ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠳ᠋ᠢᠩ ᠸᠧᠢ ᠨᠥᠬᠦᠷ ᠭᠦᠬᠤᠰᠣ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/12/11
      11 ᠰᠠᠷ᠎ᠠ ᠶᠢᠨ 28 ᠤ ᠡᠳᠦᠷ ᠤᠨ ᠦᠳᠡ ᠶᠢᠨ ᠬᠤᠶᠢᠨ᠎ᠠ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠠᠩ ᠳ᠋ᠢᠩ ᠸᠧᠶ ᠨᠥᠬᠦᠷ ᠵᠢᠴᠢ ᠬᠠᠮᠢᠶ᠎ᠠ ᠪᠥᠬᠦᠶ ᠠᠵᠢᠯᠲᠠᠳ ᠭᠦᠬᠤᠰᠣ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯᠯᠠᠭᠠᠨ ᠤ ᠪᠠᠶᠢᠳᠠᠯ ᠪᠠ ᠲᠥᠯᠥᠭᠡᠯᠡᠭᠴᠢ ᠶᠢᠨ ᠡᠭᠦᠷᠭᠡ ᠲᠤᠰᠢᠶᠠᠯ ᠢᠶᠠᠨ ᠭᠦᠶ᠋ᠴᠡᠳᠬᠡᠭᠰᠡᠨ ᠪᠠᠶᠢᠳᠠᠯ ᠢ ᠪᠠᠶᠢᠴᠠᠭᠠᠨ ᠰᠤᠳᠤᠯᠪᠠ᠃ ᠪᠠᠶᠢᠴᠠᠭᠠᠨ ᠰᠤᠳᠤᠯᠬᠤ ᠳᠤᠭᠤᠶᠢᠯᠠᠩ ᠭᠦᠨᠤᠰᠤ ᠪᠠᠯᠭᠠᠰᠤᠨ ᠤ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶ᠋ᠯ ᠤᠨ ︽ᠭᠦᠨᠤᠰᠤ ᠪᠠᠯᠭᠠᠰᠤᠨ ᠤ ᠰᠢᠨ ᠢᠦᠶ ᠵᠠᠬ᠎ᠠ ᠳᠡᠯᠭᠡᠭᠦᠷ ᠬᠢᠭᠡᠳ ᠬᠠᠭᠤᠴᠢᠨ ᠵᠠᠬ᠎ᠠ ᠳᠡᠯᠭᠡᠭᠦᠷ ᠤᠨ ᠳᠤᠮᠳᠠᠬᠢ ᠵᠠᠮ ᠢ ᠥᠭᠡᠷᠡᠴᠢᠯᠡᠬᠦ ᠢᠨᠵᠧᠨᠧᠷᠢᠩ︾ ᠵᠢᠴᠢ ᠲᠥᠯᠥᠭᠡᠯᠡᠭᠴᠢᠳ ᠤᠨ ᠳᠤᠷᠠᠳᠤᠭᠰᠠᠨ ︽ᠭᠦᠬᠤᠰᠣ ᠪᠠᠯᠭᠠᠰᠤᠨ ᠤ ᠠᠭᠤᠳᠠᠮ ᠲᠠᠯᠠᠪᠠᠶ ᠶᠢᠨ ᠵᠣᠷᠯᠣᠩ ᠳᠤ ᠳᠤᠯᠠᠭᠠᠯᠠᠭ᠎ᠠ ᠶᠢᠨ ᠲᠥᠬᠦᠭᠡᠷᠦᠮᠵᠢ ᠤᠭᠰᠠᠷᠠᠬᠤ︾ ᠲᠤᠬᠠᠶ ᠰᠠᠨᠠᠭᠤᠯᠭ᠎ᠠ ᠶᠢ ᠪᠡᠶᠡᠯᠡᠭᠦᠯᠦᠭᠰᠡᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠵᠤ᠂ ᠳᠠᠷᠠᠭ᠎ᠠ ᠨᠢ ᠬᠦᠬᠤᠰᠣ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠡᠷ ᠪᠦᠯᠢ ᠳᠤ ᠬᠦᠷᠴᠦ ᠶᠠᠷᠢᠯᠴᠠᠬᠤ ᠬᠤᠷᠠᠯ ᠥᠷᠨᠢᠭᠦᠯᠵᠦ᠂ ᠬᠦᠬᠤᠰᠣ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ᠂ ᠲᠥᠯᠥᠭᠡᠯᠡᠭᠴᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠶ᠋ᠴᠡᠳᠬᠡᠬᠦ ᠪᠣᠯᠪᠠᠰᠤᠷᠠᠯ᠂ ᠲᠥᠯᠥᠭᠡᠯᠡᠭᠴᠢ ᠶᠢᠨ ᠰᠠᠨᠠᠯ ᠳᠤ ᠬᠠᠷᠢᠭᠤᠯᠲᠠ ᠥᠭᠬᠦ ᠵᠡᠷᠭᠡ ᠬᠤᠯᠪᠣᠭᠳᠠᠯ ᠪᠥᠬᠦᠶ ᠠᠵᠢᠯ ᠤᠨ ᠪᠠᠶᠢᠳᠠᠯ ᠢ ᠨᠠᠷᠢᠨ ᠰᠣᠨᠣᠰᠤᠭᠰᠠᠨ ᠪᠥᠭᠡᠳ ᠲᠥᠯᠥᠭᠡᠯᠡᠭᠴᠢᠳ ᠤᠨ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠶ᠋ᠴᠡᠳᠬᠡᠬᠦ᠂ ᠰᠠᠨᠠᠯ ᠰᠠᠨᠠᠭᠤᠯᠭ᠎ᠠ ᠶᠢ ᠭᠦᠶ᠋ᠴᠡᠳᠬᠡᠬᠦ᠂ ᠲᠥᠯᠥᠭᠡᠯᠡᠭᠴᠢᠳ ᠤᠨ ᠲᠤᠰᠢᠶᠠᠯ ᠬᠠᠷᠢᠭᠤᠴᠠᠯᠭ᠎ᠠ ᠪᠠᠨ ᠭᠦᠶ᠋ᠴᠡᠳᠬᠡᠬᠦ ᠢᠳᠡᠪᠬᠢᠵᠢᠯ ᠪᠠ ᠵᠢᠷᠤᠮᠵᠢᠯ ᠢ ᠳᠡᠭᠡᠭᠰᠢᠯᠡᠭᠦᠯᠬᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯᠯᠠᠭ᠎ᠠ ᠶᠢᠨ ᠵᠠᠷᠤᠳᠠᠯ ᠢ ᠥᠨᠳᠥᠷ ᠪᠦᠲᠦᠮᠵᠢᠲᠡᠶ ᠪᠠᠷ ᠬᠡᠷᠡᠭᠯᠡᠬᠦ ᠵᠡᠷᠭᠡ ᠠᠵᠢᠯ ᠤᠨ ᠲᠤᠬᠠᠶ ᠭᠦᠨᠵᠡᠭᠡᠶ ᠰᠤᠳᠤᠯᠤᠨ ᠶᠠᠷᠢᠯᠴᠠᠪᠠ᠃      ᠵᠠᠩ ᠡᠷᠬᠢᠯᠡᠭᠴᠢ ᠴᠢᠬᠤᠯᠠᠴᠢᠯᠠᠭᠰᠠᠨ ᠨᠢ᠂ ᠰᠢᠶᠠᠩ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠰᠠᠶᠢᠲᠤᠷ ᠬᠢᠬᠦ ᠳᠤ ︽ᠭᠤᠷᠪᠠᠨ ᠵᠦᠢᠯ ᠤᠨ ᠠᠵᠢᠯ︾ ᠢ ᠬᠦᠴᠦᠲᠡᠶ ᠪᠥᠭᠡᠳ ᠡᠮᠬᠢ ᠵᠢᠷᠤᠮ ᠲᠠᠢ ᠰᠠᠶᠢᠲᠤᠷ ᠬᠢᠬᠦ ᠬᠡᠷᠡᠭᠲᠡᠶ᠃ ᠨᠢᠭᠡ ᠳᠤ᠂ ᠰᠢᠶᠠᠩ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠵᠢᠯ ᠤᠨ ᠭᠤᠣᠯᠳᠠᠯᠭ᠎ᠠ ᠪᠠᠨ ᠳᠣᠪᠤᠶᠢᠯᠭᠠᠵᠤ᠂ ᠣᠨ ᠤ ᠲᠥᠯᠥᠪᠵᠢᠭᠦᠯᠭᠡ ᠪᠠᠨ ᠰᠠᠶᠢᠲᠤᠷ ᠬᠢᠵᠦ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ ᠲᠥᠯᠥᠭᠡᠯᠡᠭᠴᠢᠳ ᠢ ᠵᠣᠬᠢᠶᠠᠨ ᠪᠠᠶᠢᠭᠤᠯᠤᠨ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠭᠦᠨᠵᠡᠭᠡᠶ ᠣᠶᠢᠯᠠᠭᠠᠭᠤᠯᠵᠤ᠂ ᠲᠥᠯᠥᠭᠡᠯᠡᠭᠴᠢᠳ ᠤᠨ ᠰᠠᠨᠠᠭᠤᠯᠭ᠎ᠠ ᠶᠢ ᠴᠢᠨᠠᠷ ᠰᠠᠶᠢᠲᠠᠢ ᠪᠣᠯᠭᠠᠬᠤ ᠬᠡᠷᠡᠭᠲᠡᠢ᠃ ᠬᠤᠶᠠᠷ ᠲᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠠᠷᠤᠳᠠᠯ ᠤᠨ ᠬᠠᠮᠢᠶᠠᠷᠤᠯᠲᠠ ᠶᠢ ᠴᠢᠩᠭᠠᠳᠬᠠᠵᠤ᠂ ᠵᠠᠷᠤᠳᠠᠯ ᠤᠨ ᠬᠠᠮᠢᠶᠠᠷᠤᠯᠲᠠ ᠬᠡᠷᠡᠭᠯᠡᠯᠲᠡ ᠶᠢᠨ ᠠᠷᠭ᠎ᠠ ᠶᠢ ᠴᠢᠩᠭ᠎ᠠ ᠵᠢᠷᠤᠮᠯᠠᠨ ᠲᠣᠬᠢᠷᠠᠭᠤᠯᠤᠨ ᠬᠡᠷᠡᠭᠯᠡᠵᠦ᠂ ᠵᠠᠷᠤᠳᠠᠯ ᠢ ᠭᠦᠢᠴᠡᠳ ᠰᠠᠶᠢᠲᠤᠷ ᠬᠡᠷᠡᠭᠯᠡᠵᠦ᠂ ᠲᠥᠯᠥᠭᠡᠯᠡᠭᠴᠢᠳ ᠤᠨ ᠭᠡᠷ ᠤᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠵᠤ᠂ ᠪᠠᠶᠢᠪᠠᠰᠤ ᠵᠣᠬᠢᠬᠤ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ ᠭᠤᠷᠪᠠ ᠳᠤ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ᠂ ᠤᠨᠴᠠᠯᠢᠬᠳᠤ ᠠᠵᠢᠯᠯᠠᠭ᠎ᠠ ᠪᠣᠯᠤᠨ ᠲᠥᠯᠥᠭᠡᠯᠡᠭᠴᠢᠳ ᠤᠨ ᠦᠢᠯᠡ ᠠᠵᠢᠯᠯᠠᠭ᠎ᠠ ᠶᠢ ᠦᠢᠯᠡᠳᠦᠯᠭᠡᠵᠢᠭᠦᠯᠬᠦ ᠳᠡᠭᠡᠷ᠎ᠡ ᠬᠦᠴᠦ ᠲᠠᠯᠪᠢᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠪᠦᠬᠦᠯᠢ ᠴᠣᠭᠴᠠ ᠶᠢᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠳᠠᠷᠠᠭᠠᠴᠢ ᠶᠢᠨ ᠠᠯᠬᠤᠮ ᠳᠤ᠂ ᠭᠦᠨ ᠤᠰᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠬᠤᠲᠠ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠪᠠᠷᠢᠮᠲᠠᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠠᠷᠢᠯᠴᠠᠬᠤ ᠦᠷᠳᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠭᠦᠨ ᠤᠰᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠨᠡᠩ ᠥᠨᠳᠥᠷ ᠲᠦᠪᠰᠢᠨ ᠲᠡᠰᠢ ᠨᠡᠩ ᠴᠢᠨᠠᠷ ᠰᠠᠶᠢᠲᠠᠢ ᠬᠥᠭᠵᠢᠬᠦ ᠶᠢ ᠲᠠᠰᠤᠷᠠᠯᠲᠠ ᠦᠭᠡᠢ ᠠᠬᠢᠭᠤᠯᠤᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号