᠦᠷᠭᠡᠳᠬᠡᠬᠦ ᠬᠡᠷᠡᠭᠲᠡᠶ᠃ ᠨᠢᠭᠡ ᠪᠦᠯᠦᠭ ᠳᠤᠮᠳᠠ | ᠵᠢᠵᠢᠭ ᠬᠡᠯᠪᠡᠷᠢ ᠶᠢᠨ ᠤᠰᠤᠨ ᠴᠥᠭᠦᠷᠥᠮ ᠵᠢᠴᠢ ᠤᠰᠤ ᠲᠠᠲᠠᠵᠤ ᠲᠣᠬᠢᠷᠠᠭᠤᠯᠬᠤ᠂ ᠭᠠᠩ ᠬᠠᠭᠰᠠᠷᠠᠭᠠᠨ ᠲᠠᠢ | ᠲᠡᠮᠡᠴᠡᠬᠦ ᠪᠡᠯᠡᠳᠬᠡᠯ ᠤᠰᠤᠨ ᠰᠤᠷᠪᠤᠯᠵᠢ ᠵᠡᠷᠭᠡ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠦᠨ᠎ᠡ᠃ | ᠲᠠᠷᠢᠶᠠᠨ ᠭᠠᠵᠠᠷ ᠤᠨ ᠡᠷᠭᠢ ᠰᠤᠪᠠᠭ ᠤᠨ ᠰᠢᠰᠲ᠋ᠧᠮ ᠬᠢᠭᠡᠳ ᠤᠰᠤᠯᠠᠯᠲᠠ ᠶᠢᠨ ᠣᠷᠣᠨ ᠤ ᠨᠢᠷᠤᠭᠤᠪᠴᠢ | ᠪᠠᠷᠢᠯᠭ᠎ᠠ ᠶᠢ ᠬᠤᠯᠪᠣᠬᠤ ᠵᠡᠷᠭᠡ ᠲᠠᠷᠢᠶᠠᠨ ᠭᠠᠵᠠᠷ ᠤᠨ ᠤᠰᠤᠨ ᠠᠰᠢᠭᠯᠠᠯᠲᠠ ᠶᠢᠨ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠨ᠎ᠠ᠃ ᠭᠤᠣᠯᠳᠠᠯᠭ᠎ᠠ ᠲᠠᠢ ᠣᠷᠣᠨ ᠪᠦᠰᠡ ᠶᠢᠨ ᠭᠠᠵᠠᠷ ᠳᠣᠣᠷᠠᠬᠢ ᠤᠰᠤ ᠶᠢ | ᠬᠡᠲᠦᠷᠡᠲᠡᠯ᠎ᠡ ᠲᠠᠲᠠᠭᠰᠠᠨ ᠢ ᠶᠡᠷᠦᠩᠬᠡᠶᠢᠯᠡᠨ ᠵᠠᠰᠠᠬᠤ ᠠᠵᠢᠯ ᠥᠷᠨᠢᠭᠦᠯᠬᠦ ᠶᠢ ᠳᠡᠮᠵᠢᠵᠦ᠂ ᠬᠠᠲᠤᠨ ᠭᠤᠣᠯ ᠤᠨ ᠰᠠᠪᠠ | ᠭᠠᠵᠠᠷ ᠤᠨ ᠲᠠᠷᠢᠶᠠᠯᠠᠩ ᠤᠨ ᠤᠰᠤ ᠠᠷᠪᠢᠯᠠᠵᠤ ᠤᠰᠤ ᠶᠢ ᠴᠢᠩᠭ᠎ᠠ ᠬᠢᠵᠠᠭᠠᠷᠯᠠᠬᠤ ᠶᠢ ᠠᠬᠢᠭᠤᠯᠤᠨ᠎ᠠ᠃ ᠭᠠᠩ | ᠬᠠᠭ᠋ᠤᠷᠠᠶ ᠬᠠᠭ᠋ᠤᠷᠠᠶ ᠭᠠᠵᠠᠷ ᠣᠷᠤᠨ ᠳᠤ ᠥᠨᠳᠥᠷ ᠪᠦᠲᠦᠮᠵᠢᠲᠡᠶ ᠤᠰᠤ ᠠᠷᠪᠢᠯᠠᠬᠤ ᠬᠠᠭ᠋ᠤᠷᠠᠶ ᠲᠠᠷᠢᠶᠠᠯᠠᠩ ᠢ | ᠬᠥᠭᠵᠢᠭᠦᠯᠬᠦ ᠬᠡᠷᠡᠭᠲᠡᠶ᠃ ᠦᠶᠡᠷ ᠢ ᠲᠣᠭᠲᠠᠭᠠᠨ ᠬᠠᠳᠠᠭᠠᠯᠠᠬᠤ ᠣᠷᠣᠨ ᠤ ᠪᠦᠲᠦᠭᠡᠨ ᠪᠠᠶᠢᠭᠤᠯᠤᠯᠲᠠ ᠶᠢᠨ | ᠬᠠᠮᠢᠶᠠᠷᠤᠯᠲᠠ᠂ ᠳᠤᠮᠳᠠ ᠪᠠᠭ᠎ᠠ ᠭᠤᠤᠯ ᠮᠥᠷᠡᠨ ᠢ ᠵᠠᠰᠠᠬᠤ᠂ ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠨ | ᠵᠠᠰᠠᠬᠤ ᠶᠢ ᠴᠢᠩᠭᠠᠷᠠᠭᠤᠯᠵᠤ᠂ ᠳᠤᠮᠳᠠ ᠪᠠᠭ᠎ᠠ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠵᠢᠭᠦᠯᠬᠦ ᠪᠠ | ᠵᠢᠵᠢᠭ ᠬᠡᠯᠪᠡᠷᠢ ᠶᠢᠨ ᠤᠰᠤᠨ ᠴᠥᠭᠦᠷᠥᠮ ᠤᠨ ᠠᠶᠤᠯ ᠦᠭᠡᠶ ᠶᠢᠨ ᠬᠢᠨᠠᠨ ᠬᠡᠮᠵᠢᠯᠲᠡ ᠶᠢ ᠲᠦᠷᠭᠡᠳᠬᠡᠨ | ᠬᠡᠷᠡᠭᠵᠢᠭᠦᠯᠬᠦ ᠬᠡᠷᠡᠭᠲᠡᠶ᠃ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ | ᠭᠦᠨᠵᠡᠭᠡᠶ ᠲᠦᠯᠬᠢᠨ ᠠᠬᠢᠭᠤᠯᠤᠨ᠎ᠠ᠃ | ︵ᠶᠢᠰᠦ︶ ᠲᠠᠷᠢᠶᠠᠯᠠᠩ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠴᠢᠳᠠᠪᠤᠷᠢ ᠶᠢᠨ | ᠪᠠᠶᠢᠭᠤᠯᠤᠯᠲᠠ ᠶᠢ ᠴᠢᠩᠭᠠᠳᠬᠠᠨ᠎ᠠ᠃ ᠰᠢᠨ᠎ᠡ ᠨᠢᠭᠡᠨ ᠡᠭᠡᠯᠵᠢ ᠶᠢᠨ ᠲᠠᠷᠢᠶᠠᠯᠠᠩ ᠤᠨ ᠠᠭᠤᠷ ᠠᠮᠢᠰᠬᠤᠯ ᠤᠨ ᠡᠬᠢ | ᠪᠠᠶᠠᠯᠢᠭ ᠢ ᠨᠡᠶᠢᠳᠡᠮ ᠪᠠᠶᠢᠴᠠᠭᠠᠬᠤ ᠪᠠ ᠲᠠᠷᠢᠶᠠᠯᠠᠩ ᠤᠨ ᠠᠭᠤᠷ ᠠᠮᠢᠰᠬᠤᠯ ᠤᠨ ᠣᠷᠣᠨ ᠬᠤᠪᠢᠶᠠᠷᠢᠯᠠᠯ ᠤᠨ ᠠᠵᠢᠯ ᠢ | ᠰᠤᠳᠤᠯᠤᠨ ᠥᠷᠨᠢᠭᠦᠯᠦᠨ᠎ᠡ᠃ ᠲᠠᠷᠢᠶᠠᠯᠠᠩ ᠤᠨ ᠴᠠᠭ ᠠᠭᠤᠷ ᠤᠨ ᠠᠵᠢᠭᠯᠠᠨ ᠬᠡᠮᠵᠢᠬᠦ ᠪᠡᠯᠡᠳᠬᠡᠮᠵᠢ ᠶᠢᠨ | ᠥᠷᠲᠡᠭᠡᠨ ᠤ ᠪᠠᠶᠢᠷᠢᠰᠢᠭᠤᠯᠤᠯ ᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠣᠷᠣᠨ ᠪᠦᠰᠡ ᠬᠤᠪᠢᠶᠠᠨ᠂ ᠭᠠᠮᠰᠢᠭ | ᠬᠤᠪᠢᠶᠠᠨ ᠲᠠᠷᠢᠵᠤ ᠪᠠᠶᠢᠭᠠᠳ ᠲᠠᠷᠢᠶᠠᠯᠠᠩ ᠤᠨ ᠴᠠᠭ ᠠᠭᠤᠷ ᠤᠨ ᠭᠠᠮᠰᠢᠭ ᠤᠨ ᠮᠡᠳᠡᠭᠡ ᠵᠠᠩᠭᠢ ᠶᠢ ᠨᠡᠶᠢᠲᠡᠯᠡᠨ᠎ᠡ᠃ | ᠭᠠᠩᠳᠠᠮᠠᠯ ᠤᠰᠤᠲᠤᠯ ᠤᠨ ᠭᠠᠮᠰᠢᠭ ᠢ ᠰᠡᠷᠭᠡᠶᠢᠯᠡᠬᠦ ᠰᠢᠰᠲ᠋ᠧᠮ ᠤᠨ ᠪᠠᠶᠢᠭᠤᠯᠤᠯᠲᠠ ᠪᠠ ᠲᠠᠷᠢᠶᠠᠯᠠᠩ ᠤᠨ | ᠦᠢᠯᠡᠳᠪᠦᠷᠢᠯᠡᠯ ᠤᠨ ᠭᠠᠮᠰᠢᠭ ᠢ ᠰᠡᠷᠭᠡᠶᠢᠯᠡᠨ ᠭᠠᠮᠰᠢᠭ ᠠᠴᠠ ᠠᠪᠤᠷᠠᠬᠤ ᠪᠠᠲᠤᠯᠠᠭ᠎ᠠ ᠶᠢ ᠴᠢᠩᠭᠠᠳᠬᠠᠨ᠎ᠠ᠃ | ᠦᠨᠳᠦᠰᠦᠨ ᠱᠠᠲᠤᠨ ᠤ ᠠᠮᠢᠲᠠᠨ ᠤᠷᠭᠤᠮᠠᠯ ᠤᠨ ᠬᠢᠵᠢᠭ ᠡᠪᠡᠳᠴᠢᠨ ᠬᠤᠷᠣᠬᠠᠶ ᠶᠢᠨ ᠬᠥᠨᠥᠭᠡᠯ ᠢ ᠬᠢᠨᠠᠨ ᠬᠡᠮᠵᠢᠵᠦ | ᠰᠡᠷᠡᠮᠵᠢᠯᠡᠭᠦᠯᠬᠦ ᠲᠣᠤᠷ ᠰᠦᠯᠵᠢᠶ᠎ᠡ ᠶᠢ ᠪᠦᠷᠢᠨᠰᠢᠭᠦᠯᠬᠦ ᠬᠡᠷᠡᠭᠲᠡᠶ᠃ ᠠᠹᠷᠢᠺᠠ ᠶᠢᠨ ᠭᠠᠭ᠋ᠠᠢ ᠶᠢᠨ ᠬᠢᠵᠢᠭ ᠵᠡᠷᠭᠡ | ᠠᠮᠢᠳᠠᠨ ᠤ ᠬᠦᠨᠳᠦ ᠶᠡᠭᠡ ᠬᠢᠵᠢᠭ ᠡᠪᠡᠳᠴᠢᠨ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠪᠠ ᠭᠤᠤᠯᠳᠠᠯᠭ᠎ᠠ ᠲᠠᠢ | ᠬᠦᠮᠦᠨ ᠪᠠ ᠠᠮᠢᠳᠠᠨ ᠤ ᠡᠬᠢ ᠡᠭᠦᠰᠦᠯ ᠠᠴᠠ ᠰᠡᠷᠭᠡᠶᠢᠯᠡᠨ ᠡᠵᠡᠮᠳᠡᠬᠦ ᠶᠢ ᠰᠠᠶᠢᠳᠤᠷ ᠠᠳᠬᠤᠬᠤ ᠬᠡᠷᠡᠭᠳᠡᠢ᠃ | ᠭᠤᠤᠯᠳᠠᠯᠭ᠎ᠠ ᠲᠠᠢ ᠣᠷᠣᠨ ᠪᠦᠰᠡ ᠶᠢᠨ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠶᠡᠷᠦᠩᠬᠡᠶᠢᠯᠡᠨ | ᠰᠡᠷᠭᠡᠶᠢᠯᠡᠨ ᠡᠵᠡᠮᠳᠡᠬᠦ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠭᠤᠷᠪᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠪᠠ ᠲᠣᠨᠤᠭ ᠲᠥᠬᠦᠭᠡᠷᠦᠮᠵᠢ ᠶᠢᠨ | ᠲᠤᠯᠭᠠᠭᠤᠷᠢᠯᠠᠯ ᠢ ᠴᠢᠩᠭᠠᠷᠠᠭᠤᠯᠬᠤ ᠬᠡᠷᠡᠭᠲᠡᠢ | ︵ᠠᠷᠪᠠ ) ᠲᠠᠷᠢᠶᠠᠯᠠᠩ ᠤᠨ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠶᠢ | ᠲᠦᠯᠬᠢᠨ ᠠᠬᠢᠭᠤᠯᠤᠨ᠎ᠠ᠃ ᠠᠵᠤ ᠦᠢᠯᠡᠰ ᠤᠨ ᠬᠡᠷᠡᠭᠴᠡᠭᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ | ᠱᠠᠲᠤᠯᠢᠭ ᠬᠤᠪᠢᠶᠠᠨ ᠲᠣᠳᠣᠷᠬᠠᠶ᠂ ᠠᠵᠢᠯ ᠢᠶᠠᠨ ᠬᠤᠪᠢᠳᠠᠨ ᠬᠠᠮᠵᠢᠯᠴᠠᠭᠰᠠᠨ᠂ ᠵᠣᠬᠢᠰᠲᠠᠶ ᠥᠷᠢᠰᠥᠯᠳᠦᠬᠦ | ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮᠵᠢ ᠶᠢ ᠴᠣᠭᠴᠠᠯᠠᠨ ᠪᠠᠶᠢᠭᠤᠯᠵᠤ᠂ | ᠬᠤᠰᠢᠭᠤᠷᠠᠭᠰᠠᠨ ᠮᠡᠷᠭᠡᠵᠢᠯ ᠤᠨ ᠰᠢᠪᠲᠤᠯᠤᠯᠲᠠ ᠶᠢ ᠲᠦᠷᠭᠡᠳᠬᠡᠬᠦ ᠬᠡᠷᠡᠭᠲᠡᠶ᠃ ᠲᠠᠷᠢᠶᠠᠯᠠᠩ ᠤᠨ ᠬᠦᠷᠢᠶᠡᠨ ᠳᠠᠬᠢ | ᠤᠯᠤᠰ ᠤᠨ ᠲᠤᠷᠰᠢᠯᠲᠠ ᠶᠢᠨ ᠲᠠᠰᠤᠭ᠂ ᠪᠦᠬᠦ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ᠂ | ᠦᠢᠯᠡᠳᠬᠦ ᠦᠢᠯᠡᠰ ᠤᠨ ᠰᠢᠨ᠎ᠡ ᠶᠢ ᠡᠭᠦᠳᠬᠦ ᠲᠥᠪ ᠵᠡᠷᠭᠡ ᠲᠠᠪᠴᠠᠩ ᠤᠨ ᠪᠠᠶᠢᠭᠤᠯᠤᠯᠲᠠ ᠶᠢ ᠳᠡᠮᠵᠢᠵᠦ᠂ | ᠲᠠᠷᠢᠶᠠᠯᠠᠩ ᠤᠨ ᠦᠨᠳᠦᠰᠦᠨ ᠴᠢᠨᠠᠷᠲᠠᠢ ᠤᠷᠲᠤ ᠬᠤᠭᠤᠴᠠᠭᠠᠲᠤ ᠴᠢᠨᠠᠷᠲᠠᠢ ᠠᠵᠢᠭᠯᠠᠨ ᠬᠡᠮᠵᠢᠬᠦ ᠲᠤᠷᠰᠢᠯᠲᠠ ᠶᠢᠨ | ᠥᠷᠲᠡᠭᠡ ︵ᠴᠢᠭ︶ ᠶᠢ ᠴᠢᠩᠭᠠᠳᠬᠠᠨ᠎ᠠ᠃ ᠪᠥᠲᠥᠭᠡᠨ ᠪᠠᠶᠢᠭᠤᠯᠤᠯᠲᠠ᠃ ᠲᠠᠷᠢᠶᠠᠯᠠᠩ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠬᠦᠷᠢᠶᠡᠨ ᠳᠠᠬᠢ ᠰᠠᠭᠤᠷᠢ ᠰᠤᠳᠤᠯᠤᠯ ᠢ ᠲᠣᠭᠲᠠᠭᠤᠨ ᠢᠶᠠᠷ ᠳᠡᠮᠵᠢᠬᠦ ᠲᠣᠭᠲᠠᠴᠠ ᠶᠢ | ᠲᠡᠭᠦᠯᠳᠡᠷᠵᠢᠭᠦᠯᠦᠨ᠎ᠡ᠃ | ︵ᠠᠷᠪᠠᠨ ᠨᠢᠭᠡ︶ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠭᠦᠨᠵᠡᠭᠡᠶ | ᠬᠡᠷᠡᠭᠵᠢᠭᠦᠯᠦᠨ᠎ᠡ᠃ ᠪᠦᠬᠦ ᠤᠯᠤᠰ ᠤᠨ ᠲᠠᠷᠢᠶᠠᠯᠠᠩ ᠤᠨ ᠦᠷ᠎ᠡ ᠡᠳ᠋ ᠤᠨ ᠡᠬᠢ ᠪᠠᠶᠠᠯᠢᠭ ᠤᠨ ᠨᠡᠶᠢᠳᠡᠮ | ᠪᠠᠶᠢᠴᠠᠭᠠᠯᠲᠠ ᠶᠢ ᠪᠡᠶᠡᠯᠡᠭᠦᠯᠬᠦ ᠬᠡᠷᠡᠭᠲᠡᠶ᠃ ᠨᠡᠭᠡᠭᠡᠯᠲᠡ ᠬᠢᠵᠦ ᠬᠠᠮᠵᠢᠯᠴᠠᠬᠤ᠂ ᠬᠠᠮᠲᠤ ᠳᠤ ᠪᠠᠨ ᠬᠦᠷᠲᠡᠵᠦ ᠬᠡᠷᠡᠭᠯᠡᠬᠦ | ᠦᠷ᠎ᠡ ᠡᠳ᠋ ᠤᠨ ᠡᠬᠢ ᠪᠠᠶᠠᠯᠢᠭ ᠢ ᠲᠦᠢᠯ ᠤᠨ ᠣᠨᠣᠪᠴᠢᠲᠠᠢ ᠪᠠᠷ ᠬᠢᠨᠠᠨ ᠲᠣᠭᠲᠠᠭᠠᠵᠤ ᠦᠨᠡᠯᠡᠬᠦ ᠲᠣᠭᠲᠠᠴᠠ ᠶᠢ | ᠪᠠᠶᠢᠭᠤᠯᠤᠨ᠎ᠠ᠃ ᠠᠮᠢᠳᠤ ᠪᠣᠳᠠᠰ ᠤᠨ ᠡᠭᠦᠯᠳᠡᠷ ᠪᠤᠶᠢᠵᠢᠭᠤᠯᠬᠤ ᠴᠢᠬᠤᠯᠠ ᠶᠡᠭᠡ ᠲᠥᠷᠥᠯ ᠵᠦᠢᠯ ᠢ ᠪᠦᠬᠦ ᠲᠠᠯ᠎ᠠ ᠪᠠᠷ | ᠬᠡᠷᠡᠭᠵᠢᠭᠦᠯᠵᠦ᠂ ᠤᠯᠤᠰ ᠤᠨ ᠦᠷ᠎ᠡ ᠪᠤᠶᠢᠵᠢᠭᠤᠯᠬᠤ ᠶᠢ ᠬᠠᠮᠲᠤᠷᠠᠨ ᠪᠣᠭᠤᠮᠲᠠ ᠰᠢᠪᠲᠤᠯᠬᠤ ᠪᠠ ᠮᠠᠯ ᠵᠢᠭᠦᠷᠲᠡᠨ ᠤ | ᠤᠳᠤᠮᠰᠢᠯ ᠢ ᠰᠠᠶᠢᠵᠢᠷᠠᠭᠤᠯᠬᠤ ᠲᠥᠯᠥᠪᠯᠡᠭᠡ ᠶᠢ ᠯᠠᠪᠳᠠᠭᠤᠨ ᠪᠠᠲᠤᠲᠠᠢ ᠠᠬᠢᠭᠤᠯᠵᠤ᠂ ᠥᠨᠳᠥᠷ ᠤᠨᠠᠯᠲᠠ ᠲᠠᠢ | ᠲᠣᠰᠣᠯᠢᠭ ᠰᠢᠷ᠎ᠠ ᠪᠤᠷᠴᠠᠭ᠂ ᠣᠬᠤᠷ ᠦᠷᠡᠵᠢᠯ ᠤᠨ ᠬᠤᠭᠤᠴᠠᠭᠠᠨ ᠳᠠᠬᠢ ᠰᠢᠯᠢᠮᠳᠡᠭ᠂ ᠬᠤᠵᠢᠷ ᠲᠤ ᠲᠡᠰᠪᠦᠷᠢᠲᠡᠢ | ᠲᠠᠷᠢᠮᠠᠯ ᠵᠡᠷᠭᠡ ᠰᠢᠨ᠎ᠡ ᠡᠭᠦᠯᠳᠡᠷ ᠢ ᠲᠦᠷᠭᠡᠳᠬᠡᠨ ᠪᠤᠶᠢᠵᠢᠭᠤᠯᠤᠨ᠎ᠠ᠃ ᠡᠷᠳᠡᠨᠢ ᠰᠢᠰᠢ ᠰᠢᠷ᠎ᠠ ᠪᠤᠷᠴᠠᠭ ᠤᠨ ᠠᠮᠢᠳᠤ | ᠪᠣᠳᠠᠰ ᠤᠨ ᠡᠭᠦᠯᠳᠡᠷ ᠪᠤᠶᠢᠵᠢᠭᠤᠯᠬᠤ ᠠᠵᠤ ᠦᠢᠯᠡᠰᠵᠢᠯᠲᠡ ᠶᠢᠨ ᠠᠯᠬᠤᠴᠠ ᠶᠢ ᠲᠦᠷᠭᠡᠳᠬᠡᠵᠦ᠂ ᠲᠤᠷᠰᠢᠯᠲᠠ ᠶᠢᠨ | ᠬᠡᠪᠴᠢᠶ᠎ᠡ ᠶᠢ ᠡᠮᠬᠢ ᠵᠢᠷᠤᠮ ᠲᠠᠢ ᠪᠠᠷ ᠥᠷᠭᠡᠳᠬᠡᠨ᠂ ᠲᠠᠷᠢᠮᠠᠯ ᠤᠨ ᠬᠠᠮᠢᠶᠠᠷᠤᠯᠲᠠ ᠶᠢ ᠵᠢᠷᠤᠮᠵᠢᠭᠤᠯᠬᠤ ᠬᠡᠷᠡᠭᠲᠡᠶ᠃ | ︵ᠠᠷᠪᠠᠨ ᠬᠤᠶᠠᠷ︶ ᠲᠡᠷᠢᠭᠦᠨ ᠤ ᠲᠠᠷᠢᠶᠠᠯᠠᠩ ᠤᠨ ᠮᠠᠰᠢᠨ ᠢ ᠰᠤᠳᠤᠯᠤᠨ ᠨᠡᠭᠡᠭᠡᠵᠦ ᠳᠡᠯᠭᠡᠷᠡᠭᠦᠯᠬᠦ ᠶᠢ | ᠲᠦᠷᠭᠡᠳᠬᠡᠨ᠎ᠡ᠃ ᠲᠣᠮᠣ ᠬᠡᠯᠪᠡᠷᠢ ᠶᠢᠨ ᠤᠶᠤᠨᠲᠤ ᠲᠠᠷᠢᠶᠠᠯᠠᠩ ᠤᠨ ᠮᠠᠰᠢᠨ ᠤ ᠲᠣᠨᠤᠭ ᠲᠥᠬᠦᠭᠡᠷᠦᠮᠵᠢ᠂ ᠳᠣᠪᠣᠴᠠᠭ | ᠠᠭᠤᠯᠠᠷᠬᠠᠭ ᠣᠷᠣᠨ ᠳᠤ ᠲᠣᠬᠢᠷᠠᠬᠤ ᠵᠢᠵᠢᠭ ᠬᠡᠯᠪᠡᠷᠢ ᠶᠢᠨ ᠮᠠᠰᠢᠨ ᠪᠣᠯᠤᠨ ᠴᠡᠴᠡᠷᠯᠢᠭ ᠤᠨ ᠤᠷᠠᠨ ᠰᠠᠶᠢᠬᠠᠨ ᠤ | ᠮᠠᠰᠢᠨ ᠢ ᠱᠠᠯᠠᠪᠳᠠᠨ ᠰᠤᠳᠤᠯᠤᠨ ᠨᠡᠭᠡᠭᠡᠬᠦ ᠬᠡᠷᠡᠭᠲᠡᠶ᠃ ᠳᠣᠬᠢᠭᠤᠷ ᠳᠣᠯᠣᠭᠠᠨ ᠣᠳᠣ ᠶᠢᠨ ᠣᠶᠤᠨᠴᠢ ᠬᠢᠨᠠᠨ | ᠬᠡᠮᠵᠢᠯᠲᠡ ᠶᠢᠨ ᠦᠵᠦᠭᠦᠷ ᠵᠢᠴᠢ ᠲᠤᠰᠠᠯᠠᠬᠤ ᠵᠢᠯᠣᠭᠤᠳᠬᠤ ᠱᠢᠰᠲ᠋ᠧᠮ ᠤᠨ ᠬᠤᠷᠠᠮᠠᠯ ᠬᠡᠷᠡᠭᠯᠡᠭᠡ ᠶᠢ ᠳᠡᠮᠵᠢᠨ᠎ᠡ᠃ | ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠪᠠ ᠬᠡᠷᠡᠭᠯᠡᠭᠡᠨ ᠤ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢ | ᠲᠡᠭᠦᠯᠳᠡᠷᠵᠢᠭᠦᠯᠵᠦ᠂ ᠠᠵᠢᠯᠯᠠᠬᠤ ᠬᠡᠮᠵᠢᠶ᠎ᠡ ᠯᠦᠭᠡ ᠬᠤᠯᠪᠣᠭᠳᠠᠭᠤᠯᠬᠤ ᠨᠥᠬᠦᠪᠥᠷᠢ ᠥᠭᠬᠦ ᠠᠷᠭ᠎ᠠ ᠶᠢ ᠰᠦᠪᠡᠭᠴᠢᠯᠡᠵᠦ᠂ | ᠣᠷᠣᠨ ᠨᠤᠲᠤᠭ ᠤᠨ ᠬᠢᠨ ᠬᠠᠤᠯᠢ ᠪᠠᠷ ᠲᠣᠭᠲᠠᠭᠠᠭᠰᠠᠨ ᠵᠠᠷᠤᠯᠭ᠎ᠠ ᠶᠢᠨ ᠬᠠᠷᠢᠭᠤᠴᠠᠯᠭ᠎ᠠ ᠪᠠᠨ ᠭᠦᠢᠴᠡᠳᠬᠡᠬᠦ | ᠬᠡᠷᠡᠭᠲᠡᠶ᠃ | ︵ᠠᠷᠪᠠᠨ ᠭᠤᠷᠪᠠ︶ ᠲᠠᠷᠢᠶᠠᠯᠠᠩ ᠤᠨ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠤᠨ᠎ᠠ᠃ ᠲᠠᠷᠢᠶᠠᠯᠠᠩ ᠤᠨ | ᠣᠷᠣᠭᠤᠯᠤᠯᠲᠠ ᠶᠢᠨ ᠪᠣᠳᠠᠰ ᠤᠨ ᠬᠡᠮᠵᠢᠶ᠎ᠡ ᠶᠢ ᠪᠠᠭᠠᠰᠬᠠᠨ ᠦᠷ᠎ᠡ ᠠᠰᠢᠭ ᠢ ᠨᠡᠮᠡᠭᠳᠡᠭᠦᠯᠬᠦ ᠮᠡᠷᠭᠡᠵᠢᠯ ᠢ ᠳᠡᠯᠭᠡᠷᠡᠭᠦᠯᠦᠨ | ᠬᠡᠷᠡᠭᠯᠡᠬᠦ ᠶᠢ ᠲᠦᠷᠭᠡᠳᠬᠡᠵᠦ᠂ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠶᠢ ᠲᠦᠯᠬᠢᠨ ᠠᠬᠢᠭᠤᠯᠵᠤ᠂ ᠡᠰᠢ | ᠰᠦᠷᠡᠯ᠂ ᠲᠠᠷᠢᠶᠠᠯᠠᠩ ᠤᠨ ᠰᠦᠯᠢᠶᠣᠣ ᠪᠦᠷᠬᠦᠪᠴᠢ᠂ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ | ᠪᠣᠳᠠᠰ᠂ ᠮᠠᠯ ᠵᠢᠭᠦᠷᠲᠡᠨ ᠤ ᠢᠯᠭᠠᠳᠠᠰᠤ ᠵᠡᠷᠭᠡ ᠲᠠᠷᠢᠶᠠᠯᠠᠩ ᠤᠨ ᠬᠠᠶᠠᠭᠳᠠᠮᠠᠯ ᠪᠣᠳᠠᠰ ᠢ ᠴᠤᠭᠯᠠᠭᠤᠯᠤᠨ ᠠᠰᠢᠭᠯᠠᠬᠤ | ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠦᠨ᠎ᠡ᠃ ᠲᠠᠷᠢᠶᠠᠯᠠᠩ ᠤᠨ ᠪᠣᠬᠢᠷᠳᠤᠯ ᠦᠭᠡᠢ ᠬᠦᠭᠵᠢᠯᠲᠡ ᠶᠢᠨ | ᠬᠤᠰᠢᠭᠤᠴᠢ ᠣᠷᠣᠨ ᠪᠠ ᠠᠵᠢᠭᠯᠠᠨ ᠰᠢᠨᠵᠢᠬᠦ ᠲᠣᠷᠰᠢᠯᠲᠠ ᠶᠢᠨ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠤᠨ᠎ᠠ᠃ ᠲᠠᠷᠢᠶᠠᠨ ᠭᠠᠵᠠᠷ ᠤᠨ ᠰᠡᠯᠭᠦᠨ ᠲᠠᠷᠢᠬᠤ ᠰᠡᠯᠭᠦᠨ ᠲᠠᠷᠢᠬᠤ ᠳᠦᠷᠢᠮ ᠢ | ᠲᠡᠭᠦᠯᠳᠡᠷᠵᠢᠭᠦᠯᠦᠨ᠎ᠡ᠃ ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠥᠷᠥᠰᠥ ᠰᠢᠷᠣᠶ ᠺᠠᠳᠷᠴᠤᠳ ᠵᠡᠷᠭᠡ ᠬᠦᠨᠳᠦ | ᠲᠡᠮᠦᠷᠯᠢᠭ ᠤᠨ ᠪᠣᠬᠢᠷᠲᠤᠯ ᠤᠨ ᠡᠬᠢ ᠰᠤᠷᠪᠤᠯᠵᠢ ᠶᠢ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠬᠡᠷᠡᠭᠲᠡᠶ᠃ | ᠪᠣᠬᠢᠷᠳᠤᠭᠳᠠᠭᠰᠠᠨ ᠲᠠᠷᠢᠶᠠᠨ ᠭᠠᠵᠠᠷ ᠢ ᠠᠮᠤᠷ ᠲᠦᠪᠰᠢᠨ ᠢᠶᠠᠷ ᠠᠰᠢᠭᠯᠠᠬᠤ ᠪᠠ ᠲᠦᠭᠰᠢᠭᠦᠷᠢ ᠶᠢ ᠬᠠᠮᠢᠶᠠᠷᠤᠨ | ᠡᠵᠡᠮᠳᠡᠬᠦ ᠶᠢ ᠴᠢᠩᠭᠠᠷᠠᠭᠤᠯᠤᠨ᠎ᠠ᠃ ᠲᠠᠷᠢᠶᠠᠯᠠᠩ ᠤᠨ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ | ᠬᠢᠨᠠᠨ ᠬᠡᠮᠵᠢᠬᠦ ᠳᠦᠷᠢᠮ ᠢ ᠪᠠᠶᠢᠭᠤᠯᠬᠤ ᠬᠡᠷᠡᠭᠲᠡᠶ᠃ ᠠᠮᠢ ᠠᠬᠤᠢ ᠶᠢᠨ ᠬᠠᠮᠠᠭᠠᠯᠠᠯᠲᠠ ᠶᠢᠨ ᠨᠦᠬᠦᠪᠦᠷᠢ ᠥᠭᠬᠦ | ᠳᠦᠷᠢᠮ ᠢ ᠨᠡᠶᠢᠳᠡᠯᠡᠪᠡ᠃ ᠵᠢᠭᠠᠰᠤᠨ ᠠᠩ ᠬᠤᠷᠢᠬᠤ ᠬᠤᠭᠤᠴᠠᠭᠠᠨ ᠤ ᠲᠦᠷᠢᠮ ᠢ ᠴᠢᠩᠭ᠎ᠠ ᠬᠡᠷᠡᠭᠵᠢᠭᠦᠯᠵᠤ᠂ | ᠬᠦᠬᠡᠮᠦ᠋ᠷᠠᠨ ᠤᠠᠷᠪᠠᠨ ᠵᠢᠯ ᠤᠨ ᠵᠢᠭᠠᠰᠤ ᠲᠡᠵᠢᠭᠡᠬᠦ ᠶᠢ ᠴᠠᠭᠠᠵᠠᠯᠠᠬᠤ ᠶᠢ ᠰᠠᠶᠢᠳᠤᠷ ᠬᠡᠷᠡᠭᠵᠢᠬᠦᠯᠵᠤ᠂ ᠵᠢᠭᠠᠰᠤᠴᠢᠳ ᠢ | ᠪᠤᠴᠠᠭᠠᠵᠤ ᠲᠦᠪᠬᠢᠨᠡᠬᠦᠯᠬᠦ ᠪᠠᠳᠤᠯᠠᠭ᠎ᠠ ᠶᠢᠨ ᠦᠷ᠎ᠡ ᠪᠦᠳᠦᠮᠵᠢ ᠶᠢ ᠪᠠᠬᠢᠵᠢᠬᠦᠯᠪᠡ᠃ ᠡᠵᠢ ᠭᠤᠣᠯ ᠢ ᠰᠡᠷᠭᠦᠭᠡᠬᠦ | ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠬᠥᠳᠡᠭᠡ ᠲᠣᠰᠬᠤᠨ ᠤ ᠭᠤᠣᠯ ᠮᠥᠷᠡᠨ ᠨᠠᠭᠤᠷ ᠴᠥᠭᠦᠷᠥᠮ ᠢ | ᠶᠡᠷᠦᠩᠬᠡᠶᠢᠯᠡᠨ ᠵᠠᠰᠠᠬᠤ ᠶᠢ ᠰᠢᠨᠵᠢᠯᠡᠬᠦ ᠤᠬᠠᠭᠠᠨᠴᠢ ᠪᠠᠷ ᠬᠡᠷᠡᠭᠵᠢᠭᠦᠯᠦᠨ᠎ᠡ᠃ ᠰᠢᠷ᠎ᠠ ᠬᠥᠷᠥᠰᠥᠲᠦ ᠥᠨᠳᠦᠷᠯᠢᠭ ᠤᠨ | ᠨᠦᠯᠦᠮᠡᠯ ᠭᠠᠵᠠᠷ ᠤᠨ ᠬᠠᠰᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠴᠢᠩᠭᠠᠳᠬᠠᠨ᠎ᠠ᠃ | ᠨᠤᠲᠤᠭ ᠪᠡᠯᠴᠢᠭᠡᠷ ᠢ ᠬᠠᠮᠠᠭᠠᠯᠠᠵᠤ ᠰᠡᠷᠭᠦᠭᠡᠬᠦ ᠡᠷᠴᠢᠮ ᠢ ᠨᠡᠮᠡᠭᠳᠡᠭᠦᠯᠦᠨ᠎ᠡ᠃ ᠲᠠᠷᠢᠶᠠᠯᠠᠬᠤ ᠶᠢ ᠵᠣᠭᠰᠣᠭᠠᠨ ᠡᠪᠡᠰᠦ | ᠮᠣᠳᠣ ᠲᠠᠷᠢᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠬᠠᠮᠢᠶ᠎ᠠ ᠪᠦᠬᠦᠢ ᠨᠥᠬᠦᠪᠥᠷᠢ ᠥᠭᠬᠦ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠭᠠᠳᠠᠭᠠᠳᠤ ᠶᠢᠨ ᠠᠮᠢᠳᠤ ᠪᠣᠳᠠᠰ ᠤᠨ ᠳᠦᠷᠰᠦ ᠶᠢ ᠬᠠᠤᠯᠢ ᠪᠤᠰᠤ ᠪᠠᠷ | ᠣᠷᠣᠭᠤᠯᠵᠤ ᠢᠷᠡᠬᠦ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠭᠠᠳᠠᠨ᠎ᠠ ᠠᠴᠠ ᠣᠷᠣᠵᠤ ᠢᠷᠡᠬᠦ | ᠠᠮᠢᠳᠤ ᠪᠣᠳᠠᠰ ᠤᠨ ᠳᠦᠷᠰᠦ ᠶᠢ ᠰᠡᠷᠭᠡᠶᠢᠯᠡᠨ ᠡᠵᠡᠮᠳᠡᠬᠦ ᠰᠢᠪᠲᠤᠯᠤᠯᠲᠠ ᠶᠢᠨ ᠠᠵᠢᠯᠯᠠᠭ᠎ᠠ ᠶᠢ ᠬᠦᠨᠳᠦ ᠶᠡᠭᠡ ᠬᠤᠣᠷ | ᠬᠦᠨᠦᠭᠡᠯ ᠲᠠᠢ ᠬᠡᠷᠡᠭᠵᠢᠭᠦᠯᠵᠦ᠂ ︽ᠬᠡᠷᠢᠵᠦ ᠰᠤᠷᠪᠣᠯᠵᠢᠯᠠᠬᠤ︾ ᠠᠷᠠᠯᠵᠢᠶ᠎ᠠ ᠪᠣᠯᠣᠨ ᠪᠣᠢ ᠪᠣᠯᠬᠤ ᠵᠢᠷᠤᠮᠵᠢᠭᠰᠠᠨ | ᠬᠠᠮᠢᠶᠠᠷᠤᠯᠲᠠ ᠶᠢ ᠴᠢᠩᠭᠠᠳᠬᠠᠨ᠎ᠠ᠃ | ᠳᠥᠷᠪᠡ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠨ᠎ᠡ | ︵ᠠᠷᠪᠠᠨ ᠳᠥᠷᠪᠡ︶ ᠬᠡᠪᠴᠢᠶᠡᠵᠢᠯ ᠤᠨ ᠴᠢᠨᠠᠷᠲᠠᠢ ᠲᠠᠬᠢᠨ ᠶᠠᠳᠠᠭᠤᠷᠠᠬᠤ ᠦᠬᠡᠢ ᠪᠠᠶᠢᠬᠤ ᠬᠤᠷᠢᠭ᠎ᠠ | ᠱᠤᠭᠤᠮ ᠢ ᠡᠷᠡᠰ ᠰᠠᠬᠢᠬᠤ ᠬᠡᠷᠡᠭᠲᠡᠢ᠃ ᠡᠯ᠎ᠡ ᠱᠠᠲᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠰᠤᠯᠠᠷᠠᠬᠤ | ᠦᠭᠡᠢ᠂ ᠬᠡᠯᠪᠠᠶᠢᠬᠦ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠳᠠᠬᠢᠨ ᠶᠠᠳᠠᠭᠤᠷᠠᠬᠤ ᠶᠢ ᠰᠡᠷᠭᠡᠶᠢᠯᠡᠬᠦ | ᠬᠥᠳᠡᠯᠦᠩᠭᠦᠶ ᠬᠢᠨᠠᠨ ᠬᠡᠮᠵᠢᠯᠲᠡ ᠶᠢ ᠴᠢᠩᠭᠠᠳᠬᠠᠨ᠎ᠠ᠃ ᠬᠥᠳᠡᠯᠮᠦᠷᠢᠯᠡᠬᠦ ᠴᠢᠳᠠᠪᠤᠷᠢ ᠲᠠᠢ᠂ ᠬᠦᠰᠡᠯ ᠡᠷᠡᠮᠡᠯᠵᠡᠯ ᠲᠠᠢ | ᠬᠢᠨᠠᠨ ᠰᠢᠨᠵᠢᠬᠦ ᠡᠷᠦᠬᠡ ᠳᠤ ᠨᠡᠭᠡᠭᠡᠨ ᠬᠥᠭᠵᠢᠭᠦᠯᠬᠦ ᠮᠠᠶ᠋ᠢᠭ ᠤᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠨ᠎ᠠ᠃ ᠲᠡᠰ ᠲᠦᠷᠦᠯ ᠬᠤᠪᠢᠶᠠᠭᠰᠠᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ | ᠲᠡᠭᠦᠯᠳᠡᠷᠵᠢᠭᠦᠯᠵᠦ᠂ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠶᠢ ᠰᠠᠶᠢᠲᠤᠷ ᠬᠢᠨ᠎ᠡ᠃ ︽ᠭᠤᠷᠪᠠ ᠶᠢ | ᠪᠠᠲᠤᠯᠠᠬᠤ︾ ᠪᠠ ᠤᠤᠭᠤᠬᠤ ᠤᠰᠤᠨ ᠤ ᠠᠮᠤᠷ ᠲᠦᠪᠰᠢᠨ ᠢ ᠪᠠᠲᠤᠯᠠᠬᠤ ᠦᠷ᠎ᠡ ᠪᠦᠲᠦᠭᠡᠯ ᠢ ᠪᠠᠬᠢᠵᠢᠭᠦᠯᠦᠨ | ᠳᠡᠭᠡᠭᠰᠢᠯᠡᠭᠦᠯᠦᠨ᠎ᠡ᠃ | ︵ᠠᠷᠪᠠᠨ ᠲᠠᠪᠤ︶ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠪᠣᠯᠤᠨ ᠶᠠᠳᠠᠭᠤ ᠠᠴᠠ ᠠᠩᠭᠢᠵᠢᠷᠠᠭᠰᠠᠨ | ᠣᠯᠠᠨ ᠲᠦᠮᠡᠨ ᠤ ᠳᠣᠲᠣᠭᠠᠳᠤ ᠬᠥᠭᠵᠢᠯᠲᠡ ᠶᠢᠨ ᠬᠥᠳᠡᠯᠭᠡᠬᠦ ᠬᠦᠴᠦᠨ ᠢ ᠴᠢᠩᠭᠠᠳᠬᠠᠨ᠎ᠠ᠃ ᠶᠠᠳᠠᠭᠤ ᠠᠴᠠ | ᠠᠩᠭᠢᠵᠢᠷᠠᠭᠰᠠᠨ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠶᠢ ᠦᠨᠳᠦᠰᠦᠨ ᠱᠠᠭᠠᠷᠳᠠᠯᠭ᠎ᠠ ᠪᠣᠯᠭᠠᠵᠤ᠂ | ᠶᠠᠳᠠᠭᠤ ᠠᠴᠠ ᠠᠩᠭᠢᠵᠢᠷᠠᠭᠰᠠᠨ ᠰᠢᠶᠠᠨ ᠤ ᠬᠥᠭᠵᠢᠯᠲᠡ ᠪᠠᠨ ᠲᠦᠷᠭᠡᠳᠬᠡᠬᠦ ᠪᠠᠷ ᠭᠤᠣᠯ ᠰᠢᠪᠲᠤᠯᠤᠯᠲᠠ ᠶᠢᠨ ᠴᠢᠭᠯᠡᠯ | ᠪᠣᠯᠭᠠᠵᠤ᠂ ᠡᠷᠴᠢ ᠵᠣᠷᠢᠭ ᠢ ᠲᠡᠳᠬᠦᠨ ᠤᠶᠤᠨ ᠤᠬᠠᠭᠠᠨ ᠢ ᠲᠡᠳᠬᠦᠬᠦ ᠶᠢ ᠨᠡᠩ ᠴᠢᠬᠤᠯᠠᠴᠢᠯᠠᠵᠤ᠂ ᠠᠵᠤ | ᠦᠢᠯᠡᠰ ᠤᠨ ᠠᠵᠢᠯ ᠣᠯᠭᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠣᠷᠣᠯᠭ᠎ᠠ ᠶᠢᠨ ᠵᠥᠷᠢᠶ᠎ᠡ᠂ | ᠬᠥᠭᠵᠢᠯᠲᠡ ᠶᠢᠨ ᠵᠥᠷᠢᠶ᠎ᠡ ᠶᠢ ᠲᠠᠰᠤᠷᠠᠯᠳᠠ ᠦᠭᠡᠢ ᠪᠠᠭᠠᠰᠬᠠᠨ᠎ᠠ᠃ ᠲᠥᠪ ᠤᠨ ᠡᠳ᠋ ᠤᠨ ᠵᠠᠰᠠᠭ ᠠᠴᠠ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ ᠳᠤ ᠬᠡᠷᠡᠭᠯᠡᠬᠦ ᠨᠥᠬᠦᠪᠥᠷᠢ ᠪᠡᠯᠡ | ᠮᠥᠩᠭᠦ ᠶᠢᠨ ᠠᠵᠤ ᠦᠢᠯᠡᠰ ᠤᠨ ᠬᠥᠭᠵᠢᠯᠲᠡ ᠳᠤ ᠬᠡᠷᠡᠭᠯᠡᠬᠦ ᠬᠤᠪᠢ ᠶᠢᠨ ᠵᠢᠩ ᠢ 60% ᠠᠴᠠ ᠳᠡᠭᠡᠭᠰᠢ ᠬᠦᠷᠲᠡᠯ᠎ᠡ | ᠳᠡᠭᠡᠭᠰᠢᠯᠡᠭᠦᠯᠬᠦ ᠪᠠᠷ ᠴᠢᠷᠮᠠᠶᠢᠵᠤ᠂ ᠮᠡᠷᠭᠡᠵᠢᠯ᠂ ᠪᠡᠯᠡᠳᠬᠡᠮᠵᠢ᠂ ᠡᠵᠡᠩᠨᠡᠨ ᠪᠣᠷᠣᠯᠠᠭᠤᠯᠬᠤ ᠵᠡᠷᠭᠡ ᠳᠤᠲᠠᠭᠤᠳᠠᠯ ᠢ | ᠭᠤᠣᠯᠳᠠᠯᠭ᠎ᠠ ᠲᠠᠢ ᠳᠡᠮᠵᠢᠬᠦ ᠬᠡᠷᠡᠭᠲᠡᠢ᠃ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠨᠥᠬᠦᠴᠡᠯ ᠲᠠᠢ | ᠲᠠᠷᠢᠶᠠᠴᠢᠨ ᠡᠷᠦᠬᠡ ᠶᠢᠨ ᠬᠦᠷᠢᠶ᠎ᠡ ᠬᠠᠰᠢᠶ᠎ᠠ ᠶᠢᠨ ᠠᠵᠤ ᠠᠬᠤᠶ ᠶᠢ ᠬᠥᠭᠵᠢᠭᠦᠯᠬᠦ ᠶᠢ ᠵᠣᠷᠢᠭᠵᠢᠭᠤᠯᠤᠨ᠎ᠠ᠃ ᠣᠯᠠᠨ | ᠵᠦᠢᠯ ᠤᠨ ᠬᠡᠯᠪᠡᠷᠢ ᠶᠢᠨ ᠬᠡᠷᠡᠭᠯᠡᠭᠡ ᠪᠠᠷ ᠬᠠᠪᠰᠤᠷᠤᠨ ᠲᠡᠳᠬᠦᠬᠦ ᠶᠢ ᠭᠦᠨᠵᠡᠭᠡᠶ ᠥᠷᠨᠢᠭᠦᠯᠵᠦ᠂ ᠬᠡᠷᠡᠭᠯᠡᠭᠡ ᠪᠠᠷ | ᠬᠠᠪᠰᠤᠷᠤᠨ ᠲᠡᠳᠬᠦᠬᠦ ᠵᠢᠱᠢᠶ᠎ᠡ ᠦᠵᠡᠭᠦᠯᠬᠦ ᠬᠤᠲᠠ ᠪᠠ ᠭᠠᠷᠤᠯᠲᠠ ᠶᠢᠨ ᠣᠷᠣᠨ ᠤ ᠵᠢᠱᠢᠶ᠎ᠡ ᠦᠵᠡᠭᠦᠯᠬᠦ ᠣᠷᠣᠨ ᠢ | ᠡᠭᠦᠳᠦᠨ ᠪᠠᠶᠢᠭᠤᠯᠬᠤ ᠶᠢ ᠦᠷᠭᠦᠯᠵᠢᠯᠡᠨ ᠠᠬᠢᠭᠤᠯᠵᠤ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠣᠷᠣᠨ | ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠬᠤ ᠶᠢ ᠳᠡᠮᠵᠢᠨ᠎ᠡ᠃ ᠡᠳ᠋ ᠤᠨ | ᠵᠠᠰᠠᠭ ᠤᠨ ᠪᠡᠯᠡ ᠮᠥᠩᠭᠦ ᠪᠣᠯᠤᠨ ᠬᠠᠪᠰᠤᠷᠤᠨ ᠲᠡᠳᠬᠦᠬᠦ ᠪᠡᠯᠡ ᠮᠥᠩᠭᠦ ᠶᠢᠨ ᠳᠡᠮᠵᠢᠯᠭᠡ ᠦᠵᠡᠭᠦᠯᠬᠦ | ᠡᠵᠡᠩᠨᠡᠯᠲᠡ ᠶᠢᠨ ᠴᠢᠨᠠᠷᠲᠠᠶ ᠬᠠᠪᠰᠤᠷᠤᠨ ᠲᠡᠳᠬᠦᠬᠦ ᠲᠥᠷᠥᠯ ᠵᠦᠢᠯ ᠳᠤ ᠠᠰᠢᠭ ᠲᠤᠰᠠ ᠶᠢᠨ ᠬᠤᠯᠪᠣᠭᠠᠨ ᠤ | ᠲᠣᠭᠲᠠᠴᠠ ᠶᠢ ᠲᠡᠭᠦᠯᠳᠡᠷᠵᠢᠭᠦᠯᠵᠦ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠳᠠᠶᠢᠴᠢᠯᠠᠬᠤ ᠬᠡᠷᠡᠭᠲᠡᠶ᠃ | ᠶᠠᠳᠠᠭᠤ ᠶᠢ ᠲᠡᠳᠬᠦᠬᠦ ᠲᠥᠷᠥᠯ ᠵᠦᠢᠯ ᠤᠨ ᠡᠳ᠋ ᠬᠥᠷᠥᠩᠭᠡ ᠶᠢ ᠰᠠᠶᠢᠲᠤᠷ ᠬᠠᠮᠢᠶᠠᠷᠴᠤ ᠰᠠᠶᠢᠲᠤᠷ ᠬᠡᠷᠡᠭᠯᠡᠨ᠎ᠡ᠃ | ᠵᠡᠭᠦᠨ ᠪᠠᠷᠠᠭᠤᠨ ᠣᠷᠣᠨ ᠤ ᠬᠥᠳᠡᠯᠮᠦᠷᠢ ᠬᠦᠴᠦᠨ ᠤ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠲᠠᠬᠢᠨ | ᠶᠠᠳᠠᠭᠤᠷᠠᠬᠤ ᠶᠢ ᠰᠡᠷᠭᠡᠶᠢᠯᠡᠬᠦ ᠠᠵᠢᠯ ᠣᠯᠭᠤᠯᠲᠠ ᠶᠢᠨ ᠪᠣᠭᠤᠮᠲᠠ ᠰᠢᠪᠲᠤᠯᠬᠤ ᠠᠵᠢᠯᠯᠠᠭ᠎ᠠ ᠶᠢ ᠬᠡᠷᠡᠭᠵᠢᠭᠦᠯᠵᠦ᠂ | ᠶᠠᠳᠠᠭᠤ ᠠᠴᠠ ᠠᠩᠭᠢᠵᠢᠷᠠᠭᠰᠠᠨ ᠬᠥᠳᠡᠯᠮᠦᠷᠢ ᠬᠦᠴᠦᠨ ᠤ ᠠᠵᠢᠯ ᠣᠯᠭᠤᠯᠲᠠ ᠶᠢᠨ ᠬᠡᠪᠴᠢᠶ᠎ᠡ ᠶᠢ 3000 | ᠲᠦᠮᠡ ᠠᠴᠠ ᠳᠡᠭᠡᠭᠰᠢ ᠳᠤ ᠲᠣᠭᠲᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃ ᠠᠵᠢᠯ ᠣᠯᠭᠤᠯᠲᠠ ᠶᠢᠨ | ᠬᠠᠪᠰᠤᠷᠤᠨ ᠲᠡᠳᠬᠦᠬᠦ ᠦᠢᠯᠡᠳᠪᠦᠷᠢ ᠶᠢᠨ ᠲᠠᠰᠤᠭ ᠪᠠ ᠪᠤᠰᠤᠳ ᠠᠵᠤ ᠦᠢᠯᠡᠰ ᠤᠨ ᠬᠠᠪᠰᠤᠷᠤᠨ ᠲᠡᠳᠬᠦᠬᠦ | ᠲᠥᠷᠥᠯ ᠵᠦᠢᠯ ᠢ ᠦᠷᠭᠦᠯᠵᠢᠯᠡᠨ ᠰᠠᠶᠢᠲᠤᠷ ᠠᠵᠢᠯᠯᠠᠭᠤᠯᠤᠨ᠎ᠠ᠃ ᠬᠥᠳᠡᠭᠡ ᠲᠣᠰᠬᠤᠨ ᠤ ᠨᠡᠶᠢᠲᠡ ᠶᠢᠨ | ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠠᠵᠢᠯ ᠣᠯᠭᠤᠬᠤ ᠪᠠᠲᠤᠯᠠᠭ᠎ᠠ ᠶᠢᠨ ᠦᠢᠯᠡᠳᠦᠯ ᠢ ᠭᠦᠢᠴᠡᠳ | ᠪᠠᠳᠠᠷᠠᠭᠤᠯᠤᠨ᠎ᠠ᠃ ︽ᠬᠤᠷ᠎ᠠ ᠶᠢᠨ ᠰᠢᠭᠦᠳᠡᠷᠢ ᠶᠢᠨ ᠲᠥᠯᠥᠪᠯᠡᠭᠡ +︾ ᠠᠵᠢᠯ ᠣᠯᠭᠤᠯᠲᠠ ᠶᠢ ᠠᠬᠢᠭᠤᠯᠬᠤ | ᠠᠵᠢᠯᠯᠠᠭ᠎ᠠ ᠶᠢ ᠭᠦᠨᠵᠡᠭᠡᠢ ᠥᠷᠨᠢᠭᠦᠯᠦᠨ᠎ᠡ᠃ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠳᠤ ᠳᠤᠲᠠᠭᠤᠳᠠᠯ ᠢ ᠨᠥᠬᠦᠪᠥᠷᠢᠯᠡᠬᠦ ᠶᠢ ᠠᠬᠢᠭᠤᠯᠬᠤ ᠨᠢᠭᠡ | ᠪᠦᠯᠦᠭ ᠭᠤᠣᠯᠳᠠᠯᠭ᠎ᠠ ᠲᠠᠢ ᠲᠦᠷᠦᠯ ᠵᠦᠢᠯ ᠢ ᠬᠡᠷᠡᠭᠵᠢᠭᠦᠯᠵᠦ᠂ ᠡᠮ ᠡᠮᠨᠡᠯᠭᠡ᠂ ᠰᠤᠷᠭᠠᠨ ᠬᠥᠮᠦᠵᠢᠯ ᠤᠨ ᠺᠠᠳ᠋ᠷ | ᠴᠢᠳᠠᠪᠤᠷᠢᠲᠠᠨ ᠤ ︽ᠪᠦᠯᠬᠦᠮ ᠪᠠᠶᠢᠭᠤᠯᠬᠤ ᠬᠡᠯᠪᠡᠷᠢ︾ ᠪᠠᠷ ᠬᠠᠪᠰᠤᠷᠤᠨ ᠲᠡᠳᠬᠦᠬᠦ ᠶᠢ ᠭᠦᠨᠵᠡᠭᠡᠢ ᠬᠡᠷᠡᠭᠵᠢᠭᠦᠯᠵᠦ᠂ | ᠲᠣᠰᠬᠤᠨ ᠳᠤ ᠰᠠᠭᠤᠭ᠎ᠠ ᠺᠠᠳ᠋ᠷ᠂ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠠᠵᠤ | ᠦᠢᠯᠡᠰ ᠢᠶᠠᠷ ᠬᠠᠪᠰᠤᠷᠤᠨ ᠲᠡᠳᠬᠦᠬᠦ ᠦᠢᠯᠡᠳᠦᠯ ᠢ ᠨᠡᠩ ᠰᠠᠶᠢᠲᠤᠷ ᠪᠠᠳᠠᠷᠠᠭᠤᠯᠤᠨ᠎ᠠ᠃ ᠤᠨᠳᠤᠤ ᠭᠠᠵᠠᠷ ᠨᠡᠭᠦᠯᠭᠡᠨ | ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ ᠲᠤᠰᠬᠠᠶ ᠠᠵᠢᠯᠯᠠᠭ᠎ᠠ ᠪᠠ ᠨᠡᠭᠦᠭᠰᠡᠨ ᠣᠯᠠᠨ | ᠲᠦᠮᠡᠨ ᠳᠤ ᠠᠵᠢᠯ ᠣᠯᠭᠤᠵᠤ ᠬᠠᠪᠰᠤᠷᠤᠨ ᠲᠡᠳᠬᠦᠬᠦ ᠲᠤᠰᠬᠠᠶ ᠠᠵᠢᠯᠯᠠᠭ᠎ᠠ ᠶᠢ ᠭᠦᠨᠵᠡᠭᠡᠶ ᠥᠷᠨᠢᠭᠦᠯᠦᠨ᠎ᠡ᠃ | ︵ᠠᠷᠪᠠᠨ ᠵᠢᠷᠭᠤᠭ᠎ᠠ︶ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠲᠣᠭᠲᠠᠭᠤᠨ ᠢᠶᠠᠷ | ᠲᠡᠭᠦᠯᠳᠡᠷᠵᠢᠭᠦᠯᠬᠦ ᠬᠡᠷᠡᠭᠲᠡᠶ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ | ᠵᠣᠯᠭᠠᠭᠤᠯᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠃ ᠤᠯᠤᠰ ᠤᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠤ ᠬᠥᠭᠵᠢᠯᠲᠡ ᠶᠢᠨ ᠦᠷ᠎ᠡ | ᠪᠦᠲᠦᠮᠵᠢ ᠶᠢ ᠬᠢᠨᠠᠨ ᠬᠡᠮᠵᠢᠵᠦ ᠦᠨᠡᠯᠡᠬᠦ ᠶᠢ ᠥᠷᠨᠢᠭᠦᠯᠦᠨ᠎ᠡ᠃ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ | ᠢᠲᠡᠭᠡᠮᠵᠢᠲᠦ ᠵᠢᠭᠡᠯᠡᠯᠭᠡ ᠲᠠᠯᠪᠢᠬᠤ ᠡᠷᠴᠢᠮ ᠢ ᠰᠤᠯᠠᠷᠠᠭᠤᠯᠬᠤ ᠦᠭᠡᠢ ᠪᠠᠶᠢᠬᠤ ᠶᠢ ᠪᠠᠲᠤᠯᠠᠵᠤ᠂ ᠶᠠᠳᠠᠭᠤ ᠠᠴᠠ | ᠠᠩᠭᠢᠵᠢᠷᠠᠭᠰᠠᠨ ᠬᠥᠮᠦᠨ ᠠᠮᠠ ᠶᠢᠨ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠠᠵᠢᠯ ᠢ ᠯᠠᠪᠳᠠᠭᠤᠨ ᠪᠠᠲᠤᠲᠠᠶ | ᠰᠠᠶᠢᠲᠤᠷ ᠬᠢᠨ᠎ᠡ᠃ ᠵᠠᠬ᠎ᠠ ᠳᠡᠯᠭᠡᠭᠦᠷᠴᠢᠯᠡᠬᠦ ᠵᠠᠷᠴᠢᠮ ᠶᠣᠰᠣᠭᠠᠷ ᠬᠠᠪᠰᠤᠷᠤᠨ ᠲᠡᠳᠬᠦᠬᠦ ᠲᠥᠷᠥᠯ ᠵᠦᠢᠯ ᠳᠠᠬᠢ | ᠮᠥᠩᠭᠦᠨ ᠭᠦᠢᠯᠭᠡᠭᠡᠨ ᠤ ᠳᠡᠮᠵᠢᠯᠭᠡ ᠶᠢ ᠨᠡᠮᠡᠭᠳᠡᠭᠦᠯᠦᠨ᠎ᠡ᠃ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠶᠢ | ᠭᠦᠨᠵᠡᠭᠡᠶᠢᠷᠡᠭᠦᠯᠵᠦ᠂ ᠵᠡᠭᠦᠨ ᠣᠷᠣᠨ ᠤ ᠠᠵᠤ ᠠᠬᠤᠢ ᠨᠢ ᠨᠡᠯᠢᠶᠡᠳ ᠬᠦᠷᠦᠭᠰᠡᠨ ᠪ᠊︶ ᠶᠠᠳᠠᠭᠤ ᠠᠴᠠ | ᠠᠩᠭᠢᠵᠢᠷᠠᠭᠰᠠᠨ ᠰᠢᠶᠠᠨ ᠲᠠᠢ ᠭᠠᠷ ᠬᠤᠯᠪᠣᠨ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠠᠵᠢᠯᠯᠠᠭ᠎ᠠ | ᠥᠷᠨᠢᠭᠦᠯᠵᠦ᠂ ᠶᠠᠳᠠᠭᠤ ᠠᠴᠠ ᠠᠩᠭᠢᠵᠢᠷᠠᠭᠰᠠᠨ ᠰᠢᠶᠠᠨ ᠢ ᠳᠠᠶᠢᠴᠢᠯᠠᠨ ᠬᠥᠳᠡᠯᠮᠦᠷᠢ ᠨᠢᠭᠲᠠᠷᠠᠭᠰᠠᠨ ᠬᠡᠯᠪᠡᠷᠢ ᠶᠢᠨ | ᠠᠵᠤ ᠦᠢᠯᠡᠰ ᠢ ᠨᠠᠩ ᠣᠯᠠᠨ ᠵᠣᠯᠭᠠᠭᠤᠯᠤᠨ ᠬᠥᠭᠵᠢᠭᠦᠯᠪᠡ᠃ ᠲᠥᠪ ᠤᠨ ᠨᠢᠭᠡᠴᠢ ᠶᠢᠨ ᠴᠡᠭ ᠲᠣᠭᠲᠠᠭᠠᠨ | ᠬᠠᠪᠰᠤᠷᠤᠨ ᠲᠡᠳᠬᠦᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠬᠤᠣᠰᠯᠠᠬᠤ ᠬᠠᠷᠢᠴᠠᠭ᠎ᠠ ᠶᠢ ᠲᠣᠬᠢᠷᠠᠭᠤᠯᠤᠨ | ᠲᠡᠭᠦᠯᠳᠡᠷᠵᠢᠭᠦᠯᠦᠨ᠎ᠡ᠃ ︽ᠲᠦᠮᠡᠨ ᠠᠵᠤ ᠠᠬᠤᠶᠢᠯᠠᠯ ᠲᠦᠮᠡᠨ ᠲᠣᠰᠬᠤᠨ ᠢ ᠬᠥᠭᠵᠢᠭᠦᠯᠬᠦ︾ ᠠᠵᠢᠯᠯᠠᠭ᠎ᠠ ᠶᠢ | ᠭᠦᠨᠵᠡᠭᠡᠶ ᠠᠬᠢᠭᠤᠯᠤᠨ᠎ᠠ᠃ ᠰᠢᠯᠵᠢᠯᠲᠡ ᠶᠢᠨ ᠬᠤᠭᠤᠴᠠᠭ᠎ᠠ ᠶᠢ ᠰᠤᠳᠤᠯᠤᠭᠰᠠᠨ ᠤ ᠳᠠᠷᠠᠭ᠎ᠠ ᠬᠥᠳᠡᠭᠡ ᠲᠣᠰᠬᠤᠨ ᠤ | ᠳᠣᠣᠷ᠎ᠠ ᠣᠷᠣᠯᠭ᠎ᠠ ᠲᠠᠢ ᠬᠥᠮᠥᠨ ᠠᠮᠠ ᠪᠣᠯᠣᠨ ᠬᠥᠭᠵᠢᠭᠡᠳᠦᠢ ᠭᠠᠵᠠᠷ ᠣᠷᠣᠨ ᠢ ᠪᠠᠶᠢᠩᠭᠤᠵᠢᠭᠤᠯᠵᠤ ᠬᠠᠪᠰᠤᠷᠤᠨ | ᠲᠡᠳᠬᠦᠬᠦ ᠲᠣᠭᠲᠠᠴᠠ ᠶᠢ ᠰᠤᠳᠤᠯᠤᠨ᠎ᠠ᠃ | ᠲᠠᠪᠤ᠂ ᠬᠥᠳᠡᠭᠡ ᠲᠣᠰᠬᠤᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ | ︵ᠠᠷᠪᠠᠨ ᠳᠣᠯᠤᠭ᠎ᠠ︶ ᠲᠠᠷᠢᠶᠠᠯᠠᠩ ᠤᠨ ᠪᠦᠲᠦᠭᠡᠭᠳᠡᠬᠦᠨ ᠡᠳ᠋ᠰᠢᠭᠦᠯᠬᠦ ᠭᠦᠢᠯᠭᠡᠭᠡᠨ ᠤ ᠦᠢᠯᠡᠰ ᠢ | ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠬᠡᠷᠡᠭᠲᠡᠶ᠃ ᠲᠠᠷᠢᠶᠠᠯᠠᠩ ᠤᠨ ᠪᠦᠲᠦᠭᠡᠭᠳᠡᠬᠦᠨ ᠡᠳ᠋ᠰᠢᠭᠦᠯᠬᠦ ᠦᠢᠯᠡᠰ ᠢ | ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠶ᠂ ᠲᠠᠷᠢᠶᠠᠴᠢᠳ ᠤᠨ | ᠬᠤᠷᠰᠢᠶ᠎ᠠ ᠪᠣᠯᠤᠨ ᠳᠤᠮᠳᠠ ᠵᠢᠵᠢᠭ ᠪᠢᠴᠢᠯ ᠠᠵᠤ ᠠᠬᠤᠶᠢᠯᠠᠯ ᠵᠡᠷᠭᠡ ᠶᠢᠨ ᠲᠠᠷᠢᠶᠠᠯᠠᠩ ᠤᠨ ᠪᠦᠲᠦᠭᠡᠭᠳᠡᠬᠦᠨ ᠤ | ᠭᠠᠷᠤᠯᠲᠠ ᠶᠢᠨ ᠭᠠᠵᠠᠷ ᠤᠨ ᠠᠩᠬ᠎ᠠ ᠡᠳ᠋ᠰᠢᠭᠦᠯᠭᠡ ᠶᠢ ᠬᠥᠭᠵᠢᠭᠦᠯᠬᠦ ᠶᠢ ᠳᠡᠮᠵᠢᠵᠦ᠂ ᠲᠣᠮᠣ ᠬᠡᠯᠪᠡᠷᠢ ᠶᠢᠨ | ᠲᠠᠷᠢᠶᠠᠯᠠᠩ ᠤᠨ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠲᠠᠷᠢᠶᠠᠯᠠᠩ ᠤᠨ ᠪᠦᠲᠦᠭᠡᠭᠳᠡᠬᠦᠨ ᠢ | ᠨᠠᠷᠢᠯᠢᠭ ᠭᠦᠨᠵᠡᠭᠡᠶ ᠡᠳ᠋ᠰᠢᠭᠦᠯᠬᠦ ᠶᠠᠪᠤᠳᠠᠯ ᠢ ᠬᠥᠭᠵᠢᠭᠦᠯᠬᠦ ᠬᠡᠷᠡᠭᠲᠡᠶ᠃ ᠲᠠᠷᠢᠶᠠᠯᠠᠩ ᠤᠨ ᠪᠦᠲᠦᠭᠡᠭᠳᠡᠬᠦᠨ ᠡᠳᠰᠢᠭᠦᠯᠬᠦ | ᠠᠵᠤ ᠠᠬᠤᠶᠢᠯᠠᠯ ᠤᠨ ᠭᠠᠷᠤᠯᠲᠠ ᠶᠢᠨ ᠣᠷᠣᠨ ᠲᠡᠰᠢ ᠭᠦᠨᠵᠡᠭᠡᠶᠢᠷᠡᠨ᠂ ᠬᠦᠷᠢᠶᠡᠯᠡᠩ ᠲᠣᠭᠤᠷᠢᠭ ᠵᠦᠭ ᠲᠥᠪᠯᠡᠷᠡᠵᠦ᠂ | ᠠᠮᠤ ᠪᠤᠳᠠᠭ᠎ᠠ ᠪᠣᠯᠤᠨ ᠴᠢᠬᠤᠯᠠ ᠪᠦᠬᠦᠢ ᠲᠠᠷᠢᠶᠠᠯᠠᠩ ᠤᠨ ᠪᠦᠲᠦᠭᠡᠭᠳᠡᠬᠦᠨ ᠤ ᠭᠤᠤᠯ ᠭᠠᠷᠤᠯᠲᠠ ᠶᠢᠨ ᠣᠷᠣᠨ ᠳᠤ | ᠲᠠᠷᠢᠶᠠᠯᠠᠩ ᠤᠨ ᠪᠦᠲᠦᠭᠡᠭᠳᠡᠬᠦᠨ ᠡᠳᠰᠢᠭᠦᠯᠬᠦ ᠠᠵᠤ ᠦᠢᠯᠡᠰ ᠤᠨ ᠬᠦᠷᠢᠶᠡᠯᠡᠩ ᠢ ᠨᠢᠭᠡᠳᠦᠯᠲᠡᠶ ᠲᠥᠯᠥᠪᠯᠡᠨ | ᠪᠠᠶᠢᠷᠢᠰᠢᠭᠤᠯᠵᠤ ᠪᠦᠲᠦᠭᠡᠨ ᠪᠠᠶᠢᠭᠤᠯᠬᠤ ᠬᠡᠷᠡᠭᠲᠡᠶ᠃ ᠲᠠᠷᠢᠶᠠᠯᠠᠩ ᠤᠨ ᠪᠦᠲᠦᠭᠡᠭᠳᠡᠬᠦᠨ ᠤ ᠭᠦᠢᠯᠭᠡᠭᠡᠨ ᠤ | ᠭᠤᠤᠯᠯᠠᠬᠤ ᠲᠣᠤᠷ ᠰᠦᠯᠵᠢᠶ᠎ᠡ ᠶᠢ ᠲᠡᠭᠦᠯᠳᠡᠷᠵᠢᠭᠦᠯᠵᠦ᠂ ᠭᠠᠷᠤᠯᠲᠠ ᠶᠢᠨ ᠣᠷᠣᠨ᠂ ᠲᠥᠪᠯᠡᠷᠡᠭᠦᠯᠵᠦ ᠲᠠᠷᠬᠠᠭᠠᠬᠤ | ᠭᠠᠵᠠᠷ᠂ ᠪᠣᠷᠣᠯᠠᠭᠤᠯᠬᠤ ᠭᠠᠵᠠᠷ ᠤᠨ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠢ ᠥᠭᠡᠷᠡᠴᠢᠯᠡᠨ ᠳᠡᠭᠡᠭᠰᠢᠯᠡᠭᠦᠯᠵᠦ᠂ | ᠨᠢᠭᠡ ᠪᠦᠯᠦᠭ ᠬᠤᠲᠠ ᠶᠢᠨ ᠲᠡᠭᠦᠷᠭᠡ ᠶᠢᠨ ᠲᠣᠮᠣ ᠬᠥᠮᠥᠷᠭᠡ ᠶᠢᠨ ᠰᠠᠭᠤᠷᠢᠨ ᠭᠠᠵᠠᠷ ᠢ ᠪᠠᠶᠢᠷᠢᠰᠢᠭᠤᠯᠤᠨ ᠪᠥᠲᠥᠭᠡᠨ | ᠪᠠᠶᠢᠭᠤᠯᠤᠨ᠎ᠠ᠃ ᠭᠠᠷᠤᠯᠲᠠ ᠶᠢᠨ ᠣᠷᠣᠨ ᠤ ᠬᠦᠢᠲᠡᠨ ᠬᠡᠯᠬᠢᠶᠡᠲᠦ ᠲᠥᠪᠯᠡᠷᠡᠭᠦᠯᠦᠨ ᠲᠣᠬᠢᠷᠠᠭᠤᠯᠬᠤ ᠲᠥᠪ | ᠪᠠᠶᠢᠭᠤᠯᠬᠤ ᠶᠢ ᠳᠡᠮᠵᠢᠨ᠎ᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠲᠠᠷᠢᠶᠠᠯᠠᠩ ᠤᠨ ᠪᠦᠲᠦᠭᠡᠭᠳᠡᠬᠦᠨ ᠤ | ᠵᠠᠬ᠎ᠠ ᠳᠡᠯᠭᠡᠭᠦᠷ ᠤᠨ ᠬᠠᠩᠭᠠᠯᠭ᠎ᠠ ᠶᠢ ᠨᠢᠭᠡᠳᠦᠯᠲᠡᠶ ᠲᠥᠯᠥᠪᠯᠡᠵᠦ᠂ ᠲᠠᠷᠢᠶᠠᠯᠠᠩ ᠤᠨ ᠪᠦᠲᠦᠭᠡᠭᠳᠡᠬᠦᠨ ᠤ ᠪᠠᠷᠠᠭᠠᠨ ᠤ | ᠭᠦᠢᠯᠭᠡᠭᠡᠨ ᠤ ᠰᠠᠭᠠᠳ ᠥᠬᠡᠶ ᠨᠡᠪᠲᠡᠷᠡᠬᠦ ᠶᠢ ᠦᠨᠡᠨ ᠬᠦ ᠪᠠᠲᠤᠯᠠᠨ᠎ᠠ᠃ | ︵ᠠᠷᠪᠠᠨ ᠨᠠᠢᠮᠨ︶ ᠤᠳᠤ ᠦᠶ᠎ᠡ ᠶᠢᠨ ᠬᠦᠳᠡᠭᠡ ᠲᠤᠰᠬᠤᠨ ᠤ ᠦᠢᠯᠡᠴᠢᠯᠡᠭᠡᠨ ᠤ ᠦᠢᠯᠡᠰ ᠢ ᠲᠦᠷᠭᠡᠳᠭᠡᠨ | ᠬᠥᠭᠵᠢᠭᠦᠯᠪᠡ᠃ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠪᠦᠬᠦ | ᠲᠠᠯ᠎ᠠ ᠪᠠᠷ ᠲᠦᠯᠬᠢᠨ ᠠᠬᠢᠭᠤᠯᠤᠨ᠎ᠠ᠃ ᠰᠢᠶᠠᠨ ᠰᠢᠶᠠᠩ ᠲᠣᠰᠬᠤᠨ ᠤ ᠡᠯᠧᠺᠳ᠋ᠷᠣᠨ ᠬᠤᠳᠠᠯᠳᠤᠭᠠᠨ ᠤ ᠶᠠᠪᠤᠳᠠᠯ | ᠪᠣᠯᠤᠨ ᠲᠦᠷᠭᠡᠨ ᠢᠯᠡᠭᠡᠯᠲᠡ ᠶᠢᠨ ᠪᠠᠷᠠᠭᠠᠨ ᠤ ᠭᠦᠢᠯᠭᠡᠭᠡ ᠶᠢᠨ ᠲᠣᠬᠢᠷᠠᠭᠤᠯᠤᠨ ᠬᠦᠷᠭᠡᠬᠦ ᠰᠢᠰᠲ᠋ᠧᠮᠵᠢ ᠶᠢ | ᠲᠦᠷᠭᠡᠳᠬᠡᠨ ᠲᠡᠭᠦᠯᠳᠡᠷᠵᠢᠭᠦᠯᠵᠦ᠂ ᠰᠢᠶᠠᠨ ᠤ ᠬᠡᠪᠴᠢᠶᠡᠨ ᠤ ᠲᠥᠪᠯᠡᠷᠡᠭᠦᠯᠦᠨ ᠴᠤᠭᠯᠠᠭᠤᠯᠵᠤ ᠲᠣᠬᠢᠷᠠᠭᠤᠯᠬᠤ | ᠲᠥᠪ ᠢ ᠪᠦᠲᠦᠭᠡᠨ ᠪᠠᠶᠢᠭᠤᠯᠵᠤ᠂ ᠬᠥᠳᠡᠭᠡ ᠲᠣᠰᠬᠤᠨ ᠤ ᠠᠶᠠᠨᠴᠢᠳ ᠪᠠ ᠪᠠᠷᠠᠭᠠᠨ ᠤ ᠭᠦᠢᠯᠭᠡᠭᠡ ᠶᠢᠨ | ᠠᠭᠤᠰᠤᠯᠴᠠᠨ ᠬᠥᠭᠵᠢᠬᠦ ᠶᠢ ᠠᠬᠢᠭᠤᠯᠤᠨ᠂ ᠬᠠᠮᠲᠤ ᠪᠠᠷ ᠲᠣᠬᠢᠷᠠᠭᠤᠯᠤᠨ ᠬᠦᠷᠭᠡᠬᠦ᠂ ᠴᠠᠭ ᠲᠤᠬᠠᠶ ᠳᠤ ᠨᠢ ᠵᠢᠵᠢᠭᠯᠡᠨ | ᠬᠤᠳᠠᠯᠳᠤᠬᠤ ᠵᠡᠷᠭᠡ ᠰᠢᠨ᠎ᠡ ᠵᠠᠭᠪᠤᠷ ᠢ ᠶᠡᠬᠡᠪᠡᠷ ᠬᠥᠭᠵᠢᠭᠦᠯᠵᠦ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠶᠢᠨ | ᠦᠢᠯᠡᠴᠢᠯᠡᠭᠡᠨ ᠤ ᠲᠣᠣᠷ ᠰᠦᠯᠵᠢᠶ᠎ᠡ ᠶᠢ ᠬᠥᠳᠡᠭᠡ ᠲᠣᠰᠬᠤᠨ ᠲᠡᠶᠢᠰᠢ ᠳᠣᠷᠣᠭᠰᠢ ᠪᠠᠭᠤᠯᠭᠠᠬᠤ ᠶᠢ ᠠᠬᠢᠭᠤᠯᠤᠨ᠎ᠠ᠃ | ᠬᠦᠳᠡᠭᠡ ᠲᠤᠰᠬᠤᠨ ᠤ ᠢᠳᠡᠭᠡᠨ ᠤᠮᠳᠠᠭᠠᠨ ᠤ ᠪᠠᠷᠠᠭ᠎ᠠ ᠬᠤᠳᠠᠯᠳᠤᠨ ᠠᠪᠬᠤ᠂ ᠰᠣᠶᠤᠯ ᠪᠡᠶ᠎ᠡ ᠶᠢᠨ ᠲᠠᠮᠢᠷ᠂ | ᠵᠢᠭᠤᠯᠴᠢᠯᠠᠨ ᠰᠡᠯᠡᠭᠦᠴᠡᠬᠦ᠂ ᠨᠠᠰᠤᠲᠠᠨ ᠢ ᠠᠰᠠᠷᠠᠵᠤ ᠨᠢᠯᠬᠠᠰ ᠢ ᠨᠠᠶᠢᠳᠠᠬᠤ᠂ ᠮᠡᠳᠡᠭᠡ ᠵᠠᠩᠭᠢ ᠶᠢᠨ ᠵᠠᠭᠤᠴᠢ ᠵᠡᠷᠭᠡ | ᠠᠮᠢᠳᠤᠷᠠᠯ ᠤᠨ ᠦᠢᠯᠡᠴᠢᠯᠡᠭᠡ ᠶᠢ ᠬᠥᠭᠵᠢᠭᠦᠯᠦᠨ᠎ᠡ᠃ ᠨᠥᠬᠦᠴᠡᠯ ᠲᠠᠢ ᠭᠠᠵᠠᠷ ᠣᠷᠣᠨ ᠤ ᠬᠢᠨ ᠰᠢᠨ᠎ᠡ ᠡᠨᠧᠷᠭᠢ ᠶᠢᠨ | ᠮᠠᠰᠢᠨ ᠲᠡᠷᠭᠡ ᠪᠠ ᠪᠣᠬᠢᠷᠲᠤᠯ ᠥᠬᠡᠶ ᠤᠶᠤᠨᠲᠤ ᠬᠡᠷ ᠤᠨ ᠴᠠᠬᠢᠯᠭᠠᠨ ᠬᠡᠷᠡᠭᠰᠡᠯ ᠢ ᠬᠥᠳᠡᠭᠡ ᠪᠠᠭᠤᠯᠭᠠᠬᠤ ᠶᠢ | ᠥᠷᠨᠢᠭᠦᠯᠬᠦ ᠶᠢ ᠵᠣᠷᠢᠭᠵᠢᠭᠤᠯᠤᠨ᠎ᠠ᠃ | ︵ᠠᠷᠪᠠ ᠶᠢᠰᠣ︶ ᠬᠥᠳᠡᠭᠡ ᠲᠣᠰᠬᠤᠨ ᠤ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠬᠡᠯᠪᠡᠷᠢ ᠶᠢ | ᠪᠤᠶᠢᠵᠢᠭᠤᠯᠤᠨ᠎ᠠ᠃ ᠲᠠᠷᠢᠶᠠᠯᠠᠩ ᠤᠨ ᠠᠵᠤ ᠦᠢᠯᠡᠰ ᠤᠨ ᠬᠦᠴᠦᠷᠬᠡᠭ ᠪᠠᠯᠭᠠᠰᠤ᠂ ᠣᠳᠣ ᠦ᠊ ᠡᠶ᠎ᠡ ᠶᠢᠨ | ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ᠂ ᠳᠠᠪᠠᠭᠤᠯᠢᠭ ᠪᠦᠬᠦᠢ ᠣᠨᠴᠠᠯᠢᠭᠲᠤ ᠠᠵᠤ ᠦᠢᠯᠡᠰ ᠤᠨ | ᠲᠥᠪᠯᠡᠷᠡᠯ ᠢ ᠦᠷᠭᠦᠯᠵᠢᠯᠡᠨ ᠳᠡᠮᠵᠢᠬᠦ ᠬᠡᠷᠡᠭᠲᠡᠶ᠃ ᠤᠯᠤᠰ ᠤᠨ ᠬᠥᠳᠡᠭᠡ ᠲᠣᠰᠬᠤᠨ ᠤ ᠠᠵᠤ ᠦᠢᠯᠡᠰ ᠤᠨ | ᠠᠭᠤᠰᠤᠯᠴᠠᠨ ᠬᠥᠭᠵᠢᠬᠦ ᠵᠢᠱᠢᠶ᠎ᠡ ᠦᠵᠡᠭᠦᠯᠬᠦ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠳᠡᠮᠵᠢᠨ᠎ᠡ᠃ | ᠲᠠᠷᠢᠶᠠᠯᠠᠩ ᠤᠨ ᠣᠳᠣᠬᠢᠴᠢᠯᠠᠯᠲᠠ ᠶᠢᠨ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢ ᠭᠦᠨᠵᠡᠭᠡᠶ | ᠲᠦᠯᠬᠢᠨ ᠠᠬᠢᠭᠤᠯᠤᠨ᠎ᠠ᠃ ᠰᠣᠶᠣᠯ ᠤᠨ ᠠᠵᠤ ᠦᠢᠯᠡᠰ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠲᠥᠯᠥᠪᠯᠡᠭᠡ ᠶᠢ ᠬᠡᠷᠡᠭᠵᠢᠭᠦᠯᠦᠨ᠎ᠡ᠃ ᠬᠥᠳᠡᠭᠡ ᠲᠣᠰᠬᠤᠨ ᠤ ᠰᠡᠯᠡᠭᠦᠴᠡᠯ ᠵᠢᠭᠤᠯᠴᠢᠯᠠᠯ ᠤᠨ ᠰᠣᠳᠣᠨ | ᠢᠨᠵᠧᠨᠧᠷᠢᠩ ᠢ ᠬᠡᠷᠡᠭᠵᠢᠭᠦᠯᠵᠦ᠂ ᠬᠥᠳᠡᠭᠡ ᠲᠣᠰᠬᠤᠨ ᠤ ᠠᠷᠠᠳ ᠤᠨ ᠪᠠᠶᠢᠷᠢ ᠶᠢᠨ ᠶᠠᠰᠤ ᠴᠢᠨᠠᠷ ᠢ ᠳᠡᠭᠡᠭᠰᠢᠯᠡᠭᠦᠯᠦᠨ | ᠲᠠᠰ ᠳᠡᠪᠰᠢᠭᠦᠯᠬᠦ ᠶᠢ ᠠᠬᠢᠭᠤᠯᠤᠨ᠎ᠠ᠃ ︽ᠲᠣᠭᠠᠴᠢᠯᠠᠭᠰᠠᠨ ᠬᠤᠳᠠᠯᠳᠤᠭ᠎ᠠ ᠪᠠᠷ ᠲᠠᠷᠢᠶᠠᠯᠠᠩ ᠢ ᠬᠥᠭᠵᠢᠭᠦᠯᠬᠦ︾ ᠪᠠ | ︽ᠢᠨᠲ᠋ᠧᠷ ᠰᠦᠯᠵᠢᠶ᠎ᠡ +︾ ᠲᠠᠷᠢᠶᠠᠯᠠᠩ ᠤᠨ ᠪᠦᠲᠦᠭᠡᠭᠳᠡᠬᠦᠨ ᠢ ᠲᠣᠰᠬᠤᠨ ᠠᠴᠠ ᠭᠠᠷᠭᠠᠵᠤ ᠬᠤᠲᠠ ᠳᠤ | ᠣᠷᠣᠭᠤᠯᠬᠤ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠤ ᠡᠯᠧᠺᠳ᠋ᠷᠣᠨ | ᠬᠤᠳᠠᠯᠳᠤᠭ᠎ᠠ ᠶᠢ ᠰᠢᠭᠤᠳ ᠮᠠᠯᠲᠠᠬᠤ᠂ ᠦᠢᠯᠡᠳᠪᠤᠷᠢᠯᠡᠬᠦ ᠵᠡᠷᠭᠡ ᠵᠠᠭᠪᠤᠷ ᠢ ᠵᠣᠷᠢᠭᠵᠢᠭᠤᠯᠤᠨ ᠬᠥᠭᠵᠢᠭᠦᠯᠵᠦ᠂ | ᠲᠠᠷᠢᠶᠠᠯᠠᠩ ᠤᠨ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠢ ᠰᠢᠭᠤᠳ ᠨᠡᠪᠲᠡᠷᠡᠭᠦᠯᠬᠦ ᠡᠯᠧᠺᠳ᠋ᠷᠣᠨ | ᠬᠤᠳᠠᠯᠳᠤᠭᠠᠨ ᠤ ᠰᠠᠭᠤᠷᠢᠨ ᠭᠠᠵᠠᠷ ᠢ ᠪᠥᠲᠥᠭᠡᠨ ᠪᠠᠶᠢᠭᠤᠯᠤᠨ᠎ᠠ᠃ ᠴᠡᠪᠡᠷ ᠨᠣᠭᠤᠭ᠎ᠠ᠂ ᠲᠥᠪ ᠲᠣᠭᠤᠭᠠᠨ ᠬᠡᠷ | ᠵᠡᠷᠭᠡ ᠠᠵᠤ ᠦᠢᠯᠡᠰ ᠤᠨ ᠪᠠᠷᠢᠮᠵᠢᠶᠠᠵᠢᠭᠤᠯᠬᠤ ᠪᠠ ᠵᠢᠷᠤᠮᠵᠢᠭᠤᠯᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠢᠳᠡᠰᠢᠨ ᠨᠣᠭᠤᠭ᠎ᠠ ᠶᠢᠨ ᠠᠵᠤ ᠦᠢᠯᠡᠰ ᠢ ᠪᠤᠶᠢᠵᠢᠭᠤᠯᠤᠨ ᠬᠥᠭᠵᠢᠭᠦᠯᠬᠦ ᠬᠡᠷᠡᠭᠲᠡᠶ᠃ | ︵ᠬᠤᠷᠢ︶ ᠰᠢᠶᠠᠨ ᠤ ᠬᠡᠪᠴᠢᠶᠠᠨ ᠤ ᠠᠷᠠᠳ ᠢ ᠪᠠᠶᠠᠵᠢᠭᠤᠯᠬᠤ ᠠᠵᠤ ᠦᠢᠯᠡᠰ ᠢ ᠪᠤᠶᠢᠵᠢᠭᠤᠯᠤᠨ | ᠪᠣᠵᠠᠭᠠᠶᠢᠷᠠᠭᠤᠯᠤᠨ᠎ᠠ᠃ ᠰᠢᠶᠠᠨ ᠰᠢᠶᠠᠩ ᠲᠣᠰᠬᠤᠨ ᠤ ᠠᠵᠤ ᠦᠢᠯᠡᠰ ᠤᠨ ᠣᠷᠣᠨ ᠵᠠᠶ ᠶᠢᠨ ᠪᠠᠶᠢᠷᠢᠰᠢᠯ ᠢ | ᠲᠡᠭᠦᠯᠳᠡᠷᠵᠢᠭᠦᠯᠵᠦ᠂ ᠰᠢᠶᠠᠨ ᠤ ᠬᠤᠲᠠ ᠶᠢᠨ ᠠᠵᠤ ᠦᠢᠯᠡᠰ ᠤᠨ ᠳᠠᠭᠠᠭᠠᠬᠤ ᠪᠠ ᠢᠵᠢ ᠪᠦᠷᠢᠳᠦᠭᠦᠯᠬᠦ | ᠦᠢᠯᠡᠴᠢᠯᠡᠭᠡᠨ ᠤ ᠴᠢᠳᠠᠮᠵᠢ ᠶᠢ ᠳᠡᠭᠡᠭᠰᠢᠯᠡᠭᠦᠯᠦᠨ᠂ ᠭᠤᠤᠯᠳᠠᠯᠭ᠎ᠠ ᠲᠠᠢ ᠪᠠᠯᠭᠠᠰᠤ ᠶᠢᠨ ᠲᠥᠪᠯᠡᠷᠡᠭᠦᠯᠬᠦ ᠴᠢᠳᠠᠮᠵᠢ ᠶᠢ | ᠴᠢᠩᠭᠠᠷᠠᠭᠤᠯᠤᠨ᠎ᠠ᠃ ︽ᠨᠢᠭᠡ ᠰᠢᠶᠠᠨ ᠨᠢᠭᠡ ᠦᠢᠯᠡᠰ︾ ᠤᠨ ᠰᠢᠶᠠᠨ ᠢ ᠬᠦᠴᠦᠷᠬᠡᠭᠵᠢᠭᠦᠯᠵᠦ ᠠᠷᠠᠳ ᠢ | ᠪᠠᠶᠠᠵᠢᠭᠤᠯᠬᠤ ᠢᠨᠵᠧᠨᠧᠷᠢᠩ ᠢ ᠬᠡᠷᠡᠭᠵᠢᠭᠦᠯᠪᠡ᠃ ᠭᠦᠳᠡᠯᠮᠣᠷᠢ ᠨᠢᠭ᠌ᠳᠡᠷᠠᠭᠰᠠᠨ ᠭᠡᠯᠪᠡᠷᠢ ᠶᠢᠨ ᠠᠵᠣ ᠦᠢᠯᠡᠰ ᠤᠨ | ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ᠂ ᠰᠢᠶᠠᠨ ᠤ ᠬᠡᠪᠴᠢᠶ᠎ᠠ ᠳᠡᠰᠢ ᠰᠢᠯᠵᠢᠯᠳᠠ ᠶᠢ ᠭᠦᠳᠣᠯᠣᠨ | ᠵᠢᠯᠣᠭᠤᠣᠡᠴᠣ ᠪᠠᠶᠢᠭᠠᠣᠨ ᠶᠡᠭᠡ ᠲᠣᠮᠳᠠ ᠬᠤᠳᠠ ᠶᠢᠨ ᠡᠷᠬᠢᠨ ᠲᠣᠭᠤᠷᠢᠨ ᠤ ᠰᠢᠶᠠᠨ ᠤ ᠬᠡᠪᠴᠢᠶᠠᠨ ᠳᠤ | ᠬᠤᠯᠪᠣᠭᠳᠠᠬᠤ ᠠᠵᠣ ᠦᠢᠯᠡᠰ ᠪᠠ ᠢᠵᠢ ᠪᠦᠷᠢᠳᠦᠭᠰᠡᠨ ᠠᠵᠣ ᠠᠬᠤᠶᠢᠯᠡᠯ ᠢ ᠪᠠᠶᠢᠷᠢᠰᠢᠭᠤᠯᠭᠦ ᠶᠢ ᠳᠡᠮᠵᠢᠨ᠎ᠠ᠃ | ᠤᠯᠤᠰ ᠤᠨ ᠳᠡᠰ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ᠂ | ᠲᠠᠷᠢᠶᠠᠯᠠᠩ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠢ ᠨᠠᠶᠢᠳᠠᠨ ᠬᠠᠮᠢᠶᠠᠷᠠᠭᠤᠯᠵᠤ ᠬᠠᠮᠲᠤᠷᠠᠨ ᠡᠷᠬᠢᠯᠡᠭᠰᠡᠨ | ᠰᠢᠶᠠᠨ ᠤ ᠬᠡᠪᠴᠢᠶᠡᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠳᠡᠮᠵᠢᠨ᠎ᠡ᠃ | ᠵᠢᠷᠭᠤᠭ᠎ᠠ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠠᠷᠭ᠎ᠠ ᠵᠠᠮ ᠢ | ᠥᠷᠭᠡᠵᠢᠭᠦᠯᠦᠨ᠎ᠡ | ︵ᠬᠤᠷᠢᠨ ᠨᠢᠭᠡ︶ ᠲᠠᠷᠢᠶᠠᠴᠢᠳ ᠤᠨ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠤᠨ᠎ᠠ᠃ | ᠡᠯ᠎ᠡ ᠵᠦᠢᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠬᠦᠴᠢᠷᠳᠡᠯ ᠢ ᠰᠢᠢᠳᠪᠦᠷᠢᠯᠡᠬᠦ ᠲᠥᠷᠥ ᠶᠢᠨ | ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ | ᠠᠵᠢᠯ ᠤᠨ ᠪᠠᠶᠢᠷᠢ ᠶᠢ ᠲᠣᠭᠲᠠᠭᠤᠨ ᠪᠠᠶᠢᠯᠭᠠᠬᠤ ᠲᠠᠯ᠎ᠠ ᠪᠠᠷ ᠬᠡᠯᠪᠠᠶᠢᠯᠭᠡᠬᠦ ᠡᠷᠴᠢᠮ ᠢ ᠴᠢᠩᠭᠠᠷᠠᠭᠤᠯᠵᠤ᠂ ᠲᠠᠷᠢᠶᠠᠴᠢᠨ | ᠬᠦᠴᠦ ᠶᠠᠪᠤᠭᠰᠠᠳ ᠤᠨ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠬᠡᠷᠡᠭᠲᠡᠶ᠃ ᠬᠥᠯᠥᠰᠥᠨ ᠠᠵᠢᠯᠴᠢᠨ ᠤ | ᠠᠵᠢᠯ ᠮᠡᠷᠭᠡᠵᠢᠯ ᠤᠨ ᠴᠢᠳᠠᠪᠤᠷᠢ ᠶᠢᠨ ᠳᠡᠭᠡᠭᠰᠢᠯᠡᠯᠲᠡ ᠶᠢ ᠠᠬᠢᠭᠤᠯᠤᠨ᠎ᠠ᠃ ᠬᠥᠯᠥᠰᠥᠨ ᠠᠵᠢᠯᠴᠢᠨ ᠤ ᠴᠠᠯᠢᠩ ᠢ | ᠥᠭᠬᠦ ᠶᠢ ᠬᠢᠨᠠᠨ ᠬᠡᠮᠵᠢᠵᠦ ᠰᠡᠷᠡᠮᠵᠢᠯᠡᠭᠦᠯᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠨᠠᠰᠤ ᠬᠡᠲᠦᠷᠡᠭᠰᠡᠨ ᠬᠥᠯᠥᠰᠥᠨ | ᠠᠵᠢᠯᠴᠢᠨ ᠤ ᠠᠵᠢᠯ ᠣᠯᠬᠤ ᠡᠷᠬᠡ ᠠᠰᠢᠭ ᠢ ᠰᠠᠶᠢᠲᠤᠷ ᠬᠠᠮᠠᠭᠠᠯᠠᠨ᠎ᠠ᠃ ᠠᠮᠢᠳᠤᠯᠢᠭ ᠢᠶᠠᠷ ᠠᠵᠢᠯ ᠣᠯᠤᠭᠰᠠᠳ ᠤᠨ | ᠡᠷᠬᠡ ᠠᠰᠢᠭ ᠢ ᠪᠠᠲᠤᠯᠠᠬᠤ ᠳᠦᠷᠢᠮ ᠢ ᠲᠦᠷᠭᠡᠳᠬᠡᠨ ᠲᠡᠭᠦᠯᠳᠡᠷᠵᠢᠭᠦᠯᠦᠨ᠎ᠡ᠃ ᠨᠤᠲᠤᠭ ᠲᠤ ᠪᠠᠨ ᠪᠤᠴᠠᠵᠤ ᠠᠳᠠᠯ | ᠦᠢᠯᠡᠰ ᠪᠣᠰᠬᠠᠬᠤ ᠬᠦᠷᠢᠶᠡᠯᠡᠩ᠂ ᠬᠥᠳᠡᠭᠡ ᠲᠣᠰᠬᠤᠨ ᠤ ᠠᠳᠠᠯ ᠦᠢᠯᠡᠰ ᠪᠣᠰᠬᠠᠬᠤ ᠨᠡᠪᠴᠢᠭᠦᠯᠬᠦ ᠳᠠᠳᠤᠯᠭ᠎ᠠ | ᠪᠣᠯᠪᠠᠰᠤᠷᠠᠯ ᠤᠨ ᠰᠠᠭᠤᠷᠢᠨ ᠭᠠᠵᠠᠷ ᠵᠡᠷᠭᠡ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠵᠠᠰᠠᠭ ᠤᠨ | ᠣᠷᠳᠣᠨ ᠠᠴᠠ ᠪᠡᠯᠡ ᠣᠷᠣᠭᠤᠯᠤᠭᠰᠠᠨ ᠭᠤᠤᠯᠳᠠᠯᠭ᠎ᠠ ᠲᠠᠢ ᠢᠨᠵᠧᠨᠧᠷᠢᠩ ᠪᠣᠯᠤᠨ ᠲᠠᠷᠢᠶᠠᠯᠠᠩ ᠬᠥᠳᠡᠭᠡ | ᠲᠣᠰᠬᠤᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ | ᠬᠥᠳᠡᠯᠮᠦᠷᠢᠯᠡᠭᠦᠯᠬᠦ ᠪᠠᠷ ᠲᠡᠳᠬᠦᠮᠵᠢ ᠶᠢ ᠣᠷᠣᠯᠠᠭᠤᠯᠬᠤ ᠶᠢ ᠳᠡᠯᠭᠡᠷᠡᠭᠦᠯᠵᠦ᠂ ᠬᠥᠳᠡᠯᠮᠦᠷᠢ ᠦᠢᠯᠡᠴᠢᠯᠡᠭᠡᠨ ᠤ | ᠬᠥᠯᠥᠰᠥ ᠣᠯᠭᠤᠮᠵᠢ ᠣᠯᠭᠤᠬᠤ ᠬᠠᠷᠢᠴᠠᠯ ᠢ ᠨᠢ ᠵᠣᠬᠢᠰᠲᠠᠶ ᠳᠡᠭᠡᠭᠰᠢᠯᠡᠭᠦᠯᠬᠦ ᠬᠡᠷᠡᠭᠲᠡᠶ᠃ | ︵ᠬᠤᠷᠢᠨ ᠬᠤᠶᠠᠷ︶ ᠲᠠᠷᠢᠶᠠᠯᠠᠩ ᠤᠨ ᠡᠵᠡᠩᠨ᠋ᠡᠯᠲᠡ ᠶᠢᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠬᠤᠯᠬᠤ | ᠬᠡᠷᠡᠭᠲᠡᠶ᠃ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠲᠡ ᠶᠢᠨ ᠭᠤᠤᠯ ᠴᠣᠭᠴᠠ ᠶᠢ ᠳᠡᠭᠡᠭᠰᠢᠯᠡᠭᠦᠯᠬᠦ | ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠬᠡᠷ ᠪᠦᠯᠢ ᠶᠢᠨ ᠲᠠᠷᠢᠶᠠᠯᠠᠩ ᠤᠨ ᠲᠠᠯᠠᠪᠠᠶ ᠶᠢᠨ ᠲᠠᠷᠢᠶᠠᠴᠢᠳ ᠤᠨ | ᠬᠤᠷᠰᠢᠶ᠎ᠠ᠂ ᠬᠤᠷᠰᠢᠶ᠎ᠠ ᠪᠠᠶᠢᠭᠤᠯᠬᠤ ᠶᠢ ᠳᠡᠮᠵᠢᠵᠦ᠂ ᠬᠥᠭᠵᠢᠯᠲᠡ ᠶᠢᠨ ᠬᠡᠷᠡᠭᠴᠡᠭᠡ ᠪᠠᠨ ᠦᠨᠳᠦᠰᠦᠯᠡᠨ ᠠᠵᠤ | ᠠᠬᠤᠶᠢᠯᠠᠯ ᠡᠷᠭᠢᠯᠡᠵᠦ᠂ ᠵᠢᠵᠢᠭ ᠲᠠᠷᠢᠶᠠᠴᠢᠨ ᠡᠷᠦᠬᠡ ᠶᠢᠨ ᠬᠤᠷᠰᠢᠵᠤ ᠡᠵᠡᠩᠨᠡᠬᠦ᠂ ᠬᠠᠮᠲᠤ ᠪᠠᠷ ᠣᠷᠣᠯᠭ᠎ᠠ ᠪᠠᠨ | ᠨᠡᠮᠡᠭᠳᠡᠭᠦᠯᠬᠦ ᠶᠢ ᠳᠠᠶᠢᠴᠢᠯᠠᠬᠤ ᠬᠡᠷᠡᠭᠲᠡᠶ᠃ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠢ ᠠᠬᠢᠭᠤᠯᠬᠤ | ᠠᠵᠢᠯᠯᠠᠭ᠎ᠠ ᠶᠢ ᠬᠡᠷᠡᠭᠵᠢᠭᠦᠯᠵᠦ᠂ ᠣᠷᠣᠯᠠᠨ ᠬᠠᠭᠠᠯᠪᠤᠷᠢᠯᠠᠵᠤ ᠣᠷᠣᠯᠠᠨ ᠲᠠᠷᠢᠬᠤ᠂ ᠣᠷᠣᠯᠠᠨ ᠬᠠᠮᠢᠶᠠᠷᠴᠤ ᠣᠷᠣᠯᠠᠨ | ᠬᠤᠷᠢᠶᠠᠬᠤ᠂ ᠪᠦᠬᠦ ᠶᠠᠪᠤᠴᠠ ᠳᠤ ᠨᠠᠶᠢᠳᠠᠨ ᠬᠠᠮᠢᠶᠠᠷᠤᠭᠤᠯᠬᠤ ᠵᠡᠷᠭᠡ ᠨᠡᠶᠢᠭᠡᠮᠴᠢᠯᠡᠭᠰᠡᠨ ᠦᠢᠯᠡᠴᠢᠯᠡᠭᠡᠨ ᠢ ᠶᠡᠬᠡᠪᠡᠷ | ᠬᠥᠭᠵᠢᠭᠦᠯᠵᠦ᠂ ᠣᠷᠣᠨ ᠪᠦᠰᠡ ᠶᠢᠨ ᠴᠢᠨᠠᠷᠲᠠᠶ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠤᠨ ᠪᠦᠲᠦᠭᠡᠨ | ᠪᠠᠶᠢᠭᠤᠯᠤᠯᠲᠠ ᠶᠢ ᠵᠣᠷᠢᠭᠵᠢᠭᠤᠯᠤᠨ᠂ ᠲᠠᠷᠢᠶᠠᠯᠠᠩ ᠤᠨ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ | ᠨᠡᠮᠡᠭᠳᠡᠭᠦᠯᠬᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠡᠵᠡᠩᠨᠡᠨ ᠪᠣᠷᠣᠯᠠᠭᠤᠯᠵᠤ ᠦᠷ᠎ᠡ | ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ᠶᠢ ᠡᠮᠬᠢ ᠵᠢᠷᠤᠮ ᠲᠠᠢ ᠪᠠᠷ | ᠡᠷᠭᠢᠯᠳᠦᠭᠦᠯᠬᠦ ᠶᠢ ᠬᠥᠲᠥᠯᠥᠨ ᠵᠢᠯᠣᠭᠤᠳᠴᠤ᠂ ᠲᠠᠷᠢᠶᠠᠯᠠᠩ ᠤᠨ ᠵᠣᠬᠢᠬᠤ ᠬᠡᠪᠴᠢᠶᠡᠨ ᠤ ᠡᠵᠡᠩᠨᠡᠯᠲᠡ ᠶᠢ | ᠬᠥᠭᠵᠢᠭᠦᠯᠦᠨ᠎ᠡ᠃ ᠣᠷᠣᠨ ᠨᠤᠲᠤᠭ ᠤᠨ ︽ᠵᠢᠵᠢᠭ ᠲᠠᠷᠢᠶ᠎ᠠ ᠨᠡᠶᠢᠯᠡᠭᠦᠯᠬᠦ︾ ᠵᠡᠷᠭᠡ ᠲᠤᠷᠰᠢᠯᠭ᠎ᠠ ᠶᠢ ᠳ᠋ᠦᠩᠨᠡᠵᠦ᠂ | ᠲᠠᠷᠢᠶᠠᠴᠢᠳ ᠤᠨ ᠰᠠᠶᠢᠨ ᠳᠤᠷ᠎ᠠ ᠠᠴᠠ ᠪᠠᠨ ᠪᠠᠶᠢᠬᠤ ᠤᠷᠢᠲᠠᠯ ᠳᠣᠤᠷ᠎ᠠ᠂ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ᠂ ᠭᠠᠵᠠᠷ ᠰᠢᠷᠣᠶ ᠶᠢ ᠴᠡᠭᠴᠡᠯᠡᠨ ᠵᠠᠰᠠᠬᠤ ᠲᠠᠢ ᠤᠶᠠᠯᠳᠤᠭᠤᠯᠤᠨ ᠨᠠᠷᠢᠨ ᠬᠡᠮᠬᠡᠷᠡᠬᠦᠯᠬᠦ ᠠᠰᠠᠭᠤᠳᠠᠯ ᠢ | ᠠᠯᠬᠤᠮ ᠠᠯᠬᠤᠮ ᠢᠶᠠᠷ ᠰᠢᠢᠳᠪᠦᠷᠢᠯᠡᠨ᠎ᠡ᠃ ᠨᠡᠶᠢᠭᠡᠮ ᠤᠨ ᠬᠦᠷᠦᠩᠭᠡ ᠪᠠᠷ ᠲᠠᠷᠢᠶᠠᠯᠠᠩ ᠬᠥᠳᠡᠭᠡ ᠲᠣᠰᠬᠤᠨ ᠳᠤ | ᠪᠡᠯᠡ ᠣᠷᠣᠭᠤᠯᠬᠤ ᠵᠢᠯᠣᠭᠤᠳᠤᠮᠵᠢ ᠶᠢ ᠲᠡᠭᠦᠯᠳᠡᠷᠵᠢᠭᠦᠯᠵᠦ᠂ ᠬᠦᠷᠦᠩᠭᠡ ᠶᠢ ᠬᠥᠳᠡᠭᠡ ᠪᠠᠭᠤᠯᠭᠠᠬᠤ᠂ ᠬᠡᠷᠡᠭᠯᠡᠬᠦ᠂ | ᠪᠤᠴᠠᠭᠠᠨ ᠭᠠᠷᠭᠠᠬᠤ ᠪᠦᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠨᠡᠶᠢᠭᠡᠮ ᠤᠨ | ᠬᠦᠷᠦᠨ᠋ᠭᠡ ᠶᠢᠨ ᠰᠢᠯᠵᠢᠭᠦᠯᠦᠨ ᠭᠠᠵᠠᠷ ᠰᠢᠷᠣᠢ ᠶᠢᠨ ᠡᠵᠡᠭᠠᠯᠲᠡ ᠶᠢᠨ ᠡᠷᠬᠡ ᠶᠢ ᠣᠯᠬᠤ ᠬᠢᠷᠢ ᠭᠡᠮ ᠢ ᠬᠢᠨᠠᠨ | ᠪᠠᠶᠢᠴᠠᠭᠠᠬᠤ᠂ ᠵᠦᠢᠯᠡᠰ ᠢ ᠬᠢᠨᠠᠨ ᠬᠠᠷᠭᠤᠭᠤᠯᠬᠤ ᠪᠠ ᠠᠶᠤᠯ ᠲᠦᠭᠰᠢᠭᠦᠷᠢ ᠶᠢ ᠰᠡᠷᠭᠡᠶᠢᠯᠡᠬᠦ ᠳᠦᠷᠢᠮ ᠢ | ᠲᠡᠭᠦᠯᠳᠡᠷᠵᠢᠭᠦᠯᠵᠦ᠂ ᠲᠠᠷᠢᠶᠠᠴᠢᠳ ᠤᠨ ᠠᠰᠢᠭ ᠲᠤᠰᠠ ᠶᠢ ᠦᠨᠡᠨ ᠬᠦ ᠪᠠᠲᠤᠯᠠᠨ᠎ᠠ᠃ ᠲᠠᠷᠢᠶᠠᠴᠢᠳ ᠲᠤ ᠦᠢᠯᠡᠴᠢᠯᠡᠬᠦ | ᠪᠠ ᠵᠠᠰᠠᠭ ᠠᠵᠢᠯ ᠦᠢᠯᠡᠰ ᠢ ᠰᠠᠯᠭᠠᠬᠤ᠂ ᠨᠡᠶᠢᠭᠡᠮ ᠪᠠ ᠠᠵᠤ ᠠᠬᠤᠶᠢᠯᠠᠯ ᠢ ᠰᠠᠯᠭᠠᠬᠤ ᠶᠢ ᠪᠡᠷᠢᠮᠳᠡᠯᠡᠨ᠂ ᠬᠠᠩᠭᠠᠨ | ᠪᠤᠷᠣᠯᠠᠭᠤᠯᠬᠤ ᠬᠤᠷᠰᠢᠶ᠎ᠠ ᠶᠢᠨ ᠶᠡᠷᠦᠩᠭᠡᠶᠢᠯᠡᠭᠰᠡᠨ ᠦᠭᠡᠷᠡᠴᠢᠯᠡᠯᠳᠡ ᠶᠢ ᠦᠷᠬᠦᠯᠵᠢᠯᠡᠨ ᠬᠦᠨᠵᠡᠭᠡᠶᠢᠷᠡᠬᠦᠯᠥᠨ᠎ᠠ᠃ | ︵ᠬᠤᠷᠢᠨ ᠭᠤᠷᠪᠠ︶ ᠲᠠᠷᠢᠶᠠᠴᠢᠳ ᠲᠤ ᠨᠡᠩ ᠭᠦᠢᠴᠡᠳ ᠡᠳ᠋ ᠬᠥᠷᠥᠩᠭᠡ ᠶᠢᠨ ᠡᠷᠬᠡ ᠠᠰᠢᠭ ᠣᠯᠭᠤᠨ᠎ᠠ᠃ | ᠬᠥᠳᠡᠭᠡ ᠲᠣᠰᠬᠤᠨ ᠤ ᠭᠠᠵᠠᠷ ᠰᠢᠷᠣᠶ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠡᠷᠬᠡ ᠶᠢ | ᠨᠤᠲᠠᠯᠠᠨ ᠲᠣᠭᠲᠠᠭᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠡᠷᠬᠡ ᠣᠯᠭᠤᠬᠤ ᠶᠢ ᠯᠠᠪᠳᠠᠭᠤᠨ ᠢᠶᠠᠷ | ᠲᠦᠯᠬᠢᠨ ᠠᠬᠢᠭᠤᠯᠵᠤ᠂ ᠠᠮᠢᠳᠤ ᠡᠷᠬᠡ ᠶᠢ ᠡᠮᠬᠢ ᠵᠢᠷᠤᠮ ᠲᠠᠢ ᠪᠠᠷ ᠪᠡᠶᠡᠯᠡᠭᠦᠯᠦᠨ᠂ ᠲᠠᠷᠢᠶᠠᠴᠢᠳ ᠲᠤ | ᠥᠭᠡᠷᠡᠴᠢᠯᠡᠯᠲᠡ ᠶᠢᠨ ᠠᠰᠢᠭ ᠲᠤᠰᠠ ᠶᠢ ᠨᠡᠩ ᠢᠯᠡᠭᠦᠦ ᠡᠳ᠋ᠯᠡᠭᠦᠯᠬᠦ ᠬᠡᠷᠡᠭᠲᠡᠶ᠃ ᠬᠤᠶᠠᠳᠤᠭᠠᠷ ᠡᠭᠡᠯᠵᠢ ᠶᠢᠨ ᠭᠠᠵᠠᠷ | ᠰᠢᠷᠣᠶ ᠳᠠᠭᠠᠭᠠᠴᠢᠯᠠᠬᠤ ᠬᠤᠭᠤᠴᠠᠭ᠎ᠠ ᠨᠢ ᠲᠤᠯᠤᠭᠰᠠᠨ ᠤ ᠳᠠᠷᠠᠭ᠎ᠠ 30 ᠵᠢᠯ ᠤᠷᠲᠤᠳᠬᠠᠬᠤ ᠲᠤᠷᠰᠢᠯᠲᠠ ᠶᠢᠨ | ᠠᠵᠢᠯ ᠤᠨ ᠵᠢᠯᠣᠭᠤᠳᠬᠤ ᠰᠠᠨᠠᠯ ᠢ ᠰᠤᠳᠤᠯᠤᠨ ᠲᠣᠭᠲᠠᠭᠠᠬᠤ ᠬᠡᠷᠡᠭᠲᠡᠶ᠃ ᠬᠥᠳᠡᠭᠡ ᠲᠣᠰᠬᠤᠨ ᠤ ᠣᠷᠣᠨ | ᠰᠠᠭᠤᠴᠠ ᠶᠢᠨ ᠭᠠᠵᠠᠷ ᠤᠨ ᠳᠦᠷᠢᠮ ᠤᠨ ᠥᠭᠡᠷᠡᠴᠢᠯᠡᠯᠲᠡ ᠶᠢᠨ ᠲᠤᠷᠰᠢᠯᠲᠠ ᠶᠢ ᠯᠠᠪᠳᠠᠭᠤᠨ ᠪᠣᠯᠭᠤᠮᠵᠢᠲᠠᠢ | ᠠᠬᠢᠭᠤᠯᠵᠤ᠂ ᠰᠠᠭᠤᠷᠢ ᠲᠤᠭ᠎ᠠ ᠶᠢ ᠦᠨᠡᠨᠬᠦ ᠲᠣᠳᠣᠷᠬᠠᠶ ᠣᠶᠢᠯᠠᠭᠠᠵᠤ᠂ ᠭᠡᠷ ᠪᠠᠶᠢᠰᠢᠩ ᠭᠠᠵᠠᠷ ᠰᠢᠷᠣᠶ ᠶᠢ ᠨᠢᠭᠡ | ᠴᠣᠭᠴᠠᠵᠢᠭᠤᠯᠤᠭᠰᠠᠨ ᠣᠷᠣᠨ ᠰᠠᠭᠤᠴᠠ ᠶᠢᠨ ᠭᠠᠵᠠᠷ ᠤᠨ ᠡᠷᠬᠡ ᠶᠢ ᠨᠤᠲᠠᠯᠠᠨ ᠳᠠᠩᠰᠠᠯᠠᠵᠤ ᠦᠨᠡᠮᠯᠡᠯ ᠣᠯᠭᠤᠬᠤ ᠶᠢ | ᠲᠦᠷᠭᠡᠳᠬᠡᠵᠦ᠂ ᠵᠢᠷᠤᠮᠵᠢᠭᠤᠯᠤᠨ ᠬᠠᠮᠢᠶᠠᠷᠬᠤ ᠶᠢ ᠴᠢᠩᠭᠠᠳᠬᠠᠵᠤ᠂ ᠲᠡᠦᠬᠡᠨ ᠠᠴᠠ ᠦᠯᠡᠳᠡᠭᠳᠡᠵᠦ ᠢᠷᠡᠭᠰᠡᠨ | ᠠᠰᠠᠭᠤᠳᠠᠯ ᠢ ᠲᠣᠬᠢᠲᠠᠶ ᠰᠢᠢᠳᠪᠦᠷᠢᠯᠡᠵᠦ᠂ ᠣᠷᠣᠨ ᠰᠠᠭᠤᠴᠠ ᠶᠢᠨ ᠰᠠᠭᠤᠷᠢ ᠭᠠᠵᠠᠷ ᠤᠨ ︽ᠭᠤᠷᠪᠠᠨ ᠡᠷᠬᠡ ᠶᠢ | ᠰᠠᠯᠭᠠᠬᠤ︾ ᠶᠢ ᠪᠦᠲᠦᠮᠵᠢᠲᠡᠶ ᠪᠡᠶᠡᠯᠡᠭᠦᠯᠬᠦ ᠬᠡᠯᠪᠡᠷᠢ ᠶᠢ ᠰᠦᠪᠡᠭᠴᠢᠯᠡᠨ᠎ᠡ᠃ ᠬᠥᠳᠡᠭᠡ ᠲᠣᠰᠬᠤᠨ ᠤ ᠬᠠᠮᠲᠤ ᠶᠢᠨ | ᠡᠵᠡᠩᠨᠡᠯᠲᠡ ᠶᠢᠨ ᠴᠢᠨᠠᠷᠲᠠᠶ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠠᠬ᠎ᠠ ᠳᠡᠯᠭᠡᠭᠦᠷ ᠲᠤ ᠣᠷᠣᠭᠤᠯᠬᠤ | ᠲᠤᠷᠰᠢᠯᠲᠠ ᠶᠢ ᠭᠦᠨᠵᠡᠭᠡᠶᠢᠷᠡᠭᠦᠯᠦᠨ᠂ ᠤᠯᠤᠰ᠂ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ | ᠪᠠᠶᠢᠭᠤᠯᠤᠯᠲᠠ ᠪᠣᠯᠤᠨ ᠲᠠᠷᠢᠶᠠᠴᠢᠳ ᠤᠨ ᠠᠰᠢᠭ ᠲᠤᠰᠠ ᠶᠢ ᠬᠠᠮᠲᠤ ᠳᠤᠨᠢ ᠬᠠᠷᠠᠭᠠᠯᠵᠠᠬᠤ ᠭᠠᠵᠠᠷ ᠰᠢᠷᠣᠶ ᠶᠢᠨ | ᠥᠷᠲᠡᠭ ᠨᠡᠮᠡᠭᠳᠡᠯ ᠤᠨ ᠠᠰᠢᠭ ᠣᠯᠵᠠᠪᠤᠷᠢ ᠶᠢ ᠪᠦᠲᠦᠮᠵᠢᠲᠡᠶ ᠲᠣᠬᠢᠷᠠᠭᠤᠯᠬᠤ ᠲᠣᠭᠲᠠᠴᠠ ᠪᠠᠶᠢᠭᠤᠯᠬᠤ ᠶᠠᠪᠤᠳᠠᠯ ᠢ | ᠬᠠᠶᠢᠨ ᠰᠦᠪᠡᠭᠴᠢᠯᠡᠬᠦ ᠬᠡᠷᠡᠭᠲᠡᠶ᠃ ᠬᠤᠲᠠ ᠳᠤ ᠣᠷᠤᠵᠤ ᠡᠷᠦᠬᠡ ᠠᠮᠠ ᠣᠷᠣᠭᠰᠠᠨ ᠲᠠᠷᠢᠶᠠᠴᠢᠳ ᠤᠨ ᠬᠠᠤᠯᠢ | ᠶᠣᠰᠤᠨ ᠤ ᠭᠠᠵᠠᠷ ᠰᠢᠷᠤᠢ ᠶᠢᠨ ᠡᠷᠬᠡ ᠠᠰᠢᠭ ᠢ ᠪᠠᠲᠤᠯᠠᠵᠤ᠂ ᠬᠠᠤᠯᠢ ᠶᠣᠰᠤᠭᠠᠷ ᠰᠠᠶᠢᠨ ᠳᠤᠷ᠎ᠠ ᠠᠴᠠ ᠪᠠᠨ | ᠲᠦᠯᠦᠪᠦᠷᠢᠲᠡᠢ ᠰᠢᠯᠵᠢᠭᠦᠯᠦᠨ ᠥᠭᠬᠦ ᠶᠢ ᠵᠣᠷᠢᠭᠵᠢᠭᠤᠯᠤᠨ᠎ᠠ᠃ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ | ᠡᠷᠬᠡ ᠶᠢᠨ ᠳᠦᠷᠢᠮ ᠤᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ | ᠥᠮᠴᠢᠯᠡᠯ ᠤᠨ ᠡᠷᠬᠡ ᠶᠢᠨ ᠬᠠᠷᠢᠴᠠᠭ᠎ᠠ ᠲᠣᠳᠣᠷᠬᠠᠶ᠂ ᠵᠠᠰᠠᠯᠲᠠ ᠶᠢᠨ ᠪᠦᠲᠦᠴᠡ ᠰᠢᠨᠵᠢᠯᠡᠬᠦ ᠤᠬᠠᠭᠠᠨᠴᠢ᠂ | ᠡᠵᠡᠩᠨᠡᠯᠲᠡ ᠶᠢᠨ ᠠᠷᠭ᠎ᠠ ᠬᠡᠯᠪᠡᠷᠢ ᠲᠣᠭᠲᠠᠭᠤᠨ᠂ ᠠᠰᠢᠭ ᠣᠷᠣᠯᠭ᠎ᠠ ᠶᠢᠨ ᠬᠤᠪᠢᠶᠠᠷᠢᠯᠠᠯᠲᠠ ᠶᠢᠨ ᠵᠦᠢ ᠵᠣᠬᠢᠰᠲᠠᠶ | ᠠᠵᠢᠯᠯᠠᠭᠠᠨ ᠤ ᠲᠣᠭᠲᠠᠴᠠ ᠶᠢ ᠪᠠᠶᠢᠭᠤᠯᠵᠤ᠂ ᠡᠬᠢ ᠪᠠᠶᠠᠯᠢᠭ ᠢ ᠳᠠᠭᠠᠭᠠᠴᠢᠯᠠᠭᠤᠯᠬᠤ᠂ ᠠᠳᠠᠯ ᠠᠬᠤᠶ ᠶᠢ | ᠲᠦᠷᠢᠶᠡᠰᠦᠯᠡᠭᠦᠯᠬᠦ᠂ ᠰᠠᠭᠤᠭᠠᠯᠢ ᠠᠷᠠᠳ ᠤᠨ ᠬᠤᠭᠤᠷᠣᠨᠳᠣᠬᠢ ᠦᠢᠯᠡᠴᠢᠯᠡᠭᠡ᠂ ᠡᠳ᠋ ᠬᠥᠷᠥᠩᠭᠡ ᠶᠢᠨ ᠬᠤᠪᠢ | ᠣᠷᠣᠬᠤ ᠵᠡᠷᠭᠡ ᠣᠯᠠᠨ ᠶᠠᠩᠵᠤ ᠶᠢᠨ ᠠᠷᠭ᠎ᠠ ᠵᠠᠮ ᠢ ᠬᠠᠶᠢᠨ ᠰᠦᠪᠡᠭᠴᠢᠯᠡᠵᠦ ᠪᠠᠶᠢᠭᠠᠳ ᠬᠥᠳᠡᠭᠡ ᠲᠣᠰᠬᠤᠨ ᠤ | ᠰᠢᠨ᠎ᠡ ᠬᠡᠯᠪᠡᠷᠢ ᠶᠢᠨ ᠬᠠᠮᠲᠤ ᠶᠢᠨ ᠠᠵᠤ ᠠᠬᠤᠶ ᠶᠢ ᠬᠥᠭᠵᠢᠭᠦᠯᠦᠨ᠎ᠡ᠃ ᠬᠥᠳᠡᠭᠡ ᠲᠣᠰᠬᠤᠨ ᠤ ᠬᠠᠮᠲᠤ ᠶᠢᠨ ᠡᠳ᠋ | ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠪᠦᠷᠢᠨᠰᠢᠭᠦᠯᠬᠦ ᠬᠡᠷᠡᠭᠲᠡᠶ᠃ ᠡᠮᠡᠭᠲᠡᠶᠢᠴᠦᠳ ᠤᠨ | ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠳᠠᠬᠢ ᠬᠠᠤᠯᠢ ᠶᠣᠰᠣᠨ ᠤ ᠡᠷᠬᠡ | ᠠᠰᠢᠭ ᠢ ᠪᠠᠲᠤᠯᠠᠨ᠎ᠠ᠃ ᠬᠠᠮᠲᠤ ᠶᠢᠨ ᠣᠶ ᠮᠣᠳᠣᠨ ᠤ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠦᠨ᠎ᠡ᠃ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ | ᠴᠢᠭ ᠢᠶᠠᠷ ᠵᠢᠱᠢᠶ᠎ᠡ ᠦᠵᠡᠭᠦᠯᠬᠦ ᠶᠢ ᠭᠦᠨᠵᠡᠭᠡᠶ ᠠᠬᠢᠭᠤᠯᠤᠨ᠎ᠠ᠃ | ᠲᠤᠯᠤᠭ᠎ᠠ᠂ ᠣᠷᠣᠰᠢᠨ ᠰᠠᠭᠤᠬᠤ ᠳᠤ ᠲᠣᠬᠢᠷᠠᠮᠵᠢᠲᠠᠶ ᠠᠵᠢᠯ ᠦᠢᠯᠡᠰ ᠡᠷᠬᠢᠯᠡᠬᠦ ᠪᠠ ᠦᠵᠡᠰᠬᠦᠯᠡᠩᠲᠦ ᠰᠠᠶᠢᠬᠠᠨ | ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠤᠨ᠎ᠠ | ︵ᠬᠤᠷᠢᠨ ᠳᠣᠷᠪᠠ︶ ᠠᠶᠢᠯ ᠲᠤᠰᠬᠤᠨ ᠤ ᠲᠦᠯᠦᠪᠵᠢᠬᠦᠯᠬᠡ ᠪᠦᠳᠦᠬᠡᠨ ᠪᠠᠶᠢᠭᠤᠯᠤᠯᠳᠠ ᠶᠢ ᠴᠢᠩᠭᠠᠳᠬᠠᠨ᠎ᠠ᠃ | ᠰᠢᠶᠠᠨ ᠤ ᠬᠡᠪᠴᠢᠶᠡᠨ ᠤ ᠨᠢᠭᠡᠳᠦᠯᠲᠡᠢ ᠲᠥᠯᠥᠪᠯᠡᠬᠦ ᠶᠢ ᠪᠠᠷᠢᠮᠲᠠᠯᠠᠵᠤ᠂ ᠨᠥᠬᠦᠴᠡᠯ ᠪᠦᠬᠦᠢ ᠬᠡᠷᠡᠭᠴᠡᠭᠡ | ᠱᠠᠭᠠᠷᠳᠠᠯᠭ᠎ᠠ ᠲᠠᠢ ᠠᠶᠢᠯ ᠲᠣᠰᠬᠤᠨ ᠤ ᠬᠤᠪᠢᠶᠠᠷᠢ ᠲᠣᠭᠤᠷᠢᠭ ᠲᠠᠬᠢ ᠠᠶᠢᠯ ᠲᠣᠰᠬᠤᠨ ᠤ ᠲᠥᠯᠥᠪᠵᠢᠭᠦᠯᠭᠡ ᠶᠢ | ᠲᠥᠷᠥᠯ ᠬᠤᠪᠢᠶᠠᠨ ᠨᠠᠶᠢᠷᠠᠭᠤᠯᠤᠨ ᠵᠣᠬᠢᠶᠠᠬᠤ ᠶᠢ ᠳᠡᠮᠵᠢᠵᠦ᠂ ᠠᠶᠢᠯ ᠲᠣᠰᠬᠤᠨ ᠤ ᠪᠠᠶᠢᠷᠢᠰᠢᠭᠤᠯᠤᠯᠲᠠ ᠪᠠ | ᠪᠥᠲᠥᠭᠡᠨ ᠪᠠᠶᠢᠭᠤᠯᠤᠯᠲᠠ ᠶᠢᠨ ᠵᠠᠭᠠᠭ ᠢ ᠵᠦᠶ ᠵᠣᠬᠢᠰᠲᠠᠶ ᠲᠣᠭᠲᠠᠭᠠᠨ᠎ᠠ᠃ ᠠᠶᠢᠯ ᠲᠣᠰᠬᠤᠨ ᠤ | ᠲᠥᠯᠥᠪᠵᠢᠭᠦᠯᠭᠡ ᠶᠢ ᠲᠣᠰᠬᠤᠨ ᠤ ᠱᠠᠲᠤᠨ ᠤ ᠬᠡᠷᠡᠭ ᠵᠥᠪᠯᠡᠵᠦ ᠵᠥᠪᠳᠡᠯᠴᠡᠬᠦ ᠭᠠᠷᠴᠠᠭ ᠲᠤ ᠣᠷᠣᠭᠤᠯᠤᠨ᠎ᠠ᠃ | ᠬᠥᠳᠡᠭᠡ ᠲᠣᠰᠬᠤᠨ ᠤ ᠭᠠᠵᠠᠷ ᠣᠷᠣᠨ ᠤ ᠵᠠᠰᠠᠭ ᠵᠠᠬᠢᠷᠭᠠᠨ ᠤ ᠣᠷᠣᠨ ᠤ ᠬᠤᠪᠢᠶᠠᠷᠢ ᠶᠢᠨ ᠪᠠᠶᠢᠷᠢᠯᠠᠭᠤᠯᠤᠯᠲᠠ ᠶᠢ | ᠵᠢᠷᠤᠮᠵᠢᠭᠤᠯᠤᠨ ᠰᠢᠯᠢᠳᠡᠭᠵᠢᠭᠦᠯᠵᠦ᠂ ᠲᠠᠷᠢᠶᠠᠴᠢᠳ ᠤᠨ ᠬᠦᠰᠡᠯ ᠰᠠᠨᠠᠭ᠎ᠠ ᠠᠴᠠ ᠵᠥᠷᠢᠴᠡᠨ ᠠᠶᠢᠯ ᠲᠣᠰᠬᠤᠨ ᠢ | ᠬᠠᠰᠤᠵᠤ ᠨᠡᠶᠢᠯᠡᠭᠦᠯᠬᠦ᠂ ᠲᠣᠮᠣ ᠨᠡᠶᠢᠭᠡᠮ ᠲᠣᠭᠤᠷᠢᠭ ᠪᠠᠶᠢᠭᠤᠯᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠰᠢᠶᠠᠩ | ᠪᠠᠯᠭᠠᠰᠤ ᠪᠠᠷ ᠨᠢᠭᠡᠴᠢ ᠪᠣᠯᠭᠠᠭᠰᠠᠨ ᠪᠦᠬᠦ ᠣᠷᠣᠨ ᠪᠦᠰᠡ ᠶᠢᠨ ᠭᠠᠵᠠᠷ ᠰᠢᠷᠣᠶ ᠶᠢ ᠶᠡᠷᠦᠩᠬᠡᠶᠢᠯᠡᠨ ᠴᠡᠭᠴᠡᠯᠡᠨ | ᠵᠠᠰᠠᠬᠤ ᠶᠢ ᠲᠦᠯᠬᠢᠨ ᠠᠬᠢᠭᠤᠯᠤᠨ᠎ᠠ᠃ ᠦᠯᠡᠳᠡᠭᠡᠯ ᠬᠠᠮᠲᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ | ᠢᠳᠡᠪᠬᠢᠲᠡᠶ ᠪᠠᠷ ᠠᠮᠢᠳᠤᠯᠢᠭᠵᠢᠭᠤᠯᠵᠤ᠂ ᠲᠠᠷᠢᠶᠠᠴᠢᠳ ᠤᠨ ᠣᠷᠣᠨ ᠰᠠᠭᠤᠴᠠ᠂ ᠬᠥᠳᠡᠭᠡ ᠲᠣᠰᠬᠤᠨ ᠤ ᠰᠠᠭᠤᠷᠢ | ᠪᠡᠯᠡᠳᠭᠡᠮᠵᠢ᠂ ᠣᠯᠠᠨ ᠨᠡᠶᠢᠲᠡ ᠶᠢᠨ ᠦᠢᠯᠡᠴᠢᠯᠡᠭᠡᠨ ᠤ ᠣᠷᠣᠨ ᠵᠠᠶ ᠪᠠ ᠠᠵᠤ ᠦᠢᠯᠡᠰ ᠤᠨ ᠭᠠᠵᠠᠷ ᠬᠡᠷᠡᠭᠯᠡᠬᠦ | ᠬᠡᠷᠡᠭᠴᠡᠭᠡ ᠱᠠᠭᠠᠷᠳᠠᠯᠭ᠎ᠠ ᠶᠢ ᠤᠷᠢᠳᠠᠪᠠᠷ ᠪᠠᠲᠤᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ | ᠭᠠᠵᠠᠷ ᠬᠡᠷᠡᠭᠯᠡᠬᠦ ᠲᠥᠷᠥ ᠶᠢᠨ ᠪᠣᠳᠣᠯᠭ᠎ᠠ ᠶᠢᠨ ᠵᠦᠭᠯᠡᠭᠦᠷ ᠢ ᠨᠡᠶᠢᠲᠡᠯᠡᠬᠦ ᠬᠡᠷᠡᠭᠲᠡᠶ᠃ ᠲᠣᠰᠬᠤᠨ ᠤ ᠳᠦᠷᠰᠦ | ᠪᠠᠶᠢᠳᠠᠯ ᠢ ᠳᠡᠭᠡᠭᠰᠢᠯᠡᠭᠦᠯᠬᠦ ᠵᠢᠯᠣᠭᠤᠳᠬᠤ ᠳᠦᠷᠢᠮ ᠢ ᠨᠠᠶᠢᠷᠠᠭᠤᠯᠤᠨ ᠵᠣᠬᠢᠶᠠᠵᠤ᠂ ᠨᠤᠲᠤᠭ ᠤᠨ ᠣᠨᠴᠠᠯᠢᠭ᠂ | ᠣᠷᠣᠨ ᠪᠦᠰᠡ ᠶᠢᠨ ᠣᠨᠴᠠᠯᠢᠭ ᠪᠠ ᠦᠨᠳᠦᠰᠦᠲᠡᠨ ᠤ ᠣᠨᠴᠠᠯᠢᠭ ᠲᠤ ᠰᠠᠭᠤᠷᠢᠯᠠᠨ ᠠᠶᠢᠯ ᠲᠣᠰᠬᠤᠨ ᠤ ᠳᠦᠷᠰᠦ | ᠪᠠᠶᠢᠳᠠᠯ ᠢ ᠳᠡᠭᠡᠭᠰᠢᠯᠡᠭᠦᠯᠵᠦ᠂ ᠶᠡᠭᠡ ᠪᠠᠷ ᠨᠤᠷᠠᠭᠠᠵᠤ ᠶᠡᠭᠡ ᠪᠠᠷ ᠪᠠᠶᠢᠭᠤᠯᠬᠤ᠂ ᠰᠣᠬᠤᠷ ᠪᠠᠯᠠᠶ ᠪᠠᠷ ᠫᠠᠶᠢᠰᠠ | ᠪᠣᠰᠬᠠᠵᠤ ᠪᠠᠶᠢᠭᠤᠯᠤᠭᠰᠠᠨ ︽ᠫᠧᠩ ᠰᠡᠲᠦ ᠦᠵᠡᠮᠵᠢ︾ ᠶᠢ ᠰᠡᠷᠭᠡᠶᠢᠯᠡᠬᠦ ᠬᠡᠷᠡᠭᠲᠡᠶ᠃ ᠣᠯᠠᠮᠵᠢᠯᠠᠯᠳᠣ ᠠᠶᠢᠯ | ᠲᠣᠰᠬᠤᠨ ᠢ ᠳᠥᠪᠯᠡᠷᠡᠬᠦᠯᠥᠨ ᠵᠠᠯᠭᠠᠯᠳᠣᠭᠤᠯᠥᠨ ᠬᠠᠮᠠᠭᠠᠯᠠᠵᠦ ᠠᠰᠢᠠᠠᠯᠠᠬᠤ ᠵᠢᠱᠢᠶ᠎ᠠ ᠦᠵᠡᠬᠦᠯᠬᠦ ᠶᠢ ᠭᠡᠷᠡᠭᠵᠢᠬᠦᠯᠵᠦ᠂ | ᠣᠯᠠᠮᠵᠢᠯᠠᠯᠳᠣ ᠠᠶᠢᠯ ᠲᠣᠰᠬᠤᠨ ᠢ ᠪᠠᠶᠢᠴᠠᠭᠠᠨ ᠨᠣᠳᠡᠯᠡᠨ ᠲᠣᠠᠠᠳᠠᠭᠠᠬᠤ᠂ ᠬᠠᠰᠣᠵᠦ ᠨᠡᠶᠢᠯᠡᠬᠦᠯᠥᠨ ᠣᠷᠢᠳᠴᠢᠯᠡᠨ | ᠪᠠᠶᠢᠴᠠᠭᠠᠬᠤ ᠪᠠ ᠭᠠᠮᠰᠢᠭ ᠲᠤ ᠡᠪᠳᠡᠭᠳᠡᠬᠦ ᠶᠢ ᠰᠡᠷᠭᠡᠶᠢᠯᠡᠬᠦ ᠵᠡᠷᠭᠡ ᠳᠥᠷᠢᠮ ᠢ ᠪᠠᠶᠢᠭᠤᠯᠥᠨ ᠳᠡᠬᠦᠯᠳᠡᠷᠵᠢᠬᠦᠯᠦᠨ᠎ᠠ᠃ | ᠬᠥᠳᠡᠭᠡ ᠲᠣᠰᠬᠤᠨ ᠤ ᠣᠳᠣ ᠦ᠊ ᠡᠶ᠎ᠡ ᠶᠢᠨ ᠠᠮᠢᠳᠤᠷᠠᠯ ᠤᠨ ᠨᠥᠬᠦᠴᠡᠯ ᠢ ᠦᠨᠳᠦᠰᠦᠨ ᠳᠡᠭᠡᠨ ᠪᠦᠷᠢᠯᠳᠦᠭᠦᠯᠦᠭᠰᠡᠨ | ᠪᠦᠲᠦᠭᠡᠨ ᠪᠠᠶᠢᠭᠤᠯᠤᠯᠲᠠ ᠶᠢᠨ ᠵᠢᠯᠣᠭᠤᠳᠤᠮᠵᠢ ᠶᠢ ᠲᠣᠭᠲᠠᠭᠠᠬᠤ ᠬᠡᠷᠡᠭᠲᠡᠶ᠃ | ︵ᠬᠤᠷᠢᠨ ᠲᠠᠪᠤ︶ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ | ᠴᠡᠭᠴᠡᠯᠡᠨ ᠵᠠᠰᠠᠵᠤ ᠳᠡᠭᠡᠭᠰᠢᠯᠡᠭᠦᠯᠬᠦ ᠶᠢ ᠯᠠᠪᠳᠠᠭᠤᠨ ᠪᠠᠲᠤᠲᠠᠢ ᠠᠬᠢᠭᠤᠯᠪᠠ᠃ ᠠᠶᠢᠯ ᠲᠣᠰᠬᠤᠨ ᠤ ᠣᠯᠠᠨ | ᠨᠡᠶᠢᠲᠡ ᠶᠢᠨ ᠣᠷᠣᠨ ᠵᠠᠶ ᠶᠢ ᠴᠡᠭᠴᠡᠯᠡᠨ ᠵᠠᠰᠠᠬᠤ ᠡᠷᠴᠢᠮ ᠢ ᠴᠢᠩᠭᠠᠷᠠᠭᠤᠯᠵᠤ᠂ ᠠᠶᠢᠯ ᠲᠣᠰᠬᠤᠨ ᠢ ᠠᠷᠢᠭᠤᠨ | ᠴᠡᠪᠡᠷ ᠪᠠᠶᠢᠯᠭᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠦᠨ᠎ᠡ᠃ ᠬᠥᠳᠡᠭᠡ ᠲᠣᠰᠬᠤᠨ ᠤ ᠡᠷᠦᠬᠡ ᠶᠢᠨ | ᠵᠣᠷᠯᠣᠩ ᠤᠨ ᠠᠰᠠᠭᠤᠳᠠᠯ ᠢ ᠣᠶᠢᠯᠠᠭᠠᠵᠤ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ | ᠲᠠᠷᠢᠶᠠᠴᠢᠳ ᠢ ᠬᠥᠲᠥᠯᠥᠨ ᠵᠢᠯᠣᠭᠤᠳᠴᠤ ᠪᠠᠶᠢᠭᠠᠳ ᠡᠷᠦᠬᠡ ᠶᠢᠨ ᠵᠣᠷᠯᠣᠩ ᠢ ᠥᠭᠡᠷᠡᠴᠢᠯᠡᠨ ᠰᠠᠶᠢᠵᠢᠷᠠᠭᠤᠯᠬᠤ ᠶᠢ | ᠥᠷᠨᠢᠭᠦᠯᠬᠦ ᠬᠡᠷᠡᠭᠲᠡᠶ᠃ ᠬᠥᠳᠡᠭᠡ ᠲᠣᠰᠬᠤᠨ ᠤ ᠨᠡᠶᠢᠲᠡ ᠶᠢᠨ ᠵᠣᠷᠯᠣᠩ ᠤᠨ ᠪᠦᠲᠦᠭᠡᠨ ᠪᠠᠶᠢᠭᠤᠯᠤᠯᠲᠠ ᠶᠢᠨ | ᠬᠠᠮᠠᠭᠠᠯᠠᠯᠲᠠ ᠶᠢ ᠴᠢᠩᠭᠠᠳᠬᠠᠨ᠎ᠠ᠃ ᠬᠥᠮᠦᠨ ᠠᠮᠠ ᠲᠥᠪᠯᠡᠷᠡᠭᠰᠡᠨ ᠲᠣᠰᠬᠤᠨ ᠪᠠᠯᠭᠠᠰᠤ ᠪᠣᠯᠤᠨ ᠤᠰᠤᠨ | ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠤ ᠡᠷᠭᠢᠨ ᠲᠣᠭᠤᠷᠢᠨ ᠤ ᠠᠶᠢᠯ ᠲᠣᠰᠬᠤᠨ ᠢᠶᠠᠷ ᠭᠤᠤᠯᠳᠠᠯᠭ᠎ᠠ ᠪᠣᠯᠭᠠᠨ᠂ | ᠬᠥᠳᠡᠭᠡ ᠲᠣᠰᠬᠤᠨ ᠤ ᠠᠮᠢᠳᠤᠷᠠᠯ ᠤᠨ ᠪᠣᠬᠢᠷ ᠤᠰᠤᠨ ᠤ ᠵᠠᠰᠠᠯᠲᠠ ᠶᠢ ᠲᠥᠷᠥᠯ ᠬᠤᠪᠢᠶᠠᠨ ᠳᠡᠰ | ᠳᠠᠷᠠᠭᠠᠯᠠᠯ ᠲᠠᠢ ᠪᠠᠷ ᠲᠦᠯᠬᠢᠨ ᠠᠬᠢᠭᠤᠯᠬᠤ ᠬᠡᠷᠡᠭᠲᠡᠶ᠃ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ | ᠡᠬᠢ ᠡᠭᠦᠰᠦᠯ ᠠᠴᠠ ᠨᠢ ᠲᠥᠷᠥᠯ ᠬᠤᠪᠢᠶᠠᠨ ᠬᠡᠮᠵᠢᠶ᠎ᠡ ᠶᠢ ᠪᠠᠭᠠᠰᠬᠠᠬᠤ ᠶᠢ ᠲᠦᠯᠬᠢᠨ ᠠᠬᠢᠭᠤᠯᠵᠤ᠂ ᠴᠠᠭ | ᠲᠤᠬᠠᠶ ᠳᠤᠨᠢ ᠴᠡᠪᠡᠷᠯᠡᠨ ᠲᠡᠭᠡᠭᠡᠪᠦᠷᠢᠯᠡᠵᠦ ᠰᠢᠶ᠋ᠳᠪᠦᠷᠢᠯᠡᠬᠦ ᠬᠡᠷᠡᠭᠲᠡᠶ᠃ ᠵᠣᠷᠯᠣᠩ ᠤᠨ ᠪᠠᠭᠠᠰᠤᠨ ᠪᠣᠬᠢᠷᠲᠤᠯ᠂ | ᠠᠮᠠᠷᠬᠠᠨ ᠢᠯᠵᠠᠷᠠᠬᠤ ᠬᠤᠭ ᠨᠣᠪᠰᠢ᠂ ᠣᠷᠭᠠᠨᠢᠭ ᠬᠠᠶᠠᠭᠳᠠᠮᠠᠯ ᠪᠣᠳᠠᠰ ᠢ ᠣᠶᠢᠷ᠎ᠠ ᠬᠠᠪᠢ ᠳᠠᠭᠠᠨ ᠲᠤᠬᠠᠶ ᠶᠢᠨ | ᠭᠠᠵᠠᠷ ᠲᠤᠨᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠠᠬᠢᠭᠤᠯᠬᠤ ᠬᠡᠷᠡᠭᠳᠡᠢ᠃ ᠤᠯᠤᠰ ᠢᠶᠠᠨ ᠬᠠᠶᠢᠷᠠᠯᠠᠬᠤ ᠡᠷᠡᠭᠦᠯ | ᠬᠠᠮᠠᠭᠠᠯᠠᠯ ᠤᠨ ᠬᠥᠳᠡᠯᠭᠡᠭᠡᠨ ᠢ ᠦᠷᠭᠦᠯᠵᠢᠯᠡᠨ ᠥᠷᠨᠢᠭᠦᠯᠦᠨ᠎ᠡ᠃ | ︵ᠬᠤᠷᠢᠨ ᠵᠢᠷᠭᠤᠭ᠎ᠠ︶ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠨ᠎ᠠ᠃ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ | ᠬᠠᠮᠠᠭᠠᠯᠠᠬᠤ ᠪᠠ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠵᠠᠮ ᠳᠠᠭᠠᠤ ᠢᠵᠢ ᠪᠦᠷᠢᠳᠦᠭᠦᠯᠬᠦ | ᠪᠡᠯᠡᠳᠬᠡᠮᠵᠢ᠂ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠵᠢᠭᠤᠯᠴᠢᠯᠠᠯ ᠤᠨ ᠦᠵᠡᠮᠵᠢ ᠶᠢᠨ ᠣᠷᠣᠨ᠂ ᠬᠥᠳᠡᠭᠡ | ᠲᠣᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ ᠲᠣᠰᠬᠤᠨ ᠯᠤᠭ᠎ᠠ ᠨᠢᠭᠡ ᠴᠣᠭᠴᠠᠵᠢᠭᠤᠯᠬᠤ ᠪᠦᠲᠦᠭᠡᠨ | ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠬᠥᠳᠡᠭᠡ ᠲᠣᠰᠬᠤᠨ ᠤ ᠬᠡᠪᠴᠢᠶᠡᠵᠢᠭᠦᠯᠦᠨ ᠤᠰᠤ ᠬᠠᠩᠭᠠᠬᠤ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠪᠠ ᠵᠢᠵᠢᠭ ᠬᠡᠯᠪᠡᠷᠢ ᠶᠢᠨ ᠤᠰᠤ ᠬᠠᠩᠭᠠᠬᠤ ᠢᠨᠵᠧᠨᠧᠷᠢᠩ ᠤᠨ | ᠪᠠᠷᠢᠮᠵᠢᠶᠠᠵᠢᠭᠰᠠᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠤᠰᠤᠨ ᠤ ᠴᠢᠨᠠᠷ ᠢ ᠳᠡᠭᠡᠭᠰᠢᠯᠡᠭᠦᠯᠬᠦ ᠲᠤᠰᠬᠠᠶ | ᠠᠵᠢᠯᠯᠠᠭ᠎ᠠ ᠶᠢ ᠥᠷᠨᠢᠭᠦᠯᠦᠨ᠎ᠡ᠃ ᠬᠥᠳᠡᠭᠡ ᠲᠣᠰᠬᠤᠨ ᠤ ᠴᠠᠬᠢᠯᠭᠠᠨ ᠤ ᠲᠣᠤᠷ ᠢ ᠪᠠᠬᠢᠵᠢᠭᠦᠯᠦᠨ ᠳᠡᠭᠡᠭᠰᠢᠯᠡᠭᠦᠯᠬᠦ ᠶᠢ | ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠳᠠᠬᠢᠨ ᠡᠭᠦᠰᠴᠦ ᠪᠣᠯᠬᠤ ᠡᠨᠧᠷᠭᠢ ᠶᠢ ᠬᠥᠭᠵᠢᠭᠦᠯᠬᠦ ᠬᠡᠷᠡᠭᠲᠡᠶ᠃ | ᠬᠥᠳᠡᠭᠡ ᠲᠣᠰᠬᠤᠨ ᠤ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠬᠤ ᠪᠠ ᠭᠠᠵᠠᠷ ᠬᠥᠳᠡᠯᠦᠯᠲᠡ ᠶᠢ | ᠳᠠᠭᠠᠭᠠᠬᠤ ᠥᠭᠡᠷᠡᠴᠢᠯᠡᠯᠲᠡ ᠬᠢᠬᠦ ᠶᠢ ᠳᠡᠮᠵᠢᠵᠦ᠂ ᠬᠥᠳᠡᠭᠡ ᠲᠣᠰᠬᠤᠨ ᠤ ᠭᠡᠷ ᠪᠠᠶᠢᠰᠢᠩ ᠤᠨ ᠠᠮᠤᠷ ᠲᠦᠪᠰᠢᠨ ᠤ | ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠦᠨᠳᠦᠰᠦᠨ ᠳᠡᠭᠡᠨ ᠪᠡᠶᠡᠯᠡᠭᠦᠯᠵᠦ᠂ ᠪᠦᠬᠦ | ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ᠎ᠠ᠃ ᠣᠳᠣ ᠦ᠊ ᠡᠶ᠎ᠡ ᠶᠢᠨ ᠣᠷᠣᠰᠢᠨ | ᠰᠠᠭᠤᠬᠤ ᠳᠤ ᠳᠣᠭᠢᠷᠬᠠᠰᠠᠨ ᠬᠥᠳᠡᠭᠡ ᠲᠣᠰᠬᠤᠨ ᠤ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢᠨ ᠵᠢᠱᠢᠶ᠎ᠡ | ᠦᠵᠡᠭᠦᠯᠬᠦ ᠶᠢ ᠥᠷᠨᠢᠭᠦᠯᠦᠨ᠎ᠡ᠃ ᠲᠣᠭᠠᠴᠢᠯᠠᠭᠰᠠᠨ ᠬᠥᠳᠡᠭᠡ ᠲᠣᠰᠬᠤᠨ ᠤ ᠬᠥᠭᠵᠢᠯᠲᠡ ᠶᠢᠨ ᠠᠵᠢᠯᠯᠠᠭ᠎ᠠ ᠶᠢ | ᠭᠦᠨᠵᠡᠭᠡᠢ ᠬᠡᠷᠡᠭᠵᠢᠭᠦᠯᠵᠦ᠂ ᠲᠣᠭᠠᠴᠢᠯᠠᠭᠰᠠᠨ ᠬᠡᠷᠡᠭᠯᠡᠭᠡᠨ ᠤ ᠲᠠᠯᠠᠪᠤᠷ ᠢ ᠰᠤᠳᠤᠯᠤᠨ ᠨᠡᠭᠡᠭᠡᠵᠦ ᠳᠡᠯᠭᠡᠷᠡᠭᠦᠯᠬᠦ ᠶᠢ | ᠠᠬᠢᠭᠤᠯᠤᠨ᠎ᠠ᠃ ᠲᠠᠷᠢᠶᠠᠯᠠᠩ ᠬᠥᠳᠡᠭᠡ ᠲᠣᠰᠬᠤᠨ ᠤ ᠲᠣᠮᠣ ᠳ᠋ᠠᠶᠢᠲ᠋ᠠ ᠶᠢᠨ ᠬᠡᠷᠡᠭᠯᠡᠯᠲᠡ ᠶᠢ ᠲᠦᠷᠭᠡᠳᠬᠡᠵᠦ᠂ | ᠣᠶᠤᠨᠴᠢ ᠲᠠᠷᠢᠶᠠᠯᠠᠩ ᠤᠨ ᠬᠥᠭᠵᠢᠯᠲᠡ ᠶᠢ ᠠᠬᠢᠭᠤᠯᠤᠨ᠎ᠠ᠃ ᠠᠶᠢᠯ ᠲᠣᠰᠬᠤᠨ ᠤ ᠣᠯᠠᠨ ᠨᠡᠶᠢᠲᠡ ᠶᠢᠨ ᠰᠠᠭᠤᠷᠢ | ᠪᠡᠯᠡᠳᠬᠡᠮᠵᠢ ᠶᠢ ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠬᠥᠳᠡᠭᠡ ᠲᠣᠰᠬᠤᠨ ᠤ | ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠭᠤᠷᠢ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ | ᠬᠥᠳᠡᠭᠡ ᠲᠣᠰᠬᠤᠨ ᠤ ᠵᠠᠮ ᠬᠠᠷᠢᠯᠴᠠᠭ᠎ᠠ᠂ ᠭᠠᠯ ᠤᠨᠲᠠᠷᠠᠭᠠᠬᠤ᠂ ᠡᠵᠡᠩᠨᠡᠯᠲᠡ ᠶᠢᠨ ᠴᠢᠨᠠᠷᠲᠠᠶ ᠥᠪᠡᠰᠦᠪᠡᠨ ᠭᠡᠷ | ᠪᠠᠶᠢᠰᠢᠩ ᠪᠠᠷᠢᠬᠤ ᠵᠡᠷᠭᠡ ᠭᠤᠤᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠬᠡᠮ ᠰᠣᠭᠤᠭ ᠢ ᠵᠠᠰᠠᠬᠤ ᠪᠡᠷᠬᠡ | ᠰᠡᠳᠦᠪ ᠢ ᠰᠢᠶ᠋ᠳᠪᠦᠷᠢᠯᠡᠬᠦ ᠠᠵᠢᠯ ᠢ ᠭᠦᠨᠵᠡᠭᠡᠶ ᠥᠷᠨᠢᠭᠦᠯᠦᠨ᠎ᠡ᠃ | ︵ᠬᠤᠷᠢᠨ ᠳᠣᠯᠤᠭ᠎ᠠ︶ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ | ᠳᠡᠭᠡᠭᠰᠢᠯᠡᠭᠦᠯᠦᠨ᠎ᠡ᠃ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠡᠬᠢ ᠪᠠᠶᠠᠯᠢᠭ ᠢ ᠳᠣᠷᠣᠭᠰᠢ | ᠪᠠᠭᠤᠯᠭᠠᠬᠤ ᠶᠢ ᠲᠦᠯᠬᠢᠨ ᠠᠬᠢᠭᠤᠯᠵᠤ᠂ ᠪᠠᠭᠤᠷᠠᠶ ᠭᠤᠭᠴᠤᠭ᠎ᠠ ᠶᠢ ᠬᠦᠴᠦᠯᠡᠨ ᠴᠢᠩᠭᠠᠳᠬᠠᠨ᠎ᠠ᠃ ᠰᠢᠶᠠᠨ ᠤ | ᠬᠡᠪᠴᠢᠶᠡᠨ ᠳᠠᠬᠢ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠴᠢᠨᠠᠷᠯᠢᠭ ᠪᠥᠭᠡᠳ ᠲᠡᠩᠴᠡᠭᠦᠷᠢᠲᠡᠢ ᠬᠥᠭᠵᠢᠬᠦ ᠶᠢ | ᠠᠬᠢᠭᠤᠯᠵᠤ᠂ ᠬᠥᠳᠡᠭᠡ ᠲᠣᠰᠬᠤᠨ ᠤ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ ᠭᠦᠳᠡᠭᠡ ᠲᠤᠰᠬᠤᠨ ᠤ ᠪᠠᠭᠰᠢ ᠨᠠᠷ ᠤᠨ ᠠᠮᠢᠳᠤᠷᠠᠯ ᠤᠨ ᠨᠦᠭᠦᠪᠦᠷᠢ ᠶᠢᠨ ᠲᠦᠷᠦ ᠶᠢᠨ | ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠃ ᠡᠮᠴᠢᠯᠡᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠢ ᠰᠢᠶᠠᠨ ᠤ | ᠬᠡᠪᠴᠢᠶᠡᠨ ᠤ ᠨᠢᠭᠡᠲᠦᠯᠲᠡᠢ ᠲᠦᠯᠦᠪᠵᠢᠭᠦᠯᠭᠡ ᠶᠢ ᠠᠬᠢᠭᠤᠯᠵᠤ᠂ ᠰᠢᠶᠠᠩ ᠲᠤᠰᠬᠤᠨ ᠬᠤᠶᠠᠷ ᠱᠠᠲᠤᠨ ᠤ ᠡᠮᠴᠢᠯᠡᠭᠡ | ᠡᠷᠡᠭᠦᠯ ᠬᠠᠮᠠᠭᠠᠯᠠᠯ᠂ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ | ᠴᠢᠩᠭᠠᠳᠬᠠᠨ᠎ᠠ᠃ ᠬᠥᠳᠡᠭᠡ ᠲᠣᠰᠬᠤᠨ ᠤ ᠡᠮᠴᠢ ᠶᠢᠨ ᠴᠠᠯᠢᠩ ᠬᠥᠯᠥᠰᠥ ᠬᠤᠪᠢᠶᠠᠷᠢᠯᠠᠯᠲᠠ ᠪᠠ ᠣᠯᠭᠤᠮᠵᠢ | ᠪᠠᠲᠤᠯᠠᠭ᠎ᠠ ᠶᠢᠨ ᠠᠰᠠᠭᠤᠳᠠᠯ ᠢ ᠨᠢᠭᠡᠳᠦᠯᠲᠡᠶ ᠲᠥᠯᠥᠪᠯᠡᠨ ᠰᠢᠶ᠋ᠳᠪᠦᠷᠢᠯᠡᠵᠦ᠂ ᠬᠥᠳᠡᠭᠡ ᠲᠣᠰᠬᠤᠨ ᠤ ᠡᠮᠴᠢ ᠶᠢᠨ | ᠡᠩᠨᠡᠭᠡ ᠶᠢᠨ ᠲᠤᠰᠬᠠᠶᠢᠵᠢᠨ ᠵᠢᠷᠤᠮᠵᠢᠬᠤ ᠶᠢ ᠠᠬᠢᠭᠤᠯᠤᠨ᠎ᠠ᠃ ᠬᠥᠳᠡᠭᠡ ᠲᠣᠰᠬᠤᠨ ᠤ ᠬᠠᠯᠳᠠᠪᠤᠷᠢᠲᠤ ᠡᠪᠡᠳᠴᠢᠨ ᠢ | ᠰᠡᠷᠭᠡᠶᠢᠯᠡᠨ ᠬᠢᠵᠠᠭᠠᠷᠯᠠᠬᠤ ᠪᠠ ᠪᠠᠴᠢᠮ ᠪᠠᠶᠢᠳᠠᠯ ᠢ ᠠᠷᠭᠠᠴᠠᠨ ᠰᠢᠶ᠋ᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ | ᠬᠡᠷᠡᠭᠲᠡᠶ᠃ ᠬᠥᠳᠡᠭᠡ ᠲᠣᠰᠬᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠬᠠᠷᠢᠭᠤᠴᠠᠯᠭ᠎ᠠ ᠶᠢ ᠱᠠᠳᠤ ᠱᠠᠳᠤ ᠪᠠᠷ ᠪᠣᠳᠠᠲᠠᠶᠢᠵᠢᠭᠤᠯᠵᠤ᠂ | ᠬᠥᠳᠡᠭᠡ ᠲᠣᠰᠬᠤᠨ ᠤ ᠨᠠᠰᠤᠲᠠᠨ ᠨᠢᠯᠬᠠᠰ ᠤᠨ ᠡᠪᠡᠳᠴᠢᠨ ᠲᠠᠢ ᠵᠡᠮᠳᠡᠭ ᠵᠡᠷᠭᠡ ᠭᠤᠣᠯᠳᠠᠯᠭ᠎ᠠ ᠲᠠᠢ ᠬᠥᠮᠦᠰ ᠤᠨ ᠡᠮ | ᠡᠮᠨᠡᠯᠭᠡ ᠶᠢᠨ ᠪᠠᠲᠤᠯᠠᠭ᠎ᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠪᠡᠶ᠎ᠡ ᠮᠠᠬᠠᠪᠣᠳ ᠤᠨ | ᠡᠷᠡᠭᠦᠯ ᠮᠡᠨᠳᠦ ᠪᠠ ᠬᠡᠪ ᠤᠨ ᠦᠢᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠢ ᠬᠠᠮᠤᠭ ᠤᠨ ᠶᠡᠭᠡ ᠬᠡᠮᠵᠢᠶ᠎ᠡ ᠪᠠᠷ | ᠰᠠᠶᠢᠲᠤᠷ ᠬᠠᠮᠠᠭᠠᠯᠠᠬᠤ ᠬᠡᠷᠡᠭᠲᠡᠢ᠃ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠢᠨᠠᠨ ᠬᠠᠷᠭᠤᠭᠤᠯᠵᠤ ᠨᠤᠲᠠᠯᠠᠬᠤ | ᠶᠠᠪᠤᠴᠠ ᠶᠢ ᠰᠢᠯᠢᠳᠡᠭᠵᠢᠭᠦᠯᠵᠦ᠂ ᠨᠥᠬᠦᠴᠡᠯ ᠳᠤ ᠨᠡᠶᠢᠴᠡᠬᠦ ᠬᠦᠴᠢᠷᠳᠡᠯᠲᠡᠶ ᠣᠯᠠᠨ ᠲᠦᠮᠡᠨ ᠤ ︽ᠪᠠᠲᠤᠯᠠᠬᠤ | ᠶᠣᠰᠣᠲᠠᠶ ᠶᠢ ᠨᠢ ᠴᠥᠮ ᠪᠠᠲᠤᠯᠠᠬᠤ︾ ᠶᠢ ᠦᠨᠡᠨᠬᠦ ᠪᠠᠲᠤᠯᠠᠨ᠎ᠠ᠃ ᠬᠥᠳᠡᠭᠡ ᠲᠣᠰᠬᠤᠨ ᠤ ᠨᠡᠶᠢᠭᠡᠮ ᠤᠨ ᠠᠵᠢᠯ ᠤᠨ | ᠦᠢᠯᠡᠴᠢᠯᠡᠭᠡ ᠶᠢ ᠭᠦᠨᠵᠡᠭᠡᠶᠢᠷᠡᠭᠦᠯᠦᠨ᠎ᠡ᠃ ᠰᠣᠮᠤ ᠪᠠᠯᠭᠠᠰᠣ ᠶᠢᠨ ᠣᠷᠣᠨ ᠪᠦᠰᠡ ᠶᠢᠨ ᠨᠠᠰᠣᠵᠢᠯ ᠤᠨ | ᠦᠢᠯᠡᠴᠢᠯᠡᠬᠡᠨ ᠤ ᠲᠥᠪ ᠤᠨ ᠪᠠᠶᠢᠭᠤᠯᠥᠯᠳᠡ ᠶᠢ ᠳᠦᠷᠭᠡᠳᠭᠡᠵᠦ᠂ ᠡᠳᠣᠷ ᠲᠤᠳᠣᠮ ᠤᠨ ᠬᠠᠷᠡᠭᠠᠯᠵᠠᠯ᠂ ᠬᠠᠷᠢᠯᠴᠠᠨ | ᠬᠠᠪᠰᠣᠷᠣᠯᠴᠠᠵᠦ ᠨᠠᠰᠣᠵᠢᠯ ᠤᠨ ᠠᠰᠠᠷᠡᠬᠤ᠂ ᠰᠣᠷᠪᠤᠯᠵᠢᠯᠠᠵᠦ ᠬᠠᠶᠢᠷ᠎ᠠ ᠬᠠᠯᠠᠮᠵᠢ ᠬᠦᠷᠳᠡᠭᠡᠬᠦ᠂ ᠨᠠᠰᠣᠳᠡᠶᠢᠴᠣᠳ ᠤᠨ | ᠬᠤᠭᠤᠯᠠᠨ ᠭᠡᠷ ᠵᠡᠷᠭᠡ ᠨᠠᠰᠣᠵᠢᠯ ᠤᠨ ᠦᠢᠯᠡᠴᠢᠯᠡᠭᠡᠨ ᠢ ᠳᠡᠯᠭᠡᠷᠡᠬᠦᠯᠥᠨ᠎ᠠ᠃ ᠬᠥᠳᠡᠭᠡ ᠲᠣᠰᠬᠤᠨ ᠤ | ᠡᠮᠡᠭᠲᠡᠶᠢᠴᠦᠳ ᠤᠨ ᠬᠡᠪ ᠴᠢᠨᠠᠷ ᠢ ᠳᠡᠭᠡᠭᠰᠢᠯᠡᠭᠦᠯᠬᠦ ᠲᠥᠯᠥᠪᠯᠡᠭᠡ ᠶᠢ ᠬᠡᠷᠡᠭᠵᠢᠭᠦᠯᠵᠦ᠂ ᠬᠥᠳᠡᠭᠡ ᠲᠣᠰᠬᠤᠨ ᠤ | ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠠᠵᠢᠯ ᠢ ᠴᠢᠩᠭᠠᠳᠬᠠᠨ᠂ ᠬᠥᠳᠡᠭᠡ ᠲᠣᠰᠬᠤᠨ ᠤ ᠵᠡᠮᠳᠡᠭᠴᠦᠳ ᠤᠨ | ᠨᠡᠶᠢᠭᠡᠮ ᠤᠨ ᠪᠠᠲᠤᠯᠠᠭ᠎ᠠ ᠶᠢᠨ ᠳᠦᠷᠢᠮ ᠪᠠ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠰᠢᠰᠲ᠋ᠧᠮ ᠢ | ᠲᠡᠭᠦᠯᠳᠡᠷᠵᠢᠭᠦᠯᠵᠦ᠂ ᠣᠶᠤᠨ ᠮᠡᠳᠡᠷᠡᠯ ᠤᠨ ᠰᠠᠭᠠᠳ ᠲᠠᠢ ᠬᠥᠮᠦᠰ ᠢ ᠬᠠᠯᠠᠮᠵᠢᠯᠠᠨ ᠬᠠᠶᠢᠷᠠᠯᠠᠬᠤ ᠬᠡᠷᠡᠭᠲᠡᠢ᠃ | ᠨᠠᠢᠮᠠ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠭᠰᠠᠨ ᠬᠥᠳᠡᠭᠡ ᠲᠣᠰᠬᠤᠨ ᠤ ᠵᠠᠰᠠᠯᠲᠠ ᠶᠢᠨ | ᠰᠢᠰᠲ᠋ᠧᠮ ᠢ ᠪᠦᠷᠢᠨᠰᠢᠭᠦᠯᠦᠨ᠎ᠡ | ︵ᠬᠤᠷᠢᠨ ᠨᠠᠢᠮᠠ︶ ᠬᠥᠳᠡᠭᠡ ᠲᠣᠰᠬᠤᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠤᠯᠤᠰ ᠲᠥᠷᠥ ᠶᠢᠨ ᠴᠢᠳᠠᠮᠵᠢ ᠪᠣᠯᠤᠨ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ | ᠴᠢᠩᠭᠠᠳᠬᠠᠬᠤ ᠬᠡᠷᠡᠭᠲᠡᠶ᠃ ᠦᠨᠳᠦᠰᠦᠨ ᠱᠠᠲᠤ ᠶᠢ ᠶᠡᠬᠡᠪᠡᠷ ᠠᠳᠬᠤᠬᠤ ᠢᠯᠡ ᠲᠣᠳᠣ ᠤᠳᠤᠷᠢᠳᠤᠮᠵᠢ ᠶᠢ | ᠲᠤᠪᠤᠶᠢᠯᠭᠠᠵᠦ᠂ ᠰᠢᠶᠠᠨ ᠤ ᠱᠠᠲᠤᠨ ᠤ ᠨᠠᠮ ᠤᠨ ᠬᠤᠷᠢᠶᠠᠨ ᠤ ᠰᠢᠶᠠᠩ ᠢ ᠠᠳᠬᠤᠵᠤ ᠲᠣᠰᠬᠤᠨ ᠢ ᠠᠬᠢᠭᠤᠯᠬᠤ | ᠬᠠᠷᠢᠭᠤᠴᠠᠯᠭ᠎ᠠ ᠶᠢ ᠴᠢᠩᠭᠠᠳᠬᠠᠵᠤ᠂ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠢ ᠠᠬᠢᠭᠤᠯᠬᠤ ᠬᠡᠷᠡᠭᠲᠡᠢ᠃ ᠰᠢᠶᠠᠩ ᠪᠠᠯᠭᠠᠰᠤ᠂ ᠲᠣᠰᠬᠤᠨ ᠤ | ᠤᠳᠤᠷᠢᠳᠬᠤ ᠪᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠳᠠᠪᠤᠷᠢ ᠶᠢ ᠪᠥᠬᠦ ᠲᠠᠯ᠎ᠠ ᠪᠠᠷ | ᠪᠣᠯᠪᠠᠰᠤᠷᠠᠭᠤᠯᠤᠨ ᠳᠡᠭᠡᠭᠰᠢᠯᠡᠭᠦᠯᠦᠨ᠎ᠡ᠃ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠪᠣᠯᠤᠨ ᠠᠵᠢᠯᠯᠠᠬᠤ | ᠠᠩᠭᠢ ᠶᠢ ᠴᠢᠩᠭ᠎ᠠ ᠲᠣᠮᠢᠯᠠᠨ ᠰᠠᠶᠢᠲᠤᠷ ᠬᠡᠷᠡᠭᠯᠡᠵᠦ᠂ ᠲᠣᠮᠢᠯᠠᠭᠰᠠᠨ ᠨᠢᠭᠡᠴᠡ ᠲᠠᠢ ᠬᠤᠯᠪᠣᠭᠠᠯᠠᠵᠤ ᠬᠠᠪᠰᠤᠷᠤᠨ | ᠲᠡᠳᠬᠦᠬᠦ ᠶᠢ ᠴᠢᠩᠭᠠᠳᠬᠠᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠦᠷᠢᠶᠡᠨ ᠳᠠᠬᠢ ᠢᠯᠵᠠᠷᠠᠯ | ᠪᠠ ᠰᠤᠷᠲᠠᠯ ᠤᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠥᠷᠨᠢᠭᠦᠯᠦᠨ᠎ᠡ᠃ ᠬᠤᠲᠠ ᠰᠢᠶᠠᠨ ᠤ ᠴᠠᠭᠳᠠᠨ | ᠪᠠᠶᠢᠴᠠᠭᠠᠬᠤ ᠶᠢ ᠦᠷᠭᠦᠯᠵᠢᠯᠡᠨ ᠥᠷᠨᠢᠭᠦᠯᠵᠦ᠂ ᠦᠨᠳᠦᠰᠦᠨ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠵᠣᠬᠢᠶᠠᠨ ᠪᠠᠶᠢᠭᠤᠯᠤᠯᠲᠠ ᠪᠠ ᠲᠣᠰᠬᠤᠨ ᠤ ᠶᠠᠪᠤᠳᠠᠯ ᠳᠤ ᠬᠢᠨᠠᠯᠲᠠ ᠲᠠᠯᠪᠢᠬᠤ ᠵᠥᠪᠯᠡᠯ ᠤᠨ | ᠪᠦᠲᠦᠮᠵᠢᠲᠡᠶ ᠵᠣᠯᠭᠠᠯᠴᠠᠭ᠎ᠠ ᠶᠢ ᠲᠦᠯᠬᠢᠨ ᠠᠬᠢᠭᠤᠯᠵᠤ᠂ ᠲᠣᠰᠬᠤᠨ ᠤ ᠺᠠᠳ᠋ᠷ ᠤᠨ ᠪᠦᠬᠦ ᠲᠠᠯ᠎ᠠ ᠶᠢᠨ ᠬᠠᠮᠢᠶᠠᠷᠤᠯᠲᠠ | ᠪᠠ ᠪᠠᠶᠢᠩᠭᠤ ᠶᠢᠨ ᠴᠢᠨᠠᠷᠲᠠᠶ ᠬᠢᠨᠠᠯᠲᠠ ᠶᠢ ᠴᠢᠩᠭᠠᠳᠬᠠᠨ᠎ᠠ᠃ ᠬᠥᠳᠡᠭᠡ ᠲᠣᠰᠬᠤᠨ ᠤ ᠨᠠᠮ ᠤᠨ ᠭᠡᠰᠢᠭᠦᠳ ᠢ | ᠬᠤᠭᠤᠴᠠᠭ᠎ᠠ ᠪᠦᠯᠦᠭ ᠬᠤᠪᠢᠶᠠᠨ ᠲᠥᠪᠯᠡᠷᠡᠭᠦᠯᠦᠨ ᠪᠣᠯᠪᠠᠰᠤᠷᠠᠭᠤᠯᠬᠤ ᠠᠵᠢᠯ ᠢ ᠥᠷᠨᠢᠭᠦᠯᠬᠦ ᠬᠡᠷᠡᠭᠲᠡᠶ᠃ ᠠᠵᠢᠯ ᠤᠨ | ᠪᠠᠶᠢᠷᠢ ᠲᠣᠬᠢᠷᠠᠭᠤᠯᠤᠨ ᠬᠠᠷᠢᠭᠤᠴᠠᠯᠭ᠎ᠠ ᠲᠣᠭᠲᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠥᠳᠡᠭᠡ | ᠲᠣᠰᠬᠤᠨ ᠤ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠪᠠᠳᠠᠷᠠᠭᠤᠯᠬᠤ ᠬᠡᠷᠡᠭᠲᠡᠶ᠃ | ︵ᠬᠤᠷᠢ ᠶᠢᠰᠦ︶ ᠬᠥᠳᠡᠭᠡ ᠲᠣᠰᠬᠤᠨ ᠤ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠤ ᠵᠠᠰᠠᠯᠲᠠ ᠶᠢ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ | ᠰᠢᠶᠠᠨ ᠰᠢᠶᠠᠩ ᠲᠣᠰᠬᠤᠨ ᠭᠤᠷᠪᠠᠨ ᠱᠠᠲᠤᠨ ᠤ ᠵᠠᠰᠠᠯᠲᠠ ᠶᠢᠨ ᠰᠢᠰᠲ᠋ᠧᠮ ᠤᠨ ᠴᠢᠳᠠᠮᠵᠢ ᠶᠢ ᠴᠢᠩᠭᠠᠳᠬᠠᠵᠤ᠂ | ᠰᠢᠶᠠᠨ ᠤ ᠱᠠᠲᠤᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠰᠢᠶᠠᠩ ᠪᠠᠯᠭᠠᠰᠤᠨ ᠤ ᠡᠷᠬᠡ ᠪᠠᠨ ᠥᠷᠭᠡᠳᠬᠡᠵᠦ | ᠴᠢᠳᠠᠪᠤᠷᠢ ᠣᠯᠭᠤᠬᠤ ᠶᠢ ᠠᠬᠢᠭᠤᠯᠵᠤ᠂ ᠲᠣᠰᠬᠤᠨ ᠤ ᠱᠠᠲᠤᠨ ᠤ ᠰᠠᠭᠤᠷᠢ ᠶᠢ ᠪᠠᠲᠤᠳᠬᠠᠨ᠎ᠠ᠃ ᠰᠢᠶᠠᠨ ᠤ | ᠱᠠᠲᠤᠨ ᠤ ᠤᠳᠤᠷᠢᠳᠬᠤ ᠪᠠᠭ ᠤᠨ ᠪᠦᠷᠢᠯᠳᠦᠬᠦᠨ ᠤ ᠰᠢᠶᠠᠩ ᠢ ᠳᠠᠭᠠᠭᠠᠴᠢᠯᠠᠨ ᠲᠣᠰᠬᠤᠨ ᠢᠶᠠᠷ ᠶᠠᠪᠤᠬᠤ᠂ ᠰᠢᠶᠠᠩ | ᠪᠠᠯᠭᠠᠰᠤᠨ ᠤ ᠤᠳᠤᠷᠢᠳᠬᠤ ᠪᠠᠭ ᠤᠨ ᠪᠦᠷᠢᠯᠳᠦᠬᠦᠨ ᠤ ᠲᠣᠰᠬᠤᠨ ᠢ ᠳᠠᠭᠠᠭᠠᠴᠢᠯᠠᠨ ᠡᠷᠦᠬᠡ ᠲᠠᠢ ᠬᠤᠯᠪᠣᠭᠠᠯᠠᠬᠤ᠂ | ᠲᠣᠰᠬᠤᠨ ᠤ ᠺᠠᠳ᠋ᠷ ᠦᠷᠭᠦᠯᠵᠢ ᠡᠷᠦᠬᠡ ᠳᠤ ᠬᠦᠷᠴᠦ ᠰᠤᠷᠪᠤᠯᠵᠢᠯᠠᠬᠤ ᠳᠦᠷᠢᠮ ᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠬᠤ ᠬᠡᠷᠡᠭᠲᠡᠢ᠃ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠭᠰᠠᠨ ᠲᠣᠰᠬᠤᠨ ᠤ | ᠠᠷᠠᠳ ᠤᠨ ᠥᠪᠡᠷᠲᠡᠭᠡᠨ ᠵᠠᠰᠠᠬᠤ ᠲᠣᠭᠲᠠᠴᠠ ᠶᠢ ᠪᠦᠷᠢᠨᠰᠢᠭᠦᠯᠵᠦ᠂ ︽ᠳᠥᠷᠪᠡ ᠶᠢ ᠵᠥᠪᠯᠡᠵᠦ ᠬᠤᠶᠠᠷ ᠢ ᠢᠯᠡ | ᠪᠣᠯᠭᠠᠬᠤ︾ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠶ᠃ ᠬᠥᠳᠡᠭᠡ ᠲᠣᠰᠬᠤᠨ ᠤ ᠬᠠᠤᠯᠢ ᠪᠠᠷ | ᠵᠠᠰᠠᠬᠤ ᠬᠥᠮᠦᠵᠢᠯ ᠪᠠ ᠬᠠᠤᠯᠢ ᠴᠠᠭᠠᠵᠠ ᠶᠢᠨ ᠦᠢᠯᠡᠴᠢᠯᠡᠭᠡ ᠶᠢ ᠴᠢᠩᠭᠠᠳᠬᠠᠵᠤ᠂ ︽ᠠᠷᠠᠳᠴᠢᠯᠠᠯ ᠬᠠᠤᠯᠢ ᠪᠠᠷ | ᠵᠠᠰᠠᠬᠤ ᠵᠢᠱᠢᠶ᠎ᠡ ᠦᠵᠡᠭᠦᠯᠬᠦ ᠲᠣᠰᠬᠤᠨ ︵ᠨᠡᠶᠢᠭᠡᠮ ᠲᠣᠭᠤᠷᠢᠭ︶ ᠢ ᠭᠦᠨᠵᠡᠭᠡᠶ ᠥᠷᠨᠢᠭᠦᠯᠦᠨ᠎ᠡ᠃︶︾ ᠡᠭᠦᠳᠦᠨ | ᠪᠠᠢᠭᠤᠯᠤᠶ᠎ᠠ᠃ ᠰᠢᠨ᠎ᠡ ᠴᠠᠭ ᠦᠶ᠎ᠡ ᠶᠢᠨ ︽ᠹᠧᠩ ᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ | ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠤᠯᠠᠨ ᠡᠰᠢᠴᠢᠯᠡᠨ ᠤᠷᠢᠳᠴᠢᠯᠠᠨ ᠰᠡᠷᠭᠡᠶᠢᠯᠡᠵᠦ ᠡᠶᠡᠳᠡᠭᠦᠯᠦᠨ | ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠲᠤᠤᠷᠴᠢᠯᠠᠭᠰᠠᠨ ᠬᠠᠮᠢᠶᠠᠷᠤᠯᠲᠠ᠂ ᠨᠠᠷᠢᠯᠢᠭᠵᠢᠭᠤᠯᠤᠭᠰᠠᠨ | ᠦᠢᠯᠡᠴᠢᠯᠡᠭᠡ᠂ ᠮᠡᠳᠡᠭᠡ ᠵᠠᠩᠭᠢᠵᠢᠯᠲᠠ ᠪᠠᠷ ᠲᠤᠯᠭᠠᠭᠤᠷᠢᠯᠠᠭᠰᠠᠨ ᠦᠨᠳᠦᠰᠦᠨ ᠱᠠᠲᠤᠨ ᠤ ᠵᠠᠰᠠᠯᠲᠠ ᠶᠢᠨ ᠲᠠᠪᠴᠠᠩ ᠢ | ᠲᠡᠭᠦᠯᠳᠡᠷᠵᠢᠭᠦᠯᠦᠨ᠎ᠡ᠃ ᠬᠥᠳᠡᠭᠡ ᠲᠣᠰᠬᠤᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ | ᠪᠠᠶᠢᠩᠭᠤᠵᠢᠭᠤᠯᠬᠤ ᠶᠢ ᠠᠬᠢᠭᠤᠯᠤᠨ᠎ᠠ᠃ ᠬᠥᠳᠡᠭᠡ ᠲᠣᠰᠬᠤᠨ ᠤ ᠵᠣᠭᠤᠰ ᠮᠥᠷᠦ᠋ᠢᠴᠡᠬᠦ ᠬᠠᠤᠯᠢ ᠠᠴᠠ ᠵᠥᠷᠢᠴᠡᠭᠰᠡᠨ | ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢ ᠥᠷᠨᠢᠭᠦᠯᠦᠨ᠎ᠡ᠃ | ᠬᠥᠳᠡᠭᠡ ᠲᠣᠰᠬᠤᠨ ᠤ ᠡᠮᠡᠭᠲᠡᠶᠢᠴᠦᠳ ᠬᠡᠦᠬᠡᠳ ᠤᠨ ᠡᠷᠬᠡ ᠠᠰᠢᠭ ᠲᠤ ᠬᠠᠯᠳᠠᠭᠰᠠᠨ ᠬᠠᠤᠯᠢ ᠠᠴᠠ ᠵᠥᠷᠢᠴᠡᠭᠰᠡᠨ | ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠬᠦ ᠬᠡᠷᠡᠭᠲᠡᠶ᠃ ᠬᠤᠪᠢ ᠬᠤᠷᠠᠮᠳᠤᠭᠤᠯᠬᠤ | ᠳᠦᠷᠢᠮ᠂ ᠨᠠᠷᠢᠨ ᠳᠠᠩᠰᠠ ᠶᠢᠨ ᠳᠦᠷᠢᠮ᠂ ᠲᠣᠭᠠᠴᠢᠯᠠᠯᠲᠠ᠂ ᠵᠠᠭᠠᠯᠳᠤᠯᠭ᠎ᠠ ᠶᠢ ᠬᠦᠯᠢᠶᠡᠨ ᠠᠪᠤᠪᠠᠯ ᠳᠠᠷᠤᠶ | ᠰᠢᠢᠳᠪᠦᠷᠢᠯᠡᠬᠦ ᠵᠡᠷᠭᠡ ᠪᠣᠳᠠᠲᠠᠶ ᠶᠢ ᠡᠷᠬᠢᠮᠯᠡᠭᠰᠡᠨ ᠲᠤᠰᠠᠲᠠᠶ ᠵᠠᠰᠠᠬᠤ ᠠᠷᠭ᠎ᠠ ᠮᠠᠶ᠋ᠢᠭ ᠢ ᠲᠡᠭᠦᠯᠳᠡᠷᠵᠢᠭᠦᠯᠦᠨ᠎ᠡ᠃ | ᠬᠥᠳᠡᠭᠡ ᠲᠣᠰᠬᠤᠨ ᠤ ᠵᠠᠰᠠᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠲᠤᠷᠰᠢᠯᠲᠠ ᠶᠢ ᠭᠦᠨᠵᠡᠭᠡᠶᠢᠷᠡᠭᠦᠯᠵᠦ᠂ | ᠪᠦᠬᠦ ᠤᠯᠤᠰ ᠤᠨ ᠬᠥᠳᠡᠭᠡ ᠲᠣᠰᠬᠤᠨ ᠤ ᠵᠠᠰᠠᠯᠲᠠ ᠶᠢᠨ ᠵᠢᠱᠢᠶ᠎ᠡ ᠦᠵᠡᠭᠦᠯᠬᠦ ᠲᠣᠰᠬᠤᠨ ᠪᠠᠯᠭᠠᠰᠤ ᠶᠢ ᠡᠭᠦᠳᠦᠨ | ᠪᠠᠶᠢᠭᠤᠯᠬᠤ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵ ᠭᠤᠴᠢ︶ ᠬᠥᠳᠡᠭᠡ ᠲᠣᠰᠬᠤᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠨ᠎ᠠ᠃ | ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢᠨ ᠤᠬᠠᠭᠤᠯᠭ᠎ᠠ ᠬᠥᠮᠦᠵᠢᠯ ᠢ ᠭᠦᠨᠵᠡᠭᠡᠢ ᠥᠷᠨᠢᠭᠦᠯᠵᠦ᠂ | ᠬᠥᠳᠡᠭᠡ ᠲᠣᠰᠬᠤᠨ ᠳᠤ ᠨᠠᠮ ᠤᠨ ᠦᠭᠡ ᠶᠢ ᠰᠣᠨᠣᠰᠬᠤ᠂ ᠨᠠᠮ ᠤᠨ ᠠᠴᠢ ᠳᠤ ᠲᠠᠯᠠᠷᠬᠠᠬᠤ᠂ ᠨᠠᠮ ᠢᠶᠠᠨ ᠳᠠᠭᠠᠬᠤ | ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠦᠨ᠎ᠡ᠃ ᠬᠥᠳᠡᠭᠡ ᠲᠣᠰᠬᠤᠨ ᠤ ᠤᠯᠠᠨ | ᠲᠦᠮᠡᠨᠴᠢ ᠴᠢᠨᠠᠷᠲᠠᠢ ᠤᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠶᠢ ᠭᠦᠨᠵᠡᠭᠡᠶᠢᠷᠡᠭᠦᠯᠵᠦ᠂ ᠰᠢᠨ᠎ᠡ ᠴᠠᠭ | ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ᠂ ᠰᠢᠶᠠᠨ ᠤ ᠱᠠᠲᠤᠨ ᠤ ᠬᠠᠮ ᠵᠠᠭᠤᠴᠢᠯᠠᠭᠤᠷ ᠤᠨ ᠲᠥᠪ ᠵᠡᠷᠭᠡ | ᠪᠠᠶᠢᠭᠤᠯᠤᠯᠲᠠ ᠶᠢ ᠥᠷᠭᠡᠳᠬᠡᠵᠦ᠂ ᠬᠥᠳᠡᠭᠡ ᠲᠣᠰᠬᠤᠨ ᠤ ᠤᠯᠠᠨ ᠲᠦᠮᠡᠨᠴᠢ ᠴᠢᠨᠠᠷᠲᠠᠢ ᠰᠣᠶᠣᠯ ᠤᠨ ᠠᠵᠢᠯᠯᠠᠭ᠎ᠠ ᠶᠢ | ᠥᠪᠡᠷ ᠢᠶᠠᠨ ᠡᠷᠬᠢᠯᠡᠬᠦ ᠶᠢ ᠳᠡᠮᠵᠢᠨ᠎ᠡ᠃ ᠭᠡᠷ ᠪᠦᠯᠢ ᠶᠢᠨ ᠭᠡᠷ ᠤᠨ ᠰᠤᠷᠭᠠᠯ ᠭᠡᠷ ᠤᠨ ᠰᠤᠷᠲᠠᠯ ᠤᠨ ᠪᠠᠢᠭᠤᠯᠤᠯᠲᠠ ᠶᠢ | ᠴᠢᠬᠤᠯᠠᠴᠢᠯᠠᠵᠤ᠃ ᠲᠠᠷᠢᠶᠠᠯᠠᠬᠤ ᠰᠣᠶᠣᠯ ᠢ ᠤᠯᠠᠮᠵᠢᠯᠠᠨ ᠬᠠᠮᠠᠭᠠᠯᠠᠬᠤ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ | ᠲᠠᠷᠢᠶᠠᠯᠠᠩ ᠤᠨ ᠴᠢᠬᠤᠯᠠ ᠰᠣᠶᠣᠯ ᠤᠨ ᠥᠪ ᠢ ᠬᠠᠮᠠᠭᠠᠯᠠᠨ ᠠᠰᠢᠭᠯᠠᠬᠤ ᠶᠢ ᠴᠢᠩᠭᠠᠳᠬᠠᠨ᠎ᠠ᠃ ᠳᠤᠮᠳᠠᠳᠤ | ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠢ ᠰᠠᠶᠢᠲᠤᠷ ᠡᠷᠬᠢᠯᠡᠨ᠎ᠡ᠃ ᠡᠯ᠎ᠡ ᠭᠠᠵᠠᠷ ᠤᠨ | ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠬᠤ ᠶᠢ ᠲᠦᠯᠬᠢᠨ ᠠᠬᠢᠭᠤᠯᠵᠤ᠂ ᠬᠡᠪ ᠵᠠᠩᠰᠢᠯ ᠢ | ᠥᠭᠡᠷᠡᠴᠢᠯᠡᠬᠦ ᠵᠢᠷᠤᠮᠵᠢᠯ ᠢ ᠲᠣᠭᠲᠠᠭᠠᠨ᠂ ᠲᠣᠰᠬᠤᠨ ᠤ ᠳᠦᠷᠢᠮ ᠠᠷᠠᠳ ᠤᠨ ᠭᠡᠷ᠎ᠡ ᠶᠢᠨ ᠬᠢᠵᠠᠭᠠᠷᠯᠠᠬᠤ | ᠦᠢᠯᠡᠳᠦᠯ ᠢ ᠴᠢᠩᠭᠠᠳᠬᠠᠵᠤ᠂ ᠨᠠᠮ ᠤᠨ ᠭᠡᠰᠢᠭᠦᠨ᠂ ᠺᠠᠳ᠋ᠷ ᠲᠦᠷᠦᠭᠦᠯᠡᠨ ᠵᠢᠱᠢᠶ᠎ᠡ ᠦᠵᠡᠭᠦᠯᠵᠦ᠂ ᠥᠨᠳᠥᠷ ᠦᠨ᠎ᠡ | ᠥᠷᠲᠡᠭ ᠲᠠᠢ ᠪᠡᠯᠡᠭ᠂ ᠶᠡᠬᠡᠪᠡᠷ ᠬᠢᠬᠦ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠲᠣᠪᠤᠶᠢᠮ᠎ᠠ ᠠᠰᠠᠭᠤᠳᠠᠯ ᠢ | ᠲᠤᠰᠬᠠᠶ ᠵᠠᠰᠠᠯᠲᠠ ᠶᠢ ᠯᠠᠪᠳᠠᠭᠤᠨ ᠪᠠᠲᠤᠲᠠᠶ ᠥᠷᠨᠢᠭᠦᠯᠦᠨ᠎ᠡ᠃ ᠬᠥᠳᠡᠭᠡ ᠲᠣᠰᠬᠤᠨ ᠤ ᠣᠷᠣᠰᠢᠭᠤᠯᠭ᠎ᠠ ᠶᠢᠨ ᠵᠠᠩ | ᠳᠠᠳᠬᠠᠯ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠬᠡᠷᠡᠭᠲᠡᠶ᠃ | ᠶᠢᠰᠦ᠂ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠪᠣᠯᠣᠨ ᠪᠠᠶᠢᠭᠤᠯᠤᠯ ᠲᠣᠭᠲᠠᠴᠠ ᠶᠢᠨ ᠰᠢᠨ᠎ᠡ ᠶᠢ | ᠡᠭᠦᠳᠬᠦ ᠶᠢ ᠴᠢᠩᠭᠠᠷᠠᠭᠤᠯᠤᠨ᠎ᠠ | ︵ᠭᠤᠴᠢᠨ ᠨᠢᠭᠡ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠤᠯᠠᠨ ᠡᠰᠢᠲᠦ | ᠣᠷᠣᠭᠤᠯᠤᠯᠲᠠ ᠶᠢᠨ ᠲᠣᠭᠲᠠᠴᠠ ᠶᠢ ᠪᠦᠷᠢᠨᠰᠢᠬᠦᠯᠦᠨ᠎ᠡ᠃ ᠲᠠᠷᠢᠶᠠᠯᠠᠩ ᠬᠥᠳᠡᠭᠡ ᠲᠣᠰᠬᠤᠨ ᠢᠶᠠᠷ ᠡᠩ ᠤᠨ ᠣᠯᠠᠨ | ᠨᠡᠶᠢᠲᠡ ᠶᠢᠨ ᠲᠥᠰᠦᠪ ᠢ ᠤᠷᠢᠳ ᠢᠶᠠᠷ ᠪᠠᠲᠤᠯᠠᠬᠤ ᠬᠦᠷᠢᠶ᠎ᠡ ᠴᠠᠷᠠᠭ᠎ᠠ ᠪᠣᠯᠭᠠᠬᠤ ᠶᠢ ᠪᠠᠷᠢᠮᠲᠠᠯᠠᠵᠤ᠂ ᠣᠷᠣᠨ | ᠨᠤᠲᠤᠭ ᠤᠨ ᠵᠠᠰᠠᠭ ᠤᠨ ᠣᠷᠳᠣᠨ ᠤ ᠣᠷᠣᠭᠤᠯᠤᠯᠲᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠭᠠᠵᠠᠷ | ᠰᠢᠷᠣᠶ ᠶᠢ ᠬᠢᠮᠳᠠ ᠪᠠᠷ ᠬᠤᠳᠠᠯᠳᠤᠭᠰᠠᠨ ᠤ ᠠᠰᠢᠭ ᠣᠯᠵᠠᠪᠤᠷᠢ ᠶᠢ ᠲᠠᠷᠢᠶᠠᠯᠠᠩ ᠬᠥᠳᠡᠭᠡ ᠲᠣᠰᠬᠤᠨ ᠤ ᠬᠠᠷᠢᠴᠠᠯ ᠢ | ᠯᠠᠪᠳᠠᠭᠤᠨ ᠢᠶᠠᠷ ᠳᠡᠭᠡᠭᠰᠢᠯᠡᠭᠦᠯᠬᠦ ᠬᠡᠷᠡᠭᠲᠡᠶ᠃ ᠨᠥᠬᠦᠴᠡᠯ ᠳᠤ ᠨᠡᠶᠢᠴᠡᠬᠦ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠥᠷᠥᠯ ᠵᠦᠢᠯ ᠢ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢᠨ | ᠳᠡᠮᠵᠢᠬᠦ ᠬᠡᠪᠴᠢᠶᠡᠨ ᠳᠤ ᠣᠷᠣᠭᠤᠯᠤᠨ᠎ᠠ᠃ ᠵᠠᠬ᠎ᠠ ᠳᠡᠯᠭᠡᠭᠦᠷᠴᠢᠯᠡᠭᠰᠡᠨ ᠠᠷᠭ᠎ᠠ ᠬᠡᠯᠪᠡᠷᠢ ᠪᠠᠷ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠰᠠᠭᠤᠷᠢ ᠮᠥᠩᠭᠦ ᠪᠠᠶᠢᠭᠤᠯᠬᠤ ᠶᠢ ᠳᠡᠮᠵᠢᠨ᠎ᠡ᠃ ᠵᠠᠰᠠᠭ ᠤᠨ ᠣᠷᠳᠣᠨ ᠤ ᠪᠡᠯᠡ | ᠣᠷᠣᠭᠤᠯᠤᠯᠲᠠ ᠬᠢᠭᠡᠳ ᠮᠥᠩᠭᠦᠨ ᠭᠦᠢᠯᠭᠡᠭᠡᠨ᠂ ᠨᠡᠶᠢᠭᠡᠮ ᠤᠨ ᠣᠷᠣᠭᠤᠯᠤᠯᠲᠠ ᠶᠢᠨ ᠬᠠᠮᠲᠤᠷᠠᠨ ᠬᠥᠳᠡᠯᠦᠯᠴᠡᠬᠦ | ᠲᠣᠭᠲᠠᠴᠠ ᠶᠢ ᠪᠦᠷᠢᠨᠰᠢᠭᠦᠯᠵᠦ᠂ ᠨᠥᠬᠦᠴᠡᠯ ᠳᠤ ᠨᠡᠶᠢᠴᠡᠬᠦ ᠲᠥᠷᠥᠯ ᠵᠦᠢᠯ ᠢ ᠨᠡᠶᠢᠯᠡᠭᠦᠯᠦᠨ ᠳᠠᠭᠠᠭᠠᠴᠢᠯᠠᠭᠤᠯᠬᠤ ᠶᠢ | ᠲᠣᠭᠲᠠᠭᠠᠯ ᠶᠣᠰᠣᠭᠠᠷ ᠵᠠᠬ᠎ᠠ ᠳᠡᠯᠭᠡᠭᠦᠷ ᠤᠨ ᠭᠤᠤᠯ ᠴᠣᠭᠴᠠ ᠠᠴᠠ ᠬᠡᠷᠡᠭᠵᠢᠭᠦᠯᠬᠦ ᠶᠢ ᠵᠣᠷᠢᠭᠵᠢᠭᠤᠯᠵᠤ᠂ ᠮᠥᠩᠭᠦᠨ | ᠭᠦᠢᠯᠭᠡᠭᠡᠨ ᠪᠠ ᠨᠡᠶᠢᠭᠡᠮ ᠤᠨ ᠬᠥᠷᠥᠩᠭᠡ ᠶᠢ ᠬᠥᠳᠡᠯᠭᠡᠨ ᠵᠠᠬ᠎ᠠ ᠳᠡᠯᠭᠡᠭᠦᠷᠴᠢᠯᠡᠬᠦ ᠵᠠᠷᠴᠢᠮ ᠤᠨ ᠶᠣᠰᠣᠭᠠᠷ ᠲᠠᠷᠢᠶᠠᠯᠠᠩ | ᠬᠥᠳᠡᠭᠡ ᠲᠣᠰᠬᠤᠨ ᠳᠤ ᠨᠡᠩ ᠢᠯᠡᠭᠦᠦ ᠣᠷᠣᠭᠤᠯᠬᠤ ᠶᠢ ᠲᠦᠯᠬᠢᠨ ᠠᠬᠢᠭᠤᠯᠤᠨ᠎ᠠ᠃ ᠲᠠᠬᠢᠨ ᠵᠢᠭᠡᠯᠡᠯᠭᠡ ᠶᠢᠨ | ᠲᠠᠬᠢᠨ ᠪᠡᠯᠡᠨ ᠵᠣᠭᠤᠰ ᠥᠭᠬᠦ᠂ ᠵᠦᠷᠢᠶᠡᠴᠢᠯᠡᠭᠰᠡᠨ ᠬᠠᠳᠠᠭᠠᠯᠠᠮᠵᠢ ᠶᠢᠨ ᠪᠡᠯᠡᠳᠬᠡᠯ ᠮᠥᠩᠭᠦ᠂ ᠵᠦᠷᠢᠶᠡᠴᠢᠯᠡᠭᠰᠡᠨ | ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠪᠣᠯᠤᠨ ᠬᠢᠨᠠᠨ ᠰᠢᠯᠭᠠᠵᠤ ᠦᠨᠡᠯᠡᠨ ᠵᠢᠱᠢᠬᠦ ᠵᠡᠷᠭᠡ ᠲᠦᠷᠦ ᠶᠢᠨ | ᠪᠤᠳᠤᠯᠭ᠎ᠠ ᠶᠢ ᠰᠠᠶᠢᠲᠤᠷ ᠬᠡᠷᠡᠭᠯᠡᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠬᠠᠮᠢᠶ᠎ᠠ ᠪᠦᠬᠦᠢ ᠬᠦᠷᠢᠶᠡᠨ ᠤ ᠵᠢᠭᠡᠯᠡᠯᠭᠡ ᠲᠠᠯᠪᠢᠬᠤ ᠶᠢ ᠨᠡᠮᠡᠭᠳᠡᠭᠦᠯᠬᠦ ᠶᠢ ᠠᠬᠢᠭᠤᠯᠵᠤ᠂ | ᠠᠮᠤ ᠪᠤᠳᠠᠭᠠᠨ ᠤ ᠠᠮᠤᠷ ᠲᠦᠪᠰᠢᠨ ᠤ ᠢᠲᠡᠭᠡᠮᠵᠢᠲᠦ ᠵᠢᠭᠡᠯᠡᠯᠭᠡ ᠶᠢᠨ ᠪᠡᠯᠡ ᠮᠥᠩᠭᠦ ᠶᠢᠨ ᠬᠡᠷᠡᠭᠴᠡᠭᠡ ᠶᠢ | ᠭᠤᠣᠯᠳᠠᠯᠭ᠎ᠠ ᠲᠠᠢ ᠪᠠᠲᠤᠯᠠᠬᠤ ᠬᠡᠷᠡᠭᠲᠡᠢ ᠭᠡᠵᠡᠢ᠃ ᠢᠲᠡᠭᠡᠮᠵᠢᠲᠦ ᠵᠢᠭᠡᠯᠡᠯᠭᠡ ᠶᠢᠨ ᠳᠠᠭᠠᠭᠠᠯᠲᠠ ᠶᠢᠨ ᠲᠤᠬᠠᠶᠢᠯᠠᠭᠰᠠᠨ | ᠠᠵᠢᠯ ᠢ ᠲᠠᠷᠢᠶᠠᠯᠠᠩ ᠬᠥᠳᠡᠭᠡ ᠲᠣᠰᠬᠤᠨ ᠤ ᠬᠦᠷᠢᠶ᠎ᠡ ᠲᠡᠰᠢ ᠬᠡᠯᠪᠠᠶᠢᠯᠭᠡᠬᠦ ᠶᠢ ᠬᠥᠲᠥᠯᠥᠨ ᠵᠢᠯᠣᠭᠤᠳᠴᠤ᠂ ᠪᠦᠬᠦ | ᠤᠯᠤᠰ ᠤᠨ ᠲᠠᠷᠢᠶᠠᠯᠠᠩ ᠤᠨ ᠢᠲᠡᠭᠡᠮᠵᠢᠲᠦ ᠵᠢᠭᠡᠯᠡᠯᠭᠡ ᠶᠢᠨ ᠳᠠᠭᠠᠭᠠᠯᠲᠠ ᠶᠢᠨ ᠰᠢᠰᠲ᠋ᠧᠮᠵᠢ ᠶᠢᠨ ᠦᠢᠯᠡᠳᠦᠯ ᠢ | ᠪᠠᠳᠠᠷᠠᠭᠤᠯᠤᠨ᠎ᠠ᠃ ᠲᠠᠷᠢᠶᠠᠯᠠᠩ ᠤᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠳᠠᠭᠠᠨ ᠡᠳᠯᠡᠬᠦ ᠶᠢ ᠴᠢᠩᠭᠠᠳᠬᠠᠬᠤ | ᠬᠡᠷᠡᠭᠲᠡᠶ᠃ ᠣᠯᠠᠨ ᠳᠡᠰ ᠳᠠᠪᠬᠤᠷᠭ᠎ᠠ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠲᠠᠷᠢᠶᠠᠯᠠᠩ ᠢ ᠳᠡᠮᠵᠢᠬᠦ | ᠦᠢᠯᠡᠳᠦᠯ ᠢ ᠪᠠᠳᠠᠷᠠᠭᠤᠯᠵᠤ᠂ ︽ᠳᠠᠭᠠᠳᠬᠠᠯ + ᠬᠤᠭᠤᠴᠠᠭᠠᠲᠤ ᠪᠠᠷᠠᠭ᠎ᠠ︾ ᠶᠢ ᠰᠢᠯᠢᠳᠡᠭᠵᠢᠭᠦᠯᠦᠨ᠎ᠡ᠃ ᠬᠥᠳᠡᠭᠡ | ᠲᠣᠰᠬᠤᠨ ᠤ ᠢᠲᠡᠭᠡᠮᠵᠢ ᠶᠢᠨ ᠬᠤᠷᠰᠢᠶ᠎ᠠ ᠶᠢᠨ ᠥᠭᠡᠷᠡᠴᠢᠯᠡᠯᠲᠡ ᠶᠢᠨ ᠳᠠᠭᠠᠳᠬᠠᠯ ᠢ ᠲᠦᠷᠭᠡᠳᠬᠡᠵᠦ᠂ ᠲᠣᠰᠬᠤᠨ | ᠪᠠᠯᠭᠠᠰᠤ ᠶᠢᠨ ᠪᠠᠩᠬᠢ ᠶᠢᠨ ᠪᠦᠲᠦᠴᠡ ᠶᠢᠨ ᠴᠢᠨᠠᠷᠲᠠᠶ ᠳᠠᠬᠢᠨ ᠵᠣᠬᠢᠶᠠᠨ ᠪᠠᠶᠢᠭᠤᠯᠬᠤ ᠶᠢ ᠠᠬᠢᠭᠤᠯᠬᠤ ᠬᠡᠷᠡᠭᠲᠡᠶ᠃ | ᠵᠢᠭᠠᠰᠤᠨ ᠠᠵᠤ ᠠᠬᠤᠢ ᠶᠢᠨ ᠳᠠᠭᠠᠳᠬᠠᠯ ᠢ ᠵᠣᠷᠢᠭᠵᠢᠭᠤᠯᠤᠨ ᠬᠥᠭᠵᠢᠭᠦᠯᠦᠨ᠎ᠡ᠃ | ︵ᠭᠤᠴᠢᠨ ᠬᠤᠶᠠᠷ︶ ᠬᠥᠳᠡᠭᠡ ᠲᠣᠰᠬᠤᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ | ᠴᠢᠩᠭᠠᠳᠬᠠᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠳᠠᠪᠤᠷᠢᠲᠠᠨ ᠢ ᠳᠡᠮᠵᠢᠬᠦ ᠲᠥᠯᠥᠪᠯᠡᠭᠡ ᠶᠢ | ᠬᠡᠷᠡᠭᠵᠢᠭᠦᠯᠵᠦ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠣᠶᠣᠯ᠂ | ᠨᠡᠶᠢᠭᠡᠮ ᠤᠨ ᠠᠵᠢᠯ᠂ ᠣᠶᠤᠨ ᠤ ᠪᠣᠯᠪᠠᠰᠤᠨ ᠤ ᠪᠠᠶᠢᠭᠤᠯᠤᠯᠲᠠ ᠵᠡᠷᠭᠡ ᠬᠦᠷᠢᠶᠡᠨ ᠤ ᠴᠢᠳᠠᠪᠤᠷᠢᠲᠠᠨ ᠢ ᠵᠣᠬᠢᠶᠠᠨ | ᠪᠠᠶᠢᠭᠤᠯᠤᠨ ᠬᠥᠲᠥᠯᠥᠨ ᠵᠢᠯᠣᠭᠤᠳᠴᠤ᠂ ᠲᠤᠰ ᠭᠠᠵᠠᠷ ᠤᠨ ᠪᠠᠴᠢᠮ ᠬᠡᠷᠡᠭᠰᠡᠬᠦ ᠳᠤᠲᠠᠭᠳᠠᠵᠤ ᠪᠠᠶᠢᠭ᠎ᠠ | ᠴᠢᠳᠠᠪᠤᠷᠢᠲᠠᠨ ᠢ ᠬᠥᠮᠦᠵᠢᠭᠦᠯᠬᠦ ᠶᠢ ᠳᠡᠮᠵᠢᠨ᠎ᠡ᠃ ᠥᠨᠳᠥᠷ ᠬᠡᠪ ᠴᠢᠨᠠᠷ ᠪᠦᠬᠦᠢ ᠲᠠᠷᠢᠶᠠᠴᠢᠳ ᠢ ᠬᠥᠮᠦᠵᠢᠭᠦᠯᠬᠦ | ᠲᠥᠯᠥᠪᠯᠡᠭᠡ ᠶᠢ ᠬᠡᠷᠡᠭᠵᠢᠭᠦᠯᠵᠦ᠂ ᠬᠥᠳᠡᠭᠡ ᠲᠣᠰᠬᠤᠨ ᠤ ᠠᠳᠠᠯ ᠦᠢᠯᠡᠰ ᠪᠣᠰᠬᠠᠬᠤ ᠳᠠᠭᠠᠭᠤᠯᠤᠭᠴᠢ ᠶᠢ | ᠬᠥᠮᠦᠵᠢᠭᠦᠯᠬᠦ ᠠᠵᠢᠯᠯᠠᠭ᠎ᠠ ᠶᠢ ᠥᠷᠨᠢᠭᠦᠯᠵᠦ᠂ ᠪᠣᠯᠪᠠᠰᠤᠷᠠᠭᠤᠯᠤᠯ ᠤᠨ ᠪᠣᠳᠠᠲᠤ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠬᠡᠷᠡᠭᠲᠡᠶ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠠᠨᠳᠤᠭᠤᠯᠤᠭᠰᠠᠨ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠢ ᠶᠡᠬᠡᠪᠡᠷ ᠬᠥᠭᠵᠢᠭᠦᠯᠵᠦ᠂ ᠦᠢᠯᠡᠳᠪᠦᠷᠢᠯᠡᠯ ᠵᠢᠭᠠᠨ ᠰᠤᠷᠭᠠᠯᠲᠠ ᠶᠢᠨ | ᠠᠭᠤᠰᠤᠯᠴᠠᠯ ᠪᠠ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ ᠬᠤᠳᠡ ᠶᠢᠨ | ᠲᠣᠰᠬᠠᠢ ᠮᠡᠷᠭᠡᠵᠢᠯ ᠤᠨ ᠴᠢᠳᠡᠪᠦᠷᠢᠳᠡᠨ ᠤ ᠲᠣᠠᠠᠳᠠᠮᠠᠯ ᠬᠤᠭᠤᠴᠠᠭ᠎ᠠ ᠲᠠᠢ ᠪᠠᠷ ᠬᠦᠳᠡᠭᠡ ᠲᠣᠰᠬᠤᠨ ᠳᠤ ᠦᠢᠯᠡᠴᠢᠯᠡᠬᠦ | ᠣᠷᠮᠠᠰᠢᠭᠤᠯᠬᠤ ᠲᠤᠠᠠᠳᠡᠴᠠ ᠶᠢ ᠳᠡᠬᠦᠯᠳᠡᠷᠵᠢᠬᠦᠯᠵᠦ᠂ ᠣᠷᠳᠣ ᠬᠤᠭᠤᠴᠠᠭ᠎ᠠ ᠪᠠᠷ ᠬᠦᠳᠡᠭᠡ ᠲᠣᠰᠬᠤᠨ ᠳᠤ | ᠦᠢᠯᠡᠴᠢᠯᠡᠬᠦ ᠲᠣᠰᠢᠶᠡᠯ ᠳᠡᠪᠰᠢᠬᠦ᠂ ᠮᠡᠷᠭᠡᠵᠢᠯ ᠤᠨ ᠴᠣᠯᠡ ᠰᠢᠯᠭᠠᠷᠠᠭᠤᠯᠤᠨ ᠲᠤᠠᠠᠳᠠᠭᠠᠬᠤ ᠳᠡᠯ᠎ᠠ ᠪᠠᠷ ᠵᠤᠬᠢᠨ᠋ᠡᠥ | ᠭᠡᠮᠵᠢᠶ᠎ᠠ ᠪᠠᠷ ᠭᠡᠯᠪᠠᠶᠢᠯᠭᠡᠨᠠ᠃ ᠬᠤᠲᠠ ᠶᠢᠨ ᠲᠤᠰᠬᠠᠶ ᠮᠡᠷᠭᠡᠵᠢᠯ ᠤᠨ ᠠᠵᠢᠯᠲᠠᠨ ᠢ ᠬᠥᠲᠥᠯᠥᠨ ᠵᠢᠯᠣᠭᠤᠳᠴᠤ | ᠬᠥᠳᠡᠭᠡ ᠲᠣᠰᠬᠤᠨ ᠳᠤ ᠣᠴᠢᠭᠤᠯᠤᠨ ᠲᠤᠰᠢᠶᠠᠯ ᠬᠠᠪᠰᠤᠷᠭᠠᠬᠤ ᠪᠠ ᠠᠵᠢᠯ ᠤᠨ ᠪᠠᠶᠢᠷᠢ ᠠᠴᠠ ᠨᠢ ᠰᠠᠯᠭᠠᠵᠤ ᠠᠳᠠᠯ | ᠦᠢᠯᠡᠰ ᠪᠣᠰᠬᠠᠬᠤ ᠬᠡᠷᠡᠭᠲᠡᠶ᠃ ᠵᠣᠬᠢᠬᠤ ᠨᠦᠬᠦᠴᠡᠯ ᠳᠤ ᠨᠡᠶᠢᠴᠡᠭᠰᠡᠨ ᠨᠤᠲᠤᠭ ᠲᠠᠭᠠᠨ ᠪᠤᠴᠠᠵᠤ ᠬᠦᠳᠡᠭᠡ | ᠪᠠᠭᠤᠭᠠᠳ ᠠᠵᠢᠯ ᠣᠯᠵᠤ ᠠᠳᠠᠯ ᠦᠢᠯᠡᠰ ᠴᠤᠭᠴᠠᠯᠠᠬᠤ ᠬᠦᠮᠦᠰ ᠤᠨ ᠤᠭ ᠪᠠᠶᠢᠭ᠎ᠠ ᠭᠠᠵᠠᠷ ᠪᠣᠶᠣ ᠠᠵᠢᠯ ᠣᠯᠵᠤ | ᠠᠳᠠᠯ ᠦᠢᠯᠡᠰ ᠴᠤᠭᠴᠠᠯᠠᠬᠤ ᠭᠠᠵᠠᠷ ᠲᠤ ᠡᠷᠦᠬᠡ ᠠᠮᠠ ᠪᠠᠨ ᠣᠷᠤᠭᠤᠯᠬᠤ ᠶᠢ ᠵᠥᠪᠰᠢᠶᠡᠷᠡᠨ᠎ᠡ᠃ ᠬᠥᠳᠡᠭᠡ | ᠲᠣᠰᠬᠤᠨ ᠤ ᠵᠠᠬᠢᠶᠠᠯᠠᠭᠠᠲᠤ ᠬᠠᠨᠳᠤᠯᠭ᠎ᠠ ᠲᠠᠢ ᠪᠠᠷ ᠠᠨᠠᠭᠠᠬᠤ ᠤᠬᠠᠭᠠᠨ ᠤ ᠰᠤᠷᠤᠭᠴᠢ ᠶᠢ ᠰᠦᠢᠳᠬᠡᠯ ᠬᠤᠷᠢᠶᠠᠬᠤ | ᠦᠭᠡᠶ ᠪᠠᠷ ᠬᠥᠮᠦᠵᠢᠭᠦᠯᠬᠦ ᠲᠥᠷᠥᠯ ᠵᠦᠢᠯ᠂ ᠪᠠᠭᠰᠢ ᠶᠢᠨ ︽ᠰᠢᠯᠢᠳᠡᠭ ᠪᠠᠭᠰᠢ ᠶᠢᠨ ᠲᠥᠯᠥᠪᠯᠡᠭᠡ︾᠂ ︽ᠣᠨᠴᠣᠭᠤᠶ | ᠠᠵᠢᠯ ᠤᠨ ᠪᠠᠶᠢᠷᠢ ᠶᠢᠨ ᠲᠥᠯᠥᠪᠯᠡᠭᠡ︾᠂ ︽ᠤᠯᠤᠰ ᠤᠨ ᠬᠥᠮᠦᠵᠢᠭᠦᠯᠬᠦ ᠲᠥᠯᠥᠪᠯᠡᠭᠡ︾ ᠶᠢ ᠦᠷᠭᠦᠯᠵᠢᠯᠡᠨ | ᠬᠡᠷᠡᠭᠵᠢᠭᠦᠯᠵᠦ᠂ ︽ᠣᠶᠤᠲᠠᠨ ᠬᠥᠳᠡᠭᠡ ᠲᠣᠰᠬᠤᠨ ᠤ ᠡᠮᠴᠢ︾ ᠶᠢᠨ ᠲᠤᠰᠬᠠᠶ ᠵᠦᠢᠯ ᠤᠨ ᠲᠥᠯᠥᠪᠯᠡᠭᠡ ᠶᠢ | ᠬᠡᠷᠡᠭᠵᠢᠭᠦᠯᠦᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠮᠡᠭᠲᠡᠶᠢᠴᠦᠳ ᠤᠨ ᠠᠵᠢᠯᠯᠠᠭ᠎ᠠ᠂ ᠵᠠᠯᠠᠭᠤ | ᠴᠢᠳᠠᠪᠤᠷᠢᠲᠠᠨ ᠢ ᠨᠡᠭᠡᠭᠡᠨ ᠬᠥᠭᠵᠢᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ | ︵ᠭᠤᠴᠢᠨ ᠭᠤᠷᠪᠠ︶ ᠰᠢᠶᠠᠨ ᠤ ᠬᠡᠪᠴᠢᠶᠡᠨ ᠤ ᠬᠤᠲᠠ ᠬᠦᠳᠡᠭᠡ ᠶᠢᠨ ᠠᠭᠤᠰᠤᠯᠴᠠᠨ ᠬᠥᠭᠵᠢᠬᠦ ᠶᠢ | ᠠᠬᠢᠭᠤᠯᠤᠨ᠎ᠠ᠃ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠠᠶᠢᠭᠤᠯᠤᠯ ᠲᠣᠭᠲᠠᠴᠠ ᠪᠠ ᠲᠥᠷᠥ ᠶᠢᠨ | ᠪᠣᠳᠣᠯᠭ᠎ᠠ ᠶᠢᠨ ᠰᠢᠰᠲ᠋ᠧᠮᠵᠢ ᠶᠢ ᠪᠦᠷᠢᠨᠰᠢᠬᠦᠯᠵᠦ᠂ ᠬᠤᠲᠠ ᠬᠥᠳᠡᠭᠡ ᠶᠢᠨ ᠴᠢᠬᠤᠯᠠ ᠬᠦᠴᠦᠨ ᠵᠦᠢᠯ ᠤᠨ | ᠰᠢᠯᠵᠢᠯᠲᠡ ᠶᠢ ᠰᠠᠭᠠᠳ ᠥᠬᠡᠶ ᠨᠡᠪᠲᠡᠷᠡᠭᠦᠯᠦᠨ᠎ᠡ᠃ ᠰᠢᠶᠠᠨ ᠤ ᠬᠡᠪᠴᠢᠶᠡᠨ ᠤ ᠬᠤᠲᠠ ᠬᠥᠳᠡᠭᠡ ᠶᠢᠨ | ᠲᠥᠯᠥᠪᠵᠢᠭᠦᠯᠭᠡ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠵᠦ᠂ ᠰᠢᠶᠠᠨ ᠤ ᠬᠤᠲᠠ ᠶᠢᠨ ᠬᠤᠲᠠ | ᠪᠠᠯᠭᠠᠰᠤᠵᠢᠯᠲᠠ ᠶᠢᠨ ᠳᠤᠲᠠᠭᠤᠳᠠᠯ ᠢ ᠨᠥᠬᠦᠪᠥᠷᠢᠯᠡᠵᠦ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠬᠦ ᠶᠢ ᠲᠦᠯᠬᠢᠨ | ᠠᠬᠢᠭᠤᠯᠵᠤ᠂ ᠲᠥᠪ ᠪᠠᠯᠭᠠᠰᠤᠨ ᠤ ᠬᠤᠲᠠ ᠶᠢᠨ ᠶᠠᠪᠤᠳᠠᠯ᠂ ᠦᠢᠯᠡᠴᠢᠯᠡᠭᠡᠨ ᠤ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠨ᠎ᠠ᠃ ᠰᠢᠶᠠᠨ ᠤ ᠬᠡᠪᠴᠢᠶᠡᠨ ᠤ ᠲᠠᠷᠢᠶᠠᠴᠢᠨ ᠬᠦᠴᠦ ᠶᠠᠪᠤᠭᠰᠠᠳ ᠢ ᠬᠤᠲᠠ ᠶᠢᠨ | ᠠᠷᠠᠳ ᠪᠣᠯᠭᠠᠬᠤ ᠶᠢ ᠭᠦᠨᠵᠡᠭᠡᠶ ᠲᠦᠯᠬᠢᠨ ᠠᠬᠢᠭᠤᠯᠵᠤ᠂ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠶᠢ | ᠪᠠᠶᠢᠩᠭᠤ ᠰᠠᠭᠤᠭ᠎ᠠ ᠬᠦᠮᠦᠨ ᠠᠮᠠ ᠲᠠᠢ ᠬᠤᠯᠪᠣᠭᠳᠠᠭᠤᠯᠬᠤ᠂ ᠪᠠᠶᠢᠩᠭᠤ ᠰᠠᠭᠤᠭ᠎ᠠ ᠬᠦᠮᠦᠨ ᠠᠮᠠ ᠠᠴᠠ ᠬᠠᠩᠭᠠᠬᠤ | ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠬᠥᠯᠥᠰᠥᠨ ᠠᠵᠢᠯᠴᠢᠨ ᠤ ᠮᠥᠩᠭᠦᠨ ᠭᠦᠢᠯᠭᠡᠭᠡᠨ ᠤ | ᠦᠢᠯᠡᠴᠢᠯᠡᠭᠡᠨ ᠤ ᠠᠵᠢᠯ ᠢ ᠰᠠᠶᠢᠲᠤᠷ ᠬᠢᠨ᠎ᠡ᠃ ᠰᠢᠶᠠᠨ ᠰᠢᠶᠠᠩ ᠲᠣᠰᠬᠤᠨ ᠤ ᠣᠯᠠᠨ ᠨᠡᠶᠢᠲᠡ ᠶᠢᠨ ᠡᠬᠢ | ᠪᠠᠶᠠᠯᠢᠭ ᠢ ᠱᠠᠲᠤ ᠳᠠᠷᠠᠭᠠᠯᠠᠨ ᠲᠣᠬᠢᠷᠠᠭᠤᠯᠵᠤ᠂ ᠬᠤᠲᠠ ᠬᠥᠳᠡᠭᠡ ᠶᠢᠨ ᠰᠤᠷᠭᠠᠭᠤᠯᠢ ᠶᠢᠨ ᠬᠠᠮᠲᠤ ᠶᠢᠨ ᠴᠣᠭᠴᠠ᠂ | ᠨᠢᠭᠲᠠ ᠬᠡᠯᠪᠡᠷᠢ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠬᠠᠮᠲᠤ ᠶᠢᠨ ᠴᠣᠭᠴᠠ᠂ ᠨᠠᠰᠤᠵᠢᠯ ᠤᠨ ᠦᠶ᠋ᠯᠡᠴᠢᠯᠡᠭᠡᠨ ᠤ | ᠬᠤᠯᠪᠣᠭᠠᠲᠤ ᠴᠣᠭᠴᠠ ᠶᠢ ᠬᠥᠭᠵᠢᠭᠦᠯᠦᠨ᠂ ᠰᠢᠶᠠᠨ ᠤ ᠬᠡᠪᠴᠢᠶᠡᠨ ᠳᠠᠬᠢ ᠴᠠᠬᠢᠯᠭᠠᠨ ᠬᠠᠩᠭᠠᠬᠤ᠂ ᠰᠢᠲᠠᠮᠠᠬᠠᠶ ᠬᠡᠶ | ᠬᠠᠩᠭᠠᠬᠤ᠂ ᠴᠠᠬᠢᠯᠭᠠᠨ ᠬᠤᠯᠪᠣᠭ᠎ᠠ᠂ ᠰᠢᠤᠳᠠᠨ ᠵᠡᠷᠭᠡ ᠨᠡᠶᠢᠳᠡᠮ ᠦᠶ᠋ᠯᠡᠴᠢᠯᠡᠭᠡᠨ ᠤ ᠲᠥᠷᠥᠯ ᠤᠨ ᠪᠡᠯᠡᠳᠬᠡᠮᠵᠢ ᠶᠢ | ᠬᠤᠲᠠ ᠬᠥᠳᠡᠭᠡ ᠶᠢ ᠨᠢᠭᠡᠳᠦᠯᠲᠡᠶ ᠲᠥᠯᠥᠪᠯᠡᠨ ᠪᠥᠲᠥᠭᠡᠨ ᠪᠠᠶᠢᠭᠤᠯᠬᠤ ᠪᠠ ᠬᠠᠮᠢᠶᠠᠷᠴᠤ ᠬᠠᠮᠠᠭᠠᠯᠠᠬᠤ ᠶᠢ | ᠠᠬᠢᠭᠤᠯᠵᠤ᠂ ᠨᠥᠬᠦᠴᠡᠯ ᠲᠠᠢ ᠭᠠᠵᠠᠷ ᠣᠷᠣᠨ ᠨᠢ ᠬᠤᠲᠠ ᠶᠢᠨ ᠶᠠᠪᠤᠳᠠᠯ ᠤᠨ ᠬᠤᠭᠤᠯᠠᠶ ᠶᠢᠨ ᠲᠣᠤᠷ᠂ ᠬᠥᠳᠡᠭᠡ | ᠲᠣᠰᠬᠤᠨ ᠤ ᠪᠢᠴᠢᠯ ᠬᠤᠭᠤᠯᠠᠶ ᠶᠢᠨ ᠲᠣᠤᠷ ᠵᠡᠷᠭᠡ ᠡᠷᠦᠬᠡ ᠳᠠᠰᠢ ᠤᠷᠲᠤᠳᠬᠠᠬᠤ ᠶᠢ ᠠᠬᠢᠭᠤᠯᠤᠨ᠎ᠠ᠃ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠡᠭᠦᠳᠦᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ | ᠥᠷᠨᠢᠭᠦᠯᠦᠨ᠎ᠡ᠃ | ᠬᠥᠳᠡᠭᠡ ᠲᠣᠰᠬᠤᠨ ᠤ ᠶᠠᠪᠤᠳᠠᠯ ᠢ ᠰᠠᠶᠢᠲᠤᠷ ᠬᠢᠵᠦ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠪᠡᠶᠡᠯᠡᠭᠦᠯᠬᠦ ᠶᠢᠨ ᠵᠠᠩᠭᠢᠯᠠᠭ᠎ᠠ ᠨᠢ ᠨᠠᠮ ᠳᠤ ᠪᠤᠢ᠃ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ | ᠵᠠᠰᠠᠭ ᠤᠨ ᠣᠷᠳᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ | ᠤᠬᠠᠭᠤᠯᠵᠤ ᠲᠤᠭᠤᠰᠢᠯᠠᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠨ ︽ᠲᠠᠷᠢᠶᠠᠯᠠᠩ ᠬᠥᠳᠡᠭᠡ ᠲᠣᠰᠬᠤᠨ | ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠨᠡᠪᠲᠡᠷᠬᠡᠢ ᠣᠶᠢᠯᠠᠭᠠᠵᠤ᠂ | ︽ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠳᠤᠪᠤᠶᠢᠮ᠎ᠠ ᠪᠠᠶᠢᠷᠢᠨ ᠳᠤ ᠲᠠᠯᠪᠢᠵᠤ ᠴᠢᠩᠭ᠎ᠠ | ᠠᠳᠬᠤᠵᠤ ᠰᠠᠶᠢᠲᠤᠷ ᠠᠳᠬᠤᠵᠤ᠂ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠠᠵᠢᠯ ᠤᠨ ᠲᠦᠪᠰᠢᠨ ᠢ | ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠠᠵᠢᠯ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠂ | ᠨᠠᠮ ᠤᠨ ᠭᠡᠰᠢᠭᠦᠨ ᠺᠠᠳ᠋ᠷᠴᠤᠳ ᠢᠯᠠᠩᠭᠤᠶ᠎ᠠ ᠤᠳᠤᠷᠢᠳᠬᠤ ᠺᠠᠳ᠋ᠷᠴᠤᠳ ᠣᠯᠠᠨ ᠲᠦᠮᠡᠨᠴᠢ ᠦᠵᠡᠯᠲᠡ ᠶᠢ ᠪᠠᠲᠤ ᠪᠣᠶ | ᠪᠣᠯᠭᠠᠵᠤ᠂ ᠣᠯᠠᠨ ᠲᠦᠮᠡᠨᠴᠢ ᠱᠤᠭᠤᠮ ᠢ ᠲᠤᠤᠱᠯᠠᠭᠤᠯᠤᠨ᠂ ᠦᠨᠳᠦᠰᠦᠨ ᠱᠠᠲᠤᠨ ᠳᠤ ᠢᠯᠡᠭᠦᠬᠡᠨ ᠬᠦᠷᠴᠦ᠂ | ᠣᠯᠠᠨ ᠲᠦᠮᠡᠨ ᠲᠠᠢ ᠢᠯᠡᠭᠦᠬᠡᠨ ᠣᠶᠢᠷᠠᠲᠤᠭᠤᠯᠵᠤ᠂ ᠪᠠᠶᠢᠴᠠᠭᠠᠨ ᠰᠤᠳᠤᠯᠤᠯᠲᠠ ᠬᠢᠬᠦ ᠰᠤᠷᠲᠠᠯ ᠢ ᠶᠡᠬᠡᠪᠡᠷ | ᠪᠠᠳᠠᠷᠠᠭᠤᠯᠬᠤ ᠬᠡᠷᠡᠭᠲᠡᠶ᠃ ᠲᠠᠷᠢᠶᠠᠴᠢᠳ ᠤᠨ ᠭᠤᠣᠯ ᠴᠣᠭᠴᠠ ᠶᠢᠨ ᠦᠢᠯᠡᠳᠦᠯ ᠢ ᠪᠠᠳᠠᠷᠠᠭᠤᠯᠵᠤ᠂ | ᠲᠠᠷᠢᠶᠠᠴᠢᠳ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠣᠷᠣᠯᠴᠠᠬᠤ ᠢᠳᠡᠪᠬᠢᠵᠢᠯ᠂ | ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠳᠠᠶᠢᠴᠢᠯᠠᠬᠤ ᠬᠡᠷᠡᠭᠲᠡᠢ᠃ ᠰᠢᠰᠲ᠋ᠧᠮᠲᠦ ᠦᠵᠡᠯᠲᠡ ᠪᠠᠨ | ᠴᠢᠩᠭᠠᠷᠠᠭᠤᠯᠵᠤ᠂ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠠᠵᠢᠯ ᠤᠨ ᠳᠤᠮᠳᠠᠬᠢ ᠬᠤᠶᠠᠷ ᠬᠦᠴᠢᠷ᠂ | ᠤᠯᠠᠨ ᠬᠦᠴᠢᠷ ᠠᠰᠠᠭᠤᠳᠠᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠰᠢᠢᠳᠪᠦᠷᠢᠯᠡᠵᠦ᠂ ᠠᠵᠢᠯ ᠤᠨ ᠴᠠᠭ ᠪᠠ | ᠦᠷ᠎ᠡ ᠪᠦᠲᠦᠮᠵᠢ ᠶᠢ ᠰᠠᠶᠢᠲᠤᠷ ᠡᠵᠡᠮᠳᠡᠬᠦ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠳᠤᠮᠳᠠᠬᠢ ᠡᠯ᠎ᠡ ᠲᠥᠷᠥᠯ ᠤᠨ ᠬᠡᠯᠪᠡᠷᠢᠴᠢ ᠦᠵᠡᠯ᠂ ᠨᠣᠶᠠᠨᠴᠢ ᠰᠤᠷᠲᠠᠯ ᠵᠡᠷᠭᠡ ᠠᠰᠠᠭᠤᠳᠠᠯ ᠢ ᠴᠡᠭᠴᠡᠯᠡᠨ ᠵᠠᠰᠠᠵᠤ᠂ | ᠦᠨᠳᠦᠰᠦᠨ ᠱᠠᠲᠤᠨ ᠤ ᠦᠨᠡᠯᠡᠨ ᠵᠢᠱᠢᠵᠦ ᠬᠦᠷᠭᠡᠨ ᠪᠠᠶᠢᠴᠠᠭᠠᠬᠤ ᠶᠢ ᠤᠭᠲᠤᠬᠤ᠂ ᠬᠦᠰᠦᠨᠦᠭ ᠲᠠᠭᠯᠠᠨ ᠲᠤᠭ᠎ᠠ | ᠮᠡᠳᠡᠭᠦᠯᠬᠦ᠂ ᠬᠡᠳᠦ ᠦᠯᠡᠳᠡᠭᠡᠬᠦ ᠵᠡᠷᠭᠡ ᠳᠠᠷᠤᠭᠠᠰᠤ ᠶᠢ ᠦᠨᠡᠨᠬᠦ ᠬᠥᠩᠭᠡᠷᠡᠭᠦᠯᠵᠦ᠂ ᠦᠨᠳᠦᠰᠦᠨ ᠱᠠᠲᠤᠨ ᠤ ᠭᠤᠣᠯ | ᠣᠶᠤᠨ ᠴᠢᠳᠠᠯ ᠢᠶᠠᠨ ᠬᠥᠭᠵᠢᠯᠲᠡ ᠶᠢ ᠡᠷᠢᠯᠬᠢᠯᠡᠬᠦ᠂ ᠵᠠᠰᠠᠯᠲᠠ ᠶᠢ ᠠᠳᠬᠤᠬᠤ ᠪᠠ ᠲᠠᠷᠢᠶᠠᠴᠢᠨ ᠲᠦᠮᠡᠨ ᠳᠤ | ᠪᠣᠳᠠᠲᠤ ᠶᠠᠪᠤᠳᠠᠯ ᠬᠢᠵᠦ ᠥᠭᠬᠦ ᠶᠢ ᠠᠬᠢᠭᠤᠯᠬᠤ ᠳᠡᠭᠡᠷ᠎ᠡ ᠲᠠᠯᠪᠢᠬᠤ ᠶᠢ ᠠᠬᠢᠭᠤᠯᠬᠤ ᠬᠡᠷᠡᠭᠲᠡᠢ᠃ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠷᠢᠭᠤᠴᠠᠯᠭ᠎ᠠ ᠶᠢᠨ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠲᠠᠪᠤᠨ ᠱᠠᠲᠤᠨ ᠤ ᠱᠦᠵᠢ ᠶᠢᠨ ᠠᠳᠬᠤᠬᠤ ᠶᠢ ᠪᠠᠷᠢᠮᠲᠠᠯᠠᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠪᠣᠳᠠᠲᠤ ᠠᠮᠵᠢᠯᠲᠠ ᠶᠢ ᠬᠢᠨᠠᠨ ᠰᠢᠯᠭᠠᠬᠤ ᠶᠢ ᠨᠢᠭᠡᠳᠦᠯᠲᠡᠢ | ᠲᠥᠯᠥᠪᠵᠢᠭᠦᠯᠦᠨ ᠥᠷᠨᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ | ᠵᠣᠯᠭᠠᠭᠤᠯᠬᠤ ᠬᠢᠨᠠᠨ ᠰᠢᠯᠭᠠᠵᠤ ᠦᠨᠡᠯᠡᠨ ᠵᠢᠱᠢᠬᠦ ᠶᠢ ᠨᠢᠭᠡᠳᠦᠯᠲᠡᠢ ᠲᠥᠯᠥᠪᠵᠢᠭᠦᠯᠦᠨ ᠥᠷᠨᠢᠭᠦᠯᠵᠦ᠂ ᠨᠠᠮ ᠤᠨ | ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠭᠰᠠᠨ ᠪᠠᠶᠢᠳᠠᠯ ᠢ | ᠬᠤᠳᠠ ᠰᠢᠶᠠᠨ ᠰᠢᠶᠠᠩ ᠤᠨ ᠨᠠᠮ ᠤᠨ ᠬᠤᠷᠢᠶ᠎ᠠ ᠶᠢᠨ ᠱᠦᠵᠢ ᠶᠢᠨ ᠦᠨᠳᠦᠰᠦᠨ ᠱᠠᠲᠤᠨ ᠤ ᠨᠠᠮ ᠤᠨ | ᠪᠠᠶᠢᠭᠤᠯᠤᠯᠲᠠ ᠶᠢ ᠠᠳᠬᠤᠭᠰᠠᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠨ ᠶᠠᠷᠢᠯᠴᠠᠵᠤ ᠬᠢᠨᠠᠨ ᠰᠢᠯᠭᠠᠬᠤ | ᠴᠢᠬᠤᠯᠠ ᠠᠭᠤᠯᠭ᠎ᠠ ᠪᠣᠯᠭᠠᠬᠤ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠭ᠎ᠠ | ᠪᠦᠷᠢᠳᠬᠡᠯ ᠤᠨ ᠬᠢᠨᠠᠨ ᠬᠡᠮᠵᠢᠯᠲᠡ ᠶᠢ ᠴᠢᠩᠭᠠᠳᠬᠠᠨ᠎ᠠ᠃ ᠲᠠᠷᠢᠶᠠᠯᠠᠩ ᠤᠨ ᠬᠦᠴᠦᠷᠬᠡᠭ ᠤᠯᠤᠰ ᠤᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠬᠦ ᠲᠦᠯᠦᠪᠵᠢᠭᠦᠯᠭᠡ ᠶᠢ ᠲᠣᠭᠲᠠᠭᠠᠵᠤ᠂ ᠪᠦᠬᠦᠯᠢ ᠴᠣᠭᠴᠠ ᠶᠢᠨ ᠳᠦᠰᠦᠪᠯᠡᠯ ᠪᠠ | ᠰᠢᠰᠲ᠋ᠧᠮ ᠤᠨ ᠳᠤᠬᠢᠷᠠᠭᠤᠯᠤᠯᠳᠠ ᠶᠢ ᠰᠠᠶᠢᠲᠤᠷ ᠬᠢᠵᠦ᠂ ᠤᠳᠤ ᠶᠢᠨ ᠲᠥᠯᠥᠪᠵᠢᠭᠦᠯᠭᠡ ᠲᠠᠢ ᠵᠣᠯᠭᠠᠭᠤᠯᠵᠤ᠂ ᠱᠠᠳᠤ | ᠦᠶ᠎ᠡ ᠬᠤᠪᠢᠶᠠᠨ ᠯᠠᠪᠳᠠᠭᠤᠨ ᠪᠠᠲᠤᠲᠠᠢ ᠲᠣᠭᠲᠠᠭᠤᠨ ᠢᠶᠠᠷ ᠠᠬᠢᠭᠤᠯᠤᠨ᠎ᠠ᠃ | ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ | ᠨᠢᠭᠲᠠᠷᠠᠨ ᠪᠦᠯᠬᠦᠮᠳᠡᠵᠦ᠂ ᠢᠲᠡᠭᠡᠯ ᠵᠣᠷᠢᠭ ᠢᠶᠠᠨ ᠪᠠᠲᠤᠳᠬᠠᠵᠤ᠂ ᠡᠷᠴᠢ ᠵᠣᠷᠢᠭ ᠢᠶᠠᠨ ᠬᠥᠪᠴᠢᠯᠡᠵᠦ᠂ ᠰᠢᠷᠭᠠᠭᠤ | ᠬᠠᠲᠠᠭᠤᠵᠢᠯᠲᠠᠢ ᠠᠵᠢᠯᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ | ᠠᠬᠢᠭᠤᠯᠵᠤ᠂ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠢ ᠲᠦᠷᠭᠡᠨ ᠪᠦᠳᠦᠭᠡᠨ ᠪᠠᠶᠢᠭᠤᠯᠵᠤ᠂ ᠨᠡᠶᠢᠭᠡᠮ | ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠳᠤ ᠰᠢᠨ᠎ᠡ ᠬᠤᠪᠢ ᠨᠡᠮᠡᠷᠢ | ᠦᠵᠡᠭᠦᠯᠦᠶ᠎ᠡ ᠭᠡᠵᠦ ᠵᠢᠭᠠᠵᠤ ᠭᠠᠷᠭᠠᠪᠠ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠨ᠋ᠬᠢᠮ ᠲᠦᠷᠦ ᠶᠢᠨ | ᠶᠠᠪᠤᠳᠠᠯ ᠤᠨ ᠬᠤᠷᠢᠶᠠᠨ ᠤ ᠠᠯᠪᠠᠨ ᠲᠢᠨ᠋ᠬᠢᠮ ᠤᠨ ᠲᠠᠷᠤᠮᠠᠯᠯᠠᠨ ᠲᠠᠷᠬᠠᠭᠠᠪᠠ | ᠰᠢᠠᠬᠤᠠ ᠬᠤᠷᠢᠶᠠᠨ ᠤ ᠪᠡᠭᠡᠵᠢᠩ ᠤᠨ 2 ᠰᠠᠷ᠎ᠠ ᠶᠢᠨ 15 ᠤ ᠡᠳᠦᠷ ᠤᠨ ᠴᠠᠭᠢᠯᠭᠠᠨ ᠮᠡᠳᠡᠭᠡ ᠳᠣᠮᠲᠠᠲᠤ | ᠤᠯᠤᠰ ᠤᠨ ᠡᠪ ᠬᠠᠮᠲᠤ ᠨᠠᠮ ᠤᠨ ᠳᠦᠪ ᠬᠤᠷᠢᠶᠠᠨ ᠤ ᠠᠯᠪᠠ ᠲᠢᠩᠭᠢᠮ ᠪᠤᠯᠣᠠ ᠳᠦᠷᠤ ᠶᠢᠨ ᠶᠠᠪᠤᠲᠠᠯ ᠤᠨ | ᠬᠤᠷᠢᠶᠠᠨ ᠤ ᠠᠯᠪᠠ ᠲᠢᠩᠭᠢᠮ ᠣᠷᠴᠢᠮᠬᠠᠨ ᠮ᠊ ᠡᠳ ᠤᠨ ᠵᠠᠰᠠᠭ ᠤᠨ ᠬᠢᠨᠠᠯᠲᠠ ᠲᠠᠯᠪᠢᠬᠤ ᠠᠵᠢᠯ ᠢ ᠣᠯᠠᠮ ᠨᠢᠭᠡ | ᠠᠯᠬᠤᠮ ᠴᠢᠩᠬᠠᠣᠠᠬᠠᠬᠤ ᠳᠣᠬᠠᠢ ᠰᠠᠨᠠᠯ ᠮ᠊ ᠢ ᠲᠠᠷᠣᠮᠠᠯᠯᠠᠨ ᠲᠠᠷᠬᠠᠭᠠᠬᠤ ᠶᠢᠨ ᠬᠠᠮᠲᠤ ᠮᠠᠲᠠᠭᠲᠠᠯ ᠭᠠᠷᠭᠠᠵᠤ᠂ ᠡᠯ᠎ᠠ | ᠭᠠᠵᠠᠷ ᠣᠷᠣᠠ ᠪᠤᠯᠣᠠ ᠡᠯ᠎ᠠ ᠰᠠᠯᠠᠭ᠎ᠠ ᠮᠦᠴᠢᠷ ᠣᠣᠠ ᠪᠤᠲᠠᠲᠤ ᠪᠠᠶᠢᠲᠠᠯ ᠲᠠᠢ ᠪᠠ ᠣᠶᠠᠯᠲᠣᠭᠤᠯᠣᠠ ᠬᠢᠨᠠᠮᠠᠭᠠᠢ | ᠰᠠᠶᠢᠲᠣᠷ ᠳᠣᠣᠱᠯᠠᠭᠤᠯᠣᠠ ᠨᠠᠶᠢᠲᠠᠪᠤᠷᠢᠵᠢᠭᠤᠯᠬᠤ ᠬᠡᠷᠠᠭᠲᠠᠢ ᠬᠡᠵᠤ ᠱᠠᠭᠠᠷᠲᠠᠵᠠᠢ᠃ | ︽ᠡᠳ᠋ ᠤᠨ ᠶᠠᠪᠤᠳᠠᠯ ᠤᠨ ᠬᠢᠨᠠᠯᠲᠠ ᠲᠠᠯᠪᠢᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ | ᠰᠠᠨᠠᠯ︾ ᠤᠨ ᠪᠦᠬᠦ ᠠᠭᠤᠯᠭ᠎ᠠ ᠳᠣᠤᠷᠠᠬᠢ ᠮᠡᠲᠦ᠃ | ᠡᠳ᠋ ᠤᠨ ᠶᠠᠪᠤᠳᠠᠯ ᠤᠨ ᠬᠢᠨᠠᠯᠲᠠ ᠲᠠᠯᠪᠢᠬᠤ ᠶᠠᠪᠤᠳᠠᠯ ᠪᠣᠯ ᠲᠥᠷᠥ ᠶᠢᠨ ᠪᠠᠢᠭᠤᠯᠭ᠎ᠠ᠂ ᠠᠵᠤ ᠠᠬᠤᠢᠯᠠᠯ | ᠠᠵᠢᠯ ᠦᠢᠯᠡᠰ ᠤᠨ ᠨᠢᠭᠡᠴᠢ᠂ ᠪᠤᠰᠤᠳ ᠵᠣᠬᠢᠶᠠᠨ ᠪᠠᠢᠭᠤᠯᠤᠯᠲᠠ ᠪᠠ ᠬᠤᠪᠢ ᠬᠥᠮᠥᠨ ᠤ ᠡᠳ᠋ ᠤᠨ ᠵᠠᠰᠠᠭ᠂ | ᠡᠳ᠋ ᠤᠨ ᠶᠠᠪᠤᠳᠠᠯ᠂ ᠨᠢᠭᠲᠠᠯᠠᠨ ᠪᠣᠳᠣᠬᠤ ᠠᠵᠢᠯᠯᠠᠭ᠎ᠠ ᠳᠤ ᠬᠠᠤᠯᠢ ᠲᠣᠭᠲᠠᠭᠠᠯ ᠶᠣᠰᠣᠭᠠᠷ ᠬᠢᠨᠠᠯᠲᠠ ᠲᠠᠯᠪᠢᠨ᠎ᠠ᠃ | ᠤᠢᠢᠷ᠎ᠠ ᠶᠢᠨ ᠵᠢᠯ ᠠᠴᠠ ᠨᠠᠭᠠᠰᠢ᠂ ᠡᠳ᠋ ᠤᠨ ᠵᠠᠰᠠᠭ ᠤᠨ ᠨᠡᠶᠢᠭᠡᠮᠯᠢᠭ ᠲᠤ ᠬᠢᠨᠠᠯᠲᠠ ᠲᠠᠯᠪᠢᠬᠤ ᠨᠢ ᠨᠠᠮ ᠪᠣᠯᠤᠨ | ᠤᠯᠤᠰ ᠤᠨ ᠬᠢᠨᠠᠯᠲᠠ ᠲᠠᠯᠪᠢᠬᠤ ᠰᠢᠰᠲ᠋ᠧᠮ ᠤᠨ ᠴᠢᠬᠤᠯᠠ ᠪᠦᠷᠢᠯᠳᠦᠬᠦᠨ ᠬᠡᠰᠡᠭ ᠪᠣᠯᠤᠭᠰᠠᠨ ᠤ ᠬᠤᠪᠢ ᠳᠤ᠂ ᠪᠦᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠬᠤ᠂ ᠲᠥᠪ ᠤᠨ ᠵᠠᠰᠠᠭ ᠤᠨ ᠵᠠᠷᠯᠢᠭ ᠢ ᠰᠠᠭᠠᠳ ᠦᠭᠡᠢ | ᠪᠠᠶᠢᠯᠭᠠᠬᠤ ᠶᠢ ᠬᠠᠮᠠᠭᠠᠯᠠᠬᠤ᠂ ᠡᠳ᠋ ᠤᠨ ᠵᠠᠰᠠᠭ ᠠᠵᠤ ᠠᠬᠤᠢ ᠶᠢᠨ ᠡᠮᠬᠢ ᠳᠢᠭᠯᠢᠮ ᠢ ᠵᠢᠷᠤᠮᠵᠢᠭᠤᠯᠬᠤ᠂ ᠠᠵᠤ | ᠠᠬᠤᠢ ᠨᠡᠶᠢᠭᠡᠮ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠵᠡᠷᠭᠡ ᠲᠠᠯ᠎ᠠ ᠪᠠᠷ ᠴᠢᠬᠤᠯᠠ ᠦᠢᠯᠡᠳᠦᠯ | ᠦᠵᠡᠭᠦᠯᠦᠭᠰᠡᠨ ᠤ ᠬᠠᠮᠲᠤ ᠪᠠᠰᠠ ᠬᠢᠨᠠᠯᠲᠠ ᠲᠠᠯᠪᠢᠬᠤ ᠰᠢᠰᠲ᠋ᠧᠮ ᠢ ᠬᠠᠷᠠᠬᠠᠨ ᠲᠡᠭᠦᠯᠳᠡᠷᠵᠢᠭᠦᠯᠬᠦ᠂ ᠠᠵᠢᠯ ᠤᠨ | ᠲᠣᠭᠲᠠᠴᠠ ᠶᠢ ᠰᠢᠯᠤᠭᠤᠳᠬᠠᠬᠤ ᠴᠢᠬᠤᠯᠠᠲᠠᠢ ᠪᠠᠶᠢᠬᠤ᠂ ᠬᠠᠤᠯᠢᠵᠢᠯ ᠤᠨ ᠪᠠᠶᠢᠭᠤᠯᠤᠯᠲᠠ ᠶᠢ ᠲᠡᠭᠦᠯᠳᠡᠷᠵᠢᠭᠦᠯᠬᠦ | ᠴᠢᠬᠤᠯᠠᠲᠠᠢ ᠪᠠᠶᠢᠬᠤ᠂ ᠬᠢᠨᠠᠯᠲᠠ ᠲᠠᠯᠪᠢᠬᠤ ᠴᠢᠳᠠᠪᠤᠷᠢ ᠶᠢ ᠳᠡᠭᠡᠭᠰᠢᠯᠡᠭᠦᠯᠬᠦ ᠴᠢᠬᠤᠯᠠᠲᠠᠢ ᠪᠠᠶᠢᠬᠤ᠂ ᠵᠠᠷᠢᠮ | ᠬᠦᠷᠢᠶᠡᠨ ᠳᠠᠬᠢ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠶᠢ ᠴᠡᠭᠴᠡᠯᠡᠨ ᠵᠠᠰᠠᠬᠤ ᠴᠢᠬᠤᠯᠠᠲᠠᠢ ᠪᠠᠶᠢᠬᠤ | ᠵᠡᠷᠭᠡ ᠠᠰᠠᠭᠤᠳᠠᠯ ᠣᠷᠣᠰᠢᠵᠤ ᠪᠠᠶᠢᠨ᠎ᠠ᠃ ᠡᠳ᠋ ᠤᠨ ᠶᠠᠪᠤᠳᠠᠯ ᠤᠨ ᠬᠢᠨᠠᠯᠲᠠ ᠲᠠᠯᠪᠢᠬᠤ ᠠᠵᠢᠯ ᠢ ᠤᠯᠠᠮ ᠨᠢᠭᠡ | ᠠᠯᠬᠤᠮ ᠴᠢᠩᠭᠠᠳᠬᠠᠵᠤ᠂ ᠡᠳ᠋ ᠤᠨ ᠶᠠᠪᠤᠳᠠᠯ ᠤᠨ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠶᠢᠨ ᠦᠢᠯᠡᠳᠦᠯ ᠢ ᠨᠡᠩ | ᠰᠠᠶᠢᠲᠤᠷ ᠪᠠᠳᠠᠷᠠᠭᠤᠯᠬᠤ ᠶᠢᠨ ᠲᠤᠰᠠᠳᠠ᠂ ᠡᠳᠦᠭᠡ ᠳᠣᠤᠷᠠᠬᠢ ᠮᠡᠲᠦ ᠰᠠᠨᠠᠯ ᠢ ᠳᠤᠷᠠᠳᠪᠠ᠃ | ᠨᠢᠭᠡ᠂ ᠶᠡᠷᠦᠩᠬᠡᠶ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ | ᠬᠥᠭᠵᠢᠯᠲᠡ ᠶᠢᠨ ᠪᠠᠶᠢᠷᠢᠰᠢᠯ ᠢ ᠲᠦᠷᠭᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ | ᠬᠥᠭᠵᠢᠯᠲᠡ ᠪᠣᠯᠣᠨ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠨᠠᠮ ᠪᠣᠯᠣᠨ | ᠤᠯᠤᠰ ᠤᠨ ᠬᠢᠨᠠᠯᠲᠠ ᠲᠠᠯᠪᠢᠬᠤ ᠰᠢᠰᠲ᠋ᠧᠮ ᠢ ᠲᠡᠭᠦᠯᠳᠡᠷᠵᠢᠭᠦᠯᠬᠦ ᠪᠠᠷ ᠡᠭᠦᠰᠦᠯᠲᠡ ᠪᠣᠯᠭᠠᠵᠤ᠂ ᠨᠠᠮ ᠤᠨ | ᠳᠣᠲᠣᠭᠠᠳᠤ ᠶᠢᠨ ᠬᠢᠨᠠᠯᠲᠠ ᠲᠠᠯᠪᠢᠬᠤ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠤᠯᠤᠰ ᠲᠦᠷᠦ ᠶᠢᠨ | ᠰᠢᠨᠵᠢ ᠴᠢᠨᠠᠷ ᠢ ᠲᠤᠪᠤᠶᠢᠯᠭᠠᠵᠦ᠂ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠶᠢ ᠴᠢᠩᠳᠠᠯᠠᠵᠤ᠂ ᠡᠳ᠋ ᠤᠨ | ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠶᠢ ᠴᠢᠩᠳᠠᠯᠠᠵᠤ᠂ ᠡᠳ᠋ ᠤᠨ ᠶᠠᠪᠤᠳᠠᠯ ᠤᠨ ᠬᠢᠨᠠᠯᠲᠠ ᠲᠠᠯᠪᠢᠬᠤ | ᠰᠢᠰᠲ᠋ᠧᠮ ᠢ ᠲᠡᠭᠦᠯᠳᠡᠷᠵᠢᠭᠦᠯᠵᠦ᠂ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠡᠳ᠋ ᠤᠨ ᠶᠠᠪᠤᠳᠠᠯ ᠤᠨ | ᠬᠢᠨᠠᠯᠲᠠ ᠲᠠᠯᠪᠢᠬᠤ ᠪᠠ ᠪᠤᠰᠤᠳ ᠡᠯ᠎ᠡ ᠲᠦᠷᠦᠯ ᠤᠨ ᠬᠢᠨᠠᠯᠲᠠ ᠲᠠᠯᠪᠢᠬᠤ ᠶᠢ ᠨᠡᠪᠲᠡᠷᠡᠯᠴᠡᠨ ᠵᠣᠬᠢᠴᠠᠭᠤᠯᠬᠤ ᠶᠢ | ᠠᠬᠢᠭᠤᠯᠵᠤ᠂ ᠨᠠᠮ ᠤᠨ ᠨᠢᠭᠡᠳᠦᠯᠲᠡᠢ ᠤᠳᠤᠷᠢᠳᠤᠭᠰᠠᠨ᠂ ᠪᠦᠬᠦ ᠲᠠᠯ᠎ᠠ ᠶᠢ ᠬᠠᠮᠤᠷᠤᠭᠰᠠᠨ᠂ ᠡᠷᠬᠡ ᠰᠦᠷᠲᠦ | ᠥᠨᠳᠥᠷ ᠪᠦᠲᠦᠮᠵᠢᠲᠡᠢ ᠬᠢᠨᠠᠯᠲᠠ ᠲᠠᠯᠪᠢᠬᠤ ᠰᠢᠰᠲ᠋ᠧᠮ ᠢ ᠲᠡᠭᠦᠯᠳᠡᠷᠵᠢᠭᠦᠯᠬᠦ ᠶᠢ ᠠᠬᠢᠭᠤᠯᠬᠤ ᠬᠡᠷᠡᠭᠲᠡᠢ᠃ | ︵ᠬᠤᠶᠠᠷ︶ ᠠᠵᠢᠯ ᠤᠨ ᠱᠠᠭᠠᠷᠳᠠᠯᠭ᠎ᠠ | ==== ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ ᠤᠯᠤᠰ ᠲᠥᠷᠥ ᠶᠢᠨ ᠳᠠᠪᠠᠭᠤᠯᠢᠭ ᠢᠶᠠᠨ | ᠪᠠᠳᠠᠷᠠᠭᠤᠯᠤᠶ᠎ᠠ᠃ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠪᠠ ᠨᠠᠮ ᠤᠨ ᠲᠥᠪ ᠬᠤᠷᠢᠶᠠᠨ ᠤ ᠲᠥᠪᠯᠡᠷᠡᠩᠭᠦᠢ | ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠨᠠᠮ ᠤᠨ ᠤᠳᠤᠷᠢᠳᠤᠯᠭ᠎ᠠ ᠶᠢ ᠡᠳ᠋ ᠤᠨ ᠵᠠᠰᠠᠭ | ᠨᠢᠭᠲᠠᠯᠠᠨ ᠪᠤᠳᠤᠬᠤ ᠪᠦᠬᠦ ᠶᠠᠪᠤᠴᠠ ᠶᠢᠨ ᠡᠯ᠎ᠡ ᠲᠠᠯ᠎ᠠ ᠳᠤ ᠨᠠᠶᠢᠳᠠᠪᠤᠷᠢᠵᠢᠭᠤᠯᠤᠨ᠂ ᠨᠠᠮ ᠤᠨ ᠲᠥᠪ ᠬᠤᠷᠢᠶ᠎ᠠ᠂ | ᠲᠦᠷᠦ ᠶᠢᠨ ᠶᠠᠪᠤᠳᠠᠯ ᠤᠨ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ | ᠪᠦᠲᠦᠮᠵᠢᠲᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ | ==== ᠬᠠᠤᠯᠢ ᠶᠣᠰᠣᠭᠠᠷ ᠬᠢᠨᠠᠯᠲᠠ ᠲᠠᠯᠪᠢᠬᠤ ᠶᠢ ᠪᠠᠷᠢᠮᠲᠠᠯᠠᠵᠤ ᠬᠠᠤᠯᠢ ᠪᠠᠷ ᠵᠠᠰᠠᠬᠤ ᠰᠡᠳᠭᠢᠬᠦᠢ ᠶᠢ | ᠴᠢᠩᠭᠠᠳᠭᠠᠶᠠ᠃ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠱᠠᠭᠠᠷᠳᠠᠯᠭ᠎ᠠ ᠶᠣᠰᠣᠭᠠᠷ᠂ ᠡᠳ᠋ ᠤᠨ ᠵᠠᠰᠠᠭ | ᠠᠵᠤ ᠠᠬᠤᠢ ᠶᠢᠨ ᠬᠦᠷᠢᠶᠡᠨ ᠳᠠᠬᠢ ᠬᠠᠤᠯᠢ ᠴᠠᠭᠠᠵᠠ ᠬᠠᠤᠯᠢ ᠲᠣᠭᠲᠠᠭᠠᠯ ᠪᠠ ᠲᠦᠷᠦ ᠶᠢᠨ ᠪᠤᠳᠤᠯᠭ᠎ᠠ ᠲᠦᠷᠢᠮ ᠢ | ᠪᠦᠷᠢᠨᠰᠢᠬᠦᠯᠵᠤ᠂ ᠬᠠᠤᠯᠢᠵᠢᠯ ᠤᠨ ᠪᠠᠶᠢᠭᠤᠯᠤᠯᠲᠠ ᠶᠢᠨ ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ ᠬᠠᠤᠯᠢ | ᠲᠣᠭᠲᠠᠭᠠᠯ ᠶᠣᠰᠣᠭᠠᠷ ᠬᠢᠨᠠᠯᠲᠠ ᠲᠠᠯᠪᠢᠬᠤ ᠶᠢ ᠥᠷᠨᠢᠭᠦᠯᠵᠦ᠂ ᠬᠠᠤᠯᠢ ᠶᠢ ᠴᠢᠩᠭ᠎ᠠ ᠬᠡᠷᠡᠭᠵᠢᠭᠦᠯᠵᠦ᠂ ᠴᠢᠩᠭ᠎ᠠ | ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ | ==== ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ ᠲᠥᠷᠥᠯ ᠬᠤᠪᠢᠶᠠᠨ ᠣᠨᠣᠪᠴᠢᠲᠠᠢ | ᠠᠷᠭ᠎ᠠ ᠪᠣᠳᠣᠯᠭ᠎ᠠ ᠬᠡᠷᠡᠭᠵᠢᠭᠦᠯᠪᠡ᠃ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠣᠯᠠᠨ ᠡᠭᠦᠰᠬᠦ᠂ ᠣᠯᠠᠨ ᠡᠭᠦᠰᠬᠦ᠂ | ᠠᠮᠠᠷᠬᠠᠨ ᠡᠭᠦᠰᠬᠦ ᠠᠰᠠᠭᠤᠳᠠᠯ ᠪᠠ ᠳᠣᠪᠤᠶᠢᠮ᠎ᠠ ᠵᠥᠷᠢᠴᠡᠯ ᠳᠤ ᠴᠢᠭᠯᠡᠭᠦᠯᠦᠨ᠂ ᠲᠥᠷᠥᠯ ᠢᠯᠭᠠᠯ ᠬᠤᠪᠢᠶᠠᠨ᠂ ᠱᠠᠲᠤ | ᠦᠶ᠎ᠡ ᠬᠤᠪᠢᠶᠠᠨ ᠲᠥᠷᠥ ᠶᠢᠨ ᠪᠣᠳᠣᠯᠭ᠎ᠠ ᠶᠢ ᠣᠨᠣᠪᠴᠢᠲᠠᠶ ᠬᠡᠷᠡᠭᠵᠢᠭᠦᠯᠵᠦ᠂ ᠣᠯᠠᠨ ᠨᠡᠶᠢᠲᠡ ᠶᠢᠨ ᠡᠷᠬᠡ ᠶᠢᠨ | ᠠᠵᠢᠯᠯᠠᠭᠠᠨ ᠢ ᠬᠢᠵᠠᠭᠠᠷᠯᠠᠬᠤ ᠪᠠ ᠲᠡᠭᠦᠨ ᠳᠤ ᠬᠢᠨᠠᠯᠲᠠ ᠲᠠᠯᠪᠢᠬᠤ ᠶᠢ ᠴᠢᠩᠭᠠᠳᠬᠠᠨ᠂ ᠤᠷᠲᠤ ᠬᠤᠭᠤᠴᠠᠭᠠᠨ ᠤ | ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠬᠢᠨᠠᠯᠲᠠ ᠲᠠᠯᠪᠢᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | ==== ᠬᠠᠮᠵᠢᠯᠴᠠᠨ ᠬᠠᠮᠲᠤᠷᠠᠯᠴᠠᠬᠤ ᠶᠢ ᠪᠠᠷᠢᠮᠲᠠᠯᠠᠵᠤ ᠨᠡᠪᠲᠡᠷᠡᠯᠴᠡᠨ ᠵᠣᠬᠢᠴᠠᠭᠤᠯᠬᠤ ᠪᠠᠨ ᠴᠢᠩᠭᠠᠳᠭᠠᠶᠠ᠃ | ᠨᠢᠭᠡᠲᠦᠯᠲᠡᠢ ᠲᠦᠯᠦᠪᠯᠡᠨ ᠬᠠᠮᠵᠢᠯᠴᠠᠬᠤ᠂ ᠱᠠᠲᠤ ᠬᠤᠪᠢᠶᠠᠨ ᠬᠠᠷᠢᠭᠤᠴᠠᠬᠤ᠂ ᠳᠡᠭᠡᠲᠦ ᠳᠣᠣᠷᠠᠳᠤ ᠱᠠᠲᠤ | ᠬᠠᠮᠲᠤᠷᠠᠨ ᠬᠦᠳᠡᠯᠦᠯᠴᠡᠬᠦ ᠱᠠᠭᠠᠷᠳᠠᠯᠭ᠎ᠠ ᠶᠣᠰᠤᠭᠠᠷ᠂ ᠡᠳ᠋ ᠤᠨ ᠶᠠᠪᠤᠳᠠᠯ ᠤᠨ ᠬᠢᠨᠠᠯᠲᠠ ᠲᠠᠯᠪᠢᠬᠤ ᠰᠢᠰᠲ᠋ᠧᠮᠵᠢ ᠶᠢ | ᠲᠡᠭᠦᠯᠳᠡᠷᠵᠢᠭᠦᠯᠵᠦ᠂ ᠥᠨᠳᠦᠷ ᠪᠦᠲᠦᠮᠵᠢᠲᠡᠢ ᠠᠪᠴᠠᠯᠳᠤᠭᠰᠠᠨ᠂ ᠠᠵᠢᠯᠯᠠᠭᠠᠨ ᠨᠢ ᠡᠮᠬᠢ ᠵᠢᠷᠤᠮ ᠲᠠᠢ ᠪᠠᠶᠢᠬᠤ | ᠠᠵᠢᠯ ᠤᠨ ᠲᠣᠭᠲᠠᠴᠠ ᠶᠢ ᠪᠠᠶᠢᠭᠤᠯᠵᠤ᠂ ᠪᠣᠰᠤᠳ ᠡᠯ᠎ᠡ ᠲᠥᠷᠥᠯ ᠤᠨ ᠬᠢᠨᠠᠯᠲᠠ ᠲᠠᠯᠪᠢᠯᠲᠠ ᠯᠤᠭ᠎ᠠ ᠤᠷᠭᠠᠨᠢᠭ ᠢᠶᠠᠷ | ᠨᠡᠪᠲᠡᠷᠡᠵᠦ᠂ ᠬᠠᠷᠢᠯᠴᠠᠨ ᠵᠣᠬᠢᠴᠠᠯᠳᠤᠵᠤ᠂ ᠪᠦᠬᠦ ᠲᠠᠯ᠎ᠠ ᠶᠢᠨ᠂ ᠣᠯᠠᠨ ᠳᠡᠰ ᠳᠠᠪᠬᠤᠷᠭ᠎ᠠ ᠲᠠᠢ᠂ ᠪᠣᠰᠤᠭ᠎ᠠ | ᠴᠣᠭᠴᠠᠲᠤ ᠪᠦᠬᠦᠢ ᠡᠳ᠋ ᠤᠨ ᠶᠠᠪᠤᠳᠠᠯ ᠤᠨ ᠬᠢᠨᠠᠯᠲᠠ ᠲᠠᠯᠪᠢᠬᠤ ᠠᠵᠢᠯ ᠤᠨ ᠪᠠᠶᠢᠷᠢᠰᠢᠯ ᠢ ᠪᠣᠢ ᠪᠣᠯᠭᠠᠨ᠎ᠠ᠃ | ︵ᠭᠤᠷᠪᠠ︶ ᠭᠤᠣᠯ ᠬᠠᠷᠠᠯᠲᠠ᠃ 2025 ᠣᠨ ᠪᠣᠯᠬᠤ ᠳᠤ᠂ ᠡᠳ᠋ ᠤᠨ ᠵᠠᠰᠠᠭ ᠤᠨ ᠰᠠᠯᠠᠭ᠎ᠠ | ᠮᠥᠴᠢᠷ ᠠᠴᠠ ᠭᠤᠣᠯᠯᠠᠨ ᠬᠢᠨᠠᠯᠲᠠ ᠲᠠᠯᠪᠢᠬᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠬᠠᠷᠢᠭᠤᠴᠠᠯᠭ᠎ᠠ | ᠶᠣᠰᠣᠭᠠᠷ ᠬᠢᠨᠠᠯᠲᠠ ᠲᠠᠯᠪᠢᠬᠤ᠂ ᠡᠯ᠎ᠡ ᠨᠢᠭᠡᠴᠢ ᠶᠢᠨ ᠳᠣᠲᠣᠭᠠᠳᠤ ᠶᠢᠨ ᠬᠢᠨᠠᠯᠲᠠ ᠲᠠᠯᠪᠢᠬᠤ᠂ ᠬᠤᠯᠪᠣᠭᠳᠠᠯ ᠪᠦᠬᠦᠢ | ᠵᠠᠭᠤᠴᠢ ᠪᠠᠶᠢᠭᠤᠯᠤᠮᠵᠢ ᠶᠢᠨ ᠠᠵᠢᠯ ᠡᠷᠬᠢᠯᠡᠬᠦ ᠳᠤ ᠬᠢᠨᠠᠯᠲᠠ ᠲᠠᠯᠪᠢᠬᠤ᠂ ᠠᠵᠢᠯ ᠲᠥᠷᠥᠯ ᠤᠨ ᠨᠡᠶᠢᠭᠡᠮᠯᠢᠭ ᠤᠨ | ᠥᠪᠡᠷ ᠢ ᠪᠠᠨ ᠱᠠᠭᠠᠷᠳᠠᠵᠤ ᠬᠢᠨᠠᠯᠲᠠ ᠲᠠᠯᠪᠢᠬᠤ ᠡᠳ᠋ ᠤᠨ ᠶᠠᠪᠤᠳᠠᠯ ᠤᠨ ᠨᠡᠶᠢᠭᠡᠮᠯᠢᠭ ᠤᠨ ᠬᠢᠨᠠᠯᠲᠠ ᠲᠠᠯᠪᠢᠬᠤ | ᠰᠢᠰᠲ᠋ᠧᠮ ᠢ ᠪᠠᠶᠢᠭᠤᠯᠤᠨ᠎ᠠ︔ ᠡᠯ᠎ᠡ ᠲᠥᠷᠥᠯ ᠤᠨ ᠬᠢᠨᠠᠯᠲᠠ ᠲᠠᠯᠪᠢᠬᠤ ᠭᠤᠣᠯ ᠴᠣᠭᠴᠠ ᠶᠢᠨ ᠬᠥᠨᠳᠡᠯᠡᠨ ᠢᠶᠠᠷ | ᠬᠠᠮᠵᠢᠯᠴᠠᠬᠤ᠂ ᠲᠥᠪ ᠪᠠ ᠣᠷᠣᠨ ᠨᠤᠲᠤᠭ ᠤᠨ ᠭᠤᠯᠳᠤ ᠪᠠᠷ ᠬᠤᠯᠪᠣᠭᠠᠯᠠᠨ ᠬᠥᠳᠡᠯᠦᠯᠴᠡᠬᠦ᠂ ᠡᠳ᠋ ᠤᠨ | ᠶᠠᠪᠤᠳᠠᠯ ᠤᠨ ᠬᠢᠨᠠᠯᠲᠠ ᠲᠠᠯᠪᠢᠬᠤ ᠬᠢᠭᠡᠳ ᠪᠤᠰᠤᠳ ᠡᠯ᠎ᠡ ᠲᠥᠷᠥᠯ ᠤᠨ ᠬᠢᠨᠠᠯᠲᠠ ᠲᠠᠯᠪᠢᠬᠤ ᠶᠢ ᠨᠡᠪᠲᠡᠷᠡᠭᠦᠯᠦᠨ | ᠵᠣᠬᠢᠴᠠᠭᠤᠯᠬᠤ ᠠᠵᠢᠯ ᠤᠨ ᠲᠣᠭᠲᠠᠴᠠ ᠶᠢ ᠦᠨᠳᠦᠰᠦᠨ ᠳᠤ ᠪᠠᠨ ᠪᠠᠶᠢᠭᠤᠯᠤᠨ᠎ᠠ︔ ᠡᠳ᠋ ᠤᠨ ᠶᠠᠪᠤᠳᠠᠯ ᠤᠨ | ᠬᠢᠨᠠᠯᠲᠠ ᠲᠠᠯᠪᠢᠬᠤ ᠬᠠᠤᠯᠢ ᠴᠠᠭᠠᠵᠠ ᠶᠢᠨ ᠳᠦᠷᠢᠮ ᠢ ᠨᠡᠩ ᠪᠦᠷᠢᠨᠰᠢᠬᠦᠯᠦᠨ᠂ ᠮᠡᠳᠡᠭᠡ ᠵᠠᠩᠭᠢᠵᠢᠯᠲᠠ ᠶᠢᠨ ᠬᠢᠷᠢ | ᠲᠦᠪᠰᠢᠨ ᠢ ᠢᠯᠡᠳᠲᠡ ᠳᠡᠭᠡᠭᠰᠢᠯᠡᠭᠦᠯᠵᠦ᠂ ᠬᠢᠨᠠᠯᠲᠠ ᠲᠠᠯᠪᠢᠬᠤ ᠡᠩᠨᠡᠭᠡ ᠶᠢᠨ ᠬᠡᠪ ᠴᠢᠨᠠᠷ ᠢ ᠲᠠᠰᠤᠷᠠᠯᠲᠠ ᠦᠭᠡᠢ | ᠳᠡᠭᠡᠭᠰᠢᠯᠡᠭᠦᠯᠦᠨ᠂ ᠡᠳ᠋ ᠤᠨ ᠵᠠᠰᠠᠭ ᠠᠵᠤ ᠠᠬᠤᠢ ᠶᠢᠨ ᠬᠠᠮᠢᠶᠠᠷᠤᠯᠲᠠ ᠶᠢ ᠵᠢᠷᠤᠮᠵᠢᠭᠤᠯᠬᠤ᠂ ᠨᠢᠭᠲᠠᠯᠠᠨ ᠪᠤᠳᠤᠬᠤ | ᠮᠡᠳᠡᠭᠡ ᠵᠠᠩᠭᠢ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠪᠣᠯᠣᠨ | ᠵᠠᠬ᠎ᠠ ᠳᠡᠯᠭᠡᠭᠦᠷ ᠤᠨ ᠠᠵᠤ ᠠᠬᠤᠢ ᠶᠢᠨ ᠡᠮᠬᠢ ᠵᠢᠷᠤᠮ ᠢ ᠬᠠᠮᠠᠭᠠᠯᠠᠬᠤ ᠵᠡᠷᠭᠡ ᠲᠠᠯ᠎ᠠ ᠪᠠᠷ ᠴᠢᠬᠤᠯᠠ ᠪᠠᠲᠤᠯᠠᠭ᠎ᠠ ᠶᠢᠨ | ᠦᠢᠯᠡᠳᠦᠯ ᠪᠠᠳᠠᠷᠠᠭᠤᠯᠤᠨ᠎ᠠ᠃ | ᠬᠤᠶᠠᠷ᠂ ᠡᠳ᠋ ᠤᠨ ᠶᠠᠪᠤᠳᠠᠯ ᠤᠨ ᠬᠢᠨᠠᠯᠲᠠ ᠲᠠᠯᠪᠢᠬᠤ ᠰᠢᠰᠲ᠋ᠧᠮᠵᠢ ᠶᠢ ᠤᠯᠠᠮ ᠨᠢᠭᠡ ᠠᠯᠬᠤᠮ ᠪᠦᠷᠢᠨᠰᠢᠭᠦᠯᠬᠦ | ᠬᠡᠷᠡᠭᠲᠡᠢ | ︵ᠳᠥᠷᠪᠡ︶ ᠡᠳ᠋ ᠤᠨ ᠶᠠᠪᠤᠳᠠᠯ ᠤᠨ ᠬᠢᠨᠠᠯᠲᠠ ᠲᠠᠯᠪᠢᠬᠤ ᠠᠵᠢᠯ ᠤᠨ ᠲᠤᠬᠠᠢ ᠨᠠᠮ ᠤᠨ ᠤᠳᠤᠷᠢᠳᠤᠯᠭ᠎ᠠ ᠶᠢ | ᠴᠢᠩᠬᠠᠳᠬᠠᠨ᠎ᠠ᠃ ᠡᠯ᠎ᠡ ᠱᠠᠲᠤᠨ ᠤ ᠨᠠᠮ ᠤᠨ ᠬᠤᠷᠢᠶ᠎ᠠ ᠶᠢᠨ ᠬᠢᠨ ᠡᠳ᠋ ᠤᠨ ᠶᠠᠪᠤᠳᠠᠯ ᠳᠤ ᠬᠢᠨᠠᠯᠲᠠ ᠲᠠᠯᠪᠢᠬᠤ | ᠠᠵᠢᠯ ᠤᠨ ᠤᠳᠤᠷᠢᠳᠤᠯᠭ᠎ᠠ ᠪᠠᠨ ᠴᠢᠩᠭᠠᠳᠬᠠᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠶᠢ ᠪᠣᠳᠠᠲᠠᠢ ᠨᠠᠶᠢᠳᠠᠪᠤᠷᠢᠵᠢᠭᠤᠯᠬᠤ ᠶᠢ ᠪᠠᠲᠤᠯᠠᠵᠤ᠂ ᠡᠯ᠎ᠡ ᠵᠦᠢᠯ ᠤᠨ ᠠᠵᠢᠯ ᠤᠨ ᠡᠮᠬᠢ | ᠵᠢᠷᠤᠮ ᠲᠠᠢ ᠪᠦᠲᠦᠮᠵᠢᠲᠡᠢ ᠥᠷᠨᠢᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ ᠬᠡᠵᠡᠢ᠃ ᠡᠯ᠎ᠡ | ᠱᠠᠲᠤᠨ ᠤ ᠵᠠᠰᠠᠭ ᠤᠨ ᠣᠷᠳᠣᠨ ᠨᠤᠭᠤᠳ ᠡᠳ᠋ ᠤᠨ ᠶᠠᠪᠤᠳᠠᠯ ᠤᠨ ᠬᠢᠨᠠᠯᠲᠠ ᠲᠠᠯᠪᠢᠵᠤ ᠵᠣᠬᠢᠴᠠᠭᠤᠯᠬᠤ ᠠᠵᠢᠯ ᠤᠨ | ᠲᠣᠭᠲᠠᠴᠠ ᠶᠢ ᠪᠠᠶᠢᠭᠤᠯᠵᠤ᠂ ᠠᠵᠢᠯ ᠤᠨ ᠡᠭᠦᠷᠭᠡ ᠪᠠᠨ ᠲᠣᠳᠣᠷᠬᠠᠶᠢᠯᠠᠵᠤ᠂ ᠲᠣᠭᠲᠠᠴᠠ ᠪᠠᠨ ᠲᠡᠭᠦᠯᠳᠡᠷᠵᠢᠭᠦᠯᠵᠦ᠂ | ᠳᠦᠷᠢᠮ ᠢᠶᠠᠨ ᠲᠡᠭᠦᠯᠳᠡᠷᠵᠢᠭᠦᠯᠬᠦ ᠬᠡᠷᠡᠭᠲᠡᠶ᠂ ᠳᠣᠤᠷᠠᠳᠤ ᠱᠠᠲᠤᠨ ᠤ ᠡᠳ᠋ ᠤᠨ ᠶᠠᠪᠤᠳᠠᠯ ᠤᠨ ᠬᠢᠨᠠᠯᠲᠠ ᠲᠠᠯᠪᠢᠬᠤ | ᠠᠵᠢᠯ ᠳᠠᠬᠢ ᠰᠢᠮᠳᠠᠭᠤᠯᠤᠯᠲᠠ ᠪᠠ ᠵᠢᠯᠣᠭᠤᠳᠤᠯᠭ᠎ᠠ ᠪᠠᠨ ᠴᠢᠩᠭᠠᠳᠬᠠᠬᠤ ᠬᠡᠷᠡᠭᠲᠡᠶ᠃ | ︵ᠲᠠᠪᠤ︶ ᠡᠳ᠋ ᠤᠨ ᠶᠠᠪᠤᠳᠠᠯ ᠤᠨ ᠬᠢᠨᠠᠯᠲᠠ ᠲᠠᠯᠪᠢᠬᠤ ᠭᠤᠣᠯ ᠬᠠᠷᠢᠭᠤᠴᠠᠯᠭ᠎ᠠ ᠶᠢ ᠬᠠᠤᠯᠢ ᠶᠣᠰᠣᠭᠠᠷ | ᠭᠦᠢᠴᠡᠳ᠋ᠬᠡᠨᠡ᠃ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠪᠣᠯ ᠲᠤᠰ ᠱᠠᠲᠤᠨ ᠤ ᠡᠳ᠋ ᠤᠨ | ᠵᠠᠰᠠᠭ ᠤᠨ ᠬᠢᠨᠠᠯᠲᠠ ᠲᠠᠯᠪᠢᠯᠲᠠ ᠶᠢᠨ ᠭᠤᠤᠯ ᠬᠠᠷᠢᠭᠤᠴᠠᠯᠭᠠᠲᠤ ᠰᠠᠯᠠᠭ᠎ᠠ ᠮᠥᠴᠢᠷ ᠪᠣᠯᠬᠤᠷ ᠡᠳ᠋ ᠤᠨ ᠵᠠᠰᠠᠭ᠂ | ᠡᠳ᠋ ᠤᠨ ᠶᠠᠪᠤᠳᠠᠯ᠂ ᠨᠢᠭᠲᠠᠯᠠᠨ ᠪᠣᠳᠣᠯᠲᠠ ᠶᠢᠨ ᠬᠠᠮᠢᠶᠠᠷᠤᠯᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠵᠢᠴᠢ | ᠳᠦᠷᠢᠮ ᠲᠣᠭᠲᠠᠭᠠᠯ ᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠬᠤ ᠶᠢ ᠲᠦᠷᠦᠭᠦᠯᠡᠨ ᠵᠣᠬᠢᠶᠠᠨ | ᠪᠠᠶᠢᠭᠤᠯᠬᠤ ᠬᠡᠷᠡᠭᠲᠡᠶ᠃ ᠲᠥᠰᠦᠪ ᠤᠨ ᠬᠠᠮᠢᠶᠠᠷᠤᠯᠲᠠ ᠬᠢᠨᠠᠯᠲᠠ ᠲᠠᠯᠪᠢᠯᠲᠠ ᠶᠢ ᠴᠢᠩᠭᠠᠳᠬᠠᠨ᠂ ᠶᠡᠷᠦᠩᠬᠡᠶᠢᠯᠡᠨ | ᠨᠢᠭᠡᠳᠦᠯᠲᠡᠶ ᠲᠥᠯᠥᠪᠯᠡᠬᠦ᠂ ᠵᠢᠷᠤᠮᠵᠢᠯ ᠲᠠᠢ ᠪᠥᠭᠡᠳ ᠢᠯᠡ ᠲᠣᠳᠣ᠂ ᠬᠢᠵᠠᠭᠠᠷᠯᠠᠯ ᠢᠶᠠᠷ ᠡᠷᠴᠢᠮᠲᠡᠶ᠂ ᠠᠮᠵᠢᠯᠲᠠ | ᠪᠦᠲᠦᠮᠵᠢ ᠶᠢ ᠡᠷᠬᠢᠮᠯᠡᠬᠦ᠂ ᠦᠷᠭᠦᠯᠵᠢᠯᠡᠨ ᠠᠮᠤᠷ ᠲᠦᠪᠰᠢᠨ ᠪᠠᠶᠢᠯᠭᠠᠬᠤ ᠣᠳᠣ ᠦ᠊ ᠡᠶ᠎ᠡ ᠶᠢᠨ ᠲᠥᠰᠦᠪ ᠤᠨ | ᠳᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠶᠢ ᠲᠦᠯᠬᠢᠨ ᠠᠬᠢᠭᠤᠯᠵᠤ᠂ ᠲᠥᠰᠦᠪ ᠤᠨ ᠠᠮᠵᠢᠯᠲᠠ ᠪᠦᠲᠦᠮᠵᠢ ᠶᠢᠨ | ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠬᠦ ᠶᠢ ᠲᠦᠯᠬᠢᠨ ᠠᠬᠢᠭᠤᠯᠤᠨ᠎ᠠ᠃ ᠵᠠᠰᠠᠭ ᠵᠠᠬᠢᠷᠭᠠᠨ ᠠᠵᠢᠯ | ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ ᠲᠣᠭᠲᠠᠭᠠᠯ᠂ | ᠵᠠᠰᠠᠭ ᠤᠨ ᠣᠷᠳᠣᠨ ᠤ ᠬᠤᠳᠠᠯᠳᠤᠨ ᠠᠪᠬᠤ ᠳᠦᠷᠢᠮ ᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ | ᠲᠠᠯᠪᠢᠬᠤ ᠪᠠᠨ ᠴᠢᠩᠭᠠᠳᠬᠠᠨ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠠᠮᠤᠷ ᠲᠦᠪᠰᠢᠨ ᠪᠦᠷᠢᠨ ᠪᠦᠲᠦᠨ | ᠪᠠᠶᠢᠬᠤ ᠶᠢ ᠪᠠᠲᠤᠯᠠᠵᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠶ᠃ | ᠡᠳ᠋ ᠤᠨ ᠶᠠᠪᠤᠳᠠᠯ ᠤᠨ ᠬᠠᠮᠢᠶᠠᠷᠤᠯᠲᠠ᠂ ᠳᠣᠲᠣᠭᠠᠳᠤ ᠶᠢᠨ ᠡᠵᠡᠮᠳᠡᠯ ᠳᠠᠬᠢ ᠬᠢᠨᠠᠯᠲᠠ ᠲᠠᠯᠪᠢᠯᠲᠠ ᠪᠠᠨ | ᠴᠢᠩᠭᠠᠳᠬᠠᠵᠤ᠂ ᠬᠠᠮᠢᠶ᠎ᠠ ᠪᠦᠬᠦᠢ ᠨᠢᠭᠡᠴᠡ ᠶᠢ ᠰᠢᠮᠳᠠᠭᠤᠯᠤᠨ ᠵᠢᠯᠣᠭᠤᠳᠴᠤ ᠪᠠᠶᠢᠭᠠᠳ ᠡᠳ᠋ ᠤᠨ ᠶᠠᠪᠤᠳᠠᠯ ᠤᠨ | ᠬᠠᠮᠢᠶᠠᠷᠤᠯᠲᠠ ᠶᠢ ᠨᠢ ᠵᠢᠷᠤᠮᠵᠢᠭᠤᠯᠵᠤ᠂ ᠳᠣᠲᠣᠭᠠᠳᠤ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠨᠢ | ᠳᠡᠭᠡᠭᠰᠢᠯᠡᠭᠦᠯᠬᠦ ᠬᠡᠷᠡᠭᠲᠡᠶ᠃ ᠨᠢᠭᠲᠠᠯᠠᠨ ᠪᠣᠳᠣᠬᠤ ᠦᠢᠯᠡ ᠠᠵᠢᠯᠯᠠᠭ᠎ᠠ ᠳᠤ ᠬᠢᠨᠠᠯᠲᠠ ᠲᠠᠯᠪᠢᠬᠤ ᠪᠠᠨ ᠴᠢᠨ᠋ᠬᠠᠳᠭᠠᠵᠤ᠂ | ᠨᠢᠭᠲᠠᠯᠠᠨ ᠪᠣᠳᠣᠬᠤ ᠮᠡᠳᠡᠭᠡ ᠵᠠᠨ᠋ᠭᠢ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠳᠠᠩᠰᠠᠯᠠᠭᠤᠯᠤᠭᠰᠠᠨ | ᠨᠢᠭᠲᠠᠯᠠᠨ ᠪᠣᠳᠣᠭᠴᠢ᠂ ᠡᠳ᠋ ᠬᠥᠷᠥᠩᠭᠡ ᠶᠢ ᠦᠨᠡᠯᠡᠨ ᠵᠢᠱᠢᠬᠦ ᠪᠠ ᠣᠷᠣᠯᠠᠨ ᠳᠠᠩᠰᠠ ᠲᠡᠮᠳᠡᠭᠯᠡᠬᠦ ᠠᠵᠢᠯ | ᠲᠥᠷᠥᠯ ᠤᠨ ᠬᠢᠨ ᠤ ᠠᠵᠢᠯ ᠡᠷᠬᠢᠯᠡᠬᠦ ᠶᠠᠰᠤ ᠴᠢᠨᠠᠷ ᠲᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠠᠵᠢᠯ | ᠲᠥᠷᠥᠯ ᠤᠨ ᠡᠮᠬᠢ ᠳᠢᠭᠯᠢᠮ ᠢ ᠵᠢᠷᠤᠮᠵᠢᠭᠤᠯᠤᠨ᠂ ᠠᠵᠢᠯ ᠲᠥᠷᠥᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ | ︵ᠵᠢᠷᠭᠤᠭ᠎ᠠ︶ ᠬᠠᠤᠯᠢ ᠳᠤ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠰᠠᠯᠠᠭ᠎ᠠ | ᠮᠥᠴᠢᠷ ᠤᠨ ᠬᠢᠨᠠᠯᠲᠠ ᠲᠠᠯᠪᠢᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠠᠤᠯᠢ ᠲᠣᠭᠲᠠᠭᠠᠯ ᠶᠣᠰᠣᠭᠠᠷ | ᠭᠤᠤᠯᠴᠢᠯᠠᠨ ᠬᠠᠮᠢᠶᠠᠷᠬᠤ᠂ ᠬᠢᠨᠠᠨ ᠬᠠᠮᠢᠶᠠᠷᠬᠤ ᠠᠵᠢᠯ ᠲᠥᠷᠥᠯ ᠤᠨ ᠰᠢᠰᠲ᠋ᠧᠮ ᠪᠣᠯᠤᠨ ᠨᠢᠭᠡᠴᠡ ᠶᠢᠨ ᠡᠳ᠋ ᠤᠨ | ᠶᠠᠪᠤᠳᠠᠯ ᠤᠨ ᠬᠢᠨᠠᠯᠲᠠ ᠲᠠᠯᠪᠢᠬᠤ ᠠᠵᠢᠯ ᠢ ᠰᠢᠮᠳᠠᠭᠤᠯᠤᠨ ᠵᠢᠯᠣᠭᠤᠳᠬᠤ ᠪᠠᠨ ᠴᠢᠩᠭᠠᠷᠠᠭᠤᠯᠬᠤ ᠬᠡᠷᠡᠭᠲᠡᠶ᠃ ᠬᠠᠷᠢᠶ᠎ᠠ | ᠨᠢᠭᠡᠴᠡ ᠶᠢᠨ ᠢᠶᠠᠨ ᠲᠥᠰᠥᠪ ᠢ ᠬᠡᠷᠡᠭᠵᠢᠭᠦᠯᠬᠦ ᠳᠤ ᠲᠠᠯᠪᠢᠬᠤ ᠬᠢᠨᠠᠯᠲᠠ ᠪᠠᠨ ᠴᠢᠩᠭᠠᠳᠬᠠᠵᠤ᠂ ᠲᠥᠰᠥᠪ ᠤᠨ | ᠬᠢᠵᠠᠭᠠᠷᠯᠠᠯ ᠢ ᠴᠢᠩᠭᠠᠷᠠᠭᠤᠯᠤᠨ᠎ᠠ᠃ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠵᠠᠰᠠᠭ ᠤᠨ | ᠣᠷᠳᠣᠨ ᠤ ᠬᠤᠳᠠᠯᠳᠤᠨ ᠠᠪᠬᠤ ᠠᠵᠢᠯᠯᠠᠭ᠎ᠠ᠂ ᠡᠳ᠋ ᠬᠥᠷᠥᠩᠭᠡ ᠶᠢ ᠦᠨᠡᠯᠡᠨ ᠵᠢᠱᠢᠬᠦ ᠠᠵᠢᠯ ᠲᠥᠷᠥᠯ ᠳᠤ ᠬᠢᠨᠠᠯᠲᠠ | ᠲᠠᠯᠪᠢᠬᠤ ᠪᠠᠨ ᠴᠢᠩᠭᠠᠳᠬᠠᠵᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠪᠠᠯᠠ ᠮᠥᠩᠭᠦ ᠶᠢᠨ ᠬᠡᠷᠡᠭᠯᠡᠯᠲᠡ ᠶᠢᠨ | ᠦᠷ᠎ᠡ ᠠᠰᠢᠭ ᠢ ᠳᠡᠭᠡᠭᠰᠢᠯᠡᠭᠦᠯᠦᠨ᠂ ᠡᠳ᠋ ᠬᠥᠷᠥᠩᠭᠡ ᠶᠢ ᠦᠨᠡᠯᠡᠨ ᠵᠢᠱᠢᠬᠦ ᠠᠵᠢᠯ ᠲᠥᠷᠥᠯ ᠤᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠤᠨ᠎ᠠ᠃ ᠰᠢᠰᠲ᠋ᠧᠮᠴᠢᠯᠡᠭᠰᠡᠨ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠨᠢᠭᠡᠴᠡ ᠶᠢᠨ | ᠡᠳ᠋ ᠤᠨ ᠶᠠᠪᠤᠳᠠᠯ ᠤᠨ ᠠᠵᠢᠯᠯᠠᠭ᠎ᠠ ᠶᠢ ᠵᠢᠯᠣᠭᠤᠳᠬᠤ ᠪᠠ ᠲᠡᠭᠦᠨ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ | ᠡᠳ᠋ ᠤᠨ ᠶᠠᠪᠤᠳᠠᠯ ᠤᠨ ᠬᠠᠮᠢᠶᠠᠷᠤᠯᠲᠠ ᠶᠢ ᠴᠢᠩᠳᠠᠯᠠᠨ᠎ᠠ᠃ ᠨᠢᠭᠲᠠᠯᠠᠨ ᠪᠣᠳᠣᠬᠤ ᠬᠠᠤᠯᠢ ᠠᠴᠠ ᠣᠯᠭᠤᠭᠰᠠᠨ ᠡᠷᠬᠡ | ᠲᠤᠰᠢᠶᠠᠯ ᠶᠣᠰᠣᠭᠠᠷ ᠬᠤᠯᠪᠣᠭᠳᠠᠯ ᠪᠥᠬᠦᠶ ᠨᠢᠭᠡᠴᠡ ᠶᠢᠨ ᠨᠢᠭᠲᠠᠯᠠᠨ ᠪᠣᠳᠣᠭᠰᠠᠨ ᠮᠠᠲ᠋ᠧᠷᠢᠶᠠᠯ ᠳᠤ ᠬᠢᠨᠠᠯᠲᠠ | ᠲᠠᠯᠪᠢᠬᠤ ᠪᠠ ᠨᠢᠭᠲᠠᠯᠠᠨ ᠪᠣᠳᠣᠬᠤ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠢ | ︵ᠳᠣᠯᠤᠭ᠎ᠠ︶ ᠨᠢᠭᠡᠴᠡ ᠶᠢᠨ ᠳᠣᠲᠣᠭᠠᠳᠤ ᠶᠢᠨ ᠬᠢᠨᠠᠯᠲᠠ ᠲᠠᠯᠪᠢᠯᠲᠠ ᠶᠢ ᠤᠯᠠᠮ ᠨᠢᠭᠡ ᠠᠯᠬᠤᠮ | ᠴᠢᠩᠭᠠᠳᠬᠠᠬᠤ ᠬᠡᠷᠡᠭᠲᠡᠶ᠃ ᠡᠯ᠎ᠡ ᠨᠢᠭᠡᠴᠡ ᠨᠦᠭᠦᠳ ᠲᠤᠰ ᠨᠢᠭᠡᠴᠡ ᠶᠢᠨ ᠢᠶᠠᠨ ᠠᠵᠤ ᠠᠬᠤᠶ ᠶᠢᠨ ᠲᠤᠬᠠᠶᠢᠯᠠᠭᠰᠠᠨ | ᠠᠵᠢᠯ᠂ ᠡᠳ᠋ ᠤᠨ ᠶᠠᠪᠤᠳᠠᠯ ᠤᠨ ᠬᠠᠮᠢᠶᠠᠷᠤᠯᠲᠠ᠂ ᠨᠢᠭᠲᠠᠯᠠᠨ ᠪᠣᠳᠣᠬᠤ ᠦᠢᠯᠡ ᠠᠵᠢᠯᠯᠠᠭ᠎ᠠ ᠳᠤ ᠡᠳᠦᠷ | ᠲᠤᠲᠤᠮ ᠤᠨ ᠬᠢᠨᠠᠯᠲᠠ ᠲᠠᠯᠪᠢᠬᠤ ᠪᠠᠨ ᠴᠢᠩᠭᠠᠳᠬᠠᠬᠤ ᠬᠡᠷᠡᠭᠲᠡᠶ᠃ ᠲᠤᠰ ᠪᠡᠶ᠎ᠡ ᠶᠢᠨ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ ᠡᠷᠬᠡ ᠬᠠᠷᠢᠭᠤᠴᠠᠯᠭ᠎ᠠ ᠲᠣᠳᠣᠷᠬᠠᠢ᠂ ᠬᠢᠵᠠᠭᠠᠷᠯᠠᠯ ᠬᠦᠴᠦᠲᠡᠢ ᠳᠣᠲᠣᠭᠠᠳᠤ ᠶᠢᠨ ᠡᠳ᠋ ᠤᠨ | ᠶᠠᠪᠤᠳᠠᠯ ᠤᠨ ᠬᠢᠨᠠᠯᠲᠠ ᠲᠠᠯᠪᠢᠬᠤ ᠲᠣᠭᠲᠠᠴᠠ ᠪᠣᠯᠣᠨ ᠳᠣᠲᠣᠭᠠᠳᠤ ᠶᠢᠨ ᠡᠵᠡᠮᠳᠡᠬᠦ ᠰᠢᠰᠲ᠋ᠧᠮ ᠢ ᠪᠠᠶᠢᠭᠤᠯᠵᠤ᠂ | ᠳᠣᠲᠣᠭᠠᠳᠤ ᠶᠢᠨ ᠬᠢᠨᠠᠯᠲᠠ ᠲᠠᠯᠪᠢᠬᠤ ᠭᠤᠣᠯ ᠴᠣᠭᠴᠠ᠂ ᠬᠡᠪᠴᠢᠶ᠎ᠡ᠂ ᠳᠡᠰ ᠳᠠᠷᠠᠭᠠᠯᠠᠯ᠂ ᠡᠷᠬᠡ ᠬᠠᠷᠢᠭᠤᠴᠠᠯᠭ᠎ᠠ | ᠵᠡᠷᠭᠡ ᠶᠢ ᠲᠣᠳᠣᠷᠬᠠᠶᠢᠯᠠᠵᠤ᠂ ᠨᠢᠭᠡᠴᠡ ᠶᠢᠨ ᠳᠣᠲᠣᠭᠠᠳᠤ ᠶᠢᠨ ᠡᠳ᠋ ᠤᠨ ᠶᠠᠪᠤᠳᠠᠯ ᠤᠨ ᠬᠢᠨᠠᠯᠲᠠ ᠲᠠᠯᠪᠢᠬᠤ ᠭᠤᠣᠯ | ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠡᠯ᠎ᠡ ᠨᠢᠭᠡᠴᠡ ᠶᠢᠨ ᠭᠤᠤᠯ ᠬᠠᠷᠢᠭᠤᠴᠠᠯᠭᠠᠲᠠᠨ ᠪᠣᠯ | ᠲᠤᠰ ᠨᠢᠭᠡᠴᠡ ᠶᠢᠨ ᠡᠳ᠋ ᠤᠨ ᠶᠠᠪᠤᠳᠠᠯ ᠤᠨ ᠬᠢᠨᠠᠯᠲᠠ ᠲᠠᠯᠪᠢᠬᠤ ᠠᠵᠢᠯ ᠤᠨ ᠨᠢᠭᠡᠳᠦᠭᠡᠷ ᠬᠠᠷᠢᠭᠤᠴᠠᠯᠭ᠎ᠠ | ᠡᠭᠦᠷᠭᠡᠯᠡᠭᠴᠢ ᠪᠣᠯᠬᠤ ᠪᠥᠭᠡᠳ ᠲᠤᠰ ᠨᠢᠭᠡᠴᠡ ᠶᠢᠨ ᠡᠳ᠋ ᠤᠨ ᠶᠠᠪᠤᠳᠠᠯ ᠤᠨ ᠨᠢᠭᠲᠠᠯᠠᠨ ᠪᠣᠳᠣᠬᠤ ᠠᠵᠢᠯ ᠪᠠ | ᠡᠳ᠋ ᠤᠨ ᠶᠠᠪᠤᠳᠠᠯ ᠤᠨ ᠮᠠᠲ᠋ᠧᠷᠢᠶᠠᠯ ᠤᠨ ᠦᠨᠡᠨ ᠪᠣᠳᠠᠲᠤ ᠴᠢᠨᠠᠷ᠂ ᠪᠦᠷᠢᠨ ᠪᠦᠲᠦᠨ ᠴᠢᠨᠠᠷ ᠲᠤ ᠬᠠᠷᠢᠭᠤᠴᠠᠬᠤ | ᠬᠡᠷᠡᠭᠲᠡᠶ᠃ ᠨᠢᠭᠡᠴᠡ ᠶᠢᠨ ᠳᠣᠲᠣᠭᠠᠳᠤ ᠳᠠᠭᠠᠨ ᠡᠳ᠋ ᠤᠨ ᠶᠠᠪᠤᠳᠠᠯ ᠤᠨ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ | ᠡᠭᠦᠷᠭᠡᠯᠡᠬᠦ ᠪᠠᠶᠢᠭᠤᠯᠤᠮᠵᠢ ᠪᠤᠶᠤ ᠠᠵᠢᠯᠲᠠᠨ ᠢ ᠲᠣᠳᠣᠷᠬᠠᠶᠢᠯᠠᠵᠤ᠂ ᠲᠤᠰ ᠨᠢᠭᠡᠴᠡ ᠶᠢᠨ ᠠᠵᠤ ᠠᠬᠤᠶ ᠶᠢᠨ | ᠲᠤᠬᠠᠶᠢᠯᠠᠭᠰᠠᠨ ᠠᠵᠢᠯ᠂ ᠡᠳ᠋ ᠤᠨ ᠶᠠᠪᠤᠳᠠᠯ ᠤᠨ ᠦᠢᠯᠡ ᠠᠵᠢᠯᠯᠠᠭ᠎ᠠ ᠪᠠ ᠨᠢᠭᠲᠠᠯᠠᠨ ᠪᠣᠳᠣᠬᠤ ᠮᠠᠲ᠋ᠧᠷᠢᠶᠠᠯ ᠤᠨ | ᠡᠳᠦᠷ ᠲᠤᠲᠤᠮ ᠤᠨ ᠬᠢᠨᠠᠯᠲᠠ ᠪᠠᠶᠢᠴᠠᠭᠠᠯᠲᠠ ᠶᠢ ᠬᠠᠷᠢᠭᠤᠴᠠᠬᠤ ᠬᠡᠷᠡᠭᠲᠡᠶ᠃ ᠡᠳ᠋ ᠤᠨ ᠶᠠᠪᠤᠳᠠᠯ ᠤᠨ ᠨᠢᠭᠲᠠᠯᠠᠨ | ᠪᠣᠳᠣᠬᠤ ᠠᠵᠢᠯᠲᠠᠳ ᠥᠪᠡᠷ ᠤᠨ ᠬᠢᠵᠠᠭᠠᠷᠯᠠᠯ ᠢᠶᠠᠨ ᠴᠢᠩᠬᠠᠳᠬᠠᠵᠤ᠂ ᠠᠵᠢᠯ ᠮᠡᠷᠭᠡᠵᠢᠯ ᠤᠨ ᠶᠣᠰᠤ ᠮᠣᠷᠠᠯ ᠢ | ᠵᠢᠷᠤᠮᠯᠠᠨ ᠰᠠᠬᠢᠵᠤ᠂ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠡᠳ᠋ ᠤᠨ ᠶᠠᠪᠤᠳᠠᠯ ᠤᠨ ᠵᠦᠢᠯᠡᠰ ᠢ | ᠰᠢᠢᠳᠪᠦᠷᠢᠯᠡᠬᠦ ᠦᠭᠡᠢ ᠪᠤᠶᠤ ᠡᠷᠬᠡ ᠲᠤᠰᠢᠶᠠᠯ ᠶᠣᠰᠣᠭᠠᠷ ᠵᠠᠯᠠᠷᠠᠭᠤᠯᠬᠤ ᠬᠡᠷᠡᠭᠲᠡᠢ᠂ ᠨᠢᠭᠡᠴᠡ ᠪᠤᠶᠤ ᠬᠤᠪᠢ | ᠬᠥᠮᠥᠨ ᠤ ᠬᠠᠤᠯᠢ ᠲᠣᠭᠲᠠᠭᠠᠯ ᠢ ᠵᠥᠷᠢᠴᠡᠭᠰᠡᠨ ᠠᠵᠢᠯᠯᠠᠭ᠎ᠠ ᠶᠢ ᠢᠯᠡᠴᠢᠯᠡᠬᠦ ᠡᠷᠬᠡ ᠲᠠᠢ᠃ | ︵ᠨᠠᠢᠮᠠ︶ ᠵᠠᠭᠤᠴᠢ ᠪᠠᠶᠢᠭᠤᠯᠤᠮᠵᠢ ᠶᠢᠨ ᠠᠵᠢᠯ ᠡᠷᠬᠢᠯᠡᠬᠦ ᠬᠢᠨᠠᠯᠲᠠ ᠲᠠᠯᠪᠢᠯᠲᠠ ᠶᠢᠨ ᠦᠢᠯᠡᠳᠦᠯ ᠢ | ᠪᠠᠳᠠᠷᠠᠭᠤᠯᠬᠤ ᠬᠡᠷᠡᠭᠲᠡᠶ᠃ ᠨᠢᠭᠲᠠᠯᠠᠨ ᠪᠣᠳᠣᠭᠴᠢ ᠶᠢᠨ ᠬᠡᠷᠡᠭ ᠡᠷᠬᠢᠯᠡᠬᠦ ᠭᠠᠵᠠᠷ᠂ ᠡᠳ᠋ ᠬᠥᠷᠥᠩᠭᠡ ᠶᠢ ᠦᠨᠡᠯᠡᠨ | ᠵᠢᠱᠢᠬᠦ ᠪᠠᠶᠢᠭᠤᠯᠤᠮᠵᠢ᠂ ᠭᠠᠶᠢᠯᠢ ᠶᠢᠨ ᠶᠠᠪᠤᠳᠠᠯ ᠤᠨ ᠮᠠᠰᠲ᠋ᠧᠷ ᠤᠨ ᠬᠡᠷᠡᠭ ᠡᠷᠬᠢᠯᠡᠬᠦ ᠭᠠᠵᠠᠷ᠂ ᠣᠷᠣᠯᠠᠨ | ᠭᠦᠢᠴᠡᠳᠬᠡᠬᠦ ᠳᠠᠩᠰᠠ ᠲᠡᠮᠳᠡᠭᠯᠡᠬᠦ ᠪᠠᠶᠢᠭᠤᠯᠤᠮᠵᠢ ᠵᠡᠷᠭᠡ ᠵᠠᠭᠤᠴᠢ ᠪᠠᠶᠢᠭᠤᠯᠤᠮᠵᠢ ᠨᠤᠭᠤᠳ ᠬᠢᠨᠠᠨ ᠪᠣᠳᠣᠵᠤ | ᠰᠢᠯᠭᠠᠨ ᠭᠡᠷᠡᠴᠢᠯᠡᠬᠦ᠂ ᠡᠳ᠋ ᠬᠥᠷᠥᠩᠭᠡ ᠶᠢ ᠦᠨᠡᠯᠡᠨ ᠵᠢᠱᠢᠬᠦ᠂ ᠭᠠᠶᠢᠯᠢ ᠲᠠᠲᠠᠪᠤᠷᠢ ᠶᠢᠨ ᠦᠢᠯᠡᠴᠢᠯᠡᠭᠡ᠂ ᠨᠢᠭᠲᠠᠯᠠᠨ | ᠪᠣᠳᠣᠬᠤ ᠦᠢᠯᠡᠴᠢᠯᠡᠭᠡ ᠵᠡᠷᠭᠡ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠴᠢᠩᠭ᠎ᠠ ᠭᠦᠢᠴᠡᠳᠬᠡᠵᠦ᠂ | ᠪᠡᠶ᠎ᠡ ᠪᠠᠨ ᠳᠠᠭᠠᠭᠠᠭᠰᠠᠨ᠂ ᠪᠤᠰᠤᠳᠴᠢ᠂ ᠲᠥᠪ ᠭᠤᠤᠯᠴᠢ᠂ ᠵᠢᠷᠤᠮᠵᠢᠯ ᠲᠠᠢ ᠠᠵᠢᠯ ᠡᠷᠬᠢᠯᠡᠬᠦ ᠶᠢ ᠦᠨᠡᠨᠬᠦ | ᠪᠠᠲᠤᠯᠠᠬᠤ ᠬᠡᠷᠡᠭᠲᠡᠶ᠃ ᠠᠵᠢᠯ ᠡᠷᠬᠢᠯᠡᠬᠦ ᠶᠠᠰᠤ ᠴᠢᠨᠠᠷ ᠢ ᠡᠵᠡᠮᠳᠡᠬᠦ ᠶᠢ ᠦᠨᠡᠨᠬᠦ ᠴᠢᠩᠭᠠᠳᠬᠠᠵᠤ᠂ ᠳᠣᠲᠣᠭᠠᠳᠤ ᠳᠠᠬᠢ | ᠡᠵᠡᠮᠳᠡᠬᠦ ᠳᠦᠷᠢᠮ ᠢ ᠲᠡᠭᠦᠯᠳᠡᠷᠵᠢᠭᠦᠯᠦᠨ᠂ ᠳᠣᠲᠣᠭᠠᠳᠤ ᠶᠢᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ | ᠲᠣᠭᠲᠠᠴᠠ ᠶᠢ ᠪᠠᠶᠢᠭᠤᠯᠵᠤ᠂ ᠲᠦᠭᠰᠢᠭᠦᠷᠢ ᠶᠢ ᠲᠥᠷᠥᠯ ᠬᠤᠪᠢᠶᠠᠨ ᠰᠡᠷᠭᠡᠶᠢᠯᠡᠨ ᠡᠵᠡᠮᠳᠡᠬᠦ ᠶᠢ ᠴᠢᠩᠭᠠᠳᠬᠠᠨ᠂ | ᠳᠣᠲᠣᠭᠠᠳᠤ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠳᠠᠭᠠᠭᠠᠨ ᠠᠪᠬᠤ ᠪᠠ ᠲᠤᠬᠠᠶᠢᠯᠠᠭᠰᠠᠨ | ᠠᠵᠢᠯ ᠢ ᠵᠢᠷᠤᠮᠵᠢᠭᠤᠯᠤᠨ᠂ ᠠᠵᠢᠯ ᠶᠠᠪᠤᠳᠠᠯ ᠤᠨ ᠳᠤᠮᠳᠠ ᠮᠥᠷᠳᠡᠬᠦ᠂ ᠠᠵᠢᠯ ᠶᠠᠪᠤᠳᠠᠯ ᠤᠨ ᠳᠠᠷᠠᠭ᠎ᠠ ᠦᠨᠡᠯᠡᠬᠦ | ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠶᠠᠰᠤ ᠴᠢᠨᠠᠷ ᠤᠨ ᠬᠠᠮᠢᠶᠠᠷᠤᠯᠲᠠ ᠶᠢᠨ | ᠬᠠᠷᠢᠭᠤᠴᠠᠯᠭ᠎ᠠ ᠶᠢ ᠴᠢᠩᠭᠠᠷᠠᠭᠤᠯᠬᠤ ᠬᠡᠷᠡᠭᠲᠡᠶ᠃ ᠵᠠᠭᠤᠴᠢ ᠪᠠᠶᠢᠭᠤᠯᠤᠮᠵᠢ ᠶᠢᠨ ᠨᠢᠭᠡ ᠴᠣᠭᠴᠠᠵᠢᠭᠤᠯᠤᠭᠰᠠᠨ | ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠵᠦ᠂ ᠠᠵᠢᠯᠲᠠᠨ ᠢ ᠲᠣᠬᠢᠷᠠᠭᠤᠯᠬᠤ᠂ ᠡᠳ᠋ ᠤᠨ | ᠶᠠᠪᠤᠳᠠᠯ ᠢ ᠲᠣᠬᠢᠷᠠᠭᠤᠯᠬᠤ᠂ ᠲᠤᠬᠠᠶᠢᠯᠠᠭᠰᠠᠨ ᠠᠵᠢᠯ ᠤᠨ ᠵᠣᠯᠭᠠᠭᠤᠯᠤᠯᠲᠠ᠂ ᠮᠡᠷᠭᠡᠵᠢᠯ ᠤᠨ ᠪᠠᠷᠢᠮᠵᠢᠶ᠎ᠠ᠂ ᠮᠡᠳᠡᠭᠡ | ᠵᠠᠩᠭᠢᠵᠢᠯᠲᠠ ᠶᠢᠨ ᠪᠠᠶᠢᠭᠤᠯᠤᠯᠲᠠ ᠶᠢᠨ ᠮᠥᠨ ᠴᠢᠨᠠᠷ ᠤᠨ ᠨᠢᠭᠡ ᠴᠣᠭᠴᠠᠵᠢᠭᠤᠯᠤᠭᠰᠠᠨ ᠬᠠᠮᠢᠶᠠᠷᠤᠯᠲᠠ ᠶᠢ | ᠪᠡᠶᠡᠯᠡᠭᠦᠯᠦᠨ᠎ᠡ᠃ | ︵ᠶᠢᠰᠦ︶ ᠠᠵᠢᠯ ᠲᠥᠷᠥᠯ ᠤᠨ ᠨᠡᠶᠢᠭᠡᠮᠯᠢᠭ ᠤᠨ ᠥᠪᠡᠷ ᠢ ᠪᠠᠨ ᠱᠠᠭᠠᠷᠳᠠᠬᠤ ᠳᠤ ᠬᠢᠨᠠᠯᠲᠠ ᠲᠠᠯᠪᠢᠬᠤ | ᠦᠢᠯᠡᠳᠦᠯ ᠢ ᠴᠢᠩᠭᠠᠷᠠᠭᠤᠯᠤᠨ᠎ᠠ᠃ ᠳᠠᠩᠰᠠᠯᠠᠭᠤᠯᠤᠭᠰᠠᠨ ᠨᠢᠭᠲᠠᠯᠠᠨ ᠪᠣᠳᠣᠭᠴᠢ ᠶᠢᠨ ᠨᠡᠶᠢᠭᠡᠮᠯᠢᠭ᠂ ᠡᠳ᠋ | ᠬᠥᠷᠦᠩᠭᠡ ᠶᠢ ᠦᠨᠡᠯᠡᠨ ᠵᠢᠱᠢᠬᠦ ᠨᠡᠶᠢᠭᠡᠮᠯᠢᠭ᠂ ᠳᠠᠩᠰᠠᠯᠠᠭᠤᠯᠤᠭᠰᠠᠨ ᠭᠠᠶᠢᠯᠢ ᠶᠢᠨ ᠶᠠᠪᠤᠳᠠᠯ ᠤᠨ ᠮᠠᠰᠲ᠋ᠧᠷ ᠤᠨ | ᠨᠡᠶᠢᠭᠡᠮᠯᠢᠭ᠂ ᠪᠠᠩᠬᠢ ᠶᠢᠨ ᠦᠢᠯᠡᠰ ᠤᠨ ᠨᠡᠶᠢᠭᠡᠮᠯᠢᠭ᠂ ᠦᠨᠡᠲᠦ ᠲᠡᠮᠳᠡᠭᠲᠦ ᠶᠢᠨ ᠦᠢᠯᠡᠰ ᠤᠨ ᠨᠡᠶᠢᠭᠡᠮᠯᠢᠭ ᠵᠡᠷᠭᠡ ᠨᠢ | ᠰᠢᠮᠳᠠᠭᠤᠯᠤᠨ ᠵᠢᠯᠣᠭᠤᠳᠬᠤ ᠦᠢᠯᠡᠳᠦᠯ ᠢ ᠨᠢ ᠭᠦᠢᠴᠡᠳ ᠪᠠᠳᠠᠷᠠᠭᠤᠯᠵᠤ᠂ ᠡᠳ᠋ ᠤᠨ ᠶᠠᠪᠤᠳᠠᠯ ᠤᠨ ᠮᠡᠳᠡᠭᠡ | ᠵᠠᠩᠭᠢ ᠶᠢᠨ ᠶᠠᠰᠤ ᠴᠢᠨᠠᠷ ᠪᠣᠯᠣᠨ ᠲᠤᠳᠤᠭᠠᠲᠤ ᠶᠢ ᠡᠵᠡᠮᠳᠡᠬᠦ ᠪᠦᠲᠦᠮᠵᠢᠲᠦ ᠴᠢᠨᠠᠷ ᠢ ᠦᠷᠭᠦᠯᠵᠢᠯᠡᠨ | ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ᠃ ᠠᠵᠢᠯ ᠲᠥᠷᠥᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ | ᠴᠢᠩᠭᠠᠳᠬᠠᠵᠤ᠂ ᠠᠵᠢᠯ ᠲᠥᠷᠥᠯ ᠤᠨ ᠦᠨᠡᠨᠴᠢ ᠢᠲᠡᠭᠡᠮᠵᠢ ᠶᠢᠨ ᠳᠠᠩᠰᠠ ᠡᠪᠬᠡᠮᠡᠯ ᠢ ᠪᠦᠷᠢᠨᠰᠢᠬᠦᠯᠦᠨ᠂ ᠦᠨᠡᠨᠴᠢ | ᠢᠲᠡᠭᠡᠮᠵᠢ ᠶᠢᠨ ᠪᠠᠶᠢᠭᠤᠯᠤᠯᠲᠠ ᠶᠢᠨ ᠱᠠᠭᠠᠷᠳᠠᠯᠭ᠎ᠠ ᠶᠢ ᠠᠵᠢᠯ ᠲᠥᠷᠥᠯ ᠤᠨ ᠬᠠᠮᠢᠶᠠᠷᠤᠯᠲᠠ ᠪᠠ ᠦᠢᠯᠡᠴᠢᠯᠡᠭᠡᠨ ᠤ | ᠠᠵᠢᠯ ᠤᠨ ᠡᠯ᠎ᠡ ᠭᠤᠭᠴᠤᠭ᠎ᠠ ᠳᠤ ᠲᠤᠤᠱᠯᠠᠭᠤᠯᠤᠨ᠎ᠠ᠃ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠬᠢᠨᠠᠯᠲᠠ | ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠢᠲᠡᠭᠡᠮᠵᠢ ᠶᠢᠨ ᠲᠡᠮᠳᠡᠭᠯᠡᠬᠦ᠂ ᠰᠡᠷᠡᠮᠵᠢᠯᠡᠭᠦᠯᠦᠨ | ᠰᠠᠨᠠᠭᠤᠯᠬᠤ᠂ ᠢᠯᠡ ᠪᠠᠶᠢᠯᠭᠠᠬᠤ ᠵᠡᠷᠭᠡ ᠠᠷᠭ᠎ᠠ ᠬᠡᠮᠵᠢᠶ᠎ᠡ ᠶᠢ ᠬᠡᠷᠡᠭᠯᠡᠨ ᠵᠠᠯᠬᠠᠭᠠᠨ ᠴᠡᠭᠡᠷᠯᠡᠭᠦᠯᠬᠦ ᠡᠷᠴᠢᠮ ᠢ | ᠴᠢᠩᠭᠠᠷᠠᠭᠤᠯᠤᠨ᠂ ᠵᠠᠭᠠᠯᠳᠤᠵᠦ ᠢᠯᠡᠴᠢᠯᠡᠨ ᠮᠡᠳᠡᠭᠦᠯᠬᠦ᠂ ᠵᠠᠭᠤᠴᠢᠯᠠᠭᠤᠷ ᠤᠨ ᠮᠠᠳᠠᠭ ᠲᠠᠢ ᠠᠰᠠᠭᠤᠳᠠᠯ ᠵᠡᠷᠭᠡ ᠶᠢ | ᠰᠢᠶ᠋ᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠡᠳ᠋ ᠤᠨ ᠶᠠᠪᠤᠳᠠᠯ ᠤᠨ ᠲᠤᠬᠠᠶᠢᠯᠠᠭᠰᠠᠨ ᠠᠵᠢᠯ ᠤᠨ | ᠵᠢᠷᠤᠮᠵᠢᠭᠰᠠᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠶ᠃ | ᠭᠤᠷᠪᠠ᠂ ᠡᠳ᠋ ᠤᠨ ᠶᠠᠪᠤᠳᠠᠯ ᠤᠨ ᠬᠢᠨᠠᠯᠲᠠ ᠲᠠᠯᠪᠢᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠬᠦ | ᠬᠡᠷᠡᠭᠲᠡᠢ | ︵ᠠᠷᠪᠠ︶ ᠡᠳ᠋ ᠤᠨ ᠶᠠᠪᠤᠳᠠᠯ ᠤᠨ ᠬᠢᠨᠠᠯᠲᠠ ᠲᠠᠯᠪᠢᠬᠤ ᠭᠤᠣᠯ ᠴᠣᠭᠴᠠ ᠶᠢᠨ ᠬᠥᠨᠳᠡᠯᠡᠨ ᠢᠶᠠᠷ | ᠬᠠᠮᠵᠢᠯᠴᠠᠬᠤ ᠶᠢ ᠴᠢᠩᠭᠠᠳᠬᠠᠬᠤ ᠬᠡᠷᠡᠭᠲᠡᠢ᠃ ᠡᠳ᠋ ᠤᠨ ᠵᠠᠰᠠᠭ ᠤᠨ ᠰᠠᠯᠠᠭ᠎ᠠ ᠮᠥᠴᠢᠷ᠂ ᠬᠤᠯᠪᠣᠭᠳᠠᠯ ᠪᠦᠬᠦᠢ | ᠰᠠᠯᠠᠭ᠎ᠠ ᠮᠥᠴᠢᠷ᠂ ᠡᠯ᠎ᠡ ᠨᠢᠭᠡᠴᠡ᠂ ᠵᠠᠭᠤᠴᠢ ᠪᠠᠶᠢᠭᠤᠯᠤᠮᠵᠢ᠂ ᠠᠵᠢᠯ ᠲᠥᠷᠥᠯ ᠤᠨ ᠨᠡᠶᠢᠭᠡᠮᠯᠢᠭ ᠵᠡᠷᠭᠡ ᠬᠢᠨᠠᠯᠲᠠ | ᠲᠠᠯᠪᠢᠬᠤ ᠭᠤᠤᠯ ᠴᠣᠭᠴᠠ ᠶᠢᠨ ᠬᠥᠨᠳᠡᠯᠡᠨ ᠢᠶᠠᠷ ᠬᠠᠮᠵᠢᠯᠴᠠᠬᠤ ᠠᠵᠢᠯ ᠤᠨ ᠲᠣᠭᠲᠠᠴᠠ ᠶᠢ ᠪᠠᠶᠢᠭᠤᠯᠤᠨ᠎ᠠ᠃ ᠡᠯ᠎ᠡ | ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠲᠦᠷᠦᠭᠦᠯᠡᠨ ᠲᠤᠰ ᠱᠠᠲᠤᠨ ᠤ ᠵᠠᠰᠠᠭ ᠤᠨ ᠣᠷᠳᠤᠨ ᠤ | ᠡᠳ᠋ ᠤᠨ ᠵᠠᠰᠠᠭ ᠤᠨ ᠴᠤᠭᠯᠠᠭᠠᠨ ᠳᠤ ᠬᠢᠨᠠᠯᠲᠠ ᠲᠠᠯᠪᠢᠵᠤ ᠵᠣᠬᠢᠴᠠᠭᠤᠯᠬᠤ ᠠᠵᠢᠯ ᠤᠨ ᠲᠣᠭᠲᠠᠴᠠ ᠶᠢᠨ ᠡᠳᠦᠷ | ᠳᠣᠲᠣᠮ ᠤᠨ ᠠᠵᠢᠯ ᠢ ᠬᠠᠷᠢᠭᠤᠴᠠᠵᠤ᠂ ᠣᠶᠢᠯᠠᠭᠠᠯᠴᠠᠵᠤ ᠵᠣᠬᠢᠴᠠᠭᠤᠯᠬᠤ ᠪᠠᠨ ᠴᠢᠩᠭᠠᠳᠬᠠᠨ᠂ ᠨᠢᠭᠡᠲᠦᠯᠲᠡᠢ | ᠲᠦᠯᠦᠪᠯᠡᠬᠦ ᠪᠠ ᠰᠢᠮᠳᠠᠭᠤᠯᠤᠨ ᠵᠢᠯᠤᠭᠤᠳᠬᠤ ᠶᠢ ᠰᠠᠶᠢᠲᠤᠷ ᠠᠳᠬᠤᠬᠤ ᠬᠡᠷᠡᠭᠲᠡᠢ︔ ᠭᠠᠶᠢᠯᠢ ᠶᠢᠨ ᠶᠠᠪᠤᠳᠠᠯ᠂ | ᠠᠷᠠᠳ ᠤᠨ ᠪᠠᠩᠬᠢ᠂ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ᠂ ᠪᠠᠩᠬᠢ ᠶᠢᠨ | ᠳᠠᠭᠠᠳᠬᠠᠯ ᠤᠨ ᠬᠢᠨᠠᠯᠲᠠ ᠬᠠᠮᠢᠶᠠᠷᠤᠯᠲᠠ᠂ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠦᠴᠢᠷ ᠤᠳ | ᠢᠳᠡᠪᠬᠢᠲᠡᠢ ᠬᠠᠮᠵᠢᠯᠴᠠᠵᠤ᠂ ᠨᠢᠭᠲᠠ ᠬᠠᠮᠵᠢᠯᠴᠠᠬᠤ ᠬᠡᠷᠡᠭᠲᠡᠢ᠃ ᠰᠠᠯᠠᠭ᠎ᠠ ᠮᠥᠴᠢᠷ ᠤᠨ ᠬᠤᠭᠤᠷᠣᠨᠳᠣᠬᠢ ᠡᠳ᠋ ᠤᠨ | ᠵᠠᠰᠠᠭ ᠨᠢᠭᠲᠠᠯᠠᠨ ᠪᠣᠳᠣᠬᠤ ᠠᠵᠢᠯ ᠳᠤ ᠬᠢᠨᠠᠯᠲᠠ ᠲᠠᠯᠪᠢᠬᠤ ᠲᠥᠷᠥ ᠶᠢᠨ ᠪᠣᠳᠣᠯᠭ᠎ᠠ ᠶᠢ ᠵᠣᠯᠭᠠᠭᠤᠯᠬᠤ᠂ ᠴᠢᠬᠤᠯᠠ | ᠶᠡᠭᠡ ᠠᠰᠠᠭᠤᠳᠠᠯ ᠢ ᠰᠢᠢᠳᠪᠦᠷᠢᠯᠡᠬᠦ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ᠂ ᠬᠢᠨᠠᠯᠲᠠ | ᠲᠠᠯᠪᠢᠬᠤ ᠦᠷ᠎ᠡ ᠳ᠋ᠦᠩ ᠢ ᠬᠡᠷᠡᠭᠯᠡᠬᠦ᠂ ᠬᠢᠨᠠᠯᠲᠠ ᠲᠠᠯᠪᠢᠬᠤ ᠰᠦᠪᠡᠭᠴᠢ ᠶᠢ ᠰᠢᠯᠵᠢᠭᠦᠯᠦᠨ ᠬᠦᠷᠭᠡᠬᠦ᠂ ᠬᠢᠨᠠᠯᠲᠠ | ᠲᠠᠯᠪᠢᠬᠤ ᠮᠡᠳᠡᠭᠡ ᠵᠠᠩᠭᠢ ᠶᠢ ᠰᠣᠯᠢᠯᠴᠠᠬᠤ ᠵᠡᠷᠭᠡ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ | ᠬᠢᠨᠠᠯᠲᠠ ᠲᠠᠯᠪᠢᠬᠤ ᠨᠡᠶᠢᠯᠡᠮᠡᠯ ᠬᠦᠴᠦᠨ ᠢ ᠪᠤᠢ ᠪᠣᠯᠭᠠᠵᠤ᠂ ᠬᠢᠨᠠᠯᠲᠠ ᠲᠠᠯᠪᠢᠬᠤ ᠦᠢᠯᠡᠳᠦᠯ ᠴᠢᠳᠠᠪᠤᠷᠢ ᠶᠢ | ᠳᠡᠭᠡᠭᠰᠢᠯᠡᠭᠦᠯᠦᠨ᠎ᠡ᠃ ᠰᠠᠯᠠᠭ᠎ᠠ ᠮᠥᠴᠢᠷ ᠤᠳ ᠬᠢᠭᠡᠳ ᠠᠵᠢᠯ ᠲᠥᠷᠥᠯ ᠤᠨ ᠨᠡᠶᠢᠭᠡᠮᠯᠢᠭ ᠤᠨ ᠬᠠᠮᠲᠤᠷᠠᠨ ᠬᠢᠨᠠᠨ | ᠬᠠᠮᠢᠶᠠᠷᠬᠤ ᠲᠣᠭᠲᠠᠴᠠ ᠶᠢ ᠪᠠᠶᠢᠭᠤᠯᠵᠤ᠂ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠬᠢᠭᠡᠳ ᠥᠪᠡᠷ ᠢ ᠪᠠᠨ | ᠱᠠᠭᠠᠷᠳᠠᠬᠤ ᠬᠢᠨᠠᠯᠲᠠ ᠬᠠᠮᠢᠶᠠᠷᠤᠯᠲᠠ ᠶᠢ ᠣᠷᠭᠠᠨᠢᠭ ᠢᠶᠠᠷ ᠤᠶᠠᠯᠳᠤᠭᠤᠯᠬᠤ ᠶᠢ ᠠᠬᠢᠭᠤᠯᠤᠨ᠎ᠠ᠃ ᠬᠠᠮᠢᠶ᠎ᠠ ᠪᠦᠬᠦᠢ | ᠵᠠᠭᠤᠴᠢ ᠪᠠᠶᠢᠭᠤᠯᠤᠮᠵᠢ ᠨᠤᠭᠤᠳ ᠬᠠᠤᠯᠢ ᠴᠠᠭᠠᠵᠠ ᠬᠠᠤᠯᠢ ᠲᠣᠭᠲᠠᠭᠠᠯ᠂ ᠪᠠᠷᠢᠮᠵᠢᠶ᠎ᠠ ᠶᠢᠨ ᠳᠦᠷᠢᠮ ᠢ ᠴᠢᠩᠭ᠎ᠠ | ᠵᠢᠷᠤᠮᠯᠠᠨ ᠠᠵᠢᠯ ᠡᠷᠬᠢᠯᠡᠬᠦ ᠶᠢᠨ ᠬᠠᠮᠲᠤ᠂ ᠡᠳ᠋ ᠤᠨ ᠶᠠᠪᠤᠳᠠᠯ ᠤᠨ ᠬᠢᠨᠠᠯᠲᠠ ᠲᠠᠯᠪᠢᠬᠤ ᠬᠠᠤᠯᠢ | ᠬᠡᠷᠡᠭᠵᠢᠭᠦᠯᠦᠯᠲᠡ ᠳᠤ ᠲᠤᠰᠬᠠᠶ ᠮᠡᠷᠭᠡᠵᠢᠯ ᠤᠨ ᠰᠠᠨᠠᠯ ᠬᠠᠩᠭᠠᠬᠤ ᠬᠡᠷᠡᠭᠲᠡᠶ᠃ ᠵᠠᠭᠤᠴᠢ ᠪᠠᠶᠢᠭᠤᠯᠤᠮᠵᠢ ᠵᠢᠴᠢ | ᠠᠵᠢᠯᠯᠠᠭᠴᠢᠳ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠣᠯᠵᠤ ᠮᠡᠳᠡᠪᠡᠯ᠂ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠠᠵᠢᠯ ᠲᠥᠷᠥᠯ ᠤᠨ ᠨᠡᠶᠢᠭᠡᠮᠯᠢᠭ ᠲᠤ | ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃ ᠡᠯ᠎ᠡ ᠨᠢᠭᠡᠴᠡ ᠨᠦᠭᠦᠳ ᠬᠠᠤᠯᠢ ᠲᠣᠭᠲᠠᠭᠠᠯ ᠶᠣᠰᠣᠭᠠᠷ ᠡᠳ᠋ ᠤᠨ | ᠶᠠᠪᠤᠳᠠᠯ ᠤᠨ ᠬᠢᠨᠠᠯᠲᠠ ᠲᠠᠯᠪᠢᠬᠤ ᠲᠠᠢ ᠬᠠᠮᠵᠢᠯᠴᠠᠵᠤ ᠪᠠᠶᠢᠭᠠᠳ ᠲᠡᠪᠴᠢᠵᠦ ᠪᠣᠯᠬᠤ ᠦᠭᠡᠶ᠂ ᠰᠠᠭᠠᠲᠠᠭᠠᠵᠤ ᠪᠣᠯᠬᠤ | ᠦᠭᠡᠶ᠂ ᠬᠤᠳᠠᠯ ᠬᠠᠭᠤᠷᠮᠠᠭ ᠪᠤᠶᠤ ᠴᠢᠬᠤᠯᠠ ᠶᠡᠭᠡ ᠣᠷᠬᠢᠭᠳᠠᠯ ᠲᠠᠢ ᠡᠳ᠋ ᠤᠨ ᠶᠠᠪᠤᠳᠠᠯ ᠤᠨ ᠮᠠᠲ᠋ᠧᠷᠢᠶᠠᠯ ᠵᠢᠴᠢ | ᠮᠡᠳᠡᠭᠡ ᠵᠠᠩᠭᠢ ᠬᠠᠩᠭᠠᠵᠤ ᠪᠣᠯᠬᠤ ᠦᠭᠡᠶ᠃ | ︵ᠠᠷᠪᠠᠨ ᠨᠢᠭᠡ︶ ᠲᠥᠪ ᠪᠣᠯᠣᠨ ᠣᠷᠣᠨ ᠨᠤᠲᠤᠭ ᠤᠨ ᠭᠤᠯᠳᠤ ᠴᠢᠭᠯᠡᠯ ᠢᠶᠠᠷ ᠬᠠᠮᠲᠤᠷᠠᠨ | ᠬᠥᠳᠡᠯᠦᠯᠴᠡᠬᠦ ᠶᠢ ᠴᠢᠩᠬᠠᠳᠬᠠᠨ᠎ᠠ᠃ ᠡᠯ᠎ᠡ ᠬᠤᠯᠪᠣᠭᠳᠠᠯ ᠪᠦᠬᠦᠢ ᠲᠠᠯ᠎ᠠ ᠶᠢᠨ ᠡᠳ᠋ ᠤᠨ ᠶᠠᠪᠤᠳᠠᠯ ᠤᠨ ᠬᠢᠨᠠᠯᠲᠠ | ᠲᠠᠯᠪᠢᠬᠤ ᠬᠠᠷᠢᠭᠤᠴᠠᠯᠭ᠎ᠠ ᠶᠢ ᠴᠢᠩᠭᠠᠳᠬᠠᠵᠤ᠂ ᠳᠡᠭᠡᠳᠦ ᠳᠣᠣᠷᠠᠳᠤ ᠱᠠᠲᠤᠨ ᠤ ᠬᠤᠯᠪᠣᠭᠠᠯᠠᠨ ᠬᠥᠳᠡᠯᠦᠯᠴᠡᠬᠦ ᠶᠢ | ᠴᠢᠩᠭᠠᠳᠬᠠᠬᠤ ᠬᠡᠷᠡᠭᠲᠡᠢ᠃ ᠲᠥᠷᠥ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ | ᠡᠳ᠋ ᠤᠨ ᠶᠠᠪᠤᠳᠠᠯ ᠤᠨ ᠬᠢᠨᠠᠯᠲᠠ ᠲᠠᠯᠪᠢᠬᠤ ᠠᠵᠢᠯ ᠤᠨ ᠳᠦᠷᠢᠮ ᠤᠨ ᠪᠠᠶᠢᠭᠤᠯᠤᠯᠲᠠ ᠪᠣᠯᠤᠨ ᠨᠢᠭᠡᠳᠦᠯᠲᠡᠶ | ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠡᠳ᠋ ᠤᠨ ᠶᠠᠪᠤᠳᠠᠯ ᠤᠨ ᠬᠢᠨᠠᠯᠲᠠ ᠲᠠᠯᠪᠢᠬᠤ ᠠᠵᠢᠯ ᠤᠨ | ᠲᠥᠯᠥᠪᠵᠢᠭᠦᠯᠭᠡ ᠶᠢ ᠲᠦᠷᠦᠭᠦᠯᠡᠨ ᠵᠣᠬᠢᠶᠠᠨ ᠪᠠᠶᠢᠭᠤᠯᠤᠨ ᠲᠣᠭᠲᠠᠭᠠᠵᠤ᠂ ᠣᠨ ᠤ ᠬᠢᠨᠠᠯᠲᠠ ᠲᠠᠯᠪᠢᠬᠤ ᠠᠵᠢᠯ ᠤᠨ | ᠭᠤᠤᠯᠳᠠᠯᠭ᠎ᠠ ᠪᠠᠨ ᠲᠣᠳᠣᠷᠬᠠᠶᠢᠯᠠᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢᠨ ᠵᠣᠬᠢᠶᠠᠨ | ᠪᠠᠶᠢᠭᠤᠯᠤᠨ ᠬᠡᠷᠡᠭᠵᠢᠭᠦᠯᠬᠦ ᠶᠢ ᠵᠢᠯᠣᠭᠤᠳᠤᠨ ᠠᠬᠢᠭᠤᠯᠬᠤ ᠬᠡᠷᠡᠭᠲᠡᠶ᠃ ᠰᠢᠶᠠᠨ ᠤ ᠱᠠᠲᠤᠨ ᠠᠴᠠ ᠳᠡᠭᠡᠭᠰᠢᠬᠢ ᠣᠷᠣᠨ | ᠨᠤᠲᠤᠭ ᠤᠨ ᠵᠠᠰᠠᠭ ᠤᠨ ᠣᠷᠳᠣᠨ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤᠰ ᠵᠠᠰᠠᠭ ᠵᠠᠬᠢᠷᠭᠠᠨ ᠤ | ᠣᠷᠣᠨ ᠤ ᠪᠠᠨ ᠳᠣᠲᠣᠷᠠᠬᠢ ᠡᠳ᠋ ᠤᠨ ᠶᠠᠪᠤᠳᠠᠯ ᠤᠨ ᠬᠢᠨᠠᠯᠲᠠ ᠲᠠᠯᠪᠢᠯᠲᠠ ᠶᠢᠨ ᠠᠵᠢᠯ ᠢ ᠬᠠᠤᠯᠢ ᠲᠣᠭᠲᠠᠭᠠᠯ | ᠶᠣᠰᠣᠭᠠᠷ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠶ᠃ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠨ ᠲᠣᠮᠢᠯᠠᠭᠰᠠᠨ ᠪᠠᠶᠢᠭᠤᠯᠤᠮᠵᠢ ᠨᠢ ᠬᠠᠤᠯᠢ ᠴᠠᠭᠠᠵᠠ ᠬᠠᠤᠯᠢ ᠲᠣᠭᠲᠠᠭᠠᠯ ᠤᠨ | ᠲᠣᠭᠲᠠᠭᠠᠯ ᠪᠠ ᠳᠡᠭᠡᠳᠦ ᠱᠠᠲᠤᠨ ᠤ ᠰᠠᠯᠠᠭ᠎ᠠ ᠮᠥᠴᠢᠷ ᠠᠴᠠ ᠡᠷᠬᠡ ᠣᠯᠭᠤᠭᠰᠠᠨ ᠬᠢᠨᠠᠯᠲᠠ ᠶᠢᠨ ᠠᠵᠢᠯ ᠢ | ᠶᠠᠪᠤᠭᠳᠠᠭᠤᠯᠤᠨ᠎ᠠ᠃ ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠪᠣᠯᠣᠨ ᠬᠤᠯᠪᠤᠭᠳᠠᠯ ᠪᠦᠬᠦᠢ | ᠰᠠᠯᠠᠭ᠎ᠠ ᠮᠦᠴᠢᠷ ᠤᠳ ᠡᠳ᠋ ᠤᠨ ᠶᠠᠪᠤᠳᠠᠯ ᠤᠨ ᠬᠢᠨᠠᠯᠲᠠ ᠲᠠᠯᠪᠢᠬᠤ ᠮᠡᠳᠡᠭᠡ ᠵᠠᠩᠭᠢ ᠶᠢᠨ ᠠᠷᠭ᠎ᠠ ᠵᠠᠮ ᠢ ᠰᠠᠭᠠᠳ | ᠦᠭᠡᠢ ᠨᠡᠪᠲᠡᠷᠡᠭᠦᠯᠵᠦ᠂ ᠡᠳ᠋ ᠤᠨ ᠶᠠᠪᠤᠳᠠᠯ ᠳᠤ ᠬᠢᠨᠠᠯᠲᠠ ᠲᠠᠯᠪᠢᠬᠤ ᠴᠢᠬᠤᠯᠠ ᠶᠡᠭᠡ ᠵᠦᠢᠯᠡᠰ ᠢ ᠮᠡᠳᠡᠭᠦᠯᠬᠦ | ᠲᠣᠭᠲᠠᠴᠠ ᠶᠢ ᠪᠠᠶᠢᠭᠤᠯᠤᠨ᠂ ᠳᠡᠭᠡᠷ᠎ᠡ ᠨᠢᠭᠡ ᠱᠠᠲᠤᠨ ᠤ ᠵᠠᠰᠠᠭ ᠤᠨ ᠣᠷᠳᠣᠨ ᠪᠣᠯᠣᠨ ᠬᠤᠯᠪᠣᠭᠳᠠᠯ ᠪᠦᠬᠦᠢ | ᠰᠠᠯᠠᠭ᠎ᠠ ᠮᠦᠴᠢᠷ ᠤᠳ ᠠᠴᠠ ᠡᠳ᠋ ᠤᠨ ᠶᠠᠪᠤᠳᠠᠯ ᠤᠨ ᠬᠢᠨᠠᠯᠲᠠ ᠲᠠᠯᠪᠢᠬᠤ ᠶᠠᠪᠤᠴᠠ ᠳᠤ ᠣᠯᠵᠤ ᠮᠡᠳᠡᠭᠰᠡᠨ ᠴᠢᠬᠤᠯᠠ | ᠶᠡᠭᠡ ᠠᠰᠠᠭᠤᠳᠠᠯ ᠢ ᠴᠠᠭ ᠲᠣᠬᠠᠢ ᠳᠤᠨᠢ ᠲᠤᠰᠬᠠᠬᠤ ᠬᠡᠷᠡᠭᠲᠡᠢ᠃ | ︵ᠠᠷᠪᠠᠨ ᠬᠤᠶᠠᠷ︶ ᠡᠳ᠋ ᠤᠨ ᠶᠠᠪᠤᠳᠠᠯ ᠤᠨ ᠬᠢᠨᠠᠯᠲᠠ ᠲᠠᠯᠪᠢᠬᠤ ᠬᠢᠭᠡᠳ ᠪᠤᠰᠤᠳ ᠡᠯ᠎ᠡ ᠲᠥᠷᠥᠯ ᠤᠨ | ᠬᠢᠨᠠᠯᠲᠠ ᠶᠢᠨ ᠨᠡᠪᠲᠡᠷᠡᠯᠴᠡᠵᠦ ᠵᠣᠬᠢᠴᠠᠭᠤᠯᠬᠤ ᠶᠢ ᠠᠬᠢᠭᠤᠯᠤᠨ᠎ᠠ᠃ ᠮᠡᠳᠡᠭᠡ ᠵᠠᠩᠭᠢ ᠨᠡᠪᠲᠡᠷᠡᠯᠴᠡᠬᠦ᠂ ᠰᠦᠪᠡᠭᠴᠢ ᠶᠢ | ᠰᠢᠯᠵᠢᠭᠦᠯᠦᠨ ᠬᠦᠷᠭᠡᠬᠦ᠂ ᠬᠠᠮᠵᠢᠯᠴᠠᠨ ᠬᠢᠨᠠᠯᠲᠠ ᠲᠠᠯᠪᠢᠬᠤ᠂ ᠦᠷ᠎ᠡ ᠪᠦᠲᠦᠭᠡᠯ ᠢ ᠬᠠᠮᠲᠤᠪᠠᠷ ᠡᠳ᠋ᠯᠡᠬᠦ ᠵᠡᠷᠭᠡ | ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠡᠳ᠋ ᠤᠨ ᠶᠠᠪᠤᠳᠠᠯ ᠤᠨ ᠬᠤᠷᠠᠯ ᠳᠤ ᠬᠢᠨᠠᠯᠲᠠ | ᠲᠠᠯᠪᠢᠬᠤ ᠶᠢ ᠤᠬᠠᠮᠰᠠᠷ ᠠᠴᠠ ᠪᠠᠨ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠪᠠᠷ ᠤᠳᠤᠷᠢᠳᠤᠮᠵᠢ ᠪᠣᠯᠭᠠᠵᠤ᠂ | ᠨᠡᠪᠲᠡᠷᠡᠯᠴᠡᠨ ᠵᠣᠬᠢᠴᠠᠭᠤᠯᠬᠤ ᠪᠦᠲᠦᠮᠵᠢᠲᠡᠶ ᠠᠷᠭ᠎ᠠ ᠵᠠᠮ ᠢ ᠬᠠᠶᠢᠨ ᠰᠦᠪᠡᠭᠴᠢᠯᠡᠵᠦ᠂ ᠲᠣᠭᠤᠷᠢᠨ ᠪᠠᠶᠢᠴᠠᠭᠠᠬᠤ | ᠪᠠᠶᠢᠭᠤᠯᠤᠮᠵᠢ ᠯᠤᠭ᠎ᠠ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠭᠤᠤᠯᠳᠠᠯᠭ᠎ᠠ ᠲᠠᠢ ᠬᠢᠨᠠᠯᠲᠠ ᠲᠠᠯᠪᠢᠵᠤ | ᠬᠠᠮᠵᠢᠯᠴᠠᠬᠤ᠂ ᠴᠢᠬᠤᠯᠠ ᠶᠡᠭᠡ ᠤᠴᠢᠷ ᠶᠠᠪᠤᠳᠠᠯ ᠢ ᠵᠥᠪᠳᠡᠯᠴᠡᠬᠦ᠂ ᠰᠦᠪᠡᠭᠴᠢ ᠶᠢ ᠰᠢᠯᠵᠢᠭᠦᠯᠦᠨ ᠲᠤᠰᠢᠶᠠᠵᠤ | ᠰᠢᠯᠵᠢᠭᠦᠯᠦᠨ ᠬᠦᠷᠭᠡᠬᠦ ᠲᠣᠭᠲᠠᠴᠠ ᠶᠢ ᠪᠠᠶᠢᠭᠤᠯᠵᠤ᠂ ᠡᠳ᠋ ᠤᠨ ᠶᠠᠪᠤᠳᠠᠯ ᠤᠨ ᠴᠤᠭᠯᠠᠭᠠᠨ ᠳᠤ ᠬᠢᠨᠠᠯᠲᠠ ᠲᠠᠯᠪᠢᠵᠤ | ᠪᠠᠶᠢᠴᠠᠭᠠᠯᠲᠠ ᠬᠢᠬᠦ ᠰᠠᠨᠠᠭᠤᠯᠭ᠎ᠠ ᠶᠢ ᠰᠤᠳᠤᠯᠤᠨ ᠰᠢᠢᠳᠪᠦᠷᠢᠯᠡᠨ᠎ᠡ︔ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠪᠠᠶᠢᠭᠤᠯᠤᠯᠭ᠎ᠠ ᠯᠤᠭ᠎ᠠ ᠶᠢᠨ ᠨᠡᠪᠲᠡᠷᠡᠯᠴᠡᠨ ᠵᠣᠬᠢᠴᠠᠭᠤᠯᠬᠤ ᠪᠠᠨ ᠴᠢᠩᠭᠠᠳᠬᠠᠵᠤ᠂ ᠡᠳ᠋ ᠤᠨ | ᠶᠠᠪᠤᠳᠠᠯ ᠤᠨ ᠴᠤᠭᠯᠠᠭᠠᠨ ᠤ ᠬᠢᠨᠠᠯᠲᠠ ᠲᠠᠯᠪᠢᠬᠤ ᠪᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠬᠢᠨᠠᠯᠲᠠ | ᠲᠠᠯᠪᠢᠬᠤ ᠲᠠᠯ᠎ᠠ ᠪᠠᠷ ᠲᠥᠪ ᠤᠨ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠬᠤ᠂ ︽ᠳᠥᠷᠪᠡᠨ ᠰᠤᠷᠲᠠᠯ︾ ᠢ ᠵᠠᠯᠠᠷᠠᠭᠤᠯᠤᠨ ᠵᠠᠰᠠᠬᠤ᠂ ᠣᠯᠠᠨ ᠲᠦᠮᠡᠨ ᠤ ᠳᠡᠷᠭᠡᠳᠡᠬᠢ | ᠢᠯᠵᠠᠷᠠᠯ ᠪᠠ ᠲᠥᠪ ᠪᠤᠰᠤ ᠰᠤᠷᠲᠠᠯ ᠢ ᠴᠡᠭᠴᠡᠯᠡᠨ ᠵᠠᠰᠠᠬᠤ ᠵᠡᠷᠭᠡ ᠲᠠᠯ᠎ᠠ ᠶᠢᠨ ᠱᠠᠭᠠᠷᠳᠠᠯᠭ᠎ᠠ ᠶᠢ ᠨᠡᠪᠲᠡᠷᠡᠭᠦᠯᠦᠨ | ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠬᠢᠨᠠᠯᠲᠠ ᠲᠠᠯᠪᠢᠬᠤ ᠦᠷ᠎ᠡ ᠪᠦᠲᠦᠭᠡᠯ ᠢ ᠬᠠᠮᠲᠤ ᠪᠠᠷ | ᠡᠳ᠋ᠯᠡᠬᠦ ᠶᠢ ᠴᠢᠩᠭᠠᠳᠬᠠᠵᠤ᠂ ᠨᠠᠮ ᠤᠨ ᠭᠡᠰᠢᠭᠦᠨ᠂ ᠬᠢᠨᠠᠨ ᠪᠠᠶᠢᠴᠠᠭᠠᠬᠤ ᠡᠲᠡᠭᠡᠳ ᠤᠨ ᠰᠠᠬᠢᠯᠭ᠎ᠠ ᠪᠠᠲᠤ ᠶᠢ | ᠵᠥᠷᠢᠴᠡᠭᠰᠡᠨ ᠪᠤᠶᠤ ᠡᠭᠦᠷᠭᠡ ᠲᠤᠰᠢᠶᠠᠯ ᠢᠶᠠᠨ ᠠᠰᠢᠭᠯᠠᠨ ᠬᠠᠤᠯᠢ ᠶᠢ ᠵᠥᠷᠢᠴᠡᠭᠰᠡᠨ᠂ ᠡᠷᠬᠡ ᠲᠤᠰᠢᠶᠠᠯ ᠢᠶᠠᠨ | ᠠᠰᠢᠭᠯᠠᠨ ᠶᠠᠯ᠎ᠠ ᠬᠢᠭᠰᠡᠨ ᠰᠡᠵᠢᠭᠯᠡᠯᠲᠡᠶ ᠰᠦᠪᠡᠭᠴᠢ ᠶᠢ ᠢᠯᠡᠷᠡᠭᠦᠯᠵᠦ᠂ ᠬᠠᠤᠯᠢ ᠲᠣᠭᠲᠠᠭᠠᠯ ᠶᠣᠰᠣᠭᠠᠷ ᠰᠠᠬᠢᠯᠭ᠎ᠠ | ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠳᠤ ᠰᠢᠯᠵᠢᠭᠦᠯᠦᠨ ᠬᠦᠷᠭᠡᠬᠦ︔ ᠡᠳ᠋ ᠤᠨ ᠶᠠᠪᠤᠳᠠᠯ ᠤᠨ | ᠬᠢᠨᠠᠯᠲᠠ ᠲᠠᠯᠪᠢᠬᠤ ᠲᠤᠰᠬᠠᠶ ᠮᠡᠷᠭᠡᠵᠢᠯ ᠤᠨ ᠬᠦᠴᠦᠨ ᠤ ᠦᠢᠯᠡᠳᠦᠯ ᠢ ᠪᠠᠳᠠᠷᠠᠭᠤᠯᠵᠤ᠂ ᠡᠳ᠋ ᠤᠨ ᠶᠠᠪᠤᠳᠠᠯ ᠤᠨ | ᠨᠡᠶᠢᠭᠡᠮᠯᠢᠭ ᠤᠨ ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ ᠢ ᠰᠣᠩᠭᠤᠨ ᠲᠣᠮᠢᠯᠠᠵᠤ ᠲᠣᠭᠤᠷᠢᠨ | ᠪᠠᠶᠢᠴᠠᠭᠠᠬᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠵᠥᠪᠯᠡᠯ ᠤᠨ ᠬᠢᠨᠠᠯᠲᠠ ᠲᠠᠯᠪᠢᠬᠤ ᠪᠠ ᠬᠢᠨᠠᠨ | ᠪᠠᠶᠢᠴᠠᠭᠠᠬᠤ ᠪᠠᠶᠢᠴᠠᠭᠠᠯᠲᠠ ᠳᠤ ᠣᠷᠣᠯᠴᠠᠭᠤᠯᠬᠤ ᠬᠡᠷᠡᠭᠲᠡᠶ᠃ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠯᠤᠭ᠎ᠠ ᠬᠢᠨᠠᠯᠲᠠ ᠲᠠᠯᠪᠢᠬᠤ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠬᠠᠮᠵᠢᠯᠴᠠᠭ᠎ᠠ ᠪᠠᠨ ᠴᠢᠩᠭᠠᠳᠬᠠᠵᠤ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠯᠤᠭ᠎ᠠ ᠬᠢᠨᠠᠯᠲᠠ ᠲᠠᠯᠪᠢᠬᠤ ᠶᠢ ᠲᠥᠰᠦᠪ ᠤᠨ | ᠬᠠᠮᠢᠶᠠᠷᠤᠯᠲᠠ ᠶᠢᠨ ᠵᠢᠷᠤᠮᠵᠢᠯᠳᠤ ᠴᠢᠨᠠᠷ᠂ ᠪᠦᠲᠦᠮᠵᠢᠲᠤ ᠴᠢᠨᠠᠷ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠨᠡᠪᠲᠡᠷᠡᠯᠴᠡᠨ | ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠵᠠᠰᠠᠭ ᠵᠠᠬᠢᠷᠭᠠᠨ ᠤ ᠬᠢᠨᠠᠯᠲᠠ ᠲᠠᠯᠪᠢᠬᠤ᠂ ᠬᠠᠤᠯᠢ | ᠴᠠᠭᠠᠵᠠ ᠶᠢᠨ ᠬᠢᠨᠠᠯᠲᠠ ᠲᠠᠯᠪᠢᠬᠤ᠂ ᠬᠢᠨᠠᠨ ᠪᠤᠳᠤᠬᠤ ᠬᠢᠨᠠᠯᠲᠠ ᠲᠠᠯᠪᠢᠬᠤ᠂ ᠲᠤᠭ᠎ᠠ ᠪᠦᠷᠢᠳᠬᠡᠯ ᠤᠨ ᠬᠢᠨᠠᠯᠲᠠ | ᠲᠠᠯᠪᠢᠬᠤ ᠬᠠᠮᠵᠢᠯᠴᠠᠬᠤ ᠴᠢᠨᠠᠷ ᠪᠣᠯᠤᠨ ᠬᠤᠯᠪᠣᠭᠠᠯᠠᠨ ᠬᠥᠳᠡᠯᠦᠯᠴᠡᠬᠦ ᠴᠢᠨᠠᠷ ᠢ ᠴᠢᠩᠭᠠᠳᠬᠠᠵᠤ᠂ ᠮᠡᠳᠡᠭᠡ ᠵᠠᠩᠭᠢ ᠶᠢ | ᠬᠠᠮᠲᠤ ᠪᠠᠷ ᠡᠳ᠋ᠯᠡᠬᠦ ᠶᠢ ᠴᠢᠩᠭᠠᠳᠬᠠᠵᠤ᠂ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ | ᠪᠦᠷᠢᠨᠰᠢᠭᠦᠯᠬᠦ ᠶᠢ ᠲᠦᠯᠬᠢᠨ ᠠᠬᠢᠭᠤᠯᠵᠤ᠂ ᠬᠢᠨᠠᠯᠲᠠ ᠲᠠᠯᠪᠢᠬᠤ ᠨᠡᠶᠢᠯᠡᠮᠡᠯ ᠬᠦᠴᠦᠨ ᠢ ᠪᠤᠢ ᠪᠣᠯᠭᠠᠨ᠎ᠠ᠃ ᠣᠯᠠᠨ | ᠲᠦᠮᠡᠨ ᠤ ᠬᠢᠨᠠᠯᠲᠠ ᠲᠠᠯᠪᠢᠬᠤ᠂ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠠᠷᠭ᠎ᠠ ᠵᠠᠮ ᠢ ᠰᠠᠭᠠᠳ ᠦᠭᠡᠶ | ᠨᠡᠪᠲᠡᠷᠡᠭᠦᠯᠵᠦ᠂ ᠡᠳ᠋ ᠤᠨ ᠶᠠᠪᠤᠳᠠᠯ ᠤᠨ ᠬᠢᠨᠠᠯᠲᠠ ᠲᠠᠯᠪᠢᠵᠤ ᠵᠠᠭᠠᠯᠳᠤᠨ ᠢᠯᠡᠴᠢᠯᠡᠬᠦ ᠶᠢ ᠬᠦᠯᠢᠶᠡᠨ ᠠᠪᠴᠤ | ᠰᠢᠶ᠋ᠳᠪᠦᠷᠢᠯᠡᠬᠦ ᠲᠣᠭᠲᠠᠴᠠ ᠶᠢ ᠪᠦᠷᠢᠨᠰᠢᠭᠦᠯᠦᠨ᠂ ᠬᠦᠯᠢᠶᠡᠨ ᠠᠪᠴᠤ ᠰᠢᠶ᠋ᠳᠪᠦᠷᠢᠯᠡᠬᠦ᠂ ᠪᠠᠶᠢᠴᠠᠭᠠᠨ ᠰᠢᠶ᠋ᠳᠪᠦᠷᠢᠯᠡᠬᠦ᠂ | ᠮᠥᠷᠳᠡᠬᠦ᠂ ᠴᠡᠭᠴᠡᠯᠡᠨ ᠰᠠᠶᠢᠵᠢᠷᠠᠭᠤᠯᠬᠤ ᠵᠡᠷᠭᠡ ᠳᠦᠷᠢᠮ ᠢ ᠲᠡᠭᠦᠯᠳᠡᠷᠵᠢᠭᠦᠯᠬᠦ ᠬᠡᠷᠡᠭᠲᠡᠶ᠃ | ᠳᠥᠷᠪᠡ᠂ ᠭᠤᠤᠯᠳᠡᠯᠭ᠎ᠠ ᠲᠠᠢ ᠬᠦᠷᠢᠶ᠎ᠠ ᠴᠡᠷᠠᠭ᠎ᠠ ᠶᠢᠨ ᠡᠳ᠋ ᠤᠨ ᠶᠠᠪᠤᠳᠡᠯ ᠳᠤ ᠬᠢᠨᠡᠯᠳᠡ ᠳᠡᠯᠪᠢᠬᠤ ᠡᠷᠴᠢᠮ ᠢ | ᠴᠢᠩᠭᠠᠷᠡᠭᠤᠯᠥᠨ᠎ᠠ | ︵ᠠᠷᠪᠠᠨ ᠭᠤᠷᠪᠠ︶ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠴᠢᠬᠤᠯᠠ ᠶᠡᠭᠡ | ᠰᠢᠶ᠋ᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠪᠠᠲᠤᠯᠠᠨ᠎ᠠ᠃ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠡᠳ᠋ ᠶᠢᠨ ᠶᠠᠪᠤᠳᠠᠯ ᠤᠨ ᠬᠢᠨᠠᠯᠲᠠ ᠲᠠᠯᠪᠢᠬᠤ | ᠠᠵᠢᠯ ᠤᠨ ᠲᠡᠷᠢᠭᠦᠨ ᠴᠢᠬᠤᠯᠠ ᠡᠭᠦᠷᠭᠡ ᠪᠣᠯᠭᠠᠨ᠎ᠠ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠮᠡᠭᠳᠡᠯ ᠢ ᠲᠣᠭᠲᠠᠪᠤᠷᠢᠵᠢᠭᠤᠯᠬᠤ᠂ | ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠪᠠᠷᠠᠭᠠᠨ ᠤ ᠦᠨ᠎ᠡ ᠶᠢ ᠲᠣᠭᠲᠠᠪᠤᠷᠢᠵᠢᠭᠤᠯᠬᠤ ᠠᠵᠢᠯ ᠢ ᠰᠠᠶᠢᠲᠤᠷ | ᠬᠢᠵᠦ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ᠂ ᠬᠥᠷᠥᠩᠭᠡ ᠶᠢᠨ ᠡᠮᠬᠢ ᠵᠢᠷᠤᠮ ᠥᠬᠡᠶ | ᠥᠷᠭᠡᠳᠬᠦ ᠶᠢ ᠰᠡᠷᠭᠡᠶᠢᠯᠡᠵᠦ᠂ ᠡᠳ᠋ ᠤᠨ ᠵᠠᠰᠠᠭ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠵᠡᠷᠭᠡ ᠴᠢᠬᠤᠯᠠ ᠶᠡᠭᠡ | ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠪᠠᠶᠢᠴᠠᠭᠠᠵᠤ ᠬᠠᠷᠭᠤᠭᠤᠯᠤᠨ ᠪᠠᠶᠢᠴᠠᠭᠠᠬᠤ᠂ ᠦᠨᠡᠯᠡᠨ ᠵᠢᠱᠢᠵᠦ | ᠬᠢᠨᠠᠨ ᠡᠵᠡᠮᠳᠡᠬᠦ᠂ ᠪᠠᠶᠢᠴᠠᠭᠠᠨ ᠰᠤᠳᠤᠯᠬᠤ ᠵᠡᠷᠭᠡ ᠠᠷᠭ᠎ᠠ ᠮᠠᠶ᠋ᠢᠭ ᠢ ᠶᠡᠷᠦᠩᠬᠡᠶᠢᠯᠡᠨ ᠬᠡᠷᠡᠭᠯᠡᠵᠦ ᠡᠳ᠋ ᠤᠨ | ᠶᠠᠪᠤᠳᠠᠯ ᠤᠨ ᠬᠢᠨᠠᠯᠲᠠ ᠲᠠᠯᠪᠢᠬᠤ ᠠᠵᠢᠯ ᠢ ᠥᠷᠨᠢᠭᠦᠯᠵᠦ᠂ ᠡᠳ᠋ ᠤᠨ ᠵᠠᠰᠠᠭ ᠠᠵᠤ ᠠᠬᠤᠶ ᠶᠢᠨ ᠬᠦᠷᠢᠶᠡᠨ ᠳᠠᠬᠢ | ᠲᠥᠪ ᠤᠨ ᠬᠤᠷᠸ᠎ᠠ ᠰᠢᠢᠳᠪᠦᠷᠢᠲᠦ ᠪᠣᠳᠣᠯᠭ᠎ᠠ ᠪᠠ ᠵᠠᠰᠠᠯᠲᠠ ᠶᠢᠨ ᠲᠣᠬᠢᠷᠠᠭᠤᠯᠭ᠎ᠠ ᠡᠵᠡᠮᠰᠢᠯ ᠤᠨ ᠱᠠᠭᠠᠷᠳᠠᠯᠭ᠎ᠠ ᠠᠴᠠ | ᠵᠥᠷᠢᠴᠡᠭᠰᠡᠨ᠂ ᠠᠵᠤ ᠠᠬᠤᠶ ᠨᠡᠶᠢᠭᠡᠮ ᠤᠨ ᠡᠷᠡᠭᠦᠯ ᠲᠣᠭᠲᠠᠭᠤᠨ ᠬᠥᠭᠵᠢᠯᠲᠡ ᠶᠢ ᠨᠥᠯᠥᠭᠡᠯᠡᠬᠦ ᠰᠠᠬᠢᠯᠭ᠎ᠠ ᠪᠠᠲᠤ | ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠨᠠᠮ ᠤᠨ ᠲᠥᠪ | ᠬᠤᠷᠢᠶᠠᠨ ᠤ ᠵᠠᠰᠠᠭ ᠤᠨ ᠵᠠᠷᠯᠢᠭ ᠤᠨ ᠰᠠᠭᠠᠳ ᠥᠬᠡᠶ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠶ᠃ | ︵ᠠᠷᠪᠠᠨ ᠳᠥᠷᠪᠡ︶ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠶᠢᠨ ᠬᠠᠲᠠᠭᠤ ᠬᠢᠵᠠᠭᠠᠷᠯᠠᠯ ᠢ | ᠴᠢᠩᠭᠠᠳᠬᠠᠨ᠎ᠠ᠃ ᠡᠳ᠋ ᠤᠨ ᠵᠠᠰᠠᠭ ᠠᠵᠤ ᠠᠬᠤᠶ ᠶᠢᠨ ᠬᠦᠷᠢᠶ᠎ᠡ ᠬᠡᠪᠴᠢᠶᠡᠨ ᠳᠠᠬᠢ ᠨᠡᠶᠢᠲᠡ ᠶᠢᠨ ᠡᠷᠬᠡ ᠶᠢ | ᠬᠡᠷᠡᠭᠵᠢᠭᠦᠯᠬᠦ ᠶᠢ ᠬᠢᠵᠠᠭᠠᠷᠯᠠᠬᠤ ᠪᠠ ᠬᠢᠨᠠᠯᠲᠠ ᠲᠠᠯᠪᠢᠬᠤ ᠶᠢ ᠴᠢᠩᠭᠠᠳᠬᠠᠵᠤ᠂ ᠡᠳ᠋ ᠤᠨ ᠵᠠᠰᠠᠭ ᠠᠵᠤ ᠠᠬᠤᠶ ᠶᠢᠨ | ᠰᠠᠬᠢᠯᠭ᠎ᠠ ᠪᠠᠲᠤ ᠶᠢ ᠴᠢᠩᠳᠠᠯᠠᠨ᠎ᠠ᠃ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ᠂ ᠨᠠᠮ ᠵᠠᠰᠠᠭ ᠤᠨ | ᠪᠠᠶᠢᠭᠤᠯᠭ᠎ᠠ ᠶᠢᠨ ᠠᠷᠪᠢᠴᠢ ᠭᠠᠮᠲᠠᠶ ᠠᠮᠢᠳᠤᠷᠠᠬᠤ᠂ ᠦᠨᠳᠦᠰᠦᠨ ᠱᠠᠲᠤᠨ ᠤ ᠠᠷᠠᠳ ᠤᠨ ᠠᠮᠢᠳᠤᠷᠠᠯ ᠤᠨ | ᠦᠨᠳᠦᠰᠦᠨ ᠪᠠᠲᠤᠯᠠᠭ᠎ᠠ ᠶᠢᠨ ᠴᠠᠯᠢᠩ ᠢ ᠪᠠᠲᠤᠯᠠᠬᠤ ᠠᠵᠢᠯᠯᠠᠭᠠᠨ ᠢ ᠴᠢᠩᠭᠠᠳᠬᠠᠬᠤ᠂ ᠤᠯᠤᠰ ᠤᠨ ᠬᠥᠮᠥᠷᠭᠡ ᠶᠢᠨ | ᠬᠠᠮᠢᠶᠠᠷᠤᠯᠲᠠ ᠶᠢ ᠵᠢᠷᠤᠮᠵᠢᠭᠤᠯᠬᠤ᠂ ᠡᠳ᠋ ᠬᠥᠷᠥᠩᠭᠡ ᠶᠢᠨ ᠬᠠᠮᠢᠶᠠᠷᠤᠯᠲᠠ ᠶᠢ ᠴᠢᠩᠭᠠᠳᠬᠠᠬᠤ᠂ ᠥᠷᠢ | ᠥᠭᠴᠡᠭᠡ ᠶᠢᠨ ᠠᠶᠤᠯ ᠲᠦᠭᠰᠢᠭᠦᠷᠢ ᠶᠢ ᠰᠡᠷᠭᠡᠶᠢᠯᠡᠬᠦ ᠵᠡᠷᠭᠡ ᠭᠤᠤᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ | ᠲᠥᠪᠯᠡᠷᠡᠭᠦᠯᠵᠦ᠂ ᠡᠳ᠋ ᠤᠨ ᠵᠠᠰᠠᠭ ᠤᠨ ᠣᠷᠣᠯᠭ᠎ᠠ ᠦᠨᠡᠨ ᠪᠣᠳᠠᠲᠠᠶ ᠪᠥᠭᠡᠳ ᠲᠣᠭᠲᠠᠭᠠᠯ ᠳᠤ ᠨᠡᠶᠢᠴᠡᠬᠦ ᠥᠬᠡᠶ᠂ | ᠲᠣᠭᠲᠠᠭᠠᠯ ᠠᠴᠠ ᠵᠥᠷᠢᠴᠡᠨ ᠠᠰᠠᠷ ᠲᠠᠩᠬᠢᠮ ᠪᠠᠭᠤᠳᠠᠯ ᠭᠠᠵᠠᠷ ᠪᠠᠶᠢᠭᠤᠯᠬᠤ᠂ ᠡᠳ᠋ ᠤᠨ ᠵᠠᠰᠠᠭ ᠤᠨ ᠲᠤᠰᠬᠠᠶ | ᠡᠷᠦᠬᠡ ᠶᠢ ᠳᠤᠷ᠎ᠠ ᠪᠠᠷ ᠢᠶᠠᠨ ᠪᠠᠶᠢᠭᠤᠯᠬᠤ᠂ ᠲᠣᠭᠲᠠᠭᠠᠯ ᠠᠴᠠ ᠵᠥᠷᠢᠴᠡᠨ ᠡᠳ᠋ ᠬᠥᠷᠥᠩᠭᠡ ᠶᠢ ᠰᠢᠢᠳᠪᠦᠷᠢᠯᠡᠬᠦ᠂ | ᠲᠣᠭᠲᠠᠭᠠᠯ ᠠᠴᠠ ᠵᠥᠷᠢᠴᠡᠨ ᠰᠢᠨ᠎ᠡ ᠪᠠᠷ ᠨᠡᠮᠡᠭᠳᠡᠭᠦᠯᠬᠦ ᠣᠷᠣᠨ ᠨᠤᠲᠤᠭ ᠤᠨ ᠵᠠᠰᠠᠭ ᠤᠨ ᠣᠷᠳᠣᠨ ᠤ ᠳᠠᠯᠳᠠ ᠥᠷᠢ | ᠥᠭᠴᠡᠭᠡ ᠶᠢ ᠰᠢᠨ᠎ᠡ ᠪᠠᠷ ᠨᠡᠮᠡᠭᠳᠡᠭᠦᠯᠬᠦ ᠵᠡᠷᠭᠡ ᠲᠣᠪᠤᠶᠢᠮ᠎ᠠ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ | ᠨᠡᠪᠲᠡᠷᠡᠭᠦᠯᠦᠨ ᠬᠠᠷᠢᠭᠤᠴᠠᠯᠭ᠎ᠠ ᠨᠡᠬᠡᠮᠵᠢᠯᠡᠬᠦ ᠪᠠ ᠰᠢᠢᠳᠪᠦᠷᠢᠯᠡᠵᠦ ᠲᠣᠷᠭᠠᠬᠤ ᠶᠢ ᠴᠢᠩᠭᠠᠳᠬᠠᠵᠤ᠂ ᠰᠠᠬᠢᠯᠭ᠎ᠠ | ᠪᠠᠲᠤ ᠶᠢ ᠦᠨᠡᠨ ᠬᠦ ᠴᠠᠬᠢᠯᠭᠠᠨ ᠲᠠᠢ ︽ᠥᠨᠳᠥᠷ ᠬᠦᠴᠦᠳᠡᠯᠲᠦ ᠴᠠᠬᠢᠯᠭᠠᠨ ᠤᠲᠠᠰᠤ︾ ᠪᠣᠯᠭᠠᠬᠤ ᠬᠡᠷᠡᠭᠲᠡᠶ᠃ | ︵ᠠᠷᠪᠠᠨ ᠲᠠᠪᠤ︶ ᠡᠳ᠋ ᠤᠨ ᠶᠠᠪᠤᠳᠠᠯ ᠤᠨ ᠨᠢᠭᠲᠠᠯᠠᠨ ᠪᠣᠳᠣᠭᠴᠢ ᠶᠢᠨ ᠬᠠᠤᠯᠢ ᠲᠣᠭᠲᠠᠭᠠᠯ ᠠᠴᠠ | ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ︽ᠨᠡᠪᠲᠡ ᠡᠮᠦᠰᠬᠦ᠂ ᠠᠯᠳᠠᠰᠢ | ᠭᠠᠷᠬᠤ ᠶᠢ ᠬᠤᠷᠢᠭᠯᠠᠬᠤ᠂ ᠬᠦᠨᠳᠦ ᠨᠡᠶᠢᠲᠡᠯᠢᠭ ᠵᠢᠱᠢᠶ᠎ᠡ ᠶᠢ ᠬᠡᠷᠡᠭᠯᠡᠬᠦ᠂ ᠬᠡᠪ ᠰᠤᠷᠲᠠᠯ ᠢ ᠲᠥᠪ ᠪᠣᠯᠭᠠᠬᠤ︾ ᠶᠢ | ᠪᠠᠷᠢᠮᠲᠠᠯᠠᠵᠤ᠂ ᠡᠳ᠋ ᠤᠨ ᠶᠠᠪᠤᠳᠠᠯ ᠤᠨ ᠭᠡᠮ ᠰᠣᠭᠤᠭ ᠢ ᠴᠢᠩᠭ᠎ᠠ ᠪᠥᠭᠡᠳ ᠬᠦᠨᠳᠦ ᠪᠠᠷ ᠪᠠᠶᠢᠴᠠᠭᠠᠨ ᠰᠢᠢᠳᠪᠦᠷᠢᠯᠡᠵᠦ᠂ | ᠬᠤᠯᠪᠣᠭᠳᠠᠯ ᠪᠦᠬᠦᠢ ᠬᠠᠷᠢᠭᠤᠴᠠᠯᠭᠠᠲᠠᠨ ᠠᠴᠠ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠨ᠎ᠠ᠃ ᠤᠯᠤᠰ ᠤᠨ | ᠥᠮᠴᠢᠯᠡᠯᠲᠦ ᠠᠵᠤ ᠠᠬᠤᠶᠢᠯᠠᠯ᠂ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ᠂ ᠮᠥᠩᠭᠦᠨ ᠭᠦᠢᠯᠭᠡᠭᠡᠨ ᠤ ᠠᠵᠤ | ᠠᠬᠤᠶᠢᠯᠠᠯ ᠵᠡᠷᠭᠡ ᠶᠢᠨ ᠡᠳ᠋ ᠤᠨ ᠶᠠᠪᠤᠳᠠᠯ᠂ ᠨᠢᠭᠲᠠᠯᠠᠨ ᠪᠤᠳᠤᠬᠤ ᠦᠢᠯᠡ ᠠᠵᠢᠯᠯᠠᠭ᠎ᠠ ᠳᠤ ᠬᠢᠨᠠᠯᠲᠠ ᠲᠠᠯᠪᠢᠬᠤ ᠪᠠᠨ | ᠴᠢᠩᠭᠠᠳᠬᠠᠵᠤ᠂ ᠡᠳ᠋ ᠤᠨ ᠶᠠᠪᠤᠳᠠᠯ ᠤᠨ ᠲᠤᠭ᠎ᠠ ᠪᠠᠷᠢᠮᠲᠠ ᠶᠢ ᠬᠤᠳᠠᠯ ᠬᠠᠭᠤᠷᠮᠠᠭ᠂ ︽ᠠᠷᠭ᠎ᠠ ᠪᠢᠯᠢᠭ | ᠮᠡᠳᠡᠭᠦᠯᠦᠯᠲᠡ︾ ᠭᠠᠷᠭᠠᠬᠤ᠂ ᠳᠣᠲᠣᠭᠠᠳᠤ ᠶᠢᠨ ᠬᠢᠨᠠᠯᠲᠠ ᠲᠠᠯᠪᠢᠵᠤ ᠬᠦᠴᠦᠨ ᠦᠭᠡᠢ ᠪᠣᠯᠭᠠᠬᠤ ᠵᠡᠷᠭᠡ ᠲᠣᠪᠤᠶᠢᠮ᠎ᠠ | ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠨᠢᠭᠲᠠᠯᠠᠨ ᠪᠣᠳᠣᠭᠴᠢ ᠶᠢᠨ ᠮᠡᠳᠡᠭᠡ ᠵᠠᠩᠭᠢ ᠶᠢᠨ | ᠶᠠᠰᠤ ᠴᠢᠨᠠᠷ ᠲᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠬᠤᠳᠠᠯ ᠬᠠᠭᠤᠷᠮᠠᠭ ᠨᠢᠭᠲᠠᠯᠠᠨ ᠪᠣᠳᠣᠬᠤ ᠳᠠᠩᠰᠠ | ᠳᠡᠪᠲᠡᠷ᠂ ᠠᠵᠤ ᠠᠬᠤᠶ ᠶᠢᠨ ᠲᠤᠬᠠᠶᠢᠯᠠᠭᠰᠠᠨ ᠠᠵᠢᠯ᠂ ᠨᠢᠭᠲᠠᠯᠠᠨ ᠪᠣᠳᠣᠬᠤ ᠪᠠᠷᠢᠮᠵᠢᠶ᠎ᠠ ᠶᠢ ᠳᠤᠷ᠎ᠠ ᠪᠠᠷ ᠢᠶᠠᠨ | ᠬᠡᠷᠡᠭᠯᠡᠬᠦ ᠵᠡᠷᠭᠡ ᠨᠢᠭᠲᠠᠯᠠᠨ ᠪᠣᠳᠣᠬᠤ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠬᠠᠤᠯᠢ | ᠶᠣᠰᠣᠭᠠᠷ ᠴᠢᠩᠭ᠎ᠠ ᠴᠣᠬᠢᠯᠲᠠ ᠥᠭᠴᠦ᠂ ᠨᠢᠭᠲᠠᠯᠠᠨ ᠪᠣᠳᠣᠬᠤ ᠮᠡᠳᠡᠭᠡ ᠵᠠᠩᠭᠢ ᠶᠢᠨ ᠶᠠᠰᠤ ᠴᠢᠨᠠᠷ ᠢ ᠦᠷᠭᠦᠯᠵᠢᠯᠡᠨ | ᠳᠡᠭᠡᠭᠰᠢᠯᠡᠭᠦᠯᠬᠦ ᠬᠡᠷᠡᠭᠲᠡᠶ᠃ ᠨᠢᠭᠲᠠᠯᠠᠨ ᠪᠣᠳᠣᠭᠴᠢ ᠶᠢᠨ ᠬᠡᠷᠡᠭ ᠡᠷᠬᠢᠯᠡᠬᠦ ᠭᠠᠵᠠᠷ᠂ ᠡᠳ᠋ ᠬᠦᠷᠦᠩᠭᠡ ᠶᠢ ᠦᠨᠡᠯᠡᠨ | ᠵᠢᠱᠢᠬᠦ ᠪᠠᠶᠢᠭᠤᠯᠤᠮᠵᠢ᠂ ᠣᠷᠣᠯᠠᠨ ᠳᠠᠩᠰᠠ ᠲᠡᠮᠳᠡᠭᠯᠡᠬᠦ ᠪᠠᠶᠢᠭᠤᠯᠤᠮᠵᠢ ᠵᠡᠷᠭᠡ ᠵᠠᠭᠤᠴᠢ ᠪᠠᠶᠢᠭᠤᠯᠤᠮᠵᠢ ᠶᠢᠨ ᠠᠵᠢᠯ | ᠡᠷᠬᠢᠯᠡᠬᠦ ᠶᠠᠰᠤ ᠴᠢᠨᠠᠷ ᠤᠨ ᠬᠢᠨᠠᠯᠲᠠ ᠲᠠᠯᠪᠢᠯᠲᠠ ᠶᠢ ᠴᠢᠩᠭᠠᠳᠬᠠᠵᠤ᠂ ᠠᠵᠢᠯ ᠲᠦᠷᠦᠯ ᠤᠨ ᠳᠤᠪᠤᠶᠢᠮ᠎ᠠ | ᠠᠰᠠᠭᠤᠳᠠᠯ ᠳᠤ ᠠᠩᠬᠠᠷᠤᠯ ᠢᠶᠠᠨ ᠲᠦᠪᠯᠡᠷᠡᠭᠦᠯᠵᠦ᠂ ᠦᠨᠡᠮᠯᠡᠯ ᠦᠭᠡᠢ ᠪᠠᠷ ᠡᠵᠡᠩᠨᠡᠬᠦ᠂ ᠨᠡᠷ᠎ᠡ ᠡᠯᠭᠦᠵᠦ ᠠᠵᠢᠯ | ᠡᠷᠬᠢᠯᠡᠬᠦ᠂ ᠲᠣᠭᠲᠠᠭᠠᠯ ᠠᠴᠠ ᠵᠦᠷᠢᠴᠡᠨ ᠮᠡᠳᠡᠭᠦᠯᠦᠯᠲᠡ ᠬᠠᠩᠭᠠᠬᠤ᠂ ᠡᠭᠦᠷᠭᠡᠯᠡᠵᠦ ᠳᠡᠶᠢᠯᠬᠦ ᠴᠢᠳᠠᠪᠤᠷᠢ ᠠᠴᠠ | ᠬᠡᠲᠦᠷᠡᠭᠦᠯᠦᠨ ᠠᠵᠢᠯ ᠡᠷᠬᠢᠯᠡᠬᠦ ᠵᠡᠷᠭᠡ ᠬᠠᠤᠯᠢ ᠲᠣᠭᠲᠠᠭᠠᠯ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠴᠡᠭᠴᠡᠯᠡᠨ | ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠠᠵᠢᠯ ᠲᠦᠷᠦᠯ ᠤᠨ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ | ᠪᠣᠯᠣᠨ ᠢᠲᠡᠭᠡᠮᠵᠢ ᠶᠢᠨ ᠬᠠᠮᠢᠶᠠᠷᠤᠯᠲᠠ ᠶᠢ ᠴᠢᠩᠭᠠᠷᠠᠭᠤᠯᠤᠨ᠂ ᠤᠯᠠᠨ ᠢ ᠲᠦᠢᠪᠡᠭᠡᠭᠴᠢ ᠶᠢ ᠡᠷᠡᠰ ᠠᠷᠢᠯᠭᠠᠬᠤ | ᠬᠡᠷᠡᠭᠲᠡᠢ᠃ | ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠠᠷᠪᠠᠨ ᠵᠢᠷᠭᠤᠭ᠎ᠠ︶ ᠵᠣᠬᠢᠶᠠᠨ ᠪᠠᠶᠢᠭᠤᠯᠣᠯᠳᠠ ᠶᠢᠨ ᠣᠳᠣᠷᠢᠳᠣᠯᠭ᠎ᠠ ᠪᠠᠨ ᠴᠢᠩᠭᠠᠳᠬᠠᠨ᠎ᠠ᠃ ᠡᠯ᠎ᠡ | ᠭᠠᠵᠠᠷ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠴᠢᠩᠭᠠᠳᠬᠠᠵᠤ᠂ ᠬᠠᠮᠵᠢᠯᠴᠠᠬᠤ ᠪᠠᠨ ᠴᠢᠩᠭᠠᠳᠬᠠᠨ᠂ ᠪᠣᠳᠠᠲᠠᠢ ᠲᠠᠢ ᠤᠶᠠᠯᠳᠤᠭᠤᠯᠤᠨ | ᠪᠣᠳᠠᠲᠠᠢ ᠬᠡᠷᠡᠭᠵᠢᠭᠦᠯᠬᠦ ᠲᠥᠰᠥᠯ ᠢ ᠲᠣᠭᠲᠠᠭᠠᠵᠤ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠪᠣᠳᠠᠲᠠᠢ ᠳᠤ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠡᠳ᠋ ᠤᠨ ᠶᠠᠪᠤᠳᠠᠯ ᠤᠨ | ᠨᠢᠭᠲᠠᠯᠠᠨ ᠪᠤᠳᠤᠬᠤ ᠠᠵᠢᠯ ᠢ ᠠᠬᠢᠭᠤᠯᠤᠭᠰᠠᠨ ᠪᠠᠶᠢᠳᠠᠯ ᠢ ᠤᠳᠤᠷᠢᠳᠬᠤ ᠪᠠᠭ ᠪᠣᠯᠤᠨ ᠬᠤᠯᠪᠣᠭᠳᠠᠯ ᠪᠦᠬᠦᠢ | ᠤᠳᠤᠷᠢᠳᠬᠤ ᠺᠠᠳ᠋ᠷ ᠢ ᠬᠢᠨᠠᠨ ᠰᠢᠯᠭᠠᠬᠤ ᠴᠢᠬᠤᠯᠠ ᠠᠭᠤᠯᠭ᠎ᠠ ᠪᠣᠯᠭᠠᠬᠤ ᠬᠡᠷᠡᠭᠲᠡᠶ︔ ᠡᠳ᠋ ᠤᠨ ᠶᠠᠪᠤᠳᠠᠯ ᠤᠨ | ᠴᠤᠭᠯᠠᠭᠠᠨ ᠳᠤ ᠬᠢᠨᠠᠯᠲᠠ ᠲᠠᠯᠪᠢᠬᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠤᠭᠰᠠᠨ ᠦᠭᠡᠢ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠢ ᠪᠣᠯ ᠴᠢᠩᠭ᠎ᠠ | ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ | ︵ᠠᠷᠪᠠᠨ ᠳᠣᠯᠤᠭ᠎ᠠ︶ ᠡᠳ᠋ ᠤᠨ ᠶᠠᠪᠤᠳᠠᠯ ᠤᠨ ᠨᠡᠶᠢᠭᠡᠮᠯᠢᠭ ᠤᠨ ᠬᠠᠤᠯᠢ ᠪᠠᠷ ᠵᠠᠰᠠᠬᠤ ᠪᠠᠶᠢᠭᠤᠯᠤᠯᠲᠠ ᠳᠤ | ᠬᠢᠨᠠᠯᠲᠠ ᠲᠠᠯᠪᠢᠬᠤ ᠶᠢ ᠠᠬᠢᠭᠤᠯᠤᠨ᠎ᠠ᠃ ᠡᠳ᠋ ᠤᠨ ᠶᠠᠪᠤᠳᠠᠯ ᠤᠨ ᠬᠢᠨᠠᠯᠲᠠ ᠲᠠᠯᠪᠢᠬᠤ ᠬᠠᠤᠯᠢ ᠴᠠᠭᠠᠵᠠ ᠬᠠᠤᠯᠢ | ᠲᠣᠭᠲᠠᠭᠠᠯ ᠳᠦᠷᠢᠮ ᠳᠤ ᠵᠠᠰᠠᠪᠤᠷᠢ ᠣᠷᠣᠭᠤᠯᠵᠤ᠂ ᠲᠥᠰᠦᠪ ᠤᠨ ᠬᠠᠤᠯᠢ᠂ ᠨᠢᠭᠲᠠᠯᠠᠨ ᠪᠤᠳᠤᠬᠤ ᠬᠠᠤᠯᠢ᠂ | ᠳᠠᠩᠰᠠᠯᠠᠭᠤᠯᠤᠭᠰᠠᠨ ᠨᠢᠭᠲᠠᠯᠠᠨ ᠪᠤᠳᠤᠭᠴᠢ ᠶᠢᠨ ᠬᠠᠤᠯᠢ᠂ ᠡᠳ᠋ ᠬᠥᠷᠥᠩᠭᠡ ᠶᠢ ᠦᠨᠡᠯᠡᠨ ᠵᠢᠱᠢᠬᠦ ᠬᠠᠤᠯᠢ᠂ ᠡᠳ᠋ ᠤᠨ | ᠵᠠᠰᠠᠭ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠢᠢᠳᠬᠡᠨ ᠲᠣᠷᠭᠠᠬᠤ ᠳᠦᠷᠢᠮ ᠵᠡᠷᠭᠡ ᠬᠠᠤᠯᠢ | ᠴᠠᠭᠠᠵᠠ ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠬᠤ ᠶᠢ ᠴᠠᠭ ᠲᠤᠬᠠᠶ ᠳᠤᠨᠢ ᠠᠬᠢᠭᠤᠯᠬᠤ ᠬᠡᠷᠡᠭᠲᠡᠶ᠃ ᠡᠳ᠋ ᠤᠨ | ᠵᠠᠰᠠᠭ ᠡᠳ᠋ ᠤᠨ ᠶᠠᠪᠤᠳᠠᠯ ᠤᠨ ᠬᠠᠮᠢᠶᠠᠷᠤᠯᠲᠠ᠂ ᠡᠳ᠋ ᠬᠥᠷᠥᠩᠭᠡ ᠶᠢᠨ ᠬᠠᠮᠢᠶᠠᠷᠤᠯᠲᠠ ᠵᠡᠷᠭᠡ ᠳᠦᠷᠢᠮ ᠢ | ᠪᠦᠷᠢᠨᠰᠢᠭᠦᠯᠵᠦ᠂ ᠳᠣᠲᠣᠭᠠᠳᠤ ᠳᠠᠬᠢ ᠡᠵᠡᠮᠳᠡᠬᠦ ᠳᠦᠷᠢᠮ ᠤᠨ ᠰᠢᠰᠲ᠋ᠧᠮᠵᠢ ᠶᠢ ᠲᠡᠭᠦᠯᠳᠡᠷᠵᠢᠭᠦᠯᠬᠦ ᠬᠡᠷᠡᠭᠲᠡᠢ᠃ | ᠵᠠᠰᠠᠭ ᠤᠨ ᠣᠷᠳᠣᠨ ᠤ ᠨᠢᠭᠲᠠᠯᠠᠨ ᠪᠣᠳᠣᠬᠤ ᠠᠵᠢᠯ ᠤᠨ ᠥᠭᠡᠷᠡᠴᠢᠯᠡᠯᠲᠡᠡ ᠶᠢ ᠭᠦᠨᠵᠡᠭᠡᠶᠢᠷᠡᠭᠦᠯᠵᠦ᠂ ᠠᠵᠤ | ᠠᠬᠤᠶᠢᠯᠠᠯ ᠤᠨ ᠨᠢᠭᠲᠠᠯᠠᠨ ᠪᠣᠳᠣᠬᠤ ᠪᠠᠷᠢᠮᠵᠢᠶ᠎ᠠ ᠶᠢᠨ ᠰᠢᠰᠲ᠋ᠤᠮ ᠪᠠ ᠠᠰᠢᠭ ᠬᠤᠨᠵᠢᠪᠣᠷᠢ ᠶᠢᠨ ᠪᠤᠰᠤ ᠵᠣᠬᠢᠶᠠᠨ | ᠪᠠᠶᠢᠭᠤᠯᠤᠯᠲᠠ ᠶᠢᠨ ᠨᠢᠭᠲᠠᠯᠠᠨ ᠪᠣᠳᠣᠬᠤ ᠳᠦᠷᠢᠮ ᠢ ᠲᠡᠭᠦᠯᠳᠡᠷᠵᠢᠭᠦᠯᠵᠦ᠂ ᠨᠢᠭᠲᠠᠯᠠᠨ ᠪᠣᠳᠣᠬᠤ ᠳᠦᠷᠢᠮ ᠤᠨ | ᠳᠦᠷᠢᠮ ᠢ ᠬᠡᠷᠡᠭᠵᠢᠭᠦᠯᠬᠦ ᠦᠷ᠎ᠡ ᠪᠦᠲᠦᠮᠵᠢ ᠶᠢ ᠨᠡᠮᠡᠭᠳᠡᠭᠦᠯᠦᠨ᠎ᠡ᠃ | ︵ᠠᠷᠪᠠᠨ ᠨᠠᠢᠮᠠ︶ ᠡᠳ᠋ ᠤᠨ ᠶᠠᠪᠤᠳᠠᠯ ᠤᠨ ᠬᠢᠨᠠᠯᠲᠠ ᠲᠠᠯᠪᠢᠬᠤ ᠡᠭᠠᠭᠡ ᠶᠢᠨ ᠪᠠᠶᠢᠭᠤᠯᠤᠯᠲᠠ ᠶᠢ | ᠴᠢᠨ᠋ᠬᠠᠳᠭᠠᠨ᠎ᠠ᠃ ᠰᠢᠶᠠᠨ ᠤ ᠱᠠᠲᠤᠨ ᠠᠴᠠ ᠳᠡᠭᠡᠭᠰᠢᠬᠢ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠡᠳ᠋ ᠤᠨ | ᠶᠠᠪᠤᠳᠠᠯ ᠤᠨ ᠬᠢᠨᠠᠯᠲᠠ ᠲᠠᠯᠪᠢᠬᠤ ᠡᠩᠨᠡᠭᠡ ᠪᠣᠯᠤᠨ ᠴᠢᠳᠠᠪᠤᠷᠢ ᠶᠢᠨ ᠪᠠᠶᠢᠭᠤᠯᠤᠯᠲᠠ ᠪᠠᠨ ᠴᠢᠩᠭᠠᠳᠬᠠᠬᠤ ᠬᠡᠷᠡᠭᠲᠡᠶ᠃ | ᠡᠯ᠎ᠠ ᠨᠢᠭᠡᠴᠡ ᠨᠦᠭᠦᠳ ᠡᠳ᠋ ᠤᠨ ᠶᠠᠪᠤᠳᠡᠯ ᠤᠨ ᠨᠡᠶᠢᠭᠡᠮᠯᠢᠭ ᠤᠨ ᠬᠢᠨᠡᠯᠳᠡ ᠳᠡᠯᠪᠢᠬᠤ ᠡᠬᠦᠷᠭᠡ ᠴᠢᠳᠡᠪᠦᠷᠢ ᠶᠢᠨ | ᠡᠬᠦᠷᠭᠡ ᠲᠠᠢ ᠪᠠᠨ ᠵᠤᠬᠢᠴᠠᠯᠳᠣᠠᠠᠰᠠᠨ ᠠᠵᠢᠯᠳᠡᠨ ᠤ ᠬᠦᠴᠣᠨ ᠲᠣᠬᠢᠷᠡᠭᠤᠯᠵᠦ᠂ ᠡᠳ᠋ ᠤᠨ ᠶᠠᠪᠤᠳᠡᠯ ᠤᠨ | ᠨᠡᠶᠢᠭᠡᠮᠯᠢᠭ ᠤᠨ ᠬᠢᠨᠡᠯᠳᠡ ᠳᠡᠯᠪᠢᠬᠤ ᠴᠢᠳᠡᠪᠦᠷᠢᠳᠡᠨ ᠤ ᠳᠥᠷᠥ ᠶᠢᠨ ᠪᠤᠳᠣᠯᠭ᠎ᠠ ᠶᠢᠨ ᠰᠢᠰᠲ᠋ᠧᠮᠵᠢ ᠶᠢ | ᠳᠡᠬᠦᠯᠳᠡᠷᠵᠢᠬᠦᠯᠥᠨ᠂ ᠡᠳ᠋ ᠤᠨ ᠶᠠᠪᠤᠳᠡᠯ ᠤᠨ ᠬᠢᠨᠡᠯᠳᠡ ᠳᠡᠯᠪᠢᠬᠤ ᠴᠢᠳᠡᠪᠦᠷᠢᠳᠡᠨ ᠤ ᠪᠤᠯᠪᠠᠰᠣᠷᠡᠭᠤᠯᠥᠯ ᠬᠦᠮᠦᠵᠢᠯ ᠢ | ᠴᠢᠩᠭᠠᠳᠬᠠᠵᠦ᠂ ᠳᠥᠷᠦᠯ ᠭᠡᠯᠪᠡᠷᠢ ᠬᠤᠪᠢᠶᠡᠨ᠂ ᠬᠦᠷᠢᠶ᠎ᠠ ᠴᠡᠷᠠᠭ᠎ᠠ ᠬᠤᠪᠢᠶᠡᠨ ᠳᠡᠭᠡᠳᠦ ᠳᠡᠰ ᠲᠠᠪᠬᠤᠷᠭ᠎ᠠ ᠶᠢᠨ | ᠡᠳ᠋ ᠤᠨ ᠶᠠᠪᠤᠳᠡᠯ ᠤᠨ ᠬᠢᠨᠡᠯᠳᠡ ᠳᠡᠯᠪᠢᠬᠤ ᠴᠢᠳᠡᠪᠦᠷᠢᠳᠡᠨ ᠤ ᠬᠦᠮᠥᠷᠬᠡ ᠶᠢ ᠪᠠᠶᠢᠭᠤᠯᠵᠦ᠂ ᠲᠣᠰᠬᠠᠢ ᠮᠡᠷᠭᠡᠵᠢᠯ ᠤᠨ | ᠴᠢᠳᠡᠪᠦᠷᠢ ᠪᠠ ᠶᠡᠷᠦᠩᠭᠡᠢᠯᠡᠭᠰᠡᠨ ᠬᠡᠪ ᠴᠢᠨᠡᠷ ᠢ ᠳᠡᠭᠡᠭᠰᠢᠯᠡᠬᠦᠯᠬᠦ ᠭᠡᠷᠡᠭᠳᠡᠢ᠃ ᠣᠯᠥᠰ ᠤᠨ ᠬᠤᠯᠪᠤᠠᠠᠳᠡᠯ ᠪᠦᠬᠦᠢ | ᠲᠣᠠᠠᠳᠠᠭᠠᠯ ᠶᠣᠰᠣᠭᠠᠷ ᠡᠳ᠋ ᠤᠨ ᠶᠠᠪᠤᠳᠡᠯ ᠤᠨ ᠴᠢᠳᠡᠪᠦᠷᠢᠳᠡᠨ ᠤ ᠵᠣᠷᠢᠠᠠᠵᠢᠭᠤᠯᠵᠦ ᠬᠢᠵᠠᠭᠠᠷᠯᠠᠬᠤ ᠲᠣᠠᠠᠳᠡᠴᠠ ᠶᠢ | ᠳᠡᠬᠦᠯᠳᠡᠷᠵᠢᠬᠦᠯᠥᠨ᠎ᠠ᠃ | ︵ᠠᠷᠪᠠ ᠶᠢᠰᠣ︶ ᠡᠳ᠋ ᠤᠨ ᠶᠠᠪᠤᠳᠠᠯ ᠤᠨ ᠬᠢᠨᠠᠯᠲᠠ ᠲᠠᠯᠪᠢᠬᠤ ᠮᠡᠳᠡᠭᠡ ᠵᠠᠩᠭᠢᠵᠢᠯᠲᠠ ᠶᠢᠨ | ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠵᠦ ᠲᠦᠯᠬᠢᠨ ᠠᠬᠢᠭᠤᠯᠤᠨ᠎ᠠ᠃ ︽ᠢᠨᠲ᠋ᠧᠷ ᠰᠦᠯᠵᠢᠶ᠎ᠡ + ᠬᠢᠨᠠᠯᠳᠠ | ᠲᠠᠯᠪᠢᠯᠳᠠ︾ ᠶᠢ ᠭᠦᠨᠵᠡᠬᠡᠶᠢᠷᠡᠬᠦᠯᠵᠦ᠂ ᠲᠤᠮᠤ ᠳ᠋ᠠᠶᠢᠲ᠋ᠠ ᠪᠠ ᠮᠡᠳᠡᠭᠡ ᠵᠠᠩᠬᠢᠵᠢᠯᠳᠠ ᠶᠢᠨ ᠠᠷᠭ᠎ᠠ ᠪᠠᠷᠢᠯ ᠢ ᠭᠦᠢᠴᠡᠳ | ᠬᠡᠷᠡᠭᠯᠡᠨ᠂ ᠬᠢᠨᠠᠯᠳᠠ ᠬᠠᠮᠢᠶᠠᠷᠤᠯᠳᠠ ᠶᠢᠨ ᠭᠦᠴᠦᠨ ᠴᠢᠳᠠᠪᠤᠷᠢ ᠶᠢ ᠦᠨᠡᠨ ᠬᠦ ᠲᠡᠬᠡᠭᠰᠢᠯᠡᠬᠦᠯᠦᠨ᠎ᠠ᠃ ᠪᠥᠬᠦ | ᠤᠯᠤᠰ ᠤᠨ ᠨᠢᠭᠡ ᠴᠣᠭᠴᠠᠵᠢᠭᠤᠯᠤᠭᠰᠠᠨ ᠰᠦᠯᠵᠢᠶᠡᠨ ᠳᠠᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠠᠪᠴᠠᠩ ᠳᠤ ᠲᠦᠰᠢᠭᠯᠡᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢᠨ ᠬᠤᠯᠪᠣᠭᠳᠠᠯ ᠪᠥᠬᠦᠶ | ᠣᠯᠠᠨ ᠨᠡᠶᠢᠲᠡ ᠶᠢᠨ ᠳ᠋ᠠᠶᠢᠲ᠋ᠠ ᠶᠢᠨ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ ᠡᠮᠬᠢᠯᠡᠨ ᠨᠡᠶᠢᠯᠡᠭᠦᠯᠵᠦ᠂ ᠡᠳ᠋ ᠤᠨ | ᠶᠠᠪᠤᠳᠠᠯ ᠤᠨ ᠨᠡᠶᠢᠭᠡᠮᠯᠢᠭ ᠤᠨ ᠬᠢᠨᠠᠯᠲᠠ ᠲᠠᠯᠪᠢᠬᠤ ᠲᠤᠭ᠎ᠠ ᠪᠠᠷᠢᠮᠲᠠ ᠶᠢᠨ ᠬᠥᠮᠥᠷᠭᠡ ᠶᠢ ᠱᠠᠲᠤ ᠲᠥᠷᠥᠯ ᠬᠤᠪᠢᠶᠠᠨ | ᠲᠡᠭᠦᠯᠳᠡᠷᠵᠢᠭᠦᠯᠵᠦ᠂ ᠡᠳ᠋ ᠤᠨ ᠶᠠᠪᠤᠳᠠᠯ ᠤᠨ ᠬᠢᠨᠠᠯᠲᠠ ᠲᠠᠯᠪᠢᠬᠤ ᠲᠤᠭ᠎ᠠ ᠪᠠᠷᠢᠮᠲᠠ ᠶᠢ ᠬᠤᠷᠠᠮᠳᠤᠭᠤᠯᠤᠨ | ᠠᠭᠤᠰᠤᠯᠴᠠᠭᠤᠯᠬᠤ ᠪᠠ ᠬᠠᠮᠲᠤᠪᠠᠷ ᠡᠳ᠋ᠯᠡᠵᠦ ᠬᠠᠮᠲᠤᠪᠠᠷ ᠬᠡᠷᠡᠭᠯᠡᠬᠦ ᠶᠢ ᠠᠬᠢᠭᠤᠯᠤᠨ᠎ᠠ᠃ ᠡᠳ᠋ ᠤᠨ ᠶᠠᠪᠤᠳᠠᠯ ᠤᠨ | ᠬᠦᠷᠢᠶ᠎ᠡ ᠴᠠᠷᠠᠭᠠᠨ ᠳᠠᠬᠢ ᠬᠦᠨᠳᠦ ᠶᠡᠭᠡ ᠲᠦᠭᠰᠢᠭᠦᠷᠢ ᠶᠢ ᠢᠯᠭᠠᠨ ᠲᠠᠨᠢᠬᠤ ᠤᠷᠢᠳᠴᠢᠯᠠᠨ ᠰᠡᠷᠡᠮᠵᠢᠯᠡᠭᠦᠯᠬᠦ | ᠲᠣᠭᠲᠠᠴᠠ ᠶᠢ ᠪᠠᠶᠢᠭᠤᠯᠤᠨ᠎ᠠ᠃ | ︵ᠬᠤᠷᠢ︶ ᠡᠳ᠋ ᠤᠨ ᠵᠠᠰᠠᠭ ᠤᠨ ᠴᠤᠭᠯᠠᠭᠠᠨ ᠤ ᠬᠢᠨᠠᠯᠲᠠ ᠲᠠᠯᠪᠢᠬᠤ ᠠᠵᠢᠯ ᠤᠨ ᠦᠷ᠎ᠡ ᠪᠦᠲᠦᠮᠵᠢ ᠶᠢ | ᠳᠡᠭᠡᠭᠰᠢᠯᠡᠭᠦᠯᠦᠨ᠎ᠡ᠃ ᠬᠢᠨᠠᠯᠲᠠ ᠲᠠᠯᠪᠢᠬᠤ ᠵᠠᠭᠪᠤᠷ ᠬᠢᠭᠡᠳ ᠠᠷᠭ᠎ᠠ ᠮᠠᠶ᠋ᠢᠭ ᠢ ᠰᠢᠯᠢᠳᠡᠭᠵᠢᠭᠦᠯᠵᠦ᠂ ᠡᠳᠦᠷ | ᠲᠤᠲᠤᠮ ᠤᠨ ᠬᠢᠨᠠᠯᠲᠠ ᠲᠠᠯᠪᠢᠬᠤ ᠪᠠ ᠲᠤᠰᠬᠠᠶ ᠵᠦᠢᠯ ᠢᠶᠠᠷ ᠬᠢᠨᠠᠯᠲᠠ ᠲᠠᠯᠪᠢᠬᠤ᠂ ᠲᠤᠬᠠᠶ ᠶᠢᠨ ᠲᠠᠯᠠᠪᠤᠷ ᠲᠤ | ᠬᠢᠨᠠᠯᠲᠠ ᠲᠠᠯᠪᠢᠬᠤ ᠬᠢᠭᠡᠳ ᠲᠤᠬᠠᠶ ᠶᠢᠨ ᠲᠠᠯᠠᠪᠤᠷ ᠤᠨ ᠪᠤᠰᠤ ᠬᠢᠨᠠᠯᠲᠠ ᠲᠠᠯᠪᠢᠬᠤ᠂ ᠰᠦᠯᠵᠢᠶᠡᠨ ᠳᠡᠭᠡᠷ᠎ᠡ ᠬᠢᠨᠠᠯᠲᠠ | ᠲᠠᠯᠪᠢᠬᠤ ᠬᠢᠭᠡᠳ ᠰᠦᠯᠵᠢᠶᠡᠨ ᠭᠠᠳᠠᠨ᠎ᠠ ᠬᠢᠨᠠᠯᠲᠠ ᠲᠠᠯᠪᠢᠬᠤ᠂ ᠬᠡᠷᠡᠭ ᠤᠨ ᠡᠮᠦᠨ᠎ᠡ ᠬᠤᠶᠢᠨᠠᠬᠢ ᠬᠢᠨᠠᠯᠲᠠ | ᠲᠠᠯᠪᠢᠬᠤ ᠶᠢ ᠬᠠᠷᠢᠯᠴᠠᠨ ᠤᠶᠠᠯᠳᠤᠭᠤᠯᠬᠤ ᠶᠢ ᠠᠬᠢᠭᠤᠯᠵᠤ᠂ ᠬᠢᠨᠠᠯᠲᠠ ᠲᠠᠯᠪᠢᠬᠤ ᠪᠠ ᠬᠠᠮᠢᠶᠠᠷᠬᠤ ᠶᠢ | ᠣᠷᠭᠠᠨᠢᠭ ᠢᠶᠠᠷ ᠨᠢᠭᠡᠳᠬᠡᠬᠦ ᠶᠢ ᠪᠡᠶᠡᠯᠡᠭᠦᠯᠦᠨ᠎ᠡ᠃ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ | ᠰᠢᠢᠳᠪᠦᠷᠢᠯᠡᠵᠦ ᠲᠣᠷᠭᠠᠬᠤ ᠡᠷᠴᠢᠮ ᠢᠶᠠᠨ ᠴᠢᠩᠭᠠᠷᠠᠭᠤᠯᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠥᠪᠡᠷ ᠤᠨ | ᠥᠷᠲᠡᠭ ᠢ ᠶᠡᠭᠡ ᠪᠠᠷ ᠳᠡᠭᠡᠭᠰᠢᠯᠡᠭᠦᠯᠵᠦ᠂ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠶᠢ ᠠᠬᠢᠭᠤᠯᠤᠨ ᠬᠡᠷᠡᠭᠵᠢᠭᠦᠯᠵᠦ᠂ | ᠬᠠᠤᠯᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠵᠦ ᠬᠠᠷᠢᠭᠤᠴᠠᠯᠭ᠎ᠠ ᠬᠡᠯᠡᠯᠴᠡᠬᠦ ᠶᠢ ᠥᠷᠨᠢᠭᠦᠯᠦᠨ᠎ᠡ᠃ | ᠡᠳ᠋ ᠤᠨ ᠶᠠᠪᠤᠳᠠᠯ ᠤᠨ ᠲᠥᠰᠦᠪ ᠲᠤ ᠬᠢᠨᠠᠯᠲᠠ ᠲᠠᠯᠪᠢᠭᠰᠠᠨ ᠦᠷ᠎ᠡ ᠲᠦᠩ ᠢ ᠬᠡᠷᠡᠭᠯᠡᠬᠦ ᠶᠢ ᠴᠢᠩᠭᠠᠳᠬᠠᠵᠤ᠂ | ᠬᠢᠨᠠᠯᠲᠠ ᠲᠠᠯᠪᠢᠭᠰᠠᠨ ᠦᠷ᠎ᠡ ᠳ᠋ᠦᠩ ᠢ ᠵᠠᠷᠯᠠᠨ ᠨᠡᠶᠢᠲᠡᠯᠡᠬᠦ ᠳᠦᠷᠢᠮ ᠢ ᠲᠡᠭᠦᠯᠳᠡᠷᠵᠢᠭᠦᠯᠦᠨ᠂ ᠡᠳ᠋ ᠤᠨ ᠵᠠᠰᠠᠭ ᠠᠵᠤ | ᠠᠬᠤᠶ ᠶᠢᠨ ᠰᠠᠬᠢᠯᠭ᠎ᠠ ᠪᠠᠲᠤ ᠶᠢ ᠵᠥᠷᠢᠴᠡᠭᠰᠡᠨ ᠨᠢᠭᠡᠴᠡ ᠪᠣᠯᠤᠨ ᠠᠵᠢᠯᠲᠠᠨ ᠢ ᠢᠯᠡ ᠪᠣᠯᠭᠠᠬᠤ ᠡᠷᠴᠢᠮ ᠢᠶᠠᠨ | ᠨᠡᠮᠡᠭᠳᠡᠭᠦᠯᠵᠦ᠂ ᠨᠠᠮ ᠤᠨ ᠭᠡᠰᠢᠭᠦᠨ ᠪᠣᠯᠤᠨ ᠠᠯᠪᠠᠨ ᠲᠤᠰᠢᠶᠠᠯᠲᠠᠨ ᠳᠤ ᠬᠠᠷᠢᠶᠠᠯᠠᠭᠳᠠᠪᠠᠯ᠂ ᠪᠠᠶᠢᠭ᠎ᠠ ᠨᠠᠮ ᠤᠨ | ᠵᠣᠬᠢᠶᠠᠨ ᠪᠠᠶᠢᠭᠤᠯᠤᠯᠲᠠ᠂ ᠪᠠᠶᠢᠭ᠎ᠠ ᠨᠢᠭᠡᠴᠡ ᠳᠤᠨᠢ ᠴᠠᠭ ᠲᠤᠬᠠᠶ ᠳᠤᠨᠢ ᠨᠡᠪᠲᠡᠷᠡᠭᠦᠯᠵᠦ᠂ ᠰᠡᠷᠡᠮᠵᠢᠯᠡᠭᠦᠯᠬᠦ | ᠬᠥᠮᠦᠵᠢᠯ ᠤᠨ ᠦᠢᠯᠡᠳᠦᠯ ᠢ ᠪᠠᠳᠠᠷᠠᠭᠤᠯᠬᠤ ᠬᠡᠷᠡᠭᠲᠡᠶ᠃ | ︵ᠬᠤᠷᠢᠨ ᠨᠢᠭᠡ︶ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠨ᠎ᠠ᠃ ᠡᠳ᠋ ᠤᠨ ᠶᠠᠪᠤᠳᠠᠯ ᠳᠤ | ᠬᠢᠨᠠᠯᠲᠠ ᠲᠠᠯᠪᠢᠬᠤ ᠬᠠᠤᠯᠢ ᠴᠠᠭᠠᠵᠠ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠤᠬᠠᠭᠤᠯᠤᠨ | ᠲᠤᠤᠱᠯᠠᠭᠤᠯᠬᠤ ᠶᠢ ᠴᠢᠩᠭᠠᠳᠬᠠᠵᠤ᠂ ᠡᠳ᠋ ᠤᠨ ᠶᠠᠪᠤᠳᠠᠯ ᠤᠨ ᠴᠤᠭᠯᠠᠭᠠᠨ ᠤ ᠠᠵᠢᠯ ᠡᠷᠬᠢᠯᠡᠭᠰᠡᠳ ᠤᠨ ᠠᠵᠢᠯ | ᠡᠷᠬᠢᠯᠡᠬᠦ ᠰᠠᠬᠢᠯᠭ᠎ᠠ ᠶᠢᠨ ᠬᠥᠮᠦᠵᠢᠯ ᠢ ᠴᠢᠩᠭᠠᠳᠬᠠᠨ᠎ᠠ᠃ ᠬᠠᠤᠯᠢ ᠶᠣᠰᠤᠭᠠᠷ ᠳᠥᠷᠢᠮ ᠳᠤ ᠨᠡᠶᠢᠴᠡᠬᠦ᠂ ᠠᠮᠤᠷ | ᠲᠥᠪᠰᠢᠨ ᠨᠢᠭᠤᠴᠠ ᠶᠢ ᠬᠠᠮᠠᠭᠠᠯᠠᠬᠤ ᠵᠡᠷᠭᠡ ᠤᠷᠢᠳᠠᠯ ᠳᠣᠣᠷ᠎ᠠ᠂ ᠡᠳ᠋ ᠤᠨ ᠵᠠᠰᠠᠭ ᠤᠨ ᠮᠡᠳᠡᠭᠡ ᠵᠠᠨ᠋ᠭᠢ ᠶᠢ ᠢᠯᠡ | ᠪᠣᠯᠭᠠᠬᠤ ᠠᠵᠢᠯ ᠢ ᠶᠡᠬᠡᠪᠡᠷ ᠠᠬᠢᠭᠤᠯᠵᠤ᠂ ᠡᠳ᠋ ᠤᠨ ᠵᠠᠰᠠᠭ ᠤᠨ ᠮᠡᠳᠡᠭᠡ ᠵᠠᠨ᠋ᠭᠢ ᠶᠢᠨ ᠢᠯᠡ ᠪᠣᠯᠭᠠᠬᠤ ᠠᠵᠢᠯ ᠤᠨ | ᠢᠯᠡ ᠲᠣᠳᠤ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠬᠤ ᠶᠢ | ᠵᠣᠷᠢᠭᠵᠢᠭᠤᠯᠤᠨ᠂ ᠬᠥᠲᠥᠯᠥᠨ ᠳᠠᠭᠠᠭᠤᠯᠵᠤ ᠵᠢᠱᠢᠶ᠎ᠡ ᠦᠵᠡᠭᠦᠯᠬᠦ ᠶᠢ ᠴᠢᠩᠭᠠᠳᠬᠠᠵᠤ᠂ ᠡᠳ᠋ ᠤᠨ ᠶᠠᠪᠤᠳᠠᠯ ᠤᠨ | ᠬᠢᠨᠠᠯᠲᠠ ᠲᠠᠯᠪᠢᠬᠤ ᠲᠤᠷᠰᠢᠯᠲᠠ ᠶᠢᠨ ᠴᠢᠭ ᠤᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠬᠤ ᠬᠡᠷᠡᠭᠲᠡᠶ᠃ | ᠤᠬᠠᠭᠤᠯᠤᠨ ᠲᠠᠶᠢᠯᠪᠤᠷᠢᠯᠠᠬᠤ ᠪᠠ ᠶᠠᠷᠢᠶ᠎ᠠ ᠬᠡᠯᠡᠯᠴᠡᠭᠡ ᠪᠠᠷ ᠬᠦᠲᠦᠯᠦᠨ ᠵᠢᠯᠤᠭᠤᠳᠬᠤ ᠶᠢ ᠴᠢᠩᠭᠠᠳᠬᠠᠵᠤ᠂ | ᠨᠡᠶᠢᠭᠡᠮ ᠤᠨ ᠬᠠᠯᠠᠮᠵᠢᠯᠠᠵᠤ ᠪᠠᠶᠢᠭ᠎ᠠ ᠠᠰᠠᠭᠤᠳᠠᠯ ᠳᠤ ᠢᠳᠡᠪᠬᠢᠲᠡᠢ ᠬᠠᠷᠢᠭᠤᠯᠲᠠ ᠥᠭᠴᠦ᠂ ᠡᠯ᠎ᠡ | ᠲᠠᠯ᠎ᠠ ᠶᠢᠨ ᠬᠢᠨ ᠤ ᠢᠳᠡᠪᠬᠢᠵᠢᠯ ᠢ ᠭᠦᠢᠴᠡᠳ ᠳᠠᠶᠢᠴᠢᠯᠠᠨ᠂ ᠡᠳ᠋ ᠤᠨ ᠶᠠᠪᠤᠳᠠᠯ ᠤᠨ ᠬᠢᠨᠠᠯᠲᠠ ᠲᠠᠯᠪᠢᠬᠤ ᠠᠵᠢᠯ ᠤᠨ | ᠰᠠᠶᠢᠨ ᠰᠠᠶᠢᠬᠠᠨ ᠣᠷᠴᠢᠨ ᠨᠦᠬᠦᠴᠡᠯ ᠢ ᠪᠣᠢ ᠪᠣᠯᠭᠠᠨ᠎ᠠ᠃ | | |