ᠡᠬᠢᠯᠡᠯ᠎ᠡ︕    ᠵᠤᠨ ᠤ ᠬᠠᠶᠢᠨᠠᠨ ᠲᠣᠭᠤᠷᠢᠭ 
ᠨᠡᠶᠢᠲᠡᠯᠡᠭᠰᠡᠨ ᠴᠠᠭ᠄
2023/8/17
     ᠢᠯᠡᠭᠦᠦ ᠶᠠᠷᠢᠬᠤ ᠦᠭᠡᠢ᠂ ᠴᠢ ︽ᠬᠥᠮᠦᠨ ᠣᠯᠠᠨ︾ ᠤ ᠡᠬᠢᠯᠡᠯᠲᠡ ᠶᠢᠨ ᠲᠤᠬᠠᠢ ᠶᠢᠨ ᠲᠠᠯᠠᠪᠠᠢ ᠶᠢ ᠣᠢᠯᠠᠭᠠᠶ᠎ᠠ᠃      ᠪᠦᠬᠦ᠋ᠢᠯᠡ ᠦᠳᠡᠰᠢᠯᠡᠭᠡ ᠨᠢ ᠰᠦᠷ ᠳᠠᠯᠠᠶᠢᠴᠠᠲᠠᠢ ᠶᠠᠪᠤᠭᠳᠠᠵᠤ᠂ ᠲᠣᠭᠯᠠᠯᠲᠠ ᠨᠢ ᠨᠡᠩ ᠴᠤ ᠤᠤᠭᠠᠯ ᠡᠭᠦᠳᠦᠯᠲᠡ ᠶᠢᠨ ᠴᠢᠨᠠᠷ᠂ ᠨᠤᠲᠤᠭ ᠤᠨ ᠴᠢᠨᠠᠷ ᠢ ᠲᠤᠪᠤᠶᠢᠯᠭᠠᠵᠦ᠂ ᠠᠮᠢᠳᠤᠷᠠᠯ ᠳᠤ ᠣᠶᠢᠷᠠᠳᠴᠤ᠂ ᠤᠯᠠᠨ ᠲᠦᠮᠡᠨ ᠲᠠᠢ ᠤᠢᠢᠷᠠᠳᠴᠤ᠂ ᠬᠠᠶᠢᠨᠠᠨ ᠲᠣᠭᠤᠷᠢᠭ ᠤᠨ ᠠᠷᠠᠳ ᠲᠦᠮᠡᠨ ᠤ ᠲᠡᠮᠡᠴᠡᠯ ᠤᠨ ᠵᠣᠷᠢᠭ ᠪᠠᠳᠠᠷᠠᠩᠭᠤᠢ᠂ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ᠂ ᠥᠷᠨᠢᠭᠦᠨ ᠪᠠᠳᠠᠷᠠᠩᠭᠤᠶ ᠥᠭᠡᠳᠡᠯᠡᠨ ᠲᠠᠪᠰᠢᠬᠤ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠵᠦ᠂ ᠨᠡᠩ ᠴᠤ ᠪᠦᠬᠦ  ᠲᠣᠭᠤᠷᠢᠭ ᠲᠤ ᠡᠯᠪᠡᠭ ᠪᠠᠶᠠᠯᠢᠭ ᠰᠣᠶᠣᠯ ᠤᠨ ᠦᠪᠡᠳᠡᠭᠰᠢ ᠳᠠᠶᠢᠯᠠᠯᠭ᠎ᠠ ᠶᠢ ᠳᠡᠪᠰᠢᠭᠦᠯᠵᠡᠢ︕      ᠲᠡᠳᠡᠨ ᠤ ᠪᠠᠶᠠᠷ ᠪᠠᠶᠠᠰᠤᠯ ᠪᠣᠳᠠᠰ ᠤᠨ ᠪᠤᠰᠤ ᠰᠣᠶᠣᠯ ᠤᠨ ᠥᠪ ᠢ ᠠᠭᠤᠰᠬᠠᠨ ᠦᠵᠡᠵᠦ᠂ ᠶᠡᠭᠡ ᠪᠠᠷ ᠪᠤᠶᠠᠨ ᠦᠢᠯᠡᠳᠴᠦ ᠣᠨᠴᠠ ᠭᠠᠷᠤᠯᠲᠠ ᠶᠢ ᠡᠳ᠋ᠯᠡᠭᠦᠯᠪᠡ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠪᠠᠰᠠ ᠲᠠᠷᠢᠶᠠᠯᠠᠩ ᠤᠨ ᠣᠨᠴᠠ ᠭᠠᠷᠤᠯᠲᠠ᠂ ᠪᠣᠳᠠᠰ ᠤᠨ ᠪᠤᠰᠤ ᠰᠣᠶᠣᠯ ᠤᠨ ᠥᠪ ᠤᠨ ᠳᠡᠯᠭᠡᠨ ᠪᠣᠷᠣᠯᠠᠭᠤᠯᠬᠤ ᠦᠵᠡᠭᠦᠯᠭᠡ ᠶᠢᠨ ᠲᠣᠭᠤᠷᠢᠭ ᠭᠠᠷᠭᠠᠵᠤ᠂ ᠴᠠᠭᠠᠰᠤᠨ ᠬᠠᠶᠢᠴᠢᠯᠠᠮᠠᠯ᠂ ᠰᠢᠬᠢᠷ ᠦᠯᠢᠶᠡᠭᠴᠢ᠂ ᠤᠷᠠᠨ ᠪᠢᠴᠢᠯᠭᠡ ᠶᠢᠨ ᠦᠵᠡᠭᠦᠯᠦᠯᠭᠡ ᠵᠢᠴᠢ ᠰᠠᠮ ᠬᠤᠷᠣᠬᠠᠢ᠂ ᠤᠯᠠᠭᠠᠨ ᠠᠷᠢᠬᠢ᠂ ᠰᠢᠨ᠎ᠡ ᠰᠣᠷᠭᠤᠭ ᠦᠵᠦᠮ ᠵᠡᠷᠭᠡ ᠶᠢ ᠲᠠᠶᠢᠰᠠᠨ ᠳᠤ ᠭᠠᠷᠭᠠᠵᠤ᠂ ᠬᠥᠮᠦᠰ ᠤᠨ ᠠᠩᠬᠠᠷᠤᠯ ᠢ ᠲᠠᠲᠠᠵᠤ᠂ ᠥᠷᠭᠡᠨ ᠤᠯᠠᠨ ᠲᠦᠮᠡᠨ ᠤ ᠠᠩᠬᠠᠷᠤᠯ ᠢ ᠲᠠᠲᠠᠵᠤ᠂ ᠥᠷᠭᠡᠨ ᠤᠯᠠᠨ ᠲᠦᠮᠡᠨ ᠤ ᠪᠠᠭ᠋ᠠᠷᠬᠠᠯ ᠢ ᠲᠠᠲᠠᠵᠤ᠂ ᠲᠠᠷᠢᠶᠠᠯᠠᠩ ᠤᠨ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ᠂ ᠪᠣᠳᠠᠰ ᠤᠨ ᠪᠤᠰᠤ ᠰᠣᠶᠣᠯ ᠤᠨ ᠥᠪ ᠤᠨ ᠥᠪᠡᠷᠮᠢᠴᠡ ᠴᠤᠭ ᠵᠢᠪᠬᠤᠭ᠎ᠠ ᠶᠢ ᠤᠢᠢᠷᠠᠳᠤᠭᠤᠯᠵᠤ᠂ ᠤᠮᠠᠷᠠᠲᠤ ᠶᠢᠨ ᠬᠠᠶᠢᠨᠠᠨ ᠤ ᠰᠢᠯᠢᠳᠡᠭ ᠤᠯᠠᠮᠵᠢᠯᠠᠯᠲᠤ ᠰᠣᠶᠣᠯ ᠤᠨ ᠷᠢᠳᠢ ᠰᠢᠳᠢ ᠶᠢ ᠮᠡᠳᠡᠷᠡᠭᠦᠯᠵᠦ᠂ ᠠᠷᠠᠳ ᠤᠯᠠᠨ ᠤ ᠰᠣᠶᠣᠯ ᠤᠨ ᠢᠲᠡᠭᠡᠯ ᠪᠠ ᠣᠮᠣᠭᠰᠢᠯᠲᠤ ᠰᠡᠳᠬᠢᠯᠭᠡ ᠶᠢ ᠤᠯᠠᠮ ᠴᠢᠨᠠᠭᠰᠢᠳᠠ ᠬᠥᠭᠵᠢᠭᠡᠵᠡᠢ᠃      ᠵᠠᠯᠭᠠᠭᠠᠳ᠂ ᠬᠤᠶᠢᠰᠢᠳᠠ ᠶᠢᠨ 9 ᠡᠳᠦᠷ ᠲᠤ᠂ ᠬᠠᠶᠢᠨᠠᠨ ᠲᠣᠭᠤᠷᠢᠭ ᠤᠨ ᠬᠢᠨ ᠠᠷᠠᠳ ᠤᠨ ᠠᠭᠤᠳᠠᠮ ᠲᠠᠯᠠᠪᠠᠢ ᠶᠢᠨ ᠤᠯᠠᠨ ᠲᠦᠮᠡᠨ ᠳᠤ ᠨᠡᠩ ᠤᠯᠠᠨ ᠭᠤᠶᠢᠳᠠ ᠰᠠᠶᠢᠬᠠᠨ ᠰᠣᠶᠣᠯ ᠤᠨ ᠦᠪᠡᠳᠡᠭᠰᠢ ᠨᠠᠶᠢᠷ ᠢ ᠡᠷᠭᠦᠵᠦ᠂ ᠪᠦᠬᠦ ᠲᠤᠭᠤᠷᠢᠭ ᠤᠨ ᠠᠷᠠᠳ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠨᠠᠮ ᠤᠨ ᠠᠴᠢ ᠳᠤ ᠤᠯᠠᠮ ᠴᠢᠨᠠᠭᠰᠢᠳᠠ ᠮᠡᠳᠡᠷᠡᠭᠦᠯᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ᠂ ᠨᠡᠩ ᠴᠤᠭ ᠪᠠᠳᠠᠷᠠᠩᠭᠤᠢ ᠲᠡᠮᠡᠴᠡᠯ ᠤᠨ ᠵᠣᠷᠢᠭ ᠢᠶᠠᠷ ᠬᠥᠭᠵᠢᠯᠲᠡ ᠶᠢᠨ ᠰᠢᠨ᠎ᠡ ᠶᠢ ᠡᠭᠦᠳᠴᠦ᠂ ᠡᠷᠡᠮᠡᠬᠡᠶᠢᠯᠡᠨ ᠤᠷᠤᠭᠰᠢᠯᠠᠵᠤ᠂ ᠬᠠᠶᠢᠨᠠᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠪᠣᠯᠤᠨ᠎ᠠ︕
   
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号