ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ | ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ | ᠦᠢᠯᠡᠰ ᠤᠨ ᠨᠢᠭᠡᠴᠡ ᠳᠤ᠄ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠯᠠᠱᠠ ᠶᠢᠨ ᠰᠢᠨ ᠵᠢᠩ | ᠨᠡᠭᠦᠷᠡᠰᠦᠨ ᠤ ᠦᠢᠯᠡᠰ ᠤᠨ ᠬᠢᠵᠠᠭᠠᠷᠲᠤ ᠺᠣᠮᠫᠠᠨᠢ ᠶᠢᠨ ᠵᠠᠳᠠᠭᠠᠢ ᠨᠡᠭᠦᠷᠡᠰᠦᠨ ᠠᠭᠤᠷᠬᠠᠢ ᠶᠢᠨ ︽2 · 22︾ ᠤ | ᠣᠨᠴᠠᠭᠠᠢ ᠬᠦᠨᠳᠦ ᠶᠡᠭᠡ ᠨᠤᠷᠠᠯᠲᠠ ᠶᠢᠨ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠠᠶᠤᠯᠭᠦᠢ | ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠨᠠᠭᠰᠢᠳᠠ ᠴᠢᠩᠭᠠᠳᠬᠠᠵᠤ᠂ ᠠᠶᠤᠯᠭᠦᠢ | ᠦᠢᠯᠡᠳᠪᠦᠷᠢᠯᠡᠯ ᠤᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠵᠤ᠂ ᠬᠤᠳᠳᠤᠭ ᠤᠨ ᠠᠵᠤ | ᠦᠢᠯᠡᠳᠪᠦᠷᠢ ᠶᠢᠨ ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠭᠠᠷᠬᠤ ᠶᠢ ᠡᠷᠡᠰ | ᠰᠡᠷᠭᠡᠶᠢᠯᠡᠨ ᠬᠤᠷᠢᠭᠯᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠡᠳ᠂ ᠡᠳᠦᠭᠡ ᠪᠦᠬᠦ ᠣᠷᠣᠨ ᠤ ᠬᠤᠳᠳᠤᠭ ᠤᠨ ᠠᠵᠤ ᠦᠢᠯᠡᠳᠪᠦᠷᠢ ᠶᠢᠨ ᠨᠡᠭᠦᠷᠡᠰᠦᠨ | ᠠᠭᠤᠷᠬᠠᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠨᠠᠭᠰᠢᠳᠠ ᠴᠢᠩᠭᠠᠳᠬᠠᠬᠤ ᠠᠷᠭ᠎ᠠ ᠬᠡᠮᠵᠢᠶ᠎ᠡ ᠨᠦᠭᠦᠳ ᠢ | ᠳᠣᠣᠷᠠᠬᠢ ᠮᠡᠲᠦ ᠮᠡᠳᠡᠭᠳᠡᠪᠡ᠃ | ᠨᠢᠭᠡ᠂ ᠣᠷᠣᠨ ᠨᠤᠲᠤᠭ ᠤᠨ ᠵᠠᠰᠠᠭ ᠤᠨ ᠣᠷᠳᠣᠨ ᠤ ᠤᠳᠤᠷᠢᠳᠬᠤ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠬᠡᠷᠡᠭᠲᠡᠶ | ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠠᠶᠤᠯ ᠦᠭᠡᠶ | ᠦᠢᠯᠡᠳᠪᠦᠷᠢᠯᠡᠯ ᠤᠨ ᠲᠤᠬᠠᠶ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠥᠭᠦᠯᠡᠯᠲᠡ ᠶᠢ ᠭᠦᠨᠵᠡᠭᠡᠶ | ᠰᠤᠷᠤᠯᠴᠠᠨ ᠲᠤᠤᠱᠯᠠᠭᠤᠯᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯ ᠦᠭᠡᠶ ᠦᠢᠯᠡᠳᠪᠦᠷᠢᠯᠡᠯ ᠤᠨ | ᠵᠥᠪᠯᠡᠯ ᠤᠨ ︽ᠠᠷᠪᠠᠨ ᠲᠠᠪᠤᠨ ᠵᠦᠢᠯ ᠤᠨ ᠬᠠᠲᠠᠭᠤ ᠠᠷᠭ᠎ᠠ ᠬᠡᠮᠵᠢᠶ᠎ᠡ︾ ᠪᠠ ᠥᠪᠡᠷᠲᠡᠭᠡᠨ ᠵᠠᠰᠠᠬᠤ ᠣᠷᠣᠨ ᠤ | ︽ᠲᠠᠪᠢᠨ ᠭᠤᠷᠪᠠᠳᠤᠭᠠᠷ ᠵᠦᠢᠯ ᠤᠨ ᠪᠣᠳᠠᠲᠠᠶ ᠠᠷᠭ᠎ᠠ ᠬᠡᠮᠵᠢᠶ᠎ᠡ︾ ᠵᠢᠴᠢ ᠠᠶᠢᠮᠠᠭ ᠬᠤᠲᠠ᠂ ᠬᠤᠰᠢᠭᠤ ᠰᠢᠶᠠᠨ | ︵ᠬᠤᠲᠠ᠂ ᠲᠣᠭᠤᠷᠢᠭ︶ ᠤ ᠵᠠᠰᠠᠭ ᠤᠨ ᠣᠷᠳᠣᠨ ᠤ ᠤᠳᠤᠷᠢᠳᠤᠯᠭ᠎ᠠ ᠲᠠᠢ ᠬᠠᠷᠢᠯᠴᠠᠵᠤ ᠳᠠᠭᠠᠳᠬᠠᠯ ᠢ | ᠳᠠᠭᠠᠭᠠᠴᠢᠯᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠠᠷᠢᠶ᠎ᠠ ᠭᠠᠵᠠᠷ ᠤᠨ ᠠᠶᠤᠯ ᠦᠭᠡᠶ ᠶᠢᠨ ᠬᠢᠨᠠᠯᠲᠠ | ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭᠠᠷᠠᠭᠤᠯᠤᠨ᠂ ᠬᠢᠨᠠᠯᠲᠠ ᠬᠠᠮᠢᠶᠠᠷᠤᠯᠲᠠ ᠶᠢᠨ ᠡᠩᠨᠡᠭᠡ ᠶᠢᠨ | ᠪᠠᠶᠢᠭᠤᠯᠤᠯᠲᠠ ᠪᠠ ᠬᠠᠤᠯᠢ ᠬᠡᠷᠡᠭᠵᠢᠭᠦᠯᠬᠦ ᠵᠠᠷᠤᠳᠠᠯ ᠤᠨ ᠪᠠᠲᠤᠯᠠᠭ᠎ᠠ ᠶᠢ ᠴᠢᠩᠭᠠᠳᠬᠠᠵᠤ᠂ ᠲᠤᠰ ᠭᠠᠵᠠᠷ ᠣᠷᠣᠨ ᠤ | ᠨᠡᠭᠦᠷᠡᠰᠦᠨ ᠠᠭᠤᠷᠬᠠᠶ ᠶᠢᠨ ᠪᠣᠳᠠᠲᠠᠶ ᠲᠠᠢ ᠪᠠᠨ ᠤᠶᠠᠯᠳᠤᠭᠤᠯᠤᠨ ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠶᠢᠨ | ᠠᠵᠢᠯᠲᠠᠨ ᠢ ᠪᠦᠷᠢᠨ ᠭᠦᠢᠴᠡᠳ ᠪᠥᠭᠡᠳ ᠴᠢᠩᠭ᠎ᠠ ᠲᠣᠬᠢᠷᠠᠭᠤᠯᠬᠤ ᠬᠡᠷᠡᠭᠲᠡᠶ᠃ ᠠᠶᠤᠯ ᠦᠭᠡᠶ ᠶᠢᠨ ᠬᠢᠨᠠᠯᠲᠠ | ᠬᠠᠮᠢᠶᠠᠷᠤᠯᠲᠠ ᠶᠢᠨ ᠠᠵᠢᠯᠲᠠᠨ ᠤ ᠲᠤᠰᠬᠠᠶ ᠮᠡᠷᠭᠡᠵᠢᠯ ᠨᠢ ᠨᠡᠭᠦᠷᠡᠰᠦᠨ ᠠᠭᠤᠷᠬᠠᠶ ᠶᠢᠨ ᠨᠡᠭᠡᠭᠡᠨ ᠮᠠᠯᠲᠠᠬᠤ ᠠᠷᠭ᠎ᠠ | ᠮᠠᠶ᠋ᠢᠭ᠂ ᠭᠠᠮᠰᠢᠭ ᠤᠨ ᠣᠨᠴᠠᠯᠢᠭ ᠵᠡᠷᠭᠡ ᠯᠦᠭᠡ ᠬᠠᠷᠢᠯᠴᠠᠨ ᠵᠣᠬᠢᠴᠠᠯᠳᠤᠵᠤ᠂ ᠵᠢᠯ ᠪᠦᠷᠢ ᠠᠵᠢᠯ ᠠᠴᠠ ᠨᠢ ᠰᠠᠯᠭᠠᠵᠤ | ᠠᠶᠤᠯ ᠦᠭᠡᠶ ᠶᠢᠨ ᠪᠣᠯᠪᠠᠰᠤᠷᠠᠭᠤᠯᠤᠯ ᠳᠤ ᠣᠷᠣᠯᠴᠠᠬᠤ ᠦᠶ᠎ᠡ ᠳᠤ 7 ᠡᠳᠦᠷ ᠠᠴᠠ ᠳᠤᠲᠠᠭᠤ ᠦᠭᠡᠶ ᠪᠠᠶᠢᠯᠭᠠᠵᠤ᠂ | ᠲᠤᠰᠬᠠᠶ ᠮᠡᠷᠭᠡᠵᠢᠯ ᠤᠨ ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠶᠢᠨ ᠠᠵᠢᠯᠲᠠᠨ ᠤ ᠲᠣᠬᠢᠷᠠᠭᠤᠯᠬᠤ ᠬᠠᠷᠢᠴᠠᠯ ᠢ | ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠳᠤ ᠪᠠᠶᠢᠭ᠎ᠠ ᠠᠵᠢᠯᠲᠠᠨ ᠤ 75% ᠠᠴᠠ ᠳᠣᠤᠷ᠎ᠠ ᠦᠭᠡᠶ | ᠪᠠᠶᠢᠯᠭᠠᠬᠤ ᠬᠡᠷᠡᠭᠲᠡᠶ᠃ | ᠬᠤᠶᠠᠷ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ | ᠡᠯ᠎ᠡ ᠱᠠᠲᠤᠨ ᠤ ᠨᠡᠭᠦᠷᠡᠰᠦᠨ ᠤ ᠠᠵᠢᠯ ᠲᠥᠷᠥᠯ ᠤᠨ ᠬᠠᠮᠢᠶᠠᠷᠤᠯᠲᠠ᠂ ᠨᠡᠭᠦᠷᠡᠰᠦᠨ ᠠᠭᠤᠷᠬᠠᠶ ᠶᠢᠨ ᠠᠶᠤᠯ | ᠦᠭᠡᠶ ᠶᠢᠨ ᠬᠢᠨᠠᠯᠲᠠ ᠬᠠᠮᠢᠶᠠᠷᠤᠯᠲᠠ᠂ ᠨᠡᠭᠦᠷᠡᠰᠦᠨ ᠠᠭᠤᠷᠬᠠᠶ ᠶᠢᠨ ᠠᠶᠤᠯ ᠦᠭᠡᠶ ᠶᠢᠨ ᠬᠢᠨᠠᠨ ᠪᠠᠶᠢᠴᠠᠭᠠᠬᠤ ᠵᠡᠷᠭᠡ | ᠰᠠᠯᠠᠭ᠎ᠠ ᠮᠥᠴᠢᠷ ᠤᠳ ᠨᠡᠭᠦᠷᠡᠰᠦᠨ ᠠᠭᠤᠷᠬᠠᠶ ᠶᠢ ᠬᠢᠨᠠᠨ ᠬᠠᠮᠢᠶᠠᠷᠴᠤ ᠬᠢᠨᠠᠨ ᠪᠠᠶᠢᠴᠠᠭᠠᠬᠤ ᠡᠭᠦᠷᠭᠡ | ᠬᠠᠷᠢᠭᠤᠴᠠᠯᠭ᠎ᠠ ᠪᠠᠨ ᠬᠠᠤᠯᠢ ᠶᠣᠰᠣᠭᠠᠷ ᠬᠡᠷᠡᠭᠵᠢᠭᠦᠯᠬᠦ ᠬᠡᠷᠡᠭᠲᠡᠶ᠃ ᠨᠡᠭᠦᠷᠡᠰᠦᠨ ᠠᠭᠤᠷᠬᠠᠶ ᠶᠢᠨ ᠠᠶᠤᠯ ᠦᠭᠡᠶ ᠶᠢᠨ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠱᠠᠲᠤ ᠬᠤᠪᠢᠶᠠᠨ ᠬᠢᠨᠠᠨ ᠬᠠᠮᠢᠶᠠᠷᠬᠤ ᠱᠠᠭᠠᠷᠳᠠᠯᠭ᠎ᠠ ᠶᠣᠰᠣᠭᠠᠷ᠂ | ᠨᠡᠭᠦᠷᠡᠰᠦᠨ ᠠᠭᠤᠷᠬᠠᠶ ᠶᠢᠨ ᠠᠶᠤᠯ ᠦᠭᠡᠶ ᠦᠢᠯᠡᠳᠪᠦᠷᠢᠯᠡᠯ ᠢ ᠳᠤᠭᠤᠶᠢᠯᠠᠩ ᠬᠤᠪᠢᠶᠠᠨ ᠲᠣᠭᠤᠷᠢᠨ ᠪᠠᠶᠢᠴᠠᠭᠠᠬᠤ᠂ | ᠠᠭᠤᠷᠬᠠᠶ ᠳᠤ ᠰᠠᠭᠤᠵᠤ ᠬᠠᠷᠠᠵᠤ ᠬᠠᠮᠢᠶᠠᠷᠬᠤ ᠵᠡᠷᠭᠡ ᠳᠦᠷᠢᠮ ᠠᠷᠭ᠎ᠠ ᠬᠡᠮᠵᠢᠶ᠎ᠡ ᠶᠢ ᠬᠢᠨᠠᠮᠠᠭᠠᠶ ᠨᠠᠶᠢᠳᠠᠪᠤᠷᠢᠵᠢᠭᠤᠯᠬᠤ | ᠬᠡᠷᠡᠭᠲᠡᠶ᠃ ᠨᠡᠭᠦᠷᠡᠰᠦᠨ ᠠᠭᠤᠷᠬᠠᠶ ᠶᠢᠨ ᠡᠳᠦᠷ ᠲᠤᠲᠤᠮ ᠤᠨ ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠶᠢᠨ | ᠰᠠᠯᠠᠭ᠎ᠠ ᠮᠥᠴᠢᠷ ᠤᠳ ᠲᠤᠰ ᠭᠠᠵᠠᠷ ᠣᠷᠣᠨ ᠤ ᠪᠠᠨ ᠨᠡᠭᠦᠷᠡᠰᠦᠨ ᠠᠭᠤᠷᠬᠠᠶ ᠶᠢᠨ ᠣᠨᠴᠠᠯᠢᠭ ᠢᠶᠠᠨ ᠦᠨᠳᠦᠰᠦᠯᠡᠨ᠂ | ᠠᠶᠤᠯ ᠦᠭᠡᠶ ᠶᠢᠨ ᠬᠠᠮᠲᠤᠷᠠᠨ ᠣᠨᠣᠰᠢᠯᠠᠬᠤ᠂ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠵᠡᠷᠭᠡ ᠠᠵᠢᠯ ᠢ | ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠶ᠃ ᠡᠯ᠎ᠡ ᠱᠠᠲᠤᠨ ᠤ ᠪᠠᠶᠢᠭᠠᠯᠢ ᠶᠢᠨ | ᠡᠬᠢ ᠪᠠᠶᠠᠯᠢᠭ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠨᠢᠭᠡᠴᠡ ᠨᠦᠭᠦᠳ ᠲᠣᠰ | ᠲᠣᠰ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠬᠢᠨᠠᠯᠲᠠ ᠲᠠᠯᠪᠢᠵᠤ ᠬᠠᠮᠢᠶᠠᠷᠬᠤ ᠡᠭᠦᠷᠭᠡ | ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠭᠡᠬᠦ ᠬᠡᠷᠡᠭᠲᠡᠶ᠃ ᠡᠯ᠎ᠡ ᠱᠠᠲᠤᠨ ᠤ ᠠᠶᠤᠯ ᠦᠭᠡᠶ | ᠦᠢᠯᠡᠳᠪᠦᠷᠢᠯᠡᠯ ᠤᠨ ᠺᠣᠮᠢᠰ ᠤᠨ ᠠᠯᠪᠠᠨ ᠭᠡᠷ ᠨᠢ ᠬᠢᠨᠠᠯᠲᠠ ᠲᠠᠯᠪᠢᠨ ᠵᠢᠯᠣᠭᠤᠳᠴᠤ ᠵᠣᠬᠢᠴᠠᠭᠤᠯᠬᠤ ᠠᠵᠢᠯ ᠢᠶᠠᠨ | ᠴᠢᠩᠭᠠᠳᠬᠠᠬᠤ ᠬᠡᠷᠡᠭᠲᠡᠶ᠃ | ᠭᠤᠷᠪᠠ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ | ᠨᠡᠭᠦᠷᠡᠰᠦᠨ ᠠᠭᠤᠷᠬᠠᠶ ᠶᠢᠨ ᠳᠡᠭᠡᠳᠦ ᠱᠠᠲᠤᠨ ᠤ ᠺᠣᠮᠫᠠᠨᠢ ᠨᠢ ᠠᠶᠤᠯ ᠦᠭᠡᠶ ᠦᠢᠯᠡᠳᠪᠦᠷᠢᠯᠡᠯ ᠤᠨ | ᠬᠠᠮᠢᠶᠠᠷᠤᠯᠲᠠ ᠶᠢᠨ ᠳᠦᠷᠢᠮ ᠪᠣᠯᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢ ᠪᠠᠶᠢᠭᠤᠯᠤᠨ ᠪᠦᠷᠢᠨᠰᠢᠭᠦᠯᠵᠦ | ᠂ ᠬᠠᠷᠢᠶ᠎ᠠ ᠪᠦᠬᠦᠢ ᠨᠡᠭᠦᠷᠡᠰᠦᠨ ᠠᠭᠤᠷᠬᠠᠶ ᠳᠤ ᠠᠶᠤᠯ ᠦᠭᠡᠶ ᠶᠢᠨ ᠪᠦᠲᠦᠮᠵᠢᠲᠡᠶ ᠬᠠᠮᠢᠶᠠᠷᠤᠯᠲᠠ ᠪᠣᠯᠤᠨ ᠬᠢᠨᠠᠯᠲᠠ | ᠪᠠᠶᠢᠴᠠᠭᠠᠯᠲᠠ ᠶᠢ ᠬᠡᠷᠡᠭᠵᠢᠭᠦᠯᠵᠦ᠂ ᠭᠤᠤᠯᠳᠠᠯᠭ᠎ᠠ ᠲᠠᠢ ᠴᠠᠭ ᠬᠤᠭᠤᠴᠠᠭ᠎ᠠ᠂ ᠵᠠᠩᠭᠢᠯᠠᠭ᠎ᠠ ᠶᠢᠨ ᠴᠢᠭ ᠲᠤ ᠬᠠᠷᠢᠶ᠎ᠠ | ᠪᠦᠬᠦᠢ ᠨᠡᠭᠦᠷᠡᠰᠦᠨ ᠠᠭᠤᠷᠬᠠᠶ ᠳᠤ ᠠᠶᠤᠯ ᠦᠭᠡᠶ ᠶᠢᠨ ᠠᠵᠢᠯᠯᠠᠬᠤ ᠳᠤᠭᠤᠶᠢᠯᠠᠩ ᠲᠣᠮᠢᠯᠠᠨ ᠰᠠᠭᠤᠯᠭᠠᠬᠤ ᠬᠡᠷᠡᠭᠲᠡᠶ᠃ | ᠨᠡᠭᠦᠷᠡᠰᠦᠨ ᠠᠭᠤᠷᠬᠠᠶ ᠶᠢᠨ ᠠᠵᠤ ᠠᠬᠤᠶᠢᠯᠠᠯ ᠤᠳ ᠡᠯ᠎ᠡ ᠱᠠᠲᠤ ᠳᠠᠪᠬᠤᠷᠭ᠎ᠠ᠂ ᠡᠯ᠎ᠡ ᠰᠠᠯᠠᠭ᠎ᠠ ᠮᠥᠴᠢᠷ᠂ ᠡᠯ᠎ᠡ | ᠠᠵᠢᠯ ᠤᠨ ᠪᠠᠶᠢᠷᠢ ᠶᠢ ᠬᠠᠮᠤᠷᠤᠭᠰᠠᠨ ᠪᠦᠬᠦ ᠠᠵᠢᠯᠲᠠᠨ ᠤ ᠠᠶᠤᠯ ᠦᠭᠡᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ | ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠬᠥᠮᠦᠨ ᠪᠦᠬᠦᠨ ᠬᠠᠷᠢᠭᠤᠴᠠᠯᠭ᠎ᠠ ᠲᠠᠢ᠂ ᠲᠤᠰ ᠲᠤᠰ ᠤᠨ | ᠬᠠᠷᠢᠭᠤᠴᠠᠯᠭ᠎ᠠ ᠪᠠᠨ ᠭᠦᠢᠴᠡᠳᠬᠡᠵᠦ᠂ ᠡᠷᠬᠡ ᠬᠠᠷᠢᠭᠤᠴᠠᠯᠭ᠎ᠠ ᠨᠢ ᠲᠣᠳᠣᠷᠬᠠᠶ ᠠᠶᠤᠯ ᠦᠭᠡᠶ ᠦᠢᠯᠡᠳᠪᠦᠷᠢᠯᠡᠯ ᠤᠨ | ᠬᠠᠷᠢᠭᠤᠴᠠᠯᠭ᠎ᠠ ᠶᠢᠨ ᠰᠢᠰᠲ᠋ᠧᠮᠵᠢ ᠶᠢ ᠪᠣᠶ ᠪᠣᠯᠭᠠᠬᠤ ᠬᠡᠷᠡᠭᠲᠡᠶ᠃ ᠨᠡᠭᠦᠷᠡᠰᠦᠨ ᠠᠭᠤᠷᠬᠠᠶ ᠶᠢᠨ ᠠᠵᠤ ᠠᠬᠤᠶᠢᠯᠠᠯ ᠤᠨ | ᠭᠤᠤᠯ ᠬᠠᠷᠢᠭᠤᠴᠠᠯᠭᠠᠲᠠᠨ ︵ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ᠂ ᠪᠣᠳᠠᠲᠠᠶ ᠡᠵᠡᠮᠳᠡᠭᠴᠢ ᠪᠠᠭᠲᠠᠨ᠎ᠠ︶ | ᠠᠶᠤᠯ ᠦᠭᠡᠶ ᠦᠢᠯᠡᠳᠪᠦᠷᠢᠯᠡᠯ ᠤᠨ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠬᠦ | ᠬᠡᠷᠡᠭᠲᠡᠶ᠃ ︽ᠲᠠᠪᠤᠨ ᠲᠤᠰᠢᠶᠠᠯᠲᠤ ᠠᠭᠤᠷᠬᠠᠶ ᠶᠢᠨ ᠳᠠᠷᠤᠭ᠎ᠠ︾ ᠨᠢ ᠡᠭᠦᠷᠭᠡ ᠬᠠᠷᠢᠭᠤᠴᠠᠯᠭ᠎ᠠ ᠪᠠᠨ ᠴᠢᠩᠭ᠎ᠠ | ᠭᠦᠢᠴᠡᠳᠬᠡᠵᠦ᠂ ᠨᠡᠷ᠎ᠡ ᠡᠯᠭᠦᠬᠦ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠨᠡᠭᠦᠷᠡᠰᠦᠨ | ᠠᠭᠤᠷᠬᠠᠶ ᠶᠢᠨ ᠤᠳᠤᠷᠢᠳᠤᠯᠭ᠎ᠠ ᠵᠢᠵᠢᠭᠦᠷ ᠳᠠᠭᠠᠭᠤᠯᠤᠨ ᠬᠤᠳᠳᠤᠭ ᠲᠤ ᠪᠠᠭᠤᠬᠤ ᠳᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠰᠥᠨᠢ ᠪᠠᠷ ᠦᠢᠯᠡᠳᠪᠦᠷᠢᠯᠡᠭᠰᠡᠨ ᠨᠡᠭᠦᠷᠡᠰᠦᠨ ᠠᠭᠤᠷᠬᠠᠶ᠂ ᠨᠡᠭᠦᠷᠡᠰᠦᠨ ᠠᠭᠤᠷᠬᠠᠶ ᠶᠢᠨ | ᠭᠤᠤᠯ ᠬᠠᠷᠢᠭᠤᠴᠠᠯᠭᠠᠲᠠᠨ ᠨᠢ ᠰᠠᠷ᠎ᠠ ᠪᠦᠷᠢ ᠰᠥᠨᠢ ᠪᠠᠷ ᠡᠭᠡᠯᠵᠢᠯᠡᠨ ᠠᠵᠢᠯᠯᠠᠬᠤ ᠳᠤ 3 ᠠᠴᠠ ᠳᠤᠲᠠᠭᠤ ᠦᠭᠡᠶ | ᠪᠠᠶᠢᠯᠭᠠᠬᠤ ᠬᠡᠷᠡᠭᠲᠡᠶ᠃ | ᠳᠥᠷᠪᠡ᠂ ᠬᠠᠮᠲᠤᠷᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠶ | ᠡᠯ᠎ᠡ ᠱᠠᠲᠤᠨ ᠤ ᠠᠶᠤᠯ ᠦᠭᠡᠶ ᠦᠢᠯᠡᠳᠪᠦᠷᠢᠯᠡᠯ ᠤᠨ ᠵᠥᠪᠯᠡᠯ᠂ ᠡᠨᠧᠷᠭᠢ ᠶᠢᠨ ᠠᠶᠤᠯ ᠦᠭᠡᠶ | ᠦᠢᠯᠡᠳᠪᠦᠷᠢᠯᠡᠯ ᠤᠨ ᠺᠣᠮᠢᠰ ᠨᠢ ᠲᠦᠷᠦᠭᠦᠯᠡᠨ ᠶᠡᠷᠦᠩᠬᠡᠶ ᠳᠤᠨᠢ ᠠᠳᠬᠤᠬᠤ ᠦᠢᠯᠡᠳᠦᠯ ᠢᠶᠠᠨ ᠪᠠᠳᠠᠷᠠᠭᠤᠯᠤᠨ᠂ ᠡᠯ᠎ᠡ | ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠡ ᠶᠢ ᠰᠢᠮᠳᠠᠭᠤᠯᠵᠤ ᠪᠠᠶᠢᠭᠠᠳ ᠬᠢᠨᠠᠨ ᠬᠠᠮᠢᠶᠠᠷᠬᠤ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠨ᠂ ᠭᠠᠵᠠᠷ ᠬᠥᠳᠡᠯᠦᠯᠲᠡ᠂ ᠴᠠᠭ ᠠᠭᠤᠷ᠂ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ | ᠮᠥᠴᠢᠷ ᠬᠢᠭᠡᠳ ᠠᠶᠤᠯ ᠦᠭᠡᠶ ᠶᠢᠨ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠦᠬᠦᠢ ᠰᠠᠯᠠᠭ᠎ᠠ | ᠮᠥᠴᠢᠷ ᠤᠨ ᠬᠠᠮᠲᠤᠷᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠪᠠᠶᠢᠭᠤᠯᠵᠤ᠂ ᠮᠡᠳᠡᠭᠡ ᠵᠠᠩᠭᠢ ᠶᠢ | ᠬᠠᠮᠲᠤ ᠳᠠᠭᠠᠨ ᠡᠳ᠋ᠯᠡᠬᠦ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠦᠨ᠂ ᠠᠶᠤᠯ ᠦᠭᠡᠶ ᠶᠢᠨ ᠲᠦᠭᠰᠢᠭᠦᠷᠢ ᠶᠢ | ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠶᠢ ᠴᠢᠩᠭᠠᠳᠬᠠᠬᠤ ᠬᠡᠷᠡᠭᠲᠡᠶ᠃ | ᠲᠠᠪᠤ᠂ ᠭᠠᠮᠰᠢᠭ ᠠᠴᠠ ᠪᠣᠯᠬᠤ ᠳᠠᠯᠳᠠ ᠬᠦᠴᠦᠨ ᠵᠦᠢᠯ ᠢ ᠨᠡᠶᠢᠳᠡᠮ ᠪᠠᠶᠢᠴᠠᠭᠠᠵᠤ ᠵᠠᠰᠠᠬᠤ ᠶᠢ | ᠴᠢᠩᠭᠠᠷᠠᠭᠤᠯᠬᠤ ᠬᠡᠷᠡᠭᠲᠡᠶ | ᠨᠡᠭᠦᠷᠡᠰᠦᠨ ᠠᠭᠤᠷᠬᠠᠶ ᠶᠢᠨ ᠠᠵᠤ ᠠᠬᠤᠶᠢᠯᠠᠯ ᠤᠳ ᠭᠠᠮᠰᠢᠭ ᠤᠨ ᠣᠨᠴᠠᠯᠢᠭ ᠲᠠᠢ ᠪᠠᠨ ᠤᠶᠠᠯᠳᠤᠭᠤᠯᠤᠨ | ᠹᠢᠽᠢᠺ ᠤᠨ ᠬᠠᠶᠢᠯᠲᠠ᠂ ᠥᠷᠥᠮᠳᠡᠨ ᠬᠠᠶᠢᠬᠤ ᠵᠡᠷᠭᠡ ᠠᠷᠭ᠎ᠠ ᠮᠠᠶ᠋ᠢᠭ ᠢᠶᠠᠷ ᠨᠡᠶᠢᠳᠡᠮ ᠪᠠᠶᠢᠴᠠᠭᠠᠯᠲᠠ ᠶᠢᠨ | ᠵᠠᠰᠠᠯᠲᠠ ᠶᠢ ᠥᠷᠨᠢᠭᠦᠯᠵᠦ᠂ ︽ᠴᠠᠭᠠᠰᠤᠨ ᠭᠠᠳᠠᠷ︾ ᠤᠨ ᠨᠡᠶᠢᠳᠡᠮ ᠪᠠᠶᠢᠴᠠᠭᠠᠯᠲᠠ ᠶᠢ ᠴᠢᠩᠭ᠎ᠠ ᠴᠠᠭᠠᠵᠠᠯᠠᠬᠤ | ᠬᠡᠷᠡᠭᠲᠡᠶ᠃ ᠨᠡᠭᠦᠷᠡᠰᠦᠨ ᠠᠭᠤᠷᠬᠠᠶ ᠪᠤᠶᠤ ᠦᠢᠯᠡᠳᠪᠦᠷᠢᠯᠡᠬᠦ ᠨᠡᠭᠦᠷᠡᠰᠦᠨ ᠠᠭᠤᠷᠬᠠᠶ ᠶᠢ ᠪᠦᠲᠦᠭᠡᠨ ᠪᠠᠶᠢᠭᠤᠯᠵᠤ | ᠰᠢᠨ᠎ᠡ ᠨᠡᠭᠦᠷᠡᠰᠦᠨ ᠳᠠᠪᠬᠤᠷᠭ᠎ᠠ᠂ ᠰᠢᠨ᠎ᠡ ᠮᠠᠯᠲᠠᠭᠰᠠᠨ ᠣᠷᠣᠨ ᠳᠤ ᠣᠷᠣᠭᠤᠯᠤᠨ ᠮᠠᠯᠲᠠᠬᠤ ᠦ᠊ ᠡᠶ᠎ᠡ ᠳᠤ ᠡᠷᠬᠡᠪᠰᠢ | ᠳᠠᠯᠳᠠ ᠭᠠᠮᠰᠢᠭ ᠤᠴᠠᠷᠠᠭᠤᠯᠬᠤ ᠬᠦᠴᠦᠨ ᠵᠦᠢᠯ ᠢ ᠪᠦᠬᠦ ᠲᠠᠯ᠎ᠠ ᠪᠠᠷ ᠪᠠᠶᠢᠴᠠᠭᠠᠨ ᠲᠣᠳᠣᠯᠠᠵᠤ᠂ ᠪᠦᠲᠦᠭᠡᠨ | ᠪᠠᠶᠢᠭᠤᠯᠬᠤ ᠪᠠ ᠦᠢᠯᠡᠳᠪᠦᠷᠢᠯᠡᠬᠦ ᠨᠥᠬᠦᠴᠡᠯ ᠳᠤ ᠨᠡᠶᠢᠴᠡᠬᠦ ᠦᠭᠡᠶ ᠪᠣᠯ ᠦᠷᠭᠦᠯᠵᠢᠯᠡᠨ ᠪᠦᠲᠦᠭᠡᠨ ᠪᠠᠶᠢᠭᠤᠯᠬᠤ ᠪᠠ | ᠦᠢᠯᠡᠳᠪᠦᠷᠢᠯᠡᠵᠦ ᠪᠣᠯᠬᠤ ᠦᠭᠡᠶ᠃ ᠨᠡᠭᠦᠷᠡᠰᠦᠨ ᠠᠭᠤᠷᠬᠠᠶ ᠨᠢ ᠳᠠᠯᠳᠠ ᠭᠠᠮᠰᠢᠭ ᠪᠣᠯᠬᠤ ᠬᠦᠴᠦᠨ ᠵᠦᠢᠯ ᠤᠨ | ᠨᠡᠶᠢᠳᠡᠮ ᠪᠠᠶᠢᠴᠠᠭᠠᠯᠲᠠ ᠶᠢᠨ ᠪᠠᠶᠢᠳᠠᠯ ᠢ ᠦᠨᠳᠦᠰᠦᠯᠡᠨ ᠨᠡᠶᠢᠳᠡᠮ ᠪᠠᠶᠢᠴᠠᠭᠠᠯᠲᠠ ᠶᠢᠨ ᠵᠠᠰᠠᠯᠲᠠ ᠶᠢᠨ | ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠵᠤ᠂ ᠵᠢᠯ ᠪᠦᠷᠢ ᠨᠡᠶᠢᠳᠡᠮ ᠪᠠᠶᠢᠴᠠᠭᠠᠯᠲᠠ ᠶᠢᠨ ᠵᠠᠰᠠᠯᠲᠠ ᠶᠢᠨ | ᠮᠡᠳᠡᠭᠦᠯᠦᠯᠲᠡ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠬᠡᠷᠡᠭᠲᠡᠶ᠃ | ᠵᠢᠷᠭᠤᠭ᠎ᠠ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠ ᠳᠠᠯᠳᠠ ᠭᠡᠮ ᠢ ᠵᠢᠭᠰᠠᠭᠠᠨ ᠪᠠᠶᠢᠴᠠᠭᠠᠵᠤ | ᠵᠠᠰᠠᠬᠤ ᠶᠢ ᠴᠢᠩᠭᠠᠷᠠᠭᠤᠯᠬᠤ ᠬᠡᠷᠡᠭᠲᠡᠶ | ᠨᠡᠭᠦᠷᠡᠰᠦᠨ ᠠᠭᠤᠷᠬᠠᠶ ᠶᠢᠨ ᠠᠵᠤ ᠠᠬᠤᠶᠢᠯᠠᠯ ᠤᠳ ᠲᠦᠭᠰᠢᠭᠦᠷᠢ ᠶᠢ ᠲᠠᠰ ᠬᠤᠪᠢᠶᠠᠨ ᠬᠠᠮᠢᠶᠠᠷᠤᠨ ᠡᠵᠡᠮᠳᠡᠬᠦ | ᠪᠠ ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ ᠪᠠᠷ ᠭᠤᠤᠯᠳᠠᠯᠭ᠎ᠠ ᠪᠣᠯᠭᠠᠭᠰᠠᠨ ᠠᠮᠤᠷ ᠲᠦᠪᠰᠢᠨ ᠤ | ᠲᠦᠭᠰᠢᠭᠦᠷᠢ ᠶᠢ ᠬᠥᠳᠡᠯᠦᠩᠭᠦᠶ ᠪᠠᠷ ᠰᠤᠳᠤᠯᠤᠨ ᠮᠠᠭᠠᠳᠯᠠᠵᠤ᠂ ᠬᠦᠨᠳᠦ ᠶᠡᠭᠡ ᠲᠦᠭᠰᠢᠭᠦᠷᠢ ᠶᠢ ᠬᠠᠮᠢᠶᠠᠷᠤᠨ | ᠡᠵᠡᠮᠳᠡᠬᠦ ᠲᠥᠰᠦᠯ ᠢ ᠲᠣᠭᠲᠠᠭᠠᠨ᠎ᠠ᠃ ᠨᠡᠭᠦᠷᠡᠰᠦᠨ ᠠᠭᠤᠷᠬᠠᠶ ᠨᠢ ᠮᠠᠯᠲᠠᠬᠤ ᠭᠠᠳᠠᠷᠭᠤ ᠶᠢ ᠠᠩᠬ᠎ᠠ ᠮᠠᠯᠲᠠᠬᠤ᠂ ᠭᠡᠷ | ᠪᠠᠶᠢᠰᠢᠩ ᠲᠣᠩᠭᠤᠷᠠᠭᠤᠯᠬᠤ᠂ ᠵᠢᠰᠢᠬᠦᠦ ᠬᠤᠳᠳᠤᠭ ︵ᠵᠢᠰᠢᠭᠦᠦ ᠭᠤᠳᠤᠮᠵᠢ︶ ᠢ ᠮᠠᠯᠲᠠᠬᠤ᠂ ᠨᠦᠬᠡᠨ ᠵᠠᠮ ᠢ | ᠨᠡᠪᠲᠡᠷᠡᠭᠦᠯᠬᠦ᠂ ᠨᠢᠭᠲᠠ ᠪᠢᠲᠡᠭᠦᠮᠵᠢᠯᠡᠵᠦ ᠪᠢᠲᠡᠭᠦᠮᠵᠢᠯᠡᠬᠦ᠂ ᠴᠢᠯᠠᠭᠤᠨ ᠡᠭᠦᠳᠡ ᠪᠠᠷ ᠨᠡᠭᠦᠷᠡᠰᠦ ᠢᠯᠡᠴᠢᠯᠡᠬᠦ᠂ ᠲᠣᠮᠣ | ᠬᠡᠷᠡᠭ ᠢ ᠵᠠᠳᠠᠯᠵᠤ ᠤᠭᠰᠠᠷᠠᠬᠤ᠂ ᠰᠠᠯᠬᠢ ᠨᠡᠪᠲᠡᠷᠡᠭᠦᠯᠬᠦ ᠰᠢᠰᠲ᠋ᠧᠮ ᠳᠤ ᠲᠣᠬᠢᠷᠠᠭᠤᠯᠤᠯᠲᠠ ᠬᠢᠬᠦ ᠵᠡᠷᠭᠡ ᠴᠢᠬᠤᠯᠠ | ᠶᠡᠭᠡ ᠵᠦᠢᠯᠡᠰ ᠢ ᠬᠡᠷᠡᠭᠵᠢᠭᠦᠯᠬᠦ ᠠᠴᠠ ᠡᠮᠦᠨ᠎ᠡ᠂ ᠲᠤᠰᠬᠠᠢ ᠵᠦᠢᠯ ᠤᠨ ᠲᠦᠭᠰᠢᠭᠦᠷᠢ ᠶᠢ ᠢᠯᠭᠠᠨ ᠲᠠᠨᠢᠬᠤ ᠠᠵᠢᠯ ᠢ | ᠥᠷᠨᠢᠭᠦᠯᠵᠦ᠂ ᠠᠮᠤᠷ ᠲᠦᠪᠰᠢᠨ ᠤ ᠮᠡᠷᠭᠡᠵᠢᠯ ᠤᠨ ᠠᠷᠭ᠎ᠠ ᠬᠡᠮᠵᠢᠶ᠎ᠡ ᠶᠢ ᠲᠣᠭᠲᠠᠭᠠᠨ᠂ ᠨᠡᠭᠦᠷᠡᠰᠦᠨ ᠠᠭᠤᠷᠬᠠᠢ ᠶᠢᠨ | ᠶᠡᠷᠦᠩᠬᠡᠢ ᠢᠨᠵᠧᠨᠧᠷ ᠢᠶᠠᠷ ᠵᠣᠬᠢᠶᠠᠨ ᠪᠠᠶᠢᠭᠤᠯᠤᠨ ᠬᠢᠨᠠᠨ ᠵᠥᠪᠰᠢᠶᠡᠷᠡᠭᠦᠯᠵᠦ᠂ 5 ᠠᠵᠢᠯᠯᠠᠬᠤ ᠡᠳᠦᠷ ᠲᠤ | ᠨᠡᠭᠦᠷᠡᠰᠦᠨ ᠠᠭᠤᠷᠬᠠᠢ ᠶᠢᠨ ᠡᠳᠦᠷ ᠲᠤᠳᠤᠮ ᠤᠨ ᠠᠮᠤᠷ ᠲᠦᠪᠰᠢᠨ ᠤ ᠬᠢᠨᠠᠨ ᠬᠠᠮᠢᠶᠠᠷᠴᠤ ᠬᠢᠨᠠᠨ ᠪᠠᠶᠢᠴᠠᠭᠠᠬᠤ | ᠰᠠᠯᠠᠭ᠎ᠠ ᠮᠥᠴᠢᠷ ᠲᠤ ᠪᠢᠴᠢᠭ ᠢᠶᠠᠷ ᠮᠡᠳᠡᠭᠦᠯᠬᠦ ᠬᠡᠷᠡᠭᠲᠡᠢ᠃ | ᠳᠣᠯᠤᠭ᠎ᠠ᠂ ᠭᠠᠮᠰᠢᠭ ᠢ ᠵᠠᠰᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠶ | ᠨᠡᠭᠦᠷᠡᠰᠦᠨ ᠠᠭᠤᠷᠬᠠᠶ ᠶᠢᠨ ᠠᠵᠤ ᠠᠬᠤᠶᠢᠯᠠᠯ ᠤᠳ ᠣᠷᠣᠨ ᠪᠦᠰᠡ ᠪᠠᠷ ᠵᠠᠰᠠᠬᠤ᠂ ᠶᠡᠷᠦᠩᠬᠡᠶᠢᠯᠡᠨ ᠵᠠᠰᠠᠬᠤ᠂ | ᠤᠷᠢᠳᠴᠢᠯᠠᠨ ᠵᠠᠰᠠᠬᠤ ᠭᠠᠮᠰᠢᠭ ᠢ ᠵᠠᠰᠠᠬᠤ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠢᠯᠭᠠᠨ ᠲᠠᠨᠢᠵᠤ | ᠦᠨᠡᠯᠡᠨ ᠵᠢᠱᠢᠬᠦ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠵᠠᠰᠠᠵᠤ ᠦᠨᠡᠯᠡᠬᠦ ᠬᠦᠨᠳᠦ ᠶᠡᠭᠡ ᠭᠠᠮᠰᠢᠭ ᠢ | ᠰᠡᠷᠭᠡᠶᠢᠯᠡᠨ ᠵᠠᠰᠠᠬᠤ ᠲᠣᠭᠲᠠᠴᠠ ᠶᠢ ᠪᠠᠶᠢᠭᠤᠯᠬᠤ ᠬᠡᠷᠡᠭᠲᠡᠶ︔ ᠭᠠᠮᠰᠢᠭ ᠢ ᠵᠠᠰᠠᠬᠤ ᠲᠥᠯᠥᠪᠯᠡᠭᠡ ᠶᠢ ᠰᠢᠨᠵᠢᠯᠡᠬᠦ | ᠤᠬᠠᠭᠠᠨᠴᠢ ᠪᠠᠷ ᠲᠣᠭᠲᠠᠭᠠᠵᠤ᠂ ᠭᠠᠮᠰᠢᠭ ᠢ ᠵᠠᠰᠠᠬᠤ ᠢᠨᠵᠧᠨᠧᠷᠢᠩ ᠢ ᠵᠦᠢ ᠵᠣᠬᠢᠰᠲᠠᠢ ᠲᠣᠬᠢᠷᠠᠭᠤᠯᠤᠨ᠂ | ᠵᠠᠰᠠᠯᠲᠠ ᠶᠢᠨ ᠪᠡᠯᠡ ᠮᠥᠩᠭᠦ ᠶᠢ ᠪᠠᠲᠤᠯᠠᠵᠤ᠂ ᠭᠠᠰ᠂ ᠨᠡᠭᠦᠷᠡᠰᠦᠨ ᠭᠠᠯ᠂ ᠳᠡᠭᠡᠪᠦᠷ᠂ ᠮᠠᠯᠲᠠᠵᠤ | ᠬᠥᠨᠳᠡᠶᠢᠷᠡᠭᠦᠯᠦᠭᠰᠡᠨ ᠣᠷᠣᠨ ᠵᠡᠷᠭᠡ ᠭᠠᠮᠰᠢᠭ ᠤᠨ ᠲᠦᠭᠰᠢᠭᠦᠷᠢ ᠶᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠤᠯᠠᠮ ᠨᠢᠭᠡ | ᠠᠯᠬᠤᠮ ᠨᠠᠶᠢᠳᠠᠪᠤᠷᠢᠵᠢᠭᠤᠯᠵᠤ᠂ ᠭᠠᠰ ᠤᠨ ︽ᠬᠡᠮᠵᠢᠶ᠎ᠡ ᠠᠴᠠ ᠬᠡᠲᠦᠷᠡᠭᠦᠯᠬᠦ ᠦᠭᠡᠢ︾᠂ ᠨᠡᠭᠦᠷᠡᠰᠦ ᠬᠢᠭᠡᠳ | ᠭᠠᠰ ᠤᠨ ︽ᠥᠴᠦᠬᠡᠨ ᠴᠦ ᠳᠠᠭᠠᠷᠢᠬᠤ ᠦᠭᠡᠢ︾᠂ ᠨᠡᠭᠦᠷᠡᠰᠦᠨ ᠴᠢᠯᠠᠭᠤᠯᠢᠭ ᠤᠨ ︽ᠥᠴᠦᠬᠡᠨ ᠴᠦ ᠳᠠᠭᠠᠷᠢᠬᠤ | ᠦᠭᠡᠢ︾᠂ ᠨᠡᠭᠦᠷᠡᠰᠦᠨ ᠳᠠᠪᠬᠤᠷᠭ᠎ᠠ ᠶᠢᠨ ︽ᠥᠴᠦᠬᠡᠨ ᠴᠦ ᠳᠠᠭᠠᠷᠢᠬᠤ ᠦᠭᠡᠢ︾᠂ ᠠᠭᠤᠷᠬᠠᠢ ᠶᠢᠨ | ᠬᠤᠳᠳᠤᠭ ᠤᠨ ︽ᠭᠡᠨᠡᠳᠲᠡ ᠡᠭᠦᠰᠬᠦ ᠦᠭᠡᠢ︾᠂ ᠠᠵᠢᠯ ᠤᠨ ᠬᠡᠪᠴᠢᠶᠡᠨ ᠳᠤ ︽ᠥᠴᠦᠬᠡᠨ ᠴᠦ ᠭᠡᠨᠡᠳᠳᠡ | ᠭᠠᠷᠬᠤ ᠦᠭᠡᠢ︾᠂ ︽ᠵᠢᠷᠭᠤᠭᠠᠨ ᠲᠡᠭ ᠪᠠᠶᠢᠬᠤ︾ ᠬᠠᠷᠠᠯᠲᠠ ᠶᠢ ᠪᠡᠶᠡᠯᠡᠭᠦᠯᠦᠨ᠎ᠡ᠃ | ᠨᠠᠢᠮᠠ᠂ ᠪᠠᠷᠢᠯᠭ᠎ᠠ ᠶᠢᠨ ᠠᠵᠢᠯ ᠤᠨ ᠭᠠᠳᠠᠷ ᠲᠠᠯ᠎ᠠ ᠶᠢᠨ ᠬᠠᠮᠢᠶᠠᠷᠤᠯᠲᠠ ᠶᠢ ᠴᠢᠩᠭᠠᠷᠠᠭᠤᠯᠬᠤ ᠬᠡᠷᠡᠭᠲᠡᠶ | ᠨᠡᠭᠦᠷᠡᠰᠦᠨ ᠠᠭᠤᠷᠬᠠᠶ ᠶᠢᠨ ᠠᠵᠤ ᠠᠬᠤᠶᠢᠯᠠᠯ ᠤᠳ ᠭᠠᠳᠠᠭᠰᠢ ᠨᠠᠶᠢᠳᠠᠨ ᠪᠠᠷᠢᠯᠭ᠎ᠠ ᠪᠠᠷᠢᠬᠤ ᠶᠢ ᠬᠦᠨᠳᠦ | ᠶᠡᠭᠡ ᠲᠦᠭᠰᠢᠭᠦᠷᠢ ᠶᠢᠨ ᠴᠡᠭ ᠤᠨ ᠬᠠᠮᠢᠶᠠᠷᠤᠯᠲᠠ ᠳᠤ ᠣᠷᠣᠭᠤᠯᠵᠤ᠂ ᠭᠠᠳᠠᠭᠠᠳᠤ ᠳᠣᠲᠣᠭᠠᠳᠤ ᠶᠢᠨ ᠵᠥᠪᠯᠡᠯ ᠤᠨ | ᠡᠩᠨᠡᠭᠡ ᠶᠢᠨ ᠪᠠᠷᠢᠯᠭ᠎ᠠ ᠶᠢᠨ ᠠᠵᠢᠯ ᠤᠨ ᠬᠢᠷᠢ ᠬᠡᠮ᠂ ᠠᠮᠤᠷ ᠲᠦᠪᠰᠢᠨ ᠤ ᠵᠣᠬᠢᠶᠠᠨ ᠪᠠᠶᠢᠭᠤᠯᠤᠯᠲᠠ ᠶᠢᠨ | ᠪᠠᠶᠢᠭᠤᠯᠤᠮᠵᠢ᠂ ᠠᠵᠢᠯᠲᠠᠨ ᠤ ᠬᠡᠪ ᠴᠢᠨᠠᠷ᠂ ᠲᠦᠷᠢᠮ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠠᠳᠬᠤᠵᠤ᠂ ︽ᠲᠠᠪᠤ ᠶᠢ | ᠨᠢᠭᠡᠳᠬᠡᠬᠦ︾ ︵ᠨᠢᠭᠡᠳᠦᠯᠲᠡᠶ ᠰᠢᠰᠲ᠋ᠧᠮ ᠤᠨ ᠪᠠᠶᠢᠭᠤᠯᠤᠯᠲᠠ᠂ ᠨᠢᠭᠡᠳᠦᠯᠲᠡᠶ ᠦᠢᠯᠡᠳᠪᠦᠷᠢᠯᠡᠯ ᠤᠨ ᠲᠣᠬᠢᠷᠠᠭᠤᠯᠤᠯᠲᠠ᠂ | ᠨᠢᠭᠡᠳᠦᠯᠲᠡᠶ ᠠᠮᠤᠷ ᠲᠦᠪᠰᠢᠨ ᠤ ᠪᠣᠯᠪᠠᠰᠤᠷᠠᠭᠤᠯᠤᠯ᠂ ᠨᠢᠭᠡᠳᠦᠯᠲᠡᠶ ᠬᠢᠨᠠᠯᠲᠠ ᠲᠠᠯᠪᠢᠵᠤ ᠪᠠᠶᠢᠴᠠᠭᠠᠬᠤ᠂ ᠨᠢᠭᠡᠳᠦᠯᠲᠡᠶ | ᠬᠢᠨᠠᠨ ᠰᠢᠯᠭᠠᠵᠤ ᠱᠠᠩᠨᠠᠵᠤ ᠲᠣᠷᠭᠠᠬᠤ︶ ᠶᠢᠨ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠶ᠃ ᠡᠯ᠎ᠡ ᠱᠠᠲᠤᠨ ᠤ ᠬᠢᠨᠠᠨ | ᠬᠠᠮᠢᠶᠠᠷᠬᠤ ᠰᠠᠯᠠᠭ᠎ᠠ ᠮᠥᠴᠢᠷ ᠤᠳ ᠬᠢᠷᠢ ᠬᠡᠮ ᠦᠭᠡᠢ ᠪᠠᠷ ᠳᠠᠭᠠᠭᠠᠴᠢᠯᠠᠭᠤᠯᠬᠤ᠂ ᠬᠠᠤᠯᠢ ᠪᠤᠰᠤ ᠪᠠᠷ ᠰᠢᠯᠵᠢᠭᠦᠯᠦᠨ | ᠳᠠᠭᠠᠭᠠᠴᠢᠯᠠᠭᠤᠯᠬᠤ᠂ ᠬᠠᠤᠯᠢ ᠠᠴᠠ ᠵᠥᠷᠢᠴᠡᠨ ᠬᠤᠪᠢᠶᠠᠨ ᠳᠠᠭᠠᠭᠠᠴᠢᠯᠠᠭᠤᠯᠬᠤ᠂ ᠳᠠᠭᠠᠭᠠᠴᠢᠯᠠᠯᠲᠠ ᠪᠠᠷ | ᠬᠠᠮᠢᠶᠠᠷᠤᠯᠲᠠ ᠶᠢ ᠣᠷᠣᠯᠠᠭᠤᠯᠬᠤ᠂ ᠲᠦᠰᠢᠭᠯᠡᠬᠦ ᠬᠢᠷᠢ ᠬᠡᠮ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ | ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠢ᠃ | ᠶᠢᠰᠦ᠂ ᠠᠵᠢᠯᠴᠢᠨ ᠬᠡᠷᠡᠭᠯᠡᠬᠦ ᠬᠠᠮᠢᠶᠠᠷᠤᠯᠲᠠ ᠶᠢ ᠵᠢᠷᠤᠮᠵᠢᠭᠤᠯᠬᠤ | ᠨᠡᠭᠦᠷᠡᠰᠦᠨ ᠠᠭᠤᠷᠬᠠᠶ ᠶᠢᠨ ᠠᠵᠤ ᠠᠬᠤᠶᠢᠯᠠᠯ ᠤᠳ ᠬᠥᠳᠡᠯᠮᠦᠷᠢ ᠦᠢᠯᠡᠴᠢᠯᠡᠭᠡᠨ ᠠᠴᠠ ᠲᠣᠮᠢᠯᠠᠬᠤ ᠬᠥᠮᠦᠰ | ᠪᠣᠯᠤᠨ ᠠᠮᠢᠳᠤᠯᠢᠭ ᠢᠶᠠᠷ ᠠᠵᠢᠯᠴᠢᠨ ᠬᠡᠷᠡᠭᠯᠡᠬᠦ ᠬᠥᠮᠦᠰ ᠢ ᠲᠤᠰ ᠨᠢᠭᠡᠴᠡ ᠶᠢᠨ ᠢᠶᠠᠨ ᠨᠢᠭᠡᠳᠦᠯᠲᠡᠶ ᠬᠠᠮᠢᠶᠠᠷᠤᠯᠲᠠ ᠳᠤ | ᠣᠷᠣᠭᠤᠯᠵᠤ᠂ ︽ᠳᠥᠷᠪᠡ ᠶᠢ ᠨᠢᠭᠡᠳᠦᠯᠲᠡᠶ ᠪᠠᠶᠢᠯᠭᠠᠬᠤ︾ ︵ᠨᠢᠭᠡᠳᠦᠯᠲᠡᠶ ᠬᠥᠳᠡᠯᠮᠦᠷᠢ ᠪᠠᠲᠤᠯᠠᠭ᠎ᠠ᠂ ᠠᠶᠤᠯ | ᠦᠭᠡᠶ ᠶᠢᠨ ᠪᠣᠯᠪᠠᠰᠤᠷᠠᠭᠤᠯᠤᠯ᠂ ᠬᠠᠷᠢᠭᠤᠴᠠᠯᠭ᠎ᠠ ᠶᠢ ᠨᠢᠭᠡᠳᠦᠯᠲᠡᠶ ᠨᠠᠶᠢᠳᠠᠪᠤᠷᠢᠵᠢᠭᠤᠯᠬᠤ᠂ ᠠᠶᠤᠯ ᠦᠭᠡᠶ ᠶᠢᠨ | ᠨᠢᠭᠡᠳᠦᠯᠲᠡᠶ ᠪᠠᠶᠢᠴᠠᠭᠠᠯᠲᠠ︶ ᠪᠡᠶᠡᠯᠡᠭᠦᠯᠬᠦ ᠬᠡᠷᠡᠭᠲᠡᠶ᠃ ᠠᠶᠤᠯ ᠲᠠᠢ ᠠᠵᠢᠯ ᠤᠨ ᠪᠠᠶᠢᠷᠢ ᠶᠢᠨ ᠠᠵᠢᠯᠴᠢᠨ ᠬᠡᠷᠡᠭᠯᠡᠬᠦ | ᠲᠤᠭ᠎ᠠ ᠬᠡᠮᠵᠢᠶ᠎ᠡ ᠶᠢ ᠴᠢᠩᠭ᠎ᠠ ᠬᠢᠵᠠᠭᠠᠷᠯᠠᠵᠤ᠂ ᠲᠤᠰᠬᠠᠶ ᠮᠡᠷᠭᠡᠵᠢᠯ ᠤᠨ ᠰᠤᠷᠤᠯᠴᠠᠭᠰᠠᠨ ᠨᠠᠮᠲᠠᠷ᠂ ᠦᠢᠯᠡᠳᠦᠯᠭᠡ ᠶᠢᠨ | ᠥᠩᠭᠡᠷᠡᠯᠲᠡ ᠵᠡᠷᠭᠡ ᠨᠢ ᠠᠵᠢᠯ ᠤᠨ ᠪᠠᠶᠢᠷᠢ ᠶᠢᠨ ᠱᠠᠭᠠᠷᠳᠠᠯᠭ᠎ᠠ ᠯᠤᠭ᠎ᠠ ᠨᠡᠶᠢᠴᠡᠬᠦ ᠦᠭᠡᠶ ᠬᠥᠮᠦᠰ ᠢ ᠤᠷᠢᠵᠤ | ᠬᠡᠷᠡᠭᠯᠡᠬᠦ ᠶᠢ ᠴᠢᠩᠭ᠎ᠠ ᠴᠠᠭᠠᠵᠠᠯᠠᠵᠤ᠂ ᠬᠤᠳᠳᠤᠭ ᠳᠣᠤᠷᠠᠬᠢ ᠬᠥᠳᠡᠯᠮᠦᠷᠢ ᠬᠦᠴᠦᠨ ᠢ ᠲᠣᠮᠢᠯᠠᠨ ᠠᠵᠢᠯᠯᠠᠭᠤᠯᠬᠤ ᠶᠢ | ᠴᠢᠩᠭ᠎ᠠ ᠴᠠᠭᠠᠵᠠᠯᠠᠬᠤ ᠬᠡᠷᠡᠭᠲᠡᠶ᠃ | ᠠᠷᠪᠠ᠂ ︽ᠭᠤᠷᠪᠠ ᠠᠴᠠ ᠵᠥᠷᠢᠴᠡᠬᠦ︾ ᠶᠢ ᠡᠰᠡᠷᠭᠦᠴᠡᠬᠦ ᠤᠷᠲᠤ ᠬᠤᠭᠤᠴᠠᠭᠠᠨ ᠤ ᠪᠦᠲᠦᠮᠵᠢᠲᠡᠶ | ᠲᠣᠭᠲᠠᠴᠠ ᠶᠢ ᠪᠠᠶᠢᠭᠤᠯᠬᠤ ᠬᠡᠷᠡᠭᠲᠡᠶ | ᠨᠡᠭᠦᠷᠡᠰᠦᠨ ᠠᠭᠤᠷᠬᠠᠢ ᠶᠢᠨ ᠠᠵᠤ ᠠᠬᠤᠶᠢᠯᠠᠯ ᠨᠢ ︽ᠭᠤᠷᠪᠠ ᠶᠢ ᠵᠥᠷᠢᠴᠡᠬᠦ︾ ︵ᠲᠦᠷᠢᠮ ᠠᠴᠠ | ᠵᠥᠷᠢᠴᠡᠨ ᠵᠢᠯᠣᠭᠤᠳᠬᠤ᠂ ᠲᠦᠷᠢᠮ ᠠᠴᠠ ᠵᠥᠷᠢᠴᠡᠨ ᠠᠵᠢᠯᠯᠠᠬᠤ᠂ ᠬᠥᠳᠡᠯᠮᠦᠷᠢ ᠶᠢᠨ ᠰᠠᠬᠢᠯᠭ᠎ᠠ ᠪᠠᠲᠤ ᠠᠴᠠ | ᠵᠥᠷᠢᠴᠡᠭᠰᠡᠨ︶ ᠶᠢ ᠱᠠᠩᠨᠠᠵᠤ ᠲᠣᠷᠭᠠᠬᠤ ᠲᠦᠷᠢᠮ ᠢ ᠲᠣᠭᠲᠠᠭᠠᠬᠤ ᠶᠢᠨ ᠬᠠᠮᠲᠤ ᠴᠢᠩᠭ᠎ᠠ ᠨᠠᠶᠢᠳᠠᠪᠤᠷᠢᠵᠢᠭᠤᠯᠵᠤ᠂ | ︽ᠭᠤᠷᠪᠠ ᠶᠢ ᠵᠥᠷᠢᠴᠡᠬᠦ︾ ᠶᠢ ᠡᠰᠡᠷᠭᠦᠴᠡᠭᠰᠡᠨ ᠪᠠᠶᠢᠳᠠᠯ ᠢ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ | ᠬᠢᠨᠠᠬᠤ ᠳᠤ ᠣᠷᠣᠭᠤᠯᠤᠨ᠂ ︽ᠭᠤᠷᠪᠠ ᠶᠢ ᠵᠥᠷᠢᠴᠡᠬᠦ︾ ᠶᠢ ᠡᠰᠡᠷᠭᠦᠴᠡᠬᠦ ᠠᠵᠢᠯᠯᠠᠭ᠎ᠠ ᠶᠢ ᠪᠠᠶᠢᠩᠭᠤᠵᠢᠭᠤᠯᠤᠨ | ᠥᠷᠨᠢᠭᠦᠯᠵᠦ᠂ ᠣᠯᠵᠤ ᠮᠡᠳᠡᠭᠰᠡᠨ ︽ᠭᠤᠷᠪᠠ ᠶᠢ ᠵᠥᠷᠢᠴᠡᠬᠦ︾ ᠠᠵᠢᠯᠯᠠᠭ᠎ᠠ ᠶᠢ ᠠᠵᠤ ᠠᠬᠤᠶᠢᠯᠠᠯ ᠤᠨ ᠲᠦᠷᠢᠮ | ᠲᠣᠭᠲᠠᠭᠠᠯ ᠶᠣᠰᠣᠭᠠᠷ ᠬᠦᠨᠳᠦ ᠪᠠᠷ ᠰᠢᠢᠳᠪᠦᠷᠢᠯᠡᠵᠦ᠂ ᠢᠯᠡ ᠪᠠᠷ ᠢᠯᠡᠴᠢᠯᠡᠬᠦ ᠬᠡᠷᠡᠭᠲᠡᠶ᠃ | ᠠᠷᠪᠠᠨ ᠨᠢᠭᠡ᠂ ᠪᠥᠬᠦ ᠠᠵᠢᠯᠲᠠᠨ ᠤ ᠬᠡᠪ ᠴᠢᠨᠠᠷ ᠢ ᠳᠡᠭᠡᠭᠰᠢᠯᠡᠭᠦᠯᠬᠦ ᠶᠢ ᠴᠢᠩᠭᠠᠳᠬᠠᠨ᠎ᠠ | ᠨᠡᠭᠦᠷᠡᠰᠦᠨ ᠠᠭᠤᠷᠬᠠᠶ ᠶᠢᠨ ᠠᠵᠤ ᠠᠬᠤᠶᠢᠯᠠᠯ ᠤᠳ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠠᠶᠤᠯ ᠥᠬᠡᠶ ᠦᠢᠯᠡᠳᠪᠦᠷᠢᠯᠡᠯ ᠤᠨ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠠ ︽ᠨᠢᠭᠡ | ᠲᠦᠷᠢᠮ ᠳᠥᠷᠪᠡᠨ ᠨᠠᠷᠢᠨ ᠲᠦᠷᠢᠮ︾ ᠤᠨ ᠠᠮᠤᠷ ᠲᠦᠪᠰᠢᠨ ᠤ ᠪᠣᠯᠪᠠᠰᠤᠷᠠᠭᠤᠯᠤᠯ ᠢ ᠪᠠᠶᠢᠩᠭᠤᠵᠢᠭᠤᠯᠤᠨ | ᠥᠷᠨᠢᠭᠦᠯᠵᠦ᠂ ᠠᠵᠢᠯᠯᠠᠵᠤ ᠪᠠᠶᠢᠭ᠎ᠠ ᠬᠥᠮᠦᠰ ᠤᠨ ᠠᠮᠤᠷ ᠲᠦᠪᠰᠢᠨ ᠤ ᠦᠵᠡᠯ ᠤᠬᠠᠮᠰᠠᠷ ᠪᠠ ᠲᠤᠰᠬᠠᠶ | ᠮᠡᠷᠭᠡᠵᠢᠯ ᠤᠨ ᠬᠡᠪ ᠴᠢᠨᠠᠷ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠶ︔ ᠡ᠊ᠨᠳᠡᠯ ᠢ ᠰᠡᠷᠡᠮᠵᠢᠯᠡᠭᠦᠯᠬᠦ ᠬᠥᠮᠦᠵᠢᠯ ᠤᠨ | ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠨᠡᠭᠦᠷᠡᠰᠦᠨ ᠠᠭᠤᠷᠬᠠᠶ ᠶᠢᠨ ᠳᠡᠭᠡᠳᠦ ᠱᠠᠲᠤᠨ ᠤ ᠺᠣᠮᠫᠠᠨᠢ ᠤᠯᠠᠷᠢᠯ | ᠪᠦᠷᠢ᠂ ᠨᠡᠭᠦᠷᠡᠰᠦᠨ ᠠᠭᠤᠷᠬᠠᠶ ᠶᠢᠨ ᠰᠠᠷ᠎ᠠ ᠪᠦᠷᠢ᠂ ᠲᠣᠭᠤᠷᠢᠭ ᠤᠨ ᠠᠩᠭᠢ ᠪᠠ ᠠᠩᠭᠢ ᠳᠤᠭᠤᠶᠢᠯᠠᠩ ᠨᠢ ᠭᠠᠷᠠᠭ | ᠪᠦᠷᠢ ᠨᠠᠭᠠᠳᠤ ᠵᠠᠬ᠎ᠠ ᠳᠠᠭᠠᠨ ᠨᠢᠭᠡ ᠤᠳᠠᠭ᠎ᠠ ᠡ᠊ᠨᠳᠡᠯ ᠢ ᠰᠡᠷᠡᠮᠵᠢᠯᠡᠭᠦᠯᠬᠦ ᠬᠥᠮᠦᠵᠢᠯ ᠢ ᠥᠷᠨᠢᠭᠦᠯᠵᠦ᠂ ᠨᠢᠭᠡ ᠠᠴᠠ | ᠵᠦᠢᠴᠢᠯᠡᠵᠦ ᠨᠥᠬᠦᠭᠡ ᠶᠢ ᠮᠡᠳᠡᠵᠦ᠂ ᠲᠦᠭᠰᠢᠭᠦᠷᠢ ᠶᠢ ᠰᠡᠷᠭᠡᠶᠢᠯᠡᠨ᠂ ᠳᠠᠯᠳᠠ ᠬᠡᠮ ᠢ ᠠᠷᠢᠯᠭᠠᠵᠤ᠂ ᠡ᠊ᠨᠳᠡᠯ ᠢ | ᠬᠤᠷᠢᠭᠯᠠᠨ᠎ᠠ︔ ︽ᠲᠤᠷᠰᠢᠯᠭ᠎ᠠ ᠲᠠᠢ᠂ ᠲᠤᠰᠬᠠᠶ ᠮᠡᠷᠭᠡᠵᠢᠯ ᠢ ᠮᠡᠳᠡᠬᠦ᠂ ᠬᠠᠮᠢᠶᠠᠷᠴᠤ ᠴᠢᠳᠠᠬᠤ︾ ᠴᠢᠳᠠᠪᠤᠷᠢᠲᠠᠨ ᠪᠠ | ᠡᠩᠨᠡᠭᠡ ᠶᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠲᠣᠭᠲᠠᠭᠠᠯ ᠶᠣᠰᠣᠭᠠᠷ ᠠᠵᠢᠯ ᠤᠨ ᠬᠡᠷᠡᠭᠴᠡᠭᠡ ᠶᠢ | ᠬᠠᠩᠭᠠᠬᠤ ᠠᠶᠤᠯ ᠥᠬᠡᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠪᠠ ᠠᠮᠤᠷ ᠲᠦᠪᠰᠢᠨ ᠤ | ᠢᠨᠵᠧᠨᠧᠷ ᠢ ᠳᠠᠩᠰᠠᠯᠠᠭᠤᠯᠤᠨ᠎ᠠ᠃ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ | ᠨᠠᠶᠢᠳᠠᠪᠤᠷᠢᠵᠢᠭᠤᠯᠬᠤ ᠶᠢ ᠢᠳᠡᠪᠬᠢᠲᠡᠢ ᠠᠬᠢᠭᠤᠯᠵᠤ᠂ ᠠᠵᠢᠯᠴᠢᠨ ᠡᠯᠰᠡᠬᠦ ᠰᠤᠷᠤᠭᠴᠢ ᠡᠯᠰᠡᠬᠦ ᠶᠢ ᠨᠢᠭᠡ | ᠴᠤᠬᠴᠠᠵᠢᠭᠤᠯᠬᠤ ᠪᠠ ᠠᠵᠤ ᠠᠬᠤᠶᠢᠯᠠᠯ ᠤᠨ ᠰᠢᠨ᠎ᠡ ᠬᠡᠯᠪᠡᠷᠢ ᠶᠢᠨ ᠱᠠᠪᠢ ᠣᠷᠣᠬᠤ ᠲᠦᠷᠢᠮ ᠢ ᠬᠡᠷᠡᠭᠵᠢᠭᠦᠯᠵᠦ᠂ | ᠤᠶᠤᠨᠴᠢᠯᠠᠭᠰᠠᠨ᠂ ᠮᠡᠳᠡᠭᠡ ᠵᠠᠩᠭᠢᠴᠢᠯᠠᠭᠰᠠᠨ᠂ ᠭᠠᠮᠰᠢᠭ ᠢ ᠵᠠᠰᠠᠬᠤ ᠵᠡᠷᠭᠡ ᠳᠤᠲᠠᠭᠳᠠᠵᠤ ᠪᠠᠶᠢᠭ᠎ᠠ ᠵᠦᠢᠯ᠂ ᠳᠡᠭᠡᠳᠦ | ᠲᠡᠰ ᠤᠨ ᠮᠡᠷᠭᠡᠵᠢᠯ ᠤᠨ ᠴᠢᠳᠠᠪᠤᠷᠢᠲᠠᠨ ᠪᠠ ᠦᠢᠯᠡᠳᠪᠦᠷᠢᠯᠡᠯ ᠤᠨ ᠨᠢᠭᠡᠳᠦᠭᠡᠷ ᠹᠷᠣᠨᠲ ᠤᠨ ᠪᠠᠴᠢᠮ ᠬᠡᠷᠡᠭᠰᠡᠬᠦ | ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠥᠮᠦᠵᠢᠭᠦᠯᠬᠦ ᠶᠢ ᠲᠦᠷᠭᠡᠳᠬᠡᠬᠦ ᠬᠡᠷᠡᠭᠲᠡᠢ᠃ | ᠠᠷᠪᠠᠨ ᠬᠤᠶᠠᠷ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ | ᠨᠡᠭᠦᠷᠡᠰᠦᠨ ᠠᠭᠤᠷᠬᠠᠢ ᠶᠢᠨ ᠠᠵᠤ ᠠᠬᠤᠶᠢᠯᠠᠯ ᠨᠢ ᠡᠷᠬᠡᠪᠰᠢ ᠠᠭᠤᠷᠬᠠᠢ ᠶᠢᠨ ᠬᠤᠳᠳᠤᠭ ᠤᠨ ᠭᠠᠮᠰᠢᠭ ᠤᠨ | ᠣᠨᠴᠠᠯᠢᠭ ᠲᠠᠢ ᠤᠶᠠᠯᠳᠤᠭᠤᠯᠤᠨ ᠪᠣᠳᠠᠲᠠᠢ ᠪᠠᠶᠢᠳᠠᠯ ᠢ ᠦᠨᠳᠦᠰᠦᠯᠡᠨ ᠪᠠᠴᠢᠮ ᠪᠠᠶᠢᠳᠠᠯ ᠢ ᠠᠷᠭᠠᠴᠠᠵᠤ ᠠᠪᠤᠷᠠᠨ | ᠲᠤᠰᠠᠯᠠᠬᠤ ᠪᠡᠯᠡᠳᠬᠡᠯ ᠲᠥᠰᠥᠯ ᠢ ᠲᠣᠭᠲᠠᠭᠠᠨ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ | ᠲᠣᠭᠲᠠᠭᠠᠯ ᠶᠣᠰᠣᠭᠠᠷ ᠥᠷᠨᠢᠭᠦᠯᠬᠦ ᠬᠡᠷᠡᠭᠲᠡᠢ︔ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢ ᠲᠣᠭᠲᠠᠭᠠᠨ | ᠲᠡᠭᠦᠯᠳᠡᠷᠵᠢᠭᠦᠯᠬᠦ ᠶᠢᠨ ᠬᠠᠮᠲᠤ ᠴᠢᠩᠭ᠎ᠠ ᠨᠠᠶᠢᠳᠠᠪᠤᠷᠢᠵᠢᠭᠤᠯᠵᠤ᠂ ᠬᠤᠳᠳᠤᠭ ᠤᠨ ᠠᠮᠠ ᠵᠡᠷᠭᠡ ᠢᠯᠡ ᠭᠠᠵᠠᠷ ᠲᠤ | ᠠᠯᠪᠠᠨ ᠵᠠᠷ ᠤᠨ ᠫᠠᠶᠢᠰᠠ ᠪᠠᠶᠢᠷᠢᠯᠠᠭᠤᠯᠵᠤ᠂ ᠬᠤᠳᠳᠤᠭ ᠳᠣᠲᠣᠷᠠᠬᠢ ᠠᠮᠤᠷ ᠲᠦᠪᠰᠢᠨ ᠤ ᠲᠦᠭᠰᠢᠭᠦᠷᠢ ᠶᠢ | ᠲᠣᠳᠣᠷᠬᠠᠢ ᠲᠡᠮᠳᠡᠭᠯᠡᠵᠦ᠂ ᠠᠵᠢᠯᠯᠠᠵᠤ ᠪᠠᠶᠢᠭ᠎ᠠ ᠬᠥᠮᠥᠰ ᠤᠨ ᠠᠶᠤᠯ ᠠᠴᠠ ᠪᠠᠴᠢᠮ ᠵᠠᠶᠢᠯᠠᠭᠤᠯᠵᠤ ᠭᠠᠷᠬᠤ ᠪᠠᠶᠢᠳᠠᠯ | ᠪᠠ ᠡᠷᠬᠡ ᠶᠢ ᠲᠣᠳᠣᠷᠬᠠᠢ ᠬᠡᠯᠡᠵᠦ ᠥᠭᠬᠦ ᠬᠡᠷᠡᠭᠲᠡᠢ︔ ᠪᠠᠴᠢᠮ ᠪᠠᠶᠢᠳᠠᠯ ᠢ ᠠᠷᠭᠠᠴᠠᠵᠤ ᠤᠬᠤᠷᠢᠨ ᠭᠠᠷᠬᠤ | ᠳᠦᠷᠢᠮ ᠢ ᠪᠠᠶᠢᠭᠤᠯᠵᠤ᠂ ᠠᠳᠡᠯ ᠤᠨ ᠪᠡᠯᠭᠡ ᠲᠡᠮᠳᠡᠭ ᠵᠡᠷᠭᠡ ᠪᠠᠴᠢᠮ ᠪᠠᠶᠢᠳᠠᠯ ᠭᠠᠷᠬᠤ ᠦᠶ᠎ᠡ ᠳᠤ᠂ ᠪᠣᠢ ᠪᠦᠬᠦᠢ | ᠲᠤᠬᠠᠢ ᠶᠢᠨ ᠲᠠᠯᠠᠪᠤᠷ ᠲᠤ ᠠᠵᠢᠯᠯᠠᠵᠤ ᠪᠠᠶᠢᠭ᠎ᠠ ᠬᠥᠮᠥᠰ᠂ ᠵᠢᠵᠢᠭᠦᠷᠯᠡᠵᠦ ᠪᠠᠶᠢᠭ᠎ᠠ ᠬᠥᠮᠥᠰ ᠤᠨ ᠵᠢᠭᠠᠪᠤᠷᠢ ᠠᠪᠬᠤ | ᠴᠢᠬᠤᠯᠠ ᠦᠭᠡᠢ᠂ ᠲᠡᠷᠡ ᠳᠠᠷᠤᠢ ᠳᠤᠨᠢ ᠬᠥᠮᠥᠨ ᠢ ᠪᠤᠴᠠᠭᠠᠬᠤ ᠡᠷᠬᠡ ᠲᠠᠢ ᠭᠡᠵᠦ ᠲᠣᠳᠣᠷᠬᠠᠢ ᠬᠡᠯᠡᠵᠦ ᠥᠭᠬᠦ | ᠬᠡᠷᠡᠭᠲᠡᠢ᠃ | ᠠᠷᠪᠠᠨ ᠭᠤᠷᠪᠠ᠂ ᠨᠡᠭᠦᠷᠡᠰᠦᠨ ᠠᠭᠤᠷᠬᠠᠢ ᠶᠢᠨ ᠣᠶᠤᠨᠴᠢᠯᠠᠭᠰᠠᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠨ᠎ᠡ | ᠨᠡᠭᠦᠷᠡᠰᠦᠨ ᠠᠭᠤᠷᠬᠠᠢ ᠨᠢ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠠᠭᠤᠷᠬᠠᠢ ᠶᠢᠨ ᠤᠶᠤᠨᠴᠢᠯᠠᠭᠰᠠᠨ | ᠪᠠᠶᠢᠭᠤᠯᠤᠯᠲᠠ ᠶᠢ ᠠᠬᠢᠭᠤᠯᠬᠤ ᠬᠠᠮᠢᠶ᠎ᠠ ᠪᠦᠬᠦᠢ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠤᠶᠤᠨᠴᠢᠯᠠᠭᠰᠠᠨ | ᠪᠠᠶᠢᠭᠤᠯᠤᠯᠲᠠ ᠶᠢ ᠥᠷᠨᠢᠭᠦᠯᠵᠦ᠂ ᠪᠠᠶᠢᠩᠭᠤ ᠶᠢᠨ ᠠᠵᠢᠯᠯᠠᠭᠠᠨ ᠢ ᠪᠡᠶᠡᠯᠡᠭᠦᠯᠬᠦ ᠶᠢᠨ ᠬᠠᠮᠲᠤ ᠬᠤᠯᠪᠣᠭᠳᠠᠯ ᠪᠦᠬᠦᠢ | ᠱᠠᠭᠠᠷᠳᠠᠯᠭ᠎ᠠ ᠶᠣᠰᠣᠭᠠᠷ ᠲᠠᠰᠤᠷᠠᠯᠲᠠ ᠦᠭᠡᠢ ᠲᠡᠰ ᠳᠡᠪᠰᠢᠭᠦᠯᠬᠦ ᠬᠡᠷᠡᠭᠲᠡᠢ᠃ ᠬᠠᠮᠢᠶ᠎ᠠ ᠪᠦᠬᠦᠢ ᠬᠢᠨᠠᠨ ᠬᠠᠮᠢᠶᠠᠷᠴᠤ | ᠬᠢᠨᠠᠨ ᠪᠠᠶᠢᠴᠠᠭᠠᠬᠤ ᠰᠠᠯᠠᠭ᠎ᠠ ᠮᠥᠴᠢᠷ ᠠᠴᠠ ᠣᠶᠤᠨᠴᠢᠯᠠᠭᠰᠠᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠᠨ | ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠦᠭᠰᠡᠨ ᠦᠭᠡᠢ ᠨᠡᠭᠦᠷᠡᠰᠦᠨ ᠠᠭᠤᠷᠬᠠᠢ ᠶᠢ ᠬᠠᠤᠯᠢ ᠲᠣᠭᠲᠠᠭᠠᠯ ᠶᠣᠰᠣᠭᠠᠷ | ᠵᠠᠷᠯᠢᠭᠳᠠᠵᠤ ᠪᠠᠶᠢᠭᠠᠳ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ᠂ ᠭᠤᠣᠯᠳᠠᠯᠭ᠎ᠠ ᠲᠠᠢ ᠬᠢᠨᠠᠨ ᠬᠠᠮᠢᠶᠠᠷᠴᠤ ᠬᠢᠨᠠᠨ | ᠪᠠᠶᠢᠴᠠᠭᠠᠬᠤ ᠨᠡᠭᠦᠷᠡᠰᠦᠨ ᠠᠭᠤᠷᠬᠠᠢ ᠶᠢᠨ ᠨᠡᠷᠡᠰ ᠲᠤ ᠵᠢᠭᠰᠠᠭᠠᠨ ᠣᠷᠣᠭᠤᠯᠤᠨ᠎ᠠ︔ ᠬᠤᠭᠤᠴᠠᠭ᠎ᠠ ᠬᠢᠵᠠᠭᠠᠷᠯᠠᠨ | ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠭᠰᠡᠨ ᠦᠭᠡᠢ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠪᠣᠯᠵᠣᠨ | ᠶᠠᠷᠢᠯᠴᠠᠬᠤ᠂ ᠵᠠᠷᠯᠠᠨ ᠰᠢᠭᠦᠮᠵᠢᠯᠡᠬᠦ ᠵᠡᠷᠭᠡ ᠠᠷᠭ᠎ᠠ ᠬᠡᠮᠵᠢᠶ᠎ᠡ ᠠᠪᠴᠤ᠂ ᠦᠢᠯᠡ ᠪᠠᠶᠢᠳᠠᠯ ᠨᠢ ᠬᠦᠨᠳᠦ ᠨᠣᠴᠢᠲᠠᠶ | ᠪᠠᠶᠢᠪᠠᠯ᠂ ᠨᠡᠭᠦᠷᠡᠰᠦᠨ ᠠᠭᠤᠷᠬᠠᠢ ᠶᠢᠨ ᠳᠡᠭᠡᠳᠦ ᠱᠠᠲᠤᠨ ᠤ ᠺᠣᠮᠫᠠᠨᠢ ᠳᠤ ᠬᠠᠮᠢᠶ᠎ᠠ ᠪᠦᠬᠦᠢ ᠬᠠᠷᠢᠭᠤᠴᠠᠯᠭᠠᠲᠠᠨ ᠳᠤ | ᠠᠵᠢᠯ ᠤᠨ ᠪᠠᠶᠢᠷᠢ ᠶᠢ ᠨᠢ ᠲᠣᠬᠢᠷᠠᠭᠤᠯᠵᠤ᠂ ᠦᠢᠯᠡᠳᠪᠦᠷᠢᠯᠡᠯ ᠢ ᠨᠢ ᠵᠣᠭᠰᠣᠭᠠᠵᠤ ᠴᠡᠭᠴᠡᠯᠡᠨ ᠰᠠᠶᠢᠵᠢᠷᠠᠭᠤᠯᠬᠤ | ᠴᠢᠬᠤᠯᠠᠲᠠᠶ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠵᠠᠷᠯᠢᠭᠳᠠᠵᠤ ᠪᠠᠶᠢᠭᠠᠳ ᠲᠡᠭᠦᠨ ᠢ ᠦᠢᠯᠡᠳᠪᠦᠷᠢᠯᠡᠯ ᠢ ᠨᠢ | ᠵᠣᠭᠰᠣᠭᠠᠵᠤ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ | ᠠᠷᠪᠠᠨ ᠳᠥᠷᠪᠡ᠂ ᠬᠦᠨᠳᠦ ᠶᠡᠭᠡ ᠭᠠᠮᠰᠢᠭ ᠤᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ | ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠤᠨ᠎ᠠ | ᠨᠡᠭᠦᠷᠡᠰᠦᠨ ᠠᠭᠤᠷᠬᠠᠢ ᠨᠢ ᠬᠤᠳᠳᠤᠭ ᠳᠣᠣᠷᠠᠬᠢ ᠨᠠᠷᠢᠯᠢᠭ ᠣᠨᠣᠪᠴᠢᠲᠠᠢ ᠪᠠᠶᠢᠷᠢ ᠲᠣᠭᠲᠠᠭᠠᠬᠤ | ᠰᠢᠰᠲ᠋ᠧᠮ ᠤᠨ ᠪᠠᠶᠢᠭᠤᠯᠤᠯᠲᠠ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ ᠠᠭᠤᠷᠬᠠᠢ ᠶᠢᠨ ᠲᠡᠷᠭᠡ᠂ | ᠲᠡᠮᠦᠷ ᠵᠠᠮ ᠦᠭᠡᠢ ᠭᠤᠮ ᠬᠦᠷᠳᠦᠲᠦ ᠲᠡᠷᠭᠡ᠂ ᠨᠡᠭᠦᠷᠡᠰᠦ ᠮᠠᠯᠲᠠᠬᠤ ᠮᠠᠰᠢᠨ᠂ ᠮᠠᠯᠲᠠᠭᠤᠷ ᠮᠠᠰᠢᠨ ᠵᠡᠷᠭᠡ ᠴᠢᠬᠤᠯᠠ | ᠮᠠᠰᠢᠨ ᠴᠠᠬᠢᠯᠭᠠᠨ ᠤ ᠲᠥᠬᠦᠭᠡᠷᠦᠮᠵᠢ ᠶᠢᠨ ᠣᠷᠣᠨ ᠪᠠᠶᠢᠷᠢ ᠪᠣᠯᠤᠨ ᠠᠶᠤᠯᠭᠦᠢ ᠠᠵᠢᠯᠯᠠᠭᠠᠨ ᠤ ᠪᠠᠶᠢᠳᠠᠯ ᠢ ᠴᠠᠭ | ᠲᠤᠬᠠᠢ ᠳᠤᠨᠢ ᠬᠢᠨᠠᠨ ᠬᠡᠮᠵᠢᠵᠦ ᠬᠠᠷᠢᠭᠤ ᠲᠤᠰᠬᠠᠵᠤ᠂ ᠲᠣᠭᠲᠠᠭᠠᠯ ᠠᠴᠠ ᠵᠥᠷᠢᠴᠡᠨ ᠠᠵᠢᠯᠯᠠᠬᠤ᠂ | ᠲᠥᠬᠦᠭᠡᠷᠦᠮᠵᠢ ᠶᠢᠨ ᠪᠠᠶᠢᠷᠢ ᠶᠢᠨ ᠰᠢᠯᠵᠢᠯᠲᠡ ᠬᠢᠬᠦ ᠪᠠ ᠲᠡᠷᠭᠡ ᠬᠥᠰᠬᠡ ᠶᠢᠨ ᠮᠥᠷᠭᠦᠯᠳᠦᠯ ᠵᠡᠷᠭᠡ ᠠᠶᠤᠯ | ᠲᠦᠭᠰᠢᠭᠦᠷᠢ ᠶᠢ ᠴᠠᠭ ᠲᠤᠬᠠᠢ ᠳᠤᠨᠢ ᠢᠯᠡᠷᠡᠭᠦᠯᠬᠦ ᠶᠢᠨ ᠬᠠᠮᠲᠤ ᠤᠷᠢᠳᠴᠢᠯᠠᠨ ᠰᠡᠷᠡᠮᠵᠢᠯᠡᠭᠦᠯᠬᠦ ᠬᠡᠷᠡᠭᠲᠡᠢ︔ | ᠨᠡᠭᠦᠷᠡᠰᠦᠨ ᠠᠭᠤᠷᠬᠠᠢ ᠶᠢᠨ ᠭᠠᠵᠠᠷ ᠳᠡᠭᠡᠷᠡᠬᠢ ᠪᠠ ᠬᠤᠳᠳᠤᠭ ᠳᠣᠤᠷᠠᠬᠢ ᠵᠠᠩᠭᠢᠯᠠᠭ᠎ᠠ ᠶᠢᠨ ᠴᠡᠭ ᠲᠤ ᠥᠨᠳᠥᠷ | ᠲᠣᠳᠣᠷᠬᠠᠶ ᠳᠦᠷᠰᠦ ᠰᠢᠩᠭᠡᠭᠡᠬᠦ ᠮᠠᠰᠢᠨ ᠪᠠ ᠵᠢᠷᠤᠭ ᠳᠦᠷᠰᠦ ᠶᠢᠨ ᠣᠶᠤᠨᠴᠢ ᠵᠠᠳᠠᠯᠤᠯᠲᠠ ᠶᠢᠨ ᠲᠥᠬᠦᠭᠡᠷᠦᠮᠵᠢ | ᠤᠭᠰᠠᠷᠠᠵᠤ᠂ ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ ᠤᠨ ᠪᠠᠶᠢᠳᠠᠯ ᠪᠠ ᠠᠮᠤᠷ ᠲᠦᠪᠰᠢᠨ ᠤ ᠪᠠᠶᠢᠳᠠᠯ ᠢ ᠴᠠᠭ | ᠲᠤᠬᠠᠢ ᠳᠤᠨᠢ ᠬᠢᠨᠠᠨ ᠡᠵᠡᠮᠳᠡᠵᠦ᠂ ᠨᠡᠭᠦᠷᠡᠰᠦᠨ ᠠᠭᠤᠷᠬᠠᠢ ᠳᠤ ᠢᠯᠡ ᠵᠣᠭᠰᠣᠵᠤ ᠳᠠᠯᠳᠠᠭᠤᠷ ᠨᠡᠭᠡᠭᠡᠬᠦ᠂ ᠬᠡᠳᠦ | ᠬᠡᠲᠦᠷᠡᠭᠰᠡᠨ ᠵᠡᠷᠭᠡ ᠬᠠᠤᠯᠢ ᠠᠴᠠ ᠵᠥᠷᠢᠴᠡᠨ ᠦᠢᠯᠡᠳᠪᠦᠷᠢᠯᠡᠬᠦ ᠠᠵᠢᠯᠯᠠᠭ᠎ᠠ ᠣᠷᠣᠰᠢᠵᠤ ᠪᠠᠶᠢᠬᠤ ᠡᠰᠡᠬᠦ ᠶᠢ ᠵᠠᠳᠠᠯᠤᠨ | ᠰᠤᠳᠤᠯᠬᠤ ᠬᠡᠷᠡᠭᠲᠡᠢ᠃ ᠨᠡᠭᠦᠷᠡᠰᠦᠨ ᠠᠭᠤᠷᠬᠠᠶ ᠶᠢᠨ ᠠᠵᠤ ᠠᠬᠤᠶᠢᠯᠠᠯ ᠤᠳ ᠨᠡᠭᠦᠷᠡᠰᠦᠨ ᠠᠭᠤᠷᠬᠠᠶ ᠶᠢᠨ ᠴᠢᠬᠤᠯᠠ | ᠶᠡᠭᠡ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠤᠰᠬᠠᠶ ᠬᠡᠷᠡᠭᠯᠡᠬᠦ ᠭᠠᠵᠠᠷ ᠬᠥᠳᠡᠯᠦᠯᠲᠡ ᠶᠢ ᠬᠢᠨᠠᠨ ᠬᠡᠮᠵᠢᠬᠦ | ᠥᠷᠲᠡᠭᠡ ᠶᠢᠨ ᠲᠣᠤᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠠᠶᠢᠭᠠᠯᠢ ᠶᠢᠨ ᠭᠠᠵᠠᠷ | ᠬᠥᠳᠡᠯᠦᠯᠲᠡ ᠪᠣᠯᠤᠨ ᠪᠠᠶᠢᠭᠠᠯᠢ ᠶᠢᠨ ᠪᠤᠰᠤ ᠭᠠᠵᠠᠷ ᠬᠥᠳᠡᠯᠦᠯᠲᠡ ᠶᠢ ᠬᠢᠨᠠᠨ ᠬᠡᠮᠵᠢᠬᠦ ᠴᠢᠳᠠᠪᠤᠷᠢ ᠶᠢ ᠳᠡᠭᠡᠭᠰᠢᠯᠡᠭᠦᠯᠬᠦ | ᠬᠡᠷᠡᠭᠲᠡᠶ᠃ | ᠠᠷᠪᠠᠨ ᠲᠠᠪᠤ᠂ ᠵᠠᠭᠤᠴᠢ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠳᠠᠯᠠᠨ᠎ᠠ | ᠪᠠᠶᠢᠴᠠᠭᠠᠨ ᠬᠡᠮᠵᠢᠵᠦ ᠰᠢᠯᠭᠠᠨ ᠪᠠᠶᠢᠴᠠᠭᠠᠬᠤ᠂ ᠵᠢᠷᠤᠭᠯᠠᠨ ᠲᠥᠯᠥᠪᠯᠡᠬᠦ᠂ ᠠᠶᠤᠯ ᠦᠭᠡᠶ ᠶᠢᠨ ᠦᠨᠡᠯᠡᠯᠲᠡ | ᠬᠢᠬᠦ᠂ ᠬᠢᠨᠠᠨ ᠬᠠᠮᠢᠶᠠᠷᠬᠤ᠂ ᠭᠠᠵᠠᠷ ᠰᠢᠨᠵᠢᠯᠡᠭᠡᠨ ᠤ ᠬᠠᠶᠢᠨ ᠰᠢᠨᠵᠢᠬᠦ ᠵᠡᠷᠭᠡ ᠵᠠᠭᠤᠴᠢ ᠪᠠᠶᠢᠭᠤᠯᠤᠮᠵᠢ ᠨᠤᠭᠤᠳ | ᠪᠣᠳᠠᠲᠤ ᠪᠠᠶᠢᠳᠠᠯ ᠢ ᠦᠨᠳᠦᠰᠦᠯᠡᠨ ᠮᠡᠳᠡᠭᠦᠯᠦᠯᠲᠡ ᠭᠠᠷᠭᠠᠵᠤ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ ᠶᠢ | ᠴᠢᠩᠭ᠎ᠠ ᠴᠠᠭᠠᠵᠠᠯᠠᠬᠤ ᠬᠡᠷᠡᠭᠲᠡᠶ᠃ ᠬᠤᠯᠪᠣᠭᠳᠠᠯ ᠪᠦᠬᠦᠢ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ | ᠪᠣᠳᠠᠲᠤ ᠪᠠᠶᠢᠳᠠᠯ ᠢ ᠦᠨᠳᠦᠰᠦᠯᠡᠨ ᠮᠡᠳᠡᠭᠦᠯᠦᠯᠲᠡ ᠭᠠᠷᠭᠠᠭᠰᠠᠨ ᠦᠭᠡᠢ ᠪᠤᠶᠤ ᠬᠤᠳᠠᠯ ᠬᠠᠭᠤᠷᠮᠠᠭ ᠮᠡᠳᠡᠭᠦᠯᠦᠯᠲᠡ | ᠭᠠᠷᠭᠠᠭᠰᠠᠨ ᠪᠠᠶᠢᠪᠠᠯ᠂ ︽ᠬᠠᠷ᠎ᠠ ᠳᠠᠩᠰᠠ︾ ᠶᠢᠨ ᠬᠠᠮᠢᠶᠠᠷᠤᠯᠲᠠ ᠳᠤ ᠵᠢᠭᠰᠠᠭᠠᠨ ᠣᠷᠣᠭᠤᠯᠵᠤ᠂ ᠬᠤᠯᠪᠣᠭᠠᠯᠠᠨ | ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠦᠨ᠎ᠡ᠃ | ᠠᠷᠪᠠᠨ ᠵᠢᠷᠭᠤᠭ᠎ᠠ᠂ ᠨᠡᠭᠦᠷᠡᠰᠦᠨ ᠠᠭᠤᠷᠬᠠᠶ ᠶᠢᠨ ᠠᠶᠤᠯ ᠦᠭᠡᠶ ᠶᠢᠨ ᠵᠥᠪᠰᠢᠶᠡᠷᠡᠨ ᠣᠷᠣᠭᠤᠯᠬᠤ ᠪᠠ | ᠲᠥᠷᠥᠯ ᠬᠤᠪᠢᠶᠠᠨ ᠬᠢᠨᠠᠨ ᠬᠠᠮᠢᠶᠠᠷᠴᠤ ᠬᠢᠨᠠᠨ ᠪᠠᠶᠢᠴᠠᠭᠠᠬᠤ ᠶᠢ ᠴᠢᠩᠭᠠᠳᠬᠠᠬᠤ ᠬᠡᠷᠡᠭᠲᠡᠶ | ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠨᠡᠭᠦᠷᠡᠰᠦᠨ ᠠᠭᠤᠷᠬᠠᠶ ᠶᠢᠨ ᠵᠢᠷᠤᠭ ᠲᠥᠯᠥᠪᠯᠡᠭᠡ᠂ | ᠠᠭᠤᠷᠬᠠᠶ ᠶᠢᠨ ᠦᠢᠯᠡᠰ ᠤᠨ ᠡᠷᠬᠡ ᠶᠢᠨ ᠪᠠᠶᠢᠷᠢᠯᠠᠭᠤᠯᠤᠯᠲᠠ᠂ ᠮᠠᠯᠲᠠᠵᠤ ᠪᠣᠯᠬᠤ ᠬᠡᠪᠴᠢᠶ᠎ᠡ᠂ ᠭᠠᠮᠰᠢᠭ ᠤᠨ | ᠲᠦᠭᠰᠢᠭᠦᠷᠢ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠠᠶᠤᠯ ᠦᠭᠡᠶ ᠦᠢᠯᠡᠳᠪᠦᠷᠢᠯᠡᠯ ᠢ | ᠵᠥᠪᠰᠢᠶᠡᠷᠡᠨ ᠣᠷᠣᠭᠤᠯᠬᠤ ᠶᠢ ᠴᠢᠩᠳᠠᠯᠠᠵᠤ᠂ ᠲᠥᠯᠥᠪᠵᠢᠭᠦᠯᠭᠡ᠂ ᠲᠥᠷᠥᠯ ᠵᠦᠢᠯ ᠲᠣᠭᠲᠠᠭᠠᠬᠤ᠂ ᠵᠢᠷᠤᠭᠯᠠᠨ | ᠲᠥᠯᠥᠪᠯᠡᠬᠦ᠂ ᠬᠢᠨᠠᠨ ᠵᠥᠪᠰᠢᠶᠡᠷᠡᠬᠦ᠂ ᠪᠦᠲᠦᠭᠡᠨ ᠪᠠᠶᠢᠭᠤᠯᠬᠤ ᠠᠶᠤᠯ ᠦᠭᠡᠶ ᠶᠢᠨ ᠪᠣᠭᠤᠮᠲᠠ ᠶᠢ ᠴᠢᠩᠭ᠎ᠠ | ᠠᠳᠬᠤᠬᠤ ᠬᠡᠷᠡᠭᠲᠡᠶ᠃ ᠨᠡᠭᠦᠷᠡᠰᠦᠨ ᠠᠭᠤᠷᠬᠠᠢ ᠶᠢᠨ ᠲᠦᠷᠦᠯ ᠬᠤᠪᠢᠶᠠᠨ ᠲᠡᠰ ᠰᠢᠯᠭᠠᠷᠠᠭᠤᠯᠬᠤ ᠳᠤ ᠤᠯᠠᠷᠢᠯ ᠪᠦᠷᠢ | ᠬᠥᠳᠡᠯᠦᠩᠭᠦᠢ ᠪᠠᠷ ᠲᠣᠬᠢᠷᠠᠭᠤᠯᠤᠯᠲᠠ ᠬᠢᠵᠦ᠂ ᠲᠦᠷᠦᠯ ᠬᠤᠪᠢᠶᠠᠨ ᠳᠡᠰ ᠦᠨᠡᠯᠡᠬᠦ ᠪᠠᠶᠢᠳᠠᠯ ᠢ ᠨᠡᠶᠢᠭᠡᠮ ᠳᠤ | ᠨᠡᠶᠢᠲᠡᠯᠡᠵᠦ᠂ C ᠲᠦᠷᠦᠯ ᠤᠨ ᠨᠡᠭᠦᠷᠡᠰᠦᠨ ᠠᠭᠤᠷᠬᠠᠢ ᠶᠢ ᠭᠤᠣᠯᠳᠠᠯᠭ᠎ᠠ ᠲᠠᠢ ᠬᠢᠨᠠᠨ ᠬᠠᠮᠢᠶᠠᠷᠴᠤ ᠬᠢᠨᠠᠨ | ᠪᠠᠶᠢᠴᠠᠭᠠᠬᠤ ᠡᠲᠡᠭᠡᠳ ᠲᠤ ᠵᠢᠭᠰᠠᠭᠠᠨ ᠣᠷᠣᠭᠤᠯᠵᠤ᠂ ᠡᠳᠦᠷ ᠲᠤᠳᠤᠮ ᠤᠨ ᠪᠠᠶᠢᠴᠠᠭᠠᠬᠤ ᠤᠳᠠᠭ᠎ᠠ ᠪᠠᠨ | ᠨᠡᠮᠡᠭᠳᠡᠭᠦᠯᠵᠦ᠂ ︽ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ ᠤᠨ ᠴᠢᠳᠠᠪᠤᠷᠢ ᠶᠢᠨ ᠬᠠᠮᠢᠶᠠᠷᠤᠯᠲᠠ ᠶᠢᠨ ᠠᠷᠭ᠎ᠠ︾ | ᠶᠢᠨ ᠶᠣᠰᠣᠭᠠᠷ ᠦᠢᠯᠡᠳᠪᠦᠷᠢᠯᠡᠬᠦ ᠴᠢᠳᠠᠪᠤᠷᠢ ᠶᠢ ᠬᠢᠨᠠᠨ ᠲᠣᠭᠲᠠᠭᠠᠬᠤ ᠠᠵᠢᠯ ᠢ ᠴᠢᠩᠭ᠎ᠠ ᠥᠷᠨᠢᠭᠦᠯᠦᠨ᠎ᠡ︔ D | ᠲᠦᠷᠦᠯ ᠤᠨ ᠤᠷᠳᠤ ᠬᠤᠭᠤᠴᠠᠭ᠎ᠠ ᠪᠠᠷ ᠦᠢᠯᠡᠳᠪᠦᠷᠢᠯᠡᠯ ᠢᠶᠠᠨ ᠵᠣᠭᠰᠣᠭᠠᠭᠰᠠᠨ ᠨᠡᠭᠦᠷᠡᠰᠦᠨ ᠠᠭᠤᠷᠬᠠᠢ ᠶᠢᠨ | ᠬᠠᠷᠢᠯᠴᠠᠵᠤ ᠰᠠᠬᠢᠨ ᠬᠠᠮᠠᠭᠠᠯᠠᠬᠤ ᠪᠠ ᠲᠣᠭᠤᠷᠢᠨ ᠪᠠᠶᠢᠴᠠᠭᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠭᠠᠯ ᠬᠡᠷᠡᠭᠯᠡᠬᠦ ᠬᠡᠮᠵᠢᠶ᠎ᠡ ᠶᠢ ᠬᠢᠵᠠᠭᠠᠷᠯᠠᠬᠤ ᠬᠡᠷᠡᠭᠲᠡᠢ᠃ ᠨᠡᠭᠦᠷᠡᠰᠦᠨ | ᠠᠭᠤᠷᠬᠠᠢ ᠶᠢᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠳᠡᠭᠡᠨ ᠬᠠᠮᠢᠶ᠎ᠠ ᠪᠦᠬᠦᠢ ᠳᠡᠰ | ᠳᠠᠷᠠᠭᠠᠯᠠᠯ ᠢ ᠴᠢᠩᠭ᠎ᠠ ᠭᠦᠢᠴᠡᠳᠬᠡᠬᠦ ᠶᠢᠨ ᠬᠠᠮᠲᠤ᠂ ᠬᠠᠷᠢᠶ᠎ᠠ ᠭᠠᠵᠠᠷ ᠤᠨ ᠠᠷᠠᠳ ᠤᠨ ᠵᠠᠰᠠᠭ ᠤᠨ ᠣᠷᠳᠣᠨ ᠤ | ᠭᠤᠣᠯ ᠬᠠᠷᠢᠭᠤᠴᠠᠯᠭᠠᠲᠠᠨ ᠢᠶᠠᠷ ᠭᠠᠷ ᠤᠨ ᠦᠰᠦᠭ ᠵᠢᠷᠤᠭᠤᠯᠵᠤ ᠵᠥᠪᠰᠢᠶᠡᠷᠡᠭᠦᠯᠬᠦ ᠬᠡᠷᠡᠭᠲᠡᠶ᠃ | ᠠᠷᠪᠠᠨ ᠳᠣᠯᠤᠭ᠎ᠠ᠂ ᠬᠠᠤᠯᠢ ᠪᠤᠰᠤ ᠪᠠ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ | ᠴᠣᠬᠢᠯᠲᠠ ᠥᠭᠬᠦ ᠬᠡᠷᠡᠭᠲᠡᠶ | ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠠᠤᠯᠢ ᠪᠤᠰᠤ ᠪᠠ ᠬᠠᠤᠯᠢ ᠠᠴᠠ | ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠨᠡᠭᠦᠷᠡᠰᠦᠨ ᠠᠭᠤᠷᠬᠠᠢ ᠶᠢᠨ ᠪᠣᠳᠠᠲᠠᠢ | ᠡᠵᠡᠮᠳᠡᠵᠦ ᠪᠠᠶᠢᠭ᠎ᠠ ᠬᠥᠮᠥᠨ᠂ ᠪᠣᠳᠠᠲᠠᠢ ᠪᠡᠯᠡ ᠭᠠᠷᠭᠠᠵᠤ ᠪᠠᠶᠢᠭ᠎ᠠ ᠬᠥᠮᠥᠨ ᠵᠡᠷᠭᠡ ︽ᠵᠠᠩᠭᠢᠯᠠᠭ᠎ᠠ ᠶᠢᠨ ᠬᠥᠮᠥᠨ︾ | ᠪᠠ ᠠᠭᠤᠷᠬᠠᠢ ᠶᠢᠨ ᠳᠠᠷᠤᠭ᠎ᠠ᠂ ᠶᠡᠷᠦᠩᠬᠡᠢ ᠢᠨᠵᠧᠨᠧᠷ ᠵᠡᠷᠭᠡ ︽ᠵᠠᠩᠭᠢᠯᠠᠭ᠎ᠠ ᠶᠢᠨ ᠴᠥᠭᠡᠨ ᠲᠣᠭᠠᠲᠠᠨ︾ ᠢ ᠴᠢᠩᠭ᠎ᠠ | ᠠᠩᠬᠠᠷᠴᠤ᠂ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠵᠤ᠂ ᠶᠠᠯ᠎ᠠ ᠬᠢᠭᠰᠡᠨ ᠰᠡᠵᠢᠭᠯᠡᠯᠲᠡᠢ ᠬᠡᠷᠡᠭ ᠢ ᠬᠠᠤᠯᠢ | ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ | ᠡᠯ᠎ᠡ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠨᠡᠭᠦᠷᠡᠰᠦᠨ ᠤ ᠠᠵᠢᠯ ᠲᠥᠷᠥᠯ ᠤᠨ | ᠬᠠᠮᠢᠶᠠᠷᠤᠯᠲᠠ᠂ ᠨᠡᠭᠦᠷᠡᠰᠦᠨ ᠠᠭᠤᠷᠬᠠᠶ ᠶᠢᠨ ᠠᠶᠤᠯ ᠦᠭᠡᠶ ᠶᠢ ᠬᠢᠨᠠᠨ ᠬᠠᠮᠢᠶᠠᠷᠴᠤ ᠬᠢᠨᠠᠨ ᠪᠠᠶᠢᠴᠠᠭᠠᠬᠤ ᠵᠡᠷᠭᠡ | ᠰᠠᠯᠠᠭ᠎ᠠ ᠮᠥᠴᠢᠷ ᠤᠳ ᠢᠯᠡᠴᠢᠯᠡᠨ ᠮᠡᠳᠡᠭᠦᠯᠬᠦ ᠠᠷᠭ᠎ᠠ ᠵᠠᠮ ᠢᠶᠠᠨ ᠰᠠᠭᠠᠳ ᠦᠭᠡᠶ ᠨᠡᠪᠲᠡᠷᠡᠭᠦᠯᠵᠦ᠂ ᠢᠯᠡᠴᠢᠯᠡᠨ | ᠮᠡᠳᠡᠭᠦᠯᠬᠦ ᠳ᠋ᠢᠶᠠᠩᠬᠤᠸᠠ ᠪᠠᠨ ᠨᠡᠶᠢᠭᠡᠮ ᠳᠤ ᠢᠯᠡ ᠪᠣᠯᠭᠠᠵᠤ᠂ ᠢᠯᠡᠴᠢᠯᠡᠨ ᠮᠡᠳᠡᠭᠦᠯᠦᠭᠰᠡᠨ ᠢ ᠱᠠᠩᠨᠠᠬᠤ ᠵᠠᠷᠤᠳᠠᠯ ᠢ | ᠠᠳᠠᠯᠢ ᠱᠠᠲᠤᠨ ᠤ ᠡᠳ᠋ ᠤᠨ ᠵᠠᠰᠠᠭ ᠤᠨ ᠲᠥᠰᠦᠪ ᠲᠤ ᠣᠷᠣᠭᠤᠯᠬᠤ ᠬᠡᠷᠡᠭᠲᠡᠶ᠃ | ᠠᠷᠪᠠᠨ ᠨᠠᠢᠮᠠ᠂ ᠠᠳᠡᠯ ᠤᠨ ᠨᠡᠭᠦᠷᠡᠰᠦᠨ ᠠᠭᠤᠷᠬᠠᠢ ᠶᠢ ᠴᠡᠭᠴᠡᠯᠡᠬᠦ ᠠᠵᠢᠯ ᠢ ᠴᠢᠩᠳᠠᠯᠠᠬᠤ ᠬᠡᠷᠡᠭᠲᠡᠢ | ᠨᠡᠭᠦᠷᠡᠰᠦᠨ ᠠᠭᠤᠷᠬᠠᠶ ᠳᠤ ᠦᠢᠯᠡᠳᠪᠦᠷᠢᠯᠡᠯ ᠤᠨ ᠠᠶᠤᠯ ᠦᠭᠡᠶ ᠶᠢᠨ ᠠᠳᠡᠯ ᠭᠠᠷᠤᠭᠰᠠᠨ ᠤ ᠳᠠᠷᠠᠭ᠎ᠠ᠂ | ᠨᠡᠭᠦᠷᠡᠰᠦᠨ ᠠᠭᠤᠷᠬᠠᠶ ᠶᠢᠨ ᠠᠶᠤᠯ ᠦᠭᠡᠶ ᠶᠢ ᠬᠢᠨᠠᠨ ᠬᠠᠮᠢᠶᠠᠷᠴᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠤᠳ | ᠬᠠᠤᠯᠢ ᠲᠣᠭᠲᠠᠭᠠᠯ ᠶᠣᠰᠣᠭᠠᠷ ᠨᠡᠭᠦᠷᠡᠰᠦᠨ ᠠᠭᠤᠷᠬᠠᠶ ᠶᠢ ᠵᠠᠷᠯᠢᠭᠳᠠᠨ ᠠᠵᠢᠯ ᠢ ᠨᠢ ᠵᠣᠭᠰᠣᠭᠠᠵᠤ | ᠦᠢᠯᠡᠳᠪᠦᠷᠢᠯᠡᠬᠦ ᠶᠢ ᠨᠢ ᠵᠣᠭᠰᠣᠭᠠᠨ ᠴᠡᠭᠴᠡᠯᠡᠬᠦ ᠬᠡᠷᠡᠭᠲᠡᠶ᠃ | ︵ᠨᠢᠭᠡ︶ ᠳᠦᠷᠢᠮ ᠢ ᠵᠥᠷᠢᠴᠡᠨ ᠠᠵᠢᠯᠯᠠᠭᠰᠠᠨ ᠠᠴᠠ ᠪᠣᠯᠵᠤ ᠡᠩ ᠤᠨ ᠦᠢᠯᠡᠳᠪᠦᠷᠢᠯᠡᠯ ᠤᠨ ᠠᠶᠤᠯ | ᠦᠭᠡᠶ ᠶᠢᠨ ᠠᠳᠡᠯ ᠭᠠᠷᠭᠠᠭᠰᠠᠨ ᠨᠡᠭᠦᠷᠡᠰᠦᠨ ᠠᠭᠤᠷᠬᠠᠶ ᠶᠢᠨ ᠠᠵᠢᠯ ᠢᠶᠠᠨ ᠵᠣᠭᠰᠣᠭᠠᠵᠤ ᠦᠢᠯᠡᠳᠪᠦᠷᠢᠯᠡᠯ ᠢᠶᠠᠨ | ᠵᠣᠭᠰᠣᠭᠠᠨ ᠴᠡᠭᠴᠡᠯᠡᠬᠦ ᠬᠤᠭᠤᠴᠠᠭ᠎ᠠ ᠬᠢᠵᠠᠭᠠᠷ ᠢ ᠵᠠᠷᠴᠢᠮ ᠳᠡᠭᠡᠷ᠎ᠡ ᠪᠠᠨ 1 ᠰᠠᠷ᠎ᠠ ᠠᠴᠠ ᠳᠤᠲᠠᠭᠤ ᠪᠠᠶᠢᠯᠭᠠᠵᠤ | ᠪᠣᠯᠬᠤ ᠦᠭᠡᠶ᠃ | ︵ᠬᠤᠶᠠᠷ︶ ᠲᠣᠨᠤᠭ ᠲᠥᠬᠦᠭᠡᠷᠦᠮᠵᠢ ᠶᠢ ᠪᠠᠶᠢᠴᠠᠭᠠᠨ ᠵᠠᠰᠠᠭᠰᠠᠨ ᠨᠢ ᠬᠦᠷᠦᠯᠴᠡᠬᠦ ᠥᠬᠡᠶ ᠵᠢᠴᠢ ᠭᠠᠰ᠂ | ᠤᠰᠤᠨ ᠤ ᠭᠠᠮᠰᠢᠭ᠂ ᠭᠠᠯ ᠤᠨ ᠭᠠᠮᠰᠢᠭ᠂ ᠭᠠᠵᠠᠷ ᠤᠨ ᠳᠠᠷᠤᠯᠲᠠ᠂ ᠳᠡᠭᠡᠪᠦᠷ ᠵᠡᠷᠭᠡ ᠰᠢᠰᠲ᠋ᠧᠮ ᠤᠨ ᠴᠢᠨᠠᠷᠲᠠᠶ | ᠲᠦᠭᠰᠢᠭᠦᠷᠢ ᠠᠴᠠ ᠪᠣᠯᠵᠣ ᠡᠩ ᠤᠨ ᠦᠢᠯᠡᠳᠪᠦᠷᠢᠯᠡᠯ ᠤᠨ ᠠᠶᠤᠯᠭᠦᠶ ᠶᠢᠨ ᠡ᠊ᠨᠳᠡᠯ ᠭᠠᠷᠤᠭᠰᠠᠨ ᠨᠡᠭᠦᠷᠡᠰᠦᠨ | ᠠᠭᠤᠷᠬᠠᠶ᠂ ᠠᠵᠢᠯ ᠢᠶᠠᠨ ᠵᠣᠭᠰᠣᠭᠠᠵᠤ ᠦᠢᠯᠡᠳᠪᠦᠷᠢᠯᠡᠯ ᠢᠶᠠᠨ ᠵᠣᠭᠰᠣᠭᠠᠵᠤ ᠴᠡᠭᠴᠡᠯᠡᠬᠦ ᠬᠤᠭᠤᠴᠠᠭ᠎ᠠ ᠶᠢ ᠵᠠᠷᠴᠢᠮ | ᠳᠡᠭᠡᠷ᠎ᠡ ᠪᠠᠨ 3 ᠰᠠᠷ᠎ᠠ ᠠᠴᠠ ᠳᠤᠲᠠᠭᠤ ᠪᠠᠶᠢᠯᠭᠠᠵᠤ ᠪᠣᠯᠬᠤ ᠥᠬᠡᠶ᠃ | ︵ᠭᠤᠷᠪᠠ︶ ᠨᠡᠯᠢᠶᠡᠳ ᠶᠡᠭᠡ ᠦᠢᠯᠡᠳᠪᠦᠷᠢᠯᠡᠯ ᠤᠨ ᠠᠶᠤᠯ ᠦᠭᠡᠶ ᠶᠢᠨ ᠠᠳᠡᠯ ᠭᠠᠷᠤᠭᠰᠠᠨ ᠨᠡᠭᠦᠷᠡᠰᠦᠨ | ᠠᠭᠤᠷᠬᠠᠶ ᠶᠢᠨ ᠠᠵᠢᠯ ᠢᠶᠠᠨ ᠵᠣᠭᠰᠣᠭᠠᠵᠤ ᠦᠢᠯᠡᠳᠪᠦᠷᠢᠯᠡᠯ ᠢᠶᠠᠨ ᠵᠣᠭᠰᠣᠭᠠᠨ ᠴᠡᠭᠴᠡᠯᠡᠬᠦ ᠬᠤᠭᠤᠴᠠᠭ᠎ᠠ | ᠬᠢᠵᠠᠭᠠᠷ ᠨᠢ ᠵᠠᠷᠴᠢᠮ ᠳᠡᠭᠡᠷ᠎ᠡ ᠪᠠᠨ 6 ᠰᠠᠷ᠎ᠠ ᠠᠴᠠ ᠳᠤᠲᠠᠭᠤ ᠪᠠᠶᠢᠵᠤ ᠪᠣᠯᠬᠤ ᠦᠭᠡᠶ᠃ | ︵ᠲᠦᠷᠪᠡ︶ ᠬᠦᠨᠳᠦ ᠶᠡᠭᠡ ᠵᠢᠴᠢ ᠲᠡᠭᠦᠨ ᠠᠴᠠ ᠳᠡᠭᠡᠭᠰᠢᠬᠢ ᠦᠢᠯᠡᠳᠪᠦᠷᠢᠯᠡᠯ ᠤᠨ ᠠᠶᠤᠯ ᠦᠭᠡᠶ ᠶᠢᠨ | ᠠᠳᠡᠯ ᠭᠠᠷᠤᠭᠰᠠᠨ ᠨᠡᠭᠦᠷᠡᠰᠦᠨ ᠠᠭᠤᠷᠬᠠᠶ ᠶᠢᠨ ᠠᠵᠢᠯ ᠢᠶᠠᠨ ᠵᠣᠭᠰᠣᠭᠠᠵᠤ ᠦᠢᠯᠡᠳᠪᠦᠷᠢᠯᠡᠬᠦ ᠶᠢ ᠨᠢ ᠵᠣᠭᠰᠣᠭᠠᠨ | ᠴᠡᠭᠴᠡᠯᠡᠬᠦ ᠬᠤᠭᠤᠴᠠᠭ᠎ᠠ ᠬᠢᠵᠠᠭᠠᠷ ᠢ ᠵᠠᠷᠴᠢᠮ ᠳᠡᠭᠡᠷ᠎ᠡ ᠪᠠᠨ 1 ᠵᠢᠯ ᠠᠴᠠ ᠳᠤᠲᠠᠭᠤ ᠪᠠᠶᠢᠯᠭᠠᠵᠤ ᠪᠣᠯᠬᠤ ᠦᠭᠡᠶ᠃ | ︵ᠲᠠᠪᠤ︶ ᠣᠨᠴᠠ ᠬᠦᠨᠳᠦ ᠶᠡᠭᠡ ᠠᠳᠡᠯ ᠭᠠᠷᠴᠣ ᠠᠶᠣᠯᠬᠦᠢ ᠦᠢᠯᠡᠳᠪᠦᠷᠢᠯᠡᠯ ᠤᠨ ᠨᠦᠬᠦᠴᠡᠯ ᠢ ᠳᠠᠬᠢᠵᠤ | ᠪᠦᠷᠢᠯᠳᠦᠬᠦᠯᠬᠦ ᠦᠬᠡᠢ ᠨᠡᠬᠦᠷᠡᠰᠣᠨ ᠠᠭᠤᠷᠬᠠᠢ ᠳᠤ ᠡᠬᠢ ᠪᠠᠶᠠᠯᠢᠭ ᠢ ᠡᠮᠬᠢᠯᠡᠨ ᠨᠡᠶᠢᠯᠡᠬᠦᠯᠬᠦ᠂ ᠡᠬᠦᠳᠡ ᠶᠢ ᠨᠢ | ᠬᠠᠭᠠᠵᠣ ᠪᠣᠴᠠᠭᠠᠨ ᠭᠠᠷᠭᠠᠬᠤ ᠵᠡᠷᠬᠡ ᠠᠷᠭ᠎ᠠ ᠬᠡᠮᠵᠢᠶ᠎ᠡ ᠶᠢ ᠬᠠᠣᠯᠢ ᠳᠣᠭᠳᠠᠭᠠᠯ ᠶᠣᠰᠣᠭᠠᠷ ᠬᠡᠷᠡᠭᠵᠢᠬᠦᠯᠦᠨ᠎ᠡ᠃ | ᠨᠡᠭᠦᠷᠡᠰᠦᠨ ᠠᠭᠤᠷᠬᠠᠢ ᠶᠢᠨ ᠠᠵᠢᠯ ᠢᠶᠠᠨ ᠵᠣᠭᠰᠣᠭᠠᠵᠤ ᠦᠢᠯᠡᠳᠪᠦᠷᠢᠯᠡᠯ ᠢᠶᠠᠨ ᠵᠣᠭᠰᠣᠭᠠᠭᠰᠠᠨ | ᠬᠤᠭᠤᠴᠠᠭᠠᠨ ᠳᠤ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠬᠡᠪ ᠤᠨ ᠰᠠᠯᠬᠢ ᠨᠡᠪᠲᠡᠷᠡᠭᠦᠯᠬᠦ᠂ | ᠤᠰᠤ ᠵᠠᠯᠠᠬᠤ᠂ ᠬᠤᠳᠳᠤᠭ ᠳᠣᠤᠷᠠᠬᠢ ᠨᠦᠬᠡᠨ ᠵᠠᠮ ᠵᠢᠴᠢ ᠲᠥᠬᠦᠭᠡᠷᠦᠮᠵᠢ ᠲᠥᠬᠦᠭᠡᠷᠦᠮᠵᠢ ᠶᠢ ᠬᠠᠮᠠᠭᠠᠯᠠᠬᠤ᠂ | ᠠᠮᠤᠷ ᠲᠦᠪᠰᠢᠨ ᠤ ᠪᠠᠶᠢᠴᠠᠭᠠᠯᠲᠠ᠂ ᠬᠢᠨᠠᠨ ᠬᠡᠮᠵᠢᠵᠦ ᠬᠢᠨᠠᠨ ᠡᠵᠡᠮᠳᠡᠬᠦ᠂ ᠵᠢᠵᠢᠭᠦᠷᠯᠡᠨ ᠰᠠᠬᠢᠬᠤ ᠵᠡᠷᠭᠡ ᠠᠵᠢᠯ ᠢ | ᠰᠠᠶᠢᠲᠤᠷ ᠬᠢᠵᠦ᠂ ᠠᠵᠢᠯ ᠢᠶᠠᠨ ᠵᠣᠭᠰᠣᠭᠠᠵᠤ ᠦᠢᠯᠡᠳᠪᠦᠷᠢᠯᠡᠯ ᠢᠶᠠᠨ ᠵᠣᠭᠰᠣᠭᠠᠭᠰᠠᠨ ᠬᠤᠭᠤᠴᠠᠭᠠᠨ ᠳᠠᠬᠢ ᠠᠮᠤᠷ | ᠲᠦᠪᠰᠢᠨ ᠢ ᠪᠠᠲᠤᠯᠠᠬᠤ ᠬᠡᠷᠡᠭᠲᠡᠶ᠃ ᠠᠳᠠᠯ ᠤᠨ ᠰᠢᠯᠲᠠᠭᠠᠨ ᠢ ᠨᠢᠭᠡᠨᠲᠡ ᠪᠠᠶᠢᠴᠠᠭᠠᠨ ᠳᠣᠲᠣᠯᠠᠭᠰᠠᠨ᠂ ᠠᠳᠡᠯ ᠤᠨ | ᠳᠠᠬᠢᠨ ᠡᠭᠦᠰᠬᠦ ᠨᠥᠯᠥᠭᠡ ᠶᠢ ᠨᠢᠭᠡᠨᠲᠡ ᠠᠷᠢᠯᠭᠠᠵᠤ᠂ ᠠᠳᠡᠯ ᠤᠨ ᠬᠠᠨᠳᠤᠯᠭᠠᠲᠤ ᠴᠢᠨᠠᠷᠲᠠᠶ ᠠᠮᠤᠷ ᠲᠦᠪᠰᠢᠨ ᠤ | ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠨᠢᠭᠡᠨᠲᠡ ᠨᠠᠶᠢᠳᠠᠪᠤᠷᠢᠵᠢᠭᠤᠯᠤᠭᠰᠠᠨ ᠪᠠᠶᠢᠳᠠᠯ ᠳᠣᠣᠷ᠎ᠠ᠂ ᠨᠡᠭᠦᠷᠡᠰᠦᠨ | ᠠᠭᠤᠷᠬᠠᠶ ᠶᠢᠨ ᠠᠮᠤᠷ ᠲᠦᠪᠰᠢᠨ ᠤ ᠬᠢᠨᠠᠨ ᠬᠠᠮᠢᠶᠠᠷᠴᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠢᠶᠠᠷ ᠵᠣᠬᠢᠶᠠᠨ | ᠪᠠᠶᠢᠭᠤᠯᠤᠨ ᠰᠢᠯᠭᠠᠨ ᠬᠤᠷᠢᠶᠠᠯᠭᠠᠵᠤ ᠬᠢᠷᠢ ᠲᠡᠩᠴᠡᠭᠰᠡᠨ ᠪᠥᠭᠡᠳ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ | ᠰᠡᠷᠭᠦᠭᠡᠬᠦ ᠲᠠᠰ ᠳᠠᠷᠠᠭᠠᠯᠠᠯ ᠢ ᠴᠢᠩᠭ᠎ᠠ ᠭᠦᠢᠴᠡᠳᠭᠡᠭᠰᠡᠨ ᠤ ᠳᠠᠷᠠᠭ᠎ᠠ ᠰᠠᠶ᠋ᠢ ᠦᠢᠯᠡᠳᠪᠦᠷᠢᠯᠡᠯ ᠪᠦᠲᠦᠭᠡᠨ | ᠪᠠᠶᠢᠭᠤᠯᠤᠯᠲᠠ ᠪᠠᠨ ᠰᠡᠷᠭᠦᠭᠡᠵᠦ ᠪᠣᠯᠤᠨ᠎ᠠ᠃ | ᠠᠷᠪᠠ ᠶᠢᠰᠦ᠂ ᠬᠢᠨᠠᠨ ᠬᠠᠮᠢᠶᠠᠷᠴᠤ ᠬᠢᠨᠠᠨ ᠪᠠᠶᠢᠴᠠᠭᠠᠵᠤ ᠬᠠᠤᠯᠢ ᠬᠡᠷᠡᠭᠵᠢᠭᠦᠯᠬᠦ ᠦᠢᠯᠡᠳᠦᠯ ᠴᠢᠳᠠᠪᠤᠷᠢ ᠶᠢ | ᠳᠡᠭᠡᠭᠰᠢᠯᠡᠭᠦᠯᠦᠨ᠎ᠡ | ᠨᠡᠭᠦᠷᠡᠰᠦᠨ ᠠᠭᠤᠷᠬᠠᠢ ᠶᠢᠨ ᠠᠮᠤᠷ ᠲᠦᠪᠰᠢᠨ ᠤ ᠬᠢᠨᠠᠨ ᠬᠠᠮᠢᠶᠠᠷᠴᠤ ᠬᠢᠨᠠᠨ ᠪᠠᠶᠢᠴᠠᠭᠠᠬᠤ ᠰᠠᠯᠠᠭ᠎ᠠ | ᠮᠥᠴᠢᠷ ᠤᠳ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠠᠭᠤᠷᠬᠠᠢ ᠶᠢᠨ ᠠᠮᠤᠷ ᠲᠦᠪᠰᠢᠨ ᠤ ᠬᠢᠨᠠᠨ | ᠬᠠᠮᠢᠶᠠᠷᠴᠤ ᠬᠢᠨᠠᠨ ᠪᠠᠶᠢᠴᠠᠭᠠᠬᠤ ᠮᠡᠳᠡᠭᠡ ᠵᠠᠩᠭᠢᠵᠢᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠲᠠᠰᠤᠷᠠᠯᠲᠠ ᠦᠭᠡᠢ | ᠲᠡᠭᠦᠯᠳᠡᠷᠵᠢᠭᠦᠯᠵᠦ᠂ ᠨᠡᠭᠦᠷᠡᠰᠦᠨ ᠠᠭᠤᠷᠬᠠᠢ ᠶᠢᠨ ᠠᠮᠤᠷ ᠲᠦᠪᠰᠢᠨ ᠤ ᠲᠦᠭᠰᠢᠭᠦᠷᠢ ᠶᠢ ᠬᠢᠨᠠᠨ ᠬᠡᠮᠵᠢᠵᠦ | ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ᠂ ᠨᠡᠭᠦᠷᠡᠰᠦᠨ ᠠᠭᠤᠷᠬᠠᠢ ᠶᠢᠨ ᠰᠠᠭᠤᠷᠢ ᠳ᠋ᠠᠶᠢᠲ᠋ᠠ ᠶᠢᠨ ᠬᠠᠮᠢᠶᠠᠷᠤᠯᠲᠠ ᠶᠢᠨ | ᠲᠠᠪᠴᠠᠩ ᠵᠡᠷᠭᠡ ᠮᠡᠳᠡᠭᠡ ᠵᠠᠩᠭᠢᠵᠢᠯᠲᠠ ᠶᠢᠨ ᠰᠢᠰᠲ᠋ᠧᠮ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠬᠠᠤᠯᠢ | ᠬᠡᠷᠡᠭᠵᠢᠭᠦᠯᠦᠯᠲᠡ ᠶᠢ ᠵᠢᠷᠤᠮᠵᠢᠭᠤᠯᠬᠤ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ︽ᠢᠨᠲ᠋ᠧᠷ ᠰᠦᠯᠵᠢᠶ᠎ᠡ +︾ | ᠠᠯᠤᠰ ᠡᠵᠡᠮᠰᠢᠯᠲᠦ ᠬᠢᠨᠠᠨ ᠬᠠᠮᠢᠶᠠᠷᠴᠤ ᠬᠢᠨᠠᠨ ᠪᠠᠶᠢᠴᠠᠭᠠᠬᠤ ᠶᠢ ᠪᠠᠶᠢᠩᠭᠤᠵᠢᠭᠤᠯᠤᠨ ᠥᠷᠨᠢᠭᠦᠯᠵᠦ᠂ ᠬᠢᠨᠠᠨ | ᠬᠠᠮᠢᠶᠠᠷᠴᠤ ᠬᠢᠨᠠᠨ ᠪᠠᠶᠢᠴᠠᠭᠠᠵᠤ ᠬᠠᠤᠯᠢ ᠬᠡᠷᠡᠭᠵᠢᠭᠦᠯᠬᠦ ᠦᠢᠯᠡᠳᠦᠯ ᠴᠢᠳᠠᠪᠤᠷᠢ ᠶᠢ ᠲᠠᠰᠤᠷᠠᠯᠲᠠ ᠦᠭᠡᠢ | ᠳᠡᠭᠡᠭᠰᠢᠯᠡᠭᠦᠯᠬᠦ ᠬᠡᠷᠡᠭᠲᠡᠢ᠃ | ᠬᠤᠷᠢ᠂ ︽ᠳᠥᠷᠪᠡᠨ ᠨᠢᠭᠡ ᠪᠦᠯᠦᠭ︾ ᠤᠨ ᠠᠷᠭ᠎ᠠ ᠬᠡᠮᠵᠢᠶ᠎ᠡ ᠶᠢ ᠨᠠᠢᠳᠠᠪᠤᠷᠢᠵᠢᠭᠤᠯᠬᠤ ᠬᠡᠷᠡᠭᠲᠡᠢ | ︵ᠨᠢᠭᠡ︶ ᠨᠢᠭᠡ ᠪᠦᠯᠦᠭ ᠢ ᠬᠠᠭᠠᠵᠤ ᠭᠠᠷᠭᠠᠨ᠎ᠠ᠃ ᠬᠦᠨᠳᠦ ᠶᠡᠭᠡ ᠠᠳᠡᠯ ᠤᠨ ᠳᠠᠯᠳᠠ ᠭᠡᠮ ᠣᠷᠣᠰᠢᠵᠤ᠂ | ᠴᠡᠭᠴᠡᠯᠡᠨ ᠰᠠᠶᠢᠵᠢᠷᠠᠭᠤᠯᠤᠭᠰᠠᠨ ᠤ ᠳᠠᠷᠠᠭ᠎ᠠ ᠮᠥᠨ ᠯᠡ ᠠᠮᠤᠷ ᠲᠦᠪᠰᠢᠨ ᠤ ᠨᠥᠬᠦᠴᠡᠯ ᠳᠤ ᠬᠦᠷᠴᠦ ᠳᠡᠶᠢᠯᠬᠦ | ᠦᠭᠡᠢ ᠨᠡᠭᠦᠷᠡᠰᠦᠨ ᠠᠭᠤᠷᠬᠠᠢ ᠶᠢ ᠬᠠᠤᠯᠢ ᠲᠣᠭᠲᠠᠭᠠᠯ ᠶᠣᠰᠣᠭᠠᠷ ᠬᠠᠭᠠᠵᠤ ᠪᠢᠲᠡᠭᠦᠮᠵᠢᠯᠡᠨ ᠪᠤᠴᠠᠭᠠᠵᠤ ᠥᠭᠭᠦᠨ᠎ᠡ᠃ | | ︵ᠬᠤᠶᠠᠷ︶ ᠨᠢᠭᠡ ᠪᠦᠯᠦᠭ ᠢ ᠡᠮᠬᠢᠯᠡᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠤᠨ᠎ᠠ᠃ ᠴᠢᠳᠠᠪᠤᠷᠢ ᠲᠠᠢ | ᠨᠡᠭᠦᠷᠡᠰᠦᠨ ᠠᠭᠤᠷᠬᠠᠶ ᠨᠢ ᠠᠭᠤᠷᠬᠠᠶ ᠶᠢᠨ ᠣᠷᠣᠨ ᠤ ᠶᠡᠷᠦᠩᠬᠡᠶ ᠲᠥᠯᠥᠪᠵᠢᠭᠦᠯᠭᠡ ᠶᠣᠰᠣᠭᠠᠷ ᠡᠷᠭᠢᠨ ᠲᠣᠭᠤᠷᠢᠨ ᠤ | ᠵᠢᠵᠢᠭ ᠨᠡᠭᠦᠷᠡᠰᠦᠨ ᠠᠭᠤᠷᠬᠠᠶ ᠳᠤ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ ᠶᠢ ᠵᠣᠷᠢᠭᠵᠢᠭᠤᠯᠤᠨ ᠳᠡᠮᠵᠢᠵᠦ᠂ | ᠠᠭᠤᠷᠬᠠᠶ ᠶᠢᠨ ᠡᠷᠬᠡ᠂ ᠲᠥᠯᠥᠪᠵᠢᠭᠦᠯᠭᠡ᠂ ᠭᠤᠤᠯ ᠴᠣᠭᠴᠠ᠂ ᠰᠢᠰᠲ᠋ᠧᠮ᠂ ᠬᠠᠮᠢᠶᠠᠷᠤᠯᠲᠠ ︽ᠲᠠᠪᠤ ᠶᠢ | ᠨᠢᠭᠡᠳᠦᠯᠲᠡᠶ ᠪᠠᠶᠢᠯᠭᠠᠬᠤ︾ ᠶᠢ ᠪᠡᠶᠡᠯᠡᠭᠦᠯᠬᠦ ᠬᠡᠷᠡᠭᠲᠡᠶ︔ ᠠᠶᠤᠯ ᠦᠭᠡᠶ ᠶᠢᠨ ᠬᠠᠮᠢᠶᠠᠷᠤᠯᠲᠠ ᠪᠠᠷᠤᠭᠲᠠᠶ᠂ | ᠮᠡᠷᠭᠡᠵᠢᠯ ᠤᠨ ᠬᠦᠴᠦᠨ ᠪᠠᠭᠤᠷᠠᠶ᠂ ᠭᠠᠶ ᠭᠠᠮᠰᠢᠭ ᠢ ᠵᠠᠰᠠᠬᠤ ᠴᠢᠳᠠᠪᠤᠷᠢ ᠶᠢ ᠪᠦᠷᠢᠯᠳᠦᠭᠦᠯᠦᠭᠡᠳᠦᠶ ᠨᠡᠭᠦᠷᠡᠰᠦᠨ | ᠠᠭᠤᠷᠬᠠᠶ ᠶᠢ ᠬᠠᠤᠯᠢ ᠲᠣᠭᠲᠠᠭᠠᠯ ᠶᠣᠰᠣᠭᠠᠷ ᠨᠠᠶᠢᠳᠠᠵᠤ ᠬᠠᠮᠢᠶᠠᠷᠤᠭᠤᠯᠬᠤ ᠬᠡᠷᠡᠭᠲᠡᠶ᠃ | ︵ᠭᠤᠷᠪᠠ︶ ᠨᠢᠭᠡ ᠪᠦᠯᠦᠭ ᠢ ᠥᠭᠡᠷᠡᠴᠢᠯᠡᠨ ᠳᠡᠭᠡᠭᠰᠢᠯᠡᠭᠦᠯᠦᠨ᠎ᠡ᠃ ᠡᠬᠢ ᠪᠠᠶᠠᠯᠢᠭ ᠤᠨ ᠨᠥᠬᠦᠴᠡᠯ ᠢᠶᠠᠷ | ᠰᠠᠶᠢᠨ᠂ ᠡᠬᠢ ᠪᠠᠶᠠᠯᠢᠭ ᠤᠨ ᠬᠡᠮᠵᠢᠶ᠎ᠡ ᠪᠠᠷ ᠶᠡᠭᠡ ᠨᠡᠭᠦᠷᠡᠰᠦᠨ ᠠᠭᠤᠷᠬᠠᠶ ᠳᠤ ᠮᠡᠷᠭᠡᠵᠢᠯ ᠤᠨ ᠥᠭᠡᠷᠡᠴᠢᠯᠡᠯᠲᠡ | ᠬᠢᠬᠦ ᠶᠢ ᠲᠦᠯᠬᠢᠨ ᠠᠬᠢᠭᠤᠯᠵᠤ᠂ ᠲᠣᠨᠤᠭ ᠲᠥᠬᠦᠭᠡᠷᠦᠮᠵᠢ ᠶᠢᠨ ᠬᠢᠷᠢ ᠬᠡᠮᠵᠢᠶ᠎ᠡ ᠶᠢ ᠨᠢ ᠳᠡᠭᠡᠭᠰᠢᠯᠡᠭᠦᠯᠦᠨ᠂ | ᠤᠶᠤᠨᠴᠢᠯᠠᠬᠤ᠂ ᠮᠡᠳᠡᠭᠡ ᠵᠠᠩᠭᠢᠴᠢᠯᠠᠬᠤ ᠪᠠᠶᠢᠭᠤᠯᠤᠯᠲᠠ ᠪᠠᠷ ᠳᠠᠮᠵᠢᠭᠤᠯᠤᠨ᠂ ᠠᠶᠤᠯ ᠦᠭᠡᠶ ᠦᠢᠯᠡᠳᠪᠦᠷᠢᠯᠡᠯ ᠤᠨ | ᠬᠢᠷᠢ ᠬᠡᠮᠵᠢᠶ᠎ᠡ ᠶᠢ ᠨᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ | ︵ᠲᠦᠷᠪᠡ︶ ᠨᠢᠭᠡ ᠪᠦᠯᠦᠭ ᠢ ᠰᠢᠨ᠎ᠡ ᠪᠠᠷ ᠪᠠᠶᠢᠭᠤᠯᠬᠤ ᠪᠠᠷ ᠲᠥᠯᠥᠪᠯᠡᠵᠦ ᠪᠠᠶᠢᠨ᠎ᠠ᠃ ᠤᠯᠤᠰ ᠤᠨ ᠠᠵᠤ | ᠦᠢᠯᠡᠰ ᠤᠨ ᠲᠥᠷᠥ ᠶᠢᠨ ᠪᠣᠳᠣᠯᠭ᠎ᠠ ᠪᠣᠯᠤᠨ ᠨᠡᠭᠦᠷᠡᠰᠦᠨ ᠤ ᠬᠠᠩᠭᠠᠯᠭ᠎ᠠ ᠬᠡᠷᠡᠭᠴᠡᠭᠡ ᠶᠢᠨ ᠪᠠᠶᠢᠳᠠᠯ ᠲᠠᠢ | ᠤᠶᠠᠯᠳᠤᠭᠤᠯᠵᠤ᠂ ᠨᠡᠭᠦᠷᠡᠰᠦᠨ ᠤ ᠦᠢᠯᠡᠳᠪᠦᠷᠢᠯᠡᠬᠦ ᠴᠢᠳᠠᠪᠤᠷᠢ ᠶᠢ ᠦᠷᠭᠦᠯᠵᠢᠯᠡᠭᠦᠯᠬᠦ ᠶᠢ ᠯᠠᠪᠳᠠᠭᠤᠨ ᠢᠶᠠᠷ | ᠠᠬᠢᠭᠤᠯᠵᠤ᠂ ᠰᠢᠨ᠎ᠡ ᠪᠠᠷ ᠪᠠᠶᠢᠭᠤᠯᠤᠭᠰᠠᠨ ᠣᠳᠣᠬᠢᠴᠢᠯᠠᠭᠰᠠᠨ ᠲᠣᠮᠣ ᠬᠡᠯᠪᠡᠷᠢ ᠶᠢᠨ ᠨᠡᠭᠦᠷᠡᠰᠦᠨ ᠠᠭᠤᠷᠬᠠᠶ | 2023 ᠣᠨ ᠤ 6 ᠰᠠᠷ᠎ᠠ ᠶᠢᠨ 22 ᠤᠨ ᠡᠳᠦᠷ |