10 ᠰᠠᠷ᠎ᠠ ᠶᠢᠨ 16 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠷᠠᠰᠢᠵᠦ᠋ᠩ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ | ᠬᠤᠷᠢᠶᠠᠨ ᠤ ᠱᠦᠵᠢ ᠵᠠᠩ ᠽᠧ ᠢᠦᠢ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ ᠬᠤᠷᠢᠶᠠᠨ ᠤ ᠥᠷᠭᠡᠳᠬᠡᠭᠰᠡᠨ | ᠬᠤᠷᠠᠯ ᠢ ᠡᠷᠬᠢᠯᠡᠨ ᠬᠤᠷᠠᠯᠳᠤᠭᠤᠯᠵᠤ᠂ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠪᠦᠬᠦ ᠤᠯᠤᠰ ᠤᠨ | ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠬᠢᠭᠦᠯᠦᠨ ᠰᠠᠶᠢᠰᠢᠶᠠᠬᠤ ᠶᠡᠭᠡ ᠬᠤᠷᠠᠯ᠂ ᠪᠦᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠤᠯᠤᠰ ᠤᠨ ᠭᠠᠪᠢᠶᠠᠨ ᠲᠡᠮᠳᠡᠭ ᠪᠣᠯᠤᠨ ᠤᠯᠤᠰ ᠤᠨ ᠢᠷᠠᠭᠤ ᠠᠯᠳᠠᠷ ᠤᠨ ᠴᠣᠯᠠ | ᠣᠯᠭᠤᠬᠤ ᠶᠣᠰᠣᠯᠠᠯ᠂ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ | ᠤᠢ ᠶᠢ ᠪᠡᠯᠭᠡᠯᠡᠬᠦ ᠳᠠᠶᠢᠯᠠᠯᠭ᠎ᠠ᠂ ᠰᠠᠷᠠᠨ ᠪᠥᠮᠪᠥᠷᠴᠡᠭ ᠢ ᠬᠠᠶᠢᠨ ᠰᠢᠨᠵᠢᠯᠡᠬᠦ ᠢᠨᠵᠧᠨᠧᠷᠢᠩ ᠤᠨ ᠴᠠᠩ ᠧ | ᠵᠢᠷᠭᠤᠳᠤᠭᠠᠷ ᠡᠭᠦᠷᠭᠡ ᠶᠢᠨ ᠰᠤᠳᠤᠯᠭᠠᠨ ᠪᠠ ᠲᠤᠷᠰᠢᠯᠲᠠ ᠳᠤ ᠣᠷᠣᠯᠴᠠᠭᠰᠠᠨ ᠬᠥᠮᠦᠰ ᠤᠨ ᠲᠥᠯᠥᠭᠡᠯᠡᠭᠴᠢ ᠶᠢ | ᠬᠦᠯᠢᠶᠡᠨ ᠠᠪᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠥᠪ ᠤᠨ | ᠨᠠᠮ ᠤᠨ ᠰᠤᠷᠭᠠᠭᠤᠯᠢ ᠶᠢᠨ ᠰᠢᠨᠵᠢᠶᠠᠩ ᠤᠨ ᠦᠨᠳᠦᠰᠦᠲᠡᠨ ᠤ ᠺᠠᠳ᠋ᠷ ᠤᠨ ᠪᠣᠯᠪᠠᠰᠤᠷᠠᠯ ᠤᠨ ᠠᠩᠬᠢ | ᠪᠠᠶᠢᠭᠤᠯᠤᠭᠳᠠᠭᠰᠠᠨ 70 ᠵᠢᠯ ᠤᠨ ᠤᠢ ᠶᠢᠨ ᠲᠠᠰᠢᠷᠠᠮ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠪᠦᠬᠦ ᠤᠯᠤᠰ ᠤᠨ ᠥᠷᠭᠡᠨ ᠤᠯᠠᠨ ᠲᠠᠷᠢᠶᠠᠴᠢᠨ ᠪᠣᠯᠤᠨ ︽ᠬᠥᠳᠡᠭᠡ ᠠᠵᠤ ᠠᠬᠤᠢ ᠬᠥᠳᠡᠭᠡ | ᠲᠣᠰᠬᠤᠨ ᠲᠠᠷᠢᠶᠠᠴᠢᠨ︾ ᠤ ᠠᠵᠢᠯ ᠤᠨ ᠹᠷᠣᠨᠲ ᠳᠡᠭᠡᠷ᠎ᠡ ᠠᠵᠢᠯᠯᠠᠵᠤ ᠪᠠᠶᠢᠭ᠎ᠠ ᠨᠥᠬᠦᠳ ᠲᠤ ᠪᠠᠶᠠᠷ ᠤᠨ | ᠡᠳᠦᠷ ᠤᠨ ᠪᠠᠶᠠᠷ ᠬᠦᠷᠭᠡᠵᠦ᠂ ︽ᠦᠨᠡᠨ︾ ᠰᠡᠳᠬᠦᠯ ᠳᠡᠭᠡᠷ᠎ᠡ ᠨᠡᠶᠢᠲᠡᠯᠡᠭᠰᠡᠨ ᠴᠢᠬᠤᠯᠠ ᠵᠣᠬᠢᠶᠠᠯ ︽ᠠᠭᠤᠤ ᠶᠡᠭᠡ | ᠤᠯᠤᠰ ᠢᠶᠠᠨ ᠬᠠᠶᠢᠷᠠᠯᠠᠬᠤ ᠦᠵᠡᠯ ᠤᠨ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠤᠯᠤᠰ ᠢᠶᠠᠨ | ᠬᠦᠴᠦᠷᠬᠡᠭᠵᠢᠭᠦᠯᠬᠦ ᠪᠦᠳᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ | ᠲᠠᠰᠤᠷᠠᠯᠲᠠ ᠦᠭᠡᠢ ᠤᠷᠤᠭᠰᠢᠯᠠᠶ᠎ᠠ︾᠂ ᠵᠡᠭᠡᠯᠢ ᠭᠤᠳᠤᠮᠵᠢ ᠶᠢᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ | ᠲᠤᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ | ᠬᠤᠷᠢᠶᠠᠨ ᠤ ᠠᠵᠤ ᠠᠬᠤᠢ ᠶᠢᠨ ᠪᠠᠶᠢᠳᠠᠯ ᠤᠨ ᠲᠤᠬᠠᠢ ᠵᠠᠳᠠᠯᠤᠯᠲᠠ ᠮᠠᠭᠠᠳᠯᠠᠯᠲᠠ ᠪᠣᠯᠤᠨ ᠰᠢᠢᠳᠪᠦᠷᠢᠲᠦ | ᠪᠤᠳᠤᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠬᠠᠭᠤᠴᠢᠨ ᠰᠠᠭᠤᠭᠠᠯᠢ ᠠᠷᠠᠳ ᠤᠨ | ᠲᠣᠭᠤᠷᠢᠭ ᠢ ᠥᠭᠡᠷᠡᠴᠢᠯᠡᠬᠦ᠂ ︽ᠬᠠᠶᠢᠷ᠎ᠠ ᠬᠠᠯᠠᠮᠵᠢ ᠶᠢᠨ ᠢᠨᠵᠧᠨᠧᠷᠢᠩ︾᠂ ᠵᠠᠮ ᠬᠠᠷᠢᠯᠴᠠᠭᠠᠨ ᠤ ᠬᠤᠭᠤᠯᠠᠢ ᠶᠢᠨ | ᠲᠣᠣᠷ ᠤᠨ ᠪᠦᠳᠦᠭᠡᠨ ᠪᠠᠶᠢᠭᠤᠯᠤᠯᠲᠠ ᠵᠡᠷᠭᠡ ᠠᠷᠠᠳ ᠤᠨ ᠰᠡᠳᠬᠢᠯ ᠤᠨ ᠢᠨᠵᠧᠨᠧᠷᠢᠩ ᠵᠢᠴᠢ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠠᠯ᠎ᠠ ᠪᠠᠷ ᠬᠠᠷᠢᠶ᠎ᠠ | ᠭᠠᠵᠠᠷ ᠤᠨ ᠦᠢᠯᠡᠳᠦᠯ ᠢᠶᠠᠨ ᠪᠠᠳᠠᠷᠠᠭᠤᠯᠬᠤ ᠶᠢ ᠨᠢᠭᠲᠠ ᠤᠶᠠᠯᠳᠤᠭᠤᠯᠵᠤ᠂ ᠬᠦᠴᠦᠲᠡᠶ ᠬᠠᠮᠵᠢᠯᠴᠠᠬᠤ ᠬᠡᠷᠡᠭᠲᠡᠢ᠃ | ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠠᠶᠢᠭᠤᠯᠬᠤ ᠴᠢᠬᠤᠯᠠ ᠶᠡᠭᠡ ᠤᠯᠤᠰ ᠲᠦᠷᠦ ᠶᠢᠨ | ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠪᠠᠬᠢ ᠪᠤᠢ ᠪᠣᠯᠭᠠᠬᠤ ᠶᠢ ᠡᠯ᠎ᠡ ᠵᠦᠢᠯ ᠤᠨ ᠠᠵᠢᠯ ᠤᠨ ᠭᠤᠣᠯ ᠱᠤᠭᠤᠮ ᠪᠣᠯᠭᠠᠵᠤ᠂ | ᠦᠨᠳᠦᠰᠦᠲᠡᠨ ᠨᠦᠭᠦᠳ ᠤᠨ ᠤᠯᠠᠨ ᠲᠦᠮᠡᠨ ᠤ ᠨᠡᠩ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ | ᠠᠬᠢᠭᠤᠯᠬᠤ ᠬᠡᠷᠡᠭᠲᠡᠢ᠃ ᠪᠠᠭᠠᠲᠤᠷ ᠵᠢᠱᠢᠶᠡᠴᠢ ᠶᠢᠨ ᠲᠡᠷᠢᠭᠦᠨ ᠤ ᠦᠢᠯᠡ ᠠᠵᠢᠯᠯᠠᠭ᠎ᠠ ᠶᠢ ᠥᠷᠭᠡᠨ ᠢᠶᠠᠷ ᠰᠤᠷᠤᠯᠴᠠᠨ | ᠤᠬᠠᠭᠤᠯᠵᠤ᠂ ᠵᠡᠭᠡᠯᠢ ᠭᠤᠳᠤᠮᠵᠢ ᠶᠢᠨ ᠤᠳᠤ ᠶᠢᠨ ᠬᠤᠪᠢᠰᠬᠠᠯ ᠤᠨ ᠡᠬᠢ ᠪᠠᠶᠠᠯᠢᠭ ᠲᠤ ᠲᠦᠰᠢᠭᠯᠡᠨ᠂ | ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠢ ᠴᠢᠩᠭᠠᠳᠬᠠᠵᠤ᠂ ᠤᠯᠤᠰ ᠢᠶᠠᠨ ᠬᠠᠶᠢᠷᠠᠯᠠᠬᠤ ᠦᠵᠡᠯ ᠤᠨ | ᠬᠥᠮᠦᠵᠢᠯ ᠢ ᠦᠷᠭᠦᠯᠵᠢᠯᠡᠨ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ᠃ | ᠬᠤᠷᠠᠯ ᠠᠴᠠ ᠪᠠᠰᠠ ᠶᠡᠷᠦᠩᠬᠡᠶ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠶ | ᠴᠢᠬᠤᠯᠠ ᠥᠭᠦᠯᠡᠯᠲᠡ ᠶᠢᠨ ᠬᠤᠯᠪᠣᠭᠳᠠᠯ ᠪᠥᠬᠦᠶ ᠠᠭᠤᠯᠭ᠎ᠠ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠦᠷᠢᠮ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ | ᠲᠦᠷᠢᠮ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ | ᠲᠦᠷᠢᠮ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠲᠦᠷᠢᠮ︾᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ ᠤᠨ ︽ᠲᠣᠭᠤᠷᠢᠨ ᠪᠠᠶᠢᠴᠠᠭᠠᠭᠳᠠᠵᠤ | ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠤᠷᠢᠨ | ᠪᠠᠶᠢᠴᠠᠭᠠᠬᠤ ᠠᠵᠢᠯ ᠳᠤ ᠬᠠᠮᠵᠢᠯᠴᠠᠬᠤ ᠲᠣᠭᠲᠠᠭᠠᠯ︾ ᠪᠣᠯᠤᠨ ᠪᠥᠬᠦ ᠣᠷᠣᠨ ᠤ ᠲᠣᠭᠤᠷᠢᠨ ᠪᠠᠶᠢᠴᠠᠭᠠᠬᠤ | ᠠᠵᠢᠯ ᠤᠨ ᠬᠤᠷᠠᠯ ᠵᠢᠴᠢ ᠠᠷᠪᠠᠨ ᠨᠢᠭᠡᠳᠦᠭᠡᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠳᠣᠯᠣᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ | ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |