—ᠬᠠᠶᠢᠨᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠢ ᠴᠦᠨ ᠯᠸᠢ ᠢ ᠰᠣᠷᠪᠣᠯᠵᠢᠯᠠᠭᠰᠠᠨ ᠨᠢ
ᠨᠡᠶᠢᠲᠡᠯᠡᠭᠰᠡᠨ ᠴᠠᠭ᠄
2023/6/27
      ︽ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠪᠣᠯ ᠥᠪᠥᠷ ᠮᠣᠩᠭᠤᠯ ᠤᠨ ᠡᠷᠬᠡᠪᠰᠢ ᠪᠠᠲᠤ ᠴᠡᠭᠡᠵᠢᠯᠡᠬᠦ ᠬᠡᠷᠡᠭᠲᠡᠢ ︿ᠤᠯᠤᠰ ᠤᠨ ᠶᠡᠭᠡ ᠶᠠᠪᠤᠳᠠᠯ﹀ ᠪᠣᠯᠤᠨ᠎ᠠ᠃ ᠪᠢᠳᠡ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠡᠭᠦᠷᠭᠡᠯᠡᠯ ᠢᠶᠠᠨ ᠴᠢᠩᠭᠠᠳᠬᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠴᠢᠨᠠᠷ ᠰᠠᠶᠢᠲᠠᠢ ᠬᠥᠭᠵᠢᠯᠲᠡ ᠪᠠᠷ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ︾ ᠭᠡᠵᠦ ᠬᠡᠯᠡᠪᠡ᠃ ᠣᠶᠢᠷ᠎ᠠ ᠳᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠬᠤᠭᠤᠴᠠᠭᠠᠨ ᠳᠠᠬᠢ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠡᠷᠬᠢᠨ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠶ ᠬᠠᠶᠢᠨᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠪᠠᠶ ᠴᠦᠨ ᠯᠸᠢ ᠰᠤᠷᠪᠤᠯᠵᠢᠯᠠᠭᠴᠢ ᠶᠢᠨ ᠲᠤᠰᠬᠠᠶ ᠰᠤᠷᠪᠤᠯᠵᠢᠯᠠᠭ᠎ᠠ ᠶᠢ ᠬᠦᠯᠢᠶᠡᠬᠦ ᠳᠡᠭᠡᠨ᠄      ᠪᠠᠢ ᠴᠦᠨ ᠯᠸᠢ᠂ ᠬᠠᠶᠢᠨᠠᠨ ᠲᠣᠭᠤᠷᠢᠭ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠡᠷᠡᠰ ᠭᠤᠶᠢᠪᠢᠰᠢ ᠦᠭᠡᠢ ᠡᠷᠡᠮᠡᠬᠡᠶᠢᠯᠡᠨ ᠤᠷᠤᠭᠰᠢᠯᠠᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠬᠥᠮᠦᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠦᠵᠡᠰᠬᠦᠯᠡᠩᠲᠦ ᠰᠠᠶᠢᠬᠠᠨ ᠬᠠᠶᠢᠨᠠᠨ ᠲᠤᠭᠤᠷᠢᠭ ᠢ ᠪᠦᠳᠦᠭᠡᠨ ᠪᠠᠶᠢᠭᠤᠯᠬᠤ ᠶᠢ ᠠᠬᠢᠭᠤᠯᠤᠨ᠎ᠠ ᠭᠡᠵᠦ ᠢᠯᠡᠳᠬᠡᠪᠡ᠃ ᠨᠢᠭᠡ ᠳᠤ᠂ ᠬᠦᠬᠡ ᠣᠭᠲᠠᠷᠭᠤᠢ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠪᠡ᠃ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠬᠠᠮᠵᠢᠯᠴᠠᠨ ᠬᠦᠴᠦᠯᠡᠵᠦ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠪᠠᠨ ᠴᠢᠩᠭᠠᠳᠬᠠᠵᠤ᠂ ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠪᠠᠷ ᠶᠡᠷᠦᠩᠬᠡᠶ ᠭᠠᠷᠳᠠᠴᠠ ᠪᠣᠯᠭᠠᠵᠤ᠂ ᠴᠢᠨᠠᠷ ᠰᠠᠶᠢᠲᠠᠶ ᠬᠥᠭᠵᠢᠯᠲᠡ ᠪᠠ ᠥᠨᠳᠥᠷ ᠲᠦᠪᠰᠢᠨ ᠪᠥᠬᠦᠶ ᠬᠠᠮᠠᠭᠠᠯᠠᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢᠨ ᠡᠯ᠎ᠡ ᠵᠦᠢᠯ ᠤᠨ ᠠᠵᠢᠯ ᠤᠨ ᠡᠭᠦᠷᠭᠡ ᠶᠢ ᠨᠠᠷᠢᠯᠢᠭ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠠᠬᠢᠭᠤᠯᠵᠤ᠂ ᠭᠤᠤᠯᠳᠠᠯᠭ᠎ᠠ ᠲᠠᠢ ᠠᠵᠢᠯ ᠲᠥᠷᠥᠯ ᠤᠨ ᠭᠠᠳᠠᠭᠰᠢᠯᠠᠭᠤᠯᠤᠯᠲᠠ ᠶᠢ ᠥᠭᠡᠷᠡᠴᠢᠯᠡᠬᠦ ᠪᠠ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠪᠥᠬᠦ ᠲᠠᠯ᠎ᠠ ᠪᠠᠷ ᠥᠷᠨᠢᠭᠦᠯᠵᠦ᠂ PM 10 ᠬᠢᠭᠡᠳ ᠣᠽᠣᠨ ᠤ ᠰᠢᠰᠲ᠋ᠧᠮ ᠤᠨ ᠵᠠᠰᠠᠯᠲᠠ ᠶᠢ ᠲᠦᠷᠭᠡᠳᠬᠡᠨ ᠠᠬᠢᠭᠤᠯᠵᠤ᠂ ᠠᠵᠤ ᠦᠢᠯᠡᠳᠪᠦᠷᠢ ᠶᠢᠨ ᠪᠣᠬᠢᠷᠲᠤᠯ ᠤᠨ ᠡᠬᠢ ᠰᠤᠷᠪᠤᠯᠵᠢ ᠶᠢ ᠪᠥᠬᠦ ᠲᠠᠯ᠎ᠠ ᠪᠠᠷ ᠪᠠᠷᠢᠮᠵᠢᠶ᠎ᠠ ᠳᠤ ᠬᠦᠷᠦᠭᠦᠯᠦᠨ ᠭᠠᠳᠠᠭᠰᠢᠯᠠᠭᠤᠯᠬᠤ ᠶᠢ ᠪᠠᠲᠤᠯᠠᠵᠤ᠂ ᠠᠭᠠᠷ ᠤᠨ ᠶᠠᠰᠤ ᠴᠢᠨᠠᠷ ᠤᠨ ᠬᠢᠷᠢ ᠬᠡᠮᠵᠢᠶ᠎ᠡ ᠶᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠦᠨ᠎ᠡ᠃ ᠬᠤᠶᠠᠷ ᠲᠤ᠂ ᠴᠡᠩᠭᠡᠭ ᠤᠰᠤ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠨ᠎ᠠ᠃ ᠰᠢᠰᠲ᠋ᠧᠮᠲᠦ ᠰᠡᠳᠬᠢᠬᠦᠢ ᠶᠢ ᠪᠠᠲᠤ ᠪᠤᠢ ᠪᠣᠯᠭᠠᠵᠤ᠂ ᠬᠠᠳᠤᠨ ᠭᠤᠣᠯ ᠤᠨ ᠥᠪᠥᠷ ᠮᠣᠩᠭᠤᠯ ᠳᠤ ᠣᠷᠣᠬᠤ ᠠᠩᠬᠠᠨ ᠤ ᠦᠷᠳᠡᠭᠡ ᠶᠢᠨ ᠠᠩᠬᠠᠨ ᠤ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠳᠡᠭᠡᠳᠦ ᠳᠤᠤᠷᠠᠳᠤ ᠤᠷᠤᠰᠬᠠᠯ᠂ ᠵᠡᠭᠦᠨ ᠪᠠᠷᠠᠭᠤᠨ ᠡᠷᠭᠢ᠂ ᠭᠠᠵᠠᠷ ᠳᠣᠣᠷᠠᠬᠢ ᠭᠠᠵᠠᠷ ᠳᠣᠣᠷᠠᠬᠢ ᠣᠷᠴᠢᠨ ᠲᠣᠭᠤᠷᠢᠨ ᠤ ᠵᠠᠰᠠᠯᠲᠠ ᠶᠢᠨ ᠬᠠᠷᠢᠴᠠᠭ᠎ᠠ ᠶᠢ ᠨᠢᠭᠡᠳᠦᠯᠲᠡᠢ ᠲᠥᠯᠥᠪᠵᠢᠭᠦᠯᠵᠦ᠂ ᠰᠠᠶᠢᠨ ᠰᠠᠶᠢᠬᠠᠨ ᠭᠤᠣᠯ ᠮᠥᠷᠡᠨ ᠨᠠᠭᠤᠷ ᠴᠥᠭᠦᠷᠥᠮ ᠤᠨ ᠠᠮᠢ ᠠᠬᠤᠢ ᠶᠢᠨ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠪᠤᠢ ᠪᠣᠯᠭᠠᠨ᠎ᠠ᠃ ᠤᠰᠤ ᠪᠠᠷ ᠬᠤᠲᠠ ᠶᠢ ᠲᠣᠭᠲᠠᠭᠠᠬᠤ᠂ ᠤᠰᠤ ᠪᠠᠷ ᠭᠠᠵᠠᠷ ᠢ ᠲᠣᠭᠲᠠᠭᠠᠬᠤ᠂ ᠤᠰᠤ ᠪᠠᠷ ᠬᠥᠮᠦᠨ ᠢ ᠲᠣᠭᠲᠠᠭᠠᠬᠤ᠂ ᠤᠰᠤ ᠪᠠᠷ ᠭᠠᠷᠤᠯᠲᠠ ᠶᠢ ᠲᠣᠭᠲᠠᠭᠠᠬᠤ ᠶᠢ ᠪᠠᠷᠢᠮᠲᠠᠯᠠᠵᠤ᠂ ᠰᠦᠩ ᠬᠠᠯᠢᠶ᠎ᠠ ᠶᠢ ᠬᠤᠪᠢᠶᠠᠨ ᠦᠶᠡᠷ ᠤᠨ ᠤᠰᠤ ᠶᠢ ᠶᠡᠷᠦᠩᠬᠡᠶᠢᠯᠡᠨ ᠴᠤᠭᠯᠠᠭᠤᠯᠵᠤ ᠠᠰᠢᠭᠯᠠᠬᠤ ᠶᠢ ᠠᠬᠢᠭᠤᠯᠵᠤ᠂ ᠭᠠᠵᠠᠷ ᠳᠡᠭᠡᠷᠡᠬᠢ ᠤᠰᠤᠨ ᠤ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠭᠰᠠᠨ ᠣᠷᠣᠨ ᠢ ᠵᠠᠰᠠᠬᠤ ᠶᠢ ᠲᠦᠷᠭᠡᠳᠬᠡᠵᠦ᠂ ᠪᠦᠬᠦ ᠣᠷᠣᠨ ᠤ ᠲᠠᠷᠢᠶᠠᠯᠠᠩ ᠤᠨ ᠤᠰᠤ ᠠᠷᠪᠢᠯᠠᠵᠤ ᠤᠰᠤ ᠶᠢ ᠬᠢᠵᠠᠭᠠᠷᠯᠠᠬᠤ ᠲᠥᠷᠥᠯ ᠵᠦᠢᠯ ᠢ ᠲᠦᠷᠭᠡᠳᠬᠡᠨ ᠬᠡᠷᠡᠭᠵᠢᠭᠦᠯᠵᠦ᠂ ᠤᠰᠤ ᠶᠢ ᠭᠦᠨ ᠠᠷᠪᠢᠯᠠᠬᠤ ᠬᠡᠯᠪᠡᠷᠢ ᠶᠢᠨ ᠬᠤᠲᠠ ᠶᠢ ᠬᠦᠴᠦᠯᠡᠨ ᠪᠠᠶᠢᠭᠤᠯᠬᠤ ᠬᠡᠷᠡᠭᠲᠡᠶ᠃ ᠭᠤᠷᠪᠠ ᠳᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠪᠡ᠃ ᠬᠥᠷᠥᠰᠥ ᠰᠢᠷᠣᠶ ᠶᠢᠨ ᠪᠣᠬᠢᠷᠲᠤᠯ ᠤᠨ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠭᠤᠤᠯᠳᠠᠯᠭ᠎ᠠ ᠲᠠᠢ ᠣᠷᠣᠨ ᠪᠦᠰᠡ ᠪᠠ ᠭᠤᠤᠯᠳᠠᠯᠭ᠎ᠠ ᠲᠠᠢ ᠠᠵᠢᠯ ᠲᠥᠷᠥᠯ ᠤᠨ ᠬᠥᠷᠥᠰᠥ ᠰᠢᠷᠣᠶ ᠶᠢᠨ ᠪᠣᠬᠢᠷᠲᠤᠯ ᠢ ᠵᠠᠰᠠᠬᠤ ᠶᠢ ᠳᠣᠪᠤᠶᠢᠯᠭᠠᠨ᠂ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠲᠦᠭᠰᠢᠭᠦᠷᠢ ᠶᠢ ᠪᠦᠲᠦᠮᠵᠢᠲᠡᠶ ᠬᠠᠮᠢᠶᠠᠷᠤᠨ ᠡᠵᠡᠮᠳᠡᠵᠦ᠂ ᠡᠮᠴᠢᠯᠡᠭᠡ᠂ ᠠᠵᠤ ᠦᠢᠯᠡᠳᠪᠦᠷᠢ᠂ ᠠᠭᠤᠷᠬᠠᠶ ᠮᠠᠯᠲᠠᠬᠤ᠂ ᠠᠶᠤᠯᠲᠠᠶ ᠬᠢᠮᠢ ᠶᠢᠨ ᠪᠣᠳᠠᠰ ᠵᠡᠷᠭᠡ ᠬᠠᠶᠠᠭᠳᠠᠮᠠᠯ ᠪᠣᠳᠠᠰ ᠢ ᠵᠢᠷᠤᠮᠵᠢᠭᠤᠯᠤᠨ ᠰᠢᠶ᠋ᠳᠪᠦᠷᠢᠯᠡᠬᠦ ᠶᠢ ᠬᠠᠤᠯᠢ ᠶᠣᠰᠣᠭᠠᠷ ᠡᠮᠬᠢ ᠵᠢᠷᠤᠮ ᠲᠠᠢ ᠠᠬᠢᠭᠤᠯᠵᠤ᠂ ᠪᠥᠬᠦ ᠣᠷᠣᠨ ᠤ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠶᠠᠰᠤ ᠴᠢᠨᠠᠷ ᠤᠨ ᠲᠣᠭᠲᠠᠭᠤᠨ ᠤ ᠳᠤᠮᠳᠠ ᠰᠠᠶᠢᠵᠢᠷᠠᠬᠤ ᠶᠢ ᠠᠬᠢᠭᠤᠯᠤᠨ᠎ᠠ᠃ ᠲᠡᠦᠬᠡᠨ ᠠᠴᠠ ᠦᠯᠡᠳᠡᠭᠳᠡᠵᠦ ᠢᠷᠡᠭᠰᠡᠨ ᠠᠭᠤᠷᠬᠠᠶ ᠶᠢᠨ ᠣᠷᠣᠨ ᠤ ᠠᠮᠢ ᠠᠬᠤᠶ ᠶᠢᠨ ᠰᠢᠰᠲ᠋ᠧᠮ ᠢ ᠬᠠᠮᠠᠭᠠᠯᠠᠬᠤ ᠪᠠ ᠰᠡᠷᠭᠦᠭᠡᠬᠦ ᠢᠨᠵᠧᠨᠧᠷᠢᠩ ᠢ ᠵᠡᠷᠭᠡ ᠪᠠᠷ ᠠᠬᠢᠭᠤᠯᠵᠤ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠠᠬᠢᠭᠤᠯᠵᠤ᠂ ᠪᠥᠬᠦ ᠣᠷᠣᠨ ᠤ ᠠᠭᠤᠷᠬᠠᠶ ᠶᠢᠨ ᠣᠷᠴᠢᠨ ᠲᠣᠭᠤᠷᠢᠨ ᠤ ᠪᠠᠶᠢᠳᠠᠯ ᠢ ᠦᠷᠭᠦᠯᠵᠢᠯᠡᠨ ᠰᠠᠶᠢᠵᠢᠷᠠᠭᠤᠯᠤᠨ᠎ᠠ᠃
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号