ᠯᠢᠦ ᠪᠢᠩ ᠄  ᠭᠠᠵᠠᠷ ᠣᠷᠣᠨ ᠤ ᠬᠥᠭᠵᠢᠯᠲᠡ ᠶᠢ ᠰᠦᠪᠡᠭᠴᠢᠯᠡᠨ ᠠᠷᠠᠳ ᠣᠯᠠᠨ ᠤ ᠬᠦᠴᠢᠷ ᠠᠰᠠᠭᠤᠳᠠᠯ ᠢ ᠰᠢᠢᠳᠪᠦᠷᠢᠯᠡᠵᠦ ᠥᠭᠪᠡ
ᠨᠡᠶᠢᠲᠡᠯᠡᠭᠰᠡᠨ ᠴᠠᠭ᠄
2023/5/31
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠪᠣᠯ ᠪᠥᠬᠦ ᠨᠠᠮ ᠪᠥᠬᠦ ᠤᠯᠤᠰ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠳᠤ ᠬᠤᠷᠠᠯᠳᠤᠭᠤᠯᠤᠭᠰᠠᠨ ᠨᠢᠭᠡ ᠤᠳᠠᠭᠠᠨ ᠤ ᠴᠢᠬᠤᠯᠠ ᠬᠤᠷᠠᠯ ᠮᠥᠨ᠂ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠬᠤᠷᠠᠯ ᠮᠥᠨ᠃      ᠲᠡᠷᠢᠭᠦᠯᠡᠭᠴᠢ ᠸᠠᠩ ᠯᠢ ᠰᠢᠶᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠬᠢᠭᠰᠡᠨ ︽ᠠᠵᠢᠯ ᠤᠨ ᠢᠯᠡᠳᠬᠡᠯ︾ ᠳᠠᠭᠠᠨ᠄ ︽ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠭᠤᠤᠯ ᠰᠡᠳᠦᠪ ᠢ ᠪᠠᠲᠤ ᠡᠵᠡᠮᠳᠡᠵᠦ᠂ ᠪᠦᠲᠦᠴᠡ ᠶᠢ ᠲᠣᠬᠢᠷᠠᠭᠤᠯᠬᠤ᠂ ᠴᠢᠳᠠᠮᠵᠢ ᠶᠢ ᠬᠤᠪᠢᠷᠠᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠵᠠᠶ︾ ᠭᠡᠵᠦ ᠵᠢᠭᠠᠵᠤ ᠭᠠᠷᠭᠠᠪᠠ᠃ ᠬᠠᠶᠢᠨᠠᠨ ᠲᠣᠭᠤᠷᠢᠭ ᠤᠨ ᠬᠢᠨ ᠠᠵᠤ ᠠᠬᠤᠢ ᠶᠢ ᠬᠥᠭᠵᠢᠭᠦᠯᠬᠦ ᠬᠦᠴᠦᠯᠡᠬᠦ ᠴᠡᠭ ᠢ ᠪᠣᠳᠠᠲᠤ ᠴᠣᠭᠴᠠ ᠶᠢᠨ ᠠᠵᠤ ᠠᠬᠤᠢ ᠳᠡᠭᠡᠷ᠎ᠡ ᠲᠠᠯᠪᠢᠬᠤ ᠶᠢ ᠪᠠᠷᠢᠮᠲᠠᠯᠠᠵᠤ᠂ ᠰᠠᠨᠠᠭᠠᠴᠢᠯᠠᠭ᠎ᠠ ᠠᠴᠠ ᠪᠠᠨ ᠥᠪᠡᠷᠲᠡᠭᠡᠨ ᠵᠠᠰᠠᠬᠤ ᠣᠷᠣᠨ ᠤ ᠴᠢᠬᠤᠯᠠ ᠡᠨᠧᠷᠭᠢ ᠪᠣᠯᠤᠨ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ ᠳᠤ ᠠᠭᠤᠰᠤᠯᠴᠠᠭᠤᠯᠵᠤ᠂ ︽ᠨᠡᠭᠦᠷᠡᠰᠦ ᠬᠡᠤᠷᠡᠰᠦ ᠶᠢ ᠪᠠᠬᠢᠵᠢᠭᠦᠯᠬᠦ᠂ ᠤᠯᠠᠮᠵᠢᠯᠠᠯ ᠢ ᠰᠢᠯᠢᠳᠡᠭᠵᠢᠭᠦᠯᠬᠦ᠂ ᠰᠢᠨ᠎ᠡ ᠲᠠᠶᠢᠨ ᠢ ᠪᠤᠶᠢᠵᠢᠭᠤᠯᠬᠤ︾ ᠠᠵᠤ ᠦᠢᠯᠡᠰ ᠤᠨ ᠬᠥᠭᠵᠢᠯᠲᠡ ᠶᠢᠨ ᠰᠡᠳᠬᠢᠴᠡ ᠶᠣᠰᠣᠭᠠᠷ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ᠂ ᠬᠥᠳᠡᠯᠭᠡᠬᠦ ᠡᠨᠧᠷᠭᠢ ᠶᠢᠨ ᠰᠣᠯᠢᠭᠳᠠᠯ ᠳᠤ ᠰᠢᠨ᠎ᠡ ᠰᠢᠪᠲᠤᠯᠤᠯᠲᠠ ᠲᠠᠢ ᠪᠣᠯᠬᠤ ᠶᠢ ᠠᠬᠢᠭᠤᠯᠤᠨ᠎ᠠ᠃ ᠨᠢᠭᠡ ᠳᠤ ︽ᠬᠠᠭᠤᠴᠢᠨ ᠨᠠᠷᠠᠲᠤ ᠲᠡᠮᠳᠡᠭᠲᠦ︾ ᠶᠢᠨ ᠠᠵᠤ ᠦᠢᠯᠡᠰ ᠤᠨ ᠲᠠᠰ ᠳᠡᠪᠰᠢᠬᠦ ᠶᠢ ᠲᠦᠷᠭᠡᠳᠬᠡᠨ᠎ᠡ᠃ ᠨᠡᠭᠦᠷᠡᠰᠦᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠨᠡᠭᠦᠷᠡᠰᠦ ᠤᠬᠢᠶᠠᠵᠤ ᠰᠢᠯᠢᠵᠦ ᠡᠳᠰᠢᠭᠦᠯᠬᠦ ᠠᠵᠢᠯ ᠲᠥᠷᠥᠯ ᠤᠨ ᠡᠭᠴᠡ ᠨᠢᠭᠡ ᠴᠤᠭᠴᠠᠵᠢᠭᠤᠯᠤᠨ ᠡᠮᠬᠢᠯᠡᠨ ᠨᠡᠶᠢᠯᠡᠭᠦᠯᠬᠦ᠂ ᠬᠡᠦᠷᠰᠢᠭᠦᠯᠬᠦ ᠠᠵᠤ ᠦᠢᠯᠡᠰ ᠢ ᠳᠠᠬᠢᠨ ᠵᠣᠬᠢᠶᠠᠨ ᠪᠠᠶᠢᠭᠤᠯᠵᠤ ᠳᠡᠰ ᠳᠡᠪᠰᠢᠭᠦᠯᠬᠦ ᠶᠢ ᠲᠦᠷᠭᠡᠳᠬᠡᠨ ᠠᠬᠢᠭᠤᠯᠵᠤ᠂ ᠬᠡᠦᠷᠡᠰᠦ ᠶᠢᠨ ᠶᠡᠷᠦᠩᠬᠡᠶ ᠦᠢᠯᠡᠳᠪᠦᠷᠢᠯᠡᠬᠦ ᠴᠢᠳᠠᠪᠤᠷᠢ ᠶᠢ 1000 ᠲᠦᠮᠡᠨ ᠲᠣᠨ ᠠᠴᠠ ᠳᠡᠭᠡᠭᠰᠢ ᠪᠣᠯᠭᠠᠵᠤ᠂ ᠦᠢᠯᠡᠳᠬᠦᠨ ᠤ ᠥᠷᠲᠡᠭ ᠢ 300 ᠳ᠋ᠦᠩᠰᠢᠭᠤᠷ ᠲᠥᠭᠦᠷᠢᠭ ᠠᠴᠠ ᠳᠠᠪᠠᠭᠰᠠᠨ ᠲᠣᠮᠣ ᠬᠡᠯᠪᠡᠷᠢ ᠶᠢᠨ ᠨᠡᠭᠦᠷᠡᠰᠦ ᠬᠡᠦᠷᠡᠰᠦ ᠶᠢᠨ ᠠᠵᠤ ᠦᠢᠯᠡᠰ ᠤᠨ ᠪᠦᠯᠦᠭᠯᠡᠯ ᠢ ᠪᠠᠶᠢᠭᠤᠯᠤᠨ᠎ᠠ᠃ ᠬᠤᠶᠠᠷ ᠲᠤ᠂ ︽ᠤᠤᠯ ᠤᠨ ᠨᠡᠷᠡᠮᠵᠢᠲᠦ︾ ᠠᠵᠤ ᠦᠢᠯᠡᠰ ᠤᠨ ᠬᠡᠯᠬᠢᠶ᠎ᠡ ᠶᠢᠨ ᠰᠦᠷᠦᠭᠵᠢᠯ ᠢ ᠤᠷᠲᠤᠳᠬᠠᠪᠠ᠃ ᠨᠡᠭᠦᠷᠡᠰᠦ ᠬᠡᠦᠷᠡᠰᠦ ᠬᠢᠮᠢ ᠶᠢᠨ ᠠᠵᠤ ᠦᠢᠯᠡᠳᠪᠦᠷᠢ᠂ ᠾᠯᠣᠷ ᠱᠦᠯᠲᠦ ᠶᠢᠨ ᠬᠢᠮᠢ ᠶᠢᠨ ᠠᠵᠤ ᠦᠢᠯᠡᠳᠪᠦᠷᠢ ᠶᠢᠨ ᠬᠤᠯᠪᠣᠯᠳᠤᠨ ᠬᠥᠭᠵᠢᠬᠦ᠂ ᠠᠭᠤᠰᠤᠯᠴᠠᠨ ᠬᠠᠷᠢᠯᠴᠠᠨ ᠨᠥᠬᠦᠪᠥᠷᠢᠯᠡᠬᠦ ᠶᠢ ᠬᠦᠴᠦᠯᠡᠨ ᠠᠬᠢᠭᠤᠯᠵᠤ᠂ ᠣᠷᠴᠢᠨ ᠲᠣᠭᠤᠷᠢᠨ ᠢ ᠬᠠᠮᠠᠭᠠᠯᠠᠬᠤ ᠬᠡᠯᠪᠡᠷᠢ ᠶᠢᠨ ᠪᠤᠳᠤᠭ᠂ ᠹᠧᠨᠤᠯ ᠠᠯᠳᠧᠭᠢᠳ᠋ ᠤᠨ ᠲᠠᠪᠠᠷᠬᠠᠢ᠂ ᠲᠠᠷᠢᠶᠠᠨ ᠡᠮ ᠤᠨ ᠵᠠᠪᠰᠠᠷ ᠤᠨ ᠴᠣᠭᠴᠠ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠯᠬᠢᠶ᠎ᠡ ᠶᠢ ᠳᠤᠮᠳᠠ ᠳᠣᠣᠷᠠᠳᠤ ᠤᠷᠤᠰᠬᠠᠯ ᠲᠡᠰᠢ ᠤᠷᠲᠤᠳᠬᠠᠬᠤ᠂ ᠥᠷᠲᠡᠭ ᠤᠨ ᠬᠡᠯᠬᠢᠶ᠎ᠡ ᠶᠢ ᠳᠤᠮᠳᠠ ᠳᠡᠭᠡᠳᠦ ᠳᠡᠰ ᠲᠡᠶᠢᠰᠢ ᠳᠡᠭᠡᠭᠰᠢᠯᠡᠭᠦᠯᠬᠦ ᠶᠢ ᠦᠷᠭᠦᠯᠵᠢᠯᠡᠨ ᠠᠬᠢᠭᠤᠯᠤᠨ᠎ᠠ᠃ ᠭᠤᠷᠪᠠ ᠳᠤ᠂ ︽ᠰᠢᠨ᠎ᠡ ᠨᠠᠷᠠᠲᠤ ᠲᠡᠮᠳᠡᠭ︾ ᠤᠨ ᠠᠵᠤ ᠦᠢᠯᠡᠰ ᠤᠨ ᠱᠠᠲᠤᠯᠵᠢᠨ ᠡᠩᠨᠡᠭᠡ ᠶᠢ ᠪᠠᠶᠢᠭᠤᠯᠤᠨ᠎ᠠ᠃ ᠰᠠᠯᠬᠢ᠂ ᠭᠡᠷᠡᠯ᠂ ᠤᠰᠤᠲᠥ᠋ᠷᠥᠭᠴᠢ᠂ ᠰᠢᠨ᠎ᠡ ᠡᠨᠧᠷᠭᠢ ᠶᠢᠨ ᠲᠦᠷᠦᠯ ᠵᠦᠢᠯ ᠢ ᠨᠢᠭᠡᠳᠦᠯᠲᠡᠢ ᠲᠥᠯᠥᠪᠵᠢᠭᠦᠯᠦᠨ ᠪᠠᠶᠢᠷᠢᠰᠢᠭᠤᠯᠵᠤ᠂ ᠴᠠᠬᠢᠭᠤᠷ ᠤᠨ ᠮᠠᠲ᠋ᠧᠷᠢᠶᠠᠯ᠂ ᠨᠡᠭᠦᠷᠡᠰᠦᠲᠥ᠋ᠷᠥᠭᠴᠢ ᠶᠢᠨ ᠮᠠᠲ᠋ᠧᠷᠢᠶᠠᠯ᠂ ᠡᠷᠦᠳᠡᠰᠦ ᠶᠢᠨ ᠰᠢᠷᠬᠡᠭᠯᠢᠭ ᠤᠨ ᠠᠵᠤ ᠦᠢᠯᠡᠰ ᠤᠨ ᠳᠠᠯᠳᠠ ᠬᠦᠴᠦᠨ ᠢ ᠭᠦᠢᠴᠡᠳ ᠠᠭᠤᠳᠠᠯᠵᠤ᠂ ᠰᠡᠯᠡᠭᠦᠴᠡᠯ ᠵᠤᠭᠠᠴᠠᠯ᠂ ᠰᠣᠶᠣᠯ ᠵᠤᠭᠠᠴᠠᠯ᠂ ᠡᠷᠡᠭᠦᠯᠵᠢᠯ ᠰᠤᠪᠢᠯᠠᠯᠲᠠ ᠶᠢᠨ ᠵᠤᠭᠠᠴᠠᠯ᠂ ᠠᠮᠢ ᠠᠬᠤᠢ ᠶᠢᠨ ᠵᠤᠭᠠᠴᠠᠯ ᠵᠡᠷᠭᠡ ᠪᠦᠲᠦᠭᠡᠭᠳᠡᠬᠦᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠢ ᠶᠡᠬᠡᠪᠡᠷ ᠪᠤᠶᠢᠵᠢᠭᠤᠯᠵᠤ᠂ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠪᠦᠬᠦ ᠲᠠᠯ᠎ᠠ ᠪᠠᠷ ᠬᠤᠷᠠᠮᠳᠤᠭᠤᠯᠤᠨ᠎ᠠ᠃      ︽ᠠᠵᠢᠯ ᠤᠨ ᠢᠯᠡᠳᠬᠡᠯ︾ ᠳᠤ᠄ ︽ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠬᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠤᠯᠤᠰ ᠤᠨ ᠠᠮᠢ ᠠᠬᠤᠢ ᠶᠢᠨ ᠪᠣᠯᠪᠠᠰᠤᠨ ᠤ ᠲᠤᠷᠰᠢᠯᠲᠠ ᠶᠢᠨ ᠣᠷᠣᠨ ᠢ ᠡᠭᠦᠳᠦᠨ ᠪᠠᠶᠢᠭᠤᠯᠬᠤ ᠪᠠᠷ ᠭᠠᠷᠳᠠᠴᠠ ᠪᠣᠯᠭᠠᠵᠤ᠂ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠤᠨ᠎ᠠ︾ ᠭᠡᠵᠦ ᠵᠢᠭᠠᠵᠤ ᠭᠠᠷᠭᠠᠪᠠ᠃ ᠬᠠᠶᠢᠨᠠᠨ ᠲᠣᠭᠤᠷᠢᠭ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ︽ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ ᠬᠦᠴᠦᠯᠡᠨ ᠰᠠᠶᠢᠲᠤᠷ ᠠᠳᠬᠤᠬᠤ︾ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠨᠠᠷ ᠰᠠᠶᠢᠲᠠᠢ ᠰᠠᠶᠢᠲᠤᠷ ᠠᠳᠬᠤᠵᠤ᠂ ᠨᠡᠩ ᠶᠡᠭᠡ ᠬᠦᠴᠦ ᠣᠷᠣᠭᠤᠯᠤᠨ ︽ᠳᠤᠯᠤᠭ᠎ᠠ ᠶᠢ ᠵᠠᠰᠠᠬᠤ︾ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠭᠡᠵᠡᠢ᠃ ᠨᠢᠭᠡ ᠳᠤ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠨ᠎ᠡ᠃ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠴᠢᠩᠭ᠎ᠠ ᠰᠠᠬᠢᠵᠤ᠂ ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠵᠤ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠶ ᠲᠦᠯᠬᠢᠨ ᠠᠬᠢᠭᠤᠯᠵᠤ᠂ ᠲᠡᠦᠬᠡᠨ ᠠᠴᠠ ᠦᠯᠡᠳᠡᠭᠳᠡᠵᠦ ᠢᠷᠡᠭᠰᠡᠨ ᠠᠭᠤᠷᠬᠠᠶ᠂ ᠨᠡᠭᠦᠷᠡᠰᠦ ᠮᠠᠯᠲᠠᠭᠰᠠᠨ ᠠᠴᠠ ᠪᠣᠯᠵᠤ ᠳᠣᠷᠣᠭᠰᠢ ᠰᠠᠭᠤᠭᠰᠠᠨ ᠣᠷᠣᠨ ᠤ ᠠᠮᠢ ᠠᠬᠤᠶ ᠶᠢ ᠵᠠᠰᠠᠨ ᠰᠡᠷᠭᠦᠭᠡᠬᠦ ᠶᠢ ᠲᠥᠷᠥᠯ ᠬᠤᠪᠢᠶᠠᠨ ᠬᠡᠷᠡᠭᠵᠢᠭᠦᠯᠵᠦ᠂ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ᠂ PM 10 ᠵᠡᠷᠭᠡ ᠲᠤᠰᠬᠠᠶ ᠵᠠᠰᠠᠯᠲᠠ ᠶᠢ ᠶᠡᠬᠡᠪᠡᠷ ᠥᠷᠨᠢᠭᠦᠯᠵᠦ᠂ ᠭᠠᠵᠠᠷ ᠣᠷᠣᠨ ᠤ ᠠᠭᠠᠷ ᠤᠨ ᠶᠠᠰᠤ ᠴᠢᠨᠠᠷ ᠢ ᠲᠠᠰᠤᠷᠠᠯᠲᠠ ᠦᠭᠡᠢ ᠰᠠᠶᠢᠵᠢᠷᠠᠭᠤᠯᠤᠨ᠎ᠠ᠃ ᠬᠤᠶᠠᠷ ᠲᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢ ᠬᠤᠪᠢᠷᠠᠭᠤᠯᠬᠤ ᠬᠥᠭᠵᠢᠯᠲᠡ ᠶᠢᠨ ᠤᠳᠠᠭᠠᠨ ᠳᠠᠭᠠᠭᠠᠮᠠᠭᠠᠢ ᠳᠠᠶᠢᠯᠠᠯᠳᠤᠭᠠᠨ ᠢ ᠰᠠᠶᠢᠲᠤᠷ ᠬᠢᠨ᠎ᠠ᠃ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠡᠷᠬᠢᠯᠳᠡᠳᠦ ᠬᠥᠭᠵᠢᠯᠲᠡ ᠶᠢᠨ ᠤᠳᠤᠷᠢᠳᠤᠮᠵᠢ ᠶᠢ ᠪᠠᠷᠢᠮᠲᠠᠯᠠᠵᠤ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠶᠢᠨ ᠲᠡᠰ ᠳᠡᠪᠰᠢᠬᠦ᠂ ᠪᠣᠬᠢᠷᠲᠤᠯ ᠦᠭᠡᠢ ᠦᠢᠯᠡᠳᠪᠦᠷᠢᠯᠡᠯ ᠢ ᠪᠦᠬᠦ ᠬᠦᠴᠦᠨ ᠢᠶᠠᠷ ᠠᠬᠢᠭᠤᠯᠵᠤ᠂ ᠴᠠᠬᠢᠯᠠᠭᠤᠷ ᠴᠢᠯᠠᠭᠤ᠂ ᠲᠡᠮᠦᠷ ᠤᠨ ᠬᠠᠶᠢᠯᠤᠰᠢ ᠵᠡᠷᠭᠡ ᠠᠵᠢᠯ ᠲᠦᠷᠦᠯ ᠤᠨ ᠬᠤᠴᠣᠷᠤᠩᠭᠤᠢ ᠦᠢᠯᠡᠳᠪᠦᠷᠢᠯᠡᠯ ᠤᠨ ᠴᠢᠳᠠᠪᠤᠷᠢ ᠶᠢ ᠲᠦᠷᠭᠡᠨ ᠰᠢᠭᠰᠢᠭᠳᠡᠭᠦᠯᠵᠦ᠂ ︽ᠲᠠᠷᠠᠬᠠᠢ ᠶᠢ ᠴᠤᠭᠯᠠᠷᠠᠯ ᠪᠣᠯᠭᠠᠨ ᠥᠭᠡᠷᠡᠴᠢᠯᠡᠬᠦ︾ ︽ᠲᠦᠯᠡᠭᠡ ᠶᠢ ᠴᠠᠬᠢᠯᠭᠠᠨ ᠪᠣᠯᠭᠠᠨ ᠥᠭᠡᠷᠡᠴᠢᠯᠡᠬᠦ︾ ︽ᠲᠦᠯᠡᠭᠡ ᠶᠢ ᠤᠰᠤᠲᠥ᠋ᠷᠥᠭᠴᠢ ᠪᠠᠷ ᠥᠭᠡᠷᠡᠴᠢᠯᠡᠬᠦ︾ ︽ᠵᠠᠰᠠᠮᠠᠯ ᠵᠠᠮ ᠢᠶᠠᠷ ᠲᠡᠮᠦᠷ ᠪᠣᠯᠭᠠᠨ ᠰᠢᠯᠵᠢᠭᠦᠯᠬᠦ︾ ᠵᠡᠷᠭᠡ ᠪᠣᠬᠢᠷᠲᠤᠯ ᠦᠭᠡᠢ ᠲᠡᠭᠡᠭᠡᠪᠦᠷᠢ ᠶᠢᠨ ᠠᠷᠭ᠎ᠠ ᠬᠡᠯᠪᠡᠷᠢ ᠶᠢ ᠶᠡᠬᠡᠪᠡᠷ ᠳᠡᠯᠭᠡᠷᠡᠭᠦᠯᠵᠦ᠂ ᠪᠠᠷᠢᠮᠵᠢᠶ᠎ᠠ ᠠᠴᠠ ᠬᠡᠲᠦᠷᠡᠭᠰᠡᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠡᠷᠡᠰ ᠬᠤᠷᠢᠭᠯᠠᠨ᠎ᠠ᠃ ᠭᠤᠷᠪᠠ ᠳᠤ᠂ ᠬᠠᠲᠤᠨ ᠭᠤᠣᠯ ᠤᠨ ᠰᠠᠪᠠ ᠭᠠᠵᠠᠷ ᠢ ᠬᠠᠮᠠᠭᠠᠯᠠᠨ ᠵᠠᠰᠠᠬᠤ ᠶᠡᠷᠦᠩᠬᠡᠢ ᠳᠠᠶᠢᠯᠠᠯᠳᠤᠭᠠᠨ ᠢ ᠰᠠᠶᠢᠲᠤᠷ ᠬᠢᠨ᠎ᠡ᠃ ︽ᠳᠥᠷᠪᠡᠨ ᠤᠰᠤ ᠪᠠᠷ ᠳᠥᠷᠪᠡ ᠶᠢ ᠲᠣᠭᠲᠠᠭᠠᠬᠤ︾ ᠵᠠᠷᠴᠢᠮ ᠢ ᠪᠥᠬᠦ ᠲᠠᠯ᠎ᠠ ᠪᠠᠷ ᠲᠤᠤᠱᠯᠠᠭᠤᠯᠵᠤ᠂ ᠲᠠᠷᠢᠶᠠᠯᠠᠬᠤ ᠣᠷᠣᠨ ᠤ ᠬᠥᠭᠡᠷᠭᠡ ᠶᠢᠨ ᠥᠷᠲᠡᠭᠡ ᠶᠢ ᠡᠮᠬᠢᠯᠡᠨ ᠨᠡᠶᠢᠯᠡᠭᠦᠯᠬᠦ ᠶᠢ ᠡᠬᠢᠯᠡᠭᠦᠯᠵᠦ᠂ ᠰᠦᠩ ᠬᠠᠯᠢᠶ᠎ᠠ ᠦᠶᠡᠷ ᠢ ᠶᠡᠷᠦᠩᠬᠡᠶᠢᠯᠡᠨ ᠬᠤᠷᠢᠶᠠᠨ ᠴᠤᠭᠯᠠᠭᠤᠯᠵᠤ ᠠᠰᠢᠭᠯᠠᠬᠤ ᠶᠢ ᠠᠬᠢᠭᠤᠯᠤᠨ᠂ ᠭᠤᠤᠯ ᠮᠥᠷᠡᠨ ᠨᠠᠭᠤᠷ ᠴᠥᠭᠦᠷᠥᠮ ᠤᠨ ︽ᠳᠥᠷᠪᠡᠨ ᠰᠠᠮᠠᠭᠤᠨ ᠢ ᠴᠡᠪᠡᠷᠯᠡᠬᠦ︾᠂ ᠬᠠᠲᠤᠨ ᠭᠤᠤᠯ ᠤᠨ ᠡᠷᠭᠢ ᠳᠠᠭᠠᠤ ᠶᠢᠨ ᠰᠡᠷᠭᠡᠶᠢᠯᠡᠨ ᠬᠠᠮᠠᠭᠠᠯᠠᠬᠤ ᠵᠡᠷᠭᠡ ᠭᠤᠤᠯᠳᠠᠯᠭ᠎ᠠ ᠲᠠᠢ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠬᠠᠲᠤᠨ ᠭᠤᠤᠯ ᠳᠠᠭᠠᠤ ᠶᠢᠨ ᠠᠮᠢ ᠠᠬᠤᠶ ᠶᠢᠨ ᠰᠢᠰᠲ᠋ᠧᠮ ᠤᠨ ᠣᠯᠠᠨ ᠶᠠᠩᠵᠤᠲᠤ ᠴᠢᠨᠠᠷ᠂ ᠲᠣᠭᠲᠠᠪᠤᠷᠢᠲᠤ ᠴᠢᠨᠠᠷ᠂ ᠦᠷᠭᠦᠯᠵᠢᠯᠡᠬᠦ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃      ︽ᠠᠵᠢᠯ ᠤᠨ ᠢᠯᠡᠳᠬᠡᠯ︾ ᠲᠤ ᠪᠠᠨ᠄ ︽ᠠᠷᠠᠳ ᠤᠨ ᠵᠣᠪᠠᠨᠢᠯ ᠢ ᠠᠷᠢᠯᠭᠠᠵᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠪᠣᠳᠠᠲᠤ ᠶᠠᠪᠤᠳᠠᠯ ᠰᠠᠶᠢᠨ ᠶᠠᠪᠤᠳᠠᠯ ᠢ ᠰᠠᠶᠢᠲᠤᠷ ᠬᠢᠵᠦ᠂ ᠠᠷᠠᠳ ᠣᠯᠠᠨ ᠤ ᠠᠮᠢᠳᠤᠷᠠᠯ ᠢ ᠨᠡᠩ ᠰᠠᠶᠢᠨ ᠪᠣᠯᠭᠠᠬᠤ ᠪᠠᠷ ᠴᠢᠷᠮᠠᠶᠢᠨ᠎ᠠ︾ ᠭᠡᠵᠦ ᠵᠢᠭᠠᠵᠤ ᠭᠠᠷᠭᠠᠪᠠ᠃ ᠬᠠᠶᠢᠨᠠᠨ ᠲᠣᠭᠤᠷᠢᠭ ᠤᠨ ᠬᠢᠨ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ᠂ ᠨᠡᠩ ᠤᠯᠠᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠤᠨ ᠰᠡᠳᠬᠢᠯ ᠢ ᠳᠤᠯᠠᠭᠠᠴᠠᠭᠤᠯᠬᠤ ᠠᠷᠭ᠎ᠠ ᠬᠡᠮᠵᠢᠶ᠎ᠡ ᠶᠢ ᠠᠪᠴᠤ᠂ ᠤᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠲᠡᠩᠴᠡᠭᠦᠷᠢᠲᠦ ᠴᠢᠨᠠᠷ ᠪᠣᠯᠤᠨ ᠪᠣᠯᠤᠮᠵᠢᠲᠤ ᠴᠢᠨᠠᠷ ᠢ ᠴᠢᠩᠭᠠᠳᠬᠠᠵᠤ᠂ ᠴᠢᠨᠠᠷ ᠰᠠᠶᠢᠲᠠᠢ ᠠᠮᠢᠳᠤᠷᠠᠯ ᠢ ᠴᠢᠷᠮᠠᠶᠢᠨ ᠡᠭᠦᠳᠬᠦ ᠪᠣᠯᠤᠨ᠎ᠠ᠃ ᠨᠢᠭᠡ ᠳᠤ ᠣᠷᠣᠰᠢᠨ ᠰᠠᠭᠤᠬᠤ ᠳᠤ ᠨᠠᠩ ᠲᠣᠬᠢᠷᠠᠮᠵᠢᠲᠠᠶ ᠰᠣᠳᠣᠨ ᠬᠤᠲᠠ ᠶᠢ ᠪᠥᠲᠥᠭᠡᠨ ᠪᠠᠶᠢᠭᠤᠯᠤᠨ᠎ᠠ᠃ ︽ᠨᠢᠭᠡ ᠮᠦᠴᠡᠳᠤ ᠠᠮᠢᠳᠤᠷᠠᠯ ᠤᠨ ᠬᠦᠷᠢᠶ᠎ᠡ︾ ᠶᠢᠨ ᠪᠥᠲᠥᠭᠡᠨ ᠪᠠᠶᠢᠭᠤᠯᠤᠯᠲᠠ ᠶᠢ ᠲᠣᠪᠤᠶᠢᠮ᠎ᠠ ᠰᠠᠶᠢᠲᠤᠷ ᠠᠳᠬᠤᠵᠤ᠂ ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠯᠲᠡ ᠶᠢ ᠦᠷᠭᠦᠯᠵᠢᠯᠡᠨ ᠥᠷᠨᠢᠭᠦᠯᠵᠦ᠂ ᠵᠠᠮ᠂ ᠬᠠᠭᠤᠴᠢᠨ ᠤᠰᠤ ᠬᠠᠩᠭᠠᠬᠤ ᠬᠤᠭᠤᠯᠠᠶ ᠶᠢᠨ ᠲᠣᠤᠷ ᠵᠡᠷᠭᠡ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠬᠡᠷᠡᠭᠵᠢᠭᠦᠯᠵᠦ᠂ ᠨᠣᠭᠤᠭᠠᠷᠠᠭᠤᠯᠬᠤ᠂ ᠭᠤᠶᠤᠵᠢᠭᠤᠯᠬᠤ᠂ ᠭᠡᠷᠡᠯᠲᠦᠭᠦᠯᠬᠦ᠂ ᠴᠡᠪᠡᠷᠰᠢᠭᠦᠯᠬᠦ᠂ ᠳᠥᠭᠦᠮ ᠳᠥᠲᠡ ᠪᠣᠯᠭᠠᠬᠤ ᠢᠨᠵᠧᠨᠧᠷᠢᠩ ᠢ ᠪᠥᠬᠦ ᠲᠠᠯ᠎ᠠ ᠪᠠᠷ ᠳᠥᠯᠭᠢᠨ ᠠᠬᠢᠭᠤᠯᠵᠤ᠂ ᠰᠡᠯᠡᠭᠦᠴᠡᠬᠦ᠂ ᠲᠡᠷᠭᠡ ᠵᠣᠭᠰᠣᠭᠠᠬᠤ᠂ ᠵᠠᠬ᠎ᠠ ᠳᠡᠯᠭᠡᠭᠦᠷ ᠤᠨ ᠴᠤᠭᠯᠠᠷᠠᠯ ᠵᠡᠷᠭᠡ ᠣᠯᠠᠨ ᠨᠡᠶᠢᠲᠡ ᠶᠢᠨ ᠢᠵᠢ ᠪᠥᠷᠢᠳᠦᠭᠦᠯᠬᠦ ᠦᠢᠯᠡᠴᠢᠯᠡᠭᠡ ᠪᠠ ᠵᠢᠷᠤᠮᠵᠢᠭᠰᠠᠨ ᠬᠠᠮᠢᠶᠠᠷᠤᠯᠲᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠬᠤᠲᠠ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠶ ᠶᠠᠰᠤ ᠴᠢᠨᠠᠷ ᠢ ᠦᠨᠡᠨᠬᠦ ᠳᠡᠭᠡᠭᠰᠢᠯᠡᠭᠦᠯᠦᠨ᠎ᠡ᠃ ᠬᠤᠶᠠᠷ ᠲᠤ᠂ ᠨᠡᠩ ᠪᠠᠲᠤ ᠪᠠᠬᠢ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠬᠢᠵᠢᠭᠦᠯᠦᠨ᠎ᠡ᠃ ᠠᠵᠢᠯ ᠣᠯᠭᠤᠬᠤ ᠡᠯ᠎ᠡ ᠵᠦᠢᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠢᠯ ᠣᠯᠭᠤᠬᠤ ᠠᠵᠢᠯ ᠤᠨ ᠪᠠᠶᠢᠷᠢ ᠶᠢ ᠨᠡᠮᠡᠭᠳᠡᠭᠦᠯᠵᠦ᠂ ᠠᠵᠢᠯ ᠣᠯᠭᠤᠬᠤ ᠣᠷᠣᠨ ᠵᠠᠶ ᠶᠢ ᠥᠷᠭᠡᠳᠬᠡᠨ᠂ ᠨᠡᠶᠢᠭᠡᠮ ᠤᠨ ᠠᠪᠤᠷᠠᠨ ᠲᠤᠰᠠᠯᠠᠬᠤ ᠠᠵᠢᠯ ᠤᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ︽ᠨᠠᠰᠤᠲᠠᠶᠢᠴᠤᠳ ᠪᠠ ᠨᠢᠯᠬᠠᠰ︾ ᠤᠨ ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠨᠠᠰᠤᠲᠠᠨ ᠢ ᠠᠰᠠᠷᠠᠵᠤ ᠬᠡᠤᠬᠡᠳ ᠰᠠᠭᠠᠲᠠᠭᠤᠯᠬᠤ ᠦᠢᠯᠡᠰ ᠤᠨ ᠬᠥᠭᠵᠢᠯᠲᠡ ᠶᠢ ᠲᠦᠷᠭᠡᠳᠬᠡᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠵᠤ᠂ ᠰᠢᠨ᠎ᠡ ᠬᠡᠯᠪᠡᠷᠢ ᠶᠢᠨ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠵᠤ᠂ ᠴᠡᠭ ᠢᠶᠠᠷ ᠨᠡᠶᠢᠳᠡᠮ ᠢ ᠳᠠᠶᠢᠴᠢᠯᠠᠨ ᠪᠥᠬᠦ ᠣᠷᠣᠨ ᠪᠦᠰᠡ ᠶᠢᠨ ᠬᠥᠭᠵᠢᠯ ᠮᠠᠨᠳᠤᠯ ᠢ ᠬᠥᠲᠥᠯᠦᠨ ᠳᠠᠭᠠᠭᠤᠯᠤᠨ᠎ᠠ᠃ ᠭᠤᠷᠪᠠ ᠳᠤ ᠨᠡᠩ ᠴᠢᠨᠠᠷ ᠰᠠᠶᠢᠲᠠᠶ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠨ᠎ᠠ᠃ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠨᠢᠭᠡᠪᠦᠷᠢ ᠶᠢ ᠰᠡᠳᠬᠢᠯ ᠲᠠᠯᠪᠢᠨ ᠬᠦᠴᠦ ᠲᠠᠯᠪᠢᠨ ᠰᠠᠶᠢᠲᠤᠷ ᠬᠢᠵᠦ᠂ ᠰᠤᠷᠭᠠᠨ ᠬᠥᠮᠦᠵᠢᠯ ᠤᠨ ᠣᠷᠣᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠰᠤᠷᠭᠠᠭᠤᠯᠢ ᠡᠷᠭᠢᠯᠡᠬᠦ ᠨᠥᠬᠦᠴᠡᠯ ᠢ ᠰᠠᠶᠢᠵᠢᠷᠠᠭᠤᠯᠤᠨ ᠳᠡᠭᠡᠭᠰᠢᠯᠡᠭᠦᠯᠵᠦ᠂ ︽ᠡᠷᠡᠭᠦᠯ ᠡᠩᠬᠡ ᠬᠠᠶᠢᠨᠠᠨ︾ ᠤ ᠠᠵᠢᠯᠯᠠᠭ᠎ᠠ ᠶᠢ ᠯᠠᠪᠳᠠᠭᠤᠨ ᠪᠠᠲᠤᠲᠠᠶ ᠠᠬᠢᠭᠤᠯᠤᠨ᠂ ᠬᠤᠲᠠ ᠶᠢᠨ ᠡᠮᠴᠢᠯᠡᠭᠡᠨ ᠤ ᠪᠦᠯᠦᠭᠯᠡᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠮᠴᠢᠯᠡᠭᠡᠨ ᠤ ᠡᠳ᠋ ᠪᠣᠳᠠᠰ ᠤᠨ ᠨᠥᠭᠡᠴᠡ ᠶᠢ ᠴᠢᠩᠭᠠᠳᠬᠠᠨ᠂ ᠪᠥᠬᠦ ᠬᠦᠴᠦᠨ ᠢᠶᠠᠷ ᠢᠶᠠᠨ ᠡᠷᠡᠭᠦᠯ ᠮᠡᠨᠳᠦ ᠶᠢ ᠪᠠᠲᠤᠯᠠᠵᠤ᠂ ᠬᠦᠨᠳᠦ ᠡᠪᠡᠳᠴᠢᠨ ᠢ ᠰᠡᠷᠭᠡᠶᠢᠯᠡᠨ᠂ ᠳᠡᠯᠭᠡᠷᠡᠬᠦ ᠬᠤᠭᠤᠴᠠᠭ᠎ᠠ ᠶᠢ ᠤᠷᠤᠭᠰᠢᠲᠠᠶ ᠥᠩᠭᠡᠷᠡᠬᠦ ᠶᠢ ᠦᠨᠡᠨ ᠬᠦ ᠪᠠᠲᠤᠯᠠᠵᠤ᠂ ᠲᠣᠭᠲᠠᠭᠤᠨ ᠢᠶᠠᠷ ᠬᠡᠰᠡᠭ ᠬᠤᠪᠢᠷᠠᠭᠤᠯᠬᠤ ᠶᠢ ᠪᠡᠶᠡᠯᠡᠭᠦᠯᠦᠨ᠎ᠡ᠃   
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号