ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠰᠢᠭᠤᠳ ᠬᠠᠷᠢᠶ᠎ᠠ | ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ᠂ ᠡᠯ᠎ᠡ ᠠᠷᠠᠳ ᠤᠨ ᠪᠦᠯᠬᠦᠮ᠂ ᠲᠣᠭᠤᠷᠢᠭ ᠤᠨ ᠬᠠᠷᠢᠶ᠎ᠠ ᠡᠯ᠎ᠡ ᠠᠵᠤ | ᠠᠬᠤᠶᠢᠯᠠᠯ ᠠᠵᠢᠯ ᠦᠢᠯᠡᠰ ᠤᠨ ᠨᠢᠭᠡᠴᠡ᠂ ᠲᠣᠭᠤᠷᠢᠭ ᠲᠤ ᠰᠠᠭᠤᠭ᠎ᠠ ᠬᠤᠯᠪᠣᠭᠳᠠᠯ ᠪᠦᠬᠦᠢ ᠨᠢᠭᠡᠴᠡ ᠳᠤ᠄ | ︽ᠬᠠᠶᠢᠨᠠᠨ ᠲᠣᠭᠤᠷᠢᠭ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢᠨ ᠭᠤᠷᠪᠠᠨ ᠵᠢᠯ ᠤᠨ | ᠠᠵᠢᠯᠯᠠᠭ᠎ᠠ ᠶᠢᠨ ᠲᠥᠰᠦᠯ︾ ᠢ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠠᠳᠠᠯᠢ | ᠰᠠᠨᠠᠭ᠎ᠠ ᠪᠠᠷ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ ᠬᠢᠨᠠᠮᠠᠭᠠᠶ | ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ᠃ | ᠲᠤᠮᠳᠠᠲᠤ ᠣᠯᠣᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠬᠠᠶᠢᠨᠠᠨ ᠲᠤᠭᠤᠷᠢᠭ ᠤᠨ ᠬᠤᠷᠢᠶᠠᠨ ᠤ | ᠠᠯᠪᠠᠨ ᠭᠡᠷ | ᠦᠬᠠᠢ ᠬᠤᠳᠠ ᠶᠢᠨ ᠬᠠᠶᠢᠨᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ | 2023 ᠣᠨ ᠤ 4 ᠰᠠᠷ᠎ᠠ ᠶᠢᠨ 11 ᠤ ᠡᠳᠦᠷ | ᠬᠠᠶᠢᠨᠠᠨ ᠲᠣᠭᠤᠷᠢᠭ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢᠨ ᠭᠤᠷᠪᠠᠨ ᠵᠢᠯ ᠤᠨ | ᠠᠵᠢᠯᠯᠠᠭᠠᠨ ᠤ ᠲᠥᠰᠦᠯ | ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠤᠱᠯᠠᠭᠤᠯᠵᠤ᠂ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠬᠤ ᠶᠢᠨ ᠲᠥᠯᠥᠭᠡ᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠰᠤᠷᠭᠠᠨ | ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾᠂ ︽ᠰᠢᠨ᠎ᠡ ᠴᠠᠭ ᠦᠶ᠎ᠡ ᠶᠢᠨ ᠰᠠᠭᠤᠷᠢ | ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠬᠡᠷᠡᠭᠵᠢᠭᠦᠯᠬᠦ ᠰᠠᠨᠠᠯ︾ ᠪᠣᠯᠤᠨ ᠦᠬᠠᠢ ᠬᠤᠳᠠ ᠶᠢᠨ ︽ᠪᠦᠬᠦ ᠬᠤᠳᠠ ᠶᠢᠨ ᠰᠤᠷᠭᠠᠨ ᠬᠥᠮᠦᠵᠢᠯ ᠤᠨ ᠴᠢᠨᠠᠷ | ᠰᠠᠶᠢᠲᠠᠢ ᠬᠥᠭᠵᠢᠯᠲᠡ ᠶᠢ ᠲᠦᠷᠭᠡᠳᠬᠡᠬᠦ ᠲᠤᠬᠠᠢ ᠰᠠᠨᠠᠯ︾ ᠵᠡᠷᠭᠡ ᠳᠡᠭᠡᠳᠦ ᠱᠠᠲᠤᠨ ᠤ ᠪᠢᠴᠢᠭ ᠮᠠᠲ᠋ᠧᠷᠢᠶᠠᠯ ᠢ | ᠦᠨᠳᠦᠰᠦᠯᠡᠨ᠂ ᠪᠦᠬᠦ ᠣᠷᠣᠨ ᠤ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ | ᠲᠤᠰ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠡᠶᠢᠭᠡᠮ ᠵᠢᠷᠤᠮ ᠤᠨ ᠰᠤᠷᠭᠠᠭᠤᠯᠢ ᠡᠷᠬᠢᠯᠡᠬᠦ ᠴᠢᠭᠯᠡᠯ ᠢ | ᠪᠠᠷᠢᠮᠲᠠᠯᠠᠵᠤ᠂ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ | ᠰᠤᠷᠭᠠᠨ ᠬᠥᠮᠦᠵᠢᠯ ᠤᠨ ᠵᠢᠮ᠎ᠡ ᠶᠣᠰᠣ ᠶᠢ ᠵᠢᠷᠤᠮᠯᠠᠵᠤ᠂ ᠪᠦᠬᠦ ᠣᠷᠣᠨ ᠤ ᠰᠤᠷᠭᠠᠨ ᠬᠥᠮᠦᠵᠢᠯ ᠤᠨ | ᠭᠤᠣᠯᠳᠠᠯᠭ᠎ᠠ ᠲᠠᠢ ᠬᠦᠷᠢᠶ᠎ᠡ ᠪᠣᠯᠤᠨ ᠵᠠᠩᠭᠢᠯᠠᠭ᠎ᠠ ᠶᠢᠨ ᠭᠤᠭᠴᠤᠭ᠎ᠠ ᠶᠢᠨ ᠥᠭᠡᠷᠡᠴᠢᠯᠡᠯᠲᠡ ᠳᠤ ᠠᠩᠬᠠᠷᠤᠯ ᠢᠶᠠᠨ | ᠲᠥᠪᠯᠡᠷᠡᠭᠦᠯᠵᠦ᠂ ᠡᠯ᠎ᠡ ᠲᠠᠯ᠎ᠠ ᠶᠢᠨ ᠬᠦᠴᠦᠨ ᠢ ᠲᠥᠪᠯᠡᠷᠡᠭᠦᠯᠵᠦ᠂ ᠰᠤᠷᠭᠠᠨ ᠬᠥᠮᠦᠵᠢᠯ ᠢ ᠤᠷᠢᠳ ᠢᠶᠠᠷ | ᠬᠥᠭᠵᠢᠭᠦᠯᠬᠦ ᠪᠠᠶᠢᠯᠳᠤᠬᠤ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠳᠤᠲᠠᠭᠤᠳᠠᠯ ᠢ ᠬᠦᠴᠦᠯᠡᠨ ᠨᠥᠬᠦᠪᠥᠷᠢᠯᠡᠵᠦ᠂ | ᠰᠤᠷᠭᠠᠨ ᠬᠥᠮᠦᠵᠢᠯ ᠤᠨ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠪᠦᠬᠦ ᠣᠷᠣᠨ ᠤ ᠴᠢᠨᠠᠷ ᠰᠠᠶᠢᠲᠠᠢ | ᠬᠥᠭᠵᠢᠯᠲᠡ᠂ ᠴᠢᠨᠠᠷ ᠰᠠᠶᠢᠲᠠᠢ ᠠᠮᠢᠳᠤᠷᠠᠯ᠂ ᠴᠢᠨᠠᠷ ᠰᠠᠶᠢᠲᠠᠢ ᠵᠠᠰᠠᠯᠲᠠ ᠶᠢ ᠠᠬᠢᠭᠤᠯᠬᠤ ᠳᠤ ᠬᠦᠴᠦᠲᠡᠢ | ᠲᠤᠯᠭᠠᠭᠤᠷᠢᠯᠠᠯ ᠬᠠᠩᠭᠠᠬᠤ ᠬᠡᠷᠡᠭᠲᠡᠢ᠃ | ᠬᠤᠶᠠᠷ᠂ ᠭᠤᠣᠯ ᠡᠭᠦᠷᠭᠡ | ︵ᠨᠢᠭᠡ︶ ᠬᠤᠰᠢᠭᠤ ᠰᠢᠶᠠᠨ ᠤ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠴᠢᠨᠠᠷ ᠰᠠᠶᠢᠲᠠᠢ | ᠲᠡᠩᠴᠡᠭᠦᠷᠢᠲᠡᠢ ᠬᠥᠭᠵᠢᠬᠦ ᠶᠢ ᠢᠳᠡᠪᠬᠢᠲᠡᠢ ᠠᠬᠢᠭᠤᠯᠤᠨ᠎ᠠ | 1. ︽ᠬᠠᠲᠠᠭᠤ ᠲᠣᠨᠤᠭ︾ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠳᠤᠮᠳᠠᠳᠤ ᠪᠠᠭ᠎ᠠ | ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠨᠥᠬᠦᠴᠡᠯ ᠤᠨ ᠶᠠᠰᠤ ᠴᠢᠨᠠᠷ ᠢ ᠳᠡᠭᠡᠭᠰᠢᠯᠡᠭᠦᠯᠦᠨ ᠥᠭᠡᠷᠡᠴᠢᠯᠡᠨ ᠲᠠᠰ | ᠳᠡᠪᠰᠢᠭᠦᠯᠬᠦ ᠶᠢ ᠠᠬᠢᠭᠤᠯᠤᠨ᠎ᠠ᠃ ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠶᠢ ᠲᠣᠬᠢᠷᠠᠭᠤᠯᠤᠨ | ᠰᠢᠯᠢᠳᠡᠭᠵᠢᠭᠦᠯᠵᠦ᠂ ᠰᠤᠷᠭᠠᠨ ᠬᠥᠮᠦᠵᠢᠯ ᠤᠨ ᠵᠠᠷᠤᠳᠠᠯ ᠢ ᠡᠩ ᠲᠡᠷᠢᠭᠦᠨ ᠳᠤ ᠲᠣᠬᠢᠷᠠᠭᠤᠯᠵᠤ᠂ ︽ᠬᠤᠶᠠᠷ ᠢ | ᠨᠡᠮᠡᠭᠳᠡᠭᠦᠯᠬᠦ ᠠᠴᠠ ᠪᠢᠰᠢ ᠬᠠᠰᠤᠭᠳᠠᠭᠤᠯᠬᠤ ᠦᠭᠡᠶ︾ ᠪᠠᠶᠢᠬᠤ ᠶᠢ ᠨᠠᠶᠢᠳᠠᠪᠤᠷᠢᠵᠢᠭᠤᠯᠬᠤ ᠬᠡᠷᠡᠭᠲᠡᠶ᠃ ᠰᠤᠷᠭᠠᠨ | ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠪᠠᠭᠤᠷᠠᠶ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠤᠷᠭᠠᠨ | ᠬᠥᠮᠦᠵᠢᠯ ᠤᠨ ᠨᠡᠮᠡᠯᠲᠡ ᠵᠠᠷᠤᠳᠠᠯ ᠢ ᠰᠤᠷᠭᠠᠭᠤᠯᠢ ᠶᠢᠨ ᠰᠠᠭᠤᠷᠢ ᠪᠦᠲᠦᠭᠡᠨ ᠪᠠᠶᠢᠭᠤᠯᠤᠯᠲᠠ᠂ ᠰᠤᠷᠭᠠᠭᠤᠯᠢ ᠶᠢᠨ | ᠵᠢᠭᠠᠨ ᠰᠤᠷᠭᠠᠯᠲᠠ ᠶᠢᠨ ᠪᠡᠯᠡᠳᠬᠡᠮᠵᠢ ᠪᠣᠯᠤᠨ ᠰᠤᠷᠭᠠᠭᠤᠯᠢ ᠡᠷᠬᠢᠯᠡᠬᠦ ᠨᠥᠬᠦᠴᠡᠯ ᠢ ᠰᠠᠶᠢᠵᠢᠷᠠᠭᠤᠯᠬᠤ ᠳᠤ ᠲᠤᠰᠬᠠᠶ | ᠬᠡᠷᠡᠭᠯᠡᠨ᠎ᠡ᠃ ᠰᠤᠷᠭᠠᠨ ᠬᠥᠮᠦᠵᠢᠯ ᠤᠨ ᠵᠠᠷᠤᠳᠠᠯ ᠤᠨ ᠬᠡᠷᠡᠭᠯᠡᠯᠲᠡ ᠬᠠᠮᠢᠶᠠᠷᠤᠯᠲᠠ ᠶᠢᠨ ᠢᠲᠡᠭᠡᠮᠵᠢ ᠶᠢᠨ ᠮᠡᠳᠡᠭᠡ | ᠵᠠᠩᠭᠢ ᠶᠢ ᠢᠯᠡ ᠪᠣᠯᠭᠠᠬᠤ ᠵᠢᠴᠢ ᠬᠢᠨᠠᠯᠲᠠ ᠲᠠᠯᠪᠢᠬᠤ ᠲᠣᠭᠲᠠᠴᠠ ᠶᠢ ᠪᠠᠶᠢᠭᠤᠯᠵᠤ᠂ ᠰᠤᠷᠭᠠᠨ ᠬᠥᠮᠦᠵᠢᠯ ᠤᠨ | ᠳᠣᠲᠣᠭᠠᠳᠤ ᠶᠢᠨ ᠬᠢᠨᠠᠨ ᠪᠤᠳᠤᠵᠤ ᠬᠢᠨᠠᠯᠲᠠ ᠲᠠᠯᠪᠢᠬᠤ ᠶᠢ ᠴᠢᠩᠭᠠᠳᠬᠠᠨ᠎ᠠ᠃ ᠰᠤᠷᠭᠠᠨ ᠬᠥᠮᠦᠵᠢᠯ ᠤᠨ | ᠵᠠᠷᠤᠳᠠᠯ ᠤᠨ ᠬᠡᠷᠡᠭᠯᠡᠯᠲᠡ ᠬᠠᠮᠢᠶᠠᠷᠤᠯᠲᠠ ᠶᠢ ᠵᠢᠷᠤᠮᠵᠢᠭᠤᠯᠵᠤ᠂ ᠬᠢᠨᠠᠯᠲᠠ ᠲᠠᠯᠪᠢᠵᠤ ᠰᠤᠷᠭᠠᠨ ᠬᠥᠮᠦᠵᠢᠯ ᠤᠨ | ᠨᠡᠮᠡᠯᠲᠡ ᠵᠠᠷᠤᠳᠠᠯ ᠪᠣᠯᠤᠨ ᠣᠷᠣᠨ ᠨᠤᠲᠤᠭ ᠤᠨ ᠰᠤᠷᠭᠠᠨ ᠬᠥᠮᠦᠵᠢᠯ ᠤᠨ ᠵᠠᠷᠤᠳᠠᠯ ᠤᠨ ᠨᠡᠮᠡᠯᠲᠡ ᠬᠡᠷᠡᠭᠯᠡᠯᠲᠡ ᠶᠢᠨ | ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠬᠦ ᠬᠡᠷᠡᠭᠲᠡᠶ᠃ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ | ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ ᠰᠤᠷᠭᠠᠨ ᠬᠥᠮᠦᠵᠢᠯ ᠤᠨ ᠨᠡᠮᠡᠯᠲᠡ ᠶᠢᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠬᠤ ᠬᠡᠷᠡᠭᠲᠡᠶ᠃ ᠲᠤᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠰᠢᠯᠭᠠᠨ ᠠᠪᠬᠤ ᠪᠦᠬᠦᠯᠢ ᠴᠣᠭᠴᠠ ᠪᠠᠷ ᠱᠠᠭᠠᠷᠳᠠᠨ ᠵᠢᠯᠣᠭᠤᠳᠬᠤ | ᠠᠵᠢᠯ ᠢ ᠴᠢᠩᠭᠠᠳᠬᠠᠵᠤ᠂ 7 ᠰᠤᠷᠭᠠᠭᠤᠯᠢ ᠶᠢᠨ ᠴᠢᠳᠠᠮᠵᠢ ᠶᠢᠨ ᠬᠢᠴᠢᠶᠡᠯ ᠤᠨ ᠬᠡᠷ ᠲᠤ ᠲᠣᠬᠢᠷᠠᠭᠤᠯᠤᠯᠲᠠ ᠬᠢᠵᠦ | ᠥᠭᠡᠷᠡᠴᠢᠯᠡᠨ ᠰᠠᠶᠢᠵᠢᠷᠠᠭᠤᠯᠪᠠ᠃ ᠬᠡᠷᠡᠭᠴᠡᠭᠡ ᠪᠠᠷ ᠢᠶᠠᠨ ᠵᠢᠭᠠᠨ ᠰᠤᠷᠭᠠᠯᠲᠠ᠂ ᠲᠤᠷᠰᠢᠯᠲᠠ ᠵᠡᠷᠭᠡ ᠪᠠᠭᠠᠵᠢ | ᠲᠥᠬᠦᠭᠡᠷᠦᠮᠵᠢ ᠪᠣᠯᠤᠨ ᠨᠣᠮ ᠪᠢᠴᠢᠭ ᠬᠤᠳᠠᠯᠳᠤᠨ ᠠᠪᠴᠤ᠃ ︵ᠲᠦᠷᠦᠭᠦᠯᠡᠬᠦ ᠨᠢᠭᠡᠴᠡ᠄ ᠲᠣᠭᠤᠷᠢᠭ ᠤᠨ | ᠡᠳ᠋ ᠤᠨ ᠵᠠᠰᠠᠭ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ | ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ︶ | 2. ᠰᠤᠷᠭᠠᠨ ᠬᠥᠮᠦᠵᠢᠯ ᠤᠨ ᠮᠡᠳᠡᠭᠡ ᠵᠠᠩᠭᠢᠵᠢᠯᠲᠠ ᠶᠢᠨ ᠥᠭᠡᠷᠡᠴᠢᠯᠡᠨ ᠳᠡᠭᠡᠭᠰᠢᠯᠡᠭᠦᠯᠬᠦ ᠢᠨᠵᠧᠨᠧᠷᠢᠩ ᠢ | ᠦᠷᠭᠦᠯᠵᠢᠯᠡᠨ ᠬᠡᠷᠡᠭᠵᠢᠭᠦᠯᠦᠨ᠎ᠡ᠃ ᠪᠥᠬᠦ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ︽ᠭᠤᠷᠪᠠᠨ ᠬᠢᠴᠢᠶᠡᠯ ᠤᠨ | ᠲᠠᠩᠬᠢᠮ︾ ᠤᠨ ᠬᠡᠷᠡᠭᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ | ᠲᠠᠰ ᠤᠨ᠂ ᠬᠤᠲᠠ ᠶᠢᠨ ᠲᠠᠰ ᠤᠨ ᠵᠢᠭᠠᠨ ᠰᠤᠷᠭᠠᠯᠲᠠ ᠶᠢᠨ ᠲᠠᠪᠴᠠᠩ ᠤᠨ ᠲᠤᠭ᠎ᠠ ᠪᠠᠷᠢᠮᠲᠠ ᠲᠠᠢ ᠠᠯᠬᠤᠮ | ᠠᠯᠬᠤᠮ ᠢᠶᠠᠷ ᠵᠣᠯᠭᠠᠭᠤᠯᠬᠤ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ 4 ᠵᠢᠭᠠᠨ ᠰᠤᠷᠭᠠᠯᠲᠠ ᠶᠢᠨ ᠮᠠᠰᠢᠨ ᠤ | ᠥᠷᠥᠭᠡ ᠶᠢ ᠥᠭᠡᠷᠡᠴᠢᠯᠡᠨ ᠪᠠᠶᠢᠭᠤᠯᠵᠤ᠂ ᠪᠠᠭᠰᠢ ᠰᠤᠷᠤᠭᠴᠢᠳ ᠺᠣᠮᠫᠢᠦ᠋ᠲ᠋ᠧᠷ ᠬᠡᠷᠡᠭᠯᠡᠬᠦ ᠶᠢ ᠲᠣᠬᠢᠷᠠᠭᠤᠯᠪᠠ᠃ | ᠪᠦᠬᠦ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠴᠢᠳᠠᠪᠬᠢ ᠶᠢᠨ ᠲᠠᠰᠤᠭ ᠤᠨ ᠣᠶᠤᠨᠴᠢ ᠰᠠᠮᠪᠠᠷ᠎ᠠ ᠶᠢ | ᠪᠦᠷᠢᠳᠦᠭᠦᠯᠪᠡ᠃ ᠬᠡᠦᠬᠡᠳ ᠤᠨ ᠴᠡᠴᠡᠷᠯᠢᠭ ᠤᠨ ᠰᠢᠨ᠎ᠡ ᠪᠠᠷ ᠪᠠᠶᠢᠭᠤᠯᠬᠤ 6 ᠠᠩᠬᠢ ᠶᠢᠨ ᠲᠣᠨᠤᠭ ᠲᠥᠬᠦᠭᠡᠷᠦᠮᠵᠢ | ᠣᠷᠣᠭᠤᠯᠵᠤ᠃ ᠠᠷᠪᠠ ᠶᠢᠰᠦᠳᠦᠭᠡᠷ ᠳᠤᠮᠳᠠᠳᠤ ᠰᠤᠷᠭᠠᠭᠤᠯᠢ ᠶᠢᠨ ᠰᠢᠩᠭᠡᠭᠡᠨ ᠨᠡᠪᠲᠡᠷᠡᠭᠦᠯᠬᠦ ᠬᠢᠴᠢᠶᠡᠯ ᠤᠨ ᠭᠡᠷ᠂ | ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠹᠢᠽᠢᠺ ᠬᠢᠮᠢ ᠠᠮᠢᠳᠤ ᠪᠤᠳᠠᠰ ᠪᠠ ᠪᠠᠭ᠎ᠠ ᠰᠤᠷᠭᠠᠭᠤᠯᠢ ᠶᠢᠨ | ᠰᠢᠨᠵᠢᠯᠡᠬᠦ ᠤᠬᠠᠭᠠᠨ ᠤ ᠲᠤᠷᠰᠢᠯᠲᠠ ᠶᠢᠨ ᠲᠠᠰᠤᠭ ᠢ ᠰᠢᠨ᠎ᠡ ᠪᠠᠷ ᠪᠠᠶᠢᠭᠤᠯᠵᠤ᠂ ᠲᠤᠷᠰᠢᠯᠲᠠ ᠶᠢᠨ ᠪᠠᠭᠠᠵᠢ | ᠬᠡᠷᠡᠭᠰᠡᠯ ᠢ ᠪᠦᠷᠢᠨ ᠭᠦᠢᠴᠡᠳ ᠪᠦᠷᠢᠳᠦᠭᠦᠯᠪᠡ︔ ᠵᠢᠯ ᠳᠠᠷᠠᠭᠠᠯᠠᠨ ᠠᠷᠪᠠ ᠶᠢᠰᠦᠳᠦᠭᠡᠷ ᠳᠤᠮᠳᠠᠳᠤ | ᠰᠤᠷᠭᠠᠭᠤᠯᠢ ᠶᠢᠨ 36 ᠵᠢᠭᠠᠨ ᠰᠤᠷᠭᠠᠯᠲᠠ ᠶᠢᠨ ᠠᠩᠭᠢ ᠳᠤ ᠲᠥᠬᠦᠭᠡᠷᠦᠮᠵᠢ ᠲᠥᠬᠦᠭᠡᠷᠦᠮᠵᠢ ᠶᠢ ᠪᠦᠷᠢᠯᠳᠦᠭᠦᠯᠵᠦ | ᠥᠭᠭᠦᠨ᠎ᠡ᠃ ᠪᠦᠬᠦ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠵᠣᠬᠢᠶᠠᠮᠠᠯ ᠣᠶᠤᠨᠴᠢ ᠰᠢᠨ᠎ᠡ ᠶᠢ | ᠡᠭᠦᠳᠦᠭᠴᠢ ᠶᠢᠨ ᠬᠢᠴᠢᠶᠡᠯ ᠤᠨ ᠭᠡᠷ᠂ ᠣᠶᠤᠨᠴᠢ ᠬᠢᠴᠢᠶᠡᠯ ᠤᠨ ᠭᠡᠷ᠂ ᠠᠩᠬ᠎ᠠ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠹᠢᠽᠢᠺ ᠬᠢᠮᠢ ᠠᠮᠢᠳᠤ ᠪᠣᠳᠠᠰ ᠪᠠ ᠪᠠᠭ᠎ᠠ ᠰᠤᠷᠭᠠᠭᠤᠯᠢ ᠶᠢᠨ ᠰᠢᠨᠵᠢᠯᠡᠬᠦ ᠤᠬᠠᠭᠠᠨᠴᠢ | ᠲᠣᠭᠠᠵᠢᠭᠤᠯᠤᠭᠰᠠᠨ ᠰᠢᠨ᠎ᠡ ᠶᠢ ᠡᠭᠦᠳᠬᠦ ᠲᠤᠷᠰᠢᠯᠲᠠ ᠶᠢᠨ ᠲᠠᠰᠤᠭ ᠤᠨ ᠪᠦᠲᠦᠭᠡᠨ ᠪᠠᠶᠢᠭᠤᠯᠤᠯᠲᠠ ᠶᠢ | ᠪᠡᠶᠡᠯᠡᠭᠦᠯᠦᠨ᠎ᠡ᠃ ᠵᠡᠭᠦᠨ ᠬᠤᠶᠢᠲᠤ ᠶᠢᠨ ᠪᠠᠭᠰᠢ ᠶᠢᠨ ᠶᠡᠭᠡ ᠰᠤᠷᠭᠠᠭᠤᠯᠢ ᠶᠢᠨ ᠮᠡᠳᠡᠭᠡ ᠵᠠᠩᠭᠢ ᠶᠢᠨ ᠵᠥᠭᠡᠯᠡᠨ | ᠬᠡᠷᠡᠭᠰᠡᠯ ᠵᠢᠴᠢ ᠵᠢᠭᠠᠨ ᠰᠤᠷᠭᠠᠬᠤ ᠵᠠᠭᠪᠤᠷ ᠤᠨ ᠬᠡᠷᠡᠭᠯᠡᠯᠲᠡ ᠶᠢ ᠳᠡᠯᠭᠡᠷᠡᠭᠦᠯᠬᠦ ᠶᠢ ᠲᠦᠯᠬᠢᠨ ᠠᠬᠢᠭᠤᠯᠵᠤ᠂ ᠮᠡᠳᠡᠭᠡ | ᠵᠠᠩᠭᠢᠴᠢᠯᠠᠭᠰᠠᠨ ᠦᠷ᠎ᠡ ᠶᠢᠨ ᠪᠠᠭᠰᠢ ᠶᠢ ᠠᠯᠬᠤᠮ ᠠᠯᠬᠤᠮ ᠢᠶᠠᠷ ᠬᠥᠮᠦᠵᠢᠭᠦᠯᠬᠦ ᠬᠡᠷᠡᠭᠲᠡᠶ᠃ ᠪᠥᠬᠦ ᠣᠷᠣᠨ ᠤ | ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ 7 ᠰᠢᠰᠲ᠋ᠧᠮ ᠤᠨ ᠪᠠᠶᠢᠭᠤᠯᠤᠯᠲᠠ ᠶᠢ | ᠪᠡᠶᠡᠯᠡᠭᠦᠯᠪᠡ᠃ ᠰᠤᠷᠭᠠᠭᠤᠯᠢ ᠶᠢᠨ ᠡᠯ᠎ᠡ ᠣᠷᠣᠵᠤ ᠭᠠᠷᠬᠤ ᠭᠠᠵᠠᠷ᠂ ᠪᠠᠶᠢᠷᠢ ᠵᠡᠷᠭᠡ ᠣᠷᠣᠨ ᠪᠦᠰᠡ ᠳᠤ | ᠤᠶᠤᠨᠴᠢᠯᠠᠭᠰᠠᠨ ᠲᠥᠬᠦᠭᠡᠷᠦᠮᠵᠢ ᠤᠭᠰᠠᠷᠠᠵᠤ᠂ ᠰᠤᠷᠭᠠᠭᠤᠯᠢ ᠶᠢᠨ ᠤᠶᠤᠨᠴᠢᠯᠠᠭᠰᠠᠨ ᠬᠠᠮᠢᠶᠠᠷᠤᠯᠲᠠ ᠪᠠ | ᠤᠶᠤᠨᠴᠢᠯᠠᠭᠰᠠᠨ ᠰᠡᠷᠭᠡᠶᠢᠯᠡᠯ ᠰᠡᠷᠡᠮᠵᠢᠯᠡᠭᠦᠯᠦᠯ ᠢ ᠪᠡᠶᠡᠯᠡᠭᠦᠯᠦᠨ᠎ᠡ᠃ ︵ᠲᠦᠷᠦᠭᠦᠯᠡᠬᠦ ᠨᠢᠭᠡᠴᠡ᠄ ᠲᠣᠭᠤᠷᠢᠭ ᠤᠨ | ᠡᠳ᠋ ᠤᠨ ᠵᠠᠰᠠᠭ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠬᠠᠶᠢᠨᠠᠨ ᠤ ᠳᠣᠲᠣᠭᠠᠳᠤ ᠶᠢ ᠬᠠᠮᠠᠭᠠᠯᠠᠬᠤ ᠬᠤᠪᠢᠶᠠᠷᠢ | ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠡᠯ᠎ᠡ ᠪᠠᠯᠭᠠᠰᠤ᠂ ᠵᠡᠭᠡᠯᠢ ᠭᠤᠳᠤᠮᠵᠢ︶᠃ | 3. ︽ᠵᠥᠭᠡᠯᠡᠨ ᠬᠡᠷᠡᠭᠰᠡᠯ︾ ᠤᠨ ᠪᠠᠶᠢᠭᠤᠯᠤᠯᠲᠠ ᠶᠢ ᠴᠢᠩᠭᠠᠳᠬᠠᠨ᠂ ᠰᠤᠷᠭᠠᠨ ᠬᠥᠮᠦᠵᠢᠯ ᠤᠨ ᠵᠢᠭᠠᠨ | ᠰᠤᠷᠭᠠᠬᠤ ᠶᠠᠰᠤ ᠴᠢᠨᠠᠷ ᠢ ᠢᠯᠡᠳᠲᠡ ᠳᠡᠭᠡᠭᠰᠢᠯᠡᠭᠦᠯᠬᠦ ᠶᠢ ᠠᠬᠢᠭᠤᠯᠤᠨ᠎ᠠ᠃ ᠳᠦᠷᠢᠮ ᠤᠨ ᠪᠠᠶᠢᠭᠤᠯᠤᠯᠲᠠ ᠶᠢ | ᠠᠳᠬᠤᠵᠤ᠂ ᠬᠠᠤᠯᠢ ᠶᠣᠰᠣᠭᠠᠷ ᠰᠤᠷᠭᠠᠭᠤᠯᠢ ᠶᠢ ᠵᠠᠰᠠᠬᠤ ᠶᠢ ᠲᠦᠯᠬᠢᠨ ᠠᠬᠢᠭᠤᠯᠵᠤ᠂ ᠰᠤᠷᠭᠠᠭᠤᠯᠢ ᠶᠢᠨ | ᠬᠥᠭᠵᠢᠯᠲᠡ ᠶᠢᠨ ᠬᠠᠷᠠᠯᠲᠠ ᠶᠢ ᠲᠣᠭᠲᠠᠭᠠᠨ᠂ ᠰᠤᠷᠭᠠᠭᠤᠯᠢ ᠶᠢ ᠵᠢᠯᠣᠭᠤᠳᠤᠨ ᠳᠦᠷᠢᠮ ᠳᠡᠭᠡᠨ ᠵᠠᠰᠠᠪᠤᠷᠢ | ᠣᠷᠣᠭᠤᠯᠵᠤ᠂ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠦᠨ᠂ ᠰᠢᠨᠵᠢᠯᠡᠬᠦ ᠤᠬᠠᠭᠠᠨᠴᠢ ᠪᠥᠭᠡᠳ | ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠶᠢ ᠪᠤᠶ ᠪᠣᠯᠭᠠᠨ᠎ᠠ᠃ ᠰᠤᠷᠭᠠᠭᠤᠯᠢ ᠶᠢᠨ ᠰᠣᠶᠣᠯ ᠤᠨ | ᠪᠠᠶᠢᠭᠤᠯᠤᠯᠲᠠ ᠶᠢ ᠠᠳᠬᠤᠨ᠂ ᠰᠤᠷᠭᠠᠭᠤᠯᠢ ᠶᠢ ᠵᠢᠯᠣᠭᠤᠳᠤᠨ ᠰᠤᠷᠭᠠᠭᠤᠯᠢ ᠶᠢᠨ ᠬᠦᠷᠢᠶᠡᠨ ᠤ ᠰᠣᠶᠣᠯ ᠤᠨ | ᠪᠠᠶᠢᠭᠤᠯᠤᠯᠲᠠ ᠶᠢᠨ ᠲᠥᠰᠦᠯ ᠢ ᠲᠣᠭᠲᠠᠭᠠᠵᠤ᠂ ᠰᠤᠷᠭᠠᠭᠤᠯᠢ ᠶᠢᠨ ᠬᠥᠭᠵᠢᠯᠲᠡ ᠶᠢᠨ ᠲᠡᠦᠬᠡ ᠬᠢᠭᠡᠳ ᠰᠤᠷᠭᠠᠭᠤᠯᠢ | ᠡᠷᠬᠢᠯᠡᠬᠦ ᠦᠵᠡᠯ ᠰᠠᠨᠠᠭ᠎ᠠ ᠶᠢ ᠦᠨᠳᠦᠰᠦᠯᠡᠨ᠂ ᠰᠤᠷᠭᠠᠭᠤᠯᠢ ᠡᠷᠬᠢᠯᠡᠬᠦ ᠣᠨᠴᠠᠯᠢᠭ ᠢᠶᠠᠨ ᠪᠣᠯᠪᠠᠰᠤᠷᠠᠭᠤᠯᠵᠤ᠂ ︽ᠨᠢᠭᠡ | ᠰᠤᠷᠭᠠᠭᠤᠯᠢ ᠨᠢᠭᠡ ᠲᠦᠷᠦᠯ ᠲᠡᠮᠳᠡᠭ︾ ᠢ ᠪᠤᠶ ᠪᠣᠯᠭᠠᠨ᠎ᠠ᠃ ᠵᠢᠭᠠᠨ ᠰᠤᠷᠭᠠᠬᠤ ᠬᠠᠮᠢᠶᠠᠷᠤᠯᠲᠠ ᠶᠢ ᠠᠳᠬᠤᠵᠤ᠂ | ᠰᠤᠷᠭᠠᠨ ᠬᠥᠮᠦᠵᠢᠯ ᠤᠨ ᠵᠢᠭᠠᠨ ᠰᠤᠷᠭᠠᠬᠤ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠪᠠᠷ ᠬᠠᠷᠠᠯᠲᠠ | ᠪᠣᠯᠭᠠᠨ᠂ ᠪᠠᠭ᠎ᠠ ᠰᠤᠷᠭᠠᠭᠤᠯᠢ ᠲᠡᠭᠦᠰᠦᠭᠰᠡᠳ ᠢ ᠪᠠᠶᠢᠴᠠᠭᠠᠨ ᠬᠡᠮᠵᠢᠬᠦ ᠪᠠ ᠥᠨᠳᠥᠷ ᠳᠤᠮᠳᠠᠳᠤ ᠳᠤ | ᠰᠢᠯᠭᠠᠭᠤᠯᠤᠭᠰᠠᠨ ᠬᠢᠷᠢ ᠪᠦᠲᠦᠮᠵᠢ ᠶᠢ ᠦᠷᠭᠦᠯᠵᠢᠯᠡᠨ ᠨᠡᠮᠡᠭᠳᠡᠭᠦᠯᠬᠦ ᠪᠠᠷ ᠴᠢᠷᠮᠠᠶᠢᠵᠤ᠂ ᠪᠤᠰᠤᠳ ᠬᠤᠶᠠᠷ ᠣᠷᠣᠨ ᠤ | ᠵᠥᠷᠢᠶ᠎ᠡ ᠶᠢ ᠠᠯᠬᠤᠮ ᠠᠯᠬᠤᠮ ᠢᠶᠠᠷ ᠪᠠᠭᠠᠰᠬᠠᠨ᠎ᠠ᠃ ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠲᠠ ᠶᠢᠨ | ᠵᠤᠷᠰᠢᠯ ᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠬᠢᠴᠢᠶᠡᠯ ᠪᠡᠯᠡᠳᠬᠡᠬᠦ᠂ ᠬᠢᠴᠢᠶᠡᠯ ᠤᠨ ᠲᠠᠩᠬᠢᠮ ᠤᠨ ᠵᠢᠭᠠᠨ | ᠰᠤᠷᠭᠠᠯᠲᠠ᠂ ᠳᠠᠰᠬᠠᠯ᠂ ᠪᠠᠶᠢᠴᠠᠭᠠᠨ ᠬᠡᠮᠵᠢᠯᠲᠡ ᠵᠡᠷᠭᠡ ᠳᠥᠷᠪᠡᠨ ᠭᠤᠤᠯᠳᠠᠯᠭ᠎ᠠ ᠲᠠᠢ ᠭᠤᠭᠴᠤᠭ᠎ᠠ ᠶᠢ ᠠᠳᠬᠤᠵᠤ᠂ | ᠬᠡᠪ ᠤᠨ ᠶᠠᠰᠤ ᠴᠢᠨᠠᠷ ᠢ ᠪᠠᠲᠤᠯᠠᠬᠤ ᠬᠡᠷᠡᠭᠲᠡᠶ︔ ᠵᠢᠭᠠᠨ ᠰᠤᠷᠭᠠᠯᠲᠠ ᠶᠢᠨ ᠡᠩ ᠤᠨ ᠠᠵᠢᠯ ᠵᠢᠴᠢ ᠵᠢᠭᠠᠨ | ᠰᠤᠷᠭᠠᠯᠲᠠ ᠶᠢᠨ ᠬᠠᠮᠢᠶᠠᠷᠤᠯᠲᠠ ᠶᠢᠨ ᠪᠥᠬᠦ ᠶᠠᠪᠤᠴᠠ ᠶᠢᠨ ᠬᠥᠮᠦᠨ ᠬᠥᠮᠦᠵᠢᠭᠦᠯᠬᠦ ᠶᠠᠰᠤ ᠴᠢᠨᠠᠷ ᠢ | ᠳᠡᠭᠡᠭᠰᠢᠯᠡᠭᠦᠯᠬᠦ ᠶᠢ ᠪᠣᠳᠠᠲᠠᠶᠢᠵᠢᠭᠤᠯᠬᠤ ᠬᠡᠷᠡᠭᠲᠡᠶ︔ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠳᠤ | ᠠᠩᠬᠠᠷᠤᠯ ᠢᠶᠠᠨ ᠲᠥᠪᠯᠡᠷᠡᠭᠦᠯᠵᠦ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠠᠷᠪᠠᠨ ᠨᠠᠢᠮᠠᠳᠤᠭᠠᠷ | ᠳᠤᠮᠳᠠᠳᠤ ᠰᠤᠷᠭᠠᠭᠤᠯᠢ ᠶᠢᠨ ᠰᠢᠶᠤᠤ ᠶᠠᠩ ᠬᠢᠴᠢᠶᠡᠯ ᠤᠨ ᠥᠭᠡᠷᠡᠴᠢᠯᠡᠯᠲᠡ ᠶᠢᠨ ᠲᠤᠰᠬᠠᠶ ᠮᠡᠷᠭᠡᠵᠢᠯᠲᠡᠨ ᠤ | ᠪᠦᠯᠬᠦᠮ ᠢ ᠣᠷᠣᠭᠤᠯᠤᠨ ᠠᠪᠴᠢᠷᠠᠵᠤ ᠵᠡᠷᠭᠡ ᠪᠠᠷ ᠠᠬᠢᠭᠤᠯᠵᠤ᠂ 2025 ᠣᠨ ᠳᠤ ᠠᠩᠬ᠎ᠠ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠨᠡᠶᠢᠲᠡᠯᠢᠭ ᠵᠠᠭᠪᠤᠷ ᠢ ᠪᠦᠷᠢᠯᠳᠦᠭᠦᠯᠬᠦ ᠪᠠᠷ | ᠴᠢᠷᠮᠠᠶᠢᠨ᠎ᠠ︔ ᠪᠠᠭ᠎ᠠ ᠰᠤᠷᠭᠠᠭᠤᠯᠢ ᠨᠢ ᠬᠠᠶᠢᠨᠠᠨ ᠲᠣᠭᠤᠷᠢᠭ ᠤᠨ ᠨᠢᠭᠡᠳᠦᠭᠡᠷ ᠪᠠᠭ᠎ᠠ ᠰᠤᠷᠭᠠᠭᠤᠯᠢ᠂ ᠳᠥᠷᠪᠡᠳᠦᠭᠡᠷ | ᠪᠠᠭ᠎ᠠ ᠰᠤᠷᠭᠠᠭᠤᠯᠢ᠂ ᠭᠤᠷᠪᠠᠳᠤᠭᠠᠷ ᠪᠠᠭ᠎ᠠ ᠰᠤᠷᠭᠠᠭᠤᠯᠢ ᠪᠠᠷ ᠲᠤᠷᠰᠢᠯᠲᠠ ᠶᠢᠨ ᠴᠡᠭ ᠪᠣᠯᠭᠠᠨ ᠤᠷᠢᠳᠠᠪᠠᠷ 2023 | ᠣᠨ ᠤ ᠨᠠᠮᠤᠷ ᠤᠨ ᠤᠯᠠᠷᠢᠯ ᠳᠤ ᠲᠣᠰ ᠲᠣᠰ ᠤᠨ ᠣᠨᠴᠠᠯᠢᠭ ᠲᠠᠢ ᠬᠢᠴᠢᠶᠡᠯ ᠤᠨ ᠲᠠᠩᠬᠢᠮ ᠤᠨ ᠵᠢᠭᠠᠨ | ᠰᠤᠷᠭᠠᠯᠲᠠ ᠶᠢᠨ ᠵᠠᠭᠪᠤᠷ ᠢ ᠪᠦᠷᠢᠯᠳᠦᠭᠦᠯᠬᠦ ᠶᠢᠨ ᠬᠠᠮᠲᠤ ᠪᠠᠭᠰᠢ ᠶᠢᠨ ᠵᠢᠭᠠᠨ ᠰᠤᠷᠭᠠᠯᠲᠠ ᠶᠢᠨ ᠲᠤᠰᠬᠠᠶ | ᠮᠡᠷᠭᠡᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠶᠢ ᠳᠠᠶᠢᠴᠢᠯᠠᠨ᠎ᠠ᠃ ᠰᠤᠷᠭᠠᠨ ᠬᠥᠮᠦᠵᠢᠯ ᠤᠨ ᠡᠬᠢ ᠪᠠᠶᠠᠯᠢᠭ ᠤᠨ | ᠨᠡᠭᠡᠭᠡᠯᠲᠡ ᠶᠢ ᠠᠳᠬᠤᠵᠤ᠂ ᠬᠠᠶᠢᠨᠠᠨ ᠲᠣᠭᠤᠷᠢᠭ ᠤᠨ ᠲᠣᠭᠤᠷᠢᠭ ᠤᠨ ᠲᠠᠰ ᠤᠨ ᠬᠥᠳᠡᠯᠮᠦᠷᠢ ᠶᠢᠨ ᠰᠤᠷᠭᠠᠨ | ᠬᠥᠮᠦᠵᠢᠯ ᠤᠨ ᠰᠠᠭᠤᠷᠢᠨ ᠭᠠᠵᠠᠷ ᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠵᠦ᠂ ᠪᠥᠬᠦ ᠣᠷᠣᠨ ᠤ ᠣᠲᠣ ᠶᠢᠨ | ᠪᠠᠶᠢᠭ᠎ᠠ ᠰᠤᠷᠭᠠᠨ ᠬᠥᠮᠦᠵᠢᠯ ᠤᠨ ᠡᠬᠢ ᠪᠠᠶᠠᠯᠢᠭ ᠢ ᠠᠰᠢᠭᠯᠠᠨ᠂ ᠰᠤᠷᠭᠠᠭᠤᠯᠢ ᠶᠢᠨ ᠳᠣᠲᠣᠨ᠎ᠠ ᠭᠠᠳᠠᠨᠠᠬᠢ | ᠲᠣᠬᠢᠷᠠᠮᠵᠢᠲᠠᠶ ᠠᠵᠢᠯᠯᠠᠭᠠᠨ ᠤ ᠲᠠᠯᠠᠪᠤᠷ ᠵᠢᠱᠢᠶᠡᠯᠡᠪᠡᠯ ︽ᠵᠢᠵᠢᠭ ᠭᠤᠷᠪᠠᠨ ᠱᠤᠭᠤᠮ︾ ᠤᠨ ᠳᠤᠷᠠᠰᠬᠠᠯ ᠤᠨ | ᠣᠷᠳᠣᠨ᠂ ᠦᠬᠠᠶ ᠬᠤᠲᠠ ᠶᠢᠨ ᠨᠢᠭᠡᠳᠦᠭᠡᠷ ᠨᠠᠮ ᠤᠨ ᠡᠭᠦᠷ᠂ ᠶᠠᠩ ᠭᠤᠸᠠᠩ ᠲᠢᠶᠠᠨ ᠢᠦᠶ ᠠᠷᠢᠬᠢᠨ ᠡᠳ᠋ᠯᠡᠩ | ᠵᠡᠷᠭᠡ ᠶᠢ ᠴᠠᠭ ᠲᠤᠨᠢ ᠲᠣᠬᠢᠷᠠᠭᠤᠯᠤᠨ ᠵᠠᠯᠠᠭᠤᠴᠤᠳ ᠪᠠᠭᠠᠴᠤᠳ ᠤᠨ ᠦᠵᠡᠯ ᠰᠠᠨᠠᠭ᠎ᠠ ᠶᠣᠰᠣ ᠮᠣᠷᠠᠯ ᠤᠨ | ᠬᠥᠮᠦᠵᠢᠯ ᠤᠨ ᠵᠢᠭᠰᠠᠭᠠᠯ ᠤᠨ ᠭᠠᠵᠠᠷ᠂ ᠶᠡᠷᠦᠩᠬᠡᠶᠢᠯᠡᠭᠰᠡᠨ ᠦᠢᠯᠡᠳᠦᠯᠭᠡ ᠶᠢᠨ ᠠᠵᠢᠯᠯᠠᠭ᠎ᠠ ᠶᠢᠨ ᠰᠠᠭᠤᠷᠢᠨ ᠭᠠᠵᠠᠷ᠂ | ᠬᠥᠳᠡᠯᠮᠦᠷᠢ ᠶᠢᠨ ᠰᠤᠷᠭᠠᠨ ᠬᠥᠮᠦᠵᠢᠯ ᠤᠨ ᠪᠡᠶᠡᠴᠢᠯᠡᠨ ᠣᠶᠢᠯᠠᠭᠠᠬᠤ ᠰᠠᠭᠤᠷᠢᠨ ᠭᠠᠵᠠᠷ ᠪᠣᠯᠭᠠᠨ ᠪᠥᠲᠥᠭᠡᠨ | ᠪᠠᠶᠢᠭᠤᠯᠵᠤ᠂ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠡᠬᠢ ᠪᠠᠶᠠᠯᠢᠭ ᠢ ᠭᠦᠢᠴᠡᠳ ᠬᠥᠭᠵᠢᠭᠡᠵᠦ᠂ | ᠰᠤᠷᠭᠠᠭᠤᠯᠢ ᠶᠢᠨ ᠳᠣᠲᠣᠨ᠎ᠠ ᠭᠠᠳᠠᠨᠠᠬᠢ ᠰᠤᠷᠭᠠᠨ ᠬᠥᠮᠦᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ | ︵ᠲᠦᠷᠦᠭᠦᠯᠡᠬᠦ ᠨᠢᠭᠡᠴᠡ᠄ ᠣᠷᠣᠨ ᠤ ᠰᠤᠷᠭᠠᠨ ᠬᠥᠮᠦᠵᠢᠯ ᠤᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ | ᠣᠷᠣᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ︶᠃ | ︵ᠬᠤᠶᠠᠷ︶ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠦᠨ ᠨᠡᠶᠢᠳᠡᠮ ᠠᠰᠢᠭ | ᠬᠦᠷᠲᠡᠭᠡᠬᠦ ᠬᠥᠭᠵᠢᠯᠲᠡ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ᠎ᠡ | 4. ᠬᠤᠶᠠᠳᠤᠭᠠᠷ ᠬᠡᠦᠬᠡᠳ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ | ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠲᠠᠬᠢ ᠬᠡᠦᠬᠡᠳ ᠤᠨ ᠴᠡᠴᠡᠷᠯᠢᠭ ᠤᠨ ᠡᠵᠡᠯᠡᠬᠦ ᠬᠠᠷᠢᠴᠠᠯ ᠢ | ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠪᠠᠷᠢᠮᠵᠢᠶ᠎ᠠ︾ ᠶᠢ | ᠦᠨᠳᠦᠰᠦᠯᠡᠨ᠂ ᠴᠡᠴᠡᠷᠯᠢᠭ ᠲᠤ ᠪᠠᠶᠢᠭ᠎ᠠ ᠬᠡᠦᠬᠡᠳ ᠤᠨ ᠲᠤᠭ᠎ᠠ 1᠄ 7᠄ 1᠄ 10 ᠶᠢᠨ ᠬᠠᠷᠢᠴᠠᠯ ᠢᠶᠠᠷ ᠬᠢᠨᠠᠨ | ᠲᠣᠭᠲᠠᠭᠠᠭᠰᠠᠨ ᠲᠤᠭ᠎ᠠ ᠪᠠᠷ ᠢᠯᠡ ᠪᠠᠷ ᠤᠷᠢᠵᠤ᠂ ᠬᠡᠦᠬᠡᠳ ᠤᠨ ᠴᠡᠴᠡᠷᠯᠢᠭ ᠤᠨ ᠪᠠᠭᠰᠢ ᠶᠢ ᠨᠥᠬᠦᠪᠥᠷᠢᠯᠡᠨ | ᠰᠢᠯᠢᠳᠡᠭ ᠢ ᠲᠣᠬᠢᠷᠠᠭᠤᠯᠵᠤ᠂ ᠬᠡᠦᠬᠡᠳ ᠤᠨ ᠪᠠᠭᠰᠢ ᠶᠢᠨ ᠡᠩᠨᠡᠭᠡ ᠶᠢᠨ ᠪᠦᠬᠦᠯᠢ ᠴᠣᠭᠴᠠ ᠶᠢᠨ ᠬᠡᠪ ᠴᠢᠨᠠᠷ ᠢ | ᠳᠡᠭᠡᠭᠰᠢᠯᠡᠭᠦᠯᠦᠨ᠎ᠡ᠃ ᠬᠤᠶᠠᠳᠤᠭᠠᠷ ᠨᠢᠯᠬ᠎ᠠ ᠬᠡᠦᠬᠡᠳ ᠲᠤ ᠲᠤᠰᠬᠠᠢ ᠪᠠᠭᠰᠢ ᠨᠠᠷ ᠢ ᠪᠦᠷᠢᠳᠦᠭᠦᠯᠵᠦ᠃ ᠣᠷᠣᠨ | ᠲᠤᠭ᠎ᠠ ᠶᠢᠨ ᠰᠠᠯᠠᠭ᠎ᠠ ᠮᠥᠴᠢᠷ ᠤᠳ ᠬᠡᠤᠬᠡᠳ ᠤᠨ ᠴᠡᠴᠡᠷᠯᠢᠭ ᠤᠨ ᠪᠠᠭᠰᠢ ᠶᠢᠨ ︽ᠣᠷᠣᠨ ᠲᠤᠭ᠎ᠠ + ᠲᠤᠭ᠎ᠠ | ᠬᠢᠵᠠᠭᠠᠷᠯᠠᠬᠤ︾ ᠶᠡᠷᠦᠩᠬᠡᠶ ᠬᠡᠮᠵᠢᠶᠡᠨ ᠤ ᠬᠠᠮᠢᠶᠠᠷᠤᠯᠲᠠ ᠶᠢ ᠬᠡᠷᠡᠭᠵᠢᠭᠦᠯᠵᠦ᠂ ᠣᠳᠣ ᠪᠠᠶᠢᠭ᠎ᠠ ᠭᠡᠷ᠎ᠡ ᠶᠢᠨ ᠳᠦᠷᠢᠮᠲᠦ | ᠪᠠᠭᠰᠢ ᠶᠢ ᠬᠢᠵᠠᠭᠠᠷᠯᠠᠬᠤ ᠲᠣᠭᠠᠨ ᠤ ᠬᠠᠮᠢᠶᠠᠷᠤᠯᠲᠠ ᠳᠤ ᠣᠷᠣᠭᠤᠯᠤᠨ᠎ᠠ᠃ ᠭᠡᠷ᠎ᠡ ᠶᠢᠨ ᠳᠦᠷᠢᠮᠲᠦ ᠪᠠᠭᠰᠢ ᠶᠢᠨ | ᠣᠯᠭᠤᠮᠵᠢ ᠶᠢ ᠪᠠᠲᠤᠯᠠᠨ᠎ᠠ᠃ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠳᠡᠭᠡᠭᠰᠢ ᠲᠤᠰᠢᠶᠠᠭᠰᠠᠨ | ᠠᠰᠠᠷᠠᠨ ᠬᠥᠮᠦᠵᠢᠭᠦᠯᠬᠦ ᠵᠠᠷᠤᠳᠠᠯ ᠢ ᠰᠠᠷ᠎ᠠ ᠪᠠᠷ ᠰᠠᠯᠭᠠᠨ ᠥᠭᠬᠦ ᠶᠢ ᠪᠠᠲᠤᠯᠠᠬᠤ ᠬᠡᠷᠡᠭᠲᠡᠶ᠃ ᠠᠷᠠᠳ ᠠᠴᠠ | ᠡᠷᠬᠢᠯᠡᠭᠰᠡᠨ ᠬᠡᠦᠬᠡᠳ ᠤᠨ ᠴᠡᠴᠡᠷᠯᠢᠭ ᠤᠨ ᠡᠷᠬᠢᠯᠡᠭᠰᠡᠳ᠂ ᠬᠤᠪᠢ ᠬᠥᠮᠦᠨ᠂ ᠵᠠᠰᠠᠭ ᠤᠨ ᠣᠷᠳᠣᠨ ᠵᠦᠢ ᠵᠣᠬᠢᠰᠲᠠᠶ | ᠬᠤᠪᠢᠳᠠᠨ ᠡᠭᠦᠷᠭᠡᠯᠡᠭᠰᠡᠨ ᠪᠠᠭᠰᠢ ᠶᠢᠨ ᠨᠡᠶᠢᠭᠡᠮ ᠤᠨ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠶ᠃ | ︵ᠲᠦᠷᠦᠭᠦᠯᠡᠬᠦ ᠨᠢᠭᠡᠴᠡ᠄ ᠲᠣᠭᠤᠷᠢᠭ ᠤᠨ ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠠᠯᠪᠠᠨ ᠬᠡᠷ᠂ | ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ | ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠠᠶᠢᠨᠠᠨ ᠤ | ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ︶᠃ | ︵ᠭᠤᠷᠪᠠ︶ ᠰᠤᠷᠭᠠᠨ ᠬᠦᠮᠦᠵᠢᠯ ᠤᠨ ᠬᠦᠷᠢᠶᠡᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠲᠠᠰᠤᠷᠠᠯᠲᠠ | ᠦᠭᠡᠢ ᠭᠦᠨᠵᠡᠭᠡᠶᠢᠷᠡᠭᠦᠯᠦᠨ᠎ᠡ᠃ | 5. ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ︽ᠣᠷᠣᠨ ᠤ ᠬᠠᠮᠢᠶᠠᠷᠤᠯᠲᠠ ᠶᠢᠨ ᠰᠤᠷᠭᠠᠭᠤᠯᠢ | ᠤᠷᠢᠵᠤ ᠬᠡᠷᠡᠭᠯᠡᠬᠦ︾ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ︽ᠰᠤᠷᠭᠠᠭᠤᠯᠢ ᠶᠢᠨ | ᠬᠥᠮᠥᠨ︾ ᠢ ︽ᠰᠢᠰᠲ᠋ᠧᠮ ᠤᠨ ᠬᠥᠮᠥᠨ︾ ᠪᠣᠯᠭᠠᠨ ᠬᠤᠪᠢᠷᠠᠭᠤᠯᠵᠤ᠂ ᠨᠢᠭᠡᠳᠦᠯᠲᠡᠢ ᠲᠥᠯᠥᠪᠯᠡᠨ ᠨᠠᠶᠢᠷᠠᠭᠤᠯᠤᠨ | ᠵᠣᠬᠢᠶᠠᠬᠤ ᠰᠠᠨᠠᠭᠤᠯᠭ᠎ᠠ ᠶᠢ ᠪᠡᠶᠡᠯᠡᠭᠦᠯᠬᠦ ᠶᠢᠨ ᠬᠠᠮᠲᠤ ᠣᠷᠣᠨ ᠲᠣᠭᠠᠨ ᠤ ᠰᠠᠯᠠᠭ᠎ᠠ ᠮᠥᠴᠢᠷ ᠲᠤ ᠮᠡᠳᠡᠭᠦᠯᠦᠨ | ᠳᠠᠩᠰᠠᠯᠠᠭᠤᠯᠬᠤ ᠬᠡᠷᠡᠭᠲᠡᠢ᠃ ︽ᠬᠠᠶᠢᠨᠠᠨ ᠲᠣᠭᠤᠷᠢᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠰᠤᠷᠭᠠᠭᠤᠯᠢ ᠶᠢᠨ ᠪᠠᠭᠰᠢ ᠠᠵᠢᠯ ᠤᠨ ᠪᠠᠶᠢᠷᠢ ᠡᠭᠡᠯᠵᠢᠯᠡᠨ ᠰᠣᠯᠢᠯᠴᠠᠬᠤ ᠬᠡᠷᠡᠭᠵᠢᠭᠦᠯᠬᠦ ᠲᠥᠰᠦᠯ ︵ᠲᠤᠷᠰᠢᠨ | ᠬᠡᠷᠡᠭᠵᠢᠭᠦᠯᠬᠦ︶︾ ᠶᠣᠰᠣᠭᠠᠷ᠂ ᠪᠠᠭᠰᠢ ᠶᠢᠨ ᠠᠵᠢᠯ ᠤᠨ ᠪᠠᠶᠢᠷᠢ ᠡᠭᠡᠯᠵᠢᠯᠡᠨ ᠰᠣᠯᠢᠯᠴᠠᠬᠤ ᠠᠵᠢᠯ ᠢ ᠪᠥᠬᠦ | ᠲᠠᠯ᠎ᠠ ᠪᠠᠷ ᠥᠷᠨᠢᠭᠦᠯᠵᠦ᠂ ᠭᠤᠤᠯᠯᠠᠭᠴᠢ ᠪᠠᠭᠰᠢ ᠶᠢ ᠭᠤᠤᠯᠳᠠᠯᠭ᠎ᠠ ᠲᠠᠢ ᠬᠥᠲᠥᠯᠦᠨ ᠵᠢᠯᠣᠭᠤᠳᠴᠤ ᠪᠠᠶᠢᠭᠠᠳ | ᠬᠥᠳᠡᠭᠡ ᠲᠣᠰᠬᠤᠨ ᠤ ᠰᠤᠷᠭᠠᠭᠤᠯᠢ ᠪᠠ ᠪᠠᠭᠤᠷᠠᠶ ᠰᠤᠷᠭᠠᠭᠤᠯᠢ ᠳᠠᠰᠢ ᠰᠢᠯᠵᠢᠭᠦᠯᠵᠦ᠂ ᠵᠢᠯ ᠪᠦᠷᠢ ᠠᠵᠢᠯ ᠤᠨ | ᠪᠠᠶᠢᠷᠢ ᠡᠭᠡᠯᠵᠢᠯᠡᠭᠦᠯᠬᠦ ᠪᠠᠭᠰᠢ ᠶᠢ ᠡᠷᠬᠡᠪᠰᠢ ᠰᠣᠯᠢᠯᠴᠠᠭᠠᠨ ᠤ ᠨᠥᠬᠦᠴᠡᠯ ᠢ ᠪᠦᠷᠢᠯᠳᠦᠭᠦᠯᠦᠭᠰᠡᠨ ᠪᠠᠭᠰᠢ ᠶᠢᠨ | 20% ᠳᠤ ᠬᠦᠷᠦᠭᠦᠯᠵᠦ᠂ ᠭᠤᠤᠯᠯᠠᠭᠴᠢ ᠪᠠᠭᠰᠢ ᠶᠢ 10% ᠳᠤ ᠬᠦᠷᠦᠭᠦᠯᠵᠦ᠂ ᠡᠬᠢ ᠪᠠᠶᠠᠯᠢᠭ ᠤᠨ | ᠲᠣᠬᠢᠷᠠᠭᠤᠯᠤᠯᠲᠠ ᠶᠢ ᠤᠯᠠᠮ ᠨᠢᠭᠡ ᠠᠯᠬᠤᠮ ᠲᠡᠩᠴᠡᠭᠦᠷᠢᠰᠢᠭᠦᠯᠵᠦ᠂ ᠬᠤᠲᠠ ᠬᠥᠳᠡᠭᠡ ᠶᠢᠨ ᠵᠥᠷᠢᠶ᠎ᠡ ᠶᠢ | ᠪᠠᠭᠠᠰᠬᠠᠬᠤ ᠬᠡᠷᠡᠭᠲᠡᠶ᠃ ︵ᠲᠦᠷᠦᠭᠦᠯᠡᠬᠦ ᠨᠢᠭᠡᠴᠡ᠄ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ︔ | ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠨᠠᠮ ᠤᠨ ᠬᠤᠷᠢᠶᠠᠨ ᠤ ᠣᠷᠣᠨ ᠲᠤᠭ᠎ᠠ ᠶᠢᠨ ᠠᠯᠪᠠᠨ ᠬᠡᠷ᠂ | ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶᠃ | 6. ︽ᠰᠤᠷᠭᠠᠭᠤᠯᠢ ᠶᠢᠨ ᠵᠠᠬᠢᠷᠤᠯ ᠤᠨ ᠲᠤᠰᠢᠶᠠᠯ ᠤᠨ ᠲᠠᠰ ᠤᠨ ᠲᠦᠷᠢᠮ︾ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠎ᠡ᠃ ᠺᠠᠳ᠋ᠷ ᠤᠨ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠶᠢ ᠰᠢᠯᠤᠭᠤᠳᠬᠠᠵᠤ᠂ | ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠰᠤᠷᠭᠠᠨ ᠬᠥᠮᠦᠵᠢᠯ ᠤᠨ ᠺᠠᠳ᠋ᠷ ᠢ ᠰᠢᠰᠲ᠋ᠧᠮᠵᠢᠭᠦᠯᠦᠨ ᠬᠠᠮᠢᠶᠠᠷᠬᠤ ᠶᠢ | ᠪᠡᠶᠡᠯᠡᠭᠦᠯᠵᠦ᠂ ᠰᠤᠷᠭᠠᠭᠤᠯᠢ ᠶᠢᠨ ᠵᠠᠬᠢᠷᠤᠯ ᠤᠨ ᠲᠤᠰᠢᠶᠠᠯ ᠤᠨ ᠲᠠᠰ ᠤᠨ ᠲᠦᠷᠢᠮ ᠤᠨ ᠠᠵᠢᠯ ᠤᠨ ᠨᠠᠷᠢᠨ | ᠬᠠᠭᠤᠳᠠᠰᠤ ᠶᠢ ᠲᠣᠭᠲᠠᠭᠠᠨ᠂ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠪᠠᠷ ᠳᠠᠮᠵᠢᠭᠤᠯᠤᠨ | ᠰᠤᠷᠭᠠᠭᠤᠯᠢ ᠡᠷᠭᠢᠯᠡᠬᠦ ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠲᠤᠰᠢᠶᠠᠯ ᠤᠨ ᠳᠡᠰ ᠲᠣᠬᠢᠷᠠᠭᠤᠯᠬᠤ᠂ ᠰᠢᠯᠭᠠᠨ | ᠬᠢᠨᠠᠵᠤ ᠦᠨᠡᠯᠡᠬᠦ ᠲᠣᠭᠲᠠᠴᠠ ᠶᠢ ᠲᠠᠰᠤᠷᠠᠯᠲᠠ ᠤᠢᠭᠡᠢ ᠲᠣᠬᠢᠷᠠᠭᠤᠯᠤᠨ ᠰᠢᠯᠢᠳᠡᠭᠵᠢᠭᠦᠯᠵᠦ᠂ ᠰᠤᠷᠭᠠᠭᠤᠯᠢ ᠶᠢᠨ | ᠵᠠᠬᠢᠷᠤᠯ ᠤᠨ ᠲᠤᠰᠢᠶᠠᠯ ᠤᠨ ᠳᠡᠰ ᠢ ᠰᠢᠯᠭᠠᠨ ᠬᠢᠨᠠᠬᠤ ᠶᠢᠨ ᠤᠷᠮᠠᠰᠢᠭᠤᠯᠬᠤ ᠦᠢᠯᠡᠳᠦᠯ ᠢ ᠭᠦᠢᠴᠡᠳ ᠪᠠᠳᠠᠷᠠᠭᠤᠯᠬᠤ | ᠬᠡᠷᠡᠭᠲᠡᠶ᠃ ᠵᠢᠯ ᠪᠦᠷᠢ 3 ᠪᠦᠯᠦᠭ ᠰᠤᠷᠭᠠᠭᠤᠯᠢ ︵ᠴᠡᠴᠡᠷᠯᠢᠭ︶ ᠶᠢᠨ ᠳᠠᠷᠤᠭ᠎ᠠ ᠶᠢ ᠲᠣᠮᠢᠯᠠᠨ ᠣᠨᠳᠣᠤ ᠭᠠᠵᠠᠷ ᠲᠤ | ᠠᠵᠢᠯ ᠤᠨ ᠪᠠᠶᠢᠷᠢ ᠳᠠᠭᠠᠵᠤ ᠰᠤᠷᠤᠯᠴᠠᠭᠤᠯᠤᠨ᠎ᠠ᠃ ︵ᠲᠦᠷᠦᠭᠦᠯᠡᠬᠦ ᠨᠢᠭᠡᠴᠡ᠄ ᠣᠷᠣᠨ ᠤ ᠰᠤᠷᠭᠠᠨ ᠬᠥᠮᠦᠵᠢᠯ ᠤᠨ | ᠲᠣᠪᠴᠢᠶ᠎ᠠ︶ | 7. ᠪᠠᠭᠰᠢ ᠠᠵᠢᠯᠲᠠᠨ ᠠᠵᠢᠯᠴᠢᠨ ᠤ ᠣᠷᠣᠨ ᠲᠤᠭ᠎ᠠ ᠶᠢᠨ ᠬᠠᠮᠢᠶᠠᠷᠤᠯᠲᠠ ᠶᠢᠨ ᠲᠣᠭᠲᠠᠴᠠ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠣᠷᠣᠨ ᠲᠣᠭᠠᠨ ᠤ ᠶᠡᠷᠦᠩᠬᠡᠶ ᠬᠡᠮᠵᠢᠶᠡᠨ ᠳᠣᠲᠣᠷ᠎ᠠ᠂ ︽ᠪᠠᠴᠢᠮ | ᠬᠡᠷᠡᠭᠰᠡᠬᠦ ᠶᠢ ᠪᠠᠲᠤᠯᠠᠬᠤ᠂ ᠬᠡᠷᠡᠭᠯᠡᠭᠰᠡᠨ ᠤ ᠳᠠᠷᠠᠭ᠎ᠠ ᠪᠤᠴᠠᠭᠠᠬᠤ᠂ ᠬᠥᠳᠡᠯᠦᠩᠭᠦᠶ ᠪᠠᠷ ᠡᠷᠭᠢᠯᠳᠦᠭᠦᠯᠬᠦ︾ ᠵᠠᠷᠴᠢᠮ | ᠶᠣᠰᠣᠭᠠᠷ᠂ ᠪᠡᠯᠡᠳᠬᠡᠯ ᠣᠷᠣᠨ ᠲᠤᠭ᠎ᠠ ᠶᠢ ᠤᠷᠢᠳᠴᠢᠯᠠᠨ ᠵᠢᠭᠡᠯᠡᠵᠦ᠂ ᠡᠷᠭᠢᠯᠲᠡ ᠳᠤ ᠬᠡᠷᠡᠭᠯᠡᠵᠦ ᠪᠠᠴᠢᠮ ᠬᠡᠷᠡᠭᠰᠡᠬᠦ | ᠳᠤᠲᠠᠭᠳᠠᠵᠤ ᠪᠠᠶᠢᠭ᠎ᠠ ᠪᠠᠭᠰᠢ ᠶᠢ ᠤᠷᠢᠳᠴᠢᠯᠠᠨ ᠤᠷᠢᠨ ᠬᠡᠷᠡᠭᠯᠡᠨ᠎ᠡ᠃ ᠣᠷᠣᠨ ᠲᠤᠭ᠎ᠠ ᠶᠢᠨ ᠦᠯᠡᠳᠡᠭᠡᠯ ᠢ | ᠠᠮᠢᠳᠤᠯᠢᠭᠵᠢᠭᠤᠯᠵᠤ᠂ ᠣᠷᠣᠨ ᠲᠤᠭ᠎ᠠ ᠶᠢᠨ ᠪᠦᠲᠦᠴᠡ ᠶᠢ ᠰᠢᠯᠢᠳᠡᠭᠵᠢᠭᠦᠯᠦᠨ᠂ ᠠᠩᠭᠢ ᠪᠠᠭᠰᠢ ᠶᠢᠨ ᠬᠠᠷᠢᠴᠠᠯ | ᠬᠢᠭᠡᠳ ᠰᠤᠷᠤᠭᠴᠢ ᠬᠢᠭᠡᠳ ᠪᠠᠭᠰᠢ ᠶᠢᠨ ᠬᠠᠷᠢᠴᠠᠯ ᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢᠶᠠᠷ ᠪᠠᠭᠰᠢ | ᠠᠵᠢᠯᠲᠠᠨ ᠤ ᠣᠷᠣᠨ ᠲᠤᠭ᠎ᠠ ᠶᠢ ᠤᠯᠠᠮ ᠨᠢᠭᠡ ᠠᠯᠬᠤᠮ ᠵᠦᠢ ᠵᠣᠬᠢᠰᠲᠠᠢ ᠬᠢᠨᠠᠨ ᠲᠣᠭᠲᠠᠭᠠᠬᠤ ᠬᠡᠷᠡᠭᠲᠡᠢ᠃ | ︵ᠲᠦᠷᠦᠭᠦᠯᠡᠬᠦ ᠨᠢᠭᠡᠴᠡ᠄ ᠣᠷᠣᠨ ᠤ ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠠᠯᠪᠠᠨ ᠬᠡᠷ︔ | ᠬᠠᠷᠢᠭᠤᠴᠠᠯᠭᠠᠲᠤ ᠨᠢᠭᠡᠴᠡ᠄ ᠣᠷᠣᠨ ᠤ ᠰᠤᠷᠭᠠᠨ ᠬᠥᠮᠦᠵᠢᠯ ᠤᠨ ᠲᠣᠪᠴᠢᠶ᠎ᠠ︶᠃ | 8. ᠪᠠᠭᠰᠢ ᠶᠢᠨ ᠮᠡᠷᠭᠡᠵᠢᠯ ᠤᠨ ᠴᠣᠯᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ | ᠬᠤᠲᠠ ᠶᠢᠨ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠭᠤᠶᠤᠴᠢᠯᠠᠨ ᠮᠡᠳᠡᠭᠦᠯᠦᠭᠰᠡᠨ | ᠳᠡᠭᠡᠳᠦ ᠵᠡᠷᠭᠡ ᠶᠢᠨ ᠪᠠᠭᠰᠢ ᠶᠢ 1 ᠵᠢᠯ ᠠᠴᠠ ᠳᠡᠭᠡᠭᠰᠢᠬᠢ ᠰᠢᠶᠠᠩ ᠪᠠᠯᠭᠠᠰᠤᠨ ᠤ ᠰᠤᠷᠭᠠᠭᠤᠯᠢ ︵ᠪᠠᠷᠠᠭᠤᠨ | ᠣᠷᠠᠨᠳᠦ᠋ᠰᠢ ᠰᠤᠷᠭᠠᠭᠤᠯᠢ ᠪᠠᠭᠲᠠᠨ᠎ᠠ︶ ᠶᠢᠨ ᠰᠤᠷᠭᠠᠨ ᠬᠥᠮᠦᠵᠢᠯ ᠢ ᠳᠡᠮᠵᠢᠭᠰᠡᠨ ᠥᠩᠭᠡᠷᠡᠯᠲᠡ ᠲᠠᠢ ᠪᠠᠶᠢᠯᠭᠠᠨ᠎ᠠ᠃ | ᠪᠠᠭᠰᠢ ᠶᠢᠨ ᠮᠡᠷᠭᠡᠵᠢᠯ ᠤᠨ ᠴᠣᠯᠠ ᠶᠢ ᠲᠣᠭᠲᠠᠭᠠᠬᠤ ᠤᠷᠢᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠦᠨ᠎ᠡ᠃ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠮᠡᠷᠭᠡᠵᠢᠯ ᠤᠨ | ᠴᠣᠯᠠ ᠶᠢᠨ ᠬᠠᠷᠢᠴᠠᠯ ᠤᠨ ᠶᠡᠷᠦᠩᠬᠡᠢ ᠬᠡᠮᠵᠢᠶ᠎ᠡ ᠶᠢ ᠬᠢᠨᠠᠨ ᠲᠣᠭᠲᠠᠭᠠᠵᠤ᠂ ᠬᠢᠨᠠᠨ ᠬᠠᠷᠭᠤᠭᠤᠯᠵᠤ ᠬᠢᠨᠠᠨ | ᠲᠣᠭᠲᠠᠭᠠᠬᠤ ᠲᠥᠰᠦᠯ ᠪᠠ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠵᠤ ᠰᠢᠮᠳᠠᠭᠤᠯᠤᠨ ᠪᠠᠶᠢᠴᠠᠭᠠᠵᠤ᠂ ᠰᠤᠷᠭᠠᠨ | ᠬᠥᠮᠦᠵᠢᠯ ᠤᠨ ᠰᠠᠯᠠᠭ᠎ᠠ ᠮᠥᠴᠢᠷ ᠰᠢᠰᠲ᠋ᠧᠮ ᠤᠨ ᠳᠣᠲᠣᠷ᠎ᠠ ᠬᠢᠨᠠᠨ ᠲᠣᠭᠲᠠᠭᠠᠬᠤ ᠪᠠ ᠤᠷᠢᠨ ᠲᠣᠮᠢᠯᠠᠬᠤ ᠶᠢ | ᠨᠢᠭᠡᠳᠦᠯᠲᠡᠢ ᠲᠥᠯᠥᠪᠵᠢᠭᠦᠯᠬᠦ ᠶᠢᠨ ᠬᠠᠮᠲᠤ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ | ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ ᠪᠦᠬᠦ ᠶᠠᠪᠤᠴᠠ ᠶᠢᠨ ᠠᠵᠢᠯ ᠢ ᠪᠣᠳᠠᠲᠠᠢ ᠬᠠᠷᠢᠭᠤᠴᠠᠨ᠎ᠠ᠃ | ᠤᠷᠢᠭᠳᠠᠭᠰᠠᠨ ᠳᠡᠭᠡᠳᠦ ᠵᠡᠷᠭᠡ ᠶᠢᠨ ᠪᠠᠭᠰᠢ ᠶᠢᠨ ᠡᠭᠦᠷᠭᠡᠯᠡᠬᠦ ᠲᠣᠭᠲᠠᠭᠰᠠᠨ ᠬᠢᠴᠢᠶᠡᠯ ᠤᠨ ᠴᠠᠭ ᠤᠨ ᠠᠵᠢᠯ ᠤᠨ | ᠬᠡᠮᠵᠢᠶ᠎ᠡ ᠶᠢᠨ ᠳᠦᠷᠢᠮ ᠢ ᠪᠠᠶᠢᠭᠤᠯᠬᠤ ᠬᠡᠷᠡᠭᠲᠡᠶ᠃ ︵ᠲᠦᠷᠦᠭᠦᠯᠡᠬᠦ ᠨᠢᠭᠡᠴᠡ᠄ ᠣᠷᠣᠨ ᠤ ᠰᠤᠷᠭᠠᠨ ᠬᠥᠮᠦᠵᠢᠯ ᠤᠨ | ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ︶᠃ | 9 ᠵᠢᠭᠠᠨ ᠰᠤᠷᠭᠠᠬᠤ ᠬᠠᠪᠰᠤᠷᠤᠭᠴᠢ ᠶᠢᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ | ᠬᠡᠷᠡᠭᠲᠡᠶ᠃ ᠭᠡᠷ᠎ᠡ ᠶᠢᠨ ᠬᠡᠯᠪᠡᠷᠢ ᠮᠠᠶ᠋ᠢᠭ ᠢᠶᠠᠷ ᠡᠯ᠎ᠡ ᠰᠤᠷᠭᠠᠭᠤᠯᠢ᠂ ᠬᠡᠦᠬᠡᠳ ᠤᠨ ᠴᠡᠴᠡᠷᠯᠢᠭ ᠲᠤ ᠠᠨᠠᠭᠠᠬᠤ | ᠤᠬᠠᠭᠠᠨ ᠤ ᠠᠬᠤᠢ ᠪᠠᠶᠢᠳᠠᠯ ᠲᠠᠢ ᠡᠷᠡᠭᠦᠯᠵᠢᠯ ᠤᠨ ᠡᠮᠴᠢ ᠲᠣᠬᠢᠷᠠᠭᠤᠯᠵᠤ ᠥᠭᠭᠦᠨ᠎ᠡ᠃ ᠵᠠᠰᠠᠭ ᠤᠨ ᠣᠷᠳᠣᠨ | ᠬᠤᠳᠠᠯᠳᠤᠨ ᠠᠪᠬᠤ ᠠᠷᠭ᠎ᠠ ᠮᠠᠶ᠋ᠢᠭ ᠢ ᠠᠪᠴᠤ᠂ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠤᠨ | ᠬᠤᠭᠤᠯᠠᠨ ᠭᠡᠷ ᠤᠨ ᠠᠵᠢᠯᠲᠠᠨ᠂ ᠠᠰᠠᠷᠠᠨ ᠬᠥᠮᠦᠵᠢᠭᠦᠯᠬᠦ ᠵᠡᠷᠭᠡ ᠠᠵᠢᠯ ᠤᠨ ᠪᠠᠶᠢᠷᠢ ᠶᠢ ᠰᠢᠶ᠋ᠳᠪᠦᠷᠢᠯᠡᠬᠦ ᠬᠡᠷᠡᠭᠲᠡᠶ᠃ | ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠠᠵᠢᠯᠲᠠᠨ | ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠰᠤᠷᠤᠯᠭ᠎ᠠ ᠬᠠᠮᠠᠭᠠᠯᠠᠬᠤ ᠠᠵᠢᠯ ᠤᠨ ᠪᠠᠶᠢᠷᠢ ᠳᠤ | ᠣᠷᠣᠯᠴᠠᠬᠤ ᠬᠡᠷᠡᠭᠲᠡᠢ᠃ ︵ᠲᠦᠷᠦᠭᠦᠯᠡᠬᠦ ᠨᠢᠭᠡᠴᠡ᠄ ᠣᠷᠣᠨ ᠤ ᠰᠤᠷᠭᠠᠨ ᠬᠥᠮᠦᠵᠢᠯ ᠤᠨ ᠲᠣᠪᠴᠢᠶ᠎ᠠ︔ | ᠬᠠᠷᠢᠭᠤᠴᠠᠯᠭ᠎ᠠ ᠶᠢᠨ ᠨᠢᠭᠡᠴᠡ᠄ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ | ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠂ ᠬᠠᠶᠢᠨᠠᠨ ᠤ | ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ︶᠃ | 10. ᠪᠠᠭᠰᠢ ᠶᠢᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠬᠠᠮᠢᠶᠠᠷᠤᠯᠲᠠ ᠶᠢ ᠴᠢᠩᠭᠠᠳᠬᠠᠨ᠎ᠠ᠃ | ︽ᠢᠯᠡᠭᠦᠦ ᠬᠥᠳᠡᠯᠮᠦᠷᠢᠯᠡᠪᠡᠯ ᠢᠯᠡᠭᠦᠦ ᠣᠯᠬᠤ᠂ ᠰᠢᠯᠢᠳᠡᠭ ᠠᠮᠵᠢᠯᠲᠠ ᠪᠦᠲᠦᠮᠵᠢ ᠲᠠᠢ ᠪᠣᠯ ᠰᠠᠶᠢᠨ ᠬᠠᠷᠠᠮᠵᠢ | ᠣᠯᠭᠤᠬᠤ︾ ᠴᠠᠯᠢᠩ ᠤᠨ ᠬᠤᠪᠢᠶᠠᠷᠢᠯᠠᠯᠲᠠ ᠶᠢᠨ ᠲᠣᠭᠲᠠᠴᠠ ᠶᠢ ᠪᠠᠶᠢᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ | ᠠᠮᠵᠢᠯᠲᠠ ᠪᠦᠲᠦᠮᠵᠢ ᠶᠢᠨ ᠴᠠᠯᠢᠩ ᠢ ᠰᠤᠷᠭᠠᠭᠤᠯᠢ ᠶᠢᠨ ᠶᠡᠷᠦᠩᠬᠡᠶ ᠬᠡᠮᠵᠢᠶᠡᠨ ᠤ ᠶᠣᠰᠣᠭᠠᠷ ᠬᠢᠨᠠᠨ ᠲᠣᠭᠲᠠᠭᠠᠬᠤ ᠶᠢ | ᠲᠤᠷᠰᠢᠨ ᠬᠡᠷᠡᠭᠵᠢᠭᠦᠯᠬᠦ ᠬᠡᠷᠡᠭᠲᠡᠶ᠃ ︵ᠲᠦᠷᠦᠭᠦᠯᠡᠬᠦ ᠨᠢᠭᠡᠴᠡ᠄ ᠲᠣᠭᠤᠷᠢᠭ ᠤᠨ ᠰᠤᠷᠭᠠᠨ ᠬᠥᠮᠦᠵᠢᠯ ᠤᠨ | ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶᠃ | 11. ᠰᠤᠷᠭᠠᠨ ᠬᠥᠮᠦᠵᠢᠯ ᠵᠢᠭᠠᠨ ᠰᠤᠷᠭᠠᠯᠲᠠ ᠲᠠᠢ ᠬᠤᠯᠪᠣᠭᠳᠠᠬᠤ ᠦᠭᠡᠢ ᠤᠴᠢᠷ ᠶᠠᠪᠤᠳᠠᠯ ᠢ | ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠦᠭᠡᠢ᠂ ᠪᠠᠭᠰᠢ ᠶᠢᠨ ᠳᠠᠷᠤᠭᠠᠰᠤ ᠶᠢ ᠬᠥᠩᠭᠡᠷᠡᠭᠦᠯᠦᠨ᠎ᠡ᠃ ᠤᠯᠤᠰ᠂ | ᠥᠪᠡᠷᠲᠡᠭᠡᠨ ᠵᠠᠰᠠᠬᠤ ᠣᠷᠣᠨ᠂ ᠦᠬᠠᠶ ᠬᠤᠲᠠ ᠶᠢᠨ ᠪᠠᠭᠰᠢ ᠶᠢᠨ ᠳᠠᠷᠤᠭᠠᠰᠤ ᠶᠢ ᠬᠥᠩᠭᠡᠷᠡᠭᠦᠯᠬᠦ ᠬᠤᠯᠪᠣᠭᠳᠠᠯ | ᠪᠥᠬᠦᠶ ᠵᠣᠷᠢᠭ ᠰᠠᠨᠠᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠰᠡᠳᠬᠢᠯ ᠠᠮᠤᠷ ᠰᠤᠷᠭᠠᠨ ᠬᠥᠮᠦᠵᠢᠯ ᠤᠨ ᠰᠠᠶᠢᠨ | ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠨ᠎ᠠ᠃ ︵ᠲᠦᠷᠦᠭᠦᠯᠡᠬᠦ ᠨᠢᠭᠡᠴᠡ᠄ ᠣᠷᠣᠨ ᠤ ᠰᠤᠷᠭᠠᠨ ᠬᠥᠮᠦᠵᠢᠯ ᠤᠨ | ᠲᠣᠪᠴᠢᠶ᠎ᠠ︶ | ︵ᠲᠦᠷᠪᠡ︶ ︽ᠭᠤᠷᠪᠠᠨ ᠡᠩᠨᠡᠭᠡ︾ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠬᠠᠳᠬᠠᠨ᠎ᠠ᠃ | 12. ᠥᠨᠳᠥᠷ ᠬᠡᠪ ᠪᠣᠯᠪᠠᠰᠤᠷᠠᠯ ᠲᠠᠢ᠂ ᠲᠤᠰᠬᠠᠶᠢᠵᠢᠭᠰᠠᠨ ᠰᠤᠷᠭᠠᠭᠤᠯᠢ ᠶᠢᠨ ᠬᠦᠷᠢᠶᠡᠨ ᠤ ᠳᠠᠷᠤᠭ᠎ᠠ ᠶᠢᠨ | ᠡᠩᠨᠡᠭᠡ ᠶᠢ ᠬᠦᠴᠦᠯᠡᠨ ᠪᠠᠶᠢᠭᠤᠯᠤᠨ᠎ᠠ᠃ ᠰᠤᠷᠭᠠᠭᠤᠯᠢ ᠶᠢᠨ ᠳᠠᠷᠤᠭ᠎ᠠ ᠶᠢᠨ ᠪᠣᠯᠪᠠᠰᠤᠷᠠᠭᠤᠯᠤᠯ ᠤᠨ ᠲᠥᠯᠥᠪᠯᠡᠭᠡ ᠶᠢ | ᠲᠡᠭᠦᠯᠳᠡᠷᠵᠢᠭᠦᠯᠵᠦ᠂ ᠤᠯᠤᠰ ᠤᠨ ᠲᠡᠰ ᠤᠨ ᠪᠣᠯᠪᠠᠰᠤᠷᠠᠭᠤᠯᠤᠯ᠂ ᠮᠤᠵᠢ ᠶᠢᠨ ᠲᠡᠰ ᠤᠨ ᠪᠣᠯᠪᠠᠰᠤᠷᠠᠭᠤᠯᠤᠯ᠂ | ᠬᠤᠳᠠ ᠶᠢᠨ ᠪᠣᠯᠪᠠᠰᠤᠷᠠᠭᠤᠯᠤᠯ ᠤᠨ ᠲᠥᠷᠥᠯ ᠵᠦᠢᠯ ᠲᠠᠢ ᠤᠶᠠᠯᠳᠤᠭᠤᠯᠤᠨ᠂ ︽ᠤᠷᠢᠵᠤ ᠠᠪᠴᠢᠷᠠᠬᠤ᠂ ᠭᠠᠳᠠᠭᠰᠢ | ᠭᠠᠷᠬᠤ︾ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠤᠷᠭᠠᠭᠤᠯᠢ ᠶᠢᠨ ᠬᠦᠷᠢᠶᠡᠨ ᠤ ᠳᠠᠷᠤᠭ᠎ᠠ ᠪᠣᠯᠤᠨ ᠪᠡᠯᠡᠳᠬᠡᠯ | ᠴᠢᠳᠠᠪᠤᠷᠢᠲᠠᠨ ᠢ ᠲᠤᠰᠬᠠᠶᠢᠵᠢᠭᠤᠯᠤᠨ ᠬᠥᠮᠦᠵᠢᠭᠦᠯᠵᠦ᠂ ᠭᠤᠷᠪᠠᠨ ᠵᠢᠯ ᠤᠨ ᠴᠠᠭ ᠢ ᠠᠰᠢᠭᠯᠠᠨ ︽ᠪᠦᠬᠦ | ᠠᠵᠢᠯᠳᠠᠨ ᠢ ᠬᠠᠮᠤᠷᠴᠤ᠂ ᠱᠠᠳᠤ ᠬᠤᠪᠢᠶᠠᠨ ᠪᠣᠯᠪᠠᠰᠤᠷᠠᠭᠤᠯᠬᠤ︾ ᠶᠢ ᠪᠡᠶᠡᠯᠡᠭᠦᠯᠦᠨ᠎ᠡ᠃ ︽ᠨᠠᠷᠠᠲᠤ | ᠰᠤᠷᠭᠠᠭᠤᠯᠢ ᠶᠢᠨ ᠳᠠᠷᠤᠭ᠎ᠠ ᠶᠢᠨ ᠠᠵᠢᠯᠯᠠᠬᠤ ᠲᠠᠰᠤᠭ︾ ᠢ ᠪᠠᠶᠢᠭᠤᠯᠵᠤ᠂ ᠠᠷᠪᠠᠨ ᠨᠠᠢᠮᠠᠳᠤᠭᠠᠷ ᠳᠤᠮᠳᠠᠳᠤ | ᠰᠤᠷᠭᠠᠭᠤᠯᠢ ᠶᠢᠨ ᠰᠢᠯᠢᠳᠡᠭ ᠵᠠᠬᠢᠷᠤᠯ ᠤᠨ ᠬᠥᠲᠥᠯᠦᠨ ᠳᠠᠭᠠᠭᠤᠯᠵᠤ ᠳᠠᠶᠢᠴᠢᠯᠠᠬᠤ ᠦᠢᠯᠡᠳᠦᠯ ᠢ ᠭᠦᠢᠴᠡᠳ | ᠪᠠᠳᠠᠷᠠᠭᠤᠯᠵᠤ᠂ ᠪᠥᠬᠦ ᠣᠷᠣᠨ ᠤ ᠰᠤᠷᠭᠠᠭᠤᠯᠢ ᠶᠢᠨ ᠳᠠᠷᠤᠭ᠎ᠠ ᠶᠢᠨ ᠡᠩᠨᠡᠭᠡ ᠶᠢᠨ ᠬᠡᠪ ᠴᠢᠨᠠᠷ ᠢ ᠲᠦᠷᠭᠡᠨ | ᠳᠡᠭᠡᠭᠰᠢᠯᠡᠭᠦᠯᠬᠦ ᠶᠢ ᠳᠠᠶᠢᠴᠢᠯᠠᠨ᠎ᠠ᠃ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠱᠠᠭᠠᠷᠳᠠᠯᠭ᠎ᠠ | ᠶᠣᠰᠣᠭᠠᠷ᠂ ᠰᠢᠯᠭᠠᠷᠠᠭᠰᠠᠨ ᠰᠤᠷᠭᠠᠭᠤᠯᠢ ︵ᠴᠡᠴᠡᠷᠯᠢᠭ︶ ᠶᠢᠨ ᠳᠠᠷᠤᠭ᠎ᠠ ᠶᠢ ᠬᠥᠮᠦᠵᠢᠭᠦᠯᠬᠦ ᠢᠨᠵᠧᠨᠧᠷᠢᠩ ᠢ | ᠨᠠᠶᠢᠳᠠᠪᠤᠷᠢᠵᠢᠭᠤᠯᠤᠨ᠎ᠠ᠃ ᠰᠤᠷᠭᠠᠭᠤᠯᠢ ᠶᠢᠨ ᠬᠦᠷᠢᠶᠡᠨ ᠤ ᠳᠠᠷᠤᠭ᠎ᠠ ᠶᠢᠨ ᠪᠡᠯᠡᠳᠬᠡᠯ ᠴᠢᠳᠠᠪᠤᠷᠢᠲᠠᠨ ᠢ ᠨᠥᠭᠡᠴᠡᠯᠡᠬᠦ | ᠲᠣᠭᠲᠠᠴᠠ ᠶᠢ ᠲᠡᠭᠦᠯᠳᠡᠷᠵᠢᠭᠦᠯᠵᠦ᠂ ᠳᠤᠮᠳᠠ ᠳᠠᠪᠬᠤᠷᠭ᠎ᠠ ᠶᠢᠨ ᠺᠠᠳ᠋ᠷ ᠢ ᠬᠥᠮᠦᠵᠢᠭᠦᠯᠬᠦ ᠶᠢ ᠴᠢᠩᠭᠠᠳᠬᠠᠵᠤ᠂ | ᠬᠠᠮᠢᠶᠠᠷᠤᠯᠲᠠ ᠶᠢᠨ ᠴᠢᠳᠠᠪᠤᠷᠢᠲᠠᠨ ᠢ ᠤᠷᠢᠳᠴᠢᠯᠠᠨ ᠨᠥᠭᠡᠴᠡᠯᠡᠨ᠎ᠡ᠃ ︵ᠲᠦᠷᠦᠭᠦᠯᠡᠬᠦ ᠨᠢᠭᠡᠴᠡ᠄ ᠣᠷᠣᠨ ᠤ | ᠰᠤᠷᠭᠠᠨ ᠬᠥᠮᠦᠵᠢᠯ ᠤᠨ ᠲᠣᠪᠴᠢᠶ᠎ᠠ︶ | 13᠂ ᠪᠠᠭᠰᠢ ᠶᠢᠨ ᠮᠣᠷᠠᠯ ᠡᠷᠬᠢᠮ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ ᠪᠠᠭᠰᠢ ᠶᠢᠨ ᠡᠩᠨᠡᠭᠡ ᠶᠢ | ᠬᠦᠴᠦᠯᠡᠨ ᠪᠠᠶᠢᠭᠤᠯᠤᠨ᠎ᠠ᠃ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ | ᠪᠠᠭᠰᠢ ᠶᠢᠨ ᠪᠠᠭᠰᠢ ᠶᠢᠨ ᠶᠣᠰᠣ ᠮᠣᠷᠠᠯ ᠤᠨ ᠲᠠᠩᠰᠠ ᠡᠪᠬᠡᠮᠡᠯ ᠤᠨ ᠲᠦᠷᠢᠮ ᠢ ᠪᠠᠶᠢᠭᠤᠯᠤᠨ᠂ ᠪᠠᠭᠰᠢ ᠶᠢᠨ ᠮᠣᠷᠠᠯ | ᠪᠠᠭᠰᠢ ᠶᠢᠨ ᠰᠤᠷᠲᠠᠯ ᠤᠨ ᠭᠤᠤᠯ ᠰᠡᠳᠦᠪᠲᠦ ᠪᠣᠯᠪᠠᠰᠤᠷᠠᠭᠤᠯᠤᠯ ᠢ ᠲᠣᠭᠲᠠᠮᠠᠯ ᠬᠤᠭᠤᠴᠠᠭ᠎ᠠ ᠲᠠᠢ ᠪᠠᠷ | ᠪᠠᠶᠢᠩᠭᠤᠵᠢᠭᠤᠯᠤᠨ ᠥᠷᠨᠢᠭᠦᠯᠬᠦ ᠬᠡᠷᠡᠭᠲᠡᠶ︔ ᠰᠢᠨ᠎ᠡ ᠪᠠᠭᠰᠢ ᠶᠢᠨ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ | ᠲᠠᠩᠭᠠᠷᠢᠭᠯᠠᠬᠤ ᠲᠦᠷᠢᠮ ᠢ ᠬᠡᠷᠡᠭᠵᠢᠭᠦᠯᠵᠦ᠂ ᠪᠠᠭᠰᠢ ᠶᠢᠨ ᠡᠭᠦᠷᠭᠡᠲᠦ ᠰᠡᠳᠬᠢᠯᠭᠡ ᠶᠢ ᠬᠥᠮᠦᠵᠢᠭᠦᠯᠦᠨ᠎ᠡ᠃ | ᠴᠢᠳᠠᠪᠤᠷᠢᠲᠠᠨ ᠢ ᠣᠷᠣᠭᠤᠯᠤᠨ ᠠᠪᠴᠢᠷᠠᠬᠤ ᠡᠷᠴᠢᠮ ᠢᠶᠠᠨ ᠴᠢᠩᠭᠠᠷᠠᠭᠤᠯᠵᠤ᠂ ᠶᠡᠭᠡ ᠰᠤᠷᠭᠠᠭᠤᠯᠢ ᠲᠡᠭᠦᠰᠦᠭᠰᠡᠳ | ᠪᠠ ᠰᠢᠯᠢᠳᠡᠭ ᠭᠤᠤᠯᠯᠠᠭᠴᠢ ᠪᠠᠭᠰᠢ ᠶᠢ ᠣᠷᠣᠭᠤᠯᠤᠨ ᠠᠪᠴᠢᠷᠠᠵᠤ᠂ ᠢᠯᠡ ᠪᠠᠷ ᠡᠯᠰᠡᠬᠦ᠂ ︽ᠬᠠᠨᠳᠤᠯᠭᠠᠲᠤ | ᠪᠠᠭᠰᠢ ᠶᠢᠨ ᠮᠡᠷᠭᠡᠵᠢᠯ︾ ᠤᠨ ᠲᠥᠯᠥᠪᠯᠡᠭᠡ ᠪᠠᠷ ᠳᠠᠮᠵᠢᠭᠤᠯᠤᠨ ᠪᠠᠭᠰᠢ ᠶᠢ ᠨᠥᠬᠦᠪᠥᠷᠢᠯᠡᠬᠦ ᠡᠷᠴᠢᠮ ᠢᠶᠠᠨ | ᠴᠢᠩᠭᠠᠷᠠᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠲᠤᠰᠬᠠᠶ ᠲᠤᠰᠢᠶᠠᠯᠲᠤ ᠦᠵᠡᠯ ᠰᠠᠨᠠᠭ᠎ᠠ ᠤᠯᠤᠰ | ᠲᠥᠷᠥ ᠶᠢᠨ ᠬᠢᠴᠢᠶᠡᠯ ᠤᠨ ᠪᠠᠭᠰᠢ ᠶᠢ ᠪᠦᠷᠢᠨ ᠭᠦᠢᠴᠡᠳ ᠳᠣᠭᠢᠷᠠᠭᠤᠯᠤᠨ ᠰᠢᠯᠢᠳᠡᠭᠵᠢᠭᠦᠯᠦᠨ᠎ᠡ᠃ ᠪᠠᠭᠰᠢ ᠶᠢᠨ | ᠪᠣᠯᠪᠠᠰᠤᠷᠠᠭᠤᠯᠤᠯ ᠤᠨ ᠠᠷᠭ᠎ᠠ ᠮᠠᠶ᠋ᠢᠭ ᠢ ᠰᠢᠯᠢᠳᠡᠭᠵᠢᠭᠦᠯᠵᠦ᠂ ᠠᠩᠭᠢ ᠶᠢᠨ ᠡᠷᠬᠢᠯᠡᠭᠴᠢ ᠶᠢᠨ ᠴᠢᠳᠠᠪᠤᠷᠢᠲᠠᠨ ᠤ ᠡᠬᠢ | ᠪᠠᠶᠠᠯᠢᠭ ᠤᠨ ᠬᠥᠮᠥᠷᠭᠡ᠂ ᠨᠠᠷᠠᠲᠤ ᠠᠩᠭᠢ ᠶᠢᠨ ᠡᠷᠬᠢᠯᠡᠭᠴᠢ ᠶᠢᠨ ᠠᠵᠢᠯᠯᠠᠬᠤ ᠲᠠᠰᠤᠭ ᠢ ᠪᠠᠶᠢᠭᠤᠯᠤᠨ᠂ ᠨᠠᠷᠠᠲᠤ | ᠠᠩᠭᠢ ᠶᠢᠨ ᠡᠷᠬᠢᠯᠡᠭᠴᠢ ᠶᠢᠨ ᠦᠷᠭᠦᠯᠵᠢᠯᠡᠨ ᠰᠢᠯᠭᠠᠨ ᠬᠢᠨᠠᠵᠤ ᠰᠢᠯᠭᠠᠷᠠᠭᠤᠯᠬᠤ ᠠᠵᠢᠯ ᠢ ᠡᠬᠢᠯᠡᠭᠦᠯᠵᠦ᠂ | ᠬᠥᠳᠡᠯᠦᠩᠭᠦᠶ ᠬᠠᠮᠢᠶᠠᠷᠤᠯᠲᠠ ᠶᠢᠨ ᠤᠷᠮᠠᠰᠢᠭᠤᠯᠬᠤ ᠲᠣᠭᠲᠠᠴᠠ ᠶᠢ ᠪᠠᠶᠢᠭᠤᠯᠤᠨ᠂ ᠠᠳᠠᠯᠢ ᠪᠤᠰᠤ ᠬᠥᠭᠵᠢᠯᠲᠡ ᠶᠢᠨ | ᠱᠠᠲᠤ ᠦᠶ᠎ᠡ ᠶᠢᠨ ᠪᠠᠭᠰᠢ ᠳᠤ ᠴᠢᠭᠯᠡᠭᠦᠯᠦᠨ ᠭᠤᠷᠪᠠᠨ ᠵᠢᠯ ᠤᠨ ᠬᠥᠮᠦᠵᠢᠭᠦᠯᠦᠨ ᠪᠣᠯᠪᠠᠰᠤᠷᠠᠭᠤᠯᠬᠤ ᠲᠥᠯᠥᠪᠯᠡᠭᠡ ᠶᠢ | ᠱᠠᠲᠤ ᠬᠤᠪᠢᠶᠠᠨ ᠲᠥᠷᠥᠯ ᠬᠤᠪᠢᠶᠠᠨ ᠲᠣᠭᠲᠠᠭᠠᠵᠤ᠂ ᠪᠠᠭᠰᠢ ᠶᠢᠨ ᠲᠤᠰᠬᠠᠶᠢᠵᠢᠭᠰᠠᠨ ᠬᠡᠪ ᠪᠣᠯᠪᠠᠰᠤᠷᠠᠯ ᠢ | ᠯᠠᠪᠳᠠᠭᠤᠨ ᠢᠶᠠᠷ ᠳᠡᠭᠡᠭᠰᠢᠯᠡᠭᠦᠯᠦᠨ᠎ᠡ︔ ᠲᠤᠰᠬᠠᠶ ᠰᠡᠳᠦᠪᠲᠦ ᠪᠣᠯᠪᠠᠰᠤᠷᠠᠭᠤᠯᠤᠯ ᠢ ᠪᠣᠳᠠᠲᠠᠶ ᠠᠳᠬᠤᠵᠤ᠂ | ᠰᠤᠳᠤᠯᠭᠠᠨ ᠢᠶᠠᠷ ᠪᠣᠯᠪᠠᠰᠤᠷᠠᠭᠤᠯᠤᠯ ᠢ ᠳᠠᠶᠢᠴᠢᠯᠠᠬᠤ᠂ ᠰᠦᠯᠵᠢᠶᠡᠨ ᠤ ᠰᠢᠯᠢᠳᠡᠭ ᠬᠢᠴᠢᠶᠡᠯ᠂ ᠰᠡᠳᠦᠪ ᠤᠨ | ᠰᠤᠳᠤᠯᠭᠠᠨ᠂ ︽ᠢᠨᠲ᠋ᠧᠷ ᠰᠦᠯᠵᠢᠶ᠎ᠡ +︾ ᠵᠡᠷᠭᠡ ᠰᠤᠳᠤᠯᠤᠨ ᠪᠣᠯᠪᠠᠰᠤᠷᠠᠭᠤᠯᠬᠤ ᠲᠣᠭᠲᠠᠴᠠ ᠶᠢ ᠬᠡᠷᠡᠭᠵᠢᠭᠦᠯᠵᠦ᠂ | ᠬᠤᠲᠠ ᠶᠢᠨ ᠱᠠᠲᠤᠨ ᠤ ᠭᠤᠷᠪᠠᠨ ᠵᠢᠯ ᠳᠤ ᠨᠢᠭᠡ ᠤᠳᠠᠭ᠎ᠠ ᠪᠦᠬᠦᠨ ᠢ ᠬᠠᠮᠤᠷᠤᠭᠰᠠᠨ ᠪᠣᠯᠪᠠᠰᠤᠷᠠᠭᠤᠯᠤᠯ ᠪᠠ ᠡᠯ᠎ᠡ | ᠵᠦᠢᠯ ᠤᠨ ᠲᠤᠰᠬᠠᠶ ᠰᠡᠳᠦᠪᠲᠦ ᠪᠣᠯᠪᠠᠰᠤᠷᠠᠭᠤᠯᠤᠯ ᠢ ᠰᠠᠶᠢᠲᠤᠷ ᠬᠠᠮᠵᠢᠯᠴᠠᠨ᠎ᠠ︔ ᠤᠷᠤᠯᠳᠤᠭᠠᠨ ᠢᠶᠠᠷ | ᠪᠣᠯᠪᠠᠰᠤᠷᠠᠯ ᠢ ᠣᠷᠣᠯᠠᠭᠤᠯᠬᠤ ᠲᠣᠭᠲᠠᠴᠠ ᠶᠢ ᠪᠣᠶ ᠪᠣᠯᠭᠠᠵᠤ᠂ ᠡᠯ᠎ᠡ ᠲᠥᠷᠥᠯ ᠤᠨ ᠬᠢᠴᠢᠶᠡᠯ ᠤᠨ ᠲᠠᠩᠬᠢᠮ ᠤᠨ | ᠵᠢᠭᠠᠨ ᠰᠤᠷᠭᠠᠯᠲᠠ ᠶᠢᠨ ᠤᠷᠤᠯᠳᠤᠭᠠᠨ ᠢ ᠪᠠᠶᠢᠩᠭᠤᠵᠢᠭᠤᠯᠤᠨ ᠥᠷᠨᠢᠭᠦᠯᠦᠨ᠎ᠡ᠃ ᠦᠨᠡᠯᠡᠵᠦ ᠤᠷᠮᠠᠰᠢᠭᠤᠯᠬᠤ | ᠲᠦᠷᠢᠮ ᠢ ᠲᠡᠭᠦᠯᠳᠡᠷᠵᠢᠭᠦᠯᠵᠦ᠂ ᠰᠤᠷᠭᠠᠨ ᠬᠥᠮᠦᠵᠢᠯ ᠤᠨ ᠲᠠᠪᠴᠠᠩ ᠤᠨ ᠰᠢᠨ᠎ᠡ ᠰᠣᠳᠣᠴᠢ᠂ ᠵᠠᠯᠠᠭᠤ | ᠣᠷᠦ᠋ᠢᠯᠠᠭᠰᠠᠨ ᠴᠢᠳᠠᠪᠤᠷᠢᠲᠠᠨ᠂ ᠭᠤᠣᠯᠯᠠᠭᠴᠢ ᠪᠠᠭᠰᠢ᠂ ᠰᠢᠨᠵᠢᠯᠡᠭᠡᠨ ᠤ ᠳᠠᠭᠠᠭᠤᠯᠤᠭᠴᠢ ᠵᠡᠷᠭᠡ ᠡᠯ᠎ᠡ ᠲᠥᠷᠥᠯ ᠤᠨ | ᠰᠢᠯᠭᠠᠷᠠᠭᠤᠯᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠢᠳᠡᠪᠬᠢᠲᠡᠶ ᠪᠠᠷ ᠰᠢᠯᠢᠳᠡᠭ ᠢ ᠬᠥᠮᠦᠵᠢᠭᠦᠯᠦᠨ | ᠰᠢᠯᠢᠳᠡᠭᠵᠢᠭᠦᠯᠦᠨ᠎ᠡ᠃ ︵ᠲᠦᠷᠦᠭᠦᠯᠡᠬᠦ ᠨᠢᠭᠡᠴᠡ᠄ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ︔ | ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠨᠠᠮ ᠤᠨ ᠬᠤᠷᠢᠶᠠᠨ ᠤ ᠣᠷᠣᠨ ᠲᠤᠭ᠎ᠠ ᠶᠢᠨ ᠠᠯᠪᠠᠨ ᠬᠡᠷ᠂ | ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶᠃ | 14᠂ ︽ᠵᠢᠭᠠᠬᠤ ᠶᠢ ᠰᠤᠳᠤᠯᠬᠤ ᠴᠢᠳᠠᠪᠤᠷᠢᠲᠠᠨ︾ ᠤ ᠵᠢᠭᠠᠬᠤ ᠶᠢ ᠰᠤᠳᠤᠯᠬᠤ ᠠᠵᠢᠯᠲᠠᠨ ᠤ ᠡᠩᠨᠡᠭᠡ ᠶᠢ | ᠬᠦᠴᠦᠯᠡᠨ ᠪᠠᠶᠢᠭᠤᠯᠵᠤ᠂ ᠵᠢᠭᠠᠬᠤ ᠶᠢ ᠰᠤᠳᠤᠯᠬᠤ ᠠᠵᠢᠯᠲᠠᠨ ᠤ ᠬᠡᠪ ᠴᠢᠨᠠᠷ ᠪᠠ ᠲᠤᠰᠬᠠᠶᠢᠵᠢᠭᠰᠠᠨ ᠬᠢᠷᠢ | ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠵᠢᠭᠠᠨ ᠰᠤᠳᠤᠯᠤᠭᠴᠢ ᠶᠢᠨ ᠲᠤᠬᠢᠷᠠᠭᠤᠯᠤᠯᠳᠠ ᠶᠢ | ᠲᠡᠭᠦᠯᠳᠡᠷᠵᠢᠭᠦᠯᠵᠦ᠂ ᠡᠯ᠎ᠡ ᠰᠤᠷᠤᠯᠭ᠎ᠠ ᠶᠢᠨ ᠱᠠᠲᠤᠨ ᠤ ᠡᠯ᠎ᠡ ᠰᠢᠨᠵᠢᠯᠡᠭᠡᠨ ᠤ ᠵᠢᠭᠠᠨ ᠰᠤᠳᠤᠯᠤᠭᠴᠢ ᠶᠢ ᠠᠯᠬᠤᠮ | ᠠᠯᠬᠤᠮ ᠢᠶᠠᠷ ᠲᠤᠬᠢᠷᠠᠭᠤᠯᠵᠤ᠂ ᠤᠷᠢᠳ ᠢᠶᠠᠷ ᠭᠤᠷᠪᠠᠨ ᠪᠦᠯᠦᠭ ᠬᠤᠪᠢᠶᠠᠨ ᠰᠢᠯᠢᠳᠡᠭ ᠢ ᠨᠢ ᠰᠣᠩᠭᠤᠵᠤ 11 | ᠰᠢᠯᠢᠳᠡᠭ ᠪᠠᠭᠰᠢ ᠶᠢ ᠲᠤᠰᠢᠶᠠᠯ ᠬᠠᠪᠰᠤᠷᠭᠠᠭᠰᠠᠨ ᠵᠢᠭᠠᠨ ᠰᠤᠳᠤᠯᠤᠭᠴᠢ ᠪᠣᠯᠭᠠᠵᠤ᠂ ᠳᠤᠲᠠᠭᠳᠠᠵᠤ ᠪᠠᠶᠢᠭ᠎ᠠ | ᠰᠢᠨᠵᠢᠯᠡᠭᠡᠨ ᠤ ᠰᠠᠯᠠᠭ᠎ᠠ ᠶᠢᠨ ᠵᠢᠭᠠᠨ ᠰᠤᠳᠤᠯᠤᠭᠴᠢ ᠶᠢ ᠨᠥᠬᠦᠪᠥᠷᠢᠯᠡᠵᠦ᠂ ᠵᠢᠭᠠᠨ ᠰᠤᠳᠤᠯᠬᠤ ᠬᠦᠴᠦᠨ ᠢ | ᠪᠠᠲᠤᠳᠬᠠᠨ᠎ᠠ᠃ ᠡᠯ᠎ᠡ ᠰᠤᠷᠤᠯᠭ᠎ᠠ ᠶᠢᠨ ᠱᠠᠲᠤᠨ ᠤ ᠡᠯ᠎ᠡ ᠰᠢᠨᠵᠢᠯᠡᠭᠡᠨ ᠤ ᠵᠢᠭᠠᠨ ᠰᠤᠳᠤᠯᠤᠭᠴᠢ 15 ᠬᠥᠮᠦᠨ᠂ | ᠵᠢᠯ ᠳᠠᠷᠠᠭᠠᠯᠠᠨ ᠣᠷᠣᠨ ᠲᠤᠭ᠎ᠠ ᠶᠢ ᠨᠠᠶᠢᠳᠠᠪᠤᠷᠢᠵᠢᠭᠤᠯᠵᠤ᠂ 2025 ᠣᠨ ᠳᠤ ᠬᠡᠤᠬᠡᠳ ᠤᠨ ᠴᠡᠴᠡᠷᠯᠢᠭ᠂ ᠪᠠᠭ᠎ᠠ | ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤ ᠦᠶ᠎ᠡ ᠶᠢᠨ ᠵᠢᠭᠠᠨ ᠰᠤᠳᠤᠯᠤᠭᠴᠢ ᠨᠡᠶᠢᠲᠡ | 26 ᠬᠥᠮᠦᠨ ᠢ ᠪᠦᠷᠢᠨ ᠭᠦᠢᠴᠡᠳ ᠳᠣᠭᠢᠷᠠᠭᠤᠯᠤᠨ ᠲᠣᠬᠢᠷᠠᠭᠤᠯᠬᠤ ᠪᠠᠷ ᠴᠢᠷᠮᠠᠶᠢᠨ᠎ᠠ᠃ ᠵᠢᠭᠠᠨ ᠰᠤᠳᠤᠯᠬᠤ ᠪᠠ | ᠵᠢᠭᠠᠨ ᠵᠢᠯᠤᠭᠤᠳᠬᠤ ᠴᠢᠳᠠᠪᠤᠷᠢ ᠶᠢ ᠳᠡᠭᠡᠭᠰᠢᠯᠡᠭᠦᠯᠵᠦ᠂ ᠲᠤᠰᠬᠠᠢ ᠰᠡᠳᠦᠪᠲᠦ ᠵᠢᠭᠠᠨ ᠰᠤᠳᠤᠯᠬᠤ᠂ ᠭᠤᠣᠯ | ᠰᠡᠳᠦᠪᠲᠦ ᠵᠢᠭᠠᠨ ᠰᠤᠳᠤᠯᠬᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠤᠭᠰᠠᠨ ᠵᠢᠭᠠᠨ | ᠰᠤᠳᠤᠯᠬᠤ ᠠᠵᠢᠯ ᠤᠨ ᠲᠣᠭᠲᠠᠴᠠ ᠶᠢ ᠪᠦᠷᠢᠯᠳᠦᠭᠦᠯᠦᠨ᠎ᠡ᠃ ᠪᠠᠶᠢᠩᠭᠤᠵᠢᠭᠤᠯᠤᠭᠰᠠᠨ ᠵᠢᠭᠠᠨ ᠰᠤᠳᠤᠯᠤᠭᠴᠢ ᠶᠢ | ᠬᠥᠮᠦᠵᠢᠭᠦᠯᠦᠨ ᠪᠣᠯᠪᠠᠰᠤᠷᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠲᠤᠰᠬᠠᠶᠢᠵᠢᠭᠰᠠᠨ ᠪᠣᠯᠪᠠᠰᠤᠷᠠᠭᠤᠯᠤᠯ ᠤᠨ | ᠳᠦᠷᠢᠮ᠂ ᠲᠣᠭᠲᠠᠮᠠᠯ ᠬᠤᠭᠤᠴᠠᠭ᠎ᠠ ᠲᠠᠢ ᠪᠠᠷ ᠪᠠᠭᠰᠢᠯᠠᠬᠤ ᠳᠦᠷᠢᠮ᠂ ᠰᠤᠷᠭᠠᠭᠤᠯᠢ ᠶᠢᠨ ᠳᠦᠷᠢᠮ ᠲᠠᠢ ᠬᠠᠷᠢᠯᠴᠠᠬᠤ᠂ | ᠪᠠᠭᠰᠢ ᠶᠢᠨ ᠬᠥᠭᠵᠢᠯᠲᠡ ᠶᠢ ᠳᠠᠶᠢᠴᠢᠯᠠᠬᠤ ᠳᠦᠷᠢᠮ ᠵᠡᠷᠭᠡ ᠶᠢ ᠪᠣᠶ ᠪᠣᠯᠭᠠᠬᠤ ᠬᠡᠷᠡᠭᠲᠡᠶ᠃ ᠵᠢᠭᠠᠬᠤ ᠶᠢ | ᠰᠤᠳᠤᠯᠤᠭᠴᠢ ᠶᠢᠨ ᠣᠯᠭᠤᠮᠵᠢ ᠶᠢ ᠪᠠᠲᠤᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠵᠢᠭᠠᠬᠤ ᠶᠢ ᠰᠤᠳᠤᠯᠤᠭᠴᠢ ᠶᠢᠨ | ᠮᠡᠷᠭᠡᠵᠢᠯ ᠤᠨ ᠴᠣᠯᠠ ᠲᠣᠭᠲᠠᠭᠠᠵᠤ ᠤᠷᠢᠬᠤ ᠬᠠᠷᠢᠴᠠᠯ ᠢ 60% ᠳᠤ ᠬᠦᠷᠦᠭᠦᠯᠵᠦ᠂ ᠵᠢᠭᠠᠬᠤ ᠶᠢ | ᠰᠤᠳᠤᠯᠤᠭᠴᠢ ᠶᠢᠨ ᠰᠢᠯᠢᠳᠡᠭ ᠢ ᠰᠢᠯᠭᠠᠷᠠᠭᠤᠯᠵᠤ ᠲᠡᠷᠢᠭᠦᠨ ᠤ ᠬᠢ ᠶᠢ ᠰᠢᠯᠭᠠᠷᠠᠭᠤᠯᠬᠤ ᠶᠢ ᠨᠠᠶᠢᠳᠠᠪᠤᠷᠢᠵᠢᠭᠤᠯᠤᠨ᠎ᠠ᠃ | ︵ᠲᠦᠷᠦᠭᠦᠯᠡᠬᠦ ᠨᠢᠭᠡᠴᠡ᠄ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ | ᠲᠣᠭᠤᠷᠢᠭ ᠤᠨ ᠨᠠᠮ ᠤᠨ ᠬᠤᠷᠢᠶᠠᠨ ᠤ ᠣᠷᠣᠨ ᠲᠤᠭ᠎ᠠ ᠶᠢᠨ ᠠᠯᠪᠠᠨ ᠬᠡᠷ᠂ ᠲᠣᠭᠤᠷᠢᠭ ᠤᠨ ᠬᠥᠮᠦᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶᠃ | ︵ᠲᠠᠪᠤ︶ ᠠᠷᠠᠳ ᠠᠴᠠ ᠡᠷᠬᠢᠯᠡᠭᠰᠡᠨ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠵᠢᠷᠤᠮᠵᠢᠭᠰᠠᠨ | ᠰᠤᠷᠭᠠᠭᠤᠯᠢ ᠡᠷᠬᠢᠯᠡᠬᠦ᠂ ᠣᠨᠴᠠᠯᠢᠬᠵᠢᠭᠤᠯᠤᠨ ᠬᠦᠭᠵᠢᠭᠦᠯᠬᠦ ᠶᠢ ᠳᠡᠮᠵᠢᠨ᠎ᠡ | 15. ᠦᠬᠠᠶ ᠬᠤᠲᠠ ᠶᠢᠨ ᠾᠧᠪᠸᠢ ᠥᠪᠥᠷ ᠮᠣᠩᠭᠤᠯ ᠤᠨ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢ | ᠲᠡᠳᠬᠦᠨ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠦᠷᠭᠦᠯᠵᠢᠯᠡᠨ ᠲᠥᠷᠥ ᠶᠢᠨ ᠪᠣᠳᠣᠯᠭ᠎ᠠ ᠶᠢᠨ ᠳᠡᠮᠵᠢᠯᠭᠡ | ᠦᠵᠡᠭᠦᠯᠦᠨ᠎ᠡ᠃ ᠰᠤᠷᠭᠠᠭᠤᠯᠢ ᠡᠷᠭᠢᠯᠡᠬᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠰᠤᠷᠭᠠᠭᠤᠯᠢ ᠡᠷᠭᠢᠯᠡᠬᠦ | ᠠᠵᠢᠯᠯᠠᠭ᠎ᠠ ᠶᠢ ᠵᠢᠷᠤᠮᠵᠢᠭᠤᠯᠤᠨ᠂ ᠾᠧᠪᠧᠶ ᠥᠪᠥᠷ ᠮᠣᠩᠭᠤᠯ ᠤᠨ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠶᠢ ᠠᠬᠢᠭᠤᠯᠤᠨ᠎ᠠ᠃ ︵ᠲᠦᠷᠦᠭᠦᠯᠡᠬᠦ | ᠨᠢᠭᠡᠴᠡ᠄ ᠣᠷᠣᠨ ᠤ ᠰᠤᠷᠭᠠᠨ ᠬᠥᠮᠦᠵᠢᠯ ᠤᠨ ᠲᠣᠪᠴᠢᠶ᠎ᠠ︶ | ︵ᠵᠢᠷᠭᠤᠭ᠎ᠠ︶ ︽ᠬᠤᠶᠠᠷ ᠢ ᠬᠦᠩᠬᠡᠷᠡᠬᠦᠯᠬᠦ ᠲᠦᠷᠦ ᠶᠢᠨ ᠪᠤᠳᠤᠯᠭ᠎ᠠ︾ ᠶᠢ ᠨᠠᠶᠢᠳᠠᠪᠤᠷᠢᠵᠢᠭᠤᠯᠤᠨ᠂ ︽ | ᠳᠠᠪᠤᠨ ᠬᠦᠮᠦᠵᠢᠯ ᠢ ᠵᠡᠷᠬᠡ ᠪᠠᠷ ᠬᠡᠷᠡᠭᠵᠢᠬᠦᠯᠬᠦ︾ | 16. ᠬᠤᠶᠠᠷ ᠢ ᠪᠠᠭᠠᠰᠬᠠᠬᠤ ᠠᠵᠢᠯ ᠢ ᠦᠷᠭᠦᠯᠵᠢᠯᠡᠨ ᠰᠠᠶᠢᠲᠤᠷ ᠬᠢᠨ᠎ᠡ᠃ ᠳᠠᠰᠬᠠᠯ ᠤᠨ ᠬᠡᠮᠵᠢᠶ᠎ᠡ ᠶᠢ | ᠪᠠᠭᠠᠰᠬᠠᠭᠰᠠᠨ ᠰᠠᠭᠤᠷᠢᠨ ᠳᠡᠭᠡᠷ᠎ᠡ᠂ ᠳᠠᠰᠬᠠᠯ ᠤᠨ ᠵᠢᠷᠤᠭ ᠲᠥᠯᠥᠪᠯᠡᠭᠡ ᠬᠢᠭᠡᠳ ᠬᠢᠴᠢᠶᠡᠯ ᠤᠨ ᠳᠠᠷᠠᠭᠠᠬᠢ | ᠦᠶ᠋ᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠨᠡᠶᠢᠭᠡᠮ ᠤᠨ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ᠂ | ᠰᠠᠶᠢᠲᠤᠷ ᠠᠰᠢᠭᠯᠠᠵᠤ᠂ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ ᠦᠶ᠋ᠯᠡᠴᠢᠯᠡᠭᠡᠨ ᠤ ᠠᠭᠤᠯᠭ᠎ᠠ ᠶᠢ | ᠪᠠᠶᠠᠯᠢᠭᠵᠢᠭᠤᠯᠤᠨ᠂ ᠰᠤᠷᠤᠭᠴᠢᠳ ᠤᠨ ᠬᠢᠴᠢᠶᠡᠯ ᠤᠨ ᠳᠠᠷᠠᠭᠠᠬᠢ ᠦᠶ᠋ᠯᠡᠴᠢᠯᠡᠭᠡᠨ ᠤ ᠣᠯᠠᠨ ᠶᠠᠩᠵᠤ ᠶᠢᠨ | ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ᠢᠯᠡ ᠪᠠᠷ ᠤᠷᠢᠬᠤ ᠪᠠᠷ ᠳᠠᠮᠵᠢᠭᠤᠯᠤᠨ᠂ ᠪᠡᠶ᠎ᠡ ᠶᠢᠨ ᠲᠠᠮᠢᠷ᠂ ᠤᠷᠠᠨ | ᠵᠢᠷᠤᠭ᠂ ᠳᠠᠭᠤᠤ ᠬᠥᠭᠵᠢᠮ ᠵᠢᠴᠢ ᠬᠥᠳᠡᠯᠮᠦᠷᠢ ᠶᠢᠨ ᠲᠤᠰᠬᠠᠶ ᠲᠤᠰᠢᠶᠠᠯᠲᠤ ᠪᠠᠭᠰᠢ ᠶᠢ ᠪᠦᠷᠢᠨ ᠭᠦᠢᠴᠡᠳ ᠴᠢᠩᠭ᠎ᠠ | ᠲᠣᠬᠢᠷᠠᠭᠤᠯᠬᠤ ᠬᠡᠷᠡᠭᠲᠡᠶ᠃ ᠡᠷᠬᠢᠮᠰᠦᠭ ᠤᠷᠠᠯᠢᠭ ᠤᠨ ᠰᠤᠷᠭᠠᠭᠤᠯᠢ ᠶᠢᠨ ᠬᠦᠷᠢᠶ᠎ᠡ ᠳᠤ ᠣᠷᠣᠬᠤ ᠶᠢ ᠠᠬᠢᠭᠤᠯᠵᠤ᠂ | ᠪᠦᠬᠦ ᠣᠷᠣᠨ ᠤ ᠬᠥᠭᠵᠢᠮᠲᠦ ᠪᠥᠵᠢᠭ ᠤᠨ ᠦᠵᠡᠭᠦᠯᠦᠯᠭᠡ ᠶᠢᠨ ᠲᠣᠭᠯᠠᠯᠲᠠ ᠶᠢ ᠡᠷᠬᠢᠯᠡᠵᠦ᠂ ᠭᠤᠸ᠎ᠠ ᠰᠠᠶᠢᠬᠠᠨ ᠤ | ᠬᠥᠮᠦᠵᠢᠯ ᠤᠨ ᠣᠨᠴᠠᠯᠢᠭᠲᠤ ᠰᠤᠷᠭᠠᠭᠤᠯᠢ ᠶᠢ ᠡᠭᠦᠳᠦᠨ ᠪᠠᠶᠢᠭᠤᠯᠤᠨ᠎ᠠ᠃ ᠶᠡᠷᠦᠩᠬᠡᠢᠯᠡᠭᠰᠡᠨ ᠦᠢᠯᠡᠳᠦᠯᠭᠡ ᠶᠢᠨ | ᠠᠵᠢᠯᠯᠠᠭ᠎ᠠ ᠶᠢᠨ ᠬᠢᠴᠢᠶᠡᠯ ᠢ ᠰᠠᠢᠲᠤᠷ ᠨᠡᠭᠡᠭᠡᠵᠦ᠂ ᠪᠤᠰᠤᠳ ᠱᠢᠨᠵᠢᠯᠡᠭᠡᠨ ᠤ ᠰᠤᠷᠭᠠᠨ ᠬᠥᠮᠦᠵᠢᠯ ᠳᠤ | ᠬᠥᠳᠡᠯᠮᠦᠷᠢ ᠶᠢᠨ ᠦᠵᠡᠯᠲᠡ᠂ ᠬᠥᠳᠡᠯᠮᠦᠷᠢ ᠶᠢᠨ ᠣᠪᠣᠷ᠂ ᠬᠥᠳᠡᠯᠮᠦᠷᠢ ᠶᠢᠨ ᠡᠷᠭᠡᠵᠢᠯ ᠤᠨ ᠰᠤᠷᠭᠠᠨ ᠬᠥᠮᠦᠵᠢᠯ ᠢ | ᠨᠡᠪᠴᠢᠭᠦᠯᠵᠦ᠂ ᠰᠤᠷᠭᠠᠭᠤᠯᠢ ᠶᠢᠨ ᠡᠩ ᠤᠨ ᠠᠵᠢᠯ ᠳᠤ ᠬᠥᠳᠡᠯᠮᠦᠷᠢ ᠶᠢᠨ ᠰᠤᠷᠭᠠᠨ ᠬᠥᠮᠦᠵᠢᠯ ᠢ ᠨᠡᠪᠴᠢᠭᠦᠯᠬᠦ | ᠬᠡᠷᠡᠭᠲᠡᠢ᠃ ᠬᠦᠳᠡᠯᠮᠦᠷᠢ ᠶᠢᠨ ᠬᠡᠪ ᠪᠣᠯᠪᠠᠰᠤᠷᠠᠯ ᠢ ᠦᠨᠡᠯᠡᠨ ᠰᠢᠯᠭᠠᠬᠤ ᠠᠵᠢᠯ ᠢ ᠴᠢᠩᠭᠠᠳᠬᠠᠨ᠎ᠠ᠃ | ᠬᠥᠳᠡᠯᠮᠦᠷᠢ ᠶᠢᠨ ᠬᠦᠮᠦᠵᠢᠯ ᠤᠨ ᠲᠠᠯᠠᠪᠠᠢ ᠶᠢ ᠥᠷᠭᠡᠳᠬᠡᠵᠦ᠃ ︽ᠨᠢᠭᠡ ᠨᠠᠰᠤᠨ ᠳᠤ ᠨᠢᠭᠡ ᠲᠠᠩᠰᠠ ᠡᠪᠬᠡᠮᠡᠯ︾ | ᠤᠨ ᠵᠠᠷᠴᠢᠮ ᠶᠣᠰᠣᠭᠠᠷ᠂ ᠬᠤᠪᠢ ᠬᠥᠮᠦᠨ ᠤ ᠰᠡᠳᠬᠢᠴᠡ ᠶᠢᠨ ᠡᠷᠡᠭᠦᠯ ᠮᠡᠨᠳᠦ ᠶᠢᠨ ᠲᠠᠩᠰᠠ ᠡᠪᠬᠡᠮᠡᠯ ᠢ | ᠪᠠᠶᠢᠭᠤᠯᠵᠤ᠂ ᠮᠠᠭᠤ ᠤᠷᠮ᠎ᠠ ᠰᠡᠳᠬᠢᠯᠭᠡ ᠲᠠᠢ᠂ ᠲᠤᠰᠠᠯᠠᠮᠵᠢ ᠭᠤᠶᠤᠬᠤ ᠬᠡᠷᠡᠭᠴᠡᠭᠡ ᠲᠠᠢ ᠰᠤᠷᠤᠭᠴᠢᠳ ᠲᠤ ᠴᠠᠭ | ᠲᠤᠬᠠᠶ ᠳᠤᠨᠢ ᠬᠠᠪᠰᠤᠷᠤᠨ ᠵᠢᠯᠣᠭᠤᠳᠬᠤ ᠪᠠ ᠬᠠᠮᠢᠶᠠᠷᠴᠤ᠂ ᠴᠢᠬᠤᠯᠠᠲᠠᠶ ᠦᠶ᠎ᠡ ᠳᠤ ᠡᠮᠨᠡᠨ ᠵᠠᠰᠠᠨ᠎ᠠ᠃ ᠪᠡᠶ᠎ᠡ ᠶᠢᠨ | ᠲᠠᠮᠢᠷ ᠤᠨ ᠤᠷᠤᠯᠳᠤᠭᠠᠨ ᠪᠠ ᠴᠢᠳᠠᠪᠤᠷᠢᠲᠠᠨ ᠬᠥᠮᠦᠵᠢᠭᠦᠯᠬᠦ ᠰᠢᠰᠲ᠋ᠧᠮᠵᠢ ᠶᠢ ᠪᠦᠷᠢᠨᠰᠢᠭᠦᠯᠦᠨ᠎ᠡ᠃ ᠰᠤᠷᠭᠠᠭᠤᠯᠢ ᠶᠢᠨ | ᠪᠡᠶ᠎ᠡ ᠶᠢᠨ ᠲᠠᠮᠢᠷ ᠤᠨ ᠵᠢᠭᠠᠨ ᠰᠤᠷᠭᠠᠬᠤ ᠪᠣᠯᠪᠠᠰᠤᠷᠠᠯ ᠢ ᠴᠢᠩᠭᠠᠷᠠᠭᠤᠯᠵᠤ᠂ ᠳᠤᠮᠳᠠᠳᠤ ᠶᠢᠨ ᠤᠯᠠᠮᠵᠢᠯᠠᠯᠲᠤ | ᠪᠡᠶ᠎ᠡ ᠶᠢᠨ ᠲᠠᠮᠢᠷ ᠤᠨ ᠲᠥᠷᠥᠯ ᠵᠦᠢᠯ ᠢ ᠳᠡᠯᠭᠡᠷᠡᠭᠦᠯᠦᠨ᠎ᠡ᠃ ᠪᠦᠬᠦ ᠣᠷᠣᠨ ᠤ ᠣᠨᠴᠣᠭᠤᠶ ᠰᠤᠷᠤᠭᠴᠢᠳ ᠤᠨ | ᠨᠡᠶᠢᠲᠡ ᠴᠣᠭᠴᠠ ᠶᠢ ᠲᠡᠮᠲᠡᠷᠢᠵᠦ᠂ ᠰᠢᠰᠲ᠋ᠧᠮ ᠢᠶᠠᠷ ᠢᠶᠠᠨ ᠲᠥᠷᠥᠯ ᠬᠤᠪᠢᠶᠠᠵᠤ᠂ ᠬᠠᠯᠠᠮᠵᠢᠯᠠᠨ ᠬᠠᠶᠢᠷᠠᠯᠠᠬᠤ | ᠪᠠᠶᠢᠭᠤᠯᠤᠯ ᠢ ᠪᠠᠶᠢᠭᠤᠯᠬᠤ ᠬᠡᠷᠡᠭᠲᠡᠶ᠃ ︵ᠲᠦᠷᠦᠭᠦᠯᠡᠬᠦ ᠨᠢᠭᠡᠴᠡ᠄ ᠲᠣᠭᠤᠷᠢᠭ ᠤᠨ ᠰᠤᠷᠭᠠᠨ ᠬᠥᠮᠦᠵᠢᠯ ᠤᠨ | ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠨᠠᠮ ᠤᠨ ᠬᠤᠷᠢᠶᠠᠨ ᠤ ᠣᠷᠣᠨ ᠲᠤᠭ᠎ᠠ ᠶᠢᠨ ᠠᠯᠪᠠᠨ | ᠬᠡᠷ᠂ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶᠃ | ︵ᠳᠤᠯᠤᠭ᠎ᠠ︶ ᠲᠦᠷᠦᠯ ᠵᠦᠢᠯ ᠤᠨ ᠬᠡᠷᠡᠭᠵᠢᠭᠦᠯᠦᠯᠲᠡ ᠶᠢ ᠲᠦᠷᠭᠡᠳᠭᠡᠨ ᠠᠬᠢᠭᠤᠯᠤᠨ᠎ᠠ | 17. ᠲᠥᠷᠥᠯ ᠵᠦᠢᠯ ᠢ ᠭᠤᠤᠯᠳᠠᠯᠭ᠎ᠠ ᠲᠠᠢ ᠲᠦᠯᠬᠢᠨ ᠠᠬᠢᠭᠤᠯᠤᠨ᠎ᠠ᠃ ᠠᠷᠪᠠ ᠶᠢᠰᠦᠳᠦᠭᠡᠷ ᠳᠤᠮᠳᠠᠳᠤ | ᠰᠤᠷᠭᠠᠭᠤᠯᠢ᠂ ᠬᠤᠶᠠᠳᠤᠭᠠᠷ ᠬᠡᠤᠬᠡᠳ ᠤᠨ ᠴᠡᠴᠡᠷᠯᠢᠭ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ | ᠲᠦᠷᠭᠡᠳᠬᠡᠵᠦ᠂ 2024 ᠣᠨ ᠤ 9 ᠰᠠᠷ᠎ᠠ ᠳᠤ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠨ᠎ᠠ᠃ | 18. ᠬᠡᠷᠡᠭᠵᠢᠭᠦᠯᠬᠦ ᠵᠦᠢᠯᠡᠰ ᠢ ᠪᠠᠴᠢᠮ ᠱᠠᠭᠠᠷᠳᠠᠵᠤ ᠪᠠᠶᠢᠨ᠎ᠠ᠃ 2023 ᠣᠨ ᠳᠤ ᠬᠤᠷᠢᠨ ᠭᠤᠷᠪᠠᠳᠤᠭᠠᠷ | ᠳᠤᠮᠳᠠᠳᠤ ᠰᠤᠷᠭᠠᠭᠤᠯᠢ ᠶᠢᠨ ᠪᠠᠭᠰᠢ ᠶᠢᠨ ᠡᠷᠭᠢᠯᠲᠡ ᠶᠢᠨ ᠥᠷᠥᠭᠡ᠂ ᠪᠠᠷᠠᠭᠤᠨ ᠤᠰᠤᠨ ᠤ ᠰᠤᠷᠭᠠᠭᠤᠯᠢ ᠶᠢᠨ | ᠰᠦᠯᠢᠶᠣᠣ ᠴᠠᠪᠠᠤ ᠶᠢᠨ ᠲᠠᠮᠢᠷ ᠤᠨ ᠲᠠᠯᠠᠪᠠᠶ ᠶᠢ ᠰᠢᠨ᠎ᠡ ᠪᠠᠷ ᠪᠠᠶᠢᠭᠤᠯᠵᠤ᠂ ᠰᠤᠷᠭᠠᠭᠤᠯᠢ ᠶᠢᠨ ᠬᠦᠷᠢᠶᠡᠨ ᠤ | ᠪᠠᠷᠢᠯᠭ᠎ᠠ ᠶᠢᠨ ᠰᠤᠷᠭᠠᠭᠤᠯᠢ ᠶᠢᠨ ᠳᠤᠯᠠᠭᠠᠯᠠᠭ᠎ᠠ ᠶᠢᠨ ᠬᠤᠭᠤᠯᠠᠶ᠂ ᠳᠤᠯᠠᠭᠠᠯᠠᠭ᠎ᠠ ᠶᠢᠨ ᠢᠯᠲᠠᠰᠤ ᠶᠢᠨ | ᠥᠭᠡᠷᠡᠴᠢᠯᠡᠯᠲᠡ᠂ ᠰᠤᠷᠭᠠᠭᠤᠯᠢ ᠶᠢᠨ ᠪᠠᠶᠢᠷᠢ ᠶᠢᠨ ᠭᠠᠯ ᠤᠨᠲᠠᠷᠠᠭᠠᠬᠤ ᠶᠢ ᠥᠭᠡᠷᠡᠴᠢᠯᠡᠨ ᠵᠠᠰᠠᠵᠤ ᠰᠢᠯᠭᠠᠨ ᠠᠪᠬᠤ᠂ | ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠬᠡᠮᠵᠢᠭᠦᠷᠯᠢᠭ᠂ ᠲᠤᠷᠰᠢᠯᠲᠠ ᠶᠢᠨ ᠲᠥᠬᠦᠭᠡᠷᠦᠮᠵᠢ᠂ | ᠳᠠᠭᠤ ᠳᠦᠷᠰᠦ ᠰᠢᠩᠭᠡᠭᠡᠯᠲᠡ ᠶᠢᠨ ᠲᠥᠬᠦᠭᠡᠷᠦᠮᠵᠢ ᠵᠡᠷᠭᠡ ᠶᠢ ᠬᠤᠳᠠᠯᠳᠤᠨ ᠠᠪᠤᠨ᠎ᠠ᠃ 2024 ᠣᠨ ᠳᠤ | ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ ᠪᠠᠶᠢᠷᠢ ᠶᠢᠨ ᠭᠠᠳᠠᠷ ᠲᠠᠯ᠎ᠠ ᠶᠢᠨ ᠥᠭᠡᠷᠡᠴᠢᠯᠡᠯᠲᠡ ᠵᠢᠴᠢ | ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠤᠯᠲᠠ ᠶᠢ ᠪᠡᠶᠡᠯᠡᠭᠦᠯᠦᠨ᠎ᠡ᠃ 2025 ᠣᠨ ᠳᠤ ᠬᠤᠷᠢᠨ | ᠬᠤᠶᠠᠳᠤᠭᠠᠷ ᠳᠤᠮᠳᠠᠳᠤ ᠰᠤᠷᠭᠠᠭᠤᠯᠢ᠂ ᠬᠤᠷᠢᠨ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠲᠠᠮᠢᠷ ᠤᠨ | ᠲᠠᠯᠠᠪᠠᠶ ᠶᠢ ᠰᠣᠯᠢᠬᠤ ᠶᠢ ᠪᠡᠶᠡᠯᠡᠭᠦᠯᠵᠦ᠂ ᠬᠠᠶᠢᠨᠠᠨ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠮᠡᠳᠡᠭᠡ | ᠵᠠᠩᠭᠢᠵᠢᠯᠲᠠ ᠶᠢ ᠳᠡᠭᠡᠭᠰᠢᠯᠡᠭᠦᠯᠦᠨ ᠥᠭᠡᠷᠡᠴᠢᠯᠡᠬᠦ ︵2023 ᠣᠨ - 2025 ᠣᠨ︶ ᠶᠢ ᠪᠡᠶᠡᠯᠡᠭᠦᠯᠪᠡ᠃ | ︵ᠲᠦᠷᠦᠭᠦᠯᠡᠬᠦ ᠨᠢᠭᠡᠴᠡ᠄ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ | ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ︶ | ︵ᠨᠠᠢᠮᠠ︶ ᠰᠤᠷᠭᠠᠨ ᠬᠥᠮᠦᠵᠢᠯ ᠤᠨ ᠬᠢᠨᠠᠨ ᠵᠢᠯᠣᠭᠤᠳᠴᠤ ᠦᠨᠡᠯᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ | 19 ᠰᠢᠮᠳᠠᠭᠤᠯᠤᠨ ᠵᠢᠯᠣᠭᠤᠳᠴᠤ ᠦᠨᠡᠯᠡᠬᠦ ᠰᠢᠰᠲ᠋ᠧᠮᠵᠢ ᠶᠢ ᠪᠦᠷᠢᠨᠰᠢᠭᠦᠯᠬᠦ ᠬᠡᠷᠡᠭᠲᠡᠶ᠃ ᠰᠤᠷᠭᠠᠨ | ᠬᠥᠮᠦᠵᠢᠯ ᠤᠨ ᠣᠳᠣᠬᠢᠴᠢᠯᠠᠯᠲᠠ ᠶᠢᠨ ᠬᠠᠷᠠᠯᠲᠠ ᠯᠤᠭ᠎ᠠ ᠵᠣᠬᠢᠴᠠᠯᠳᠤᠭᠰᠠᠨ ᠬᠠᠷᠠᠯᠲᠠ ᠶᠢ ᠪᠠᠶᠢᠭᠤᠯᠤᠨ | ᠪᠦᠷᠢᠨᠰᠢᠭᠦᠯᠵᠦ᠂ ᠤᠯᠤᠰ᠂ ᠥᠪᠡᠷᠲᠡᠭᠡᠨ ᠵᠠᠰᠠᠬᠤ ᠣᠷᠣᠨ ᠪᠠ ᠦᠬᠠᠶ ᠬᠤᠲᠠ ᠯᠤᠭ᠎ᠠ ᠵᠣᠯᠭᠠᠭᠤᠯᠤᠭᠰᠠᠨ ᠰᠤᠷᠭᠠᠨ | ᠬᠥᠮᠦᠵᠢᠯ ᠤᠨ ᠰᠢᠮᠳᠠᠭᠤᠯᠤᠨ ᠵᠢᠯᠣᠭᠤᠳᠴᠤ ᠦᠨᠡᠯᠡᠬᠦ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠰᠢᠶᠠᠨ ᠤ | ᠬᠡᠪᠴᠢᠶᠡᠨ ᠤ ᠰᠤᠷᠭᠠᠨ ᠬᠥᠮᠦᠵᠢᠯ ᠤᠨ ᠰᠢᠮᠳᠠᠭᠤᠯᠤᠨ ᠵᠢᠯᠣᠭᠤᠳᠴᠤ ᠰᠤᠷᠭᠠᠭᠤᠯᠢ ᠬᠢᠨᠠᠬᠤ᠂ ᠦᠨᠡᠯᠡᠨ ᠵᠢᠱᠢᠵᠦ | ᠬᠢᠨᠠᠨ ᠬᠡᠮᠵᠢᠬᠦ ᠡᠭᠦᠷᠭᠡ ᠴᠢᠳᠠᠪᠤᠷᠢ ᠶᠢ ᠭᠦᠢᠴᠡᠳ ᠪᠠᠳᠠᠷᠠᠭᠤᠯᠤᠨ᠎ᠠ᠃ ᠰᠤᠷᠭᠠᠭᠤᠯᠢ ᠶᠢ ᠬᠢᠨᠠᠨ ᠵᠢᠯᠣᠭᠤᠳᠬᠤ | ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠰᠤᠷᠭᠠᠭᠤᠯᠢ ᠳᠤ ᠪᠠᠶᠢᠩᠭᠤ ᠶᠢᠨ ᠴᠢᠨᠠᠷᠲᠠᠶ ᠬᠢᠨᠠᠨ | ᠵᠢᠯᠣᠭᠤᠳᠣᠯᠭ᠎ᠠ ᠥᠷᠨᠢᠭᠦᠯᠦᠨ᠎ᠡ᠃ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠦᠨᠡᠯᠡᠨ ᠵᠢᠱᠢᠵᠦ | ᠬᠢᠨᠠᠨ ᠬᠡᠮᠵᠢᠬᠦ ᠭᠦᠢᠴᠡᠳᠬᠡᠯ ᠲᠤᠭ᠎ᠠ ᠶᠢᠨ ᠰᠢᠰᠲ᠋ᠧᠮᠵᠢ ᠶᠢ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠪᠠᠭᠰᠢ ᠶᠢᠨ | ᠡᠩᠨᠡᠭᠡ ᠶᠢᠨ ᠪᠠᠶᠢᠭᠤᠯᠤᠯᠲᠠ᠂ ᠰᠤᠷᠭᠠᠭᠤᠯᠢ ᠡᠷᠬᠢᠯᠡᠬᠦ ᠨᠥᠬᠦᠴᠡᠯ ᠪᠠ ᠰᠤᠷᠭᠠᠨ ᠬᠥᠮᠦᠵᠢᠯ ᠤᠨ ᠵᠢᠭᠠᠨ ᠰᠤᠷᠭᠠᠬᠤ | ᠶᠠᠰᠤ ᠴᠢᠨᠠᠷ ᠵᠡᠷᠭᠡ ᠶᠢ ᠦᠨᠡᠯᠡᠨ ᠵᠢᠱᠢᠵᠦ ᠬᠢᠨᠠᠨ ᠬᠡᠮᠵᠢᠬᠦ ᠶᠢ ᠴᠢᠩᠭᠠᠳᠬᠠᠨ᠎ᠠ᠃ | 20 ᠰᠤᠷᠭᠠᠭᠤᠯᠢ ᠪᠠᠶᠢᠴᠠᠭᠠᠬᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠶ᠃ ᠳᠡᠭᠡᠳᠦ | ᠱᠠᠲᠤᠨ ᠤ ᠰᠢᠨ᠎ᠡ ᠴᠠᠭ ᠦᠶ᠎ᠡ ᠶᠢᠨ ᠰᠤᠷᠭᠠᠨ ᠬᠥᠮᠦᠵᠢᠯ ᠤᠨ ᠱᠠᠯᠠᠪᠳᠠᠭᠤᠯᠤᠨ ᠵᠢᠯᠣᠭᠤᠳᠬᠤ ᠲᠣᠭᠲᠠᠴᠠ | ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠱᠠᠭᠠᠷᠳᠠᠯᠭ᠎ᠠ ᠶᠢ ᠭᠦᠨᠵᠡᠭᠡᠢ | ᠨᠠᠶᠢᠳᠠᠪᠤᠷᠢᠵᠢᠭᠤᠯᠵᠤ᠂ ᠲᠤᠭ᠎ᠠ ᠬᠡᠮᠵᠢᠶ᠎ᠡ ᠨᠢ ᠭᠦᠢᠴᠡᠳ᠂ ᠪᠦᠲᠦᠴᠡ ᠨᠢ ᠵᠦᠢ ᠵᠣᠬᠢᠰᠲᠠᠢ᠂ ᠲᠤᠬᠠᠶᠢᠯᠠᠭᠰᠠᠨ | ᠠᠵᠢᠯ ᠳᠠᠭᠠᠨ ᠴᠠᠭᠠᠷᠠᠭᠰᠠᠨ᠂ ᠠᠷᠢᠭᠤᠨ ᠴᠢᠬᠡᠴᠢ ᠥᠨᠳᠥᠷ ᠪᠦᠲᠦᠮᠵᠢᠲᠡᠢ᠂ ᠲᠤᠰᠬᠠᠢ ᠪᠠ ᠲᠤᠰᠢᠶᠠᠯ | ᠬᠠᠪᠰᠤᠷᠭᠠᠬᠤ ᠶᠢ ᠤᠶᠠᠯᠳᠤᠭᠤᠯᠤᠭᠰᠠᠨ ᠨᠢᠭᠡᠨ ᠰᠠᠯᠠᠭ᠎ᠠ ᠰᠤᠷᠭᠠᠭᠤᠯᠢ ᠪᠠᠶᠢᠴᠠᠭᠠᠬᠤ ᠡᠩᠨᠡᠭᠡ ᠶᠢ ᠪᠠᠶᠢᠭᠤᠯᠤᠨ᠎ᠠ᠃ | ︽ᠤᠷᠢᠳᠠᠪᠠᠷ ᠪᠣᠯᠪᠠᠰᠤᠷᠠᠭᠤᠯᠬᠤ᠂ ᠳᠠᠷᠠᠭ᠎ᠠ ᠨᠢ ᠠᠵᠢᠯ ᠤᠨ ᠪᠠᠶᠢᠷᠢ ᠳᠤ ᠭᠠᠷᠭᠠᠬᠤ︾ ᠵᠠᠷᠴᠢᠮ ᠢ ᠪᠠᠷᠢᠮᠲᠠᠯᠠᠵᠤ᠂ | ᠰᠢᠨ᠎ᠡ ᠪᠠᠷ ᠤᠷᠢᠵᠤ ᠰᠤᠷᠤᠯᠴᠠᠭᠤᠯᠬᠤ ᠶᠢ ᠵᠣᠬᠢᠶᠠᠨ ᠪᠠᠶᠢᠭᠤᠯᠤᠨ ᠰᠦᠯᠵᠢᠶᠡᠨ ᠳᠡᠭᠡᠷ᠎ᠡ᠂ ᠰᠦᠯᠵᠢᠶᠡᠨ ᠭᠠᠳᠠᠨ᠎ᠠ | ᠲᠥᠪᠯᠡᠷᠡᠭᠦᠯᠦᠨ ᠪᠣᠯᠪᠠᠰᠤᠷᠠᠭᠤᠯᠬᠤ ᠪᠠ ᠲᠤᠬᠠᠶ ᠶᠢᠨ ᠭᠠᠵᠠᠷ ᠲᠤᠨᠢ ᠪᠣᠯᠪᠠᠰᠤᠷᠠᠭᠤᠯᠬᠤ ᠠᠵᠢᠯ ᠢ ᠥᠷᠨᠢᠭᠦᠯᠵᠦ᠂ | ᠰᠤᠷᠭᠠᠭᠤᠯᠢ ᠬᠢᠨᠠᠬᠤ ᠡᠩᠨᠡᠭᠡ ᠶᠢᠨ ᠲᠤᠰᠬᠠᠶᠢᠵᠢᠭᠰᠠᠨ ᠬᠥᠭᠵᠢᠯᠲᠡ ᠶᠢ ᠠᠬᠢᠭᠤᠯᠤᠨ᠎ᠠ᠃ | 21᠂ ᠰᠢᠮᠳᠠᠭᠤᠯᠤᠨ ᠵᠢᠯᠣᠭᠤᠳᠬᠤ ᠠᠷᠭ᠎ᠠ ᠮᠠᠶ᠋ᠢᠭ ᠪᠠ ᠠᠷᠭ᠎ᠠ ᠶᠢ ᠰᠠᠶᠢᠵᠢᠷᠠᠭᠤᠯᠤᠨ᠎ᠠ᠃ ᠰᠤᠷᠭᠠᠨ | ᠬᠥᠮᠦᠵᠢᠯ ᠤᠨ ᠰᠢᠮᠳᠠᠭᠤᠯᠤᠨ ᠵᠢᠯᠣᠭᠤᠳᠬᠤ ᠵᠢᠮ᠎ᠡ ᠶᠣᠰᠣ ᠶᠢ ᠵᠢᠷᠤᠮᠯᠠᠨ᠂ ᠶᠡᠷᠦᠩᠬᠡᠶᠢᠯᠡᠨ ᠰᠢᠮᠳᠠᠭᠤᠯᠤᠨ | ᠵᠢᠯᠣᠭᠤᠳᠬᠤ ᠪᠠ ᠲᠤᠰᠬᠠᠶ ᠵᠦᠢᠯ ᠢᠶᠠᠷ ᠰᠢᠮᠳᠠᠭᠤᠯᠤᠨ ᠵᠢᠯᠣᠭᠤᠳᠬᠤ ᠶᠢ ᠤᠶᠠᠯᠳᠤᠭᠤᠯᠬᠤ᠂ ᠶᠠᠪᠤᠴᠠ ᠶᠢᠨ | ᠴᠢᠨᠠᠷᠲᠠᠶ ᠰᠢᠮᠳᠠᠭᠤᠯᠤᠨ ᠵᠢᠯᠣᠭᠤᠳᠬᠤ ᠪᠠ ᠦᠷ᠎ᠡ ᠳ᠋ᠦᠩ ᠤᠨ ᠴᠢᠨᠠᠷᠲᠠᠶ ᠰᠢᠮᠳᠠᠭᠤᠯᠤᠨ ᠵᠢᠯᠣᠭᠤᠳᠬᠤ ᠶᠢ | ᠤᠶᠠᠯᠳᠤᠭᠤᠯᠬᠤ᠂ ᠡᠳᠦᠷ ᠲᠤᠲᠤᠮ ᠤᠨ ᠰᠢᠮᠳᠠᠭᠤᠯᠤᠨ ᠵᠢᠯᠣᠭᠤᠳᠬᠤ ᠪᠠ ᠲᠠᠰᠢᠷᠠᠮ ᠢᠶᠠᠷ ᠰᠢᠮᠳᠠᠭᠤᠯᠤᠨ | ᠵᠢᠯᠣᠭᠤᠳᠬᠤ ᠶᠢ ᠤᠶᠠᠯᠳᠤᠭᠤᠯᠬᠤ᠂ ᠢᠯᠡ ᠪᠠᠷ ᠪᠠᠶᠢᠴᠠᠭᠠᠬᠤ ᠪᠠ ᠳᠠᠯᠳᠠᠭᠤᠷ ᠰᠤᠷᠪᠤᠯᠵᠢᠯᠠᠬᠤ ᠶᠢ | ᠤᠶᠠᠯᠳᠤᠭᠤᠯᠬᠤ ᠶᠢ ᠪᠠᠷᠢᠮᠲᠠᠯᠠᠵᠤ᠂ ᠰᠤᠷᠭᠠᠨ ᠬᠥᠮᠦᠵᠢᠯ ᠤᠨ ᠰᠢᠮᠳᠠᠭᠤᠯᠤᠨ ᠵᠢᠯᠣᠭᠤᠳᠬᠤ ᠶᠢᠨ ᠬᠠᠨᠳᠤᠯᠭᠠᠲᠤ | ᠴᠢᠨᠠᠷ ᠪᠠ ᠪᠣᠳᠠᠲᠤ ᠦᠷ᠎ᠡ ᠪᠦᠳᠦᠮᠵᠢᠳᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠳᠡᠭᠡᠳᠦ ᠱᠠᠲᠤᠨ ᠤ | ᠰᠢᠮᠳᠠᠭᠤᠯᠤᠨ ᠵᠢᠯᠣᠭᠤᠳᠬᠤ ᠰᠠᠯᠠᠭ᠎ᠠ ᠮᠥᠴᠢᠷ ᠤᠨ ᠱᠠᠭᠠᠷᠳᠠᠯᠭ᠎ᠠ ᠶᠣᠰᠣᠭᠠᠷ᠂ ᠰᠤᠷᠭᠠᠨ ᠬᠥᠮᠦᠵᠢᠯ ᠤᠨ | ᠰᠢᠮᠳᠠᠭᠤᠯᠤᠨ ᠵᠢᠯᠣᠭᠤᠳᠴᠤ ᠦᠨᠡᠯᠡᠬᠦ ᠲᠣᠭᠠᠴᠢᠯᠠᠯᠲᠠ᠂ ᠤᠶᠤᠨᠴᠢᠯᠠᠯᠲᠠ᠂ ᠲᠡᠰ ᠳᠠᠷᠠᠭᠠᠵᠢᠭᠤᠯᠤᠯᠲᠠ ᠶᠢ | ᠠᠬᠢᠭᠤᠯᠬᠤ ᠬᠡᠷᠡᠭᠲᠡᠢ᠃ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠪᠠᠶᠢᠭᠤᠯᠤᠮᠵᠢ ᠨᠢ ᠵᠠᠰᠠᠭ ᠤᠨ ᠣᠷᠳᠣᠨ | ᠦᠢᠯᠡᠴᠢᠯᠡᠭᠡᠨ ᠬᠤᠳᠠᠯᠳᠤᠨ ᠠᠪᠬᠤ ᠠᠷᠭ᠎ᠠ ᠮᠠᠶ᠋ᠢᠭ᠂ ᠭᠤᠷᠪᠠᠳᠠᠬᠢ ᠡᠲᠡᠭᠡᠳ ᠤᠨ ᠦᠨᠡᠯᠡᠨ ᠵᠢᠱᠢᠵᠦ ᠬᠢᠨᠠᠨ | ᠰᠢᠨᠵᠢᠬᠦ ᠪᠠᠶᠢᠭᠤᠯᠤᠮᠵᠢ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠨᠠᠶᠢᠳᠠᠵᠤ ᠰᠤᠷᠭᠠᠨ ᠬᠥᠮᠦᠵᠢᠯ ᠢ ᠦᠨᠡᠯᠡᠨ | ᠵᠢᠱᠢᠵᠦ ᠬᠢᠨᠠᠨ ᠰᠢᠨᠵᠢᠬᠦ ᠠᠵᠢᠯ ᠤᠨ ᠲᠣᠭᠲᠠᠴᠠ ᠶᠢ ᠢᠳᠡᠪᠬᠢᠲᠡᠶ ᠰᠦᠪᠡᠭᠴᠢᠯᠡᠨ ᠪᠠᠶᠢᠭᠤᠯᠤᠨ᠎ᠠ᠃ | 22᠂ ᠰᠢᠮᠳᠠᠭᠤᠯᠤᠨ ᠵᠢᠯᠣᠭᠤᠳᠤᠭᠰᠠᠨ ᠦᠷ᠎ᠡ ᠲᠦᠩ ᠢ ᠬᠡᠷᠡᠭᠯᠡᠬᠦ ᠶᠢ ᠴᠢᠩᠭᠠᠷᠠᠭᠤᠯᠬᠤ ᠬᠡᠷᠡᠭᠲᠡᠶ᠃ | ᠰᠤᠷᠭᠠᠨ ᠬᠥᠮᠦᠵᠢᠯ ᠤᠨ ᠰᠢᠮᠳᠠᠭᠤᠯᠤᠨ ᠵᠢᠯᠣᠭᠤᠳᠤᠭᠰᠠᠨ ᠦᠷ᠎ᠡ ᠳ᠋ᠦᠩ ᠢ ᠮᠥᠷᠳᠡᠨ ᠳᠠᠭᠠᠵᠤ ᠦᠷ᠎ᠡ ᠪᠦᠲᠦᠮᠵᠢ ᠶᠢ | ᠠᠰᠠᠭᠤᠬᠤ᠂ ᠬᠢᠨᠠᠯᠲᠠ ᠲᠠᠯᠪᠢᠵᠤ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠵᠤ᠂ ᠲᠤᠭᠤᠷᠢᠭ ᠤᠨ ᠨᠠᠮ ᠤᠨ | ᠬᠤᠷᠢᠶ᠎ᠠ ᠪᠠ ᠲᠤᠭᠤᠷᠢᠭ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠠᠵᠢᠯ ᠤᠨ ᠲᠣᠬᠢᠷᠠᠭᠤᠯᠤᠯᠲᠠ ᠶᠢ | ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠳᠥᠯᠭᠢᠨ ᠠᠬᠢᠭᠤᠯᠵᠤ᠂ ᠰᠤᠷᠭᠠᠭᠤᠯᠢ ᠶᠢ ᠬᠥᠲᠥᠯᠦᠨ ᠵᠢᠯᠣᠭᠤᠳᠴᠤ | ᠪᠠᠶᠢᠭᠠᠳ ᠣᠨᠴᠠᠯᠢᠭ ᠲᠠᠢ᠂ ᠬᠢᠷᠢ ᠲᠦᠪᠰᠢᠨ ᠲᠠᠢ ᠡᠷᠭᠢᠯᠡᠵᠦ᠂ ᠰᠤᠷᠤᠭᠴᠢᠳ ᠤᠨ ᠶᠣᠰᠣ ᠮᠣᠷᠠᠯ ᠣᠶᠤᠨ | ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠶᠢᠨ ᠪᠥᠬᠦ ᠲᠠᠯ᠎ᠠ ᠪᠠᠷ ᠬᠥᠭᠵᠢᠬᠦ ᠶᠢ ᠠᠬᠢᠭᠤᠯᠤᠨ᠎ᠠ᠃ | ᠮᠡᠳᠡᠭᠦᠯᠬᠦ᠂ ᠬᠠᠷᠢᠭᠤ ᠲᠤᠰᠬᠠᠬᠤ᠂ ᠴᠡᠭᠴᠡᠯᠡᠨ ᠰᠠᠶᠢᠵᠢᠷᠠᠭᠤᠯᠬᠤ᠂ ᠳᠠᠬᠢᠨ ᠪᠠᠶᠢᠴᠠᠭᠠᠬᠤ᠂ ᠤᠷᠮᠠᠰᠢᠭᠤᠯᠬᠤ᠂ | ᠪᠣᠯᠵᠣᠨ ᠶᠠᠷᠢᠯᠴᠠᠬᠤ᠂ ᠵᠠᠷᠯᠠᠨ ᠮᠡᠳᠡᠭᠳᠡᠬᠦ᠂ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠲᠦᠷᠢᠮ ᠢ ᠪᠠᠶᠢᠭᠤᠯᠵᠤ᠂ ᠬᠠᠷᠢᠯᠴᠠᠨ | ᠠᠪᠤᠴᠠᠯᠳᠤᠭᠰᠠᠨ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠪᠠᠶᠢᠭᠤᠯᠤᠨ᠂ ᠡᠯ᠎ᠡ ᠰᠤᠷᠭᠠᠭᠤᠯᠢ ︵ᠴᠡᠴᠡᠷᠯᠢᠭ︶᠂ | ᠰᠤᠷᠤᠯᠭ᠎ᠠ ᠶᠢ ᠬᠢᠨᠠᠬᠤ ᠪᠠ ᠬᠠᠮᠢᠶ᠎ᠠ ᠪᠥᠬᠦᠶ ᠬᠥᠮᠦᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠦᠨᠡᠯᠡᠭᠰᠡᠨ ᠦᠷ᠎ᠡ ᠳ᠋ᠦᠩ ᠢ ᠰᠤᠷᠭᠠᠭᠤᠯᠢ ᠶᠢᠨ ᠱᠠᠩᠨᠠᠵᠤ ᠲᠣᠷᠭᠠᠬᠤ᠂ | ᠡᠬᠢ ᠪᠠᠶᠠᠯᠢᠭ ᠤᠨ ᠲᠣᠬᠢᠷᠠᠭᠤᠯᠤᠯᠲᠠ ᠪᠠ ᠰᠤᠷᠭᠠᠭᠤᠯᠢ ᠶᠢᠨ ᠵᠠᠬᠢᠷᠤᠯ ᠢ ᠰᠢᠯᠭᠠᠨ ᠬᠢᠨᠠᠬᠤ ᠶᠢᠨ ᠴᠢᠬᠤᠯᠠ | ᠯᠠᠪᠯᠠᠯᠲᠠ ᠶᠢᠨ ᠦᠨᠳᠦᠰᠦᠯᠡᠯ ᠪᠣᠯᠭᠠᠵᠤ᠂ ᠰᠤᠷᠭᠠᠨ ᠬᠥᠮᠦᠵᠢᠯ ᠤᠨ ᠰᠢᠮᠳᠠᠭᠤᠯᠤᠨ ᠵᠢᠯᠣᠭᠤᠳᠬᠤ ᠶᠢᠨ ︽ᠰᠢᠳᠦ︾᠂ | ᠡᠷᠬᠡ ᠰᠦᠷ ᠢ ᠪᠣᠶ ᠪᠣᠯᠭᠠᠬᠤ ᠶᠢ ᠦᠨᠡᠨᠬᠦ ᠠᠬᠢᠭᠤᠯᠬᠤ ᠬᠡᠷᠡᠭᠲᠡᠶ᠃ ︵ᠲᠦᠷᠦᠭᠦᠯᠡᠬᠦ ᠨᠢᠭᠡᠴᠡ᠄ ᠣᠷᠣᠨ ᠤ ᠰᠤᠷᠭᠠᠨ | ᠬᠥᠮᠦᠵᠢᠯ ᠤᠨ ᠬᠢᠨᠠᠨ ᠵᠢᠯᠣᠭᠤᠳᠴᠤ ᠦᠨᠡᠯᠡᠨ ᠵᠢᠱᠢᠬᠦ ᠦᠢᠯᠡᠴᠢᠯᠡᠭᠡᠨ ᠤ ᠲᠥᠪ︔ ᠬᠠᠷᠢᠭᠤᠴᠠᠯᠭᠠᠲᠤ ᠨᠢᠭᠡᠴᠡ᠄ | ᠣᠷᠣᠨ ᠤ ᠰᠤᠷᠭᠠᠨ ᠬᠥᠮᠦᠵᠢᠯ ᠤᠨ ᠲᠣᠪᠴᠢᠶ᠎ᠠ︶᠃ | ︵ᠨᠢᠭᠡ︶ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ | ᠰᠤᠷᠭᠠᠨ ᠬᠦᠮᠦᠵᠢᠯ ᠤᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠃ ᠨᠠᠮ ᠤᠨ | ᠤᠳᠤᠷᠢᠳᠤᠯᠭ᠎ᠠ ᠶᠢ ᠰᠤᠷᠭᠠᠭᠤᠯᠢ ᠡᠷᠬᠢᠯᠡᠵᠦ ᠰᠤᠷᠭᠠᠭᠤᠯᠢ ᠶᠢ ᠵᠠᠰᠠᠬᠤ᠂ ᠪᠢᠴᠢᠭ ᠵᠢᠭᠠᠵᠤ ᠬᠥᠮᠦᠨ ᠢ ᠬᠥᠮᠦᠵᠢᠭᠦᠯᠬᠦ | ᠪᠦᠬᠦ ᠶᠠᠪᠤᠴᠠ ᠳᠤ ᠲᠤᠤᠱᠯᠠᠭᠤᠯᠬᠤ ᠶᠢ ᠪᠠᠷᠢᠮᠲᠠᠯᠠᠵᠤ᠂ ᠰᠤᠷᠭᠠᠭᠤᠯᠢ ᠡᠷᠬᠢᠯᠡᠬᠦ ᠵᠥᠪ ᠴᠢᠭᠯᠡᠯ ᠢ ᠦᠨᠡᠨᠬᠦ ᠪᠠᠲᠤᠯᠠᠵᠤ᠂ | ᠡᠯ᠎ᠡ ᠲᠠᠯ᠎ᠠ ᠶᠢᠨ ᠬᠦᠴᠦᠨ ᠢ ᠵᠣᠬᠢᠴᠠᠭᠤᠯᠤᠨ ᠳᠠᠶᠢᠴᠢᠯᠠᠵᠤ ᠪᠠᠶᠢᠭᠠᠳ ᠰᠤᠷᠭᠠᠨ ᠬᠥᠮᠦᠵᠢᠯ ᠤᠨ | ᠣᠳᠣᠬᠢᠴᠢᠯᠠᠯᠲᠠ ᠶᠢ ᠬᠠᠮᠲᠤᠪᠠᠷ ᠠᠬᠢᠭᠤᠯᠤᠨ᠎ᠠ᠃ ᠨᠠᠮ ᠤᠨ ᠬᠤᠷᠢᠶ᠎ᠠ ᠨᠢᠭᠡᠳᠦᠯᠲᠡᠶ ᠤᠳᠤᠷᠢᠳᠤᠭᠰᠠᠨ᠂ ᠨᠠᠮ ᠵᠠᠰᠠᠭ | ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠤᠭᠰᠠᠨ᠂ ᠰᠠᠯᠠᠭ᠎ᠠ ᠮᠥᠴᠢᠷ ᠲᠣᠰ ᠲᠣᠰ ᠤᠨ ᠬᠠᠷᠢᠭᠤᠴᠠᠯᠭ᠎ᠠ ᠪᠠᠨ | ᠬᠦᠢᠴᠡᠳᠭᠡᠭᠰᠡᠨ ᠰᠤᠷᠭᠠᠨ ᠬᠥᠮᠦᠵᠢᠯ ᠤᠨ ᠠᠵᠢᠯ ᠤᠨ ᠪᠠᠶᠢᠷᠢᠰᠢᠯ ᠢ ᠪᠠᠶᠢᠭᠤᠯᠤᠨ ᠪᠦᠷᠢᠨᠰᠢᠬᠦᠯᠵᠦ᠂ ᠰᠤᠷᠭᠠᠨ | ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢ ᠰᠠᠭᠤᠷᠢ ᠴᠢᠨᠠᠷᠲᠠᠶ ᠢᠨᠵᠧᠨᠧᠷᠢᠩ ᠪᠣᠯᠭᠠᠵᠤ᠂ | ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠭᠡᠵᠦ᠂ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠦᠨᠡᠨ ᠬᠦ ᠪᠠᠲᠤᠯᠠᠬᠤ ᠬᠡᠷᠡᠭᠲᠡᠶ | ᠭᠡᠵᠦ ᠴᠢᠬᠤᠯᠠᠴᠢᠯᠠᠵᠠᠢ᠃ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠭᠰᠠᠨ ᠰᠤᠷᠭᠠᠭᠤᠯᠢ ᠶᠢᠨ | ᠵᠠᠬᠢᠷᠤᠯ ᠤᠨ ᠬᠠᠷᠢᠭᠤᠴᠠᠯᠭ᠎ᠠ ᠶᠢᠨ ᠳᠦᠷᠢᠮ ᠢᠶᠠᠨ ᠲᠡᠭᠦᠯᠳᠡᠷᠵᠢᠭᠦᠯᠵᠦ ᠳᠦᠷᠢᠮ ᠳᠡᠭᠡᠨ ᠵᠠᠰᠠᠪᠤᠷᠢ ᠣᠷᠣᠭᠤᠯᠬᠤ ᠶᠢ | ᠲᠦᠯᠬᠢᠨ ᠠᠬᠢᠭᠤᠯᠵᠤ᠂ ᠬᠡᠷᠡᠭ ᠵᠥᠪᠯᠡᠬᠦ ᠰᠢᠶ᠋ᠳᠪᠦᠷᠢᠲᠦ ᠪᠣᠳᠣᠯᠭ᠎ᠠ ᠲᠣᠭᠲᠠᠭᠠᠬᠤ ᠲᠣᠭᠲᠠᠴᠠ᠂ ᠨᠡᠪᠲᠡᠷᠡᠯᠴᠡᠨ | ᠵᠣᠬᠢᠴᠠᠭᠤᠯᠬᠤ ᠲᠣᠭᠲᠠᠴᠠ ᠪᠣᠯᠤᠨ ᠪᠠᠲᠤᠯᠠᠨ ᠬᠢᠨᠠᠯᠲᠠ ᠲᠠᠯᠪᠢᠬᠤ ᠲᠣᠭᠲᠠᠴᠠ ᠶᠢ ᠲᠡᠭᠦᠯᠳᠡᠷᠵᠢᠭᠦᠯᠵᠦ᠂ ︽ | ᠭᠤᠷᠪᠠᠨ ᠴᠢᠬᠤᠯᠠ ᠨᠢᠭᠡ ᠶᠡᠭᠡ︾ ᠬᠤᠷᠠᠯ ᠤᠨ ᠳᠦᠷᠢᠮ᠂ ᠰᠤᠷᠭᠠᠭᠤᠯᠢ ᠶᠢᠨ ᠵᠠᠬᠢᠷᠤᠯ ᠤᠨ ᠠᠵᠢᠯ ᠤᠨ ᠬᠤᠷᠠᠯ ᠤᠨ | ᠳᠦᠷᠢᠮ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠭᠰᠠᠨ | ᠰᠤᠷᠭᠠᠭᠤᠯᠢ ᠶᠢᠨ ᠵᠠᠬᠢᠷᠤᠯ ᠤᠨ ᠬᠠᠷᠢᠭᠤᠴᠠᠯᠭ᠎ᠠ ᠶᠢᠨ ᠳᠦᠷᠢᠮ ᠤᠨ ᠡᠭᠦᠷᠭᠡ ᠴᠢᠳᠠᠪᠤᠷᠢ ᠲᠣᠳᠣᠷᠬᠠᠶ ᠪᠣᠯᠭᠠᠵᠤ᠂ | ᠠᠵᠢᠯᠯᠠᠭᠠᠨ ᠢ ᠰᠢᠯᠤᠭᠤᠳᠬᠠᠬᠤ ᠬᠡᠷᠡᠭᠲᠡᠶ᠃ | ︵ᠬᠤᠶᠠᠷ︶ ᠬᠠᠮᠲᠤᠷᠠᠨ ᠬᠥᠳᠡᠯᠦᠯᠴᠡᠵᠦ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ | ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠲᠣᠭᠲᠠᠮᠠᠯ | ᠬᠤᠭᠤᠴᠠᠭ᠎ᠠ ᠲᠠᠢ ᠪᠠᠷ ᠲᠣᠬᠢᠷᠠᠭᠤᠯᠤᠯᠲᠠ ᠬᠢᠵᠦ ᠰᠤᠷᠭᠠᠨ ᠬᠥᠮᠦᠵᠢᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢ | ᠰᠣᠨᠣᠰᠴᠤ᠂ ᠲᠤᠭᠤᠷᠢᠭ ᠤᠨ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ | ᠳᠤᠭᠤᠶᠢᠯᠠᠩ ᠲᠦᠷᠦᠭᠦᠯᠡᠨ ᠶᠡᠷᠦᠩᠬᠡᠶᠢᠯᠡᠨ ᠠᠳᠬᠤᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠡᠯ᠎ᠡ | ᠪᠦᠷᠢᠯᠳᠦᠬᠦᠨ ᠨᠢᠭᠡᠴᠡ ᠶᠢᠨ ᠰᠤᠷᠭᠠᠨ ᠬᠥᠮᠦᠵᠢᠯ ᠤᠨ ᠦᠢᠯᠡᠰ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠦᠨᠡᠨᠬᠦ | ᠪᠠᠲᠤᠯᠠᠬᠤ ᠬᠡᠷᠡᠭᠳᠡᠢ ᠬᠡᠵᠤ ᠱᠠᠭᠠᠷᠳᠠᠵᠠᠢ᠃ ᠡᠯ᠎ᠡ ᠪᠦᠷᠢᠯᠳᠦᠬᠦᠨ ᠨᠢᠭᠡᠴᠡ ᠲᠣᠰ ᠲᠣᠰ ᠤᠨ ᠡᠭᠦᠷᠭᠡ ᠲᠤᠰᠢᠶᠠᠯ ᠢᠶᠠᠨ | ᠭᠦᠶ᠋ᠴᠡᠳᠬᠡᠵᠦ᠂ ᠲᠣᠰ ᠲᠣᠰ ᠤᠨ ᠴᠢᠳᠠᠪᠤᠷᠢ ᠪᠠᠨ ᠭᠦᠶ᠋ᠴᠡᠳ ᠪᠠᠳᠠᠷᠠᠭᠤᠯᠵᠤ᠂ ᠪᠥᠬᠦ ᠰᠡᠳᠬᠢᠯ ᠪᠥᠬᠦ | ᠵᠣᠷᠢᠭ ᠢᠶᠠᠷ ᠢᠶᠠᠨ ᠰᠤᠷᠭᠠᠨ ᠬᠥᠮᠦᠵᠢᠯ ᠤᠨ ᠦᠶ᠋ᠯᠡᠰ ᠤᠨ ᠬᠥᠭᠵᠢᠯᠲᠡ ᠶᠢ ᠬᠠᠯᠠᠮᠵᠢᠯᠠᠨ ᠳᠡᠮᠵᠢᠵᠦ᠂ ᠰᠤᠷᠭᠠᠨ | ᠬᠥᠮᠦᠵᠢᠯ ᠤᠨ ᠰᠠᠯᠠᠭ᠎ᠠ ᠮᠥᠴᠢᠷ ᠲᠠᠢ ᠦᠨᠡᠨ ᠪᠣᠳᠠᠲᠠᠶ ᠪᠠᠷ ᠬᠠᠮᠵᠢᠯᠴᠠᠨ ᠪᠣᠳᠠᠲᠠᠶ ᠠᠰᠠᠭᠤᠳᠠᠯ ᠢ ᠰᠢᠶ᠋ᠳᠪᠦᠷᠢᠯᠡᠵᠦ᠂ | ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠲᠡᠶ ᠦᠶ᠋ᠯᠡᠴᠢᠯᠡᠭᠡᠨ ᠤ ᠪᠠᠲᠤᠯᠠᠭ᠎ᠠ ᠬᠠᠩᠭᠠᠬᠤ | ᠬᠡᠷᠡᠭᠲᠡᠶ᠃ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠪᠣᠯᠤᠨ ᠡᠯ᠎ᠡ ᠰᠤᠷᠭᠠᠭᠤᠯᠢ᠂ ᠬᠡᠦᠬᠡᠳ ᠤᠨ ᠴᠡᠴᠡᠷᠯᠢᠭ | ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠵᠦ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ | ᠢᠳᠡᠪᠬᠢᠲᠡᠶ ᠪᠠᠷ ᠠᠵᠢᠯᠯᠠᠵᠤ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠡᠯ᠎ᠡ ᠵᠦᠢᠯ ᠤᠨ | ᠠᠵᠢᠯ ᠢ ᠯᠠᠪᠳᠠᠭᠤᠨ ᠪᠠᠲᠤᠲᠠᠶ ᠰᠠᠶᠢᠲᠤᠷ ᠠᠳᠬᠤᠨ᠎ᠠ᠃ | ︵ᠭᠤᠷᠪᠠ︶ ᠬᠢᠨᠠᠨ ᠰᠢᠯᠭᠠᠵᠤ ᠬᠢᠨᠠᠨ ᠵᠢᠯᠣᠭᠤᠳᠬᠤ ᠶᠢ ᠴᠢᠩᠭᠠᠷᠠᠭᠤᠯᠤᠨ᠎ᠠ | ᠰᠤᠷᠭᠠᠨ ᠬᠥᠮᠦᠵᠢᠯ ᠢ ᠤᠷᠢᠳᠠᠪᠠᠷ ᠬᠥᠭᠵᠢᠭᠦᠯᠬᠦ ᠶᠢ ᠠᠬᠢᠭᠤᠯᠬᠤ ᠶᠢ ᠴᠢᠬᠤᠯᠠᠴᠢᠯᠠᠬᠤ ᠡᠷᠴᠢᠮ ᠢᠶᠠᠨ | ᠦᠷᠭᠦᠯᠵᠢᠯᠡᠨ ᠴᠢᠩᠭᠠᠷᠠᠭᠤᠯᠵᠤ᠂ ᠬᠠᠮᠢᠶ᠎ᠠ ᠪᠥᠬᠦᠶ ᠬᠢᠨᠠᠨ ᠰᠢᠯᠭᠠᠵᠤ ᠬᠢᠨᠠᠨ ᠵᠢᠯᠣᠭᠤᠳᠴᠤ ᠦᠨᠡᠯᠡᠬᠦ ᠲᠣᠭᠲᠠᠴᠠ ᠶᠢ | ᠪᠠᠶᠢᠭᠤᠯᠤᠨ᠂ ᠰᠢᠨ᠎ᠡ ᠴᠠᠭ ᠦᠶ᠎ᠡ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ | ᠰᠤᠷᠭᠠᠨ ᠬᠥᠮᠦᠵᠢᠯ ᠤᠨ ᠬᠥᠭᠵᠢᠯᠲᠡ ᠶᠢ ᠬᠢᠨᠠᠨ ᠬᠡᠮᠵᠢᠵᠦ ᠦᠨᠡᠯᠡᠬᠦ ᠲᠣᠭᠲᠠᠴᠠ ᠪᠠ ᠬᠢᠨᠠᠨ ᠵᠢᠯᠣᠭᠤᠳᠴᠤ | ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠪᠠᠶᠢᠭᠤᠯᠵᠤ᠂ ᠰᠤᠷᠭᠠᠨ ᠬᠥᠮᠦᠵᠢᠯ ᠤᠨ ᠬᠠᠮᠢᠶᠠᠷᠤᠯᠲᠠ ᠶᠢᠨ | ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠦᠨ᠂ ᠰᠤᠷᠭᠠᠨ ᠬᠥᠮᠦᠵᠢᠯ ᠤᠨ ᠵᠠᠰᠠᠯᠲᠠ ᠶᠢᠨ ᠴᠢᠳᠠᠪᠤᠷᠢ ᠪᠠ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠎ᠡ᠃ | ︵ᠲᠦᠷᠪᠡ︶ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠬᠤ | ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢ ᠴᠢᠩᠭᠠᠳᠬᠠᠨ᠂ ᠪᠦᠬᠦ ᠨᠡᠶᠢᠭᠡᠮ ᠢ ᠬᠥᠲᠥᠯᠥᠨ ᠵᠢᠯᠣᠭᠤᠳᠴᠤ | ᠪᠠᠶᠢᠭᠠᠳ ᠰᠢᠨᠵᠢᠯᠡᠬᠦ ᠤᠬᠠᠭᠠᠨᠴᠢ ᠬᠥᠮᠦᠵᠢᠯ ᠤᠨ ᠦᠵᠡᠯᠲᠡ ᠶᠢ ᠪᠣᠶ ᠪᠣᠯᠭᠠᠵᠤ᠂ ᠪᠦᠬᠦ ᠨᠡᠶᠢᠭᠡᠮ ᠢᠶᠠᠷ ᠢᠶᠠᠨ | ᠰᠤᠷᠭᠠᠨ ᠬᠥᠮᠦᠵᠢᠯ ᠢ ᠬᠠᠯᠠᠮᠵᠢᠯᠠᠨ ᠳᠡᠮᠵᠢᠬᠦ ᠰᠠᠶᠢᠨ ᠰᠠᠶᠢᠬᠠᠨ ᠣᠷᠴᠢᠨ ᠠᠬᠤᠶ ᠶᠢ ᠪᠣᠶ ᠪᠣᠯᠭᠠᠬᠤ ᠬᠡᠷᠡᠭᠲᠡᠶ᠃ | ᠰᠤᠷᠭᠠᠨ ᠬᠥᠮᠦᠵᠢᠯ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠡᠷᠬᠡ ᠰᠦᠷ ᠲᠠᠢ ᠯᠠᠪᠳᠠᠭᠤᠨ ᠢᠶᠠᠷ ᠰᠠᠶᠢᠲᠤᠷ | ᠬᠢᠵᠦ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠢᠳᠡᠪᠬᠢᠲᠡᠶ ᠬᠠᠷᠢᠭᠤᠯᠲᠠ ᠥᠭᠴᠦ᠂ | ᠵᠢᠱᠢᠯᠲᠡ ᠶᠢ ᠵᠦᠶ ᠵᠣᠬᠢᠰᠲᠠᠶ ᠬᠥᠲᠥᠯᠦᠨ ᠵᠢᠯᠣᠭᠤᠳᠴᠤ᠂ ᠨᠡᠶᠢᠭᠡᠮ ᠤᠨ ᠬᠠᠮᠲᠤ ᠶᠢᠨ ᠲᠠᠨᠢᠯᠲᠠ ᠶᠢ ᠨᠡᠮᠡᠭᠳᠡᠭᠦᠯᠦᠨ᠎ᠡ᠃ | ᠭᠡᠷ ᠪᠦᠯᠢ ᠶᠢᠨ ᠬᠥᠮᠦᠵᠢᠯ ᠤᠨ ᠵᠢᠯᠣᠭᠤᠳᠣᠯᠭ᠎ᠠ ᠶᠢ ᠴᠢᠩᠭᠠᠳᠬᠠᠵᠤ᠂ ᠬᠡᠷ ᠪᠦᠯᠢ ᠶᠢᠨ ᠬᠥᠮᠦᠵᠢᠯ ᠤᠨ ᠰᠠᠭᠤᠷᠢ | ᠦᠶ᠋ᠯᠡᠳᠦᠯ ᠢ ᠪᠠᠳᠠᠷᠠᠭᠤᠯᠤᠨ᠂ ᠬᠡᠷ ᠤᠨ ᠠᠬᠠᠮᠠᠳ ᠢ ᠬᠥᠲᠥᠯᠦᠨ ᠵᠢᠯᠣᠭᠤᠳᠴᠤ ᠪᠠᠶᠢᠭᠠᠳ ᠵᠥᠪ ᠣᠨᠣᠪᠴᠢᠲᠠᠶ | ᠰᠤᠷᠭᠠᠨ ᠬᠥᠮᠦᠵᠢᠯ ᠤᠨ ᠦᠵᠡᠯᠲᠡ ᠶᠢ ᠪᠣᠶ ᠪᠣᠯᠭᠠᠵᠤ᠂ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠯᠤᠭ᠎ᠠ ᠵᠡᠷᠭᠡ ᠪᠠᠷ ᠤᠷᠤᠭᠰᠢᠯᠠᠭᠤᠯᠤᠨ᠎ᠠ᠃ ᠰᠤᠷᠭᠠᠨ ᠬᠥᠮᠦᠵᠢᠯ ᠤᠨ ᠰᠢᠨ᠎ᠡ ᠶᠢ ᠡᠭᠦᠳᠬᠦ ᠰᠡᠳᠬᠢᠴᠡ᠂ | ᠣᠨᠴᠠᠯᠢᠭᠲᠤ ᠦᠵᠡᠭᠦᠯᠦᠯᠭᠡ᠂ ᠲᠡᠷᠢᠭᠦᠨ ᠤ ᠨᠡᠶᠢᠲᠡᠯᠢᠭ ᠵᠢᠱᠢᠶ᠎ᠡ ᠶᠢ ᠢᠳᠡᠪᠬᠢᠲᠡᠶ ᠪᠠᠷ ᠤᠬᠠᠭᠤᠯᠤᠨ ᠮᠡᠳᠡᠭᠡᠯᠡᠵᠦ᠂ | ᠨᠡᠶᠢᠭᠡᠮ ᠤᠨ ᠰᠤᠷᠭᠠᠨ ᠬᠥᠮᠦᠵᠢᠯ ᠤᠨ ᠠᠵᠢᠯ ᠤᠨ ᠲᠤᠬᠠᠶ ᠣᠶᠢᠯᠠᠭᠠᠬᠤ ᠬᠡᠮᠵᠢᠶ᠎ᠡ᠂ ᠳᠡᠮᠵᠢᠬᠦ ᠬᠡᠮᠵᠢᠶ᠎ᠡ ᠶᠢ | ᠲᠠᠰᠤᠷᠠᠯᠲᠠ ᠦᠭᠡᠢ ᠳᠡᠭᠡᠭᠰᠢᠯᠡᠭᠦᠯᠦᠨ᠂ ᠰᠠᠶᠢᠨ ᠰᠠᠶᠢᠬᠠᠨ ᠰᠤᠷᠭᠠᠨ ᠬᠥᠮᠦᠵᠢᠯ ᠤᠨ ᠠᠮᠢ ᠠᠬᠤᠶ ᠶᠢ ᠪᠤᠢ ᠪᠣᠯᠭᠠᠬᠤ | ᠬᠡᠷᠡᠭᠲᠡᠶ᠃ | |