ᠷᠠᠰᠠᠩ ᠰᠦᠮ᠎ᠡ ᠪᠠᠯᠭᠠᠰᠤ ᠳᠥᠷᠪᠡᠳᠦᠭᠡᠷ ᠬᠤᠭᠤᠴᠠᠭᠠᠨ ᠤ ᠨᠠᠮ ᠤᠨ ᠬᠤᠷᠢᠶ᠎ᠠ ᠶᠢᠨ 106 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/12/11
      11 ᠰᠠᠷ᠎ᠠ ᠶᠢᠨ 26 ᠤ ᠡᠳᠦᠷ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠶᠠᠩ ᠶᠤᠸᠠᠢ ᠯᠦᠩ ᠷᠠᠰᠠᠩ ᠰᠦᠮ᠎ᠡ ᠪᠠᠯᠭᠠᠰᠤᠨ ᠤ ᠳᠥᠷᠪᠡᠳᠦᠭᠡᠷ ᠬᠤᠭᠤᠴᠠᠭᠠᠨ ᠤ ᠨᠠᠮ ᠤᠨ ᠬᠤᠷᠢᠶᠠᠨ ᠤ 106 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠺᠠᠳ᠋ᠷ ᠤᠨ ᠡᠩᠨᠡᠭᠡᠨ ᠤ ᠰᠤᠷᠲᠠᠯ ᠤᠨ ᠪᠠᠶᠢᠭᠤᠯᠤᠯᠲᠠ ᠶᠢᠨ ᠲᠤᠬᠠᠶ ᠴᠢᠬᠤᠯᠠ ᠥᠭᠦᠯᠡᠯᠲᠡ᠂ ᠶᠡᠷᠦᠩᠬᠡᠶ ᠱᠦᠵᠢ ᠰᠢ ᠶᠢᠨ ᠫᠢᠩ ᠤᠨ ᠨᠢᠭᠤᠴᠠ ᠶᠢ ᠬᠠᠮᠠᠭᠠᠯᠠᠬᠤ ᠠᠵᠢᠯ ᠤᠨ ᠲᠤᠬᠠᠶ ᠴᠢᠬᠤᠯᠠ ᠣᠶᠢᠯᠠᠭᠠᠭᠳᠠᠬᠤᠨ ᠪᠠ ᠦᠢᠯᠡᠳᠦᠯᠭᠡ ᠶᠢᠨ ᠬᠡᠪ ᠳᠠᠭᠤᠷᠢᠶᠠᠯ ᠪᠣᠯᠵᠣ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠢᠭᠤᠴᠠ ᠶᠢ ᠬᠠᠮᠠᠭᠠᠯᠠᠬᠤ ᠬᠠᠤᠯᠢ︾ ᠪᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠢᠭᠤᠴᠠ ᠶᠢ ᠬᠠᠮᠠᠭᠠᠯᠠᠬᠤ ᠬᠠᠤᠯᠢ ᠶᠢ ᠬᠡᠷᠡᠭᠵᠢᠭᠦᠯᠬᠦ ᠲᠦᠷᠢᠮ︾ ᠢ ᠤᠯᠠᠮᠵᠢᠯᠠᠨ ᠰᠤᠷᠤᠯᠴᠠᠵᠤ᠂ ᠮᠠᠨ ᠤ ᠪᠠᠯᠭᠠᠰᠤᠨ ᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠰᠢᠨ᠎ᠡ ᠴᠠᠭ ᠦᠶ᠎ᠡ ᠶᠢᠨ ᠰᠤᠷᠲᠠᠯ ᠤᠨ ᠪᠠᠶᠢᠭᠤᠯᠤᠯᠲᠠ ᠶᠢᠨ ᠵᠣᠷᠢᠭ ᠰᠠᠨᠠᠭᠠᠨ ᠤ ᠴᠢᠬᠤᠯᠠ ᠠᠭᠤᠯᠭ᠎ᠠ ᠪᠣᠯᠤᠨ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠤᠢᠢᠯᠠᠭᠠᠨ ᠡᠵᠡᠮᠰᠢᠵᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠴᠡᠭᠴᠡᠯᠡᠨ ᠵᠠᠰᠠᠵᠤ᠂ ᠵᠢᠷᠭᠠᠨ ᠴᠡᠩᠭᠡᠬᠦ ᠦᠵᠡᠯ᠂ ᠱᠠᠯᠢᠨ ᠪᠦᠷᠢᠯᠭᠡᠬᠦ ᠰᠤᠷᠲᠠᠯ ᠢ ᠦᠷᠭᠦᠯᠵᠢᠯᠡᠨ ᠵᠠᠯᠠᠷᠠᠭᠤᠯᠤᠨ ᠵᠠᠰᠠᠵᠤ᠂ ᠤᠯᠤᠰ ᠲᠦᠷᠦ ᠶᠢᠨ ᠪᠠᠶᠢᠭᠤᠯᠤᠯᠲᠠ ᠪᠠᠷ ᠰᠤᠷᠲᠠᠯ ᠤᠨ ᠪᠠᠶᠢᠭᠤᠯᠤᠯᠲᠠ ᠶᠢᠨ ᠤᠬᠠᠮᠰᠠᠷᠲᠤ ᠴᠢᠨᠠᠷ ᠪᠣᠯᠤᠨ ᠡᠷᠡᠰ ᠪᠠᠲᠤ ᠴᠢᠨᠠᠷ ᠢ ᠦᠨᠡᠨ ᠬᠦ ᠴᠢᠩᠭᠠᠳᠬᠠᠬᠤ ᠬᠡᠷᠡᠭᠲᠡᠢ᠃ ᠨᠢᠭᠤᠴᠠ ᠶᠢ ᠬᠠᠮᠠᠭᠠᠯᠠᠬᠤ ᠤᠬᠠᠮᠰᠠᠷ ᠢᠶᠠᠨ ᠴᠢᠩᠭᠠᠳᠬᠠᠵᠤ᠂ ᠴᠢᠬᠤᠯᠠ ᠠᠵᠢᠯ ᠤᠨ ᠪᠠᠶᠢᠷᠢ᠂ ᠭᠤᠣᠯᠳᠠᠯᠭ᠎ᠠ ᠲᠠᠢ ᠬᠦᠷᠢᠶ᠎ᠡ᠂ ᠰᠡᠷᠭᠡᠭ ᠭᠤᠭᠴᠤᠭ᠎ᠠ ᠶᠢᠨ ᠨᠢᠭᠤᠴᠠ ᠳᠤ ᠬᠤᠯᠪᠣᠭᠳᠠᠬᠤ ᠮᠡᠳᠡᠭᠡ ᠵᠠᠩᠭᠢ ᠵᠢᠴᠢ ᠪᠢᠴᠢᠭ ᠮᠠᠲ᠋ᠧᠷᠢᠶᠠᠯ ᠤᠨ ᠬᠠᠮᠢᠶᠠᠷᠤᠯᠲᠠ ᠪᠠᠨ ᠴᠢᠩᠭᠠᠳᠬᠠᠵᠤ᠂ ᠨᠢᠭᠤᠴᠠ ᠶᠢ ᠬᠠᠮᠠᠭᠠᠯᠠᠬᠤ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠷᠢᠯᠢᠭ ᠳᠠᠷᠤᠵᠤ᠂ ᠨᠢᠭᠤᠴᠠ ᠶᠢ ᠬᠠᠮᠠᠭᠠᠯᠠᠵᠤ ᠥᠪᠡᠷ ᠢᠶᠠᠨ ᠦᠨᠡᠯᠡᠬᠦ ᠠᠵᠢᠯ ᠢ ᠨᠠᠷᠢᠨ ᠬᠢᠨᠠᠮᠠᠭᠠᠢ ᠥᠷᠨᠢᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠨᠢᠭᠤᠴᠠ ᠶᠢ ᠬᠠᠮᠠᠭᠠᠯᠠᠬᠤ ᠰᠠᠨᠠᠭᠤᠯᠤᠮᠵᠢ ᠥᠭᠴᠦ᠂ ︽ᠬᠠᠷᠢᠭᠤᠴᠠᠯᠭ᠎ᠠ ᠶᠢ ᠰᠡᠳᠬᠢᠯ ᠠᠴᠠ ᠪᠠᠨ ᠮᠡᠳᠡᠵᠦ᠂ ᠥᠪᠡᠷ ᠤᠨ ᠪᠡᠶ᠎ᠡ ᠳᠡᠭᠡᠨ ᠡᠭᠦᠷᠭᠡᠯᠡᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ︾ ᠠᠵᠢᠯᠯᠠᠭ᠎ᠠ ᠪᠠᠷ ᠪᠦᠬᠦ ᠪᠠᠯᠭᠠᠰᠤᠨ ᠤ ᠨᠢᠭᠤᠴᠠ ᠶᠢ ᠬᠠᠮᠠᠭᠠᠯᠠᠬᠤ ᠠᠵᠢᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠬᠡᠷᠡᠭᠲᠡᠢ᠃ ᠵᠢᠵᠢᠭᠦᠷᠯᠡᠨ ᠰᠠᠬᠢᠬᠤ ᠠᠵᠢᠯ ᠤᠨ ᠱᠠᠭᠠᠷᠳᠠᠯᠭ᠎ᠠ ᠶᠢ ᠣᠨᠣᠪᠴᠢᠲᠠᠶ ᠡᠵᠡᠮᠰᠢᠵᠦ᠂ 24 ᠴᠠᠭ ᠢᠶᠠᠷ ᠵᠢᠵᠢᠭᠦᠷᠯᠡᠨ ᠰᠠᠬᠢᠬᠤ ᠲᠦᠷᠢᠮ ᠢ ᠴᠢᠩᠭ᠎ᠠ ᠬᠡᠷᠡᠭᠵᠢᠭᠦᠯᠵᠦ᠂ ᠡᠯ᠎ᠡ ᠱᠠᠲᠤᠨ ᠤ ᠵᠢᠵᠢᠭᠦᠷᠯᠡᠬᠦ ᠲᠠᠰᠤᠭ ᠤᠨ ᠤᠲᠠᠰᠤ᠂ ᠭᠡᠨᠡᠳᠲᠡ ᠶᠢᠨ ᠬᠡᠷᠡᠭ ᠢ ᠮᠡᠳᠡᠭᠦᠯᠦᠨ ᠬᠦᠷᠭᠡᠬᠦ ᠴᠠᠭ ᠤᠨ ᠬᠢᠵᠠᠭᠠᠷ ᠢ ᠰᠠᠶᠢᠨ ᠮᠡᠳᠡᠵᠦ᠂ ᠪᠠᠴᠢᠮ ᠬᠡᠷᠡᠭ ᠢ ᠰᠢᠢᠳᠪᠦᠷᠢᠯᠡᠬᠦ ᠪᠠ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠠᠵᠢᠯ ᠢ ᠬᠢᠨᠠᠮᠠᠭᠠᠶ ᠰᠠᠶᠢᠲᠤᠷ ᠬᠢᠵᠦ᠂ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠡᠭᠡᠯᠵᠢ ᠲᠤᠰᠢᠶᠠᠬᠤ ᠪᠠ ᠭᠥᠯᠢᠶᠡᠨ ᠠᠪᠬᠤ ᠭᠠᠷᠳᠠᠮ ᠢ ᠵᠢᠷᠤᠮᠵᠢᠭᠤᠯᠵᠤ᠂ ᠵᠢᠵᠢᠭᠦᠷᠯᠡᠬᠦ ᠠᠵᠢᠯ ᠤᠨ ᠲᠤᠰᠢᠶᠠᠬᠤ ᠪᠠ ᠭᠥᠯᠢᠶᠡᠨ ᠠᠪᠬᠤ ᠪᠠᠨ ᠲᠠᠰᠤᠯᠳᠠᠭᠤᠯᠬᠤ ᠥᠬᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号