ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠬᠠᠶᠢᠨᠠᠨ ᠲᠣᠭᠤᠷᠢᠭ ᠤᠨ ᠶᠢᠰᠦᠳᠦᠭᠡᠷ | ᠬᠤᠭᠤᠴᠠᠭᠠᠨ ᠤ ᠬᠤᠷᠢᠶᠠᠨ ᠤ ᠳᠣᠯᠣᠳᠤᠭᠠᠷ ᠪᠦᠬᠦᠳᠡ ᠬᠤᠷᠠᠯ 2023 ᠣᠨ ᠤ 8 ᠰᠠᠷ᠎ᠠ ᠶᠢᠨ 9 ᠤ ᠡᠳᠦᠷ | ᠬᠤᠷᠠᠯᠳᠤᠪᠠ᠃ | ᠡᠨᠡ ᠤᠳᠠᠭᠠᠨ ᠤ ᠪᠥᠬᠦᠳᠡ ᠬᠤᠷᠠᠯ ᠳᠤ ᠲᠤᠭᠤᠷᠢᠭ ᠤᠨ ᠨᠠᠮ ᠤᠨ ᠬᠤᠷᠢᠶᠠᠨ ᠤ ᠭᠡᠰᠢᠭᠦᠨ 27 ᠬᠥᠮᠦᠨ᠂ | ᠣᠷᠣᠯᠠᠭᠴᠢ ᠭᠡᠰᠢᠭᠦᠨ 5 ᠬᠥᠮᠦᠨ ᠣᠷᠣᠯᠴᠠᠪᠠ᠃ ᠲᠣᠭᠤᠷᠢᠭ ᠤᠨ ᠱᠠᠲᠤᠨ ᠤ ᠬᠤᠯᠪᠣᠭᠳᠠᠯ ᠪᠦᠬᠦᠢ ᠤᠳᠤᠷᠢᠳᠬᠤ | ᠨᠥᠬᠦᠳ᠂ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠡᠰᠢᠭᠦᠨ᠂ ᠬᠢᠨᠠᠨ ᠪᠠᠶᠢᠴᠠᠭᠠᠬᠤ | ᠵᠥᠪᠯᠡᠯ ᠤᠨ ᠭᠡᠰᠢᠭᠦᠨ᠂ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠨᠥᠬᠦᠳ ᠪᠣᠯᠤᠨ ᠬᠡᠰᠡᠭ | ᠦᠨᠳᠦᠰᠦᠨ ᠱᠠᠲᠤᠨ ᠤ ᠨᠠᠮ ᠤᠨ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ᠃ | ᠪᠦᠬᠦᠳᠡ ᠬᠤᠷᠠᠯ ᠢ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠡᠷᠬᠢᠯᠡᠪᠡ᠃ | ᠲᠣᠭᠤᠷᠢᠭ ᠤᠨ ᠨᠠᠮ ᠤᠨ ᠬᠤᠷᠢᠶᠠᠨ ᠤ ᠱᠦᠵᠢ ᠢᠦᠢ ᡁᠢ ᠶᠦᠩ ᠶᠠᠷᠢᠶ᠎ᠠ ᠲᠠᠯᠪᠢᠪᠠ᠃ | ᠪᠦᠬᠦᠳᠡ ᠬᠤᠷᠠᠯ ᠠᠴᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠲᠣᠭᠤᠷᠢᠭ ᠤᠨ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ | ᠬᠤᠭᠤᠴᠠᠭᠠᠨ ᠤ ᠵᠢᠷᠭᠤᠳᠤᠭᠠᠷ ᠪᠦᠬᠦᠳᠡ ᠬᠤᠷᠠᠯ᠂ ᠬᠤᠳᠠ ᠶᠢᠨ ᠨᠠᠮ ᠤᠨ ᠬᠤᠷᠢᠶ᠎ᠠ ᠶᠢᠨ ᠨᠠᠢᠮᠠᠳᠤᠭᠠᠷ | ᠬᠤᠭᠤᠴᠠᠭᠠᠨ ᠤ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ | ᠵᠢᠭᠠᠪᠤᠷᠢ ᠪᠣᠯᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠠᠵᠢᠯ ᠢ ᠪᠦᠬᠦ | ᠲᠠᠯ᠎ᠠ ᠪᠠᠷ ᠲᠤᠬᠢᠷᠠᠭᠤᠯᠤᠨ ᠪᠠᠶᠢᠷᠢᠯᠠᠭᠤᠯᠵᠤ᠂ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ | ᠳᠡᠭᠡᠷ᠎ᠡ ᠬᠠᠭᠠᠰ ᠵᠢᠯ ᠤᠨ ᠠᠵᠢᠯ ᠤᠨ ᠮᠡᠳᠡᠭᠦᠯᠦᠯᠲᠡ ᠶᠢ ᠰᠣᠨᠣᠰᠴᠤ ᠶᠠᠷᠢᠯᠴᠠᠵᠤ᠂ ︽ᠲᠠᠪᠤᠨ ᠶᠡᠭᠡ ᠡᠭᠦᠷᠭᠡ︾ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠬᠠᠶᠢᠨᠠᠨ ᠲᠤᠭᠤᠷᠢᠭ ᠤᠨ | ᠨᠠᠮ ᠤᠨ ᠬᠤᠷᠢᠶ᠎ᠠ ᠶᠢᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ | ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠡᠭᠦᠷᠭᠡ ᠶᠢ ᠨᠠᠶᠢᠳᠠᠪᠤᠷᠢᠵᠢᠭᠤᠯᠬᠤ ᠶᠢ ᠡᠷᠡᠰ ᠭᠤᠶᠢᠪᠢᠰᠢ ᠦᠭᠡᠢ | ᠠᠬᠢᠭᠤᠯᠬᠤ ᠲᠤᠬᠠᠢ ᠲᠣᠭᠲᠠᠭᠠᠯ︾ ᠢ ᠬᠢᠨᠠᠨ ᠵᠥᠪᠯᠡᠵᠦ ᠪᠠᠲᠤᠯᠠᠵᠤ᠂ ᠣᠳᠣᠬᠠᠨ ᠤ ᠪᠠ ᠬᠤᠶᠢᠰᠢᠳᠠ ᠶᠢᠨ ᠨᠢᠭᠡ | ᠬᠤᠭᠤᠴᠠᠭᠠᠨ ᠤ ᠭᠤᠣᠯᠳᠠᠯᠭ᠎ᠠ ᠲᠠᠢ ᠡᠭᠦᠷᠭᠡ ᠶᠢ ᠲᠤᠬᠢᠷᠠᠭᠤᠯᠤᠨ ᠪᠠᠶᠢᠷᠢᠯᠠᠭᠤᠯᠵᠠᠢ᠃ ᠢᠦᠢ ᡁᠢ ᠶᠦᠩ ︽ᠲᠣᠭᠲᠠᠭᠠᠯ | ︵ᠶᠠᠷᠢᠯᠴᠠᠬᠤ ᠨᠤᠤᠷᠠᠭ︶︾ ᠤᠨ ᠲᠤᠬᠠᠢ ᠪᠦᠬᠦᠳᠡ ᠬᠤᠷᠠᠯ ᠳᠤ ᠲᠣᠳᠣᠷᠬᠠᠶᠢᠯᠠᠯᠲᠠ ᠬᠢᠪᠡ᠃ | ᠪᠦᠬᠦᠳᠡ ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠢ ᠢᠮᠠᠭᠲᠠ ᠬᠠᠯᠠᠮᠵᠢᠯᠠᠵᠤ᠂ ᠥᠪᠥᠷ ᠮᠣᠩᠭᠤᠯ ᠤᠨ ᠡᠯ᠎ᠡ | ᠦᠨᠳᠦᠰᠦᠲᠡᠨ ᠤ ᠠᠵᠢᠯ ᠦᠢᠯᠡᠰ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠬᠤ ᠡᠬᠢᠯᠡᠯᠲᠡ ᠶᠢᠨ ᠵᠢᠯ ᠳᠤ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭᠠᠨ ᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠬᠦ ᠴᠢᠬᠤᠯᠠ ᠴᠠᠭ ᠮᠥᠴᠡ ᠳᠤ᠂ ᠥᠪᠥᠷ | ᠮᠣᠩᠭᠤᠯ ᠳᠤ ᠰᠢᠨᠵᠢᠯᠡᠨ ᠪᠠᠶᠢᠴᠠᠭᠠᠵᠤ᠂ ᠥᠪᠥᠷ ᠮᠣᠩᠭᠤᠯ ᠳᠤ ᠰᠢᠨ᠎ᠡ ᠪᠠᠶᠢᠯᠳᠤᠬᠤ ᠪᠣᠳᠣᠯᠭ᠎ᠠ ᠶᠢᠨ ᠬᠠᠷᠠᠯᠲᠠ ᠶᠢ | ᠲᠣᠭᠲᠠᠭᠠᠵᠤ᠂ ᠦᠨᠳᠦᠰᠦᠲᠡᠨ ᠤ ᠭᠠᠵᠠᠷ ᠣᠷᠣᠨ ᠳᠤ ᠠᠵᠢᠯ ᠤᠨ ᠭᠤᠣᠯ ᠱᠤᠭᠤᠮ ᠢ ᠲᠣᠭᠲᠠᠭᠠᠵᠤ᠂ ᠮᠠᠨ ᠤ | ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ | ᠴᠣᠭᠴᠠᠯᠠᠬᠤ ᠶᠢ ︽ᠤᠯᠤᠰ ᠤᠨ ᠶᠡᠭᠡ ᠶᠠᠪᠤᠳᠠᠯ︾ ᠪᠣᠯᠭᠠᠨ ᠳᠡᠭᠡᠭᠰᠢᠯᠡᠭᠦᠯᠵᠦ᠂ ᠬᠢᠯᠢ ᠬᠢᠵᠠᠭᠠᠷ ᠤᠨ | ᠦᠨᠳᠦᠰᠦᠲᠡᠨ ᠤ ᠭᠠᠵᠠᠷ ᠣᠷᠣᠨ ᠤ ᠬᠠᠮᠲᠤ ᠪᠠᠷ ᠴᠢᠨᠡᠭᠡᠯᠢᠭᠵᠢᠬᠦ ᠵᠠᠮ ᠳᠡᠭᠡᠷ᠎ᠡ ᠡᠩᠨᠡᠭᠡ ᠠᠴᠠ ᠪᠠᠨ ᠬᠤᠴᠣᠷᠴᠤ | ᠪᠣᠯᠬᠤ ᠦᠭᠡᠢ ᠭᠡᠵᠦ ᠦᠵᠡᠵᠦ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ | ᠳᠡᠰ ᠳᠡᠪᠰᠢᠭᠦᠯᠬᠦ ᠲᠠᠯ᠎ᠠ ᠪᠠᠷ ᠰᠢᠨ᠎ᠡ ᠨᠡᠩ ᠥᠨᠳᠥᠷ ᠱᠠᠭᠠᠷᠳᠠᠯᠭ᠎ᠠ ᠳᠤᠷᠠᠳᠴᠤ᠂ ᠪᠣᠳᠠᠲᠠᠢ ᠶᠢ ᠡᠷᠬᠢᠮᠯᠡᠬᠦ ᠰᠤᠷᠲᠠᠯ ᠢ | ᠶᠡᠭᠡ ᠪᠠᠷ ᠮᠠᠨᠳᠤᠭᠤᠯᠵᠤ᠂ ᠠᠷᠢᠭᠤᠨ ᠴᠢᠬᠡᠴᠢ ᠰᠤᠷᠲᠠᠯ ᠢ ᠪᠠᠳᠠᠷᠠᠭᠤᠯᠵᠤ᠂ ᠪᠣᠷᠣᠭᠵᠢᠭᠤᠨ ᠰᠤᠷᠲᠠᠯ ᠢ ᠪᠤᠢ | ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ ᠡᠨᠡ ᠨᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ | ᠮᠣᠩᠭᠤᠯ ᠤᠨ ᠲᠤᠬᠠᠢ ᠭᠦᠨ ᠵᠤᠵᠠᠭᠠᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ᠂ ᠬᠦᠰᠡᠯ ᠨᠠᠶᠢᠳᠠᠯᠭ᠎ᠠ ᠬᠦᠨᠳᠦ᠂ | ᠬᠦᠰᠡᠯ ᠡᠷᠡᠮᠡᠯᠵᠡᠯ ᠥᠨᠳᠥᠷ ᠪᠠᠶᠢᠬᠤ ᠶᠢ ᠭᠦᠢᠴᠡᠳ ᠢᠯᠡᠷᠡᠭᠦᠯᠵᠦ᠂ ᠥᠪᠥᠷ ᠮᠣᠩᠭᠤᠯ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠤ ᠢᠲᠡᠭᠡᠯ ᠵᠣᠷᠢᠭ ᠪᠠ ᠲᠡᠮᠡᠴᠡᠯ ᠤᠨ ᠵᠣᠷᠢᠭ ᠢ ᠲᠦᠢᠯ ᠤᠨ ᠶᠡᠭᠡ ᠪᠠᠷ | ᠵᠣᠷᠢᠭᠵᠢᠭᠤᠯᠵᠤ᠂ ᠪᠢᠳᠡᠨ ᠤ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠬᠦ ᠳᠤ ᠤᠷᠤᠭᠰᠢᠯᠠᠯᠲᠠ ᠶᠢᠨ ᠴᠢᠭᠯᠡᠯ ᠢ | ᠲᠣᠳᠣᠷᠬᠠᠢ ᠵᠢᠭᠠᠵᠤ ᠥᠭᠴᠡᠢ᠃ | ᠪᠦᠬᠦᠳᠡ ᠬᠤᠷᠠᠯ ᠠᠴᠠ᠂ ᠪᠦᠬᠦ ᠲᠤᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ | ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠯᠤᠰ ᠲᠦᠷᠦ᠂ ᠪᠦᠬᠦ ᠲᠠᠯ᠎ᠠ ᠪᠣᠯᠤᠨ ᠪᠠᠶᠢᠯᠳᠤᠬᠤ | ᠪᠤᠳᠤᠯᠭ᠎ᠠ ᠶᠢᠨ ᠦᠨᠳᠦᠷᠴᠡ ᠠᠴᠠ ᠶᠡᠷᠦᠩᠬᠡᠢ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶᠠᠨ ᠤ ᠥᠪᠥᠷ | ᠮᠣᠩᠭᠤᠯ ᠳᠠᠬᠢ ᠭᠦᠨ ᠵᠤᠵᠠᠭᠠᠨ ᠬᠠᠶᠢᠷ᠎ᠠ ᠬᠠᠯᠠᠮᠵᠢ ᠶᠢ ᠭᠦᠨᠵᠡᠭᠡᠢ ᠣᠶᠢᠯᠠᠭᠠᠵᠤ᠂ ᠶᠡᠷᠦᠩᠬᠡᠢ ᠱᠦᠵᠢ ᠰᠢ ᠶᠢᠨ | ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠪᠣᠯᠤᠨ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠡᠷᠡᠰ ᠨᠠᠶᠢᠳᠠᠪᠤᠷᠢᠵᠢᠭᠤᠯᠵᠤ᠂ ᠤᠬᠠᠮᠰᠠᠷ ᠠᠴᠠ ᠪᠠᠨ ᠶᠡᠷᠦᠩᠬᠡᠢ ᠱᠦᠵᠢ ᠰᠢ ᠶᠢᠨ | ᠫᠢᠩ ᠤᠨ ᠬᠠᠶᠢᠷ᠎ᠠ ᠬᠠᠯᠠᠮᠵᠢ ᠶᠢ ᠠᠵᠢᠯ ᠬᠢᠵᠦ ᠦᠢᠯᠡᠰ ᠪᠤᠰᠬᠠᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ | ᠬᠤᠪᠢᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠬᠦᠷᠢᠶᠡᠯᠡᠵᠦ᠂ ︽ᠬᠤᠶᠠᠷ ᠢ | ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠬᠡᠷᠡᠭᠲᠡᠢ᠃ | ᠪᠦᠬᠦᠳᠡ ᠬᠤᠷᠠᠯ ᠠᠴᠠ᠂ ᠬᠠᠶᠢᠨᠠᠨ ᠤ ᠪᠣᠳᠠᠲᠤ ᠪᠠᠶᠢᠳᠠᠯ ᠳᠤ ᠰᠠᠭᠤᠷᠢᠯᠠᠵᠤ᠂ ᠪᠦᠬᠦ ᠲᠠᠯ᠎ᠠ ᠠᠴᠠ ᠨᠢᠭᠡ | ᠣᠷᠣᠨ ᠪᠦᠰᠡ ᠶᠢ ᠲᠥᠯᠥᠪᠵᠢᠭᠦᠯᠬᠦ᠂ ᠨᠢᠭᠡ ᠣᠷᠣᠨ ᠪᠦᠰᠡ ᠪᠠᠷ ᠪᠦᠬᠦ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ | ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠳᠤᠮᠳᠠ ᠳᠦᠷᠢ ᠶᠢᠨ ᠪᠠᠶᠢᠷᠢ ᠲᠣᠭᠲᠠᠭᠠᠯᠲᠠ ᠪᠠᠨ | ᠣᠨᠣᠪᠴᠢᠲᠠᠢ ᠣᠯᠵᠤ᠂ ᠠᠵᠢᠯ ᠤᠨ ᠭᠤᠣᠯᠳᠠᠯᠭ᠎ᠠ ᠪᠠᠨ ᠲᠣᠳᠣᠷᠬᠠᠶᠢᠯᠠᠵᠤ᠂ ᠠᠵᠢᠯ ᠤᠨ ᠠᠷᠭ᠎ᠠ ᠬᠡᠮᠵᠢᠶ᠎ᠡ ᠪᠠᠨ | ᠨᠠᠶᠢᠳᠠᠪᠤᠷᠢᠵᠢᠭᠤᠯᠵᠤ᠂ ᠡᠷᠡᠰ ᠭᠤᠶᠢᠪᠢᠰᠢ ᠦᠭᠡᠢ ᠪᠠᠷ ᠡᠴᠦᠰ ᠲᠤᠨᠢ ᠲᠤᠯᠲᠠᠯ᠎ᠠ ᠠᠳᠬᠤᠵᠤ ᠡᠯ᠎ᠡ ᠵᠦᠢᠯ ᠤᠨ | ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠮᠠᠨ ᠤ ᠤᠯᠤᠰ ᠤᠨ ᠤᠮᠠᠷᠠᠲᠤ ᠶᠢᠨ ᠠᠮᠢ | ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠡᠨᠡᠬᠦ ︽ᠤᠯᠤᠰ ᠤᠨ ᠶᠡᠭᠡ ᠶᠠᠪᠤᠳᠠᠯ︾ ᠢ | ᠪᠠᠲᠤ ᠴᠡᠭᠡᠵᠢᠯᠡᠵᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠲᠡᠷᠢᠭᠦᠨ ᠳᠤ ᠲᠠᠯᠪᠢᠬᠤ ᠶᠢ | ᠪᠠᠷᠢᠮᠲᠠᠯᠠᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ | ᠰᠠᠶᠢᠲᠤᠷ ᠬᠢᠵᠦ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠶᠢ ᠭᠦᠨᠵᠡᠭᠡᠢ | ᠠᠬᠢᠭᠤᠯᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ | ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠰᠠᠶᠢᠲᠤᠷ ᠵᠠᠮᠨᠠᠬᠤ ᠬᠡᠷᠡᠭᠲᠡᠢ᠃ | ᠠᠶᠤᠯᠭᠦᠢ ᠦᠢᠯᠡᠳᠪᠦᠷᠢᠯᠡᠯ ᠢ ᠰᠠᠶᠢᠲᠤᠷ ᠠᠳᠬᠤᠵᠤ᠂ ᠨᠡᠶᠢᠭᠡᠮ ᠤᠨ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ | ᠬᠦᠨᠳᠦ ᠶᠡᠭᠡ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠪᠦᠬᠦ ᠣᠷᠣᠨ ᠤ ᠶᠡᠭᠡ | ᠲᠠᠯ᠎ᠠ ᠶᠢᠨ ᠲᠣᠭᠲᠠᠭᠤᠨ ᠢ ᠪᠠᠲᠤᠯᠠᠬᠤ ᠬᠡᠷᠡᠭᠲᠡᠢ᠃ ᠬᠤᠲᠠ ᠶᠢᠨ ᠨᠠᠮ ᠤᠨ ᠬᠤᠷᠢᠶᠠᠨ ᠤ ︽ᠮᠢᠩᠭᠠᠨ ᠳ᠋ᠦᠩᠰᠢᠭᠤᠷ | ᠲᠠᠰ ᠤᠨ ᠠᠵᠤ ᠦᠢᠯᠡᠰ ᠤᠨ ᠪᠦᠯᠦᠭᠵᠢᠯ ᠢ 2 ᠪᠠᠶᠢᠭᠤᠯᠵᠤ᠂ ᠵᠠᠭᠤᠨ ᠳ᠋ᠦᠩᠰᠢᠭᠤᠷ ᠲᠠᠰ ᠢ ᠳᠠᠪᠠᠭᠰᠠᠨ ᠪᠥᠬᠦ | ᠠᠵᠤ ᠦᠢᠯᠡᠰ ᠤᠨ ᠬᠡᠯᠬᠢᠶ᠎ᠡ ᠶᠢᠨ ᠪᠦᠯᠦᠭᠵᠢᠯ︾ ᠤᠨ ᠬᠠᠷᠠᠯᠲᠠ ᠶᠢᠨ ᠲᠣᠭᠤᠷᠢᠨ ᠳᠤ᠂ ᠮᠠᠨ ᠤ ᠲᠤᠭᠤᠷᠢᠭ ᠤᠨ 4 | ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠯᠬᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠶᠢᠭᠤᠯᠵᠤ ᠪᠠᠶᠢᠭ᠎ᠠ | ᠪᠠ ᠪᠠᠶᠢᠭᠤᠯᠬᠤ ᠪᠠᠷ ᠪᠠᠶᠢᠭ᠎ᠠ ᠲᠥᠷᠥᠯ ᠵᠦᠢᠯ ᠢ ᠠᠯᠢ ᠲᠦᠷᠭᠡᠨ ᠢᠶᠠᠷ ᠠᠰᠢᠭᠯᠠᠯᠲᠠ ᠳᠤ ᠣᠷᠣᠭᠤᠯᠤᠨ ᠦᠷ᠎ᠡ | ᠪᠦᠲᠦᠮᠵᠢ ᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ︽ᠠᠵᠤ ᠦᠢᠯᠡᠳᠪᠦᠷᠢ ᠶᠢᠨ ᠦᠬᠠᠶ︾ ᠶᠢ ᠳᠠᠬᠢᠨ | ᠪᠠᠶᠢᠭᠤᠯᠬᠤ ᠳᠤ ᠬᠠᠶᠢᠨᠠᠨ ᠤ ᠬᠤᠪᠢ ᠨᠡᠮᠡᠷᠢ ᠦᠵᠡᠭᠦᠯᠬᠦ ᠬᠡᠷᠡᠭᠲᠡᠶ᠃ ᠬᠥᠳᠡᠭᠡ ᠠᠵᠤ ᠠᠬᠤᠢ ᠶᠢᠨ ᠶᠠᠰᠤ ᠴᠢᠨᠠᠷ ᠢ | ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠯᠠᠪᠳᠠᠭᠤᠨ ᠪᠠᠲᠤᠲᠠᠢ ᠠᠬᠢᠭᠤᠯᠵᠤ᠂ ᠲᠦᠷᠦᠯ ᠳᠡᠮᠳᠡᠭᠵᠢᠭᠰᠡᠨ | ᠬᠥᠳᠡᠭᠡ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠠᠬᠢᠭᠤᠯᠵᠤ᠂ ᠬᠥᠳᠡᠭᠡ ᠲᠣᠰᠬᠤᠨ ᠢ ᠣᠷᠣᠰᠢᠨ ᠰᠠᠭᠤᠬᠤ ᠳᠤ ᠨᠡᠩ | ᠲᠣᠬᠢᠷᠠᠮᠵᠢᠲᠠᠢ᠂ ᠠᠷᠠᠳ ᠤᠯᠠᠨ ᠤ ᠠᠮᠢᠳᠤᠷᠠᠯ ᠢ ᠨᠡᠩ ᠲᠠᠭᠠᠯᠠᠮᠵᠢᠲᠠᠢ ᠪᠣᠯᠭᠠᠬᠤ ᠬᠡᠷᠡᠭᠲᠡᠢ᠃ ᠬᠠᠮᠲᠤᠷᠠᠯᠴᠠᠭ᠎ᠠ ᠪᠠᠨ | ᠥᠷᠭᠡᠳᠬᠡᠵᠦ᠂ ᠣᠷᠣᠨ ᠪᠦᠰᠡ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠣᠷᠴᠢᠨ ᠲᠣᠭᠤᠷᠢᠨ ᠢ | ᠰᠢᠯᠢᠳᠡᠭᠵᠢᠭᠦᠯᠦᠨ ᠨᠡᠬᠡᠬᠡᠯᠳᠡ ᠶᠢ ᠠᠬᠢᠭᠤᠯᠵᠤ᠂ ᠠᠵᠤ ᠠᠬᠤᠶᠢᠯᠠᠯ ᠤᠨ ᠪᠡᠯᠡ ᠣᠷᠣᠭᠤᠯᠵᠤ ᠦᠢᠯᠡᠰ ᠪᠤᠰᠬᠠᠬᠤ | ᠲᠡᠷᠢᠭᠦᠨ ᠰᠣᠩᠭᠤᠯᠲᠠ ᠶᠢᠨ ᠭᠠᠵᠠᠷ ᠢ ᠴᠢᠷᠮᠠᠶᠢᠨ ᠪᠠᠶᠢᠭᠤᠯᠬᠤ ᠬᠡᠷᠡᠭᠲᠡᠢ᠃ | ᠪᠥᠬᠦᠳᠡ ᠬᠤᠷᠠᠯ ᠠᠴᠠ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠰᠠᠶᠢᠲᠤᠷ ᠪᠥᠲᠥᠭᠡᠨ ᠪᠠᠶᠢᠭᠤᠯᠬᠤ ᠪᠣᠯ | ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠢᠮᠠᠭᠲᠠ ᠲᠤᠭᠤᠰᠢᠯᠠᠭᠤᠯᠬᠤ ᠱᠠᠭᠠᠷᠳᠠᠯᠭ᠎ᠠ ᠮᠥᠨ᠂ | ᠪᠠᠰᠠ ᠴᠤ ᠡᠷᠬᠢᠮ ᠳᠡᠭᠡᠳᠦ ᠢᠷᠠᠭᠤ ᠠᠯᠳᠠᠷ ᠢ ᠨᠠᠩ ᠬᠦᠴᠦᠲᠡᠶ᠂ ᠨᠠᠩ ᠭᠦᠨ ᠳᠠᠪᠬᠤᠷᠭ᠎ᠠ ᠶᠢᠨ᠂ ᠨᠠᠩ ᠤᠳᠠᠭᠠᠨ | ᠳᠠᠭᠠᠭᠠᠮᠠᠭᠠᠶ ᠬᠠᠶᠢᠷᠠᠯᠠᠨ ᠬᠠᠮᠠᠭᠠᠯᠠᠬᠤ ᠶᠠᠪᠤᠳᠠᠯ ᠮᠥᠨ᠃ ︽ᠨᠠᠮ ᠤᠨ ᠠᠴᠢ ᠶᠢ ᠮᠡᠳᠡᠷᠡᠵᠤ ᠨᠠᠮ ᠤᠨ ᠦᠭᠡ ᠶᠢ | ᠰᠤᠨᠤᠰᠬᠤ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠠᠶᠠᠨ ᠢ ᠰᠠᠯᠤᠯ ᠦᠭᠡᠢ ᠳᠠᠭᠠᠬᠤ︾ ᠪᠠ | ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ︾᠂ ︽ᠦᠨᠳᠦᠰᠦᠲᠡᠨ ᠤ | ᠭᠠᠵᠠᠷ ᠣᠷᠣᠨ ᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢ | ᠠᠬᠢᠭᠤᠯᠬᠤ︾᠂ ︽ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠢ ᠬᠠᠮᠲᠤ ᠪᠠᠷ ᠴᠢᠨᠡᠭᠡᠯᠢᠭᠵᠢᠬᠦᠯᠬᠦ ᠲᠡᠶᠢᠰᠢ | ᠤᠷᠤᠭᠰᠢᠯᠠᠬᠤ︾᠂ ︽ᠬᠢᠯᠢ ᠬᠢᠵᠠᠭᠠᠷ ᠢ ᠮᠠᠨᠳᠤᠭᠤᠯᠤᠨ ᠬᠢᠯᠢ ᠬᠢᠵᠠᠭᠠᠷ ᠢ ᠪᠠᠬᠢᠵᠢᠭᠦᠯᠵᠦ ᠬᠢᠯᠢ ᠬᠢᠵᠠᠭᠠᠷ ᠢ | ᠪᠠᠬᠢᠵᠢᠭᠦᠯᠬᠦ︾᠂ ︽ᠬᠢᠯᠢ ᠬᠢᠵᠠᠭᠠᠷ ᠣᠷᠣᠨ ᠤ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ︾ ᠢ | ᠨᠡᠪᠲᠡᠷᠡᠯᠴᠡᠭᠦᠯᠬᠦ᠂ ︽ᠰᠢᠨ᠎ᠡ ᠰᠤᠷᠲᠠᠯ ᠲᠦᠪ ᠰᠤᠷᠲᠠᠯ ᠢ ᠪᠠᠳᠠᠷᠠᠭᠤᠯᠬᠤ︾ ᠵᠡᠷᠭᠡ ᠲᠤᠯᠤᠭᠠᠨ ᠲᠠᠯ᠎ᠠ ᠪᠠᠷ | ᠬᠠᠶᠢᠨᠠᠨ ᠤ ᠡᠭᠦᠷᠭᠡᠯᠡᠯ ᠢ ᠢᠯᠡᠷᠡᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠬᠤᠲᠠ ᠶᠢᠨ ᠨᠠᠮ ᠤᠨ ᠬᠤᠷᠢᠶ᠎ᠠ ᠪᠠ ᠲᠣᠭᠤᠷᠢᠭ ᠤᠨ ᠨᠠᠮ ᠤᠨ ᠬᠤᠷᠢᠶ᠎ᠠ ᠶᠢᠨ ︽ᠲᠣᠭᠲᠠᠭᠠᠯ︾ ᠵᠢᠴᠢ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠪᠥᠬᠦ ᠲᠠᠯ᠎ᠠ ᠶᠢᠨ | ᠪᠠᠶᠢᠭᠤᠯᠤᠯᠲᠠ ᠶᠢ ᠠᠬᠢᠭᠤᠯᠬᠤ ᠲᠦᠷᠢᠮ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠨᠠᠷᠢᠨ ᠬᠢᠨᠠᠮᠠᠭᠠᠶ | ᠰᠠᠶᠢᠲᠤᠷ ᠠᠳᠬᠤᠵᠤ᠂ ᠡᠯ᠎ᠡ ᠵᠦᠶ᠋ᠯ ᠤᠨ ᠠᠵᠢᠯ ᠢ ᠴᠥᠮ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠤᠯ ᠱᠤᠭᠤᠮ ᠤᠨ ᠲᠣᠭᠤᠷᠢᠨ ᠳᠤ ᠥᠴᠦᠬᠡᠨ ᠴᠦ | ᠵᠠᠶᠢᠳᠠᠭᠤᠯᠬᠤ ᠥᠬᠡᠶ ᠪᠠᠶᠢᠬᠤ ᠶᠢ ᠠᠬᠢᠭᠤᠯᠬᠤ ᠬᠡᠷᠡᠭᠲᠡᠶ᠃ ︽ᠨᠠᠮ ᠤᠨ ᠠᠴᠢ ᠳᠤ ᠲᠠᠯᠠᠷᠬᠠᠵᠤ᠂ ᠨᠠᠮ ᠤᠨ | ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ | ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠦᠨᠳᠦᠰᠦᠲᠡᠨ ᠨᠦᠭᠦᠳ ᠤᠨ ᠰᠣᠯᠢᠯᠴᠠᠭ᠎ᠠ ᠶᠠᠪᠤᠯᠴᠠᠭ᠎ᠠ ᠠᠭᠤᠰᠤᠯᠴᠠᠯ ᠤᠨ | ᠦᠯᠢᠭᠡᠷ ᠢ ᠰᠠᠶᠢᠲᠤᠷ ᠶᠠᠷᠢᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ | ᠦᠵᠡᠭᠦᠯᠬᠦ ᠣᠷᠣᠨ ᠢ ᠪᠠᠶᠢᠭᠤᠯᠬᠤ ᠪᠠᠷ ᠴᠢᠷᠮᠠᠶᠢᠬᠤ ᠬᠡᠷᠡᠭᠲᠡᠢ᠃ | ᠪᠥᠬᠦᠳᠡ ᠬᠤᠷᠠᠯ ᠠᠴᠠ ᠵᠢᠭᠠᠵᠤ ᠭᠠᠷᠭᠠᠭᠰᠠᠨ ᠨᠢ᠂ ᠣᠳᠣᠬᠠᠨ ᠳᠤ᠂ ᠮᠠᠨ ᠤ ᠣᠷᠣᠨ ᠤ ᠠᠵᠤ ᠠᠬᠤᠶ ᠶᠠᠭ | ᠰᠢᠨ᠎ᠡ ᠬᠠᠭᠤᠴᠢᠨ ᠬᠥᠳᠡᠯᠭᠡᠬᠦ ᠡᠨᠧᠷᠭᠢ ᠶᠢᠨ ᠰᠣᠯᠢᠭᠳᠠᠯ ᠪᠠ ᠠᠵᠤ ᠦᠢᠯᠡᠳᠪᠦᠷᠢ ᠶᠢᠨ ᠦᠢᠯᠡᠳᠬᠦᠨ ᠤ ᠬᠡᠮᠵᠢᠶ᠎ᠡ ᠶᠢ | ᠪᠠᠭᠠᠰᠬᠠᠵᠤ ᠪᠠᠭᠤᠷᠠᠭᠤᠯᠬᠤ ᠳᠠᠪᠬᠤᠷ ᠲᠠᠭᠠᠷᠢᠯᠲᠠ ᠳᠤ ᠲᠤᠯᠭᠠᠷᠠᠵᠤ ᠪᠠᠶᠢᠨ᠎ᠠ᠃ ︽ᠵᠣᠷᠢᠭ ᠰᠢᠭᠤᠳᠤᠨ ᠲᠥᠪ | ᠪᠤᠯᠬᠤ︾ ᠶᠢ ᠴᠢᠩᠭ᠎ᠠ ᠠᠩᠬᠠᠷᠴᠤ ᠠᠵᠢᠯᠯᠠᠭᠠᠨ ᠤ ᠲᠤᠬᠢᠷᠠᠭᠤᠯᠤᠯᠳᠠ ᠶᠢ ᠴᠢᠩᠭᠠᠳᠬᠠᠵᠤ᠂ ᠭᠤᠣᠯᠳᠠᠯᠭ᠎ᠠ ᠲᠠᠢ | ᠠᠵᠢᠯ ᠲᠦᠷᠦᠯ᠂ ᠭᠤᠣᠯᠳᠠᠯᠭ᠎ᠠ ᠲᠠᠢ ᠠᠵᠤ ᠠᠬᠤᠶᠢᠯᠠᠯ ᠢ ᠴᠢᠩᠭ᠎ᠠ ᠠᠩᠬᠠᠷᠴᠤ᠂ ᠬᠢᠨᠠᠨ ᠬᠡᠮᠵᠢᠵᠦ ᠵᠠᠳᠠᠯᠬᠤ ᠪᠠᠨ | ᠴᠢᠩᠭᠠᠳᠬᠠᠵᠤ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠲᠦᠷᠦ ᠶᠢᠨ ᠪᠤᠳᠤᠯᠭ᠎ᠠ | ᠪᠣᠯᠤᠨ ᠬᠠᠪᠰᠤᠷᠤᠨ ᠲᠡᠳᠬᠦᠬᠦ ᠲᠣᠭᠲᠠᠴᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ | ᠶᠡᠭᠡ ᠰᠤᠷᠪᠤᠯᠵᠢᠯᠠᠭ᠎ᠠ᠂ ᠶᠡᠭᠡ ᠦᠢᠯᠡᠴᠢᠯᠡᠭᠡᠨ ᠤ ᠠᠵᠢᠯᠯᠠᠭ᠎ᠠ ᠶᠢ ᠪᠦᠬᠦ ᠲᠠᠯ᠎ᠠ ᠪᠠᠷ ᠥᠷᠨᠢᠭᠦᠯᠵᠦ᠂ ᠠᠵᠤ | ᠠᠬᠤᠶᠢᠯᠠᠯ ᠢ ᠬᠠᠪᠰᠤᠷᠤᠨ ᠪᠣᠳᠠᠲᠠᠢ ᠬᠦᠴᠢᠷᠳᠡᠯ ᠪᠣᠯᠤᠨ ᠠᠰᠠᠭᠤᠳᠠᠯ ᠢ ᠨᠢ ᠰᠢᠢᠳᠪᠦᠷᠢᠯᠡᠵᠦ ᠥᠭᠬᠦ ᠬᠡᠷᠡᠭᠲᠡᠢ᠃ | ᠪᠦᠬᠦ ᠬᠦᠴᠦᠨ ᠢᠶᠠᠷ ᠢᠶᠠᠨ ᠲᠦᠷᠦᠯ ᠵᠦᠢᠯ ᠢ ᠠᠳᠬᠤᠵᠤ᠂ ᠪᠡᠯᠡ ᠣᠷᠣᠭᠤᠯᠤᠯᠲᠠ ᠶᠢ ᠣᠷᠣᠭᠤᠯᠤᠨ ᠠᠪᠴᠢᠷᠠᠵᠤ᠂ | ︽ᠲᠡᠷᠢᠭᠦᠨ ᠤ ᠬᠢ ᠶᠢ ᠲᠡᠮᠡᠴᠡᠨ ᠤᠯᠬᠤ᠂ ᠮᠣᠷᠢ ᠤᠷᠤᠯᠳᠤᠬᠤ ᠶᠢ ᠠᠳᠠᠯᠢᠳᠬᠠᠬᠤ︾ ᠲᠣᠭᠲᠠᠴᠠ ᠶᠢ | ᠨᠠᠶᠢᠳᠠᠪᠤᠷᠢᠵᠢᠭᠤᠯᠵᠤ᠂ ᠲᠦᠷᠦᠯ ᠵᠦᠢᠯ ᠢ ᠡᠷᠲᠡ ᠪᠦᠳᠦᠭᠡᠨ ᠪᠠᠶᠢᠭᠤᠯᠬᠤ᠂ ᠡᠷᠲᠡ ᠠᠰᠢᠭᠯᠠᠯᠲᠠ ᠳᠤ ᠣᠷᠣᠭᠤᠯᠬᠤ᠂ | ᠡᠷᠲᠡ ᠦᠷ᠎ᠡ ᠪᠦᠲᠦᠮᠵᠢ ᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ︽ᠬᠥᠲᠥᠴᠢ + ᠢᠵᠢ | ᠪᠥᠷᠢᠳᠦᠭᠦᠯᠬᠦ︾ ᠬᠤᠳᠠᠯᠳᠤᠭᠠᠴᠢᠨ ᠤᠷᠢᠬᠤ ᠰᠡᠳᠬᠢᠴᠡ ᠶᠢᠨ ᠲᠣᠭᠤᠷᠢᠨ ᠳᠤ᠂ ᠬᠡᠯᠬᠢᠶᠡᠰᠦ ᠶᠢ ᠤᠷᠲᠤᠳᠬᠠᠨ | ᠬᠡᠯᠬᠢᠶᠡᠰᠦ ᠶᠢ ᠨᠥᠬᠦᠪᠥᠷᠢᠯᠡᠵᠦ ᠬᠡᠯᠬᠢᠶᠡᠰᠦ ᠶᠢ ᠴᠢᠩᠭᠠᠳᠬᠠᠬᠤ ᠲᠥᠷᠥᠯ ᠵᠦᠢᠯ ᠢ ᠣᠷᠣᠭᠤᠯᠤᠨ ᠠᠪᠴᠢᠷᠠᠬᠤ ᠶᠢ | ᠴᠢᠩᠭᠠᠷᠠᠭᠤᠯᠤᠨ᠎ᠠ᠃ ᠲᠥᠷᠥᠯ ᠵᠦᠢᠯ ᠤᠨ ᠨᠥᠭᠡᠴᠡ ᠶᠢ ᠰᠢᠯᠢᠳᠡᠭᠵᠢᠭᠦᠯᠵᠦ᠂ ᠰᠠᠭᠤᠷᠢ ᠶᠢ ᠪᠠᠲᠤᠳᠬᠠᠬᠤ᠂ ᠠᠯᠤᠰ | ᠬᠡᠲᠦ ᠳᠤ ᠠᠰᠢᠭᠲᠠᠢ᠂ ᠨᠥᠭᠡᠴᠡ ᠬᠦᠴᠦᠨ ᠢ ᠨᠡᠮᠡᠭᠳᠡᠭᠦᠯᠬᠦ ᠨᠢᠭᠡ ᠪᠦᠯᠦᠭ ᠴᠢᠬᠤᠯᠠ ᠶᠡᠭᠡ ᠲᠥᠷᠥᠯ ᠵᠦᠢᠯ ᠢ | ᠰᠢᠨᠵᠢᠯᠡᠬᠦ ᠤᠬᠠᠭᠠᠨᠴᠢ ᠪᠠᠷ ᠲᠥᠯᠥᠪᠯᠡᠨ ᠨᠥᠭᠡᠴᠡᠯᠡᠨ᠎ᠡ᠃ ᠤᠯᠠᠨ ᠲᠦᠮᠡᠨ ᠤ ᠤᠯᠠᠨ ᠡᠰᠢᠲᠦ ᠬᠡᠷᠡᠭᠯᠡᠭᠡᠨ ᠤ | ᠬᠡᠷᠡᠭᠴᠡᠭᠡ ᠶᠢ ᠬᠠᠩᠭᠠᠵᠤ᠂ ᠤᠯᠠᠨ ᠡᠰᠢᠲᠦ ᠬᠡᠯᠪᠡᠷᠢ ᠶᠢᠨ ᠰᠥᠨᠢ ᠶᠢᠨ ᠬᠡᠷᠡᠭᠯᠡᠭᠡᠨ ᠤ ᠰᠢᠰᠲ᠋ᠧᠮ ᠢ ᠪᠠᠶᠢᠭᠤᠯᠵᠤ᠂ | ᠬᠤᠳᠠᠯᠳᠤᠭᠠᠨ ᠤ ᠬᠦᠷᠢᠶᠡᠨ ᠤ ᠬᠥᠮᠦᠰ ᠤᠨ ᠠᠩᠬᠠᠷᠤᠯ ᠢ ᠲᠥᠪᠯᠡᠷᠡᠭᠦᠯᠵᠦ᠂ ᠰᠥᠨᠢ ᠶᠢᠨ ᠬᠡᠷᠡᠭᠯᠡᠭᠡ ᠶᠢ ᠬᠥᠭᠵᠢᠭᠡᠬᠦ | ᠬᠡᠷᠡᠭᠲᠡᠢ᠃ | ᠪᠦᠬᠦᠳᠡ ᠬᠤᠷᠠᠯ ᠠᠴᠠ᠂ ᠠᠷᠠᠳ ᠲᠦᠮᠡᠨ ᠢ ᠳᠡᠭᠡᠳᠦᠯᠡᠬᠦ᠂ ᠠᠷᠠᠳ ᠤᠨ ᠠᠮᠢᠳᠤᠷᠠᠯ ᠢ ᠴᠢᠬᠤᠯᠠ | ᠪᠣᠯᠭᠠᠬᠤ ᠶᠢ ᠪᠠᠷᠢᠮᠲᠠᠯᠠᠵᠤ᠂ ᠤᠯᠠᠨ ᠲᠦᠮᠡᠨ ᠤ ᠨᠡᠶᠢᠳᠡᠮ ᠠᠩᠬᠠᠷᠴᠤ ᠪᠠᠶᠢᠭ᠎ᠠ ᠠᠷᠠᠳ ᠤᠨ ᠠᠮᠢᠳᠤᠷᠠᠯ ᠤᠨ | ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠠᠮᠢᠳᠤᠷᠠᠯ ᠤᠨ ᠢᠨᠵᠧᠨᠧᠷᠢᠩ ᠢ ᠡᠷᠡᠰ ᠪᠣᠳᠠᠲᠠᠢ | ᠠᠳᠬᠤᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ᠂ ᠠᠷᠠᠳ ᠤᠯᠠᠨ ᠤ | ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ | ᠳᠡᠭᠡᠭᠰᠢᠯᠡᠭᠦᠯᠬᠦ ᠬᠡᠷᠡᠭᠲᠡᠢ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠲᠣᠭᠲᠠᠭᠤᠨ ᠢᠶᠠᠷ | ᠨᠡᠮᠡᠭᠳᠡᠭᠦᠯᠬᠦ ᠶᠢ ᠬᠦᠴᠦᠯᠡᠨ ᠠᠬᠢᠭᠤᠯᠵᠤ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ | ᠪᠤᠳᠤᠯᠭ᠎ᠠ ᠶᠢ ᠴᠢᠩᠭᠠᠳᠬᠠᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠬᠥᠯᠥᠰᠥᠨ ᠠᠵᠢᠯᠴᠢᠨ᠂ | ᠴᠡᠷᠢᠭ ᠠᠴᠠ ᠬᠠᠯᠠᠭᠳᠠᠭᠰᠠᠳ ᠵᠡᠷᠭᠡ ᠭᠤᠣᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠶᠢ ᠲᠤᠪᠤᠶᠢᠮ᠎ᠠ ᠰᠠᠶᠢᠲᠤᠷ | ᠠᠳᠬᠤᠵᠤ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠶᠢ | ᠨᠠᠶᠢᠳᠠᠪᠤᠷᠢᠵᠢᠭᠤᠯᠵᠤ᠂ ᠲᠣᠰᠬᠤᠨ ᠤ ᠬᠠᠮᠲᠤ ᠶᠢᠨ ᠠᠵᠤ ᠠᠬᠤᠢ ᠶᠢ ᠪᠠᠬᠢᠵᠢᠭᠦᠯᠦᠨ ᠳᠡᠭᠡᠭᠰᠢᠯᠡᠭᠦᠯᠵᠦ᠂ | ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠬᠦ ᠬᠡᠷᠡᠭᠲᠡᠢ᠃ ᠰᠤᠷᠭᠠᠨ ᠬᠥᠮᠦᠵᠢᠯ ᠡᠮ | ᠡᠮᠨᠡᠯᠭᠡ ᠨᠠᠰᠤᠵᠢᠯ ᠤᠨ ᠠᠰᠠᠷᠠᠮᠵᠢ ᠶᠢᠨ ᠦᠢᠯᠡᠰ ᠢ ᠴᠢᠷᠮᠠᠶᠢᠨ ᠰᠠᠶᠢᠲᠤᠷ ᠡᠷᠬᠢᠯᠡᠵᠦ᠂ ᠰᠤᠷᠭᠠᠨ ᠬᠥᠮᠦᠵᠢᠯ᠂ ᠡᠮ | ᠡᠮᠨᠡᠯᠭᠡ ᠴᠢᠨᠠᠷ ᠰᠠᠶᠢᠲᠠᠢ ᠬᠥᠭᠵᠢᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ | ᠰᠤᠷᠭᠠᠨ ᠬᠥᠮᠦᠵᠢᠯ᠂ ᠡᠮ ᠡᠮᠨᠡᠯᠭᠡ ᠶᠢᠨ ᠴᠢᠳᠠᠪᠤᠷᠢᠲᠠᠨ ᠢ ᠢᠳᠡᠪᠬᠢᠲᠡᠢ ᠣᠷᠣᠭᠤᠯᠤᠨ ᠠᠪᠴᠢᠷᠠᠵᠤ᠂ ᠨᠠᠰᠤᠵᠢᠯ ᠤᠨ | ᠠᠰᠠᠷᠠᠮᠵᠢ ᠶᠢᠨ ᠦᠢᠯᠡᠰ ᠪᠣᠯᠤᠨ ᠨᠠᠰᠤᠵᠢᠯ ᠤᠨ ᠠᠰᠠᠷᠠᠮᠵᠢ ᠶᠢᠨ ᠠᠵᠤ ᠦᠢᠯᠡᠰ ᠢ ᠲᠦᠷᠭᠡᠳᠬᠡᠨ ᠬᠥᠭᠵᠢᠭᠦᠯᠵᠦ᠂ | ︽ᠠᠮᠤᠷ ᠲᠠᠶᠢᠪᠤᠩ · ᠬᠠᠶᠢᠨᠠᠨ︾ ᠦᠢᠯᠡᠴᠢᠯᠡᠭᠡᠨ ᠤ ᠲᠦᠷᠦᠯ ᠲᠡᠮᠳᠡᠭ ᠢ ᠡᠭᠦᠳᠬᠦ ᠬᠡᠷᠡᠭᠲᠡᠢ᠃ ᠬᠤᠲᠠ ᠶᠢᠨ | ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢ ᠲᠠᠰᠤᠷᠠᠯᠲᠠ ᠥᠬᠡᠶ ᠴᠢᠩᠭᠠᠳᠬᠠᠵᠤ᠂ ︽ᠨᠢᠭᠡ ᠮᠦᠴᠡᠲᠤ | ᠠᠷᠠᠳ ᠲᠤ ᠲᠥᠬᠦᠮ ᠦᠵᠡᠭᠦᠯᠬᠦ ᠠᠮᠢᠳᠤᠷᠠᠯ ᠤᠨ ᠬᠦᠷᠢᠶ᠎ᠡ︾ ᠶᠢᠨ ᠲᠤᠷᠰᠢᠯᠲᠠ ᠶᠢᠨ ᠴᠡᠭ ᠤᠨ ᠪᠥᠲᠥᠭᠡᠨ | ᠪᠠᠶᠢᠭᠤᠯᠤᠯᠲᠠ ᠲᠠᠢ ᠤᠶᠠᠯᠳᠤᠭᠤᠯᠤᠨ᠂ ᠣᠯᠠᠨ ᠨᠡᠶᠢᠲᠡ ᠶᠢᠨ ᠦᠢᠯᠡᠴᠢᠯᠡᠭᠡᠨ ᠤ ᠢᠵᠢ ᠪᠥᠷᠢᠳᠦᠭᠦᠯᠬᠦ | ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠣᠯᠠᠨ ᠲᠠᠰ ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ | ᠪᠦᠷᠢᠨᠰᠢᠬᠦᠯᠤᠨ᠂ ᠬᠤᠲᠠ ᠶᠢ ᠬᠠᠶᠢᠷ᠎ᠠ ᠬᠠᠯᠠᠮᠵᠢ ᠲᠠᠢ᠂ ᠠᠮᠢᠳᠤᠷᠠᠯ ᠢ ᠬᠠᠶᠢᠷ᠎ᠠ ᠰᠡᠳᠬᠢᠯᠭᠡ ᠲᠠᠢ᠂ ᠬᠤᠲᠠ ᠶᠢᠨ | ᠠᠷᠠᠳ ᠢ ᠨᠠᠩ ᠬᠠᠯᠠᠭᠤᠨ ᠳᠤᠯᠠᠭᠠᠨ ᠪᠣᠯᠭᠠᠬᠤ ᠬᠡᠷᠡᠭᠲᠡᠶ᠃ | ᠪᠥᠬᠦᠳᠡ ᠬᠤᠷᠠᠯ ᠠᠴᠠ ᠵᠢᠭᠠᠵᠤ ᠭᠠᠷᠭᠠᠭᠰᠠᠨ ᠨᠢ᠂ ︽ᠨᠡᠭᠦᠷᠡᠰᠦ ᠬᠡᠤᠷᠡᠰᠦ ᠶᠢ ᠪᠠᠬᠢᠵᠢᠭᠦᠯᠬᠦ᠂ ᠬᠢᠮᠢ ᠶᠢᠨ | ᠠᠵᠤ ᠦᠢᠯᠡᠳᠪᠦᠷᠢ ᠶᠢ ᠳᠡᠭᠡᠭᠰᠢᠯᠡᠭᠦᠯᠬᠦ᠂ ᠰᠢᠨ᠎ᠡ ᠲᠣᠨᠤᠭ ᠲᠥᠬᠦᠭᠡᠷᠦᠮᠵᠢ ᠶᠢ ᠥᠷᠭᠡᠳᠬᠡᠬᠦ᠂ ᠤᠯᠠᠮᠵᠢᠯᠠᠯ ᠢ | ᠰᠢᠯᠢᠳᠡᠭᠵᠢᠭᠦᠯᠬᠦ︾ ᠰᠡᠳᠬᠢᠮᠵᠢ ᠶᠢ ᠪᠠᠷᠢᠮᠲᠠᠯᠠᠵᠤ᠂ ᠪᠥᠬᠦ ᠬᠦᠴᠦᠨ ᠢᠶᠠᠷ ᠢᠶᠠᠨ ᠪᠦᠲᠦᠴᠡ ᠶᠢ ᠳᠣᠭᠢᠷᠠᠭᠤᠯᠬᠤ᠂ | ᠴᠢᠳᠠᠮᠵᠢ ᠶᠢ ᠬᠤᠪᠢᠷᠠᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ ᠪᠠᠷ ᠴᠢᠷᠮᠠᠶᠢᠵᠤ᠂ ᠠᠵᠤ ᠦᠢᠯᠡᠰ ᠤᠨ ᠬᠡᠯᠪᠡᠷᠢ ᠪᠠᠨ | ᠬᠤᠪᠢᠷᠠᠭᠤᠯᠤᠨ ᠲᠠᠰ ᠳᠡᠪᠰᠢᠭᠦᠯᠬᠦ ᠶᠢ ᠲᠦᠷᠭᠡᠳᠬᠡᠵᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ | ᠬᠦᠴᠦᠯᠡᠨ ᠪᠠᠶᠢᠭᠤᠯᠬᠤ ᠬᠡᠷᠡᠭᠲᠡᠶ᠃ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠵᠦ᠂ | ᠢᠯᠴᠢ ᠶᠢᠨ ᠴᠠᠬᠢᠯᠭᠠᠨ ᠤ ᠪᠤᠭᠤᠮᠳᠠ ᠶᠢ ᠪᠠᠭ᠎ᠠ ᠳᠡᠭᠡᠷ᠎ᠡ ᠨᠢ ᠲᠣᠮᠣ ᠡᠮᠬᠢᠯᠡᠨ ᠨᠡᠶᠢᠯᠡᠭᠦᠯᠵᠦ ᠳᠠᠬᠢᠨ ᠵᠣᠬᠢᠶᠠᠨ | ᠪᠠᠶᠢᠭᠤᠯᠬᠤ᠂ ᠠᠭᠤᠷᠬᠠᠢ ᠶᠢᠨ ᠡᠷᠬᠡ ᠶᠢ ᠡᠮᠬᠢᠯᠡᠨ ᠨᠡᠶᠢᠯᠡᠭᠦᠯᠬᠦ᠂ ᠨᠡᠭᠦᠷᠡᠰᠦ ᠤᠬᠢᠶᠠᠵᠤ ᠰᠢᠯᠢᠵᠦ ᠡᠳ᠋ᠰᠢᠭᠦᠯᠬᠦ ᠠᠵᠢᠯ | ᠲᠦᠷᠦᠯ ᠢ ᠨᠢᠭᠡ ᠴᠤᠭᠴᠠᠵᠢᠭᠤᠯᠤᠨ ᠡᠮᠬᠢᠯᠡᠨ ᠨᠡᠶᠢᠯᠡᠭᠦᠯᠬᠦ᠂ ᠬᠡᠦᠷᠰᠢᠭᠦᠯᠬᠦ ᠶᠢ ᠡᠮᠬᠢᠯᠡᠨ ᠨᠡᠶᠢᠯᠡᠭᠦᠯᠵᠦ ᠳᠠᠬᠢᠨ | ᠵᠣᠬᠢᠶᠠᠨ ᠪᠠᠶᠢᠭᠤᠯᠵᠤ ᠲᠠᠰ ᠳᠡᠪᠰᠢᠭᠦᠯᠬᠦ ᠵᠡᠷᠭᠡ ᠶᠢ ᠲᠦᠷᠭᠡᠳᠬᠡᠨ ᠠᠬᠢᠭᠤᠯᠵᠤ᠂ ᠨᠡᠭᠦᠷᠡᠰᠦ ᠳᠤ ᠬᠤᠯᠪᠣᠭᠳᠠᠭᠰᠠᠨ | ᠠᠵᠤ ᠦᠢᠯᠡᠰ ᠤᠨ ᠬᠡᠪᠴᠢᠶᠡᠵᠢᠯᠲᠡ᠂ ᠪᠦᠯᠦᠭᠵᠢᠯᠲᠡ᠂ ᠬᠡᠯᠬᠢᠶ᠋ᠵᠢᠭᠰᠡᠨ ᠬᠥᠭᠵᠢᠯᠲᠡ ᠶᠢ ᠪᠡᠶᠡᠯᠡᠭᠦᠯᠬᠦ ᠬᠡᠷᠡᠭᠲᠡᠶ᠃ | ᠪᠠᠶᠢᠯᠳᠤᠬᠤ ᠪᠤᠳᠤᠯᠭ᠎ᠠ ᠶᠢᠨ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ | ᠬᠤᠳᠠ ᠶᠢᠨ ᠨᠠᠮ ᠤᠨ ᠬᠤᠷᠢᠶᠠᠨ ᠤ ︽ᠥᠪᠡᠷᠲᠡᠭᠡᠨ ᠵᠠᠰᠠᠬᠤ ᠣᠷᠣᠨ ᠤ ᠪᠠᠷᠠᠭᠤᠨ ᠣᠷᠣᠨ ᠤ ᠪᠣᠬᠢᠷᠲᠤᠯ ᠦᠭᠡᠢ | ᠡᠨᠧᠷᠭᠢ ᠶᠢ ᠰᠢᠩᠭᠡᠭᠡᠨ ᠠᠪᠬᠤ ᠰᠠᠭᠤᠷᠢᠨ ᠭᠠᠵᠠᠷ ᠢ ᠪᠠᠶᠢᠭᠤᠯᠬᠤ᠂ ᠪᠦᠬᠦ ᠪᠥᠮᠪᠥᠷᠴᠡᠭ ᠤᠨ ᠬᠠᠮᠤᠭ ᠤᠨ ᠲᠤᠮᠤ | BDO ᠶᠢ ᠨᠢᠭᠡ ᠴᠤᠬᠴᠠᠵᠢᠭᠤᠯᠤᠬᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠠᠶᠢᠭᠤᠯᠬᠤ᠂ BDO ᠠᠵᠤ | ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠪᠠᠶᠢᠭᠤᠯᠬᠤ︾ ᠠᠵᠢᠯ ᠤᠨ ᠪᠠᠶᠢᠷᠢᠯᠠᠭᠤᠯᠤᠯᠲᠠ ᠶᠢᠨ | ᠲᠣᠭᠤᠷᠢᠨ ᠳᠤ᠂ ᠦᠬᠠᠢ ᠬᠤᠳᠠ ᠶᠢᠨ ᠥᠪᠡᠷᠲᠡᠭᠡᠨ ᠵᠠᠰᠠᠬᠤ ᠣᠷᠣᠨ ᠤ ᠪᠠᠷᠠᠭᠤᠨ ᠣᠷᠣᠨ ᠤ ᠪᠣᠬᠢᠷᠲᠤᠯ ᠦᠭᠡᠢ | ᠡᠨᠧᠷᠭᠢ ᠶᠢ ᠰᠢᠩᠭᠡᠭᠡᠨ ᠠᠪᠬᠤ ᠰᠠᠭᠤᠷᠢᠨ ᠭᠠᠵᠠᠷ ᠢ ᠪᠠᠶᠢᠭᠤᠯᠬᠤ ᠲᠠᠯ᠎ᠠ ᠪᠠᠷ ᠬᠦᠨᠳᠦ ᠡᠭᠦᠷᠭᠡ ᠶᠢ ᠡᠭᠦᠷᠭᠡᠯᠡᠵᠦ᠂ | ᠦᠬᠠᠢ ᠬᠤᠳᠠ ᠶᠢᠨ ᠪᠦᠬᠦ ᠪᠥᠮᠪᠥᠷᠴᠡᠭ ᠤᠨ ᠬᠠᠮᠤᠭ ᠤᠨ ᠲᠤᠮᠤ BDO ᠶᠢ ᠨᠢᠭᠡ ᠴᠤᠬᠴᠠᠵᠢᠭᠤᠯᠤᠬᠰᠠᠨ | ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠠᠶᠢᠭᠤᠯᠬᠤ ᠲᠠᠯ᠎ᠠ ᠪᠠᠷ ᠠᠵᠠ ᠲᠣᠬᠢᠶᠠᠯ ᠢ ᠡᠵᠡᠮᠳᠡᠵᠦ᠂ BDO ᠠᠵᠤ | ᠦᠢᠯᠡᠰ ᠤᠨ ᠪᠦᠯᠦᠭᠵᠢᠯ ᠢ ᠲᠦᠷᠭᠡᠨ ᠪᠠᠶᠢᠭᠤᠯᠵᠤ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ | ᠥᠷᠢᠰᠥᠯᠳᠦᠭᠡᠨ ᠤ ᠳᠤᠮᠳᠠ ᠲᠡᠷᠢᠭᠦᠨ ᠲᠣᠬᠢᠶᠠᠯ ᠢ ᠠᠮᠵᠢᠵᠤ᠂ ᠰᠠᠨᠠᠭᠠᠴᠢᠯᠠᠭᠠᠲᠤ ᠡᠷᠬᠡ ᠶᠢ ᠤᠯᠬᠤ ᠬᠡᠷᠡᠭᠲᠡᠢ᠃ | ᠭᠤᠷᠪᠠᠨ ᠠᠵᠤ ᠦᠢᠯᠡᠰ ᠤᠨ ᠵᠣᠬᠢᠴᠠᠩᠭᠤᠶ ᠬᠥᠭᠵᠢᠯᠲᠡ ᠶᠢ ᠬᠦᠴᠦᠯᠡᠨ ᠠᠬᠢᠭᠤᠯᠵᠤ᠂ ᠣᠯᠠᠨ ᠬᠡᠯᠪᠡᠷᠢ ᠶᠢᠨ | ᠬᠠᠮᠲᠤᠷᠠᠭᠰᠠᠨ ᠲᠡᠭᠡᠭᠡᠪᠦᠷᠢ ᠶᠢ ᠶᠡᠬᠡᠪᠡᠷ ᠬᠥᠭᠵᠢᠭᠦᠯᠵᠦ᠂ ︽ᠲᠡᠭᠦᠬᠦ + ᠲᠠᠷᠢᠶᠠᠴᠢᠨ ᠠᠶᠢᠯ ᠤᠨ ᠵᠤᠭᠠᠴᠠᠯ︾ ᠤᠨ | ᠰᠡᠯᠡᠭᠦᠴᠡᠨ ᠲᠣᠭᠤᠷᠢᠬᠤ ᠠᠵᠤ ᠦᠢᠯᠡᠰ ᠢ ᠨᠡᠭᠡᠭᠡᠨ ᠬᠥᠭᠵᠢᠭᠦᠯᠵᠦ᠂ ᠬᠤᠲᠠ ᠬᠥᠳᠡᠭᠡ ᠶᠢᠨ ᠠᠭᠤᠰᠤᠯᠴᠠᠯ᠂ | ᠲᠠᠷᠢᠶᠠᠯᠠᠩ ᠰᠣᠶᠣᠯ ᠵᠢᠭᠤᠯᠴᠢᠯᠠᠯ ᠬᠤᠳᠠᠯᠳᠤᠭᠠᠨ ᠤ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠶ᠃ | ᠬᠦᠷᠢᠶᠡᠯᠡᠩ ᠲᠣᠭᠤᠷᠢᠭ ᠤᠨ ᠰᠢᠨ᠎ᠡ ᠪᠠᠷ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠵᠤ᠂ ᠬᠢᠮᠢ ᠶᠢᠨ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠳᠠᠬᠢᠨ ᠬᠢᠨᠠᠵᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠥᠬᠦ | ᠲᠠᠯ᠎ᠠ ᠪᠠᠷ ᠪᠡᠶᠡᠯᠡᠭᠦᠯᠵᠦ᠂ ᠳᠡᠭᠡᠳᠦ ᠰᠢᠨ᠎ᠡ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ | ᠡᠭᠦᠷᠭᠡ ᠶᠢ ᠨᠠᠶᠢᠳᠠᠪᠤᠷᠢᠵᠢᠭᠤᠯᠤᠨ᠂ ᠬᠦᠷᠢᠶᠡᠯᠡᠩ ᠲᠣᠭᠤᠷᠢᠭ ᠤᠨ ᠳᠠᠭᠠᠭᠠᠴᠠ ᠪᠠ ᠲᠥᠪᠯᠡᠷᠡᠯ ᠤᠨ ᠬᠦᠴᠦᠨ ᠢ ᠨᠠᠩ | ᠥᠨᠳᠥᠷ ᠬᠢᠷᠢ ᠲᠦᠪᠰᠢᠨ ᠳᠠᠰᠢ ᠠᠬᠢᠭᠤᠯᠬᠤ ᠶᠢ ᠠᠬᠢᠭᠤᠯᠬᠤ ᠬᠡᠷᠡᠭᠲᠡᠶ᠃ ︽ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠳᠡᠭᠡᠳᠦ | ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ | ᠪᠠᠭ᠎ᠠ ᠠᠵᠤ ᠠᠬᠤᠶᠢᠯᠠᠯ ᠤᠨ ︽ᠬᠤᠤᠰ ᠳᠠᠬᠢᠨ ᠢᠶᠠᠷ ᠨᠡᠮᠡᠭᠳᠡᠭᠦᠯᠬᠦ︾ ᠶᠢ ᠯᠠᠪᠳᠠᠭᠤᠨ ᠪᠠᠲᠤᠲᠠᠶ ᠠᠬᠢᠭᠤᠯᠵᠤ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠨᠳᠤᠤᠰᠢᠭᠤᠯᠤᠨ ᠬᠡᠷᠡᠭᠯᠡᠬᠦ ᠶᠢ ᠢᠳᠡᠪᠬᠢᠲᠡᠶ | ᠠᠬᠢᠭᠤᠯᠬᠤ ᠬᠡᠷᠡᠭᠲᠡᠶ᠃ ᠦᠵᠡᠯ ᠰᠠᠨᠠᠭ᠎ᠠ ᠣᠶᠢᠯᠠᠭᠠᠭᠳᠠᠬᠤᠨ ᠢᠶᠠᠨ ᠪᠦᠬᠦ ᠬᠦᠴᠦᠨ ᠢᠶᠠᠷ ᠢᠶᠠᠨ ᠬᠤᠪᠢᠷᠠᠭᠤᠯᠵᠤ᠂ | ︽ᠠᠯᠳᠠᠭ᠎ᠠ ᠪᠤᠷᠤᠭᠤ ᠪᠠᠨ ᠵᠠᠯᠠᠷᠠᠭᠤᠯᠬᠤ ᠪᠣᠯ ᠳᠠᠷᠤᠢ ᠥᠭᠡᠷᠡᠴᠢᠯᠡᠯᠲᠡ ᠮᠥᠨ︾ ᠭᠡᠬᠦ ᠦᠵᠡᠯᠲᠡ ᠶᠢ ᠪᠠᠲᠤ ᠪᠠᠬᠢ ᠪᠤᠢ | ᠪᠣᠯᠭᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠᠷ ᠠᠵᠢᠯ ᠢᠶᠠᠨ ᠤᠷᠤᠭᠰᠢ ᠠᠬᠢᠭᠤᠯᠵᠤ ᠪᠠᠶᠢᠭ᠎ᠠ ᠶᠠᠪᠤᠳᠠᠯ | ᠮᠥᠨ︔ ︽ᠪᠠᠶᠢᠭᠤᠯᠤᠯ ᠲᠣᠭᠲᠠᠴᠠ ᠶᠢ ᠰᠢᠯᠤᠭᠤᠳᠬᠠᠬᠤ ᠪᠣᠯ ᠳᠠᠷᠤᠢ ᠦᠢᠯᠡᠳᠪᠦᠷᠢᠯᠡᠯ ᠤᠨ ᠬᠦᠴᠦᠨ ᠢ | ᠴᠢᠯᠥᠭᠡᠯᠡᠨ ᠬᠥᠭᠵᠢᠭᠦᠯᠵᠦ ᠪᠠᠶᠢᠭ᠎ᠠ ᠶᠠᠪᠤᠳᠠᠯ ᠮᠥᠨ︾ ᠭᠡᠬᠦ ᠦᠵᠡᠯᠲᠡ ᠶᠢ ᠪᠠᠲᠤ ᠪᠠᠬᠢ ᠪᠤᠢ ᠪᠣᠯᠭᠠᠵᠤ᠂ | ᠲᠣᠭᠲᠠᠴᠠ ᠪᠠᠷ ᠠᠵᠢᠯ ᠢᠶᠠᠨ ᠰᠠᠶᠢᠵᠢᠷᠠᠭᠤᠯᠵᠤ᠂ ᠦᠢᠯᠡ ᠠᠵᠢᠯᠯᠠᠭ᠎ᠠ ᠪᠠᠨ ᠵᠢᠷᠤᠮᠵᠢᠭᠤᠯᠤᠨ᠂ ᠶᠠᠰᠤ ᠴᠢᠨᠠᠷ ᠦᠷ᠎ᠡ | ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ︔ ︽ᠠᠷᠪᠢᠯᠠᠬᠤ ᠪᠣᠯ ᠨᠡᠮᠡᠭᠳᠡᠯ᠂ ᠳᠠᠷᠤᠢ ᠬᠥᠭᠵᠢᠯᠲᠡ︾ ᠭᠡᠬᠦ | ᠦᠵᠡᠯᠲᠡ ᠶᠢ ᠪᠠᠲᠤ ᠪᠠᠬᠢ ᠪᠤᠢ ᠪᠣᠯᠭᠠᠵᠤ᠂ ︽ᠲᠠᠪᠤ ᠶᠢ ᠲᠦᠢᠯᠪᠤᠷᠢᠲᠠᠢ ᠪᠠᠶᠢᠴᠠᠭᠠᠬᠤ︾ ᠠᠵᠢᠯᠯᠠᠭ᠎ᠠ ᠶᠢ ᠭᠦᠨᠵᠡᠭᠡᠢ | ᠥᠷᠨᠢᠭᠦᠯᠦᠨ᠂ ᠡᠨᠧᠷᠭᠢ᠂ ᠤᠰᠤ᠂ ᠠᠮᠤ ᠪᠤᠳᠠᠭ᠎ᠠ᠂ ᠭᠠᠵᠠᠷ᠂ ᠠᠭᠤᠷᠬᠠᠢ᠂ ᠮᠠᠲ᠋ᠧᠷᠢᠶᠠᠯ ᠪᠣᠯᠤᠨ ᠨᠡᠶᠢᠭᠡᠮ ᠤᠨ ᠡᠯ᠎ᠡ | ᠬᠦᠷᠢᠶᠡᠨ ᠤ ᠡᠬᠢ ᠪᠠᠶᠠᠯᠢᠭ ᠢ ᠠᠷᠪᠢᠯᠠᠨ ᠭᠠᠮᠨᠠᠬᠤ ᠶᠢ ᠠᠬᠢᠭᠤᠯᠵᠤ᠂ ᠳᠤᠷ᠎ᠠ ᠪᠠᠷ ᠢᠶᠠᠨ ᠪᠠᠷᠢᠯᠭ᠎ᠠ ᠪᠠᠷᠢᠬᠤ᠂ | ᠳᠤᠷ᠎ᠠ ᠪᠠᠷ ᠢᠶᠠᠨ ᠲᠦᠷᠦᠯ ᠵᠦᠢᠯ ᠭᠠᠷᠭᠠᠬᠤ ᠶᠢ ᠡᠷᠡᠰ ᠬᠤᠷᠢᠭᠯᠠᠬᠤ ᠬᠡᠷᠡᠭᠲᠡᠢ︔ ︽ᠣᠷᠣᠨ ᠪᠦᠰᠡ ᠶᠢᠨ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠨᠢ ᠪᠠᠰᠠ ᠴᠤ ᠨᠡᠭᠡᠭᠡᠯᠲᠡ ᠲᠠᠢ ᠪᠠᠶᠢᠬᠤ ᠶᠠᠪᠤᠳᠠᠯ ᠮᠥᠨ︾ ᠭᠡᠬᠦ | ᠦᠵᠡᠯᠲᠡ ᠶᠢ ᠪᠠᠲᠤ ᠪᠠᠬᠢ ᠪᠤᠢ ᠪᠣᠯᠭᠠᠵᠤ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠬᠠᠮᠲᠤᠷᠠᠨ ᠠᠵᠢᠯᠯᠠᠵᠤ | ᠬᠠᠮᠲᠤ ᠪᠠᠷ ᠠᠰᠢᠭ ᠬᠦᠷᠳᠡᠬᠦ ᠶᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ᠃ ᠠᠵᠢᠯ ᠤᠨ ᠰᠤᠷᠲᠠᠯ ᠢᠶᠠᠨ ᠰᠢᠨᠲᠠᠷᠠᠰᠢ | ᠦᠭᠡᠢ ᠰᠠᠶᠢᠵᠢᠷᠠᠭᠤᠯᠵᠤ᠂ ︽ᠤᠳᠠᠭᠠᠨ᠂ ᠪᠦᠳᠦᠭᠦᠯᠢᠭ᠂ ᠬᠠᠭᠤᠷᠮᠠᠭ︾ ᠪᠠᠶᠢᠬᠤ ᠠᠰᠠᠭᠤᠳᠠᠯ ᠢ ᠬᠦᠴᠦᠯᠡᠨ | ᠰᠢᠢᠳᠪᠦᠷᠢᠯᠡᠬᠦ ᠬᠡᠷᠡᠭᠲᠡᠢ᠃ ᠲᠤᠷᠰᠢᠯᠭ᠎ᠠ ᠶᠢᠨ ᠦᠷ᠎ᠡ ᠪᠦᠲᠦᠭᠡᠯ ᠢ ᠭᠦᠢᠴᠡᠳ ᠠᠭᠤᠳᠠᠯᠵᠤ᠂ ᠪᠣᠯᠪᠠᠰᠤᠷᠠᠩᠭᠤᠶ | ᠪᠥᠭᠡᠳ ᠶᠠᠪᠤᠭᠳᠠᠭᠤᠰᠢᠲᠠᠶ ᠪᠠᠶᠢᠵᠤ᠂ ᠪᠦᠲᠦᠮᠵᠢᠲᠡᠶ ᠳᠦᠷᠢᠮ ᠤᠨ ᠬᠡᠯᠪᠡᠷᠢ ᠪᠠᠷ ᠲᠣᠭᠲᠠᠪᠤᠷᠢᠵᠢᠭᠤᠯᠵᠤ᠂ | ᠦᠢᠯᠡᠳᠦᠯᠭᠡ ᠶᠢᠨ ᠦᠨ᠎ᠡ ᠥᠷᠲᠡᠭ ᠲᠠᠢ ᠪᠠ ᠵᠢᠱᠢᠶ᠎ᠡ ᠦᠵᠡᠭᠦᠯᠬᠦ ᠠᠴᠢ ᠬᠤᠯᠪᠣᠭᠳᠠᠯ ᠲᠠᠢ ᠪᠠᠶᠢᠪᠠᠯ ᠳᠡᠯᠭᠡᠷᠡᠭᠦᠯᠵᠦ᠂ | ᠨᠡᠶᠢᠳᠡᠮ ᠤᠨ ᠠᠷᠭ᠎ᠠ ᠬᠢᠳᠡᠯ ᠢ ᠪᠦᠷᠢᠯᠳᠦᠭᠦᠯᠵᠦ᠂ ᠦᠢᠯᠡᠳᠪᠦᠷᠢᠯᠡᠯ ᠤᠨ ᠬᠦᠴᠦᠨ ᠢ ᠦᠨᠡᠨ ᠬᠦ ᠴᠢᠯᠥᠭᠡᠯᠡᠨ | ᠬᠥᠭᠵᠢᠭᠦᠯᠬᠦ ᠬᠡᠷᠡᠭᠲᠡᠶ᠃ | ᠪᠥᠬᠦᠳᠡ ᠬᠤᠷᠠᠯ ᠠᠴᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ | ᠬᠥᠮᠦᠵᠢᠯ ᠢ ᠴᠢᠨᠠᠷ ᠰᠠᠶᠢᠲᠠᠶ ᠰᠠᠶᠢᠲᠤᠷ ᠥᠷᠨᠢᠭᠦᠯᠵᠦ᠂ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ | ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠶ ᠱᠠᠭᠠᠷᠳᠠᠯᠭ᠎ᠠ ᠶᠢᠨ | ᠲᠣᠭᠤᠷᠢᠨ ᠳᠤ᠂ ︽ᠲᠠᠪᠤ ᠶᠢ ᠰᠢᠯᠭᠠᠨ ᠪᠠᠶᠢᠴᠠᠭᠠᠬᠤ︾ ᠪᠠᠷᠢᠮᠵᠢᠶ᠎ᠠ ᠲᠠᠢ ᠭᠦᠨᠵᠡᠭᠡᠶ ᠬᠠᠷᠭᠤᠭᠤᠯᠵᠤ᠂ ᠭᠤᠤᠯ | ᠰᠡᠳᠦᠪᠲᠦ ᠬᠥᠮᠦᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ᠃ | ᠪᠥᠬᠦᠳᠡ ᠬᠤᠷᠠᠯ ᠠᠴᠠ ᠡᠨᠡ ᠵᠢᠯ ᠠᠴᠠ ᠨᠠᠰᠢᠬᠢ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ | ᠬᠤᠷᠢᠶᠠᠨ ᠤ ᠠᠵᠢᠯ ᠢ ᠳᠡᠭᠡᠳᠦ ᠬᠡᠮᠵᠢᠶ᠎ᠡ ᠪᠠᠷ ᠦᠨᠡᠯᠡᠪᠡ᠃ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ | ᠬᠤᠷᠢᠶ᠎ᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠣᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠠᠵᠢᠯ ᠤᠨ | ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠶᠡᠭᠡ ᠶᠠᠪᠤᠳᠠᠯ︾ ᠢ | ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠢᠲᠡᠭᠡᠯ ᠵᠣᠷᠢᠭ ᠢᠶᠠᠨ ᠪᠠᠲᠤᠳᠬᠠᠨ ᠬᠥᠭᠵᠢᠯᠲᠡ ᠶᠢ | ᠰᠦᠪᠡᠭᠴᠢᠯᠡᠵᠦ᠂ ᠦᠨᠡᠨᠬᠦ ᠠᠳᠬᠤᠨ ᠪᠣᠳᠠᠲᠠᠢ ᠠᠵᠢᠯᠯᠠᠵᠤ ᠥᠭᠡᠷᠡᠴᠢᠯᠡᠯᠲᠡ ᠶᠢ ᠠᠬᠢᠭᠤᠯᠵᠤ᠂ ᠬᠦᠴᠢᠷ ᠢ | ᠲᠤᠭᠤᠯᠤᠨ ᠪᠡᠷᠬᠡ ᠶᠢ ᠳᠠᠪᠠᠵᠤ ᠪᠠᠶᠢᠭᠠᠳ ᠠᠮᠢ ᠠᠬᠤᠢ ᠶᠢ ᠠᠳᠬᠤᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ | ᠴᠢᠷᠮᠠᠶᠢᠯᠭ᠎ᠠ ᠭᠠᠷᠭᠠᠵᠤ ᠲᠣᠭᠲᠠᠭᠤᠨ ᠢ ᠪᠠᠲᠤᠯᠠᠵᠤ᠂ ᠪᠦᠬᠦ ᠲᠠᠯ᠎ᠠ ᠪᠠᠷ ᠨᠠᠮ ᠤᠨ ᠪᠠᠶᠢᠭᠤᠯᠤᠯᠲᠠ ᠶᠢ ᠴᠢᠩᠭ᠎ᠠ | ᠠᠳᠬᠤᠵᠤ᠂ ᠳᠠᠷᠤᠭᠠᠰᠤ ᠬᠦᠨᠳᠦ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠤᠨ ᠡᠶᠡᠷᠭᠦ | ᠨᠡᠮᠡᠭᠳᠡᠯ ᠢ ᠪᠠᠲᠤᠯᠠᠵᠤ᠂ ᠡᠯ᠎ᠡ ᠵᠦᠢᠯ ᠤᠨ ᠦᠢᠯᠡᠰ ᠤᠨ ᠬᠥᠭᠵᠢᠯᠲᠡ ᠰᠢᠨ᠎ᠡ ᠦᠷ᠎ᠡ ᠪᠦᠲᠦᠮᠵᠢ ᠣᠯᠵᠠᠢ᠃ | ᠪᠥᠬᠦᠳᠡ ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ︾ ᠪᠣᠯᠤᠨ ︽ᠳᠤᠮᠳᠠᠳᠤ | ᠤᠯᠤᠰ ᠤᠨ ᠡᠪ ᠬᠠᠮᠲᠤ ᠨᠠᠮ ᠤᠨ ᠣᠷᠣᠨ ᠨᠤᠲᠤᠭ ᠤᠨ ᠬᠤᠷᠢᠶᠠᠨ ᠤ ᠠᠵᠢᠯ ᠤᠨ ᠳᠦᠷᠢᠮ︾ ᠤᠨ ᠬᠤᠯᠪᠣᠭᠳᠠᠯ | ᠪᠦᠬᠦᠢ ᠲᠣᠭᠲᠠᠭᠠᠯ ᠢ ᠦᠨᠳᠦᠰᠦᠯᠡᠨ᠂ ᠸᠠᠩ ᠵᠢᠶᠠ ᠴᠢᠶᠠᠩ᠂ ᠵᠠᠩ ᠴᠢᠩ ᠶᠠᠨ 2 ᠨᠥᠬᠦᠷ ᠤᠨ ᠬᠠᠶᠢᠨᠠᠨ | ᠲᠣᠭᠤᠷᠢᠭ ᠤᠨ ᠶᠢᠰᠦᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ ᠭᠡᠰᠢᠭᠦᠨ ᠤ ᠲᠤᠰᠢᠶᠠᠯ ᠠᠴᠠ ᠪᠠᠨ | ᠪᠠᠭᠤᠬᠤ ᠶᠢ ᠵᠥᠪᠰᠢᠶᠡᠷᠡᠪᠡ᠃ | ᠪᠦᠬᠦᠳᠡ ᠬᠤᠷᠠᠯ ᠠᠴᠠ᠂ ᠪᠦᠬᠦ ᠲᠣᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ | ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ | ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ | ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠪᠣᠯᠤᠨ ᠬᠤᠳᠠ ᠶᠢᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ | ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠡᠨᠡᠷᠢᠯ ᠳᠤ ᠲᠠᠯᠠᠷᠬᠠᠨ ᠡᠷᠡᠯᠬᠡᠭᠯᠡᠨ ᠤᠷᠤᠭᠰᠢᠯᠠᠵᠤ᠂ ᠮᠣᠩᠭᠤᠯ | ᠮᠣᠷᠢᠨ ᠤ ᠵᠣᠷᠢᠭ ᠰᠠᠨᠠᠭ᠎ᠠ ᠪᠣᠯᠤᠨ ︽ᠭᠤᠷᠪᠠᠨ ᠤᠮᠠᠷᠠᠲᠤ ᠶᠢᠨ ᠵᠣᠷᠢᠭ ᠰᠠᠨᠠᠭ᠎ᠠ︾ ᠶᠢ ᠶᠡᠭᠡ ᠪᠠᠷ ᠪᠠᠳᠠᠷᠠᠭᠤᠯᠵᠤ᠂ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠴᠢᠷᠮᠠᠶᠢᠨ | ᠪᠡᠶᠡᠯᠡᠭᠦᠯᠵᠦ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠪᠦᠬᠦ ᠲᠠᠯ᠎ᠠ ᠪᠠᠷ ᠪᠦᠳᠦᠭᠡᠨ | ᠪᠠᠶᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠬᠠᠶᠢᠨᠠᠨ ᠤ ᠰᠢᠨ᠎ᠡ ᠬᠠᠭᠤᠳᠠᠰᠤ ᠶᠢ | ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠤᠷᠢᠶᠠᠯᠠᠪᠠ᠃ | |