ᠬᠠᠶᠢᠨᠠᠨ ᠲᠣᠭᠤᠷᠢᠭ ᠤᠨ ᠬᠠᠷᠢᠶ᠎ᠠ ᠪᠦᠬᠦᠢ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠣᠯᠭᠤᠮᠵᠢ᠂ ᠲᠤᠬᠠᠶᠢᠯᠠᠭᠰᠠᠨ ᠠᠵᠢᠯ ᠤᠨ | ᠵᠠᠷᠤᠯᠭ᠎ᠠ ᠶᠢᠨ ᠬᠠᠮᠢᠶᠠᠷᠤᠯᠲᠠ ᠶᠢᠨ ᠠᠷᠭ᠎ᠠ ᠶᠢᠨ ᠲᠠᠶᠢᠯᠤᠮᠵᠢ ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ᠂ ᠲᠣᠭᠤᠷᠢᠭ ᠤᠨ ᠰᠢᠭᠤᠳ ᠬᠠᠷᠢᠶ᠎ᠠ ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ᠂ ᠲᠣᠭᠤᠷᠢᠭ ᠤᠨ | ᠬᠠᠷᠢᠶ᠎ᠠ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠡᠯ᠎ᠡ ᠠᠷᠠᠳ ᠤᠨ ᠪᠦᠯᠬᠦᠮ᠂ ᠲᠣᠭᠤᠷᠢᠭ ᠲᠤ | ᠰᠠᠭᠤᠭ᠎ᠠ ᠬᠤᠯᠪᠣᠭᠳᠠᠯ ᠪᠦᠬᠦᠢ ᠨᠢᠭᠡᠴᠡ᠄ | ︽ᠲᠤᠭᠤᠷᠢᠭ ᠤᠨ ᠬᠠᠷᠢᠶ᠎ᠠ ᠪᠦᠬᠦᠢ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠠᠷᠢᠭᠤᠴᠠᠯᠭᠠᠲᠠᠨ ᠤ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠠᠷᠠᠭᠠᠯᠵᠠᠯ᠂ ᠲᠤᠬᠠᠶᠢᠯᠠᠭᠰᠠᠨ ᠠᠵᠢᠯ ᠤᠨ ᠵᠠᠷᠤᠯᠭ᠎ᠠ ᠶᠢᠨ | ᠬᠠᠮᠢᠶᠠᠷᠤᠯᠲᠠ ᠶᠢᠨ ᠠᠷᠭ᠎ᠠ︾ ᠶᠢ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ | ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ᠃ | ᠲᠤᠮᠳᠠᠲᠤ ᠣᠯᠣᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠬᠠᠶᠢᠨᠠᠨ ᠲᠤᠭᠤᠷᠢᠭ ᠤᠨ | ᠬᠤᠷᠢᠶᠠᠨ ᠤ ᠠᠯᠪᠠᠨ ᠭᠡᠷ | ᠦᠬᠠᠢ ᠬᠤᠳᠠ ᠶᠢᠨ ᠬᠠᠶᠢᠨᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ | 2023 ᠣᠨ ᠤ 6 ᠰᠠᠷ᠎ᠠ ᠶᠢᠨ 28 ᠤ ᠡᠳᠦᠷ | ᠣᠷᠣᠨ ᠤ ᠬᠠᠷᠢᠶ᠎ᠠ ᠪᠦᠬᠦᠢ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠠᠷᠢᠭᠤᠴᠠᠯᠭᠠᠲᠠᠨ ᠤ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠣᠯᠭᠤᠮᠵᠢ᠂ ᠲᠤᠬᠠᠶᠢᠯᠠᠭᠰᠠᠨ ᠠᠵᠢᠯ ᠤᠨ ᠵᠠᠷᠤᠯᠭ᠎ᠠ ᠶᠢᠨ | ᠬᠠᠮᠢᠶᠠᠷᠤᠯᠲᠠ ᠶᠢᠨ ᠠᠷᠭ᠎ᠠ | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠣᠷᠣᠨ ᠤ ᠬᠠᠷᠢᠶ᠎ᠠ ᠪᠦᠬᠦᠢ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠣᠯᠭᠤᠮᠵᠢ᠂ ᠲᠤᠬᠠᠶᠢᠯᠠᠭᠰᠠᠨ ᠠᠵᠢᠯ ᠤᠨ | ᠵᠠᠷᠤᠯᠭ᠎ᠠ ᠶᠢ ᠵᠦᠶ ᠵᠣᠬᠢᠰᠲᠠᠶ ᠲᠣᠭᠲᠠᠭᠠᠬᠤ ᠶᠢᠨ ᠬᠠᠮᠲᠤ ᠴᠢᠩᠭ᠎ᠠ ᠵᠢᠷᠤᠮᠵᠢᠭᠤᠯᠵᠤ᠂ ᠣᠷᠣᠨ ᠤ ᠬᠠᠷᠢᠶ᠎ᠠ ᠪᠥᠬᠦᠶ | ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠤᠯᠠᠮ | ᠨᠢᠭᠡ ᠠᠯᠬᠤᠮ ᠴᠢᠩᠭᠠᠳᠬᠠᠬᠤ ᠶᠢ ᠠᠬᠢᠭᠤᠯᠬᠤ ᠶᠢᠨ ᠲᠤᠰᠠᠳᠠ᠂ ︽︿ᠬᠤᠲᠠ ᠶᠢᠨ ᠬᠠᠷᠢᠶ᠎ᠠ ᠤᠯᠤᠰ ᠤᠨ | ᠥᠮᠴᠢᠯᠡᠯᠲᠦ ᠠᠵᠤ ᠦᠢᠯᠡᠰ ᠤᠨ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ | ᠬᠠᠷᠠᠭᠠᠯᠵᠠᠯ ᠤᠨ ᠲᠤᠬᠠᠶᠢᠯᠠᠭᠰᠠᠨ ᠠᠵᠢᠯ ᠤᠨ ᠵᠠᠷᠤᠯᠭ᠎ᠠ ᠶᠢᠨ ᠬᠠᠮᠢᠶᠠᠷᠤᠯᠲᠠ ᠶᠢᠨ ᠠᠷᠭ᠎ᠠ﹀ ᠶᠢ ᠳᠠᠷᠤᠮᠠᠯᠯᠠᠨ | ᠶᠠᠪᠤᠭᠤᠯᠬᠤ ᠲᠤᠬᠠᠶ ᠦᠬᠠᠶ ᠬᠤᠲᠠ ᠶᠢᠨ ᠨᠠᠮ ᠤᠨ ᠬᠤᠷᠢᠶᠠᠨ ᠤ ᠠᠯᠪᠠᠨ ᠭᠡᠷ ᠤᠨ ᠮᠡᠳᠡᠭᠳᠡᠯ︾ ︵ᠤᠯᠠᠭᠠᠨᠬᠤᠲᠠ | ᠨᠠᠮ ᠠᠯᠪᠠᠨ ᠲᠠᠷᠬᠠᠭᠠᠭᠰᠠᠨ ﹇2020﹈ 10 ᠳ᠋ᠤᠭᠠᠷ ᠲᠣᠭᠠᠲᠤ︶ ᠵᠡᠷᠭᠡ ᠬᠤᠯᠪᠣᠭᠳᠠᠯ ᠪᠥᠬᠦᠶ ᠲᠣᠭᠲᠠᠭᠠᠯ ᠢ | ᠦᠨᠳᠦᠰᠦᠯᠡᠨ᠂ ᠮᠠᠨ ᠤ ᠣᠷᠣᠨ ᠤ ᠪᠣᠳᠠᠲᠠᠶ ᠲᠠᠢ ᠪᠠᠨ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠲᠣᠰ ᠠᠷᠭ᠎ᠠ ᠳᠤ ᠬᠡᠯᠡᠵᠦ ᠪᠠᠶᠢᠭ᠎ᠠ ᠣᠷᠣᠨ ᠤ ᠬᠠᠷᠢᠶ᠎ᠠ ᠪᠦᠬᠦᠢ ᠤᠯᠤᠰ ᠤᠨ | ᠥᠮᠴᠢᠯᠡᠯᠲᠦ ᠠᠵᠤ ᠠᠬᠤᠶᠢᠯᠠᠯ ︵ᠳᠣᠷᠣᠭᠰᠢ ᠠᠵᠤ ᠠᠬᠤᠶᠢᠯᠠᠯ ᠭᠡᠵᠦ ᠲᠣᠪᠴᠢᠯᠠᠨ᠎ᠠ︶ ᠭᠡᠳᠡᠭ ᠨᠢ ᠬᠠᠶᠢᠨᠠᠨ | ᠲᠣᠭᠤᠷᠢᠭ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ︵ᠳᠣᠷᠣᠭᠰᠢ | ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠵᠥᠪᠯᠡᠯ ᠭᠡᠵᠦ ᠲᠣᠪᠴᠢᠯᠠᠨ᠎ᠠ︶ ᠠᠴᠠ ᠪᠠᠯᠠ ᠭᠠᠷᠭᠠᠭᠴᠢ ᠶᠢᠨ | ᠡᠭᠦᠷᠭᠡ ᠬᠠᠷᠢᠭᠤᠴᠠᠯᠭ᠎ᠠ ᠶᠢ ᠭᠦᠢᠴᠡᠳᠬᠡᠵᠦ ᠪᠠᠶᠢᠭ᠎ᠠ ᠤᠯᠤᠰ ᠤᠨ ᠥᠮᠴᠢᠯᠡᠯᠲᠦ ᠲᠤᠰᠠᠭᠠᠷ ᠪᠡᠯᠡ ᠶᠢᠨ ᠠᠵᠤ | ᠠᠬᠤᠶᠢᠯᠠᠯ᠂ ᠤᠯᠤᠰ ᠤᠨ ᠥᠮᠴᠢᠯᠡᠯᠲᠦ ᠬᠤᠪᠢ ᠡᠵᠡᠮᠳᠡᠭᠰᠡᠨ ᠠᠵᠤ ᠠᠬᠤᠶᠢᠯᠠᠯ ᠵᠢᠴᠢ ᠬᠠᠷᠢᠶ᠎ᠠ ᠠᠵᠤ ᠠᠬᠤᠶᠢᠯᠠᠯ ᠢ | ᠵᠢᠭᠠᠵᠤ ᠪᠣᠶ᠃ | ᠭᠤᠷᠪᠠᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠠᠵᠤ ᠠᠬᠤᠶᠢᠯᠠᠯ ᠤᠨ ᠬᠠᠷᠢᠭᠤᠴᠠᠯᠭᠠᠲᠠᠨ | ᠭᠡᠳᠡᠭ ᠨᠢ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ ᠵᠢᠴᠢ ᠪᠤᠰᠤᠳ ᠤᠳᠤᠷᠢᠳᠬᠤ ᠬᠥᠮᠦᠰ ᠢ ᠵᠢᠭᠠᠵᠤ ᠪᠤᠶ᠂ | ᠭᠤᠤᠯᠳᠣᠭᠤ᠄ | ︵ᠨᠢᠭᠡ︶ ᠨᠠᠮ ᠤᠨ ᠬᠤᠷᠢᠶᠠᠨ ᠤ ᠱᠦᠵᠢ᠂ ᠳᠡᠳ᠋ ᠱᠦᠵᠢ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ | ᠱᠦᠵᠢ᠂ ᠨᠠᠮ ᠤᠨ ᠬᠤᠷᠢᠶᠠᠨ ᠤ ᠭᠡᠰᠢᠭᠦᠨ᠃ | ︵ᠬᠤᠶᠠᠷ᠂ ᠬᠡᠷᠡᠭ ᠮᠡᠳᠡᠭᠴᠢᠳ ᠤᠨ ᠳᠠᠷᠤᠭ᠎ᠠ᠂ ᠬᠡᠷᠡᠭ ᠮᠡᠳᠡᠭᠴᠢᠳ ᠤᠨ ᠳᠡᠳ᠋ ᠳᠠᠷᠤᠭ᠎ᠠ᠂ ᠬᠡᠷᠡᠭ | ᠮᠡᠳᠡᠭᠴᠢ ︵ᠭᠠᠳᠠᠨᠠᠬᠢ ᠬᠡᠷᠡᠭ ᠮᠡᠳᠡᠭᠴᠢ ᠪᠠ ᠠᠵᠢᠯᠳᠠᠨ ᠠᠵᠢᠯᠴᠢᠨ ᠤ ᠬᠡᠷᠡᠭ ᠮᠡᠳᠡᠭᠴᠢ ᠪᠠᠭᠲᠠᠬᠤ ᠦᠭᠡᠢ︶ | ︵ᠭᠤᠷᠪᠠ︶ ᠶᠡᠷᠦᠩᠬᠡᠢ ᠳᠠᠭᠠᠭᠠᠮᠠᠯ᠂ ᠳᠡᠳ᠋ ᠶᠡᠷᠦᠩᠬᠡᠢ ᠳᠠᠭᠠᠭᠠᠮᠠᠯ᠂ ᠶᠡᠷᠦᠩᠬᠡᠢ ᠨᠢᠭᠲᠠᠯᠠᠨ ᠪᠤᠳᠤᠭᠴᠢ᠂ | ᠶᠡᠷᠦᠩᠬᠡᠢ ᠢᠨᠵᠧᠨᠧᠷ | ︵ᠲᠦᠷᠪᠡ︶ ᠠᠵᠤ ᠠᠬᠤᠶᠢᠯᠠᠯ ᠤᠨ ᠤᠳᠤᠷᠢᠳᠬᠤ ᠡᠭᠦᠷᠭᠡ ᠪᠤᠯᠬᠠᠭᠰᠠᠨ ᠪᠤᠰᠤᠳ ᠬᠥᠮᠦᠰ᠃ | ᠳᠥᠷᠪᠡᠳᠦᠭᠡᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠡᠭᠦᠷᠭᠡ ᠲᠤᠰᠢᠶᠠᠯ ᠢᠶᠠᠨ ᠭᠦᠢᠴᠡᠳᠬᠡᠬᠦ | ᠣᠯᠭᠤᠮᠵᠢ ᠭᠡᠳᠡᠭ ᠨᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠠᠵᠢᠯ ᠤᠨ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠬᠦ ᠳᠤ ᠬᠠᠩᠭᠠᠭᠰᠠᠨ ᠠᠵᠢᠯ ᠤᠨ ᠪᠠᠲᠤᠯᠠᠭ᠎ᠠ ᠪᠠ ᠨᠥᠬᠦᠴᠡᠯ ᠢ ᠵᠢᠭᠠᠵᠤ ᠪᠤᠶ᠃ ᠡᠭᠦᠨ ᠳᠤ ᠭᠤᠣᠯᠳᠠᠭᠤ | ᠠᠯᠪᠠᠨ ᠤ ᠲᠡᠷᠭᠡ᠂ ᠠᠯᠪᠠᠨ ᠳᠤ ᠬᠡᠷᠡᠭᠯᠡᠬᠦ ᠭᠡᠷ᠂ ᠪᠣᠯᠪᠠᠰᠤᠷᠠᠯ ᠵᠡᠷᠭᠡ ᠶᠢ ᠪᠠᠭᠲᠠᠭᠠᠨ᠎ᠠ᠃ | ᠲᠤᠰ ᠠᠷᠭ᠎ᠠ ᠳᠤ ᠬᠡᠯᠡᠵᠦ ᠪᠠᠶᠢᠭ᠎ᠠ ᠲᠤᠬᠠᠶᠢᠯᠠᠭᠰᠠᠨ ᠠᠵᠢᠯ ᠤᠨ ᠵᠠᠷᠤᠯᠭ᠎ᠠ ᠭᠡᠳᠡᠭ ᠨᠢ ᠠᠵᠤ ᠠᠬᠤᠶᠢᠯᠠᠯ ᠤᠨ | ᠬᠠᠷᠢᠭᠤᠴᠠᠯᠭᠠᠲᠠᠨ ᠤ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠳᠤᠮᠳᠠᠬᠢ ᠠᠵᠢᠯ ᠤᠨ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠬᠦ ᠠᠴᠠ ᠪᠣᠯᠵᠤ ᠭᠠᠷᠤᠭᠰᠠᠨ ᠵᠠᠷᠤᠳᠠᠯ ᠤᠨ ᠵᠠᠷᠤᠯᠭ᠎ᠠ ᠶᠢ ᠵᠢᠭᠠᠵᠤ ᠪᠤᠶ᠂ | ᠭᠤᠤᠯᠳᠠᠭᠤ ᠲᠤᠬᠠᠶᠢᠯᠠᠭᠰᠠᠨ ᠠᠵᠢᠯ ᠤᠨ ᠵᠣᠴᠢᠯᠠᠬᠤ᠂ ᠤᠯᠤᠰ ᠤᠨ ᠳᠣᠲᠣᠭᠠᠳᠤ ᠶᠢᠨ ᠭᠠᠳᠠᠭᠰᠢ ᠶᠠᠪᠤᠬᠤ᠂ ᠠᠯᠪᠠᠨ | ᠶᠠᠪᠤᠳᠠᠯ ᠢᠶᠠᠷ ᠲᠦᠷ ᠴᠠᠭ ᠭᠠᠳᠠᠭᠠᠳᠤ ᠳᠤ ᠭᠠᠷᠬᠤ ︵ᠬᠢᠯᠢ︶᠂ ᠴᠢᠮᠡᠭᠡ ᠬᠤᠯᠪᠣᠭᠠᠨ ᠤ ᠵᠠᠷᠤᠳᠠᠯ ᠵᠡᠷᠭᠡ ᠲᠠᠯ᠎ᠠ ᠶᠢᠨ | ᠵᠠᠷᠤᠯᠭ᠎ᠠ ᠶᠢ ᠪᠠᠭᠲᠠᠭᠠᠨ᠎ᠠ᠃ | ᠲᠠᠪᠤᠳᠤᠭᠠᠷ ᠵᠦᠢᠯ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠣᠯᠭᠤᠮᠵᠢ᠂ ᠲᠤᠬᠠᠶᠢᠯᠠᠭᠰᠠᠨ ᠠᠵᠢᠯ ᠤᠨ ᠵᠠᠷᠤᠯᠭ᠎ᠠ ᠶᠢᠨ ᠬᠠᠮᠢᠶᠠᠷᠤᠯᠲᠠ ᠳᠤ ᠳᠣᠣᠷᠠᠬᠢ ᠵᠠᠷᠴᠢᠮ ᠢ | ᠪᠠᠷᠢᠮᠲᠠᠯᠠᠬᠤ ᠬᠡᠷᠡᠭᠲᠡᠶ᠄ | ︵ᠨᠢᠭᠡ︶ ᠬᠠᠤᠯᠢ ᠲᠣᠭᠲᠠᠭᠠᠯ ᠶᠣᠰᠣᠭᠠᠷ ᠠᠵᠢᠯᠯᠠᠬᠤ ᠶᠢ ᠪᠠᠷᠢᠮᠲᠠᠯᠠᠬᠤ ᠬᠡᠷᠡᠭᠲᠡᠢ᠃ ᠤᠯᠤᠰ ᠤᠨ ᠬᠠᠤᠯᠢ | ᠴᠠᠭᠠᠵᠠ ᠬᠠᠤᠯᠢ ᠲᠣᠭᠲᠠᠭᠠᠯ ᠪᠠ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠠᠵᠤ ᠠᠬᠤᠶᠢᠯᠠᠯ ᠤᠨ | ᠦᠢᠯᠡᠳᠪᠦᠷᠢᠯᠡᠯ ᠡᠵᠡᠩᠨᠡᠯᠲᠡ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠠᠵᠤ ᠠᠬᠤᠶᠢᠯᠠᠯ ᠤᠨ ᠬᠤᠪᠢ | ᠬᠥᠮᠦᠨ ᠤ ᠬᠡᠷᠡᠭᠯᠡᠭᠡᠨ ᠤ ᠵᠠᠷᠤᠯᠭ᠎ᠠ ᠶᠢ ᠡᠭᠦᠷᠭᠡᠯᠡᠬᠦ ᠦᠢᠯᠡ ᠠᠵᠢᠯᠯᠠᠭ᠎ᠠ ᠶᠢ ᠡᠷᠡᠰ ᠬᠤᠷᠢᠭᠯᠠᠬᠤ ᠬᠡᠷᠡᠭᠲᠡᠶ᠃ | ︵ᠬᠤᠶᠠᠷ︶ ᠠᠷᠢᠭᠤᠨ ᠴᠢᠬᠡᠴᠢ ᠪᠠᠷ ᠠᠷᠪᠢᠯᠠᠨ ᠭᠠᠮᠨᠠᠬᠤ ᠶᠢ ᠪᠠᠷᠢᠮᠲᠠᠯᠠᠨ᠎ᠠ᠃ ᠯᠠᠷᠵᠢᠶ᠎ᠠ ᠶᠠᠩᠪᠠ ᠲᠠᠲᠠᠬᠤ᠂ | ᠪᠦᠷᠢᠯᠭᠡᠨ ᠰᠦᠢᠳᠬᠡᠬᠦ ᠶᠢ ᠡᠰᠡᠷᠭᠦᠴᠡᠵᠦ᠂ ᠵᠢᠷᠭᠠᠨ ᠴᠡᠩᠭᠡᠬᠦ ᠦᠵᠡᠯ ᠪᠠ ᠱᠠᠯᠢᠨ ᠪᠦᠷᠢᠯᠭᠡᠬᠦ ᠰᠤᠷᠲᠠᠯ ᠢ ᠡᠷᠡᠰ | ᠡᠰᠡᠷᠭᠦᠴᠡᠨ ᠬᠤᠷᠢᠭᠯᠠᠨ᠎ᠠ᠃ | ︵ᠭᠤᠷᠪᠠ︶ ᠵᠢᠷᠤᠮᠵᠢᠭᠤᠨ ᠪᠦᠭᠡᠳ ᠢᠯᠡ ᠲᠣᠳᠣ ᠪᠠᠶᠢᠬᠤ ᠶᠢ ᠪᠠᠷᠢᠮᠲᠠᠯᠠᠨ᠎ᠠ᠃ ᠲᠦᠷᠢᠮ ᠢ | ᠲᠡᠭᠦᠯᠳᠡᠷᠵᠢᠭᠦᠯᠬᠦ᠂ ᠲᠥᠰᠦᠪ ᠤᠨ ᠬᠠᠮᠢᠶᠠᠷᠤᠯᠲᠠ᠂ ᠬᠢᠨᠠᠯᠲᠠ ᠶᠢ ᠴᠢᠩᠭᠠᠳᠬᠠᠬᠤ ᠪᠠᠷ ᠳᠠᠮᠵᠢᠭᠤᠯᠤᠨ᠂ ᠴᠢᠩᠭ᠎ᠠ | ᠵᠢᠷᠤᠮᠵᠢᠭᠰᠠᠨ᠂ ᠢᠯᠡ ᠲᠣᠳᠣ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠣᠯᠭᠤᠮᠵᠢ᠂ ᠲᠤᠬᠠᠶᠢᠯᠠᠭᠰᠠᠨ ᠠᠵᠢᠯ ᠤᠨ ᠵᠠᠷᠤᠯᠭ᠎ᠠ ᠶᠢᠨ ᠬᠠᠮᠢᠶᠠᠷᠤᠯᠲᠠ ᠶᠢᠨ ᠲᠦᠷᠢᠮ | ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ | ᠬᠤᠶᠠᠳᠤᠭᠠᠷ ᠪᠦᠯᠦᠭ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠶᠢᠨ ᠬᠠᠮᠢᠶᠠᠷᠤᠯᠲᠠ | ᠵᠢᠷᠭᠤᠳᠤᠭᠠᠷ ᠵᠦᠢᠯ ᠠᠵᠤ ᠠᠬᠤᠶᠢᠯᠠᠯ ᠤᠨ ᠬᠠᠷᠢᠭᠤᠴᠠᠯᠭᠠᠲᠠᠨ ᠳᠤ ᠠᠯᠪᠠᠨ ᠶᠠᠪᠤᠳᠠᠯ ᠳᠤ ᠬᠡᠷᠡᠭᠯᠡᠬᠦ | ᠲᠡᠷᠭᠡ ᠶᠢᠨ ᠬᠠᠮᠢᠶᠠᠷᠤᠯᠲᠠ ᠳᠤ ᠠᠯᠪᠠᠨ ᠶᠠᠪᠤᠳᠠᠯ ᠤᠨ ᠵᠠᠮ ᠬᠠᠷᠢᠯᠴᠠᠭᠠᠨ ᠤ ᠨᠥᠬᠦᠪᠥᠷᠢ ᠣᠯᠭᠤᠬᠤ ᠠᠷᠭ᠎ᠠ ᠮᠠᠶ᠋ᠢᠭ ᠢ | ᠬᠡᠷᠡᠭᠵᠢᠭᠦᠯᠦᠨ᠎ᠡ᠃ ᠪᠣᠳᠠᠲᠠᠶ ᠨᠥᠬᠦᠪᠥᠷᠢ ᠶᠢᠨ ᠪᠠᠷᠢᠮᠵᠢᠶ᠎ᠠ ᠶᠢ ︽ᠦᠬᠠᠶ ᠬᠤᠲᠠ ᠶᠢᠨ ᠬᠠᠶᠢᠨᠠᠨ ᠲᠣᠭᠤᠷᠢᠭ ᠤᠨ | ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ︿ᠬᠠᠶᠢᠨᠠᠨ | ᠲᠣᠭᠤᠷᠢᠭ ᠤᠨ ᠲᠤᠭᠤᠷᠢᠭ ᠤᠨ ᠬᠠᠷᠢᠶ᠎ᠠ ᠪᠥᠬᠦᠶ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠠᠯᠪᠠᠨ | ᠶᠠᠪᠤᠳᠠᠯ ᠳᠤ ᠬᠡᠷᠡᠭᠯᠡᠬᠦ ᠲᠡᠷᠭᠡ ᠶᠢᠨ ᠲᠦᠷᠢᠮ ᠤᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ﹀ ᠢ ᠳᠠᠷᠤᠮᠠᠯᠯᠠᠨ | ᠶᠠᠪᠤᠭᠤᠯᠬᠤ ᠲᠤᠬᠠᠶ ᠮᠡᠳᠡᠭᠳᠡᠯ︾ ︵ᠬᠠᠶᠢᠨᠠᠨ ᠤ ᠤᠯᠤᠰ ᠤᠨ ᠡᠬᠢ ᠪᠠᠶᠠᠯᠢᠭ ᠥᠰᠥᠭ ︹2019︺ 5 ᠳ᠋ᠤᠭᠠᠷ | ᠲᠣᠭᠠᠲᠤ︶ ︵ᠳᠣᠷᠣᠭᠰᠢ ︽ᠬᠡᠷᠡᠭᠵᠢᠭᠦᠯᠬᠦ ᠲᠥᠰᠦᠯ︾ ᠭᠡᠵᠦ ᠲᠣᠪᠴᠢᠯᠠᠨ᠎ᠠ︶ ᠤᠨ ᠱᠠᠭᠠᠷᠳᠠᠯᠭ᠎ᠠ ᠶᠣᠰᠣᠭᠠᠷ | ᠴᠢᠩᠭ᠎ᠠ ᠬᠡᠷᠡᠭᠵᠢᠭᠦᠯᠦᠨ᠎ᠡ᠃ | ᠳᠣᠯᠣᠳᠤᠭᠠᠷ ᠵᠦᠢᠯ ᠠᠵᠤ ᠠᠬᠤᠶᠢᠯᠠᠯ ᠤᠳ ᠶᠠᠮᠠᠷᠪᠠ ᠠᠷᠭ᠎ᠠ ᠮᠠᠶ᠋ᠢᠭ ᠢᠶᠠᠷ ᠬᠤᠪᠢᠶᠠᠷᠢ ᠠᠵᠤ ᠠᠬᠤᠶᠢᠯᠠᠯ | ᠪᠤᠶᠤ ᠪᠤᠰᠤᠳ ᠠᠰᠢᠭ ᠲᠤᠰᠠ ᠶᠢᠨ ᠬᠠᠷᠢᠴᠠᠭᠠᠨ ᠤ ᠨᠢᠭᠡᠴᠡ ᠪᠣᠯᠤᠨ ᠬᠤᠪᠢ ᠬᠥᠮᠦᠨ ᠤ ᠲᠡᠷᠭᠡ ᠬᠥᠰᠬᠡ ᠶᠢ ᠠᠵᠤ | ᠠᠬᠤᠶᠢᠯᠠᠯ ᠤᠨ ᠬᠠᠷᠢᠭᠤᠴᠠᠯᠭᠠᠲᠠᠨ ᠳᠤ ᠬᠡᠷᠡᠭᠯᠡᠭᠦᠯᠵᠦ ᠪᠣᠯᠬᠤ ᠦᠭᠡᠶ᠂ ᠳᠠᠩᠰᠠ ᠪᠣᠳᠣᠬᠤ ᠵᠡᠷᠭᠡ ᠠᠷᠭ᠎ᠠ | ᠮᠠᠶ᠋ᠢᠭ ᠢᠶᠠᠷ ᠠᠵᠤ ᠠᠬᠤᠶᠢᠯᠠᠯ ᠤᠨ ᠬᠠᠷᠢᠭᠤᠴᠠᠯᠭᠠᠲᠠᠨ ᠳᠤ ᠠᠯᠪᠠᠨ ᠶᠠᠪᠤᠳᠠᠯ ᠳᠤ ᠬᠡᠷᠡᠭᠯᠡᠬᠦ ᠲᠡᠷᠭᠡ ᠲᠣᠬᠢᠷᠠᠭᠤᠯᠵᠤ᠂ | ᠰᠢᠨᠡᠳᠬᠡᠵᠦ ᠪᠣᠯᠬᠤ ᠦᠭᠡᠶ᠃ | ᠨᠠᠢᠮᠠᠳᠤᠭᠠᠷ ᠵᠦᠢᠯ ︽ᠬᠡᠷᠡᠭᠵᠢᠭᠦᠯᠬᠦ ᠲᠥᠰᠦᠯ︾ ᠤᠨ ᠲᠣᠭᠲᠠᠭᠠᠯ ᠤᠨ ᠱᠠᠭᠠᠷᠳᠠᠯᠭ᠎ᠠ ᠳᠤ ᠨᠡᠶᠢᠴᠡᠵᠦ᠂ | ᠡᠵᠡᠩᠨᠡᠯᠲᠡ ᠶᠢᠨ ᠪᠠ ᠲᠤᠬᠠᠶᠢᠯᠠᠭᠰᠠᠨ ᠠᠵᠢᠯ ᠤᠨ ᠪᠠᠲᠤᠯᠠᠭ᠎ᠠ ᠳᠤ ᠬᠡᠷᠡᠭᠯᠡᠬᠦ ᠲᠡᠷᠭᠡ ᠶᠢᠨ ᠬᠠᠮᠢᠶᠠᠷᠤᠯᠲᠠ ᠶᠢ | ᠴᠢᠩᠭᠠᠳᠬᠠᠵᠤ᠂ ᠲᠡᠭᠦᠨ ᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠲᠣᠭᠲᠠᠮᠠᠯ ᠲᠡᠷᠭᠡ ᠬᠡᠷᠡᠭᠯᠡᠬᠦ ᠶᠢ ᠴᠢᠩᠭ᠎ᠠ | ᠴᠠᠭᠠᠵᠠᠯᠠᠬᠤ ᠬᠡᠷᠡᠭᠲᠡᠶ᠃ | ᠭᠤᠷᠪᠠᠳᠤᠭᠠᠷ ᠪᠦᠯᠦᠭ ᠠᠯᠪᠠᠨ ᠬᠡᠷᠡᠭᠯᠡᠭᠡᠨ ᠤ ᠭᠡᠷ ᠪᠠᠶᠢᠰᠢᠩ ᠤᠨ ᠬᠠᠮᠢᠶᠠᠷᠤᠯᠲᠠ | ᠶᠢᠰᠦᠳᠦᠭᠡᠷ ᠵᠦᠢᠯ ᠠᠵᠤ ᠠᠬᠤᠶᠢᠯᠠᠯ ᠤᠨ ᠬᠠᠷᠢᠭᠤᠴᠠᠯᠭᠠᠲᠠᠨ ᠵᠠᠷᠴᠢᠮ ᠳᠡᠭᠡᠷ᠎ᠡ ᠪᠠᠨ ᠵᠥᠪᠬᠡᠨ 1 | ᠠᠯᠪᠠᠨ ᠳᠤ ᠬᠡᠷᠡᠭᠯᠡᠬᠦ ᠭᠡᠷ ᠲᠣᠬᠢᠷᠠᠭᠤᠯᠤᠨ ᠬᠡᠷᠡᠭᠯᠡᠵᠦ᠂ ᠦᠨᠡᠨ ᠬᠦ ᠣᠨᠳᠣᠣ ᠭᠠᠵᠠᠷ ᠲᠤ ᠠᠵᠢᠯ ᠠᠴᠠ ᠪᠣᠯᠵᠤ | ᠠᠰ ᠲᠤ ᠨᠢ ᠠᠯᠪᠠᠨ ᠭᠡᠷ ᠲᠣᠬᠢᠷᠠᠭᠤᠯᠬᠤ ᠴᠢᠬᠤᠯᠠᠲᠠᠢ ᠪᠣᠯ᠂ ᠠᠵᠤ ᠠᠬᠤᠶᠢᠯᠠᠯ ᠤᠨ ᠳᠣᠲᠣᠭᠠᠳᠤ ᠳᠤ ᠬᠢᠨᠠᠨ | ᠵᠥᠪᠰᠢᠶᠡᠷᠡᠭᠰᠡᠨ ᠤ ᠳᠠᠷᠠᠭ᠎ᠠ᠂ ᠲᠣᠭᠲᠠᠭᠠᠭᠰᠠᠨ ᠲᠠᠯᠠᠪᠠᠢ ᠶᠢᠨ ᠪᠠᠷᠢᠮᠵᠢᠶ᠎ᠠ ᠶᠢᠨ ᠳᠣᠲᠣᠷ᠎ᠠ ᠳᠠᠬᠢᠵᠤ ᠲᠦᠷ ᠴᠠᠭ 1 | ᠠᠯᠪᠠᠨ ᠭᠡᠷ ᠲᠣᠬᠢᠷᠠᠭᠤᠯᠵᠤ ᠪᠣᠯᠣᠨ᠎ᠠ᠂ ᠬᠠᠮᠢᠶ᠎ᠠ ᠪᠦᠬᠦᠢ ᠪᠠᠶᠢᠳᠠᠯ ᠢ ᠪᠡᠯᠡ ᠭᠠᠷᠭᠠᠭᠴᠢ ᠶᠢᠨ ᠡᠭᠦᠷᠭᠡ | ᠬᠠᠷᠢᠭᠤᠴᠠᠯᠭ᠎ᠠ ᠶᠢ ᠭᠦᠢᠴᠡᠳᠬᠡᠬᠦ ᠪᠠᠶᠢᠭᠤᠯᠤᠮᠵᠢ ᠳᠤ ᠪᠦᠷᠢᠳᠬᠡᠨ ᠳᠠᠩᠰᠠᠯᠠᠭᠤᠯᠬᠤ ᠬᠡᠷᠡᠭᠲᠡᠢ᠃ | ᠠᠷᠪᠠᠳᠤᠭᠠᠷ ᠵᠦᠢᠯ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ ᠤ ᠠᠯᠪᠠᠨ ᠭᠡᠷ ᠬᠡᠷᠡᠭᠯᠡᠬᠦ ᠲᠠᠯᠠᠪᠠᠶ ᠶᠢ | 24 ᠲᠡᠭᠰᠢ ᠳᠥᠷᠪᠡᠯᠵᠢᠨ ᠮᠧᠲᠷ ᠠᠴᠠ ᠬᠡᠲᠦᠷᠡᠭᠦᠯᠵᠦ ᠪᠣᠯᠬᠤ ᠦᠭᠡᠶ᠃ ᠠᠵᠤ ᠠᠬᠤᠶᠢᠯᠠᠯ ᠤᠨ ᠪᠤᠰᠤᠳ | ᠤᠳᠤᠷᠢᠳᠬᠤ ᠬᠥᠮᠦᠰ ᠤᠨ ᠠᠯᠪᠠᠨ ᠭᠡᠷ ᠤᠨ ᠬᠡᠷᠡᠭᠯᠡᠬᠦ ᠲᠠᠯᠠᠪᠠᠶ ᠶᠢ 16 ᠲᠡᠭᠰᠢ ᠳᠥᠷᠪᠡᠯᠵᠢᠨ ᠮᠧᠲᠷ ᠠᠴᠠ | ᠬᠡᠲᠦᠷᠡᠭᠦᠯᠵᠦ ᠪᠣᠯᠬᠤ ᠦᠭᠡᠶ᠃ | ᠠᠯᠪᠠᠨ ᠬᠡᠷᠡᠭᠯᠡᠭᠡᠨ ᠤ ᠭᠡᠷ ᠪᠠᠶᠢᠰᠢᠩ ᠤᠨ ᠬᠡᠷᠡᠭᠯᠡᠬᠦ ᠲᠠᠯᠠᠪᠠᠢ ᠭᠡᠳᠡᠭ ᠨᠢ ᠠᠯᠪᠠᠯᠠᠬᠤ ᠭᠡᠷ ᠲᠤ ᠭᠠᠷᠤᠭᠰᠠᠨ ᠤ | ᠳᠠᠷᠠᠭᠠᠬᠢ ᠪᠣᠢ ᠪᠦᠬᠦᠢ ᠣᠷᠣᠨ ᠪᠦᠰᠡ ᠳᠤ ᠣᠷᠣᠬᠤ ᠲᠠᠯᠠᠪᠠᠢ ︵ᠠᠵᠢᠯᠯᠠᠬᠤ ᠭᠠᠵᠠᠷ᠂ ᠠᠮᠠᠷᠠᠬᠤ ᠭᠡᠷ᠂ ᠵᠣᠴᠢᠯᠠᠬᠤ | ᠭᠡᠷ ᠵᠡᠷᠭᠡ ᠪᠠᠭᠲᠠᠨ᠎ᠠ︶ ᠶᠢ ᠵᠢᠭᠠᠵᠤ ᠪᠠᠶᠢᠨ᠎ᠠ᠃ | ᠠᠷᠪᠠᠨ ᠨᠢᠭᠡᠳᠦᠭᠡᠷ ᠵᠦᠢᠯ ᠠᠵᠤ ᠠᠬᠤᠶᠢᠯᠠᠯ ᠤᠨ ᠬᠠᠷᠢᠭᠤᠴᠠᠯᠭᠠᠲᠠᠨ ᠳᠤ ᠠᠯᠪᠠᠨ ᠭᠡᠷ ᠢ ᠵᠠᠰᠠᠨ ᠴᠢᠮᠡᠭᠯᠡᠬᠦ᠂ | ᠪᠡᠯᠡᠳᠬᠡᠮᠵᠢ ᠶᠢ ᠢᠵᠢ ᠪᠦᠷᠢᠳᠦᠭᠦᠯᠬᠦ ᠳᠤ ᠪᠣᠷᠣᠭᠵᠢᠭᠤᠨ ᠲᠥᠪ ᠶᠡᠬᠡᠮᠰᠦᠭ᠂ ᠬᠢᠮᠳᠠ ᠪᠥᠭᠡᠳ ᠳᠣᠭᠢᠷᠬᠠᠰᠠᠨ | ᠵᠠᠷᠴᠢᠮ ᠢ ᠵᠢᠷᠤᠮᠯᠠᠵᠤ᠂ ᠳᠡᠭᠡᠳᠦ ᠲᠠᠰ ᠤᠨ ᠠᠵᠢᠯᠯᠠᠬᠤ ᠭᠡᠷ ᠤᠨ ᠬᠡᠷᠡᠭᠰᠡᠯ ᠬᠤᠳᠠᠯᠳᠤᠨ ᠠᠪᠬᠤ ᠶᠢ ᠴᠢᠩᠭ᠎ᠠ | ᠴᠠᠭᠠᠵᠠᠯᠠᠵᠤ᠂ ᠬᠡᠭᠡᠨᠴᠢᠷ ᠵᠠᠰᠠᠨ ᠴᠢᠮᠡᠭᠯᠡᠬᠦ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠵᠣᠴᠢᠳ ᠤᠨ ᠪᠠᠭᠤᠳᠠᠯ᠂ | ᠪᠠᠭᠤᠳᠠᠯ ᠤᠨ ᠥᠷᠥᠭᠡ ᠶᠢ ᠲᠦᠷᠢᠶᠡᠰᠦᠯᠡᠨ ᠬᠡᠷᠡᠭᠯᠡᠵᠦ ᠠᠯᠪᠠᠨ ᠭᠡᠷ ᠪᠣᠯᠭᠠᠬᠤ ᠶᠢ ᠴᠢᠩᠭ᠋᠎ᠠ ᠴᠠᠭᠠᠵᠠᠯᠠᠨ᠎ᠠ᠃ | ᠠᠷᠪᠠᠨ ᠬᠤᠶᠠᠳᠤᠭᠠᠷ ᠵᠦᠢᠯ ᠠᠵᠤ ᠠᠬᠤᠶᠢᠯᠠᠯ ᠨᠢ ᠲᠥᠷᠥ ᠶᠢᠨ ᠪᠣᠳᠣᠯᠭ᠎ᠠ ᠶᠢᠨ ᠪᠤᠰᠤ ᠠᠯᠳᠠᠯ᠂ ᠨᠠᠶᠢᠳᠠᠵᠤ | ᠬᠠᠮᠢᠶᠠᠷᠤᠭᠤᠯᠤᠭᠰᠠᠨ᠂ ᠳᠠᠬᠢᠨ ᠵᠣᠬᠢᠶᠠᠨ ᠪᠠᠶᠢᠭᠤᠯᠤᠭᠰᠠᠨ ᠬᠦᠴᠢᠷᠳᠡᠯ ᠠᠴᠠ ᠪᠣᠯᠤᠭᠰᠠᠨ ᠵᠢᠴᠢ ᠠᠵᠢᠯᠲᠠᠨ | ᠠᠵᠢᠯᠴᠢᠨ ᠤ ᠴᠠᠯᠢᠩ᠂ ᠨᠡᠶᠢᠭᠡᠮ ᠤᠨ ᠳᠠᠭᠠᠳᠬᠠᠯ ᠤᠨ ᠵᠠᠷᠤᠳᠠᠯ ᠢ ᠥᠷᠢᠲᠦᠵᠦ ᠪᠠᠶᠢᠭ᠎ᠠ ᠬᠤᠭᠤᠴᠠᠭᠠᠨ ᠳᠤ ᠠᠵᠤ | ᠠᠬᠤᠶᠢᠯᠠᠯ ᠤᠨ ᠬᠠᠷᠢᠭᠤᠴᠠᠯᠭᠠᠲᠠᠨ ᠳᠤ ᠰᠢᠨᠡᠳᠬᠡᠵᠦ᠂ ᠵᠠᠰᠠᠵᠤ ᠴᠢᠮᠡᠭᠯᠡᠵᠦ ᠪᠠᠶᠢᠭ᠎ᠠ ᠠᠯᠪᠠᠨ ᠭᠡᠷ ᠢ ᠰᠢᠨᠡᠳᠬᠡᠵᠦ | ᠪᠣᠯᠬᠤ ᠦᠭᠡᠶ᠃ | ᠳᠥᠷᠪᠡᠳᠦᠭᠡᠷ ᠪᠦᠯᠦᠭ ᠬᠥᠮᠦᠵᠢᠯ ᠪᠣᠯᠪᠠᠰᠤᠷᠠᠭᠤᠯᠤᠯ ᠤᠨ ᠬᠠᠮᠢᠶᠠᠷᠤᠯᠲᠠ | ᠠᠷᠪᠠᠨ ᠭᠤᠷᠪᠠᠳᠤᠭᠠᠷ ᠵᠦᠢᠯ ᠠᠵᠤ ᠠᠬᠤᠶᠢᠯᠠᠯ ᠨᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠤᠯᠤᠰ | ᠲᠥᠷᠥ ᠪᠣᠯᠤᠨ ᠲᠤᠰᠬᠠᠶ ᠮᠡᠷᠭᠡᠵᠢᠯ ᠤᠨ ᠮᠡᠳᠡᠯᠭᠡ ᠪᠣᠯᠪᠠᠰᠤᠷᠠᠯ᠂ ᠰᠢᠨ᠎ᠡ ᠶᠢ ᠡᠭᠦᠳᠬᠦ ᠪᠠ ᠡᠵᠡᠩᠨᠡᠨ ᠬᠠᠮᠢᠶᠠᠷᠬᠤ | ᠴᠢᠳᠠᠪᠤᠷᠢ ᠶᠢ ᠳᠡᠭᠡᠭᠰᠢᠯᠡᠭᠦᠯᠬᠦ ᠶᠢᠨ ᠲᠣᠭᠤᠷᠢᠨ ᠳᠤ ᠴᠢᠬᠤᠯᠠ ᠪᠦᠬᠦᠢ ᠪᠣᠯᠪᠠᠰᠤᠷᠠᠭᠤᠯᠤᠯ ᠥᠷᠨᠢᠭᠦᠯᠬᠦ ᠬᠡᠷᠡᠭᠲᠡᠶ᠃ | ᠪᠣᠯᠪᠠᠰᠤᠷᠠᠭᠤᠯᠤᠯ ᠤᠨ ᠲᠥᠯᠥᠪᠯᠡᠭᠡ ᠲᠣᠭᠲᠠᠭᠠᠨ᠂ ᠪᠣᠯᠪᠠᠰᠤᠷᠠᠭᠤᠯᠤᠯ ᠤᠨ ᠠᠭᠤᠯᠭ᠎ᠠ ᠪᠠᠨ ᠵᠦᠢ ᠵᠣᠬᠢᠰᠲᠠᠶ | ᠲᠣᠬᠢᠷᠠᠭᠤᠯᠵᠤ᠂ ᠪᠣᠯᠪᠠᠰᠤᠷᠠᠭᠤᠯᠤᠯ ᠤᠨ ᠵᠠᠷᠤᠳᠠᠯ ᠤᠨ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠲᠡᠶ᠃ | ᠠᠷᠪᠠᠨ ᠳᠥᠷᠪᠡᠳᠦᠭᠡᠷ ᠵᠦᠢᠯ ᠠᠵᠤ ᠠᠬᠤᠶᠢᠯᠠᠯ ᠤᠨ ᠬᠠᠷᠢᠭᠤᠴᠠᠯᠭᠠᠲᠠᠨ ᠢ ᠪᠣᠯᠪᠠᠰᠤᠷᠠᠭᠤᠯᠬᠤ ᠳᠤ ᠳᠡᠭᠡᠳᠦ | ᠱᠠᠲᠤᠨ ᠤ ᠰᠠᠯᠠᠭ᠎ᠠ ᠮᠥᠴᠢᠷ ᠤᠨ ᠵᠣᠬᠢᠶᠠᠨ ᠪᠠᠶᠢᠭᠤᠯᠤᠭᠰᠠᠨ ᠪᠣᠯᠪᠠᠰᠤᠷᠠᠭᠤᠯᠤᠯ᠂ ᠲᠤᠰ ᠠᠵᠤ ᠠᠬᠤᠶᠢᠯᠠᠯ ᠤᠨ | ᠵᠣᠬᠢᠶᠠᠨ ᠪᠠᠶᠢᠭᠤᠯᠤᠭᠰᠠᠨ ᠪᠣᠯᠪᠠᠰᠤᠷᠠᠭᠤᠯᠤᠯ ᠭᠡᠵᠦ ᠬᠤᠪᠢᠶᠠᠨ᠎ᠠ᠃ ᠠᠵᠤ ᠠᠬᠤᠶᠢᠯᠠᠯ ᠤᠨ ᠬᠠᠷᠢᠭᠤᠴᠠᠯᠭᠠᠲᠠᠨ | ᠳᠡᠭᠡᠳᠦ ᠱᠠᠲᠤᠨ ᠤ ᠰᠠᠯᠠᠭ᠎ᠠ ᠮᠥᠴᠢᠷ ᠤᠨ ᠵᠣᠬᠢᠶᠠᠨ ᠪᠠᠶᠢᠭᠤᠯᠤᠭᠰᠠᠨ ᠪᠣᠯᠪᠠᠰᠤᠷᠠᠭᠤᠯᠤᠯ ᠳᠤ ᠣᠷᠣᠯᠴᠠᠬᠤ ᠳᠤ | ᠡᠭᠦᠰᠦᠭᠰᠡᠨ ᠪᠣᠯᠪᠠᠰᠤᠷᠠᠭᠤᠯᠤᠯ ᠤᠨ ᠵᠠᠷᠤᠳᠠᠯ ᠢ ᠪᠣᠳᠠᠲᠠᠶ ᠪᠠᠷ ᠭᠠᠷᠭᠠᠵᠤ ᠪᠣᠯᠤᠨ᠎ᠠ᠃ | ᠠᠵᠤ ᠠᠬᠤᠶᠢᠯᠠᠯ ᠥᠪᠡᠷᠰᠡᠳ ᠢᠶᠠᠨ ᠵᠣᠬᠢᠶᠠᠨ ᠪᠠᠶᠢᠭᠤᠯᠤᠭᠰᠠᠨ ᠪᠣᠯᠪᠠᠰᠤᠷᠠᠭᠤᠯᠤᠯ᠂ ᠪᠣᠯᠪᠠᠰᠤᠷᠠᠭᠤᠯᠤᠯ ᠤᠨ | ᠵᠠᠷᠤᠳᠠᠯ ᠤᠨ ᠪᠠᠷᠢᠮᠵᠢᠶ᠎ᠠ ᠶᠢ ᠡᠳᠦᠷ ᠪᠦᠷᠢ 280 ᠲᠥᠭᠦᠷᠢᠭ / ᠬᠥᠮᠦᠨ ᠠᠴᠠ ᠬᠡᠲᠦᠷᠡᠭᠦᠯᠵᠦ ᠪᠣᠯᠬᠤ ᠦᠭᠡᠶ᠂ | ᠪᠠᠭᠰᠢ ᠵᠡᠷᠭᠡ ᠡᠯ᠎ᠡ ᠵᠦᠢᠯ ᠤᠨ ᠵᠠᠷᠤᠳᠠᠯ ᠪᠠᠭᠲᠠᠨ᠎ᠠ᠃ | ᠠᠷᠪᠠᠨ ᠲᠠᠪᠤᠳᠤᠭᠠᠷ ᠵᠦᠢᠯ ᠠᠵᠤ ᠠᠬᠤᠶᠢᠯᠠᠯ ᠤᠨ ᠬᠠᠷᠢᠭᠤᠴᠠᠯᠭᠠᠲᠠᠨ ᠣᠷᠣᠯᠴᠠᠭᠰᠠᠨ ᠡᠯ᠎ᠡ ᠵᠦᠢᠯ ᠤᠨ | ᠰᠤᠷᠤᠯᠴᠠᠭᠰᠠᠨ ᠨᠠᠮᠲᠠᠷ ᠤᠨ ᠰᠤᠷᠭᠠᠨ ᠬᠥᠮᠦᠵᠢᠯ ᠵᠢᠴᠢ ᠡᠷᠳᠡᠮ ᠤᠨ ᠴᠣᠯᠠ ᠣᠯᠬᠤ ᠶᠢᠨ ᠲᠥᠯᠥᠭᠡ ᠠᠵᠢᠯ ᠤᠨ | ᠪᠠᠶᠢᠷᠢ ᠳᠤ ᠪᠠᠶᠢᠭ᠎ᠠ ᠰᠤᠷᠭᠠᠨ ᠬᠥᠮᠦᠵᠢᠯ ᠳᠤ ᠣᠷᠣᠯᠴᠠᠬᠤ ᠵᠠᠷᠤᠳᠠᠯ ᠢ ᠬᠤᠪᠢ ᠬᠥᠮᠦᠨ ᠡᠭᠦᠷᠭᠡᠯᠡᠬᠦ ᠬᠡᠷᠡᠭᠲᠡᠶ᠃ | ᠠᠵᠤ ᠠᠬᠤᠶᠢᠯᠠᠯ ᠤᠨ ᠬᠠᠷᠢᠭᠤᠴᠠᠯᠭᠠᠲᠠᠨ ᠭᠠᠳᠠᠭᠠᠳᠤ ᠳᠤ ᠭᠠᠷᠬᠤ ᠪᠣᠯᠪᠠᠰᠤᠷᠠᠭᠤᠯᠤᠯ ᠳᠤ ᠣᠷᠣᠯᠴᠠᠬᠤ ᠳᠤ᠂ | ᠤᠯᠤᠰ ᠤᠨ ᠬᠤᠯᠪᠣᠭᠳᠠᠯ ᠪᠦᠬᠦᠢ ᠭᠠᠳᠠᠭᠠᠳᠤ ︵ᠬᠢᠯᠢ︶ ᠳᠤ ᠭᠠᠷᠬᠤ ᠪᠣᠯᠪᠠᠰᠤᠷᠠᠭᠤᠯᠤᠯ ᠤᠨ ᠬᠠᠮᠢᠶᠠᠷᠤᠯᠲᠠ ᠶᠢᠨ | ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠮᠥᠨ ᠴᠢᠨᠠᠷ ᠤᠨ ᠬᠡᠷᠡᠭᠴᠡᠭᠡ ᠦᠭᠡᠢ ᠤᠯᠤᠰ ︵ᠬᠢᠯᠢ︶ ᠠᠴᠠ ᠭᠠᠳᠠᠨᠠᠬᠢ | ᠪᠣᠯᠪᠠᠰᠤᠷᠠᠭᠤᠯᠤᠯ ᠢ ᠲᠣᠬᠢᠷᠠᠭᠤᠯᠵᠤ ᠪᠣᠯᠬᠤ ᠦᠭᠡᠢ᠃ | ᠠᠷᠪᠠᠨ ᠵᠢᠷᠭᠤᠳᠤᠭᠠᠷ ᠵᠦᠢᠯ ᠠᠵᠤ ᠠᠬᠤᠶᠢᠯᠠᠯ ᠨᠢ ᠲᠥᠷᠥ ᠶᠢᠨ ᠪᠣᠳᠣᠯᠭ᠎ᠠ ᠶᠢᠨ ᠪᠤᠰᠤ ᠠᠯᠳᠠᠭᠳᠠᠯ᠂ | ᠨᠠᠶᠢᠳᠠᠵᠤ ᠬᠠᠮᠢᠶᠠᠷᠤᠭᠤᠯᠤᠭᠰᠠᠨ᠂ ᠳᠠᠬᠢᠨ ᠵᠣᠬᠢᠶᠠᠨ ᠪᠠᠶᠢᠭᠤᠯᠤᠭᠰᠠᠨ ᠬᠦᠴᠢᠷᠳᠡᠯ ᠠᠴᠠ ᠪᠣᠯᠤᠭᠰᠠᠨ ᠵᠢᠴᠢ | ᠠᠵᠢᠯᠲᠠᠨ ᠠᠵᠢᠯᠴᠢᠨ ᠤ ᠴᠠᠯᠢᠩ᠂ ᠨᠡᠶᠢᠭᠡᠮ ᠤᠨ ᠳᠠᠭᠠᠳᠬᠠᠯ ᠤᠨ ᠵᠠᠷᠤᠳᠠᠯ ᠢ ᠥᠷᠢᠲᠦᠵᠦ ᠪᠠᠶᠢᠭ᠎ᠠ | ᠬᠤᠭᠤᠴᠠᠭᠠᠨ ᠳᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠳᠤ ᠥᠪᠡᠷᠲᠡᠭᠡᠨ ᠵᠣᠬᠢᠶᠠᠨ ᠪᠠᠶᠢᠭᠤᠯᠤᠨ | ᠪᠣᠯᠪᠠᠰᠤᠷᠠᠭᠤᠯᠤᠯ ᠬᠢᠵᠦ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠳᠤ ᠭᠠᠳᠠᠭᠠᠳᠤ ᠳᠤ ︵ᠬᠢᠯᠢ︶ ᠭᠠᠷᠬᠤ | ᠪᠣᠯᠪᠠᠰᠤᠷᠠᠭᠤᠯᠤᠯ ᠳᠤ ᠣᠷᠣᠯᠴᠠᠵᠤ ᠪᠣᠯᠬᠤ ᠦᠭᠡᠶ᠃ | ᠠᠷᠪᠠᠨ ᠳᠣᠯᠣᠳᠤᠭᠠᠷ ᠵᠦᠢᠯ ᠠᠵᠤ ᠠᠬᠤᠶᠢᠯᠠᠯ ᠨᠢ ᠠᠯᠪᠠᠨ ᠤ ᠵᠣᠭᠤᠰ ᠢᠶᠠᠷ ᠠᠵᠤ ᠠᠬᠤᠶᠢᠯᠠᠯ ᠤᠨ | ᠬᠠᠷᠢᠭᠤᠴᠠᠯᠭᠠᠲᠠᠨ ᠳᠤ ᠨᠡᠪᠲᠡᠷᠬᠡᠶ ᠲᠣᠯᠢ ᠪᠢᠴᠢᠭ᠂ ᠳᠤᠮᠳᠠᠳᠤ ᠭᠠᠳᠠᠭᠠᠳᠤ ᠶᠢᠨ ᠨᠡᠷᠡᠲᠦ ᠵᠣᠬᠢᠶᠠᠯ᠂ ᠡᠷᠲᠡᠨ ᠤ ᠨᠣᠮ | ᠪᠢᠴᠢᠭ ᠵᠡᠷᠭᠡ ᠨᠣᠮ ᠪᠢᠴᠢᠭ ᠬᠤᠳᠠᠯᠳᠤᠨ ᠠᠪᠬᠤ ᠵᠠᠷᠤᠳᠠᠯ ᠢᠶᠠᠨ ᠳᠠᠩᠰᠠᠨ ᠠᠴᠠ ᠲᠠᠶᠢᠯᠬᠤ ᠶᠢ ᠴᠢᠩᠭ᠎ᠠ | ᠴᠠᠭᠠᠵᠠᠯᠠᠨ᠎ᠠ᠃ | ᠲᠠᠪᠤᠳᠤᠭᠠᠷ ᠪᠦᠯᠦᠭ ᠲᠤᠬᠠᠶᠢᠯᠠᠭᠰᠠᠨ ᠠᠵᠢᠯ ᠤᠨ ᠵᠣᠴᠢᠯᠠᠬᠤ ᠬᠠᠮᠢᠶᠠᠷᠤᠯᠲᠠ | ᠠᠷᠪᠠᠨ ᠨᠠᠶ᠋ᠮᠠᠳᠤᠭᠠᠷ ᠵᠦᠢᠯ ᠠᠵᠤ ᠠᠬᠤᠶᠢᠯᠠᠯ ᠨᠢ ᠠᠷᠪᠢᠲᠠᠶ᠂ ᠵᠦᠢ ᠵᠣᠬᠢᠰᠲᠠᠶ᠂ ᠴᠢᠬᠤᠯᠠ ᠬᠡᠷᠡᠭᠴᠡᠭᠡᠲᠡᠶ | ᠪᠠᠶᠢᠬᠤ ᠵᠠᠷᠴᠢᠮ ᠶᠣᠰᠣᠭᠠᠷ᠂ ᠡᠯ᠎ᠡ ᠲᠥᠷᠥᠯ ᠤᠨ ᠲᠤᠬᠠᠶᠢᠯᠠᠭᠰᠠᠨ ᠠᠵᠢᠯ ᠤᠨ ᠵᠣᠴᠢᠯᠠᠬᠤ ᠵᠠᠷᠤᠳᠠᠯ ᠤᠨ | ᠪᠠᠷᠢᠮᠵᠢᠶ᠎ᠠ ᠶᠢ ᠲᠣᠳᠣᠷᠬᠠᠶᠢᠯᠠᠵᠤ᠂ ᠲᠤᠬᠠᠶᠢᠯᠠᠭᠰᠠᠨ ᠠᠵᠢᠯ ᠤᠨ ᠵᠣᠴᠢᠯᠠᠬᠤ ᠠᠵᠢᠯᠯᠠᠭ᠎ᠠ ᠶᠢᠨ ᠭᠤᠶᠤᠴᠢᠯᠠᠬᠤ᠂ | ᠬᠢᠨᠠᠨ ᠵᠥᠪᠰᠢᠶᠡᠷᠡᠬᠦ᠂ ᠬᠡᠷᠡᠭᠵᠢᠭᠦᠯᠬᠦ᠂ ᠳᠠᠩᠰᠠᠨ ᠠᠴᠠ ᠲᠠᠶᠢᠯᠬᠤ ᠵᠡᠷᠭᠡ ᠴᠤᠪᠤᠷᠠᠯ ᠢ ᠨᠠᠷᠢᠯᠢᠬᠵᠢᠭᠤᠯᠵᠤ᠂ ᠠᠵᠤ | ᠠᠬᠤᠶᠢᠯᠠᠯ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠲᠥᠰᠦᠪ ᠨᠠᠶᠢᠷᠠᠭᠤᠯᠤᠨ ᠵᠣᠬᠢᠶᠠᠵᠤ᠂ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠨᠢᠭᠡᠳᠦᠯᠲᠡᠶ ᠳ᠋ᠦᠩᠨᠡᠨ ᠪᠣᠳᠣᠬᠤ ᠬᠡᠷᠡᠭᠲᠡᠶ᠃ ᠠᠵᠤ ᠠᠬᠤᠶᠢᠯᠠᠯ ᠤᠨ | ᠬᠠᠷᠢᠭᠤᠴᠠᠯᠭᠠᠲᠠᠨ ᠤ ᠤᠳᠠᠭ᠎ᠠ ᠪᠦᠷᠢ ᠶᠢᠨ ᠲᠤᠬᠠᠶᠢᠯᠠᠭᠰᠠᠨ ᠠᠵᠢᠯ ᠤᠨ ᠵᠣᠴᠢᠯᠠᠬᠤ ᠠᠵᠢᠯᠯᠠᠭ᠎ᠠ ᠳᠤ ᠵᠣᠴᠢᠯᠠᠬᠤ | ᠵᠠᠷᠤᠳᠠᠯ ᠤᠨ ᠶᠡᠷᠦᠩᠬᠡᠶ ᠲᠤᠭ᠎ᠠ ᠪᠣᠯᠤᠨ ᠬᠥᠮᠦᠨ ᠪᠦᠷᠢ ᠶᠢᠨ ᠳᠤᠮᠳᠠᠴᠢ ᠵᠠᠷᠤᠳᠠᠯ ᠤᠨ ᠬᠤᠶᠠᠷ ᠢ ᠡᠵᠡᠮᠳᠡᠬᠦ | ᠬᠠᠮᠢᠶᠠᠷᠤᠯᠲᠠ ᠶᠢ ᠬᠡᠷᠡᠭᠵᠢᠭᠦᠯᠵᠦ᠂ ᠪᠠᠷ᠎ᠠ ᠪᠣᠯᠤᠭᠰᠠᠨᠨ ᠬᠥᠮᠦᠨ ᠤ ᠲᠤᠭ᠎ᠠ ᠶᠢ ᠴᠢᠩᠭ᠎ᠠ ᠬᠢᠵᠠᠭᠠᠷᠯᠠᠬᠤ ᠬᠡᠷᠡᠭᠲᠡᠶ᠃ | ᠠᠷᠪᠠ ᠶᠢᠰᠦᠳᠦᠭᠡᠷ ᠵᠦᠢᠯ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠤᠬᠠᠶᠢᠯᠠᠭᠰᠠᠨ ᠠᠵᠢᠯ ᠤᠨ | ᠵᠣᠴᠢᠯᠠᠬᠤ ᠠᠵᠢᠯᠯᠠᠭ᠎ᠠ ᠬᠢᠬᠦ ᠳᠡᠭᠡᠨ ᠲᠤᠰ ᠠᠵᠤ ᠠᠬᠤᠶᠢᠯᠠᠯ ᠤᠨ ᠬᠤᠭᠤᠯᠠᠨ ᠭᠡᠷ ᠪᠤᠶᠤ ᠲᠣᠭᠲᠠᠭᠰᠠᠨ ᠴᠢᠭ ᠤᠨ | ᠬᠤᠭᠤᠯᠠᠨ ᠭᠡᠷ ᠵᠡᠷᠭᠡ ᠳᠤ ᠬᠠᠮᠢᠶ᠎ᠠ ᠪᠦᠬᠦᠢ ᠳᠦᠷᠢᠮ ᠤᠨ ᠴᠤᠪᠤᠷᠠᠯ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ | ᠭᠠᠳᠠᠭᠠᠳᠤ ᠶᠠᠪᠤᠳᠠᠯ ᠤᠨ ᠵᠣᠴᠢᠯᠠᠯᠭ᠎ᠠ ᠳᠤ ᠦᠢᠯᠡᠴᠢᠯᠡᠭᠡᠨ ᠤ ᠭᠠᠳᠠᠭᠠᠳᠤ ᠬᠠᠷᠢᠯᠴᠠᠭ᠎ᠠ᠂ ᠨᠥᠬᠦᠷᠰᠡᠭ ᠲᠡᠩᠴᠡᠭᠦᠦ᠂ | ᠪᠣᠳᠠᠲᠠᠶ ᠶᠢ ᠡᠷᠬᠢᠮᠯᠡᠨ ᠠᠷᠪᠢᠯᠠᠨ ᠭᠠᠮᠨᠠᠬᠤ ᠵᠠᠷᠴᠢᠮ ᠢ ᠵᠢᠷᠤᠮᠯᠠᠨ᠂ ᠵᠣᠴᠢᠯᠠᠬᠤ ᠵᠠᠷᠤᠳᠠᠯ ᠤᠨ ᠵᠠᠷᠤᠴᠠᠭᠤᠯᠭ᠎ᠠ ᠶᠢ | ᠴᠢᠩᠭ᠎ᠠ ᠡᠵᠡᠮᠳᠡᠵᠦ᠂ ᠬᠦᠯᠢᠶᠡᠨ ᠠᠪᠬᠤ ᠵᠠᠷᠤᠳᠠᠯ ᠤᠨ ᠵᠠᠷᠤᠯᠭ᠎ᠠ ᠶᠢᠨ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠬᠦ | ᠬᠡᠷᠡᠭᠲᠡᠶ᠂ ᠳᠤᠷ᠎ᠠ ᠪᠠᠷ ᠢᠶᠠᠨ ᠳᠠᠪᠠᠭᠤᠯᠵᠤ ᠪᠣᠯᠬᠤ ᠦᠭᠡᠶ᠂ ᠶᠠᠮᠠᠷᠪᠠ ᠬᠡᠯᠪᠡᠷᠢ ᠪᠠᠷ ᠲᠡᠰᠬᠡᠨ ᠨᠣᠭᠳᠠᠭᠤᠯᠬᠤ᠂ | ᠰᠢᠯᠵᠢᠭᠦᠯᠦᠨ ᠨᠣᠭᠳᠠᠭᠤᠯᠵᠤ ᠪᠣᠯᠬᠤ ᠦᠭᠡᠶ᠃ | ᠬᠤᠷᠢᠳᠤᠭᠠᠷ ᠵᠦᠢᠯ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠳᠠᠯᠳᠤᠭᠠᠨ ᠤ ᠶᠠᠪᠤᠳᠠᠯ ᠪᠠ ᠭᠠᠳᠠᠭᠠᠳᠤ | ᠶᠠᠪᠤᠳᠠᠯ ᠤᠨ ᠠᠵᠢᠯᠯᠠᠭ᠎ᠠ ᠶᠢᠨ ᠲᠤᠬᠠᠶᠢᠯᠠᠭᠰᠠᠨ ᠠᠵᠢᠯ ᠥᠷᠨᠢᠭᠦᠯᠵᠦ᠂ ᠳᠠᠶᠢᠯᠠᠯᠭ᠎ᠠ ᠶᠢᠨ ᠪᠠᠷᠢᠮᠵᠢᠶ᠎ᠠ ᠶᠢ | ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠬᠠᠮᠢᠶ᠎ᠠ ᠪᠦᠬᠦᠢ ᠲᠣᠭᠲᠠᠭᠠᠯ ᠢᠶᠠᠷ | ᠯᠠᠪᠯᠠᠯᠲᠠ ᠪᠣᠯᠭᠠᠨ ᠬᠡᠷᠡᠭᠵᠢᠭᠦᠯᠦᠨ᠎ᠡ᠃ ᠵᠣᠴᠢᠯᠠᠭᠤᠯᠬᠤ ᠡᠲᠡᠭᠡᠳ ᠨᠢ 5 ᠬᠥᠮᠦᠨ ︵ᠪᠠᠭᠲᠠᠨ᠎ᠠ︶ ᠤᠨ ᠳᠣᠲᠣᠷ᠎ᠠ | ᠪᠣᠯ᠂ ᠬᠠᠮᠲᠤ ᠬᠤᠭᠤᠯᠠ ᠢᠳᠡᠬᠦ ᠬᠥᠮᠦᠨ ᠤ ᠲᠤᠭ᠎ᠠ ᠨᠢ ᠲᠡᠩᠴᠡᠭᠦᠦ ᠪᠠᠶᠢᠵᠤ ᠪᠣᠯᠤᠨ᠎ᠠ︔ ᠬᠦᠯᠢᠶᠡᠨ | ᠵᠣᠴᠢᠯᠠᠭᠤᠯᠬᠤ ᠡᠲᠡᠭᠡᠳ ᠨᠢ 5 ᠬᠥᠮᠦᠨ ᠠᠴᠠ ᠬᠡᠲᠦᠷᠡᠭᠰᠡᠨ ᠪᠠᠶᠢᠪᠠᠯ᠂ ᠬᠠᠮᠲᠤ ᠬᠤᠭᠤᠯᠠ ᠢᠳᠡᠬᠦ ᠬᠥᠮᠦᠨ ᠤ | ᠲᠤᠭ᠎ᠠ ᠶᠢ ᠵᠠᠷᠴᠢᠮ ᠳᠡᠭᠡᠷ᠎ᠡ ᠪᠠᠨ ᠬᠦᠯᠢᠶᠡᠨ ᠵᠣᠴᠢᠯᠠᠭᠤᠯᠬᠤ ᠡᠲᠡᠭᠡᠳ ᠤᠨ ᠬᠤᠶᠠᠷ ᠬᠤᠪᠢ ᠶᠢᠨ ᠨᠢᠭᠡ ᠠᠴᠠ | ᠬᠡᠲᠦᠷᠡᠭᠦᠯᠵᠦ ᠪᠣᠯᠬᠤ ᠦᠭᠡᠶ᠃ ᠳᠤᠷᠠᠰᠬᠠᠯ ᠤᠨ ᠡᠳ᠋ ᠦᠨᠡᠨᠬᠦ ᠬᠦᠷᠭᠡᠬᠦ ᠴᠢᠬᠤᠯᠠᠲᠠᠶ ᠪᠣᠯ ᠳᠤᠷᠠᠰᠬᠠᠯ ᠤᠨ ᠡᠳ᠋ ᠨᠢ | ᠬᠠᠤᠯᠢ ᠴᠠᠭᠠᠵᠠ ᠬᠠᠤᠯᠢ ᠲᠣᠭᠲᠠᠭᠠᠯ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠂ ᠠᠵᠤ ᠠᠬᠤᠶᠢᠯᠠᠯ ᠤᠨ | ᠳᠦᠷᠢ ᠲᠥᠷᠬᠦ ᠶᠢ ᠤᠬᠠᠭᠤᠯᠬᠤ᠂ ᠠᠵᠤ ᠠᠬᠤᠶᠢᠯᠠᠯ ᠪᠣᠯᠤᠨ ᠭᠠᠵᠠᠷ ᠣᠷᠣᠨ ᠤ ᠰᠣᠶᠣᠯ ᠢ ᠳᠡᠯᠭᠡᠨ ᠦᠵᠡᠭᠦᠯᠬᠦ ᠪᠠᠷ | ᠭᠤᠤᠯ ᠠᠭᠤᠯᠭ᠎ᠠ ᠪᠣᠯᠭᠠᠵᠤ᠂ ᠳᠤᠷᠠᠰᠬᠠᠯ ᠤᠨ ᠡᠳ᠋ ᠬᠦᠷᠭᠡᠬᠦ ᠦᠨ᠎ᠡ ᠬᠠᠩᠰᠢ ᠨᠢ 200 ᠲᠥᠭᠦᠷᠢᠭ ᠠᠴᠠ | ᠬᠡᠲᠦᠷᠡᠵᠦ ᠪᠣᠯᠬᠤ ᠦᠭᠡᠶ᠃ ᠪᠡᠯᠡᠨ ᠵᠣᠭᠤᠰ ᠪᠣᠯᠤᠨ ᠪᠠᠷᠠᠭ᠎ᠠ ᠬᠤᠳᠠᠯᠳᠤᠨ ᠠᠪᠬᠤ ᠺᠠᠷᠲ᠂ ᠬᠡᠷᠡᠭᠯᠡᠭᠡᠨ ᠤ ᠺᠠᠷᠲ᠂ | ᠬᠤᠳᠠᠯᠳᠤᠭᠠᠨ ᠤ ᠤᠷᠢᠳᠴᠢᠯᠠᠨ ᠥᠭᠬᠦ ᠺᠠᠷᠲ ᠵᠡᠷᠭᠡ ᠡᠯ᠎ᠡ ᠵᠦᠢᠯ ᠤᠨ ᠦᠨᠡᠲᠦ ᠲᠡᠮᠳᠡᠭᠲᠦ᠂ ᠵᠣᠭᠤᠰ ᠥᠭᠬᠦ | ᠭᠡᠷᠡᠴᠢ ᠪᠠᠷᠢᠮᠲᠠ ᠵᠢᠴᠢ ᠦᠨᠡᠲᠡᠢ ᠡᠳ ᠪᠣᠳᠠᠰ ᠵᠡᠷᠭᠡ ᠶᠢ ᠪᠡᠯᠡᠭᠯᠡᠨ ᠬᠦᠷᠭᠡᠬᠦ ᠶᠢ ᠴᠢᠩᠭ᠎ᠠ ᠴᠠᠭᠠᠵᠠᠯᠠᠬᠤ ᠬᠡᠷᠡᠭᠲᠡᠶ᠃ | ᠪᠤᠰᠤᠳ ᠠᠯᠪᠠᠨ ᠶᠠᠪᠤᠳᠠᠯ ᠤᠨ ᠬᠦᠯᠢᠶᠡᠨ ᠵᠣᠴᠢᠯᠠᠬᠤ ᠠᠵᠢᠯᠯᠠᠭ᠎ᠠ ᠶᠢ ᠨᠠᠮ ᠵᠠᠰᠠᠭ ᠤᠨ ᠪᠠᠶᠢᠭᠤᠯᠤᠯᠭ᠎ᠠ ᠶᠢᠨ | ᠠᠯᠪᠠᠨ ᠶᠠᠪᠤᠳᠠᠯ ᠤᠨ ᠬᠦᠯᠢᠶᠡᠨ ᠵᠣᠴᠢᠯᠠᠬᠤ ᠬᠠᠮᠢᠶᠠᠷᠤᠯᠲᠠ ᠶᠢᠨ ᠬᠠᠮᠢᠶ᠎ᠠ ᠪᠦᠬᠦᠢ ᠲᠣᠭᠲᠠᠭᠠᠯ ᠤᠨ ᠱᠠᠭᠠᠷᠳᠠᠯᠭ᠎ᠠ ᠪᠠᠷ | ᠯᠠᠪᠯᠠᠯᠲᠠ ᠪᠣᠯᠭᠠᠨ ᠬᠡᠷᠡᠭᠵᠢᠭᠦᠯᠵᠦ᠂ ᠳᠤᠷᠠᠰᠬᠠᠯ ᠤᠨ ᠡᠳ᠋ ᠬᠦᠷᠭᠡᠵᠦ ᠪᠣᠯᠬᠤ ᠦᠭᠡᠶ᠃ | ᠬᠤᠷᠢᠨ ᠨᠢᠭᠡᠳᠦᠭᠡᠷ ᠵᠦᠢᠯ ᠠᠵᠤ ᠠᠬᠤᠶᠢᠯᠠᠯ ᠤᠨ ᠬᠠᠷᠢᠭᠤᠴᠠᠯᠭᠠᠲᠠᠨ ᠳᠤ ᠲᠤᠬᠠᠶᠢᠯᠠᠭᠰᠠᠨ ᠠᠵᠢᠯ ᠤᠨ | ᠦᠢᠯᠡᠴᠢᠯᠡᠭᠡ ᠬᠢᠬᠦ ᠳᠤ ᠪᠤᠶ ᠪᠣᠯᠤᠭᠰᠠᠨ ᠵᠠᠷᠤᠳᠠᠯ ᠢ ᠠᠵᠤ ᠠᠬᠤᠶᠢᠯᠠᠯ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ | ᠴᠠᠭ ᠲᠤᠬᠠᠶ ᠳᠤᠨᠢ ᠳ᠋ᠦᠩᠨᠡᠨ ᠪᠣᠳᠣᠬᠤ ᠬᠡᠷᠡᠭᠲᠡᠶ᠃ ᠲᠤᠬᠠᠶᠢᠯᠠᠭᠰᠠᠨ ᠠᠵᠢᠯ ᠤᠨ ᠵᠣᠴᠢᠯᠠᠬᠤ ᠵᠠᠷᠤᠳᠠᠯ ᠢ | ᠳᠠᠩᠰᠠᠨ ᠠᠴᠠ ᠭᠠᠷᠭᠠᠬᠤ ᠳᠤ ᠳᠣᠲᠣᠭᠠᠳᠤ ᠬᠢᠨᠠᠨ ᠬᠠᠷᠭᠤᠭᠤᠯᠬᠤ ᠴᠤᠪᠤᠷᠠᠯ᠂ ᠪᠠᠷᠢᠮᠲᠠ ᠵᠢᠴᠢ ᠵᠠᠷᠤᠳᠠᠯ ᠤᠨ ᠨᠠᠷᠢᠨ | ᠲᠣᠳᠣᠷᠬᠠᠶ ᠬᠠᠭᠤᠳᠠᠰᠤ ᠬᠠᠩᠭᠠᠬᠤ ᠶᠢᠨ ᠬᠠᠮᠲᠤ ᠵᠣᠴᠢᠯᠠᠬᠤ ᠤᠴᠢᠷ ᠰᠢᠯᠲᠠᠭᠠᠨ ᠢ ᠲᠣᠳᠣᠷᠬᠠᠶᠢᠯᠠᠬᠤ ᠬᠡᠷᠡᠭᠲᠡᠶ᠃ | ᠲᠤᠬᠠᠶᠢᠯᠠᠭᠰᠠᠨ ᠠᠵᠢᠯ ᠤᠨ ᠵᠣᠴᠢᠯᠠᠬᠤ ᠵᠠᠷᠤᠳᠠᠯ ᠢ ᠳᠠᠩᠰᠠᠨ ᠠᠴᠠ ᠲᠠᠶᠢᠯᠬᠤ ᠠᠭᠤᠯᠭ᠎ᠠ ᠨᠢ ᠲᠤᠬᠠᠶᠢᠯᠠᠭᠰᠠᠨ | ᠠᠵᠢᠯ ᠤᠨ ᠵᠣᠴᠢᠯᠠᠬᠤ ᠠᠵᠢᠯᠯᠠᠭ᠎ᠠ ᠶᠢᠨ ᠠᠭᠤᠯᠭ᠎ᠠ ᠯᠤᠭ᠎ᠠ ᠨᠢᠭᠡᠳᠦᠯᠲᠡᠶ ᠪᠠᠶᠢᠯᠭᠠᠵᠤ᠂ ᠲᠤᠬᠠᠶᠢᠯᠠᠭᠰᠠᠨ ᠠᠵᠢᠯ ᠤᠨ | ᠵᠣᠴᠢᠯᠠᠬᠤ ᠵᠠᠷᠤᠳᠠᠯ ᠢ ᠬᠤᠷᠠᠯ᠂ ᠪᠣᠯᠪᠠᠰᠤᠷᠠᠭᠤᠯᠤᠯ᠂ ᠪᠠᠶᠢᠴᠠᠭᠠᠨ ᠰᠤᠳᠤᠯᠬᠤ ᠵᠡᠷᠭᠡ ᠵᠠᠷᠤᠳᠠᠯ ᠤᠨ ᠨᠡᠷ᠎ᠡ ᠪᠠᠷ | ᠬᠠᠭᠤᠷᠮᠠᠭ ᠢᠶᠠᠷ ᠵᠢᠭᠰᠠᠭᠠᠵᠤ᠂ ᠨᠢᠭᠤᠨ ᠳᠠᠯᠳᠠᠯᠠᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃ | ᠵᠢᠷᠭᠤᠳᠤᠭᠠᠷ ᠪᠦᠯᠦᠭ ᠤᠯᠤᠰ ᠤᠨ ᠳᠣᠲᠣᠭᠠᠳᠤ ᠶᠢᠨ ᠭᠠᠳᠠᠭᠰᠢ ᠶᠠᠪᠤᠬᠤ ᠪᠠ ᠠᠯᠪᠠᠨ ᠶᠠᠪᠤᠳᠠᠯ ᠢᠶᠠᠷ ᠲᠦᠷ | ᠤᠯᠤᠰ ︵ᠬᠢᠯᠢ︶ ᠠᠴᠠ ᠭᠠᠷᠴᠤ ᠬᠠᠮᠢᠶᠠᠷᠬᠤ | ᠬᠤᠷᠢᠨ ᠬᠤᠶᠠᠳᠤᠭᠠᠷ ᠵᠦᠢᠯ ᠠᠵᠤ ᠠᠬᠤᠶᠢᠯᠠᠯ ᠨᠢ ᠤᠯᠤᠰ᠂ ᠥᠪᠡᠷᠲᠡᠭᠡᠨ ᠵᠠᠰᠠᠬᠤ ᠣᠷᠣᠨ᠂ ᠦᠬᠠᠶ | ᠬᠤᠲᠠ ᠵᠢᠴᠢ ᠬᠠᠶᠢᠨᠠᠨ ᠲᠣᠭᠤᠷᠢᠭ ᠤᠨ ᠬᠤᠯᠪᠣᠭᠳᠠᠯ ᠪᠦᠬᠦᠢ ᠲᠣᠭᠲᠠᠭᠠᠯ ᠪᠣᠯᠤᠨ ᠡᠳ᠋ ᠤᠨ ᠶᠠᠪᠤᠳᠠᠯ ᠤᠨ | ᠨᠢᠭᠲᠠᠯᠠᠨ ᠪᠣᠳᠣᠬᠤ ᠳᠦᠷᠢᠮ ᠤᠨ ᠱᠠᠭᠠᠷᠳᠠᠯᠭ᠎ᠠ ᠶᠣᠰᠣᠭᠠᠷ᠂ ᠠᠵᠤ ᠠᠬᠤᠶᠢᠯᠠᠯ ᠤᠨ ᠦᠢᠯᠡᠳᠪᠦᠷᠢᠯᠡᠯ | ᠡᠵᠡᠩᠨᠡᠯᠲᠡ ᠶᠢᠨ ᠪᠣᠳᠠᠲᠠᠶ ᠲᠠᠢ ᠪᠠᠨ ᠤᠶᠠᠯᠳᠤᠭᠤᠯᠵᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠤᠯᠤᠰ ᠤᠨ | ᠳᠣᠲᠣᠭᠠᠳᠤ ᠶᠢᠨ ᠠᠶᠠᠯᠠᠯ ᠪᠠ ᠠᠯᠪᠠᠨ ᠶᠠᠪᠤᠳᠠᠯ ᠢᠶᠠᠷ ᠲᠦᠷ ᠤᠯᠤᠰ ︵ᠬᠢᠯᠢ︶ ᠤᠨ ᠬᠠᠮᠢᠶᠠᠷᠤᠯᠲᠠ ᠶᠢᠨ ᠳᠦᠷᠢᠮ ᠢ | ᠪᠠᠶᠢᠭᠤᠯᠵᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠲᠥᠷᠥᠯ | ᠬᠡᠯᠪᠡᠷᠢ ᠪᠠ ᠵᠡᠷᠭᠡ ᠳᠡᠰ᠂ ᠬᠤᠨᠣᠭᠯᠠᠬᠤ᠂ ᠬᠤᠭᠤᠯᠠ ᠢᠳᠡᠬᠦ ᠵᠡᠷᠭᠡ ᠪᠠᠷᠢᠮᠵᠢᠶ᠎ᠠ ᠶᠢ ᠵᠦᠢ ᠵᠣᠬᠢᠰᠲᠠᠶ ᠲᠣᠭᠲᠠᠭᠠᠬᠤ | ᠬᠡᠷᠡᠭᠲᠡᠶ᠃ ᠵᠠᠷᠤᠳᠠᠯ ᠢ ᠪᠠᠶᠢᠭ᠎ᠠ ᠠᠵᠤ ᠠᠬᠤᠶᠢᠯᠠᠯ ᠠᠴᠠ ᠡᠭᠦᠷᠭᠡᠯᠡᠵᠦ᠂ ᠪᠡᠯᠡ ᠭᠠᠷᠭᠠᠭᠰᠠᠨ ᠠᠵᠤ ᠠᠬᠤᠶᠢᠯᠠᠯ ᠪᠤᠶᠤ | ᠪᠤᠰᠤᠳ ᠨᠢᠭᠡᠴᠢ ᠳᠤ ᠰᠢᠯᠵᠢᠭᠦᠯᠦᠨ ᠥᠭᠬᠦ ᠶᠢ ᠴᠢᠩᠭ᠎ᠠ ᠴᠠᠭᠠᠵᠠᠯᠠᠨ᠎ᠠ᠃ | ᠦᠨᠡᠨᠬᠦ ᠣᠨᠴᠣᠭᠤᠶ ᠰᠢᠯᠲᠠᠭᠠᠨ ᠠᠴᠠ ᠪᠣᠯᠣᠭᠠᠳ ᠲᠣᠭᠲᠠᠭᠠᠭᠰᠠᠨ ᠳᠡᠰ ᠠᠴᠠ ᠳᠠᠪᠠᠭᠤᠯᠤᠨ ᠵᠠᠮ | ᠬᠠᠷᠢᠯᠴᠠᠭᠠᠨ ᠤ ᠪᠠᠭᠠᠵᠢ ᠳᠤ ᠰᠠᠭᠤᠬᠤ ᠴᠢᠬᠤᠯᠠ ᠲᠠᠢ ᠪᠥᠭᠡᠳ ᠪᠣᠳᠠᠲᠠᠶ ᠬᠢ ᠶᠢ ᠨᠢ ᠦᠨᠳᠦᠰᠦᠯᠡᠨ ᠳᠠᠩᠰᠠ | ᠲᠠᠶᠢᠯᠬᠤ ᠳᠤ ᠬᠦᠷᠪᠡᠯ᠂ ᠠᠵᠤ ᠠᠬᠤᠶᠢᠯᠠᠯ ᠤᠨ ᠳᠣᠲᠣᠭᠠᠳᠤ ᠶᠢᠨ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠢ | ᠭᠦᠢᠴᠡᠳᠬᠡᠵᠦ᠂ ᠪᠦᠷᠢᠳᠬᠡᠨ ᠳᠠᠩᠰᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ | ᠬᠤᠷᠢᠨ ᠭᠤᠷᠪᠠᠳᠤᠭᠠᠷ ᠵᠦᠢᠯ ᠠᠵᠤ ᠠᠬᠤᠶᠢᠯᠠᠯ ᠤᠨ ᠬᠠᠷᠢᠭᠤᠴᠠᠯᠭᠠᠲᠠᠨ ᠤᠯᠤᠰ ᠤᠨ ᠳᠣᠲᠣᠭᠠᠳᠤ ᠶᠢᠨ | ᠠᠯᠪᠠᠨ ᠶᠠᠪᠤᠳᠠᠯ ᠢᠶᠠᠷ ᠭᠠᠳᠠᠭᠰᠢ ᠭᠠᠷᠴᠤ ᠲᠣᠮᠢᠯᠠᠬᠤ ᠭᠠᠷᠳᠠᠮ ᠢ ᠴᠢᠩᠭ᠎ᠠ ᠭᠦᠢᠴᠡᠳᠬᠡᠵᠦ᠂ ᠣᠷᠣᠨ ᠤ ᠡᠳ᠋ ᠤᠨ | ᠵᠠᠰᠠᠭ ᠤᠨ ᠲᠣᠪᠴᠢᠶ᠎ᠠ ︵ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ︶ | ᠳᠤ ᠮᠡᠳᠡᠭᠦᠯᠦᠨ ᠬᠢᠨᠠᠨ ᠵᠥᠪᠰᠢᠶᠡᠷᠡᠭᠦᠯᠦᠭᠰᠡᠨ ᠤ ᠳᠠᠷᠠᠭ᠎ᠠ ᠭᠠᠳᠠᠭᠰᠢ ᠭᠠᠷᠬᠤ ᠬᠡᠷᠡᠭᠲᠡᠢ᠃ ᠤᠯᠤᠰ ᠤᠨ | ᠳᠣᠲᠣᠭᠠᠳᠤ ᠶᠢᠨ ᠭᠠᠳᠠᠭᠰᠢ ᠭᠠᠷᠴᠤ ᠰᠢᠯᠭᠠᠨ ᠪᠠᠶᠢᠴᠠᠭᠠᠬᠤ ᠳᠠᠭᠠᠨ ᠳᠠᠭᠠᠵᠤ ᠶᠠᠪᠤᠭ᠎ᠠ ᠬᠥᠮᠦᠰ ᠤᠨ ᠲᠤᠭ᠎ᠠ | ᠬᠡᠮᠵᠢᠶ᠎ᠡ ᠶᠢ ᠴᠢᠩᠭ᠎ᠠ ᠬᠢᠵᠠᠭᠠᠷᠯᠠᠵᠤ᠂ ᠦᠢᠯᠡᠳᠪᠦᠷᠢᠯᠡᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ᠂ ᠮᠥᠨ | ᠴᠢᠨᠠᠷ ᠤᠨ ᠠᠭᠤᠯᠭ᠎ᠠ ᠦᠭᠡᠶ ᠵᠢᠭᠤᠯᠴᠢᠯᠠᠯ᠂ ᠰᠢᠯᠭᠠᠨ ᠪᠠᠶᠢᠴᠠᠭᠠᠬᠤ ᠠᠵᠢᠯᠯᠠᠭ᠎ᠠ ᠶᠢ ᠴᠢᠩᠭ᠎ᠠ ᠴᠠᠭᠠᠵᠠᠯᠠᠵᠤ᠂ | ᠠᠯᠪᠠᠨ ᠤ ᠵᠣᠭᠤᠰ ᠢᠶᠠᠷ ᠪᠤᠶᠤ ᠬᠡᠯᠪᠡᠷᠢ ᠶᠢ ᠨᠢ ᠥᠭᠡᠷᠡᠲᠡᠭᠦᠯᠦᠨ ᠠᠯᠪᠠᠨ ᠤ ᠵᠣᠭᠤᠰ ᠢᠶᠠᠷ ᠵᠢᠭᠤᠯᠴᠢᠯᠠᠬᠤ ᠶᠢ | ᠴᠢᠩᠭ᠎ᠠ ᠴᠠᠭᠠᠵᠠᠯᠠᠬᠤ ᠬᠡᠷᠡᠭᠲᠡᠶ᠃ | ᠬᠤᠷᠢᠨ ᠳᠥᠷᠪᠡᠳᠦᠭᠡᠷ ᠵᠦᠢᠯ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠢ ᠠᠯᠪᠠᠨ ᠶᠠᠪᠤᠳᠠᠯ ᠢᠶᠠᠷ | ᠭᠠᠳᠠᠭᠠᠳᠤ ᠳᠤ ︵ᠬᠢᠯᠢ︶ ᠭᠠᠷᠬᠤ ᠬᠠᠮᠢᠶᠠᠷᠤᠯᠲᠠ ᠶᠢᠨ ᠳᠦᠷᠢᠮ ᠪᠣᠯᠤᠨ ᠡᠭᠦᠷᠭᠡ ᠶᠢᠨ ᠲᠣᠬᠢᠷᠠᠭᠤᠯᠤᠯᠲᠠ ᠶᠢ | ᠴᠢᠩᠭ᠎ᠠ ᠬᠡᠷᠡᠭᠵᠢᠭᠦᠯᠬᠦ ᠬᠡᠷᠡᠭᠲᠡᠶ᠂ ᠠᠯᠪᠠᠨ ᠶᠠᠪᠤᠳᠠᠯ ᠢᠶᠠᠷ ᠭᠠᠳᠠᠭᠠᠳᠤ ︵ᠬᠢᠯᠢ︶ ᠭᠠᠷᠬᠤ ᠡᠭᠦᠷᠭᠡ ᠯᠦᠭᠡ ᠬᠠᠮᠢᠶ᠎ᠠ | ᠦᠭᠡᠶ ᠬᠥᠮᠦᠰ ᠢ ᠲᠣᠬᠢᠷᠠᠭᠤᠯᠤᠨ ᠳᠠᠭᠠᠭᠤᠯᠵᠤ ᠪᠣᠯᠬᠤ ᠦᠭᠡᠶ᠂ ᠶᠠᠮᠠᠷᠪᠠ ᠰᠢᠯᠲᠠᠭᠠᠨ ᠢᠶᠠᠷ ᠲᠣᠭᠤᠷᠢᠨ ᠠᠶᠠᠯᠠᠵᠤ | ᠪᠣᠯᠬᠤ ᠦᠭᠡᠶ᠂ ᠡᠰᠡᠬᠦᠯ᠎ᠡ ᠬᠢᠯᠢ ᠥᠩᠭᠡᠷᠡᠬᠦ ᠨᠡᠷ᠎ᠡ ᠪᠠᠷ ᠬᠡᠯᠪᠡᠷᠢ ᠶᠢ ᠨᠢ ᠥᠭᠡᠷᠡᠲᠡᠭᠦᠯᠦᠨ ᠤᠯᠤᠰ ᠪᠠ ᠭᠠᠵᠠᠷ | ᠣᠷᠣᠨ ᠳᠤ ᠠᠶᠢᠯᠴᠢᠯᠠᠵᠤ ᠪᠣᠯᠬᠤ ᠦᠭᠡᠶ᠂ ᠤᠴᠢᠷ ᠰᠢᠯᠲᠠᠭᠠᠨ ᠦᠭᠡᠶ ᠪᠠᠷ ᠠᠯᠪᠠᠨ ᠶᠠᠪᠤᠳᠠᠯ ᠢᠶᠠᠷ ᠭᠠᠳᠠᠭᠠᠳᠤ ᠳᠤ | ᠭᠠᠷᠬᠤ ︵ᠬᠢᠯᠢ︶ ᠴᠠᠭ ᠬᠤᠭᠤᠴᠠᠭ᠎ᠠ ᠶᠢ ᠤᠷᠲᠤᠳᠬᠠᠵᠤ ᠪᠣᠯᠬᠤ ᠦᠭᠡᠶ᠃ | ᠬᠤᠷᠢᠨ ᠲᠠᠪᠤᠳᠤᠭᠠᠷ ᠵᠦᠢᠯ ᠠᠵᠤ ᠠᠬᠤᠶᠢᠯᠠᠯ ᠨᠢ ᠤᠯᠤᠰ ︵ᠬᠢᠯᠢ︶ ᠠᠴᠠ ᠭᠠᠳᠠᠨ᠎ᠠ ᠬᠦᠯᠢᠶᠡᠨ ᠠᠪᠬᠤ | ᠠᠵᠢᠯ ᠢ ᠴᠢᠩᠭ᠎ᠠ ᠵᠢᠷᠤᠮᠵᠢᠭᠤᠯᠵᠤ᠂ ᠪᠠᠷᠢᠮᠵᠢᠶ᠎ᠠ ᠠᠴᠠ ᠬᠡᠲᠦᠷᠡᠭᠦᠯᠦᠨ ᠬᠦᠯᠢᠶᠡᠨ ᠠᠪᠬᠤ ᠶᠢ ᠴᠢᠩᠭ᠎ᠠ ᠴᠠᠭᠠᠵᠠᠯᠠᠬᠤ | ᠬᠡᠷᠡᠭᠲᠡᠶ᠃ | ᠳᠣᠯᠣᠳᠤᠭᠠᠷ ᠪᠦᠯᠦᠭ ᠴᠢᠮᠡᠭᠡ ᠬᠤᠯᠪᠣᠭᠠᠨ ᠤ ᠵᠠᠷᠤᠳᠠᠯ ᠤᠨ ᠬᠠᠮᠢᠶᠠᠷᠤᠯᠲᠠ | ᠬᠤᠷᠢᠨ ᠵᠢᠷᠭᠤᠳᠤᠭᠠᠷ ᠵᠦᠢᠯ ᠴᠢᠮᠡᠭᠡ ᠬᠤᠯᠪᠣᠭᠠᠨ ᠤ ᠵᠠᠷᠤᠳᠠᠯ ᠳᠤ ᠠᠵᠤ ᠠᠬᠤᠶᠢᠯᠠᠯ ᠤᠨ | ᠬᠠᠷᠢᠭᠤᠴᠠᠯᠭᠠᠲᠠᠨ ᠤ ᠠᠯᠪᠠᠨ ᠶᠠᠪᠤᠳᠠᠯ ᠤᠨ ᠠᠵᠢᠯᠯᠠᠭ᠎ᠠ ᠬᠢᠬᠦ ᠳᠤ ᠪᠤᠶ ᠪᠣᠯᠤᠭᠰᠠᠨ ᠰᠢᠯᠵᠢᠮᠡᠯ ᠴᠢᠮᠡᠭᠡ | ᠬᠤᠯᠪᠣᠭᠠᠨ ᠤ ᠵᠠᠷᠤᠳᠠᠯ ᠪᠣᠯᠤᠨ ᠣᠷᠣᠨ ᠰᠠᠭᠤᠴᠠ ᠶᠢᠨ ᠴᠢᠮᠡᠭᠡ ᠬᠤᠯᠪᠣᠭᠠᠨ ᠤ ᠵᠠᠷᠤᠳᠠᠯ ᠪᠠᠭᠲᠠᠨ᠎ᠠ᠃ ᠠᠵᠤ | ᠠᠬᠤᠢ ᠶᠢᠨ ᠨᠢᠭᠡᠴᠡ ᠶᠢᠨ ᠬᠠᠷᠢᠭᠤᠴᠠᠯᠭᠠᠭᠠᠲᠠᠨ ᠤ ᠬᠤᠯᠪᠣᠭᠠᠨ ᠤ ᠵᠠᠷᠤᠳᠠᠯ ᠨᠢ ᠬᠢᠵᠠᠭᠠᠷᠯᠠᠭᠰᠠᠨ ᠲᠣᠭᠠᠨ ᠤ | ᠬᠦᠷᠢᠶᠡᠨ ᠳᠤ ᠪᠣᠳᠠᠲᠤ ᠪᠠᠶᠢᠳᠠᠯ ᠢ ᠦᠨᠳᠦᠰᠦᠯᠡᠨ ᠳᠠᠩᠰᠠᠨ ᠠᠴᠠ ᠲᠠᠶᠢᠯᠬᠤ᠃ ᠠᠵᠤ ᠠᠬᠤᠶᠢᠯᠠᠯ ᠶᠠᠮᠠᠷᠪᠠ | ᠨᠡᠷ᠎ᠡ ᠪᠠᠷ ᠠᠵᠤ ᠠᠬᠤᠶᠢᠯᠠᠯ ᠤᠨ ᠬᠠᠷᠢᠭᠤᠴᠠᠯᠭᠠᠲᠠᠨ ᠳᠤ ᠴᠢᠮᠡᠭᠡ ᠬᠤᠯᠪᠣᠭᠠᠨ ᠤ ᠨᠥᠬᠦᠪᠥᠷᠢ ᠣᠯᠭᠤᠵᠤ ᠪᠣᠯᠬᠤ | ᠦᠭᠡᠶ᠃ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ ᠤ ᠴᠢᠮᠡᠭᠡ ᠬᠤᠯᠪᠣᠭᠠᠨ ᠤ ᠵᠠᠷᠤᠳᠠᠯ ᠢ ᠰᠠᠷ᠎ᠠ ᠪᠦᠷᠢ | ᠬᠥᠮᠦᠨ ᠪᠦᠷᠢ ᠳᠤ 320 ᠲᠥᠭᠦᠷᠢᠭ ᠠᠴᠠ ᠬᠡᠲᠦᠷᠡᠭᠦᠯᠵᠦ ᠪᠣᠯᠬᠤ ᠦᠭᠡᠶ᠂ ᠪᠤᠰᠤᠳ ᠤᠳᠤᠷᠢᠳᠬᠤ ᠬᠥᠮᠦᠰ ᠤᠨ | ᠴᠢᠮᠡᠭᠡ ᠬᠤᠯᠪᠣᠭᠠᠨ ᠤ ᠵᠠᠷᠤᠳᠠᠯ ᠢ ᠰᠠᠷ᠎ᠠ ᠪᠦᠷᠢ 220 ᠲᠥᠭᠦᠷᠢᠭ / ᠬᠥᠮᠦᠨ ᠠᠴᠠ ᠬᠡᠲᠦᠷᠡᠭᠦᠯᠵᠦ ᠪᠣᠯᠬᠤ | ᠦᠭᠡᠶ᠃ | ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠰᠣᠩᠭᠤᠨ ᠤᠷᠢᠭᠰᠠᠨ ᠳᠠᠭᠠᠭᠠᠮᠠᠯ ᠤᠨ ᠴᠠᠯᠢᠩ ᠬᠥᠯᠥᠰᠥ ᠶᠢᠨ | ᠪᠦᠷᠢᠯᠳᠦᠯ ᠳᠤ ᠴᠢᠮᠡᠭᠡ ᠬᠤᠯᠪᠣᠭᠠᠨ ᠤ ᠨᠥᠬᠦᠪᠥᠷᠢ ᠶᠢ ᠨᠢᠭᠡᠨᠲᠡ ᠪᠠᠭᠲᠠᠭᠠᠭᠰᠠᠨ ᠪᠣᠯ᠂ ᠳᠡᠬᠢᠵᠦ ᠳᠠᠩᠰᠠ ᠲᠠᠶᠢᠯᠬᠤ | ᠵᠠᠷᠤᠳᠠᠯ ᠪᠤᠶᠤ ᠴᠢᠮᠡᠭᠡ ᠬᠤᠯᠪᠣᠭᠠᠨ ᠤ ᠨᠥᠬᠦᠪᠥᠷᠢ ᠶᠢ ᠠᠰ ᠲᠤᠨᠢ ᠣᠯᠭᠤᠬᠤ ᠦᠭᠡᠶ᠃ | ᠨᠠᠢᠮᠠᠳᠤᠭᠠᠷ ᠪᠦᠯᠦᠭ ᠲᠥᠰᠥᠪ ᠤᠨ ᠬᠠᠮᠢᠶᠠᠷᠤᠯᠲᠠ | ᠬᠤᠷᠢᠨ ᠳᠣᠯᠣᠳᠤᠭᠠᠷ ᠵᠦᠢᠯ ᠲᠥᠰᠦᠪ ᠤᠨ ᠬᠠᠮᠢᠶᠠᠷᠤᠯᠲᠠ ᠭᠡᠳᠡᠭ ᠨᠢ ᠠᠵᠤ ᠠᠬᠤᠶᠢᠯᠠᠯ ᠤᠳ ᠠᠵᠤ | ᠠᠬᠤᠶᠢᠯᠠᠯ ᠤᠨ ᠡᠳ᠋ ᠤᠨ ᠶᠠᠪᠤᠳᠠᠯ ᠤᠨ ᠲᠥᠰᠦᠪ ᠤᠨ ᠬᠠᠮᠢᠶᠠᠷᠤᠯᠲᠠ ᠶᠢᠨ ᠬᠠᠮᠢᠶ᠎ᠠ ᠪᠦᠬᠦᠢ ᠲᠣᠭᠲᠠᠭᠠᠯ ᠶᠣᠰᠣᠭᠠᠷ᠂ | ᠠᠵᠤ ᠠᠬᠤᠶᠢᠯᠠᠯ ᠤᠨ ᠣᠨ ᠤ ᠦᠢᠯᠡᠳᠪᠦᠷᠢᠯᠡᠯ ᠡᠵᠡᠩᠨᠡᠯᠲᠡ ᠶᠢᠨ ᠪᠣᠳᠠᠲᠤ ᠪᠠᠶᠢᠳᠠᠯ ᠢ ᠦᠨᠳᠦᠰᠦᠯᠡᠨ᠂ ᠠᠵᠤ | ᠠᠬᠤᠶᠢᠯᠠᠯ ᠤᠨ ᠬᠠᠷᠢᠭᠤᠴᠠᠯᠭᠠᠲᠠᠨ ᠤ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠴᠡᠭᠡ ᠲᠠᠢ | ᠤᠶᠠᠯᠳᠤᠭᠤᠯᠵᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠣᠯᠭᠤᠮᠵᠢ᠂ | ᠲᠤᠬᠠᠶᠢᠯᠠᠭᠰᠠᠨ ᠠᠵᠢᠯ ᠤᠨ ᠵᠠᠷᠤᠯᠭ᠎ᠠ ᠶᠢᠨ ᠣᠨ ᠤ ᠵᠠᠷᠤᠳᠠᠯ ᠤᠨ ᠬᠢᠷᠢ ᠬᠡᠮᠵᠢᠶ᠎ᠡ ᠶᠢᠨ ᠵᠢᠱᠢᠯᠲᠡ ᠪᠠᠷ | ᠲᠣᠬᠢᠷᠠᠭᠤᠯᠬᠤ ᠪᠠ ᠡᠵᠡᠮᠳᠡᠵᠦ ᠬᠢᠨᠠᠯᠲᠠ ᠲᠠᠯᠪᠢᠬᠤ ᠶᠢ ᠵᠢᠭᠠᠵᠤ ᠪᠤᠶ᠃ | ᠬᠤᠷᠢᠨ ᠨᠠᠢᠮᠠᠳᠤᠭᠠᠷ ᠵᠦᠢᠯ ᠠᠵᠤ ᠠᠬᠤᠶᠢᠯᠠᠯ ᠨᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠣᠯᠭᠤᠮᠵᠢ᠂ ᠲᠤᠬᠠᠶᠢᠯᠠᠭᠰᠠᠨ ᠠᠵᠢᠯ ᠤᠨ ᠵᠠᠷᠤᠯᠭ᠎ᠠ ᠳᠤ ᠣᠨ ᠤ ᠲᠥᠰᠦᠪ ᠤᠨ | ᠬᠠᠮᠢᠶᠠᠷᠤᠯᠲᠠ ᠶᠢ ᠬᠡᠷᠡᠭᠵᠢᠭᠦᠯᠵᠦ᠂ ᠣᠨ᠂ ᠲᠥᠷᠥᠯ ᠵᠦᠢᠯ᠂ ᠠᠵᠢᠯᠲᠠᠨ ᠤ ᠶᠣᠰᠣᠭᠠᠷ ᠲᠥᠰᠦᠪ ᠨᠠᠶᠢᠷᠠᠭᠤᠯᠤᠨ | ᠵᠣᠬᠢᠶᠠᠵᠤ᠂ ᠵᠢᠯ ᠪᠦᠷᠢ ᠶᠢᠨ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠡᠯᠡ ᠭᠠᠷᠭᠠᠭᠴᠢ ᠶᠢᠨ ᠡᠭᠦᠷᠭᠡ | ᠬᠠᠷᠢᠭᠤᠴᠠᠯᠭ᠎ᠠ ᠶᠢ ᠭᠦᠢᠴᠡᠳᠬᠡᠬᠦ ᠪᠠᠶᠢᠭᠤᠯᠤᠮᠵᠢ ᠳᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠂ ᠳᠠᠩᠰᠠᠯᠠᠭᠤᠯᠬᠤ | ᠮᠡᠳᠡᠭᠦᠯᠦᠯᠲᠡ ᠶᠢᠨ ᠭᠤᠤᠯ ᠠᠭᠤᠯᠭ᠎ᠠ ᠳᠤ᠄ | ︵ᠨᠢᠭᠡ᠂ ᠲᠤᠰ ᠵᠢᠯ ᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠬᠠᠷᠠᠭᠠᠯᠵᠠᠯ᠂ ᠲᠤᠬᠠᠶᠢᠯᠠᠭᠰᠠᠨ ᠠᠵᠢᠯ ᠤᠨ ᠵᠠᠷᠤᠯᠭ᠎ᠠ ᠶᠢᠨ ᠲᠥᠰᠦᠪ ᠤᠨ ᠬᠢᠷᠢ ᠲᠦᠪᠰᠢᠨ ᠠᠵᠤ | ᠠᠬᠤᠶᠢᠯᠠᠯ ᠤᠨ ᠬᠠᠷᠢᠭᠤᠴᠠᠯᠭᠠᠲᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠣᠯᠭᠤᠮᠵᠢ᠂ ᠲᠤᠬᠠᠶᠢᠯᠠᠭᠰᠠᠨ | ᠠᠵᠢᠯ ᠤᠨ ᠵᠠᠷᠤᠯᠭ᠎ᠠ ᠶᠢᠨ ᠲᠥᠰᠦᠪ ᠤᠨ ᠶᠡᠷᠦᠩᠬᠡᠶ ᠬᠢᠷᠢ ᠬᠡᠮᠵᠢᠶ᠎ᠡ᠂ ᠠᠵᠤ ᠠᠬᠤᠶᠢᠯᠠᠯ ᠤᠨ ᠬᠠᠷᠢᠭᠤᠴᠠᠯᠭᠠᠲᠠᠨ | ᠠᠯᠪᠠᠨ ᠶᠠᠪᠤᠳᠠᠯ ᠳᠤ ᠬᠡᠷᠡᠭᠯᠡᠬᠦ ᠲᠡᠷᠭᠡ᠂ ᠠᠯᠪᠠᠨ ᠬᠡᠷᠡᠭᠯᠡᠭᠡᠨ ᠤ ᠭᠡᠷ ᠪᠠᠶᠢᠰᠢᠩ᠂ ᠬᠥᠮᠦᠵᠢᠯ ᠪᠣᠯᠪᠠᠰᠤᠷᠠᠭᠤᠯᠤᠯ᠂ | ᠲᠤᠬᠠᠶᠢᠯᠠᠭᠰᠠᠨ ᠠᠵᠢᠯ ᠤᠨ ᠵᠣᠴᠢᠯᠠᠭ᠎ᠠ᠂ ᠭᠠᠳᠠᠭᠰᠢ ᠭᠠᠷᠬᠤ᠂ ᠠᠯᠪᠠᠨ ᠶᠠᠪᠤᠳᠠᠯ ᠢᠶᠠᠷ ᠲᠦᠷ ᠴᠠᠭ ᠭᠠᠳᠠᠭᠠᠳᠤ ᠳᠤ | ᠭᠠᠷᠬᠤ ︵ᠬᠢᠯᠢ︶︶ ᠬᠤᠯᠪᠣᠭ᠎ᠠ ᠠᠪᠬᠤ ᠵᠡᠷᠭᠡ ᠲᠤᠰᠬᠠᠢ ᠲᠥᠷᠥᠯ ᠤᠨ ᠲᠥᠰᠥᠪ ᠤᠨ ᠬᠡᠮᠵᠢᠶ᠎ᠡ᠃ | ︵ᠬᠤᠶᠠᠷ︶ ᠲᠤᠰ ᠵᠢᠯ ᠤᠨ ᠲᠥᠰᠥᠪ ᠢ ᠨᠠᠶᠢᠷᠠᠭᠤᠯᠤᠨ ᠵᠣᠬᠢᠶᠠᠭᠰᠠᠨ ᠪᠠᠶᠢᠳᠠᠯ᠃ ᠲᠤᠰ ᠵᠢᠯ ᠤᠨ ᠠᠵᠤ | ᠠᠬᠤᠶᠢᠯᠠᠯ ᠤᠨ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠣᠯᠭᠤᠮᠵᠢ᠂ ᠲᠤᠬᠠᠶᠢᠯᠠᠭᠰᠠᠨ | ᠠᠵᠢᠯ ᠤᠨ ᠵᠠᠷᠤᠯᠭ᠎ᠠ ᠶᠢᠨ ᠲᠥᠰᠦᠪ ᠤᠨ ᠶᠡᠷᠦᠩᠬᠡᠢ ᠬᠢᠷᠢ ᠬᠡᠮᠵᠢᠶ᠎ᠡ ᠬᠢᠭᠡᠳ ᠠᠵᠤ ᠠᠬᠤᠶᠢᠯᠠᠯ ᠤᠨ ᠡᠵᠡᠩᠨᠡᠯᠲᠡ ᠶᠢᠨ | ᠣᠷᠣᠯᠭ᠎ᠠ ᠪᠠ ᠵᠠᠷᠤᠳᠠᠯ ᠤᠨ ᠵᠠᠷᠤᠯᠭ᠎ᠠ ᠶᠢᠨ ᠲᠥᠰᠦᠪ ᠯᠦᠭᠡ ᠵᠣᠬᠢᠴᠠᠯᠳᠤᠭᠰᠠᠨ ᠪᠠᠶᠢᠳᠠᠯ︔ ᠲᠤᠰ ᠵᠢᠯ ᠤᠨ | ᠲᠥᠰᠦᠪ ᠤᠨ ᠶᠡᠷᠦᠩᠬᠡᠶ ᠬᠢᠷᠢ ᠬᠡᠮᠵᠢᠶ᠎ᠡ ᠶᠢ ᠳᠡᠭᠡᠷ᠎ᠡ ᠵᠢᠯ ᠤᠨ ᠲᠥᠰᠦᠪ ᠤᠨ ᠶᠡᠷᠦᠩᠬᠡᠶ ᠬᠢᠷᠢ ᠬᠡᠮᠵᠢᠶ᠎ᠡ ᠲᠠᠢ | ᠬᠠᠷᠢᠴᠠᠭᠤᠯᠤᠨ ᠵᠠᠳᠠᠯᠤᠨ᠎ᠠ︔ ᠳᠡᠭᠡᠷ᠎ᠡ ᠵᠢᠯ ᠤᠨ ᠲᠥᠰᠦᠪ ᠢ ᠭᠦᠢᠴᠡᠳᠬᠡᠭᠰᠡᠨ ᠪᠠᠶᠢᠳᠠᠯ︔ ᠳᠠᠩᠰᠠᠯᠠᠭᠤᠯᠬᠤ | ᠴᠢᠬᠤᠯᠠᠲᠠᠶ ᠪᠤᠰᠤᠳ ᠪᠠᠶᠢᠳᠠᠯ᠃ | ᠬᠤᠷᠢ ᠶᠢᠰᠦᠳᠦᠭᠡᠷ ᠵᠦᠢᠯ ᠠᠵᠤ ᠠᠬᠤᠶᠢᠯᠠᠯ ᠨᠢ ᠲᠥᠷᠥ ᠶᠢᠨ ᠪᠣᠳᠣᠯᠭ᠎ᠠ ᠶᠢᠨ ᠪᠤᠰᠤ ᠴᠢᠨᠠᠷᠲᠠᠶ ᠠᠯᠳᠠᠭᠳᠠᠯ᠂ | ᠨᠠᠶᠢᠳᠠᠵᠤ ᠬᠠᠮᠢᠶᠠᠷᠤᠭᠤᠯᠤᠭᠰᠠᠨ᠂ ᠳᠠᠬᠢᠨ ᠵᠣᠬᠢᠶᠠᠨ ᠪᠠᠶᠢᠭᠤᠯᠤᠭᠰᠠᠨ ᠬᠦᠴᠢᠷᠳᠡᠯ ᠠᠴᠠ ᠪᠣᠯᠤᠭᠰᠠᠨ ᠵᠢᠴᠢ | ᠠᠵᠢᠯᠲᠠᠨ ᠠᠵᠢᠯᠴᠢᠨ ᠤ ᠴᠠᠯᠢᠩ᠂ ᠨᠡᠶᠢᠭᠡᠮ ᠤᠨ ᠳᠠᠭᠠᠳᠬᠠᠯ ᠤᠨ ᠵᠠᠷᠤᠳᠠᠯ ᠢ ᠥᠷᠢᠲᠦᠵᠦ ᠪᠠᠶᠢᠭ᠎ᠠ ᠪᠣᠯ᠂ ᠳᠠᠷᠠᠭ᠎ᠠ | ᠣᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠣᠯᠭᠤᠮᠵᠢ᠂ ᠲᠤᠬᠠᠶᠢᠯᠠᠭᠰᠠᠨ ᠠᠵᠢᠯ ᠤᠨ ᠵᠠᠷᠤᠯᠭ᠎ᠠ ᠶᠢᠨ | ᠣᠨ ᠤ ᠲᠥᠰᠦᠪ ᠨᠢ ᠳᠡᠭᠡᠷ᠎ᠡ ᠵᠢᠯ ᠤᠨ ᠬᠢ ᠠᠴᠠ 20% ᠬᠠᠰᠤᠭᠳᠠᠵᠤ᠂ ᠡᠭᠦᠨ ᠳᠤ ᠠᠯᠳᠠᠭᠳᠠᠯ ᠲᠠᠢ ᠠᠵᠤ | ᠠᠬᠤᠶᠢᠯᠠᠯ ᠨᠢ ᠠᠵᠢᠯᠲᠠᠨ ᠠᠵᠢᠯᠴᠢᠨ ᠤ ᠴᠠᠯᠢᠩ᠂ ᠨᠡᠶᠢᠭᠡᠮ ᠤᠨ ᠳᠠᠭᠠᠳᠬᠠᠯ ᠤᠨ ᠵᠠᠷᠤᠳᠠᠯ ᠢ ᠥᠷᠢᠲᠦᠵᠦ ᠪᠠᠶᠢᠭ᠎ᠠ | ᠪᠠᠶᠢᠳᠠᠯ ᠤᠨ ᠳᠣᠤᠷ᠎ᠠ᠂ ᠳᠡᠭᠡᠷ᠎ᠡ ᠵᠢᠯ ᠤᠨ ᠬᠢ ᠠᠴᠠ 10% ᠪᠠᠷ ᠬᠠᠰᠤᠵᠤ ᠪᠣᠯᠤᠨ᠎ᠠ᠃ | ᠶᠢᠰᠦᠳᠦᠭᠡᠷ ᠪᠦᠯᠦᠭ ᠬᠢᠨᠠᠯᠲᠠ ᠬᠠᠮᠢᠶᠠᠷᠤᠯᠲᠠ | ᠭᠤᠴᠢᠳᠤᠭᠠᠷ ᠵᠦᠢᠯ ᠪᠡᠯᠡ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠪᠠᠶᠢᠭᠤᠯᠤᠮᠵᠢ ᠨᠢ | ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠡᠭᠦᠷᠭᠡ | ᠲᠤᠰᠢᠶᠠᠯ ᠢᠶᠠᠨ ᠭᠦᠢᠴᠡᠳᠬᠡᠬᠦ ᠣᠯᠭᠤᠮᠵᠢ᠂ ᠲᠤᠬᠠᠶᠢᠯᠠᠭᠰᠠᠨ ᠠᠵᠢᠯ ᠤᠨ ᠵᠠᠷᠤᠯᠭ᠎ᠠ ᠳᠤ ᠬᠢᠨᠠᠯᠲᠠ ᠲᠠᠯᠪᠢᠵᠤ | ᠬᠠᠮᠢᠶᠠᠷᠬᠤ ᠶᠢ ᠬᠡᠷᠡᠭᠵᠢᠭᠦᠯᠦᠨ᠎ᠡ᠃ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠱᠠᠲᠤ ᠳᠠᠷᠠᠭᠠᠯᠠᠨ ᠨᠠᠶᠢᠳᠠᠪᠤᠷᠢᠵᠢᠭᠤᠯᠵᠤ᠂ | ᠱᠠᠲᠤ ᠳᠠᠷᠠᠭᠠᠯᠠᠨ ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠦᠨ᠂ ᠲᠥᠰᠥᠪ ᠤᠨ ᠬᠠᠮᠢᠶᠠᠷᠤᠯᠲᠠ ᠶᠢ | ᠬᠡᠷᠡᠭᠵᠢᠭᠦᠯᠵᠦ᠂ ᠢᠯᠡ ᠲᠣᠳᠣ ᠪᠣᠯᠭᠠᠬᠤ ᠶᠢ ᠠᠬᠢᠭᠤᠯᠤᠨ᠎ᠠ᠃ | ᠭᠤᠴᠢᠨ ᠨᠢᠭᠡᠳᠦᠭᠡᠷ ᠵᠦᠢᠯ ᠠᠵᠤ ᠠᠬᠤᠶᠢᠯᠠᠯ ᠤᠳ ᠲᠣᠰ ᠠᠷᠭ᠎ᠠ ᠶᠢ ᠦᠨᠳᠦᠰᠦᠯᠡᠨ᠂ ᠲᠣᠰ ᠠᠵᠤ | ᠠᠬᠤᠶᠢᠯᠠᠯ ᠤᠨ ᠬᠠᠷᠢᠭᠤᠴᠠᠯᠭᠠᠲᠠᠨ ᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠣᠯᠭᠤᠮᠵᠢ᠂ ᠲᠤᠬᠠᠶᠢᠯᠠᠭᠰᠠᠨ | ᠠᠵᠢᠯ ᠤᠨ ᠵᠠᠷᠤᠯᠭ᠎ᠠ ᠶᠢᠨ ᠬᠠᠮᠢᠶᠠᠷᠤᠯᠲᠠ ᠶᠢᠨ ᠲᠦᠷᠢᠮ ᠢ ᠲᠣᠭᠲᠠᠭᠠᠵᠤ᠂ ᠠᠵᠢᠯᠲᠠᠨ ᠠᠵᠢᠯᠴᠢᠨ ᠤ | ᠲᠥᠯᠥᠭᠡᠯᠡᠭᠴᠢᠳ ᠤᠨ ᠶᠡᠭᠡ ᠬᠤᠷᠠᠯ ᠵᠡᠷᠭᠡ ᠬᠡᠯᠪᠡᠷᠢ ᠪᠠᠷ ᠳᠠᠮᠵᠢᠭᠤᠯᠤᠨ ᠠᠵᠢᠯᠲᠠᠨ ᠠᠵᠢᠯᠴᠢᠨ ᠤ ᠰᠠᠨᠠᠯ ᠢ | ᠭᠦᠢᠴᠡᠳ ᠬᠤᠷᠢᠶᠠᠵᠤ᠂ ᠬᠠᠮᠢᠶᠠᠷᠤᠯᠲᠠ ᠶᠢᠨ ᠲᠣᠭᠲᠠᠭᠠᠯ ᠢ ᠨᠠᠷᠢᠯᠢᠬᠵᠢᠭᠤᠯᠤᠨ᠂ ᠬᠢᠨᠠᠨ ᠬᠠᠷᠭᠤᠭᠤᠯᠬᠤ ᠲᠠᠰ | ᠳᠠᠷᠠᠭᠠᠯᠠᠯ ᠢ ᠴᠢᠩᠳᠠᠯᠠᠵᠤ᠂ ᠬᠠᠮᠢᠶ᠎ᠠ ᠪᠥᠬᠦᠶ ᠪᠠᠷᠢᠮᠵᠢᠶ᠎ᠠ ᠶᠢ ᠲᠣᠳᠣᠷᠬᠠᠶᠢᠯᠠᠬᠤ ᠬᠡᠷᠡᠭᠲᠡᠶ᠃ ᠠᠵᠤ ᠠᠬᠤᠶᠢᠯᠠᠯ ᠤᠨ | ᠳᠣᠲᠣᠭᠠᠳᠤ ᠶᠢᠨ ᠰᠢᠶ᠋ᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠤᠨ ᠶᠣᠰᠣᠭᠠᠷ ᠬᠢᠨᠠᠨ ᠵᠥᠪᠯᠡᠵᠦ | ᠪᠠᠲᠤᠯᠠᠭᠰᠠᠨ ᠤ ᠳᠠᠷᠠᠭ᠎ᠠ᠂ ᠪᠡᠯᠡ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠪᠠᠶᠢᠭᠤᠯᠤᠮᠵᠢ ᠳᠤ | ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃ | ᠭᠤᠴᠢᠨ ᠬᠤᠶᠠᠳᠤᠭᠠᠷ ᠵᠦᠢᠯ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠣᠯᠭᠤᠮᠵᠢ᠂ ᠲᠤᠬᠠᠶᠢᠯᠠᠭᠰᠠᠨ ᠠᠵᠢᠯ ᠤᠨ ᠵᠠᠷᠤᠯᠭ᠎ᠠ ᠶᠢᠨ ᠬᠠᠮᠢᠶᠠᠷᠤᠯᠲᠠ ᠶᠢᠨ ᠳᠦᠷᠢᠮ᠂ ᠣᠨ ᠤ | ᠲᠥᠰᠦᠪ ᠵᠢᠴᠢ ᠬᠡᠷᠡᠭᠵᠢᠭᠦᠯᠦᠭᠰᠡᠨ ᠪᠠᠶᠢᠳᠠᠯ ᠢᠶᠠᠨ ᠦᠢᠯᠡᠳᠪᠦᠷᠢ ᠶᠢᠨ ᠶᠠᠪᠤᠳᠠᠯ ᠢ ᠢᠯᠡ ᠪᠣᠯᠭᠠᠬᠤ ᠠᠭᠤᠯᠭ᠎ᠠ | ᠪᠣᠯᠭᠠᠵᠤ᠂ ᠠᠵᠢᠯᠲᠠᠨ ᠠᠵᠢᠯᠴᠢᠨ ᠤ ᠲᠥᠯᠥᠭᠡᠯᠡᠭᠴᠢᠳ ᠤᠨ ᠶᠡᠭᠡ ᠬᠤᠷᠠᠯ ᠵᠡᠷᠭᠡ ᠬᠡᠯᠪᠡᠷᠢ ᠪᠠᠷ ᠳᠠᠮᠵᠢᠭᠤᠯᠤᠨ | ᠲᠣᠭᠲᠠᠮᠠᠯ ᠬᠤᠭᠤᠴᠠᠭ᠎ᠠ ᠲᠠᠢ ᠪᠠᠷ ᠢᠯᠡ ᠪᠣᠯᠭᠠᠬᠤ ᠬᠡᠷᠡᠭᠲᠡᠶ᠃ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠪᠢ | ᠬᠥᠮᠦᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠠᠷᠠᠭᠠᠯᠵᠠᠯ᠂ ᠲᠤᠬᠠᠶᠢᠯᠠᠭᠰᠠᠨ ᠠᠵᠢᠯ ᠤᠨ ᠵᠠᠷᠤᠯᠭ᠎ᠠ ᠶᠢᠨ | ᠪᠠᠶᠢᠳᠠᠯ ᠪᠠ ᠣᠨ ᠤ ᠲᠥᠰᠦᠪ ᠵᠢᠴᠢ ᠬᠡᠷᠡᠭᠵᠢᠭᠦᠯᠦᠭᠰᠡᠨ ᠪᠠᠶᠢᠳᠠᠯ ᠵᠡᠷᠭᠡ ᠶᠢ ᠠᠷᠠᠳᠴᠢᠯᠠᠯ ᠤᠨ ᠠᠮᠢᠳᠤᠷᠠᠯ ᠤᠨ | ᠬᠤᠷᠠᠯ᠂ ᠣᠨ ᠤ ᠲᠤᠰᠢᠶᠠᠯ ᠤᠨ ᠮᠡᠳᠡᠭᠦᠯᠦᠯᠲᠡ ᠪᠠ ᠠᠷᠢᠭᠤᠨ ᠴᠢᠬᠡᠴᠢ ᠶᠢᠨ ᠮᠡᠳᠡᠭᠦᠯᠦᠯᠲᠡ ᠶᠢᠨ ᠴᠢᠬᠤᠯᠠ | ᠠᠭᠤᠯᠭ᠎ᠠ ᠪᠣᠯᠭᠠᠵᠤ᠂ ᠬᠢᠨᠠᠯᠲᠠ ᠲᠠᠯᠪᠢᠬᠤ ᠪᠠ ᠠᠷᠠᠳᠴᠢᠯᠠᠯ ᠢᠶᠠᠷ ᠦᠨᠡᠯᠡᠬᠦ ᠶᠢ ᠬᠦᠯᠢᠶᠡᠨ᠎ᠡ᠃ | ᠭᠤᠴᠢᠨ ᠭᠤᠷᠪᠠᠳᠤᠭᠠᠷ ᠵᠦᠢᠯ ᠠᠵᠤ ᠠᠬᠤᠶᠢᠯᠠᠯ ᠤᠨ ᠳᠣᠲᠣᠭᠠᠳᠤ ᠶᠢᠨ ᠡᠳ᠋ ᠤᠨ ᠶᠠᠪᠤᠳᠠᠯ᠂ ᠬᠢᠨᠠᠨ | ᠪᠣᠳᠣᠬᠤ ᠵᠡᠷᠭᠡ ᠰᠠᠯᠠᠭ᠎ᠠ ᠮᠥᠴᠢᠷ ᠤᠳ ᠳᠣᠲᠣᠭᠠᠳᠤ ᠶᠢᠨ ᠡᠵᠡᠮᠳᠡᠬᠦ ᠲᠣᠭᠲᠠᠴᠠ ᠪᠣᠯᠤᠨ ᠬᠢᠨᠠᠯᠲᠠ ᠲᠠᠯᠪᠢᠬᠤ | ᠲᠣᠭᠲᠠᠴᠠ ᠪᠠᠨ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠡᠭᠦᠷᠭᠡ ᠲᠤᠰᠢᠶᠠᠯ ᠢᠶᠠᠨ | ᠭᠦᠢᠴᠡᠳᠬᠡᠬᠦ ᠣᠯᠭᠤᠮᠵᠢ᠂ ᠲᠤᠬᠠᠶᠢᠯᠠᠭᠰᠠᠨ ᠠᠵᠢᠯ ᠤᠨ ᠵᠠᠷᠤᠯᠭ᠎ᠠ ᠶᠢᠨ ᠪᠠᠶᠢᠳᠠᠯ ᠤᠨ ᠬᠠᠮᠢᠶᠠᠷᠤᠯᠲᠠ ᠬᠢᠨᠠᠯᠲᠠ | ᠲᠠᠯᠪᠢᠯᠲᠠ ᠪᠠᠨ ᠴᠢᠩᠭᠠᠳᠬᠠᠬᠤ ᠬᠡᠷᠡᠭᠲᠡᠶ᠃ | ᠭᠤᠴᠢᠨ ᠳᠥᠷᠪᠡᠳᠦᠭᠡᠷ ᠵᠦᠢᠯ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠢ ᠪᠡᠯᠡ ᠭᠠᠷᠭᠠᠭᠰᠠᠨ ᠠᠵᠤ | ᠠᠬᠤᠶᠢᠯᠠᠯ ᠳᠠᠭᠠᠨ ᠬᠡᠷᠡᠭ ᠮᠡᠳᠡᠭᠴᠢᠳ ᠤᠨ ᠳᠠᠷᠤᠭ᠎ᠠ᠂ ᠶᠡᠷᠦᠩᠬᠡᠶ ᠳᠠᠭᠠᠭᠠᠮᠠᠯ ᠵᠡᠷᠭᠡ ᠲᠤᠰᠢᠶᠠᠯ ᠢ ᠬᠠᠪᠰᠤᠷᠭᠠᠨ | ᠡᠭᠦᠷᠭᠡᠯᠡᠵᠦ ᠪᠠᠶᠢᠬᠤ ᠪᠥᠭᠡᠳ ᠭᠤᠤᠯ ᠠᠵᠢᠯ ᠤᠨ ᠡᠭᠦᠷᠭᠡ ᠬᠠᠷᠢᠭᠤᠴᠠᠯᠭ᠎ᠠ ᠨᠢ ᠠᠵᠢᠯᠯᠠᠵᠤ ᠪᠠᠶᠢᠭ᠎ᠠ ᠲᠤᠰᠢᠶᠠᠯ | ᠬᠠᠪᠰᠤᠷᠭᠠᠭᠰᠠᠨ ᠠᠵᠤ ᠠᠬᠤᠶᠢᠯᠠᠯ ᠳᠤ ᠪᠠᠶᠢᠪᠠᠯ᠂ ᠪᠦᠯᠦᠭᠯᠡᠯ ᠺᠣᠮᠫᠠᠨᠢ ᠶᠢᠨ ᠬᠠᠷᠢᠭᠤᠴᠠᠯᠭᠠᠲᠠᠨ ᠤ ᠡᠭᠦᠷᠭᠡ | ᠲᠤᠰᠢᠶᠠᠯ ᠢᠶᠠᠨ ᠭᠦᠢᠴᠡᠳᠬᠡᠬᠦ ᠣᠯᠭᠤᠮᠵᠢ᠂ ᠲᠤᠬᠠᠶᠢᠯᠠᠭᠰᠠᠨ ᠠᠵᠢᠯ ᠤᠨ ᠵᠠᠷᠤᠯᠭ᠎ᠠ ᠶᠢᠨ ᠪᠠᠷᠢᠮᠵᠢᠶ᠎ᠠ ᠶᠢ | ᠬᠡᠷᠡᠭᠵᠢᠭᠦᠯᠵᠦ ᠪᠣᠯᠤᠨ᠎ᠠ᠂ ︽ᠵᠠᠷᠤᠳᠠᠯ ᠨᠢ ᠬᠡᠷᠡᠭ ᠢ ᠳᠠᠭᠠᠵᠤ ᠶᠠᠪᠤᠬᠤ︾ ᠵᠠᠷᠴᠢᠮ ᠤᠨ ᠶᠣᠰᠣᠭᠠᠷ᠂ ᠡᠳ᠋ ᠤᠨ | ᠶᠠᠪᠤᠳᠠᠯ ᠤᠨ ᠬᠠᠮᠢᠶᠠᠷᠤᠯᠲᠠ ᠶᠢᠨ ᠬᠠᠮᠢᠶ᠎ᠠ ᠪᠦᠬᠦᠢ ᠲᠣᠭᠲᠠᠭᠠᠯ ᠶᠣᠰᠣᠭᠠᠷ ᠳᠠᠩᠰᠠ ᠲᠠᠶᠢᠯᠬᠤ ᠪᠠ ᠵᠠᠷᠤᠯᠭ᠎ᠠ ᠪᠠᠷ | ᠵᠢᠭᠰᠠᠭᠠᠵᠤ᠂ ᠠᠳᠠᠯᠢ ᠨᠢᠭᠡᠨ ᠵᠠᠷᠤᠳᠠᠯ ᠤᠨ ᠳᠠᠪᠬᠤᠷ ᠳᠠᠩᠰᠠ ᠲᠠᠶᠢᠯᠬᠤ ᠶᠢ ᠴᠢᠩᠭ᠎ᠠ ᠴᠠᠭᠠᠵᠠᠯᠠᠨ᠎ᠠ᠃ | ᠭᠤᠴᠢᠨ ᠲᠠᠪᠤᠳᠤᠭᠠᠷ ᠵᠦᠢᠯ ᠠᠵᠤ ᠠᠬᠤᠶᠢᠯᠠᠯ ᠤᠨ ᠬᠠᠷᠢᠭᠤᠴᠠᠯᠭᠠᠲᠠᠨ ᠡᠭᠦᠷᠭᠡ ᠲᠤᠰᠢᠶᠠᠯ ᠢᠶᠠᠨ | ᠭᠦᠢᠴᠡᠳᠬᠡᠬᠦ ᠣᠯᠭᠤᠮᠵᠢ᠂ ᠲᠤᠬᠠᠶᠢᠯᠠᠭᠰᠠᠨ ᠠᠵᠢᠯ ᠤᠨ ᠵᠠᠷᠤᠯᠭ᠎ᠠ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ | ᠲᠣᠭᠲᠠᠭᠠᠯ ᠢ ᠵᠥᠷᠢᠴᠡᠭᠰᠡᠨ ᠪᠣᠯ᠂ ᠦᠢᠯᠡ ᠪᠠᠶᠢᠳᠠᠯ ᠤᠨ ᠬᠦᠨᠳᠦ ᠬᠥᠩᠭᠡᠨ ᠢ ᠨᠢ ᠦᠵᠡᠵᠦ ᠪᠠᠶᠢᠭᠠᠳ ᠬᠤᠯᠪᠣᠭᠳᠠᠯ | ᠪᠦᠬᠦᠢ ᠪᠠᠶᠢᠭᠤᠯᠤᠮᠵᠢ ᠠᠴᠠ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠰᠢᠶ᠋ᠳᠪᠦᠷᠢᠯᠡᠬᠦ ᠶᠢᠨ | ᠬᠠᠮᠲᠤ ᠠᠮᠵᠢᠯᠲᠠ ᠪᠦᠲᠦᠮᠵᠢ ᠶᠢᠨ ᠣᠨ ᠤ ᠴᠠᠯᠢᠩ ᠢ ᠵᠣᠬᠢᠴᠠᠩᠭᠤᠶ ᠪᠠᠷ ᠬᠠᠰᠤᠵᠤ ᠬᠠᠰᠤᠨ᠎ᠠ︔ ᠰᠢᠳᠬᠡᠯ ᠥᠭᠬᠦ | ᠴᠢᠬᠤᠯᠠ ᠲᠠᠢ ᠪᠣᠯ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ︔ ᠶᠠᠯ᠎ᠠ | ᠬᠢᠭᠰᠡᠨ ᠢᠶᠠᠷ ᠰᠡᠵᠢᠭᠯᠡᠭᠳᠡᠭᠰᠡᠨ ᠪᠣᠯ ᠤᠯᠤᠰ ᠤᠨ ᠬᠢᠨᠠᠨ ᠪᠠᠶᠢᠴᠠᠭᠠᠬᠤ ᠪᠠᠶᠢᠭᠤᠯᠤᠯᠭ᠎ᠠ ᠪᠤᠶᠤ ᠬᠠᠤᠯᠢ ᠴᠠᠭᠠᠵᠠ ᠶᠢᠨ | ᠪᠠᠶᠢᠭᠤᠯᠤᠯᠭ᠎ᠠ ᠳᠤ ᠰᠢᠯᠵᠢᠭᠦᠯᠦᠨ ᠬᠦᠷᠭᠡᠵᠦ ᠬᠠᠤᠯᠢ ᠶᠣᠰᠣᠭᠠᠷ ᠰᠢᠶ᠋ᠳᠪᠦᠷᠢᠯᠡᠭᠦᠯᠬᠦ ᠬᠡᠷᠡᠭᠲᠡᠶ᠃ ᠠᠵᠤ | ᠠᠬᠤᠶᠢᠯᠠᠯ ᠳᠤ ᠠᠵᠤ ᠠᠬᠤᠶ ᠶᠢᠨ ᠬᠤᠬᠢᠷᠠᠯ ᠤᠴᠠᠷᠠᠭᠤᠯᠤᠭᠰᠠᠨ ᠪᠣᠯ ᠤᠯᠤᠰ ᠤᠨ ᠪᠤᠶᠤ ᠠᠵᠤ ᠠᠬᠤᠶᠢᠯᠠᠯ ᠤᠨ | ᠬᠤᠯᠪᠣᠭᠳᠠᠯ ᠪᠦᠬᠦᠢ ᠲᠣᠭᠲᠠᠭᠠᠯ ᠢᠶᠠᠷ ᠠᠵᠤ ᠠᠬᠤᠶ ᠶᠢᠨ ᠲᠥᠯᠥᠬᠦ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠃ | ᠠᠷᠪᠠᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ | ᠭᠤᠴᠢᠨ ᠵᠢᠷᠭᠤᠳᠤᠭᠠᠷ ᠵᠦᠢᠯ ᠲᠣᠰ ᠠᠷᠭ᠎ᠠ ᠶᠢᠨ ᠲᠠᠶᠢᠯᠪᠤᠷᠢᠯᠠᠵᠤ ᠰᠢᠢᠳᠪᠦᠷᠢᠯᠡᠬᠦ ᠠᠵᠢᠯ ᠢ ᠲᠣᠭᠤᠷᠢᠭ ᠤᠨ | ᠡᠳ᠋ ᠤᠨ ᠵᠠᠰᠠᠭ ᠤᠨ ᠲᠣᠪᠴᠢᠶ᠎ᠠ ︵ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ | ᠵᠥᠪᠯᠡᠯ︶ ᠠᠴᠠ ᠬᠠᠷᠢᠭᠤᠴᠠᠨ᠎ᠠ᠃ | ᠭᠤᠴᠢᠨ ᠳᠣᠯᠣᠳᠤᠭᠠᠷ ᠵᠦᠢᠯ ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠡᠭᠦᠨ ᠠᠴᠠ ᠡᠮᠦᠨ᠎ᠡ ᠬᠤᠯᠪᠣᠭᠳᠠᠯ ᠪᠦᠬᠦᠢ ᠲᠣᠭᠲᠠᠭᠠᠯ ᠨᠢ ᠲᠤᠰ ᠠᠷᠭ᠎ᠠ ᠯᠤᠭ᠎ᠠ ᠨᠢᠭᠡᠳᠦᠯ ᠦᠭᠡᠶ ᠪᠣᠯ ᠲᠤᠰ | ᠠᠷᠭ᠎ᠠ ᠪᠠᠷ ᠪᠠᠷᠢᠮᠵᠢᠶ᠎ᠠ ᠪᠣᠯᠭᠠᠬᠤ ᠬᠡᠷᠡᠭᠲᠡᠶ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠬᠤᠷᠢᠶᠠᠨ ᠤ | ᠠᠯᠪᠠᠨ ᠬᠡᠷ 2023 ᠣᠨ ᠤ 6 ᠰᠠᠷ᠎ᠠ ᠶᠢᠨ 28 ᠤ ᠡᠳᠦᠷ ᠳᠠᠷᠤᠮᠠᠯᠯᠠᠨ ᠲᠠᠷᠬᠠᠭᠠᠪᠠ | |