ᠴᠢᠨᠠᠷ ᠰᠠᠶᠢᠲᠠᠶ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ ᠰᠢᠰᠲ᠋ᠧᠮ ᠢ ᠤᠯᠠᠮ ᠨᠢᠭᠡ ᠠᠯᠬᠤᠮ ᠪᠠᠶᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠵᠢᠯᠣᠭᠤᠳᠬᠤ ᠰᠠᠨᠠᠯ
ᠨᠡᠶᠢᠲᠡᠯᠡᠭᠰᠡᠨ ᠴᠠᠭ᠄
2023/7/20
      ᠲᠦᠷᠦ ᠠᠯᠪᠠᠨ ᠲᠠᠷᠬᠠᠭᠠᠭᠰᠠᠨ ︹2020︺ 19 ᠳ᠋ᠤᠭᠡᠷ ᠲᠣᠭᠠᠲᠤ      ᠡᠯ᠎ᠡ ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠲᠥᠷᠥ ᠶᠢᠨ ᠶᠠᠪᠤᠳᠠᠯ ᠤᠨ ᠬᠤᠷᠢᠶᠠᠨ ᠤ ᠡᠯ᠎ᠡ ᠶᠠᠮᠤᠨ ᠵᠥᠪᠯᠡᠯ᠂ ᠰᠢᠭᠤᠳ ᠬᠠᠷᠢᠶ᠎ᠠ ᠪᠠᠶᠢᠭᠤᠯᠤᠮᠵᠢ ᠨᠤᠭᠤᠳ ᠲᠤ᠄      ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠨᠢ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠳᠤ ᠴᠠᠬᠢᠯᠭᠠᠨ ᠰᠣᠯᠢᠬᠤ ᠦᠢᠯᠡᠴᠢᠯᠡᠭᠡ ᠬᠠᠩᠭᠠᠬᠤ ᠪᠣᠯ ᠴᠢᠬᠤᠯᠠ ᠵᠠᠮ ᠬᠠᠷᠢᠯᠴᠠᠭ᠎ᠠ ᠡᠨᠧᠷᠭᠢ ᠶᠢᠨ ᠠᠭᠤᠰᠤᠯᠴᠠᠯ ᠤᠨ ᠲᠥᠷᠥᠯ ᠤᠨ ᠰᠠᠭᠤᠷᠢ ᠪᠡᠯᠡᠳᠬᠡᠮᠵᠢ ᠪᠣᠯᠤᠨ᠎ᠠ᠃ ᠣᠶᠢᠷ᠎ᠠ ᠶᠢᠨ ᠵᠢᠯ ᠳᠤ ᠂ ᠮᠠᠨ ᠤ ᠤᠯᠤᠰ ᠤᠨ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠲᠦᠷᠭᠡᠨ ᠬᠥᠭᠵᠢᠵᠦ᠂ ᠳᠡᠯᠡᠬᠡᠶ ᠳᠠᠬᠢ ᠲᠤᠭ᠎ᠠ ᠬᠠᠮᠤᠭ ᠤᠨ ᠣᠯᠠᠨ᠂ ᠦᠢᠯᠡᠴᠢᠯᠡᠭᠡᠨ ᠤ ᠬᠡᠪᠴᠢᠶ᠎ᠡ ᠬᠠᠮᠤᠭ ᠤᠨ ᠥᠷᠭᠡᠨ᠂ ᠲᠥᠷᠥᠯ ᠬᠡᠯᠪᠡᠷᠢ ᠨᠢ ᠬᠠᠮᠤᠭ ᠤᠨ ᠪᠦᠷᠢᠨ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ ᠰᠢᠰᠲ᠋ᠧᠮ ᠢ ᠪᠠᠶᠢᠭᠤᠯᠵᠠᠶ᠃ ᠢᠷᠡᠭᠡᠳᠦᠶ ᠶᠢᠨ ᠰᠢᠨ᠎ᠡ ᠡᠨᠧᠷᠭᠢ ᠶᠢᠨ ᠮᠠᠰᠢᠨ ᠲᠡᠷᠭᠡ ᠢᠯᠠᠩᠭᠤᠶ᠎ᠠ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠤ ᠲᠦᠷᠭᠡᠨ ᠨᠡᠮᠡᠭᠳᠡᠯ ᠤᠨ ᠬᠠᠨᠳᠤᠰᠢ ᠶᠢ ᠪᠣᠳᠣᠯᠬᠢᠯᠠᠨ᠂ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠳᠤ ᠮᠥᠨ ᠬᠦ ᠪᠠᠶᠢᠷᠢᠰᠢᠭᠤᠯᠤᠯᠲᠠ ᠲᠡᠭᠦᠯᠳᠡᠷ ᠪᠤᠰᠤ᠂ ᠪᠦᠲᠦᠴᠡ ᠵᠦᠶ ᠵᠣᠬᠢᠰ ᠥᠬᠡᠶ᠂ ᠦᠢᠯᠡᠴᠢᠯᠡᠭᠡ ᠲᠡᠩᠴᠡᠭᠦᠷᠢᠲᠡᠶ ᠪᠤᠰᠤ᠂ ᠡᠵᠡᠩᠨᠡᠯᠲᠡ ᠵᠢᠷᠤᠮᠵᠢᠯ ᠥᠬᠡᠶ ᠵᠡᠷᠭᠡ ᠠᠰᠠᠭᠤᠳᠠᠯ ᠣᠷᠣᠰᠢᠵᠤ ᠪᠠᠶᠢᠨ᠎ᠠ᠃ ᠴᠢᠨᠠᠷ ᠰᠠᠶᠢᠲᠠᠶ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ ᠰᠢᠰᠲ᠋ᠧᠮ ᠢ ᠤᠯᠠᠮ ᠨᠢᠭᠡ ᠠᠯᠬᠤᠮ ᠪᠠᠶᠢᠭᠤᠯᠵᠤ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠶ᠋ᠯᠡᠰ ᠤᠨ ᠬᠥᠭᠵᠢᠯᠲᠡ ᠶᠢ ᠨᠠᠩ ᠰᠠᠶᠢᠲᠤᠷ ᠲᠤᠯᠭᠠᠭᠤᠷᠢᠯᠠᠵᠤ᠂ ᠮᠠᠰᠢᠨ ᠲᠡᠷᠭᠡ ᠵᠡᠷᠭᠡ ᠶᠡᠭᠡ ᠬᠡᠮᠵᠢᠶᠡᠨ ᠤ ᠬᠡᠷᠡᠭᠯᠡᠭᠡ ᠶᠢ ᠠᠬᠢᠭᠤᠯᠵᠤ᠂ ᠨᠡᠭᠦᠷᠡᠰᠦᠲᠥ᠋ᠷᠥᠭᠴᠢ ᠶᠢ ᠣᠷᠭᠢᠯ ᠬᠡᠮᠵᠢᠭᠳᠡᠯ ᠳᠤ ᠬᠦᠷᠭᠡᠬᠦ ᠬᠠᠷᠠᠯᠲᠠ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠬᠦ ᠶᠢᠨ ᠲᠥᠯᠥᠭᠡ᠂ ᠲᠥᠷᠥ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠡᠳ᠂ ᠡᠳᠦᠭᠡ ᠳᠣᠤᠷᠠᠬᠢ ᠰᠠᠨᠠᠯ ᠢ ᠳᠤᠷᠠᠳᠪᠠ᠃      ᠨᠢᠭᠡ᠂ ᠶᠡᠷᠦᠩᠬᠡᠢ ᠱᠠᠭᠠᠷᠳᠠᠯᠭ᠎ᠠ      ︵ᠨᠢᠭᠡ︶ ᠵᠢᠯᠣᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠨᠢᠭᠡᠳᠦᠯᠲᠡᠢ ᠲᠥᠯᠥᠪᠵᠢᠭᠦᠯᠦᠨ ᠰᠦᠪᠡᠭᠴᠢᠯᠡᠬᠦ ᠶᠢ ᠴᠢᠩᠭᠠᠳᠬᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠰᠦᠯᠵᠢᠶ᠎ᠡ ᠶᠢ ᠦᠷᠭᠦᠯᠵᠢᠯᠡᠨ ᠲᠡᠭᠦᠯᠳᠡᠷᠵᠢᠭᠦᠯᠵᠦ᠂ ᠲᠥᠬᠦᠭᠡᠷᠦᠮᠵᠢ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠴᠢᠨᠠᠷ ᠰᠠᠶᠢᠲᠠᠢ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ ᠰᠢᠰᠲ᠋ᠧᠮ ᠢ ᠴᠢᠨᠠᠭᠰᠢᠳᠠ ᠪᠠᠶᠢᠭᠤᠯᠵᠤ᠂ ᠠᠷᠠᠳ ᠤᠯᠠᠨ ᠤ ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠬᠤ ᠪᠠ ᠬᠡᠷᠡᠭᠯᠡᠬᠦ ᠬᠡᠷᠡᠭᠴᠡᠭᠡ ᠶᠢ ᠨᠡᠩ ᠰᠠᠶᠢᠲᠤᠷ ᠬᠠᠩᠭᠠᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢ ᠬᠤᠪᠢᠷᠠᠭᠤᠯᠬᠤ ᠪᠠ ᠣᠳᠣᠬᠢᠴᠢᠯᠠᠭᠰᠠᠨ ᠰᠠᠭᠤᠷᠢ ᠲᠥᠬᠦᠭᠡᠷᠦᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠬᠤ ᠳᠤ ᠬᠦᠴᠦ ᠨᠡᠮᠡᠷᠢᠯᠡᠨ᠎ᠡ᠃      ︵ᠬᠤᠶᠠᠷ︶ ᠦᠨᠳᠦᠰᠦᠨ ᠵᠠᠷᠴᠢᠮ᠃      ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠵᠤ᠃ ᠴᠠᠬᠢᠯᠭᠠᠨ ᠴᠡᠨᠡᠭᠯᠡᠬᠦ ᠰᠠᠭᠤᠷᠢ ᠪᠡᠯᠡᠳᠭᠡᠮᠵᠢ ᠶᠢᠨ ᠬᠦᠭᠵᠢᠯᠳᠡ ᠶᠢᠨ ᠦᠵᠦ ᠳᠥᠯᠥᠪᠯᠡᠭᠡ ᠶᠢ ᠴᠢᠩᠭᠠᠳᠬᠠᠵᠦ᠂ ᠪᠠᠶᠢᠭᠤᠯᠬᠤ ᠶᠣᠰᠣᠲᠠᠢ ᠶᠢ ᠨᠢ ᠴᠦᠮ ᠪᠠᠶᠢᠭᠤᠯᠬᠤ᠂ ᠲᠣᠬᠠᠢ ᠶᠢᠨ ᠭᠠᠵᠡᠷ ᠤᠨ ᠪᠠᠶᠢᠳᠡᠯ ᠳᠤᠨᠢ ᠲᠣᠬᠢᠷᠡᠭᠤᠯᠬᠤ᠂ ᠳᠡᠩᠴᠡᠬᠦᠷᠢᠳᠡᠢ ᠪᠦᠭᠡᠳ ᠵᠦᠢ ᠵᠣᠬᠢᠰᠳᠡᠢ ᠪᠠᠶᠢᠯᠭᠠᠬᠤ ᠶᠢ ᠪᠡᠷᠢᠮᠳᠡᠯᠡᠨ᠂ ᠭᠡᠪᠴᠢᠶ᠎ᠠ᠂ ᠲᠣᠣᠷ ᠰᠦᠯᠵᠢᠶ᠎ᠠ ᠶᠢᠨ ᠪᠦᠳᠦᠴᠠ᠂ ᠪᠠᠶᠢᠷᠢᠯᠠᠭᠤᠯᠬᠤ ᠴᠢᠳᠠᠮᠵᠢ ᠪᠠ ᠬᠦᠭᠵᠢᠯᠳᠡ ᠶᠢᠨ ᠵᠬᠠᠪᠤᠷ ᠢ ᠰᠢᠨᠵᠢᠯᠡᠬᠦ ᠣᠬᠠᠭᠠᠨᠴᠢ ᠪᠠᠷ ᠳᠥᠯᠥᠪᠯᠡᠨ ᠪᠦᠳᠦᠭᠡᠨ ᠪᠠᠶᠢᠭᠤᠯᠥᠨ᠎ᠠ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢ ᠦᠨᠳᠦᠰᠦᠯᠡᠨ᠂ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ ᠲᠥᠯᠥᠪᠵᠢᠭᠦᠯᠭᠡ ᠶᠢ ᠴᠠᠬᠢᠯᠭᠠᠨ ᠬᠦᠴᠦᠨ᠂ ᠵᠠᠮ ᠬᠠᠷᠢᠯᠴᠠᠭ᠎ᠠ ᠵᠡᠷᠭᠡ ᠲᠥᠯᠥᠪᠵᠢᠭᠦᠯᠭᠡ ᠯᠦᠭᠡ ᠨᠢᠭᠡ ᠴᠣᠭᠴᠠᠵᠢᠭᠤᠯᠤᠨ ᠵᠣᠯᠭᠠᠭᠤᠯᠬᠤ ᠶᠢ ᠠᠬᠢᠭᠤᠯᠤᠨ᠎ᠠ᠃      ᠵᠣᠬᠢᠬᠤ ᠬᠡᠮᠵᠢᠶ᠎ᠡ ᠪᠠᠷ ᠤᠷᠢᠳᠴᠢᠯᠠᠪ᠃ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠤ ᠬᠥᠭᠵᠢᠯᠲᠡ ᠶᠢᠨ ᠬᠠᠨᠳᠤᠰᠢ ᠲᠠᠢ ᠤᠶᠠᠯᠳᠤᠭᠤᠯᠤᠨ᠂ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠵᠣᠬᠢᠬᠤ ᠬᠡᠮᠵᠢᠶ᠎ᠡ ᠪᠠᠷ ᠤᠷᠢᠳᠴᠢᠯᠠᠨ ᠳᠣᠭᠢᠷᠠᠭᠤᠯᠵᠤ᠂ ᠶᠡᠷᠦᠩᠬᠡᠶ ᠬᠡᠮᠵᠢᠶᠡᠨ ᠤ ᠬᠡᠪᠴᠢᠶ᠎ᠡ᠂ ᠪᠦᠲᠦᠴᠡ ᠶᠢᠨ ᠴᠢᠳᠠᠮᠵᠢ᠂ ᠪᠥᠲᠥᠭᠡᠨ ᠪᠠᠶᠢᠭᠤᠯᠤᠯᠲᠠ ᠶᠢᠨ ᠣᠷᠣᠨ ᠵᠠᠶ ᠵᠡᠷᠭᠡ ᠲᠠᠯ᠎ᠠ ᠪᠠᠷ ᠡᠯᠪᠡᠭ ᠪᠠᠶᠠᠯᠢᠭ ᠦᠯᠡᠳᠡᠭᠡᠵᠦ᠂ ᠠᠳᠠᠯᠢ ᠪᠤᠰᠤ ᠬᠦᠷᠢᠶ᠎ᠡ ᠴᠠᠷᠠᠭ᠎ᠠ᠂ ᠠᠳᠠᠯᠢ ᠪᠤᠰᠤ ᠲᠠᠯᠠᠪᠤᠷ ᠴᠠᠬᠢᠯᠭᠠᠨ ᠴᠡᠨᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠬᠠᠩᠭᠠᠨ᠎ᠠ᠃ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ ᠪᠠᠷᠢᠮᠵᠢᠶ᠎ᠠ ᠶᠢᠨ ᠲᠣᠭᠲᠠᠯᠴᠠᠭ᠎ᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠳᠤᠮᠳᠠᠳᠤ ᠤᠯᠤᠰ ᠤᠨ ᠪᠠᠷᠢᠮᠵᠢᠶ᠎ᠠ ᠶᠢᠨ ᠳᠡᠯᠡᠬᠡᠶᠢᠵᠢᠯᠲᠡ ᠶᠢ ᠠᠬᠢᠭᠤᠯᠤᠨ᠎ᠠ᠃      ᠰᠢᠨ᠎ᠡ ᠶᠢ ᠡᠭᠦᠳᠦᠨ ᠠᠭᠤᠰᠤᠯᠴᠠᠭᠤᠯᠤᠨ᠎ᠠ᠃ ᠰᠢᠨ᠎ᠡ ᠶᠢ ᠡᠭᠦᠳᠬᠦ ᠨᠢᠭᠡᠳᠦᠭᠡᠷ ᠬᠦᠳᠡᠯᠭᠡᠬᠦ ᠬᠦᠴᠦᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠴᠠᠬᠢᠯᠭᠠᠨ ᠴᠡᠨᠡᠭᠯᠡᠬᠦ ᠰᠠᠭᠤᠷᠢ ᠪᠡᠯᠡᠳᠭᠡᠮᠵᠢ ᠶᠢᠨ ᠲᠣᠭᠠᠵᠢᠯᠲᠠ᠂ ᠤᠶᠤᠨᠴᠢᠯᠠᠯᠲᠠ᠂ ᠠᠭᠤᠰᠤᠯᠴᠠᠯ ᠤᠨ ᠬᠥᠭᠵᠢᠯᠲᠡ ᠶᠢᠨ ᠬᠢᠷᠢ ᠬᠡᠮᠵᠢᠶ᠎ᠠ ᠶᠢ ᠳᠡᠭᠡᠭᠰᠢᠯᠡᠭᠦᠯᠦᠨ᠂ ᠰᠢᠨ᠎ᠡ ᠮᠡᠷᠭᠡᠵᠢᠯ᠂ ᠰᠢᠨ᠎ᠡ ᠡᠵᠡᠩᠨᠡᠯᠲᠡ ᠶᠢᠨ ᠪᠠᠢᠳᠠᠯ᠂ ᠰᠢᠨ᠎ᠡ ᠵᠠᠭᠪᠤᠷ ᠢ ᠵᠣᠷᠢᠬᠵᠢᠭᠤᠯᠤᠨ ᠬᠥᠭᠵᠢᠭᠦᠯᠵᠦ᠂ ᠴᠠᠬᠢᠯᠭᠠᠨ ᠬᠦᠳᠡᠯᠭᠡᠭᠦᠷᠲᠦ ᠮᠠᠰᠢᠨ ᠲᠡᠷᠭᠡ ᠬᠢᠭᠡᠳ ᠴᠠᠬᠢᠯᠭᠠᠨ ᠴᠡᠨᠡᠭᠯᠡᠬᠦ ᠰᠠᠭᠤᠷᠢ ᠪᠡᠯᠡᠳᠭᠡᠮᠵᠢ ᠶᠢᠨ ᠲᠣᠣᠷ ᠰᠦᠯᠵᠢᠶ᠎ᠡ᠂ ᠴᠠᠬᠢᠯᠭᠠᠨ ᠬᠤᠯᠪᠣᠭᠠᠨ ᠤ ᠲᠣᠣᠷ ᠪᠣᠯᠣᠨ ᠵᠠᠮ ᠬᠠᠷᠢᠯᠴᠠᠭᠠᠨ ᠤ ᠲᠣᠣᠷ ᠰᠦᠯᠵᠢᠶ᠎ᠡ᠂ ᠴᠠᠬᠢᠯᠭᠠᠨ ᠬᠦᠴᠦᠨ ᠤ ᠲᠣᠣᠷ ᠵᠡᠷᠭᠡ ᠡᠨᠧᠷᠭᠢ ᠶᠢᠨ ᠬᠠᠷᠢᠯᠴᠠᠨ ᠨᠡᠪᠲᠡᠷᠡᠯᠴᠡᠬᠦ᠂ ᠮᠡᠳᠡᠭᠡ ᠵᠠᠩᠭᠢ ᠶᠢᠨ ᠬᠠᠷᠢᠯᠴᠠᠨ ᠨᠡᠪᠲᠡᠷᠡᠯᠴᠡᠬᠦ ᠶᠢ ᠠᠬᠢᠭᠤᠯᠬᠤ ᠬᠡᠷᠡᠭᠲᠡᠢ  ᠭᠡᠵᠡᠢ᠃      ᠠᠮᠤᠷ ᠲᠥᠪᠰᠢᠨ ᠳᠥᠭᠦᠮ ᠳᠥᠲᠡ᠃ ᠠᠮᠤᠷ ᠲᠦᠪᠰᠢᠨ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠶᠠᠰᠤ ᠴᠢᠨᠠᠷ ᠤᠨ ᠠᠮᠤᠷ ᠲᠦᠪᠰᠢᠨ᠂ ᠠᠵᠢᠯᠯᠠᠭᠠᠨ ᠤ ᠠᠮᠤᠷ ᠲᠦᠪᠰᠢᠨ ᠪᠣᠯᠤᠨ ᠮᠡᠳᠡᠭᠡ ᠵᠠᠩᠭᠢ ᠶᠢᠨ ᠠᠮᠤᠷ ᠲᠦᠪᠰᠢᠨ ᠢ ᠴᠢᠩᠭᠠᠳᠬᠠᠵᠤ᠂ ᠨᠠᠶᠢᠳᠠᠪᠤᠷᠢᠲᠤ ᠴᠢᠨᠠᠷ ᠪᠣᠯᠤᠨ ᠠᠶᠤᠯ ᠲᠦᠭᠰᠢᠭᠦᠷᠢ ᠶᠢ ᠰᠡᠷᠭᠡᠶᠢᠯᠡᠬᠦ ᠲᠦᠪᠰᠢᠨ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃ ᠴᠠᠬᠢᠯᠭᠠᠨ ᠴᠡᠨᠡᠭᠯᠡᠬᠦ ᠦᠢᠯᠡᠴᠢᠯᠡᠭᠡᠨ ᠤ ᠠᠵᠤ ᠠᠬᠤᠢ ᠶᠢᠨ ᠴᠢᠨᠠᠷ ᠪᠠ ᠳᠥᠭᠦᠮ ᠳᠥᠲᠡ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠣᠯᠠᠨ ᠶᠠᠩᠵᠤ ᠶᠢᠨ ᠪᠦᠲᠦᠮᠵᠢᠲᠡᠶ ᠬᠠᠩᠭᠠᠯᠭ᠎ᠠ ᠶᠢ ᠥᠷᠭᠡᠳᠬᠡᠨ᠂ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃      ︵ᠭᠤᠷᠪᠠ︶ ᠬᠥᠭᠵᠢᠯᠲᠡ ᠶᠢᠨ ᠬᠠᠷᠠᠯᠲᠠ᠃ 2030 ᠣᠨ ᠪᠣᠯᠬᠤ ᠳᠤ᠂ ᠬᠠᠮᠤᠷᠬᠤ ᠬᠡᠪᠴᠢᠶ᠎ᠡ ᠨᠢ ᠥᠷᠭᠡᠨ᠂ ᠬᠡᠪᠴᠢᠶ᠎ᠡ ᠨᠢ ᠲᠣᠬᠢᠷᠠᠮᠵᠢᠲᠠᠶ᠂ ᠪᠦᠲᠦᠴᠡ ᠨᠢ ᠵᠦᠶ ᠵᠣᠬᠢᠰᠲᠠᠶ᠂ ᠴᠢᠳᠠᠮᠵᠢ ᠨᠢ ᠪᠦᠷᠢᠨ ᠲᠡᠭᠦᠯᠳᠡᠷ ᠴᠢᠨᠠᠷ ᠰᠠᠶᠢᠲᠠᠶ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ ᠰᠢᠰᠲ᠋ᠧᠮᠵᠢ ᠶᠢ ᠦᠨᠳᠦᠰᠦᠨ ᠳᠡᠭᠡᠨ ᠪᠠᠶᠢᠭᠤᠯᠵᠤ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠬᠥᠭᠵᠢᠯᠲᠡ ᠳᠤ ᠬᠦᠴᠦᠲᠡᠶ ᠲᠤᠯᠭᠠᠭᠤᠷᠢᠯᠠᠨ᠂ ᠠᠷᠠᠳ ᠣᠯᠠᠨ ᠤ ᠶᠠᠪᠤᠵᠤ ᠰᠠᠭᠤᠬᠤ ᠳᠤ ᠴᠠᠬᠢᠯᠭᠠᠨ ᠴᠡᠨᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠪᠦᠲᠦᠮᠵᠢᠲᠡᠶ ᠬᠠᠩᠭᠠᠨ᠎ᠠ᠃ ᠬᠤᠲᠠ ᠶᠢᠨ ᠭᠠᠳᠠᠷᠭᠤ᠂ ᠵᠠᠰᠠᠮᠠᠯ ᠵᠠᠮ ᠤᠨ ᠱᠤᠭᠤᠮ ᠤᠨ ᠬᠡᠯᠪᠡᠷᠢ᠂ ᠬᠥᠳᠡᠭᠡ ᠲᠣᠰᠬᠤᠨ ᠤ ᠴᠡᠭᠯᠢᠭ ᠪᠠᠶᠢᠷᠢᠰᠢᠯ ᠤᠨ ᠴᠠᠬᠢᠯᠭᠠᠨ ᠴᠡᠨᠡᠭᠯᠡᠬᠦ ᠲᠣᠤᠷ ᠰᠦᠯᠵᠢᠶ᠎ᠡ ᠶᠢ ᠪᠥᠲᠥᠭᠡᠨ ᠪᠠᠶᠢᠭᠤᠯᠵᠤ᠂ ᠲᠣᠮᠣ ᠳᠤᠮᠳᠠ ᠬᠡᠯᠪᠡᠷᠢ ᠠᠴᠠ ᠳᠡᠭᠡᠭᠰᠢᠬᠢ ᠬᠤᠲᠠ ᠶᠢᠨ ᠡᠵᠡᠩᠨᠡᠯᠲᠡ ᠶᠢᠨ ᠴᠢᠨᠠᠷᠲᠠᠶ ᠲᠡᠷᠭᠡᠨ ᠵᠣᠭᠰᠣᠭᠠᠯ ᠤᠨ ᠴᠠᠬᠢᠯᠭᠠᠨ ᠴᠡᠨᠡᠭᠯᠡᠬᠦ ᠲᠦᠷᠢᠮᠵᠢᠭᠰᠡᠨ ᠲᠡᠷᠭᠡᠨ ᠪᠠᠶᠢᠷᠢ ᠶᠢᠨ ᠬᠠᠷᠢᠴᠠᠯ ᠢ ᠬᠤᠲᠠ ᠶᠢᠨ ᠳᠠᠩᠰᠠᠯᠠᠭᠤᠯᠤᠭᠰᠠᠨ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠤ ᠬᠠᠷᠢᠴᠠᠯ ᠠᠴᠠ ᠳᠠᠪᠠᠭᠤᠯᠬᠤ ᠪᠠᠷ ᠴᠢᠷᠮᠠᠶᠢᠵᠤ᠂ ᠬᠥᠳᠡᠭᠡ ᠲᠣᠰᠬᠤᠨ ᠤ ᠭᠠᠵᠠᠷ ᠣᠷᠣᠨ ᠤ ᠴᠠᠬᠢᠯᠭᠠᠨ ᠴᠡᠨᠡᠭᠯᠡᠬᠦ ᠦᠢᠯᠡᠴᠢᠯᠡᠭᠡᠨ ᠤ ᠪᠦᠷᠬᠦᠴᠡ ᠶᠢᠨ ᠨᠣᠷᠮ᠎ᠠ ᠶᠢ ᠯᠠᠪᠳᠠᠭᠤᠨ ᠢᠶᠠᠷ ᠳᠡᠭᠡᠭᠰᠢᠯᠡᠭᠦᠯᠦᠨ᠎ᠡ᠃ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠲᠦᠷᠭᠡᠨ ᠤᠳᠠᠭᠠᠨ ᠬᠠᠷᠢᠯᠴᠠᠨ ᠨᠥᠬᠦᠪᠥᠷᠢᠯᠡᠬᠦ᠂ ᠣᠶᠤᠨᠴᠢ ᠨᠡᠭᠡᠭᠡᠯᠲᠡ ᠬᠢᠬᠦ᠂ ᠴᠠᠬᠢᠯᠭᠠᠨ ᠴᠡᠨᠡᠭᠯᠡᠬᠦ ᠦᠶ᠋ᠯᠡᠴᠢᠯᠡᠭᠡ ᠨᠢ ᠠᠮᠤᠷ ᠲᠦᠪᠰᠢᠨ ᠨᠠᠶᠢᠳᠠᠪᠤᠷᠢᠲᠠᠶ ᠪᠠᠶᠢᠬᠤ᠂ ᠠᠵᠤ ᠠᠬᠤᠶ ᠳᠥᠭᠦᠮ ᠳᠥᠲᠡ᠂ ᠪᠠᠷᠢᠮᠵᠢᠶ᠎ᠠ ᠶᠢᠨ ᠵᠢᠷᠤᠮᠵᠢᠯ ᠪᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠦᠨᠳᠦᠰᠦᠨ ᠳᠡᠭᠡᠨ ᠲᠡᠭᠦᠯᠳᠡᠷᠵᠢᠭᠦᠯᠵᠦ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠪᠠ ᠵᠠᠰᠠᠯᠲᠠ ᠶᠢᠨ ᠴᠢᠳᠠᠪᠤᠷᠢ ᠶᠢ ᠦᠨᠳᠦᠰᠦᠨ ᠳᠡᠭᠡᠨ ᠣᠳᠣᠬᠢᠴᠢᠯᠠᠯᠲᠠ ᠶᠢ ᠪᠡᠶᠡᠯᠡᠭᠦᠯᠵᠦ᠂ ᠮᠡᠷᠭᠡᠵᠢᠯ ᠲᠣᠨᠤᠭ ᠲᠥᠬᠦᠭᠡᠷᠦᠮᠵᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠶᠢ ᠳᠡᠯᠡᠬᠡᠶ ᠶᠢᠨ ᠲᠡᠷᠢᠭᠦᠨ ᠤ ᠬᠢᠷᠢ ᠲᠦᠪᠰᠢᠨ ᠳᠤ ᠬᠦᠷᠭᠡᠪᠡ᠃      ᠬᠤᠶᠠᠷ᠂ ᠰᠦᠯᠵᠢᠶᠡᠨ ᠤ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ ᠲᠡᠭᠦᠯᠳᠡᠷᠵᠢᠭᠦᠯᠦᠨ᠎ᠡ      ︵ᠨᠢᠭᠡ᠂ ᠳᠥᠭᠦᠮ ᠳᠥᠲᠡ ᠥᠨᠳᠥᠷ ᠪᠦᠲᠦᠮᠵᠢᠲᠡᠶ ᠬᠤᠲᠠ ᠶᠢᠨ ᠬᠤᠭᠤᠷᠣᠨᠳᠣᠬᠢ ᠴᠠᠬᠢᠯᠭᠠᠨ ᠴᠡᠨᠡᠭᠯᠡᠬᠦ ᠲᠣᠤᠷ ᠰᠦᠯᠵᠢᠶ᠎ᠡ ᠶᠢ ᠪᠥᠲᠥᠭᠡᠨ ᠪᠠᠶᠢᠭᠤᠯᠤᠨ᠎ᠠ᠃ ᠤᠯᠤᠰ ᠤᠨ ᠶᠡᠷᠦᠩᠬᠡᠶᠢᠯᠡᠭᠰᠡᠨ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠲᠣᠣᠷ ᠤᠨ ︽6 ᠲᠡᠩᠭᠡᠯᠢᠭ 7 ᠬᠤᠩᠬᠢᠯ 8 ᠨᠡᠪᠲᠡᠷᠡᠬᠦ ᠵᠠᠮ︾ ᠤᠨ ᠭᠤᠣᠯ ᠨᠢᠷᠤᠭᠤ ᠪᠠᠷ ᠭᠤᠣᠯᠳᠠᠯᠭ᠎ᠠ ᠪᠣᠯᠭᠠᠵᠤ᠂ ᠭᠤᠣᠯᠳᠠᠯᠭ᠎ᠠ ᠲᠠᠢ ᠬᠤᠲᠠ ᠶᠢᠨ ᠬᠤᠭᠤᠷᠣᠨᠳᠣᠬᠢ ᠵᠠᠮ ᠤᠨ ᠲᠣᠣᠷ ᠤᠨ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠲᠦᠷᠭᠡᠨ ᠨᠥᠬᠦᠪᠦᠷᠢᠯᠡᠵᠦ᠂ ᠴᠠᠬᠢᠯᠭᠠᠨ ᠴᠡᠨᠡᠭᠯᠡᠬᠦ ᠱᠤᠭᠤᠮ ᠤᠨ ᠬᠤᠭᠤᠷᠣᠨᠳᠣᠬᠢ ᠪᠦᠲᠦᠮᠵᠢᠲᠡᠢ ᠵᠣᠯᠭᠠᠯᠴᠠᠭ᠎ᠠ ᠶᠢ ᠴᠢᠩᠭᠠᠳᠬᠠᠵᠤ᠂ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠤ ᠳᠣᠲᠣᠷᠠᠬᠢ ᠬᠤᠯᠠ ᠵᠠᠮ ᠤᠨ ᠠᠶᠠᠯᠠᠯ ᠤᠨ ᠬᠡᠷᠡᠭᠴᠡᠭᠡ ᠶᠢ ᠪᠦᠲᠦᠮᠵᠢᠲᠡᠢ ᠬᠠᠩᠭᠠᠬᠤ ᠬᠤᠳᠠ ᠶᠢᠨ ᠬᠤᠭᠤᠷᠣᠨᠳᠣᠬᠢ ᠴᠠᠬᠢᠯᠭᠠᠨ ᠴᠡᠨᠡᠭᠯᠡᠬᠦ ᠲᠣᠣᠷ ᠢ ᠪᠠᠶᠢᠭᠤᠯᠤᠨ᠎ᠠ᠃ ᠤᠯᠤᠰ ᠤᠨ ᠲᠦᠷᠭᠡᠨ ᠳᠠᠪᠬᠢᠬᠤ ᠵᠠᠰᠠᠮᠠᠯ ᠵᠠᠮ ᠤᠨ ᠲᠣᠤᠷ ᠤᠨ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ ᠪᠦᠷᠬᠦᠴᠡ ᠶᠢᠨ ᠥᠷᠭᠡᠴᠡ ᠶᠢ ᠥᠷᠭᠡᠳᠬᠡᠵᠦ᠂ ᠪᠡᠯᠡᠳᠬᠡᠮᠵᠢ ᠶᠢᠨ ᠴᠡᠭ ᠪᠠᠶᠢᠷᠢ ᠶᠢᠨ ᠪᠠᠶᠢᠷᠢᠰᠢᠯ ᠢ ᠨᠢᠭᠲᠠᠷᠠᠭᠤᠯᠤᠨ ᠰᠢᠯᠢᠳᠡᠭᠵᠢᠭᠦᠯᠵᠦ᠂ ᠵᠠᠩᠭᠢᠯᠠᠭ᠎ᠠ ᠶᠢᠨ ᠴᠡᠭ ᠲᠠᠬᠢ ᠴᠠᠬᠢᠯᠭᠠᠨ ᠴᠡᠨᠡᠭᠯᠡᠬᠦ ᠰᠦᠯᠵᠢᠶᠡᠨ ᠤ ᠵᠠᠯᠭᠠᠬᠤ ᠴᠢᠳᠠᠪᠤᠷᠢ ᠶᠢ ᠴᠢᠩᠭᠠᠷᠠᠭᠤᠯᠤᠨ᠎ᠠ᠃ ᠰᠢᠨ᠎ᠡ ᠪᠠᠷ ᠪᠠᠶᠢᠭᠤᠯᠬᠤ ᠳᠡᠭᠡᠳᠦ ᠬᠤᠷᠳᠤ ᠶᠢᠨ ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ ᠨᠢ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢ ᠵᠡᠷᠭᠡ ᠪᠠᠷ ᠪᠠᠶᠢᠭᠤᠯᠵᠤ᠂ ᠨᠢᠭᠡᠨᠲᠡ ᠪᠠᠶᠢᠭ᠎ᠠ ᠳᠡᠭᠡᠳᠦ ᠬᠤᠷᠳᠤ ᠶᠢᠨ ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ ᠤᠨ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ ᠥᠭᠡᠷᠡᠴᠢᠯᠡᠯᠲᠡ ᠶᠢ ᠲᠦᠷᠭᠡᠳᠬᠡᠨ᠂ ᠰᠢᠨ᠎ᠡ ᠪᠠᠷ ᠨᠡᠮᠡᠭᠳᠡᠭᠦᠯᠬᠦ ᠪᠡᠯᠡᠳᠬᠡᠮᠵᠢ ᠶᠢ ᠵᠠᠷᠴᠢᠮ ᠳᠡᠭᠡᠷ᠎ᠡ ᠪᠠᠨ ᠶᠡᠭᠡ ᠴᠢᠳᠠᠮᠵᠢ ᠲᠠᠢ ᠴᠠᠬᠢᠯᠭᠠᠨ ᠴᠡᠨᠡᠭᠯᠡᠬᠦ ᠮᠡᠷᠭᠡᠵᠢᠯ ᠢ ᠬᠡᠷᠡᠭᠯᠡᠵᠦ᠂ ᠳᠡᠭᠡᠳᠦ ᠬᠤᠷᠳᠤ ᠶᠢᠨ ᠵᠠᠰᠠᠮᠠᠯ ᠵᠠᠮ ᠤᠨ ᠦᠢᠯᠡᠴᠢᠯᠡᠭᠡᠨ ᠤ ᠲᠣᠭᠤᠷᠢᠭ ᠤᠨ ᠬᠠᠮᠢᠶ᠎ᠠ ᠪᠥᠬᠦᠶ ᠵᠢᠷᠤᠭ ᠲᠥᠯᠥᠪᠯᠡᠭᠡ ᠶᠢᠨ ᠪᠠᠷᠢᠮᠵᠢᠶ᠎ᠠ ᠬᠢᠭᠡᠳ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠵᠢᠷᠤᠮᠵᠢᠯ ᠢ ᠲᠡᠭᠦᠯᠳᠡᠷᠵᠢᠭᠦᠯᠬᠦ ᠬᠡᠷᠡᠭᠲᠡᠶ᠃ ᠨᠦᠬᠦᠴᠡᠯ ᠪᠦᠷᠢᠯᠳᠦᠬᠦᠯᠦᠭᠰᠡᠨ ᠤᠯᠤᠰ ᠤᠨ ᠪᠠ ᠮᠤᠵᠢ ᠶᠢᠨ ᠭᠤᠤᠯ ᠱᠤᠭᠤᠮ ᠤᠨ ᠵᠠᠰᠠᠮᠠᠯ ᠵᠠᠮ ᠤᠨ ᠦᠢᠯᠡᠴᠢᠯᠡᠭᠡᠨ ᠤ ᠲᠤᠭᠤᠷᠢᠭ ︵ᠦᠷᠳᠡᠭᠡ︶ ᠢ ᠠᠬᠢᠭᠤᠯᠤᠨ᠎ᠠ︶ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠵᠤ᠂ ᠵᠠᠰᠠᠮᠠᠯ ᠵᠠᠮ ᠳᠠᠭᠠᠤ ᠶᠢᠨ ᠴᠠᠬᠢᠯᠭᠠᠨ ᠴᠡᠨᠡᠭᠯᠡᠬᠦ ᠰᠠᠭᠤᠷᠢ ᠦᠢᠯᠡᠴᠢᠯᠡᠭᠡ ᠶᠢ ᠴᠢᠩᠭᠠᠳᠬᠠᠨ᠎ᠠ᠃      ︵ᠬᠤᠶᠠᠷ︶ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠬᠤᠲᠠ ᠶᠢᠨ ᠪᠥᠭᠡᠮᠨᠡᠷ ᠡᠯ ᠤᠨ ᠴᠠᠬᠢᠯᠭᠠᠨ ᠴᠡᠨᠡᠭᠯᠡᠬᠦ ᠲᠣᠣᠷ ᠰᠦᠯᠵᠢᠶ᠎ᠡ ᠶᠢ ᠪᠦᠲᠦᠭᠡᠨ ᠪᠠᠢᠭᠤᠯᠤᠶ᠎ᠠ᠃ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢ ᠨᠢᠭᠡᠳᠦᠯᠲᠡᠶ ᠲᠥᠯᠥᠪᠵᠢᠭᠦᠯᠵᠦ᠂ ᠬᠠᠮᠵᠢᠯᠴᠠᠨ ᠪᠥᠲᠥᠭᠡᠨ ᠪᠠᠶᠢᠭᠤᠯᠬᠤ ᠶᠢ ᠴᠢᠩᠭᠠᠳᠬᠠᠨ᠂ ᠠᠳᠠᠯᠢ ᠪᠤᠰᠤ ᠬᠤᠲᠠ ᠶᠢᠨ ᠴᠠᠬᠢᠯᠭᠠᠨ ᠴᠡᠨᠡᠭᠯᠡᠬᠦ ᠦᠢᠯᠡᠴᠢᠯᠡᠭᠡᠨ ᠤ ᠲᠤᠭ᠎ᠠ ᠪᠠᠷᠢᠮᠲᠠ ᠶᠢ ᠰᠣᠯᠢᠯᠴᠠᠨ ᠬᠠᠮᠲᠤ ᠪᠠᠷ ᠭᠥᠷᠳᠡᠬᠦ ᠶᠢ ᠴᠢᠩᠭᠠᠷᠠᠭᠤᠯᠵᠤ᠂ ᠴᠠᠬᠢᠯᠭᠠᠨ ᠴᠡᠨᠡᠭᠯᠡᠬᠦ ᠰᠦᠯᠵᠢᠶᠡᠨ ᠤ ᠣᠶᠤᠨᠴᠢᠯᠠᠭᠰᠠᠨ ᠲᠠᠰ ᠳᠡᠪᠰᠢᠭᠦᠯᠦᠨ ᠥᠭᠡᠷᠡᠴᠢᠯᠡᠬᠦ ᠶᠢ ᠲᠦᠷᠭᠡᠳᠬᠡᠨ᠂ ᠣᠷᠣᠨ ᠪᠦᠰᠡ ᠠᠯᠤᠰᠯᠠᠨ ᠴᠠᠬᠢᠯᠭᠠᠨ ᠴᠡᠨᠡᠭᠯᠡᠬᠦ ᠦᠢᠯᠡᠴᠢᠯᠡᠭᠡ ᠶᠢ ᠪᠦᠲᠦᠮᠵᠢᠲᠡᠶ ᠵᠣᠯᠭᠠᠭᠤᠯᠬᠤ ᠶᠢ ᠪᠡᠶᠡᠯᠡᠭᠦᠯᠵᠦ᠂ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡ ᠶᠢᠨ ᠬᠤᠲᠠ ᠶᠢᠨ ᠪᠥᠭᠡᠮᠨᠡᠷᠡᠯ᠂ ᠲᠣᠮᠣ ᠬᠤᠲᠠ ᠶᠢᠨ ᠲᠣᠭᠤᠷᠢᠭ ᠵᠢᠴᠢ ᠭᠤᠤᠯᠳᠠᠯᠭ᠎ᠠ ᠲᠠᠢ ᠬᠤᠲᠠ ᠶᠢᠨ ᠬᠤᠭᠤᠷᠣᠨᠳᠣᠬᠢ ᠨᠡᠪᠲᠡᠷᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠡᠭᠡᠵᠢᠩ ᠲᠢᠶᠠᠨᠵᠢᠨ ᠾᠧᠪᠧᠶ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ᠂ ᠴᠧᠩᠳᠦ᠋ ᠴᠦᠩᠴᠢᠩ ᠳᠤ ᠭᠠᠵᠠᠷ ᠣᠷᠣᠨ ᠤ ᠬᠤᠤᠰ ᠬᠤᠲᠠ ᠶᠢᠨ ᠠᠵᠤ ᠠᠬᠤᠢ ᠶᠢᠨ ᠬᠦᠷᠢᠶ᠎ᠡ ᠪᠠᠷ ᠭᠤᠣᠯᠳᠠᠯᠭ᠎ᠠ ᠪᠣᠯᠭᠠᠨ ᠴᠠᠬᠢᠯᠭᠠᠨ ᠴᠡᠨᠡᠭᠯᠡᠬᠦ ᠲᠣᠤᠷ ᠰᠦᠯᠵᠢᠶ᠎ᠡ ᠶᠢ ᠪᠠᠶᠢᠭᠤᠯᠵᠤ᠂ ᠬᠤᠯᠪᠣᠭᠠᠯᠠᠨ ᠨᠡᠪᠲᠡᠷᠡᠭᠦᠯᠬᠦ ᠣᠷᠣᠨ ᠪᠦᠰᠡ ᠶᠢᠨ ᠭᠤᠤᠯ ᠪᠣᠯᠬᠤ ᠬᠤᠲᠠ ᠶᠢᠨ ᠲᠦᠷᠭᠡᠨ ᠴᠡᠨᠡᠭᠯᠡᠬᠦ ᠲᠣᠤᠷ ᠰᠦᠯᠵᠢᠶ᠎ᠡ ᠶᠢ ᠪᠠᠶᠢᠭᠤᠯᠵᠤ᠂ ᠴᠠᠬᠢᠯᠭᠠᠨ ᠴᠡᠨᠡᠭᠯᠡᠬᠦ ᠮᠡᠷᠭᠡᠵᠢᠯ᠂ ᠪᠠᠷᠢᠮᠵᠢᠶ᠎ᠠ ᠪᠠ ᠦᠢᠯᠡᠴᠢᠯᠡᠭᠡ ᠶᠢ ᠳᠡᠯᠡᠬᠡᠶ ᠶᠢᠨ ᠲᠡᠷᠢᠭᠦᠨ ᠤ ᠬᠢᠷᠢ ᠲᠦᠪᠰᠢᠨ ᠳᠤ ᠬᠦᠷᠭᠡᠬᠦ ᠪᠠᠷ ᠴᠢᠷᠮᠠᠶᠢᠨ᠎ᠠ᠃      ︵ᠭᠤᠷᠪᠠ ︶᠂ ᠪᠦᠲᠦᠴᠡ ᠨᠢ ᠪᠦᠷᠢᠨ ᠲᠡᠭᠦᠯᠳᠡᠷ ᠬᠤᠲᠠ ᠶᠢᠨ ᠴᠠᠬᠢᠯᠭᠠᠨ ᠴᠡᠨᠡᠭᠯᠡᠬᠦ ᠲᠣᠤᠷ ᠰᠦᠯᠵᠢᠶ᠎ᠡ ᠶᠢ ᠪᠠᠶᠢᠭᠤᠯᠤᠨ᠎ᠠ᠃ ᠬᠤᠲᠠ ᠶᠢᠨ ᠵᠠᠮ ᠬᠠᠷᠢᠯᠴᠠᠭᠠᠨ ᠤ ᠲᠣᠣᠷ ᠰᠦᠯᠵᠢᠶ᠎ᠡ ᠪᠠᠷ ᠲᠦᠰᠢᠭ ᠪᠣᠯᠭᠠᠵᠤ᠂ ︽ᠬᠤᠶᠠᠷ ᠲᠣᠭᠤᠷᠢᠭ︾ ︵ᠣᠷᠣᠨ ᠰᠠᠭᠤᠴᠠ ᠶᠢᠨ ᠲᠣᠭᠤᠷᠢᠭ᠂ ᠠᠵᠢᠯᠯᠠᠬᠤ ᠲᠣᠭᠤᠷᠢᠭ︶᠂ ︽ᠭᠤᠷᠪᠠᠨ ᠲᠥᠪ︾ ︵ᠬᠤᠳᠠᠯᠳᠤᠭᠠᠨ ᠤ ᠲᠥᠪ᠂ ᠠᠵᠤ ᠦᠢᠯᠡᠳᠪᠦᠷᠢ ᠶᠢᠨ ᠲᠥᠪ᠂ ᠰᠡᠯᠡᠭᠦᠴᠡᠯ ᠤᠨ ᠲᠥᠪ︶ ᠭᠤᠤᠯᠳᠡᠯᠭ᠎ᠠ ᠪᠤᠯᠭᠠᠵᠦ᠂ ᠬᠤᠳᠡ ᠶᠢᠨ ᠴᠠᠬᠢᠯᠭᠠᠨ ᠴᠡᠨᠡᠭᠯᠡᠬᠦ ᠲᠣᠣᠷ ᠰᠦᠯᠵᠢᠶ᠎ᠠ ᠶᠢ ᠲᠥᠪ ᠬᠤᠳᠡ ᠶᠢᠨ ᠲᠤᠭᠤᠷᠢᠭ ᠠᠴᠠ ᠬᠤᠳᠡ ᠶᠢᠨ ᠬᠦᠪᠡᠭᠡ ᠳᠡᠰᠢ᠂ ᠣᠷᠢᠳᠡᠪᠡᠷ ᠬᠦᠭᠵᠢᠬᠦᠯᠬᠦ ᠣᠷᠣᠨ ᠪᠦᠰᠡ ᠠᠴᠠ ᠪᠣᠰᠣᠳ ᠣᠷᠣᠨ ᠪᠦᠰᠡ ᠲᠡᠰᠢ ᠡᠮᠬᠢ ᠵᠢᠷᠦᠮ ᠲᠠᠢ ᠪᠠᠷ ᠤᠷᠳᠤᠳᠬᠠᠬᠤ ᠶᠢ ᠠᠬᠢᠭᠤᠯᠥᠨ᠎ᠠ᠃ ᠬᠤᠲᠠ ᠶᠢᠨ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠬᠢᠭᠡᠳ ᠲᠡᠷᠭᠡ ᠵᠣᠭᠰᠣᠭᠠᠬᠤ ᠪᠡᠯᠡᠳᠬᠡᠮᠵᠢ ᠶᠢ ᠨᠢᠭᠡ ᠴᠣᠭᠴᠠᠵᠢᠭᠤᠯᠤᠨ ᠲᠥᠯᠥᠪᠵᠢᠭᠦᠯᠬᠦ᠂ ᠪᠦᠲᠦᠭᠡᠨ ᠪᠠᠶᠢᠭᠤᠯᠬᠤ ᠪᠠ ᠬᠠᠮᠢᠶᠠᠷᠬᠤ ᠶᠢ ᠶᠡᠬᠡᠪᠡᠷ ᠠᠬᠢᠭᠤᠯᠵᠤ᠂ ᠬᠤᠲᠠ ᠶᠢᠨ ᠡᠯ᠎ᠡ ᠲᠥᠷᠥᠯ ᠤᠨ ᠲᠡᠷᠭᠡ ᠵᠣᠭᠰᠣᠭᠠᠬᠤ ᠪᠠᠶᠢᠳᠠᠯ ᠢ ᠪᠥᠬᠦ ᠲᠠᠯ᠎ᠠ ᠪᠠᠷ ᠬᠠᠮᠤᠷᠬᠤ ᠶᠢ ᠪᠡᠶᠡᠯᠡᠭᠦᠯᠦᠨ᠎ᠡ᠃ ᠬᠤᠲᠠ ᠶᠢᠨ ᠵᠠᠮ ᠤᠨ ᠬᠥᠷᠰᠢ ᠵᠡᠷᠭᠡᠯᠡᠳᠡᠭᠡ ᠣᠷᠣᠨ ᠵᠠᠶ ᠶᠢ ᠵᠦᠶ ᠵᠣᠬᠢᠰᠲᠠᠶ ᠠᠰᠢᠭᠯᠠᠵᠤ᠂ ᠲᠦᠷᠭᠡᠨ ᠢᠶᠠᠷ ᠭᠤᠤᠯ ᠪᠣᠯᠭᠠᠬᠤ᠂ ᠤᠳᠠᠭᠠᠰᠢᠷᠠᠭᠤᠯᠬᠤ ᠪᠠᠷ ᠬᠠᠪᠰᠤᠷᠤᠮᠵᠢ ᠪᠣᠯᠭᠠᠭᠰᠠᠨ ᠣᠯᠠᠨ ᠨᠡᠶᠢᠲᠡ ᠶᠢᠨ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢ ᠪᠥᠲᠥᠭᠡᠨ ᠪᠠᠶᠢᠭᠤᠯᠵᠤ᠂ ᠵᠣᠬᠢᠬᠤ ᠬᠡᠪᠴᠢᠶ᠎ᠡ ᠲᠠᠢ ᠲᠥᠪᠯᠡᠷᠡᠩᠭᠦᠶ ᠮᠠᠶ᠋ᠢᠭ ᠤᠨ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢ ᠰᠢᠨ᠎ᠡ ᠪᠠᠷ ᠪᠠᠶᠢᠭᠤᠯᠬᠤ ᠶᠢ ᠵᠣᠷᠢᠭᠵᠢᠭᠤᠯᠤᠨ᠎ᠠ᠃ ᠣᠷᠣᠨ ᠰᠠᠭᠤᠴᠠ ᠶᠢᠨ ᠲᠣᠭᠤᠷᠢᠭ ᠲᠤ ᠣᠶᠤᠨᠴᠢ ᠡᠮᠬᠢ ᠵᠢᠷᠤᠮ ᠲᠠᠢ ᠤᠳᠠᠭᠠᠨ ᠴᠡᠨᠡᠭᠯᠡᠬᠦ ᠪᠠᠷ ᠭᠤᠣᠯ ᠪᠣᠯᠭᠠᠵᠤ᠂ ᠪᠠᠴᠢᠮ ᠪᠠᠶᠢᠳᠠᠯ ᠢ ᠠᠷᠭᠠᠴᠠᠬᠤ ᠳᠤ ᠲᠦᠷᠭᠡᠨ ᠪᠠᠶᠢᠬᠤ ᠪᠠᠷ ᠬᠠᠪᠰᠤᠷᠤᠮᠵᠢ ᠪᠣᠯᠭᠠᠭᠰᠠᠨ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢ ᠢᠳᠡᠪᠬᠢᠲᠡᠢ ᠳᠡᠯᠭᠡᠷᠡᠭᠦᠯᠦᠨ᠎ᠡ᠃ ᠠᠵᠢᠯᠯᠠᠬᠤ ᠲᠣᠭᠤᠷᠢᠭ ᠪᠠ ︽ᠭᠤᠷᠪᠠᠨ ᠲᠥᠪ︾ ᠵᠡᠷᠭᠡ ᠬᠤᠲᠠ ᠶᠢᠨ ᠲᠤᠰᠬᠠᠶ ᠬᠡᠷᠡᠭᠯᠡᠬᠦ ᠪᠠ ᠨᠡᠶᠢᠲᠡ ᠶᠢᠨ ᠬᠡᠷᠡᠭᠯᠡᠭᠡᠨ ᠤ ᠣᠷᠣᠨ ᠪᠦᠰᠡ ᠳᠤ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠲᠦᠷᠭᠡᠨ ᠤᠳᠠᠭᠠᠨ ᠤᠶᠠᠯᠳᠤᠭᠰᠠᠨ ᠣᠯᠠᠨ ᠨᠡᠶᠢᠲᠡ ᠶᠢᠨ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢ ᠪᠠᠶᠢᠷᠢᠰᠢᠭᠤᠯᠤᠨ ᠪᠥᠲᠥᠭᠡᠨ ᠪᠠᠶᠢᠭᠤᠯᠤᠨ᠎ᠠ᠃ ᠬᠤᠲᠠ ᠶᠢᠨ ᠴᠠᠬᠢᠯᠭᠠᠨ ᠴᠡᠨᠡᠭᠯᠡᠬᠦ ᠲᠣᠤᠷ ᠰᠦᠯᠵᠢᠶ᠎ᠡ ᠬᠢᠭᠡᠳ ᠬᠤᠲᠠ ᠶᠢᠨ ᠬᠤᠭᠤᠷᠣᠨᠳᠣᠬᠢ᠂ ᠬᠤᠲᠠ ᠶᠢᠨ ᠪᠥᠭᠡᠮᠨᠡᠷᠡᠯ᠂ ᠲᠣᠮᠣ ᠬᠤᠲᠠ ᠶᠢᠨ ᠲᠣᠭᠤᠷᠢᠭ ᠲᠤ ᠴᠠᠬᠢᠯᠭᠠᠨ ᠴᠡᠨᠡᠭᠯᠡᠬᠦ ᠲᠣᠤᠷ ᠰᠦᠯᠵᠢᠶ᠎ᠡ ᠶᠢ ᠪᠦᠲᠦᠮᠵᠢᠲᠡᠶ ᠵᠣᠯᠭᠠᠭᠤᠯᠬᠤ ᠶᠢ ᠠᠬᠢᠭᠤᠯᠤᠨ᠎ᠠ᠃      ︵ᠲᠦᠷᠪᠡ︶ ᠬᠥᠳᠡᠭᠡ ᠲᠣᠰᠬᠤᠨ ᠤ ᠴᠠᠬᠢᠯᠭᠠᠨ ᠴᠡᠨᠡᠭᠯᠡᠬᠦ ᠪᠦᠲᠦᠮᠵᠢᠲᠡᠶ ᠲᠣᠤᠷ ᠰᠦᠯᠵᠢᠶ᠎ᠡ ᠶᠢ ᠪᠠᠶᠢᠭᠤᠯᠬᠤ ᠬᠡᠷᠡᠭᠲᠡᠶ᠃ ᠬᠥᠳᠡᠭᠡ ᠲᠣᠰᠬᠤᠨ ᠤ ᠭᠠᠵᠠᠷ ᠣᠷᠣᠨ ᠤ ᠴᠠᠬᠢᠯᠭᠠᠨ ᠴᠡᠨᠡᠭᠯᠡᠬᠦ ᠲᠣᠤᠷ ᠰᠦᠯᠵᠢᠶ᠎ᠡ ᠬᠢᠭᠡᠳ ᠬᠤᠲᠠ᠂ ᠬᠤᠲᠠ ᠶᠢᠨ ᠬᠤᠭᠤᠷᠣᠨᠳᠣᠬᠢ ᠴᠠᠬᠢᠯᠭᠠᠨ ᠴᠡᠨᠡᠭᠯᠡᠬᠦ ᠲᠣᠤᠷ ᠰᠦᠯᠵᠢᠶ᠎ᠡ ᠶᠢᠨ ᠠᠭᠤᠰᠤᠯᠴᠠᠨ ᠬᠥᠭᠵᠢᠬᠦ ᠶᠢ ᠲᠦᠯᠬᠢᠨ ᠠᠬᠢᠭᠤᠯᠵᠤ᠂ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡ ᠬᠡᠷᠡᠭᠯᠡᠬᠦ ᠬᠥᠳᠡᠭᠡ ᠲᠣᠰᠬᠤᠨ ᠤ ᠭᠠᠵᠠᠷ ᠣᠷᠣᠨ ᠳᠤ ᠪᠦᠲᠦᠮᠵᠢᠲᠡᠶ ᠪᠦᠷᠬᠦᠴᠡ ᠶᠢ ᠲᠦᠷᠭᠡᠳᠬᠡᠨ ᠪᠡᠶᠡᠯᠡᠭᠦᠯᠦᠨ᠎ᠡ᠃ ᠰᠢᠶᠠᠨ ᠤ ᠱᠠᠲᠤᠨ ᠤ ᠬᠤᠲᠠ ᠶᠢᠨ ᠲᠣᠭᠤᠷᠢᠭ ᠲᠤ ᠣᠯᠠᠨ ᠨᠡᠶᠢᠲᠡ ᠶᠢᠨ ᠲᠣᠭᠲᠠᠮᠠᠯ ᠭᠥᠶᠥᠳᠡᠯᠳᠦ ᠲᠦᠷᠭᠡᠨ ᠭᠥᠶᠥᠬᠦ ᠦᠷᠲᠡᠭᠡ ᠪᠠᠶᠢᠭᠤᠯᠬᠤ ᠶᠢ ᠢᠳᠡᠪᠬᠢᠲᠡᠶ ᠪᠠᠷ ᠲᠦᠯᠬᠢᠨ ᠠᠬᠢᠭᠤᠯᠬᠤ ᠬᠡᠷᠡᠭᠲᠡᠶ᠃ ᠰᠢᠶᠠᠩ ᠲᠣᠰᠬᠤᠨ ᠤ ᠱᠠᠲᠤᠨ ᠤ ᠴᠠᠬᠢᠯᠭᠠᠨ ᠴᠡᠨᠡᠭᠯᠡᠬᠦ ᠰᠦᠯᠵᠢᠶᠡᠨ ᠤ ᠪᠦᠲᠦᠭᠡᠨ ᠪᠠᠶᠢᠭᠤᠯᠤᠯᠲᠠ ᠪᠠ ᠳᠠᠮᠵᠢᠭᠤᠯᠵᠤ ᠲᠦᠭᠡᠭᠡᠬᠦ ᠴᠠᠬᠢᠯᠭᠠᠨ ᠤ ᠲᠣᠣᠷ ᠤᠨ ᠬᠥᠭᠵᠢᠯᠲᠡ ᠲᠠᠢ ᠤᠶᠠᠯᠳᠤᠭᠤᠯᠤᠨ᠂ ᠲᠣᠮᠣ ᠬᠡᠯᠪᠡᠷᠢ ᠶᠢᠨ ᠲᠣᠰᠬᠤᠨ ᠪᠠᠯᠭᠠᠰᠤ᠂ ᠣᠨᠳᠣᠣ ᠭᠠᠵᠠᠷ ᠲᠤ ᠨᠡᠭᠦᠯᠭᠡᠵᠦ ᠲᠥᠪᠯᠡᠷᠡᠭᠦᠯᠦᠨ ᠲᠥᠪᠬᠢᠨᠡᠭᠦᠯᠬᠦ ᠣᠷᠣᠨ᠂ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ ᠪᠠᠯᠭᠠᠰᠤ ᠵᠡᠷᠭᠡ ᠳᠤ ᠴᠠᠬᠢᠯᠭᠠᠨ ᠴᠡᠨᠡᠭᠯᠡᠬᠦ ᠲᠣᠣᠷ ᠰᠦᠯᠵᠢᠶ᠎ᠡ ᠶᠢ ᠲᠥᠯᠥᠪᠵᠢᠭᠦᠯᠦᠨ ᠪᠠᠶᠢᠷᠢᠰᠢᠭᠤᠯᠬᠤ ᠶᠢ ᠲᠦᠷᠭᠡᠳᠬᠡᠵᠦ᠂ ᠰᠢᠶᠠᠩ ᠪᠠᠯᠭᠠᠰᠤᠨ ᠤ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠬᠤᠳᠠᠯᠳᠤᠭᠠᠨ ᠤ ᠪᠠᠷᠢᠯᠭ᠎ᠠ᠂ ᠵᠠᠮ ᠬᠠᠷᠢᠯᠴᠠᠭᠠᠨ ᠤ ᠵᠠᠩᠭᠢᠯᠠᠭ᠎ᠠ ᠶᠢᠨ ᠲᠠᠯᠠᠪᠤᠷ ᠥᠷᠲᠡᠭᠡ᠂ ᠤᠯᠠᠨ ᠨᠡᠶᠢᠲᠡ ᠶᠢᠨ ᠲᠡᠷᠭᠡᠨ ᠵᠣᠭᠰᠣᠭᠠᠯ᠂ ᠪᠠᠷᠠᠭᠠᠨ ᠤ ᠭᠦᠢᠯᠭᠡᠭᠡᠨ ᠤ ᠰᠠᠭᠤᠷᠢᠨ ᠭᠠᠵᠠᠷ ᠵᠡᠷᠭᠡ ᠣᠷᠣᠨ ᠪᠦᠰᠡ ᠳᠤ ᠤᠯᠠᠨ ᠨᠡᠶᠢᠲᠡ ᠶᠢᠨ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢ ᠪᠠᠶᠢᠷᠢᠰᠢᠭᠤᠯᠤᠨ ᠪᠦᠲᠦᠭᠡᠨ ᠪᠠᠶᠢᠭᠤᠯᠬᠤ ᠶᠢ ᠶᠡᠬᠡᠪᠡᠷ ᠲᠦᠯᠬᠢᠨ ᠠᠬᠢᠭᠤᠯᠤᠨ᠎ᠠ᠃ ᠰᠢᠶᠠᠨ ᠤ ᠬᠤᠲᠠ ᠪᠠᠷ ᠴᠢᠬᠤᠯᠠ ᠠᠴᠢᠶᠠᠯᠠᠪᠤᠷᠢ ᠪᠣᠯᠭᠠᠭᠰᠠᠨ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠲᠠᠢ ᠤᠶᠠᠯᠳᠤᠭᠤᠯᠵᠤ᠂ ᠰᠠᠭᠤᠷᠢ ᠪᠠᠷ ᠨᠡᠯᠢᠶᠡᠳ ᠰᠠᠶᠢᠨ ᠭᠠᠵᠠᠷ ᠣᠷᠣᠨ ᠳᠤ ᠬᠡᠷᠡᠭᠴᠡᠭᠡ ᠪᠠᠨ ᠦᠨᠳᠦᠰᠦᠯᠡᠨ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠡᠷᠡᠭᠯᠡᠭᠡᠨ ᠤ ᠵᠢᠱᠢᠶ᠎ᠡ ᠦᠵᠡᠭᠦᠯᠬᠦ ᠰᠢᠶᠠᠨ ᠪᠣᠯᠤᠨ ᠵᠢᠱᠢᠶ᠎ᠡ ᠦᠵᠡᠭᠦᠯᠬᠦ ᠰᠢᠶᠠᠩ ᠪᠠᠯᠭᠠᠰᠤ ᠶᠢ ᠡᠭᠦᠳᠦᠨ ᠪᠠᠶᠢᠭᠤᠯᠬᠤ ᠬᠡᠷᠡᠭᠲᠡᠶ᠃      ᠭᠤᠷᠪᠠ᠂ ᠭᠤᠤᠯᠳᠠᠯᠭ᠎ᠠ ᠲᠠᠢ ᠣᠷᠣᠨ ᠪᠦᠰᠡ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠬᠡᠷᠡᠭᠲᠡᠶ      ︵ᠨᠢᠭᠡ︶ ᠣᠷᠣᠨ ᠰᠠᠭᠤᠴᠠ ᠶᠢᠨ ᠲᠣᠭᠤᠷᠢᠭ ᠤᠨ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠶ ᠪᠠᠷ ᠲᠦᠯᠬᠢᠨ ᠠᠬᠢᠭᠤᠯᠤᠨ᠎ᠠ᠃ ᠨᠢᠭᠡᠨᠲᠡ ᠪᠠᠶᠢᠭ᠎ᠠ ᠣᠷᠣᠨ ᠰᠠᠭᠤᠴᠠ ᠶᠢᠨ ᠲᠣᠭᠤᠷᠢᠭ ᠲᠤ ᠲᠣᠭᠲᠠᠮᠠᠯ ᠲᠡᠷᠭᠡᠨ ᠪᠠᠶᠢᠷᠢ ᠶᠢᠨ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ ᠤᠭᠰᠠᠷᠠᠬᠤ ᠶᠣᠰᠣᠲᠠᠶ ᠶᠢ ᠨᠢ ᠴᠥᠮ ᠠᠴᠢᠶᠠᠯᠠᠬᠤ ᠶᠢ ᠲᠦᠷᠭᠡᠳᠬᠡᠨ ᠠᠬᠢᠭᠤᠯᠵᠤ᠂ ᠣᠯᠠᠨ ᠨᠡᠶᠢᠲᠡ ᠶᠢᠨ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢ ᠰᠢᠯᠢᠳᠡᠭᠵᠢᠭᠦᠯᠦᠨ ᠪᠠᠶᠢᠷᠢᠯᠠᠭᠤᠯᠤᠨ᠎ᠠ᠃ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠨᠢᠭᠡᠴᠡ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢ ᠳᠣᠭᠢᠷᠠᠭᠤᠯᠤᠨ ᠪᠠᠶᠢᠭᠤᠯᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠲᠣᠭᠲᠠᠮᠠᠯ ᠲᠡᠷᠭᠡᠨ ᠪᠠᠶᠢᠷᠢ ᠶᠢ ᠲᠣᠭᠲᠠᠭᠠᠯ ᠶᠣᠰᠣᠭᠠᠷ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢ ᠪᠥᠲᠥᠭᠡᠨ ᠪᠠᠶᠢᠭᠤᠯᠬᠤ ᠪᠤᠶᠤ ᠤᠭᠰᠠᠷᠠᠬᠤ ᠨᠥᠬᠦᠴᠡᠯ ᠢ 100% ᠪᠠᠷ ᠪᠥᠲᠥᠭᠡᠨ ᠪᠠᠶᠢᠭᠤᠯᠬᠤ ᠶᠢ ᠦᠨᠡᠨᠬᠦ ᠪᠠᠲᠤᠯᠠᠵᠤ᠂ ᠴᠠᠬᠢᠯᠭᠠᠨ ᠴᠠᠭ ᠤᠭᠰᠠᠷᠠᠵᠤ ᠴᠠᠬᠢᠯᠭᠠᠨ ᠵᠠᠯᠭᠠᠬᠤ ᠰᠢᠭᠤᠳ ᠱᠠᠭᠠᠷᠳᠠᠯᠭ᠎ᠠ ᠶᠢ ᠬᠠᠩᠭᠠᠨ᠎ᠠ᠃ ᠬᠤᠲᠠ ᠪᠠᠷ ᠨᠢᠭᠡᠴᠢ ᠪᠣᠯᠭᠠᠨ ᠣᠷᠣᠨ ᠰᠠᠭᠤᠴᠠ ᠶᠢᠨ ᠲᠣᠭᠤᠷᠢᠭ ᠤᠨ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠵᠦᠭᠯᠡᠭᠦᠷ ᠢ ᠲᠦᠷᠭᠡᠳᠬᠡᠨ ᠲᠣᠭᠲᠠᠭᠠᠵᠤ᠂ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠪᠠ ᠬᠠᠮᠢᠶᠠᠷᠤᠯᠲᠠ ᠶᠢᠨ ᠲᠠᠰ ᠳᠠᠷᠠᠭᠠᠯᠠᠯ ᠢ ᠰᠢᠯᠢᠳᠡᠭᠵᠢᠭᠦᠯᠦᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠰᠠᠭᠤᠭᠠᠯᠢ ᠠᠷᠠᠳ ᠤᠨ ᠵᠥᠪᠯᠡᠯ ᠵᠡᠷᠭᠡ ᠦᠨᠳᠦᠰᠦᠨ ᠱᠠᠲᠤᠨ ᠤ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ︽ᠨᠢᠭᠡ ᠥᠷᠲᠡᠭᠡ ᠮᠠᠶ᠋ᠢᠭ︾ ᠤᠨ ᠵᠣᠬᠢᠴᠠᠭᠤᠯᠤᠨ ᠠᠬᠢᠭᠤᠯᠬᠤ ᠪᠠ ᠵᠠᠭᠠᠯᠳᠤᠯᠭ᠎ᠠ ᠶᠢ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ᠎ᠠ᠃ ᠴᠠᠬᠢᠯᠭᠠᠨ ᠴᠡᠨᠡᠭᠯᠡᠬᠦ ᠡᠵᠡᠩᠨᠡᠯᠲᠡ ᠶᠢᠨ ᠠᠵᠤ ᠠᠬᠤᠶᠢᠯᠠᠯ ᠵᠡᠷᠭᠡ ᠶᠢᠨ ᠥᠮᠴᠢᠲᠡᠨ ᠤ ᠨᠠᠶᠢᠳᠠᠯᠭ᠎ᠠ ᠶᠢ ᠭᠥᠷᠳᠡᠬᠦ ᠶᠢ ᠵᠣᠷᠢᠭᠵᠢᠭᠤᠯᠵᠤ᠂ ᠣᠷᠣᠨ ᠰᠠᠭᠤᠴᠠ ᠶᠢᠨ ᠲᠣᠭᠤᠷᠢᠭ ᠤᠨ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ ︽ᠨᠢᠭᠡᠳᠦᠯᠲᠡᠶ ᠪᠠᠶᠢᠭᠤᠯᠵᠤ ᠨᠢᠭᠡᠳᠦᠯᠲᠡᠶ ᠦᠢᠯᠡᠴᠢᠯᠡᠬᠦ︾ ᠶᠢ ᠥᠷᠨᠢᠭᠦᠯᠵᠦ᠂ ᠪᠥᠲᠥᠭᠡᠨ ᠪᠠᠶᠢᠭᠤᠯᠬᠤ᠂ ᠡᠵᠡᠩᠨᠡᠬᠦ᠂ ᠬᠠᠮᠠᠭᠠᠯᠠᠬᠤ ᠵᠡᠷᠭᠡ ᠦᠢᠯᠡᠴᠢᠯᠡᠭᠡ ᠶᠢ ᠨᠢᠭᠡᠳᠦᠯᠲᠡᠶ ᠬᠠᠩᠭᠠᠨ᠎ᠠ᠃ ᠪᠦᠷᠢᠨ ᠪᠦᠲᠦᠨ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠤᠨ ᠠᠵᠢᠯ ᠲᠠᠢ ᠤᠶᠠᠯᠳᠤᠭᠤᠯᠤᠨ᠂ ᠲᠡᠷᠭᠡ ᠵᠣᠭᠰᠣᠭᠠᠬᠤ᠂ ᠴᠠᠬᠢᠯᠭᠠᠨ ᠴᠡᠨᠡᠭᠯᠡᠬᠦ ᠵᠡᠷᠭᠡ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠡᠮᠬᠢᠯᠡᠨ ᠨᠡᠶᠢᠯᠡᠭᠦᠯᠵᠦ ᠲᠦᠯᠬᠢᠨ ᠠᠬᠢᠭᠤᠯᠤᠨ᠎ᠠ᠃ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠬᠠᠭᠤᠴᠢᠨ ᠵᠢᠵᠢᠭ ᠲᠣᠭᠤᠷᠢᠭ ᠤᠨ ᠰᠠᠭᠤᠷᠢ ᠲᠥᠷᠥᠯ ᠤᠨ ᠪᠡᠯᠡᠳᠬᠡᠮᠵᠢ ᠶᠢᠨ ᠥᠭᠡᠷᠡᠴᠢᠯᠡᠯᠲᠡ ᠶᠢᠨ ᠬᠡᠪᠴᠢᠶᠡᠨ ᠳᠤ ᠣᠷᠣᠭᠤᠯᠬᠤ ᠶᠢ ᠵᠣᠷᠢᠭᠵᠢᠭᠤᠯᠬᠤ ᠶᠢᠨ ᠬᠠᠮᠲᠤ ᠢᠵᠢ ᠪᠥᠷᠢᠳᠦᠭᠦᠯᠦᠨ ᠴᠠᠬᠢᠯᠭᠠᠨ ᠲᠦᠭᠡᠭᠡᠬᠦ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠵᠡᠷᠭᠡ ᠳᠤᠨᠢ ᠥᠷᠨᠢᠭᠦᠯᠦᠨ᠎ᠡ᠃      ︵ᠬᠤᠶᠠᠷ ᠲᠤ᠂ ᠣᠯᠠᠨ ᠨᠡᠶᠢᠲᠡ ᠶᠢᠨ ᠣᠷᠣᠨ ᠪᠦᠰᠡ ᠶᠢᠨ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠤᠨ᠎ᠠ᠃ ︽ᠭᠤᠷᠪᠠᠨ ᠲᠥᠪ︾ ᠵᠡᠷᠭᠡ ᠪᠠᠷᠢᠯᠭ᠎ᠠ ᠪᠠᠷ ᠲᠡᠷᠭᠡᠨ ᠵᠣᠭᠰᠣᠭᠠᠯ ᠵᠢᠴᠢ ᠵᠠᠮ ᠬᠠᠷᠢᠯᠴᠠᠭᠠᠨ ᠤ ᠬᠦᠢᠰᠦ᠂ ᠲᠡᠷᠭᠡᠨ ᠳᠤ ᠰᠠᠭᠤᠵᠤ ᠲᠡᠷᠭᠡ ᠰᠣᠯᠢᠬᠤ ︵P+R︶ ᠵᠡᠷᠭᠡ ᠣᠯᠠᠨ ᠨᠡᠶᠢᠲᠡ ᠶᠢᠨ ᠲᠡᠷᠭᠡᠨ ᠵᠣᠭᠰᠣᠭᠠᠯ ᠢᠶᠠᠷ ᠭᠤᠤᠯᠳᠠᠯᠭ᠎ᠠ ᠪᠣᠯᠭᠠᠵᠤ᠂ ᠣᠯᠠᠨ ᠨᠡᠶᠢᠲᠡ ᠶᠢᠨ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢ ᠲᠦᠷᠭᠡᠳᠬᠡᠨ ᠪᠠᠶᠢᠭᠤᠯᠵᠤ᠂ ᠴᠠᠬᠢᠯᠭᠠᠨ ᠴᠡᠨᠡᠭᠯᠡᠬᠦ ᠡᠵᠡᠩᠨᠡᠯᠲᠡ ᠶᠢᠨ ᠠᠵᠤ ᠠᠬᠤᠶᠢᠯᠠᠯ ᠤᠨ ᠲᠦᠷᠭᠡᠨ ᠴᠡᠨᠡᠭᠯᠡᠬᠦ ᠪᠡᠯᠡᠳᠬᠡᠮᠵᠢ ᠶᠢᠨ ᠡᠵᠡᠯᠡᠬᠦ ᠬᠠᠷᠢᠴᠠᠯ ᠢᠶᠠᠨ ᠠᠯᠬᠤᠮ ᠠᠯᠬᠤᠮ ᠢᠶᠠᠷ ᠳᠡᠭᠡᠭᠰᠢᠯᠡᠭᠦᠯᠬᠦ ᠶᠢ ᠠᠬᠢᠭᠤᠯᠤᠨ᠎ᠠ᠃ ᠵᠠᠰᠠᠭ ᠤᠨ ᠣᠷᠳᠣᠨ ᠤ ᠪᠠᠶᠢᠭᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠵᠡᠷᠭᠡ ᠳᠣᠲᠣᠭᠠᠳᠤ ᠶᠢᠨ ᠲᠡᠷᠭᠡᠨ ᠵᠣᠭᠰᠣᠭᠠᠯ ᠳᠤ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢ ᠲᠦᠷᠭᠡᠪᠴᠢᠯᠡᠨ ᠲᠣᠬᠢᠷᠠᠭᠤᠯᠬᠤ ᠶᠢᠨ ᠬᠠᠮᠲᠤ ᠣᠯᠠᠨ ᠨᠡᠶᠢᠲᠡ ᠳᠤ ᠴᠢᠯᠦᠬᠡᠳᠡᠢ ᠨᠡᠭᠡᠭᠡᠬᠦ ᠶᠢ ᠵᠣᠷᠢᠭᠵᠢᠭᠤᠯᠤᠨ᠎ᠠ᠃ ᠠᠮᠤᠷ ᠲᠦᠪᠰᠢᠨ ᠢ ᠦᠨᠡᠨ ᠬᠦ ᠪᠠᠲᠤᠯᠠᠭᠰᠠᠨ ᠤᠷᠢᠲᠠᠯ ᠳᠣᠣᠷ᠎ᠠ᠂ ᠨᠥᠬᠦᠴᠡᠯ ᠪᠦᠷᠢᠯᠳᠦᠭᠦᠯᠦᠭᠰᠡᠨ ᠲᠣᠰᠣ ᠨᠡᠮᠡᠬᠦ ︵ᠬᠡᠢ︶ ᠥᠷᠲᠡᠭᠡ ᠳᠤ ᠣᠯᠠᠨ ᠨᠡᠶᠢᠲᠡ ᠶᠢᠨ ᠲᠦᠷᠭᠡᠨ ᠴᠡᠨᠡᠭᠯᠡᠬᠦ ᠪᠠ ᠴᠠᠬᠢᠯᠭᠠᠨ ᠰᠣᠯᠢᠬᠤ ᠲᠥᠬᠦᠭᠡᠷᠦᠮᠵᠢ ᠶᠢ ᠲᠣᠬᠢᠷᠠᠭᠤᠯᠤᠨ ᠪᠠᠶᠢᠭᠤᠯᠵᠤ᠂ ᠪᠦᠲᠦᠭᠡᠨ ᠪᠠᠶᠢᠭᠤᠯᠤᠯᠲᠠ ᠳᠤ ᠲᠣᠰᠣ ᠨᠡᠮᠡᠬᠦ ᠶᠢ ᠢᠳᠡᠪᠬᠢᠲᠡᠢ ᠲᠦᠯᠬᠢᠨ ᠠᠬᠢᠭᠤᠯᠤᠨ᠎ᠠ᠃︶ ᠴᠠᠬᠢᠯᠭᠠᠨ ᠴᠡᠨᠡᠭᠯᠡᠬᠦ ᠵᠡᠷᠭᠡ ᠲᠤᠬᠠᠶᠢᠯᠠᠭᠰᠠᠨ ᠠᠵᠢᠯ ᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠡᠨᠧᠷᠭᠢ ᠬᠠᠩᠭᠠᠬᠤ ᠦᠢᠯᠡᠴᠢᠯᠡᠭᠡᠨ ᠤ ᠥᠷᠲᠡᠭᠡ᠃ ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭ᠎ᠠ᠂ ᠲᠦᠷᠢᠶᠡᠰᠦᠯᠡᠭᠦᠯᠬᠦ᠂ ᠵᠠᠮ ᠤᠨ ᠠᠶᠠᠨᠴᠢᠳ ᠤᠨ ᠲᠡᠭᠡᠭᠡᠪᠦᠷᠢ᠂ ᠪᠠᠷᠠᠭᠠᠨ ᠤ ᠭᠦᠢᠯᠭᠡᠭᠡᠨ ᠵᠡᠷᠭᠡ ᠲᠤᠰᠬᠠᠶ ᠬᠡᠷᠡᠭᠯᠡᠬᠦ ᠲᠡᠷᠭᠡ ᠬᠥᠰᠬᠡ ᠶᠢᠨ ᠴᠠᠬᠢᠯᠭᠠᠨ ᠴᠡᠨᠡᠭᠯᠡᠬᠦ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ᠲᠡᠷᠭᠡ ᠵᠣᠭᠰᠣᠭᠠᠬᠤ ᠲᠠᠯᠠᠪᠠᠶ ᠥᠷᠲᠡᠭᠡ ᠵᠡᠷᠭᠡ ᠳᠤ ᠲᠤᠰᠬᠠᠶ ᠬᠡᠷᠡᠭᠯᠡᠬᠦ ᠴᠠᠬᠢᠯᠭᠠᠨ ᠴᠡᠨᠡᠭᠯᠡᠬᠦ ᠥᠷᠲᠡᠭᠡ ᠪᠠᠶᠢᠭᠤᠯᠬᠤ ᠶᠢ ᠲᠦᠷᠭᠡᠳᠬᠡᠨ᠎ᠡ᠃ ᠵᠢᠭᠤᠯᠴᠢᠯᠠᠯ ᠤᠨ ᠦᠵᠡᠮᠵᠢ ᠶᠢᠨ ᠣᠷᠣᠨ ᠤ ᠣᠯᠠᠨ ᠨᠡᠶᠢᠲᠡ ᠶᠢᠨ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ A ᠳᠡᠰ ᠠᠴᠠ ᠳᠡᠭᠡᠭᠰᠢᠬᠢ ᠦᠵᠡᠮᠵᠢ ᠶᠢᠨ ᠣᠷᠣᠨ ᠨᠢ ᠵᠢᠭᠤᠯᠴᠢᠯᠠᠭᠴᠢᠳ ᠤᠨ ᠬᠦᠯᠢᠶᠡᠨ ᠠᠪᠬᠤ ᠬᠡᠮᠵᠢᠶ᠎ᠡ ᠪᠠ ᠴᠠᠬᠢᠯᠭᠠᠨ ᠴᠡᠨᠡᠭᠯᠡᠬᠦ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢ ᠲᠣᠬᠢᠷᠠᠭᠤᠯᠤᠨ ᠪᠠᠶᠢᠭᠤᠯᠵᠤ᠂ 4A ᠳᠡᠰ ᠠᠴᠠ ᠳᠡᠭᠡᠭᠰᠢᠬᠢ ᠦᠵᠡᠮᠵᠢ ᠶᠢᠨ ᠣᠷᠣᠨ ᠳᠤ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠤ ᠣᠯᠠᠨ ᠨᠡᠶᠢᠲᠡ ᠶᠢᠨ ᠴᠠᠬᠢᠯᠭᠠᠨ ᠴᠡᠨᠡᠭᠯᠡᠬᠦ ᠣᠷᠣᠨ ᠪᠦᠰᠡ ᠶᠢ ᠪᠠᠶᠢᠭᠤᠯᠤᠨ᠎ᠠ᠃      ᠳᠥᠷᠪᠡ᠂ ᠡᠵᠡᠩᠨᠡᠯᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ      ︵ᠨᠢᠭᠡ︶ ᠨᠡᠶᠢᠭᠡᠮᠴᠢᠯᠡᠭᠰᠡᠨ ᠪᠦᠲᠦᠭᠡᠨ ᠪᠠᠶᠢᠭᠤᠯᠤᠯᠲᠠ ᠶᠢᠨ ᠡᠵᠡᠩᠨᠡᠯᠲᠡ ᠶᠢ ᠲᠦᠯᠬᠢᠨ ᠠᠬᠢᠭᠤᠯᠤᠨ᠎ᠠ᠃ ᠴᠠᠬᠢᠯᠭᠠᠨ ᠴᠡᠨᠡᠭᠯᠡᠬᠦ ᠰᠠᠭᠤᠷᠢ ᠪᠡᠯᠡᠳᠭᠡᠮᠵᠢ ᠶᠢᠨ ᠪᠡᠯᠡ ᠣᠷᠣᠭᠤᠯᠥᠯᠳᠡ ᠶᠢᠨ ᠣᠯᠡᠨ ᠡᠰᠢᠵᠢᠬᠦᠯᠬᠦ ᠶᠢ ᠠᠬᠢᠭᠤᠯᠵᠦ᠂ ᠡᠯ᠎ᠠ ᠳᠥᠷᠦᠯ ᠤᠨ ᠨᠡᠶᠢᠭᠡᠮ ᠤᠨ ᠬᠦᠷᠥᠩᠬᠡ ᠶᠢᠨ ᠪᠦᠳᠦᠭᠡᠨ ᠪᠠᠶᠢᠭᠤᠯᠥᠯᠳᠡ ᠡᠵᠡᠩᠨᠡᠯᠳᠡ ᠳᠤ ᠢᠳᠡᠪᠬᠢᠳᠡᠢ ᠪᠠᠷ ᠣᠷᠣᠯᠴᠠᠬᠤ ᠶᠢ ᠬᠦᠳᠦᠯᠥᠨ ᠵᠢᠯᠥᠭᠤᠳᠴᠥ᠂ ᠨᠢᠭᠡᠳᠦᠯᠳᠡᠢ ᠨᠡᠭᠡᠭᠡᠯᠳᠡ ᠬᠢᠬᠦ᠂ ᠦᠷᠢᠰᠦᠯᠳᠦᠬᠦ ᠡᠮᠬᠢ ᠵᠢᠷᠦᠮ ᠲᠠᠢ ᠴᠠᠬᠢᠯᠭᠠᠨ ᠴᠡᠨᠡᠭᠯᠡᠬᠦ ᠦᠢᠯᠡᠴᠢᠯᠡᠭᠡᠨ ᠤ ᠵᠠᠬ᠎ᠠ ᠳᠡᠯᠭᠡᠬᠦᠷ ᠢ ᠪᠦᠷᠢᠯᠳᠦᠬᠦᠯᠥᠨ᠎ᠠ᠃ ᠴᠠᠬᠢᠯᠭᠠᠨ ᠴᠡᠨᠡᠭᠯᠡᠬᠦ ᠳᠡᠷᠭᠡᠨ ᠤ ᠪᠠᠶᠢᠷᠢ ᠶᠢ ᠬᠠᠮᠳᠣᠪᠡᠷ ᠬᠦᠷᠲᠡᠬᠦ ᠵᠬᠠᠪᠤᠷ ᠢ ᠳᠡᠯᠭᠡᠷᠡᠬᠦᠯᠵᠦ᠂ ᠳᠡᠷᠭᠡᠨ ᠤ ᠪᠠᠶᠢᠷᠢ ᠪᠠ ᠴᠠᠬᠢᠯᠭᠠᠨ ᠴᠡᠨᠡᠭᠯᠡᠬᠦ ᠰᠠᠭᠤᠷᠢ ᠪᠡᠯᠡᠳᠭᠡᠮᠵᠢ ᠶᠢᠨ ᠠᠰᠢᠠᠠᠯᠠᠬᠤ ᠦᠷ᠎ᠠ ᠪᠦᠳᠦᠮᠵᠢ ᠶᠢ ᠳᠡᠭᠡᠭᠰᠢᠯᠡᠬᠦᠯᠥᠨ᠎ᠠ᠃ ᠴᠠᠬᠢᠯᠭᠠᠨ ᠴᠡᠨᠡᠭᠯᠡᠵᠦ ᠡᠵᠡᠩᠨᠡᠬᠦ ᠠᠵᠤ ᠠᠬᠤᠶᠢᠯᠠᠯ ᠬᠢᠭᠡᠳ ᠪᠦᠬᠦᠯᠢ ᠲᠡᠷᠭᠡᠨ ᠤ ᠠᠵᠤ ᠠᠬᠤᠶᠢᠯᠠᠯ᠂ ᠢᠨᠲ᠋ᠧᠷ ᠰᠦᠯᠵᠢᠶᠡᠨ ᠤ ᠠᠵᠤ ᠠᠬᠤᠶᠢᠯᠠᠯ ᠯᠤᠭ᠎ᠠ ᠬᠤᠳᠠᠯᠳᠤᠭᠠᠨ ᠤ ᠬᠠᠮᠲᠤᠷᠠᠯᠴᠠᠭᠠᠨ ᠤ ᠵᠠᠭᠪᠤᠷ ᠢ ᠢᠳᠡᠪᠬᠢᠲᠡᠶ ᠪᠠᠷ ᠬᠠᠶᠢᠨ ᠰᠦᠪᠡᠭᠴᠢᠯᠡᠬᠦ ᠶᠢ ᠵᠣᠷᠢᠭᠵᠢᠭᠤᠯᠤᠨ᠎ᠠ᠃ ᠬᠢᠨᠠᠨ ᠬᠡᠮᠵᠢᠵᠦ ᠰᠤᠳᠤᠯᠤᠨ ᠮᠠᠭᠠᠳᠯᠠᠬᠤ ᠪᠠᠨ ᠴᠢᠩᠭᠠᠳᠬᠠᠵᠤ᠂ ᠮᠠᠰᠢᠨ ᠲᠡᠷᠭᠡᠨ ᠤ ᠤᠷᠤᠰᠬᠠᠯ ᠤᠨ ᠬᠡᠮᠵᠢᠶ᠎ᠡ ᠨᠡᠯᠢᠶᠡᠳ ᠶᠡᠭᠡ ᠣᠷᠣᠨ ᠪᠦᠰᠡ᠂ ᠴᠢᠬᠤᠯᠠ ᠶᠡᠭᠡ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠵᠡᠷᠭᠡ ᠳᠤ ᠨᠡᠭᠦᠳᠡᠯ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢ ᠵᠣᠬᠢᠰᠲᠠᠶ ᠣᠷᠣᠭᠤᠯᠵᠤ᠂ ᠴᠠᠬᠢᠯᠭᠠᠨ ᠴᠡᠨᠡᠭᠯᠡᠬᠦ ᠰᠦᠯᠵᠢᠶᠡᠨ ᠤ ᠤᠶᠠᠨ ᠬᠠᠳᠠᠨ ᠴᠢᠨᠠᠷ ᠢ ᠴᠢᠩᠭᠠᠷᠠᠭᠤᠯᠤᠨ᠎ᠠ᠃      ︵ᠬᠤᠶᠠᠷ︶ ᠨᠢᠭᠡᠳᠦᠯᠲᠡᠢ ᠪᠠᠷᠢᠮᠵᠢᠶ᠎ᠠ ᠲᠣᠭᠲᠠᠭᠠᠵᠤ ᠬᠡᠷᠡᠭᠵᠢᠭᠦᠯᠦᠨ᠎ᠡ᠃ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠤ ᠤᠶᠤᠨᠴᠢᠯᠠᠯᠲᠠ᠂ ᠰᠦᠯᠵᠢᠶᠡᠨ ᠤ ᠬᠤᠯᠪᠣᠭᠠᠯᠠᠨ ᠬᠥᠭᠵᠢᠬᠦ ᠬᠠᠨᠳᠤᠰᠢ ᠪᠠ ᠰᠢᠨ᠎ᠡ ᠬᠡᠯᠪᠡᠷᠢ ᠶᠢᠨ ᠡᠨᠧᠷᠭᠢ ᠶᠢᠨ ᠲᠤᠭᠳᠠᠯᠴᠠᠭ᠎ᠠ ᠶᠢᠨ ᠪᠠᠶᠢᠭᠤᠯᠤᠯᠲᠠ ᠶᠢᠨ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ ᠪᠠᠷᠢᠮᠵᠢᠶ᠎ᠠ ᠶᠢᠨ ᠲᠤᠭᠳᠠᠯᠴᠠᠭ᠎ᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠠᠵᠢᠯᠯᠠᠭᠤᠯᠵᠤ ᠬᠠᠮᠠᠭᠠᠯᠠᠬᠤ᠂ ᠣᠶᠢᠯᠡᠳᠬᠦᠨ ᠤ ᠴᠢᠳᠠᠮᠵᠢ᠂ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠵᠡᠷᠭᠡ ᠪᠠᠷᠢᠮᠵᠢᠶ᠎ᠠ ᠶᠢᠨ ᠳᠠᠪᠬᠤᠴᠠᠬᠤ ᠰᠢᠨᠡᠴᠢᠯᠡᠯᠲᠡ ᠶᠢ ᠴᠢᠩᠭᠠᠳᠬᠠᠨ᠂ ᠲᠡᠷᠢᠭᠦᠨ ᠤ ᠴᠠᠬᠢᠯᠭᠠᠨ ᠴᠡᠨᠡᠭᠯᠡᠬᠦ ᠮᠡᠷᠭᠡᠵᠢᠯ ᠤᠨ ᠪᠠᠷᠢᠮᠵᠢᠶ᠎ᠠ ᠶᠢ ᠲᠣᠭᠲᠠᠭᠠᠵᠤ ᠵᠠᠰᠠᠪᠤᠷᠢ ᠣᠷᠣᠭᠤᠯᠬᠤ ᠶᠢ ᠲᠦᠷᠭᠡᠳᠬᠡᠵᠦ᠂ ᠪᠠᠷᠢᠮᠵᠢᠶ᠎ᠠ ᠶᠢᠨ ᠳᠡᠯᠡᠬᠡᠶᠢᠵᠢᠯᠲᠡ ᠶᠢᠨ ᠬᠥᠲᠥᠯᠥᠨ ᠳᠠᠭᠠᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠣᠶᠣᠨᠴᠢ ᠡᠮᠬᠢ ᠵᠢᠷᠣᠮ ᠲᠠᠢ ᠪᠠᠷ ᠴᠠᠬᠢᠯᠭᠠᠨ ᠴᠡᠨᠡᠭᠯᠡᠬᠦ ᠶᠢ ᠳᠡᠷᠬᠡ ᠪᠠᠭᠠᠨ᠎ᠠ ᠶᠢᠨ ᠦᠢᠯᠡᠳᠬᠦᠨ ᠤ ᠴᠢᠳᠠᠮᠵᠢ ᠶᠢᠨ ᠬᠦᠷᠢᠶ᠎ᠡ ᠭᠡᠪᠴᠢᠶ᠎ᠠ ᠳᠤ ᠣᠷᠣᠭᠤᠯᠬᠤ ᠶᠢ ᠵᠣᠷᠢᠠᠠᠵᠢᠭᠤᠯᠥᠨ᠎ᠠ᠃ ᠶᠡᠷᠦᠩᠬᠡᠶᠢᠯᠡᠭᠰᠡᠨ ᠡᠨᠧᠷᠭᠢ ᠬᠠᠩᠭᠠᠬᠤ ᠦᠢᠯᠡᠴᠢᠯᠡᠭᠡᠨ ᠤ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠪᠠ ᠬᠠᠮᠢᠶᠠᠷᠤᠯᠲᠠ ᠶᠢᠨ ᠳᠦᠷᠢᠮ ᠲᠣᠭᠲᠠᠭᠠᠬᠤ ᠶᠢ ᠠᠬᠢᠭᠤᠯᠤᠨ᠎ᠠ᠃ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠣᠨᠴᠣᠭᠤᠶ ᠠᠷᠭ᠎ᠠ ᠬᠡᠮᠵᠢᠶ᠎ᠡ ᠶᠢ ᠠᠭᠤᠵᠢᠭᠤ ᠲᠠᠯᠪᠢᠬᠤ ᠵᠡᠷᠭᠡ ᠲᠥᠷᠥ ᠶᠢᠨ ᠪᠣᠳᠣᠯᠭ᠎ᠠ ᠶᠢᠨ ᠪᠠᠭᠠᠵᠢ ᠪᠠᠷ ᠳᠠᠮᠵᠢᠭᠤᠯᠤᠨ᠂ ᠬᠤᠯᠪᠣᠭᠳᠠᠯ ᠪᠦᠬᠦᠢ ᠨᠢᠭᠡᠴᠡ ᠶᠢᠨ ᠬᠠᠮᠢᠶ᠎ᠠ ᠪᠦᠬᠦᠢ ᠪᠠᠷᠢᠮᠵᠢᠶ᠎ᠠ ᠶᠢ ᠤᠷᠢᠳᠠᠪᠠᠷ ᠲᠣᠭᠲᠠᠭᠠᠨ ᠬᠡᠷᠡᠭᠵᠢᠭᠦᠯᠬᠦ ᠶᠢ ᠵᠣᠷᠢᠭᠵᠢᠭᠤᠯᠤᠨ᠎ᠠ᠃      ︵ᠭᠤᠷᠪᠠ ︶᠂ ᠮᠡᠳᠡᠭᠡ ᠵᠠᠩᠭᠢ ᠶᠢᠨ ᠰᠦᠯᠵᠢᠶᠡᠨ ᠤ ᠲᠠᠪᠴᠠᠩ ᠢ ᠪᠠᠶᠢᠭᠤᠯᠤᠨ᠎ᠠ᠃ ᠤᠯᠤᠰ ᠤᠨ ᠴᠠᠬᠢᠯᠭᠠᠨ ᠴᠡᠨᠡᠭᠯᠡᠬᠦ ᠪᠡᠯᠡᠳᠬᠡᠮᠵᠢ ᠶᠢᠨ ᠬᠢᠨᠠᠨ ᠰᠢᠨᠵᠢᠬᠦ ᠦᠢᠯᠡᠴᠢᠯᠡᠭᠡᠨ ᠤ ᠲᠠᠪᠴᠠᠩ ᠪᠠᠶᠢᠭᠤᠯᠬᠤ ᠶᠢ ᠠᠬᠢᠭᠤᠯᠤᠨ᠎ᠠ᠃ ᠵᠠᠰᠠᠭ ᠤᠨ ᠣᠷᠳᠥᠨ ᠬᠦᠲᠦᠯᠦᠨ ᠵᠢᠯᠤᠭᠤᠳᠬᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ ᠶᠢ ᠪᠠᠷᠢᠮᠳᠠᠯᠠᠵᠤ᠂ ᠮᠣᠵᠢ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢ ᠵᠣᠷᠢᠭᠵᠢᠭᠤᠯᠤᠨ᠎ᠠ︶ ᠨᠢᠭᠡᠴᠡ ᠳᠤ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ ᠬᠢᠨᠠᠯᠲᠠ ᠬᠠᠮᠢᠶᠠᠷᠤᠯᠲᠠ ᠬᠢᠭᠡᠳ ᠡᠵᠡᠩᠨᠡᠯᠲᠡ ᠶᠢᠨ ᠦᠢᠯᠡᠴᠢᠯᠡᠭᠡᠨ ᠤ ᠲᠠᠪᠴᠠᠩ ᠪᠠᠶᠢᠭᠤᠯᠵᠤ᠂ ᠮᠤᠵᠢ ᠶᠢᠨ ᠱᠠᠲᠤᠨ ᠤ ᠲᠠᠪᠴᠠᠩ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠬᠦᠴᠦᠯᠡᠨ ᠴᠢᠩᠭᠠᠳᠬᠠᠨ᠎ᠠ᠃ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ ᠮᠡᠳᠡᠭᠡ ᠵᠠᠩᠭᠢ ᠰᠣᠯᠢᠯᠴᠠᠬᠤ ᠬᠡᠯᠡᠯᠴᠡᠭᠡᠷ ᠢ ᠨᠢᠭᠡᠳᠦᠯᠲᠡᠶ ᠪᠣᠯᠭᠠᠨ᠂ ᠮᠡᠳᠡᠭᠡ ᠵᠠᠩᠭᠢ ᠴᠤᠭᠯᠠᠭᠤᠯᠬᠤ ᠵᠠᠭᠠᠭ ᠬᠢᠵᠠᠭᠠᠷ ᠪᠠ ᠬᠡᠷᠡᠭᠯᠡᠬᠦ ᠬᠡᠪᠴᠢᠶ᠎ᠡ ᠶᠢ ᠲᠣᠳᠣᠷᠬᠠᠶᠢᠯᠠᠵᠤ᠂ ᠣᠯᠠᠨ ᠨᠡᠶᠢᠲᠡ ᠶᠢᠨ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢ ᠪᠥᠬᠦ ᠲᠠᠯ᠎ᠠ ᠪᠠᠷ ᠵᠠᠯᠭᠠᠨ ᠣᠷᠣᠭᠤᠯᠬᠤ ᠶᠢ ᠠᠬᠢᠭᠤᠯᠵᠤ᠂ ᠣᠷᠣᠨ ᠰᠠᠭᠤᠴᠠ ᠶᠢᠨ ᠲᠣᠭᠤᠷᠢᠭ ᠢ ︽ᠨᠢᠭᠡᠳᠦᠯᠲᠡᠶ ᠪᠠᠶᠢᠭᠤᠯᠵᠤ ᠨᠢᠭᠡᠳᠦᠯᠲᠡᠶ ᠦᠢᠯᠡᠴᠢᠯᠡᠬᠦ︾ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢ ᠡᠮᠬᠢ ᠵᠢᠷᠤᠮ ᠲᠠᠢ ᠪᠠᠷ ᠵᠠᠯᠭᠠᠨ ᠣᠷᠣᠭᠤᠯᠬᠤ ᠶᠢ ᠬᠥᠲᠥᠯᠦᠨ ᠵᠢᠯᠣᠭᠤᠳᠴᠤ᠂ ᠬᠤᠪᠢ ᠬᠥᠮᠦᠨ ᠤ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢ ᠰᠠᠶᠢᠨ ᠳᠤᠷ᠎ᠠ ᠠᠴᠠ ᠪᠠᠨ ᠵᠠᠯᠭᠠᠨ ᠣᠷᠣᠭᠤᠯᠬᠤ ᠶᠢ ᠵᠣᠷᠢᠭᠵᠢᠭᠤᠯᠤᠨ᠎ᠠ᠃ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡ᠂ ᠬᠤᠲᠠ ᠪᠠ ᠵᠠᠰᠠᠮᠠᠯ ᠵᠠᠮ ᠤᠨ ᠶᠠᠪᠤᠵᠤ ᠰᠠᠭᠤᠬᠤ ᠦᠢᠯᠡᠴᠢᠯᠡᠭᠡᠨ ᠤ ᠰᠦᠯᠵᠢᠶ᠎ᠡ ᠵᠡᠷᠭᠡ ᠲᠤᠭ᠎ᠠ ᠪᠠᠷᠢᠮᠲᠠ ᠲᠠᠢ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠴᠢᠩᠭᠠᠷᠠᠭᠤᠯᠵᠤ᠂ ᠢᠨᠲ᠋ᠧᠷ ᠰᠦᠯᠵᠢᠶᠡᠨ ᠤ ᠭᠠᠵᠠᠷ ᠤᠨ ᠵᠢᠷᠤᠭ ᠤᠨ ᠦᠢᠯᠡᠴᠢᠯᠡᠭᠡᠨ ᠤ ᠲᠠᠪᠴᠠᠩ ᠵᠡᠷᠭᠡ ᠣᠯᠠᠨ ᠵᠦᠢᠯ ᠤᠨ ᠳᠥᠭᠦᠮ ᠳᠥᠲᠡ ᠠᠷᠭ᠎ᠠ ᠵᠠᠮ ᠢᠶᠠᠷ ᠳᠠᠮᠵᠢᠭᠤᠯᠤᠨ᠂ ᠣᠯᠠᠨ ᠨᠡᠶᠢᠲᠡ ᠶᠢᠨ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ ᠪᠠᠶᠢᠷᠢᠯᠠᠭᠤᠯᠤᠯᠲᠠ ᠵᠢᠴᠢ ᠴᠠᠭ ᠲᠤᠬᠠᠶ ᠳᠤᠨᠢ ᠬᠡᠷᠡᠭᠯᠡᠭᠰᠡᠨ ᠪᠠᠶᠢᠳᠠᠯ ᠢ ᠨᠡᠶᠢᠲᠡᠯᠡᠬᠦ ᠬᠡᠷᠡᠭᠲᠡᠶ᠃      ︵ᠲᠦᠷᠪᠡ︶ ᠠᠵᠢᠯ ᠲᠥᠷᠥᠯ ᠤᠨ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠵᠤ᠃ ᠴᠠᠬᠢᠯᠭᠠᠨ ᠴᠡᠨᠡᠭᠯᠡᠬᠦ ᠰᠠᠭᠤᠷᠢ ᠪᠡᠯᠡᠳᠭᠡᠮᠵᠢ ᠶᠢᠨ ᠦᠢᠯᠡᠳᠪᠦᠷᠢᠯᠡᠵᠦ ᠦᠢᠯᠡᠳᠬᠦ᠂ ᠣᠠᠠᠰᠠᠷᠡᠵᠦ ᠪᠦᠳᠦᠭᠡᠨ ᠪᠠᠢᠭᠤᠯᠬᠤ᠂ ᠠᠵᠢᠯᠯᠠᠭᠤᠯᠵᠤ ᠬᠠᠮᠠᠭᠠᠯᠬᠠᠥ ᠠᠵᠦ ᠠᠬᠤᠶᠢᠯᠠᠯ ᠤᠨ ᠵᠦᠪᠰᠢᠶᠡᠷᠡᠨ ᠣᠷᠣᠭᠤᠯᠬᠤ ᠨᠦᠬᠦᠴᠡᠯ ᠪᠠ ᠬᠠᠮᠢᠶᠡᠷᠦᠯᠳᠡ ᠶᠢᠨ ᠳᠥᠷᠥ ᠶᠢᠨ ᠪᠤᠳᠣᠯᠭ᠎ᠠ ᠶᠢ ᠳᠡᠬᠦᠯᠳᠡᠷᠵᠢᠬᠦᠯᠵᠦ᠂ ᠬᠠᠮᠢᠶᠡᠷᠦᠯᠳᠡ ᠪᠠ ᠦᠢᠯᠡᠴᠢᠯᠡᠭᠡᠨ ᠤ ᠶᠠᠰᠣ ᠴᠢᠨᠡᠷ ᠢ ᠵᠢᠷᠦᠮᠵᠢᠭᠤᠯᠬᠤ ᠪᠠᠷ ᠭᠤᠤᠯᠳᠡᠯᠭ᠎ᠠ ᠲᠠᠢ ᠦᠨᠡᠯᠡᠬᠦ ᠰᠢᠰᠲ᠋ᠧᠮᠵᠢ ᠶᠢ ᠪᠠᠢᠭᠤᠯᠥᠨ᠂ ᠴᠠᠬᠢᠯᠭᠠᠨ ᠴᠡᠨᠡᠭᠯᠡᠬᠦ ᠳᠦᠬᠦᠭᠡᠷᠦᠮᠵᠢ ᠶᠢᠨ ᠦᠢᠯᠡᠳᠬᠦᠨ ᠤ ᠶᠠᠰᠣ ᠴᠢᠨᠡᠷ ᠢ ᠭᠡᠷᠡᠴᠢᠯᠡᠬᠦ ᠡᠵᠡᠩᠨᠡᠯᠳᠡ ᠶᠢᠨ ᠬᠤᠳᠠᠯᠳᠤᠭᠠᠴᠢᠨ ᠤ ᠮᠡᠳᠡᠭᠡ ᠵᠠᠩᠬᠢ ᠴᠣᠠᠠᠯᠠᠭᠤᠯᠬᠤ ᠳᠥᠷᠢᠮ ᠢ ᠪᠠᠢᠭᠤᠯᠬᠤ ᠶᠢ ᠠᠬᠢᠭᠤᠯᠥᠨ᠎ᠠ᠃ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡ᠂ ᠴᠠᠬᠢᠯᠭᠠᠨ ᠬᠥᠳᠡᠯᠭᠡᠭᠦᠷᠲᠦ ᠳ᠋ᠢᠶᠠᠨ ᡂᠢ ᠪᠣᠯᠤᠨ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠦᠢᠯᠡᠳᠪᠦᠷᠢᠯᠡᠬᠦ ᠠᠵᠤ ᠠᠬᠤᠶᠢᠯᠠᠯ ᠤᠨ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ᠂ ᠶᠠᠰᠤ ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠳᠠᠯᠠᠨ᠂ ᠭᠠᠯ ᠤᠨ ᠠᠶᠤᠯ᠂ ᠳᠡᠯᠪᠡᠷᠡᠯᠲᠡ ᠶᠢᠨ ᠠᠳᠡᠯ ᠤᠨ ᠬᠠᠷᠢᠭᠤᠴᠠᠯᠭ᠎ᠠ ᠶᠢ ᠭᠡᠳᠡᠷᠭᠦ ᠪᠠᠶᠢᠴᠠᠭᠠᠬᠤ ᠲᠦᠷᠢᠮ ᠢ ᠪᠠᠶᠢᠭᠤᠯᠤᠨ᠎ᠠ᠃ ᠴᠠᠬᠢᠯᠭᠠᠨ ᠴᠡᠨᠡᠭᠯᠡᠬᠦ ᠰᠠᠭᠤᠷᠢ ᠪᠡᠯᠡᠳᠭᠡᠮᠵᠢ ᠶᠢᠨ ᠠᠵᠢᠯᠯᠠᠭᠤᠯᠵᠤ ᠬᠠᠮᠠᠭᠠᠯᠠᠬᠤ ᠰᠢᠰᠲ᠋ᠧᠮᠵᠢ ᠶᠢ ᠳᠡᠬᠦᠯᠳᠡᠷᠵᠢᠬᠦᠯᠵᠦ᠂ ᠴᠠᠬᠢᠯᠭᠠᠨ ᠴᠡᠨᠡᠭᠯᠡᠬᠦ ᠡᠵᠡᠩᠨᠡᠯᠳᠡ ᠶᠢᠨ ᠠᠵᠦ ᠠᠬᠤᠶᠢᠯᠠᠯ ᠤᠨ ᠭᠤᠤᠯ ᠴᠣᠠᠠᠴᠠ ᠶᠢᠨ ᠬᠠᠷᠢᠭᠤᠴᠠᠯᠭ᠎ᠠ ᠶᠢ ᠨᠠᠶᠢᠳᠡᠪᠦᠷᠢᠵᠢᠭᠤᠯᠥᠨ᠂ ᠪᠡᠯᠡᠳᠭᠡᠮᠵᠢ ᠶᠢᠨ ᠭᠡᠷᠡᠭᠯᠡᠵᠦ ᠪᠤᠯᠬᠤ ᠨᠣᠷᠮ᠎ᠠ ᠪᠠ ᠰᠠᠭᠠᠳᠠᠯ ᠰᠢᠢᠳᠪᠦᠷᠢᠯᠡᠬᠦ ᠴᠢᠳᠡᠪᠦᠷᠢ ᠶᠢ ᠳᠡᠭᠡᠭᠰᠢᠯᠡᠬᠦᠯᠥᠨ᠎ᠠ᠃ ᠣᠷᠳᠣ ᠬᠤᠭᠤᠴᠠᠭ᠎ᠠ ᠪᠠᠷ ᠬᠦᠴᠦᠨ ᠥᠬᠡᠶ ᠪᠣᠯᠤᠭᠰᠠᠨ ᠴᠠᠬᠢᠯᠭᠠᠨ ᠴᠡᠨᠡᠭᠯᠡᠬᠦ ᠪᠠᠭᠠᠨ᠎ᠠ ᠶᠢ ᠮᠠᠭᠠᠳᠯᠠᠨ ᠲᠣᠭᠲᠠᠭᠠᠬᠤ ᠪᠠᠷᠢᠮᠵᠢᠶ᠎ᠠ ᠪᠠ ᠬᠠᠮᠢᠶᠠᠷᠤᠯᠲᠠ ᠶᠢᠨ ᠠᠷᠭ᠎ᠠ ᠶᠢ ᠲᠣᠳᠣᠷᠬᠠᠶᠢᠯᠠᠵᠤ᠂ ᠪᠤᠴᠠᠭᠠᠨ ᠭᠠᠷᠭᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠴᠠᠬᠢᠯᠭᠠᠨ ᠴᠡᠨᠡᠭᠯᠡᠬᠦ ᠰᠠᠭᠤᠷᠢ ᠪᠡᠯᠡᠳᠭᠡᠮᠵᠢ ᠳᠤ ᠪᠡᠯᠡ ᠣᠷᠤᠭᠤᠯᠥᠨ ᠠᠵᠢᠯᠯᠠᠭᠤᠯᠵᠤ ᠪᠠᠶᠢᠭᠠᠳ ᠠᠵᠤ ᠠᠬᠤᠶᠢᠯᠠᠯ ᠤᠨ ᠦᠢᠯᠡᠳᠬᠦᠨ ᠤ ᠬᠠᠷᠢᠭᠤᠴᠠᠯᠭ᠎ᠠ ᠶᠢᠨ ᠳᠠᠭᠠᠳᠬᠠᠯ ᠳᠤ ᠣᠷᠤᠭᠤᠯᠤᠨ᠎ᠠ᠃      ᠲᠠᠪᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠬᠥᠲᠥᠯᠥᠨ ᠳᠠᠭᠠᠭᠤᠯᠬᠤ ᠶᠢ ᠴᠢᠩᠭᠠᠳᠬᠠᠨ᠎ᠠ      ︵ᠨᠢᠭᠡ︶ ᠲᠡᠷᠭᠡᠨ ᠰᠦᠯᠵᠢᠶ᠎ᠡ ᠶᠢᠨ ᠬᠤᠣᠰ ᠴᠢᠭᠯᠡᠯ ᠤᠨ ᠬᠠᠷᠢᠯᠴᠠᠨ ᠠᠬᠢᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠣᠶᠤᠨᠴᠢ ᠪᠠᠷ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢ ᠶᠡᠬᠡᠪᠡᠷ ᠳᠡᠯᠭᠡᠷᠡᠭᠦᠯᠦᠨ ᠬᠡᠷᠡᠭᠯᠡᠵᠦ᠂ ᠰᠢᠨ᠎ᠡ ᠪᠠᠷ ᠪᠠᠶᠢᠭᠤᠯᠤᠭᠰᠠᠨ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠳᠤ ᠵᠠᠷᠴᠢᠮ ᠳᠡᠭᠡᠷ᠎ᠡ ᠪᠠᠨ ᠣᠶᠤᠨᠴᠢᠯᠠᠭᠰᠠᠨ ᠪᠡᠯᠡᠳᠬᠡᠮᠵᠢ ᠶᠢ ᠬᠡᠷᠡᠭᠯᠡᠵᠦ᠂ ᠨᠢᠭᠡᠨᠲᠡ ᠪᠠᠶᠢᠭ᠎ᠠ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ ᠤᠶᠤᠨᠴᠢᠯᠠᠭᠰᠠᠨ ᠥᠭᠡᠷᠡᠴᠢᠯᠡᠯᠲᠡ ᠶᠢ ᠠᠬᠢᠭᠤᠯᠤᠨ᠎ᠠ᠃ ᠴᠠᠬᠢᠯᠭᠠᠨ ᠲᠦᠭᠡᠭᠡᠬᠦ ᠲᠣᠤᠷ ᠤᠨ ᠤᠶᠤᠨᠴᠢᠯᠠᠭᠰᠠᠨ ᠥᠭᠡᠷᠡᠴᠢᠯᠡᠯᠲᠡ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠦᠢᠯᠡ ᠠᠵᠢᠯᠯᠠᠭ᠎ᠠ ᠶᠢ ᠲᠣᠬᠢᠷᠠᠭᠤᠯᠤᠨ ᠡᠵᠡᠮᠳᠡᠬᠦ ᠴᠢᠳᠠᠪᠤᠷᠢ ᠶᠢ ᠴᠢᠩᠭᠠᠷᠠᠭᠤᠯᠬᠤ ᠬᠡᠷᠡᠭᠲᠡᠶ᠃ ᠴᠠᠬᠢᠯᠭᠠᠨ ᠬᠢᠮᠢ ᠶᠢᠨ ᠡᠨᠧᠷᠭᠢ ᠬᠠᠳᠠᠭᠠᠯᠠᠬᠤ ᠰᠢᠰᠲ᠋ᠧᠮ ᠳᠠᠬᠢ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡ ᠬᠢᠭᠡᠳ ᠴᠠᠬᠢᠯᠭᠠᠨ ᠲᠣᠣᠷ ᠤᠨ ᠡᠨᠧᠷᠭᠢ ᠶᠢᠨ ᠬᠠᠷᠢᠯᠴᠠᠨ ᠬᠥᠳᠡᠯᠦᠯᠴᠡᠬᠦ ᠶᠢ ᠴᠢᠩᠭᠠᠳᠬᠠᠨ᠂ ᠴᠠᠬᠢᠯᠭᠠᠨ ᠲᠣᠣᠷ ᠤᠨ ᠣᠷᠭᠢᠯ ᠢ ᠲᠣᠬᠢᠷᠠᠭᠤᠯᠵᠤ ᠳᠠᠪᠲᠠᠮᠵᠢ ᠶᠢ ᠲᠣᠬᠢᠷᠠᠭᠤᠯᠬᠤ᠂ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠬᠤ ᠵᠡᠷᠭᠡ ᠴᠤᠤᠷᠢᠶᠠᠲᠤᠨ ᠳᠠᠭᠠᠬᠤ ᠴᠢᠳᠠᠪᠤᠷᠢ ᠶᠢ ᠳᠡᠭᠡᠭᠰᠢᠯᠡᠭᠦᠯᠵᠦ᠂ ᠮᠠᠰᠢᠨ ᠲᠡᠷᠭᠡᠨ ᠤ ᠲᠣᠣᠷ ᠬᠤᠯᠪᠣᠬᠤ᠂ ᠮᠠᠰᠢᠨ ᠲᠡᠷᠭᠡᠨ ᠤ ᠲᠣᠣᠷ ᠬᠥᠳᠡᠯᠦᠯᠴᠡᠬᠦ᠂ ᠡᠬᠢ ᠰᠤᠷᠪᠤᠯᠵᠢ ᠶᠢᠨ ᠲᠣᠣᠷ ᠤᠨ ᠳᠠᠭᠠᠭᠠᠴᠠ ᠶᠢ ᠨᠢᠭᠡ ᠴᠤᠭᠴᠠᠵᠢᠭᠤᠯᠬᠤ᠂ ᠭᠡᠷᠡᠯ ᠨᠦᠭᠡᠴᠡ ᠶᠢ ᠳᠡᠭᠡᠭᠰᠢᠯᠡᠭᠦᠯᠬᠦ ᠵᠡᠷᠭᠡ ᠲᠤᠷᠰᠢᠯᠲᠠ ᠶᠢᠨ ᠴᠢᠭ᠋ ᠤᠨ ᠵᠢᠱᠢᠶ᠎ᠡ ᠦᠵᠡᠭᠦᠯᠬᠦ ᠶᠢ ᠲᠦᠯᠬᠢᠨ ᠠᠬᠢᠭᠤᠯᠤᠨ᠎ᠠ᠃      ︵ᠬᠤᠶᠠᠷ︶ ᠰᠢᠨ᠎ᠡ ᠮᠡᠷᠭᠡᠵᠢᠯ ᠤᠨ ᠰᠢᠨ᠎ᠡ ᠶᠢ ᠡᠭᠦᠳᠦᠨ ᠬᠡᠷᠡᠭᠯᠡᠬᠦ ᠶᠢ ᠵᠣᠷᠢᠬᠵᠢᠭᠤᠯᠤᠨ᠎ᠠ᠃ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠡᠷᠭᠡ᠂ ᠪᠠᠭᠠᠨ᠎ᠠ᠂ ᠰᠦᠯᠵᠢᠶᠡᠨ ᠤ ᠣᠶᠤᠨᠴᠢ ᠠᠭᠤᠰᠤᠯᠴᠠᠨ ᠰᠢᠨ᠎ᠡ ᠶᠢ ᠡᠭᠦᠳᠬᠦ ᠲᠠᠪᠴᠠᠩ ᠢ ᠴᠣᠭᠴᠠᠯᠠᠨ ᠪᠠᠶᠢᠭᠤᠯᠤᠨ᠎ᠠ᠃ ᠲᠦᠷᠭᠡᠨ ᠴᠡᠨᠡᠭᠯᠡᠬᠦ᠂ ᠶᠡᠭᠡ ᠴᠢᠳᠠᠯ ᠢᠶᠠᠷ ᠴᠠᠬᠢᠯᠭᠠᠨ ᠴᠡᠨᠡᠭᠯᠡᠬᠦ᠂ ᠣᠶᠤᠨᠴᠢ ᠪᠠᠷ ᠡᠮᠬᠢ ᠵᠢᠷᠤᠮ ᠲᠠᠢ ᠪᠠᠷ ᠴᠠᠬᠢᠯᠭᠠᠨ ᠴᠡᠨᠡᠭᠯᠡᠬᠦ᠂ ᠤᠲᠠᠰᠤ ᠦᠭᠡᠢ ᠪᠠᠷ ᠴᠠᠬᠢᠯᠭᠠᠨ ᠴᠡᠨᠡᠭᠯᠡᠬᠦ᠂ ᠭᠡᠷᠡᠯ ᠴᠡᠨᠡᠭᠯᠡᠬᠦ ᠶᠢ ᠬᠠᠮᠵᠢᠯᠴᠠᠨ ᠡᠵᠡᠮᠳᠡᠬᠦ ᠵᠡᠷᠭᠡ ᠮᠡᠷᠭᠡᠵᠢᠯ ᠤᠨ ᠰᠤᠳᠤᠯᠭᠠᠨ ᠢ ᠲᠦᠷᠭᠡᠳᠬᠡᠨ ᠠᠬᠢᠭᠤᠯᠵᠤ᠂ ᠷᠠᠳᠢᠣ᠋ ᠴᠠᠬᠢᠯᠭᠠᠨ ᠴᠡᠨᠡᠭᠯᠡᠬᠦ ᠱᠤᠭᠤᠮ ᠵᠢᠴᠢ ᠲᠡᠷᠭᠡᠨ ᠤ ᠪᠠᠶᠢᠷᠢ ᠶᠢ ᠵᠢᠱᠢᠶ᠎ᠡ ᠦᠵᠡᠭᠦᠯᠦᠨ ᠪᠠᠶᠢᠭᠤᠯᠤᠨ᠎ᠠ᠃ ᠮᠡᠳᠡᠭᠡ ᠵᠠᠩᠭᠢ ᠶᠢ ᠬᠠᠮᠲᠤ ᠳᠠᠭᠠᠨ ᠡᠳ᠋ᠯᠡᠬᠦ ᠬᠢᠭᠡᠳ ᠨᠢᠭᠡᠳᠦᠯᠲᠡᠶ ᠳ᠋ᠦᠩᠨᠡᠨ ᠪᠣᠳᠣᠬᠤ ᠰᠢᠰᠲ᠋ᠧᠮ᠂ ᠴᠠᠬᠢᠯᠭᠠᠨ ᠲᠦᠭᠡᠭᠡᠬᠦ ᠰᠢᠰᠲ᠋ᠧᠮ ᠤᠨ ᠠᠶᠤᠯ ᠦᠭᠡᠶ ᠶᠢᠨ ᠬᠢᠨᠠᠨ ᠬᠡᠮᠵᠢᠵᠦ ᠰᠡᠷᠡᠮᠵᠢᠯᠡᠭᠦᠯᠬᠦ ᠵᠡᠷᠭᠡ ᠮᠡᠷᠭᠡᠵᠢᠯ ᠤᠨ ᠰᠤᠳᠤᠯᠤᠯ ᠢ ᠴᠢᠩᠭᠠᠳᠬᠠᠬᠤ ᠬᠡᠷᠡᠭᠲᠡᠶ᠃ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠤ ᠳ᠋ᠢᠶᠠᠨ ᡂᠢ ᠶᠢᠨ ᠮᠡᠷᠭᠡᠵᠢᠯ ᠤᠨ ᠴᠢᠳᠠᠪᠬᠢ ᠶᠢ ᠦᠷᠭᠦᠯᠵᠢᠯᠡᠨ ᠰᠢᠯᠢᠳᠡᠭᠵᠢᠭᠦᠯᠵᠦ᠂ ᠰᠢᠨ᠎ᠡ ᠰᠢᠰᠲ᠋ᠧᠮᠵᠢ ᠶᠢᠨ ᠬᠥᠳᠡᠯᠭᠡᠬᠦ ᠬᠦᠴᠦᠨ ᠤ ᠳ᠋ᠢᠶᠠᠨ ᡂᠢ᠂ ᠳ᠋ᠢᠶᠠᠨ ᡂᠢ ᠶᠢ ᠱᠠᠲᠤᠯᠢᠭ ᠠᠰᠢᠭᠯᠠᠬᠤ ᠵᠡᠷᠭᠡ ᠮᠡᠷᠭᠡᠵᠢᠯ ᠤᠨ ᠰᠤᠳᠤᠯᠭᠠᠨ ᠢ ᠴᠢᠩᠭᠠᠳᠬᠠᠨ᠎ᠠ᠃ ᠮᠧᠬᠠᠨᠢᠭ ᠮᠠᠶ᠋ᠢᠭ᠂ ᠪᠣᠰᠤᠭ᠎ᠠ ᠪᠡᠶᠡᠲᠦ ᠬᠡᠯᠪᠡᠷᠢ᠂ ᠰᠢᠯᠵᠢᠮᠡᠯ ᠮᠠᠶ᠋ᠢᠭ ᠤᠨ ᠲᠡᠷᠭᠡ ᠵᠣᠭᠰᠣᠭᠠᠵᠤ ᠴᠠᠬᠢᠯᠭᠠᠨ ᠴᠡᠨᠡᠭᠯᠡᠬᠦ ᠶᠢ ᠨᠢᠭᠡ ᠴᠣᠭᠴᠠᠵᠢᠭᠤᠯᠤᠭᠰᠠᠨ ᠪᠡᠯᠡᠳᠬᠡᠮᠵᠢ ᠶᠢ ᠳᠡᠯᠭᠡᠷᠡᠭᠦᠯᠦᠨ ᠲᠦᠭᠡᠮᠡᠯᠵᠢᠭᠦᠯᠦᠨ᠎ᠡ᠃      ᠵᠢᠷᠭᠤᠭ᠎ᠠ᠂ ᠳᠡᠮᠵᠢᠵᠦ ᠪᠠᠲᠤᠯᠠᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ      ︵ᠨᠢᠭᠡ︶ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨ ᠬᠦ ᠴᠢᠩᠭᠠᠳᠬᠠᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠪᠥᠭᠡᠳ ᠪᠣᠳᠠᠲᠠᠶᠢᠵᠢᠭᠤᠯᠵᠤ᠂ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠰᠠᠭᠤᠷᠢ ᠪᠡᠯᠡᠳᠬᠡᠮᠵᠢ ᠪᠠ ᠣᠯᠠᠨ ᠨᠡᠶᠢᠲᠡ ᠶᠢᠨ ᠦᠢᠯᠡᠴᠢᠯᠡᠭᠡ ᠶᠢ ᠲᠡᠭᠦᠯᠳᠡᠷᠵᠢᠭᠦᠯᠬᠦ ᠶᠢᠨ ᠴᠢᠬᠤᠯᠠ ᠬᠦᠴᠦᠯᠡᠬᠦ ᠴᠡᠭ ᠪᠣᠯᠭᠠᠨ᠎ᠠ᠃ ᠲᠥᠯᠥᠪᠵᠢᠭᠦᠯᠭᠡ ᠶᠢᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠮᠤᠵᠢ ᠶᠢᠨ ᠱᠠᠲᠤᠨ ᠤ ᠵᠠᠰᠠᠭ ᠤᠨ ᠣᠷᠳᠣᠨ ᠴᠢᠨᠠᠷ ᠰᠠᠶᠢᠲᠠᠶ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ ᠰᠢᠰᠲ᠋ᠧᠮᠵᠢ ᠶᠢ ᠪᠠᠶᠢᠭᠤᠯᠬᠤ ᠪᠠᠷ ᠭᠤᠤᠯᠳᠠᠯᠭ᠎ᠠ ᠪᠣᠯᠭᠠᠨ᠂ ᠪᠠᠶᠢᠷᠢᠰᠢᠭᠤᠯᠤᠯᠲᠠ ᠶᠢᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠵᠠᠮ ᠬᠠᠷᠢᠯᠴᠠᠭᠠᠨ ᠤ ᠲᠣᠤᠷ ᠰᠦᠯᠵᠢᠶ᠎ᠡ ᠶᠢᠨ ᠰᠢᠰᠲ᠋ᠧᠮᠵᠢ ᠯᠦᠭᠡ ᠵᠣᠯᠭᠠᠭᠤᠯᠤᠨ ᠠᠭᠤᠰᠤᠯᠴᠠᠭᠤᠯᠬᠤ ᠶᠢ ᠰᠠᠶᠢᠲᠤᠷ ᠬᠢᠨ᠎ᠠ︔ ᠲᠤᠰᠬᠠᠶ ᠣᠷᠣᠨ ᠬᠤᠲᠠ ᠶᠢᠨ ᠱᠠᠲᠤᠨ ᠤ ᠵᠠᠰᠠᠭ ᠤᠨ ᠣᠷᠳᠣᠨ ︽ᠬᠤᠶᠠᠷ ᠲᠣᠭᠤᠷᠢᠭ︾᠂ ︽ᠭᠤᠷᠪᠠᠨ ᠲᠥᠪ︾ ᠢᠶᠠᠷ ᠭᠤᠤᠯᠳᠠᠯᠭ᠎ᠠ ᠪᠣᠯᠭᠠᠵᠤ᠂ ᠲᠣᠭᠤᠷᠢᠭ ᠰᠢᠶᠠᠨ ᠢᠶᠠᠷ ᠦᠨᠳᠦᠰᠦᠨ ᠨᠢᠭᠡᠴᠢ ᠪᠣᠯᠭᠠᠨ ᠪᠠᠶᠢᠷᠢᠰᠢᠭᠤᠯᠤᠯᠲᠠ ᠶᠢᠨ ᠲᠥᠯᠥᠪᠵᠢᠭᠦᠯᠭᠡ ᠲᠣᠭᠲᠠᠭᠠᠵᠤ᠂ ᠬᠤᠪᠢᠶᠠᠷᠢ ᠲᠠᠯᠠᠪᠠᠶ ᠶᠢᠨ ᠦᠵᠡᠮᠵᠢ ᠪᠠᠷ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ ᠪᠦᠲᠦᠴᠡ ᠶᠢ ᠰᠢᠯᠢᠳᠡᠭᠵᠢᠭᠦᠯᠦᠨ᠂ ᠨᠡᠶᠢᠲᠡ ᠶᠢᠨ ᠬᠡᠷᠡᠭᠯᠡᠭᠡᠨ ᠤ ᠪᠠᠭᠠᠨ᠎ᠠ ᠪᠠ ᠲᠤᠰᠬᠠᠶ ᠬᠡᠷᠡᠭᠯᠡᠬᠦ ᠪᠠᠭᠠᠨ᠎ᠠ ᠶᠢᠨ ᠪᠠᠶᠢᠷᠢᠯᠠᠭᠤᠯᠤᠯᠲᠠ ᠶᠢ ᠴᠢᠩᠭᠠᠳᠬᠠᠬᠤ ᠶᠢᠨ ᠬᠠᠮᠲᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ︽ᠨᠢᠭᠡ ᠵᠢᠷᠤᠭ︾ ᠳᠤ ᠣᠷᠣᠭᠤᠯᠤᠨ ᠬᠢᠨᠠᠯᠲᠠ ᠲᠠᠯᠪᠢᠬᠤ ᠮᠡᠳᠡᠭᠡ ᠵᠠᠩᠭᠢ ᠶᠢᠨ ᠰᠢᠰᠲ᠋ᠧᠮ ᠢ ᠬᠡᠷᠡᠭᠵᠢᠭᠦᠯᠦᠨ᠎ᠡ᠃      ᠬᠤᠶᠠᠷ᠂ ᠳᠡᠮᠵᠢᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠬᠡᠷᠡᠭᠲᠡᠶ᠃ ᠴᠠᠬᠢᠯᠭᠠᠨ ᠣᠷᠭᠢᠯ ᠦᠶ᠎ᠡ ᠳᠤ ᠴᠠᠭ ᠬᠤᠪᠢᠶᠠᠨ ᠴᠠᠬᠢᠯᠭᠠᠨ ᠤ ᠦᠨ᠎ᠡ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠬᠡᠷᠡᠭᠯᠡᠭᠴᠢᠳ ᠢ ᠬᠥᠲᠥᠯᠦᠨ ᠵᠢᠯᠣᠭᠤᠳᠴᠤ ᠪᠠᠶᠢᠭᠠᠳ ᠣᠶᠤᠨᠴᠢ ᠡᠮᠬᠢ ᠵᠢᠷᠤᠮ ᠲᠠᠢ ᠪᠠᠷ ᠴᠠᠬᠢᠯᠭᠠᠨ ᠴᠡᠨᠡᠭᠯᠡᠬᠦ ᠪᠠ ᠲᠡᠷᠭᠡᠨ ᠰᠦᠯᠵᠢᠶ᠎ᠡ ᠪᠠᠷ ᠬᠠᠷᠢᠯᠴᠠᠨ ᠬᠥᠳᠡᠯᠦᠯᠴᠡᠬᠦ ᠳᠤ ᠥᠷᠭᠡᠨ ᠢᠶᠠᠷ ᠣᠷᠣᠯᠴᠠᠭᠤᠯᠤᠨ᠎ᠠ᠃ 2030 ᠣᠨ ᠠᠴᠠ ᠡᠮᠦᠨ᠎ᠡ᠂ ᠬᠤᠶᠠᠷ ᠴᠠᠬᠢᠯᠭᠠᠨ ᠦᠨ᠎ᠡ ᠶᠢ ᠬᠡᠷᠡᠭᠵᠢᠭᠦᠯᠬᠦ ᠲᠥᠪᠯᠡᠷᠡᠩᠭᠦᠶ ᠮᠠᠶ᠋ᠢᠭ ᠤᠨ ᠴᠡᠨᠡᠭᠯᠡᠬᠦ ᠲᠥᠬᠦᠭᠡᠷᠦᠮᠵᠢ ᠶᠢᠨ ᠴᠠᠬᠢᠯᠭᠠᠨ ᠬᠡᠷᠡᠭᠯᠡᠬᠦ ᠠᠴᠠ ᠬᠡᠯᠲᠦᠷᠢᠭᠦᠯᠬᠦ ᠬᠡᠷᠡᠭᠰᠡᠬᠦ ᠬᠡᠮᠵᠢᠶ᠎ᠡ ︵ᠪᠠᠭᠳᠠᠭᠠᠮᠵᠢ︶︶ ᠴᠠᠬᠢᠯᠭᠠᠨ ᠤ ᠰᠦᠢᠳᠭᠡᠯ᠃ ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠤ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ ᠲᠠᠯᠠᠪᠤᠷ ᠭᠠᠵᠠᠷ ᠤᠨ ᠲᠦᠷᠢᠶᠡᠰᠦᠨ ᠮᠥᠩᠭᠦ ᠳᠤ ᠱᠠᠲᠤ ᠦ᠊ ᠡᠶ᠎ᠡ ᠶᠢᠨ ᠴᠢᠨᠠᠷᠲᠠᠶ ᠬᠠᠰᠤᠵᠤ ᠬᠡᠯᠲᠦᠷᠢᠭᠦᠯᠬᠦ ᠶᠢ ᠵᠣᠷᠢᠭᠵᠢᠭᠤᠯᠤᠨ᠎ᠠ᠃ ᠴᠠᠬᠢᠯᠭᠠᠨ ᠤ ᠲᠣᠤᠷ ᠤᠨ ᠠᠵᠤ ᠠᠬᠤᠶᠢᠯᠠᠯ ᠤᠨ ᠴᠠᠬᠢᠯᠭᠠᠨ ᠤ ᠲᠣᠤᠷ ᠲᠤ ᠵᠠᠯᠭᠠᠵᠤ ᠣᠷᠣᠭᠤᠯᠬᠤ᠂ ᠪᠠᠭᠲᠠᠭᠠᠮᠵᠢ ᠶᠢ ᠨᠡᠮᠡᠭᠳᠡᠭᠦᠯᠬᠦ ᠵᠡᠷᠭᠡ ᠲᠠᠯ᠎ᠠ ᠪᠠᠷ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠳᠤ ᠡᠩ ᠲᠡᠷᠢᠭᠦᠨ ᠳᠤ ᠦᠢᠯᠡᠴᠢᠯᠡᠬᠦ ᠶᠢ ᠵᠣᠷᠢᠭᠵᠢᠭᠤᠯᠤᠨ᠎ᠠ᠃      ︵ᠭᠤᠷᠪᠠ︶ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠨ᠎ᠠ᠃ ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ ᠬᠥᠭᠵᠢᠯᠲᠡ ᠶᠢᠨ ᠬᠦᠴᠦᠨ ᠵᠦᠢᠯ ᠤᠨ ᠪᠠᠲᠤᠯᠠᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠵᠢᠴᠢ ᠢᠵᠢ ᠪᠥᠷᠢᠳᠦᠭᠦᠯᠬᠦ ᠴᠠᠬᠢᠯᠭᠠᠨ ᠲᠣᠤᠷ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ᠂ ᠬᠤᠩᠭᠢᠯ ᠤᠨ ᠣᠷᠣᠨ ᠵᠠᠶ ᠵᠡᠷᠭᠡ ᠬᠥᠭᠵᠢᠯᠲᠡ ᠶᠢᠨ ᠬᠡᠷᠡᠭᠴᠡᠭᠡ ᠶᠢ ᠬᠠᠩᠭᠠᠵᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠪᠠᠯᠠ ᠮᠥᠩᠭᠦ ᠶᠢᠨ ᠳᠡᠮᠵᠢᠯᠭᠡ ᠦᠵᠡᠭᠦᠯᠬᠦ ᠬᠡᠷᠡᠭᠲᠡᠶ᠃ ᠣᠷᠣᠨ ᠨᠤᠲᠤᠭ ᠢ ᠵᠣᠷᠢᠭᠵᠢᠭᠤᠯᠵᠤ ᠪᠠᠶᠢᠭᠠᠳ ᠦᠢᠯᠡᠴᠢᠯᠡᠭᠡᠨ ᠤ ᠶᠠᠰᠤ ᠴᠢᠨᠠᠷ ᠯᠤᠭ᠎ᠠ ᠬᠤᠯᠪᠣᠭᠳᠠᠭᠤᠯᠤᠭᠰᠠᠨ ᠡᠵᠡᠩᠨᠡᠯᠲᠡ ᠶᠢᠨ ᠨᠥᠬᠦᠪᠥᠷᠢ ᠶᠢᠨ ᠪᠠᠷᠢᠮᠵᠢᠶ᠎ᠠ ᠶᠢ ᠪᠠᠶᠢᠭᠤᠯᠵᠤ᠂ ᠴᠢᠳᠠᠯ ᠶᠡᠭᠡ ᠴᠢᠳᠠᠮᠵᠢ ᠪᠠᠷ ᠴᠠᠬᠢᠯᠭᠠᠨ ᠴᠡᠨᠡᠭᠯᠡᠬᠦ᠂ ᠲᠡᠷᠭᠡ ᠲᠣᠤᠷ ᠬᠠᠷᠢᠯᠴᠠᠨ ᠬᠥᠳᠡᠯᠦᠯᠴᠡᠬᠦ ᠵᠡᠷᠭᠡ ᠵᠢᠱᠢᠶ᠎ᠡ ᠦᠵᠡᠭᠦᠯᠬᠦ ᠲᠥᠷᠥᠯ ᠤᠨ ᠲᠥᠷᠥᠯ ᠵᠦᠢᠯ ᠳᠤ ᠨᠥᠬᠦᠪᠥᠷᠢ ᠥᠭᠬᠦ ᠡᠷᠴᠢᠮ ᠢᠶᠠᠨ ᠴᠢᠩᠭᠠᠷᠠᠭᠤᠯᠵᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ ᠵᠢᠭᠡᠯᠡᠯᠭᠡ ᠶᠢᠨ ᠲᠡᠮᠳᠡᠭᠲᠦ ᠵᠡᠷᠭᠡ ᠪᠠᠷ ᠳᠠᠮᠵᠢᠭᠤᠯᠤᠨ ᠨᠥᠬᠦᠴᠡᠯ ᠳᠤ ᠨᠡᠶᠢᠴᠡᠬᠦ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠬᠡᠷᠡᠭᠲᠡᠶ᠃ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠣᠲᠣ ᠶᠢᠨ ᠪᠠᠶᠢᠭ᠎ᠠ ᠮᠥᠩᠭᠦᠨ ᠭᠦᠢᠯᠭᠡᠭᠡᠨ ᠤ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠭᠦᠢᠴᠡᠳ ᠠᠰᠢᠭᠯᠠᠨ᠂ ᠰᠲ᠋ᠣᠺ ᠤᠨ ᠡᠷᠬᠡ᠂ ᠲᠥᠷᠥᠯ ᠵᠦᠢᠯ ᠤᠨ ᠠᠰᠢᠭ ᠣᠯᠵᠠᠪᠤᠷᠢ ᠶᠢᠨ ᠡᠷᠬᠡ᠂ ᠣᠨᠴᠠ ᠵᠥᠪᠰᠢᠶᠡᠷᠡᠯ ᠤᠨ ᠡᠵᠡᠩᠨᠡᠯᠲᠡ ᠶᠢᠨ ᠡᠷᠬᠡ ᠵᠡᠷᠭᠡ ᠳᠠᠨᠵᠢᠯᠠᠭ᠎ᠠ ᠲᠠᠢ ᠪᠠᠯᠠ ᠲᠣᠬᠢᠷᠠᠭᠤᠯᠭ᠎ᠠ ᠶᠢᠨ ᠠᠷᠭ᠎ᠠ ᠮᠠᠶ᠋ᠢᠭ ᠢ ᠳᠡᠯᠭᠡᠷᠡᠭᠦᠯᠵᠦ᠂ ᠪᠣᠬᠢᠷᠲᠤᠯ ᠥᠬᠡᠶ ᠵᠢᠭᠡᠯᠡᠯᠭᠡ ᠶᠢᠨ ᠲᠡᠮᠳᠡᠭᠲᠦ ᠵᠡᠷᠭᠡ ᠪᠠᠷ ᠳᠠᠮᠵᠢᠭᠤᠯᠤᠨ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ ᠦᠢᠯᠡᠳᠪᠦᠷᠢ ᠶᠢᠨ ᠪᠠᠯᠠ ᠣᠷᠣᠭᠤᠯᠤᠨ ᠡᠵᠡᠩᠨᠡᠬᠦ ᠠᠵᠤ ᠠᠬᠤᠶᠢᠯᠠᠯ ᠪᠠ ᠲᠥᠬᠦᠭᠡᠷᠦᠮᠵᠢ ᠶᠢᠨ ᠦᠢᠯᠡᠳᠪᠦᠷᠢ ᠶᠢᠨ ᠪᠠᠯᠠ ᠲᠣᠬᠢᠷᠠᠭᠤᠯᠭ᠎ᠠ ᠶᠢᠨ ᠠᠷᠭ᠎ᠠ ᠵᠠᠮ ᠢ ᠥᠷᠭᠡᠳᠬᠡᠨ᠎ᠡ᠃ ᠨᠡᠭᠡᠭᠡᠯᠳᠡ ᠶᠢᠨ ᠴᠢᠨᠡᠷᠳᠡᠢ ᠮᠦᠡᠭᠬᠦᠨ ᠬᠦᠢᠯᠭᠡᠭᠡᠨ ᠤ ᠪᠠᠶᠢᠭᠤᠯᠥᠮᠵᠢ ᠶᠢᠨ ᠪᠡᠯᠡ ᠲᠣᠬᠢᠷᠡᠭᠤᠯᠭ᠎ᠠ ᠬᠢᠬᠦ ᠶᠢ ᠳᠡᠮᠵᠢᠬᠦ ᠵᠬᠠᠪᠤᠷ ᠤᠨ ᠰᠢᠨ᠎ᠡ ᠶᠢ ᠡᠬᠦᠳᠴᠥ᠂ ᠬᠤᠳᠡ ᠶᠢᠨ ᠳᠡᠷᠬᠡ ᠵᠤᠠᠠᠰᠣᠬᠤ᠂ ᠴᠠᠬᠢᠯᠭᠠᠨ ᠴᠡᠨᠡᠭᠯᠡᠬᠦ ︽ᠨᠢᠭᠡ ᠲᠣᠣᠷ︾ ᠤᠨ ᠲᠣᠰᠬᠠᠢ ᠢᠨᠵᠧᠨᠧᠷᠢᠩ ᠢ ᠭᠡᠷᠡᠭᠵᠢᠬᠦᠯᠦᠨ᠎ᠠ᠃      ︵ᠲᠦᠷᠪᠡ︶ ᠬᠠᠮᠵᠢᠯᠴᠠᠨ ᠠᠬᠢᠭᠤᠯᠬᠤ ᠪᠠᠨ ᠴᠢᠩᠭᠠᠳᠬᠠᠵᠤ᠃ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠤᠯᠤᠰ ᠤᠨ ᠡᠨᠧᠷᠭᠢ ᠶᠢᠨ ᠲᠣᠪᠴᠢᠶ᠎ᠠ ᠡᠯ᠎ᠡ ᠬᠤᠯᠪᠣᠭᠳᠠᠯ ᠪᠦᠬᠦᠢ ᠲᠠᠯ᠎ᠠ ᠶᠢᠨ ᠬᠢᠨ ᠲᠠᠢ ᠬᠠᠮᠲᠤᠷᠠᠨ ᠲᠤᠰ ᠵᠢᠯᠣᠭᠤᠳᠬᠤ ᠰᠠᠨᠠᠯ ᠢ ᠬᠡᠷᠡᠭᠵᠢᠭᠦᠯᠬᠦ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠨ᠂ ᠡᠯ᠎ᠡ ᠭᠠᠵᠠᠷ ᠲᠤ ᠵᠢᠭᠠᠨ ᠵᠢᠯᠣᠭᠤᠳᠴᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠬᠡᠷᠡᠭᠵᠢᠭᠦᠯᠵᠦ ᠪᠠᠶᠢᠭ᠎ᠠ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠦᠨᠡᠯᠡᠨ ᠵᠢᠱᠢᠬᠦ ᠶᠢ ᠥᠷᠨᠢᠭᠦᠯᠵᠦ᠂ ᠨᠡᠶᠢᠲᠡᠯᠢᠭ ᠲᠤᠷᠰᠢᠯᠭ᠎ᠠ ᠠᠷᠭ᠎ᠠ ᠬᠢᠳᠡᠯ ᠢ ᠴᠠᠭ ᠲᠤᠬᠠᠶ ᠳᠤᠨᠢ ᠳ᠋ᠦᠩᠨᠡᠨ ᠳᠡᠯᠭᠡᠷᠡᠭᠦᠯᠵᠦ᠂ ᠴᠢᠬᠤᠯᠠ ᠶᠡᠭᠡ ᠪᠠᠶᠢᠳᠠᠯ ᠢ ᠴᠠᠭ ᠲᠤᠬᠠᠶ ᠳᠤᠨᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠳᠤ ᠮᠡᠳᠡᠭᠦᠯᠬᠦ ᠬᠡᠷᠡᠭᠲᠡᠶ᠃ ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠨᠤᠭᠤᠳ ᠬᠥᠭᠵᠢᠭᠦᠯᠦᠯᠲᠡ ᠥᠭᠡᠷᠡᠴᠢᠯᠡᠯᠲᠡ᠂ ᠡᠨᠧᠷᠭᠢ᠂ ᠵᠠᠮ ᠬᠠᠷᠢᠯᠴᠠᠭ᠎ᠠ ᠲᠡᠭᠡᠭᠡᠪᠦᠷᠢ᠂ ᠪᠠᠶᠢᠭᠠᠯᠢ ᠶᠢᠨ ᠡᠬᠢ ᠪᠠᠶᠠᠯᠢᠭ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠬᠤᠳᠠᠯᠳᠤᠭᠠᠨ ᠤ ᠶᠠᠪᠤᠳᠠᠯ᠂ ᠭᠠᠯ ᠤᠨᠲᠠᠷᠠᠭᠠᠵᠤ ᠠᠪᠤᠷᠠᠨ ᠲᠤᠰᠠᠯᠠᠬᠤ᠂ ᠬᠤᠲᠠ ᠶᠢᠨ ᠬᠠᠮᠢᠶᠠᠷᠤᠯᠲᠠ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠨᠢᠭᠲᠠ ᠬᠠᠮᠵᠢᠯᠴᠠᠨ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠬᠠᠮᠵᠢᠯᠴᠠᠨ ᠠᠬᠢᠭᠤᠯᠬᠤ ᠲᠣᠭᠲᠠᠴᠠ ᠶᠢ ᠪᠠᠶᠢᠭᠤᠯᠵᠤ᠂ ᠦᠨᠳᠦᠰᠦᠨ ᠪᠠᠶᠢᠳᠠᠯ ᠢ ᠪᠥᠬᠦ ᠲᠠᠯ᠎ᠠ ᠪᠠᠷ ᠤᠶᠢᠯᠠᠭᠠᠨ ᠵᠢᠭᠰᠠᠭᠠᠵᠤ᠂ ᠪᠥᠲᠥᠭᠡᠨ ᠪᠠᠶᠢᠭᠤᠯᠤᠯᠲᠠ ᠶᠢᠨ ᠬᠡᠷᠡᠭᠴᠡᠭᠡ ᠱᠠᠭᠠᠷᠳᠠᠯᠭ᠎ᠠ ᠶᠢ ᠰᠢᠨᠵᠢᠯᠡᠬᠦ ᠤᠬᠠᠭᠠᠨᠴᠢ ᠪᠠᠷ ᠦᠨᠡᠯᠡᠨ ᠵᠢᠱᠢᠵᠦ᠂ ᠪᠥᠲᠥᠭᠡᠨ ᠪᠠᠶᠢᠭᠤᠯᠤᠯᠲᠠ ᠶᠢᠨ ᠭᠠᠷᠳᠠᠮ ᠢ ᠳᠥᠭᠦᠮᠴᠢᠯᠡᠨ᠂ ᠪᠠᠷᠢᠮᠵᠢᠶ᠎ᠠ ᠪᠠ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠬᠦᠯᠵᠦ᠂ ᠭᠤᠤᠯᠳᠠᠯᠭ᠎ᠠ ᠲᠠᠢ ᠬᠦᠴᠢᠷ ᠠᠰᠠᠭᠤᠳᠠᠯ ᠢ ᠦᠷᠭᠦᠯᠵᠢᠯᠡᠨ ᠮᠥᠷᠳᠡᠨ ᠰᠢᠢᠳᠪᠦᠷᠢᠯᠡᠵᠦ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠪᠠ ᠲᠥᠷᠥ ᠶᠢᠨ ᠪᠣᠳᠣᠯᠭ᠎ᠠ ᠶᠢ ᠬᠤᠯᠪᠣᠭᠠᠯᠠᠨ ᠬᠥᠳᠡᠯᠦᠯᠴᠡᠬᠦ ᠶᠢ ᠪᠡᠶᠡᠯᠡᠭᠦᠯᠦᠨ᠎ᠡ᠃                                           ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ                                                2023 ᠣᠨ ᠤ 6 ᠰᠠᠷ᠎ᠠ ᠶᠢᠨ 8 ᠤ ᠡᠳᠦᠷ
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号