ᠨᠢᠭᠡᠳᠦᠭᠡᠷ ᠬᠡᠰᠡᠭ ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ | ᠨᠢᠭᠡᠳᠦᠭᠡᠷ ᠵᠦᠢᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠵᠥᠪᠰᠢᠶᠡᠷᠡᠭᠰᠡᠨ ︽ᠬᠠᠶᠢᠨᠠᠨ ᠲᠣᠭᠤᠷᠢᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ︾ | ᠪᠣᠯᠤᠨ ᠬᠠᠶᠢᠨᠠᠨ ᠲᠣᠭᠤᠷᠢᠭ ᠤᠨ ᠳᠠᠷᠤᠮᠠᠯᠯᠠᠨ ᠲᠠᠷᠬᠠᠭᠠᠭᠰᠠᠨ ︽ᠬᠠᠶᠢᠨᠠᠨ ᠲᠣᠭᠤᠷᠢᠭ ᠤᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠲᠣᠰ ᠲᠣᠭᠲᠠᠭᠠᠯ ᠢ ᠲᠣᠭᠲᠠᠭᠠᠪᠠ᠃ | ᠬᠤᠶᠠᠳᠤᠭᠠᠷ ᠵᠦᠶ᠋ᠯ ᠬᠠᠶᠢᠨᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ | ᠲᠣᠪᠴᠢᠶ᠎ᠠ ᠪᠣᠯ ᠬᠠᠶᠢᠨᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠮᠥᠨ᠂ ᠵᠢᠩᠬᠢᠨᠢ | ᠰᠠᠯᠠᠭᠠᠨ ᠤ ᠲᠠᠰ᠂ ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠣᠪᠴᠢᠶ᠎ᠠ ᠶᠢᠨ ᠫᠠᠶᠢᠰᠠ ᠶᠢ ᠨᠡᠮᠡᠵᠦ ᠡᠯᠭᠦᠨ᠎ᠡ᠃ ᠲᠤᠭᠤᠷᠢᠭ ᠤᠨ ᠨᠠᠮ ᠤᠨ ᠬᠤᠷᠢᠶᠠᠨ ᠤ ᠮᠠᠯᠵᠢᠬᠤ | ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠲᠤᠭᠤᠷᠢᠭ ᠤᠨ ᠲᠠᠷᠢᠶᠠᠯᠠᠩ | ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ ᠳᠤ ᠲᠣᠬᠢᠷᠠᠭᠤᠯᠪᠠ᠃ | ᠭᠤᠷᠪᠠᠳᠤᠭᠠᠷ ᠵᠦᠢᠯ ᠲᠤᠭᠤᠷᠢᠭ ᠤᠨ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ | ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ | ᠶᠠᠪᠤᠳᠠᠯ ᠤᠨ ᠲᠣᠪᠴᠢᠶ᠎ᠠ ᠳᠤ ᠭᠠᠷᠭᠠᠵᠤ᠂ ᠲᠤᠭᠤᠷᠢᠭ ᠤᠨ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ | ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠰᠢᠭᠤᠳ ᠤᠳᠤᠷᠢᠳᠤᠯᠭ᠎ᠠ ᠶᠢ ᠬᠦᠯᠢᠶᠡᠵᠦ᠂ ᠲᠤᠭᠤᠷᠢᠭ ᠤᠨ | ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠪᠣᠳᠠᠲᠠᠶ | ᠠᠵᠢᠯ ᠢ ᠡᠭᠦᠷᠭᠡᠯᠡᠵᠦ᠂ ︽ᠮᠠᠯ ᠠᠵᠤ ᠠᠬᠤᠶ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ | ᠤ ᠴᠢᠬᠤᠯᠠ ᠶᠡᠭᠡ ᠠᠰᠠᠭᠤᠳᠠᠯ ᠤᠨ ᠲᠥᠷᠥ ᠶᠢᠨ ᠪᠣᠳᠣᠯᠭ᠎ᠠ ᠶᠢᠨ ᠰᠤᠳᠤᠯᠭᠠᠨ ᠢ ᠵᠣᠬᠢᠶᠠᠨ ᠪᠠᠶᠢᠭᠤᠯᠤᠨ | ᠥᠷᠨᠢᠭᠦᠯᠵᠦ᠂ ᠬᠤᠯᠪᠣᠭᠳᠠᠯ ᠪᠦᠬᠦᠢ ᠲᠠᠯ᠎ᠠ ᠶᠢᠨ ᠬᠢᠨ ᠤ ᠲᠤᠭᠤᠷᠢᠭ ᠤᠨ ᠨᠠᠮ ᠤᠨ ᠬᠤᠷᠢᠶ᠎ᠠ ᠶᠢᠨ ᠮᠠᠯᠵᠢᠬᠤ | ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠲᠣᠭᠲᠠᠭᠠᠭᠰᠠᠨ ᠵᠦᠢᠯᠡᠰ᠂ ᠠᠵᠢᠯ ᠤᠨ | ᠪᠠᠶᠢᠷᠢᠯᠠᠭᠤᠯᠤᠯᠲᠠ ᠪᠠ ᠱᠠᠭᠠᠷᠳᠠᠯᠭ᠎ᠠ ᠵᠡᠷᠭᠡ ᠶᠢ ᠨᠠᠶᠢᠳᠠᠪᠤᠷᠢᠵᠢᠭᠤᠯᠬᠤ ᠶᠢ ᠵᠣᠬᠢᠴᠠᠭᠤᠯᠤᠨ ᠰᠢᠮᠳᠠᠭᠤᠯᠤᠨ | ᠭᠦᠢᠴᠡᠳᠬᠡᠨ᠎ᠡ᠃ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ ᠶᠢᠨ | ᠳᠣᠲᠣᠭᠠᠳᠤ ᠪᠠᠶᠢᠭᠤᠯᠤᠮᠵᠢ ᠨᠢ ᠠᠵᠢᠯ ᠤᠨ ᠬᠡᠷᠡᠭᠴᠡᠭᠡ ᠪᠠᠨ ᠦᠨᠳᠦᠰᠦᠯᠡᠨ ᠲᠤᠭᠤᠷᠢᠭ ᠤᠨ ᠨᠠᠮ ᠤᠨ ᠬᠤᠷᠢᠶ᠎ᠠ ᠶᠢᠨ | ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠬᠠᠮᠢᠶ᠎ᠠ ᠪᠥᠬᠦᠶ | ᠠᠵᠢᠯ ᠢ ᠡᠭᠦᠷᠭᠡᠯᠡᠵᠦ᠂ ᠲᠤᠭᠤᠷᠢᠭ ᠤᠨ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ | ᠤᠳᠤᠷᠢᠳᠬᠤ ᠳᠤᠭᠤᠶᠢᠯᠠᠩ ᠤᠨ ᠠᠵᠢᠯ ᠶᠠᠪᠤᠳᠠᠯ ᠭᠦᠶ᠋ᠴᠡᠳᠬᠡᠬᠦ ᠳᠤ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ | ᠬᠦᠯᠢᠶᠡᠨ᠎ᠡ᠃ | ᠳᠥᠷᠪᠡᠳᠦᠭᠡᠷ ᠵᠦᠶ᠋ᠯ ᠣᠷᠣᠨ ᠤ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ | ︽ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ︾ ᠪᠠ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ | ᠲᠤᠬᠠᠶ ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠲᠤᠭᠤᠷᠢᠭ ᠤᠨ ᠨᠠᠮ ᠤᠨ ᠬᠤᠷᠢᠶ᠎ᠠ ᠶᠢᠨ ᠬᠠᠮᠢᠶ᠎ᠠ ᠪᠥᠬᠦᠶ | ᠰᠢᠶ᠋ᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ | ᠬᠠᠷᠢᠭᠤᠴᠠᠯᠭ᠎ᠠ ᠪᠠᠨ ᠭᠦᠶ᠋ᠴᠡᠳᠬᠡᠬᠦ ᠶᠠᠪᠤᠴᠠ ᠳᠤ ︽ᠲᠠᠷᠢᠶᠠᠯᠠᠩ ᠮᠠᠯ ᠠᠵᠤ ᠠᠬᠤᠶ ᠮᠠᠯᠵᠢᠬᠤ ᠲᠠᠷᠢᠶᠠᠯᠠᠬᠤ ᠣᠷᠣᠨ | ᠮᠠᠯᠴᠢᠨ ᠲᠠᠷᠢᠶᠠᠴᠢᠨ︾ ᠪᠣᠯᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠳᠠᠬᠢ ᠨᠠᠮ ᠤᠨ | ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ ᠭᠤᠣᠯ ᠡᠭᠦᠷᠭᠡ ᠬᠠᠷᠢᠭᠤᠴᠠᠯᠭ᠎ᠠ ᠪᠣᠯ᠄ | ︵ᠨᠢᠭᠡ︶ ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠳ ᠤᠨ | ᠠᠵᠢᠯ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠬᠥᠭᠵᠢᠯᠲᠡ ᠶᠢᠨ ᠲᠥᠯᠥᠪᠵᠢᠭᠦᠯᠭᠡ ᠶᠢ ᠨᠢᠭᠡᠳᠦᠯᠲᠡᠶ | ᠲᠥᠯᠥᠪᠯᠡᠨ ᠰᠤᠳᠤᠯᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ᠃ ᠲᠠᠷᠢᠶᠠᠯᠠᠩ ᠮᠠᠯ ᠠᠵᠤ ᠠᠬᠤᠶ ᠪᠠ | ᠲᠠᠷᠢᠶᠠᠯᠠᠬᠤ ᠣᠷᠣᠨ ᠤ ᠣᠷᠣᠨ ᠨᠤᠲᠤᠭ ᠤᠨ ᠲᠣᠭᠲᠠᠭᠠᠯ᠂ ᠠᠷᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ᠃ | ︵ᠬᠤᠶᠠᠷ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠨᠢᠭᠡᠳᠦᠯᠲᠡᠶ | ᠲᠥᠯᠥᠪᠯᠡᠨ ᠬᠡᠷᠡᠭᠵᠢᠭᠦᠯᠵᠦ᠂ ᠲᠠᠷᠢᠶᠠᠯᠠᠬᠤ ᠣᠷᠣᠨ ᠤ ᠨᠡᠶᠢᠭᠡᠮ ᠤᠨ ᠦᠢᠯᠡᠰ ᠤᠨ ᠬᠥᠭᠵᠢᠯᠲᠡ ᠶᠢᠨ | ᠲᠥᠯᠥᠪᠵᠢᠭᠦᠯᠭᠡ ᠶᠢ ᠰᠤᠳᠤᠯᠤᠨ ᠲᠣᠭᠲᠠᠭᠠᠵᠤ᠂ ᠲᠠᠷᠢᠶᠠᠯᠠᠬᠤ ᠣᠷᠣᠨ ᠤ ᠨᠡᠶᠢᠭᠡᠮ ᠤᠨ ᠦᠢᠯᠡᠰ ᠤᠨ | ᠬᠥᠭᠵᠢᠯᠲᠡ ᠶᠢᠨ ᠲᠠᠯ᠎ᠠ ᠶᠢᠨ ᠪᠠᠶᠢᠴᠠᠭᠠᠨ ᠰᠤᠳᠤᠯᠤᠯᠲᠠ ᠶᠢ ᠡᠭᠦᠷᠭᠡᠯᠡᠵᠦ᠂ ᠬᠠᠮᠢᠶ᠎ᠠ ᠪᠦᠬᠦᠢ ᠲᠥᠷᠥ ᠶᠢᠨ | ᠪᠣᠳᠣᠯᠭ᠎ᠠ ᠶᠢ ᠲᠣᠭᠲᠠᠭᠠᠬᠤ ᠳᠤ ᠣᠷᠣᠯᠴᠠᠵᠤ᠂ ᠲᠠᠷᠢᠶᠠᠯᠠᠬᠤ ᠣᠷᠣᠨ ᠤ ᠨᠡᠶᠢᠭᠡᠮ ᠤᠨ ᠦᠢᠯᠡᠰ᠂ ᠣᠯᠠᠨ | ᠨᠡᠶᠢᠲᠡ ᠶᠢᠨ ᠦᠢᠯᠡᠴᠢᠯᠡᠭᠡ᠂ ᠰᠠᠭᠤᠷᠢ ᠪᠡᠯᠡᠳᠬᠡᠮᠵᠢ ᠪᠣᠯᠤᠨ ᠬᠥᠳᠡᠭᠡ ᠲᠣᠰᠬᠤᠨ ᠤ ᠵᠠᠰᠠᠯᠲᠠ ᠶᠢ ᠨᠢᠭᠡᠳᠦᠯᠲᠡᠶ | ᠲᠥᠯᠥᠪᠯᠡᠨ ᠠᠬᠢᠭᠤᠯᠬᠤ ᠬᠡᠷᠡᠭᠳᠡᠢ᠃ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ | ᠨᠥᠬᠦᠴᠡᠯ ᠪᠠ ᠦᠶ᠋ᠯᠡᠳᠪᠦᠷᠢᠯᠡᠯ ᠤᠨ ᠣᠷᠴᠢᠨ ᠨᠥᠬᠦᠴᠡᠯ ᠢ ᠰᠠᠶᠢᠵᠢᠷᠠᠭᠤᠯᠬᠤ ᠶᠢ ᠲᠦᠷᠦᠭᠦᠯᠡᠨ ᠵᠣᠬᠢᠴᠠᠭᠤᠯᠤᠨ | ᠵᠢᠯᠣᠭᠤᠳᠤᠨ᠎ᠠ᠃ ᠲᠠᠷᠢᠶᠠᠯᠠᠬᠤ ᠣᠷᠣᠨ ᠤ ᠣᠶᠤᠨ ᠤ ᠪᠣᠯᠪᠠᠰᠤᠨ ᠪᠣᠯᠤᠨ ᠰᠢᠯᠢᠳᠡᠭ ᠲᠠᠷᠢᠶᠠᠯᠠᠬᠤ ᠰᠣᠶᠣᠯ ᠤᠨ | ᠪᠠᠶᠢᠭᠤᠯᠤᠯᠲᠠ ᠶᠢ ᠵᠢᠯᠣᠭᠤᠳᠤᠨ᠎ᠠ᠃ | ︵ᠭᠤᠷᠪᠠ︶ ᠲᠠᠷᠢᠶᠠᠯᠠᠬᠤ ᠮᠠᠯᠵᠢᠬᠤ ᠣᠷᠣᠨ ᠤ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠶᠢ | ᠨᠢᠭᠡᠳᠦᠯᠲᠡᠶ ᠲᠥᠯᠥᠪᠯᠡᠨ ᠠᠬᠢᠭᠤᠯᠵᠤ᠂ ᠲᠠᠷᠢᠶᠠᠯᠠᠬᠤ ᠣᠷᠣᠨ ᠤ ᠠᠵᠤ ᠠᠬᠤᠶ ᠶᠢᠨ ᠪᠠᠶᠢᠭᠤᠯᠤᠯ ᠤᠨ | ᠥᠭᠡᠷᠡᠴᠢᠯᠡᠯᠲᠡ ᠪᠣᠯᠤᠨ ᠦᠨᠳᠦᠰᠦᠨ ᠡᠵᠡᠩᠨᠡᠯᠲᠡ ᠶᠢᠨ ᠳᠦᠷᠢᠮ ᠢ ᠭᠦᠨᠵᠡᠭᠡᠶᠢᠷᠡᠭᠦᠯᠬᠦ ᠲᠥᠷᠥ ᠶᠢᠨ ᠪᠣᠳᠣᠯᠭ᠎ᠠ ᠶᠢᠨ | ᠰᠠᠨᠠᠭᠤᠯᠭ᠎ᠠ ᠶᠢ ᠰᠤᠳᠤᠯᠤᠨ ᠳᠤᠷᠠᠳᠬᠤ ᠬᠡᠷᠡᠭᠲᠡᠶ᠃ ᠮᠠᠯᠴᠢᠨ ᠲᠠᠷᠢᠶᠠᠴᠢᠨ ᠤ ᠳᠠᠭᠠᠭᠠᠴᠢᠯᠠᠭᠰᠠᠨ ᠭᠠᠵᠠᠷ᠂ ᠣᠷᠣᠨ | ᠰᠠᠭᠤᠴᠠ ᠶᠢᠨ ᠰᠠᠭᠤᠷᠢ ᠭᠠᠵᠠᠷ ᠤᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠠᠵᠢᠯ ᠢ ᠵᠢᠯᠣᠭᠤᠳᠴᠤ᠂ ᠲᠠᠷᠢᠶᠠᠨ | ᠭᠠᠵᠠᠷ ᠤᠨ ᠬᠡᠷᠡᠭᠯᠡᠬᠦ ᠡᠷᠬᠡ ᠶᠢ ᠰᠢᠯᠵᠢᠭᠦᠯᠬᠦ ᠳᠤ ᠬᠢᠨᠠᠯᠲᠠ ᠲᠠᠯᠪᠢᠵᠤ᠂ ᠳᠠᠭᠠᠭᠠᠴᠢᠯᠠᠯᠲᠠ ᠶᠢᠨ ᠵᠢᠭᠤᠷᠠᠯᠳᠤᠭᠠᠨ ᠢ | ᠬᠥᠨᠳᠡᠯᠡᠨ ᠠᠴᠠ ᠲᠠᠰᠤᠯᠬᠤ ᠠᠵᠢᠯ ᠢ ᠵᠢᠯᠣᠭᠤᠳᠤᠨ᠎ᠠ᠃ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ | ᠡᠷᠬᠡ ᠶᠢᠨ ᠲᠦᠷᠢᠮ ᠤᠨ ᠥᠭᠡᠷᠡᠴᠢᠯᠡᠯᠲᠡ᠂ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠶ ᠶᠢᠨ ᠵᠣᠬᠢᠶᠠᠨ | ᠪᠠᠶᠢᠭᠤᠯᠤᠯᠲᠠ ᠶᠢᠨ ᠬᠥᠭᠵᠢᠯᠲᠡ ᠪᠠ ᠬᠠᠮᠲᠤ ᠶᠢᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ | ᠵᠢᠯᠣᠭᠤᠳᠤᠨ᠎ᠠ᠃ ᠮᠠᠯᠴᠢᠨ ᠲᠠᠷᠢᠶᠠᠴᠢᠨ ᠤ ᠬᠤᠷᠰᠢᠭᠰᠠᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ᠂ ᠲᠠᠷᠢᠶᠠᠯᠠᠩ | ᠮᠠᠯ ᠠᠵᠤ ᠠᠬᠤᠶ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠰᠢᠰᠲ᠋ᠧᠮᠵᠢ᠂ ᠰᠢᠨ᠎ᠡ ᠮᠠᠶ᠋ᠢᠭ ᠤᠨ ᠲᠠᠷᠢᠶᠠᠯᠠᠩ ᠮᠠᠯ ᠠᠵᠤ | ᠠᠬᠤᠶ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠪᠠᠶᠢᠭᠤᠯᠤᠯᠲᠠ ᠬᠢᠭᠡᠳ ᠬᠥᠭᠵᠢᠯᠲᠡ ᠶᠢ ᠵᠢᠯᠣᠭᠤᠳᠤᠨ᠎ᠠ᠃ | ᠮᠠᠯᠴᠢᠨ ᠲᠠᠷᠢᠶᠠᠴᠢᠨ ᠤ ᠳᠠᠷᠤᠭᠠᠰᠤ ᠶᠢ ᠬᠥᠩᠭᠡᠷᠡᠭᠦᠯᠬᠦ ᠳᠤ ᠬᠢᠨᠠᠯᠲᠠ ᠲᠠᠯᠪᠢᠵᠤ᠂ ᠮᠠᠯᠴᠢᠨ ᠲᠠᠷᠢᠶᠠᠴᠢᠨ ᠤ ᠪᠡᠯᠡ | ᠮᠥᠩᠭᠦ ᠬᠥᠳᠡᠯᠮᠦᠷᠢ ᠬᠦᠴᠦ ᠴᠤᠭᠯᠠᠭᠤᠯᠬᠤ ᠠᠵᠢᠯ ᠢ ᠵᠢᠯᠣᠭᠤᠳᠤᠨ᠎ᠠ᠃ | ︵ᠲᠦᠷᠪᠡ︶ ᠲᠠᠷᠢᠶᠠᠯᠠᠩ ᠮᠠᠯ ᠠᠵᠤ ᠠᠬᠤᠶ ᠶᠢᠨ ᠠᠵᠤ ᠦᠶ᠋ᠯᠡᠰᠴᠢᠯᠡᠨ ᠡᠵᠡᠩᠨᠡᠬᠦ ᠲᠥᠷᠥ ᠶᠢᠨ ᠪᠣᠳᠣᠯᠭ᠎ᠠ᠂ | ᠲᠥᠯᠥᠪᠵᠢᠭᠦᠯᠭᠡ ᠶᠢ ᠬᠠᠷᠢᠭᠤᠴᠠᠨ ᠲᠤᠭᠤᠷᠪᠢᠨ ᠲᠣᠭᠲᠠᠭᠠᠨ᠎ᠠ᠃ ᠲᠠᠷᠢᠶᠠᠯᠠᠬᠤ ᠣᠷᠣᠨ ᠤ ᠣᠨᠴᠠᠯᠢᠭᠲᠤ ᠠᠵᠤ | ᠦᠢᠯᠡᠰ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠡᠳ᠋ᠰᠢᠭᠦᠯᠬᠦ ᠦᠢᠯᠡᠰ᠂ ᠰᠡᠯᠡᠭᠦᠴᠡᠯ ᠤᠨ | ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠪᠣᠯᠤᠨ ᠠᠵᠤ ᠦᠶ᠋ᠯᠡᠰᠴᠢᠯᠡᠯᠲᠡ ᠶᠢᠨ ᠦᠢᠯᠡᠴᠢᠯᠡᠭᠡᠨ ᠤ | ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠣᠭᠤᠳᠤᠨ᠎ᠠ᠃ ᠲᠠᠷᠢᠶᠠᠯᠠᠬᠤ ᠣᠷᠣᠨ ᠤ ᠠᠵᠤ ᠦᠢᠯᠡᠰ ᠢᠶᠠᠷ ᠶᠠᠳᠠᠭᠤ ᠶᠢ | ᠲᠡᠳᠬᠦᠬᠦ ᠠᠵᠢᠯ ᠢ ᠵᠢᠯᠣᠭᠤᠳᠤᠨ᠎ᠠ᠃ | ︵ᠲᠠᠪᠤ︶ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠵᠠᠬ᠎ᠠ ᠳᠡᠯᠭᠡᠭᠦᠷ ᠤᠨ | ᠰᠢᠰᠲ᠋ᠧᠮᠵᠢ ᠶᠢᠨ ᠪᠠᠶᠢᠭᠤᠯᠤᠯᠲᠠ ᠬᠢᠭᠡᠳ ᠬᠥᠭᠵᠢᠯᠲᠡ ᠶᠢᠨ ᠲᠥᠯᠥᠪᠵᠢᠭᠦᠯᠭᠡ ᠶᠢ ᠰᠤᠳᠤᠯᠤᠨ ᠲᠣᠭᠲᠠᠭᠠᠬᠤ | ᠬᠡᠷᠡᠭᠲᠡᠶ᠃ ᠲᠠᠷᠢᠶᠠᠯᠠᠩ ᠮᠠᠯ ᠠᠵᠤ ᠠᠬᠤᠶ ᠶᠢᠨ ᠨᠡᠷᠡᠲᠦ ᠲᠡᠮᠳᠡᠭᠲᠦ ᠶᠢ ᠪᠤᠶᠢᠵᠢᠭᠤᠯᠤᠨ ᠬᠠᠮᠠᠭᠠᠯᠠᠨ᠎ᠠ᠃ ᠲᠠᠷᠢᠶᠠᠯᠠᠩ | ᠮᠠᠯ ᠠᠵᠤ ᠠᠬᠤᠶ ᠪᠣᠯᠤᠨ ᠲᠠᠷᠢᠶᠠᠯᠠᠬᠤ ᠮᠠᠯᠵᠢᠬᠤ ᠣᠷᠣᠨ ᠤ ᠠᠵᠤ ᠠᠬᠤᠶ ᠶᠢᠨ ᠠᠵᠢᠯᠯᠠᠭᠠᠨ ᠢ ᠪᠠᠶᠢᠴᠠᠭᠠᠨ | ᠬᠡᠮᠵᠢᠵᠦ ᠵᠠᠳᠠᠯᠤᠨ᠂ ᠲᠠᠷᠢᠶᠠᠯᠠᠩ ᠮᠠᠯ ᠠᠵᠤ ᠠᠬᠤᠶ ᠪᠣᠯᠤᠨ ᠲᠠᠷᠢᠶᠠᠯᠠᠬᠤ ᠮᠠᠯᠵᠢᠬᠤ ᠣᠷᠣᠨ ᠤ ᠠᠵᠤ ᠠᠬᠤᠶ ᠶᠢᠨ | ᠮᠡᠳᠡᠭᠡ ᠵᠠᠩᠭᠢ ᠶᠢ ᠪᠦᠷᠢᠳᠬᠡᠬᠦ ᠪᠠ ᠨᠡᠶᠢᠲᠡᠯᠡᠬᠦ ᠠᠵᠢᠯ ᠢ ᠥᠷᠨᠢᠭᠦᠯᠦᠨ᠎ᠡ᠃ ᠲᠠᠷᠢᠶᠠᠯᠠᠩ ᠮᠠᠯ ᠠᠵᠤ ᠠᠬᠤᠶ ᠪᠣᠯᠤᠨ | ᠲᠠᠷᠢᠶᠠᠯᠠᠬᠤ ᠮᠠᠯᠵᠢᠬᠤ ᠣᠷᠣᠨ ᠤ ᠮᠡᠳᠡᠭᠡ ᠵᠠᠩᠭᠢᠵᠢᠯᠲᠠ ᠶᠢᠨ ᠬᠤᠯᠪᠣᠭᠳᠠᠯ ᠪᠦᠬᠦᠢ ᠠᠵᠢᠯ ᠢ ᠵᠢᠯᠣᠭᠤᠳᠤᠨ᠎ᠠ᠃ | ︵ᠵᠢᠷᠭᠤᠭ᠎ᠠ︶ ᠲᠠᠷᠢᠮᠠᠯ ᠤᠨ ᠦᠢᠯᠡᠰ᠂ ᠮᠠᠯ ᠠᠵᠤ ᠠᠬᠤᠶ᠂ ᠵᠢᠭᠠᠰᠤᠨ ᠠᠵᠤ ᠠᠬᠤᠶ᠂ ᠠᠲᠠᠷ | ᠬᠠᠭᠠᠯᠪᠤᠷᠢᠯᠠᠯᠲᠠ᠂ ᠲᠠᠷᠢᠶᠠᠯᠠᠩ ᠮᠠᠯ ᠠᠵᠤ ᠠᠬᠤᠶ ᠶᠢᠨ ᠮᠠᠰᠢᠨᠴᠢᠯᠠᠯᠲᠠ ᠵᠡᠷᠭᠡ ᠡᠯ᠎ᠡ ᠠᠵᠤ ᠦᠢᠯᠡᠰ ᠤᠨ | ᠵᠢᠯᠣᠭᠤᠳᠤᠨ ᠦᠢᠯᠡᠴᠢᠯᠡᠬᠦ ᠪᠠ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ᠠᠮᠤ ᠪᠤᠳᠠᠭ᠎ᠠ᠂ ᠮᠢᠬᠠᠨ ᠤ | ᠵᠦᠢᠯ᠂ ᠰᠦ ᠶᠢᠨ ᠦᠢᠯᠡᠰ᠂ ᠲᠡᠵᠢᠭᠡᠯ ᠡᠪᠡᠰᠦ ᠪᠣᠷᠳᠤᠭ᠎ᠠ ᠪᠣᠯᠤᠨ ᠤᠰᠤᠨ ᠭᠠᠷᠤᠯᠲᠠ ᠵᠡᠷᠭᠡ ᠭᠤᠣᠯ ᠪᠣᠯᠬᠤ | ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠬᠥᠭᠵᠢᠯᠲᠡ ᠶᠢ ᠠᠬᠢᠭᠤᠯᠬᠤ | ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠣᠳᠣ ᠦᠶ᠎ᠡ ᠶᠢᠨ | ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠰᠢᠰᠲ᠋ᠧᠮᠵᠢ᠂ ᠦᠢᠯᠡᠳᠪᠦᠷᠢᠯᠡᠯ ᠤᠨ ᠰᠢᠰᠲ᠋ᠧᠮᠵᠢ᠂ | ᠡᠵᠡᠩᠨᠡᠯᠲᠡ ᠶᠢᠨ ᠰᠢᠰᠲ᠋ᠧᠮᠵᠢ ᠶᠢ ᠵᠣᠬᠢᠶᠠᠨ ᠪᠠᠶᠢᠭᠤᠯᠤᠨ ᠪᠠᠶᠢᠭᠤᠯᠤᠨ᠎ᠠ᠃ ᠲᠠᠷᠢᠶᠠᠯᠠᠩ ᠮᠠᠯ ᠠᠵᠤ ᠠᠬᠤᠶ ᠶᠢᠨ | ᠪᠦᠲᠦᠴᠡ ᠶᠢ ᠲᠣᠬᠢᠷᠠᠭᠤᠯᠬᠤ᠂ ᠪᠠᠶᠢᠷᠢᠰᠢᠭᠤᠯᠤᠯ ᠢ ᠰᠢᠯᠢᠳᠡᠭᠵᠢᠭᠦᠯᠬᠦ ᠶᠢ ᠬᠥᠲᠥᠯᠥᠨ ᠵᠢᠯᠣᠭᠤᠳᠤᠨ᠎ᠠ᠃ ᠲᠠᠷᠢᠶᠠᠯᠠᠩ | ᠮᠠᠯ ᠠᠵᠤ ᠠᠬᠤᠶ ᠶᠢᠨ ᠪᠠᠷᠢᠮᠵᠢᠶᠠᠵᠢᠭᠤᠯᠤᠭᠰᠠᠨ᠂ ᠬᠡᠪᠴᠢᠶᠡᠵᠢᠭᠰᠡᠨ ᠦᠢᠯᠡᠳᠪᠦᠷᠢᠯᠡᠯ ᠢ ᠵᠢᠯᠣᠭᠤᠳᠴᠤ᠂ ᠴᠢᠨᠠᠷ | ᠰᠠᠶᠢᠲᠠᠶ ᠥᠨᠳᠥᠷ ᠦᠷ᠎ᠡ ᠪᠦᠲᠦᠮᠵᠢᠲᠡᠶ ᠪᠣᠬᠢᠷᠲᠤᠯ ᠥᠬᠡᠶ ᠠᠮᠤᠷ ᠲᠦᠪᠰᠢᠨ ᠲᠠᠷᠢᠶᠠᠯᠠᠩ ᠮᠠᠯ ᠠᠵᠤ ᠠᠬᠤᠶ ᠶᠢᠨ | ᠬᠥᠭᠵᠢᠯᠲᠡ ᠶᠢ ᠠᠬᠢᠭᠤᠯᠤᠨ᠎ᠠ᠃ | ︵ᠳᠤᠯᠤᠭ᠎ᠠ︶ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯ | ᠦᠭᠡᠶ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠵᠤ᠂ ᠢᠳᠡᠭᠡᠨ ᠳᠤ ᠬᠡᠷᠡᠭᠯᠡᠬᠦ ᠲᠠᠷᠢᠶᠠᠯᠠᠩ ᠤᠨ | ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯ ᠦᠭᠡᠶ ᠶᠢ ᠪᠠᠶᠢᠴᠠᠭᠠᠨ ᠬᠡᠮᠵᠢᠬᠦ ᠶᠢ ᠵᠣᠬᠢᠶᠠᠨ | ᠪᠠᠶᠢᠭᠤᠯᠤᠨ ᠥᠷᠨᠢᠭᠦᠯᠵᠦ᠂ ᠬᠤᠯᠪᠣᠭᠳᠠᠯ ᠪᠦᠬᠦᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ | ᠶᠠᠰᠤ ᠴᠢᠨᠠᠷ ᠤᠨ ᠠᠶᠤᠯ ᠦᠭᠡᠶ ᠶᠢᠨ ᠪᠠᠶᠢᠳᠠᠯ ᠤᠨ ᠮᠡᠳᠡᠭᠡ ᠵᠠᠩᠭᠢ ᠶᠢ ᠮᠡᠳᠡᠭᠦᠯᠬᠦ ᠬᠡᠷᠡᠭᠲᠡᠶ᠃ ᠲᠠᠷᠢᠶᠠᠯᠠᠩ ᠤᠨ | ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠶᠤᠯ ᠦᠭᠡᠶ ᠶᠢᠨ ᠪᠠᠷᠢᠮᠵᠢᠶᠠᠵᠢᠭᠤᠯᠬᠤ ᠠᠵᠢᠯ ᠢ | ᠡᠭᠦᠷᠭᠡᠯᠡᠨ᠎ᠡ᠃ ᠲᠣᠰ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠰᠢᠯᠭᠠᠨ ᠪᠠᠶᠢᠴᠠᠭᠠᠬᠤ ᠪᠠᠶᠢᠴᠠᠭᠠᠨ ᠬᠡᠮᠵᠢᠬᠦ | ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠣᠭᠤᠳᠴᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ | ᠣᠶᠤᠨᠴᠢ ᠬᠤᠯᠪᠣᠭᠠᠯᠠᠯ ᠤᠨ ᠠᠮᠤᠷ ᠲᠦᠪᠰᠢᠨ ᠤ ᠮᠥᠷᠳᠡᠨ ᠤᠬᠤᠴᠢᠯᠠᠬᠤ ᠰᠢᠰᠲ᠋ᠧᠮᠵᠢ ᠶᠢᠨ ᠪᠠᠶᠢᠭᠤᠯᠤᠯᠲᠠ᠂ | ᠨᠡᠶᠢᠲᠡ ᠳᠤ ᠬᠤᠤᠷᠳᠠᠭᠳᠠᠯ ᠥᠬᠡᠶ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ᠂ ᠪᠣᠬᠢᠷᠲᠤᠯ ᠥᠬᠡᠶ | ᠪᠦᠲᠦᠭᠡᠭᠳᠡᠬᠦᠨ᠂ ᠣᠷᠭᠠᠨᠢᠭ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ᠂ ᠭᠠᠵᠠᠷ ᠵᠦᠶ ᠶᠢᠨ ᠲᠡᠮᠳᠡᠭᠲᠦ | ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠬᠠᠮᠢᠶ᠎ᠠ ᠪᠥᠬᠦᠶ ᠠᠵᠢᠯ ᠢ ᠵᠣᠬᠢᠶᠠᠨ ᠪᠠᠶᠢᠭᠤᠯᠤᠨ | ᠵᠢᠯᠣᠭᠤᠳᠤᠨ᠎ᠠ᠃ | ︵ᠨᠠᠢᠮᠠ︶ ᠲᠠᠷᠢᠶᠠᠯᠠᠩ ᠮᠠᠯ ᠠᠵᠤ ᠠᠬᠤᠶ ᠶᠢᠨ ᠡᠬᠢ ᠪᠠᠶᠠᠯᠢᠭ ᠢ ᠬᠠᠮᠠᠭᠠᠯᠠᠬᠤ ᠪᠠ ᠦᠷᠭᠦᠯᠵᠢᠯᠡᠨ | ᠠᠰᠢᠭᠯᠠᠬᠤ ᠠᠵᠢᠯ ᠢ ᠬᠠᠷᠢᠭᠤᠴᠠᠨ᠎ᠠ᠃ ᠲᠠᠷᠢᠶᠠᠯᠠᠩ ᠮᠠᠯ ᠠᠵᠤ ᠠᠬᠤᠶ ᠳᠤ ᠬᠡᠷᠡᠭᠯᠡᠬᠦ ᠭᠠᠵᠠᠷ᠂ ᠵᠢᠭᠠᠰᠤᠨ ᠠᠵᠤ | ᠠᠬᠤᠶ ᠶᠢᠨ ᠤᠰᠤᠨ ᠣᠷᠣᠨ ᠵᠢᠴᠢ ᠲᠠᠷᠢᠶᠠᠯᠠᠩ ᠮᠠᠯ ᠠᠵᠤ ᠠᠬᠤᠶ ᠶᠢᠨ ᠠᠮᠢᠳᠤ ᠪᠣᠳᠠᠰ ᠤᠨ ᠳᠦᠷᠰᠦ ᠶᠢᠨ ᠡᠬᠢ | ᠪᠠᠶᠠᠯᠢᠭ᠂ ᠤᠰᠤᠨ ᠤ ᠪᠠ ᠬᠡᠭᠡᠷ᠎ᠡ ᠶᠢᠨ ᠠᠮᠢᠲᠠᠨ ᠤᠷᠭᠤᠮᠠᠯ ᠤᠨ ᠬᠠᠮᠠᠭᠠᠯᠠᠯᠲᠠ ᠬᠠᠮᠢᠶᠠᠷᠤᠯᠲᠠ ᠶᠢ ᠵᠢᠯᠣᠭᠤᠳᠤᠨ᠎ᠠ᠃ | ᠲᠠᠷᠢᠶᠠᠨ ᠭᠠᠵᠠᠷ ᠵᠢᠴᠢ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠶᠠᠰᠤ ᠴᠢᠨᠠᠷ ᠢ ᠬᠠᠮᠠᠭᠠᠯᠠᠬᠤ ᠠᠵᠢᠯ ᠢ | ᠬᠠᠷᠢᠭᠤᠴᠠᠵᠤ᠂ ᠲᠠᠷᠢᠶᠠᠨ ᠭᠠᠵᠠᠷ ᠵᠢᠴᠢ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠶᠠᠰᠤ ᠴᠢᠨᠠᠷ ᠢ | ᠬᠠᠮᠠᠭᠠᠯᠠᠬᠤ ᠠᠵᠢᠯ ᠢ ᠲᠤᠭᠤᠷᠪᠢᠨ ᠲᠣᠭᠲᠠᠭᠠᠵᠤ᠂ ᠲᠠᠷᠢᠶᠠᠨ ᠭᠠᠵᠠᠷ ᠵᠢᠴᠢ ᠡᠭᠦᠷᠢᠳᠡ ᠶᠢᠨ ᠦᠨᠳᠦᠰᠦᠨ ᠲᠠᠷᠢᠶᠠᠨ | ᠭᠠᠵᠠᠷ ᠤᠨ ᠶᠠᠰᠤ ᠴᠢᠨᠠᠷ ᠢ ᠬᠠᠮᠠᠭᠠᠯᠠᠬᠤ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠲᠠᠷᠢᠶᠠᠨ ᠭᠠᠵᠠᠷ ᠤᠨ | ᠶᠠᠰᠤ ᠴᠢᠨᠠᠷ᠂ ᠭᠠᠷᠤᠯᠲᠠ ᠶᠢᠨ ᠭᠠᠵᠠᠷ ᠤᠨ ᠣᠷᠴᠢᠨ ᠲᠣᠭᠤᠷᠢᠨ ᠤ ᠬᠠᠮᠠᠭᠠᠯᠠᠯᠲᠠ ᠪᠠ ᠲᠠᠷᠢᠶᠠᠯᠠᠩ ᠤᠨ ᠠᠷᠢᠭᠤᠨ | ᠴᠡᠪᠡᠷ ᠦᠢᠯᠡᠳᠪᠦᠷᠢᠯᠡᠯ ᠢ ᠬᠠᠤᠯᠢ ᠶᠣᠰᠣᠭᠠᠷ ᠬᠠᠮᠢᠶᠠᠷᠤᠨ᠎ᠠ᠃ ᠪᠡᠯᠡᠳᠭᠡᠮᠵᠢᠲᠦ ᠲᠠᠷᠢᠶᠠᠯᠠᠩ ᠮᠠᠯ ᠠᠵᠤ ᠠᠬᠤᠶ᠂ ᠠᠮᠢ | ᠠᠬᠤᠶ ᠶᠢᠨ ᠡᠷᠬᠢᠯᠳᠡᠳᠦ ᠲᠠᠷᠢᠶᠠᠯᠠᠩ ᠮᠠᠯ ᠠᠵᠤ ᠠᠬᠤᠶ᠂ ᠤᠰᠤ ᠠᠷᠪᠢᠯᠠᠬᠤ ᠲᠠᠷᠢᠶᠠᠯᠠᠩ ᠮᠠᠯ ᠠᠵᠤ ᠠᠬᠤᠶ ᠶᠢᠨ | ᠬᠥᠭᠵᠢᠯᠲᠡ ᠵᠢᠴᠢ ᠲᠠᠷᠢᠶᠠᠯᠠᠬᠤ ᠣᠷᠣᠨ ᠤ ᠳᠠᠬᠢᠯᠲᠠ ᠡᠨᠧᠷᠭᠢ ᠶᠢ ᠶᠡᠷᠦᠩᠬᠡᠶᠢᠯᠡᠨ ᠨᠡᠭᠡᠭᠡᠨ ᠠᠰᠢᠭᠯᠠᠬᠤ᠂ ᠲᠠᠷᠢᠶᠠᠯᠠᠩ | ᠮᠠᠯ ᠠᠵᠤ ᠠᠬᠤᠶ ᠶᠢᠨ ᠠᠮᠢᠳᠤ ᠪᠣᠳᠠᠰ ᠤᠨ ᠮᠠᠰ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢ | ᠵᠢᠯᠣᠭᠤᠳᠤᠨ᠎ᠠ᠃ | ︵ᠶᠢᠰᠦ︶ ᠬᠤᠯᠪᠣᠭᠳᠠᠯ ᠪᠦᠬᠦᠢ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠬᠡᠷᠡᠭᠰᠡᠯ | ᠪᠣᠯᠤᠨ ᠣᠷᠣᠭᠤᠯᠤᠯᠲᠠ ᠶᠢᠨ ᠡᠳ᠋ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠬᠤᠯᠪᠣᠭᠳᠠᠯ ᠪᠦᠬᠦᠢ | ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠬᠡᠷᠡᠭᠰᠡᠯ ᠪᠣᠯᠤᠨ ᠣᠷᠣᠭᠤᠯᠤᠯᠲᠠ ᠶᠢᠨ ᠡᠳ᠋ ᠤᠨ | ᠤᠯᠤᠰ ᠤᠨ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ᠂ ᠲᠠᠷᠢᠮᠠᠯ᠂ ᠦᠷ᠎ᠡ ︵ᠦᠷ᠎ᠡ ᠴᠢᠬᠢ︶ ᠶᠢ | ᠬᠠᠤᠯᠢ ᠶᠣᠰᠣᠭᠠᠷ ᠥᠷᠨᠢᠭᠦᠯᠦᠨ᠎ᠡ᠃︶ ᠪᠣᠷᠳᠣᠭᠤᠷ᠂ ᠪᠣᠷᠳᠣᠭᠤᠷ᠂ ᠡᠭᠦᠯᠳᠡᠷ ᠤᠨ ᠮᠠᠯ ᠵᠢᠭᠦᠷᠲᠡᠨ᠂ ᠲᠠᠷᠢᠶᠠᠨ ᠡᠮ᠂ | ᠮᠠᠯ ᠤᠨ ᠡᠮ ᠤᠨ ᠪᠣᠷᠳᠤᠭ᠎ᠠ᠂ ᠪᠣᠷᠳᠣᠭᠠᠨ ᠤ ᠨᠡᠮᠡᠯᠲᠡ ᠡᠳ᠋ ᠪᠣᠷᠣᠯᠠᠭᠤᠯᠤᠨ ᠬᠤᠳᠠᠯᠳᠤᠬᠤ ᠵᠥᠪᠰᠢᠶᠡᠷᠡᠯ ᠪᠤᠶᠤ | ᠬᠢᠨᠠᠯᠲᠠ ᠲᠠᠯᠪᠢᠵᠤ ᠬᠠᠮᠢᠶᠠᠷᠤᠨ᠎ᠠ᠃ ᠲᠡᠵᠢᠭᠡᠯ ᠡᠪᠡᠰᠦ ᠪᠣᠷᠳᠤᠭ᠎ᠠ᠂ ᠮᠠᠯ ᠤᠨ ᠡᠮ ᠤᠨ ᠪᠦᠲᠦᠭᠡᠭᠳᠡᠬᠦᠨ ᠤ ᠶᠠᠰᠤ | ᠴᠢᠨᠠᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠲᠠᠷᠢᠶᠠᠨ ᠡᠮ᠂ ᠮᠠᠯ ᠤᠨ ᠡᠮ ᠤᠨ | ᠦᠯᠡᠳᠡᠭᠳᠡᠯ ᠢ ᠪᠠᠶᠢᠴᠠᠭᠠᠨ ᠬᠡᠮᠵᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠲᠠᠷᠢᠶᠠᠯᠠᠩ ᠮᠠᠯ ᠠᠵᠤ | ᠠᠬᠤᠶ ᠶᠢᠨ ᠮᠠᠰᠢᠨ ᠤ ᠦᠢᠯᠡᠳᠬᠦᠨ ᠤ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ | ︵ᠠᠷᠪᠠ︶ ᠲᠠᠷᠢᠮᠠᠯ ᠤᠨ ᠡᠪᠡᠳᠴᠢᠨ ᠬᠤᠷᠣᠬᠠᠶ ᠶᠢᠨ ᠬᠥᠨᠥᠭᠡᠯ᠂ ᠮᠠᠯ ᠵᠢᠭᠦᠷᠲᠡᠨ ᠪᠣᠯᠤᠨ ᠤᠰᠤᠨ ᠤ | ᠠᠮᠢᠳᠤ ᠪᠣᠳᠠᠰ ᠤᠨ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠶᠢ ᠬᠠᠷᠢᠭᠤᠴᠠᠨ᠎ᠠ᠃ ᠠᠮᠢᠲᠠᠨ ᠤᠷᠭᠤᠮᠠᠯ ᠤᠨ | ᠬᠢᠵᠢᠭ ᠰᠡᠷᠭᠡᠶᠢᠯᠡᠬᠦ ᠪᠠ ᠬᠢᠵᠢᠭ ᠪᠠᠶᠢᠴᠠᠭᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠣᠭᠤᠳᠴᠤ᠂ ᠠᠮᠢᠲᠠᠨ | ᠤᠷᠭᠤᠮᠠᠯ ᠤᠨ ᠬᠢᠵᠢᠭ ᠰᠡᠷᠭᠡᠶᠢᠯᠡᠬᠦ ᠬᠢᠵᠢᠭ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠬᠤ ᠪᠠ ᠬᠢᠨᠠᠯᠲᠠ ᠲᠠᠯᠪᠢᠵᠤ᠂ | ᠭᠡᠨᠡᠳᠲᠡ ᠶᠢᠨ ᠬᠢᠵᠢᠭ ᠤᠨ ᠪᠠᠶᠢᠳᠠᠯ ᠤᠨ ᠪᠠᠴᠢᠮ ᠪᠠᠶᠢᠳᠠᠯ ᠢ ᠠᠷᠭᠠᠴᠠᠨ ᠰᠢᠶ᠋ᠳᠪᠦᠷᠢᠯᠡᠬᠦ ᠠᠵᠢᠯ ᠢ ᠬᠠᠷᠢᠭᠤᠴᠠᠨ᠎ᠠ᠃ | ᠠᠮᠢᠲᠠᠨ ᠤᠷᠭᠤᠮᠠᠯ ᠤᠨ ᠬᠥᠨᠥᠭᠡᠯᠲᠡᠶ ᠠᠮᠢᠳᠤ ᠪᠣᠳᠠᠰ ᠢ ᠨᠡᠶᠢᠳᠡᠮ ᠪᠠᠶᠢᠴᠠᠭᠠᠬᠤ ᠪᠠ ᠭᠠᠳᠠᠨ᠎ᠠ ᠠᠴᠠ ᠢᠷᠡᠭᠰᠡᠨ | ᠠᠮᠢᠳᠤ ᠪᠣᠳᠠᠰ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ ᠮᠠᠯ ᠡᠮᠨᠡᠯᠭᠡ ᠶᠢᠨ ᠡᠩᠨᠡᠭᠡ᠂ | ᠮᠠᠯ ᠤᠨ ᠡᠮ ᠪᠣᠯᠤᠨ ᠨᠢᠲᠤᠯᠬᠤ ᠠᠵᠢᠯ ᠲᠥᠷᠥᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ︵ᠠᠷᠪᠠᠨ ᠨᠢᠭᠡ︶ ᠲᠠᠷᠢᠶᠠᠯᠠᠩ ᠮᠠᠯ ᠠᠵᠤ ᠠᠬᠤᠢ ᠶᠢᠨ ᠠᠵᠢᠯ ᠲᠥᠷᠥᠯ ᠤᠨ ᠭᠠᠮᠰᠢᠭ ᠢ ᠰᠡᠷᠭᠡᠶᠢᠯᠡᠵᠦ | ᠭᠠᠮᠰᠢᠭ ᠢ ᠪᠠᠭᠠᠰᠬᠠᠬᠤ ᠪᠠ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠡᠭᠦᠷᠭᠡᠯᠡᠨ᠎ᠡ᠃ ᠲᠠᠷᠢᠶᠠᠯᠠᠩ ᠮᠠᠯ ᠠᠵᠤ | ᠠᠬᠤᠶ ᠶᠢᠨ ᠭᠠᠮᠰᠢᠭ ᠤᠨ ᠪᠠᠶᠢᠳᠠᠯ ᠢ ᠬᠢᠨᠠᠨ ᠬᠡᠮᠵᠢᠵᠦ ᠮᠡᠳᠡᠭᠦᠯᠦᠨ᠂ ᠦᠷ᠎ᠡ᠂ ᠲᠠᠷᠢᠶᠠᠨ ᠡᠮ᠂ ᠬᠢᠮᠢ ᠶᠢᠨ | ᠪᠣᠷᠳᠣᠭᠤᠷ᠂ ᠮᠠᠯ ᠤᠨ ᠡᠮ᠂ ᠲᠡᠵᠢᠭᠡᠯ ᠪᠣᠷᠳᠤᠭ᠎ᠠ ᠵᠡᠷᠭᠡ ᠭᠠᠮᠰᠢᠭ ᠠᠴᠠ ᠠᠪᠤᠷᠠᠬᠤ ᠡᠳ᠋ ᠪᠣᠳᠠᠰ ᠢ ᠲᠣᠬᠢᠷᠠᠭᠤᠯᠤᠨ | ᠥᠭᠬᠦ ᠶᠠᠪᠤᠳᠠᠯ ᠢ ᠵᠣᠬᠢᠶᠠᠨ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠭᠠᠮᠰᠢᠭ ᠠᠴᠠ | ᠠᠪᠤᠷᠠᠬᠤ ᠪᠡᠯᠡ ᠮᠥᠩᠭᠦ ᠶᠢ ᠲᠣᠬᠢᠷᠠᠭᠤᠯᠤᠨ ᠬᠡᠷᠡᠭᠯᠡᠬᠦ ᠰᠠᠨᠠᠭᠤᠯᠭ᠎ᠠ ᠳᠤᠷᠠᠳᠴᠤ᠂ ᠭᠠᠮᠰᠢᠭ ᠠᠴᠠ ᠪᠠᠴᠢᠮ ᠠᠪᠤᠷᠠᠬᠤ | ᠪᠠ ᠭᠠᠮᠰᠢᠭ ᠤᠨ ᠳᠠᠷᠠᠭᠠᠬᠢ ᠦᠢᠯᠡᠳᠪᠦᠷᠢᠯᠡᠯ ᠤᠨ ᠰᠡᠷᠭᠦᠭᠡᠯᠲᠡ ᠶᠢ ᠵᠢᠯᠣᠭᠤᠳᠤᠨ᠎ᠠ᠃ | ︵ᠠᠷᠪᠠᠨ ᠬᠤᠶᠠᠷ︶ ᠲᠠᠷᠢᠶᠠᠯᠠᠩ ᠮᠠᠯ ᠠᠵᠤ ᠠᠬᠤᠶ ᠶᠢᠨ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢ | ᠬᠠᠷᠢᠭᠤᠴᠠᠨ᠎ᠠ᠃ ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ ᠤ ᠬᠥᠭᠵᠢᠯᠲᠡ ᠶᠢ ᠲᠡᠳᠬᠦᠬᠦ | ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠵᠢᠴᠢ ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠮᠠᠯᠵᠢᠬᠤ | ᠣᠷᠣᠨ ᠤ ᠪᠡᠯᠡ ᠣᠷᠣᠭᠤᠯᠵᠤ ᠪᠡᠯᠡ ᠲᠣᠬᠢᠷᠠᠭᠤᠯᠬᠤ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢᠨ | ᠰᠠᠨᠠᠭᠤᠯᠭ᠎ᠠ ᠶᠢ ᠳᠤᠷᠠᠳᠤᠨ᠎ᠠ᠃ ᠲᠥᠪ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠱᠠᠲᠤ ᠪᠠ ᠣᠷᠣᠨ ᠤ | ᠱᠠᠲᠤᠨ ᠤ ᠡᠳ᠋ ᠤᠨ ᠵᠠᠰᠠᠭ ᠤᠨ ᠲᠣᠬᠢᠷᠠᠭᠤᠯᠤᠭᠰᠠᠨ ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠣᠷᠣᠨ ᠤ ᠪᠡᠯᠡ | ᠣᠷᠣᠭᠤᠯᠤᠯᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠵᠣᠬᠢᠶᠠᠨ | ᠪᠠᠶᠢᠭᠤᠯᠤᠨ ᠨᠠᠶᠢᠷᠠᠭᠤᠯᠤᠨ ᠵᠣᠬᠢᠶᠠᠨ᠎ᠠ᠃ ᠠᠵᠤ ᠦᠢᠯᠡᠰ ᠢᠶᠠᠷ ᠶᠠᠳᠠᠭᠤ ᠶᠢ ᠲᠡᠳᠬᠦᠬᠦ᠂ ᠲᠠᠷᠢᠶᠠᠨ ᠭᠠᠵᠠᠷ ᠤᠨ | ᠤᠰᠤᠨ ᠠᠰᠢᠭᠯᠠᠯᠲᠠ᠂ ᠲᠠᠷᠢᠶᠠᠨ ᠭᠠᠵᠠᠷ ᠤᠨ ᠴᠡᠭᠴᠡᠯᠡᠨ ᠵᠠᠰᠠᠯᠲᠠ᠂ ᠲᠠᠷᠢᠶᠠᠯᠠᠩ ᠤᠨ ᠶᠡᠷᠦᠩᠬᠡᠶᠢᠯᠡᠭᠰᠡᠨ ᠨᠡᠭᠡᠭᠡᠨ | ᠬᠥᠭᠵᠢᠭᠦᠯᠬᠦ ᠲᠥᠯᠥᠪᠯᠡᠭᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠵᠤ᠂ ᠰᠠᠯᠠᠭ᠎ᠠ ᠮᠥᠴᠢᠷ ᠤᠨ | ᠲᠥᠰᠦᠪ ᠢ ᠨᠠᠶᠢᠷᠠᠭᠤᠯᠤᠨ ᠮᠡᠳᠡᠭᠦᠯᠦᠨ᠎ᠡ᠃ ᠲᠣᠭᠲᠠᠭᠠᠭᠰᠠᠨ ᠡᠷᠬᠡ ᠮᠡᠳᠡᠯ ᠢᠶᠠᠷ ᠢᠶᠠᠨ ᠲᠠᠷᠢᠶᠠᠯᠠᠩ ᠮᠠᠯ ᠠᠵᠤ ᠠᠬᠤᠶ | ᠲᠠᠷᠢᠶᠠᠯᠠᠬᠤ ᠣᠷᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠪᠠ ᠬᠢᠨᠠᠨ | ᠵᠥᠪᠰᠢᠶᠡᠷᠡᠵᠦ᠂ ᠲᠠᠷᠢᠶᠠᠯᠠᠩ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠪᠡᠯᠡ ᠮᠥᠩᠭᠦ ᠶᠢᠨ | ᠲᠣᠬᠢᠷᠠᠭᠤᠯᠤᠯᠲᠠ ᠪᠠ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ | ︵ᠠᠷᠪᠠᠨ ᠭᠤᠷᠪᠠ︶ ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠣᠷᠣᠨ ᠤ ᠰᠢᠨᠵᠢᠯᠡᠬᠦ ᠤᠬᠠᠭᠠᠨ ᠤ | ᠰᠤᠳᠤᠯᠭᠠᠨ᠂ ᠮᠡᠷᠭᠡᠵᠢᠯ ᠳᠡᠯᠭᠡᠷᠡᠭᠦᠯᠬᠦ ᠲᠥᠯᠥᠪᠵᠢᠭᠦᠯᠭᠡ ᠪᠣᠯᠤᠨ ᠲᠥᠷᠥ ᠶᠢᠨ ᠪᠣᠳᠣᠯᠭ᠎ᠠ ᠲᠣᠭᠲᠠᠭᠠᠬᠤ ᠶᠢ | ᠬᠠᠷᠢᠭᠤᠴᠠᠨ᠎ᠠ᠃ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ | ᠬᠤᠪᠢᠷᠠᠭᠤᠯᠬᠤ ᠪᠠ ᠮᠡᠷᠭᠡᠵᠢᠯ ᠳᠡᠯᠭᠡᠷᠡᠭᠦᠯᠬᠦ ᠶᠢ ᠵᠢᠯᠣᠭᠤᠳᠴᠤ᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠰᠢᠨ᠎ᠡ ᠶᠢ ᠡᠭᠦᠳᠬᠦ ᠪᠠ ᠦᠢᠯᠡᠳᠪᠦᠷᠢᠯᠡᠬᠦ ᠵᠢᠭᠠᠬᠤ | ᠰᠤᠳᠤᠯᠬᠤ ᠬᠠᠮᠵᠢᠯᠴᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠲᠠᠷᠢᠶᠠᠯᠠᠩ ᠮᠠᠯ ᠠᠵᠤ | ᠠᠬᠤᠶ ᠶᠢᠨ ᠰᠢᠨ᠎ᠡ ᠡᠭᠦᠯᠳᠡᠷ ᠢ ᠬᠠᠮᠠᠭᠠᠯᠠᠬᠤ ᠠᠵᠢᠯ ᠢ ᠥᠷᠨᠢᠭᠦᠯᠦᠨ᠎ᠡ᠃ | ︵ᠠᠷᠪᠠᠨ ᠲᠦᠷᠪᠡ︶ ᠲᠠᠷᠢᠶᠠᠯᠠᠩ ᠮᠠᠯ ᠠᠵᠤ ᠠᠬᠤᠶ ᠪᠣᠯᠤᠨ ᠲᠠᠷᠢᠶᠠᠯᠠᠬᠤ ᠣᠷᠣᠨ ᠤ ᠴᠢᠳᠠᠪᠤᠷᠢᠲᠠᠨ ᠤ | ᠠᠵᠢᠯ ᠢ ᠵᠢᠯᠣᠭᠤᠳᠤᠨ᠎ᠠ᠃ ᠲᠠᠷᠢᠶᠠᠯᠠᠬᠤ ᠣᠷᠣᠨ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠢᠯᠡᠰᠵᠢᠭᠰᠡᠨ | ᠳᠠᠭᠠᠭᠤᠯᠤᠭᠴᠢ ᠠᠵᠤ ᠠᠬᠤᠶᠢᠯᠠᠯ ᠤᠨ ᠠᠵᠢᠯ ᠮᠡᠷᠭᠡᠵᠢᠯ ᠤᠨ ᠴᠢᠳᠠᠪᠤᠷᠢ ᠶᠢᠨ ᠰᠤᠷᠭᠠᠨ ᠬᠥᠮᠦᠵᠢᠯ ᠪᠠ ᠨᠡᠭᠡᠭᠡᠨ | ᠬᠥᠭᠵᠢᠭᠦᠯᠬᠦ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ | ᠲᠠᠷᠢᠶᠠᠴᠢᠨ᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ | ᠬᠥᠮᠦᠵᠢᠭᠦᠯᠬᠦ ᠪᠠ ᠲᠠᠷᠢᠶᠠᠯᠠᠬᠤ ᠣᠷᠣᠨ ᠤ ᠬᠡᠷᠡᠭᠯᠡᠭᠡᠨ ᠤ ᠴᠢᠳᠠᠪᠤᠷᠢᠲᠠᠨ ᠢ ᠪᠣᠯᠪᠠᠰᠤᠷᠠᠭᠤᠯᠬᠤ ᠠᠵᠢᠯ ᠢ | ᠬᠠᠷᠢᠭᠤᠴᠠᠨ᠎ᠠ᠃ | ︵ᠠᠷᠪᠠᠨ ᠲᠠᠪᠤ︶ ᠳᠡᠭᠡᠳᠦ ᠱᠠᠲᠤᠨ ᠤ ᠰᠠᠯᠠᠭ᠎ᠠ ᠮᠥᠴᠢᠷ ᠲᠠᠢ ᠬᠠᠮᠲᠤᠷᠠᠨ ᠲᠠᠷᠢᠶᠠᠯᠠᠩ ᠮᠠᠯ ᠠᠵᠤ | ᠠᠬᠤᠶ ᠶᠢᠨ ᠭᠠᠳᠠᠭᠠᠳᠤ ᠯᠤᠭ᠎ᠠ ᠬᠤᠷᠰᠢᠯᠴᠠᠬᠤ ᠠᠵᠢᠯ ᠢ ᠥᠷᠨᠢᠭᠦᠯᠬᠦ ᠬᠡᠷᠡᠭᠲᠡᠶ᠃ ᠳᠡᠭᠡᠳᠦ ᠱᠠᠲᠤᠨ ᠤ ᠰᠠᠯᠠᠭ᠎ᠠ | ᠮᠥᠴᠢᠷ ᠲᠠᠢ ᠬᠠᠮᠲᠤᠷᠠᠨ ᠲᠠᠷᠢᠶᠠᠯᠠᠩ ᠮᠠᠯ ᠠᠵᠤ ᠠᠬᠤᠶ ᠶᠢᠨ ᠭᠠᠵᠠᠷ ᠣᠷᠣᠨ ᠤ ᠬᠤᠭᠤᠷᠣᠨᠳᠣᠬᠢ ᠠᠵᠤ ᠠᠬᠤᠶ | ᠮᠡᠷᠭᠡᠵᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠥᠷᠨᠢᠭᠦᠯᠬᠦ ᠬᠡᠷᠡᠭᠲᠡᠶ᠃ | ︵ᠠᠷᠪᠠᠨ ᠵᠢᠷᠭᠤᠭ᠎ᠠ︶ ᠬᠥᠳᠡᠭᠡ ᠲᠣᠰᠬᠤᠨ ᠤ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢ | ᠡᠷᠭᠢᠯᠲᠡ ᠳᠤ ᠣᠷᠣᠭᠤᠯᠬᠤ ᠦᠢᠯᠡᠴᠢᠯᠡᠭᠡᠨ ᠤ ᠵᠠᠭᠤᠴᠢ ᠵᠣᠬᠢᠶᠠᠨ ᠪᠠᠶᠢᠭᠤᠯᠤᠯᠲᠠ ᠶᠢᠨ ᠳᠠᠩᠰᠠᠯᠠᠯ ᠢ | ᠬᠠᠷᠢᠭᠤᠴᠠᠨ᠎ᠠ᠃ | ︵ᠠᠷᠪᠠᠨ ᠳᠣᠯᠤᠭ᠎ᠠ︶ ᠲᠤᠰ ᠣᠷᠣᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠲᠥᠷᠥ ᠶᠢᠨ | ᠪᠣᠳᠣᠯᠭ᠎ᠠ᠂ ᠲᠥᠯᠥᠪᠵᠢᠭᠦᠯᠭᠡ᠂ ᠲᠥᠯᠥᠪᠯᠡᠭᠡ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠵᠢᠯ ᠲᠥᠷᠥᠯ ᠤᠨ ᠶᠠᠳᠠᠭᠤ ᠶᠢ | ᠲᠡᠳᠬᠦᠵᠦ ᠨᠡᠭᠡᠭᠡᠨ ᠬᠥᠭᠵᠢᠭᠦᠯᠬᠦ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠨ᠎ᠠ᠃ ᠲᠤᠰ ᠣᠷᠣᠨ ᠤ | ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠳᠠᠩᠰᠠ ᠡᠪᠬᠡᠮᠡᠯ ᠪᠠᠶᠢᠭᠤᠯᠤᠨ ᠺᠠᠷᠲ ᠭᠠᠷᠭᠠᠬᠤ ᠪᠠ ᠶᠠᠳᠠᠭᠤ ᠶᠢ | ᠲᠡᠳᠬᠦᠵᠦ ᠨᠡᠭᠡᠭᠡᠨ ᠬᠥᠭᠵᠢᠭᠦᠯᠬᠦ ᠮᠡᠳᠡᠭᠡ ᠵᠠᠩᠭᠢ ᠶᠢ ᠪᠠᠶᠢᠴᠠᠭᠠᠨ ᠬᠡᠮᠵᠢᠬᠦ ᠠᠵᠢᠯ ᠢ ᠬᠠᠷᠢᠭᠤᠴᠠᠨ᠎ᠠ᠃ ᠬᠤᠯᠪᠣᠭᠳᠠᠯ | ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠶᠠᠳᠠᠭᠤ ᠶᠢ ᠲᠡᠳᠬᠦᠬᠦ ᠬᠥᠭᠵᠢᠯᠲᠡ ᠶᠢᠨ ᠪᠡᠯᠡ ᠮᠥᠩᠭᠦ ᠶᠢ | ᠬᠤᠪᠢᠶᠠᠷᠢᠯᠠᠬᠤ ᠲᠥᠰᠦᠯ ᠢ ᠲᠤᠭᠤᠷᠪᠢᠨ ᠲᠣᠭᠲᠠᠭᠠᠵᠤ᠂ ᠶᠠᠳᠠᠭᠤ ᠶᠢ ᠲᠡᠳᠬᠦᠬᠦ ᠪᠡᠯᠡ ᠮᠥᠩᠭᠦ ᠶᠢ ᠬᠡᠷᠡᠭᠯᠡᠵᠦ | ᠬᠠᠮᠢᠶᠠᠷᠬᠤ᠂ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠠᠵᠢᠯ ᠳᠤ ᠬᠢᠨᠠᠯᠲᠠ ᠲᠠᠯᠪᠢᠨ ᠪᠠᠶᠢᠴᠠᠭᠠᠵᠤ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠤᠰᠬᠠᠶ ᠵᠦᠢᠯ ᠢᠶᠠᠷ ᠶᠠᠳᠠᠭᠤ ᠶᠢ ᠲᠡᠳᠬᠦᠬᠦ᠂ ᠠᠵᠢᠯ | ᠲᠥᠷᠥᠯ ᠢᠶᠠᠷ ᠶᠠᠳᠠᠭᠤ ᠶᠢ ᠲᠡᠳᠬᠦᠬᠦ ᠪᠠ ᠨᠡᠶᠢᠭᠡᠮ ᠤᠨ ᠶᠠᠳᠠᠭᠤ ᠶᠢ ᠲᠡᠳᠬᠦᠬᠦ ᠶᠢ ᠰᠠᠶᠢᠲᠤᠷ ᠬᠢᠨ᠎ᠡ᠃ ᠶᠠᠳᠠᠭᠤ ᠶᠢ | ᠲᠡᠳᠬᠦᠵᠦ ᠨᠡᠭᠡᠭᠡᠨ ᠬᠥᠭᠵᠢᠭᠦᠯᠬᠦ ᠳᠤ ᠬᠢᠨᠠᠯᠲᠠ ᠲᠠᠯᠪᠢᠨ ᠪᠠᠶᠢᠴᠠᠭᠠᠬᠤ ᠪᠠ ᠬᠢᠨᠠᠨ ᠰᠢᠯᠭᠠᠵᠤ ᠦᠨᠡᠯᠡᠬᠦ ᠠᠵᠢᠯ ᠢ | ᠰᠠᠶᠢᠲᠤᠷ ᠬᠢᠬᠦ ᠬᠡᠷᠡᠭᠲᠡᠢ᠃ | ︵ᠠᠷᠪᠠᠨ ᠨᠠᠶᠢᠮᠠ︶ ᠤᠰᠤᠨ ᠤ ᠡᠬᠢ ᠪᠠᠶᠠᠯᠢᠭ ᠢ ᠵᠦᠢ ᠵᠣᠬᠢᠰᠲᠠᠶ ᠨᠡᠭᠡᠭᠡᠨ ᠠᠰᠢᠭᠯᠠᠬᠤ ᠶᠢ ᠪᠠᠲᠤᠯᠠᠬᠤ ᠶᠢ | ᠬᠠᠷᠢᠭᠤᠴᠠᠨ᠎ᠠ᠃ ᠪᠦᠬᠦ ᠣᠷᠣᠨ ᠤ ᠤᠰᠤᠨ ᠠᠰᠢᠭᠯᠠᠯᠲᠠ ᠶᠢᠨ ᠲᠥᠯᠥᠪᠵᠢᠭᠦᠯᠭᠡ ᠪᠣᠯᠤᠨ ᠲᠥᠷᠥ ᠶᠢᠨ | ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ ᠳᠦᠷᠢᠮ | ᠲᠣᠭᠲᠠᠭᠠᠯ ᠤᠨ ᠲᠥᠰᠦᠯ ᠢ ᠲᠤᠤᠱᠯᠠᠭᠤᠯᠤᠨ ᠬᠡᠷᠡᠭᠵᠢᠭᠦᠯᠵᠦ᠂ ᠪᠦᠬᠦ ᠣᠷᠣᠨ ᠤ ᠤᠰᠤᠨ ᠤ ᠡᠬᠢ ᠪᠠᠶᠠᠯᠢᠭ ᠤᠨ | ᠲᠥᠯᠥᠪᠵᠢᠭᠦᠯᠭᠡ᠂ ᠴᠢᠬᠤᠯᠠ ᠭᠤᠣᠯ ᠮᠥᠷᠡᠨ ᠨᠠᠭᠤᠷ ᠴᠥᠭᠦᠷᠥᠮ ᠤᠨ ᠰᠠᠪᠠ ᠭᠠᠵᠠᠷ ᠤᠨ ᠶᠡᠷᠦᠩᠬᠡᠶᠢᠯᠡᠭᠰᠡᠨ | ᠲᠥᠯᠥᠪᠵᠢᠭᠦᠯᠭᠡ᠂ ᠦᠶᠡᠷ ᠢ ᠰᠡᠷᠭᠡᠶᠢᠯᠡᠬᠦ ᠲᠥᠯᠥᠪᠵᠢᠭᠦᠯᠭᠡ ᠵᠡᠷᠭᠡ ᠴᠢᠬᠤᠯᠠ ᠶᠡᠭᠡ ᠤᠰᠤᠨ ᠠᠰᠢᠭᠯᠠᠯᠲᠠ ᠶᠢᠨ | ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠨ᠎ᠠ᠃ | ︵ᠠᠷᠪᠠ ᠶᠢᠰᠦ︶ ᠠᠮᠢᠳᠤᠷᠠᠯ᠂ ᠦᠢᠯᠡᠳᠪᠦᠷᠢᠯᠡᠯ ᠡᠵᠡᠩᠨᠡᠯᠲᠡ ᠪᠣᠯᠤᠨ ᠠᠮᠢ ᠠᠬᠤᠢ ᠶᠢᠨ ᠣᠷᠴᠢᠨ | ᠲᠣᠭᠤᠷᠢᠨ ᠤ ᠤᠰᠤ ᠬᠡᠷᠡᠭᠯᠡᠬᠦ ᠶᠢ ᠨᠢᠭᠡᠳᠦᠯᠲᠡᠢ ᠲᠥᠯᠥᠪᠵᠢᠭᠦᠯᠦᠨ ᠪᠠᠲᠤᠯᠠᠬᠤ ᠶᠢ ᠬᠠᠷᠢᠭᠤᠴᠠᠨ᠎ᠠ᠃ ᠤᠰᠤᠨ ᠤ | ᠡᠬᠢ ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠲᠠ ᠶᠢᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ | ᠤᠰᠤᠨ ᠤ ᠡᠬᠢ ᠪᠠᠶᠠᠯᠢᠭ ᠤᠨ ᠨᠢᠭᠡᠳᠦᠯᠲᠡᠶ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ᠂ ᠪᠦᠬᠦ ᠣᠷᠣᠨ ᠤ | ᠤᠰᠤᠨ ᠤ ᠳᠤᠮᠳᠠ ᠪᠠ ᠤᠷᠲᠤ ᠬᠤᠭᠤᠴᠠᠭᠠᠨ ᠤ ᠬᠠᠩᠭᠠᠯᠭ᠎ᠠ ᠬᠡᠷᠡᠭᠴᠡᠭᠡ ᠶᠢᠨ ᠲᠥᠯᠥᠪᠵᠢᠭᠦᠯᠭᠡ ᠶᠢ ᠲᠣᠭᠲᠠᠭᠠᠵᠤ᠂ | ᠤᠰᠤᠨ ᠤ ᠬᠡᠮᠵᠢᠶ᠎ᠡ ᠶᠢᠨ ᠬᠤᠪᠢᠶᠠᠷᠢᠯᠠᠯᠲᠠ ᠶᠢᠨ ᠲᠥᠰᠦᠯ ᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ | ᠬᠡᠷᠡᠭᠵᠢᠭᠦᠯᠦᠨ᠎ᠡ᠃ ᠲᠤᠰ ᠱᠠᠲᠤᠨ ᠤ ᠤᠰᠤ ᠠᠪᠬᠤ ᠵᠥᠪᠰᠢᠶᠡᠷᠡᠯ᠂ ᠤᠰᠤᠨ ᠤ ᠡᠬᠢ ᠪᠠᠶᠠᠯᠢᠭ ᠤᠨ ᠨᠤᠲᠠᠯᠠᠯᠲᠠ | ᠪᠠ ᠦᠶᠡᠷ ᠢ ᠰᠡᠷᠭᠡᠶᠢᠯᠡᠬᠦ ᠨᠤᠲᠠᠯᠠᠯᠲᠠ ᠶᠢᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠤᠰᠤᠨ ᠤ ᠡᠬᠢ | ᠪᠠᠶᠠᠯᠢᠭ ᠢ ᠲᠥᠯᠥᠪᠦᠷᠢ ᠲᠠᠢ ᠬᠡᠷᠡᠭᠯᠡᠬᠦ ᠠᠵᠢᠯ ᠢ ᠥᠷᠨᠢᠭᠦᠯᠵᠦ᠂ ᠤᠰᠤᠨ ᠠᠰᠢᠭᠯᠠᠯᠲᠠ ᠶᠢᠨ ᠠᠵᠢᠯ ᠲᠥᠷᠥᠯ ᠤᠨ | ᠤᠰᠤ ᠬᠠᠩᠭᠠᠬᠤ ᠪᠠ ᠰᠢᠶᠠᠩ ᠪᠠᠯᠭᠠᠰᠤᠨ ᠤ ᠤᠰᠤ ᠬᠠᠩᠭᠠᠬᠤ ᠠᠵᠢᠯ ᠢ ᠵᠢᠯᠣᠭᠤᠳᠤᠨ᠎ᠠ᠃ | ︵ᠬᠤᠷᠢ︶ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ | ᠳᠦᠷᠢᠮ ᠢ ᠲᠣᠭᠲᠠᠭᠠᠯ ᠶᠣᠰᠣᠭᠠᠷ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠰᠤᠨ | ᠠᠰᠢᠭᠯᠠᠯᠲᠠ ᠶᠢᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢ ᠲᠣᠬᠢᠷᠠᠭᠤᠯᠬᠤ | ᠰᠠᠨᠠᠭᠤᠯᠭ᠎ᠠ ᠶᠢ ᠬᠠᠷᠢᠭᠤᠴᠠᠨ ᠳᠤᠷᠠᠳᠴᠤ᠂ ᠲᠥᠷᠥᠯ ᠵᠦᠢᠯ ᠤᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠵᠤ | ᠬᠠᠮᠢᠶᠠᠷᠬᠤ ᠶᠢ ᠬᠠᠷᠢᠭᠤᠴᠠᠨ᠎ᠠ᠃ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠬᠢᠨᠠᠨ ᠵᠥᠪᠰᠢᠶᠡᠷᠡᠬᠦ᠂ | ᠪᠠᠷᠢᠮᠵᠢᠶ᠎ᠠ ᠶᠢᠨ ᠲᠥᠯᠥᠪᠵᠢᠭᠦᠯᠭᠡ ᠶᠢᠨ ᠳᠣᠲᠣᠷᠠᠬᠢ ᠪᠠ ᠣᠨ ᠤ ᠲᠥᠯᠥᠪᠯᠡᠭᠡ ᠶᠢᠨ ᠬᠡᠪᠴᠢᠶᠡᠨ ᠳᠠᠬᠢ ᠲᠥᠷᠥᠯ | ᠵᠦᠢᠯ ︵︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ | ᠡᠭᠦᠷᠭᠡ ᠴᠢᠳᠠᠪᠤᠷᠢ ᠶᠢᠨ ᠲᠣᠬᠢᠷᠠᠭᠤᠯᠤᠯᠲᠠ᠂ ᠳᠣᠲᠣᠭᠠᠳᠤ ᠶᠢᠨ ᠪᠠᠶᠢᠭᠤᠯᠤᠮᠵᠢ ᠪᠠ ᠠᠵᠢᠯᠲᠠᠨ ᠤ ᠣᠷᠣᠨ | ᠲᠤᠭ᠎ᠠ ᠶᠢᠨ ᠲᠣᠭᠲᠠᠭᠠᠯ︾ ᠢ ᠦᠨᠳᠦᠰᠦᠯᠡᠨ ᠨᠠᠶᠢᠷᠠᠭᠤᠯᠤᠨ ᠪᠢᠴᠢᠨ᠎ᠠ︶ | ︵ᠬᠤᠷᠢᠨ ᠨᠢᠭᠡ︶ ᠤᠰᠤᠨ ᠤ ᠡᠬᠢ ᠪᠠᠶᠠᠯᠢᠭ ᠢ ᠬᠠᠮᠠᠭᠠᠯᠠᠬᠤ ᠠᠵᠢᠯ ᠢ ᠵᠢᠯᠣᠭᠤᠳᠤᠨ᠎ᠠ᠃ ᠤᠰᠤᠨ ᠤ ᠡᠬᠢ | ᠪᠠᠶᠠᠯᠢᠭ ᠢ ᠬᠠᠮᠠᠭᠠᠯᠠᠬᠤ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ | ᠬᠡᠷᠡᠭᠵᠢᠭᠦᠯᠦᠨ᠎ᠡ᠃ ᠭᠠᠵᠠᠷ ᠳᠣᠤᠷᠠᠬᠢ ᠤᠰᠤ ᠶᠢ ᠨᠡᠭᠡᠭᠡᠨ ᠠᠰᠢᠭᠯᠠᠬᠤ ᠪᠠ ᠭᠠᠵᠠᠷ ᠳᠣᠤᠷᠠᠬᠢ ᠤᠰᠤᠨ ᠤ ᠡᠬᠢ | ᠪᠠᠶᠠᠯᠢᠭ ᠢ ᠬᠠᠮᠢᠶᠠᠷᠴᠤ ᠬᠠᠮᠠᠭᠠᠯᠠᠬᠤ ᠶᠢ ᠵᠢᠯᠣᠭᠤᠳᠤᠨ᠎ᠠ᠃ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ | ᠣᠷᠣᠨ ᠢ ᠶᠡᠷᠦᠩᠬᠡᠶᠢᠯᠡᠨ ᠵᠠᠰᠠᠬᠤ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠬᠤᠷᠢᠨ ᠬᠤᠶᠠᠷ︶ ᠤᠰᠤ ᠶᠢ ᠠᠷᠪᠢᠯᠠᠨ ᠭᠠᠮᠨᠠᠬᠤ ᠠᠵᠢᠯ ᠢ ᠬᠠᠷᠢᠭᠤᠴᠠᠨ᠎ᠠ᠃ ᠤᠰᠤ ᠶᠢ ᠠᠷᠪᠢᠯᠠᠨ | ᠭᠠᠮᠨᠠᠬᠤ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠢᠨᠠᠯᠲᠠ ᠲᠠᠯᠪᠢᠨ | ᠬᠡᠷᠡᠭᠵᠢᠭᠦᠯᠦᠨ᠎ᠡ᠃ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠬᠠᠮᠢᠶᠠᠷᠤᠯᠲᠠ ᠶᠢᠨ ᠳᠦᠷᠢᠮ ᠢ ᠵᠣᠬᠢᠶᠠᠨ | ᠪᠠᠶᠢᠭᠤᠯᠤᠨ ᠬᠡᠷᠡᠭᠵᠢᠭᠦᠯᠵᠦ᠂ ᠤᠰᠤ ᠠᠷᠪᠢᠯᠠᠬᠤ ᠮᠠᠶ᠋ᠢᠭ ᠤᠨ ᠨᠡᠶᠢᠭᠡᠮ ᠤᠨ ᠪᠠᠶᠢᠭᠤᠯᠤᠯᠲᠠ ᠶᠢᠨ ᠠᠵᠢᠯ ᠢ | ᠵᠢᠯᠣᠭᠤᠳᠬᠤ ᠪᠠ ᠲᠦᠯᠬᠢᠨ ᠠᠬᠢᠭᠤᠯᠵᠤ᠂ ᠤᠰᠤ ᠶᠢ ᠲᠥᠯᠥᠪᠯᠡᠭᠡᠲᠡᠶ ᠪᠠᠷ ᠬᠡᠷᠡᠭᠯᠡᠬᠦ ᠠᠵᠢᠯ ᠢ ᠥᠷᠨᠢᠭᠦᠯᠦᠨ᠎ᠡ᠃ | ︵ᠬᠤᠷᠢᠨ ᠭᠤᠷᠪᠠ︶ ᠤᠰᠤᠨ ᠠᠰᠢᠭᠯᠠᠯᠲᠠ ᠶᠢᠨ ᠪᠡᠯᠡᠳᠬᠡᠮᠵᠢ᠂ ᠤᠰᠤᠨ ᠣᠷᠣᠨ ᠵᠢᠴᠢ ᠡᠷᠭᠢ ᠶᠢᠨ | ᠱᠤᠭᠤᠮ ᠢ ᠬᠠᠮᠢᠶᠠᠷᠬᠤ᠂ ᠬᠠᠮᠠᠭᠠᠯᠠᠬᠤ ᠪᠠ ᠶᠡᠷᠦᠩᠬᠡᠶᠢᠯᠡᠨ ᠠᠰᠢᠭᠯᠠᠬᠤ ᠶᠢ ᠵᠢᠯᠣᠭᠤᠳᠤᠨ᠎ᠠ᠃ ᠪᠦᠬᠦ ᠣᠷᠣᠨ ᠤ | ᠤᠰᠤᠨ ᠠᠰᠢᠭᠯᠠᠯᠲᠠ ᠶᠢᠨ ᠰᠠᠭᠤᠷᠢ ᠪᠡᠯᠡᠳᠬᠡᠮᠵᠢ ᠶᠢᠨ ᠰᠦᠯᠵᠢᠶᠡᠨ ᠤ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ | ᠵᠢᠯᠣᠭᠤᠳᠤᠨ᠎ᠠ᠃ ᠬᠠᠷᠢᠶ᠎ᠠ ᠣᠷᠣᠨ ᠤ ᠳᠣᠲᠣᠷᠠᠬᠢ ᠴᠢᠬᠤᠯᠠ ᠭᠤᠤᠯ ᠮᠥᠷᠡᠨ᠂ ᠤᠰᠤᠨ ᠣᠷᠣᠨ ᠤ ᠵᠠᠰᠠᠯᠲᠠ᠂ | ᠨᠡᠭᠡᠭᠡᠯᠲᠡ ᠪᠠ ᠬᠠᠮᠠᠭᠠᠯᠠᠯᠲᠠ ᠶᠢ ᠵᠢᠯᠣᠭᠤᠳᠤᠨ᠎ᠠ᠃ | ︵ᠬᠤᠷᠢᠨ ᠳᠦᠷᠪᠡ︶ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠬᠢᠭᠡᠳ | ᠠᠵᠢᠯᠯᠠᠭᠠᠨ ᠤ ᠬᠠᠮᠢᠶᠠᠷᠤᠯᠲᠠ ᠶᠢ ᠵᠢᠯᠣᠭᠤᠳᠤᠨ ᠬᠢᠨᠠᠯᠲᠠ ᠲᠠᠯᠪᠢᠨ᠎ᠠ᠃ ᠤᠰᠤᠨ ᠠᠰᠢᠭᠯᠠᠯᠲᠠ ᠶᠢᠨ ᠪᠠᠷᠢᠯᠭ᠎ᠠ ᠶᠢᠨ | ᠪᠦᠲᠦᠭᠡᠨ ᠪᠠᠶᠢᠭᠤᠯᠤᠯᠲᠠ ᠶᠢ ᠵᠢᠯᠣᠭᠤᠳᠤᠨ ᠬᠢᠨᠠᠯᠲᠠ ᠲᠠᠯᠪᠢᠵᠤ᠂ ᠲᠣᠭᠲᠠᠭᠰᠠᠨ ᠡᠷᠬᠡ ᠮᠡᠳᠡᠯ ᠤᠨ ᠶᠣᠰᠣᠭᠠᠷ | ᠬᠤᠯᠪᠣᠭᠳᠠᠯ ᠪᠦᠬᠦᠢ ᠪᠠᠷᠢᠯᠭ᠎ᠠ ᠶᠢ ᠰᠢᠯᠭᠠᠨ ᠠᠪᠬᠤ ᠠᠵᠢᠯ ᠢ ᠵᠣᠬᠢᠶᠠᠨ ᠪᠠᠶᠢᠭᠤᠯᠵᠤ᠂ ᠤᠰᠤ ᠭᠠᠩ ᠤᠨ ᠭᠠᠮᠰᠢᠭ ᠢ | ᠰᠡᠷᠭᠡᠶᠢᠯᠡᠬᠦ ᠠᠵᠢᠯ ᠢ ᠵᠣᠬᠢᠴᠠᠭᠤᠯᠤᠨ ᠵᠢᠯᠣᠭᠤᠳᠴᠤ᠂ ᠦᠶᠡᠷ ᠢ ᠰᠡᠷᠭᠡᠶᠢᠯᠡᠬᠦ ᠨᠤᠲᠠᠯᠠᠯᠲᠠ ᠶᠢᠨ ᠳᠦᠷᠢᠮ ᠢ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ | ︵ᠬᠤᠷᠢᠨ ᠲᠠᠪᠤ︶ ᠬᠥᠷᠥᠰᠥ ᠰᠢᠷᠣᠶ ᠶᠢ ᠬᠠᠮᠠᠭᠠᠯᠠᠬᠤ ᠠᠵᠢᠯ ᠢ ᠬᠠᠷᠢᠭᠤᠴᠠᠨ᠎ᠠ᠃ ᠡᠷᠬᠡ ᠮᠡᠳᠡᠯ ᠤᠨ | ᠳᠣᠲᠣᠷᠠᠬᠢ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠥᠷᠥᠰᠥ ᠰᠢᠷᠣᠶ ᠶᠢ | ᠬᠠᠮᠠᠭᠠᠯᠠᠬᠤ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠬᠥᠷᠥᠰᠥ ᠰᠢᠷᠣᠶ ᠶᠢ ᠬᠠᠮᠠᠭᠠᠯᠠᠬᠤ | ᠭᠤᠤᠯᠳᠠᠯᠭ᠎ᠠ ᠲᠠᠢ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠬᠤᠷᠢᠨ ᠵᠢᠷᠭᠤᠭ᠎ᠠ︶ ᠲᠠᠷᠢᠶᠠᠯᠠᠬᠤ ᠮᠠᠯᠵᠢᠬᠤ ᠣᠷᠣᠨ ᠤ ᠤᠰᠤᠨ ᠠᠰᠢᠭᠯᠠᠯᠲᠠ ᠶᠢᠨ ᠠᠵᠢᠯ ᠢ | ᠵᠢᠯᠣᠭᠤᠳᠤᠨ᠎ᠠ᠃ ᠤᠰᠤᠯᠠᠬᠤ ᠤᠰᠤ ᠵᠠᠯᠠᠬᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠬᠢᠭᠡᠳ ᠥᠭᠡᠷᠡᠴᠢᠯᠡᠯᠲᠡ ᠶᠢ | ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠲᠠᠷᠢᠶᠠᠯᠠᠬᠤ ᠮᠠᠯᠵᠢᠬᠤ ᠣᠷᠣᠨ ᠤ ᠤᠤᠭᠤᠬᠤ ᠤᠰᠤᠨ ᠤ ᠠᠶᠤᠯᠭᠦᠢ ᠶᠢᠨ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ | ᠵᠢᠯᠣᠭᠤᠳᠴᠤ᠂ ᠤᠰᠤ ᠠᠷᠪᠢᠯᠠᠬᠤ ᠤᠰᠤᠯᠠᠯᠲᠠ ᠶᠢᠨ ᠬᠤᠯᠪᠣᠭᠳᠠᠯ ᠪᠦᠬᠦᠢ ᠠᠵᠢᠯ ᠢ ᠵᠢᠯᠣᠭᠤᠳᠤᠨ᠎ᠠ᠃ | ︵ᠬᠤᠷᠢᠨ ᠳᠣᠯᠤᠭ᠎ᠠ︶ ᠤᠰᠤᠨ ᠳᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠬᠦᠨᠳᠦ ᠶᠡᠭᠡ ᠬᠡᠷᠡᠭ ᠢ | ᠪᠠᠶᠢᠴᠠᠭᠠᠨ ᠰᠢᠶ᠋ᠳᠪᠦᠷᠢᠯᠡᠬᠦ ᠶᠢ ᠬᠠᠷᠢᠭᠤᠴᠠᠵᠤ᠂ ᠣᠷᠣᠨ ᠠᠯᠤᠰᠯᠠᠭᠰᠠᠨ ᠤᠰᠤᠨ ᠤ ᠶᠠᠪᠤᠳᠠᠯ ᠤᠨ ᠵᠢᠭᠤᠷᠠᠯᠳᠤᠭᠠᠨ ᠢ | ᠵᠣᠬᠢᠴᠠᠭᠤᠯᠵᠤ᠂ ᠤᠰᠤᠨ ᠤ ᠶᠠᠪᠤᠳᠠᠯ ᠢ ᠪᠠᠶᠢᠴᠠᠭᠠᠬᠤ ᠪᠠ ᠤᠰᠤᠨ ᠤ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠤᠰᠤᠨ ᠠᠰᠢᠭᠯᠠᠯᠲᠠ ᠶᠢᠨ ᠠᠵᠢᠯ ᠲᠥᠷᠥᠯ ᠤᠨ | ᠠᠶᠤᠯᠭᠦᠢ ᠦᠢᠯᠡᠳᠪᠦᠷᠢᠯᠡᠯ ᠤᠨ ᠠᠵᠢᠯ ᠢ ᠬᠠᠤᠯᠢ ᠶᠣᠰᠣᠭᠠᠷ ᠬᠠᠷᠢᠭᠤᠴᠠᠨ᠎ᠠ᠃ | ︵ᠬᠤᠷᠢᠨ ᠨᠠᠶᠢᠮᠠ︶ ᠨᠢᠭᠡᠳᠭᠡᠬᠦ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ | ᠶᠣᠰᠣᠭᠠᠷ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠎ᠡ᠃ | ︵ᠬᠤᠷᠢ ᠶᠢᠰᠦ︶ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ | ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ | ︵ ᠭᠤᠴᠢ︶ ᠡᠭᠦᠷᠭᠡ ᠴᠢᠳᠠᠪᠤᠷᠢ ᠶᠢ ᠬᠤᠪᠢᠷᠠᠬᠤᠯᠬᠤ᠃ | 1. ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠨᠢᠭᠡᠳᠦᠯᠲᠡᠶ | ᠲᠥᠯᠥᠪᠯᠡᠨ ᠬᠡᠷᠡᠭᠵᠢᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ | ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠶᠠᠰᠤ | ᠴᠢᠨᠠᠷ ᠢ ᠳᠡᠭᠡᠭᠰᠢᠯᠡᠭᠦᠯᠵᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ᠂ ᠦᠵᠡᠰᠬᠦᠯᠡᠩᠲᠦ ᠰᠠᠶᠢᠬᠠᠨ ᠮᠠᠯᠵᠢᠬᠤ | ᠣᠷᠣᠨ ᠤ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠤᠨ᠂ ᠲᠠᠷᠢᠶᠠᠯᠠᠩ ᠮᠠᠯ ᠠᠵᠤ ᠠᠬᠤᠶ ᠶᠢᠨ | ᠪᠥᠬᠦ ᠲᠠᠯ᠎ᠠ ᠪᠠᠷ ᠲᠠᠰ ᠳᠡᠪᠰᠢᠬᠦ᠂ ᠲᠠᠷᠢᠶᠠᠯᠠᠬᠤ ᠣᠷᠣᠨ ᠤ ᠪᠥᠬᠦ ᠲᠠᠯ᠎ᠠ ᠪᠠᠷ ᠳᠠᠪᠰᠢᠬᠤ᠂ ᠲᠠᠷᠢᠶᠠᠯᠠᠬᠤ ᠣᠷᠣᠨ ᠤ | ᠰᠠᠭᠤᠭᠠᠯᠢ ᠠᠷᠠᠳ ᠤᠨ ᠪᠥᠬᠦ ᠲᠠᠯ᠎ᠠ ᠪᠠᠷ ᠬᠥᠭᠵᠢᠬᠦ ᠶᠢ ᠠᠬᠢᠭᠤᠯᠵᠤ᠂ ᠲᠠᠷᠢᠶᠠᠯᠠᠩ ᠮᠠᠯ ᠠᠵᠤ ᠠᠬᠤᠶ ᠮᠠᠯᠵᠢᠬᠤ | ᠣᠷᠣᠨ ᠤ ᠣᠳᠣᠬᠢᠴᠢᠯᠠᠯᠲᠠ ᠶᠢ ᠲᠦᠷᠭᠡᠳᠬᠡᠨ ᠪᠡᠶᠡᠯᠡᠭᠦᠯᠦᠨ᠎ᠡ᠃ | 2. ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠶᠤᠯ ᠦᠭᠡᠶ ᠪᠠ | ᠬᠠᠮᠢᠶ᠎ᠠ ᠪᠦᠬᠦᠢ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠬᠡᠷᠡᠭᠰᠡᠯ᠂ ᠣᠷᠣᠭᠤᠯᠤᠯᠲᠠ ᠡᠳ᠋ ᠤᠨ | ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠠᠮᠤᠭ ᠤᠨ ᠴᠢᠩᠭ᠎ᠠ ᠪᠠᠷᠢᠮᠵᠢᠶ᠎ᠠ᠂ ᠬᠠᠮᠤᠭ ᠤᠨ ᠴᠢᠩᠭ᠎ᠠ ᠬᠢᠨᠠᠯᠲᠠ | ᠬᠠᠮᠢᠶᠠᠷᠤᠯᠲᠠ᠂ ᠬᠠᠮᠤᠭ ᠤᠨ ᠴᠢᠩᠭ᠎ᠠ ᠰᠢᠳᠬᠡᠯ ᠲᠣᠷᠭᠠᠭᠤᠯᠢ᠂ ᠬᠠᠮᠤᠭ ᠤᠨ ᠴᠢᠩᠭ᠎ᠠ ᠬᠠᠷᠢᠭᠤᠴᠠᠯᠭ᠎ᠠ | ᠨᠡᠬᠡᠮᠵᠢᠯᠡᠬᠦ ᠶᠢ ᠪᠠᠷᠢᠮᠲᠠᠯᠠᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ | ᠠᠶᠤᠯ ᠦᠭᠡᠶ ᠶᠢᠨ ᠲᠦᠭᠰᠢᠭᠦᠷᠢ ᠶᠢ ᠴᠢᠩᠭ᠎ᠠ ᠰᠡᠷᠭᠡᠶᠢᠯᠡᠵᠦ᠂ ᠴᠢᠩᠭ᠎ᠠ ᠬᠠᠮᠢᠶᠠᠷᠴᠤ᠂ ᠴᠢᠩᠭ᠎ᠠ ᠡᠵᠡᠮᠳᠡᠬᠦ | ᠬᠡᠷᠡᠭᠲᠡᠶ᠃ | 3. ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ ᠶᠢ ᠭᠦᠨᠵᠡᠭᠡᠶ ᠳᠥᠯᠭᠢᠨ ᠠᠬᠢᠭᠤᠯᠵᠤ᠂ | ᠲᠠᠷᠢᠶᠠᠯᠠᠩ ᠮᠠᠯ ᠠᠵᠤ ᠠᠬᠤᠶ ᠶᠢᠨ ᠪᠠᠯᠠ ᠣᠷᠣᠭᠤᠯᠤᠯᠲᠠ ᠶᠢᠨ ᠲᠥᠷᠥᠯ ᠵᠦᠢᠯ ᠢ ᠨᠢᠭᠡᠳᠦᠯᠲᠡᠶ ᠲᠥᠯᠥᠪᠯᠡᠨ | ᠡᠮᠬᠢᠯᠡᠨ ᠨᠡᠶᠢᠯᠡᠭᠦᠯᠵᠦ᠂ ᠲᠥᠷᠥᠯ ᠵᠦᠢᠯ ᠢ ᠬᠢᠨᠠᠨ ᠵᠥᠪᠰᠢᠶᠡᠷᠡᠬᠦ ᠬᠦᠷᠢᠶ᠎ᠡ ᠬᠡᠪᠴᠢᠶ᠎ᠡ ᠶᠢ ᠪᠠᠭᠠᠰᠬᠠᠨ᠂ ᠬᠢᠨᠠᠨ | ᠵᠥᠪᠰᠢᠶᠡᠷᠡᠬᠦ ᠡᠷᠬᠡ ᠮᠡᠳᠡᠯ ᠤᠨ ᠬᠡᠪᠴᠢᠶ᠎ᠡ ᠶᠢ ᠤᠯᠠᠮ ᠨᠢᠭᠡ ᠠᠯᠬᠤᠮ ᠳᠣᠷᠣᠭᠰᠢ ᠪᠠᠭᠤᠯᠭᠠᠵᠤ᠂ ᠤᠴᠢᠷ | ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ | ᠲᠠᠷᠢᠶᠠᠯᠠᠩ ᠮᠠᠯ ᠠᠵᠤ ᠠᠬᠤᠶ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠦᠷ᠎ᠡ ᠪᠦᠲᠦᠮᠵᠢ ᠪᠠ ᠪᠠᠯᠠ ᠮᠥᠩᠭᠦ ᠶᠢᠨ | ᠬᠡᠷᠡᠭᠯᠡᠯᠲᠡ ᠶᠢᠨ ᠦᠷ᠎ᠡ ᠠᠰᠢᠭ ᠢ ᠦᠨᠡᠨᠬᠦ ᠳᠡᠭᠡᠭᠰᠢᠯᠡᠭᠦᠯᠦᠨ᠎ᠡ᠃ | 4. ᠤᠰᠤᠨ ᠤ ᠡᠬᠢ ᠪᠠᠶᠠᠯᠢᠭ ᠢ ᠵᠦᠢ ᠵᠣᠬᠢᠰᠲᠠᠶ ᠠᠰᠢᠭᠯᠠᠬᠤ᠂ ᠰᠢᠯᠢᠳᠡᠭᠵᠢᠭᠦᠯᠦᠨ ᠲᠣᠬᠢᠷᠠᠭᠤᠯᠬᠤ ᠪᠠ | ᠠᠷᠪᠢᠯᠠᠨ ᠬᠠᠮᠠᠭᠠᠯᠠᠬᠤ ᠶᠢ ᠦᠨᠡᠨᠬᠦ ᠴᠢᠩᠭᠠᠳᠬᠠᠬᠤ ᠬᠡᠷᠡᠭᠲᠡᠶ᠃ ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ ᠶᠢ | ᠪᠠᠷᠢᠮᠲᠠᠯᠠᠵᠤ᠂ ᠬᠠᠩᠭᠠᠯᠭ᠎ᠠ ᠶᠢ ᠨᠡᠮᠡᠭᠳᠡᠭᠦᠯᠬᠦ ᠠᠴᠠ ᠬᠡᠷᠡᠭᠴᠡᠭᠡ ᠶᠢᠨ ᠬᠠᠮᠢᠶᠠᠷᠤᠯᠲᠠ ᠶᠢ ᠨᠡᠩ ᠴᠢᠬᠤᠯᠠᠴᠢᠯᠠᠬᠤ | ᠲᠡᠶᠢᠰᠢ ᠰᠢᠯᠵᠢᠵᠦ᠂ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ ᠴᠢᠩᠭ᠎ᠠ ᠬᠢᠵᠠᠭᠠᠷᠯᠠᠬᠤ ᠪᠠ ᠤᠰᠤ ᠬᠡᠷᠡᠭᠯᠡᠬᠦ ᠦᠷ᠎ᠡ | ᠪᠦᠲᠦᠮᠵᠢ ᠶᠢ ᠳᠡᠭᠡᠭᠰᠢᠯᠡᠭᠦᠯᠬᠦ ᠲᠡᠰᠢ ᠰᠢᠯᠵᠢᠪᠡ᠃ ᠬᠠᠮᠠᠭᠠᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ | ᠤᠰᠤᠨ ᠤ ᠡᠬᠢ ᠪᠠᠶᠠᠯᠢᠭ᠂ ᠤᠰᠤᠨ ᠣᠷᠣᠨ ᠪᠠ ᠤᠰᠤᠨ ᠠᠰᠢᠭᠯᠠᠯᠲᠠ ᠶᠢᠨ ᠢᠨᠵᠧᠨᠧᠷᠢᠩ ᠤᠨ ᠬᠠᠮᠢᠶᠠᠷᠤᠯᠲᠠ | ᠬᠠᠮᠠᠭᠠᠯᠠᠯᠲᠠ ᠶᠢ ᠴᠢᠩᠭᠠᠳᠬᠠᠵᠤ᠂ ᠭᠤᠣᠯ ᠮᠥᠷᠡᠨ ᠨᠠᠭᠤᠷ ᠴᠥᠭᠦᠷᠥᠮ ᠤᠨ ᠡᠷᠡᠭᠦᠯ ᠪᠥᠭᠡᠳ ᠦᠵᠡᠰᠬᠦᠯᠡᠩᠲᠦ | ᠰᠠᠶᠢᠬᠠᠨ ᠪᠠᠶᠢᠬᠤ ᠶᠢ ᠬᠠᠮᠠᠭᠠᠯᠠᠨ᠎ᠠ᠃ ᠨᠢᠭᠡᠳᠦᠯᠲᠡᠶ ᠲᠥᠯᠥᠪᠯᠡᠨ ᠨᠡᠶᠢᠲᠡ ᠳᠤᠨᠢ ᠬᠠᠷᠠᠭᠠᠯᠵᠠᠬᠤ ᠶᠢ ᠪᠠᠷᠢᠮᠲᠠᠯᠠᠨ᠂ | ᠤᠰᠤ ᠬᠡᠷᠡᠭᠯᠡᠬᠦ ᠵᠦᠢ ᠵᠣᠬᠢᠰᠲᠠᠶ ᠬᠡᠷᠡᠭᠴᠡᠭᠡ ᠪᠣᠯᠤᠨ ᠤᠰᠤᠨ ᠤ ᠡᠬᠢ ᠪᠠᠶᠠᠯᠢᠭ ᠢ ᠦᠷᠭᠦᠯᠵᠢᠯᠡᠨ ᠠᠰᠢᠭᠯᠠᠬᠤ ᠶᠢ | ᠪᠠᠲᠤᠯᠠᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠤᠰᠤᠨ ᠤ ᠠᠶᠤᠯ ᠦᠭᠡᠶ ᠶᠢᠨ ᠪᠠᠲᠤᠯᠠᠭ᠎ᠠ ᠬᠠᠩᠭᠠᠬᠤ | ᠬᠡᠷᠡᠭᠲᠡᠶ᠃ | ᠬᠤᠶᠠᠳᠤᠭᠠᠷ ᠬᠡᠰᠡᠭ ᠳᠤᠳᠤᠭᠠᠳᠤ ᠪᠠᠶᠢᠭᠤᠯᠤᠮᠵᠢ | 2019 ᠣᠨ ᠤ 3 ᠰᠠᠷ᠎ᠠ ᠳᠤ᠂ ᠬᠠᠶᠢᠨᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠣᠶ ᠰᠢᠭᠤᠶ ᠶᠢᠨ | ᠲᠣᠪᠴᠢᠶ᠎ᠠ ᠬᠢᠭᠡᠳ ᠬᠠᠶᠢᠨᠠᠨ ᠲᠣᠭᠤᠷᠢᠭ ᠤᠨ ᠤᠰᠤᠨ ᠠᠰᠢᠭᠯᠠᠯᠲᠠ ᠶᠢᠨ ᠲᠣᠪᠴᠢᠶ᠎ᠠ ᠶᠢ ᠨᠡᠶᠢᠯᠡᠭᠦᠯᠵᠦ᠂ ᠬᠠᠶᠢᠨᠠᠨ | ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶ᠎ᠠ ︵ᠬᠠᠶᠢᠨᠠᠨ ᠲᠣᠭᠤᠷᠢᠭ ᠤᠨ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶ ᠶᠢ ᠪᠠᠶᠢᠭᠤᠯᠵᠤ᠂ ᠵᠢᠩᠬᠢᠨᠢ ᠰᠠᠯᠠᠭᠠᠨ ᠲᠠᠰ ᠲᠤ | ᠬᠠᠷᠢᠶᠠᠯᠠᠭᠳᠠᠵᠤ᠂ ᠳᠣᠲᠣᠭᠠᠳᠤ ᠪᠠᠶᠢᠭᠤᠯᠤᠮᠵᠢ ᠨᠢ ᠶᠡᠷᠦᠩᠬᠡᠶᠢᠯᠡᠭᠰᠡᠨ ᠪᠠ ᠡᠳ᠋ ᠤᠨ ᠶᠠᠪᠤᠳᠠᠯ ᠤᠨ ᠠᠯᠪᠠᠨ ᠬᠡᠷ᠂ | ᠲᠠᠷᠢᠶᠠᠯᠠᠩ ᠮᠠᠯ ᠠᠵᠤ ᠠᠬᠤᠶ ᠶᠢᠨ ᠠᠵᠢᠯ ᠤᠨ ᠠᠯᠪᠠᠨ ᠬᠡᠷ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠠᠵᠢᠯ ᠤᠨ ᠠᠯᠪᠠᠨ ᠬᠡᠷ᠂ ᠤᠰᠤᠨ ᠤ ᠶᠠᠪᠤᠳᠠᠯ ᠤᠨ ᠠᠵᠢᠯ ᠤᠨ ᠠᠯᠪᠠᠨ ᠬᠡᠷ ᠪᠣᠯᠤᠨ᠎ᠠ᠃ | ᠬᠠᠶ᠋ᠢᠭ᠄ ᠥᠪᠥᠷ ᠮᠣᠩᠭᠤᠯ ᠤᠨ ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠷᠠᠰᠢᠵᠦ᠋ᠩ ᠵᠡᠭᠡᠯᠢ | ᠭᠤᠳᠤᠮᠵᠢ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠵᠢᠷᠭᠤᠳᠤᠭᠠᠷ ᠳᠠᠪᠬᠤᠷᠯᠢᠭ | ᠠᠯᠪᠠᠯᠠᠬᠤ ᠴᠠᠭ᠄ ᠦᠳᠡ ᠶᠢᠨ ᠡᠮᠦᠨᠡᠬᠢ 9᠄ 00 - 12᠄ 00 ᠦᠳᠡ ᠶᠢᠨ ᠬᠤᠶᠢᠨᠠᠬᠢ 14᠄ | 30-17᠄ 30 ︵ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠬᠦᠷᠲᠡᠯ᠎ᠡ᠂ ᠬᠠᠤᠯᠢ ᠪᠠᠷ ᠲᠣᠭᠲᠠᠭᠠᠭᠰᠠᠨ ᠪᠠᠶᠠᠷ | ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶ | ᠬᠠᠷᠢᠯᠴᠠᠬᠤ ᠬᠡᠯᠪᠡᠷᠢ᠄ 0473 - 4021507 | ᠬᠠᠷᠢᠭᠤᠴᠠᠯᠭᠠᠲᠠᠨ ᠤ ᠣᠪᠣᠭ ᠨᠡᠷ᠎ᠡ᠄ ᠯᠢ ᠵᠢᠩ ᠸᠧᠢ |