ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠴᠢᠨᠠᠷ | ᠰᠠᠶᠢᠲᠠᠶ ᠲᠡᠩᠴᠡᠭᠦᠷᠢᠲᠡᠶ ᠦᠨᠳᠦᠰᠦᠨ ᠣᠯᠠᠨ ᠨᠡᠶᠢᠲᠡ ᠶᠢᠨ ᠰᠤᠷᠭᠠᠨ ᠬᠥᠮᠦᠵᠢᠯ ᠤᠨ ᠦᠢᠯᠡᠴᠢᠯᠡᠭᠡᠨ ᠤ ᠰᠢᠰᠲ᠋ᠧᠮ ᠢ | ᠪᠠᠶᠢᠭᠤᠯᠬᠤ ᠲᠤᠬᠠᠶ ᠰᠠᠨᠠᠯ︾ ᠢ ᠳᠠᠷᠤᠮᠠᠯᠯᠠᠨ ᠲᠠᠷᠬᠠᠭᠠᠪᠠ | ᠰᠢᠠᠬᠤᠠ ᠬᠤᠷᠢᠶᠠᠨ ᠤ ᠪᠡᠭᠡᠵᠢᠩ ᠤᠨ 6 ᠰᠠᠷ᠎ᠠ ᠶᠢᠨ 13 ᠤ ᠡᠳᠦᠷ ᠤᠨ ᠴᠠᠭᠢᠯᠭᠠᠨ ᠮᠡᠳᠡᠭᠡ ᠣᠷᠴᠢᠮᠬᠠᠨ ᠳᠤ | ᠳᠣᠮᠲᠠᠲᠤ ᠤᠯᠤᠰ ᠤᠨ ᠡᠪ ᠬᠠᠮᠲᠤ ᠨᠠᠮ ᠤᠨ ᠳᠦᠪ ᠬᠤᠷᠢᠶᠠᠨ ᠤ ᠠᠯᠪᠠ ᠲᠢᠩᠭᠢᠮ᠂ ᠳᠦᠷᠤ ᠶᠢᠨ ᠶᠠᠪᠤᠲᠠᠯ ᠤᠨ | ᠬᠤᠷᠢᠶᠠᠨ ᠤ ᠠᠯᠪᠠᠨ ᠲᠢᠩᠭᠢᠮ ᠣᠷᠴᠢᠮᠬᠠᠨ ᠴᠢᠨᠠᠷ ᠰᠠᠶᠢᠲᠠᠢ ᠲᠠᠩᠴᠠᠭᠦᠷᠢᠲᠠᠢ ᠣᠢᠠᠲᠣᠰᠣᠠ ᠣᠯᠠᠨ ᠨᠠᠶᠢᠲᠠ ᠶᠢᠨ ᠰᠣᠷᠭᠠᠨ | ᠬᠦᠢᠮᠣᠵᠢᠯ ᠤᠨ ᠣᠢᠢᠯᠠᠴᠢᠯᠠᠭᠠ ᠤ ᠰᠢᠰᠲ᠋ᠧᠮ ᠢ ᠪᠤᠢ ᠪᠤᠯᠭᠠᠬᠤ ᠳᠣᠬᠠᠢ ᠰᠠᠨᠠᠯ ᠢᠶᠠᠨ ᠲᠠᠷᠣᠮᠠᠯᠯᠠᠨ ᠲᠠᠷᠬᠠᠭᠠᠬᠰᠠᠨ ᠪᠦᠭᠤᠠ | ᠮᠠᠲᠠᠭᠲᠠᠯ ᠭᠠᠷᠭᠠᠵᠤ᠂ ᠡᠯ᠎ᠠ ᠭᠠᠵᠠᠷ ᠣᠷᠣᠠ ᠡᠯ᠎ᠠ ᠰᠠᠯᠠᠭ᠎ᠠ ᠮᠦᠴᠢᠷ ᠣᠣᠠ ᠪᠤᠲᠠᠲᠤ ᠪᠠᠶᠢᠲᠠᠯ ᠲᠠᠢ ᠪᠠᠨ ᠣᠶᠠᠯᠲᠣᠭᠤᠯᠣᠠ | ᠬᠢᠨᠠᠮᠠᠭᠠᠢ ᠰᠠᠶᠢᠲᠣᠷ ᠳᠣᠣᠱᠯᠠᠭᠤᠯᠣᠠ ᠨᠠᠶᠢᠲᠠᠪᠤᠷᠢᠵᠢᠭᠤᠯᠬᠤ ᠬᠡᠷᠡᠭᠲᠡᠢ | ︽ᠴᠢᠨᠠᠷ ᠰᠠᠶᠢᠲᠠᠶ ᠲᠡᠩᠴᠡᠭᠦᠷᠢᠲᠡᠶ ᠣᠯᠠᠨ ᠨᠡᠶᠢᠲᠡ ᠶᠢᠨ ᠰᠤᠷᠭᠠᠨ ᠬᠥᠮᠦᠵᠢᠯ ᠤᠨ ᠦᠶ᠋ᠯᠡᠴᠢᠯᠡᠭᠡᠨ ᠤ ᠰᠢᠰᠲ᠋ᠧᠮ ᠢ | ᠪᠠᠶᠢᠭᠤᠯᠬᠤ ᠲᠤᠬᠠᠶ ᠰᠠᠨᠠᠯ︾ ᠤᠨ ᠪᠥᠬᠦ ᠠᠭᠤᠯᠭ᠎ᠠ ᠨᠢ ᠳᠣᠤᠷᠠᠬᠢ ᠮᠡᠲᠦ᠄ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ | ᠤᠯᠤᠰ ᠤᠨ ᠦᠨᠳᠦᠰᠦᠨ ᠤᠯᠠᠨ ᠨᠡᠶᠢᠲᠡ ᠶᠢᠨ ᠤᠶᠢᠯᠡᠴᠢᠯᠡᠭᠡ ᠶᠢ ᠲᠡᠩᠴᠡᠭᠦᠷᠢ ᠲᠠᠢ ᠪᠤᠯᠭᠠᠬᠤ ᠢ ᠲᠦᠷᠭᠡᠳᠭᠡᠨ | ᠠᠬᠢᠭᠤᠯᠵᠤ᠂ ᠴᠢᠨᠠᠷ ᠰᠠᠢᠲᠠᠢ ᠲᠡᠩᠴᠡᠭᠦᠷᠢᠲᠡᠢ ᠦᠨᠳᠦᠰᠦᠨ ᠤᠯᠠᠨ ᠨᠡᠶᠢᠲᠡ ᠶᠢᠨ ᠰᠤᠷᠭᠠᠨ ᠬᠥᠮᠦᠵᠢᠯ ᠤᠨ | ᠦᠢᠯᠡᠴᠢᠯᠡᠭᠡᠨ᠋ ᠤ ᠱᠢᠰᠲ᠋ᠧᠮ ᠢ ᠪᠠᠶᠢᠭᠤᠯᠬᠤ ᠶᠢᠨ ᠲᠥᠯᠥᠭᠡ᠂ ᠡᠳᠦᠭᠡ ᠳᠣᠣᠷᠠᠬᠢ ᠮᠡᠲᠦ ᠰᠠᠨᠠᠯ ᠢ ᠳᠤᠷᠠᠳᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ | ᠲᠤᠭᠤᠰᠢᠯᠠᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠤᠯᠤᠰ ᠤᠨ ᠪᠠᠶᠢᠯᠳᠤᠬᠤ ᠪᠤᠳᠤᠯᠭ᠎ᠠ ᠶᠢᠨ | ᠬᠡᠷᠡᠭᠴᠡᠭᠡ ᠳᠤ ᠦᠢᠯᠡᠴᠢᠯᠡᠵᠦ᠂ ᠠᠷᠠᠳ ᠤᠯᠠᠨ ᠤ ᠪᠠᠴᠢᠮ ᠬᠡᠷᠡᠭᠰᠡᠬᠦ ᠬᠦᠰᠡᠯ ᠡᠷᠡᠮᠡᠯᠵᠡᠯ ᠳᠤ ᠠᠩᠬᠠᠷᠤᠯ ᠢᠶᠠᠨ | ᠲᠥᠪᠯᠡᠷᠡᠭᠦᠯᠵᠦ᠂ ᠨᠡᠶᠢᠲᠡ ᠶᠢᠨ ᠠᠰᠠᠷᠠᠮᠵᠢ ᠶᠢᠨ ᠲᠦᠭᠡᠮᠡᠯ ᠠᠰᠢᠭ ᠬᠦᠷᠲᠡᠭᠡᠬᠦ ᠪᠠ ᠴᠢᠨᠠᠷ ᠰᠠᠶᠢᠲᠠᠢ ᠲᠡᠩᠴᠡᠭᠦᠷᠢᠲᠡᠢ | ᠪᠠᠶᠢᠬᠤ ᠪᠠᠷ ᠦᠨᠳᠦᠰᠦᠨ ᠴᠢᠭᠯᠡᠯ ᠪᠣᠯᠭᠠᠵᠤ᠂ ᠦᠨᠳᠦᠰᠦᠨ ᠤᠯᠠᠨ ᠨᠡᠶᠢᠲᠡ ᠶᠢᠨ ᠰᠤᠷᠭᠠᠨ ᠬᠥᠮᠦᠵᠢᠯ ᠤᠨ | ᠦᠢᠯᠡᠴᠢᠯᠡᠭᠡᠨ ᠤ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ | ᠲᠦᠷᠭᠡᠨ ᠪᠦᠳᠦᠭᠡᠨ ᠪᠠᠶᠢᠭᠤᠯᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠥᠮᠦᠵᠢᠯ ᠢ ᠰᠠᠶᠢᠲᠤᠷ | ᠡᠷᠬᠢᠯᠡᠨ᠎ᠡ᠃ | ᠤᠷᠢᠳᠠᠪᠠᠷ ᠪᠠᠲᠤᠯᠠᠬᠤ ᠶᠢ ᠪᠠᠷᠢᠮᠲᠠᠯᠠᠨ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ᠂ | ᠡᠳ᠋ ᠤᠨ ᠵᠠᠰᠠᠭ ᠤᠨ ᠪᠡᠯᠡ ᠮᠥᠩᠭᠦ ᠶᠢᠨ ᠣᠷᠣᠭᠤᠯᠤᠯᠲᠠ᠂ ᠣᠯᠠᠨ ᠨᠡᠶᠢᠲᠡ ᠶᠢᠨ ᠡᠬᠢ ᠪᠠᠶᠠᠯᠢᠭ ᠤᠨ ᠲᠣᠬᠢᠷᠠᠭᠤᠯᠤᠯᠲᠠ | ᠵᠡᠷᠭᠡ ᠲᠠᠯ᠎ᠠ ᠪᠠᠷ ᠣᠯᠠᠨ ᠨᠡᠶᠢᠲᠡ ᠶᠢᠨ ᠦᠨᠳᠦᠰᠦᠨ ᠰᠤᠷᠭᠠᠨ ᠬᠥᠮᠦᠵᠢᠯ ᠤᠨ ᠦᠢᠯᠡᠴᠢᠯᠡᠭᠡᠨ ᠢ ᠡᠩ ᠲᠡᠷᠢᠭᠦᠨ ᠳᠤ | ᠪᠠᠲᠤᠯᠠᠨ᠎ᠠ᠃ ᠵᠠᠰᠠᠭ ᠤᠨ ᠣᠷᠳᠣᠨ ᠤ ᠭᠤᠤᠯ ᠬᠠᠷᠢᠭᠤᠴᠠᠯᠭ᠎ᠠ ᠶᠢ ᠪᠠᠷᠢᠮᠲᠠᠯᠠᠵᠤ᠂ ᠴᠢᠳᠠᠯ ᠤᠨ ᠬᠢᠷᠢ ᠪᠠᠷ ᠢᠶᠠᠨ ᠴᠢᠷᠮᠠᠶᠢᠵᠤ᠂ | ᠴᠢᠳᠠᠯ ᠤᠨ ᠬᠢᠷᠢ ᠪᠠᠷ ᠢᠶᠠᠨ ᠬᠢᠵᠦ᠂ ᠠᠯᠬᠤᠮ ᠳᠠᠷᠠᠭ᠎ᠠ ᠲᠠᠢ ᠪᠠᠷ ᠠᠬᠢᠭᠤᠯᠵᠤ᠂ ᠬᠥᠳᠡᠯᠦᠩᠭᠦᠶ ᠪᠠᠷ ᠲᠣᠬᠢᠷᠠᠭᠤᠯᠤᠯᠲᠠ ᠬᠢᠵᠦ᠂ | ᠡᠳ᠋ ᠤᠨ ᠵᠠᠰᠠᠭ ᠤᠨ ᠣᠷᠣᠭᠤᠯᠤᠯᠲᠠ ᠶᠢᠨ ᠡᠷᠴᠢᠮ ᠢ ᠲᠠᠰᠤᠷᠠᠯᠲᠠ ᠥᠬᠡᠶ ᠴᠢᠩᠭᠠᠷᠠᠭᠤᠯᠤᠨ᠎ᠠ᠃ ᠳᠤᠲᠠᠭᠤᠳᠠᠯ ᠢᠶᠠᠨ | ᠨᠥᠬᠦᠪᠥᠷᠢᠯᠡᠬᠦ ᠶᠢ ᠪᠠᠷᠢᠮᠲᠠᠯᠠᠵᠤ᠂ ᠰᠤᠷᠭᠠᠭᠤᠯᠢ ᠡᠷᠭᠢᠯᠡᠬᠦ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠠᠭᠤᠯᠤᠭᠳᠠᠬᠤᠨ | ᠬᠥᠭᠵᠢᠯᠲᠡ ᠶᠢ ᠨᠠᠩ ᠴᠢᠬᠤᠯᠠᠴᠢᠯᠠᠨ᠂ ᠦᠨᠳᠦᠰᠦᠨ ᠣᠯᠠᠨ ᠨᠡᠶᠢᠲᠡ ᠶᠢᠨ ᠰᠤᠷᠭᠠᠨ ᠬᠥᠮᠦᠵᠢᠯ ᠤᠨ ᠦᠢᠯᠡᠴᠢᠯᠡᠭᠡ ᠶᠢ | ᠪᠥᠬᠦ ᠠᠷᠠᠳ ᠲᠤ ᠬᠠᠮᠤᠷᠴᠤ᠂ ᠴᠢᠨᠠᠷ ᠰᠠᠶᠢᠲᠠᠶ ᠲᠡᠩᠴᠡᠭᠦᠷᠢᠲᠡᠶ ᠪᠠᠶᠢᠯᠭᠠᠬᠤ ᠶᠢ ᠠᠬᠢᠭᠤᠯᠤᠨ᠎ᠠ᠃ ᠥᠭᠡᠷᠡᠴᠢᠯᠡᠯᠲᠡ ᠬᠢᠵᠦ | ᠰᠢᠨ᠎ᠡ ᠶᠢ ᠡᠭᠦᠳᠬᠦ ᠶᠢ ᠪᠠᠷᠢᠮᠲᠠᠯᠠᠨ᠂ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ | ᠪᠠᠶᠢᠭᠤᠯᠤᠯ ᠲᠣᠭᠲᠠᠴᠠ ᠶᠢᠨ ᠬᠠᠷᠰᠢ ᠰᠠᠭᠠᠳ ᠢ ᠠᠷᠢᠯᠭᠠᠨ᠂ ᠡᠬᠢ ᠪᠠᠶᠠᠯᠢᠭ ᠢ ᠲᠣᠬᠢᠷᠠᠭᠤᠯᠬᠤ ᠠᠷᠭ᠎ᠠ ᠮᠠᠶ᠋ᠢᠭ ᠢ | ᠰᠢᠯᠢᠳᠡᠭᠵᠢᠭᠦᠯᠵᠦ᠂ ᠪᠠᠭᠰᠢ ᠶᠢᠨ ᠵᠠᠩᠭᠢᠯᠠᠭ᠎ᠠ ᠶᠢᠨ ᠦᠢᠯᠡᠳᠦᠯ ᠢ ᠴᠢᠩᠭᠠᠷᠠᠭᠤᠯᠤᠨ᠂ ᠦᠨᠳᠦᠰᠦᠨ ᠣᠯᠠᠨ ᠨᠡᠶᠢᠲᠡ ᠶᠢᠨ | ᠰᠤᠷᠭᠠᠨ ᠬᠥᠮᠥᠵᠢᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠬᠤ᠂ ᠲᠤᠰᠬᠠᠶᠢᠵᠢᠭᠤᠯᠬᠤ᠂ ᠬᠠᠤᠯᠢ ᠪᠠᠷ ᠵᠠᠰᠠᠬᠤ | ᠪᠠᠶᠢᠭᠤᠯᠤᠯᠲᠠ ᠶᠢ ᠴᠢᠩᠭᠠᠳᠬᠠᠨ᠎ᠠ᠃ | 2027 ᠣᠨ ᠪᠣᠯᠬᠤ ᠳᠤ᠂ ᠴᠢᠨᠠᠷ ᠰᠠᠶᠢᠲᠠᠶ ᠲᠡᠩᠴᠡᠭᠦᠷᠢᠲᠡᠶ ᠣᠯᠠᠨ ᠨᠡᠶᠢᠲᠡ ᠶᠢᠨ ᠰᠤᠷᠭᠠᠨ ᠬᠥᠮᠦᠵᠢᠯ ᠤᠨ | ᠦᠢᠯᠡᠴᠢᠯᠡᠭᠡᠨ ᠤ ᠰᠢᠰᠲ᠋ᠧᠮ ᠢ ᠠᠩᠬ᠎ᠠ ᠠᠯᠬᠤᠮ ᠪᠠᠶᠢᠭᠤᠯᠵᠤ᠂ ᠬᠠᠩᠭᠠᠯᠭ᠎ᠠ ᠶᠢᠨ ᠶᠡᠷᠦᠩᠬᠡᠶ ᠬᠡᠮᠵᠢᠶ᠎ᠡ ᠶᠢ ᠤᠯᠠᠮ ᠨᠢᠭᠡ | ᠠᠯᠬᠤᠮ ᠥᠷᠭᠡᠳᠬᠡᠨ᠂ ᠬᠠᠩᠭᠠᠯᠭ᠎ᠠ ᠶᠢᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠲᠡᠩᠴᠡᠭᠦᠷᠢᠰᠢᠭᠦᠯᠬᠦ | ᠬᠢᠷᠢ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠦᠨ᠎ᠡ᠃ 2035 ᠣᠨ ᠪᠣᠯᠬᠤ ᠳᠤ᠂ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠨᠥᠬᠦᠴᠡᠯ᠂ ᠪᠠᠭᠰᠢ ᠶᠢᠨ ᠡᠩᠨᠡᠭᠡ᠂ ᠵᠠᠷᠤᠳᠠᠯ ᠤᠨ | ᠣᠷᠣᠭᠤᠯᠤᠯᠲᠠ᠂ ᠵᠠᠰᠠᠯᠲᠠ ᠶᠢᠨ ᠰᠢᠰᠲ᠋ᠧᠮᠵᠢ ᠨᠢ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠬᠡᠷᠡᠭᠴᠡᠭᠡ ᠳᠤ | ᠵᠣᠬᠢᠴᠠᠭᠤᠯᠤᠨ᠂ ᠬᠤᠲᠠ ︵ᠲᠤᠰᠬᠠᠶ ᠣᠷᠣᠨ᠂ ᠵᠧᠤ᠂ ᠠᠶᠢᠮᠠᠭ︶ ᠶᠢᠨ ᠬᠦᠷᠢᠶᠡᠨ ᠳᠠᠬᠢ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠲᠡᠩᠴᠡᠭᠦᠷᠢᠲᠡᠶ ᠬᠥᠭᠵᠢᠯᠲᠡ ᠶᠢᠨ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠵᠦ᠂ ᠵᠣᠩᠬᠢᠯᠠᠬᠤ ᠣᠯᠠᠨ | ᠲᠣᠭᠠᠨ ᠤ ᠰᠢᠶᠠᠨ ︵ᠬᠤᠲᠠ᠂ ᠲᠣᠭᠤᠷᠢᠭ᠂ ᠬᠤᠰᠢᠭᠤ︶ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ | ᠰᠠᠶᠢᠲᠠᠶ ᠲᠡᠩᠴᠡᠭᠦᠷᠢᠲᠡᠶ ᠪᠠᠶᠢᠬᠤ ᠶᠢ ᠪᠡᠶᠡᠯᠡᠭᠦᠯᠦᠨ᠂ ᠵᠣᠬᠢᠬᠤ ᠨᠠᠰᠤᠨ ᠤ ᠰᠤᠷᠤᠭᠴᠢᠳ ᠡᠷᠬᠡ ᠲᠡᠭᠰᠢ ᠴᠢᠨᠠᠷ ᠰᠠᠶᠢᠲᠠᠶ | ᠣᠯᠠᠨ ᠨᠡᠶᠢᠲᠡ ᠶᠢᠨ ᠰᠤᠷᠭᠠᠨ ᠬᠥᠮᠦᠵᠢᠯ ᠤᠨ ᠦᠨᠳᠦᠰᠦᠨ ᠦᠢᠯᠡᠴᠢᠯᠡᠭᠡ ᠶᠢ ᠭᠥᠷᠳᠡᠵᠦ᠂ ᠶᠡᠷᠦᠩᠬᠡᠶ ᠬᠢᠷᠢ ᠲᠦᠪᠰᠢᠨ ᠢ | ᠳᠡᠯᠡᠬᠡᠶ ᠶᠢᠨ ᠡᠮᠦᠨ᠎ᠡ ᠡᠩᠨᠡᠭᠡᠨ ᠳᠤ ᠣᠷᠣᠭᠤᠯᠤᠨ᠎ᠠ᠃ | ᠬᠤᠶᠠᠷ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠪᠥᠬᠦ | ᠲᠠᠯ᠎ᠠ ᠪᠠᠷ ᠪᠠᠲᠤᠯᠠᠨ᠎ᠠ | 1. ᠣᠷᠣᠨ ᠪᠦᠰᠡ ᠶᠢᠨ ᠵᠣᠬᠢᠴᠠᠩᠭᠤᠶ ᠪᠠᠷ ᠬᠥᠭᠵᠢᠬᠦ ᠶᠢ ᠠᠬᠢᠭᠤᠯᠤᠨ᠎ᠠ᠃ ᠰᠤᠷᠭᠠᠭᠤᠯᠢ ᠶᠢᠨ ᠪᠦᠲᠦᠭᠡᠨ | ᠪᠠᠶᠢᠭᠤᠯᠤᠯᠲᠠ ᠶᠢ ᠪᠠᠷᠢᠮᠵᠢᠶᠠᠵᠢᠭᠤᠯᠬᠤ ᠪᠠᠷ ᠭᠤᠤᠯᠳᠠᠯᠭ᠎ᠠ ᠪᠣᠯᠭᠠᠨ᠂ ᠣᠷᠣᠨ ᠪᠦᠰᠡ ᠶᠢᠨ ᠰᠤᠷᠭᠠᠨ ᠬᠥᠮᠦᠵᠢᠯ ᠤᠨ | ᠵᠥᠷᠢᠶ᠎ᠡ ᠶᠢ ᠲᠦᠷᠭᠡᠳᠬᠡᠨ ᠪᠠᠭᠠᠰᠬᠠᠨ᠎ᠠ᠃ ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ ᠢ ᠳᠡᠮᠵᠢᠬᠦ ᠡᠷᠴᠢᠮ ᠢᠶᠠᠨ | ᠦᠷᠭᠦᠯᠵᠢᠯᠡᠨ ᠴᠢᠩᠭᠠᠷᠠᠭᠤᠯᠵᠤ᠂ ᠮᠤᠵᠢ ᠶᠢᠨ ᠱᠠᠲᠤᠨ ᠤ ᠵᠠᠰᠠᠭ ᠤᠨ ᠣᠷᠳᠣᠨ ᠨᠢ ᠮᠤᠵᠢ ᠶᠢᠨ ᠳᠣᠲᠣᠷᠠᠬᠢ ᠠᠳᠠᠯᠢ ᠪᠤᠰᠤ | ᠭᠠᠵᠠᠷ ᠬᠤᠲᠠ᠂ ᠰᠢᠶᠠᠨ ᠲᠣᠭᠤᠷᠢᠭ ᠤᠨ ᠬᠤᠭᠤᠷᠣᠨᠳᠣ ᠰᠤᠷᠭᠠᠭᠤᠯᠢ ᠡᠷᠭᠢᠯᠡᠬᠦ ᠨᠥᠬᠦᠴᠡᠯ ᠪᠠ ᠬᠢᠷᠢ ᠲᠦᠪᠰᠢᠨ ᠤ | ᠵᠥᠷᠢᠶ᠎ᠡ ᠶᠢ ᠪᠠᠭᠠᠰᠬᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠲᠠ ᠶᠢᠨ ᠱᠠᠲᠤᠨ ᠤ ᠵᠠᠰᠠᠭ ᠤᠨ ᠣᠷᠳᠣᠨ ᠨᠢ ᠣᠷᠣᠨ | ᠪᠦᠰᠡ ᠶᠢᠨ ᠠᠵᠤ ᠠᠬᠤᠶ ᠶᠢᠨ ᠲᠥᠪ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠬᠢ ᠪᠠᠶᠠᠯᠢᠭ ᠤᠨ | ᠲᠣᠬᠢᠷᠠᠭᠤᠯᠤᠯᠲᠠ ᠶᠢ ᠠᠵᠤ ᠠᠬᠤᠶ ᠬᠥᠭᠵᠢᠭᠡᠳᠦᠶ ᠰᠢᠶᠠᠨ ᠲᠣᠭᠤᠷᠢᠭ ᠳᠠᠰᠢ ᠭᠤᠤᠯᠳᠠᠯᠭ᠎ᠠ ᠲᠠᠢ ᠬᠡᠯᠪᠠᠶᠢᠯᠭᠡᠬᠦ ᠬᠡᠷᠡᠭᠲᠡᠶ︔ | ᠤᠯᠤᠰ ᠪᠠ ᠮᠤᠵᠢ ᠶᠢᠨ ᠱᠠᠲᠤᠨ ᠤ ᠲᠠᠰ ᠳᠠᠪᠬᠤᠷᠭ᠎ᠠ ᠳᠤ ᠠᠵᠤ ᠠᠬᠤᠶ ᠬᠥᠭᠵᠢᠭᠡᠳᠦᠶ ᠰᠢᠶᠠᠨ ᠲᠣᠭᠤᠷᠢᠭ ᠤᠨ | ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠨᠥᠬᠦᠴᠡᠯ ᠢ ᠮᠥᠷᠳᠡᠨ ᠦᠨᠡᠯᠡᠨ ᠵᠢᠱᠢᠬᠦ ᠪᠠ ᠲᠣᠭᠲᠠᠮᠠᠯ ᠬᠤᠭᠤᠴᠠᠭ᠎ᠠ ᠲᠠᠢ ᠪᠠᠷ | ᠳᠣᠭᠢᠷᠠᠭᠤᠯᠬᠤ ᠲᠣᠭᠲᠠᠴᠠ ᠶᠢ ᠪᠠᠶᠢᠭᠤᠯᠵᠤ᠂ ᠣᠷᠣᠨ ᠨᠤᠲᠤᠭ ᠤᠨ ᠵᠠᠰᠠᠭ ᠤᠨ ᠣᠷᠳᠣᠨ ᠢ ᠰᠢᠮᠳᠠᠭᠤᠯᠵᠤ ᠪᠠᠶᠢᠭᠠᠳ | ᠠᠵᠢᠯ ᠤᠨ ᠨᠢᠭᠡᠳᠦᠯᠲᠡᠶ ᠲᠥᠯᠥᠪᠵᠢᠭᠦᠯᠭᠡ ᠶᠢ ᠴᠢᠩᠭᠠᠳᠬᠠᠵᠤ᠂ ᠰᠤᠷᠭᠠᠭᠤᠯᠢ ᠡᠷᠭᠢᠯᠡᠬᠦ ᠨᠥᠬᠦᠴᠡᠯ ᠤᠨ ᠬᠤᠷᠢᠭ᠎ᠠ | ᠱᠤᠭᠤᠮ ᠢ ᠦᠨᠡᠨ ᠬᠦ ᠪᠠᠲᠤᠯᠠᠭᠤᠯᠬᠤ ᠬᠡᠷᠡᠭᠲᠡᠶ᠃ ᠠᠯᠪᠠᠡ ᠵᠢᠷᠦᠮ ᠤᠨ ᠰᠣᠷᠭᠠᠨ ᠬᠦᠮᠦᠵᠢᠯ ᠤᠨ ᠰᠣᠷᠭᠠᠭᠤᠯᠢ ᠶᠢᠨ | ᠪᠡᠷᠢᠮᠵᠢᠶᠡᠵᠢᠭᠤᠯᠬᠤ ᠪᠦᠳᠦᠭᠡᠨ ᠪᠠᠶᠢᠭᠤᠯᠥᠯᠳᠡ ᠶᠢᠨ ᠢᠨᠵᠧᠨᠧᠷᠢᠩ ᠢ ᠭᠡᠷᠡᠭᠵᠢᠬᠦᠯᠵᠦ᠂ ᠠᠯᠪᠠᠡ ᠵᠢᠷᠦᠮ ᠤᠨ ᠰᠣᠷᠭᠠᠨ | ᠬᠦᠮᠦᠵᠢᠯ ᠤᠨ ᠰᠣᠷᠭᠠᠭᠤᠯᠢ ᠶᠢᠨ ᠰᠣᠷᠭᠠᠭᠤᠯᠢ ᠡᠷᠬᠢᠯᠡᠬᠦ ᠪᠤᠳᠡᠳᠡᠢ ᠪᠡᠷᠢᠮᠵᠢᠶ᠎ᠠ ᠶᠢ ᠳᠡᠬᠦᠯᠳᠡᠷᠵᠢᠬᠦᠯᠵᠦ᠂ ᠰᠣᠷᠭᠠᠭᠤᠯᠢ ᠶᠢᠨ | ᠪᠡᠷᠢᠮᠵᠢᠶᠡᠵᠢᠭᠤᠯᠥᠠᠠᠰᠠᠨ ᠪᠦᠳᠦᠭᠡᠨ ᠪᠠᠶᠢᠭᠤᠯᠥᠯᠳᠡ ᠶᠢᠨ ᠡᠬᠡ ᠳᠡᠩᠰᠡ ᠶᠢ ᠪᠠᠶᠢᠭᠤᠯᠥᠨ᠂ ᠠᠯᠪᠠᠡ ᠵᠢᠷᠦᠮ ᠤᠨ ᠰᠣᠷᠭᠠᠨ | ᠬᠦᠮᠦᠵᠢᠯ ᠤᠨ ᠪᠠᠭᠤᠷᠡᠢ ᠳᠡᠯ᠎ᠠ ᠶᠢ ᠰᠠᠶᠢᠵᠢᠷᠡᠭᠤᠯᠬᠤ ᠪᠠ ᠴᠢᠳᠡᠪᠦᠷᠢ ᠶᠢ ᠳᠡᠭᠡᠭᠰᠢᠯᠡᠬᠦᠯᠬᠦ᠂ ᠰᠣᠷᠭᠠᠨ ᠬᠦᠮᠦᠵᠢᠯ ᠤᠨ | ᠬᠦᠴᠣᠨ ᠢᠶᠠᠨ ᠳᠡᠭᠡᠭᠰᠢᠯᠡᠬᠦᠯᠬᠦ ᠢᠨᠵᠧᠨᠧᠷᠢᠩ ᠵᠡᠷᠭᠡ ᠳᠥᠷᠦᠯ ᠵᠦᠢᠯ ᠢ ᠨᠢᠭᠡᠳᠦᠯᠳᠡᠢ ᠳᠥᠯᠥᠪᠯᠡᠨ ᠭᠡᠷᠡᠭᠵᠢᠬᠦᠯᠵᠦ᠂ ᠠᠯᠪᠠᠡ | ᠵᠢᠷᠦᠮ ᠤᠨ ᠰᠣᠷᠭᠠᠨ ᠬᠦᠮᠦᠵᠢᠯ ᠤᠨ ᠰᠣᠷᠭᠠᠭᠤᠯᠢ ᠶᠢᠨ ᠰᠣᠷᠭᠠᠭᠤᠯᠢ ᠶᠢᠨ ᠪᠠᠶᠢᠷᠢ ᠶᠢᠨ ᠭᠡᠷ ᠤᠨ ᠪᠦᠳᠦᠭᠡᠨ ᠪᠠᠶᠢᠭᠤᠯᠥᠯᠳᠡ᠂ | ᠠᠮᠥᠷ ᠳᠥᠪᠰᠢᠨ ᠤ ᠰᠡᠷᠭᠡᠶᠢᠯᠡᠯᠳᠡ ᠶᠢᠨ ᠪᠠᠶᠢᠭᠤᠯᠥᠯᠳᠡ᠂ ᠵᠢᠭᠠᠨ ᠰᠣᠷᠭᠠᠯᠳᠡ ᠶᠢᠨ ᠪᠠᠭᠠᠵᠢ ᠭᠡᠷᠡᠭᠰᠡᠯ ᠳᠦᠬᠦᠭᠡᠷᠦᠮᠵᠢ᠂ | ᠲᠣᠭᠠᠵᠢᠭᠤᠯᠥᠠᠠᠰᠠᠨ ᠰᠠᠭᠤᠷᠢ ᠣᠷᠴᠢᠨ ᠲᠤᠭᠤᠷᠢᠨ᠂ ᠰᠣᠷᠭᠠᠭᠤᠯᠢ ᠶᠢᠨ ᠠᠩᠬᠢ ᠶᠢᠨ ᠲᠤᠭ᠎ᠠ᠂ ᠪᠠᠭᠰᠢ ᠶᠢ ᠲᠣᠬᠢᠷᠡᠭᠤᠯᠬᠤ | ᠵᠡᠷᠭᠡ ᠰᠣᠷᠭᠠᠭᠤᠯᠢ ᠡᠷᠬᠢᠯᠡᠬᠦ ᠨᠦᠬᠦᠴᠡᠯ ᠢ ᠲᠣᠠᠠᠳᠠᠭᠠᠬᠤ ᠪᠠ ᠪᠡᠷᠢᠮᠵᠢᠶ᠎ᠠ ᠳᠤ ᠬᠦᠷᠦᠬᠦᠯᠵᠦ᠂ ᠰᠣᠷᠭᠠᠭᠤᠯᠢ ᠶᠢᠨ ᠵᠢᠭᠠᠨ | ᠰᠣᠷᠭᠠᠯᠳᠡ ᠶᠢᠨ ᠠᠮᠢᠳᠣᠷᠡᠯ ᠪᠠ ᠠᠮᠥᠷ ᠳᠥᠪᠰᠢᠨ ᠤ ᠪᠠᠳᠣᠯᠠᠭ᠎ᠠ ᠶᠢᠨ ᠨᠦᠬᠦᠴᠡᠯ ᠢ ᠦᠨᠡᠨᠬᠦ ᠰᠠᠶᠢᠵᠢᠷᠡᠭᠤᠯᠥᠨ᠂ | ᠰᠣᠷᠭᠠᠭᠤᠯᠢ ᠶᠢᠨ ᠵᠢᠭᠠᠨ ᠰᠣᠷᠭᠠᠯᠳᠡ ᠶᠢᠨ ᠠᠮᠢᠳᠣᠷᠡᠯ ᠪᠠ ᠡᠯ᠎ᠡ ᠭᠠᠵᠠᠷ ᠣᠷᠣᠨ ᠨᠢ ᠰᠤᠷᠭᠠᠭᠤᠯᠢ ᠶᠢᠨ ᠪᠦᠲᠦᠭᠡᠨ | ᠪᠠᠶᠢᠭᠤᠯᠤᠯᠲᠠ ᠶᠢ ᠪᠠᠷᠢᠮᠵᠢᠶᠠᠵᠢᠭᠤᠯᠬᠤ ᠶᠢ ᠠᠬᠢᠭᠤᠯᠬᠤ ᠶᠢᠨ ᠬᠠᠮᠲᠤ᠂ ᠪᠣᠳᠠᠲᠠᠢ ᠲᠠᠢ ᠪᠠᠨ ᠤᠶᠠᠯᠳᠤᠭᠤᠯᠤᠨ | ᠰᠤᠷᠭᠠᠭᠤᠯᠢ ᠶᠢᠨ ᠬᠢᠴᠢᠶᠡᠯ ᠤᠨ ᠭᠡᠷ ᠤᠨ ᠰᠤᠷᠤᠯᠴᠠᠬᠤ ᠬᠥᠳᠡᠯᠭᠡᠭᠡᠨ ᠤ ᠣᠷᠣᠨ ᠵᠠᠢ ᠪᠣᠯᠣᠨ ᠪᠡᠶ᠎ᠡ ᠶᠢᠨ ᠲᠠᠮᠢᠷ ᠤᠨ | ᠬᠥᠳᠡᠯᠭᠡᠭᠡᠨ ᠤ ᠲᠠᠯᠠᠪᠤᠷ ᠭᠠᠵᠠᠷ ᠢ ᠵᠣᠬᠢᠰᠲᠠᠢ ᠥᠷᠭᠡᠳᠭᠡᠬᠦ ᠶᠢ ᠳᠡᠮᠵᠢᠵᠦ᠂ ᠪᠠᠶᠢᠷᠢ ᠳᠤ ᠰᠠᠭᠤᠬᠤ ᠦᠭᠡᠢ ᠳᠦᠷᠢᠮᠲᠦ | ᠰᠤᠷᠭᠠᠭᠤᠯᠢ ᠳᠤ ᠰᠤᠷᠤᠭᠴᠢᠳ ᠤᠨ ᠬᠤᠭᠤᠯᠠ ᠢᠳᠡᠬᠦ ᠪᠠ ᠦᠳᠡ ᠶᠢᠨ ᠠᠮᠠᠷᠠᠯᠲᠠ ᠶᠢᠨ ᠨᠥᠬᠦᠴᠡᠯ ᠬᠠᠩᠭᠠᠬᠤ ᠬᠡᠷᠡᠭᠲᠡᠢ᠃ | ᠤᠯᠤᠰ ᠤᠨ ᠰᠤᠷᠭᠠᠨ ᠬᠥᠮᠦᠵᠢᠯ ᠤᠨ ᠲᠣᠭᠠᠴᠢᠯᠠᠭᠰᠠᠨ ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ ᠶᠢ ᠶᠡᠬᠡᠪᠡᠷ ᠠᠬᠢᠭᠤᠯᠵᠤ᠂ | ᠰᠤᠷᠭᠠᠭᠤᠯᠢ ᠶᠢᠨ ᠬᠦᠷᠢᠶᠡᠨ ᠤ ᠤᠲᠠᠰᠤᠲᠤ᠂ ᠤᠲᠠᠰᠤ ᠥᠬᠡᠶ᠂ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ ᠭᠤᠷᠪᠠᠨ | ᠰᠦᠯᠵᠢᠶᠡᠨ ᠤ ᠠᠭᠤᠰᠤᠯᠴᠠᠯ ᠢ ᠠᠬᠢᠭᠤᠯᠵᠤ᠂ ᠳᠡᠭᠡᠳᠦ ᠬᠤᠷᠳᠤ ᠶᠢᠨ ᠰᠤᠷᠭᠠᠭᠤᠯᠢ ᠶᠢᠨ ᠬᠦᠷᠢᠶᠡᠨ ᠤ ᠲᠣᠤᠷ | ᠰᠦᠯᠵᠢᠶ᠎ᠡ ᠶᠢ ᠪᠥᠲᠥᠭᠡᠨ ᠪᠠᠶᠢᠭᠤᠯᠵᠤ᠂ ᠠᠩᠭᠢ ᠪᠦᠷᠢ ᠳᠤ ᠨᠡᠪᠲᠡᠷᠡᠭᠦᠯᠬᠦ ᠶᠢ ᠪᠡᠶᠡᠯᠡᠭᠦᠯᠦᠨ᠎ᠡ᠃ ᠳᠤᠮᠳᠠᠳᠤ ᠪᠠᠭ᠎ᠠ | ᠰᠤᠷᠭᠠᠭᠤᠯᠢ ᠶᠢᠨ ᠪᠠᠭᠰᠢ ᠠᠵᠢᠯᠲᠠᠨ ᠠᠵᠢᠯᠴᠢᠨ ᠤ ᠣᠷᠣᠨ ᠲᠤᠭ᠎ᠠ ᠶᠢᠨ ᠪᠠᠷᠢᠮᠵᠢᠶ᠎ᠠ ᠪᠠ ᠨᠢᠭᠡᠳᠦᠯᠲᠡᠶ ᠲᠥᠯᠥᠪᠯᠡᠨ | ᠬᠠᠮᠢᠶᠠᠷᠬᠤ ᠲᠤᠬᠠᠶ ᠲᠥᠪ ᠤᠨ ᠬᠠᠮᠢᠶ᠎ᠠ ᠪᠦᠬᠦᠢ ᠲᠣᠭᠲᠠᠭᠠᠯ ᠢ ᠨᠠᠶᠢᠳᠠᠪᠤᠷᠢᠵᠢᠭᠤᠯᠵᠤ᠂ ᠰᠢᠶᠠᠨ ᠢᠶᠠᠷ ᠨᠢᠭᠡᠴᠢ ᠪᠣᠯᠭᠠᠨ | ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠠᠵᠢᠯᠲᠠᠨ ᠠᠵᠢᠯᠴᠢᠨ ᠤ ᠣᠷᠣᠨ ᠲᠤᠭ᠎ᠠ ᠶᠢ ᠤᠯᠤᠰ ᠤᠨ ᠦᠨᠳᠦᠰᠦᠨ | ᠪᠠᠷᠢᠮᠵᠢᠶ᠎ᠠ ᠳᠤ ᠪᠦᠬᠦ ᠲᠠᠯ᠎ᠠ ᠪᠠᠷ ᠬᠦᠷᠦᠭᠦᠯᠬᠦ ᠶᠢ ᠦᠨᠡᠨ ᠬᠦ ᠪᠠᠲᠤᠯᠠᠵᠤ᠂ ᠤᠯᠤᠰ ᠤᠨ ᠬᠢᠴᠢᠶᠡᠯ ᠤᠨ ᠲᠥᠰᠦᠯ ᠢ | ᠦᠨᠳᠦᠰᠦᠯᠡᠨ ᠪᠠᠭᠰᠢ ᠶᠢ ᠪᠦᠷᠢᠨ ᠭᠦᠢᠴᠡᠳ ᠲᠣᠬᠢᠷᠠᠭᠤᠯᠵᠤ᠂ ᠢᠯᠠᠩᠭᠤᠶ᠎ᠠ ᠦᠵᠡᠯ ᠰᠠᠨᠠᠭ᠎ᠠ ᠤᠯᠤᠰ ᠲᠥᠷᠥ ᠶᠢᠨ | ᠬᠢᠴᠢᠶᠡᠯ᠂ ᠪᠡᠶ᠎ᠡ ᠶᠢᠨ ᠲᠠᠮᠢᠷ᠂ ᠭᠤᠸ᠎ᠠ ᠰᠠᠶᠢᠬᠠᠨ ᠤ ᠬᠥᠮᠦᠵᠢᠯ᠂ ᠬᠥᠳᠡᠯᠮᠦᠷᠢ ᠶᠢᠨ ᠬᠥᠮᠦᠵᠢᠯ ᠪᠠ ᠰᠡᠳᠬᠢᠴᠡ ᠶᠢᠨ | ᠡᠷᠡᠭᠦᠯ ᠮᠡᠨᠳᠦ ᠶᠢᠨ ᠬᠥᠮᠦᠵᠢᠯ᠂ ᠣᠨᠴᠠᠭᠠᠶ ᠰᠤᠷᠭᠠᠨ ᠬᠥᠮᠦᠵᠢᠯ ᠤᠨ ᠪᠠᠭᠰᠢ ᠶᠢ ᠲᠣᠬᠢᠷᠠᠭᠤᠯᠬᠤ ᠶᠢ ᠴᠢᠩᠭᠠᠳᠬᠠᠨ᠎ᠠ᠃ | ᠡᠯ᠎ᠡ ᠭᠠᠵᠠᠷ ᠣᠷᠣᠨ ᠨᠤᠭᠤᠳ ᠪᠠᠭᠰᠢ ᠶᠢᠨ ᠬᠥᠭᠵᠢᠯᠲᠡ ᠶᠢ ᠳᠡᠭᠡᠭᠰᠢᠯᠡᠭᠦᠯᠬᠦ ᠲᠥᠯᠥᠪᠵᠢᠭᠦᠯᠭᠡ ᠶᠢ ᠲᠣᠭᠲᠠᠭᠠᠬᠤ ᠶᠢᠨ | ᠬᠠᠮᠲᠤ ᠬᠡᠷᠡᠭᠵᠢᠭᠦᠯᠵᠦ᠂ ᠥᠨᠳᠥᠷ ᠬᠡᠪ ᠴᠢᠨᠠᠷ ᠪᠦᠬᠦᠢ ᠲᠤᠰᠬᠠᠶᠢᠵᠢᠭᠰᠠᠨ ᠪᠠᠭᠰᠢ ᠶᠢᠨ ᠡᠩᠨᠡᠭᠡ ᠶᠢ ᠶᠡᠬᠡᠪᠡᠷ | ᠬᠥᠮᠦᠵᠢᠭᠦᠯᠦᠨ ᠪᠤᠶᠢᠵᠢᠭᠤᠯᠵᠤ᠂ ᠰᠢᠯᠢᠳᠡᠭ ᠭᠤᠤᠯᠯᠠᠭᠴᠢ ᠪᠠᠭᠰᠢ ᠶᠢᠨ ᠶᠡᠷᠦᠩᠬᠡᠶ ᠬᠡᠮᠵᠢᠶ᠎ᠡ ᠶᠢ ᠮᠡᠳᠡᠭᠳᠡᠬᠦ᠋ᠢᠴᠡ | ᠥᠷᠭᠡᠳᠬᠡᠨ᠎ᠡ ᠬᠥᠭᠵᠢᠭᠰᠡᠨ ᠭᠠᠵᠠᠷ ᠣᠷᠣᠨ ᠨᠤᠭᠤᠳ ᠳᠤᠮᠳᠠ ᠪᠠ ᠪᠠᠷᠠᠭᠤᠨ ᠬᠡᠰᠡᠭ ᠤᠨ ᠭᠠᠵᠠᠷ ᠣᠷᠣᠨ᠂ ᠵᠡᠭᠦᠨ | ᠬᠤᠶᠢᠲᠤ ᠣᠷᠣᠨ ᠠᠴᠠ ᠰᠢᠯᠢᠳᠡᠭ ᠰᠤᠷᠭᠠᠭᠤᠯᠢ ᠶᠢᠨ ᠵᠠᠬᠢᠷᠤᠯ ᠪᠣᠯᠤᠨ ᠪᠠᠭᠰᠢ ᠶᠢ ᠵᠠᠪᠳᠤᠨ ᠮᠠᠯᠲᠠᠵᠤ ᠪᠣᠯᠬᠤ ᠦᠭᠡᠶ᠃ | 2. ᠬᠤᠲᠠ ᠬᠥᠳᠡᠭᠡ ᠶᠢᠨ ᠪᠦᠬᠦᠯᠢ ᠴᠣᠭᠴᠠ ᠶᠢᠨ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠬᠤᠲᠠ | ᠬᠥᠳᠡᠭᠡ ᠶᠢᠨ ᠰᠤᠷᠭᠠᠨ ᠬᠥᠮᠦᠵᠢᠯ ᠢ ᠨᠢᠭᠡ ᠴᠣᠭᠴᠠᠵᠢᠭᠤᠯᠬᠤ ᠶᠢ ᠲᠦᠯᠬᠢᠨ ᠠᠬᠢᠭᠤᠯᠬᠤ ᠪᠠᠷ ᠭᠤᠤᠯᠳᠠᠯᠭ᠎ᠠ ᠪᠣᠯᠭᠠᠵᠤ᠂ | ᠰᠢᠶᠠᠨ ᠤ ᠬᠡᠪᠴᠢᠶᠡᠨ ᠳᠣᠲᠣᠷᠠᠬᠢ ᠬᠤᠲᠠ ᠬᠥᠳᠡᠭᠡ ᠶᠢᠨ ᠰᠤᠷᠭᠠᠨ ᠬᠥᠮᠦᠵᠢᠯ ᠤᠨ ᠵᠥᠷᠢᠶ᠎ᠡ ᠶᠢ ᠲᠦᠷᠭᠡᠳᠬᠡᠨ ᠪᠠᠭᠠᠰᠬᠠᠨ᠎ᠠ᠃ | ᠤᠯᠤᠰ ᠤᠨ ᠬᠥᠮᠦᠨ ᠠᠮᠠ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠦᠢᠯᠡᠴᠢᠯᠡᠬᠦ ᠪᠠᠶᠢᠯᠳᠤᠬᠤ ᠪᠣᠳᠣᠯᠭ᠎ᠠ᠂ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠠᠶᠢᠯᠳᠤᠬᠤ | ᠪᠣᠳᠣᠯᠭ᠎ᠠ ᠳᠤ ᠵᠣᠬᠢᠴᠠᠭᠤᠯᠤᠨ᠂ ᠬᠤᠲᠠ ᠪᠠᠷ ᠬᠥᠳᠡᠭᠡ ᠲᠣᠰᠬᠤᠨ ᠢ ᠳᠠᠶᠢᠴᠢᠯᠠᠬᠤ᠂ ᠬᠤᠲᠠ ᠬᠥᠳᠡᠭᠡ ᠶᠢᠨ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠬᠥᠭᠵᠢᠯᠲᠡ ᠶᠢ ᠪᠦᠬᠦᠯᠢ ᠴᠣᠭᠴᠠ ᠪᠠᠷ ᠨᠢ ᠠᠬᠢᠭᠤᠯᠵᠤ᠂ ᠬᠤᠲᠠ ᠪᠠᠯᠭᠠᠰᠤ ᠰᠢᠬᠠᠭᠤ᠂ | ᠬᠥᠳᠡᠭᠡ ᠲᠣᠰᠬᠤᠨ ᠪᠠᠭᠤᠷᠠᠶ ᠪᠠᠶᠢᠬᠤ ᠠᠰᠠᠭᠤᠳᠠᠯ ᠢ ᠦᠨᠡᠨ ᠬᠦ ᠰᠢᠢᠳᠪᠦᠷᠢᠯᠡᠨ᠎ᠡ᠃ ᠪᠠᠶᠢᠩᠭᠤ ᠰᠠᠭᠤᠭ᠎ᠠ ᠬᠥᠮᠦᠨ | ᠠᠮᠠ ᠶᠢᠨ ᠬᠤᠪᠢᠷᠠᠯᠲᠠ ᠯᠤᠭ᠎ᠠ ᠬᠠᠷᠢᠯᠴᠠᠨ ᠵᠣᠬᠢᠴᠠᠯᠳᠤᠭᠰᠠᠨ ᠦᠨᠳᠦᠰᠦᠨ ᠣᠯᠠᠨ ᠨᠡᠶᠢᠲᠡ ᠶᠢᠨ ᠰᠤᠷᠭᠠᠨ ᠬᠥᠮᠦᠵᠢᠯ ᠤᠨ | ᠦᠢᠯᠡᠴᠢᠯᠡᠭᠡᠨ ᠬᠠᠩᠭᠠᠬᠤ ᠲᠣᠭᠲᠠᠴᠠ ᠶᠢ ᠪᠠᠶᠢᠭᠤᠯᠵᠤ᠂ ᠪᠣᠳᠠᠲᠠᠶ ᠦᠢᠯᠡᠴᠢᠯᠡᠬᠦ ᠬᠥᠮᠦᠨ ᠠᠮᠠ ᠶᠢᠨ ᠬᠡᠪᠴᠢᠶ᠎ᠡ ᠶᠣᠰᠣᠭᠠᠷ | ᠰᠤᠷᠭᠠᠨ ᠬᠥᠮᠦᠵᠢᠯ ᠤᠨ ᠡᠬᠢ ᠪᠠᠶᠠᠯᠢᠭ ᠢ ᠲᠣᠬᠢᠷᠠᠭᠤᠯᠤᠨ᠎ᠠ᠃ ᠡᠯ᠎ᠡ ᠮᠣᠵᠢ ︵ᠥᠪᠡᠷᠲᠡᠭᠡᠨ ᠵᠠᠰᠠᠬᠤ ᠣᠷᠣᠨ᠂ ᠰᠢᠭᠤᠳ | ᠬᠠᠷᠢᠶ᠎ᠠ ᠬᠤᠲᠠ︶ ᠨᠤᠭᠤᠳ ᠬᠤᠲᠠ ᠪᠠᠯᠭᠠᠰᠤ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠡᠷᠳᠡᠮ ᠤᠨ ᠴᠣᠯᠠ ᠶᠢ | ᠲᠣᠬᠢᠷᠠᠭᠤᠯᠬᠤ ᠪᠠᠷᠢᠮᠵᠢᠶ᠎ᠠ ᠶᠢ ᠲᠣᠭᠲᠠᠭᠠᠵᠤ᠂ ᠬᠤᠲᠠ᠂ ᠰᠢᠶᠠᠨ ᠵᠦᠢ ᠵᠣᠬᠢᠰᠲᠠᠶ ᠲᠥᠯᠥᠪᠵᠢᠭᠦᠯᠬᠦ ᠶᠢᠨ ᠬᠠᠮᠲᠤ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠭᠦᠢᠴᠡᠳ ᠪᠠᠲᠤᠯᠠᠨ᠂ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠵᠢᠵᠢᠭ | ᠲᠣᠭᠤᠷᠢᠭ ᠢ ᠲᠣᠬᠢᠷᠠᠭᠤᠯᠤᠨ ᠪᠠᠶᠢᠭᠤᠯᠬᠤ ᠰᠤᠷᠭᠠᠭᠤᠯᠢ ᠶᠢᠨ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠬᠤᠲᠠ | ᠪᠠᠯᠭᠠᠰᠤ ᠶᠢᠨ ᠰᠤᠷᠭᠠᠭᠤᠯᠢ ᠶᠢᠨ ᠪᠠᠭᠲᠠᠭᠠᠮᠵᠢ ᠶᠢ ᠥᠷᠭᠡᠳᠬᠡᠨ ᠣᠷᠣᠨ ᠪᠠᠶᠢᠷᠢ ᠶᠢ ᠨᠢ ᠨᠡᠮᠡᠭᠳᠡᠭᠦᠯᠬᠦ ᠶᠢ ᠲᠦᠷᠭᠡᠳᠬᠡᠵᠦ᠂ | ᠬᠥᠮᠦᠨ ᠠᠮᠠ ᠲᠥᠪᠯᠡᠷᠡᠨ ᠣᠷᠣᠵᠤ ᠢᠷᠡᠭᠰᠡᠨ ᠭᠠᠵᠠᠷ ᠣᠷᠣᠨ ᠤ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠩᠭᠠᠯᠭ᠎ᠠ | ᠬᠡᠷᠡᠭᠴᠡᠭᠡ ᠶᠢᠨ ᠵᠥᠷᠢᠴᠡᠯ ᠢ ᠦᠨᠡᠨᠬᠦ ᠰᠢᠶ᠋ᠳᠪᠦᠷᠢᠯᠡᠬᠦ ᠬᠡᠷᠡᠭᠲᠡᠶ᠃ ᠰᠤᠷᠤᠭᠴᠢᠳ ᠤᠨ ᠰᠤᠷᠭᠠᠭᠤᠯᠢ ᠳᠤ ᠰᠠᠭᠤᠬᠤ ᠵᠠᠮ | ᠪᠣᠯᠤᠨ ᠰᠤᠷᠭᠠᠭᠤᠯᠢ ᠶᠢᠨ ᠬᠦᠷᠢᠶᠡᠨ ᠤ ᠡᠷᠭᠢᠨ ᠲᠣᠭᠤᠷᠢᠨ ᠤ ᠵᠠᠮ ᠬᠠᠷᠢᠯᠴᠠᠭᠠᠨ ᠤ ᠣᠷᠴᠢᠨ ᠲᠣᠭᠤᠷᠢᠨ ᠤ | ᠥᠭᠡᠷᠡᠴᠢᠯᠡᠯᠲᠡ ᠶᠢ ᠬᠤᠲᠠ ᠶᠢᠨ ᠲᠥᠯᠥᠪᠵᠢᠭᠦᠯᠭᠡ ᠶᠢᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠡᠭᠦᠷᠭᠡ ᠪᠣᠯᠭᠠᠵᠤ᠂ | ᠱᠠᠯᠠᠪᠳᠠᠨ ᠥᠭᠡᠷᠡᠴᠢᠯᠡᠵᠦ ᠪᠣᠳᠠᠲᠠᠶᠢᠵᠢᠭᠤᠯᠬᠤ ᠬᠡᠷᠡᠭᠲᠡᠶ᠃ ᠬᠥᠳᠡᠭᠡ ᠲᠣᠰᠬᠤᠨ ᠤ ᠰᠤᠷᠭᠠᠨ ᠬᠥᠮᠦᠵᠢᠯ ᠢ ᠤᠷᠢᠳᠠᠪᠠᠷ | ᠬᠥᠭᠵᠢᠭᠦᠯᠵᠦ᠂ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠶᠢ ᠪᠠᠲᠤᠯᠠᠬᠤ ᠤᠷᠲᠤ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠡᠭᠦᠯᠳᠡᠷᠵᠢᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠪᠠᠶᠢᠳᠠᠯ ᠤᠨ ᠣᠨ ᠤ ᠬᠢᠨᠠᠨ ᠬᠡᠮᠵᠢᠯᠲᠡ ᠶᠢ ᠴᠢᠩᠭᠠᠳᠬᠠᠵᠤ᠂ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠦᠨ᠎ᠡ︔ ᠬᠤᠲᠠ ᠬᠥᠳᠡᠭᠡ ᠶᠢᠨ ᠰᠤᠷᠭᠠᠭᠤᠯᠢ ᠶᠢᠨ ᠪᠠᠶᠢᠷᠢᠰᠢᠭᠤᠯᠤᠯᠲᠠ ᠶᠢᠨ | ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ ᠶᠢᠨ | ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠎ᠠ︔ ᠬᠤᠲᠠ ᠬᠥᠳᠡᠭᠡ ᠶᠢᠨ ᠰᠤᠷᠭᠠᠭᠤᠯᠢ ᠶᠢᠨ | ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠬᠤᠲᠠ ᠬᠥᠳᠡᠭᠡ ᠶᠢᠨ ᠰᠤᠷᠭᠠᠭᠤᠯᠢ ᠶᠢᠨ | ᠬᠠᠪᠰᠤᠷᠤᠨ ᠲᠡᠳᠬᠦᠵᠦ ᠤᠷᠮᠠᠰᠢᠭᠤᠯᠬᠤ ᠲᠣᠭᠲᠠᠴᠠ ᠶᠢ ᠪᠦᠷᠢᠨᠰᠢᠭᠦᠯᠵᠦ᠂ ᠬᠥᠳᠡᠭᠡ ᠲᠣᠰᠬᠤᠨ ᠤ ᠰᠤᠷᠭᠠᠭᠤᠯᠢ ᠳᠤ ᠴᠥᠮ | ᠬᠤᠲᠠ ᠪᠠᠯᠭᠠᠰᠤᠨ ᠤ ᠰᠤᠷᠭᠠᠭᠤᠯᠢ ᠲᠠᠢ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠨ᠎ᠡ︔ ᠤᠯᠤᠰ ᠤᠨ ᠳᠤᠮᠳᠠᠳᠤ ᠪᠠᠭ᠎ᠠ | ᠰᠤᠷᠭᠠᠭᠤᠯᠢ ᠶᠢᠨ ᠣᠶᠤᠨᠴᠢ ᠰᠤᠷᠭᠠᠨ ᠬᠥᠮᠦᠵᠢᠯ ᠤᠨ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠬᠠᠷᠢᠯᠴᠠᠨ | ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠂ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠲᠣᠭᠠᠴᠢᠯᠠᠭᠰᠠᠨ ᠰᠤᠷᠭᠠᠨ | ᠬᠥᠮᠦᠵᠢᠯ ᠤᠨ ᠡᠬᠢ ᠪᠠᠶᠠᠯᠢᠭ ᠤᠨ ᠲᠠᠪᠴᠠᠩ ᠤᠨ ᠰᠢᠰᠲ᠋ᠧᠮ ᠢ ᠪᠠᠶᠢᠭᠤᠯᠵᠤ᠂ ᠬᠠᠷᠢᠯᠴᠠᠨ ᠬᠤᠯᠪᠣᠭᠠᠯᠠᠵᠤ ᠬᠠᠷᠢᠯᠴᠠᠨ | ᠨᠡᠪᠲᠡᠷᠡᠯᠴᠡᠬᠦ᠂ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠲᠣᠭᠠᠴᠢᠯᠠᠭᠰᠠᠨ ᠰᠤᠷᠭᠠᠨ ᠬᠥᠮᠦᠵᠢᠯ ᠤᠨ ᠡᠬᠢ ᠪᠠᠶᠠᠯᠢᠭ ᠤᠨ | ᠲᠠᠪᠴᠠᠩ ᠤᠨ ᠰᠢᠰᠲ᠋ᠧᠮ ᠢ ᠪᠠᠶᠢᠭᠤᠯᠵᠤ᠂ ᠲᠣᠭᠠᠴᠢᠯᠠᠭᠰᠠᠨ ᠰᠤᠷᠭᠠᠨ ᠬᠥᠮᠦᠵᠢᠯ ᠤᠨ ᠡᠬᠢ ᠪᠠᠶᠠᠯᠢᠭ ᠢᠯᠡᠷᠡᠬᠦ ᠬᠡᠯᠪᠡᠷᠢ | ᠮᠠᠶ᠋ᠢᠭ ᠢ ᠬᠠᠩᠭᠠᠵᠤ᠂ ᠬᠥᠳᠡᠭᠡ ᠲᠣᠰᠬᠤᠨ ᠤ ᠬᠢᠯᠢ ᠬᠢᠵᠠᠭᠠᠷ ᠣᠷᠣᠨ ᠳᠤ ᠦᠢᠯᠡᠴᠢᠯᠡᠵᠦ ᠰᠤᠷᠭᠠᠨ ᠬᠥᠮᠦᠵᠢᠯ ᠤᠨ ᠶᠠᠰᠤ | ᠴᠢᠨᠠᠷ ᠢ ᠳᠡᠭᠡᠭᠰᠢᠯᠡᠭᠦᠯᠦᠨ᠎ᠡ᠃ | 3. ᠰᠤᠷᠭᠠᠭᠤᠯᠢ ᠶᠢᠨ ᠬᠤᠭᠤᠷᠣᠨᠳᠣᠬᠢ ᠲᠡᠩᠴᠡᠭᠦᠷᠢᠲᠡᠶ ᠬᠥᠭᠵᠢᠯᠲᠡ ᠶᠢ ᠲᠦᠷᠭᠡᠳᠬᠡᠨ᠎ᠡ᠃ ᠪᠠᠭᠰᠢ ᠶᠢᠨ | ᠲᠣᠬᠢᠷᠠᠭᠤᠯᠤᠯᠲᠠ ᠶᠢ ᠲᠡᠩᠴᠡᠭᠦᠷᠢᠲᠡᠶ ᠪᠠᠶᠢᠯᠭᠠᠬᠤ ᠶᠢ ᠠᠬᠢᠭᠤᠯᠬᠤ ᠪᠠᠷ ᠭᠤᠤᠯᠳᠠᠯᠭ᠎ᠠ ᠪᠣᠯᠭᠠᠨ᠂ ᠰᠤᠷᠭᠠᠭᠤᠯᠢ ᠶᠢᠨ | ᠬᠤᠭᠤᠷᠣᠨᠳᠣᠬᠢ ᠰᠤᠷᠭᠠᠭᠤᠯᠢ ᠡᠷᠬᠢᠯᠡᠬᠦ ᠶᠠᠰᠤ ᠴᠢᠨᠠᠷ ᠤᠨ ᠵᠥᠷᠢᠶ᠎ᠡ ᠶᠢ ᠲᠦᠷᠭᠡᠳᠬᠡᠨ ᠪᠠᠭᠠᠰᠬᠠᠨ᠎ᠠ᠃ ᠪᠦᠯᠦᠭᠵᠢᠭᠦᠯᠦᠨ | ᠰᠤᠷᠭᠠᠭᠤᠯᠢ ᠡᠷᠬᠢᠯᠡᠬᠦ ᠪᠠ ᠰᠤᠷᠭᠠᠭᠤᠯᠢ ᠶᠢᠨ ᠲᠣᠭᠤᠷᠢᠭ ᠤᠨ ᠳᠦᠷᠢᠮ ᠤᠨ ᠬᠠᠮᠢᠶᠠᠷᠤᠯᠲᠠ ᠶᠢᠨ ᠠᠷᠭ᠎ᠠ ᠵᠢᠴᠢ | ᠠᠵᠢᠯᠯᠠᠭᠠᠨ ᠤ ᠲᠣᠭᠲᠠᠴᠠ ᠶᠢ ᠲᠡᠭᠦᠯᠳᠡᠷᠵᠢᠭᠦᠯᠵᠦ᠂ ᠰᠤᠷᠭᠠᠭᠤᠯᠢ ᠶᠢᠨ ᠬᠤᠭᠤᠷᠣᠨᠳᠣᠬᠢ ᠬᠠᠮᠢᠶᠠᠷᠤᠯᠲᠠ᠂ ᠵᠢᠭᠠᠨ | ᠰᠤᠷᠭᠠᠯᠲᠠ᠂ ᠵᠢᠭᠠᠨ ᠰᠤᠷᠭᠠᠯᠲᠠ ᠶᠢᠨ ᠰᠤᠳᠤᠯᠭᠠᠨ ᠢ ᠨᠢᠭᠲᠠ ᠠᠭᠤᠰᠤᠯᠴᠠᠭᠤᠯᠬᠤ ᠶᠢ ᠠᠬᠢᠭᠤᠯᠵᠤ᠂ ᠴᠢᠨᠠᠷ ᠰᠠᠶᠢᠲᠠᠢ | ᠳᠠᠶᠢᠴᠢᠯᠠᠬᠤ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠡᠬᠢ ᠪᠠᠶᠠᠯᠢᠭ ᠢ ᠬᠠᠮᠲᠤᠪᠠᠷ ᠡᠳ᠋ᠯᠡᠬᠦ ᠶᠢ ᠴᠢᠩᠭᠠᠳᠬᠠᠵᠤ᠂ | ᠪᠦᠯᠦᠭᠯᠡᠯ ᠤᠨ ᠳᠣᠲᠣᠷ᠎ᠠ᠂ ᠰᠤᠷᠭᠠᠭᠤᠯᠢ ᠶᠢᠨ ᠳᠣᠲᠣᠷᠠᠬᠢ ᠰᠤᠷᠭᠠᠭᠤᠯᠢ ᠶᠢᠨ ᠬᠤᠭᠤᠷᠣᠨᠳᠣᠬᠢ ᠴᠢᠨᠠᠷ ᠰᠠᠶᠢᠲᠠᠢ | ᠲᠡᠩᠴᠡᠭᠦᠷᠢᠲᠡᠶ ᠬᠥᠭᠵᠢᠯᠲᠡ ᠶᠢ ᠲᠦᠷᠭᠡᠳᠬᠡᠨ ᠪᠡᠶᠡᠯᠡᠭᠦᠯᠵᠦ᠂ ᠰᠢᠶᠠᠨ ᠤ ᠬᠡᠪᠴᠢᠶᠡᠨ ᠤ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠳᠤ ᠰᠠᠭᠤᠷᠢ ᠲᠠᠯᠪᠢᠨ᠎ᠠ᠃ ᠰᠢᠨ᠎ᠡ ᠰᠢᠯᠢᠳᠡᠭ | ᠰᠤᠷᠭᠠᠭᠤᠯᠢ ᠶᠢᠨ ᠪᠤᠶᠢᠵᠢᠯᠲᠠ ᠶᠢ ᠠᠬᠢᠭᠤᠯᠵᠤ᠂ ᠣᠯᠠᠨ ᠲᠦᠮᠡᠨ ᠤ ︽ᠬᠡᠷ ᠤᠨ ᠡᠭᠦᠳᠡ︾ ᠶᠢᠨ ᠰᠤᠷᠭᠠᠭᠤᠯᠢ ᠶᠢ | ᠰᠠᠶᠢᠲᠤᠷ ᠡᠷᠭᠢᠯᠡᠨ᠎ᠡ᠃ ᠰᠤᠷᠭᠠᠭᠤᠯᠢ ᠶᠢᠨ ᠵᠠᠬᠢᠷᠤᠯ ᠪᠠ ᠪᠠᠭᠰᠢ ᠶᠢ ᠡᠮᠬᠢ ᠵᠢᠷᠤᠮ ᠲᠠᠢ ᠪᠠᠷ ᠰᠣᠯᠢᠯᠴᠠᠵᠤ ᠠᠵᠢᠯ ᠤᠨ | ᠪᠠᠶᠢᠷᠢ ᠡᠭᠡᠯᠵᠢᠯᠡᠭᠦᠯᠬᠦ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠵᠦ᠂ ᠪᠠᠭᠰᠢ ᠶᠢ ︽ᠰᠢᠶᠠᠨ ᠠᠴᠠ ᠬᠠᠮᠢᠶᠠᠷᠴᠤ | ᠰᠤᠷᠭᠠᠭᠤᠯᠢ ᠠᠴᠠ ᠤᠷᠢᠬᠤ︾ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠰᠢᠨᠵᠢᠯᠡᠬᠦ ᠤᠬᠠᠭᠠᠨᠴᠢ ᠪᠠᠷ ᠠᠬᠢᠭᠤᠯᠵᠤ᠂ ᠬᠤᠲᠠ᠂ | ᠬᠥᠳᠡᠭᠡ ᠲᠣᠰᠬᠤᠨ ᠵᠡᠷᠭᠡ ᠠᠳᠠᠯᠢ ᠪᠤᠰᠤ ᠭᠠᠵᠠᠷ ᠣᠷᠣᠨ ᠤ ᠪᠣᠳᠠᠲᠠᠶ ᠠᠴᠠ ᠡᠭᠦᠰᠴᠦ᠂ ᠰᠣᠯᠢᠯᠴᠠᠯ ᠤᠨ ᠠᠵᠢᠯ ᠤᠨ | ᠪᠠᠶᠢᠷᠢ ᠶᠢ ᠪᠠᠲᠤᠯᠠᠬᠤ ᠪᠠ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠂ 3 ᠵᠢᠯ ᠠᠴᠠ ᠳᠡᠭᠡᠭᠰᠢ ᠳᠤᠮᠳᠠᠳᠤ ᠪᠠᠭ᠎ᠠ | ᠰᠤᠷᠭᠠᠭᠤᠯᠢ ᠶᠢᠨ ᠵᠠᠬᠢᠷᠤᠯ ᠢ ᠰᠣᠩᠭᠤᠨ ᠲᠣᠮᠢᠯᠠᠬᠤ ᠲᠡᠷᠢᠭᠦᠨ ᠨᠥᠬᠦᠴᠡᠯ ᠪᠣᠯᠭᠠᠵᠤ᠂ ᠰᠢᠯᠢᠳᠡᠭ ᠰᠤᠷᠭᠠᠭᠤᠯᠢ ᠶᠢᠨ | ᠵᠠᠬᠢᠷᠤᠯ ᠪᠠ ᠭᠤᠤᠯᠯᠠᠭᠴᠢ ᠪᠠᠭᠰᠢ ᠶᠢ ᠬᠥᠳᠡᠭᠡ ᠲᠣᠰᠬᠤᠨ ᠤ ᠰᠤᠷᠭᠠᠭᠤᠯᠢ᠂ ᠰᠤᠷᠭᠠᠭᠤᠯᠢ ᠡᠷᠭᠢᠯᠡᠬᠦ ᠨᠥᠬᠦᠴᠡᠯ ᠢᠶᠠᠷ | ᠪᠠᠭᠤᠷᠠᠶ ᠪᠠᠶᠢᠬᠤ ᠰᠤᠷᠭᠠᠭᠤᠯᠢ ᠳᠠᠰᠢ ᠰᠢᠯᠵᠢᠭᠦᠯᠬᠦ ᠶᠢ ᠠᠬᠢᠭᠤᠯᠤᠨ᠎ᠠ︔ ᠵᠠᠷᠴᠢᠮ ᠳᠡᠭᠡᠷ᠎ᠡ ᠪᠠᠨ ᠠᠳᠠᠯᠢ ᠨᠢᠭᠡᠨ | ᠰᠤᠷᠭᠠᠭᠤᠯᠢ ᠳᠤ ᠦᠷᠭᠦᠯᠵᠢᠯᠡᠨ ᠠᠵᠢᠯ ᠤᠨ ᠪᠠᠶᠢᠷᠢ ᠳᠤ ᠭᠠᠷᠴᠤ ᠪᠠᠶᠢᠭ᠎ᠠ ᠰᠤᠷᠭᠠᠭᠤᠯᠢ ᠶᠢᠨ ᠵᠠᠬᠢᠷᠤᠯ ᠪᠠ ᠰᠢᠯᠢᠳᠡᠭ | ᠭᠤᠤᠯᠯᠠᠭᠴᠢ ᠪᠠᠭᠰᠢ ᠶᠢ ᠡᠩ ᠲᠡᠷᠢᠭᠦᠨ ᠳᠤ ᠠᠵᠢᠯ ᠤᠨ ᠪᠠᠶᠢᠷᠢ ᠳᠤ ᠰᠣᠯᠢᠯᠴᠠᠬᠤ ᠶᠢ ᠠᠬᠢᠭᠤᠯᠤᠨ᠎ᠠ᠃ ᠰᠤᠷᠭᠠᠭᠤᠯᠢ | ᠡᠷᠬᠢᠯᠡᠬᠦ ᠬᠢᠷᠢ ᠬᠡᠮᠵᠢᠶ᠎ᠡ ᠪᠠᠷ ᠨᠡᠯᠢᠶᠡᠳ ᠥᠨᠳᠥᠷ ᠰᠤᠷᠭᠠᠭᠤᠯᠢ ᠶᠢᠨ ᠳᠠᠳᠤᠯᠭ᠎ᠠ ᠪᠣᠯᠪᠠᠰᠤᠷᠠᠭᠤᠯᠤᠯ ᠤᠨ ᠳᠦᠷᠢᠮ | ᠪᠠᠶᠢᠭᠤᠯᠬᠤ ᠶᠢ ᠢᠳᠡᠪᠬᠢᠲᠡᠶ ᠪᠠᠷ ᠰᠦᠪᠡᠭᠴᠢᠯᠡᠬᠦ ᠬᠡᠷᠡᠭᠲᠡᠶ᠃ ᠰᠢᠨ᠎ᠡ ᠬᠢᠴᠢᠶᠡᠯ᠂ ᠰᠢᠨ᠎ᠡ ᠵᠢᠭᠠᠬᠤ ᠮᠠᠲ᠋ᠧᠷᠢᠶᠠᠯ᠂ ᠰᠢᠨ᠎ᠡ | ᠠᠷᠭ᠎ᠠ᠂ ᠰᠢᠨ᠎ᠡ ᠮᠡᠷᠭᠡᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠤᠯᠤᠰ ᠤᠨ ᠪᠣᠯᠪᠠᠰᠤᠷᠠᠭᠤᠯᠤᠯ ᠤᠨ ᠲᠥᠯᠥᠪᠯᠡᠭᠡ︾ | ᠶᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠮᠤᠵᠢ᠂ ᠬᠤᠲᠠ᠂ ᠰᠢᠶᠠᠨ᠂ ᠰᠤᠷᠭᠠᠭᠤᠯᠢ ᠳᠤ ᠰᠤᠷᠭᠠᠭᠤᠯᠢ ᠶᠢᠨ | ᠵᠠᠬᠢᠷᠤᠯ ᠪᠠ ᠪᠠᠭᠰᠢ ᠶᠢᠨ ᠪᠥᠬᠦ ᠠᠵᠢᠯᠲᠠᠨ ᠤ ᠪᠣᠯᠪᠠᠰᠤᠷᠠᠭᠤᠯᠤᠯ ᠥᠷᠨᠢᠭᠦᠯᠬᠦ ᠶᠢ ᠠᠬᠢᠭᠤᠯᠵᠤ᠂ ᠪᠠᠭᠰᠢ ᠶᠢᠨ ᠮᠡᠷᠭᠡᠵᠢᠯ ᠤᠨ | ᠰᠤᠷᠤᠭᠴᠢᠳ ᠢ ᠬᠥᠮᠦᠵᠢᠭᠦᠯᠬᠦ ᠲᠥᠰᠦᠯ ᠪᠠ ᠬᠢᠴᠢᠶᠡᠯ ᠤᠨ ᠰᠢᠰᠲ᠋ᠧᠮᠵᠢ ᠶᠢ ᠰᠢᠯᠢᠳᠡᠭᠵᠢᠭᠦᠯᠦᠨ᠂ ᠬᠥᠮᠦᠨ ᠤ ᠬᠦᠴᠦ ᠪᠠᠷ | ᠣᠶᠤᠨᠴᠢ ᠪᠠᠷ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠵᠦ᠂ ᠰᠤᠷᠭᠠᠭᠤᠯᠢ ᠶᠢᠨ | ᠵᠠᠬᠢᠷᠤᠯ ᠤᠨ ᠰᠤᠷᠭᠠᠭᠤᠯᠢ ᠡᠷᠭᠢᠯᠡᠵᠦ ᠰᠤᠷᠭᠠᠭᠤᠯᠢ ᠶᠢ ᠵᠠᠰᠠᠬᠤ ᠴᠢᠳᠠᠪᠤᠷᠢ ᠪᠠ ᠪᠠᠭᠰᠢ ᠶᠢᠨ ᠰᠤᠷᠭᠠᠨ ᠬᠥᠮᠦᠵᠢᠯ ᠵᠢᠭᠠᠨ | ᠰᠤᠷᠭᠠᠯᠲᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠪᠠᠭᠰᠢ ᠶᠢᠨ ᠵᠢᠭᠠᠨ ᠰᠤᠷᠭᠠᠬᠤ ᠠᠷᠭ᠎ᠠ | ᠮᠠᠶ᠋ᠢᠭ ᠤᠨ ᠰᠢᠨ᠎ᠡ ᠶᠢ ᠡᠭᠦᠳᠬᠦ ᠶᠢ ᠳᠡᠮᠵᠢᠵᠦ᠂ ᠬᠢᠴᠢᠶᠡᠯ ᠰᠢᠯᠢᠨ ᠰᠣᠩᠭᠤᠬᠤ ᠠᠵᠢᠯ ᠢ ᠭᠦᠨᠵᠡᠭᠡᠶ ᠥᠷᠨᠢᠭᠦᠯᠵᠦ᠂ | ᠰᠢᠯᠢᠳᠡᠭ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠢ ᠶᠡᠬᠡᠪᠡᠷ ᠳᠡᠯᠭᠡᠷᠡᠭᠦᠯᠦᠨ ᠬᠡᠷᠡᠭᠯᠡᠵᠦ᠂ ᠪᠠᠭᠰᠢ ᠶᠢᠨ ᠲᠣᠭᠠᠴᠢᠯᠠᠭᠰᠠᠨ | ᠬᠡᠪ ᠪᠣᠯᠪᠠᠰᠤᠷᠠᠯ ᠪᠠ ᠮᠡᠳᠡᠭᠡ ᠵᠠᠩᠭᠢ ᠶᠢᠨ ᠮᠡᠷᠭᠡᠵᠢᠯ ᠤᠨ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠦᠬᠦ | ᠤᠯᠤᠰ ᠤᠨ ᠰᠠᠭᠤᠷᠢ ᠰᠤᠷᠭᠠᠨ ᠬᠥᠮᠦᠵᠢᠯ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ | ᠲᠣᠭᠠᠴᠢᠯᠠᠭᠰᠠᠨ ᠬᠠᠮᠢᠶᠠᠷᠤᠯᠲᠠ ᠶᠢᠨ ᠬᠢᠷᠢ ᠬᠡᠮᠵᠢᠶ᠎ᠡ ᠪᠣᠯᠤᠨ ᠬᠠᠮᠢᠶᠠᠷᠤᠯᠲᠠ ᠶᠢᠨ ᠬᠦᠴᠦᠨ ᠴᠢᠳᠠᠪᠤᠷᠢ ᠶᠢ | ᠳᠡᠭᠡᠭᠰᠢᠯᠡᠭᠦᠯᠦᠨ᠎ᠡ᠃ ᠰᠤᠷᠭᠠᠭᠤᠯᠢ ᠶᠢᠨ ᠬᠠᠮᠢᠶᠠᠷᠤᠯᠲᠠ ᠪᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠶᠠᠰᠤ | ᠴᠢᠨᠠᠷ ᠤᠨ ᠦᠨᠡᠯᠡᠯᠲᠡ ᠶᠢᠨ ᠲᠦᠷᠢᠮ ᠢ ᠲᠡᠭᠦᠯᠳᠡᠷᠵᠢᠭᠦᠯᠵᠦ᠂ ᠰᠢᠶᠠᠨ ᠤ ᠬᠡᠪᠴᠢᠶᠡᠨ ᠤ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠪᠠᠶᠢᠬᠤ ᠶᠢ ᠡᠭᠦᠳᠦᠨ ᠪᠠᠶᠢᠭᠤᠯᠬᠤ ᠪᠠ ᠬᠢᠨᠠᠨ ᠵᠢᠯᠣᠭᠤᠳᠴᠤ ᠦᠨᠡᠯᠡᠨ | ᠵᠢᠱᠢᠬᠦ ᠠᠵᠢᠯ ᠢ ᠢᠳᠡᠪᠬᠢᠲᠡᠶ ᠥᠷᠨᠢᠭᠦᠯᠦᠨ᠎ᠡ᠃ | 4. ᠨᠡᠶᠢᠲᠡ ᠴᠣᠭᠴᠠ ᠶᠢᠨ ᠡᠷᠬᠡ ᠲᠡᠭᠰᠢ ᠬᠥᠭᠵᠢᠯᠲᠡ ᠶᠢ ᠪᠠᠲᠤᠯᠠᠨ᠎ᠠ᠃ ᠰᠤᠷᠭᠠᠨ ᠬᠥᠮᠦᠵᠢᠭᠦᠯᠵᠦ ᠬᠠᠯᠠᠮᠵᠢᠯᠠᠨ | ᠬᠠᠶᠢᠷᠠᠯᠠᠬᠤ ᠳᠦᠷᠢᠮᠵᠢᠯ ᠢ ᠠᠬᠢᠭᠤᠯᠬᠤ ᠪᠠᠷ ᠭᠤᠤᠯᠳᠠᠯᠭ᠎ᠠ ᠪᠣᠯᠭᠠᠨ᠂ ᠨᠡᠶᠢᠲᠡ ᠴᠣᠭᠴᠠ ᠶᠢᠨ ᠰᠤᠷᠭᠠᠨ ᠬᠥᠮᠦᠵᠢᠯ ᠤᠨ | ᠵᠥᠷᠢᠶ᠎ᠡ ᠶᠢ ᠲᠦᠷᠭᠡᠳᠬᠡᠨ ᠪᠠᠭᠠᠰᠬᠠᠨ᠎ᠠ᠃ ᠠᠯᠪᠠᠡ ᠵᠢᠷᠦᠮ ᠤᠨ ᠰᠣᠷᠭᠠᠨ ᠬᠦᠮᠦᠵᠢᠯ ᠤᠨ ᠰᠢᠯᠭᠠᠯᠳᠡ ᠬᠢᠬᠦ ᠦᠭᠡᠢ ᠪᠠᠷ | ᠦᠢᠷ᠎ᠠ ᠬᠠᠪᠢ ᠳᠠᠭᠠᠨ ᠰᠣᠷᠭᠠᠭᠤᠯᠢ ᠳᠤ ᠣᠷᠣᠬᠤ ᠪᠠ ᠠᠯᠪᠠᠨ ᠠᠴᠠ ᠡᠷᠬᠢᠯᠡᠭᠰᠡᠨ ᠠᠷᠡᠳ ᠠᠴᠠ ᠡᠷᠬᠢᠯᠡᠭᠰᠡᠨ | ᠰᠣᠷᠭᠠᠭᠤᠯᠢ ᠨᠤᠭᠤᠳ ᠵᠡᠷᠭᠡ ᠪᠠᠷ ᠰᠣᠷᠣᠠᠠᠴᠢ ᠡᠯᠰᠡᠬᠦ ᠳᠥᠷᠥ ᠶᠢᠨ ᠪᠤᠳᠣᠯᠭ᠎ᠠ ᠶᠢ ᠪᠦᠬᠦ ᠳᠡᠯ᠎ᠠ ᠪᠠᠷ ᠠᠬᠢᠭᠤᠯᠵᠦ᠂ ᠠᠳᠡᠯᠢ | ᠪᠤᠰᠣ ᠬᠦᠮᠦᠰ ᠤᠨ ᠵᠤᠬᠢᠬᠤ ᠨᠠᠰᠣᠨ ᠤ ᠭᠡᠥᠭᠡᠳ ᠤᠨ ᠡᠷᠬᠡ ᠲᠡᠭᠰᠢ ᠪᠠᠷ ᠠᠯᠪᠠᠡ ᠵᠢᠷᠦᠮ ᠤᠨ ᠰᠣᠷᠭᠠᠨ ᠬᠦᠮᠦᠵᠢᠯ ᠢ | ᠬᠦᠷᠲᠡᠬᠦ ᠶᠢ ᠦᠨᠡᠨᠬᠦ ᠪᠠᠳᠣᠯᠠᠨ᠎ᠠ᠃ ᠠᠮᠢᠳᠤᠯᠢᠭ ᠢᠶᠠᠷ ᠠᠵᠢᠯ ᠣᠯᠤᠭᠰᠠᠳ ᠪᠠ ᠰᠢᠨ᠎ᠡ ᠠᠵᠢᠯ ᠣᠯᠭᠤᠯᠲᠠ ᠶᠢᠨ | ᠬᠡᠯᠪᠡᠷᠢ ᠶᠢᠨ ᠬᠥᠳᠡᠯᠮᠦᠷᠢᠴᠢᠳ ᠤᠨ ᠣᠷᠣᠰᠢᠨ ᠰᠠᠭᠤᠬᠤ ᠦᠨᠡᠮᠯᠡᠯ ᠢ ᠭᠤᠶᠤᠴᠢᠯᠠᠨ ᠠᠪᠬᠤ ᠲᠥᠷᠥ ᠶᠢᠨ ᠪᠣᠳᠣᠯᠭ᠎ᠠ ᠶᠢ | ᠲᠡᠭᠦᠯᠳᠡᠷᠵᠢᠭᠦᠯᠵᠦ᠂ ᠣᠷᠣᠰᠢᠨ ᠰᠠᠭᠤᠬᠤ ᠦᠨᠡᠮᠯᠡᠯ ᠢᠶᠠᠷ ᠭᠤᠤᠯ ᠦᠨᠳᠦᠰᠦᠯᠡᠯ ᠪᠣᠯᠭᠠᠭᠰᠠᠨ ᠲᠠᠷᠢᠶᠠᠯᠠᠩ ᠠᠴᠠ | ᠰᠢᠯᠵᠢᠭᠰᠡᠨ ᠬᠥᠮᠦᠨ ᠠᠮᠠ ᠶᠢᠨ ᠳᠠᠭᠠᠵᠤ ᠨᠡᠭᠦᠭᠰᠡᠨ ᠦᠷ᠎ᠡ ᠬᠡᠦᠬᠡᠳ ᠤᠨ ᠰᠤᠷᠭᠠᠭᠤᠯᠢ ᠳᠤ ᠣᠷᠤᠬᠤ ᠶᠢ ᠪᠠᠲᠤᠯᠠᠬᠤ | ᠲᠥᠷᠥ ᠶᠢᠨ ᠪᠣᠳᠣᠯᠭ᠎ᠠ ᠶᠢ ᠪᠦᠷᠢᠨᠰᠢᠭᠦᠯᠵᠦ᠂ ᠠᠯᠪᠠᠨ ᠠᠴᠠ ᠡᠷᠬᠢᠯᠡᠭᠰᠡᠨ ᠰᠤᠷᠭᠠᠭᠤᠯᠢ ᠪᠠᠷ ᠭᠤᠣᠯ ᠪᠣᠯᠭᠠᠨ ᠳᠠᠭᠠᠵᠤ | ᠨᠡᠭᠦᠭᠰᠡᠨ ᠦᠷ᠎ᠡ ᠬᠡᠦᠬᠡᠳ ᠢᠶᠠᠨ ᠰᠢᠯᠵᠢᠨ ᠤᠷᠤᠭᠰᠠᠨ ᠭᠠᠵᠠᠷ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠤᠨ᠎ᠠ᠃ ᠥᠨᠥᠴᠢᠨ ᠬᠡᠤᠬᠡᠳ᠂ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ | ᠬᠡᠤᠬᠡᠳ᠂ ᠬᠥᠳᠡᠭᠡ ᠲᠣᠰᠬᠤᠨ ᠤ ᠬᠡᠷ ᠲᠡᠭᠡᠨ ᠬᠤᠴᠣᠷᠤᠭᠰᠠᠨ ᠬᠡᠤᠬᠡᠳ᠂ ᠬᠦᠴᠢᠷᠳᠡᠯ ᠳᠤ ᠲᠤᠯᠭᠠᠷᠠᠭᠰᠠᠨ ᠬᠡᠤᠬᠡᠳ ᠢ | ᠨᠠᠷᠢᠯᠢᠭ ᠣᠨᠣᠴᠠᠲᠠᠶ ᠪᠠᠷ ᠤᠶᠢᠯᠠᠭᠠᠨ ᠵᠢᠭᠰᠠᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠰᠤᠷᠭᠠᠨ ᠬᠥᠮᠦᠵᠢᠯ ᠤᠨ | ᠪᠠᠲᠤᠯᠠᠭ᠎ᠠ ᠪᠠ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠶᠢ ᠴᠢᠩᠭᠠᠳᠬᠠᠨ᠂ ᠪᠠᠶᠢᠷᠢ ᠳᠤ ᠰᠠᠭᠤᠬᠤ᠂ ᠵᠠᠮ ᠬᠠᠷᠢᠯᠴᠠᠭ᠎ᠠ᠂ | ᠰᠢᠮ᠎ᠡ ᠲᠡᠵᠢᠭᠡᠯ ᠤᠨ ᠬᠡᠷᠡᠭᠴᠡᠭᠡ ᠱᠠᠭᠠᠷᠳᠠᠯᠭ᠎ᠠ ᠶᠢ ᠤᠷᠢᠳ ᠢᠶᠠᠷ ᠪᠠᠲᠤᠯᠠᠵᠤ᠂ ᠬᠥᠮᠦᠨ ᠨᠡᠶᠢᠭᠡᠮ ᠤᠨ ᠬᠠᠯᠠᠮᠵᠢᠯᠠᠯ ᠪᠠ | ᠰᠡᠳᠬᠢᠴᠡ ᠶᠢᠨ ᠵᠢᠯᠣᠭᠤᠳᠣᠯᠭ᠎ᠠ ᠶᠢ ᠴᠢᠩᠭᠠᠷᠠᠭᠤᠯᠤᠨ᠎ᠠ︔ ᠣᠨᠴᠠ ᠬᠦᠴᠢᠷᠳᠡᠯᠲᠡᠶ ᠰᠤᠷᠤᠭᠴᠢᠳ ᠢ ᠲᠡᠩᠬᠡᠷᠡᠭᠦᠯᠦᠨ | ᠲᠤᠰᠠᠯᠠᠵᠤ ᠠᠰᠠᠷᠠᠨ ᠲᠡᠵᠢᠭᠡᠬᠦ ᠠᠵᠢᠯ ᠢ ᠰᠠᠶᠢᠲᠤᠷ ᠬᠢᠵᠦ᠂ ᠦᠨᠳᠦᠰᠦᠨ ᠰᠤᠷᠤᠯᠴᠠᠯᠭ᠎ᠠ᠂ ᠠᠮᠢᠳᠤᠷᠠᠯ ᠤᠨ ᠬᠡᠷᠡᠭᠴᠡᠭᠡ | ᠱᠠᠭᠠᠷᠳᠠᠯᠭ᠎ᠠ ᠶᠢ ᠪᠠᠲᠤᠯᠠᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤ ᠦ᠊ ᠡᠶ᠎ᠡ ᠶᠢᠨ ᠣᠨᠴᠣᠭᠤᠶ ᠰᠤᠷᠭᠠᠨ | ᠬᠥᠮᠦᠵᠢᠯ ᠤᠨ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠪᠣᠯᠤᠨ ᠡᠩ ᠤᠨ ᠰᠤᠷᠭᠠᠭᠤᠯᠢ ᠶᠢᠨ ᠠᠩᠬᠢ ᠳᠠᠭᠠᠵᠦ | ᠰᠤᠷᠤᠯᠴᠠᠬᠤ ᠠᠵᠢᠯ ᠢ ᠴᠢᠩᠭᠠᠳᠬᠠᠵᠤ᠂ ᠬᠠᠷᠠᠭ᠎ᠠ᠂ ᠰᠣᠨᠣᠷ᠂ ᠦᠭᠡ ᠬᠡᠯᠡ᠂ ᠮᠥᠴᠢ᠂ ᠣᠶᠤᠨ᠂ ᠣᠶᠤᠨ᠂ ᠣᠯᠠᠨ | ᠳᠠᠪᠬᠤᠷ ᠵᠡᠮᠳᠡᠭ ᠵᠢᠴᠢ ᠪᠤᠰᠤᠳ ᠣᠨᠴᠣᠭᠤᠶ ᠬᠡᠷᠡᠭᠴᠡᠭᠡ ᠲᠠᠢ ᠬᠡᠦᠬᠡᠳ ᠲᠤ ᠬᠠᠨᠳᠤᠭᠤᠯᠤᠭᠰᠠᠨ ᠣᠨᠴᠣᠭᠤᠶ ᠰᠤᠷᠭᠠᠨ | ᠬᠥᠮᠦᠵᠢᠯ ᠤᠨ ᠦᠢᠯᠡᠴᠢᠯᠡᠭᠡᠨ ᠤ ᠲᠣᠭᠲᠠᠴᠠ ᠶᠢ ᠪᠦᠷᠢᠨᠰᠢᠭᠦᠯᠬᠦ ᠬᠡᠷᠡᠭᠲᠡᠶ᠃ ᠰᠤᠷᠤᠯᠭ᠎ᠠ ᠶᠢᠨ ᠪᠠᠶᠢᠳᠠᠯ ᠢ ᠨᠠᠷᠢᠯᠢᠭ | ᠣᠨᠣᠴᠠᠲᠠᠶ ᠵᠠᠳᠠᠯᠬᠤ ᠶᠢ ᠪᠠᠷᠢᠮᠲᠠᠯᠠᠵᠤ᠂ ᠰᠤᠷᠭᠠᠭᠤᠯᠢ ᠶᠢᠨ ᠰᠤᠷᠤᠯᠭ᠎ᠠ ᠨᠢ ᠬᠦᠴᠢᠷᠳᠡᠯᠲᠡᠶ ᠰᠤᠷᠤᠭᠴᠢᠳ ᠢ ᠬᠠᠪᠰᠤᠷᠤᠨ | ᠲᠡᠳᠬᠦᠬᠦ ᠲᠦᠷᠢᠮ ᠢ ᠪᠥᠬᠦ ᠲᠠᠯ᠎ᠠ ᠪᠠᠷ ᠪᠠᠶᠢᠭᠤᠯᠵᠤ᠂ ᠪᠥᠬᠦ ᠰᠤᠷᠤᠭᠴᠢᠳ ᠲᠤ ᠬᠠᠨᠳᠤᠭᠤᠯᠤᠭᠰᠠᠨ ᠥᠪᠡᠷᠮᠢᠴᠡ ᠴᠢᠨᠠᠷᠲᠠᠶ | ᠬᠥᠮᠦᠵᠢᠭᠦᠯᠬᠦ ᠲᠣᠭᠲᠠᠴᠠ ᠶᠢ ᠪᠦᠷᠢᠨᠰᠢᠬᠦᠯᠵᠦ᠂ ᠰᠢᠨ᠎ᠡ ᠶᠢ ᠡᠭᠦᠳᠬᠦ ᠴᠢᠳᠠᠪᠤᠷᠢᠲᠠᠨ ᠢ ᠬᠥᠮᠦᠵᠢᠭᠦᠯᠬᠦ ᠣᠷᠴᠢᠨ | ᠲᠣᠭᠤᠷᠢᠨ ᠤ ᠨᠥᠬᠦᠴᠡᠯ ᠢ ᠰᠢᠯᠢᠳᠡᠭᠵᠢᠭᠦᠯᠦᠨ᠎ᠡ᠃ ᠰᠤᠷᠭᠠᠭᠤᠯᠢ ᠶᠢᠨ ᠰᠡᠳᠬᠢᠴᠡ ᠶᠢᠨ ᠬᠠᠪᠰᠤᠷᠤᠨ ᠵᠢᠯᠣᠭᠤᠳᠬᠤ | ᠲᠠᠰᠤᠭ ᠤᠨ ᠪᠠᠶᠢᠭᠤᠯᠤᠯᠲᠠ ᠶᠢ ᠲᠦᠷᠭᠡᠳᠬᠡᠵᠦ᠂ ᠰᠤᠷᠤᠭᠴᠢᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠬᠥᠮᠦᠵᠢᠯ ᠢ | ᠦᠨᠡᠨᠬᠦ ᠴᠢᠩᠭᠠᠳᠬᠠᠨ᠎ᠠ᠃ ᠲᠤᠰᠬᠠᠶ ᠰᠤᠷᠭᠠᠨ ᠬᠥᠮᠦᠵᠢᠯ ᠤᠨ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠡᠯ᠎ᠡ | ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠨᠤᠭᠤᠳ ᠬᠡᠷᠡᠭᠴᠡᠭᠡ ᠪᠠᠨ ᠦᠨᠳᠦᠰᠦᠯᠡᠨ | ᠴᠢᠬᠤᠯᠠ ᠪᠦᠬᠦᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤ ᠦ᠊ ᠡᠶ᠎ᠡ ᠶᠢᠨ ᠲᠤᠰᠬᠠᠶ ᠰᠤᠷᠭᠠᠭᠤᠯᠢ ᠶᠢ | ᠪᠠᠶᠢᠭᠤᠯᠵᠤ᠂ ᠬᠦᠨᠳᠦ ᠨᠣᠴᠢᠲᠠᠶ ᠮᠠᠭᠤ ᠦᠢᠯᠡ ᠠᠵᠢᠯᠯᠠᠭ᠎ᠠ ᠲᠠᠢ ᠨᠠᠰᠤᠨ ᠳᠤ ᠬᠦᠷᠦᠭᠡᠳᠦᠶ ᠰᠤᠷᠤᠭᠴᠢᠳ ᠢ ᠰᠤᠷᠭᠠᠨ | ᠬᠥᠮᠦᠵᠢᠭᠦᠯᠵᠦ ᠵᠠᠰᠠᠬᠤ ᠶᠢ ᠴᠢᠩᠭᠠᠳᠬᠠᠬᠤ ᠬᠡᠷᠡᠭᠲᠡᠶ᠃ | 5. ᠦᠨᠳᠦᠰᠦᠲᠡᠨ ᠤ ᠣᠷᠣᠨ ᠤ ᠰᠤᠷᠭᠠᠨ ᠬᠥᠮᠦᠵᠢᠯ ᠤᠨ ᠬᠥᠭᠵᠢᠯᠲᠡ ᠶᠢ ᠲᠦᠷᠭᠡᠳᠬᠡᠨ᠎ᠡ᠃ ᠦᠨᠳᠦᠰᠦᠲᠡᠨ ᠤ | ᠭᠠᠵᠠᠷ ᠣᠷᠣᠨ ᠤ ᠰᠤᠷᠭᠠᠭᠤᠯᠢ ᠡᠷᠬᠢᠯᠡᠬᠦ ᠨᠥᠬᠦᠴᠡᠯ ᠢ ᠪᠦᠬᠦ ᠲᠠᠯ᠎ᠠ ᠪᠠᠷ ᠰᠠᠶᠢᠵᠢᠷᠠᠭᠤᠯᠵᠤ᠂ ᠰᠤᠷᠭᠠᠭᠤᠯᠢ ᠡᠷᠬᠢᠯᠡᠬᠦ ᠬᠢᠷᠢ | ᠬᠡᠮᠵᠢᠶ᠎ᠡ ᠶᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠦᠨ᠎ᠡ᠃ ᠦᠨᠳᠦᠰᠦᠲᠡᠨ ᠤ ᠭᠠᠵᠠᠷ ᠣᠷᠣᠨ ᠤ ᠪᠠᠭᠰᠢ ᠶᠢᠨ | ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠦᠵᠡᠯ ᠰᠠᠨᠠᠭ᠎ᠠ ᠤᠯᠤᠰ ᠲᠥᠷᠥ ᠶᠢᠨ ᠬᠡᠪ ᠴᠢᠨᠠᠷ᠂ ᠤᠯᠤᠰ ᠤᠨ | ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ᠂ ᠬᠢᠴᠢᠶᠡᠯ ᠲᠥᠷᠥᠯ ᠤᠨ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ᠂ | ᠰᠤᠷᠭᠠᠨ ᠬᠥᠮᠦᠵᠢᠯ ᠤᠨ ᠵᠢᠭᠠᠨ ᠰᠤᠷᠭᠠᠬᠤ ᠴᠢᠳᠠᠪᠤᠷᠢ ᠵᠡᠷᠭᠡ ᠲᠠᠯ᠎ᠠ ᠶᠢᠨ ᠲᠤᠰᠬᠠᠶ ᠪᠣᠯᠪᠠᠰᠤᠷᠠᠭᠤᠯᠤᠯ ᠢ ᠴᠢᠩᠭᠠᠷᠠᠭᠤᠯᠤᠨ᠂ | ︽ᠣᠨᠴᠣᠭᠤᠶ ᠠᠵᠢᠯ ᠤᠨ ᠪᠠᠶᠢᠷᠢ ᠶᠢᠨ ᠲᠥᠯᠥᠪᠯᠡᠭᠡ︾᠂ ︽ᠤᠯᠤᠰ ᠤᠨ ᠪᠣᠯᠪᠠᠰᠤᠷᠠᠭᠤᠯᠤᠯ ᠤᠨ ᠲᠥᠯᠥᠪᠯᠡᠭᠡ︾ ᠵᠡᠷᠭᠡ | ᠲᠥᠷᠥᠯ ᠵᠦᠢᠯ ᠢ ᠦᠨᠳᠦᠰᠦᠲᠡᠨ ᠤ ᠭᠠᠵᠠᠷ ᠣᠷᠣᠨ ᠲᠡᠰᠢ ᠬᠡᠯᠪᠠᠶᠢᠯᠭᠡᠬᠦ ᠡᠷᠴᠢᠮ ᠢᠶᠠᠨ ᠴᠢᠩᠭᠠᠷᠠᠭᠤᠯᠵᠤ᠂ ᠰᠤᠷᠭᠠᠨ | ᠬᠥᠮᠦᠵᠢᠯ ᠤᠨ ᠴᠢᠳᠠᠪᠤᠷᠢᠲᠠᠨ ᠢ ︽ᠪᠦᠯᠬᠦᠮ ᠪᠠᠶᠢᠭᠤᠯᠬᠤ ᠮᠠᠶᠢᠭ︾ ᠤᠨ ᠳᠡᠮᠵᠢᠨ ᠲᠤᠰᠠᠯᠠᠬᠤ ᠠᠵᠢᠯ ᠢ ᠠᠬᠢᠭᠤᠯᠤᠨ᠂ | ᠰᠢᠯᠢᠳᠡᠭ ᠪᠠᠭᠰᠢ ᠶᠢᠨ ᠦᠨᠳᠦᠰᠦᠲᠡᠨ ᠤ ᠭᠠᠵᠠᠷ ᠣᠷᠣᠨ ᠤ ᠰᠤᠷᠭᠠᠭᠤᠯᠢ ᠳᠤ ᠣᠴᠢᠵᠤ ᠬᠠᠪᠰᠤᠷᠤᠨ ᠲᠡᠳᠬᠦᠵᠦ | ᠪᠠᠭᠰᠢᠯᠠᠭᠤᠯᠬᠤ ᠶᠢ ᠬᠥᠲᠥᠯᠥᠨ ᠵᠢᠯᠣᠭᠤᠳᠬᠤ ᠪᠠ ᠳᠡᠮᠵᠢᠨ᠎ᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠤᠨ ᠤᠬᠠᠭᠤᠯᠭ᠎ᠠ ᠬᠥᠮᠦᠵᠢᠯ ᠢ ᠰᠤᠷᠭᠠᠭᠤᠯᠢ ᠶᠢᠨ ᠬᠥᠮᠦᠨ ᠬᠥᠮᠦᠵᠢᠭᠦᠯᠬᠦ ᠪᠦᠬᠦ ᠶᠠᠪᠤᠴᠠ ᠳᠤ | ᠣᠷᠣᠭᠤᠯᠵᠤ᠂ ᠡᠯ᠎ᠡ ᠦᠨᠳᠦᠰᠦᠲᠡᠨ ᠤ ᠪᠠᠭᠰᠢ ᠰᠤᠷᠤᠭᠴᠢᠳ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠦᠨ᠎ᠡ᠃ | 6. ᠡᠳ᠋ ᠤᠨ ᠵᠠᠰᠠᠭ ᠤᠨ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠠᠯᠪᠠᠨ ᠵᠢᠷᠤᠮ ᠤᠨ ᠰᠤᠷᠭᠠᠨ | ᠬᠥᠮᠦᠵᠢᠯ ᠢ ᠰᠤᠷᠭᠠᠨ ᠬᠥᠮᠦᠵᠢᠯ ᠤᠨ ᠣᠷᠣᠭᠤᠯᠤᠯᠲᠠ ᠶᠢᠨ ᠴᠢᠬᠤᠯᠠ ᠠᠴᠠ ᠴᠢᠬᠤᠯᠠ ᠵᠦᠢᠯ ᠪᠣᠯᠭᠠᠬᠤ ᠶᠢ ᠢᠮᠠᠭᠲᠠ | ᠪᠠᠷᠢᠮᠲᠠᠯᠠᠨ᠂ ᠵᠠᠰᠠᠭ ᠤᠨ ᠣᠷᠳᠣᠨ ᠤ ᠬᠠᠷᠢᠭᠤᠴᠠᠯᠭ᠎ᠠ ᠶᠢ ᠦᠨᠡᠨᠬᠦ ᠨᠠᠶᠢᠳᠠᠪᠤᠷᠢᠵᠢᠭᠤᠯᠵᠤ᠂ ᠵᠠᠷᠤᠳᠠᠯ ᠢ ᠪᠠᠲᠤᠯᠠᠬᠤ ᠬᠢᠷᠢ | ᠬᠡᠮᠵᠢᠶ᠎ᠡ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠬᠦ ᠬᠡᠷᠡᠭᠲᠡᠶ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠡᠷᠳᠡᠮ ᠤᠨ | ᠴᠣᠯᠠ ᠶᠢ ᠭᠤᠤᠯᠳᠠᠭᠤ ᠠᠯᠪᠠᠨ ᠠᠴᠠ ᠡᠷᠬᠢᠯᠡᠭᠰᠡᠨ ᠰᠤᠷᠭᠠᠭᠤᠯᠢ ᠠᠴᠠ ᠬᠠᠩᠭᠠᠨ᠎ᠠ᠃ ᠰᠤᠷᠭᠠᠨ ᠬᠥᠮᠦᠵᠢᠯ ᠤᠨ | ᠵᠠᠷᠤᠳᠠᠯ ᠤᠨ ᠬᠡᠷᠡᠭᠯᠡᠯᠲᠡ ᠶᠢᠨ ᠪᠦᠲᠦᠴᠡ ᠶᠢ ᠰᠢᠯᠢᠳᠡᠭᠵᠢᠭᠦᠯᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠪᠠ | ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠳᠠᠬᠢ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠤᠨ᠂ ᠪᠠᠭᠰᠢ ᠶᠢᠨ | ᠴᠠᠯᠢᠩ ᠣᠯᠭᠤᠮᠵᠢ ᠶᠢ ᠬᠠᠤᠯᠢ ᠶᠣᠰᠣᠭᠠᠷ ᠪᠠᠲᠤᠯᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ | ᠪᠥᠭᠡᠳ ᠲᠡᠩᠴᠡᠭᠦᠷᠢᠲᠡᠶ ᠬᠥᠭᠵᠢᠯᠲᠡ ᠶᠢ ᠠᠬᠢᠭᠤᠯᠤᠨ᠎ᠠ᠃ ᠬᠦᠳᠡᠭᠡ ᠲᠣᠰᠬᠤᠨ ᠤ ᠪᠠᠭᠰᠢ ᠶᠢᠨ ᠠᠮᠢᠳᠣᠷᠡᠯ ᠤᠨ ᠨᠦᠬᠦᠪᠦᠷᠢ | ᠦᠭᠬᠦ ᠳᠥᠷᠥ ᠶᠢᠨ ᠪᠤᠳᠣᠯᠭ᠎ᠠ ᠶᠢ ᠪᠦᠬᠦ ᠳᠡᠯ᠎ᠠ ᠪᠠᠷ ᠨᠡᠶᠢᠳᠡᠪᠦᠷᠢᠵᠢᠭᠤᠯᠵᠦ᠂ ᠣᠷᠣᠨ ᠨᠣᠳᠤᠭ ᠤᠨ ᠭᠤᠤᠯ ᠴᠣᠠᠠᠴᠠ ᠶᠢᠨ | ᠬᠠᠷᠢᠭᠤᠴᠠᠯᠭ᠎ᠠ ᠶᠢ ᠴᠢᠩᠭᠠᠷᠡᠭᠤᠯᠥᠨ᠂ ᠬᠦᠳᠡᠭᠡ ᠲᠣᠰᠬᠤᠨ ᠤ ᠪᠠᠭᠰᠢ ᠶᠢᠨ ᠠᠮᠢᠳᠣᠷᠡᠯ ᠤᠨ ᠨᠦᠬᠦᠪᠦᠷᠢ ᠦᠭᠬᠦ ᠠᠷᠭ᠎ᠠ ᠶᠢ | ᠳᠡᠬᠦᠯᠳᠡᠷᠵᠢᠬᠦᠯᠵᠦ᠂ ᠬᠦᠴᠢᠷᠳᠡᠯ ᠤᠨ ᠭᠡᠮᠵᠢᠶ᠎ᠠ ᠶᠢ ᠦᠨᠳᠣᠰᠣᠯᠡᠨ ᠵᠦᠷᠢᠶᠡᠴᠢᠯᠡᠭᠰᠡᠨ ᠨᠦᠬᠦᠪᠦᠷᠢ ᠦᠭᠬᠦ ᠶᠢ | ᠭᠡᠷᠡᠭᠵᠢᠬᠦᠯᠥᠨ᠎ᠠ︔ ᠬᠠᠳᠠᠭᠤ ᠪᠡᠷᠬᠡᠰᠢᠶᠡᠯᠲᠠᠢ ᠪᠤᠶᠢᠳᠡ ᠪᠦᠭᠯᠡᠬᠦᠥ ᠭᠠᠵᠡᠷ ᠣᠷᠣᠨ ᠤ ᠬᠦᠳᠡᠭᠡ ᠲᠣᠰᠬᠤᠨ ᠤ | ᠰᠣᠷᠭᠠᠭᠤᠯᠢ ᠶᠢᠨ ᠪᠠᠭᠰᠢ ᠶᠢᠨ ᠲᠦᠷ ᠰᠠᠭᠤᠬᠤ ᠪᠠᠶᠢᠷᠢ ᠶᠢᠨ ᠪᠦᠳᠦᠭᠡᠨ ᠪᠠᠶᠢᠭᠤᠯᠥᠯᠳᠡ ᠶᠢ ᠳᠥᠷᠭᠡᠳᠭᠡᠨ ᠭᠡᠷᠡᠭᠵᠢᠬᠦᠯᠵᠦ᠂ | ᠨᠦᠬᠦᠴᠡᠯ ᠳᠤ ᠨᠡᠶᠢᠴᠡᠬᠦ ᠬᠦᠳᠡᠭᠡ ᠲᠣᠰᠬᠤᠨ ᠤ ᠰᠣᠷᠭᠠᠭᠤᠯᠢ ᠶᠢᠨ ᠪᠠᠭᠰᠢ ᠶᠢ ᠲᠣᠬᠠᠢ ᠶᠢᠨ ᠭᠠᠵᠡᠷ ᠤᠨ ᠵᠠᠰᠠᠭ ᠤᠨ | ᠣᠷᠳᠣᠨ ᠤ ᠣᠷᠣᠨ ᠰᠠᠭᠤᠴᠠ ᠶᠢᠨ ᠪᠠᠳᠣᠯᠠᠭ᠎ᠠ ᠶᠢᠨ ᠰᠢᠰᠲ᠋ᠧᠮᠵᠢ ᠳᠤ ᠣᠷᠣᠭᠤᠯᠥᠨ᠎ᠠ᠃ ᠨᠥᠬᠦᠴᠡᠯ ᠪᠦᠷᠢᠳᠦᠭᠦᠯᠦᠭᠰᠡᠨ | ᠭᠠᠵᠠᠷ ᠣᠷᠣᠨ ᠨᠤᠭᠤᠳ ᠵᠠᠰᠠᠭ ᠤᠨ ᠣᠷᠳᠣᠨ ᠦᠢᠯᠡᠴᠢᠯᠡᠭᠡᠨ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠳᠠᠮᠵᠢᠭᠤᠯᠤᠨ | ᠰᠤᠷᠭᠠᠭᠤᠯᠢ ᠳᠤ ᠠᠮᠤᠷ ᠢ ᠬᠠᠮᠠᠭᠠᠯᠠᠬᠤ᠂ ᠬᠤᠭᠤᠯᠠᠨ ᠭᠡᠷ᠂ ᠬᠤᠨᠤᠭ ᠤᠨ ᠬᠠᠮᠢᠶᠠᠷᠤᠯᠲᠠ᠂ ᠡᠮᠨᠡᠯᠭᠡ ᠡᠷᠡᠭᠦᠯ ᠬᠠᠮᠠᠭᠠᠯᠠᠯ | ᠡᠷᠡᠭᠦᠯ ᠮᠡᠨᠳᠦ ᠶᠢ ᠬᠠᠮᠠᠭᠠᠯᠠᠬᠤ ᠵᠡᠷᠭᠡ ᠲᠠᠯ᠎ᠠ ᠶᠢᠨ ᠦᠢᠯᠡᠴᠢᠯᠡᠭᠡ ᠬᠠᠩᠭᠠᠵᠤ ᠪᠣᠯᠤᠨ᠎ᠠ᠃ ᠬᠥᠳᠡᠯᠮᠦᠷᠢ ᠶᠢᠨ ᠦᠢᠯᠡᠳᠦᠯᠭᠡ᠂ | ᠰᠤᠷᠭᠠᠭᠤᠯᠢ ᠶᠢᠨ ᠭᠠᠳᠠᠨᠠᠬᠢ ᠠᠵᠢᠯᠯᠠᠭ᠎ᠠ᠂ ᠰᠤᠳᠤᠯᠤᠨ ᠰᠤᠷᠤᠯᠴᠠᠬᠤ ᠦᠢᠯᠡᠳᠦᠯᠭᠡ᠂ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠬᠥᠮᠦᠵᠢᠯ ᠤᠨ ᠰᠠᠭᠤᠷᠢᠨ ᠭᠠᠵᠠᠷ ᠪᠠ ᠭᠡᠷ ᠪᠦᠯᠢ ᠶᠢᠨ ᠰᠤᠷᠭᠠᠨ ᠬᠥᠮᠦᠵᠢᠯ ᠤᠨ ᠵᠢᠯᠣᠭᠤᠳᠬᠤ | ᠦᠢᠯᠡᠴᠢᠯᠡᠭᠡᠨ ᠤ ᠲᠥᠪ᠂ ᠭᠡᠷ ᠤᠨ ᠠᠬᠠᠮᠠᠳ ᠤᠨ ᠰᠤᠷᠭᠠᠭᠤᠯᠢ᠂ ᠦᠢᠯᠡᠴᠢᠯᠡᠭᠡᠨ ᠤ ᠦᠷᠳᠡᠭᠡ ᠴᠡᠭ ᠤᠨ | ᠪᠠᠶᠢᠭᠤᠯᠤᠯᠲᠠ ᠶᠢ ᠴᠢᠩᠭᠠᠳᠬᠠᠵᠤ᠂ ᠰᠤᠷᠭᠠᠭᠤᠯᠢ ᠶᠢᠨ ᠭᠡᠷ ᠪᠦᠯᠢ ᠨᠡᠶᠢᠭᠡᠮ ᠤᠨ ᠬᠠᠮᠵᠢᠯᠴᠠᠨ ᠬᠥᠮᠦᠨ ᠬᠥᠮᠦᠵᠢᠭᠦᠯᠬᠦ | ᠲᠣᠭᠲᠠᠴᠠ ᠶᠢ ᠪᠦᠷᠢᠨᠰᠢᠭᠦᠯᠦᠨ᠎ᠡ᠃ | ᠭᠤᠷᠪᠠ᠂ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠤᠨ ᠲᠤᠰᠠᠯᠠᠬᠤ ᠶᠣᠰᠣᠲᠠᠶ ᠶᠢ ᠨᠢ | ᠪᠦᠬᠦᠨ ᠢ ᠲᠤᠰᠠᠯᠠᠬᠤ ᠬᠢᠷᠢ ᠬᠡᠮᠵᠢᠶ᠎ᠡ ᠶᠢ ᠶᠡᠬᠡᠪᠡᠷ ᠳᠡᠭᠡᠭᠰᠢᠯᠡᠭᠦᠯᠬᠦ ᠬᠡᠷᠡᠭᠲᠡᠶ | 7. ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠤᠨ ᠡᠳ᠋ ᠮᠥᠩᠭᠦ ᠪᠠᠷ ᠲᠤᠰᠠᠯᠠᠬᠤ ᠶᠢ ᠪᠦᠷᠢᠨ | ᠪᠥᠷᠬᠦᠭᠦᠯᠬᠦ ᠶᠢ ᠦᠨᠡᠨᠬᠦ ᠪᠠᠲᠤᠯᠠᠨ᠎ᠠ᠃ ᠪᠦᠬᠦ ᠰᠤᠷᠤᠯᠭ᠎ᠠ ᠶᠢᠨ ᠱᠠᠲᠤ ᠶᠢ ᠬᠠᠮᠤᠷᠤᠭᠰᠠᠨ ᠰᠤᠷᠤᠭᠴᠢᠳ ᠢ ᠲᠤᠰᠠᠯᠠᠬᠤ | ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠬᠡᠦᠬᠡᠳ ᠤᠨ ᠵᠣᠭᠤᠰ ᠢᠶᠠᠷ ᠲᠤᠰᠠᠯᠠᠬᠤ ᠳᠦᠷᠢᠮ ᠢ ᠪᠠᠶᠢᠭᠤᠯᠤᠨ ᠪᠦᠷᠢᠨᠰᠢᠭᠦᠯᠵᠦ᠂ | ᠠᠰᠠᠷᠠᠨ ᠬᠥᠮᠦᠵᠢᠭᠦᠯᠬᠦ ᠵᠠᠷᠤᠳᠠᠯ ᠢ ᠬᠠᠰᠤᠵᠤ ᠬᠡᠯᠲᠦᠷᠢᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠭᠡᠷ ᠪᠦᠯᠢ ᠶᠢᠨ | ᠠᠵᠤ ᠠᠬᠤᠶ ᠨᠢ ᠬᠦᠴᠢᠷᠳᠡᠯᠲᠡᠶ ᠬᠡᠦᠬᠡᠳ ᠤᠨ ᠲᠦᠭᠡᠮᠡᠯ ᠬᠠᠷᠠᠭᠠᠯᠵᠠᠯ ᠤᠨ ᠴᠢᠨᠠᠷᠲᠠᠶ ᠰᠤᠷᠬᠤ ᠨᠠᠰᠤᠨ ᠠᠴᠠ ᠡᠮᠦᠨᠡᠬᠢ | ᠰᠤᠷᠭᠠᠨ ᠬᠥᠮᠦᠵᠢᠯ ᠬᠦᠷᠲᠡᠬᠦ ᠶᠢ ᠦᠨᠡᠨᠬᠦ ᠪᠠᠲᠤᠯᠠᠨ᠎ᠠ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ︽ᠬᠤᠶᠠᠷ ᠢ | ᠬᠡᠯᠲᠦᠷᠢᠭᠦᠯᠵᠦ ᠨᠢᠭᠡ ᠶᠢ ᠨᠥᠬᠦᠪᠥᠷᠢᠯᠡᠬᠦ︾ ᠲᠥᠷᠥ ᠶᠢᠨ ᠪᠣᠳᠣᠯᠭ᠎ᠠ ᠶᠢ ᠪᠠᠷᠢᠮᠲᠠᠯᠠᠨ ᠲᠡᠭᠦᠯᠳᠡᠷᠵᠢᠭᠦᠯᠵᠦ᠂ | ᠰᠤᠷᠤᠭᠴᠢᠳ ᠤᠨ ᠰᠤᠷᠤᠯᠭ᠎ᠠ ᠶᠢᠨ ᠰᠤᠯᠠ ᠵᠠᠷᠤᠳᠠᠯ ᠢ ᠬᠡᠯᠲᠦᠷᠢᠭᠦᠯᠬᠦ᠂ ᠰᠦᠢᠳᠬᠡᠯ ᠬᠤᠷᠢᠶᠠᠬᠤ ᠦᠭᠡᠶ ᠬᠢᠴᠢᠶᠡᠯ ᠤᠨ | ᠪᠢᠴᠢᠭ ᠬᠠᠩᠭᠠᠵᠤ᠂ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠲᠤ ᠠᠮᠢᠳᠤᠷᠠᠯ ᠤᠨ ᠲᠤᠰᠠᠯᠠᠮᠵᠢ | ᠬᠠᠩᠭᠠᠬᠤ ᠬᠡᠷᠡᠭᠲᠡᠶ ᠬᠥᠳᠡᠭᠡ ᠲᠣᠰᠬᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠭᠴᠢᠳ ᠤᠨ ᠰᠢᠮ᠎ᠡ | ᠲᠡᠵᠢᠭᠡᠯ ᠢ ᠰᠠᠶᠢᠵᠢᠷᠠᠭᠤᠯᠬᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠬᠡᠷᠡᠭᠵᠢᠭᠦᠯᠬᠦ ᠭᠠᠵᠠᠷ ᠣᠷᠣᠨ ᠤ | ᠰᠤᠷᠤᠭᠴᠢᠳ ᠲᠤ ᠰᠢᠮ᠎ᠡ ᠲᠡᠵᠢᠭᠡᠯ ᠤᠨ ᠲᠤᠰᠠᠯᠠᠮᠵᠢ ᠬᠠᠩᠭᠠᠬᠤ ᠬᠡᠷᠡᠭᠲᠡᠶ᠃ ᠨᠥᠬᠦᠴᠡᠯ ᠳᠤ ᠨᠡᠶᠢᠴᠡᠬᠦ ᠡᠩ ᠤᠨ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠲᠤ ᠤᠯᠤᠰ ᠤᠨ | ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠬᠠᠩᠭᠠᠵᠤ᠂ ᠰᠤᠷᠤᠯᠭ᠎ᠠ ᠶᠢᠨ ᠰᠤᠯᠠ ᠵᠠᠷᠤᠳᠠᠯ ᠢ ᠬᠡᠯᠲᠦᠷᠢᠭᠦᠯᠬᠦ ᠬᠡᠷᠡᠭᠲᠡᠶ᠃ | ᠨᠥᠬᠦᠴᠡᠯ ᠳᠤ ᠨᠡᠶᠢᠴᠡᠬᠦ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠤᠷᠭᠠᠭᠤᠯᠢ ᠳᠤ ᠪᠠᠶᠢᠭ᠎ᠠ | ᠰᠤᠷᠤᠭᠴᠢᠳ ᠲᠤ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠬᠠᠩᠭᠠᠵᠤ᠂ ᠰᠤᠷᠤᠯᠭ᠎ᠠ ᠶᠢᠨ ᠰᠦᠢᠳᠬᠡᠯ ᠢ ᠨᠢ | ᠬᠡᠯᠲᠦᠷᠢᠭᠦᠯᠬᠦ ᠬᠡᠷᠡᠭᠲᠡᠶ᠃ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠵᠡᠮᠳᠡᠭ ᠬᠡᠦᠬᠡᠳ ᠢ ᠤᠷᠢᠳᠠᠪᠠᠷ ᠵᠣᠭᠤᠰ ᠢᠶᠠᠷ | ᠲᠤᠰᠠᠯᠠᠬᠤ ᠬᠡᠪᠴᠢᠶᠡᠨ ᠳᠤ ᠣᠷᠣᠭᠤᠯᠵᠤ᠂ ᠵᠡᠮᠳᠡᠭ ᠰᠤᠷᠤᠭᠴᠢᠳ ᠤᠨ ᠣᠨᠴᠣᠭᠤᠶ ᠰᠤᠷᠤᠯᠭ᠎ᠠ ᠶᠢᠨ ᠬᠡᠷᠡᠭᠰᠡᠯ᠂ ᠰᠤᠷᠭᠠᠨ | ᠬᠥᠮᠦᠵᠢᠯ ᠤᠨ ᠪᠣᠯᠪᠠᠰᠤᠷᠠᠯ᠂ ᠵᠠᠮ ᠬᠠᠷᠢᠯᠴᠠᠭᠠᠨ ᠤ ᠵᠠᠷᠤᠳᠠᠯ ᠵᠡᠷᠭᠡ ᠳᠤ ᠨᠥᠬᠦᠪᠥᠷᠢ ᠥᠭᠬᠦ ᠬᠡᠷᠡᠭᠲᠡᠶ᠃ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ ᠪᠣᠯᠤᠨ ᠤᠯᠤᠰ ᠤᠨ ᠡᠳ᠋ ᠤᠨ ᠵᠠᠰᠠᠭ ᠤᠨ ᠪᠠᠶᠢᠳᠠᠯ ᠢ ᠦᠨᠳᠦᠰᠦᠯᠡᠨ᠂ | ᠪᠠᠷᠠᠭᠠᠨ ᠤ ᠦᠨ᠎ᠡ ᠶᠢᠨ ᠬᠢᠷᠢ ᠬᠡᠮᠵᠢᠶ᠎ᠡ ᠪᠣᠯᠤᠨ ᠠᠮᠢᠳᠤᠷᠠᠯ ᠤᠨ ᠥᠪᠡᠷ ᠤᠨ ᠥᠷᠲᠡᠭ ᠵᠡᠷᠭᠡ ᠶᠢᠨ ᠬᠤᠪᠢᠷᠠᠯᠲᠠ ᠶᠢᠨ | ᠪᠠᠶᠢᠳᠠᠯ ᠢ ᠶᠡᠷᠦᠩᠬᠡᠶᠢᠯᠡᠨ ᠪᠣᠳᠣᠯᠬᠢᠯᠠᠵᠤ᠂ ᠵᠣᠭᠤᠰ ᠢᠶᠠᠷ ᠲᠤᠰᠠᠯᠠᠬᠤ ᠪᠠᠷᠢᠮᠵᠢᠶ᠎ᠠ ᠶᠢᠨ ᠬᠥᠳᠡᠯᠦᠩᠭᠦᠶ ᠲᠣᠬᠢᠷᠠᠭᠤᠯᠬᠤ | ᠲᠣᠭᠲᠠᠴᠠ ᠶᠢ ᠲᠡᠭᠦᠯᠳᠡᠷᠵᠢᠭᠦᠯᠦᠨ᠂ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠢ ᠬᠠᠪᠰᠤᠷᠴᠤ | ᠰᠤᠷᠤᠯᠭ᠎ᠠ ᠶᠢ ᠨᠢ ᠤᠷᠤᠭᠰᠢᠲᠠᠶ ᠪᠡᠶᠡᠯᠡᠭᠦᠯᠦᠨ᠎ᠡ᠃ | 8. ᠰᠤᠷᠤᠭᠴᠢᠳ ᠢ ᠵᠣᠭᠤᠰ ᠢᠶᠠᠷ ᠲᠤᠰᠠᠯᠠᠬᠤ ᠣᠨᠣᠪᠴᠢᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ ᠬᠠᠮᠲᠤᠪᠠᠷ ᠭᠥᠷᠳᠡᠵᠦ ᠰᠣᠯᠢᠯᠴᠠᠬᠤ ᠲᠠᠪᠴᠠᠩ ᠳᠤ ᠲᠦᠰᠢᠭᠯᠡᠨ᠂ ᠰᠤᠷᠭᠠᠨ | ᠬᠥᠮᠦᠵᠢᠯ ᠬᠢᠭᠡᠳ ᠠᠷᠠᠳ ᠤᠨ ᠶᠠᠪᠤᠳᠠᠯ᠂ ᠲᠠᠷᠢᠶᠠᠯᠠᠩ ᠬᠥᠳᠡᠭᠡ ᠲᠣᠰᠬᠤᠨ᠂ ᠵᠡᠮᠳᠡᠭᠴᠦᠳ ᠤᠨ ᠬᠤᠯᠪᠣᠭ᠎ᠠ ᠵᠡᠷᠭᠡ | ᠰᠠᠯᠠᠭ᠎ᠠ ᠮᠥᠴᠢᠷ ᠤᠨ ᠬᠤᠭᠤᠷᠣᠨᠳᠣᠬᠢ ᠲᠤᠭ᠎ᠠ ᠪᠠᠷᠢᠮᠲᠠ ᠶᠢ ᠬᠠᠮᠲᠤᠪᠠᠷ ᠭᠥᠷᠳᠡᠵᠦ ᠰᠣᠯᠢᠯᠴᠠᠬᠤ ᠶᠢ ᠴᠢᠩᠭᠠᠳᠬᠠᠵᠤ᠂ ᠬᠡᠷ | ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠢ ᠮᠠᠭᠠᠳᠯᠠᠨ ᠲᠣᠭᠲᠠᠭᠠᠬᠤ ᠦᠨᠳᠦᠰᠦᠯᠡᠯ ᠪᠠ ᠠᠵᠢᠯ ᠤᠨ ᠲᠠᠰ | ᠳᠠᠷᠠᠭᠠᠯᠠᠯ ᠢ ᠲᠡᠭᠦᠯᠳᠡᠷᠵᠢᠭᠦᠯᠦᠨ᠂ ᠬᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠢ ᠮᠠᠭᠠᠳᠯᠠᠨ | ᠲᠣᠭᠲᠠᠭᠠᠬᠤ ᠣᠨᠣᠪᠴᠢ ᠶᠢᠨ ᠬᠡᠮᠵᠢᠶ᠎ᠡ ᠪᠠ ᠣᠨᠳᠣᠤ ᠭᠠᠵᠠᠷ ᠲᠤ ᠭᠤᠶᠤᠴᠢᠯᠠᠬᠤ ᠶᠢᠨ ᠲᠥᠬᠦᠮ ᠴᠢᠨᠠᠷ ᠢ ᠳᠡᠭᠡᠭᠰᠢᠯᠡᠭᠦᠯᠵᠦ᠂ | ᠲᠤᠰᠠᠯᠠᠮᠵᠢ ᠶᠢᠨ ᠪᠠᠯᠠ ᠮᠥᠩᠭᠦ ᠣᠯᠭᠤᠬᠤ ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠬᠡᠷ ᠪᠦᠯᠢ ᠶᠢᠨ | ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠢ ᠲᠤᠰᠠᠯᠠᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠲᠤᠰᠠᠯᠠᠪᠠᠰᠤ ᠵᠣᠬᠢᠬᠤ ᠶᠢ ᠨᠢ ᠪᠦᠬᠦᠨ ᠢ ᠲᠤᠰᠠᠯᠠᠬᠤ ᠶᠢ ᠦᠨᠡᠨᠬᠦ ᠪᠡᠶᠡᠯᠡᠭᠦᠯᠦᠨ᠎ᠡ᠃ ᠡᠯ᠎ᠡ ᠭᠠᠵᠠᠷ | ᠣᠷᠣᠨ ᠨᠤᠭᠤᠳ ᠬᠠᠷᠢᠶ᠎ᠠ ᠭᠠᠵᠠᠷ ᠣᠷᠣᠨ ᠤ ᠪᠠᠨ ᠠᠵᠤ ᠠᠬᠤᠶ ᠶᠢᠨ ᠬᠥᠭᠵᠢᠯᠲᠡ ᠶᠢᠨ ᠬᠢᠷᠢ ᠬᠡᠮᠵᠢᠶ᠎ᠡ᠂ ᠡᠳ᠋ ᠤᠨ | ᠵᠠᠰᠠᠭ ᠤᠨ ᠪᠠᠶᠢᠳᠠᠯ ᠵᠢᠴᠢ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠤᠨ ᠲᠠᠷᠬᠠᠯᠲᠠ ᠶᠢᠨ | ᠪᠠᠶᠢᠳᠠᠯ ᠢᠶᠠᠨ ᠦᠨᠳᠦᠰᠦᠯᠡᠨ᠂ ᠵᠣᠭᠤᠰ ᠢᠶᠠᠷ ᠲᠤᠰᠠᠯᠠᠬᠤ ᠬᠠᠷᠢᠴᠠᠯ ᠪᠠ ᠪᠠᠷᠢᠮᠵᠢᠶ᠎ᠠ ᠶᠢ ᠵᠦᠷᠢᠶᠡᠵᠢᠭᠦᠯᠦᠨ ᠲᠣᠭᠲᠠᠭᠠᠬᠤ ᠶᠢ | ᠠᠬᠢᠭᠤᠯᠬᠤ ᠬᠡᠷᠡᠭᠲᠡᠶ᠃ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠤᠯᠠᠮ ᠨᠢᠭᠡ ᠠᠯᠬᠤᠮ | ᠪᠠᠬᠢᠵᠢᠭᠦᠯᠦᠨ ᠥᠷᠭᠡᠳᠬᠡᠵᠦ᠂ ᠰᠤᠷᠤᠭᠴᠢᠳ ᠢ ᠵᠣᠭᠤᠰ ᠢᠶᠠᠷ ᠲᠤᠰᠠᠯᠠᠬᠤ ᠲᠥᠷᠥ ᠶᠢᠨ ᠪᠣᠳᠣᠯᠭ᠎ᠠ ᠶᠢᠨ ᠶᠡᠷᠦᠩᠬᠡᠶ ᠳᠡᠭᠡᠨ | ᠲᠣᠭᠲᠠᠭᠤᠨ ᠪᠠᠶᠢᠬᠤ᠂ ᠪᠦᠲᠦᠮᠵᠢᠲᠡᠶ ᠵᠣᠯᠭᠠᠭᠤᠯᠬᠤ ᠶᠢ ᠪᠠᠲᠤᠯᠠᠨ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ | ᠬᠢᠨᠠᠨ ᠬᠡᠮᠵᠢᠬᠦ ᠡᠲᠡᠭᠡᠳ ᠤᠨ ᠦᠷ᠎ᠡ ᠬᠡᠤᠬᠡᠳ ᠲᠤ ᠭᠤᠤᠯᠳᠠᠯᠭ᠎ᠠ ᠲᠠᠢ ᠠᠩᠬᠠᠷᠤᠯ ᠲᠠᠯᠪᠢᠨ᠎ᠠ᠃ ᠰᠤᠷᠤᠭᠴᠢᠳ ᠢ | ᠵᠣᠭᠤᠰ ᠢᠶᠠᠷ ᠲᠤᠰᠠᠯᠠᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠵᠤ᠂ ᠵᠣᠭᠤᠰ ᠢᠶᠠᠷ ᠲᠤᠰᠠᠯᠠᠬᠤ | ᠮᠡᠳᠡᠭᠡ ᠵᠠᠩᠭᠢ ᠶᠢ ᠢᠯᠡ ᠲᠣᠳᠣ ᠪᠠᠶᠢᠯᠭᠠᠬᠤ ᠶᠢ ᠦᠨᠡᠨ ᠬᠦ ᠪᠠᠲᠤᠯᠠᠨ᠎ᠠ᠃ | ᠳᠥᠷᠪᠡ᠂ ᠰᠤᠷᠤᠭᠴᠢᠳ ᠲᠤ ᠬᠠᠨᠳᠤᠭᠤᠯᠤᠭᠰᠠᠨ ᠦᠨᠳᠦᠰᠦᠨ ᠣᠯᠠᠨ ᠨᠡᠶᠢᠲᠡ ᠶᠢᠨ ᠪᠤᠰᠤᠳ ᠦᠢᠯᠡᠴᠢᠯᠡᠭᠡᠨ ᠢ | ᠨᠢᠭᠡᠳᠦᠯᠲᠡᠶ ᠲᠥᠯᠥᠪᠯᠡᠨ ᠰᠠᠶᠢᠲᠤᠷ ᠬᠢᠬᠦ ᠬᠡᠷᠡᠭᠲᠡᠶ | 9. ᠰᠤᠷᠤᠭᠴᠢᠳ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠴᠢᠯᠡᠭᠡ ᠶᠢ ᠴᠢᠩᠭᠠᠳᠬᠠᠨ᠎ᠠ᠃ | ᠰᠤᠷᠭᠠᠭᠤᠯᠢ ᠶᠢᠨ ᠡᠷᠡᠭᠦᠯ ᠬᠠᠮᠠᠭᠠᠯᠠᠯ ᠤᠨ ᠰᠢᠰᠲ᠋ᠧᠮ ᠪᠣᠯᠤᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠃ | ᠰᠤᠷᠤᠭᠴᠢᠳ ᠤᠨ ᠡᠷᠡᠭᠦᠯ ᠮᠡᠨᠳᠦ ᠶᠢᠨ ᠳᠠᠩᠰᠠ ᠡᠪᠬᠡᠮᠡᠯ ᠢ ᠪᠠᠶᠢᠭᠤᠯᠵᠤ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ | ᠡᠷᠡᠭᠦᠯ ᠮᠡᠨᠳᠦ ᠶᠢᠨ ᠳᠠᠩᠰᠠ ᠡᠪᠬᠡᠮᠡᠯ ᠤᠨ ᠠᠭᠤᠯᠭ᠎ᠠ ᠯᠤᠭ᠎ᠠ ᠵᠣᠯᠭᠠᠭᠤᠯᠬᠤ ᠶᠢ ᠠᠯᠬᠤᠮ ᠠᠯᠬᠤᠮ ᠢᠶᠠᠷ ᠪᠡᠶᠡᠯᠡᠭᠦᠯᠬᠦ | ᠬᠡᠷᠡᠭᠲᠡᠶ᠃ ᠰᠤᠷᠤᠭᠴᠢᠳ ᠲᠤ ᠡᠷᠡᠭᠦᠯ ᠮᠡᠨᠳᠦ ᠶᠢᠨ ᠬᠥᠮᠦᠵᠢᠯ᠂ ᠡᠷᠡᠭᠦᠯ ᠮᠡᠨᠳᠦ ᠶᠢᠨ ᠯᠠᠪᠯᠠᠭ᠎ᠠ᠂ ᠡᠷᠡᠭᠦᠯ ᠮᠡᠨᠳᠦ ᠶᠢᠨ | ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠡᠷᠭᠡ ᠦᠢᠯᠡᠴᠢᠯᠡᠭᠡ ᠬᠠᠩᠭᠠᠵᠤ᠂ ᠰᠤᠷᠤᠭᠴᠢᠳ ᠤᠨ ᠣᠨᠴᠠᠯᠢᠭ ᠪᠠ | ᠬᠡᠷᠡᠭᠯᠡᠭᠡᠨ ᠤ ᠬᠡᠷᠡᠭᠴᠡᠭᠡ ᠱᠠᠭᠠᠷᠳᠠᠯᠭ᠎ᠠ ᠳᠤ ᠳᠣᠭᠢᠷᠠᠬᠤ ᠡᠷᠡᠭᠦᠯ ᠮᠡᠨᠳᠦ ᠶᠢᠨ ᠮᠡᠳᠡᠯᠭᠡ ᠪᠠ ᠡᠷᠡᠭᠦᠯ ᠮᠡᠨᠳᠦ ᠶᠢᠨ ᠤᠷ᠎ᠠ | ᠴᠢᠳᠠᠪᠤᠷᠢ ᠶᠢ ᠬᠠᠨᠳᠤᠯᠭᠠᠲᠤ ᠴᠢᠨᠠᠷᠲᠠᠶ ᠪᠠᠷ ᠤᠯᠠᠮᠵᠢᠯᠠᠨ᠎ᠠ᠃ ᠰᠤᠷᠤᠭᠴᠢᠳ ᠤᠨ ᠪᠡᠶ᠎ᠡ ᠮᠠᠬᠠᠪᠣᠳ ᠤᠨ ᠡᠷᠡᠭᠦᠯ | ᠴᠢᠭᠢᠷᠠᠭ ᠤᠨ ᠪᠠᠶᠢᠳᠠᠯ ᠢ ᠬᠢᠨᠠᠨ ᠬᠡᠮᠵᠢᠬᠦ ᠲᠠᠪᠴᠠᠩ ᠢ ᠪᠠᠶᠢᠭᠤᠯᠵᠤ᠂ ᠵᠢᠯ ᠪᠦᠷᠢ ᠰᠤᠷᠤᠭᠴᠢᠳ ᠤᠨ ᠡᠷᠡᠭᠦᠯ ᠴᠢᠭᠢᠷᠠᠭ ᠤᠨ | ᠬᠡᠪ ᠪᠣᠯᠪᠠᠰᠤᠷᠠᠯ ᠤᠨ ᠬᠢᠷᠢ ᠬᠡᠮᠵᠢᠶ᠎ᠡ ᠶᠢᠨ ᠲᠤᠭ᠎ᠠ ᠪᠠᠷᠢᠮᠲᠠ ᠶᠢ ᠨᠡᠶᠢᠲᠡᠯᠡᠬᠦ ᠬᠡᠷᠡᠭᠲᠡᠶ᠃ ᠰᠤᠷᠤᠭᠴᠢᠳ ᠤᠨ ᠰᠡᠷᠭᠡᠶᠢᠯᠡᠬᠦ | ᠲᠠᠷᠢᠯᠭ᠎ᠠ ᠬᠢᠬᠦ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠭᠡᠨᠡᠳᠲᠡ ᠶᠢᠨ ᠬᠡᠷᠡᠭ ᠢ ᠰᠡᠷᠭᠡᠶᠢᠯᠡᠬᠦ ᠮᠡᠳᠡᠯᠭᠡ ᠶᠢᠨ ᠤᠬᠠᠭᠤᠯᠭ᠎ᠠ ᠶᠢᠨ ᠦᠢᠯᠡᠴᠢᠯᠡᠭᠡᠨ ᠢ ᠰᠠᠶᠢᠲᠤᠷ ᠬᠢᠬᠦ ᠬᠡᠷᠡᠭᠲᠡᠶ᠃ | ᠰᠤᠷᠭᠠᠭᠤᠯᠢ ᠶᠢᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ | ᠲᠣᠭᠤᠷᠢᠨ ᠰᠤᠷᠪᠤᠯᠵᠢᠯᠠᠬᠤ ᠠᠵᠢᠯ ᠢ ᠥᠷᠨᠢᠭᠦᠯᠵᠦ᠂ ᠰᠤᠷᠭᠠᠭᠤᠯᠢ ᠶᠢ ᠵᠢᠯᠣᠭᠤᠳᠤᠨ ᠡᠷᠡᠭᠦᠯ ᠬᠠᠮᠠᠭᠠᠯᠠᠯ ᠤᠨ | ᠤᠬᠠᠭᠤᠯᠭ᠎ᠠ ᠶᠢᠨ ᠪᠤᠯᠤᠩ ᠭᠠᠷᠭᠠᠵᠤ᠂ ᠰᠤᠷᠭᠠᠭᠤᠯᠢ ᠶᠢᠨ ᠡᠮᠴᠢ᠂ ᠡᠷᠡᠭᠦᠯᠵᠢᠯ ᠤᠨ ᠪᠠᠭᠰᠢ ᠳᠤ ᠲᠤᠬᠠᠶᠢᠯᠠᠭᠰᠠᠨ | ᠠᠵᠢᠯ ᠤᠨ ᠪᠣᠯᠪᠠᠰᠤᠷᠠᠯ ᠥᠷᠨᠢᠭᠦᠯᠦᠨ᠎ᠡ᠃ ᠰᠤᠷᠭᠠᠭᠤᠯᠢ ᠶᠢᠨ ᠬᠤᠭᠤᠯᠠᠨ ᠭᠡᠷ ᠪᠣᠯᠤᠨ ᠬᠤᠭᠤᠯᠠ ᠬᠠᠩᠭᠠᠬᠤ᠂ | ᠰᠤᠷᠭᠠᠭᠤᠯᠢ ᠶᠢᠨ ᠡᠷᠭᠢᠨ ᠲᠣᠭᠤᠷᠢᠨ ᠤ ᠢᠳᠡᠭᠡᠨ ᠤᠮᠳᠠᠭᠠᠨ ᠤ ᠲᠠᠯᠠᠪᠤᠷ ᠲᠤ ᠢᠳᠡᠭᠡᠨ ᠤ ᠠᠮᠤᠷ ᠲᠦᠪᠰᠢᠨ ᠤ | ᠲᠦᠭᠰᠢᠭᠦᠷᠢ ᠶᠢ ᠬᠢᠨᠠᠨ ᠰᠢᠨᠵᠢᠬᠦ᠂ ᠮᠥᠷᠳᠡᠨ ᠦᠨᠡᠯᠡᠬᠦ ᠵᠡᠷᠭᠡ ᠦᠢᠯᠡᠴᠢᠯᠡᠭᠡᠨ ᠢ ᠲᠣᠭᠲᠠᠮᠠᠯ ᠬᠤᠭᠤᠴᠠᠭ᠎ᠠ ᠲᠠᠢ ᠪᠠᠷ | ᠬᠠᠩᠭᠠᠨ᠎ᠠ᠃ ᠰᠤᠷᠤᠭᠴᠢᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠠᠰᠠᠭᠤᠳᠠᠯ ᠢ ᠲᠣᠭᠲᠠᠮᠠᠯ ᠬᠤᠭᠤᠴᠠᠭ᠎ᠠ ᠲᠠᠢ ᠪᠠᠷ | ᠰᠢᠭᠰᠢᠨ ᠪᠠᠶᠢᠴᠠᠭᠠᠵᠤ ᠦᠨᠡᠯᠡᠨ ᠵᠢᠱᠢᠬᠦ᠂ ᠡᠷᠲᠡ ᠢᠯᠭᠠᠨ ᠲᠠᠨᠢᠬᠤ ᠪᠠ ᠬᠠᠮᠢᠶᠠᠷᠤᠨ ᠵᠠᠬᠢᠷᠬᠤ ᠲᠣᠭᠲᠠᠴᠠ ᠶᠢ ᠪᠠᠶᠢᠭᠤᠯᠤᠨ | ᠪᠦᠷᠢᠨᠰᠢᠭᠦᠯᠦᠨ᠎ᠡ᠃ | 10. ᠣᠯᠠᠨ ᠨᠡᠶᠢᠲᠡ ᠶᠢᠨ ᠰᠣᠶᠣᠯ ᠪᠡᠶ᠎ᠡ ᠶᠢᠨ ᠲᠠᠮᠢᠷ ᠤᠨ ᠦᠶ᠋ᠯᠡᠴᠢᠯᠡᠭᠡ ᠶᠢ ᠪᠠᠶᠠᠯᠢᠭᠵᠢᠭᠤᠯᠤᠨ᠎ᠠ᠃ ᠣᠯᠠᠨ | ᠨᠡᠶᠢᠲᠡ ᠶᠢᠨ ᠰᠣᠶᠣᠯ ᠪᠡᠶ᠎ᠡ ᠶᠢᠨ ᠲᠠᠮᠢᠷ ᠪᠣᠯᠤᠨ ᠰᠢᠨᠵᠢᠯᠡᠬᠦ ᠤᠬᠠᠭᠠᠨ ᠤ ᠮᠡᠳᠡᠯᠭᠡ ᠲᠦᠭᠡᠮᠡᠯᠵᠢᠭᠦᠯᠬᠦ ᠡᠬᠢ ᠪᠠᠶᠠᠯᠢᠭ ᠤᠨ | ᠬᠥᠮᠦᠨ ᠬᠥᠮᠦᠵᠢᠭᠦᠯᠬᠦ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠤᠨ᠂ ᠮᠦᠽᠧᠶ᠂ ᠳᠤᠷᠠᠰᠬᠠᠯ ᠤᠨ ᠣᠷᠳᠣᠨ᠂ ᠣᠯᠠᠨ | ᠨᠡᠶᠢᠲᠡ ᠶᠢᠨ ᠨᠣᠮ ᠤᠨ ᠰᠠᠩ᠂ ᠤᠷᠠᠨ ᠵᠢᠷᠤᠭ ᠤᠨ ᠣᠷᠳᠣᠨ᠂ ᠰᠣᠶᠣᠯ ᠤᠨ ᠣᠷᠳᠣᠨ ︵ᠥᠷᠲᠡᠭᠡ︶ ᠲᠣᠭᠲᠠᠭᠠᠯ | ᠶᠣᠰᠣᠭᠠᠷ ᠰᠤᠷᠤᠭᠴᠢᠳ ᠲᠤ ᠰᠦᠢᠳᠬᠡᠯ ᠬᠤᠷᠢᠶᠠᠬᠤ ᠦᠭᠡᠶ ᠪᠠᠷ ᠨᠡᠭᠡᠭᠡᠬᠦ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠵᠤ᠂ ᠨᠥᠬᠦᠴᠡᠯ ᠪᠦᠬᠦᠢ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠪᠡᠯᠡᠳᠬᠡᠮᠵᠢ᠂ ᠰᠢᠨᠵᠢᠯᠡᠬᠦ | ᠤᠬᠠᠭᠠᠨ ᠮᠡᠷᠭᠡᠵᠢᠯ ᠤᠨ ᠣᠷᠳᠣᠨ ᠪᠣᠯᠤᠨ ᠡᠯ᠎ᠡ ᠲᠥᠷᠥᠯ ᠤᠨ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠰᠤᠷᠭᠠᠨ | ᠬᠥᠮᠦᠵᠢᠯ ᠤᠨ ᠰᠠᠭᠤᠷᠢᠨ ᠭᠠᠵᠠᠷ ᠢ ᠰᠦᠢᠳᠬᠡᠯ ᠬᠤᠷᠢᠶᠠᠬᠤ ᠦᠭᠡᠶ ᠪᠠᠷ ᠪᠤᠶᠤ ᠰᠦᠢᠳᠬᠡᠯ ᠪᠠᠭ᠎ᠠ ᠬᠤᠷᠢᠶᠠᠵᠤ | ᠰᠤᠷᠤᠭᠴᠢᠳ ᠲᠤ ᠨᠡᠭᠡᠭᠡᠬᠦ ᠬᠡᠷᠡᠭᠲᠡᠶ᠃ ᠤᠯᠤᠰ ᠤᠨ ᠬᠠᠤᠯᠢ ᠳᠤ ᠲᠣᠭᠲᠠᠭᠠᠭᠰᠠᠨ ᠠᠮᠠᠷᠠᠯᠲᠠ ᠶᠢᠨ ᠡᠳᠦᠷ ᠪᠣᠯᠣᠨ | ᠰᠤᠷᠭᠠᠭᠤᠯᠢ ᠶᠢᠨ ᠡᠪᠦᠯ ᠵᠤᠨ ᠤ ᠠᠮᠠᠷᠠᠯᠲᠠ ᠶᠢᠨ ᠬᠤᠭᠤᠴᠠᠭᠠᠨ ᠳᠤ ᠨᠡᠭᠡᠭᠡᠬᠦ ᠴᠠᠭ ᠢ ᠵᠣᠬᠢᠰᠲᠠᠢ ᠪᠠᠷ ᠤᠷᠲᠤᠳᠬᠠᠬᠤ ᠶᠢᠨ | ᠬᠠᠮᠲᠤ ᠰᠤᠷᠤᠭᠴᠢ ᠶᠢᠨ ᠣᠨᠴᠠᠯᠢᠭ ᠲᠤ ᠲᠣᠬᠢᠷᠠᠭᠰᠠᠨ ᠰᠣᠶᠣᠯ ᠪᠡᠶ᠎ᠡ ᠶᠢᠨ ᠲᠠᠮᠢᠷ ᠪᠣᠯᠣᠨ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠠᠵᠢᠯᠯᠠᠭ᠎ᠠ ᠶᠢ ᠨᠡᠮᠡᠨ ᠪᠠᠢᠭᠤᠯᠤᠨ᠎ᠠ᠃ ᠰᠢᠯᠢᠳᠡᠭ ᠺᠢᠨᠣ᠋ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ | ᠠᠵᠢᠯᠯᠠᠭ᠎ᠠ ᠶᠢ ᠰᠢᠨ᠎ᠡ ᠶᠢ ᠡᠭᠦᠳᠦᠨ ᠥᠷᠨᠢᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠨᠢᠭᠡᠪᠦᠷᠢ | ᠰᠤᠷᠤᠯᠭ᠎ᠠ ᠶᠢᠨ ᠬᠤᠭᠤᠴᠠᠭ᠎ᠠ ᠪᠦᠷᠢ ᠳᠤ ᠨᠠᠭᠠᠳᠤ ᠵᠠᠬ᠎ᠠ ᠳᠠᠭᠠᠨ 2 ᠤᠳᠠᠭ᠎ᠠ ᠰᠢᠯᠢᠳᠡᠭ ᠺᠢᠨᠣ᠋ ᠦᠵᠡᠬᠦ ᠶᠢ ᠪᠠᠲᠤᠯᠠᠨ᠎ᠠ᠃ | 11. ᠲᠡᠭᠦᠰᠦᠭᠰᠡᠳ ᠤᠨ ᠠᠵᠢᠯ ᠣᠯᠵᠤ ᠠᠳᠠᠯ ᠦᠢᠯᠡᠰ ᠪᠣᠰᠬᠠᠬᠤ ᠦᠢᠯᠡᠴᠢᠯᠡᠭᠡᠨ ᠢ ᠰᠠᠶᠢᠲᠤᠷ ᠬᠢᠬᠦ ᠬᠡᠷᠡᠭᠲᠡᠶ᠃ | ᠰᠤᠷᠭᠠᠭᠤᠯᠢ ᠲᠡᠭᠦᠰᠦᠭᠰᠡᠳ ᠤᠨ ᠠᠵᠢᠯ ᠮᠡᠷᠭᠡᠵᠢᠯ ᠤᠨ ᠠᠮᠢᠳᠤᠷᠠᠯ ᠤᠨ ᠰᠤᠷᠭᠠᠨ ᠬᠥᠮᠦᠵᠢᠯ ᠪᠠ ᠠᠵᠢᠯ ᠣᠯᠵᠤ ᠠᠳᠠᠯ | ᠦᠢᠯᠡᠰ ᠴᠣᠭᠴᠠᠯᠠᠬᠤ ᠵᠢᠯᠣᠭᠤᠳᠣᠯᠭ᠎ᠠ ᠶᠢ ᠴᠢᠩᠭᠠᠳᠬᠠᠵᠤ᠂ ᠴᠢᠨᠠᠷ ᠰᠠᠶᠢᠲᠠᠶ ᠠᠵᠢᠯ ᠣᠯᠭᠤᠬᠤ ᠦᠢᠯᠡᠴᠢᠯᠡᠭᠡᠨ ᠤ | ᠲᠠᠪᠴᠠᠩ ᠢ ᠪᠠᠶᠢᠭᠤᠯᠤᠨ᠂ ᠠᠵᠢᠯ ᠣᠯᠵᠤ ᠠᠳᠠᠯ ᠦᠢᠯᠡᠰ ᠴᠣᠭᠴᠠᠯᠠᠬᠤ ᠪᠠ ᠬᠥᠳᠡᠯᠮᠦᠷᠢ ᠬᠦᠴᠦᠨ ᠬᠡᠷᠡᠭᠯᠡᠬᠦ ᠲᠥᠷᠥ ᠶᠢᠨ | ᠪᠣᠳᠣᠯᠭ᠎ᠠ ᠬᠠᠤᠯᠢ ᠲᠣᠭᠲᠠᠭᠠᠯ ᠤᠨ ᠵᠥᠪᠯᠡᠯᠭᠡ ᠬᠠᠩᠭᠠᠵᠤ᠂ ᠬᠥᠮᠦᠨ ᠤ ᠬᠦᠴᠦᠨ ᠤ ᠡᠬᠢ ᠪᠠᠶᠠᠯᠢᠭ ᠤᠨ ᠬᠠᠩᠭᠠᠯᠭ᠎ᠠ | ᠬᠡᠷᠡᠭᠴᠡᠭᠡ᠂ ᠵᠠᠬ᠎ᠠ ᠳᠡᠯᠭᠡᠭᠦᠷ ᠤᠨ ᠴᠠᠯᠢᠩ ᠤᠨ ᠦᠨ᠎ᠡ ᠬᠠᠩᠰᠢ᠂ ᠳᠠᠳᠤᠯᠭ᠎ᠠ ᠶᠢᠨ ᠠᠵᠢᠯ ᠤᠨ ᠪᠠᠶᠢᠷᠢ ᠵᠡᠷᠭᠡ ᠠᠵᠢᠯ | ᠣᠯᠭᠤᠯᠲᠠ ᠶᠢᠨ ᠮᠡᠳᠡᠭᠡ ᠵᠠᠩᠭᠢ ᠶᠢ ᠨᠡᠶᠢᠲᠡᠯᠡᠵᠦ᠂ ᠬᠡᠷᠡᠭᠴᠡᠭᠡ ᠱᠠᠭᠠᠷᠳᠠᠯᠭ᠎ᠠ ᠲᠠᠢ ᠲᠤᠰ ᠬᠤᠭᠤᠴᠠᠭᠠᠨ ᠤ | ᠲᠡᠭᠦᠰᠦᠭᠰᠡᠳ ᠲᠤ ᠳᠠᠳᠤᠯᠭ᠎ᠠ ᠬᠢᠵᠦ ᠦᠢᠯᠡᠳᠦᠯᠭᠡᠵᠢᠭᠦᠯᠬᠦ ᠪᠠ ᠠᠵᠢᠯ ᠣᠯᠭᠤᠵᠤ ᠬᠠᠪᠰᠤᠷᠤᠨ ᠲᠡᠳᠬᠦᠬᠦ ᠵᠡᠷᠭᠡ | ᠦᠢᠯᠡᠴᠢᠯᠡᠭᠡ ᠬᠠᠩᠭᠠᠵᠤ᠂ ᠲᠡᠭᠦᠰᠬᠦ ᠴᠢᠭᠯᠡᠯ ᠢ ᠨᠢ ᠳᠠᠩᠰᠠᠯᠠᠨ ᠲᠡᠮᠳᠡᠭᠯᠡᠬᠦ ᠠᠵᠢᠯ ᠢ ᠥᠷᠨᠢᠭᠦᠯᠦᠨ᠎ᠡ᠃ ᠠᠵᠢᠯ ᠣᠯᠤᠭᠠᠳᠤᠶ | ᠳᠡᠭᠡᠳᠦ ᠰᠤᠷᠭᠠᠭᠤᠯᠢ ᠲᠡᠭᠦᠰᠦᠭᠰᠡᠳ ᠪᠣᠯᠤᠨ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠲᠡᠭᠦᠰᠦᠭᠰᠡᠳ᠂ | ᠬᠤᠪᠢ ᠶᠢᠨ ᠵᠠᠷᠤᠳᠠᠯ ᠢᠶᠠᠷ ᠤᠯᠤᠰ ︵ᠬᠢᠯᠢ︶ ᠳᠤ ᠭᠠᠷᠴᠤ ᠰᠤᠷᠤᠯᠴᠠᠭᠰᠠᠨ ᠳᠡᠭᠡᠳᠦ ᠰᠤᠷᠭᠠᠭᠤᠯᠢ ᠲᠡᠭᠦᠰᠦᠭᠰᠡᠳ ᠪᠣᠯᠤᠨ | ᠬᠤᠪᠢ ᠶᠢᠨ ᠶᠠᠪᠤᠳᠠᠯ ᠢᠶᠠᠷ ᠭᠠᠳᠠᠭᠠᠳᠤ ︵ᠬᠢᠯᠢ︶ ᠳᠤ ᠭᠠᠷᠴᠤ ᠪᠠᠶᠢᠭ᠎ᠠ ᠬᠥᠮᠦᠰ ᠲᠤ ᠶᠠᠪᠤᠭᠤᠯ ᠬᠥᠮᠦᠰ ᠤᠨ ᠠᠵᠢᠯᠲᠠᠨ ᠤ | ᠶᠠᠪᠤᠳᠠᠯ ᠤᠨ ᠳᠠᠩᠰᠠ ᠡᠪᠬᠡᠮᠡᠯ ᠤᠨ ᠬᠠᠮᠢᠶᠠᠷᠤᠯᠲᠠ ᠶᠢᠨ ᠦᠢᠯᠡᠴᠢᠯᠡᠭᠡ ᠬᠠᠩᠭᠠᠬᠤ ᠬᠡᠷᠡᠭᠲᠡᠶ᠃ ᠡᠷᠬᠢᠯᠡᠭᠰᠡᠨ ᠠᠵᠢᠯ ᠤᠨ | ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠳᠤ ᠣᠷᠣᠯᠴᠠᠭᠰᠠᠨ ᠪᠥᠭᠡᠳ ᠨᠥᠬᠦᠴᠡᠯ ᠳᠤ ᠨᠡᠶᠢᠴᠡᠬᠦ | ᠲᠡᠭᠦᠰᠦᠭᠴᠢᠳ ᠲᠤ ᠡᠷᠬᠢᠯᠡᠭᠰᠡᠨ ᠠᠵᠢᠯ ᠤᠨ ᠪᠣᠯᠪᠠᠰᠤᠷᠠᠭᠤᠯᠤᠯ ᠤᠨ ᠨᠥᠬᠦᠪᠥᠷᠢ᠂ ᠡᠷᠬᠢᠯᠡᠭᠰᠡᠨ ᠠᠵᠢᠯ ᠤᠨ ᠮᠡᠷᠭᠡᠵᠢᠯ ᠤᠨ | ᠴᠢᠳᠠᠪᠤᠷᠢ ᠶᠢ ᠬᠢᠨᠠᠨ ᠲᠣᠭᠲᠠᠭᠠᠬᠤ ᠨᠥᠬᠦᠪᠥᠷᠢ ᠪᠣᠯᠤᠨ ᠠᠮᠢᠳᠤᠷᠠᠯ ᠤᠨ ᠰᠦᠢᠳᠬᠡᠯ ᠤᠨ ᠨᠥᠬᠦᠪᠥᠷᠢ ᠣᠯᠭᠤᠬᠤ ᠬᠡᠷᠡᠭᠲᠡᠶ᠃ | ᠲᠠᠪᠤ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠠᠵᠢᠯ ᠢ ᠬᠢᠨᠠᠮᠠᠭᠠᠶ ᠰᠠᠶᠢᠲᠤᠷ ᠬᠢᠬᠦ ᠬᠡᠷᠡᠭᠲᠡᠶ | ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ | ᠵᠠᠰᠠᠭ ᠤᠨ ᠣᠷᠳᠣᠨ ᠴᠢᠨᠠᠷ ᠰᠠᠶᠢᠲᠠᠢ ᠲᠡᠩᠴᠡᠭᠦᠷᠢᠲᠡᠢ ᠦᠨᠳᠦᠰᠦᠨ ᠤᠯᠠᠨ ᠨᠡᠶᠢᠲᠡ ᠶᠢᠨ ᠰᠤᠷᠭᠠᠨ ᠬᠥᠮᠦᠵᠢᠯ ᠤᠨ | ᠦᠢᠯᠡᠴᠢᠯᠡᠭᠡᠨ ᠤ ᠰᠢᠰᠲ᠋ᠧᠮ ᠢ ᠪᠠᠶᠢᠭᠤᠯᠬᠤ ᠶᠢ ᠬᠠᠮᠲᠤ ᠪᠠᠷ ᠴᠢᠨᠡᠭᠡᠯᠢᠭᠵᠢᠭᠦᠯᠬᠦ ᠶᠢ ᠪᠡᠶᠡᠯᠡᠭᠦᠯᠬᠦ ᠨᠢᠭᠡ ᠵᠦᠢᠯ ᠤᠨ ᠴᠢᠬᠤᠯᠠ | ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠭᠠᠵᠤ᠂ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠡᠳᠦᠷ | ᠲᠤᠳᠤᠮ ᠤᠨ ᠴᠢᠬᠤᠯᠠ ᠵᠥᠪᠯᠡᠬᠦ ᠵᠦᠢᠯ ᠳᠤ ᠣᠷᠣᠭᠤᠯᠬᠤ ᠬᠡᠷᠡᠭᠲᠡᠢ᠃ ᠮᠤᠵᠢ ᠶᠢᠨ ᠱᠠᠲᠤᠨ ᠤ ᠨᠢᠭᠡᠳᠦᠯᠲᠡᠶ | ᠲᠥᠯᠥᠪᠯᠡᠬᠦ ᠶᠢ ᠴᠢᠩᠭᠠᠷᠠᠭᠤᠯᠤᠨ᠂ ᠬᠤᠲᠠ ᠶᠢᠨ ᠱᠠᠲᠤᠨ ᠤ ᠵᠠᠰᠠᠭ ᠤᠨ ᠣᠷᠳᠣᠨ ᠤ ᠦᠢᠯᠡᠳᠦᠯ ᠢ ᠭᠦᠢᠴᠡᠳ | ᠪᠠᠳᠠᠷᠠᠭᠤᠯᠵᠤ᠂ ᠰᠢᠶᠠᠨ ᠢᠶᠠᠷ ᠭᠤᠤᠯ ᠪᠣᠯᠭᠠᠭᠰᠠᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ | ᠠᠵᠢᠯ ᠤᠨ ᠬᠡᠷᠡᠭᠵᠢᠭᠦᠯᠬᠦ ᠲᠥᠰᠦᠯ ᠢ ᠲᠣᠭᠲᠠᠭᠠᠵᠤ᠂ ᠰᠠᠯᠠᠭ᠎ᠠ ᠮᠥᠴᠢᠷ ᠤᠨ ᠬᠠᠮᠵᠢᠯᠴᠠᠬᠤ ᠲᠣᠭᠲᠠᠴᠠ ᠶᠢ ᠪᠠᠶᠢᠭᠤᠯᠤᠨ᠂ | ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠦᠨ᠂ | ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨᠬᠦ | ᠪᠠᠲᠤᠯᠠᠬᠤ ᠬᠡᠷᠡᠭᠲᠡᠶ᠃ ᠰᠠᠭᠤᠷᠢ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ | ᠣᠷᠣᠨ ᠤ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠣᠷᠣᠨ ᠪᠦᠰᠡ ᠶᠢ ᠨᠢᠭᠡᠳᠦᠯᠲᠡᠶ ᠲᠥᠯᠥᠪᠯᠡᠬᠦ ᠪᠠ | ᠥᠭᠡᠷᠡᠴᠢᠯᠡᠯᠲᠡ ᠶᠢᠨ ᠪᠠᠬᠢᠯᠡᠯᠲᠡ ᠳᠠᠭᠠᠷᠢᠬᠤ ᠶᠢ ᠴᠢᠩᠭᠠᠷᠠᠭᠤᠯᠤᠨ᠎ᠠ᠃ ᠡᠭᠦᠨ ᠤ ᠬᠠᠮᠲᠤ᠂ ᠲᠦᠭᠡᠮᠡᠯ ᠬᠠᠷᠠᠭᠠᠯᠵᠠᠯ ᠤᠨ | ᠴᠢᠨᠠᠷᠲᠠᠶ ᠦᠨᠳᠦᠰᠦᠨ ᠣᠯᠠᠨ ᠨᠡᠶᠢᠲᠡ ᠶᠢᠨ ᠰᠤᠷᠭᠠᠨ ᠬᠥᠮᠦᠵᠢᠯ ᠤᠨ ᠦᠢᠯᠡᠴᠢᠯᠡᠭᠡ ᠶᠢ ᠳᠡᠮᠵᠢᠬᠦ ᠡᠷᠴᠢᠮ ᠢᠶᠠᠨ ᠤᠯᠠᠮ | ᠨᠢᠭᠡ ᠠᠯᠬᠤᠮ ᠴᠢᠩᠭᠠᠷᠠᠭᠤᠯᠵᠤ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠰᠤᠷᠬᠤ ᠨᠠᠰᠤᠨ ᠠᠴᠠ ᠡᠮᠦᠨᠡᠬᠢ ᠰᠤᠷᠭᠠᠨ | ᠬᠥᠮᠦᠵᠢᠯ ᠤᠨ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠦᠨ᠂ ᠰᠢᠶᠠᠨ ᠤ ᠬᠡᠪᠴᠢᠶᠡᠨ ᠤ ᠡᠩ ᠤᠨ ᠥᠨᠳᠥᠷ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠣᠯᠠᠨ | ᠨᠡᠶᠢᠲᠡ ᠶᠢᠨ ᠰᠤᠷᠭᠠᠨ ᠬᠥᠮᠦᠵᠢᠯ ᠤᠨ ᠦᠢᠯᠡᠴᠢᠯᠡᠭᠡᠨ ᠤ ᠴᠢᠳᠠᠪᠤᠷᠢ ᠶᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠦᠨ᠎ᠡ᠃ | ᠡᠳ᠋ ᠤᠨ ᠵᠠᠰᠠᠭ ᠠᠴᠠ ᠨᠥᠬᠦᠪᠥᠷᠢ ᠥᠭᠬᠦ᠂ ᠦᠶ᠋ᠯᠡᠴᠢᠯᠡᠭᠡᠨ ᠤ ᠴᠢᠨᠠᠷᠲᠠᠶ ᠰᠦᠶ᠋ᠳᠬᠡᠯ ᠬᠤᠷᠢᠶᠠᠬᠤ ᠪᠤᠶᠤ ᠣᠷᠣᠯᠠᠨ | ᠰᠦᠶ᠋ᠳᠬᠡᠯ ᠬᠤᠷᠢᠶᠠᠬᠤ ᠵᠡᠷᠭᠡ ᠠᠷᠭ᠎ᠠ ᠮᠠᠶ᠋ᠢᠭ ᠢ ᠠᠪᠴᠤ ᠪᠠᠶᠢᠭᠠᠳ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠬᠢᠴᠢᠶᠡᠯ ᠤᠨ ᠳᠠᠷᠠᠭᠠᠬᠢ ᠦᠶ᠋ᠯᠡᠴᠢᠯᠡᠭᠡᠨ ᠤ ᠵᠠᠷᠤᠳᠠᠯ ᠢ ᠴᠤᠭᠯᠠᠭᠤᠯᠵᠤ᠂ ᠬᠢᠴᠢᠶᠡᠯ ᠤᠨ ᠳᠠᠷᠠᠭᠠᠬᠢ ᠴᠢᠨᠠᠷ ᠰᠠᠶᠢᠲᠠᠶ | ᠦᠶ᠋ᠯᠡᠴᠢᠯᠡᠭᠡᠨ ᠤ ᠡᠬᠢ ᠪᠠᠶᠠᠯᠢᠭ ᠢ ᠪᠠᠶᠠᠯᠢᠭᠵᠢᠭᠤᠯᠵᠤ᠂ ᠬᠢᠴᠢᠶᠡᠯ ᠤᠨ ᠳᠠᠷᠠᠭᠠᠬᠢ ᠬᠥᠮᠦᠨ ᠬᠥᠮᠦᠵᠢᠭᠦᠯᠬᠦ ᠴᠢᠳᠠᠮᠵᠢ ᠶᠢ | ᠴᠢᠩᠭᠠᠷᠠᠭᠤᠯᠤᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠲᠥᠷᠥ ᠶᠢᠨ ᠪᠣᠳᠣᠯᠭ᠎ᠠ ᠶᠢ ᠤᠬᠠᠭᠤᠯᠤᠨ | ᠲᠠᠶᠢᠯᠪᠤᠷᠢᠯᠠᠬᠤ ᠡᠷᠴᠢᠮ ᠢᠶᠠᠨ ᠴᠢᠩᠭᠠᠷᠠᠭᠤᠯᠵᠤ᠂ ᠨᠡᠶᠢᠲᠡᠯᠢᠭ ᠲᠤᠷᠰᠢᠯᠭ᠎ᠠ ᠪᠠ ᠬᠡᠷᠡᠭᠵᠢᠭᠦᠯᠦᠭᠰᠡᠨ ᠦᠷ᠎ᠡ ᠪᠦᠲᠦᠮᠵᠢ ᠶᠢ | ᠴᠠᠭ ᠲᠤᠬᠠᠶ ᠳᠤᠨᠢ ᠳ᠋ᠦᠩᠨᠡᠨ᠂ ᠥᠷᠭᠡᠨ ᠢᠶᠠᠷ ᠤᠬᠠᠭᠤᠯᠵᠤ᠂ ᠪᠥᠬᠦ ᠨᠡᠶᠢᠭᠡᠮ ᠢᠶᠠᠷ ᠢᠶᠠᠨ ᠰᠤᠷᠭᠠᠨ ᠬᠥᠮᠦᠵᠢᠯ ᠢ | ᠬᠠᠯᠠᠮᠵᠢᠯᠠᠨ ᠳᠡᠮᠵᠢᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ | ᠪᠦᠬᠦ ᠣᠷᠣᠨ ᠤ ᠬᠤᠳᠳᠤᠭ ᠤᠨ ᠠᠵᠤ ᠦᠢᠯᠡᠳᠪᠦᠷᠢ ᠶᠢᠨ ᠨᠡᠭᠦᠷᠡᠰᠦᠨ ᠠᠭᠤᠷᠬᠠᠶ ᠶᠢᠨ ᠠᠶᠤᠯ ᠦᠭᠡᠶ ᠶᠢᠨ | ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠠᠷᠭ᠎ᠠ ᠬᠡᠮᠵᠢᠶ᠎ᠡ ᠨᠦᠭᠦᠳ ᠤᠨ ᠲᠤᠬᠠᠶ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠡ ᠳᠤ᠄ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠯᠠᠱᠠ ᠶᠢᠨ ᠰᠢᠨ ᠵᠢᠩ | ᠨᠡᠭᠦᠷᠡᠰᠦᠨ ᠤ ᠦᠢᠯᠡᠰ ᠤᠨ ᠬᠢᠵᠠᠭᠠᠷᠲᠤ ᠺᠣᠮᠫᠠᠨᠢ ᠶᠢᠨ ᠵᠠᠳᠠᠭᠠᠢ ᠨᠡᠭᠦᠷᠡᠰᠦᠨ ᠠᠭᠤᠷᠬᠠᠢ ᠶᠢᠨ ︽2 · 22︾ ᠤ ᠣᠨᠴᠠᠭᠠᠢ | ᠬᠦᠨᠳᠦ ᠶᠡᠭᠡ ᠨᠤᠷᠠᠯᠲᠠ ᠶᠢᠨ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠠᠶᠤᠯᠭᠦᠢ ᠦᠢᠯᠡᠳᠪᠦᠷᠢᠯᠡᠯ ᠤᠨ | ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠨᠠᠭᠰᠢᠳᠠ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠤᠷᠳᠤ | ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠵᠤ᠂ ᠬᠤᠳᠳᠤᠭ ᠤᠨ ᠠᠵᠤ ᠦᠢᠯᠡᠳᠪᠦᠷᠢ ᠶᠢᠨ ᠨᠡᠭᠦᠷᠡᠰᠦᠨ | ᠠᠭᠤᠷᠬᠠᠢ ᠶᠢᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠶᠢᠨ | ᠲᠥᠯᠥᠭᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ | ᠪᠦᠬᠦ ᠣᠷᠣᠨ ᠤ ᠬᠤᠳᠳᠤᠭ ᠤᠨ ᠠᠵᠤ ᠦᠢᠯᠡᠳᠪᠦᠷᠢ ᠶᠢᠨ ᠨᠡᠭᠦᠷᠡᠰᠦᠨ ᠠᠭᠤᠷᠬᠠᠢ ᠶᠢᠨ ᠠᠮᠤᠷ ᠲᠦᠪᠰᠢᠨ ᠤ | ᠬᠠᠮᠢᠶᠠᠷᠤᠯᠲᠠ ᠶᠢ ᠴᠢᠨᠠᠭᠰᠢᠳᠠ ᠴᠢᠩᠭᠠᠳᠬᠠᠬᠤ ᠠᠷᠭ᠎ᠠ ᠬᠡᠮᠵᠢᠶ᠎ᠡ ᠨᠦᠭᠦᠳ ᠢ ᠳᠣᠣᠷᠠᠬᠢ ᠮᠡᠲᠦ ᠮᠡᠳᠡᠭᠳᠡᠪᠡ᠃ | ᠨᠢᠭᠡ᠂ ᠣᠷᠣᠨ ᠨᠤᠲᠤᠭ ᠤᠨ ᠵᠠᠰᠠᠭ ᠤᠨ ᠣᠷᠳᠣᠨ ᠤ ᠤᠳᠤᠷᠢᠳᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ | ᠬᠡᠷᠡᠭᠲᠡᠶ | ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠠᠶᠤᠯ ᠦᠭᠡᠶ | ᠦᠢᠯᠡᠳᠪᠦᠷᠢᠯᠡᠯ ᠤᠨ ᠲᠤᠬᠠᠶ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ | ᠲᠤᠤᠱᠯᠠᠭᠤᠯᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯ ᠦᠭᠡᠶ ᠦᠢᠯᠡᠳᠪᠦᠷᠢᠯᠡᠯ ᠤᠨ ᠵᠥᠪᠯᠡᠯ ᠤᠨ ︽ᠠᠷᠪᠠᠨ | ᠲᠠᠪᠤᠨ ᠵᠦᠢᠯ ᠤᠨ ᠬᠠᠲᠠᠭᠤ ᠠᠷᠭ᠎ᠠ ᠬᠡᠮᠵᠢᠶ᠎ᠡ︾ ᠪᠠ ᠥᠪᠡᠷᠲᠡᠭᠡᠨ ᠵᠠᠰᠠᠬᠤ ᠣᠷᠣᠨ ᠤ ︽ᠲᠠᠪᠢᠨ ᠭᠤᠷᠪᠠᠳᠤᠭᠠᠷ | ᠵᠦᠢᠯ ᠤᠨ ᠪᠣᠳᠠᠲᠠᠶ ᠠᠷᠭ᠎ᠠ ᠬᠡᠮᠵᠢᠶ᠎ᠡ︾ ᠵᠢᠴᠢ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ | ᠵᠠᠰᠠᠭ ᠤᠨ ᠣᠷᠳᠣᠨ ᠤ ᠤᠳᠤᠷᠢᠳᠤᠯᠭ᠎ᠠ ᠲᠠᠢ ᠬᠠᠷᠢᠯᠴᠠᠵᠤ ᠳᠠᠭᠠᠳᠬᠠᠯ ᠢ ᠳᠠᠭᠠᠭᠠᠴᠢᠯᠠᠬᠤ ᠳᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠬᠠᠷᠢᠶ᠎ᠠ ᠭᠠᠵᠠᠷ ᠤᠨ ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ | ᠴᠢᠩᠭᠠᠷᠠᠭᠤᠯᠤᠨ᠂ ᠬᠢᠨᠠᠯᠲᠠ ᠬᠠᠮᠢᠶᠠᠷᠤᠯᠲᠠ ᠶᠢᠨ ᠡᠩᠨᠡᠭᠡ ᠶᠢᠨ ᠪᠠᠶᠢᠭᠤᠯᠤᠯᠲᠠ ᠪᠠ ᠬᠠᠤᠯᠢ ᠬᠡᠷᠡᠭᠵᠢᠭᠦᠯᠬᠦ ᠵᠠᠷᠤᠳᠠᠯ ᠤᠨ | ᠪᠠᠲᠤᠯᠠᠭ᠎ᠠ ᠶᠢ ᠴᠢᠩᠭᠠᠳᠬᠠᠵᠤ᠂ ᠲᠤᠰ ᠭᠠᠵᠠᠷ ᠣᠷᠣᠨ ᠤ ᠨᠡᠭᠦᠷᠡᠰᠦᠨ ᠠᠭᠤᠷᠬᠠᠶ ᠶᠢᠨ ᠪᠣᠳᠠᠲᠠᠶ ᠲᠠᠢ ᠪᠠᠨ ᠤᠶᠠᠯᠳᠤᠭᠤᠯᠤᠨ | ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠶᠢᠨ ᠠᠵᠢᠯᠲᠠᠨ ᠢ ᠪᠦᠷᠢᠨ ᠭᠦᠢᠴᠡᠳ ᠪᠥᠭᠡᠳ ᠴᠢᠩᠭ᠎ᠠ ᠲᠣᠬᠢᠷᠠᠭᠤᠯᠬᠤ | ᠬᠡᠷᠡᠭᠲᠡᠶ᠃ ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠶᠢᠨ ᠠᠵᠢᠯᠲᠠᠨ ᠤ ᠲᠤᠰᠬᠠᠶ ᠮᠡᠷᠭᠡᠵᠢᠯ ᠨᠢ ᠨᠡᠭᠦᠷᠡᠰᠦᠨ | ᠠᠭᠤᠷᠬᠠᠶ ᠶᠢᠨ ᠨᠡᠭᠡᠭᠡᠨ ᠮᠠᠯᠲᠠᠬᠤ ᠠᠷᠭ᠎ᠠ ᠮᠠᠶ᠋ᠢᠭ᠂ ᠭᠠᠮᠰᠢᠭ ᠤᠨ ᠣᠨᠴᠠᠯᠢᠭ ᠵᠡᠷᠭᠡ ᠯᠦᠭᠡ ᠬᠠᠷᠢᠯᠴᠠᠨ ᠵᠣᠬᠢᠴᠠᠯᠳᠤᠵᠤ᠂ | ᠵᠢᠯ ᠪᠦᠷᠢ ᠠᠵᠢᠯ ᠠᠴᠠ ᠨᠢ ᠰᠠᠯᠭᠠᠵᠤ ᠠᠶᠤᠯ ᠦᠭᠡᠶ ᠶᠢᠨ ᠪᠣᠯᠪᠠᠰᠤᠷᠠᠭᠤᠯᠤᠯ ᠳᠤ ᠣᠷᠣᠯᠴᠠᠬᠤ ᠦ᠊ ᠡᠶ᠎ᠡ ᠳᠤ 7 | ᠡᠳᠦᠷ ᠠᠴᠠ ᠳᠤᠲᠠᠭᠤ ᠦᠭᠡᠶ ᠪᠠᠶᠢᠯᠭᠠᠵᠤ᠂ ᠲᠤᠰᠬᠠᠶ ᠮᠡᠷᠭᠡᠵᠢᠯ ᠤᠨ ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠶᠢᠨ | ᠠᠵᠢᠯᠲᠠᠨ ᠤ ᠲᠣᠬᠢᠷᠠᠭᠤᠯᠬᠤ ᠬᠠᠷᠢᠴᠠᠯ ᠢ ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠳᠤ ᠪᠠᠶᠢᠭ᠎ᠠ | ᠠᠵᠢᠯᠲᠠᠨ ᠤ 75% ᠠᠴᠠ ᠳᠣᠤᠷ᠎ᠠ ᠦᠭᠡᠶ ᠪᠠᠶᠢᠯᠭᠠᠬᠤ ᠬᠡᠷᠡᠭᠲᠡᠶ᠃ | ᠬᠤᠶᠠᠷ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ | ᠡᠯ᠎ᠡ ᠱᠠᠲᠤᠨ ᠤ ᠨᠡᠭᠦᠷᠡᠰᠦᠨ ᠤ ᠠᠵᠢᠯ ᠲᠥᠷᠥᠯ ᠤᠨ ᠬᠠᠮᠢᠶᠠᠷᠤᠯᠲᠠ᠂ ᠨᠡᠭᠦᠷᠡᠰᠦᠨ ᠠᠭᠤᠷᠬᠠᠶ ᠶᠢᠨ ᠠᠶᠤᠯ | ᠦᠭᠡᠶ ᠶᠢᠨ ᠬᠢᠨᠠᠯᠲᠠ ᠬᠠᠮᠢᠶᠠᠷᠤᠯᠲᠠ᠂ ᠨᠡᠭᠦᠷᠡᠰᠦᠨ ᠠᠭᠤᠷᠬᠠᠶ ᠶᠢᠨ ᠠᠶᠤᠯ ᠦᠭᠡᠶ ᠶᠢᠨ ᠬᠢᠨᠠᠨ ᠪᠠᠶᠢᠴᠠᠭᠠᠬᠤ ᠵᠡᠷᠭᠡ ᠰᠠᠯᠠᠭ᠎ᠠ | ᠮᠥᠴᠢᠷ ᠤᠳ ᠨᠡᠭᠦᠷᠡᠰᠦᠨ ᠠᠭᠤᠷᠬᠠᠶ ᠶᠢ ᠬᠢᠨᠠᠨ ᠬᠠᠮᠢᠶᠠᠷᠴᠤ ᠬᠢᠨᠠᠨ ᠪᠠᠶᠢᠴᠠᠭᠠᠬᠤ ᠡᠭᠦᠷᠭᠡ ᠬᠠᠷᠢᠭᠤᠴᠠᠯᠭ᠎ᠠ ᠪᠠᠨ ᠬᠠᠤᠯᠢ | ᠶᠣᠰᠣᠭᠠᠷ ᠬᠡᠷᠡᠭᠵᠢᠭᠦᠯᠬᠦ ᠬᠡᠷᠡᠭᠲᠡᠶ᠃ ᠨᠡᠭᠦᠷᠡᠰᠦᠨ ᠠᠭᠤᠷᠬᠠᠶ ᠶᠢᠨ ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠶᠢᠨ | ᠰᠠᠯᠠᠭ᠎ᠠ ᠮᠥᠴᠢᠷ ᠤᠳ ᠱᠠᠲᠤ ᠬᠤᠪᠢᠶᠠᠨ ᠬᠢᠨᠠᠨ ᠬᠠᠮᠢᠶᠠᠷᠬᠤ ᠱᠠᠭᠠᠷᠳᠠᠯᠭ᠎ᠠ ᠶᠣᠰᠣᠭᠠᠷ᠂ ᠨᠡᠭᠦᠷᠡᠰᠦᠨ ᠠᠭᠤᠷᠬᠠᠶ ᠶᠢᠨ | ᠠᠶᠤᠯ ᠦᠭᠡᠶ ᠦᠢᠯᠡᠳᠪᠦᠷᠢᠯᠡᠯ ᠢ ᠳᠤᠭᠤᠶᠢᠯᠠᠩ ᠬᠤᠪᠢᠶᠠᠨ ᠲᠣᠭᠤᠷᠢᠨ ᠪᠠᠶᠢᠴᠠᠭᠠᠬᠤ᠂ ᠠᠭᠤᠷᠬᠠᠶ ᠳᠤ ᠰᠠᠭᠤᠵᠤ ᠬᠠᠷᠠᠵᠤ | ᠬᠠᠮᠢᠶᠠᠷᠬᠤ ᠵᠡᠷᠭᠡ ᠳᠦᠷᠢᠮ ᠠᠷᠭ᠎ᠠ ᠬᠡᠮᠵᠢᠶ᠎ᠡ ᠶᠢ ᠬᠢᠨᠠᠮᠠᠭᠠᠶ ᠨᠠᠶᠢᠳᠠᠪᠤᠷᠢᠵᠢᠭᠤᠯᠬᠤ ᠬᠡᠷᠡᠭᠲᠡᠶ᠃ ᠨᠡᠭᠦᠷᠡᠰᠦᠨ ᠠᠭᠤᠷᠬᠠᠶ ᠶᠢᠨ | ᠡᠳᠦᠷ ᠲᠤᠲᠤᠮ ᠤᠨ ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠲᠤᠰ ᠭᠠᠵᠠᠷ | ᠣᠷᠣᠨ ᠤ ᠪᠠᠨ ᠨᠡᠭᠦᠷᠡᠰᠦᠨ ᠠᠭᠤᠷᠬᠠᠶ ᠶᠢᠨ ᠣᠨᠴᠠᠯᠢᠭ ᠢᠶᠠᠨ ᠦᠨᠳᠦᠰᠦᠯᠡᠨ᠂ ᠠᠶᠤᠯ ᠦᠭᠡᠶ ᠶᠢᠨ ᠬᠠᠮᠲᠤᠷᠠᠨ ᠣᠨᠣᠰᠢᠯᠠᠬᠤ᠂ | ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠵᠡᠷᠭᠡ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ | ᠥᠷᠨᠢᠭᠦᠯᠬᠦ ᠬᠡᠷᠡᠭᠲᠡᠶ᠃ ᠡᠯ᠎ᠡ ᠱᠠᠲᠤᠨ ᠤ ᠪᠠᠶᠢᠭᠠᠯᠢ ᠶᠢᠨ ᠡᠬᠢ ᠪᠠᠶᠠᠯᠢᠭ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ | ᠵᠡᠷᠭᠡ ᠰᠠᠯᠠᠭ᠎ᠠ ᠮᠥᠴᠢᠷ ᠨᠢᠭᠡᠴᠡ ᠨᠦᠭᠦᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠬᠢᠨᠠᠯᠲᠠ | ᠲᠠᠯᠪᠢᠵᠤ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠭᠡᠬᠦ ᠬᠡᠷᠡᠭᠲᠡᠶ᠃ ᠡᠯ᠎ᠡ ᠱᠠᠲᠤᠨ ᠤ ᠠᠶᠤᠯ | ᠦᠭᠡᠶ ᠦᠢᠯᠡᠳᠪᠦᠷᠢᠯᠡᠯ ᠤᠨ ᠺᠣᠮᠢᠰ ᠤᠨ ᠠᠯᠪᠠᠨ ᠭᠡᠷ ᠨᠢ ᠬᠢᠨᠠᠯᠲᠠ ᠲᠠᠯᠪᠢᠨ ᠵᠢᠯᠣᠭᠤᠳᠴᠤ ᠵᠣᠬᠢᠴᠠᠭᠤᠯᠬᠤ ᠠᠵᠢᠯ ᠢᠶᠠᠨ | ᠴᠢᠩᠭᠠᠳᠬᠠᠬᠤ ᠬᠡᠷᠡᠭᠲᠡᠶ᠃ | ᠭᠤᠷᠪᠠ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ | ᠨᠡᠭᠦᠷᠡᠰᠦᠨ ᠠᠭᠤᠷᠬᠠᠶ ᠶᠢᠨ ᠳᠡᠭᠡᠳᠦ ᠱᠠᠲᠤᠨ ᠤ ᠺᠣᠮᠫᠠᠨᠢ ᠨᠢ ᠠᠶᠤᠯ ᠦᠭᠡᠶ ᠦᠢᠯᠡᠳᠪᠦᠷᠢᠯᠡᠯ ᠤᠨ | ᠬᠠᠮᠢᠶᠠᠷᠤᠯᠲᠠ ᠶᠢᠨ ᠳᠦᠷᠢᠮ ᠪᠣᠯᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢ ᠪᠠᠶᠢᠭᠤᠯᠤᠨ ᠪᠦᠷᠢᠨᠰᠢᠭᠦᠯᠵᠦ᠂ | ᠬᠠᠷᠢᠶ᠎ᠠ ᠪᠦᠬᠦᠢ ᠨᠡᠭᠦᠷᠡᠰᠦᠨ ᠠᠭᠤᠷᠬᠠᠶ ᠳᠤ ᠠᠶᠤᠯ ᠦᠭᠡᠶ ᠶᠢᠨ ᠪᠦᠲᠦᠮᠵᠢᠲᠡᠶ ᠬᠠᠮᠢᠶᠠᠷᠤᠯᠲᠠ ᠪᠣᠯᠤᠨ ᠬᠢᠨᠠᠯᠲᠠ | ᠪᠠᠶᠢᠴᠠᠭᠠᠯᠲᠠ ᠶᠢ ᠬᠡᠷᠡᠭᠵᠢᠭᠦᠯᠵᠦ᠂ ᠭᠤᠤᠯᠳᠠᠯᠭ᠎ᠠ ᠲᠠᠢ ᠴᠠᠭ ᠬᠤᠭᠤᠴᠠᠭ᠎ᠠ᠂ ᠵᠠᠩᠭᠢᠯᠠᠭ᠎ᠠ ᠶᠢᠨ ᠴᠢᠭ ᠲᠤ ᠬᠠᠷᠢᠶ᠎ᠠ ᠪᠦᠬᠦᠢ | ᠨᠡᠭᠦᠷᠡᠰᠦᠨ ᠠᠭᠤᠷᠬᠠᠶ ᠳᠤ ᠠᠶᠤᠯ ᠦᠭᠡᠶ ᠶᠢᠨ ᠠᠵᠢᠯᠯᠠᠬᠤ ᠳᠤᠭᠤᠶᠢᠯᠠᠩ ᠲᠣᠮᠢᠯᠠᠨ ᠰᠠᠭᠤᠯᠭᠠᠬᠤ ᠬᠡᠷᠡᠭᠲᠡᠶ᠃ ᠨᠡᠭᠦᠷᠡᠰᠦᠨ | ᠠᠭᠤᠷᠬᠠᠶ ᠶᠢᠨ ᠠᠵᠤ ᠠᠬᠤᠶᠢᠯᠠᠯ ᠤᠳ ᠡᠯ᠎ᠡ ᠱᠠᠲᠤ ᠳᠠᠪᠬᠤᠷᠭ᠎ᠠ᠂ ᠡᠯ᠎ᠡ ᠰᠠᠯᠠᠭ᠎ᠠ ᠮᠥᠴᠢᠷ᠂ ᠡᠯ᠎ᠡ ᠠᠵᠢᠯ ᠤᠨ ᠪᠠᠶᠢᠷᠢ ᠶᠢ | ᠬᠠᠮᠤᠷᠤᠭᠰᠠᠨ ᠪᠦᠬᠦ ᠠᠵᠢᠯᠲᠠᠨ ᠤ ᠠᠶᠤᠯ ᠦᠭᠡᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠤᠨ | ᠪᠦᠷᠢᠨᠰᠢᠭᠦᠯᠵᠦ᠂ ᠬᠥᠮᠦᠨ ᠪᠦᠬᠦᠨ ᠬᠠᠷᠢᠭᠤᠴᠠᠯᠭ᠎ᠠ ᠲᠠᠢ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠡᠷᠬᠡ | ᠬᠠᠷᠢᠭᠤᠴᠠᠯᠭ᠎ᠠ ᠨᠢ ᠲᠣᠳᠣᠷᠬᠠᠶ ᠠᠶᠤᠯ ᠦᠭᠡᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠰᠢᠰᠲ᠋ᠧᠮᠵᠢ ᠶᠢ ᠪᠣᠶ ᠪᠣᠯᠭᠠᠬᠤ | ᠬᠡᠷᠡᠭᠲᠡᠶ᠃ ᠨᠡᠭᠦᠷᠡᠰᠦᠨ ᠠᠭᠤᠷᠬᠠᠶ ᠶᠢᠨ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ ︵ᠬᠠᠤᠯᠢ ᠪᠠᠷ ᠲᠣᠭᠲᠠᠭᠠᠭᠰᠠᠨ | ᠲᠥᠯᠥᠭᠡᠯᠡᠭᠴᠢ᠂ ᠪᠣᠳᠠᠲᠠᠶ ᠡᠵᠡᠮᠳᠡᠭᠴᠢ ᠪᠠᠭᠲᠠᠨ᠎ᠠ︶ ᠠᠶᠤᠯ ᠦᠭᠡᠶ ᠦᠢᠯᠡᠳᠪᠦᠷᠢᠯᠡᠯ ᠤᠨ ᠨᠢᠭᠡᠳᠦᠭᠡᠷ | ᠬᠠᠷᠢᠭᠤᠴᠠᠯᠭᠠᠲᠠᠨ ᠤ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠬᠦ ᠬᠡᠷᠡᠭᠲᠡᠶ᠃ ︽ᠲᠠᠪᠤᠨ ᠲᠤᠰᠢᠶᠠᠯᠲᠤ ᠠᠭᠤᠷᠬᠠᠶ ᠶᠢᠨ | ᠳᠠᠷᠤᠭ᠎ᠠ︾ ᠨᠢ ᠡᠭᠦᠷᠭᠡ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ᠨᠡᠷ᠎ᠡ ᠡᠯᠭᠦᠬᠦ ᠦᠢᠯᠡ ᠠᠵᠢᠯᠯᠠᠭ᠎ᠠ ᠶᠢ ᠴᠢᠩᠭ᠎ᠠ | ᠴᠠᠭᠠᠵᠠᠯᠠᠬᠤ ᠬᠡᠷᠡᠭᠲᠡᠶ᠃ ᠨᠡᠭᠦᠷᠡᠰᠦᠨ ᠠᠭᠤᠷᠬᠠᠶ ᠶᠢᠨ ᠤᠳᠤᠷᠢᠳᠤᠯᠭ᠎ᠠ ᠵᠢᠵᠢᠭᠦᠷ ᠳᠠᠭᠠᠭᠤᠯᠤᠨ ᠬᠤᠳᠳᠤᠭ ᠲᠤ ᠪᠠᠭᠤᠬᠤ | ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠰᠥᠨᠢ ᠪᠠᠷ ᠦᠢᠯᠡᠳᠪᠦᠷᠢᠯᠡᠭᠰᠡᠨ ᠨᠡᠭᠦᠷᠡᠰᠦᠨ ᠠᠭᠤᠷᠬᠠᠶ᠂ ᠨᠡᠭᠦᠷᠡᠰᠦᠨ | ᠠᠭᠤᠷᠬᠠᠶ ᠶᠢᠨ ᠭᠤᠤᠯ ᠬᠠᠷᠢᠭᠤᠴᠠᠯᠭᠠᠲᠠᠨ ᠨᠢ ᠰᠠᠷ᠎ᠠ ᠪᠦᠷᠢ ᠰᠥᠨᠢ ᠪᠠᠷ ᠡᠭᠡᠯᠵᠢᠯᠡᠨ ᠠᠵᠢᠯᠯᠠᠬᠤ ᠳᠤ 3 ᠠᠴᠠ ᠳᠤᠲᠠᠭᠤ | ᠦᠭᠡᠶ ᠪᠠᠶᠢᠯᠭᠠᠬᠤ ᠬᠡᠷᠡᠭᠲᠡᠶ᠃ | ᠳᠥᠷᠪᠡ᠂ ᠬᠠᠮᠲᠤᠷᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠶ | ᠡᠯ᠎ᠡ ᠱᠠᠲᠤᠨ ᠤ ᠠᠶᠤᠯ ᠦᠭᠡᠶ ᠦᠢᠯᠡᠳᠪᠦᠷᠢᠯᠡᠯ ᠤᠨ ᠵᠥᠪᠯᠡᠯ᠂ ᠡᠨᠧᠷᠭᠢ ᠶᠢᠨ ᠠᠶᠤᠯ ᠦᠭᠡᠶ ᠦᠢᠯᠡᠳᠪᠦᠷᠢᠯᠡᠯ ᠤᠨ | ᠺᠣᠮᠢᠰ ᠨᠢ ᠲᠦᠷᠦᠭᠦᠯᠡᠨ ᠶᠡᠷᠦᠩᠬᠡᠶ ᠳᠤᠨᠢ ᠠᠳᠬᠤᠬᠤ ᠦᠢᠯᠡᠳᠦᠯ ᠢᠶᠠᠨ ᠪᠠᠳᠠᠷᠠᠭᠤᠯᠤᠨ᠂ ᠡᠯ᠎ᠡ ᠬᠠᠮᠢᠶ᠎ᠠ ᠪᠦᠬᠦᠢ ᠰᠠᠯᠠᠭ᠎ᠠ | ᠮᠥᠴᠢᠷ ᠨᠢᠭᠡᠴᠡ ᠶᠢ ᠰᠢᠮᠳᠠᠭᠤᠯᠵᠤ ᠪᠠᠶᠢᠭᠠᠳ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠭᠠᠵᠠᠷ | ᠬᠥᠳᠡᠯᠦᠯᠲᠡ᠂ ᠴᠠᠭ ᠠᠭᠤᠷ᠂ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠬᠢᠭᠡᠳ ᠠᠶᠤᠯ ᠦᠭᠡᠶ ᠶᠢᠨ ᠬᠢᠨᠠᠨ | ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠦᠬᠦᠢ ᠰᠠᠯᠠᠭ᠎ᠠ ᠮᠥᠴᠢᠷ ᠤᠨ ᠬᠠᠮᠲᠤᠷᠠᠨ ᠬᠥᠳᠡᠯᠦᠯᠴᠡᠬᠦ ᠠᠵᠢᠯ ᠤᠨ | ᠲᠣᠭᠲᠠᠴᠠ ᠶᠢ ᠪᠠᠶᠢᠭᠤᠯᠵᠤ᠂ ᠮᠡᠳᠡᠭᠡ ᠵᠠᠩᠭᠢ ᠶᠢ ᠬᠠᠮᠲᠤ ᠳᠠᠭᠠᠨ ᠡᠳ᠋ᠯᠡᠬᠦ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠦᠨ᠂ | ᠠᠶᠤᠯ ᠦᠭᠡᠶ ᠶᠢᠨ ᠲᠦᠭᠰᠢᠭᠦᠷᠢ ᠶᠢ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ ᠶᠢ ᠴᠢᠩᠭᠠᠳᠬᠠᠬᠤ ᠬᠡᠷᠡᠭᠲᠡᠶ᠃ | ᠲᠠᠪᠤ᠂ ᠭᠠᠮᠰᠢᠭ ᠠᠴᠠ ᠪᠣᠯᠬᠤ ᠳᠠᠯᠳᠠ ᠬᠦᠴᠦᠨ ᠵᠦᠢᠯ ᠢ ᠨᠡᠶᠢᠳᠡᠮ ᠪᠠᠶᠢᠴᠠᠭᠠᠵᠤ ᠵᠠᠰᠠᠬᠤ ᠶᠢ ᠴᠢᠩᠭᠠᠷᠠᠭᠤᠯᠬᠤ | ᠬᠡᠷᠡᠭᠲᠡᠶ | ᠨᠡᠭᠦᠷᠡᠰᠦᠨ ᠠᠭᠤᠷᠬᠠᠶ ᠶᠢᠨ ᠠᠵᠤ ᠠᠬᠤᠶᠢᠯᠠᠯ ᠤᠳ ᠭᠠᠮᠰᠢᠭ ᠤᠨ ᠣᠨᠴᠠᠯᠢᠭ ᠲᠠᠢ ᠪᠠᠨ ᠤᠶᠠᠯᠳᠤᠭᠤᠯᠤᠨ | ᠹᠢᠽᠢᠺ ᠤᠨ ᠬᠠᠶᠢᠯᠲᠠ᠂ ᠥᠷᠥᠮᠳᠡᠨ ᠬᠠᠶᠢᠬᠤ ᠵᠡᠷᠭᠡ ᠠᠷᠭ᠎ᠠ ᠮᠠᠶ᠋ᠢᠭ ᠢᠶᠠᠷ ᠨᠡᠶᠢᠳᠡᠮ ᠪᠠᠶᠢᠴᠠᠭᠠᠯᠲᠠ ᠶᠢᠨ ᠵᠠᠰᠠᠯᠲᠠ ᠶᠢ | ᠥᠷᠨᠢᠭᠦᠯᠵᠦ᠂ ︽ᠴᠠᠭᠠᠰᠤᠨ ᠭᠠᠳᠠᠷ︾ ᠤᠨ ᠨᠡᠶᠢᠳᠡᠮ ᠪᠠᠶᠢᠴᠠᠭᠠᠯᠲᠠ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠨᠡᠭᠦᠷᠡᠰᠦᠨ | ᠠᠭᠤᠷᠬᠠᠶ ᠪᠤᠶᠤ ᠦᠢᠯᠡᠳᠪᠦᠷᠢᠯᠡᠬᠦ ᠨᠡᠭᠦᠷᠡᠰᠦᠨ ᠠᠭᠤᠷᠬᠠᠶ ᠶᠢ ᠪᠦᠲᠦᠭᠡᠨ ᠪᠠᠶᠢᠭᠤᠯᠵᠤ ᠰᠢᠨ᠎ᠡ ᠨᠡᠭᠦᠷᠡᠰᠦᠨ ᠳᠠᠪᠬᠤᠷᠭ᠎ᠠ᠂ | ᠰᠢᠨ᠎ᠡ ᠮᠠᠯᠲᠠᠭᠰᠠᠨ ᠣᠷᠣᠨ ᠳᠤ ᠣᠷᠣᠭᠤᠯᠤᠨ ᠮᠠᠯᠲᠠᠬᠤ ᠦ᠊ ᠡᠶ᠎ᠡ ᠳᠤ ᠡᠷᠬᠡᠪᠰᠢ ᠳᠠᠯᠳᠠ ᠭᠠᠮᠰᠢᠭ ᠤᠴᠠᠷᠠᠭᠤᠯᠬᠤ ᠬᠦᠴᠦᠨ | ᠵᠦᠢᠯ ᠢ ᠪᠦᠬᠦ ᠲᠠᠯ᠎ᠠ ᠪᠠᠷ ᠪᠠᠶᠢᠴᠠᠭᠠᠨ ᠲᠣᠳᠣᠯᠠᠵᠤ᠂ ᠪᠦᠲᠦᠭᠡᠨ ᠪᠠᠶᠢᠭᠤᠯᠬᠤ ᠪᠠ ᠦᠢᠯᠡᠳᠪᠦᠷᠢᠯᠡᠬᠦ ᠨᠥᠬᠦᠴᠡᠯ ᠳᠤ | ᠨᠡᠶᠢᠴᠡᠬᠦ ᠦᠭᠡᠶ ᠪᠣᠯ ᠦᠷᠭᠦᠯᠵᠢᠯᠡᠨ ᠪᠦᠲᠦᠭᠡᠨ ᠪᠠᠶᠢᠭᠤᠯᠬᠤ ᠪᠠ ᠦᠢᠯᠡᠳᠪᠦᠷᠢᠯᠡᠵᠦ ᠪᠣᠯᠬᠤ ᠦᠭᠡᠶ᠃ ᠨᠡᠭᠦᠷᠡᠰᠦᠨ | ᠠᠭᠤᠷᠬᠠᠶ ᠨᠢ ᠳᠠᠯᠳᠠ ᠭᠠᠮᠰᠢᠭ ᠪᠣᠯᠬᠤ ᠬᠦᠴᠦᠨ ᠵᠦᠢᠯ ᠤᠨ ᠨᠡᠶᠢᠳᠡᠮ ᠪᠠᠶᠢᠴᠠᠭᠠᠯᠲᠠ ᠶᠢᠨ ᠪᠠᠶᠢᠳᠠᠯ ᠢ ᠦᠨᠳᠦᠰᠦᠯᠡᠨ | ᠨᠡᠶᠢᠳᠡᠮ ᠪᠠᠶᠢᠴᠠᠭᠠᠯᠲᠠ ᠶᠢᠨ ᠵᠠᠰᠠᠯᠲᠠ ᠶᠢᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠵᠤ᠂ ᠵᠢᠯ ᠪᠦᠷᠢ ᠨᠡᠶᠢᠳᠡᠮ | ᠪᠠᠶᠢᠴᠠᠭᠠᠯᠲᠠ ᠶᠢᠨ ᠵᠠᠰᠠᠯᠲᠠ ᠶᠢᠨ ᠮᠡᠳᠡᠭᠦᠯᠦᠯᠲᠡ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠬᠡᠷᠡᠭᠲᠡᠶ᠃ | ᠵᠢᠷᠭᠤᠭ᠎ᠠ᠂ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠ ᠳᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ ᠶᠢ | ᠴᠢᠩᠭᠠᠷᠠᠭᠤᠯᠬᠤ ᠬᠡᠷᠡᠭᠲᠡᠶ | ᠨᠡᠭᠦᠷᠡᠰᠦᠨ ᠠᠭᠤᠷᠬᠠᠶ ᠶᠢᠨ ᠠᠵᠤ ᠠᠬᠤᠶᠢᠯᠠᠯ ᠤᠳ ᠲᠦᠭᠰᠢᠭᠦᠷᠢ ᠶᠢ ᠲᠠᠰ ᠬᠤᠪᠢᠶᠠᠨ ᠬᠠᠮᠢᠶᠠᠷᠤᠨ ᠡᠵᠡᠮᠳᠡᠬᠦ ᠪᠠ | ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ ᠪᠠᠷ ᠭᠤᠤᠯᠳᠠᠯᠭ᠎ᠠ ᠪᠣᠯᠭᠠᠭᠰᠠᠨ ᠠᠮᠤᠷ ᠲᠦᠪᠰᠢᠨ ᠤ ᠲᠦᠭᠰᠢᠭᠦᠷᠢ ᠶᠢ | ᠬᠥᠳᠡᠯᠦᠩᠭᠦᠶ ᠪᠠᠷ ᠰᠤᠳᠤᠯᠤᠨ ᠮᠠᠭᠠᠳᠯᠠᠵᠤ᠂ ᠬᠦᠨᠳᠦ ᠶᠡᠭᠡ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠲᠥᠰᠦᠯ ᠢ | ᠲᠣᠭᠲᠠᠭᠠᠨ᠎ᠠ᠃ ᠨᠡᠭᠦᠷᠡᠰᠦᠨ ᠠᠭᠤᠷᠬᠠᠶ ᠨᠢ ᠮᠠᠯᠲᠠᠬᠤ ᠭᠠᠳᠠᠷᠭᠤ ᠶᠢ ᠠᠩᠬ᠎ᠠ ᠮᠠᠯᠲᠠᠬᠤ᠂ ᠭᠡᠷ ᠪᠠᠶᠢᠰᠢᠩ ᠲᠣᠩᠭᠤᠷᠠᠭᠤᠯᠬᠤ᠂ | ᠵᠢᠰᠢᠬᠦᠦ ᠬᠤᠳᠳᠤᠭ ︵ᠵᠢᠰᠢᠭᠦᠦ ᠭᠤᠳᠤᠮᠵᠢ︶ ᠢ ᠮᠠᠯᠲᠠᠬᠤ᠂ ᠨᠦᠬᠡᠨ ᠵᠠᠮ ᠢ ᠨᠡᠪᠲᠡᠷᠡᠭᠦᠯᠬᠦ᠂ ᠨᠢᠭᠲᠠ ᠪᠢᠲᠡᠭᠦᠮᠵᠢᠯᠡᠵᠦ | ᠪᠢᠲᠡᠭᠦᠮᠵᠢᠯᠡᠬᠦ᠂ ᠴᠢᠯᠠᠭᠤᠨ ᠡᠭᠦᠳᠡ ᠪᠠᠷ ᠨᠡᠭᠦᠷᠡᠰᠦ ᠢᠯᠡᠴᠢᠯᠡᠬᠦ᠂ ᠲᠣᠮᠣ ᠬᠡᠷᠡᠭ ᠢ ᠵᠠᠳᠠᠯᠵᠤ ᠤᠭᠰᠠᠷᠠᠬᠤ᠂ ᠰᠠᠯᠬᠢ | ᠨᠡᠪᠲᠡᠷᠡᠭᠦᠯᠬᠦ ᠰᠢᠰᠲ᠋ᠧᠮ ᠳᠤ ᠲᠣᠬᠢᠷᠠᠭᠤᠯᠤᠯᠲᠠ ᠬᠢᠬᠦ ᠵᠡᠷᠭᠡ ᠴᠢᠬᠤᠯᠠ ᠶᠡᠭᠡ ᠵᠦᠢᠯᠡᠰ ᠢ ᠬᠡᠷᠡᠭᠵᠢᠭᠦᠯᠬᠦ ᠠᠴᠠ ᠡᠮᠦᠨ᠎ᠡ᠂ | ᠲᠤᠰᠬᠠᠢ ᠵᠦᠢᠯ ᠤᠨ ᠲᠦᠭᠰᠢᠭᠦᠷᠢ ᠶᠢ ᠢᠯᠭᠠᠨ ᠲᠠᠨᠢᠬᠤ ᠠᠵᠢᠯ ᠢ ᠥᠷᠨᠢᠭᠦᠯᠵᠦ᠂ ᠠᠮᠤᠷ ᠲᠦᠪᠰᠢᠨ ᠤ ᠮᠡᠷᠭᠡᠵᠢᠯ ᠤᠨ | ᠠᠷᠭ᠎ᠠ ᠬᠡᠮᠵᠢᠶ᠎ᠡ ᠶᠢ ᠲᠣᠭᠲᠠᠭᠠᠨ᠂ ᠨᠡᠭᠦᠷᠡᠰᠦᠨ ᠠᠭᠤᠷᠬᠠᠢ ᠶᠢᠨ ᠶᠡᠷᠦᠩᠬᠡᠢ ᠢᠨᠵᠧᠨᠧᠷ ᠢᠶᠠᠷ ᠵᠣᠬᠢᠶᠠᠨ ᠪᠠᠶᠢᠭᠤᠯᠤᠨ ᠬᠢᠨᠠᠨ | ᠵᠥᠪᠰᠢᠶᠡᠷᠡᠭᠦᠯᠵᠦ᠂ 5 ᠠᠵᠢᠯᠯᠠᠬᠤ ᠡᠳᠦᠷ ᠲᠤ ᠨᠡᠭᠦᠷᠡᠰᠦᠨ ᠠᠭᠤᠷᠬᠠᠢ ᠶᠢᠨ ᠡᠳᠦᠷ ᠲᠤᠳᠤᠮ ᠤᠨ ᠠᠮᠤᠷ ᠲᠦᠪᠰᠢᠨ ᠤ | ᠬᠢᠨᠠᠨ ᠬᠠᠮᠢᠶᠠᠷᠴᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠲᠤ ᠪᠢᠴᠢᠭ ᠢᠶᠠᠷ ᠮᠡᠳᠡᠭᠦᠯᠬᠦ ᠬᠡᠷᠡᠭᠲᠡᠢ᠃ | ᠳᠣᠯᠤᠭ᠎ᠠ᠂ ᠭᠠᠮᠰᠢᠭ ᠢ ᠵᠠᠰᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠶ | ᠨᠡᠭᠦᠷᠡᠰᠦᠨ ᠠᠭᠤᠷᠬᠠᠶ ᠶᠢᠨ ᠠᠵᠤ ᠠᠬᠤᠶᠢᠯᠠᠯ ᠤᠳ ᠣᠷᠣᠨ ᠪᠦᠰᠡ ᠪᠠᠷ ᠵᠠᠰᠠᠬᠤ᠂ ᠶᠡᠷᠦᠩᠬᠡᠶᠢᠯᠡᠨ ᠵᠠᠰᠠᠬᠤ᠂ | ᠤᠷᠢᠳᠴᠢᠯᠠᠨ ᠵᠠᠰᠠᠬᠤ ᠭᠠᠮᠰᠢᠭ ᠢ ᠵᠠᠰᠠᠬᠤ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠢᠯᠭᠠᠨ ᠲᠠᠨᠢᠵᠤ ᠦᠨᠡᠯᠡᠨ | ᠵᠢᠱᠢᠬᠦ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠵᠠᠰᠠᠵᠤ ᠦᠨᠡᠯᠡᠬᠦ ᠬᠦᠨᠳᠦ ᠶᠡᠭᠡ ᠭᠠᠮᠰᠢᠭ ᠢ ᠰᠡᠷᠭᠡᠶᠢᠯᠡᠨ | ᠵᠠᠰᠠᠬᠤ ᠲᠣᠭᠲᠠᠴᠠ ᠶᠢ ᠪᠠᠶᠢᠭᠤᠯᠬᠤ ᠬᠡᠷᠡᠭᠲᠡᠶ︔ ᠭᠠᠮᠰᠢᠭ ᠢ ᠵᠠᠰᠠᠬᠤ ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ | ᠲᠣᠭᠲᠠᠭᠠᠵᠤ᠂ ᠭᠠᠮᠰᠢᠭ ᠢ ᠵᠠᠰᠠᠬᠤ ᠢᠨᠵᠧᠨᠧᠷᠢᠩ ᠢ ᠵᠦᠢ ᠵᠣᠬᠢᠰᠲᠠᠢ ᠲᠣᠬᠢᠷᠠᠭᠤᠯᠤᠨ᠂ ᠵᠠᠰᠠᠯᠲᠠ ᠶᠢᠨ ᠪᠡᠯᠡ ᠮᠥᠩᠭᠦ ᠶᠢ | ᠪᠠᠲᠤᠯᠠᠵᠤ᠂ ᠭᠠᠰ᠂ ᠨᠡᠭᠦᠷᠡᠰᠦᠨ ᠭᠠᠯ᠂ ᠳᠡᠭᠡᠪᠦᠷ᠂ ᠮᠠᠯᠲᠠᠵᠤ ᠬᠥᠨᠳᠡᠶᠢᠷᠡᠭᠦᠯᠦᠭᠰᠡᠨ ᠣᠷᠣᠨ ᠵᠡᠷᠭᠡ ᠭᠠᠮᠰᠢᠭ ᠤᠨ | ᠲᠦᠭᠰᠢᠭᠦᠷᠢ ᠶᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠭᠠᠰ ᠤᠨ ︽ᠬᠡᠮᠵᠢᠶ᠎ᠡ ᠠᠴᠠ | ᠬᠡᠲᠦᠷᠡᠭᠦᠯᠬᠦ ᠦᠭᠡᠢ︾᠂ ᠨᠡᠭᠦᠷᠡᠰᠦ ᠬᠢᠭᠡᠳ ᠭᠠᠰ ᠤᠨ ︽ᠥᠴᠦᠬᠡᠨ ᠴᠦ ᠳᠠᠭᠠᠷᠢᠬᠤ ᠦᠭᠡᠢ︾᠂ ᠨᠡᠭᠦᠷᠡᠰᠦᠨ | ᠴᠢᠯᠠᠭᠤᠯᠢᠭ ᠤᠨ ︽ᠥᠴᠦᠬᠡᠨ ᠴᠦ ᠳᠠᠭᠠᠷᠢᠬᠤ ᠦᠭᠡᠢ︾᠂ ᠨᠡᠭᠦᠷᠡᠰᠦᠨ ᠳᠠᠪᠬᠤᠷᠭ᠎ᠠ ᠶᠢᠨ ︽ᠥᠴᠦᠬᠡᠨ ᠴᠦ ᠳᠠᠭᠠᠷᠢᠬᠤ | ᠦᠭᠡᠢ︾᠂ ᠠᠭᠤᠷᠬᠠᠢ ᠶᠢᠨ ᠬᠤᠳᠳᠤᠭ ᠤᠨ ︽ᠭᠡᠨᠡᠳᠲᠡ ᠡᠭᠦᠰᠬᠦ ᠦᠭᠡᠢ︾᠂ ᠠᠵᠢᠯ ᠤᠨ ᠬᠡᠪᠴᠢᠶᠡᠨ ᠳᠤ ︽ᠥᠴᠦᠬᠡᠨ | ᠴᠦ ᠭᠡᠨᠡᠳᠳᠡ ᠭᠠᠷᠬᠤ ᠦᠭᠡᠢ︾᠂ ︽ᠵᠢᠷᠭᠤᠭᠠᠨ ᠲᠡᠭ ᠪᠠᠶᠢᠬᠤ︾ ᠬᠠᠷᠠᠯᠲᠠ ᠶᠢ ᠪᠡᠶᠡᠯᠡᠭᠦᠯᠦᠨ᠎ᠡ᠃ | ᠨᠠᠢᠮᠠ᠂ ᠪᠠᠷᠢᠯᠭ᠎ᠠ ᠶᠢᠨ ᠠᠵᠢᠯ ᠤᠨ ᠭᠠᠳᠠᠷ ᠲᠠᠯ᠎ᠠ ᠶᠢᠨ ᠬᠠᠮᠢᠶᠠᠷᠤᠯᠲᠠ ᠶᠢ ᠴᠢᠩᠭᠠᠷᠠᠭᠤᠯᠬᠤ ᠬᠡᠷᠡᠭᠲᠡᠶ | ᠨᠡᠭᠦᠷᠡᠰᠦᠨ ᠠᠭᠤᠷᠬᠠᠶ ᠶᠢᠨ ᠠᠵᠤ ᠠᠬᠤᠶᠢᠯᠠᠯ ᠤᠳ ᠭᠠᠳᠠᠭᠰᠢ ᠨᠠᠶᠢᠳᠠᠨ ᠪᠠᠷᠢᠯᠭ᠎ᠠ ᠪᠠᠷᠢᠬᠤ ᠶᠢ ᠬᠦᠨᠳᠦ ᠶᠡᠭᠡ | ᠲᠦᠭᠰᠢᠭᠦᠷᠢ ᠶᠢᠨ ᠴᠡᠭ ᠤᠨ ᠬᠠᠮᠢᠶᠠᠷᠤᠯᠲᠠ ᠳᠤ ᠣᠷᠣᠭᠤᠯᠵᠤ᠂ ᠭᠠᠳᠠᠭᠠᠳᠤ ᠳᠣᠲᠣᠭᠠᠳᠤ ᠶᠢᠨ ᠵᠥᠪᠯᠡᠯ ᠤᠨ ᠡᠩᠨᠡᠭᠡ ᠶᠢᠨ | ᠪᠠᠷᠢᠯᠭ᠎ᠠ ᠶᠢᠨ ᠠᠵᠢᠯ ᠤᠨ ᠬᠢᠷᠢ ᠬᠡᠮ᠂ ᠠᠮᠤᠷ ᠲᠦᠪᠰᠢᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ᠂ ᠠᠵᠢᠯᠲᠠᠨ ᠤ | ᠬᠡᠪ ᠴᠢᠨᠠᠷ᠂ ᠲᠦᠷᠢᠮ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠠᠳᠬᠤᠵᠤ᠂ ︽ᠲᠠᠪᠤ ᠶᠢ ᠨᠢᠭᠡᠳᠬᠡᠬᠦ︾ ︵ᠨᠢᠭᠡᠳᠦᠯᠲᠡᠶ | ᠰᠢᠰᠲ᠋ᠧᠮ ᠤᠨ ᠪᠠᠶᠢᠭᠤᠯᠤᠯᠲᠠ᠂ ᠨᠢᠭᠡᠳᠦᠯᠲᠡᠶ ᠦᠢᠯᠡᠳᠪᠦᠷᠢᠯᠡᠯ ᠤᠨ ᠲᠣᠬᠢᠷᠠᠭᠤᠯᠤᠯᠲᠠ᠂ ᠨᠢᠭᠡᠳᠦᠯᠲᠡᠶ ᠠᠮᠤᠷ ᠲᠦᠪᠰᠢᠨ ᠤ | ᠪᠣᠯᠪᠠᠰᠤᠷᠠᠭᠤᠯᠤᠯ᠂ ᠨᠢᠭᠡᠳᠦᠯᠲᠡᠶ ᠬᠢᠨᠠᠯᠲᠠ ᠲᠠᠯᠪᠢᠵᠤ ᠪᠠᠶᠢᠴᠠᠭᠠᠬᠤ᠂ ᠨᠢᠭᠡᠳᠦᠯᠲᠡᠶ ᠬᠢᠨᠠᠨ ᠰᠢᠯᠭᠠᠵᠤ ᠱᠠᠩᠨᠠᠵᠤ ᠲᠣᠷᠭᠠᠬᠤ︶ | ᠶᠢᠨ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠶ᠃ ᠡᠯ᠎ᠡ ᠱᠠᠲᠤᠨ ᠤ ᠬᠢᠨᠠᠨ ᠬᠠᠮᠢᠶᠠᠷᠬᠤ ᠰᠠᠯᠠᠭ᠎ᠠ ᠮᠥᠴᠢᠷ ᠤᠳ ᠬᠢᠷᠢ ᠬᠡᠮ | ᠦᠭᠡᠢ ᠪᠠᠷ ᠳᠠᠭᠠᠭᠠᠴᠢᠯᠠᠭᠤᠯᠬᠤ᠂ ᠬᠠᠤᠯᠢ ᠪᠤᠰᠤ ᠪᠠᠷ ᠰᠢᠯᠵᠢᠭᠦᠯᠦᠨ ᠳᠠᠭᠠᠭᠠᠴᠢᠯᠠᠭᠤᠯᠬᠤ᠂ ᠬᠠᠤᠯᠢ ᠠᠴᠠ ᠵᠥᠷᠢᠴᠡᠨ | ᠬᠤᠪᠢᠶᠠᠨ ᠳᠠᠭᠠᠭᠠᠴᠢᠯᠠᠭᠤᠯᠬᠤ᠂ ᠳᠠᠭᠠᠭᠠᠴᠢᠯᠠᠯᠲᠠ ᠪᠠᠷ ᠬᠠᠮᠢᠶᠠᠷᠤᠯᠲᠠ ᠶᠢ ᠣᠷᠣᠯᠠᠭᠤᠯᠬᠤ᠂ ᠲᠦᠰᠢᠭᠯᠡᠬᠦ ᠬᠢᠷᠢ ᠬᠡᠮ ᠵᠡᠷᠭᠡ | ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠢ᠃ | ᠶᠢᠰᠦ᠂ ᠠᠵᠢᠯᠴᠢᠨ ᠬᠡᠷᠡᠭᠯᠡᠬᠦ ᠬᠠᠮᠢᠶᠠᠷᠤᠯᠲᠠ ᠶᠢ ᠵᠢᠷᠤᠮᠵᠢᠭᠤᠯᠬᠤ | ᠨᠡᠭᠦᠷᠡᠰᠦᠨ ᠠᠭᠤᠷᠬᠠᠶ ᠶᠢᠨ ᠠᠵᠤ ᠠᠬᠤᠶᠢᠯᠠᠯ ᠤᠳ ᠬᠥᠳᠡᠯᠮᠦᠷᠢ ᠦᠢᠯᠡᠴᠢᠯᠡᠭᠡᠨ ᠠᠴᠠ ᠲᠣᠮᠢᠯᠠᠬᠤ ᠬᠥᠮᠦᠰ ᠪᠣᠯᠤᠨ | ᠠᠮᠢᠳᠤᠯᠢᠭ ᠢᠶᠠᠷ ᠠᠵᠢᠯᠴᠢᠨ ᠬᠡᠷᠡᠭᠯᠡᠬᠦ ᠬᠥᠮᠦᠰ ᠢ ᠲᠤᠰ ᠨᠢᠭᠡᠴᠡ ᠶᠢᠨ ᠢᠶᠠᠨ ᠨᠢᠭᠡᠳᠦᠯᠲᠡᠶ ᠬᠠᠮᠢᠶᠠᠷᠤᠯᠲᠠ ᠳᠤ ᠣᠷᠣᠭᠤᠯᠵᠤ᠂ | ︽ᠳᠥᠷᠪᠡ ᠶᠢ ᠨᠢᠭᠡᠳᠦᠯᠲᠡᠶ ᠪᠠᠶᠢᠯᠭᠠᠬᠤ︾ ︵ᠨᠢᠭᠡᠳᠦᠯᠲᠡᠶ ᠬᠥᠳᠡᠯᠮᠦᠷᠢ ᠪᠠᠲᠤᠯᠠᠭ᠎ᠠ᠂ ᠠᠶᠤᠯ ᠦᠭᠡᠶ ᠶᠢᠨ | ᠪᠣᠯᠪᠠᠰᠤᠷᠠᠭᠤᠯᠤᠯ᠂ ᠬᠠᠷᠢᠭᠤᠴᠠᠯᠭ᠎ᠠ ᠶᠢ ᠨᠢᠭᠡᠳᠦᠯᠲᠡᠶ ᠨᠠᠶᠢᠳᠠᠪᠤᠷᠢᠵᠢᠭᠤᠯᠬᠤ᠂ ᠠᠶᠤᠯ ᠦᠭᠡᠶ ᠶᠢᠨ ᠨᠢᠭᠡᠳᠦᠯᠲᠡᠶ | ᠪᠠᠶᠢᠴᠠᠭᠠᠯᠲᠠ︶ ᠪᠡᠶᠡᠯᠡᠭᠦᠯᠬᠦ ᠬᠡᠷᠡᠭᠲᠡᠶ᠃ ᠠᠶᠤᠯ ᠲᠠᠢ ᠠᠵᠢᠯ ᠤᠨ ᠪᠠᠶᠢᠷᠢ ᠶᠢᠨ ᠠᠵᠢᠯᠴᠢᠨ ᠬᠡᠷᠡᠭᠯᠡᠬᠦ ᠲᠤᠭ᠎ᠠ ᠬᠡᠮᠵᠢᠶ᠎ᠡ ᠶᠢ | ᠴᠢᠩᠭ᠎ᠠ ᠬᠢᠵᠠᠭᠠᠷᠯᠠᠵᠤ᠂ ᠲᠤᠰᠬᠠᠶ ᠮᠡᠷᠭᠡᠵᠢᠯ ᠤᠨ ᠰᠤᠷᠤᠯᠴᠠᠭᠰᠠᠨ ᠨᠠᠮᠲᠠᠷ᠂ ᠦᠢᠯᠡᠳᠦᠯᠭᠡ ᠶᠢᠨ ᠥᠩᠭᠡᠷᠡᠯᠲᠡ ᠵᠡᠷᠭᠡ ᠨᠢ | ᠠᠵᠢᠯ ᠤᠨ ᠪᠠᠶᠢᠷᠢ ᠶᠢᠨ ᠱᠠᠭᠠᠷᠳᠠᠯᠭ᠎ᠠ ᠯᠤᠭ᠎ᠠ ᠨᠡᠶᠢᠴᠡᠬᠦ ᠦᠭᠡᠶ ᠬᠥᠮᠦᠰ ᠢ ᠤᠷᠢᠵᠤ ᠬᠡᠷᠡᠭᠯᠡᠬᠦ ᠶᠢ ᠴᠢᠩᠭ᠎ᠠ ᠴᠠᠭᠠᠵᠠᠯᠠᠵᠤ᠂ | ᠬᠤᠳᠳᠤᠭ ᠳᠣᠤᠷᠠᠬᠢ ᠬᠥᠳᠡᠯᠮᠦᠷᠢ ᠬᠦᠴᠦᠨ ᠢ ᠲᠣᠮᠢᠯᠠᠨ ᠠᠵᠢᠯᠯᠠᠭᠤᠯᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃ | ᠠᠷᠪᠠ᠂ ︽ᠭᠤᠷᠪᠠ ᠠᠴᠠ ᠵᠥᠷᠢᠴᠡᠬᠦ︾ ᠶᠢ ᠡᠰᠡᠷᠭᠦᠴᠡᠬᠦ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ | ᠪᠠᠶᠢᠭᠤᠯᠬᠤ ᠬᠡᠷᠡᠭᠲᠡᠶ | ᠨᠡᠭᠦᠷᠡᠰᠦᠨ ᠠᠭᠤᠷᠬᠠᠢ ᠶᠢᠨ ᠠᠵᠤ ᠠᠬᠤᠶᠢᠯᠠᠯ ᠨᠢ ︽ᠭᠤᠷᠪᠠ ᠶᠢ ᠵᠥᠷᠢᠴᠡᠬᠦ︾ ︵ᠲᠦᠷᠢᠮ ᠠᠴᠠ ᠵᠥᠷᠢᠴᠡᠨ | ᠵᠢᠯᠣᠭᠤᠳᠬᠤ᠂ ᠲᠦᠷᠢᠮ ᠠᠴᠠ ᠵᠥᠷᠢᠴᠡᠨ ᠠᠵᠢᠯᠯᠠᠬᠤ᠂ ᠬᠥᠳᠡᠯᠮᠦᠷᠢ ᠶᠢᠨ ᠰᠠᠬᠢᠯᠭ᠎ᠠ ᠪᠠᠲᠤ ᠠᠴᠠ ᠵᠥᠷᠢᠴᠡᠭᠰᠡᠨ︶ ᠶᠢ | ᠱᠠᠩᠨᠠᠵᠤ ᠲᠣᠷᠭᠠᠬᠤ ᠲᠦᠷᠢᠮ ᠢ ᠲᠣᠭᠲᠠᠭᠠᠬᠤ ᠶᠢᠨ ᠬᠠᠮᠲᠤ ᠴᠢᠩᠭ᠎ᠠ ᠨᠠᠶᠢᠳᠠᠪᠤᠷᠢᠵᠢᠭᠤᠯᠵᠤ᠂ ︽ᠭᠤᠷᠪᠠ ᠶᠢ ᠵᠥᠷᠢᠴᠡᠬᠦ︾ | ᠶᠢ ᠡᠰᠡᠷᠭᠦᠴᠡᠭᠰᠡᠨ ᠪᠠᠶᠢᠳᠠᠯ ᠢ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠳᠤ ᠣᠷᠣᠭᠤᠯᠤᠨ᠂ ︽ᠭᠤᠷᠪᠠ ᠶᠢ | ᠵᠥᠷᠢᠴᠡᠬᠦ︾ ᠶᠢ ᠡᠰᠡᠷᠭᠦᠴᠡᠬᠦ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠣᠯᠵᠤ ᠮᠡᠳᠡᠭᠰᠡᠨ ︽ᠭᠤᠷᠪᠠ ᠶᠢ | ᠵᠥᠷᠢᠴᠡᠬᠦ︾ ᠠᠵᠢᠯᠯᠠᠭ᠎ᠠ ᠶᠢ ᠠᠵᠤ ᠠᠬᠤᠶᠢᠯᠠᠯ ᠤᠨ ᠲᠦᠷᠢᠮ ᠲᠣᠭᠲᠠᠭᠠᠯ ᠶᠣᠰᠣᠭᠠᠷ ᠬᠦᠨᠳᠦ ᠪᠠᠷ ᠰᠢᠢᠳᠪᠦᠷᠢᠯᠡᠵᠦ᠂ | ᠢᠯᠡ ᠪᠠᠷ ᠢᠯᠡᠴᠢᠯᠡᠬᠦ ᠬᠡᠷᠡᠭᠲᠡᠶ᠃ | ᠠᠷᠪᠠᠨ ᠨᠢᠭᠡ᠂ ᠪᠥᠬᠦ ᠠᠵᠢᠯᠲᠠᠨ ᠤ ᠬᠡᠪ ᠴᠢᠨᠠᠷ ᠢ ᠳᠡᠭᠡᠭᠰᠢᠯᠡᠭᠦᠯᠬᠦ ᠶᠢ ᠴᠢᠩᠭᠠᠳᠬᠠᠨ᠎ᠠ | ᠨᠡᠭᠦᠷᠡᠰᠦᠨ ᠠᠭᠤᠷᠬᠠᠶ ᠶᠢᠨ ᠠᠵᠤ ᠠᠬᠤᠶᠢᠯᠠᠯ ᠤᠳ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠠᠶᠤᠯ ᠥᠬᠡᠶ ᠦᠢᠯᠡᠳᠪᠦᠷᠢᠯᠡᠯ ᠤᠨ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠠ ︽ᠨᠢᠭᠡ ᠲᠦᠷᠢᠮ | ᠳᠥᠷᠪᠡᠨ ᠨᠠᠷᠢᠨ ᠲᠦᠷᠢᠮ︾ ᠤᠨ ᠠᠮᠤᠷ ᠲᠦᠪᠰᠢᠨ ᠤ ᠪᠣᠯᠪᠠᠰᠤᠷᠠᠭᠤᠯᠤᠯ ᠢ ᠪᠠᠶᠢᠩᠭᠤᠵᠢᠭᠤᠯᠤᠨ ᠥᠷᠨᠢᠭᠦᠯᠵᠦ᠂ | ᠠᠵᠢᠯᠯᠠᠵᠤ ᠪᠠᠶᠢᠭ᠎ᠠ ᠬᠥᠮᠦᠰ ᠤᠨ ᠠᠮᠤᠷ ᠲᠦᠪᠰᠢᠨ ᠤ ᠦᠵᠡᠯ ᠤᠬᠠᠮᠰᠠᠷ ᠪᠠ ᠲᠤᠰᠬᠠᠶ ᠮᠡᠷᠭᠡᠵᠢᠯ ᠤᠨ ᠬᠡᠪ ᠴᠢᠨᠠᠷ ᠢ | ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠶ︔ ᠡ᠊ᠨᠳᠡᠯ ᠢ ᠰᠡᠷᠡᠮᠵᠢᠯᠡᠭᠦᠯᠬᠦ ᠬᠥᠮᠦᠵᠢᠯ ᠤᠨ ᠲᠦᠷᠢᠮ ᠢ ᠪᠠᠶᠢᠭᠤᠯᠤᠨ | ᠲᠡᠭᠦᠯᠳᠡᠷᠵᠢᠭᠦᠯᠵᠦ᠂ ᠨᠡᠭᠦᠷᠡᠰᠦᠨ ᠠᠭᠤᠷᠬᠠᠶ ᠶᠢᠨ ᠳᠡᠭᠡᠳᠦ ᠱᠠᠲᠤᠨ ᠤ ᠺᠣᠮᠫᠠᠨᠢ ᠤᠯᠠᠷᠢᠯ ᠪᠦᠷᠢ᠂ ᠨᠡᠭᠦᠷᠡᠰᠦᠨ | ᠠᠭᠤᠷᠬᠠᠶ ᠶᠢᠨ ᠰᠠᠷ᠎ᠠ ᠪᠦᠷᠢ᠂ ᠲᠣᠭᠤᠷᠢᠭ ᠤᠨ ᠠᠩᠭᠢ ᠪᠠ ᠠᠩᠭᠢ ᠳᠤᠭᠤᠶᠢᠯᠠᠩ ᠨᠢ ᠭᠠᠷᠠᠭ ᠪᠦᠷᠢ ᠨᠠᠭᠠᠳᠤ ᠵᠠᠬ᠎ᠠ ᠳᠠᠭᠠᠨ | ᠨᠢᠭᠡ ᠤᠳᠠᠭ᠎ᠠ ᠡ᠊ᠨᠳᠡᠯ ᠢ ᠰᠡᠷᠡᠮᠵᠢᠯᠡᠭᠦᠯᠬᠦ ᠬᠥᠮᠦᠵᠢᠯ ᠢ ᠥᠷᠨᠢᠭᠦᠯᠵᠦ᠂ ᠨᠢᠭᠡ ᠠᠴᠠ ᠵᠦᠢᠴᠢᠯᠡᠵᠦ ᠨᠥᠬᠦᠭᠡ ᠶᠢ ᠮᠡᠳᠡᠵᠦ᠂ | ᠲᠦᠭᠰᠢᠭᠦᠷᠢ ᠶᠢ ᠰᠡᠷᠭᠡᠶᠢᠯᠡᠨ᠂ ᠳᠠᠯᠳᠠ ᠬᠡᠮ ᠢ ᠠᠷᠢᠯᠭᠠᠵᠤ᠂ ᠡ᠊ᠨᠳᠡᠯ ᠢ ᠬᠤᠷᠢᠭᠯᠠᠨ᠎ᠠ︔ ︽ᠲᠤᠷᠰᠢᠯᠭ᠎ᠠ ᠲᠠᠢ᠂ ᠲᠤᠰᠬᠠᠶ | ᠮᠡᠷᠭᠡᠵᠢᠯ ᠢ ᠮᠡᠳᠡᠬᠦ᠂ ᠬᠠᠮᠢᠶᠠᠷᠴᠤ ᠴᠢᠳᠠᠬᠤ︾ ᠴᠢᠳᠠᠪᠤᠷᠢᠲᠠᠨ ᠪᠠ ᠡᠩᠨᠡᠭᠡ ᠶᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ | ᠲᠣᠭᠲᠠᠭᠠᠯ ᠶᠣᠰᠣᠭᠠᠷ ᠠᠵᠢᠯ ᠤᠨ ᠬᠡᠷᠡᠭᠴᠡᠭᠡ ᠶᠢ ᠬᠠᠩᠭᠠᠬᠤ ᠠᠶᠤᠯ ᠥᠬᠡᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ | ᠠᠵᠢᠯᠲᠠᠨ ᠪᠠ ᠠᠮᠤᠷ ᠲᠦᠪᠰᠢᠨ ᠤ ᠢᠨᠵᠧᠨᠧᠷ ᠢ ᠳᠠᠩᠰᠠᠯᠠᠭᠤᠯᠤᠨ᠎ᠠ᠃ ᠰᠤᠷᠭᠠᠭᠤᠯᠢ ᠪᠠ ᠠᠵᠤ ᠠᠬᠤᠶᠢᠯᠠᠯ ᠤᠨ | ᠬᠠᠮᠲᠤᠷᠠᠯᠴᠠᠭ᠎ᠠ ᠶᠢ ᠨᠠᠶᠢᠳᠠᠪᠤᠷᠢᠵᠢᠭᠤᠯᠬᠤ ᠶᠢ ᠢᠳᠡᠪᠬᠢᠲᠡᠢ ᠠᠬᠢᠭᠤᠯᠵᠤ᠂ ᠠᠵᠢᠯᠴᠢᠨ ᠡᠯᠰᠡᠬᠦ ᠰᠤᠷᠤᠭᠴᠢ ᠡᠯᠰᠡᠬᠦ ᠶᠢ ᠨᠢᠭᠡ | ᠴᠤᠬᠴᠠᠵᠢᠭᠤᠯᠬᠤ ᠪᠠ ᠠᠵᠤ ᠠᠬᠤᠶᠢᠯᠠᠯ ᠤᠨ ᠰᠢᠨ᠎ᠡ ᠬᠡᠯᠪᠡᠷᠢ ᠶᠢᠨ ᠱᠠᠪᠢ ᠣᠷᠣᠬᠤ ᠲᠦᠷᠢᠮ ᠢ ᠬᠡᠷᠡᠭᠵᠢᠭᠦᠯᠵᠦ᠂ | ᠤᠶᠤᠨᠴᠢᠯᠠᠭᠰᠠᠨ᠂ ᠮᠡᠳᠡᠭᠡ ᠵᠠᠩᠭᠢᠴᠢᠯᠠᠭᠰᠠᠨ᠂ ᠭᠠᠮᠰᠢᠭ ᠢ ᠵᠠᠰᠠᠬᠤ ᠵᠡᠷᠭᠡ ᠳᠤᠲᠠᠭᠳᠠᠵᠤ ᠪᠠᠶᠢᠭ᠎ᠠ ᠵᠦᠢᠯ᠂ ᠳᠡᠭᠡᠳᠦ | ᠲᠡᠰ ᠤᠨ ᠮᠡᠷᠭᠡᠵᠢᠯ ᠤᠨ ᠴᠢᠳᠠᠪᠤᠷᠢᠲᠠᠨ ᠪᠠ ᠦᠢᠯᠡᠳᠪᠦᠷᠢᠯᠡᠯ ᠤᠨ ᠨᠢᠭᠡᠳᠦᠭᠡᠷ ᠹᠷᠣᠨᠲ ᠤᠨ ᠪᠠᠴᠢᠮ ᠬᠡᠷᠡᠭᠰᠡᠬᠦ ᠮᠡᠷᠭᠡᠵᠢᠯ ᠤᠨ | ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠥᠮᠦᠵᠢᠭᠦᠯᠬᠦ ᠶᠢ ᠲᠦᠷᠭᠡᠳᠬᠡᠬᠦ ᠬᠡᠷᠡᠭᠲᠡᠢ᠃ | ᠠᠷᠪᠠᠨ ᠬᠤᠶᠠᠷ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ | ᠨᠡᠭᠦᠷᠡᠰᠦᠨ ᠠᠭᠤᠷᠬᠠᠢ ᠶᠢᠨ ᠠᠵᠤ ᠠᠬᠤᠶᠢᠯᠠᠯ ᠨᠢ ᠡᠷᠬᠡᠪᠰᠢ ᠠᠭᠤᠷᠬᠠᠢ ᠶᠢᠨ ᠬᠤᠳᠳᠤᠭ ᠤᠨ ᠭᠠᠮᠰᠢᠭ ᠤᠨ | ᠣᠨᠴᠠᠯᠢᠭ ᠲᠠᠢ ᠤᠶᠠᠯᠳᠤᠭᠤᠯᠤᠨ ᠪᠣᠳᠠᠲᠠᠢ ᠪᠠᠶᠢᠳᠠᠯ ᠢ ᠦᠨᠳᠦᠰᠦᠯᠡᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ | ᠪᠡᠯᠡᠳᠬᠡᠯ ᠲᠥᠰᠥᠯ ᠢ ᠲᠣᠭᠲᠠᠭᠠᠨ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠲᠣᠭᠲᠠᠭᠠᠯ | ᠶᠣᠰᠣᠭᠠᠷ ᠥᠷᠨᠢᠭᠦᠯᠬᠦ ᠬᠡᠷᠡᠭᠲᠡᠢ︔ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢ ᠲᠣᠭᠲᠠᠭᠠᠨ | ᠲᠡᠭᠦᠯᠳᠡᠷᠵᠢᠭᠦᠯᠬᠦ ᠶᠢᠨ ᠬᠠᠮᠲᠤ ᠴᠢᠩᠭ᠎ᠠ ᠨᠠᠶᠢᠳᠠᠪᠤᠷᠢᠵᠢᠭᠤᠯᠵᠤ᠂ ᠬᠤᠳᠳᠤᠭ ᠤᠨ ᠠᠮᠠ ᠵᠡᠷᠭᠡ ᠢᠯᠡ ᠭᠠᠵᠠᠷ ᠲᠤ ᠠᠯᠪᠠᠨ | ᠵᠠᠷ ᠤᠨ ᠫᠠᠶᠢᠰᠠ ᠪᠠᠶᠢᠷᠢᠯᠠᠭᠤᠯᠵᠤ᠂ ᠬᠤᠳᠳᠤᠭ ᠳᠣᠲᠣᠷᠠᠬᠢ ᠠᠮᠤᠷ ᠲᠦᠪᠰᠢᠨ ᠤ ᠲᠦᠭᠰᠢᠭᠦᠷᠢ ᠶᠢ ᠲᠣᠳᠣᠷᠬᠠᠢ | ᠲᠡᠮᠳᠡᠭᠯᠡᠵᠦ᠂ ᠠᠵᠢᠯᠯᠠᠵᠤ ᠪᠠᠶᠢᠭ᠎ᠠ ᠬᠥᠮᠥᠰ ᠤᠨ ᠠᠶᠤᠯ ᠠᠴᠠ ᠪᠠᠴᠢᠮ ᠵᠠᠶᠢᠯᠠᠭᠤᠯᠵᠤ ᠭᠠᠷᠬᠤ ᠪᠠᠶᠢᠳᠠᠯ ᠪᠠ ᠡᠷᠬᠡ ᠶᠢ | ᠲᠣᠳᠣᠷᠬᠠᠢ ᠬᠡᠯᠡᠵᠦ ᠥᠭᠬᠦ ᠬᠡᠷᠡᠭᠲᠡᠢ︔ ᠪᠠᠴᠢᠮ ᠪᠠᠶᠢᠳᠠᠯ ᠢ ᠠᠷᠭᠠᠴᠠᠵᠤ ᠤᠬᠤᠷᠢᠨ ᠭᠠᠷᠬᠤ ᠳᠦᠷᠢᠮ ᠢ ᠪᠠᠶᠢᠭᠤᠯᠵᠤ᠂ | ᠠᠳᠡᠯ ᠤᠨ ᠪᠡᠯᠭᠡ ᠲᠡᠮᠳᠡᠭ ᠵᠡᠷᠭᠡ ᠪᠠᠴᠢᠮ ᠪᠠᠶᠢᠳᠠᠯ ᠭᠠᠷᠬᠤ ᠦᠶ᠎ᠡ ᠳᠤ᠂ ᠪᠣᠢ ᠪᠦᠬᠦᠢ ᠲᠤᠬᠠᠢ ᠶᠢᠨ ᠲᠠᠯᠠᠪᠤᠷ ᠲᠤ | ᠠᠵᠢᠯᠯᠠᠵᠤ ᠪᠠᠶᠢᠭ᠎ᠠ ᠬᠥᠮᠥᠰ᠂ ᠵᠢᠵᠢᠭᠦᠷᠯᠡᠵᠦ ᠪᠠᠶᠢᠭ᠎ᠠ ᠬᠥᠮᠥᠰ ᠤᠨ ᠵᠢᠭᠠᠪᠤᠷᠢ ᠠᠪᠬᠤ ᠴᠢᠬᠤᠯᠠ ᠦᠭᠡᠢ᠂ ᠲᠡᠷᠡ | ᠳᠠᠷᠤᠢ ᠳᠤᠨᠢ ᠬᠥᠮᠥᠨ ᠢ ᠪᠤᠴᠠᠭᠠᠬᠤ ᠡᠷᠬᠡ ᠲᠠᠢ ᠭᠡᠵᠦ ᠲᠣᠳᠣᠷᠬᠠᠢ ᠬᠡᠯᠡᠵᠦ ᠥᠭᠬᠦ ᠬᠡᠷᠡᠭᠲᠡᠢ᠃ | ᠠᠷᠪᠠᠨ ᠭᠤᠷᠪᠠ᠂ ᠨᠡᠭᠦᠷᠡᠰᠦᠨ ᠠᠭᠤᠷᠬᠠᠢ ᠶᠢᠨ ᠣᠶᠤᠨᠴᠢᠯᠠᠭᠰᠠᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ | ᠨᠡᠭᠦᠷᠡᠰᠦᠨ ᠠᠭᠤᠷᠬᠠᠢ ᠨᠢ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠠᠭᠤᠷᠬᠠᠢ ᠶᠢᠨ ᠤᠶᠤᠨᠴᠢᠯᠠᠭᠰᠠᠨ | ᠪᠠᠶᠢᠭᠤᠯᠤᠯᠲᠠ ᠶᠢ ᠠᠬᠢᠭᠤᠯᠬᠤ ᠬᠠᠮᠢᠶ᠎ᠠ ᠪᠦᠬᠦᠢ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠤᠶᠤᠨᠴᠢᠯᠠᠭᠰᠠᠨ | ᠪᠠᠶᠢᠭᠤᠯᠤᠯᠲᠠ ᠶᠢ ᠥᠷᠨᠢᠭᠦᠯᠵᠦ᠂ ᠪᠠᠶᠢᠩᠭᠤ ᠶᠢᠨ ᠠᠵᠢᠯᠯᠠᠭᠠᠨ ᠢ ᠪᠡᠶᠡᠯᠡᠭᠦᠯᠬᠦ ᠶᠢᠨ ᠬᠠᠮᠲᠤ ᠬᠤᠯᠪᠣᠭᠳᠠᠯ ᠪᠦᠬᠦᠢ | ᠱᠠᠭᠠᠷᠳᠠᠯᠭ᠎ᠠ ᠶᠣᠰᠣᠭᠠᠷ ᠲᠠᠰᠤᠷᠠᠯᠲᠠ ᠦᠭᠡᠢ ᠲᠡᠰ ᠳᠡᠪᠰᠢᠭᠦᠯᠬᠦ ᠬᠡᠷᠡᠭᠲᠡᠢ᠃ ᠬᠠᠮᠢᠶ᠎ᠠ ᠪᠦᠬᠦᠢ ᠬᠢᠨᠠᠨ ᠬᠠᠮᠢᠶᠠᠷᠴᠤ ᠬᠢᠨᠠᠨ | ᠪᠠᠶᠢᠴᠠᠭᠠᠬᠤ ᠰᠠᠯᠠᠭ᠎ᠠ ᠮᠥᠴᠢᠷ ᠠᠴᠠ ᠣᠶᠤᠨᠴᠢᠯᠠᠭᠰᠠᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠᠨ ᠲᠣᠭᠲᠠᠭᠰᠠᠨ | ᠬᠤᠭᠤᠴᠠᠭᠠᠨ ᠳᠤ ᠪᠡᠶᠡᠯᠡᠭᠦᠯᠦᠭᠰᠡᠨ ᠦᠭᠡᠢ ᠨᠡᠭᠦᠷᠡᠰᠦᠨ ᠠᠭᠤᠷᠬᠠᠢ ᠶᠢ ᠬᠠᠤᠯᠢ ᠲᠣᠭᠲᠠᠭᠠᠯ ᠶᠣᠰᠣᠭᠠᠷ ᠵᠠᠷᠯᠢᠭᠳᠠᠵᠤ | ᠪᠠᠶᠢᠭᠠᠳ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ᠂ ᠭᠤᠣᠯᠳᠠᠯᠭ᠎ᠠ ᠲᠠᠢ ᠬᠢᠨᠠᠨ ᠬᠠᠮᠢᠶᠠᠷᠴᠤ ᠬᠢᠨᠠᠨ ᠪᠠᠶᠢᠴᠠᠭᠠᠬᠤ | ᠨᠡᠭᠦᠷᠡᠰᠦᠨ ᠠᠭᠤᠷᠬᠠᠢ ᠶᠢᠨ ᠨᠡᠷᠡᠰ ᠲᠤ ᠵᠢᠭᠰᠠᠭᠠᠨ ᠣᠷᠣᠭᠤᠯᠤᠨ᠎ᠠ︔ ᠬᠤᠭᠤᠴᠠᠭ᠎ᠠ ᠬᠢᠵᠠᠭᠠᠷᠯᠠᠨ ᠴᠡᠭᠴᠡᠯᠡᠨ | ᠰᠠᠶᠢᠵᠢᠷᠠᠭᠤᠯᠬᠤ ᠶᠢ ᠪᠡᠶᠡᠯᠡᠭᠦᠯᠦᠭᠰᠡᠨ ᠦᠭᠡᠢ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠪᠣᠯᠵᠣᠨ ᠶᠠᠷᠢᠯᠴᠠᠬᠤ᠂ ᠵᠠᠷᠯᠠᠨ | ᠰᠢᠭᠦᠮᠵᠢᠯᠡᠬᠦ ᠵᠡᠷᠭᠡ ᠠᠷᠭ᠎ᠠ ᠬᠡᠮᠵᠢᠶ᠎ᠡ ᠠᠪᠴᠤ᠂ ᠦᠢᠯᠡ ᠪᠠᠶᠢᠳᠠᠯ ᠨᠢ ᠬᠦᠨᠳᠦ ᠨᠣᠴᠢᠲᠠᠶ ᠪᠠᠶᠢᠪᠠᠯ᠂ ᠨᠡᠭᠦᠷᠡᠰᠦᠨ | ᠠᠭᠤᠷᠬᠠᠢ ᠶᠢᠨ ᠳᠡᠭᠡᠳᠦ ᠱᠠᠲᠤᠨ ᠤ ᠺᠣᠮᠫᠠᠨᠢ ᠳᠤ ᠬᠠᠮᠢᠶ᠎ᠠ ᠪᠦᠬᠦᠢ ᠬᠠᠷᠢᠭᠤᠴᠠᠯᠭᠠᠲᠠᠨ ᠳᠤ ᠠᠵᠢᠯ ᠤᠨ ᠪᠠᠶᠢᠷᠢ ᠶᠢ ᠨᠢ | ᠲᠣᠬᠢᠷᠠᠭᠤᠯᠵᠤ᠂ ᠦᠢᠯᠡᠳᠪᠦᠷᠢᠯᠡᠯ ᠢ ᠨᠢ ᠵᠣᠭᠰᠣᠭᠠᠵᠤ ᠴᠡᠭᠴᠡᠯᠡᠨ ᠰᠠᠶᠢᠵᠢᠷᠠᠭᠤᠯᠬᠤ ᠴᠢᠬᠤᠯᠠᠲᠠᠶ ᠪᠠᠶᠢᠪᠠᠯ᠂ ᠬᠠᠤᠯᠢ | ᠲᠣᠭᠲᠠᠭᠠᠯ ᠶᠣᠰᠣᠭᠠᠷ ᠵᠠᠷᠯᠢᠭᠳᠠᠵᠤ ᠪᠠᠶᠢᠭᠠᠳ ᠲᠡᠭᠦᠨ ᠢ ᠦᠢᠯᠡᠳᠪᠦᠷᠢᠯᠡᠯ ᠢ ᠨᠢ ᠵᠣᠭᠰᠣᠭᠠᠵᠤ ᠴᠡᠭᠴᠡᠯᠡᠨ ᠰᠠᠶᠢᠵᠢᠷᠠᠭᠤᠯᠬᠤ | ᠬᠡᠷᠡᠭᠲᠡᠶ᠃ | ᠠᠷᠪᠠᠨ ᠳᠥᠷᠪᠡ᠂ ᠬᠦᠨᠳᠦ ᠶᠡᠭᠡ ᠭᠠᠮᠰᠢᠭ ᠤᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠰᠢᠰᠲ᠋ᠧᠮ ᠤᠨ | ᠪᠠᠶᠢᠭᠤᠯᠤᠯᠲᠠ ᠶᠢ ᠠᠬᠢᠭᠤᠯᠤᠨ᠎ᠠ | ᠨᠡᠭᠦᠷᠡᠰᠦᠨ ᠠᠭᠤᠷᠬᠠᠢ ᠨᠢ ᠬᠤᠳᠳᠤᠭ ᠳᠣᠣᠷᠠᠬᠢ ᠨᠠᠷᠢᠯᠢᠭ ᠣᠨᠣᠪᠴᠢᠲᠠᠢ ᠪᠠᠶᠢᠷᠢ ᠲᠣᠭᠲᠠᠭᠠᠬᠤ ᠰᠢᠰᠲ᠋ᠧᠮ ᠤᠨ | ᠪᠠᠶᠢᠭᠤᠯᠤᠯᠲᠠ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ ᠠᠭᠤᠷᠬᠠᠢ ᠶᠢᠨ ᠲᠡᠷᠭᠡ᠂ ᠲᠡᠮᠦᠷ ᠵᠠᠮ ᠦᠭᠡᠢ ᠭᠤᠮ | ᠬᠦᠷᠳᠦᠲᠦ ᠲᠡᠷᠭᠡ᠂ ᠨᠡᠭᠦᠷᠡᠰᠦ ᠮᠠᠯᠲᠠᠬᠤ ᠮᠠᠰᠢᠨ᠂ ᠮᠠᠯᠲᠠᠭᠤᠷ ᠮᠠᠰᠢᠨ ᠵᠡᠷᠭᠡ ᠴᠢᠬᠤᠯᠠ ᠮᠠᠰᠢᠨ ᠴᠠᠬᠢᠯᠭᠠᠨ ᠤ | ᠲᠥᠬᠦᠭᠡᠷᠦᠮᠵᠢ ᠶᠢᠨ ᠣᠷᠣᠨ ᠪᠠᠶᠢᠷᠢ ᠪᠣᠯᠤᠨ ᠠᠶᠤᠯᠭᠦᠢ ᠠᠵᠢᠯᠯᠠᠭᠠᠨ ᠤ ᠪᠠᠶᠢᠳᠠᠯ ᠢ ᠴᠠᠭ ᠲᠤᠬᠠᠢ ᠳᠤᠨᠢ ᠬᠢᠨᠠᠨ ᠬᠡᠮᠵᠢᠵᠦ | ᠬᠠᠷᠢᠭᠤ ᠲᠤᠰᠬᠠᠵᠤ᠂ ᠲᠣᠭᠲᠠᠭᠠᠯ ᠠᠴᠠ ᠵᠥᠷᠢᠴᠡᠨ ᠠᠵᠢᠯᠯᠠᠬᠤ᠂ ᠲᠥᠬᠦᠭᠡᠷᠦᠮᠵᠢ ᠶᠢᠨ ᠪᠠᠶᠢᠷᠢ ᠶᠢᠨ ᠰᠢᠯᠵᠢᠯᠲᠡ ᠬᠢᠬᠦ ᠪᠠ | ᠲᠡᠷᠭᠡ ᠬᠥᠰᠬᠡ ᠶᠢᠨ ᠮᠥᠷᠭᠦᠯᠳᠦᠯ ᠵᠡᠷᠭᠡ ᠠᠶᠤᠯ ᠲᠦᠭᠰᠢᠭᠦᠷᠢ ᠶᠢ ᠴᠠᠭ ᠲᠤᠬᠠᠢ ᠳᠤᠨᠢ ᠢᠯᠡᠷᠡᠭᠦᠯᠬᠦ ᠶᠢᠨ ᠬᠠᠮᠲᠤ | ᠤᠷᠢᠳᠴᠢᠯᠠᠨ ᠰᠡᠷᠡᠮᠵᠢᠯᠡᠭᠦᠯᠬᠦ ᠬᠡᠷᠡᠭᠲᠡᠢ︔ ᠨᠡᠭᠦᠷᠡᠰᠦᠨ ᠠᠭᠤᠷᠬᠠᠢ ᠶᠢᠨ ᠭᠠᠵᠠᠷ ᠳᠡᠭᠡᠷᠡᠬᠢ ᠪᠠ ᠬᠤᠳᠳᠤᠭ ᠳᠣᠤᠷᠠᠬᠢ | ᠵᠠᠩᠭᠢᠯᠠᠭ᠎ᠠ ᠶᠢᠨ ᠴᠡᠭ ᠲᠤ ᠥᠨᠳᠥᠷ ᠲᠣᠳᠣᠷᠬᠠᠶ ᠳᠦᠷᠰᠦ ᠰᠢᠩᠭᠡᠭᠡᠬᠦ ᠮᠠᠰᠢᠨ ᠪᠠ ᠵᠢᠷᠤᠭ ᠳᠦᠷᠰᠦ ᠶᠢᠨ ᠣᠶᠤᠨᠴᠢ | ᠵᠠᠳᠠᠯᠤᠯᠲᠠ ᠶᠢᠨ ᠲᠥᠬᠦᠭᠡᠷᠦᠮᠵᠢ ᠤᠭᠰᠠᠷᠠᠵᠤ᠂ ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ ᠤᠨ ᠪᠠᠶᠢᠳᠠᠯ ᠪᠠ ᠠᠮᠤᠷ | ᠲᠦᠪᠰᠢᠨ ᠤ ᠪᠠᠶᠢᠳᠠᠯ ᠢ ᠴᠠᠭ ᠲᠤᠬᠠᠢ ᠳᠤᠨᠢ ᠬᠢᠨᠠᠨ ᠡᠵᠡᠮᠳᠡᠵᠦ᠂ ᠨᠡᠭᠦᠷᠡᠰᠦᠨ ᠠᠭᠤᠷᠬᠠᠢ ᠳᠤ ᠢᠯᠡ ᠵᠣᠭᠰᠣᠵᠤ ᠳᠠᠯᠳᠠᠭᠤᠷ | ᠨᠡᠭᠡᠭᠡᠬᠦ᠂ ᠬᠡᠳᠦ ᠬᠡᠲᠦᠷᠡᠭᠰᠡᠨ ᠵᠡᠷᠭᠡ ᠬᠠᠤᠯᠢ ᠠᠴᠠ ᠵᠥᠷᠢᠴᠡᠨ ᠦᠢᠯᠡᠳᠪᠦᠷᠢᠯᠡᠬᠦ ᠠᠵᠢᠯᠯᠠᠭ᠎ᠠ ᠣᠷᠣᠰᠢᠵᠤ ᠪᠠᠶᠢᠬᠤ | ᠡᠰᠡᠬᠦ ᠶᠢ ᠵᠠᠳᠠᠯᠤᠨ ᠰᠤᠳᠤᠯᠬᠤ ᠬᠡᠷᠡᠭᠲᠡᠢ᠃ ᠨᠡᠭᠦᠷᠡᠰᠦᠨ ᠠᠭᠤᠷᠬᠠᠶ ᠶᠢᠨ ᠠᠵᠤ ᠠᠬᠤᠶᠢᠯᠠᠯ ᠤᠳ ᠨᠡᠭᠦᠷᠡᠰᠦᠨ | ᠠᠭᠤᠷᠬᠠᠶ ᠶᠢᠨ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠤᠰᠬᠠᠶ ᠬᠡᠷᠡᠭᠯᠡᠬᠦ ᠭᠠᠵᠠᠷ ᠬᠥᠳᠡᠯᠦᠯᠲᠡ ᠶᠢ | ᠬᠢᠨᠠᠨ ᠬᠡᠮᠵᠢᠬᠦ ᠥᠷᠲᠡᠭᠡ ᠶᠢᠨ ᠲᠣᠤᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠠᠶᠢᠭᠠᠯᠢ ᠶᠢᠨ | ᠭᠠᠵᠠᠷ ᠬᠥᠳᠡᠯᠦᠯᠲᠡ ᠪᠣᠯᠤᠨ ᠪᠠᠶᠢᠭᠠᠯᠢ ᠶᠢᠨ ᠪᠤᠰᠤ ᠭᠠᠵᠠᠷ ᠬᠥᠳᠡᠯᠦᠯᠲᠡ ᠶᠢ ᠬᠢᠨᠠᠨ ᠬᠡᠮᠵᠢᠬᠦ ᠴᠢᠳᠠᠪᠤᠷᠢ ᠶᠢ ᠳᠡᠭᠡᠭᠰᠢᠯᠡᠭᠦᠯᠬᠦ | ᠬᠡᠷᠡᠭᠲᠡᠶ᠃ | ᠠᠷᠪᠠᠨ ᠲᠠᠪᠤ᠂ ᠵᠠᠭᠤᠴᠢ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠳᠠᠯᠠᠨ᠎ᠠ | ᠪᠠᠶᠢᠴᠠᠭᠠᠨ ᠬᠡᠮᠵᠢᠵᠦ ᠰᠢᠯᠭᠠᠨ ᠪᠠᠶᠢᠴᠠᠭᠠᠬᠤ᠂ ᠵᠢᠷᠤᠭᠯᠠᠨ ᠲᠥᠯᠥᠪᠯᠡᠬᠦ᠂ ᠠᠶᠤᠯ ᠦᠭᠡᠶ ᠶᠢᠨ ᠦᠨᠡᠯᠡᠯᠲᠡ ᠬᠢᠬᠦ᠂ | ᠬᠢᠨᠠᠨ ᠬᠠᠮᠢᠶᠠᠷᠬᠤ᠂ ᠭᠠᠵᠠᠷ ᠰᠢᠨᠵᠢᠯᠡᠭᠡᠨ ᠤ ᠬᠠᠶᠢᠨ ᠰᠢᠨᠵᠢᠬᠦ ᠵᠡᠷᠭᠡ ᠵᠠᠭᠤᠴᠢ ᠪᠠᠶᠢᠭᠤᠯᠤᠮᠵᠢ ᠨᠤᠭᠤᠳ ᠪᠣᠳᠠᠲᠤ ᠪᠠᠶᠢᠳᠠᠯ ᠢ | ᠦᠨᠳᠦᠰᠦᠯᠡᠨ ᠮᠡᠳᠡᠭᠦᠯᠦᠯᠲᠡ ᠭᠠᠷᠭᠠᠵᠤ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃ | ᠬᠤᠯᠪᠣᠭᠳᠠᠯ ᠪᠦᠬᠦᠢ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠪᠣᠳᠠᠲᠤ ᠪᠠᠶᠢᠳᠠᠯ ᠢ ᠦᠨᠳᠦᠰᠦᠯᠡᠨ | ᠮᠡᠳᠡᠭᠦᠯᠦᠯᠲᠡ ᠭᠠᠷᠭᠠᠭᠰᠠᠨ ᠦᠭᠡᠢ ᠪᠤᠶᠤ ᠬᠤᠳᠠᠯ ᠬᠠᠭᠤᠷᠮᠠᠭ ᠮᠡᠳᠡᠭᠦᠯᠦᠯᠲᠡ ᠭᠠᠷᠭᠠᠭᠰᠠᠨ ᠪᠠᠶᠢᠪᠠᠯ᠂ ︽ᠬᠠᠷ᠎ᠠ ᠳᠠᠩᠰᠠ︾ | ᠶᠢᠨ ᠬᠠᠮᠢᠶᠠᠷᠤᠯᠲᠠ ᠳᠤ ᠵᠢᠭᠰᠠᠭᠠᠨ ᠣᠷᠣᠭᠤᠯᠵᠤ᠂ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠦᠨ᠎ᠡ᠃ | ᠠᠷᠪᠠᠨ ᠵᠢᠷᠭᠤᠭ᠎ᠠ᠂ ᠨᠡᠭᠦᠷᠡᠰᠦᠨ ᠠᠭᠤᠷᠬᠠᠶ ᠶᠢᠨ ᠠᠶᠤᠯ ᠦᠭᠡᠶ ᠶᠢᠨ ᠵᠥᠪᠰᠢᠶᠡᠷᠡᠨ ᠣᠷᠣᠭᠤᠯᠬᠤ ᠪᠠ ᠲᠥᠷᠥᠯ | ᠬᠤᠪᠢᠶᠠᠨ ᠬᠢᠨᠠᠨ ᠬᠠᠮᠢᠶᠠᠷᠴᠤ ᠬᠢᠨᠠᠨ ᠪᠠᠶᠢᠴᠠᠭᠠᠬᠤ ᠶᠢ ᠴᠢᠩᠭᠠᠳᠬᠠᠬᠤ ᠬᠡᠷᠡᠭᠲᠡᠶ | ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠨᠡᠭᠦᠷᠡᠰᠦᠨ ᠠᠭᠤᠷᠬᠠᠶ ᠶᠢᠨ ᠵᠢᠷᠤᠭ ᠲᠥᠯᠥᠪᠯᠡᠭᠡ᠂ | ᠠᠭᠤᠷᠬᠠᠶ ᠶᠢᠨ ᠦᠢᠯᠡᠰ ᠤᠨ ᠡᠷᠬᠡ ᠶᠢᠨ ᠪᠠᠶᠢᠷᠢᠯᠠᠭᠤᠯᠤᠯᠲᠠ᠂ ᠮᠠᠯᠲᠠᠵᠤ ᠪᠣᠯᠬᠤ ᠬᠡᠪᠴᠢᠶ᠎ᠡ᠂ ᠭᠠᠮᠰᠢᠭ ᠤᠨ ᠲᠦᠭᠰᠢᠭᠦᠷᠢ | ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠠᠶᠤᠯ ᠦᠭᠡᠶ ᠦᠢᠯᠡᠳᠪᠦᠷᠢᠯᠡᠯ ᠢ ᠵᠥᠪᠰᠢᠶᠡᠷᠡᠨ ᠣᠷᠣᠭᠤᠯᠬᠤ ᠶᠢ | ᠴᠢᠩᠳᠠᠯᠠᠵᠤ᠂ ᠲᠥᠯᠥᠪᠵᠢᠭᠦᠯᠭᠡ᠂ ᠲᠥᠷᠥᠯ ᠵᠦᠢᠯ ᠲᠣᠭᠲᠠᠭᠠᠬᠤ᠂ ᠵᠢᠷᠤᠭᠯᠠᠨ ᠲᠥᠯᠥᠪᠯᠡᠬᠦ᠂ ᠬᠢᠨᠠᠨ ᠵᠥᠪᠰᠢᠶᠡᠷᠡᠬᠦ᠂ | ᠪᠦᠲᠦᠭᠡᠨ ᠪᠠᠶᠢᠭᠤᠯᠬᠤ ᠠᠶᠤᠯ ᠦᠭᠡᠶ ᠶᠢᠨ ᠪᠣᠭᠤᠮᠲᠠ ᠶᠢ ᠴᠢᠩᠭ᠎ᠠ ᠠᠳᠬᠤᠬᠤ ᠬᠡᠷᠡᠭᠲᠡᠶ᠃ ᠨᠡᠭᠦᠷᠡᠰᠦᠨ ᠠᠭᠤᠷᠬᠠᠢ ᠶᠢᠨ | ᠲᠦᠷᠦᠯ ᠬᠤᠪᠢᠶᠠᠨ ᠲᠡᠰ ᠰᠢᠯᠭᠠᠷᠠᠭᠤᠯᠬᠤ ᠳᠤ ᠤᠯᠠᠷᠢᠯ ᠪᠦᠷᠢ ᠬᠥᠳᠡᠯᠦᠩᠭᠦᠢ ᠪᠠᠷ ᠲᠣᠬᠢᠷᠠᠭᠤᠯᠤᠯᠲᠠ ᠬᠢᠵᠦ᠂ ᠲᠦᠷᠦᠯ | ᠬᠤᠪᠢᠶᠠᠨ ᠳᠡᠰ ᠦᠨᠡᠯᠡᠬᠦ ᠪᠠᠶᠢᠳᠠᠯ ᠢ ᠨᠡᠶᠢᠭᠡᠮ ᠳᠤ ᠨᠡᠶᠢᠲᠡᠯᠡᠵᠦ᠂ C ᠲᠦᠷᠦᠯ ᠤᠨ ᠨᠡᠭᠦᠷᠡᠰᠦᠨ ᠠᠭᠤᠷᠬᠠᠢ ᠶᠢ | ᠭᠤᠣᠯᠳᠠᠯᠭ᠎ᠠ ᠲᠠᠢ ᠬᠢᠨᠠᠨ ᠬᠠᠮᠢᠶᠠᠷᠴᠤ ᠬᠢᠨᠠᠨ ᠪᠠᠶᠢᠴᠠᠭᠠᠬᠤ ᠡᠲᠡᠭᠡᠳ ᠲᠤ ᠵᠢᠭᠰᠠᠭᠠᠨ ᠣᠷᠣᠭᠤᠯᠵᠤ᠂ ᠡᠳᠦᠷ ᠲᠤᠳᠤᠮ ᠤᠨ | ᠪᠠᠶᠢᠴᠠᠭᠠᠬᠤ ᠤᠳᠠᠭ᠎ᠠ ᠪᠠᠨ ᠨᠡᠮᠡᠭᠳᠡᠭᠦᠯᠵᠦ᠂ ︽ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ ᠤᠨ ᠴᠢᠳᠠᠪᠤᠷᠢ ᠶᠢᠨ | ᠬᠠᠮᠢᠶᠠᠷᠤᠯᠲᠠ ᠶᠢᠨ ᠠᠷᠭ᠎ᠠ︾ ᠶᠢᠨ ᠶᠣᠰᠣᠭᠠᠷ ᠦᠢᠯᠡᠳᠪᠦᠷᠢᠯᠡᠬᠦ ᠴᠢᠳᠠᠪᠤᠷᠢ ᠶᠢ ᠬᠢᠨᠠᠨ ᠲᠣᠭᠲᠠᠭᠠᠬᠤ ᠠᠵᠢᠯ ᠢ ᠴᠢᠩᠭ᠎ᠠ | ᠥᠷᠨᠢᠭᠦᠯᠦᠨ᠎ᠡ︔ D ᠲᠦᠷᠦᠯ ᠤᠨ ᠤᠷᠳᠤ ᠬᠤᠭᠤᠴᠠᠭ᠎ᠠ ᠪᠠᠷ ᠦᠢᠯᠡᠳᠪᠦᠷᠢᠯᠡᠯ ᠢᠶᠠᠨ ᠵᠣᠭᠰᠣᠭᠠᠭᠰᠠᠨ ᠨᠡᠭᠦᠷᠡᠰᠦᠨ | ᠠᠭᠤᠷᠬᠠᠢ ᠶᠢᠨ ᠬᠠᠷᠢᠯᠴᠠᠵᠤ ᠰᠠᠬᠢᠨ ᠬᠠᠮᠠᠭᠠᠯᠠᠬᠤ ᠪᠠ ᠲᠣᠭᠤᠷᠢᠨ ᠪᠠᠶᠢᠴᠠᠭᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠭᠠᠯ ᠬᠡᠷᠡᠭᠯᠡᠬᠦ ᠬᠡᠮᠵᠢᠶ᠎ᠡ ᠶᠢ ᠬᠢᠵᠠᠭᠠᠷᠯᠠᠬᠤ ᠬᠡᠷᠡᠭᠲᠡᠢ᠃ ᠨᠡᠭᠦᠷᠡᠰᠦᠨ | ᠠᠭᠤᠷᠬᠠᠢ ᠶᠢᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠳᠡᠭᠡᠨ ᠬᠠᠮᠢᠶ᠎ᠠ ᠪᠦᠬᠦᠢ ᠳᠡᠰ ᠳᠠᠷᠠᠭᠠᠯᠠᠯ ᠢ | ᠴᠢᠩᠭ᠎ᠠ ᠭᠦᠢᠴᠡᠳᠬᠡᠬᠦ ᠶᠢᠨ ᠬᠠᠮᠲᠤ᠂ ᠬᠠᠷᠢᠶ᠎ᠠ ᠭᠠᠵᠠᠷ ᠤᠨ ᠠᠷᠠᠳ ᠤᠨ ᠵᠠᠰᠠᠭ ᠤᠨ ᠣᠷᠳᠣᠨ ᠤ ᠭᠤᠣᠯ | ᠬᠠᠷᠢᠭᠤᠴᠠᠯᠭᠠᠲᠠᠨ ᠢᠶᠠᠷ ᠭᠠᠷ ᠤᠨ ᠦᠰᠦᠭ ᠵᠢᠷᠤᠭᠤᠯᠵᠤ ᠵᠥᠪᠰᠢᠶᠡᠷᠡᠭᠦᠯᠬᠦ ᠬᠡᠷᠡᠭᠲᠡᠶ᠃ | ᠠᠷᠪᠠᠨ ᠳᠣᠯᠤᠭ᠎ᠠ᠂ ᠬᠠᠤᠯᠢ ᠪᠤᠰᠤ ᠪᠠ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ | ᠥᠭᠬᠦ ᠬᠡᠷᠡᠭᠲᠡᠶ | ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠠᠤᠯᠢ ᠪᠤᠰᠤ ᠪᠠ ᠬᠠᠤᠯᠢ ᠠᠴᠠ | ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠨᠡᠭᠦᠷᠡᠰᠦᠨ ᠠᠭᠤᠷᠬᠠᠢ ᠶᠢᠨ ᠪᠣᠳᠠᠲᠠᠢ ᠡᠵᠡᠮᠳᠡᠵᠦ | ᠪᠠᠶᠢᠭ᠎ᠠ ᠬᠥᠮᠥᠨ᠂ ᠪᠣᠳᠠᠲᠠᠢ ᠪᠡᠯᠡ ᠭᠠᠷᠭᠠᠵᠤ ᠪᠠᠶᠢᠭ᠎ᠠ ᠬᠥᠮᠥᠨ ᠵᠡᠷᠭᠡ ︽ᠵᠠᠩᠭᠢᠯᠠᠭ᠎ᠠ ᠶᠢᠨ ᠬᠥᠮᠥᠨ︾ ᠪᠠ ᠠᠭᠤᠷᠬᠠᠢ ᠶᠢᠨ | ᠳᠠᠷᠤᠭ᠎ᠠ᠂ ᠶᠡᠷᠦᠩᠬᠡᠢ ᠢᠨᠵᠧᠨᠧᠷ ᠵᠡᠷᠭᠡ ︽ᠵᠠᠩᠭᠢᠯᠠᠭ᠎ᠠ ᠶᠢᠨ ᠴᠥᠭᠡᠨ ᠲᠣᠭᠠᠲᠠᠨ︾ ᠢ ᠴᠢᠩᠭ᠎ᠠ ᠠᠩᠬᠠᠷᠴᠤ᠂ | ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠵᠤ᠂ ᠶᠠᠯ᠎ᠠ ᠬᠢᠭᠰᠡᠨ ᠰᠡᠵᠢᠭᠯᠡᠯᠲᠡᠢ ᠬᠡᠷᠡᠭ ᠢ ᠬᠠᠤᠯᠢ ᠴᠠᠭᠠᠵᠠ ᠶᠢᠨ | ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠡᠯ᠎ᠡ ᠱᠠᠲᠤᠨ ᠤ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠨᠡᠭᠦᠷᠡᠰᠦᠨ ᠤ ᠠᠵᠢᠯ ᠲᠥᠷᠥᠯ ᠤᠨ ᠬᠠᠮᠢᠶᠠᠷᠤᠯᠲᠠ᠂ ᠨᠡᠭᠦᠷᠡᠰᠦᠨ ᠠᠭᠤᠷᠬᠠᠶ ᠶᠢᠨ | ᠠᠶᠤᠯ ᠦᠭᠡᠶ ᠶᠢ ᠬᠢᠨᠠᠨ ᠬᠠᠮᠢᠶᠠᠷᠴᠤ ᠬᠢᠨᠠᠨ ᠪᠠᠶᠢᠴᠠᠭᠠᠬᠤ ᠵᠡᠷᠭᠡ ᠰᠠᠯᠠᠭ᠎ᠠ ᠮᠥᠴᠢᠷ ᠤᠳ ᠢᠯᠡᠴᠢᠯᠡᠨ ᠮᠡᠳᠡᠭᠦᠯᠬᠦ ᠠᠷᠭ᠎ᠠ | ᠵᠠᠮ ᠢᠶᠠᠨ ᠰᠠᠭᠠᠳ ᠦᠭᠡᠶ ᠨᠡᠪᠲᠡᠷᠡᠭᠦᠯᠵᠦ᠂ ᠢᠯᠡᠴᠢᠯᠡᠨ ᠮᠡᠳᠡᠭᠦᠯᠬᠦ ᠳ᠋ᠢᠶᠠᠩᠬᠤᠸᠠ ᠪᠠᠨ ᠨᠡᠶᠢᠭᠡᠮ ᠳᠤ ᠢᠯᠡ ᠪᠣᠯᠭᠠᠵᠤ᠂ | ᠢᠯᠡᠴᠢᠯᠡᠨ ᠮᠡᠳᠡᠭᠦᠯᠦᠭᠰᠡᠨ ᠢ ᠱᠠᠩᠨᠠᠬᠤ ᠵᠠᠷᠤᠳᠠᠯ ᠢ ᠠᠳᠠᠯᠢ ᠱᠠᠲᠤᠨ ᠤ ᠡᠳ᠋ ᠤᠨ ᠵᠠᠰᠠᠭ ᠤᠨ ᠲᠥᠰᠦᠪ ᠲᠤ ᠣᠷᠣᠭᠤᠯᠬᠤ | ᠬᠡᠷᠡᠭᠲᠡᠶ᠃ | ᠠᠷᠪᠠᠨ ᠨᠠᠢᠮᠠ᠂ ᠠᠳᠡᠯ ᠤᠨ ᠨᠡᠭᠦᠷᠡᠰᠦᠨ ᠠᠭᠤᠷᠬᠠᠢ ᠶᠢ ᠴᠡᠭᠴᠡᠯᠡᠬᠦ ᠠᠵᠢᠯ ᠢ ᠴᠢᠩᠳᠠᠯᠠᠬᠤ ᠬᠡᠷᠡᠭᠲᠡᠢ | ᠨᠡᠭᠦᠷᠡᠰᠦᠨ ᠠᠭᠤᠷᠬᠠᠶ ᠳᠤ ᠦᠢᠯᠡᠳᠪᠦᠷᠢᠯᠡᠯ ᠤᠨ ᠠᠶᠤᠯ ᠦᠭᠡᠶ ᠶᠢᠨ ᠠᠳᠡᠯ ᠭᠠᠷᠤᠭᠰᠠᠨ ᠤ ᠳᠠᠷᠠᠭ᠎ᠠ᠂ ᠨᠡᠭᠦᠷᠡᠰᠦᠨ | ᠠᠭᠤᠷᠬᠠᠶ ᠶᠢᠨ ᠠᠶᠤᠯ ᠦᠭᠡᠶ ᠶᠢ ᠬᠢᠨᠠᠨ ᠬᠠᠮᠢᠶᠠᠷᠴᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠤᠳ ᠬᠠᠤᠯᠢ ᠲᠣᠭᠲᠠᠭᠠᠯ | ᠶᠣᠰᠣᠭᠠᠷ ᠨᠡᠭᠦᠷᠡᠰᠦᠨ ᠠᠭᠤᠷᠬᠠᠶ ᠶᠢ ᠵᠠᠷᠯᠢᠭᠳᠠᠨ ᠠᠵᠢᠯ ᠢ ᠨᠢ ᠵᠣᠭᠰᠣᠭᠠᠵᠤ ᠦᠢᠯᠡᠳᠪᠦᠷᠢᠯᠡᠬᠦ ᠶᠢ ᠨᠢ ᠵᠣᠭᠰᠣᠭᠠᠨ | ᠴᠡᠭᠴᠡᠯᠡᠬᠦ ᠬᠡᠷᠡᠭᠲᠡᠶ᠃ | ︵ᠨᠢᠭᠡ︶ ᠳᠦᠷᠢᠮ ᠢ ᠵᠥᠷᠢᠴᠡᠨ ᠠᠵᠢᠯᠯᠠᠭᠰᠠᠨ ᠠᠴᠠ ᠪᠣᠯᠵᠤ ᠡᠩ ᠤᠨ ᠦᠢᠯᠡᠳᠪᠦᠷᠢᠯᠡᠯ ᠤᠨ ᠠᠶᠤᠯ ᠦᠭᠡᠶ ᠶᠢᠨ | ᠠᠳᠡᠯ ᠭᠠᠷᠭᠠᠭᠰᠠᠨ ᠨᠡᠭᠦᠷᠡᠰᠦᠨ ᠠᠭᠤᠷᠬᠠᠶ ᠶᠢᠨ ᠠᠵᠢᠯ ᠢᠶᠠᠨ ᠵᠣᠭᠰᠣᠭᠠᠵᠤ ᠦᠢᠯᠡᠳᠪᠦᠷᠢᠯᠡᠯ ᠢᠶᠠᠨ ᠵᠣᠭᠰᠣᠭᠠᠨ ᠴᠡᠭᠴᠡᠯᠡᠬᠦ | ᠬᠤᠭᠤᠴᠠᠭ᠎ᠠ ᠬᠢᠵᠠᠭᠠᠷ ᠢ ᠵᠠᠷᠴᠢᠮ ᠳᠡᠭᠡᠷ᠎ᠡ ᠪᠠᠨ 1 ᠰᠠᠷ᠎ᠠ ᠠᠴᠠ ᠳᠤᠲᠠᠭᠤ ᠪᠠᠶᠢᠯᠭᠠᠵᠤ ᠪᠣᠯᠬᠤ ᠦᠭᠡᠶ᠃ | ︵ᠬᠤᠶᠠᠷ︶ ᠲᠣᠨᠤᠭ ᠲᠥᠬᠦᠭᠡᠷᠦᠮᠵᠢ ᠶᠢ ᠪᠠᠶᠢᠴᠠᠭᠠᠨ ᠵᠠᠰᠠᠭᠰᠠᠨ ᠨᠢ ᠬᠦᠷᠦᠯᠴᠡᠬᠦ ᠥᠬᠡᠶ ᠵᠢᠴᠢ ᠭᠠᠰ᠂ ᠤᠰᠤᠨ ᠤ | ᠭᠠᠮᠰᠢᠭ᠂ ᠭᠠᠯ ᠤᠨ ᠭᠠᠮᠰᠢᠭ᠂ ᠭᠠᠵᠠᠷ ᠤᠨ ᠳᠠᠷᠤᠯᠲᠠ᠂ ᠳᠡᠭᠡᠪᠦᠷ ᠵᠡᠷᠭᠡ ᠰᠢᠰᠲ᠋ᠧᠮ ᠤᠨ ᠴᠢᠨᠠᠷᠲᠠᠶ ᠲᠦᠭᠰᠢᠭᠦᠷᠢ ᠠᠴᠠ | ᠪᠣᠯᠵᠣ ᠡᠩ ᠤᠨ ᠦᠢᠯᠡᠳᠪᠦᠷᠢᠯᠡᠯ ᠤᠨ ᠠᠶᠤᠯᠭᠦᠶ ᠶᠢᠨ ᠡ᠊ᠨᠳᠡᠯ ᠭᠠᠷᠤᠭᠰᠠᠨ ᠨᠡᠭᠦᠷᠡᠰᠦᠨ ᠠᠭᠤᠷᠬᠠᠶ᠂ ᠠᠵᠢᠯ ᠢᠶᠠᠨ | ᠵᠣᠭᠰᠣᠭᠠᠵᠤ ᠦᠢᠯᠡᠳᠪᠦᠷᠢᠯᠡᠯ ᠢᠶᠠᠨ ᠵᠣᠭᠰᠣᠭᠠᠵᠤ ᠴᠡᠭᠴᠡᠯᠡᠬᠦ ᠬᠤᠭᠤᠴᠠᠭ᠎ᠠ ᠶᠢ ᠵᠠᠷᠴᠢᠮ ᠳᠡᠭᠡᠷ᠎ᠡ ᠪᠠᠨ 3 ᠰᠠᠷ᠎ᠠ ᠠᠴᠠ | ᠳᠤᠲᠠᠭᠤ ᠪᠠᠶᠢᠯᠭᠠᠵᠤ ᠪᠣᠯᠬᠤ ᠥᠬᠡᠶ᠃ | ︵ᠭᠤᠷᠪᠠ︶ ᠨᠡᠯᠢᠶᠡᠳ ᠶᠡᠭᠡ ᠦᠢᠯᠡᠳᠪᠦᠷᠢᠯᠡᠯ ᠤᠨ ᠠᠶᠤᠯ ᠦᠭᠡᠶ ᠶᠢᠨ ᠠᠳᠡᠯ ᠭᠠᠷᠤᠭᠰᠠᠨ ᠨᠡᠭᠦᠷᠡᠰᠦᠨ | ᠠᠭᠤᠷᠬᠠᠶ ᠶᠢᠨ ᠠᠵᠢᠯ ᠢᠶᠠᠨ ᠵᠣᠭᠰᠣᠭᠠᠵᠤ ᠦᠢᠯᠡᠳᠪᠦᠷᠢᠯᠡᠯ ᠢᠶᠠᠨ ᠵᠣᠭᠰᠣᠭᠠᠨ ᠴᠡᠭᠴᠡᠯᠡᠬᠦ ᠬᠤᠭᠤᠴᠠᠭ᠎ᠠ ᠬᠢᠵᠠᠭᠠᠷ ᠨᠢ | ᠵᠠᠷᠴᠢᠮ ᠳᠡᠭᠡᠷ᠎ᠡ ᠪᠠᠨ 6 ᠰᠠᠷ᠎ᠠ ᠠᠴᠠ ᠳᠤᠲᠠᠭᠤ ᠪᠠᠶᠢᠵᠤ ᠪᠣᠯᠬᠤ ᠦᠭᠡᠶ᠃ | ︵ᠲᠦᠷᠪᠡ︶ ᠬᠦᠨᠳᠦ ᠶᠡᠭᠡ ᠵᠢᠴᠢ ᠲᠡᠭᠦᠨ ᠠᠴᠠ ᠳᠡᠭᠡᠭᠰᠢᠬᠢ ᠦᠢᠯᠡᠳᠪᠦᠷᠢᠯᠡᠯ ᠤᠨ ᠠᠶᠤᠯ ᠦᠭᠡᠶ ᠶᠢᠨ ᠠᠳᠡᠯ | ᠭᠠᠷᠤᠭᠰᠠᠨ ᠨᠡᠭᠦᠷᠡᠰᠦᠨ ᠠᠭᠤᠷᠬᠠᠶ ᠶᠢᠨ ᠠᠵᠢᠯ ᠢᠶᠠᠨ ᠵᠣᠭᠰᠣᠭᠠᠵᠤ ᠦᠢᠯᠡᠳᠪᠦᠷᠢᠯᠡᠬᠦ ᠶᠢ ᠨᠢ ᠵᠣᠭᠰᠣᠭᠠᠨ ᠴᠡᠭᠴᠡᠯᠡᠬᠦ | ᠬᠤᠭᠤᠴᠠᠭ᠎ᠠ ᠬᠢᠵᠠᠭᠠᠷ ᠢ ᠵᠠᠷᠴᠢᠮ ᠳᠡᠭᠡᠷ᠎ᠡ ᠪᠠᠨ 1 ᠵᠢᠯ ᠠᠴᠠ ᠳᠤᠲᠠᠭᠤ ᠪᠠᠶᠢᠯᠭᠠᠵᠤ ᠪᠣᠯᠬᠤ ᠦᠭᠡᠶ᠃ | ︵ᠲᠠᠪᠤ︶ ᠣᠨᠴᠠ ᠬᠦᠨᠳᠦ ᠶᠡᠭᠡ ᠠᠳᠡᠯ ᠭᠠᠷᠴᠣ ᠠᠶᠣᠯᠬᠦᠢ ᠦᠢᠯᠡᠳᠪᠦᠷᠢᠯᠡᠯ ᠤᠨ ᠨᠦᠬᠦᠴᠡᠯ ᠢ ᠳᠠᠬᠢᠵᠤ | ᠪᠦᠷᠢᠯᠳᠦᠬᠦᠯᠬᠦ ᠦᠬᠡᠢ ᠨᠡᠬᠦᠷᠡᠰᠣᠨ ᠠᠭᠤᠷᠬᠠᠢ ᠳᠤ ᠡᠬᠢ ᠪᠠᠶᠠᠯᠢᠭ ᠢ ᠡᠮᠬᠢᠯᠡᠨ ᠨᠡᠶᠢᠯᠡᠬᠦᠯᠬᠦ᠂ ᠡᠬᠦᠳᠡ ᠶᠢ ᠨᠢ ᠬᠠᠭᠠᠵᠣ | ᠪᠣᠴᠠᠭᠠᠨ ᠭᠠᠷᠭᠠᠬᠤ ᠵᠡᠷᠬᠡ ᠠᠷᠭ᠎ᠠ ᠬᠡᠮᠵᠢᠶ᠎ᠡ ᠶᠢ ᠬᠠᠣᠯᠢ ᠳᠣᠭᠳᠠᠭᠠᠯ ᠶᠣᠰᠣᠭᠠᠷ ᠬᠡᠷᠡᠭᠵᠢᠬᠦᠯᠦᠨ᠎ᠡ᠃ | ᠨᠡᠭᠦᠷᠡᠰᠦᠨ ᠠᠭᠤᠷᠬᠠᠢ ᠶᠢᠨ ᠠᠵᠢᠯ ᠢᠶᠠᠨ ᠵᠣᠭᠰᠣᠭᠠᠵᠤ ᠦᠢᠯᠡᠳᠪᠦᠷᠢᠯᠡᠯ ᠢᠶᠠᠨ ᠵᠣᠭᠰᠣᠭᠠᠭᠰᠠᠨ ᠬᠤᠭᠤᠴᠠᠭᠠᠨ ᠳᠤ | ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠬᠡᠪ ᠤᠨ ᠰᠠᠯᠬᠢ ᠨᠡᠪᠲᠡᠷᠡᠭᠦᠯᠬᠦ᠂ ᠤᠰᠤ ᠵᠠᠯᠠᠬᠤ᠂ ᠬᠤᠳᠳᠤᠭ | ᠳᠣᠤᠷᠠᠬᠢ ᠨᠦᠬᠡᠨ ᠵᠠᠮ ᠵᠢᠴᠢ ᠲᠥᠬᠦᠭᠡᠷᠦᠮᠵᠢ ᠲᠥᠬᠦᠭᠡᠷᠦᠮᠵᠢ ᠶᠢ ᠬᠠᠮᠠᠭᠠᠯᠠᠬᠤ᠂ ᠠᠮᠤᠷ ᠲᠦᠪᠰᠢᠨ ᠤ ᠪᠠᠶᠢᠴᠠᠭᠠᠯᠲᠠ᠂ | ᠬᠢᠨᠠᠨ ᠬᠡᠮᠵᠢᠵᠦ ᠬᠢᠨᠠᠨ ᠡᠵᠡᠮᠳᠡᠬᠦ᠂ ᠵᠢᠵᠢᠭᠦᠷᠯᠡᠨ ᠰᠠᠬᠢᠬᠤ ᠵᠡᠷᠭᠡ ᠠᠵᠢᠯ ᠢ ᠰᠠᠶᠢᠲᠤᠷ ᠬᠢᠵᠦ᠂ ᠠᠵᠢᠯ ᠢᠶᠠᠨ ᠵᠣᠭᠰᠣᠭᠠᠵᠤ | ᠦᠢᠯᠡᠳᠪᠦᠷᠢᠯᠡᠯ ᠢᠶᠠᠨ ᠵᠣᠭᠰᠣᠭᠠᠭᠰᠠᠨ ᠬᠤᠭᠤᠴᠠᠭᠠᠨ ᠳᠠᠬᠢ ᠠᠮᠤᠷ ᠲᠦᠪᠰᠢᠨ ᠢ ᠪᠠᠲᠤᠯᠠᠬᠤ ᠬᠡᠷᠡᠭᠲᠡᠶ᠃ ᠠᠳᠠᠯ ᠤᠨ | ᠰᠢᠯᠲᠠᠭᠠᠨ ᠢ ᠨᠢᠭᠡᠨᠲᠡ ᠪᠠᠶᠢᠴᠠᠭᠠᠨ ᠳᠣᠲᠣᠯᠠᠭᠰᠠᠨ᠂ ᠠᠳᠡᠯ ᠤᠨ ᠳᠠᠬᠢᠨ ᠡᠭᠦᠰᠬᠦ ᠨᠥᠯᠥᠭᠡ ᠶᠢ ᠨᠢᠭᠡᠨᠲᠡ ᠠᠷᠢᠯᠭᠠᠵᠤ᠂ | ᠠᠳᠡᠯ ᠤᠨ ᠬᠠᠨᠳᠤᠯᠭᠠᠲᠤ ᠴᠢᠨᠠᠷᠲᠠᠶ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠨᠢᠭᠡᠨᠲᠡ | ᠨᠠᠶᠢᠳᠠᠪᠤᠷᠢᠵᠢᠭᠤᠯᠤᠭᠰᠠᠨ ᠪᠠᠶᠢᠳᠠᠯ ᠳᠣᠣᠷ᠎ᠠ᠂ ᠨᠡᠭᠦᠷᠡᠰᠦᠨ ᠠᠭᠤᠷᠬᠠᠶ ᠶᠢᠨ ᠠᠮᠤᠷ ᠲᠦᠪᠰᠢᠨ ᠤ ᠬᠢᠨᠠᠨ ᠬᠠᠮᠢᠶᠠᠷᠴᠤ ᠬᠢᠨᠠᠨ | ᠪᠠᠶᠢᠴᠠᠭᠠᠬᠤ ᠰᠠᠯᠠᠭ᠎ᠠ ᠮᠥᠴᠢᠷ ᠢᠶᠠᠷ ᠵᠣᠬᠢᠶᠠᠨ ᠪᠠᠶᠢᠭᠤᠯᠤᠨ ᠰᠢᠯᠭᠠᠨ ᠬᠤᠷᠢᠶᠠᠯᠭᠠᠵᠤ ᠬᠢᠷᠢ ᠲᠡᠩᠴᠡᠭᠰᠡᠨ ᠪᠥᠭᠡᠳ | ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠲᠠᠰ ᠳᠠᠷᠠᠭᠠᠯᠠᠯ ᠢ ᠴᠢᠩᠭ᠎ᠠ ᠭᠦᠢᠴᠡᠳᠭᠡᠭᠰᠡᠨ ᠤ ᠳᠠᠷᠠᠭ᠎ᠠ ᠰᠠᠶ᠋ᠢ | ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠪᠠᠨ ᠰᠡᠷᠭᠦᠭᠡᠵᠦ ᠪᠣᠯᠤᠨ᠎ᠠ᠃ | ᠠᠷᠪᠠ ᠶᠢᠰᠦ᠂ ᠬᠢᠨᠠᠨ ᠬᠠᠮᠢᠶᠠᠷᠴᠤ ᠬᠢᠨᠠᠨ ᠪᠠᠶᠢᠴᠠᠭᠠᠵᠤ ᠬᠠᠤᠯᠢ ᠬᠡᠷᠡᠭᠵᠢᠭᠦᠯᠬᠦ ᠦᠢᠯᠡᠳᠦᠯ ᠴᠢᠳᠠᠪᠤᠷᠢ ᠶᠢ | ᠳᠡᠭᠡᠭᠰᠢᠯᠡᠭᠦᠯᠦᠨ᠎ᠡ | ᠨᠡᠭᠦᠷᠡᠰᠦᠨ ᠠᠭᠤᠷᠬᠠᠢ ᠶᠢᠨ ᠠᠮᠤᠷ ᠲᠦᠪᠰᠢᠨ ᠤ ᠬᠢᠨᠠᠨ ᠬᠠᠮᠢᠶᠠᠷᠴᠤ ᠬᠢᠨᠠᠨ ᠪᠠᠶᠢᠴᠠᠭᠠᠬᠤ ᠰᠠᠯᠠᠭ᠎ᠠ ᠮᠥᠴᠢᠷ ᠤᠳ | ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠠᠭᠤᠷᠬᠠᠢ ᠶᠢᠨ ᠠᠮᠤᠷ ᠲᠦᠪᠰᠢᠨ ᠤ ᠬᠢᠨᠠᠨ ᠬᠠᠮᠢᠶᠠᠷᠴᠤ ᠬᠢᠨᠠᠨ ᠪᠠᠶᠢᠴᠠᠭᠠᠬᠤ | ᠮᠡᠳᠡᠭᠡ ᠵᠠᠩᠭᠢᠵᠢᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠨᠡᠭᠦᠷᠡᠰᠦᠨ | ᠠᠭᠤᠷᠬᠠᠢ ᠶᠢᠨ ᠠᠮᠤᠷ ᠲᠦᠪᠰᠢᠨ ᠤ ᠲᠦᠭᠰᠢᠭᠦᠷᠢ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ᠂ | ᠨᠡᠭᠦᠷᠡᠰᠦᠨ ᠠᠭᠤᠷᠬᠠᠢ ᠶᠢᠨ ᠰᠠᠭᠤᠷᠢ ᠳ᠋ᠠᠶᠢᠲ᠋ᠠ ᠶᠢᠨ ᠬᠠᠮᠢᠶᠠᠷᠤᠯᠲᠠ ᠶᠢᠨ ᠲᠠᠪᠴᠠᠩ ᠵᠡᠷᠭᠡ ᠮᠡᠳᠡᠭᠡ ᠵᠠᠩᠭᠢᠵᠢᠯᠲᠠ ᠶᠢᠨ | ᠰᠢᠰᠲ᠋ᠧᠮ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠪᠠᠶᠢᠭᠤᠯᠤᠯᠲᠠ ᠶᠢ | ᠦᠷᠭᠦᠯᠵᠢᠯᠡᠨ ᠠᠬᠢᠭᠤᠯᠵᠤ᠂ ︽ᠢᠨᠲ᠋ᠧᠷ ᠰᠦᠯᠵᠢᠶ᠎ᠡ +︾ ᠠᠯᠤᠰ ᠡᠵᠡᠮᠰᠢᠯᠲᠦ ᠬᠢᠨᠠᠨ ᠬᠠᠮᠢᠶᠠᠷᠴᠤ ᠬᠢᠨᠠᠨ | ᠪᠠᠶᠢᠴᠠᠭᠠᠬᠤ ᠶᠢ ᠪᠠᠶᠢᠩᠭᠤᠵᠢᠭᠤᠯᠤᠨ ᠥᠷᠨᠢᠭᠦᠯᠵᠦ᠂ ᠬᠢᠨᠠᠨ ᠬᠠᠮᠢᠶᠠᠷᠴᠤ ᠬᠢᠨᠠᠨ ᠪᠠᠶᠢᠴᠠᠭᠠᠵᠤ ᠬᠠᠤᠯᠢ ᠬᠡᠷᠡᠭᠵᠢᠭᠦᠯᠬᠦ | ᠦᠢᠯᠡᠳᠦᠯ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ | ᠬᠤᠷᠢ᠂ ︽ᠳᠥᠷᠪᠡᠨ ᠨᠢᠭᠡ ᠪᠦᠯᠦᠭ︾ ᠤᠨ ᠠᠷᠭ᠎ᠠ ᠬᠡᠮᠵᠢᠶ᠎ᠡ ᠶᠢ ᠨᠠᠢᠳᠠᠪᠤᠷᠢᠵᠢᠭᠤᠯᠬᠤ ᠬᠡᠷᠡᠭᠲᠡᠢ | ︵ᠨᠢᠭᠡ︶ ᠨᠢᠭᠡ ᠪᠦᠯᠦᠭ ᠢ ᠬᠠᠭᠠᠵᠤ ᠭᠠᠷᠭᠠᠨ᠎ᠠ᠃ ᠬᠦᠨᠳᠦ ᠶᠡᠭᠡ ᠠᠳᠡᠯ ᠤᠨ ᠳᠠᠯᠳᠠ ᠭᠡᠮ ᠣᠷᠣᠰᠢᠵᠤ᠂ | ᠴᠡᠭᠴᠡᠯᠡᠨ ᠰᠠᠶᠢᠵᠢᠷᠠᠭᠤᠯᠤᠭᠰᠠᠨ ᠤ ᠳᠠᠷᠠᠭ᠎ᠠ ᠮᠥᠨ ᠯᠡ ᠠᠮᠤᠷ ᠲᠦᠪᠰᠢᠨ ᠤ ᠨᠥᠬᠦᠴᠡᠯ ᠳᠤ ᠬᠦᠷᠴᠦ ᠳᠡᠶᠢᠯᠬᠦ ᠦᠭᠡᠢ | ᠨᠡᠭᠦᠷᠡᠰᠦᠨ ᠠᠭᠤᠷᠬᠠᠢ ᠶᠢ ᠬᠠᠤᠯᠢ ᠲᠣᠭᠲᠠᠭᠠᠯ ᠶᠣᠰᠣᠭᠠᠷ ᠬᠠᠭᠠᠵᠤ ᠪᠢᠲᠡᠭᠦᠮᠵᠢᠯᠡᠨ ᠪᠤᠴᠠᠭᠠᠵᠤ ᠥᠭᠭᠦᠨ᠎ᠡ᠃ | ︵ᠬᠤᠶᠠᠷ︶ ᠨᠢᠭᠡ ᠪᠦᠯᠦᠭ ᠢ ᠡᠮᠬᠢᠯᠡᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠤᠨ᠎ᠠ᠃ ᠴᠢᠳᠠᠪᠤᠷᠢ ᠲᠠᠢ | ᠨᠡᠭᠦᠷᠡᠰᠦᠨ ᠠᠭᠤᠷᠬᠠᠶ ᠨᠢ ᠠᠭᠤᠷᠬᠠᠶ ᠶᠢᠨ ᠣᠷᠣᠨ ᠤ ᠶᠡᠷᠦᠩᠬᠡᠶ ᠲᠥᠯᠥᠪᠵᠢᠭᠦᠯᠭᠡ ᠶᠣᠰᠣᠭᠠᠷ ᠡᠷᠭᠢᠨ ᠲᠣᠭᠤᠷᠢᠨ ᠤ ᠵᠢᠵᠢᠭ | ᠨᠡᠭᠦᠷᠡᠰᠦᠨ ᠠᠭᠤᠷᠬᠠᠶ ᠳᠤ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ ᠶᠢ ᠵᠣᠷᠢᠭᠵᠢᠭᠤᠯᠤᠨ ᠳᠡᠮᠵᠢᠵᠦ᠂ ᠠᠭᠤᠷᠬᠠᠶ ᠶᠢᠨ | ᠡᠷᠬᠡ᠂ ᠲᠥᠯᠥᠪᠵᠢᠭᠦᠯᠭᠡ᠂ ᠭᠤᠤᠯ ᠴᠣᠭᠴᠠ᠂ ᠰᠢᠰᠲ᠋ᠧᠮ᠂ ᠬᠠᠮᠢᠶᠠᠷᠤᠯᠲᠠ ︽ᠲᠠᠪᠤ ᠶᠢ ᠨᠢᠭᠡᠳᠦᠯᠲᠡᠶ ᠪᠠᠶᠢᠯᠭᠠᠬᠤ︾ ᠶᠢ | ᠪᠡᠶᠡᠯᠡᠭᠦᠯᠬᠦ ᠬᠡᠷᠡᠭᠲᠡᠶ︔ ᠠᠶᠤᠯ ᠦᠭᠡᠶ ᠶᠢᠨ ᠬᠠᠮᠢᠶᠠᠷᠤᠯᠲᠠ ᠪᠠᠷᠤᠭᠲᠠᠶ᠂ ᠮᠡᠷᠭᠡᠵᠢᠯ ᠤᠨ ᠬᠦᠴᠦᠨ ᠪᠠᠭᠤᠷᠠᠶ᠂ ᠭᠠᠶ | ᠭᠠᠮᠰᠢᠭ ᠢ ᠵᠠᠰᠠᠬᠤ ᠴᠢᠳᠠᠪᠤᠷᠢ ᠶᠢ ᠪᠦᠷᠢᠯᠳᠦᠭᠦᠯᠦᠭᠡᠳᠦᠶ ᠨᠡᠭᠦᠷᠡᠰᠦᠨ ᠠᠭᠤᠷᠬᠠᠶ ᠶᠢ ᠬᠠᠤᠯᠢ ᠲᠣᠭᠲᠠᠭᠠᠯ ᠶᠣᠰᠣᠭᠠᠷ | ᠨᠠᠶᠢᠳᠠᠵᠤ ᠬᠠᠮᠢᠶᠠᠷᠤᠭᠤᠯᠬᠤ ᠬᠡᠷᠡᠭᠲᠡᠶ᠃ | ︵ᠭᠤᠷᠪᠠ︶ ᠨᠢᠭᠡ ᠪᠦᠯᠦᠭ ᠢ ᠥᠭᠡᠷᠡᠴᠢᠯᠡᠨ ᠳᠡᠭᠡᠭᠰᠢᠯᠡᠭᠦᠯᠦᠨ᠎ᠡ᠃ ᠡᠬᠢ ᠪᠠᠶᠠᠯᠢᠭ ᠤᠨ ᠨᠥᠬᠦᠴᠡᠯ ᠢᠶᠠᠷ ᠰᠠᠶᠢᠨ᠂ | ᠡᠬᠢ ᠪᠠᠶᠠᠯᠢᠭ ᠤᠨ ᠬᠡᠮᠵᠢᠶ᠎ᠡ ᠪᠠᠷ ᠶᠡᠭᠡ ᠨᠡᠭᠦᠷᠡᠰᠦᠨ ᠠᠭᠤᠷᠬᠠᠶ ᠳᠤ ᠮᠡᠷᠭᠡᠵᠢᠯ ᠤᠨ ᠥᠭᠡᠷᠡᠴᠢᠯᠡᠯᠲᠡ ᠬᠢᠬᠦ ᠶᠢ ᠲᠦᠯᠬᠢᠨ | ᠠᠬᠢᠭᠤᠯᠵᠤ᠂ ᠲᠣᠨᠤᠭ ᠲᠥᠬᠦᠭᠡᠷᠦᠮᠵᠢ ᠶᠢᠨ ᠬᠢᠷᠢ ᠬᠡᠮᠵᠢᠶ᠎ᠡ ᠶᠢ ᠨᠢ ᠳᠡᠭᠡᠭᠰᠢᠯᠡᠭᠦᠯᠦᠨ᠂ ᠤᠶᠤᠨᠴᠢᠯᠠᠬᠤ᠂ ᠮᠡᠳᠡᠭᠡ | ᠵᠠᠩᠭᠢᠴᠢᠯᠠᠬᠤ ᠪᠠᠶᠢᠭᠤᠯᠤᠯᠲᠠ ᠪᠠᠷ ᠳᠠᠮᠵᠢᠭᠤᠯᠤᠨ᠂ ᠠᠶᠤᠯ ᠦᠭᠡᠶ ᠦᠢᠯᠡᠳᠪᠦᠷᠢᠯᠡᠯ ᠤᠨ ᠬᠢᠷᠢ ᠬᠡᠮᠵᠢᠶ᠎ᠡ ᠶᠢ ᠨᠢ ᠤᠯᠠᠮ | ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ | ︵ᠲᠦᠷᠪᠡ︶ ᠨᠢᠭᠡ ᠪᠦᠯᠦᠭ ᠢ ᠰᠢᠨ᠎ᠡ ᠪᠠᠷ ᠪᠠᠶᠢᠭᠤᠯᠬᠤ ᠪᠠᠷ ᠲᠥᠯᠥᠪᠯᠡᠵᠦ ᠪᠠᠶᠢᠨ᠎ᠠ᠃ ᠤᠯᠤᠰ ᠤᠨ ᠠᠵᠤ | ᠦᠢᠯᠡᠰ ᠤᠨ ᠲᠥᠷᠥ ᠶᠢᠨ ᠪᠣᠳᠣᠯᠭ᠎ᠠ ᠪᠣᠯᠤᠨ ᠨᠡᠭᠦᠷᠡᠰᠦᠨ ᠤ ᠬᠠᠩᠭᠠᠯᠭ᠎ᠠ ᠬᠡᠷᠡᠭᠴᠡᠭᠡ ᠶᠢᠨ ᠪᠠᠶᠢᠳᠠᠯ ᠲᠠᠢ ᠤᠶᠠᠯᠳᠤᠭᠤᠯᠵᠤ᠂ | ᠨᠡᠭᠦᠷᠡᠰᠦᠨ ᠤ ᠦᠢᠯᠡᠳᠪᠦᠷᠢᠯᠡᠬᠦ ᠴᠢᠳᠠᠪᠤᠷᠢ ᠶᠢ ᠦᠷᠭᠦᠯᠵᠢᠯᠡᠭᠦᠯᠬᠦ ᠶᠢ ᠯᠠᠪᠳᠠᠭᠤᠨ ᠢᠶᠠᠷ ᠠᠬᠢᠭᠤᠯᠵᠤ᠂ ᠰᠢᠨ᠎ᠡ ᠪᠠᠷ | ᠪᠠᠶᠢᠭᠤᠯᠤᠭᠰᠠᠨ ᠣᠳᠣᠬᠢᠴᠢᠯᠠᠭᠰᠠᠨ ᠲᠣᠮᠣ ᠬᠡᠯᠪᠡᠷᠢ ᠶᠢᠨ ᠨᠡᠭᠦᠷᠡᠰᠦᠨ ᠠᠭᠤᠷᠬᠠᠶ | 2023 ᠣᠨ ᠤ 6 ᠰᠠᠷ᠎ᠠ ᠶᠢᠨ 22 ᠤᠨ ᠡᠳᠦᠷ | | ᠦᠬᠠᠢ ᠬᠤᠳᠠ ᠶᠢᠨ ᠬᠠᠶᠢᠨᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠬᠠᠲᠤᠨ ᠭᠤᠤᠯ ᠤᠨ | ᠬᠠᠶᠢᠨᠠᠨ ᠤ ᠬᠡᠰᠡᠭ ᠤᠨ ᠬᠠᠮᠢᠶᠠᠷᠤᠯᠲᠠ ᠶᠢᠨ ᠬᠢᠯᠢ ᠶᠢᠨ ᠱᠤᠭᠤᠮ ᠢ ᠵᠠᠯᠠᠷᠠᠭᠤᠯᠬᠤ ᠲᠤᠬᠠᠢ ᠵᠠᠷᠯᠠᠯ ᠤᠨ 4 ᠳ᠋ᠤᠭᠡᠷ ᠲᠤᠭᠠᠳᠤ | ᠦᠬᠠᠢ ᠬᠤᠳᠠ ᠶᠢᠨ ᠬᠠᠶᠢᠨᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠬᠠᠳᠤᠨ ᠭᠤᠤᠯ ᠤᠨ | ᠬᠠᠶᠢᠨᠠᠨ ᠤ ᠬᠡᠰᠡᠭ ᠤᠨ ᠬᠠᠮᠢᠶᠠᠷᠤᠯᠳᠠ ᠶᠢᠨ ᠬᠢᠯᠢ ᠶᠢᠨ ᠱᠤᠭᠤᠮ ᠢ ᠵᠠᠯᠠᠷᠠᠭᠤᠯᠬᠤ ᠲᠤᠬᠠᠢ ᠵᠠᠷᠯᠠᠯ | ᠳᠥᠷᠪᠡᠳᠦᠭᠡᠷ ᠲᠣᠭᠠᠲᠤ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠶᠡᠷ ᠢ ᠰᠡᠷᠭᠡᠶᠢᠯᠡᠬᠦ ᠬᠠᠤᠯᠢ︾᠂ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠤᠤᠯ ᠤᠨ ᠵᠠᠮ ᠤᠨ ᠬᠠᠮᠢᠶᠠᠷᠤᠯᠲᠠ ᠶᠢᠨ ᠲᠦᠷᠢᠮ︾ ᠤᠨ ᠲᠣᠭᠲᠠᠭᠠᠯ ᠢ | ᠦᠨᠳᠦᠰᠦᠯᠡᠪᠡᠯ᠂ ᠤᠰᠤᠨ ᠠᠰᠢᠭᠯᠠᠯᠲᠠ ᠶᠢᠨ ᠶᠠᠮᠤᠨ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ | ᠲᠢᠩᠬᠢᠮ ᠤᠨ ᠭᠤᠤᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠬᠡᠪᠴᠢᠶ᠎ᠡ ᠶᠢ ᠵᠠᠭᠠᠭᠯᠠᠨ ᠲᠣᠭᠲᠠᠭᠠᠬᠤ | ᠠᠵᠢᠯ ᠤᠨ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ᠂ ᠮᠠᠨ ᠤ ᠣᠷᠣᠨ ᠤ ᠬᠠᠲᠤᠨ ᠭᠤᠤᠯ ᠤᠨ ᠬᠠᠮᠢᠶᠠᠷᠤᠯᠲᠠ ᠶᠢᠨ | ᠬᠢᠯᠢ ᠶᠢᠨ ᠱᠤᠭᠤᠮ ᠤᠨ ᠬᠡᠪᠴᠢᠶ᠎ᠡ ᠶᠢ ᠵᠠᠭᠠᠭᠯᠠᠨ ᠲᠣᠭᠲᠠᠭᠠᠬᠤ ᠠᠵᠢᠯ ᠢ 2019 ᠣᠨ ᠤ ᠡᠴᠦᠰ ᠲᠤ ᠳᠠᠭᠤᠰᠬᠠᠵᠤ᠂ | ᠰᠡᠭᠦᠯᠴᠢ ᠶᠢᠨ ᠬᠤᠭᠤᠴᠠᠭᠠᠨ ᠤ ᠠᠵᠢᠯᠯᠠᠭᠠᠨ ᠤ ᠬᠠᠮᠢᠶᠠᠷᠤᠯᠲᠠ ᠵᠢᠴᠢ ᠤᠯᠠᠮ ᠨᠢᠭᠡ ᠠᠯᠬᠤᠮ ᠳᠠᠬᠢᠨ ᠬᠢᠨᠠᠯᠲᠠ ᠪᠠᠷ | ᠳᠡᠮᠵᠢᠨ᠂ ᠬᠡᠰᠡᠭ ᠭᠤᠤᠯ ᠤᠨ ᠬᠡᠰᠡᠭ ᠲᠤ ᠣᠷᠣᠰᠢᠵᠤ ᠪᠠᠶᠢᠭ᠎ᠠ ᠠᠰᠠᠭᠤᠳᠠᠯ ᠢ ᠣᠷᠣᠨ ᠤ ᠠᠷᠠᠳ ᠤᠨ ᠵᠠᠰᠠᠭ ᠤᠨ | ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠬᠡᠰᠡᠭ ᠭᠤᠤᠯ ᠤᠨ ᠬᠡᠰᠡᠭ ᠤᠨ ᠬᠠᠮᠢᠶᠠᠷᠤᠯᠲᠠ ᠶᠢᠨ ᠬᠦᠷᠢᠶ᠎ᠡ ᠬᠡᠪᠴᠢᠶ᠎ᠡ ᠶᠢ | ᠳᠣᠤᠷᠠᠬᠢ ᠮᠡᠲᠦ ᠵᠠᠯᠠᠷᠠᠭᠤᠯᠪᠠ᠄ | ᠨᠢᠭᠡ᠂ ᠬᠠᠲᠤᠨ ᠭᠤᠣᠯ ᠤᠨ ᠪᠠᠷᠠᠭᠤᠨ ᠡᠷᠭᠢ ᠶᠢᠨ ᠪᠠᠶᠠᠨᠲᠣᠬᠤᠶ ᠪᠠᠯᠭᠠᠰᠤᠨ ᠤ ᠸᠠᠨ ᠮᠦ ᠲᠠᠨ ᠲᠣᠰᠬᠤᠨ ᠤ | ᠬᠡᠰᠡᠭ ᠤᠨ ᠬᠠᠮᠢᠶᠠᠷᠤᠯᠲᠠ ᠶᠢᠨ ᠬᠢᠯᠢ ᠶᠢᠨ ᠱᠤᠭᠤᠮ ᠬᠢᠭᠡᠳ ᠳᠡᠭᠡᠳᠦ ᠤᠷᠤᠰᠬᠠᠯ ᠤᠨ ᠱᠢ ᠽᠦᠢ ᠱᠠᠨ ᠬᠤᠲᠠ ᠶᠢᠨ ᠫᠢᠩ | ᠯᠦᠸᠧ ᠰᠢᠶᠠᠨ ᠤ ᠸᠠᠩ ᠵᠢᠶᠠ ᠭᠸᠦ ᠲᠣᠰᠬᠤᠨ ᠤ ᠬᠡᠰᠡᠭ ᠯᠦᠭᠡ ᠵᠡᠷᠭᠡᠴᠡᠭᠰᠡᠨ ᠦᠭᠡᠶ᠂ ᠲᠤᠬᠠᠶᠢᠯᠠᠪᠠᠯ ᠮᠠᠨ ᠤ ᠣᠷᠣᠨ | ᠬᠢᠭᠡᠳ ᠨᠢᠩᠰᠢᠶᠠ ᠶᠢᠨ ᠬᠠᠲᠤᠨ ᠭᠤᠣᠯ ᠤᠨ ᠬᠠᠮᠢᠶᠠᠷᠤᠯᠲᠠ ᠶᠢᠨ ᠬᠢᠯᠢ ᠶᠢᠨ ᠱᠤᠭᠤᠮ ᠨᠢ ᠳᠦᠰᠡᠲᠦ ᠭᠤᠤᠯ ᠢ | ᠵᠣᠯᠭᠠᠭᠤᠯᠵᠤ ᠪᠠᠶᠢᠭ᠎ᠠ ᠭᠠᠵᠠᠷ ᠲᠤ 2 ᠺᠢᠯᠣᠮᠧᠳ᠋ᠷ ᠤᠨ ᠱᠠᠲᠤᠯᠢᠭ ᠵᠥᠷᠢᠶ᠎ᠡ ᠶᠢ ᠪᠤᠶ ᠪᠣᠯᠭᠠᠭᠰᠠᠨ ᠦᠭᠡᠶ᠂ ᠬᠠᠭᠠᠯᠲᠠᠲᠠᠶ | ᠨᠡᠶᠢᠯᠡᠬᠦ ᠦᠭᠡᠶ ᠪᠠᠶᠢᠵᠤ᠂ ᠲᠤᠰ ᠭᠤᠣᠯ ᠤᠨ ᠬᠡᠰᠡᠭ ᠤᠨ ᠡᠷᠭᠢ ᠶᠢᠨ ᠱᠤᠭᠤᠮ ᠤᠨ ᠵᠠᠰᠠᠯᠲᠠ ᠪᠠ ᠦᠶᠡᠷ ᠵᠠᠯᠠᠬᠤ ᠠᠮᠤᠷ | ᠲᠦᠪᠰᠢᠨ ᠢ ᠬᠦᠨᠳᠦ ᠨᠣᠴᠢᠲᠠᠶ ᠨᠥᠯᠥᠭᠡᠯᠡᠵᠦ᠂ ᠬᠠᠲᠤᠨ ᠭᠤᠣᠯ ᠤᠨ ᠪᠠᠶᠠᠨᠲᠤᠬᠤᠢ ᠪᠠᠯᠭᠠᠰᠤᠨ ᠤ ᠸᠠᠨ ᠮᠦ ᠲᠠᠨ | ᠲᠣᠰᠬᠤᠨ ᠤ ᠬᠡᠰᠡᠭ ᠤᠨ ᠬᠠᠮᠢᠶᠠᠷᠤᠯᠲᠠ ᠶᠢᠨ ᠬᠢᠯᠢ ᠶᠢᠨ ᠱᠤᠭᠤᠮ ᠢ ᠳᠡᠭᠡᠳᠦ ᠤᠷᠤᠰᠬᠠᠯ ᠤᠨ ᠱᠢ ᠽᠦᠢ ᠱᠠᠨ ᠬᠤᠲᠠ ᠶᠢᠨ | ᠫᠢᠩ ᠯᠦᠸᠧ ᠰᠢᠶᠠᠨ ᠤ ᠸᠠᠩ ᠵᠢᠶᠠ ᠭᠧᠤ ᠲᠣᠰᠬᠤᠨ ᠤ ᠬᠡᠰᠡᠭ ᠤᠨ ᠬᠠᠮᠢᠶᠠᠷᠤᠯᠲᠠ ᠶᠢᠨ ᠬᠢᠯᠢ ᠶᠢᠨ ᠱᠤᠭᠤᠮ ᠢ | ᠵᠠᠯᠠᠷᠠᠭᠤᠯᠬᠤ ᠶᠢᠨ ᠲᠥᠯᠥᠭᠡ᠂ ᠪᠣᠳᠠᠲᠠᠶ ᠨᠠᠷᠢᠨ ᠵᠦᠢᠯ ᠢ ᠳᠠᠭᠠᠯᠳᠤᠭᠤᠯᠤᠯ ᠳᠤ ᠦᠵᠡᠭᠡᠷᠡᠶ᠃ | ᠬᠤᠶᠠᠷ᠂ ᠬᠠᠲᠤᠨ ᠭᠤᠣᠯ ᠤᠨ ᠪᠠᠷᠠᠭᠤᠨ ᠡᠷᠭᠢ ᠶᠢᠨ ᠪᠠᠷᠠᠭᠤᠨ ᠵᠦᠸᠧ ᠽᠢ ᠱᠠᠨ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ ᠤᠨ ᠰᠠᠶᠢᠬᠠᠬᠤᠰᠤ ᠲᠣᠰᠬᠤᠨ ᠤ ᠬᠡᠰᠡᠭ ᠤᠨ ᠬᠠᠮᠢᠶᠠᠷᠤᠯᠲᠠ ᠶᠢᠨ ᠬᠢᠯᠢ ᠶᠢᠨ ᠱᠤᠭᠤᠮ ᠢ ᠬᠤᠪᠢᠶᠠᠷᠢᠯᠠᠨ | ᠲᠣᠭᠲᠠᠭᠠᠬᠤ ᠬᠦᠷᠢᠶ᠎ᠡ ᠬᠡᠪᠴᠢᠶ᠎ᠡ ᠶᠢ 20 ᠵᠢᠯ ᠤᠨ ᠨᠢᠭᠡ ᠲᠣᠬᠢᠶᠠᠯᠳᠤᠬᠤ ᠦᠶᠡᠷ ᠤᠨ ᠤᠰᠤᠨ ᠲᠦᠪᠰᠢᠨ ᠢ ᠳᠠᠬᠢᠨ | ᠬᠢᠨᠠᠭᠰᠠᠨ ᠤ ᠳᠠᠷᠠᠭ᠎ᠠ ᠲᠤᠬᠠᠶ ᠶᠢᠨ ᠭᠠᠵᠠᠷ ᠯᠤᠭ᠎ᠠ ᠨᠡᠶᠢᠴᠡᠬᠦ ᠦᠭᠡᠢ᠂ ᠡᠳᠦᠭᠡ ᠲᠣᠰ ᠭᠤᠣᠯ ᠤᠨ ᠬᠡᠰᠡᠭ ᠤᠨ | ᠬᠠᠮᠢᠶᠠᠷᠤᠯᠲᠠ ᠶᠢᠨ ᠬᠦᠷᠢᠶ᠎ᠡ ᠬᠡᠪᠴᠢᠶ᠎ᠡ ᠶᠢ ᠵᠠᠯᠠᠷᠠᠭᠤᠯᠵᠤ᠂ ᠪᠣᠳᠠᠲᠠᠶ ᠨᠠᠷᠢᠨ ᠪᠠᠶᠢᠳᠠᠯ ᠢ ᠳᠠᠭᠠᠯᠳᠤᠭᠤᠯᠤᠯ ᠳᠤ ᠦᠵᠡ᠃ | ᠡᠭᠦᠨ ᠤ ᠲᠤᠯᠠ ᠣᠨᠴᠠᠭᠠᠶᠢᠯᠠᠨ ᠵᠠᠷᠯᠠᠪᠠ᠃ | 2023 ᠣᠨ ᠤ 3 ᠰᠠᠷ᠎ᠠ ᠶᠢᠨ 22 ᠤᠨ ᠡᠳᠦᠷ | ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ︽ᠦᠬᠠᠶ ᠬᠤᠲᠠ ᠶᠢᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠭᠦᠨᠵᠡᠭᠡᠶ ᠳᠥᠯᠭᠢᠨ ᠠᠬᠢᠭᠤᠯᠤᠨ ︿ᠦᠬᠠᠶ · ᠵᠣᠪᠠᠨᠢᠯ﹀ | ᠥᠬᠡᠶ ᠭᠦᠢᠴᠡᠳᠬᠡᠬᠦ﹀ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠥᠬᠦ | ᠬᠦᠴᠦᠨ ᠢᠶᠠᠷ ᠢᠶᠠᠨ ᠪᠣᠶ ᠪᠣᠯᠭᠠᠬᠤ ᠶᠢᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ | ᠦᠬᠠᠶ ᠵᠠᠰᠠᠭ ᠠᠯᠪᠠᠨ ᠲᠠᠷᠬᠠᠭᠠᠭᠰᠠᠨ ﹇2020﹈ 15 ᠳ᠋ᠤᠭᠠᠷ ᠲᠣᠭᠠᠲᠤ | ᠦᠬᠠᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | ︽ᠦᠬᠠᠶ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠭᠦᠨᠵᠡᠭᠡᠶ | ᠠᠬᠢᠭᠤᠯᠬᠤ ᠲᠤᠬᠠᠶ︾ | ︽ᠦᠬᠠᠶ · ᠵᠣᠪᠠᠨᠢᠯᠭᠦᠢ ᠭᠦᠢᠴᠡᠳᠭᠡᠬᠦ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠠᠷᠠᠲᠤ ᠲᠥᠷᠥᠯ | ᠲᠡᠮᠳᠡᠭᠲᠦ ᠶᠢ ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ | ᠬᠡᠷᠡᠭᠵᠢᠭᠦᠯᠬᠦ ᠲᠥᠰᠥᠯ︾ ᠤᠨ ᠮᠡᠳᠡᠭᠳᠡᠯ | ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠵᠠᠰᠠᠭ ᠤᠨ ᠣᠷᠳᠣᠨ ᠤ ᠡᠯ᠎ᠡ ᠰᠠᠯᠠᠭ᠎ᠠ | ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ︽ᠦᠬᠠᠶ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠭᠦᠨᠵᠡᠭᠡᠶ | ᠠᠬᠢᠭᠤᠯᠵᠤ ︽︿ᠦᠬᠠᠶ · ᠵᠣᠪᠠᠨᠢᠯ﹀ ᠥᠬᠡᠶ ᠭᠦᠢᠴᠡᠳᠬᠡᠬᠦ﹀ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠠᠷᠠᠲᠤ | ᠲᠥᠷᠥᠯ ᠲᠡᠮᠳᠡᠭᠲᠦ ᠶᠢ ᠪᠥᠬᠦ ᠬᠦᠴᠦᠨ ᠢᠶᠠᠷ ᠢᠶᠠᠨ ᠪᠣᠶ ᠪᠣᠯᠭᠠᠬᠤ ᠶᠢᠨ ᠬᠡᠷᠡᠭᠵᠢᠭᠦᠯᠬᠦ ᠲᠥᠰᠦᠯ︾ ᠢ ᠬᠤᠲᠠ ᠶᠢᠨ | ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ | ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ᠃ | 2023 ᠣᠨ ᠤ 5 ᠰᠠᠷ᠎ᠠ ᠶᠢᠨ 23 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠬᠦ︶ | | | ᠦᠬᠠᠢ ᠬᠤᠳᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠭᠦᠨᠵᠡᠭᠡᠶ | ᠠᠬᠢᠭᠤᠯᠪᠠ | ︽ᠦᠬᠠᠶ · ᠵᠣᠪᠠᠨᠢᠯᠭᠦᠢ ᠭᠦᠢᠴᠡᠳᠭᠡᠬᠦ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠠᠷᠠᠲᠤ ᠲᠥᠷᠥᠯ | ᠲᠡᠮᠳᠡᠭᠲᠦ ᠶᠢ ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ | ᠬᠡᠷᠡᠭᠵᠢᠭᠦᠯᠬᠦ ᠲᠥᠰᠦᠯ | ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠭᠤᠯᠬᠤ ᠵᠢᠷᠤᠮᠵᠢᠭᠤᠯᠬᠤ ᠳᠥᠭᠦᠮᠴᠢᠯᠡᠬᠦ ᠶᠢ | ᠲᠦᠷᠭᠡᠳᠬᠡᠨ ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠢᠯᠣᠭᠤᠳᠬᠤ ᠰᠠᠨᠠᠯ︾ ︵ᠲᠥᠷᠥ | ᠲᠠᠷᠬᠠᠭᠠᠭᠰᠠᠨ ︹2022︺ 5 ᠳ᠋ᠤᠭᠠᠷ ᠲᠣᠭᠠᠲᠤ︶ ᠪᠠ ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠪᠠᠷᠢᠮᠵᠢᠶᠠᠵᠢᠭᠤᠯᠬᠤ ᠵᠢᠷᠤᠮᠵᠢᠭᠤᠯᠬᠤ ᠳᠥᠭᠦᠮᠴᠢᠯᠡᠬᠦ ᠶᠢ ᠲᠦᠷᠭᠡᠳᠬᠡᠨ ᠠᠬᠢᠭᠤᠯᠬᠤ ᠲᠤᠬᠠᠶ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ︵ᠥᠪᠥᠷ ᠵᠠᠰᠠᠭ | ᠲᠠᠷᠬᠠᠭᠠᠭᠰᠠᠨ ︹2022︺ 20 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠮᠠᠨ ᠤ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠭᠦᠨᠵᠡᠭᠡᠶ | ᠳᠥᠯᠭᠢᠨ ᠠᠬᠢᠭᠤᠯᠵᠤ᠂ ᠣᠷᠣᠨ ᠨᠤᠲᠤᠭ ᠤᠨ ᠥᠪᠡᠷᠮᠢᠴᠡ ᠣᠨᠴᠠᠯᠢᠭ ᠲᠠᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠨᠠᠷᠠᠲᠤ ᠲᠡᠮᠳᠡᠭᠲᠦ ᠶᠢ ᠪᠥᠬᠦ ᠬᠦᠴᠦᠨ ᠢᠶᠠᠷ ᠢᠶᠠᠨ ᠪᠣᠶ ᠪᠣᠯᠭᠠᠬᠤ ᠶᠢᠨ ᠲᠤᠰᠠᠳᠠ᠂ ᠮᠠᠨ ᠤ ᠬᠤᠲᠠ ᠶᠢᠨ ᠪᠣᠳᠠᠲᠠᠶ ᠲᠠᠢ ᠪᠠᠨ | ᠤᠶᠠᠯᠳᠤᠭᠤᠯᠤᠨ᠂ ᠲᠣᠰ ᠬᠡᠷᠡᠭᠵᠢᠭᠦᠯᠬᠦ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠤ | ᠠᠬᠤᠶᠢᠯᠠᠯ ᠳᠤ ᠠᠰᠢᠭᠲᠠᠢ ᠠᠷᠠᠳ ᠲᠤ ᠲᠦᠭᠦᠮ ᠦᠵᠡᠭᠦᠯᠬᠦ᠂ ᠡᠪᠳᠡᠬᠦ ᠪᠠᠶᠢᠭᠤᠯᠬᠤ ᠶᠢ ᠵᠡᠷᠭᠡᠪᠡᠷ ᠠᠳᠬᠤᠬᠤ᠂ | ᠬᠠᠮᠵᠢᠯᠴᠠᠨ ᠬᠠᠮᠲᠤᠪᠠᠷ ᠡᠳ᠋ᠯᠡᠬᠦ᠂ ᠠᠮᠤᠷ ᠲᠦᠪᠰᠢᠨ ᠢ ᠡᠵᠡᠮᠳᠡᠵᠦ ᠪᠣᠯᠬᠤ ᠵᠠᠷᠴᠢᠮ ᠢ ᠵᠢᠷᠤᠮᠯᠠᠵᠤ᠂ ᠠᠵᠤ ᠠᠬᠤᠶᠢᠯᠠᠯ ᠤᠨ | ᠤᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ︽ᠲᠠᠯᠪᠢᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠠᠰᠠᠭ ᠤᠨ ᠶᠠᠪᠤᠳᠠᠯ ᠤᠨ | ᠦᠢᠯᠡᠴᠢᠯᠡᠭᠡ ᠶᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠳᠥᠭᠦᠮᠴᠢᠯᠡᠬᠦ ᠶᠢ ᠭᠦᠨᠵᠡᠭᠡᠢ ᠠᠬᠢᠭᠤᠯᠵᠤ᠂ ᠭᠠᠵᠠᠷ ᠣᠷᠣᠨ | ᠠᠯᠤᠰᠯᠠᠭᠰᠠᠨ᠂ ᠱᠠᠳᠤ ᠳᠠᠪᠬᠤᠷᠭ᠎ᠠ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠲᠤᠬᠠᠶᠢᠯᠠᠭᠰᠠᠨ ᠠᠵᠢᠯ | ᠠᠯᠤᠰᠯᠠᠭᠰᠠᠨ ᠬᠠᠮᠵᠢᠯᠴᠠᠨ ᠬᠠᠮᠢᠶᠠᠷᠬᠤ ᠪᠠ ᠦᠢᠯᠡᠴᠢᠯᠡᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠴᠢᠨᠠᠷ ᠰᠠᠶᠢᠲᠠᠢ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠲᠣᠭᠤᠷᠢᠨ ᠢᠶᠠᠷ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ᠂ ᠴᠢᠨᠠᠷ ᠰᠠᠶᠢᠲᠠᠢ ᠠᠮᠢᠳᠤᠷᠠᠯ᠂ ᠥᠨᠳᠥᠷ ᠪᠦᠲᠦᠮᠵᠢᠲᠡᠢ ᠵᠠᠰᠠᠯᠲᠠ ᠳᠤ ᠬᠦᠴᠦᠨ ᠨᠡᠮᠡᠷᠢᠯᠡᠨ᠎ᠡ᠃ | ︵ᠬᠤᠶᠠᠷ︶ ᠠᠵᠢᠯ ᠤᠨ ᠬᠠᠷᠠᠯᠲᠠ᠃ ︽ᠮᠦᠩᠭᠡ ᠰᠣᠪᠠᠭ · ᠲᠦᠷᠪᠡ ᠶᠢ ᠭᠦᠢᠴᠡᠤᠡᠭᠡᠬᠦ︾ ᠤᠶᠢᠯᠡᠴᠢᠯᠡᠭᠡ ᠶᠢ | ᠭᠦᠨᠵᠡᠭᠡᠶᠢᠷᠡᠭᠦᠯᠬᠦ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ | ᠭᠤᠤᠯ ᠪᠣᠯᠭᠠᠨ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠩᠬᠠᠷᠤᠯ ᠳᠤ ᠠᠩᠬᠠᠷᠤᠯ ᠢᠶᠠᠨ ᠲᠥᠪᠯᠡᠷᠡᠭᠦᠯᠵᠦ᠂ | ᠰᠠᠭᠤᠭᠠᠯᠢ ᠠᠷᠠᠳ ᠤᠨ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠲᠡᠷᠢᠭᠦᠨ ᠤ ᠭᠠᠵᠠᠷ ᠣᠷᠣᠨ ᠤ ᠬᠤᠳᠠᠯᠳᠤᠭ᠎ᠠ | ᠡᠵᠡᠩᠨᠡᠬᠦ ᠣᠷᠴᠢᠨ ᠲᠣᠭᠤᠷᠢᠨ ᠤ ᠬᠢᠷᠢ ᠲᠦᠪᠰᠢᠨ ᠢ ᠰᠠᠨᠠᠭᠠᠴᠢᠯᠠᠭ᠎ᠠ ᠠᠴᠠ ᠪᠠᠨ ᠬᠠᠷᠭᠤᠭᠤᠯᠵᠤ᠂ ᠬᠠᠷᠠᠯᠲᠠ ᠬᠤᠪᠢᠶᠠᠨ᠂ | ᠱᠠᠲᠤ ᠦᠶ᠎ᠡ ᠬᠤᠪᠢᠶᠠᠨ᠂ ᠡᠭᠦᠷᠭᠡ ᠬᠤᠪᠢᠶᠠᠨ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠪᠥᠬᠦ ᠬᠤᠲᠠ ᠶᠢᠨ ᠵᠠᠰᠠᠭ ᠤᠨ ᠶᠠᠪᠤᠳᠠᠯ ᠤᠨ | ᠤᠶᠢᠯᠡᠴᠢᠯᠡᠭᠡᠨ ᠤ ᠶᠠᠰᠤ ᠴᠢᠨᠠᠷ ᠪᠠ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢ ᠠᠬᠢᠭᠤᠯᠵᠤ᠂ ︽ᠦᠬᠠᠶ · | ᠵᠣᠪᠠᠨᠢᠯᠭᠦᠢ ᠰᠢᠢᠤᠡᠪᠤᠷᠢᠯᠡᠬᠦ︾ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠥᠬᠦ | ᠬᠦᠴᠦᠨ ᠢᠶᠠᠷ ᠢᠶᠠᠨ ᠡᠭᠦᠳᠴᠦ᠂ ᠮᠠᠨ ᠤ ᠬᠤᠲᠠ ᠶᠢᠨ ᠪᠥᠬᠦ ᠲᠠᠯ᠎ᠠ ᠪᠠᠷ ᠳᠠᠪᠠᠵᠤ ᠭᠠᠷᠬᠤ ᠳᠤ ᠪᠠᠲᠤ ᠪᠠᠬᠢ ᠵᠠᠰᠠᠭ ᠤᠨ | ᠶᠠᠪᠤᠳᠠᠯ ᠤᠨ ᠤᠶᠢᠯᠡᠴᠢᠯᠡᠭᠡᠨ ᠤ ᠪᠠᠲᠤᠯᠠᠭ᠎ᠠ ᠬᠠᠩᠭᠠᠨ᠎ᠠ᠃ | 2023 ᠣᠨ ᠤ ᠡᠭᠦᠷᠭᠡ ᠬᠠᠷᠠᠯᠲᠠ - ᠭᠤᠣᠯᠳᠠᠯᠭ᠎ᠠ ᠲᠠᠢ ᠪᠠᠷ ᠰᠢᠪᠲᠤᠯᠤᠯᠲᠠ ᠬᠢᠨ᠎ᠡ᠃ ᠰᠦᠯᠵᠢᠶᠡᠨ ᠳᠡᠭᠡᠷᠡᠬᠢ | ᠪᠠ ᠰᠦᠯᠵᠢᠶᠡᠨ ᠠᠴᠠ ᠭᠠᠳᠠᠭᠤᠷᠬᠢ ᠦᠢᠯᠡᠴᠢᠯᠡᠭᠡᠨ ᠤ ᠳᠥᠭᠦᠮ ᠳᠥᠲᠡ ᠬᠡᠮᠵᠢᠶ᠎ᠡ ᠶᠢ ᠳᠡᠭᠡᠭᠰᠢᠯᠡᠭᠦᠯᠵᠦ᠂ ᠮᠡᠳᠡᠭᠡ | ᠵᠠᠩᠭᠢ ᠶᠢᠨ ᠮᠡᠷᠭᠡᠵᠢᠯ ᠪᠠ ᠲᠦᠷᠢᠮ ᠤᠨ ᠰᠢᠨ᠎ᠡ ᠶᠢ ᠡᠭᠦᠳᠬᠦ ᠠᠷᠭ᠎ᠠ ᠪᠠᠷᠢᠯ ᠳᠤ ᠲᠦᠰᠢᠭᠯᠡᠨ᠂ ︽ᠭᠤᠷᠪᠠᠨ ᠵᠦᠢᠯ ᠤᠨ | ᠠᠵᠢᠯᠯᠠᠭ᠎ᠠ︾ ᠶᠢ ᠬᠡᠷᠡᠭᠵᠢᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠠᠷᠪᠠᠨ ᠵᠦᠢᠯ ᠤᠨ ᠦᠢᠯᠡᠴᠢᠯᠡᠭᠡᠨ ᠤ | ᠠᠷᠭ᠎ᠠ ᠬᠡᠮᠵᠢᠶ᠎ᠡ ᠶᠢᠨ ᠨᠠᠩ ᠶᠡᠭᠡ ᠰᠢᠪᠲᠤᠯᠤᠯᠲᠠ ᠶᠢᠨ ᠴᠢᠨᠠᠷᠲᠠᠶ ᠠᠬᠢᠴᠠ ᠲᠠᠢ ᠪᠣᠯᠬᠤ ᠶᠢ ᠨᠢᠭᠡᠳᠦᠯᠲᠡᠶ ᠲᠥᠯᠥᠪᠯᠡᠨ | ᠠᠬᠢᠭᠤᠯᠵᠤ᠂ ︽ᠦᠨᠡᠮᠯᠡᠯ ᠠᠴᠠ ᠭᠡᠯᠳᠦᠷᠢᠭᠦᠯᠬᠦ ᠠᠯᠪᠠᠨ ᠬᠡᠷ︾᠂ ︽ᠣᠶᠤᠨᠴᠢ ᠪᠠᠷ ᠭᠦᠢᠴᠡᠳᠭᠡᠬᠦ︾᠂ ︽ᠭᠡᠳᠡᠷᠬᠦ | ᠭᠦᠢᠴᠡᠳᠭᠡᠬᠦ︾᠂ ︽ᠨᠢᠭᠡ ᠯᠡ ᠤᠳᠠᠭ᠎ᠠ ᠳᠤ ᠭᠦᠢᠴᠡᠳᠭᠡᠬᠦ︾᠂ ︽ᠳᠣᠷᠣᠭᠰᠢ ᠭᠦᠢᠴᠡᠳᠭᠡᠬᠦ︾ ᠵᠡᠷᠭᠡ 5 ᠵᠦᠢᠯ ᠤᠨ | ᠦᠢᠯᠡᠴᠢᠯᠡᠭᠡᠨ ᠤ ᠠᠷᠭ᠎ᠠ ᠬᠡᠮᠵᠢᠶ᠎ᠡ ᠶᠢᠨ ᠠᠵᠢᠯ ᠤᠨ ᠦᠷ᠎ᠡ ᠪᠦᠲᠦᠮᠵᠢ ᠶᠢ ᠥᠪᠡᠷᠲᠡᠭᠡᠨ ᠵᠠᠰᠠᠬᠤ ᠣᠷᠣᠨ ᠳᠤ ᠰᠢᠨ᠎ᠡ ᠶᠢ | ᠡᠭᠦᠳᠬᠦ ᠬᠢᠯᠠᠰ ᠴᠡᠭ ᠢ ᠪᠦᠷᠢᠯᠳᠦᠭᠦᠯᠬᠦ ᠪᠠᠷ ᠴᠢᠷᠮᠠᠶᠢᠨ᠎ᠠ᠃ | 2024 ᠣᠨ ᠤ ᠡᠭᠦᠷᠭᠡ ᠬᠠᠷᠠᠯᠲᠠ - ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠠᠵᠤ ᠠᠬᠤᠶᠢᠯᠠᠯ | ᠪᠣᠯᠤᠨ ᠣᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ ᠦᠢᠯᠡᠴᠢᠯᠡᠭᠡᠨ ᠤ ᠪᠦᠬᠦ ᠲᠠᠯ᠎ᠠ ᠶᠢᠨ ᠬᠡᠷᠡᠭᠴᠡᠭᠡ | ᠱᠠᠭᠠᠷᠳᠠᠯᠭ᠎ᠠ ᠳᠤ ᠰᠠᠭᠤᠷᠢᠯᠠᠵᠤ᠂ ᠨᠢᠭᠡᠳᠦᠯᠲᠡᠶ ᠵᠢᠷᠤᠮᠵᠢᠭᠰᠠᠨ᠂ ᠳᠥᠭᠦᠮ ᠳᠥᠲᠡ ᠥᠨᠳᠥᠷ ᠪᠦᠲᠦᠮᠵᠢᠲᠡᠶ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠪᠠᠷᠢᠮᠵᠢᠶᠠᠵᠢᠭᠤᠯᠤᠯᠲᠠ᠂ ᠵᠢᠷᠤᠮᠵᠢᠭᠤᠯᠤᠯᠲᠠ᠂ ᠳᠥᠭᠦᠮᠴᠢᠯᠡᠯᠲᠡ ᠶᠢᠨ ᠬᠢᠷᠢ ᠲᠦᠪᠰᠢᠨ ᠪᠥᠬᠦ ᠲᠠᠯ᠎ᠠ ᠪᠠᠷ ᠳᠡᠭᠡᠭᠰᠢᠯᠡᠵᠦ᠂ | ︽ᠨᠢᠭᠡ ᠶᠠᠪᠤᠳᠠᠯ︾ ᠤᠨ ᠬᠤᠷᠠᠮᠠᠯ ᠦᠢᠯᠡᠴᠢᠯᠡᠭᠡ ᠨᠢ ᠥᠨᠳᠥᠷ ᠳᠠᠪᠲᠠᠮᠵᠢᠲᠤ ᠲᠠᠯᠠᠪᠤᠷ ᠭᠠᠵᠠᠷ ᠢ ᠨᠡᠶᠢᠳᠡᠮ ᠪᠦᠷᠬᠦᠭᠦᠯᠬᠦ ᠶᠢ | ᠪᠡᠶᠡᠯᠡᠭᠦᠯᠵᠦ᠂ ᠦᠨᠡᠮᠯᠡᠯ ᠠᠴᠠ ᠬᠡᠯᠲᠦᠷᠢᠭᠦᠯᠵᠦ ᠠᠵᠢᠯ ᠶᠠᠪᠤᠳᠠᠯ ᠭᠦᠢᠴᠡᠳᠭᠡᠬᠦ᠂ ᠰᠦᠯᠵᠢᠶᠡᠨ ᠳᠡᠭᠡᠷ᠎ᠡ ᠠᠵᠢᠯ ᠶᠠᠪᠤᠳᠠᠯ | ᠭᠦᠢᠴᠡᠳᠭᠡᠬᠦ᠂ ᠣᠶᠤᠨᠴᠢ ᠠᠵᠢᠯ ᠶᠠᠪᠤᠳᠠᠯ ᠭᠦᠢᠴᠡᠳᠭᠡᠬᠦ ᠶᠢ ᠬᠡᠪ ᠤᠨ ᠪᠠᠶᠢᠳᠠᠯ ᠪᠣᠯᠭᠠᠵᠤ᠂ ᠺᠣᠮᠫᠢᠦ᠋ᠲ᠋ᠧᠷ ᠤᠨ ᠦᠵᠦᠭᠦᠷ᠂ | ᠭᠠᠷ ᠤᠲᠠᠰᠤᠨ ᠤ ᠦᠵᠦᠭᠦᠷ᠂ ᠠᠦ᠋ᠲ᠋ᠣ᠋ ᠦᠵᠦᠭᠦᠷ ᠪᠠ ᠴᠣᠩᠬᠤᠨ ᠤ ᠦᠵᠦᠭᠦᠷ ᠤᠨ ︽ᠳᠥᠷᠪᠡᠨ ᠦᠵᠦᠭᠦᠷ︾ ᠢ | ᠪᠡᠶᠡᠴᠢᠯᠡᠨ ᠣᠶᠢᠯᠠᠭᠠᠬᠤ ᠶᠢ ᠨᠢᠭᠡᠳᠦᠯᠲᠡᠶ ᠪᠣᠯᠭᠠᠵᠤ᠂ ︽ᠦᠬᠠᠶ · ᠵᠣᠪᠠᠨᠢᠯᠭᠦᠢ ᠭᠦᠢᠴᠡᠳᠭᠡᠬᠦ︾ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠢᠷᠠᠭᠤ ᠠᠯᠳᠠᠷ ᠤᠨ ᠬᠡᠮᠵᠢᠶ᠎ᠡ ᠪᠠ ᠨᠥᠯᠥᠭᠡᠯᠡᠬᠦ ᠬᠦᠴᠦᠨ ᠢ ᠤᠯᠠᠮ | ᠨᠢᠭᠡ ᠠᠯᠬᠤᠮ ᠴᠢᠩᠭᠠᠷᠠᠭᠤᠯᠪᠠ᠃ | ᠬᠤᠶᠠᠷ᠂ ᠭᠤᠣᠯ ᠡᠭᠦᠷᠭᠡ | ︵ᠨᠢᠭᠡ︶ ᠲᠣᠭᠠᠴᠢᠯᠠᠭᠰᠠᠨ ᠡᠨᠧᠷᠭᠢ ᠣᠯᠭᠤᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠠᠵᠢᠯᠯᠠᠭ᠎ᠠ ᠶᠢ | ᠬᠡᠷᠡᠭᠵᠢᠭᠦᠯᠵᠦ᠂ ᠤᠨᠢᠨ ᠳᠡᠭᠡᠷ᠎ᠡ ᠨᠢ ᠤᠶᠤᠨ ᠤᠬᠠᠭᠠᠨ ᠤᠴᠢᠷ ᠶᠠᠪᠤᠳᠠᠯ ᠰᠢᠢᠳᠪᠦᠷᠢᠯᠡᠬᠦ ᠠᠭᠤᠷ ᠠᠮᠢᠰᠬᠤᠯ ᠢ ᠬᠦᠴᠦᠯᠡᠨ | ᠪᠤᠢ ᠪᠣᠯᠭᠠᠬᠤ ᠬᠡᠷᠡᠭᠲᠡᠢ᠃ | 1. ︽ᠦᠨᠡᠮᠯᠡᠯ ᠠᠴᠠ ᠬᠡᠯᠲᠦᠷᠢᠭᠦᠯᠬᠦ ᠭᠦᠢᠴᠡᠳᠭᠡᠬᠦ︾ ᠦᠢᠯᠡᠴᠢᠯᠡᠭᠡ ᠶᠢ ᠪᠥᠬᠦ ᠬᠦᠴᠦᠨ ᠢᠶᠠᠷ ᠢᠶᠠᠨ | ᠬᠡᠷᠡᠭᠵᠢᠭᠦᠯᠦᠨ᠎ᠡ᠃ ᠨᠢᠭᠡ ᠳᠤ᠂ ᠭᠡᠷᠡᠴᠢᠯᠡᠬᠦ ᠵᠦᠢᠯᠡᠰ ᠢ ᠦᠷᠭᠦᠯᠵᠢᠯᠡᠨ ᠴᠣᠮᠬᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ | ᠭᠡᠷᠡᠴᠢᠯᠡᠬᠦ ᠵᠦᠢᠯᠡᠰ ᠤᠨ ︽ᠪᠥᠬᠦ ᠣᠷᠣᠨ ᠳᠤ ᠨᠢᠭᠡ ᠬᠥᠯᠭᠡ ᠰᠢᠲᠠᠷ᠎ᠠ︾ ᠶᠢᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ | ︽ᠬᠡᠨ ᠲᠣᠭᠲᠠᠭᠠᠪᠠᠯ ᠬᠡᠨ ᠡᠮᠬᠢᠯᠡᠬᠦ︾ ᠵᠠᠷᠴᠢᠮ ᠢ ᠦᠨᠳᠦᠰᠦᠯᠡᠨ᠂ ᠬᠤᠲᠠ᠂ ᠲᠣᠭᠤᠷᠢᠭ ᠬᠤᠶᠠᠷ ᠱᠠᠲᠤᠨ ᠤ ᠦᠯᠡᠳᠡᠭᠡᠬᠦ | ᠭᠡᠷᠡᠴᠢᠯᠡᠬᠦ ᠵᠦᠢᠯᠡᠰ ᠤᠨ ᠨᠠᠷᠢᠨ ᠬᠠᠭᠤᠳᠠᠰᠤ ᠪᠠ ᠠᠮᠠᠯᠠᠯᠲᠠ ᠶᠢᠨ ᠭᠡᠷᠡᠴᠢᠯᠡᠬᠦ ᠵᠦᠢᠯᠡᠰ ᠤᠨ ᠨᠠᠷᠢᠨ ᠬᠠᠭᠤᠳᠠᠰᠤ ᠶᠢ | ᠨᠠᠶᠢᠷᠠᠭᠤᠯᠤᠨ ᠵᠣᠬᠢᠶᠠᠵᠤ᠂ ᠨᠠᠷᠢᠨ ᠬᠠᠭᠤᠳᠠᠰᠤ ᠠᠴᠠ ᠭᠠᠳᠠᠨ᠎ᠠ ᠴᠥᠮ ᠭᠡᠷᠡᠴᠢᠯᠡᠬᠦ ᠮᠠᠲ᠋ᠧᠷᠢᠶᠠᠯ ᠠᠪᠴᠤ ᠪᠣᠯᠬᠤ ᠥᠬᠡᠶ᠃ | ᠪᠥᠬᠦ ᠬᠤᠲᠠ ᠶᠢᠨ ᠭᠡᠷᠡᠴᠢᠯᠡᠬᠦ ᠲᠥᠷᠥᠯ ᠤᠨ ᠵᠦᠢᠯᠡᠰ ᠢ ᠭᠦᠨᠵᠡᠭᠡᠢ ᠣᠶᠢᠯᠠᠭᠠᠵᠤ᠂ ᠡᠯ᠎ᠡ ᠲᠥᠷᠥᠯ ᠤᠨ ︽ᠬᠠᠴᠢᠨ ᠵᠢᠭᠲᠡᠢ | ᠭᠡᠷᠡᠴᠢᠯᠡᠯ︾᠂ ︽ᠣᠷᠴᠢᠯ ᠭᠡᠷᠡᠴᠢᠯᠡᠯ︾ ᠢ ᠪᠥᠬᠦ ᠲᠠᠯ᠎ᠠ ᠪᠠᠷ ᠴᠡᠪᠡᠷᠯᠡᠨ ᠠᠷᠢᠯᠭᠠᠵᠤ᠂ ᠬᠠᠤᠯᠢ ᠴᠠᠭᠠᠵᠠ ᠬᠠᠤᠯᠢ | ᠲᠣᠭᠲᠠᠭᠠᠯ ᠳᠤ ᠲᠣᠭᠲᠠᠭᠠᠭᠰᠠᠨ ᠭᠡᠷᠡᠴᠢᠯᠡᠬᠦ ᠵᠦᠢᠯᠡᠰ ᠢ ᠴᠥᠮ ᠬᠦᠴᠦᠨ ᠦᠭᠡᠢ ᠪᠣᠯᠭᠠᠬᠤ ᠬᠡᠷᠡᠭᠲᠡᠢ︔ ᠵᠠᠰᠠᠭ ᠤᠨ | ᠣᠷᠳᠣᠨ ᠤ ᠲᠦᠷᠢᠮ ᠲᠣᠭᠲᠠᠭᠠᠯ ᠪᠠ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠳᠤ ᠲᠣᠭᠲᠠᠭᠠᠭᠰᠠᠨ ᠭᠡᠷᠡᠴᠢᠯᠡᠬᠦ | ᠵᠦᠢᠯᠡᠰ ᠢ ᠵᠠᠷᠴᠢᠮ ᠳᠡᠭᠡᠷ᠎ᠡ ᠪᠠᠨ ᠪᠦᠬᠦᠨ ᠢ ᠬᠦᠴᠦᠨ ᠦᠭᠡᠢ ᠪᠣᠯᠭᠠᠬᠤ ᠬᠡᠷᠡᠭᠲᠡᠢ︔ ᠭᠡᠷᠡᠴᠢ ᠦᠨᠡᠮᠯᠡᠯ ᠢ ᠰᠢᠯᠵᠢᠭᠦᠯᠦᠨ | ᠬᠡᠷᠡᠭᠯᠡᠬᠦ᠂ ᠲᠤᠭ᠎ᠠ ᠪᠠᠷᠢᠮᠲᠠ ᠶᠢ ᠪᠠᠶᠢᠴᠠᠭᠠᠨ ᠯᠠᠪᠯᠠᠬᠤ ᠪᠠ ᠰᠠᠯᠠᠭ᠎ᠠ ᠮᠥᠴᠢᠷ ᠤᠨ ᠬᠢᠨᠠᠨ ᠰᠢᠯᠭᠠᠬᠤ ᠪᠠᠷ ᠳᠠᠮᠵᠢᠭᠤᠯᠤᠨ | ᠴᠢᠬᠤᠯᠠ ᠨᠥᠬᠦᠴᠡᠯ ᠤᠨ ᠮᠠᠲ᠋ᠧᠷᠢᠶᠠᠯ ᠢ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠨ ᠳᠣᠲᠣᠭᠠᠳᠤ ᠶᠢᠨ ᠦᠢᠯᠡ | ᠠᠵᠢᠯᠯᠠᠭ᠎ᠠ ᠶᠢ ᠰᠢᠯᠢᠳᠡᠭᠵᠢᠭᠦᠯᠵᠦ᠂ ᠠᠵᠢᠯ ᠶᠠᠪᠤᠳᠠᠯ ᠭᠦᠢᠴᠡᠳᠭᠡᠬᠦ ᠣᠯᠠᠨ ᠲᠦᠮᠡᠨ ᠳᠤ ᠬᠠᠩᠭᠠᠬᠤ ᠴᠢᠬᠤᠯᠠ ᠦᠭᠡᠢ᠃ | ᠭᠡᠷᠡᠴᠢᠯᠡᠬᠦ ᠵᠦᠢᠯᠡᠰ ᠢ ᠰᠢᠢᠳᠪᠦᠷᠢᠯᠡᠬᠦ ᠨᠠᠷᠢᠨ ᠬᠠᠭᠤᠳᠠᠰᠤ ᠶᠢ ᠲᠠᠰ ᠳᠠᠪᠬᠤᠷᠭ᠎ᠠ ᠬᠤᠪᠢᠶᠠᠨ ᠡᠮᠬᠢᠯᠡᠨ ᠪᠦᠷᠢᠯᠳᠦᠭᠦᠯᠵᠦ᠂ | ᠮᠡᠳᠡᠭᠳᠡᠬᠦ ᠠᠮᠠᠯᠠᠯᠲᠠ ᠶᠢᠨ ᠮᠡᠳᠡᠭᠡ ᠵᠠᠩᠭᠢ ᠶᠢ ᠴᠤᠭᠯᠠᠭᠤᠯᠬᠤ ᠪᠠ ᠬᠦᠷᠭᠡᠬᠦ ᠠᠵᠢᠯ ᠤᠨ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ | ᠴᠢᠩᠭᠠᠳᠬᠠᠨ᠂ ︽ᠦᠨᠡᠮᠯᠡᠯ ᠠᠴᠠ ᠬᠡᠯᠲᠦᠷᠢᠭᠦᠯᠵᠦ ᠭᠦᠢᠴᠡᠳᠭᠡᠬᠦ︾ ᠦᠢᠯᠡᠴᠢᠯᠡᠭᠡ ᠶᠢ ᠬᠠᠤᠯᠢ ᠲᠣᠭᠲᠠᠭᠠᠯ ᠶᠣᠰᠣᠭᠠᠷ | ᠠᠬᠢᠭᠤᠯᠤᠨ ᠬᠡᠷᠡᠭᠵᠢᠭᠦᠯᠦᠨ᠎ᠡ᠃ ︵ᠲᠦᠷᠦᠭᠦᠯᠡᠬᠦ ᠰᠠᠯᠠᠭ᠎ᠠ ᠮᠥᠴᠢᠷ᠄ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ᠂ | ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︔ | ᠬᠠᠷᠢᠭᠤᠴᠠᠯᠭᠠᠲᠤ ᠰᠠᠯᠠᠭ᠎ᠠ ᠮᠥᠴᠢᠷ᠄ ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ | ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ︔ ᠪᠡᠶᠡᠯᠡᠭᠦᠯᠬᠦ ᠴᠠᠭ ᠤᠨ ᠬᠢᠵᠠᠭᠠᠷ᠄ 2023 ᠣᠨ ᠤ 6 ᠳ᠋ᠤᠭᠠᠷ | ᠰᠠᠷ᠎ᠠ ᠶᠢᠨ 30 ᠤ ᠡᠳᠦᠷ ᠠᠴᠠ ᠡᠮᠦᠨ᠎ᠡ︶ | ᠬᠤᠶᠠᠷ ᠲᠤ᠂ ᠳ᠋ᠠᠶᠢᠲ᠋ᠠ ᠶᠢᠨ ᠲᠠᠪᠴᠠᠩ ᠤᠨ ᠲᠤᠯᠭᠠᠭᠤᠷᠢᠯᠠᠯ ᠢ ᠴᠢᠩᠭᠠᠳᠬᠠᠨ᠎ᠠ᠃ ︽ᠬᠠᠮᠲᠤ ᠪᠠᠷ ᠡᠳ᠋ᠯᠡᠪᠡᠰᠦ | ᠵᠣᠬᠢᠬᠤ ᠶᠢ ᠨᠢ ᠪᠦᠬᠦᠨ ᠢ ᠬᠠᠮᠲᠤ ᠪᠠᠷ ᠡᠳ᠋ᠯᠡᠬᠦ︾ ᠵᠠᠷᠴᠢᠮ ᠶᠣᠰᠣᠭᠠᠷ᠂ ᠮᠡᠳᠡᠭᠡ ᠵᠠᠩᠭᠢᠵᠢᠯᠲᠠ ᠶᠢᠨ ᠮᠡᠷᠭᠡᠵᠢᠯ ᠤᠨ ᠠᠷᠭ᠎ᠠ | ᠪᠠᠷᠢᠯ ᠳᠤ ᠲᠦᠰᠢᠭᠯᠡᠨ᠂ ᠪᠥᠬᠦ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠮᠡᠳᠡᠭᠡ ᠵᠠᠩᠭᠢ ᠶᠢᠨ ᠲᠤᠭ᠎ᠠ | ᠪᠠᠷᠢᠮᠲᠠ ᠶᠢ ᠰᠢᠯᠵᠢᠭᠦᠯᠦᠨ ᠬᠡᠷᠡᠭᠯᠡᠵᠦ ᠬᠠᠷᠭᠤᠭᠤᠯᠤᠨ ᠪᠠᠶᠢᠴᠠᠭᠠᠬᠤ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠵᠦᠢᠯᠡᠰ ᠲᠤ ᠬᠤᠯᠪᠣᠭᠳᠠᠬᠤ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ᠂ ᠮᠠᠰᠢᠨᠲᠤ | ᠲᠡᠷᠭᠡᠨ ᠤ ᠵᠢᠯᠣᠭᠤᠴᠢ ᠶᠢᠨ ᠦᠨᠡᠮᠯᠡᠯ᠂ ᠮᠠᠰᠢᠨᠲᠤ ᠲᠡᠷᠭᠡ ᠶᠠᠪᠤᠭᠤᠯᠬᠤ ᠦᠨᠡᠮᠯᠡᠯ ᠵᠡᠷᠭᠡ ᠥᠨᠳᠥᠷ ᠳᠠᠪᠲᠠᠮᠵᠢᠲᠤ | ᠦᠨᠡᠮᠯᠡᠯ ᠤᠨ ᠴᠢᠬᠤᠯᠠ ᠨᠥᠬᠦᠴᠡᠯ ᠢ ᠭᠦᠢᠴᠡᠳᠬᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠭᠡᠷᠡᠴᠢᠯᠡᠬᠦ ᠦᠨᠡᠮᠯᠡᠯ᠂ | ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠮᠠᠲ᠋ᠧᠷᠢᠶᠠᠯ ᠵᠡᠷᠭᠡ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠪᠥᠬᠦ | ᠲᠠᠯ᠎ᠠ ᠪᠠᠷ ᠴᠤᠭᠯᠠᠭᠤᠯᠵᠤ᠂ ᠲᠤᠭ᠎ᠠ ᠪᠠᠷᠢᠮᠲᠠ ᠶᠢ ᠬᠠᠷᠭᠤᠭᠤᠯᠤᠨ ᠪᠠᠶᠢᠴᠠᠭᠠᠬᠤ ᠴᠢᠳᠠᠮᠵᠢ ᠶᠢᠨ ᠬᠡᠷᠡᠭᠯᠡᠯᠲᠡ ᠶᠢ | ᠲᠡᠭᠦᠯᠳᠡᠷᠵᠢᠭᠦᠯᠦᠨ᠂ ᠲᠤᠭ᠎ᠠ ᠪᠠᠷᠢᠮᠲᠠ ᠶᠢ ᠴᠤᠭᠯᠠᠭᠤᠯᠤᠨ ᠨᠡᠶᠢᠯᠡᠭᠦᠯᠬᠦ ᠪᠠᠷᠢᠮᠵᠢᠶ᠎ᠠ ᠶᠢ ᠵᠢᠷᠤᠮᠵᠢᠭᠤᠯᠵᠤ᠂ ᠲᠤᠭ᠎ᠠ | ᠪᠠᠷᠢᠮᠲᠠ ᠶᠢ ᠬᠠᠮᠲᠤ ᠪᠠᠷ ᠡᠳ᠋ᠯᠡᠬᠦ ᠨᠠᠷᠢᠨ ᠬᠠᠭᠤᠳᠠᠰᠤ ᠶᠢ ᠬᠥᠳᠡᠯᠦᠩᠭᠦᠶ ᠪᠠᠷ ᠳᠣᠭᠢᠷᠠᠭᠤᠯᠤᠨ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠵᠦ ᠬᠠᠷᠭᠤᠭᠤᠯᠤᠨ ᠪᠠᠶᠢᠴᠠᠭᠠᠬᠤ ᠬᠠᠷᠢᠴᠠᠯ ᠢ ᠬᠦᠴᠦᠯᠡᠨ | ᠳᠡᠭᠡᠭᠰᠢᠯᠡᠭᠦᠯᠦᠨ᠎ᠡ᠃ ︵ᠲᠦᠷᠦᠭᠦᠯᠡᠬᠦ ᠰᠠᠯᠠᠭ᠎ᠠ ᠮᠥᠴᠢᠷ᠄ ᠬᠤᠲᠠ ᠶᠢᠨ ᠲᠣᠮᠣ ᠳ᠋ᠠᠶᠢᠲ᠋ᠠ ᠶᠢᠨ ᠲᠥᠪ᠂ ᠬᠤᠲᠠ ᠶᠢᠨ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ︔ ᠬᠠᠷᠢᠭᠤᠴᠠᠯᠭᠠᠲᠤ ᠰᠠᠯᠠᠭ᠎ᠠ ᠮᠥᠴᠢᠷ᠄ ᠡᠯ᠎ᠡ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ︔ ᠪᠡᠶᠡᠯᠡᠭᠦᠯᠬᠦ ᠴᠠᠭ ᠤᠨ | ᠬᠢᠵᠠᠭᠠᠷ᠄ 2023 ᠣᠨ ᠤ 8 ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ︶ | ᠭᠤᠷᠪᠠ ᠳᠤ᠂ ᠲᠤᠭ᠎ᠠ ᠪᠠᠷᠢᠮᠲᠠ ᠶᠢ ᠬᠠᠷᠭᠤᠭᠤᠯᠤᠨ ᠪᠠᠶᠢᠴᠠᠭᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠦᠢᠯᠡᠰ ᠤᠨ ᠬᠠᠮᠢᠶᠠᠷᠤᠯᠲᠠ ᠶᠢᠨ ᠲᠠᠪᠴᠠᠩ ᠨᠢ ᠰᠠᠭᠤᠷᠢ ᠪᠠᠷᠢᠮᠵᠢᠶ᠎ᠠ | ᠪᠣᠯᠤᠨ᠎ᠠ᠂ ᠪᠥᠬᠦ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠭᠦᠢᠴᠡᠳᠭᠡᠬᠦ ᠳᠤ ᠬᠤᠯᠪᠣᠭᠳᠠᠬᠤ | ᠡᠯᠧᠺᠳ᠋ᠷᠣᠨ ᠦᠨᠡᠮᠯᠡᠯ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠬᠢᠨᠠᠨ ᠣᠯᠭᠤᠭᠰᠠᠨ ᠮᠠᠲ᠋ᠧᠷᠢᠶᠠᠯ ᠢ ᠪᠥᠬᠦ | ᠲᠠᠯ᠎ᠠ ᠪᠠᠷ ᠡᠮᠬᠢᠯᠡᠨ ᠳᠢᠭᠯᠡᠵᠦ᠂ ᠭᠡᠷᠡᠴᠢ ᠦᠨᠡᠮᠯᠡᠯ ᠤᠨ ᠲᠤᠭ᠎ᠠ ᠪᠠᠷᠢᠮᠲᠠ ᠶᠢ ᠰᠢᠯᠵᠢᠭᠦᠯᠦᠨ ᠬᠡᠷᠡᠭᠯᠡᠬᠦ᠂ ᠮᠠᠲ᠋ᠧᠷᠢᠶᠠᠯ ᠲᠤᠭ᠎ᠠ | ᠪᠠᠷᠢᠮᠲᠠ ᠶᠢ ᠬᠠᠮᠲᠤ ᠪᠠᠷ ᠡᠳ᠋ᠯᠡᠬᠦ᠂ ᠮᠠᠲ᠋ᠧᠷᠢᠶᠠᠯ ᠢ ᠰᠦᠯᠵᠢᠶᠡᠨ ᠳᠡᠭᠡᠷ᠎ᠡ ᠬᠢᠨᠠᠨ ᠰᠢᠯᠭᠠᠬᠤ ᠶᠣᠰᠣᠭᠠᠷ ᠲᠥᠷᠥᠯ ᠬᠤᠪᠢᠶᠠᠨ | ᠬᠤᠷᠢᠶᠠᠩᠭᠤᠶᠢᠯᠠᠵᠤ᠂ ᠰᠠᠭᠤᠷᠢ ᠵᠦᠢᠯᠡᠰ ᠤᠨ ᠨᠠᠷᠢᠨ ᠬᠠᠭᠤᠳᠠᠰᠤ ᠶᠢ ᠱᠠᠲᠤ ᠬᠤᠪᠢᠶᠠᠨ ᠪᠦᠷᠢᠯᠳᠦᠭᠦᠯᠦᠨ᠎ᠡ᠃ ᠲᠤᠭ᠎ᠠ | ᠪᠠᠷᠢᠮᠲᠠ ᠶᠢ ᠰᠢᠯᠵᠢᠭᠦᠯᠦᠨ ᠬᠡᠷᠡᠭᠯᠡᠵᠦ ᠬᠠᠷᠭᠤᠭᠤᠯᠤᠨ ᠪᠠᠶᠢᠴᠠᠭᠠᠬᠤ ᠠᠷᠭ᠎ᠠ ᠵᠠᠮ᠂ ᠠᠷᠭ᠎ᠠ ᠮᠠᠶ᠋ᠢᠭ᠂ ᠴᠠᠭ ᠤᠨ ᠬᠢᠵᠠᠭᠠᠷ᠂ | ᠬᠡᠯᠪᠡᠷᠢ ᠵᠡᠷᠭᠡ ᠬᠦᠴᠦᠨ ᠵᠦᠢᠯ ᠤᠨ ᠪᠠᠷᠢᠮᠵᠢᠶ᠎ᠠ ᠶᠢᠨ ᠲᠣᠭᠤᠷᠢᠨ ᠳᠤ᠂ ᠲᠤᠭ᠎ᠠ ᠪᠠᠷᠢᠮᠲᠠ ᠶᠢ ᠬᠠᠮᠲᠤ ᠪᠠᠷ ᠭᠥᠷᠳᠡᠬᠦ ᠪᠠ | ᠬᠠᠷᠭᠤᠭᠤᠯᠤᠨ ᠪᠠᠶᠢᠴᠠᠭᠠᠬᠤ ᠴᠤᠪᠤᠷᠠᠯ ᠢ ᠲᠣᠭᠲᠠᠪᠤᠷᠢᠵᠢᠭᠤᠯᠵᠤ᠂ ᠲᠤᠭ᠎ᠠ ᠪᠠᠷᠢᠮᠲᠠ ᠶᠢ ᠬᠠᠮᠲᠤ ᠪᠠᠷ ᠭᠥᠷᠳᠡᠵᠦ | ᠬᠠᠷᠭᠤᠭᠤᠯᠤᠨ ᠪᠠᠶᠢᠴᠠᠭᠠᠬᠤ ᠶᠢ ᠬᠠᠮᠵᠢᠯᠴᠠᠨ ᠠᠵᠢᠯᠯᠠᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠵᠠᠰᠠᠭ ᠤᠨ | ᠣᠷᠳᠣᠨ ᠤ ᠰᠠᠯᠠᠭ᠎ᠠ ᠮᠥᠴᠢᠷ ᠤᠨ ᠮᠠᠲ᠋ᠧᠷᠢᠶᠠᠯ᠂ ᠭᠡᠷᠡᠴᠢ ᠦᠨᠡᠮᠯᠡᠯ ᠤᠨ ᠴᠢᠬᠤᠯᠠ ᠨᠥᠬᠦᠴᠡᠯ ᠤᠨ ︽ᠬᠤᠶᠠᠷ ᠢ ᠦᠯᠦ | ᠲᠤᠰᠢᠶᠠᠬᠤ︾ ᠬᠠᠷᠠᠯᠲᠠᠲᠤ ᠡᠭᠦᠷᠭᠡ ᠶᠢ ᠪᠣᠳᠠᠲᠠᠶ ᠪᠠᠷ ᠨᠠᠶᠢᠳᠠᠪᠤᠷᠢᠵᠢᠭᠤᠯᠬᠤ ᠶᠢ ᠬᠦᠴᠦᠯᠡᠨ ᠠᠬᠢᠭᠤᠯᠤᠨ᠎ᠠ᠃ 2023 | ᠣᠨ ᠳᠤ ᠪᠥᠬᠦ ᠬᠤᠲᠠ ᠳᠤ ᠨᠠᠭᠠᠳᠤ ᠵᠠᠬ᠎ᠠ ᠳᠠᠭᠠᠨ 500 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠵᠦᠢᠯᠡᠰ ᠢ ᠭᠠᠷᠭᠠᠵᠤ᠂ ︽ᠦᠨᠡᠮᠯᠡᠯ ᠠᠴᠠ ᠬᠡᠯᠲᠦᠷᠢᠭᠦᠯᠬᠦ ᠭᠦᠢᠴᠡᠳᠬᠡᠬᠦ︾ ᠶᠢ ᠪᠡᠶᠡᠯᠡᠭᠦᠯᠪᠡ᠃ ︵ᠲᠦᠷᠦᠭᠦᠯᠡᠬᠦ ᠰᠠᠯᠠᠭ᠎ᠠ | ᠮᠥᠴᠢᠷ᠄ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠣᠪᠴᠢᠶ᠎ᠠ᠂ ᠬᠤᠲᠠ ᠶᠢᠨ ᠲᠣᠮᠣ ᠳ᠋ᠠᠶᠢᠲ᠋ᠠ ᠶᠢᠨ ᠲᠥᠪ᠂ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ︔ | ᠬᠠᠷᠢᠭᠤᠴᠠᠯᠭᠠᠲᠤ ᠰᠠᠯᠠᠭ᠎ᠠ ᠮᠥᠴᠢᠷ᠄ ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ | ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ︔ ᠪᠡᠶᠡᠯᠡᠭᠦᠯᠬᠦ ᠴᠠᠭ ᠤᠨ ᠬᠢᠵᠠᠭᠠᠷ᠄ 2023 ᠣᠨ ᠤ 9 ᠰᠠᠷ᠎ᠠ ᠶᠢᠨ | 30 ᠤ ᠡᠳᠦᠷ ᠠᠴᠠ ᠡᠮᠦᠨ᠎ᠡ︶ | 2. ︽ᠣᠶᠤᠨᠴᠢ ᠪᠠᠷ ᠭᠦᠢᠴᠡᠳᠬᠡᠬᠦ︾ ᠦᠢᠯᠡᠴᠢᠯᠡᠭᠡ ᠶᠢ ᠪᠥᠬᠦ ᠬᠦᠴᠦᠨ ᠢᠶᠠᠷ ᠢᠶᠠᠨ ᠬᠡᠷᠡᠭᠵᠢᠭᠦᠯᠦᠨ᠎ᠡ᠃ ︽ᠲᠦᠢᠯ ᠤᠨ | ᠳᠥᠭᠦᠮ ᠢᠶᠠᠷ ᠬᠢᠨᠠᠨ ᠵᠥᠪᠰᠢᠶᠡᠷᠡᠬᠦ + ᠣᠶᠤᠨᠴᠢ ᠪᠠᠷ ᠬᠢᠨᠠᠨ ᠵᠥᠪᠰᠢᠶᠡᠷᠡᠬᠦ︾ ᠦᠶ᠋ᠯᠡᠴᠢᠯᠡᠭᠡᠨ ᠤ ᠵᠠᠭᠪᠤᠷ ᠢ ᠬᠡᠷᠡᠭᠵᠢᠭᠦᠯᠵᠦ᠂ | ᠬᠥᠳᠡᠯᠮᠦᠷᠢ ᠦᠶ᠋ᠯᠡᠴᠢᠯᠡᠭᠡ ᠲᠣᠮᠢᠯᠠᠬᠤ᠂ ᠬᠥᠮᠦᠨ ᠤ ᠬᠦᠴᠦᠨ ᠤ ᠡᠬᠢ ᠪᠠᠶᠠᠯᠢᠭ᠂ ᠭᠡᠷ ᠤᠨ ᠭᠠᠳᠠᠨᠠᠬᠢ ᠵᠠᠷ ᠮᠡᠳᠡᠭᠡ ᠵᠡᠷᠭᠡ | ᠬᠦᠷᠢᠶ᠎ᠡ ᠴᠠᠷᠠᠭ᠎ᠠ ᠶᠢᠨ ᠥᠨᠳᠥᠷ ᠳᠠᠪᠲᠠᠮᠵᠢᠲᠤ ᠵᠦᠢᠯᠡᠰ ᠲᠤ ᠠᠩᠬᠠᠷᠤᠯ ᠢᠶᠠᠨ ᠲᠥᠪᠯᠡᠷᠡᠭᠦᠯᠦᠨ᠂ ︽ᠨᠢᠭᠡ ᠵᠦᠢᠯ ᠳᠤ | ᠨᠡᠶᠢᠴᠡᠵᠦ᠂ ᠨᠢᠭᠡ ᠵᠦᠢᠯ ᠢ ᠭᠠᠷᠭᠠᠬᠤ︾ ᠠᠷᠭ᠎ᠠ ᠮᠠᠶ᠋ᠢᠭ ᠢ ᠠᠪᠴᠤ᠂ ᠥᠪᠡᠷᠲᠡᠭᠡᠨ ᠵᠠᠰᠠᠬᠤ ᠣᠷᠣᠨ ᠤ ᠶᠡᠷᠦᠩᠬᠡᠶᠢᠯᠡᠭᠰᠡᠨ | ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠶ᠋ᠳᠪᠦᠷᠢᠯᠡᠬᠦ ᠲᠠᠪᠴᠠᠩ᠂ ᠣᠶᠤᠨᠴᠢ ᠦᠵᠦᠭᠦᠷ ᠤᠨ ᠲᠥᠬᠦᠭᠡᠷᠦᠮᠵᠢ᠂ | ᠮᠡᠳᠡᠭᠡ ᠵᠠᠩᠭᠢ ᠶᠢ ᠬᠠᠮᠲᠤ ᠪᠠᠷ ᠭᠥᠷᠳᠡᠵᠦ ᠰᠣᠯᠢᠯᠴᠠᠬᠤ ᠲᠠᠪᠴᠠᠩ ᠵᠡᠷᠭᠡ ᠮᠡᠳᠡᠭᠡ ᠵᠠᠩᠭᠢᠵᠢᠯᠲᠠ ᠶᠢᠨ ᠠᠴᠢᠶᠠᠯᠠᠪᠤᠷᠢ ᠳᠤ | ᠲᠦᠰᠢᠭᠯᠡᠨ᠂ ᠴᠢᠬᠤᠯᠠ ᠨᠥᠬᠦᠴᠡᠯ ᠢ ᠳᠥᠭᠦᠮ᠂ ᠴᠤᠪᠤᠷᠠᠯ ᠢ ᠲᠠᠩ ᠭᠠᠭᠴᠠ ᠲᠤᠬᠠᠶᠢᠯᠠᠪᠠᠯ ᠭᠦᠶ᠋ᠴᠡᠳᠬᠡᠬᠦ ᠮᠠᠲ᠋ᠧᠷᠢᠶᠠᠯ | ᠵᠢᠴᠢ ᠴᠢᠬᠤᠯᠠ ᠨᠥᠬᠦᠴᠡᠯ ᠢ ᠦᠶ᠋ᠯᠡᠳᠬᠦ ᠮᠠᠶ᠋ᠢᠭ ᠤᠨ ᠪᠠᠷᠢᠮᠵᠢᠶ᠎ᠠ ᠪᠠᠷ ᠥᠨᠳᠥᠷ ᠠᠮᠠᠯᠠᠯᠲᠠ ᠶᠢᠨ ᠮᠠᠲ᠋ᠧᠷᠢᠶᠠᠯ ᠢ | ᠨᠠᠷᠢᠯᠢᠭᠵᠢᠭᠤᠯᠤᠨ ᠡᠮᠬᠢᠯᠡᠵᠦ᠂ ᠭᠤᠶᠤᠴᠢᠯᠠᠬᠤ ᠮᠠᠲ᠋ᠧᠷᠢᠶᠠᠯ ᠢ ᠠᠦ᠋ᠲ᠋ᠣ᠋ ᠤᠷᠢᠳᠴᠢᠯᠠᠨ ᠬᠢᠨᠠᠬᠤ᠂ ᠬᠢᠨᠠᠨ ᠪᠠᠶᠢᠴᠠᠭᠠᠬᠤ | ᠭᠤᠤᠯᠳᠠᠯᠭ᠎ᠠ ᠶᠢ ᠠᠦ᠋ᠲ᠋ᠣ᠋ ᠬᠢᠨᠠᠨ ᠬᠠᠷᠭᠤᠭᠤᠯᠬᠤ᠂ ᠲᠤᠭ᠎ᠠ ᠪᠠᠷᠢᠮᠲᠠ ᠶᠢ ᠴᠠᠭ ᠲᠤᠬᠠᠶ ᠳᠤᠨᠢ ᠬᠠᠮᠲᠤ ᠪᠠᠷ ᠭᠥᠷᠳᠡᠬᠦ ᠵᠡᠷᠭᠡ | ᠣᠶᠤᠨᠴᠢ ᠦᠶ᠋ᠯᠡᠴᠢᠯᠡᠭᠡᠨ ᠤ ᠴᠢᠳᠠᠮᠵᠢ ᠶᠢ ᠨᠠᠷᠢᠯᠢᠭᠵᠢᠭᠤᠯᠤᠨ ᠡᠮᠬᠢᠯᠡᠵᠦ᠂ ᠬᠢᠨᠠᠨ ᠵᠥᠪᠰᠢᠶᠡᠷᠡᠬᠦ ᠵᠦᠶ᠋ᠯᠡᠰ ᠢ ᠬᠥᠮᠦᠨ ᠤ | ᠬᠦᠴᠦ ᠪᠠᠷ ᠬᠢᠨᠠᠨ ᠪᠠᠶᠢᠴᠠᠭᠠᠵᠤ ᠪᠠᠶᠢᠭᠰᠠᠨ ᠠᠴᠠ ᠰᠢᠰᠲ᠋ᠧᠮ ᠤᠨ ᠣᠶᠤᠨᠴᠢ ᠬᠢᠨᠠᠨ ᠪᠠᠶᠢᠴᠠᠭᠠᠯᠲᠠ ᠪᠣᠯᠭᠠᠨ | ᠬᠤᠪᠢᠷᠠᠭᠤᠯᠬᠤ ᠶᠢ ᠠᠬᠢᠭᠤᠯᠵᠤ᠂ ᠳᠥᠭᠦᠮ ᠳᠥᠲᠡ ᠳᠠᠷᠤᠶ ᠠᠵᠢᠯ ᠶᠠᠪᠤᠳᠠᠯ ᠭᠦᠶ᠋ᠴᠡᠳᠬᠡᠬᠦ ᠵᠦᠶ᠋ᠯ ᠤᠨ ︽ᠮᠠᠲ᠋ᠧᠷᠢᠶᠠᠯ ᠥᠬᠡᠶ᠂ | ᠬᠦᠯᠢᠶᠡᠬᠦ ᠥᠬᠡᠶ︾ ᠲᠦᠷᠭᠡᠨ ᠭᠦᠶ᠋ᠴᠡᠳᠬᠡᠬᠦ ᠶᠢ ᠴᠢᠷᠮᠠᠶᠢᠨ ᠪᠡᠶᠡᠯᠡᠭᠦᠯᠵᠦ᠂ ᠠᠮᠠᠯᠠᠭᠰᠠᠨ ᠵᠦᠶ᠋ᠯᠡᠰ ᠤᠨ ᠣᠶᠤᠨᠴᠢ | ᠦᠵᠦᠭᠦᠷ ᠤᠨ ᠲᠥᠬᠦᠭᠡᠷᠦᠮᠵᠢ ᠶᠢ ᠣᠶᠤᠨᠴᠢ ᠬᠢᠨᠠᠨ ᠪᠠᠶᠢᠴᠠᠭᠠᠵᠤ ᠭᠦᠶ᠋ᠴᠡᠳᠬᠡᠬᠦ ᠪᠣᠯᠭᠠᠪᠠ᠃ ︵ᠲᠦᠷᠦᠭᠦᠯᠡᠬᠦ ᠰᠠᠯᠠᠭ᠎ᠠ | ᠮᠥᠴᠢᠷ᠄ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠣᠪᠴᠢᠶ᠎ᠠ︔ ᠬᠠᠷᠢᠭᠤᠴᠠᠯᠭᠠᠲᠤ ᠰᠠᠯᠠᠭ᠎ᠠ ᠮᠥᠴᠢᠷ᠄ ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ | ᠬᠤᠲᠠ ᠶᠢᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ︔ ᠪᠡᠶᠡᠯᠡᠭᠦᠯᠬᠦ ᠴᠠᠭ ᠤᠨ ᠬᠢᠵᠠᠭᠠᠷ᠄ 2023 | ᠣᠨ ᠤ 9 ᠰᠠᠷ᠎ᠠ ᠶᠢᠨ 30 ᠤ ᠡᠳᠦᠷ ᠠᠴᠠ ᠡᠮᠦᠨ᠎ᠡ︶ | 3. ︽ᠡᠰᠡᠷᠭᠦ ᠴᠢᠭᠯᠡᠯ ᠢᠶᠠᠷ ᠭᠦᠢᠴᠡᠳᠭᠡᠬᠦ︾ ᠦᠢᠯᠡᠴᠢᠯᠡᠭᠡ ᠶᠢ ᠪᠥᠬᠦ ᠬᠦᠴᠦᠨ ᠢᠶᠠᠷ ᠢᠶᠠᠨ ᠬᠡᠷᠡᠭᠵᠢᠭᠦᠯᠦᠨ᠎ᠡ᠃ | ᠨᠢᠭᠡ ᠳᠤ᠂ ︽ᠡᠰᠡᠷᠭᠦ ᠴᠢᠭᠯᠡᠯ ᠢᠶᠠᠷ ᠭᠦᠢᠴᠡᠳᠭᠡᠬᠦ︾ ᠲᠤᠬᠠᠶᠢᠯᠠᠭᠰᠠᠨ ᠠᠵᠢᠯ ᠤᠨ ᠲᠤᠯᠭᠠᠭᠤᠷᠢᠯᠠᠬᠤ ᠰᠢᠰᠲ᠋ᠧᠮ ᠢ | ᠪᠠᠶᠢᠭᠤᠯᠤᠨ᠎ᠠ᠃ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ᠂ AI ᠵᠡᠷᠭᠡ ᠮᠡᠷᠭᠡᠵᠢᠯ ᠢ ᠬᠡᠷᠡᠭᠯᠡᠨ᠂ ᠵᠠᠰᠠᠭ ᠤᠨ | ᠶᠠᠪᠤᠳᠠᠯ ᠤᠨ ᠲᠣᠮᠣ ᠳ᠋ᠠᠶᠢᠲ᠋ᠠ ᠶᠢ ᠠᠰᠢᠭᠯᠠᠨ ᠪᠠᠶᠢᠭᠤᠯᠤᠭᠰᠠᠨ ᠣᠯᠠᠨ ᠬᠡᠮᠵᠢᠯᠳᠦ ᠬᠡᠷᠡᠭᠯᠡᠭᠴᠢ ᠶᠢᠨ ᠵᠢᠷᠤᠭ ᠳᠦᠷᠰᠦ ᠶᠢ | ᠠᠰᠢᠭᠯᠠᠨ ᠦᠢᠯᠡᠴᠢᠯᠡᠭᠡᠨ ᠤ ᠬᠥᠮᠦᠰ ᠲᠤ ᠨᠠᠷᠢᠯᠢᠭ ᠣᠨᠣᠴᠠᠲᠠᠶ ᠪᠠᠷ ᠣᠷᠣᠨ ᠪᠠᠶᠢᠷᠢ ᠲᠣᠭᠲᠠᠭᠠᠨ ᠥᠭᠴᠦ᠂ ᠣᠬᠤᠷ | ᠴᠢᠮᠡᠭᠡ᠂ ︽ᠮᠥᠩᠬᠡ ᠰᠤᠪᠠᠭ︾ APP ᠪᠠᠷ ᠳᠠᠮᠵᠢᠭᠤᠯᠤᠨ ᠦᠢᠯᠡᠴᠢᠯᠡᠬᠦ ᠡᠲᠡᠭᠡᠳ ᠲᠤ ᠠᠵᠢᠯ ᠶᠠᠪᠤᠳᠠᠯ ᠭᠦᠢᠴᠡᠳᠭᠡᠬᠦ | ᠰᠠᠨᠠᠭᠤᠯᠤᠮᠵᠢ ᠪᠠ ᠰᠦᠯᠵᠢᠶᠡᠨ ᠳᠡᠭᠡᠷ᠎ᠡ ᠭᠦᠢᠴᠡᠳᠭᠡᠬᠦ ᠬᠡᠯᠬᠢᠶ᠎ᠡ ᠶᠢ ᠤᠷᠢᠳᠴᠢᠯᠠᠨ ᠬᠦᠷᠭᠡᠵᠦ᠂ ᠪᠠᠶᠢᠭᠠᠯᠢ ᠬᠥᠮᠦᠨ ᠤ ᠬᠢᠷᠢ | ᠬᠡᠮ ᠢ ᠭᠡᠷᠡᠴᠢᠯᠡᠬᠦ᠂ ᠭᠡᠷᠡᠴᠢ ᠦᠨᠡᠮᠯᠡᠯ ᠤᠨ ᠬᠤᠭᠤᠴᠠᠭ᠎ᠠ ᠨᠢ ᠲᠤᠯᠬᠤ ᠶᠢ ᠰᠣᠯᠢᠵᠤ ᠠᠪᠬᠤ᠂ ᠬᠠᠤᠯᠢ ᠶᠢᠨ ᠡᠷᠬᠡᠲᠡᠨ ᠤ | ᠭᠡᠷᠡᠴᠢ ᠦᠨᠡᠮᠯᠡᠯ ᠤᠨ ᠬᠤᠭᠤᠴᠠᠭ᠎ᠠ ᠨᠢ ᠲᠤᠯᠬᠤ ᠶᠢ ᠦᠷᠭᠦᠯᠵᠢᠯᠡᠭᠦᠯᠬᠦ᠂ ᠬᠤᠶᠢᠨᠠᠬᠢ ᠵᠥᠪᠰᠢᠶᠡᠷᠡᠯ ᠢ ᠭᠦᠢᠴᠡᠳᠭᠡᠬᠦ᠂ | ᠵᠥᠪᠰᠢᠶᠡᠷᠡᠯ ᠤᠨ ᠦᠨᠡᠮᠯᠡᠯ ᠤᠨ ᠣᠨ ᠤ ᠬᠢᠨᠠᠯᠲᠠ ᠵᠢᠴᠢ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠬᠤ | ᠵᠡᠷᠭᠡ ᠵᠦᠢᠯᠡᠰ ᠤᠨ ︽ᠬᠤᠭᠤᠴᠠᠭ᠎ᠠ ᠨᠢ ᠲᠤᠯᠬᠤ ᠳᠤ ᠠᠦ᠋ᠲ᠋ᠣ᠋ ᠰᠠᠨᠠᠭᠤᠯᠤᠮᠵᠢ᠂ ᠣᠶᠤᠨᠴᠢ ᠤᠷᠢᠳᠴᠢᠯᠠᠨ ᠮᠠᠭᠠᠳᠯᠠᠨ | ᠬᠥᠲᠥᠯᠦᠨ ᠵᠢᠯᠣᠭᠤᠳᠬᠤ᠂ ᠰᠦᠯᠵᠢᠶᠡᠨ ᠳᠡᠭᠡᠷ᠎ᠡ ᠥᠯᠥ ᠮᠡᠳᠡᠷᠡᠨ ᠭᠦᠢᠴᠡᠳᠭᠡᠬᠦ ᠶᠢ ᠪᠡᠶᠡᠯᠡᠭᠦᠯᠬᠦ︾᠂ ︽ᠬᠥᠮᠦᠨ ᠡᠷᠢᠵᠦ | ᠦᠢᠯᠡᠴᠢᠯᠡᠬᠦ︾ ᠶᠢ ︽ᠦᠢᠯᠡᠴᠢᠯᠡᠭᠡ ᠳᠤ ᠬᠥᠮᠦᠨ ᠡᠷᠢᠬᠦ︾ ᠪᠣᠯᠭᠠᠨ ᠬᠤᠪᠢᠷᠠᠭᠤᠯᠬᠤ ᠶᠢ ᠪᠡᠶᠡᠯᠡᠭᠦᠯᠦᠨ᠎ᠡ᠃ ︵ᠲᠦᠷᠦᠭᠦᠯᠡᠬᠦ | ᠰᠠᠯᠠᠭ᠎ᠠ ᠮᠥᠴᠢᠷ᠄ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠣᠪᠴᠢᠶ᠎ᠠ᠂ ᠬᠤᠲᠠ ᠶᠢᠨ ᠲᠣᠮᠣ ᠳ᠋ᠠᠶᠢᠲ᠋ᠠ ᠶᠢᠨ ᠲᠥᠪ︔ ᠬᠠᠷᠢᠭᠤᠴᠠᠯᠭᠠᠲᠤ ᠰᠠᠯᠠᠭ᠎ᠠ ᠮᠥᠴᠢᠷ᠄ ᠡᠯ᠎ᠡ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ︔ | ᠪᠡᠶᠡᠯᠡᠭᠦᠯᠬᠦ ᠴᠠᠭ ᠤᠨ ᠬᠢᠵᠠᠭᠠᠷ᠄ 2023 ᠣᠨ ᠤ 6 ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ︶ | ᠬᠤᠶᠠᠷ ᠲᠤ᠂ ︽ᠭᠡᠳᠡᠷᠬᠦ ᠭᠦᠢᠴᠡᠳᠭᠡᠬᠦ︾ ᠰᠢᠨ᠎ᠡ ᠦᠢᠯᠡᠴᠢᠯᠡᠭᠡᠨ ᠤ ᠵᠠᠭᠪᠤᠷ ᠢ ᠳᠡᠯᠭᠡᠷᠡᠭᠦᠯᠦᠨ᠎ᠡ᠃ ᠬᠠᠤᠯᠢ ᠶᠢᠨ | ᠡᠷᠬᠡᠲᠡᠨ ᠪᠠ ᠪᠠᠶᠢᠭᠠᠯᠢ ᠬᠥᠮᠦᠨ ᠤ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠳᠤ ᠠᠩᠬᠠᠷᠤᠯ ᠢᠶᠠᠨ | ᠲᠥᠪᠯᠡᠷᠡᠭᠦᠯᠵᠦ᠂ ᠦᠶᠡᠯᠡᠯᠲᠤ ᠴᠢᠨᠠᠷ ᠪᠠ ᠬᠤᠯᠪᠣᠭᠳᠠᠬᠤ ᠴᠢᠨᠠᠷᠲᠠᠶ ᠣᠨᠴᠠᠯᠢᠭ ᠢ ᠪᠦᠷᠢᠯᠳᠦᠭᠦᠯᠦᠭᠰᠡᠨ ᠥᠨᠳᠥᠷ | ᠳᠠᠪᠲᠠᠮᠵᠢᠲᠤ ᠵᠠᠰᠠᠭ ᠤᠨ ᠶᠠᠪᠤᠳᠠᠯ ᠤᠨ ᠦᠶ᠋ᠯᠡᠴᠢᠯᠡᠭᠡᠨ ᠤ ᠵᠦᠶ᠋ᠯᠡᠰ ᠢ ᠡᠮᠬᠢᠯᠡᠨ ᠳᠢᠭᠯᠡᠵᠦ᠂ ︽ᠭᠡᠳᠡᠷᠭᠦ ᠭᠦᠶ᠋ᠴᠡᠳᠬᠡᠬᠦ︾ | ᠵᠦᠶ᠋ᠯᠡᠰ ᠤᠨ ᠨᠠᠷᠢᠨ ᠬᠠᠭᠤᠳᠠᠰᠤ ᠶᠢ ᠪᠣᠶ ᠪᠣᠯᠭᠠᠨ᠂ ︽ᠭᠡᠳᠡᠷᠬᠦ ᠭᠦᠶ᠋ᠴᠡᠳᠬᠡᠬᠦ︾ ᠲᠤᠬᠠᠶᠢᠯᠠᠭᠰᠠᠨ ᠠᠵᠢᠯ ᠤᠨ | ᠰᠢᠰᠲ᠋ᠧᠮ ᠳᠤ ᠲᠦᠰᠢᠭᠯᠡᠨ ᠰᠦᠯᠵᠢᠶ᠎ᠡ ᠪᠠᠷ ᠭᠦᠶ᠋ᠴᠡᠳᠬᠡᠬᠦ ᠵᠦᠶ᠋ᠯᠡᠰ ᠲᠤ ᠠᠵᠢᠯ ᠶᠠᠪᠤᠳᠠᠯ ᠭᠦᠶ᠋ᠴᠡᠳᠬᠡᠬᠦ ᠰᠠᠨᠠᠭᠤᠯᠤᠮᠵᠢ᠂ | ᠠᠵᠢᠯ ᠶᠠᠪᠤᠳᠠᠯ ᠭᠦᠶ᠋ᠴᠡᠳᠬᠡᠬᠦ ᠵᠦᠭᠯᠡᠭᠦᠷ ᠪᠠ ᠭᠦᠶ᠋ᠴᠡᠳᠬᠡᠬᠦ ᠬᠤᠯᠪᠣᠭ᠎ᠠ ᠶᠢ ᠠᠦ᠋ᠲ᠋ᠣ᠋ ᠳᠠᠮᠵᠢᠭᠤᠯᠤᠨ ᠬᠦᠷᠭᠡᠵᠦ᠂ | ᠰᠦᠯᠵᠢᠶᠡᠨ ᠤ ᠪᠤᠰᠤ ᠠᠵᠢᠯ ᠶᠠᠪᠤᠳᠠᠯ ᠭᠦᠶ᠋ᠴᠡᠳᠬᠡᠬᠦ ᠵᠦᠶ᠋ᠯ ᠳᠤ ᠠᠵᠢᠯ ᠶᠠᠪᠤᠳᠠᠯ ᠭᠦᠶ᠋ᠴᠡᠳᠬᠡᠬᠦ ᠰᠠᠨᠠᠭᠤᠯᠤᠮᠵᠢ ᠪᠠ ᠠᠵᠢᠯ | ᠶᠠᠪᠤᠳᠠᠯ ᠭᠦᠶ᠋ᠴᠡᠳᠬᠡᠬᠦ ᠵᠦᠭᠯᠡᠭᠦᠷ ᠢ ᠠᠦ᠋ᠲ᠋ᠣ᠋ ᠬᠦᠷᠭᠡᠨ ᠥᠭᠴᠦ᠂ ᠠᠵᠤ ᠠᠬᠤᠶᠢᠯᠠᠯ᠂ ᠣᠯᠠᠨ ᠲᠦᠮᠡᠨ ᠳᠤ | ᠰᠠᠨᠠᠭᠠᠴᠢᠯᠠᠭ᠎ᠠ ᠠᠴᠠ ᠪᠠᠨ᠂ ᠬᠥᠳᠡᠯᠦᠩᠭᠦᠶ ᠪᠠᠶᠢᠳᠠᠯ᠂ ᠨᠠᠷᠢᠯᠢᠭ ᠣᠨᠣᠴᠠᠲᠠᠶ ᠵᠠᠰᠠᠭ ᠤᠨ ᠶᠠᠪᠤᠳᠠᠯ ᠤᠨ ᠦᠶ᠋ᠯᠡᠴᠢᠯᠡᠭᠡ | ᠬᠠᠩᠭᠠᠨ᠎ᠠ᠃ ︵ᠲᠦᠷᠦᠭᠦᠯᠡᠬᠦ ᠰᠠᠯᠠᠭ᠎ᠠ ᠮᠥᠴᠢᠷ᠄ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︔ ᠬᠠᠷᠢᠭᠤᠴᠠᠯᠭᠠᠲᠤ ᠰᠠᠯᠠᠭ᠎ᠠ ᠮᠥᠴᠢᠷ᠄ ᠡᠯ᠎ᠡ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ︔ ᠪᠡᠶᠡᠯᠡᠭᠦᠯᠬᠦ ᠴᠠᠭ ᠤᠨ | ᠬᠢᠵᠠᠭᠠᠷ᠄ 2023 ᠣᠨ ᠤ 12 ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ︶ | ︵ᠬᠤᠶᠠᠷ︶ ᠬᠢᠨᠠᠨ ᠵᠥᠪᠰᠢᠶᠡᠷᠡᠬᠦ ᠥᠭᠡᠷᠡᠴᠢᠯᠡᠯᠲᠡ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠠᠵᠢᠯᠯᠠᠭ᠎ᠠ ᠶᠢ | ᠬᠡᠷᠡᠭᠵᠢᠭᠦᠯᠵᠦ᠂ ᠳᠥᠭᠦᠮ ᠳᠥᠲᠡ ᠥᠨᠳᠥᠷ ᠪᠦᠲᠦᠮᠵᠢᠲᠡᠶ ᠤᠴᠢᠷ ᠶᠠᠪᠤᠳᠠᠯ ᠰᠢᠢᠳᠪᠦᠷᠢᠯᠡᠬᠦ ᠠᠭᠤᠷ ᠠᠮᠢᠰᠬᠤᠯ ᠢ | ᠬᠦᠴᠦᠯᠡᠨ ᠪᠤᠢ ᠪᠣᠯᠭᠠᠨ᠎ᠠ᠃ | 4. ︽ᠨᠢᠭᠡ ᠰᠦᠯᠵᠢᠶ᠎ᠡ ᠪᠠᠷ ᠭᠦᠢᠴᠡᠳᠬᠡᠬᠦ︾ ᠦᠢᠯᠡᠴᠢᠯᠡᠭᠡ ᠶᠢ ᠭᠦᠨᠵᠡᠭᠡᠶ ᠬᠡᠷᠡᠭᠵᠢᠭᠦᠯᠦᠨ᠎ᠡ᠃ ᠪᠥᠬᠦ | ᠬᠤᠲᠠ ᠶᠢᠨ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾ ᠪᠠ ︽ᠪᠥᠬᠦ ᠬᠤᠲᠠ ᠳᠤ ᠨᠡᠶᠢᠳᠡᠮ ᠭᠦᠢᠴᠡᠳᠭᠡᠬᠦ︾ | ᠥᠭᠡᠷᠡᠴᠢᠯᠡᠯᠲᠡ ᠶᠢᠨ ᠡᠭᠦᠷᠭᠡ ᠶᠢᠨ ᠶᠡᠷᠦᠩᠬᠡᠶ ᠲᠣᠬᠢᠷᠠᠭᠤᠯᠤᠯᠲᠠ ᠶᠣᠰᠣᠭᠠᠷ᠂ ᠬᠤᠲᠠ ᠶᠢᠨ ᠲᠣᠭᠤᠷᠢᠭ ᠢ ᠨᠢᠭᠡ | ᠴᠣᠭᠴᠠᠵᠢᠭᠤᠯᠤᠨ ᠠᠬᠢᠭᠤᠯᠬᠤ ᠵᠠᠭᠪᠤᠷ ᠢ ᠦᠷᠭᠦᠯᠵᠢᠯᠡᠭᠦᠯᠵᠦ᠂ ︽ᠬᠤᠶᠠᠷ ᠰᠢᠯᠢᠳᠡᠭ︾ ᠤᠨ ᠲᠤᠰᠬᠠᠶ ᠠᠵᠢᠯ ᠲᠠᠢ | ᠭᠦᠢᠴᠡᠳ ᠤᠶᠠᠯᠳᠤᠭᠤᠯᠤᠨ᠂ 2022 ᠣᠨ ᠤ ᠬᠤᠲᠠ ᠲᠣᠭᠤᠷᠢᠭ ᠬᠤᠶᠠᠷ ᠱᠠᠲᠤᠨ ᠳᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠢᠯᠡᠰ ᠢ ᠰᠢᠯᠢᠳᠡᠭᠵᠢᠭᠦᠯᠦᠭᠰᠡᠨ ᠥᠬᠡᠶ ᠰᠢᠰᠲ᠋ᠧᠮ ᠤᠨ ᠰᠠᠯᠠᠭ᠎ᠠ ᠮᠥᠴᠢᠷ ᠢ ᠳᠠᠬᠢᠨ ᠡᠮᠬᠢᠯᠡᠵᠦ᠂ ᠠᠵᠢᠯ | ᠶᠠᠪᠤᠳᠠᠯ ᠭᠦᠢᠴᠡᠳᠭᠡᠬᠦ ᠭᠤᠭᠴᠤᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠳᠥᠭᠦᠮᠴᠢᠯᠡᠵᠦ᠂ ᠠᠵᠢᠯ ᠶᠠᠪᠤᠳᠠᠯ ᠭᠦᠢᠴᠡᠳᠭᠡᠬᠦ | ᠴᠢᠬᠤᠯᠠ ᠨᠥᠬᠦᠴᠡᠯ ᠢ ᠴᠣᠮᠬᠠᠳᠬᠠᠨ᠂ ᠠᠵᠢᠯ ᠶᠠᠪᠤᠳᠠᠯ ᠭᠦᠢᠴᠡᠳᠭᠡᠬᠦ ᠴᠠᠭ ᠤᠨ ᠬᠢᠵᠠᠭᠠᠷ ᠢ ᠪᠣᠭᠤᠨᠢᠰᠬᠠᠵᠤ᠂ ᠰᠦᠯᠵᠢᠶᠡᠨ | ᠳᠡᠭᠡᠷ᠎ᠡ ᠭᠦᠢᠴᠡᠳᠭᠡᠬᠦ ᠭᠦᠨᠴᠡ᠂ ᠭᠤᠶᠤᠴᠢᠯᠠᠬᠤ ᠮᠠᠲ᠋ᠧᠷᠢᠶᠠᠯ ᠤᠨ ᠮᠥᠬᠦᠯᠢᠭᠵᠢᠭᠦᠯᠦᠨ ᠰᠠᠯᠭᠠᠬᠤ᠂ ᠵᠦᠢᠯᠡᠰ ᠢ | ᠪᠠᠶᠢᠳᠠᠯ ᠲᠠᠢ ᠪᠣᠯᠭᠠᠬᠤ᠂ ᠡᠯᠧᠺᠳ᠋ᠷᠣᠨ ᠦᠨᠡᠮᠯᠡᠯ ᠢ ᠬᠤᠯᠪᠣᠭᠳᠠᠭᠤᠯᠬᠤ ᠵᠡᠷᠭᠡ ᠬᠦᠴᠦᠨ ᠵᠦᠢᠯ ᠢ ᠭᠤᠣᠯᠳᠠᠯᠭ᠎ᠠ ᠲᠠᠢ ᠪᠠᠷ | ᠰᠢᠯᠢᠳᠡᠭᠵᠢᠭᠦᠯᠦᠨ ᠵᠢᠷᠤᠮᠵᠢᠭᠤᠯᠵᠤ᠂ ᠨᠠᠩ ᠣᠯᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠭᠠᠳᠠᠭᠰᠢ | ᠭᠠᠷᠭᠠᠬᠤ ᠥᠬᠡᠶ︾ ︽ᠰᠦᠯᠵᠢᠶᠡᠨ ᠳᠡᠭᠡᠷ᠎ᠡ ᠭᠦᠢᠴᠡᠳᠭᠡᠬᠦ︾ ᠶᠢ ᠴᠢᠷᠮᠠᠶᠢᠨ ᠪᠡᠶᠡᠯᠡᠭᠦᠯᠦᠨ᠎ᠡ᠃ 2023 ᠣᠨ ᠳᠤ ︽ᠨᠢᠭᠡ | ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠥᠨᠳᠥᠷ ᠳᠠᠪᠲᠠᠮᠵᠢᠲᠤ ᠵᠦᠢᠯᠡᠰ ᠢ 400 ᠵᠦᠢᠯ ᠠᠴᠠ ᠳᠤᠲᠠᠭᠤ ᠪᠠᠶᠢᠯᠭᠠᠵᠤ | ᠪᠣᠯᠬᠤ ᠦᠭᠡᠢ᠃ ︽ᠮᠦᠩᠭᠡ ᠰᠤᠪᠠᠭ︾ ᠤᠨ ᠰᠢᠯᠵᠢᠮᠡᠯ ᠦᠵᠦᠭᠦᠷ ᠤᠨ ᠬᠡᠷᠡᠭᠯᠡᠯᠲᠡ ᠶᠢ ᠡᠮᠬᠢᠯᠡᠨ ᠨᠡᠶᠢᠯᠡᠭᠦᠯᠬᠦ | ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠣᠨᠴᠠᠯᠢᠭᠲᠤ ᠬᠡᠷᠡᠭᠯᠡᠯᠲᠡ ᠶᠢ ︽ᠮᠦᠩᠭᠡ ᠰᠤᠪᠠᠭ︾ ᠤᠨ ᠵᠢᠵᠢᠭ | ᠫᠷᠤᠭ᠍ᠷᠠᠮ ᠳᠠᠰᠢ ᠰᠢᠯᠵᠢᠭᠦᠯᠬᠦ ᠶᠢ ᠠᠯᠬᠤᠮ ᠠᠯᠬᠤᠮ ᠢᠶᠠᠷ ᠠᠬᠢᠭᠤᠯᠤᠨ᠂ ᠵᠢᠯ ᠤᠨ ᠳᠣᠲᠣᠷ᠎ᠠ ᠣᠨᠴᠠᠯᠢᠭᠲᠤ ᠬᠡᠷᠡᠭᠯᠡᠯᠲᠡ ᠶᠢ | ᠵᠠᠯᠭᠠᠬᠤ ᠪᠠ ᠰᠢᠯᠵᠢᠭᠦᠯᠦᠨ ᠬᠡᠷᠡᠭᠯᠡᠬᠦ ᠶᠢ 100 ᠬᠥᠮᠦᠨ ᠠᠴᠠ ᠳᠤᠲᠠᠭᠤ ᠦᠭᠡᠢ ᠪᠠᠶᠢᠯᠭᠠᠵᠤ᠂ ᠠᠯᠠᠭᠠᠨ ᠦᠵᠦᠭᠦᠷ ᠤᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠡᠷᠡᠭᠯᠡᠯᠲᠡ ᠶᠢ ᠬᠡᠷᠡᠭᠯᠡᠵᠦ ᠪᠣᠯᠬᠤ᠂ ᠬᠡᠷᠡᠭᠯᠡᠬᠦ ᠳᠤ ᠬᠢᠯᠪᠠᠷ᠂ ᠬᠡᠷᠡᠭᠯᠡᠬᠦ ᠳᠤ | ᠠᠮᠠᠷᠬᠠᠨ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ︵ᠲᠦᠷᠦᠭᠦᠯᠡᠬᠦ ᠰᠠᠯᠠᠭ᠎ᠠ ᠮᠥᠴᠢᠷ᠄ ᠡᠯ᠎ᠡ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ︔ ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠲᠠ ᠶᠢᠨ ᠰᠢᠭᠤᠳ ᠬᠠᠷᠢᠶ᠎ᠠ ᠡᠯ᠎ᠡ ᠬᠠᠮᠢᠶ᠎ᠠ | ᠪᠥᠬᠦᠶ ᠰᠠᠯᠠᠭ᠎ᠠ ᠮᠥᠴᠢᠷ︔ ᠪᠡᠶᠡᠯᠡᠭᠦᠯᠬᠦ ᠴᠠᠭ ᠤᠨ ᠬᠢᠵᠠᠭᠠᠷ᠄ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ | ᠡᠭᠦᠷᠭᠡ ᠶᠢ 2023 ᠣᠨ ᠤ 6 ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ᠂ ︽ᠮᠦᠩᠭᠡ ᠰᠤᠪᠠᠭ︾ ᠤᠨ | ᠰᠢᠯᠵᠢᠮᠡᠯ ᠦᠵᠦᠭᠦᠷ ᠤᠨ ᠡᠭᠦᠷᠭᠡ ᠶᠢ 2023 ᠣᠨ ᠤ 12 ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ | ᠪᠡᠶᠡᠯᠡᠭᠦᠯᠦᠨ᠎ᠡ᠃ | 5. ︽ᠨᠢᠭᠡ ᠴᠣᠩᠬᠤᠪᠴᠢ ᠪᠠᠷ ᠭᠦᠢᠴᠡᠳᠬᠡᠬᠦ︾ ᠦᠢᠯᠡᠴᠢᠯᠡᠭᠡ ᠶᠢ ᠭᠦᠨᠵᠡᠭᠡᠶ ᠬᠡᠷᠡᠭᠵᠢᠭᠦᠯᠦᠨ᠎ᠡ᠃ ᠪᠣᠳᠠᠲᠤ ᠦᠷ᠎ᠡ | ᠪᠦᠲᠦᠮᠵᠢ ᠶᠢ ᠡᠷᠬᠢᠮᠯᠡᠬᠦ ᠵᠠᠷᠴᠢᠮ ᠢ ᠪᠠᠷᠢᠮᠲᠠᠯᠠᠵᠤ᠂ ᠬᠤᠲᠠ᠂ ᠲᠣᠭᠤᠷᠢᠭ ᠬᠤᠶᠠᠷ ᠱᠠᠲᠤᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠥᠪ ᠤᠨ ᠶᠡᠷᠦᠩᠬᠡᠶᠢᠯᠡᠭᠰᠡᠨ ᠴᠣᠩᠬᠤᠪᠴᠢ ᠶᠢ ᠭᠥᠯᠢᠶᠡᠨ ᠠᠪᠴᠤ ᠰᠢᠢᠳᠪᠦᠷᠢᠯᠡᠬᠦ ᠥᠭᠡᠷᠡᠴᠢᠯᠡᠯᠲᠡ ᠶᠢ | ᠦᠷᠭᠦᠯᠵᠢᠯᠡᠨ ᠭᠦᠨᠵᠡᠭᠡᠶᠢᠷᠡᠭᠦᠯᠦᠭᠰᠡᠨ ᠰᠠᠭᠤᠷᠢᠨ ᠳᠡᠭᠡᠷ᠎ᠡ᠂ ᠵᠦᠢᠯᠡᠰ ᠤᠨ ᠬᠦᠷᠢᠶ᠎ᠡ ᠴᠠᠷᠠᠭ᠎ᠠ ᠶᠢ ᠲᠥᠷᠥᠯ ᠬᠤᠪᠢᠶᠠᠬᠤ | ᠪᠤᠶᠤ ᠲᠣᠤᠷᠵᠢᠭᠤᠯᠤᠭᠰᠠᠨ ᠣᠷᠣᠨ ᠪᠦᠰᠡ ᠶᠢ ᠬᠤᠪᠢᠶᠠᠷᠢᠯᠠᠬᠤ ᠵᠡᠷᠭᠡ ᠠᠷᠭ᠎ᠠ ᠮᠠᠶ᠋ᠢᠭ ᠢ ᠠᠪᠴᠤ᠂ ᠶᠡᠷᠦᠩᠬᠡᠶᠢᠯᠡᠭᠰᠡᠨ | ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ ᠥᠭᠡᠷᠡᠴᠢᠯᠡᠯᠲᠡ ᠶᠢ ᠪᠠᠯᠭᠠᠰᠤ ︵ᠵᠡᠭᠡᠯᠢ ᠭᠤᠳᠤᠮᠵᠢ︶ ᠪᠠ ᠲᠣᠰᠬᠤᠨ | ︵ᠨᠡᠶᠢᠭᠡᠮ ᠲᠣᠭᠤᠷᠢᠭ︶ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ ︵ᠥᠷᠲᠡᠭᠡ︶ ᠳᠠᠰᠢ | ᠤᠷᠲᠤᠳᠬᠠᠬᠤ ᠶᠢ ᠠᠬᠢᠭᠤᠯᠤᠨ᠂ ᠥᠪᠡᠷᠲᠡᠭᠡᠨ ᠵᠠᠰᠠᠬᠤ ᠣᠷᠣᠨ ᠤ ︽ᠶᠡᠷᠦᠩᠬᠡᠶᠢᠯᠡᠭᠰᠡᠨ ᠨᠢᠭᠡ ᠴᠣᠩᠬᠤᠪᠴᠢ ᠪᠠᠷ | ᠭᠥᠯᠢᠶᠡᠨ ᠠᠪᠴᠤ ᠰᠢᠢᠳᠪᠦᠷᠢᠯᠡᠬᠦ︾ ᠰᠢᠰᠲ᠋ᠧᠮ ᠪᠠ ︽ᠰᠠᠶᠢᠨ ᠮᠠᠭᠤ ᠶᠢ ᠦᠨᠡᠯᠡᠬᠦ︾ ᠰᠢᠰᠲ᠋ᠧᠮ ᠢ ᠪᠠᠯᠭᠠᠰᠤ ︵ᠵᠡᠭᠡᠯᠢ | ᠭᠤᠳᠤᠮᠵᠢ︶ ᠪᠠ ᠲᠣᠰᠬᠤᠨ ︵ᠨᠡᠶᠢᠭᠡᠮ ᠲᠣᠭᠤᠷᠢᠭ︶ ᠳᠤ ᠲᠠᠰ ᠳᠡᠰ ᠢᠶᠠᠷ ᠬᠡᠷᠡᠭᠯᠡᠬᠦ ᠶᠢ ᠠᠬᠢᠭᠤᠯᠤᠨ᠎ᠠ᠃ | ᠶᠡᠷᠦᠩᠬᠡᠶᠢᠯᠡᠭᠰᠡᠨ ᠴᠣᠩᠬᠤᠪᠴᠢ ᠶᠢᠨ ᠵᠢᠷᠤᠮᠵᠢᠭᠰᠠᠨ ᠠᠵᠢᠯᠯᠠᠭᠠᠨ ᠤ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ | ᠪᠦᠷᠢᠨᠰᠢᠬᠦᠯᠵᠦ᠂ ᠦᠨᠳᠦᠰᠦᠨ ᠱᠠᠲᠤᠨ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠵᠦᠢᠯᠡᠰ ᠤᠨ ︽ᠨᠢᠭᠡ | ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ᠂ ᠶᠡᠷᠦᠩᠬᠡᠶᠢᠯᠡᠭᠰᠡᠨ ᠦᠢᠯᠡᠴᠢᠯᠡᠭᠡ︾ ᠶᠢ ᠬᠡᠷᠡᠭᠵᠢᠭᠦᠯᠦᠨ᠂ ᠬᠤᠲᠠ᠂ | ᠲᠣᠭᠤᠷᠢᠭ᠂ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶ ᠤ ᠳᠥᠷᠪᠡᠨ ᠱᠠᠲᠤᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠠᠯᠠᠪᠤᠷ ᠭᠠᠵᠠᠷ ᠤᠨ ᠶᠡᠷᠦᠩᠬᠡᠶᠢᠯᠡᠭᠰᠡᠨ ᠴᠣᠩᠬᠤᠪᠴᠢ ᠪᠠᠷ ᠭᠥᠯᠢᠶᠡᠨ ᠠᠪᠴᠤ | ᠰᠢᠢᠳᠪᠦᠷᠢᠯᠡᠬᠦ ᠵᠠᠭᠪᠤᠷ ᠢ ᠪᠦᠷᠢᠨ ᠪᠦᠷᠬᠦᠭᠦᠯᠬᠦ ᠶᠢ ᠪᠡᠶᠡᠯᠡᠭᠦᠯᠦᠨ᠎ᠡ᠃ 2023 ᠣᠨ ᠤ ᠡᠴᠦᠰ ᠠᠴᠠ ᠡᠮᠦᠨ᠎ᠡ᠂ ᠬᠤᠲᠠ᠂ | ᠲᠣᠭᠤᠷᠢᠭ ᠬᠤᠶᠠᠷ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠣᠷᠣᠵᠤ ᠰᠠᠭᠤᠬᠤ ᠵᠦᠢᠯᠡᠰ ᠤᠨ | ᠶᠡᠷᠦᠩᠬᠡᠶᠢᠯᠡᠭᠰᠡᠨ ᠴᠣᠩᠬᠤᠪᠴᠢ ᠶᠢ ᠭᠥᠯᠢᠶᠡᠨ ᠠᠪᠴᠤ ᠰᠢᠢᠳᠪᠦᠷᠢᠯᠡᠬᠦ ᠨᠣᠷᠮ᠎ᠠ ᠶᠢ 95% ᠠᠴᠠ ᠳᠣᠤᠷ᠎ᠠ ᠪᠠᠶᠢᠯᠭᠠᠵᠤ | ᠪᠣᠯᠬᠤ ᠥᠬᠡᠶ᠂ ᠪᠠᠯᠭᠠᠰᠤ ︵ᠵᠡᠭᠡᠯᠢ ᠭᠤᠳᠤᠮᠵᠢ︶ ᠪᠠ ᠲᠣᠰᠬᠤᠨ ︵ᠨᠡᠶᠢᠭᠡᠮ ᠲᠣᠭᠤᠷᠢᠭ︶ ᠤ ᠠᠷᠠᠳ ᠲᠤ ᠲᠥᠬᠦᠮ | ᠦᠵᠡᠭᠦᠯᠬᠦ ᠦᠢᠯᠡᠴᠢᠯᠡᠭᠡᠨ ᠤ ᠲᠥᠪ ︵ᠥᠷᠲᠡᠭᠡ︶ ᠶᠢᠨ ᠣᠷᠣᠵᠤ ᠰᠠᠭᠤᠬᠤ ᠵᠦᠢᠯᠡᠰ ᠤᠨ ᠶᠡᠷᠦᠩᠬᠡᠶᠢᠯᠡᠭᠰᠡᠨ | ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ ᠨᠣᠷᠮ᠎ᠠ ᠶᠢ 90% ᠠᠴᠠ ᠳᠣᠤᠷ᠎ᠠ ᠪᠠᠶᠢᠯᠭᠠᠵᠤ ᠪᠣᠯᠬᠤ ᠥᠬᠡᠶ᠂ | ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠯᠠᠪᠤᠷ ᠤᠨ ︽ᠰᠠᠶᠢᠨ ᠮᠠᠭᠤ ᠶᠢ ᠦᠨᠡᠯᠡᠬᠦ︾ ᠳᠤ ᠮᠠᠰᠢ | ᠬᠠᠨᠤᠮᠵᠢᠲᠠᠶ ᠪᠠᠶᠢᠬᠤ ᠨᠣᠷᠮ᠎ᠠ ᠶᠢ 99% ᠠᠴᠠ ᠳᠣᠤᠷ᠎ᠠ ᠪᠠᠶᠢᠯᠭᠠᠵᠤ ᠪᠣᠯᠬᠤ ᠥᠬᠡᠶ᠃ ︵ᠲᠦᠷᠦᠭᠦᠯᠡᠬᠦ ᠰᠠᠯᠠᠭ᠎ᠠ ᠮᠥᠴᠢᠷ᠄ | ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︔ ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠲᠠ ᠶᠢᠨ ᠰᠢᠭᠤᠳ | ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ︔ ᠪᠡᠶᠡᠯᠡᠭᠦᠯᠬᠦ ᠴᠠᠭ ᠤᠨ ᠬᠢᠵᠠᠭᠠᠷ᠄ 2023 ᠣᠨ ᠤ 9 ᠰᠠᠷ᠎ᠠ ᠶᠢᠨ | 30 ᠤ ᠡᠳᠦᠷ ᠠᠴᠠ ᠡᠮᠦᠨ᠎ᠡ︶ | 6. ︽ᠨᠢᠭᠡ ᠯᠡ ᠤᠳᠠᠭ᠎ᠠ ᠳᠤ ᠭᠦᠢᠴᠡᠳᠬᠡᠬᠦ︾ ᠦᠢᠯᠡᠴᠢᠯᠡᠭᠡ ᠶᠢ ᠭᠦᠨᠵᠡᠭᠡᠶ ᠬᠡᠷᠡᠭᠵᠢᠭᠦᠯᠦᠨ᠎ᠡ᠃ ᠨᠢᠭᠡ ᠳᠤ᠂ | ᠭᠡᠷᠡᠴᠢ ᠦᠨᠡᠮᠯᠡᠯ ᠢ ᠬᠠᠮᠲᠤᠷᠠᠨ ᠭᠦᠢᠴᠡᠳᠬᠡᠵᠦ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠶᠢ | ᠬᠡᠷᠡᠭᠵᠢᠭᠦᠯᠪᠡ᠃ ᠤᠷᠢᠳᠠᠪᠠᠷ ᠲᠤᠷᠰᠢᠯᠲᠠ ᠬᠢᠬᠦ᠂ ᠠᠯᠬᠤᠮ ᠠᠯᠬᠤᠮ ᠢᠶᠠᠷ ᠳᠡᠯᠭᠡᠷᠡᠭᠦᠯᠬᠦ ᠠᠷᠭ᠎ᠠ ᠮᠠᠶ᠋ᠢᠭ ᠢ ᠠᠪᠴᠤ᠂ | ᠬᠠᠶᠢᠷᠤᠪ ᠤᠨ ᠲᠣᠬᠤᠢ ᠲᠣᠭᠤᠷᠢᠭ ᠢ ᠰᠣᠩᠭᠤᠨ ᠲᠤᠷᠰᠢᠯᠲᠠ ᠶᠢᠨ ᠴᠡᠭ ᠪᠣᠯᠭᠠᠵᠤ᠂ ᠤᠷᠢᠳᠠᠪᠠᠷ ᠢᠳᠡᠭᠡᠨ ᠤ | ᠡᠵᠡᠩᠨᠡᠯᠲᠡ ᠶᠢᠨ ᠠᠵᠢᠯ ᠲᠥᠷᠥᠯ ᠠᠴᠠ ᠭᠠᠷᠳᠠᠵᠤ᠂ ᠲᠥᠬᠦᠮ ᠪᠥᠭᠡᠳ ᠲᠦᠭᠰᠢᠭᠦᠷᠢ ᠪᠠᠭᠠᠲᠠᠶ ᠠᠵᠤ ᠠᠬᠤᠶᠢᠯᠠᠯ ᠤᠨ | ᠵᠥᠪᠰᠢᠶᠡᠷᠡᠨ ᠣᠷᠣᠭᠤᠯᠬᠤ ᠡᠵᠡᠩᠨᠡᠯᠲᠡ ᠶᠢᠨ ᠵᠦᠢᠯᠡᠰ ᠢ ᠨᠠᠷᠢᠯᠢᠬᠵᠢᠭᠤᠯᠤᠨ ᠡᠮᠬᠢᠯᠡᠵᠦ᠂ ᠡᠵᠡᠩᠨᠡᠯᠲᠡ ᠶᠢᠨ ᠦᠨᠡᠮᠯᠡᠯ ᠢ | ᠵᠠᠬ᠎ᠠ ᠳᠡᠯᠭᠡᠭᠦᠷ ᠤᠨ ᠭᠤᠤᠯ ᠴᠣᠭᠴᠠ ᠯᠤᠭ᠎ᠠ ᠬᠠᠮᠢᠶ᠎ᠠ ᠪᠥᠬᠦᠶ ᠡᠵᠡᠩᠨᠡᠯᠲᠡ ᠶᠢᠨ ᠵᠥᠪᠰᠢᠶᠡᠷᠡᠯ ᠤᠨ ᠬᠢᠨᠠᠨ ᠵᠥᠪᠰᠢᠶᠡᠷᠡᠬᠦ | ᠵᠦᠢᠯᠡᠰ ᠬᠢᠭᠡᠳ ᠨᠢᠭᠡ ᠯᠡ ᠤᠳᠠᠭ᠎ᠠ ᠳᠤ ᠮᠡᠳᠡᠭᠳᠡᠬᠦ᠂ ᠵᠡᠷᠭᠡ ᠪᠠᠷ ᠭᠥᠯᠢᠶᠡᠨ ᠠᠪᠴᠤ ᠰᠢᠢᠳᠪᠦᠷᠢᠯᠡᠬᠦ᠂ ᠮᠠᠲ᠋ᠧᠷᠢᠶᠠᠯ ᠢ | ᠬᠠᠮᠲᠤ ᠪᠠᠷ ᠭᠥᠷᠳᠡᠬᠦ᠂ ᠴᠤᠪᠤᠷᠠᠯ ᠢ ᠴᠣᠮᠬᠠᠳᠬᠠᠬᠤ᠂ ᠨᠢᠭᠡᠳᠦᠯᠲᠡᠶ ᠦᠨᠡᠮᠯᠡᠯ ᠣᠯᠭᠤᠬᠤ᠂ ︽ᠨᠢᠭᠡ ᠢᠵᠢ ᠮᠠᠲ᠋ᠧᠷᠢᠶᠠᠯ᠂ | ᠨᠢᠭᠡ ᠰᠦᠯᠵᠢᠶ᠎ᠡ ᠪᠠᠷ ᠲᠠᠭᠯᠠᠨ ᠮᠡᠳᠡᠭᠦᠯᠬᠦ᠂ ᠨᠢᠭᠡ ᠯᠡ ᠤᠳᠠᠭ᠎ᠠ ᠳᠤ ᠭᠤᠶᠤᠴᠢᠯᠠᠬᠤ᠂ ᠨᠡᠶᠢᠯᠡᠭᠦᠯᠦᠨ ᠬᠢᠨᠠᠨ ᠵᠥᠪᠰᠢᠶᠡᠷᠡᠬᠦ᠂ | ᠴᠠᠭ ᠬᠢᠵᠠᠭᠠᠷᠯᠠᠨ ᠭᠦᠢᠴᠡᠳᠬᠡᠵᠦ ᠳᠠᠭᠤᠰᠬᠠᠬᠤ︾ ᠭᠡᠷᠡᠴᠢ ᠦᠨᠡᠮᠯᠡᠯ ᠢ ᠬᠠᠮᠲᠤᠷᠠᠨ ᠭᠦᠢᠴᠡᠳᠬᠡᠬᠦ ᠰᠢᠨ᠎ᠡ ᠵᠠᠭᠪᠤᠷ ᠢ ᠪᠣᠶ | ᠪᠣᠯᠭᠠᠵᠤ᠂ ᠢᠳᠡᠭᠡᠨ ᠤ ᠡᠵᠡᠩᠨᠡᠯᠲᠡ ᠶᠢᠨ ᠠᠵᠢᠯ ᠲᠥᠷᠥᠯ ᠳᠤ ᠵᠥᠪᠰᠢᠶᠡᠷᠡᠨ ᠣᠷᠣᠭᠤᠯᠬᠤ ᠶᠢ ᠲᠡᠷᠡ ᠳᠠᠷᠤᠶ ᠳᠤᠨᠢ | ᠡᠵᠡᠩᠨᠡᠬᠦ ᠶᠢ ᠪᠡᠶᠡᠯᠡᠭᠦᠯᠦᠨ᠎ᠡ᠃ ︵ᠲᠦᠷᠦᠭᠦᠯᠡᠬᠦ ᠰᠠᠯᠠᠭ᠎ᠠ ᠮᠥᠴᠢᠷ᠄ ᠡᠯ᠎ᠡ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ᠂ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠣᠪᠴᠢᠶ᠎ᠠ︔ ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠲᠠ ᠶᠢᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ | ᠮᠥᠴᠢᠷ︔ ᠪᠡᠶᠡᠯᠡᠭᠦᠯᠬᠦ ᠴᠠᠭ ᠤᠨ ᠬᠢᠵᠠᠭᠠᠷ᠄ 2023 ᠣᠨ ᠤ 10 ᠰᠠᠷ᠎ᠠ ᠶᠢᠨ 30 ᠤ ᠡᠳᠦᠷ ᠠᠴᠠ ᠡᠮᠦᠨ᠎ᠡ︶ | ᠬᠤᠶᠠᠷ ᠲᠤ᠂ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠥᠷᠭᠡᠴᠡ ᠪᠠ ᠭᠦᠨᠴᠡ ᠶᠢ | ᠤᠷᠲᠤᠳᠬᠠᠪᠠ᠃ ᠥᠪᠡᠷᠲᠡᠭᠡᠨ ᠵᠠᠰᠠᠬᠤ ᠣᠷᠣᠨ ᠠᠴᠠ 115 ︽ᠨᠢᠭᠡ ᠶᠠᠪᠤᠳᠠᠯ︾ ᠢ ᠬᠡᠷᠡᠭᠵᠢᠭᠦᠯᠦᠭᠰᠡᠨ ᠰᠠᠭᠤᠷᠢᠨ | ᠳᠡᠭᠡᠷ᠎ᠡ᠂ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠵᠦᠢᠯᠡᠰ ᠢ ᠳᠠᠬᠢᠨ ᠭᠠᠷᠭᠠᠭᠰᠠᠨ ᠪᠥᠭᠡᠳ | ᠨᠢᠭᠡᠨᠲᠡ ᠭᠠᠷᠭᠠᠭᠰᠠᠨ ︽ᠨᠢᠭᠡ ᠶᠠᠪᠤᠳᠠᠯ︾ ᠤᠨ ᠬᠤᠷᠠᠮᠠᠯ ᠥᠭᠡᠷᠡᠴᠢᠯᠡᠯᠲᠡ ᠶᠢ ᠪᠥᠬᠦ ᠲᠠᠯ᠎ᠠ ᠪᠠᠷ ᠵᠢᠷᠤᠮᠵᠢᠭᠤᠯᠵᠤ᠂ | ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠠᠭᠤᠰᠤᠯᠴᠠᠭᠤᠯᠤᠨ ᠭᠦᠢᠴᠡᠳᠬᠡᠬᠦ᠂ ᠪᠥᠬᠦ ᠬᠤᠲᠠ ᠶᠢᠨ ᠬᠦᠷᠢᠶ᠎ᠡ | ᠬᠡᠪᠴᠢᠶ᠎ᠡ ᠶᠢ ᠠᠳᠠᠯᠢ ᠪᠠᠷᠢᠮᠵᠢᠶ᠎ᠠ ᠪᠠᠷ ᠭᠦᠢᠴᠡᠳᠭᠡᠬᠦ ᠶᠢ ᠠᠬᠢᠭᠤᠯᠤᠨ᠂ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ | ᠭᠦᠢᠴᠡᠳᠬᠡᠬᠦ︾ ᠵᠦᠢᠯᠡᠰ ᠢ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶ ᠳᠤ ᠭᠦᠨᠵᠡᠭᠡᠶᠢᠷᠡᠨ | ᠭᠦᠢᠴᠡᠳᠭᠡᠬᠦ ᠶᠢ ᠠᠬᠢᠭᠤᠯᠵᠤ᠂ ᠨᠠᠩ ᠣᠯᠠᠨ ᠵᠦᠢᠯᠡᠰ ᠢ ︽ᠲᠥᠪᠯᠡᠷᠡᠭᠦᠯᠦᠨ ᠭᠦᠢᠴᠡᠳᠬᠡᠬᠦ︾᠂ ︽ᠳᠠᠭᠠᠭᠠᠨ | ᠭᠦᠢᠴᠡᠳᠬᠡᠬᠦ︾᠂ ︽ᠨᠢᠭᠡ ᠯᠡ ᠤᠳᠠᠭ᠎ᠠ ᠳᠤ ᠭᠦᠢᠴᠡᠳᠬᠡᠬᠦ︾ ᠶᠢ ᠪᠡᠶᠡᠯᠡᠭᠦᠯᠦᠨ᠎ᠡ᠃ ︵ᠲᠦᠷᠦᠭᠦᠯᠡᠬᠦ ᠰᠠᠯᠠᠭ᠎ᠠ ᠮᠥᠴᠢᠷ᠄ | ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︔ ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠲᠠ ᠶᠢᠨ ᠰᠢᠭᠤᠳ | ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ︔ ᠪᠡᠶᠡᠯᠡᠭᠦᠯᠬᠦ ᠴᠠᠭ ᠤᠨ ᠬᠢᠵᠠᠭᠠᠷ᠄ 2023 ᠣᠨ ᠤ 10 ᠰᠠᠷ᠎ᠠ ᠶᠢᠨ | 30 ᠤ ᠡᠳᠦᠷ ᠠᠴᠠ ᠡᠮᠦᠨ᠎ᠡ︶ | 7 ︽ᠣᠷᠣᠨ ᠪᠦᠰᠡ ᠠᠯᠤᠰᠯᠠᠨ ᠭᠦᠢᠴᠡᠳᠬᠡᠬᠦ︾ ᠦᠢᠯᠡᠴᠢᠯᠡᠭᠡᠨ ᠢ ᠭᠦᠨᠵᠡᠭᠡᠶ ᠶᠠᠪᠤᠭᠤᠯᠬᠤ ᠬᠡᠷᠡᠭᠲᠡᠶ᠃ ︽ᠮᠤᠵᠢ | ᠠᠯᠤᠰᠯᠠᠨ ᠨᠡᠶᠢᠳᠡᠮ ᠭᠦᠢᠴᠡᠳᠭᠡᠬᠦ︾ ᠪᠠ ︽ᠪᠥᠬᠦ ᠣᠷᠣᠨ ᠳᠤ ᠨᠡᠶᠢᠳᠡᠮ ᠭᠦᠢᠴᠡᠳᠭᠡᠬᠦ︾ ᠪᠠᠶᠢᠷᠢᠯᠠᠭᠤᠯᠤᠯᠲᠠ ᠶᠢᠨ | ᠱᠠᠭᠠᠷᠳᠠᠯᠭ᠎ᠠ ᠶᠣᠰᠣᠭᠠᠷ᠂ ᠤᠯᠤᠰ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ | ᠮᠤᠵᠢ ᠠᠯᠤᠰᠯᠠᠨ ᠨᠡᠶᠢᠳᠡᠮ ᠭᠦᠢᠴᠡᠳᠭᠡᠬᠦ︾ ᠵᠦᠢᠯᠡᠰ ᠤᠨ ᠨᠠᠷᠢᠨ ᠬᠠᠭᠤᠳᠠᠰᠤ ᠶᠢ ᠬᠢᠨᠠᠮᠠᠭᠠᠶ ᠨᠠᠶᠢᠳᠠᠪᠤᠷᠢᠵᠢᠭᠤᠯᠤᠭᠰᠠᠨ | ᠰᠠᠭᠤᠷᠢᠨ ᠳᠡᠭᠡᠷ᠎ᠡ᠂ ᠬᠤᠲᠠ ᠶᠢᠨ ᠪᠥᠭᠡᠮᠨᠡᠷᠡᠯ ᠤᠨ ᠬᠤᠲᠠ ᠲᠣᠭᠤᠷᠢᠭ ᠢ ᠨᠢᠭᠡ ᠴᠤᠭᠴᠠᠵᠢᠭᠤᠯᠤᠨ ᠬᠥᠭᠵᠢᠭᠦᠯᠬᠦ᠂ ᠭᠤᠤᠯ | ᠪᠣᠯᠬᠤ ᠬᠥᠳᠡᠯᠮᠦᠷᠢ ᠦᠢᠯᠡᠴᠢᠯᠡᠭᠡ ᠶᠢ ᠣᠷᠣᠭᠤᠯᠵᠤ ᠭᠠᠷᠭᠠᠬᠤ ᠭᠠᠵᠠᠷ ᠣᠷᠣᠨ ᠤ ᠬᠠᠮᠵᠢᠯᠴᠠᠭ᠎ᠠ᠂ ᠬᠥᠷᠰᠢ ᠵᠡᠷᠭᠡᠯᠡᠳᠡᠭᠡ | ᠭᠠᠵᠠᠷ ᠣᠷᠣᠨ ᠤ ᠰᠣᠯᠢᠯᠴᠠᠭ᠎ᠠ ᠬᠠᠮᠲᠤᠷᠠᠯᠴᠠᠭ᠎ᠠ ᠵᠡᠷᠭᠡ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ | ᠡᠷᠬᠢᠨ ᠲᠣᠭᠤᠷᠢᠨ ᠤ ᠮᠤᠵᠢ ᠬᠤᠲᠠ᠂ ᠥᠪᠡᠷᠲᠡᠭᠡᠨ ᠵᠠᠰᠠᠬᠤ ᠣᠷᠣᠨ ᠤ ᠪᠤᠰᠤᠳ ᠠᠶᠢᠮᠠᠭ ᠬᠤᠲᠠ ᠯᠤᠭ᠎ᠠ ︽ᠮᠤᠵᠢ | ᠠᠯᠤᠰᠯᠠᠨ ᠨᠡᠶᠢᠳᠡᠮ ᠭᠦᠢᠴᠡᠳᠭᠡᠬᠦ︾ ᠪᠠ ︽ᠪᠥᠬᠦ ᠣᠷᠣᠨ ᠳᠤ ᠨᠡᠶᠢᠳᠡᠮ ᠭᠦᠢᠴᠡᠳᠭᠡᠬᠦ︾ ᠬᠦᠷᠢᠶ᠎ᠡ ᠬᠡᠪᠴᠢᠶ᠎ᠡ ᠪᠠ | ᠭᠦᠨᠴᠡ ᠶᠢ ᠰᠠᠨᠠᠭᠠᠴᠢᠯᠠᠭ᠎ᠠ ᠠᠴᠠ ᠪᠠᠨ ᠥᠷᠭᠡᠳᠬᠡᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠠᠶᠢᠵᠢ ᠶᠢᠨ | ᠲᠣᠭᠤᠷᠢᠭ︾ ᠢ ᠢᠳᠡᠪᠬᠢᠲᠡᠶ ᠪᠠᠷ ᠥᠷᠭᠡᠳᠬᠡᠨ᠎ᠡ᠃ ᠠᠵᠤ ᠠᠬᠤᠶᠢᠯᠠᠯ ᠪᠠ ᠣᠯᠠᠨ ᠲᠦᠮᠡᠨ ᠤ ᠠᠩᠬᠠᠷᠴᠤ ᠪᠠᠶᠢᠭ᠎ᠠ ᠥᠨᠳᠥᠷ | ᠳᠠᠪᠲᠠᠮᠵᠢᠲᠤ ᠵᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ︽ᠪᠥᠬᠦ ᠬᠤᠲᠠ ᠶᠢᠨ ᠨᠡᠶᠢᠳᠡᠮ ᠭᠦᠶ᠋ᠴᠡᠳᠬᠡᠬᠦ︾ | ᠵᠦᠶ᠋ᠯᠡᠰ ᠤᠨ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠵᠦᠶ᠋ᠯᠡᠰ ᠢ ᠭᠦᠶ᠋ᠴᠡᠳᠬᠡᠬᠦ ᠴᠤᠪᠤᠷᠠᠯ ᠬᠢᠭᠡᠳ ᠠᠵᠢᠯ ᠶᠠᠪᠤᠳᠠᠯ | ᠭᠦᠶ᠋ᠴᠡᠳᠬᠡᠬᠦ ᠵᠦᠭᠯᠡᠭᠦᠷ ᠢ ᠨᠢᠭᠡᠳᠬᠡᠨ᠂ ᠠᠳᠠᠯᠢ ᠨᠢᠭᠡᠨ ᠵᠦᠶ᠋ᠯᠡᠰ ᠢ ᠪᠥᠬᠦ ᠬᠤᠲᠠ ᠶᠢᠨ ᠠᠳᠠᠯᠢ ᠪᠤᠰᠤ ᠣᠷᠣᠨ ᠪᠦᠰᠡ ᠳᠤ | ᠢᠯᠭᠠᠭ᠎ᠠ ᠥᠬᠡᠶ ᠭᠥᠯᠢᠶᠡᠨ ᠠᠪᠴᠤ ᠰᠢᠶ᠋ᠳᠪᠦᠷᠢᠯᠡᠬᠦ᠂ ᠠᠳᠠᠯᠢ ᠪᠠᠷᠢᠮᠵᠢᠶ᠎ᠠ ᠪᠠᠷ ᠰᠢᠶ᠋ᠳᠪᠦᠷᠢᠯᠡᠬᠦ ᠶᠢ ᠪᠡᠶᠡᠯᠡᠭᠦᠯᠦᠨ᠎ᠡ᠃ | ︵ᠲᠦᠷᠦᠭᠦᠯᠡᠬᠦ ᠰᠠᠯᠠᠭ᠎ᠠ ᠮᠥᠴᠢᠷ᠄ ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︔ ᠬᠠᠷᠢᠭᠤᠴᠠᠯᠭᠠᠲᠤ | ᠰᠠᠯᠠᠭ᠎ᠠ ᠮᠥᠴᠢᠷ᠄ ᠬᠤᠲᠠ ᠶᠢᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ︔ ᠪᠡᠶᠡᠯᠡᠭᠦᠯᠬᠦ ᠴᠠᠭ ᠤᠨ | ᠬᠢᠵᠠᠭᠠᠷ᠄ 2023 ᠣᠨ ᠤ 11 ᠳ᠋ᠦ᠋ᠭᠡᠷ ᠰᠠᠷ᠎ᠠ ᠶᠢᠨ 30 ᠤ ᠡᠳᠦᠷ ᠠᠴᠠ ᠡᠮᠦᠨ᠎ᠡ︶ | ︵ᠭᠤᠷᠪᠠ︶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ | ᠬᠡᠷᠡᠭᠵᠢᠭᠦᠯᠵᠦ᠂ ᠦᠢᠯᠡᠴᠢᠯᠡᠭᠡ ᠨᠢ ᠰᠡᠳᠬᠢᠯ ᠵᠢᠷᠦᠬᠡ ᠪᠠᠨ ᠬᠤᠯᠪᠣᠵᠤ ᠤᠴᠢᠷ ᠶᠠᠪᠤᠳᠠᠯ ᠰᠢᠢᠳᠪᠦᠷᠢᠯᠡᠬᠦ ᠠᠭᠤᠷ | ᠠᠮᠢᠰᠬᠤᠯ ᠢ ᠬᠦᠴᠦᠯᠡᠨ ᠪᠤᠢ ᠪᠣᠯᠭᠠᠨ᠎ᠠ᠃ | 8. ︽ᠳᠣᠷᠣᠭᠰᠢ ᠪᠠᠭᠤᠯᠭᠠᠵᠤ ᠭᠦᠢᠴᠡᠳᠬᠡᠬᠦ︾ ᠦᠢᠯᠡᠴᠢᠯᠡᠭᠡ ᠶᠢ ᠯᠠᠪᠳᠠᠭᠤᠨ ᠪᠠᠲᠤᠲᠠᠶ ᠬᠡᠷᠡᠭᠵᠢᠭᠦᠯᠦᠨ᠎ᠡ᠃ | ᠦᠢᠯᠡᠴᠢᠯᠡᠭᠡᠨ ᠤ ᠠᠵᠤ ᠠᠬᠤᠶᠢᠯᠠᠯ ᠢᠶᠠᠷ ᠬᠠᠷᠠᠯᠲᠠ ᠪᠣᠯᠭᠠᠨ᠂ ︽ᠣᠷᠣᠯᠠᠨ ᠭᠦᠢᠴᠡᠳᠬᠡᠬᠦ ᠬᠠᠪᠰᠤᠷᠤᠨ ᠭᠦᠢᠴᠡᠳᠬᠡᠬᠦ + | ᠨᠡᠭᠡᠭᠡᠯᠲᠡ ᠶᠢᠨ ᠲᠣᠭᠤᠷᠢᠭ︾ ᠤᠨ ᠦᠢᠯᠡᠴᠢᠯᠡᠭᠡᠨ ᠤ ᠵᠠᠭᠪᠤᠷ ᠢ ᠭᠦᠨᠵᠡᠭᠡᠶᠢᠷᠡᠭᠦᠯᠵᠦ᠂ ᠭᠠᠵᠠᠷ ᠣᠷᠣᠨ ᠤ ᠠᠵᠤ | ᠦᠢᠯᠡᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ | ᠬᠦᠷᠢᠶᠡᠯᠡᠩ ᠲᠣᠭᠤᠷᠢᠭ ᠤᠨ ᠠᠵᠢᠯ ᠶᠠᠪᠤᠳᠠᠯ ᠭᠦᠢᠴᠡᠳᠬᠡᠬᠦ ᠦᠢᠯᠡᠴᠢᠯᠡᠭᠡᠨ ᠤ ᠲᠢᠩᠬᠢᠮ ᠢ ᠪᠠᠶᠢᠭᠤᠯᠵᠤ᠂ ᠬᠢᠨᠠᠨ | ᠵᠥᠪᠰᠢᠶᠡᠷᠡᠬᠦ ᠰᠠᠯᠠᠭ᠎ᠠ ᠮᠥᠴᠢᠷ ᠤᠳ ᠳᠣᠷᠣᠭᠰᠢ ᠪᠠᠭᠤᠯᠭᠠᠬᠤ ᠶᠢ ᠥᠨᠳᠥᠷ ᠳᠠᠪᠲᠠᠮᠵᠢᠲᠤ ᠬᠢᠨᠠᠨ ᠵᠥᠪᠰᠢᠶᠡᠷᠡᠬᠦ ᠵᠦᠢᠯᠡᠰ ᠢ | ᠳᠣᠷᠣᠭᠰᠢ ᠪᠠᠭᠤᠯᠭᠠᠬᠤ ᠪᠤᠶᠤ ᠬᠢᠨᠠᠨ ᠵᠥᠪᠰᠢᠶᠡᠷᠡᠬᠦ ᠠᠵᠢᠯᠲᠠᠨ ᠢ ᠲᠣᠮᠢᠯᠠᠨ ᠰᠠᠭᠤᠯᠭᠠᠬᠤ ᠵᠡᠷᠭᠡ ᠬᠡᠯᠪᠡᠷᠢ ᠪᠠᠷ | ᠳᠠᠮᠵᠢᠭᠤᠯᠤᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠬᠦᠷᠢᠶᠡᠯᠡᠩ ᠲᠣᠭᠤᠷᠢᠭ ᠲᠤ ᠪᠠᠭᠤᠯᠭᠠᠨ | ᠭᠦᠢᠴᠡᠳᠬᠡᠬᠦ ᠶᠢ ᠠᠬᠢᠭᠤᠯᠵᠤ᠂ ᠬᠦᠷᠢᠶᠡᠯᠡᠩ ᠲᠣᠭᠤᠷᠢᠭ ᠤᠨ ᠬᠡᠷᠡᠭ ᠶᠠᠪᠤᠳᠠᠯ ᠤᠨ ᠬᠦᠷᠢᠶᠡᠯᠡᠩ ᠲᠣᠭᠤᠷᠢᠭ ᠢ ᠲᠣᠭᠲᠠᠭᠠᠬᠤ᠂ | ᠬᠦᠷᠢᠶᠡᠯᠡᠩ ᠲᠣᠭᠤᠷᠢᠭ ᠤᠨ ᠬᠡᠷᠡᠭ ᠶᠠᠪᠤᠳᠠᠯ ᠤᠨ ᠬᠦᠷᠢᠶᠡᠯᠡᠩ ᠲᠣᠭᠤᠷᠢᠭ ᠢ ᠭᠦᠢᠴᠡᠳᠬᠡᠬᠦ ᠶᠢ ᠪᠡᠶᠡᠯᠡᠭᠦᠯᠦᠨ᠎ᠡ᠃ | ︽ᠲᠣᠭᠤᠷᠢᠭ ᠤᠨ ᠳᠠᠷᠤᠭ᠎ᠠ ᠶᠢᠨ ᠦᠢᠯᠡᠴᠢᠯᠡᠭᠡᠨ ᠤ ᠡᠳᠦᠷ︾ ᠤᠨ ᠠᠵᠢᠯ ᠤᠨ ᠲᠣᠭᠲᠠᠴᠠ ᠶᠢ ᠪᠥᠬᠦ ᠲᠠᠯ᠎ᠠ ᠪᠠᠷ | ᠬᠡᠷᠡᠭᠵᠢᠭᠦᠯᠵᠦ᠂ ᠠᠵᠤ ᠠᠬᠤᠶᠢᠯᠠᠯ ᠳᠤ ᠪᠠᠶᠢᠩᠭᠤᠵᠢᠭᠤᠯᠤᠨ ᠦᠢᠯᠡᠴᠢᠯᠡᠭᠡ ᠬᠠᠩᠭᠠᠵᠤ᠂ ᠠᠵᠤ ᠠᠬᠤᠶᠢᠯᠠᠯ ᠤᠨ | ᠦᠢᠯᠡᠳᠪᠦᠷᠢᠯᠡᠯ ᠡᠵᠡᠩᠨᠡᠯᠲᠡ ᠶᠢᠨ ᠳᠤᠮᠳᠠᠬᠢ ᠬᠦᠴᠢᠷᠳᠡᠯ ᠪᠠ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠵᠣᠬᠢᠴᠠᠭᠤᠯᠤᠨ | ᠰᠢᠢᠳᠪᠦᠷᠢᠯᠡᠵᠦ᠂ ᠠᠵᠤ ᠠᠬᠤᠶᠢᠯᠠᠯ ᠢ ᠬᠡᠷ ᠲᠤᠨᠢ ᠬᠦᠷᠴᠦ ᠲᠤᠰᠠᠯᠠᠮᠵᠢ ᠭᠤᠶᠤᠵᠤ ᠪᠠᠶᠢᠭᠠᠳ ᠵᠠᠰᠠᠭ ᠤᠨ ᠣᠷᠳᠣᠨ ᠤ | ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠳᠤ ᠦᠢᠯᠡᠴᠢᠯᠡᠭᠦᠯᠦᠨ᠎ᠡ᠃ ᠤᠷᠢᠳᠠᠴᠢ ᠦᠢᠯᠡᠴᠢᠯᠡᠭᠡᠨ ᠤ ᠠᠵᠢᠯ ᠤᠨ | ᠲᠣᠭᠲᠠᠴᠠ ᠶᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠣᠷᠣᠯᠠᠨ | ᠭᠦᠢᠴᠡᠳᠬᠡᠬᠦ ᠬᠠᠪᠰᠤᠷᠤᠨ ᠭᠦᠢᠴᠡᠳᠬᠡᠬᠦ ᠦᠢᠯᠡᠴᠢᠯᠡᠭᠡᠨ ᠤ ᠲᠤᠰᠬᠠᠶ ᠲᠤᠰᠢᠶᠠᠯᠲᠠᠨ᠂ ᠨᠢᠭᠡ ᠠᠵᠤ ᠠᠬᠤᠶᠢᠯᠠᠯ ᠨᠢᠭᠡ | ᠲᠠᠩᠰᠠ ᠡᠪᠬᠡᠮᠡᠯ ᠵᠡᠷᠭᠡ ᠲᠣᠭᠲᠠᠴᠠ ᠶᠢ ᠪᠦᠷᠢᠨᠰᠢᠬᠦᠯᠵᠦ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥᠯ | ᠵᠦᠢᠯ ᠤᠨ ᠰᠠᠨᠠᠭᠠᠴᠢᠯᠠᠭ᠎ᠠ ᠠᠴᠠ ᠪᠠᠨ ᠵᠣᠯᠭᠠᠭᠤᠯᠬᠤ ᠦᠢᠯᠡᠴᠢᠯᠡᠭᠡ ᠶᠢ ᠴᠢᠩᠭᠠᠷᠠᠭᠤᠯᠤᠨ᠂ ᠣᠷᠣᠯᠠᠨ ᠭᠦᠢᠴᠡᠳᠬᠡᠬᠦ | ᠬᠠᠪᠰᠤᠷᠤᠨ ᠭᠦᠢᠴᠡᠳᠬᠡᠬᠦ ᠦᠢᠯᠡᠴᠢᠯᠡᠭᠡᠨ ᠤ ᠲᠠᠰ ᠳᠡᠪᠰᠢᠬᠦ ᠶᠢ ᠠᠬᠢᠭᠤᠯᠤᠨ᠎ᠠ᠃ ︵ᠲᠦᠷᠦᠭᠦᠯᠡᠬᠦ ᠰᠠᠯᠠᠭ᠎ᠠ ᠮᠥᠴᠢᠷ᠄ | ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠦᠬᠠᠶ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ | ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︔ ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠲᠠ ᠶᠢᠨ | ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ︔ ᠪᠡᠶᠡᠯᠡᠭᠦᠯᠬᠦ ᠴᠠᠭ ᠤᠨ ᠬᠢᠵᠠᠭᠠᠷ᠄ 2023 ᠣᠨ ᠤ 12 | ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ︶ | 9. ︽ᠬᠠᠪᠰᠤᠷᠤᠨ ᠣᠷᠣᠯᠠᠨ ᠭᠦᠢᠴᠡᠳᠬᠡᠬᠦ︾ ᠦᠢᠯᠡᠴᠢᠯᠡᠭᠡ ᠶᠢ ᠯᠠᠪᠳᠠᠭᠤᠨ ᠪᠠᠲᠤᠲᠠᠢ ᠬᠡᠷᠡᠭᠵᠢᠭᠦᠯᠦᠨ᠎ᠡ᠃ | ᠣᠯᠠᠨ ᠲᠦᠮᠡᠨ ᠳᠤ ᠦᠶ᠋ᠯᠡᠴᠢᠯᠡᠬᠦ ᠪᠠᠷ ᠬᠠᠷᠠᠯᠲᠠ ᠪᠣᠯᠭᠠᠵᠤ᠂ ᠦᠨᠳᠦᠰᠦᠨ ᠱᠠᠲᠤᠨ ᠤ ᠠᠷᠠᠳ ᠲᠤ ᠲᠥᠬᠦᠮ ᠦᠵᠡᠭᠦᠯᠬᠦ | ᠬᠠᠪᠰᠤᠷᠤᠨ ᠭᠦᠶ᠋ᠴᠡᠳᠬᠡᠬᠦ ᠣᠷᠣᠯᠠᠨ ᠭᠦᠶ᠋ᠴᠡᠳᠬᠡᠬᠦ ᠦᠶ᠋ᠯᠡᠴᠢᠯᠡᠭᠡᠨ ᠤ ᠳᠥᠷᠪᠡᠨ ᠱᠠᠲᠤᠨ ᠤ ᠰᠢᠰᠲ᠋ᠧᠮᠵᠢ ᠶᠢᠨ | ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ᠦᠨᠳᠦᠰᠦᠨ ᠱᠠᠲᠤᠨ ᠤ 89 ᠵᠦᠶ᠋ᠯ ᠤᠨ ᠬᠠᠪᠰᠤᠷᠤᠨ ᠭᠦᠶ᠋ᠴᠡᠳᠬᠡᠬᠦ | ᠣᠷᠣᠯᠠᠨ ᠭᠦᠶ᠋ᠴᠡᠳᠬᠡᠬᠦ ᠵᠦᠶ᠋ᠯᠡᠰ ᠢ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠨᠠᠰᠤᠵᠢᠯ ᠤᠨ ᠠᠰᠠᠷᠠᠮᠵᠢ ᠶᠢᠨ ᠦᠶ᠋ᠯᠡᠴᠢᠯᠡᠭᠡ᠂ | ᠨᠡᠶᠢᠭᠡᠮ ᠤᠨ ᠳᠠᠭᠠᠳᠬᠠᠯ᠂ ᠡᠮᠴᠢᠯᠡᠭᠡ ᠡᠷᠡᠭᠦᠯ ᠬᠠᠮᠠᠭᠠᠯᠠᠯ ᠵᠡᠷᠭᠡ ᠣᠯᠠᠨ ᠲᠦᠮᠡᠨ ᠤ ᠦᠶ᠋ᠯᠡᠳᠪᠦᠷᠢᠯᠡᠯ ᠠᠮᠢᠳᠤᠷᠠᠯ ᠲᠠᠢ | ᠨᠢᠭᠲᠠ ᠬᠤᠯᠪᠣᠭ᠎ᠠ ᠲᠠᠢ ᠬᠦᠷᠢᠶ᠎ᠡ ᠶᠢᠨ ᠲᠣᠭᠤᠷᠢᠨ ᠳᠤ ᠬᠠᠪᠰᠤᠷᠤᠨ ᠭᠦᠶ᠋ᠴᠡᠳᠬᠡᠬᠦ ᠣᠷᠣᠯᠠᠨ ᠭᠦᠶ᠋ᠴᠡᠳᠬᠡᠬᠦ ᠵᠦᠶ᠋ᠯᠡᠰ ᠤᠨ | ᠨᠠᠷᠢᠨ ᠲᠠᠩᠰᠠ ᠶᠢ ᠬᠥᠳᠡᠯᠦᠩᠭᠦᠶ ᠪᠠᠷ ᠳᠣᠭᠢᠷᠠᠭᠤᠯᠵᠤ᠂ ᠣᠯᠠᠨ ᠲᠦᠮᠡᠨ ᠤ ᠪᠠᠶᠢᠩᠭᠤ ᠭᠦᠶ᠋ᠴᠡᠳᠬᠡᠵᠦ ᠳᠡᠶᠢᠯᠬᠦ ᠣᠯᠠᠨ | ᠨᠡᠶᠢᠲᠡ ᠶᠢᠨ ᠦᠶ᠋ᠯᠡᠴᠢᠯᠡᠭᠡᠨ ᠤ ᠵᠦᠶ᠋ᠯᠡᠰ ᠢ ᠬᠠᠪᠰᠤᠷᠤᠨ ᠭᠦᠶ᠋ᠴᠡᠳᠬᠡᠬᠦ ᠣᠷᠣᠯᠠᠨ ᠭᠦᠶ᠋ᠴᠡᠳᠬᠡᠬᠦ ᠬᠡᠯᠪᠡᠷᠢ ᠪᠠᠷ ᠠᠷᠠᠳ ᠲᠤ | ᠲᠥᠬᠦᠮ ᠦᠵᠡᠭᠦᠯᠬᠦ ᠦᠶ᠋ᠯᠡᠴᠢᠯᠡᠭᠡᠨ ᠤ ᠲᠥᠪ ︵ᠥᠷᠲᠡᠭᠡ︶ ᠳᠠᠰᠢ ᠤᠷᠲᠤᠳᠬᠠᠬᠤ ᠶᠢ ᠦᠷᠭᠦᠯᠵᠢᠯᠡᠨ ᠠᠬᠢᠭᠤᠯᠵᠤ᠂ | ᠬᠠᠪᠰᠤᠷᠤᠨ ᠭᠦᠶ᠋ᠴᠡᠳᠬᠡᠬᠦ ᠣᠷᠣᠯᠠᠨ ᠭᠦᠶ᠋ᠴᠡᠳᠬᠡᠬᠦ ᠦᠶ᠋ᠯᠡᠴᠢᠯᠡᠭᠡᠨ ᠤ ᠬᠡᠪᠴᠢᠶ᠎ᠡ ᠶᠢ ᠲᠠᠰᠤᠷᠠᠯᠲᠠ ᠥᠬᠡᠶ ᠥᠷᠭᠡᠳᠬᠡᠨ᠎ᠡ᠃ | ᠦᠢᠯᠡᠴᠢᠯᠡᠭᠡᠨ ᠤ ᠠᠷᠭ᠎ᠠ ᠵᠠᠮ ᠢ ᠥᠷᠭᠡᠳᠬᠡᠬᠦ ᠶᠢ ᠴᠢᠬᠤᠯᠠᠴᠢᠯᠠᠵᠤ᠂ ︽ᠣᠷᠣᠨ ᠪᠦᠰᠡ ᠠᠯᠤᠰᠯᠠᠨ ᠬᠠᠪᠰᠤᠷᠤᠨ | ᠭᠦᠢᠴᠡᠳᠬᠡᠬᠦ ᠣᠷᠣᠯᠠᠨ ᠭᠦᠢᠴᠡᠳᠬᠡᠬᠦ︾᠂ ︽ᠢᠯᠡᠭᠡᠬᠦ + ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ︾ ︽ᠠᠯᠤᠰ | ᠡᠵᠡᠮᠰᠢᠯᠲᠦ ᠸᠢᠳᠢᠣ᠋ + ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ︾ ᠵᠡᠷᠭᠡ ᠰᠢᠨ᠎ᠡ ᠶᠢ ᠡᠭᠦᠳᠬᠦ ᠦᠢᠯᠡᠴᠢᠯᠡᠭᠡ ᠶᠢ | ᠢᠳᠡᠪᠬᠢᠲᠡᠢ ᠰᠦᠪᠡᠭᠴᠢᠯᠡᠵᠦ᠂ ᠪᠠᠩᠬᠢ ᠶᠢᠨ ᠲᠣᠣᠷ ᠴᠢᠬ ᠢ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠣᠷᠣᠯᠠᠨ ᠭᠦᠢᠴᠡᠳᠬᠡᠬᠦ ᠴᠡᠭ ᠪᠣᠯᠭᠠᠨ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡ ᠥᠷᠨᠢᠭᠦᠯᠬᠦ ᠶᠢ | ᠠᠬᠢᠭᠤᠯᠤᠨ᠎ᠠ᠃ ᠦᠨᠳᠦᠰᠦᠨ ᠱᠠᠲᠤᠨ ᠤ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠶᠢ ᠲᠠᠰᠤᠷᠠᠯᠲᠠ ᠦᠭᠡᠢ ᠥᠷᠭᠡᠳᠬᠡᠵᠦ᠂ | ᠲᠠᠷᠢᠶᠠᠯᠠᠬᠤ ᠣᠷᠣᠨ᠂ ᠨᠡᠶᠢᠭᠡᠮ ᠲᠣᠭᠤᠷᠢᠭ ᠤᠨ ᠬᠡᠷᠡᠭ ᠶᠠᠪᠤᠳᠠᠯ ᠢ ᠭᠦᠢᠴᠡᠳᠬᠡᠬᠦ ᠵᠥᠷᠢᠶ᠎ᠡ ᠶᠢᠨ ᠬᠦᠴᠦᠨ ᠵᠦᠢᠯ ᠢ | ᠭᠦᠢᠴᠡᠳ ᠪᠣᠳᠣᠯᠬᠢᠯᠠᠨ᠂ ᠵᠦᠢᠯᠡᠰ ᠢ ᠳᠣᠷᠣᠭᠰᠢ ᠪᠠᠭᠤᠯᠭᠠᠬᠤ᠂ ᠣᠷᠣᠯᠠᠨ ᠬᠤᠷᠢᠶᠠᠵᠤ ᠣᠷᠣᠯᠠᠨ ᠭᠦᠢᠴᠡᠳᠬᠡᠬᠦ ᠵᠢᠴᠢ | ᠥᠪᠡᠰᠦᠪᠡᠨ ᠦᠢᠯᠡᠴᠢᠯᠡᠬᠦ ᠦᠵᠦᠭᠦᠷ ᠢ ᠳᠣᠷᠣᠭᠰᠢ ᠪᠠᠭᠤᠯᠭᠠᠬᠤ ᠵᠡᠷᠭᠡ ᠠᠷᠭ᠎ᠠ ᠮᠠᠶ᠋ᠢᠭ ᠢ ᠠᠪᠴᠤ᠂ ᠭᠠᠵᠠᠷ ᠣᠷᠣᠨ ᠤ | ᠪᠠᠶᠢᠳᠠᠯ ᠳᠠᠭᠠᠨ ᠲᠣᠬᠢᠷᠠᠭᠤᠯᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠪᠠᠯᠭᠠᠰᠤ ︵ᠵᠡᠭᠡᠯᠢ ᠭᠤᠳᠤᠮᠵᠢ︶᠂ | ᠲᠣᠰᠬᠤᠨ ︵ᠨᠡᠶᠢᠭᠡᠮ ᠲᠣᠭᠤᠷᠢᠭ︶ ᠲᠡᠰᠢ ᠤᠷᠲᠤᠳᠬᠠᠬᠤ ᠶᠢ ᠲᠦᠯᠬᠢᠨ ᠠᠬᠢᠭᠤᠯᠵᠤ᠂ ᠥᠨᠳᠥᠷ ᠪᠦᠲᠦᠮᠵᠢᠲᠡᠶ ᠪᠥᠭᠡᠳ | ᠳᠥᠭᠦᠮ ᠳᠥᠲᠡ ︽ᠠᠷᠪᠠᠨ ᠲᠠᠪᠤᠨ ᠮᠢᠨᠦ᠋ᠲ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠦᠷᠢᠶ᠎ᠡ︾ ᠶᠢ ᠪᠦᠬᠦ | ᠬᠦᠴᠦᠨ ᠢᠶᠠᠷ ᠢᠶᠠᠨ ᠪᠤᠶ ᠪᠣᠯᠭᠠᠨ᠎ᠠ᠃ ︵ᠲᠦᠷᠦᠭᠦᠯᠡᠬᠦ ᠰᠠᠯᠠᠭ᠎ᠠ ᠮᠥᠴᠢᠷ᠄ ᠡᠯ᠎ᠡ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ᠂ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠣᠪᠴᠢᠶ᠎ᠠ︔ ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠲᠠ ᠶᠢᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ | ᠮᠥᠴᠢᠷ︔ ᠪᠡᠶᠡᠯᠡᠭᠦᠯᠬᠦ ᠴᠠᠭ ᠤᠨ ᠬᠢᠵᠠᠭᠠᠷ᠄ 2023 ᠣᠨ ᠤ 11 ᠳ᠋ᠦ᠋ᠭᠡᠷ ᠰᠠᠷ᠎ᠠ ᠶᠢᠨ 30 ᠤ ᠡᠳᠦᠷ ᠠᠴᠠ ᠡᠮᠦᠨ᠎ᠡ︶ | 10. ︽ᠴᠠᠭ ᠢ ᠤᠷᠲᠤᠳᠬᠠᠨ ᠭᠦᠢᠴᠡᠳᠭᠡᠬᠦ︾ ᠦᠢᠯᠡᠴᠢᠯᠡᠭᠡ ᠶᠢ ᠯᠠᠪᠳᠠᠭᠤᠨ ᠪᠠᠲᠤᠲᠠᠶ ᠬᠡᠷᠡᠭᠵᠢᠭᠦᠯᠦᠨ᠎ᠡ᠃ | ᠦᠢᠯᠡᠴᠢᠯᠡᠭᠡ ᠶᠢ ᠰᠢᠯᠢᠳᠡᠭᠵᠢᠭᠦᠯᠬᠦ ᠪᠠᠷ ᠬᠠᠷᠠᠯᠲᠠ ᠪᠣᠯᠭᠠᠵᠤ᠂ ᠬᠤᠲᠠ᠂ ᠲᠣᠭᠤᠷᠢᠭ᠂ ᠪᠠᠯᠭᠠᠰᠤ ︵ᠵᠡᠭᠡᠯᠢ ᠭᠤᠳᠤᠮᠵᠢ︶ | ᠪᠣᠯᠤᠨ ᠲᠣᠰᠬᠤᠨ ︵ᠨᠡᠶᠢᠭᠡᠮ ᠲᠣᠭᠤᠷᠢᠭ︶ ᠤ ᠳᠥᠷᠪᠡᠨ ᠱᠠᠲᠤᠨ ᠤ ᠴᠠᠭ ᠢ ᠤᠷᠲᠤᠳᠬᠠᠨ ᠤᠷᠢᠳᠴᠢᠯᠠᠨ ᠪᠣᠯᠵᠣᠬᠤ | ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠴᠠᠭ ᠢ ᠤᠷᠲᠤᠳᠬᠠᠬᠤ ᠦᠢᠯᠡᠴᠢᠯᠡᠭᠡᠨ ᠤ | ᠲᠤᠰᠬᠠᠢ ᠲᠣᠭᠤᠷᠢᠭ ᠢ ᠨᠡᠮᠡᠨ ᠪᠠᠶᠢᠭᠤᠯᠵᠤ᠂ ᠴᠠᠭ ᠢ ᠤᠷᠲᠤᠳᠬᠠᠬᠤ ᠦᠢᠯᠡᠴᠢᠯᠡᠭᠡᠨ ᠤ ᠴᠤᠩᠬᠤᠪᠴᠢ ᠶᠢ ᠵᠣᠬᠢᠰᠲᠠᠢ | ᠪᠠᠶᠢᠷᠢᠯᠠᠭᠤᠯᠵᠤ᠂ ᠪᠦᠬᠦ ᠬᠤᠲᠠ ᠶᠢᠨ ᠴᠠᠭ ᠢ ᠤᠷᠲᠤᠳᠬᠠᠨ ᠤᠷᠢᠳᠴᠢᠯᠠᠨ ᠪᠣᠯᠵᠣᠬᠤ ᠦᠢᠯᠡᠴᠢᠯᠡᠭᠡᠨ ᠤ ᠵᠦᠢᠯᠡᠰ ᠤᠨ | ᠨᠠᠷᠢᠨ ᠳᠠᠩᠰᠠ ᠶᠢ ᠬᠥᠳᠡᠯᠦᠩᠭᠦᠢ ᠪᠠᠷ ᠲᠣᠬᠢᠷᠠᠭᠤᠯᠵᠤ᠂ ᠤᠷᠢᠳᠴᠢᠯᠠᠨ ᠪᠣᠯᠵᠣᠬᠤ ᠦᠢᠯᠡᠴᠢᠯᠡᠭᠡᠨ ᠤ ᠠᠷᠭ᠎ᠠ ᠵᠠᠮ ᠢ | ᠢᠳᠡᠪᠬᠢᠲᠡᠢ ᠰᠢᠯᠤᠭᠤᠳᠬᠠᠵᠤ᠂ ᠲᠤᠬᠠᠶᠢᠯᠠᠭᠰᠠᠨ ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠵᠤ ᠬᠢᠨᠠᠨ ᠰᠢᠯᠭᠠᠬᠤ | ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠨᠡᠩ ᠤᠯᠠᠨ ᠬᠦᠷᠢᠶ᠎ᠡ ᠴᠠᠷᠠᠭ᠎ᠠ᠂ ᠨᠡᠩ ᠤᠯᠠᠨ ᠵᠦᠢᠯᠡᠰ ᠢ ᠴᠠᠭ ᠢ | ᠤᠷᠲᠤᠳᠬᠠᠨ ᠤᠷᠢᠳᠴᠢᠯᠠᠨ ᠪᠣᠯᠵᠣᠬᠤ ᠦᠢᠯᠡᠴᠢᠯᠡᠭᠡᠨ ᠤ ᠬᠡᠪᠴᠢᠶᠡᠨ ᠳᠤ ᠣᠷᠣᠭᠤᠯᠬᠤ ᠪᠠᠷ ᠴᠢᠷᠮᠠᠶᠢᠵᠤ᠂ ︽ᠠᠵᠢᠯ ᠳᠤ | ᠭᠠᠷᠬᠤ ᠳᠠᠭᠠᠨ ᠬᠤᠭᠤᠰᠣᠨ ᠭᠠᠵᠠᠷ ᠦᠭᠡᠢ᠂ ᠠᠵᠢᠯ ᠠᠴᠠ ᠪᠠᠭᠤᠪᠠᠯ ᠭᠦᠢᠴᠡᠳᠬᠡᠬᠦ ᠭᠠᠵᠠᠷ ᠦᠭᠡᠢ︾ ᠠᠰᠠᠭᠤᠳᠠᠯ ᠢ | ᠦᠨᠡᠨᠬᠦ ᠰᠢᠢᠳᠪᠦᠷᠢᠯᠡᠵᠦ᠂ ᠠᠵᠤ ᠠᠬᠤᠶᠢᠯᠠᠯ ᠤᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠦᠢᠯᠡᠴᠢᠯᠡᠭᠡᠨ ᠤ | ᠬᠡᠷᠡᠭᠴᠡᠭᠡ ᠱᠠᠭᠠᠷᠳᠠᠯᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠩᠭᠠᠨ᠎ᠠ᠃ ︵ᠲᠦᠷᠦᠭᠦᠯᠡᠬᠦ ᠰᠠᠯᠠᠭ᠎ᠠ ᠮᠥᠴᠢᠷ᠄ ᠡᠯ᠎ᠡ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︔ ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠲᠠ ᠶᠢᠨ ᠰᠢᠭᠤᠳ ᠬᠠᠷᠢᠶ᠎ᠠ | ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ︔ ᠪᠡᠶᠡᠯᠡᠭᠦᠯᠬᠦ ᠴᠠᠭ ᠤᠨ ᠬᠢᠵᠠᠭᠠᠷ᠄ 2023 ᠣᠨ ᠤ 12 ᠳ᠋ᠤᠭᠠᠷ ᠰᠠᠷ᠎ᠠ ᠶᠢᠨ | 30 ᠤ ᠡᠳᠦᠷ ᠠᠴᠠ ᠡᠮᠦᠨ᠎ᠡ︶ | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠪᠠ᠃ ᠡᠯ᠎ᠡ ᠲᠣᠭᠤᠷᠢᠭ᠂ ᠡᠯ᠎ᠡ | ᠰᠠᠯᠠᠭ᠎ᠠ ᠮᠥᠴᠢᠷ ᠤᠳ ︽ᠦᠬᠠᠶ · ᠵᠣᠪᠠᠨᠢᠯᠭᠦᠢ ᠦᠢᠯᠡᠴᠢᠯᠡᠭᠡ︾ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠠᠷᠠᠲᠤ | ᠲᠥᠷᠥᠯ ᠲᠡᠮᠳᠡᠭᠲᠦ ᠶᠢ ᠪᠣᠶ ᠪᠣᠯᠭᠠᠬᠤ ᠶᠢ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠶᠢᠨ ᠨᠢᠭᠡ ᠵᠦᠢᠯ ᠤᠨ ᠴᠢᠬᠤᠯᠠ ᠡᠭᠦᠷᠭᠡ ᠪᠣᠯᠭᠠᠨ ᠴᠢᠩᠭ᠎ᠠ ᠪᠥᠭᠡᠳ ᠪᠣᠳᠠᠲᠠᠶ ᠠᠳᠬᠤᠵᠤ᠂ ᠭᠤᠤᠯ | ᠬᠠᠷᠢᠭᠤᠴᠠᠯᠭᠠᠲᠠᠨ ᠨᠥᠬᠦᠳ ᠨᠠᠷᠢᠨ ᠬᠢᠨᠠᠮᠠᠭᠠᠶ ᠰᠤᠳᠤᠯᠤᠨ ᠪᠠᠶᠢᠷᠢᠯᠠᠭᠤᠯᠵᠤ᠂ ᠬᠦᠴᠢᠷ ᠲᠦᠪᠡᠭᠲᠡᠶ ᠠᠰᠠᠭᠤᠳᠠᠯ ᠢ ᠴᠠᠭ | ᠲᠤᠬᠠᠶ ᠳᠤᠨᠢ ᠵᠣᠬᠢᠴᠠᠭᠤᠯᠤᠨ ᠰᠢᠢᠳᠪᠦᠷᠢᠯᠡᠵᠦ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠤᠨ ᠦᠷ᠎ᠡ | ᠪᠦᠲᠦᠮᠵᠢ ᠭᠠᠷᠭᠠᠬᠤ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ᠃ ᠬᠤᠲᠠ ᠶᠢᠨ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ᠡᠯ᠎ᠡ ᠵᠦᠢᠯ ᠤᠨ ᠬᠠᠷᠠᠯᠲᠠ ᠡᠭᠦᠷᠭᠡ ᠶᠢ | ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠ ᠠᠬᠢᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠬᠢᠵᠦ᠂ ᠡᠯ᠎ᠡ ᠲᠣᠭᠤᠷᠢᠭ᠂ | ᠡᠯ᠎ᠡ ᠰᠠᠯᠠᠭ᠎ᠠ ᠮᠥᠴᠢᠷ ᠢ ᠰᠢᠮᠳᠠᠭᠤᠯᠵᠤ ᠪᠠᠶᠢᠭᠠᠳ ᠴᠢᠨᠠᠷ ᠰᠠᠶᠢᠲᠠᠶ᠂ ᠵᠢᠷᠤᠮᠵᠢᠭᠤᠨ᠂ ᠥᠨᠳᠥᠷ ᠪᠦᠲᠦᠮᠵᠢᠲᠡᠶ ᠵᠠᠰᠠᠭ ᠤᠨ | ᠶᠠᠪᠤᠳᠠᠯ ᠤᠨ ᠦᠢᠯᠡᠴᠢᠯᠡᠭᠡ ᠬᠠᠩᠭᠠᠬᠤ ᠬᠡᠷᠡᠭᠲᠡᠶ᠃ ᠬᠤᠲᠠ ᠶᠢᠨ ᠲᠣᠮᠣ ᠳ᠋ᠠᠶᠢᠲ᠋ᠠ ᠶᠢᠨ ᠲᠥᠪ ᠨᠢ ᠡᠯ᠎ᠡ ᠲᠥᠷᠥᠯ ᠤᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠳ᠋ᠠᠶᠢᠲ᠋ᠠ ᠶᠢᠨ ᠡᠬᠢ ᠪᠠᠶᠠᠯᠢᠭ ᠢ ᠴᠤᠭᠯᠠᠭᠤᠯᠤᠨ ᠬᠠᠮᠲᠤ ᠪᠠᠷ ᠡᠳ᠋ᠯᠡᠬᠦ ᠪᠠ | ᠰᠢᠰᠲ᠋ᠧᠮ ᠲᠠᠢ ᠵᠣᠯᠭᠠᠭᠤᠯᠬᠤ ᠶᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠬᠤᠲᠠ ᠶᠢᠨ ᠬᠠᠤᠯᠢ ᠴᠠᠭᠠᠵᠠ ᠶᠢᠨ | ᠲᠣᠪᠴᠢᠶ᠎ᠠ ᠨᠢ ᠭᠡᠷᠡᠴᠢᠯᠡᠬᠦ ᠵᠦᠢᠯᠡᠰ ᠢ ᠡᠮᠬᠢᠯᠡᠬᠦ ᠵᠢᠴᠢ ᠬᠠᠮᠲᠤ ᠪᠠᠷ ᠡᠳ᠋ᠯᠡᠬᠦ ᠦᠨᠡᠮᠯᠡᠯ ᠤᠨ ᠲᠤᠭ᠎ᠠ ᠪᠠᠷᠢᠮᠲᠠ ᠶᠢᠨ | ᠬᠡᠷᠡᠭᠯᠡᠯᠲᠡ ᠶᠢᠨ ᠬᠠᠤᠯᠢ ᠶᠣᠰᠣᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠬᠠᠤᠯᠢ ᠪᠠᠷ ᠵᠠᠰᠠᠬᠤ ᠶᠢᠨ ᠬᠥᠲᠥᠯᠥᠨ | ᠳᠠᠭᠠᠭᠤᠯᠬᠤ ᠪᠠ ᠪᠠᠲᠤᠯᠠᠬᠤ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠶ᠃ ᠬᠤᠲᠠ ᠶᠢᠨ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠳ ᠲᠣᠰ ᠬᠦᠷᠢᠶ᠎ᠡ | ᠴᠠᠷᠠᠭ᠎ᠠ ᠶᠢᠨ ᠢᠶᠠᠨ ᠥᠨᠳᠥᠷ ᠳᠠᠪᠲᠠᠮᠵᠢᠲᠤ ᠦᠨᠡᠮᠯᠡᠯ ᠤᠨ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠬᠤᠷᠠᠮᠳᠤᠭᠤᠯᠤᠨ | ᠬᠠᠩᠭᠠᠬᠤ ᠪᠠ ᠬᠠᠮᠲᠤ ᠪᠠᠷ ᠡᠳ᠋ᠯᠡᠬᠦ ᠬᠡᠷᠡᠭᠯᠡᠯᠲᠡ ᠪᠠᠨ ᠴᠢᠩᠭᠠᠷᠠᠭᠤᠯᠵᠤ᠂ ᠲᠤᠭ᠎ᠠ ᠪᠠᠷᠢᠮᠲᠠ ᠶᠢᠨ ᠶᠠᠰᠤ ᠴᠢᠨᠠᠷ ᠪᠠ | ᠬᠡᠷᠡᠭᠴᠡᠭᠡᠲᠦ ᠴᠢᠨᠠᠷ᠂ ᠴᠠᠭ ᠬᠤᠭᠤᠴᠠᠭᠠᠲᠤ ᠴᠢᠨᠠᠷ ᠢ ᠳᠡᠭᠡᠭᠰᠢᠯᠡᠭᠦᠯᠦᠨ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ᠂ | ᠨᠡᠶᠢᠭᠡᠮ ᠤᠨ ᠪᠠᠲᠤᠯᠠᠭ᠎ᠠ᠂ ᠡᠷᠦᠬᠡ ᠠᠮᠠ ᠶᠢᠨ ᠲᠠᠩᠰᠠ ᠶᠢᠨ ᠬᠠᠮᠢᠶᠠᠷᠤᠯᠲᠠ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ | ᠵᠥᠪᠰᠢᠶᠡᠷᠡᠨ ᠣᠷᠣᠭᠤᠯᠵᠤ ᠡᠵᠡᠩᠨᠡᠯᠲᠡ ᠶᠢ ᠵᠥᠪᠰᠢᠶᠡᠷᠡᠬᠦ ᠵᠡᠷᠭᠡ ᠭᠤᠤᠯᠳᠠᠯᠭ᠎ᠠ ᠲᠠᠢ ᠬᠦᠷᠢᠶ᠎ᠡ ᠵᠢᠴᠢ ᠬᠥᠮᠦᠨ ᠠᠮᠠ᠂ | ᠬᠠᠤᠯᠢ ᠶᠢᠨ ᠡᠷᠬᠡᠲᠡᠨ᠂ ᠭᠠᠵᠠᠷ ᠤᠨ ᠨᠡᠷᠡᠶᠢᠳᠦᠯ᠂ ᠰᠤᠷᠭᠠᠨ ᠬᠥᠮᠦᠵᠢᠯ᠂ ᠤᠷᠤᠭ ᠤᠨ ᠶᠠᠪᠤᠳᠠᠯ᠂ ᠦᠷᠡᠵᠢᠯ ᠤᠨ ᠭᠠᠵᠠᠷ᠂ | ᠣᠷᠣᠨ ᠰᠠᠭᠤᠴᠠ᠂ ᠢᠲᠡᠭᠡᠮᠵᠢ ᠵᠡᠷᠭᠡ ᠲᠦᠭᠡᠮᠡᠯ ᠴᠢᠨᠠᠷᠲᠠᠶ ᠲᠤᠭ᠎ᠠ ᠪᠠᠷᠢᠮᠲᠠ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ | ᠬᠡᠷᠡᠭᠲᠡᠶ᠃ | ︵ᠬᠤᠶᠠᠷ︶ ᠬᠢᠨᠠᠯᠲᠠ ᠲᠠᠯᠪᠢᠨ ᠵᠢᠯᠣᠭᠤᠳᠬᠤ ᠪᠠᠨ ᠴᠢᠩᠭᠠᠳᠬᠠᠵᠤ᠃ ᠬᠤᠲᠠ ᠶᠢᠨ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ | ᠵᠢᠯᠣᠭᠤᠳᠬᠤ ᠪᠠ ᠰᠢᠯᠭᠠᠨ ᠲᠣᠭᠲᠠᠭᠠᠵᠤ ᠮᠡᠳᠡᠭᠡᠯᠡᠬᠦ ᠠᠵᠢᠯ ᠢᠶᠠᠨ ᠴᠢᠩᠭᠠᠳᠬᠠᠵᠤ᠂ ︽ᠦᠬᠠᠶ · ᠵᠣᠪᠠᠨᠢᠯᠭᠦᠢ | ᠭᠦᠢᠴᠡᠳᠭᠡᠬᠦ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢᠨ ᠡᠯ᠎ᠡ ᠵᠦᠢᠯ ᠤᠨ | ᠡᠭᠦᠷᠭᠡ ᠶᠢ ᠠᠬᠢᠭᠤᠯᠬᠤ ᠠᠵᠢᠯ ᠢ ᠴᠠᠭ ᠲᠤᠬᠠᠶ ᠳᠤᠨᠢ ᠰᠢᠮᠳᠠᠭᠤᠯᠤᠨ ᠵᠢᠯᠣᠭᠤᠳᠴᠤ᠂ ᠬᠠᠷᠠᠯᠲᠠᠲᠤ ᠡᠭᠦᠷᠭᠡ ᠶᠢᠨ ᠡᠬᠡ | ᠲᠠᠩᠰᠠᠴᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠦᠨ᠂ ᠬᠠᠷᠢᠭᠤᠴᠠᠯᠭᠠᠲᠤ ᠨᠢᠭᠡᠴᠡ᠂ ᠬᠠᠷᠢᠭᠤᠴᠠᠯᠭᠠᠲᠠᠨ ᠪᠠ ᠪᠡᠶᠡᠯᠡᠭᠦᠯᠬᠦ | ᠴᠠᠭ ᠤᠨ ᠬᠢᠵᠠᠭᠠᠷ ᠢ ᠵᠦᠢᠯ ᠳᠠᠷᠠᠭᠠᠯᠠᠨ ᠲᠣᠳᠣᠷᠬᠠᠶᠢᠯᠠᠨ᠎ᠠ᠃ ᠰᠢᠯᠭᠠᠨ ᠦᠨᠡᠯᠡᠬᠦ ᠲᠣᠭᠲᠠᠴᠠ ᠶᠢᠨ ᠰᠢᠨ᠎ᠡ ᠶᠢ ᠡᠭᠦᠳᠴᠦ᠂ | ᠭᠤᠷᠪᠠᠳᠠᠬᠢ ᠡᠲᠡᠭᠡᠳ ᠲᠤ ᠨᠠᠶᠢᠳᠠᠵᠤ ᠠᠵᠢᠯ ᠤᠨ ᠡᠭᠦᠷᠭᠡ ᠶᠢ ᠬᠡᠷᠡᠭᠵᠢᠭᠦᠯᠦᠭᠰᠡᠨ ᠦᠷ᠎ᠡ ᠪᠦᠲᠦᠮᠵᠢ ᠪᠠ ᠣᠯᠠᠨ ᠲᠦᠮᠡᠨ ᠤ | ᠬᠠᠨᠤᠮᠵᠢ ᠶᠢᠨ ᠬᠡᠮᠵᠢᠶ᠎ᠡ ᠶᠢ ᠦᠨᠡᠯᠡᠨ ᠵᠢᠱᠢᠬᠦ ᠶᠢ ᠬᠠᠶᠢᠨ ᠰᠦᠪᠡᠭᠴᠢᠯᠡᠬᠦ ᠶᠢᠨ ᠬᠠᠮᠲᠤ ᠦᠨᠡᠯᠡᠨ ᠵᠢᠱᠢᠭᠰᠡᠨ ᠦᠷ᠎ᠡ ᠳ᠋ᠦᠩ ᠢ | ᠵᠠᠷᠯᠠᠨ ᠮᠡᠳᠡᠭᠳᠡᠵᠦ᠂ ᠡᠯ᠎ᠡ ᠵᠦᠢᠯ ᠤᠨ ᠡᠭᠦᠷᠭᠡ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ | ᠠᠬᠢᠭᠤᠯᠤᠨ᠎ᠠ᠃ | ︵ᠭᠤᠷᠪᠠ ︶ ᠬᠠᠮᠵᠢᠯᠴᠠᠨ ᠬᠠᠮᠲᠤᠷᠠᠯᠴᠠᠬᠤ ᠶᠢ ᠴᠢᠩᠭᠠᠳᠬᠠᠨ᠎ᠠ᠃ ᠡᠯ᠎ᠡ ᠵᠦᠢᠯ ᠤᠨ ᠠᠵᠢᠯ ᠤᠨ ᠡᠭᠦᠷᠭᠡ ᠶᠢ | ᠯᠠᠪᠳᠠᠭᠤᠨ ᠢᠶᠠᠷ ᠠᠬᠢᠭᠤᠯᠤᠨ ᠬᠡᠷᠡᠭᠵᠢᠭᠦᠯᠬᠦ ᠶᠢ ᠪᠠᠲᠤᠯᠠᠬᠤ ᠶᠢᠨ ᠲᠥᠯᠥᠭᠡ᠂ ᠬᠤᠲᠠ᠂ ᠲᠣᠭᠤᠷᠢᠭ᠂ ᠪᠠᠯᠭᠠᠰᠤ ︵ᠵᠡᠭᠡᠯᠢ | ᠭᠤᠳᠤᠮᠵᠢ︶ ᠵᠢᠴᠢ ᠡᠯ᠎ᠡ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ ᠤᠨ ᠬᠤᠭᠤᠷᠣᠨᠳᠣᠬᠢ | ᠬᠠᠮᠵᠢᠯᠴᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠪᠠᠶᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠠᠵᠤ | ᠦᠢᠯᠡᠰ ᠤᠨ ᠬᠦᠷᠢᠶᠡᠯᠡᠩ ᠲᠣᠭᠤᠷᠢᠭ ᠲᠤ ᠪᠠᠭᠤᠯᠭᠠᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠬᠠᠪᠰᠤᠷᠤᠨ | ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡ ᠶᠢ ᠪᠠᠯᠭᠠᠰᠤ ︵ᠵᠡᠭᠡᠯᠢ ᠭᠤᠳᠤᠮᠵᠢ︶ ᠪᠠ ᠲᠣᠰᠬᠤᠨ ︵ᠨᠡᠶᠢᠭᠡᠮ | ᠲᠣᠭᠤᠷᠢᠭ ᠲᠤ ᠬᠦᠷᠭᠡᠨ᠎ᠡ︶ ᠤᠷᠲᠤᠳᠬᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠠᠮᠵᠢᠯᠴᠠᠨ ᠬᠤᠯᠪᠣᠭᠠᠯᠠᠨ | ᠬᠥᠳᠡᠯᠦᠯᠴᠡᠬᠦ ᠬᠠᠷᠢᠴᠠᠭ᠎ᠠ ᠶᠢ ᠤᠯᠠᠮ ᠨᠢᠭᠡ ᠠᠯᠬᠤᠮ ᠰᠢᠯᠤᠭᠤᠳᠬᠠᠵᠤ᠂ ᠵᠠᠮ ᠮᠥᠷ ᠰᠢᠯᠤᠭᠤᠨ᠂ ᠥᠨᠳᠥᠷ | ᠪᠦᠲᠦᠮᠵᠢᠲᠡᠶ ᠪᠠᠷ ᠠᠵᠢᠯᠯᠠᠭᠰᠠᠨ᠂ ᠭᠤᠯᠳᠤ ᠪᠠᠷ ᠨᠢᠭᠡᠳᠦᠯᠲᠡᠶ ᠲᠥᠯᠥᠪᠯᠡᠨ ᠵᠣᠬᠢᠴᠠᠭᠤᠯᠤᠭᠰᠠᠨ᠂ ᠬᠥᠨᠳᠡᠯᠡᠨ ᠢᠶᠠᠷ ᠨᠢᠭᠲᠠ | ᠬᠠᠮᠵᠢᠯᠴᠠᠭᠰᠠᠨ ᠬᠠᠮᠵᠢᠯᠴᠠᠨ ᠬᠥᠳᠡᠯᠦᠯᠴᠡᠬᠦ ᠵᠠᠭᠪᠤᠷ ᠢ ᠪᠠᠶᠢᠭᠤᠯᠤᠨ ᠪᠦᠷᠢᠯᠳᠦᠭᠦᠯᠦᠨ᠎ᠡ᠃ | ︵ᠲᠦᠷᠪᠡ︶ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠷᠠᠭᠤᠯᠤᠨ᠎ᠠ᠃ ᠡᠯ᠎ᠡ ᠲᠣᠭᠤᠷᠢᠭ᠂ ᠡᠯ᠎ᠡ ᠰᠠᠯᠠᠭ᠎ᠠ | ᠮᠥᠴᠢᠷ ᠤᠳ ᠲᠧᠯᠸᠢᠰ᠂ ᠷᠠᠳᠢᠣ᠋᠂ ᠰᠣᠨᠢᠨ ᠰᠡᠳᠬᠦᠯ᠂ ᠰᠦᠯᠵᠢᠶ᠎ᠡ᠂ ᠸᠢᠴᠠᠲ ᠵᠡᠷᠭᠡ ᠵᠠᠭᠤᠴᠢᠯᠠᠭᠤᠷ ᠢ ᠭᠦᠢᠴᠡᠳ | ᠬᠡᠷᠡᠭᠯᠡᠵᠦ᠂ ︽ᠦᠬᠠᠶ · ᠵᠣᠪᠠᠨᠢᠯᠭᠦᠢ ᠭᠦᠢᠴᠡᠳᠬᠡᠬᠦ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠠᠷᠠᠲᠤ ᠲᠥᠷᠥᠯ | ᠲᠡᠮᠳᠡᠭᠲᠦ ᠶᠢ ᠪᠣᠶ ᠪᠣᠯᠭᠠᠬᠤ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠰᠢᠨ᠎ᠡ ᠠᠷᠭ᠎ᠠ ᠬᠢᠳᠡᠯ᠂ ᠰᠢᠨ᠎ᠡ ᠲᠤᠷᠰᠢᠯᠭ᠎ᠠ ᠪᠠ ᠰᠢᠨ᠎ᠡ ᠦᠷ᠎ᠡ ᠪᠦᠲᠦᠮᠵᠢ ᠶᠢ ᠴᠠᠭ ᠲᠤᠬᠠᠶ ᠳᠤᠨᠢ | ᠳ᠋ᠦᠩᠨᠡᠨ ᠪᠣᠯᠪᠠᠰᠤᠷᠠᠭᠤᠯᠵᠤ᠂ 2023 ᠣᠨ ᠤ ᠡᠴᠦᠰ ᠠᠴᠠ ᠡᠮᠦᠨ᠎ᠡ ᠨᠢᠭᠡ ᠪᠦᠯᠦᠭ ᠬᠠᠨᠳᠤᠯᠭᠠᠲᠤ ᠴᠢᠨᠠᠷ ᠢᠶᠠᠷ | ᠴᠢᠩᠭ᠎ᠠ᠂ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠲᠠᠢ ᠥᠭᠡᠷᠡᠴᠢᠯᠡᠯᠲᠡ ᠶᠢᠨ ᠬᠠᠲᠠᠭᠤ ᠠᠷᠭ᠎ᠠ | ᠬᠡᠮᠵᠢᠶ᠎ᠡ ᠭᠠᠷᠭᠠᠬᠤ ᠪᠠᠷ ᠴᠢᠷᠮᠠᠶᠢᠵᠤ᠂ ᠨᠢᠭᠡ ᠪᠦᠯᠦᠭ ᠬᠠᠭᠤᠯᠪᠤᠷᠢᠯᠠᠵᠤ ᠪᠣᠯᠬᠤ ᠳᠡᠯᠭᠡᠷᠡᠭᠦᠯᠵᠦ ᠪᠣᠯᠬᠤ ᠲᠤᠷᠰᠢᠯᠭ᠎ᠠ | ᠬᠢᠳᠡᠯ ᠢ ᠪᠣᠶ ᠪᠣᠯᠭᠠᠵᠤ᠂ ︽ᠦᠬᠠᠶ · ᠵᠣᠪᠠᠨᠢᠯᠭᠦᠢ ᠭᠦᠢᠴᠡᠳᠬᠡᠬᠦ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠨᠠᠷᠠᠲᠤ ᠲᠥᠷᠥᠯ ᠲᠡᠮᠳᠡᠭᠲᠦ ᠶᠢᠨ ᠠᠯᠳᠠᠷᠰᠢᠯ ᠤᠨ ᠬᠡᠮᠵᠢᠶ᠎ᠡ᠂ ᠢᠷᠠᠭᠤ ᠠᠯᠳᠠᠷ ᠤᠨ ᠬᠡᠮᠵᠢᠶ᠎ᠡ ᠶᠢ ᠲᠠᠰᠤᠷᠠᠯᠲᠠ ᠥᠬᠡᠶ | ᠳᠡᠭᠡᠭᠰᠢᠯᠡᠭᠦᠯᠬᠦ ᠬᠡᠷᠡᠭᠲᠡᠶ᠃ | ᠬᠠᠭᠤᠯᠤᠨ ᠬᠦᠷᠭᠡᠬᠦ᠄ ᠬᠤᠲᠠ ᠶᠢᠨ ᠨᠠᠮ ᠤᠨ ᠬᠤᠷᠢᠶᠠᠨ ᠤ ᠡᠯ᠎ᠡ ᠰᠠᠯᠠᠭ᠎ᠠ ᠮᠥᠴᠢᠷ᠂ ᠬᠤᠲᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠭᠡᠷ᠂ ᠬᠤᠲᠠ ᠶᠢᠨ ᠤᠯᠤᠰ ᠲᠥᠷᠥ ᠶᠢᠨ | ᠵᠥᠪᠯᠡᠯᠭᠡᠨ ᠤ ᠠᠯᠪᠠᠨ ᠭᠡᠷ᠂ ᠴᠡᠷᠢᠭ ᠤᠨ ᠬᠤᠪᠢᠶᠠᠷᠢ ᠲᠣᠭᠤᠷᠢᠭ᠂ | ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠬᠤᠲᠠ ᠶᠢᠨ ᠠᠷᠠᠳ ᠤᠨ | ᠳᠤᠮᠳᠠ ᠵᠡᠷᠭᠡ ᠶᠢᠨ ᠰᠢᠭᠦᠬᠦ ᠬᠤᠷᠢᠶ᠎ᠠ᠂ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ᠃ | ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠢ᠃ | ᠦᠬᠠᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2023 ᠣᠨ ᠤ 5 ᠰᠠᠷ᠎ᠠ ᠶᠢᠨ 23 ᠤ ᠡᠳᠦᠷ ᠳᠠᠷᠤᠮᠠᠯᠯᠠᠨ ᠲᠠᠷᠬᠠᠭᠠᠪᠠ | |