| ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ︽ᠦᠬᠠᠶ ᠬᠤᠲᠠ ᠶᠢᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠭᠦᠨᠵᠡᠭᠡᠶ ᠳᠥᠯᠭᠢᠨ ᠠᠬᠢᠭᠤᠯᠤᠨ ︿ᠦᠬᠠᠶ · ᠵᠣᠪᠠᠨᠢᠯ﹀ | ᠥᠬᠡᠶ ᠭᠦᠢᠴᠡᠳᠬᠡᠬᠦ﹀ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠥᠬᠦ | ᠬᠦᠴᠦᠨ ᠢᠶᠠᠷ ᠢᠶᠠᠨ ᠪᠣᠶ ᠪᠣᠯᠭᠠᠬᠤ ᠶᠢᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ | ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠵᠠᠰᠠᠭ ᠤᠨ ᠣᠷᠳᠣᠨ ᠤ ᠡᠯ᠎ᠡ ᠰᠠᠯᠠᠭ᠎ᠠ | ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ︽ᠦᠬᠠᠶ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠭᠦᠨᠵᠡᠭᠡᠶ | ᠠᠬᠢᠭᠤᠯᠵᠤ ︽︿ᠦᠬᠠᠶ · ᠵᠣᠪᠠᠨᠢᠯ﹀ ᠥᠬᠡᠶ ᠭᠦᠢᠴᠡᠳᠬᠡᠬᠦ﹀ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠠᠷᠠᠲᠤ | ᠲᠥᠷᠥᠯ ᠲᠡᠮᠳᠡᠭᠲᠦ ᠶᠢ ᠪᠥᠬᠦ ᠬᠦᠴᠦᠨ ᠢᠶᠠᠷ ᠢᠶᠠᠨ ᠪᠣᠶ ᠪᠣᠯᠭᠠᠬᠤ ᠶᠢᠨ ᠬᠡᠷᠡᠭᠵᠢᠭᠦᠯᠬᠦ ᠲᠥᠰᠦᠯ︾ ᠢ ᠬᠤᠲᠠ ᠶᠢᠨ | ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ | ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ᠃ | 2023 ᠣᠨ ᠤ 5 ᠰᠠᠷ᠎ᠠ ᠶᠢᠨ 23 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠬᠦ︶ | ᠦᠬᠠᠢ ᠬᠤᠳᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠭᠦᠨᠵᠡᠭᠡᠶ | ᠠᠬᠢᠭᠤᠯᠪᠠ | ︽ᠦᠬᠠᠶ · ᠵᠣᠪᠠᠨᠢᠯᠭᠦᠢ ᠭᠦᠢᠴᠡᠳᠭᠡᠬᠦ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠠᠷᠠᠲᠤ ᠲᠥᠷᠥᠯ | ᠲᠡᠮᠳᠡᠭᠲᠦ ᠶᠢ ᠪᠥᠬᠦ ᠬᠦᠴᠦᠨ ᠢᠶᠠᠷ ᠢᠶᠠᠨ ᠪᠣᠶ ᠪᠣᠯᠭᠠᠬᠤ ᠬᠡᠷᠡᠭᠵᠢᠭᠦᠯᠬᠦ ᠲᠥᠰᠦᠯ | ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠬᠤ ᠵᠢᠷᠤᠮᠵᠢᠭᠤᠯᠬᠤ ᠳᠥᠭᠦᠮᠴᠢᠯᠡᠬᠦ ᠶᠢ | ᠲᠦᠷᠭᠡᠳᠬᠡᠨ ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠢᠯᠣᠭᠤᠳᠬᠤ ᠰᠠᠨᠠᠯ︾ ︵ᠲᠥᠷᠥ | ᠲᠠᠷᠬᠠᠭᠠᠭᠰᠠᠨ ︹2022︺ 5 ᠳ᠋ᠤᠭᠠᠷ ᠲᠣᠭᠠᠲᠤ︶ ᠪᠠ ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠪᠠᠷᠢᠮᠵᠢᠶᠠᠵᠢᠭᠤᠯᠬᠤ ᠵᠢᠷᠤᠮᠵᠢᠭᠤᠯᠬᠤ ᠳᠥᠭᠦᠮᠴᠢᠯᠡᠬᠦ ᠶᠢ ᠲᠦᠷᠭᠡᠳᠬᠡᠨ ᠠᠬᠢᠭᠤᠯᠬᠤ ᠲᠤᠬᠠᠶ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ︵ᠥᠪᠥᠷ ᠵᠠᠰᠠᠭ | ᠲᠠᠷᠬᠠᠭᠠᠭᠰᠠᠨ ︹2022︺ 20 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠮᠠᠨ ᠤ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠭᠦᠨᠵᠡᠭᠡᠶ | ᠳᠥᠯᠭᠢᠨ ᠠᠬᠢᠭᠤᠯᠵᠤ᠂ ᠣᠷᠣᠨ ᠨᠤᠲᠤᠭ ᠤᠨ ᠥᠪᠡᠷᠮᠢᠴᠡ ᠣᠨᠴᠠᠯᠢᠭ ᠲᠠᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠨᠠᠷᠠᠲᠤ ᠲᠡᠮᠳᠡᠭᠲᠦ ᠶᠢ ᠪᠥᠬᠦ ᠬᠦᠴᠦᠨ ᠢᠶᠠᠷ ᠢᠶᠠᠨ ᠪᠣᠶ ᠪᠣᠯᠭᠠᠬᠤ ᠶᠢᠨ ᠲᠤᠰᠠᠳᠠ᠂ ᠮᠠᠨ ᠤ ᠬᠤᠲᠠ ᠶᠢᠨ ᠪᠣᠳᠠᠲᠠᠶ ᠲᠠᠢ ᠪᠠᠨ | ᠤᠶᠠᠯᠳᠤᠭᠤᠯᠤᠨ᠂ ᠲᠣᠰ ᠬᠡᠷᠡᠭᠵᠢᠭᠦᠯᠬᠦ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠤ | ᠠᠬᠤᠶᠢᠯᠠᠯ ᠳᠤ ᠠᠰᠢᠭᠲᠠᠢ ᠠᠷᠠᠳ ᠲᠤ ᠲᠦᠭᠦᠮ ᠦᠵᠡᠭᠦᠯᠬᠦ᠂ ᠡᠪᠳᠡᠬᠦ ᠪᠠᠶᠢᠭᠤᠯᠬᠤ ᠶᠢ ᠵᠡᠷᠭᠡᠪᠡᠷ ᠠᠳᠬᠤᠬᠤ᠂ | ᠬᠠᠮᠵᠢᠯᠴᠠᠨ ᠬᠠᠮᠲᠤᠪᠠᠷ ᠡᠳ᠋ᠯᠡᠬᠦ᠂ ᠠᠮᠤᠷ ᠲᠦᠪᠰᠢᠨ ᠢ ᠡᠵᠡᠮᠳᠡᠵᠦ ᠪᠣᠯᠬᠤ ᠵᠠᠷᠴᠢᠮ ᠢ ᠵᠢᠷᠤᠮᠯᠠᠵᠤ᠂ ᠠᠵᠤ ᠠᠬᠤᠶᠢᠯᠠᠯ ᠤᠨ | ᠤᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ︽ᠲᠠᠯᠪᠢᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠠᠰᠠᠭ ᠤᠨ ᠶᠠᠪᠤᠳᠠᠯ ᠤᠨ | ᠦᠢᠯᠡᠴᠢᠯᠡᠭᠡ ᠶᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠳᠥᠭᠦᠮᠴᠢᠯᠡᠬᠦ ᠶᠢ ᠭᠦᠨᠵᠡᠭᠡᠢ ᠠᠬᠢᠭᠤᠯᠵᠤ᠂ ᠭᠠᠵᠠᠷ ᠣᠷᠣᠨ | ᠠᠯᠤᠰᠯᠠᠭᠰᠠᠨ᠂ ᠱᠠᠳᠤ ᠳᠠᠪᠬᠤᠷᠭ᠎ᠠ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠲᠤᠬᠠᠶᠢᠯᠠᠭᠰᠠᠨ ᠠᠵᠢᠯ | ᠠᠯᠤᠰᠯᠠᠭᠰᠠᠨ ᠬᠠᠮᠵᠢᠯᠴᠠᠨ ᠬᠠᠮᠢᠶᠠᠷᠬᠤ ᠪᠠ ᠦᠢᠯᠡᠴᠢᠯᠡᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠴᠢᠨᠠᠷ ᠰᠠᠶᠢᠲᠠᠢ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠲᠣᠭᠤᠷᠢᠨ ᠢᠶᠠᠷ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ᠂ ᠴᠢᠨᠠᠷ ᠰᠠᠶᠢᠲᠠᠢ ᠠᠮᠢᠳᠤᠷᠠᠯ᠂ ᠥᠨᠳᠥᠷ ᠪᠦᠲᠦᠮᠵᠢᠲᠡᠢ ᠵᠠᠰᠠᠯᠲᠠ ᠳᠤ ᠬᠦᠴᠦᠨ ᠨᠡᠮᠡᠷᠢᠯᠡᠨ᠎ᠡ᠃ | ︵ᠬᠤᠶᠠᠷ︶ ᠠᠵᠢᠯ ᠤᠨ ᠬᠠᠷᠠᠯᠲᠠ᠃ ︽ᠮᠦᠩᠭᠡ ᠰᠣᠪᠠᠭ · ᠲᠦᠷᠪᠡ ᠶᠢ ᠭᠦᠢᠴᠡᠤᠡᠭᠡᠬᠦ︾ ᠤᠶᠢᠯᠡᠴᠢᠯᠡᠭᠡ ᠶᠢ | ᠭᠦᠨᠵᠡᠭᠡᠶᠢᠷᠡᠭᠦᠯᠬᠦ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ | ᠭᠤᠤᠯ ᠪᠣᠯᠭᠠᠨ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠩᠬᠠᠷᠤᠯ ᠳᠤ ᠠᠩᠬᠠᠷᠤᠯ ᠢᠶᠠᠨ ᠲᠥᠪᠯᠡᠷᠡᠭᠦᠯᠵᠦ᠂ | ᠰᠠᠭᠤᠭᠠᠯᠢ ᠠᠷᠠᠳ ᠤᠨ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠲᠡᠷᠢᠭᠦᠨ ᠤ ᠭᠠᠵᠠᠷ ᠣᠷᠣᠨ ᠤ ᠬᠤᠳᠠᠯᠳᠤᠭ᠎ᠠ | ᠡᠵᠡᠩᠨᠡᠬᠦ ᠣᠷᠴᠢᠨ ᠲᠣᠭᠤᠷᠢᠨ ᠤ ᠬᠢᠷᠢ ᠲᠦᠪᠰᠢᠨ ᠢ ᠰᠠᠨᠠᠭᠠᠴᠢᠯᠠᠭ᠎ᠠ ᠠᠴᠠ ᠪᠠᠨ ᠬᠠᠷᠭᠤᠭᠤᠯᠵᠤ᠂ ᠬᠠᠷᠠᠯᠲᠠ ᠬᠤᠪᠢᠶᠠᠨ᠂ | ᠱᠠᠲᠤ ᠦᠶ᠎ᠡ ᠬᠤᠪᠢᠶᠠᠨ᠂ ᠡᠭᠦᠷᠭᠡ ᠬᠤᠪᠢᠶᠠᠨ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠪᠥᠬᠦ ᠬᠤᠲᠠ ᠶᠢᠨ ᠵᠠᠰᠠᠭ ᠤᠨ ᠶᠠᠪᠤᠳᠠᠯ ᠤᠨ | ᠤᠶᠢᠯᠡᠴᠢᠯᠡᠭᠡᠨ ᠤ ᠶᠠᠰᠤ ᠴᠢᠨᠠᠷ ᠪᠠ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢ ᠠᠬᠢᠭᠤᠯᠵᠤ᠂ ︽ᠦᠬᠠᠶ · | ᠵᠣᠪᠠᠨᠢᠯᠭᠦᠢ ᠰᠢᠢᠤᠡᠪᠤᠷᠢᠯᠡᠬᠦ︾ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠥᠬᠦ | ᠬᠦᠴᠦᠨ ᠢᠶᠠᠷ ᠢᠶᠠᠨ ᠡᠭᠦᠳᠴᠦ᠂ ᠮᠠᠨ ᠤ ᠬᠤᠲᠠ ᠶᠢᠨ ᠪᠥᠬᠦ ᠲᠠᠯ᠎ᠠ ᠪᠠᠷ ᠳᠠᠪᠠᠵᠤ ᠭᠠᠷᠬᠤ ᠳᠤ ᠪᠠᠲᠤ ᠪᠠᠬᠢ ᠵᠠᠰᠠᠭ ᠤᠨ | ᠶᠠᠪᠤᠳᠠᠯ ᠤᠨ ᠤᠶᠢᠯᠡᠴᠢᠯᠡᠭᠡᠨ ᠤ ᠪᠠᠲᠤᠯᠠᠭ᠎ᠠ ᠬᠠᠩᠭᠠᠨ᠎ᠠ᠃ | 2023 ᠣᠨ ᠤ ᠡᠭᠦᠷᠭᠡ ᠬᠠᠷᠠᠯᠲᠠ - ᠭᠤᠣᠯᠳᠠᠯᠭ᠎ᠠ ᠲᠠᠢ ᠪᠠᠷ ᠰᠢᠪᠲᠤᠯᠤᠯᠲᠠ ᠬᠢᠨ᠎ᠡ᠃ ᠰᠦᠯᠵᠢᠶᠡᠨ ᠳᠡᠭᠡᠷᠡᠬᠢ | ᠪᠠ ᠰᠦᠯᠵᠢᠶᠡᠨ ᠠᠴᠠ ᠭᠠᠳᠠᠭᠤᠷᠬᠢ ᠦᠢᠯᠡᠴᠢᠯᠡᠭᠡᠨ ᠤ ᠳᠥᠭᠦᠮ ᠳᠥᠲᠡ ᠬᠡᠮᠵᠢᠶ᠎ᠡ ᠶᠢ ᠳᠡᠭᠡᠭᠰᠢᠯᠡᠭᠦᠯᠵᠦ᠂ ᠮᠡᠳᠡᠭᠡ | ᠵᠠᠩᠭᠢ ᠶᠢᠨ ᠮᠡᠷᠭᠡᠵᠢᠯ ᠪᠠ ᠲᠦᠷᠢᠮ ᠤᠨ ᠰᠢᠨ᠎ᠡ ᠶᠢ ᠡᠭᠦᠳᠬᠦ ᠠᠷᠭ᠎ᠠ ᠪᠠᠷᠢᠯ ᠳᠤ ᠲᠦᠰᠢᠭᠯᠡᠨ᠂ ︽ᠭᠤᠷᠪᠠᠨ ᠵᠦᠢᠯ ᠤᠨ | ᠠᠵᠢᠯᠯᠠᠭ᠎ᠠ︾ ᠶᠢ ᠬᠡᠷᠡᠭᠵᠢᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠠᠷᠪᠠᠨ ᠵᠦᠢᠯ ᠤᠨ ᠦᠢᠯᠡᠴᠢᠯᠡᠭᠡᠨ ᠤ | ᠠᠷᠭ᠎ᠠ ᠬᠡᠮᠵᠢᠶ᠎ᠡ ᠶᠢᠨ ᠨᠠᠩ ᠶᠡᠭᠡ ᠰᠢᠪᠲᠤᠯᠤᠯᠲᠠ ᠶᠢᠨ ᠴᠢᠨᠠᠷᠲᠠᠶ ᠠᠬᠢᠴᠠ ᠲᠠᠢ ᠪᠣᠯᠬᠤ ᠶᠢ ᠨᠢᠭᠡᠳᠦᠯᠲᠡᠶ ᠲᠥᠯᠥᠪᠯᠡᠨ | ᠠᠬᠢᠭᠤᠯᠵᠤ᠂ ︽ᠦᠨᠡᠮᠯᠡᠯ ᠠᠴᠠ ᠭᠡᠯᠳᠦᠷᠢᠭᠦᠯᠬᠦ ᠠᠯᠪᠠᠨ ᠬᠡᠷ︾᠂ ︽ᠣᠶᠤᠨᠴᠢ ᠪᠠᠷ ᠭᠦᠢᠴᠡᠳᠭᠡᠬᠦ︾᠂ ︽ᠭᠡᠳᠡᠷᠬᠦ | ᠭᠦᠢᠴᠡᠳᠭᠡᠬᠦ︾᠂ ︽ᠨᠢᠭᠡ ᠯᠡ ᠤᠳᠠᠭ᠎ᠠ ᠳᠤ ᠭᠦᠢᠴᠡᠳᠭᠡᠬᠦ︾᠂ ︽ᠳᠣᠷᠣᠭᠰᠢ ᠭᠦᠢᠴᠡᠳᠭᠡᠬᠦ︾ ᠵᠡᠷᠭᠡ 5 ᠵᠦᠢᠯ ᠤᠨ | ᠦᠢᠯᠡᠴᠢᠯᠡᠭᠡᠨ ᠤ ᠠᠷᠭ᠎ᠠ ᠬᠡᠮᠵᠢᠶ᠎ᠡ ᠶᠢᠨ ᠠᠵᠢᠯ ᠤᠨ ᠦᠷ᠎ᠡ ᠪᠦᠲᠦᠮᠵᠢ ᠶᠢ ᠥᠪᠡᠷᠲᠡᠭᠡᠨ ᠵᠠᠰᠠᠬᠤ ᠣᠷᠣᠨ ᠳᠤ ᠰᠢᠨ᠎ᠡ ᠶᠢ | ᠡᠭᠦᠳᠬᠦ ᠬᠢᠯᠠᠰ ᠴᠡᠭ ᠢ ᠪᠦᠷᠢᠯᠳᠦᠭᠦᠯᠬᠦ ᠪᠠᠷ ᠴᠢᠷᠮᠠᠶᠢᠨ᠎ᠠ᠃ | 2024 ᠣᠨ ᠤ ᠡᠭᠦᠷᠭᠡ ᠬᠠᠷᠠᠯᠲᠠ - ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠠᠵᠤ ᠠᠬᠤᠶᠢᠯᠠᠯ | ᠪᠣᠯᠤᠨ ᠣᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ ᠦᠢᠯᠡᠴᠢᠯᠡᠭᠡᠨ ᠤ ᠪᠦᠬᠦ ᠲᠠᠯ᠎ᠠ ᠶᠢᠨ ᠬᠡᠷᠡᠭᠴᠡᠭᠡ | ᠱᠠᠭᠠᠷᠳᠠᠯᠭ᠎ᠠ ᠳᠤ ᠰᠠᠭᠤᠷᠢᠯᠠᠵᠤ᠂ ᠨᠢᠭᠡᠳᠦᠯᠲᠡᠶ ᠵᠢᠷᠤᠮᠵᠢᠭᠰᠠᠨ᠂ ᠳᠥᠭᠦᠮ ᠳᠥᠲᠡ ᠥᠨᠳᠥᠷ ᠪᠦᠲᠦᠮᠵᠢᠲᠡᠶ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠪᠠᠷᠢᠮᠵᠢᠶᠠᠵᠢᠭᠤᠯᠤᠯᠲᠠ᠂ ᠵᠢᠷᠤᠮᠵᠢᠭᠤᠯᠤᠯᠲᠠ᠂ ᠳᠥᠭᠦᠮᠴᠢᠯᠡᠯᠲᠡ ᠶᠢᠨ ᠬᠢᠷᠢ ᠲᠦᠪᠰᠢᠨ ᠪᠥᠬᠦ ᠲᠠᠯ᠎ᠠ ᠪᠠᠷ ᠳᠡᠭᠡᠭᠰᠢᠯᠡᠵᠦ᠂ | ︽ᠨᠢᠭᠡ ᠶᠠᠪᠤᠳᠠᠯ︾ ᠤᠨ ᠬᠤᠷᠠᠮᠠᠯ ᠦᠢᠯᠡᠴᠢᠯᠡᠭᠡ ᠨᠢ ᠥᠨᠳᠥᠷ ᠳᠠᠪᠲᠠᠮᠵᠢᠲᠤ ᠲᠠᠯᠠᠪᠤᠷ ᠭᠠᠵᠠᠷ ᠢ ᠨᠡᠶᠢᠳᠡᠮ ᠪᠦᠷᠬᠦᠭᠦᠯᠬᠦ ᠶᠢ | ᠪᠡᠶᠡᠯᠡᠭᠦᠯᠵᠦ᠂ ᠦᠨᠡᠮᠯᠡᠯ ᠠᠴᠠ ᠬᠡᠯᠲᠦᠷᠢᠭᠦᠯᠵᠦ ᠠᠵᠢᠯ ᠶᠠᠪᠤᠳᠠᠯ ᠭᠦᠢᠴᠡᠳᠭᠡᠬᠦ᠂ ᠰᠦᠯᠵᠢᠶᠡᠨ ᠳᠡᠭᠡᠷ᠎ᠡ ᠠᠵᠢᠯ ᠶᠠᠪᠤᠳᠠᠯ | ᠭᠦᠢᠴᠡᠳᠭᠡᠬᠦ᠂ ᠣᠶᠤᠨᠴᠢ ᠠᠵᠢᠯ ᠶᠠᠪᠤᠳᠠᠯ ᠭᠦᠢᠴᠡᠳᠭᠡᠬᠦ ᠶᠢ ᠬᠡᠪ ᠤᠨ ᠪᠠᠶᠢᠳᠠᠯ ᠪᠣᠯᠭᠠᠵᠤ᠂ ᠺᠣᠮᠫᠢᠦ᠋ᠲ᠋ᠧᠷ ᠤᠨ ᠦᠵᠦᠭᠦᠷ᠂ | ᠭᠠᠷ ᠤᠲᠠᠰᠤᠨ ᠤ ᠦᠵᠦᠭᠦᠷ᠂ ᠠᠦ᠋ᠲ᠋ᠣ᠋ ᠦᠵᠦᠭᠦᠷ ᠪᠠ ᠴᠣᠩᠬᠤᠨ ᠤ ᠦᠵᠦᠭᠦᠷ ᠤᠨ ︽ᠳᠥᠷᠪᠡᠨ ᠦᠵᠦᠭᠦᠷ︾ ᠢ | ᠪᠡᠶᠡᠴᠢᠯᠡᠨ ᠣᠶᠢᠯᠠᠭᠠᠬᠤ ᠶᠢ ᠨᠢᠭᠡᠳᠦᠯᠲᠡᠶ ᠪᠣᠯᠭᠠᠵᠤ᠂ ︽ᠦᠬᠠᠶ · ᠵᠣᠪᠠᠨᠢᠯᠭᠦᠢ ᠭᠦᠢᠴᠡᠳᠭᠡᠬᠦ︾ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠢᠷᠠᠭᠤ ᠠᠯᠳᠠᠷ ᠤᠨ ᠬᠡᠮᠵᠢᠶ᠎ᠡ ᠪᠠ ᠨᠥᠯᠥᠭᠡᠯᠡᠬᠦ ᠬᠦᠴᠦᠨ ᠢ ᠤᠯᠠᠮ | ᠨᠢᠭᠡ ᠠᠯᠬᠤᠮ ᠴᠢᠩᠭᠠᠷᠠᠭᠤᠯᠪᠠ᠃ | ᠬᠤᠶᠠᠷ᠂ ᠭᠤᠣᠯ ᠡᠭᠦᠷᠭᠡ | ︵ᠨᠢᠭᠡ︶ ᠲᠣᠭᠠᠴᠢᠯᠠᠭᠰᠠᠨ ᠡᠨᠧᠷᠭᠢ ᠣᠯᠭᠤᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠠᠵᠢᠯᠯᠠᠭ᠎ᠠ ᠶᠢ | ᠬᠡᠷᠡᠭᠵᠢᠭᠦᠯᠵᠦ᠂ ᠤᠨᠢᠨ ᠳᠡᠭᠡᠷ᠎ᠡ ᠨᠢ ᠤᠶᠤᠨ ᠤᠬᠠᠭᠠᠨ ᠤᠴᠢᠷ ᠶᠠᠪᠤᠳᠠᠯ ᠰᠢᠢᠳᠪᠦᠷᠢᠯᠡᠬᠦ ᠠᠭᠤᠷ ᠠᠮᠢᠰᠬᠤᠯ ᠢ ᠬᠦᠴᠦᠯᠡᠨ | ᠪᠤᠢ ᠪᠣᠯᠭᠠᠬᠤ ᠬᠡᠷᠡᠭᠲᠡᠢ᠃ | 1. ︽ᠦᠨᠡᠮᠯᠡᠯ ᠠᠴᠠ ᠬᠡᠯᠲᠦᠷᠢᠭᠦᠯᠬᠦ ᠭᠦᠢᠴᠡᠳᠭᠡᠬᠦ︾ ᠦᠢᠯᠡᠴᠢᠯᠡᠭᠡ ᠶᠢ ᠪᠥᠬᠦ ᠬᠦᠴᠦᠨ ᠢᠶᠠᠷ ᠢᠶᠠᠨ | ᠬᠡᠷᠡᠭᠵᠢᠭᠦᠯᠦᠨ᠎ᠡ᠃ ᠨᠢᠭᠡ ᠳᠤ᠂ ᠭᠡᠷᠡᠴᠢᠯᠡᠬᠦ ᠵᠦᠢᠯᠡᠰ ᠢ ᠦᠷᠭᠦᠯᠵᠢᠯᠡᠨ ᠴᠣᠮᠬᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ | ᠭᠡᠷᠡᠴᠢᠯᠡᠬᠦ ᠵᠦᠢᠯᠡᠰ ᠤᠨ ︽ᠪᠥᠬᠦ ᠣᠷᠣᠨ ᠳᠤ ᠨᠢᠭᠡ ᠬᠥᠯᠭᠡ ᠰᠢᠲᠠᠷ᠎ᠠ︾ ᠶᠢᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ | ︽ᠬᠡᠨ ᠲᠣᠭᠲᠠᠭᠠᠪᠠᠯ ᠬᠡᠨ ᠡᠮᠬᠢᠯᠡᠬᠦ︾ ᠵᠠᠷᠴᠢᠮ ᠢ ᠦᠨᠳᠦᠰᠦᠯᠡᠨ᠂ ᠬᠤᠲᠠ᠂ ᠲᠣᠭᠤᠷᠢᠭ ᠬᠤᠶᠠᠷ ᠱᠠᠲᠤᠨ ᠤ ᠦᠯᠡᠳᠡᠭᠡᠬᠦ | ᠭᠡᠷᠡᠴᠢᠯᠡᠬᠦ ᠵᠦᠢᠯᠡᠰ ᠤᠨ ᠨᠠᠷᠢᠨ ᠬᠠᠭᠤᠳᠠᠰᠤ ᠪᠠ ᠠᠮᠠᠯᠠᠯᠲᠠ ᠶᠢᠨ ᠭᠡᠷᠡᠴᠢᠯᠡᠬᠦ ᠵᠦᠢᠯᠡᠰ ᠤᠨ ᠨᠠᠷᠢᠨ ᠬᠠᠭᠤᠳᠠᠰᠤ ᠶᠢ | ᠨᠠᠶᠢᠷᠠᠭᠤᠯᠤᠨ ᠵᠣᠬᠢᠶᠠᠵᠤ᠂ ᠨᠠᠷᠢᠨ ᠬᠠᠭᠤᠳᠠᠰᠤ ᠠᠴᠠ ᠭᠠᠳᠠᠨ᠎ᠠ ᠴᠥᠮ ᠭᠡᠷᠡᠴᠢᠯᠡᠬᠦ ᠮᠠᠲ᠋ᠧᠷᠢᠶᠠᠯ ᠠᠪᠴᠤ ᠪᠣᠯᠬᠤ ᠥᠬᠡᠶ᠃ | ᠪᠥᠬᠦ ᠬᠤᠲᠠ ᠶᠢᠨ ᠭᠡᠷᠡᠴᠢᠯᠡᠬᠦ ᠲᠥᠷᠥᠯ ᠤᠨ ᠵᠦᠢᠯᠡᠰ ᠢ ᠭᠦᠨᠵᠡᠭᠡᠢ ᠣᠶᠢᠯᠠᠭᠠᠵᠤ᠂ ᠡᠯ᠎ᠡ ᠲᠥᠷᠥᠯ ᠤᠨ ︽ᠬᠠᠴᠢᠨ ᠵᠢᠭᠲᠡᠢ | ᠭᠡᠷᠡᠴᠢᠯᠡᠯ︾᠂ ︽ᠣᠷᠴᠢᠯ ᠭᠡᠷᠡᠴᠢᠯᠡᠯ︾ ᠢ ᠪᠥᠬᠦ ᠲᠠᠯ᠎ᠠ ᠪᠠᠷ ᠴᠡᠪᠡᠷᠯᠡᠨ ᠠᠷᠢᠯᠭᠠᠵᠤ᠂ ᠬᠠᠤᠯᠢ ᠴᠠᠭᠠᠵᠠ ᠬᠠᠤᠯᠢ | ᠲᠣᠭᠲᠠᠭᠠᠯ ᠳᠤ ᠲᠣᠭᠲᠠᠭᠠᠭᠰᠠᠨ ᠭᠡᠷᠡᠴᠢᠯᠡᠬᠦ ᠵᠦᠢᠯᠡᠰ ᠢ ᠴᠥᠮ ᠬᠦᠴᠦᠨ ᠦᠭᠡᠢ ᠪᠣᠯᠭᠠᠬᠤ ᠬᠡᠷᠡᠭᠲᠡᠢ︔ ᠵᠠᠰᠠᠭ ᠤᠨ | ᠣᠷᠳᠣᠨ ᠤ ᠲᠦᠷᠢᠮ ᠲᠣᠭᠲᠠᠭᠠᠯ ᠪᠠ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠳᠤ ᠲᠣᠭᠲᠠᠭᠠᠭᠰᠠᠨ ᠭᠡᠷᠡᠴᠢᠯᠡᠬᠦ | ᠵᠦᠢᠯᠡᠰ ᠢ ᠵᠠᠷᠴᠢᠮ ᠳᠡᠭᠡᠷ᠎ᠡ ᠪᠠᠨ ᠪᠦᠬᠦᠨ ᠢ ᠬᠦᠴᠦᠨ ᠦᠭᠡᠢ ᠪᠣᠯᠭᠠᠬᠤ ᠬᠡᠷᠡᠭᠲᠡᠢ︔ ᠭᠡᠷᠡᠴᠢ ᠦᠨᠡᠮᠯᠡᠯ ᠢ ᠰᠢᠯᠵᠢᠭᠦᠯᠦᠨ | ᠬᠡᠷᠡᠭᠯᠡᠬᠦ᠂ ᠲᠤᠭ᠎ᠠ ᠪᠠᠷᠢᠮᠲᠠ ᠶᠢ ᠪᠠᠶᠢᠴᠠᠭᠠᠨ ᠯᠠᠪᠯᠠᠬᠤ ᠪᠠ ᠰᠠᠯᠠᠭ᠎ᠠ ᠮᠥᠴᠢᠷ ᠤᠨ ᠬᠢᠨᠠᠨ ᠰᠢᠯᠭᠠᠬᠤ ᠪᠠᠷ ᠳᠠᠮᠵᠢᠭᠤᠯᠤᠨ | ᠴᠢᠬᠤᠯᠠ ᠨᠥᠬᠦᠴᠡᠯ ᠤᠨ ᠮᠠᠲ᠋ᠧᠷᠢᠶᠠᠯ ᠢ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠨ ᠳᠣᠲᠣᠭᠠᠳᠤ ᠶᠢᠨ ᠦᠢᠯᠡ | ᠠᠵᠢᠯᠯᠠᠭ᠎ᠠ ᠶᠢ ᠰᠢᠯᠢᠳᠡᠭᠵᠢᠭᠦᠯᠵᠦ᠂ ᠠᠵᠢᠯ ᠶᠠᠪᠤᠳᠠᠯ ᠭᠦᠢᠴᠡᠳᠭᠡᠬᠦ ᠣᠯᠠᠨ ᠲᠦᠮᠡᠨ ᠳᠤ ᠬᠠᠩᠭᠠᠬᠤ ᠴᠢᠬᠤᠯᠠ ᠦᠭᠡᠢ᠃ | ᠭᠡᠷᠡᠴᠢᠯᠡᠬᠦ ᠵᠦᠢᠯᠡᠰ ᠢ ᠰᠢᠢᠳᠪᠦᠷᠢᠯᠡᠬᠦ ᠨᠠᠷᠢᠨ ᠬᠠᠭᠤᠳᠠᠰᠤ ᠶᠢ ᠲᠠᠰ ᠳᠠᠪᠬᠤᠷᠭ᠎ᠠ ᠬᠤᠪᠢᠶᠠᠨ ᠡᠮᠬᠢᠯᠡᠨ ᠪᠦᠷᠢᠯᠳᠦᠭᠦᠯᠵᠦ᠂ | ᠮᠡᠳᠡᠭᠳᠡᠬᠦ ᠠᠮᠠᠯᠠᠯᠲᠠ ᠶᠢᠨ ᠮᠡᠳᠡᠭᠡ ᠵᠠᠩᠭᠢ ᠶᠢ ᠴᠤᠭᠯᠠᠭᠤᠯᠬᠤ ᠪᠠ ᠬᠦᠷᠭᠡᠬᠦ ᠠᠵᠢᠯ ᠤᠨ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ | ᠴᠢᠩᠭᠠᠳᠬᠠᠨ᠂ ︽ᠦᠨᠡᠮᠯᠡᠯ ᠠᠴᠠ ᠬᠡᠯᠲᠦᠷᠢᠭᠦᠯᠵᠦ ᠭᠦᠢᠴᠡᠳᠭᠡᠬᠦ︾ ᠦᠢᠯᠡᠴᠢᠯᠡᠭᠡ ᠶᠢ ᠬᠠᠤᠯᠢ ᠲᠣᠭᠲᠠᠭᠠᠯ ᠶᠣᠰᠣᠭᠠᠷ | ᠠᠬᠢᠭᠤᠯᠤᠨ ᠬᠡᠷᠡᠭᠵᠢᠭᠦᠯᠦᠨ᠎ᠡ᠃ ︵ᠲᠦᠷᠦᠭᠦᠯᠡᠬᠦ ᠰᠠᠯᠠᠭ᠎ᠠ ᠮᠥᠴᠢᠷ᠄ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ᠂ | ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︔ | ᠬᠠᠷᠢᠭᠤᠴᠠᠯᠭᠠᠲᠤ ᠰᠠᠯᠠᠭ᠎ᠠ ᠮᠥᠴᠢᠷ᠄ ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ | ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ︔ ᠪᠡᠶᠡᠯᠡᠭᠦᠯᠬᠦ ᠴᠠᠭ ᠤᠨ ᠬᠢᠵᠠᠭᠠᠷ᠄ 2023 ᠣᠨ ᠤ 6 ᠳ᠋ᠤᠭᠠᠷ | ᠰᠠᠷ᠎ᠠ ᠶᠢᠨ 30 ᠤ ᠡᠳᠦᠷ ᠠᠴᠠ ᠡᠮᠦᠨ᠎ᠡ︶ | ᠬᠤᠶᠠᠷ ᠲᠤ᠂ ᠳ᠋ᠠᠶᠢᠲ᠋ᠠ ᠶᠢᠨ ᠲᠠᠪᠴᠠᠩ ᠤᠨ ᠲᠤᠯᠭᠠᠭᠤᠷᠢᠯᠠᠯ ᠢ ᠴᠢᠩᠭᠠᠳᠬᠠᠨ᠎ᠠ᠃ ︽ᠬᠠᠮᠲᠤ ᠪᠠᠷ ᠡᠳ᠋ᠯᠡᠪᠡᠰᠦ | ᠵᠣᠬᠢᠬᠤ ᠶᠢ ᠨᠢ ᠪᠦᠬᠦᠨ ᠢ ᠬᠠᠮᠲᠤ ᠪᠠᠷ ᠡᠳ᠋ᠯᠡᠬᠦ︾ ᠵᠠᠷᠴᠢᠮ ᠶᠣᠰᠣᠭᠠᠷ᠂ ᠮᠡᠳᠡᠭᠡ ᠵᠠᠩᠭᠢᠵᠢᠯᠲᠠ ᠶᠢᠨ ᠮᠡᠷᠭᠡᠵᠢᠯ ᠤᠨ ᠠᠷᠭ᠎ᠠ | ᠪᠠᠷᠢᠯ ᠳᠤ ᠲᠦᠰᠢᠭᠯᠡᠨ᠂ ᠪᠥᠬᠦ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠮᠡᠳᠡᠭᠡ ᠵᠠᠩᠭᠢ ᠶᠢᠨ ᠲᠤᠭ᠎ᠠ | ᠪᠠᠷᠢᠮᠲᠠ ᠶᠢ ᠰᠢᠯᠵᠢᠭᠦᠯᠦᠨ ᠬᠡᠷᠡᠭᠯᠡᠵᠦ ᠬᠠᠷᠭᠤᠭᠤᠯᠤᠨ ᠪᠠᠶᠢᠴᠠᠭᠠᠬᠤ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠵᠦᠢᠯᠡᠰ ᠲᠤ ᠬᠤᠯᠪᠣᠭᠳᠠᠬᠤ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ᠂ ᠮᠠᠰᠢᠨᠲᠤ | ᠲᠡᠷᠭᠡᠨ ᠤ ᠵᠢᠯᠣᠭᠤᠴᠢ ᠶᠢᠨ ᠦᠨᠡᠮᠯᠡᠯ᠂ ᠮᠠᠰᠢᠨᠲᠤ ᠲᠡᠷᠭᠡ ᠶᠠᠪᠤᠭᠤᠯᠬᠤ ᠦᠨᠡᠮᠯᠡᠯ ᠵᠡᠷᠭᠡ ᠥᠨᠳᠥᠷ ᠳᠠᠪᠲᠠᠮᠵᠢᠲᠤ | ᠦᠨᠡᠮᠯᠡᠯ ᠤᠨ ᠴᠢᠬᠤᠯᠠ ᠨᠥᠬᠦᠴᠡᠯ ᠢ ᠭᠦᠢᠴᠡᠳᠬᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠭᠡᠷᠡᠴᠢᠯᠡᠬᠦ ᠦᠨᠡᠮᠯᠡᠯ᠂ | ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠮᠠᠲ᠋ᠧᠷᠢᠶᠠᠯ ᠵᠡᠷᠭᠡ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠪᠥᠬᠦ | ᠲᠠᠯ᠎ᠠ ᠪᠠᠷ ᠴᠤᠭᠯᠠᠭᠤᠯᠵᠤ᠂ ᠲᠤᠭ᠎ᠠ ᠪᠠᠷᠢᠮᠲᠠ ᠶᠢ ᠬᠠᠷᠭᠤᠭᠤᠯᠤᠨ ᠪᠠᠶᠢᠴᠠᠭᠠᠬᠤ ᠴᠢᠳᠠᠮᠵᠢ ᠶᠢᠨ ᠬᠡᠷᠡᠭᠯᠡᠯᠲᠡ ᠶᠢ | ᠲᠡᠭᠦᠯᠳᠡᠷᠵᠢᠭᠦᠯᠦᠨ᠂ ᠲᠤᠭ᠎ᠠ ᠪᠠᠷᠢᠮᠲᠠ ᠶᠢ ᠴᠤᠭᠯᠠᠭᠤᠯᠤᠨ ᠨᠡᠶᠢᠯᠡᠭᠦᠯᠬᠦ ᠪᠠᠷᠢᠮᠵᠢᠶ᠎ᠠ ᠶᠢ ᠵᠢᠷᠤᠮᠵᠢᠭᠤᠯᠵᠤ᠂ ᠲᠤᠭ᠎ᠠ | ᠪᠠᠷᠢᠮᠲᠠ ᠶᠢ ᠬᠠᠮᠲᠤ ᠪᠠᠷ ᠡᠳ᠋ᠯᠡᠬᠦ ᠨᠠᠷᠢᠨ ᠬᠠᠭᠤᠳᠠᠰᠤ ᠶᠢ ᠬᠥᠳᠡᠯᠦᠩᠭᠦᠶ ᠪᠠᠷ ᠳᠣᠭᠢᠷᠠᠭᠤᠯᠤᠨ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠵᠦ ᠬᠠᠷᠭᠤᠭᠤᠯᠤᠨ ᠪᠠᠶᠢᠴᠠᠭᠠᠬᠤ ᠬᠠᠷᠢᠴᠠᠯ ᠢ ᠬᠦᠴᠦᠯᠡᠨ | ᠳᠡᠭᠡᠭᠰᠢᠯᠡᠭᠦᠯᠦᠨ᠎ᠡ᠃ ︵ᠲᠦᠷᠦᠭᠦᠯᠡᠬᠦ ᠰᠠᠯᠠᠭ᠎ᠠ ᠮᠥᠴᠢᠷ᠄ ᠬᠤᠲᠠ ᠶᠢᠨ ᠲᠣᠮᠣ ᠳ᠋ᠠᠶᠢᠲ᠋ᠠ ᠶᠢᠨ ᠲᠥᠪ᠂ ᠬᠤᠲᠠ ᠶᠢᠨ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ︔ ᠬᠠᠷᠢᠭᠤᠴᠠᠯᠭᠠᠲᠤ ᠰᠠᠯᠠᠭ᠎ᠠ ᠮᠥᠴᠢᠷ᠄ ᠡᠯ᠎ᠡ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ︔ ᠪᠡᠶᠡᠯᠡᠭᠦᠯᠬᠦ ᠴᠠᠭ ᠤᠨ | ᠬᠢᠵᠠᠭᠠᠷ᠄ 2023 ᠣᠨ ᠤ 8 ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ︶ | ᠭᠤᠷᠪᠠ ᠳᠤ᠂ ᠲᠤᠭ᠎ᠠ ᠪᠠᠷᠢᠮᠲᠠ ᠶᠢ ᠬᠠᠷᠭᠤᠭᠤᠯᠤᠨ ᠪᠠᠶᠢᠴᠠᠭᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠦᠢᠯᠡᠰ ᠤᠨ ᠬᠠᠮᠢᠶᠠᠷᠤᠯᠲᠠ ᠶᠢᠨ ᠲᠠᠪᠴᠠᠩ ᠨᠢ ᠰᠠᠭᠤᠷᠢ ᠪᠠᠷᠢᠮᠵᠢᠶ᠎ᠠ | ᠪᠣᠯᠤᠨ᠎ᠠ᠂ ᠪᠥᠬᠦ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠭᠦᠢᠴᠡᠳᠭᠡᠬᠦ ᠳᠤ ᠬᠤᠯᠪᠣᠭᠳᠠᠬᠤ | ᠡᠯᠧᠺᠳ᠋ᠷᠣᠨ ᠦᠨᠡᠮᠯᠡᠯ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠬᠢᠨᠠᠨ ᠣᠯᠭᠤᠭᠰᠠᠨ ᠮᠠᠲ᠋ᠧᠷᠢᠶᠠᠯ ᠢ ᠪᠥᠬᠦ | ᠲᠠᠯ᠎ᠠ ᠪᠠᠷ ᠡᠮᠬᠢᠯᠡᠨ ᠳᠢᠭᠯᠡᠵᠦ᠂ ᠭᠡᠷᠡᠴᠢ ᠦᠨᠡᠮᠯᠡᠯ ᠤᠨ ᠲᠤᠭ᠎ᠠ ᠪᠠᠷᠢᠮᠲᠠ ᠶᠢ ᠰᠢᠯᠵᠢᠭᠦᠯᠦᠨ ᠬᠡᠷᠡᠭᠯᠡᠬᠦ᠂ ᠮᠠᠲ᠋ᠧᠷᠢᠶᠠᠯ ᠲᠤᠭ᠎ᠠ | ᠪᠠᠷᠢᠮᠲᠠ ᠶᠢ ᠬᠠᠮᠲᠤ ᠪᠠᠷ ᠡᠳ᠋ᠯᠡᠬᠦ᠂ ᠮᠠᠲ᠋ᠧᠷᠢᠶᠠᠯ ᠢ ᠰᠦᠯᠵᠢᠶᠡᠨ ᠳᠡᠭᠡᠷ᠎ᠡ ᠬᠢᠨᠠᠨ ᠰᠢᠯᠭᠠᠬᠤ ᠶᠣᠰᠣᠭᠠᠷ ᠲᠥᠷᠥᠯ ᠬᠤᠪᠢᠶᠠᠨ | ᠬᠤᠷᠢᠶᠠᠩᠭᠤᠶᠢᠯᠠᠵᠤ᠂ ᠰᠠᠭᠤᠷᠢ ᠵᠦᠢᠯᠡᠰ ᠤᠨ ᠨᠠᠷᠢᠨ ᠬᠠᠭᠤᠳᠠᠰᠤ ᠶᠢ ᠱᠠᠲᠤ ᠬᠤᠪᠢᠶᠠᠨ ᠪᠦᠷᠢᠯᠳᠦᠭᠦᠯᠦᠨ᠎ᠡ᠃ ᠲᠤᠭ᠎ᠠ | ᠪᠠᠷᠢᠮᠲᠠ ᠶᠢ ᠰᠢᠯᠵᠢᠭᠦᠯᠦᠨ ᠬᠡᠷᠡᠭᠯᠡᠵᠦ ᠬᠠᠷᠭᠤᠭᠤᠯᠤᠨ ᠪᠠᠶᠢᠴᠠᠭᠠᠬᠤ ᠠᠷᠭ᠎ᠠ ᠵᠠᠮ᠂ ᠠᠷᠭ᠎ᠠ ᠮᠠᠶ᠋ᠢᠭ᠂ ᠴᠠᠭ ᠤᠨ ᠬᠢᠵᠠᠭᠠᠷ᠂ | ᠬᠡᠯᠪᠡᠷᠢ ᠵᠡᠷᠭᠡ ᠬᠦᠴᠦᠨ ᠵᠦᠢᠯ ᠤᠨ ᠪᠠᠷᠢᠮᠵᠢᠶ᠎ᠠ ᠶᠢᠨ ᠲᠣᠭᠤᠷᠢᠨ ᠳᠤ᠂ ᠲᠤᠭ᠎ᠠ ᠪᠠᠷᠢᠮᠲᠠ ᠶᠢ ᠬᠠᠮᠲᠤ ᠪᠠᠷ ᠭᠥᠷᠳᠡᠬᠦ ᠪᠠ | ᠬᠠᠷᠭᠤᠭᠤᠯᠤᠨ ᠪᠠᠶᠢᠴᠠᠭᠠᠬᠤ ᠴᠤᠪᠤᠷᠠᠯ ᠢ ᠲᠣᠭᠲᠠᠪᠤᠷᠢᠵᠢᠭᠤᠯᠵᠤ᠂ ᠲᠤᠭ᠎ᠠ ᠪᠠᠷᠢᠮᠲᠠ ᠶᠢ ᠬᠠᠮᠲᠤ ᠪᠠᠷ ᠭᠥᠷᠳᠡᠵᠦ | ᠬᠠᠷᠭᠤᠭᠤᠯᠤᠨ ᠪᠠᠶᠢᠴᠠᠭᠠᠬᠤ ᠶᠢ ᠬᠠᠮᠵᠢᠯᠴᠠᠨ ᠠᠵᠢᠯᠯᠠᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠵᠠᠰᠠᠭ ᠤᠨ | ᠣᠷᠳᠣᠨ ᠤ ᠰᠠᠯᠠᠭ᠎ᠠ ᠮᠥᠴᠢᠷ ᠤᠨ ᠮᠠᠲ᠋ᠧᠷᠢᠶᠠᠯ᠂ ᠭᠡᠷᠡᠴᠢ ᠦᠨᠡᠮᠯᠡᠯ ᠤᠨ ᠴᠢᠬᠤᠯᠠ ᠨᠥᠬᠦᠴᠡᠯ ᠤᠨ ︽ᠬᠤᠶᠠᠷ ᠢ ᠦᠯᠦ | ᠲᠤᠰᠢᠶᠠᠬᠤ︾ ᠬᠠᠷᠠᠯᠲᠠᠲᠤ ᠡᠭᠦᠷᠭᠡ ᠶᠢ ᠪᠣᠳᠠᠲᠠᠶ ᠪᠠᠷ ᠨᠠᠶᠢᠳᠠᠪᠤᠷᠢᠵᠢᠭᠤᠯᠬᠤ ᠶᠢ ᠬᠦᠴᠦᠯᠡᠨ ᠠᠬᠢᠭᠤᠯᠤᠨ᠎ᠠ᠃ 2023 | ᠣᠨ ᠳᠤ ᠪᠥᠬᠦ ᠬᠤᠲᠠ ᠳᠤ ᠨᠠᠭᠠᠳᠤ ᠵᠠᠬ᠎ᠠ ᠳᠠᠭᠠᠨ 500 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠵᠦᠢᠯᠡᠰ ᠢ ᠭᠠᠷᠭᠠᠵᠤ᠂ ︽ᠦᠨᠡᠮᠯᠡᠯ ᠠᠴᠠ ᠬᠡᠯᠲᠦᠷᠢᠭᠦᠯᠬᠦ ᠭᠦᠢᠴᠡᠳᠬᠡᠬᠦ︾ ᠶᠢ ᠪᠡᠶᠡᠯᠡᠭᠦᠯᠪᠡ᠃ ︵ᠲᠦᠷᠦᠭᠦᠯᠡᠬᠦ ᠰᠠᠯᠠᠭ᠎ᠠ | ᠮᠥᠴᠢᠷ᠄ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠣᠪᠴᠢᠶ᠎ᠠ᠂ ᠬᠤᠲᠠ ᠶᠢᠨ ᠲᠣᠮᠣ ᠳ᠋ᠠᠶᠢᠲ᠋ᠠ ᠶᠢᠨ ᠲᠥᠪ᠂ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ︔ | ᠬᠠᠷᠢᠭᠤᠴᠠᠯᠭᠠᠲᠤ ᠰᠠᠯᠠᠭ᠎ᠠ ᠮᠥᠴᠢᠷ᠄ ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ | ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ︔ ᠪᠡᠶᠡᠯᠡᠭᠦᠯᠬᠦ ᠴᠠᠭ ᠤᠨ ᠬᠢᠵᠠᠭᠠᠷ᠄ 2023 ᠣᠨ ᠤ 9 ᠰᠠᠷ᠎ᠠ ᠶᠢᠨ | 30 ᠤ ᠡᠳᠦᠷ ᠠᠴᠠ ᠡᠮᠦᠨ᠎ᠡ︶ | 2. ︽ᠣᠶᠤᠨᠴᠢ ᠪᠠᠷ ᠭᠦᠢᠴᠡᠳᠬᠡᠬᠦ︾ ᠦᠢᠯᠡᠴᠢᠯᠡᠭᠡ ᠶᠢ ᠪᠥᠬᠦ ᠬᠦᠴᠦᠨ ᠢᠶᠠᠷ ᠢᠶᠠᠨ ᠬᠡᠷᠡᠭᠵᠢᠭᠦᠯᠦᠨ᠎ᠡ᠃ | ︽ᠲᠦᠢᠯ ᠤᠨ ᠳᠥᠭᠦᠮ ᠢᠶᠠᠷ ᠬᠢᠨᠠᠨ ᠵᠥᠪᠰᠢᠶᠡᠷᠡᠬᠦ + ᠣᠶᠤᠨᠴᠢ ᠪᠠᠷ ᠬᠢᠨᠠᠨ ᠵᠥᠪᠰᠢᠶᠡᠷᠡᠬᠦ︾ ᠦᠶ᠋ᠯᠡᠴᠢᠯᠡᠭᠡᠨ ᠤ ᠵᠠᠭᠪᠤᠷ ᠢ | ᠬᠡᠷᠡᠭᠵᠢᠭᠦᠯᠵᠦ᠂ ᠬᠥᠳᠡᠯᠮᠦᠷᠢ ᠦᠶ᠋ᠯᠡᠴᠢᠯᠡᠭᠡ ᠲᠣᠮᠢᠯᠠᠬᠤ᠂ ᠬᠥᠮᠦᠨ ᠤ ᠬᠦᠴᠦᠨ ᠤ ᠡᠬᠢ ᠪᠠᠶᠠᠯᠢᠭ᠂ ᠭᠡᠷ ᠤᠨ ᠭᠠᠳᠠᠨᠠᠬᠢ ᠵᠠᠷ | ᠮᠡᠳᠡᠭᠡ ᠵᠡᠷᠭᠡ ᠬᠦᠷᠢᠶ᠎ᠡ ᠴᠠᠷᠠᠭ᠎ᠠ ᠶᠢᠨ ᠥᠨᠳᠥᠷ ᠳᠠᠪᠲᠠᠮᠵᠢᠲᠤ ᠵᠦᠢᠯᠡᠰ ᠲᠤ ᠠᠩᠬᠠᠷᠤᠯ ᠢᠶᠠᠨ ᠲᠥᠪᠯᠡᠷᠡᠭᠦᠯᠦᠨ᠂ ︽ᠨᠢᠭᠡ | ᠵᠦᠢᠯ ᠳᠤ ᠨᠡᠶᠢᠴᠡᠵᠦ᠂ ᠨᠢᠭᠡ ᠵᠦᠢᠯ ᠢ ᠭᠠᠷᠭᠠᠬᠤ︾ ᠠᠷᠭ᠎ᠠ ᠮᠠᠶ᠋ᠢᠭ ᠢ ᠠᠪᠴᠤ᠂ ᠥᠪᠡᠷᠲᠡᠭᠡᠨ ᠵᠠᠰᠠᠬᠤ ᠣᠷᠣᠨ ᠤ | ᠶᠡᠷᠦᠩᠬᠡᠶᠢᠯᠡᠭᠰᠡᠨ ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠶ᠋ᠳᠪᠦᠷᠢᠯᠡᠬᠦ ᠲᠠᠪᠴᠠᠩ᠂ ᠣᠶᠤᠨᠴᠢ ᠦᠵᠦᠭᠦᠷ ᠤᠨ | ᠲᠥᠬᠦᠭᠡᠷᠦᠮᠵᠢ᠂ ᠮᠡᠳᠡᠭᠡ ᠵᠠᠩᠭᠢ ᠶᠢ ᠬᠠᠮᠲᠤ ᠪᠠᠷ ᠭᠥᠷᠳᠡᠵᠦ ᠰᠣᠯᠢᠯᠴᠠᠬᠤ ᠲᠠᠪᠴᠠᠩ ᠵᠡᠷᠭᠡ ᠮᠡᠳᠡᠭᠡ ᠵᠠᠩᠭᠢᠵᠢᠯᠲᠠ ᠶᠢᠨ | ᠠᠴᠢᠶᠠᠯᠠᠪᠤᠷᠢ ᠳᠤ ᠲᠦᠰᠢᠭᠯᠡᠨ᠂ ᠴᠢᠬᠤᠯᠠ ᠨᠥᠬᠦᠴᠡᠯ ᠢ ᠳᠥᠭᠦᠮ᠂ ᠴᠤᠪᠤᠷᠠᠯ ᠢ ᠲᠠᠩ ᠭᠠᠭᠴᠠ ᠲᠤᠬᠠᠶᠢᠯᠠᠪᠠᠯ | ᠭᠦᠶ᠋ᠴᠡᠳᠬᠡᠬᠦ ᠮᠠᠲ᠋ᠧᠷᠢᠶᠠᠯ ᠵᠢᠴᠢ ᠴᠢᠬᠤᠯᠠ ᠨᠥᠬᠦᠴᠡᠯ ᠢ ᠦᠶ᠋ᠯᠡᠳᠬᠦ ᠮᠠᠶ᠋ᠢᠭ ᠤᠨ ᠪᠠᠷᠢᠮᠵᠢᠶ᠎ᠠ ᠪᠠᠷ ᠥᠨᠳᠥᠷ ᠠᠮᠠᠯᠠᠯᠲᠠ ᠶᠢᠨ | ᠮᠠᠲ᠋ᠧᠷᠢᠶᠠᠯ ᠢ ᠨᠠᠷᠢᠯᠢᠭᠵᠢᠭᠤᠯᠤᠨ ᠡᠮᠬᠢᠯᠡᠵᠦ᠂ ᠭᠤᠶᠤᠴᠢᠯᠠᠬᠤ ᠮᠠᠲ᠋ᠧᠷᠢᠶᠠᠯ ᠢ ᠠᠦ᠋ᠲ᠋ᠣ᠋ ᠤᠷᠢᠳᠴᠢᠯᠠᠨ ᠬᠢᠨᠠᠬᠤ᠂ ᠬᠢᠨᠠᠨ | ᠪᠠᠶᠢᠴᠠᠭᠠᠬᠤ ᠭᠤᠤᠯᠳᠠᠯᠭ᠎ᠠ ᠶᠢ ᠠᠦ᠋ᠲ᠋ᠣ᠋ ᠬᠢᠨᠠᠨ ᠬᠠᠷᠭᠤᠭᠤᠯᠬᠤ᠂ ᠲᠤᠭ᠎ᠠ ᠪᠠᠷᠢᠮᠲᠠ ᠶᠢ ᠴᠠᠭ ᠲᠤᠬᠠᠶ ᠳᠤᠨᠢ ᠬᠠᠮᠲᠤ ᠪᠠᠷ | ᠭᠥᠷᠳᠡᠬᠦ ᠵᠡᠷᠭᠡ ᠣᠶᠤᠨᠴᠢ ᠦᠶ᠋ᠯᠡᠴᠢᠯᠡᠭᠡᠨ ᠤ ᠴᠢᠳᠠᠮᠵᠢ ᠶᠢ ᠨᠠᠷᠢᠯᠢᠭᠵᠢᠭᠤᠯᠤᠨ ᠡᠮᠬᠢᠯᠡᠵᠦ᠂ ᠬᠢᠨᠠᠨ ᠵᠥᠪᠰᠢᠶᠡᠷᠡᠬᠦ ᠵᠦᠶ᠋ᠯᠡᠰ ᠢ | ᠬᠥᠮᠦᠨ ᠤ ᠬᠦᠴᠦ ᠪᠠᠷ ᠬᠢᠨᠠᠨ ᠪᠠᠶᠢᠴᠠᠭᠠᠵᠤ ᠪᠠᠶᠢᠭᠰᠠᠨ ᠠᠴᠠ ᠰᠢᠰᠲ᠋ᠧᠮ ᠤᠨ ᠣᠶᠤᠨᠴᠢ ᠬᠢᠨᠠᠨ ᠪᠠᠶᠢᠴᠠᠭᠠᠯᠲᠠ ᠪᠣᠯᠭᠠᠨ | ᠬᠤᠪᠢᠷᠠᠭᠤᠯᠬᠤ ᠶᠢ ᠠᠬᠢᠭᠤᠯᠵᠤ᠂ ᠳᠥᠭᠦᠮ ᠳᠥᠲᠡ ᠳᠠᠷᠤᠶ ᠠᠵᠢᠯ ᠶᠠᠪᠤᠳᠠᠯ ᠭᠦᠶ᠋ᠴᠡᠳᠬᠡᠬᠦ ᠵᠦᠶ᠋ᠯ ᠤᠨ ︽ᠮᠠᠲ᠋ᠧᠷᠢᠶᠠᠯ ᠥᠬᠡᠶ᠂ | ᠬᠦᠯᠢᠶᠡᠬᠦ ᠥᠬᠡᠶ︾ ᠲᠦᠷᠭᠡᠨ ᠭᠦᠶ᠋ᠴᠡᠳᠬᠡᠬᠦ ᠶᠢ ᠴᠢᠷᠮᠠᠶᠢᠨ ᠪᠡᠶᠡᠯᠡᠭᠦᠯᠵᠦ᠂ ᠠᠮᠠᠯᠠᠭᠰᠠᠨ ᠵᠦᠶ᠋ᠯᠡᠰ ᠤᠨ ᠣᠶᠤᠨᠴᠢ | ᠦᠵᠦᠭᠦᠷ ᠤᠨ ᠲᠥᠬᠦᠭᠡᠷᠦᠮᠵᠢ ᠶᠢ ᠣᠶᠤᠨᠴᠢ ᠬᠢᠨᠠᠨ ᠪᠠᠶᠢᠴᠠᠭᠠᠵᠤ ᠭᠦᠶ᠋ᠴᠡᠳᠬᠡᠬᠦ ᠪᠣᠯᠭᠠᠪᠠ᠃ ︵ᠲᠦᠷᠦᠭᠦᠯᠡᠬᠦ ᠰᠠᠯᠠᠭ᠎ᠠ | ᠮᠥᠴᠢᠷ᠄ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠣᠪᠴᠢᠶ᠎ᠠ︔ ᠬᠠᠷᠢᠭᠤᠴᠠᠯᠭᠠᠲᠤ ᠰᠠᠯᠠᠭ᠎ᠠ ᠮᠥᠴᠢᠷ᠄ ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ | ᠬᠤᠲᠠ ᠶᠢᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ︔ ᠪᠡᠶᠡᠯᠡᠭᠦᠯᠬᠦ ᠴᠠᠭ ᠤᠨ ᠬᠢᠵᠠᠭᠠᠷ᠄ 2023 | ᠣᠨ ᠤ 9 ᠰᠠᠷ᠎ᠠ ᠶᠢᠨ 30 ᠤ ᠡᠳᠦᠷ ᠠᠴᠠ ᠡᠮᠦᠨ᠎ᠡ︶ | 3. ︽ᠡᠰᠡᠷᠭᠦ ᠴᠢᠭᠯᠡᠯ ᠢᠶᠠᠷ ᠭᠦᠢᠴᠡᠳᠭᠡᠬᠦ︾ ᠦᠢᠯᠡᠴᠢᠯᠡᠭᠡ ᠶᠢ ᠪᠥᠬᠦ ᠬᠦᠴᠦᠨ ᠢᠶᠠᠷ ᠢᠶᠠᠨ ᠬᠡᠷᠡᠭᠵᠢᠭᠦᠯᠦᠨ᠎ᠡ᠃ | ᠨᠢᠭᠡ ᠳᠤ᠂ ︽ᠡᠰᠡᠷᠭᠦ ᠴᠢᠭᠯᠡᠯ ᠢᠶᠠᠷ ᠭᠦᠢᠴᠡᠳᠭᠡᠬᠦ︾ ᠲᠤᠬᠠᠶᠢᠯᠠᠭᠰᠠᠨ ᠠᠵᠢᠯ ᠤᠨ ᠲᠤᠯᠭᠠᠭᠤᠷᠢᠯᠠᠬᠤ ᠰᠢᠰᠲ᠋ᠧᠮ ᠢ | ᠪᠠᠶᠢᠭᠤᠯᠤᠨ᠎ᠠ᠃ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ᠂ AI ᠵᠡᠷᠭᠡ ᠮᠡᠷᠭᠡᠵᠢᠯ ᠢ ᠬᠡᠷᠡᠭᠯᠡᠨ᠂ ᠵᠠᠰᠠᠭ ᠤᠨ | ᠶᠠᠪᠤᠳᠠᠯ ᠤᠨ ᠲᠣᠮᠣ ᠳ᠋ᠠᠶᠢᠲ᠋ᠠ ᠶᠢ ᠠᠰᠢᠭᠯᠠᠨ ᠪᠠᠶᠢᠭᠤᠯᠤᠭᠰᠠᠨ ᠣᠯᠠᠨ ᠬᠡᠮᠵᠢᠯᠳᠦ ᠬᠡᠷᠡᠭᠯᠡᠭᠴᠢ ᠶᠢᠨ ᠵᠢᠷᠤᠭ ᠳᠦᠷᠰᠦ ᠶᠢ | ᠠᠰᠢᠭᠯᠠᠨ ᠦᠢᠯᠡᠴᠢᠯᠡᠭᠡᠨ ᠤ ᠬᠥᠮᠦᠰ ᠲᠤ ᠨᠠᠷᠢᠯᠢᠭ ᠣᠨᠣᠴᠠᠲᠠᠶ ᠪᠠᠷ ᠣᠷᠣᠨ ᠪᠠᠶᠢᠷᠢ ᠲᠣᠭᠲᠠᠭᠠᠨ ᠥᠭᠴᠦ᠂ ᠣᠬᠤᠷ | ᠴᠢᠮᠡᠭᠡ᠂ ︽ᠮᠥᠩᠬᠡ ᠰᠤᠪᠠᠭ︾ APP ᠪᠠᠷ ᠳᠠᠮᠵᠢᠭᠤᠯᠤᠨ ᠦᠢᠯᠡᠴᠢᠯᠡᠬᠦ ᠡᠲᠡᠭᠡᠳ ᠲᠤ ᠠᠵᠢᠯ ᠶᠠᠪᠤᠳᠠᠯ ᠭᠦᠢᠴᠡᠳᠭᠡᠬᠦ | ᠰᠠᠨᠠᠭᠤᠯᠤᠮᠵᠢ ᠪᠠ ᠰᠦᠯᠵᠢᠶᠡᠨ ᠳᠡᠭᠡᠷ᠎ᠡ ᠭᠦᠢᠴᠡᠳᠭᠡᠬᠦ ᠬᠡᠯᠬᠢᠶ᠎ᠡ ᠶᠢ ᠤᠷᠢᠳᠴᠢᠯᠠᠨ ᠬᠦᠷᠭᠡᠵᠦ᠂ ᠪᠠᠶᠢᠭᠠᠯᠢ ᠬᠥᠮᠦᠨ ᠤ ᠬᠢᠷᠢ | ᠬᠡᠮ ᠢ ᠭᠡᠷᠡᠴᠢᠯᠡᠬᠦ᠂ ᠭᠡᠷᠡᠴᠢ ᠦᠨᠡᠮᠯᠡᠯ ᠤᠨ ᠬᠤᠭᠤᠴᠠᠭ᠎ᠠ ᠨᠢ ᠲᠤᠯᠬᠤ ᠶᠢ ᠰᠣᠯᠢᠵᠤ ᠠᠪᠬᠤ᠂ ᠬᠠᠤᠯᠢ ᠶᠢᠨ ᠡᠷᠬᠡᠲᠡᠨ ᠤ | ᠭᠡᠷᠡᠴᠢ ᠦᠨᠡᠮᠯᠡᠯ ᠤᠨ ᠬᠤᠭᠤᠴᠠᠭ᠎ᠠ ᠨᠢ ᠲᠤᠯᠬᠤ ᠶᠢ ᠦᠷᠭᠦᠯᠵᠢᠯᠡᠭᠦᠯᠬᠦ᠂ ᠬᠤᠶᠢᠨᠠᠬᠢ ᠵᠥᠪᠰᠢᠶᠡᠷᠡᠯ ᠢ ᠭᠦᠢᠴᠡᠳᠭᠡᠬᠦ᠂ | ᠵᠥᠪᠰᠢᠶᠡᠷᠡᠯ ᠤᠨ ᠦᠨᠡᠮᠯᠡᠯ ᠤᠨ ᠣᠨ ᠤ ᠬᠢᠨᠠᠯᠲᠠ ᠵᠢᠴᠢ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠬᠤ | ᠵᠡᠷᠭᠡ ᠵᠦᠢᠯᠡᠰ ᠤᠨ ︽ᠬᠤᠭᠤᠴᠠᠭ᠎ᠠ ᠨᠢ ᠲᠤᠯᠬᠤ ᠳᠤ ᠠᠦ᠋ᠲ᠋ᠣ᠋ ᠰᠠᠨᠠᠭᠤᠯᠤᠮᠵᠢ᠂ ᠣᠶᠤᠨᠴᠢ ᠤᠷᠢᠳᠴᠢᠯᠠᠨ ᠮᠠᠭᠠᠳᠯᠠᠨ | ᠬᠥᠲᠥᠯᠦᠨ ᠵᠢᠯᠣᠭᠤᠳᠬᠤ᠂ ᠰᠦᠯᠵᠢᠶᠡᠨ ᠳᠡᠭᠡᠷ᠎ᠡ ᠥᠯᠥ ᠮᠡᠳᠡᠷᠡᠨ ᠭᠦᠢᠴᠡᠳᠭᠡᠬᠦ ᠶᠢ ᠪᠡᠶᠡᠯᠡᠭᠦᠯᠬᠦ︾᠂ ︽ᠬᠥᠮᠦᠨ ᠡᠷᠢᠵᠦ | ᠦᠢᠯᠡᠴᠢᠯᠡᠬᠦ︾ ᠶᠢ ︽ᠦᠢᠯᠡᠴᠢᠯᠡᠭᠡ ᠳᠤ ᠬᠥᠮᠦᠨ ᠡᠷᠢᠬᠦ︾ ᠪᠣᠯᠭᠠᠨ ᠬᠤᠪᠢᠷᠠᠭᠤᠯᠬᠤ ᠶᠢ ᠪᠡᠶᠡᠯᠡᠭᠦᠯᠦᠨ᠎ᠡ᠃ ᠲᠦᠷᠦᠭᠦᠯᠡᠬᠦ | ᠰᠠᠯᠠᠭ᠎ᠠ ᠮᠥᠴᠢᠷ᠄ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠣᠪᠴᠢᠶ᠎ᠠ᠂ ᠬᠤᠲᠠ ᠶᠢᠨ ᠲᠣᠮᠣ ᠳ᠋ᠠᠶᠢᠲ᠋ᠠ ᠶᠢᠨ ᠲᠥᠪ︔ ᠬᠠᠷᠢᠭᠤᠴᠠᠯᠭᠠᠲᠤ ᠰᠠᠯᠠᠭ᠎ᠠ ᠮᠥᠴᠢᠷ᠄ ᠡᠯ᠎ᠡ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ︔ | ᠪᠡᠶᠡᠯᠡᠭᠦᠯᠬᠦ ᠴᠠᠭ ᠤᠨ ᠬᠢᠵᠠᠭᠠᠷ᠄ 2023 ᠣᠨ ᠤ 6 ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ︶ | ᠬᠤᠶᠠᠷ ᠲᠤ᠂ ︽ᠭᠡᠳᠡᠷᠬᠦ ᠭᠦᠢᠴᠡᠳᠭᠡᠬᠦ︾ ᠰᠢᠨ᠎ᠡ ᠦᠢᠯᠡᠴᠢᠯᠡᠭᠡᠨ ᠤ ᠵᠠᠭᠪᠤᠷ ᠢ ᠳᠡᠯᠭᠡᠷᠡᠭᠦᠯᠦᠨ᠎ᠡ᠃ ᠬᠠᠤᠯᠢ ᠶᠢᠨ | ᠡᠷᠬᠡᠲᠡᠨ ᠪᠠ ᠪᠠᠶᠢᠭᠠᠯᠢ ᠬᠥᠮᠦᠨ ᠤ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠳᠤ ᠠᠩᠬᠠᠷᠤᠯ ᠢᠶᠠᠨ | ᠲᠥᠪᠯᠡᠷᠡᠭᠦᠯᠵᠦ᠂ ᠦᠶᠡᠯᠡᠯᠲᠤ ᠴᠢᠨᠠᠷ ᠪᠠ ᠬᠤᠯᠪᠣᠭᠳᠠᠬᠤ ᠴᠢᠨᠠᠷᠲᠠᠶ ᠣᠨᠴᠠᠯᠢᠭ ᠢ ᠪᠦᠷᠢᠯᠳᠦᠭᠦᠯᠦᠭᠰᠡᠨ ᠥᠨᠳᠥᠷ | ᠳᠠᠪᠲᠠᠮᠵᠢᠲᠤ ᠵᠠᠰᠠᠭ ᠤᠨ ᠶᠠᠪᠤᠳᠠᠯ ᠤᠨ ᠦᠶ᠋ᠯᠡᠴᠢᠯᠡᠭᠡᠨ ᠤ ᠵᠦᠶ᠋ᠯᠡᠰ ᠢ ᠡᠮᠬᠢᠯᠡᠨ ᠳᠢᠭᠯᠡᠵᠦ᠂ ︽ᠭᠡᠳᠡᠷᠭᠦ ᠭᠦᠶ᠋ᠴᠡᠳᠬᠡᠬᠦ︾ | ᠵᠦᠶ᠋ᠯᠡᠰ ᠤᠨ ᠨᠠᠷᠢᠨ ᠬᠠᠭᠤᠳᠠᠰᠤ ᠶᠢ ᠪᠣᠶ ᠪᠣᠯᠭᠠᠨ᠂ ︽ᠭᠡᠳᠡᠷᠬᠦ ᠭᠦᠶ᠋ᠴᠡᠳᠬᠡᠬᠦ︾ ᠲᠤᠬᠠᠶᠢᠯᠠᠭᠰᠠᠨ ᠠᠵᠢᠯ ᠤᠨ | ᠰᠢᠰᠲ᠋ᠧᠮ ᠳᠤ ᠲᠦᠰᠢᠭᠯᠡᠨ ᠰᠦᠯᠵᠢᠶ᠎ᠡ ᠪᠠᠷ ᠭᠦᠶ᠋ᠴᠡᠳᠬᠡᠬᠦ ᠵᠦᠶ᠋ᠯᠡᠰ ᠲᠤ ᠠᠵᠢᠯ ᠶᠠᠪᠤᠳᠠᠯ ᠭᠦᠶ᠋ᠴᠡᠳᠬᠡᠬᠦ ᠰᠠᠨᠠᠭᠤᠯᠤᠮᠵᠢ᠂ | ᠠᠵᠢᠯ ᠶᠠᠪᠤᠳᠠᠯ ᠭᠦᠶ᠋ᠴᠡᠳᠬᠡᠬᠦ ᠵᠦᠭᠯᠡᠭᠦᠷ ᠪᠠ ᠭᠦᠶ᠋ᠴᠡᠳᠬᠡᠬᠦ ᠬᠤᠯᠪᠣᠭ᠎ᠠ ᠶᠢ ᠠᠦ᠋ᠲ᠋ᠣ᠋ ᠳᠠᠮᠵᠢᠭᠤᠯᠤᠨ ᠬᠦᠷᠭᠡᠵᠦ᠂ | ᠰᠦᠯᠵᠢᠶᠡᠨ ᠤ ᠪᠤᠰᠤ ᠠᠵᠢᠯ ᠶᠠᠪᠤᠳᠠᠯ ᠭᠦᠶ᠋ᠴᠡᠳᠬᠡᠬᠦ ᠵᠦᠶ᠋ᠯ ᠳᠤ ᠠᠵᠢᠯ ᠶᠠᠪᠤᠳᠠᠯ ᠭᠦᠶ᠋ᠴᠡᠳᠬᠡᠬᠦ ᠰᠠᠨᠠᠭᠤᠯᠤᠮᠵᠢ ᠪᠠ ᠠᠵᠢᠯ | ᠶᠠᠪᠤᠳᠠᠯ ᠭᠦᠶ᠋ᠴᠡᠳᠬᠡᠬᠦ ᠵᠦᠭᠯᠡᠭᠦᠷ ᠢ ᠠᠦ᠋ᠲ᠋ᠣ᠋ ᠬᠦᠷᠭᠡᠨ ᠥᠭᠴᠦ᠂ ᠠᠵᠤ ᠠᠬᠤᠶᠢᠯᠠᠯ᠂ ᠣᠯᠠᠨ ᠲᠦᠮᠡᠨ ᠳᠤ | ᠰᠠᠨᠠᠭᠠᠴᠢᠯᠠᠭ᠎ᠠ ᠠᠴᠠ ᠪᠠᠨ᠂ ᠬᠥᠳᠡᠯᠦᠩᠭᠦᠶ ᠪᠠᠶᠢᠳᠠᠯ᠂ ᠨᠠᠷᠢᠯᠢᠭ ᠣᠨᠣᠴᠠᠲᠠᠶ ᠵᠠᠰᠠᠭ ᠤᠨ ᠶᠠᠪᠤᠳᠠᠯ ᠤᠨ ᠦᠶ᠋ᠯᠡᠴᠢᠯᠡᠭᠡ | ᠬᠠᠩᠭᠠᠨ᠎ᠠ᠃ ︵ᠲᠦᠷᠦᠭᠦᠯᠡᠬᠦ ᠰᠠᠯᠠᠭ᠎ᠠ ᠮᠥᠴᠢᠷ᠄ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︔ ᠬᠠᠷᠢᠭᠤᠴᠠᠯᠭᠠᠲᠤ ᠰᠠᠯᠠᠭ᠎ᠠ ᠮᠥᠴᠢᠷ᠄ ᠡᠯ᠎ᠡ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ︔ ᠪᠡᠶᠡᠯᠡᠭᠦᠯᠬᠦ ᠴᠠᠭ ᠤᠨ | ᠬᠢᠵᠠᠭᠠᠷ᠄ 2023 ᠣᠨ ᠤ 12 ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ︶ | ︵ᠬᠤᠶᠠᠷ︶ ᠬᠢᠨᠠᠨ ᠵᠥᠪᠰᠢᠶᠡᠷᠡᠬᠦ ᠥᠭᠡᠷᠡᠴᠢᠯᠡᠯᠲᠡ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠠᠵᠢᠯᠯᠠᠭ᠎ᠠ ᠶᠢ | ᠬᠡᠷᠡᠭᠵᠢᠭᠦᠯᠵᠦ᠂ ᠳᠥᠭᠦᠮ ᠳᠥᠲᠡ ᠥᠨᠳᠥᠷ ᠪᠦᠲᠦᠮᠵᠢᠲᠡᠶ ᠤᠴᠢᠷ ᠶᠠᠪᠤᠳᠠᠯ ᠰᠢᠢᠳᠪᠦᠷᠢᠯᠡᠬᠦ ᠠᠭᠤᠷ ᠠᠮᠢᠰᠬᠤᠯ ᠢ | ᠬᠦᠴᠦᠯᠡᠨ ᠪᠤᠢ ᠪᠣᠯᠭᠠᠨ᠎ᠠ᠃ | 4. ︽ᠨᠢᠭᠡ ᠰᠦᠯᠵᠢᠶ᠎ᠡ ᠪᠠᠷ ᠭᠦᠢᠴᠡᠳᠬᠡᠬᠦ︾ ᠦᠢᠯᠡᠴᠢᠯᠡᠭᠡ ᠶᠢ ᠭᠦᠨᠵᠡᠭᠡᠶ ᠬᠡᠷᠡᠭᠵᠢᠭᠦᠯᠦᠨ᠎ᠡ ᠃ ᠪᠥᠬᠦ | ᠬᠤᠲᠠ ᠶᠢᠨ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾ ᠪᠠ ︽ᠪᠥᠬᠦ ᠬᠤᠲᠠ ᠳᠤ ᠨᠡᠶᠢᠳᠡᠮ ᠭᠦᠢᠴᠡᠳᠭᠡᠬᠦ︾ | ᠥᠭᠡᠷᠡᠴᠢᠯᠡᠯᠲᠡ ᠶᠢᠨ ᠡᠭᠦᠷᠭᠡ ᠶᠢᠨ ᠶᠡᠷᠦᠩᠬᠡᠶ ᠲᠣᠬᠢᠷᠠᠭᠤᠯᠤᠯᠲᠠ ᠶᠣᠰᠣᠭᠠᠷ᠂ ᠬᠤᠲᠠ ᠶᠢᠨ ᠲᠣᠭᠤᠷᠢᠭ ᠢ ᠨᠢᠭᠡ | ᠴᠣᠭᠴᠠᠵᠢᠭᠤᠯᠤᠨ ᠠᠬᠢᠭᠤᠯᠬᠤ ᠵᠠᠭᠪᠤᠷ ᠢ ᠦᠷᠭᠦᠯᠵᠢᠯᠡᠭᠦᠯᠵᠦ᠂ ︽ᠬᠤᠶᠠᠷ ᠰᠢᠯᠢᠳᠡᠭ︾ ᠤᠨ ᠲᠤᠰᠬᠠᠶ ᠠᠵᠢᠯ ᠲᠠᠢ | ᠭᠦᠢᠴᠡᠳ ᠤᠶᠠᠯᠳᠤᠭᠤᠯᠤᠨ᠂ 2022 ᠣᠨ ᠤ ᠬᠤᠲᠠ ᠲᠣᠭᠤᠷᠢᠭ ᠬᠤᠶᠠᠷ ᠱᠠᠲᠤᠨ ᠳᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠢᠯᠡᠰ ᠢ ᠰᠢᠯᠢᠳᠡᠭᠵᠢᠭᠦᠯᠦᠭᠰᠡᠨ ᠥᠬᠡᠶ ᠰᠢᠰᠲ᠋ᠧᠮ ᠤᠨ ᠰᠠᠯᠠᠭ᠎ᠠ ᠮᠥᠴᠢᠷ ᠢ ᠳᠠᠬᠢᠨ ᠡᠮᠬᠢᠯᠡᠵᠦ᠂ ᠠᠵᠢᠯ | ᠶᠠᠪᠤᠳᠠᠯ ᠭᠦᠢᠴᠡᠳᠭᠡᠬᠦ ᠭᠤᠭᠴᠤᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠳᠥᠭᠦᠮᠴᠢᠯᠡᠵᠦ᠂ ᠠᠵᠢᠯ ᠶᠠᠪᠤᠳᠠᠯ ᠭᠦᠢᠴᠡᠳᠭᠡᠬᠦ | ᠴᠢᠬᠤᠯᠠ ᠨᠥᠬᠦᠴᠡᠯ ᠢ ᠴᠣᠮᠬᠠᠳᠬᠠᠨ᠂ ᠠᠵᠢᠯ ᠶᠠᠪᠤᠳᠠᠯ ᠭᠦᠢᠴᠡᠳᠭᠡᠬᠦ ᠴᠠᠭ ᠤᠨ ᠬᠢᠵᠠᠭᠠᠷ ᠢ ᠪᠣᠭᠤᠨᠢᠰᠬᠠᠵᠤ᠂ ᠰᠦᠯᠵᠢᠶᠡᠨ | ᠳᠡᠭᠡᠷ᠎ᠡ ᠭᠦᠢᠴᠡᠳᠭᠡᠬᠦ ᠭᠦᠨᠴᠡ᠂ ᠭᠤᠶᠤᠴᠢᠯᠠᠬᠤ ᠮᠠᠲ᠋ᠧᠷᠢᠶᠠᠯ ᠤᠨ ᠮᠥᠬᠦᠯᠢᠭᠵᠢᠭᠦᠯᠦᠨ ᠰᠠᠯᠭᠠᠬᠤ᠂ ᠵᠦᠢᠯᠡᠰ ᠢ | ᠪᠠᠶᠢᠳᠠᠯ ᠲᠠᠢ ᠪᠣᠯᠭᠠᠬᠤ᠂ ᠡᠯᠧᠺᠳ᠋ᠷᠣᠨ ᠦᠨᠡᠮᠯᠡᠯ ᠢ ᠬᠤᠯᠪᠣᠭᠳᠠᠭᠤᠯᠬᠤ ᠵᠡᠷᠭᠡ ᠬᠦᠴᠦᠨ ᠵᠦᠢᠯ ᠢ ᠭᠤᠣᠯᠳᠠᠯᠭ᠎ᠠ ᠲᠠᠢ ᠪᠠᠷ | ᠰᠢᠯᠢᠳᠡᠭᠵᠢᠭᠦᠯᠦᠨ ᠵᠢᠷᠤᠮᠵᠢᠭᠤᠯᠵᠤ᠂ ᠨᠠᠩ ᠣᠯᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠭᠠᠳᠠᠭᠰᠢ | ᠭᠠᠷᠭᠠᠬᠤ ᠥᠬᠡᠶ︾ ︽ᠰᠦᠯᠵᠢᠶᠡᠨ ᠳᠡᠭᠡᠷ᠎ᠡ ᠭᠦᠢᠴᠡᠳᠭᠡᠬᠦ︾ ᠶᠢ ᠴᠢᠷᠮᠠᠶᠢᠨ ᠪᠡᠶᠡᠯᠡᠭᠦᠯᠦᠨ᠎ᠡ᠃ 2023 ᠣᠨ ᠳᠤ | ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠥᠨᠳᠥᠷ ᠳᠠᠪᠲᠠᠮᠵᠢᠲᠤ ᠵᠦᠢᠯᠡᠰ ᠢ 400 ᠵᠦᠢᠯ ᠠᠴᠠ ᠳᠤᠲᠠᠭᠤ | ᠪᠠᠶᠢᠯᠭᠠᠵᠤ ᠪᠣᠯᠬᠤ ᠦᠭᠡᠢ᠃ ︽ᠮᠦᠩᠭᠡ ᠰᠤᠪᠠᠭ︾ ᠤᠨ ᠰᠢᠯᠵᠢᠮᠡᠯ ᠦᠵᠦᠭᠦᠷ ᠤᠨ ᠬᠡᠷᠡᠭᠯᠡᠯᠲᠡ ᠶᠢ ᠡᠮᠬᠢᠯᠡᠨ ᠨᠡᠶᠢᠯᠡᠭᠦᠯᠬᠦ | ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠣᠨᠴᠠᠯᠢᠭᠲᠤ ᠬᠡᠷᠡᠭᠯᠡᠯᠲᠡ ᠶᠢ ︽ᠮᠦᠩᠭᠡ ᠰᠤᠪᠠᠭ︾ ᠤᠨ ᠵᠢᠵᠢᠭ | ᠫᠷᠤᠭ᠍ᠷᠠᠮ ᠳᠠᠰᠢ ᠰᠢᠯᠵᠢᠭᠦᠯᠬᠦ ᠶᠢ ᠠᠯᠬᠤᠮ ᠠᠯᠬᠤᠮ ᠢᠶᠠᠷ ᠠᠬᠢᠭᠤᠯᠤᠨ᠂ ᠵᠢᠯ ᠤᠨ ᠳᠣᠲᠣᠷ᠎ᠠ ᠣᠨᠴᠠᠯᠢᠭᠲᠤ ᠬᠡᠷᠡᠭᠯᠡᠯᠲᠡ ᠶᠢ | ᠵᠠᠯᠭᠠᠬᠤ ᠪᠠ ᠰᠢᠯᠵᠢᠭᠦᠯᠦᠨ ᠬᠡᠷᠡᠭᠯᠡᠬᠦ ᠶᠢ 100 ᠬᠥᠮᠦᠨ ᠠᠴᠠ ᠳᠤᠲᠠᠭᠤ ᠦᠭᠡᠢ ᠪᠠᠶᠢᠯᠭᠠᠵᠤ᠂ ᠠᠯᠠᠭᠠᠨ ᠦᠵᠦᠭᠦᠷ ᠤᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠡᠷᠡᠭᠯᠡᠯᠲᠡ ᠶᠢ ᠬᠡᠷᠡᠭᠯᠡᠵᠦ ᠪᠣᠯᠬᠤ᠂ ᠬᠡᠷᠡᠭᠯᠡᠬᠦ ᠳᠤ ᠬᠢᠯᠪᠠᠷ᠂ ᠬᠡᠷᠡᠭᠯᠡᠬᠦ ᠳᠤ | ᠠᠮᠠᠷᠬᠠᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ︵ᠲᠦᠷᠦᠭᠦᠯᠡᠬᠦ ᠰᠠᠯᠠᠭ᠎ᠠ ᠮᠥᠴᠢᠷ᠄ ᠡᠯ᠎ᠡ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ︔ ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠲᠠ ᠶᠢᠨ ᠰᠢᠭᠤᠳ ᠬᠠᠷᠢᠶ᠎ᠠ ᠡᠯ᠎ᠡ ᠬᠠᠮᠢᠶ᠎ᠠ | ᠪᠥᠬᠦᠶ ᠰᠠᠯᠠᠭ᠎ᠠ ᠮᠥᠴᠢᠷ︔ ᠪᠡᠶᠡᠯᠡᠭᠦᠯᠬᠦ ᠴᠠᠭ ᠤᠨ ᠬᠢᠵᠠᠭᠠᠷ᠄ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ | ᠡᠭᠦᠷᠭᠡ ᠶᠢ 2023 ᠣᠨ ᠤ 6 ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ᠂ ︽ᠮᠦᠩᠭᠡ ᠰᠤᠪᠠᠭ︾ ᠤᠨ | ᠰᠢᠯᠵᠢᠮᠡᠯ ᠦᠵᠦᠭᠦᠷ ᠤᠨ ᠡᠭᠦᠷᠭᠡ ᠶᠢ 2023 ᠣᠨ ᠤ 12 ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ | ᠪᠡᠶᠡᠯᠡᠭᠦᠯᠦᠨ᠎ᠡ᠃ | 5. ︽ᠨᠢᠭᠡ ᠴᠣᠩᠬᠤᠪᠴᠢ ᠪᠠᠷ ᠭᠦᠢᠴᠡᠳᠬᠡᠬᠦ︾ ᠦᠢᠯᠡᠴᠢᠯᠡᠭᠡ ᠶᠢ ᠭᠦᠨᠵᠡᠭᠡᠶ ᠬᠡᠷᠡᠭᠵᠢᠭᠦᠯᠦᠨ᠎ᠡ᠃ ᠪᠣᠳᠠᠲᠤ ᠦᠷ᠎ᠡ | ᠪᠦᠲᠦᠮᠵᠢ ᠶᠢ ᠡᠷᠬᠢᠮᠯᠡᠬᠦ ᠵᠠᠷᠴᠢᠮ ᠢ ᠪᠠᠷᠢᠮᠲᠠᠯᠠᠵᠤ᠂ ᠬᠤᠲᠠ᠂ ᠲᠣᠭᠤᠷᠢᠭ ᠬᠤᠶᠠᠷ ᠱᠠᠲᠤᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠥᠪ ᠤᠨ ᠶᠡᠷᠦᠩᠬᠡᠶᠢᠯᠡᠭᠰᠡᠨ ᠴᠣᠩᠬᠤᠪᠴᠢ ᠶᠢ ᠭᠥᠯᠢᠶᠡᠨ ᠠᠪᠴᠤ ᠰᠢᠢᠳᠪᠦᠷᠢᠯᠡᠬᠦ ᠥᠭᠡᠷᠡᠴᠢᠯᠡᠯᠲᠡ ᠶᠢ | ᠦᠷᠭᠦᠯᠵᠢᠯᠡᠨ ᠭᠦᠨᠵᠡᠭᠡᠶᠢᠷᠡᠭᠦᠯᠦᠭᠰᠡᠨ ᠰᠠᠭᠤᠷᠢᠨ ᠳᠡᠭᠡᠷ᠎ᠡ᠂ ᠵᠦᠢᠯᠡᠰ ᠤᠨ ᠬᠦᠷᠢᠶ᠎ᠡ ᠴᠠᠷᠠᠭ᠎ᠠ ᠶᠢ ᠲᠥᠷᠥᠯ ᠬᠤᠪᠢᠶᠠᠬᠤ | ᠪᠤᠶᠤ ᠲᠣᠤᠷᠵᠢᠭᠤᠯᠤᠭᠰᠠᠨ ᠣᠷᠣᠨ ᠪᠦᠰᠡ ᠶᠢ ᠬᠤᠪᠢᠶᠠᠷᠢᠯᠠᠬᠤ ᠵᠡᠷᠭᠡ ᠠᠷᠭ᠎ᠠ ᠮᠠᠶ᠋ᠢᠭ ᠢ ᠠᠪᠴᠤ᠂ ᠶᠡᠷᠦᠩᠬᠡᠶᠢᠯᠡᠭᠰᠡᠨ | ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ ᠥᠭᠡᠷᠡᠴᠢᠯᠡᠯᠲᠡ ᠶᠢ ᠪᠠᠯᠭᠠᠰᠤ ︵ᠵᠡᠭᠡᠯᠢ ᠭᠤᠳᠤᠮᠵᠢ︶ ᠪᠠ ᠲᠣᠰᠬᠤᠨ | ︵ᠨᠡᠶᠢᠭᠡᠮ ᠲᠣᠭᠤᠷᠢᠭ︶ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ︵ᠥᠷᠲᠡᠭᠡ︶ ᠳᠠᠰᠢ | ᠤᠷᠲᠤᠳᠬᠠᠬᠤ ᠶᠢ ᠠᠬᠢᠭᠤᠯᠤᠨ᠂ ᠥᠪᠡᠷᠲᠡᠭᠡᠨ ᠵᠠᠰᠠᠬᠤ ᠣᠷᠣᠨ ᠤ ︽ᠶᠡᠷᠦᠩᠬᠡᠶᠢᠯᠡᠭᠰᠡᠨ ᠨᠢᠭᠡ ᠴᠣᠩᠬᠤᠪᠴᠢ ᠪᠠᠷ | ᠭᠥᠯᠢᠶᠡᠨ ᠠᠪᠴᠤ ᠰᠢᠢᠳᠪᠦᠷᠢᠯᠡᠬᠦ︾ ᠰᠢᠰᠲ᠋ᠧᠮ ᠪᠠ ︽ᠰᠠᠶᠢᠨ ᠮᠠᠭᠤ ᠶᠢ ᠦᠨᠡᠯᠡᠬᠦ︾ ᠰᠢᠰᠲ᠋ᠧᠮ ᠢ ᠪᠠᠯᠭᠠᠰᠤ ︵ᠵᠡᠭᠡᠯᠢ | ᠭᠤᠳᠤᠮᠵᠢ︶ ᠪᠠ ᠲᠣᠰᠬᠤᠨ ︵ᠨᠡᠶᠢᠭᠡᠮ ᠲᠣᠭᠤᠷᠢᠭ︶ ᠳᠤ ᠲᠠᠰ ᠳᠡᠰ ᠢᠶᠠᠷ ᠬᠡᠷᠡᠭᠯᠡᠬᠦ ᠶᠢ ᠠᠬᠢᠭᠤᠯᠤᠨ᠎ᠠ᠃ | ᠶᠡᠷᠦᠩᠬᠡᠶᠢᠯᠡᠭᠰᠡᠨ ᠴᠣᠩᠬᠤᠪᠴᠢ ᠶᠢᠨ ᠵᠢᠷᠤᠮᠵᠢᠭᠰᠠᠨ ᠠᠵᠢᠯᠯᠠᠭᠠᠨ ᠤ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ | ᠪᠦᠷᠢᠨᠰᠢᠬᠦᠯᠵᠦ᠂ ᠦᠨᠳᠦᠰᠦᠨ ᠱᠠᠲᠤᠨ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠵᠦᠢᠯᠡᠰ ᠤᠨ ︽ᠨᠢᠭᠡ | ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ᠂ ᠶᠡᠷᠦᠩᠬᠡᠶᠢᠯᠡᠭᠰᠡᠨ ᠦᠢᠯᠡᠴᠢᠯᠡᠭᠡ︾ ᠶᠢ ᠬᠡᠷᠡᠭᠵᠢᠭᠦᠯᠦᠨ᠂ ᠬᠤᠲᠠ᠂ | ᠲᠣᠭᠤᠷᠢᠭ᠂ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶ ᠤ ᠳᠥᠷᠪᠡᠨ ᠱᠠᠲᠤᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠠᠯᠠᠪᠤᠷ ᠭᠠᠵᠠᠷ ᠤᠨ ᠶᠡᠷᠦᠩᠬᠡᠶᠢᠯᠡᠭᠰᠡᠨ ᠴᠣᠩᠬᠤᠪᠴᠢ ᠪᠠᠷ ᠭᠥᠯᠢᠶᠡᠨ ᠠᠪᠴᠤ | ᠰᠢᠢᠳᠪᠦᠷᠢᠯᠡᠬᠦ ᠵᠠᠭᠪᠤᠷ ᠢ ᠪᠦᠷᠢᠨ ᠪᠦᠷᠬᠦᠭᠦᠯᠬᠦ ᠶᠢ ᠪᠡᠶᠡᠯᠡᠭᠦᠯᠦᠨ᠎ᠡ᠃ 2023 ᠣᠨ ᠤ ᠡᠴᠦᠰ ᠠᠴᠠ ᠡᠮᠦᠨ᠎ᠡ᠂ ᠬᠤᠲᠠ᠂ | ᠲᠣᠭᠤᠷᠢᠭ ᠬᠤᠶᠠᠷ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠣᠷᠣᠵᠤ ᠰᠠᠭᠤᠬᠤ ᠵᠦᠢᠯᠡᠰ ᠤᠨ | ᠶᠡᠷᠦᠩᠬᠡᠶᠢᠯᠡᠭᠰᠡᠨ ᠴᠣᠩᠬᠤᠪᠴᠢ ᠶᠢ ᠭᠥᠯᠢᠶᠡᠨ ᠠᠪᠴᠤ ᠰᠢᠢᠳᠪᠦᠷᠢᠯᠡᠬᠦ ᠨᠣᠷᠮ᠎ᠠ ᠶᠢ 95% ᠠᠴᠠ ᠳᠣᠤᠷ᠎ᠠ ᠪᠠᠶᠢᠯᠭᠠᠵᠤ | ᠪᠣᠯᠬᠤ ᠥᠬᠡᠶ᠂ ᠪᠠᠯᠭᠠᠰᠤ ︵ᠵᠡᠭᠡᠯᠢ ᠭᠤᠳᠤᠮᠵᠢ︶ ᠪᠠ ᠲᠣᠰᠬᠤᠨ ︵ᠨᠡᠶᠢᠭᠡᠮ ᠲᠣᠭᠤᠷᠢᠭ︶ ᠤ ᠠᠷᠠᠳ ᠲᠤ ᠲᠥᠬᠦᠮ | ᠦᠵᠡᠭᠦᠯᠬᠦ ᠦᠢᠯᠡᠴᠢᠯᠡᠭᠡᠨ ᠤ ᠲᠥᠪ ︵ᠥᠷᠲᠡᠭᠡ︶ ᠶᠢᠨ ᠣᠷᠣᠵᠤ ᠰᠠᠭᠤᠬᠤ ᠵᠦᠢᠯᠡᠰ ᠤᠨ ᠶᠡᠷᠦᠩᠬᠡᠶᠢᠯᠡᠭᠰᠡᠨ | ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ ᠨᠣᠷᠮ᠎ᠠ ᠶᠢ 90% ᠠᠴᠠ ᠳᠣᠤᠷ᠎ᠠ ᠪᠠᠶᠢᠯᠭᠠᠵᠤ ᠪᠣᠯᠬᠤ ᠥᠬᠡᠶ᠂ ᠡᠯ᠎ᠡ | ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠯᠠᠪᠤᠷ ᠤᠨ ︽ᠰᠠᠶᠢᠨ ᠮᠠᠭᠤ ᠶᠢ ᠦᠨᠡᠯᠡᠬᠦ︾ ᠳᠤ ᠮᠠᠰᠢ ᠬᠠᠨᠤᠮᠵᠢᠲᠠᠶ | ᠪᠠᠶᠢᠬᠤ ᠨᠣᠷᠮ᠎ᠠ ᠶᠢ 99% ᠠᠴᠠ ᠳᠣᠤᠷ᠎ᠠ ᠪᠠᠶᠢᠯᠭᠠᠵᠤ ᠪᠣᠯᠬᠤ ᠥᠬᠡᠶ᠃ ︵ᠲᠦᠷᠦᠭᠦᠯᠡᠬᠦ ᠰᠠᠯᠠᠭ᠎ᠠ ᠮᠥᠴᠢᠷ᠄ ᠡᠯ᠎ᠡ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︔ ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠲᠠ ᠶᠢᠨ ᠰᠢᠭᠤᠳ ᠬᠠᠷᠢᠶ᠎ᠠ | ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ︔ ᠪᠡᠶᠡᠯᠡᠭᠦᠯᠬᠦ ᠴᠠᠭ ᠤᠨ ᠬᠢᠵᠠᠭᠠᠷ᠄ 2023 ᠣᠨ ᠤ 9 ᠰᠠᠷ᠎ᠠ ᠶᠢᠨ 30 ᠤ | ᠡᠳᠦᠷ ᠠᠴᠠ ᠡᠮᠦᠨ᠎ᠡ︶ | 6. ︽ᠨᠢᠭᠡ ᠯᠡ ᠤᠳᠠᠭ᠎ᠠ ᠳᠤ ᠭᠦᠢᠴᠡᠳᠬᠡᠬᠦ︾ ᠦᠢᠯᠡᠴᠢᠯᠡᠭᠡ ᠶᠢ ᠭᠦᠨᠵᠡᠭᠡᠶ ᠬᠡᠷᠡᠭᠵᠢᠭᠦᠯᠦᠨ᠎ᠡ᠃ ᠨᠢᠭᠡ ᠳᠤ᠂ | ᠭᠡᠷᠡᠴᠢ ᠦᠨᠡᠮᠯᠡᠯ ᠢ ᠬᠠᠮᠲᠤᠷᠠᠨ ᠭᠦᠢᠴᠡᠳᠬᠡᠵᠦ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠶᠢ | ᠬᠡᠷᠡᠭᠵᠢᠭᠦᠯᠪᠡ᠃ ᠤᠷᠢᠳᠠᠪᠠᠷ ᠲᠤᠷᠰᠢᠯᠲᠠ ᠬᠢᠬᠦ᠂ ᠠᠯᠬᠤᠮ ᠠᠯᠬᠤᠮ ᠢᠶᠠᠷ ᠳᠡᠯᠭᠡᠷᠡᠭᠦᠯᠬᠦ ᠠᠷᠭ᠎ᠠ ᠮᠠᠶ᠋ᠢᠭ ᠢ ᠠᠪᠴᠤ᠂ | ᠬᠠᠶᠢᠷᠤᠪ ᠤᠨ ᠲᠣᠬᠤᠢ ᠲᠣᠭᠤᠷᠢᠭ ᠢ ᠰᠣᠩᠭᠤᠨ ᠲᠤᠷᠰᠢᠯᠲᠠ ᠶᠢᠨ ᠴᠡᠭ ᠪᠣᠯᠭᠠᠵᠤ᠂ ᠤᠷᠢᠳᠠᠪᠠᠷ ᠢᠳᠡᠭᠡᠨ ᠤ | ᠡᠵᠡᠩᠨᠡᠯᠲᠡ ᠶᠢᠨ ᠠᠵᠢᠯ ᠲᠥᠷᠥᠯ ᠠᠴᠠ ᠭᠠᠷᠳᠠᠵᠤ᠂ ᠲᠥᠬᠦᠮ ᠪᠥᠭᠡᠳ ᠲᠦᠭᠰᠢᠭᠦᠷᠢ ᠪᠠᠭᠠᠲᠠᠶ ᠠᠵᠤ ᠠᠬᠤᠶᠢᠯᠠᠯ ᠤᠨ | ᠵᠥᠪᠰᠢᠶᠡᠷᠡᠨ ᠣᠷᠣᠭᠤᠯᠬᠤ ᠡᠵᠡᠩᠨᠡᠯᠲᠡ ᠶᠢᠨ ᠵᠦᠢᠯᠡᠰ ᠢ ᠨᠠᠷᠢᠯᠢᠬᠵᠢᠭᠤᠯᠤᠨ ᠡᠮᠬᠢᠯᠡᠵᠦ᠂ ᠡᠵᠡᠩᠨᠡᠯᠲᠡ ᠶᠢᠨ ᠦᠨᠡᠮᠯᠡᠯ ᠢ | ᠵᠠᠬ᠎ᠠ ᠳᠡᠯᠭᠡᠭᠦᠷ ᠤᠨ ᠭᠤᠤᠯ ᠴᠣᠭᠴᠠ ᠯᠤᠭ᠎ᠠ ᠬᠠᠮᠢᠶ᠎ᠠ ᠪᠥᠬᠦᠶ ᠡᠵᠡᠩᠨᠡᠯᠲᠡ ᠶᠢᠨ ᠵᠥᠪᠰᠢᠶᠡᠷᠡᠯ ᠤᠨ ᠬᠢᠨᠠᠨ ᠵᠥᠪᠰᠢᠶᠡᠷᠡᠬᠦ | ᠵᠦᠢᠯᠡᠰ ᠬᠢᠭᠡᠳ ᠨᠢᠭᠡ ᠯᠡ ᠤᠳᠠᠭ᠎ᠠ ᠳᠤ ᠮᠡᠳᠡᠭᠳᠡᠬᠦ᠂ ᠵᠡᠷᠭᠡ ᠪᠠᠷ ᠭᠥᠯᠢᠶᠡᠨ ᠠᠪᠴᠤ ᠰᠢᠢᠳᠪᠦᠷᠢᠯᠡᠬᠦ᠂ ᠮᠠᠲ᠋ᠧᠷᠢᠶᠠᠯ ᠢ | ᠬᠠᠮᠲᠤ ᠪᠠᠷ ᠭᠥᠷᠳᠡᠬᠦ᠂ ᠴᠤᠪᠤᠷᠠᠯ ᠢ ᠴᠣᠮᠬᠠᠳᠬᠠᠬᠤ᠂ ᠨᠢᠭᠡᠳᠦᠯᠲᠡᠶ ᠦᠨᠡᠮᠯᠡᠯ ᠣᠯᠭᠤᠬᠤ᠂ ︽ᠨᠢᠭᠡ ᠢᠵᠢ ᠮᠠᠲ᠋ᠧᠷᠢᠶᠠᠯ᠂ | ᠨᠢᠭᠡ ᠰᠦᠯᠵᠢᠶ᠎ᠡ ᠪᠠᠷ ᠲᠠᠭᠯᠠᠨ ᠮᠡᠳᠡᠭᠦᠯᠬᠦ᠂ ᠨᠢᠭᠡ ᠯᠡ ᠤᠳᠠᠭ᠎ᠠ ᠳᠤ ᠭᠤᠶᠤᠴᠢᠯᠠᠬᠤ᠂ ᠨᠡᠶᠢᠯᠡᠭᠦᠯᠦᠨ ᠬᠢᠨᠠᠨ ᠵᠥᠪᠰᠢᠶᠡᠷᠡᠬᠦ᠂ | ᠴᠠᠭ ᠬᠢᠵᠠᠭᠠᠷᠯᠠᠨ ᠭᠦᠢᠴᠡᠳᠬᠡᠵᠦ ᠳᠠᠭᠤᠰᠬᠠᠬᠤ︾ ᠭᠡᠷᠡᠴᠢ ᠦᠨᠡᠮᠯᠡᠯ ᠢ ᠬᠠᠮᠲᠤᠷᠠᠨ ᠭᠦᠢᠴᠡᠳᠬᠡᠬᠦ ᠰᠢᠨ᠎ᠡ ᠵᠠᠭᠪᠤᠷ ᠢ ᠪᠣᠶ | ᠪᠣᠯᠭᠠᠵᠤ᠂ ᠢᠳᠡᠭᠡᠨ ᠤ ᠡᠵᠡᠩᠨᠡᠯᠲᠡ ᠶᠢᠨ ᠠᠵᠢᠯ ᠲᠥᠷᠥᠯ ᠳᠤ ᠵᠥᠪᠰᠢᠶᠡᠷᠡᠨ ᠣᠷᠣᠭᠤᠯᠬᠤ ᠶᠢ ᠲᠡᠷᠡ ᠳᠠᠷᠤᠶ ᠳᠤᠨᠢ | ᠡᠵᠡᠩᠨᠡᠬᠦ ᠶᠢ ᠪᠡᠶᠡᠯᠡᠭᠦᠯᠦᠨ᠎ᠡ᠃ ︵ᠲᠦᠷᠦᠭᠦᠯᠡᠬᠦ ᠰᠠᠯᠠᠭ᠎ᠠ ᠮᠥᠴᠢᠷ᠄ ᠡᠯ᠎ᠡ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ᠂ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠣᠪᠴᠢᠶ᠎ᠠ︔ ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠲᠠ ᠶᠢᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ | ᠮᠥᠴᠢᠷ︔ ᠪᠡᠶᠡᠯᠡᠭᠦᠯᠬᠦ ᠴᠠᠭ ᠤᠨ ᠬᠢᠵᠠᠭᠠᠷ᠄ 2023 ᠣᠨ ᠤ 10 ᠰᠠᠷ᠎ᠠ ᠶᠢᠨ 30 ᠤ ᠡᠳᠦᠷ ᠠᠴᠠ ᠡᠮᠦᠨ᠎ᠡ︶ | ᠬᠤᠶᠠᠷ ᠲᠤ᠂ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠥᠷᠭᠡᠴᠡ ᠪᠠ ᠭᠦᠨᠴᠡ ᠶᠢ | ᠤᠷᠲᠤᠳᠬᠠᠪᠠ᠃ ᠥᠪᠡᠷᠲᠡᠭᠡᠨ ᠵᠠᠰᠠᠬᠤ ᠣᠷᠣᠨ ᠠᠴᠠ 115 ︽ᠨᠢᠭᠡ ᠶᠠᠪᠤᠳᠠᠯ︾ ᠢ ᠬᠡᠷᠡᠭᠵᠢᠭᠦᠯᠦᠭᠰᠡᠨ ᠰᠠᠭᠤᠷᠢᠨ | ᠳᠡᠭᠡᠷ᠎ᠡ᠂ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠵᠦᠢᠯᠡᠰ ᠢ ᠳᠠᠬᠢᠨ ᠭᠠᠷᠭᠠᠭᠰᠠᠨ ᠪᠥᠭᠡᠳ | ᠨᠢᠭᠡᠨᠲᠡ ᠭᠠᠷᠭᠠᠭᠰᠠᠨ ︽ᠨᠢᠭᠡ ᠶᠠᠪᠤᠳᠠᠯ︾ ᠤᠨ ᠬᠤᠷᠠᠮᠠᠯ ᠥᠭᠡᠷᠡᠴᠢᠯᠡᠯᠲᠡ ᠶᠢ ᠪᠥᠬᠦ ᠲᠠᠯ᠎ᠠ ᠪᠠᠷ ᠵᠢᠷᠤᠮᠵᠢᠭᠤᠯᠵᠤ᠂ | ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠠᠭᠤᠰᠤᠯᠴᠠᠭᠤᠯᠤᠨ ᠭᠦᠢᠴᠡᠳᠬᠡᠬᠦ᠂ ᠪᠥᠬᠦ ᠬᠤᠲᠠ ᠶᠢᠨ ᠬᠦᠷᠢᠶ᠎ᠡ | ᠬᠡᠪᠴᠢᠶ᠎ᠡ ᠶᠢ ᠠᠳᠠᠯᠢ ᠪᠠᠷᠢᠮᠵᠢᠶ᠎ᠠ ᠪᠠᠷ ᠭᠦᠢᠴᠡᠳᠭᠡᠬᠦ ᠶᠢ ᠠᠬᠢᠭᠤᠯᠤᠨ᠂ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ | ᠭᠦᠢᠴᠡᠳᠬᠡᠬᠦ︾ ᠵᠦᠢᠯᠡᠰ ᠢ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶ ᠳᠤ ᠭᠦᠨᠵᠡᠭᠡᠶᠢᠷᠡᠨ | ᠭᠦᠢᠴᠡᠳᠭᠡᠬᠦ ᠶᠢ ᠠᠬᠢᠭᠤᠯᠵᠤ᠂ ᠨᠠᠩ ᠣᠯᠠᠨ ᠵᠦᠢᠯᠡᠰ ᠢ ︽ᠲᠥᠪᠯᠡᠷᠡᠭᠦᠯᠦᠨ ᠭᠦᠢᠴᠡᠳᠬᠡᠬᠦ︾᠂ ︽ᠳᠠᠭᠠᠭᠠᠨ | ᠭᠦᠢᠴᠡᠳᠬᠡᠬᠦ︾᠂ ︽ᠨᠢᠭᠡ ᠯᠡ ᠤᠳᠠᠭ᠎ᠠ ᠳᠤ ᠭᠦᠢᠴᠡᠳᠬᠡᠬᠦ︾ ᠶᠢ ᠪᠡᠶᠡᠯᠡᠭᠦᠯᠦᠨ᠎ᠡ᠃ ︵ᠲᠦᠷᠦᠭᠦᠯᠡᠬᠦ ᠰᠠᠯᠠᠭ᠎ᠠ ᠮᠥᠴᠢᠷ᠄ | ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︔ ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠲᠠ ᠶᠢᠨ ᠰᠢᠭᠤᠳ | ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ︔ ᠪᠡᠶᠡᠯᠡᠭᠦᠯᠬᠦ ᠴᠠᠭ ᠤᠨ ᠬᠢᠵᠠᠭᠠᠷ᠄ 2023 ᠣᠨ ᠤ 10 ᠰᠠᠷ᠎ᠠ ᠶᠢᠨ | 30 ᠤ ᠡᠳᠦᠷ ᠠᠴᠠ ᠡᠮᠦᠨ᠎ᠡ︶ | 7 ︽ᠣᠷᠣᠨ ᠪᠦᠰᠡ ᠠᠯᠤᠰᠯᠠᠨ ᠭᠦᠢᠴᠡᠳᠬᠡᠬᠦ︾ ᠦᠢᠯᠡᠴᠢᠯᠡᠭᠡᠨ ᠢ ᠭᠦᠨᠵᠡᠭᠡᠶ ᠶᠠᠪᠤᠭᠤᠯᠬᠤ ᠬᠡᠷᠡᠭᠲᠡᠶ᠃ ︽ᠮᠤᠵᠢ | ᠠᠯᠤᠰᠯᠠᠨ ᠨᠡᠶᠢᠳᠡᠮ ᠭᠦᠢᠴᠡᠳᠭᠡᠬᠦ︾ ᠪᠠ ︽ᠪᠥᠬᠦ ᠣᠷᠣᠨ ᠳᠤ ᠨᠡᠶᠢᠳᠡᠮ ᠭᠦᠢᠴᠡᠳᠭᠡᠬᠦ︾ ᠪᠠᠶᠢᠷᠢᠯᠠᠭᠤᠯᠤᠯᠲᠠ ᠶᠢᠨ | ᠱᠠᠭᠠᠷᠳᠠᠯᠭ᠎ᠠ ᠶᠣᠰᠣᠭᠠᠷ᠂ ᠤᠯᠤᠰ ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ︽ᠮᠤᠵᠢ ᠠᠯᠤᠰᠯᠠᠨ ᠨᠡᠶᠢᠳᠡᠮ ᠭᠦᠢᠴᠡᠳᠭᠡᠬᠦ︾ ᠵᠦᠢᠯᠡᠰ ᠤᠨ ᠨᠠᠷᠢᠨ ᠬᠠᠭᠤᠳᠠᠰᠤ ᠶᠢ ᠬᠢᠨᠠᠮᠠᠭᠠᠶ ᠨᠠᠶᠢᠳᠠᠪᠤᠷᠢᠵᠢᠭᠤᠯᠤᠭᠰᠠᠨ | ᠰᠠᠭᠤᠷᠢᠨ ᠳᠡᠭᠡᠷ᠎ᠡ᠂ ᠬᠤᠲᠠ ᠶᠢᠨ ᠪᠥᠭᠡᠮᠨᠡᠷᠡᠯ ᠤᠨ ᠬᠤᠲᠠ ᠲᠣᠭᠤᠷᠢᠭ ᠢ ᠨᠢᠭᠡ ᠴᠤᠭᠴᠠᠵᠢᠭᠤᠯᠤᠨ ᠬᠥᠭᠵᠢᠭᠦᠯᠬᠦ᠂ ᠭᠤᠤᠯ | ᠪᠣᠯᠬᠤ ᠬᠥᠳᠡᠯᠮᠦᠷᠢ ᠦᠢᠯᠡᠴᠢᠯᠡᠭᠡ ᠶᠢ ᠣᠷᠣᠭᠤᠯᠵᠤ ᠭᠠᠷᠭᠠᠬᠤ ᠭᠠᠵᠠᠷ ᠣᠷᠣᠨ ᠤ ᠬᠠᠮᠵᠢᠯᠴᠠᠭ᠎ᠠ᠂ ᠬᠥᠷᠰᠢ ᠵᠡᠷᠭᠡᠯᠡᠳᠡᠭᠡ | ᠭᠠᠵᠠᠷ ᠣᠷᠣᠨ ᠤ ᠰᠣᠯᠢᠯᠴᠠᠭ᠎ᠠ ᠬᠠᠮᠲᠤᠷᠠᠯᠴᠠᠭ᠎ᠠ ᠵᠡᠷᠭᠡ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ | ᠡᠷᠬᠢᠨ ᠲᠣᠭᠤᠷᠢᠨ ᠤ ᠮᠤᠵᠢ ᠬᠤᠲᠠ᠂ ᠥᠪᠡᠷᠲᠡᠭᠡᠨ ᠵᠠᠰᠠᠬᠤ ᠣᠷᠣᠨ ᠤ ᠪᠤᠰᠤᠳ ᠠᠶᠢᠮᠠᠭ ᠬᠤᠲᠠ ᠯᠤᠭ᠎ᠠ ︽ᠮᠤᠵᠢ | ᠠᠯᠤᠰᠯᠠᠨ ᠨᠡᠶᠢᠳᠡᠮ ᠭᠦᠢᠴᠡᠳᠭᠡᠬᠦ︾ ᠪᠠ ︽ᠪᠥᠬᠦ ᠣᠷᠣᠨ ᠳᠤ ᠨᠡᠶᠢᠳᠡᠮ ᠭᠦᠢᠴᠡᠳᠭᠡᠬᠦ︾ ᠬᠦᠷᠢᠶ᠎ᠡ ᠬᠡᠪᠴᠢᠶ᠎ᠡ ᠪᠠ | ᠭᠦᠨᠴᠡ ᠶᠢ ᠰᠠᠨᠠᠭᠠᠴᠢᠯᠠᠭ᠎ᠠ ᠠᠴᠠ ᠪᠠᠨ ᠥᠷᠭᠡᠳᠬᠡᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠠᠶᠢᠵᠢ ᠶᠢᠨ | ᠲᠣᠭᠤᠷᠢᠭ︾ ᠢ ᠢᠳᠡᠪᠬᠢᠲᠡᠶ ᠪᠠᠷ ᠥᠷᠭᠡᠳᠬᠡᠨ᠎ᠡ᠃ ᠠᠵᠤ ᠠᠬᠤᠶᠢᠯᠠᠯ ᠪᠠ ᠣᠯᠠᠨ ᠲᠦᠮᠡᠨ ᠤ ᠠᠩᠬᠠᠷᠴᠤ ᠪᠠᠶᠢᠭ᠎ᠠ ᠥᠨᠳᠥᠷ | ᠳᠠᠪᠲᠠᠮᠵᠢᠲᠤ ᠵᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ︽ᠪᠥᠬᠦ ᠬᠤᠲᠠ ᠶᠢᠨ ᠨᠡᠶᠢᠳᠡᠮ ᠭᠦᠶ᠋ᠴᠡᠳᠬᠡᠬᠦ︾ ᠵᠦᠶ᠋ᠯᠡᠰ ᠤᠨ | ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠵᠦᠶ᠋ᠯᠡᠰ ᠢ ᠭᠦᠶ᠋ᠴᠡᠳᠬᠡᠬᠦ ᠴᠤᠪᠤᠷᠠᠯ ᠬᠢᠭᠡᠳ ᠠᠵᠢᠯ ᠶᠠᠪᠤᠳᠠᠯ ᠭᠦᠶ᠋ᠴᠡᠳᠬᠡᠬᠦ | ᠵᠦᠭᠯᠡᠭᠦᠷ ᠢ ᠨᠢᠭᠡᠳᠬᠡᠨ᠂ ᠠᠳᠠᠯᠢ ᠨᠢᠭᠡᠨ ᠵᠦᠶ᠋ᠯᠡᠰ ᠢ ᠪᠥᠬᠦ ᠬᠤᠲᠠ ᠶᠢᠨ ᠠᠳᠠᠯᠢ ᠪᠤᠰᠤ ᠣᠷᠣᠨ ᠪᠦᠰᠡ ᠳᠤ ᠢᠯᠭᠠᠭ᠎ᠠ | ᠥᠬᠡᠶ ᠭᠥᠯᠢᠶᠡᠨ ᠠᠪᠴᠤ ᠰᠢᠶ᠋ᠳᠪᠦᠷᠢᠯᠡᠬᠦ᠂ ᠠᠳᠠᠯᠢ ᠪᠠᠷᠢᠮᠵᠢᠶ᠎ᠠ ᠪᠠᠷ ᠰᠢᠶ᠋ᠳᠪᠦᠷᠢᠯᠡᠬᠦ ᠶᠢ ᠪᠡᠶᠡᠯᠡᠭᠦᠯᠦᠨ᠎ᠡ᠃ ︵ᠲᠦᠷᠦᠭᠦᠯᠡᠬᠦ | ᠰᠠᠯᠠᠭ᠎ᠠ ᠮᠥᠴᠢᠷ᠄ ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︔ ᠬᠠᠷᠢᠭᠤᠴᠠᠯᠭᠠᠲᠤ ᠰᠠᠯᠠᠭ᠎ᠠ ᠮᠥᠴᠢᠷ᠄ | ᠬᠤᠲᠠ ᠶᠢᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ︔ ᠪᠡᠶᠡᠯᠡᠭᠦᠯᠬᠦ ᠴᠠᠭ ᠤᠨ ᠬᠢᠵᠠᠭᠠᠷ᠄ 2023 | ᠣᠨ ᠤ 11 ᠳ᠋ᠦ᠋ᠭᠡᠷ ᠰᠠᠷ᠎ᠠ ᠶᠢᠨ 30 ᠤ ᠡᠳᠦᠷ ᠠᠴᠠ ᠡᠮᠦᠨ᠎ᠡ︶ | ︵ᠭᠤᠷᠪᠠ︶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ | ᠬᠡᠷᠡᠭᠵᠢᠭᠦᠯᠵᠦ᠂ ᠦᠢᠯᠡᠴᠢᠯᠡᠭᠡ ᠨᠢ ᠰᠡᠳᠬᠢᠯ ᠵᠢᠷᠦᠬᠡ ᠪᠠᠨ ᠬᠤᠯᠪᠣᠵᠤ ᠤᠴᠢᠷ ᠶᠠᠪᠤᠳᠠᠯ ᠰᠢᠢᠳᠪᠦᠷᠢᠯᠡᠬᠦ ᠠᠭᠤᠷ | ᠠᠮᠢᠰᠬᠤᠯ ᠢ ᠬᠦᠴᠦᠯᠡᠨ ᠪᠤᠢ ᠪᠣᠯᠭᠠᠨ᠎ᠠ᠃ | 8. ︽ᠳᠣᠷᠣᠭᠰᠢ ᠪᠠᠭᠤᠯᠭᠠᠵᠤ ᠭᠦᠢᠴᠡᠳᠬᠡᠬᠦ︾ ᠦᠢᠯᠡᠴᠢᠯᠡᠭᠡ ᠶᠢ ᠯᠠᠪᠳᠠᠭᠤᠨ ᠪᠠᠲᠤᠲᠠᠶ ᠬᠡᠷᠡᠭᠵᠢᠭᠦᠯᠦᠨ᠎ᠡ᠃ | ᠦᠢᠯᠡᠴᠢᠯᠡᠭᠡᠨ ᠤ ᠠᠵᠤ ᠠᠬᠤᠶᠢᠯᠠᠯ ᠢᠶᠠᠷ ᠬᠠᠷᠠᠯᠲᠠ ᠪᠣᠯᠭᠠᠨ᠂ ︽ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ + | ᠨᠡᠭᠡᠭᠡᠯᠲᠡ ᠶᠢᠨ ᠲᠣᠭᠤᠷᠢᠭ︾ ᠤᠨ ᠦᠢᠯᠡᠴᠢᠯᠡᠭᠡᠨ ᠤ ᠵᠠᠭᠪᠤᠷ ᠢ ᠭᠦᠨᠵᠡᠭᠡᠶᠢᠷᠡᠭᠦᠯᠵᠦ᠂ ᠭᠠᠵᠠᠷ ᠣᠷᠣᠨ ᠤ ᠠᠵᠤ | ᠦᠢᠯᠡᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ | ᠬᠦᠷᠢᠶᠡᠯᠡᠩ ᠲᠣᠭᠤᠷᠢᠭ ᠤᠨ ᠠᠵᠢᠯ ᠶᠠᠪᠤᠳᠠᠯ ᠭᠦᠢᠴᠡᠳᠬᠡᠬᠦ ᠦᠢᠯᠡᠴᠢᠯᠡᠭᠡᠨ ᠤ ᠲᠢᠩᠬᠢᠮ ᠢ ᠪᠠᠶᠢᠭᠤᠯᠵᠤ᠂ ᠬᠢᠨᠠᠨ | ᠵᠥᠪᠰᠢᠶᠡᠷᠡᠬᠦ ᠰᠠᠯᠠᠭ᠎ᠠ ᠮᠥᠴᠢᠷ ᠤᠳ ᠳᠣᠷᠣᠭᠰᠢ ᠪᠠᠭᠤᠯᠭᠠᠬᠤ ᠶᠢ ᠥᠨᠳᠥᠷ ᠳᠠᠪᠲᠠᠮᠵᠢᠲᠤ ᠬᠢᠨᠠᠨ ᠵᠥᠪᠰᠢᠶᠡᠷᠡᠬᠦ ᠵᠦᠢᠯᠡᠰ ᠢ | ᠳᠣᠷᠣᠭᠰᠢ ᠪᠠᠭᠤᠯᠭᠠᠬᠤ ᠪᠤᠶᠤ ᠬᠢᠨᠠᠨ ᠵᠥᠪᠰᠢᠶᠡᠷᠡᠬᠦ ᠠᠵᠢᠯᠲᠠᠨ ᠢ ᠲᠣᠮᠢᠯᠠᠨ ᠰᠠᠭᠤᠯᠭᠠᠬᠤ ᠵᠡᠷᠭᠡ ᠬᠡᠯᠪᠡᠷᠢ ᠪᠠᠷ | ᠳᠠᠮᠵᠢᠭᠤᠯᠤᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠬᠦᠷᠢᠶᠡᠯᠡᠩ ᠲᠣᠭᠤᠷᠢᠭ ᠲᠤ ᠪᠠᠭᠤᠯᠭᠠᠨ | ᠭᠦᠢᠴᠡᠳᠬᠡᠬᠦ ᠶᠢ ᠠᠬᠢᠭᠤᠯᠵᠤ᠂ ᠬᠦᠷᠢᠶᠡᠯᠡᠩ ᠲᠣᠭᠤᠷᠢᠭ ᠤᠨ ᠬᠡᠷᠡᠭ ᠶᠠᠪᠤᠳᠠᠯ ᠤᠨ ᠬᠦᠷᠢᠶᠡᠯᠡᠩ ᠲᠣᠭᠤᠷᠢᠭ ᠢ ᠲᠣᠭᠲᠠᠭᠠᠬᠤ᠂ | ᠬᠦᠷᠢᠶᠡᠯᠡᠩ ᠲᠣᠭᠤᠷᠢᠭ ᠤᠨ ᠬᠡᠷᠡᠭ ᠶᠠᠪᠤᠳᠠᠯ ᠤᠨ ᠬᠦᠷᠢᠶᠡᠯᠡᠩ ᠲᠣᠭᠤᠷᠢᠭ ᠢ ᠭᠦᠢᠴᠡᠳᠬᠡᠬᠦ ᠶᠢ ᠪᠡᠶᠡᠯᠡᠭᠦᠯᠦᠨ᠎ᠡ᠃ | ︽ᠲᠣᠭᠤᠷᠢᠭ ᠤᠨ ᠳᠠᠷᠤᠭ᠎ᠠ ᠶᠢᠨ ᠦᠢᠯᠡᠴᠢᠯᠡᠭᠡᠨ ᠤ ᠡᠳᠦᠷ︾ ᠤᠨ ᠠᠵᠢᠯ ᠤᠨ ᠲᠣᠭᠲᠠᠴᠠ ᠶᠢ ᠪᠥᠬᠦ ᠲᠠᠯ᠎ᠠ ᠪᠠᠷ | ᠬᠡᠷᠡᠭᠵᠢᠭᠦᠯᠵᠦ᠂ ᠠᠵᠤ ᠠᠬᠤᠶᠢᠯᠠᠯ ᠳᠤ ᠪᠠᠶᠢᠩᠭᠤᠵᠢᠭᠤᠯᠤᠨ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠤᠨ | ᠦᠢᠯᠡᠳᠪᠦᠷᠢᠯᠡᠯ ᠡᠵᠡᠩᠨᠡᠯᠲᠡ ᠶᠢᠨ ᠳᠤᠮᠳᠠᠬᠢ ᠬᠦᠴᠢᠷᠳᠡᠯ ᠪᠠ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠵᠣᠬᠢᠴᠠᠭᠤᠯᠤᠨ | ᠰᠢᠢᠳᠪᠦᠷᠢᠯᠡᠵᠦ᠂ ᠠᠵᠤ ᠠᠬᠤᠶᠢᠯᠠᠯ ᠢ ᠬᠡᠷ ᠲᠤᠨᠢ ᠬᠦᠷᠴᠦ ᠲᠤᠰᠠᠯᠠᠮᠵᠢ ᠭᠤᠶᠤᠵᠤ ᠪᠠᠶᠢᠭᠠᠳ ᠵᠠᠰᠠᠭ ᠤᠨ ᠣᠷᠳᠣᠨ ᠤ | ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠳᠤ ᠦᠢᠯᠡᠴᠢᠯᠡᠭᠦᠯᠦᠨ᠎ᠡ᠃ ᠤᠷᠢᠳᠠᠴᠢ ᠦᠢᠯᠡᠴᠢᠯᠡᠭᠡᠨ ᠤ ᠠᠵᠢᠯ ᠤᠨ | ᠲᠣᠭᠲᠠᠴᠠ ᠶᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠣᠷᠣᠯᠠᠨ | ᠭᠦᠢᠴᠡᠳᠬᠡᠬᠦ ᠬᠠᠪᠰᠤᠷᠤᠨ ᠭᠦᠢᠴᠡᠳᠬᠡᠬᠦ ᠦᠢᠯᠡᠴᠢᠯᠡᠭᠡᠨ ᠤ ᠲᠤᠰᠬᠠᠶ ᠲᠤᠰᠢᠶᠠᠯᠲᠠᠨ᠂ ᠨᠢᠭᠡ ᠠᠵᠤ ᠠᠬᠤᠶᠢᠯᠠᠯ ᠨᠢᠭᠡ | ᠲᠠᠩᠰᠠ ᠡᠪᠬᠡᠮᠡᠯ ᠵᠡᠷᠭᠡ ᠲᠣᠭᠲᠠᠴᠠ ᠶᠢ ᠪᠦᠷᠢᠨᠰᠢᠬᠦᠯᠵᠦ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥᠯ | ᠵᠦᠢᠯ ᠤᠨ ᠰᠠᠨᠠᠭᠠᠴᠢᠯᠠᠭ᠎ᠠ ᠠᠴᠠ ᠪᠠᠨ ᠵᠣᠯᠭᠠᠭᠤᠯᠬᠤ ᠦᠢᠯᠡᠴᠢᠯᠡᠭᠡ ᠶᠢ ᠴᠢᠩᠭᠠᠷᠠᠭᠤᠯᠤᠨ᠂ ᠣᠷᠣᠯᠠᠨ ᠭᠦᠢᠴᠡᠳᠬᠡᠬᠦ | ᠬᠠᠪᠰᠤᠷᠤᠨ ᠭᠦᠢᠴᠡᠳᠬᠡᠬᠦ ᠦᠢᠯᠡᠴᠢᠯᠡᠭᠡᠨ ᠤ ᠲᠠᠰ ᠳᠡᠪᠰᠢᠬᠦ ᠶᠢ ᠠᠬᠢᠭᠤᠯᠤᠨ᠎ᠠ᠃ ︵ᠲᠦᠷᠦᠭᠦᠯᠡᠬᠦ ᠰᠠᠯᠠᠭ᠎ᠠ ᠮᠥᠴᠢᠷ᠄ | ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠦᠬᠠᠶ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ | ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︔ ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠲᠠ ᠶᠢᠨ | ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ︔ ᠪᠡᠶᠡᠯᠡᠭᠦᠯᠬᠦ ᠴᠠᠭ ᠤᠨ ᠬᠢᠵᠠᠭᠠᠷ᠄ 2023 ᠣᠨ ᠤ 12 | ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ︶ | 9. ︽ᠬᠠᠪᠰᠤᠷᠤᠨ ᠣᠷᠣᠯᠠᠨ ᠭᠦᠢᠴᠡᠳᠬᠡᠬᠦ︾ ᠦᠢᠯᠡᠴᠢᠯᠡᠭᠡ ᠶᠢ ᠯᠠᠪᠳᠠᠭᠤᠨ ᠪᠠᠲᠤᠲᠠᠢ ᠬᠡᠷᠡᠭᠵᠢᠭᠦᠯᠦᠨ᠎ᠡ᠃ | ᠣᠯᠠᠨ ᠲᠦᠮᠡᠨ ᠳᠤ ᠦᠶ᠋ᠯᠡᠴᠢᠯᠡᠬᠦ ᠪᠠᠷ ᠬᠠᠷᠠᠯᠲᠠ ᠪᠣᠯᠭᠠᠵᠤ᠂ ᠦᠨᠳᠦᠰᠦᠨ ᠱᠠᠲᠤᠨ ᠤ ᠠᠷᠠᠳ ᠲᠤ ᠲᠥᠬᠦᠮ ᠦᠵᠡᠭᠦᠯᠬᠦ | ᠬᠠᠪᠰᠤᠷᠤᠨ ᠭᠦᠶ᠋ᠴᠡᠳᠬᠡᠬᠦ ᠣᠷᠣᠯᠠᠨ ᠭᠦᠶ᠋ᠴᠡᠳᠬᠡᠬᠦ ᠦᠶ᠋ᠯᠡᠴᠢᠯᠡᠭᠡᠨ ᠤ ᠳᠥᠷᠪᠡᠨ ᠱᠠᠲᠤᠨ ᠤ ᠰᠢᠰᠲ᠋ᠧᠮᠵᠢ ᠶᠢᠨ | ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ᠦᠨᠳᠦᠰᠦᠨ ᠱᠠᠲᠤᠨ ᠤ 89 ᠵᠦᠶ᠋ᠯ ᠤᠨ ᠬᠠᠪᠰᠤᠷᠤᠨ ᠭᠦᠶ᠋ᠴᠡᠳᠬᠡᠬᠦ | ᠣᠷᠣᠯᠠᠨ ᠭᠦᠶ᠋ᠴᠡᠳᠬᠡᠬᠦ ᠵᠦᠶ᠋ᠯᠡᠰ ᠢ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠨᠠᠰᠤᠵᠢᠯ ᠤᠨ ᠠᠰᠠᠷᠠᠮᠵᠢ ᠶᠢᠨ ᠦᠶ᠋ᠯᠡᠴᠢᠯᠡᠭᠡ᠂ | ᠨᠡᠶᠢᠭᠡᠮ ᠤᠨ ᠳᠠᠭᠠᠳᠬᠠᠯ᠂ ᠡᠮᠴᠢᠯᠡᠭᠡ ᠡᠷᠡᠭᠦᠯ ᠬᠠᠮᠠᠭᠠᠯᠠᠯ ᠵᠡᠷᠭᠡ ᠣᠯᠠᠨ ᠲᠦᠮᠡᠨ ᠤ ᠦᠶ᠋ᠯᠡᠳᠪᠦᠷᠢᠯᠡᠯ ᠠᠮᠢᠳᠤᠷᠠᠯ ᠲᠠᠢ | ᠨᠢᠭᠲᠠ ᠬᠤᠯᠪᠣᠭ᠎ᠠ ᠲᠠᠢ ᠬᠦᠷᠢᠶ᠎ᠡ ᠶᠢᠨ ᠲᠣᠭᠤᠷᠢᠨ ᠳᠤ ᠬᠠᠪᠰᠤᠷᠤᠨ ᠭᠦᠶ᠋ᠴᠡᠳᠬᠡᠬᠦ ᠣᠷᠣᠯᠠᠨ ᠭᠦᠶ᠋ᠴᠡᠳᠬᠡᠬᠦ ᠵᠦᠶ᠋ᠯᠡᠰ ᠤᠨ | ᠨᠠᠷᠢᠨ ᠲᠠᠩᠰᠠ ᠶᠢ ᠬᠥᠳᠡᠯᠦᠩᠭᠦᠶ ᠪᠠᠷ ᠳᠣᠭᠢᠷᠠᠭᠤᠯᠵᠤ᠂ ᠣᠯᠠᠨ ᠲᠦᠮᠡᠨ ᠤ ᠪᠠᠶᠢᠩᠭᠤ ᠭᠦᠶ᠋ᠴᠡᠳᠬᠡᠵᠦ ᠳᠡᠶᠢᠯᠬᠦ ᠣᠯᠠᠨ | ᠨᠡᠶᠢᠲᠡ ᠶᠢᠨ ᠦᠶ᠋ᠯᠡᠴᠢᠯᠡᠭᠡᠨ ᠤ ᠵᠦᠶ᠋ᠯᠡᠰ ᠢ ᠬᠠᠪᠰᠤᠷᠤᠨ ᠭᠦᠶ᠋ᠴᠡᠳᠬᠡᠬᠦ ᠣᠷᠣᠯᠠᠨ ᠭᠦᠶ᠋ᠴᠡᠳᠬᠡᠬᠦ ᠬᠡᠯᠪᠡᠷᠢ ᠪᠠᠷ ᠠᠷᠠᠳ ᠲᠤ | ᠲᠥᠬᠦᠮ ᠦᠵᠡᠭᠦᠯᠬᠦ ᠦᠶ᠋ᠯᠡᠴᠢᠯᠡᠭᠡᠨ ᠤ ᠲᠥᠪ ︵ᠥᠷᠲᠡᠭᠡ︶ ᠳᠠᠰᠢ ᠤᠷᠲᠤᠳᠬᠠᠬᠤ ᠶᠢ ᠦᠷᠭᠦᠯᠵᠢᠯᠡᠨ ᠠᠬᠢᠭᠤᠯᠵᠤ᠂ | ᠬᠠᠪᠰᠤᠷᠤᠨ ᠭᠦᠶ᠋ᠴᠡᠳᠬᠡᠬᠦ ᠣᠷᠣᠯᠠᠨ ᠭᠦᠶ᠋ᠴᠡᠳᠬᠡᠬᠦ ᠦᠶ᠋ᠯᠡᠴᠢᠯᠡᠭᠡᠨ ᠤ ᠬᠡᠪᠴᠢᠶ᠎ᠡ ᠶᠢ ᠲᠠᠰᠤᠷᠠᠯᠲᠠ ᠥᠬᠡᠶ ᠥᠷᠭᠡᠳᠬᠡᠨ᠎ᠡ᠃ | ᠦᠢᠯᠡᠴᠢᠯᠡᠭᠡᠨ ᠤ ᠠᠷᠭ᠎ᠠ ᠵᠠᠮ ᠢ ᠥᠷᠭᠡᠳᠬᠡᠬᠦ ᠶᠢ ᠴᠢᠬᠤᠯᠠᠴᠢᠯᠠᠵᠤ᠂ ︽ᠣᠷᠣᠨ ᠪᠦᠰᠡ ᠠᠯᠤᠰᠯᠠᠨ ᠬᠠᠪᠰᠤᠷᠤᠨ | ᠭᠦᠢᠴᠡᠳᠬᠡᠬᠦ ᠣᠷᠣᠯᠠᠨ ᠭᠦᠢᠴᠡᠳᠬᠡᠬᠦ︾᠂ ︽ᠢᠯᠡᠭᠡᠬᠦ + ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ︾ ︽ᠠᠯᠤᠰ | ᠡᠵᠡᠮᠰᠢᠯᠲᠦ ᠸᠢᠳᠢᠣ᠋ + ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ︾ ᠵᠡᠷᠭᠡ ᠰᠢᠨ᠎ᠡ ᠶᠢ ᠡᠭᠦᠳᠬᠦ | ᠦᠢᠯᠡᠴᠢᠯᠡᠭᠡ ᠶᠢ ᠢᠳᠡᠪᠬᠢᠲᠡᠢ ᠰᠦᠪᠡᠭᠴᠢᠯᠡᠵᠦ᠂ ᠪᠠᠩᠬᠢ ᠶᠢᠨ ᠲᠣᠣᠷ ᠴᠢᠬ ᠢ ᠦᠨᠳᠦᠰᠦᠨ ᠱᠠᠲᠤᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠣᠷᠣᠯᠠᠨ ᠭᠦᠢᠴᠡᠳᠬᠡᠬᠦ ᠴᠡᠭ ᠪᠣᠯᠭᠠᠨ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡ | ᠥᠷᠨᠢᠭᠦᠯᠬᠦ ᠶᠢ ᠠᠬᠢᠭᠤᠯᠤᠨ᠎ᠠ᠃ ᠦᠨᠳᠦᠰᠦᠨ ᠱᠠᠲᠤᠨ ᠤ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠶᠢ ᠲᠠᠰᠤᠷᠠᠯᠲᠠ ᠦᠭᠡᠢ | ᠥᠷᠭᠡᠳᠬᠡᠵᠦ᠂ ᠲᠠᠷᠢᠶᠠᠯᠠᠬᠤ ᠣᠷᠣᠨ᠂ ᠨᠡᠶᠢᠭᠡᠮ ᠲᠣᠭᠤᠷᠢᠭ ᠤᠨ ᠬᠡᠷᠡᠭ ᠶᠠᠪᠤᠳᠠᠯ ᠢ ᠭᠦᠢᠴᠡᠳᠬᠡᠬᠦ ᠵᠥᠷᠢᠶ᠎ᠡ ᠶᠢᠨ ᠬᠦᠴᠦᠨ | ᠵᠦᠢᠯ ᠢ ᠭᠦᠢᠴᠡᠳ ᠪᠣᠳᠣᠯᠬᠢᠯᠠᠨ᠂ ᠵᠦᠢᠯᠡᠰ ᠢ ᠳᠣᠷᠣᠭᠰᠢ ᠪᠠᠭᠤᠯᠭᠠᠬᠤ᠂ ᠣᠷᠣᠯᠠᠨ ᠬᠤᠷᠢᠶᠠᠵᠤ ᠣᠷᠣᠯᠠᠨ ᠭᠦᠢᠴᠡᠳᠬᠡᠬᠦ | ᠵᠢᠴᠢ ᠥᠪᠡᠰᠦᠪᠡᠨ ᠦᠢᠯᠡᠴᠢᠯᠡᠬᠦ ᠦᠵᠦᠭᠦᠷ ᠢ ᠳᠣᠷᠣᠭᠰᠢ ᠪᠠᠭᠤᠯᠭᠠᠬᠤ ᠵᠡᠷᠭᠡ ᠠᠷᠭ᠎ᠠ ᠮᠠᠶ᠋ᠢᠭ ᠢ ᠠᠪᠴᠤ᠂ ᠭᠠᠵᠠᠷ | ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠪᠠᠯᠭᠠᠰᠤ ︵ᠵᠡᠭᠡᠯᠢ | ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶ ᠲᠡᠰᠢ ᠤᠷᠲᠤᠳᠬᠠᠬᠤ ᠶᠢ ᠲᠦᠯᠬᠢᠨ ᠠᠬᠢᠭᠤᠯᠵᠤ᠂ ᠥᠨᠳᠥᠷ | ᠪᠦᠲᠦᠮᠵᠢᠲᠡᠶ ᠪᠥᠭᠡᠳ ᠳᠥᠭᠦᠮ ᠳᠥᠲᠡ ︽ᠠᠷᠪᠠᠨ ᠲᠠᠪᠤᠨ ᠮᠢᠨᠦ᠋ᠲ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠬᠦᠷᠢᠶ᠎ᠡ︾ ᠶᠢ ᠪᠦᠬᠦ ᠬᠦᠴᠦᠨ ᠢᠶᠠᠷ ᠢᠶᠠᠨ ᠪᠤᠶ ᠪᠣᠯᠭᠠᠨ᠎ᠠ᠃ ︵ᠲᠦᠷᠦᠭᠦᠯᠡᠬᠦ ᠰᠠᠯᠠᠭ᠎ᠠ ᠮᠥᠴᠢᠷ᠄ ᠡᠯ᠎ᠡ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ︔ ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠲᠠ ᠶᠢᠨ ᠰᠢᠭᠤᠳ ᠬᠠᠷᠢᠶ᠎ᠠ ᠡᠯ᠎ᠡ ᠬᠠᠮᠢᠶ᠎ᠠ | ᠪᠥᠬᠦᠶ ᠰᠠᠯᠠᠭ᠎ᠠ ᠮᠥᠴᠢᠷ︔ ᠪᠡᠶᠡᠯᠡᠭᠦᠯᠬᠦ ᠴᠠᠭ ᠤᠨ ᠬᠢᠵᠠᠭᠠᠷ᠄ 2023 ᠣᠨ ᠤ 11 ᠳ᠋ᠦ᠋ᠭᠡᠷ ᠰᠠᠷ᠎ᠠ ᠶᠢᠨ 30 ᠤ | ᠡᠳᠦᠷ ᠠᠴᠠ ᠡᠮᠦᠨ᠎ᠡ︶ | 10. ︽ᠴᠠᠭ ᠢ ᠤᠷᠲᠤᠳᠬᠠᠨ ᠭᠦᠢᠴᠡᠳᠭᠡᠬᠦ︾ ᠦᠢᠯᠡᠴᠢᠯᠡᠭᠡ ᠶᠢ ᠯᠠᠪᠳᠠᠭᠤᠨ ᠪᠠᠲᠤᠲᠠᠶ ᠬᠡᠷᠡᠭᠵᠢᠭᠦᠯᠦᠨ᠎ᠡ᠃ | ᠦᠢᠯᠡᠴᠢᠯᠡᠭᠡ ᠶᠢ ᠰᠢᠯᠢᠳᠡᠭᠵᠢᠭᠦᠯᠬᠦ ᠪᠠᠷ ᠬᠠᠷᠠᠯᠲᠠ ᠪᠣᠯᠭᠠᠵᠤ᠂ ᠬᠤᠲᠠ᠂ ᠲᠣᠭᠤᠷᠢᠭ᠂ ᠪᠠᠯᠭᠠᠰᠤ ︵ᠵᠡᠭᠡᠯᠢ ᠭᠤᠳᠤᠮᠵᠢ︶ | ᠪᠣᠯᠤᠨ ᠲᠣᠰᠬᠤᠨ ︵ᠨᠡᠶᠢᠭᠡᠮ ᠲᠣᠭᠤᠷᠢᠭ︶ ᠤ ᠳᠥᠷᠪᠡᠨ ᠱᠠᠲᠤᠨ ᠤ ᠴᠠᠭ ᠢ ᠤᠷᠲᠤᠳᠬᠠᠨ ᠤᠷᠢᠳᠴᠢᠯᠠᠨ ᠪᠣᠯᠵᠣᠬᠤ | ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠴᠠᠭ ᠢ ᠤᠷᠲᠤᠳᠬᠠᠬᠤ ᠦᠢᠯᠡᠴᠢᠯᠡᠭᠡᠨ ᠤ | ᠲᠤᠰᠬᠠᠢ ᠲᠣᠭᠤᠷᠢᠭ ᠢ ᠨᠡᠮᠡᠨ ᠪᠠᠶᠢᠭᠤᠯᠵᠤ᠂ ᠴᠠᠭ ᠢ ᠤᠷᠲᠤᠳᠬᠠᠬᠤ ᠦᠢᠯᠡᠴᠢᠯᠡᠭᠡᠨ ᠤ ᠴᠤᠩᠬᠤᠪᠴᠢ ᠶᠢ ᠵᠣᠬᠢᠰᠲᠠᠢ | ᠪᠠᠶᠢᠷᠢᠯᠠᠭᠤᠯᠵᠤ᠂ ᠪᠦᠬᠦ ᠬᠤᠲᠠ ᠶᠢᠨ ᠴᠠᠭ ᠢ ᠤᠷᠲᠤᠳᠬᠠᠨ ᠤᠷᠢᠳᠴᠢᠯᠠᠨ ᠪᠣᠯᠵᠣᠬᠤ ᠦᠢᠯᠡᠴᠢᠯᠡᠭᠡᠨ ᠤ ᠵᠦᠢᠯᠡᠰ ᠤᠨ | ᠨᠠᠷᠢᠨ ᠳᠠᠩᠰᠠ ᠶᠢ ᠬᠥᠳᠡᠯᠦᠩᠭᠦᠢ ᠪᠠᠷ ᠲᠣᠬᠢᠷᠠᠭᠤᠯᠵᠤ᠂ ᠤᠷᠢᠳᠴᠢᠯᠠᠨ ᠪᠣᠯᠵᠣᠬᠤ ᠦᠢᠯᠡᠴᠢᠯᠡᠭᠡᠨ ᠤ ᠠᠷᠭ᠎ᠠ ᠵᠠᠮ ᠢ | ᠢᠳᠡᠪᠬᠢᠲᠡᠢ ᠰᠢᠯᠤᠭᠤᠳᠬᠠᠵᠤ᠂ ᠲᠤᠬᠠᠶᠢᠯᠠᠭᠰᠠᠨ ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠵᠤ ᠬᠢᠨᠠᠨ ᠰᠢᠯᠭᠠᠬᠤ | ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠨᠡᠩ ᠤᠯᠠᠨ ᠬᠦᠷᠢᠶ᠎ᠡ ᠴᠠᠷᠠᠭ᠎ᠠ᠂ ᠨᠡᠩ ᠤᠯᠠᠨ ᠵᠦᠢᠯᠡᠰ ᠢ ᠴᠠᠭ ᠢ | ᠤᠷᠲᠤᠳᠬᠠᠨ ᠤᠷᠢᠳᠴᠢᠯᠠᠨ ᠪᠣᠯᠵᠣᠬᠤ ᠦᠢᠯᠡᠴᠢᠯᠡᠭᠡᠨ ᠤ ᠬᠡᠪᠴᠢᠶᠡᠨ ᠳᠤ ᠣᠷᠣᠭᠤᠯᠬᠤ ᠪᠠᠷ ᠴᠢᠷᠮᠠᠶᠢᠵᠤ᠂ ︽ᠠᠵᠢᠯ ᠳᠤ | ᠭᠠᠷᠬᠤ ᠳᠠᠭᠠᠨ ᠬᠤᠭᠤᠰᠣᠨ ᠭᠠᠵᠠᠷ ᠦᠭᠡᠢ᠂ ᠠᠵᠢᠯ ᠠᠴᠠ ᠪᠠᠭᠤᠪᠠᠯ ᠭᠦᠢᠴᠡᠳᠬᠡᠬᠦ ᠭᠠᠵᠠᠷ ᠦᠭᠡᠢ︾ ᠠᠰᠠᠭᠤᠳᠠᠯ ᠢ | ᠦᠨᠡᠨᠬᠦ ᠰᠢᠢᠳᠪᠦᠷᠢᠯᠡᠵᠦ᠂ ᠠᠵᠤ ᠠᠬᠤᠶᠢᠯᠠᠯ ᠤᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠦᠢᠯᠡᠴᠢᠯᠡᠭᠡᠨ ᠤ | ᠬᠡᠷᠡᠭᠴᠡᠭᠡ ᠱᠠᠭᠠᠷᠳᠠᠯᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠩᠭᠠᠨ᠎ᠠ᠃ ︵ᠲᠦᠷᠦᠭᠦᠯᠡᠬᠦ ᠰᠠᠯᠠᠭ᠎ᠠ ᠮᠥᠴᠢᠷ᠄ ᠡᠯ᠎ᠡ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︔ ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠲᠠ ᠶᠢᠨ ᠰᠢᠭᠤᠳ ᠬᠠᠷᠢᠶ᠎ᠠ | ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ︔ ᠪᠡᠶᠡᠯᠡᠭᠦᠯᠬᠦ ᠴᠠᠭ ᠤᠨ ᠬᠢᠵᠠᠭᠠᠷ᠄ 2023 ᠣᠨ ᠤ 12 ᠳ᠋ᠤᠭᠠᠷ ᠰᠠᠷ᠎ᠠ ᠶᠢᠨ | 30 ᠤ ᠡᠳᠦᠷ ᠠᠴᠠ ᠡᠮᠦᠨ᠎ᠡ︶ | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠪᠠ᠃ ᠡᠯ᠎ᠡ ᠲᠣᠭᠤᠷᠢᠭ᠂ ᠡᠯ᠎ᠡ | ᠰᠠᠯᠠᠭ᠎ᠠ ᠮᠥᠴᠢᠷ ᠤᠳ ︽ᠦᠬᠠᠶ · ᠵᠣᠪᠠᠨᠢᠯᠭᠦᠢ ᠦᠢᠯᠡᠴᠢᠯᠡᠭᠡ︾ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠠᠷᠠᠲᠤ | ᠲᠥᠷᠥᠯ ᠲᠡᠮᠳᠡᠭᠲᠦ ᠶᠢ ᠪᠣᠶ ᠪᠣᠯᠭᠠᠬᠤ ᠶᠢ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠶᠢᠨ ᠨᠢᠭᠡ ᠵᠦᠢᠯ ᠤᠨ ᠴᠢᠬᠤᠯᠠ ᠡᠭᠦᠷᠭᠡ ᠪᠣᠯᠭᠠᠨ ᠴᠢᠩᠭ᠎ᠠ ᠪᠥᠭᠡᠳ ᠪᠣᠳᠠᠲᠠᠶ ᠠᠳᠬᠤᠵᠤ᠂ ᠭᠤᠤᠯ | ᠬᠠᠷᠢᠭᠤᠴᠠᠯᠭᠠᠲᠠᠨ ᠨᠥᠬᠦᠳ ᠨᠠᠷᠢᠨ ᠬᠢᠨᠠᠮᠠᠭᠠᠶ ᠰᠤᠳᠤᠯᠤᠨ ᠪᠠᠶᠢᠷᠢᠯᠠᠭᠤᠯᠵᠤ᠂ ᠬᠦᠴᠢᠷ ᠲᠦᠪᠡᠭᠲᠡᠶ ᠠᠰᠠᠭᠤᠳᠠᠯ ᠢ ᠴᠠᠭ | ᠲᠤᠬᠠᠶ ᠳᠤᠨᠢ ᠵᠣᠬᠢᠴᠠᠭᠤᠯᠤᠨ ᠰᠢᠢᠳᠪᠦᠷᠢᠯᠡᠵᠦ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠤᠨ ᠦᠷ᠎ᠡ | ᠪᠦᠲᠦᠮᠵᠢ ᠭᠠᠷᠭᠠᠬᠤ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ᠃ ᠬᠤᠲᠠ ᠶᠢᠨ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ᠡᠯ᠎ᠡ ᠵᠦᠢᠯ ᠤᠨ ᠬᠠᠷᠠᠯᠲᠠ ᠡᠭᠦᠷᠭᠡ ᠶᠢ | ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠ ᠠᠬᠢᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠬᠢᠵᠦ᠂ ᠡᠯ᠎ᠡ ᠲᠣᠭᠤᠷᠢᠭ᠂ | ᠡᠯ᠎ᠡ ᠰᠠᠯᠠᠭ᠎ᠠ ᠮᠥᠴᠢᠷ ᠢ ᠰᠢᠮᠳᠠᠭᠤᠯᠵᠤ ᠪᠠᠶᠢᠭᠠᠳ ᠴᠢᠨᠠᠷ ᠰᠠᠶᠢᠲᠠᠶ᠂ ᠵᠢᠷᠤᠮᠵᠢᠭᠤᠨ᠂ ᠥᠨᠳᠥᠷ ᠪᠦᠲᠦᠮᠵᠢᠲᠡᠶ ᠵᠠᠰᠠᠭ ᠤᠨ | ᠶᠠᠪᠤᠳᠠᠯ ᠤᠨ ᠦᠢᠯᠡᠴᠢᠯᠡᠭᠡ ᠬᠠᠩᠭᠠᠬᠤ ᠬᠡᠷᠡᠭᠲᠡᠶ᠃ ᠬᠤᠲᠠ ᠶᠢᠨ ᠲᠣᠮᠣ ᠳ᠋ᠠᠶᠢᠲ᠋ᠠ ᠶᠢᠨ ᠲᠥᠪ ᠨᠢ ᠡᠯ᠎ᠡ ᠲᠥᠷᠥᠯ ᠤᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠳ᠋ᠠᠶᠢᠲ᠋ᠠ ᠶᠢᠨ ᠡᠬᠢ ᠪᠠᠶᠠᠯᠢᠭ ᠢ ᠴᠤᠭᠯᠠᠭᠤᠯᠤᠨ ᠬᠠᠮᠲᠤ ᠪᠠᠷ ᠡᠳ᠋ᠯᠡᠬᠦ ᠪᠠ | ᠰᠢᠰᠲ᠋ᠧᠮ ᠲᠠᠢ ᠵᠣᠯᠭᠠᠭᠤᠯᠬᠤ ᠶᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠬᠤᠲᠠ ᠶᠢᠨ ᠬᠠᠤᠯᠢ ᠴᠠᠭᠠᠵᠠ ᠶᠢᠨ | ᠲᠣᠪᠴᠢᠶ᠎ᠠ ᠨᠢ ᠭᠡᠷᠡᠴᠢᠯᠡᠬᠦ ᠵᠦᠢᠯᠡᠰ ᠢ ᠡᠮᠬᠢᠯᠡᠬᠦ ᠵᠢᠴᠢ ᠬᠠᠮᠲᠤ ᠪᠠᠷ ᠡᠳ᠋ᠯᠡᠬᠦ ᠦᠨᠡᠮᠯᠡᠯ ᠤᠨ ᠲᠤᠭ᠎ᠠ ᠪᠠᠷᠢᠮᠲᠠ ᠶᠢᠨ | ᠬᠡᠷᠡᠭᠯᠡᠯᠲᠡ ᠶᠢᠨ ᠬᠠᠤᠯᠢ ᠶᠣᠰᠣᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠬᠠᠤᠯᠢ ᠪᠠᠷ ᠵᠠᠰᠠᠬᠤ ᠶᠢᠨ ᠬᠥᠲᠥᠯᠥᠨ | ᠳᠠᠭᠠᠭᠤᠯᠬᠤ ᠪᠠ ᠪᠠᠲᠤᠯᠠᠬᠤ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠶ᠃ ᠬᠤᠲᠠ ᠶᠢᠨ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠳ ᠲᠣᠰ ᠬᠦᠷᠢᠶ᠎ᠡ | ᠴᠠᠷᠠᠭ᠎ᠠ ᠶᠢᠨ ᠢᠶᠠᠨ ᠥᠨᠳᠥᠷ ᠳᠠᠪᠲᠠᠮᠵᠢᠲᠤ ᠦᠨᠡᠮᠯᠡᠯ ᠤᠨ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠬᠤᠷᠠᠮᠳᠤᠭᠤᠯᠤᠨ | ᠬᠠᠩᠭᠠᠬᠤ ᠪᠠ ᠬᠠᠮᠲᠤ ᠪᠠᠷ ᠡᠳ᠋ᠯᠡᠬᠦ ᠬᠡᠷᠡᠭᠯᠡᠯᠲᠡ ᠪᠠᠨ ᠴᠢᠩᠭᠠᠷᠠᠭᠤᠯᠵᠤ᠂ ᠲᠤᠭ᠎ᠠ ᠪᠠᠷᠢᠮᠲᠠ ᠶᠢᠨ ᠶᠠᠰᠤ ᠴᠢᠨᠠᠷ ᠪᠠ | ᠬᠡᠷᠡᠭᠴᠡᠭᠡᠲᠦ ᠴᠢᠨᠠᠷ᠂ ᠴᠠᠭ ᠬᠤᠭᠤᠴᠠᠭᠠᠲᠤ ᠴᠢᠨᠠᠷ ᠢ ᠳᠡᠭᠡᠭᠰᠢᠯᠡᠭᠦᠯᠦᠨ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ᠂ | ᠨᠡᠶᠢᠭᠡᠮ ᠤᠨ ᠪᠠᠲᠤᠯᠠᠭ᠎ᠠ᠂ ᠡᠷᠦᠬᠡ ᠠᠮᠠ ᠶᠢᠨ ᠲᠠᠩᠰᠠ ᠶᠢᠨ ᠬᠠᠮᠢᠶᠠᠷᠤᠯᠲᠠ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ | ᠵᠥᠪᠰᠢᠶᠡᠷᠡᠨ ᠣᠷᠣᠭᠤᠯᠵᠤ ᠡᠵᠡᠩᠨᠡᠯᠲᠡ ᠶᠢ ᠵᠥᠪᠰᠢᠶᠡᠷᠡᠬᠦ ᠵᠡᠷᠭᠡ ᠭᠤᠤᠯᠳᠠᠯᠭ᠎ᠠ ᠲᠠᠢ ᠬᠦᠷᠢᠶ᠎ᠡ ᠵᠢᠴᠢ ᠬᠥᠮᠦᠨ ᠠᠮᠠ᠂ | ᠬᠠᠤᠯᠢ ᠶᠢᠨ ᠡᠷᠬᠡᠲᠡᠨ᠂ ᠭᠠᠵᠠᠷ ᠤᠨ ᠨᠡᠷᠡᠶᠢᠳᠦᠯ᠂ ᠰᠤᠷᠭᠠᠨ ᠬᠥᠮᠦᠵᠢᠯ᠂ ᠤᠷᠤᠭ ᠤᠨ ᠶᠠᠪᠤᠳᠠᠯ᠂ ᠦᠷᠡᠵᠢᠯ ᠤᠨ ᠭᠠᠵᠠᠷ᠂ | ᠣᠷᠣᠨ ᠰᠠᠭᠤᠴᠠ᠂ ᠢᠲᠡᠭᠡᠮᠵᠢ ᠵᠡᠷᠭᠡ ᠲᠦᠭᠡᠮᠡᠯ ᠴᠢᠨᠠᠷᠲᠠᠶ ᠲᠤᠭ᠎ᠠ ᠪᠠᠷᠢᠮᠲᠠ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ | ᠬᠡᠷᠡᠭᠲᠡᠶ᠃ | ︵ᠬᠤᠶᠠᠷ︶ ᠬᠢᠨᠠᠯᠲᠠ ᠲᠠᠯᠪᠢᠨ ᠵᠢᠯᠣᠭᠤᠳᠬᠤ ᠪᠠᠨ ᠴᠢᠩᠭᠠᠳᠬᠠᠵᠤ᠃ ᠬᠤᠲᠠ ᠶᠢᠨ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ | ᠵᠢᠯᠣᠭᠤᠳᠬᠤ ᠪᠠ ᠰᠢᠯᠭᠠᠨ ᠲᠣᠭᠲᠠᠭᠠᠵᠤ ᠮᠡᠳᠡᠭᠡᠯᠡᠬᠦ ᠠᠵᠢᠯ ᠢᠶᠠᠨ ᠴᠢᠩᠭᠠᠳᠬᠠᠵᠤ᠂ ︽ᠦᠬᠠᠶ · ᠵᠣᠪᠠᠨᠢᠯᠭᠦᠢ | ᠭᠦᠢᠴᠡᠳᠭᠡᠬᠦ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠡᠯ᠎ᠡ ᠵᠦᠢᠯ ᠤᠨ | ᠡᠭᠦᠷᠭᠡ ᠶᠢ ᠠᠬᠢᠭᠤᠯᠬᠤ ᠠᠵᠢᠯ ᠢ ᠴᠠᠭ ᠲᠤᠬᠠᠶ ᠳᠤᠨᠢ ᠰᠢᠮᠳᠠᠭᠤᠯᠤᠨ ᠵᠢᠯᠣᠭᠤᠳᠴᠤ᠂ ᠬᠠᠷᠠᠯᠲᠠᠲᠤ ᠡᠭᠦᠷᠭᠡ ᠶᠢᠨ ᠡᠬᠡ | ᠲᠠᠩᠰᠠᠴᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠦᠨ᠂ ᠬᠠᠷᠢᠭᠤᠴᠠᠯᠭᠠᠲᠤ ᠨᠢᠭᠡᠴᠡ᠂ ᠬᠠᠷᠢᠭᠤᠴᠠᠯᠭᠠᠲᠠᠨ ᠪᠠ ᠪᠡᠶᠡᠯᠡᠭᠦᠯᠬᠦ | ᠴᠠᠭ ᠤᠨ ᠬᠢᠵᠠᠭᠠᠷ ᠢ ᠵᠦᠢᠯ ᠳᠠᠷᠠᠭᠠᠯᠠᠨ ᠲᠣᠳᠣᠷᠬᠠᠶᠢᠯᠠᠨ᠎ᠠ᠃ ᠰᠢᠯᠭᠠᠨ ᠦᠨᠡᠯᠡᠬᠦ ᠲᠣᠭᠲᠠᠴᠠ ᠶᠢᠨ ᠰᠢᠨ᠎ᠡ ᠶᠢ ᠡᠭᠦᠳᠴᠦ᠂ | ᠭᠤᠷᠪᠠᠳᠠᠬᠢ ᠡᠲᠡᠭᠡᠳ ᠲᠤ ᠨᠠᠶᠢᠳᠠᠵᠤ ᠠᠵᠢᠯ ᠤᠨ ᠡᠭᠦᠷᠭᠡ ᠶᠢ ᠬᠡᠷᠡᠭᠵᠢᠭᠦᠯᠦᠭᠰᠡᠨ ᠦᠷ᠎ᠡ ᠪᠦᠲᠦᠮᠵᠢ ᠪᠠ ᠣᠯᠠᠨ ᠲᠦᠮᠡᠨ ᠤ | ᠬᠠᠨᠤᠮᠵᠢ ᠶᠢᠨ ᠬᠡᠮᠵᠢᠶ᠎ᠡ ᠶᠢ ᠦᠨᠡᠯᠡᠨ ᠵᠢᠱᠢᠬᠦ ᠶᠢ ᠬᠠᠶᠢᠨ ᠰᠦᠪᠡᠭᠴᠢᠯᠡᠬᠦ ᠶᠢᠨ ᠬᠠᠮᠲᠤ ᠦᠨᠡᠯᠡᠨ ᠵᠢᠱᠢᠭᠰᠡᠨ ᠦᠷ᠎ᠡ ᠳ᠋ᠦᠩ ᠢ | ᠵᠠᠷᠯᠠᠨ ᠮᠡᠳᠡᠭᠳᠡᠵᠦ᠂ ᠡᠯ᠎ᠡ ᠵᠦᠢᠯ ᠤᠨ ᠡᠭᠦᠷᠭᠡ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ | ᠠᠬᠢᠭᠤᠯᠤᠨ᠎ᠠ᠃ | ︵ᠭᠤᠷᠪᠠ ︶ ᠬᠠᠮᠵᠢᠯᠴᠠᠨ ᠬᠠᠮᠲᠤᠷᠠᠯᠴᠠᠬᠤ ᠶᠢ ᠴᠢᠩᠭᠠᠳᠬᠠᠨ᠎ᠠ᠃ ᠡᠯ᠎ᠡ ᠵᠦᠢᠯ ᠤᠨ ᠠᠵᠢᠯ ᠤᠨ ᠡᠭᠦᠷᠭᠡ ᠶᠢ | ᠯᠠᠪᠳᠠᠭᠤᠨ ᠢᠶᠠᠷ ᠠᠬᠢᠭᠤᠯᠤᠨ ᠬᠡᠷᠡᠭᠵᠢᠭᠦᠯᠬᠦ ᠶᠢ ᠪᠠᠲᠤᠯᠠᠬᠤ ᠶᠢᠨ ᠲᠥᠯᠥᠭᠡ᠂ ᠬᠤᠲᠠ᠂ ᠲᠣᠭᠤᠷᠢᠭ᠂ ᠪᠠᠯᠭᠠᠰᠤ ︵ᠵᠡᠭᠡᠯᠢ | ᠭᠤᠳᠤᠮᠵᠢ︶ ᠵᠢᠴᠢ ᠡᠯ᠎ᠡ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ ᠤᠨ ᠬᠤᠭᠤᠷᠣᠨᠳᠣᠬᠢ | ᠬᠠᠮᠵᠢᠯᠴᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠪᠠᠶᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠠᠵᠤ | ᠦᠢᠯᠡᠰ ᠤᠨ ᠬᠦᠷᠢᠶᠡᠯᠡᠩ ᠲᠣᠭᠤᠷᠢᠭ ᠲᠤ ᠪᠠᠭᠤᠯᠭᠠᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠬᠠᠪᠰᠤᠷᠤᠨ | ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡ ᠶᠢ ᠪᠠᠯᠭᠠᠰᠤ ︵ᠵᠡᠭᠡᠯᠢ ᠭᠤᠳᠤᠮᠵᠢ︶ ᠪᠠ ᠲᠣᠰᠬᠤᠨ ︵ᠨᠡᠶᠢᠭᠡᠮ | ᠲᠣᠭᠤᠷᠢᠭ ᠲᠤ ᠬᠦᠷᠭᠡᠨ᠎ᠡ︶ ᠤᠷᠲᠤᠳᠬᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠮᠵᠢᠯᠴᠠᠨ ᠬᠤᠯᠪᠣᠭᠠᠯᠠᠨ | ᠬᠥᠳᠡᠯᠦᠯᠴᠡᠬᠦ ᠬᠠᠷᠢᠴᠠᠭ᠎ᠠ ᠶᠢ ᠤᠯᠠᠮ ᠨᠢᠭᠡ ᠠᠯᠬᠤᠮ ᠰᠢᠯᠤᠭᠤᠳᠬᠠᠵᠤ᠂ ᠵᠠᠮ ᠮᠥᠷ ᠰᠢᠯᠤᠭᠤᠨ᠂ ᠥᠨᠳᠥᠷ | ᠪᠦᠲᠦᠮᠵᠢᠲᠡᠶ ᠪᠠᠷ ᠠᠵᠢᠯᠯᠠᠭᠰᠠᠨ᠂ ᠭᠤᠯᠳᠤ ᠪᠠᠷ ᠨᠢᠭᠡᠳᠦᠯᠲᠡᠶ ᠲᠥᠯᠥᠪᠯᠡᠨ ᠵᠣᠬᠢᠴᠠᠭᠤᠯᠤᠭᠰᠠᠨ᠂ ᠬᠥᠨᠳᠡᠯᠡᠨ ᠢᠶᠠᠷ ᠨᠢᠭᠲᠠ | ᠬᠠᠮᠵᠢᠯᠴᠠᠭᠰᠠᠨ ᠬᠠᠮᠵᠢᠯᠴᠠᠨ ᠬᠥᠳᠡᠯᠦᠯᠴᠡᠬᠦ ᠵᠠᠭᠪᠤᠷ ᠢ ᠪᠠᠶᠢᠭᠤᠯᠤᠨ ᠪᠦᠷᠢᠯᠳᠦᠭᠦᠯᠦᠨ᠎ᠡ᠃ | ︵ᠲᠦᠷᠪᠡ︶ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠷᠠᠭᠤᠯᠤᠨ᠎ᠠ᠃ ᠡᠯ᠎ᠡ ᠲᠣᠭᠤᠷᠢᠭ᠂ ᠡᠯ᠎ᠡ ᠰᠠᠯᠠᠭ᠎ᠠ | ᠮᠥᠴᠢᠷ ᠤᠳ ᠲᠧᠯᠸᠢᠰ᠂ ᠷᠠᠳᠢᠣ᠋᠂ ᠰᠣᠨᠢᠨ ᠰᠡᠳᠬᠦᠯ᠂ ᠰᠦᠯᠵᠢᠶ᠎ᠡ᠂ ᠸᠢᠴᠠᠲ ᠵᠡᠷᠭᠡ ᠵᠠᠭᠤᠴᠢᠯᠠᠭᠤᠷ ᠢ ᠭᠦᠢᠴᠡᠳ | ᠬᠡᠷᠡᠭᠯᠡᠵᠦ᠂ ︽ᠦᠬᠠᠶ · ᠵᠣᠪᠠᠨᠢᠯᠭᠦᠢ ᠭᠦᠢᠴᠡᠳᠬᠡᠬᠦ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠠᠷᠠᠲᠤ ᠲᠥᠷᠥᠯ | ᠲᠡᠮᠳᠡᠭᠲᠦ ᠶᠢ ᠪᠣᠶ ᠪᠣᠯᠭᠠᠬᠤ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠰᠢᠨ᠎ᠡ ᠠᠷᠭ᠎ᠠ ᠬᠢᠳᠡᠯ᠂ ᠰᠢᠨ᠎ᠡ ᠲᠤᠷᠰᠢᠯᠭ᠎ᠠ ᠪᠠ ᠰᠢᠨ᠎ᠡ ᠦᠷ᠎ᠡ ᠪᠦᠲᠦᠮᠵᠢ ᠶᠢ ᠴᠠᠭ ᠲᠤᠬᠠᠶ ᠳᠤᠨᠢ | ᠳ᠋ᠦᠩᠨᠡᠨ ᠪᠣᠯᠪᠠᠰᠤᠷᠠᠭᠤᠯᠵᠤ᠂ 2023 ᠣᠨ ᠤ ᠡᠴᠦᠰ ᠠᠴᠠ ᠡᠮᠦᠨ᠎ᠡ ᠨᠢᠭᠡ ᠪᠦᠯᠦᠭ ᠬᠠᠨᠳᠤᠯᠭᠠᠲᠤ ᠴᠢᠨᠠᠷ ᠢᠶᠠᠷ ᠴᠢᠩᠭ᠎ᠠ᠂ | ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠲᠠᠢ ᠥᠭᠡᠷᠡᠴᠢᠯᠡᠯᠲᠡ ᠶᠢᠨ ᠬᠠᠲᠠᠭᠤ ᠠᠷᠭ᠎ᠠ ᠬᠡᠮᠵᠢᠶ᠎ᠡ | ᠭᠠᠷᠭᠠᠬᠤ ᠪᠠᠷ ᠴᠢᠷᠮᠠᠶᠢᠵᠤ᠂ ᠨᠢᠭᠡ ᠪᠦᠯᠦᠭ ᠬᠠᠭᠤᠯᠪᠤᠷᠢᠯᠠᠵᠤ ᠪᠣᠯᠬᠤ ᠳᠡᠯᠭᠡᠷᠡᠭᠦᠯᠵᠦ ᠪᠣᠯᠬᠤ ᠲᠤᠷᠰᠢᠯᠭ᠎ᠠ ᠬᠢᠳᠡᠯ ᠢ ᠪᠣᠶ | ᠪᠣᠯᠭᠠᠵᠤ᠂ ︽ᠦᠬᠠᠶ · ᠵᠣᠪᠠᠨᠢᠯᠭᠦᠢ ᠭᠦᠢᠴᠡᠳᠬᠡᠬᠦ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠠᠷᠠᠲᠤ ᠲᠥᠷᠥᠯ | ᠲᠡᠮᠳᠡᠭᠲᠦ ᠶᠢᠨ ᠠᠯᠳᠠᠷᠰᠢᠯ ᠤᠨ ᠬᠡᠮᠵᠢᠶ᠎ᠡ᠂ ᠢᠷᠠᠭᠤ ᠠᠯᠳᠠᠷ ᠤᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ | ᠬᠡᠷᠡᠭᠲᠡᠶ᠃ | ᠬᠠᠭᠤᠯᠤᠨ ᠬᠦᠷᠭᠡᠬᠦ᠄ ᠬᠤᠲᠠ ᠶᠢᠨ ᠨᠠᠮ ᠤᠨ ᠬᠤᠷᠢᠶᠠᠨ ᠤ ᠡᠯ᠎ᠡ ᠰᠠᠯᠠᠭ᠎ᠠ ᠮᠥᠴᠢᠷ᠂ ᠬᠤᠲᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠭᠡᠷ᠂ ᠬᠤᠲᠠ ᠶᠢᠨ ᠤᠯᠤᠰ ᠲᠥᠷᠥ ᠶᠢᠨ | ᠵᠥᠪᠯᠡᠯᠭᠡᠨ ᠤ ᠠᠯᠪᠠᠨ ᠭᠡᠷ᠂ ᠴᠡᠷᠢᠭ ᠤᠨ ᠬᠤᠪᠢᠶᠠᠷᠢ ᠲᠣᠭᠤᠷᠢᠭ᠂ | ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠬᠤᠲᠠ ᠶᠢᠨ ᠠᠷᠠᠳ ᠤᠨ | ᠳᠤᠮᠳᠠ ᠵᠡᠷᠭᠡ ᠶᠢᠨ ᠰᠢᠭᠦᠬᠦ ᠬᠤᠷᠢᠶ᠎ᠠ᠂ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ᠃ | ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠢ᠃ | ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ 2023 ᠣᠨ ᠤ 5 ᠰᠠᠷ᠎ᠠ ᠶᠢᠨ 23 ᠤ | ᠡᠳᠦᠷ ᠳᠠᠷᠤᠮᠠᠯᠯᠠᠨ ᠲᠠᠷᠬᠠᠭᠠᠪᠠ | ᠴᠢᠨᠠᠷ ᠰᠠᠶᠢᠲᠠᠶ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ ᠰᠢᠰᠲ᠋ᠧᠮ ᠢ ᠤᠯᠠᠮ ᠨᠢᠭᠡ ᠠᠯᠬᠤᠮ | ᠪᠠᠶᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠵᠢᠯᠣᠭᠤᠳᠬᠤ ᠰᠠᠨᠠᠯ | ᠲᠦᠷᠦ ᠠᠯᠪᠠᠨ ᠲᠠᠷᠬᠠᠭᠠᠭᠰᠠᠨ ︹2020︺ 19 ᠳ᠋ᠤᠭᠡᠷ ᠲᠣᠭᠠᠲᠤ | ᠡᠯ᠎ᠡ ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ᠂ | ᠲᠥᠷᠥ ᠶᠢᠨ ᠶᠠᠪᠤᠳᠠᠯ ᠤᠨ ᠬᠤᠷᠢᠶᠠᠨ ᠤ ᠡᠯ᠎ᠡ ᠶᠠᠮᠤᠨ ᠵᠥᠪᠯᠡᠯ᠂ ᠰᠢᠭᠤᠳ ᠬᠠᠷᠢᠶ᠎ᠠ ᠪᠠᠶᠢᠭᠤᠯᠤᠮᠵᠢ ᠨᠤᠭᠤᠳ ᠲᠤ᠄ | ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠨᠢ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠳᠤ ᠴᠠᠬᠢᠯᠭᠠᠨ | ᠰᠣᠯᠢᠬᠤ ᠦᠢᠯᠡᠴᠢᠯᠡᠭᠡ ᠬᠠᠩᠭᠠᠬᠤ ᠪᠣᠯ ᠴᠢᠬᠤᠯᠠ ᠵᠠᠮ ᠬᠠᠷᠢᠯᠴᠠᠭ᠎ᠠ ᠡᠨᠧᠷᠭᠢ ᠶᠢᠨ ᠠᠭᠤᠰᠤᠯᠴᠠᠯ ᠤᠨ ᠲᠥᠷᠥᠯ ᠤᠨ | ᠰᠠᠭᠤᠷᠢ ᠪᠡᠯᠡᠳᠬᠡᠮᠵᠢ ᠪᠣᠯᠤᠨ᠎ᠠ᠃ ᠣᠶᠢᠷ᠎ᠠ ᠶᠢᠨ ᠵᠢᠯ ᠳᠤ ᠂ ᠮᠠᠨ ᠤ ᠤᠯᠤᠰ ᠤᠨ ᠴᠠᠬᠢᠯᠭᠠᠨ ᠴᠡᠨᠡᠭᠯᠡᠬᠦ ᠰᠠᠭᠤᠷᠢ | ᠲᠥᠬᠦᠭᠡᠷᠦᠮᠵᠢ ᠲᠦᠷᠭᠡᠨ ᠬᠥᠭᠵᠢᠵᠦ᠂ ᠳᠡᠯᠡᠬᠡᠶ ᠳᠠᠬᠢ ᠲᠤᠭ᠎ᠠ ᠬᠠᠮᠤᠭ ᠤᠨ ᠣᠯᠠᠨ᠂ ᠦᠢᠯᠡᠴᠢᠯᠡᠭᠡᠨ ᠤ ᠬᠡᠪᠴᠢᠶ᠎ᠡ | ᠬᠠᠮᠤᠭ ᠤᠨ ᠥᠷᠭᠡᠨ᠂ ᠲᠥᠷᠥᠯ ᠬᠡᠯᠪᠡᠷᠢ ᠨᠢ ᠬᠠᠮᠤᠭ ᠤᠨ ᠪᠦᠷᠢᠨ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ | ᠰᠢᠰᠲ᠋ᠧᠮ ᠢ ᠪᠠᠶᠢᠭᠤᠯᠵᠠᠶ᠃ ᠢᠷᠡᠭᠡᠳᠦᠶ ᠶᠢᠨ ᠰᠢᠨ᠎ᠡ ᠡᠨᠧᠷᠭᠢ ᠶᠢᠨ ᠮᠠᠰᠢᠨ ᠲᠡᠷᠭᠡ ᠢᠯᠠᠩᠭᠤᠶ᠎ᠠ ᠴᠠᠬᠢᠯᠭᠠᠨ ᠬᠥᠳᠡᠯᠭᠡᠭᠦᠷᠲᠦ | ᠮᠠᠰᠢᠨ ᠲᠡᠷᠭᠡᠨ ᠤ ᠲᠦᠷᠭᠡᠨ ᠨᠡᠮᠡᠭᠳᠡᠯ ᠤᠨ ᠬᠠᠨᠳᠤᠰᠢ ᠶᠢ ᠪᠣᠳᠣᠯᠬᠢᠯᠠᠨ᠂ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠳᠤ | ᠮᠥᠨ ᠬᠦ ᠪᠠᠶᠢᠷᠢᠰᠢᠭᠤᠯᠤᠯᠲᠠ ᠲᠡᠭᠦᠯᠳᠡᠷ ᠪᠤᠰᠤ᠂ ᠪᠦᠲᠦᠴᠡ ᠵᠦᠶ ᠵᠣᠬᠢᠰ ᠥᠬᠡᠶ᠂ ᠦᠢᠯᠡᠴᠢᠯᠡᠭᠡ ᠲᠡᠩᠴᠡᠭᠦᠷᠢᠲᠡᠶ ᠪᠤᠰᠤ᠂ | ᠡᠵᠡᠩᠨᠡᠯᠲᠡ ᠵᠢᠷᠤᠮᠵᠢᠯ ᠥᠬᠡᠶ ᠵᠡᠷᠭᠡ ᠠᠰᠠᠭᠤᠳᠠᠯ ᠣᠷᠣᠰᠢᠵᠤ ᠪᠠᠶᠢᠨ᠎ᠠ᠃ ᠴᠢᠨᠠᠷ ᠰᠠᠶᠢᠲᠠᠶ ᠴᠠᠬᠢᠯᠭᠠᠨ ᠴᠡᠨᠡᠭᠯᠡᠬᠦ ᠰᠠᠭᠤᠷᠢ | ᠲᠥᠬᠦᠭᠡᠷᠦᠮᠵᠢ ᠶᠢᠨ ᠰᠢᠰᠲ᠋ᠧᠮ ᠢ ᠤᠯᠠᠮ ᠨᠢᠭᠡ ᠠᠯᠬᠤᠮ ᠪᠠᠶᠢᠭᠤᠯᠵᠤ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ | ᠦᠶ᠋ᠯᠡᠰ ᠤᠨ ᠬᠥᠭᠵᠢᠯᠲᠡ ᠶᠢ ᠨᠠᠩ ᠰᠠᠶᠢᠲᠤᠷ ᠲᠤᠯᠭᠠᠭᠤᠷᠢᠯᠠᠵᠤ᠂ ᠮᠠᠰᠢᠨ ᠲᠡᠷᠭᠡ ᠵᠡᠷᠭᠡ ᠶᠡᠭᠡ ᠬᠡᠮᠵᠢᠶᠡᠨ ᠤ ᠬᠡᠷᠡᠭᠯᠡᠭᠡ ᠶᠢ | ᠠᠬᠢᠭᠤᠯᠵᠤ᠂ ᠨᠡᠭᠦᠷᠡᠰᠦᠲᠥ᠋ᠷᠥᠭᠴᠢ ᠶᠢ ᠣᠷᠭᠢᠯ ᠬᠡᠮᠵᠢᠭᠳᠡᠯ ᠳᠤ ᠬᠦᠷᠭᠡᠬᠦ ᠬᠠᠷᠠᠯᠲᠠ ᠶᠢ ᠪᠡᠶᠡᠯᠡᠭᠦᠯᠬᠦ ᠳᠤ ᠬᠦᠴᠦᠨ | ᠨᠡᠮᠡᠷᠢᠯᠡᠬᠦ ᠶᠢᠨ ᠲᠥᠯᠥᠭᠡ᠂ ᠲᠥᠷᠥ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠡᠳ᠂ ᠡᠳᠦᠭᠡ ᠳᠣᠤᠷᠠᠬᠢ ᠰᠠᠨᠠᠯ ᠢ | ᠳᠤᠷᠠᠳᠪᠠ᠃ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠲᠣᠭᠲᠠᠭᠤᠨ ᠤ | ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ | ᠤᠢᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ | ᠪᠠᠶᠢᠷᠢᠰᠢᠯ ᠢ ᠲᠦᠷᠭᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠬᠠᠷᠠᠯᠲᠠ ᠪᠠᠷ | ᠤᠳᠤᠷᠢᠳᠤᠮᠵᠢ ᠪᠣᠯᠭᠠᠬᠤ ᠪᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠨᠢᠭᠡᠳᠦᠯᠲᠡᠢ | ᠲᠥᠯᠥᠪᠵᠢᠭᠦᠯᠦᠨ ᠰᠦᠪᠡᠭᠴᠢᠯᠡᠬᠦ ᠶᠢ ᠴᠢᠩᠭᠠᠳᠬᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ | ᠰᠦᠯᠵᠢᠶ᠎ᠡ ᠶᠢ ᠦᠷᠭᠦᠯᠵᠢᠯᠡᠨ ᠲᠡᠭᠦᠯᠳᠡᠷᠵᠢᠭᠦᠯᠵᠦ᠂ ᠲᠥᠬᠦᠭᠡᠷᠦᠮᠵᠢ ᠶᠢᠨ ᠴᠢᠳᠠᠪᠤᠷᠢ ᠶᠢ ᠳᠡᠭᠡᠭᠰᠢᠯᠡᠭᠦᠯᠵᠦ᠂ | ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠴᠢᠨᠠᠷ ᠰᠠᠶᠢᠲᠠᠢ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ | ᠰᠢᠰᠲ᠋ᠧᠮ ᠢ ᠴᠢᠨᠠᠭᠰᠢᠳᠠ ᠪᠠᠶᠢᠭᠤᠯᠵᠤ᠂ ᠠᠷᠠᠳ ᠤᠯᠠᠨ ᠤ ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠬᠤ ᠪᠠ | ᠬᠡᠷᠡᠭᠯᠡᠬᠦ ᠬᠡᠷᠡᠭᠴᠡᠭᠡ ᠶᠢ ᠨᠡᠩ ᠰᠠᠶᠢᠲᠤᠷ ᠬᠠᠩᠭᠠᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠪᠣᠬᠢᠷᠲᠤᠯ ᠦᠭᠡᠢ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢ ᠬᠤᠪᠢᠷᠠᠭᠤᠯᠬᠤ ᠪᠠ ᠣᠳᠣᠬᠢᠴᠢᠯᠠᠭᠰᠠᠨ ᠰᠠᠭᠤᠷᠢ | ᠲᠥᠬᠦᠭᠡᠷᠦᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠬᠤ ᠳᠤ ᠬᠦᠴᠦ ᠨᠡᠮᠡᠷᠢᠯᠡᠨ᠎ᠡ᠃ | ︵ᠬᠤᠶᠠᠷ︶ ᠦᠨᠳᠦᠰᠦᠨ ᠵᠠᠷᠴᠢᠮ᠃ | ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠵᠤ᠃ ᠴᠠᠬᠢᠯᠭᠠᠨ ᠴᠡᠨᠡᠭᠯᠡᠬᠦ ᠰᠠᠭᠤᠷᠢ ᠪᠡᠯᠡᠳᠭᠡᠮᠵᠢ ᠶᠢᠨ ᠬᠦᠭᠵᠢᠯᠳᠡ ᠶᠢᠨ | ᠦᠵᠦ ᠳᠥᠯᠥᠪᠯᠡᠭᠡ ᠶᠢ ᠴᠢᠩᠭᠠᠳᠬᠠᠵᠦ᠂ ᠪᠠᠶᠢᠭᠤᠯᠬᠤ ᠶᠣᠰᠣᠲᠠᠢ ᠶᠢ ᠨᠢ ᠴᠦᠮ ᠪᠠᠶᠢᠭᠤᠯᠬᠤ᠂ ᠲᠣᠬᠠᠢ ᠶᠢᠨ ᠭᠠᠵᠡᠷ ᠤᠨ | ᠪᠠᠶᠢᠳᠡᠯ ᠳᠤᠨᠢ ᠲᠣᠬᠢᠷᠡᠭᠤᠯᠬᠤ᠂ ᠳᠡᠩᠴᠡᠬᠦᠷᠢᠳᠡᠢ ᠪᠦᠭᠡᠳ ᠵᠦᠢ ᠵᠣᠬᠢᠰᠳᠡᠢ ᠪᠠᠶᠢᠯᠭᠠᠬᠤ ᠶᠢ ᠪᠡᠷᠢᠮᠳᠡᠯᠡᠨ᠂ ᠭᠡᠪᠴᠢᠶ᠎ᠠ᠂ | ᠲᠣᠣᠷ ᠰᠦᠯᠵᠢᠶ᠎ᠠ ᠶᠢᠨ ᠪᠦᠳᠦᠴᠠ᠂ ᠪᠠᠶᠢᠷᠢᠯᠠᠭᠤᠯᠬᠤ ᠴᠢᠳᠠᠮᠵᠢ ᠪᠠ ᠬᠦᠭᠵᠢᠯᠳᠡ ᠶᠢᠨ ᠵᠬᠠᠪᠤᠷ ᠢ ᠰᠢᠨᠵᠢᠯᠡᠬᠦ | ᠣᠬᠠᠭᠠᠨᠴᠢ ᠪᠠᠷ ᠳᠥᠯᠥᠪᠯᠡᠨ ᠪᠦᠳᠦᠭᠡᠨ ᠪᠠᠶᠢᠭᠤᠯᠥᠨ᠎ᠠ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ | ᠲᠥᠯᠥᠪᠵᠢᠭᠦᠯᠭᠡ ᠶᠢ ᠦᠨᠳᠦᠰᠦᠯᠡᠨ᠂ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ ᠲᠥᠯᠥᠪᠵᠢᠭᠦᠯᠭᠡ ᠶᠢ ᠴᠠᠬᠢᠯᠭᠠᠨ | ᠬᠦᠴᠦᠨ᠂ ᠵᠠᠮ ᠬᠠᠷᠢᠯᠴᠠᠭ᠎ᠠ ᠵᠡᠷᠭᠡ ᠲᠥᠯᠥᠪᠵᠢᠭᠦᠯᠭᠡ ᠯᠦᠭᠡ ᠨᠢᠭᠡ ᠴᠣᠭᠴᠠᠵᠢᠭᠤᠯᠤᠨ ᠵᠣᠯᠭᠠᠭᠤᠯᠬᠤ ᠶᠢ ᠠᠬᠢᠭᠤᠯᠤᠨ᠎ᠠ᠃ | ᠵᠣᠬᠢᠬᠤ ᠬᠡᠮᠵᠢᠶ᠎ᠡ ᠪᠠᠷ ᠤᠷᠢᠳᠴᠢᠯᠠᠪ᠃ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠤ ᠬᠥᠭᠵᠢᠯᠲᠡ ᠶᠢᠨ | ᠬᠠᠨᠳᠤᠰᠢ ᠲᠠᠢ ᠤᠶᠠᠯᠳᠤᠭᠤᠯᠤᠨ᠂ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠵᠣᠬᠢᠬᠤ | ᠬᠡᠮᠵᠢᠶ᠎ᠡ ᠪᠠᠷ ᠤᠷᠢᠳᠴᠢᠯᠠᠨ ᠳᠣᠭᠢᠷᠠᠭᠤᠯᠵᠤ᠂ ᠶᠡᠷᠦᠩᠬᠡᠶ ᠬᠡᠮᠵᠢᠶᠡᠨ ᠤ ᠬᠡᠪᠴᠢᠶ᠎ᠡ᠂ ᠪᠦᠲᠦᠴᠡ ᠶᠢᠨ ᠴᠢᠳᠠᠮᠵᠢ᠂ ᠪᠥᠲᠥᠭᠡᠨ | ᠪᠠᠶᠢᠭᠤᠯᠤᠯᠲᠠ ᠶᠢᠨ ᠣᠷᠣᠨ ᠵᠠᠶ ᠵᠡᠷᠭᠡ ᠲᠠᠯ᠎ᠠ ᠪᠠᠷ ᠡᠯᠪᠡᠭ ᠪᠠᠶᠠᠯᠢᠭ ᠦᠯᠡᠳᠡᠭᠡᠵᠦ᠂ ᠠᠳᠠᠯᠢ ᠪᠤᠰᠤ ᠬᠦᠷᠢᠶ᠎ᠡ ᠴᠠᠷᠠᠭ᠎ᠠ᠂ | ᠠᠳᠠᠯᠢ ᠪᠤᠰᠤ ᠲᠠᠯᠠᠪᠤᠷ ᠴᠠᠬᠢᠯᠭᠠᠨ ᠴᠡᠨᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠬᠠᠩᠭᠠᠨ᠎ᠠ᠃ ᠴᠠᠬᠢᠯᠭᠠᠨ | ᠴᠡᠨᠡᠭᠯᠡᠬᠦ ᠰᠠᠭᠤᠷᠢ ᠪᠡᠯᠡᠳᠬᠡᠮᠵᠢ ᠶᠢᠨ ᠪᠠᠷᠢᠮᠵᠢᠶ᠎ᠠ ᠶᠢᠨ ᠲᠣᠭᠲᠠᠯᠴᠠᠭ᠎ᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠳᠤᠮᠳᠠᠳᠤ | ᠤᠯᠤᠰ ᠤᠨ ᠪᠠᠷᠢᠮᠵᠢᠶ᠎ᠠ ᠶᠢᠨ ᠳᠡᠯᠡᠬᠡᠶᠢᠵᠢᠯᠲᠡ ᠶᠢ ᠠᠬᠢᠭᠤᠯᠤᠨ᠎ᠠ᠃ | ᠰᠢᠨ᠎ᠡ ᠶᠢ ᠡᠭᠦᠳᠦᠨ ᠠᠭᠤᠰᠤᠯᠴᠠᠭᠤᠯᠤᠨ᠎ᠠ᠃ ᠰᠢᠨ᠎ᠡ ᠶᠢ ᠡᠭᠦᠳᠬᠦ ᠨᠢᠭᠡᠳᠦᠭᠡᠷ ᠬᠦᠳᠡᠯᠭᠡᠬᠦ ᠬᠦᠴᠦᠨ ᠤ | ᠦᠢᠯᠡᠳᠦᠯ ᠢ ᠭᠦᠢᠴᠡᠳ ᠪᠠᠳᠠᠷᠠᠭᠤᠯᠵᠤ᠂ ᠴᠠᠬᠢᠯᠭᠠᠨ ᠴᠡᠨᠡᠭᠯᠡᠬᠦ ᠰᠠᠭᠤᠷᠢ ᠪᠡᠯᠡᠳᠭᠡᠮᠵᠢ ᠶᠢᠨ ᠲᠣᠭᠠᠵᠢᠯᠲᠠ᠂ ᠤᠶᠤᠨᠴᠢᠯᠠᠯᠲᠠ᠂ | ᠠᠭᠤᠰᠤᠯᠴᠠᠯ ᠤᠨ ᠬᠥᠭᠵᠢᠯᠲᠡ ᠶᠢᠨ ᠬᠢᠷᠢ ᠬᠡᠮᠵᠢᠶ᠎ᠠ ᠶᠢ ᠳᠡᠭᠡᠭᠰᠢᠯᠡᠭᠦᠯᠦᠨ᠂ ᠰᠢᠨ᠎ᠡ ᠮᠡᠷᠭᠡᠵᠢᠯ᠂ ᠰᠢᠨ᠎ᠡ ᠡᠵᠡᠩᠨᠡᠯᠲᠡ ᠶᠢᠨ | ᠪᠠᠢᠳᠠᠯ᠂ ᠰᠢᠨ᠎ᠡ ᠵᠠᠭᠪᠤᠷ ᠢ ᠵᠣᠷᠢᠬᠵᠢᠭᠤᠯᠤᠨ ᠬᠥᠭᠵᠢᠭᠦᠯᠵᠦ᠂ ᠴᠠᠬᠢᠯᠭᠠᠨ ᠬᠦᠳᠡᠯᠭᠡᠭᠦᠷᠲᠦ ᠮᠠᠰᠢᠨ ᠲᠡᠷᠭᠡ ᠬᠢᠭᠡᠳ | ᠴᠠᠬᠢᠯᠭᠠᠨ ᠴᠡᠨᠡᠭᠯᠡᠬᠦ ᠰᠠᠭᠤᠷᠢ ᠪᠡᠯᠡᠳᠭᠡᠮᠵᠢ ᠶᠢᠨ ᠲᠣᠣᠷ ᠰᠦᠯᠵᠢᠶ᠎ᠡ᠂ ᠴᠠᠬᠢᠯᠭᠠᠨ ᠬᠤᠯᠪᠣᠭᠠᠨ ᠤ ᠲᠣᠣᠷ ᠪᠣᠯᠣᠨ ᠵᠠᠮ | ᠬᠠᠷᠢᠯᠴᠠᠭᠠᠨ ᠤ ᠲᠣᠣᠷ ᠰᠦᠯᠵᠢᠶ᠎ᠡ᠂ ᠴᠠᠬᠢᠯᠭᠠᠨ ᠬᠦᠴᠦᠨ ᠤ ᠲᠣᠣᠷ ᠵᠡᠷᠭᠡ ᠡᠨᠧᠷᠭᠢ ᠶᠢᠨ ᠬᠠᠷᠢᠯᠴᠠᠨ ᠨᠡᠪᠲᠡᠷᠡᠯᠴᠡᠬᠦ᠂ | ᠮᠡᠳᠡᠭᠡ ᠵᠠᠩᠭᠢ ᠶᠢᠨ ᠬᠠᠷᠢᠯᠴᠠᠨ ᠨᠡᠪᠲᠡᠷᠡᠯᠴᠡᠬᠦ ᠶᠢ ᠠᠬᠢᠭᠤᠯᠬᠤ ᠬᠡᠷᠡᠭᠲᠡᠢ᠃ | ᠠᠮᠤᠷ ᠲᠥᠪᠰᠢᠨ ᠳᠥᠭᠦᠮ ᠳᠥᠲᠡ᠃ ᠠᠮᠤᠷ ᠲᠦᠪᠰᠢᠨ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠴᠠᠬᠢᠯᠭᠠᠨ | ᠴᠡᠨᠡᠭᠯᠡᠬᠦ ᠰᠠᠭᠤᠷᠢ ᠲᠥᠬᠦᠭᠡᠷᠦᠮᠵᠢ ᠶᠢᠨ ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠠᠮᠤᠷ ᠲᠦᠪᠰᠢᠨ ᠤ | ᠬᠠᠮᠢᠶᠠᠷᠤᠯᠲᠠ ᠶᠢ ᠴᠢᠩᠭᠠᠳᠬᠠᠵᠤ᠂ ᠶᠠᠰᠤ ᠴᠢᠨᠠᠷ ᠤᠨ ᠠᠮᠤᠷ ᠲᠦᠪᠰᠢᠨ᠂ ᠠᠵᠢᠯᠯᠠᠭᠠᠨ ᠤ ᠠᠮᠤᠷ ᠲᠦᠪᠰᠢᠨ ᠪᠣᠯᠤᠨ | ᠮᠡᠳᠡᠭᠡ ᠵᠠᠩᠭᠢ ᠶᠢᠨ ᠠᠮᠤᠷ ᠲᠦᠪᠰᠢᠨ ᠢ ᠴᠢᠩᠭᠠᠳᠬᠠᠵᠤ᠂ ᠨᠠᠶᠢᠳᠠᠪᠤᠷᠢᠲᠤ ᠴᠢᠨᠠᠷ ᠪᠣᠯᠤᠨ ᠠᠶᠤᠯ ᠲᠦᠭᠰᠢᠭᠦᠷᠢ ᠶᠢ | ᠰᠡᠷᠭᠡᠶᠢᠯᠡᠬᠦ ᠲᠦᠪᠰᠢᠨ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃ ᠴᠠᠬᠢᠯᠭᠠᠨ ᠴᠡᠨᠡᠭᠯᠡᠬᠦ ᠦᠢᠯᠡᠴᠢᠯᠡᠭᠡᠨ ᠤ ᠠᠵᠤ | ᠠᠬᠤᠢ ᠶᠢᠨ ᠴᠢᠨᠠᠷ ᠪᠠ ᠳᠥᠭᠦᠮ ᠳᠥᠲᠡ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠣᠯᠠᠨ ᠶᠠᠩᠵᠤ ᠶᠢᠨ | ᠪᠦᠲᠦᠮᠵᠢᠲᠡᠶ ᠬᠠᠩᠭᠠᠯᠭ᠎ᠠ ᠶᠢ ᠥᠷᠭᠡᠳᠬᠡᠨ᠂ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠪᠥᠬᠦ ᠲᠠᠯ᠎ᠠ ᠪᠠᠷ | ᠳᠡᠭᠡᠭᠰᠢᠯᠡᠭᠦᠯᠦᠨ᠎ᠡ᠃ | ︵ᠭᠤᠷᠪᠠ︶ ᠬᠥᠭᠵᠢᠯᠲᠡ ᠶᠢᠨ ᠬᠠᠷᠠᠯᠲᠠ᠃ 2030 ᠣᠨ ᠪᠣᠯᠬᠤ ᠳᠤ᠂ ᠬᠠᠮᠤᠷᠬᠤ ᠬᠡᠪᠴᠢᠶ᠎ᠡ ᠨᠢ ᠥᠷᠭᠡᠨ᠂ | ᠬᠡᠪᠴᠢᠶ᠎ᠡ ᠨᠢ ᠲᠣᠬᠢᠷᠠᠮᠵᠢᠲᠠᠶ᠂ ᠪᠦᠲᠦᠴᠡ ᠨᠢ ᠵᠦᠶ ᠵᠣᠬᠢᠰᠲᠠᠶ᠂ ᠴᠢᠳᠠᠮᠵᠢ ᠨᠢ ᠪᠦᠷᠢᠨ ᠲᠡᠭᠦᠯᠳᠡᠷ ᠴᠢᠨᠠᠷ ᠰᠠᠶᠢᠲᠠᠶ | ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ ᠰᠢᠰᠲ᠋ᠧᠮᠵᠢ ᠶᠢ ᠦᠨᠳᠦᠰᠦᠨ ᠳᠡᠭᠡᠨ ᠪᠠᠶᠢᠭᠤᠯᠵᠤ᠂ ᠰᠢᠨ᠎ᠡ ᠡᠨᠧᠷᠭᠢ ᠶᠢᠨ | ᠮᠠᠰᠢᠨ ᠲᠡᠷᠭᠡᠨ ᠤ ᠠᠵᠤ ᠦᠢᠯᠡᠰ ᠤᠨ ᠬᠥᠭᠵᠢᠯᠲᠡ ᠳᠤ ᠬᠦᠴᠦᠲᠡᠶ ᠲᠤᠯᠭᠠᠭᠤᠷᠢᠯᠠᠨ᠂ ᠠᠷᠠᠳ ᠣᠯᠠᠨ ᠤ ᠶᠠᠪᠤᠵᠤ | ᠰᠠᠭᠤᠬᠤ ᠳᠤ ᠴᠠᠬᠢᠯᠭᠠᠨ ᠴᠡᠨᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠪᠦᠲᠦᠮᠵᠢᠲᠡᠶ ᠬᠠᠩᠭᠠᠨ᠎ᠠ᠃ ᠬᠤᠲᠠ ᠶᠢᠨ ᠭᠠᠳᠠᠷᠭᠤ᠂ | ᠵᠠᠰᠠᠮᠠᠯ ᠵᠠᠮ ᠤᠨ ᠱᠤᠭᠤᠮ ᠤᠨ ᠬᠡᠯᠪᠡᠷᠢ᠂ ᠬᠥᠳᠡᠭᠡ ᠲᠣᠰᠬᠤᠨ ᠤ ᠴᠡᠭᠯᠢᠭ ᠪᠠᠶᠢᠷᠢᠰᠢᠯ ᠤᠨ ᠴᠠᠬᠢᠯᠭᠠᠨ ᠴᠡᠨᠡᠭᠯᠡᠬᠦ ᠲᠣᠤᠷ | ᠰᠦᠯᠵᠢᠶ᠎ᠡ ᠶᠢ ᠪᠥᠲᠥᠭᠡᠨ ᠪᠠᠶᠢᠭᠤᠯᠵᠤ᠂ ᠲᠣᠮᠣ ᠳᠤᠮᠳᠠ ᠬᠡᠯᠪᠡᠷᠢ ᠠᠴᠠ ᠳᠡᠭᠡᠭᠰᠢᠬᠢ ᠬᠤᠲᠠ ᠶᠢᠨ ᠡᠵᠡᠩᠨᠡᠯᠲᠡ ᠶᠢᠨ | ᠴᠢᠨᠠᠷᠲᠠᠶ ᠲᠡᠷᠭᠡᠨ ᠵᠣᠭᠰᠣᠭᠠᠯ ᠤᠨ ᠴᠠᠬᠢᠯᠭᠠᠨ ᠴᠡᠨᠡᠭᠯᠡᠬᠦ ᠲᠦᠷᠢᠮᠵᠢᠭᠰᠡᠨ ᠲᠡᠷᠭᠡᠨ ᠪᠠᠶᠢᠷᠢ ᠶᠢᠨ ᠬᠠᠷᠢᠴᠠᠯ ᠢ ᠬᠤᠲᠠ ᠶᠢᠨ | ᠳᠠᠩᠰᠠᠯᠠᠭᠤᠯᠤᠭᠰᠠᠨ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠤ ᠬᠠᠷᠢᠴᠠᠯ ᠠᠴᠠ ᠳᠠᠪᠠᠭᠤᠯᠬᠤ ᠪᠠᠷ ᠴᠢᠷᠮᠠᠶᠢᠵᠤ᠂ | ᠬᠥᠳᠡᠭᠡ ᠲᠣᠰᠬᠤᠨ ᠤ ᠭᠠᠵᠠᠷ ᠣᠷᠣᠨ ᠤ ᠴᠠᠬᠢᠯᠭᠠᠨ ᠴᠡᠨᠡᠭᠯᠡᠬᠦ ᠦᠢᠯᠡᠴᠢᠯᠡᠭᠡᠨ ᠤ ᠪᠦᠷᠬᠦᠴᠡ ᠶᠢᠨ ᠨᠣᠷᠮ᠎ᠠ ᠶᠢ | ᠯᠠᠪᠳᠠᠭᠤᠨ ᠢᠶᠠᠷ ᠳᠡᠭᠡᠭᠰᠢᠯᠡᠭᠦᠯᠦᠨ᠎ᠡ᠃ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠲᠦᠷᠭᠡᠨ ᠤᠳᠠᠭᠠᠨ ᠬᠠᠷᠢᠯᠴᠠᠨ | ᠨᠥᠬᠦᠪᠥᠷᠢᠯᠡᠬᠦ᠂ ᠣᠶᠤᠨᠴᠢ ᠨᠡᠭᠡᠭᠡᠯᠲᠡ ᠬᠢᠬᠦ᠂ ᠴᠠᠬᠢᠯᠭᠠᠨ ᠴᠡᠨᠡᠭᠯᠡᠬᠦ ᠦᠶ᠋ᠯᠡᠴᠢᠯᠡᠭᠡ ᠨᠢ ᠠᠮᠤᠷ ᠲᠦᠪᠰᠢᠨ ᠨᠠᠶᠢᠳᠠᠪᠤᠷᠢᠲᠠᠶ | ᠪᠠᠶᠢᠬᠤ᠂ ᠠᠵᠤ ᠠᠬᠤᠶ ᠳᠥᠭᠦᠮ ᠳᠥᠲᠡ᠂ ᠪᠠᠷᠢᠮᠵᠢᠶ᠎ᠠ ᠶᠢᠨ ᠵᠢᠷᠤᠮᠵᠢᠯ ᠪᠠ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠰᠢᠰᠲ᠋ᠧᠮ ᠢ ᠦᠨᠳᠦᠰᠦᠨ ᠳᠡᠭᠡᠨ ᠲᠡᠭᠦᠯᠳᠡᠷᠵᠢᠭᠦᠯᠵᠦ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ | ᠪᠠ ᠵᠠᠰᠠᠯᠲᠠ ᠶᠢᠨ ᠴᠢᠳᠠᠪᠤᠷᠢ ᠶᠢ ᠦᠨᠳᠦᠰᠦᠨ ᠳᠡᠭᠡᠨ ᠣᠳᠣᠬᠢᠴᠢᠯᠠᠯᠲᠠ ᠶᠢ ᠪᠡᠶᠡᠯᠡᠭᠦᠯᠵᠦ᠂ ᠮᠡᠷᠭᠡᠵᠢᠯ ᠲᠣᠨᠤᠭ | ᠲᠥᠬᠦᠭᠡᠷᠦᠮᠵᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢ ᠳᠡᠯᠡᠬᠡᠶ ᠶᠢᠨ ᠲᠡᠷᠢᠭᠦᠨ ᠤ ᠬᠢᠷᠢ | ᠲᠦᠪᠰᠢᠨ ᠳᠤ ᠬᠦᠷᠭᠡᠪᠡ᠃ | ᠬᠤᠶᠠᠷ᠂ ᠰᠦᠯᠵᠢᠶᠡᠨ ᠤ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ ᠲᠡᠭᠦᠯᠳᠡᠷᠵᠢᠭᠦᠯᠦᠨ᠎ᠡ | ︵ᠨᠢᠭᠡ ︶ ᠳᠥᠭᠦᠮ ᠳᠥᠲᠡ ᠥᠨᠳᠥᠷ ᠪᠦᠲᠦᠮᠵᠢᠲᠡᠶ ᠬᠤᠲᠠ ᠶᠢᠨ ᠬᠤᠭᠤᠷᠣᠨᠳᠣᠬᠢ ᠴᠠᠬᠢᠯᠭᠠᠨ ᠴᠡᠨᠡᠭᠯᠡᠬᠦ ᠲᠣᠤᠷ | ᠰᠦᠯᠵᠢᠶ᠎ᠡ ᠶᠢ ᠪᠥᠲᠥᠭᠡᠨ ᠪᠠᠶᠢᠭᠤᠯᠤᠨ᠎ᠠ᠃ ᠤᠯᠤᠰ ᠤᠨ ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ | ᠲᠣᠣᠷ ᠤᠨ ︽6 ᠲᠡᠩᠭᠡᠯᠢᠭ 7 ᠬᠤᠩᠬᠢᠯ 8 ᠨᠡᠪᠲᠡᠷᠡᠬᠦ ᠵᠠᠮ︾ ᠤᠨ ᠭᠤᠣᠯ ᠨᠢᠷᠤᠭᠤ ᠪᠠᠷ ᠭᠤᠣᠯᠳᠠᠯᠭ᠎ᠠ ᠪᠣᠯᠭᠠᠵᠤ᠂ | ᠭᠤᠣᠯᠳᠠᠯᠭ᠎ᠠ ᠲᠠᠢ ᠬᠤᠲᠠ ᠶᠢᠨ ᠬᠤᠭᠤᠷᠣᠨᠳᠣᠬᠢ ᠵᠠᠮ ᠤᠨ ᠲᠣᠣᠷ ᠤᠨ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ | ᠳᠤᠲᠠᠭᠤᠳᠠᠯ ᠢ ᠲᠦᠷᠭᠡᠨ ᠨᠥᠬᠦᠪᠦᠷᠢᠯᠡᠵᠦ᠂ ᠴᠠᠬᠢᠯᠭᠠᠨ ᠴᠡᠨᠡᠭᠯᠡᠬᠦ ᠱᠤᠭᠤᠮ ᠤᠨ ᠬᠤᠭᠤᠷᠣᠨᠳᠣᠬᠢ ᠪᠦᠲᠦᠮᠵᠢᠲᠡᠢ | ᠵᠣᠯᠭᠠᠯᠴᠠᠭ᠎ᠠ ᠶᠢ ᠴᠢᠩᠭᠠᠳᠬᠠᠵᠤ᠂ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠤ ᠳᠣᠲᠣᠷᠠᠬᠢ ᠬᠤᠯᠠ ᠵᠠᠮ ᠤᠨ | ᠠᠶᠠᠯᠠᠯ ᠤᠨ ᠬᠡᠷᠡᠭᠴᠡᠭᠡ ᠶᠢ ᠪᠦᠲᠦᠮᠵᠢᠲᠡᠢ ᠬᠠᠩᠭᠠᠬᠤ ᠬᠤᠳᠠ ᠶᠢᠨ ᠬᠤᠭᠤᠷᠣᠨᠳᠣᠬᠢ ᠴᠠᠬᠢᠯᠭᠠᠨ ᠴᠡᠨᠡᠭᠯᠡᠬᠦ ᠲᠣᠣᠷ ᠢ | ᠪᠠᠶᠢᠭᠤᠯᠤᠨ᠎ᠠ᠃ ᠤᠯᠤᠰ ᠤᠨ ᠲᠦᠷᠭᠡᠨ ᠳᠠᠪᠬᠢᠬᠤ ᠵᠠᠰᠠᠮᠠᠯ ᠵᠠᠮ ᠤᠨ ᠲᠣᠤᠷ ᠤᠨ ᠴᠠᠬᠢᠯᠭᠠᠨ ᠴᠡᠨᠡᠭᠯᠡᠬᠦ ᠰᠠᠭᠤᠷᠢ | ᠪᠡᠯᠡᠳᠬᠡᠮᠵᠢ ᠶᠢᠨ ᠪᠦᠷᠬᠦᠴᠡ ᠶᠢᠨ ᠥᠷᠭᠡᠴᠡ ᠶᠢ ᠥᠷᠭᠡᠳᠬᠡᠵᠦ᠂ ᠪᠡᠯᠡᠳᠬᠡᠮᠵᠢ ᠶᠢᠨ ᠴᠡᠭ ᠪᠠᠶᠢᠷᠢ ᠶᠢᠨ ᠪᠠᠶᠢᠷᠢᠰᠢᠯ ᠢ | ᠨᠢᠭᠲᠠᠷᠠᠭᠤᠯᠤᠨ ᠰᠢᠯᠢᠳᠡᠭᠵᠢᠭᠦᠯᠵᠦ᠂ ᠵᠠᠩᠭᠢᠯᠠᠭ᠎ᠠ ᠶᠢᠨ ᠴᠡᠭ ᠲᠠᠬᠢ ᠴᠠᠬᠢᠯᠭᠠᠨ ᠴᠡᠨᠡᠭᠯᠡᠬᠦ ᠰᠦᠯᠵᠢᠶᠡᠨ ᠤ ᠵᠠᠯᠭᠠᠬᠤ | ᠴᠢᠳᠠᠪᠤᠷᠢ ᠶᠢ ᠴᠢᠩᠭᠠᠷᠠᠭᠤᠯᠤᠨ᠎ᠠ᠃ ᠰᠢᠨ᠎ᠡ ᠪᠠᠷ ᠪᠠᠶᠢᠭᠤᠯᠬᠤ ᠳᠡᠭᠡᠳᠦ ᠬᠤᠷᠳᠤ ᠶᠢᠨ ᠵᠠᠰᠠᠮᠠᠯ ᠵᠠᠮ ᠤᠨ ᠦᠢᠯᠡᠴᠢᠯᠡᠭᠡᠨ ᠤ | ᠲᠣᠭᠤᠷᠢᠭ ᠨᠢ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢ ᠵᠡᠷᠭᠡ ᠪᠠᠷ ᠪᠠᠶᠢᠭᠤᠯᠵᠤ᠂ ᠨᠢᠭᠡᠨᠲᠡ ᠪᠠᠶᠢᠭ᠎ᠠ ᠳᠡᠭᠡᠳᠦ | ᠬᠤᠷᠳᠤ ᠶᠢᠨ ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ ᠤᠨ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ | ᠥᠭᠡᠷᠡᠴᠢᠯᠡᠯᠲᠡ ᠶᠢ ᠲᠦᠷᠭᠡᠳᠬᠡᠨ᠂ ᠰᠢᠨ᠎ᠡ ᠪᠠᠷ ᠨᠡᠮᠡᠭᠳᠡᠭᠦᠯᠬᠦ ᠪᠡᠯᠡᠳᠬᠡᠮᠵᠢ ᠶᠢ ᠵᠠᠷᠴᠢᠮ ᠳᠡᠭᠡᠷ᠎ᠡ ᠪᠠᠨ ᠶᠡᠭᠡ ᠴᠢᠳᠠᠮᠵᠢ ᠲᠠᠢ | ᠴᠠᠬᠢᠯᠭᠠᠨ ᠴᠡᠨᠡᠭᠯᠡᠬᠦ ᠮᠡᠷᠭᠡᠵᠢᠯ ᠢ ᠬᠡᠷᠡᠭᠯᠡᠵᠦ᠂ ᠳᠡᠭᠡᠳᠦ ᠬᠤᠷᠳᠤ ᠶᠢᠨ ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ ᠤᠨ | ᠬᠠᠮᠢᠶ᠎ᠠ ᠪᠥᠬᠦᠶ ᠵᠢᠷᠤᠭ ᠲᠥᠯᠥᠪᠯᠡᠭᠡ ᠶᠢᠨ ᠪᠠᠷᠢᠮᠵᠢᠶ᠎ᠠ ᠬᠢᠭᠡᠳ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ | ᠵᠢᠷᠤᠮᠵᠢᠯ ᠢ ᠲᠡᠭᠦᠯᠳᠡᠷᠵᠢᠭᠦᠯᠬᠦ ᠬᠡᠷᠡᠭᠲᠡᠶ᠃ ᠨᠦᠬᠦᠴᠡᠯ ᠪᠦᠷᠢᠯᠳᠦᠬᠦᠯᠦᠭᠰᠡᠨ ᠤᠯᠤᠰ ᠤᠨ ᠪᠠ ᠮᠤᠵᠢ ᠶᠢᠨ ᠭᠤᠤᠯ | ᠱᠤᠭᠤᠮ ᠤᠨ ᠵᠠᠰᠠᠮᠠᠯ ᠵᠠᠮ ᠤᠨ ᠦᠢᠯᠡᠴᠢᠯᠡᠭᠡᠨ ᠤ ᠲᠤᠭᠤᠷᠢᠭ ︵ᠦᠷᠳᠡᠭᠡ︶ ᠢ ᠠᠬᠢᠭᠤᠯᠤᠨ᠎ᠠ︶ ᠭᠠᠵᠠᠷ ᠣᠷᠣᠨ ᠤ | ᠪᠠᠶᠢᠳᠠᠯ ᠳᠠᠭᠠᠨ ᠲᠤᠬᠢᠷᠠᠭᠤᠯᠤᠨ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢ ᠰᠢᠨᠵᠢᠯᠡᠬᠦ ᠤᠬᠠᠭᠠᠨᠴᠢ ᠪᠠᠷ | ᠪᠠᠶᠢᠷᠢᠯᠠᠭᠤᠯᠵᠤ᠂ ᠵᠠᠰᠠᠮᠠᠯ ᠵᠠᠮ ᠳᠠᠭᠠᠤ ᠶᠢᠨ ᠴᠠᠬᠢᠯᠭᠠᠨ ᠴᠡᠨᠡᠭᠯᠡᠬᠦ ᠰᠠᠭᠤᠷᠢ ᠦᠢᠯᠡᠴᠢᠯᠡᠭᠡ ᠶᠢ ᠴᠢᠩᠭᠠᠳᠬᠠᠨ᠎ᠠ᠃ | ︵ᠬᠤᠶᠠᠷ︶ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠬᠤᠲᠠ ᠶᠢᠨ ᠪᠥᠭᠡᠮᠨᠡᠷ ᠡᠯ ᠤᠨ ᠴᠠᠬᠢᠯᠭᠠᠨ | ᠴᠡᠨᠡᠭᠯᠡᠬᠦ ᠲᠣᠣᠷ ᠰᠦᠯᠵᠢᠶ᠎ᠡ ᠶᠢ ᠪᠦᠲᠦᠭᠡᠨ ᠪᠠᠢᠭᠤᠯᠤᠶ᠎ᠠ᠃ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢ ᠨᠢᠭᠡᠳᠦᠯᠲᠡᠶ | ᠲᠥᠯᠥᠪᠵᠢᠭᠦᠯᠵᠦ᠂ ᠬᠠᠮᠵᠢᠯᠴᠠᠨ ᠪᠥᠲᠥᠭᠡᠨ ᠪᠠᠶᠢᠭᠤᠯᠬᠤ ᠶᠢ ᠴᠢᠩᠭᠠᠳᠬᠠᠨ᠂ ᠠᠳᠠᠯᠢ ᠪᠤᠰᠤ ᠬᠤᠲᠠ ᠶᠢᠨ ᠴᠠᠬᠢᠯᠭᠠᠨ | ᠴᠡᠨᠡᠭᠯᠡᠬᠦ ᠦᠢᠯᠡᠴᠢᠯᠡᠭᠡᠨ ᠤ ᠲᠤᠭ᠎ᠠ ᠪᠠᠷᠢᠮᠲᠠ ᠶᠢ ᠰᠣᠯᠢᠯᠴᠠᠨ ᠬᠠᠮᠲᠤ ᠪᠠᠷ ᠭᠥᠷᠳᠡᠬᠦ ᠶᠢ ᠴᠢᠩᠭᠠᠷᠠᠭᠤᠯᠵᠤ᠂ ᠴᠠᠬᠢᠯᠭᠠᠨ | ᠴᠡᠨᠡᠭᠯᠡᠬᠦ ᠰᠦᠯᠵᠢᠶᠡᠨ ᠤ ᠣᠶᠤᠨᠴᠢᠯᠠᠭᠰᠠᠨ ᠲᠠᠰ ᠳᠡᠪᠰᠢᠭᠦᠯᠦᠨ ᠥᠭᠡᠷᠡᠴᠢᠯᠡᠬᠦ ᠶᠢ ᠲᠦᠷᠭᠡᠳᠬᠡᠨ᠂ ᠣᠷᠣᠨ ᠪᠦᠰᠡ | ᠠᠯᠤᠰᠯᠠᠨ ᠴᠠᠬᠢᠯᠭᠠᠨ ᠴᠡᠨᠡᠭᠯᠡᠬᠦ ᠦᠢᠯᠡᠴᠢᠯᠡᠭᠡ ᠶᠢ ᠪᠦᠲᠦᠮᠵᠢᠲᠡᠶ ᠵᠣᠯᠭᠠᠭᠤᠯᠬᠤ ᠶᠢ ᠪᠡᠶᠡᠯᠡᠭᠦᠯᠵᠦ᠂ ᠴᠠᠬᠢᠯᠭᠠᠨ | ᠬᠥᠳᠡᠯᠭᠡᠭᠦᠷᠲᠦ ᠮᠠᠰᠢᠨ ᠲᠡᠷᠭᠡ ᠶᠢᠨ ᠬᠤᠲᠠ ᠶᠢᠨ ᠪᠥᠭᠡᠮᠨᠡᠷᠡᠯ᠂ ᠲᠣᠮᠣ ᠬᠤᠲᠠ ᠶᠢᠨ ᠲᠣᠭᠤᠷᠢᠭ ᠵᠢᠴᠢ ᠭᠤᠤᠯᠳᠠᠯᠭ᠎ᠠ ᠲᠠᠢ | ᠬᠤᠲᠠ ᠶᠢᠨ ᠬᠤᠭᠤᠷᠣᠨᠳᠣᠬᠢ ᠨᠡᠪᠲᠡᠷᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠡᠭᠡᠵᠢᠩ ᠲᠢᠶᠠᠨᠵᠢᠨ ᠾᠧᠪᠧᠶ᠂ | ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ᠂ ᠴᠧᠩᠳᠦ᠋ | ᠴᠦᠩᠴᠢᠩ ᠳᠤ ᠭᠠᠵᠠᠷ ᠣᠷᠣᠨ ᠤ ᠬᠤᠤᠰ ᠬᠤᠲᠠ ᠶᠢᠨ ᠠᠵᠤ ᠠᠬᠤᠢ ᠶᠢᠨ ᠬᠦᠷᠢᠶ᠎ᠡ ᠪᠠᠷ ᠭᠤᠣᠯᠳᠠᠯᠭ᠎ᠠ ᠪᠣᠯᠭᠠᠨ | ᠴᠠᠬᠢᠯᠭᠠᠨ ᠴᠡᠨᠡᠭᠯᠡᠬᠦ ᠲᠣᠤᠷ ᠰᠦᠯᠵᠢᠶ᠎ᠡ ᠶᠢ ᠪᠠᠶᠢᠭᠤᠯᠵᠤ᠂ ᠬᠤᠯᠪᠣᠭᠠᠯᠠᠨ ᠨᠡᠪᠲᠡᠷᠡᠭᠦᠯᠬᠦ ᠣᠷᠣᠨ ᠪᠦᠰᠡ ᠶᠢᠨ ᠭᠤᠤᠯ ᠪᠣᠯᠬᠤ | ᠬᠤᠲᠠ ᠶᠢᠨ ᠲᠦᠷᠭᠡᠨ ᠴᠡᠨᠡᠭᠯᠡᠬᠦ ᠲᠣᠤᠷ ᠰᠦᠯᠵᠢᠶ᠎ᠡ ᠶᠢ ᠪᠠᠶᠢᠭᠤᠯᠵᠤ᠂ ᠴᠠᠬᠢᠯᠭᠠᠨ ᠴᠡᠨᠡᠭᠯᠡᠬᠦ ᠮᠡᠷᠭᠡᠵᠢᠯ᠂ ᠪᠠᠷᠢᠮᠵᠢᠶ᠎ᠠ ᠪᠠ | ᠦᠢᠯᠡᠴᠢᠯᠡᠭᠡ ᠶᠢ ᠳᠡᠯᠡᠬᠡᠶ ᠶᠢᠨ ᠲᠡᠷᠢᠭᠦᠨ ᠤ ᠬᠢᠷᠢ ᠲᠦᠪᠰᠢᠨ ᠳᠤ ᠬᠦᠷᠭᠡᠬᠦ ᠪᠠᠷ ᠴᠢᠷᠮᠠᠶᠢᠨ᠎ᠠ᠃ | ︵ᠭᠤᠷᠪᠠ ︶ ᠪᠦᠲᠦᠴᠡ ᠨᠢ ᠪᠦᠷᠢᠨ ᠲᠡᠭᠦᠯᠳᠡᠷ ᠬᠤᠲᠠ ᠶᠢᠨ ᠴᠠᠬᠢᠯᠭᠠᠨ ᠴᠡᠨᠡᠭᠯᠡᠬᠦ ᠲᠣᠤᠷ ᠰᠦᠯᠵᠢᠶ᠎ᠡ ᠶᠢ | ᠪᠠᠶᠢᠭᠤᠯᠤᠨ᠎ᠠ᠃ ᠬᠤᠲᠠ ᠶᠢᠨ ᠵᠠᠮ ᠬᠠᠷᠢᠯᠴᠠᠭᠠᠨ ᠤ ᠲᠣᠣᠷ ᠰᠦᠯᠵᠢᠶ᠎ᠡ ᠪᠠᠷ ᠲᠦᠰᠢᠭ ᠪᠣᠯᠭᠠᠵᠤ᠂ ︽ᠬᠤᠶᠠᠷ ᠲᠣᠭᠤᠷᠢᠭ︾ | ︵ᠣᠷᠣᠨ ᠰᠠᠭᠤᠴᠠ ᠶᠢᠨ ᠲᠣᠭᠤᠷᠢᠭ᠂ ᠠᠵᠢᠯᠯᠠᠬᠤ ᠲᠣᠭᠤᠷᠢᠭ︶᠂ ︽ᠭᠤᠷᠪᠠᠨ ᠲᠥᠪ︾ ︵ᠬᠤᠳᠠᠯᠳᠤᠭᠠᠨ ᠤ ᠲᠥᠪ᠂ | ᠠᠵᠤ ᠦᠢᠯᠡᠳᠪᠦᠷᠢ ᠶᠢᠨ ᠲᠥᠪ᠂ ᠰᠡᠯᠡᠭᠦᠴᠡᠯ ᠤᠨ ᠲᠥᠪ︶ ᠭᠤᠤᠯᠳᠡᠯᠭ᠎ᠠ ᠪᠤᠯᠭᠠᠵᠦ᠂ ᠬᠤᠳᠡ ᠶᠢᠨ ᠴᠠᠬᠢᠯᠭᠠᠨ ᠴᠡᠨᠡᠭᠯᠡᠬᠦ | ᠲᠣᠣᠷ ᠰᠦᠯᠵᠢᠶ᠎ᠠ ᠶᠢ ᠲᠥᠪ ᠬᠤᠳᠡ ᠶᠢᠨ ᠲᠤᠭᠤᠷᠢᠭ ᠠᠴᠠ ᠬᠤᠳᠡ ᠶᠢᠨ ᠬᠦᠪᠡᠭᠡ ᠳᠡᠰᠢ᠂ ᠣᠷᠢᠳᠡᠪᠡᠷ ᠬᠦᠭᠵᠢᠬᠦᠯᠬᠦ | ᠣᠷᠣᠨ ᠪᠦᠰᠡ ᠠᠴᠠ ᠪᠣᠰᠣᠳ ᠣᠷᠣᠨ ᠪᠦᠰᠡ ᠲᠡᠰᠢ ᠡᠮᠬᠢ ᠵᠢᠷᠦᠮ ᠲᠠᠢ ᠪᠠᠷ ᠤᠷᠳᠤᠳᠬᠠᠬᠤ ᠶᠢ ᠠᠬᠢᠭᠤᠯᠥᠨ᠎ᠠ᠃ | ᠬᠤᠲᠠ ᠶᠢᠨ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠬᠢᠭᠡᠳ ᠲᠡᠷᠭᠡ ᠵᠣᠭᠰᠣᠭᠠᠬᠤ ᠪᠡᠯᠡᠳᠬᠡᠮᠵᠢ ᠶᠢ ᠨᠢᠭᠡ | ᠴᠣᠭᠴᠠᠵᠢᠭᠤᠯᠤᠨ ᠲᠥᠯᠥᠪᠵᠢᠭᠦᠯᠬᠦ᠂ ᠪᠦᠲᠦᠭᠡᠨ ᠪᠠᠶᠢᠭᠤᠯᠬᠤ ᠪᠠ ᠬᠠᠮᠢᠶᠠᠷᠬᠤ ᠶᠢ ᠶᠡᠬᠡᠪᠡᠷ ᠠᠬᠢᠭᠤᠯᠵᠤ᠂ ᠬᠤᠲᠠ ᠶᠢᠨ | ᠡᠯ᠎ᠡ ᠲᠥᠷᠥᠯ ᠤᠨ ᠲᠡᠷᠭᠡ ᠵᠣᠭᠰᠣᠭᠠᠬᠤ ᠪᠠᠶᠢᠳᠠᠯ ᠢ ᠪᠥᠬᠦ ᠲᠠᠯ᠎ᠠ ᠪᠠᠷ ᠬᠠᠮᠤᠷᠬᠤ ᠶᠢ ᠪᠡᠶᠡᠯᠡᠭᠦᠯᠦᠨ᠎ᠡ᠃ ᠬᠤᠲᠠ ᠶᠢᠨ | ᠵᠠᠮ ᠤᠨ ᠬᠥᠷᠰᠢ ᠵᠡᠷᠭᠡᠯᠡᠳᠡᠭᠡ ᠣᠷᠣᠨ ᠵᠠᠶ ᠶᠢ ᠵᠦᠶ ᠵᠣᠬᠢᠰᠲᠠᠶ ᠠᠰᠢᠭᠯᠠᠵᠤ᠂ ᠲᠦᠷᠭᠡᠨ ᠢᠶᠠᠷ ᠭᠤᠤᠯ ᠪᠣᠯᠭᠠᠬᠤ᠂ | ᠤᠳᠠᠭᠠᠰᠢᠷᠠᠭᠤᠯᠬᠤ ᠪᠠᠷ ᠬᠠᠪᠰᠤᠷᠤᠮᠵᠢ ᠪᠣᠯᠭᠠᠭᠰᠠᠨ ᠣᠯᠠᠨ ᠨᠡᠶᠢᠲᠡ ᠶᠢᠨ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢ | ᠪᠥᠲᠥᠭᠡᠨ ᠪᠠᠶᠢᠭᠤᠯᠵᠤ᠂ ᠵᠣᠬᠢᠬᠤ ᠬᠡᠪᠴᠢᠶ᠎ᠡ ᠲᠠᠢ ᠲᠥᠪᠯᠡᠷᠡᠩᠭᠦᠶ ᠮᠠᠶ᠋ᠢᠭ ᠤᠨ ᠴᠠᠬᠢᠯᠭᠠᠨ ᠴᠡᠨᠡᠭᠯᠡᠬᠦ ᠰᠠᠭᠤᠷᠢ | ᠪᠡᠯᠡᠳᠬᠡᠮᠵᠢ ᠶᠢ ᠰᠢᠨ᠎ᠡ ᠪᠠᠷ ᠪᠠᠶᠢᠭᠤᠯᠬᠤ ᠶᠢ ᠵᠣᠷᠢᠭᠵᠢᠭᠤᠯᠤᠨ᠎ᠠ᠃ ᠣᠷᠣᠨ ᠰᠠᠭᠤᠴᠠ ᠶᠢᠨ ᠲᠣᠭᠤᠷᠢᠭ ᠲᠤ ᠣᠶᠤᠨᠴᠢ | ᠡᠮᠬᠢ ᠵᠢᠷᠤᠮ ᠲᠠᠢ ᠤᠳᠠᠭᠠᠨ ᠴᠡᠨᠡᠭᠯᠡᠬᠦ ᠪᠠᠷ ᠭᠤᠣᠯ ᠪᠣᠯᠭᠠᠵᠤ᠂ ᠪᠠᠴᠢᠮ ᠪᠠᠶᠢᠳᠠᠯ ᠢ ᠠᠷᠭᠠᠴᠠᠬᠤ ᠳᠤ ᠲᠦᠷᠭᠡᠨ ᠪᠠᠶᠢᠬᠤ ᠪᠠᠷ | ᠬᠠᠪᠰᠤᠷᠤᠮᠵᠢ ᠪᠣᠯᠭᠠᠭᠰᠠᠨ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢ ᠢᠳᠡᠪᠬᠢᠲᠡᠢ ᠳᠡᠯᠭᠡᠷᠡᠭᠦᠯᠦᠨ᠎ᠡ᠃ ᠠᠵᠢᠯᠯᠠᠬᠤ | ᠲᠣᠭᠤᠷᠢᠭ ᠪᠠ ︽ᠭᠤᠷᠪᠠᠨ ᠲᠥᠪ︾ ᠵᠡᠷᠭᠡ ᠬᠤᠲᠠ ᠶᠢᠨ ᠲᠤᠰᠬᠠᠶ ᠬᠡᠷᠡᠭᠯᠡᠬᠦ ᠪᠠ ᠨᠡᠶᠢᠲᠡ ᠶᠢᠨ ᠬᠡᠷᠡᠭᠯᠡᠭᠡᠨ ᠤ ᠣᠷᠣᠨ | ᠪᠦᠰᠡ ᠳᠤ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠲᠦᠷᠭᠡᠨ ᠤᠳᠠᠭᠠᠨ ᠤᠶᠠᠯᠳᠤᠭᠰᠠᠨ ᠣᠯᠠᠨ ᠨᠡᠶᠢᠲᠡ ᠶᠢᠨ | ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢ ᠪᠠᠶᠢᠷᠢᠰᠢᠭᠤᠯᠤᠨ ᠪᠥᠲᠥᠭᠡᠨ ᠪᠠᠶᠢᠭᠤᠯᠤᠨ᠎ᠠ᠃ ᠬᠤᠲᠠ ᠶᠢᠨ ᠴᠠᠬᠢᠯᠭᠠᠨ | ᠴᠡᠨᠡᠭᠯᠡᠬᠦ ᠲᠣᠤᠷ ᠰᠦᠯᠵᠢᠶ᠎ᠡ ᠬᠢᠭᠡᠳ ᠬᠤᠲᠠ ᠶᠢᠨ ᠬᠤᠭᠤᠷᠣᠨᠳᠣᠬᠢ᠂ ᠬᠤᠲᠠ ᠶᠢᠨ ᠪᠥᠭᠡᠮᠨᠡᠷᠡᠯ᠂ ᠲᠣᠮᠣ ᠬᠤᠲᠠ ᠶᠢᠨ | ᠲᠣᠭᠤᠷᠢᠭ ᠲᠤ ᠴᠠᠬᠢᠯᠭᠠᠨ ᠴᠡᠨᠡᠭᠯᠡᠬᠦ ᠲᠣᠤᠷ ᠰᠦᠯᠵᠢᠶ᠎ᠡ ᠶᠢ ᠪᠦᠲᠦᠮᠵᠢᠲᠡᠶ ᠵᠣᠯᠭᠠᠭᠤᠯᠬᠤ ᠶᠢ ᠠᠬᠢᠭᠤᠯᠤᠨ᠎ᠠ᠃ | ︵ᠲᠦᠷᠪᠡ︶ ᠬᠥᠳᠡᠭᠡ ᠲᠣᠰᠬᠤᠨ ᠤ ᠴᠠᠬᠢᠯᠭᠠᠨ ᠴᠡᠨᠡᠭᠯᠡᠬᠦ ᠪᠦᠲᠦᠮᠵᠢᠲᠡᠶ ᠲᠣᠤᠷ ᠰᠦᠯᠵᠢᠶ᠎ᠡ ᠶᠢ ᠪᠠᠶᠢᠭᠤᠯᠬᠤ | ᠬᠡᠷᠡᠭᠲᠡᠶ᠃ ᠬᠥᠳᠡᠭᠡ ᠲᠣᠰᠬᠤᠨ ᠤ ᠭᠠᠵᠠᠷ ᠣᠷᠣᠨ ᠤ ᠴᠠᠬᠢᠯᠭᠠᠨ ᠴᠡᠨᠡᠭᠯᠡᠬᠦ ᠲᠣᠤᠷ ᠰᠦᠯᠵᠢᠶ᠎ᠡ ᠬᠢᠭᠡᠳ ᠬᠤᠲᠠ᠂ | ᠬᠤᠲᠠ ᠶᠢᠨ ᠬᠤᠭᠤᠷᠣᠨᠳᠣᠬᠢ ᠴᠠᠬᠢᠯᠭᠠᠨ ᠴᠡᠨᠡᠭᠯᠡᠬᠦ ᠲᠣᠤᠷ ᠰᠦᠯᠵᠢᠶ᠎ᠡ ᠶᠢᠨ ᠠᠭᠤᠰᠤᠯᠴᠠᠨ ᠬᠥᠭᠵᠢᠬᠦ ᠶᠢ ᠲᠦᠯᠬᠢᠨ | ᠠᠬᠢᠭᠤᠯᠵᠤ᠂ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡ ᠬᠡᠷᠡᠭᠯᠡᠬᠦ | ᠬᠥᠳᠡᠭᠡ ᠲᠣᠰᠬᠤᠨ ᠤ ᠭᠠᠵᠠᠷ ᠣᠷᠣᠨ ᠳᠤ ᠪᠦᠲᠦᠮᠵᠢᠲᠡᠶ ᠪᠦᠷᠬᠦᠴᠡ ᠶᠢ ᠲᠦᠷᠭᠡᠳᠬᠡᠨ ᠪᠡᠶᠡᠯᠡᠭᠦᠯᠦᠨ᠎ᠡ᠃ ᠰᠢᠶᠠᠨ ᠤ | ᠱᠠᠲᠤᠨ ᠤ ᠬᠤᠲᠠ ᠶᠢᠨ ᠲᠣᠭᠤᠷᠢᠭ ᠲᠤ ᠣᠯᠠᠨ ᠨᠡᠶᠢᠲᠡ ᠶᠢᠨ ᠲᠣᠭᠲᠠᠮᠠᠯ ᠭᠥᠶᠥᠳᠡᠯᠳᠦ ᠲᠦᠷᠭᠡᠨ ᠭᠥᠶᠥᠬᠦ ᠦᠷᠲᠡᠭᠡ | ᠪᠠᠶᠢᠭᠤᠯᠬᠤ ᠶᠢ ᠢᠳᠡᠪᠬᠢᠲᠡᠶ ᠪᠠᠷ ᠲᠦᠯᠬᠢᠨ ᠠᠬᠢᠭᠤᠯᠬᠤ ᠬᠡᠷᠡᠭᠲᠡᠶ᠃ ᠰᠢᠶᠠᠩ ᠲᠣᠰᠬᠤᠨ ᠤ ᠱᠠᠲᠤᠨ ᠤ ᠴᠠᠬᠢᠯᠭᠠᠨ | ᠴᠡᠨᠡᠭᠯᠡᠬᠦ ᠰᠦᠯᠵᠢᠶᠡᠨ ᠤ ᠪᠦᠲᠦᠭᠡᠨ ᠪᠠᠶᠢᠭᠤᠯᠤᠯᠲᠠ ᠪᠠ ᠳᠠᠮᠵᠢᠭᠤᠯᠵᠤ ᠲᠦᠭᠡᠭᠡᠬᠦ ᠴᠠᠬᠢᠯᠭᠠᠨ ᠤ ᠲᠣᠣᠷ ᠤᠨ | ᠬᠥᠭᠵᠢᠯᠲᠡ ᠲᠠᠢ ᠤᠶᠠᠯᠳᠤᠭᠤᠯᠤᠨ᠂ ᠲᠣᠮᠣ ᠬᠡᠯᠪᠡᠷᠢ ᠶᠢᠨ ᠲᠣᠰᠬᠤᠨ ᠪᠠᠯᠭᠠᠰᠤ᠂ ᠣᠨᠳᠣᠣ ᠭᠠᠵᠠᠷ ᠲᠤ ᠨᠡᠭᠦᠯᠭᠡᠵᠦ | ᠲᠥᠪᠯᠡᠷᠡᠭᠦᠯᠦᠨ ᠲᠥᠪᠬᠢᠨᠡᠭᠦᠯᠬᠦ ᠣᠷᠣᠨ᠂ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ | ᠪᠠᠯᠭᠠᠰᠤ ᠵᠡᠷᠭᠡ ᠳᠤ ᠴᠠᠬᠢᠯᠭᠠᠨ ᠴᠡᠨᠡᠭᠯᠡᠬᠦ ᠲᠣᠣᠷ ᠰᠦᠯᠵᠢᠶ᠎ᠡ ᠶᠢ ᠲᠥᠯᠥᠪᠵᠢᠭᠦᠯᠦᠨ ᠪᠠᠶᠢᠷᠢᠰᠢᠭᠤᠯᠬᠤ ᠶᠢ ᠲᠦᠷᠭᠡᠳᠬᠡᠵᠦ᠂ | ᠰᠢᠶᠠᠩ ᠪᠠᠯᠭᠠᠰᠤᠨ ᠤ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠬᠤᠳᠠᠯᠳᠤᠭᠠᠨ ᠤ ᠪᠠᠷᠢᠯᠭ᠎ᠠ᠂ ᠵᠠᠮ | ᠬᠠᠷᠢᠯᠴᠠᠭᠠᠨ ᠤ ᠵᠠᠩᠭᠢᠯᠠᠭ᠎ᠠ ᠶᠢᠨ ᠲᠠᠯᠠᠪᠤᠷ ᠥᠷᠲᠡᠭᠡ᠂ ᠤᠯᠠᠨ ᠨᠡᠶᠢᠲᠡ ᠶᠢᠨ ᠲᠡᠷᠭᠡᠨ ᠵᠣᠭᠰᠣᠭᠠᠯ᠂ ᠪᠠᠷᠠᠭᠠᠨ ᠤ | ᠭᠦᠢᠯᠭᠡᠭᠡᠨ ᠤ ᠰᠠᠭᠤᠷᠢᠨ ᠭᠠᠵᠠᠷ ᠵᠡᠷᠭᠡ ᠣᠷᠣᠨ ᠪᠦᠰᠡ ᠳᠤ ᠤᠯᠠᠨ ᠨᠡᠶᠢᠲᠡ ᠶᠢᠨ ᠴᠠᠬᠢᠯᠭᠠᠨ ᠴᠡᠨᠡᠭᠯᠡᠬᠦ ᠰᠠᠭᠤᠷᠢ | ᠪᠡᠯᠡᠳᠬᠡᠮᠵᠢ ᠶᠢ ᠪᠠᠶᠢᠷᠢᠰᠢᠭᠤᠯᠤᠨ ᠪᠦᠲᠦᠭᠡᠨ ᠪᠠᠶᠢᠭᠤᠯᠬᠤ ᠶᠢ ᠶᠡᠬᠡᠪᠡᠷ ᠲᠦᠯᠬᠢᠨ ᠠᠬᠢᠭᠤᠯᠤᠨ᠎ᠠ᠃ ᠰᠢᠶᠠᠨ ᠤ ᠬᠤᠲᠠ ᠪᠠᠷ | ᠴᠢᠬᠤᠯᠠ ᠠᠴᠢᠶᠠᠯᠠᠪᠤᠷᠢ ᠪᠣᠯᠭᠠᠭᠰᠠᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ | ᠠᠬᠢᠭᠤᠯᠬᠤ ᠲᠠᠢ ᠤᠶᠠᠯᠳᠤᠭᠤᠯᠵᠤ᠂ ᠰᠠᠭᠤᠷᠢ ᠪᠠᠷ ᠨᠡᠯᠢᠶᠡᠳ ᠰᠠᠶᠢᠨ ᠭᠠᠵᠠᠷ ᠣᠷᠣᠨ ᠳᠤ ᠬᠡᠷᠡᠭᠴᠡᠭᠡ ᠪᠠᠨ ᠦᠨᠳᠦᠰᠦᠯᠡᠨ | ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠡᠷᠡᠭᠯᠡᠭᠡᠨ ᠤ ᠵᠢᠱᠢᠶ᠎ᠡ ᠦᠵᠡᠭᠦᠯᠬᠦ ᠰᠢᠶᠠᠨ | ᠪᠣᠯᠤᠨ ᠵᠢᠱᠢᠶ᠎ᠡ ᠦᠵᠡᠭᠦᠯᠬᠦ ᠰᠢᠶᠠᠩ ᠪᠠᠯᠭᠠᠰᠤ ᠶᠢ ᠡᠭᠦᠳᠦᠨ ᠪᠠᠶᠢᠭᠤᠯᠬᠤ ᠬᠡᠷᠡᠭᠲᠡᠶ᠃ | ᠭᠤᠷᠪᠠ᠂ ᠭᠤᠤᠯᠳᠠᠯᠭ᠎ᠠ ᠲᠠᠢ ᠣᠷᠣᠨ ᠪᠦᠰᠡ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠬᠡᠷᠡᠭᠲᠡᠶ | ︵ᠨᠢᠭᠡ︶ ᠣᠷᠣᠨ ᠰᠠᠭᠤᠴᠠ ᠶᠢᠨ ᠲᠣᠭᠤᠷᠢᠭ ᠤᠨ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢ ᠢᠳᠡᠪᠬᠢᠲᠡᠶ ᠪᠠᠷ ᠲᠦᠯᠬᠢᠨ ᠠᠬᠢᠭᠤᠯᠤᠨ᠎ᠠ᠃ ᠨᠢᠭᠡᠨᠲᠡ ᠪᠠᠶᠢᠭ᠎ᠠ ᠣᠷᠣᠨ ᠰᠠᠭᠤᠴᠠ ᠶᠢᠨ ᠲᠣᠭᠤᠷᠢᠭ ᠲᠤ | ᠲᠣᠭᠲᠠᠮᠠᠯ ᠲᠡᠷᠭᠡᠨ ᠪᠠᠶᠢᠷᠢ ᠶᠢᠨ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ ᠤᠭᠰᠠᠷᠠᠬᠤ ᠶᠣᠰᠣᠲᠠᠶ ᠶᠢ ᠨᠢ ᠴᠥᠮ | ᠠᠴᠢᠶᠠᠯᠠᠬᠤ ᠶᠢ ᠲᠦᠷᠭᠡᠳᠬᠡᠨ ᠠᠬᠢᠭᠤᠯᠵᠤ᠂ ᠣᠯᠠᠨ ᠨᠡᠶᠢᠲᠡ ᠶᠢᠨ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢ | ᠰᠢᠯᠢᠳᠡᠭᠵᠢᠭᠦᠯᠦᠨ ᠪᠠᠶᠢᠷᠢᠯᠠᠭᠤᠯᠤᠨ᠎ᠠ᠃ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠤᠨ ᠪᠥᠲᠥᠭᠡᠨ | ᠪᠠᠶᠢᠭᠤᠯᠤᠯᠲᠠ ᠶᠢᠨ ᠨᠢᠭᠡᠴᠡ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠴᠠᠬᠢᠯᠭᠠᠨ ᠴᠡᠨᠡᠭᠯᠡᠬᠦ | ᠰᠠᠭᠤᠷᠢ ᠪᠡᠯᠡᠳᠬᠡᠮᠵᠢ ᠶᠢ ᠳᠣᠭᠢᠷᠠᠭᠤᠯᠤᠨ ᠪᠠᠶᠢᠭᠤᠯᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠲᠣᠭᠲᠠᠮᠠᠯ | ᠲᠡᠷᠭᠡᠨ ᠪᠠᠶᠢᠷᠢ ᠶᠢ ᠲᠣᠭᠲᠠᠭᠠᠯ ᠶᠣᠰᠣᠭᠠᠷ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢ ᠪᠥᠲᠥᠭᠡᠨ ᠪᠠᠶᠢᠭᠤᠯᠬᠤ ᠪᠤᠶᠤ | ᠤᠭᠰᠠᠷᠠᠬᠤ ᠨᠥᠬᠦᠴᠡᠯ ᠢ 100% ᠪᠠᠷ ᠪᠥᠲᠥᠭᠡᠨ ᠪᠠᠶᠢᠭᠤᠯᠬᠤ ᠶᠢ ᠦᠨᠡᠨᠬᠦ ᠪᠠᠲᠤᠯᠠᠵᠤ᠂ ᠴᠠᠬᠢᠯᠭᠠᠨ ᠴᠠᠭ ᠤᠭᠰᠠᠷᠠᠵᠤ | ᠴᠠᠬᠢᠯᠭᠠᠨ ᠵᠠᠯᠭᠠᠬᠤ ᠰᠢᠭᠤᠳ ᠱᠠᠭᠠᠷᠳᠠᠯᠭ᠎ᠠ ᠶᠢ ᠬᠠᠩᠭᠠᠨ᠎ᠠ᠃ ᠬᠤᠲᠠ ᠪᠠᠷ ᠨᠢᠭᠡᠴᠢ ᠪᠣᠯᠭᠠᠨ ᠣᠷᠣᠨ ᠰᠠᠭᠤᠴᠠ ᠶᠢᠨ | ᠲᠣᠭᠤᠷᠢᠭ ᠤᠨ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ | ᠵᠦᠭᠯᠡᠭᠦᠷ ᠢ ᠲᠦᠷᠭᠡᠳᠬᠡᠨ ᠲᠣᠭᠲᠠᠭᠠᠵᠤ᠂ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠳᠡᠮᠵᠢᠯᠭᠡ ᠶᠢᠨ ᠲᠥᠷᠥ ᠶᠢᠨ | ᠪᠣᠳᠣᠯᠭ᠎ᠠ ᠪᠠ ᠬᠠᠮᠢᠶᠠᠷᠤᠯᠲᠠ ᠶᠢᠨ ᠲᠠᠰ ᠳᠠᠷᠠᠭᠠᠯᠠᠯ ᠢ ᠰᠢᠯᠢᠳᠡᠭᠵᠢᠭᠦᠯᠦᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ᠂ ᠰᠠᠭᠤᠭᠠᠯᠢ ᠠᠷᠠᠳ ᠤᠨ ᠵᠥᠪᠯᠡᠯ ᠵᠡᠷᠭᠡ ᠦᠨᠳᠦᠰᠦᠨ ᠱᠠᠲᠤᠨ ᠤ ᠬᠠᠮᠢᠶᠠᠷᠤᠯᠲᠠ ᠶᠢᠨ ᠪᠠᠶᠢᠭᠤᠯᠤᠮᠵᠢ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ︽ᠨᠢᠭᠡ ᠥᠷᠲᠡᠭᠡ ᠮᠠᠶ᠋ᠢᠭ︾ ᠤᠨ ᠵᠣᠬᠢᠴᠠᠭᠤᠯᠤᠨ ᠠᠬᠢᠭᠤᠯᠬᠤ ᠪᠠ | ᠵᠠᠭᠠᠯᠳᠤᠯᠭ᠎ᠠ ᠶᠢ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ᠎ᠠ᠃ ᠴᠠᠬᠢᠯᠭᠠᠨ ᠴᠡᠨᠡᠭᠯᠡᠬᠦ ᠡᠵᠡᠩᠨᠡᠯᠲᠡ ᠶᠢᠨ ᠠᠵᠤ ᠠᠬᠤᠶᠢᠯᠠᠯ | ᠵᠡᠷᠭᠡ ᠶᠢᠨ ᠥᠮᠴᠢᠲᠡᠨ ᠤ ᠨᠠᠶᠢᠳᠠᠯᠭ᠎ᠠ ᠶᠢ ᠭᠥᠷᠳᠡᠬᠦ ᠶᠢ ᠵᠣᠷᠢᠭᠵᠢᠭᠤᠯᠵᠤ᠂ ᠣᠷᠣᠨ ᠰᠠᠭᠤᠴᠠ ᠶᠢᠨ ᠲᠣᠭᠤᠷᠢᠭ ᠤᠨ | ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ ︽ᠨᠢᠭᠡᠳᠦᠯᠲᠡᠶ ᠪᠠᠶᠢᠭᠤᠯᠵᠤ ᠨᠢᠭᠡᠳᠦᠯᠲᠡᠶ ᠦᠢᠯᠡᠴᠢᠯᠡᠬᠦ︾ ᠶᠢ | ᠥᠷᠨᠢᠭᠦᠯᠵᠦ᠂ ᠪᠥᠲᠥᠭᠡᠨ ᠪᠠᠶᠢᠭᠤᠯᠬᠤ᠂ ᠡᠵᠡᠩᠨᠡᠬᠦ᠂ ᠬᠠᠮᠠᠭᠠᠯᠠᠬᠤ ᠵᠡᠷᠭᠡ ᠦᠢᠯᠡᠴᠢᠯᠡᠭᠡ ᠶᠢ ᠨᠢᠭᠡᠳᠦᠯᠲᠡᠶ ᠬᠠᠩᠭᠠᠨ᠎ᠠ᠃ | ᠪᠦᠷᠢᠨ ᠪᠦᠲᠦᠨ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠤᠨ ᠠᠵᠢᠯ ᠲᠠᠢ | ᠤᠶᠠᠯᠳᠤᠭᠤᠯᠤᠨ᠂ ᠲᠡᠷᠭᠡ ᠵᠣᠭᠰᠣᠭᠠᠬᠤ᠂ ᠴᠠᠬᠢᠯᠭᠠᠨ ᠴᠡᠨᠡᠭᠯᠡᠬᠦ ᠵᠡᠷᠭᠡ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ | ᠡᠮᠬᠢᠯᠡᠨ ᠨᠡᠶᠢᠯᠡᠭᠦᠯᠵᠦ ᠲᠦᠯᠬᠢᠨ ᠠᠬᠢᠭᠤᠯᠤᠨ᠎ᠠ᠃ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ ᠪᠥᠲᠥᠭᠡᠨ | ᠪᠠᠶᠢᠭᠤᠯᠤᠯᠲᠠ ᠶᠢ ᠬᠠᠭᠤᠴᠢᠨ ᠵᠢᠵᠢᠭ ᠲᠣᠭᠤᠷᠢᠭ ᠤᠨ ᠰᠠᠭᠤᠷᠢ ᠲᠥᠷᠥᠯ ᠤᠨ ᠪᠡᠯᠡᠳᠬᠡᠮᠵᠢ ᠶᠢᠨ ᠥᠭᠡᠷᠡᠴᠢᠯᠡᠯᠲᠡ ᠶᠢᠨ | ᠬᠡᠪᠴᠢᠶᠡᠨ ᠳᠤ ᠣᠷᠣᠭᠤᠯᠬᠤ ᠶᠢ ᠵᠣᠷᠢᠭᠵᠢᠭᠤᠯᠬᠤ ᠶᠢᠨ ᠬᠠᠮᠲᠤ ᠢᠵᠢ ᠪᠥᠷᠢᠳᠦᠭᠦᠯᠦᠨ ᠴᠠᠬᠢᠯᠭᠠᠨ ᠲᠦᠭᠡᠭᠡᠬᠦ | ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠵᠡᠷᠭᠡ ᠳᠤᠨᠢ ᠥᠷᠨᠢᠭᠦᠯᠦᠨ᠎ᠡ᠃ | ︵ᠬᠤᠶᠠᠷ ︶ ᠣᠯᠠᠨ ᠨᠡᠶᠢᠲᠡ ᠶᠢᠨ ᠣᠷᠣᠨ ᠪᠦᠰᠡ ᠶᠢᠨ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢ ᠶᠡᠬᠡᠪᠡᠷ ᠠᠬᠢᠭᠤᠯᠤᠨ᠎ᠠ᠃ ︽ᠭᠤᠷᠪᠠᠨ ᠲᠥᠪ︾ ᠵᠡᠷᠭᠡ ᠪᠠᠷᠢᠯᠭ᠎ᠠ ᠪᠠᠷ ᠲᠡᠷᠭᠡᠨ ᠵᠣᠭᠰᠣᠭᠠᠯ ᠵᠢᠴᠢ ᠵᠠᠮ | ᠬᠠᠷᠢᠯᠴᠠᠭᠠᠨ ᠤ ᠬᠦᠢᠰᠦ᠂ ᠲᠡᠷᠭᠡᠨ ᠳᠤ ᠰᠠᠭᠤᠵᠤ ᠲᠡᠷᠭᠡ ᠰᠣᠯᠢᠬᠤ ︵P+R︶ ᠵᠡᠷᠭᠡ ᠣᠯᠠᠨ ᠨᠡᠶᠢᠲᠡ ᠶᠢᠨ ᠲᠡᠷᠭᠡᠨ | ᠵᠣᠭᠰᠣᠭᠠᠯ ᠢᠶᠠᠷ ᠭᠤᠤᠯᠳᠠᠯᠭ᠎ᠠ ᠪᠣᠯᠭᠠᠵᠤ᠂ ᠣᠯᠠᠨ ᠨᠡᠶᠢᠲᠡ ᠶᠢᠨ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢ | ᠲᠦᠷᠭᠡᠳᠬᠡᠨ ᠪᠠᠶᠢᠭᠤᠯᠵᠤ᠂ ᠴᠠᠬᠢᠯᠭᠠᠨ ᠴᠡᠨᠡᠭᠯᠡᠬᠦ ᠡᠵᠡᠩᠨᠡᠯᠲᠡ ᠶᠢᠨ ᠠᠵᠤ ᠠᠬᠤᠶᠢᠯᠠᠯ ᠤᠨ ᠲᠦᠷᠭᠡᠨ ᠴᠡᠨᠡᠭᠯᠡᠬᠦ | ᠪᠡᠯᠡᠳᠬᠡᠮᠵᠢ ᠶᠢᠨ ᠡᠵᠡᠯᠡᠬᠦ ᠬᠠᠷᠢᠴᠠᠯ ᠢᠶᠠᠨ ᠠᠯᠬᠤᠮ ᠠᠯᠬᠤᠮ ᠢᠶᠠᠷ ᠳᠡᠭᠡᠭᠰᠢᠯᠡᠭᠦᠯᠬᠦ ᠶᠢ ᠠᠬᠢᠭᠤᠯᠤᠨ᠎ᠠ᠃ ᠵᠠᠰᠠᠭ ᠤᠨ | ᠣᠷᠳᠣᠨ ᠤ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠵᠡᠷᠭᠡ ᠳᠣᠲᠣᠭᠠᠳᠤ ᠶᠢᠨ ᠲᠡᠷᠭᠡᠨ ᠵᠣᠭᠰᠣᠭᠠᠯ ᠳᠤ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢ | ᠲᠦᠷᠭᠡᠪᠴᠢᠯᠡᠨ ᠲᠣᠬᠢᠷᠠᠭᠤᠯᠬᠤ ᠶᠢᠨ ᠬᠠᠮᠲᠤ ᠣᠯᠠᠨ ᠨᠡᠶᠢᠲᠡ ᠳᠤ ᠴᠢᠯᠦᠬᠡᠳᠡᠢ ᠨᠡᠭᠡᠭᠡᠬᠦ ᠶᠢ ᠵᠣᠷᠢᠭᠵᠢᠭᠤᠯᠤᠨ᠎ᠠ᠃ ᠠᠮᠤᠷ | ᠲᠦᠪᠰᠢᠨ ᠢ ᠦᠨᠡᠨ ᠬᠦ ᠪᠠᠲᠤᠯᠠᠭᠰᠠᠨ ᠤᠷᠢᠲᠠᠯ ᠳᠣᠣᠷ᠎ᠠ᠂ ᠨᠥᠬᠦᠴᠡᠯ ᠪᠦᠷᠢᠯᠳᠦᠭᠦᠯᠦᠭᠰᠡᠨ ᠲᠣᠰᠣ ᠨᠡᠮᠡᠬᠦ ︵ᠬᠡᠢ︶ | ᠥᠷᠲᠡᠭᠡ ᠳᠤ ᠣᠯᠠᠨ ᠨᠡᠶᠢᠲᠡ ᠶᠢᠨ ᠲᠦᠷᠭᠡᠨ ᠴᠡᠨᠡᠭᠯᠡᠬᠦ ᠪᠠ ᠴᠠᠬᠢᠯᠭᠠᠨ ᠰᠣᠯᠢᠬᠤ ᠲᠥᠬᠦᠭᠡᠷᠦᠮᠵᠢ ᠶᠢ ᠲᠣᠬᠢᠷᠠᠭᠤᠯᠤᠨ | ᠪᠠᠶᠢᠭᠤᠯᠵᠤ᠂ ᠪᠦᠲᠦᠭᠡᠨ ᠪᠠᠶᠢᠭᠤᠯᠤᠯᠲᠠ ᠳᠤ ᠲᠣᠰᠣ ᠨᠡᠮᠡᠬᠦ ᠶᠢ ᠢᠳᠡᠪᠬᠢᠲᠡᠢ ᠲᠦᠯᠬᠢᠨ ᠠᠬᠢᠭᠤᠯᠤᠨ᠎ᠠ᠃︶ ᠴᠠᠬᠢᠯᠭᠠᠨ | ᠴᠡᠨᠡᠭᠯᠡᠬᠦ ᠵᠡᠷᠭᠡ ᠲᠤᠬᠠᠶᠢᠯᠠᠭᠰᠠᠨ ᠠᠵᠢᠯ ᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠡᠨᠧᠷᠭᠢ ᠬᠠᠩᠭᠠᠬᠤ | ᠦᠢᠯᠡᠴᠢᠯᠡᠭᠡᠨ ᠤ ᠥᠷᠲᠡᠭᠡ᠃ ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭ᠎ᠠ᠂ ᠲᠦᠷᠢᠶᠡᠰᠦᠯᠡᠭᠦᠯᠬᠦ᠂ ᠵᠠᠮ ᠤᠨ | ᠠᠶᠠᠨᠴᠢᠳ ᠤᠨ ᠲᠡᠭᠡᠭᠡᠪᠦᠷᠢ᠂ ᠪᠠᠷᠠᠭᠠᠨ ᠤ ᠭᠦᠢᠯᠭᠡᠭᠡᠨ ᠵᠡᠷᠭᠡ ᠲᠤᠰᠬᠠᠶ ᠬᠡᠷᠡᠭᠯᠡᠬᠦ ᠲᠡᠷᠭᠡ ᠬᠥᠰᠬᠡ ᠶᠢᠨ ᠴᠠᠬᠢᠯᠭᠠᠨ ᠴᠡᠨᠡᠭᠯᠡᠬᠦ | ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ᠲᠡᠷᠭᠡ ᠵᠣᠭᠰᠣᠭᠠᠬᠤ ᠲᠠᠯᠠᠪᠠᠶ ᠥᠷᠲᠡᠭᠡ ᠵᠡᠷᠭᠡ ᠳᠤ ᠲᠤᠰᠬᠠᠶ ᠬᠡᠷᠡᠭᠯᠡᠬᠦ | ᠴᠠᠬᠢᠯᠭᠠᠨ ᠴᠡᠨᠡᠭᠯᠡᠬᠦ ᠥᠷᠲᠡᠭᠡ ᠪᠠᠶᠢᠭᠤᠯᠬᠤ ᠶᠢ ᠲᠦᠷᠭᠡᠳᠬᠡᠨ᠎ᠡ᠃ ᠵᠢᠭᠤᠯᠴᠢᠯᠠᠯ ᠤᠨ ᠦᠵᠡᠮᠵᠢ ᠶᠢᠨ ᠣᠷᠣᠨ ᠤ ᠣᠯᠠᠨ | ᠨᠡᠶᠢᠲᠡ ᠶᠢᠨ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ A | ᠳᠡᠰ ᠠᠴᠠ ᠳᠡᠭᠡᠭᠰᠢᠬᠢ ᠦᠵᠡᠮᠵᠢ ᠶᠢᠨ ᠣᠷᠣᠨ ᠨᠢ ᠵᠢᠭᠤᠯᠴᠢᠯᠠᠭᠴᠢᠳ ᠤᠨ ᠬᠦᠯᠢᠶᠡᠨ ᠠᠪᠬᠤ ᠬᠡᠮᠵᠢᠶ᠎ᠡ ᠪᠠ ᠴᠠᠬᠢᠯᠭᠠᠨ | ᠴᠡᠨᠡᠭᠯᠡᠬᠦ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢ ᠲᠣᠬᠢᠷᠠᠭᠤᠯᠤᠨ | ᠪᠠᠶᠢᠭᠤᠯᠵᠤ᠂ 4A ᠳᠡᠰ ᠠᠴᠠ ᠳᠡᠭᠡᠭᠰᠢᠬᠢ ᠦᠵᠡᠮᠵᠢ ᠶᠢᠨ ᠣᠷᠣᠨ ᠳᠤ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠤ | ᠣᠯᠠᠨ ᠨᠡᠶᠢᠲᠡ ᠶᠢᠨ ᠴᠠᠬᠢᠯᠭᠠᠨ ᠴᠡᠨᠡᠭᠯᠡᠬᠦ ᠣᠷᠣᠨ ᠪᠦᠰᠡ ᠶᠢ ᠪᠠᠶᠢᠭᠤᠯᠤᠨ᠎ᠠ᠃ | ᠳᠥᠷᠪᠡ᠂ ᠡᠵᠡᠩᠨᠡᠯᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ | ︵ᠨᠢᠭᠡ︶ ᠨᠡᠶᠢᠭᠡᠮᠴᠢᠯᠡᠭᠰᠡᠨ ᠪᠦᠲᠦᠭᠡᠨ ᠪᠠᠶᠢᠭᠤᠯᠤᠯᠲᠠ ᠶᠢᠨ ᠡᠵᠡᠩᠨᠡᠯᠲᠡ ᠶᠢ ᠲᠦᠯᠬᠢᠨ ᠠᠬᠢᠭᠤᠯᠤᠨ᠎ᠠ᠃ | ᠴᠠᠬᠢᠯᠭᠠᠨ ᠴᠡᠨᠡᠭᠯᠡᠬᠦ ᠰᠠᠭᠤᠷᠢ ᠪᠡᠯᠡᠳᠭᠡᠮᠵᠢ ᠶᠢᠨ ᠪᠡᠯᠡ ᠣᠷᠣᠭᠤᠯᠥᠯᠳᠡ ᠶᠢᠨ ᠣᠯᠡᠨ ᠡᠰᠢᠵᠢᠬᠦᠯᠬᠦ ᠶᠢ ᠠᠬᠢᠭᠤᠯᠵᠦ᠂ ᠡᠯ᠎ᠠ | ᠳᠥᠷᠦᠯ ᠤᠨ ᠨᠡᠶᠢᠭᠡᠮ ᠤᠨ ᠬᠦᠷᠥᠩᠬᠡ ᠶᠢᠨ ᠪᠦᠳᠦᠭᠡᠨ ᠪᠠᠶᠢᠭᠤᠯᠥᠯᠳᠡ ᠡᠵᠡᠩᠨᠡᠯᠳᠡ ᠳᠤ ᠢᠳᠡᠪᠬᠢᠳᠡᠢ ᠪᠠᠷ ᠣᠷᠣᠯᠴᠠᠬᠤ ᠶᠢ | ᠬᠦᠳᠦᠯᠥᠨ ᠵᠢᠯᠥᠭᠤᠳᠴᠥ᠂ ᠨᠢᠭᠡᠳᠦᠯᠳᠡᠢ ᠨᠡᠭᠡᠭᠡᠯᠳᠡ ᠬᠢᠬᠦ᠂ ᠦᠷᠢᠰᠦᠯᠳᠦᠬᠦ ᠡᠮᠬᠢ ᠵᠢᠷᠦᠮ ᠲᠠᠢ ᠴᠠᠬᠢᠯᠭᠠᠨ ᠴᠡᠨᠡᠭᠯᠡᠬᠦ | ᠦᠢᠯᠡᠴᠢᠯᠡᠭᠡᠨ ᠤ ᠵᠠᠬ᠎ᠠ ᠳᠡᠯᠭᠡᠬᠦᠷ ᠢ ᠪᠦᠷᠢᠯᠳᠦᠬᠦᠯᠥᠨ᠎ᠠ᠃ ᠴᠠᠬᠢᠯᠭᠠᠨ ᠴᠡᠨᠡᠭᠯᠡᠬᠦ ᠳᠡᠷᠭᠡᠨ ᠤ ᠪᠠᠶᠢᠷᠢ ᠶᠢ ᠬᠠᠮᠳᠣᠪᠡᠷ | ᠬᠦᠷᠲᠡᠬᠦ ᠵᠬᠠᠪᠤᠷ ᠢ ᠳᠡᠯᠭᠡᠷᠡᠬᠦᠯᠵᠦ᠂ ᠳᠡᠷᠭᠡᠨ ᠤ ᠪᠠᠶᠢᠷᠢ ᠪᠠ ᠴᠠᠬᠢᠯᠭᠠᠨ ᠴᠡᠨᠡᠭᠯᠡᠬᠦ ᠰᠠᠭᠤᠷᠢ ᠪᠡᠯᠡᠳᠭᠡᠮᠵᠢ ᠶᠢᠨ ᠠᠰᠢᠠᠠᠯᠠᠬᠤ | ᠦᠷ᠎ᠠ ᠪᠦᠳᠦᠮᠵᠢ ᠶᠢ ᠳᠡᠭᠡᠭᠰᠢᠯᠡᠬᠦᠯᠥᠨ᠎ᠠ᠃ ᠴᠠᠬᠢᠯᠭᠠᠨ ᠴᠡᠨᠡᠭᠯᠡᠵᠦ ᠡᠵᠡᠩᠨᠡᠬᠦ ᠠᠵᠤ ᠠᠬᠤᠶᠢᠯᠠᠯ ᠬᠢᠭᠡᠳ ᠪᠦᠬᠦᠯᠢ ᠲᠡᠷᠭᠡᠨ ᠤ | ᠠᠵᠤ ᠠᠬᠤᠶᠢᠯᠠᠯ᠂ ᠢᠨᠲ᠋ᠧᠷ ᠰᠦᠯᠵᠢᠶᠡᠨ ᠤ ᠠᠵᠤ ᠠᠬᠤᠶᠢᠯᠠᠯ ᠯᠤᠭ᠎ᠠ ᠬᠤᠳᠠᠯᠳᠤᠭᠠᠨ ᠤ ᠬᠠᠮᠲᠤᠷᠠᠯᠴᠠᠭᠠᠨ ᠤ ᠵᠠᠭᠪᠤᠷ ᠢ | ᠢᠳᠡᠪᠬᠢᠲᠡᠶ ᠪᠠᠷ ᠬᠠᠶᠢᠨ ᠰᠦᠪᠡᠭᠴᠢᠯᠡᠬᠦ ᠶᠢ ᠵᠣᠷᠢᠭᠵᠢᠭᠤᠯᠤᠨ᠎ᠠ᠃ ᠬᠢᠨᠠᠨ ᠬᠡᠮᠵᠢᠵᠦ ᠰᠤᠳᠤᠯᠤᠨ ᠮᠠᠭᠠᠳᠯᠠᠬᠤ ᠪᠠᠨ | ᠴᠢᠩᠭᠠᠳᠬᠠᠵᠤ᠂ ᠮᠠᠰᠢᠨ ᠲᠡᠷᠭᠡᠨ ᠤ ᠤᠷᠤᠰᠬᠠᠯ ᠤᠨ ᠬᠡᠮᠵᠢᠶ᠎ᠡ ᠨᠡᠯᠢᠶᠡᠳ ᠶᠡᠭᠡ ᠣᠷᠣᠨ ᠪᠦᠰᠡ᠂ ᠴᠢᠬᠤᠯᠠ ᠶᠡᠭᠡ ᠪᠠᠶᠠᠷ | ᠳᠤᠷᠠᠰᠬᠠᠯ ᠠᠮᠠᠷᠠᠯᠲᠠ ᠶᠢᠨ ᠡᠳᠦᠷ ᠵᠡᠷᠭᠡ ᠳᠤ ᠨᠡᠭᠦᠳᠡᠯ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢ ᠵᠣᠬᠢᠰᠲᠠᠶ | ᠣᠷᠣᠭᠤᠯᠵᠤ᠂ ᠴᠠᠬᠢᠯᠭᠠᠨ ᠴᠡᠨᠡᠭᠯᠡᠬᠦ ᠰᠦᠯᠵᠢᠶᠡᠨ ᠤ ᠤᠶᠠᠨ ᠬᠠᠳᠠᠨ ᠴᠢᠨᠠᠷ ᠢ ᠴᠢᠩᠭᠠᠷᠠᠭᠤᠯᠤᠨ᠎ᠠ᠃ | ︵ᠬᠤᠶᠠᠷ︶ ᠨᠢᠭᠡᠳᠦᠯᠲᠡᠢ ᠪᠠᠷᠢᠮᠵᠢᠶ᠎ᠠ ᠲᠣᠭᠲᠠᠭᠠᠵᠤ ᠬᠡᠷᠡᠭᠵᠢᠭᠦᠯᠦᠨ᠎ᠡ᠃ ᠴᠠᠬᠢᠯᠭᠠᠨ ᠬᠥᠳᠡᠯᠭᠡᠭᠦᠷᠲᠦ ᠮᠠᠰᠢᠨ | ᠲᠡᠷᠭᠡᠨ ᠤ ᠤᠶᠤᠨᠴᠢᠯᠠᠯᠲᠠ᠂ ᠰᠦᠯᠵᠢᠶᠡᠨ ᠤ ᠬᠤᠯᠪᠣᠭᠠᠯᠠᠨ ᠬᠥᠭᠵᠢᠬᠦ ᠬᠠᠨᠳᠤᠰᠢ ᠪᠠ ᠰᠢᠨ᠎ᠡ ᠬᠡᠯᠪᠡᠷᠢ ᠶᠢᠨ ᠡᠨᠧᠷᠭᠢ ᠶᠢᠨ | ᠲᠤᠭᠳᠠᠯᠴᠠᠭ᠎ᠠ ᠶᠢᠨ ᠪᠠᠶᠢᠭᠤᠯᠤᠯᠲᠠ ᠶᠢᠨ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ᠴᠠᠬᠢᠯᠭᠠᠨ ᠴᠡᠨᠡᠭᠯᠡᠬᠦ ᠰᠠᠭᠤᠷᠢ | ᠪᠡᠯᠡᠳᠬᠡᠮᠵᠢ ᠶᠢᠨ ᠪᠠᠷᠢᠮᠵᠢᠶ᠎ᠠ ᠶᠢᠨ ᠲᠤᠭᠳᠠᠯᠴᠠᠭ᠎ᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠠᠵᠢᠯᠯᠠᠭᠤᠯᠵᠤ ᠬᠠᠮᠠᠭᠠᠯᠠᠬᠤ᠂ | ᠣᠶᠢᠯᠡᠳᠬᠦᠨ ᠤ ᠴᠢᠳᠠᠮᠵᠢ᠂ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠵᠡᠷᠭᠡ ᠪᠠᠷᠢᠮᠵᠢᠶ᠎ᠠ ᠶᠢᠨ ᠳᠠᠪᠬᠤᠴᠠᠬᠤ | ᠰᠢᠨᠡᠴᠢᠯᠡᠯᠲᠡ ᠶᠢ ᠴᠢᠩᠭᠠᠳᠬᠠᠨ᠂ ᠲᠡᠷᠢᠭᠦᠨ ᠤ ᠴᠠᠬᠢᠯᠭᠠᠨ ᠴᠡᠨᠡᠭᠯᠡᠬᠦ ᠮᠡᠷᠭᠡᠵᠢᠯ ᠤᠨ ᠪᠠᠷᠢᠮᠵᠢᠶ᠎ᠠ ᠶᠢ ᠲᠣᠭᠲᠠᠭᠠᠵᠤ ᠵᠠᠰᠠᠪᠤᠷᠢ | ᠣᠷᠣᠭᠤᠯᠬᠤ ᠶᠢ ᠲᠦᠷᠭᠡᠳᠬᠡᠵᠦ᠂ ᠪᠠᠷᠢᠮᠵᠢᠶ᠎ᠠ ᠶᠢᠨ ᠳᠡᠯᠡᠬᠡᠶᠢᠵᠢᠯᠲᠡ ᠶᠢᠨ ᠬᠥᠲᠥᠯᠥᠨ ᠳᠠᠭᠠᠭᠤᠯᠬᠤ ᠴᠢᠳᠠᠪᠤᠷᠢ ᠶᠢ | ᠳᠡᠭᠡᠭᠰᠢᠯᠡᠭᠦᠯᠦᠨ᠎ᠡ᠃ ᠣᠶᠣᠨᠴᠢ ᠡᠮᠬᠢ ᠵᠢᠷᠣᠮ ᠲᠠᠢ ᠪᠠᠷ ᠴᠠᠬᠢᠯᠭᠠᠨ ᠴᠡᠨᠡᠭᠯᠡᠬᠦ ᠶᠢ ᠳᠡᠷᠬᠡ ᠪᠠᠭᠠᠨ᠎ᠠ ᠶᠢᠨ ᠦᠢᠯᠡᠳᠬᠦᠨ ᠤ | ᠴᠢᠳᠠᠮᠵᠢ ᠶᠢᠨ ᠬᠦᠷᠢᠶ᠎ᠡ ᠭᠡᠪᠴᠢᠶ᠎ᠠ ᠳᠤ ᠣᠷᠣᠭᠤᠯᠬᠤ ᠶᠢ ᠵᠣᠷᠢᠠᠠᠵᠢᠭᠤᠯᠥᠨ᠎ᠠ᠃ ᠶᠡᠷᠦᠩᠬᠡᠶᠢᠯᠡᠭᠰᠡᠨ ᠡᠨᠧᠷᠭᠢ ᠬᠠᠩᠭᠠᠬᠤ | ᠦᠢᠯᠡᠴᠢᠯᠡᠭᠡᠨ ᠤ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠪᠠ ᠬᠠᠮᠢᠶᠠᠷᠤᠯᠲᠠ ᠶᠢᠨ ᠳᠦᠷᠢᠮ | ᠲᠣᠭᠲᠠᠭᠠᠬᠤ ᠶᠢ ᠠᠬᠢᠭᠤᠯᠤᠨ᠎ᠠ᠃ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠣᠨᠴᠣᠭᠤᠶ ᠠᠷᠭ᠎ᠠ ᠬᠡᠮᠵᠢᠶ᠎ᠡ ᠶᠢ | ᠠᠭᠤᠵᠢᠭᠤ ᠲᠠᠯᠪᠢᠬᠤ ᠵᠡᠷᠭᠡ ᠲᠥᠷᠥ ᠶᠢᠨ ᠪᠣᠳᠣᠯᠭ᠎ᠠ ᠶᠢᠨ ᠪᠠᠭᠠᠵᠢ ᠪᠠᠷ ᠳᠠᠮᠵᠢᠭᠤᠯᠤᠨ᠂ ᠬᠤᠯᠪᠣᠭᠳᠠᠯ ᠪᠦᠬᠦᠢ | ᠨᠢᠭᠡᠴᠡ ᠶᠢᠨ ᠬᠠᠮᠢᠶ᠎ᠠ ᠪᠦᠬᠦᠢ ᠪᠠᠷᠢᠮᠵᠢᠶ᠎ᠠ ᠶᠢ ᠤᠷᠢᠳᠠᠪᠠᠷ ᠲᠣᠭᠲᠠᠭᠠᠨ ᠬᠡᠷᠡᠭᠵᠢᠭᠦᠯᠬᠦ ᠶᠢ ᠵᠣᠷᠢᠭᠵᠢᠭᠤᠯᠤᠨ᠎ᠠ᠃ | ︵ᠭᠤᠷᠪᠠ ᠳᠤ᠂ ᠮᠡᠳᠡᠭᠡ ᠵᠠᠩᠭᠢ ᠶᠢᠨ ᠰᠦᠯᠵᠢᠶᠡᠨ ᠤ ᠲᠠᠪᠴᠠᠩ ᠢ ᠪᠠᠶᠢᠭᠤᠯᠤᠨ᠎ᠠ᠃ ᠤᠯᠤᠰ ᠤᠨ ᠴᠠᠬᠢᠯᠭᠠᠨ | ᠴᠡᠨᠡᠭᠯᠡᠬᠦ ᠪᠡᠯᠡᠳᠬᠡᠮᠵᠢ ᠶᠢᠨ ᠬᠢᠨᠠᠨ ᠰᠢᠨᠵᠢᠬᠦ ᠦᠢᠯᠡᠴᠢᠯᠡᠭᠡᠨ ᠤ ᠲᠠᠪᠴᠠᠩ ᠪᠠᠶᠢᠭᠤᠯᠬᠤ ᠶᠢ ᠠᠬᠢᠭᠤᠯᠤᠨ᠎ᠠ᠃ ᠵᠠᠰᠠᠭ ᠤᠨ | ᠣᠷᠳᠥᠨ ᠬᠦᠲᠦᠯᠦᠨ ᠵᠢᠯᠤᠭᠤᠳᠬᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ ᠶᠢ ᠪᠠᠷᠢᠮᠳᠠᠯᠠᠵᠤ᠂ ᠮᠣᠵᠢ ᠥᠪᠡᠷᠲᠡᠭᠡᠨ | ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢ ᠵᠣᠷᠢᠭᠵᠢᠭᠤᠯᠤᠨ᠎ᠠ︶ ᠨᠢᠭᠡᠴᠡ ᠳᠤ ᠴᠠᠬᠢᠯᠭᠠᠨ ᠴᠡᠨᠡᠭᠯᠡᠬᠦ ᠰᠠᠭᠤᠷᠢ | ᠪᠡᠯᠡᠳᠬᠡᠮᠵᠢ ᠶᠢᠨ ᠬᠢᠨᠠᠯᠲᠠ ᠬᠠᠮᠢᠶᠠᠷᠤᠯᠲᠠ ᠬᠢᠭᠡᠳ ᠡᠵᠡᠩᠨᠡᠯᠲᠡ ᠶᠢᠨ ᠦᠢᠯᠡᠴᠢᠯᠡᠭᠡᠨ ᠤ ᠲᠠᠪᠴᠠᠩ ᠪᠠᠶᠢᠭᠤᠯᠵᠤ᠂ | ᠮᠤᠵᠢ ᠶᠢᠨ ᠱᠠᠲᠤᠨ ᠤ ᠲᠠᠪᠴᠠᠩ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠬᠦᠴᠦᠯᠡᠨ ᠴᠢᠩᠭᠠᠳᠬᠠᠨ᠎ᠠ | ᠃ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ ᠮᠡᠳᠡᠭᠡ | ᠵᠠᠩᠭᠢ ᠰᠣᠯᠢᠯᠴᠠᠬᠤ ᠬᠡᠯᠡᠯᠴᠡᠭᠡᠷ ᠢ ᠨᠢᠭᠡᠳᠦᠯᠲᠡᠶ ᠪᠣᠯᠭᠠᠨ᠂ ᠮᠡᠳᠡᠭᠡ ᠵᠠᠩᠭᠢ ᠴᠤᠭᠯᠠᠭᠤᠯᠬᠤ ᠵᠠᠭᠠᠭ ᠬᠢᠵᠠᠭᠠᠷ ᠪᠠ ᠬᠡᠷᠡᠭᠯᠡᠬᠦ | ᠬᠡᠪᠴᠢᠶ᠎ᠡ ᠶᠢ ᠲᠣᠳᠣᠷᠬᠠᠶᠢᠯᠠᠵᠤ᠂ ᠣᠯᠠᠨ ᠨᠡᠶᠢᠲᠡ ᠶᠢᠨ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢ ᠪᠥᠬᠦ ᠲᠠᠯ᠎ᠠ ᠪᠠᠷ | ᠵᠠᠯᠭᠠᠨ ᠣᠷᠣᠭᠤᠯᠬᠤ ᠶᠢ ᠠᠬᠢᠭᠤᠯᠵᠤ᠂ ᠣᠷᠣᠨ ᠰᠠᠭᠤᠴᠠ ᠶᠢᠨ ᠲᠣᠭᠤᠷᠢᠭ ᠢ ︽ᠨᠢᠭᠡᠳᠦᠯᠲᠡᠶ ᠪᠠᠶᠢᠭᠤᠯᠵᠤ ᠨᠢᠭᠡᠳᠦᠯᠲᠡᠶ | ᠦᠢᠯᠡᠴᠢᠯᠡᠬᠦ︾ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢ ᠡᠮᠬᠢ ᠵᠢᠷᠤᠮ ᠲᠠᠢ ᠪᠠᠷ ᠵᠠᠯᠭᠠᠨ ᠣᠷᠣᠭᠤᠯᠬᠤ ᠶᠢ | ᠬᠥᠲᠥᠯᠦᠨ ᠵᠢᠯᠣᠭᠤᠳᠴᠤ᠂ ᠬᠤᠪᠢ ᠬᠥᠮᠦᠨ ᠤ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢ ᠰᠠᠶᠢᠨ ᠳᠤᠷ᠎ᠠ ᠠᠴᠠ ᠪᠠᠨ | ᠵᠠᠯᠭᠠᠨ ᠣᠷᠣᠭᠤᠯᠬᠤ ᠶᠢ ᠵᠣᠷᠢᠭᠵᠢᠭᠤᠯᠤᠨ᠎ᠠ᠃ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡ᠂ ᠬᠤᠲᠠ ᠪᠠ ᠵᠠᠰᠠᠮᠠᠯ ᠵᠠᠮ ᠤᠨ | ᠶᠠᠪᠤᠵᠤ ᠰᠠᠭᠤᠬᠤ ᠦᠢᠯᠡᠴᠢᠯᠡᠭᠡᠨ ᠤ ᠰᠦᠯᠵᠢᠶ᠎ᠡ ᠵᠡᠷᠭᠡ ᠲᠤᠭ᠎ᠠ ᠪᠠᠷᠢᠮᠲᠠ ᠲᠠᠢ ᠬᠠᠷᠢᠯᠴᠠᠨ ᠬᠤᠯᠪᠣᠭᠠᠯᠠᠵᠤ ᠬᠠᠷᠢᠯᠴᠠᠨ | ᠨᠡᠪᠲᠡᠷᠡᠯᠴᠡᠬᠦ ᠶᠢ ᠴᠢᠩᠭᠠᠷᠠᠭᠤᠯᠵᠤ᠂ ᠢᠨᠲ᠋ᠧᠷ ᠰᠦᠯᠵᠢᠶᠡᠨ ᠤ ᠭᠠᠵᠠᠷ ᠤᠨ ᠵᠢᠷᠤᠭ ᠤᠨ ᠦᠢᠯᠡᠴᠢᠯᠡᠭᠡᠨ ᠤ ᠲᠠᠪᠴᠠᠩ ᠵᠡᠷᠭᠡ | ᠣᠯᠠᠨ ᠵᠦᠢᠯ ᠤᠨ ᠳᠥᠭᠦᠮ ᠳᠥᠲᠡ ᠠᠷᠭ᠎ᠠ ᠵᠠᠮ ᠢᠶᠠᠷ ᠳᠠᠮᠵᠢᠭᠤᠯᠤᠨ᠂ ᠣᠯᠠᠨ ᠨᠡᠶᠢᠲᠡ ᠶᠢᠨ ᠴᠠᠬᠢᠯᠭᠠᠨ ᠴᠡᠨᠡᠭᠯᠡᠬᠦ | ᠰᠠᠭᠤᠷᠢ ᠪᠡᠯᠡᠳᠬᠡᠮᠵᠢ ᠶᠢᠨ ᠪᠠᠶᠢᠷᠢᠯᠠᠭᠤᠯᠤᠯᠲᠠ ᠵᠢᠴᠢ ᠴᠠᠭ ᠲᠤᠬᠠᠶ ᠳᠤᠨᠢ ᠬᠡᠷᠡᠭᠯᠡᠭᠰᠡᠨ ᠪᠠᠶᠢᠳᠠᠯ ᠢ ᠨᠡᠶᠢᠲᠡᠯᠡᠬᠦ ᠬᠡᠷᠡᠭᠲᠡᠶ᠃ | ︵ᠲᠦᠷᠪᠡ︶ ᠠᠵᠢᠯ ᠲᠥᠷᠥᠯ ᠤᠨ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠵᠤ᠃ ᠴᠠᠬᠢᠯᠭᠠᠨ ᠴᠡᠨᠡᠭᠯᠡᠬᠦ | ᠰᠠᠭᠤᠷᠢ ᠪᠡᠯᠡᠳᠭᠡᠮᠵᠢ ᠶᠢᠨ ᠦᠢᠯᠡᠳᠪᠦᠷᠢᠯᠡᠵᠦ ᠦᠢᠯᠡᠳᠬᠦ᠂ ᠣᠠᠠᠰᠠᠷᠡᠵᠦ ᠪᠦᠳᠦᠭᠡᠨ ᠪᠠᠢᠭᠤᠯᠬᠤ᠂ ᠠᠵᠢᠯᠯᠠᠭᠤᠯᠵᠤ | ᠬᠠᠮᠠᠭᠠᠯᠬᠠᠥ ᠠᠵᠦ ᠠᠬᠤᠶᠢᠯᠠᠯ ᠤᠨ ᠵᠦᠪᠰᠢᠶᠡᠷᠡᠨ ᠣᠷᠣᠭᠤᠯᠬᠤ ᠨᠦᠬᠦᠴᠡᠯ ᠪᠠ ᠬᠠᠮᠢᠶᠡᠷᠦᠯᠳᠡ ᠶᠢᠨ ᠳᠥᠷᠥ ᠶᠢᠨ | ᠪᠤᠳᠣᠯᠭ᠎ᠠ ᠶᠢ ᠳᠡᠬᠦᠯᠳᠡᠷᠵᠢᠬᠦᠯᠵᠦ᠂ ᠬᠠᠮᠢᠶᠡᠷᠦᠯᠳᠡ ᠪᠠ ᠦᠢᠯᠡᠴᠢᠯᠡᠭᠡᠨ ᠤ ᠶᠠᠰᠣ ᠴᠢᠨᠡᠷ ᠢ ᠵᠢᠷᠦᠮᠵᠢᠭᠤᠯᠬᠤ ᠪᠠᠷ | ᠭᠤᠤᠯᠳᠡᠯᠭ᠎ᠠ ᠲᠠᠢ ᠦᠨᠡᠯᠡᠬᠦ ᠰᠢᠰᠲ᠋ᠧᠮᠵᠢ ᠶᠢ ᠪᠠᠢᠭᠤᠯᠥᠨ᠂ ᠴᠠᠬᠢᠯᠭᠠᠨ ᠴᠡᠨᠡᠭᠯᠡᠬᠦ ᠳᠦᠬᠦᠭᠡᠷᠦᠮᠵᠢ ᠶᠢᠨ ᠦᠢᠯᠡᠳᠬᠦᠨ ᠤ | ᠶᠠᠰᠣ ᠴᠢᠨᠡᠷ ᠢ ᠭᠡᠷᠡᠴᠢᠯᠡᠬᠦ ᠡᠵᠡᠩᠨᠡᠯᠳᠡ ᠶᠢᠨ ᠬᠤᠳᠠᠯᠳᠤᠭᠠᠴᠢᠨ ᠤ ᠮᠡᠳᠡᠭᠡ ᠵᠠᠩᠬᠢ ᠴᠣᠠᠠᠯᠠᠭᠤᠯᠬᠤ ᠳᠥᠷᠢᠮ ᠢ | ᠪᠠᠢᠭᠤᠯᠬᠤ ᠶᠢ ᠠᠬᠢᠭᠤᠯᠥᠨ᠎ᠠ᠃ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡ᠂ ᠴᠠᠬᠢᠯᠭᠠᠨ ᠬᠥᠳᠡᠯᠭᠡᠭᠦᠷᠲᠦ ᠳ᠋ᠢᠶᠠᠨ ᡂᠢ | ᠪᠣᠯᠤᠨ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠦᠢᠯᠡᠳᠪᠦᠷᠢᠯᠡᠬᠦ ᠠᠵᠤ ᠠᠬᠤᠶᠢᠯᠠᠯ ᠤᠨ ᠦᠢᠯᠡᠳᠬᠦᠨ ᠤ ᠶᠠᠰᠤ | ᠴᠢᠨᠠᠷ ᠤᠨ ᠠᠮᠤᠷ ᠲᠦᠪᠰᠢᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ | ᠪᠥᠲᠥᠭᠡᠨ ᠪᠠᠶᠢᠭᠤᠯᠤᠯᠲᠠ᠂ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠳᠠᠯᠠᠨ᠂ ᠭᠠᠯ ᠤᠨ ᠠᠶᠤᠯ᠂ | ᠳᠡᠯᠪᠡᠷᠡᠯᠲᠡ ᠶᠢᠨ ᠠᠳᠡᠯ ᠤᠨ ᠬᠠᠷᠢᠭᠤᠴᠠᠯᠭ᠎ᠠ ᠶᠢ ᠭᠡᠳᠡᠷᠭᠦ ᠪᠠᠶᠢᠴᠠᠭᠠᠬᠤ ᠲᠦᠷᠢᠮ ᠢ ᠪᠠᠶᠢᠭᠤᠯᠤᠨ᠎ᠠ᠃ ᠴᠠᠬᠢᠯᠭᠠᠨ ᠴᠡᠨᠡᠭᠯᠡᠬᠦ | ᠰᠠᠭᠤᠷᠢ ᠪᠡᠯᠡᠳᠭᠡᠮᠵᠢ ᠶᠢᠨ ᠠᠵᠢᠯᠯᠠᠭᠤᠯᠵᠤ ᠬᠠᠮᠠᠭᠠᠯᠠᠬᠤ ᠰᠢᠰᠲ᠋ᠧᠮᠵᠢ ᠶᠢ ᠳᠡᠬᠦᠯᠳᠡᠷᠵᠢᠬᠦᠯᠵᠦ᠂ ᠴᠠᠬᠢᠯᠭᠠᠨ ᠴᠡᠨᠡᠭᠯᠡᠬᠦ | ᠡᠵᠡᠩᠨᠡᠯᠳᠡ ᠶᠢᠨ ᠠᠵᠦ ᠠᠬᠤᠶᠢᠯᠠᠯ ᠤᠨ ᠭᠤᠤᠯ ᠴᠣᠠᠠᠴᠠ ᠶᠢᠨ ᠬᠠᠷᠢᠭᠤᠴᠠᠯᠭ᠎ᠠ ᠶᠢ ᠨᠠᠶᠢᠳᠡᠪᠦᠷᠢᠵᠢᠭᠤᠯᠥᠨ᠂ | ᠪᠡᠯᠡᠳᠭᠡᠮᠵᠢ ᠶᠢᠨ ᠭᠡᠷᠡᠭᠯᠡᠵᠦ ᠪᠤᠯᠬᠤ ᠨᠣᠷᠮ᠎ᠠ ᠪᠠ ᠰᠠᠭᠠᠳᠠᠯ ᠰᠢᠢᠳᠪᠦᠷᠢᠯᠡᠬᠦ ᠴᠢᠳᠡᠪᠦᠷᠢ ᠶᠢ ᠳᠡᠭᠡᠭᠰᠢᠯᠡᠬᠦᠯᠥᠨ᠎ᠠ᠃ ᠣᠷᠳᠣ | ᠬᠤᠭᠤᠴᠠᠭ᠎ᠠ ᠪᠠᠷ ᠬᠦᠴᠦᠨ ᠥᠬᠡᠶ ᠪᠣᠯᠤᠭᠰᠠᠨ ᠴᠠᠬᠢᠯᠭᠠᠨ ᠴᠡᠨᠡᠭᠯᠡᠬᠦ ᠪᠠᠭᠠᠨ᠎ᠠ ᠶᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠪᠠ | ᠬᠠᠮᠢᠶᠠᠷᠤᠯᠲᠠ ᠶᠢᠨ ᠠᠷᠭ᠎ᠠ ᠶᠢ ᠲᠣᠳᠣᠷᠬᠠᠶᠢᠯᠠᠵᠤ᠂ ᠪᠤᠴᠠᠭᠠᠨ ᠭᠠᠷᠭᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ | ᠴᠠᠬᠢᠯᠭᠠᠨ ᠴᠡᠨᠡᠭᠯᠡᠬᠦ ᠰᠠᠭᠤᠷᠢ ᠪᠡᠯᠡᠳᠭᠡᠮᠵᠢ ᠳᠤ ᠪᠡᠯᠡ ᠣᠷᠤᠭᠤᠯᠥᠨ ᠠᠵᠢᠯᠯᠠᠭᠤᠯᠵᠤ ᠪᠠᠶᠢᠭᠠᠳ ᠠᠵᠤ ᠠᠬᠤᠶᠢᠯᠠᠯ ᠤᠨ | ᠦᠢᠯᠡᠳᠬᠦᠨ ᠤ ᠬᠠᠷᠢᠭᠤᠴᠠᠯᠭ᠎ᠠ ᠶᠢᠨ ᠳᠠᠭᠠᠳᠬᠠᠯ ᠳᠤ ᠣᠷᠤᠭᠤᠯᠤᠨ᠎ᠠ᠃ | ᠲᠠᠪᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠬᠥᠲᠥᠯᠥᠨ ᠳᠠᠭᠠᠭᠤᠯᠬᠤ ᠶᠢ ᠴᠢᠩᠭᠠᠳᠬᠠᠨ᠎ᠠ | ︵ᠨᠢᠭᠡ︶ ᠲᠡᠷᠭᠡᠨ ᠰᠦᠯᠵᠢᠶ᠎ᠡ ᠶᠢᠨ ᠬᠤᠣᠰ ᠴᠢᠭᠯᠡᠯ ᠤᠨ ᠬᠠᠷᠢᠯᠴᠠᠨ ᠠᠬᠢᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠣᠶᠤᠨᠴᠢ ᠪᠠᠷ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢ ᠶᠡᠬᠡᠪᠡᠷ ᠳᠡᠯᠭᠡᠷᠡᠭᠦᠯᠦᠨ ᠬᠡᠷᠡᠭᠯᠡᠵᠦ᠂ ᠰᠢᠨ᠎ᠡ ᠪᠠᠷ | ᠪᠠᠶᠢᠭᠤᠯᠤᠭᠰᠠᠨ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠳᠤ ᠵᠠᠷᠴᠢᠮ ᠳᠡᠭᠡᠷ᠎ᠡ ᠪᠠᠨ ᠣᠶᠤᠨᠴᠢᠯᠠᠭᠰᠠᠨ ᠪᠡᠯᠡᠳᠬᠡᠮᠵᠢ ᠶᠢ | ᠬᠡᠷᠡᠭᠯᠡᠵᠦ᠂ ᠨᠢᠭᠡᠨᠲᠡ ᠪᠠᠶᠢᠭ᠎ᠠ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ ᠤᠶᠤᠨᠴᠢᠯᠠᠭᠰᠠᠨ ᠥᠭᠡᠷᠡᠴᠢᠯᠡᠯᠲᠡ ᠶᠢ | ᠠᠬᠢᠭᠤᠯᠤᠨ᠎ᠠ᠃ ᠴᠠᠬᠢᠯᠭᠠᠨ ᠲᠦᠭᠡᠭᠡᠬᠦ ᠲᠣᠤᠷ ᠤᠨ ᠤᠶᠤᠨᠴᠢᠯᠠᠭᠰᠠᠨ ᠥᠭᠡᠷᠡᠴᠢᠯᠡᠯᠲᠡ ᠶᠢ ᠢᠳᠡᠪᠬᠢᠲᠡᠶ ᠪᠠᠷ ᠲᠦᠯᠬᠢᠨ | ᠠᠬᠢᠭᠤᠯᠵᠤ᠂ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠦᠢᠯᠡ ᠠᠵᠢᠯᠯᠠᠭ᠎ᠠ ᠶᠢ ᠲᠣᠬᠢᠷᠠᠭᠤᠯᠤᠨ | ᠡᠵᠡᠮᠳᠡᠬᠦ ᠴᠢᠳᠠᠪᠤᠷᠢ ᠶᠢ ᠴᠢᠩᠭᠠᠷᠠᠭᠤᠯᠬᠤ ᠬᠡᠷᠡᠭᠲᠡᠶ᠃ ᠴᠠᠬᠢᠯᠭᠠᠨ ᠬᠢᠮᠢ ᠶᠢᠨ ᠡᠨᠧᠷᠭᠢ ᠬᠠᠳᠠᠭᠠᠯᠠᠬᠤ ᠰᠢᠰᠲ᠋ᠧᠮ ᠳᠠᠬᠢ | ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ᠴᠠᠬᠢᠯᠭᠠᠨ ᠬᠥᠳᠡᠯᠭᠡᠭᠦᠷᠲᠦ | ᠮᠠᠰᠢᠨ ᠲᠡᠷᠭᠡ ᠬᠢᠭᠡᠳ ᠴᠠᠬᠢᠯᠭᠠᠨ ᠲᠣᠣᠷ ᠤᠨ ᠡᠨᠧᠷᠭᠢ ᠶᠢᠨ ᠬᠠᠷᠢᠯᠴᠠᠨ ᠬᠥᠳᠡᠯᠦᠯᠴᠡᠬᠦ ᠶᠢ ᠴᠢᠩᠭᠠᠳᠬᠠᠨ᠂ ᠴᠠᠬᠢᠯᠭᠠᠨ | ᠲᠣᠣᠷ ᠤᠨ ᠣᠷᠭᠢᠯ ᠢ ᠲᠣᠬᠢᠷᠠᠭᠤᠯᠵᠤ ᠳᠠᠪᠲᠠᠮᠵᠢ ᠶᠢ ᠲᠣᠬᠢᠷᠠᠭᠤᠯᠬᠤ᠂ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ | ᠵᠡᠷᠭᠡ ᠴᠤᠤᠷᠢᠶᠠᠲᠤᠨ ᠳᠠᠭᠠᠬᠤ ᠴᠢᠳᠠᠪᠤᠷᠢ ᠶᠢ ᠳᠡᠭᠡᠭᠰᠢᠯᠡᠭᠦᠯᠵᠦ᠂ ᠮᠠᠰᠢᠨ ᠲᠡᠷᠭᠡᠨ ᠤ ᠲᠣᠣᠷ ᠬᠤᠯᠪᠣᠬᠤ᠂ ᠮᠠᠰᠢᠨ | ᠲᠡᠷᠭᠡᠨ ᠤ ᠲᠣᠣᠷ ᠬᠥᠳᠡᠯᠦᠯᠴᠡᠬᠦ᠂ ᠡᠬᠢ ᠰᠤᠷᠪᠤᠯᠵᠢ ᠶᠢᠨ ᠲᠣᠣᠷ ᠤᠨ ᠳᠠᠭᠠᠭᠠᠴᠠ ᠶᠢ ᠨᠢᠭᠡ ᠴᠤᠭᠴᠠᠵᠢᠭᠤᠯᠬᠤ᠂ ᠭᠡᠷᠡᠯ | ᠨᠦᠭᠡᠴᠡ ᠶᠢ ᠳᠡᠭᠡᠭᠰᠢᠯᠡᠭᠦᠯᠬᠦ ᠵᠡᠷᠭᠡ ᠲᠤᠷᠰᠢᠯᠲᠠ ᠶᠢᠨ ᠴᠢᠭ᠋ ᠤᠨ ᠵᠢᠱᠢᠶ᠎ᠡ ᠦᠵᠡᠭᠦᠯᠬᠦ ᠶᠢ ᠲᠦᠯᠬᠢᠨ ᠠᠬᠢᠭᠤᠯᠤᠨ᠎ᠠ᠃ | ︵ᠬᠤᠶᠠᠷ︶ ᠰᠢᠨ᠎ᠡ ᠮᠡᠷᠭᠡᠵᠢᠯ ᠤᠨ ᠰᠢᠨ᠎ᠡ ᠶᠢ ᠡᠭᠦᠳᠦᠨ ᠬᠡᠷᠡᠭᠯᠡᠬᠦ ᠶᠢ ᠵᠣᠷᠢᠬᠵᠢᠭᠤᠯᠤᠨ᠎ᠠ᠃ ᠠᠵᠤ ᠠᠬᠤᠶᠢᠯᠠᠯ ᠤᠨ | ᠰᠢᠨ᠎ᠡ ᠶᠢ ᠡᠭᠦᠳᠬᠦ ᠭᠤᠣᠯ ᠴᠣᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠡᠷᠭᠡ᠂ ᠪᠠᠭᠠᠨ᠎ᠠ᠂ ᠰᠦᠯᠵᠢᠶᠡᠨ ᠤ | ᠣᠶᠤᠨᠴᠢ ᠠᠭᠤᠰᠤᠯᠴᠠᠨ ᠰᠢᠨ᠎ᠡ ᠶᠢ ᠡᠭᠦᠳᠬᠦ ᠲᠠᠪᠴᠠᠩ ᠢ ᠴᠣᠭᠴᠠᠯᠠᠨ ᠪᠠᠶᠢᠭᠤᠯᠤᠨ᠎ᠠ᠃ ᠲᠦᠷᠭᠡᠨ ᠴᠡᠨᠡᠭᠯᠡᠬᠦ᠂ ᠶᠡᠭᠡ | ᠴᠢᠳᠠᠯ ᠢᠶᠠᠷ ᠴᠠᠬᠢᠯᠭᠠᠨ ᠴᠡᠨᠡᠭᠯᠡᠬᠦ᠂ ᠣᠶᠤᠨᠴᠢ ᠪᠠᠷ ᠡᠮᠬᠢ ᠵᠢᠷᠤᠮ ᠲᠠᠢ ᠪᠠᠷ ᠴᠠᠬᠢᠯᠭᠠᠨ ᠴᠡᠨᠡᠭᠯᠡᠬᠦ᠂ ᠤᠲᠠᠰᠤ ᠦᠭᠡᠢ ᠪᠠᠷ | ᠴᠠᠬᠢᠯᠭᠠᠨ ᠴᠡᠨᠡᠭᠯᠡᠬᠦ᠂ ᠭᠡᠷᠡᠯ ᠴᠡᠨᠡᠭᠯᠡᠬᠦ ᠶᠢ ᠬᠠᠮᠵᠢᠯᠴᠠᠨ ᠡᠵᠡᠮᠳᠡᠬᠦ ᠵᠡᠷᠭᠡ ᠮᠡᠷᠭᠡᠵᠢᠯ ᠤᠨ ᠰᠤᠳᠤᠯᠭᠠᠨ ᠢ ᠲᠦᠷᠭᠡᠳᠬᠡᠨ | ᠠᠬᠢᠭᠤᠯᠵᠤ᠂ ᠷᠠᠳᠢᠣ᠋ ᠴᠠᠬᠢᠯᠭᠠᠨ ᠴᠡᠨᠡᠭᠯᠡᠬᠦ ᠱᠤᠭᠤᠮ ᠵᠢᠴᠢ ᠲᠡᠷᠭᠡᠨ ᠤ ᠪᠠᠶᠢᠷᠢ ᠶᠢ ᠵᠢᠱᠢᠶ᠎ᠡ ᠦᠵᠡᠭᠦᠯᠦᠨ ᠪᠠᠶᠢᠭᠤᠯᠤᠨ᠎ᠠ᠃ | ᠮᠡᠳᠡᠭᠡ ᠵᠠᠩᠭᠢ ᠶᠢ ᠬᠠᠮᠲᠤ ᠳᠠᠭᠠᠨ ᠡᠳ᠋ᠯᠡᠬᠦ ᠬᠢᠭᠡᠳ ᠨᠢᠭᠡᠳᠦᠯᠲᠡᠶ ᠳ᠋ᠦᠩᠨᠡᠨ ᠪᠣᠳᠣᠬᠤ ᠰᠢᠰᠲ᠋ᠧᠮ᠂ ᠴᠠᠬᠢᠯᠭᠠᠨ ᠲᠦᠭᠡᠭᠡᠬᠦ | ᠰᠢᠰᠲ᠋ᠧᠮ ᠤᠨ ᠠᠶᠤᠯ ᠦᠭᠡᠶ ᠶᠢᠨ ᠬᠢᠨᠠᠨ ᠬᠡᠮᠵᠢᠵᠦ ᠰᠡᠷᠡᠮᠵᠢᠯᠡᠭᠦᠯᠬᠦ ᠵᠡᠷᠭᠡ ᠮᠡᠷᠭᠡᠵᠢᠯ ᠤᠨ ᠰᠤᠳᠤᠯᠤᠯ ᠢ ᠴᠢᠩᠭᠠᠳᠬᠠᠬᠤ | ᠬᠡᠷᠡᠭᠲᠡᠶ᠃ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠤ ᠳ᠋ᠢᠶᠠᠨ ᡂᠢ ᠶᠢᠨ ᠮᠡᠷᠭᠡᠵᠢᠯ ᠤᠨ ᠴᠢᠳᠠᠪᠬᠢ ᠶᠢ ᠦᠷᠭᠦᠯᠵᠢᠯᠡᠨ | ᠰᠢᠯᠢᠳᠡᠭᠵᠢᠭᠦᠯᠵᠦ᠂ ᠰᠢᠨ᠎ᠡ ᠰᠢᠰᠲ᠋ᠧᠮᠵᠢ ᠶᠢᠨ ᠬᠥᠳᠡᠯᠭᠡᠬᠦ ᠬᠦᠴᠦᠨ ᠤ ᠳ᠋ᠢᠶᠠᠨ ᡂᠢ᠂ ᠳ᠋ᠢᠶᠠᠨ ᡂᠢ ᠶᠢ ᠱᠠᠲᠤᠯᠢᠭ | ᠠᠰᠢᠭᠯᠠᠬᠤ ᠵᠡᠷᠭᠡ ᠮᠡᠷᠭᠡᠵᠢᠯ ᠤᠨ ᠰᠤᠳᠤᠯᠭᠠᠨ ᠢ ᠴᠢᠩᠭᠠᠳᠬᠠᠨ᠎ᠠ᠃ ᠮᠧᠬᠠᠨᠢᠭ ᠮᠠᠶ᠋ᠢᠭ᠂ ᠪᠣᠰᠤᠭ᠎ᠠ ᠪᠡᠶᠡᠲᠦ ᠬᠡᠯᠪᠡᠷᠢ᠂ | ᠰᠢᠯᠵᠢᠮᠡᠯ ᠮᠠᠶ᠋ᠢᠭ ᠤᠨ ᠲᠡᠷᠭᠡ ᠵᠣᠭᠰᠣᠭᠠᠵᠤ ᠴᠠᠬᠢᠯᠭᠠᠨ ᠴᠡᠨᠡᠭᠯᠡᠬᠦ ᠶᠢ ᠨᠢᠭᠡ ᠴᠣᠭᠴᠠᠵᠢᠭᠤᠯᠤᠭᠰᠠᠨ ᠪᠡᠯᠡᠳᠬᠡᠮᠵᠢ ᠶᠢ | ᠳᠡᠯᠭᠡᠷᠡᠭᠦᠯᠦᠨ ᠲᠦᠭᠡᠮᠡᠯᠵᠢᠭᠦᠯᠦᠨ᠎ᠡ᠃ | ᠵᠢᠷᠭᠤᠭ᠎ᠠ᠂ ᠳᠡᠮᠵᠢᠵᠦ ᠪᠠᠲᠤᠯᠠᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ | ︵ᠨᠢᠭᠡ︶ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠᠨ ᠦᠨᠡᠨ ᠬᠦ ᠴᠢᠩᠭᠠᠳᠬᠠᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠴᠠᠬᠢᠯᠭᠠᠨ ᠴᠡᠨᠡᠭᠯᠡᠬᠦ | ᠰᠠᠭᠤᠷᠢ ᠪᠡᠯᠡᠳᠬᠡᠮᠵᠢ ᠶᠢᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠭᠤᠤᠯ ᠴᠣᠭᠴᠠ ᠶᠢᠨ | ᠬᠠᠷᠢᠭᠤᠴᠠᠯᠭ᠎ᠠ ᠶᠢ ᠴᠢᠩᠭ᠎ᠠ ᠪᠥᠭᠡᠳ ᠪᠣᠳᠠᠲᠠᠶᠢᠵᠢᠭᠤᠯᠵᠤ᠂ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ ᠪᠥᠲᠥᠭᠡᠨ | ᠪᠠᠶᠢᠭᠤᠯᠤᠯᠲᠠ ᠶᠢᠨ ᠬᠠᠮᠢᠶᠠᠷᠤᠯᠲᠠ ᠶᠢ ᠰᠠᠭᠤᠷᠢ ᠪᠡᠯᠡᠳᠬᠡᠮᠵᠢ ᠪᠠ ᠣᠯᠠᠨ ᠨᠡᠶᠢᠲᠡ ᠶᠢᠨ ᠦᠢᠯᠡᠴᠢᠯᠡᠭᠡ ᠶᠢ | ᠲᠡᠭᠦᠯᠳᠡᠷᠵᠢᠭᠦᠯᠬᠦ ᠶᠢᠨ ᠴᠢᠬᠤᠯᠠ ᠬᠦᠴᠦᠯᠡᠬᠦ ᠴᠡᠭ ᠪᠣᠯᠭᠠᠨ᠎ᠠ᠃ ᠲᠥᠯᠥᠪᠵᠢᠭᠦᠯᠭᠡ ᠶᠢᠨ ᠬᠥᠲᠥᠯᠥᠨ ᠳᠠᠭᠠᠭᠤᠯᠬᠤ | ᠦᠢᠯᠡᠳᠦᠯ ᠢ ᠭᠦᠢᠴᠡᠳ ᠪᠠᠳᠠᠷᠠᠭᠤᠯᠵᠤ᠂ ᠮᠤᠵᠢ ᠶᠢᠨ ᠱᠠᠲᠤᠨ ᠤ ᠵᠠᠰᠠᠭ ᠤᠨ ᠣᠷᠳᠣᠨ ᠴᠢᠨᠠᠷ ᠰᠠᠶᠢᠲᠠᠶ ᠴᠠᠬᠢᠯᠭᠠᠨ | ᠴᠡᠨᠡᠭᠯᠡᠬᠦ ᠰᠠᠭᠤᠷᠢ ᠪᠡᠯᠡᠳᠬᠡᠮᠵᠢ ᠶᠢᠨ ᠰᠢᠰᠲ᠋ᠧᠮᠵᠢ ᠶᠢ ᠪᠠᠶᠢᠭᠤᠯᠬᠤ ᠪᠠᠷ ᠭᠤᠤᠯᠳᠠᠯᠭ᠎ᠠ ᠪᠣᠯᠭᠠᠨ᠂ ᠪᠠᠶᠢᠷᠢᠰᠢᠭᠤᠯᠤᠯᠲᠠ ᠶᠢᠨ | ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠵᠠᠮ ᠬᠠᠷᠢᠯᠴᠠᠭᠠᠨ ᠤ ᠲᠣᠤᠷ ᠰᠦᠯᠵᠢᠶ᠎ᠡ ᠶᠢᠨ | ᠰᠢᠰᠲ᠋ᠧᠮᠵᠢ ᠯᠦᠭᠡ ᠵᠣᠯᠭᠠᠭᠤᠯᠤᠨ ᠠᠭᠤᠰᠤᠯᠴᠠᠭᠤᠯᠬᠤ ᠶᠢ ᠰᠠᠶᠢᠲᠤᠷ ᠬᠢᠨ᠎ᠠ︔ ᠲᠤᠰᠬᠠᠶ ᠣᠷᠣᠨ ᠬᠤᠲᠠ ᠶᠢᠨ ᠱᠠᠲᠤᠨ ᠤ | ᠵᠠᠰᠠᠭ ᠤᠨ ᠣᠷᠳᠣᠨ ︽ᠬᠤᠶᠠᠷ ᠲᠣᠭᠤᠷᠢᠭ︾᠂ ︽ᠭᠤᠷᠪᠠᠨ ᠲᠥᠪ︾ ᠢᠶᠠᠷ ᠭᠤᠤᠯᠳᠠᠯᠭ᠎ᠠ ᠪᠣᠯᠭᠠᠵᠤ᠂ ᠲᠣᠭᠤᠷᠢᠭ | ᠰᠢᠶᠠᠨ ᠢᠶᠠᠷ ᠦᠨᠳᠦᠰᠦᠨ ᠨᠢᠭᠡᠴᠢ ᠪᠣᠯᠭᠠᠨ ᠪᠠᠶᠢᠷᠢᠰᠢᠭᠤᠯᠤᠯᠲᠠ ᠶᠢᠨ ᠲᠥᠯᠥᠪᠵᠢᠭᠦᠯᠭᠡ ᠲᠣᠭᠲᠠᠭᠠᠵᠤ᠂ ᠬᠤᠪᠢᠶᠠᠷᠢ | ᠲᠠᠯᠠᠪᠠᠶ ᠶᠢᠨ ᠦᠵᠡᠮᠵᠢ ᠪᠠᠷ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ ᠪᠦᠲᠦᠴᠡ ᠶᠢ ᠰᠢᠯᠢᠳᠡᠭᠵᠢᠭᠦᠯᠦᠨ᠂ | ᠨᠡᠶᠢᠲᠡ ᠶᠢᠨ ᠬᠡᠷᠡᠭᠯᠡᠭᠡᠨ ᠤ ᠪᠠᠭᠠᠨ᠎ᠠ ᠪᠠ ᠲᠤᠰᠬᠠᠶ ᠬᠡᠷᠡᠭᠯᠡᠬᠦ ᠪᠠᠭᠠᠨ᠎ᠠ ᠶᠢᠨ ᠪᠠᠶᠢᠷᠢᠯᠠᠭᠤᠯᠤᠯᠲᠠ ᠶᠢ ᠴᠢᠩᠭᠠᠳᠬᠠᠬᠤ ᠶᠢᠨ | ᠬᠠᠮᠲᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ︽ᠨᠢᠭᠡ ᠵᠢᠷᠤᠭ︾ ᠳᠤ ᠣᠷᠣᠭᠤᠯᠤᠨ | ᠬᠢᠨᠠᠯᠲᠠ ᠲᠠᠯᠪᠢᠬᠤ ᠮᠡᠳᠡᠭᠡ ᠵᠠᠩᠭᠢ ᠶᠢᠨ ᠰᠢᠰᠲ᠋ᠧᠮ ᠢ ᠬᠡᠷᠡᠭᠵᠢᠭᠦᠯᠦᠨ᠎ᠡ᠃ | ︵ᠬᠤᠶᠠᠷ ︶ ᠳᠡᠮᠵᠢᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠬᠡᠷᠡᠭᠲᠡᠶ᠃ ᠴᠠᠬᠢᠯᠭᠠᠨ ᠣᠷᠭᠢᠯ ᠦᠶ᠎ᠡ ᠳᠤ | ᠴᠠᠭ ᠬᠤᠪᠢᠶᠠᠨ ᠴᠠᠬᠢᠯᠭᠠᠨ ᠤ ᠦᠨ᠎ᠡ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠬᠡᠷᠡᠭᠯᠡᠭᠴᠢᠳ ᠢ | ᠬᠥᠲᠥᠯᠦᠨ ᠵᠢᠯᠣᠭᠤᠳᠴᠤ ᠪᠠᠶᠢᠭᠠᠳ ᠣᠶᠤᠨᠴᠢ ᠡᠮᠬᠢ ᠵᠢᠷᠤᠮ ᠲᠠᠢ ᠪᠠᠷ ᠴᠠᠬᠢᠯᠭᠠᠨ ᠴᠡᠨᠡᠭᠯᠡᠬᠦ ᠪᠠ ᠲᠡᠷᠭᠡᠨ ᠰᠦᠯᠵᠢᠶ᠎ᠡ ᠪᠠᠷ | ᠬᠠᠷᠢᠯᠴᠠᠨ ᠬᠥᠳᠡᠯᠦᠯᠴᠡᠬᠦ ᠳᠤ ᠥᠷᠭᠡᠨ ᠢᠶᠠᠷ ᠣᠷᠣᠯᠴᠠᠭᠤᠯᠤᠨ᠎ᠠ᠃ 2030 ᠣᠨ ᠠᠴᠠ ᠡᠮᠦᠨ᠎ᠡ᠂ ᠬᠤᠶᠠᠷ ᠴᠠᠬᠢᠯᠭᠠᠨ | ᠦᠨ᠎ᠡ ᠶᠢ ᠬᠡᠷᠡᠭᠵᠢᠭᠦᠯᠬᠦ ᠲᠥᠪᠯᠡᠷᠡᠩᠭᠦᠶ ᠮᠠᠶ᠋ᠢᠭ ᠤᠨ ᠴᠡᠨᠡᠭᠯᠡᠬᠦ ᠲᠥᠬᠦᠭᠡᠷᠦᠮᠵᠢ ᠶᠢᠨ ᠴᠠᠬᠢᠯᠭᠠᠨ ᠬᠡᠷᠡᠭᠯᠡᠬᠦ ᠠᠴᠠ | ᠬᠡᠯᠲᠦᠷᠢᠭᠦᠯᠬᠦ ᠬᠡᠷᠡᠭᠰᠡᠬᠦ ᠬᠡᠮᠵᠢᠶ᠎ᠡ ︵ᠪᠠᠭᠳᠠᠭᠠᠮᠵᠢ︶︶ ᠴᠠᠬᠢᠯᠭᠠᠨ ᠤ ᠰᠦᠢᠳᠭᠡᠯ᠃ ᠣᠷᠣᠨ ᠨᠤᠲᠤᠭ ᠤᠨ ᠡᠯ᠎ᠡ ᠱᠠᠲᠤᠨ ᠤ | ᠵᠠᠰᠠᠭ ᠤᠨ ᠣᠷᠳᠣᠨ ᠤ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ ᠲᠠᠯᠠᠪᠤᠷ ᠭᠠᠵᠠᠷ ᠤᠨ ᠲᠦᠷᠢᠶᠡᠰᠦᠨ ᠮᠥᠩᠭᠦ ᠳᠤ | ᠱᠠᠲᠤ ᠦ᠊ ᠡᠶ᠎ᠡ ᠶᠢᠨ ᠴᠢᠨᠠᠷᠲᠠᠶ ᠬᠠᠰᠤᠵᠤ ᠬᠡᠯᠲᠦᠷᠢᠭᠦᠯᠬᠦ ᠶᠢ ᠵᠣᠷᠢᠭᠵᠢᠭᠤᠯᠤᠨ᠎ᠠ᠃ ᠴᠠᠬᠢᠯᠭᠠᠨ ᠤ ᠲᠣᠤᠷ ᠤᠨ ᠠᠵᠤ | ᠠᠬᠤᠶᠢᠯᠠᠯ ᠤᠨ ᠴᠠᠬᠢᠯᠭᠠᠨ ᠤ ᠲᠣᠤᠷ ᠲᠤ ᠵᠠᠯᠭᠠᠵᠤ ᠣᠷᠣᠭᠤᠯᠬᠤ᠂ ᠪᠠᠭᠲᠠᠭᠠᠮᠵᠢ ᠶᠢ ᠨᠡᠮᠡᠭᠳᠡᠭᠦᠯᠬᠦ ᠵᠡᠷᠭᠡ ᠲᠠᠯ᠎ᠠ ᠪᠠᠷ | ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠳᠤ ᠡᠩ ᠲᠡᠷᠢᠭᠦᠨ ᠳᠤ ᠦᠢᠯᠡᠴᠢᠯᠡᠬᠦ ᠶᠢ | ᠵᠣᠷᠢᠭᠵᠢᠭᠤᠯᠤᠨ᠎ᠠ᠃ | ︵ᠭᠤᠷᠪᠠ︶ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠨ᠎ᠠ᠃ ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ | ᠣᠷᠳᠣᠨ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ ᠬᠥᠭᠵᠢᠯᠲᠡ ᠶᠢᠨ ᠬᠦᠴᠦᠨ ᠵᠦᠢᠯ ᠤᠨ ᠪᠠᠲᠤᠯᠠᠭ᠎ᠠ ᠶᠢ ᠤᠯᠠᠮ | ᠨᠢᠭᠡ ᠠᠯᠬᠤᠮ ᠴᠢᠩᠭᠠᠳᠬᠠᠵᠤ᠂ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠵᠢᠴᠢ ᠢᠵᠢ ᠪᠥᠷᠢᠳᠦᠭᠦᠯᠬᠦ ᠴᠠᠬᠢᠯᠭᠠᠨ | ᠲᠣᠤᠷ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ᠂ ᠬᠤᠩᠭᠢᠯ ᠤᠨ ᠣᠷᠣᠨ ᠵᠠᠶ ᠵᠡᠷᠭᠡ ᠬᠥᠭᠵᠢᠯᠲᠡ ᠶᠢᠨ | ᠬᠡᠷᠡᠭᠴᠡᠭᠡ ᠶᠢ ᠬᠠᠩᠭᠠᠵᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠪᠠᠯᠠ ᠮᠥᠩᠭᠦ ᠶᠢᠨ ᠳᠡᠮᠵᠢᠯᠭᠡ | ᠦᠵᠡᠭᠦᠯᠬᠦ ᠬᠡᠷᠡᠭᠲᠡᠶ᠃ ᠣᠷᠣᠨ ᠨᠤᠲᠤᠭ ᠢ ᠵᠣᠷᠢᠭᠵᠢᠭᠤᠯᠵᠤ ᠪᠠᠶᠢᠭᠠᠳ ᠦᠢᠯᠡᠴᠢᠯᠡᠭᠡᠨ ᠤ ᠶᠠᠰᠤ ᠴᠢᠨᠠᠷ ᠯᠤᠭ᠎ᠠ | ᠬᠤᠯᠪᠣᠭᠳᠠᠭᠤᠯᠤᠭᠰᠠᠨ ᠡᠵᠡᠩᠨᠡᠯᠲᠡ ᠶᠢᠨ ᠨᠥᠬᠦᠪᠥᠷᠢ ᠶᠢᠨ ᠪᠠᠷᠢᠮᠵᠢᠶ᠎ᠠ ᠶᠢ ᠪᠠᠶᠢᠭᠤᠯᠵᠤ᠂ ᠴᠢᠳᠠᠯ ᠶᠡᠭᠡ ᠴᠢᠳᠠᠮᠵᠢ ᠪᠠᠷ | ᠴᠠᠬᠢᠯᠭᠠᠨ ᠴᠡᠨᠡᠭᠯᠡᠬᠦ᠂ ᠲᠡᠷᠭᠡ ᠲᠣᠤᠷ ᠬᠠᠷᠢᠯᠴᠠᠨ ᠬᠥᠳᠡᠯᠦᠯᠴᠡᠬᠦ ᠵᠡᠷᠭᠡ ᠵᠢᠱᠢᠶ᠎ᠡ ᠦᠵᠡᠭᠦᠯᠬᠦ ᠲᠥᠷᠥᠯ ᠤᠨ ᠲᠥᠷᠥᠯ | ᠵᠦᠢᠯ ᠳᠤ ᠨᠥᠬᠦᠪᠥᠷᠢ ᠥᠭᠬᠦ ᠡᠷᠴᠢᠮ ᠢᠶᠠᠨ ᠴᠢᠩᠭᠠᠷᠠᠭᠤᠯᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ | ᠵᠢᠭᠡᠯᠡᠯᠭᠡ ᠶᠢᠨ ᠲᠡᠮᠳᠡᠭᠲᠦ ᠵᠡᠷᠭᠡ ᠪᠠᠷ ᠳᠠᠮᠵᠢᠭᠤᠯᠤᠨ ᠨᠥᠬᠦᠴᠡᠯ ᠳᠤ ᠨᠡᠶᠢᠴᠡᠬᠦ ᠴᠠᠬᠢᠯᠭᠠᠨ ᠴᠡᠨᠡᠭᠯᠡᠬᠦ ᠰᠠᠭᠤᠷᠢ | ᠪᠡᠯᠡᠳᠬᠡᠮᠵᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠬᠡᠷᠡᠭᠲᠡᠶ᠃ ᠮᠥᠩᠭᠦᠨ ᠭᠦᠢᠯᠭᠡᠭᠡᠨ ᠤ | ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠣᠲᠣ ᠶᠢᠨ ᠪᠠᠶᠢᠭ᠎ᠠ ᠮᠥᠩᠭᠦᠨ ᠭᠦᠢᠯᠭᠡᠭᠡᠨ ᠤ ᠳᠡᠮᠵᠢᠯᠭᠡ ᠶᠢᠨ | ᠲᠥᠷᠥ ᠶᠢᠨ ᠪᠣᠳᠣᠯᠭ᠎ᠠ ᠶᠢ ᠭᠦᠢᠴᠡᠳ ᠠᠰᠢᠭᠯᠠᠨ᠂ ᠰᠲ᠋ᠣᠺ ᠤᠨ ᠡᠷᠬᠡ᠂ ᠲᠥᠷᠥᠯ ᠵᠦᠢᠯ ᠤᠨ ᠠᠰᠢᠭ ᠣᠯᠵᠠᠪᠤᠷᠢ ᠶᠢᠨ | ᠡᠷᠬᠡ᠂ ᠣᠨᠴᠠ ᠵᠥᠪᠰᠢᠶᠡᠷᠡᠯ ᠤᠨ ᠡᠵᠡᠩᠨᠡᠯᠲᠡ ᠶᠢᠨ ᠡᠷᠬᠡ ᠵᠡᠷᠭᠡ ᠳᠠᠨᠵᠢᠯᠠᠭ᠎ᠠ ᠲᠠᠢ ᠪᠠᠯᠠ ᠲᠣᠬᠢᠷᠠᠭᠤᠯᠭ᠎ᠠ ᠶᠢᠨ ᠠᠷᠭ᠎ᠠ | ᠮᠠᠶ᠋ᠢᠭ ᠢ ᠳᠡᠯᠭᠡᠷᠡᠭᠦᠯᠵᠦ᠂ ᠪᠣᠬᠢᠷᠲᠤᠯ ᠥᠬᠡᠶ ᠵᠢᠭᠡᠯᠡᠯᠭᠡ ᠶᠢᠨ ᠲᠡᠮᠳᠡᠭᠲᠦ ᠵᠡᠷᠭᠡ ᠪᠠᠷ ᠳᠠᠮᠵᠢᠭᠤᠯᠤᠨ ᠴᠠᠬᠢᠯᠭᠠᠨ ᠴᠡᠨᠡᠭᠯᠡᠬᠦ | ᠰᠠᠭᠤᠷᠢ ᠪᠡᠯᠡᠳᠬᠡᠮᠵᠢ ᠶᠢᠨ ᠦᠢᠯᠡᠳᠪᠦᠷᠢ ᠶᠢᠨ ᠪᠠᠯᠠ ᠣᠷᠣᠭᠤᠯᠤᠨ ᠡᠵᠡᠩᠨᠡᠬᠦ ᠠᠵᠤ ᠠᠬᠤᠶᠢᠯᠠᠯ ᠪᠠ ᠲᠥᠬᠦᠭᠡᠷᠦᠮᠵᠢ ᠶᠢᠨ | ᠦᠢᠯᠡᠳᠪᠦᠷᠢ ᠶᠢᠨ ᠪᠠᠯᠠ ᠲᠣᠬᠢᠷᠠᠭᠤᠯᠭ᠎ᠠ ᠶᠢᠨ ᠠᠷᠭ᠎ᠠ ᠵᠠᠮ ᠢ ᠥᠷᠭᠡᠳᠬᠡᠨ᠎ᠡ᠃ ᠨᠡᠭᠡᠭᠡᠯᠳᠡ ᠶᠢᠨ ᠴᠢᠨᠡᠷᠳᠡᠢ ᠮᠦᠡᠭᠬᠦᠨ | ᠬᠦᠢᠯᠭᠡᠭᠡᠨ ᠤ ᠪᠠᠶᠢᠭᠤᠯᠥᠮᠵᠢ ᠶᠢᠨ ᠪᠡᠯᠡ ᠲᠣᠬᠢᠷᠡᠭᠤᠯᠭ᠎ᠠ ᠬᠢᠬᠦ ᠶᠢ ᠳᠡᠮᠵᠢᠬᠦ ᠵᠬᠠᠪᠤᠷ ᠤᠨ ᠰᠢᠨ᠎ᠡ ᠶᠢ ᠡᠬᠦᠳᠴᠥ᠂ | ᠬᠤᠳᠡ ᠶᠢᠨ ᠳᠡᠷᠬᠡ ᠵᠤᠠᠠᠰᠣᠬᠤ᠂ ᠴᠠᠬᠢᠯᠭᠠᠨ ᠴᠡᠨᠡᠭᠯᠡᠬᠦ ︽ᠨᠢᠭᠡ ᠲᠣᠣᠷ︾ ᠤᠨ ᠲᠣᠰᠬᠠᠢ ᠢᠨᠵᠧᠨᠧᠷᠢᠩ ᠢ | ᠭᠡᠷᠡᠭᠵᠢᠬᠦᠯᠦᠨ᠎ᠠ᠃ | ︵ᠲᠦᠷᠪᠡ︶ ᠬᠠᠮᠵᠢᠯᠴᠠᠨ ᠠᠬᠢᠭᠤᠯᠬᠤ ᠪᠠᠨ ᠴᠢᠩᠭᠠᠳᠬᠠᠵᠤ᠃ ᠤᠯᠤᠰ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠤᠯᠤᠰ ᠤᠨ ᠡᠨᠧᠷᠭᠢ ᠶᠢᠨ ᠲᠣᠪᠴᠢᠶ᠎ᠠ ᠡᠯ᠎ᠡ ᠬᠤᠯᠪᠣᠭᠳᠠᠯ ᠪᠦᠬᠦᠢ ᠲᠠᠯ᠎ᠠ ᠶᠢᠨ ᠬᠢᠨ ᠲᠠᠢ | ᠬᠠᠮᠲᠤᠷᠠᠨ ᠲᠤᠰ ᠵᠢᠯᠣᠭᠤᠳᠬᠤ ᠰᠠᠨᠠᠯ ᠢ ᠬᠡᠷᠡᠭᠵᠢᠭᠦᠯᠬᠦ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠰᠠᠯᠠᠭ᠎ᠠ ᠮᠥᠴᠢᠷ ᠤᠨ | ᠬᠠᠮᠵᠢᠯᠴᠠᠭ᠎ᠠ ᠶᠢ ᠴᠢᠩᠭᠠᠳᠬᠠᠨ᠂ ᠡᠯ᠎ᠡ ᠭᠠᠵᠠᠷ ᠲᠤ ᠵᠢᠭᠠᠨ ᠵᠢᠯᠣᠭᠤᠳᠴᠤ ᠬᠢᠨᠠᠯᠲᠠ ᠲᠠᠯᠪᠢᠬᠤ ᠶᠢ ᠴᠢᠩᠭᠠᠳᠬᠠᠵᠤ᠂ | ᠬᠡᠷᠡᠭᠵᠢᠭᠦᠯᠵᠦ ᠪᠠᠶᠢᠭ᠎ᠠ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠦᠨᠡᠯᠡᠨ ᠵᠢᠱᠢᠬᠦ ᠶᠢ ᠥᠷᠨᠢᠭᠦᠯᠵᠦ᠂ ᠨᠡᠶᠢᠲᠡᠯᠢᠭ | ᠲᠤᠷᠰᠢᠯᠭ᠎ᠠ ᠠᠷᠭ᠎ᠠ ᠬᠢᠳᠡᠯ ᠢ ᠴᠠᠭ ᠲᠤᠬᠠᠶ ᠳᠤᠨᠢ ᠳ᠋ᠦᠩᠨᠡᠨ ᠳᠡᠯᠭᠡᠷᠡᠭᠦᠯᠵᠦ᠂ ᠴᠢᠬᠤᠯᠠ ᠶᠡᠭᠡ ᠪᠠᠶᠢᠳᠠᠯ ᠢ ᠴᠠᠭ | ᠲᠤᠬᠠᠶ ᠳᠤᠨᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠳᠤ ᠮᠡᠳᠡᠭᠦᠯᠬᠦ ᠬᠡᠷᠡᠭᠲᠡᠶ᠃ ᠣᠷᠣᠨ | ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠨᠤᠭᠤᠳ ᠬᠥᠭᠵᠢᠭᠦᠯᠦᠯᠲᠡ ᠥᠭᠡᠷᠡᠴᠢᠯᠡᠯᠲᠡ᠂ ᠡᠨᠧᠷᠭᠢ᠂ ᠵᠠᠮ | ᠬᠠᠷᠢᠯᠴᠠᠭ᠎ᠠ ᠲᠡᠭᠡᠭᠡᠪᠦᠷᠢ᠂ ᠪᠠᠶᠢᠭᠠᠯᠢ ᠶᠢᠨ ᠡᠬᠢ ᠪᠠᠶᠠᠯᠢᠭ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠬᠤᠳᠠᠯᠳᠤᠭᠠᠨ ᠤ ᠶᠠᠪᠤᠳᠠᠯ᠂ ᠭᠠᠯ ᠤᠨᠲᠠᠷᠠᠭᠠᠵᠤ | ᠠᠪᠤᠷᠠᠨ ᠲᠤᠰᠠᠯᠠᠬᠤ᠂ ᠬᠤᠲᠠ ᠶᠢᠨ ᠬᠠᠮᠢᠶᠠᠷᠤᠯᠲᠠ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠨᠢᠭᠲᠠ | ᠬᠠᠮᠵᠢᠯᠴᠠᠨ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠬᠠᠮᠵᠢᠯᠴᠠᠨ ᠠᠬᠢᠭᠤᠯᠬᠤ | ᠲᠣᠭᠲᠠᠴᠠ ᠶᠢ ᠪᠠᠶᠢᠭᠤᠯᠵᠤ᠂ ᠦᠨᠳᠦᠰᠦᠨ ᠪᠠᠶᠢᠳᠠᠯ ᠢ ᠪᠥᠬᠦ ᠲᠠᠯ᠎ᠠ ᠪᠠᠷ ᠤᠶᠢᠯᠠᠭᠠᠨ ᠵᠢᠭᠰᠠᠭᠠᠵᠤ᠂ ᠪᠥᠲᠥᠭᠡᠨ | ᠪᠠᠶᠢᠭᠤᠯᠤᠯᠲᠠ ᠶᠢᠨ ᠬᠡᠷᠡᠭᠴᠡᠭᠡ ᠱᠠᠭᠠᠷᠳᠠᠯᠭ᠎ᠠ ᠶᠢ ᠰᠢᠨᠵᠢᠯᠡᠬᠦ ᠤᠬᠠᠭᠠᠨᠴᠢ ᠪᠠᠷ ᠦᠨᠡᠯᠡᠨ ᠵᠢᠱᠢᠵᠦ᠂ ᠪᠥᠲᠥᠭᠡᠨ | ᠪᠠᠶᠢᠭᠤᠯᠤᠯᠲᠠ ᠶᠢᠨ ᠭᠠᠷᠳᠠᠮ ᠢ ᠳᠥᠭᠦᠮᠴᠢᠯᠡᠨ᠂ ᠪᠠᠷᠢᠮᠵᠢᠶ᠎ᠠ ᠪᠠ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠪᠠᠶᠢᠭᠤᠯᠤᠨ | ᠪᠦᠷᠢᠨᠰᠢᠬᠦᠯᠵᠦ᠂ ᠭᠤᠤᠯᠳᠠᠯᠭ᠎ᠠ ᠲᠠᠢ ᠬᠦᠴᠢᠷ ᠠᠰᠠᠭᠤᠳᠠᠯ ᠢ ᠦᠷᠭᠦᠯᠵᠢᠯᠡᠨ ᠮᠥᠷᠳᠡᠨ ᠰᠢᠢᠳᠪᠦᠷᠢᠯᠡᠵᠦ᠂ ᠮᠡᠳᠡᠭᠡ | ᠵᠠᠩᠭᠢ ᠶᠢ ᠬᠠᠮᠲᠤ ᠪᠠᠷ ᠡᠳ᠋ᠯᠡᠬᠦ ᠪᠠ ᠲᠥᠷᠥ ᠶᠢᠨ ᠪᠣᠳᠣᠯᠭ᠎ᠠ ᠶᠢ ᠬᠤᠯᠪᠣᠭᠠᠯᠠᠨ ᠬᠥᠳᠡᠯᠦᠯᠴᠡᠬᠦ ᠶᠢ ᠪᠡᠶᠡᠯᠡᠭᠦᠯᠦᠨ᠎ᠡ᠃ | ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ | 2023 ᠣᠨ ᠤ 6 ᠰᠠᠷ᠎ᠠ ᠶᠢᠨ 8 ᠤ ᠡᠳᠦᠷ | ᠪᠦᠬᠦ ᠣᠷᠣᠨ ᠤ ᠬᠤᠳᠳᠤᠭ ᠤᠨ ᠠᠵᠤ ᠦᠢᠯᠡᠳᠪᠦᠷᠢ ᠶᠢᠨ ᠨᠡᠭᠦᠷᠡᠰᠦᠨ ᠠᠭᠤᠷᠬᠠᠶ ᠶᠢᠨ ᠠᠶᠤᠯ ᠦᠭᠡᠶ ᠶᠢᠨ | ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠠᠷᠭ᠎ᠠ ᠬᠡᠮᠵᠢᠶ᠎ᠡ ᠨᠦᠭᠦᠳ ᠤᠨ ᠲᠤᠬᠠᠶ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠡ ᠳᠤ᠄ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠯᠠᠱᠠ ᠶᠢᠨ ᠰᠢᠨ ᠵᠢᠩ | ᠨᠡᠭᠦᠷᠡᠰᠦᠨ ᠤ ᠦᠢᠯᠡᠰ ᠤᠨ ᠬᠢᠵᠠᠭᠠᠷᠲᠤ ᠺᠣᠮᠫᠠᠨᠢ ᠶᠢᠨ ᠵᠠᠳᠠᠭᠠᠢ ᠨᠡᠭᠦᠷᠡᠰᠦᠨ ᠠᠭᠤᠷᠬᠠᠢ ᠶᠢᠨ ︽2 · 22︾ ᠤ ᠣᠨᠴᠠᠭᠠᠢ | ᠬᠦᠨᠳᠦ ᠶᠡᠭᠡ ᠨᠤᠷᠠᠯᠲᠠ ᠶᠢᠨ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠠᠶᠤᠯᠭᠦᠢ ᠦᠢᠯᠡᠳᠪᠦᠷᠢᠯᠡᠯ ᠤᠨ | ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠨᠠᠭᠰᠢᠳᠠ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠤᠷᠳᠤ | ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠵᠤ᠂ ᠬᠤᠳᠳᠤᠭ ᠤᠨ ᠠᠵᠤ ᠦᠢᠯᠡᠳᠪᠦᠷᠢ ᠶᠢᠨ ᠨᠡᠭᠦᠷᠡᠰᠦᠨ | ᠠᠭᠤᠷᠬᠠᠢ ᠶᠢᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠶᠢᠨ | ᠲᠥᠯᠥᠭᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ | ᠪᠦᠬᠦ ᠣᠷᠣᠨ ᠤ ᠬᠤᠳᠳᠤᠭ ᠤᠨ ᠠᠵᠤ ᠦᠢᠯᠡᠳᠪᠦᠷᠢ ᠶᠢᠨ ᠨᠡᠭᠦᠷᠡᠰᠦᠨ ᠠᠭᠤᠷᠬᠠᠢ ᠶᠢᠨ ᠠᠮᠤᠷ ᠲᠦᠪᠰᠢᠨ ᠤ | ᠬᠠᠮᠢᠶᠠᠷᠤᠯᠲᠠ ᠶᠢ ᠴᠢᠨᠠᠭᠰᠢᠳᠠ ᠴᠢᠩᠭᠠᠳᠬᠠᠬᠤ ᠠᠷᠭ᠎ᠠ ᠬᠡᠮᠵᠢᠶ᠎ᠡ ᠨᠦᠭᠦᠳ ᠢ ᠳᠣᠣᠷᠠᠬᠢ ᠮᠡᠲᠦ ᠮᠡᠳᠡᠭᠳᠡᠪᠡ᠃ | ᠨᠢᠭᠡ᠂ ᠣᠷᠣᠨ ᠨᠤᠲᠤᠭ ᠤᠨ ᠵᠠᠰᠠᠭ ᠤᠨ ᠣᠷᠳᠣᠨ ᠤ ᠤᠳᠤᠷᠢᠳᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ | ᠬᠡᠷᠡᠭᠲᠡᠶ | ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠠᠶᠤᠯ ᠦᠭᠡᠶ | ᠦᠢᠯᠡᠳᠪᠦᠷᠢᠯᠡᠯ ᠤᠨ ᠲᠤᠬᠠᠶ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ | ᠲᠤᠤᠱᠯᠠᠭᠤᠯᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯ ᠦᠭᠡᠶ ᠦᠢᠯᠡᠳᠪᠦᠷᠢᠯᠡᠯ ᠤᠨ ᠵᠥᠪᠯᠡᠯ ᠤᠨ ︽ᠠᠷᠪᠠᠨ | ᠲᠠᠪᠤᠨ ᠵᠦᠢᠯ ᠤᠨ ᠬᠠᠲᠠᠭᠤ ᠠᠷᠭ᠎ᠠ ᠬᠡᠮᠵᠢᠶ᠎ᠡ︾ ᠪᠠ ᠥᠪᠡᠷᠲᠡᠭᠡᠨ ᠵᠠᠰᠠᠬᠤ ᠣᠷᠣᠨ ᠤ ︽ᠲᠠᠪᠢᠨ ᠭᠤᠷᠪᠠᠳᠤᠭᠠᠷ | ᠵᠦᠢᠯ ᠤᠨ ᠪᠣᠳᠠᠲᠠᠶ ᠠᠷᠭ᠎ᠠ ᠬᠡᠮᠵᠢᠶ᠎ᠡ︾ ᠵᠢᠴᠢ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ | ᠵᠠᠰᠠᠭ ᠤᠨ ᠣᠷᠳᠣᠨ ᠤ ᠤᠳᠤᠷᠢᠳᠤᠯᠭ᠎ᠠ ᠲᠠᠢ ᠬᠠᠷᠢᠯᠴᠠᠵᠤ ᠳᠠᠭᠠᠳᠬᠠᠯ ᠢ ᠳᠠᠭᠠᠭᠠᠴᠢᠯᠠᠬᠤ ᠳᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠬᠠᠷᠢᠶ᠎ᠠ ᠭᠠᠵᠠᠷ ᠤᠨ ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ | ᠴᠢᠩᠭᠠᠷᠠᠭᠤᠯᠤᠨ᠂ ᠬᠢᠨᠠᠯᠲᠠ ᠬᠠᠮᠢᠶᠠᠷᠤᠯᠲᠠ ᠶᠢᠨ ᠡᠩᠨᠡᠭᠡ ᠶᠢᠨ ᠪᠠᠶᠢᠭᠤᠯᠤᠯᠲᠠ ᠪᠠ ᠬᠠᠤᠯᠢ ᠬᠡᠷᠡᠭᠵᠢᠭᠦᠯᠬᠦ ᠵᠠᠷᠤᠳᠠᠯ ᠤᠨ | ᠪᠠᠲᠤᠯᠠᠭ᠎ᠠ ᠶᠢ ᠴᠢᠩᠭᠠᠳᠬᠠᠵᠤ᠂ ᠲᠤᠰ ᠭᠠᠵᠠᠷ ᠣᠷᠣᠨ ᠤ ᠨᠡᠭᠦᠷᠡᠰᠦᠨ ᠠᠭᠤᠷᠬᠠᠶ ᠶᠢᠨ ᠪᠣᠳᠠᠲᠠᠶ ᠲᠠᠢ ᠪᠠᠨ ᠤᠶᠠᠯᠳᠤᠭᠤᠯᠤᠨ | ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠶᠢᠨ ᠠᠵᠢᠯᠲᠠᠨ ᠢ ᠪᠦᠷᠢᠨ ᠭᠦᠢᠴᠡᠳ ᠪᠥᠭᠡᠳ ᠴᠢᠩᠭ᠎ᠠ ᠲᠣᠬᠢᠷᠠᠭᠤᠯᠬᠤ | ᠬᠡᠷᠡᠭᠲᠡᠶ᠃ ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠶᠢᠨ ᠠᠵᠢᠯᠲᠠᠨ ᠤ ᠲᠤᠰᠬᠠᠶ ᠮᠡᠷᠭᠡᠵᠢᠯ ᠨᠢ ᠨᠡᠭᠦᠷᠡᠰᠦᠨ | ᠠᠭᠤᠷᠬᠠᠶ ᠶᠢᠨ ᠨᠡᠭᠡᠭᠡᠨ ᠮᠠᠯᠲᠠᠬᠤ ᠠᠷᠭ᠎ᠠ ᠮᠠᠶ᠋ᠢᠭ᠂ ᠭᠠᠮᠰᠢᠭ ᠤᠨ ᠣᠨᠴᠠᠯᠢᠭ ᠵᠡᠷᠭᠡ ᠯᠦᠭᠡ ᠬᠠᠷᠢᠯᠴᠠᠨ ᠵᠣᠬᠢᠴᠠᠯᠳᠤᠵᠤ᠂ | ᠵᠢᠯ ᠪᠦᠷᠢ ᠠᠵᠢᠯ ᠠᠴᠠ ᠨᠢ ᠰᠠᠯᠭᠠᠵᠤ ᠠᠶᠤᠯ ᠦᠭᠡᠶ ᠶᠢᠨ ᠪᠣᠯᠪᠠᠰᠤᠷᠠᠭᠤᠯᠤᠯ ᠳᠤ ᠣᠷᠣᠯᠴᠠᠬᠤ ᠦ᠊ ᠡᠶ᠎ᠡ ᠳᠤ 7 | ᠡᠳᠦᠷ ᠠᠴᠠ ᠳᠤᠲᠠᠭᠤ ᠦᠭᠡᠶ ᠪᠠᠶᠢᠯᠭᠠᠵᠤ᠂ ᠲᠤᠰᠬᠠᠶ ᠮᠡᠷᠭᠡᠵᠢᠯ ᠤᠨ ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠶᠢᠨ | ᠠᠵᠢᠯᠲᠠᠨ ᠤ ᠲᠣᠬᠢᠷᠠᠭᠤᠯᠬᠤ ᠬᠠᠷᠢᠴᠠᠯ ᠢ ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠳᠤ ᠪᠠᠶᠢᠭ᠎ᠠ | ᠠᠵᠢᠯᠲᠠᠨ ᠤ 75% ᠠᠴᠠ ᠳᠣᠤᠷ᠎ᠠ ᠦᠭᠡᠶ ᠪᠠᠶᠢᠯᠭᠠᠬᠤ ᠬᠡᠷᠡᠭᠲᠡᠶ᠃ | ᠬᠤᠶᠠᠷ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ | ᠡᠯ᠎ᠡ ᠱᠠᠲᠤᠨ ᠤ ᠨᠡᠭᠦᠷᠡᠰᠦᠨ ᠤ ᠠᠵᠢᠯ ᠲᠥᠷᠥᠯ ᠤᠨ ᠬᠠᠮᠢᠶᠠᠷᠤᠯᠲᠠ᠂ ᠨᠡᠭᠦᠷᠡᠰᠦᠨ ᠠᠭᠤᠷᠬᠠᠶ ᠶᠢᠨ ᠠᠶᠤᠯ | ᠦᠭᠡᠶ ᠶᠢᠨ ᠬᠢᠨᠠᠯᠲᠠ ᠬᠠᠮᠢᠶᠠᠷᠤᠯᠲᠠ᠂ ᠨᠡᠭᠦᠷᠡᠰᠦᠨ ᠠᠭᠤᠷᠬᠠᠶ ᠶᠢᠨ ᠠᠶᠤᠯ ᠦᠭᠡᠶ ᠶᠢᠨ ᠬᠢᠨᠠᠨ ᠪᠠᠶᠢᠴᠠᠭᠠᠬᠤ ᠵᠡᠷᠭᠡ ᠰᠠᠯᠠᠭ᠎ᠠ | ᠮᠥᠴᠢᠷ ᠤᠳ ᠨᠡᠭᠦᠷᠡᠰᠦᠨ ᠠᠭᠤᠷᠬᠠᠶ ᠶᠢ ᠬᠢᠨᠠᠨ ᠬᠠᠮᠢᠶᠠᠷᠴᠤ ᠬᠢᠨᠠᠨ ᠪᠠᠶᠢᠴᠠᠭᠠᠬᠤ ᠡᠭᠦᠷᠭᠡ ᠬᠠᠷᠢᠭᠤᠴᠠᠯᠭ᠎ᠠ ᠪᠠᠨ ᠬᠠᠤᠯᠢ | ᠶᠣᠰᠣᠭᠠᠷ ᠬᠡᠷᠡᠭᠵᠢᠭᠦᠯᠬᠦ ᠬᠡᠷᠡᠭᠲᠡᠶ᠃ ᠨᠡᠭᠦᠷᠡᠰᠦᠨ ᠠᠭᠤᠷᠬᠠᠶ ᠶᠢᠨ ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠥᠴᠢᠷ ᠤᠳ ᠱᠠᠲᠤ ᠬᠤᠪᠢᠶᠠᠨ ᠬᠢᠨᠠᠨ ᠬᠠᠮᠢᠶᠠᠷᠬᠤ ᠱᠠᠭᠠᠷᠳᠠᠯᠭ᠎ᠠ ᠶᠣᠰᠣᠭᠠᠷ᠂ ᠨᠡᠭᠦᠷᠡᠰᠦᠨ ᠠᠭᠤᠷᠬᠠᠶ ᠶᠢᠨ ᠠᠶᠤᠯ ᠦᠭᠡᠶ | ᠦᠢᠯᠡᠳᠪᠦᠷᠢᠯᠡᠯ ᠢ ᠳᠤᠭᠤᠶᠢᠯᠠᠩ ᠬᠤᠪᠢᠶᠠᠨ ᠲᠣᠭᠤᠷᠢᠨ ᠪᠠᠶᠢᠴᠠᠭᠠᠬᠤ᠂ ᠠᠭᠤᠷᠬᠠᠶ ᠳᠤ ᠰᠠᠭᠤᠵᠤ ᠬᠠᠷᠠᠵᠤ ᠬᠠᠮᠢᠶᠠᠷᠬᠤ | ᠵᠡᠷᠭᠡ ᠳᠦᠷᠢᠮ ᠠᠷᠭ᠎ᠠ ᠬᠡᠮᠵᠢᠶ᠎ᠡ ᠶᠢ ᠬᠢᠨᠠᠮᠠᠭᠠᠶ ᠨᠠᠶᠢᠳᠠᠪᠤᠷᠢᠵᠢᠭᠤᠯᠬᠤ ᠬᠡᠷᠡᠭᠲᠡᠶ᠃ ᠨᠡᠭᠦᠷᠡᠰᠦᠨ ᠠᠭᠤᠷᠬᠠᠶ ᠶᠢᠨ ᠡᠳᠦᠷ | ᠲᠤᠲᠤᠮ ᠤᠨ ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠲᠤᠰ ᠭᠠᠵᠠᠷ ᠣᠷᠣᠨ ᠤ ᠪᠠᠨ | ᠨᠡᠭᠦᠷᠡᠰᠦᠨ ᠠᠭᠤᠷᠬᠠᠶ ᠶᠢᠨ ᠣᠨᠴᠠᠯᠢᠭ ᠢᠶᠠᠨ ᠦᠨᠳᠦᠰᠦᠯᠡᠨ᠂ ᠠᠶᠤᠯ ᠦᠭᠡᠶ ᠶᠢᠨ ᠬᠠᠮᠲᠤᠷᠠᠨ ᠣᠨᠣᠰᠢᠯᠠᠬᠤ᠂ ᠲᠤᠰᠬᠠᠶ | ᠵᠦᠢᠯ ᠢᠶᠠᠷ ᠴᠡᠭᠴᠡᠯᠡᠨ ᠵᠠᠰᠠᠬᠤ ᠵᠡᠷᠭᠡ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠥᠷᠨᠢᠭᠦᠯᠬᠦ | ᠬᠡᠷᠡᠭᠲᠡᠶ᠃ ᠡᠯ᠎ᠡ ᠱᠠᠲᠤᠨ ᠤ ᠪᠠᠶᠢᠭᠠᠯᠢ ᠶᠢᠨ ᠡᠬᠢ ᠪᠠᠶᠠᠯᠢᠭ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ | ᠰᠠᠯᠠᠭ᠎ᠠ ᠮᠥᠴᠢᠷ ᠨᠢᠭᠡᠴᠡ ᠨᠦᠭᠦᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠬᠢᠨᠠᠯᠲᠠ | ᠲᠠᠯᠪᠢᠵᠤ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠭᠡᠬᠦ ᠬᠡᠷᠡᠭᠲᠡᠶ᠃ ᠡᠯ᠎ᠡ ᠱᠠᠲᠤᠨ ᠤ ᠠᠶᠤᠯ | ᠦᠭᠡᠶ ᠦᠢᠯᠡᠳᠪᠦᠷᠢᠯᠡᠯ ᠤᠨ ᠺᠣᠮᠢᠰ ᠤᠨ ᠠᠯᠪᠠᠨ ᠭᠡᠷ ᠨᠢ ᠬᠢᠨᠠᠯᠲᠠ ᠲᠠᠯᠪᠢᠨ ᠵᠢᠯᠣᠭᠤᠳᠴᠤ ᠵᠣᠬᠢᠴᠠᠭᠤᠯᠬᠤ ᠠᠵᠢᠯ ᠢᠶᠠᠨ | ᠴᠢᠩᠭᠠᠳᠬᠠᠬᠤ ᠬᠡᠷᠡᠭᠲᠡᠶ᠃ | ᠭᠤᠷᠪᠠ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ | ᠨᠡᠭᠦᠷᠡᠰᠦᠨ ᠠᠭᠤᠷᠬᠠᠶ ᠶᠢᠨ ᠳᠡᠭᠡᠳᠦ ᠱᠠᠲᠤᠨ ᠤ ᠺᠣᠮᠫᠠᠨᠢ ᠨᠢ ᠠᠶᠤᠯ ᠦᠭᠡᠶ ᠦᠢᠯᠡᠳᠪᠦᠷᠢᠯᠡᠯ ᠤᠨ | ᠬᠠᠮᠢᠶᠠᠷᠤᠯᠲᠠ ᠶᠢᠨ ᠳᠦᠷᠢᠮ ᠪᠣᠯᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢ ᠪᠠᠶᠢᠭᠤᠯᠤᠨ ᠪᠦᠷᠢᠨᠰᠢᠭᠦᠯᠵᠦ᠂ | ᠬᠠᠷᠢᠶ᠎ᠠ ᠪᠦᠬᠦᠢ ᠨᠡᠭᠦᠷᠡᠰᠦᠨ ᠠᠭᠤᠷᠬᠠᠶ ᠳᠤ ᠠᠶᠤᠯ ᠦᠭᠡᠶ ᠶᠢᠨ ᠪᠦᠲᠦᠮᠵᠢᠲᠡᠶ ᠬᠠᠮᠢᠶᠠᠷᠤᠯᠲᠠ ᠪᠣᠯᠤᠨ ᠬᠢᠨᠠᠯᠲᠠ | ᠪᠠᠶᠢᠴᠠᠭᠠᠯᠲᠠ ᠶᠢ ᠬᠡᠷᠡᠭᠵᠢᠭᠦᠯᠵᠦ᠂ ᠭᠤᠤᠯᠳᠠᠯᠭ᠎ᠠ ᠲᠠᠢ ᠴᠠᠭ ᠬᠤᠭᠤᠴᠠᠭ᠎ᠠ᠂ ᠵᠠᠩᠭᠢᠯᠠᠭ᠎ᠠ ᠶᠢᠨ ᠴᠢᠭ ᠲᠤ ᠬᠠᠷᠢᠶ᠎ᠠ ᠪᠦᠬᠦᠢ | ᠨᠡᠭᠦᠷᠡᠰᠦᠨ ᠠᠭᠤᠷᠬᠠᠶ ᠳᠤ ᠠᠶᠤᠯ ᠦᠭᠡᠶ ᠶᠢᠨ ᠠᠵᠢᠯᠯᠠᠬᠤ ᠳᠤᠭᠤᠶᠢᠯᠠᠩ ᠲᠣᠮᠢᠯᠠᠨ ᠰᠠᠭᠤᠯᠭᠠᠬᠤ ᠬᠡᠷᠡᠭᠲᠡᠶ᠃ ᠨᠡᠭᠦᠷᠡᠰᠦᠨ | ᠠᠭᠤᠷᠬᠠᠶ ᠶᠢᠨ ᠠᠵᠤ ᠠᠬᠤᠶᠢᠯᠠᠯ ᠤᠳ ᠡᠯ᠎ᠡ ᠱᠠᠲᠤ ᠳᠠᠪᠬᠤᠷᠭ᠎ᠠ᠂ ᠡᠯ᠎ᠡ ᠰᠠᠯᠠᠭ᠎ᠠ ᠮᠥᠴᠢᠷ᠂ ᠡᠯ᠎ᠡ ᠠᠵᠢᠯ ᠤᠨ ᠪᠠᠶᠢᠷᠢ ᠶᠢ | ᠬᠠᠮᠤᠷᠤᠭᠰᠠᠨ ᠪᠦᠬᠦ ᠠᠵᠢᠯᠲᠠᠨ ᠤ ᠠᠶᠤᠯ ᠦᠭᠡᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠤᠨ | ᠪᠦᠷᠢᠨᠰᠢᠭᠦᠯᠵᠦ᠂ ᠬᠥᠮᠦᠨ ᠪᠦᠬᠦᠨ ᠬᠠᠷᠢᠭᠤᠴᠠᠯᠭ᠎ᠠ ᠲᠠᠢ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠡᠷᠬᠡ | ᠬᠠᠷᠢᠭᠤᠴᠠᠯᠭ᠎ᠠ ᠨᠢ ᠲᠣᠳᠣᠷᠬᠠᠶ ᠠᠶᠤᠯ ᠦᠭᠡᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠰᠢᠰᠲ᠋ᠧᠮᠵᠢ ᠶᠢ ᠪᠣᠶ ᠪᠣᠯᠭᠠᠬᠤ | ᠬᠡᠷᠡᠭᠲᠡᠶ᠃ ᠨᠡᠭᠦᠷᠡᠰᠦᠨ ᠠᠭᠤᠷᠬᠠᠶ ᠶᠢᠨ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ ︵ᠬᠠᠤᠯᠢ ᠪᠠᠷ ᠲᠣᠭᠲᠠᠭᠠᠭᠰᠠᠨ | ᠲᠥᠯᠥᠭᠡᠯᠡᠭᠴᠢ᠂ ᠪᠣᠳᠠᠲᠠᠶ ᠡᠵᠡᠮᠳᠡᠭᠴᠢ ᠪᠠᠭᠲᠠᠨ᠎ᠠ︶ ᠠᠶᠤᠯ ᠦᠭᠡᠶ ᠦᠢᠯᠡᠳᠪᠦᠷᠢᠯᠡᠯ ᠤᠨ ᠨᠢᠭᠡᠳᠦᠭᠡᠷ | ᠬᠠᠷᠢᠭᠤᠴᠠᠯᠭᠠᠲᠠᠨ ᠤ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠬᠦ ᠬᠡᠷᠡᠭᠲᠡᠶ᠃ ︽ᠲᠠᠪᠤᠨ ᠲᠤᠰᠢᠶᠠᠯᠲᠤ ᠠᠭᠤᠷᠬᠠᠶ ᠶᠢᠨ | ᠳᠠᠷᠤᠭ᠎ᠠ︾ ᠨᠢ ᠡᠭᠦᠷᠭᠡ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ᠨᠡᠷ᠎ᠡ ᠡᠯᠭᠦᠬᠦ ᠦᠢᠯᠡ ᠠᠵᠢᠯᠯᠠᠭ᠎ᠠ ᠶᠢ ᠴᠢᠩᠭ᠎ᠠ | ᠴᠠᠭᠠᠵᠠᠯᠠᠬᠤ ᠬᠡᠷᠡᠭᠲᠡᠶ᠃ ᠨᠡᠭᠦᠷᠡᠰᠦᠨ ᠠᠭᠤᠷᠬᠠᠶ ᠶᠢᠨ ᠤᠳᠤᠷᠢᠳᠤᠯᠭ᠎ᠠ ᠵᠢᠵᠢᠭᠦᠷ ᠳᠠᠭᠠᠭᠤᠯᠤᠨ ᠬᠤᠳᠳᠤᠭ ᠲᠤ ᠪᠠᠭᠤᠬᠤ | ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠰᠥᠨᠢ ᠪᠠᠷ ᠦᠢᠯᠡᠳᠪᠦᠷᠢᠯᠡᠭᠰᠡᠨ ᠨᠡᠭᠦᠷᠡᠰᠦᠨ ᠠᠭᠤᠷᠬᠠᠶ᠂ ᠨᠡᠭᠦᠷᠡᠰᠦᠨ | ᠠᠭᠤᠷᠬᠠᠶ ᠶᠢᠨ ᠭᠤᠤᠯ ᠬᠠᠷᠢᠭᠤᠴᠠᠯᠭᠠᠲᠠᠨ ᠨᠢ ᠰᠠᠷ᠎ᠠ ᠪᠦᠷᠢ ᠰᠥᠨᠢ ᠪᠠᠷ ᠡᠭᠡᠯᠵᠢᠯᠡᠨ ᠠᠵᠢᠯᠯᠠᠬᠤ ᠳᠤ 3 ᠠᠴᠠ ᠳᠤᠲᠠᠭᠤ | ᠦᠭᠡᠶ ᠪᠠᠶᠢᠯᠭᠠᠬᠤ ᠬᠡᠷᠡᠭᠲᠡᠶ᠃ | ᠳᠥᠷᠪᠡ᠂ ᠬᠠᠮᠲᠤᠷᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠶ | ᠡᠯ᠎ᠡ ᠱᠠᠲᠤᠨ ᠤ ᠠᠶᠤᠯ ᠦᠭᠡᠶ ᠦᠢᠯᠡᠳᠪᠦᠷᠢᠯᠡᠯ ᠤᠨ ᠵᠥᠪᠯᠡᠯ᠂ ᠡᠨᠧᠷᠭᠢ ᠶᠢᠨ ᠠᠶᠤᠯ ᠦᠭᠡᠶ ᠦᠢᠯᠡᠳᠪᠦᠷᠢᠯᠡᠯ ᠤᠨ | ᠺᠣᠮᠢᠰ ᠨᠢ ᠲᠦᠷᠦᠭᠦᠯᠡᠨ ᠶᠡᠷᠦᠩᠬᠡᠶ ᠳᠤᠨᠢ ᠠᠳᠬᠤᠬᠤ ᠦᠢᠯᠡᠳᠦᠯ ᠢᠶᠠᠨ ᠪᠠᠳᠠᠷᠠᠭᠤᠯᠤᠨ᠂ ᠡᠯ᠎ᠡ ᠬᠠᠮᠢᠶ᠎ᠠ ᠪᠦᠬᠦᠢ ᠰᠠᠯᠠᠭ᠎ᠠ | ᠮᠥᠴᠢᠷ ᠨᠢᠭᠡᠴᠡ ᠶᠢ ᠰᠢᠮᠳᠠᠭᠤᠯᠵᠤ ᠪᠠᠶᠢᠭᠠᠳ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠭᠠᠵᠠᠷ | ᠬᠥᠳᠡᠯᠦᠯᠲᠡ᠂ ᠴᠠᠭ ᠠᠭᠤᠷ᠂ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠬᠢᠭᠡᠳ ᠠᠶᠤᠯ ᠦᠭᠡᠶ ᠶᠢᠨ ᠬᠢᠨᠠᠨ | ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠦᠬᠦᠢ ᠰᠠᠯᠠᠭ᠎ᠠ ᠮᠥᠴᠢᠷ ᠤᠨ ᠬᠠᠮᠲᠤᠷᠠᠨ ᠬᠥᠳᠡᠯᠦᠯᠴᠡᠬᠦ ᠠᠵᠢᠯ ᠤᠨ | ᠲᠣᠭᠲᠠᠴᠠ ᠶᠢ ᠪᠠᠶᠢᠭᠤᠯᠵᠤ᠂ ᠮᠡᠳᠡᠭᠡ ᠵᠠᠩᠭᠢ ᠶᠢ ᠬᠠᠮᠲᠤ ᠳᠠᠭᠠᠨ ᠡᠳ᠋ᠯᠡᠬᠦ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠦᠨ᠂ | ᠠᠶᠤᠯ ᠦᠭᠡᠶ ᠶᠢᠨ ᠲᠦᠭᠰᠢᠭᠦᠷᠢ ᠶᠢ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠶᠢ ᠴᠢᠩᠭᠠᠳᠬᠠᠬᠤ ᠬᠡᠷᠡᠭᠲᠡᠶ᠃ | ᠲᠠᠪᠤ᠂ ᠭᠠᠮᠰᠢᠭ ᠠᠴᠠ ᠪᠣᠯᠬᠤ ᠳᠠᠯᠳᠠ ᠬᠦᠴᠦᠨ ᠵᠦᠢᠯ ᠢ ᠨᠡᠶᠢᠳᠡᠮ ᠪᠠᠶᠢᠴᠠᠭᠠᠵᠤ ᠵᠠᠰᠠᠬᠤ ᠶᠢ ᠴᠢᠩᠭᠠᠷᠠᠭᠤᠯᠬᠤ | ᠬᠡᠷᠡᠭᠲᠡᠶ | ᠨᠡᠭᠦᠷᠡᠰᠦᠨ ᠠᠭᠤᠷᠬᠠᠶ ᠶᠢᠨ ᠠᠵᠤ ᠠᠬᠤᠶᠢᠯᠠᠯ ᠤᠳ ᠭᠠᠮᠰᠢᠭ ᠤᠨ ᠣᠨᠴᠠᠯᠢᠭ ᠲᠠᠢ ᠪᠠᠨ ᠤᠶᠠᠯᠳᠤᠭᠤᠯᠤᠨ | ᠹᠢᠽᠢᠺ ᠤᠨ ᠬᠠᠶᠢᠯᠲᠠ᠂ ᠥᠷᠥᠮᠳᠡᠨ ᠬᠠᠶᠢᠬᠤ ᠵᠡᠷᠭᠡ ᠠᠷᠭ᠎ᠠ ᠮᠠᠶ᠋ᠢᠭ ᠢᠶᠠᠷ ᠨᠡᠶᠢᠳᠡᠮ ᠪᠠᠶᠢᠴᠠᠭᠠᠯᠲᠠ ᠶᠢᠨ ᠵᠠᠰᠠᠯᠲᠠ ᠶᠢ | ᠥᠷᠨᠢᠭᠦᠯᠵᠦ᠂ ︽ᠴᠠᠭᠠᠰᠤᠨ ᠭᠠᠳᠠᠷ︾ ᠤᠨ ᠨᠡᠶᠢᠳᠡᠮ ᠪᠠᠶᠢᠴᠠᠭᠠᠯᠲᠠ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠨᠡᠭᠦᠷᠡᠰᠦᠨ | ᠠᠭᠤᠷᠬᠠᠶ ᠪᠤᠶᠤ ᠦᠢᠯᠡᠳᠪᠦᠷᠢᠯᠡᠬᠦ ᠨᠡᠭᠦᠷᠡᠰᠦᠨ ᠠᠭᠤᠷᠬᠠᠶ ᠶᠢ ᠪᠦᠲᠦᠭᠡᠨ ᠪᠠᠶᠢᠭᠤᠯᠵᠤ ᠰᠢᠨ᠎ᠡ ᠨᠡᠭᠦᠷᠡᠰᠦᠨ ᠳᠠᠪᠬᠤᠷᠭ᠎ᠠ᠂ | ᠰᠢᠨ᠎ᠡ ᠮᠠᠯᠲᠠᠭᠰᠠᠨ ᠣᠷᠣᠨ ᠳᠤ ᠣᠷᠣᠭᠤᠯᠤᠨ ᠮᠠᠯᠲᠠᠬᠤ ᠦ᠊ ᠡᠶ᠎ᠡ ᠳᠤ ᠡᠷᠬᠡᠪᠰᠢ ᠳᠠᠯᠳᠠ ᠭᠠᠮᠰᠢᠭ ᠤᠴᠠᠷᠠᠭᠤᠯᠬᠤ ᠬᠦᠴᠦᠨ | ᠵᠦᠢᠯ ᠢ ᠪᠦᠬᠦ ᠲᠠᠯ᠎ᠠ ᠪᠠᠷ ᠪᠠᠶᠢᠴᠠᠭᠠᠨ ᠲᠣᠳᠣᠯᠠᠵᠤ᠂ ᠪᠦᠲᠦᠭᠡᠨ ᠪᠠᠶᠢᠭᠤᠯᠬᠤ ᠪᠠ ᠦᠢᠯᠡᠳᠪᠦᠷᠢᠯᠡᠬᠦ ᠨᠥᠬᠦᠴᠡᠯ ᠳᠤ | ᠨᠡᠶᠢᠴᠡᠬᠦ ᠦᠭᠡᠶ ᠪᠣᠯ ᠦᠷᠭᠦᠯᠵᠢᠯᠡᠨ ᠪᠦᠲᠦᠭᠡᠨ ᠪᠠᠶᠢᠭᠤᠯᠬᠤ ᠪᠠ ᠦᠢᠯᠡᠳᠪᠦᠷᠢᠯᠡᠵᠦ ᠪᠣᠯᠬᠤ ᠦᠭᠡᠶ᠃ ᠨᠡᠭᠦᠷᠡᠰᠦᠨ | ᠠᠭᠤᠷᠬᠠᠶ ᠨᠢ ᠳᠠᠯᠳᠠ ᠭᠠᠮᠰᠢᠭ ᠪᠣᠯᠬᠤ ᠬᠦᠴᠦᠨ ᠵᠦᠢᠯ ᠤᠨ ᠨᠡᠶᠢᠳᠡᠮ ᠪᠠᠶᠢᠴᠠᠭᠠᠯᠲᠠ ᠶᠢᠨ ᠪᠠᠶᠢᠳᠠᠯ ᠢ ᠦᠨᠳᠦᠰᠦᠯᠡᠨ | ᠨᠡᠶᠢᠳᠡᠮ ᠪᠠᠶᠢᠴᠠᠭᠠᠯᠲᠠ ᠶᠢᠨ ᠵᠠᠰᠠᠯᠲᠠ ᠶᠢᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠵᠤ᠂ ᠵᠢᠯ ᠪᠦᠷᠢ ᠨᠡᠶᠢᠳᠡᠮ | ᠪᠠᠶᠢᠴᠠᠭᠠᠯᠲᠠ ᠶᠢᠨ ᠵᠠᠰᠠᠯᠲᠠ ᠶᠢᠨ ᠮᠡᠳᠡᠭᠦᠯᠦᠯᠲᠡ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠬᠡᠷᠡᠭᠲᠡᠶ᠃ | ᠵᠢᠷᠭᠤᠭ᠎ᠠ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠ ᠳᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ ᠶᠢ | ᠴᠢᠩᠭᠠᠷᠠᠭᠤᠯᠬᠤ ᠬᠡᠷᠡᠭᠲᠡᠶ | ᠨᠡᠭᠦᠷᠡᠰᠦᠨ ᠠᠭᠤᠷᠬᠠᠶ ᠶᠢᠨ ᠠᠵᠤ ᠠᠬᠤᠶᠢᠯᠠᠯ ᠤᠳ ᠲᠦᠭᠰᠢᠭᠦᠷᠢ ᠶᠢ ᠲᠠᠰ ᠬᠤᠪᠢᠶᠠᠨ ᠬᠠᠮᠢᠶᠠᠷᠤᠨ ᠡᠵᠡᠮᠳᠡᠬᠦ ᠪᠠ | ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ ᠪᠠᠷ ᠭᠤᠤᠯᠳᠠᠯᠭ᠎ᠠ ᠪᠣᠯᠭᠠᠭᠰᠠᠨ ᠠᠮᠤᠷ ᠲᠦᠪᠰᠢᠨ ᠤ ᠲᠦᠭᠰᠢᠭᠦᠷᠢ ᠶᠢ | ᠬᠥᠳᠡᠯᠦᠩᠭᠦᠶ ᠪᠠᠷ ᠰᠤᠳᠤᠯᠤᠨ ᠮᠠᠭᠠᠳᠯᠠᠵᠤ᠂ ᠬᠦᠨᠳᠦ ᠶᠡᠭᠡ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠲᠥᠰᠦᠯ ᠢ | ᠲᠣᠭᠲᠠᠭᠠᠨ᠎ᠠ᠃ ᠨᠡᠭᠦᠷᠡᠰᠦᠨ ᠠᠭᠤᠷᠬᠠᠶ ᠨᠢ ᠮᠠᠯᠲᠠᠬᠤ ᠭᠠᠳᠠᠷᠭᠤ ᠶᠢ ᠠᠩᠬ᠎ᠠ ᠮᠠᠯᠲᠠᠬᠤ᠂ ᠭᠡᠷ ᠪᠠᠶᠢᠰᠢᠩ ᠲᠣᠩᠭᠤᠷᠠᠭᠤᠯᠬᠤ᠂ | ᠵᠢᠰᠢᠬᠦᠦ ᠬᠤᠳᠳᠤᠭ ︵ᠵᠢᠰᠢᠭᠦᠦ ᠭᠤᠳᠤᠮᠵᠢ︶ ᠢ ᠮᠠᠯᠲᠠᠬᠤ᠂ ᠨᠦᠬᠡᠨ ᠵᠠᠮ ᠢ ᠨᠡᠪᠲᠡᠷᠡᠭᠦᠯᠬᠦ᠂ ᠨᠢᠭᠲᠠ ᠪᠢᠲᠡᠭᠦᠮᠵᠢᠯᠡᠵᠦ | ᠪᠢᠲᠡᠭᠦᠮᠵᠢᠯᠡᠬᠦ᠂ ᠴᠢᠯᠠᠭᠤᠨ ᠡᠭᠦᠳᠡ ᠪᠠᠷ ᠨᠡᠭᠦᠷᠡᠰᠦ ᠢᠯᠡᠴᠢᠯᠡᠬᠦ᠂ ᠲᠣᠮᠣ ᠬᠡᠷᠡᠭ ᠢ ᠵᠠᠳᠠᠯᠵᠤ ᠤᠭᠰᠠᠷᠠᠬᠤ᠂ ᠰᠠᠯᠬᠢ | ᠨᠡᠪᠲᠡᠷᠡᠭᠦᠯᠬᠦ ᠰᠢᠰᠲ᠋ᠧᠮ ᠳᠤ ᠲᠣᠬᠢᠷᠠᠭᠤᠯᠤᠯᠲᠠ ᠬᠢᠬᠦ ᠵᠡᠷᠭᠡ ᠴᠢᠬᠤᠯᠠ ᠶᠡᠭᠡ ᠵᠦᠢᠯᠡᠰ ᠢ ᠬᠡᠷᠡᠭᠵᠢᠭᠦᠯᠬᠦ ᠠᠴᠠ ᠡᠮᠦᠨ᠎ᠡ᠂ | ᠲᠤᠰᠬᠠᠢ ᠵᠦᠢᠯ ᠤᠨ ᠲᠦᠭᠰᠢᠭᠦᠷᠢ ᠶᠢ ᠢᠯᠭᠠᠨ ᠲᠠᠨᠢᠬᠤ ᠠᠵᠢᠯ ᠢ ᠥᠷᠨᠢᠭᠦᠯᠵᠦ᠂ ᠠᠮᠤᠷ ᠲᠦᠪᠰᠢᠨ ᠤ ᠮᠡᠷᠭᠡᠵᠢᠯ ᠤᠨ | ᠠᠷᠭ᠎ᠠ ᠬᠡᠮᠵᠢᠶ᠎ᠡ ᠶᠢ ᠲᠣᠭᠲᠠᠭᠠᠨ᠂ ᠨᠡᠭᠦᠷᠡᠰᠦᠨ ᠠᠭᠤᠷᠬᠠᠢ ᠶᠢᠨ ᠶᠡᠷᠦᠩᠬᠡᠢ ᠢᠨᠵᠧᠨᠧᠷ ᠢᠶᠠᠷ ᠵᠣᠬᠢᠶᠠᠨ ᠪᠠᠶᠢᠭᠤᠯᠤᠨ ᠬᠢᠨᠠᠨ | ᠵᠥᠪᠰᠢᠶᠡᠷᠡᠭᠦᠯᠵᠦ᠂ 5 ᠠᠵᠢᠯᠯᠠᠬᠤ ᠡᠳᠦᠷ ᠲᠤ ᠨᠡᠭᠦᠷᠡᠰᠦᠨ ᠠᠭᠤᠷᠬᠠᠢ ᠶᠢᠨ ᠡᠳᠦᠷ ᠲᠤᠳᠤᠮ ᠤᠨ ᠠᠮᠤᠷ ᠲᠦᠪᠰᠢᠨ ᠤ | ᠬᠢᠨᠠᠨ ᠬᠠᠮᠢᠶᠠᠷᠴᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠲᠤ ᠪᠢᠴᠢᠭ ᠢᠶᠠᠷ ᠮᠡᠳᠡᠭᠦᠯᠬᠦ ᠬᠡᠷᠡᠭᠲᠡᠢ᠃ | ᠳᠣᠯᠤᠭ᠎ᠠ᠂ ᠭᠠᠮᠰᠢᠭ ᠢ ᠵᠠᠰᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠶ | ᠨᠡᠭᠦᠷᠡᠰᠦᠨ ᠠᠭᠤᠷᠬᠠᠶ ᠶᠢᠨ ᠠᠵᠤ ᠠᠬᠤᠶᠢᠯᠠᠯ ᠤᠳ ᠣᠷᠣᠨ ᠪᠦᠰᠡ ᠪᠠᠷ ᠵᠠᠰᠠᠬᠤ᠂ ᠶᠡᠷᠦᠩᠬᠡᠶᠢᠯᠡᠨ ᠵᠠᠰᠠᠬᠤ᠂ | ᠤᠷᠢᠳᠴᠢᠯᠠᠨ ᠵᠠᠰᠠᠬᠤ ᠭᠠᠮᠰᠢᠭ ᠢ ᠵᠠᠰᠠᠬᠤ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠢᠯᠭᠠᠨ ᠲᠠᠨᠢᠵᠤ ᠦᠨᠡᠯᠡᠨ | ᠵᠢᠱᠢᠬᠦ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠵᠠᠰᠠᠵᠤ ᠦᠨᠡᠯᠡᠬᠦ ᠬᠦᠨᠳᠦ ᠶᠡᠭᠡ ᠭᠠᠮᠰᠢᠭ ᠢ ᠰᠡᠷᠭᠡᠶᠢᠯᠡᠨ | ᠵᠠᠰᠠᠬᠤ ᠲᠣᠭᠲᠠᠴᠠ ᠶᠢ ᠪᠠᠶᠢᠭᠤᠯᠬᠤ ᠬᠡᠷᠡᠭᠲᠡᠶ︔ ᠭᠠᠮᠰᠢᠭ ᠢ ᠵᠠᠰᠠᠬᠤ ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ | ᠲᠣᠭᠲᠠᠭᠠᠵᠤ᠂ ᠭᠠᠮᠰᠢᠭ ᠢ ᠵᠠᠰᠠᠬᠤ ᠢᠨᠵᠧᠨᠧᠷᠢᠩ ᠢ ᠵᠦᠢ ᠵᠣᠬᠢᠰᠲᠠᠢ ᠲᠣᠬᠢᠷᠠᠭᠤᠯᠤᠨ᠂ ᠵᠠᠰᠠᠯᠲᠠ ᠶᠢᠨ ᠪᠡᠯᠡ ᠮᠥᠩᠭᠦ ᠶᠢ | ᠪᠠᠲᠤᠯᠠᠵᠤ᠂ ᠭᠠᠰ᠂ ᠨᠡᠭᠦᠷᠡᠰᠦᠨ ᠭᠠᠯ᠂ ᠳᠡᠭᠡᠪᠦᠷ᠂ ᠮᠠᠯᠲᠠᠵᠤ ᠬᠥᠨᠳᠡᠶᠢᠷᠡᠭᠦᠯᠦᠭᠰᠡᠨ ᠣᠷᠣᠨ ᠵᠡᠷᠭᠡ ᠭᠠᠮᠰᠢᠭ ᠤᠨ | ᠲᠦᠭᠰᠢᠭᠦᠷᠢ ᠶᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠭᠠᠰ ᠤᠨ ︽ᠬᠡᠮᠵᠢᠶ᠎ᠡ ᠠᠴᠠ | ᠬᠡᠲᠦᠷᠡᠭᠦᠯᠬᠦ ᠦᠭᠡᠢ︾᠂ ᠨᠡᠭᠦᠷᠡᠰᠦ ᠬᠢᠭᠡᠳ ᠭᠠᠰ ᠤᠨ ︽ᠥᠴᠦᠬᠡᠨ ᠴᠦ ᠳᠠᠭᠠᠷᠢᠬᠤ ᠦᠭᠡᠢ︾᠂ ᠨᠡᠭᠦᠷᠡᠰᠦᠨ | ᠴᠢᠯᠠᠭᠤᠯᠢᠭ ᠤᠨ ︽ᠥᠴᠦᠬᠡᠨ ᠴᠦ ᠳᠠᠭᠠᠷᠢᠬᠤ ᠦᠭᠡᠢ︾᠂ ᠨᠡᠭᠦᠷᠡᠰᠦᠨ ᠳᠠᠪᠬᠤᠷᠭ᠎ᠠ ᠶᠢᠨ ︽ᠥᠴᠦᠬᠡᠨ ᠴᠦ ᠳᠠᠭᠠᠷᠢᠬᠤ | ᠦᠭᠡᠢ︾᠂ ᠠᠭᠤᠷᠬᠠᠢ ᠶᠢᠨ ᠬᠤᠳᠳᠤᠭ ᠤᠨ ︽ᠭᠡᠨᠡᠳᠲᠡ ᠡᠭᠦᠰᠬᠦ ᠦᠭᠡᠢ︾᠂ ᠠᠵᠢᠯ ᠤᠨ ᠬᠡᠪᠴᠢᠶᠡᠨ ᠳᠤ ︽ᠥᠴᠦᠬᠡᠨ | ᠴᠦ ᠭᠡᠨᠡᠳᠳᠡ ᠭᠠᠷᠬᠤ ᠦᠭᠡᠢ︾᠂ ︽ᠵᠢᠷᠭᠤᠭᠠᠨ ᠲᠡᠭ ᠪᠠᠶᠢᠬᠤ︾ ᠬᠠᠷᠠᠯᠲᠠ ᠶᠢ ᠪᠡᠶᠡᠯᠡᠭᠦᠯᠦᠨ᠎ᠡ᠃ | ᠨᠠᠢᠮᠠ᠂ ᠪᠠᠷᠢᠯᠭ᠎ᠠ ᠶᠢᠨ ᠠᠵᠢᠯ ᠤᠨ ᠭᠠᠳᠠᠷ ᠲᠠᠯ᠎ᠠ ᠶᠢᠨ ᠬᠠᠮᠢᠶᠠᠷᠤᠯᠲᠠ ᠶᠢ ᠴᠢᠩᠭᠠᠷᠠᠭᠤᠯᠬᠤ ᠬᠡᠷᠡᠭᠲᠡᠶ | ᠨᠡᠭᠦᠷᠡᠰᠦᠨ ᠠᠭᠤᠷᠬᠠᠶ ᠶᠢᠨ ᠠᠵᠤ ᠠᠬᠤᠶᠢᠯᠠᠯ ᠤᠳ ᠭᠠᠳᠠᠭᠰᠢ ᠨᠠᠶᠢᠳᠠᠨ ᠪᠠᠷᠢᠯᠭ᠎ᠠ ᠪᠠᠷᠢᠬᠤ ᠶᠢ ᠬᠦᠨᠳᠦ ᠶᠡᠭᠡ | ᠲᠦᠭᠰᠢᠭᠦᠷᠢ ᠶᠢᠨ ᠴᠡᠭ ᠤᠨ ᠬᠠᠮᠢᠶᠠᠷᠤᠯᠲᠠ ᠳᠤ ᠣᠷᠣᠭᠤᠯᠵᠤ᠂ ᠭᠠᠳᠠᠭᠠᠳᠤ ᠳᠣᠲᠣᠭᠠᠳᠤ ᠶᠢᠨ ᠵᠥᠪᠯᠡᠯ ᠤᠨ ᠡᠩᠨᠡᠭᠡ ᠶᠢᠨ | ᠪᠠᠷᠢᠯᠭ᠎ᠠ ᠶᠢᠨ ᠠᠵᠢᠯ ᠤᠨ ᠬᠢᠷᠢ ᠬᠡᠮ᠂ ᠠᠮᠤᠷ ᠲᠦᠪᠰᠢᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ᠂ ᠠᠵᠢᠯᠲᠠᠨ ᠤ | ᠬᠡᠪ ᠴᠢᠨᠠᠷ᠂ ᠲᠦᠷᠢᠮ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠠᠳᠬᠤᠵᠤ᠂ ︽ᠲᠠᠪᠤ ᠶᠢ ᠨᠢᠭᠡᠳᠬᠡᠬᠦ︾ ︵ᠨᠢᠭᠡᠳᠦᠯᠲᠡᠶ | ᠰᠢᠰᠲ᠋ᠧᠮ ᠤᠨ ᠪᠠᠶᠢᠭᠤᠯᠤᠯᠲᠠ᠂ ᠨᠢᠭᠡᠳᠦᠯᠲᠡᠶ ᠦᠢᠯᠡᠳᠪᠦᠷᠢᠯᠡᠯ ᠤᠨ ᠲᠣᠬᠢᠷᠠᠭᠤᠯᠤᠯᠲᠠ᠂ ᠨᠢᠭᠡᠳᠦᠯᠲᠡᠶ ᠠᠮᠤᠷ ᠲᠦᠪᠰᠢᠨ ᠤ | ᠪᠣᠯᠪᠠᠰᠤᠷᠠᠭᠤᠯᠤᠯ᠂ ᠨᠢᠭᠡᠳᠦᠯᠲᠡᠶ ᠬᠢᠨᠠᠯᠲᠠ ᠲᠠᠯᠪᠢᠵᠤ ᠪᠠᠶᠢᠴᠠᠭᠠᠬᠤ᠂ ᠨᠢᠭᠡᠳᠦᠯᠲᠡᠶ ᠬᠢᠨᠠᠨ ᠰᠢᠯᠭᠠᠵᠤ ᠱᠠᠩᠨᠠᠵᠤ ᠲᠣᠷᠭᠠᠬᠤ︶ | ᠶᠢᠨ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠶ᠃ ᠡᠯ᠎ᠡ ᠱᠠᠲᠤᠨ ᠤ ᠬᠢᠨᠠᠨ ᠬᠠᠮᠢᠶᠠᠷᠬᠤ ᠰᠠᠯᠠᠭ᠎ᠠ ᠮᠥᠴᠢᠷ ᠤᠳ ᠬᠢᠷᠢ ᠬᠡᠮ | ᠦᠭᠡᠢ ᠪᠠᠷ ᠳᠠᠭᠠᠭᠠᠴᠢᠯᠠᠭᠤᠯᠬᠤ᠂ ᠬᠠᠤᠯᠢ ᠪᠤᠰᠤ ᠪᠠᠷ ᠰᠢᠯᠵᠢᠭᠦᠯᠦᠨ ᠳᠠᠭᠠᠭᠠᠴᠢᠯᠠᠭᠤᠯᠬᠤ᠂ ᠬᠠᠤᠯᠢ ᠠᠴᠠ ᠵᠥᠷᠢᠴᠡᠨ | ᠬᠤᠪᠢᠶᠠᠨ ᠳᠠᠭᠠᠭᠠᠴᠢᠯᠠᠭᠤᠯᠬᠤ᠂ ᠳᠠᠭᠠᠭᠠᠴᠢᠯᠠᠯᠲᠠ ᠪᠠᠷ ᠬᠠᠮᠢᠶᠠᠷᠤᠯᠲᠠ ᠶᠢ ᠣᠷᠣᠯᠠᠭᠤᠯᠬᠤ᠂ ᠲᠦᠰᠢᠭᠯᠡᠬᠦ ᠬᠢᠷᠢ ᠬᠡᠮ ᠵᠡᠷᠭᠡ | ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠢ᠃ | ᠶᠢᠰᠦ᠂ ᠠᠵᠢᠯᠴᠢᠨ ᠬᠡᠷᠡᠭᠯᠡᠬᠦ ᠬᠠᠮᠢᠶᠠᠷᠤᠯᠲᠠ ᠶᠢ ᠵᠢᠷᠤᠮᠵᠢᠭᠤᠯᠬᠤ | ᠨᠡᠭᠦᠷᠡᠰᠦᠨ ᠠᠭᠤᠷᠬᠠᠶ ᠶᠢᠨ ᠠᠵᠤ ᠠᠬᠤᠶᠢᠯᠠᠯ ᠤᠳ ᠬᠥᠳᠡᠯᠮᠦᠷᠢ ᠦᠢᠯᠡᠴᠢᠯᠡᠭᠡᠨ ᠠᠴᠠ ᠲᠣᠮᠢᠯᠠᠬᠤ ᠬᠥᠮᠦᠰ ᠪᠣᠯᠤᠨ | ᠠᠮᠢᠳᠤᠯᠢᠭ ᠢᠶᠠᠷ ᠠᠵᠢᠯᠴᠢᠨ ᠬᠡᠷᠡᠭᠯᠡᠬᠦ ᠬᠥᠮᠦᠰ ᠢ ᠲᠤᠰ ᠨᠢᠭᠡᠴᠡ ᠶᠢᠨ ᠢᠶᠠᠨ ᠨᠢᠭᠡᠳᠦᠯᠲᠡᠶ ᠬᠠᠮᠢᠶᠠᠷᠤᠯᠲᠠ ᠳᠤ ᠣᠷᠣᠭᠤᠯᠵᠤ᠂ | ︽ᠳᠥᠷᠪᠡ ᠶᠢ ᠨᠢᠭᠡᠳᠦᠯᠲᠡᠶ ᠪᠠᠶᠢᠯᠭᠠᠬᠤ︾ ︵ᠨᠢᠭᠡᠳᠦᠯᠲᠡᠶ ᠬᠥᠳᠡᠯᠮᠦᠷᠢ ᠪᠠᠲᠤᠯᠠᠭ᠎ᠠ᠂ ᠠᠶᠤᠯ ᠦᠭᠡᠶ ᠶᠢᠨ | ᠪᠣᠯᠪᠠᠰᠤᠷᠠᠭᠤᠯᠤᠯ᠂ ᠬᠠᠷᠢᠭᠤᠴᠠᠯᠭ᠎ᠠ ᠶᠢ ᠨᠢᠭᠡᠳᠦᠯᠲᠡᠶ ᠨᠠᠶᠢᠳᠠᠪᠤᠷᠢᠵᠢᠭᠤᠯᠬᠤ᠂ ᠠᠶᠤᠯ ᠦᠭᠡᠶ ᠶᠢᠨ ᠨᠢᠭᠡᠳᠦᠯᠲᠡᠶ | ᠪᠠᠶᠢᠴᠠᠭᠠᠯᠲᠠ︶ ᠪᠡᠶᠡᠯᠡᠭᠦᠯᠬᠦ ᠬᠡᠷᠡᠭᠲᠡᠶ᠃ ᠠᠶᠤᠯ ᠲᠠᠢ ᠠᠵᠢᠯ ᠤᠨ ᠪᠠᠶᠢᠷᠢ ᠶᠢᠨ ᠠᠵᠢᠯᠴᠢᠨ ᠬᠡᠷᠡᠭᠯᠡᠬᠦ ᠲᠤᠭ᠎ᠠ ᠬᠡᠮᠵᠢᠶ᠎ᠡ ᠶᠢ | ᠴᠢᠩᠭ᠎ᠠ ᠬᠢᠵᠠᠭᠠᠷᠯᠠᠵᠤ᠂ ᠲᠤᠰᠬᠠᠶ ᠮᠡᠷᠭᠡᠵᠢᠯ ᠤᠨ ᠰᠤᠷᠤᠯᠴᠠᠭᠰᠠᠨ ᠨᠠᠮᠲᠠᠷ᠂ ᠦᠢᠯᠡᠳᠦᠯᠭᠡ ᠶᠢᠨ ᠥᠩᠭᠡᠷᠡᠯᠲᠡ ᠵᠡᠷᠭᠡ ᠨᠢ | ᠠᠵᠢᠯ ᠤᠨ ᠪᠠᠶᠢᠷᠢ ᠶᠢᠨ ᠱᠠᠭᠠᠷᠳᠠᠯᠭ᠎ᠠ ᠯᠤᠭ᠎ᠠ ᠨᠡᠶᠢᠴᠡᠬᠦ ᠦᠭᠡᠶ ᠬᠥᠮᠦᠰ ᠢ ᠤᠷᠢᠵᠤ ᠬᠡᠷᠡᠭᠯᠡᠬᠦ ᠶᠢ ᠴᠢᠩᠭ᠎ᠠ ᠴᠠᠭᠠᠵᠠᠯᠠᠵᠤ᠂ | ᠬᠤᠳᠳᠤᠭ ᠳᠣᠤᠷᠠᠬᠢ ᠬᠥᠳᠡᠯᠮᠦᠷᠢ ᠬᠦᠴᠦᠨ ᠢ ᠲᠣᠮᠢᠯᠠᠨ ᠠᠵᠢᠯᠯᠠᠭᠤᠯᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃ | ᠠᠷᠪᠠ᠂ ︽ᠭᠤᠷᠪᠠ ᠠᠴᠠ ᠵᠥᠷᠢᠴᠡᠬᠦ︾ ᠶᠢ ᠡᠰᠡᠷᠭᠦᠴᠡᠬᠦ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ | ᠪᠠᠶᠢᠭᠤᠯᠬᠤ ᠬᠡᠷᠡᠭᠲᠡᠶ | ᠨᠡᠭᠦᠷᠡᠰᠦᠨ ᠠᠭᠤᠷᠬᠠᠢ ᠶᠢᠨ ᠠᠵᠤ ᠠᠬᠤᠶᠢᠯᠠᠯ ᠨᠢ ︽ᠭᠤᠷᠪᠠ ᠶᠢ ᠵᠥᠷᠢᠴᠡᠬᠦ︾ ︵ᠲᠦᠷᠢᠮ ᠠᠴᠠ ᠵᠥᠷᠢᠴᠡᠨ | ᠵᠢᠯᠣᠭᠤᠳᠬᠤ᠂ ᠲᠦᠷᠢᠮ ᠠᠴᠠ ᠵᠥᠷᠢᠴᠡᠨ ᠠᠵᠢᠯᠯᠠᠬᠤ᠂ ᠬᠥᠳᠡᠯᠮᠦᠷᠢ ᠶᠢᠨ ᠰᠠᠬᠢᠯᠭ᠎ᠠ ᠪᠠᠲᠤ ᠠᠴᠠ ᠵᠥᠷᠢᠴᠡᠭᠰᠡᠨ︶ ᠶᠢ | ᠱᠠᠩᠨᠠᠵᠤ ᠲᠣᠷᠭᠠᠬᠤ ᠲᠦᠷᠢᠮ ᠢ ᠲᠣᠭᠲᠠᠭᠠᠬᠤ ᠶᠢᠨ ᠬᠠᠮᠲᠤ ᠴᠢᠩᠭ᠎ᠠ ᠨᠠᠶᠢᠳᠠᠪᠤᠷᠢᠵᠢᠭᠤᠯᠵᠤ᠂ ︽ᠭᠤᠷᠪᠠ ᠶᠢ ᠵᠥᠷᠢᠴᠡᠬᠦ︾ | ᠶᠢ ᠡᠰᠡᠷᠭᠦᠴᠡᠭᠰᠡᠨ ᠪᠠᠶᠢᠳᠠᠯ ᠢ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠳᠤ ᠣᠷᠣᠭᠤᠯᠤᠨ᠂ ︽ᠭᠤᠷᠪᠠ ᠶᠢ | ᠵᠥᠷᠢᠴᠡᠬᠦ︾ ᠶᠢ ᠡᠰᠡᠷᠭᠦᠴᠡᠬᠦ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠣᠯᠵᠤ ᠮᠡᠳᠡᠭᠰᠡᠨ ︽ᠭᠤᠷᠪᠠ ᠶᠢ | ᠵᠥᠷᠢᠴᠡᠬᠦ︾ ᠠᠵᠢᠯᠯᠠᠭ᠎ᠠ ᠶᠢ ᠠᠵᠤ ᠠᠬᠤᠶᠢᠯᠠᠯ ᠤᠨ ᠲᠦᠷᠢᠮ ᠲᠣᠭᠲᠠᠭᠠᠯ ᠶᠣᠰᠣᠭᠠᠷ ᠬᠦᠨᠳᠦ ᠪᠠᠷ ᠰᠢᠢᠳᠪᠦᠷᠢᠯᠡᠵᠦ᠂ | ᠢᠯᠡ ᠪᠠᠷ ᠢᠯᠡᠴᠢᠯᠡᠬᠦ ᠬᠡᠷᠡᠭᠲᠡᠶ᠃ | ᠠᠷᠪᠠᠨ ᠨᠢᠭᠡ᠂ ᠪᠥᠬᠦ ᠠᠵᠢᠯᠲᠠᠨ ᠤ ᠬᠡᠪ ᠴᠢᠨᠠᠷ ᠢ ᠳᠡᠭᠡᠭᠰᠢᠯᠡᠭᠦᠯᠬᠦ ᠶᠢ ᠴᠢᠩᠭᠠᠳᠬᠠᠨ᠎ᠠ | ᠨᠡᠭᠦᠷᠡᠰᠦᠨ ᠠᠭᠤᠷᠬᠠᠶ ᠶᠢᠨ ᠠᠵᠤ ᠠᠬᠤᠶᠢᠯᠠᠯ ᠤᠳ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠠᠶᠤᠯ ᠥᠬᠡᠶ ᠦᠢᠯᠡᠳᠪᠦᠷᠢᠯᠡᠯ ᠤᠨ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠠ ︽ᠨᠢᠭᠡ ᠲᠦᠷᠢᠮ | ᠳᠥᠷᠪᠡᠨ ᠨᠠᠷᠢᠨ ᠲᠦᠷᠢᠮ︾ ᠤᠨ ᠠᠮᠤᠷ ᠲᠦᠪᠰᠢᠨ ᠤ ᠪᠣᠯᠪᠠᠰᠤᠷᠠᠭᠤᠯᠤᠯ ᠢ ᠪᠠᠶᠢᠩᠭᠤᠵᠢᠭᠤᠯᠤᠨ ᠥᠷᠨᠢᠭᠦᠯᠵᠦ᠂ | ᠠᠵᠢᠯᠯᠠᠵᠤ ᠪᠠᠶᠢᠭ᠎ᠠ ᠬᠥᠮᠦᠰ ᠤᠨ ᠠᠮᠤᠷ ᠲᠦᠪᠰᠢᠨ ᠤ ᠦᠵᠡᠯ ᠤᠬᠠᠮᠰᠠᠷ ᠪᠠ ᠲᠤᠰᠬᠠᠶ ᠮᠡᠷᠭᠡᠵᠢᠯ ᠤᠨ ᠬᠡᠪ ᠴᠢᠨᠠᠷ ᠢ | ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠶ︔ ᠡ᠊ᠨᠳᠡᠯ ᠢ ᠰᠡᠷᠡᠮᠵᠢᠯᠡᠭᠦᠯᠬᠦ ᠬᠥᠮᠦᠵᠢᠯ ᠤᠨ ᠲᠦᠷᠢᠮ ᠢ ᠪᠠᠶᠢᠭᠤᠯᠤᠨ | ᠲᠡᠭᠦᠯᠳᠡᠷᠵᠢᠭᠦᠯᠵᠦ᠂ ᠨᠡᠭᠦᠷᠡᠰᠦᠨ ᠠᠭᠤᠷᠬᠠᠶ ᠶᠢᠨ ᠳᠡᠭᠡᠳᠦ ᠱᠠᠲᠤᠨ ᠤ ᠺᠣᠮᠫᠠᠨᠢ ᠤᠯᠠᠷᠢᠯ ᠪᠦᠷᠢ᠂ ᠨᠡᠭᠦᠷᠡᠰᠦᠨ | ᠠᠭᠤᠷᠬᠠᠶ ᠶᠢᠨ ᠰᠠᠷ᠎ᠠ ᠪᠦᠷᠢ᠂ ᠲᠣᠭᠤᠷᠢᠭ ᠤᠨ ᠠᠩᠭᠢ ᠪᠠ ᠠᠩᠭᠢ ᠳᠤᠭᠤᠶᠢᠯᠠᠩ ᠨᠢ ᠭᠠᠷᠠᠭ ᠪᠦᠷᠢ ᠨᠠᠭᠠᠳᠤ ᠵᠠᠬ᠎ᠠ ᠳᠠᠭᠠᠨ | ᠨᠢᠭᠡ ᠤᠳᠠᠭ᠎ᠠ ᠡ᠊ᠨᠳᠡᠯ ᠢ ᠰᠡᠷᠡᠮᠵᠢᠯᠡᠭᠦᠯᠬᠦ ᠬᠥᠮᠦᠵᠢᠯ ᠢ ᠥᠷᠨᠢᠭᠦᠯᠵᠦ᠂ ᠨᠢᠭᠡ ᠠᠴᠠ ᠵᠦᠢᠴᠢᠯᠡᠵᠦ ᠨᠥᠬᠦᠭᠡ ᠶᠢ ᠮᠡᠳᠡᠵᠦ᠂ | ᠲᠦᠭᠰᠢᠭᠦᠷᠢ ᠶᠢ ᠰᠡᠷᠭᠡᠶᠢᠯᠡᠨ᠂ ᠳᠠᠯᠳᠠ ᠬᠡᠮ ᠢ ᠠᠷᠢᠯᠭᠠᠵᠤ᠂ ᠡ᠊ᠨᠳᠡᠯ ᠢ ᠬᠤᠷᠢᠭᠯᠠᠨ᠎ᠠ︔ ︽ᠲᠤᠷᠰᠢᠯᠭ᠎ᠠ ᠲᠠᠢ᠂ ᠲᠤᠰᠬᠠᠶ | ᠮᠡᠷᠭᠡᠵᠢᠯ ᠢ ᠮᠡᠳᠡᠬᠦ᠂ ᠬᠠᠮᠢᠶᠠᠷᠴᠤ ᠴᠢᠳᠠᠬᠤ︾ ᠴᠢᠳᠠᠪᠤᠷᠢᠲᠠᠨ ᠪᠠ ᠡᠩᠨᠡᠭᠡ ᠶᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ | ᠲᠣᠭᠲᠠᠭᠠᠯ ᠶᠣᠰᠣᠭᠠᠷ ᠠᠵᠢᠯ ᠤᠨ ᠬᠡᠷᠡᠭᠴᠡᠭᠡ ᠶᠢ ᠬᠠᠩᠭᠠᠬᠤ ᠠᠶᠤᠯ ᠥᠬᠡᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ | ᠠᠵᠢᠯᠲᠠᠨ ᠪᠠ ᠠᠮᠤᠷ ᠲᠦᠪᠰᠢᠨ ᠤ ᠢᠨᠵᠧᠨᠧᠷ ᠢ ᠳᠠᠩᠰᠠᠯᠠᠭᠤᠯᠤᠨ᠎ᠠ᠃ ᠰᠤᠷᠭᠠᠭᠤᠯᠢ ᠪᠠ ᠠᠵᠤ ᠠᠬᠤᠶᠢᠯᠠᠯ ᠤᠨ | ᠬᠠᠮᠲᠤᠷᠠᠯᠴᠠᠭ᠎ᠠ ᠶᠢ ᠨᠠᠶᠢᠳᠠᠪᠤᠷᠢᠵᠢᠭᠤᠯᠬᠤ ᠶᠢ ᠢᠳᠡᠪᠬᠢᠲᠡᠢ ᠠᠬᠢᠭᠤᠯᠵᠤ᠂ ᠠᠵᠢᠯᠴᠢᠨ ᠡᠯᠰᠡᠬᠦ ᠰᠤᠷᠤᠭᠴᠢ ᠡᠯᠰᠡᠬᠦ ᠶᠢ ᠨᠢᠭᠡ | ᠴᠤᠬᠴᠠᠵᠢᠭᠤᠯᠬᠤ ᠪᠠ ᠠᠵᠤ ᠠᠬᠤᠶᠢᠯᠠᠯ ᠤᠨ ᠰᠢᠨ᠎ᠡ ᠬᠡᠯᠪᠡᠷᠢ ᠶᠢᠨ ᠱᠠᠪᠢ ᠣᠷᠣᠬᠤ ᠲᠦᠷᠢᠮ ᠢ ᠬᠡᠷᠡᠭᠵᠢᠭᠦᠯᠵᠦ᠂ | ᠤᠶᠤᠨᠴᠢᠯᠠᠭᠰᠠᠨ᠂ ᠮᠡᠳᠡᠭᠡ ᠵᠠᠩᠭᠢᠴᠢᠯᠠᠭᠰᠠᠨ᠂ ᠭᠠᠮᠰᠢᠭ ᠢ ᠵᠠᠰᠠᠬᠤ ᠵᠡᠷᠭᠡ ᠳᠤᠲᠠᠭᠳᠠᠵᠤ ᠪᠠᠶᠢᠭ᠎ᠠ ᠵᠦᠢᠯ᠂ ᠳᠡᠭᠡᠳᠦ | ᠲᠡᠰ ᠤᠨ ᠮᠡᠷᠭᠡᠵᠢᠯ ᠤᠨ ᠴᠢᠳᠠᠪᠤᠷᠢᠲᠠᠨ ᠪᠠ ᠦᠢᠯᠡᠳᠪᠦᠷᠢᠯᠡᠯ ᠤᠨ ᠨᠢᠭᠡᠳᠦᠭᠡᠷ ᠹᠷᠣᠨᠲ ᠤᠨ ᠪᠠᠴᠢᠮ ᠬᠡᠷᠡᠭᠰᠡᠬᠦ ᠮᠡᠷᠭᠡᠵᠢᠯ ᠤᠨ | ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠥᠮᠦᠵᠢᠭᠦᠯᠬᠦ ᠶᠢ ᠲᠦᠷᠭᠡᠳᠬᠡᠬᠦ ᠬᠡᠷᠡᠭᠲᠡᠢ᠃ | ᠠᠷᠪᠠᠨ ᠬᠤᠶᠠᠷ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ | ᠨᠡᠭᠦᠷᠡᠰᠦᠨ ᠠᠭᠤᠷᠬᠠᠢ ᠶᠢᠨ ᠠᠵᠤ ᠠᠬᠤᠶᠢᠯᠠᠯ ᠨᠢ ᠡᠷᠬᠡᠪᠰᠢ ᠠᠭᠤᠷᠬᠠᠢ ᠶᠢᠨ ᠬᠤᠳᠳᠤᠭ ᠤᠨ ᠭᠠᠮᠰᠢᠭ ᠤᠨ | ᠣᠨᠴᠠᠯᠢᠭ ᠲᠠᠢ ᠤᠶᠠᠯᠳᠤᠭᠤᠯᠤᠨ ᠪᠣᠳᠠᠲᠠᠢ ᠪᠠᠶᠢᠳᠠᠯ ᠢ ᠦᠨᠳᠦᠰᠦᠯᠡᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ | ᠪᠡᠯᠡᠳᠬᠡᠯ ᠲᠥᠰᠥᠯ ᠢ ᠲᠣᠭᠲᠠᠭᠠᠨ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠲᠣᠭᠲᠠᠭᠠᠯ | ᠶᠣᠰᠣᠭᠠᠷ ᠥᠷᠨᠢᠭᠦᠯᠬᠦ ᠬᠡᠷᠡᠭᠲᠡᠢ︔ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢ ᠲᠣᠭᠲᠠᠭᠠᠨ | ᠲᠡᠭᠦᠯᠳᠡᠷᠵᠢᠭᠦᠯᠬᠦ ᠶᠢᠨ ᠬᠠᠮᠲᠤ ᠴᠢᠩᠭ᠎ᠠ ᠨᠠᠶᠢᠳᠠᠪᠤᠷᠢᠵᠢᠭᠤᠯᠵᠤ᠂ ᠬᠤᠳᠳᠤᠭ ᠤᠨ ᠠᠮᠠ ᠵᠡᠷᠭᠡ ᠢᠯᠡ ᠭᠠᠵᠠᠷ ᠲᠤ ᠠᠯᠪᠠᠨ | ᠵᠠᠷ ᠤᠨ ᠫᠠᠶᠢᠰᠠ ᠪᠠᠶᠢᠷᠢᠯᠠᠭᠤᠯᠵᠤ᠂ ᠬᠤᠳᠳᠤᠭ ᠳᠣᠲᠣᠷᠠᠬᠢ ᠠᠮᠤᠷ ᠲᠦᠪᠰᠢᠨ ᠤ ᠲᠦᠭᠰᠢᠭᠦᠷᠢ ᠶᠢ ᠲᠣᠳᠣᠷᠬᠠᠢ | ᠲᠡᠮᠳᠡᠭᠯᠡᠵᠦ᠂ ᠠᠵᠢᠯᠯᠠᠵᠤ ᠪᠠᠶᠢᠭ᠎ᠠ ᠬᠥᠮᠥᠰ ᠤᠨ ᠠᠶᠤᠯ ᠠᠴᠠ ᠪᠠᠴᠢᠮ ᠵᠠᠶᠢᠯᠠᠭᠤᠯᠵᠤ ᠭᠠᠷᠬᠤ ᠪᠠᠶᠢᠳᠠᠯ ᠪᠠ ᠡᠷᠬᠡ ᠶᠢ | ᠲᠣᠳᠣᠷᠬᠠᠢ ᠬᠡᠯᠡᠵᠦ ᠥᠭᠬᠦ ᠬᠡᠷᠡᠭᠲᠡᠢ︔ ᠪᠠᠴᠢᠮ ᠪᠠᠶᠢᠳᠠᠯ ᠢ ᠠᠷᠭᠠᠴᠠᠵᠤ ᠤᠬᠤᠷᠢᠨ ᠭᠠᠷᠬᠤ ᠳᠦᠷᠢᠮ ᠢ ᠪᠠᠶᠢᠭᠤᠯᠵᠤ᠂ | ᠠᠳᠡᠯ ᠤᠨ ᠪᠡᠯᠭᠡ ᠲᠡᠮᠳᠡᠭ ᠵᠡᠷᠭᠡ ᠪᠠᠴᠢᠮ ᠪᠠᠶᠢᠳᠠᠯ ᠭᠠᠷᠬᠤ ᠦᠶ᠎ᠡ ᠳᠤ᠂ ᠪᠣᠢ ᠪᠦᠬᠦᠢ ᠲᠤᠬᠠᠢ ᠶᠢᠨ ᠲᠠᠯᠠᠪᠤᠷ ᠲᠤ | ᠠᠵᠢᠯᠯᠠᠵᠤ ᠪᠠᠶᠢᠭ᠎ᠠ ᠬᠥᠮᠥᠰ᠂ ᠵᠢᠵᠢᠭᠦᠷᠯᠡᠵᠦ ᠪᠠᠶᠢᠭ᠎ᠠ ᠬᠥᠮᠥᠰ ᠤᠨ ᠵᠢᠭᠠᠪᠤᠷᠢ ᠠᠪᠬᠤ ᠴᠢᠬᠤᠯᠠ ᠦᠭᠡᠢ᠂ ᠲᠡᠷᠡ | ᠳᠠᠷᠤᠢ ᠳᠤᠨᠢ ᠬᠥᠮᠥᠨ ᠢ ᠪᠤᠴᠠᠭᠠᠬᠤ ᠡᠷᠬᠡ ᠲᠠᠢ ᠭᠡᠵᠦ ᠲᠣᠳᠣᠷᠬᠠᠢ ᠬᠡᠯᠡᠵᠦ ᠥᠭᠬᠦ ᠬᠡᠷᠡᠭᠲᠡᠢ᠃ | ᠠᠷᠪᠠᠨ ᠭᠤᠷᠪᠠ᠂ ᠨᠡᠭᠦᠷᠡᠰᠦᠨ ᠠᠭᠤᠷᠬᠠᠢ ᠶᠢᠨ ᠣᠶᠤᠨᠴᠢᠯᠠᠭᠰᠠᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ | ᠨᠡᠭᠦᠷᠡᠰᠦᠨ ᠠᠭᠤᠷᠬᠠᠢ ᠨᠢ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠠᠭᠤᠷᠬᠠᠢ ᠶᠢᠨ ᠤᠶᠤᠨᠴᠢᠯᠠᠭᠰᠠᠨ | ᠪᠠᠶᠢᠭᠤᠯᠤᠯᠲᠠ ᠶᠢ ᠠᠬᠢᠭᠤᠯᠬᠤ ᠬᠠᠮᠢᠶ᠎ᠠ ᠪᠦᠬᠦᠢ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠤᠶᠤᠨᠴᠢᠯᠠᠭᠰᠠᠨ | ᠪᠠᠶᠢᠭᠤᠯᠤᠯᠲᠠ ᠶᠢ ᠥᠷᠨᠢᠭᠦᠯᠵᠦ᠂ ᠪᠠᠶᠢᠩᠭᠤ ᠶᠢᠨ ᠠᠵᠢᠯᠯᠠᠭᠠᠨ ᠢ ᠪᠡᠶᠡᠯᠡᠭᠦᠯᠬᠦ ᠶᠢᠨ ᠬᠠᠮᠲᠤ ᠬᠤᠯᠪᠣᠭᠳᠠᠯ ᠪᠦᠬᠦᠢ | ᠱᠠᠭᠠᠷᠳᠠᠯᠭ᠎ᠠ ᠶᠣᠰᠣᠭᠠᠷ ᠲᠠᠰᠤᠷᠠᠯᠲᠠ ᠦᠭᠡᠢ ᠲᠡᠰ ᠳᠡᠪᠰᠢᠭᠦᠯᠬᠦ ᠬᠡᠷᠡᠭᠲᠡᠢ᠃ ᠬᠠᠮᠢᠶ᠎ᠠ ᠪᠦᠬᠦᠢ ᠬᠢᠨᠠᠨ ᠬᠠᠮᠢᠶᠠᠷᠴᠤ ᠬᠢᠨᠠᠨ | ᠪᠠᠶᠢᠴᠠᠭᠠᠬᠤ ᠰᠠᠯᠠᠭ᠎ᠠ ᠮᠥᠴᠢᠷ ᠠᠴᠠ ᠣᠶᠤᠨᠴᠢᠯᠠᠭᠰᠠᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠᠨ ᠲᠣᠭᠲᠠᠭᠰᠠᠨ | ᠬᠤᠭᠤᠴᠠᠭᠠᠨ ᠳᠤ ᠪᠡᠶᠡᠯᠡᠭᠦᠯᠦᠭᠰᠡᠨ ᠦᠭᠡᠢ ᠨᠡᠭᠦᠷᠡᠰᠦᠨ ᠠᠭᠤᠷᠬᠠᠢ ᠶᠢ ᠬᠠᠤᠯᠢ ᠲᠣᠭᠲᠠᠭᠠᠯ ᠶᠣᠰᠣᠭᠠᠷ ᠵᠠᠷᠯᠢᠭᠳᠠᠵᠤ | ᠪᠠᠶᠢᠭᠠᠳ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ᠂ ᠭᠤᠣᠯᠳᠠᠯᠭ᠎ᠠ ᠲᠠᠢ ᠬᠢᠨᠠᠨ ᠬᠠᠮᠢᠶᠠᠷᠴᠤ ᠬᠢᠨᠠᠨ ᠪᠠᠶᠢᠴᠠᠭᠠᠬᠤ | ᠨᠡᠭᠦᠷᠡᠰᠦᠨ ᠠᠭᠤᠷᠬᠠᠢ ᠶᠢᠨ ᠨᠡᠷᠡᠰ ᠲᠤ ᠵᠢᠭᠰᠠᠭᠠᠨ ᠣᠷᠣᠭᠤᠯᠤᠨ᠎ᠠ︔ ᠬᠤᠭᠤᠴᠠᠭ᠎ᠠ ᠬᠢᠵᠠᠭᠠᠷᠯᠠᠨ ᠴᠡᠭᠴᠡᠯᠡᠨ | ᠰᠠᠶᠢᠵᠢᠷᠠᠭᠤᠯᠬᠤ ᠶᠢ ᠪᠡᠶᠡᠯᠡᠭᠦᠯᠦᠭᠰᠡᠨ ᠦᠭᠡᠢ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠪᠣᠯᠵᠣᠨ ᠶᠠᠷᠢᠯᠴᠠᠬᠤ᠂ ᠵᠠᠷᠯᠠᠨ | ᠰᠢᠭᠦᠮᠵᠢᠯᠡᠬᠦ ᠵᠡᠷᠭᠡ ᠠᠷᠭ᠎ᠠ ᠬᠡᠮᠵᠢᠶ᠎ᠡ ᠠᠪᠴᠤ᠂ ᠦᠢᠯᠡ ᠪᠠᠶᠢᠳᠠᠯ ᠨᠢ ᠬᠦᠨᠳᠦ ᠨᠣᠴᠢᠲᠠᠶ ᠪᠠᠶᠢᠪᠠᠯ᠂ ᠨᠡᠭᠦᠷᠡᠰᠦᠨ | ᠠᠭᠤᠷᠬᠠᠢ ᠶᠢᠨ ᠳᠡᠭᠡᠳᠦ ᠱᠠᠲᠤᠨ ᠤ ᠺᠣᠮᠫᠠᠨᠢ ᠳᠤ ᠬᠠᠮᠢᠶ᠎ᠠ ᠪᠦᠬᠦᠢ ᠬᠠᠷᠢᠭᠤᠴᠠᠯᠭᠠᠲᠠᠨ ᠳᠤ ᠠᠵᠢᠯ ᠤᠨ ᠪᠠᠶᠢᠷᠢ ᠶᠢ ᠨᠢ | ᠲᠣᠬᠢᠷᠠᠭᠤᠯᠵᠤ᠂ ᠦᠢᠯᠡᠳᠪᠦᠷᠢᠯᠡᠯ ᠢ ᠨᠢ ᠵᠣᠭᠰᠣᠭᠠᠵᠤ ᠴᠡᠭᠴᠡᠯᠡᠨ ᠰᠠᠶᠢᠵᠢᠷᠠᠭᠤᠯᠬᠤ ᠴᠢᠬᠤᠯᠠᠲᠠᠶ ᠪᠠᠶᠢᠪᠠᠯ᠂ ᠬᠠᠤᠯᠢ | ᠲᠣᠭᠲᠠᠭᠠᠯ ᠶᠣᠰᠣᠭᠠᠷ ᠵᠠᠷᠯᠢᠭᠳᠠᠵᠤ ᠪᠠᠶᠢᠭᠠᠳ ᠲᠡᠭᠦᠨ ᠢ ᠦᠢᠯᠡᠳᠪᠦᠷᠢᠯᠡᠯ ᠢ ᠨᠢ ᠵᠣᠭᠰᠣᠭᠠᠵᠤ ᠴᠡᠭᠴᠡᠯᠡᠨ ᠰᠠᠶᠢᠵᠢᠷᠠᠭᠤᠯᠬᠤ | ᠬᠡᠷᠡᠭᠲᠡᠶ᠃ | ᠠᠷᠪᠠᠨ ᠳᠥᠷᠪᠡ᠂ ᠬᠦᠨᠳᠦ ᠶᠡᠭᠡ ᠭᠠᠮᠰᠢᠭ ᠤᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠰᠢᠰᠲ᠋ᠧᠮ ᠤᠨ | ᠪᠠᠶᠢᠭᠤᠯᠤᠯᠲᠠ ᠶᠢ ᠠᠬᠢᠭᠤᠯᠤᠨ᠎ᠠ | ᠨᠡᠭᠦᠷᠡᠰᠦᠨ ᠠᠭᠤᠷᠬᠠᠢ ᠨᠢ ᠬᠤᠳᠳᠤᠭ ᠳᠣᠣᠷᠠᠬᠢ ᠨᠠᠷᠢᠯᠢᠭ ᠣᠨᠣᠪᠴᠢᠲᠠᠢ ᠪᠠᠶᠢᠷᠢ ᠲᠣᠭᠲᠠᠭᠠᠬᠤ ᠰᠢᠰᠲ᠋ᠧᠮ ᠤᠨ | ᠪᠠᠶᠢᠭᠤᠯᠤᠯᠲᠠ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ ᠠᠭᠤᠷᠬᠠᠢ ᠶᠢᠨ ᠲᠡᠷᠭᠡ᠂ ᠲᠡᠮᠦᠷ ᠵᠠᠮ ᠦᠭᠡᠢ ᠭᠤᠮ | ᠬᠦᠷᠳᠦᠲᠦ ᠲᠡᠷᠭᠡ᠂ ᠨᠡᠭᠦᠷᠡᠰᠦ ᠮᠠᠯᠲᠠᠬᠤ ᠮᠠᠰᠢᠨ᠂ ᠮᠠᠯᠲᠠᠭᠤᠷ ᠮᠠᠰᠢᠨ ᠵᠡᠷᠭᠡ ᠴᠢᠬᠤᠯᠠ ᠮᠠᠰᠢᠨ ᠴᠠᠬᠢᠯᠭᠠᠨ ᠤ | ᠲᠥᠬᠦᠭᠡᠷᠦᠮᠵᠢ ᠶᠢᠨ ᠣᠷᠣᠨ ᠪᠠᠶᠢᠷᠢ ᠪᠣᠯᠤᠨ ᠠᠶᠤᠯᠭᠦᠢ ᠠᠵᠢᠯᠯᠠᠭᠠᠨ ᠤ ᠪᠠᠶᠢᠳᠠᠯ ᠢ ᠴᠠᠭ ᠲᠤᠬᠠᠢ ᠳᠤᠨᠢ ᠬᠢᠨᠠᠨ ᠬᠡᠮᠵᠢᠵᠦ | ᠬᠠᠷᠢᠭᠤ ᠲᠤᠰᠬᠠᠵᠤ᠂ ᠲᠣᠭᠲᠠᠭᠠᠯ ᠠᠴᠠ ᠵᠥᠷᠢᠴᠡᠨ ᠠᠵᠢᠯᠯᠠᠬᠤ᠂ ᠲᠥᠬᠦᠭᠡᠷᠦᠮᠵᠢ ᠶᠢᠨ ᠪᠠᠶᠢᠷᠢ ᠶᠢᠨ ᠰᠢᠯᠵᠢᠯᠲᠡ ᠬᠢᠬᠦ ᠪᠠ | ᠲᠡᠷᠭᠡ ᠬᠥᠰᠬᠡ ᠶᠢᠨ ᠮᠥᠷᠭᠦᠯᠳᠦᠯ ᠵᠡᠷᠭᠡ ᠠᠶᠤᠯ ᠲᠦᠭᠰᠢᠭᠦᠷᠢ ᠶᠢ ᠴᠠᠭ ᠲᠤᠬᠠᠢ ᠳᠤᠨᠢ ᠢᠯᠡᠷᠡᠭᠦᠯᠬᠦ ᠶᠢᠨ ᠬᠠᠮᠲᠤ | ᠤᠷᠢᠳᠴᠢᠯᠠᠨ ᠰᠡᠷᠡᠮᠵᠢᠯᠡᠭᠦᠯᠬᠦ ᠬᠡᠷᠡᠭᠲᠡᠢ︔ ᠨᠡᠭᠦᠷᠡᠰᠦᠨ ᠠᠭᠤᠷᠬᠠᠢ ᠶᠢᠨ ᠭᠠᠵᠠᠷ ᠳᠡᠭᠡᠷᠡᠬᠢ ᠪᠠ ᠬᠤᠳᠳᠤᠭ ᠳᠣᠤᠷᠠᠬᠢ | ᠵᠠᠩᠭᠢᠯᠠᠭ᠎ᠠ ᠶᠢᠨ ᠴᠡᠭ ᠲᠤ ᠥᠨᠳᠥᠷ ᠲᠣᠳᠣᠷᠬᠠᠶ ᠳᠦᠷᠰᠦ ᠰᠢᠩᠭᠡᠭᠡᠬᠦ ᠮᠠᠰᠢᠨ ᠪᠠ ᠵᠢᠷᠤᠭ ᠳᠦᠷᠰᠦ ᠶᠢᠨ ᠣᠶᠤᠨᠴᠢ | ᠵᠠᠳᠠᠯᠤᠯᠲᠠ ᠶᠢᠨ ᠲᠥᠬᠦᠭᠡᠷᠦᠮᠵᠢ ᠤᠭᠰᠠᠷᠠᠵᠤ᠂ ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ ᠤᠨ ᠪᠠᠶᠢᠳᠠᠯ ᠪᠠ ᠠᠮᠤᠷ | ᠲᠦᠪᠰᠢᠨ ᠤ ᠪᠠᠶᠢᠳᠠᠯ ᠢ ᠴᠠᠭ ᠲᠤᠬᠠᠢ ᠳᠤᠨᠢ ᠬᠢᠨᠠᠨ ᠡᠵᠡᠮᠳᠡᠵᠦ᠂ ᠨᠡᠭᠦᠷᠡᠰᠦᠨ ᠠᠭᠤᠷᠬᠠᠢ ᠳᠤ ᠢᠯᠡ ᠵᠣᠭᠰᠣᠵᠤ ᠳᠠᠯᠳᠠᠭᠤᠷ | ᠨᠡᠭᠡᠭᠡᠬᠦ᠂ ᠬᠡᠳᠦ ᠬᠡᠲᠦᠷᠡᠭᠰᠡᠨ ᠵᠡᠷᠭᠡ ᠬᠠᠤᠯᠢ ᠠᠴᠠ ᠵᠥᠷᠢᠴᠡᠨ ᠦᠢᠯᠡᠳᠪᠦᠷᠢᠯᠡᠬᠦ ᠠᠵᠢᠯᠯᠠᠭ᠎ᠠ ᠣᠷᠣᠰᠢᠵᠤ ᠪᠠᠶᠢᠬᠤ | ᠡᠰᠡᠬᠦ ᠶᠢ ᠵᠠᠳᠠᠯᠤᠨ ᠰᠤᠳᠤᠯᠬᠤ ᠬᠡᠷᠡᠭᠲᠡᠢ᠃ ᠨᠡᠭᠦᠷᠡᠰᠦᠨ ᠠᠭᠤᠷᠬᠠᠶ ᠶᠢᠨ ᠠᠵᠤ ᠠᠬᠤᠶᠢᠯᠠᠯ ᠤᠳ ᠨᠡᠭᠦᠷᠡᠰᠦᠨ | ᠠᠭᠤᠷᠬᠠᠶ ᠶᠢᠨ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠤᠰᠬᠠᠶ ᠬᠡᠷᠡᠭᠯᠡᠬᠦ ᠭᠠᠵᠠᠷ ᠬᠥᠳᠡᠯᠦᠯᠲᠡ ᠶᠢ | ᠬᠢᠨᠠᠨ ᠬᠡᠮᠵᠢᠬᠦ ᠥᠷᠲᠡᠭᠡ ᠶᠢᠨ ᠲᠣᠤᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠠᠶᠢᠭᠠᠯᠢ ᠶᠢᠨ | ᠭᠠᠵᠠᠷ ᠬᠥᠳᠡᠯᠦᠯᠲᠡ ᠪᠣᠯᠤᠨ ᠪᠠᠶᠢᠭᠠᠯᠢ ᠶᠢᠨ ᠪᠤᠰᠤ ᠭᠠᠵᠠᠷ ᠬᠥᠳᠡᠯᠦᠯᠲᠡ ᠶᠢ ᠬᠢᠨᠠᠨ ᠬᠡᠮᠵᠢᠬᠦ ᠴᠢᠳᠠᠪᠤᠷᠢ ᠶᠢ ᠳᠡᠭᠡᠭᠰᠢᠯᠡᠭᠦᠯᠬᠦ | ᠬᠡᠷᠡᠭᠲᠡᠶ᠃ | ᠠᠷᠪᠠᠨ ᠲᠠᠪᠤ᠂ ᠵᠠᠭᠤᠴᠢ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠳᠠᠯᠠᠨ᠎ᠠ | ᠪᠠᠶᠢᠴᠠᠭᠠᠨ ᠬᠡᠮᠵᠢᠵᠦ ᠰᠢᠯᠭᠠᠨ ᠪᠠᠶᠢᠴᠠᠭᠠᠬᠤ᠂ ᠵᠢᠷᠤᠭᠯᠠᠨ ᠲᠥᠯᠥᠪᠯᠡᠬᠦ᠂ ᠠᠶᠤᠯ ᠦᠭᠡᠶ ᠶᠢᠨ ᠦᠨᠡᠯᠡᠯᠲᠡ ᠬᠢᠬᠦ᠂ | ᠬᠢᠨᠠᠨ ᠬᠠᠮᠢᠶᠠᠷᠬᠤ᠂ ᠭᠠᠵᠠᠷ ᠰᠢᠨᠵᠢᠯᠡᠭᠡᠨ ᠤ ᠬᠠᠶᠢᠨ ᠰᠢᠨᠵᠢᠬᠦ ᠵᠡᠷᠭᠡ ᠵᠠᠭᠤᠴᠢ ᠪᠠᠶᠢᠭᠤᠯᠤᠮᠵᠢ ᠨᠤᠭᠤᠳ ᠪᠣᠳᠠᠲᠤ ᠪᠠᠶᠢᠳᠠᠯ ᠢ | ᠦᠨᠳᠦᠰᠦᠯᠡᠨ ᠮᠡᠳᠡᠭᠦᠯᠦᠯᠲᠡ ᠭᠠᠷᠭᠠᠵᠤ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃ | ᠬᠤᠯᠪᠣᠭᠳᠠᠯ ᠪᠦᠬᠦᠢ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠪᠣᠳᠠᠲᠤ ᠪᠠᠶᠢᠳᠠᠯ ᠢ ᠦᠨᠳᠦᠰᠦᠯᠡᠨ | ᠮᠡᠳᠡᠭᠦᠯᠦᠯᠲᠡ ᠭᠠᠷᠭᠠᠭᠰᠠᠨ ᠦᠭᠡᠢ ᠪᠤᠶᠤ ᠬᠤᠳᠠᠯ ᠬᠠᠭᠤᠷᠮᠠᠭ ᠮᠡᠳᠡᠭᠦᠯᠦᠯᠲᠡ ᠭᠠᠷᠭᠠᠭᠰᠠᠨ ᠪᠠᠶᠢᠪᠠᠯ᠂ ︽ᠬᠠᠷ᠎ᠠ ᠳᠠᠩᠰᠠ︾ | ᠶᠢᠨ ᠬᠠᠮᠢᠶᠠᠷᠤᠯᠲᠠ ᠳᠤ ᠵᠢᠭᠰᠠᠭᠠᠨ ᠣᠷᠣᠭᠤᠯᠵᠤ᠂ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠦᠨ᠎ᠡ᠃ | ᠠᠷᠪᠠᠨ ᠵᠢᠷᠭᠤᠭ᠎ᠠ᠂ ᠨᠡᠭᠦᠷᠡᠰᠦᠨ ᠠᠭᠤᠷᠬᠠᠶ ᠶᠢᠨ ᠠᠶᠤᠯ ᠦᠭᠡᠶ ᠶᠢᠨ ᠵᠥᠪᠰᠢᠶᠡᠷᠡᠨ ᠣᠷᠣᠭᠤᠯᠬᠤ ᠪᠠ ᠲᠥᠷᠥᠯ | ᠬᠤᠪᠢᠶᠠᠨ ᠬᠢᠨᠠᠨ ᠬᠠᠮᠢᠶᠠᠷᠴᠤ ᠬᠢᠨᠠᠨ ᠪᠠᠶᠢᠴᠠᠭᠠᠬᠤ ᠶᠢ ᠴᠢᠩᠭᠠᠳᠬᠠᠬᠤ ᠬᠡᠷᠡᠭᠲᠡᠶ | ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠨᠡᠭᠦᠷᠡᠰᠦᠨ ᠠᠭᠤᠷᠬᠠᠶ ᠶᠢᠨ ᠵᠢᠷᠤᠭ ᠲᠥᠯᠥᠪᠯᠡᠭᠡ᠂ | ᠠᠭᠤᠷᠬᠠᠶ ᠶᠢᠨ ᠦᠢᠯᠡᠰ ᠤᠨ ᠡᠷᠬᠡ ᠶᠢᠨ ᠪᠠᠶᠢᠷᠢᠯᠠᠭᠤᠯᠤᠯᠲᠠ᠂ ᠮᠠᠯᠲᠠᠵᠤ ᠪᠣᠯᠬᠤ ᠬᠡᠪᠴᠢᠶ᠎ᠡ᠂ ᠭᠠᠮᠰᠢᠭ ᠤᠨ ᠲᠦᠭᠰᠢᠭᠦᠷᠢ | ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠠᠶᠤᠯ ᠦᠭᠡᠶ ᠦᠢᠯᠡᠳᠪᠦᠷᠢᠯᠡᠯ ᠢ ᠵᠥᠪᠰᠢᠶᠡᠷᠡᠨ ᠣᠷᠣᠭᠤᠯᠬᠤ ᠶᠢ | ᠴᠢᠩᠳᠠᠯᠠᠵᠤ᠂ ᠲᠥᠯᠥᠪᠵᠢᠭᠦᠯᠭᠡ᠂ ᠲᠥᠷᠥᠯ ᠵᠦᠢᠯ ᠲᠣᠭᠲᠠᠭᠠᠬᠤ᠂ ᠵᠢᠷᠤᠭᠯᠠᠨ ᠲᠥᠯᠥᠪᠯᠡᠬᠦ᠂ ᠬᠢᠨᠠᠨ ᠵᠥᠪᠰᠢᠶᠡᠷᠡᠬᠦ᠂ | ᠪᠦᠲᠦᠭᠡᠨ ᠪᠠᠶᠢᠭᠤᠯᠬᠤ ᠠᠶᠤᠯ ᠦᠭᠡᠶ ᠶᠢᠨ ᠪᠣᠭᠤᠮᠲᠠ ᠶᠢ ᠴᠢᠩᠭ᠎ᠠ ᠠᠳᠬᠤᠬᠤ ᠬᠡᠷᠡᠭᠲᠡᠶ᠃ ᠨᠡᠭᠦᠷᠡᠰᠦᠨ ᠠᠭᠤᠷᠬᠠᠢ ᠶᠢᠨ | ᠲᠦᠷᠦᠯ ᠬᠤᠪᠢᠶᠠᠨ ᠲᠡᠰ ᠰᠢᠯᠭᠠᠷᠠᠭᠤᠯᠬᠤ ᠳᠤ ᠤᠯᠠᠷᠢᠯ ᠪᠦᠷᠢ ᠬᠥᠳᠡᠯᠦᠩᠭᠦᠢ ᠪᠠᠷ ᠲᠣᠬᠢᠷᠠᠭᠤᠯᠤᠯᠲᠠ ᠬᠢᠵᠦ᠂ ᠲᠦᠷᠦᠯ | ᠬᠤᠪᠢᠶᠠᠨ ᠳᠡᠰ ᠦᠨᠡᠯᠡᠬᠦ ᠪᠠᠶᠢᠳᠠᠯ ᠢ ᠨᠡᠶᠢᠭᠡᠮ ᠳᠤ ᠨᠡᠶᠢᠲᠡᠯᠡᠵᠦ᠂ C ᠲᠦᠷᠦᠯ ᠤᠨ ᠨᠡᠭᠦᠷᠡᠰᠦᠨ ᠠᠭᠤᠷᠬᠠᠢ ᠶᠢ | ᠭᠤᠣᠯᠳᠠᠯᠭ᠎ᠠ ᠲᠠᠢ ᠬᠢᠨᠠᠨ ᠬᠠᠮᠢᠶᠠᠷᠴᠤ ᠬᠢᠨᠠᠨ ᠪᠠᠶᠢᠴᠠᠭᠠᠬᠤ ᠡᠲᠡᠭᠡᠳ ᠲᠤ ᠵᠢᠭᠰᠠᠭᠠᠨ ᠣᠷᠣᠭᠤᠯᠵᠤ᠂ ᠡᠳᠦᠷ ᠲᠤᠳᠤᠮ ᠤᠨ | ᠪᠠᠶᠢᠴᠠᠭᠠᠬᠤ ᠤᠳᠠᠭ᠎ᠠ ᠪᠠᠨ ᠨᠡᠮᠡᠭᠳᠡᠭᠦᠯᠵᠦ᠂ ︽ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ ᠤᠨ ᠴᠢᠳᠠᠪᠤᠷᠢ ᠶᠢᠨ | ᠬᠠᠮᠢᠶᠠᠷᠤᠯᠲᠠ ᠶᠢᠨ ᠠᠷᠭ᠎ᠠ︾ ᠶᠢᠨ ᠶᠣᠰᠣᠭᠠᠷ ᠦᠢᠯᠡᠳᠪᠦᠷᠢᠯᠡᠬᠦ ᠴᠢᠳᠠᠪᠤᠷᠢ ᠶᠢ ᠬᠢᠨᠠᠨ ᠲᠣᠭᠲᠠᠭᠠᠬᠤ ᠠᠵᠢᠯ ᠢ ᠴᠢᠩᠭ᠎ᠠ | ᠥᠷᠨᠢᠭᠦᠯᠦᠨ᠎ᠡ︔ D ᠲᠦᠷᠦᠯ ᠤᠨ ᠤᠷᠳᠤ ᠬᠤᠭᠤᠴᠠᠭ᠎ᠠ ᠪᠠᠷ ᠦᠢᠯᠡᠳᠪᠦᠷᠢᠯᠡᠯ ᠢᠶᠠᠨ ᠵᠣᠭᠰᠣᠭᠠᠭᠰᠠᠨ ᠨᠡᠭᠦᠷᠡᠰᠦᠨ | ᠠᠭᠤᠷᠬᠠᠢ ᠶᠢᠨ ᠬᠠᠷᠢᠯᠴᠠᠵᠤ ᠰᠠᠬᠢᠨ ᠬᠠᠮᠠᠭᠠᠯᠠᠬᠤ ᠪᠠ ᠲᠣᠭᠤᠷᠢᠨ ᠪᠠᠶᠢᠴᠠᠭᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠭᠠᠯ ᠬᠡᠷᠡᠭᠯᠡᠬᠦ ᠬᠡᠮᠵᠢᠶ᠎ᠡ ᠶᠢ ᠬᠢᠵᠠᠭᠠᠷᠯᠠᠬᠤ ᠬᠡᠷᠡᠭᠲᠡᠢ᠃ ᠨᠡᠭᠦᠷᠡᠰᠦᠨ | ᠠᠭᠤᠷᠬᠠᠢ ᠶᠢᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠳᠡᠭᠡᠨ ᠬᠠᠮᠢᠶ᠎ᠠ ᠪᠦᠬᠦᠢ ᠳᠡᠰ ᠳᠠᠷᠠᠭᠠᠯᠠᠯ ᠢ | ᠴᠢᠩᠭ᠎ᠠ ᠭᠦᠢᠴᠡᠳᠬᠡᠬᠦ ᠶᠢᠨ ᠬᠠᠮᠲᠤ᠂ ᠬᠠᠷᠢᠶ᠎ᠠ ᠭᠠᠵᠠᠷ ᠤᠨ ᠠᠷᠠᠳ ᠤᠨ ᠵᠠᠰᠠᠭ ᠤᠨ ᠣᠷᠳᠣᠨ ᠤ ᠭᠤᠣᠯ | ᠬᠠᠷᠢᠭᠤᠴᠠᠯᠭᠠᠲᠠᠨ ᠢᠶᠠᠷ ᠭᠠᠷ ᠤᠨ ᠦᠰᠦᠭ ᠵᠢᠷᠤᠭᠤᠯᠵᠤ ᠵᠥᠪᠰᠢᠶᠡᠷᠡᠭᠦᠯᠬᠦ ᠬᠡᠷᠡᠭᠲᠡᠶ᠃ | ᠠᠷᠪᠠᠨ ᠳᠣᠯᠤᠭ᠎ᠠ᠂ ᠬᠠᠤᠯᠢ ᠪᠤᠰᠤ ᠪᠠ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ | ᠥᠭᠬᠦ ᠬᠡᠷᠡᠭᠲᠡᠶ | ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠠᠤᠯᠢ ᠪᠤᠰᠤ ᠪᠠ ᠬᠠᠤᠯᠢ ᠠᠴᠠ | ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠨᠡᠭᠦᠷᠡᠰᠦᠨ ᠠᠭᠤᠷᠬᠠᠢ ᠶᠢᠨ ᠪᠣᠳᠠᠲᠠᠢ ᠡᠵᠡᠮᠳᠡᠵᠦ | ᠪᠠᠶᠢᠭ᠎ᠠ ᠬᠥᠮᠥᠨ᠂ ᠪᠣᠳᠠᠲᠠᠢ ᠪᠡᠯᠡ ᠭᠠᠷᠭᠠᠵᠤ ᠪᠠᠶᠢᠭ᠎ᠠ ᠬᠥᠮᠥᠨ ᠵᠡᠷᠭᠡ ︽ᠵᠠᠩᠭᠢᠯᠠᠭ᠎ᠠ ᠶᠢᠨ ᠬᠥᠮᠥᠨ︾ ᠪᠠ ᠠᠭᠤᠷᠬᠠᠢ ᠶᠢᠨ | ᠳᠠᠷᠤᠭ᠎ᠠ᠂ ᠶᠡᠷᠦᠩᠬᠡᠢ ᠢᠨᠵᠧᠨᠧᠷ ᠵᠡᠷᠭᠡ ︽ᠵᠠᠩᠭᠢᠯᠠᠭ᠎ᠠ ᠶᠢᠨ ᠴᠥᠭᠡᠨ ᠲᠣᠭᠠᠲᠠᠨ︾ ᠢ ᠴᠢᠩᠭ᠎ᠠ ᠠᠩᠬᠠᠷᠴᠤ᠂ | ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠵᠤ᠂ ᠶᠠᠯ᠎ᠠ ᠬᠢᠭᠰᠡᠨ ᠰᠡᠵᠢᠭᠯᠡᠯᠲᠡᠢ ᠬᠡᠷᠡᠭ ᠢ ᠬᠠᠤᠯᠢ ᠴᠠᠭᠠᠵᠠ ᠶᠢᠨ | ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠡᠯ᠎ᠡ ᠱᠠᠲᠤᠨ ᠤ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠨᠡᠭᠦᠷᠡᠰᠦᠨ ᠤ ᠠᠵᠢᠯ ᠲᠥᠷᠥᠯ ᠤᠨ ᠬᠠᠮᠢᠶᠠᠷᠤᠯᠲᠠ᠂ ᠨᠡᠭᠦᠷᠡᠰᠦᠨ ᠠᠭᠤᠷᠬᠠᠶ ᠶᠢᠨ | ᠠᠶᠤᠯ ᠦᠭᠡᠶ ᠶᠢ ᠬᠢᠨᠠᠨ ᠬᠠᠮᠢᠶᠠᠷᠴᠤ ᠬᠢᠨᠠᠨ ᠪᠠᠶᠢᠴᠠᠭᠠᠬᠤ ᠵᠡᠷᠭᠡ ᠰᠠᠯᠠᠭ᠎ᠠ ᠮᠥᠴᠢᠷ ᠤᠳ ᠢᠯᠡᠴᠢᠯᠡᠨ ᠮᠡᠳᠡᠭᠦᠯᠬᠦ ᠠᠷᠭ᠎ᠠ | ᠵᠠᠮ ᠢᠶᠠᠨ ᠰᠠᠭᠠᠳ ᠦᠭᠡᠶ ᠨᠡᠪᠲᠡᠷᠡᠭᠦᠯᠵᠦ᠂ ᠢᠯᠡᠴᠢᠯᠡᠨ ᠮᠡᠳᠡᠭᠦᠯᠬᠦ ᠳ᠋ᠢᠶᠠᠩᠬᠤᠸᠠ ᠪᠠᠨ ᠨᠡᠶᠢᠭᠡᠮ ᠳᠤ ᠢᠯᠡ ᠪᠣᠯᠭᠠᠵᠤ᠂ | ᠢᠯᠡᠴᠢᠯᠡᠨ ᠮᠡᠳᠡᠭᠦᠯᠦᠭᠰᠡᠨ ᠢ ᠱᠠᠩᠨᠠᠬᠤ ᠵᠠᠷᠤᠳᠠᠯ ᠢ ᠠᠳᠠᠯᠢ ᠱᠠᠲᠤᠨ ᠤ ᠡᠳ᠋ ᠤᠨ ᠵᠠᠰᠠᠭ ᠤᠨ ᠲᠥᠰᠦᠪ ᠲᠤ ᠣᠷᠣᠭᠤᠯᠬᠤ | ᠬᠡᠷᠡᠭᠲᠡᠶ᠃ | ᠠᠷᠪᠠᠨ ᠨᠠᠢᠮᠠ᠂ ᠠᠳᠡᠯ ᠤᠨ ᠨᠡᠭᠦᠷᠡᠰᠦᠨ ᠠᠭᠤᠷᠬᠠᠢ ᠶᠢ ᠴᠡᠭᠴᠡᠯᠡᠬᠦ ᠠᠵᠢᠯ ᠢ ᠴᠢᠩᠳᠠᠯᠠᠬᠤ ᠬᠡᠷᠡᠭᠲᠡᠢ | ᠨᠡᠭᠦᠷᠡᠰᠦᠨ ᠠᠭᠤᠷᠬᠠᠶ ᠳᠤ ᠦᠢᠯᠡᠳᠪᠦᠷᠢᠯᠡᠯ ᠤᠨ ᠠᠶᠤᠯ ᠦᠭᠡᠶ ᠶᠢᠨ ᠠᠳᠡᠯ ᠭᠠᠷᠤᠭᠰᠠᠨ ᠤ ᠳᠠᠷᠠᠭ᠎ᠠ᠂ ᠨᠡᠭᠦᠷᠡᠰᠦᠨ | ᠠᠭᠤᠷᠬᠠᠶ ᠶᠢᠨ ᠠᠶᠤᠯ ᠦᠭᠡᠶ ᠶᠢ ᠬᠢᠨᠠᠨ ᠬᠠᠮᠢᠶᠠᠷᠴᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠤᠳ ᠬᠠᠤᠯᠢ ᠲᠣᠭᠲᠠᠭᠠᠯ | ᠶᠣᠰᠣᠭᠠᠷ ᠨᠡᠭᠦᠷᠡᠰᠦᠨ ᠠᠭᠤᠷᠬᠠᠶ ᠶᠢ ᠵᠠᠷᠯᠢᠭᠳᠠᠨ ᠠᠵᠢᠯ ᠢ ᠨᠢ ᠵᠣᠭᠰᠣᠭᠠᠵᠤ ᠦᠢᠯᠡᠳᠪᠦᠷᠢᠯᠡᠬᠦ ᠶᠢ ᠨᠢ ᠵᠣᠭᠰᠣᠭᠠᠨ | ᠴᠡᠭᠴᠡᠯᠡᠬᠦ ᠬᠡᠷᠡᠭᠲᠡᠶ᠃ | ︵ᠨᠢᠭᠡ︶ ᠳᠦᠷᠢᠮ ᠢ ᠵᠥᠷᠢᠴᠡᠨ ᠠᠵᠢᠯᠯᠠᠭᠰᠠᠨ ᠠᠴᠠ ᠪᠣᠯᠵᠤ ᠡᠩ ᠤᠨ ᠦᠢᠯᠡᠳᠪᠦᠷᠢᠯᠡᠯ ᠤᠨ ᠠᠶᠤᠯ ᠦᠭᠡᠶ ᠶᠢᠨ | ᠠᠳᠡᠯ ᠭᠠᠷᠭᠠᠭᠰᠠᠨ ᠨᠡᠭᠦᠷᠡᠰᠦᠨ ᠠᠭᠤᠷᠬᠠᠶ ᠶᠢᠨ ᠠᠵᠢᠯ ᠢᠶᠠᠨ ᠵᠣᠭᠰᠣᠭᠠᠵᠤ ᠦᠢᠯᠡᠳᠪᠦᠷᠢᠯᠡᠯ ᠢᠶᠠᠨ ᠵᠣᠭᠰᠣᠭᠠᠨ ᠴᠡᠭᠴᠡᠯᠡᠬᠦ | ᠬᠤᠭᠤᠴᠠᠭ᠎ᠠ ᠬᠢᠵᠠᠭᠠᠷ ᠢ ᠵᠠᠷᠴᠢᠮ ᠳᠡᠭᠡᠷ᠎ᠡ ᠪᠠᠨ 1 ᠰᠠᠷ᠎ᠠ ᠠᠴᠠ ᠳᠤᠲᠠᠭᠤ ᠪᠠᠶᠢᠯᠭᠠᠵᠤ ᠪᠣᠯᠬᠤ ᠦᠭᠡᠶ᠃ | ︵ᠬᠤᠶᠠᠷ︶ ᠲᠣᠨᠤᠭ ᠲᠥᠬᠦᠭᠡᠷᠦᠮᠵᠢ ᠶᠢ ᠪᠠᠶᠢᠴᠠᠭᠠᠨ ᠵᠠᠰᠠᠭᠰᠠᠨ ᠨᠢ ᠬᠦᠷᠦᠯᠴᠡᠬᠦ ᠥᠬᠡᠶ ᠵᠢᠴᠢ ᠭᠠᠰ᠂ ᠤᠰᠤᠨ ᠤ | ᠭᠠᠮᠰᠢᠭ᠂ ᠭᠠᠯ ᠤᠨ ᠭᠠᠮᠰᠢᠭ᠂ ᠭᠠᠵᠠᠷ ᠤᠨ ᠳᠠᠷᠤᠯᠲᠠ᠂ ᠳᠡᠭᠡᠪᠦᠷ ᠵᠡᠷᠭᠡ ᠰᠢᠰᠲ᠋ᠧᠮ ᠤᠨ ᠴᠢᠨᠠᠷᠲᠠᠶ ᠲᠦᠭᠰᠢᠭᠦᠷᠢ ᠠᠴᠠ | ᠪᠣᠯᠵᠣ ᠡᠩ ᠤᠨ ᠦᠢᠯᠡᠳᠪᠦᠷᠢᠯᠡᠯ ᠤᠨ ᠠᠶᠤᠯᠭᠦᠶ ᠶᠢᠨ ᠡ᠊ᠨᠳᠡᠯ ᠭᠠᠷᠤᠭᠰᠠᠨ ᠨᠡᠭᠦᠷᠡᠰᠦᠨ ᠠᠭᠤᠷᠬᠠᠶ᠂ ᠠᠵᠢᠯ ᠢᠶᠠᠨ | ᠵᠣᠭᠰᠣᠭᠠᠵᠤ ᠦᠢᠯᠡᠳᠪᠦᠷᠢᠯᠡᠯ ᠢᠶᠠᠨ ᠵᠣᠭᠰᠣᠭᠠᠵᠤ ᠴᠡᠭᠴᠡᠯᠡᠬᠦ ᠬᠤᠭᠤᠴᠠᠭ᠎ᠠ ᠶᠢ ᠵᠠᠷᠴᠢᠮ ᠳᠡᠭᠡᠷ᠎ᠡ ᠪᠠᠨ 3 ᠰᠠᠷ᠎ᠠ ᠠᠴᠠ | ᠳᠤᠲᠠᠭᠤ ᠪᠠᠶᠢᠯᠭᠠᠵᠤ ᠪᠣᠯᠬᠤ ᠥᠬᠡᠶ᠃ | ︵ᠭᠤᠷᠪᠠ︶ ᠨᠡᠯᠢᠶᠡᠳ ᠶᠡᠭᠡ ᠦᠢᠯᠡᠳᠪᠦᠷᠢᠯᠡᠯ ᠤᠨ ᠠᠶᠤᠯ ᠦᠭᠡᠶ ᠶᠢᠨ ᠠᠳᠡᠯ ᠭᠠᠷᠤᠭᠰᠠᠨ ᠨᠡᠭᠦᠷᠡᠰᠦᠨ | ᠠᠭᠤᠷᠬᠠᠶ ᠶᠢᠨ ᠠᠵᠢᠯ ᠢᠶᠠᠨ ᠵᠣᠭᠰᠣᠭᠠᠵᠤ ᠦᠢᠯᠡᠳᠪᠦᠷᠢᠯᠡᠯ ᠢᠶᠠᠨ ᠵᠣᠭᠰᠣᠭᠠᠨ ᠴᠡᠭᠴᠡᠯᠡᠬᠦ ᠬᠤᠭᠤᠴᠠᠭ᠎ᠠ ᠬᠢᠵᠠᠭᠠᠷ ᠨᠢ | ᠵᠠᠷᠴᠢᠮ ᠳᠡᠭᠡᠷ᠎ᠡ ᠪᠠᠨ 6 ᠰᠠᠷ᠎ᠠ ᠠᠴᠠ ᠳᠤᠲᠠᠭᠤ ᠪᠠᠶᠢᠵᠤ ᠪᠣᠯᠬᠤ ᠦᠭᠡᠶ᠃ | ︵ᠲᠦᠷᠪᠡ︶ ᠬᠦᠨᠳᠦ ᠶᠡᠭᠡ ᠵᠢᠴᠢ ᠲᠡᠭᠦᠨ ᠠᠴᠠ ᠳᠡᠭᠡᠭᠰᠢᠬᠢ ᠦᠢᠯᠡᠳᠪᠦᠷᠢᠯᠡᠯ ᠤᠨ ᠠᠶᠤᠯ ᠦᠭᠡᠶ ᠶᠢᠨ ᠠᠳᠡᠯ | ᠭᠠᠷᠤᠭᠰᠠᠨ ᠨᠡᠭᠦᠷᠡᠰᠦᠨ ᠠᠭᠤᠷᠬᠠᠶ ᠶᠢᠨ ᠠᠵᠢᠯ ᠢᠶᠠᠨ ᠵᠣᠭᠰᠣᠭᠠᠵᠤ ᠦᠢᠯᠡᠳᠪᠦᠷᠢᠯᠡᠬᠦ ᠶᠢ ᠨᠢ ᠵᠣᠭᠰᠣᠭᠠᠨ ᠴᠡᠭᠴᠡᠯᠡᠬᠦ | ᠬᠤᠭᠤᠴᠠᠭ᠎ᠠ ᠬᠢᠵᠠᠭᠠᠷ ᠢ ᠵᠠᠷᠴᠢᠮ ᠳᠡᠭᠡᠷ᠎ᠡ ᠪᠠᠨ 1 ᠵᠢᠯ ᠠᠴᠠ ᠳᠤᠲᠠᠭᠤ ᠪᠠᠶᠢᠯᠭᠠᠵᠤ ᠪᠣᠯᠬᠤ ᠦᠭᠡᠶ᠃ | ︵ᠲᠠᠪᠤ︶ ᠣᠨᠴᠠ ᠬᠦᠨᠳᠦ ᠶᠡᠭᠡ ᠠᠳᠡᠯ ᠭᠠᠷᠴᠣ ᠠᠶᠣᠯᠬᠦᠢ ᠦᠢᠯᠡᠳᠪᠦᠷᠢᠯᠡᠯ ᠤᠨ ᠨᠦᠬᠦᠴᠡᠯ ᠢ ᠳᠠᠬᠢᠵᠤ | ᠪᠦᠷᠢᠯᠳᠦᠬᠦᠯᠬᠦ ᠦᠬᠡᠢ ᠨᠡᠬᠦᠷᠡᠰᠣᠨ ᠠᠭᠤᠷᠬᠠᠢ ᠳᠤ ᠡᠬᠢ ᠪᠠᠶᠠᠯᠢᠭ ᠢ ᠡᠮᠬᠢᠯᠡᠨ ᠨᠡᠶᠢᠯᠡᠬᠦᠯᠬᠦ᠂ ᠡᠬᠦᠳᠡ ᠶᠢ ᠨᠢ ᠬᠠᠭᠠᠵᠣ | ᠪᠣᠴᠠᠭᠠᠨ ᠭᠠᠷᠭᠠᠬᠤ ᠵᠡᠷᠬᠡ ᠠᠷᠭ᠎ᠠ ᠬᠡᠮᠵᠢᠶ᠎ᠡ ᠶᠢ ᠬᠠᠣᠯᠢ ᠳᠣᠭᠳᠠᠭᠠᠯ ᠶᠣᠰᠣᠭᠠᠷ ᠬᠡᠷᠡᠭᠵᠢᠬᠦᠯᠦᠨ᠎ᠡ᠃ | ᠨᠡᠭᠦᠷᠡᠰᠦᠨ ᠠᠭᠤᠷᠬᠠᠢ ᠶᠢᠨ ᠠᠵᠢᠯ ᠢᠶᠠᠨ ᠵᠣᠭᠰᠣᠭᠠᠵᠤ ᠦᠢᠯᠡᠳᠪᠦᠷᠢᠯᠡᠯ ᠢᠶᠠᠨ ᠵᠣᠭᠰᠣᠭᠠᠭᠰᠠᠨ ᠬᠤᠭᠤᠴᠠᠭᠠᠨ ᠳᠤ | ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠬᠡᠪ ᠤᠨ ᠰᠠᠯᠬᠢ ᠨᠡᠪᠲᠡᠷᠡᠭᠦᠯᠬᠦ᠂ ᠤᠰᠤ ᠵᠠᠯᠠᠬᠤ᠂ ᠬᠤᠳᠳᠤᠭ | ᠳᠣᠤᠷᠠᠬᠢ ᠨᠦᠬᠡᠨ ᠵᠠᠮ ᠵᠢᠴᠢ ᠲᠥᠬᠦᠭᠡᠷᠦᠮᠵᠢ ᠲᠥᠬᠦᠭᠡᠷᠦᠮᠵᠢ ᠶᠢ ᠬᠠᠮᠠᠭᠠᠯᠠᠬᠤ᠂ ᠠᠮᠤᠷ ᠲᠦᠪᠰᠢᠨ ᠤ ᠪᠠᠶᠢᠴᠠᠭᠠᠯᠲᠠ᠂ | ᠬᠢᠨᠠᠨ ᠬᠡᠮᠵᠢᠵᠦ ᠬᠢᠨᠠᠨ ᠡᠵᠡᠮᠳᠡᠬᠦ᠂ ᠵᠢᠵᠢᠭᠦᠷᠯᠡᠨ ᠰᠠᠬᠢᠬᠤ ᠵᠡᠷᠭᠡ ᠠᠵᠢᠯ ᠢ ᠰᠠᠶᠢᠲᠤᠷ ᠬᠢᠵᠦ᠂ ᠠᠵᠢᠯ ᠢᠶᠠᠨ ᠵᠣᠭᠰᠣᠭᠠᠵᠤ | ᠦᠢᠯᠡᠳᠪᠦᠷᠢᠯᠡᠯ ᠢᠶᠠᠨ ᠵᠣᠭᠰᠣᠭᠠᠭᠰᠠᠨ ᠬᠤᠭᠤᠴᠠᠭᠠᠨ ᠳᠠᠬᠢ ᠠᠮᠤᠷ ᠲᠦᠪᠰᠢᠨ ᠢ ᠪᠠᠲᠤᠯᠠᠬᠤ ᠬᠡᠷᠡᠭᠲᠡᠶ᠃ ᠠᠳᠠᠯ ᠤᠨ | ᠰᠢᠯᠲᠠᠭᠠᠨ ᠢ ᠨᠢᠭᠡᠨᠲᠡ ᠪᠠᠶᠢᠴᠠᠭᠠᠨ ᠳᠣᠲᠣᠯᠠᠭᠰᠠᠨ᠂ ᠠᠳᠡᠯ ᠤᠨ ᠳᠠᠬᠢᠨ ᠡᠭᠦᠰᠬᠦ ᠨᠥᠯᠥᠭᠡ ᠶᠢ ᠨᠢᠭᠡᠨᠲᠡ ᠠᠷᠢᠯᠭᠠᠵᠤ᠂ | ᠠᠳᠡᠯ ᠤᠨ ᠬᠠᠨᠳᠤᠯᠭᠠᠲᠤ ᠴᠢᠨᠠᠷᠲᠠᠶ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠨᠢᠭᠡᠨᠲᠡ | ᠨᠠᠶᠢᠳᠠᠪᠤᠷᠢᠵᠢᠭᠤᠯᠤᠭᠰᠠᠨ ᠪᠠᠶᠢᠳᠠᠯ ᠳᠣᠣᠷ᠎ᠠ᠂ ᠨᠡᠭᠦᠷᠡᠰᠦᠨ ᠠᠭᠤᠷᠬᠠᠶ ᠶᠢᠨ ᠠᠮᠤᠷ ᠲᠦᠪᠰᠢᠨ ᠤ ᠬᠢᠨᠠᠨ ᠬᠠᠮᠢᠶᠠᠷᠴᠤ ᠬᠢᠨᠠᠨ | ᠪᠠᠶᠢᠴᠠᠭᠠᠬᠤ ᠰᠠᠯᠠᠭ᠎ᠠ ᠮᠥᠴᠢᠷ ᠢᠶᠠᠷ ᠵᠣᠬᠢᠶᠠᠨ ᠪᠠᠶᠢᠭᠤᠯᠤᠨ ᠰᠢᠯᠭᠠᠨ ᠬᠤᠷᠢᠶᠠᠯᠭᠠᠵᠤ ᠬᠢᠷᠢ ᠲᠡᠩᠴᠡᠭᠰᠡᠨ ᠪᠥᠭᠡᠳ | ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠲᠠᠰ ᠳᠠᠷᠠᠭᠠᠯᠠᠯ ᠢ ᠴᠢᠩᠭ᠎ᠠ ᠭᠦᠢᠴᠡᠳᠭᠡᠭᠰᠡᠨ ᠤ ᠳᠠᠷᠠᠭ᠎ᠠ ᠰᠠᠶ᠋ᠢ | ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠪᠠᠨ ᠰᠡᠷᠭᠦᠭᠡᠵᠦ ᠪᠣᠯᠤᠨ᠎ᠠ᠃ | ᠠᠷᠪᠠ ᠶᠢᠰᠦ᠂ ᠬᠢᠨᠠᠨ ᠬᠠᠮᠢᠶᠠᠷᠴᠤ ᠬᠢᠨᠠᠨ ᠪᠠᠶᠢᠴᠠᠭᠠᠵᠤ ᠬᠠᠤᠯᠢ ᠬᠡᠷᠡᠭᠵᠢᠭᠦᠯᠬᠦ ᠦᠢᠯᠡᠳᠦᠯ ᠴᠢᠳᠠᠪᠤᠷᠢ ᠶᠢ | ᠳᠡᠭᠡᠭᠰᠢᠯᠡᠭᠦᠯᠦᠨ᠎ᠡ | ᠨᠡᠭᠦᠷᠡᠰᠦᠨ ᠠᠭᠤᠷᠬᠠᠢ ᠶᠢᠨ ᠠᠮᠤᠷ ᠲᠦᠪᠰᠢᠨ ᠤ ᠬᠢᠨᠠᠨ ᠬᠠᠮᠢᠶᠠᠷᠴᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠤᠳ | ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠠᠭᠤᠷᠬᠠᠢ ᠶᠢᠨ ᠠᠮᠤᠷ ᠲᠦᠪᠰᠢᠨ ᠤ ᠬᠢᠨᠠᠨ ᠬᠠᠮᠢᠶᠠᠷᠴᠤ ᠬᠢᠨᠠᠨ ᠪᠠᠶᠢᠴᠠᠭᠠᠬᠤ | ᠮᠡᠳᠡᠭᠡ ᠵᠠᠩᠭᠢᠵᠢᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠨᠡᠭᠦᠷᠡᠰᠦᠨ | ᠠᠭᠤᠷᠬᠠᠢ ᠶᠢᠨ ᠠᠮᠤᠷ ᠲᠦᠪᠰᠢᠨ ᠤ ᠲᠦᠭᠰᠢᠭᠦᠷᠢ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ᠂ | ᠨᠡᠭᠦᠷᠡᠰᠦᠨ ᠠᠭᠤᠷᠬᠠᠢ ᠶᠢᠨ ᠰᠠᠭᠤᠷᠢ ᠳ᠋ᠠᠶᠢᠲ᠋ᠠ ᠶᠢᠨ ᠬᠠᠮᠢᠶᠠᠷᠤᠯᠲᠠ ᠶᠢᠨ ᠲᠠᠪᠴᠠᠩ ᠵᠡᠷᠭᠡ ᠮᠡᠳᠡᠭᠡ ᠵᠠᠩᠭᠢᠵᠢᠯᠲᠠ ᠶᠢᠨ | ᠰᠢᠰᠲ᠋ᠧᠮ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠪᠠᠶᠢᠭᠤᠯᠤᠯᠲᠠ ᠶᠢ | ᠦᠷᠭᠦᠯᠵᠢᠯᠡᠨ ᠠᠬᠢᠭᠤᠯᠵᠤ᠂ ︽ᠢᠨᠲ᠋ᠧᠷ ᠰᠦᠯᠵᠢᠶ᠎ᠡ +︾ ᠠᠯᠤᠰ ᠡᠵᠡᠮᠰᠢᠯᠲᠦ ᠬᠢᠨᠠᠨ ᠬᠠᠮᠢᠶᠠᠷᠴᠤ ᠬᠢᠨᠠᠨ | ᠪᠠᠶᠢᠴᠠᠭᠠᠬᠤ ᠶᠢ ᠪᠠᠶᠢᠩᠭᠤᠵᠢᠭᠤᠯᠤᠨ ᠥᠷᠨᠢᠭᠦᠯᠵᠦ᠂ ᠬᠢᠨᠠᠨ ᠬᠠᠮᠢᠶᠠᠷᠴᠤ ᠬᠢᠨᠠᠨ ᠪᠠᠶᠢᠴᠠᠭᠠᠵᠤ ᠬᠠᠤᠯᠢ ᠬᠡᠷᠡᠭᠵᠢᠭᠦᠯᠬᠦ | ᠦᠢᠯᠡᠳᠦᠯ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ | ᠬᠤᠷᠢ᠂ ︽ᠳᠥᠷᠪᠡᠨ ᠨᠢᠭᠡ ᠪᠦᠯᠦᠭ︾ ᠤᠨ ᠠᠷᠭ᠎ᠠ ᠬᠡᠮᠵᠢᠶ᠎ᠡ ᠶᠢ ᠨᠠᠢᠳᠠᠪᠤᠷᠢᠵᠢᠭᠤᠯᠬᠤ ᠬᠡᠷᠡᠭᠲᠡᠢ | ︵ᠨᠢᠭᠡ︶ ᠨᠢᠭᠡ ᠪᠦᠯᠦᠭ ᠢ ᠬᠠᠭᠠᠵᠤ ᠭᠠᠷᠭᠠᠨ᠎ᠠ᠃ ᠬᠦᠨᠳᠦ ᠶᠡᠭᠡ ᠠᠳᠡᠯ ᠤᠨ ᠳᠠᠯᠳᠠ ᠭᠡᠮ ᠣᠷᠣᠰᠢᠵᠤ᠂ | ᠴᠡᠭᠴᠡᠯᠡᠨ ᠰᠠᠶᠢᠵᠢᠷᠠᠭᠤᠯᠤᠭᠰᠠᠨ ᠤ ᠳᠠᠷᠠᠭ᠎ᠠ ᠮᠥᠨ ᠯᠡ ᠠᠮᠤᠷ ᠲᠦᠪᠰᠢᠨ ᠤ ᠨᠥᠬᠦᠴᠡᠯ ᠳᠤ ᠬᠦᠷᠴᠦ ᠳᠡᠶᠢᠯᠬᠦ ᠦᠭᠡᠢ | ᠨᠡᠭᠦᠷᠡᠰᠦᠨ ᠠᠭᠤᠷᠬᠠᠢ ᠶᠢ ᠬᠠᠤᠯᠢ ᠲᠣᠭᠲᠠᠭᠠᠯ ᠶᠣᠰᠣᠭᠠᠷ ᠬᠠᠭᠠᠵᠤ ᠪᠢᠲᠡᠭᠦᠮᠵᠢᠯᠡᠨ ᠪᠤᠴᠠᠭᠠᠵᠤ ᠥᠭᠭᠦᠨ᠎ᠡ᠃ | ︵ᠬᠤᠶᠠᠷ︶ ᠨᠢᠭᠡ ᠪᠦᠯᠦᠭ ᠢ ᠡᠮᠬᠢᠯᠡᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠤᠨ᠎ᠠ᠃ ᠴᠢᠳᠠᠪᠤᠷᠢ ᠲᠠᠢ | ᠨᠡᠭᠦᠷᠡᠰᠦᠨ ᠠᠭᠤᠷᠬᠠᠶ ᠨᠢ ᠠᠭᠤᠷᠬᠠᠶ ᠶᠢᠨ ᠣᠷᠣᠨ ᠤ ᠶᠡᠷᠦᠩᠬᠡᠶ ᠲᠥᠯᠥᠪᠵᠢᠭᠦᠯᠭᠡ ᠶᠣᠰᠣᠭᠠᠷ ᠡᠷᠭᠢᠨ ᠲᠣᠭᠤᠷᠢᠨ ᠤ ᠵᠢᠵᠢᠭ | ᠨᠡᠭᠦᠷᠡᠰᠦᠨ ᠠᠭᠤᠷᠬᠠᠶ ᠳᠤ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ ᠶᠢ ᠵᠣᠷᠢᠭᠵᠢᠭᠤᠯᠤᠨ ᠳᠡᠮᠵᠢᠵᠦ᠂ ᠠᠭᠤᠷᠬᠠᠶ ᠶᠢᠨ | ᠡᠷᠬᠡ᠂ ᠲᠥᠯᠥᠪᠵᠢᠭᠦᠯᠭᠡ᠂ ᠭᠤᠤᠯ ᠴᠣᠭᠴᠠ᠂ ᠰᠢᠰᠲ᠋ᠧᠮ᠂ ᠬᠠᠮᠢᠶᠠᠷᠤᠯᠲᠠ ︽ᠲᠠᠪᠤ ᠶᠢ ᠨᠢᠭᠡᠳᠦᠯᠲᠡᠶ ᠪᠠᠶᠢᠯᠭᠠᠬᠤ︾ ᠶᠢ | ᠪᠡᠶᠡᠯᠡᠭᠦᠯᠬᠦ ᠬᠡᠷᠡᠭᠲᠡᠶ︔ ᠠᠶᠤᠯ ᠦᠭᠡᠶ ᠶᠢᠨ ᠬᠠᠮᠢᠶᠠᠷᠤᠯᠲᠠ ᠪᠠᠷᠤᠭᠲᠠᠶ᠂ ᠮᠡᠷᠭᠡᠵᠢᠯ ᠤᠨ ᠬᠦᠴᠦᠨ ᠪᠠᠭᠤᠷᠠᠶ᠂ ᠭᠠᠶ | ᠭᠠᠮᠰᠢᠭ ᠢ ᠵᠠᠰᠠᠬᠤ ᠴᠢᠳᠠᠪᠤᠷᠢ ᠶᠢ ᠪᠦᠷᠢᠯᠳᠦᠭᠦᠯᠦᠭᠡᠳᠦᠶ ᠨᠡᠭᠦᠷᠡᠰᠦᠨ ᠠᠭᠤᠷᠬᠠᠶ ᠶᠢ ᠬᠠᠤᠯᠢ ᠲᠣᠭᠲᠠᠭᠠᠯ ᠶᠣᠰᠣᠭᠠᠷ | ᠨᠠᠶᠢᠳᠠᠵᠤ ᠬᠠᠮᠢᠶᠠᠷᠤᠭᠤᠯᠬᠤ ᠬᠡᠷᠡᠭᠲᠡᠶ᠃ | ︵ᠭᠤᠷᠪᠠ︶ ᠨᠢᠭᠡ ᠪᠦᠯᠦᠭ ᠢ ᠥᠭᠡᠷᠡᠴᠢᠯᠡᠨ ᠳᠡᠭᠡᠭᠰᠢᠯᠡᠭᠦᠯᠦᠨ᠎ᠡ᠃ ᠡᠬᠢ ᠪᠠᠶᠠᠯᠢᠭ ᠤᠨ ᠨᠥᠬᠦᠴᠡᠯ ᠢᠶᠠᠷ ᠰᠠᠶᠢᠨ᠂ | ᠡᠬᠢ ᠪᠠᠶᠠᠯᠢᠭ ᠤᠨ ᠬᠡᠮᠵᠢᠶ᠎ᠡ ᠪᠠᠷ ᠶᠡᠭᠡ ᠨᠡᠭᠦᠷᠡᠰᠦᠨ ᠠᠭᠤᠷᠬᠠᠶ ᠳᠤ ᠮᠡᠷᠭᠡᠵᠢᠯ ᠤᠨ ᠥᠭᠡᠷᠡᠴᠢᠯᠡᠯᠲᠡ ᠬᠢᠬᠦ ᠶᠢ ᠲᠦᠯᠬᠢᠨ | ᠠᠬᠢᠭᠤᠯᠵᠤ᠂ ᠲᠣᠨᠤᠭ ᠲᠥᠬᠦᠭᠡᠷᠦᠮᠵᠢ ᠶᠢᠨ ᠬᠢᠷᠢ ᠬᠡᠮᠵᠢᠶ᠎ᠡ ᠶᠢ ᠨᠢ ᠳᠡᠭᠡᠭᠰᠢᠯᠡᠭᠦᠯᠦᠨ᠂ ᠤᠶᠤᠨᠴᠢᠯᠠᠬᠤ᠂ ᠮᠡᠳᠡᠭᠡ | ᠵᠠᠩᠭᠢᠴᠢᠯᠠᠬᠤ ᠪᠠᠶᠢᠭᠤᠯᠤᠯᠲᠠ ᠪᠠᠷ ᠳᠠᠮᠵᠢᠭᠤᠯᠤᠨ᠂ ᠠᠶᠤᠯ ᠦᠭᠡᠶ ᠦᠢᠯᠡᠳᠪᠦᠷᠢᠯᠡᠯ ᠤᠨ ᠬᠢᠷᠢ ᠬᠡᠮᠵᠢᠶ᠎ᠡ ᠶᠢ ᠨᠢ ᠤᠯᠠᠮ | ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ | ︵ᠲᠦᠷᠪᠡ︶ ᠨᠢᠭᠡ ᠪᠦᠯᠦᠭ ᠢ ᠰᠢᠨ᠎ᠡ ᠪᠠᠷ ᠪᠠᠶᠢᠭᠤᠯᠬᠤ ᠪᠠᠷ ᠲᠥᠯᠥᠪᠯᠡᠵᠦ ᠪᠠᠶᠢᠨ᠎ᠠ᠃ ᠤᠯᠤᠰ ᠤᠨ ᠠᠵᠤ | ᠦᠢᠯᠡᠰ ᠤᠨ ᠲᠥᠷᠥ ᠶᠢᠨ ᠪᠣᠳᠣᠯᠭ᠎ᠠ ᠪᠣᠯᠤᠨ ᠨᠡᠭᠦᠷᠡᠰᠦᠨ ᠤ ᠬᠠᠩᠭᠠᠯᠭ᠎ᠠ ᠬᠡᠷᠡᠭᠴᠡᠭᠡ ᠶᠢᠨ ᠪᠠᠶᠢᠳᠠᠯ ᠲᠠᠢ ᠤᠶᠠᠯᠳᠤᠭᠤᠯᠵᠤ᠂ | ᠨᠡᠭᠦᠷᠡᠰᠦᠨ ᠤ ᠦᠢᠯᠡᠳᠪᠦᠷᠢᠯᠡᠬᠦ ᠴᠢᠳᠠᠪᠤᠷᠢ ᠶᠢ ᠦᠷᠭᠦᠯᠵᠢᠯᠡᠭᠦᠯᠬᠦ ᠶᠢ ᠯᠠᠪᠳᠠᠭᠤᠨ ᠢᠶᠠᠷ ᠠᠬᠢᠭᠤᠯᠵᠤ᠂ ᠰᠢᠨ᠎ᠡ ᠪᠠᠷ | ᠪᠠᠶᠢᠭᠤᠯᠤᠭᠰᠠᠨ ᠣᠳᠣᠬᠢᠴᠢᠯᠠᠭᠰᠠᠨ ᠲᠣᠮᠣ ᠬᠡᠯᠪᠡᠷᠢ ᠶᠢᠨ ᠨᠡᠭᠦᠷᠡᠰᠦᠨ ᠠᠭᠤᠷᠬᠠᠶ | 2023 ᠣᠨ ᠤ 6 ᠰᠠᠷ᠎ᠠ ᠶᠢᠨ 22 ᠤᠨ ᠡᠳᠦᠷ | | |