ᠪᠠᠢ ᠴᠦᠨ ᠯᠸᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2024/10/29
      10 ᠰᠠᠷ᠎ᠠ ᠶᠢᠨ 25 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠶ ᠴᠦᠨ ᠯᠸᠢ ︽ᠳᠥᠷᠪᠡᠨ ᠥᠬᠡᠶ ᠬᠤᠶᠠᠷ ᠰᠢᠭᠤᠳ︾ ᠬᠡᠯᠪᠡᠷᠢ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ᠃      ᠪᠠᠶᠠᠨᠲᠤᠬᠤᠢ ᠪᠠᠯᠭᠠᠰᠤᠨ ᠤ ᠳ᠋ᠦᠩ ᠰᠢᠩ ᠲᠣᠰᠬᠤᠨ᠂ ᠶᠠᠩ ᠯᠦ ᠵᠢᠩ ᠲᠣᠰᠬᠤᠨ ᠵᠡᠷᠭᠡ ᠭᠠᠵᠠᠷ ᠲᠤ᠂ ᠪᠠᠢ ᠴᠦᠨ ᠯᠸᠢ ︽ᠲᠦᠷᠪᠡᠨ ᠦᠭᠡᠢ ᠬᠤᠶᠠᠷ ᠰᠢᠭᠤᠳ︾ ᠬᠡᠯᠪᠡᠷᠢ ᠪᠠᠷ ᠶᠠᠳᠠᠭᠤ ᠠᠴᠠ ᠠᠩᠭᠢᠵᠢᠷᠠᠭᠰᠠᠨ ᠡᠷᠦᠬᠡ ᠳᠤ ᠭᠦᠨᠵᠡᠭᠡᠶᠢᠷᠡᠨ ᠲᠡᠳᠡᠨ ᠤ ᠦᠢᠯᠡᠳᠪᠦᠷᠢᠯᠡᠯ ᠠᠮᠢᠳᠤᠷᠠᠯ᠂ ᠣᠨ ᠤ ᠣᠷᠣᠯᠭ᠎ᠠ᠂ ᠲᠦᠷᠦ ᠶᠢᠨ ᠪᠤᠳᠤᠯᠭ᠎ᠠ ᠡᠳ᠋ᠯᠡᠬᠦ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠳ᠋ᠦᠩ ᠰᠢᠩ ᠲᠣᠰᠬᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠣᠯ ᠨᠢᠭᠡ ᠵᠦᠢᠯ ᠤᠨ ᠰᠢᠰᠲ᠋ᠧᠮᠲᠦ ᠢᠨᠵᠧᠨᠧᠷᠢᠩ ᠪᠣᠯᠤᠨ᠎ᠠ᠂ ᠬᠤᠯᠪᠣᠭᠳᠠᠬᠤ ᠬᠡᠪᠴᠢᠶ᠎ᠡ ᠥᠷᠭᠡᠨ᠂ ᠡᠭᠦᠷᠭᠡ ᠶᠢᠨ ᠬᠡᠮᠵᠢᠶ᠎ᠡ ᠶᠡᠭᠡ᠂ ᠡᠷᠬᠡᠪᠰᠢ ᠪᠦᠬᠦ ᠲᠠᠯ᠎ᠠ ᠪᠠᠷ ᠲᠥᠯᠥᠪᠵᠢᠭᠦᠯᠵᠦ᠂ ᠪᠦᠬᠦᠯᠢ ᠴᠣᠭᠴᠠ ᠪᠠᠷ ᠠᠬᠢᠭᠤᠯᠵᠤ᠂ ᠡᠯ᠎ᠡ ᠵᠦᠢᠯ ᠤᠨ ᠠᠵᠢᠯ ᠢ ᠬᠠᠮᠲᠤᠪᠠᠷ ᠪᠣᠳᠠᠲᠠᠢ ᠨᠠᠷᠢᠯᠢᠭ ᠠᠳᠬᠤᠵᠤ᠂ ᠦᠷ᠎ᠡ ᠪᠦᠲᠦᠮᠵᠢ ᠭᠠᠷᠭᠠᠬᠤ ᠬᠡᠷᠡᠭᠲᠡᠢ ᠭᠡᠪᠡ᠃ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠴᠢᠬᠤᠯᠠ ᠠᠴᠠ ᠴᠢᠬᠤᠯᠠ ᠵᠦᠢᠯ ᠪᠣᠯᠭᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠬᠥᠳᠡᠭᠡ ᠲᠣᠰᠬᠤᠨ ᠤ ᠤᠨᠴᠠᠯᠢᠬᠳᠤ ᠠᠵᠤ ᠦᠢᠯᠡᠰ ᠢ ᠬᠥᠭᠵᠢᠭᠦᠯᠵᠦ᠂ ᠤᠯᠠᠨ ᠲᠦᠮᠡᠨ ᠤ ᠳᠣᠲᠣᠭᠠᠳᠤ ᠬᠥᠭᠵᠢᠯᠲᠡ ᠶᠢᠨ ᠬᠥᠳᠡᠯᠭᠡᠬᠦ ᠬᠦᠴᠦᠨ ᠢ ᠲᠠᠰᠤᠷᠠᠯᠲᠠ ᠦᠭᠡᠢ ᠴᠢᠩᠭᠠᠳᠬᠠᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ᠃ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠰᠠᠨ ᠡᠷᠦᠬᠡ᠂ ᠬᠢᠨᠠᠨ ᠬᠡᠮᠵᠢᠬᠦ ᠡᠷᠦᠬᠡ ᠶᠢᠨ ᠬᠠᠪᠰᠤᠷᠤᠨ ᠲᠡᠳᠬᠦᠬᠦ ᠶᠢ ᠦᠨᠡᠨᠬᠦ ᠴᠢᠩᠭᠠᠳᠬᠠᠵᠤ᠂ ᠠᠰᠠᠭᠤᠳᠠᠯ ᠢ ᠨᠠᠷᠢᠨ ᠨᠢᠮᠪᠠᠶ ᠵᠢᠭᠰᠠᠭᠠᠨ ᠪᠠᠶᠢᠴᠠᠭᠠᠵᠤ᠂ ᠡᠯ᠎ᠡ ᠵᠦᠢᠯ ᠤᠨ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠪᠠ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ ᠨᠠᠷᠢᠯᠢᠭ ᠨᠠᠶᠢᠳᠠᠪᠤᠷᠢᠵᠢᠭᠤᠯᠬᠤ ᠶᠢ ᠠᠬᠢᠭᠤᠯᠵᠤ᠂ ᠮᠡᠷᠭᠡᠵᠢᠯ ᠤᠨ ᠪᠣᠯᠪᠠᠰᠤᠷᠠᠯ ᠥᠷᠨᠢᠭᠦᠯᠬᠦ᠂ ᠠᠵᠢᠯ ᠣᠯᠭᠤᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠷᠣᠯᠭ᠎ᠠ ᠶᠢᠨ ᠠᠷᠭ᠎ᠠ ᠵᠠᠮ ᠢ ᠥᠷᠭᠡᠳᠬᠡᠵᠦ᠂ ᠬᠥᠳᠡᠯᠮᠦᠷᠢᠯᠡᠬᠦ ᠴᠢᠳᠠᠪᠤᠷᠢ ᠲᠠᠢ ᠶᠠᠳᠠᠭᠤ ᠠᠴᠠ ᠠᠩᠭᠢᠵᠢᠷᠠᠭᠰᠠᠨ ᠡᠷᠦᠬᠡ ᠶᠢ ᠬᠠᠪᠰᠤᠷᠤᠨ ᠠᠵᠢᠯ ᠣᠯᠭᠤᠵᠤ ᠣᠷᠣᠯᠭ᠎ᠠ ᠶᠢ ᠨᠢ ᠨᠡᠮᠡᠭᠳᠡᠭᠦᠯᠬᠦ ᠬᠡᠷᠡᠭᠲᠡᠶ᠃ ᠣᠯᠠᠨ ᠲᠦᠮᠡᠨ ᠤ ᠬᠦᠰᠡᠵᠦ ᠪᠠᠶᠢᠭ᠎ᠠ ᠬᠦᠰᠡᠯ ᠡᠷᠡᠮᠡᠯᠵᠡᠯ ᠳᠤ ᠦᠨᠡᠨᠬᠦ ᠬᠠᠷᠢᠭᠤᠯᠲᠠ ᠥᠭᠴᠦ᠂ ᠰᠡᠳᠬᠢᠯ ᠲᠠᠯᠪᠢᠨ ᠬᠦᠴᠦ ᠣᠷᠣᠭᠤᠯᠤᠨ ᠪᠣᠳᠠᠲᠤ ᠶᠠᠪᠤᠳᠠᠯ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠬᠠᠪᠰᠤᠷᠤᠨ ᠲᠡᠳᠬᠦᠵᠦ ᠠᠵᠢᠯ ᠣᠯᠭᠤᠬᠤ᠂ ᠠᠵᠤ ᠦᠢᠯᠡᠰ ᠤᠨ ᠣᠷᠣᠯᠭ᠎ᠠ ᠶᠢ ᠨᠡᠮᠡᠭᠳᠡᠭᠦᠯᠬᠦ ᠵᠡᠷᠭᠡ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠶᠢᠨ ᠬᠠᠮᠲᠤ ᠣᠯᠠᠨ ᠲᠦᠮᠡᠨ ᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ᠂ ᠳᠠᠶᠢᠴᠢᠯᠠᠵᠤ᠂ ᠵᠣᠬᠢᠶᠠᠨ ᠪᠠᠶᠢᠭᠤᠯᠤᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠳᠤ ᠥᠷᠭᠡᠨ ᠢᠶᠠᠷ ᠣᠷᠣᠯᠴᠠᠭᠤᠯᠵᠤ᠂ ᠬᠥᠳᠡᠭᠡ ᠲᠣᠰᠬᠤᠨ ᠤ ᠬᠡᠪ ᠰᠤᠷᠲᠠᠯ ᠤᠨ ᠪᠣᠯᠪᠠᠰᠤᠨ᠂ ᠬᠥᠳᠡᠭᠡ ᠲᠣᠰᠬᠤᠨ ᠤ ᠵᠠᠰᠠᠯᠲᠠ ᠶᠢ ᠳᠠᠬᠢᠨ ᠨᠢᠭᠡ ᠳᠡᠭᠲᠡᠷ ᠲᠤ ᠭᠠᠷᠭᠠᠬᠤ ᠶᠢ ᠠᠬᠢᠭᠤᠯᠵᠤ᠂ ᠬᠠᠮᠲᠤᠪᠠᠷ ᠪᠠᠶᠢᠭᠤᠯᠬᠤ ᠬᠠᠮᠲᠤᠪᠠᠷ ᠵᠠᠰᠠᠬᠤ ᠬᠠᠮᠲᠤᠪᠠᠷ ᠡᠳ᠋ᠯᠡᠬᠦ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠬᠤ ᠬᠡᠷᠡᠭᠲᠡᠶ ᠭᠡᠵᠡᠢ᠃      ᠬᠢᠨᠠᠨ ᠵᠢᠯᠣᠭᠤᠳᠴᠤ ᠪᠠᠶᠢᠴᠠᠭᠠᠵᠤ ᠳᠠᠭᠤᠰᠤᠭᠰᠠᠨ ᠤ ᠳᠠᠷᠠᠭ᠎ᠠ᠂ ᠪᠠᠶ ᠴᠦᠨ ᠯᠸᠢ ᠪᠠᠰᠠ ᠬᠠᠪᠰᠤᠷᠤᠨ ᠲᠡᠳᠬᠦᠵᠦ ᠶᠠᠳᠠᠭᠤ ᠠᠴᠠ ᠠᠩᠭᠢᠵᠢᠷᠠᠭᠤᠯᠬᠤ ᠲᠥᠷᠥ ᠶᠢᠨ ᠪᠣᠳᠣᠯᠭ᠎ᠠ ᠶᠢ ᠬᠦᠷᠲᠡᠭᠴᠢ ᠶᠢᠦ ᠯᠢᠨ ᠰᠢᠨ᠎ᠡ ᠬᠡᠷ ᠲᠤ ᠬᠦᠷᠴᠦ᠂ ᠲᠡᠭᠦᠨ ᠤ ᠦᠢᠯᠡᠳᠪᠦᠷᠢᠯᠡᠯ ᠠᠮᠢᠳᠤᠷᠠᠯ ᠤᠨ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠨᠠᠷᠢᠨ ᠣᠶᠢᠯᠠᠭᠠᠭᠰᠠᠨ ᠪᠥᠭᠡᠳ ᠴᠠᠭ ᠲᠤᠬᠠᠶ ᠳᠤᠨᠢ ᠬᠠᠪᠰᠤᠷᠤᠨ ᠰᠢᠢᠳᠪᠦᠷᠢᠯᠡᠵᠦ ᠥᠭᠪᠡ᠃
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号