ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ | ᠠᠵᠢᠯ ᠤᠨ ᠵᠥᠪᠯᠡᠯ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠬᠤᠶᠢᠴᠢ | ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ᠃ ᠬᠠᠶᠢᠨᠠᠨ | ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ | ᠴᠡᠴᠡᠷᠯᠢᠭ ᠲᠤ ︽ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠬᠦ᠂ | ᠬᠠᠯᠠᠮᠵᠢᠯᠠᠨ ᠬᠠᠶᠢᠷᠠᠯᠠᠬᠤ ᠠᠵᠢᠯ ᠢ ᠰᠠᠶᠢᠲᠤᠷ ᠬᠢᠬᠦ︾ ᠪᠠᠷ ᠭᠤᠤᠯ ᠰᠡᠳᠦᠪ ᠪᠣᠯᠭᠠᠭᠰᠠᠨ ᠠᠵᠢᠯᠯᠠᠭ᠎ᠠ ᠶᠢ ᠵᠣᠬᠢᠶᠠᠨ | ᠪᠠᠶᠢᠭᠤᠯᠤᠨ ᠥᠷᠨᠢᠭᠦᠯᠪᠡ᠃ | ᠡᠨᠡ ᠤᠳᠠᠭᠠᠨ ᠤ ᠠᠵᠢᠯᠯᠠᠭ᠎ᠠ ᠨᠢ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠦᠨ ᠪᠤᠶᠢᠵᠢᠬᠤ ᠶᠢ | ᠬᠠᠯᠠᠮᠵᠢᠯᠠᠬᠤ᠂ ᠰᠤᠷᠭᠠᠨ ᠬᠥᠮᠦᠵᠢᠭᠦᠯᠬᠦ᠂ ᠬᠥᠮᠦᠵᠢᠭᠦᠯᠬᠦ᠂ ᠬᠠᠪᠰᠤᠷᠬᠤ ᠪᠠᠷ ᠵᠣᠷᠢᠯᠭ᠎ᠠ ᠪᠣᠯᠭᠠᠵᠤ᠂ ᠰᠤᠷᠭᠠᠭᠤᠯᠢ | ︵ᠴᠡᠴᠡᠷᠯᠢᠭ︶ ᠶᠢᠨ ᠨᠠᠮ ᠤᠨ ᠪᠠᠶᠢᠭᠤᠯᠤᠯᠲᠠ ᠪᠠᠷ ᠬᠠᠶᠢᠷ᠎ᠠ ᠬᠠᠯᠠᠮᠵᠢ ᠶᠢ ᠳᠠᠶᠢᠴᠢᠯᠠᠬᠤ ᠪᠠᠷ ᠭᠠᠷᠳᠠᠴᠠ ᠪᠣᠯᠭᠠᠵᠤ᠂ | ᠰᠤᠷᠭᠠᠭᠤᠯᠢ ︵ᠴᠡᠴᠡᠷᠯᠢᠭ︶ ᠶᠢᠨ ᠠᠵᠢᠯ ᠤᠨ ᠵᠥᠪᠯᠡᠯ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ | ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠠᠵᠢᠯ ᠤᠨ ᠵᠣᠬᠢᠶᠠᠨ ᠪᠠᠶᠢᠭᠤᠯᠬᠤ ᠬᠦᠴᠦᠨ᠂ ᠨᠥᠯᠥᠭᠡᠯᠡᠬᠦ | ᠬᠦᠴᠦᠨ ᠪᠠ ᠨᠢᠭᠲᠠᠷᠠᠯ ᠤᠨ ᠬᠦᠴᠦᠨ ᠢ ᠳᠡᠭᠡᠭᠰᠢᠯᠡᠭᠦᠯᠪᠡ᠃ | ᠲᠣᠰ ᠤᠳᠠᠭᠠᠨ ᠤ ᠠᠵᠢᠯᠯᠠᠭ᠎ᠠ ᠳᠤ ᠬᠠᠶᠢᠨᠠᠨ ᠲᠣᠭᠤᠷᠢᠭ ᠤᠨ ᠬᠤᠶᠢᠴᠢ ᠦᠶ᠎ᠡ ᠪᠠᠨ ᠬᠠᠯᠠᠮᠵᠢᠯᠠᠬᠤ | ᠠᠵᠢᠯ ᠤᠨ ᠵᠥᠪᠯᠡᠯ ᠤᠨ ᠪᠠᠶᠢᠩᠭᠤ ᠶᠢᠨ ᠳᠡᠳ᠋ ᠡᠷᠬᠢᠯᠡᠭᠴᠢ ᠸᠠᠩ ᠶᠦᠩ ᠯᠢᠶᠠᠩ ᠰᠤᠷᠭᠠᠭᠤᠯᠢ ᠳᠤ ᠬᠦᠷᠴᠦ | ᠲᠣᠭᠤᠷᠢᠨ ᠦᠵᠡᠵᠦ ᠵᠢᠭᠠᠨ ᠵᠢᠯᠣᠭᠤᠳᠴᠤ᠂ ᠰᠤᠷᠭᠠᠨ ᠬᠥᠮᠦᠵᠢᠯ ᠤᠨ ᠲᠣᠪᠴᠢᠶᠠᠨ ᠤ ᠳᠠᠷᠤᠭ᠎ᠠ ᠵᠢᠴᠢ ᠬᠠᠮᠢᠶ᠎ᠠ | ᠪᠥᠬᠦᠶ ᠰᠤᠷᠭᠠᠭᠤᠯᠢ ︵ᠴᠡᠴᠡᠷᠯᠢᠭ︶ ᠶᠢᠨ ᠬᠠᠷᠢᠭᠤᠴᠠᠯᠭᠠᠲᠠᠨ ᠢ ᠲᠤᠰᠬᠠᠶᠢᠯᠠᠨ ᠤᠷᠢᠵᠤ ᠲᠣᠭᠤᠷᠢᠨ | ᠰᠤᠷᠤᠯᠴᠠᠭᠤᠯᠪᠠ᠃ ᠸᠠᠩ ᠶᠦᠩ ᠯᠢᠶᠠᠩ ᠰᠤᠷᠭᠠᠭᠤᠯᠢ ᠶᠢᠨ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠢ ᠳᠡᠭᠡᠳᠦ | ᠬᠡᠮᠵᠢᠶ᠎ᠡ ᠪᠠᠷ ᠮᠠᠭᠲᠠᠨ ᠰᠠᠶᠢᠰᠢᠶᠠᠵᠤ᠂ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠶ ᠥᠷᠨᠢᠭᠦᠯᠵᠦ᠂ | ᠰᠢᠨ᠎ᠡ ᠶᠢ ᠡᠭᠦᠳᠬᠦ ᠲᠠᠯ᠎ᠠ ᠪᠠᠷ ᠬᠢᠯᠠᠰ ᠴᠡᠭ ᠲᠠᠢ ᠪᠠᠶᠢᠨ᠎ᠠ ᠭᠡᠵᠦ ᠦᠵᠡᠪᠡ᠃ ᠡᠭᠦᠨ ᠤ ᠬᠠᠮᠲᠤ ᠡᠯ᠎ᠡ | ᠰᠤᠷᠭᠠᠭᠤᠯᠢ ᠶᠢᠨ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ ᠲᠤᠷᠰᠢᠯᠭ᠎ᠠ ᠪᠠᠨ ᠤᠯᠠᠮ ᠨᠢᠭᠡ ᠠᠯᠬᠤᠮ | ᠰᠤᠷᠤᠯᠴᠠᠨ ᠳ᠋ᠦᠩᠨᠡᠵᠦ᠂ ᠰᠢᠨ᠎ᠡ ᠶᠢ ᠡᠭᠦᠳᠬᠦ ᠡᠷᠴᠢᠮ ᠢᠶᠠᠨ ᠴᠢᠩᠭᠠᠷᠠᠭᠤᠯᠤᠨ᠂ ᠦᠷ᠎ᠡ ᠪᠦᠲᠦᠭᠡᠯ ᠢᠯᠡᠭᠦᠬᠡᠨ | ᠭᠠᠷᠭᠠᠵᠤ᠂ ᠦᠨᠳᠦᠰᠦᠨ ᠱᠠᠲᠤᠨ ᠤ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ ᠤᠨ | ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ︽ᠲᠠᠪᠤᠨ ᠠᠬᠠᠮᠠᠳ︾ ᠤᠨ ᠰᠠᠶᠢᠨ ᠳᠤᠷ᠎ᠠ ᠶᠢᠨ | ᠠᠵᠢᠯᠯᠠᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠩ ᠶᠡᠭᠡ ᠨᠡᠶᠢᠯᠡᠮᠡᠯ ᠬᠦᠴᠦᠨ ᠢ ᠪᠣᠶ ᠪᠣᠯᠭᠠᠵᠤ᠂ | ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠨᠠᠩ ᠲᠦᠷᠭᠡᠨ ᠨᠠᠩ ᠰᠠᠶᠢᠨ ᠬᠥᠭᠵᠢᠯᠲᠡ ᠶᠢ ᠠᠬᠢᠭᠤᠯᠬᠤ ᠶᠢ | ᠬᠦᠰᠡᠵᠦ ᠪᠠᠶᠢᠨ᠎ᠠ ᠭᠡᠵᠡᠶ᠃ | ᠮᠠᠨ ᠤ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠶᠣᠰᠣ ᠰᠤᠷᠲᠠᠬᠤᠨ ᠢᠶᠠᠷ ᠬᠥᠮᠦᠨ ᠢ | ᠬᠥᠮᠦᠵᠢᠭᠦᠯᠬᠦ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠪᠠᠨ ᠢᠮᠠᠭᠲᠠ ᠪᠠᠲᠤ ᠴᠡᠭᠡᠵᠢᠯᠡᠵᠦ᠂ ᠨᠠᠮ ᠤᠨ | ᠰᠤᠷᠭᠠᠨ ᠬᠥᠮᠦᠵᠢᠯ ᠤᠨ ᠴᠢᠭᠯᠡᠯᠲᠡ ᠶᠢ ᠪᠠᠷᠢᠮᠲᠠᠯᠠᠵᠤ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ | ᠵᠥᠪᠯᠡᠯ ᠤᠨ ᠤᠷᠢᠶᠠᠯᠠᠭ᠎ᠠ ᠶᠢ ᠢᠳᠡᠪᠬᠢᠲᠡᠶ ᠴᠤᠤᠷᠢᠶᠠᠲᠤᠨ ᠳᠠᠭᠠᠵᠤ᠂ ᠴᠢᠨᠠᠷ ᠰᠠᠶᠢᠲᠠᠶ ᠲᠡᠩᠴᠡᠭᠦᠷᠢᠲᠡᠶ ᠡᠭᠦᠳᠦᠨ | ᠪᠠᠶᠢᠭᠤᠯᠤᠭᠰᠠᠨ ᠰᠠᠶᠢᠨ ᠰᠠᠶᠢᠬᠠᠨ ᠳᠠᠪᠠᠭᠤᠯᠢᠭ ᠢ ᠰᠠᠶᠢᠲᠤᠷ ᠠᠰᠢᠭᠯᠠᠵᠤ᠂ ᠬᠤᠶᠢᠴᠢ ᠦᠶ᠎ᠡ ᠶᠢᠨ ᠬᠢᠨ ᠢ | ᠬᠠᠯᠠᠮᠵᠢᠯᠠᠬᠤ ᠠᠵᠢᠯ ᠤᠨ ᠲᠠᠯ᠎ᠠ ᠪᠠᠷ ᠬᠦᠴᠦ ᠣᠷᠣᠭᠤᠯᠵᠤ᠂ ᠠᠷᠭ᠎ᠠ ᠬᠡᠮᠵᠢᠶ᠎ᠡ ᠠᠪᠴᠤ᠂ ᠵᠠᠯᠠᠭᠤᠴᠤᠳ | ᠪᠠᠭᠠᠴᠤᠳ ᠢ ᠬᠠᠪᠰᠤᠷᠤᠨ ᠣᠶᠤᠨ ᠤᠬᠠᠭᠠᠨ ᠤ ᠳᠠᠯᠳᠠ ᠴᠢᠳᠠᠪᠤᠷᠢ ᠶᠢ ᠨᠢ ᠨᠡᠭᠡᠭᠡᠵᠦ᠂ ᠶᠡᠷᠦᠩᠬᠡᠶᠢᠯᠡᠭᠰᠡᠨ ᠬᠡᠪ | ᠴᠢᠨᠠᠷ ᠢ ᠨᠢ ᠳᠡᠭᠡᠭᠰᠢᠯᠡᠭᠦᠯᠵᠦ᠂ ᠣᠶᠤᠨ ᠰᠠᠨᠠᠭᠠᠨ ᠤ ᠠᠮᠢᠳᠤᠷᠠᠯ ᠢ ᠨᠢ ᠪᠠᠶᠠᠯᠢᠭᠵᠢᠭᠤᠯᠵᠤ᠂ ᠵᠥᠪ ᠴᠢᠭᠯᠡᠯ ᠢᠶᠠᠷ | ᠡᠷᠡᠭᠦᠯ ᠢᠶᠠᠷ ᠦᠰᠦᠨ ᠪᠤᠶᠢᠵᠢᠬᠤ ᠶᠢ ᠠᠬᠢᠭᠤᠯᠵᠤ᠂ ᠨᠠᠰᠤᠨ ᠳᠤ ᠨᠡᠩ ᠰᠠᠶᠢᠨ ᠢᠶᠠᠷ ᠴᠢᠳᠠᠪᠤᠷᠢᠲᠠᠨ ᠪᠣᠯᠵᠤ᠂ | ᠤᠯᠤᠰ ᠲᠤ ᠰᠢᠯᠢᠳᠡᠭ ᠴᠢᠳᠠᠪᠤᠷᠢᠲᠠᠨ ᠢ ᠬᠥᠮᠦᠵᠢᠭᠦᠯᠵᠦ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ | ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠪᠣᠯᠤᠨ᠎ᠠ᠃ |