ᠬᠠᠲᠤᠨ ᠭᠤᠤᠯ ᠤᠨ ᠰᠠᠪᠠ ᠭᠠᠵᠠᠷ ᠤᠨ ᠥᠪᠥᠷ ᠮᠣᠩᠭᠤᠯ ᠤᠨ ᠨᠢᠩᠰᠢᠶᠠ ᠶᠢᠨ ᠬᠡᠰᠡᠭ ᠤᠨ ᠬᠤᠯᠪᠣᠭᠠᠯᠠᠨ ᠲᠣᠭᠤᠷᠢᠨ ᠪᠠᠶᠢᠴᠠᠭᠠᠬᠤ ᠵᠢᠴᠢ ᠬᠢᠯᠢ ᠠᠯᠤᠰᠯᠠᠭᠰᠠᠨ ᠭᠤᠤᠯ ᠮᠥᠷᠡᠨ ᠨᠠᠭᠤᠷ ᠴᠥᠭᠦᠷᠥᠮ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠵᠦ ᠬᠤᠯᠪᠣᠭᠠᠯᠠᠨ ᠵᠠᠰᠠᠬᠤ ᠬᠠᠮᠵᠢᠯᠴᠠᠭ᠎ᠠ ᠶᠢᠨ ᠶᠠᠷᠢᠯᠴᠠᠬᠤ ᠬᠤᠷᠠᠯ ᠬᠠᠶᠢᠨᠠᠨ ᠲᠣᠭᠤᠷᠢᠭ ᠲᠤ ᠬᠤᠷᠠᠯᠳᠤᠪᠠ
ᠨᠡᠶᠢᠲᠡᠯᠡᠭᠰᠡᠨ ᠴᠠᠭ᠄
2024/12/11
      ᠥᠪᠥᠷ ᠮᠣᠩᠭᠤᠯ᠂ ᠨᠢᠩᠰᠢᠶᠠ ᠶᠢᠨ ᠬᠢᠯᠢ ᠠᠯᠤᠰᠯᠠᠭᠰᠠᠨ ᠭᠤᠣᠯ ᠮᠥᠷᠡᠨ ᠤ ᠬᠠᠮᠠᠭᠠᠯᠠᠯᠲᠠ ᠵᠠᠰᠠᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠶᠡᠭᠡ ᠬᠠᠮᠠᠭᠠᠯᠠᠯᠲᠠ ᠶᠡᠭᠡ ᠬᠠᠮᠵᠢᠯᠴᠠᠭᠠᠨ ᠤ ᠪᠠᠶᠢᠷᠢᠰᠢᠯ ᠢ ᠪᠠᠶᠢᠭᠤᠯᠤᠨ ᠲᠡᠭᠦᠯᠳᠡᠷᠵᠢᠭᠦᠯᠬᠦ ᠶᠢᠨ ᠲᠥᠯᠥᠭᠡ᠂ 12 ᠰᠠᠷ᠎ᠠ ᠶᠢᠨ 5 ᠤ ᠡᠳᠦᠷ᠂ ᠬᠠᠳᠤᠨ ᠭᠤᠣᠯ ᠤᠨ ᠰᠠᠪᠠ ᠭᠠᠵᠠᠷ ᠤᠨ ᠥᠪᠥᠷ ᠮᠣᠩᠭᠤᠯ ᠤᠨ ᠨᠢᠩᠰᠢᠶᠠ ᠶᠢᠨ ᠬᠡᠰᠡᠭ ᠲᠠᠬᠢ ᠬᠤᠯᠪᠣᠭᠠᠯᠠᠨ ᠴᠠᠭᠳᠠᠬᠤ ᠭᠤᠣᠯ ᠮᠥᠷᠡᠨ ᠬᠢᠭᠡᠳ ᠬᠢᠯᠢ ᠠᠯᠤᠰᠯᠠᠭᠰᠠᠨ ᠭᠤᠣᠯ ᠮᠥᠷᠡᠨ ᠨᠠᠭᠤᠷ ᠴᠥᠭᠦᠷᠥᠮ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠵᠦ ᠬᠤᠯᠪᠣᠭᠠᠯᠠᠨ ᠵᠠᠰᠠᠬᠤ ᠬᠠᠮᠵᠢᠯᠴᠠᠭᠠᠨ ᠤ ᠶᠠᠷᠢᠯᠴᠠᠬᠤ ᠬᠤᠷᠠᠯ ᠬᠠᠶᠢᠨᠠᠨ ᠲᠣᠭᠤᠷᠢᠭ ᠲᠤ ᠬᠤᠷᠠᠯᠳᠤᠪᠠ᠃ ᠬᠤᠢ ᠨᠦᠩ ᠲᠣᠭᠤᠷᠢᠭ᠂ ᠫᠢᠩ ᠯᠦᠸᠧ ᠰᠢᠶᠠᠨ᠂ ᠣᠲᠤᠭ ᠬᠤᠰᠢᠭᠤ᠂ ᠠᠯᠠᠱᠠ ᠠᠶᠢᠮᠠᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠭᠤᠤᠯ ᠤᠨ ᠳᠠᠷᠤᠭ᠎ᠠ ᠶᠢᠨ ᠲᠦᠷᠢᠮ ᠤᠨ ᠠᠯᠪᠠᠨ ᠬᠡᠷ᠂ ᠦᠬᠠᠶ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ᠂ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ᠂ ᠬᠠᠶᠢᠷᠤᠪ ᠤᠨ ᠲᠣᠬᠤᠶ ᠲᠣᠭᠤᠷᠢᠭ᠂ ᠤᠳᠠ ᠲᠣᠭᠤᠷᠢᠭ᠂ ᠬᠠᠶᠢᠨᠠᠨ ᠲᠣᠭᠤᠷᠢᠭ ᠤᠨ ᠭᠤᠤᠯ ᠤᠨ ᠳᠠᠷᠤᠭ᠎ᠠ ᠶᠢᠨ ᠲᠦᠷᠢᠮ ᠤᠨ ᠠᠯᠪᠠᠨ ᠬᠡᠷ᠂ ᠬᠠᠶᠢᠨᠠᠨ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ᠂ ᠪᠠᠶᠠᠨᠲᠣᠬᠤᠶ ᠪᠠᠯᠭᠠᠰᠤ᠂ ᠷᠠᠰᠠᠩ ᠰᠦᠮ᠎ᠡ ᠪᠠᠯᠭᠠᠰᠤ ᠵᠡᠷᠭᠡ ᠰᠠᠯᠠᠭ᠎ᠠ ᠮᠥᠴᠢᠷ ᠬᠤᠷᠠᠯ ᠳᠤ ᠣᠷᠣᠯᠴᠠᠵᠠᠶ᠃      ᠬᠤᠷᠠᠯ ᠠᠴᠠ ︽ᠬᠠᠳᠤᠨ ᠭᠤᠣᠯ ᠤᠨ ᠰᠠᠪᠠ ᠭᠠᠵᠠᠷ ᠤᠨ ᠮᠤᠵᠢ ᠠᠯᠤᠰᠯᠠᠭᠰᠠᠨ ᠭᠤᠣᠯ ᠮᠥᠷᠡᠨ ᠨᠠᠭᠤᠷ ᠴᠥᠭᠦᠷᠥᠮ ᠤᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠵᠦ ᠬᠤᠯᠪᠣᠭᠠᠯᠠᠨ ᠵᠠᠰᠠᠬᠤ ᠵᠢᠯᠣᠭᠤᠳᠬᠤ ᠰᠠᠨᠠᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠬᠠᠳᠤᠨ ᠭᠤᠣᠯ ᠤᠨ ᠨᠢᠩᠰᠢᠶᠠ ᠥᠪᠥᠷ ᠮᠣᠩᠭᠤᠯ ᠤᠨ ᠭᠤᠣᠯ ᠤᠨ ᠬᠡᠰᠡᠭ ᠤᠨ ᠰᠦᠩ ᠬᠠᠯᠢᠶ᠎ᠠ ᠶᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠬᠠᠶᠢᠨᠠᠨ ᠲᠣᠭᠤᠷᠢᠭ ᠤᠨ ᠤᠢᠢᠷ᠎ᠠ ᠶᠢᠨ ᠵᠢᠯ ᠤᠨ ︽ᠭᠤᠣᠯ ᠮᠥᠷᠡᠨ ᠤ ᠳᠠᠷᠤᠭ᠎ᠠ ᠶᠢᠨ ᠳᠦᠷᠢᠮ︾ ᠤᠨ ᠨᠠᠶᠢᠳᠠᠪᠤᠷᠢᠵᠢᠭᠤᠯᠤᠯᠲᠠ ᠵᠢᠴᠢ ᠭᠤᠣᠯ ᠮᠥᠷᠡᠨ ᠤ ᠬᠠᠮᠢᠶᠠᠷᠤᠯᠲᠠ ᠶᠢᠨ ᠠᠵᠢᠯ ᠤᠨ ᠠᠬᠢᠴᠠ ᠶᠢᠨ ᠪᠠᠶᠢᠳᠠᠯ ᠢ ᠰᠣᠨᠣᠰᠴᠤ᠂ ᠬᠤᠷᠠᠯ ᠳᠤ ᠣᠷᠣᠯᠴᠠᠭᠰᠠᠨ ᠬᠤᠰᠢᠭᠤ ᠰᠢᠶᠠᠨ ᠲᠣᠭᠤᠷᠢᠭ᠂ ᠪᠠᠯᠭᠠᠰᠤᠨ ᠤ ᠰᠠᠯᠠᠭ᠎ᠠ ᠮᠥᠴᠢᠷ ᠤᠨ ᠬᠢᠨ ᠭᠤᠣᠯ ᠤᠨ ᠵᠠᠮ ᠤᠨ ᠬᠠᠮᠢᠶᠠᠷᠤᠯᠲᠠ ᠬᠠᠮᠠᠭᠠᠯᠠᠯᠲᠠ᠂ ᠭᠤᠣᠯ ᠮᠥᠷᠡᠨ ᠤ ᠳᠠᠷᠤᠭ᠎ᠠ ᠶᠢᠨ ᠳᠦᠷᠢᠮ ᠤᠨ ᠠᠵᠢᠯ ᠤᠨ ᠲᠤᠷᠰᠢᠯᠭ᠎ᠠ ᠶᠢᠨ ᠦᠷ᠎ᠡ ᠪᠦᠲᠦᠭᠡᠯ ᠢᠶᠠᠨ ᠲᠡᠰ ᠳᠠᠷᠠᠭᠠᠯᠠᠨ ᠬᠤᠪᠢᠶᠠᠯᠴᠠᠵᠤ᠂ ︽ᠬᠢᠯᠢ ᠠᠯᠤᠰᠯᠠᠭᠰᠠᠨ ᠭᠤᠣᠯ ᠮᠥᠷᠡᠨ ᠤ ᠬᠡᠰᠡᠭ ᠤᠨ ᠬᠠᠮᠢᠶᠠᠷᠤᠯᠲᠠ ᠬᠠᠮᠠᠭᠠᠯᠠᠯᠲᠠ ᠶᠢᠨ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠬᠠᠮᠲᠤᠷᠠᠨ ᠪᠠᠶᠢᠭᠤᠯᠬᠤ ᠠᠵᠢᠯ ᠤᠨ ᠲᠦᠷᠢᠮ︾ ᠢ ᠬᠠᠮᠲᠤᠷᠠᠨ ᠲᠠᠷᠬᠠᠭᠠᠵᠤ᠂ ᠬᠤᠶᠠᠷ ᠮᠤᠵᠢ ᠣᠷᠣᠨ᠂ ᠲᠤᠯᠤᠭᠠᠨ ᠬᠤᠰᠢᠭᠤ ᠰᠢᠶᠠᠨ ᠲᠣᠭᠤᠷᠢᠭ ᠤᠨ ᠵᠣᠬᠢᠴᠠᠭᠤᠯᠤᠨ ᠬᠤᠯᠪᠣᠯᠳᠤᠭᠤᠯᠬᠤ ᠲᠣᠭᠲᠠᠴᠠ ᠶᠢ ᠪᠠᠶᠢᠭᠤᠯᠵᠤ᠂ ᠬᠢᠯᠢ ᠠᠯᠤᠰᠯᠠᠭᠰᠠᠨ ᠭᠤᠣᠯ ᠮᠥᠷᠡᠨ ᠤ ᠳᠡᠭᠡᠳᠦ ᠲᠤᠤᠷᠠᠳᠤ ᠤᠷᠤᠰᠬᠠᠯ᠂ ᠵᠡᠭᠦᠨ ᠪᠠᠷᠠᠭᠤᠨ ᠡᠷᠭᠢ ᠶᠢᠨ ᠬᠠᠮᠢᠶᠠᠷᠤᠨ ᠡᠵᠡᠮᠳᠡᠬᠦ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠬᠠᠮᠲᠤᠪᠠᠷ ᠰᠢᠢᠳᠪᠦᠷᠢᠯᠡᠵᠦ᠂ ᠭᠤᠣᠯ ᠮᠥᠷᠡᠨ ᠤ ᠳᠠᠷᠤᠭ᠎ᠠ ᠶᠢᠨ ᠳᠦᠷᠢᠮ ᠤᠨ ᠵᠢᠷᠭᠤᠭᠠᠨ ᠶᠡᠭᠡ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠳᠤᠨ ᠭᠤᠣᠯ ᠢ ᠠᠷᠠᠳ ᠲᠦᠮᠡᠨ ᠳᠤ ᠪᠤᠶᠠᠨ ᠦᠢᠯᠡᠳᠬᠦ ᠵᠣᠯ ᠵᠢᠷᠭᠠᠯᠲᠤ ᠭᠤᠣᠯ ᠪᠣᠯᠭᠠᠨ ᠪᠦᠳᠦᠭᠡᠨ ᠪᠠᠶᠢᠭᠤᠯᠪᠠ᠃      ᠬᠤᠷᠠᠯ ᠳᠤ ᠣᠷᠣᠯᠴᠠᠭᠰᠠᠳ ᠪᠠᠰᠠ ᠬᠠᠶᠢᠨᠠᠨ ᠲᠣᠭᠤᠷᠢᠭ ᠤᠨ ᠬᠠᠲᠤᠨ ᠭᠤᠤᠯ ᠤᠨ ᠪᠠᠷᠠᠭᠤᠨᠰᠢ ᠠᠶᠠᠯᠠᠬᠤ ᠠᠶᠠᠨᠴᠢᠨ ᠤ ᠪᠠᠭᠤᠳᠠᠯ᠂ ᠬᠠᠲᠤᠨ ᠭᠤᠤᠯ ᠤᠨ ᠤᠰᠤᠨ ᠲᠡᠭᠡᠭᠡᠪᠦᠷᠢ ᠶᠢᠨ ᠬᠥᠪᠦᠮᠡᠯ ᠬᠥᠭᠦᠷᠭᠡ᠂ ᠲᠠᠷᠢᠶᠠᠴᠢᠳ ᠲᠤ ᠠᠰᠢᠭ ᠬᠦᠷᠲᠡᠭᠡᠬᠦ ᠣᠷᠣᠨ ᠤ ᠬᠠᠲᠤᠨ ᠭᠤᠤᠯ ᠤᠨ ᠴᠡᠴᠡᠷᠯᠢᠭ᠂ ᠫᠢᠩ ᠯᠦᠸᠧ ᠰᠢᠶᠠᠨ ᠤ ᠳᠦᠰᠠᠲᠤ ᠭᠤᠤᠯ ᠤᠨ ᠡᠷᠭᠢ ᠬᠠᠮᠠᠭᠠᠯᠠᠬᠤ ᠢᠨᠵᠧᠨᠧᠷᠢᠩ ᠤᠨ ᠲᠤᠬᠠᠶ ᠶᠢᠨ ᠲᠠᠯᠠᠪᠠᠶ ᠳᠤ ᠬᠦᠷᠴᠦ ᠭᠤᠤᠯ ᠴᠠᠭᠳᠠᠬᠤ ᠠᠵᠢᠯ ᠥᠷᠨᠢᠭᠦᠯᠪᠡ᠃ ᠲᠣᠰ ᠤᠳᠠᠭᠠᠨ ᠤ ᠬᠤᠷᠠᠯ ᠢ ᠬᠤᠷᠠᠯᠳᠤᠭᠤᠯᠤᠭᠰᠠᠨ ᠨᠢ ᠭᠤᠤᠯ ᠤᠨ ᠵᠠᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠬᠠᠮᠵᠢᠯᠴᠠᠬᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ ᠬᠠᠮᠵᠢᠯᠴᠠᠨ ᠵᠠᠰᠠᠬᠤ ᠶᠢ ᠦᠷᠭᠦᠯᠵᠢᠯᠡᠨ ᠴᠢᠩᠭᠠᠳᠬᠠᠬᠤ ᠪᠠᠷ ᠳᠠᠮᠵᠢᠭᠤᠯᠤᠨ᠂ ᠳᠡᠭᠡᠳᠦ ᠳᠣᠤᠷᠠᠳᠤ ᠤᠷᠤᠰᠬᠠᠯ᠂ ᠵᠡᠭᠦᠨ ᠪᠠᠷᠠᠭᠤᠨ ᠡᠷᠭᠢ ᠶᠢᠨ ᠬᠠᠷᠢᠯᠴᠠᠨ ᠬᠥᠳᠡᠯᠦᠯᠴᠡᠵᠦ ᠬᠠᠮᠵᠢᠯᠴᠠᠬᠤ ᠶᠢ ᠠᠬᠢᠭᠤᠯᠵᠤ᠂ ᠭᠤᠤᠯ ᠮᠥᠷᠡᠨ ᠨᠠᠭᠤᠷ ᠴᠥᠭᠦᠷᠥᠮ ᠤᠨ ᠠᠮᠢ ᠠᠬᠤᠶ ᠶᠢ ᠬᠠᠮᠠᠭᠠᠯᠠᠬᠤ᠂ ᠤᠰᠤ ᠶᠢ ᠬᠠᠮᠢᠶᠠᠷᠴᠤ ᠭᠤᠤᠯ ᠮᠥᠷᠡᠨ ᠢ ᠵᠠᠰᠠᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠨᠢᠭᠲᠠᠷᠠᠭᠤᠯᠵᠤ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠭᠠᠷ ᠬᠤᠯᠪᠣᠨ ᠠᠬᠢᠭᠤᠯᠵᠤ᠂ ︽ᠶᠡᠭᠡ ᠬᠠᠮᠠᠭᠠᠯᠠᠯᠲᠠ ᠶᠢ ᠬᠠᠮᠲᠤ ᠪᠠᠷ ᠰᠠᠶᠢᠲᠤᠷ ᠠᠳᠬᠤᠵᠤ᠂ ᠶᠡᠭᠡ ᠵᠠᠰᠠᠯᠲᠠ ᠶᠢ ᠬᠠᠮᠵᠢᠯᠴᠠᠨ ᠠᠬᠢᠭᠤᠯᠬᠤ︾ ᠭᠤᠤᠯ ᠤᠨ ᠵᠠᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠰᠢᠨ᠎ᠡ ᠪᠠᠶᠢᠳᠠᠯ ᠢ ᠪᠣᠶ ᠪᠣᠯᠭᠠᠬᠤ ᠶᠢ ᠠᠬᠢᠭᠤᠯᠬᠤ ᠪᠣᠯᠤᠨ᠎ᠠ᠃
 
ᠢᠷᠡᠯᠲᠡ᠄ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号