ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠰᠢᠭᠤᠳ ᠬᠠᠷᠢᠶ᠎ᠠ | ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ᠂ ᠡᠯ᠎ᠡ ᠠᠷᠠᠳ ᠤᠨ ᠪᠦᠯᠬᠦᠮ᠂ ᠲᠣᠭᠤᠷᠢᠭ ᠤᠨ ᠬᠠᠷᠢᠶ᠎ᠠ ᠡᠯ᠎ᠡ ᠠᠵᠤ | ᠠᠬᠤᠶᠢᠯᠠᠯ ᠠᠵᠢᠯ ᠦᠢᠯᠡᠰ ᠤᠨ ᠨᠢᠭᠡᠴᠡ᠂ ᠲᠣᠭᠤᠷᠢᠭ ᠲᠤ ᠰᠠᠭᠤᠭ᠎ᠠ ᠬᠤᠯᠪᠣᠭᠳᠠᠯ ᠪᠦᠬᠦᠢ ᠨᠢᠭᠡᠴᠡ ᠳᠤ᠄ | ︽ᠬᠠᠶᠢᠨᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠴᠢᠨᠠᠷ ᠰᠠᠶᠢᠲᠠᠶ | ᠬᠥᠭᠵᠢᠯᠲᠡ ᠶᠢᠨ ᠭᠤᠷᠪᠠᠨ ᠵᠢᠯ ᠤᠨ ᠠᠵᠢᠯᠯᠠᠭᠠᠨ ᠤ ᠲᠥᠰᠦᠯ︾ ᠢ ᠲᠤᠭᠤᠷᠢᠭ ᠤᠨ ᠨᠠᠮ ᠤᠨ ᠬᠤᠷᠢᠶ᠎ᠠ᠂ | ᠲᠤᠭᠤᠷᠢᠭ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ | ᠪᠣᠳᠠᠲᠠᠶ ᠲᠠᠢ ᠪᠠᠨ ᠤᠶᠠᠯᠳᠤᠭᠤᠯᠤᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃ | ᠲᠤᠮᠳᠠᠲᠦ ᠤᠯᠤᠰ ᠤᠨ ᠡᠪ ᠬᠠᠮᠲᠤ ᠨᠠᠮ ᠤᠨ ᠦᠬᠠᠢ ᠬᠤᠳᠠ ᠶᠢᠨ | ᠬᠠᠶᠢᠨᠠᠨ ᠲᠤᠭᠤᠷᠢᠭ ᠤᠨ ᠬᠤᠷᠢᠶᠠᠨ ᠤ ᠠᠯᠪᠠᠨ ᠭᠡᠷ | 2023 ᠣᠨ ᠤ 4 ᠰᠠᠷ᠎ᠠ ᠶᠢᠨ 6 ᠤ ᠡᠳᠦᠷ | ᠬᠠᠶᠢᠨᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠴᠢᠨᠠᠷ ᠰᠠᠶᠢᠲᠠᠶ | ᠬᠥᠭᠵᠢᠯᠲᠡ ᠶᠢᠨ ᠭᠤᠷᠪᠠᠨ ᠵᠢᠯ ᠤᠨ ᠠᠵᠢᠯᠯᠠᠭᠠᠨ ᠤ ᠲᠥᠰᠦᠯ | ︽ᠦᠬᠠᠶ ᠬᠤᠲᠠ ᠶᠢᠨ ᠨᠠᠮ ᠤᠨ ᠬᠤᠷᠢᠶᠠᠨ ᠤ ᠠᠯᠪᠠᠨ ᠬᠡᠷ᠂ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ ᠠᠯᠪᠠᠨ ᠬᠡᠷ ᠤᠨ ︿ᠪᠥᠬᠦ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠰᠠᠨᠠᠯ﹀ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠮᠡᠳᠡᠭᠳᠡᠯ︾ | ︵ᠤᠯᠠᠭᠠᠨᠬᠤᠲᠠ ᠨᠠᠮ ᠠᠯᠪᠠᠨ ᠲᠠᠷᠬᠠᠭᠠᠭᠰᠠᠨ ﹇2020﹈ 15 ᠳ᠋ᠤᠭᠠᠷ ᠲᠣᠭᠠᠲᠤ︶ ᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠬᠠᠶᠢᠨᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠴᠢᠨᠠᠷ | ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ | ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠤᠰᠠᠳᠠ᠂ ᠤᠯᠤᠰ ᠪᠠ ᠥᠪᠡᠷᠲᠡᠭᠡᠨ ᠵᠠᠰᠠᠬᠤ ᠣᠷᠣᠨ᠂ | ᠦᠬᠠᠶ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠬᠥᠭᠵᠢᠯᠲᠡ ᠶᠢᠨ ᠶᠡᠷᠦᠩᠬᠡᠶ | ᠲᠥᠯᠥᠪᠵᠢᠭᠦᠯᠭᠡ ᠵᠢᠴᠢ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠦᠨᠳᠦᠰᠦᠯᠡᠨ᠂ ᠮᠠᠨ ᠤ ᠣᠷᠣᠨ ᠤ | ᠪᠣᠳᠠᠲᠠᠶ ᠲᠠᠢ ᠪᠠᠨ ᠤᠶᠠᠯᠳᠤᠭᠤᠯᠵᠤ᠂ ᠲᠣᠰ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠤᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠠᠯᠪᠢᠭᠰᠠᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠤ ᠡᠷᠡᠭᠦᠯ | ᠮᠡᠨᠳᠦ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠠᠷᠠᠳ ᠲᠦᠮᠡᠨ ᠤ ᠡᠷᠡᠭᠦᠯ ᠮᠡᠨᠳᠦ ᠶᠢ ᠪᠠᠲᠤᠯᠠᠬᠤ ᠶᠢ ᠤᠷᠢᠳ ᠢᠶᠠᠷ | ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠪᠠᠶᠢᠷᠢᠨ ᠳᠤ ᠦᠨᠡᠨ ᠬᠦ ᠲᠠᠯᠪᠢᠵᠤ᠂ ᠠᠷᠠᠳ ᠲᠦᠮᠡᠨ ᠤ ᠡᠷᠡᠭᠦᠯ | ᠮᠡᠨᠳᠦ ᠶᠢ ᠨᠥᠯᠥᠭᠡᠯᠡᠬᠦ ᠬᠦᠨᠳᠦ ᠶᠡᠭᠡ ᠡᠪᠡᠳᠴᠢᠨ ᠡᠮᠭᠡᠭ ᠪᠣᠯᠣᠨ ᠭᠤᠣᠯ ᠠᠰᠠᠭᠤᠳᠠᠯ ᠳᠤ ᠠᠩᠬᠠᠷᠤᠯ ᠢᠶᠠᠨ | ᠲᠥᠪᠯᠡᠷᠡᠭᠦᠯᠵᠦ᠂ ᠡᠷᠡᠭᠦᠯ ᠮᠡᠨᠳᠦ ᠶᠢᠨ ᠬᠠᠶᠢᠨᠠᠨ ᠤ ᠠᠵᠢᠯᠯᠠᠭ᠎ᠠ ᠪᠣᠯᠣᠨ ᠡᠮ ᠡᠮᠨᠡᠯᠭᠡ ᠡᠷᠡᠭᠦᠯ ᠬᠠᠮᠠᠭᠠᠯᠠᠯ ᠤᠨ | ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠤᠨ ᠡᠭᠦᠷᠭᠡ ᠶᠢ ᠨᠢᠭᠡᠳᠦᠯᠲᠡᠢ ᠲᠥᠯᠥᠪᠵᠢᠭᠦᠯᠦᠨ | ᠠᠬᠢᠭᠤᠯᠵᠤ᠂ ᠡᠮᠴᠢᠯᠡᠭᠡᠨ ᠤ ᠮᠡᠷᠭᠡᠵᠢᠯ ᠤᠨ ᠲᠦᠪᠰᠢᠨ ᠪᠣᠯᠣᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ | ᠠᠷᠠᠳ ᠣᠯᠠᠨ ᠤ ᠡᠷᠡᠭᠦᠯ ᠮᠡᠨᠳᠦ ᠶᠢᠨ ᠡᠷᠬᠡ ᠠᠰᠢᠭ ᠢ ᠪᠦᠬᠦ ᠬᠦᠴᠦᠨ ᠢᠶᠠᠷ ᠢᠶᠠᠨ ᠬᠠᠮᠠᠭᠠᠯᠠᠨ᠎ᠠ᠃ | ︵ᠬᠤᠶᠠᠷ︶ ᠶᠡᠷᠦᠩᠬᠡᠢ ᠬᠠᠷᠠᠯᠲᠠ | ᠰᠠᠭᠤᠷᠢ ᠶᠢ ᠪᠠᠬᠢᠵᠢᠭᠦᠯᠬᠦ᠂ ᠳᠤᠲᠠᠭᠤᠳᠠᠯ ᠢ ᠨᠥᠬᠦᠪᠥᠷᠢᠯᠡᠬᠦ᠂ ᠰᠢᠯᠢᠳᠡᠭ ᠢ ᠨᠢ ᠲᠡᠳᠬᠦᠨ | ᠬᠦᠴᠦᠷᠬᠡᠭᠵᠢᠭᠦᠯᠬᠦ ᠪᠠᠷ ᠳᠠᠮᠵᠢᠭᠤᠯᠤᠨ᠂ ᠲᠣᠭᠲᠠᠴᠠ ᠲᠡᠭᠦᠯᠳᠡᠷᠵᠢᠭᠰᠡᠨ᠂ ᠬᠥᠭᠵᠢᠯᠲᠡ ᠲᠡᠩᠴᠡᠭᠦᠷᠢᠲᠡᠢ᠂ ᠳᠡᠭᠡᠳᠦ | ᠳᠣᠣᠷᠠᠳᠤ ᠱᠠᠲᠤ ᠬᠤᠯᠪᠣᠭᠠᠯᠠᠨ ᠬᠥᠳᠡᠯᠦᠯᠴᠡᠭᠰᠡᠨ᠂ ᠠᠷᠠᠳ ᠲᠦᠮᠡᠨ ᠳᠤ ᠲᠠᠭᠠᠰᠢᠶᠠᠭᠳᠠᠭᠰᠠᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠵᠤ᠂ ᠡᠯ᠎ᠡ ᠡᠮᠴᠢᠯᠡᠭᠡᠨ ᠤ ᠪᠠᠶᠢᠭᠤᠯᠤᠮᠵᠢ ᠶᠢᠨ | ᠬᠤᠭᠤᠷᠣᠨᠳᠣᠬᠢ ᠪᠠᠶᠢᠷᠢ ᠰᠣᠯᠪᠢᠴᠠᠨ ᠬᠥᠭᠵᠢᠭᠰᠡᠨ᠂ ᠴᠢᠳᠠᠮᠵᠢ ᠶᠢ ᠬᠠᠷᠢᠯᠴᠠᠨ ᠨᠥᠬᠦᠪᠥᠷᠢᠯᠡᠭᠰᠡᠨ ᠡᠮᠨᠡᠯᠭᠡ ᠡᠷᠬᠢᠯᠡᠬᠦ | ᠪᠠᠶᠢᠷᠢᠰᠢᠯ ᠢ ᠪᠠᠶᠢᠭᠤᠯᠤᠨ᠂ ᠡᠮᠴᠢᠯᠡᠭᠡᠨ ᠤ ᠮᠡᠷᠭᠡᠵᠢᠯ ᠪᠠ ᠦᠢᠯᠡᠴᠢᠯᠡᠭᠡᠨ ᠤ ᠬᠢᠷᠢ ᠲᠦᠪᠰᠢᠨ ᠢ ᠶᠡᠭᠡ ᠪᠠᠷ | ᠳᠡᠭᠡᠭᠰᠢᠯᠡᠭᠦᠯᠵᠦ᠂ ᠪᠠᠶᠢᠩᠭᠤ ᠲᠣᠬᠢᠶᠠᠯᠳᠤᠬᠤ ᠡᠪᠡᠳᠴᠢᠨ᠂ ᠣᠯᠠᠨ ᠡᠭᠦᠰᠬᠦ ᠡᠪᠡᠳᠴᠢᠨ ᠢ ᠠᠪᠤᠷᠠᠨ ᠵᠠᠰᠠᠬᠤ | ᠴᠢᠳᠠᠪᠤᠷᠢ ᠶᠢ ᠢᠯᠡᠳᠲᠡ ᠳᠡᠭᠡᠭᠰᠢᠯᠡᠭᠦᠯᠦᠨ᠂ ᠱᠠᠲᠤ ᠬᠤᠪᠢᠶᠠᠨ ᠣᠨᠣᠰᠢᠯᠠᠨ ᠡᠮᠨᠡᠬᠦ ᠰᠢᠰᠲ᠋ᠧᠮ ᠢ | ᠦᠨᠳᠦᠰᠦᠨ ᠳᠡᠭᠡᠨ ᠪᠠᠶᠢᠭᠤᠯᠵᠤ᠂ ᠣᠯᠠᠨ ᠲᠦᠮᠡᠨ ᠤ ᠣᠶᠢᠷ᠎ᠠ ᠬᠠᠪᠢ ᠳᠠᠭᠠᠨ ᠡᠮᠴᠢᠯᠡᠭᠡᠨ ᠤ ᠦᠢᠯᠡᠴᠢᠯᠡᠭᠡᠨ ᠤ | ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠪᠥᠬᠦ ᠣᠷᠣᠨ ᠤ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠡᠪ | ᠪᠣᠯᠪᠠᠰᠤᠷᠠᠯ ᠢ ᠢᠯᠡᠳᠲᠡ ᠳᠡᠭᠡᠭᠰᠢᠯᠡᠭᠦᠯᠦᠨ᠂ ᠡᠷᠡᠭᠦᠯ ᠡᠩᠬᠡ ᠬᠠᠶᠢᠨᠠᠨ ᠤ ᠪᠥᠲᠥᠭᠡᠨ ᠪᠠᠶᠢᠭᠤᠯᠤᠯᠲᠠ ᠶᠢ ᠨᠡᠯᠢᠶᠡᠳ | ᠥᠨᠳᠥᠷ ᠲᠦᠪᠰᠢᠨ ᠳᠤ ᠬᠦᠷᠭᠡᠪᠡ᠃ | ᠬᠤᠶᠠᠷ᠂ ᠭᠤᠣᠯ ᠡᠭᠦᠷᠭᠡ | ︵ᠨᠢᠭᠡ︶ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ ᠤᠯᠠᠮ ᠨᠢᠭᠡ ᠠᠯᠬᠤᠮ | ᠲᠡᠭᠦᠯᠳᠡᠷᠵᠢᠭᠦᠯᠦᠨ᠎ᠡ | 1. ᠡᠮᠨᠡᠯᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠤᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠦᠨ᠎ᠡ᠃ | ᠪᠥᠬᠦ ᠣᠷᠣᠨ ᠤ ᠡᠮᠴᠢᠯᠡᠭᠡᠨ ᠤ ᠪᠠᠶᠢᠭᠤᠯᠤᠮᠵᠢ ᠶᠢᠨ ᠣᠲᠣ ᠶᠢᠨ ᠪᠠᠶᠢᠭ᠎ᠠ ᠪᠠᠯᠠ ᠮᠥᠩᠭᠦ ᠶᠢᠨ ᠢᠷᠡᠯᠲᠡ ᠶᠢᠨ | ᠪᠠᠶᠢᠳᠠᠯ ᠢ ᠶᠡᠷᠦᠩᠬᠡᠶᠢᠯᠡᠨ ᠪᠣᠳᠣᠯᠬᠢᠯᠠᠵᠤ᠂ ᠲᠣᠰ ᠲᠣᠰ ᠤᠨ ᠴᠢᠳᠠᠮᠵᠢ ᠵᠢᠴᠢ ᠳᠠᠪᠠᠭᠤᠯᠢᠭ ᠲᠠᠢ ᠪᠠᠨ | ᠤᠶᠠᠯᠳᠤᠭᠤᠯᠤᠨ᠂ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ | ᠲᠣᠭᠲᠠᠭᠠᠨ᠎ᠠ᠃ ᠡᠮᠴᠢᠯᠡᠭᠡᠨ ᠤ ᠦᠢᠯᠡᠴᠢᠯᠡᠭᠡ ᠪᠠᠨ ᠳᠡᠭᠡᠭᠰᠢᠯᠡᠬᠦᠯᠬᠦ ᠴᠢᠳᠡᠪᠦᠷᠢ ᠪᠠ ᠣᠷᠣᠨ ᠪᠦᠰᠡ ᠶᠢᠨ | ᠳᠡᠩᠴᠡᠬᠦᠷᠢᠳᠡᠢ ᠪᠠᠶᠢᠷᠢᠰᠢᠭᠤᠯᠥᠯᠳᠡ ᠶᠢ ᠳᠥᠷᠭᠡᠳᠭᠡᠵᠦ᠂ ᠣᠨᠴᠠᠯᠢᠠᠠᠳᠦ ᠲᠣᠰᠬᠠᠢ ᠰᠠᠯᠠᠭ᠎ᠠ ᠶᠢᠨ ᠳᠡᠪᠡᠭᠤᠯᠢᠭ ᠢ | ᠲᠤᠪᠤᠶᠢᠯᠭᠠᠨ᠂ ᠵᠦᠷᠢᠶᠡᠴᠢᠯᠡᠭᠰᠡᠨ ᠬᠦᠭᠵᠢᠯᠳᠡ ᠶᠢ ᠵᠣᠷᠢᠠᠠᠵᠢᠭᠤᠯᠵᠦ᠂ ᠡᠮᠬᠢ ᠵᠢᠷᠦᠮ ᠲᠠᠢ ᠦᠷᠢᠰᠦᠯᠳᠦᠬᠦ | ᠡᠮᠴᠢᠯᠡᠭᠡ ᠡᠷᠬᠢᠯᠡᠬᠦ ᠪᠠᠶᠢᠷᠢᠰᠢᠯ ᠢ ᠠᠯᠬᠤᠮ ᠠᠯᠬᠤᠮ ᠢᠶᠠᠷ ᠪᠦᠷᠢᠯᠳᠦᠬᠦᠯᠥᠨ᠎ᠠ᠃ | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠦᠢᠯᠡᠴᠢᠯᠡᠭᠡᠨ ᠤ ᠴᠢᠳᠠᠪᠤᠷᠢ ᠶᠢ ᠦᠨᠡᠨᠬᠦ | ᠳᠡᠭᠡᠭᠰᠢᠯᠡᠭᠦᠯᠵᠦ᠂ ᠬᠤᠶᠠᠳᠤᠭᠠᠷ ᠳᠡᠰ ᠤᠨ ᠬᠥᠬᠡ ᠳᠡᠰ ᠤᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶᠠᠨ ᠤ | ᠪᠦᠲᠦᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠵᠢᠴᠢ ︽ᠪᠠᠭ᠎ᠠ ᠶᠡᠷᠦᠩᠬᠡᠶᠢᠯᠡᠯ᠂ ᠶᠡᠭᠡ ᠲᠤᠰᠬᠠᠢ ᠰᠠᠯᠠᠭ᠎ᠠ︾ ᠶᠢ | ᠪᠦᠲᠦᠭᠡᠨ ᠪᠠᠶᠢᠭᠤᠯᠬᠤ ᠬᠠᠷᠠᠯᠲᠠ ᠶᠣᠰᠣᠭᠠᠷ᠂ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠲᠤᠰ | ᠪᠡᠶ᠎ᠡ ᠶᠢᠨ ᠡᠬᠢ ᠪᠠᠶᠠᠯᠢᠭ ᠤᠨ ᠪᠠᠶᠢᠳᠠᠯ ᠪᠠ ᠬᠠᠷᠢᠴᠠᠩᠭᠤᠢ ᠳᠠᠪᠠᠭᠤᠯᠢᠭ ᠢᠶᠠᠨ ᠦᠨᠳᠦᠰᠦᠯᠡᠨ᠂ ᠭᠤᠣᠯᠳᠠᠯᠭ᠎ᠠ ᠲᠠᠢ | ᠰᠢᠨᠵᠢᠯᠡᠭᠡᠨ ᠤ ᠭᠤᠣᠯ ᠰᠢᠪᠲᠤᠯᠤᠯᠲᠠ ᠶᠢᠨ ᠴᠢᠭᠯᠡᠯ ᠢ ᠲᠣᠭᠲᠠᠭᠠᠵᠤ᠂ ᠳᠤᠲᠠᠭᠤᠳᠠᠯ ᠢ ᠨᠥᠬᠦᠪᠦᠷᠢᠯᠡᠵᠦ᠂ ᠪᠠᠭᠤᠷᠠᠢ | ᠲᠠᠯ᠎ᠠ ᠪᠠᠨ ᠬᠦᠴᠦᠷᠬᠡᠭᠵᠢᠭᠦᠯᠦᠨ᠎ᠡ᠃ ᠨᠢᠭᠲᠠ ᠬᠡᠯᠪᠡᠷᠢ ᠶᠢᠨ ᠬᠤᠲᠠ ᠶᠢᠨ ᠡᠮᠴᠢᠯᠡᠭᠡᠨ ᠤ ᠪᠦᠯᠦᠭᠯᠡᠯ ᠤᠨ | ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠠᠬᠢᠭᠤᠯᠵᠤ᠂ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠪᠠᠷ | ᠲᠦᠷᠦᠭᠦᠯᠡᠭᠦᠯᠦᠭᠰᠡᠨ᠂ ᠡᠯ᠎ᠡ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ | ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠥᠷᠲᠡᠭᠡ᠂ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠣᠷᠣᠯᠴᠠᠭᠰᠠᠨ ᠨᠢᠭᠲᠠ ᠬᠡᠯᠪᠡᠷᠢ ᠶᠢᠨ | ᠬᠤᠲᠠ ᠶᠢᠨ ᠡᠮᠴᠢᠯᠡᠭᠡᠨ ᠤ ᠪᠦᠯᠦᠭᠯᠡᠯ ᠢ ᠵᠣᠬᠢᠶᠠᠨ ᠪᠠᠶᠢᠭᠤᠯᠵᠤ᠂ ᠬᠠᠮᠢᠶᠠᠷᠤᠯᠲᠠ ᠠᠵᠢᠯᠯᠠᠭᠠᠨ ᠤ ᠲᠣᠭᠲᠠᠴᠠ ᠶᠢ | ᠠᠩᠬ᠎ᠠ ᠠᠯᠬᠤᠮ ᠪᠠᠶᠢᠭᠤᠯᠤᠨ᠎ᠠ᠃ 2024 ᠣᠨ ᠳᠤ ᠸᠠᠨ ᠱᠠᠨ ᠡᠮᠨᠡᠯᠭᠡ ᠶᠢᠨ ᠬᠤᠷᠢᠶ᠎ᠠ - ᠦᠨᠳᠦᠰᠦᠨ | ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠤᠳᠠᠭᠠᠨ ᠴᠢᠨᠠᠷᠲᠠᠶ ᠡᠪᠡᠳᠴᠢᠨ ᠢ ᠨᠢᠭᠡ ᠴᠤᠭᠴᠠᠵᠢᠭᠤᠯᠤᠭᠰᠠᠨ | ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠎ᠠ᠃ 2025 ᠣᠨ ᠪᠣᠯᠬᠤ ᠳᠤ ᠬᠤᠲᠠ ᠶᠢᠨ ᠡᠮᠴᠢᠯᠡᠭᠡᠨ ᠤ | ᠪᠦᠯᠦᠭᠯᠡᠯ ᠤᠨ ᠪᠥᠲᠥᠭᠡᠨ ᠪᠠᠶᠢᠭᠤᠯᠤᠯᠲᠠ ᠠᠩᠬ᠎ᠠ ᠠᠯᠬᠤᠮ ᠤᠨ ᠦᠷ᠎ᠡ ᠪᠦᠲᠦᠮᠵᠢ ᠤᠯᠪᠠ᠃ ᠬᠢᠲᠠᠳ ︵ᠮᠣᠩᠭᠤᠯ︶ | ᠡᠮ ᠡᠮᠨᠡᠯᠭᠡ ᠶᠢᠨ ᠦᠢᠯᠡᠰ ᠢ ᠶᠡᠬᠡᠪᠡᠷ ᠬᠥᠭᠵᠢᠭᠦᠯᠦᠨ᠂ ᠬᠢᠲᠠᠳ ᠮᠣᠩᠭᠤᠯ ᠡᠮᠨᠡᠯᠭᠡ ᠶᠢᠨ ᠤᠬᠠᠭᠠᠨ ᠤ ᠰᠠᠯᠠᠭ᠎ᠠ ᠶᠢᠨ | ᠪᠠᠶᠢᠭᠤᠯᠤᠯᠲᠠ ᠶᠢ ᠲᠠᠰᠤᠷᠠᠯᠲᠠ ᠤᠢᠭᠡᠢ ᠴᠢᠩᠭᠠᠳᠬᠠᠨ᠂ ᠬᠢᠲᠠᠳ ︵ᠮᠣᠩᠭᠤᠯ︶ ᠡᠮ ᠡᠮᠨᠡᠯᠭᠡ ᠶᠢᠨ | ︽ᠡᠪᠡᠳᠴᠢᠯᠡᠬᠦ ᠠᠴᠠ ᠡᠮᠦᠨ᠎ᠡ ᠵᠠᠰᠠᠬᠤ︾ ᠥᠪᠡᠷᠮᠢᠴᠡ ᠳᠠᠪᠠᠭᠤᠯᠢᠭ ᠢ ᠪᠠᠳᠠᠷᠠᠭᠤᠯᠵᠤ᠂ ᠮᠠᠨᠪᠠᠷᠠᠰᠠᠩ ᠰᠦᠮ᠎ᠡ ᠶᠢᠨ | ᠥᠨᠢ ᠤᠳᠠᠭᠠᠨ ᠲᠡᠦᠬᠡ ᠲᠠᠢ ᠬᠢᠲᠠᠳ ︵ᠮᠣᠩᠭᠤᠯ︶ ᠡᠮ ᠡᠮᠨᠡᠯᠭᠡ ᠶᠢᠨ ᠤᠯᠠᠮᠵᠢᠯᠠᠯᠲᠤ ᠰᠣᠶᠣᠯ ᠤᠨ ᠠᠭᠤᠯᠬᠤᠨ ᠢ | ᠲᠦᠰᠢᠭᠯᠡᠨ᠂ ᠬᠢᠲᠠᠳ ︵ᠮᠣᠩᠭᠤᠯ︶ ᠡᠮ ᠡᠮᠨᠡᠯᠭᠡ ᠶᠢᠨ ᠰᠣᠶᠣᠯ ᠢ ᠤᠯᠠᠮ ᠨᠢᠭᠡ ᠠᠯᠬᠤᠮ ᠤᠯᠠᠮᠵᠢᠯᠠᠨ | ᠵᠠᠯᠭᠠᠮᠵᠢᠯᠠᠵᠤ᠂ ᠬᠢᠲᠠᠳ ︵ᠮᠣᠩᠭᠤᠯ︶ ᠡᠮ ᠡᠮᠨᠡᠯᠭᠡ ᠶᠢᠨ ᠣᠨᠣᠰᠢᠯᠠᠨ ᠡᠮᠨᠡᠬᠦ ᠦᠢᠯᠡᠴᠢᠯᠡᠭᠡᠨ ᠤ ᠴᠢᠳᠠᠪᠤᠷᠢ ᠶᠢ | ᠳᠡᠭᠡᠭᠰᠢᠯᠡᠭᠦᠯᠵᠦ᠂ ᠠᠷᠠᠳ ᠣᠯᠠᠨ ᠤ ᠣᠯᠠᠨ ᠡᠰᠢᠵᠢᠨ ᠡᠪᠡᠳᠴᠢᠨ ᠦᠵᠡᠭᠦᠯᠬᠦ ᠬᠡᠷᠡᠭᠴᠡᠭᠡ ᠱᠠᠭᠠᠷᠳᠠᠯᠭ᠎ᠠ ᠶᠢ | ᠬᠠᠩᠭᠠᠨ᠎ᠠ᠃ 2023 ᠣᠨ ᠳᠤ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶᠠᠨ ᠳᠤ ᠬᠢᠲᠠᠳ ︵ᠮᠣᠩᠭᠤᠯ︶ | ᠡᠮᠨᠡᠯᠭᠡ ᠶᠢᠨ ᠨᠡᠷᠡᠲᠦ ᠡᠮᠴᠢ ᠶᠢ ᠤᠯᠠᠮᠵᠢᠯᠠᠨ ᠵᠠᠯᠭᠠᠮᠵᠢᠯᠠᠬᠤ ᠠᠵᠢᠯ ᠤᠨ ᠲᠠᠰᠤᠭ ᠢ ᠪᠠᠶᠢᠭᠤᠯᠤᠨ᠎ᠠ᠃ ︵ᠲᠦᠷᠦᠭᠦᠯᠡᠬᠦ | ᠨᠢᠭᠡᠴᠡ᠄ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︔ ᠬᠠᠷᠢᠭᠤᠴᠠᠯᠭᠠᠲᠤ ᠨᠢᠭᠡᠴᠡ᠄ ᠡᠯ᠎ᠡ | ᠡᠮᠴᠢᠯᠡᠭᠡᠨ ᠤ ᠪᠠᠶᠢᠭᠤᠯᠤᠮᠵᠢ︶ | 2. ᠱᠠᠲᠤ ᠬᠤᠪᠢᠶᠠᠨ ᠣᠨᠣᠰᠢᠯᠠᠨ ᠡᠮᠨᠡᠬᠦ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ | ᠡᠯ᠎ᠡ ᠡᠮᠴᠢᠯᠡᠭᠡᠨ ᠤ ᠪᠠᠶᠢᠭᠤᠯᠤᠮᠵᠢ ᠶᠢᠨ ᠠᠵᠢᠯ ᠡᠷᠭᠢᠯᠡᠬᠦ ᠬᠡᠪᠴᠢᠶ᠎ᠡ᠂ ᠣᠷᠣᠨ ᠪᠦᠰᠡ ᠶᠢᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠵᠢᠴᠢ ᠥᠭᠡᠷᠡᠴᠢᠯᠡᠯᠲᠡ ᠶᠢᠨ ᠬᠠᠷᠠᠯᠲᠠ | ᠶᠣᠰᠣᠭᠠᠷ᠂ ᠬᠠᠷᠢᠶ᠎ᠠ ᠪᠦᠬᠦᠢ ᠡᠮᠴᠢᠯᠡᠭᠡᠨ ᠤ ᠪᠠᠶᠢᠭᠤᠯᠤᠮᠵᠢ ᠶᠢᠨ ᠣᠨᠣᠰᠢᠯᠠᠨ ᠡᠮᠨᠡᠬᠦ ᠦᠢᠯᠡᠴᠢᠯᠡᠭᠡᠨ ᠤ ᠬᠡᠪᠴᠢᠶ᠎ᠡ ᠶᠢ | ᠵᠢᠷᠤᠮᠵᠢᠭᠤᠯᠤᠨ᠎ᠠ᠃ ᠲᠤᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠭᠤᠤᠯᠳᠠᠭᠤ ᠣᠷᠣᠨ ᠪᠦᠰᠡ ᠶᠢᠨ | ᠪᠠᠶᠢᠩᠭᠤ ᠲᠣᠬᠢᠶᠠᠯᠳᠤᠳᠠᠭ ᠡᠪᠡᠳᠴᠢᠨ᠂ ᠣᠯᠠᠨ ᠡᠭᠦᠰᠳᠡᠭ ᠡᠪᠡᠳᠴᠢᠨ ᠢ ᠣᠨᠣᠰᠢᠯᠠᠨ ᠡᠮᠨᠡᠬᠦ ᠪᠠ ᠣᠨᠴᠠᠯᠢᠭᠲᠤ | ᠲᠤᠰᠬᠠᠶ ᠡᠮᠨᠡᠯᠭᠡ ᠶᠢᠨ ᠣᠨᠣᠰᠢᠯᠠᠨ ᠡᠮᠨᠡᠬᠦ ᠠᠵᠢᠯ ᠢ ᠡᠭᠦᠷᠭᠡᠯᠡᠵᠦ᠂ ᠦᠨᠳᠦᠰᠦᠨ ᠱᠠᠲᠤᠨ ᠤ ᠡᠮᠴᠢᠯᠡᠭᠡᠨ ᠤ | ᠪᠠᠶᠢᠭᠤᠯᠤᠮᠵᠢ ᠨᠢ ᠭᠤᠤᠯᠳᠠᠭᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠵᠢᠴᠢ ᠡᠩ ᠤᠨ | ᠡᠭᠦᠳᠡᠨ ᠡᠮᠨᠡᠯᠭᠡ᠂ ᠣᠨᠴᠠ ᠤᠳᠠᠭᠠᠨ ᠴᠢᠨᠠᠷᠲᠠᠶ ᠡᠪᠡᠳᠴᠢᠨ ᠢ ᠣᠨᠣᠰᠢᠯᠠᠨ ᠡᠮᠨᠡᠬᠦ ᠠᠵᠢᠯ ᠢ ᠡᠭᠦᠷᠭᠡᠯᠡᠨ᠎ᠡ᠃ ᠴᠢᠨᠠᠷ | ᠰᠠᠶᠢᠲᠠᠶ ᠡᠮᠴᠢᠯᠡᠭᠡᠨ ᠤ ᠡᠬᠢ ᠪᠠᠶᠠᠯᠢᠭ ᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ ᠪᠠᠶᠢᠭᠠᠳ ᠦᠨᠳᠦᠰᠦᠨ | ᠱᠠᠲᠤᠨ ᠤ ᠡᠮᠴᠢᠯᠡᠭᠡᠨ ᠤ ᠦᠢᠯᠡᠴᠢᠯᠡᠭᠡᠨ ᠤ ᠶᠠᠰᠤ ᠴᠢᠨᠠᠷ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ︵ᠲᠦᠷᠦᠭᠦᠯᠡᠬᠦ ᠨᠢᠭᠡᠴᠡ᠄ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︔ ᠬᠠᠷᠢᠭᠤᠴᠠᠯᠭᠠᠲᠤ | ᠨᠢᠭᠡᠴᠡ᠄ ᠡᠯ᠎ᠡ ᠡᠮᠴᠢᠯᠡᠭᠡᠨ ᠤ ᠪᠠᠶᠢᠭᠤᠯᠤᠮᠵᠢ︶ | ︵ᠬᠤᠶᠠᠷ︶ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠵᠠᠷᠤᠳᠠᠯ ᠢ ᠪᠠᠲᠤᠯᠠᠬᠤ ᠲᠣᠭᠲᠠᠪᠤᠷᠢᠲᠠᠶ | ᠲᠣᠭᠲᠠᠴᠠ ᠶᠢ ᠲᠡᠭᠦᠯᠳᠡᠷᠵᠢᠭᠦᠯᠦᠨ᠎ᠡ | 3. ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠬᠥᠭᠵᠢᠯᠲᠡ ᠶᠢᠨ ᠪᠡᠯᠡ ᠮᠥᠩᠭᠦ ᠶᠢᠨ | ᠪᠠᠲᠤᠯᠠᠭ᠎ᠠ ᠶᠢ ᠴᠢᠩᠭᠠᠷᠠᠭᠤᠯᠤᠨ᠎ᠠ᠃ ᠵᠠᠰᠠᠭ ᠤᠨ ᠣᠷᠳᠣᠨ ᠢᠶᠠᠷ ᠭᠤᠣᠯ ᠤᠳᠤᠷᠢᠳᠤᠮᠵᠢ ᠪᠣᠯᠭᠠᠭᠰᠠᠨ ᠲᠣᠭᠲᠠᠭᠤᠨ | ᠪᠠ ᠣᠯᠠᠨ ᠡᠰᠢᠲᠦ ᠪᠡᠯᠡ ᠮᠥᠩᠭᠦ ᠶᠢᠨ ᠣᠷᠣᠭᠤᠯᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠬᠥᠭᠵᠢᠯᠲᠡ ᠶᠢᠨ ᠪᠡᠯᠡ ᠮᠥᠩᠭᠦ ᠶᠢ ᠡᠳ᠋ ᠤᠨ ᠵᠠᠰᠠᠭ ᠤᠨ | ᠲᠥᠰᠦᠪ ᠲᠤ ᠣᠷᠣᠭᠤᠯᠤᠨ᠎ᠠ᠃ ᠬᠦᠳᠡᠭᠡ ᠲᠣᠰᠬᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠰᠢᠰᠲ᠋ᠧᠮ ᠤᠨ | ᠣᠷᠤᠭᠤᠯᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠡᠯ᠎ᠡ ᠡᠮᠴᠢᠯᠡᠭᠡᠨ ᠤ ᠪᠠᠶᠢᠭᠤᠯᠤᠮᠵᠢ ᠶᠢᠨ ᠪᠣᠳᠠᠲᠠᠶ | ᠬᠡᠷᠡᠭᠴᠡᠭᠡ ᠱᠠᠭᠠᠷᠳᠠᠯᠭ᠎ᠠ ᠶᠢ ᠶᠡᠷᠦᠩᠬᠡᠶᠢᠯᠡᠨ ᠪᠣᠳᠣᠯᠬᠢᠯᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ | ᠴᠢᠬᠤᠯᠠ ᠶᠡᠭᠡ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠲᠥᠯᠥᠪᠯᠡᠨ ᠨᠥᠭᠡᠴᠡᠯᠡᠵᠦ᠂ ᠳᠡᠭᠡᠳᠦ ᠱᠠᠲᠤᠨ ᠤ | ᠲᠤᠰᠬᠠᠶ ᠵᠦᠢᠯ ᠵᠢᠴᠢ ᠰᠢᠯᠵᠢᠭᠦᠯᠦᠨ ᠥᠭᠬᠦ ᠪᠠᠯᠠ ᠮᠥᠩᠭᠦ ᠶᠢᠨ ᠳᠡᠮᠵᠢᠯᠭᠡ ᠶᠢ ᠢᠳᠡᠪᠬᠢᠲᠡᠶ ᠪᠠᠷ ᠴᠢᠷᠮᠠᠶᠢᠨ ᠣᠯᠤᠨ᠎ᠠ᠃ | 2023 ᠣᠨ ᠳᠤ ᠰᠢᠨ᠎ᠡ ᠪᠠᠷ ᠪᠠᠶᠢᠭᠤᠯᠤᠭᠰᠠᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ᠂ ᠪᠠᠶᠠᠨᠲᠣᠬᠤᠶ | ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠡᠮᠦᠨᠡᠬᠢ | ᠬᠤᠭᠤᠴᠠᠭᠠᠨ ᠤ ᠨᠤᠲᠠᠯᠠᠯᠲᠠ ᠶᠢ ᠪᠡᠶᠡᠯᠡᠭᠦᠯᠦᠨ᠎ᠡ᠃ 2024 ᠣᠨ ᠠᠴᠠ 2025 ᠣᠨ ᠪᠣᠯᠲᠠᠯ᠎ᠠ ᠳᠡᠭᠡᠳᠦ | ᠱᠠᠲᠤᠨ ᠤ ᠲᠥᠷᠥᠯ ᠵᠦᠶ᠋ᠯ ᠢ ᠢᠳᠡᠪᠬᠢᠲᠡᠶ ᠲᠡᠮᠡᠴᠡᠨ ᠣᠯᠵᠤ᠂ ᠲᠥᠷᠥᠯ ᠵᠦᠶ᠋ᠯ ᠢ ᠴᠣᠬᠤᠯᠠᠪᠤᠷᠢᠯᠠᠭᠰᠠᠨ ᠤ ᠳᠠᠷᠠᠭ᠎ᠠ᠂ | ᠲᠥᠷᠥᠯ ᠵᠦᠶ᠋ᠯ ᠤᠨ ᠪᠥᠲᠥᠭᠡᠨ ᠪᠠᠶᠢᠭᠤᠯᠤᠯᠲᠠ ᠶᠢ ᠥᠷᠨᠢᠭᠦᠯᠦᠨ᠎ᠡ᠃ ︵ᠲᠦᠷᠦᠭᠦᠯᠡᠬᠦ ᠨᠢᠭᠡᠴᠡ᠄ ᠲᠣᠭᠤᠷᠢᠭ ᠤᠨ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︔ ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠬᠠᠶᠢᠨᠠᠨ ᠤ ᠪᠠᠶᠢᠭᠠᠯᠢ ᠶᠢᠨ ᠡᠬᠢ ᠪᠠᠶᠠᠯᠢᠭ ᠤᠨ | ᠬᠤᠪᠢᠶᠠᠷᠢ ᠲᠣᠪᠴᠢᠶ᠎ᠠ︶᠃ | 4. ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠳᠠᠬᠢ ᠣᠷᠣᠭᠤᠯᠤᠯᠲᠠ ᠶᠢᠨ ᠲᠥᠷᠥ ᠶᠢᠨ | ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠡᠷᠡᠭᠦᠯ ᠬᠠᠮᠠᠭᠠᠯᠠᠯ ᠤᠨ ᠣᠷᠣᠭᠤᠯᠤᠯᠲᠠ ᠳᠤ ᠵᠠᠰᠠᠭ ᠤᠨ | ᠣᠷᠳᠣᠨ ᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠣᠰᠣᠭᠠᠷ᠂ ᠡᠳ᠋ ᠤᠨ ᠵᠠᠰᠠᠭ ᠤᠨ ᠲᠤᠰᠠᠯᠠᠮᠵᠢ ᠶᠢᠨ ᠪᠡᠯᠡ | ᠮᠥᠩᠭᠦ ᠶᠢᠨ ᠲᠥᠰᠦᠪ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶᠠᠨ ᠳᠤ ᠣᠯᠠᠨ ᠨᠡᠶᠢᠲᠡ ᠶᠢᠨ ᠡᠳ᠋ ᠤᠨ ᠵᠠᠰᠠᠭ ᠤᠨ ᠪᠡᠯᠡ ᠮᠥᠩᠭᠦ ᠶᠢᠨ ᠨᠥᠬᠦᠪᠥᠷᠢ ᠥᠭᠬᠦ ᠲᠥᠷᠥᠯ ᠵᠦᠢᠯ ᠢ | ᠤᠯᠠᠮ ᠨᠢᠭᠡ ᠠᠯᠬᠤᠮ ᠲᠣᠳᠣᠷᠬᠠᠶᠢᠯᠠᠨ᠂ ᠨᠥᠬᠦᠪᠥᠷᠢ ᠥᠭᠬᠦ ᠪᠡᠯᠡ ᠮᠥᠩᠭᠦ ᠶᠢᠨ ᠵᠠᠷᠤᠯᠭ᠎ᠠ ᠶᠢᠨ ᠴᠢᠭᠯᠡᠯ ᠢ ᠴᠢᠩᠭ᠎ᠠ | ᠡᠵᠡᠮᠳᠡᠵᠦ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠥᠲᠥᠯᠥᠨ ᠵᠢᠯᠣᠭᠤᠳᠬᠤ ᠦᠢᠯᠡᠳᠦᠯ ᠢ ᠴᠢᠩᠭᠠᠳᠬᠠᠬᠤ | ᠬᠡᠷᠡᠭᠲᠡᠶ᠃ ︵ᠲᠦᠷᠦᠭᠦᠯᠡᠬᠦ ᠨᠢᠭᠡᠴᠡ᠄ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ︔ ᠬᠠᠷᠢᠭᠤᠴᠠᠯᠭᠠᠲᠤ | ᠨᠢᠭᠡᠴᠡ᠄ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ᠂ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ︶᠃ | 5. ᠠᠮᠵᠢᠯᠲᠠ ᠪᠦᠲᠦᠮᠵᠢ ᠶᠢ ᠰᠢᠯᠭᠠᠨ ᠦᠨᠡᠯᠡᠬᠦ ᠪᠠ ᠦᠷ᠎ᠡ ᠳ᠋ᠦᠩ ᠢ ᠬᠡᠷᠡᠭᠯᠡᠬᠦ ᠶᠢ ᠴᠢᠩᠭᠠᠷᠠᠭᠤᠯᠤᠨ᠎ᠠ᠃ | ᠡᠳ᠋ ᠤᠨ ᠵᠠᠰᠠᠭ ᠤᠨ ᠪᠡᠯᠡ ᠮᠥᠩᠭᠦ ᠶᠢ ᠬᠡᠷᠡᠭᠯᠡᠭᠰᠡᠨ ᠠᠵᠢᠯ ᠤᠨ ᠠᠮᠵᠢᠯᠲᠠ ᠪᠦᠲᠦᠮᠵᠢ ᠶᠢ ᠦᠨᠡᠯᠡᠨ ᠵᠢᠱᠢᠵᠦ ᠬᠢᠨᠠᠨ | ᠰᠢᠯᠭᠠᠬᠤ ᠠᠵᠢᠯ ᠢ ᠥᠷᠨᠢᠭᠦᠯᠵᠦ᠂ ᠡᠳ᠋ ᠤᠨ ᠵᠠᠰᠠᠭ ᠤᠨ ᠪᠡᠯᠡ ᠮᠥᠩᠭᠦ ᠶᠢᠨ ᠠᠮᠵᠢᠯᠲᠠ ᠪᠦᠲᠦᠮᠵᠢ ᠶᠢᠨ | ᠬᠠᠮᠢᠶᠠᠷᠤᠯᠲᠠ ᠶᠢᠨ ᠬᠠᠮᠢᠶ᠎ᠠ ᠪᠦᠬᠦᠢ ᠲᠣᠭᠲᠠᠭᠠᠯ ᠢ ᠨᠠᠶᠢᠳᠠᠪᠤᠷᠢᠵᠢᠭᠤᠯᠤᠨ᠂ ᠲᠥᠷᠥᠯ ᠵᠦᠢᠯ ᠤᠨ ᠪᠡᠯᠡ ᠮᠥᠩᠭᠦ ᠳᠤ | ᠠᠮᠵᠢᠯᠲᠠ ᠪᠦᠲᠦᠮᠵᠢ ᠶᠢ ᠬᠠᠮᠢᠶᠠᠷᠬᠤ ᠶᠢ ᠬᠡᠷᠡᠭᠵᠢᠭᠦᠯᠵᠦ᠂ ᠡᠳ᠋ ᠤᠨ ᠵᠠᠰᠠᠭ ᠤᠨ ᠪᠡᠯᠡ ᠮᠥᠩᠭᠦ ᠶᠢ ᠬᠡᠷᠡᠭᠯᠡᠭᠰᠡᠨ | ᠪᠠᠶᠢᠳᠠᠯ ᠳᠤ ᠬᠢᠨᠠᠯᠲᠠ ᠲᠠᠯᠪᠢᠬᠤ ᠶᠢ ᠴᠢᠩᠭᠠᠳᠬᠠᠨ᠂ ᠣᠨ ᠤ ᠪᠡᠯᠡ ᠮᠥᠩᠭᠦ ᠶᠢ ᠬᠡᠷᠡᠭᠯᠡᠭᠰᠡᠨ ᠪᠠᠶᠢᠳᠠᠯ ᠢᠶᠠᠷ ᠬᠢᠨᠠᠨ | ᠪᠤᠳᠤᠵᠤ ᠬᠢᠨᠠᠯᠲᠠ ᠲᠠᠯᠪᠢᠬᠤ ᠶᠢ ᠴᠢᠩᠭᠠᠳᠬᠠᠨ᠎ᠠ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢ | ᠦᠨᠡᠯᠡᠨ ᠵᠢᠱᠢᠵᠦ ᠰᠢᠯᠭᠠᠨ ᠬᠢᠨᠠᠬᠤ ᠶᠢ ᠴᠢᠩᠭᠠᠳᠬᠠᠵᠤ᠂ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ | ᠦᠨᠡᠯᠡᠭᠰᠡᠨ ᠦᠷ᠎ᠡ ᠳ᠋ᠦᠩ ᠢ ᠬᠤᠶᠢᠰᠢᠳᠠ ᠶᠢᠨ ᠵᠢᠯ ᠤᠨ ᠲᠥᠰᠦᠪ ᠢ ᠠᠮᠤᠷ ᠲᠦᠪᠰᠢᠨ ᠢᠶᠠᠷ ᠵᠢᠭᠰᠠᠭᠠᠬᠤ ᠶᠢᠨ | ᠴᠢᠬᠤᠯᠠ ᠦᠨᠳᠦᠰᠦᠯᠡᠯ ᠪᠠ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶᠠᠨ ᠤ ᠤᠳᠤᠷᠢᠳᠬᠤ ᠪᠠᠭ ᠢ | ᠣᠨᠣᠪᠴᠢᠲᠠᠶ ᠰᠢᠯᠭᠠᠨ ᠦᠨᠡᠯᠡᠬᠦ ᠴᠢᠬᠤᠯᠠ ᠯᠠᠪᠯᠠᠯᠲᠠ ᠪᠣᠯᠭᠠᠵᠤ᠂ ᠰᠢᠯᠭᠠᠨ ᠦᠨᠡᠯᠡᠭᠰᠡᠨ ᠦᠷ᠎ᠡ ᠳ᠋ᠦᠩ ᠢ | ᠲᠣᠭᠲᠠᠮᠠᠯ ᠬᠤᠭᠤᠴᠠᠭ᠎ᠠ ᠲᠠᠢ ᠪᠠᠷ ᠲᠤᠭᠤᠷᠢᠭ ᠤᠨ ᠵᠠᠰᠠᠭ ᠤᠨ ᠣᠷᠳᠣᠨ ᠳᠤ ᠮᠡᠳᠡᠭᠦᠯᠦᠨ᠎ᠡ᠃ ︵ᠲᠦᠷᠦᠭᠦᠯᠡᠬᠦ | ᠨᠢᠭᠡᠴᠡ᠄ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︔ ᠬᠠᠷᠢᠭᠤᠴᠠᠯᠭᠠᠲᠤ ᠨᠢᠭᠡᠴᠡ᠄ | ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠬᠢᠨᠠᠨ ᠪᠤᠳᠤᠬᠤ ᠲᠣᠪᠴᠢᠶ᠎ᠠ᠂ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ᠂ ᠡᠯ᠎ᠡ | ᠡᠮᠴᠢᠯᠡᠭᠡᠨ ᠤ ᠪᠠᠶᠢᠭᠤᠯᠤᠮᠵᠢ︶᠃ | 6. ᠣᠳᠣ ᠦᠶ᠎ᠡ ᠶᠢᠨ ᠡᠮᠨᠡᠯᠭᠡ ᠶᠢᠨ ᠬᠤᠷᠢᠶᠠᠨ ᠤ ᠡᠵᠡᠩᠨᠡᠯᠲᠡ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ | ᠪᠦᠷᠢᠨᠰᠢᠭᠦᠯᠬᠦ ᠬᠡᠷᠡᠭᠲᠡᠶ᠃ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠨᠢ ᠤᠯᠤᠰ᠂ ᠥᠪᠡᠷᠲᠡᠭᠡᠨ ᠵᠠᠰᠠᠬᠤ | ᠣᠷᠣᠨ ᠤ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ ᠣᠲᠣ ᠦᠶ᠎ᠡ ᠶᠢᠨ ᠡᠮᠨᠡᠯᠭᠡ ᠶᠢᠨ ᠬᠤᠷᠢᠶ᠎ᠠ ᠶᠢᠨ ᠡᠵᠡᠩᠨᠡᠯᠲᠡ | ᠬᠠᠮᠢᠶᠠᠷᠤᠯᠲᠠ ᠶᠢᠨ ᠲᠦᠷᠢᠮ ᠤᠨ ᠰᠢᠰᠲ᠋ᠧᠮᠵᠢ ᠶᠢ ᠪᠠᠶᠢᠭᠤᠯᠵᠤ᠂ ᠡᠮᠨᠡᠯᠭᠡ ᠶᠢᠨ ᠬᠤᠷᠢᠶ᠎ᠠ ᠶᠢᠨ ᠲᠦᠷᠢᠮ᠂ ᠬᠡᠷᠡᠭ | ᠵᠥᠪᠯᠡᠵᠦ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠠᠷᠠᠳᠴᠢᠯᠠᠭᠰᠠᠨ ᠬᠠᠮᠢᠶᠠᠷᠤᠯᠲᠠ᠂ ᠶᠠᠰᠤ ᠴᠢᠨᠠᠷ ᠤᠨ ᠠᠮᠤᠷ | ᠲᠦᠪᠰᠢᠨ᠂ ᠬᠥᠮᠦᠨ ᠤ ᠬᠦᠴᠦᠨ ᠤ ᠡᠬᠢ ᠪᠠᠶᠠᠯᠢᠭ᠂ ᠡᠳ᠋ ᠤᠨ ᠶᠠᠪᠤᠳᠠᠯ ᠤᠨ ᠡᠳ᠋ ᠬᠥᠷᠥᠩᠭᠡ᠂ ᠠᠵᠢᠯ ᠤᠨ | ᠠᠮᠵᠢᠯᠲᠠ ᠪᠦᠲᠦᠮᠵᠢ ᠶᠢ ᠰᠢᠯᠭᠠᠨ ᠬᠢᠨᠠᠬᠤ᠂ ᠴᠢᠳᠠᠪᠤᠷᠢᠲᠠᠨ ᠢ ᠬᠥᠮᠦᠵᠢᠭᠦᠯᠬᠦ᠂ ᠰᠢᠨᠵᠢᠯᠡᠬᠦ ᠤᠬᠠᠭᠠᠨ ᠤ ᠰᠤᠳᠤᠯᠭᠠᠨ᠂ | ᠠᠷᠤ ᠲᠠᠯ᠎ᠠ ᠶᠢᠨ ᠦᠢᠯᠡᠴᠢᠯᠡᠭᠡ᠂ ᠮᠡᠳᠡᠭᠡ ᠵᠠᠩᠭᠢᠵᠢᠯᠲᠠ᠂ ᠨᠠᠮ ᠤᠨ ᠪᠠᠶᠢᠭᠤᠯᠤᠯᠲᠠ᠂ ᠰᠣᠶᠣᠯ ᠤᠨ ᠪᠠᠶᠢᠭᠤᠯᠤᠯᠲᠠ᠂ | ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠵᠡᠷᠭᠡ ᠰᠢᠷᠢᠰ ᠲᠦᠷᠢᠮ ᠢ ᠲᠣᠭᠲᠠᠭᠠᠵᠤ᠂ | ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠨ᠂ ᠡᠮᠨᠡᠯᠭᠡ ᠶᠢᠨ ᠬᠤᠷᠢᠶ᠎ᠠ ᠶᠢᠨ ᠵᠠᠰᠠᠯᠲᠠ ᠶᠢᠨ ᠰᠢᠰᠲ᠋ᠧᠮᠵᠢ | ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠬᠡᠷᠡᠭᠲᠡᠶ᠃ ︵ᠲᠦᠷᠦᠭᠦᠯᠡᠬᠦ ᠨᠢᠭᠡᠴᠡ᠄ | ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︔ ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ | ᠠᠷᠠᠳ ᠤᠨ ᠡᠮᠨᠡᠯᠭᠡ ᠶᠢᠨ ᠬᠤᠷᠢᠶ᠎ᠠ︶ | 7. ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠠᠵᠢᠯ ᠤᠨ ᠠᠮᠵᠢᠯᠲᠠ ᠪᠦᠲᠦᠮᠵᠢ ᠶᠢ ᠬᠢᠨᠠᠨ | ᠰᠢᠯᠭᠠᠬᠤ ᠶᠢ ᠴᠢᠩᠭᠠᠳᠬᠠᠬᠤ ᠬᠡᠷᠡᠭᠲᠡᠶ᠃ ᠠᠯᠪᠠᠨ ᠤ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠠᠵᠢᠯ ᠤᠨ | ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠠᠵᠢᠯ ᠢ ᠴᠢᠩᠭᠠᠳᠬᠠᠬᠤ ᠲᠤᠬᠠᠶ ᠤᠯᠤᠰ᠂ ᠥᠪᠡᠷᠲᠡᠭᠡᠨ ᠵᠠᠰᠠᠬᠤ | ᠣᠷᠣᠨ ᠤ ᠬᠠᠮᠢᠶ᠎ᠠ ᠪᠥᠬᠦᠶ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠲᠣᠭᠤᠷᠢᠭ ᠤᠨ ᠠᠷᠠᠳ ᠤᠨ ᠡᠮᠨᠡᠯᠭᠡ ᠶᠢᠨ | ᠬᠤᠷᠢᠶ᠎ᠠ ᠶᠢ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠬᠡᠪᠴᠢᠶᠡᠨ ᠳᠤ ᠣᠷᠣᠭᠤᠯᠤᠨ᠂ ᠴᠢᠳᠠᠮᠵᠢ ᠶᠢᠨ | ᠪᠠᠶᠢᠷᠢ ᠲᠣᠭᠲᠠᠭᠠᠯᠲᠠ᠂ ᠶᠠᠰᠤ ᠴᠢᠨᠠᠷ ᠤᠨ ᠠᠮᠤᠷ ᠲᠦᠪᠰᠢᠨ᠂ ᠡᠵᠡᠩᠨᠡᠯᠲᠡ ᠬᠠᠮᠢᠶᠠᠷᠤᠯᠲᠠ᠂ ᠰᠢᠨᠵᠢᠯᠡᠭᠡᠨ ᠤ | ᠰᠠᠯᠠᠭᠠᠨ ᠤ ᠪᠠᠶᠢᠭᠤᠯᠤᠯᠲᠠ᠂ ᠦᠷᠭᠦᠯᠵᠢᠯᠡᠨ ᠬᠥᠭᠵᠢᠭᠦᠯᠬᠦ᠂ ᠴᠢᠳᠠᠪᠤᠷᠢᠲᠠᠨ ᠢ ᠬᠥᠮᠦᠵᠢᠭᠦᠯᠬᠦ᠂ ᠨᠡᠶᠢᠭᠡᠮ ᠤᠨ | ᠬᠠᠨᠤᠮᠵᠢ ᠶᠢᠨ ᠬᠡᠮᠵᠢᠶ᠎ᠡ ᠵᠡᠷᠭᠡ ᠲᠠᠯ᠎ᠠ ᠪᠠᠷ ᠪᠡᠶᠡᠯᠡᠭᠦᠯᠦᠭᠰᠡᠨ ᠪᠠᠶᠢᠳᠠᠯ ᠢ ᠭᠤᠤᠯᠳᠠᠯᠭ᠎ᠠ ᠲᠠᠢ ᠰᠢᠯᠭᠠᠨ ᠬᠢᠨᠠᠵᠤ᠂ | ᠣᠨ ᠤ ᠡᠭᠦᠷᠭᠡ ᠵᠢᠴᠢ ᠠᠵᠢᠯ ᠤᠨ ᠲᠣᠬᠢᠷᠠᠭᠤᠯᠤᠯᠲᠠ ᠲᠠᠢ ᠤᠶᠠᠯᠳᠤᠭᠤᠯᠤᠨ᠂ ᠰᠢᠯᠭᠠᠨ ᠬᠢᠨᠠᠬᠤ ᠲᠥᠰᠦᠯ ᠵᠢᠴᠢ | ᠨᠠᠷᠢᠨ ᠲᠦᠷᠢᠮ ᠢ ᠲᠣᠭᠲᠠᠭᠠᠵᠤ᠂ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶᠠᠨ ᠤ ᠳᠡᠭᠡᠷ᠎ᠡ ᠵᠢᠯ ᠤᠨ | ᠠᠵᠢᠯ ᠤᠨ ᠠᠮᠵᠢᠯᠲᠠ ᠪᠦᠲᠦᠮᠵᠢ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠰᠢᠯᠭᠠᠨ ᠬᠢᠨᠠᠬᠤ ᠪᠠ ᠶᠡᠷᠦᠩᠬᠡᠶᠢᠯᠡᠨ | ᠦᠨᠡᠯᠡᠵᠦ᠂ ᠮᠡᠳᠡᠭᠦᠯᠦᠯᠲᠡ ᠪᠣᠯᠭᠠᠵᠤ᠂ ᠰᠢᠯᠭᠠᠨ ᠬᠢᠨᠠᠭᠰᠠᠨ ᠦᠷ᠎ᠡ ᠳ᠋ᠦᠩ ᠢ ᠡᠮᠨᠡᠯᠭᠡ ᠶᠢᠨ ᠬᠤᠷᠢᠶᠠᠨ ᠤ | ᠡᠵᠡᠩᠨᠡᠯᠲᠡ ᠬᠠᠮᠢᠶᠠᠷᠤᠯᠲᠠ ᠶᠢᠨ ᠰᠢᠯᠭᠠᠨ ᠬᠢᠨᠠᠬᠤ ᠵᠢᠴᠢ ᠳᠠᠷᠠᠭ᠎ᠠ ᠵᠢᠯ ᠤᠨ ᠪᠠᠯᠠ ᠮᠥᠩᠭᠦ ᠶᠢᠨ ᠲᠥᠰᠦᠪ ᠤᠨ | ᠲᠣᠬᠢᠷᠠᠭᠤᠯᠤᠯᠲᠠ ᠶᠢᠨ ᠴᠢᠬᠤᠯᠠ ᠯᠠᠪᠯᠠᠯᠲᠠ ᠪᠠ ᠦᠨᠳᠦᠰᠦᠯᠡᠯ ᠪᠣᠯᠭᠠᠨ᠎ᠠ᠃ ︵ᠲᠦᠷᠦᠭᠦᠯᠡᠬᠦ ᠨᠢᠭᠡᠴᠡ᠄ | ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︔ ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ | ᠡᠳ᠋ ᠤᠨ ᠵᠠᠰᠠᠭ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ᠂ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ᠂ ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ︶ | 8. ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠳᠣᠲᠣᠭᠠᠳᠤ ᠴᠠᠯᠢᠩ ᠬᠥᠯᠥᠰᠥ ᠶᠢᠨ | ᠬᠤᠪᠢᠶᠠᠷᠢᠯᠠᠯᠲᠠ ᠶᠢᠨ ᠳᠦᠷᠢᠮ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ ᠴᠠᠯᠢᠩ ᠬᠥᠯᠥᠰᠥ ᠶᠢᠨ ᠬᠢᠷᠢ | ᠬᠡᠮᠵᠢᠶ᠎ᠡ ᠶᠢ ᠲᠣᠭᠲᠠᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ︽ᠬᠤᠶᠠᠷ ᠢ ᠵᠥᠪᠰᠢᠶᠡᠷᠡᠬᠦ︾ ᠱᠠᠭᠠᠷᠳᠠᠯᠭ᠎ᠠ ᠶᠢ | ᠨᠠᠶᠢᠳᠠᠪᠤᠷᠢᠵᠢᠭᠤᠯᠤᠨ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠴᠠᠯᠢᠩ ᠬᠥᠯᠥᠰᠥ ᠶᠢᠨ ᠬᠢᠷᠢ | ᠲᠦᠪᠰᠢᠨ ᠢ ᠵᠦᠶ ᠵᠣᠬᠢᠰᠲᠠᠶ ᠲᠣᠭᠲᠠᠭᠠᠵᠤ᠂ ᠬᠥᠳᠡᠯᠦᠩᠭᠦᠶ ᠪᠠᠷ ᠲᠣᠬᠢᠷᠠᠭᠤᠯᠤᠨ᠎ᠠ᠃ ᠲᠤᠭᠤᠷᠢᠭ ᠤᠨ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠠᠢ ᠬᠠᠮᠲᠤᠷᠠᠨ ᠣᠷᠣᠨ ᠤ ᠠᠷᠠᠳ ᠤᠨ ᠡᠮᠨᠡᠯᠭᠡ ᠶᠢᠨ ᠬᠤᠷᠢᠶᠠᠨ ᠤ | ᠲᠦᠷᠦᠭᠦᠤ ᠵᠢᠯ ᠤᠨ ᠡᠮᠴᠢᠯᠡᠭᠡᠨ ᠤ ᠦᠶ᠋ᠯᠡᠴᠢᠯᠡᠭᠡᠨ ᠤ ᠣᠷᠣᠯᠭ᠎ᠠ ᠶᠢᠨ ᠥᠪᠡᠷ ᠤᠨ ᠥᠷᠲᠡᠭ ᠢ ᠬᠠᠰᠤᠵᠤ | ᠭᠠᠷᠭᠠᠬᠤ ᠶᠢᠨ ᠬᠠᠮᠲᠤ ᠲᠣᠭᠲᠠᠭᠠᠯ ᠶᠣᠰᠣᠭᠠᠷ ᠡᠯ᠎ᠡ ᠵᠦᠶ᠋ᠯ ᠤᠨ ᠰᠠᠭᠤᠷᠢ ᠮᠥᠩᠭᠦ ᠶᠢ ᠭᠠᠷᠭᠠᠨ ᠠᠪᠤᠭᠰᠠᠨ ᠤ | ᠳᠠᠷᠠᠭ᠎ᠠ᠂ ᠪᠥᠬᠦ ᠲᠤᠭᠤᠷᠢᠭ ᠤᠨ ᠠᠵᠢᠯᠲᠠᠨ ᠠᠵᠢᠯᠴᠢᠨ ᠤ ᠴᠠᠯᠢᠩ ᠤᠨ ᠳᠤᠮᠳᠠᠴᠢ ᠬᠢᠷᠢ ᠬᠡᠮᠵᠢᠶ᠎ᠡ᠂ ᠡᠮᠨᠡᠯᠭᠡ ᠶᠢᠨ | ᠬᠤᠷᠢᠶᠠᠨ ᠤ ᠡᠳ᠋ ᠤᠨ ᠶᠠᠪᠤᠳᠠᠯ ᠤᠨ ᠠᠵᠢᠯᠯᠠᠭᠠᠨ᠂ ᠡᠮᠴᠢᠯᠡᠭᠡᠨ ᠤ ᠦᠶ᠋ᠯᠡᠴᠢᠯᠡᠭᠡᠨ ᠤ ᠡᠭᠦᠷᠭᠡ ᠵᠢᠴᠢ ᠨᠡᠶᠢᠲᠡ ᠶᠢᠨ | ᠠᠰᠠᠷᠠᠮᠵᠢ ᠶᠢᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ᠂ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠭᠰᠠᠨ | ᠦᠷ᠎ᠡ ᠳ᠋ᠦᠩ ᠵᠡᠷᠭᠡ ᠬᠦᠴᠦᠨ ᠵᠦᠶ᠋ᠯ ᠲᠠᠢ ᠤᠶᠠᠯᠳᠤᠭᠤᠯᠤᠨ᠂ ᠡᠮᠨᠡᠯᠭᠡ ᠶᠢᠨ ᠬᠤᠷᠢᠶᠠᠨ ᠤ ᠲᠤᠬᠠᠶ ᠶᠢᠨ ᠵᠢᠯ ᠤᠨ | ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠶ ᠬᠡᠮᠵᠢᠶ᠎ᠡ ᠶᠢ ᠲᠣᠭᠲᠠᠭᠠᠵᠤ᠂ ᠮᠡᠷᠭᠡᠵᠢᠯ ᠤᠨ ᠬᠢᠷᠢ | ᠬᠡᠮᠵᠢᠶ᠎ᠡ ᠬᠢᠭᠡᠳ ᠥᠪᠡᠷ ᠤᠨ ᠥᠷᠲᠡᠭ ᠤᠨ ᠡᠵᠡᠮᠳᠡᠯ ᠢ ᠳᠣᠪᠤᠶᠢᠯᠭᠠᠨ᠂ ᠲᠤᠬᠠᠶᠢᠯᠠᠭᠰᠠᠨ ᠠᠵᠢᠯ ᠤᠨ ᠣᠷᠣᠯᠭ᠎ᠠ ᠶᠢᠨ | ᠡᠵᠡᠯᠡᠬᠦ ᠬᠤᠪᠢ ᠶᠢᠨ ᠵᠢᠩ ᠢ ᠰᠤᠯᠠᠷᠠᠭᠤᠯᠤᠨ᠎ᠠ᠃ 2023 ᠣᠨ ᠳᠤ ᠲᠣᠭᠤᠷᠢᠭ ᠤᠨ ᠠᠷᠠᠳ ᠤᠨ ᠡᠮᠨᠡᠯᠭᠡ ᠶᠢᠨ | ᠬᠤᠷᠢᠶ᠎ᠠ ᠳᠤ ᠭᠤᠤᠯᠳᠠᠭᠤ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠪᠠ ᠮᠡᠳᠡᠯᠭᠡ ᠶᠢᠨ ᠦᠨ᠎ᠡ ᠥᠷᠲᠡᠭ ᠢ | ᠢᠯᠡᠷᠡᠭᠦᠯᠬᠦ ᠴᠠᠯᠢᠩ ᠤᠨ ᠲᠦᠷᠢᠮ ᠢ ᠠᠩᠬ᠎ᠠ ᠠᠯᠬᠤᠮ ᠪᠠᠶᠢᠭᠤᠯᠤᠨ᠎ᠠ︔ 2024 ᠣᠨ ᠳᠤ ᠠᠵᠢᠯ ᠤᠨ ᠠᠮᠵᠢᠯᠲᠠ | ᠪᠦᠲᠦᠮᠵᠢ ᠶᠢ ᠰᠢᠯᠭᠠᠨ ᠬᠢᠨᠠᠬᠤ ᠵᠢᠴᠢ ᠴᠠᠯᠢᠩ ᠬᠥᠯᠥᠰᠥ ᠶᠢ ᠬᠤᠪᠢᠶᠠᠷᠢᠯᠠᠬᠤ ᠠᠷᠭ᠎ᠠ ᠶᠢ ᠠᠯᠬᠤᠮ ᠠᠯᠬᠤᠮ ᠢᠶᠠᠷ | ᠰᠢᠯᠢᠳᠡᠭᠵᠢᠭᠦᠯᠦᠨ᠎ᠡ᠃ ︵ᠲᠦᠷᠦᠭᠦᠯᠡᠬᠦ ᠨᠢᠭᠡᠴᠡ᠄ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠡᠳ᠋ ᠤᠨ ᠵᠠᠰᠠᠭ ᠤᠨ | ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ | 9. ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠳᠠᠷᠤᠭ᠎ᠠ ᠶᠢ ᠤᠷᠢᠨ ᠲᠣᠮᠢᠯᠠᠬᠤ ᠳᠦᠷᠢᠮ ᠢ | ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠲᠥᠪ ᠤᠨ ᠵᠣᠬᠢᠶᠠᠨ ᠪᠠᠶᠢᠭᠤᠯᠬᠤ ᠬᠡᠯᠲᠡᠰ᠂ ᠤᠯᠤᠰ ᠤᠨ ᠡᠷᠡᠭᠦᠯ ᠬᠠᠮᠠᠭᠠᠯᠠᠯ | ᠲᠥᠯᠥᠪᠯᠡᠭᠡᠲᠦ ᠦᠷᠡᠵᠢᠯ ᠤᠨ ᠵᠥᠪᠯᠡᠯ ᠤᠨ ᠳᠠᠷᠤᠮᠠᠯᠯᠠᠨ ᠲᠠᠷᠬᠠᠭᠠᠭᠰᠠᠨ ︽ᠠᠯᠪᠠᠨ ᠠᠴᠠ ᠪᠠᠶᠢᠭᠤᠯᠤᠭᠰᠠᠨ | ᠡᠮᠨᠡᠯᠭᠡ ᠶᠢᠨ ᠬᠤᠷᠢᠶᠠᠨ ᠤ ᠤᠳᠤᠷᠢᠳᠬᠤ ᠬᠥᠮᠦᠰ ᠤᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠶᠢ | ᠴᠢᠩᠭ᠎ᠠ ᠨᠠᠶᠢᠳᠠᠪᠤᠷᠢᠵᠢᠭᠤᠯᠵᠤ᠂ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠬᠤᠲᠠ ᠶᠢᠨ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠳᠠᠷᠤᠮᠠᠯᠯᠠᠨ | ᠲᠠᠷᠬᠠᠭᠠᠭᠰᠠᠨ ︽ᠬᠤᠲᠠ ᠶᠢᠨ ᠬᠠᠷᠢᠶ᠎ᠠ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠵᠠᠰᠠᠭ | ᠵᠠᠬᠢᠷᠭᠠᠨ ᠤ ᠪᠠᠭ ᠤᠨ ᠤᠳᠤᠷᠢᠳᠬᠤ ᠬᠥᠮᠦᠰ ᠢ ᠤᠷᠢᠨ ᠲᠣᠮᠢᠯᠠᠬᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ | ︵ᠦᠬᠠᠶ ᠶᠢᠨ ᠨᠠᠮ ᠤᠨ ᠤᠳᠤᠷᠢᠳᠬᠤ ᠳᠤᠭᠤᠶᠢᠯᠠᠩ ᠥᠰᠥᠭ ﹇2020﹈ 10 ᠳ᠋ᠤᠭᠠᠷ ᠲᠣᠭᠠᠲᠤ︶ ᠪᠠᠷ | ᠯᠠᠪᠯᠠᠯᠲᠠ ᠪᠣᠯᠭᠠᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠡᠮᠨᠡᠯᠭᠡ ᠶᠢᠨ ᠬᠤᠷᠢᠶᠠᠨ ᠤ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠳᠣᠤᠷᠠᠬᠢ ᠬᠤᠷᠢᠶᠠᠨ ᠳᠠᠷᠤᠭ᠎ᠠ ᠶᠢᠨ | ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠵᠦ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠵᠠᠰᠠᠭ | ᠵᠠᠬᠢᠷᠭᠠᠨ ᠤ ᠪᠠᠭ ᠤᠨ ᠤᠳᠤᠷᠢᠳᠬᠤ ᠬᠥᠮᠦᠰ ᠲᠤ ᠤᠷᠢᠨ ᠲᠣᠮᠢᠯᠠᠬᠤ ᠲᠦᠷᠢᠮ ᠢ ᠬᠡᠷᠡᠭᠵᠢᠭᠦᠯᠵᠦ᠂ ᠤᠷᠢᠨ | ᠲᠣᠮᠢᠯᠠᠬᠤ ᠳᠤ ᠪᠠᠷᠢᠮᠵᠢᠶ᠎ᠠ ᠪᠠ ᠲᠠᠰ ᠳᠠᠷᠠᠭᠠᠯᠠᠯ ᠢ ᠴᠢᠩᠳᠠᠯᠠᠵᠤ᠂ ᠬᠢᠨᠠᠨ ᠲᠣᠭᠲᠠᠭᠠᠭᠰᠠᠨ ᠤᠳᠤᠷᠢᠳᠬᠤ | ᠲᠤᠰᠢᠶᠠᠯ ᠤᠨ ᠲᠤᠭ᠎ᠠ ᠶᠢᠨ ᠬᠡᠪᠴᠢᠶᠡᠨ ᠳᠤ ᠶᠠᠪᠤᠭᠳᠠᠭᠤᠯᠤᠨ᠎ᠠ᠃ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠶᠠᠮᠤᠨ ᠵᠡᠷᠭᠡ ᠲᠠᠪᠤᠨ ᠶᠠᠮᠤᠨ ᠵᠥᠪᠯᠡᠯ ᠤᠨ ︽ᠠᠯᠪᠠᠨ ᠠᠴᠠ ᠪᠠᠶᠢᠭᠤᠯᠤᠭᠰᠠᠨ | ᠡᠮᠨᠡᠯᠭᠡ ᠶᠢᠨ ᠬᠤᠷᠢᠶᠠᠨ ᠤ ᠴᠠᠯᠢᠩ ᠬᠥᠯᠥᠰᠥ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠶ | ᠵᠢᠯᠣᠭᠤᠳᠬᠤ ᠰᠠᠨᠠᠯ︾ ︵ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ | ᠲᠠᠷᠬᠠᠭᠠᠭᠰᠠᠨ︹2021︺ 52 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠣᠰᠣᠭᠠᠷ᠂ | ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶᠠᠨ ᠤ ᠭᠤᠤᠯ ᠵᠠᠰᠠᠭ ᠵᠠᠬᠢᠷᠭᠠᠨ ᠤ ᠬᠠᠷᠢᠭᠤᠴᠠᠯᠭᠠᠲᠠᠨ ᠳᠤ ᠣᠨ ᠤ | ᠴᠠᠯᠢᠩ ᠤᠨ ᠲᠦᠷᠢᠮ ᠢ ᠬᠡᠷᠡᠭᠵᠢᠭᠦᠯᠵᠦ᠂ ᠤᠷᠢᠭᠰᠠᠨ ᠲᠤᠰᠢᠶᠠᠯ ᠵᠢᠴᠢ ᠬᠠᠮᠢᠶ᠎ᠠ ᠪᠥᠬᠦᠶ ᠣᠯᠭᠤᠮᠵᠢ ᠶᠢ ᠤᠷᠢᠬᠤ | ᠬᠤᠭᠤᠴᠠᠭᠠᠨ ᠳᠤ ᠬᠦᠴᠦᠨ ᠲᠠᠢ᠃ ᠲᠤᠰᠢᠶᠠᠯ ᠤᠨ ᠬᠤᠭᠤᠴᠠᠭᠠᠨ ᠤ ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ ᠢ | ᠲᠡᠭᠦᠯᠳᠡᠷᠵᠢᠭᠦᠯᠵᠦ᠂ ᠰᠢᠯᠭᠠᠨ ᠬᠢᠨᠠᠬᠤ ᠭᠦᠢᠴᠡᠳᠬᠡᠯ ᠲᠤᠭ᠎ᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠨ᠎ᠠ᠃ | 2023 ᠣᠨ ᠤ ᠡᠴᠦᠰ ᠠᠴᠠ ᠡᠮᠦᠨ᠎ᠡ᠂ ᠠᠵᠢᠯ ᠤᠨ ᠪᠠᠶᠢᠷᠢ ᠲᠣᠬᠢᠷᠠᠭᠤᠯᠬᠤ ᠲᠥᠰᠦᠯ ᠢ ᠨᠠᠶᠢᠷᠠᠭᠤᠯᠤᠨ ᠵᠣᠬᠢᠶᠠᠵᠤ᠂ | ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶᠠᠨ ᠤ ᠤᠳᠤᠷᠢᠳᠬᠤ ᠪᠠᠭ ᠲᠤ ᠤᠷᠢᠨ ᠲᠣᠮᠢᠯᠠᠬᠤ ᠠᠵᠢᠯ ᠢ | ᠪᠡᠶᠡᠯᠡᠭᠦᠯᠦᠨ᠎ᠡ᠃ ︵ᠲᠦᠷᠦᠭᠦᠯᠡᠬᠦ ᠨᠢᠭᠡᠴᠡ᠄ ᠲᠣᠭᠤᠷᠢᠭ ᠤᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ | ᠬᠡᠯᠲᠡᠰ︔ ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠲᠣᠭᠤᠷᠢᠭ ᠤᠨ ᠠᠷᠠᠳ ᠤᠨ | ᠡᠮᠨᠡᠯᠭᠡ ᠶᠢᠨ ᠬᠤᠷᠢᠶ᠎ᠠ︶᠃ | 10. ᠡᠮ ᠡᠮᠨᠡᠯᠭᠡ ᠶᠢᠨ ᠦᠢᠯᠡᠴᠢᠯᠡᠭᠡᠨ ᠤ ᠥᠪᠡᠷ ᠤᠨ ᠥᠷᠲᠡᠭ ᠢ ᠴᠢᠩᠭ᠎ᠠ ᠬᠢᠵᠠᠭᠠᠷᠯᠠᠬᠤ ᠬᠡᠷᠡᠭᠲᠡᠶ᠃ | ︽ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠥᠪᠡᠷ ᠤᠨ ᠥᠷᠲᠡᠭ ᠤᠨ ᠲᠣᠭᠠᠴᠠᠭ᠎ᠠ ᠬᠢᠬᠦ | ᠵᠢᠷᠤᠮᠵᠢᠯ︾ ︵ᠤᠯᠤᠰ ᠤᠨ ᠡᠷᠡᠭᠦᠯ ᠬᠠᠮᠠᠭᠠᠯᠠᠯ ᠡᠳ᠋ ᠤᠨ ᠶᠠᠪᠤᠳᠠᠯ ᠲᠠᠷᠬᠠᠭᠠᠭᠰᠠᠨ ︹2021︺ 4 ᠳ᠋ᠤᠭᠡᠷ | ᠲᠣᠭᠠᠲᠤ︶ ᠢ ᠨᠠᠶᠢᠳᠠᠪᠤᠷᠢᠵᠢᠭᠤᠯᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠥᠪᠡᠷ ᠤᠨ | ᠥᠷᠲᠡᠭ ᠤᠨ ᠲᠣᠭᠠᠴᠠᠭ᠎ᠠ ᠬᠢᠬᠦ ᠲᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠡᠮᠴᠢᠯᠡᠭᠡᠨ ᠤ | ᠪᠠᠶᠢᠭᠤᠯᠤᠮᠵᠢ ᠶᠢᠨ ᠳᠣᠲᠣᠭᠠᠳᠤ ᠶᠢᠨ ᠡᠵᠡᠮᠳᠡᠯ ᠬᠠᠮᠢᠶᠠᠷᠤᠯᠲᠠ ᠶᠢ ᠴᠢᠩᠭᠠᠳᠬᠠᠵᠤ᠂ ᠡᠮᠴᠢᠯᠡᠭᠡᠨ ᠤ | ᠦᠢᠯᠡᠴᠢᠯᠡᠭᠡᠨ ᠤ ᠥᠪᠡᠷ ᠤᠨ ᠥᠷᠲᠡᠭ ᠵᠢᠴᠢ ᠡᠮᠴᠢᠯᠡᠭᠡᠨ ᠤ ᠵᠠᠷᠤᠳᠠᠯ ᠤᠨ ᠵᠦᠶ ᠵᠣᠬᠢᠰ ᠥᠬᠡᠶ ᠨᠡᠮᠡᠭᠳᠡᠯ ᠢ ᠴᠢᠩᠭ᠎ᠠ | ᠬᠢᠵᠠᠭᠠᠷᠯᠠᠨ᠂ ᠬᠡᠲᠦᠷᠡᠲᠡᠯ᠎ᠡ ᠡᠮᠴᠢᠯᠡᠬᠦ ᠦᠵᠡᠭᠳᠡᠯ ᠢ ᠬᠤᠷᠢᠭᠯᠠᠬᠤ ᠬᠡᠷᠡᠭᠲᠡᠶ᠃ ᠬᠥᠮᠦᠨ ᠤ ᠬᠦᠴᠦᠨ ᠤ ᠥᠪᠡᠷ ᠤᠨ | ᠥᠷᠲᠡᠭ ᠢ ᠴᠢᠩᠭ᠎ᠠ ᠬᠢᠵᠠᠭᠠᠷᠯᠠᠵᠤ᠂ ᠬᠠᠮᠢᠶᠠᠷᠤᠯᠲᠠ ᠶᠢᠨ ᠠᠵᠢᠯ ᠤᠨ ᠪᠠᠶᠢᠷᠢ ᠶᠢ ᠰᠢᠨᠵᠢᠯᠡᠬᠦ ᠤᠬᠠᠭᠠᠨᠴᠢ ᠵᠦᠶ | ᠵᠣᠬᠢᠰᠲᠠᠶ ᠪᠠᠷ ᠲᠣᠭᠲᠠᠭᠠᠨ᠂ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠬᠠᠮᠢᠶᠠᠷᠤᠯᠲᠠ ᠶᠢᠨ | ᠠᠵᠢᠯᠲᠠᠨ ᠤ ᠡᠩᠨᠡᠭᠡ ᠶᠢ ᠪᠠᠭᠠᠰᠬᠠᠵᠤ᠂ ᠴᠢᠳᠠᠪᠤᠷᠢᠲᠠᠨ ᠤ ᠤᠳᠤᠷᠢᠳᠬᠤ ᠳᠤᠭᠤᠶᠢᠯᠠᠩ ᠤᠨ ᠵᠣᠬᠢᠶᠠᠨ | ᠪᠠᠶᠢᠭᠤᠯᠤᠯᠲᠠ ᠳᠣᠤᠷ᠎ᠠ᠂ ᠲᠤᠭ᠎ᠠ ᠶᠢ ᠡᠵᠡᠮᠳᠡᠵᠦ ᠪᠠᠶᠢᠭᠠᠳ ᠠᠵᠢᠯᠲᠠᠨ ᠡᠯᠰᠡᠬᠦ ᠬᠡᠷᠡᠭᠲᠡᠶ᠃ ᠠᠷᠤ ᠲᠠᠯ᠎ᠠ ᠶᠢᠨ | ᠠᠵᠢᠯ ᠵᠡᠷᠭᠡ ᠲᠤᠰᠯᠠᠬᠤ ᠦᠢᠯᠡᠴᠢᠯᠡᠭᠡᠨ ᠤ ᠨᠡᠶᠢᠭᠡᠮᠴᠢᠯᠡᠯᠲᠡ ᠶᠢ ᠠᠬᠢᠭᠤᠯᠵᠤ᠃ 2023 ᠣᠨ ᠳᠤ ᠪᠥᠬᠦ | ᠲᠠᠯ᠎ᠠ ᠶᠢᠨ ᠲᠥᠰᠦᠪ ᠤᠨ ᠬᠠᠮᠢᠶᠠᠷᠤᠯᠲᠠ ᠶᠢᠨ ᠲᠦᠷᠢᠮ ᠢ ᠪᠠᠶᠢᠭᠤᠯᠵᠤ᠂ ᠪᠥᠬᠦ ᠥᠪᠡᠷ ᠤᠨ ᠥᠷᠲᠡᠭ ᠤᠨ | ᠲᠣᠭᠠᠴᠠᠭ᠎ᠠ ᠬᠢᠬᠦ ᠶᠢ ᠬᠡᠷᠡᠭᠵᠢᠭᠦᠯᠦᠨ᠎ᠡ᠃ 2024 ᠣᠨ ᠳᠤ ᠲᠥᠰᠦᠪ ᠤᠨ ᠬᠠᠮᠢᠶᠠᠷᠤᠯᠲᠠ ᠶᠢᠨ ᠲᠦᠷᠢᠮ ᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠪᠠ᠃ ︵ᠲᠦᠷᠦᠭᠦᠯᠡᠬᠦ ᠨᠢᠭᠡᠴᠡ᠄ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ︔ ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ | ᠠᠯᠪᠠᠨ ᠬᠡᠷ᠂ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ | ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ︶᠃ | 11. ᠡᠮᠴᠢᠯᠡᠭᠡ ᠡᠷᠡᠭᠦᠯ ᠬᠠᠮᠠᠭᠠᠯᠠᠯ ᠤᠨ ᠮᠡᠷᠭᠡᠵᠢᠯ ᠤᠨ ᠴᠣᠯᠠ ᠶᠢ ᠦᠨᠡᠯᠡᠬᠦ ᠵᠢᠴᠢ ᠤᠷᠢᠵᠤ ᠲᠣᠮᠢᠯᠠᠬᠤ | ᠲᠣᠭᠲᠠᠴᠠ ᠶᠢᠨ ᠥᠭᠡᠷᠡᠴᠢᠯᠡᠯᠲᠡ ᠶᠢᠨ ᠡᠭᠦᠷᠭᠡ ᠶᠢ ᠨᠠᠶᠢᠳᠠᠪᠤᠷᠢᠵᠢᠭᠤᠯᠤᠨ᠎ᠠ᠃ ᠡᠮᠴᠢᠯᠡᠭᠡ ᠡᠷᠡᠭᠦᠯ ᠬᠠᠮᠠᠭᠠᠯᠠᠯ ᠤᠨ | ᠴᠢᠳᠠᠪᠤᠷᠢᠲᠠᠨ ᠤ ᠦᠨᠡᠯᠡᠯᠲᠡ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠦᠨᠡᠯᠡᠬᠦ ᠭᠦᠢᠴᠡᠳᠬᠡᠯ ᠲᠤᠭ᠎ᠠ ᠶᠢ ᠵᠦᠶ | ᠵᠣᠬᠢᠰᠲᠠᠶ ᠳᠣᠭᠢᠷᠠᠭᠤᠯᠤᠨ᠂ ᠵᠠᠩ ᠮᠣᠷᠠᠯ ᠴᠢᠳᠠᠪᠤᠷᠢ ᠶᠢᠨ ᠠᠵᠢᠯ ᠤᠨ ᠠᠮᠵᠢᠯᠲᠠ ᠪᠦᠲᠦᠮᠵᠢ ᠪᠠᠷ ᠤᠳᠤᠷᠢᠳᠤᠮᠵᠢ | ᠪᠣᠯᠭᠠᠬᠤ ᠶᠢ ᠳᠣᠪᠤᠶᠢᠯᠭᠠᠵᠤ᠂ ᠲᠤᠰᠬᠠᠶ ᠠᠰᠢᠭ ᠤᠨ ᠦᠷ᠎ᠡ ᠪᠦᠲᠦᠭᠡᠯ᠂ ᠲᠥᠷᠥᠯ ᠵᠦᠢᠯ ᠤᠨ ᠮᠡᠳᠡᠭᠦᠯᠦᠯᠲᠡ᠂ | ᠠᠵᠢᠯ ᠤᠨ ᠠᠮᠵᠢᠯᠲᠠ ᠪᠦᠲᠦᠮᠵᠢ ᠵᠡᠷᠭᠡ ᠦᠷ᠎ᠡ ᠪᠦᠲᠦᠭᠡᠯ ᠤᠨ ᠬᠡᠯᠪᠡᠷᠢ ᠪᠠᠷ ᠥᠭᠦᠯᠡᠯ ᠢ ᠣᠷᠣᠯᠠᠭᠤᠯᠬᠤ | ᠱᠠᠭᠠᠷᠳᠠᠯᠭ᠎ᠠ ᠶᠢ ᠬᠠᠶᠢᠨ ᠰᠦᠪᠡᠭᠴᠢᠯᠡᠨ᠎ᠡ᠃ ᠡᠮᠴᠢᠯᠡᠭᠡᠨ ᠤ ᠪᠠᠶᠢᠭᠤᠯᠥᠮᠵᠢ ᠶᠢᠨ ᠴᠠᠯᠢᠩ ᠬᠦᠯᠥᠰᠦ ᠶᠢᠨ ᠶᠡᠷᠦᠩᠭᠡᠢ | ᠭᠡᠮᠵᠢᠶ᠎ᠠ ᠶᠢᠨ ᠭᠡᠪᠴᠢᠶᠡᠨ ᠳᠤ ᠲᠣᠰᠬᠠᠢ ᠮᠡᠷᠭᠡᠵᠢᠯ ᠤᠨ ᠠᠵᠢᠯᠳᠡᠨ ᠤ ᠪᠦᠳᠦᠴᠠ ᠶᠢ ᠵᠦᠢ ᠵᠤᠬᠢᠰᠳᠡᠢ | ᠲᠣᠠᠠᠳᠠᠭᠠᠬᠤ ᠶᠢ ᠰᠦᠪᠡᠭᠴᠢᠯᠡᠵᠦ᠂ ᠡᠵᠡᠡ ᠮᠡᠳᠡᠵᠦ ᠲᠣᠰᠬᠠᠢ ᠮᠡᠷᠭᠡᠵᠢᠯ ᠤᠨ ᠮᠡᠷᠭᠡᠵᠢᠯ ᠤᠨ ᠴᠣᠯᠡ ᠳᠤ ᠣᠷᠢᠨ | ᠲᠣᠮᠢᠯᠠᠵᠦ᠂ ᠡᠮᠴᠢᠯᠡᠭᠡᠨ ᠡᠷᠡᠬᠦᠯ ᠬᠠᠮᠠᠭᠠᠯᠠᠯ ᠤᠨ ᠲᠣᠰᠬᠠᠢ ᠮᠡᠷᠭᠡᠵᠢᠯ ᠤᠨ ᠠᠵᠢᠯᠳᠡᠨ ᠤ ᠡᠪᠡᠳᠴᠢᠨ ᠡᠮᠭᠡᠭ ᠢ | ᠰᠡᠷᠭᠡᠶᠢᠯᠡᠨ ᠵᠠᠰᠠᠬᠤ ᠨᠢᠭᠡᠳᠣᠭᠡᠷ ᠹᠷᠦᠨᠲ ᠲᠤ ᠪᠠᠶᠢᠷᠢᠯᠡᠭᠤᠯᠬᠤ ᠶᠢ ᠵᠣᠷᠢᠠᠠᠵᠢᠭᠤᠯᠥᠨ᠎ᠠ᠃ | ᠡᠮᠴᠢᠯᠡᠭᠡ ᠡᠷᠡᠭᠦᠯ ᠬᠠᠮᠠᠭᠠᠯᠠᠯ ᠤᠨ ᠲᠤᠰᠬᠠᠶ ᠮᠡᠷᠭᠡᠵᠢᠯ ᠤᠨ ᠠᠵᠢᠯᠲᠠᠨ ᠤ ᠮᠡᠷᠭᠡᠵᠢᠯ ᠤᠨ ᠴᠣᠯᠠ ᠶᠢ ᠬᠢᠨᠠᠨ | ᠲᠣᠭᠲᠠᠭᠠᠬᠤ ᠳᠤ ᠬᠡᠷᠡᠭᠵᠢᠭᠦᠯᠬᠦ ᠨᠠᠷᠢᠨ ᠲᠦᠷᠢᠮ ᠢ ᠬᠡᠷᠡᠭᠵᠢᠭᠦᠯᠵᠦ᠂ ᠢᠯᠡ ᠲᠣᠳᠣ ᠡᠷᠬᠡ ᠲᠡᠭᠰᠢ ᠪᠠᠶᠢᠬᠤ | ᠵᠠᠷᠴᠢᠮ ᠢ ᠨᠠᠶᠢᠳᠠᠪᠤᠷᠢᠵᠢᠭᠤᠯᠤᠨ᠂ ᠮᠡᠷᠭᠡᠵᠢᠯ ᠤᠨ ᠴᠣᠯᠠ ᠶᠢ ᠦᠨᠡᠯᠡᠬᠦ ᠠᠷᠭ᠎ᠠ ᠵᠠᠮ ᠢ ᠰᠢᠯᠤᠭᠤᠳᠬᠠᠵᠤ᠂ ᠨᠥᠬᠦᠴᠡᠯ | ᠪᠦᠷᠢᠳᠦᠭᠦᠯᠦᠭᠰᠡᠨ ᠬᠥᠮᠦᠰ ᠪᠦᠬᠦᠨ ᠴᠥᠮ ᠬᠤᠭᠤᠰᠣᠨ ᠠᠵᠢᠯ ᠤᠨ ᠪᠠᠶᠢᠷᠢ ᠶᠢᠨ ᠲᠤᠭ᠎ᠠ ᠶᠣᠰᠣᠭᠠᠷ ᠵᠣᠬᠢᠴᠠᠩᠭᠤᠶ | ᠮᠡᠷᠭᠡᠵᠢᠯ ᠤᠨ ᠴᠣᠯᠠ ᠬᠢᠨᠠᠨ ᠲᠣᠭᠲᠠᠭᠠᠬᠤ ᠪᠠᠷ ᠲᠠᠨᠢᠯᠴᠠᠭᠤᠯᠤᠨ ᠮᠡᠳᠡᠭᠦᠯᠵᠦ ᠪᠣᠯᠤᠨ᠎ᠠ᠃ ᠮᠡᠳᠡᠭᠡ | ᠵᠠᠩᠭᠢᠵᠢᠯᠲᠠ ᠶᠢᠨ ᠠᠷᠭ᠎ᠠ ᠪᠠᠷᠢᠯ ᠢ ᠠᠰᠢᠭᠯᠠᠨ ᠭᠤᠶᠤᠴᠢᠯᠠᠨ ᠮᠡᠳᠡᠭᠦᠯᠦᠭᠰᠡᠳ ᠤᠨ ᠠᠵᠢᠯ ᠤᠨ ᠬᠡᠮᠵᠢᠶ᠎ᠡ᠂ | ᠡᠪᠡᠳᠴᠢᠨ ᠤ ᠬᠡᠷᠡᠭ᠂ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ᠂ ᠠᠵᠢᠯᠯᠠᠬᠤ ᠴᠠᠭ ᠵᠡᠷᠭᠡ ᠲᠤᠭ᠎ᠠ | ᠪᠠᠷᠢᠮᠲᠠ ᠶᠢ ᠴᠤᠭᠯᠠᠭᠤᠯᠵᠤ᠂ ᠮᠡᠷᠭᠡᠵᠢᠯ ᠤᠨ ᠴᠣᠯᠠ ᠶᠢ ᠦᠨᠡᠯᠡᠬᠦ ᠴᠢᠬᠤᠯᠠ ᠦᠨᠳᠦᠰᠦᠯᠡᠯ ᠪᠣᠯᠭᠠᠨ᠎ᠠ᠃ | ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠨᠢ ᠪᠥᠬᠦ ᠡᠮᠨᠡᠯᠭᠡ ᠶᠢᠨ ᠬᠤᠷᠢᠶᠠᠨ ᠤ ᠡᠮ ᠡᠮᠨᠡᠯᠭᠡ ᠡᠷᠡᠭᠦᠯ | ᠬᠠᠮᠠᠭᠠᠯᠠᠯ ᠤᠨ ᠲᠤᠰᠬᠠᠶ ᠮᠡᠷᠭᠡᠵᠢᠯ ᠤᠨ ᠠᠵᠢᠯᠲᠠᠨ ᠤ ᠪᠦᠲᠦᠴᠡ ᠶᠢ ᠶᠡᠷᠦᠩᠬᠡᠶᠢᠯᠡᠨ ᠪᠣᠳᠣᠯᠬᠢᠯᠠᠵᠤ᠂ ᠡᠮᠴᠢᠯᠡᠭᠡᠨ ᠤ | ᠨᠢᠭᠡᠳᠦᠭᠡᠷ ᠹᠷᠣᠨᠲ ᠤᠨ ᠠᠵᠢᠯᠲᠠᠨ ᠤ ᠠᠵᠢᠯ ᠡᠷᠭᠢᠯᠡᠬᠦ ᠴᠢᠳᠠᠪᠤᠷᠢ᠂ ᠠᠵᠢᠯ ᠤᠨ ᠠᠮᠵᠢᠯᠲᠠ ᠪᠦᠲᠦᠮᠵᠢ ᠶᠢᠨ ᠬᠢᠷᠢ | ᠬᠡᠮᠵᠢᠶ᠎ᠡ ᠪᠠ ᠪᠣᠳᠠᠲᠠᠶ ᠬᠤᠪᠢ ᠨᠡᠮᠡᠷᠢ ᠶᠢ ᠦᠨᠳᠦᠰᠦᠯᠡᠨ᠂ ᠲᠤᠰᠬᠠᠶ ᠮᠡᠷᠭᠡᠵᠢᠯᠲᠡᠨ ᠤ ᠬᠢᠨᠠᠨ ᠲᠣᠭᠲᠠᠭᠠᠬᠤ᠂ | ᠡᠮᠨᠡᠯᠭᠡ ᠶᠢᠨ ᠬᠤᠷᠢᠶᠠᠨ ᠤ ᠵᠥᠪᠯᠡᠯ ᠰᠤᠳᠤᠯᠬᠤ᠂ ᠨᠠᠮ ᠤᠨ ᠵᠣᠬᠢᠶᠠᠨ ᠪᠠᠶᠢᠭᠤᠯᠤᠯᠲᠠ ᠬᠤᠷᠠᠯ ᠢᠶᠠᠷ | ᠪᠠᠲᠤᠯᠠᠭᠤᠯᠤᠭᠰᠠᠨ ᠤ ᠳᠠᠷᠠᠭ᠎ᠠ᠂ ᠤᠷᠢᠨ ᠲᠣᠮᠢᠯᠠᠬᠤ ᠭᠤᠶᠤᠴᠢᠯᠠᠯ ᠳᠤᠷᠠᠳᠴᠤ᠂ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠳᠤ ᠮᠡᠳᠡᠭᠦᠯᠦᠨ ᠬᠢᠨᠠᠨ ᠬᠠᠷᠭᠤᠭᠤᠯᠵᠤ ᠵᠥᠪᠰᠢᠶᠡᠷᠡᠭᠦᠯᠵᠦ᠂ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠳᠠᠩᠰᠠᠯᠠᠨ᠎ᠠ᠃ ︵ᠲᠦᠷᠦᠭᠦᠯᠡᠬᠦ ᠨᠢᠭᠡᠴᠡ᠄ | ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︔ ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠲᠣᠭᠤᠷᠢᠭ ᠤᠨ ᠠᠷᠠᠳ ᠤᠨ | ᠡᠮᠨᠡᠯᠭᠡ ᠶᠢᠨ ᠬᠤᠷᠢᠶ᠎ᠠ︶ | ︵ᠲᠦᠷᠪᠡ︶ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠲᠦᠯᠬᠢᠨ | ᠠᠬᠢᠭᠤᠯᠵᠠᠶ᠃ | 12. ᠰᠠᠨᠮᠢᠨ ᠤ ᠡᠮ ᠡᠮᠨᠡᠯᠭᠡ ᠶᠢᠨ ᠥᠭᠡᠷᠡᠴᠢᠯᠡᠯᠲᠡ ᠶᠢᠨ ᠲᠤᠷᠰᠢᠯᠭ᠎ᠠ ᠶᠢ ᠶᠡᠭᠡ ᠪᠠᠷ ᠳᠡᠯᠭᠡᠷᠡᠭᠦᠯᠵᠦ᠃ | ᠤᠯᠤᠰ ᠪᠠ ᠥᠪᠡᠷᠲᠡᠭᠡᠨ ᠵᠠᠰᠠᠬᠤ ᠣᠷᠣᠨ ᠤ ᠰᠠᠨᠮᠢᠩ ᠤᠨ ᠡᠮ ᠡᠮᠨᠡᠯᠭᠡ ᠶᠢᠨ ᠥᠭᠡᠷᠡᠴᠢᠯᠡᠯᠲᠡ ᠶᠢᠨ ᠲᠤᠷᠰᠢᠯᠭ᠎ᠠ ᠶᠢ | ᠳᠡᠯᠭᠡᠷᠡᠭᠦᠯᠬᠦ ᠲᠤᠬᠠᠶ ᠬᠡᠷᠡᠭᠵᠢᠭᠦᠯᠬᠦ ᠰᠠᠨᠠᠯ ᠪᠠ ᠬᠠᠮᠢᠶ᠎ᠠ ᠪᠦᠬᠦᠢ ᠱᠠᠭᠠᠷᠳᠠᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ | ᠪᠦᠬᠦ ᠬᠤᠲᠠ ᠶᠢᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠮᠠᠨ ᠤ ᠣᠷᠣᠨ ᠤ ᠪᠣᠳᠠᠲᠠᠶ ᠳᠤ ᠨᠡᠶᠢᠴᠡᠭᠰᠡᠨ ᠡᠮ | ᠡᠮᠨᠡᠯᠭᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠷᠭ᠎ᠠ ᠵᠠᠮ ᠪᠠ ᠲᠤᠯᠭᠠᠭᠤᠷᠢᠯᠠᠬᠤ ᠰᠢᠰᠲ᠋ᠧᠮ ᠢ | ᠢᠳᠡᠪᠬᠢᠲᠡᠶ ᠪᠠᠷ ᠬᠠᠶᠢᠨ ᠰᠦᠪᠡᠭᠴᠢᠯᠡᠨ᠎ᠡ᠃ 2023 ᠣᠨ ᠳᠤ ᠬᠠᠶᠢᠨᠠᠨ ᠲᠣᠭᠤᠷᠢᠭ ᠤᠨ ᠠᠷᠠᠳ ᠤᠨ | ᠡᠮᠨᠡᠯᠭᠡ ᠶᠢᠨ ᠬᠤᠷᠢᠶᠠᠨ ᠤ ᠬᠤᠲᠠ ᠶᠢᠨ ᠡᠮᠴᠢᠯᠡᠭᠡᠨ ᠤ ᠪᠦᠯᠦᠭᠯᠡᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ | ᠵᠢᠱᠢᠶ᠎ᠡ ᠦᠵᠡᠭᠦᠯᠬᠦ ᠲᠤᠷᠰᠢᠯᠲᠠ ᠶᠢᠨ ᠴᠡᠭ ᠤᠨ ᠠᠵᠢᠯ ᠢ ᠢᠳᠡᠪᠬᠢᠲᠡᠶ ᠠᠬᠢᠭᠤᠯᠵᠤ᠂ ᠪᠤᠰᠤᠳ ᠥᠭᠡᠷᠡᠴᠢᠯᠡᠯᠲᠡ ᠶᠢᠨ | ᠲᠤᠷᠰᠢᠯᠲᠠ ᠶᠢᠨ ᠴᠡᠭ ᠤᠨ ᠠᠵᠢᠯ ᠢ ᠠᠯᠬᠤᠮ ᠠᠯᠬᠤᠮ ᠢᠶᠠᠷ ᠰᠦᠪᠡᠭᠴᠢᠯᠡᠨ ᠬᠡᠷᠡᠭᠵᠢᠭᠦᠯᠦᠨ᠎ᠡ᠃ ︵ᠲᠦᠷᠦᠭᠦᠯᠡᠬᠦ | ᠨᠢᠭᠡᠴᠡ᠄ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︔ ᠬᠠᠷᠢᠭᠤᠴᠠᠯᠭᠠᠲᠤ ᠨᠢᠭᠡᠴᠡ᠄ | ᠲᠣᠭᠤᠷᠢᠭ ᠤᠨ ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠠᠯᠪᠠᠨ ᠬᠡᠷ᠂ ᠲᠣᠭᠤᠷᠢᠭ ᠤᠨ ᠡᠳ᠋ ᠤᠨ ᠵᠠᠰᠠᠭ ᠤᠨ | ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠮᠴᠢᠯᠡᠭᠡᠨ | ᠤ ᠳᠠᠭᠠᠳᠬᠠᠯ ᠤᠨ ᠲᠣᠪᠴᠢᠶ᠎ᠠ ᠂ ᠡᠯ᠎ᠡ ᠡᠮᠴᠢᠯᠡᠭᠡᠨ ᠤ ᠪᠠᠶᠢᠭᠤᠯᠤᠮᠵᠢ︶᠃ | 13᠂ ᠡᠮ ᠤᠨ ᠵᠦᠢᠯᠡᠰ ᠤᠨ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠶᠢ | ᠲᠦᠯᠬᠢᠨ ᠠᠬᠢᠭᠤᠯᠤᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠪᠠ ᠡᠮᠴᠢᠯᠡᠭᠡᠨ ᠤ ᠥᠨᠳᠥᠷ | ᠥᠷᠲᠡᠭᠲᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠡᠮᠵᠢᠶ᠎ᠡ ᠲᠠᠢ ᠪᠠᠷ ᠬᠤᠳᠠᠯᠳᠤᠨ ᠠᠪᠬᠤ ᠲᠤᠬᠠᠶ ᠬᠠᠮᠢᠶ᠎ᠠ | ᠪᠦᠬᠦᠢ ᠲᠣᠭᠲᠠᠭᠠᠯ ᠢ ᠨᠠᠢᠳᠠᠪᠤᠷᠢᠵᠢᠭᠤᠯᠵᠣ᠂ ᠠᠯᠪᠠᠨ ᠠᠴᠠ ᠡᠷᠬᠢᠯᠡᠭᠰᠠᠨ ᠡᠮᠨᠡᠯᠭᠡ ᠶᠢᠨ ᠬᠤᠷᠢᠶ᠎ᠠ᠂ ᠨᠡᠶᠢᠭᠡᠮ | ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ ᠡᠷᠡᠭᠦᠯ ᠬᠠᠮᠠᠭᠠᠯᠠᠯ ᠤᠨ ᠬᠤᠷᠢᠶ᠎ᠠ ᠬᠤᠳᠠᠯᠳᠤᠨ | ᠠᠪᠬᠤ ᠠᠵᠢᠯᠯᠠᠭ᠎ᠠ ᠶᠢ ᠵᠢᠷᠤᠮᠵᠢᠭᠤᠯᠣᠨ᠂ ᠬᠤᠳᠠᠯᠳᠤᠨ ᠠᠪᠬᠤ ᠥᠪᠡᠷ ᠤᠨ ᠥᠷᠲᠡᠭ ᠢ ᠡᠵᠡᠮᠳᠡᠵᠦ᠂ ᠡᠮ ᠤᠨ | ᠵᠦᠢᠯ ᠵᠢᠴᠢ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠢ ᠲᠦᠪᠯᠡᠷᠡᠭᠦᠯᠵᠣ ᠬᠡᠮᠵᠢᠶ᠎ᠡ ᠲᠠᠢ ᠪᠠᠷ | ᠬᠤᠳᠠᠯᠳᠤᠨ ᠠᠪᠬᠤ ᠠᠵᠢᠯ ᠢ ᠪᠠᠶᠢᠩᠭᠤᠵᠢᠭᠤᠯᠣᠨ᠂ ᠳᠦᠷᠢᠮᠵᠢᠭᠦᠯᠣᠨ ᠦᠷᠨᠢᠭᠦᠯᠣᠨ᠎ᠠ᠃ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠡᠮ ᠬᠡᠷᠡᠭᠯᠡᠬᠦ ᠭᠠᠷᠴᠠᠭ ᠤᠨ ᠬᠠᠮᠢᠶᠠᠷᠤᠯᠲᠠ ᠶᠢ ᠴᠢᠩᠭᠠᠷᠠᠭᠤᠯᠵᠤ᠂ | ᠭᠤᠣᠯᠳᠠᠯᠭ᠎ᠠ ᠲᠠᠢ ᠡᠮ ᠤᠨ ᠵᠦᠢᠯ ᠢ ᠬᠢᠨᠠᠨ ᠡᠵᠡᠮᠳᠡᠬᠦ ᠶᠢ ᠴᠢᠩᠭᠠᠳᠬᠠᠨ᠂ ᠵᠦᠢ ᠵᠣᠬᠢᠰᠲᠠᠢ ᠪᠠᠷ ᠡᠮ ᠬᠡᠷᠡᠭᠯᠡᠬᠦ ᠶᠢ | ᠠᠬᠢᠭᠤᠯᠬᠤ ᠬᠡᠷᠡᠭᠲᠡᠢ᠃ ᠡᠮ ᠤᠨ ᠵᠦᠢᠯ ᠤᠨ ᠦᠨ᠎ᠡ ᠶᠢᠨ ᠵᠦᠷᠢᠶ᠎ᠠ ᠦᠭᠡᠢ ᠪᠠᠶᠢᠬᠤ ᠨᠤᠷᠮ᠎ᠠ ᠶᠢᠨ | ᠪᠤᠷᠤᠯᠠᠭᠤᠯᠭ᠎ᠠ ᠶᠢᠨ ᠦᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠡᠮᠴᠢᠯᠡᠭᠡᠨ ᠤ ᠪᠠᠶᠢᠭᠤᠯᠤᠮᠵᠢ ᠶᠢᠨ ᠡᠮ ᠤᠨ | ᠵᠦᠢᠯ ᠤᠨ ᠬᠤᠷᠤᠭᠳᠠᠯ ᠮᠠᠲ᠋ᠧᠷᠢᠶᠠᠯ ᠤᠨ ᠵᠤᠭᠤᠰ ᠥᠭᠬᠦ ᠪᠠᠶᠢᠳᠠᠯ ᠢ ᠢᠯᠡ ᠨᠡᠶᠢᠲᠡᠯᠡᠬᠦ ᠳᠦᠷᠢᠮ ᠢ ᠪᠠᠶᠢᠭᠤᠯᠤᠨ᠎ᠠ᠃ | ᠡᠮ ᠤᠨ ᠵᠦᠢᠯ ᠪᠠ ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠤᠨ ᠲᠣᠤᠷ ᠢᠶᠠᠷ | ᠬᠤᠳᠠᠯᠳᠤᠨ ᠠᠪᠬᠤ ᠨᠣᠷᠮ᠎ᠠ ᠶᠢ ᠳᠡᠭᠡᠭᠰᠢᠯᠡᠭᠦᠯᠵᠦ᠂ 2025 ᠣᠨ ᠳᠤ ᠡᠮ ᠤᠨ ᠵᠦᠶ᠋ᠯ ᠤᠨ ᠲᠣᠤᠷ ᠢᠶᠠᠷ | ᠬᠤᠳᠠᠯᠳᠤᠨ ᠠᠪᠬᠤ ᠨᠣᠷᠮ᠎ᠠ ᠶᠢ 90% ᠠᠴᠠ ᠳᠣᠤᠷ᠎ᠠ ᠪᠠᠶᠢᠯᠭᠠᠵᠤ ᠪᠣᠯᠬᠤ ᠥᠬᠡᠶ᠂ ᠡᠮᠴᠢᠯᠡᠭᠡᠨ ᠤ ᠥᠨᠳᠥᠷ | ᠥᠷᠲᠡᠭᠲᠦ ᠬᠤᠷᠣᠭᠳᠠᠯ ᠮᠠᠲ᠋ᠧᠷᠢᠶᠠᠯ ᠤᠨ ᠲᠣᠤᠷ ᠢᠶᠠᠷ ᠬᠤᠳᠠᠯᠳᠤᠨ ᠠᠪᠬᠤ ᠨᠣᠷᠮ᠎ᠠ ᠶᠢ 80% ᠠᠴᠠ ᠳᠣᠤᠷ᠎ᠠ | ᠪᠠᠶᠢᠯᠭᠠᠵᠤ ᠪᠣᠯᠬᠤ ᠥᠬᠡᠶ᠃ ᠡᠮᠴᠢᠯᠡᠭᠡᠨ ᠳᠤ ᠡᠷᠬᠡᠪᠰᠢ ᠠᠮᠠᠷᠬᠠᠨ ᠳᠤᠲᠠᠭᠳᠠᠬᠤ ᠡᠮ ᠤᠨ ᠵᠦᠢᠯ ᠢ ᠬᠢᠨᠠᠨ ᠰᠢᠨᠵᠢᠵᠦ | ᠰᠡᠷᠡᠮᠵᠢᠯᠡᠭᠦᠯᠬᠦ ᠪᠠᠨ ᠴᠢᠩᠭᠠᠳᠬᠠᠵᠤ᠂ ᠬᠢᠨᠠᠨ ᠰᠢᠨᠵᠢᠬᠦ ᠨᠠᠷᠢᠨ ᠬᠠᠭᠤᠳᠠᠰᠤ ᠪᠠᠶᠢᠭᠤᠯᠤᠨ᠂ ᠬᠤᠳᠠᠯᠳᠤᠨ ᠠᠪᠴᠤ | ᠨᠥᠬᠦᠪᠥᠷᠢᠯᠡᠬᠦ ᠶᠢ ᠴᠠᠭ ᠲᠤᠬᠠᠶ ᠳᠤᠨᠢ ᠵᠣᠬᠢᠶᠠᠨ ᠪᠠᠶᠢᠭᠤᠯᠵᠤ᠂ ᠡᠮᠴᠢᠯᠡᠭᠡᠨ ᠳᠤ ᠬᠡᠷᠡᠭᠯᠡᠬᠦ ᠡᠮ ᠤᠨ ᠬᠡᠷᠡᠭᠴᠡᠭᠡ | ᠱᠠᠭᠠᠷᠳᠠᠯᠭ᠎ᠠ ᠶᠢ ᠦᠨᠡᠨᠬᠦ ᠪᠠᠲᠤᠯᠠᠨ᠎ᠠ᠃ ᠡᠯ᠎ᠡ ᠡᠮᠴᠢᠯᠡᠭᠡᠨ ᠤ ᠪᠠᠶᠢᠭᠤᠯᠤᠮᠵᠢ ᠨᠤᠭᠤᠳ ᠡᠷᠬᠡᠪᠰᠢ ᠪᠣᠶ ᠪᠥᠬᠦᠶ | ᠡᠮ ᠤᠨ ᠵᠦᠢᠯ ︵ᠬᠢᠲᠠᠳ ᠡᠮ ᠤᠨ ᠴᠢᠨᠠᠬᠤ ᠡᠮ ᠢ ᠪᠠᠭᠲᠠᠭᠠᠬᠤ ᠥᠬᠡᠶ︶ ᠳᠤ ᠵᠥᠷᠢᠶ᠎ᠡ ᠶᠢᠨ ᠨᠣᠷᠮ᠎ᠠ ᠪᠠᠷ | ᠪᠣᠷᠣᠯᠠᠭᠤᠯᠬᠤ ᠶᠢ ᠬᠡᠷᠡᠭᠵᠢᠭᠦᠯᠵᠦ᠂ ᠶᠠᠮᠠᠷᠪᠠ ᠰᠢᠯᠲᠠᠭᠠᠨ ᠢᠶᠠᠷ ᠥᠪᠡᠷ ᠤᠨ ᠥᠷᠲᠡᠭ ᠨᠡᠮᠡᠬᠦ ᠪᠤᠶᠤ ᠦᠢᠯᠡᠴᠢᠯᠡᠭᠡᠨ ᠤ | ᠵᠠᠷᠤᠳᠠᠯ ᠢᠶᠠᠨ ᠨᠡᠮᠡᠭᠳᠡᠭᠦᠯᠵᠦ ᠪᠣᠯᠬᠤ ᠥᠬᠡᠶ︔ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠠᠴᠠ | ᠲᠥᠷᠥ ᠶᠢᠨ ᠪᠣᠳᠣᠯᠭ᠎ᠠ ᠶᠢᠨ ᠴᠢᠨᠠᠷᠲᠠᠶ ᠠᠯᠳᠠᠭᠳᠠᠯ ᠤᠨ ᠨᠥᠬᠦᠪᠥᠷᠢ ᠶᠢᠨ ᠪᠠᠯᠠ ᠮᠥᠩᠭᠦ ᠶᠢ ᠴᠠᠭ ᠲᠤᠬᠠᠶ ᠳᠤᠨᠢ | ᠰᠠᠯᠭᠠᠨ ᠥᠭᠬᠦ ᠬᠡᠷᠡᠭᠲᠡᠶ᠃ ︵ᠲᠦᠷᠦᠭᠦᠯᠡᠬᠦ ᠨᠢᠭᠡᠴᠡ᠄ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ︔ ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠡᠮᠴᠢᠯᠡᠭᠡᠨ ᠤ | ᠳᠠᠭᠠᠳᠬᠠᠯ ᠤᠨ ᠲᠣᠪᠴᠢᠶ᠎ᠠ᠂ ᠡᠯ᠎ᠡ ᠡᠮᠴᠢᠯᠡᠭᠡᠨ ᠤ ᠪᠠᠶᠢᠭᠤᠯᠤᠮᠵᠢ︶᠃ | 14. ᠡᠮᠴᠢᠯᠡᠭᠡᠨ ᠤ ᠦᠢᠯᠡᠴᠢᠯᠡᠭᠡᠨ ᠤ ᠦᠨ᠎ᠡ ᠬᠠᠩᠰᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠶᠢᠨ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠳ᠋ ᠤᠨ ᠵᠠᠰᠠᠭ ᠤᠨ ᠲᠢᠩᠬᠢᠮ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠶᠢᠨ ︿ᠣᠳᠣᠬᠠᠨ ᠤ ᠡᠮᠴᠢᠯᠡᠭᠡᠨ ᠤ ᠦᠶ᠋ᠯᠡᠴᠢᠯᠡᠭᠡᠨ ᠤ ᠦᠨ᠎ᠡ ᠬᠠᠩᠰᠢ ᠶᠢ | ᠬᠥᠳᠡᠯᠦᠩᠭᠦᠶ ᠪᠠᠷ ᠳᠣᠭᠢᠷᠠᠭᠤᠯᠬᠤ ᠠᠵᠢᠯ ᠢ ᠰᠠᠶᠢᠲᠤᠷ ᠬᠢᠬᠦ ᠲᠤᠬᠠᠶ ᠰᠠᠨᠠᠯ﹀ ᠢ ᠳᠠᠷᠤᠮᠠᠯᠯᠠᠨ ᠶᠠᠪᠤᠭᠤᠯᠬᠤ ᠮᠡᠳᠡᠭᠳᠡᠯ︾ | ︵ᠥᠪᠥᠷ ᠡᠮᠴᠢᠯᠡᠭᠡᠨ ᠤ ᠳᠠᠭᠠᠳᠬᠠᠯ ᠲᠠᠷᠬᠠᠭᠠᠭᠰᠠᠨ ﹇2020﹈ 13 ᠳ᠋ᠤᠭᠠᠷ ᠲᠣᠭᠠᠲᠤ︶ ᠤᠨ ᠪᠢᠴᠢᠭ | ᠮᠠᠲ᠋ᠧᠷᠢᠶᠠᠯ ᠤᠨ ᠵᠣᠷᠢᠭ ᠰᠠᠨᠠᠭ᠎ᠠ ᠶᠣᠰᠣᠭᠠᠷ᠂ ᠡᠮᠴᠢᠯᠡᠭᠡᠨ ᠤ ᠦᠶ᠋ᠯᠡᠴᠢᠯᠡᠭᠡᠨ ᠤ ᠦᠨ᠎ᠡ ᠬᠠᠩᠰᠢ ᠶᠢ ᠳᠣᠭᠢᠷᠠᠭᠤᠯᠬᠤ | ᠲᠣᠭᠲᠠᠴᠠ ᠶᠢ ᠪᠠᠶᠢᠭᠤᠯᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠦᠨ᠎ᠡ ᠬᠠᠩᠰᠢ ᠶᠢ | ᠬᠢᠨᠠᠨ ᠬᠡᠮᠵᠢᠵᠦ ᠦᠨᠡᠯᠡᠨ ᠵᠢᠱᠢᠬᠦ ᠶᠢ ᠥᠷᠨᠢᠭᠦᠯᠵᠦ᠂ ᠣᠨ ᠢᠶᠠᠷ ᠴᠠᠭ ᠲᠤᠬᠠᠶ ᠳᠤᠨᠢ ᠲᠣᠬᠢᠷᠠᠭᠤᠯᠤᠯᠲᠠ ᠬᠢᠨ᠎ᠠ᠃ | ᠦᠨᠳᠦᠰᠦᠨ ᠡᠮᠴᠢᠯᠡᠭᠡ ᠶᠢᠨ ᠦᠢᠯᠡᠴᠢᠯᠡᠭᠡᠨ ᠤ ᠲᠥᠷᠥᠯ ᠵᠦᠢᠯ ᠢ ᠲᠣᠬᠢᠷᠠᠭᠤᠯᠤᠨ ᠲᠡᠭᠦᠯᠳᠡᠷᠵᠢᠭᠦᠯᠬᠦ ᠶᠢ | ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠶᠣᠰᠣᠭᠠᠷ ᠲᠣᠭᠲᠠᠭᠠᠯ ᠳᠤ ᠨᠡᠶᠢᠴᠡᠬᠦ ᠡᠮᠴᠢᠯᠡᠭᠡ ᠶᠢᠨ | ᠦᠢᠯᠡᠴᠢᠯᠡᠭᠡᠨ ᠤ ᠲᠥᠷᠥᠯ ᠵᠦᠢᠯ᠂ ᠦᠨ᠎ᠡ ᠬᠠᠩᠰᠢ ᠶᠢ ᠴᠠᠭ ᠲᠤᠬᠠᠢ ᠳᠤ ᠨᠢ ᠡᠮᠴᠢᠯᠡᠭᠡ ᠶᠢᠨ ᠳᠠᠭᠠᠳᠬᠠᠯ ᠤᠨ | ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠤᠨ᠎ᠠ᠃ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡ ᠶᠢᠨ | ᠦᠢᠯᠡᠴᠢᠯᠡᠭᠡᠨ ᠤ ᠦᠨ᠎ᠡ ᠬᠠᠩᠰᠢ ᠪᠠ ᠲᠥᠷᠥᠯ ᠵᠦᠢᠯ ᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠬᠢᠨᠠᠨ | ᠬᠠᠮᠢᠶᠠᠷᠬᠤ ᠪᠠᠨ ᠴᠢᠩᠭᠠᠳᠬᠠᠵᠤ᠂ ᠵᠠᠰᠠᠭ ᠤᠨ ᠣᠷᠳᠣᠨ ᠤ ᠵᠢᠯᠣᠭᠤᠳᠬᠤ ᠦᠨ᠎ᠡ ᠬᠠᠩᠰᠢ ᠶᠢ ᠲᠣᠭᠲᠠᠭᠠᠯ ᠪᠤᠰᠤ | ᠬᠡᠷᠡᠭᠵᠢᠭᠦᠯᠬᠦ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠵᠠᠯᠠᠷᠠᠭᠤᠯᠤᠨ᠎ᠠ᠃ ︵ᠲᠦᠷᠦᠭᠦᠯᠡᠬᠦ ᠨᠢᠭᠡᠴᠡ᠄ | ᠲᠣᠭᠤᠷᠢᠭ ᠤᠨ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠡᠯ᠎ᠡ ᠡᠮᠴᠢᠯᠡᠭᠡᠨ ᠤ ᠪᠠᠶᠢᠭᠤᠯᠤᠮᠵᠢ︶᠃ | 15. ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ | ᠢᠳᠡᠪᠬᠢᠲᠡᠶ ᠠᠬᠢᠭᠤᠯᠬᠤ ᠬᠡᠷᠡᠭᠲᠡᠶ᠃ ᠠᠵᠢᠯᠲᠠᠨ ᠠᠵᠢᠯᠴᠢᠳ ᠤᠨ ᠡᠮᠨᠡᠯᠭᠡ ᠶᠢᠨ ᠳᠠᠭᠠᠳᠬᠠᠯ ᠤᠨ ᠡᠩ ᠤᠨ ᠡᠭᠦᠳᠡᠨ | ᠡᠮᠨᠡᠯᠭᠡ ᠶᠢᠨ ᠵᠠᠷᠤᠳᠠᠯ ᠢ ᠨᠢᠭᠡᠳᠦᠯᠲᠡᠶ ᠲᠥᠯᠥᠪᠯᠡᠨ ᠪᠠᠲᠤᠯᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ | ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠶ ᠡᠪᠡᠳᠴᠢᠨ᠂ ᠣᠨᠴᠣᠭᠤᠶ ᠡᠪᠡᠳᠴᠢᠨ ᠡᠮᠭᠡᠭ ᠤᠨ ᠡᠮᠴᠢᠯᠡᠭᠡᠨ ᠤ | ᠪᠠᠲᠤᠯᠠᠭ᠎ᠠ ᠶᠢᠨ ᠠᠵᠢᠯ ᠢ ᠰᠠᠶᠢᠲᠤᠷ ᠬᠢᠭᠰᠡᠨ ᠰᠠᠭᠤᠷᠢᠨ ᠳᠡᠭᠡᠷ᠎ᠡ᠂ ᠣᠯᠠᠨ ᠡᠭᠦᠰᠳᠡᠭ ᠡᠪᠡᠳᠴᠢᠨ᠂ ᠪᠠᠶᠢᠩᠭᠤ | ᠲᠣᠬᠢᠶᠠᠯᠳᠤᠳᠠᠭ ᠡᠪᠡᠳᠴᠢᠨ ᠤ ᠡᠩ ᠤᠨ ᠡᠭᠦᠳᠡᠨ ᠡᠮᠨᠡᠯᠭᠡ ᠶᠢᠨ ᠵᠠᠷᠤᠳᠠᠯ ᠢ ᠨᠢᠭᠡᠳᠦᠯᠲᠡᠶ ᠲᠥᠯᠥᠪᠯᠡᠬᠦ ᠪᠡᠯᠡ ᠮᠥᠩᠭᠦ | ᠥᠭᠬᠦ ᠬᠡᠪᠴᠢᠶᠡᠨ ᠳᠤ ᠠᠯᠬᠤᠮ ᠠᠯᠬᠤᠮ ᠢᠶᠠᠷ ᠣᠷᠣᠭᠤᠯᠤᠨ᠎ᠠ᠃ ᠡᠮᠨᠡᠯᠭᠡ ᠳᠤ ᠰᠠᠭᠤᠬᠤ ᠡᠪᠡᠳᠴᠢᠨ ᠤ | ᠲᠥᠷᠥᠯ ᠤᠨ ᠠᠩᠭᠢᠯᠠᠯ ︵DRG︶ ᠢᠶᠠᠷ ᠵᠠᠷᠤᠳᠠᠯ ᠲᠤᠰᠢᠶᠠᠬᠤ᠂ ᠡᠭᠦᠳᠡᠨ ᠡᠮᠨᠡᠯᠭᠡ ᠶᠢᠨ ᠬᠥᠮᠦᠨ ᠤ ᠲᠤᠭ᠎ᠠ ᠪᠠᠷ | ᠵᠠᠷᠤᠳᠠᠯ ᠥᠭᠬᠦ ᠨᠡᠶᠢᠯᠡᠮᠡᠯ ᠠᠷᠭ᠎ᠠ ᠮᠠᠶ᠋ᠢᠭ ᠢ ᠭᠦᠨᠵᠡᠭᠡᠶ ᠠᠬᠢᠭᠤᠯᠤᠨ᠎ᠠ᠃ ᠡᠮᠴᠢᠯᠡᠭᠡᠨ ᠤ ᠲᠠᠭᠠᠳᠬᠠᠯ ᠤᠨ | ᠲᠣᠭᠠᠴᠠᠭ᠎ᠠ ᠬᠢᠬᠦ ᠶᠢᠨ ᠣᠷᠮᠠᠰᠢᠭᠤᠯᠥᠨ ᠬᠢᠵᠠᠭᠠᠷᠯᠠᠬᠤ ᠲᠣᠠᠠᠳᠡᠴᠠ ᠶᠢ ᠬᠦᠢᠴᠡᠳ ᠪᠠᠳᠡᠷᠡᠭᠤᠯᠵᠦ᠂ ᠴᠢᠨᠡᠷ ᠰᠠᠶᠢᠳᠡᠢ | ᠡᠮᠴᠢᠯᠡᠭᠡᠨ ᠤ ᠡᠬᠢ ᠪᠠᠶᠠᠯᠢᠭ ᠢ ᠬᠦᠳᠦᠯᠥᠨ ᠵᠢᠯᠥᠭᠤᠳᠴᠥ ᠪᠠᠶᠢᠭᠠᠳ ᠨᠡᠶᠢᠭᠡᠮ ᠲᠤᠭᠤᠷᠢᠭ ᠲᠡᠰᠢ | ᠲᠣᠷᠣᠠᠠᠰᠢᠯᠠᠭᠤᠯᠵᠦ᠂ ︽ᠨᠢᠭᠡ ᠮᠦᠴᠡ︾ ᠶᠢᠨ ᠡᠷᠡᠬᠦᠯ ᠡᠩᠬᠡ ᠶᠢᠨ ᠡᠮᠴᠢᠯᠡᠭᠡᠨ ᠤ ᠲᠣᠭᠤᠷᠢᠭ ᠢ ᠪᠤᠢ ᠪᠤᠯᠭᠠᠵᠦ᠂ | ᠡᠮᠴᠢᠯᠡᠭᠡᠨ ᠤ ᠪᠠᠶᠢᠭᠤᠯᠥᠮᠵᠢ ᠶᠢᠨ ᠡᠵᠡᠩᠨᠡᠯᠳᠡ ᠬᠠᠮᠢᠶᠡᠷᠦᠯᠳᠡ ᠶᠢᠨ ᠠᠷᠭ᠎ᠠ ᠮᠠᠶ᠋ᠢᠭ ᠢ ᠪᠦᠳᠦᠭᠦᠯᠢᠭ ᠭᠡᠯᠪᠡᠷᠢ ᠠᠴᠠ | ᠨᠠᠷᠢᠯᠢᠠᠠᠵᠢᠭᠤᠯᠥᠠᠠᠰᠠᠨ ᠦᠨᠳᠣᠰᠣᠡ ᠭᠡᠯᠪᠡᠷᠢ ᠠᠴᠠ ᠬᠤᠪᠢᠷᠡᠭᠤᠯᠬᠤ ᠶᠢ ᠠᠬᠢᠭᠤᠯᠥᠨ᠎ᠠ᠃ ᠦᠨᠳᠦᠰᠦᠨ | ᠡᠮᠴᠢᠯᠡᠭᠡᠨ ᠤ ᠳᠠᠭᠠᠳᠬᠠᠯ ᠤᠨ ᠡᠭᠦᠳᠡᠨ ᠡᠮᠨᠡᠯᠭᠡ ᠶᠢᠨ ᠬᠠᠷᠢᠯᠴᠠᠨ ᠲᠤᠰᠠᠯᠠᠯᠴᠠᠬᠤ ᠪᠠᠲᠤᠯᠠᠭ᠎ᠠ ᠶᠢᠨ ᠳᠦᠷᠢᠮ ᠢ | ᠨᠠᠶᠢᠳᠠᠪᠤᠷᠢᠵᠢᠭᠤᠯᠵᠤ᠂ ᠡᠭᠦᠳᠡᠨ ᠡᠮᠨᠡᠯᠭᠡ ᠶᠢᠨ ᠣᠨᠴᠣᠭᠤᠶ ᠡᠪᠡᠳᠴᠢᠨ ᠤ ᠵᠦᠢᠯ ᠬᠢᠭᠡᠳ ᠡᠭᠦᠳᠡᠨ ᠡᠮᠨᠡᠯᠭᠡ ᠶᠢᠨ | ᠨᠢᠭᠡᠳᠦᠯᠲᠡᠶ ᠲᠥᠯᠥᠪᠯᠡᠬᠦ ᠶᠢ ᠨᠠᠶᠢᠳᠠᠪᠤᠷᠢᠵᠢᠭᠤᠯᠤᠨ᠂ ᠡᠪᠡᠳᠴᠢᠨ ᠤ ᠵᠦᠢᠯ ᠤᠨ ᠪᠠᠲᠤᠯᠠᠭ᠎ᠠ ᠠᠴᠠ ᠵᠠᠷᠤᠳᠠᠯ ᠤᠨ | ᠪᠠᠲᠤᠯᠠᠭ᠎ᠠ ᠲᠡᠰᠢ ᠠᠯᠬᠤᠮ ᠠᠯᠬᠤᠮ ᠢᠶᠠᠷ ᠪᠣᠳᠠᠲᠠᠶᠢᠵᠢᠭᠤᠯᠬᠤ ᠬᠡᠷᠡᠭᠲᠡᠶ᠃ 2023 ᠣᠨ ᠳᠤ ᠬᠤᠲᠠ ᠶᠢᠨ | ᠲᠠᠰ ᠤᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠡᠷᠡᠭᠦᠯ ᠮᠡᠨᠳᠦ ᠶᠢᠨ ᠥᠷᠲᠡᠭᠡ ᠶᠢᠨ ᠲᠤᠷᠰᠢᠯᠲᠠ ᠶᠢᠨ | ᠠᠵᠢᠯ ᠢ ᠥᠷᠨᠢᠭᠦᠯᠦᠨ᠎ᠡ᠃ ︵ᠲᠦᠷᠦᠭᠦᠯᠡᠬᠦ ᠨᠢᠭᠡᠴᠡ᠄ ᠣᠷᠣᠨ ᠤ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ︔ | ᠬᠠᠷᠢᠭᠤᠴᠠᠯᠭᠠᠲᠤ ᠨᠢᠭᠡᠴᠡ᠄ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠯ᠎ᠡ ᠡᠮᠴᠢᠯᠡᠭᠡᠨ ᠤ | ᠪᠠᠶᠢᠭᠤᠯᠤᠮᠵᠢ︶ | ︵ᠲᠠᠪᠤ︶ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠢᠰᠲ᠋ᠧᠮ ᠤᠨ ᠪᠠᠶᠢᠭᠤᠯᠤᠯᠲᠠ ᠶᠢ ᠴᠢᠩᠭᠡᠳ᠋ᠭᠠᠨ᠎ᠠ | 16. ᠣᠳᠣᠬᠢᠴᠢᠯᠠᠭᠰᠠᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠰᠢᠰᠲ᠋ᠧᠮ ᠢ ᠪᠠᠶᠢᠭᠤᠯᠤᠨ᠎ᠠ᠃ | ᠰᠡᠷᠭᠡᠶᠢᠯᠡᠬᠦ ᠪᠠᠷ ᠭᠤᠣᠯ ᠪᠣᠯᠭᠠᠬᠤ᠂ ᠡᠩ ᠤᠨ ᠦᠶ᠎ᠡ ᠪᠠ ᠳᠠᠶᠢᠨ ᠤ ᠦᠶ᠎ᠡ ᠶᠢ ᠤᠶᠠᠯᠳᠤᠭᠤᠯᠬᠤ ᠶᠢ ᠪᠠᠷᠢᠮᠲᠠᠯᠠᠵᠤ᠂ | ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠵᠢᠯᠣᠭᠤᠳᠬᠤ | ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠰᠡᠷᠭᠡᠶᠢᠯᠡᠨ ᠡᠵᠡᠮᠳᠡᠬᠦ ᠪᠣᠭᠤᠮᠲᠠ ᠶᠢ ᠤᠷᠤᠭᠰᠢ ᠰᠢᠯᠵᠢᠭᠦᠯᠵᠦ᠂ | ᠣᠯᠠᠨ ᠠᠷᠭ᠎ᠠ ᠵᠠᠮ ᠢᠶᠠᠷ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠤᠨ | ᠪᠦᠷᠢᠨᠰᠢᠬᠦᠯᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡ ᠬᠢᠭᠡᠳ ᠡᠮᠴᠢᠯᠡᠭᠡᠨ ᠤ | ᠦᠢᠯᠡᠴᠢᠯᠡᠭᠡ ᠶᠢᠨ ᠥᠨᠳᠥᠷ ᠪᠦᠲᠦᠮᠵᠢᠲᠡᠶ ᠬᠠᠮᠵᠢᠯᠴᠠᠭ᠎ᠠ ᠶᠢ ᠠᠬᠢᠭᠤᠯᠵᠤ᠂ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ | ᠬᠦᠴᠦᠨ ᠢ ᠲᠡᠭᠦᠯᠳᠡᠷᠵᠢᠭᠦᠯᠵᠦ᠂ ᠬᠦᠨᠳᠦ ᠶᠡᠭᠡ ᠬᠢᠵᠢᠭ ᠤᠨ ᠪᠠᠶᠢᠳᠠᠯ ᠪᠠ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠡᠯᠡᠳᠬᠡᠯ ᠲᠥᠰᠥᠯ ᠳᠤ | ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠬᠦᠨᠳᠦ ᠶᠡᠭᠡ ᠬᠢᠵᠢᠭ ᠤᠨ ᠪᠠᠶᠢᠳᠠᠯ ᠤᠨ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠴᠢᠳᠠᠪᠤᠷᠢ ᠶᠢᠨ ᠪᠣᠯᠪᠠᠰᠤᠷᠠᠯ ᠪᠠ ᠰᠣᠷᠢᠯᠲᠠ ᠶᠢ ᠪᠠᠶᠢᠩᠭᠤᠵᠢᠭᠤᠯᠤᠨ ᠥᠷᠨᠢᠭᠦᠯᠬᠦ | ᠬᠡᠷᠡᠭᠲᠡᠢ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ | ᠪᠠᠷᠢᠮᠵᠢᠶᠠᠵᠢᠭᠤᠯᠬᠤ ᠪᠥᠲᠥᠭᠡᠨ ᠪᠠᠶᠢᠭᠤᠯᠤᠯᠲᠠ ᠶᠢᠨ ᠲᠥᠰᠦᠯ ︵ᠲᠤᠷᠰᠢᠨ ᠬᠡᠷᠡᠭᠵᠢᠭᠦᠯᠬᠦ︶︾ ︵ᠥᠪᠥᠷ ᠡᠷᠡᠭᠦᠯ | ᠡᠪᠡᠳᠴᠢᠨ ᠰᠡᠷᠭᠡᠶᠢᠯᠡᠨ ᠡᠵᠡᠮᠳᠡᠬᠦ ᠥᠰᠥᠭ ︹2021︺ 251 ᠳ᠋ᠤᠭᠡᠷ ᠲᠣᠭᠠᠲᠤ︶ ᠤᠨ ᠱᠠᠭᠠᠷᠳᠠᠯᠭ᠎ᠠ | ᠶᠣᠰᠣᠭᠠᠷ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠪᠠᠶᠢᠭᠤᠯᠤᠯ ᠤᠨ ᠥᠭᠡᠷᠡᠴᠢᠯᠡᠯᠲᠡ ᠶᠢ ᠠᠬᠢᠭᠤᠯᠵᠤ᠂ | ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ | ᠴᠢᠩᠭᠠᠳᠬᠠᠨ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠶᠢᠨ ᠪᠠᠷᠢᠮᠵᠢᠶᠠᠵᠢᠭᠤᠯᠬᠤ | ᠪᠠᠶᠢᠭᠤᠯᠤᠯᠲᠠ ᠶᠢ ᠬᠡᠷᠡᠭᠵᠢᠭᠦᠯᠵᠦ᠂ ᠲᠤᠷᠰᠢᠯᠲᠠ ᠶᠢᠨ ᠲᠠᠰᠤᠭ ᠤᠨ ᠰᠢᠯᠭᠠᠨ ᠪᠠᠶᠢᠴᠠᠭᠠᠬᠤ ᠴᠢᠳᠠᠪᠤᠷᠢ ᠶᠢ | ᠳᠡᠭᠡᠭᠰᠢᠯᠡᠭᠦᠯᠦᠨ᠎ᠡ᠃ 2023 ᠤᠨ ᠳᠤ ᠤᠷᠤᠨ ᠤ ᠡᠪᠡᠳᠴᠢᠨ ᠡᠮᠭᠡᠭ ᠢ ᠰᠡᠷᠬᠡᠶᠢᠯᠡᠨ ᠡᠵᠡᠮᠳᠡᠭᠦ ᠲᠦᠪ ᠤᠨ | ᠲᠤᠷᠰᠢᠯᠳᠠ ᠳᠤ ᠬᠡᠷᠡᠭᠯᠡᠬᠦ ᠬᠡᠷ ᠪᠠᠶᠢᠰᠢᠩ ᠨᠢ ᠶᠡᠷᠦᠩᠬᠡᠢ ᠪᠠᠷᠢᠯᠭ᠎ᠠ ᠶᠢᠨ ᠲᠠᠯᠠᠪᠠᠢ ᠶᠢ 35% ᠠᠴᠠ ᠲᠡᠭᠡᠭᠰᠢ ᠳᠤ | ᠬᠦᠷᠭᠡᠨ᠎ᠡ︔ ᠰᠢᠯᠭᠠᠨ ᠪᠠᠶᠢᠴᠠᠭᠠᠬᠤ ᠲᠦᠷᠦᠯ ᠵᠦᠢᠯ ᠢ ᠰᠢᠶᠠᠨ ᠤ ᠲᠡᠰ ᠤᠨ ᠰᠢᠯᠭᠠᠨ ᠪᠠᠶᠢᠴᠠᠭᠠᠬᠤ ᠪᠠᠷᠢᠮᠵᠢᠶ᠎ᠠ ᠶᠢᠨ | 82% ᠠᠴᠠ ᠲᠡᠭᠡᠭᠰᠢ ᠳᠤ ᠭᠦᠷᠦᠭᠦᠯᠦᠨ᠎ᠠ᠃ 2023 ᠣᠨ ᠳᠤ ᠲᠤᠭᠤᠷᠢᠭ ᠤᠨ ᠡᠪᠡᠳᠴᠢᠨ ᠡᠮᠭᠡᠭ ᠢ | ᠰᠡᠷᠭᠡᠶᠢᠯᠡᠨ ᠡᠵᠡᠮᠳᠡᠬᠦ ᠲᠥᠪ ᠤᠨ ᠬᠡᠮᠵᠢᠭᠦᠷᠯᠢᠭ ᠲᠥᠬᠦᠭᠡᠷᠦᠮᠵᠢ ᠶᠢ ᠰᠢᠶᠠᠨ ᠤ ᠱᠠᠲᠤᠨ ᠤ ᠳᠣᠭᠢᠷᠠᠭᠤᠯᠬᠤ | ᠱᠠᠭᠠᠷᠳᠠᠯᠭ᠎ᠠ ᠶᠢᠨ 80% ᠠᠴᠠ ᠳᠡᠭᠡᠭᠰᠢ ᠳᠤ ᠬᠦᠷᠦᠭᠦᠯᠵᠦ᠂ 2025 ᠣᠨ ᠳᠤ 85% ᠠᠴᠠ ᠳᠡᠭᠡᠭᠰᠢ ᠳᠤ | ᠬᠦᠷᠦᠭᠦᠯᠦᠨ᠎ᠡ᠃ ᠵᠢᠯ ᠪᠦᠷᠢ ᠪᠠᠴᠢᠮ ᠪᠠᠶᠢᠳᠠᠯ ᠢ ᠠᠷᠭᠠᠴᠠᠬᠤ ᠪᠣᠯᠪᠠᠰᠤᠷᠠᠭᠤᠯᠤᠯ ᠢ 4 ᠤᠳᠠᠭ᠎ᠠ ᠠᠴᠠ ᠳᠤᠲᠠᠭᠤ | ᠦᠭᠡᠶ ᠥᠷᠨᠢᠭᠦᠯᠵᠦ᠂ ᠰᠣᠷᠢᠯᠲᠠ ᠶᠢ 2 ᠤᠳᠠᠭ᠎ᠠ ᠠᠴᠠ ᠳᠤᠲᠠᠭᠤ ᠦᠭᠡᠶ ᠥᠷᠨᠢᠭᠦᠯᠬᠦ ᠬᠡᠷᠡᠭᠲᠡᠶ᠃ 2023 | ᠣᠨ ᠳᠤ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠥᠪᠡᠷ ᠢ ᠪᠠᠨ ᠦᠨᠡᠯᠡᠬᠦ ᠠᠵᠢᠯ | ᠪᠠ ᠰᠢᠯᠭᠠᠨ ᠠᠪᠬᠤ ᠠᠵᠢᠯ ᠢ ᠪᠡᠶᠡᠯᠡᠭᠦᠯᠪᠡ᠃ ︵ᠲᠦᠷᠦᠭᠦᠯᠡᠬᠦ ᠨᠢᠭᠡᠴᠡ᠄ ᠲᠣᠭᠤᠷᠢᠭ ᠤᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ︔ ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠨᠠᠮ ᠤᠨ ᠬᠤᠷᠢᠶ᠎ᠠ ᠶᠢᠨ ᠣᠷᠣᠨ | ᠲᠤᠭ᠎ᠠ ᠶᠢᠨ ᠠᠯᠪᠠᠨ ᠬᠡᠷ᠂ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ | ᠵᠠᠰᠠᠭ ᠤᠨ ᠲᠣᠪᠴᠢᠶ᠎ᠠ᠂ ᠠᠵᠤ ᠦᠢᠯᠡᠳᠪᠦᠷᠢ ᠮᠡᠳᠡᠭᠡ ᠵᠠᠩᠭᠢ ᠬᠢᠭᠡᠳ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ᠂ ᠡᠯ᠎ᠡ ᠡᠮᠴᠢᠯᠡᠭᠡᠨ ᠤ ᠪᠠᠶᠢᠭᠤᠯᠤᠮᠵᠢ᠂ ᠬᠠᠶᠢᠨᠠᠨ ᠤ ᠳᠣᠲᠣᠭᠠᠳᠤ ᠶᠢ ᠬᠠᠮᠠᠭᠠᠯᠠᠬᠤ ᠬᠤᠪᠢᠶᠠᠷᠢ | ᠲᠣᠪᠴᠢᠶ᠎ᠠ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ︶᠃ | 17. ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠲᠤᠰᠬᠠᠶ ᠮᠡᠷᠭᠡᠵᠢᠯ ᠤᠨ ᠡᠩᠨᠡᠭᠡ ᠶᠢ | ᠲᠡᠭᠦᠯᠳᠡᠷᠵᠢᠭᠦᠯᠦᠨ᠎ᠡ᠃ ᠡᠮᠨᠡᠬᠦ ᠪᠠ ᠰᠡᠷᠭᠡᠶᠢᠯᠡᠬᠦ ᠶᠢ ᠬᠠᠮᠵᠢᠯᠴᠠᠭᠤᠯᠬᠤ ᠲᠣᠭᠲᠠᠴᠠ ᠳᠤ ᠰᠢᠨ᠎ᠡ ᠶᠢ ᠡᠭᠦᠳᠴᠦ᠂ | ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠡᠭᠦᠷᠭᠡ ᠴᠢᠳᠠᠪᠤᠷᠢ ᠪᠠᠨ ᠴᠢᠩᠭᠠᠷᠠᠭᠤᠯᠬᠤ ᠶᠢ ᠠᠬᠢᠭᠤᠯᠵᠤ᠂ ᠡᠯ᠎ᠡ ᠡᠮᠴᠢᠯᠡᠭᠡᠨ ᠤ ᠪᠠᠶᠢᠭᠤᠯᠤᠮᠵᠢ ᠳᠤ ᠲᠤᠰᠬᠠᠶ | ︵ᠬᠠᠪᠰᠤᠷᠭᠠᠭᠰᠠᠨ︶ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠬᠢᠨᠠᠯᠲᠠ ᠲᠠᠯᠪᠢᠭᠴᠢ ᠲᠣᠬᠢᠷᠠᠭᠤᠯᠵᠤ᠂ | ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠳᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠠᠯᠠᠭ᠎ᠠ | ᠲᠣᠬᠢᠷᠠᠭᠤᠯᠵᠤ ᠳᠠᠭᠤᠰᠬᠠᠨ᠎ᠠ᠃ ᠴᠤᠪᠤᠷᠠᠭᠤᠯᠤᠨ ᠰᠢᠯᠵᠢᠭᠦᠯᠬᠦ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ | ︽ᠭᠤᠷᠪᠠᠨ ᠠᠯᠪᠠᠨ︾ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠨ ᠲᠣᠭᠲᠠᠪᠤᠷᠢᠵᠢᠭᠤᠯᠵᠤ᠂ | ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠠᠶᠢᠨ ᠳᠤᠷ᠎ᠠ ᠶᠢᠨ ᠠᠵᠢᠯᠯᠠᠭᠰᠠᠳ ᠤᠨ ᠠᠵᠢᠯᠯᠠᠬᠤ | ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠷᠠᠭᠤᠯᠬᠤ ᠬᠡᠷᠡᠭᠲᠡᠶ᠃ ᠬᠦᠴᠦᠷᠬᠡᠭ ᠣᠷᠣᠨ ᠤ | ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠵᠢᠴᠢ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠪᠠᠶᠢᠭᠤᠯᠤᠮᠵᠢ ᠶᠢᠨ | ᠲᠤᠰᠬᠠᠶ ᠮᠡᠷᠭᠡᠵᠢᠯ ᠤᠨ ᠠᠵᠢᠯᠲᠠᠨ ᠤ ᠡᠩᠨᠡᠭᠡ ᠶᠢ ᠪᠦᠷᠢᠨ ᠭᠦᠢᠴᠡᠳ ᠲᠣᠬᠢᠷᠠᠭᠤᠯᠵᠤ᠂ ᠰᠢᠰᠲ᠋ᠧᠮ ᠤᠨ ᠲᠤᠰᠬᠠᠶ | ᠮᠡᠷᠭᠡᠵᠢᠯ ᠤᠨ ᠪᠣᠯᠪᠠᠰᠤᠷᠠᠭᠤᠯᠤᠯ ᠢ ᠥᠷᠨᠢᠭᠦᠯᠦᠨ᠎ᠡ᠃ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ 2023 ᠣᠨ ᠤ | ᠵᠢᠯ ᠤᠨ ᠡᠴᠦᠰ ᠪᠣᠯᠬᠤ ᠳᠤ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠪᠠᠶᠢᠭᠤᠯᠤᠮᠵᠢ ᠶᠢᠨ ᠲᠤᠰᠬᠠᠶ | ᠮᠡᠷᠭᠡᠵᠢᠯ ᠤᠨ ᠠᠵᠢᠯᠲᠠᠨ ᠤ ᠡᠵᠡᠯᠡᠬᠦ ᠣᠷᠣᠨ ᠲᠤᠭ᠎ᠠ ᠶᠢ ᠣᠷᠣᠨ ᠲᠤᠭ᠎ᠠ ᠶᠢᠨ ᠶᠡᠷᠦᠩᠬᠡᠶ ᠲᠤᠭ᠎ᠠ ᠶᠢᠨ | 85% ᠠᠴᠠ ᠳᠡᠭᠡᠭᠰᠢ ᠳᠤ ᠬᠦᠷᠦᠭᠦᠯᠵᠦ᠂ ᠡᠷᠡᠭᠦᠯ ᠬᠠᠮᠠᠭᠠᠯᠠᠯ ᠤᠨ ᠮᠡᠷᠭᠡᠵᠢᠯ ᠤᠨ ᠠᠵᠢᠯᠲᠠᠨ ᠢ 70% ᠠᠴᠠ | ᠳᠡᠭᠡᠭᠰᠢ ᠳᠤ ᠬᠦᠷᠦᠭᠦᠯᠦᠨ᠎ᠡ︔ 2025 ᠣᠨ ᠪᠣᠯᠬᠤ ᠳᠤ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ | ᠪᠠᠶᠢᠭᠤᠯᠤᠮᠵᠢ ᠶᠢᠨ ᠲᠤᠰᠬᠠᠶ ᠮᠡᠷᠭᠡᠵᠢᠯ ᠤᠨ ᠠᠵᠢᠯᠲᠠᠨ ᠤ ᠡᠵᠡᠯᠡᠬᠦ ᠣᠷᠣᠨ ᠲᠤᠭ᠎ᠠ ᠶᠢ ᠣᠷᠣᠨ ᠲᠤᠭ᠎ᠠ ᠶᠢᠨ | ᠶᠡᠷᠦᠩᠬᠡᠶ ᠲᠤᠭ᠎ᠠ ᠶᠢᠨ 90% ᠠᠴᠠ ᠳᠡᠭᠡᠭᠰᠢ ᠳᠤ ᠬᠦᠷᠦᠭᠦᠯᠵᠦ᠂ ᠡᠷᠡᠭᠦᠯ ᠬᠠᠮᠠᠭᠠᠯᠠᠯ ᠤᠨ ᠮᠡᠷᠭᠡᠵᠢᠯ ᠤᠨ | ᠠᠵᠢᠯᠲᠠᠨ ᠢ 75% ᠠᠴᠠ ᠳᠡᠭᠡᠭᠰᠢ ᠳᠤ ᠬᠦᠷᠦᠭᠦᠯᠦᠨ᠎ᠡ᠃ 2023 ᠣᠨ ᠳᠤ ᠲᠤᠭᠤᠷᠢᠭ ᠤᠨ ᠡᠪᠡᠳᠴᠢᠨ | ᠡᠮᠭᠡᠭ ᠢ ᠰᠡᠷᠭᠡᠶᠢᠯᠡᠨ ᠡᠵᠡᠮᠳᠡᠬᠦ ᠲᠥᠪ ᠲᠤ 5 ᠡᠷᠡᠭᠦᠯ ᠬᠠᠮᠠᠭᠠᠯᠠᠯ ᠤᠨ ᠲᠤᠰᠬᠠᠶ ᠮᠡᠷᠭᠡᠵᠢᠯ ᠤᠨ ᠠᠵᠢᠯᠲᠠᠨ ᠢ | ᠣᠷᠣᠭᠤᠯᠤᠨ ᠠᠪᠴᠢᠷᠠᠬᠤ ᠪᠤᠶᠤ ᠢᠯᠡ ᠪᠠᠷ ᠡᠯᠰᠡᠬᠦ ᠪᠠᠷ ᠲᠥᠯᠥᠪᠯᠡᠵᠦ ᠪᠣᠶ᠃ ︵ᠲᠦᠷᠦᠭᠦᠯᠡᠬᠦ ᠨᠢᠭᠡᠴᠡ᠄ | ᠲᠣᠭᠤᠷᠢᠭ ᠤᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ︔ ᠬᠠᠷᠢᠭᠤᠴᠠᠯᠭᠠᠲᠤ ᠨᠢᠭᠡᠴᠡ᠄ | ᠲᠣᠭᠤᠷᠢᠭ ᠤᠨ ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠠᠯᠪᠠᠨ ᠬᠡᠷ᠂ ᠲᠣᠭᠤᠷᠢᠭ ᠤᠨ ᠡᠳ᠋ ᠤᠨ ᠵᠠᠰᠠᠭ ᠤᠨ | ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠠᠶᠢᠨᠠᠨ ᠤ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ | ᠡᠪᠯᠡᠯ ᠤᠨ ᠬᠤᠷᠢᠶ᠎ᠠ ᠶᠢᠨ ᠭᠡᠰᠢᠭᠦᠨ᠂ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠡᠪᠡᠳᠴᠢᠨ | ᠡᠮᠭᠡᠭ ᠢ ᠰᠡᠷᠭᠡᠶᠢᠯᠡᠨ ᠡᠵᠡᠮᠳᠡᠬᠦ ᠲᠥᠪ︶᠃ | ︵ᠵᠢᠷᠭᠤᠭ᠎ᠠ︶ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ | ᠴᠢᠩᠭᠠᠳᠬᠠᠨ᠎ᠠ | 18᠂ ᠴᠢᠳᠠᠪᠤᠷᠢᠲᠠᠨ ᠤᠷᠢᠵᠤ ᠬᠡᠷᠡᠭᠯᠡᠬᠦ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠦᠨ᠎ᠡ᠃ ᠬᠠᠶᠢᠨᠠᠨ ᠲᠣᠭᠤᠷᠢᠭ ᠤᠨ ᠬᠠᠮᠢᠶ᠎ᠠ ᠪᠦᠬᠦᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠴᠢᠳᠠᠪᠤᠷᠢᠲᠠᠨ ᠤ ᠣᠷᠣᠨ ᠲᠤᠭ᠎ᠠ ᠶᠢᠨ ᠣᠯᠭᠤᠮᠵᠢ ᠶᠢ ᠨᠠᠶᠢᠳᠠᠪᠤᠷᠢᠵᠢᠭᠤᠯᠵᠤ᠂ ᠲᠤᠰᠬᠠᠶ ᠮᠡᠷᠭᠡᠵᠢᠯ ᠤᠨ ᠠᠵᠢᠯᠲᠠᠨ ᠤ | ᠠᠵᠢᠯ ᠠᠴᠠ ᠪᠠᠨ ᠪᠠᠭᠤᠵᠤ ᠠᠮᠠᠷᠠᠭᠰᠠᠨ ᠠᠭᠠᠷ ᠤᠨ ᠣᠷᠣᠨ ᠲᠤᠭ᠎ᠠ ᠶᠢᠨ ᠪᠠᠶᠢᠳᠠᠯ ᠢ ᠦᠨᠳᠦᠰᠦᠯᠡᠨ᠂ ᠡᠯ᠎ᠡ | ᠡᠮᠴᠢᠯᠡᠭᠡᠨ ᠤ ᠪᠠᠶᠢᠭᠤᠯᠤᠮᠵᠢ ᠶᠢᠨ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ︽ᠨᠢᠭᠡ ᠬᠡᠷᠡᠭ ᠢ ᠨᠢᠭᠡ | ᠵᠥᠪᠯᠡᠬᠦ︾ ᠠᠷᠭ᠎ᠠ ᠶᠢ ᠠᠪᠴᠤ ᠪᠠᠴᠢᠮ ᠳᠤᠲᠠᠭᠳᠠᠵᠤ ᠪᠠᠶᠢᠭ᠎ᠠ ᠭᠤᠤᠯᠯᠠᠭᠴᠢ ᠴᠢᠳᠠᠪᠤᠷᠢᠲᠠᠨ ᠢ ᠣᠷᠣᠭᠤᠯᠤᠨ | ᠠᠪᠴᠢᠷᠠᠵᠤ᠂ ᠨᠡᠶᠢᠭᠡᠮ ᠪᠠ ᠠᠨᠠᠭᠠᠬᠤ ᠤᠬᠠᠭᠠᠨ ᠤ ᠳᠡᠭᠡᠳᠦ ᠰᠤᠷᠭᠠᠭᠤᠯᠢ ᠶᠢᠨ ᠲᠣᠰ ᠬᠤᠭᠤᠴᠠᠭᠠᠨ ᠤ | ᠲᠡᠭᠦᠰᠦᠭᠰᠡᠳ ᠲᠤ ᠬᠠᠨᠳᠤᠭᠤᠯᠤᠨ ᠤᠷᠢᠵᠤ ᠡᠯᠰᠡᠬᠦ ᠠᠵᠢᠯ ᠢ ᠥᠷᠨᠢᠭᠦᠯᠵᠦ ᠲᠤᠰᠬᠠᠶ ᠮᠡᠷᠭᠡᠵᠢᠯ ᠤᠨ | ᠴᠢᠳᠠᠪᠤᠷᠢᠲᠠᠨ ᠢ ᠨᠥᠬᠦᠪᠥᠷᠢᠯᠡᠨ᠎ᠡ᠃ ᠦᠨᠳᠦᠰᠦᠨ ᠱᠠᠲᠤᠨ ᠤ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ | ᠴᠢᠳᠠᠪᠤᠷᠢᠲᠠᠨ ᠲᠣᠬᠢᠷᠠᠭᠤᠯᠬᠤ ᠶᠢ ᠴᠢᠬᠤᠯᠠᠴᠢᠯᠠᠨ᠎ᠠ᠃ 2023 ᠣᠨ ᠳᠤ 31 ᠡᠷᠡᠭᠦᠯ ᠬᠠᠮᠠᠭᠠᠯᠠᠯ ᠤᠨ ᠲᠤᠰᠬᠠᠶ | ᠮᠡᠷᠭᠡᠵᠢᠯ ᠤᠨ ᠠᠵᠢᠯᠲᠠᠨ ᠢ ᠣᠷᠣᠭᠤᠯᠤᠨ ᠠᠪᠴᠢᠷᠠᠬᠤ ᠪᠠᠷ ᠲᠥᠯᠥᠪᠯᠡᠵᠦ ᠪᠠᠶᠢᠨ᠎ᠠ︔ 2024 ᠣᠨ ᠠᠴᠠ | 2025 ᠣᠨ ᠪᠣᠯᠲᠠᠯ᠎ᠠ ᠡᠯ᠎ᠡ ᠡᠮᠴᠢᠯᠡᠭᠡᠨ ᠤ ᠪᠠᠶᠢᠭᠤᠯᠤᠮᠵᠢ ᠶᠢᠨ ᠣᠷᠣᠨ ᠲᠤᠭ᠎ᠠ᠂ ᠲᠤᠭ᠎ᠠ ᠶᠣᠰᠣᠭᠠᠷ ᠬᠤᠭᠤᠰᠣᠨ | ᠪᠠᠶᠢᠳᠠᠯ ᠢ ᠦᠨᠳᠦᠰᠦᠯᠡᠨ ᠴᠠᠭ ᠲᠤᠬᠠᠶ ᠳᠤᠨᠢ ᠣᠷᠣᠭᠤᠯᠤᠨ ᠠᠪᠴᠢᠷᠠᠵᠤ ᠨᠥᠬᠦᠪᠥᠷᠢᠯᠡᠨ᠎ᠡ᠃ ︵ᠲᠦᠷᠦᠭᠦᠯᠡᠬᠦ | ᠨᠢᠭᠡᠴᠡ᠄ ᠲᠣᠭᠤᠷᠢᠭ ᠤᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ︔ ᠬᠠᠷᠢᠭᠤᠴᠠᠯᠭᠠᠲᠤ ᠨᠢᠭᠡᠴᠡ᠄ | ᠲᠣᠭᠤᠷᠢᠭ ᠤᠨ ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠠᠯᠪᠠᠨ ᠬᠡᠷ᠂ ᠲᠣᠭᠤᠷᠢᠭ ᠤᠨ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ᠂ ᠡᠯ᠎ᠡ ᠡᠮᠴᠢᠯᠡᠭᠡᠨ ᠤ ᠪᠠᠶᠢᠭᠤᠯᠤᠮᠵᠢ︶᠃ | 1. ᠴᠢᠳᠠᠪᠤᠷᠢᠲᠠᠨ ᠬᠥᠮᠦᠵᠢᠭᠦᠯᠬᠦ ᠠᠵᠢᠯᠯᠠᠭ᠎ᠠ ᠶᠢ ᠬᠡᠷᠡᠭᠵᠢᠭᠦᠯᠬᠦ ᠬᠡᠷᠡᠭᠲᠡᠶ᠃ ᠣᠷᠣᠨ ᠨᠤᠲᠤᠭ ᠤᠨ | ᠡᠮᠴᠢᠯᠡᠭᠡ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠬᠥᠮᠦᠵᠢᠭᠦᠯᠬᠦ ᠠᠵᠢᠯ ᠤᠨ ᠴᠢᠳᠠᠪᠤᠷᠢ ᠶᠢ ᠨᠡᠮᠡᠭᠳᠡᠭᠦᠯᠵᠦ᠂ | ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠷᠠᠭᠤᠯᠤᠨ᠂ ᠵᠢᠯ ᠪᠦᠷᠢ ᠡᠳᠦᠶ ᠲᠡᠳᠦᠶ ᠨᠡᠷᠡᠰ | ᠶᠡᠷᠦᠩᠬᠡᠶᠢᠯᠡᠭᠰᠡᠨ ᠬᠡᠪ ᠴᠢᠨᠠᠷ ᠢᠶᠠᠷ ᠥᠨᠳᠥᠷ᠂ ᠬᠥᠭᠵᠢᠯᠲᠡ ᠶᠢᠨ ᠳᠠᠯᠳᠠ ᠬᠦᠴᠦᠨ ᠢᠶᠠᠷ ᠶᠡᠭᠡ ᠢᠳᠡᠷ ᠵᠠᠯᠠᠭᠤ | ᠡᠮᠴᠢ ᠶᠢ ᠰᠣᠩᠭᠤᠨ ᠲᠣᠮᠢᠯᠠᠵᠤ᠂ ᠣᠨᠣᠯ ᠤᠨ ᠪᠣᠯᠪᠠᠰᠤᠷᠠᠭᠤᠯᠤᠯ ᠪᠣᠯᠤᠨ ᠡᠮᠴᠢᠯᠡᠭᠡᠨ ᠤ ᠳᠠᠪᠲᠠᠨ | ᠪᠣᠯᠪᠠᠰᠤᠷᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠮᠴᠢᠯᠡᠭᠡᠨ ᠤ ᠮᠡᠷᠭᠡᠵᠢᠯ ᠢᠶᠠᠷ ᠨᠠᠷᠢᠨ ᠨᠢᠭᠲᠠ᠂ | ᠡᠮᠴᠢ ᠶᠢᠨ ᠮᠣᠷᠠᠯ ᠡᠷᠬᠢᠮ ᠳᠡᠭᠡᠳᠦ ᠳᠡᠭᠡᠳᠦ ᠳᠡᠰ ᠳᠠᠪᠬᠤᠷᠭ᠎ᠠ ᠶᠢᠨ ᠡᠮᠴᠢᠯᠡᠭᠡᠨ ᠤ ᠮᠡᠷᠭᠡᠵᠢᠯ ᠤᠨ ᠴᠢᠳᠠᠪᠤᠷᠢᠲᠠᠨ | ᠪᠣᠯᠭᠠᠬᠤ ᠬᠡᠷᠡᠭᠲᠡᠶ᠃ ᠡᠷᠳᠡᠮ ᠰᠢᠨᠵᠢᠯᠡᠭᠡᠨ ᠤ ᠳᠠᠭᠠᠭᠤᠯᠤᠭᠴᠢ᠂ ᠲᠤᠬᠠᠶᠢᠯᠠᠭᠰᠠᠨ ᠠᠵᠢᠯ ᠤᠨ ᠣᠷᠦ᠋ᠢᠯᠠᠭᠴᠢ᠂ | ᠮᠡᠷᠭᠡᠵᠢᠯ ᠤᠨ ᠴᠢᠳᠠᠪᠤᠷᠢᠲᠠᠨ ᠢ ᠰᠢᠯᠢᠨ ᠰᠣᠩᠭᠤᠬᠤ᠂ ᠬᠥᠮᠦᠵᠢᠭᠦᠯᠬᠦ ᠪᠠ ᠬᠡᠷᠡᠭᠯᠡᠬᠦ ᠶᠢ ᠴᠢᠬᠤᠯᠠᠴᠢᠯᠠᠨ᠎ᠠ᠃ | ᠠᠬᠠᠮᠠᠳ ᠬᠢᠲᠠᠳ ᠡᠮᠨᠡᠯᠭᠡ ᠶᠢᠨ ᠲᠤᠰᠬᠠᠶ ᠮᠡᠷᠭᠡᠵᠢᠯᠲᠡᠨ ᠪᠠᠭᠰᠢ ᠵᠠᠯᠭᠠᠮᠵᠢᠯᠠᠨ ᠱᠠᠪᠢ ᠳᠠᠭᠠᠭᠤᠯᠬᠤ ᠳᠦᠷᠢᠮ ᠢ | ᠨᠠᠶᠢᠳᠠᠪᠤᠷᠢᠵᠢᠭᠤᠯᠵᠤ᠂ ᠬᠢᠲᠠᠳ ᠮᠣᠩᠭᠤᠯ ᠡᠮᠨᠡᠯᠭᠡ ᠶᠢᠨ ᠴᠢᠳᠠᠪᠤᠷᠢᠲᠠᠨ ᠤ ᠡᠩᠨᠡᠭᠡ ᠶᠢ ᠬᠥᠮᠦᠵᠢᠭᠦᠯᠦᠨ᠎ᠡ᠃ | ᠶᠡᠷᠦᠩᠬᠡᠶ ᠰᠠᠯᠠᠭᠠᠨ ᠤ ᠡᠮᠴᠢ ᠶᠢ ᠪᠣᠯᠪᠠᠰᠤᠷᠠᠭᠤᠯᠬᠤ ᠠᠵᠢᠯ ᠢ ᠶᠡᠬᠡᠪᠡᠷ ᠥᠷᠨᠢᠭᠦᠯᠵᠦ᠂ ᠦᠨᠳᠦᠰᠦᠨ ᠱᠠᠲᠤᠨ ᠤ | ᠡᠮᠴᠢᠯᠡᠭᠡᠨ ᠤ ᠪᠠᠶᠢᠭᠤᠯᠤᠮᠵᠢ ᠳᠤ ᠴᠢᠳᠠᠪᠤᠷᠢᠲᠠᠨ ᠬᠥᠮᠦᠵᠢᠭᠦᠯᠦᠨ ᠬᠦᠷᠭᠡᠬᠦ ᠬᠡᠷᠡᠭᠲᠡᠶ᠃ ︽ᠵᠠᠬᠢᠶᠠᠯᠠᠭ᠎ᠠ | ᠬᠠᠨᠳᠤᠯᠭ᠎ᠠ ᠲᠠᠢ ᠪᠠᠶᠢᠬᠤ︾ ᠠᠷᠭ᠎ᠠ ᠮᠠᠶ᠋ᠢᠭ ᠢ ᠠᠪᠴᠤ᠂ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ | ᠦᠨᠳᠦᠰᠦᠨ ᠱᠠᠲᠤᠨ ᠤ ᠡᠮᠴᠢ ᠶᠢ ᠬᠠᠨᠳᠤᠯᠭ᠎ᠠ ᠲᠠᠢ ᠪᠠᠷ ᠬᠥᠮᠥᠵᠢᠭᠦᠯᠬᠦ ᠠᠵᠢᠯ ᠢ ᠰᠠᠶᠢᠲᠤᠷ ᠬᠢᠵᠦ᠂ ᠠᠨᠠᠭᠠᠬᠤ | ᠤᠬᠠᠭᠠᠨ ᠤ ᠵᠠᠯᠠᠭᠤ ᠲᠡᠭᠦᠰᠦᠭᠰᠡᠳ ᠢ ᠦᠨᠳᠦᠰᠦᠨ ᠱᠠᠲᠤᠨ ᠤ ᠡᠮᠴᠢ ᠶᠢᠨ ᠡᠩᠨᠡᠭᠡ ᠳᠤ ᠣᠷᠤᠭᠤᠯᠤᠨ᠎ᠠ᠃ | ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠵᠢᠯ ᠪᠦᠷᠢ 2 ᠠᠴᠠ ᠳᠡᠭᠡᠭᠰᠢ ᠬᠥᠮᠦᠨ ᠢ ᠰᠣᠩᠭᠤᠨ ᠲᠣᠮᠢᠯᠠᠵᠤ᠂ | ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠠᠴᠠ 12 ᠢ ᠳᠡᠭᠡᠳᠦ ᠱᠠᠲᠤᠨ ᠤ ᠪᠣᠯᠪᠠᠰᠤᠷᠠᠯ ᠪᠠ ᠳᠠᠪᠲᠠᠨ | ᠪᠣᠯᠪᠠᠰᠤᠷᠠᠬᠤ ᠰᠤᠷᠤᠯᠴᠠᠯᠭ᠎ᠠ ᠳᠤ ᠣᠷᠣᠯᠴᠠᠭᠤᠯᠪᠠ᠃ ᠳᠡᠭᠡᠳᠦ ᠱᠠᠲᠤᠨ ᠤ ᠱᠠᠭᠠᠷᠳᠠᠯᠭ᠎ᠠ ᠶᠣᠰᠣᠭᠠᠷ ᠵᠢᠯ ᠪᠦᠷᠢ | ᠪᠠᠶᠠᠨᠲᠣᠬᠤᠶ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠳᠤ 1 - 2 ︽ᠵᠠᠬᠢᠶᠠᠯᠠᠭ᠎ᠠ ᠬᠠᠨᠳᠤᠯᠭ᠎ᠠ ᠲᠠᠢ︾ | ᠠᠨᠠᠭᠠᠬᠤ ᠤᠬᠠᠭᠠᠨ ᠤ ᠰᠤᠷᠤᠭᠴᠢ ᠶᠢ ᠬᠥᠮᠦᠵᠢᠭᠦᠯᠬᠦ ᠶᠢᠨ ᠬᠠᠮᠲᠤ ᠠᠵᠢᠯᠲᠠᠨ ᠤ ᠣᠷᠣᠨ ᠲᠤᠭ᠎ᠠ ᠶᠢ ᠬᠠᠤᠯᠢ | ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠵᠤ᠂ ᠪᠠᠶᠠᠨᠲᠣᠬᠤᠶ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢᠨ | ᠲᠤᠰᠬᠠᠶ ᠮᠡᠷᠭᠡᠵᠢᠯ ᠤᠨ ᠬᠦᠴᠦᠨ ᠢ ᠲᠡᠭᠦᠯᠳᠡᠷᠵᠢᠭᠦᠯᠦᠨ᠎ᠡ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ | ᠶᠠᠪᠤᠭᠤᠯᠤᠭᠰᠠᠨ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ ᠬᠥᠳᠡᠭᠡ ᠲᠣᠰᠬᠤᠨ ᠤ ᠡᠮ | ᠡᠮᠨᠡᠯᠭᠡ ᠡᠷᠡᠭᠦᠯ ᠬᠠᠮᠠᠭᠠᠯᠠᠯ ᠤᠨ ᠰᠢᠰᠲ᠋ᠧᠮᠵᠢ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠲᠤᠬᠠᠶ ᠰᠠᠨᠠᠯ︾ ᠤᠨ | ᠵᠣᠷᠢᠭ ᠰᠠᠨᠠᠭ᠎ᠠ ᠶᠣᠰᠣᠭᠠᠷ᠂ ᠬᠥᠳᠡᠭᠡ ᠲᠣᠰᠬᠤᠨ ᠤ ᠡᠮᠴᠢ ᠶᠢᠨ ᠣᠯᠭᠤᠮᠵᠢ ᠶᠢᠨ ᠪᠠᠲᠤᠯᠠᠭ᠎ᠠ ᠶᠢ ᠨᠢᠭᠡᠳᠦᠯᠲᠡᠶ | ᠲᠥᠯᠥᠪᠯᠡᠨ ᠰᠢᠶ᠋ᠳᠪᠦᠷᠢᠯᠡᠵᠦ᠂ ᠰᠢᠯᠢᠳᠡᠭ ᠠᠮᠵᠢᠯᠲᠠ ᠪᠦᠲᠦᠮᠵᠢ ᠰᠢᠯᠢᠳᠡᠭ ᠬᠥᠯᠥᠰᠥ ᠣᠯᠭᠤᠮᠵᠢ ᠶᠢᠨ | ᠤᠷᠮᠠᠰᠢᠭᠤᠯᠬᠤ ᠳᠦᠷᠢᠮ ᠢ ᠪᠦᠷᠢᠨᠰᠢᠭᠦᠯᠦᠨ᠂ ᠴᠢᠳᠠᠪᠤᠷᠢᠲᠠᠨ ᠬᠡᠷᠡᠭᠯᠡᠬᠦ ᠲᠣᠭᠲᠠᠴᠠ ᠶᠢᠨ ᠰᠢᠨ᠎ᠡ ᠶᠢ ᠡᠭᠦᠳᠴᠦ᠂ | ︽ᠪᠠᠯᠭᠠᠰᠤ ᠠᠴᠠ ᠲᠣᠰᠬᠤᠨ ᠤᠷᠢᠵᠤ ᠬᠡᠷᠡᠭᠯᠡᠬᠦ︾ ᠶᠢ ᠬᠡᠷᠡᠭᠵᠢᠭᠦᠯᠦᠨ᠂ ᠲᠤᠭ᠎ᠠ ᠪᠤᠶᠤ ᠭᠡᠷ᠎ᠡ ᠶᠢᠨ ᠳᠦᠷᠢᠮ ᠢᠶᠠᠷ | ᠲᠤᠰᠬᠠᠶ ᠮᠡᠷᠭᠡᠵᠢᠯ ᠤᠨ ᠠᠵᠢᠯᠲᠠᠨ ᠢ ᠤᠷᠢᠵᠤ ᠬᠥᠳᠡᠭᠡ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢ | ᠲᠡᠭᠦᠯᠳᠡᠷᠵᠢᠭᠦᠯᠦᠨ᠎ᠡ᠃ ︵ᠲᠦᠷᠦᠭᠦᠯᠡᠬᠦ ᠨᠢᠭᠡᠴᠡ᠄ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︔ | ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠠᠯᠪᠠᠨ ᠬᠡᠷ᠂ | ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠯ᠎ᠡ | ᠡᠮᠴᠢᠯᠡᠭᠡᠨ ᠤ ᠪᠠᠶᠢᠭᠤᠯᠤᠮᠵᠢ︶᠃ | ︵ᠳᠤᠯᠤᠭ᠎ᠠ︶ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠦᠷᠢᠶᠡᠨ ᠳᠠᠬᠢ ᠮᠡᠳᠡᠭᠡ ᠵᠠᠩᠭᠢᠵᠢᠯᠲᠠ ᠶᠢᠨ | ᠪᠠᠶᠢᠭᠤᠯᠤᠯᠲᠠ ᠶᠢ ᠨᠠᠶᠢᠳᠠᠪᠤᠷᠢᠵᠢᠭᠤᠯᠤᠨ᠎ᠠ | 20 ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠮᠡᠳᠡᠭᠡ ᠵᠠᠩᠭᠢᠵᠢᠯᠲᠠ ᠶᠢᠨ ᠡᠬᠢ ᠪᠠᠶᠠᠯᠢᠭ ᠢ ᠬᠠᠮᠲᠤᠪᠠᠷ | ᠡᠳ᠋ᠯᠡᠬᠦ ᠲᠣᠭᠲᠠᠴᠠ ᠶᠢ ᠨᠠᠶᠢᠳᠠᠪᠤᠷᠢᠵᠢᠭᠤᠯᠤᠨ᠎ᠠ᠃ ᠡᠯ᠎ᠡ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠳᠠᠬᠢᠵᠤ ᠪᠠᠶᠢᠭᠤᠯᠵᠤ ᠪᠣᠯᠬᠤ ᠥᠬᠡᠶ᠂ ᠵᠥᠭᠡᠯᠡᠨ ᠬᠡᠷᠡᠭᠰᠡᠯ ᠤᠨ ᠰᠢᠰᠲ᠋ᠧᠮ ᠵᠡᠷᠭᠡ ᠪᠡᠯᠡᠳᠬᠡᠮᠵᠢ | ᠬᠤᠳᠠᠯᠳᠤᠨ ᠠᠪᠬᠤ ᠶᠢ ᠳᠠᠪᠬᠤᠷᠳᠠᠭᠤᠯᠤᠨ ᠥᠷᠨᠢᠭᠦᠯᠵᠦ᠂ ᠣᠲᠣ ᠶᠢᠨ ᠪᠠᠶᠢᠭ᠎ᠠ ᠡᠬᠢ ᠪᠠᠶᠠᠯᠢᠭ ᠢ ᠡᠮᠬᠢᠯᠡᠨ | ᠨᠡᠶᠢᠯᠡᠭᠦᠯᠵᠦ᠂ ᠪᠥᠬᠦ ᠬᠤᠲᠠ ᠶᠢᠨ ᠡᠮᠴᠢᠯᠡᠭᠡ ᠡᠷᠡᠭᠦᠯ ᠮᠡᠨᠳᠦ ᠶᠢ ᠨᠢᠭᠡ ᠴᠤᠭᠴᠠᠵᠢᠭᠤᠯᠤᠭᠰᠠᠨ ᠡᠭᠦᠯᠡᠨ | ᠲᠠᠪᠴᠠᠩ ᠤᠨ ᠪᠥᠲᠥᠭᠡᠨ ᠪᠠᠶᠢᠭᠤᠯᠤᠯᠲᠠ ᠲᠠᠢ ᠬᠠᠮᠵᠢᠯᠴᠠᠨ᠂ ᠪᠠᠷᠢᠮᠵᠢᠶᠠᠵᠢᠭᠤᠯᠤᠭᠰᠠᠨ᠂ ᠮᠡᠳᠡᠭᠡ | ᠵᠠᠩᠭᠢᠵᠢᠭᠤᠯᠤᠭᠰᠠᠨ᠂ ᠬᠠᠮᠵᠢᠯᠴᠠᠭᠰᠠᠨ᠂ ᠬᠡᠰᠡᠭᠵᠢᠭᠰᠡᠨ ᠡᠮᠴᠢᠯᠡᠭᠡ ᠡᠷᠡᠭᠦᠯ ᠬᠠᠮᠠᠭᠠᠯᠠᠯ ᠤᠨ ᠮᠡᠳᠡᠭᠡ ᠵᠠᠩᠭᠢ ᠶᠢᠨ | ᠬᠠᠮᠢᠶᠠᠷᠤᠯᠲᠠ ᠶᠢ ᠪᠡᠶᠡᠯᠡᠭᠦᠯᠦᠨ᠎ᠡ᠃ ᠡᠮᠴᠢᠯᠡᠭᠡᠨ ᠤ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ | ᠡᠮᠴᠢᠯᠡᠭᠡᠨ ᠤ ᠦᠢᠯᠡᠴᠢᠯᠡᠭᠡᠨ ᠤ ᠪᠥᠬᠦ ᠶᠠᠪᠤᠴᠠ ᠶᠢ ᠰᠢᠯᠢᠳᠡᠭᠵᠢᠭᠦᠯᠦᠨ᠂ ᠠᠷᠠᠳ ᠣᠯᠠᠨ ᠤ ᠠᠩᠬᠠᠷᠴᠤ ᠪᠠᠶᠢᠭ᠎ᠠ | ᠬᠦᠴᠢᠷᠳᠡᠯ ᠪᠠ ᠲᠥᠪᠯᠡᠷᠡᠯ ᠤᠨ ᠴᠡᠭ ᠲᠤ ᠠᠩᠬᠠᠷᠤᠯ ᠢᠶᠠᠨ ᠲᠥᠪᠯᠡᠷᠡᠭᠦᠯᠵᠦ᠂ ᠡᠪᠡᠳᠴᠢᠲᠡᠨ ᠤ ᠬᠡᠷᠡᠭᠴᠡᠭᠡ | ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠰᠢᠰᠲ᠋ᠧᠮ ᠤᠨ ᠰᠢᠨ᠎ᠡ ᠶᠢ ᠡᠭᠦᠳᠬᠦ᠂ ᠵᠠᠭᠪᠤᠷ ᠤᠨ | ᠰᠢᠨ᠎ᠡ ᠶᠢ ᠡᠭᠦᠳᠬᠦ᠂ ᠬᠠᠮᠢᠶᠠᠷᠤᠯᠲᠠ ᠶᠢᠨ ᠰᠢᠨ᠎ᠡ ᠶᠢ ᠡᠭᠦᠳᠬᠦ ᠶᠢ ᠴᠢᠩᠭᠠᠳᠬᠠᠨ᠎ᠠ᠃ ︵ᠲᠦᠷᠦᠭᠦᠯᠡᠬᠦ ᠰᠠᠯᠠᠭ᠎ᠠ | ᠮᠥᠴᠢᠷ᠄ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︔ ᠬᠠᠷᠢᠭᠤᠴᠠᠯᠭᠠᠲᠤ ᠨᠢᠭᠡᠴᠡ᠄ | ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠮᠡᠳᠡᠭᠡ ᠵᠠᠩᠭᠢ ᠪᠠ | ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠡᠮᠴᠢᠯᠡᠭᠡᠨ ᠤ | ᠳᠠᠭᠠᠳᠬᠠᠯ ᠤᠨ ᠲᠣᠪᠴᠢᠶ᠎ᠠ᠂ ᠡᠯ᠎ᠡ ᠡᠮᠴᠢᠯᠡᠭᠡᠨ ᠤ ᠪᠠᠶᠢᠭᠤᠯᠤᠮᠵᠢ︶᠃ | 21᠂ ᠣᠶᠤᠨᠴᠢ ᠡᠮᠨᠡᠯᠭᠡ ᠶᠢᠨ ᠬᠤᠷᠢᠶᠠᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠪᠥᠬᠦ | ᠬᠤᠲᠠ ᠶᠢᠨ ᠡᠮᠴᠢᠯᠡᠭᠡ ᠡᠷᠡᠭᠦᠯ ᠮᠡᠨᠳᠦ ᠶᠢ ᠨᠢᠭᠡ ᠴᠣᠭᠴᠠᠵᠢᠭᠤᠯᠤᠭᠰᠠᠨ ᠲᠠᠪᠴᠠᠩ ᠢᠶᠠᠷ ᠰᠠᠭᠤᠷᠢ ᠪᠣᠯᠭᠠᠵᠤ᠂ | ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠡᠷᠡᠭᠴᠡᠭᠡ ᠱᠠᠭᠠᠷᠳᠠᠯᠭ᠎ᠠ ᠪᠠᠷ ᠭᠤᠣᠯ ᠪᠣᠯᠭᠠᠭᠰᠠᠨ ᠡᠮᠴᠢᠯᠡᠭᠡᠨ ᠤ | ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢ ᠠᠬᠢᠭᠤᠯᠵᠤ᠂ ᠡᠮᠴᠢᠯᠡᠭᠡᠨ ᠤ ᠡᠬᠢ ᠪᠠᠶᠠᠯᠢᠭ ᠢ ᠰᠦᠯᠵᠢᠶᠡᠨ | ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠣᠷᠭᠠᠨᠢᠭ ᠢᠶᠠᠷ ᠤᠶᠠᠯᠳᠤᠭᠤᠯᠬᠤ᠂ ᠭᠦᠨᠵᠡᠭᠡᠶ ᠠᠭᠤᠰᠤᠯᠴᠠᠭᠤᠯᠬᠤ ᠶᠢ | ᠪᠡᠶᠡᠯᠡᠭᠦᠯᠵᠦ᠂ ᠰᠦᠯᠵᠢᠶᠡᠨ ᠳᠡᠭᠡᠷ᠎ᠡ ᠪᠣᠯᠵᠣᠬᠤ᠂ ᠬᠤᠪᠢ ᠬᠥᠮᠦᠨ ᠤ ᠣᠨᠣᠰᠢᠯᠠᠨ ᠡᠮᠨᠡᠭᠰᠡᠨ ᠲᠡᠮᠳᠡᠭᠯᠡᠯ᠂ ᠡᠷᠡᠭᠦᠯ | ᠮᠡᠨᠳᠦ ᠶᠢᠨ ᠲᠠᠩᠰᠠ ᠡᠪᠬᠡᠮᠡᠯ ᠢ ᠰᠦᠯᠵᠢᠶᠡᠨ ᠳᠡᠭᠡᠷ᠎ᠡ ᠪᠠᠶᠢᠴᠠᠭᠠᠨ ᠯᠠᠪᠯᠠᠬᠤ ᠵᠡᠷᠭᠡ ᠴᠢᠳᠠᠮᠵᠢ ᠶᠢ ᠪᠡᠶᠡᠯᠡᠭᠦᠯᠵᠦ᠂ | ᠡᠪᠡᠳᠴᠢᠨ ᠦᠵᠡᠭᠦᠯᠬᠦ ᠠᠴᠠ ᠡᠮᠦᠨ᠎ᠡ᠂ ᠡᠪᠡᠳᠴᠢᠨ ᠦᠵᠡᠭᠦᠯᠬᠦ ᠳᠤᠮᠳᠠ᠂ ᠡᠮᠨᠡᠭᠦᠯᠦᠭᠰᠡᠨ ᠤ ᠳᠠᠷᠠᠭᠠᠬᠢ | ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠨᠢᠭᠡ ᠴᠣᠭᠴᠠᠵᠢᠭᠤᠯᠤᠭᠰᠠᠨ ᠡᠮᠴᠢᠯᠡᠭᠡᠨ ᠤ ᠦᠢᠯᠡᠴᠢᠯᠡᠭᠡᠨ ᠤ | ᠵᠠᠭᠪᠤᠷ ᠢ ᠪᠠᠶᠢᠭᠤᠯᠵᠤ᠂ ᠠᠯᠤᠰ ᠡᠵᠡᠮᠰᠢᠯᠲᠦ ᠡᠮᠴᠢᠯᠡᠭᠡ ᠪᠠ ᠢᠨᠲ᠋ᠧᠷ ᠰᠦᠯᠵᠢᠶ᠎ᠡ ᠪᠠᠷ ᠣᠨᠣᠰᠢᠯᠠᠨ ᠡᠮᠨᠡᠬᠦ | ᠦᠢᠯᠡᠴᠢᠯᠡᠭᠡ ᠶᠢ ᠶᠡᠬᠡᠪᠡᠷ ᠬᠥᠭᠵᠢᠭᠦᠯᠦᠨ᠎ᠡ᠃ ︵ᠲᠦᠷᠦᠭᠦᠯᠡᠬᠦ ᠰᠠᠯᠠᠭ᠎ᠠ ᠮᠥᠴᠢᠷ᠄ ᠲᠣᠭᠤᠷᠢᠭ ᠤᠨ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︔ ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠡᠮᠴᠢᠯᠡᠭᠡᠨ ᠤ | ᠳᠠᠭᠠᠳᠬᠠᠯ ᠤᠨ ᠲᠣᠪᠴᠢᠶ᠎ᠠ᠂ ᠡᠯ᠎ᠡ ᠡᠮᠴᠢᠯᠡᠭᠡᠨ ᠤ ᠪᠠᠶᠢᠭᠤᠯᠤᠮᠵᠢ︶᠃ | ︵ᠨᠠᠢᠮᠠ︶ ᠡᠷᠡᠭᠦᠯ ᠡᠩᠬᠡ ᠬᠠᠶᠢᠨᠠᠨ ᠤ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ | ᠡᠷᠡᠭᠦᠯ ᠡᠩᠬᠡ ᠬᠠᠢᠨᠠᠨ ᠤ ᠠᠵᠢᠯᠯᠠᠭ᠎ᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ᠵᠠᠭᠤᠴᠢᠯᠠᠭᠤᠷ ᠤᠨ | ᠡᠷᠡᠭᠦᠯ ᠡᠩᠬᠡ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢ ᠭᠦᠢᠴᠡᠳ ᠠᠰᠢᠭᠯᠠᠨ᠂ ᠪᠦᠬᠦ | ᠠᠷᠠᠳ ᠤᠨ ᠡᠷᠡᠭᠦᠯ ᠡᠩᠬᠡ ᠶᠢᠨ ᠦᠵᠡᠯᠲᠡ ᠶᠢᠨ ᠬᠤᠪᠢᠷᠠᠯᠲᠠ ᠶᠢ ᠠᠬᠢᠭᠤᠯᠤᠨ᠎ᠠ᠃ ᠡᠷᠡᠭᠦᠯ ᠡᠩᠬᠡ ᠬᠠᠢᠨᠠᠨ ᠤ 17 | ᠲᠥᠷᠥᠯ ᠤᠨ ᠲᠤᠰᠭᠠᠢ ᠠᠵᠢᠯᠯᠠᠭ᠎ᠠ ᠶᠢ ᠦᠷᠭᠦᠯᠵᠢᠯᠡᠨ ᠠᠬᠢᠭᠤᠯᠤᠨ᠎ᠠ᠃ ᠡᠮᠴᠢᠯᠡᠭᠡ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠠᠤᠯᠢ ᠪᠤᠰᠤ ᠪᠠᠷ ᠡᠮᠴᠢᠯᠡᠬᠦ᠂ | ᠬᠠᠭᠤᠷᠮᠠᠭ ᠮᠠᠭᠤ ᠡᠮ ᠤᠨ ᠵᠦᠢᠯ ᠢ ᠪᠣᠷᠣᠯᠠᠭᠤᠯᠬᠤ᠂ ᠡᠷᠡᠭᠦᠯᠵᠢᠯ ᠤᠨ ᠡᠳ᠋ ᠵᠡᠷᠭᠡ ᠦᠢᠯᠡ ᠠᠵᠢᠯᠯᠠᠭ᠎ᠠ ᠳᠤ ᠡᠷᠡᠰ | ᠴᠣᠬᠢᠯᠲᠠ ᠥᠭᠭᠦᠨ᠎ᠡ᠃ ᠤᠶᠤᠨ ᠤ ᠡᠷᠡᠭᠦᠯ ᠬᠠᠮᠠᠭᠠᠯᠠᠯ ᠪᠠ ᠰᠡᠳᠬᠢᠴᠡ ᠶᠢᠨ ᠡᠷᠡᠭᠦᠯ ᠮᠡᠨᠳᠦ ᠶᠢᠨ ᠦᠢᠯᠡᠴᠢᠯᠡᠭᠡ ᠶᠢ | ᠴᠢᠩᠭᠠᠳᠬᠠᠨ᠎ᠠ᠃ ᠥᠮᠡᠨ ᠡᠪᠡᠳᠴᠢᠨ ᠠᠷᠪᠢᠨ ᠡᠭᠦᠰᠬᠦ ᠰᠢᠭᠰᠢᠨ ᠪᠠᠢᠴᠠᠭᠠᠬᠤ ᠬᠦᠷᠢᠶ᠎ᠡ ᠬᠡᠪᠴᠢᠶ᠎ᠡ ᠶᠢ ᠥᠷᠭᠡᠳᠭᠡᠨ᠎ᠡ᠃ | ᠠᠷᠠᠳ ᠢᠷᠭᠡᠳ ᠤᠨ ᠱᠢᠮ᠎ᠡ ᠲᠡᠵᠢᠭᠡᠯ ᠤᠨ ᠲᠥᠯᠥᠪᠯᠡᠭᠡ ᠪᠣᠯᠤᠨ ᠬᠤᠭᠤᠯᠠ ᠤᠮᠳᠠᠨ ᠤ ᠵᠣᠬᠢᠰᠲᠠᠢ ᠠᠵᠢᠯᠯᠠᠭ᠎ᠠ ᠶᠢ | ᠠᠬᠢᠭᠤᠯᠬᠤ ᠬᠡᠷᠡᠭᠲᠡᠢ᠃ ᠬᠡᠦᠬᠡᠳ ᠵᠠᠯᠠᠭᠤᠴᠤᠳ ᠪᠠᠭᠠᠴᠤᠳ ᠤᠨ ᠣᠶᠢᠷ᠎ᠠ ᠬᠠᠷᠠᠭ᠎ᠠ ᠶᠢ ᠰᠡᠷᠭᠡᠶᠢᠯᠡᠨ ᠡᠵᠡᠮᠳᠡᠬᠦ ᠪᠠ | ᠬᠡᠲᠦ ᠬᠦᠨᠳᠦ ᠪᠦᠭᠡᠳ ᠲᠠᠷᠭᠤᠨ ᠰᠡᠷᠭᠡᠶᠢᠯᠡᠨ ᠡᠵᠡᠮᠳᠡᠬᠦ ᠶᠢ ᠠᠬᠢᠭᠤᠯᠤᠨ᠎ᠠ᠃ ᠠᠶᠢᠽ ᠡᠪᠡᠳᠴᠢᠨ᠂ ᠣᠷᠣᠨ | ᠨᠤᠲᠤᠭ ᠤᠨ ᠡᠪᠡᠳᠴᠢᠨ᠂ ᠠᠵᠢᠯ ᠤᠨ ᠨᠥᠯᠥᠭᠡᠨ ᠤ ᠡᠪᠡᠳᠴᠢᠨ ᠵᠡᠷᠭᠡ ᠬᠦᠨᠳᠦ ᠶᠡᠭᠡ ᠡᠪᠡᠳᠴᠢᠨ ᠡᠮᠭᠡᠭ ᠢ | ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠢᠣᠳ᠋ ᠳᠤᠲᠠᠭᠳᠠᠬᠤ ᠡᠪᠡᠳᠴᠢᠨ ᠢ ᠠᠷᠢᠯᠭᠠᠬᠤ ᠪᠠᠶᠢᠳᠠᠯ ᠢ ᠪᠠᠲᠤᠯᠠᠨ᠎ᠠ︔ | 2023 ᠣᠨ ᠳᠤ ᠬᠠᠶᠢᠨᠠᠨ ᠲᠣᠭᠤᠷᠢᠭ ᠤᠨ ᠠᠭᠤᠰᠬᠢᠨ ᠲᠣᠭᠤᠰᠣᠲᠤ ᠡᠪᠡᠳᠴᠢᠨ ᠢ ᠡᠷᠡᠭᠦᠯᠵᠢᠭᠦᠯᠬᠦ | ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ᠃ ᠨᠠᠰᠤᠲᠠᠶᠢᠴᠤᠳ ᠤᠨ ᠡᠷᠡᠭᠦᠯ ᠮᠡᠨᠳᠦ ᠶᠢᠨ | ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠵᠤ᠂ ᠡᠮᠴᠢᠯᠡᠭᠡ ᠨᠠᠰᠤᠵᠢᠯ ᠢ ᠤᠶᠠᠯᠳᠤᠭᠤᠯᠬᠤ | ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠦᠨ᠎ᠡ᠃ ᠬᠡᠤᠬᠡᠳ ᠰᠠᠭᠠᠲᠠᠭᠤᠯᠬᠤ ᠪᠠᠶᠢᠭᠤᠯᠤᠮᠵᠢ ᠶᠢᠨ | ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ 0 - 3 ᠨᠠᠰᠤᠨ ᠤ ᠨᠢᠷᠠᠶ ᠨᠢᠯᠬ᠎ᠠ ᠬᠡᠤᠬᠡᠳ ᠤᠨ ᠬᠡᠤᠬᠡᠳ | ᠰᠠᠭᠠᠲᠠᠭᠤᠯᠬᠤ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ᠤᠯᠤᠰ ᠢᠶᠠᠨ ᠬᠠᠶᠢᠷᠠᠯᠠᠬᠤ ᠡᠷᠡᠭᠦᠯ | ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠢ ᠥᠷᠨᠢᠭᠦᠯᠵᠦ᠂ ᠬᠤᠳᠠ ᠬᠥᠳᠡᠭᠡ ᠶᠢᠨ ᠣᠷᠴᠢᠨ ᠲᠣᠭᠤᠷᠢᠨ ᠤ ᠡᠷᠡᠭᠦᠯ | ᠬᠠᠮᠠᠭᠠᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠴᠢᠩᠭᠠᠳᠬᠠᠵᠤ᠂ ᠤᠯᠤᠰ ᠤᠨ ᠡᠷᠡᠭᠦᠯ ᠬᠠᠮᠠᠭᠠᠯᠠᠯ ᠤᠨ | ᠬᠤᠳᠠ ᠶᠢ ᠦᠷᠭᠦᠯᠵᠢᠯᠡᠨ ᠪᠠᠬᠢᠵᠢᠭᠦᠯᠵᠦ᠂ ᠲᠠᠬᠢᠨ ᠬᠢᠨᠠᠬᠤ ᠶᠢ ᠤᠭᠲᠤᠬᠤ ᠡᠯ᠎ᠡ ᠵᠦᠢᠯ ᠤᠨ ᠪᠡᠯᠡᠳᠬᠡᠯ ᠠᠵᠢᠯ ᠢ | ᠰᠠᠶᠢᠲᠤᠷ ᠬᠢᠬᠦ ᠬᠡᠷᠡᠭᠲᠡᠢ᠃ ᠡᠷᠡᠭᠦᠯ ᠠᠳᠦ ᠶᠢᠨ ᠲᠣᠭᠤᠷᠢᠭ᠂ ᠡᠷᠡᠭᠦᠯ ᠠᠳᠦ ᠶᠢᠨ ᠪᠠᠯᠭᠠᠰᠤ ᠪᠣᠯᠤᠨ ᠡᠷᠡᠭᠦᠯ | ᠠᠳᠦ ᠶᠢᠨ ᠡᠰ ᠤᠨ ᠪᠠᠢᠭᠤᠯᠤᠯᠲᠠ ᠶᠢ ᠲᠦᠯᠬᠢᠨ ᠠᠬᠢᠭᠤᠯᠵᠤ᠂ ᠲᠣᠰᠭᠤᠨ ᠤ ᠠᠷᠠᠳ ᠤᠨ ᠵᠥᠪᠯᠡᠯ ᠤᠨ ᠣᠯᠠᠨ | ᠨᠡᠢᠲᠡ ᠶᠢᠨ ᠡᠷᠡᠭᠦᠯ ᠠᠳᠦ ᠶᠢᠨ ᠵᠥᠪᠯᠡᠯ ᠤᠨ ᠪᠠᠢᠭᠤᠯᠤᠯᠲᠠ ᠶᠢ ᠲᠦᠯᠬᠢᠨ ᠠᠬᠢᠭᠤᠯᠤᠨ᠎ᠠ᠃ ︵ᠲᠦᠷᠦᠭᠦᠯᠡᠬᠦ | ᠨᠢᠭᠡᠴᠡ᠄ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︔ ᠬᠠᠷᠢᠭᠤᠴᠠᠯᠭᠠᠲᠤ ᠨᠢᠭᠡᠴᠡ᠄ | ᠲᠣᠭᠤᠷᠢᠭ ᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠵᠥᠪᠯᠡᠯ ᠤᠨ ᠡᠯ᠎ᠡ ᠪᠦᠷᠢᠯᠳᠦᠬᠦᠨ ᠨᠢᠭᠡᠴᠡ︶ | ︵ᠶᠢᠰᠦ︶ ᠨᠠᠮ ᠤᠨ ᠪᠠᠶᠢᠭᠤᠯᠤᠯᠲᠠ ᠪᠠᠷ ᠬᠦᠲᠦᠯᠦᠨ ᠳᠠᠭᠠᠭᠤᠯᠬᠤ ᠶᠢ ᠴᠢᠩᠭᠠᠳᠬᠠᠵᠤ᠂ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠰᠣᠶᠣᠯ ᠢ ᠪᠠᠶᠢᠭᠤᠯᠬᠤ | ᠬᠡᠷᠡᠭᠲᠡᠢ | 23᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠳᠠᠬᠢ ᠨᠠᠮ ᠤᠨ ᠤᠳᠤᠷᠢᠳᠤᠯᠭ᠎ᠠ ᠶᠢ | ᠴᠢᠩᠭᠠᠳᠬᠠᠨ᠎ᠠ᠃ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠳᠣᠤᠷᠠᠬᠢ ᠬᠤᠷᠢᠶᠠᠨ ᠳᠠᠷᠤᠭ᠎ᠠ ᠶᠢᠨ | ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠬᠤᠷᠠᠯ ᠪᠠ | ᠬᠤᠷᠢᠶᠠᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠤᠨ ᠬᠡᠷᠡᠭ ᠵᠥᠪᠯᠡᠬᠦ ᠲᠦᠷᠢᠮ ᠢ ᠲᠡᠭᠦᠯᠳᠡᠷᠵᠢᠭᠦᠯᠦᠨ᠎ᠡ᠃ | ᠨᠠᠮ ᠤᠨ ᠤᠳᠤᠷᠢᠳᠤᠯᠭ᠎ᠠ ᠶᠢ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢᠨ ᠡᠯ᠎ᠡ ᠭᠤᠭᠴᠤᠭ᠎ᠠ ᠳᠤ | ᠠᠭᠤᠰᠤᠯᠴᠠᠭᠤᠯᠵᠤ᠂ ᠨᠠᠮ ᠤᠨ ᠪᠠᠶᠢᠭᠤᠯᠤᠯᠲᠠ ᠶᠢᠨ ᠬᠦᠳᠦᠯᠦᠨ ᠳᠠᠭᠠᠭᠤᠯᠬᠤ ᠦᠢᠯᠡᠳᠦᠯ ᠢ ᠴᠢᠩᠭᠠᠳᠬᠠᠵᠤ᠂ | ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢᠨ ᠪᠠᠶᠢᠭᠤᠯᠤᠮᠵᠢ ᠶᠢ ᠲᠡᠭᠦᠯᠳᠡᠷᠵᠢᠭᠦᠯᠵᠦ᠂ ᠦᠨᠳᠦᠰᠦᠨ ᠱᠠᠲᠤᠨ ᠤ | ᠤᠯᠠᠨ ᠲᠦᠮᠡᠨ ᠢ ᠰᠠᠶᠢᠲᠤᠷ ᠵᠣᠬᠢᠶᠠᠨ ᠪᠠᠶᠢᠭᠤᠯᠬᠤ ᠪᠠ ᠲᠡᠭᠦᠨ ᠳᠤ ᠰᠠᠶᠢᠲᠤᠷ ᠦᠢᠯᠡᠴᠢᠯᠡᠵᠦ᠂ ᠦᠨᠳᠦᠰᠦᠨ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠵᠢᠷᠤᠮᠵᠢᠭᠰᠠᠨ ᠪᠠᠶᠢᠭᠤᠯᠤᠯᠲᠠ ᠶᠢ ᠦᠷᠭᠦᠯᠵᠢᠯᠡᠨ ᠥᠷᠨᠢᠭᠦᠯᠵᠦ᠂ | ᠦᠵᠡᠯ ᠰᠠᠨᠠᠭᠠᠨ ᠤ ᠬᠥᠮᠦᠵᠢᠯ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ᠂ ᠲᠦᠷᠢᠮ ᠤᠨ ᠪᠠᠶᠢᠭᠤᠯᠤᠯᠲᠠ᠂ | ᠦᠷ᠎ᠡ ᠪᠦᠲᠦᠮᠵᠢ ᠶᠢᠨ ᠰᠤᠷᠲᠠᠯ ᠤᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠵᠤ᠂ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ | ︵ᠲᠦᠷᠦᠭᠦᠯᠡᠬᠦ ᠨᠢᠭᠡᠴᠡ᠄ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︔ ᠬᠠᠷᠢᠭᠤᠴᠠᠯᠭᠠᠲᠤ | ᠨᠢᠭᠡᠴᠡ᠄ ᠡᠯ᠎ᠡ ᠡᠮᠴᠢᠯᠡᠭᠡᠨ ᠤ ᠪᠠᠶᠢᠭᠤᠯᠤᠮᠵᠢ︶ | 24. ᠡᠮᠴᠢ ᠶᠢᠨ ᠮᠣᠷᠠᠯ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ᠃ ︽ᠡᠮᠴᠢᠯᠡᠭᠡᠨ ᠤ | ᠪᠠᠶᠢᠭᠤᠯᠤᠮᠵᠢ ᠶᠢᠨ ᠠᠵᠢᠯᠲᠠᠨ ᠤ ᠠᠷᠢᠭᠤᠨ ᠴᠢᠬᠡᠴᠢ ᠪᠠᠷ ᠠᠵᠢᠯᠯᠠᠬᠤ ᠶᠢᠰᠦᠨ ᠵᠦᠢᠯ ᠤᠨ ᠪᠠᠷᠢᠮᠵᠢᠶ᠎ᠠ︾ | ︵ᠤᠯᠤᠰ ᠤᠨ ᠡᠷᠡᠭᠦᠯ ᠬᠠᠮᠠᠭᠠᠯᠠᠯ ᠡᠮᠨᠡᠯᠭᠡ ᠲᠠᠷᠬᠠᠭᠠᠭᠰᠠᠨ ︹2021︺ 37 ᠳ᠋ᠤᠭᠠᠷ ᠲᠣᠭᠠᠲᠤ︶ ᠵᠡᠷᠭᠡ | ᠲᠣᠭᠲᠠᠭᠠᠯ ᠢ ᠨᠠᠶᠢᠳᠠᠪᠤᠷᠢᠵᠢᠭᠤᠯᠵᠤ᠂ ᠠᠷᠢᠭᠤᠨ ᠴᠢᠬᠡᠴᠢ ᠪᠠᠷ ᠡᠮᠴᠢᠯᠡᠬᠦ ᠰᠡᠷᠭᠡᠶᠢᠯᠡᠯᠲᠡ ᠶᠢᠨ ᠱᠤᠭᠤᠮ ᠢ ᠪᠠᠲᠤ | ᠪᠠᠬᠢ ᠪᠠᠶᠢᠭᠤᠯᠵᠤ᠂ ᠡᠪᠡᠳᠴᠢᠲᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠨ᠂ ᠤᠯᠠᠮᠵᠢᠯᠠᠯᠲᠤ ᠰᠢᠯᠢᠳᠡᠭ ᠰᠣᠶᠣᠯ ᠢ | ᠠᠭᠤᠳᠠᠯᠵᠤ᠂ ︽ᠶᠡᠭᠡ ᠬᠠᠶᠢᠷ᠎ᠠ ᠪᠠᠷ ᠶᠡᠭᠡ ᠡᠮᠴᠢᠯᠡᠭᠡ ᠶᠢ ᠪᠦᠲᠦᠭᠡᠬᠦ︾ ᠡᠮᠴᠢ ᠨᠠᠷ ᠤᠨ ᠡᠨᠡᠷᠢᠩᠭᠦᠶ ᠰᠡᠳᠬᠢᠯ ᠢ | ᠤᠯᠠᠮᠵᠢᠯᠠᠨ ᠵᠠᠯᠭᠠᠮᠵᠢᠯᠠᠵᠤ᠂ ᠡᠮᠨᠡᠯᠭᠡ ᠶᠢᠨ ᠠᠵᠢᠯᠲᠠᠨ ᠤ ᠨᠢᠭᠲᠠᠷᠠᠯ ᠤᠨ ᠬᠦᠴᠦᠨ ᠢ ᠴᠢᠩᠭᠠᠷᠠᠭᠤᠯᠤᠨ᠂ | ᠡᠮᠴᠢᠯᠡᠭᠡᠨ ᠤ ᠪᠠᠶᠢᠭᠤᠯᠤᠮᠵᠢ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ︽ᠠᠷᠭ᠎ᠠ ᠪᠣᠳᠣᠯᠭ᠎ᠠ ᠶᠢ ᠠᠷᠠᠳ ᠠᠴᠠ ᠠᠰᠠᠭᠤᠬᠤ︾ ᠲᠤᠰᠬᠠᠶ | ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠨᠡᠶᠢᠭᠡᠮ ᠤᠨ ᠡᠯ᠎ᠡ ᠡᠲᠡᠭᠡᠳ ᠤᠨ ᠬᠢᠨᠠᠯᠲᠠ ᠶᠢ ᠬᠦᠯᠢᠶᠡᠨ᠎ᠡ᠃ | ︽ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠶᠢ ᠭᠦᠨᠵᠡᠭᠡᠶᠢᠷᠡᠭᠦᠯᠵᠦ᠂ ᠤᠯᠤᠰ ᠲᠥᠷᠥ ᠶᠢᠨ ᠠᠮᠢ ᠠᠬᠤᠶ ᠶᠢ | ᠴᠡᠪᠡᠷᠰᠢᠭᠦᠯᠬᠦ︾ ᠲᠤᠰᠬᠠᠶ ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠵᠦ᠂ ᠪᠥᠬᠦ ᠣᠷᠣᠨ ᠤ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠰᠢᠰᠲ᠋ᠧᠮ ᠳᠤ ᠰᠤᠷᠲᠠᠯ ᠴᠢᠬᠡᠴᠢ ᠣᠪᠣᠷ ᠲᠥᠪ ᠡᠷᠡᠭᠦᠯ ᠰᠠᠷᠠᠭᠤᠯ ᠤᠯᠤᠰ ᠲᠥᠷᠥ ᠶᠢᠨ ᠠᠮᠢ | ᠠᠬᠤᠶ ᠶᠢ ᠪᠣᠶ ᠪᠣᠯᠭᠠᠨ᠎ᠠ᠃ ︵ᠲᠦᠷᠦᠭᠦᠯᠡᠬᠦ ᠨᠢᠭᠡᠴᠡ᠄ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ︔ ᠬᠠᠷᠢᠭᠤᠴᠠᠯᠭᠠᠲᠤ ᠨᠢᠭᠡᠴᠡ᠄ ᠬᠠᠶᠢᠨᠠᠨ ᠤ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠡᠯ᠎ᠡ | ᠡᠮᠴᠢᠯᠡᠭᠡᠨ ᠤ ᠪᠠᠶᠢᠭᠤᠯᠤᠮᠵᠢ︶᠃ | 25 ᠡᠷᠡᠭᠦᠯ ᠬᠠᠮᠠᠭᠠᠯᠠᠯ ᠡᠷᠡᠭᠦᠯ ᠮᠡᠨᠳᠦ ᠰᠣᠶᠣᠯ ᠤᠨ ᠨᠡᠷᠡᠲᠦ ᠲᠥᠷᠥᠯ ᠲᠡᠮᠳᠡᠭᠲᠦ ᠶᠢ ᠪᠦᠲᠦᠭᠡᠬᠦ | ᠢᠨᠵᠧᠨᠧᠷᠢᠩ ᠢ ᠥᠷᠨᠢᠭᠦᠯᠦᠨ᠎ᠡ᠃ ︽ᠶᠡᠭᠡ ᠡᠮᠴᠢ ᠶᠢᠨ ᠦᠨᠡᠨᠴᠢ ᠰᠡᠳᠬᠢᠯ︾᠂ ︽ᠡᠨᠡᠷᠢᠩᠭᠦᠢ ᠰᠡᠳᠬᠢᠯ︾᠂ | ︽ᠡᠨᠡᠷᠢᠩᠭᠦᠢ ᠨᠠᠮ ᠤᠨ ᠪᠠᠶᠢᠭᠤᠯᠤᠯᠲᠠ︾᠂ ᠢᠲᠡᠭᠡᠯ ᠵᠣᠷᠢᠭ᠂ ᠡᠭᠦᠷᠭᠡ ᠬᠠᠷᠢᠭᠤᠴᠠᠯᠭ᠎ᠠ᠂ ᠡᠭᠦᠷᠭᠡᠯᠡᠯ︾ ᠢᠶᠠᠷ | ᠭᠤᠣᠯ ᠬᠦᠭ ᠠᠶᠠᠰ ᠪᠣᠯᠤᠨ ᠶᠡᠷᠦᠩᠬᠡᠢ ᠴᠢᠭᠯᠡᠯ ᠢᠶᠠᠷ ᠬᠢᠵᠢᠭ ᠲᠠᠢ ᠲᠡᠮᠡᠴᠡᠬᠦ ᠠᠭᠤᠤ ᠶᠡᠭᠡ ᠵᠣᠷᠢᠭ ᠰᠠᠨᠠᠭ᠎ᠠ ᠶᠢ | ᠶᠡᠭᠡ ᠪᠠᠷ ᠪᠠᠳᠠᠷᠠᠭᠤᠯᠪᠠ᠃ ᠦᠢᠯᠡᠴᠢᠯᠡᠭᠡᠨ ᠤ ᠳᠤᠮᠳᠠ ᠰᠣᠶᠣᠯ ᠢ ᠪᠠᠳᠠᠷᠠᠭᠤᠯᠵᠤ᠂ ᠦᠢᠯᠡᠴᠢᠯᠡᠭᠡᠨ ᠤ | ᠣᠶᠢᠯᠠᠭᠠᠭᠳᠠᠬᠤᠨ ᠢᠶᠠᠨ ᠬᠤᠪᠢᠷᠠᠭᠤᠯᠵᠤ᠂ ᠬᠥᠮᠦᠨ ᠨᠡᠶᠢᠭᠡᠮ ᠤᠨ ᠬᠠᠯᠠᠮᠵᠢᠯᠠᠯ ᠤᠨ ᠡᠮ ᠡᠮᠨᠡᠯᠭᠡ ᠶᠢᠨ | ᠦᠢᠯᠡᠴᠢᠯᠡᠭᠡᠨ ᠤ ᠣᠶᠢᠯᠠᠭᠠᠭᠳᠠᠬᠤᠨ ᠢ ᠳᠡᠭᠡᠭᠰᠢᠯᠡᠭᠦᠯᠵᠦ᠂ ᠣᠯᠠᠨ ᠲᠦᠮᠡᠨ᠂ ᠨᠡᠶᠢᠭᠡᠮ ᠤᠨ ᠢᠲᠡᠭᠡᠯ ᠢ ᠣᠯᠵᠤ᠂ | ᠣᠯᠠᠨ ᠲᠦᠮᠡᠨ ᠤ ᠡᠮ ᠡᠮᠨᠡᠯᠭᠡ ᠶᠢᠨ ᠦᠢᠯᠡᠴᠢᠯᠡᠭᠡᠨ ᠤ ᠲᠤᠬᠠᠶ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠤᠬᠠᠭᠤᠯᠭ᠎ᠠ ᠶᠢᠨ | ᠠᠴᠢᠶᠠᠯᠠᠪᠤᠷᠢ ᠶᠢ ᠪᠠᠶᠠᠯᠢᠭᠵᠢᠭᠤᠯᠤᠨ᠂ ᠤᠬᠠᠭᠤᠯᠭ᠎ᠠ ᠶᠢᠨ ᠠᠷᠭ᠎ᠠ ᠵᠠᠮ ᠢ ᠥᠷᠭᠡᠳᠬᠡᠵᠦ᠂ ᠡᠯ᠎ᠡ ᠡᠮᠴᠢᠯᠡᠭᠡᠨ ᠤ | ᠪᠠᠶᠢᠭᠤᠯᠤᠮᠵᠢ ᠶᠢᠨ ᠣᠨᠴᠠᠯᠢᠭ ᠢ ᠳᠣᠪᠤᠶᠢᠯᠭᠠᠨ᠂ ᠡᠮᠨᠡᠯᠭᠡ ᠶᠢᠨ ᠠᠵᠢᠯᠲᠠᠨ ᠢ ᠬᠠᠯᠠᠮᠵᠢᠯᠠᠨ ᠬᠠᠶᠢᠷᠠᠯᠠᠵᠤ᠂ | ᠡᠮᠨᠡᠯᠭᠡ ᠶᠢᠨ ᠠᠵᠢᠯᠲᠠᠨ ᠤ ᠠᠵᠢᠯ ᠤᠨ ᠣᠷᠴᠢᠨ ᠲᠣᠭᠤᠷᠢᠨ ᠪᠠ ᠨᠥᠬᠦᠴᠡᠯ ᠢ ᠰᠠᠶᠢᠵᠢᠷᠠᠭᠤᠯᠤᠨ᠂ ᠡᠮᠨᠡᠯᠭᠡ ᠶᠢᠨ | ᠬᠤᠷᠢᠶᠠᠨ ᠤ ᠠᠮᠤᠷ ᠲᠦᠪᠰᠢᠨ ᠤ ᠰᠡᠷᠭᠡᠶᠢᠯᠡᠯᠲᠡ ᠶᠢ ᠴᠢᠩᠭᠠᠳᠬᠠᠵᠤ᠂ ᠡᠮᠴᠢᠯᠡᠭᠡᠨ ᠤ ᠵᠢᠭᠤᠷᠠᠯᠳᠤᠭᠠᠨ ᠢ | ᠰᠢᠢᠳᠪᠦᠷᠢᠯᠡᠬᠦ ᠶᠢ ᠬᠠᠤᠯᠢ ᠳᠦᠷᠢᠮᠵᠢᠭᠰᠡᠨ ᠵᠠᠮ ᠳᠤ ᠣᠷᠣᠭᠤᠯᠤᠨ᠂ ᠡᠮᠴᠢᠯᠡᠭᠡᠨ ᠤ ᠵᠢᠭᠤᠷᠠᠯᠳᠤᠭᠠᠨ ᠢ ᠤᠷᠢᠳᠴᠢᠯᠠᠨ | ᠰᠡᠷᠭᠡᠶᠢᠯᠡᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠡᠮᠨᠡᠯᠭᠡ ᠶᠢᠨ ᠠᠵᠢᠯᠲᠠᠨ ᠤ ᠠᠮᠤᠷ ᠲᠦᠪᠰᠢᠨ ᠢ | ᠡᠷᠡᠰ ᠬᠠᠮᠠᠭᠠᠯᠠᠨ᠎ᠠ᠃ 2023 ᠣᠨ ᠳᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠨᠠᠮ ᠤᠨ | ᠪᠠᠶᠢᠭᠤᠯᠤᠯᠲᠠ ᠶᠢᠨ ᠨᠠᠷᠠᠲᠤ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠵᠤ᠂ ︽ᠪᠢ ᠪᠣᠯ ᠡᠮᠨᠡᠯᠭᠡ ᠶᠢᠨ ᠠᠵᠢᠯᠲᠠᠨ | ᠮᠥᠨ᠂ ᠪᠢ ᠲᠠᠨ ᠢ ᠬᠠᠪᠰᠤᠷᠬᠤ︾ ᠵᠡᠷᠭᠡ ᠰᠠᠶᠢᠨ ᠳᠤᠷ᠎ᠠ ᠶᠢᠨ ᠦᠶ᠋ᠯᠡᠴᠢᠯᠡᠭᠡᠨ ᠤ ᠠᠵᠢᠯᠯᠠᠭ᠎ᠠ ᠶᠢ ᠢᠳᠡᠪᠬᠢᠲᠡᠶ | ᠥᠷᠨᠢᠭᠦᠯᠦᠨ᠎ᠡ᠃ ︵ᠲᠦᠷᠦᠭᠦᠯᠡᠬᠦ ᠨᠢᠭᠡᠴᠡ᠄ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︔ | ᠬᠠᠷᠢᠭᠤᠴᠠᠯᠭᠠᠲᠤ ᠨᠢᠭᠡᠴᠡ᠄ ᠡᠯ᠎ᠡ ᠡᠮᠴᠢᠯᠡᠭᠡᠨ ᠤ ᠪᠠᠶᠢᠭᠤᠯᠤᠮᠵᠢ︶ | ᠭᠤᠷᠪᠠ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠃ ᠲᠤᠭᠤᠷᠢᠭ ᠤᠨ ᠨᠠᠮ ᠤᠨ | ᠬᠤᠷᠢᠶᠠᠨ ᠤ ᠱᠦᠵᠢ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠤᠭᠤᠷᠢᠭ ᠤᠨ ᠳᠠᠷᠤᠭ᠎ᠠ ᠪᠠᠷ | ᠳᠤᠭᠤᠶᠢᠯᠠᠩ ᠤᠨ ᠳᠠᠷᠤᠭ᠎ᠠ ᠪᠣᠯᠭᠠᠭᠰᠠᠨ ᠬᠠᠶᠢᠨᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠪᠥᠬᠦ ᠲᠤᠭᠤᠷᠢᠭ ᠤᠨ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠠᠵᠢᠯ ᠢ ᠨᠢᠭᠡᠳᠦᠯᠲᠡᠶ | ᠲᠥᠯᠥᠪᠯᠡᠨ ᠵᠣᠬᠢᠴᠠᠭᠤᠯᠵᠤ᠂ ᠵᠣᠬᠢᠶᠠᠨ ᠪᠠᠶᠢᠭᠤᠯᠤᠨ ᠠᠬᠢᠭᠤᠯᠤᠨ᠎ᠠ᠃ ᠤᠳᠤᠷᠢᠳᠬᠤ ᠳᠤᠭᠤᠶᠢᠯᠠᠩ ᠤᠨ ᠠᠯᠪᠠᠨ | ᠬᠡᠷ ᠤᠨ ᠡᠷᠬᠢᠯᠡᠭᠴᠢ ᠶᠢᠨ ᠲᠤᠰᠢᠶᠠᠯ ᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢ ᠬᠤᠪᠢᠳᠠᠨ ᠬᠠᠮᠢᠶᠠᠷᠴᠤ ᠪᠠᠶᠢᠭ᠎ᠠ | ᠳᠡᠳ᠋ ᠲᠣᠭᠤᠷᠢᠭ ᠤᠨ ᠳᠠᠷᠤᠭ᠎ᠠ ᠡᠭᠦᠷᠭᠡᠯᠡᠵᠦ᠂ ᠠᠯᠪᠠᠨ ᠬᠡᠷ ᠢ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ ᠳᠤ ᠭᠠᠷᠭᠠᠵᠤ᠂ ᠬᠤᠯᠪᠣᠭᠠᠴᠢᠨ ᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ | ᠡᠷᠬᠢᠯᠡᠭᠴᠢ ᠬᠠᠪᠰᠤᠷᠭᠠᠨ ᠡᠭᠦᠷᠭᠡᠯᠡᠵᠦ᠂ ᠬᠠᠮᠢᠶ᠎ᠠ ᠪᠥᠬᠦᠶ ᠠᠵᠢᠯ ᠢ ᠠᠬᠢᠭᠤᠯᠬᠤ ᠶᠢ ᠬᠠᠷᠢᠭᠤᠴᠠᠨ᠎ᠠ᠃ ᠰᠠᠯᠠᠭ᠎ᠠ | ᠮᠥᠴᠢᠷ ᠤᠨ ᠬᠠᠮᠵᠢᠯᠴᠠᠬᠤ ᠲᠣᠭᠲᠠᠴᠠ ᠶᠢ ᠪᠠᠶᠢᠭᠤᠯᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠪᠦᠬᠦᠯᠢ | ᠴᠣᠭᠴᠠ ᠶᠢᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠷᠠᠭᠤᠯᠤᠨ᠂ ᠲᠣᠭᠲᠠᠮᠠᠯ ᠬᠤᠭᠤᠴᠠᠭ᠎ᠠ ᠲᠠᠢ ᠪᠠᠷ ᠠᠵᠢᠯ ᠤᠨ | ᠬᠤᠷᠠᠯ ᠬᠤᠷᠠᠯᠳᠤᠭᠤᠯᠵᠤ᠂ ᠠᠵᠢᠯ ᠤᠨ ᠳᠤᠮᠳᠠ ᠲᠤᠯᠭᠠᠷᠠᠭᠰᠠᠨ ᠠᠰᠠᠭᠤᠳᠠᠯ ᠢ ᠵᠥᠪᠳᠡᠯᠴᠡᠨ ᠰᠢᠢᠳᠪᠦᠷᠢᠯᠡᠨ᠎ᠡ᠃ | ︵ᠬᠤᠶᠠᠷ︶ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠃ ᠪᠦᠷᠢᠯᠳᠦᠬᠦᠨ ᠨᠢᠭᠡᠴᠡ ᠶᠢᠨ ᠡᠭᠦᠷᠭᠡ | ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠡ ᠶᠢᠨ ᠭᠤᠤᠯ | ᠬᠠᠷᠢᠭᠤᠴᠠᠯᠭᠠᠲᠠᠨ ᠤ ᠬᠠᠮᠢᠶ᠎ᠠ ᠪᠥᠬᠦᠶ ᠠᠵᠢᠯ ᠢ ᠠᠬᠢᠭᠤᠯᠤᠨ᠎ᠠ᠃ ᠨᠡᠶᠢᠲᠡᠯᠡᠭᠰᠡᠨ ᠲᠥᠷᠥ ᠶᠢᠨ ᠪᠣᠳᠣᠯᠭ᠎ᠠ ᠶᠢᠨ | ᠨᠠᠷᠢᠨ ᠬᠠᠭᠤᠳᠠᠰᠤ ᠶᠢ ᠲᠣᠭᠲᠠᠭᠠᠵᠤ᠂ ᠪᠣᠳᠠᠲᠠᠶ ᠱᠠᠭᠠᠷᠳᠠᠯᠭ᠎ᠠ ᠪᠠ ᠪᠡᠶᠡᠯᠡᠭᠦᠯᠬᠦ ᠴᠠᠭ ᠤᠨ ᠬᠢᠵᠠᠭᠠᠷ ᠢ ᠲᠣᠭᠲᠠᠭᠠᠨ᠂ | ᠲᠥᠷᠥ ᠶᠢᠨ ᠪᠣᠳᠣᠯᠭ᠎ᠠ ᠲᠣᠭᠲᠠᠭᠠᠬᠤ ᠪᠠ ᠵᠣᠬᠢᠶᠠᠨ ᠪᠠᠶᠢᠭᠤᠯᠵᠤ ᠨᠠᠶᠢᠳᠠᠪᠤᠷᠢᠵᠢᠭᠤᠯᠬᠤ ᠶᠢ ᠲᠣᠭᠲᠠᠭᠠᠭᠰᠠᠨ | ᠴᠠᠭ ᠤᠨ ᠬᠢᠵᠠᠭᠠᠷ ᠤᠨ ᠳᠣᠲᠣᠷ᠎ᠠ ᠪᠡᠶᠡᠯᠡᠭᠦᠯᠬᠦ ᠬᠡᠷᠡᠭᠲᠡᠶ᠃ ᠬᠠᠮᠢᠶ᠎ᠠ ᠪᠦᠬᠦᠢ ᠰᠢᠯᠭᠠᠨ ᠬᠢᠨᠠᠵᠤ ᠰᠢᠮᠳᠠᠭᠤᠯᠤᠨ | ᠵᠢᠯᠣᠭᠤᠳᠴᠤ ᠦᠨᠡᠯᠡᠬᠦ ᠲᠣᠭᠲᠠᠴᠠ ᠶᠢ ᠪᠠᠶᠢᠭᠤᠯᠵᠤ᠂ ᠬᠠᠷᠢᠭᠤᠴᠠᠯᠭᠠᠲᠤ ᠨᠢᠭᠡᠴᠡ ᠶᠢᠨ ᠠᠵᠢᠯ ᠢ ᠠᠬᠢᠭᠤᠯᠵᠤ | ᠪᠡᠶᠡᠯᠡᠭᠦᠯᠦᠭᠰᠡᠨ ᠪᠠᠶᠢᠳᠠᠯ ᠢ ᠣᠨ ᠤ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠶᠢᠨ ᠴᠢᠬᠤᠯᠠ | ᠯᠠᠪᠯᠠᠯᠲᠠ ᠪᠣᠯᠭᠠᠨ᠎ᠠ᠃ | ︵ᠭᠤᠷᠪᠠ︶ ᠢᠳᠡᠪᠬᠢᠲᠡᠢ ᠯᠠᠪᠳᠠᠭᠤᠨ ᠢᠶᠠᠷ ᠠᠬᠢᠭᠤᠯᠵᠤ᠃ ᠠᠷᠠᠳ ᠤᠯᠠᠨ ᠤ ᠡᠷᠡᠭᠦᠯ ᠮᠡᠨᠳᠦ ᠶᠢᠨ ᠡᠷᠬᠡ | ᠠᠰᠢᠭ ᠢ ᠬᠠᠮᠠᠭᠠᠯᠠᠬᠤ ᠪᠠᠷ ᠵᠠᠷᠴᠢᠮ ᠪᠣᠯᠭᠠᠵᠤ᠂ ᠪᠣᠳᠠᠲᠠᠢ ᠳᠤ ᠰᠠᠭᠤᠷᠢᠯᠠᠨ᠂ ᠦᠨᠡᠨ ᠠᠴᠠ ᠵᠥᠪ ᠢ ᠡᠷᠢᠵᠦ᠂ | ᠵᠣᠷᠢᠭᠲᠠᠢ ᠪᠠᠷ ᠰᠢᠨ᠎ᠡ ᠶᠢ ᠡᠭᠦᠳᠴᠦ᠂ ᠰᠢᠪᠲᠤᠯᠤᠯᠲᠠ ᠲᠠᠢ ᠪᠣᠯᠭᠠᠬᠤ ᠪᠠᠷ ᠴᠢᠷᠮᠠᠶᠢᠬᠤ ᠬᠡᠷᠡᠭᠲᠡᠢ᠃ ᠪᠠᠶᠢᠴᠠᠭᠠᠨ | ᠰᠤᠳᠤᠯᠵᠤ ᠨᠤᠲᠠᠯᠠᠬᠤ ᠠᠵᠢᠯ ᠢ ᠭᠦᠨᠵᠡᠭᠡᠶ ᠥᠷᠨᠢᠭᠦᠯᠵᠦ᠂ ᠡᠯ᠎ᠡ ᠲᠠᠯ᠎ᠠ ᠶᠢᠨ ᠬᠢᠨ ᠤ ᠰᠠᠨᠠᠯ ᠢ ᠥᠷᠭᠡᠨ ᠢᠶᠠᠷ | ᠬᠤᠷᠢᠶᠠᠵᠤ᠂ ᠥᠭᠡᠷᠡᠴᠢᠯᠡᠯᠲᠡ ᠶᠢᠨ ᠬᠠᠮᠲᠤ ᠶᠢᠨ ᠲᠠᠨᠢᠯᠲᠠ ᠲᠠᠢ ᠪᠣᠯᠵᠣ᠂ ᠰᠠᠯᠠᠭ᠎ᠠ ᠮᠥᠴᠢᠷ ᠯᠦᠭᠡ ᠶᠢᠨ | ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠵᠣᠯᠭᠠᠯᠴᠠᠭ᠎ᠠ ᠶᠢ ᠰᠠᠶᠢᠲᠤᠷ | ᠬᠢᠵᠦ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠦᠨᠡᠨ ᠬᠦ ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ᠃ | ︵ᠲᠦᠷᠪᠡ︶ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ ᠡᠯ᠎ᠡ ᠬᠠᠮᠢᠶ᠎ᠠ ᠪᠥᠬᠦᠶ | ᠰᠠᠯᠠᠭ᠎ᠠ ᠮᠥᠴᠢᠷ ᠤᠳ ᠡᠯ᠎ᠡ ᠲᠥᠷᠥᠯ ᠤᠨ ᠵᠠᠭᠤᠴᠢᠯᠠᠭᠤᠷ ᠢ ᠭᠦᠢᠴᠡᠳ ᠠᠰᠢᠭᠯᠠᠨ᠂ ᠥᠭᠡᠷᠡᠴᠢᠯᠡᠯᠲᠡ ᠶᠢᠨ | ᠲᠥᠷᠥ ᠶᠢᠨ ᠪᠣᠳᠣᠯᠭ᠎ᠠ ᠳᠤ ᠲᠦᠢᠯ ᠤᠨ ᠶᠡᠭᠡ ᠪᠠᠷ ᠲᠠᠶᠢᠯᠤᠮᠵᠢ ᠬᠢᠬᠦ ᠪᠠ ᠤᠬᠠᠭᠤᠯᠵᠤ᠂ ᠬᠡᠷᠡᠭᠵᠢᠭᠦᠯᠦᠭᠰᠡᠨ | ᠠᠬᠢᠴᠠ ᠶᠢᠨ ᠪᠠᠶᠢᠳᠠᠯ ᠢ ᠴᠠᠭ ᠲᠤᠬᠠᠶ ᠳᠤᠨᠢ ᠨᠡᠶᠢᠲᠡᠯᠡᠵᠦ᠂ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ | ᠬᠠᠷᠢᠭᠤ ᠥᠭᠬᠦ ᠬᠡᠷᠡᠭᠲᠡᠶ᠃ ︽ᠢᠨᠲ᠋ᠧᠷ ᠰᠦᠯᠵᠢᠶ᠎ᠡ + ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ᠂ ᠬᠤᠶᠠᠷ ᠪᠢᠴᠢᠯ | ᠨᠢᠭᠡ ᠦᠵᠦᠭᠦᠷ︾ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠠᠶᠢᠯᠤᠮᠵᠢ ᠶᠢ ᠠᠰᠢᠭᠯᠠᠨ᠂ ᠨᠡᠩ ᠤᠯᠠᠨ | ᠨᠡᠶᠢᠭᠡᠮ ᠤᠨ ᠬᠦᠴᠦᠨ ᠢ ᠳᠠᠶᠢᠴᠢᠯᠠᠨ ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠳᠤ | ᠣᠷᠣᠯᠴᠠᠭᠤᠯᠤᠨ᠎ᠠ᠃ ᠥᠷᠭᠡᠨ ᠣᠯᠠᠨ ᠠᠷᠠᠳ ᠲᠦᠮᠡᠨ ᠢ ᠢᠳᠡᠪᠬᠢᠲᠡᠶ ᠳᠠᠶᠢᠴᠢᠯᠠᠨ ᠥᠭᠡᠷᠡᠴᠢᠯᠡᠯᠲᠡ ᠳᠤ ᠰᠠᠨᠠᠯ | ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠣᠯᠠᠨ ᠲᠦᠮᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ | ᠬᠦᠯᠢᠶᠡᠵᠦ᠂ ᠪᠥᠬᠦ ᠨᠡᠶᠢᠭᠡᠮ ᠢᠶᠠᠷ ᠢᠶᠠᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠴᠢᠨᠠᠷ ᠰᠠᠶᠢᠲᠠᠶ | ᠬᠥᠭᠵᠢᠯᠲᠡ ᠳᠤ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃ | |