12 ᠰᠠᠷ᠎ᠠ ᠶᠢᠨ 16 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠯᠢᠦ ᠪᠦᠦ ᠴᠧᠩ | ᠬᠠᠶᠢᠨᠠᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠳᠤ ᠪᠠᠶᠢᠴᠠᠭᠠᠨ | ᠰᠤᠳᠤᠯᠤᠯᠲᠠ ᠬᠢᠪᠡ᠃ | ᠪᠠᠶᠢᠴᠠᠭᠠᠨ ᠰᠤᠳᠤᠯᠤᠯᠲᠠ ᠶᠢᠨ ᠳᠤᠮᠳᠠ᠂ ᠯᠢᠦ ᠪᠦᠦ ᠴᠧᠩ ᠾᠧ ᠫᠢᠩ ᠠᠷᠠᠳ ᠲᠤ ᠲᠥᠬᠦᠮ ᠦᠵᠡᠭᠦᠯᠬᠦ | ᠵᠠᠬ᠎ᠠ ᠳᠡᠯᠭᠡᠭᠦᠷ ᠤᠨ ᠠᠷᠠᠳ ᠲᠤ ᠲᠥᠬᠦᠮ ᠦᠵᠡᠭᠦᠯᠬᠦ ᠳᠡᠯᠭᠡᠭᠦᠷ ᠤᠨ ᠪᠠᠶᠢᠷᠢᠯᠠᠭᠤᠯᠤᠯᠲᠠ᠂ ᠢ ᠮᠢᠨ ᠢᠯᠴᠢ | ᠰᠣᠯᠢᠯᠴᠠᠬᠤ ᠥᠷᠲᠡᠭᠡ᠂ ᠬᠠᠶᠢᠨᠠᠨ ᠲᠣᠭᠤᠷᠢᠭ ᠤᠨ ᠪᠠᠷᠢᠯᠭ᠎ᠠ ᠶᠢᠨ ᠬᠤᠭ ᠨᠣᠪᠰᠢ ᠪᠣᠯᠤᠨ ᠡᠩ ᠤᠨ ᠬᠠᠲᠠᠭᠤ | ᠪᠡᠶᠡᠲᠦ ᠬᠠᠶᠠᠭᠳᠠᠮᠠᠯ ᠪᠣᠳᠠᠰ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠢᠳᠪᠦᠷᠢᠯᠡᠬᠦ ᠲᠥᠷᠥᠯ ᠵᠦᠢᠯ ᠵᠢᠴᠢ | ᠬᠠᠶᠢᠨᠠᠨ ᠲᠣᠭᠤᠷᠢᠭ ᠤᠨ ᠯᠣᠩᠬᠤᠨ ᠳᠤ ᠰᠠᠪᠠᠯᠠᠭᠰᠠᠨ ᠰᠢᠩᠭᠡᠨᠵᠢᠮᠡᠯ ᠬᠡᠢ ᠶᠢᠨ ᠤᠷᠢᠳᠴᠢᠯᠠᠨ ᠰᠡᠷᠡᠮᠵᠢᠯᠡᠭᠦᠯᠬᠦ | ᠲᠠᠪᠴᠠᠩ ᠤᠨ ᠠᠵᠢᠯᠯᠠᠭᠠᠨ ᠤ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ᠂ ᠬᠤᠳᠠ ᠶᠢᠨ | ᠬᠠᠮᠢᠶᠠᠷᠤᠯᠲᠠ ᠶᠢ ᠰᠠᠶᠢᠲᠤᠷ ᠠᠳᠬᠤᠬᠤ ᠨᠢ ᠬᠤᠳᠠ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ᠤᠯᠠᠨ ᠲᠦᠮᠡᠨ ᠤ | ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠬᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠶᠡᠷᠦᠩᠬᠡᠶᠢᠯᠡᠭᠰᠡᠨ ᠪᠣᠳᠠᠲᠤ ᠬᠦᠴᠦᠨ ᠢ ᠳᠡᠭᠡᠭᠰᠢᠯᠡᠭᠦᠯᠬᠦ ᠳᠤ ᠲᠦᠢᠯ ᠤᠨ ᠴᠢᠬᠤᠯᠠ ᠦᠢᠯᠡᠳᠦᠯ ᠲᠠᠢ ᠶᠤᠮ᠃ ᠦᠵᠡᠯ | ᠰᠠᠨᠠᠭ᠎ᠠ ᠲᠠᠨᠢᠯᠲᠠ ᠪᠠᠨ ᠨᠢᠭᠡᠳᠬᠡᠵᠦ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ | ᠬᠤᠳᠠ ᠶᠢᠨ ᠬᠠᠮᠢᠶᠠᠷᠤᠯᠲᠠ ᠶᠢᠨ ᠲᠦᠪᠰᠢᠨ ᠢ ᠨᠠᠷᠢᠨ ᠨᠢᠮᠪᠠᠢ ᠳᠡᠭᠡᠭᠰᠢᠯᠡᠭᠦᠯᠵᠦ᠂ ᠤᠯᠠᠨ ᠲᠦᠮᠡᠨ ᠳᠤ ᠦᠨᠡᠨ | ᠪᠣᠳᠠᠲᠠᠢ ᠠᠵᠢᠯ ᠤᠨ ᠦᠷ᠎ᠡ ᠪᠦᠲᠦᠮᠵᠢ ᠶᠢ ᠮᠡᠳᠡᠷᠡᠭᠦᠯᠬᠦ ᠬᠡᠷᠡᠭᠲᠡᠢ᠃ ᠠᠷᠠᠳ ᠲᠤ ᠲᠥᠬᠦᠮ ᠦᠵᠡᠭᠦᠯᠬᠦ ᠵᠠᠬ᠎ᠠ | ᠳᠡᠯᠭᠡᠭᠦᠷ ᠤᠨ ᠵᠠᠮ ᠬᠠᠷᠢᠯᠴᠠᠭ᠎ᠠ᠂ ᠢᠳᠡᠭᠡᠨ ᠤ ᠵᠦᠢᠯ᠂ ᠭᠠᠯ ᠤᠨᠲᠠᠷᠠᠭᠠᠬᠤ ᠠᠮᠤᠷ ᠲᠦᠪᠰᠢᠨ ᠵᠡᠷᠭᠡ ᠲᠣᠪᠤᠶᠢᠮ᠎ᠠ | ᠠᠰᠠᠭᠤᠳᠠᠯ ᠪᠠ ᠴᠢᠬᠤᠯᠠ ᠭᠤᠭᠴᠤᠭ᠎ᠠ ᠶᠢ ᠴᠢᠩᠭ᠎ᠠ ᠠᠩᠬᠠᠷᠴᠤ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠂ | ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠴᠡᠪᠡᠷ ᠴᠡᠮᠴᠡᠭᠡᠷ᠂ ᠡᠮᠬᠢ ᠵᠢᠷᠤᠮ ᠲᠠᠢ ᠵᠠᠬ᠎ᠠ | ᠳᠡᠯᠭᠡᠭᠦᠷ ᠤᠨ ᠣᠷᠴᠢᠨ ᠲᠣᠭᠤᠷᠢᠨ ᠢ ᠪᠥᠬᠦ ᠬᠦᠴᠦᠨ ᠢᠶᠠᠷ ᠢᠶᠠᠨ ᠪᠣᠶ ᠪᠣᠯᠭᠠᠬᠤ ᠬᠡᠷᠡᠭᠲᠡᠶ᠃ ᠢᠯᠴᠢ ᠬᠠᠩᠭᠠᠬᠤ | ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠢᠯᠴᠢ ᠬᠠᠩᠭᠠᠬᠤ ᠳᠤᠯᠠᠭᠠᠨ ᠤ ᠬᠡᠮᠵᠢᠶ᠎ᠡ ᠶᠢ | ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ ᠡᠵᠡᠮᠳᠡᠵᠦ᠂ ᠬᠠᠮᠢᠶᠠᠷᠤᠯᠲᠠ ᠦᠢᠯᠡᠴᠢᠯᠡᠭᠡᠨ ᠤ ᠬᠢᠷᠢ ᠲᠦᠪᠰᠢᠨ ᠢ | ᠳᠡᠭᠡᠭᠰᠢᠯᠡᠭᠦᠯᠦᠨ᠂ ᠣᠯᠠᠨ ᠲᠦᠮᠡᠨ ᠢ ᠳᠤᠯᠠᠭᠠᠨ ᠪᠦᠯᠢᠶᠡᠨ ᠡᠪᠦᠯᠵᠢᠭᠦᠯᠬᠦ ᠬᠡᠷᠡᠭᠲᠡᠶ᠃ ᠪᠠᠷᠢᠯᠭ᠎ᠠ ᠶᠢᠨ ᠬᠤᠭ ᠨᠣᠪᠰᠢ | ᠪᠤᠯᠠᠬᠤ ᠲᠠᠯᠠᠪᠠᠢ ᠶᠢ ᠰᠠᠶᠢᠲᠤᠷ ᠬᠠᠮᠢᠶᠠᠷᠤᠨ ᠰᠠᠶᠢᠲᠤᠷ ᠬᠡᠷᠡᠭᠯᠡᠵᠦ᠂ ᠢᠵᠢ ᠪᠦᠷᠢᠳᠦᠭᠦᠯᠬᠦ ᠲᠥᠬᠦᠭᠡᠷᠦᠮᠵᠢ ᠶᠢ | ᠲᠦᠷᠭᠡᠳᠬᠡᠨ ᠲᠡᠭᠦᠯᠳᠡᠷᠵᠢᠭᠦᠯᠵᠦ᠂ ᠬᠤᠭ ᠨᠣᠪᠰᠢ ᠶᠢ ᠰᠢᠢᠳᠪᠦᠷᠢᠯᠡᠬᠦ ᠴᠢᠳᠠᠪᠤᠷᠢ ᠶᠢ ᠦᠷᠭᠦᠯᠵᠢᠯᠡᠨ | ᠳᠡᠭᠡᠭᠰᠢᠯᠡᠭᠦᠯᠵᠦ᠂ ᠬᠤᠭ ᠨᠣᠪᠰᠢ ᠶᠢ ᠬᠤᠣᠷ ᠦᠭᠡᠶᠢᠵᠢᠬᠦᠯᠦᠨ ᠰᠢᠢᠳᠪᠦᠷᠢᠯᠡᠬᠦ ᠶᠢ ᠪᠠᠲᠤᠯᠠᠵᠤ᠂ ᠡᠷᠬᠢᠨ | ᠲᠣᠭᠤᠷᠢᠨ ᠤ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢ ᠪᠠᠭᠠᠰᠬᠠᠬᠤ ᠬᠡᠷᠡᠭᠲᠡᠢ᠃ ᠰᠢᠲᠠᠮᠠᠬᠠᠢ ᠬᠡᠢ ᠶᠢᠨ | ᠠᠮᠤᠷ ᠲᠦᠪᠰᠢᠨ ᠤ ᠡᠨᠡᠬᠦ ᠬᠥᠪᠴᠢ ᠶᠢ ᠴᠢᠩᠭ᠎ᠠ ᠠᠳᠬᠤᠵᠤ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ | ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠢ ᠱᠠᠯᠠᠪᠳᠠᠭᠤᠯᠤᠨ ᠠᠶᠤᠯᠭᠦᠢ | ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠶᠢᠨᠠᠨ | ᠲᠣᠭᠤᠷᠢᠭ ᠤᠨ ᠯᠣᠩᠬᠤᠨ ᠳᠤ ᠰᠠᠪᠠᠯᠠᠭᠰᠠᠨ ᠰᠢᠩᠭᠡᠨᠵᠢᠮᠡᠯ ᠬᠡᠢ ᠶᠢᠨ ᠤᠷᠢᠳᠴᠢᠯᠠᠨ ᠰᠡᠷᠡᠮᠵᠢᠯᠡᠭᠦᠯᠬᠦ ᠲᠠᠪᠴᠠᠩ ᠤᠨ | ᠦᠢᠯᠡᠳᠦᠯ ᠢ ᠰᠠᠶᠢᠲᠤᠷ ᠪᠠᠳᠠᠷᠠᠭᠤᠯᠵᠤ᠂ ᠰᠢᠲᠠᠮᠠᠬᠠᠢ ᠬᠡᠢ ᠶᠢᠨ ᠠᠮᠤᠷ ᠲᠦᠪᠰᠢᠨ ᠤ ᠬᠡᠮ ᠰᠣᠭᠤᠭ ᠢ ᠴᠠᠭ | ᠲᠤᠬᠠᠢ ᠳᠤᠨᠢ ᠢᠯᠡᠷᠡᠭᠦᠯᠵᠦ᠂ ᠰᠢᠲᠠᠮᠠᠬᠠᠢ ᠬᠡᠢ ᠶᠢᠨ ᠠᠮᠤᠷ ᠲᠦᠪᠰᠢᠨ ᠤ ᠠᠳᠡᠯ ᠭᠠᠷᠬᠤ ᠶᠢ ᠪᠦᠲᠦᠮᠵᠢᠲᠡᠢ | ᠰᠡᠷᠭᠡᠶᠢᠯᠡᠬᠦ ᠪᠠ ᠪᠠᠭᠠᠰᠬᠠᠬᠤ ᠬᠡᠷᠡᠭᠲᠡᠢ᠃ |