ᠪᠠᠶᠠᠨᠲᠣᠬᠤᠶ ᠪᠠᠯᠭᠠᠰᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠵᠤ᠂ ᠭᠠᠵᠠᠷ ᠰᠢᠷᠣᠶ ᠶᠢ ᠡᠷᠴᠢᠮᠵᠢᠭᠦᠯᠦᠨ ᠠᠰᠢᠭᠯᠠᠬᠤ ᠶᠢ | ᠠᠬᠢᠭᠤᠯᠬᠤ ᠶᠢᠨ ᠲᠥᠯᠥᠭᠡ᠂ 10 ᠰᠠᠷ᠎ᠠ ᠶᠢᠨ 12 ᠤᠨ ᠡᠳᠦᠷ ᠤᠨ ᠦᠳᠡ ᠶᠢᠨ ᠬᠤᠶᠢᠨ᠎ᠠ᠂ ᠲᠣᠭᠤᠷᠢᠭ ᠤᠨ | ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠲᠡᠷᠢᠭᠦᠯᠡᠭᠴᠢ | ᠯᠢᠦ ᠶᠦᠩ ᠪᠠᠯᠭᠠᠰᠤᠨ ᠳᠤ ︽ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢ ᠲᠦᠷᠭᠡᠳᠬᠡᠨ ᠭᠠᠵᠠᠷ ᠰᠢᠷᠣᠶ ᠶᠢ ᠡᠷᠴᠢᠮᠵᠢᠭᠦᠯᠦᠨ ᠠᠰᠢᠭᠯᠠᠬᠤ ᠶᠢ ᠳᠥᠯᠭᠢᠨ ᠠᠬᠢᠭᠤᠯᠬᠤ | ᠤᠯᠤᠰ ᠲᠥᠷᠥ ᠶᠢᠨ ᠵᠥᠪᠯᠡᠯᠭᠡᠨ ᠤ ᠶᠠᠷᠢᠯᠴᠠᠬᠤ ᠬᠤᠷᠠᠯ︾ ᠬᠤᠷᠠᠯᠳᠤᠭᠤᠯᠵᠤ᠂ ᠲᠣᠭᠤᠷᠢᠭ ᠤᠨ ᠵᠠᠰᠠᠭ ᠤᠨ | ᠣᠷᠳᠣᠨ ᠤ ᠳᠡᠳ᠋ ᠳᠠᠷᠤᠭ᠎ᠠ ᠸᠠᠩ ᠶᠦᠩ ᠱᠧᠩ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ | ᠲᠡᠷᠢᠭᠦᠯᠡᠭᠴᠢ ᠶᠢᠨ ᡁᠢ ᠶᠦᠩ᠂ ᠪᠠᠶᠠᠨᠲᠣᠬᠤᠶ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠯᠢᠦ ᠶᠠᠨ ᠫᠧᠩ᠂ | ᠪᠠᠶᠠᠨᠲᠣᠬᠤᠶ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ ᠰᠢᠶᠤᠤ ᠰᠢᠩ | ᠬᠤᠤ ᠠᠴᠠ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠲᠣᠭᠤᠷᠢᠭ ᠤᠨ ᠱᠠᠲᠤᠨ ᠤ | ᠳᠠᠭᠠᠭᠠᠴᠢᠯᠠᠨ ᠬᠤᠯᠪᠣᠭᠠᠯᠠᠬᠤ ᠤᠳᠤᠷᠢᠳᠬᠤ ᠺᠠᠳ᠋ᠷ ᠣᠷᠣᠯᠴᠠᠵᠠᠶ᠃ | ᠬᠤᠷᠠᠯ ᠳᠡᠭᠡᠷ᠎ᠡ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠰᠧ ᠰᠢᠨ ᠲᠣᠰᠬᠤᠨ᠂ | ᠢ ᠺᠧ ᠱᠤ᠋ ᠲᠣᠰᠬᠤᠨ᠂ ᠸᠠᠨ ᠮᠦ ᠲᠠᠨ ᠲᠣᠰᠬᠤᠨ᠂ ᠳ᠋ᠦᠩ ᠰᠢᠩ ᠲᠣᠰᠬᠤᠨ ᠤ ᠪᠠᠶᠢᠴᠠᠭᠠᠨ ᠰᠤᠳᠤᠯᠤᠯᠲᠠ ᠶᠢᠨ | ᠪᠠᠶᠢᠳᠠᠯ ᠤᠨ ᠲᠤᠬᠠᠶ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠤ᠂ ᠪᠠᠶᠠᠨᠲᠣᠬᠤᠶ ᠪᠠᠯᠭᠠᠰᠤᠨ ᠤ ᠨᠠᠮ ᠤᠨ | ᠬᠤᠷᠢᠶᠠᠨ ᠤ ᠱᠦᠵᠢ ᠯᠢᠦ ᠶᠠᠨ ᠫᠧᠩ ᠲᠣᠰ ᠭᠠᠷᠠᠭ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠠᠬᠢᠴᠠ ᠶᠢ | ᠬᠠᠷᠢᠭᠤ ᠮᠡᠳᠡᠭᠦᠯᠪᠡ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠥᠭᠡᠷᠡᠴᠢᠯᠡᠯᠲᠡ ᠨᠢ ᠳᠣᠤᠷᠠᠬᠢ 6 ᠵᠠᠰᠠᠭ | ᠵᠠᠬᠢᠷᠭᠠᠨ ᠤ ᠲᠣᠰᠬᠤᠨ ᠳᠤ ᠬᠤᠯᠪᠣᠭᠳᠠᠵᠤ᠂ ᠨᠡᠶᠢᠲᠡ 2. 82 ᠲᠦᠮᠡᠨ ᠮᠥ ᠦᠨᠳᠦᠰᠦᠨ ᠲᠠᠷᠢᠶᠠᠨ ᠭᠠᠵᠠᠷ ᠲᠤ | ᠬᠤᠯᠪᠣᠭᠳᠠᠵᠤ᠂ ᠨᠡᠶᠢᠲᠡ 6 ᠪᠠᠷᠢᠮᠵᠢᠶᠠᠲᠤ ᠬᠡᠰᠡᠭ᠂ 16 ᠲᠤᠨᠤᠮᠠᠯ ᠡᠯᠡᠰᠦᠨ ᠤ ᠲᠠᠲᠠᠭᠠᠯ ᠪᠣᠶ᠃ ᠥᠨᠥᠳᠥᠷ | ᠪᠣᠯᠲᠠᠯ᠎ᠠ᠂ 16 ᠲᠤᠨᠤᠮᠠᠯ ᠡᠯᠡᠰᠦᠨ ᠴᠥᠬᠦᠷᠥᠮ ᠤᠨ 5 ᠰᠠᠭᠤᠷᠢ ᠪᠠᠷᠢᠯᠭ᠎ᠠ ᠶᠢ ᠨᠢᠭᠡᠨᠲᠡ ᠳᠠᠭᠤᠰᠬᠠᠵᠤ᠂ ᠪᠤᠰᠤᠳ | 11 ᠰᠠᠭᠤᠷᠢ ᠪᠠᠷᠢᠯᠭ᠎ᠠ ᠶᠢ ᠶᠠᠭ ᠪᠠᠷᠢᠵᠤ ᠪᠣᠶ︔ 16 ᠬᠥᠭᠡᠷᠭᠡ ᠶᠢᠨ ᠭᠡᠷ ᠲᠠᠬᠢ 13 ᠭᠤᠣᠯ ᠴᠣᠭᠴᠠ ᠨᠢ | ᠨᠢᠭᠡᠨᠲᠡ ᠪᠠᠷᠢᠯᠭ᠎ᠠ ᠳᠠᠭᠤᠰᠬᠠᠵᠤ᠂ ᠶᠠᠭ ᠬᠡᠷᠡᠮ ᠵᠡᠷᠭᠡᠯᠡᠬᠦ ᠵᠡᠷᠭᠡ ᠠᠵᠢᠯ ᠢ ᠬᠢᠵᠦ ᠪᠠᠶᠢᠨ᠎ᠠ᠂ ᠦᠯᠡᠳᠡᠭᠰᠡᠨ 3 | ᠰᠠᠭᠤᠷᠢ ᠶᠢ ᠨᠢ ᠶᠠᠭ ᠪᠥᠲᠥᠭᠡᠨ ᠪᠠᠶᠢᠭᠤᠯᠵᠤ ᠪᠣᠶ︔ ᠲᠠᠷᠢᠶᠠᠨ ᠭᠠᠵᠠᠷ ᠤᠨ ᠭᠠᠳᠠᠨᠠᠬᠢ ᠭᠤᠤᠯ ᠬᠤᠭᠤᠯᠠᠶ ᠨᠢ | ᠨᠡᠶᠢᠲᠡ 54.662 ᠺᠢᠯᠣᠮᠧᠳ᠋ᠷ ᠪᠠᠶᠢᠵᠤ᠂ 31.562 ᠺᠢᠯᠣᠮᠧᠳ᠋ᠷ ᠨᠢᠭᠡᠨᠲᠡ ᠪᠡᠶᠡᠯᠡᠭᠦᠯᠪᠡ᠃ | ᠬᠤᠷᠠᠯ ᠠᠴᠠ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠨᠢ ᠠᠯᠤᠰ | ᠬᠡᠳᠦ ᠶᠢᠨ ᠠᠴᠢ ᠬᠤᠯᠪᠣᠭᠳᠠᠯ ᠲᠠᠢ ᠶᠤᠮ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ | ᠪᠠᠶᠢᠭᠤᠯᠤᠯᠲᠠ ᠨᠢ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ᠂ ᠬᠥᠳᠡᠭᠡ ᠠᠵᠤ ᠠᠬᠤᠢ | ᠬᠥᠳᠡᠭᠡ ᠲᠣᠰᠬᠤᠨ ᠤ ᠣᠳᠣᠬᠢᠴᠢᠯᠠᠯᠲᠠ ᠶᠢ ᠠᠬᠢᠭᠤᠯᠬᠤ ᠳᠤ ᠠᠰᠢᠭᠲᠠᠢ᠂ ᠲᠠᠷᠢᠶᠠᠴᠢᠳ ᠤᠨ ᠣᠷᠣᠯᠭ᠎ᠠ ᠶᠢ | ᠨᠡᠮᠡᠭᠳᠡᠭᠦᠯᠬᠦ ᠳᠤ ᠠᠰᠢᠭᠲᠠᠢ᠂ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠳᠤ ᠠᠰᠢᠭᠲᠠᠢ ᠪᠠᠶᠢᠵᠤ᠂ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ | ᠭᠠᠵᠠᠷ ᠰᠢᠷᠣᠢ ᠶᠢ ᠡᠷᠴᠢᠮᠵᠢᠭᠦᠯᠦᠨ ᠠᠰᠢᠭᠯᠠᠬᠤ ᠶᠢ ᠠᠬᠢᠭᠤᠯᠬᠤ ᠬᠡᠷᠡᠭᠲᠡᠢ᠃ | ᠲᠠᠷᠠᠭᠠᠴᠢ ᠶᠢᠨ ᠠᠯᠬᠤᠮ ᠳᠤ᠂ ᠪᠠᠶᠠᠨᠲᠣᠬᠤᠶ ᠪᠠᠯᠭᠠᠰᠤ ᠵᠢᠴᠢ ᠲᠣᠭᠤᠷᠢᠭ ᠤᠨ ᠱᠠᠲᠤᠨ ᠤ ᠳᠠᠭᠠᠭᠠᠴᠢᠯᠠᠨ | ᠬᠤᠯᠪᠣᠭᠠᠯᠠᠭᠰᠠᠨ ᠤᠳᠤᠷᠢᠳᠬᠤ ᠺᠠᠳ᠋ᠷ ᠪᠣᠳᠠᠲᠤ ᠪᠠᠶᠢᠳᠠᠯ ᠢᠶᠠᠨ ᠦᠨᠳᠦᠰᠦᠯᠡᠨ ᠥᠨᠳᠥᠷ ᠪᠠᠷᠢᠮᠵᠢᠶᠠᠲᠤ ᠲᠠᠷᠢᠶᠠᠨ | ᠭᠠᠵᠠᠷ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠵᠤ᠂ ᠲᠠᠷᠢᠶᠠᠨ | ᠭᠠᠵᠠᠷ᠂ ᠲᠠᠷᠢᠶᠠᠨ ᠭᠠᠵᠠᠷ ᠤᠨ ᠭᠠᠳᠠᠨᠠᠬᠢ ᠡᠯ᠎ᠡ ᠵᠦᠢᠯ ᠤᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ | ᠰᠠᠶᠢᠲᠤᠷ ᠬᠢᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ︽ᠴᠢᠨᠠᠷ ᠰᠠᠶᠢᠲᠠᠶ᠂ ᠲᠥᠪᠯᠡᠷᠡᠩᠭᠦᠶ᠂ | ᠵᠠᠯᠭᠠᠯᠳᠤᠭ᠎ᠠ︾ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠲᠣᠭᠲᠠᠭᠰᠠᠨ ᠬᠤᠭᠤᠴᠠᠭᠠᠨ ᠳᠤ ᠴᠢᠨᠠᠷ | ᠰᠠᠶᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ |