ᠯᠢᠦ ᠪᠦᠦ ᠴᠧᠩ ᠲᠣᠭᠤᠷᠢᠭ ᠤᠨ ᠭᠤᠤᠯᠳᠠᠯᠭ᠎ᠠ ᠲᠠᠢ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/10/29
      10 ᠳ᠋ᠤᠭᠠᠷ ᠰᠠᠷ᠎ᠠ ᠶᠢᠨ 24 ᠤ ᠡᠳᠦᠷ ᠠᠴᠠ 26 ᠤ ᠡᠳᠦᠷ ᠪᠣᠯᠲᠠᠯ᠎ᠠ᠂ ᠲᠤᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠯᠢᠦ ᠪᠦᠦ ᠴᠧᠩ  ᠲᠤᠭᠤᠷᠢᠭ ᠤᠨ ᠭᠤᠤᠯᠳᠠᠯᠭ᠎ᠠ ᠲᠠᠢ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ᠃ ᠲᠣᠭᠤᠷᠢᠭ ᠤᠨ ᠤᠳᠤᠷᠢᠳᠤᠯᠭ᠎ᠠ ᠮᠠ ᠺᠠᠢ᠂ ᠯᠢᠦ ᠲᠢᠶᠠᠨ ᠴᠢᠩ ᠣᠷᠣᠯᠴᠠᠪᠠ᠃      ᠯᠢᠦ ᠪᠦᠦ ᠴᠧᠩ ᠨᠡᠷ ᠤᠷᠢᠳ ᠬᠤᠵᠢᠳ ᠤᠯᠤᠰ ᠤᠨ ᠡᠨᠧᠷᠭᠢ ᠶᠢᠨ ᠪᠦᠯᠦᠭᠯᠡᠯ ᠤᠨ ᠨᠡᠭᠦᠷᠡᠰᠦ ᠬᠡᠤᠷᠰᠢᠭᠦᠯᠬᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠰᠢ ᠯᠠᠢ ᠹᠧᠩ ᠬᠤᠪᠢᠶᠠᠷᠢ ᠺᠣᠮᠫᠠᠨᠢ᠂ ᠥᠪᠥᠷ ᠮᠣᠩᠭᠤᠯ ᠤᠨ ᠱᠢ ᠬᠤᠸᠠᠨ ᠰᠢᠨ᠎ᠡ ᠮᠠᠲ᠋ᠧᠷᠢᠶᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠾᠧ ᠯᠢ ᠬᠢᠮᠢ ᠶᠢᠨ ᠰᠢᠷᠬᠡᠭᠯᠢᠭ ᠤᠨ ᠪᠦᠯᠦᠭᠯᠡᠯ ᠤᠨ ᠺᠣᠮᠫᠠᠨᠢ᠂ ᠥᠪᠥᠷ ᠮᠣᠩᠭᠤᠯ ᠤᠨ ᠦᠬᠠᠶ ᠶᠢᠨ ᠶᠠ ᠳ᠋ᠦᠩ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠦᠬᠠᠶ ᠶᠢᠨ ᠾᠧᠢ ᠮᠤᠤ ᠨᠡᠭᠦᠷᠡᠰᠦᠨ ᠤ ᠬᠠᠷ᠎ᠠ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠦᠬᠠᠶ ᠬᠤᠲᠠ ᠶᠢᠨ ᠭᠤᠸᠠᠩ ᠶᠤᠸᠠᠨ ᠨᠡᠭᠦᠷᠡᠰᠦ ᠤᠬᠢᠶᠠᠬᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠦᠬᠠᠶ ᠬᠤᠲᠠ ᠶᠢᠨ ᠵᠥᠩ ᠺᠧ ᠪᠦᠦ ᠴᠧᠩ ᠨᠡᠭᠦᠷᠡᠰᠦᠨ ᠠᠭᠤᠷᠬᠠᠶ᠂ ᠦᠬᠠᠶ ᠬᠤᠲᠠ ᠶᠢᠨ ᠱᠤᠸᠠᠩ ᠬᠠᠶ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠦᠬᠠᠶ ᠶᠢᠨ ᠡᠨᠧᠷᠭᠢ ᠶᠢᠨ ᠺᠣᠮᠫᠠᠨᠢ ᠶᠢᠨ ᠯᠣᠣ ᠱᠢ ᠳ᠋ᠠᠨ ᠨᠡᠭᠦᠷᠡᠰᠦᠨ ᠠᠭᠤᠷᠬᠠᠶ ᠵᠡᠷᠭᠡ ᠭᠠᠵᠠᠷ ᠲᠤ ᠬᠦᠷᠴᠦ᠂ ᠠᠵᠤ ᠠᠬᠤᠶᠢᠯᠠᠯ ᠤᠨ ᠦᠢᠯᠡᠳᠪᠦᠷᠢᠯᠡᠯ ᠠᠵᠢᠯᠯᠠᠭᠠᠨ ᠤ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ ᠶᠢᠨ ᠬᠠᠮᠲᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠨᠢᠭᠤᠷᠳᠠᠨ ᠶᠠᠷᠢᠯᠴᠠᠵᠤ᠂ ᠠᠵᠤ ᠠᠬᠤᠶᠢᠯᠠᠯ ᠤᠨ ᠦᠢᠯᠡᠳᠬᠦᠨ ᠤ ᠪᠣᠷᠣᠯᠠᠭᠤᠯᠭ᠎ᠠ ᠪᠠ ᠢᠷᠡᠭᠡᠳᠦᠶ ᠶᠢᠨ ᠬᠥᠭᠵᠢᠯᠲᠡ ᠶᠢᠨ ᠢᠷᠡᠭᠡᠳᠦᠶ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠠᠵᠤ ᠠᠬᠤᠶᠢᠯᠠᠯ ᠪᠣᠯ ᠠᠵᠤ ᠠᠬᠤᠢ ᠶᠢᠨ ᠬᠥᠭᠵᠢᠯᠲᠡ ᠶᠢᠨ ︽ᠰᠠᠭᠤᠷᠢ ᠴᠢᠯᠠᠭᠤ︾ ᠮᠥᠨ᠂ ᠠᠵᠤ ᠠᠬᠤᠢ ᠶᠢᠨ ᠠᠵᠢᠯᠯᠠᠭᠠᠨ ᠢ ᠲᠣᠭᠲᠠᠪᠤᠷᠢᠵᠢᠭᠤᠯᠬᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠨ ᠬᠥᠭᠵᠢᠭᠦᠯᠬᠦ ᠵᠠᠩᠭᠢᠯᠠᠭ᠎ᠠ ᠶᠢᠨ ᠬᠦᠴᠦᠨ ᠮᠥᠨ᠃ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠠᠵᠤ ᠠᠬᠤᠶ ᠶᠢᠨ ᠠᠵᠢᠯᠯᠠᠭᠠᠨ ᠤ ᠲᠣᠬᠢᠷᠠᠭᠤᠯᠤᠯᠲᠠ ᠪᠠᠨ ᠴᠢᠩᠭᠠᠳᠬᠠᠵᠤ᠂ ᠦᠢᠯᠡᠴᠢᠯᠡᠭᠡᠨ ᠤ ᠪᠠᠲᠤᠯᠠᠭ᠎ᠠ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠦᠨ᠂ ᠠᠵᠤ ᠠᠬᠤᠶᠢᠯᠠᠯ ᠤᠨ ᠳᠤᠷᠠᠳᠤᠭᠰᠠᠨ ᠬᠦᠴᠢᠷ ᠠᠰᠠᠭᠤᠳᠠᠯ᠂ ᠡᠪᠡᠷᠰᠢᠶᠡᠯ ᠲᠠᠢ ᠪᠠ ᠲᠦᠭᠵᠢᠷᠡᠯ ᠲᠠᠢ ᠠᠰᠠᠭᠤᠳᠠᠯ ᠢ ᠵᠦᠢᠯ ᠳᠠᠷᠠᠭᠠᠯᠠᠨ ᠳᠠᠭᠠᠵᠤ᠂ ᠱᠠᠯᠠᠪᠳᠠᠨ ᠰᠢᠢᠳᠪᠦᠷᠢᠯᠡᠵᠦ᠂ ᠡᠯ᠎ᠡ ᠵᠦᠢᠯ ᠤᠨ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠤᠨ ᠨᠠᠩ ᠰᠠᠶᠢᠨ ᠨᠠᠩ ᠲᠦᠷᠭᠡᠨ ᠬᠥᠭᠵᠢᠯᠲᠡ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠵᠦ᠂ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠦᠷᠭᠦᠯᠵᠢᠯᠡᠨ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠬᠡᠷᠡᠭᠲᠡᠶ᠃ ᠠᠵᠤ ᠠᠬᠤᠶᠢᠯᠠᠯ ᠤᠨ ᠬᠢᠨ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠡᠨᠧᠷᠭᠢ ᠣᠯᠭᠤᠬᠤ ᠶᠢ ᠪᠠᠷᠢᠮᠲᠠᠯᠠᠵᠤ᠂ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠡᠷᠴᠢᠮ ᠢᠶᠠᠨ ᠤᠯᠠᠮ ᠴᠢᠨᠠᠭᠰᠢᠳᠠ ᠴᠢᠩᠭᠠᠷᠠᠭᠤᠯᠵᠤ᠂ ᠦᠢᠯᠡᠳᠬᠦᠨ ᠤ ᠶᠠᠰᠤ ᠴᠢᠨᠠᠷ ᠪᠣᠯᠤᠨ ᠨᠡᠮᠡᠯᠲᠡ ᠦᠷᠳᠡᠭ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢᠨ ᠬᠠᠮᠲᠤ ᠦᠢᠯᠡᠳᠪᠦᠷᠢᠯᠡᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠦᠷᠭᠦᠯᠵᠢᠯᠡᠨ ᠲᠦᠷᠭᠡᠳᠬᠡᠵᠦ᠂ ᠬᠠᠶᠢᠨᠠᠨ ᠲᠣᠭᠤᠷᠢᠭ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠨᠡᠩ ᠶᠡᠭᠡ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠯᠠᠭᠠᠨ ᠱᠤᠭᠤᠮ ᠪᠣᠯᠤᠨ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠡᠷᠡᠰ ᠪᠠᠲᠤ ᠰᠠᠬᠢᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠠᠳᠬᠤᠵᠤ᠂ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠪᠣᠳᠠᠲᠠᠢ ᠠᠳᠬᠤᠵᠤ᠂ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠬᠦ ᠬᠡᠷᠡᠭᠲᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号