ᠡᠯ᠎ᠡ ᠶᠡᠷᠦᠩᠬᠡᠶᠢᠯᠡᠭᠰᠡᠨ ᠴᠤᠩᠬᠤᠪᠴᠢ ᠶᠢᠨ ᠠᠵᠢᠯᠲᠠᠨ᠄ | ᠶᠡᠷᠦᠩᠬᠡᠶᠢᠯᠡᠭᠰᠡᠨ ᠴᠣᠩᠬᠤᠪᠴᠢ ᠶᠢᠨ ᠠᠵᠢᠯᠲᠠᠨ ᠤ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠪᠠ | ᠦᠢᠯᠡᠴᠢᠯᠡᠭᠡᠨ ᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠠᠵᠢᠯ ᠭᠦᠢᠴᠡᠳᠭᠡᠭᠴᠢ ᠶᠢᠨ ᠦᠨᠡᠮᠯᠡᠯ ᠢᠶᠠᠷ ᠠᠵᠢᠯ ᠤᠨ ᠪᠠᠶᠢᠷᠢ ᠳᠤ ᠭᠠᠷᠬᠤ ᠠᠵᠢᠯ ᠢ ᠲᠦᠷᠭᠡᠳᠬᠡᠨ | ᠠᠬᠢᠭᠤᠯᠬᠤ ᠶᠢᠨ ᠲᠤᠰᠠᠳᠠ᠂ ᠦᠬᠠᠶ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ | ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ︽ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠠᠵᠢᠯ ᠭᠦᠢᠴᠡᠳᠭᠡᠭᠴᠢ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠬᠢᠨᠠᠨ | ᠲᠣᠭᠲᠠᠭᠠᠯᠲᠠ ᠳᠤ ᠨᠡᠷ᠎ᠡ ᠮᠡᠳᠡᠭᠦᠯᠬᠦ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠡᠳᠦᠭᠡ ᠬᠠᠮᠢᠶ᠎ᠠ ᠪᠥᠬᠦᠶ | ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄ | ᠨᠢᠭᠡ᠂ ᠰᠢᠯᠭᠠᠨ ᠲᠣᠭᠲᠠᠭᠠᠬᠤ ᠡᠲᠡᠭᠡᠳ | ᠬᠠᠶᠢᠨᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠶᠡᠷᠦᠩᠬᠡᠶᠢᠯᠡᠭᠰᠡᠨ | ᠴᠤᠩᠬᠤᠪᠴᠢ ᠶᠢᠨ ᠠᠵᠢᠯᠲᠠᠨ | ᠬᠤᠶᠠᠷ᠂ ᠮᠡᠳᠡᠭᠦᠯᠬᠦ ᠨᠥᠬᠦᠴᠡᠯ᠃ | ︵ᠨᠢᠭᠡ︶ ᠲᠣᠣᠷᠡᠬᠢ ᠨᠦᠬᠦᠴᠡᠯ ᠤᠨ ᠨᠢᠭᠡ ᠨᠢ ᠪᠠᠶᠢᠪᠠᠯ᠂ ᠲᠠᠪᠤᠳᠣᠭᠠᠷ ᠳᠡᠰ / ᠠᠩᠬ᠎ᠠ ᠵᠡᠷᠭᠡ ᠶᠢᠨ | ᠠᠵᠢᠯᠴᠢᠨ ᠢ ᠮᠡᠳᠡᠭᠦᠯᠵᠦ ᠪᠤᠯᠥᠨ᠎ᠠ᠄ | 1. ᠲᠣᠰ ᠠᠵᠢᠯ ᠮᠡᠷᠭᠡᠵᠢᠯ ᠪᠤᠶᠤ ᠬᠠᠮᠢᠶ᠎ᠠ ᠪᠥᠬᠦᠶ ᠠᠵᠢᠯ ᠮᠡᠷᠭᠡᠵᠢᠯ ᠤᠨ ᠠᠵᠢᠯ ᠢ ᠨᠡᠶᠢᠲᠡ 1 ᠵᠢᠯ | ︵ᠪᠠᠭᠲᠠᠨ᠎ᠠ︶ ᠠᠴᠠ ᠳᠡᠭᠡᠭᠰᠢ ᠬᠢᠭᠰᠡᠨ ᠪᠠᠶᠢᠬᠤ ᠬᠡᠷᠡᠭᠲᠡᠶ᠃ | ︵ᠬᠤᠶᠠᠷ︶ ᠲᠤᠤᠷᠡᠬᠢ ᠨᠦᠬᠦᠴᠡᠯ ᠤᠨ ᠠᠯᠢ ᠨᠢᠭᠡ ᠨᠢ ᠪᠠᠶᠢᠪᠠᠯ᠂ ᠲᠦᠷᠪᠡᠨ ᠳᠡᠰ / ᠳᠤᠮᠳᠠ ᠵᠡᠷᠭᠡ ᠶᠢᠨ | ᠠᠵᠢᠯᠴᠢᠨ ᠢ ᠮᠡᠳᠡᠭᠦᠯᠵᠦ ᠪᠣᠯᠤᠨ᠎ᠠ᠄ | 1. ᠲᠣᠰ ᠠᠵᠢᠯ ᠮᠡᠷᠭᠡᠵᠢᠯ ᠪᠤᠶᠤ ᠬᠤᠯᠪᠣᠭᠳᠠᠬᠤ ᠠᠵᠢᠯ ᠮᠡᠷᠭᠡᠵᠢᠯ ᠤᠨ ᠠᠵᠢᠯ ᠢ ᠨᠡᠶᠢᠲᠡ 5 ᠵᠢᠯ ᠬᠢᠭᠰᠡᠨ | ᠪᠠᠶᠢᠨ᠎ᠠ᠃ | 2. ᠲᠤᠰ ᠲᠤᠰᠬᠠᠶ ᠮᠡᠷᠭᠡᠵᠢᠯ ᠪᠤᠶᠤ ᠬᠤᠯᠪᠣᠭᠳᠠᠬᠤ ᠲᠤᠰᠬᠠᠶ ᠮᠡᠷᠭᠡᠵᠢᠯ ᠤᠨ ᠮᠡᠷᠭᠡᠵᠢᠯ ᠤᠨ ᠠᠵᠢᠯᠴᠢᠨ ᠤ | ᠳᠡᠭᠡᠳᠦ ᠰᠤᠷᠭᠠᠭᠤᠯᠢ ᠪᠤᠶᠤ ᠳᠤᠮᠳᠠ ᠵᠡᠷᠭᠡ ᠵᠢᠴᠢ ᠲᠡᠭᠦᠨ ᠠᠴᠠ ᠳᠡᠭᠡᠭᠰᠢᠬᠢ ᠠᠵᠢᠯ ᠮᠡᠷᠭᠡᠵᠢᠯ ᠤᠨ ᠰᠤᠷᠭᠠᠭᠤᠯᠢ᠂ | ᠲᠤᠰᠬᠠᠶ ᠮᠡᠷᠭᠡᠵᠢᠯ ᠤᠨ ᠵᠢᠴᠢ ᠲᠡᠭᠦᠨ ᠠᠴᠠ ᠳᠡᠭᠡᠭᠰᠢᠬᠢ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠠᠴᠠ | ᠲᠡᠭᠦᠰᠦᠭᠰᠡᠨ ᠦᠨᠡᠮᠯᠡᠯ ︵ᠰᠤᠷᠤᠯᠴᠠᠵᠤ ᠪᠠᠶᠢᠭ᠎ᠠ ᠲᠤᠰ ᠬᠤᠭᠤᠴᠠᠭᠠᠨ ᠤ ᠲᠡᠭᠦᠰᠦᠭᠰᠡᠳ ᠢ ᠪᠠᠭᠲᠠᠭᠠᠨ᠎ᠠ︶᠃ | ︵ᠭᠤᠷᠪᠠ︶ ᠲᠤᠤᠷᠡᠬᠢ ᠨᠦᠬᠦᠴᠡᠯ ᠤᠨ ᠠᠯᠢ ᠨᠢᠭᠡ ᠨᠢ ᠪᠠᠶᠢᠪᠠᠯ᠂ ᠭᠤᠷᠪᠠᠨ ᠳᠡᠰ / ᠳᠡᠭᠡᠳᠦ ᠵᠡᠷᠭᠡ ᠶᠢᠨ | ᠠᠵᠢᠯᠴᠢᠨ ᠢ ᠮᠡᠳᠡᠭᠦᠯᠵᠦ ᠪᠣᠯᠤᠨ᠎ᠠ᠄ | 1. ᠲᠣᠰ ᠠᠵᠢᠯ ᠮᠡᠷᠭᠡᠵᠢᠯ ᠪᠤᠶᠤ ᠬᠠᠮᠢᠶ᠎ᠠ ᠪᠥᠬᠦᠶ ᠠᠵᠢᠯ ᠮᠡᠷᠭᠡᠵᠢᠯ ᠤᠨ ᠠᠵᠢᠯ ᠢ ᠨᠡᠶᠢᠲᠡ 10 ᠵᠢᠯ | ᠬᠢᠭᠰᠡᠨ ᠪᠠᠶᠢᠨ᠎ᠠ᠃ | 2. ᠲᠤᠰ ᠠᠵᠢᠯ ᠮᠡᠷᠭᠡᠵᠢᠯ ᠪᠤᠶᠤ ᠬᠠᠮᠢᠶ᠎ᠠ ᠪᠦᠬᠦᠢ ᠠᠵᠢᠯ ᠮᠡᠷᠭᠡᠵᠢᠯ ᠤᠨ ᠳᠥᠷᠪᠡᠳᠦᠭᠡᠷ ᠳᠡᠰ / ᠳᠤᠮᠳᠠ | ᠵᠡᠷᠭᠡ ᠶᠢᠨ ᠠᠵᠢᠯᠴᠢᠨ ᠤ ᠠᠵᠢᠯ ᠮᠡᠷᠭᠡᠵᠢᠯ ᠤᠨ ᠬᠢᠷᠢ ᠬᠡᠮ ︵ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠳᠡᠰ︶ | ᠤᠨ ᠦᠨᠡᠮᠯᠡᠯ ᠢ ᠣᠯᠤᠭᠰᠠᠨ ᠤ ᠳᠠᠷᠠᠭ᠎ᠠ᠂ ᠲᠤᠰ ᠠᠵᠢᠯ ᠮᠡᠷᠭᠡᠵᠢᠯ ᠪᠤᠶᠤ ᠬᠠᠮᠢᠶ᠎ᠠ ᠪᠦᠬᠦᠢ ᠠᠵᠢᠯ ᠮᠡᠷᠭᠡᠵᠢᠯ ᠤᠨ | ᠠᠵᠢᠯ ᠢ ᠨᠡᠶᠢᠲᠡ 4 ᠵᠢᠯ ᠬᠢᠭᠰᠡᠨ ᠪᠠᠶᠢᠨ᠎ᠠ᠃ | 3. ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ ᠲᠤᠰᠬᠠᠶ ᠮᠡᠷᠭᠡᠵᠢᠯ ᠤᠨ ᠠᠩᠭᠢ ᠵᠢᠴᠢ | ᠲᠡᠭᠦᠨ ᠠᠴᠠ ᠳᠡᠭᠡᠭᠰᠢᠬᠢ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠵᠢᠩᠬᠢᠨᠢ ᠲᠤᠰᠬᠠᠶ ᠮᠡᠷᠭᠡᠵᠢᠯ ᠪᠤᠶᠤ | ᠬᠠᠮᠢᠶ᠎ᠠ ᠪᠦᠬᠦᠢ ᠲᠤᠰᠬᠠᠶ ᠮᠡᠷᠭᠡᠵᠢᠯ ᠤᠨ ᠲᠡᠭᠦᠰᠬᠦ ᠦᠨᠡᠮᠯᠡᠯ ᠢ ᠣᠯᠬᠤ ᠬᠡᠷᠡᠭᠲᠡᠶ᠃ | ᠭᠤᠷᠪᠠ᠂ ᠮᠠᠭᠠᠳᠯᠠᠨ ᠲᠣᠭᠲᠠᠭᠠᠬᠤ ᠠᠷᠭ᠎ᠠ ᠮᠠᠶ᠋ᠢᠭ | ᠮᠠᠭᠠᠳᠯᠠᠨ ᠲᠣᠭᠲᠠᠭᠠᠬᠤ ᠰᠢᠯᠭᠠᠯᠲᠠ ᠶᠢ ᠤᠨᠤᠯ ᠤᠨ ᠮᠡᠳᠡᠯᠭᠡ ᠶᠢᠨ ᠰᠢᠯᠭᠠᠯᠲᠠ ᠪᠠ ᠪᠣᠳᠠᠲᠠᠶ ᠠᠵᠢᠯᠯᠠᠭᠠᠨ ᠤ | ᠰᠢᠯᠭᠠᠯᠲᠠ ᠭᠡᠵᠦ ᠬᠤᠪᠢᠶᠠᠵᠤ᠂ ᠬᠢᠷᠢ ᠪᠦᠲᠦᠮᠵᠢ ᠶᠢ 60 ᠬᠤᠪᠢ ᠠᠴᠠ ᠳᠡᠭᠡᠭᠰᠢ ᠳᠤ ᠬᠦᠷᠦᠭᠦᠯᠦᠭᠰᠡᠨ ᠪᠣᠯ ᠬᠢᠷᠢ | ᠲᠡᠩᠴᠡᠪᠡᠯ᠂ ᠣᠨᠣᠯ ᠤᠨ ᠮᠡᠳᠡᠯᠭᠡ ᠶᠢᠨ ᠰᠢᠯᠭᠠᠯᠲᠠ ᠪᠠ ᠪᠣᠳᠠᠲᠠᠶ ᠠᠵᠢᠯᠯᠠᠬᠤ ᠰᠢᠯᠭᠠᠯᠲᠠ ᠳᠤ ᠴᠥᠮ ᠬᠢᠷᠢ | ᠲᠡᠩᠴᠡᠭᠰᠡᠳ ᠨᠢ ᠵᠣᠬᠢᠴᠠᠩᠭᠤᠶ ᠦᠨᠡᠮᠯᠡᠯ ᠣᠯᠵᠤ ᠪᠣᠯᠤᠨ᠎ᠠ᠃ | ᠳᠥᠷᠪᠡ᠂ ᠨᠡᠷ᠎ᠡ ᠮᠡᠳᠡᠭᠦᠯᠬᠦ ᠴᠤᠪᠤᠷᠠᠯ | ᠮᠡᠳᠡᠭᠦᠯᠦᠨ ᠰᠢᠯᠭᠠᠭᠤᠯᠬᠤ ᠵᠡᠷᠭᠡ ᠳᠡᠰ ᠢ ᠥᠪᠡᠰᠦᠪᠡᠨ ᠰᠣᠩᠭᠤᠵᠤ᠂ ᠲᠣᠰ ᠬᠥᠮᠦᠨ ᠨᠢ ︽ᠠᠵᠢᠯ | ᠮᠡᠷᠭᠡᠵᠢᠯ ᠤᠨ ᠴᠢᠳᠠᠪᠦᠷᠢ ᠶᠢᠨ ᠵᠡᠷᠭᠡ ᠳᠡᠰ ᠢ ᠮᠠᠭᠠᠳᠯᠠᠨ ᠲᠣᠭᠲᠠᠭᠠᠬᠤ ᠪᠠᠷ ᠭᠤᠶᠤᠴᠢᠯᠠᠨ ᠮᠡᠳᠡᠭᠦᠯᠬᠦ ᠬᠦᠰᠦᠨᠦᠭᠲᠦ︾ | ᠶᠢ ᠲᠠᠭᠯᠠᠨ ᠪᠢᠴᠢᠬᠦ ᠶᠢᠨ ᠬᠠᠮᠲᠤ ᠬᠠᠮᠢᠶ᠎ᠠ ᠪᠦᠬᠦᠢ ᠮᠠᠲ᠋ᠧᠷᠢᠶᠠᠯ ᠢ ᠲᠤᠰᠢᠶᠠᠨ᠎ᠠ᠃ ᠰᠢᠯᠭᠠᠭᠤᠯᠤᠭᠴᠢ ᠶᠢᠨ ᠪᠠᠶᠢᠭ᠎ᠠ | ᠨᠢᠭᠡᠴᠢ ᠨᠢ ᠰᠢᠯᠭᠠᠭᠤᠯᠤᠭᠴᠢ ᠶᠢᠨ ᠨᠡᠷ᠎ᠡ ᠮᠡᠳᠡᠭᠦᠯᠬᠦ ᠬᠢᠷᠢ ᠬᠡᠮ ᠳᠤ ᠠᠩᠬᠠᠨ ᠤ ᠬᠢᠨᠠᠯᠲᠠ ᠬᠢᠬᠦ ᠶᠢ | ᠬᠠᠷᠢᠭᠤᠴᠠᠬᠤ ᠶᠢᠨ ᠬᠠᠮᠲᠤ ︽ᠠᠵᠢᠯ ᠮᠡᠷᠭᠡᠵᠢᠯ ᠤᠨ ᠴᠢᠳᠠᠪᠦᠷᠢ ᠶᠢᠨ ᠵᠡᠷᠭᠡ ᠳᠡᠰ ᠢ ᠮᠠᠭᠠᠳᠯᠠᠨ ᠲᠣᠭᠲᠠᠭᠠᠬᠤ | ᠬᠤᠪᠢ ᠬᠥᠮᠦᠨ ᠤ ᠭᠤᠶᠤᠴᠢᠯᠠᠨ ᠮᠡᠳᠡᠭᠦᠯᠬᠦ ᠶᠢ ᠬᠢᠨᠠᠨ ᠬᠠᠷᠭᠤᠭᠤᠯᠬᠤ ᠬᠦᠰᠦᠨᠦᠭᠲᠦ︾ ᠳᠤ ᠲᠠᠮᠠᠭ᠎ᠠ ᠳᠠᠷᠤᠨ᠎ᠠ᠃ | ᠨᠡᠷ᠎ᠡ ᠮᠡᠳᠡᠭᠦᠯᠬᠦ ᠰᠢᠯᠭᠠᠯᠲᠠ ᠶᠢᠨ ᠠᠵᠢᠯ ᠢ ᠬᠤᠲᠠ ᠶᠢᠨ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ | ᠲᠣᠪᠴᠢᠶ᠎ᠠ ᠠᠴᠠ ᠨᠢᠭᠡᠳᠦᠯᠲᠡᠶ ᠲᠥᠯᠥᠪᠯᠡᠨ ᠬᠠᠷᠢᠭᠤᠴᠠᠵᠤ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠳᠤ ᠭᠤᠶᠤᠴᠢᠯᠠᠨ᠎ᠠ᠃ | ᠲᠠᠪᠤ᠂ ᠪᠤᠰᠤᠳ ᠵᠦᠢᠯ | ᠬᠠᠶᠢᠨᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠨᠢ ᠶᠡᠷᠦᠩᠬᠡᠶᠢᠯᠡᠭᠰᠡᠨ | ᠴᠣᠩᠬᠤᠪᠴᠢ ᠶᠢᠨ ᠠᠵᠢᠯᠲᠠᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠪᠠ ᠰᠢᠯᠭᠠᠨ | ᠬᠢᠨᠠᠬᠤ ᠠᠵᠢᠯ ᠢ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ 11 ᠳ᠋ᠦᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠭᠦᠢᠴᠡᠳᠭᠡᠭᠴᠢ ᠶᠢᠨ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠵᠡᠷᠭᠡ ᠳᠡᠰ ᠢ ᠮᠠᠭᠠᠳᠯᠠᠨ ᠲᠣᠭᠲᠠᠭᠠᠬᠤ ᠠᠵᠢᠯ ᠢ ᠪᠥᠬᠦ ᠲᠠᠯ᠎ᠠ ᠪᠠᠷ ᠪᠡᠶᠡᠯᠡᠭᠦᠯᠬᠦ ᠪᠠᠷ ᠴᠢᠷᠮᠠᠶᠢᠵᠤ᠂ | ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠶᠡᠷᠦᠩᠬᠡᠶᠢᠯᠡᠭᠰᠡᠨ ᠴᠣᠩᠬᠤᠪᠴᠢ ᠶᠢᠨ | ᠠᠵᠢᠯᠲᠠᠨ ᠤ ︽ᠦᠨᠡᠮᠯᠡᠯ ᠢᠶᠠᠷ ᠠᠵᠢᠯ ᠤᠨ ᠪᠠᠶᠢᠷᠢ ᠳᠤ ᠭᠠᠷᠬᠤ︾ ᠨᠣᠷᠮ᠎ᠠ ᠶᠢ 80% ᠠᠴᠠ ᠳᠡᠭᠡᠭᠰᠢ ᠳᠤ | ᠬᠦᠷᠦᠭᠦᠯᠬᠦ ᠶᠢ ᠦᠨᠡᠨᠬᠦ ᠪᠠᠲᠤᠯᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠭᠦᠢᠴᠡᠳᠭᠡᠭᠴᠢ ᠶᠢᠨ | ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠬᠢᠨᠠᠨ ᠲᠣᠭᠲᠠᠭᠠᠯᠲᠠ ᠶᠢ ᠤᠷᠢᠵᠤ ᠬᠡᠷᠡᠭᠯᠡᠵᠦ ᠲᠤᠰᠢᠶᠠᠯ ᠬᠦᠯᠢᠶᠡᠬᠦ᠂ | ᠲᠠᠰ ᠲᠣᠭᠲᠠᠭᠠᠬᠤ᠂ ᠳᠡᠪᠰᠢᠭᠦᠯᠬᠦ ᠴᠢᠬᠤᠯᠠ ᠯᠠᠪᠯᠠᠯᠲᠠ ᠶᠢᠨ ᠦᠨᠳᠦᠰᠦᠯᠡᠯ ᠪᠣᠯᠭᠠᠵᠤ᠂ ᠴᠣᠩᠬᠤᠪᠴᠢ ᠶᠢᠨ | ᠦᠢᠯᠡᠴᠢᠯᠡᠭᠡ ᠶᠢ ᠨᠠᠩ ᠵᠢᠷᠤᠮᠵᠢᠭᠤᠯᠤᠨ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ ᠳᠤ ᠨᠠᠩ ᠲᠥᠬᠦᠮ | ᠪᠣᠯᠭᠠᠨ᠎ᠠ᠃ |