2023 ᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠵᠦᠢᠯᠡᠰ ᠤᠨ ᠭᠠᠷᠴᠠᠭ ᠢ ᠨᠡᠶᠢᠲᠡᠯᠡᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2023/9/5
      ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠲᠣᠭᠤᠷᠢᠭ ᠤᠨ ᠬᠠᠷᠢᠶ᠎ᠠ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠲᠣᠭᠤᠷᠢᠭ ᠲᠤ ᠰᠠᠭᠤᠭ᠎ᠠ ᠡᠯ᠎ᠡ ᠬᠤᠯᠪᠣᠭᠳᠠᠯ ᠪᠦᠬᠦᠢ ᠨᠢᠭᠡᠴᠡ ᠳᠤ᠄      ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠠᠵᠢᠯᠯᠠᠭ᠎ᠠ ᠶᠢ ᠵᠢᠷᠤᠮᠵᠢᠭᠤᠯᠵᠤ᠂ ᠬᠠᠤᠯᠢ ᠶᠣᠰᠣᠭᠠᠷ᠂ ᠰᠢᠨᠵᠢᠯᠡᠬᠦ ᠤᠬᠠᠭᠠᠨᠴᠢ᠂ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠠᠬᠢᠭᠤᠯᠵᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠠᠰᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ ︽ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠦᠷ ᠬᠡᠷᠡᠭᠵᠢᠭᠦᠯᠬᠦ ᠲᠦᠷᠢᠮ︾ ᠪᠠ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ︾ ᠤᠨ ᠬᠠᠮᠢᠶ᠎ᠠ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠣᠷᠣᠨ ᠤ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠣᠷᠣᠨ ᠤ ᠵᠠᠰᠠᠭ ᠤᠨ ᠣᠷᠳᠣᠨ ᠤ 2023 ᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠤᠨ ᠭᠠᠷᠴᠠᠭ ᠢ ᠨᠡᠶᠢᠲᠡᠯᠡᠬᠦ ︵ᠳᠠᠭᠠᠯᠳᠤᠭᠤᠯᠤᠯ ᠳᠤ ᠨᠠᠷᠢᠨ ᠦᠵᠡ︶ ᠶᠢ ᠨᠡᠶᠢᠲᠡᠯᠡᠬᠦ ᠶᠢᠨ ᠬᠠᠮᠲᠤ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄      ᠨᠢᠭᠡ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠨᠢᠭᠡᠴᠡ ᠨᠦᠭᠦᠳ ᠴᠢᠬᠤᠯᠠ ᠶᠡᠭᠡ ᠵᠠᠰᠠᠭ ᠵᠠᠬᠢᠷᠭᠠᠨ ᠤ ᠰᠢᠶ᠋ᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠳᠤ ᠡᠷᠬᠡᠪᠰᠢ ᠣᠯᠠᠨ ᠨᠡᠶᠢᠲᠡ ᠪᠠᠷ ᠢᠶᠠᠨ ᠣᠷᠣᠯᠴᠠᠬᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ᠂ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠬᠠᠮᠲᠤ ᠪᠠᠷ ᠶᠠᠷᠢᠯᠴᠠᠨ ᠲᠣᠭᠲᠠᠭᠠᠬᠤ ᠵᠡᠷᠭᠡ ᠬᠠᠤᠯᠢ ᠪᠠᠷ ᠲᠣᠭᠲᠠᠭᠠᠭᠰᠠᠨ ᠲᠠᠰ ᠳᠠᠷᠠᠭᠠᠯᠠᠯ ᠢ ᠬᠢᠨᠠᠮᠠᠭᠠᠶ ᠨᠠᠶᠢᠳᠠᠪᠤᠷᠢᠵᠢᠭᠤᠯᠵᠤ᠂ ᠲᠠᠰ ᠳᠠᠷᠠᠭᠠᠯᠠᠯ ᠨᠢ ᠵᠦᠶ ᠵᠣᠬᠢᠰᠲᠠᠶ᠂ ᠶᠠᠪᠤᠴᠠ ᠨᠢ ᠢᠯᠡ ᠲᠣᠳᠣ᠂ ᠬᠠᠷᠢᠭᠤᠴᠠᠯᠭ᠎ᠠ ᠨᠢ ᠲᠣᠳᠣᠷᠬᠠᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃      ᠬᠤᠶᠠᠷ᠂ ᠭᠠᠷᠴᠠᠭ ᠤᠨ ᠨᠠᠷᠢᠨ ᠬᠠᠭᠤᠳᠠᠰᠤ ᠪᠠᠷ ᠬᠠᠮᠢᠶᠠᠷᠬᠤ ᠳᠤ ᠵᠢᠭᠰᠠᠭᠠᠨ ᠣᠷᠣᠭᠤᠯᠤᠭᠰᠠᠨ ᠰᠢᠶ᠋ᠳᠪᠦᠷᠢᠲᠦ ᠪᠣᠳᠣᠯᠭ᠎ᠠ ᠶᠢᠨ ᠵᠦᠶ᠋ᠯᠡᠰ ᠢ 2023 ᠣᠨ ᠤ 11 ᠳ᠋ᠦ᠋ᠭᠡᠷ ᠰᠠᠷ᠎ᠠ ᠶᠢᠨ 30 ᠤ ᠡᠳᠦᠷ ᠤᠨ ᠤᠷᠢᠲᠠᠯ ᠣᠷᠢᠳᠠᠯ ᠲᠤᠭᠤᠷᠢᠭ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠳᠤ ᠮᠡᠳᠡᠭᠦᠯᠦᠨ ᠬᠢᠨᠠᠨ ᠵᠥᠪᠯᠡᠭᠦᠯᠵᠦ ᠲᠣᠭᠲᠠᠭᠠᠯᠭᠠᠬᠤ ᠬᠡᠷᠡᠭᠲᠡᠶ᠃ ᠳᠠᠭᠠᠭᠠᠨ ᠭᠦᠢᠴᠡᠳᠬᠡᠬᠦ ᠰᠠᠯᠠᠭ᠎ᠠ ᠮᠥᠴᠢᠷ ᠤᠳ ᠴᠢᠬᠤᠯᠠ ᠶᠡᠭᠡ ᠵᠠᠰᠠᠭ ᠵᠠᠬᠢᠷᠭᠠᠨ ᠤ ᠰᠢᠶ᠋ᠳᠪᠦᠷᠢᠲᠦ ᠪᠣᠳᠣᠯᠭ᠎ᠠ ᠶᠢᠨ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠵᠤ᠂ ᠰᠢᠶ᠋ᠳᠪᠦᠷᠢᠲᠦ ᠪᠣᠳᠣᠯᠭ᠎ᠠ ᠲᠣᠭᠲᠠᠭᠠᠬᠤ ᠶᠠᠪᠤᠴᠠ ᠪᠣᠯᠤᠨ ᠰᠢᠶ᠋ᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠶᠠᠪᠤᠴᠠ ᠳᠠᠬᠢ ᠪᠢᠴᠢᠭ ᠮᠠᠲ᠋ᠧᠷᠢᠶᠠᠯ ᠢ ᠴᠠᠭ ᠲᠤᠬᠠᠶ ᠳᠤᠨᠢ ᠡᠮᠬᠢᠯᠡᠵᠦ ᠳᠠᠩᠰᠠ ᠡᠪᠬᠡᠮᠡᠯ ᠳᠤ ᠣᠷᠣᠭᠤᠯᠵᠤ᠂ ᠰᠢᠶ᠋ᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠤᠨ ᠪᠦᠬᠦ ᠶᠠᠪᠤᠴᠠ ᠶᠢᠨ ᠲᠡᠮᠳᠡᠭᠯᠡᠯ ᠢ ᠬᠡᠷᠡᠭᠵᠢᠭᠦᠯᠵᠦ᠂ ᠵᠢᠷᠤᠭ ᠳᠦᠷᠰᠦᠲᠦ ᠮᠠᠲ᠋ᠧᠷᠢᠶᠠᠯ ᠢ ᠦᠯᠡᠳᠡᠭᠡᠬᠦ ᠬᠡᠷᠡᠭᠲᠡᠶ᠃      ᠭᠤᠷᠪᠠ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠢ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠰᠢᠯᠭᠠᠨ ᠬᠢᠨᠠᠬᠤ ᠳᠤ ᠣᠷᠣᠭᠤᠯᠤᠨ᠎ᠠ᠃      ᠭᠠᠷᠴᠠᠭ ᠤᠨ ᠨᠠᠷᠢᠨ ᠲᠠᠩᠰᠠ ᠶᠢ ᠠᠵᠢᠯ ᠤᠨ ᠬᠡᠷᠡᠭᠴᠡᠭᠡ ᠪᠠᠨ ᠦᠨᠳᠦᠰᠦᠯᠡᠨ ᠴᠠᠭ ᠲᠤᠬᠠᠶ ᠳᠤᠨᠢ ᠲᠣᠬᠢᠷᠠᠭᠤᠯᠤᠯᠲᠠ ᠬᠢᠨ᠎ᠠ᠃   
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号