ᠵᠠᠮ ᠤᠨ ᠭᠠᠳᠠᠷᠭᠤ ᠶᠢᠨ ᠬᠤᠭ ᠨᠣᠪᠰᠢ ᠶᠢ ᠴᠡᠪᠡᠷᠯᠡᠨ᠂ ᠵᠠᠮ ᠤᠨ ᠭᠠᠳᠠᠷᠭᠤ ᠶᠢᠨ ᠲᠡᠮᠳᠡᠭ ᠱᠤᠭᠤᠮ ᠢ | ᠵᠢᠷᠤᠵᠤ ᠭᠠᠷᠭᠠᠪᠠ ᠁ 10 ᠰᠠᠷ᠎ᠠ ᠶᠢᠨ 23 ᠤ ᠡᠳᠦᠷ᠂ ᠰᠤᠷᠪᠤᠯᠵᠢᠯᠠᠭᠴᠢ ᠬᠠᠶᠢᠷᠤᠪ ᠤᠨ | ᠲᠤᠬᠤᠢ ᠲᠣᠭᠤᠷᠢᠭ ᠠᠴᠠ ᠬᠠᠶᠢᠨᠠᠨ ᠲᠣᠭᠤᠷᠢᠭ ᠲᠤ ᠬᠦᠷᠬᠦ ᠲᠦᠷᠭᠡᠨ ᠵᠠᠮ ᠤᠨ ᠵᠠᠰᠠᠮᠠᠯ ᠵᠠᠮ ᠢ ᠠᠷᠠᠴᠢᠯᠠᠨ | ᠬᠠᠮᠠᠭᠠᠯᠠᠬᠤ ᠪᠠᠷᠢᠯᠭ᠎ᠠ ᠶᠢᠨ ᠠᠵᠢᠯ ᠤᠨ ᠲᠤᠬᠠᠢ ᠶᠢᠨ ᠲᠠᠯᠠᠪᠠᠢ ᠳᠤ᠂ ᠠᠵᠢᠯᠲᠠᠳ ᠶᠠᠭ ᠶᠠᠭᠠᠷᠠᠯᠲᠠᠢ ᠡᠮᠬᠢ | ᠵᠢᠷᠤᠮ ᠲᠠᠢ ᠠᠵᠢᠯ ᠢᠶᠠᠨ ᠥᠷᠨᠢᠭᠦᠯᠵᠦ᠂ ᠶᠠᠭᠠᠷᠠᠯᠲᠠᠢ ᠪᠠᠶᠢᠳᠠᠯ ᠢᠯᠡᠷᠡᠪᠡ᠃ | ᠦᠬᠠᠶ ᠶᠢᠨ ᠬᠠᠮ ᠵᠠᠭᠤᠴᠢᠯᠠᠭᠤᠷ ︽ᠣᠳᠣᠬᠠᠨ ᠳᠤ᠂ ᠪᠢᠳᠡ ᠨᠢᠭᠡᠨᠲᠡ ᠵᠠᠮ ᠤᠨ ᠭᠠᠳᠠᠷᠭᠤ ᠶᠢᠨ | ᠡᠪᠡᠳᠴᠢᠨ ᠤ ᠬᠥᠨᠥᠭᠡᠯ ᠢ ᠰᠢᠢᠳᠪᠦᠷᠢᠯᠡᠬᠦ᠂ ᠪᠠᠷᠤᠭᠰᠢᠨ ᠵᠠᠮ ᠤᠨ ᠭᠠᠳᠠᠷᠭᠤ ᠶᠢ ᠳᠡᠪᠢᠰᠴᠦ ᠳᠠᠭᠤᠰᠴᠤ᠂ ᠶᠠᠭ | ᠵᠠᠮ ᠤᠨ ᠭᠠᠳᠠᠷᠭᠤ ᠶᠢ ᠵᠢᠷᠤᠵᠤ ᠪᠠᠶᠢᠨ᠎ᠠ᠂ ᠵᠠᠯᠭᠠᠭᠠᠳ ᠪᠢᠳᠡ ᠲᠥᠪ ᠤᠨ ᠲᠤᠰᠠᠭᠠᠷᠯᠠᠬᠤ ᠬᠡᠷᠡᠰᠬᠡ ᠤᠭᠰᠠᠷᠠᠵᠤ᠂ | ᠪᠠᠷᠢᠯᠭ᠎ᠠ ᠶᠢ ᠵᠢᠱᠢᠯᠲᠡ ᠪᠠᠷ ᠡᠨᠡ ᠵᠢᠯ ᠤᠨ 11 ᠰᠠᠷ᠎ᠠ ᠶᠢᠨ ᠰᠡᠭᠦᠯᠴᠢ ᠪᠠᠷ ᠪᠦᠬᠦᠨ ᠢ ᠪᠠᠷᠢᠵᠤ ᠳᠠᠭᠤᠰᠬᠠᠨ᠎ᠠ︾᠃ | ᠬᠠᠶᠢᠷᠠᠪ ᠠᠴᠠ ᠬᠠᠶᠢᠨᠠᠨ ᠠᠴᠠ ᠬᠠᠶᠢᠨᠤᠨ ᠬᠦᠷᠬᠦ ᠲᠦᠷᠭᠡᠨ ᠳᠠᠪᠬᠢᠬᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ | ᠪᠠᠷᠢᠯᠭ᠎ᠠ ᠶᠢᠨ ᠲᠥᠷᠥᠯ ᠵᠦᠢᠯ ᠤᠨ ᠳᠡᠳ᠋ ᠳᠠᠭᠠᠭᠠᠮᠠᠯ ᠯᠢ ᠶᠦᠩ ᠹᠡᠨ ᠬᠡᠯᠡᠬᠢ ᠳᠤ᠃ | ᠬᠠᠶᠢᠷᠤᠪ ᠤᠨ ᠲᠤᠬᠤᠢ ᠠᠴᠠ ᠬᠠᠶᠢᠨᠠᠨ ᠲᠤᠭᠤᠷᠢᠭ ᠬᠦᠷᠬᠦ ᠲᠦᠷᠭᠡᠨ ᠵᠠᠮ ᠤᠨ ᠡᠬᠢᠯᠡᠯᠲᠡ ᠶᠢᠨ ᠴᠡᠭ ᠨᠢ | S217 ᠱᠤᠭᠤᠮ ᠤᠨ ᠬᠠᠶᠢᠷᠤᠪ ᠤᠨ ᠲᠤᠬᠤᠢ ᠶᠢᠨ ᠬᠤᠳᠠ ᠶᠢ ᠲᠣᠭᠤᠷᠢᠭᠰᠠᠨ ᠬᠡᠰᠡᠭ ᠤᠨ ᠭᠤᠷᠪᠠᠳᠤᠭᠠᠷ | ᠦᠢᠯᠡᠳᠪᠦᠷᠢ ᠶᠢᠨ ᠬᠠᠷᠢᠯᠴᠠᠨ ᠨᠡᠪᠲᠡᠷᠡᠯᠴᠡᠬᠦ ᠵᠦᠷᠢᠯᠢᠭ ᠬᠥᠭᠦᠷᠭᠡ ᠳᠤ ᠪᠠᠶᠢᠷᠢᠯᠠᠵᠤ᠂ ᠡᠴᠦᠰ ᠤᠨ ᠴᠡᠭ ᠨᠢ | ᠬᠠᠶᠢᠨᠠᠨ ᠬᠤᠳᠠ ᠶᠢᠨ ᠲᠣᠭᠤᠷᠢᠭ ᠲᠤ ᠪᠠᠶᠢᠷᠢᠯᠠᠵᠤ᠂ 2011 ᠣᠨ ᠳᠤ ᠪᠦᠬᠦ ᠲᠠᠯ᠎ᠠ ᠪᠠᠷ ᠥᠭᠡᠷᠡᠴᠢᠯᠡᠨ | ᠪᠠᠶᠢᠭᠤᠯᠵᠤ ᠲᠡᠷᠭᠡ ᠨᠡᠪᠲᠡᠷᠡᠵᠦ᠂ ᠬᠠᠶᠢᠷᠤᠪ ᠤᠨ ᠲᠤᠬᠤᠢ ᠠᠴᠠ ᠬᠠᠶᠢᠨᠠᠨ ᠲᠤᠭᠤᠷᠢᠭ ᠬᠦᠷᠬᠦ ᠲᠦᠷᠭᠡᠨ ᠵᠠᠮ ᠤᠨ | ᠱᠤᠭᠤᠮ ᠤᠨ ᠪᠦᠬᠦ ᠣᠷᠳᠣ ᠨᠢ 23 ᠺᠢᠯᠣᠮᠧᠳ᠋ᠷ ᠪᠠᠶᠢᠵᠤ᠂ ᠬᠤᠣᠰ ᠴᠢᠭᠯᠡᠯᠲᠦ ᠵᠢᠷᠭᠤᠭᠠᠨ ᠲᠡᠷᠭᠡᠨ ᠵᠠᠮ ᠤᠨ | ᠪᠠᠷᠢᠮᠵᠢᠶ᠎ᠠ ᠪᠠᠷ ᠵᠢᠷᠤᠵᠤ ᠲᠥᠯᠥᠪᠯᠡᠨ᠂ ᠬᠠᠶᠢᠷᠤᠪ ᠤᠨ ᠲᠤᠬᠤᠢ ᠲᠣᠭᠤᠷᠢᠭ ᠪᠣᠯᠤᠨ ᠬᠠᠶᠢᠨᠠᠨ ᠲᠣᠭᠤᠷᠢᠭ ᠲᠠᠢ | ᠵᠠᠯᠭᠠᠯᠳᠤᠨ᠎ᠠ᠃ | ᠬᠠᠶᠢᠷᠤᠪ ᠤᠨ ᠲᠤᠬᠤᠢ ᠠᠴᠠ ᠬᠠᠶᠢᠨᠠᠨ ᠲᠣᠭᠤᠷᠢᠭ ᠬᠦᠷᠬᠦ ᠲᠦᠷᠭᠡᠨ ᠵᠠᠮ ᠪᠣᠯ ᠬᠠᠶᠢᠷᠤᠪ ᠤᠨ ᠲᠤᠬᠤᠢ | ᠲᠣᠭᠤᠷᠢᠭ ᠪᠣᠯᠤᠨ ᠬᠠᠶᠢᠨᠠᠨ ᠲᠣᠭᠤᠷᠢᠭ ᠢ ᠬᠤᠯᠪᠣᠬᠤ ᠴᠢᠬᠤᠯᠠ ᠬᠤᠳᠠ ᠶᠢᠨ ᠭᠤᠣᠯ ᠵᠠᠮ ᠪᠣᠯᠤᠨ᠎ᠠ᠂ ᠵᠠᠮ ᠤᠨ | ᠵᠢᠯ ᠳᠠᠷᠠᠭᠠᠯᠠᠨ ᠠᠰᠢᠭᠯᠠᠯᠲᠠ ᠳᠤ ᠬᠡᠷᠡᠭᠯᠡᠬᠦ ᠶᠢ ᠲᠠᠭᠠᠯᠳᠤᠨ᠂ ᠵᠠᠮ ᠤᠨ ᠨᠢᠭᠤᠷ ᠡᠪᠳᠡᠷᠡᠵᠦ ᠰᠦᠢᠳᠦᠭᠰᠡᠨ᠂ ᠬᠡᠰᠡᠭ | ᠵᠠᠮ ᠤᠨ ᠬᠡᠰᠡᠭ ᠲᠤ ᠤᠯᠠᠷᠢᠯ ᠤᠨ ᠴᠢᠨᠠᠷᠲᠠᠢ ᠤᠰᠤ ᠬᠤᠷᠠᠬᠤ ᠵᠡᠷᠭᠡ ᠠᠰᠠᠭᠤᠳᠠᠯ ᠢᠯᠡᠷᠡᠪᠡ᠃ | ᠬᠤᠲᠠ ᠶᠢᠨ ᠠᠷᠠᠳ ᠤᠨ ᠶᠠᠪᠤᠵᠤ ᠰᠠᠭᠤᠬᠤ ᠣᠷᠴᠢᠨ ᠲᠣᠭᠤᠷᠢᠨ ᠢ ᠤᠯᠠᠮ ᠨᠢᠭᠡ ᠠᠯᠬᠤᠮ | ᠰᠢᠯᠢᠳᠡᠭᠵᠢᠭᠦᠯᠵᠦ᠂ ᠬᠤᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠂ ᠵᠠᠰᠠᠮᠠᠯ ᠵᠠᠮ ᠤᠨ ᠠᠮᠤᠷ ᠲᠦᠪᠰᠢᠨ ᠤ | ᠳᠠᠯᠳᠠ ᠬᠡᠮ ᠤᠨ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠵᠤ᠂ ᠵᠠᠰᠠᠮᠠᠯ ᠵᠠᠮ ᠤᠨ ᠵᠠᠮ ᠤᠨ | ᠳᠦᠷᠰᠦ ᠪᠠᠶᠢᠳᠠᠯ ᠢ ᠳᠡᠭᠡᠭᠰᠢᠯᠡᠭᠦᠯᠬᠦ ᠶᠢᠨ ᠲᠥᠯᠥᠭᠡ᠂ ᠡᠨᠡ ᠵᠢᠯ ᠤᠨ 9 ᠰᠠᠷ᠎ᠠ ᠶᠢᠨ 18 ᠤ ᠡᠳᠦᠷ᠂ | ᠬᠠᠶᠢᠷᠤᠪ ᠤᠨ ᠲᠣᠬᠤᠶ ᠠᠴᠠ ᠬᠠᠶᠢᠨᠠᠨ ᠬᠥᠷᠬᠦ ᠲᠦᠷᠭᠡᠨ ᠳᠠᠪᠬᠢᠬᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ | ᠪᠠᠷᠢᠯᠭ᠎ᠠ ᠪᠥᠬᠦ ᠲᠠᠯ᠎ᠠ ᠪᠠᠷ ᠡᠬᠢᠯᠡᠪᠡ᠃ ᠲᠣᠰ ᠲᠥᠷᠥᠯ ᠵᠦᠢᠯ ᠢ K26 185 K39 000 ᠬᠡᠰᠡᠭ᠂ K42 | 000- K49 203 ᠬᠡᠰᠡᠭ᠂ K49203 - K50 000 ᠬᠡᠰᠡᠭ ᠤᠨ 3 ᠪᠠᠷᠢᠮᠵᠢᠶᠠᠲᠤ ᠬᠡᠰᠡᠭ ᠲᠤ | ᠬᠤᠪᠢᠶᠠᠵᠤ᠂ ᠵᠠᠮ ᠤᠨ ᠰᠠᠭᠤᠷᠢ᠂ ᠵᠠᠮ ᠤᠨ ᠭᠠᠳᠠᠷᠭᠤ ᠶᠢᠨ ᠥᠷᠭᠡᠨ ᠢ ᠬᠤᠪᠢᠷᠠᠭᠤᠯᠬᠤ ᠦᠭᠡᠢ᠂ ᠤᠤᠯ ᠤᠨ | ᠵᠠᠮ ᠤᠨ ᠰᠠᠭᠤᠷᠢ ᠶᠢ ᠠᠰᠢᠭᠯᠠᠨ᠂ ᠬᠡᠰᠡᠭ ᠭᠠᠵᠠᠷ ᠤᠨ ᠡᠪᠡᠳᠴᠢᠨ ᠤ ᠬᠥᠨᠥᠭᠡᠯ ᠢ ᠰᠢᠢᠳᠪᠦᠷᠢᠯᠡᠵᠦ ᠵᠠᠰᠠᠭᠰᠠᠨ ᠤ | ᠳᠠᠷᠠᠭ᠎ᠠ᠂ 2.5cm ᠨᠢᠭᠲᠠ ᠪᠣᠳᠠᠲᠤ ᠥᠨᠳᠥᠷ ᠨᠢᠯᠲᠠᠭ ᠲᠠᠢ ᠴᠠᠷᠳᠠᠮᠠᠯ ᠵᠠᠮ ᠤᠨ ᠭᠠᠳᠠᠷᠭᠤ ᠶᠢ ᠳᠡᠪᠢᠰᠪᠡ᠃ | ᠡᠨᠡ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠤ ᠠᠩᠬ᠎ᠠ ᠤᠳᠠᠭ᠎ᠠ ᠶᠡᠭᠡ | ᠬᠡᠪᠴᠢᠶ᠎ᠡ ᠪᠠᠷ ᠲᠣᠰ ᠮᠠᠲ᠋ᠧᠷᠢᠶᠠᠯ ᠢ ᠬᠡᠷᠡᠭᠯᠡᠵᠦ ᠪᠠᠶᠢᠭ᠎ᠠ ᠶᠠᠪᠤᠳᠠᠯ ᠪᠣᠯᠤᠨ᠎ᠠ᠂ ᠲᠡᠷᠡ ᠨᠢ ᠲᠣᠮᠣ ᠮᠣᠯᠧᠺᠦ᠋ᠯᠲᠦ | ᠪᠥᠭᠡᠭᠡᠨᠡᠷᠡᠯ ᠡᠳ᠋᠂ ᠭᠤᠮ ᠵᠡᠷᠭᠡ ᠮᠠᠲ᠋ᠧᠷᠢᠶᠠᠯ ᠢ ᠨᠡᠮᠡᠬᠦ ᠪᠠᠷ ᠳᠠᠮᠵᠢᠭᠤᠯᠤᠨ ᠪᠣᠶ ᠪᠣᠯᠤᠭᠰᠠᠨ ᠯᠢᠴᠢᠩ ᠮᠠᠲ᠋ᠧᠷᠢᠶᠠᠯ | ᠪᠠᠶᠢᠵᠤ᠂ ᠤᠯᠠᠮᠵᠢᠯᠠᠯᠲᠤ ᠯᠢᠴᠢᠩ ᠪᠠᠶᠢᠵᠤ᠂ ᠥᠨᠳᠥᠷ ᠳᠤᠯᠠᠭᠠᠨ ᠨᠢ ᠲᠣᠭᠲᠠᠭᠤᠨ ᠪᠠᠶᠢᠵᠤ᠂ ᠤᠳᠠᠭᠠᠨ | ᠳᠠᠭᠠᠭᠠᠮᠠᠭᠠᠶ ᠴᠢᠨᠠᠷ ᠢᠶᠠᠷ ᠴᠢᠩᠭ᠎ᠠ᠂ ᠶᠠᠰᠤᠲᠤ ᠮᠡᠯᠡᠬᠡᠢ ᠶᠢᠨ ᠬᠠᠭᠠᠷᠠᠬᠤ ᠶᠢ ᠡᠰᠡᠷᠭᠦᠴᠡᠬᠦ ᠴᠢᠨᠠᠷ ᠢᠶᠠᠷ ᠰᠠᠶᠢᠨ ᠶᠤᠮ᠃ | ᠦᠬᠠᠢ ᠶᠢᠨ ᠵᠤᠨ ᠤ ᠤᠯᠠᠷᠢᠯ ᠤᠨ ᠠᠭᠤᠷ ᠠᠮᠢᠰᠭᠤᠯ ᠠᠭᠠᠭᠢᠮ᠎ᠠ ᠬᠠᠯᠠᠭᠤᠨ ᠪᠠᠢᠵᠤ᠂ ᠳᠤᠯᠠᠭᠠᠨ ᠤ ᠬᠡᠮᠵᠢᠶ᠎ᠡ | ᠨᠡᠯᠢᠶᠡᠳ ᠥᠨᠳᠥᠷ ᠪᠠᠢᠵᠤ᠂ ᠥᠨᠳᠥᠷ ᠨᠠᠭᠠᠯ ᠲᠠ ᠶᠢᠨ ᠴᠢᠨᠠᠷᠲᠠᠢ ᠯᠢᠴᠢᠩ ᠨᠢ ᠥᠨᠳᠥᠷ ᠳᠤᠯᠠᠭᠠᠨ ᠤ ᠳᠣᠣᠷ᠎ᠠ | ᠵᠥᠭᠡᠯ ᠠ᠂ ᠵᠠᠮ ᠳᠡᠭᠡᠷᠡᠬᠢ ᠲᠣᠭᠲᠠᠪᠤᠷᠢᠲᠤ ᠴᠢᠨᠠᠷ ᠢ ᠪᠠᠲᠤᠯᠠᠵᠤ᠂ ᠡᠭᠦᠨ ᠤ ᠤᠯᠠᠮ ᠠᠴᠠ ᠵᠠᠮ ᠤᠨ | ᠭᠠᠳᠠᠷᠭᠤ ᠶᠢᠨ ᠳᠦᠷᠰᠦ ᠬᠤᠪᠢᠷᠠᠬᠤ ᠪᠠ ᠠᠩ ᠴᠠᠪᠠ ᠭᠠᠷᠬᠤ ᠶᠢ ᠪᠠᠭᠠᠰᠬᠠᠵᠤ᠂ ᠵᠠᠮ ᠤᠨ ᠬᠡᠷᠡᠭᠯᠡᠬᠦ ᠠᠮᠢ ᠨᠠᠰᠤ ᠶᠢ | ᠤᠷᠲᠤᠳᠭᠠᠭᠰᠠᠨ ᠪᠠᠢᠨ᠎ᠠ ᠡᠭᠦᠨ ᠤ ᠬᠠᠮᠲᠤ ᠲᠡᠷᠭᠡ ᠶᠠᠪᠤᠬᠤ ᠦᠢᠮᠡ ᠭᠡᠨ ᠢ ᠪᠦᠲᠦᠮᠵᠢᠲᠡᠢ ᠪᠠᠭᠠᠰᠬᠠᠵᠤ᠂ | ᠵᠢᠯᠣᠭᠤᠴᠢ ᠶᠢᠨ ᠲᠡᠷᠭᠡᠨ ᠳᠤ ᠨᠡᠩ ᠲᠠᠭᠠᠯᠠᠮᠵᠢᠲᠠᠢ ᠭᠠᠷᠬᠤ ᠣᠷᠴᠢᠨ ᠲᠣᠭᠤᠷᠢᠨ ᠢ ᠬᠠᠩᠭᠠᠵᠤ ᠴᠢᠳᠠᠨ᠎ᠠ᠃ | ︽ᠲᠣᠰ ᠲᠥᠷᠥᠯ ᠵᠦᠢᠯ ᠢ ᠬᠡᠷᠡᠭᠵᠢᠭᠦᠯᠬᠦ ᠨᠢ ᠬᠠᠶᠢᠷᠤᠪ ᠤᠨ ᠲᠣᠬᠤᠢ ᠲᠣᠭᠤᠷᠢᠭ ᠠᠴᠠ ᠬᠠᠶᠢᠨᠠᠨ | ᠲᠣᠭᠤᠷᠢᠭ ᠬᠦᠷᠬᠦ ᠵᠠᠮ ᠨᠡᠪᠲᠡᠷᠡᠯᠭᠡ ᠶᠢᠨ ᠨᠥᠬᠦᠴᠡᠯ ᠢ ᠪᠦᠲᠦᠮᠵᠢᠲᠡᠶ ᠳᠡᠭᠡᠭᠰᠢᠯᠡᠭᠦᠯᠵᠦ᠂ ᠣᠯᠠᠨ ᠲᠦᠮᠡᠨ ᠤ | ᠶᠠᠪᠤᠵᠤ ᠰᠠᠭᠤᠬᠤ ᠳᠤ ᠨᠠᠩ ᠠᠮᠤᠷ ᠲᠦᠪᠰᠢᠨ᠂ ᠳᠥᠭᠦᠮ ᠳᠥᠲᠡ᠂ ᠰᠠᠭᠠᠳ ᠥᠬᠡᠶ ᠨᠡᠪᠲᠡᠷᠡᠬᠦ ᠳᠤ ᠬᠦᠴᠦᠨ | ᠨᠡᠮᠡᠷᠢᠯᠡᠵᠦ᠂ ᠵᠠᠮ ᠬᠠᠷᠢᠯᠴᠠᠭᠠᠨ ᠤ ᠠᠳᠡᠯ ᠭᠠᠷᠬᠤ ᠶᠢ ᠤᠯᠠᠮ ᠨᠢᠭᠡ ᠠᠯᠬᠤᠮ ᠪᠠᠭᠠᠰᠬᠠᠨ᠂ ᠵᠠᠮ ᠤᠨ ᠲᠡᠷᠭᠡ | ᠶᠠᠪᠤᠬᠤ ᠶᠢᠨ ᠲᠣᠬᠢᠯᠢᠭ ᠤᠨ ᠬᠡᠮᠵᠢᠶ᠎ᠡ ᠶᠢ ᠳᠡᠭᠡᠭᠰᠢᠯᠡᠭᠦᠯᠵᠦ᠂ ᠣᠷᠣᠨ ᠪᠦᠰᠡ ᠶᠢᠨ ᠠᠵᠤ ᠠᠬᠤᠢ ᠶᠢᠨ ᠬᠥᠭᠵᠢᠯᠲᠡ | ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠠᠬᠢᠭᠤᠯᠬᠤ ᠳᠤ ᠢᠳᠡᠪᠬᠢᠲᠡᠢ ᠨᠥᠯᠥᠭᠡ ᠦᠵᠡᠭᠦᠯᠦᠨ᠎ᠡ︾ ᠭᠡᠵᠦ | ᠬᠡᠯᠡᠪᠡ᠃ ᠦᠬᠠᠢ ᠬᠤᠲᠠ ᠶᠢᠨ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠲᠥᠪ ᠤᠨ ᠳᠡᠳ᠋ ᠡᠷᠬᠢᠯᠡᠭᠴᠢ ᠵᠠᠩ ᠶᠣᠣ | ᠺᠤᠸᠠᠨ ᠬᠡᠯᠡᠪᠡ᠃ |