ᠬᠠᠮᠤᠬ ᠤᠨ ᠰᠢᠨ᠎ᠡ ᠰᠤᠳᠤᠯᠭᠠᠨ ᠳᠤ ᠤᠯᠵᠤ ᠮᠡᠳᠡᠭᠰᠡᠨ ᠢᠶᠠᠷ᠂ ᠤᠬᠢᠶᠠᠯᠠᠭ᠎ᠠ ᠶᠢᠨ ᠡᠳ᠋ ᠬᠡᠷᠡᠭᠯᠡᠬᠦ ᠨᠢ | ᠠᠭᠤᠰᠬᠢᠨ ᠡᠪᠡᠳᠴᠢᠨ ᠳᠤ ᠨᠡᠷᠪᠡᠭᠳᠡᠬᠦ ᠲᠦᠭᠰᠢᠬᠦᠷᠢ ᠶᠢ ᠨᠡᠮᠡᠭᠳᠡᠬᠦᠯᠦᠨ᠎ᠡ᠃ ᠰᠤᠳᠤᠯᠭᠠᠨ ᠳᠤ ᠭᠡᠯᠡᠬᠦ ᠪᠠᠷ | ᠴᠠᠶᠢᠷᠠᠭᠤᠯᠬᠤ ᠡᠳ᠋᠂ ᠠᠷᠢᠭᠤᠳᠬᠠᠬᠤ ᠰᠢᠩᠭᠡᠨ ᠦᠷᠬᠦᠯᠵᠢ ᠬᠡᠷᠡᠭᠯᠡᠪᠡᠯ ᠤᠳᠠᠭᠠᠨ ᠴᠢᠨᠠᠷᠳᠠᠢ ᠠᠭᠤᠰᠬᠢᠨ ᠤ ᠪᠦᠭᠯᠡᠷᠡᠯ | ᠪᠤᠯᠬᠤ ᠨᠤᠷᠮ᠎ᠠ 32% ᠢᠶᠠᠷ ᠲᠡᠭᠡᠭᠰᠢᠯᠡᠬᠦᠯᠳᠡᠭ᠃ ᠳᠤᠰ ᠰᠤᠳᠤᠯᠭᠠᠨ ᠢ ᠹᠷᠠᠨᠼᠢ ᠶᠢᠨ ᠤᠯᠤᠰ ᠤᠨ ᠡᠷᠡᠬᠦᠯ | ᠬᠠᠮᠠᠭᠠᠯᠠᠯ ᠬᠢᠭᠡᠳ ᠠᠨᠠᠭᠠᠬᠤ ᠤᠬᠠᠭᠠᠨ ᠤ ᠰᠤᠳᠤᠯᠭᠠᠨ ᠤ ᠭᠠᠵᠠᠷ ᠤᠨ ᠰᠤᠳᠤᠯᠭᠠᠳᠠᠳ ᠬᠢᠵᠡᠢ᠃ ᠰᠤᠳᠤᠯᠭᠠᠳᠠᠳ 5. | 5 ᠲᠦᠮᠡᠨ ᠡᠮᠡᠭᠳᠡᠢ ᠰᠤᠪᠢᠯᠠᠬᠴᠢ ᠪᠠᠷ ᠰᠤᠳᠤᠯᠭᠠᠨ ᠤ ᠨᠢᠭᠤᠷᠯᠠᠯ ᠪᠤᠯᠭᠠᠨ᠂ ᠲᠡᠳᠡᠨ ᠤ ᠡᠯ᠎ᠡ ᠵᠦᠢᠯ ᠤᠨ | ᠠᠷᠢᠭᠤᠳᠬᠠᠬᠤ ᠡᠳ᠋ ᠲᠠᠢ ᠬᠦᠷᠦᠯᠴᠡᠭᠰᠡᠨ ᠭᠡᠮᠵᠢᠶ᠎ᠡ ᠶᠢ ᠤᠢᠢᠯᠠᠭᠠᠬᠤ ᠶᠢᠨ ᠬᠠᠮᠳᠤ ᠡᠳᠡᠭᠡᠷ ᠬᠦᠷᠦᠯᠴᠡᠭᠡ ᠬᠢᠭᠡᠳ | ᠤᠳᠠᠭᠠᠨ ᠴᠢᠨᠠᠷᠳᠠᠢ ᠠᠭᠤᠰᠬᠢᠨ ᠤ ᠪᠦᠭᠯᠡᠷᠡᠯ ᠤᠨ ᠬᠤᠭᠤᠷᠤᠨᠳᠤᠬᠢ ᠬᠤᠯᠪᠤᠭ᠎ᠠ ᠶᠢ ᠰᠤᠳᠤᠯᠵᠠᠢ᠃ 2009 | ᠤᠨ ᠳᠤ ᠳᠤᠰ ᠰᠤᠳᠤᠯᠭᠠᠨ ᠡᠬᠢᠯᠡᠬᠦ ᠦᠶᠡᠰ ᠰᠤᠳᠤᠯᠭᠠᠨ ᠳᠤ ᠤᠷᠤᠯᠴᠠᠭᠰᠠᠨ ᠠᠵᠢᠯ ᠤᠨ ᠪᠠᠶᠢᠷᠢᠨ ᠳᠠᠭᠠᠨ | ᠪᠠᠶᠢᠭᠰᠠᠨ ᠰᠤᠪᠢᠯᠠᠬᠴᠢᠳ ᠴᠦᠮ ᠡᠷᠡᠬᠦᠯ ᠴᠢᠬᠢᠷᠠᠭ ᠪᠠᠶᠢᠪᠠ᠃ ᠭᠡᠶ᠎ᠡ 8 ᠵᠢᠯ ᠤᠨ ᠳᠠᠷᠠᠭ᠎ᠠ᠂ 663 ᠰᠤᠪᠢᠯᠠᠬᠴᠢ | ᠤᠳᠠᠭᠠᠨ ᠴᠢᠨᠠᠷᠳᠠᠢ ᠠᠭᠤᠰᠬᠢᠨ ᠤ ᠪᠦᠭᠯᠡᠷᠡᠯ ᠲᠠᠢ ᠪᠤᠯᠤᠭᠰᠠᠨ ᠢᠶᠠᠷ ᠤᠨᠤᠰᠢᠯᠠᠭᠳᠠᠪᠠ᠃ ᠰᠤᠳᠤᠯᠭᠠᠳᠠᠳ ᠡᠳᠡᠭᠡᠷ | ᠰᠤᠪᠢᠯᠠᠭᠴᠢ ᠶᠢᠨ ᠴᠠᠶᠢᠷᠠᠭᠤᠯᠬᠤ ᠡᠳ᠋᠂ ᠠᠷᠢᠭᠤᠳᠬᠠᠬᠤ ᠰᠢᠩᠭᠡᠨ ᠲᠠᠢ ᠬᠦᠷᠦᠯᠴᠡᠬᠦ ᠪᠠᠶᠢᠳᠠᠯ ᠳᠤ ᠦᠨᠡᠯᠡᠯᠳᠡ | ᠵᠠᠳᠠᠯᠤᠯᠳᠠ ᠬᠢᠬᠦ ᠶᠢᠨ ᠬᠠᠮᠳᠤ ᠳᠠᠮᠠᠬᠢ ᠳᠠᠳᠠᠬᠤ᠂ ᠨᠠᠰᠤ ᠵᠢᠯ᠂ ᠮᠠᠬᠠᠪᠤᠳ ᠪᠠ ᠠᠷᠠᠰᠤᠳᠠᠨ ᠶᠠᠰᠤᠳᠠᠨ ᠵᠡᠷᠭᠡ ᠶᠢᠨ | ᠰᠤᠳᠤᠯᠭᠠᠨ ᠤ ᠦᠷ᠎ᠡ ᠳ᠋ᠦᠩ ᠢ ᠨᠦᠯᠦᠭᠡᠯᠡᠵᠦ ᠮᠡᠳᠡᠬᠦ ᠤᠯᠠᠨ ᠡᠯᠧᠮᠧᠨ᠋ᠲ ᠢ ᠭᠠᠷᠭᠠᠭᠰᠠᠨ ᠤ ᠳ᠋ᠦᠩ ᠳᠤ | ᠡᠮᠨᠡᠯᠭᠡ ᠶᠢᠨ ᠬᠤᠷᠢᠶᠠᠨ ᠤ ᠠᠷᠢᠭᠤᠳᠬᠠᠬᠤ᠂ ᠤᠬᠢᠶᠠᠯᠠᠭ᠎ᠠ ᠳᠤ ᠦᠷᠬᠦᠯᠵᠢ ᠭᠡᠷᠡᠭᠯᠡᠳᠡᠭ ᠴᠠᠶᠢᠷᠠᠭᠤᠯᠬᠤ ᠡᠳ᠋᠂ ᠳᠠᠪᠬᠤᠷ | ᠬᠦᠴᠢᠯᠳᠦ᠋ᠷᠦᠭᠴᠢᠳᠦ ᠤᠰᠤ᠂ ᠰᠫᠢᠷᠲ ᠵᠡᠷᠭᠡ ᠨᠢ ᠴᠦᠮ ᠤᠳᠠᠭᠠᠨ ᠴᠢᠨᠠᠷᠳᠠᠢ ᠠᠭᠤᠰᠬᠢᠨ ᠤ ᠪᠦᠭᠯᠡᠷᠡᠯ ᠲᠠᠢ | ᠬᠤᠯᠪᠤᠭ᠎ᠠ ᠲᠠᠢ ᠪᠠᠶᠢᠵᠤ᠂ ᠡᠪᠡᠳᠴᠢᠯᠡᠬᠦ ᠨᠤᠷᠮ᠎ᠠ ᠶᠢ 24% ~ 32% ᠢᠶᠠᠷ ᠨᠡᠮᠡᠭᠳᠡᠬᠦᠯᠳᠡᠭ ᠢ ᠢᠯᠡᠷᠡᠬᠦᠯᠵᠡᠢ᠃ | ︵ᠠᠷᠡᠳ ᠤᠨ ᠰᠦᠯᠵᠢᠶ᠎ᠠ︶ | | |