ᠤᠮᠠᠷᠠᠳᠤ ᠶᠢᠨ ᠬᠠᠶᠢᠨᠠᠨ ᠲᠣᠭᠤᠷᠢᠭ ᠤᠨ ᠦᠩ ᠰᠢᠮᠡᠯᠢᠭ ᠬᠦᠷᠦᠰᠦᠨ ᠳᠤ ᠨᠢᠭᠡ ᠨᠢᠭᠡ ᠪᠠᠷ ᠰᠧᠯᠧᠨ | ᠪᠠᠶᠠᠯᠢᠭ ᠲᠠᠷᠢᠶᠠᠯᠠᠩ ᠤᠨ ᠳᠤᠰᠠᠯᠠᠬᠤ ᠪᠦᠲᠦᠭᠡᠭᠳᠡᠭᠦᠨ ᠠᠭᠤᠯᠠ ᠤᠰᠤ ᠨᠢ ᠬᠠᠷᠢᠨ ᠬᠠᠶᠢᠨᠠᠨ ᠲᠤᠭᠤᠷᠢᠭ ᠤᠨ ᠰᠢᠨ᠎ᠡ | ᠨᠡᠷ᠎ᠡ ᠶᠢᠨ ᠬᠠᠭᠤᠳᠠᠰᠤ ᠢᠯᠭᠠᠷᠠᠨ ᠳᠡᠯᠭᠡᠷᠡᠭᠰᠡᠨ ᠰᠢᠨ᠎ᠡ « ᠰᠧᠯᠧᠨ » ᠬᠠᠷᠠᠯᠳᠠ ᠶᠢᠨ ᠴᠡᠴᠡᠭ ᠨᠢ | ᠦᠭᠡᠷᠡᠴᠢᠯᠡᠯᠳᠡ ᠶᠢᠨ ᠬᠤᠪᠢᠰᠤᠯ ᠢ ᠬᠠᠷᠠᠭᠤᠯᠵᠤ ᠪᠠᠶᠢᠭ᠎ᠠ ᠰᠦᠷᠯᠢᠭ ᠰᠠᠶᠢᠬᠠᠨ ᠬᠠᠭᠤᠳᠠᠰᠤ ᠶᠢ ᠬᠠᠩᠭᠢᠨᠠᠭᠤᠯᠤᠨ | ᠴᠤᠤᠷᠢᠶᠠᠳᠤᠭᠤᠯᠵᠤ ᠪᠠᠶᠢᠨ᠎ᠠ | ᠪᠠᠶᠠᠨᠲᠤᠬᠤᠢ ᠪᠠᠯᠭᠠᠰᠤᠨ ᠤ ᠳ᠋ᠦᠩ ᠰᠢᠩ ᠲᠣᠰᠬᠤᠨ ᠤ ᠲᠤᠭᠤᠷ ᠤᠨ ᠬᠦᠷᠢᠶᠡᠯᠡᠩ ᠳᠤ ᠬᠦᠷᠬᠦ ᠳᠤ᠂ | ᠡᠳᠦᠭᠡ ᠨᠡᠶᠢᠲᠡᠯᠡᠭᠰᠡᠨ ᠲᠣᠰᠣᠨ ᠲᠤᠭᠤᠷ ᠨᠢ ᠬᠠᠶᠢᠷᠴᠠᠭ ᠪᠢᠲᠡᠭᠦᠮᠵᠢᠯᠡᠬᠦ ᠳᠡᠭᠡᠨ᠂ ︽ᠰᠧᠯᠧᠨ ᠡᠯᠪᠡᠭ︾ ᠲᠡᠮᠳᠡᠭ | ᠣᠨᠴᠠᠭᠠᠢ ᠬᠠᠷᠠᠭᠳᠠᠳᠠᠭ᠃ ᠰᠧᠯ ᠧᠨ ᠲᠠᠢ ᠪᠣᠯ ᠳ᠋ᠦᠩ ᠱᠢᠨ ᠲᠣᠰᠭᠤᠨ ᠤ ᠥᠨᠳᠥᠷ ᠪᠣᠷᠣᠯᠠᠭᠤᠯᠤᠯᠲᠠ ᠶᠢᠨ | ᠰᠠᠭᠤᠷᠢ ᠪᠣᠯᠤᠨ᠎ᠠ᠃ ᠲᠡᠷᠡ ᠨᠢᠳᠦ ᠳᠦᠭᠦᠷᠡᠩ ᠨᠢᠳᠤᠷᠭ᠎ᠠ ᠵᠠᠩᠭᠢᠳᠴᠤ᠂ ᠰᠧᠯᠧᠨ ᠪᠣᠣᠪᠤ ᠮᠡᠲᠦ ᠲᠣᠮᠣ ᠲᠤᠭᠤᠷ ᠢ | ᠵᠠᠭᠤᠭᠠᠳ ᠨᠢᠭᠡ ᠨᠢᠭᠡ ᠪᠠᠷ ᠬᠠᠵᠠᠵᠤ ᠠᠪᠤᠭᠠᠳ ᠠᠮᠲᠠᠲᠠᠢᠬᠠᠨ ᠠᠮᠲᠠᠲᠠᠢ ᠪᠠᠢᠯ᠎ᠠ᠃ ᠵᠢᠮᠢᠰ ᠤᠨ ᠵᠠᠩᠭᠢᠯᠠᠭ᠎ᠠ ᠶᠢᠨ | ᠬᠤᠭᠤᠴᠠᠭᠠᠨ ᠳᠤ ᠰᠧᠯᠧᠨ ᠰᠢᠪᠲᠦᠷᠲᠦ ᠬᠦᠴᠢᠯ ᠰᠦᠷᠴᠢᠬᠦ ᠪᠠᠷ ᠳᠠᠮᠵᠢᠭᠤᠯᠤᠨ᠂ ᠶᠠᠰᠤ ᠴᠢᠨᠠᠷ ᠢ | ᠳᠡᠭᠡᠭᠰᠢᠯᠡᠭᠦᠯᠬᠦ ᠪᠠᠷ ᠪᠠᠷᠠᠬᠤ ᠥᠬᠡᠶ᠂ ᠭᠠᠷᠤᠯᠲᠠ ᠨᠢ ᠴᠦ ᠮᠥ ᠪᠦᠷᠢ ᠳᠤ ᠬᠤᠶᠠᠷ ᠭᠤᠷᠪᠠᠨ ᠵᠠᠭᠤᠨ ᠺᠢᠯᠣᠭ᠍ᠷᠠᠮ | ᠨᠡᠮᠡᠭᠳᠡᠬᠦ ᠪᠣᠯᠤᠨ᠎ᠠ᠃ ᠰᠧᠯᠧᠨ ᠤᠨ ᠲᠠᠷᠢᠶᠠᠯᠠᠩ ᠤᠨ ᠪᠦᠲᠦᠭᠡᠭᠳᠡᠬᠦᠨ ᠤ ᠳᠠᠪᠠᠭᠤᠯᠢᠭ ᠨᠢ ᠠᠡ ᠲᠤᠰᠤᠨ ᠲᠤᠬᠤᠷ | ᠳᠡᠭᠡᠷ᠎ᠡ ᠪᠦᠷ ᠰᠡᠵᠢᠭᠯᠡᠬᠦ ᠦᠭᠡᠢ᠃ | ︽ᠪᠢ ᠳᠣᠯᠤᠭ᠎ᠠ ᠨᠠᠢᠮᠠᠨ ᠵᠢᠯ ᠲᠠᠷᠢᠵᠠᠢ᠂ ᠵᠢᠯ ᠪᠦᠷᠢ ᠶᠢᠨ ᠣᠷᠣᠯᠭ᠎ᠠ ᠨᠢ ᠪᠠᠷᠤᠭ ᠲᠠᠪᠤᠨ ᠲᠦᠮᠡᠨ | ᠲᠥᠭᠦᠷᠢᠭ ᠪᠣᠯᠤᠨ᠎ᠠ᠃ ᠡᠨᠡ ᠵᠢᠯ ᠵᠢᠷᠭᠤᠭᠠᠨ ᠮᠥ ᠳᠠᠷᠢᠵᠤ᠂ ᠰᠧᠯᠧᠨ ᠠᠭᠤᠯᠤᠭᠰᠠᠨ ᠰᠢᠪᠲᠦᠷᠲᠦ ᠬᠦᠴᠢᠯ | ᠠᠬᠤᠭᠤᠯᠵᠤ᠂ ᠲᠤᠭᠤᠷ ᠤᠨ ᠵᠢᠮᠢᠰ ᠤᠨ ᠥᠩᠭᠡ ᠨᠢ ᠨᠠᠩ ᠰᠠᠶᠢᠨ ᠪᠣᠯᠵᠣ᠂ ᠢᠳᠡᠬᠦ ᠳᠤ ᠪᠠᠰᠠ ᠠᠮᠲᠠᠲᠠᠶ | ᠮᠥᠷᠲᠡᠭᠡᠨ ᠠᠮᠲᠠᠲᠠᠶ ᠪᠣᠯᠵᠣ᠂ ᠪᠠᠭ᠎ᠠ ᠶᠢᠨ ᠦᠶ᠎ᠡ ᠶᠢᠨ ᠦᠨᠦᠷ ᠠᠮᠲᠠ ᠲᠠᠢ᠃ ᠵᠠᠩ ᠹᠧᠩ ᠴᠢᠨ ᠬᠡᠯᠡᠪᠡ᠃ | ᠳ᠋ᠦᠩ ᠰᠢᠩ ᠲᠣᠰᠬᠤᠨ ᠪᠣᠯᠤᠨ ᠹᠦ᠋ ᠰᠢ ᠲᠠᠷᠢᠶᠠᠯᠠᠩ ᠤᠨ ᠬᠤᠪᠢ ᠪᠠᠷᠢᠯᠳᠤᠯ ᠤᠨ ᠲᠤᠬᠠᠢ᠂ ᠥᠪᠥᠷ | ᠮᠣᠩᠭᠤᠯ ᠤᠨ ᠹᠦ᠋ ᠹᠦ᠋ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ | ᠬᠠᠷᠢᠭᠤᠴᠠᠯᠭᠠᠲᠠᠨ ᠯᠠᠨ ᠶᠦᠩ ᠭᠠᠩ ᠢ ᠳᠤᠷᠠᠳᠬᠤ ᠦᠭᠡᠢ ᠪᠠᠶᠢᠬᠤ ᠶᠢᠨ ᠠᠷᠭ᠎ᠠ ᠦᠭᠡᠢ ᠪᠣᠯᠵᠠᠢ᠃ ᠲᠡᠷᠡ | ᠤᠷᠢᠳᠠᠪᠡᠷ ᠹᠦ ᠰᠧᠯ ᠧᠨ ᠲᠠᠢ ᠲᠡᠵᠢᠭᠡᠨ ᠦᠷᠡᠵᠢᠭᠦᠯᠬᠦ ᠮᠡᠷᠭᠡᠵᠢᠯ ᠢ ᠥᠨᠳᠡᠭᠡᠨ ᠲᠠᠬᠢᠶ᠎ᠠ ᠲᠡᠵᠢᠭᠡᠨ ᠦᠷᠡᠵᠢᠭᠦᠯᠬᠦ | ᠦᠢᠯᠡᠰ ᠲᠤ ᠬᠡᠷᠡᠭᠯᠡᠵᠦ᠂ ᠠᠯᠳᠠᠷᠲᠤ ᠲᠠᠸᠠᠷ ᠤᠨ ᠲᠡᠮᠳᠡᠭ ︽ᠪᠠᠶᠠᠨ ᠡᠷᠳᠡᠨᠢ︾ ᠶᠢ ᠡᠭᠦᠳᠴᠦ᠂ ᠳᠠᠷᠠᠭ᠎ᠠ ᠨᠢ ᠪᠠᠰᠠ | ᠲᠠᠷᠢᠶᠠᠯᠠᠩ ᠤᠨ ᠱᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠨ ᠳᠤ ᠣᠷᠣᠪᠠ᠃ ᠲᠡᠷᠡ ︽ᠰᠧᠯᠧᠨ︾ ᠭᠡᠳᠡᠭ ᠨᠢ | ︽ᠠᠮᠢ ᠨᠠᠰᠤᠨ ᠤ ᠭᠠᠯ ᠲᠥᠷᠥᠯ︾᠂ ᠢᠰᠦᠯᠳᠦᠬᠦ ᠶᠢ ᠡᠰᠡᠷᠭᠦᠴᠡᠬᠦ᠂ ᠦᠯᠦ ᠬᠠᠯᠳᠠᠭᠠᠬᠤ ᠴᠢᠳᠠᠪᠤᠷᠢ ᠶᠢ | ᠨᠡᠮᠡᠭᠳᠡᠭᠦᠯᠬᠦ ᠵᠡᠷᠭᠡ ᠣᠯᠠᠨ ᠵᠦᠢᠯ ᠤᠨ ᠡᠭᠦᠷᠭᠡ ᠲᠠᠢ᠃ ᠡᠲᠡᠭᠡᠷ ᠰᠧᠯᠧᠨ ᠡᠯᠪᠡᠭ ᠳᠡᠯᠪᠡᠭ ᠪᠦᠲᠦᠭᠡᠭᠳᠡᠬᠦᠨ ᠨᠢ | ᠬᠥᠮᠦᠰ ᠲᠤ ᠨᠢᠭᠡ ᠵᠦᠢᠯ ᠤᠨ ᠪᠠᠶᠢᠭᠠᠯᠢᠯᠢᠭ᠂ ᠡᠷᠡᠭᠦᠯ ᠮᠡᠨᠳᠦ ᠶᠢᠨ ᠰᠣᠩᠭᠤᠯᠲᠠ ᠬᠠᠩᠭᠠᠵᠤ᠂ ᠬᠥᠮᠦᠰ ᠲᠤ | ᠠᠮᠲᠠᠲᠤ ᠢᠳᠡᠭᠡᠨ ᠢ ᠡᠳ᠋ᠯᠡᠬᠦ ᠶᠢᠨ ᠬᠠᠮᠲᠤ ᠪᠠᠰᠠ ᠪᠡᠶ᠎ᠡ ᠮᠠᠬᠠᠪᠣᠳ ᠲᠤ ᠳᠦᠭᠦᠷᠡᠩ ᠠᠮᠢᠵᠢᠷᠠᠯ ᠤᠨ ᠬᠦᠴᠦᠨ | ᠨᠡᠮᠡᠷᠢᠯᠡᠭᠰᠡᠨ ᠪᠠᠶᠢᠨ᠎ᠠ᠃ ︽ᠪᠢ ᠤᠯᠠᠮᠵᠢᠯᠠᠯᠲᠤ ᠲᠡᠵᠢᠭᠡᠨ ᠦᠷᠡᠵᠢᠭᠦᠯᠬᠦ ᠦᠢᠯᠡᠰ ᠠᠴᠠ ᠡᠭᠦᠰᠴᠦ᠂ ᠠᠮᠢᠳᠤ | ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠠᠷᠢᠶᠠᠯᠠᠩ ᠤᠨ ᠬᠥᠭᠵᠢᠯᠲᠡ ᠳᠤ ᠦᠵᠡᠭᠦᠯᠬᠦ ᠯᠤᠲᠤ ᠶᠡᠭᠡ | ᠦᠢᠯᠡᠳᠦᠯ ᠢ ᠨᠡᠩ ᠢᠯᠡᠭᠦᠦ ᠣᠶᠢᠯᠠᠭᠠᠵᠤ ᠴᠢᠳᠠᠨ᠎ᠠ᠃ ᠣᠳᠣ ᠮᠠᠨ ᠤ ᠺᠣᠮᠫᠠᠨᠢ ᠲᠠᠷᠢᠶᠠᠯᠠᠩ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠠᠵᠤ ᠠᠬᠤᠶᠢᠯᠠᠯ ᠪᠣᠯᠵᠤ ᠬᠤᠪᠢᠷᠠᠨ᠂ ᠭᠤᠣᠯᠳᠠᠭᠤ ᠰᠧᠯᠧᠨ ᠡᠬᠡ᠂ ᠰᠧᠯᠧᠨ ᠰᠢᠪᠲᠦᠷᠲᠦ | ᠬᠦᠴᠢᠯ ᠵᠡᠷᠭᠡ ᠦᠢᠯᠡᠳᠬᠦᠨ ᠢ ᠦᠢᠯᠡᠳᠪᠦᠷᠢᠯᠡᠵᠦ᠂ ᠦᠢᠯᠡᠳᠪᠦᠷᠢᠯᠡᠯ ᠤᠨ ᠴᠢᠳᠠᠪᠤᠷᠢ ᠨᠢ ᠵᠢᠯ ᠳᠤ 500 ᠲᠣᠨ ᠳᠤ | ᠬᠦᠷᠳᠡᠭ᠃ | ᠨᠢᠳᠤᠨᠤᠨ ᠤ ᠵᠢᠯ ᠤᠨ ᠡᠬᠢᠨ ᠳᠤ᠂ ᠳ᠋ᠦᠩ ᠰᠢᠩ ᠲᠣᠰᠬᠤᠨ ᠲᠣᠰ ᠺᠣᠮᠫᠠᠨᠢ ᠲᠠᠢ ᠹᠦ᠋ ᠰᠧᠯᠧᠨ | ᠲᠠᠷᠢᠶᠠᠯᠠᠩ ᠤᠨ ᠲᠤᠰᠠᠯᠠᠬᠤ ᠪᠦᠲᠦᠭᠡᠭᠳᠡᠬᠦᠨ ᠤ ᠲᠥᠷᠥᠯ ᠵᠦᠢᠯ ᠢ ᠬᠠᠮᠲᠤᠷᠠᠨ ᠨᠡᠭᠡᠭᠡᠨ ᠬᠥᠭᠵᠢᠭᠦᠯᠬᠦ ᠬᠡᠯᠡᠯᠴᠡᠭᠡᠷ | ᠲᠣᠭᠲᠠᠵᠤ᠂ ᠲᠣᠰᠬᠤᠨ ᠤ ᠠᠵᠤ ᠠᠬᠤᠶᠢᠯᠠᠯ ᠬᠠᠮᠲᠤᠷᠠᠨ ᠪᠠᠶᠢᠭᠤᠯᠵᠤ᠂ ᠬᠦᠴᠦᠷᠬᠡᠭ ᠨᠢ ᠬᠦᠴᠦᠷᠬᠡᠭ ᠲᠠᠢ ᠪᠠᠨ | ᠬᠠᠮᠲᠤᠷᠠᠨ ᠠᠵᠢᠯᠯᠠᠪᠠ᠃ ᠬᠤᠶᠠᠷ ᠵᠢᠯ ᠤᠨ ᠴᠥᠬᠦᠷᠡᠰᠢ ᠥᠬᠡᠶ ᠴᠢᠷᠮᠠᠶᠢᠯᠭ᠎ᠠ ᠪᠠᠷ ᠳᠡᠮᠵᠢᠨ᠂ ᠣᠲᠣ ᠨᠢᠭᠡᠨᠲᠡ 15 | ᠡᠷᠦᠬᠡ ᠲᠣᠰᠬᠤᠨ ᠤ ᠠᠷᠠᠳ ᠰᠧᠯᠧᠨ ᠰᠢᠪᠲᠦᠷᠲᠦ ᠬᠦᠴᠢᠯ ᠠᠬᠤᠭᠤᠯᠵᠤ ᠬᠤᠳᠠᠯᠳᠤᠨ ᠠᠪᠬᠤ ᠭᠡᠷ᠎ᠡ ᠲᠣᠭᠲᠠᠵᠤ᠂ | ᠰᠧᠯᠧᠨ ᠡᠯᠪᠡᠭ ᠭᠠᠵᠠᠷ ᠰᠢᠷᠣᠶ ᠨᠢ ᠲᠥᠷᠥᠯ ᠵᠦᠢᠯ ᠤᠨ ᠡᠯᠪᠡᠭ ᠲᠠᠷᠢᠶᠠᠯᠠᠩ ᠤᠨ ᠪᠦᠲᠦᠭᠡᠭᠳᠡᠬᠦᠨ ᠢ | ᠪᠤᠶᠢᠵᠢᠭᠤᠯᠤᠭᠰᠠᠨ ᠪᠠᠶᠢᠨ᠎ᠠ᠃ ᠰᠧᠯᠧᠨ ᠤ ᠲᠣᠰᠣᠯᠢᠭ ᠲᠤᠭᠤᠷ᠂ ᠰᠧᠯᠧᠨ ᠦᠬᠡᠷ ᠤᠨ ᠮᠢᠬ᠎ᠠ᠂ ᠰᠧᠯᠧᠨ ᠡᠯᠪᠡᠭ | ᠲᠠᠷᠪᠤᠰ ᠵᠡᠷᠭᠡ ᠲᠥᠷᠥᠯ ᠵᠦᠢᠯ ᠡᠳᠦᠷ ᠢᠷᠡᠬᠦᠶ᠎ᠡ ᠪᠠᠶᠠᠯᠢᠭᠵᠢᠵᠤ᠂ ᠰᠧᠯᠧᠨ ᠡᠯᠪᠡᠭ ᠲᠠᠷᠢᠶᠠᠯᠠᠩ ᠤᠯᠠᠮ ᠢᠶᠠᠷ | ᠬᠥᠳᠡᠭᠡ ᠲᠣᠰᠬᠤᠨ ᠤ ᠬᠥᠭᠵᠢᠯᠲᠡ ᠶᠢ ᠬᠥᠲᠥᠯᠦᠨ ᠳᠠᠭᠠᠭᠤᠯᠬᠤ ᠭᠤᠤᠯᠯᠠᠬᠤ ᠠᠵᠤ ᠦᠢᠯᠡᠰ ᠪᠣᠯᠤᠭᠰᠠᠨ | ᠪᠠᠶᠢᠨ᠎ᠠ᠃ | ᠵᠦ ᠱᠤᠸᠠᠩ ᠶᠦᠨ ᠪᠣᠯ ᠳ᠋ᠦᠩ ᠰᠢᠩ ᠲᠣᠰᠬᠤᠨ ᠤ ᠦᠬᠡᠷ ᠲᠡᠵᠢᠭᠡᠬᠦ ᠲᠣᠮᠣ ᠡᠷᠦᠬᠡ ᠪᠣᠯᠤᠨ᠎ᠠ᠂ | ᠣᠳᠣᠬᠠᠨ ᠳᠤ 30 ᠭᠠᠷᠤᠶ ᠦᠨᠢᠶ᠎ᠡ᠂ 10 ᠭᠠᠷᠤᠶ ᠪᠣᠷᠳᠣᠵᠤ ᠲᠠᠷᠭᠤᠯᠠᠭᠤᠯᠬᠤ ᠦᠬᠡᠷ ᠲᠡᠵᠢᠭᠡᠵᠦ ᠪᠠᠶᠢᠨ᠎ᠠ᠃ | ᠰᠧᠯ ᠧᠨ ᠤ ᠢᠰᠭᠡᠭᠰᠡᠨ ᠡᠬᠡ ᠶᠢ ᠲᠡᠵᠢᠭᠡᠯ ᠪᠣᠷᠳᠣᠭᠠᠨ ᠤ ᠨᠡᠮᠡᠯᠲᠡ ᠡᠳ᠋ ᠪᠣᠯᠭᠠᠵᠤ᠂ ᠮᠢᠬᠠᠨ ᠦᠬᠡᠷ ᠲᠡᠵᠢᠭᠡᠨ | ᠦᠷᠡᠵᠢᠭᠦᠯᠬᠦ ᠳᠤ ᠬᠡᠷᠡᠭᠯᠡᠵᠦ᠂ ᠱᠢᠮ᠎ᠡ ᠲᠡᠵᠢᠭᠡᠯᠲᠦ ᠱᠢᠩᠭᠡᠨ ᠮᠢᠬᠠᠨ ᠤ ᠡᠳ᠋ ᠢ ᠬᠡᠷᠡᠭᠯᠡᠪᠡᠯ ᠨᠡᠩ ᠰᠠᠢᠨ ᠪᠣᠯᠵᠠᠢ᠃ | ᠨᠢᠭᠡ ᠵᠢᠯ ᠤᠨ ᠲᠤᠷᠰᠢ᠂ ᠮᠢᠬ᠎ᠠ ᠭᠠᠷᠭᠠᠬᠤ ᠨᠤᠷᠮ᠎ᠠ ᠪᠣᠯᠤᠨ ᠦᠬᠡᠷ ᠤᠨ ᠮᠢᠬᠠᠨ ᠤ ᠶᠠᠰᠤ ᠴᠢᠨᠠᠷ ᠢᠯᠡᠳᠲᠡ | ᠳᠡᠭᠡᠭᠰᠢᠯᠡᠪᠡ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠶᠠᠨ ᠵᠠᠮ ᠳᠤ᠂ ᠰᠧᠯᠧᠨ ᠡᠯᠪᠡᠭ ᠪᠠᠶᠠᠯᠢᠭ ᠠᠵᠤ | ᠦᠢᠯᠡᠰ ᠨᠢ ᠬᠠᠶᠢᠨᠠᠨ ᠲᠣᠭᠤᠷᠢᠭ ᠤᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠴᠢᠬᠤᠯᠠ | ᠠᠷᠭ᠎ᠠ ᠵᠠᠮ ᠪᠣᠯᠤᠭᠰᠠᠨ ᠪᠠᠶᠢᠨ᠎ᠠ᠃ ᠰᠧᠯᠧᠨ ᠡᠯᠪᠡᠭ ᠲᠠᠷᠢᠶᠠᠯᠠᠩ ᠢ ᠬᠥᠭᠵᠢᠭᠦᠯᠬᠦ ᠪᠠᠷ ᠳᠠᠮᠵᠢᠭᠤᠯᠤᠨ᠂ ᠰᠠᠭᠤᠷᠢᠨ | ᠭᠠᠵᠠᠷ ᠢ ᠪᠣᠶ ᠪᠣᠯᠭᠠᠵᠤ᠂ ᠲᠥᠷᠥᠯ ᠲᠡᠮᠳᠡᠭ ᠢ ᠠᠯᠳᠠᠷᠰᠢᠭᠤᠯᠤᠨ᠂ ᠰᠧᠯᠧᠨ ᠡᠯᠪᠡᠭ ᠳᠡᠯᠪᠡᠭ ᠲᠠᠷᠢᠶᠠᠯᠠᠩ ᠢ ︽ᠨᠢᠭᠡ | ᠲᠣᠰᠬᠤᠨ ᠨᠢᠭᠡ ᠪᠦᠲᠦᠭᠡᠭᠳᠡᠬᠦᠨ︾ ᠤ ᠣᠨᠴᠠᠯᠢᠭᠲᠤ ᠠᠵᠤ ᠦᠢᠯᠡᠰ ᠪᠣᠯᠭᠠᠵᠤ᠂ ᠲᠣᠰᠬᠤᠨ ᠤ ᠠᠷᠠᠳ ᠤᠨ | ᠣᠷᠣᠯᠭ᠎ᠠ ᠲᠠᠰᠤᠷᠠᠯᠲᠠ ᠦᠭᠡᠢ ᠨᠡᠮᠡᠭᠳᠡᠵᠦ᠂ ᠠᠮᠢᠳᠤᠷᠠᠯ ᠤᠨ ᠬᠢᠷᠢ ᠲᠦᠪᠰᠢᠨ ᠢᠯᠡᠳᠲᠡ ᠳᠡᠭᠡᠭᠰᠢᠯᠡᠪᠡ᠃ ᠰᠧᠯᠧᠨ | ᠡᠯᠪᠡᠭ ᠲᠠᠷᠢᠶᠠᠯᠠᠩ ᠤᠨ ᠪᠦᠲᠦᠭᠡᠭᠳᠡᠬᠦᠨ ᠨᠢ ᠮᠠᠰᠢ ᠣᠯᠠᠨ ᠵᠤᠭᠠᠴᠠᠭᠰᠠᠳ ᠤᠨ ᠠᠩᠬᠠᠷᠤᠯ ᠢ ᠲᠠᠲᠠᠵᠤ᠂ ᠲᠣᠭᠤᠷᠢᠨ | ᠦᠵᠡᠵᠦ᠂ ᠬᠥᠳᠡᠭᠡ ᠲᠣᠰᠬᠤᠨ ᠤ ᠵᠤᠭᠠᠴᠠᠯ ᠤᠨ ᠦᠢᠯᠡᠰ ᠤᠨ ᠬᠥᠭᠵᠢᠯᠲᠡ ᠶᠢ ᠳᠠᠶᠢᠴᠢᠯᠠᠪᠠ᠃ ᠡᠳᠦᠭᠡ᠂ | ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠲᠠᠰᠤᠷᠠᠯᠲᠠ ᠦᠭᠡᠢ ᠲᠡᠭᠦᠯᠳᠡᠷᠵᠢᠵᠦ᠂ ᠵᠠᠮ ᠨᠡᠩ ᠠᠭᠤᠵᠢᠮ | ᠰᠠᠷᠠᠭᠤᠯ᠂ ᠣᠷᠴᠢᠨ ᠲᠣᠭᠤᠷᠢᠨ ᠨᠡᠩ ᠭᠤᠶᠤ ᠰᠠᠶᠢᠬᠠᠨ᠂ ᠠᠶᠢᠯ ᠲᠣᠰᠬᠤᠨ ᠳᠤ ᠴᠣ᠋ ᠰᠢᠨ᠎ᠡ ᠠᠷᠠᠳ ᠤᠨ ᠣᠷᠣᠨ | ᠰᠠᠭᠤᠴᠠ ᠠᠳᠠᠷᠠᠵᠤ᠂ ᠵᠣᠯ ᠵᠢᠷᠭᠠᠯᠲᠤ ᠢᠨᠢᠶᠡᠮᠰᠦᠭᠯᠡᠯ ᠲᠣᠳᠣᠷᠠᠪᠠ᠃ |