8 ᠰᠠᠷ᠎ᠠ ᠶᠢᠨ 11 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠱᠦᠵᠢ | ᠲᠠᠩ ᠢ ᠬᠠᠶᠢᠨᠠᠨ ᠲᠣᠭᠤᠷᠢᠭ ᠲᠤ ᠬᠦᠷᠴᠦ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ | ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃ | ᠬᠤᠲᠠ ᠶᠢᠨ ᠤᠳᠤᠷᠢᠳᠤᠯᠭ᠎ᠠ ᠯᠢ ᠴᠦᠨ ᠰᠢᠶᠤᠤ ᠣᠷᠣᠯᠴᠠᠵᠠᠶ᠃ | ᠲᠠᠩ ᠢ ᠤᠷᠢᠳ ᠬᠤᠵᠢᠳ ᠯᠢᠦᠢ ᠪᠠᠩ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠡᠦᠷᠰᠢᠭᠦᠯᠬᠦ ᠬᠦᠬᠦᠷ | ᠥᠬᠡᠶᠢᠳᠡᠭᠦᠯᠬᠦ ᠬᠠᠶᠠᠭᠳᠠᠮᠠᠯ ᠰᠢᠩᠭᠡᠨ ᠢ ᠲᠥᠪᠯᠡᠷᠡᠭᠦᠯᠦᠨ ᠡᠬᠢ ᠪᠠᠶᠠᠯᠢᠭᠵᠢᠭᠤᠯᠤᠨ ᠠᠰᠢᠭᠯᠠᠬᠤ ᠲᠦᠷᠦᠯ ᠵᠦᠢᠯ᠂ | ᠤᠯᠤᠰ ᠤᠨ ᠡᠨᠧᠷᠭᠢ ᠶᠢᠨ ᠨᠡᠭᠦᠷᠡᠰᠦ ᠬᠡᠦᠷᠰᠢᠭᠦᠯᠬᠦ ᠵᠢᠯ ᠳᠤ 360 ᠲᠦᠮᠡᠨ ᠲᠣᠨ ᠨᠡᠭᠦᠷᠡᠰᠦ ᠪᠠᠷ ᠰᠠᠭᠤᠷᠢ | ᠪᠣᠯᠭᠠᠭᠰᠠᠨ ᠰᠢᠨ᠎ᠡ ᠮᠠᠲ᠋ᠧᠷᠢᠶᠠᠯ ᠵᠢᠴᠢ ᠠᠮᠢᠳᠤ ᠪᠣᠳᠠᠰ ᠤᠨ ᠵᠠᠳᠠᠷᠠᠭᠤᠯᠵᠤ ᠪᠣᠯᠬᠤ ᠮᠠᠲ᠋ᠧᠷᠢᠶᠠᠯ ᠤᠨ ᠲᠦᠷᠦᠯ ᠵᠦᠢᠯ᠂ | ᠶᠠ ᠳ᠋ᠦᠩ ᠬᠦᠬᠦᠷ ᠬᠦᠴᠢᠯ ᠤᠨ ᠬᠤᠷᠠᠮᠠᠯ ᠲᠣᠨᠣᠭᠯᠠᠯ ᠵᠢᠴᠢ ᠥᠨᠳᠥᠷ ᠪᠦᠲᠦᠮᠵᠢᠲᠡᠢ ᠣᠷᠴᠢᠨ ᠲᠣᠭᠤᠷᠢᠨ ᠢ | ᠬᠠᠮᠠᠭᠠᠯᠠᠬᠤ ᠬᠡᠯᠪᠡᠷᠢ ᠶᠢᠨ ᠪᠤᠳᠤᠭᠯᠠᠬᠤ ᠮᠠᠲ᠋ᠧᠷᠢᠶᠠᠯ ᠤᠨ ᠲᠦᠷᠦᠯ ᠵᠦᠢᠯ ᠪᠣᠯᠤᠨ ᠯᠢ PAN ᠰᠠᠭᠤᠷᠢ | ᠨᠡᠭᠦᠷᠡᠰᠦᠲᠥ᠋ᠷᠥᠭᠴᠢ ᠶᠢᠨ ᠰᠢᠷᠬᠡᠭ ᠤᠨ ᠲᠦᠷᠦᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ ᠬᠦᠷᠴᠦ᠂ | ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠲᠦᠷᠦᠯ ᠵᠦᠢᠯ ᠤᠨ | ᠲᠥᠯᠥᠪᠵᠢᠭᠦᠯᠭᠡ ᠶᠢᠨ ᠵᠢᠷᠤᠭ ᠲᠥᠯᠥᠪᠯᠡᠭᠡ᠂ ᠪᠦᠳᠦᠭᠡᠨ ᠪᠠᠶᠢᠭᠤᠯᠤᠯᠲᠠ ᠶᠢᠨ ᠬᠡᠪᠴᠢᠶ᠎ᠡ᠂ ᠪᠠᠷᠢᠯᠭ᠎ᠠ ᠶᠢᠨ | ᠬᠤᠭᠤᠴᠠᠭᠠᠨ ᠤ ᠠᠬᠢᠴᠠ᠂ ᠦᠢᠯᠡᠳᠪᠦᠷᠢᠯᠡᠯ ᠤᠨ ᠤᠷ᠎ᠠ ᠮᠡᠷᠭᠡᠰᠢᠯ ᠵᠡᠷᠭᠡ ᠪᠠᠶᠢᠳᠠᠯ ᠢ ᠨᠢ ᠨᠠᠷᠢᠨ ᠣᠶᠢᠯᠠᠭᠠᠪᠠ᠃ | ᠲᠡᠷᠡ ᠠᠵᠤ ᠠᠬᠤᠶᠢᠯᠠᠯ ᠤᠨ ᠬᠢᠨ ᠪᠠᠷᠢᠯᠭ᠎ᠠ ᠶᠢᠨ ᠠᠬᠢᠴᠠ ᠶᠢ ᠠᠮᠵᠢᠨ ᠠᠳᠬᠤᠵᠤ᠂ ᠪᠠᠷᠢᠯᠭ᠎ᠠ ᠶᠢᠨ ᠵᠣᠬᠢᠶᠠᠨ | ᠪᠠᠶᠢᠭᠤᠯᠤᠯᠲᠠ ᠪᠠᠨ ᠰᠢᠯᠢᠳᠡᠭᠵᠢᠭᠦᠯᠵᠦ᠂ ᠬᠦᠴᠦᠨ ᠢᠶᠠᠨ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠵᠤ᠂ | ᠪᠠᠷᠢᠯᠭ᠎ᠠ ᠶᠢᠨ ᠶᠠᠰᠤ ᠴᠢᠨᠠᠷ ᠪᠣᠯᠤᠨ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ᠂ ᠲᠦᠷᠦᠯ ᠵᠦᠢᠯ ᠤᠨ | ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠡᠷᠲᠡᠬᠡᠨ ᠪᠠᠶᠢᠭᠤᠯᠵᠤ ᠳᠠᠭᠤᠰᠬᠠᠨ᠂ | ᠡᠷᠲᠡᠬᠡᠨ ᠦᠢᠯᠡᠳᠪᠦᠷᠢᠯᠡᠯ ᠳᠤ ᠣᠷᠣᠭᠤᠯᠵᠤ᠂ ᠡᠷᠲᠡᠬᠡᠨ ᠦᠷ᠎ᠡ ᠪᠦᠲᠦᠮᠵᠢ ᠤᠯᠬᠤ ᠪᠠᠷ ᠴᠢᠷᠮᠠᠶᠢᠬᠤ ᠬᠡᠷᠡᠭᠲᠡᠢ ᠭᠡᠵᠦ | ᠵᠠᠬᠢᠪᠠ᠃ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ | ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠯᠤᠭ᠎ᠠ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ | ᠢᠳᠡᠪᠬᠢᠲᠡᠢ ᠥᠷᠨᠢᠭᠦᠯᠵᠦ᠂ ᠦᠢᠯᠡᠳᠬᠦᠨ ᠤ ᠲᠦᠷᠦᠯ ᠵᠦᠢᠯ ᠢ ᠲᠠᠰᠤᠷᠠᠯᠲᠠ ᠦᠭᠡᠢ ᠪᠠᠶᠠᠯᠢᠭᠵᠢᠭᠤᠯᠤᠨ | ᠥᠷᠭᠡᠳᠬᠡᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ | ᠦᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠢ᠃ ᠡᠷᠭᠢᠯᠳᠡᠳᠦ ᠠᠵᠤ ᠠᠬᠤᠢ ᠶᠢ ᠶᠡᠭᠡ ᠪᠠᠷ ᠬᠥᠭᠵᠢᠭᠦᠯᠵᠦ᠂ | ᠠᠵᠤ ᠦᠢᠯᠡᠳᠪᠦᠷᠢ ᠶᠢᠨ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠲᠦᠪᠰᠢᠨ ᠢ | ᠳᠡᠭᠡᠭᠰᠢᠯᠡᠭᠦᠯᠵᠦ᠂ ᠠᠵᠤ ᠦᠢᠯᠡᠳᠪᠦᠷᠢ ᠶᠢᠨ ᠬᠠᠶᠠᠭᠳᠠᠮᠠᠯ ᠪᠣᠳᠠᠰ ᠢ ᠦᠨᠡᠨ ᠬᠦ ᠡᠷᠳᠡᠨᠢ ᠪᠣᠯᠭᠠᠬᠤ ᠬᠡᠷᠡᠭᠲᠡᠢ᠃ ᠡᠯ᠎ᠡ | ᠬᠠᠮᠢᠶ᠎ᠠ ᠪᠥᠬᠦᠶ ᠰᠠᠯᠠᠭ᠎ᠠ ᠮᠥᠴᠢᠷ ᠤᠳ ᠵᠠᠰᠠᠮᠠᠯ ᠵᠠᠮ ᠢ ᠲᠡᠮᠦᠷ ᠵᠠᠮ ᠪᠣᠯᠭᠠᠨ ᠬᠤᠪᠢᠷᠠᠭᠤᠯᠬᠤ︾ ᠠᠯᠬᠤᠴᠠ ᠪᠠᠨ | ᠲᠦᠷᠭᠡᠳᠬᠡᠵᠦ᠂ ᠲᠣᠮᠣ ᠬᠡᠯᠪᠡᠷᠢ ᠶᠢᠨ ᠠᠵᠤ ᠠᠬᠤᠶᠢᠯᠠᠯ ᠤᠨ ᠲᠡᠮᠦᠷ ᠵᠠᠮ ᠤᠨ ᠲᠤᠰᠬᠠᠶ ᠱᠤᠭᠤᠮ ᠤᠨ ᠪᠥᠲᠥᠭᠡᠨ | ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ | ᠲᠡᠭᠡᠭᠡᠪᠦᠷᠢ ᠶᠢᠨ ᠰᠢᠰᠲ᠋ᠧᠮ ᠢ ᠪᠠᠶᠢᠭᠤᠯᠵᠤ᠂ ᠶᠡᠭᠡ ᠬᠡᠮᠵᠢᠶᠡᠨ ᠤ ᠪᠠᠷᠠᠭ᠎ᠠ ᠶᠢᠨ ᠲᠡᠭᠡᠭᠡᠪᠦᠷᠢ ᠶᠢᠨ ᠦᠷ᠎ᠡ | ᠪᠦᠲᠦᠮᠵᠢ ᠶᠢ ᠳᠡᠭᠡᠭᠰᠢᠯᠡᠭᠦᠯᠦᠨ᠂ ᠬᠦᠷᠢᠶᠡᠯᠡᠩ ᠲᠣᠭᠤᠷᠢᠭ ᠤᠨ ᠣᠷᠴᠢᠨ ᠲᠣᠭᠤᠷᠢᠨ ᠢ ᠰᠠᠶᠢᠵᠢᠷᠠᠭᠤᠯᠬᠤ ᠬᠡᠷᠡᠭᠲᠡᠶ | ᠭᠡᠵᠡᠢ᠃ | ᠾᠧᠢ ᠯᠦᠩ ᠬᠦᠶ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠲᠥᠷᠥᠯ | ᠵᠦᠢᠯ ᠤᠨ ᠲᠤᠬᠠᠶ ᠶᠢᠨ ᠲᠠᠯᠠᠪᠠᠶ ᠳᠤ᠂ ᠲᠠᠩ ᠢ ᠵᠠᠰᠠᠯᠲᠠ ᠶᠢᠨ ᠠᠬᠢᠴᠠ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ | ᠦᠵᠡᠪᠡ᠃ ᠲᠡᠷᠡ ᠬᠠᠶᠢᠨᠠᠨ ᠲᠣᠭᠤᠷᠢᠭ ᠲᠠᠩᠰᠠ ᠲᠤᠰᠢᠶᠠᠬᠤ ᠤᠬᠠᠮᠰᠠᠷ ᠢᠶᠠᠨ ᠤᠯᠠᠮ ᠨᠢᠭᠡ ᠠᠯᠬᠤᠮ | ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠬᠤ ᠲᠥᠰᠦᠯ ᠪᠣᠯᠤᠨ ᠴᠠᠭ ᠤᠨ ᠬᠢᠵᠠᠭᠠᠷ ᠤᠨ ᠱᠠᠭᠠᠷᠳᠠᠯᠭ᠎ᠠ ᠶᠢ ᠴᠢᠩᠭ᠎ᠠ | ᠵᠢᠷᠤᠮᠯᠠᠨ᠂ ᠡᠷᠴᠢᠮ ᠢᠶᠠᠨ ᠴᠢᠩᠭᠠᠷᠠᠭᠤᠯᠵᠤ᠂ ᠠᠬᠢᠴᠠ ᠪᠠᠨ ᠲᠦᠷᠭᠡᠳᠬᠡᠨ ᠴᠡᠭᠴᠡᠯᠡᠨ ᠰᠠᠶᠢᠵᠢᠷᠠᠭᠤᠯᠬᠤ ᠶᠢ | ᠠᠬᠢᠭᠤᠯᠵᠤ᠂ ᠲᠣᠭᠲᠠᠭᠰᠠᠨ ᠬᠤᠭᠤᠴᠠᠭᠠᠨ ᠳᠤ ᠲᠠᠩᠰᠠ ᠲᠤᠰᠢᠶᠠᠵᠤ ᠳ᠋ᠤᠭᠠᠷ ᠬᠠᠰᠤᠬᠤ ᠶᠢ ᠪᠠᠲᠤᠯᠠᠬᠤ ᠬᠡᠷᠡᠭᠲᠡᠶ | ᠭᠡᠵᠦ ᠱᠠᠭᠠᠷᠳᠠᠪᠠ᠃ | |