11 ᠰᠠᠷ᠎ᠠ ᠶᠢᠨ 27 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠷᠠᠰᠢᠵᠦ᠋ᠩ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ | ᠬᠤᠷᠢᠶᠠᠨ ᠤ ᠱᠦᠵᠢ ᠵᠠᠩ ᠽᠧ ᠢᠦᠢ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶᠠᠨ ᠤ ︵ᠥᠷᠭᠡᠳᠬᠡᠭᠰᠡᠨ︶ | ᠬᠤᠷᠠᠯ ᠢ ᠡᠷᠬᠢᠯᠡᠨ ᠬᠤᠷᠠᠯᠳᠤᠭᠤᠯᠵᠤ᠂ 10 ᠰᠠᠷ᠎ᠠ ᠶᠢᠨ 28 ᠤ ᠡᠳᠦᠷ ᠨᠠᠮ ᠤᠨ ᠲᠥᠪ ᠬᠤᠷᠢᠶᠠᠨ ᠤ ᠤᠯᠤᠰ | ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ | ᠰᠢ ᠶᠢᠨ ᠫᠢᠩ ᠬᠤᠪᠧᠢ ᠳᠤ ᠰᠢᠨᠵᠢᠯᠡᠨ ᠪᠠᠶᠢᠴᠠᠭᠠᠵᠤ᠂ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ | ᠲᠣᠪᠴᠢᠶᠠᠨ ᠤ ᠠᠷᠪᠠᠨ ᠳᠣᠯᠣᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ᠂ ᠮᠤᠵᠢ ᠶᠠᠮᠤᠨ ᠤ ᠲᠡᠰ ᠤᠨ | ᠭᠤᠣᠯ ᠤᠳᠤᠷᠢᠳᠬᠤ ᠺᠠᠳ᠋ᠷᠴᠤᠳ ᠤᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ | ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠰᠤᠳᠤᠯᠤᠨ | ᠶᠠᠷᠢᠯᠴᠠᠬᠤ ᠠᠩᠬᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠰᠤᠷᠤᠯᠴᠠᠨ ᠲᠤᠭᠤᠰᠢᠯᠠᠭᠤᠯᠵᠤ᠂ ᠨᠡᠶᠢᠭᠡᠮ ᠤᠨ ᠠᠵᠢᠯ᠂ ᠠᠷᠠᠳ ᠤᠨ ᠶᠠᠪᠤᠳᠠᠯ ᠤᠨ ᠠᠵᠢᠯ ᠳᠤ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠪᠠᠷ᠂ ᠭᠤᠸᠠᠩᠳᠦ᠋ᠩ ᠤᠨ ᠵᠦᠬᠠᠢ ᠬᠠᠢ ᠬᠤᠳᠠ ᠶᠢᠨ ᠲᠡᠷᠭᠡ ᠵᠢᠯᠣᠭᠤᠳᠴᠤ | ᠮᠥᠷᠭᠦᠯᠳᠦᠭᠰᠡᠨ ᠬᠡᠷᠡᠭ ᠲᠤ ᠴᠢᠬᠤᠯᠠ ᠵᠢᠭᠠᠪᠤᠷᠢ ᠥᠭᠴᠦ᠂ ︽ᠦᠨᠡᠨ︾ ᠰᠡᠳᠬᠦᠯ ᠳᠤ ᠨᠡᠶᠢᠲᠡᠯᠡᠭᠰᠡᠨ ︽ᠴᠢᠨᠠᠷ | ᠰᠠᠶᠢᠲᠠᠢ ᠭᠦᠢᠴᠡᠳ ᠠᠵᠢᠯ ᠣᠯᠭᠤᠯᠲᠠ ᠶᠢ ᠠᠬᠢᠭᠤᠯᠬᠤ︾᠂ ︽ᠰᠢ ᠶᠢᠨ ᠫᠢᠩ᠄ ᠰᠣᠶᠣᠯ ᠤᠨ ᠥᠪ ᠢ ᠬᠠᠮᠠᠭᠠᠯᠠᠨ | ᠪᠠᠳᠠᠷᠠᠭᠤᠯᠬᠤ ᠶᠢ ᠴᠢᠩᠭᠠᠳᠬᠠᠶ᠎ᠠ︾ ᠭᠡᠬᠦ ᠴᠢᠬᠤᠯᠠ ᠵᠣᠬᠢᠶᠠᠯ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠲᠠᠯᠠᠢ ᠲᠠᠩᠭᠢᠰ ᠤᠨ ᠶᠡᠭᠡ ᠰᠤᠷᠭᠠᠭᠤᠯᠢ ᠶᠢᠨ ᠪᠦᠬᠦ ᠪᠠᠭᠰᠢ ᠰᠤᠷᠤᠭᠴᠢᠳ ᠲᠤ ᠥᠭᠭᠦᠭᠰᠡᠨ ᠬᠠᠷᠢᠭᠤ | ᠵᠠᠬᠢᠳᠠᠯ ᠤᠨ ᠵᠣᠷᠢᠭ ᠰᠠᠨᠠᠭ᠎ᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠦᠬᠡ ᠶᠢᠨ | ᠳᠤᠷᠠᠰᠬᠠᠯᠲᠤ ᠵᠦᠢᠯᠡᠰ ᠢ ᠬᠠᠮᠠᠭᠠᠯᠠᠬᠤ ᠬᠠᠤᠯᠢ︾᠂ ︽ᠰᠢ ᠶᠢᠨ ᠫᠢᠩ ᠤᠨ ᠲᠡᠦᠬᠡ ᠶᠢᠨ ᠳᠤᠷᠠᠰᠬᠠᠯᠲᠤ | ᠵᠦᠢᠯᠡᠰ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢᠨ ᠲᠡᠭᠦᠪᠦᠷᠢ︾ ᠶᠢ ᠪᠢᠴᠢᠭ ᠢᠶᠠᠷ ᠤᠯᠠᠮᠵᠢᠯᠠᠪᠠ᠃ | ᠵᠡᠭᠡᠯᠢ ᠭᠤᠳᠤᠮᠵᠢ ᠶᠢᠨ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠵᠡᠭᠡᠯᠢ ᠭᠤᠳᠤᠮᠵᠢ ᠶᠢᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠥᠭᠡᠷᠡᠴᠢᠯᠡᠯᠲᠡ ᠶᠢ | ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠠᠯᠢ ᠤᠯᠠᠨ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ | ᠨᠤᠲᠠᠯᠠᠯᠲᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠢᠭᠡ ᠪᠦᠯᠦᠭ ᠰᠢᠪᠲᠤᠯᠤᠯᠲᠠ ᠶᠢᠨ ᠴᠢᠨᠠᠷᠲᠠᠢ᠂ | ᠬᠦᠳᠦᠯᠦᠨ ᠳᠠᠭᠠᠭᠤᠯᠬᠤ ᠴᠢᠨᠠᠷᠲᠠᠢ᠂ ᠪᠦᠲᠦᠭᠡᠯᠴᠢ ᠴᠢᠨᠠᠷᠲᠠᠢ ᠨᠡᠶᠢᠭᠡᠮ ᠲᠣᠭᠤᠷᠢᠭ ᠤᠨ ᠠᠵᠤ ᠠᠬᠤᠢ ᠶᠢᠨ | ᠬᠥᠭᠵᠢᠯᠲᠡ ᠶᠢᠨ ᠠᠷᠭ᠎ᠠ ᠬᠡᠮᠵᠢᠶ᠎ᠡ ᠶᠢ ᠪᠦᠬᠦ ᠬᠦᠴᠦᠨ ᠢᠶᠠᠷ ᠢᠶᠠᠨ ᠬᠡᠷᠡᠭᠵᠢᠭᠦᠯᠵᠦ᠂ ᠨᠡᠶᠢᠭᠡᠮ ᠤᠨ ᠵᠠᠰᠠᠯᠲᠠ ᠶᠢ | ᠬᠥᠭᠵᠢᠯᠲᠡ ᠶᠢᠨ ᠬᠡᠷᠡᠭᠴᠡᠭᠡ᠂ ᠠᠷᠠᠳ ᠤᠨ ᠠᠮᠢᠳᠤᠷᠠᠯ ᠤᠨ ᠬᠠᠨᠳᠤᠰᠢ᠂ ᠤᠯᠠᠨ ᠲᠦᠮᠡᠨ ᠤ ᠬᠦᠰᠡᠯ ᠡᠷᠡᠮᠡᠯᠵᠡᠯ ᠲᠠᠢ | ᠣᠨᠣᠪᠴᠢᠲᠠᠢ ᠵᠣᠯᠭᠠᠭᠤᠯᠬᠤ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ | ᠰᠠᠨᠠᠭ᠎ᠠ ᠶᠢ ᠪᠠᠲᠤ ᠪᠤᠢ ᠪᠣᠯᠭᠠᠵᠤ᠂ ᠣᠨᠴᠠᠭᠠᠢ ᠬᠥᠮᠦᠰ ᠪᠣᠯᠤᠨ ᠤᠯᠠᠨ ᠲᠦᠮᠡᠨ ᠤ ᠠᠩᠬᠠᠷᠴᠤ ᠪᠠᠶᠢᠭ᠎ᠠ | ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠨ ᠠᠷᠠᠳ ᠤᠨ ᠠᠮᠢᠳᠤᠷᠠᠯ ᠤᠨ ᠪᠠᠲᠤᠯᠠᠭ᠎ᠠ᠂ | ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠪᠣᠯᠤᠨ ᠦᠨᠳᠦᠰᠦᠨ ᠨᠡᠶᠢᠭᠡᠮ ᠤᠨ ᠦᠢᠯᠡᠴᠢᠯᠡᠭᠡ ᠶᠢ ᠲᠠᠰᠤᠷᠠᠯᠳᠠ | ᠦᠭᠡᠢ ᠴᠢᠩᠭᠠᠳᠬᠠᠬᠤ ᠬᠡᠷᠡᠭᠲᠡᠢ᠃ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠠᠵᠢᠯ ᠤᠨ ᠴᠢᠬᠤᠯᠠ | ᠴᠢᠨᠠᠷ ᠢ ᠭᠦᠢᠴᠡᠳ ᠲᠠᠨᠢᠵᠤ᠂ ᠰᠦᠯᠵᠢᠶᠡᠨ ᠤ ᠠᠵᠢᠯᠲᠠᠨ ᠪᠠ ᠵᠥᠷᠢᠴᠡᠯ ᠵᠢᠭᠤᠷᠠᠯᠳᠤᠭᠠᠨ ᠢ ᠡᠶᠡᠳᠡᠭᠦᠯᠬᠦ ᠠᠵᠢᠯ ᠤᠨ | ᠲᠠᠰᠤᠭ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠯᠠᠮᠵᠢᠯᠠᠨ ᠲᠣᠬᠤᠨᠢᠭᠤᠯᠬᠤ᠂ ᠤᠷᠮ᠎ᠠ ᠰᠡᠳᠬᠢᠯᠭᠡ ᠶᠢ | ᠲᠠᠶᠢᠳᠬᠤᠷᠠᠭᠤᠯᠬᠤ ᠪᠠ ᠦᠢᠯᠡᠴᠢᠯᠡᠭᠡᠨ ᠤ ᠬᠠᠮᠢᠶᠠᠷᠤᠯᠲᠠ ᠶᠢᠨ ᠬᠠᠮᠲᠤ ᠬᠠᠷᠢᠶ᠎ᠠ ᠣᠷᠣᠨ ᠤ ᠲᠣᠭᠲᠠᠭᠤᠨ ᠪᠤᠰᠤ | ᠬᠦᠴᠦᠨ ᠵᠦᠢᠯ ᠢ ᠬᠠᠮᠤᠭ ᠤᠨ ᠶᠡᠭᠡ ᠬᠡᠮᠵᠢᠶ᠎ᠡ ᠪᠠᠷ ᠠᠷᠢᠯᠭᠠᠬᠤ ᠬᠡᠷᠡᠭᠲᠡᠶ᠃ | ᠬᠤᠷᠠᠯ ᠠᠴᠠ ᠪᠠᠰᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠢᠭᠤᠴᠠ ᠶᠢ | ᠬᠠᠮᠠᠭᠠᠯᠠᠬᠤ ᠬᠠᠤᠯᠢ︾ ᠶᠢᠨ ᠪᠠᠶᠢᠭᠤᠯᠭ᠎ᠠ᠂ ᠨᠢᠭᠡᠴᠡ ᠶᠢᠨ ᠨᠢᠭᠤᠴᠠ ᠶᠢ ᠬᠠᠮᠠᠭᠠᠯᠠᠬᠤ ᠠᠵᠢᠯ ᠤᠨ | ᠬᠠᠷᠢᠭᠤᠴᠠᠯᠭ᠎ᠠ ᠶᠢᠨ ᠲᠦᠷᠢᠮ ᠤᠨ ᠲᠤᠬᠠᠢ ᠲᠣᠭᠲᠠᠭᠠᠯ ᠢ ᠤᠯᠠᠮᠵᠢᠯᠠᠨ ᠰᠤᠷᠤᠯᠴᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |