ᠲᠤᠭᠤᠷᠢᠭ ᠤᠨ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ ᠶᠢᠨ ᠱᠠᠭᠠᠷᠳᠠᠯᠭ᠎ᠠ ᠶᠣᠰᠣᠭᠠᠷ᠂ ᠵᠠᠰᠠᠭ ᠤᠨ | ᠣᠷᠳᠣᠨ ᠤ ᠡᠭᠦᠷᠭᠡ ᠴᠢᠳᠠᠪᠤᠷᠢ ᠶᠢ ᠨᠠᠩ ᠰᠠᠶᠢᠨ ᠪᠥᠬᠦ ᠲᠠᠯ᠎ᠠ ᠪᠠᠷ ᠵᠥᠪ ᠭᠦᠶ᠋ᠴᠡᠳᠬᠡᠬᠦ ᠶᠢᠨ ᠲᠥᠯᠥᠭᠡ᠂ ᠰᠢᠨ᠎ᠡ | ᠬᠥᠭᠵᠢᠯᠲᠡ ᠶᠢᠨ ᠱᠠᠲᠤ ᠦᠶ᠎ᠡ ᠶᠢ ᠪᠠᠲᠤ ᠡᠵᠡᠮᠳᠡᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ | ᠪᠦᠲᠦᠨ᠂ ᠣᠨᠣᠪᠴᠢᠲᠠᠶ᠂ ᠪᠥᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ | ᠦᠢᠯᠡᠴᠢᠯᠡᠨ ᠠᠭᠤᠰᠤᠯᠴᠠᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠬᠠᠤᠯᠢᠵᠢᠯ ᠤᠨ ᠵᠠᠰᠠᠭ ᠤᠨ ᠣᠷᠳᠣᠨ᠂ | ᠰᠢᠨ᠎ᠡ ᠶᠢ ᠡᠭᠦᠳᠬᠦ ᠵᠠᠰᠠᠭ ᠤᠨ ᠣᠷᠳᠣᠨ᠂ ᠠᠷᠢᠭᠤᠨ ᠴᠢᠬᠡᠴᠢ ᠵᠠᠰᠠᠭ ᠤᠨ ᠣᠷᠳᠣᠨ ᠪᠠ ᠦᠢᠯᠡᠴᠢᠯᠡᠭᠡᠨ ᠤ | ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠤᠨ᠎ᠠ᠃ | ᠬᠤᠶᠠᠷ᠂ ᠰᠢᠢᠳᠪᠦᠷᠢᠲᠦ ᠪᠣᠳᠣᠯᠭ᠎ᠠ ᠶᠢᠨ ᠦᠨᠳᠦᠰᠦᠯᠡᠯ | ᠭᠤᠤᠯᠳᠠᠭᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾᠂ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠪᠣᠯᠤᠨ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ | ᠣᠷᠳᠣᠨ ᠤ ᠵᠣᠬᠢᠶᠠᠨ ᠪᠠᠶᠢᠭᠤᠯᠬᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ︾ ᠶᠢ ᠦᠨᠳᠦᠰᠦᠯᠡᠨ᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠲᠦᠷᠢᠮ︾᠂ ︽ᠦᠬᠠᠶ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠲᠦᠷᠢᠮ︾ ᠢ ᠯᠠᠪᠯᠠᠯᠲᠠ ᠪᠣᠯᠭᠠᠵᠤ᠂ ᠣᠷᠣᠨ ᠤ | ᠵᠠᠰᠠᠭ ᠤᠨ ᠣᠷᠳᠣᠨ ᠤ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ ᠲᠤᠭᠤᠷᠪᠢᠨ ᠲᠣᠭᠲᠠᠭᠠᠨ᠎ᠠ᠃ | ᠭᠤᠷᠪᠠ᠂ ᠨᠡᠶᠢᠲᠡᠯᠡᠭᠰᠡᠨ ᠵᠣᠷᠢᠯᠭ᠎ᠠ | ᠣᠳᠣᠬᠠᠨ ᠤ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠵᠠᠰᠠᠭ ᠤᠨ ᠣᠷᠳᠣᠨ ᠤ ᠠᠵᠢᠯ ᠢ | ᠤᠯᠠᠮ ᠨᠢᠭᠡ ᠠᠯᠬᠤᠮ ᠲᠣᠳᠣᠷᠬᠠᠶ ᠪᠥᠭᠡᠳ ᠵᠢᠷᠤᠮᠵᠢᠭᠤᠯᠵᠤ᠂ ᠵᠠᠰᠠᠭ ᠤᠨ ᠣᠷᠳᠣᠨ ᠤ ᠠᠵᠢᠯ ᠤᠨ ᠦᠷ᠎ᠡ | ᠪᠦᠲᠦᠮᠵᠢ ᠪᠠ ᠠᠵᠢᠯ ᠤᠨ ᠪᠠᠷᠢᠮᠵᠢᠶ᠎ᠠ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ | ᠳᠥᠷᠪᠡ᠂ ᠰᠠᠨᠠᠯ ᠬᠤᠷᠢᠶᠠᠭᠰᠠᠨ ᠪᠠᠶᠢᠳᠠᠯ | ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠵᠠᠰᠠᠭ ᠤᠨ ᠣᠷᠳᠣᠨ ᠤ | ᠡᠯ᠎ᠡ ᠰᠠᠯᠠᠭ᠎ᠠ ᠮᠥᠴᠢᠷ᠂ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠡ᠂ ᠲᠣᠭᠤᠷᠢᠭ ᠲᠤ ᠰᠠᠭᠤᠭ᠎ᠠ ᠡᠯ᠎ᠡ | ᠨᠢᠭᠡᠴᠡ ᠵᠠᠰᠠᠪᠤᠷᠢ ᠣᠷᠣᠭᠤᠯᠬᠤ ᠰᠠᠨᠠᠯ ᠢ 6 ᠵᠤᠷᠪᠤᠰ ᠬᠤᠷᠢᠶᠠᠵᠤ᠂ ᠲᠣᠭᠤᠷᠢᠭ ᠤᠨ ᠵᠠᠰᠠᠭ ᠤᠨ ᠣᠷᠳᠣᠨ ᠤ | ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠭᠦᠯᠦᠭᠰᠡᠨ ᠤ ᠳᠠᠷᠠᠭ᠎ᠠ ᠳᠠᠷᠤᠮᠠᠯᠯᠠᠨ ᠲᠠᠷᠬᠠᠭᠠᠨ᠎ᠠ᠃ | ᠲᠠᠪᠤ᠂ ᠭᠤᠣᠯ ᠠᠭᠤᠯᠭ᠎ᠠ᠃ | ᠲᠣᠰ ᠲᠦᠷᠢᠮ ᠳᠤ ᠮᠥᠨ ᠯᠡ ︽︿ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠤ ᠠᠵᠢᠯ ᠤᠨ ᠲᠦᠷᠢᠮ﹀ ᠢ ᠳᠠᠷᠤᠮᠠᠯᠯᠠᠨ ᠶᠠᠪᠤᠭᠤᠯᠬᠤ ᠲᠤᠬᠠᠶ ᠦᠬᠠᠶ ᠬᠤᠲᠠ ᠶᠢᠨ ᠬᠠᠶᠢᠨᠠᠨ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠬᠠᠶᠢᠨᠠᠨ ᠵᠠᠰᠠᠭ ᠲᠠᠷᠬᠠᠭᠠᠭᠰᠠᠨ | ︹2021︺ 18 ᠳ᠋ᠤᠭᠠᠷ ᠲᠣᠭᠠᠲᠤ︶ ᠤᠨ ᠪᠣᠷᠣ ᠲᠥᠯᠥᠪ ᠤᠨ ᠰᠢᠰᠲ᠋ᠧᠮᠵᠢ ᠶᠢ ᠦᠷᠭᠦᠯᠵᠢᠯᠡᠨ ᠬᠡᠷᠡᠭᠯᠡᠪᠡ᠃ | ᠵᠠᠰᠠᠪᠤᠷᠢ ᠣᠷᠣᠭᠤᠯᠤᠭᠰᠠᠨ ᠤ ᠳᠠᠷᠠᠭᠠᠬᠢ ᠳᠦᠷᠢᠮ ᠢ ᠨᠡᠶᠢᠲᠡ 13 ᠪᠦᠯᠦᠭ ᠬᠤᠪᠢᠶᠠᠨ᠎ᠠ᠂ ᠲᠤᠬᠠᠶᠢᠯᠠᠪᠠᠯ ᠶᠡᠷᠦᠩᠬᠡᠶ | ᠳᠦᠷᠢᠮ᠂ ᠪᠦᠷᠢᠯᠳᠦᠬᠦᠨ ᠠᠵᠢᠯᠲᠠᠨ ᠤ ᠡᠭᠦᠷᠭᠡ ᠬᠠᠷᠢᠭᠤᠴᠠᠯᠭ᠎ᠠ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ | ᠪᠦᠬᠦ ᠲᠠᠯ᠎ᠠ ᠪᠠᠷ ᠵᠥᠪ ᠣᠨᠣᠪᠴᠢᠲᠠᠶ ᠭᠦᠢᠴᠡᠳᠬᠡᠬᠦ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠬᠤ᠂ | ᠰᠢᠨᠵᠢᠯᠡᠬᠦ ᠤᠬᠠᠭᠠᠨᠴᠢ ᠪᠥᠭᠡᠳ ᠠᠷᠠᠳᠴᠢᠯᠠᠯ ᠢᠶᠠᠷ ᠰᠢᠶ᠋ᠳᠪᠦᠷᠢᠲᠦ ᠪᠣᠳᠣᠯᠭ᠎ᠠ ᠲᠣᠭᠲᠠᠭᠠᠬᠤ ᠶᠢ ᠬᠡᠷᠡᠭᠵᠢᠭᠦᠯᠬᠦ᠂ | ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠠᠬᠢᠭᠤᠯᠬᠤ᠂ ᠬᠢᠨᠠᠯᠲᠠ ᠲᠠᠯᠪᠢᠬᠤ ᠳᠦᠷᠢᠮ ᠢ ᠪᠦᠷᠢᠨᠰᠢᠭᠦᠯᠬᠦ᠂ ᠠᠯᠪᠠᠨ | ᠪᠢᠴᠢᠭ ᠬᠢᠨᠠᠨ ᠵᠥᠪᠰᠢᠶᠡᠷᠡᠬᠦ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠪᠠ ᠰᠢᠮᠳᠠᠭᠤᠯᠤᠨ ᠪᠠᠶᠢᠴᠠᠭᠠᠬᠤ᠂ | ᠠᠵᠢᠯ ᠤᠨ ᠰᠠᠬᠢᠯᠭ᠎ᠠ ᠪᠠᠲᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠ ᠰᠤᠷᠲᠠᠯ ᠤᠨ ᠪᠠᠶᠢᠭᠤᠯᠤᠯᠲᠠ᠂ | ᠳᠠᠭᠠᠯᠳᠤᠭᠤᠯᠤᠯ ᠳᠦᠷᠢᠮ ᠪᠣᠯᠤᠨ᠎ᠠ᠃ | ᠨᠢᠭᠡᠳᠦᠭᠡᠷ ᠪᠦᠯᠦᠭ ᠲᠤᠭᠤᠷᠪᠢᠬᠤ ᠦᠨᠳᠦᠰᠦ ᠪᠠᠷᠢᠮᠲᠠ᠂ ᠲᠤᠭᠤᠷᠪᠢᠬᠤ ᠵᠠᠷᠴᠢᠮ᠂ ᠵᠢᠯᠤᠭᠤᠳᠬᠤ ᠦᠵᠡᠯ | ᠰᠠᠨᠠᠭ᠎ᠠ ᠪᠣᠯᠤᠨ ᠭᠤᠣᠯ ᠵᠣᠷᠢᠯᠭ᠎ᠠ ᠶᠢ ᠲᠣᠳᠣᠷᠬᠠᠶᠢᠯᠠᠨ ᠦᠭᠦᠯᠡᠵᠦ᠃ ᠲᠤᠭᠤᠷᠢᠭ ᠤᠨ ᠵᠠᠰᠠᠭ ᠤᠨ ᠣᠷᠳᠣᠨ ᠤ | ᠠᠵᠢᠯ ᠨᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ | ᠮᠠᠨᠳᠤᠭᠤᠯᠵᠤ᠂ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠤᠤ ᠫᠢᠩ ᠤᠨ | ᠤᠨᠤᠯ᠂ ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ | ᠦᠵᠡᠯᠲᠡ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠨ | ᠴᠢᠩᠭᠠᠳᠬᠠᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ | ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ | ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠳᠠ ᠦᠭᠡᠢ | ᠳᠡᠭᠡᠭᠰᠢᠯᠡᠭᠦᠯᠬᠦ ᠬᠡᠷᠡᠭᠲᠡᠢ᠃ | ᠬᠤᠶᠠᠳᠤᠭᠠᠷ ᠪᠦᠯᠦᠭ᠃ ᠵᠠᠰᠠᠭ ᠤᠨ ᠣᠷᠳᠣᠨ ᠤ ᠪᠦᠷᠢᠯᠳᠦᠬᠦᠨ ᠭᠡᠰᠢᠭᠦᠨ᠂ ᠲᠤᠰᠢᠶᠠᠯ ᠬᠠᠷᠢᠭᠤᠴᠠᠯᠭ᠎ᠠ ᠪᠠ | ᠠᠵᠢᠯ ᠤᠨ ᠵᠢᠷᠤᠮᠯᠠᠯ ᠵᠡᠷᠭᠡ ᠶᠢ ᠲᠣᠳᠣᠷᠬᠠᠶᠢᠯᠠᠨ ᠦᠭᠦᠯᠡᠵᠦ᠃ ᠲᠤᠭᠤᠷᠢᠭ ᠤᠨ ᠵᠠᠰᠠᠭ ᠤᠨ ᠣᠷᠳᠣᠨ | ᠲᠣᠭᠤᠷᠢᠭ ᠤᠨ ᠳᠠᠷᠤᠭ᠎ᠠ ᠶᠢᠨ ᠬᠠᠷᠢᠭᠤᠴᠠᠬᠤ ᠳᠦᠷᠢᠮ ᠢ ᠬᠡᠷᠡᠭᠵᠢᠭᠦᠯᠦᠨ᠎ᠡ᠃ ᠲᠣᠭᠤᠷᠢᠭ ᠤᠨ ᠳᠠᠷᠤᠭ᠎ᠠ | ᠲᠣᠭᠤᠷᠢᠭ ᠤᠨ ᠵᠠᠰᠠᠭ ᠤᠨ ᠣᠷᠳᠣᠨ ᠤ ᠠᠵᠢᠯ᠃ ᠲᠣᠭᠤᠷᠢᠭ ᠤᠨ ᠳᠡᠳ᠋ ᠳᠠᠷᠤᠭ᠎ᠠ᠂ ᠠᠯᠪᠠᠨ ᠭᠡᠷ ᠤᠨ ᠡᠷᠬᠢᠯᠡᠭᠴᠢ | ᠲᠣᠭᠤᠷᠢᠭ ᠤᠨ ᠳᠠᠷᠤᠭ᠎ᠠ ᠶᠢ ᠬᠠᠮᠵᠢᠨ ᠠᠵᠢᠯᠯᠠᠨ᠎ᠠ᠃ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠤᠨ | ᠡᠷᠬᠢᠯᠡᠭᠴᠢ ᠲᠣᠭᠤᠷᠢᠭ ᠤᠨ ᠳᠠᠷᠤᠭ᠎ᠠ ᠶᠢᠨ ᠤᠳᠤᠷᠢᠳᠤᠯᠭ᠎ᠠ ᠳᠣᠤᠷ᠎ᠠ᠂ ᠲᠣᠭᠤᠷᠢᠭ ᠤᠨ ᠵᠠᠰᠠᠭ ᠤᠨ ᠣᠷᠳᠣᠨ ᠤ | ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠨ ᠰᠢᠶ᠋ᠳᠪᠦᠷᠢᠯᠡᠵᠦ᠂ ᠲᠣᠭᠤᠷᠢᠭ ᠤᠨ ᠵᠠᠰᠠᠭ ᠤᠨ | ᠣᠷᠳᠣᠨ ᠤ ᠲᠣᠭᠲᠠᠭᠠᠭᠰᠠᠨ ᠤᠴᠢᠷ ᠶᠠᠪᠤᠳᠠᠯ ᠪᠠ ᠲᠣᠭᠤᠷᠢᠭ ᠤᠨ ᠳᠠᠷᠤᠭ᠎ᠠ ᠶᠢᠨ ᠲᠤᠰᠢᠶᠠᠭᠰᠠᠨ ᠤᠴᠢᠷ ᠶᠠᠪᠤᠳᠠᠯ ᠢ | ᠵᠣᠬᠢᠴᠠᠭᠤᠯᠤᠨ ᠨᠠᠶᠢᠳᠠᠪᠤᠷᠢᠵᠢᠭᠤᠯᠤᠨ᠎ᠠ᠃ ᠣᠷᠣᠨ ᠤ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠤᠨ | ᠬᠤᠷᠠᠯ ᠨᠢ ᠲᠣᠪᠴᠢᠶᠠᠨ ᠳᠠᠷᠤᠭ᠎ᠠ ︵ᠡᠷᠬᠢᠯᠡᠭᠴᠢ︶ ᠶᠢᠨ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠵᠦ᠂ ᠲᠤᠰ | ᠰᠠᠯᠠᠭ᠎ᠠ ᠮᠥᠴᠢᠷ ᠤᠨ ᠢᠶᠠᠨ ᠠᠵᠢᠯ ᠢ ᠤᠳᠤᠷᠢᠳᠤᠨ᠎ᠠ᠃ | ᠭᠤᠷᠪᠠᠳᠤᠭᠠᠷ ᠪᠦᠯᠦᠭ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠪᠦᠬᠦ ᠲᠠᠯ᠎ᠠ ᠪᠠᠷ ᠵᠥᠪ | ᠣᠨᠣᠪᠴᠢᠲᠠᠶ ᠭᠦᠢᠴᠡᠳᠬᠡᠬᠦ ᠶᠢ ᠲᠣᠳᠣᠷᠬᠠᠶᠢᠯᠠᠨ ᠥᠭᠦᠯᠡᠪᠡ᠃ ᠲᠤᠭᠤᠷᠢᠭ ᠤᠨ ᠵᠠᠰᠠᠭ ᠤᠨ ᠣᠷᠳᠣᠨ ᠶᠡᠷᠦᠩᠬᠡᠶ | ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠪᠡᠶᠡᠯᠡᠭᠦᠯᠬᠦ ᠳᠤ | ᠠᠩᠬᠠᠷᠤᠯ ᠢᠶᠠᠨ ᠲᠥᠪᠯᠡᠷᠡᠭᠦᠯᠵᠦ᠂ ᠬᠤᠲᠠ ᠶᠢᠨ ᠨᠠᠮ ᠤᠨ ᠬᠤᠷᠢᠶᠠᠨ ᠤ ︽ᠨᠢᠭᠡ ᠵᠢᠷᠤᠮᠯᠠᠯ ᠢ ᠪᠠᠷᠢᠮᠲᠠᠯᠠᠵᠤ᠂ ᠨᠢᠭᠡ | ᠭᠤᠤᠯ ᠱᠤᠭᠤᠮ ᠢ ᠲᠤᠤᠱᠯᠠᠭᠤᠯᠵᠤ᠂ ᠬᠤᠶᠠᠷ ᠶᠡᠭᠡ ᠡᠭᠦᠷᠭᠡ ᠶᠢ ᠠᠬᠢᠭᠤᠯᠵᠤ᠂ ︿ᠭᠤᠷᠪᠠᠨ ᠴᠢᠨᠠᠷ ᠰᠠᠶᠢᠲᠠᠶ﹀ | ᠬᠠᠷᠠᠯᠲᠠ ᠶᠢ ᠪᠡᠶᠡᠯᠡᠭᠦᠯᠬᠦ︾ ᠶᠡᠷᠦᠩᠬᠡᠶ ᠬᠥᠭᠵᠢᠯᠲᠡ ᠶᠢᠨ ᠰᠡᠳᠬᠢᠴᠡ ᠶᠣᠰᠣᠭᠠᠷ᠂ ᠬᠥᠭᠵᠢᠯᠲᠡ ᠪᠠ ᠠᠮᠤᠷ | ᠲᠦᠪᠰᠢᠨ ᠢ ᠨᠢᠭᠡᠳᠦᠯᠲᠡᠶ ᠲᠥᠯᠥᠪᠵᠢᠭᠦᠯᠵᠦ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠭᠰᠠᠨ᠂ ᠪᠣᠬᠢᠷᠲᠤᠯ ᠥᠬᠡᠶ | ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠰᠠᠶᠢᠲᠤᠷ | ᠵᠠᠮᠨᠠᠬᠤ ᠬᠡᠷᠡᠭᠲᠡᠶ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ ᠪᠦᠬᠦ | ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠦᠢᠯᠡᠴᠢᠯᠡᠬᠦ ᠪᠠ | ᠠᠭᠤᠰᠤᠯᠴᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠣᠭᠤᠷᠢᠨ ᠳᠤ᠂ ᠣᠳᠣᠬᠢᠴᠢᠯᠠᠭᠰᠠᠨ ᠠᠵᠤ | ᠠᠬᠤᠢ ᠶᠢᠨ ᠰᠢᠰᠲ᠋ᠧᠮ ᠢ ᠪᠠᠶᠢᠭᠤᠯᠵᠤ᠂ ᠠᠵᠤ ᠠᠬᠤᠢ ᠶᠢᠨ ᠲᠤᠬᠢᠷᠠᠭᠤᠯᠤᠯᠳᠠ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ᠂ ᠨᠡᠶᠢᠭᠡᠮ ᠤᠨ ᠬᠠᠮᠢᠶᠠᠷᠤᠯᠲᠠ᠂ ᠤᠯᠠᠨ ᠨᠡᠶᠢᠲᠡ ᠶᠢᠨ ᠦᠢᠯᠡᠴᠢᠯᠡᠭᠡ᠂ ᠠᠮᠢ ᠠᠬᠤᠢ ᠶᠢᠨ ᠣᠷᠴᠢᠨ | ᠲᠣᠭᠤᠷᠢᠨ ᠤ ᠬᠠᠮᠠᠭᠠᠯᠠᠯᠲᠠ ᠵᠡᠷᠭᠡ ᠡᠭᠦᠷᠭᠡ ᠴᠢᠳᠠᠪᠬᠢ ᠶᠢ ᠴᠢᠩᠭᠠᠳᠬᠠᠨ ᠲᠡᠭᠦᠯᠳᠡᠷᠵᠢᠭᠦᠯᠵᠦ᠂ ᠵᠠᠰᠠᠭ ᠢ | ᠴᠣᠮᠬᠠᠳᠬᠠᠨ ᠡᠷᠬᠡ ᠶᠢ ᠲᠠᠯᠪᠢᠬᠤ᠂ ᠲᠠᠯᠪᠢᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡᠨ ᠤ | ᠥᠭᠡᠷᠡᠴᠢᠯᠡᠯᠲᠡ ᠶᠢ ᠰᠢᠯᠢᠳᠡᠭᠵᠢᠭᠦᠯᠬᠦ ᠶᠢ ᠭᠦᠨᠵᠡᠭᠡᠶᠢᠷᠡᠭᠦᠯᠵᠦ᠂ ᠵᠠᠰᠠᠭ ᠤᠨ ᠣᠷᠳᠣᠨ ᠤ ᠦᠢᠯᠡᠳᠦᠯ ᠴᠢᠳᠠᠪᠤᠷᠢ ᠶᠢ | ᠪᠦᠬᠦ ᠲᠠᠯ᠎ᠠ ᠪᠠᠷ ᠳᠡᠭᠡᠭᠰᠢᠯᠡᠭᠦᠯᠵᠦ᠂ ᠰᠠᠶᠢᠨ ᠰᠠᠶᠢᠬᠠᠨ ᠬᠥᠭᠵᠢᠯᠲᠡ ᠶᠢᠨ ᠣᠷᠴᠢᠨ ᠲᠣᠭᠤᠷᠢᠨ ᠢ ᠡᠭᠦᠳᠴᠦ᠂ | ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠶᠢ ᠠᠬᠢᠭᠤᠯᠵᠤ᠂ ᠠᠷᠠᠳ ᠤᠨ | ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠲᠦᠪᠰᠢᠨ ᠢ ᠳᠡᠭᠡᠭᠰᠢᠯᠡᠭᠦᠯᠵᠦ᠂ ᠨᠡᠶᠢᠭᠡᠮ ᠤᠨ ᠲᠥᠪ ᠭᠤᠣᠯᠴᠢ | ᠰᠢᠳᠤᠷᠭᠤ ᠶᠣᠰᠣ ᠶᠢ ᠬᠠᠮᠠᠭᠠᠯᠠᠬᠤ ᠬᠡᠷᠡᠭᠲᠡᠢ᠃ | ᠳᠥᠷᠪᠡᠳᠦᠭᠡᠷ ᠪᠦᠯᠦᠭ ᠲᠤ ᠣᠷᠣᠨ ᠤ ᠵᠠᠰᠠᠭ ᠤᠨ ᠣᠷᠳᠣᠨ ᠤ ᠠᠵᠢᠯ ᠢ ᠬᠠᠤᠯᠢ ᠶᠣᠰᠣᠭᠠᠷ ᠵᠠᠰᠠᠭ | ᠶᠠᠪᠤᠭᠤᠯᠬᠤ ᠶᠢ ᠪᠠᠷᠢᠮᠲᠠᠯᠠᠨ᠎ᠠ᠃ ᠲᠤᠭᠤᠷᠢᠭ ᠤᠨ ᠵᠠᠰᠠᠭ ᠤᠨ ᠣᠷᠳᠣᠨ ᠵᠢᠴᠢ ᠡᠯ᠎ᠡ ᠰᠠᠯᠠᠭ᠎ᠠ ᠮᠥᠴᠢᠷ ᠤᠨ ᠬᠢᠨ | ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠦᠨᠳᠦᠰᠦᠨ | ᠬᠠᠤᠯᠢ ᠪᠠ ᠬᠠᠤᠯᠢ ᠴᠠᠭᠠᠵᠠ ᠶᠢᠨ ᠡᠷᠬᠡ ᠰᠦᠷ ᠢ ᠲᠦᠷᠦᠭᠦᠯᠡᠨ ᠬᠠᠮᠠᠭᠠᠯᠠᠵᠤ᠂ ᠡᠭᠦᠷᠭᠡ ᠴᠢᠳᠠᠪᠬᠢ ᠰᠢᠨᠵᠢᠯᠡᠬᠦ | ᠤᠬᠠᠭᠠᠨᠴᠢ᠂ ᠡᠷᠬᠡ ᠬᠠᠷᠢᠭᠤᠴᠠᠯᠭ᠎ᠠ ᠶᠢ ᠬᠠᠤᠯᠢ ᠪᠠᠷ ᠲᠣᠭᠲᠠᠭᠠᠬᠤ᠂ ᠬᠠᠤᠯᠢ ᠬᠡᠷᠡᠭᠵᠢᠭᠦᠯᠦᠯᠲᠡ ᠲᠥᠪ ᠴᠢᠩᠭ᠎ᠠ᠂ | ᠢᠯᠡ ᠲᠣᠳᠣ ᠲᠥᠪ ᠭᠤᠤᠯᠴᠢ᠂ ᠠᠷᠢᠭᠤᠨ ᠴᠢᠬᠡᠴᠢ ᠥᠨᠳᠥᠷ ᠪᠦᠲᠦᠮᠵᠢᠲᠡᠶ᠂ ᠬᠠᠤᠯᠢ ᠶᠢ ᠰᠠᠬᠢᠵᠤ ᠦᠨᠡᠨᠴᠢ | ᠢᠲᠡᠭᠡᠮᠵᠢᠲᠡᠶ᠂ ᠠᠷᠠᠳ ᠲᠦᠮᠡᠨ ᠤ ᠰᠡᠳᠬᠢᠯ ᠬᠠᠨᠤᠮᠵᠢᠲᠠᠶ ᠬᠠᠤᠯᠢᠵᠢᠯ ᠤᠨ ᠵᠠᠰᠠᠭ ᠤᠨ ᠣᠷᠳᠣᠨ ᠢ ᠪᠠᠶᠢᠭᠤᠯᠵᠤ᠂ | ᠬᠠᠤᠯᠢ ᠶᠣᠰᠣᠭᠠᠷ ᠡᠷᠬᠡ ᠪᠠᠨ ᠬᠡᠷᠡᠭᠵᠢᠭᠦᠯᠵᠦ᠂ ᠡᠭᠦᠷᠭᠡ ᠬᠠᠷᠢᠭᠤᠴᠠᠯᠭ᠎ᠠ ᠪᠠᠨ ᠭᠦᠶ᠋ᠴᠡᠳᠬᠡᠵᠦ᠂ ᠬᠠᠷᠢᠭᠤᠴᠠᠯᠭ᠎ᠠ | ᠡᠭᠦᠷᠭᠡᠯᠡᠬᠦ ᠬᠡᠷᠡᠭᠲᠡᠶ᠃ | ᠲᠠᠪᠤᠳᠤᠭᠠᠷ ᠪᠦᠯᠦᠭ ᠲᠤ ᠲᠣᠭᠤᠷᠢᠭ ᠤᠨ ᠵᠠᠰᠠᠭ ᠤᠨ ᠣᠷᠳᠣᠨ ᠤ ᠠᠵᠢᠯ ᠳᠤ ᠰᠢᠨᠵᠢᠯᠡᠬᠦ ᠤᠬᠠᠭᠠᠨᠴᠢ | ᠠᠷᠠᠳᠴᠢᠯᠠᠯ ᠢᠶᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠶᠢ ᠬᠡᠷᠡᠭᠵᠢᠭᠦᠯᠦᠨ᠎ᠡ᠃ ᠲᠤᠭᠤᠷᠢᠭ ᠤᠨ ᠵᠠᠰᠠᠭ ᠤᠨ | ᠣᠷᠳᠣᠨ ᠵᠢᠴᠢ ᠡᠯ᠎ᠡ ᠰᠠᠯᠠᠭ᠎ᠠ ᠮᠥᠴᠢᠷ ᠤᠳ ᠵᠠᠰᠠᠭ ᠵᠠᠬᠢᠷᠭᠠᠨ ᠤ ᠰᠢᠶ᠋ᠳᠪᠦᠷᠢᠲᠦ ᠪᠣᠳᠣᠯᠭ᠎ᠠ ᠲᠣᠭᠲᠠᠭᠠᠬᠤ ᠲᠠᠰ | ᠳᠠᠷᠠᠭᠠᠯᠠᠯ ᠤᠨ ᠲᠦᠷᠢᠮ ᠢ ᠲᠡᠭᠦᠯᠳᠡᠷᠵᠢᠭᠦᠯᠵᠦ᠂ ᠣᠯᠠᠨ ᠨᠡᠶᠢᠲᠡ ᠪᠠᠷ ᠢᠶᠠᠨ ᠣᠷᠣᠯᠴᠠᠬᠤ᠂ ᠲᠤᠰᠬᠠᠶ | ᠮᠡᠷᠭᠡᠵᠢᠯᠲᠡᠨ ᠢᠶᠠᠷ ᠨᠤᠲᠠᠯᠠᠭᠤᠯᠬᠤ᠂ ᠠᠶᠤᠯ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ ᠬᠢᠨᠠᠨ | ᠪᠠᠶᠢᠴᠠᠭᠠᠬᠤ ᠪᠠ ᠬᠠᠮᠲᠤ ᠪᠠᠷ ᠶᠠᠷᠢᠯᠴᠠᠨ ᠲᠣᠭᠲᠠᠭᠠᠬᠤ ᠶᠢ ᠴᠢᠬᠤᠯᠠ ᠶᠡᠭᠡ ᠰᠢᠶ᠋ᠳᠪᠦᠷᠢᠲᠦ ᠪᠣᠳᠣᠯᠭ᠎ᠠ ᠲᠣᠭᠲᠠᠭᠠᠬᠤ | ᠬᠠᠤᠯᠢ ᠪᠠᠷ ᠲᠣᠭᠲᠠᠭᠠᠭᠰᠠᠨ ᠲᠠᠰ ᠳᠠᠷᠠᠭᠠᠯᠠᠯ ᠪᠣᠯᠭᠠᠵᠤ᠂ ᠣᠯᠠᠨ ᠨᠡᠶᠢᠲᠡ ᠶᠢᠨ ᠲᠥᠷᠥ ᠶᠢᠨ ᠪᠣᠳᠣᠯᠭ᠎ᠠ | ᠲᠣᠭᠲᠠᠭᠠᠬᠤ ᠢᠯᠡ ᠲᠣᠳᠣ ᠶᠢᠨ ᠬᠡᠮᠵᠢᠶ᠎ᠡ ᠪᠠ ᠣᠯᠠᠨ ᠨᠡᠶᠢᠲᠡ ᠶᠢᠨ ᠣᠷᠣᠯᠴᠠᠬᠤ ᠬᠡᠮᠵᠢᠶ᠎ᠡ ᠶᠢ ᠨᠡᠮᠡᠭᠳᠡᠭᠦᠯᠵᠦ᠂ | ᠰᠢᠨᠵᠢᠯᠡᠬᠦ ᠤᠬᠠᠭᠠᠨᠴᠢ ᠪᠠᠷ ᠰᠢᠶ᠋ᠳᠪᠦᠷᠢᠲᠦ ᠪᠣᠳᠣᠯᠭ᠎ᠠ ᠲᠣᠭᠲᠠᠭᠠᠬᠤ᠂ ᠠᠷᠠᠳᠴᠢᠯᠠᠯ ᠢᠶᠠᠷ ᠰᠢᠶ᠋ᠳᠪᠦᠷᠢᠲᠦ ᠪᠣᠳᠣᠯᠭ᠎ᠠ | ᠲᠣᠭᠲᠠᠭᠠᠬᠤ᠂ ᠬᠠᠤᠯᠢ ᠶᠣᠰᠣᠭᠠᠷ ᠰᠢᠶ᠋ᠳᠪᠦᠷᠢᠲᠦ ᠪᠣᠳᠣᠯᠭ᠎ᠠ ᠲᠣᠭᠲᠠᠭᠠᠬᠤ ᠶᠢ ᠬᠡᠷᠡᠭᠵᠢᠭᠦᠯᠵᠦ᠂ ᠰᠢᠶ᠋ᠳᠪᠦᠷᠢᠲᠦ | ᠪᠣᠳᠣᠯᠭ᠎ᠠ ᠲᠣᠭᠲᠠᠭᠠᠬᠤ ᠨᠢ ᠰᠢᠨᠵᠢᠯᠡᠬᠦ ᠤᠬᠠᠭᠠᠨᠴᠢ᠂ ᠬᠡᠷᠡᠭᠵᠢᠭᠦᠯᠦᠯᠲᠡ ᠨᠢ ᠡᠷᠡᠰ ᠰᠢᠭᠤᠷᠬᠠᠶ᠂ ᠬᠢᠨᠠᠯᠲᠠ ᠨᠢ | ᠬᠦᠴᠦᠲᠡᠶ ᠡᠷᠬᠡ ᠶᠢᠨ ᠠᠵᠢᠯᠯᠠᠭᠠᠨ ᠤ ᠲᠣᠭᠲᠠᠴᠠ ᠶᠢ ᠲᠦᠷᠭᠡᠳᠬᠡᠨ ᠪᠠᠶᠢᠭᠤᠯᠬᠤ ᠬᠡᠷᠡᠭᠲᠡᠶ᠃ | ᠵᠢᠷᠭᠤᠳᠤᠭᠠᠷ ᠪᠦᠯᠦᠭ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠠᠬᠢᠭᠤᠯᠬᠤ ᠬᠠᠮᠢᠶ᠎ᠠ ᠪᠦᠬᠦᠢ | ᠱᠠᠭᠠᠷᠳᠠᠯᠭ᠎ᠠ ᠶᠢ ᠲᠣᠳᠣᠷᠬᠠᠶᠢᠯᠠᠨ ᠥᠭᠦᠯᠡᠪᠡ᠃ ᠲᠤᠭᠤᠷᠢᠭ ᠤᠨ ᠵᠠᠰᠠᠭ ᠤᠨ ᠣᠷᠳᠣᠨ ᠵᠢᠴᠢ ᠡᠯ᠎ᠡ ᠰᠠᠯᠠᠭ᠎ᠠ | ᠮᠥᠴᠢᠷ ᠤᠳ ᠢᠯᠡ ᠲᠣᠳᠣ ᠪᠠᠶᠢᠬᠤ ᠶᠢ ᠵᠠᠰᠠᠭ ᠤᠨ ᠣᠷᠳᠣᠨ ᠤ ᠠᠵᠢᠯ ᠤᠨ ᠦᠨᠳᠦᠰᠦᠨ ᠵᠠᠷᠴᠢᠮ ᠪᠣᠯᠭᠠᠵᠤ᠂ | ᠢᠯᠡ ᠨᠡᠶᠢᠲᠡᠯᠡᠬᠦ ᠶᠢ ᠬᠡᠪ ᠤᠨ ᠪᠠᠶᠢᠳᠠᠯ ᠪᠣᠯᠭᠠᠬᠤ᠂ ᠢᠯᠡ ᠪᠣᠯᠭᠠᠬᠤ ᠥᠬᠡᠶ ᠪᠠᠷ ᠣᠨᠴᠠᠭᠠᠶ ᠪᠠᠶᠢᠳᠠᠯ ᠪᠣᠯᠭᠠᠬᠤ ᠶᠢ | ᠪᠠᠷᠢᠮᠲᠠᠯᠠᠵᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠬᠡᠷᠡᠭᠵᠢᠭᠦᠯᠬᠦ᠂ ᠬᠠᠮᠢᠶᠠᠷᠬᠤ᠂ ᠦᠢᠯᠡᠴᠢᠯᠡᠬᠦ᠂ ᠦᠷ᠎ᠡ | ᠳ᠋ᠦᠩ ᠢ ᠢᠯᠡ ᠪᠣᠯᠭᠠᠬᠤ ᠶᠢ ᠪᠥᠬᠦ ᠲᠠᠯ᠎ᠠ ᠪᠠᠷ ᠠᠬᠢᠭᠤᠯᠬᠤ ᠬᠡᠷᠡᠭᠲᠡᠶ᠃ ᠵᠠᠰᠠᠭ ᠤᠨ ᠶᠠᠪᠤᠳᠠᠯ ᠢ ᠢᠯᠡ ᠪᠣᠯᠭᠠᠬᠤ | ᠠᠵᠢᠯ ᠤᠨ ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ | ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠪᠠ ᠭᠤᠶᠤᠴᠢᠯᠠᠯ ᠶᠣᠰᠣᠭᠠᠷ ᠢᠯᠡ ᠪᠣᠯᠭᠠᠬᠤ ᠵᠡᠷᠭᠡ ᠠᠵᠢᠯ ᠢ ᠰᠠᠶᠢᠲᠤᠷ | ᠬᠢᠬᠦ ᠬᠡᠷᠡᠭᠲᠡᠶ᠃ ᠲᠤᠭᠤᠷᠢᠭ ᠤᠨ ᠵᠠᠰᠠᠭ ᠤᠨ ᠣᠷᠳᠣᠨ ᠵᠢᠴᠢ ᠡᠯ᠎ᠡ ᠰᠠᠯᠠᠭ᠎ᠠ ᠮᠥᠴᠢᠷ ᠤᠳ ᠲᠥᠷᠥ ᠶᠢᠨ | ᠪᠣᠳᠣᠯᠭ᠎ᠠ ᠶᠢᠨ ᠴᠢᠨᠠᠷᠲᠠᠶ ᠪᠢᠴᠢᠭ ᠮᠠᠲ᠋ᠧᠷᠢᠶᠠᠯ ᠬᠢᠭᠡᠳ ᠤᠩᠰᠢᠨ ᠲᠠᠶᠢᠯᠪᠤᠷᠢᠯᠠᠬᠤ ᠲᠥᠰᠦᠯ᠂ ᠤᠩᠰᠢᠨ | ᠲᠠᠶᠢᠯᠪᠤᠷᠢᠯᠠᠬᠤ ᠮᠠᠲ᠋ᠧᠷᠢᠶᠠᠯ ᠢ ᠵᠡᠷᠭᠡᠪᠡᠷ ᠵᠣᠬᠢᠶᠠᠨ ᠪᠠᠶᠢᠭᠤᠯᠵᠤ᠂ ᠵᠡᠷᠭᠡᠪᠡᠷ ᠬᠢᠨᠠᠨ ᠭᠠᠷ ᠤᠨ ᠦᠰᠦᠭ ᠵᠢᠷᠤᠵᠤ᠂ | ᠵᠡᠷᠭᠡᠪᠡᠷ ᠪᠠᠶᠢᠷᠢᠯᠠᠭᠤᠯᠬᠤ ᠶᠢ ᠪᠠᠷᠢᠮᠲᠠᠯᠠᠬᠤ ᠬᠡᠷᠡᠭᠲᠡᠶ᠃ ᠰᠣᠨᠢᠨ ᠮᠡᠳᠡᠭᠡᠨ ᠤ ᠥᠭᠦᠯᠡᠭᠴᠢ ᠶᠢᠨ ᠲᠦᠷᠢᠮ ᠤᠨ | ᠪᠠᠶᠢᠭᠤᠯᠤᠯᠲᠠ ᠶᠢ ᠴᠢᠩᠭᠠᠳᠬᠠᠵᠤ᠂ ᠰᠣᠨᠢᠨ ᠮᠡᠳᠡᠭᠡᠨ ᠤ ᠥᠭᠦᠯᠡᠭᠴᠢ ᠶᠢᠨ ᠡᠭᠦᠷᠭᠡ ᠲᠤᠰᠢᠶᠠᠯ ᠢᠶᠠᠨ ᠭᠦᠶ᠋ᠴᠡᠳᠬᠡᠬᠦ | ᠴᠢᠳᠠᠪᠤᠷᠢ ᠶᠢ ᠳᠡᠭᠡᠭᠰᠢᠯᠡᠭᠦᠯᠵᠦ᠂ ᠴᠢᠬᠤᠯᠠ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠲᠠᠶᠢᠯᠤᠮᠵᠢ ᠶᠢ | ᠰᠠᠨᠠᠭᠠᠴᠢᠯᠠᠭ᠎ᠠ ᠠᠴᠠ ᠪᠠᠨ ᠰᠠᠶᠢᠲᠤᠷ ᠬᠢᠵᠦ᠂ ᠣᠯᠠᠨ ᠨᠡᠶᠢᠲᠡ ᠶᠢᠨ ᠰᠡᠵᠢᠭ ᠢ ᠢᠳᠡᠪᠬᠢᠲᠡᠶ ᠬᠠᠷᠢᠭᠤᠯᠵᠤ᠂ ᠦᠨᠡᠨ | ᠪᠣᠳᠠᠲᠠᠶ ᠪᠤᠰᠤ ᠶᠠᠷᠢᠶ᠎ᠠ ᠶᠢ ᠴᠠᠭ ᠲᠤᠬᠠᠶ ᠳᠤᠨᠢ ᠲᠣᠳᠣᠷᠬᠠᠶᠢᠯᠠᠵᠤ᠂ ᠬᠦᠨᠳᠦ ᠶᠡᠭᠡ ᠭᠡᠨᠡᠳᠲᠡ ᠶᠢᠨ ᠬᠡᠷᠡᠭ ᠤᠨ | ᠮᠡᠳᠡᠭᠡ ᠵᠠᠩᠭᠢ ᠶᠢ ᠡᠷᠬᠡ ᠰᠦᠷ ᠲᠠᠢ ᠪᠠᠷ ᠨᠡᠶᠢᠲᠡᠯᠡᠬᠦ ᠬᠡᠷᠡᠭᠲᠡᠶ᠃ | ᠳᠣᠯᠣᠳᠤᠭᠠᠷ ᠪᠦᠯᠦᠭ ᠬᠢᠨᠠᠯᠲᠠ ᠲᠠᠯᠪᠢᠬᠤ ᠳᠦᠷᠢᠮ ᠢ ᠪᠦᠷᠢᠨᠰᠢᠭᠦᠯᠬᠦ ᠬᠠᠮᠢᠶ᠎ᠠ ᠪᠦᠬᠦᠢ ᠱᠠᠭᠠᠷᠳᠠᠯᠭ᠎ᠠ ᠶᠢ | ᠲᠣᠳᠣᠷᠬᠠᠶᠢᠯᠠᠨ ᠥᠭᠦᠯᠡᠪᠡ᠃ ᠲᠤᠭᠤᠷᠢᠭ ᠤᠨ ᠵᠠᠰᠠᠭ ᠤᠨ ᠣᠷᠳᠣᠨ ᠤᠬᠠᠮᠰᠠᠷ ᠠᠴᠠ ᠪᠠᠨ ᠲᠤᠭᠤᠷᠢᠭ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠢᠨᠠᠯᠲᠠ ᠶᠢ | ᠬᠦᠯᠢᠶᠡᠵᠦ᠂ ᠠᠵᠢᠯ ᠢᠶᠠᠨ ᠨᠠᠷᠢᠨ ᠬᠢᠨᠠᠮᠠᠭᠠᠶ ᠬᠠᠷᠢᠭᠤᠴᠠᠯᠭ᠎ᠠ ᠲᠠᠢ ᠪᠠᠷ ᠮᠡᠳᠡᠭᠦᠯᠵᠦ᠂ ᠯᠠᠪᠯᠠᠨ ᠠᠰᠠᠭᠤᠬᠤ᠂ | ᠲᠤᠯᠭᠠᠨ ᠠᠰᠠᠭᠤᠬᠤ ᠪᠠ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠬᠦᠯᠢᠶᠡᠵᠦ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠶᠢ ᠨᠠᠷᠢᠨ ᠬᠢᠨᠠᠮᠠᠭᠠᠶ ᠰᠢᠢᠳᠪᠦᠷᠢᠯᠡᠬᠦ | ᠬᠡᠷᠡᠭᠲᠡᠶ︔ ᠲᠤᠭᠤᠷᠢᠭ ᠤᠨ ᠬᠢᠨᠠᠨ ᠪᠠᠶᠢᠴᠠᠭᠠᠬᠤ ᠵᠥᠪᠯᠡᠯ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠬᠦ | ᠬᠡᠷᠡᠭᠲᠡᠶ︔ ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ᠂ ᠡᠯ᠎ᠡ ᠠᠷᠠᠳᠴᠢᠯᠠᠭᠰᠠᠨ ᠨᠠᠮ ᠪᠦᠯᠦᠭ ᠪᠣᠯᠤᠨ ᠡᠯ᠎ᠡ | ᠤᠯᠠᠨ ᠲᠦᠮᠡᠨ ᠤ ᠪᠦᠯᠬᠦᠮ ᠤᠨ ᠠᠷᠠᠳᠴᠢᠯᠠᠯ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠤᠯᠤᠰ | ᠲᠦᠷᠦ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠨᠠᠷᠢᠨ ᠬᠢᠨᠠᠮᠠᠭᠠᠢ ᠭᠦᠢᠴᠡᠳᠬᠡᠵᠦ᠂ ᠰᠠᠨᠠᠯ | ᠰᠠᠨᠠᠭᠤᠯᠭ᠎ᠠ ᠶᠢ ᠳᠠᠷᠤᠤ ᠬᠢᠴᠢᠶᠡᠩᠭᠦᠢ ᠪᠠᠷ ᠰᠣᠨᠣᠰᠪᠠ᠃ ᠲᠤᠭᠤᠷᠢᠭ ᠤᠨ ᠵᠠᠰᠠᠭ ᠤᠨ ᠣᠷᠳᠣᠨ ᠵᠢᠴᠢ ᠡᠯ᠎ᠡ ᠰᠠᠯᠠᠭ᠎ᠠ | ᠮᠥᠴᠢᠷ ᠤᠨ ᠲᠤᠭᠤᠷᠢᠭ ᠤᠨ ᠵᠠᠰᠠᠭ ᠤᠨ ᠣᠷᠳᠣᠨ ᠬᠤᠯᠪᠣᠭᠳᠠᠯ ᠪᠥᠬᠦᠶ ᠬᠠᠤᠯᠢ ᠴᠠᠭᠠᠵᠠ ᠶᠢᠨ ᠲᠣᠭᠲᠠᠭᠠᠯ | ᠶᠣᠰᠣᠭᠠᠷ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ ᠶᠢᠨ ᠬᠠᠤᠯᠢ ᠶᠣᠰᠣᠭᠠᠷ | ᠬᠡᠷᠡᠭᠵᠢᠭᠦᠯᠬᠦ ᠬᠢᠨᠠᠯᠲᠠ ᠶᠢ ᠬᠦᠯᠢᠶᠡᠵᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠰᠠᠶᠢᠲᠤᠷ ᠬᠢᠬᠦ ᠬᠡᠷᠡᠭᠲᠡᠶ | ᠭᠡᠵᠡᠢ᠃ | ᠨᠠᠶᠢᠮᠠᠳᠤᠭᠠᠷ ᠪᠦᠯᠦᠭ᠃ ᠬᠤᠷᠠᠯ ᠤᠨ ᠳᠦᠷᠢᠮ ᠤᠨ ᠬᠠᠮᠢᠶ᠎ᠠ ᠪᠦᠬᠦᠢ ᠱᠠᠭᠠᠷᠳᠠᠯᠭ᠎ᠠ ᠶᠢ ᠲᠣᠳᠣᠷᠬᠠᠶᠢᠯᠠᠨ | ᠦᠭᠦᠯᠡᠵᠦ᠃ ᠲᠣᠭᠤᠷᠢᠭ ᠤᠨ ᠵᠠᠰᠠᠭ ᠤᠨ ᠣᠷᠳᠣᠨ ᠪᠥᠬᠦᠳᠡ ᠬᠤᠷᠠᠯ᠂ ᠪᠠᠶᠢᠩᠭᠤ ᠶᠢᠨ ᠬᠤᠷᠠᠯ᠂ ᠲᠣᠭᠤᠷᠢᠭ ᠤᠨ | ᠳᠠᠷᠤᠭ᠎ᠠ ᠶᠢᠨ ᠠᠯᠪᠠᠨ ᠠᠵᠢᠯ ᠤᠨ ᠬᠤᠷᠠᠯ ᠪᠠ ᠲᠤᠰᠬᠠᠶ ᠰᠡᠳᠦᠪᠲᠦ ᠬᠤᠷᠠᠯ ᠤᠨ ᠲᠦᠷᠢᠮ ᠢ ᠬᠡᠷᠡᠭᠵᠢᠭᠦᠯᠦᠨ᠎ᠡ᠃ | ᠲᠣᠭᠤᠷᠢᠭ ᠤᠨ ᠵᠠᠰᠠᠭ ᠤᠨ ᠣᠷᠳᠣᠨ ᠤ ᠪᠥᠬᠦᠳᠡ ᠬᠤᠷᠠᠯ ᠢ ᠲᠣᠭᠤᠷᠢᠭ ᠤᠨ ᠳᠠᠷᠤᠭ᠎ᠠ᠂ ᠲᠣᠭᠤᠷᠢᠭ ᠤᠨ ᠳᠡᠳ᠋ | ᠳᠠᠷᠤᠭ᠎ᠠ᠂ ᠠᠯᠪᠠᠨ ᠭᠡᠷ ᠤᠨ ᠡᠷᠬᠢᠯᠡᠭᠴᠢ ᠪᠣᠯᠤᠨ ᠠᠵᠢᠯ ᠤᠨ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ | ᠨᠥᠬᠦᠳ ᠢᠶᠠᠷ ᠪᠦᠷᠢᠯᠳᠦᠭᠦᠯᠵᠦ᠂ ᠲᠣᠭᠤᠷᠢᠭ ᠤᠨ ᠳᠠᠷᠤᠭ᠎ᠠ ᠴᠤᠭᠯᠠᠭᠤᠯᠤᠨ ᠡᠷᠬᠢᠯᠡᠨ᠎ᠡ᠃ ᠬᠡᠷᠡᠭᠴᠡᠭᠡ ᠪᠠᠨ | ᠦᠨᠳᠦᠰᠦᠯᠡᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ᠂ ᠠᠵᠢᠯ ᠤᠨ ᠰᠠᠯᠠᠭ᠎ᠠ | ᠮᠥᠴᠢᠷ ᠤᠨ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ ᠢ ᠳᠡᠳ᠋ ᠡᠷᠬᠢᠯᠡᠭᠴᠢ᠂ ᠡᠯ᠎ᠡ ᠪᠠᠯᠭᠠᠰᠤ ︵ᠵᠡᠭᠡᠯᠢ | ᠭᠤᠳᠤᠮᠵᠢ︶ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠡ ᠶᠢᠨ ᠭᠤᠣᠯ ᠬᠠᠷᠢᠭᠤᠴᠠᠯᠭᠠᠲᠠᠨ | ᠬᠤᠷᠠᠯ ᠳᠤ ᠰᠤᠯᠠ ᠣᠷᠣᠯᠴᠠᠭᠤᠯᠬᠤ ᠪᠠᠷ ᠲᠣᠬᠢᠷᠠᠭᠤᠯᠵᠤ ᠪᠣᠯᠤᠨ᠎ᠠ᠃ | ᠶᠢᠰᠦᠳᠦᠭᠡᠷ ᠪᠦᠯᠦᠭ᠄ ᠠᠯᠪᠠᠨ ᠪᠢᠴᠢᠭ ᠬᠢᠨᠠᠨ ᠵᠥᠪᠰᠢᠶᠡᠷᠡᠬᠦ ᠬᠠᠮᠢᠶ᠎ᠠ ᠪᠦᠬᠦᠢ ᠱᠠᠭᠠᠷᠳᠠᠯᠭ᠎ᠠ ᠶᠢ | ᠲᠣᠳᠣᠷᠬᠠᠶᠢᠯᠠᠨ ᠥᠭᠦᠯᠡᠪᠡ᠃ ᠣᠷᠣᠨ ᠤ ᠵᠠᠰᠠᠭ ᠤᠨ ᠣᠷᠳᠣᠨ ᠳᠤ ᠮᠡᠳᠡᠭᠦᠯᠦᠨ ᠬᠦᠷᠭᠡᠬᠦ ᠠᠯᠪᠠᠨ ᠪᠢᠴᠢᠭ ᠨᠢ ︽ᠨᠠᠮ | ᠵᠠᠰᠠᠭ ᠤᠨ ᠪᠠᠶᠢᠭᠤᠯᠤᠯᠭ᠎ᠠ ᠶᠢᠨ ᠠᠯᠪᠠᠨ ᠪᠢᠴᠢᠭ ᠰᠢᠶ᠋ᠳᠪᠦᠷᠢᠯᠡᠬᠦ ᠠᠵᠢᠯ ᠤᠨ ᠳᠦᠷᠢᠮ︾ ᠤᠨ ᠲᠣᠭᠲᠠᠭᠠᠯ ᠳᠤ | ᠨᠡᠶᠢᠴᠡᠭᠰᠡᠨ ᠪᠠᠶᠢᠬᠤ ᠬᠡᠷᠡᠭᠲᠡᠶ᠂ ᠠᠯᠪᠠᠨ ᠪᠢᠴᠢᠭ ᠶᠠᠪᠤᠭᠤᠯᠬᠤ ᠳᠦᠷᠢᠮ ᠪᠣᠯᠤᠨ ᠳᠡᠰ ᠳᠠᠷᠠᠭᠠᠯᠠᠯ ᠢ ᠴᠢᠩᠭ᠎ᠠ | ᠵᠢᠷᠤᠮᠯᠠᠬᠤ ᠶᠢᠨ ᠬᠠᠮᠲᠤ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠳᠤ ᠮᠡᠳᠡᠭᠦᠯᠦᠨ ᠬᠦᠷᠭᠡᠵᠦ ᠭᠠᠷ ᠤᠨ | ᠦᠰᠦᠭ ᠵᠢᠷᠤᠭᠤᠯᠬᠤ ᠬᠡᠷᠡᠭᠲᠡᠶ᠃ ᠲᠤᠭᠤᠷᠢᠭ ᠤᠨ ᠵᠠᠰᠠᠭ ᠤᠨ ᠣᠷᠳᠣᠨ ᠤ ᠨᠡᠷ᠎ᠡ ᠪᠠᠷ ᠳᠠᠷᠤᠮᠠᠯᠯᠠᠨ ᠶᠠᠪᠤᠭᠤᠯᠤᠭᠰᠠᠨ | ᠪᠢᠴᠢᠭ ᠮᠠᠲ᠋ᠧᠷᠢᠶᠠᠯ ᠢ ᠲᠤᠭᠤᠷᠢᠭ ᠤᠨ ᠳᠠᠷᠤᠭ᠎ᠠ ᠪᠤᠶᠤ ᠬᠠᠮᠢᠶ᠎ᠠ ᠪᠦᠬᠦᠢ ᠳᠡᠳ᠋ ᠳᠠᠷᠤᠭ᠎ᠠ ᠭᠠᠷ ᠤᠨ ᠦᠰᠦᠭ ᠵᠢᠷᠤᠵᠤ | ᠶᠠᠪᠤᠭᠤᠯᠤᠨ᠎ᠠ᠃ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠨᠡᠷ᠎ᠡ ᠪᠠᠷ ᠪᠢᠴᠢᠭ ᠮᠠᠲ᠋ᠧᠷᠢᠶᠠᠯ | ᠶᠠᠪᠤᠭᠤᠯᠵᠤ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ ᠬᠢᠨᠠᠨ ᠬᠠᠷᠭᠤᠭᠤᠯᠵᠤ᠂ | ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ ᠬᠢᠨᠠᠨ ᠭᠠᠷ ᠤᠨ ᠦᠰᠦᠭ ᠵᠢᠷᠤᠵᠤ᠂ | ᠪᠠᠶᠢᠳᠠᠯ ᠢ ᠦᠵᠡᠵᠦ ᠪᠠᠶᠢᠭᠠᠳ ᠲᠣᠭᠤᠷᠢᠭ ᠤᠨ ᠳᠠᠷᠤᠭ᠎ᠠ ᠪᠤᠶᠤ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠳᠠᠷᠤᠭ᠎ᠠ | ᠭᠠᠷ ᠤᠨ ᠦᠰᠦᠭ ᠵᠢᠷᠤᠵᠤ ᠶᠠᠪᠤᠭᠤᠯᠤᠨ᠎ᠠ᠃ ᠡᠩ ᠤᠨ ᠴᠢᠨᠠᠷᠲᠠᠶ ᠶᠠᠪᠤᠳᠠᠯ ᠢ ᠵᠠᠰᠠᠭ ᠤᠨ ᠣᠷᠳᠣᠨ ᠤ ᠠᠯᠪᠠᠨ | ᠭᠡᠷ ᠤᠨ ᠡᠷᠬᠢᠯᠡᠭᠴᠢ ᠭᠠᠷ ᠤᠨ ᠦᠰᠦᠭ ᠵᠢᠷᠤᠵᠤ ᠶᠠᠪᠤᠭᠤᠯᠬᠤ ᠪᠤᠶᠤ ᠵᠠᠰᠠᠭ ᠤᠨ ᠣᠷᠳᠣᠨ ᠤ ᠠᠯᠪᠠᠨ ᠭᠡᠷ ᠤᠨ | ᠳᠡᠳ᠋ ᠡᠷᠬᠢᠯᠡᠭᠴᠢ ᠳᠤ ᠡᠷᠬᠡ ᠣᠯᠭᠤᠵᠤ ᠪᠠᠶᠢᠭᠠᠳ ᠭᠠᠷ ᠤᠨ ᠦᠰᠦᠭ ᠵᠢᠷᠳ ᠶᠠᠪᠤᠭᠤᠯᠬᠤ ᠬᠡᠷᠡᠭᠲᠡᠶ᠃ | ᠠᠷᠪᠠᠳᠤᠭᠠᠷ ᠪᠦᠯᠦᠭ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠪᠠ ᠰᠢᠮᠳᠠᠭᠤᠯᠤᠨ ᠪᠠᠶᠢᠴᠠᠭᠠᠬᠤ ᠬᠠᠮᠢᠶ᠎ᠠ | ᠪᠦᠬᠦᠢ ᠱᠠᠭᠠᠷᠳᠠᠯᠭ᠎ᠠ ᠶᠢ ᠲᠣᠳᠣᠷᠬᠠᠶᠢᠯᠠᠨ ᠥᠭᠦᠯᠡᠪᠡ᠃ ᠲᠤᠭᠤᠷᠢᠭ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ | ᠮᠥᠴᠢᠷ ᠤᠳ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠢ ᠦᠨᠡᠨᠬᠦ ᠴᠢᠩᠭᠠᠳᠬᠠᠵᠤ᠂ ᠲᠤᠭᠤᠷᠢᠭ ᠤᠨ | ᠵᠠᠰᠠᠭ ᠤᠨ ᠣᠷᠳᠣᠨ ᠤ ᠠᠵᠢᠯ ᠵᠢᠴᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠳᠤᠮᠳᠠᠬᠢ ᠴᠢᠬᠤᠯᠠ ᠪᠠᠶᠢᠳᠠᠯ ᠢ | ᠴᠠᠭ ᠲᠤᠬᠠᠶ ᠳᠤᠨᠢ ᠲᠤᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠰᠢᠨᠵᠢᠯᠡᠬᠦ | ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠠᠵᠢᠯ ᠢ ᠵᠢᠯᠣᠭᠤᠳᠬᠤ ᠳᠤ ᠦᠨᠳᠦᠰᠦᠯᠡᠯ ᠬᠠᠩᠭᠠᠨ᠎ᠠ᠃ | ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠨᠢ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ | ᠴᠤᠭᠯᠠᠭᠤᠯᠬᠤ ᠪᠠ ᠮᠡᠳᠡᠭᠦᠯᠦᠨ ᠬᠦᠷᠭᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠬᠦ ᠶᠢ ᠬᠠᠷᠢᠭᠤᠴᠠᠨ᠎ᠠ᠃ | ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠳᠤ ᠦᠨᠡᠨ ᠠᠴᠠ ᠵᠥᠪ ᠢ ᠡᠷᠢᠬᠦ ᠶᠢ | ᠪᠠᠷᠢᠮᠲᠠᠯᠠᠵᠤ᠂ ᠭᠤᠤᠯᠳᠠᠯᠭ᠎ᠠ ᠶᠢᠨ ᠲᠣᠭᠤᠷᠢᠨ ᠳᠤ ᠤᠳᠤᠷᠢᠳᠤᠯᠭ᠎ᠠ ᠶᠢᠨ ᠰᠢᠶ᠋ᠳᠪᠦᠷᠢᠲᠦ ᠪᠣᠳᠣᠯᠭ᠎ᠠ ᠲᠣᠭᠲᠠᠭᠠᠬᠤ | ᠬᠡᠷᠡᠭᠴᠡᠭᠡ ᠱᠠᠭᠠᠷᠳᠠᠯᠭ᠎ᠠ ᠳᠤ ᠣᠶᠢᠷᠠᠲᠤᠭᠤᠯᠬᠤ ᠶᠢ ᠴᠢᠬᠤᠯᠠᠴᠢᠯᠠᠵᠤ᠂ ᠭᠤᠤᠯᠳᠠᠯᠭ᠎ᠠ ᠶᠢ ᠳᠣᠪᠤᠶᠢᠯᠭᠠᠨ᠂ | ᠭᠤᠤᠯᠳᠠᠯᠭ᠎ᠠ ᠶᠢ ᠡᠵᠡᠮᠳᠡᠵᠦ᠂ ᠬᠢᠯᠠᠰ ᠴᠡᠭ ᠢ ᠠᠭᠤᠳᠠᠯᠵᠤ᠂ ᠭᠠᠷᠳᠠᠬᠤ ᠴᠡᠭ ᠢ ᠠᠳᠬᠤᠵᠤ᠂ ᠪᠥᠬᠦ ᠲᠠᠯ᠎ᠠ ᠪᠠᠷ᠂ | ᠴᠠᠭ ᠲᠤᠬᠠᠶ ᠳᠤᠨᠢ᠂ ᠣᠨᠣᠪᠴᠢᠲᠠᠶ᠂ ᠵᠢᠷᠤᠮᠵᠢᠯ ᠲᠠᠢ ᠪᠠᠶᠢᠯᠭᠠᠬᠤ ᠬᠡᠷᠡᠭᠲᠡᠶ᠃ | ᠠᠷᠪᠠᠨ ᠨᠢᠭᠡᠳᠦᠭᠡᠷ ᠪᠦᠯᠦᠭ ᠲᠤ ᠠᠵᠢᠯ ᠤᠨ ᠰᠠᠬᠢᠯᠭ᠎ᠠ ᠪᠠᠲᠤ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ | ᠲᠣᠳᠣᠷᠬᠠᠶᠢᠯᠠᠨ ᠥᠭᠦᠯᠡᠪᠡ᠃ ᠲᠤᠭᠤᠷᠢᠭ ᠤᠨ ᠵᠠᠰᠠᠭ ᠤᠨ ᠣᠷᠳᠣᠨ ᠤ ᠪᠦᠷᠢᠯᠳᠦᠬᠦᠨ ᠨᠡᠷ ᠤᠯᠤᠰ ᠲᠥᠷᠥ ᠶᠢᠨ | ᠰᠠᠬᠢᠯᠭ᠎ᠠ ᠪᠠᠲᠤ ᠪᠠ ᠤᠯᠤᠰ ᠲᠥᠷᠥ ᠶᠢᠨ ᠶᠣᠰᠣ ᠲᠦᠷᠢᠮ ᠢ ᠴᠢᠩᠭ᠎ᠠ ᠰᠠᠬᠢᠵᠤ᠂ ︽ᠳᠥᠷᠪᠡᠨ ᠤᠬᠠᠮᠰᠠᠷ︾ ᠢᠶᠠᠨ | ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠲᠣᠭᠲᠠᠭᠠᠬᠤ︾ ᠶᠢ ᠡᠷᠡᠰ | ᠬᠠᠮᠠᠭᠠᠯᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠠᠮ ᠪᠠ ᠤᠯᠤᠰ ᠤᠨ ᠱᠤᠭᠤᠮ ᠴᠢᠭᠯᠡᠯᠲᠡ | ᠲᠥᠷᠥ ᠶᠢᠨ ᠪᠣᠳᠣᠯᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ | ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ | ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠬᠡᠷᠡᠭᠵᠢᠭᠦᠯᠬᠦ ᠬᠡᠷᠡᠭᠲᠡᠶ᠃ | ᠲᠤᠭᠤᠷᠢᠭ ᠤᠨ ᠵᠠᠰᠠᠭ ᠤᠨ ᠣᠷᠳᠣᠨ ᠤ ᠪᠦᠷᠢᠯᠳᠦᠬᠦᠨ ᠡᠷᠬᠡᠪᠰᠢ ᠲᠤᠭᠤᠷᠢᠭ ᠤᠨ ᠵᠠᠰᠠᠭ ᠤᠨ ᠣᠷᠳᠣᠨ ᠤ | ᠲᠣᠭᠲᠠᠭᠠᠯ ᠢ ᠡᠷᠡᠰ ᠬᠡᠷᠡᠭᠵᠢᠭᠦᠯᠬᠦ ᠬᠡᠷᠡᠭᠲᠡᠶ᠃ ᠲᠤᠭᠤᠷᠢᠭ ᠤᠨ ᠵᠠᠰᠠᠭ ᠤᠨ ᠣᠷᠳᠣᠨ ᠤ ᠪᠦᠷᠢᠯᠳᠦᠬᠦᠨ ᠭᠠᠳᠠᠭᠰᠢ | ᠭᠠᠷᠴᠤ ᠮᠡᠳᠡᠭᠦᠯᠬᠦ ᠪᠠ ᠴᠢᠯᠥᠭᠡ ᠭᠤᠶᠤᠬᠤ ᠲᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠲᠣᠭᠤᠷᠢᠭ ᠤᠨ ᠳᠡᠳ᠋ | ᠳᠠᠷᠤᠭ᠎ᠠ ᠪᠣᠯᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠭᠠᠳᠠᠭᠠᠳᠤ ᠳᠤ | ︵ᠬᠢᠯᠢ︶ ᠭᠠᠷᠴᠤ ᠠᠶᠢᠯᠴᠢᠯᠠᠬᠤ ᠳᠤ᠂ ᠭᠠᠳᠠᠭᠠᠳᠤ ᠶᠠᠪᠤᠳᠠᠯ ᠤᠨ ᠠᠵᠢᠯ ᠤᠨ ᠬᠤᠯᠪᠣᠭᠳᠠᠯ ᠪᠥᠬᠦᠶ ᠲᠣᠭᠲᠠᠭᠠᠯ | ᠶᠣᠰᠣᠭᠠᠷ ᠤᠷᠢᠳᠴᠢᠯᠠᠨ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠶ︔ ᠦᠬᠠᠢ ᠠᠴᠠ ᠰᠠᠯᠵᠤ ᠭᠠᠳᠠᠭᠰᠢ ᠭᠠᠷᠪᠠᠯ᠂ | ᠴᠢᠯᠥᠭᠡ ᠭᠤᠶᠤᠬᠤ ᠮᠡᠳᠡᠭᠦᠯᠦᠯᠲᠡ ᠶᠢᠨ ᠲᠦᠷᠢᠮ ᠢ ᠬᠡᠷᠡᠭᠵᠢᠭᠦᠯᠬᠦ ᠬᠡᠷᠡᠭᠲᠡᠶ᠃ | ᠠᠷᠪᠠᠨ ᠬᠤᠶᠠᠳᠤᠭᠠᠷ ᠪᠦᠯᠦᠭ᠃ ᠠᠷᠢᠭᠤᠨ ᠴᠢᠭᠴᠢ ᠪᠠᠷ ᠵᠠᠰᠠᠭ ᠪᠠᠷᠢᠬᠤ ᠪᠠ ᠰᠤᠷᠲᠠᠯ ᠤᠨ | ᠪᠠᠶᠢᠭᠤᠯᠤᠯᠲᠠ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠲᠣᠳᠣᠷᠬᠠᠶᠢᠯᠠᠨ ᠦᠭᠦᠯᠡᠵᠦ᠃ ᠲᠤᠭᠤᠷᠢᠭ ᠤᠨ ᠵᠠᠰᠠᠭ ᠤᠨ | ᠣᠷᠳᠣᠨ ᠵᠢᠴᠢ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ | ᠪᠠᠶᠢᠷᠢᠨ ᠳᠤ ᠲᠠᠯᠪᠢᠵᠤ᠂ ᠨᠠᠮ ᠤᠨ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ | ᠲᠦᠷᠢᠮ ᠢ ᠴᠢᠩᠭ᠎ᠠ ᠵᠢᠷᠤᠮᠯᠠᠵᠤ᠂ ᠢᠮᠠᠭᠲᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ᠃ ᠲᠤᠭᠤᠷᠢᠭ ᠤᠨ ᠵᠠᠰᠠᠭ ᠤᠨ ᠣᠷᠳᠣᠨ ᠵᠢᠴᠢ | ᠡᠯ᠎ᠡ ᠰᠠᠯᠠᠭ᠎ᠠ ᠮᠥᠴᠢᠷ ᠤᠨ ᠬᠢᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠨᠠᠷᠢᠨ ᠬᠢᠨᠠᠮᠠᠭᠠᠢ | ᠲᠤᠤᠱᠯᠠᠭᠤᠯᠵᠤ᠂ ᠴᠢᠩᠭ᠎ᠠ ᠭᠤᠣᠯ ᠬᠦᠭ ᠠᠶᠠᠰ ᠢ ᠤᠷᠳᠤ ᠬᠤᠭᠤᠴᠠᠭ᠎ᠠ ᠪᠠᠷ ᠪᠠᠷᠢᠮᠲᠠᠯᠠᠵᠤ᠂ ᠨᠠᠮ ᠤᠨ | ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠰᠤᠷᠲᠠᠯ ᠤᠨ ᠪᠠᠶᠢᠭᠤᠯᠤᠯᠲᠠ ᠶᠢ | ᠦᠨᠡᠨᠬᠦ ᠴᠢᠩᠭᠠᠳᠬᠠᠵᠤ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ | ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠪᠣᠯᠤᠨ | ᠲᠤᠭᠤᠷᠢᠭ ᠤᠨ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾ ᠢ ᠦᠷᠭᠦᠯᠵᠢᠯᠡᠨ ᠵᠠᠯᠠᠷᠠᠭᠤᠯᠬᠤ ᠬᠡᠷᠡᠭᠲᠡᠢ᠃ ᠲᠤᠭᠤᠷᠢᠭ ᠤᠨ | ᠵᠠᠰᠠᠭ ᠤᠨ ᠣᠷᠳᠣᠨ ᠵᠢᠴᠢ ᠡᠯ᠎ᠡ ᠰᠠᠯᠠᠭ᠎ᠠ ᠮᠥᠴᠢᠷ ᠲᠦᠷᠦᠭᠦᠯᠡᠨ ᠵᠠᠰᠠᠭ ᠢ ᠴᠢᠩᠭ᠎ᠠ ᠵᠠᠰᠠᠬᠤ ᠬᠡᠷᠡᠭᠲᠡᠶ᠃ | ᠲᠤᠭᠤᠷᠢᠭ ᠤᠨ ᠵᠠᠰᠠᠭ ᠤᠨ ᠣᠷᠳᠣᠨ ᠤ ᠪᠦᠷᠢᠯᠳᠦᠬᠦᠨ ᠲᠦᠷᠦᠭᠦᠯᠡᠨ ᠠᠷᠢᠭᠤᠨ ᠴᠢᠬᠡᠴᠢ ᠪᠠᠷ ᠵᠠᠰᠠᠭ ᠪᠠᠷᠢᠵᠤ᠂ | ᠤᠳᠤᠷᠢᠳᠬᠤ ᠺᠠᠳ᠋ᠷ ᠤᠨ ᠬᠤᠪᠢ ᠬᠥᠮᠦᠨ ᠤ ᠬᠤᠯᠪᠣᠭᠳᠠᠯ ᠪᠥᠬᠦᠶ ᠤᠴᠢᠷ ᠶᠠᠪᠤᠳᠠᠯ ᠢᠶᠠᠨ ᠮᠡᠳᠡᠭᠦᠯᠬᠦ ᠲᠦᠷᠢᠮ ᠢ | ᠴᠢᠩᠭ᠎ᠠ ᠬᠡᠷᠡᠭᠵᠢᠭᠦᠯᠵᠦ᠂ ᠠᠷᠢᠭᠤᠨ ᠴᠢᠬᠡᠴᠢ ᠤᠯᠤᠰ ᠲᠥᠷᠥ ᠶᠢᠨ ᠮᠥᠨ ᠴᠢᠨᠠᠷ ᠢᠶᠠᠨ ᠪᠠᠲᠤᠯᠠᠬᠤ ᠬᠡᠷᠡᠭᠲᠡᠶ᠃ | ᠠᠷᠪᠠᠨ ᠭᠤᠷᠪᠠᠳᠤᠭᠠᠷ ᠪᠦᠯᠦᠭ ᠨᠢ ᠳᠠᠭᠠᠯᠳᠤᠭᠤᠯᠤᠭᠰᠠᠨ ᠳᠦᠷᠢᠮ ᠪᠣᠯᠣᠨ᠎ᠠ᠃ ᠲᠤᠭᠤᠷᠢᠭ ᠤᠨ ᠵᠠᠰᠠᠭ ᠤᠨ | ᠣᠷᠳᠣᠨ ᠤ ᠰᠢᠭᠤᠳ ᠬᠠᠷᠢᠶ᠎ᠠ ᠪᠠᠶᠢᠭᠤᠯᠤᠮᠵᠢ᠂ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ ᠨᠦᠭᠦᠳ ᠲᠣᠰ | ᠲᠦᠷᠢᠮ ᠢ ᠬᠡᠷᠡᠭᠯᠡᠵᠦ᠂ ᠲᠣᠭᠤᠷᠢᠭ ᠲᠤ ᠰᠠᠭᠤᠭ᠎ᠠ ᠡᠯ᠎ᠡ ᠨᠢᠭᠡᠴᠢ ᠨᠦᠭᠦᠳ ᠲᠣᠰ ᠲᠦᠷᠢᠮ ᠢᠶᠠᠷ ᠯᠠᠪᠯᠠᠯᠲᠠ ᠪᠣᠯᠭᠠᠨ | ᠬᠡᠷᠡᠭᠵᠢᠭᠦᠯᠵᠦ ᠪᠣᠯᠤᠨ᠎ᠠ᠃ ᠲᠣᠰ ᠲᠦᠷᠢᠮ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | 2021 ᠣᠨ ᠤ 4 ᠰᠠᠷ᠎ᠠ ᠶᠢᠨ 7 ᠤ ᠡᠳᠦᠷ ︽︿ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ ᠤ ᠠᠵᠢᠯ ᠤᠨ ᠲᠦᠷᠢᠮ﹀ ᠢ ᠳᠠᠷᠤᠮᠠᠯᠯᠠᠨ ᠶᠠᠪᠤᠭᠤᠯᠬᠤ ᠲᠤᠬᠠᠶ ᠦᠬᠠᠶ ᠬᠤᠲᠠ ᠶᠢᠨ ᠬᠠᠶᠢᠨᠠᠨ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠬᠠᠶᠢᠨᠠᠨ ᠵᠠᠰᠠᠭ ᠲᠠᠷᠬᠠᠭᠠᠭᠰᠠᠨ | ︹2021︺ 18 ᠳ᠋ᠤᠭᠠᠷ ᠲᠣᠭᠠᠲᠤ︶ ᠢ ᠬᠠᠮᠲᠤ ᠳᠤᠨᠢ ᠬᠦᠴᠦᠨ ᠥᠬᠡᠶ ᠪᠣᠯᠭᠠᠨ᠎ᠠ᠃ | |