ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠬᠤ | ᠪᠠ ᠠᠬᠢᠭᠤᠯᠬᠤ ᠶᠢᠨ ᠲᠥᠯᠥᠭᠡ᠂ ︽ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠠᠵᠢᠯ ᠢ | ᠴᠢᠩᠭᠠᠳᠬᠠᠬᠤ ᠲᠤᠬᠠᠶ ᠡᠳ᠋ ᠤᠨ ᠵᠠᠰᠠᠭ ᠤᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ᠤᠨ ᠱᠠᠭᠠᠷᠳᠠᠯᠭ᠎ᠠ | ᠶᠣᠰᠣᠭᠠᠷ᠂ ︽ᠵᠠᠰᠠᠭ ᠤᠨ ᠣᠷᠳᠣᠨ ᠨᠡᠶᠢᠭᠡᠮ ᠤᠨ ᠬᠦᠴᠦᠨ ᠠᠴᠠ ᠦᠢᠯᠡᠴᠢᠯᠡᠭᠡ ᠬᠤᠳᠠᠯᠳᠤᠨ ᠠᠪᠬᠤ | ᠬᠠᠮᠢᠶᠠᠷᠤᠯᠲᠠ ᠶᠢᠨ ᠠᠷᠭ᠎ᠠ︾ ︵ᠲᠥᠷᠥ ᠠᠯᠪᠠᠨ ᠲᠠᠷᠬᠠᠭᠠᠭᠰᠠᠨ ﹇2013﹈ 96 ᠳ᠋ᠤᠭᠠᠷ ᠲᠣᠭᠠᠲᠤ︶᠂ | ︽ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠥᠭᠡᠷᠡᠴᠢᠯᠡᠯᠲᠡ ᠶᠢᠨ ᠭᠤᠤᠯᠳᠠᠯᠭ᠎ᠠ ᠲᠠᠢ ᠠᠵᠢᠯ ᠢ | ᠰᠠᠶᠢᠲᠤᠷ ᠬᠢᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠡᠳ᠋ | ᠶᠡᠷᠦᠩᠬᠡᠶᠢᠯᠡᠭᠰᠡᠨ ﹇2020﹈ 51 ᠳ᠋ᠦᠭᠡᠷ ᠲᠣᠭᠠᠲᠤ︶ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠤᠨ ᠲᠢᠩᠬᠢᠮ ᠤᠨ ᠮᠡᠳᠡᠭᠳᠡᠯ︾ ︵ᠥᠪᠥᠷ ᠡᠳ᠋ ᠶᠡᠷᠦᠩᠬᠡᠶᠢᠯᠡᠭᠰᠡᠨ ﹇2020﹈ | 1225 ᠳ᠋ᠤᠭᠠᠷ ᠲᠣᠭᠠᠲᠤ︶᠂ ︽ᠦᠬᠠᠶ ᠬᠤᠲᠠ ᠶᠢᠨ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ | ᠵᠢᠯᠣᠭᠤᠳᠬᠤ ᠴᠢᠨᠠᠷᠲᠠᠶ ᠭᠠᠷᠴᠠᠭ︾ ︵ᠦ᠋ ᠼᠠᠢ ᠽᠦᠩ ﹇2020﹈ 993 ᠳ᠋ᠤᠭᠠᠷ ᠲᠣᠭᠠᠲᠤ︶ ᠤᠨ ᠠᠵᠢᠯ ᠤᠨ | ᠠᠭᠤᠯᠭ᠎ᠠ ᠶᠢ ᠦᠨᠳᠦᠰᠦᠯᠡᠨ᠂ ᠮᠠᠨ ᠤ ᠲᠣᠪᠴᠢᠶ᠎ᠠ ︽ᠦᠬᠠᠶ ᠬᠤᠲᠠ ᠶᠢᠨ ᠬᠠᠶᠢᠨᠠᠨ ᠲᠣᠭᠤᠷᠢᠭ᠂ ᠬᠡᠷᠡᠭ ᠡᠷᠬᠢᠯᠡᠬᠦ | ᠭᠠᠵᠠᠷ ᠤᠨ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠵᠢᠯᠣᠭᠤᠳᠬᠤ ᠴᠢᠨᠠᠷᠲᠠᠶ ᠭᠠᠷᠴᠠᠭ︾ | ︵ᠳᠣᠷᠣᠭᠰᠢ ︽ᠭᠠᠷᠴᠠᠭ︾ ᠭᠡᠵᠦ ᠲᠣᠪᠴᠢᠯᠠᠨ᠎ᠠ︶ ᠢ ᠲᠣᠭᠲᠠᠭᠠᠪᠠ᠃ | ᠨᠢᠭᠡ᠂ ︽ᠭᠠᠷᠴᠠᠭ︾ ᠲᠤ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠬᠦᠷᠢᠶ᠎ᠡ | ᠬᠡᠪᠴᠢᠶ᠎ᠡ ᠶᠢ ᠬᠡᠷᠡᠭᠵᠢᠭᠦᠯᠵᠦ ᠪᠣᠯᠤᠨ᠎ᠠ ᠭᠡᠵᠦ ᠲᠣᠭᠲᠠᠭᠠᠵᠠᠶ᠃ ︽ᠭᠠᠷᠴᠠᠭ︾ ᠲᠤ ᠣᠷᠣᠭᠤᠯᠤᠭᠰᠠᠨ ᠮᠥᠷᠲᠡᠭᠡᠨ | ᠨᠢᠭᠡᠨᠲᠡ ᠲᠥᠰᠦᠪ ᠲᠡᠭᠡᠨ ᠲᠣᠬᠢᠷᠠᠭᠤᠯᠤᠭᠰᠠᠨ ᠦᠢᠯᠡᠴᠢᠯᠡᠭᠡᠨ ᠤ ᠵᠦᠢᠯᠡᠰ ᠢ ᠲᠣᠭᠲᠠᠭᠠᠯ ᠶᠣᠰᠣᠭᠠᠷ ᠠᠯᠬᠤᠮ | ᠠᠯᠬᠤᠮ ᠢᠶᠠᠷ ᠦᠢᠯᠡᠴᠢᠯᠡᠭᠡ ᠬᠤᠳᠠᠯᠳᠤᠨ ᠠᠪᠬᠤ ᠶᠢᠨ ᠬᠠᠮᠲᠤ᠂ ᠨᠢᠭᠡ ᠲᠠᠯ᠎ᠠ ᠪᠠᠷ ᠰᠠᠯᠠᠭ᠎ᠠ ᠮᠥᠴᠢᠷ ᠤᠳ ᠵᠣᠭᠤᠰ | ᠵᠠᠷᠤᠴᠠᠭᠤᠯᠤᠨ ᠦᠢᠯᠡᠴᠢᠯᠡᠭᠡ ᠬᠤᠳᠠᠯᠳᠤᠨ ᠠᠪᠬᠤ ᠶᠠᠪᠤᠳᠠᠯ ᠭᠠᠷᠬᠤ ᠠᠴᠠ ᠵᠠᠶᠢᠯᠠᠰᠬᠢᠵᠦ᠂ ᠨᠥᠭᠦᠭᠡ ᠲᠠᠯ᠎ᠠ ᠪᠠᠷ | ᠰᠠᠯᠠᠭ᠎ᠠ ᠮᠥᠴᠢᠷ ᠵᠢᠴᠢ ᠬᠠᠷᠢᠶ᠎ᠠ ᠪᠦᠬᠦᠢ ᠬᠠᠮᠢᠶ᠎ᠠ ᠪᠦᠬᠦᠢ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠪᠠ | ᠪᠡᠯᠡᠳᠬᠡᠮᠵᠢ ᠶᠢ ᠰᠤᠯᠠ ᠲᠠᠯᠪᠢᠵᠤ᠂ ᠵᠠᠷᠤᠳᠠᠯ ᠢ ᠪᠠᠭᠠᠰᠬᠠᠬᠤ ᠦᠭᠡᠶ ᠪᠠᠶᠢᠬᠤ ᠬᠡᠷᠡᠭᠲᠡᠶ᠃ | ᠬᠤᠶᠠᠷ᠂ ᠤᠷᠢᠳᠠᠪᠠᠷ ᠲᠥᠰᠦᠪ ᠲᠠᠢ ᠲᠣᠬᠢᠷᠠᠭᠤᠯᠵᠤ᠂ ᠳᠠᠷᠠᠭ᠎ᠠ ᠨᠢ ᠦᠢᠯᠡᠴᠢᠯᠡᠭᠡᠨ ᠬᠤᠳᠠᠯᠳᠤᠨ ᠠᠪᠬᠤ | ᠵᠠᠷᠴᠢᠮ ᠢ ᠪᠠᠷᠢᠮᠲᠠᠯᠠᠬᠤ ᠬᠡᠷᠡᠭᠲᠡᠶ᠃ ᠨᠢᠭᠡᠨᠲᠡ ︽ᠭᠠᠷᠴᠠᠭ︾ ᠲᠤ ᠣᠷᠣᠭᠤᠯᠤᠭᠰᠠᠨ ᠦᠢᠯᠡᠴᠢᠯᠡᠭᠡᠨ ᠤ ᠵᠦᠢᠯᠡᠰ ᠢ | ᠡᠳ᠋ ᠤᠨ ᠵᠠᠰᠠᠭ ᠤᠨ ᠵᠣᠭᠤᠰ ᠰᠠᠯᠭᠠᠨ ᠥᠭᠬᠦ ᠲᠥᠰᠦᠪ ᠢ ᠭᠤᠶᠤᠴᠢᠯᠠᠬᠤ ᠦᠨᠳᠦᠰᠦᠯᠡᠯ ᠪᠣᠯᠭᠠᠵᠤ ᠪᠣᠯᠬᠤ ᠦᠭᠡᠶ᠃ | ᠨᠢᠭᠡᠨᠲᠡ ︽ᠭᠠᠷᠴᠠᠭ︾ ᠲᠤ ᠣᠷᠣᠭᠤᠯᠤᠭᠰᠠᠨ ᠪᠣᠯᠪᠠᠴᠤ ᠲᠥᠰᠦᠪ ᠲᠣᠬᠢᠷᠠᠭᠤᠯᠤᠭᠰᠠᠨ ᠦᠭᠡᠶ ᠵᠦᠢᠯᠡᠰ ᠲᠤ | ᠵᠠᠰᠠᠭ ᠤᠨ ᠣᠷᠳᠣᠨ ᠦᠢᠯᠡᠴᠢᠯᠡᠭᠡᠨ ᠬᠤᠳᠠᠯᠳᠤᠨ ᠠᠪᠬᠤ ᠶᠢ ᠬᠡᠷᠡᠭᠵᠢᠭᠦᠯᠵᠦ ᠪᠣᠯᠬᠤ ᠦᠭᠡᠶ᠃ | ᠭᠤᠷᠪᠠ᠂ ︽ᠭᠠᠷᠴᠠᠭ︾ ᠲᠤ ᠣᠷᠣᠭᠤᠯᠤᠭᠰᠠᠨ ᠦᠢᠯᠡᠴᠢᠯᠡᠭᠡᠨ ᠤ ᠵᠦᠢᠯᠡᠰ ᠢ ᠬᠤᠳᠠᠯᠳᠤᠨ ᠠᠪᠬᠤ | ᠭᠤᠭᠴᠤᠭ᠎ᠠ ᠳᠤ ︽ᠵᠠᠰᠠᠭ ᠤᠨ ᠣᠷᠳᠣᠨ ᠤ ᠬᠤᠳᠠᠯᠳᠤᠨ ᠠᠪᠬᠤ ᠲᠠᠸᠠᠷ ᠤᠨ ᠭᠠᠷᠴᠠᠭ ᠤᠨ ᠲᠥᠷᠥᠯ ᠬᠤᠪᠢᠶᠠᠭᠰᠠᠨ | ᠭᠠᠷᠴᠠᠭ︾ ᠲᠠᠬᠢ ᠬᠤᠯᠪᠣᠭᠳᠠᠯ ᠪᠦᠬᠦᠢ ᠲᠠᠸᠠᠷ ᠤᠨ ᠭᠠᠷᠴᠠᠭ ᠶᠣᠰᠣᠭᠠᠷ ᠵᠠᠰᠠᠭ ᠤᠨ ᠣᠷᠳᠣᠨ ᠤ ᠬᠤᠳᠠᠯᠳᠤᠨ | ᠠᠪᠬᠤ ᠲᠥᠯᠥᠪᠯᠡᠭᠡ ᠶᠢ ᠲᠠᠭᠯᠠᠵᠤ᠂ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠢ ᠰᠣᠩᠭᠤᠨ ᠠᠪᠬᠤ ᠪᠠ ᠮᠡᠳᠡᠭᠡ | ᠵᠠᠩᠭᠢ ᠶᠢᠨ ᠪᠦᠷᠢᠳᠬᠡᠯ ᠬᠢᠬᠦ ᠬᠡᠷᠡᠭᠲᠡᠶ᠃ | ᠳᠥᠷᠪᠡ᠂ ︽ᠭᠠᠷᠴᠠᠭ︾ ᠢ ᠲᠥᠰᠦᠪ ᠤᠨ ᠬᠠᠮᠢᠶᠠᠷᠤᠯᠲᠠ ᠶᠢ ᠨᠢᠭᠡ ᠴᠣᠭᠴᠠᠵᠢᠭᠤᠯᠬᠤ ᠰᠢᠰᠲ᠋ᠧᠮ ᠳᠤ | ᠰᠢᠭᠢᠳᠬᠡᠨ ᠣᠷᠣᠭᠤᠯᠵᠤ᠂ ᠣᠨ ᠤ ᠰᠠᠯᠠᠭ᠎ᠠ ᠮᠥᠴᠢᠷ ᠤᠨ ᠲᠥᠰᠦᠪ ᠢ ᠨᠠᠶᠢᠷᠠᠭᠤᠯᠤᠨ ᠵᠣᠬᠢᠶᠠᠬᠤ ᠳᠤ ᠬᠡᠷᠡᠭᠯᠡᠨ᠎ᠡ᠃ | ᠡᠯ᠎ᠡ ᠪᠠᠯᠭᠠᠰᠤ᠂ ᠬᠡᠷᠡᠭ ᠡᠷᠬᠢᠯᠡᠬᠦ ᠭᠠᠵᠠᠷ ᠤᠳ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ | ᠲᠥᠰᠦᠪ ᠤᠨ ᠬᠦᠰᠦᠨᠦᠭᠲᠦ ᠶᠢ ᠨᠠᠶᠢᠷᠠᠭᠤᠯᠤᠨ ᠵᠣᠬᠢᠶᠠᠬᠤ ᠶᠢ ᠴᠢᠬᠤᠯᠠᠴᠢᠯᠠᠵᠤ᠂ ᠲᠥᠯᠥᠪᠯᠡᠭᠡ ᠶᠣᠰᠣᠭᠠᠷ | ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠵᠦᠢᠯᠡᠰ ᠢ ᠮᠡᠳᠡᠭᠦᠯᠬᠦ ᠶᠣᠰᠣᠲᠠᠶ ᠶᠢ ᠨᠢ ᠪᠦᠬᠦᠨ ᠢ | ᠮᠡᠳᠡᠭᠦᠯᠵᠦ᠂ ᠲᠠᠭᠯᠠᠬᠤ ᠶᠣᠰᠣᠲᠠᠶ ᠶᠢ ᠨᠢ ᠪᠦᠬᠦᠨ ᠢ ᠲᠠᠭᠯᠠᠵᠤ᠂ ᠲᠥᠷᠥᠯ ᠵᠦᠢᠯ ᠤᠨ ᠡᠯᠧᠮᠧᠨ᠋ᠲ ᠤᠨ ᠪᠦᠷᠢᠨ | ᠪᠦᠲᠦᠨ ᠴᠢᠨᠠᠷ ᠢ ᠦᠨᠡᠨᠬᠦ ᠪᠠᠲᠤᠯᠠᠬᠤ ᠬᠡᠷᠡᠭᠲᠡᠶ᠃ | |