ᠬᠠᠶᠢᠨᠠᠨ ᠲᠤᠭᠤᠷᠢᠭ ᠴᠢᠬᠤᠯᠠ ᠵᠠᠷᠯᠠᠯ ᠨᠡᠶᠢᠳᠡᠯᠡᠪᠡ
ᠨᠡᠶᠢᠲᠡᠯᠡᠭᠰᠡᠨ ᠴᠠᠭ᠄
2023/9/25
      ᠦᠬᠠᠢ ᠬᠤᠳᠠ ᠶᠢᠨ ᠬᠠᠶᠢᠨᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ      ᠰᠢ ᠯᠠᠢ ᠹᠧᠩ ᠴᠣᠬᠤᠢ ᠶᠢᠨ ᠴᠢᠯᠠᠭᠤ ᠶᠢᠨ ᠠᠭᠤᠷᠬᠠᠢ ᠪᠠ ᠪᠠᠷᠠᠭᠤᠨ ᠬᠡᠪᠲᠡᠭᠡ ᠲᠠᠶᠢᠱᠠᠨ ᠠᠭᠤᠷᠬᠠᠢ ᠶᠢᠨ ᠣᠷᠣᠨ ᠤ ᠲᠤᠬᠠᠢ      ᠬᠡᠪᠴᠢᠶᠡᠨ ᠳᠣᠲᠣᠷᠠᠬᠢ ᠠᠮᠢ ᠠᠬᠤᠢ ᠶᠢᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠲᠤᠬᠠᠢ ᠵᠠᠷᠯᠠᠯ                          10 ᠳ᠋ᠤᠭᠠᠷ ᠲᠣᠭᠠᠲᠤ      ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠶᠢᠨ ᠲᠥᠯᠥᠭᠡ᠂ ᠲᠡᠦᠬᠡᠨ ᠠᠴᠠ ᠦᠯᠡᠳᠡᠭᠳᠡᠵᠦ ᠢᠷᠡᠭᠰᠡᠨ ᠠᠭᠤᠷᠬᠠᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠲᠡᠦᠬᠡᠨ ᠠᠴᠠ ᠦᠯᠡᠳᠡᠭᠳᠡᠵᠦ ᠢᠷᠡᠭᠰᠡᠨ ᠠᠭᠤᠷᠬᠠᠢ ᠶᠢᠨ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠠᠰᠠᠭᠤᠳᠠᠯ ᠢ ᠦᠨᠡᠨᠬᠦ ᠰᠢᠢᠳᠪᠦᠷᠢᠯᠡᠪᠡ᠃ ︽ᠬᠡᠨ ᠨᠡᠭᠡᠭᠡᠨ ᠬᠥᠭᠵᠢᠭᠦᠯᠪᠡᠯ ᠬᠡᠨ ᠬᠠᠮᠠᠭᠠᠯᠠᠬᠤ᠂ ᠬᠡᠨ ᠪᠣᠬᠢᠷᠲᠤᠭᠤᠯᠪᠠᠯ ᠬᠡᠨ ᠵᠠᠰᠠᠬᠤ᠂ ᠬᠡᠨ ᠡᠪᠳᠡᠪᠡᠯ ᠬᠡᠨ ᠰᠡᠷᠭᠦᠭᠡᠬᠦ︾ ᠵᠠᠷᠴᠢᠮ ᠢ ᠦᠨᠳᠦᠰᠦᠯᠡᠨ᠂ ᠬᠠᠶᠢᠨᠠᠨ ᠲᠣᠭᠤᠷᠢᠭ ᠤᠨ ᠰᠢ ᠯᠠᠢ ᠹᠧᠩ ᠴᠣᠬᠤᠢ ᠶᠢᠨ ᠴᠢᠯᠠᠭᠤᠨ ᠤ ᠠᠭᠤᠷᠬᠠᠢ ᠶᠢᠨ ᠣᠷᠣᠨ ᠪᠣᠯᠤᠨ ᠪᠠᠷᠠᠭᠤᠨ ᠬᠢᠷᠢ ᠲᠦᠪᠰᠢᠨ ᠤ ᠲᠠᠶᠢᠱᠠᠨ ᠠᠭᠤᠷᠬᠠᠢ ᠶᠢᠨ ᠣᠷᠣᠨ ᠤ ᠬᠡᠪᠴᠢᠶᠡᠨ ᠳᠤ ᠤᠯᠤᠰ ᠤᠨ ᠠᠵᠤ ᠦᠢᠯᠡᠰ ᠤᠨ ᠲᠦᠷᠦ ᠶᠢᠨ ᠪᠤᠳᠤᠯᠭ᠎ᠠ ᠳᠤ ᠨᠡᠶᠢᠴᠡᠬᠦ ᠦᠭᠡᠢ ᠪᠤᠶᠤ ᠠᠶᠤᠯᠭᠦᠢ ᠦᠢᠯᠡᠳᠪᠦᠷᠢᠯᠡᠯ ᠤᠨ ᠨᠥᠬᠦᠴᠡᠯ ᠳᠤ ᠨᠡᠶᠢᠴᠡᠬᠦ ᠦᠭᠡᠢ ᠵᠡᠷᠭᠡ ᠰᠢᠯᠲᠠᠭᠠᠨ ᠠᠴᠠ ᠪᠤᠯᠵᠤ ᠬᠠᠭᠠᠵᠤ ᠵᠣᠭᠰᠣᠭᠠᠭᠰᠠᠨ ᠠᠭᠤᠷᠬᠠᠢ ᠶᠢᠨ ᠠᠵᠤ ᠠᠬᠤᠶᠢᠯᠠᠯ᠂ ᠰᠢᠲᠠᠭᠠᠵᠤ ᠵᠣᠬᠢᠶᠠᠭᠰᠠᠨ ᠠᠵᠤ ᠠᠬᠤᠶᠢᠯᠠᠯ ︵ᠬᠤᠪᠢ ᠬᠥᠮᠦᠨ︶ ᠪᠦᠬᠦᠨ ᠳᠠᠷᠤᠢ ᠲᠦᠷᠭᠡᠨ ᠠᠭᠤᠷᠬᠠᠢ ᠶᠢᠨ ᠣᠷᠣᠨ ᠤ ᠡᠷᠬᠢᠨ ᠲᠣᠭᠤᠷᠢᠨ ᠤ ᠠᠮᠢ ᠠᠬᠤᠢ ᠶᠢᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠠᠵᠢᠯ ᠢ ᠥᠷᠨᠢᠭᠦᠯᠬᠦ ᠬᠡᠷᠡᠭᠲᠡᠢ᠃ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠵᠠᠷᠯᠠᠶ᠎ᠠ᠄      ᠨᠢᠭᠡ᠂ ᠠᠮᠢ ᠠᠬᠤᠢ ᠶᠢᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠬᠡᠪᠴᠢᠶ᠎ᠡ ᠬᠠᠶᠢᠨᠠᠨ ᠲᠣᠭᠤᠷᠢᠭ ᠤᠨ ᠰᠢ ᠯᠠᠢ ᠹᠧᠩ ᠴᠣᠬᠤᠢ ᠶᠢᠨ ᠴᠢᠯᠠᠭᠤ ᠶᠢᠨ ᠠᠭᠤᠷᠬᠠᠢ ᠶᠢᠨ ᠣᠷᠣᠨ 639392.3 ᠲᠡᠭᠰᠢ ᠳᠥᠷᠪᠡᠯᠵᠢᠨ ᠮᠧᠳ᠋ᠷ ᠤᠨ ᠬᠡᠪᠴᠢᠶᠡᠨ ᠳᠣᠲᠣᠷ᠎ᠠ᠂ ᠬᠠᠶᠢᠨᠠᠨ ᠲᠣᠭᠤᠷᠢᠭ ᠤᠨ ᠪᠠᠷᠠᠭᠤᠨ ᠲᠠᠯ᠎ᠠ ᠶᠢᠨ ᠲᠠᠶᠢᠱᠠᠨ ᠠᠭᠤᠷᠬᠠᠢ ᠶᠢᠨ ᠣᠷᠣᠨ 170000 ᠲᠡᠭᠰᠢ ᠳᠥᠷᠪᠡᠯᠵᠢᠨ ᠮᠧᠳ᠋ᠷ ᠤᠨ ᠬᠡᠪᠴᠢᠶᠡᠨ ᠳᠣᠲᠣᠷ᠎ᠠ ᠪᠠᠶᠢᠨ᠎ᠠ᠃      ᠬᠤᠶᠠᠷ᠂ ᠠᠮᠢ ᠠᠬᠤᠶ ᠶᠢᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠠᠭᠤᠯᠭ᠎ᠠ ᠤᠤᠯ ᠨᠢ ᠠᠭᠤᠷᠬᠠᠶ ᠶᠢ ᠬᠠᠭᠠᠭᠰᠠᠨ᠂ ᠰᠢᠲᠠᠭᠠᠵᠤ ᠦᠶ᠋ᠯᠡᠳᠦᠭᠰᠡᠨ ᠠᠵᠤ ᠠᠬᠤᠶᠢᠯᠠᠯ ᠨᠢ ᠵᠠᠷᠯᠠᠨ ᠨᠡᠶᠢᠲᠡᠯᠡᠭᠰᠡᠨ ᠡᠳᠦᠷ ᠠᠴᠠ ᠡᠬᠢᠯᠡᠨ 15 ᠡᠳᠦᠷ ᠤᠨ ᠳᠣᠲᠣᠷ᠎ᠠ᠂ ᠤᠤᠯ ᠤᠨ ᠠᠵᠤ ᠠᠬᠤᠶᠢᠯᠠᠯ ︵ᠬᠤᠪᠢ ᠬᠥᠮᠦᠨ︶ ᠤ ᠪᠣᠶ ᠪᠥᠬᠦᠶ ᠬᠢᠨᠠᠨ ᠵᠥᠪᠰᠢᠶᠡᠷᠡᠬᠦ ᠭᠠᠷᠳᠠᠮ ᠢᠶᠠᠨ ᠠᠪᠴᠤ ᠬᠠᠶᠢᠨᠠᠨ ᠤ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ᠶᠢᠨ 415 ᠠᠯᠪᠠᠨ ᠬᠡᠷ ᠲᠤ ᠬᠦᠷᠴᠦ ᠳᠡᠩᠰᠡᠯᠡᠨ ᠲᠡᠮᠳᠡᠭᠯᠡᠪᠡ᠃ ᠳᠠᠩᠰᠠᠯᠠᠭᠤᠯᠤᠭᠰᠠᠨ ᠤ ᠳᠠᠷᠠᠭᠠᠬᠢ ᠠᠵᠤ ᠠᠬᠤᠶᠢᠯᠠᠯ ᠤᠳ ᠳᠠᠷᠤᠶ ᠲᠦᠷᠭᠡᠨ ᠬᠠᠶᠢᠨᠠᠨ ᠤ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ᠲᠠᠢ ᠵᠥᠪᠳᠡᠯᠴᠡᠨ ᠠᠮᠢ ᠠᠬᠤᠶ ᠶᠢᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠠᠵᠢᠯ ᠢ ᠥᠷᠨᠢᠭᠦᠯᠬᠦ ᠬᠡᠷᠡᠭᠲᠡᠶ᠃ ᠬᠤᠭᠤᠴᠠᠭ᠎ᠠ ᠬᠡᠲᠦᠷᠡᠲᠡᠯ᠎ᠡ ᠳᠡᠩᠰᠡᠯᠡᠨ ᠲᠡᠮᠳᠡᠭᠯᠡᠭᠰᠡᠨ ᠥᠬᠡᠶ᠂ ᠴᠠᠭ ᠤᠨ ᠬᠢᠵᠠᠭᠠᠷ ᠤᠨ ᠱᠠᠭᠠᠷᠳᠠᠯᠭ᠎ᠠ ᠶᠣᠰᠣᠭᠠᠷ ᠠᠮᠢ ᠠᠬᠤᠶ ᠶᠢᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠠᠵᠢᠯ ᠢ ᠥᠷᠨᠢᠭᠦᠯᠦᠭᠰᠡᠨ ᠥᠬᠡᠶ ᠠᠵᠤ ᠠᠬᠤᠶᠢᠯᠠᠯ ︵ᠬᠤᠪᠢ ᠬᠥᠮᠦᠨ︶ ᠢ ᠲᠤᠬᠠᠶ ᠶᠢᠨ ᠭᠠᠵᠠᠷ ᠲᠤᠨᠢ ᠬᠠᠶᠢᠨᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠨᠡᠭᠦᠷᠡᠰᠦᠨ ᠤ ᠪᠤᠰᠤ ᠠᠭᠤᠷᠬᠠᠶ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠠᠵᠢᠯ ᠤᠨ ᠱᠠᠭᠠᠷᠳᠠᠯᠭ᠎ᠠ ᠶᠣᠰᠣᠭᠠᠷ᠂ ᠲᠦᠷᠦᠭᠦᠯᠡᠨ ᠠᠵᠤ ᠠᠬᠤᠶᠢᠯᠠᠯ ᠢ ᠡᠮᠬᠢᠯᠡᠨ ᠨᠡᠶᠢᠯᠡᠭᠦᠯᠵᠦ ᠬᠠᠤᠯᠢ ᠲᠣᠭᠲᠠᠭᠠᠯ ᠶᠣᠰᠣᠭᠠᠷ ᠵᠠᠰᠠᠬᠤ ᠠᠵᠢᠯ ᠢ ᠥᠷᠨᠢᠭᠦᠯᠵᠦ᠂ ᠣᠷᠣᠨ ᠤ ᠳᠣᠲᠣᠷᠠᠬᠢ ᠲᠡᠤᠬᠡᠨ ᠠᠴᠠ ᠦᠯᠡᠳᠡᠭᠳᠡᠵᠦ ᠢᠷᠡᠭᠰᠡᠨ ᠴᠣᠬᠤᠶ ᠶᠢᠨ ᠰᠢᠭᠠᠷᠤ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠬᠠᠤᠯᠢ ᠶᠣᠰᠣᠭᠠᠷ ᠰᠢᠢᠳᠪᠦᠷᠢᠯᠡᠨ᠎ᠡ᠃ ᠵᠥᠪᠳᠡᠯᠴᠡᠭᠡᠳ ᠦᠷ᠎ᠡ ᠳ᠋ᠦᠩ ᠭᠠᠷᠤᠭᠰᠠᠨ ᠦᠭᠡᠢ ᠪᠥᠭᠡᠳ ᠠᠮᠢ ᠠᠬᠤᠶ ᠶᠢᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠠᠵᠢᠯ ᠢ ᠥᠷᠨᠢᠭᠦᠯᠦᠭᠰᠡᠨ ᠦᠭᠡᠢ ᠠᠵᠤ ᠠᠬᠤᠶᠢᠯᠠᠯ ︵ᠬᠤᠪᠢ ᠬᠥᠮᠦᠨ︶ ᠢ ᠬᠠᠶᠢᠨᠠᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠬᠠᠶᠢᠨᠠᠨ ᠤ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ᠠᠴᠠ ᠬᠠᠤᠯᠢ ᠲᠣᠭᠲᠠᠭᠠᠯ ᠶᠣᠰᠣᠭᠠᠷ ᠲᠣᠰ ᠲᠣᠰ ᠬᠡᠷᠡᠭ ᠪᠣᠯᠭᠠᠨ ᠳᠡᠩᠰᠡᠯᠡᠵᠦ ᠰᠢᠢᠳᠪᠦᠷᠢᠯᠡᠬᠦ ᠪᠤᠶᠤ ᠬᠠᠶᠢᠨᠠᠨ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ ᠠᠴᠠ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠵᠢᠷᠤᠮ ᠢᠶᠠᠷ ᠳᠠᠮᠵᠢᠭᠤᠯᠤᠨ ᠬᠠᠤᠯᠢ ᠶᠣᠰᠣᠭᠠᠷ ᠰᠢᠢᠳᠪᠦᠷᠢᠯᠡᠨ᠎ᠡ︔ ᠪᠠᠷᠢᠯᠭ᠎ᠠ ᠶᠢᠨ ᠠᠵᠢᠯ ᠢ ᠬᠠᠷᠰᠢᠯᠠᠬᠤ᠂ ᠵᠠᠮ ᠢ ᠪᠥᠭᠯᠡᠬᠦ ᠵᠡᠷᠭᠡ ᠪᠠᠷᠢᠯᠭ᠎ᠠ ᠪᠠᠷᠢᠬᠤ ᠨᠢᠭᠡᠴᠢ ᠶᠢᠨ ᠡᠮᠬᠢ ᠵᠢᠷᠤᠮ ᠢ ᠰᠠᠮᠠᠭᠤᠷᠠᠭᠤᠯᠤᠭᠰᠠᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠴᠢᠩᠭ᠎ᠠ ᠴᠣᠬᠢᠯᠲᠠ ᠥᠭᠭᠦᠨ᠎ᠡ︔ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠲᠣᠷᠭᠠᠭᠤᠯᠢ ᠶᠢᠨ ᠬᠠᠤᠯᠢ︾ ᠶᠢᠨ ᠲᠣᠭᠲᠠᠭᠠᠯ ᠠᠴᠠ ᠵᠥᠷᠢᠴᠡᠭᠰᠡᠨ ᠪᠠᠶᠢᠪᠠᠯ᠂ ᠠᠮᠤᠷ ᠢ ᠬᠠᠮᠠᠭᠠᠯᠠᠬᠤ ᠰᠢᠢᠳᠬᠡᠯ ᠥᠭᠭᠦᠨ᠎ᠡ︔ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠡᠭᠦᠨ ᠤ ᠲᠤᠯᠠ ᠣᠨᠴᠠᠭᠠᠶᠢᠯᠠᠨ ᠵᠠᠷᠯᠠᠪᠠ᠃                    ᠬᠠᠷᠢᠯᠴᠠᠬᠤ ᠬᠥᠮᠦᠨ᠄ ᠶᠣᠣ ᠢᠦᠶ ᠬᠠᠷᠢᠯᠴᠠᠬᠤ ᠤᠲᠠᠰᠤ᠄ 0473-6976009                                                2023 ᠣᠨ ᠤ 9 ᠰᠠᠷ᠎ᠠ ᠶᠢᠨ 18 ᠤ ᠡᠳᠦᠷ   
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号