| | | ︽ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ | ᠠᠷᠭᠠᠴᠠᠬᠤ ᠪᠡᠯᠡᠳᠬᠡᠯ ᠲᠥᠰᠦᠯ ︵2024 ᠣᠨ ᠤ ᠬᠡᠪᠯᠡᠯ︶︾ ᠢ ᠳᠠᠷᠤᠮᠠᠯᠯᠠᠨ ᠶᠠᠪᠤᠭᠤᠯᠬᠤ ᠲᠤᠬᠠᠶ ᠬᠠᠶᠢᠨᠠᠨ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ | ᠬᠠᠶᠢᠨᠠᠨ ᠵᠠᠰᠠᠭ ᠠᠯᠪᠠᠨ ᠲᠠᠷᠬᠠᠭᠠᠭᠰᠠᠨ ﹇2020﹈ 25 ᠳ᠋ᠤᠭᠠᠷ ᠲᠣᠭᠠᠲᠤ | ᠬᠠᠶᠢᠨᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ | ︽ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ | ᠠᠷᠭᠠᠴᠠᠬᠤ ᠪᠡᠯᠡᠳᠬᠡᠯ ᠲᠥᠰᠦᠯ ︵2024 ᠣᠨ ᠤ ᠬᠡᠪᠯᠡᠯ︶︾ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ | ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠵᠠᠰᠠᠭ ᠤᠨ ᠣᠷᠳᠣᠨ ᠤ ᠡᠯ᠎ᠡ | ᠰᠠᠯᠠᠭ᠎ᠠ ᠮᠥᠴᠢᠷ᠂ ᠲᠣᠭᠤᠷᠢᠭ ᠤᠨ ᠬᠠᠷᠢᠶ᠎ᠠ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠲᠣᠭᠤᠷᠢᠭ ᠲᠤ | ᠰᠠᠭᠤᠭ᠎ᠠ ᠡᠯ᠎ᠡ ᠬᠤᠯᠪᠣᠭᠳᠠᠯ ᠪᠦᠬᠦᠢ ᠨᠢᠭᠡᠴᠡ ᠳᠤ᠄ | ᠲᠤᠭᠤᠷᠢᠭ ᠤᠨ ᠵᠠᠰᠠᠭ ᠤᠨ ᠣᠷᠳᠣᠨ ᠰᠤᠳᠤᠯᠤᠨ ᠵᠥᠪᠰᠢᠶᠡᠷᠡᠭᠡᠳ᠂ ᠡᠳᠦᠭᠡ ︽ᠦᠬᠠᠶ ᠬᠤᠲᠠ ᠶᠢᠨ ᠬᠠᠶᠢᠨᠠᠨ | ᠲᠣᠭᠤᠷᠢᠭ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ︵2024 | ᠣᠨ ᠤ ᠬᠡᠪᠯᠡᠯ︶︾ ᠢ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ | ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠶ᠃ | 2024 ᠣᠨ ᠤ 7 ᠰᠠᠷ᠎ᠠ ᠶᠢᠨ 29 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠬᠦ︶ | ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ | ᠠᠷᠭᠠᠴᠠᠬᠤ ᠪᠡᠯᠡᠳᠬᠡᠯ ᠲᠥᠰᠦᠯ | ︵2024 ᠣᠨ ᠤ ᠬᠡᠪᠯᠡᠯ︶ | 1. ᠶᠡᠷᠦᠩᠬᠡᠶ ᠳᠦᠷᠢᠮ | 1.1 ᠵᠠᠰᠠᠪᠦᠷᠢ ᠣᠷᠣᠭᠤᠯᠬᠤ ᠵᠣᠷᠢᠯᠭ᠎ᠠ | ᠬᠠᠶᠢᠨᠠᠨ ᠲᠣᠭᠤᠷᠢᠭ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠶᠢᠨ | ᠳᠠᠭᠠᠬᠤ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠬᠦᠨᠳᠦ ᠪᠣᠬᠢᠷᠲᠤᠯ ᠲᠠᠢ ᠴᠠᠭ ᠠᠭᠤᠷ ᠢ ᠴᠠᠭ ᠲᠤᠬᠠᠶ ᠳᠤᠨᠢ | ᠪᠦᠲᠦᠮᠵᠢᠲᠡᠶ ᠠᠷᠭᠠᠴᠠᠵᠤ᠂ ᠪᠠᠴᠢᠮ ᠪᠠᠶᠢᠳᠠᠯ ᠢ ᠠᠷᠭᠠᠴᠠᠬᠤ ᠶᠢᠨ ᠬᠠᠮᠲᠤᠷᠠᠨ ᠬᠥᠳᠡᠯᠦᠯᠴᠡᠬᠦ ᠪᠠ ᠬᠠᠮᠲᠤᠷᠠᠨ ᠰᠡᠷᠭᠡᠶᠢᠯᠡᠵᠦ | ᠬᠠᠮᠲᠤᠷᠠᠨ ᠡᠵᠡᠮᠳᠡᠬᠦ ᠶᠢ ᠴᠢᠩᠭᠠᠳᠬᠠᠵᠤ᠂ ᠪᠣᠬᠢᠷᠲᠤᠯ ᠤᠨ ᠬᠡᠮᠵᠢᠶ᠎ᠡ ᠶᠢ ᠦᠨᠡᠨᠬᠦ ᠪᠠᠭᠠᠰᠬᠠᠨ᠂ ᠣᠯᠠᠨ ᠨᠡᠶᠢᠲᠡ ᠶᠢᠨ ᠡᠷᠡᠭᠦᠯ | ᠮᠡᠨᠳᠦ ᠶᠢ ᠬᠠᠮᠠᠭᠠᠯᠠᠬᠤ ᠶᠢᠨ ᠲᠤᠰᠠᠳᠠ᠂ ᠲᠣᠰ ᠲᠥᠰᠦᠯ ᠢ ᠲᠣᠭᠲᠠᠭᠠᠪᠠ᠃ | 1.2 ᠵᠠᠰᠠᠪᠦᠷᠢ ᠣᠷᠣᠭᠤᠯᠬᠤ ᠦᠨᠳᠦᠰᠦᠯᠡᠯ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ︾᠂ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾᠂ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠲᠦᠷᠢᠮ︾᠂ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠬᠠᠶ ᠬᠤᠲᠠ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ | ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠲᠦᠷᠢᠮ︾᠂ ︽ᠬᠦᠨᠳᠦ ᠪᠣᠬᠢᠷᠲᠤᠯ ᠲᠠᠢ ᠴᠠᠭ ᠠᠭᠤᠷ ᠢ ᠠᠷᠭᠠᠴᠠᠬᠤ | ᠲᠣᠭᠲᠠᠴᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠶ ᠵᠢᠯᠣᠭᠤᠳᠬᠤ ᠰᠠᠨᠠᠯ︾ ︵ᠣᠷᠴᠢᠨ ᠠᠭᠠᠷ ᠮᠠᠨᠳᠠᠯ | ︹2020︺ 6 ᠳ᠋ᠤᠭᠠᠷ ᠲᠣᠭᠠᠲᠤ︶ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠠ ᠪᠢᠴᠢᠭ ᠮᠠᠲ᠋ᠧᠷᠢᠶᠠᠯ ᠤᠨ | ᠱᠠᠭᠠᠷᠳᠠᠯᠭ᠎ᠠ ᠶᠢ ᠦᠨᠳᠦᠰᠦᠯᠡᠨ᠂ ᠦᠬᠠᠶ ᠬᠤᠲᠠ ᠶᠢᠨ ᠨᠢᠭᠡᠳᠦᠯᠲᠡᠶ ᠱᠠᠭᠠᠷᠳᠠᠯᠭ᠎ᠠ ᠶᠣᠰᠣᠭᠠᠷ᠂ ᠬᠠᠶᠢᠨᠠᠨ ᠲᠣᠭᠤᠷᠢᠭ ᠤᠨ | ᠪᠣᠳᠠᠲᠤ ᠪᠠᠶᠢᠳᠠᠯ ᠲᠠᠢ ᠤᠶᠠᠯᠳᠤᠭᠤᠯᠤᠨ᠂ ︽ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠬᠦᠨᠳᠦ ᠪᠣᠬᠢᠷᠲᠤᠯ ᠲᠠᠢ ᠴᠠᠭ | ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ︵2020 ᠣᠨ ᠤ ᠬᠡᠪᠯᠡᠯ︶︾ ᠢ ᠲᠡᠭᠦᠯᠳᠡᠷᠵᠢᠭᠦᠯᠦᠭᠰᠡᠨ | ᠰᠠᠭᠤᠷᠢᠨ ᠳᠡᠭᠡᠷ᠎ᠡ᠂ ︽ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ | ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ︵2024 ᠣᠨ ᠤ ᠬᠡᠪᠯᠡᠯ︶︾ ︵ᠳᠣᠷᠣᠭᠰᠢ ︽ᠪᠠᠴᠢᠮ ᠪᠠᠶᠢᠳᠠᠯ ᠢ ᠠᠷᠭᠠᠴᠠᠬᠤ | ᠪᠡᠯᠡᠳᠬᠡᠯ ᠲᠥᠰᠦᠯ︾ ᠭᠡᠵᠦ ᠲᠣᠪᠴᠢᠯᠠᠨ᠎ᠠ︶ ᠢ ᠲᠣᠭᠲᠠᠭᠠᠪᠠ᠃ | 1.3 ᠬᠡᠷᠡᠭᠯᠡᠬᠦ ᠬᠡᠪᠴᠢᠶ᠎ᠡ | ᠲᠣᠰ ᠪᠡᠯᠡᠳᠬᠡᠯ ᠲᠥᠰᠦᠯ ᠢ ᠬᠠᠶᠢᠨᠠᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠬᠦᠨᠳᠦ ᠪᠣᠬᠢᠷᠲᠤᠯ ᠲᠠᠢ ᠴᠠᠭ | ᠠᠭᠤᠷ ᠢ ᠤᠷᠢᠳᠴᠢᠯᠠᠨ ᠰᠡᠷᠡᠮᠵᠢᠯᠡᠭᠦᠯᠬᠦ᠂ ᠬᠢᠵᠠᠭᠠᠷᠯᠠᠬᠤ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠳᠤ | ᠬᠡᠷᠡᠭᠯᠡᠨ᠎ᠡ᠃ | 1.4 ᠪᠡᠯᠡᠳᠬᠡᠯ ᠲᠥᠰᠦᠯ ᠤᠨ ᠰᠢᠰᠲ᠋ᠧᠮᠵᠢ | ᠬᠠᠶᠢᠨᠠᠨ ᠲᠣᠭᠤᠷᠢᠭ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ | ᠲᠥᠰᠦᠯ ᠤᠨ ᠰᠢᠰᠲ᠋ᠧᠮ ᠪᠣᠯ ᠬᠠᠶᠢᠨᠠᠨ ᠲᠣᠭᠤᠷᠢᠭ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ | ᠪᠡᠯᠡᠳᠬᠡᠯ ᠲᠥᠰᠦᠯ ᠤᠨ ᠰᠢᠰᠲ᠋ᠧᠮ ᠤᠨ ᠪᠦᠷᠢᠯᠳᠦᠬᠦᠨ ᠬᠡᠰᠡᠭ ᠮᠥᠨ᠃ ᠲᠣᠰ ᠰᠢᠰᠲ᠋ᠧᠮ ᠳᠤ ᠬᠠᠶᠢᠨᠠᠨ ᠲᠣᠭᠤᠷᠢᠭ ᠤᠨ | ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ᠂ ᠡᠯ᠎ᠡ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠨ ᠪᠠᠴᠢᠮ ᠪᠠᠶᠢᠳᠠᠯ ᠢ ᠠᠷᠭᠠᠴᠠᠬᠤ ᠶᠢ ᠳᠠᠭᠠᠬᠤ ᠲᠤᠰᠬᠠᠶ ᠬᠡᠷᠡᠭᠵᠢᠭᠦᠯᠬᠦ ᠲᠥᠰᠦᠯ᠂ ᠠᠵᠤ | ᠠᠬᠤᠶᠢᠯᠠᠯ ᠤᠨ ︽ᠨᠢᠭᠡ ᠦᠢᠯᠡᠳᠪᠦᠷᠢ ᠳᠤ ᠨᠢᠭᠡ ᠠᠷᠭ᠎ᠠ ᠪᠣᠳᠣᠯᠭ᠎ᠠ︾ ᠶᠢᠨ ᠪᠠᠴᠢᠮ ᠪᠠᠶᠢᠳᠠᠯ ᠢ ᠠᠷᠭᠠᠴᠠᠬᠤ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠵᠢᠯᠯᠠᠭᠠᠨ ᠤ ᠲᠥᠰᠦᠯ ᠵᠡᠷᠭᠡ ᠪᠠᠭᠲᠠᠨ᠎ᠠ᠃ | 1.5 ᠠᠵᠢᠯᠯᠠᠬᠤ ᠵᠠᠷᠴᠢᠮ | ᠬᠥᠮᠦᠨ ᠢᠶᠠᠷ ᠦᠨᠳᠦᠰᠦ ᠪᠣᠯᠭᠠᠵᠤ᠂ ᠰᠡᠷᠭᠡᠶᠢᠯᠡᠬᠦ ᠪᠠᠷ ᠭᠤᠤᠯ ᠪᠣᠯᠭᠠᠬᠤ ᠬᠡᠷᠡᠭᠲᠡᠶ᠃ ᠣᠯᠠᠨ ᠨᠡᠶᠢᠲᠡ ᠶᠢᠨ ᠪᠡᠶ᠎ᠡ | ᠮᠠᠬᠠᠪᠣᠳ ᠤᠨ ᠡᠷᠡᠭᠦᠯ ᠴᠢᠭᠢᠷᠠᠭ ᠢ ᠪᠠᠲᠤᠯᠠᠬᠤ ᠶᠢ ᠬᠦᠨᠳᠦ ᠪᠣᠬᠢᠷᠲᠤᠯ ᠲᠠᠢ ᠴᠠᠭ ᠠᠭᠤᠷ ᠢ ᠠᠷᠭᠠᠴᠠᠬᠤ ᠬᠤᠷᠢᠭ᠎ᠠ ᠱᠤᠭᠤᠮ | ᠪᠣᠯᠭᠠᠵᠤ᠂ ᠡᠳᠦᠷ ᠲᠤᠲᠤᠮ ᠤᠨ ᠬᠠᠮᠢᠶᠠᠷᠤᠯᠲᠠ ᠪᠠᠨ ᠴᠢᠩᠭᠠᠳᠬᠠᠵᠤ᠂ ᠦᠬᠠᠶ ᠬᠤᠲᠠ ᠶᠢᠨ ᠬᠦᠨᠳᠦ ᠪᠣᠬᠢᠷᠲᠤᠯ ᠲᠠᠢ ᠴᠠᠭ | ᠠᠭᠤᠷ ᠢ ᠤᠷᠢᠳᠴᠢᠯᠠᠨ ᠰᠡᠷᠡᠮᠵᠢᠯᠡᠭᠦᠯᠵᠦ ᠲᠥᠰᠦᠭᠡᠯᠡᠵᠦ ᠵᠠᠳᠠᠯᠤᠨ ᠰᠤᠳᠤᠯᠵᠤ ᠮᠠᠭᠠᠳᠯᠠᠬᠤ ᠳᠤ ᠢᠳᠡᠪᠬᠢᠲᠡᠢ ᠣᠷᠣᠯᠴᠠᠵᠤ᠂ | ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ | ᠬᠦᠨᠳᠦ ᠪᠣᠬᠢᠷᠲᠤᠯ ᠲᠠᠢ ᠴᠠᠭ ᠠᠭᠤᠷ ᠤᠨ ᠠᠪᠴᠢᠷᠠᠭᠰᠠᠨ ᠬᠤᠤᠷ ᠬᠥᠨᠥᠭᠡᠯ ᠢ ᠪᠠᠭᠠᠰᠬᠠᠨ᠎ᠠ᠃ | ᠨᠠᠷᠢᠯᠢᠭ ᠣᠨᠣᠴᠠᠲᠠᠶ ᠪᠠᠷ ᠬᠠᠮᠢᠶᠠᠷᠤᠨ ᠡᠵᠡᠮᠳᠡᠵᠦ᠂ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ | ᠪᠠᠭᠠᠰᠬᠠᠪᠠ᠃ ᠵᠥᠷᠢᠶᠡᠴᠢᠯᠡᠭᠰᠡᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠪᠠᠷᠢᠮᠲᠠᠯᠠᠵᠤ᠂ ︽ᠢᠯᠡᠭᠦᠤ | ᠭᠠᠳᠠᠭᠰᠢᠯᠠᠭᠤᠯᠪᠠᠯ ᠢᠯᠡᠭᠦᠤ ᠬᠢᠵᠠᠭᠠᠷᠯᠠᠬᠤ᠂ ᠪᠠᠭ᠎ᠠ ᠭᠠᠳᠠᠭᠰᠢᠯᠠᠭᠤᠯᠪᠠᠯ ᠪᠠᠭ᠎ᠠ ᠬᠢᠵᠠᠭᠠᠷᠯᠠᠬᠤ᠂ ᠭᠠᠳᠠᠭᠰᠢᠯᠠᠭᠤᠯᠬᠤ ᠦᠭᠡᠢ | ᠪᠣᠯ ᠬᠢᠵᠠᠭᠠᠷᠯᠠᠬᠤ ᠦᠭᠡᠢ︾ ᠪᠠᠶᠢᠬᠤ ᠶᠢ ᠪᠠᠷᠢᠮᠲᠠᠯᠠᠵᠤ᠂ ᠠᠵᠤ ᠠᠬᠤᠶᠢᠯᠠᠯ ᠤᠨ ︽ᠨᠢᠭᠡ ᠦᠢᠯᠡᠳᠪᠦᠷᠢ ᠳᠤ ᠨᠢᠭᠡ ᠠᠷᠭ᠎ᠠ | ᠪᠤᠳᠤᠯᠭ᠎ᠠ︾ ᠶᠢᠨ ᠪᠠᠴᠢᠮ ᠪᠠᠶᠢᠳᠠᠯ ᠢ ᠠᠷᠭᠠᠴᠠᠭᠠᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠡᠷᠡᠭᠵᠢᠭᠦᠯᠬᠦ | ᠲᠥᠰᠦᠯ ᠢ ᠲᠦᠷᠦᠯ ᠬᠤᠪᠢᠶᠠᠨ ᠨᠠᠷᠢᠯᠢᠬᠵᠢᠭᠤᠯᠵᠤ᠂ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ | ᠠᠷᠭ᠎ᠠ ᠬᠡᠮᠵᠢᠶ᠎ᠡ ᠶᠢ ︽ᠬᠡᠷᠡᠭᠵᠢᠭᠦᠯᠵᠦ ᠪᠣᠯᠬᠤ᠂ ᠬᠢᠨᠠᠨ ᠬᠡᠮᠵᠢᠵᠦ ᠪᠣᠯᠬᠤ᠂ ᠬᠠᠷᠭᠤᠭᠤᠯᠤᠨ ᠪᠠᠶᠢᠴᠠᠭᠠᠵᠤ ᠪᠣᠯᠬᠤ︾ ᠶᠢ | ᠪᠡᠶᠡᠯᠡᠭᠦᠯᠵᠦ᠂ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠦᠢᠯᠡᠳᠦᠯ ᠢ ᠦᠨᠡᠨᠬᠦ ᠪᠠᠳᠠᠷᠠᠭᠤᠯᠤᠨ᠎ᠠ᠃ | ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠵᠦ᠂ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠎ᠠ᠃ ᠡᠯ᠎ᠡ ᠬᠤᠯᠪᠣᠭᠳᠠᠯ | ᠪᠥᠬᠦᠶ ᠰᠠᠯᠠᠭ᠎ᠠ ᠮᠥᠴᠢᠷ᠂ ᠨᠢᠭᠡᠴᠡ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠨᠢᠭᠡᠳᠦᠯᠲᠡᠶ | ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠨ᠂ ᠮᠡᠳᠡᠭᠡ ᠵᠠᠩᠭᠢ ᠶᠢ ᠬᠠᠮᠲᠤᠪᠠᠷ ᠭᠥᠷᠳᠡᠬᠦ᠂ ᠢᠯᠡ ᠪᠣᠯᠭᠠᠬᠤ ᠶᠢ | ᠴᠢᠩᠭᠠᠷᠠᠭᠤᠯᠵᠤ᠂ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠶ᠋ᠴᠡᠳᠬᠡᠬᠦ᠂ ᠨᠢᠭᠲᠠ ᠬᠠᠮᠵᠢᠯᠴᠠᠬᠤ᠂ ᠬᠠᠮᠲᠤᠷᠠᠨ | ᠬᠥᠳᠡᠯᠦᠯᠴᠡᠬᠦ ᠠᠵᠢᠯ ᠤᠨ ᠲᠣᠭᠲᠠᠴᠠ ᠶᠢ ᠪᠣᠶ ᠪᠣᠯᠭᠠᠨ᠎ᠠ᠃ ᠠᠵᠢᠯ ᠤᠨ ᠡᠭᠦᠷᠭᠡ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠵᠠᠳᠠᠯᠬᠤ᠂ ᠰᠡᠷᠡᠮᠵᠢᠯᠡᠭᠦᠯᠬᠦ᠂ ᠳᠠᠭᠠᠬᠤ ᠵᠡᠷᠭᠡ ᠪᠠᠴᠢᠮ ᠪᠠᠶᠢᠳᠠᠯ ᠢ ᠠᠷᠭᠠᠴᠠᠬᠤ ᠠᠵᠢᠯ ᠢ ᠡᠮᠬᠢ | ᠵᠢᠷᠤᠮ ᠲᠠᠢ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ | ᠮᠡᠳᠡᠭᠡ ᠵᠠᠩᠭᠢ ᠶᠢ ᠢᠯᠡ ᠪᠣᠯᠭᠠᠵᠤ᠂ ᠪᠦᠬᠦ ᠠᠷᠠᠳ ᠢᠶᠠᠷ ᠢᠶᠠᠨ ᠣᠷᠣᠯᠴᠠᠨ᠎ᠠ᠃ ᠠᠭᠠᠷ ᠤᠨ ᠶᠠᠰᠤ ᠴᠢᠨᠠᠷ ᠤᠨ | ᠪᠠᠶᠢᠳᠠᠯ᠂ ᠰᠡᠷᠡᠮᠵᠢᠯᠡᠭᠦᠯᠬᠦ ᠮᠡᠳᠡᠭᠡ ᠵᠠᠩᠭᠢ᠂ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠵᠡᠷᠭᠡ ᠶᠢ ᠴᠠᠭ | ᠲᠤᠬᠠᠶ ᠳᠤᠨᠢ ᠨᠡᠶᠢᠲᠡᠯᠡᠵᠦ᠂ ᠪᠣᠬᠢᠷᠲᠤᠯ ᠶᠡᠬᠡᠲᠡᠶ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠢ ᠢᠳᠡᠪᠬᠢᠲᠡᠶ | ᠤᠬᠠᠭᠤᠯᠤᠨ᠂ ᠣᠯᠠᠨ ᠨᠡᠶᠢᠲᠡ ᠶᠢ ᠬᠥᠲᠥᠯᠥᠨ ᠵᠢᠯᠣᠭᠤᠳᠴᠤ ᠪᠠᠶᠢᠭᠠᠳ ᠡᠷᠡᠭᠦᠯ ᠮᠡᠨᠳᠦ ᠶᠢᠨ ᠰᠡᠷᠭᠡᠶᠢᠯᠡᠨ ᠬᠠᠮᠠᠭᠠᠯᠠᠬᠤ | ᠠᠷᠭ᠎ᠠ ᠬᠡᠮᠵᠢᠶ᠎ᠡ ᠠᠪᠴᠤ᠂ ᠪᠣᠬᠢᠷᠲᠤᠯ ᠶᠡᠬᠡᠲᠡᠶ ᠴᠠᠭ ᠠᠭᠤᠷ ᠢ ᠠᠷᠭᠠᠴᠠᠬᠤ ᠠᠵᠢᠯ ᠳᠤ ᠢᠳᠡᠪᠬᠢᠲᠡᠶ ᠣᠷᠣᠯᠴᠠᠭᠤᠯᠬᠤ | ᠬᠡᠷᠡᠭᠲᠡᠶ᠃ | 2. ᠵᠣᠬᠢᠶᠠᠨ ᠪᠠᠶᠢᠭᠤᠯᠤᠨ ᠵᠢᠯᠣᠭᠤᠳᠬᠤ ᠰᠢᠰᠲ᠋ᠧᠮᠵᠢ ᠬᠢᠭᠡᠳ ᠡᠭᠦᠷᠭᠡ ᠬᠠᠷᠢᠭᠤᠴᠠᠯᠭ᠎ᠠ | 2.1 ᠬᠠᠶᠢᠨᠠᠨ ᠲᠣᠭᠤᠷᠢᠭ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ | ᠵᠢᠯᠣᠭᠤᠳᠬᠤ ᠭᠠᠵᠠᠷ ᠵᠢᠴᠢ ᠲᠡᠭᠦᠨ ᠤ ᠡᠭᠦᠷᠭᠡ ᠬᠠᠷᠢᠭᠤᠴᠠᠯᠭ᠎ᠠ | ᠬᠠᠶᠢᠨᠠᠨ ᠲᠣᠭᠤᠷᠢᠭ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ | ᠭᠠᠵᠠᠷ ︵ᠳᠣᠷᠣᠭᠰᠢ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠭᠡᠵᠦ ᠲᠣᠪᠴᠢᠯᠠᠨ᠎ᠠ︶ ᠢ | ᠪᠠᠶᠢᠭᠤᠯᠵᠤ᠂ ᠶᠡᠷᠦᠩᠬᠡᠶ ᠵᠢᠯᠣᠭᠤᠳᠣᠭᠴᠢ ᠶᠢ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ | ᠬᠤᠪᠢᠳᠠᠨ ᠬᠠᠮᠢᠶᠠᠷᠴᠤ ᠪᠠᠶᠢᠭ᠎ᠠ ᠳᠡᠳ᠋ ᠳᠠᠷᠤᠭ᠎ᠠ ᠡᠭᠦᠷᠭᠡᠯᠡᠵᠦ᠂ ᠳᠡᠳ᠋ ᠶᠡᠷᠦᠩᠬᠡᠶ ᠵᠢᠯᠣᠭᠤᠳᠣᠭᠴᠢ ᠶᠢ ᠣᠷᠣᠨ ᠤ ᠵᠠᠰᠠᠭ ᠤᠨ | ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ ᠪᠣᠯᠤᠨ ᠬᠠᠶᠢᠨᠠᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ | ᠲᠣᠪᠴᠢᠶᠠᠨ ᠤ ᠳᠠᠷᠤᠭ᠎ᠠ ᠡᠭᠦᠷᠭᠡᠯᠡᠨ᠎ᠡ᠃ | ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠭᠤᠤᠯ ᠡᠭᠦᠷᠭᠡ ᠬᠠᠷᠢᠭᠤᠴᠠᠯᠭ᠎ᠠ᠄ | ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠷᠢᠳᠴᠢᠯᠠᠨ ᠰᠡᠷᠡᠮᠵᠢᠯᠡᠭᠦᠯᠬᠦ ᠪᠠᠴᠢᠮ ᠪᠠᠶᠢᠳᠠᠯ ᠢ | ᠠᠷᠭᠠᠴᠠᠬᠤ ᠵᠢᠯᠣᠭᠤᠳᠬᠤ ᠰᠢᠰᠲ᠋ᠧᠮ ᠢ ᠪᠠᠶᠢᠭᠤᠯᠤᠨ᠂ ᠬᠠᠶᠢᠨᠠᠨ ᠲᠣᠭᠤᠷᠢᠭ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ | ᠪᠠᠴᠢᠮ ᠪᠠᠶᠢᠳᠠᠯ ᠢ ᠠᠷᠭᠠᠴᠠᠬᠤ ᠶᠢ ᠳᠠᠭᠠᠬᠤ ᠠᠵᠢᠯ ᠢ ᠨᠢᠭᠡᠳᠦᠯᠲᠡᠶ ᠤᠳᠤᠷᠢᠳᠤᠨ ᠵᠢᠯᠣᠭᠤᠳᠴᠤ᠂ ᠬᠦᠨᠳᠦ ᠪᠣᠬᠢᠷᠲᠤᠯ ᠲᠠᠢ | ᠴᠠᠭ ᠠᠭᠤᠷ ᠢ ᠠᠷᠭᠠᠴᠠᠬᠤ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ | 2.2 ᠬᠠᠶᠢᠨᠠᠨ ᠲᠣᠭᠤᠷᠢᠭ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ | ᠵᠢᠯᠣᠭᠤᠳᠬᠤ ᠭᠠᠵᠠᠷ ᠤᠨ ᠠᠯᠪᠠᠨ ᠭᠡᠷ ᠵᠢᠴᠢ ᠲᠡᠭᠦᠨ ᠤ ᠡᠭᠦᠷᠭᠡ ᠬᠠᠷᠢᠭᠤᠴᠠᠯᠭ᠎ᠠ | ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠳᠣᠤᠷ᠎ᠠ ᠬᠠᠶᠢᠨᠠᠨ ᠲᠣᠭᠤᠷᠢᠭ ᠤᠨ | ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠭᠡᠷ | ︵ᠳᠣᠷᠣᠭᠰᠢ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠭᠡᠷ ᠭᠡᠵᠦ ᠲᠣᠪᠴᠢᠯᠠᠨ᠎ᠠ︶ | ᠢ ᠪᠠᠶᠢᠭᠤᠯᠤᠨ᠎ᠠ᠃ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠬᠡᠷ ᠨᠢ | ᠪᠠᠶᠢᠩᠭᠤ ᠶᠢᠨ ᠪᠠᠶᠢᠭᠤᠯᠤᠮᠵᠢ ᠪᠣᠯᠤᠭᠰᠠᠨ ᠤ ᠬᠤᠪᠢ ᠳᠤ᠂ ᠬᠠᠶᠢᠨᠠᠨ ᠤ ᠠᠮᠢ ᠠᠬᠤᠶ ᠶᠢᠨ ᠣᠷᠴᠢᠨ ᠲᠣᠭᠤᠷᠢᠨ ᠤ | ᠬᠤᠪᠢᠶᠠᠷᠢ ᠲᠣᠪᠴᠢᠶ᠎ᠠ ᠳᠤ ᠪᠠᠶᠢᠷᠢᠯᠠᠭᠤᠯᠵᠤ᠂ ᠠᠯᠪᠠᠨ ᠬᠡᠷ ᠤᠨ ᠡᠷᠬᠢᠯᠡᠭᠴᠢ ᠶᠢᠨ ᠲᠤᠰᠢᠶᠠᠯ ᠢ ᠬᠠᠶᠢᠨᠠᠨ ᠤ ᠠᠮᠢ | ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠶᠢᠨ ᠳᠠᠷᠤᠭ᠎ᠠ ᠬᠠᠪᠰᠤᠷᠭᠠᠨ ᠡᠭᠦᠷᠭᠡᠯᠡᠵᠦ᠂ ᠠᠯᠪᠠᠨ ᠬᠡᠷ ᠤᠨ | ᠳᠡᠳ᠋ ᠡᠷᠬᠢᠯᠡᠭᠴᠢ ᠶᠢᠨ ᠲᠤᠰᠢᠶᠠᠯ ᠢ ᠬᠠᠶᠢᠨᠠᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠶᠢᠨ | ᠬᠤᠪᠢᠳᠠᠨ ᠬᠠᠮᠢᠶᠠᠷᠬᠤ ᠳᠡᠳ᠋ ᠳᠠᠷᠤᠭ᠎ᠠ ᠬᠠᠪᠰᠤᠷᠭᠠᠨ ᠬᠠᠷᠢᠭᠤᠴᠠᠨ᠎ᠠ᠃ | ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠬᠡᠷ ᠤᠨ ᠭᠤᠤᠯ ᠡᠭᠦᠷᠭᠡ | ᠬᠠᠷᠢᠭᠤᠴᠠᠯᠭ᠎ᠠ᠄ ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠰᠢᠢᠳᠪᠦᠷᠢᠲᠦ ᠪᠣᠳᠣᠯᠭ᠎ᠠ ᠪᠠ | ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ᠎ᠠ︔ ᠦᠬᠠᠶ ᠬᠤᠲᠠ ᠶᠢᠨ ᠬᠦᠨᠳᠦ ᠪᠣᠬᠢᠷᠲᠤᠯ ᠲᠠᠢ ᠴᠠᠭ ᠠᠭᠤᠷ ᠢ | ᠤᠷᠢᠳᠴᠢᠯᠠᠨ ᠰᠡᠷᠡᠮᠵᠢᠯᠡᠭᠦᠯᠬᠦ ᠵᠥᠪᠳᠡᠯᠴᠡᠭᠡ ᠳᠤ ᠣᠷᠣᠯᠴᠠᠵᠤ᠂ ᠬᠠᠶᠢᠨᠠᠨ ᠲᠣᠭᠤᠷᠢᠭ ᠤᠨ ᠬᠦᠨᠳᠦ ᠪᠣᠬᠢᠷᠲᠤᠯ ᠲᠠᠢ ᠴᠠᠭ | ᠠᠭᠤᠷ ᠤᠨ ᠬᠠᠮᠢᠶ᠎ᠠ ᠪᠦᠬᠦᠢ ᠮᠡᠳᠡᠭᠡ ᠵᠠᠩᠭᠢ ᠶᠢ ᠨᠡᠶᠢᠲᠡᠯᠡᠬᠦ ᠪᠠ ᠳᠡᠭᠡᠭᠰᠢ ᠮᠡᠳᠡᠭᠦᠯᠬᠦ ᠶᠢ ᠵᠣᠬᠢᠶᠠᠨ ᠪᠠᠶᠢᠭᠤᠯᠤᠨ᠎ᠠ︔ ᠡᠯ᠎ᠡ | ᠪᠦᠷᠢᠯᠳᠦᠬᠦᠨ ᠨᠢᠭᠡᠴᠡ ᠶᠢ ᠰᠢᠮᠳᠠᠭᠤᠯᠤᠨ ᠵᠢᠯᠣᠭᠤᠳᠴᠤ ᠪᠠᠶᠢᠭᠠᠳ ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ︔ ᠬᠦᠨᠳᠦ ᠪᠣᠬᠢᠷᠲᠤᠯ ᠲᠠᠢ ᠴᠠᠭ | ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠢ ᠵᠠᠳᠠᠯᠬᠤ᠂ ᠪᠠᠶᠢᠴᠠᠭᠠᠨ ᠦᠨᠡᠯᠡᠬᠦ᠂ ᠳ᠋ᠦᠩᠨᠡᠬᠦ ᠠᠵᠢᠯ ᠢ ᠵᠣᠬᠢᠶᠠᠨ | ᠪᠠᠶᠢᠭᠤᠯᠤᠨ᠎ᠠ︔ ᠦᠬᠠᠶ ᠬᠤᠲᠠ ᠳᠤ ᠬᠠᠮᠵᠢᠯᠴᠠᠨ ᠣᠷᠣᠨ ᠪᠦᠰᠡ ᠶᠢᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ | ᠪᠠᠶᠢᠳᠠᠯ ᠢ ᠠᠷᠭᠠᠴᠠᠬᠤ ᠶᠢᠨ ᠬᠠᠮᠲᠤᠷᠠᠨ ᠬᠥᠳᠡᠯᠦᠯᠴᠡᠬᠦ ᠶᠢ ᠰᠠᠶᠢᠲᠤᠷ ᠬᠢᠨ᠎ᠠ︔ ᠦᠬᠠᠶ ᠬᠤᠲᠠ ᠶᠢᠨ ᠬᠦᠨᠳᠦ | ᠪᠣᠬᠢᠷᠲᠤᠯ ᠲᠠᠢ ᠴᠠᠭ ᠠᠭᠤᠷ ᠤᠨ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠳᠤ ᠣᠷᠣᠯᠴᠠᠪᠠ︔ ᠲᠤᠭᠤᠷᠢᠭ ᠤᠨ ᠪᠠᠴᠢᠮ | ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠲᠤᠰᠢᠶᠠᠭᠰᠠᠨ ᠪᠤᠰᠤᠳ ᠠᠵᠢᠯ ᠢ ᠡᠭᠦᠷᠭᠡᠯᠡᠨ᠎ᠡ᠃ | 2.3 ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠪᠦᠷᠢᠯᠳᠦᠬᠦᠨ ᠨᠢᠭᠡᠴᠡ ᠵᠢᠴᠢ | ᠲᠡᠭᠦᠨ ᠤ ᠡᠭᠦᠷᠭᠡ ᠬᠠᠷᠢᠭᠤᠴᠠᠯᠭ᠎ᠠ | ᠣᠷᠣᠨ ᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠪᠦᠷᠢᠯᠳᠦᠬᠦᠨ ᠨᠢᠭᠡᠴᠡ ᠵᠢᠴᠢ ᠡᠭᠦᠷᠭᠡ | ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠳᠠᠭᠠᠯᠳᠤᠭᠤᠯᠤᠯ 1 ᠪᠠ ᠳᠠᠭᠠᠯᠳᠤᠭᠤᠯᠤᠯ 2 ᠲᠤ ᠦᠵᠡ᠃ | 3. ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠡᠳᠡᠭᠡᠯᠡᠬᠦ | 3.1 ᠰᠡᠷᠡᠮᠵᠢᠯᠡᠬᠦᠯᠬᠦ ᠳᠡᠰ ᠬᠤᠪᠢᠶᠠᠬᠤ | ᠠᠭᠠᠷ ᠤᠨ ᠶᠠᠰᠤ ᠴᠢᠨᠠᠷ ᠤᠨ ᠢᠯᠡᠳᠬᠡᠭᠴᠢ ᠲᠤᠭ᠎ᠠ ︵AQI︶ ᠶᠢᠨ ᠡᠳᠦᠷ ᠤᠨ ᠳᠤᠮᠳᠠᠴᠢ ᠥᠷᠲᠡᠭ ᠢᠶᠠᠷ | ᠭᠦᠢᠴᠡᠳᠬᠡᠯ ᠲᠤᠭ᠎ᠠ ᠪᠣᠯᠭᠠᠵᠤ᠂ ᠵᠠᠯᠭᠠᠪᠠᠷ 24 ᠴᠠᠭ ︵ᠪᠠᠶᠢᠭᠠᠯᠢ ᠶᠢᠨ ᠡᠳᠦᠷ ᠠᠯᠤᠰᠯᠠᠵᠤ ᠪᠣᠯᠬᠤ︶ ᠳᠤᠮᠳᠠᠴᠢ | ᠥᠷᠲᠡᠭ ᠢᠶᠠᠷ ᠪᠣᠳᠣᠵᠤ᠂ AQI︶ 150 ᠦᠷᠭᠦᠯᠵᠢᠯᠡᠭᠰᠡᠨ ᠡᠳᠦᠷ ᠢᠶᠠᠷ ᠡᠯ᠎ᠡ ᠲᠠᠰ ᠤᠨ ᠰᠡᠷᠡᠮᠵᠢᠯᠡᠭᠦᠯᠦᠯ ᠢ ᠡᠬᠢᠯᠡᠭᠦᠯᠬᠦ | ᠦᠨᠳᠦᠰᠦᠨ ᠨᠥᠬᠦᠴᠡᠯ ᠪᠣᠯᠭᠠᠨ᠎ᠠ᠃ ᠳᠣᠤᠷ᠎ᠠ ᠠᠴᠠ ᠥᠨᠳᠥᠷ ᠬᠤᠪᠢ ᠨᠢ ᠰᠢᠷ᠎ᠠ ︵Ⅲ ᠳᠡᠰ︶᠂ ᠤᠯᠠᠪᠤᠷ ᠥᠩᠭᠡ ︵ | Ⅱ ᠳᠡᠰ︶ ᠪᠠ ᠤᠯᠠᠭᠠᠨ ︵Ⅰ ᠳᠡᠰ︶ ᠭᠤᠷᠪᠠᠨ ᠳᠡᠰ ᠤᠨ ᠰᠡᠷᠡᠮᠵᠢᠯᠡᠭᠦᠯᠦᠯ ᠪᠣᠯᠣᠨ᠎ᠠ᠃ ᠪᠣᠳᠠᠲᠠᠶ ᠳᠡᠰ ᠬᠤᠪᠢᠶᠠᠬᠤ | ᠪᠠᠷᠢᠮᠵᠢᠶ᠎ᠠ ᠨᠢ᠄ | ᠰᠢᠷ᠎ᠠ ᠥᠩᠭᠡ ᠶᠢᠨ ᠰᠡᠷᠡᠮᠵᠢᠯᠡᠭᠦᠯᠦᠯ ︵Ⅲ ᠲᠠᠰ︶᠄ ᠲᠥᠰᠦᠭᠡᠯᠡᠭᠰᠡᠨ ᠡᠳᠦᠷ ᠤᠨ AQI ᠶᠢᠨ 200 ᠪᠤᠶᠤ | ᠡᠳᠦᠷ ᠤᠨ AQI ᠶᠢᠨ 150 48 ᠴᠠᠭ ᠵᠢᠴᠢ ᠲᠡᠭᠦᠨ ᠠᠴᠠ ᠳᠡᠭᠡᠭᠰᠢ ᠦᠷᠭᠦᠯᠵᠢᠯᠡᠭᠰᠡᠨ ᠪᠥᠭᠡᠳ ᠳᠡᠭᠡᠳᠦ ᠲᠠᠰ ᠤᠨ | ᠤᠷᠢᠳᠴᠢᠯᠠᠨ ᠰᠡᠷᠡᠮᠵᠢᠯᠡᠭᠦᠯᠬᠦ ᠨᠥᠬᠦᠴᠡᠯ ᠳᠤ ᠭᠦᠷᠦᠭᠰᠡᠨ ᠥᠬᠡᠶ︔ | ᠤᠯᠠᠪᠤᠷ ᠥᠩᠭᠡ ᠶᠢᠨ ᠰᠡᠷᠡᠮᠵᠢᠯᠡᠭᠦᠯᠦᠯ ︵Ⅱ ᠲᠠᠰ︶᠄ ᠲᠥᠰᠦᠭᠡᠯᠡᠭᠰᠡᠨ ᠡᠳᠦᠷ ᠤᠨ AQI︶ ᠤ 200 | ᠦᠷᠭᠦᠯᠵᠢᠯᠡᠭᠰᠡᠨ 48 ᠴᠠᠭ ᠪᠤᠶᠤ ᠡᠳᠦᠷ ᠤᠨ AQI ᠶᠢᠨ 150 72 ᠴᠠᠭ ᠵᠢᠴᠢ ᠲᠡᠭᠦᠨ ᠠᠴᠠ ᠳᠡᠭᠡᠭᠰᠢ | ᠦᠷᠭᠦᠯᠵᠢᠯᠡᠬᠦ ᠪᠥᠭᠡᠳ ᠳᠡᠭᠡᠳᠦ ᠲᠠᠰ ᠤᠨ ᠤᠷᠢᠳᠴᠢᠯᠠᠨ ᠰᠡᠷᠡᠮᠵᠢᠯᠡᠭᠦᠯᠬᠦ ᠨᠥᠬᠦᠴᠡᠯ ᠳᠤ ᠭᠦᠷᠦᠭᠰᠡᠨ ᠥᠬᠡᠶ︔ | ᠤᠯᠠᠭᠠᠨ ᠥᠩᠭᠡ ᠶᠢᠨ ᠰᠡᠷᠡᠮᠵᠢᠯᠡᠭᠦᠯᠦᠯ ︵Ⅰ ᠲᠠᠰ︶᠄ ᠲᠥᠰᠦᠭᠡᠯᠡᠭᠰᠡᠨ ᠡᠳᠦᠷ ᠤᠨ AQI ᠶᠢᠨ 200 ᠨᠢ | 72 ᠴᠠᠭ ᠦᠷᠭᠦᠯᠵᠢᠯᠡᠬᠦ ᠪᠥᠭᠡᠳ ᠡᠳᠦᠷ AQI ᠶᠢᠨ 30024 ᠴᠠᠭ ᠦᠷᠭᠦᠯᠵᠢᠯᠡᠬᠦ ᠵᠢᠴᠢ ᠲᠡᠭᠦᠨ ᠠᠴᠠ ᠳᠡᠭᠡᠭᠰᠢ | ᠪᠣᠯᠤᠨ᠎ᠠ᠃ | 3.2 ᠵᠠᠳᠠᠯᠣᠨ ᠰᠣᠳᠣᠯᠣᠨ ᠮᠠᠭᠠᠳᠯᠠᠬᠤ | ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠬᠡᠷ ᠨᠢ ᠬᠤᠲᠠ ᠶᠢᠨ ᠬᠦᠨᠳᠦ | ᠪᠣᠬᠢᠷᠲᠤᠯ ᠲᠠᠢ ᠴᠠᠭ ᠠᠭᠤᠷ ᠢ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠳᠤᠭᠤᠶᠢᠯᠠᠩ ᠤᠨ ᠠᠭᠠᠷ ᠤᠨ ᠶᠠᠰᠤ ᠴᠢᠨᠠᠷ ᠢ | ᠲᠥᠰᠦᠭᠡᠯᠡᠬᠦ᠂ ᠵᠥᠪᠳᠡᠯᠴᠡᠬᠦ ᠳᠤ ᠢᠳᠡᠪᠬᠢᠲᠡᠶ ᠣᠷᠣᠯᠴᠠᠨ᠎ᠠ᠃ 2 ᠡᠳᠦᠷ ᠵᠢᠴᠢ ᠲᠡᠭᠦᠨ ᠠᠴᠠ ᠳᠡᠭᠡᠭᠰᠢᠬᠢ ᠳᠤᠮᠳᠠ | ᠵᠡᠷᠭᠡ ᠶᠢᠨ ᠪᠣᠬᠢᠷᠲᠤᠯ ᠲᠠᠢ ᠴᠠᠭ ᠠᠭᠤᠷ ᠪᠤᠶᠤ 1 ᠡᠳᠦᠷ ᠵᠢᠴᠢ ᠲᠡᠭᠦᠨ ᠠᠴᠠ ᠳᠡᠭᠡᠭᠰᠢᠬᠢ ᠬᠦᠨᠳᠦ ᠪᠣᠬᠢᠷᠲᠤᠯ ᠲᠠᠢ ᠴᠠᠭ | ᠠᠭᠤᠷ ᠭᠠᠷᠴᠤ ᠮᠡᠳᠡᠬᠦ ᠦᠶ᠎ᠡ ᠳᠤ᠂ ᠠᠭᠠᠷ ᠤᠨ ᠶᠠᠰᠤ ᠴᠢᠨᠠᠷ ᠢ ᠤᠷᠢᠳᠴᠢᠯᠠᠨ ᠮᠡᠳᠡᠭᠦᠯᠦᠭᠰᠡᠨ ᠦᠷ᠎ᠡ ᠳ᠋ᠦᠩ ᠤᠨ ᠳᠡᠭᠡᠳᠦ | ᠬᠢᠵᠠᠭᠠᠷ ᠶᠣᠰᠣᠭᠠᠷ ᠰᠡᠷᠡᠮᠵᠢᠯᠡᠭᠦᠯᠬᠦ ᠲᠠᠰ ᠤᠨ ᠰᠠᠨᠠᠭᠤᠯᠭ᠎ᠠ ᠳᠤᠷᠠᠳᠬᠤ ᠬᠡᠷᠡᠭᠲᠡᠶ᠃ ᠬᠦᠨᠳᠦ ᠪᠣᠬᠢᠷᠲᠤᠯ ᠲᠠᠢ ᠴᠠᠭ | ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠳᠤ ᠳᠠᠭᠠᠵᠤ ᠬᠢᠬᠦ ᠬᠤᠭᠤᠴᠠᠭᠠᠨ ᠳᠤ᠂ ᠬᠤᠲᠠ ᠶᠢᠨ ᠵᠢᠯᠣᠭᠤᠳᠬᠤ | ᠭᠠᠵᠠᠷ ᠤᠨ ᠠᠯᠪᠠᠨ ᠭᠡᠷ ᠤᠨ ᠱᠠᠭᠠᠷᠳᠠᠯᠭ᠎ᠠ ᠶᠢ ᠦᠨᠳᠦᠰᠦᠯᠡᠨ᠂ ᠴᠠᠭ ᠲᠤᠬᠠᠶ ᠳᠤᠨᠢ ᠵᠥᠪᠳᠡᠯᠴᠡᠬᠦ ᠶᠢ ᠥᠷᠨᠢᠭᠦᠯᠪᠡ᠃ | ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠭᠰᠡᠨ ᠥᠬᠡᠶ᠂ ᠬᠠᠶᠢᠨᠠᠨ ᠲᠣᠭᠤᠷᠢᠭ ᠤᠨ ᠬᠦᠨᠳᠦ ᠪᠣᠬᠢᠷᠲᠤᠯ ᠲᠠᠢ ᠴᠠᠭ ᠠᠭᠤᠷ | ᠨᠢᠭᠡᠨᠲᠡ ᠢᠯᠡᠷᠡᠭᠰᠡᠨ ᠦᠶ᠎ᠡ ᠳᠤ᠂ ᠦᠬᠠᠶ ᠬᠤᠲᠠ ᠶᠢᠨ ᠬᠦᠨᠳᠦ ᠪᠣᠬᠢᠷᠲᠤᠯ ᠲᠠᠢ ᠴᠠᠭ ᠠᠭᠤᠷ ᠢ ᠬᠢᠨᠠᠨ ᠬᠡᠮᠵᠢᠵᠦ | ᠤᠷᠢᠳᠴᠢᠯᠠᠨ ᠮᠡᠳᠡᠭᠡᠯᠡᠬᠦ ᠳᠤᠭᠤᠶᠢᠯᠠᠩ ᠤᠨ ᠵᠥᠪᠳᠡᠯᠴᠡᠬᠦ ᠶᠢ ᠭᠤᠶᠤᠴᠢᠯᠠᠨ᠎ᠠ᠃ | 3.3 ᠰᠡᠷᠡᠮᠵᠢᠯᠡᠬᠦᠯᠦᠯ ᠨᠡᠶᠢᠲᠡᠯᠡᠬᠦ | ᠬᠤᠲᠠ ᠶᠢᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ | ᠰᠡᠷᠡᠮᠵᠢᠯᠡᠭᠦᠯᠬᠦ ᠵᠠᠷᠯᠢᠭ ᠢ ᠡᠬᠢᠯᠡᠭᠦᠯᠬᠦ ᠳᠤ᠂ ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ | ᠠᠯᠪᠠᠨ ᠬᠡᠷ ᠠᠴᠠ ᠰᠡᠷᠡᠮᠵᠢᠯᠡᠭᠦᠯᠬᠦ ᠵᠡᠷᠭᠡ ᠳᠡᠰ ᠢ ᠦᠨᠳᠦᠰᠦᠯᠡᠨ ᠶᠡᠷᠦᠩᠬᠡᠶ ᠵᠢᠯᠣᠭᠤᠳᠣᠭᠴᠢ ᠪᠤᠶᠤ ᠳᠡᠳ᠋ ᠶᠡᠷᠦᠩᠬᠡᠶ | ᠵᠢᠯᠣᠭᠤᠳᠣᠭᠴᠢ ᠳᠤ ᠮᠡᠳᠡᠭᠦᠯᠬᠦ ᠶᠢᠨ ᠬᠠᠮᠲᠤ ᠨᠢᠭᠡᠨᠲᠡ ᠲᠣᠭᠲᠠᠭᠰᠠᠨ ᠴᠠᠭ ᠬᠤᠭᠤᠴᠠᠭ᠎ᠠ ᠶᠣᠰᠣᠭᠠᠷ ᠮᠠᠨ ᠤ ᠲᠤᠭᠤᠷᠢᠭ ᠤᠨ | ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠡᠬᠢᠯᠡᠭᠦᠯᠵᠦ᠂ ᠮᠡᠳᠡᠭᠡ | ᠵᠠᠩᠭᠢ ᠶᠢ ᠴᠠᠭ ᠲᠤᠬᠠᠶ ᠳᠤᠨᠢ ᠨᠡᠶᠢᠲᠡᠯᠡᠵᠦ᠂ ᠡᠯ᠎ᠡ ᠪᠦᠷᠢᠯᠳᠦᠬᠦᠨ ᠨᠢᠭᠡᠴᠡ ᠳᠤ ᠮᠡᠳᠡᠭᠳᠡᠵᠦ ᠵᠣᠬᠢᠴᠠᠩᠭᠤᠶ ᠲᠠᠰ ᠤᠨ | ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠬᠤ ᠬᠡᠷᠡᠭᠲᠡᠶ᠃ | ᠣᠽ ᠣᠨ ᠢᠶᠠᠷ ᠲᠡᠷᠢᠭᠦᠨ ᠴᠢᠬᠤᠯᠠ ᠪᠣᠬᠢᠷᠲᠤᠯ ᠪᠣᠳᠠᠰ ᠪᠣᠯᠭᠠᠭᠰᠠᠨ ᠬᠦᠨᠳᠦ ᠪᠣᠬᠢᠷᠲᠤᠯ ᠲᠠᠢ ᠴᠠᠭ ᠠᠭᠤᠷ ᠢ | ᠬᠠᠢᠨᠠᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠴᠠᠭ ᠲᠤᠬᠠᠢ ᠳᠤᠨᠢ ᠨᠡᠢᠭᠡᠮ ᠳᠤ ᠡᠷᠡᠭᠦᠯ | ᠮᠡᠨᠳᠦ ᠶᠢᠨ ᠰᠠᠨᠠᠭᠤᠯᠤᠮᠵᠢ ᠶᠢᠨ ᠮᠡᠳᠡᠭᠡ ᠵᠠᠩᠭᠢ ᠨᠡᠢᠲᠡᠯᠡᠬᠦ ᠶᠢᠨ ᠬᠠᠮᠲᠤ ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ | ︵VOCS︶ ᠪᠣᠯᠤᠨ ᠠᠽᠣᠲ ᠤᠨ ᠢᠰᠦᠯ ︵NOX︶ ᠭᠠᠳᠠᠭᠱᠢᠯᠠᠭᠤᠯᠬᠤ ᠡᠬᠢ ᠳᠠᠬᠢ ᠡᠳᠦᠷ ᠳᠣᠳᠣᠮ ᠤᠨ ᠬᠢᠨᠠᠯᠲᠠ | ᠬᠠᠮᠢᠶᠠᠷᠤᠯᠲᠠ ᠶᠢ ᠴᠢᠩᠭᠠᠳᠭᠠᠬᠤ ᠬᠡᠷᠡᠭᠲᠡᠢ᠃ ᠡᠯᠡᠰᠦᠨ ᠲᠣᠭᠤᠰᠣ᠂ ᠬᠡᠰᠡᠭ ᠭᠠᠵᠠᠷ ᠲᠤ ᠡᠯᠡᠰᠦ ᠬᠡᠶᠢᠰᠬᠦ ᠵᠡᠷᠭᠡ | ᠡᠵᠡᠮᠳᠡᠵᠦ ᠳᠡᠶᠢᠯᠬᠦ ᠥᠬᠡᠶ ᠬᠦᠴᠦᠨ ᠵᠦᠢᠯ ᠠᠴᠠ ᠪᠣᠯᠤᠭᠰᠠᠨ ᠬᠦᠨᠳᠦ ᠪᠣᠬᠢᠷᠲᠤᠯ ᠲᠠᠢ ᠴᠠᠭ ᠠᠭᠤᠷ ᠠᠴᠠ ᠪᠣᠯᠵᠣ᠂ | ᠬᠠᠶᠢᠨᠠᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠡᠷᠡᠭᠦᠯ ᠮᠡᠨᠳᠦ ᠶᠢᠨ ᠰᠠᠨᠠᠭᠤᠯᠤᠮᠵᠢ ᠶᠢᠨ | ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠭᠡᠮ ᠳᠤ ᠨᠡᠶᠢᠲᠡᠯᠡᠵᠦ᠂ ᠣᠯᠠᠨ ᠨᠡᠶᠢᠲᠡ ᠶᠢ ᠬᠥᠲᠥᠯᠦᠨ ᠵᠢᠯᠣᠭᠤᠳᠴᠤ | ᠪᠠᠶᠢᠭᠠᠳ ᠡᠷᠡᠭᠦᠯ ᠮᠡᠨᠳᠦ ᠶᠢ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠠᠪᠤᠭᠤᠯᠵᠤ᠂ ᠪᠠᠶᠢᠳᠠᠯ ᠢ ᠨᠢ ᠦᠵᠡᠵᠦ ᠪᠠᠶᠢᠭᠠᠳ | ᠲᠣᠭᠤᠰᠣᠨ ᠤ ᠢᠷᠡᠯᠲᠡ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠬᠤ ᠵᠡᠷᠭᠡ ᠠᠷᠭ᠎ᠠ ᠬᠡᠮᠵᠢᠶ᠎ᠡ ᠠᠪᠬᠤ ᠬᠡᠷᠡᠭᠲᠡᠶ᠃ | ᠰᠢᠷ᠎ᠠ ᠥᠩᠭᠡ᠂ ᠤᠯᠠᠪᠤᠷ ᠥᠩᠭᠡ᠂ ᠤᠯᠠᠭᠠᠨ ᠥᠩᠭᠡ ᠶᠢᠨ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠬᠦ | ᠴᠢᠬᠤᠯᠠᠲᠠᠶ ᠦᠶ᠎ᠡ ᠳᠤ᠂ ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠬᠡᠷ ᠠᠴᠠ | ︽ᠦᠬᠠᠶ ᠬᠤᠲᠠ ᠶᠢᠨ ᠬᠦᠨᠳᠦ ᠪᠣᠬᠢᠷᠲᠤᠯ ᠲᠠᠢ ᠴᠠᠭ ᠠᠭᠤᠷ ᠢ ᠤᠷᠢᠳᠴᠢᠯᠠᠨ ᠮᠡᠳᠡᠭᠡᠯᠡᠬᠦ ᠶᠢ ᠵᠥᠪᠳᠡᠯᠴᠡᠬᠦ ᠰᠠᠨᠠᠯ︾ ᠢ | ᠦᠨᠳᠦᠰᠦᠯᠡᠨ᠂ ︽ᠬᠠᠶᠢᠨᠠᠨ ᠲᠣᠭᠤᠷᠢᠭ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠰᠡᠷᠡᠮᠵᠢᠯᠡᠭᠦᠯᠬᠦ ᠮᠡᠳᠡᠭᠡ | ᠵᠠᠩᠭᠢ ᠶᠢ ᠨᠡᠶᠢᠲᠡᠯᠡᠬᠦ ︵ᠲᠣᠬᠢᠷᠠᠭᠤᠯᠤᠯᠲᠠ ᠬᠢᠬᠦ᠂ ᠬᠦᠴᠦᠨ ᠥᠬᠡᠶ ᠪᠣᠯᠭᠠᠬᠤ︶ ᠬᠢᠨᠠᠨ ᠵᠥᠪᠰᠢᠶᠡᠷᠡᠬᠦ ᠬᠦᠰᠦᠨᠦᠭᠲᠦ︾ | ︵ᠳᠠᠭᠠᠯᠳᠤᠭᠤᠯᠤᠯ 5 ᠶᠢ ᠦᠵᠡ︶ ᠶᠢ ᠴᠠᠭ ᠲᠤᠬᠠᠶ ᠳᠤᠨᠢ ᠪᠡᠶᠡᠯᠡᠭᠦᠯᠬᠦ ᠶᠢᠨ ᠬᠠᠮᠲᠤ ᠰᠡᠷᠡᠮᠵᠢᠯᠡᠭᠦᠯᠬᠦ ᠲᠠᠰ ᠤᠨ ᠶᠣᠰᠣᠭᠠᠷ | ᠵᠣᠬᠢᠴᠠᠩᠭᠤᠶ ᠤᠳᠤᠷᠢᠳᠤᠯᠭ᠎ᠠ ᠳᠤ ᠮᠡᠳᠡᠭᠦᠯᠦᠨ ᠭᠠᠷ ᠤᠨ ᠥᠰᠥᠭ ᠵᠢᠷᠤᠭᠤᠯᠬᠤ ᠬᠡᠷᠡᠭᠲᠡᠶ᠃ ᠰᠢᠷ᠎ᠠ ᠥᠩᠭᠡ ᠶᠢᠨ | ᠰᠡᠷᠡᠮᠵᠢᠯᠡᠭᠦᠯᠦᠯ᠂ ᠤᠯᠠᠪᠤᠷ ᠥᠩᠭᠡ ᠶᠢᠨ ᠰᠡᠷᠡᠮᠵᠢᠯᠡᠭᠦᠯᠦᠯ ᠢ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ | ᠵᠢᠯᠣᠭᠤᠳᠬᠤ ᠭᠠᠵᠠᠷ ᠤᠨ ᠳᠡᠳ᠋ ᠶᠡᠷᠦᠩᠬᠡᠶ ᠵᠢᠯᠣᠭᠤᠳᠣᠭᠴᠢ ︵ᠪᠤᠶᠤ ᠡᠷᠬᠡ ᠣᠯᠭᠤᠭᠰᠠᠨ ᠠᠯᠪᠠᠨ ᠬᠡᠷ ᠤᠨ ᠡᠷᠬᠢᠯᠡᠭᠴᠢ︶ | ᠠᠴᠠ ᠭᠠᠷ ᠤᠨ ᠥᠰᠥᠭ ᠵᠢᠷᠤᠵᠤ᠂ ᠤᠯᠠᠭᠠᠨ ᠥᠩᠭᠡ ᠶᠢᠨ ᠰᠡᠷᠡᠮᠵᠢᠯᠡᠭᠦᠯᠦᠯ ᠢ ᠲᠣᠭᠤᠷᠢᠭ ᠤᠨ ᠪᠠᠴᠢᠮ ᠪᠠᠶᠢᠳᠠᠯ ᠢ | ᠠᠷᠭᠠᠴᠠᠬᠤ ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ ︵ᠪᠤᠶᠤ ᠡᠷᠬᠡ ᠣᠯᠭᠤᠭᠰᠠᠨ ᠳᠡᠳ᠋ ᠶᠡᠷᠦᠩᠬᠡᠶ | ᠵᠢᠯᠣᠭᠤᠳᠣᠭᠴᠢ︶ ᠠᠴᠠ ᠭᠠᠷ ᠤᠨ ᠥᠰᠥᠭ ᠵᠢᠷᠤᠵᠤ ᠣᠯᠭᠤᠨ᠎ᠠ᠃ | ᠰᠡᠷᠡᠮᠵᠢᠯᠡᠭᠦᠯᠬᠦ ᠮᠡᠳᠡᠭᠡ ᠵᠠᠩᠭᠢ ᠶᠢᠨ ᠠᠭᠤᠯᠭ᠎ᠠ ᠳᠤ᠄ ᠬᠦᠨᠳᠦ ᠪᠣᠬᠢᠷᠲᠤᠯ ᠲᠠᠢ ᠴᠠᠭ ᠠᠭᠤᠷ ᠢᠯᠡᠷᠡᠭᠰᠡᠨ ᠴᠠᠭ᠂ | ᠰᠡᠷᠡᠮᠵᠢᠯᠡᠭᠦᠯᠬᠦ ᠳᠡᠰ᠂ ᠠᠭᠠᠷ ᠮᠠᠨᠳᠠᠯ ᠤᠨ ᠲᠠᠷᠬᠠᠯᠲᠠ ᠶᠢᠨ ᠨᠥᠬᠦᠴᠡᠯ᠂ ᠭᠤᠤᠯ ᠪᠣᠯᠬᠤ ᠪᠣᠬᠢᠷ ᠪᠣᠳᠠᠰ ᠤᠨ ᠭᠦᠢᠴᠡᠳᠬᠡᠬᠦ | ᠲᠤᠭ᠎ᠠ᠂ ᠢᠷᠡᠭᠡᠳᠦᠶ ᠶᠢᠨ ᠨᠢᠭᠡ ᠬᠡᠰᠡᠭ ᠬᠤᠭᠤᠴᠠᠭᠠᠨ ᠤ ᠬᠠᠨᠳᠤᠰᠢ ᠶᠢᠨ ᠴᠢᠨᠠᠷ ᠲᠣᠭᠲᠠᠭᠠᠬᠤ ᠵᠠᠳᠠᠯᠤᠯᠲᠠ᠂ ᠰᠡᠷᠭᠡᠭ | ᠬᠥᠮᠦᠰ ᠤᠨ ᠨᠥᠯᠥᠭᠡ ᠵᠢᠴᠢ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠵᠡᠷᠭᠡ ᠠᠭᠤᠯᠭ᠎ᠠ ᠪᠠᠭᠲᠠᠨ᠎ᠠ᠃ | ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠰᠡᠷᠡᠮᠵᠢᠯᠡᠭᠦᠯᠦᠯ ᠢ ᠡᠬᠢᠯᠡᠭᠦᠯᠦᠭᠰᠡᠨ ᠤ | ᠳᠠᠷᠠᠭ᠎ᠠ᠂ ᠨᠢᠭᠡ ᠳᠤ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ OA ᠰᠢᠰᠲ᠋ᠧᠮ ᠢᠶᠠᠷ ᠳᠠᠮᠵᠢᠭᠤᠯᠤᠨ | ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠪᠦᠷᠢᠯᠳᠦᠬᠦᠨ ᠨᠢᠭᠡᠴᠡ ᠳᠤ ᠨᠡᠶᠢᠲᠡᠯᠡᠬᠦ ᠶᠢᠨ | ᠬᠠᠮᠲᠤ ᠲᠤᠭᠤᠷᠢᠭ ᠤᠨ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠳᠤ ᠵᠠᠷᠯᠠᠨ ᠨᠡᠶᠢᠲᠡᠯᠡᠨ᠎ᠡ᠃ ᠡᠯ᠎ᠡ ᠪᠦᠷᠢᠯᠳᠦᠬᠦᠨ | ᠨᠢᠭᠡᠴᠡ ᠨᠦᠭᠦᠳ ᠰᠡᠷᠡᠮᠵᠢᠯᠡᠭᠦᠯᠬᠦ ᠮᠡᠳᠡᠭᠳᠡᠯ ᠢ ᠣᠯᠤᠭᠰᠠᠨ ᠤ ᠳᠠᠷᠠᠭ᠎ᠠ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠢᠶᠠᠨ ᠦᠨᠳᠦᠰᠦᠯᠡᠨ ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ | ᠵᠣᠬᠢᠴᠠᠩᠭᠤᠶ ᠪᠦᠬᠦᠢ ᠠᠷᠭ᠎ᠠ ᠬᠡᠮᠵᠢᠶ᠎ᠡ ᠠᠪᠬᠤ ᠬᠡᠷᠡᠭᠲᠡᠶ᠃ ᠬᠤᠶᠠᠷ ᠲᠤ᠂ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠰᠡᠷᠡᠮᠵᠢᠯᠡᠭᠦᠯᠬᠦ ᠮᠡᠳᠡᠭᠡ ᠵᠠᠩᠭᠢ ᠶᠢᠨ ᠲᠠᠪᠴᠠᠩ ᠢᠶᠠᠷ ᠳᠠᠮᠵᠢᠭᠤᠯᠤᠨ | ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠪᠡ᠃ ᠲᠤᠭᠤᠷᠢᠭ ᠤᠨ ᠨᠠᠮ ᠤᠨ ᠬᠤᠷᠢᠶᠠᠨ ᠤ | ᠤᠬᠠᠭᠤᠯᠬᠤ ᠰᠠᠯᠠᠭ᠎ᠠ ᠮᠥᠴᠢᠷ ︽ᠤᠮᠠᠷᠠᠲᠤ ᠶᠢᠨ ᠬᠠᠶᠢᠨᠠᠨ︾ ᠸᠢᠴᠠᠲ ᠤᠨ ᠨᠡᠶᠢᠲᠡ ᠶᠢᠨ ᠳ᠋ᠤᠭᠠᠷ᠂ ᠬᠡᠷᠡᠭᠯᠡᠭᠴᠢ ᠶᠢᠨ | ᠦᠵᠦᠭᠦᠷ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠴᠠᠭ ᠲᠤᠬᠠᠶ ᠳᠤᠨᠢ ᠣᠯᠠᠨ ᠨᠡᠶᠢᠲᠡ ᠳᠤ ᠰᠡᠷᠡᠮᠵᠢᠯᠡᠭᠦᠯᠬᠦ ᠮᠡᠳᠡᠭᠡ | ᠵᠠᠩᠭᠢ ᠶᠢ ᠨᠡᠶᠢᠲᠡᠯᠡᠪᠡ᠃ ᠡᠯ᠎ᠡ ᠪᠦᠷᠢᠯᠳᠦᠬᠦᠨ ᠨᠢᠭᠡᠴᠡ ᠲᠣᠰ ᠲᠣᠰ ᠤᠨ ᠣᠯᠠᠨ ᠨᠡᠶᠢᠲᠡ ᠶᠢᠨ ᠲᠠᠪᠴᠠᠩ ᠢᠶᠠᠷ | ᠳᠠᠮᠵᠢᠭᠤᠯᠤᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠨ᠎ᠡ᠃ | 3.4 ᠰᠡᠷᠡᠮᠵᠢᠯᠡᠬᠦᠯᠬᠦ ᠲᠠᠰ ᠤᠨ ᠲᠣᠬᠢᠷᠠᠭᠤᠯᠤᠯᠲᠠ ᠵᠢᠴᠢ ᠬᠦᠴᠦᠨ ᠥᠬᠡᠶ ᠪᠣᠯᠭᠠᠬᠤ | 3.4.1 ᠤᠷᠢᠳᠴᠢᠯᠠᠨ ᠰᠡᠷᠡᠮᠵᠢᠯᠡᠭᠦᠯᠬᠦ ᠳᠡᠰ ᠤᠨ ᠲᠣᠬᠢᠷᠠᠭᠤᠯᠤᠯᠲᠠ ᠵᠢᠴᠢ ᠬᠦᠴᠦᠨ ᠥᠬᠡᠶ ᠪᠣᠯᠭᠠᠬᠤ ᠨᠥᠬᠦᠴᠡᠯ | ᠳᠡᠭᠡᠳᠦ ᠰᠡᠷᠡᠮᠵᠢᠯᠡᠭᠦᠯᠦᠯ᠄ ᠡᠮᠦᠨ᠎ᠡ ᠬᠤᠶᠢᠨ᠎ᠠ ᠬᠤᠶᠠᠷ ᠤᠳᠠᠭ᠎ᠠ ᠬᠦᠨᠳᠦ ᠪᠣᠬᠢᠷᠲᠤᠭᠰᠠᠨ ᠶᠠᠪᠤᠴᠠ ᠶᠢ | ᠲᠥᠰᠦᠭᠡᠯᠡᠵᠦ ᠪᠠᠶᠢᠬᠤ ᠪᠥᠭᠡᠳ ᠠᠯᠤᠰᠯᠠᠬᠤ ᠴᠠᠭ ᠨᠢ 36 ᠴᠠᠭ ᠪᠣᠯᠤᠭ᠎ᠠ ᠦᠭᠡᠢ ᠦᠶ᠎ᠡ ᠳᠤ᠂ ᠨᠢᠭᠡ ᠤᠳᠠᠭ᠎ᠠ ᠬᠦᠨᠳᠦ | ᠪᠣᠬᠢᠷᠲᠤᠭᠰᠠᠨ ᠶᠠᠪᠤᠴᠠ ᠪᠠᠷ ᠪᠤᠳᠤᠵᠤ᠂ ᠳᠡᠭᠡᠳᠦ ᠲᠠᠰ ᠠᠴᠠ ᠤᠷᠢᠳᠴᠢᠯᠠᠨ ᠰᠡᠷᠡᠮᠵᠢᠯᠡᠭᠦᠯᠬᠦ ᠶᠢ ᠡᠬᠢᠯᠡᠭᠦᠯᠦᠨ᠎ᠡ᠃ | ᠠᠭᠠᠷ ᠤᠨ ᠶᠠᠰᠤ ᠴᠢᠨᠠᠷ ᠨᠡᠩ ᠳᠡᠭᠡᠳᠦ ᠲᠠᠰ ᠤᠨ ᠰᠡᠷᠡᠮᠵᠢᠯᠡᠭᠦᠯᠬᠦ ᠨᠥᠬᠦᠴᠡᠯ ᠳᠤ ᠬᠦᠷᠦᠭᠰᠡᠨ ᠢ ᠲᠥᠰᠦᠭᠡᠯᠡᠬᠦ ᠪᠤᠶᠤ ᠬᠢᠨᠠᠨ | ᠬᠡᠮᠵᠢᠬᠦ ᠦᠶ᠎ᠡ ᠳᠤ᠂ ᠡᠷᠲᠡᠬᠡᠨ ᠳᠡᠰ ᠳᠡᠪᠰᠢᠭᠦᠯᠬᠦ ᠠᠷᠭ᠎ᠠ ᠬᠡᠮᠵᠢᠶ᠎ᠡ ᠠᠪᠬᠤ ᠬᠡᠷᠡᠭᠲᠡᠶ᠃ ᠮᠠᠨ ᠤ ᠲᠣᠭᠤᠷᠢᠭ ᠤᠨ ᠪᠣᠳᠠᠲᠠᠶ | ᠪᠣᠬᠢᠷᠲᠤᠯ ᠤᠨ ᠪᠠᠶᠢᠳᠠᠯ ᠨᠢ ᠰᠡᠷᠡᠮᠵᠢᠯᠡᠭᠦᠯᠬᠦ ᠳᠡᠰ ᠵᠡᠷᠭᠡ ᠠᠴᠠ ᠬᠡᠲᠦᠷᠡᠭᠰᠡᠨ ᠦ᠊ ᠡᠶ᠎ᠡ ᠳᠤ᠂ ᠪᠣᠳᠠᠲᠤ ᠪᠠᠶᠢᠳᠠᠯ ᠤᠨ | ᠶᠣᠰᠣᠭᠠᠷ ᠰᠡᠷᠡᠮᠵᠢᠯᠡᠭᠦᠯᠬᠦ ᠳᠡᠰ ᠵᠡᠷᠭᠡ ᠶᠢ ᠡᠬᠢᠯᠡᠭᠦᠯᠵᠦ ᠪᠣᠯᠤᠨ᠎ᠠ᠃ | ᠤᠷᠢᠳᠴᠢᠯᠠᠨ ᠰᠡᠷᠡᠮᠵᠢᠯᠡᠭᠦᠯᠬᠦ ᠳᠡᠰ ᠪᠠᠭᠤᠷᠠᠬᠤ ᠪᠠ ᠬᠦᠴᠦᠨ ᠥᠬᠡᠶ ᠪᠣᠯᠭᠠᠬᠤ᠄ ᠠᠭᠠᠷ ᠤᠨ ᠶᠠᠰᠤ ᠴᠢᠨᠠᠷ ᠢ | ᠰᠠᠶᠢᠵᠢᠷᠠᠭᠤᠯᠬᠤ ᠳᠤ ᠵᠣᠬᠢᠴᠠᠩᠭᠤᠶ ᠲᠠᠰ ᠤᠨ ᠤᠷᠢᠳᠴᠢᠯᠠᠨ ᠰᠡᠷᠡᠮᠵᠢᠯᠡᠭᠦᠯᠬᠦ ᠶᠢ ᠡᠬᠢᠯᠡᠭᠦᠯᠬᠦ ᠪᠠᠷᠢᠮᠵᠢᠶ᠎ᠠ ᠠᠴᠠ ᠳᠣᠷᠣᠭᠰᠢ | ᠪᠣᠯᠤᠭᠰᠠᠨ ᠪᠥᠭᠡᠳ ᠵᠢᠱᠢᠯᠲᠡ ᠪᠠᠷ 36 ᠴᠠᠭ ᠵᠢᠴᠢ ᠲᠡᠭᠦᠨ ᠠᠴᠠ ᠳᠡᠭᠡᠭᠰᠢ ᠦᠷᠭᠦᠯᠵᠢᠯᠡᠬᠦ ᠦᠶ᠎ᠡ ᠳᠤ᠂ ᠤᠷᠢᠳᠴᠢᠯᠠᠨ | ᠰᠡᠷᠡᠮᠵᠢᠯᠡᠭᠦᠯᠬᠦ ᠲᠠᠰ ᠢ ᠪᠠᠭᠤᠷᠠᠭᠤᠯᠬᠤ ᠪᠤᠶᠤ ᠰᠡᠷᠡᠮᠵᠢᠯᠡᠭᠦᠯᠬᠦ ᠶᠢ ᠬᠦᠴᠦᠨ ᠥᠬᠡᠶ ᠪᠣᠯᠭᠠᠬᠤ ᠶᠢᠨ ᠬᠠᠮᠲᠤ ᠮᠡᠳᠡᠭᠡ | ᠵᠠᠩᠭᠢ ᠶᠢ ᠤᠷᠢᠳᠴᠢᠯᠠᠨ ᠨᠡᠶᠢᠲᠡᠯᠡᠵᠦ ᠪᠣᠯᠤᠨ᠎ᠠ᠃ | ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠭᠰᠡᠨ ᠤ ᠳᠠᠷᠠᠭ᠎ᠠ᠂ ᠰᠡᠷᠡᠮᠵᠢᠯᠡᠭᠦᠯᠦᠯ ᠢ ᠡᠬᠢᠯᠡᠭᠦᠯᠬᠦ ᠠᠴᠠ ᠡᠮᠦᠨ᠎ᠡ᠂ | ᠠᠭᠠᠷ ᠤᠨ ᠶᠠᠰᠤ ᠴᠢᠨᠠᠷ ᠢ ᠲᠥᠰᠦᠭᠡᠯᠡᠭᠰᠡᠨ ᠦᠷ᠎ᠡ ᠳ᠋ᠦᠩ ᠳᠤ ᠬᠤᠪᠢᠷᠠᠯᠲᠠ ᠭᠠᠷᠴᠤ᠂ ᠰᠡᠷᠡᠮᠵᠢᠯᠡᠭᠦᠯᠬᠦ ᠮᠡᠳᠡᠭᠡ | ᠵᠠᠩᠭᠢ ᠯᠤᠭ᠎ᠠ ᠨᠡᠶᠢᠴᠡᠬᠦ ᠦᠭᠡᠶ ᠪᠣᠯ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠡᠷᠡᠮᠵᠢᠯᠡᠭᠦᠯᠬᠦ ᠳᠡᠰ ᠲᠤ ᠴᠠᠭ | ᠲᠤᠬᠠᠶ ᠳᠤᠨᠢ ᠲᠣᠬᠢᠷᠠᠭᠤᠯᠤᠯᠲᠠ ᠬᠢᠬᠦ ᠪᠤᠶᠤ ᠰᠡᠷᠡᠮᠵᠢᠯᠡᠭᠦᠯᠦᠯ ᠢ ᠦᠭᠡᠶᠢᠰᠬᠡᠬᠦ ᠬᠡᠷᠡᠭᠲᠡᠶ᠃ | 3.4.2 ᠤᠷᠢᠳᠴᠢᠯᠠᠨ ᠰᠡᠷᠡᠮᠵᠢᠯᠡᠭᠦᠯᠬᠦ ᠲᠠᠰ ᠤᠨ ᠲᠣᠬᠢᠷᠠᠭᠤᠯᠤᠯᠲᠠ ᠵᠢᠴᠢ ᠬᠦᠴᠦᠨ ᠥᠬᠡᠶ ᠪᠣᠯᠭᠠᠬᠤ ᠲᠠᠰ | ᠳᠠᠷᠠᠭᠠᠯᠠᠯ | ᠬᠤᠲᠠ ᠶᠢᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ | ᠵᠠᠷᠯᠢᠭ ᠢ ᠦᠨᠳᠦᠰᠦᠯᠡᠨ᠂ ᠰᠡᠷᠡᠮᠵᠢᠯᠡᠭᠦᠯᠬᠦ ᠲᠠᠰ ᠤᠨ ᠲᠣᠬᠢᠷᠠᠭᠤᠯᠤᠯᠲᠠ ︵ᠳᠡᠭᠡᠭᠰᠢᠯᠡᠭᠰᠡᠨ᠂ ᠪᠠᠭᠤᠷᠠᠭᠤᠯᠤᠭᠰᠠᠨ ᠪᠤᠶᠤ | ᠬᠦᠴᠦᠨ ᠥᠬᠡᠶ ᠪᠣᠯᠭᠠᠭᠰᠠᠨ︶ ᠶᠢᠨ ᠪᠠᠶᠢᠳᠠᠯ ᠤᠨ ᠶᠣᠰᠣᠭᠠᠷ᠂ ︽ᠬᠦᠨᠳᠦ ᠪᠣᠬᠢᠷᠲᠤᠯ ᠲᠠᠢ ᠴᠠᠭ ᠠᠭᠤᠷ ᠤᠨ | ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ︵ᠲᠣᠬᠢᠷᠠᠭᠤᠯᠤᠯᠲᠠ ᠬᠢᠬᠦ᠂ ᠬᠦᠴᠦᠨ ᠥᠬᠡᠶ ᠪᠣᠯᠭᠠᠬᠤ︶ ᠶᠢ ᠬᠢᠨᠠᠨ | ᠵᠥᠪᠰᠢᠶᠡᠷᠡᠬᠦ ᠬᠦᠰᠦᠨᠦᠭᠲᠦ︾ ᠶᠢ ᠲᠠᠭᠯᠠᠬᠤ ᠶᠢᠨ ᠬᠠᠮᠲᠤ ᠰᠡᠷᠡᠮᠵᠢᠯᠡᠭᠦᠯᠬᠦ ᠲᠠᠰ ᠤᠨ ᠶᠣᠰᠣᠭᠠᠷ ᠵᠣᠬᠢᠴᠠᠩᠭᠤᠶ | ᠤᠳᠤᠷᠢᠳᠤᠯᠭ᠎ᠠ ᠳᠤ ᠮᠡᠳᠡᠭᠦᠯᠦᠨ ᠭᠠᠷ ᠤᠨ ᠥᠰᠥᠭ ᠵᠢᠷᠤᠭᠤᠯᠤᠨ ᠭᠠᠷ ᠤᠨ ᠥᠰᠥᠭ ᠵᠢᠷᠤᠭᠤᠯᠵᠤ᠂ ᠨᠡᠶᠢᠲᠡᠯᠡᠬᠦ ᠲᠠᠰ | ᠳᠠᠷᠠᠭᠠᠯᠠᠯ ᠤᠨ ᠶᠣᠰᠣᠭᠠᠷ ᠰᠡᠷᠡᠮᠵᠢᠯᠡᠭᠦᠯᠬᠦ ᠲᠠᠰ ᠢ ᠳᠣᠭᠢᠷᠠᠭᠤᠯᠬᠤ ᠪᠤᠶᠤ ᠬᠦᠴᠦᠨ ᠥᠬᠡᠶ ᠪᠣᠯᠭᠠᠵᠤ᠂ ᠰᠡᠷᠡᠮᠵᠢᠯᠡᠭᠦᠯᠬᠦ | ᠲᠠᠰ ᠤᠨ ᠲᠣᠬᠢᠷᠠᠭᠤᠯᠤᠯᠲᠠ ᠬᠢᠭᠰᠡᠨ ᠪᠤᠶᠤ ᠬᠦᠴᠦᠨ ᠥᠬᠡᠶ ᠪᠣᠯᠭᠠᠭᠰᠠᠨ ᠮᠡᠳᠡᠭᠡ ᠵᠠᠩᠭᠢ ᠶᠢ ᠴᠠᠭ ᠲᠤᠬᠠᠶ ᠳᠤᠨᠢ | ᠨᠡᠶᠢᠲᠡᠯᠡᠨ᠎ᠡ᠃ | 3.5 ᠣᠷᠣᠨ ᠪᠦᠰᠡ ᠶᠢᠨ ᠪᠠᠴᠢᠮ ᠪᠠᠶᠢᠳᠠᠯ ᠢ ᠠᠷᠭᠠᠴᠠᠬᠤ ᠶᠢᠨ ᠬᠠᠮᠲᠤᠷᠠᠨ ᠬᠥᠳᠡᠯᠦᠯᠴᠡᠬᠦ | ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠬᠡᠷ ᠨᠢ ᠡᠷᠬᠢᠨ ᠲᠣᠭᠤᠷᠢᠨ ᠤ | ᠭᠠᠵᠠᠷ ᠣᠷᠣᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠣᠷᠣᠨ ᠪᠦᠰᠡ ᠶᠢᠨ ᠰᠡᠷᠡᠮᠵᠢᠯᠡᠭᠦᠯᠬᠦ ᠮᠡᠳᠡᠭᠳᠡᠯ ᠢ | ᠣᠯᠤᠭᠰᠠᠨ᠂ ᠡᠰᠡᠬᠦᠯ᠎ᠡ ᠡᠷᠬᠢᠨ ᠲᠣᠭᠤᠷᠢᠨ ᠤ ᠭᠠᠵᠠᠷ ᠣᠷᠣᠨ ᠤ ᠳᠤᠮᠳᠠᠴᠢ AQI ᠡᠯ᠎ᠡ ᠱᠠᠲᠤᠨ ᠤ ᠤᠷᠢᠳᠴᠢᠯᠠᠨ | ᠰᠡᠷᠡᠮᠵᠢᠯᠡᠭᠦᠯᠬᠦ ᠶᠢ ᠡᠬᠢᠯᠡᠭᠦᠯᠬᠦ ᠬᠢᠵᠠᠭᠠᠷ ᠬᠡᠮᠵᠢᠭᠳᠡᠯ ᠪᠤᠶᠤ ᠬᠠᠮᠢᠶ᠎ᠠ ᠪᠥᠬᠦᠶ ᠤᠷᠢᠳᠴᠢᠯᠠᠨ ᠰᠡᠷᠡᠮᠵᠢᠯᠡᠭᠦᠯᠬᠦ | ᠰᠠᠨᠠᠭᠤᠯᠤᠮᠵᠢ ᠶᠢᠨ ᠮᠡᠳᠡᠭᠡ ᠵᠠᠩᠭᠢ ᠳᠤ ᠬᠦᠷᠴᠦ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ | ᠠᠯᠪᠠᠨ ᠬᠡᠷ ᠲᠤ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠬᠦ ᠳᠤᠭᠤᠶᠢᠯᠠᠩ ᠳᠤ ᠴᠠᠭ ᠲᠤᠬᠠᠶ ᠳᠤᠨᠢ ᠳᠡᠭᠡᠭᠰᠢ | ᠮᠡᠳᠡᠭᠦᠯᠬᠦ ᠶᠢᠨ ᠬᠠᠮᠲᠤ᠂ ᠡᠯ᠎ᠡ ᠪᠦᠷᠢᠯᠳᠦᠬᠦᠨ ᠨᠢᠭᠡᠴᠡ ᠳᠤ ᠮᠡᠳᠡᠭᠳᠡᠵᠦ᠂ ᠡᠳᠦᠷ ᠲᠤᠲᠤᠮ ᠤᠨ ᠬᠠᠮᠢᠶᠠᠷᠤᠨ ᠡᠵᠡᠮᠳᠡᠬᠦ | ᠠᠷᠭ᠎ᠠ ᠬᠡᠮᠵᠢᠶ᠎ᠡ ᠪᠠᠨ ᠴᠢᠩᠭᠠᠳᠬᠠᠨ᠂ ᠤᠷᠢᠳᠴᠢᠯᠠᠨ ᠰᠡᠷᠡᠮᠵᠢᠯᠡᠭᠦᠯᠬᠦ ᠶᠢ ᠡᠬᠢᠯᠡᠭᠦᠯᠬᠦ ᠪᠡᠯᠡᠳᠬᠡᠯ ᠢ ᠰᠠᠶᠢᠲᠤᠷ ᠬᠢᠬᠦ ᠬᠡᠷᠡᠭᠲᠡᠶ᠃ | ᠬᠡᠷᠪᠡ ᠮᠠᠨ ᠤ ᠣᠷᠣᠨ ᠤ ᠪᠣᠳᠠᠲᠠᠶ ᠠᠭᠠᠷ ᠤᠨ ᠪᠣᠬᠢᠷᠲᠤᠯ ᠤᠨ ᠬᠡᠮᠵᠢᠶ᠎ᠡ ᠨᠢ ᠣᠷᠣᠨ ᠪᠦᠰᠡ ᠶᠢᠨ ᠰᠡᠷᠡᠮᠵᠢᠯᠡᠭᠦᠯᠬᠦ | ᠲᠠᠰ ᠠᠴᠠ ᠬᠡᠲᠦᠷᠡᠭᠰᠡᠨ ᠪᠠᠶᠢᠪᠠᠯ᠂ ᠮᠠᠨ ᠤ ᠣᠷᠣᠨ ᠤ ᠪᠣᠳᠠᠲᠠᠶ ᠠᠭᠠᠷ ᠤᠨ ᠪᠣᠬᠢᠷᠲᠤᠯ ᠤᠨ ᠬᠡᠮᠵᠢᠶ᠎ᠡ ᠶᠣᠰᠣᠭᠠᠷ᠂ ᠮᠠᠨ ᠤ | ᠣᠷᠣᠨ ᠤ ᠵᠣᠬᠢᠬᠤ ᠲᠠᠰ ᠤᠨ ᠰᠡᠷᠡᠮᠵᠢᠯᠡᠭᠦᠯᠬᠦ ᠵᠡᠷᠭᠡ ᠳᠡᠰ ᠢ ᠨᠡᠶᠢᠲᠡᠯᠡᠬᠦ ᠳᠡᠰ ᠳᠠᠷᠠᠭᠠᠯᠠᠯ ᠢ ᠭᠦᠢᠴᠡᠳᠬᠡᠵᠦ᠂ ᠵᠣᠬᠢᠬᠤ | ᠲᠠᠰ ᠤᠨ ᠰᠡᠷᠡᠮᠵᠢᠯᠡᠭᠦᠯᠬᠦ ᠳᠡᠰ ᠲᠤ ᠬᠦᠷᠦᠭᠰᠡᠨ ᠦᠭᠡᠶ ᠪᠤᠶᠤ ᠣᠷᠣᠨ ᠪᠦᠰᠡ ᠶᠢᠨ ᠰᠡᠷᠡᠮᠵᠢᠯᠡᠭᠦᠯᠬᠦ ᠲᠠᠰ ᠤᠨ ᠠᠳᠠᠯᠢ | ᠱᠠᠲᠤᠨ ᠳᠤ ᠬᠦᠷᠦᠭᠰᠡᠨ ᠪᠣᠯ᠂ ᠬᠤᠲᠠ ᠶᠢᠨ ᠵᠢᠯᠣᠭᠤᠳᠬᠤ ᠭᠠᠵᠠᠷ ᠤᠨ ᠠᠯᠪᠠᠨ ᠭᠡᠷ ᠤᠨ ᠮᠡᠳᠡᠭᠳᠡᠭᠰᠡᠨ ᠰᠡᠷᠡᠮᠵᠢᠯᠡᠭᠦᠯᠬᠦ | ᠳᠡᠰ ᠳᠠᠷᠠᠭᠠᠯᠠᠯ ᠤᠨ ᠶᠣᠰᠣᠭᠠᠷ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠬᠤ ᠶᠢ ᠡᠬᠢᠯᠡᠭᠦᠯᠵᠦ᠂ ᠰᠡᠷᠡᠮᠵᠢᠯᠡᠭᠦᠯᠬᠦ ᠮᠡᠳᠡᠭᠡ | ᠵᠠᠩᠭᠢ ᠶᠢ ᠴᠠᠭ ᠲᠤᠬᠠᠶ ᠳᠤᠨᠢ ᠨᠡᠶᠢᠲᠡᠯᠡᠨ᠂ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠡᠷᠭᠢᠨ ᠲᠣᠭᠤᠷᠢᠨ ᠤ ᠬᠤᠲᠠ ᠨᠤᠭᠤᠳ ᠲᠠᠢ ᠬᠠᠮᠲᠤᠪᠠᠷ ᠣᠷᠣᠨ ᠪᠦᠰᠡ ᠶᠢᠨ ᠬᠦᠨᠳᠦ ᠪᠣᠬᠢᠷᠲᠤᠯ ᠲᠠᠢ | ᠴᠠᠭ ᠠᠭᠤᠷ ᠢ ᠠᠷᠭᠠᠴᠠᠬᠤ ᠬᠡᠷᠡᠭᠲᠡᠶ᠃ | 3.6 ᠮᠡᠳᠡᠭᠡ ᠵᠠᠩᠬᠢ ᠶᠢᠨ ᠮᠡᠳᠡᠬᠦᠯᠥᠯᠳᠡ | ᠬᠦᠨᠳᠦ ᠪᠣᠬᠢᠷᠲᠤᠯ ᠲᠠᠢ ᠴᠠᠭ ᠠᠭᠤᠷ ᠤᠨ ᠰᠡᠷᠡᠮᠵᠢᠯᠡᠭᠦᠯᠦᠯ ᠢ ᠨᠡᠶᠢᠲᠡᠯᠡᠭᠰᠡᠨ ᠤ ᠳᠠᠷᠠᠭ᠎ᠠ᠂ ᠲᠤᠭᠤᠷᠢᠭ ᠤᠨ ᠪᠠᠴᠢᠮ | ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠭᠡᠷ ᠲᠣᠰ ᠡᠳᠦᠷ ᠲᠤ ᠲᠤᠭᠤᠷᠢᠭ ᠤᠨ ᠵᠠᠰᠠᠭ ᠤᠨ ᠣᠷᠳᠣᠨ᠂ | ᠬᠤᠲᠠ ᠶᠢᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ | ᠭᠡᠷ ᠲᠤ ᠮᠡᠳᠡᠭᠦᠯᠬᠦ ᠬᠡᠷᠡᠭᠲᠡᠶ᠃ ᠬᠦᠨᠳᠦ ᠪᠣᠬᠢᠷᠲᠤᠯ ᠲᠠᠢ ᠴᠠᠭ ᠠᠭᠤᠷ ᠤᠨ ᠬᠡᠷᠡᠭ ᠤᠨ ᠮᠡᠳᠡᠭᠦᠯᠦᠯᠲᠡ ᠶᠢ ᠡᠬᠢᠨ ᠤ | ᠮᠡᠳᠡᠭᠦᠯᠦᠯᠲᠡ᠂ ᠦᠷᠭᠦᠯᠵᠢᠯᠡᠨ ᠮᠡᠳᠡᠭᠦᠯᠬᠦ ᠪᠠ ᠡᠴᠦᠰ ᠤᠨ ᠮᠡᠳᠡᠭᠦᠯᠦᠯᠲᠡ ᠭᠡᠵᠦ ᠬᠤᠪᠢᠶᠠᠨ᠎ᠠ᠃ ᠠᠩᠬ᠎ᠠ ᠮᠡᠳᠡᠭᠦᠯᠬᠦ | ᠠᠭᠤᠯᠭ᠎ᠠ ᠳᠤ ᠰᠡᠷᠡᠮᠵᠢᠯᠡᠭᠦᠯᠬᠦ ᠲᠠᠰ᠂ ᠨᠡᠶᠢᠲᠡᠯᠡᠬᠦ ᠴᠠᠭ᠂ ᠭᠤᠤᠯ ᠪᠣᠯᠬᠤ ᠪᠣᠬᠢᠷᠲᠤᠯ ᠪᠣᠳᠠᠰ᠂ ᠠᠪᠤᠭᠰᠠᠨ ᠪᠠᠴᠢᠮ | ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠵᠡᠷᠭᠡ ᠶᠢ ᠪᠠᠭᠲᠠᠭᠠᠨ᠎ᠠ᠃ ᠦᠷᠭᠦᠯᠵᠢᠯᠡᠨ ᠮᠡᠳᠡᠭᠦᠯᠬᠦ ᠠᠭᠤᠯᠭ᠎ᠠ ᠳᠤ | ᠰᠡᠷᠡᠮᠵᠢᠯᠡᠭᠦᠯᠬᠦ ᠲᠠᠰ ᠤᠨ ᠬᠤᠪᠢᠷᠠᠯᠲᠠ ᠶᠢᠨ ᠪᠠᠶᠢᠳᠠᠯ᠂ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢ | ᠬᠡᠷᠡᠭᠵᠢᠭᠦᠯᠦᠭᠰᠡᠨ ᠪᠠ ᠣᠯᠤᠭᠰᠠᠨ ᠦᠷ᠎ᠡ ᠳ᠋ᠦᠩ ᠵᠡᠷᠭᠡ ᠪᠠᠭᠲᠠᠨ᠎ᠠ᠃ ᠡᠴᠦᠰ ᠤᠨ ᠮᠡᠳᠡᠭᠦᠯᠦᠯᠲᠡ ᠶᠢ ᠬᠦᠴᠦᠨ ᠥᠬᠡᠶ | ᠪᠣᠯᠭᠠᠭᠰᠠᠨ ᠤ ᠳᠠᠷᠠᠭ᠎ᠠ ᠳᠡᠭᠡᠭᠰᠢ ᠮᠡᠳᠡᠭᠦᠯᠵᠦ᠂ ᠠᠭᠤᠯᠭ᠎ᠠ ᠳᠤ ᠪᠠᠴᠢᠮ ᠪᠠᠶᠢᠳᠠᠯ ᠢ ᠠᠷᠭᠠᠴᠠᠬᠤ ᠳᠤ ᠳᠠᠭᠠᠵᠤ ᠬᠢᠬᠦ ᠶᠢ | ᠵᠣᠭᠰᠣᠭᠠᠭᠰᠠᠨ ᠪᠠᠶᠢᠳᠠᠯ᠂ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢᠨ ᠦᠷ᠎ᠡ ᠪᠦᠲᠦᠮᠵᠢ ᠶᠢ ᠦᠨᠡᠯᠡᠨ | ᠵᠢᠱᠢᠭᠰᠡᠨ ᠪᠠᠶᠢᠳᠠᠯ ᠵᠡᠷᠭᠡ ᠪᠠᠭᠲᠠᠨ᠎ᠠ᠃ ᠬᠦᠨᠳᠦ ᠪᠣᠬᠢᠷᠲᠤᠯ ᠲᠠᠢ ᠴᠠᠭ ᠠᠭᠤᠷ ᠤᠨ ᠮᠡᠳᠡᠭᠡ ᠵᠠᠩᠭᠢ ᠶᠢ ᠰᠦᠯᠵᠢᠶᠡᠨ ᠤ | ᠬᠡᠯᠪᠡᠷᠢ ᠪᠠᠷ ᠳᠠᠮᠵᠢᠭᠤᠯᠤᠨ ᠪᠢᠴᠢᠭ ᠤᠨ ᠮᠡᠳᠡᠭᠦᠯᠦᠯᠲᠡ ᠪᠠᠨ ᠮᠡᠳᠡᠭᠦᠯᠦᠨ ᠬᠦᠷᠭᠡᠵᠦ ᠪᠣᠯᠤᠨ᠎ᠠ᠂ ᠪᠠᠶᠢᠳᠠᠯ ᠪᠠᠴᠢᠮ ᠪᠣᠯ᠂ | ᠠᠩᠬ᠎ᠠ ᠮᠡᠳᠡᠭᠦᠯᠪᠡᠯ ᠳ᠋ᠢᠶᠠᠩᠬᠤᠸᠠ ᠪᠠᠷ ᠮᠡᠳᠡᠭᠦᠯᠵᠦ᠂ ᠦᠷᠭᠦᠯᠵᠢᠯᠡᠨ ᠨᠥᠬᠦᠵᠦ ᠮᠡᠳᠡᠭᠦᠯᠬᠦ ᠪᠢᠴᠢᠭ ᠢᠶᠠᠷ ᠮᠡᠳᠡᠭᠦᠯᠵᠦ | ᠪᠣᠯᠤᠨ᠎ᠠ᠃ | 4. ᠪᠠᠴᠢᠮ ᠪᠠᠶᠢᠳᠠᠯ ᠢ ᠠᠷᠭᠠᠴᠠᠬᠤ ᠶᠢ ᠳᠠᠭᠠᠬᠤ | 4.1 ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠬᠤ ᠶᠢᠨ ᠳᠡᠰ ᠬᠤᠪᠢᠶᠠᠬᠤ | ᠰᠢᠷ᠎ᠠ ᠥᠩᠭᠡ ᠶᠢᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠣᠶᠢᠶ᠎ᠠ ᠳᠤ᠂ Ⅲ ᠲᠠᠰ ᠤᠨ | ᠴᠤᠤᠷᠢᠶᠠᠲᠤᠯ ᠢ ᠡᠬᠢᠯᠡᠭᠦᠯᠦᠨ᠎ᠡ︔ | ᠤᠯᠠᠪᠤᠷ ᠥᠩᠭᠡ ᠶᠢᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠦᠶ᠎ᠡ ᠳᠤ᠂ Ⅱ ᠲᠠᠰ ᠤᠨ ᠳᠠᠭᠠᠬᠤ ᠶᠢ | ᠡᠬᠢᠯᠡᠭᠦᠯᠦᠨ᠎ᠡ︔ | ᠤᠯᠠᠭᠠᠨ ᠥᠩᠭᠡ ᠶᠢᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠣᠶᠢᠶ᠎ᠠ ᠳᠤ᠂ Ⅰ ᠳᠡᠰ ᠤᠨ ᠳᠠᠭᠠᠬᠤ ᠶᠢ | ᠡᠬᠢᠯᠡᠭᠦᠯᠦᠨ᠎ᠡ᠃ | 4.2 ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠵᠤ ᠬᠢᠬᠦ ᠶᠢ ᠡᠬᠢᠯᠡᠭᠦᠯᠦᠨ ᠭᠡᠷᠡᠭᠵᠢᠬᠦᠯᠪᠡ | ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠪᠡᠯ ᠳᠠᠷᠤᠢ ᠲᠦᠷᠭᠡᠨ ᠪᠠᠴᠢᠮ ᠪᠠᠶᠢᠳᠠᠯ ᠢ ᠠᠷᠭᠠᠴᠠᠭᠠᠬᠤ | ᠠᠵᠢᠯᠯᠠᠭ᠎ᠠ ᠶᠢ ᠡᠬᠢᠯᠡᠭᠦᠯᠵᠦ᠃ ᠲᠤᠭᠤᠷᠢᠭ ᠤᠨ ᠪᠦᠷᠢᠯᠳᠦᠬᠦᠨ ᠨᠢᠭᠡᠴᠡ᠂ ᠬᠠᠮᠢᠶ᠎ᠠ ᠪᠥᠬᠦᠶ ᠠᠵᠤ ᠠᠬᠤᠶᠢᠯᠠᠯ ᠤᠳ ᠲᠣᠰ | ᠲᠣᠰ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠪᠠ ᠲᠥᠰᠦᠯ ᠤᠨ ᠶᠣᠰᠣᠭᠠᠷ ᠪᠠᠴᠢᠮ ᠪᠠᠶᠢᠳᠠᠯ ᠢ | ᠠᠷᠭᠠᠴᠠᠬᠤ ᠠᠷᠭ᠎ᠠ ᠬᠡᠮᠵᠢᠶ᠎ᠡ ᠠᠪᠤᠨ᠎ᠠ︔ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ | ᠬᠠᠷᠢᠭᠤᠴᠠᠯᠭ᠎ᠠ ᠶᠢᠨ ᠶᠣᠰᠣᠭᠠᠷ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠠᠪᠤᠨ᠎ᠠ᠃ | 4.3 ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠬᠤ ᠠᠷᠭ᠎ᠠ ᠬᠡᠮᠵᠢᠶ᠎ᠡ | ᠨᠠᠷᠢᠨ ᠮᠥᠬᠦᠯᠢᠭᠲᠦ ᠪᠣᠳᠠᠰ ︵PM 2.5︶ ᠤᠨ ᠪᠣᠬᠢᠷᠲᠤᠯ ᠠᠴᠠ ᠪᠣᠯᠤᠭᠰᠠᠨ ᠬᠦᠨᠳᠦ ᠪᠣᠬᠢᠷᠲᠤᠯ ᠲᠠᠢ ᠴᠠᠭ | ᠠᠭᠤᠷ ᠠᠴᠠ ᠪᠣᠯᠵᠣ᠂ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠭᠰᠡᠨ ᠤ ᠳᠠᠷᠠᠭ᠎ᠠ᠂ ᠲᠤᠭᠤᠷᠢᠭ ᠤᠨ ᠪᠠᠴᠢᠮ ᠪᠠᠶᠢᠳᠠᠯ ᠢ | ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠬᠡᠷ ᠨᠢ ᠳᠠᠷᠤᠶ ᠲᠦᠷᠭᠡᠨ ᠬᠤᠯᠪᠣᠭᠳᠠᠯ ᠪᠥᠬᠦᠶ ᠰᠠᠯᠠᠭ᠎ᠠ ᠮᠥᠴᠢᠷ᠂ | ᠨᠢᠭᠡᠴᠡ ᠪᠠ ᠬᠠᠮᠢᠶ᠎ᠠ ᠪᠥᠬᠦᠶ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠬᠤ | ᠪᠠᠶᠢᠳᠠᠯ ᠳᠤ ᠣᠷᠣᠭᠤᠯᠬᠤ ᠶᠢᠨ ᠬᠠᠮᠲᠤ ᠵᠣᠬᠢᠴᠠᠩᠭᠤᠶ ᠲᠠᠰ ᠤᠨ ᠳᠠᠭᠠᠬᠤ ᠠᠷᠭ᠎ᠠ ᠬᠡᠮᠵᠢᠶ᠎ᠡ ᠠᠪᠬᠤ ᠬᠡᠷᠡᠭᠲᠡᠶ᠃ | 4.3.1 ᠶᠡᠷᠦᠩᠭᠡᠢ ᠱᠠᠭᠠᠷᠳᠡᠯᠭ᠎ᠠ | ᠰᠢᠷ᠎ᠠ ᠥᠩᠭᠡ᠂ ᠤᠯᠠᠪᠤᠷ ᠥᠩᠭᠡ ᠶᠢᠨ ᠰᠡᠷᠡᠮᠵᠢ ᠶᠢᠨ ᠮᠡᠳᠡᠭᠡ ᠵᠠᠩᠭᠢ ᠶᠢ ᠪᠠᠴᠢᠮ ᠨᠡᠶᠢᠲᠡᠯᠡᠬᠦ ᠪᠤᠶᠤ ᠲᠦᠢᠯ ᠤᠨ | ᠠᠰᠢᠭ ᠥᠬᠡᠶ ᠴᠠᠭ ᠠᠭᠤᠷ ᠤᠨ ᠨᠥᠬᠦᠴᠡᠯ ᠳᠤ ᠲᠤᠯᠭᠠᠷᠠᠬᠤ ᠦᠶ᠎ᠡ ᠳᠤ᠂ ᠬᠤᠲᠠ ᠶᠢᠨ ᠬᠦᠨᠳᠦ ᠪᠣᠬᠢᠷᠲᠤᠯ ᠲᠠᠢ ᠴᠠᠭ | ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠵᠠᠷᠯᠢᠭ ᠢ ᠦᠨᠳᠦᠰᠦᠯᠡᠨ᠂ ᠣᠷᠣᠨ ᠤ ᠪᠠᠴᠢᠮ | ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠠᠴᠠ ᠭᠤᠤᠯᠳᠠᠯᠭ᠎ᠠ ᠲᠠᠢ ᠣᠷᠣᠨ ᠪᠦᠰᠡ᠂ ᠭᠤᠤᠯᠳᠠᠯᠭ᠎ᠠ ᠲᠠᠢ ᠠᠵᠢᠯ | ᠲᠥᠷᠥᠯ ᠤᠨ ᠠᠵᠤ ᠠᠬᠤᠶᠢᠯᠠᠯ ᠢ ᠱᠠᠭᠠᠷᠳᠠᠵᠤ ᠪᠠᠶᠢᠭᠠᠳ ᠴᠤᠤᠷᠢᠶᠠᠲᠤᠨ ᠳᠠᠭᠠᠬᠤ ᠠᠷᠭ᠎ᠠ ᠬᠡᠮᠵᠢᠶ᠎ᠡ ᠶᠢ ᠨᠠᠩ ᠴᠢᠩᠭ᠎ᠠ | ᠬᠡᠷᠡᠭᠵᠢᠭᠦᠯᠦᠨ᠎ᠡ᠃ | ︵1︶ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠠᠯᠪᠠᠨ ᠬᠡᠷ ᠨᠢ ᠪᠠᠴᠢᠮ ᠪᠠᠶᠢᠳᠠᠯ ᠢ | ᠠᠷᠭᠠᠴᠠᠬᠤ ᠪᠡᠯᠡᠳᠬᠡᠯ ᠲᠥᠰᠦᠯ ᠢ ᠵᠣᠬᠢᠶᠠᠨ ᠪᠠᠶᠢᠭᠤᠯᠤᠨ ᠵᠠᠰᠠᠪᠤᠷᠢ ᠣᠷᠣᠭᠤᠯᠬᠤ ᠶᠢ ᠬᠠᠷᠢᠭᠤᠴᠠᠵᠤ᠂ ᠪᠣᠶ ᠪᠥᠬᠦᠶ | ᠠᠭᠠᠷ ᠲᠤ ᠬᠤᠯᠪᠣᠭᠳᠠᠬᠤ ᠠᠵᠤ ᠠᠬᠤᠶᠢᠯᠠᠯ ︵ᠢᠨᠵᠧᠨᠧᠷᠢᠩ︶︶ ᠪᠠᠴᠢᠮ ᠪᠠᠶᠢᠳᠠᠯ ᠢ ᠠᠷᠭᠠᠴᠠᠨ ᠪᠣᠬᠢᠷᠲᠤᠯ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠲᠥᠷᠥᠯ ᠵᠦᠢᠯ ᠤᠨ ᠨᠠᠷᠢᠨ ᠬᠠᠭᠤᠳᠠᠰᠤ ᠳᠤ ᠣᠷᠣᠭᠤᠯᠬᠤ ᠶᠢᠨ ᠬᠠᠮᠲᠤ᠂ | ᠪᠣᠳᠠᠲᠤ ᠪᠠᠶᠢᠳᠠᠯ ᠢᠶᠠᠨ ᠦᠨᠳᠦᠰᠦᠯᠡᠨ ᠵᠢᠯ ᠪᠦᠷᠢ ᠨᠠᠷᠢᠨ ᠬᠠᠭᠤᠳᠠᠰᠤ ᠳᠤ ᠵᠠᠰᠠᠪᠤᠷᠢ ᠣᠷᠣᠭᠤᠯᠬᠤ ᠠᠵᠢᠯ ᠢ ᠲᠣᠭᠲᠠᠮᠠᠯ | ᠬᠤᠭᠤᠴᠠᠭ᠎ᠠ ᠲᠠᠢ ᠪᠠᠷ ᠥᠷᠨᠢᠭᠦᠯᠦᠨ᠎ᠡ︔ ᠪᠡᠯᠡᠳᠬᠡᠯ ᠲᠥᠰᠦᠯ ᠤᠨ ᠬᠠᠮᠢᠶᠠᠷᠤᠯᠲᠠ ᠶᠢᠨ ᠬᠡᠷᠡᠭᠵᠢᠭᠦᠯᠬᠦ ᠴᠤᠪᠤᠷᠠᠯ ᠢ | ᠲᠣᠳᠣᠷᠬᠠᠶᠢᠯᠠᠵᠤ᠂ ᠬᠠᠷᠢᠭᠤᠴᠠᠯᠭ᠎ᠠ ᠶᠢᠨ ᠭᠤᠤᠯ ᠴᠣᠭᠴᠠ ᠪᠠ ᠰᠠᠯᠠᠭ᠎ᠠ ᠮᠥᠴᠢᠷ ᠤᠨ ᠠᠵᠢᠯ ᠤᠨ ᠬᠤᠪᠢᠶᠠᠷᠢᠯᠠᠯ ᠢ | ᠨᠠᠶᠢᠳᠠᠪᠤᠷᠢᠵᠢᠭᠤᠯᠤᠨ᠂ ᠪᠡᠯᠡᠳᠬᠡᠯ ᠲᠥᠰᠦᠯ ᠢ ᠬᠡᠷᠡᠭᠵᠢᠭᠦᠯᠵᠦ ᠪᠣᠯᠬᠤ᠂ ᠠᠵᠤ ᠠᠬᠤᠶᠢᠯᠠᠯ ᠤᠨ ᠪᠣᠬᠢᠷᠲᠤᠯ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢ ᠪᠣᠳᠠᠲᠠᠶ ᠪᠥᠭᠡᠳ ᠶᠠᠪᠤᠭᠳᠠᠭᠤᠰᠢᠲᠠᠶ ᠪᠠᠶᠢᠯᠭᠠᠬᠤ ᠶᠢ | ᠦᠨᠡᠨᠬᠦ ᠪᠠᠲᠤᠯᠠᠵᠤ᠂ ︽ᠨᠢᠭᠡ ᠦᠢᠯᠡᠳᠪᠦᠷᠢ ᠳᠤ ᠨᠢᠭᠡ ᠠᠷᠭ᠎ᠠ ᠪᠣᠳᠣᠯᠭ᠎ᠠ︾ ᠶᠢ ᠪᠡᠶᠡᠯᠡᠭᠦᠯᠦᠨ᠎ᠡ᠃ | ︵2︶ ᠠᠮᠢ ᠠᠬᠤᠶ ᠣᠷᠴᠢᠨ ᠲᠣᠭᠤᠷᠢᠨ ᠤ ᠰᠠᠯᠠᠭ᠎ᠠ ᠮᠥᠴᠢᠷ ᠨᠢ ᠠᠵᠤ ᠦᠢᠯᠡᠳᠪᠦᠷᠢ ᠮᠡᠳᠡᠭᠡ ᠵᠠᠩᠭᠢ ᠪᠠ | ᠰᠢᠨᠵᠢᠯᠡᠬᠦ ᠤᠬᠠᠭᠠᠨ ᠮᠡᠷᠭᠡᠵᠢᠯ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠬᠦᠨᠳᠦ ᠪᠣᠬᠢᠷᠲᠤᠯ ᠲᠠᠢ ᠴᠠᠭ ᠠᠭᠤᠷ ᠤᠨ | ᠪᠠᠴᠢᠮ ᠪᠠᠶᠢᠳᠠᠯ ᠢ ᠠᠷᠭᠠᠴᠠᠬᠤ ᠳᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠨᠠᠷᠢᠨ ᠬᠠᠭᠤᠳᠠᠰᠤ ᠳᠤ | ᠣᠷᠣᠭᠤᠯᠤᠭᠰᠠᠨ ᠠᠵᠤ ᠠᠬᠤᠶᠢᠯᠠᠯ ᠢ ᠵᠢᠯᠣᠭᠤᠳᠴᠤ ᠪᠠᠶᠢᠭᠠᠳ ︽ᠨᠢᠭᠡ ᠦᠢᠯᠡᠳᠪᠦᠷᠢ ᠳᠤ ᠨᠢᠭᠡ ᠠᠷᠭ᠎ᠠ ᠪᠣᠳᠣᠯᠭ᠎ᠠ︾ | ᠶᠢᠨ ᠪᠠᠴᠢᠮ ᠪᠠᠶᠢᠳᠠᠯ ᠢ ᠠᠷᠭᠠᠴᠠᠬᠤ ᠳᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠡᠷᠡᠭᠵᠢᠭᠦᠯᠬᠦ | ᠲᠥᠰᠦᠯ ᠢ ᠲᠣᠭᠲᠠᠭᠠᠵᠤ᠂ ᠲᠥᠰᠦᠯ ᠳᠤ ᠠᠵᠤ ᠠᠬᠤᠶᠢᠯᠠᠯ ᠤᠨ ᠦᠨᠳᠦᠰᠦᠨ ᠪᠠᠶᠢᠳᠠᠯ᠂ ᠭᠤᠤᠯ ᠪᠣᠯᠬᠤ | ᠦᠢᠯᠡᠳᠪᠦᠷᠢᠯᠡᠯ ᠤᠨ ᠤᠷᠠᠯᠠᠯ ᠤᠨ ᠴᠤᠪᠤᠷᠠᠯ᠂ ᠭᠤᠤᠯ ᠪᠣᠯᠬᠤ ᠬᠡᠢ ᠳᠤ ᠬᠤᠯᠪᠣᠭᠳᠠᠬᠤ ᠪᠣᠬᠢᠷᠲᠤᠯ ᠭᠠᠳᠠᠭᠰᠢᠯᠠᠭᠤᠯᠬᠤ | ᠭᠤᠭᠴᠤᠭ᠎ᠠ ᠵᠢᠴᠢ ᠪᠣᠬᠢᠷᠲᠤᠯ ᠪᠣᠳᠠᠰ ᠭᠠᠳᠠᠭᠰᠢᠯᠠᠭᠤᠯᠬᠤ ᠪᠠᠶᠢᠳᠠᠯ ︵ᠬᠦᠨᠳᠦ ᠬᠡᠯᠪᠡᠷᠢ ᠶᠢᠨ ᠲᠡᠭᠡᠭᠡᠪᠦᠷᠢ ᠶᠢᠨ ᠲᠡᠷᠭᠡ | ᠬᠥᠰᠬᠡ ᠵᠢᠴᠢ ᠵᠠᠮ ᠬᠠᠷᠢᠯᠴᠠᠭᠠᠨ ᠤ ᠪᠤᠰᠤ ᠰᠢᠯᠵᠢᠮᠡᠯ ᠮᠠᠰᠢᠨ ᠢ ᠪᠠᠭᠲᠠᠭᠠᠨ᠎ᠠ︶ ᠢ ᠪᠠᠭᠲᠠᠭᠠᠬᠤ ᠶᠢᠨ ᠬᠠᠮᠲᠤ᠂ ᠠᠳᠠᠯᠢ | ᠪᠤᠰᠤ ᠲᠠᠰ ᠤᠨ ᠤᠷᠢᠳᠴᠢᠯᠠᠨ ᠰᠡᠷᠡᠮᠵᠢᠯᠡᠭᠦᠯᠬᠦ ᠳᠣᠤᠷᠠᠬᠢ ᠪᠠᠴᠢᠮ ᠪᠠᠶᠢᠳᠠᠯ ᠢ ᠠᠷᠭᠠᠴᠠᠬᠤ ᠳᠤ ᠪᠣᠬᠢᠷᠲᠤᠯ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢ ᠲᠣᠳᠣᠷᠬᠠᠶ ᠲᠡᠮᠳᠡᠭᠯᠡᠭᠰᠡᠨ ᠪᠠᠶᠢᠬᠤ ᠬᠡᠷᠡᠭᠲᠡᠶ᠃︶ | ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠣᠳᠠᠲᠠᠶ ᠠᠵᠢᠯ ᠤᠨ ᠳᠡᠰ ᠳᠠᠷᠠᠭᠠᠯᠠᠯ ᠤᠨ ᠬᠠᠷᠢᠭᠤᠴᠠᠯᠭ᠎ᠠ | ᠡᠭᠦᠷᠭᠡᠯᠡᠭᠴᠢ ᠬᠢᠭᠡᠳ ᠬᠠᠷᠢᠯᠴᠠᠬᠤ ᠠᠷᠭ᠎ᠠ ᠮᠠᠶ᠋ᠢᠭ ᠵᠡᠷᠭᠡ ᠶᠢ ᠨᠠᠷᠢᠯᠢᠭᠵᠢᠭᠤᠯᠵᠤ᠂ ︽ᠬᠡᠷᠡᠭᠵᠢᠭᠦᠯᠵᠦ ᠪᠣᠯᠬᠤ᠂ ᠬᠢᠨᠠᠨ | ᠬᠡᠮᠵᠢᠵᠦ ᠪᠣᠯᠬᠤ᠂ ᠬᠢᠨᠠᠨ ᠪᠠᠶᠢᠴᠠᠭᠠᠵᠤ ᠪᠣᠯᠬᠤ︾ ᠶᠢ ᠪᠡᠶᠡᠯᠡᠭᠦᠯᠦᠨ᠎ᠡ᠃ | ︵3︶ ᠬᠠᠦᠯᠢ ᠶᠣᠰᠣᠭᠠᠷ ᠪᠣᠬᠢᠷᠳᠦᠯ ᠭᠠᠳ᠋ᠬᠠᠰᠢᠯᠠᠭᠤᠯᠬᠤ ᠵᠦᠪᠰᠢᠶᠡᠷᠡᠯ ᠤᠨ ᠦᠨᠡᠮᠯᠠᠯ ᠳᠤ ᠣᠷᠣᠭᠤᠯᠥᠨ᠎ᠠ᠃ | ︵4︶ ᠠᠵᠤ ᠣᠢᠢᠯᠠᠣᠠᠪᠤᠷᠢ ᠶᠢᠨ ᠠᠵᠤ ᠠᠬᠤᠢᠢᠯᠠᠯ ᠤᠨ ᠪᠤᠭᠢᠷᠲᠣᠯ ᠪᠤᠲᠠᠰ ᠭᠠᠲᠠᠬᠰᠢᠯᠠᠭᠤᠯᠬᠤ ᠬᠡᠮᠵᠢᠶ᠎ᠡ ᠶᠢ | ᠪᠠᠭᠠᠰᠬᠠᠬᠤ ᠠᠷᠭ᠎ᠠ ᠬᠡᠮᠵᠢᠶ᠎ᠡ ᠨᠢ ᠭᠤᠣᠯᠲᠠᠭᠤ ᠣᠢᠢᠯᠠᠣᠠᠪᠤᠷᠢᠯᠠᠯ ᠢ ᠵᠣᠬᠰᠣᠭᠠᠬᠤ᠂ ᠵᠦᠭᠡᠭᠡᠪᠤᠷᠢᠯᠠᠯ ᠢ ᠵᠣᠬᠰᠣᠭᠠᠬᠤ ᠬᠡᠰᠠᠭ | ᠣᠢᠢᠯᠠᠣᠠᠪᠤᠷᠢᠯᠠᠯ ᠤᠨ ᠱᠣᠭᠤᠮ ᠪᠤᠶᠤ ᠭᠤᠣᠯ ᠪᠤᠯᠬᠤ ᠣᠢᠢᠯᠠᠣᠠᠪᠤᠷᠢᠯᠠᠯ ᠤᠨ ᠠᠵᠢᠯ ᠤᠨ ᠲᠠᠷᠠᠭᠠᠯᠠᠯ ᠮ᠊ ᠳᠦᠭᠦᠭᠡᠷᠣᠮᠵᠢ︶ | ᠦᠢᠯᠡᠳᠪᠦᠷᠢᠯᠡᠯ ᠢ ᠬᠢᠵᠠᠭᠠᠷᠯᠠᠬᠤ ᠠᠷᠭ᠎ᠠ ᠬᠡᠯᠪᠡᠷᠢ ᠪᠠᠷ ᠪᠣᠬᠢᠷᠳᠠᠯ ᠢ ᠪᠠᠭᠠᠰᠭᠠᠬᠤ ᠬᠡᠷᠡᠭᠲᠡᠢ᠃ ᠣᠬᠤᠷᠬᠠᠨ ᠬᠤᠭᠤᠴᠠᠭᠠᠨ ᠤ | ᠳᠣᠲᠣᠷ᠎ᠠ ᠦᠢᠯᠡᠳᠪᠦᠷᠢᠯᠡᠯ ᠢᠶᠠᠨ ᠵᠣᠭᠰᠣᠭᠠᠬᠤ ᠳᠤ ᠬᠦᠴᠢᠷᠲᠡᠶ ᠪᠤᠶᠤ ᠴᠠᠭ ᠬᠤᠭᠤᠴᠠᠭ᠎ᠠ ᠶᠢ ᠤᠷᠲᠤᠳᠬᠠᠬᠤ | ᠦᠢᠯᠡᠳᠪᠦᠷᠢᠯᠡᠯ ᠤᠨ ᠠᠵᠢᠯ ᠤᠨ ᠳᠡᠰ ᠳᠠᠷᠠᠭᠠᠯᠠᠯ ᠳᠤ ᠪᠣᠯ ᠪᠣᠬᠢᠷᠲᠤᠯ ᠢ ᠵᠠᠰᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ | ᠦᠢᠯᠡᠳᠪᠦᠷᠢᠯᠡᠯ ᠤᠨ ᠳᠠᠭᠠᠭᠠᠴᠠ ᠶᠢ ᠬᠢᠵᠠᠭᠠᠷᠯᠠᠬᠤ᠂ ᠦᠢᠯᠡᠳᠪᠦᠷᠢᠯᠡᠯ ᠤᠨ ᠲᠥᠯᠥᠪᠯᠡᠭᠡ ᠶᠢ ᠤᠷᠢᠳᠴᠢᠯᠠᠨ ᠲᠣᠬᠢᠷᠠᠭᠤᠯᠬᠤ | ᠵᠡᠷᠭᠡ ᠠᠷᠭ᠎ᠠ ᠮᠠᠶ᠋ᠢᠭ ᠢ ᠠᠪᠴᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠵᠤ ᠪᠣᠯᠤᠨ᠎ᠠ᠃ ᠳᠡᠰ ᠲᠥᠷᠥᠯ ᠬᠤᠪᠢᠶᠠᠨ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠵᠦ᠂ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠠᠮᠵᠢᠯᠲᠠ ᠪᠦᠲᠦᠮᠵᠢ ᠶᠢᠨ A ᠲᠡᠰ ᠤᠨ ᠪᠠᠷᠢᠮᠵᠢᠶ᠎ᠠ ᠳᠤ ᠬᠦᠷᠦᠭᠰᠡᠨ ᠠᠵᠤ | ᠠᠬᠤᠶᠢᠯᠠᠯ ᠳᠤ ᠵᠠᠷᠴᠢᠮ ᠳᠡᠭᠡᠷ᠎ᠡ ᠪᠠᠨ ᠦᠢᠯᠡᠳᠪᠦᠷᠢᠯᠡᠯ ᠢ ᠵᠣᠭᠰᠣᠭᠠᠬᠤ ᠪᠤᠶᠤ ᠦᠢᠯᠡᠳᠪᠦᠷᠢᠯᠡᠯ ᠢ ᠬᠢᠵᠠᠭᠠᠷᠯᠠᠬᠤ ᠠᠷᠭ᠎ᠠ | ᠬᠡᠮᠵᠢᠶ᠎ᠡ ᠶᠢ ᠠᠯᠪᠠᠳᠠᠯᠭ᠎ᠠ ᠪᠠᠷ ᠬᠡᠷᠡᠭᠵᠢᠭᠦᠯᠬᠦ ᠦᠭᠡᠢ︔ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠮᠵᠢᠯᠲᠠ | ᠪᠦᠲᠦᠮᠵᠢ ᠶᠢᠨ B ᠲᠡᠰ ᠤᠨ ᠪᠠᠷᠢᠮᠵᠢᠶ᠎ᠠ ᠳᠤ ᠬᠦᠷᠦᠭᠰᠡᠨ ᠠᠵᠤ ᠠᠬᠤᠶᠢᠯᠠᠯ ᠳᠤ ᠦᠢᠯᠡᠳᠪᠦᠷᠢᠯᠡᠯ ᠢ ᠵᠣᠭᠰᠣᠭᠠᠬᠤ ᠪᠤᠶᠤ | ᠦᠢᠯᠡᠳᠪᠦᠷᠢᠯᠡᠯ ᠢ ᠬᠢᠵᠠᠭᠠᠷᠯᠠᠬᠤ ᠠᠷᠭ᠎ᠠ ᠬᠡᠮᠵᠢᠶ᠎ᠡ ᠠᠪᠬᠤ ᠶᠢ ᠪᠠᠭᠠᠰᠬᠠᠬᠤ ᠬᠡᠷᠡᠭᠲᠡᠢ︔ ᠪᠣᠬᠢᠷᠲᠤᠯ ᠢ ᠵᠠᠰᠠᠬᠤ ᠬᠢᠷᠢ | ᠬᠡᠮᠵᠢᠶ᠎ᠡ ᠪᠠᠷ ᠳᠣᠤᠷ᠎ᠠ ᠠᠵᠤ ᠦᠢᠯᠡᠳᠪᠦᠷᠢ ᠶᠢᠨ ᠠᠵᠤ ᠠᠬᠤᠶᠢᠯᠠᠯ ᠳᠤ ᠪᠠᠴᠢᠮ ᠪᠠᠶᠢᠳᠠᠯ ᠢ ᠠᠷᠭᠠᠴᠠᠭᠠᠬᠤ ᠪᠣᠬᠢᠷᠲᠤᠯ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠡᠷᠴᠢᠮ ᠢ ᠴᠢᠩᠭᠠᠷᠠᠭᠤᠯᠤᠨ᠎ᠠ᠃ ᠪᠣᠬᠢᠷᠲᠤᠯ ᠶᠡᠬᠡᠲᠡᠶ ᠠᠵᠤ ᠠᠬᠤᠶᠢᠯᠠᠯ ᠤᠨ | ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠠᠪᠬᠤ ᠶᠢ | ᠵᠣᠷᠢᠭᠵᠢᠭᠤᠯᠬᠤ ᠬᠡᠷᠡᠭᠲᠡᠶ᠃ | ᠠᠷᠠᠳ ᠤᠨ ᠠᠮᠢᠳᠤᠷᠠᠯ ᠤᠨ ᠬᠡᠪ ᠤᠨ ᠬᠡᠷᠡᠭᠴᠡᠭᠡ ᠪᠠ ᠨᠡᠶᠢᠭᠡᠮ ᠤᠨ ᠠᠵᠢᠯᠯᠠᠭᠠᠨ ᠢ ᠪᠠᠲᠤᠯᠠᠬᠤ ᠶᠢᠨ ᠲᠤᠰᠠᠳᠠ᠂ | ᠭᠤᠤᠯᠳᠠᠯᠭ᠎ᠠ ᠲᠠᠢ ᠠᠵᠢᠯ ᠲᠥᠷᠥᠯ ᠤᠨ ᠠᠵᠤ ᠠᠬᠤᠶᠢᠯᠠᠯ ᠳᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠮᠵᠢᠯᠲᠠ | ᠪᠦᠲᠦᠮᠵᠢ ᠶᠢ ᠳᠡᠰ ᠬᠤᠪᠢᠶᠠᠬᠤ ᠪᠠ ᠵᠥᠷᠢᠶᠡᠵᠢᠬᠦᠯᠦᠨ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠵᠦ᠂ ᠠᠷᠠᠳ ᠤᠨ | ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠳᠤ ᠬᠤᠯᠪᠣᠭᠳᠠᠬᠤ ᠠᠵᠤ ᠠᠬᠤᠶᠢᠯᠠᠯ᠂ ᠭᠤᠤᠯᠳᠠᠯᠭ᠎ᠠ ᠲᠠᠢ ᠪᠦᠲᠦᠭᠡᠨ | ᠪᠠᠶᠢᠭᠤᠯᠤᠯᠲᠠ ᠶᠢᠨ ᠢᠨᠵᠧᠨᠧᠷᠢᠩ᠂ ᠬᠤᠲᠠ ᠶᠢᠨ ᠠᠵᠢᠯᠯᠠᠭᠠᠨ ᠤ ᠪᠠᠲᠤᠯᠠᠭ᠎ᠠ ᠶᠢᠨ ᠲᠡᠷᠭᠡ ᠬᠥᠰᠬᠡ ᠶᠢ ᠪᠠᠲᠤᠯᠠᠭ᠎ᠠ ᠶᠢᠨ | ᠲᠥᠷᠥᠯ ᠤᠨ ᠨᠠᠷᠢᠨ ᠬᠠᠭᠤᠳᠠᠰᠤ ᠳᠤ ᠣᠷᠣᠭᠤᠯᠤᠨ ᠪᠠᠲᠤᠯᠠᠭ᠎ᠠ ᠣᠯᠭᠤᠨ᠎ᠠ᠃ ᠵᠠᠷᠴᠢᠮ ᠳᠡᠭᠡᠷ᠎ᠡ ᠪᠠᠨ ᠴᠠᠬᠢᠯᠭᠠᠨ ᠤ | ᠦᠢᠯᠡᠳᠪᠦᠷᠢ᠂ ᠰᠠᠭᠤᠭᠠᠯᠢ ᠠᠷᠠᠳ ᠤᠨ ᠳᠤᠯᠠᠭᠠᠯᠠᠬᠤ ᠭᠦᠸᠧᠯᠦ ᠶᠢᠨ ᠭᠡᠷ᠂ ᠬᠡᠢ ᠳᠤ ᠬᠤᠯᠪᠣᠭᠳᠠᠬᠤ ᠵᠢᠵᠢᠭ ᠪᠢᠴᠢᠯ ᠠᠵᠤ | ᠠᠬᠤᠶᠢᠯᠠᠯ ︵ᠲᠦᠯᠡᠰᠢᠨ ᠨᠡᠭᠦᠷᠡᠰᠦ᠂ ᠰᠢᠲᠠᠭᠠᠬᠤ ᠪᠤᠰᠤ ᠲᠣᠰᠣ᠂ ᠪᠣᠬᠢᠷ ᠪᠣᠳᠠᠰ ᠤᠨ ᠬᠤᠪᠢᠶᠠᠷᠢᠯᠠᠯᠲᠠ ᠶᠢ ᠳᠠᠩ ᠭᠠᠭᠴᠠ | ᠪᠠ ᠭᠠᠳᠠᠭᠰᠢᠯᠠᠭᠤᠯᠤᠭᠰᠠᠨ ᠠᠭᠠᠷ ᠮᠠᠨᠳᠠᠯ ᠤᠨ ᠪᠣᠬᠢᠷᠲᠤᠯ ᠤᠨ ᠪᠣᠳᠠᠰ ᠲᠤ ᠬᠤᠤᠷ ᠬᠥᠨᠥᠭᠡᠯ ᠲᠠᠢ ᠵᠢᠴᠢ ᠦᠮᠡᠬᠡᠶ ᠬᠡᠢ ᠬᠡᠢ | ᠪᠠᠶᠢᠬᠤ ᠦᠭᠡᠶ᠂ ᠪᠣᠬᠢᠷ ᠪᠣᠳᠠᠰ ᠤᠨ ᠣᠨ ᠤ ᠭᠠᠳᠠᠭᠰᠢᠯᠠᠭᠤᠯᠤᠯᠲᠠ ᠶᠢᠨ ᠶᠡᠷᠦᠩᠬᠡᠶ ᠬᠡᠮᠵᠢᠶ᠎ᠡ ᠶᠢ 100 ᠺᠢᠯᠣᠭ᠍ᠷᠠᠮ ᠠᠴᠠ | ᠳᠣᠷᠣᠭᠰᠢᠬᠢ ᠠᠵᠤ ᠠᠬᠤᠶᠢᠯᠠᠯ︶ ᠵᠡᠷᠭᠡ ᠳᠤ ᠦᠢᠯᠡᠳᠪᠦᠷᠢᠯᠡᠬᠦ ᠶᠢ ᠨᠢ ᠵᠣᠭᠰᠣᠭᠠᠬᠤ ᠠᠷᠭ᠎ᠠ ᠬᠡᠮᠵᠢᠶ᠎ᠡ ᠠᠪᠬᠤ ᠬᠡᠷᠡᠭᠲᠡᠶ᠃ | ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠳᠤ ᠪᠡᠷᠬᠡᠲᠡᠶ ᠪᠠᠶᠢᠳᠠᠯ ᠳᠣᠤᠷ᠎ᠠ᠂ ᠬᠡᠷᠡᠭᠴᠡᠭᠡ ᠶᠣᠰᠣᠭᠠᠷ | ᠠᠭᠠᠷ ᠤᠨ ᠵᠢᠵᠢᠭ ᠪᠢᠴᠢᠯ ᠠᠵᠤ ᠠᠬᠤᠶᠢᠯᠠᠯ ᠳᠤ ᠵᠣᠬᠢᠴᠠᠩᠭᠤᠶ ᠠᠷᠭ᠎ᠠ ᠬᠡᠮᠵᠢᠶ᠎ᠡ ᠠᠪᠴᠤ᠂ ᠰᠠᠭᠤᠭᠠᠯᠢ ᠠᠷᠠᠳ ᠤᠨ | ᠳᠤᠯᠠᠭᠠᠯᠭ᠎ᠠ ᠬᠠᠩᠭᠠᠬᠤ ᠭᠦᠸᠧᠯᠦ ᠪᠣᠯᠤᠨ ᠲᠤᠬᠠᠶ ᠶᠢᠨ ᠭᠠᠵᠠᠷ ᠤᠨ ᠠᠭᠠᠷ ᠤᠨ ᠶᠠᠰᠤ ᠴᠢᠨᠠᠷ ᠢ ᠨᠥᠯᠥᠭᠡᠯᠡᠬᠦ ᠨᠢ ᠪᠠᠭ᠎ᠠ | ᠠᠮᠢᠳᠤᠷᠠᠯ ᠤᠨ ᠦᠢᠯᠡᠴᠢᠯᠡᠭᠡᠨ ᠤ ᠦᠢᠯᠡᠰ ᠲᠤ ᠦᠢᠯᠡᠳᠪᠦᠷᠢᠯᠡᠯ ᠢ ᠨᠢ ᠵᠣᠭᠰᠣᠭᠠᠬᠤ ᠠᠷᠭ᠎ᠠ ᠬᠡᠮᠵᠢᠶ᠎ᠡ ᠠᠪᠬᠤ ᠠᠴᠠ | ᠵᠠᠶᠢᠯᠠᠰᠬᠢᠵᠦ᠂ ︽ᠡᠭᠡᠭᠡ ᠠᠳᠠᠯᠢ ᠪᠠᠶᠢᠯᠭᠠᠬᠤ︾ ᠶᠢ ᠰᠡᠷᠭᠡᠶᠢᠯᠡᠨ ᠬᠤᠷᠢᠭᠯᠠᠬᠤ ᠬᠡᠷᠡᠭᠲᠡᠶ᠃ | ︵5︶ ᠬᠦᠨᠲᠦ ᠪᠤᠬᠢᠷᠲᠤᠯᠲᠦ ᠴᠠᠭ ᠠᠭᠤᠷ ᠤᠨ ᠪᠠᠴᠢᠮ ᠪᠠᠶᠢᠲᠠᠯ ᠢ ᠠᠷᠭᠠᠴᠠᠬᠤ ᠶᠢ ᠴᠤᠤᠷᠢᠶᠠᠳᠤᠨ ᠲᠠᠭᠠᠬᠤ | ᠬᠤᠭᠤᠴᠠᠭᠠᠨ ᠳᠤ ᠬᠦᠬᠦᠷ ᠤᠨ ᠳᠠᠪᠬᠤᠷ ᠢᠰᠦᠯ᠂ ᠠᠽᠤᠲ ᠤᠨ ᠢᠰᠦᠮᠡᠭ NOX᠂ ᠮᠦᠬᠦᠯᠢᠭᠲᠦ ᠪᠤᠳᠠᠰ ︵NOX︶᠂ | ᠮᠦᠬᠦᠯᠢᠭᠲᠦ ᠪᠤᠲᠠᠰ ︵VOCs︶︶ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠢᠴᠠᠯ ᠢ Ⅲ ᠳᠡᠰ᠂ | Ⅱ ᠳᠡᠰ᠂ I ᠲᠠᠰ ᠤᠨ ᠪᠠᠴᠢᠮ ᠪᠠᠶᠢᠳᠠᠯ ᠢ ᠠᠷᠭᠠᠴᠠᠬᠤ ᠴᠤᠤᠷᠢᠶᠠᠳᠣᠯ ᠤᠨ ᠬᠤᠭᠤᠴᠠᠭᠠᠨ ᠳᠤ᠂ ᠪᠠᠴᠢᠮ ᠪᠠᠶᠢᠳᠠᠯ ᠢ | ᠠᠷᠭᠠᠴᠠᠬᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ | ᠦᠬᠠᠶ ᠬᠤᠲᠠ ᠶᠢᠨ ᠶᠡᠷᠦᠩᠬᠡᠶ ᠭᠠᠳᠠᠭᠰᠢᠯᠠᠭᠤᠯᠬᠤ ᠬᠡᠮᠵᠢᠶ᠎ᠡ ᠶᠢᠨ ᠡᠵᠡᠯᠡᠬᠦ ᠬᠠᠷᠢᠴᠠᠯ ᠤᠨ ᠱᠠᠭᠠᠷᠳᠠᠯᠭ᠎ᠠ ᠳᠤ ᠬᠦᠷᠦᠭᠦᠯᠬᠦ ᠶᠢ | ᠦᠨᠡᠨᠬᠦ ᠪᠠᠲᠤᠯᠠᠨ᠎ᠠ᠃ | 4.3.2 ᠳᠡᠰ ᠤᠨ ᠳᠠᠭᠠᠬᠤ ᠠᠷᠭ᠎ᠠ ᠬᠡᠮᠵᠢᠶ᠎ᠡ | ︵1︶ ᠡᠷᠡᠭᠦᠯ ᠮᠡᠨᠳᠦ ᠶᠢ ᠬᠠᠮᠠᠭᠠᠯᠠᠬᠤ ᠠᠷᠭ᠎ᠠ ᠬᠡᠮᠵᠢᠶ᠎ᠡ | ᠲᠤᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠨᠢ ᠬᠠᠮᠢᠶ᠎ᠠ ᠪᠥᠬᠦᠶ ᠡᠭᠦᠷᠭᠡ ᠴᠢᠳᠠᠪᠤᠷᠢᠲᠤ ᠨᠢᠭᠡᠴᠢ | ᠪᠠ ᠰᠣᠨᠢᠨ ᠮᠡᠳᠡᠭᠡᠨ ᠤ ᠵᠠᠭᠤᠴᠢᠯᠠᠭᠤᠷ ᠢ ᠬᠠᠷᠢᠭᠤᠴᠠᠨ ᠵᠢᠯᠣᠭᠤᠳᠴᠤ ᠪᠠᠶᠢᠭᠠᠳ ᠡᠷᠡᠭᠦᠯ ᠮᠡᠨᠳᠦ ᠶᠢ ᠬᠠᠮᠠᠭᠠᠯᠠᠬᠤ | ᠰᠡᠷᠡᠮᠵᠢᠯᠡᠭᠦᠯᠦᠯ ᠢ ᠮᠡᠳᠡᠭᠡᠯᠡᠵᠦ᠂ ᠰᠦᠯᠵᠢᠶ᠎ᠡ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠳᠣᠤᠷᠠᠬᠢ ᠮᠡᠲᠦ ᠡᠷᠡᠭᠦᠯ ᠮᠡᠨᠳᠦ ᠶᠢ | ᠬᠠᠮᠠᠭᠠᠯᠠᠬᠤ ᠰᠡᠷᠡᠮᠵᠢᠯᠡᠭᠦᠯᠦᠯ ᠢ ᠨᠡᠶᠢᠲᠡᠯᠡᠨ᠎ᠠ᠄ ︽ᠬᠡᠤᠬᠡᠳ᠂ ᠨᠠᠰᠤᠲᠠᠶᠢᠴᠤᠳ ᠪᠠ ᠠᠮᠢᠰᠬᠤᠯ ᠤᠨ ᠰᠢᠰᠲ᠋ᠧᠮ᠂ ᠵᠢᠷᠦᠬᠡ | ᠲᠠᠷᠢᠬᠢᠨ ᠤ ᠴᠢᠰᠤᠨ ᠰᠤᠳᠠᠯ ᠵᠡᠷᠭᠡ ᠡᠪᠡᠳᠴᠢᠨ ᠲᠠᠢ ᠬᠥᠮᠦᠰ ᠤᠨ ᠠᠮᠠᠷᠬᠠᠨ ᠬᠠᠯᠳᠠᠪᠤᠷᠢᠯᠠᠭᠳᠠᠬᠤ ᠬᠥᠮᠦᠰ ᠢ ᠠᠯᠢ | ᠴᠢᠳᠠᠬᠤ ᠪᠠᠷ ᠬᠡᠷ ᠳᠣᠲᠣᠷ᠎ᠠ ᠦᠯᠡᠳᠡᠭᠡᠵᠦ᠂ ᠬᠡᠷ ᠤᠨ ᠭᠠᠳᠠᠨᠠᠬᠢ ᠬᠥᠳᠡᠯᠭᠡᠭᠡᠨ ᠠᠴᠠ ᠠᠯᠢ ᠴᠢᠳᠠᠬᠤ ᠪᠠᠷ ᠵᠠᠶᠢᠯᠠᠰᠬᠢᠵᠦ᠂ | ᠴᠣᠩᠬᠤ ᠪᠠᠨ ᠨᠡᠭᠡᠭᠡᠵᠦ ᠰᠠᠯᠬᠢ ᠨᠡᠪᠲᠡᠷᠡᠭᠦᠯᠬᠦ ᠴᠠᠭ ᠢ ᠠᠯᠢ ᠴᠢᠳᠠᠬᠤ ᠪᠠᠷ ᠪᠠᠭᠠᠰᠬᠠᠨ᠎ᠠ᠃ ᠡᠩ ᠤᠨ ᠬᠥᠮᠦᠰ ᠭᠡᠷ ᠤᠨ | ᠭᠠᠳᠠᠨᠠᠬᠢ ᠠᠵᠢᠯᠯᠠᠭ᠎ᠠ ᠪᠠ ᠠᠵᠢᠯᠯᠠᠬᠤ ᠴᠠᠭ ᠢ ᠪᠠᠭᠠᠰᠬᠠᠬᠤ ᠪᠤᠶᠤ ᠲᠡᠭᠦᠨ ᠠᠴᠠ ᠵᠠᠶᠢᠯᠠᠭᠤᠯᠤᠨ᠎ᠠ︔ ᠦᠨᠡᠬᠡᠷ ᠵᠠᠶᠢᠯᠠᠰᠢ | ᠦᠭᠡᠢ ᠪᠠᠶᠢᠪᠠᠯ ᠠᠮᠠᠪᠴᠢ ᠵᠡᠭᠦᠬᠦ᠂ ᠭᠡᠷ ᠤᠨ ᠭᠠᠳᠠᠨᠠᠬᠢ ᠠᠵᠢᠯᠯᠠᠬᠤ ᠴᠠᠭ ᠢ ᠪᠣᠭᠤᠨᠢᠰᠬᠠᠬᠤ ᠵᠡᠷᠭᠡ ᠴᠢᠬᠤᠯᠠ ᠪᠦᠬᠦᠢ | ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠠᠪᠤᠨ᠎ᠠ᠃︾ | ᠰᠤᠷᠭᠠᠨ ᠬᠥᠮᠦᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠡᠦᠬᠡᠳ ᠤᠨ ᠴᠡᠴᠡᠷᠯᠢᠭ᠂ ᠪᠠᠭ᠎ᠠ | ᠰᠤᠷᠭᠠᠭᠤᠯᠢ᠂ ᠳᠤᠮᠳᠠᠳᠤ ᠰᠤᠷᠭᠠᠭᠤᠯᠢ ᠵᠡᠷᠭᠡ ᠰᠤᠷᠭᠠᠭᠤᠯᠢ ᠶᠢᠨ ᠬᠡᠷ ᠤᠨ ᠭᠠᠳᠠᠨᠠᠬᠢ ᠬᠢᠴᠢᠶᠡᠯ ᠢ ᠪᠠᠭᠠᠰᠬᠠᠬᠤ ᠵᠢᠴᠢ | ᠠᠵᠢᠯᠯᠠᠭ᠎ᠠ ᠶᠢ ᠰᠢᠮᠳᠠᠭᠤᠯᠤᠨ ᠵᠢᠯᠣᠭᠤᠳᠬᠤ ᠶᠢ ᠬᠠᠷᠢᠭᠤᠴᠠᠨ᠎ᠠ᠃ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠳ ᠡᠮᠴᠢᠯᠡᠭᠡ ᠡᠷᠡᠭᠦᠯ ᠬᠠᠮᠠᠭᠠᠯᠠᠯ ᠤᠨ | ᠪᠠᠶᠢᠭᠤᠯᠤᠮᠵᠢ ᠶᠢ ᠰᠢᠮᠳᠠᠭᠤᠯᠤᠨ ᠵᠢᠯᠣᠭᠤᠳᠴᠤ ᠪᠠᠶᠢᠭᠠᠳ ᠠᠪᠤᠷᠠᠨ ᠵᠠᠰᠠᠬᠤ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ | ᠡᠮᠴᠢ ᠰᠤᠪᠢᠯᠠᠭᠴᠢ ᠶᠢᠨ ᠬᠠᠮᠢᠶ᠎ᠠ ᠪᠥᠬᠦᠶ ᠡᠪᠡᠳᠴᠢᠨ ᠡᠮᠭᠡᠭ ᠤᠨ ᠡᠭᠦᠳᠡᠨ ᠡᠮᠨᠡᠯᠭᠡ᠂ ᠲᠦᠷᠭᠡᠨ ᠡᠮᠨᠡᠬᠦ ᠬᠦᠴᠦᠨ ᠢ | ᠲᠡᠭᠦᠯᠳᠡᠷᠵᠢᠭᠦᠯᠬᠦ ᠶᠢ ᠬᠠᠷᠢᠭᠤᠴᠠᠨ᠎ᠠ᠃ | ︵2︶ ᠰᠠᠨᠠᠭᠠᠴᠢᠯᠠᠭ᠎ᠠ ᠶᠢᠨ ᠴᠢᠨᠠᠷᠲᠠᠢ ᠪᠣᠬᠢᠷᠳᠣᠯ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ | ᠲᠤᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠡᠯ᠎ᠡ ᠲᠥᠷᠥᠯ ᠤᠨ ᠵᠠᠭᠤᠴᠢᠯᠠᠭᠤᠷ ᠵᠡᠷᠭᠡ | ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠶᠢ ᠳᠠᠭᠠᠬᠤ ᠣᠷᠣᠨ ᠪᠦᠰᠡ ᠳᠤ ᠳᠣᠤᠷᠠᠬᠢ | ᠮᠡᠲᠦ ᠰᠠᠨᠠᠭᠠᠴᠢᠯᠠᠭ᠎ᠠ ᠶᠢᠨ ᠮᠡᠳᠡᠭᠡ ᠵᠠᠩᠭᠢ ᠨᠡᠶᠢᠲᠡᠯᠡᠬᠦ ᠶᠢ ᠬᠠᠷᠢᠭᠤᠴᠠᠨ ᠰᠢᠮᠳᠠᠭᠤᠯᠤᠨ ᠵᠢᠯᠣᠭᠤᠳᠴᠤ ᠵᠣᠬᠢᠴᠠᠭᠤᠯᠤᠨ᠎ᠠ᠃ | ᠣᠯᠠᠨ ᠨᠡᠶᠢᠲᠡ ᠶᠢᠨ ᠪᠣᠬᠢᠷᠲᠤᠯ ᠦᠭᠡᠶ ᠶᠠᠪᠤᠵᠤ ᠰᠠᠭᠤᠬᠤ ᠶᠢ ᠰᠠᠨᠠᠭᠠᠴᠢᠯᠠᠵᠤ᠂ ᠠᠯᠢ ᠴᠢᠳᠠᠬᠤ ᠪᠠᠷ ᠨᠡᠶᠢᠲᠡ ᠶᠢᠨ ᠵᠠᠮ | ᠬᠠᠷᠢᠯᠴᠠᠭᠠᠨ ᠤ ᠪᠠᠭᠠᠵᠢ ᠪᠤᠶᠤ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠳᠤ ᠰᠠᠭᠤᠵᠤ ᠭᠠᠳᠠᠭᠰᠢ ᠭᠠᠷᠴᠤ᠂ | ᠲᠡᠷᠭᠡ ᠪᠠᠨ ᠴᠠᠭ ᠲᠤᠬᠠᠶ ᠳᠤᠨᠢ ᠤᠨᠲᠠᠷᠠᠭᠠᠵᠤ᠂ ᠲᠡᠷᠭᠡ ᠬᠥᠰᠬᠡ ᠶᠢᠨ ᠤᠤᠯ ᠤᠨ ᠬᠤᠷᠳᠤᠴᠠ ᠪᠠᠨ ᠤᠳᠠᠭᠠᠰᠢᠷᠠᠭᠤᠯᠤᠨ | ᠠᠵᠢᠯᠯᠠᠬᠤ ᠴᠠᠭ ᠢ ᠪᠠᠭᠠᠰᠬᠠᠬᠤ ᠬᠡᠷᠡᠭᠲᠡᠶ᠃ ᠣᠯᠠᠨ ᠨᠡᠶᠢᠲᠡ ᠶᠢᠨ ᠪᠣᠬᠢᠷᠲᠤᠯ ᠥᠬᠡᠶ ᠬᠡᠷᠡᠭᠯᠡᠭᠡ ᠶᠢ ᠰᠠᠨᠠᠭᠠᠴᠢᠯᠠᠵᠤ᠂ | ᠨᠢᠭᠡᠴᠢ ᠪᠠ ᠣᠯᠠᠨ ᠨᠡᠶᠢᠲᠡ ᠪᠠᠷ ᠢᠶᠠᠨ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠠᠭᠤᠯᠤᠭᠰᠠᠨ ᠰᠢᠷ᠂ ᠰᠢᠷ᠂ | ᠠᠭᠤᠰᠬᠠᠭᠴᠢ ᠵᠡᠷᠭᠡ ᠲᠦᠭᠦᠬᠡᠶ ᠮᠠᠲ᠋ᠧᠷᠢᠶᠠᠯ ᠵᠢᠴᠢ ᠦᠢᠯᠡᠳᠬᠦᠨ ᠤ ᠬᠡᠷᠡᠭᠯᠡᠯᠲᠡ ᠶᠢ ᠠᠯᠢ ᠴᠢᠳᠠᠬᠤ ᠪᠠᠷ ᠪᠠᠭᠠᠰᠬᠠᠨ᠎ᠠ︾᠃ | ︵3︶ ᠪᠣᠬᠢᠷᠳᠣᠯ ᠢ ᠠᠯᠪᠠᠳᠠᠨ ᠪᠠᠭᠠᠰᠬᠠᠬᠤ ᠠᠷᠭ᠎ᠠ ᠬᠡᠮᠵᠢᠶ᠎ᠡ | ᠠᠵᠤ ᠦᠢᠯᠡᠳᠪᠦᠷᠢ ᠶᠢᠨ ᠢᠷᠡᠯᠲᠡ ᠶᠢᠨ ᠪᠣᠬᠢᠷᠳᠠᠯ ᠢ ᠪᠠᠭᠠᠰᠭᠠᠬᠤ ᠠᠷᠭ᠎ᠠ ᠬᠡᠮᠵᠢᠶ᠎ᠡ᠃ ᠢᠯᠴᠢ ᠶᠢᠨ ᠴᠠᠬᠢᠯᠭᠠᠨ ᠤ | ᠠᠵᠤ ᠠᠬᠤᠶᠢᠯᠠᠯ᠄ ᠨᠢᠭᠡᠨᠲᠡ ᠥᠭᠡᠷᠡᠴᠢᠯᠡᠭᠰᠡᠨ ᠪᠣᠯᠪᠠᠴᠤ ᠬᠡᠲᠦ ᠳᠣᠤᠷ᠎ᠠ ᠭᠠᠳᠠᠭᠰᠢᠯᠠᠭᠤᠯᠬᠤ ᠬᠢᠵᠠᠭᠠᠷ ᠬᠡᠮᠵᠢᠭᠳᠡᠯ ᠪᠤᠶᠤ | ᠪᠠᠷᠢᠮᠵᠢᠶ᠎ᠠ ᠠᠴᠠ ᠬᠡᠲᠦᠷᠡᠭᠰᠡᠨ ᠨᠣᠷᠮ᠎ᠠ ᠶᠢ 5% ᠠᠴᠠ ᠳᠡᠭᠡᠭᠰᠢ ᠬᠡᠷᠡᠭᠵᠢᠭᠦᠯᠦᠭᠰᠡᠨ ᠠᠵᠤ ᠠᠬᠤᠶᠢᠯᠠᠯ ︵ᠬᠡᠲᠦ ᠳᠣᠤᠷ᠎ᠠ | ᠭᠠᠳᠠᠭᠰᠢᠯᠠᠭᠤᠯᠬᠤ ᠬᠢᠵᠠᠭᠠᠷ ᠬᠡᠮᠵᠢᠭᠳᠡᠯ ᠠᠴᠠ ᠬᠡᠲᠦᠷᠡᠨ᠎ᠡ︶ ᠳᠤ᠂ ᠠᠭᠠᠷ ᠮᠠᠨᠳᠠᠯ ᠤᠨ ᠪᠣᠬᠢᠷᠲᠤᠯ ᠪᠣᠳᠠᠰ ᠢ 10% ᠶᠢᠨ | ᠬᠠᠷᠢᠴᠠᠯ ᠢᠶᠠᠷ ᠭᠠᠳᠠᠭᠰᠢᠯᠠᠭᠤᠯᠬᠤ ᠶᠢ ᠪᠠᠭᠠᠰᠬᠠᠬᠤ ᠶᠢ ᠱᠠᠭᠠᠷᠳᠠᠨ᠎ᠠ᠃ ᠬᠡᠤᠷᠰᠢᠭᠦᠯᠬᠦ ᠠᠵᠤ ᠠᠬᠤᠶᠢᠯᠠᠯ᠄ ᠬᠡᠤᠷᠰᠢᠭᠦᠯᠬᠦ | ᠵᠤᠤᠬ᠎ᠠ ᠶᠢᠨ ᠳᠠᠭᠠᠭᠠᠴᠠ ᠪᠠᠭᠤᠷᠠᠭᠠᠳ ᠲᠥᠯᠥᠪᠯᠡᠭᠰᠡᠨ ᠦᠢᠯᠡᠳᠪᠦᠷᠢᠯᠡᠯ ᠤᠨ ᠳᠠᠭᠠᠭᠠᠴᠠ ᠶᠢᠨ 50% ᠶᠢᠨ ᠳᠣᠲᠣᠷ᠎ᠠ | ᠪᠠᠭᠤᠷᠠᠵᠤ᠂ ᠬᠡᠤᠷᠡᠰᠦ ᠭᠠᠷᠭᠠᠬᠤ ᠴᠠᠭ ᠢ ᠬᠤᠶᠢᠰᠢᠯᠠᠭᠤᠯᠤᠨ᠎ᠠ︔ ᠬᠠᠭᠠᠰ ᠬᠡᠤᠷᠡᠰᠦ ︵ᠯᠠᠨ ᠨᠡᠭᠦᠷᠡᠰᠦ︶ ᠶᠢᠨ ᠠᠵᠤ | ᠠᠬᠤᠶᠢᠯᠠᠯ ᠦᠢᠯᠡᠳᠪᠦᠷᠢᠯᠡᠯ ᠢᠶᠠᠨ ᠵᠣᠭᠰᠣᠨ᠎ᠠ᠃ ᠴᠣᠬᠤᠢ ᠶᠢᠨ ᠶᠣᠣ ᠦᠢᠯᠡᠳᠪᠦᠷᠢᠯᠡᠬᠦ ᠠᠵᠤ ᠠᠬᠤᠶᠢᠯᠠᠯ᠄ | ᠦᠢᠯᠡᠳᠪᠦᠷᠢᠯᠡᠯ ᠵᠣᠭᠰᠣᠨ᠎ᠠ᠃ ᠲᠡᠮᠦᠷ ᠤᠨ ᠬᠠᠶᠢᠯᠤᠰᠢ ᠶᠢᠨ ᠠᠵᠤ ᠠᠬᠤᠶᠢᠯᠠᠯ᠄ ᠤᠯᠤᠰ ᠤᠨ ᠲᠦᠷᠪᠡ ᠵᠢᠴᠢ ᠲᠡᠭᠦᠨ ᠠᠴᠠ | ᠳᠣᠷᠣᠭᠰᠢᠬᠢ ᠬᠦᠨᠳᠦ ᠬᠡᠯᠪᠡᠷᠢ ᠶᠢᠨ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ︵ᠰᠢᠲᠠᠮᠠᠬᠠᠶ ᠬᠡᠶ ᠪᠠᠭᠲᠠᠨ᠎ᠠ︶ ᠶᠢ ᠬᠡᠷᠡᠭᠯᠡᠨ | ᠲᠡᠭᠡᠭᠡᠪᠦᠷᠢᠯᠡᠬᠦ ᠶᠢ ᠵᠣᠭᠰᠣᠭᠠᠨ᠎ᠠ᠃ ᠴᠢᠳᠬᠤᠮᠠᠯ ᠲᠣᠨᠤᠭ ᠤᠨ ᠠᠵᠤ ᠠᠬᠤᠢᠯᠠᠯ᠃ ᠰᠢᠷᠡᠮᠦ ᠴᠢᠳᠬᠤᠬᠤ ᠠᠵᠤ ᠠᠬᠤᠶᠢᠯᠠᠯ᠄ | ᠰᠢᠲᠠᠭᠠᠨ ᠪᠠᠷᠢᠯᠳᠤᠭᠤᠯᠬᠤ᠂ ᠪᠥᠮᠪᠥᠭᠡᠯᠢᠭ ᠤᠶᠢᠯᠡᠤᠡᠪᠤᠷᠢᠯᠡᠬᠦ ᠬᠢᠵᠠᠭᠠᠷ 50% ︵ᠪᠠᠭᠲᠠᠨ᠎ᠠ︶ ᠠᠴᠠ ᠳᠡᠭᠡᠭᠰᠢᠬᠢ ᠳᠠᠩ | ᠵᠤᠷᠪᠤᠰ ᠤᠶᠢᠯᠡᠤᠡᠪᠤᠷᠢᠯᠡᠯ ᠤᠨ ᠱᠤᠭᠤᠮ ᠤᠨ ᠤᠶᠢᠯᠡᠤᠡᠪᠤᠷᠢᠯᠡᠯ ᠤᠨ ᠳᠠᠭᠠᠭᠠᠴᠠ ᠶᠢ ᠪᠠᠭᠤᠷᠠᠭᠤᠯᠵᠤ᠂ ︽ᠣᠷᠴᠢᠨ | ᠲᠣᠭᠤᠷᠢᠨ ᠤ ᠨᠥᠯᠥᠭᠡᠯᠡᠯ ᠤᠨ ᠦᠨᠡᠯᠡᠯᠲᠡ ᠪᠠᠷ ᠤᠶᠢᠯᠡᠤᠡᠪᠤᠷᠢᠯᠡᠯ ᠤᠨ ᠴᠢᠳᠠᠪᠤᠷᠢ᠂ ᠪᠣᠬᠢᠷᠲᠤᠯ ᠭᠠᠳᠠᠭᠰᠢᠯᠠᠭᠤᠯᠬᠤ | ᠵᠥᠪᠰᠢᠶᠡᠷᠡᠯ ᠳᠤ ᠲᠣᠳᠣᠷᠬᠠᠶ ᠲᠡᠮᠳᠡᠭᠯᠡᠭᠰᠡᠨ ᠤᠶᠢᠯᠡᠤᠡᠪᠤᠷᠢᠯᠡᠯ ᠤᠨ ᠴᠢᠳᠠᠪᠤᠷᠢ᠂ ᠲᠦᠷᠦᠭᠦᠤ ᠨᠢᠭᠡ ᠵᠢᠯ ᠤᠨ ᠬᠡᠪ ᠤᠨ | ᠤᠶᠢᠯᠡᠤᠡᠪᠤᠷᠢᠯᠡᠯ ᠤᠨ ᠪᠣᠳᠠᠲᠠᠶ ᠭᠠᠷᠤᠯᠲᠠ︾ ᠭᠤᠷᠪᠠᠭᠤᠯᠠ ᠶᠢᠨ ᠡᠳᠦᠷ ᠤᠨ ᠳᠤᠮᠳᠠᠴᠢ ᠬᠡᠮᠵᠢᠭᠳᠡᠯ ᠤᠨ ᠬᠠᠮᠤᠭ ᠤᠨ ᠪᠠᠭ᠎ᠠ | ᠬᠡᠮᠵᠢᠭᠳᠡᠯ ᠢᠶᠠᠷ ᠰᠠᠭᠤᠷᠢ ᠪᠠᠷᠢᠮᠲᠠ ᠪᠠᠷ ᠲᠣᠭᠠᠴᠠᠭ᠎ᠠ ᠬᠢᠨ᠎ᠡ᠃ ᠱᠦᠢᠨᠢ ᠶᠢᠨ ᠠᠵᠤ ᠠᠬᠤᠶᠢᠯᠠᠯ᠄ ᠱᠦᠢᠨᠢ ᠶᠢᠨ | ᠤᠭᠤᠷᠬᠠᠢ ᠶᠢᠨ ᠦᠢᠯᠡᠳᠪᠦᠷᠢᠯᠡᠯ ᠵᠤᠭᠰᠤᠭᠰᠠᠨ ︵ᠬᠠᠶᠠᠭᠳᠠᠮᠠᠯ ᠪᠤᠳᠠᠰ ᠢ ᠬᠠᠮᠵᠢᠯᠴᠠᠨ ᠰᠢᠢᠳᠪᠦᠷᠢᠯᠡᠭᠰᠡᠨ ᠼᠧᠮᠧᠨ᠋ᠲ ᠤᠨ | ᠤᠭᠤᠷᠭᠠᠢ ᠪᠠᠭᠲᠠᠬᠤ ᠦᠭᠡᠢ︶᠃ ᠸᠠᠭᠠᠷ ᠲᠣᠭᠤᠰᠬ᠎ᠠ ᠶᠢᠨ ᠠᠵᠤ ᠠᠬᠤᠶᠢᠯᠠᠯ᠄ ᠦᠢᠯᠡᠳᠪᠦᠷᠢᠯᠡᠯ ᠢ ᠨᠢ ᠵᠣᠭᠰᠣᠭᠠᠨ᠎ᠠ᠃ | ᠠᠭᠤᠷᠬᠠᠢ ᠶᠢᠨ ᠠᠵᠤ ᠠᠬᠤᠶᠢᠯᠠᠯ᠄ ᠦᠢᠯᠡᠳᠪᠦᠷᠢᠯᠡᠯ ᠵᠣᠭᠰᠣᠨ᠎ᠠ᠃ ᠨᠡᠭᠦᠷᠡᠰᠦ ᠤᠬᠢᠶᠠᠬᠤ ᠠᠵᠤ ᠠᠬᠤᠶᠢᠯᠠᠯ᠄ | ᠦᠢᠯᠡᠳᠪᠦᠷᠢᠯᠡᠯ ᠵᠣᠭᠰᠣᠭᠰᠠᠨ᠃ ᠱᠠᠵᠠᠩ ᠤᠨ ᠠᠵᠤ ᠠᠬᠤᠶᠢᠯᠠᠯ ᠦᠢᠯᠡᠳᠪᠦᠷᠢᠯᠡᠯ ᠵᠣᠭᠰᠣᠵᠠᠶ᠃ ᠨᠡᠭᠦᠷᠡᠰᠦᠨ ᠬᠠᠷ᠎ᠠ ᠶᠢᠨ | ᠠᠵᠤ ᠠᠬᠤᠶᠢᠯᠠᠯ᠄ 50% ᠶᠢ ᠦᠢᠯᠡᠳᠪᠦᠷᠢᠯᠡᠯ ᠤᠨ ᠱᠤᠭᠤᠮ ᠢᠶᠠᠷ ᠪᠤᠳᠤᠵᠤ᠂ ᠦᠢᠯᠡᠳᠪᠦᠷᠢᠯᠡᠯ ᠤᠨ ᠱᠤᠭᠤᠮ ᠢᠶᠠᠷ | ᠬᠦᠷᠦᠯᠴᠡᠬᠦ ᠦᠭᠡᠢ ᠦᠶ᠎ᠡ ᠳᠤ ᠪᠦᠬᠦᠯᠢ ᠱᠤᠭᠤᠮ ᠢᠶᠠᠷ ᠪᠣᠳᠣᠨ᠎ᠠ᠃ ᠨᠡᠭᠦᠷᠡᠰᠦᠨ ᠤ ᠠᠵᠤ ᠠᠬᠤᠶᠢᠯᠠᠯ᠄ ᠦᠢᠯᠡᠳᠪᠦᠷᠢᠯᠡᠯ | ᠵᠣᠭᠰᠣᠬᠤ᠃ ᠰᠢᠯ ᠤᠨ ᠠᠵᠤ ᠠᠬᠤᠶᠢᠯᠠᠯ᠄ 30% ᠠᠴᠠ ᠳᠡᠭᠡᠭᠰᠢ ᠦᠢᠯᠡᠳᠪᠦᠷᠢᠯᠡᠬᠦ ᠶᠢ ᠬᠢᠵᠠᠭᠠᠷᠯᠠᠵᠤ᠂ ︽ᠣᠷᠴᠢᠨ | ᠲᠣᠭᠤᠷᠢᠨ ᠤ ᠨᠥᠯᠥᠭᠡᠯᠡᠯ ᠤᠨ ᠦᠨᠡᠯᠡᠯᠲᠡ ᠪᠠᠷ ᠦᠢᠯᠡᠳᠪᠦᠷᠢᠯᠡᠯ ᠤᠨ ᠴᠢᠳᠠᠪᠤᠷᠢ᠂ ᠪᠣᠬᠢᠷᠳᠤᠯ ᠭᠠᠳᠠᠭᠰᠢᠯᠠᠭᠤᠯᠬᠤ | ᠵᠥᠪᠰᠢᠶᠡᠷᠡᠯ ᠳᠤ ᠲᠡᠮᠳᠡᠭᠯᠡᠭᠰᠡᠨ ᠦᠢᠯᠡᠳᠪᠦᠷᠢᠯᠡᠯ ᠤᠨ ᠴᠢᠳᠠᠪᠤᠷᠢ᠂ ᠲᠦᠷᠦᠭᠦᠦ ᠨᠢᠭᠡ ᠵᠢᠯ ᠤᠨ ᠬᠡᠪ ᠤᠨ | ᠦᠢᠯᠡᠳᠪᠦᠷᠢᠯᠡᠯ ᠤᠨ ᠪᠣᠳᠠᠲᠠᠢ ᠭᠠᠷᠤᠯᠲᠠ ᠶᠢᠨ ᠬᠡᠮᠵᠢᠶ᠎ᠡ︾ ᠭᠤᠷᠪᠠ ᠶᠢᠨ ᠡᠳᠦᠷ ᠤᠨ ᠳᠤᠮᠳᠠᠴᠢ ᠬᠡᠮᠵᠢᠭᠳᠡᠯ ᠤᠨ | ᠬᠠᠮᠤᠭ ᠤᠨ ᠪᠠᠭ᠎ᠠ ᠥᠷᠲᠡᠭ ᠢᠶᠠᠷ ᠰᠠᠭᠤᠷᠢ ᠪᠠᠷᠢᠮᠵᠢᠶᠠᠲᠤ ᠲᠣᠭᠠᠴᠠᠭ᠎ᠠ ᠬᠢᠨ᠎ᠡ᠃ᠪᠤᠰᠤᠳ ᠠᠵᠢᠯ ᠲᠥᠷᠥᠯ ᠤᠨ ᠪᠠᠴᠢᠮ | ᠪᠠᠶᠢᠳᠠᠯ ᠢ ᠠᠷᠭᠠᠴᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠨᠢ ᠴᠥᠮ ︽ᠬᠦᠨᠳᠦ | ᠪᠣᠬᠢᠷᠲᠤᠯ ᠲᠠᠢ ᠴᠠᠭ ᠠᠭᠤᠷ ᠤᠨ ᠭᠤᠤᠯᠳᠠᠯᠭ᠎ᠠ ᠲᠠᠢ ᠠᠵᠢᠯ ᠲᠥᠷᠥᠯ ᠤᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ | ᠪᠠᠭᠠᠰᠬᠠᠬᠤ ᠠᠷᠭ᠎ᠠ ᠬᠡᠮᠵᠢᠶ᠎ᠡ ᠶᠢ ᠲᠣᠭᠲᠠᠭᠠᠬᠤ ᠮᠡᠷᠭᠡᠵᠢᠯ ᠤᠨ ᠵᠦᠭᠯᠡᠭᠦᠷ ︵2020 ᠣᠨ ᠤ ᠵᠠᠰᠠᠪᠤᠷᠢ ᠣᠷᠣᠭᠤᠯᠤᠭᠰᠠᠨ | ᠬᠡᠪᠯᠡᠯ︶︾ ᠳᠠᠬᠢ D ᠲᠥᠷᠥᠯ ᠪᠤᠶᠤ C ᠲᠥᠷᠥᠯ ᠤᠨ ᠠᠵᠤ ᠠᠬᠤᠶᠢᠯᠠᠯ ᠢᠶᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃ | ᠲᠣᠭᠤᠰᠣ ᠳᠡᠭᠳᠡᠬᠦ ᠡᠬᠢ ᠰᠤᠷᠪᠤᠯᠵᠢ ᠶᠢ ᠭᠠᠳᠠᠭᠱᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ᠃ ᠡᠯ᠎ᠡ | ᠲᠥᠷᠥᠯ ᠤᠨ ᠠᠭᠤᠷᠬᠠᠶ ᠶᠢ ᠰᠡᠷᠭᠦᠭᠡᠨ ᠵᠠᠰᠠᠬᠤ ᠲᠥᠷᠥᠯ ᠵᠦᠢᠯ᠂ ᠠᠭᠤᠷᠬᠠᠶ᠂ ᠬᠠᠶᠢᠷ ᠴᠢᠯᠠᠭᠤᠨ ᠮᠠᠲ᠋ᠧᠷᠢᠶᠠᠯ ᠤᠨ | ᠦᠢᠯᠡᠳᠪᠦᠷᠢ᠂ ᠴᠢᠯᠠᠭᠤᠨ ᠮᠠᠲ᠋ᠧᠷᠢᠶᠠᠯ ᠤᠨ ᠦᠢᠯᠡᠳᠪᠦᠷᠢ᠂ ᠴᠢᠯᠠᠭᠤᠨ ᠬᠠᠪᠲᠠᠰᠤ ᠶᠢᠨ ᠦᠢᠯᠡᠳᠪᠦᠷᠢ ᠵᠡᠷᠭᠡ ᠭᠠᠵᠠᠷ ᠢ | ᠵᠠᠳᠠᠭᠠᠶ ᠠᠵᠢᠯ ᠢ ᠨᠢ ᠵᠣᠭᠰᠣᠭᠠᠵᠤ᠂ ᠪᠠᠷᠢᠯᠭ᠎ᠠ ᠶᠢᠨ ᠭᠠᠵᠠᠷ ᠨᠢ ᠰᠢᠷᠣᠶ ᠴᠢᠯᠠᠭᠤᠨ ᠤ ᠠᠵᠢᠯ ᠢ ᠵᠣᠭᠰᠣᠭᠠᠬᠤ ︵ᠪᠠᠷᠢᠯᠭ᠎ᠠ ᠶᠢ | ᠨᠤᠷᠠᠭᠠᠬᠤ᠂ ᠰᠢᠷᠣᠶ ᠴᠢᠯᠠᠭᠤ ᠶᠢ ᠮᠠᠯᠲᠠᠵᠤ ᠮᠠᠯᠲᠠᠬᠤ᠂ ᠡᠭᠡᠭᠦᠯᠦᠨ ᠪᠥᠭᠯᠡᠬᠦ᠂ ᠴᠢᠯᠠᠭᠤᠨ ᠦᠨᠡᠰᠦ ᠬᠤᠯᠢᠬᠤ ᠵᠡᠷᠭᠡ ᠠᠵᠢᠯ ᠢ | ᠵᠣᠭᠰᠣᠭᠠᠵᠤ᠂ ᠪᠠᠷᠢᠯᠭ᠎ᠠ ᠶᠢᠨ ᠠᠵᠢᠯ ᠤᠨ ᠢᠵᠢ ᠪᠦᠷᠢᠳᠦᠭᠦᠯᠬᠦ ᠵᠠᠮ ᠪᠠ ᠬᠤᠭᠤᠯᠠᠶ ᠭᠤᠤ ᠰᠤᠪᠠᠭ ᠮᠠᠯᠲᠠᠬᠤ ᠠᠵᠢᠯ ᠢ | ᠵᠣᠭᠰᠣᠭᠠᠨ᠎ᠠ︶᠂ ᠪᠠᠷᠢᠯᠭ᠎ᠠ ᠶᠢᠨ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ ᠲᠡᠷᠭᠡ ᠬᠥᠰᠬᠡ ᠪᠠ ᠬᠠᠶᠢᠷ ᠴᠢᠯᠠᠭᠤᠨ | ᠲᠡᠭᠡᠭᠡᠪᠦᠷᠢ ᠶᠢᠨ ᠲᠡᠷᠭᠡ ᠬᠥᠰᠬᠡ ᠶᠢ ᠵᠠᠮ ᠳᠤ ᠭᠠᠷᠭᠠᠨ ᠶᠠᠪᠤᠭᠤᠯᠬᠤ ᠶᠢ ᠴᠠᠭᠠᠵᠠᠯᠠᠬᠤ᠂ ᠰᠢᠷᠣᠶ ᠴᠢᠯᠠᠭᠤ ᠮᠠᠯᠲᠠᠬᠤ ᠵᠡᠷᠭᠡ | ᠵᠠᠮ ᠬᠠᠷᠢᠯᠴᠠᠭᠠᠨ ᠤ ᠪᠤᠰᠤ ᠰᠢᠯᠵᠢᠮᠡᠯ ᠮᠠᠰᠢᠨ ᠮᠧᠬᠠᠨᠢᠭ ᠢ ᠠᠵᠢᠯᠯᠠᠭᠤᠯᠬᠤ ᠶᠢ ᠵᠣᠭᠰᠣᠭᠠᠨ᠎ᠠ᠃ ᠬᠤᠲᠠ ᠶᠢᠨ | ᠬᠠᠮᠢᠶᠠᠷᠤᠯᠲᠠ ᠶᠢᠨ ᠰᠠᠯᠠᠭ᠎ᠠ ᠮᠥᠴᠢᠷ ᠡᠳᠦᠷ ᠲᠤᠲᠤᠮ ᠤᠨ ᠵᠠᠮ ᠤᠨ ᠠᠷᠢᠭᠤᠨ ᠴᠡᠪᠡᠷ ᠢ ᠬᠠᠮᠠᠭᠠᠯᠠᠬᠤ ᠤᠳᠠᠭ᠎ᠠ | ᠳᠠᠷᠠᠭ᠎ᠠ ᠶᠢᠨ ᠰᠠᠭᠤᠷᠢᠨ ᠳᠡᠭᠡᠷ᠎ᠡ᠂ ᠱᠦᠭᠦᠷᠳᠡᠬᠦ᠂ ᠤᠰᠤ ᠰᠦᠷᠴᠢᠬᠦ᠂ ᠰᠦᠷᠴᠢᠬᠦ ᠵᠡᠷᠭᠡ ᠠᠵᠢᠯ ᠤᠨ ᠳᠠᠪᠲᠠᠮᠵᠢ | ᠤᠳᠠᠭ᠎ᠠ ᠶᠢ ᠨᠡᠮᠡᠭᠳᠡᠭᠦᠯᠬᠦ ᠬᠡᠷᠡᠭᠲᠡᠶ ︵ᠬᠥᠯᠳᠡᠬᠦ ᠬᠤᠭᠤᠴᠠᠭ᠎ᠠ ᠠᠴᠠ ᠭᠠᠳᠠᠨ᠎ᠠ︶᠂ ᠭᠡᠪᠡᠴᠦ ᠡᠷᠲᠡ᠂ ᠳᠤᠮᠳᠠ᠂ | ᠣᠷᠣᠶ ᠶᠢᠨ ᠬᠤᠲᠠ ᠶᠢᠨ ᠵᠠᠮ ᠬᠠᠷᠢᠯᠴᠠᠭᠠᠨ ᠤ ᠣᠷᠭᠢᠯ ᠤᠨ ᠬᠤᠭᠤᠴᠠᠭ᠎ᠠ ᠠᠴᠠ ᠵᠠᠶᠢᠯᠠᠰᠬᠢᠬᠦ ᠬᠡᠷᠡᠭᠲᠡᠶ᠃ ᠵᠠᠮ ᠬᠠᠷᠢᠯᠴᠠᠭ᠎ᠠ | ᠲᠡᠭᠡᠭᠡᠪᠦᠷᠢ ᠶᠢᠨ ᠰᠠᠯᠠᠭ᠎ᠠ ᠮᠥᠴᠢᠷ ᠤᠳ ᠵᠠᠮ ᠬᠠᠷᠢᠯᠴᠠᠭᠠᠨ ᠤ ᠪᠠᠷᠢᠯᠭ᠎ᠠ ᠶᠢᠨ ᠠᠵᠢᠯ ᠬᠢᠬᠦ ᠪᠠ ᠵᠠᠰᠠᠮᠠᠯ ᠵᠠᠮ ᠤᠨ | ᠲᠡᠭᠡᠭᠡᠪᠦᠷᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠶᠢ ᠬᠠᠷᠢᠭᠤᠴᠠᠵᠤ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ | ᠪᠠᠶᠢᠭᠠᠳ ᠵᠠᠰᠠᠮᠠᠯ ᠵᠠᠮ ᠤᠨ ᠲᠣᠭᠤᠰᠣ ᠳᠡᠭᠳᠡᠬᠦ ᠪᠣᠬᠢᠷᠲᠤᠯ ᠢ ᠰᠡᠷᠭᠡᠶᠢᠯᠡᠨ ᠵᠠᠰᠠᠨ᠎ᠠ᠃ | ᠵᠠᠰᠠᠭ ᠤᠨ ᠣᠷᠳᠣᠨ ᠠᠴᠠ ᠲᠣᠭᠲᠠᠭᠠᠭᠰᠠᠨ ᠭᠤᠤᠯᠳᠠᠯᠭ᠎ᠠ ᠲᠠᠢ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ᠂ | ᠠᠷᠠᠳ ᠤᠨ ᠠᠮᠢᠳᠤᠷᠠᠯ ᠤᠨ ᠢᠨᠵᠧᠨᠧᠷᠢᠩ᠂ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠨ ᠪᠠᠷᠢᠯᠭ᠎ᠠ ᠪᠠᠷᠢᠬᠤ | ᠵᠡᠷᠭᠡ ᠲᠠᠯ᠎ᠠ ᠪᠠᠷ ᠬᠡᠷᠡᠭᠴᠡᠭᠡ ᠪᠠᠨ ᠦᠨᠳᠦᠰᠦᠯᠡᠨ ᠦᠷᠭᠦᠯᠵᠢᠯᠡᠨ ᠠᠵᠢᠯᠯᠠᠵᠤ ᠪᠣᠯᠤᠨ᠎ᠠ᠂ ᠭᠡᠪᠡᠴᠦ ︽ᠵᠢᠷᠭᠤᠭᠠᠨ ᠵᠠᠭᠤᠨ ᠤ | ᠵᠠᠭᠤ︾ ︵ᠪᠠᠷᠢᠯᠭ᠎ᠠ ᠶᠢᠨ ᠭᠠᠵᠠᠷ ᠤᠨ ᠡᠷᠬᠢᠨ ᠲᠣᠭᠤᠷᠢᠨ ᠤ ᠵᠠᠭᠤᠨ ᠤ ᠵᠠᠭᠤ ᠪᠠᠷ ᠬᠦᠷᠢᠶᠡᠯᠡᠬᠦ᠂ ᠪᠣᠳᠠᠰ ᠤᠨ ᠮᠠᠲ᠋ᠧᠷᠢᠶᠠᠯ ᠢ | ᠵᠠᠭᠤᠨ ᠤ ᠵᠠᠭᠤ ᠪᠠᠷ ᠣᠪᠣᠭᠠᠯᠠᠵᠤ ᠲᠠᠯᠪᠢᠬᠤ᠂ ᠲᠡᠷᠭᠡ ᠬᠥᠰᠬᠡ ᠶᠢᠨ ᠵᠠᠭᠤᠨ ᠤ ᠵᠠᠭᠤ ᠪᠠᠷ ᠤᠬᠢᠶᠠᠬᠤ᠂ ᠨᠤᠷᠠᠭᠠᠵᠤ | ᠨᠡᠭᠦᠯᠭᠡᠬᠦ ᠪᠠᠷᠢᠯᠭ᠎ᠠ ᠶᠢᠨ ᠭᠠᠵᠠᠷ ᠤᠨ ᠭᠠᠵᠠᠷ ᠤᠨ ᠭᠠᠳᠠᠷᠭᠤ ᠶᠢ ᠵᠠᠭᠤᠨ ᠤ ᠵᠠᠭᠤ ᠪᠠᠷ ᠬᠠᠲᠠᠭᠤᠷᠠᠭᠤᠯᠬᠤ᠂ ᠨᠤᠷᠠᠭᠠᠵᠤ | ᠨᠡᠭᠦᠯᠭᠡᠬᠦ ᠪᠠᠷᠢᠯᠭ᠎ᠠ ᠶᠢᠨ ᠭᠠᠵᠠᠷ ᠤᠨ ᠵᠠᠭᠤᠨ ᠤ ᠵᠠᠭᠤ ᠪᠠᠷ ᠴᠢᠭᠢᠭᠯᠢᠭ ᠠᠷᠭ᠎ᠠ ᠪᠠᠷ ᠠᠵᠢᠯᠯᠠᠬᠤ᠂ ᠬᠤᠭ ᠰᠢᠷᠣᠶ ᠶᠢᠨ ᠲᠡᠷᠭᠡ | ᠬᠥᠰᠬᠡ ᠶᠢ ᠵᠠᠭᠤᠨ ᠤ ᠵᠠᠭᠤ ᠪᠠᠷ ᠨᠢᠭᠲᠠ ᠪᠢᠲᠡᠭᠦᠮᠵᠢᠯᠡᠨ ᠲᠡᠭᠡᠭᠡᠪᠦᠷᠢᠯᠡᠬᠦ︶ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠨᠢᠴᠦᠭᠦᠨ ᠲᠠᠯᠠᠪᠤᠷ ᠭᠠᠵᠠᠷ ᠢ ᠪᠦᠬᠦᠨ ᠢ ᠪᠦᠷᠬᠦᠵᠦ᠂ ᠤᠰᠤ ᠰᠦᠷᠴᠢᠨ ᠲᠣᠭᠤᠰᠣ ᠳᠠᠷᠤᠬᠤ | ᠤᠳᠠᠭ᠎ᠠ ᠶᠢ ᠨᠡᠮᠡᠭᠳᠡᠭᠦᠯᠬᠦ ᠬᠡᠷᠡᠭᠲᠡᠶ᠃ | ᠰᠢᠯᠵᠢᠮᠡᠯ ᠡᠬᠢ ᠰᠤᠷᠪᠤᠯᠵᠢ ᠶᠢᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ᠃ | ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠪᠠᠷᠢᠯᠭ᠎ᠠ ᠶᠢᠨ | ᠭᠠᠵᠠᠷ᠂ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠨᠢᠰᠬᠡᠯ ᠤᠨ ᠪᠠᠭᠤᠳᠠᠯ᠂ ᠲᠡᠮᠦᠷ ᠵᠠᠮ ᠤᠨ ᠪᠠᠷᠠᠭᠠᠨ ᠤ | ᠲᠠᠯᠠᠪᠠᠢ ᠳᠤ ᠤᠯᠤᠰ ᠤᠨ Ⅱ ᠵᠢᠴᠢ ᠲᠡᠭᠦᠨ ᠠᠴᠠ ᠳᠣᠷᠣᠭᠰᠢᠬᠢ ᠭᠠᠳᠠᠭᠰᠢᠯᠠᠭᠤᠯᠬᠤ ᠪᠠᠷᠢᠮᠵᠢᠶ᠎ᠠ ᠶᠢ ᠬᠠᠩᠭᠠᠬᠤ ᠦᠭᠡᠢ | ᠵᠠᠮ ᠬᠠᠷᠢᠯᠴᠠᠭᠠᠨ ᠤ ᠪᠤᠰᠤ ᠰᠢᠯᠵᠢᠮᠡᠯ ᠮᠠᠰᠢᠨ ᠮᠧᠬᠠᠨᠢᠭ ᠬᠡᠷᠡᠭᠯᠡᠬᠦ ᠶᠢ ᠴᠠᠭᠠᠵᠠᠯᠠᠨ᠎ᠠ᠃ ᠪᠣᠯᠣᠳ ᠲᠡᠮᠦᠷ᠂ ᠲᠡᠮᠦᠷ ᠤᠨ | ᠬᠠᠶᠢᠯᠤᠰᠢ᠂ ᠰᠢᠯ᠂ ᠴᠣᠬᠤᠶ ᠶᠢᠨ ᠬᠦᠳᠡᠷ᠂ ᠨᠡᠭᠦᠷᠡᠰᠦᠨ ᠬᠠᠷ᠎ᠠ ᠵᠡᠷᠭᠡ ᠠᠵᠢᠯ ᠲᠥᠷᠥᠯ ᠵᠢᠴᠢ ᠲᠠᠯᠬᠠᠳᠠᠬᠤ ᠥᠷᠲᠡᠭᠡ | ︵ᠰᠢᠰᠲ᠋ᠧᠮ︶᠂ ᠠᠭᠤᠷᠬᠠᠢ ᠶᠢᠨ ᠰᠢᠭᠠᠷᠤ ᠶᠢᠨ ᠨᠤᠨᠲᠠᠭ᠂ ᠱᠦᠢᠨᠢ ᠶᠢᠨ ᠦᠢᠯᠡᠳᠬᠦᠨ᠂ ᠨᠡᠭᠦᠷᠡᠰᠦᠨ ᠡᠳ᠋ ᠵᠡᠷᠭᠡ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠳ ᠲᠤ ᠤᠯᠤᠰ ᠤᠨ ᠳᠥᠷᠪᠡ ᠵᠢᠴᠢ ᠲᠡᠭᠦᠨ ᠠᠴᠠ ᠳᠣᠷᠣᠭᠰᠢᠬᠢ ᠬᠦᠨᠳᠦ | ᠬᠡᠯᠪᠡᠷᠢ ᠶᠢᠨ ᠪᠠᠷᠠᠭ᠎ᠠ ᠲᠡᠭᠡᠭᠡᠪᠦᠷᠢᠯᠡᠬᠦ ᠲᠡᠷᠭᠡ ᠬᠥᠰᠬᠡ ︵ᠰᠢᠲᠠᠮᠠᠬᠠᠶ ᠬᠡᠢ ᠪᠠᠭᠲᠠᠨ᠎ᠠ︶ ᠶᠢ ᠬᠡᠷᠡᠭᠯᠡᠨ ᠪᠣᠳᠠᠰ ᠤᠨ | ᠮᠠᠲ᠋ᠧᠷᠢᠶᠠᠯ ᠲᠡᠭᠡᠭᠡᠪᠦᠷᠢᠯᠡᠬᠦ ᠪᠠᠨ ᠵᠣᠭᠰᠣᠭᠠᠨ᠎ᠠ︔ ᠠᠭᠤᠷᠬᠠᠢ ︵ᠨᠡᠭᠦᠷᠡᠰᠦᠨ ᠠᠭᠤᠷᠬᠠᠢ ᠪᠠᠭᠲᠠᠨ᠎ᠠ︶᠂ ᠨᠡᠭᠦᠷᠡᠰᠦ | ᠤᠬᠢᠶᠠᠬᠤ᠂ ᠬᠡᠦᠷᠰᠢᠭᠦᠯᠬᠦ᠂ ᠴᠢᠳᠬᠤᠬᠤ᠂ ᠱᠦᠢᠨᠢ᠂ ᠼᠧᠮᠧᠨ᠋ᠲ᠂ ᠸᠠᠭᠠᠷ ᠲᠣᠭᠤᠰᠬ᠎ᠠ᠂ ᠸᠠᠭᠠᠷ ᠱᠠᠭᠠᠵᠠᠩ ᠵᠡᠷᠭᠡ ᠠᠵᠢᠯ | ᠲᠥᠷᠥᠯ ᠢᠶᠠᠷ ᠵᠠᠰᠠᠮᠠᠯ ᠵᠠᠮ ᠢᠶᠠᠷ ᠲᠡᠭᠡᠭᠡᠪᠦᠷᠢᠯᠡᠬᠦ ᠶᠢ ᠴᠠᠭᠠᠵᠠᠯᠠᠨ᠎ᠠ᠃ ᠡᠯ᠎ᠡ ᠲᠥᠷᠥᠯ ᠤᠨ ᠪᠠᠷᠢᠯᠭ᠎ᠠ ᠶᠢᠨ ᠭᠠᠵᠠᠷ ᠤᠨ | ᠲᠡᠭᠡᠭᠡᠵᠤ ᠪᠠᠭᠤᠯᠭᠠᠬᠤ ᠪᠠᠨ ᠵᠣᠭᠰᠣᠭᠠᠬᠤ᠂ ᠵᠠᠮ ᠬᠠᠷᠢᠯᠴᠠᠭᠠᠨ ᠤ ᠪᠤᠰᠤ ᠰᠢᠯᠵᠢᠮᠡᠯ ᠮᠠᠰᠢᠨ ᠮᠧᠬᠠᠨᠢᠭ ᠢ ᠬᠡᠷᠡᠭᠯᠡᠬᠦ ᠪᠠᠨ | ᠵᠣᠭᠰᠣᠭᠠᠬᠤ ︵ᠠᠷᠠᠳ ᠤᠨ ᠠᠮᠢᠳᠤᠷᠠᠯ ᠤᠨ ᠪᠠᠷᠢᠯᠭ᠎ᠠ ᠶᠢ ᠪᠠᠲᠤᠯᠠᠬᠤ ᠪᠠᠴᠢᠮ ᠪᠠᠷᠢᠯᠭ᠎ᠠ ᠪᠠᠷᠢᠬᠤ ᠠᠴᠠ ᠪᠤᠰᠤᠳ︶᠃ | ᠪᠦᠬᠦ ᠣᠷᠣᠨ ᠤ ᠬᠡᠪᠴᠢᠶᠡᠨ ᠳᠤ ᠠᠴᠢᠶᠠᠯᠠᠬᠤ ᠮᠠᠰᠢᠨ᠂ ᠮᠠᠯᠲᠠᠭᠤᠷ ᠮᠠᠰᠢᠨ᠂ ᠰᠢᠷᠣᠢ ᠲᠦᠯᠬᠢᠬᠦ ᠮᠠᠰᠢᠨ᠂ ᠵᠠᠮ ᠵᠠᠰᠠᠬᠤ | ᠮᠠᠰᠢᠨ᠂ ᠪᠠᠷᠤᠭᠰᠢᠨᠳᠡᠯᠭᠡᠬᠦ ᠮᠠᠰᠢᠨ᠂ ᠠᠴᠠ ᠵᠣᠭᠰᠣᠭᠠᠬᠤ ᠮᠠᠰᠢᠨ᠂ ᠣᠳᠬᠤᠭᠤᠷ ᠮᠠᠰᠢᠨ᠂ ᠣᠳᠬᠤᠭᠤᠷ ᠲᠡᠷᠭᠡ᠂ | ᠡᠷᠭᠦᠭᠦᠷ ᠲᠡᠷᠭᠡ ᠵᠡᠷᠭᠡ ᠪᠠᠷᠢᠯᠭ᠎ᠠ ᠶᠢᠨ ᠮᠠᠰᠢᠨ ᠢᠶᠠᠷ ᠶᠠᠪᠤᠬᠤ ᠶᠢ ᠬᠤᠷᠢᠭᠯᠠᠪᠠ᠃ ᠬᠤᠲᠠ ᠶᠢᠨ ᠠᠵᠢᠯᠯᠠᠭᠠᠨ ᠤ | ᠪᠠᠲᠤᠯᠠᠭ᠎ᠠ ᠶᠢᠨ ᠲᠡᠷᠭᠡ ᠬᠥᠰᠬᠡ ᠪᠠ ᠡᠭᠦᠷᠭᠡ ᠭᠦᠢᠴᠡᠳᠬᠡᠬᠦ ᠣᠨᠴᠠ ᠲᠥᠷᠥᠯ ᠤᠨ ᠲᠡᠷᠭᠡ ᠬᠥᠰᠬᠡ ᠶᠢ ᠭᠠᠷᠭᠠᠪᠠᠯ᠂ | ᠬᠤᠲᠠ ᠶᠢᠨ ᠪᠠᠶᠢᠭᠤᠯᠤᠭᠰᠠᠨ ᠲᠣᠭᠤᠷᠢᠭ ᠲᠤ ᠬᠦᠨᠳᠦ ᠬᠡᠯᠪᠡᠷᠢ ᠶᠢᠨ ᠪᠠ ᠳᠤᠮᠳᠠ ᠬᠡᠯᠪᠡᠷᠢ ᠶᠢᠨ ᠴᠠᠶᠢᠶ᠋ᠢᠦ ᠲᠣᠰᠣᠨ ᠤ | ᠪᠠᠷᠠᠭᠠᠨ ᠤ ᠲᠡᠷᠭᠡ ︵ᠰᠢᠲᠠᠮᠠᠬᠠᠶ ᠬᠡᠶ ᠪᠠᠭᠲᠠᠨ᠎ᠠ︶᠂ ᠭᠤᠷᠪᠠᠨ ᠬᠦᠷᠳᠦᠲᠦ ᠮᠠᠰᠢᠨ ᠲᠡᠷᠭᠡ᠂ ᠳᠣᠤᠷ᠎ᠠ ᠬᠤᠷᠳᠤᠴᠠᠲᠤ | ᠪᠠᠷᠠᠭ᠎ᠠ ᠲᠡᠭᠡᠭᠡᠬᠦ ᠮᠠᠰᠢᠨ ᠲᠡᠷᠭᠡ ᠪᠠ ᠲᠷᠠᠺᠲ᠋ᠣᠷ ᠵᠠᠮ ᠳᠤ ᠭᠠᠷᠬᠤ ᠶᠢ ᠴᠠᠭᠠᠵᠠᠯᠠᠨ᠎ᠠ᠃ ᠳᠣᠲᠣᠭᠠᠳᠤ ᠶᠢ ᠬᠠᠮᠠᠭᠠᠯᠠᠬᠤ ᠵᠠᠮ | ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠵᠠᠰᠠᠭ ᠤᠨ ᠣᠷᠳᠣᠨ ᠤ ᠨᠡᠶᠢᠲᠡᠯᠡᠭᠰᠡᠨ ᠬᠦᠨᠳᠦ | ᠪᠣᠬᠢᠷᠲᠤᠯ ᠲᠠᠢ ᠴᠠᠭ ᠠᠭᠤᠷ ᠤᠨ ᠶᠠᠪᠤᠬᠤ ᠶᠢ ᠬᠢᠵᠠᠭᠠᠷᠯᠠᠬᠤ ᠵᠠᠷᠯᠠᠯ ᠶᠣᠰᠣᠭᠠᠷ᠂ ᠬᠦᠨᠳᠦ ᠬᠡᠯᠪᠡᠷᠢ᠂ ᠳᠤᠮᠳᠠ ᠬᠡᠯᠪᠡᠷᠢ ᠶᠢᠨ | ᠪᠠᠷᠠᠭᠠᠨ ᠤ ᠲᠡᠷᠭᠡ ᠵᠢᠴᠢ ᠪᠠᠷᠢᠯᠭ᠎ᠠ ᠶᠢᠨ ᠲᠡᠷᠭᠡ ᠵᠡᠷᠭᠡ ᠶᠢᠨ ᠴᠠᠭᠠᠵᠠᠯᠠᠬᠤ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ | ᠦᠢᠯᠡ ᠠᠵᠢᠯᠯᠠᠭ᠎ᠠ ᠶᠢ ᠰᠢᠳᠬᠡᠵᠦ᠂ ᠬᠢᠯᠢ ᠪᠠᠷ ᠥᠩᠭᠡᠷᠡᠬᠦ ᠲᠡᠷᠭᠡ ᠬᠥᠰᠬᠡ ᠶᠢ ᠬᠥᠲᠥᠯᠥᠨ ᠵᠢᠯᠣᠭᠤᠳᠴᠤ ᠪᠠᠶᠢᠭᠠᠳ | ᠬᠤᠲᠠ ᠶᠢᠨ ᠪᠠᠶᠢᠭᠤᠯᠤᠭᠰᠠᠨ ᠲᠣᠭᠤᠷᠢᠭ ᠠᠴᠠ ᠵᠠᠶᠢᠯᠠᠭᠤᠯᠤᠨ ᠶᠠᠪᠤᠭᠤᠯᠤᠨ᠎ᠠ᠃ | ︵4︶ ᠪᠤᠰᠤᠳ ᠠᠷᠭ᠎ᠠ ᠬᠡᠮᠵᠢᠶ᠎ᠡ | ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠳᠤ ᠳᠠᠭᠠᠵᠤ ᠬᠢᠬᠦ ᠬᠤᠭᠤᠴᠠᠭᠠᠨ ᠳᠤ᠂ | ᠢᠳᠡᠭᠡᠨ ᠤᠮᠳᠠᠭᠠᠨ ᠤ ᠲᠣᠰᠣᠨ ᠲᠠᠮᠠᠬᠢ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠬᠤᠸᠠᠷ ᠫᠤᠤᠵᠢᠩ ᠲᠠᠯᠪᠢᠬᠤ᠂ | ᠵᠠᠳᠠᠭᠠᠶ ᠰᠢᠷᠠᠬᠤ᠂ ᠬᠤᠭ ᠨᠣᠪᠰᠢ ᠰᠢᠲᠠᠭᠠᠬᠤ᠂ ᠡᠰᠢ ᠰᠦᠷᠡᠯ ᠰᠢᠲᠠᠭᠠᠬᠤ ᠵᠡᠷᠭᠡ ᠴᠠᠭᠠᠵᠠᠯᠠᠬᠤ ᠦᠶ᠋ᠯᠡ ᠠᠵᠢᠯᠯᠠᠭ᠎ᠠ ᠶᠢ | ᠬᠢᠨᠠᠨ ᠬᠠᠮᠢᠶᠠᠷᠬᠤ ᠶᠢ ᠴᠢᠩᠭᠠᠷᠠᠭᠤᠯᠤᠨ᠎ᠠ᠃ | 4.3.3 ᠳᠡᠰ ᠤᠨ ᠳᠠᠭᠠᠵᠤ ᠬᠢᠬᠦ ᠠᠷᠭ᠎ᠠ ᠬᠡᠮᠵᠢᠶ᠎ᠡ | Ⅲ ᠲᠠᠰ ᠤᠨ ᠪᠠᠴᠢᠮ ᠪᠠᠶᠢᠳᠠᠯ ᠢ ᠠᠷᠭᠠᠴᠠᠬᠤ ᠴᠤᠤᠷᠢᠶᠠᠳᠣᠯ ᠤᠨ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ | ᠰᠠᠭᠤᠷᠢᠨ ᠳᠡᠭᠡᠷ᠎ᠡ᠂ ᠳᠣᠤᠷᠠᠬᠢ ᠠᠷᠭ᠎ᠠ ᠬᠡᠮᠵᠢᠶ᠎ᠡ ᠶᠢ ᠨᠡᠮᠡᠪᠡ᠄ | ︵1︶ ᠡᠷᠡᠭᠦᠯ ᠮᠡᠨᠳᠦ ᠶᠢ ᠬᠠᠮᠠᠭᠠᠯᠠᠬᠤ ᠠᠷᠭ᠎ᠠ ᠬᠡᠮᠵᠢᠶ᠎ᠡ | AQI ᠵᠢᠭᠠᠯᠲᠠ ᠲᠤᠭ᠎ᠠ ᠶᠢᠨ ᠪᠣᠬᠢᠷᠲᠤᠯ ᠤᠨ ᠪᠠᠶᠢᠳᠠᠯ ᠢ ᠦᠨᠳᠦᠰᠦᠯᠡᠨ᠂ ᠵᠠᠷᠴᠢᠮ ᠳᠡᠭᠡᠷ᠎ᠡ ᠪᠠᠨ ᠶᠡᠭᠡ | ᠬᠡᠯᠪᠡᠷᠢ ᠶᠢᠨ ᠣᠯᠠᠨ ᠲᠦᠮᠡᠨᠴᠢ ᠴᠢᠨᠠᠷᠲᠠᠶ ᠲᠣᠮᠣ ᠬᠡᠯᠪᠡᠷᠢ ᠶᠢᠨ ᠠᠵᠢᠯᠯᠠᠭ᠎ᠠ ᠰᠢᠨ᠎ᠡ ᠪᠠᠷ ᠨᠡᠮᠡᠭᠳᠡᠬᠦ ᠥᠬᠡᠶ᠃ | ᠰᠤᠷᠭᠠᠨ ᠬᠥᠮᠦᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠠᠭᠠᠷ ᠴᠡᠪᠡᠷᠰᠢᠭᠦᠯᠬᠦ ᠲᠥᠬᠦᠭᠡᠷᠦᠮᠵᠢ | ᠤᠭᠰᠠᠷᠠᠭᠰᠠᠨ ᠬᠡᠤᠬᠡᠳ ᠤᠨ ᠴᠡᠴᠡᠷᠯᠢᠭ᠂ ᠪᠠᠭ᠎ᠠ ᠰᠤᠷᠭᠠᠭᠤᠯᠢ᠂ ᠳᠤᠮᠳᠠᠳᠤ ᠰᠤᠷᠭᠠᠭᠤᠯᠢ ᠵᠡᠷᠭᠡ ᠰᠤᠷᠭᠠᠭᠤᠯᠢ ᠨᠤᠭᠤᠳ | ᠴᠠᠭ ᠲᠤᠬᠠᠶ ᠳᠤᠨᠢ ᠠᠭᠠᠷ ᠴᠡᠪᠡᠷᠰᠢᠭᠦᠯᠬᠦ ᠲᠣᠨᠣᠭᠯᠠᠯ ᠤᠭᠰᠠᠷᠠᠭᠤᠯᠬᠤ ᠶᠢ ᠰᠢᠮᠳᠠᠭᠤᠯᠤᠨ ᠵᠢᠯᠣᠭᠤᠳᠴᠤ᠂ ᠬᠡᠤᠬᠡᠳ ᠤᠨ | ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ ᠵᠡᠷᠭᠡ ᠰᠤᠷᠭᠠᠭᠤᠯᠢ ᠶᠢ ᠵᠣᠬᠢᠶᠠᠨ ᠪᠠᠶᠢᠭᠤᠯᠤᠨ ᠭᠡᠷ ᠤᠨ ᠭᠠᠳᠠᠨᠠᠬᠢ ᠬᠢᠴᠢᠶᠡᠯ | ᠵᠢᠴᠢ ᠠᠵᠢᠯᠯᠠᠭ᠎ᠠ ᠶᠢ ᠵᠣᠭᠰᠣᠭᠠᠨ᠎ᠠ᠃ | ︵2︶ ᠰᠠᠨᠠᠭᠠᠴᠢᠯᠠᠭ᠎ᠠ ᠶᠢᠨ ᠴᠢᠨᠠᠷᠲᠠᠢ ᠪᠣᠬᠢᠷᠳᠣᠯ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ | ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠵᠤ ᠬᠢᠬᠦ | ᠬᠤᠭᠤᠴᠠᠭᠠᠨ ᠳᠤ ᠲᠣᠬᠢᠷᠠᠭᠤᠯᠤᠨ ᠠᠮᠠᠷᠠᠭᠤᠯᠬᠤ᠂ ᠣᠷᠭᠢᠯ ᠤᠨ ᠬᠤᠭᠤᠴᠠᠭ᠎ᠠ ᠶᠢ ᠵᠥᠷᠢᠭᠦᠯᠦᠨ ᠠᠵᠢᠯ ᠳᠤ ᠭᠠᠷᠬᠤ ᠪᠠ | ᠠᠵᠢᠯ ᠠᠴᠠ ᠪᠠᠭᠤᠬᠤ᠂ ᠠᠯᠤᠰ ᠠᠴᠠ ᠠᠵᠢᠯᠯᠠᠬᠤ ᠵᠡᠷᠭᠡ ᠬᠠᠷᠢᠮᠠᠬᠠᠶ ᠴᠢᠨᠠᠷᠲᠠᠶ ᠠᠵᠢᠯᠯᠠᠬᠤ ᠲᠦᠷᠢᠮ ᠢ ᠬᠡᠷᠡᠭᠵᠢᠭᠦᠯᠬᠦ ᠶᠢ | ᠰᠠᠨᠠᠭᠠᠴᠢᠯᠠᠨ᠎ᠠ᠃ | ︵3︶ ᠪᠣᠬᠢᠷᠳᠣᠯ ᠢ ᠠᠯᠪᠠᠳᠠᠨ ᠪᠠᠭᠠᠰᠬᠠᠬᠤ ᠠᠷᠭ᠎ᠠ ᠬᠡᠮᠵᠢᠶ᠎ᠡ | ᠠᠵᠤ ᠦᠢᠯᠡᠳᠪᠦᠷᠢ ᠶᠢᠨ ᠢᠷᠡᠯᠲᠡ ᠶᠢᠨ ᠪᠣᠬᠢᠷᠳᠠᠯ ᠢ ᠪᠠᠭᠠᠰᠭᠠᠬᠤ ᠠᠷᠭ᠎ᠠ ᠬᠡᠮᠵᠢᠶ᠎ᠡ᠃ ᠭᠠᠯ ᠴᠠᠬᠢᠯᠭᠠᠨ ᠤ ᠠᠵᠤ | ᠠᠬᠤᠢᠯᠠᠯ᠄ ᠲᠣᠭᠤᠷᠢᠭ ᠤᠨ ᠡᠨᠧᠷᠭᠢ ᠶᠢᠨ ᠲᠣᠪᠴᠢᠶ᠎ᠠ ᠨᠡᠭᠦᠷᠡᠰᠦ ᠱᠢᠲᠠᠭᠠᠵᠤ ᠴᠠᠬᠢᠯᠭᠠᠨ ᠭᠠᠷᠭᠠᠬᠤ ᠠᠵᠤ ᠠᠬᠤᠢᠯᠠᠯ ᠤᠨ | ᠴᠢᠨᠠᠷ ᠰᠠᠢᠲᠠᠢ ᠨᠡᠭᠦᠷᠡᠰᠦ ᠬᠡᠷᠡᠭᠯᠡᠬᠦ ᠬᠠᠷᠢᠴᠠᠯ ᠢ ᠨᠡᠮᠡᠭᠳᠡᠭᠦᠯᠬᠦ ᠶᠢ ᠬᠢᠨᠠᠨ ᠵᠢᠯᠣᠭᠤᠳᠤᠨ᠎ᠠ᠃ ᠨᠢᠭᠡᠨᠲᠡ ᠥᠭᠡᠷᠡᠴᠢᠯᠡᠭᠰᠡᠨ | ᠪᠣᠯᠪᠠᠴᠤ ᠬᠡᠲᠦ ᠳᠣᠤᠷ᠎ᠠ ᠭᠠᠳᠠᠭᠰᠢᠯᠠᠭᠤᠯᠬᠤ ᠬᠢᠵᠠᠭᠠᠷ ᠬᠡᠮᠵᠢᠭᠳᠡᠯ ᠪᠤᠶᠤ ᠪᠠᠷᠢᠮᠵᠢᠶ᠎ᠠ ᠠᠴᠠ ᠬᠡᠲᠦᠷᠡᠭᠰᠡᠨ ᠨᠣᠷᠮ᠎ᠠ ᠶᠢ | 5% ᠠᠴᠠ ᠳᠡᠭᠡᠭᠰᠢ ᠬᠡᠷᠡᠭᠵᠢᠭᠦᠯᠦᠭᠰᠡᠨ ᠠᠵᠤ ᠠᠬᠤᠶᠢᠯᠠᠯ ︵ᠬᠡᠲᠦ ᠳᠣᠤᠷ᠎ᠠ ᠭᠠᠳᠠᠭᠰᠢᠯᠠᠭᠤᠯᠬᠤ ᠬᠢᠵᠠᠭᠠᠷ | ᠬᠡᠮᠵᠢᠭᠳᠡᠯ ᠠᠴᠠ ᠬᠡᠲᠦᠷᠡᠨ᠎ᠡ︶ ᠳᠤ᠂ ᠠᠭᠠᠷ ᠮᠠᠨᠳᠠᠯ ᠤᠨ ᠪᠣᠬᠢᠷᠲᠤᠯ ᠪᠣᠳᠠᠰ ᠢ 20% ᠶᠢᠨ ᠬᠠᠷᠢᠴᠠᠯ ᠢᠶᠠᠷ | ᠭᠠᠳᠠᠭᠰᠢᠯᠠᠭᠤᠯᠬᠤ ᠶᠢ ᠪᠠᠭᠠᠰᠬᠠᠬᠤ ᠶᠢ ᠱᠠᠭᠠᠷᠳᠠᠨ᠎ᠠ᠃ ᠲᠡᠮᠦᠷ ᠤᠨ ᠬᠠᠶᠢᠯᠤᠰᠢ ᠶᠢᠨ ᠠᠵᠢᠯ ᠲᠥᠷᠥᠯ᠄ ᠤᠨᠠᠯᠲᠠ ᠶᠢ | 50% ᠪᠠᠷ ᠬᠢᠵᠠᠭᠠᠷᠯᠠᠵᠤ᠂ ᠦᠢᠯᠡᠳᠪᠦᠷᠢᠯᠡᠯ ᠤᠨ ᠱᠤᠭᠤᠮ ᠢᠶᠠᠷ ᠪᠣᠳᠣᠨ᠎ᠠ᠃ ᠴᠢᠳᠬᠤᠮᠠᠯ ᠰᠢᠷᠡᠮᠦ ᠶᠢᠨ ᠠᠵᠤ ᠠᠬᠤᠶᠢᠯᠠᠯ᠄ | ᠦᠢᠯᠡᠳᠪᠦᠷᠢᠯᠡᠯ ᠢ ᠨᠢ ᠵᠣᠭᠰᠣᠭᠠᠨ᠎ᠠ᠃ ᠱᠦᠢᠨᠢ ᠶᠢᠨ ᠠᠵᠤ ᠠᠬᠤᠶᠢᠯᠠᠯ᠄ ᠨᠤᠨᠲᠠᠭ ᠲᠡᠭᠡᠷᠮᠡᠳᠡᠬᠦ ᠥᠷᠲᠡᠭᠡ ︵ᠰᠢᠰᠲ᠋ᠧᠮ︶᠂ | ᠬᠦᠳᠡᠷ ᠤᠨ ᠰᠢᠭᠠᠷᠤ ᠶᠢᠨ ᠨᠤᠨᠲᠠᠭ᠂ ᠱᠦᠢᠨᠢ ᠶᠢᠨ ᠪᠦᠲᠦᠭᠡᠭᠳᠡᠬᠦᠨ ᠵᠡᠷᠭᠡ ᠶᠢ ᠦᠢᠯᠡᠳᠪᠦᠷᠢᠯᠡᠬᠦ ᠪᠠᠨ ᠵᠣᠭᠰᠣᠭᠠᠨ᠎ᠠ︔ | ᠬᠤᠲᠠ ᠶᠢᠨ ᠠᠮᠢᠳᠤᠷᠠᠯ ᠤᠨ ᠬᠤᠭ ᠨᠣᠪᠰᠢ ᠪᠤᠶᠤ ᠠᠶᠤᠯᠲᠠᠢ ᠬᠠᠶᠠᠭᠳᠠᠮᠠᠯ ᠪᠣᠳᠠᠰ ᠢ ᠬᠠᠮᠵᠢᠯᠴᠠᠨ ᠰᠢᠢᠳᠪᠦᠷᠢᠯᠡᠬᠦ ᠠᠵᠤ | ᠠᠬᠤᠶᠢᠯᠠᠯ ᠤᠨ ᠠᠮᠢᠳᠤᠷᠠᠯ ᠤᠨ ᠬᠤᠭ ᠨᠣᠪᠰᠢ ᠬᠢᠭᠡᠳ ᠪᠣᠬᠢᠷ ᠰᠢᠪᠠᠷ ᠢ ᠰᠢᠢᠳᠪᠦᠷᠢᠯᠡᠬᠦ ᠶᠡᠷᠦᠩᠬᠡᠢ ᠬᠡᠮᠵᠢᠶ᠎ᠡ ᠨᠢ ᠡᠳᠦᠷ | ᠪᠦᠷᠢ 200 ᠲᠣᠨ ᠪᠤᠶᠤ ᠠᠶᠤᠯᠲᠠᠢ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠶᠡᠷᠦᠩᠬᠡᠢ ᠬᠡᠮᠵᠢᠶ᠎ᠡ ᠨᠢ ᠪᠣᠯᠭᠤᠭᠰᠠᠨ | ᠮᠠᠲ᠋ᠧᠷᠢᠶᠠᠯ ᠤᠨ ᠦᠢᠯᠡᠳᠪᠦᠷᠢᠯᠡᠯ ᠤᠨ ᠴᠢᠳᠠᠪᠤᠷᠢ ᠶᠢᠨ 3% ᠠᠴᠠ ᠳᠣᠣᠷ᠎ᠠ ᠪᠠᠶᠢᠬᠤ ᠦᠢᠯᠡᠳᠪᠦᠷᠢᠯᠡᠯ ᠤᠨ ᠱᠤᠭᠤᠮ ᠢ | ᠦᠢᠯᠡᠳᠪᠦᠷᠢᠯᠡᠬᠦ ᠪᠠᠨ ᠵᠣᠭᠰᠣᠨ᠎ᠠ᠃ ᠨᠡᠭᠦᠷᠡᠰᠦᠨ ᠬᠠᠷ᠎ᠠ ᠶᠢᠨ ᠠᠵᠤ ᠠᠬᠤᠶᠢᠯᠠᠯ᠄ ᠦᠢᠯᠡᠳᠪᠦᠷᠢᠯᠡᠯ ᠵᠣᠭᠰᠣᠨ᠎ᠠ᠃ | ᠪᠤᠰᠤᠳ ᠠᠵᠢᠯ ᠲᠥᠷᠥᠯ ᠤᠨ ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ | ᠠᠷᠭ᠎ᠠ ᠬᠡᠮᠵᠢᠶ᠎ᠡ ᠨᠢ ᠴᠥᠮ ︽ᠬᠦᠨᠳᠦ ᠪᠣᠬᠢᠷᠲᠤᠯ ᠲᠠᠢ ᠴᠠᠭ ᠠᠭᠤᠷ ᠤᠨ ᠭᠤᠤᠯᠳᠠᠯᠭ᠎ᠠ ᠲᠠᠢ ᠠᠵᠢᠯ ᠲᠥᠷᠥᠯ ᠤᠨ | ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢ ᠲᠣᠭᠲᠠᠭᠠᠬᠤ ᠮᠡᠷᠭᠡᠵᠢᠯ ᠤᠨ ᠵᠦᠭᠯᠡᠭᠦᠷ | ︵2020 ᠣᠨ ᠤ ᠵᠠᠰᠠᠪᠤᠷᠢ ᠣᠷᠣᠭᠤᠯᠤᠭᠰᠠᠨ ᠬᠡᠪᠯᠡᠯ︶︾ ᠳᠠᠬᠢ D ᠲᠥᠷᠥᠯ ᠪᠤᠶᠤ C ᠲᠥᠷᠥᠯ ᠤᠨ ᠠᠵᠤ | ᠠᠬᠤᠶᠢᠯᠠᠯ ᠢᠶᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃ | ᠰᠢᠯᠵᠢᠮᠡᠯ ᠡᠬᠢ ᠰᠤᠷᠪᠤᠯᠵᠢ ᠶᠢᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ᠃ | ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠨᠢ ᠣᠯᠠᠨ ᠨᠡᠶᠢᠲᠡ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠡᠭᠡᠭᠡᠪᠦᠷᠢ ᠶᠢᠨ ᠬᠦᠴᠦᠨ ᠢ ᠨᠡᠮᠡᠭᠳᠡᠭᠦᠯᠬᠦ ᠶᠢ ᠬᠠᠷᠢᠭᠤᠴᠠᠵᠤ᠂ ᠣᠯᠠᠨ ᠲᠦᠮᠡᠨ ᠤ ᠶᠠᠪᠤᠵᠤ ᠰᠠᠭᠤᠬᠤ ᠶᠢ ᠪᠠᠲᠤᠯᠠᠨ᠂ | ᠨᠥᠬᠦᠴᠡᠯ ᠲᠠᠢ ᠭᠠᠵᠠᠷ ᠣᠷᠣᠨ ᠨᠢ ᠵᠠᠰᠠᠭ ᠤᠨ ᠣᠷᠳᠣᠨ ᠤ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠠᠵᠤ | ᠠᠬᠤᠶᠢᠯᠠᠯ ᠤᠨ ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢ ᠠᠰᠢᠭᠯᠠᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ | ᠲᠡᠷᠭᠡᠨ ᠳᠤ ᠰᠠᠭᠤᠬᠤ ᠵᠠᠷᠤᠳᠠᠯ ᠢ ᠬᠠᠰᠤᠵᠤ ᠬᠡᠯᠲᠦᠷᠢᠭᠦᠯᠵᠦ ᠪᠣᠯᠣᠨ᠎ᠠ᠃ ᠲᠠᠯᠬᠠᠳᠠᠬᠤ ᠥᠷᠲᠡᠭᠡ ︵ᠰᠢᠰᠲ᠋ᠧᠮ︶᠂ | ᠠᠭᠤᠷᠬᠠᠶ ᠶᠢᠨ ᠰᠢᠭᠠᠷᠤ ᠶᠢᠨ ᠨᠤᠨᠲᠠᠭ᠂ ᠱᠦᠢᠨᠢ ᠶᠢᠨ ᠪᠦᠲᠦᠭᠡᠭᠳᠡᠬᠦᠨ ᠵᠡᠷᠭᠡ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠳ ᠤᠯᠤᠰ ᠤᠨ ᠳᠥᠷᠪᠡᠨ ᠵᠢᠴᠢ ᠲᠡᠭᠦᠨ ᠠᠴᠠ ᠳᠣᠷᠣᠭᠰᠢᠬᠢ ᠬᠦᠨᠳᠦ ᠬᠡᠯᠪᠡᠷᠢ ᠶᠢᠨ ᠪᠠᠷᠠᠭ᠎ᠠ ᠲᠡᠭᠡᠭᠡᠪᠦᠷᠢᠯᠡᠬᠦ | ᠲᠡᠷᠭᠡ ᠬᠥᠰᠬᠡ ︵ᠤᠯᠤᠰ ᠤᠨ ᠲᠠᠪᠤᠨ ᠰᠢᠲᠠᠮᠠᠬᠠᠶ ᠬᠡᠶ ᠪᠠᠭᠲᠠᠨ᠎ᠠ︶ ᠶᠢ ᠬᠡᠷᠡᠭᠯᠡᠬᠦ ᠶᠢ ᠵᠣᠭᠰᠣᠭᠠᠨ᠎ᠠ︔ ᠪᠣᠳᠠᠰ ᠤᠨ | ᠮᠠᠲ᠋ᠧᠷᠢᠶᠠᠯ ᠤᠨ ᠲᠡᠭᠡᠭᠡᠪᠦᠷᠢ ᠶᠢ ᠵᠣᠭᠰᠣᠭᠠᠨ᠎ᠠ︔ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ︵ᠠᠷᠠᠳ ᠤᠨ | ᠠᠮᠢᠳᠤᠷᠠᠯ ᠤᠨ ᠪᠠᠲᠤᠯᠠᠭ᠎ᠠ ᠶᠢᠨ ᠲᠥᠷᠥᠯ︶ ᠵᠡᠷᠭᠡ ᠶᠡᠭᠡ ᠬᠡᠮᠵᠢᠶᠡᠨ ᠤ ᠲᠦᠭᠦᠬᠡᠶ ᠮᠠᠲ᠋ᠧᠷᠢᠶᠠᠯ ᠪᠠ ᠦᠢᠯᠡᠳᠬᠦᠨ ᠤ | ᠲᠡᠭᠡᠭᠡᠪᠦᠷᠢ ︵ᠡᠳᠦᠷ ᠲᠤᠲᠤᠮ ᠤᠨ ᠲᠡᠷᠭᠡ ᠬᠥᠰᠬᠡ ᠶᠢᠨ ᠣᠷᠣᠵᠤ ᠭᠠᠷᠬᠤ ᠬᠡᠮᠵᠢᠶ᠎ᠡ ᠶᠢ 10 ᠲᠡᠷᠭᠡ ᠤᠳᠠᠭ᠎ᠠ ᠠᠴᠠ | ᠳᠠᠪᠠᠭᠤᠯᠤᠨ᠎ᠠ︶ ᠲᠠᠢ ᠬᠤᠯᠪᠣᠭᠳᠠᠬᠤ ᠨᠢᠭᠡᠴᠢ ᠨᠦᠭᠦᠳ ᠤᠯᠤᠰ ᠤᠨ ᠲᠥᠷᠪᠡ ᠵᠢᠴᠢ ᠲᠡᠭᠦᠨ ᠠᠴᠠ ᠳᠣᠷᠣᠭᠰᠢᠬᠢ ᠬᠦᠨᠳᠦ | ᠬᠡᠯᠪᠡᠷᠢ ᠶᠢᠨ ᠪᠠᠷᠠᠭ᠎ᠠ ᠠᠴᠢᠶᠠᠯᠠᠬᠤ ᠮᠠᠰᠢᠨ ᠲᠡᠷᠭᠡ ︵ᠲᠦᠯᠡᠰᠢ ᠨᠢ ᠰᠢᠲᠠᠮᠠᠬᠠᠶ ᠬᠡᠢ ᠪᠣᠯᠬᠤ ᠬᠦᠨᠳᠦ ᠬᠡᠯᠪᠡᠷᠢ ᠶᠢᠨ ᠪᠠᠷᠠᠭ᠎ᠠ | ᠠᠴᠢᠶᠠᠯᠠᠬᠤ ᠮᠠᠰᠢᠨ ᠲᠡᠷᠭᠡ ᠪᠠᠭᠲᠠᠨ᠎ᠠ︶ ᠪᠠᠷ ᠲᠡᠭᠡᠭᠡᠪᠦᠷᠢᠯᠡᠬᠦ ᠪᠠᠨ ᠵᠣᠭᠰᠣᠭᠠᠬᠤ ᠬᠡᠷᠡᠭᠲᠡᠶ ︵ᠣᠨᠴᠠ ᠲᠥᠷᠥᠯ ᠤᠨ ᠲᠡᠷᠭᠡ | ᠬᠥᠰᠬᠡ᠂ ᠠᠶᠤᠯᠲᠠᠢ ᠬᠢᠮᠢ ᠶᠢᠨ ᠪᠣᠳᠠᠰ ᠤᠨ ᠲᠡᠷᠭᠡ ᠬᠥᠰᠬᠡ ᠵᠡᠷᠭᠡ ᠠᠴᠠ ᠪᠤᠰᠤᠳ︶᠃ ᠴᠢᠳᠬᠤᠮᠠᠯ ᠰᠢᠷᠡᠮᠦ ᠶᠢᠨ ᠠᠵᠤ | ᠠᠬᠤᠶᠢᠯᠠᠯ ᠵᠠᠰᠠᠮᠠᠯ ᠵᠠᠮ ᠤᠨ ᠲᠡᠭᠡᠭᠡᠪᠦᠷᠢ ᠶᠢ ᠵᠣᠭᠰᠣᠭᠠᠨ᠎ᠠ᠃ | ᠲᠣᠭᠤᠰᠣ ᠳᠡᠭᠳᠡᠬᠦ ᠡᠬᠢ ᠰᠤᠷᠪᠤᠯᠵᠢ ᠶᠢ ᠭᠠᠳᠠᠭᠱᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ᠃ | ᠪᠠᠷᠢᠯᠭ᠎ᠠ ᠶᠢᠨ ᠭᠠᠵᠠᠷ ᠤᠨ ᠭᠡᠷ ᠤᠨ ᠭᠠᠳᠠᠨ᠎ᠠ ᠰᠦᠷᠴᠢᠨ ᠰᠢᠷᠳᠡᠬᠦ᠂ ᠨᠠᠯᠠᠤ ᠶᠢ ᠬᠠᠮᠠᠭᠠᠯᠠᠨ ᠡᠭᠡᠳᠡᠩ ᠰᠦᠷᠴᠢᠬᠦ᠂ ᠬᠡᠷᠴᠢᠬᠦ᠂ | ᠵᠠᠮ ᠪᠡᠯᠡᠳᠬᠡᠮᠵᠢ ᠶᠢᠨ ᠢᠯᠵᠢᠷᠡᠬᠦ ᠶᠢ ᠰᠡᠷᠭᠡᠶᠢᠯᠡᠬᠦ᠂ ᠵᠠᠮ ᠤᠨ ᠪᠠᠷᠤᠭᠰᠢᠨ ᠳᠡᠪᠢᠰᠬᠦ ᠵᠡᠷᠭᠡ ᠪᠠᠷᠢᠯᠭ᠎ᠠ ᠶᠢᠨ ᠠᠵᠢᠯ ᠢ | ᠵᠣᠭᠰᠣᠭᠠᠬᠤ ᠬᠡᠷᠡᠭᠲᠡᠶ᠃ | ︵4︶ ᠪᠤᠰᠤᠳ ᠠᠷᠭ᠎ᠠ ᠬᠡᠮᠵᠢᠶ᠎ᠡ | ᠲᠦᠢᠯ ᠤᠨ ᠠᠰᠢᠭ ᠥᠬᠡᠶ ᠴᠠᠭ ᠠᠭᠤᠷ ᠤᠨ ᠨᠥᠬᠦᠴᠡᠯ ᠳᠤ ᠲᠤᠯᠭᠠᠷᠠᠪᠠᠯ᠂ ᠬᠤᠲᠠ ᠶᠢᠨ ᠬᠦᠨᠳᠦ ᠪᠣᠬᠢᠷᠲᠤᠯ ᠲᠠᠢ | ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠵᠢᠭᠠᠪᠤᠷᠢ ᠶᠣᠰᠣᠭᠠᠷ᠂ ᠲᠦᠷ ᠴᠠᠭ ᠤᠨ | ᠴᠢᠨᠠᠷᠲᠠᠶ ᠪᠣᠬᠢᠷᠲᠤᠯ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠨᠡᠩ ᠴᠢᠩᠭ᠎ᠠ ᠠᠷᠭ᠎ᠠ ᠬᠡᠮᠵᠢᠶ᠎ᠡ ᠠᠪᠴᠤ ᠪᠣᠯᠤᠨ᠎ᠠ᠃ | 4.3.4 ᠳᠡᠰ ᠤᠨ ᠳᠠᠭᠠᠬᠤ ᠠᠷᠭ᠎ᠠ ᠬᠡᠮᠵᠢᠶ᠎ᠡ | Ⅱ ᠲᠠᠰ ᠤᠨ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠬᠤ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ | ᠰᠠᠭᠤᠷᠢᠨ ᠳᠡᠭᠡᠷ᠎ᠡ᠂ ᠳᠣᠤᠷᠠᠬᠢ ᠠᠷᠭ᠎ᠠ ᠬᠡᠮᠵᠢᠶ᠎ᠡ ᠶᠢ ᠨᠡᠮᠡᠨ᠎ᠡ᠄ | ︵1︶ ᠡᠷᠡᠭᠦᠯ ᠮᠡᠨᠳᠦ ᠶᠢ ᠬᠠᠮᠠᠭᠠᠯᠠᠬᠤ ᠠᠷᠭ᠎ᠠ ᠬᠡᠮᠵᠢᠶ᠎ᠡ | ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠨᠢ ᠨᠥᠬᠦᠴᠡᠯ ᠲᠠᠢ ᠬᠡᠦᠬᠡᠳ ᠤᠨ ᠴᠡᠴᠡᠷᠯᠢᠭ᠂ ᠳᠤᠮᠳᠠᠳᠤ ᠪᠠᠭ᠎ᠠ | ᠰᠤᠷᠭᠠᠭᠤᠯᠢ ᠵᠡᠷᠭᠡ ᠰᠤᠷᠭᠠᠭᠤᠯᠢ ᠶᠢ ᠵᠢᠯᠣᠭᠤᠳᠤᠨ ᠬᠢᠴᠢᠶᠡᠯ ᠵᠣᠭᠰᠣᠭᠠᠬᠤ ᠶᠢᠨ ᠬᠠᠮᠲᠤ᠂ ᠬᠢᠴᠢᠶᠡᠯ ᠢᠶᠠᠨ ᠵᠣᠭᠰᠣᠬᠤ | ᠬᠤᠭᠤᠴᠠᠭᠠᠨ ᠤ ᠰᠤᠷᠤᠭᠴᠢᠳ ᠤᠨ ᠰᠤᠷᠤᠯᠭ᠎ᠠ ᠶᠢ ᠵᠦᠢ ᠵᠣᠬᠢᠰᠲᠠᠶ ᠲᠣᠬᠢᠷᠠᠭᠤᠯᠵᠤ᠂ ᠬᠢᠴᠢᠶᠡᠯ ᠢᠶᠠᠨ ᠪᠣᠯᠬᠤ ᠶᠢᠨ | ᠳᠣᠲᠣᠷ᠎ᠠ ᠵᠣᠭᠰᠣᠭᠠᠬᠤ ᠦᠭᠡᠶ ᠪᠠᠶᠢᠬᠤ ᠬᠡᠷᠡᠭᠲᠡᠶ᠃ | ᠭᠡᠷ ᠤᠨ ᠭᠠᠳᠠᠨᠠᠬᠢ ᠲᠣᠮᠣ ᠬᠡᠯᠪᠡᠷᠢ ᠶᠢᠨ ᠣᠯᠠᠨ ᠲᠦᠮᠡᠨᠴᠢ ᠴᠢᠨᠠᠷᠲᠠᠶ ᠠᠵᠢᠯᠯᠠᠭ᠎ᠠ ᠡᠷᠬᠢᠯᠡᠬᠦ ᠶᠢ ᠵᠣᠭᠰᠣᠭᠠᠬᠤ | ᠬᠡᠷᠡᠭᠲᠡᠶ᠃ | ︵2︶ ᠰᠠᠨᠠᠭᠠᠴᠢᠯᠠᠭ᠎ᠠ ᠶᠢᠨ ᠴᠢᠨᠠᠷᠲᠠᠢ ᠪᠣᠬᠢᠷᠳᠣᠯ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ | ᠣᠯᠠᠨ ᠨᠡᠶᠢᠲᠡ ᠶᠢᠨ ᠤᠯᠤᠰ ᠤᠨ 4 ᠵᠢᠴᠢ ᠲᠡᠭᠦᠨ ᠠᠴᠠ ᠳᠣᠷᠣᠭᠰᠢᠬᠢ ᠰᠢᠲᠠᠭᠠᠯᠭ᠎ᠠ ᠶᠢᠨ ᠲᠣᠰᠣᠨ ᠤ ᠮᠠᠰᠢᠨ | ᠲᠡᠷᠭᠡ ᠶᠢ ᠤᠬᠠᠮᠰᠠᠷ ᠠᠴᠠ ᠪᠠᠨ ᠵᠣᠭᠰᠣᠭᠠᠬᠤ ᠶᠢ ᠰᠠᠨᠠᠭᠠᠴᠢᠯᠠᠨ᠎ᠠ᠃ | ︵3︶ ᠪᠣᠬᠢᠷᠳᠣᠯ ᠢ ᠠᠯᠪᠠᠳᠠᠨ ᠪᠠᠭᠠᠰᠬᠠᠬᠤ ᠠᠷᠭ᠎ᠠ ᠬᠡᠮᠵᠢᠶ᠎ᠡ | ᠠᠵᠤ ᠦᠢᠯᠡᠳᠪᠦᠷᠢ ᠶᠢᠨ ᠢᠷᠡᠯᠲᠡ ᠶᠢᠨ ᠪᠣᠬᠢᠷᠳᠠᠯ ᠢ ᠪᠠᠭᠠᠰᠭᠠᠬᠤ ᠠᠷᠭ᠎ᠠ ᠬᠡᠮᠵᠢᠶ᠎ᠡ᠃ ᠢᠯᠴᠢ ᠶᠢᠨ ᠴᠠᠬᠢᠯᠭᠠᠨ ᠤ | ᠠᠵᠤ ᠠᠬᠤᠶᠢᠯᠠᠯ᠄ ᠨᠢᠭᠡᠨᠲᠡ ᠥᠭᠡᠷᠡᠴᠢᠯᠡᠭᠰᠡᠨ ᠪᠣᠯᠪᠠᠴᠤ ᠬᠡᠲᠦ ᠳᠣᠤᠷ᠎ᠠ ᠭᠠᠳᠠᠭᠰᠢᠯᠠᠭᠤᠯᠬᠤ ᠬᠢᠵᠠᠭᠠᠷ ᠬᠡᠮᠵᠢᠶ᠎ᠡ ᠪᠤᠶᠤ | ᠪᠠᠷᠢᠮᠵᠢᠶ᠎ᠠ ᠠᠴᠠ ᠬᠡᠲᠦᠷᠡᠭᠰᠡᠨ ᠨᠣᠷᠮ᠎ᠠ ᠶᠢ 5% ᠠᠴᠠ ᠳᠡᠭᠡᠭᠰᠢ ᠬᠡᠷᠡᠭᠵᠢᠭᠦᠯᠦᠭᠰᠡᠨ ᠠᠵᠤ ᠠᠬᠤᠶᠢᠯᠠᠯ ︵ᠬᠡᠲᠦ ᠳᠣᠤᠷ᠎ᠠ | ᠭᠠᠳᠠᠭᠰᠢᠯᠠᠭᠤᠯᠬᠤ ᠬᠢᠵᠠᠭᠠᠷ ᠬᠡᠮᠵᠢᠭᠳᠡᠯ ᠠᠴᠠ ᠬᠡᠲᠦᠷᠡᠭᠦᠯᠦᠨ᠎ᠡ︶ ᠳᠤ᠂ ᠠᠭᠠᠷ ᠮᠠᠨᠳᠠᠯ ᠤᠨ ᠪᠣᠬᠢᠷᠲᠤᠯ ᠪᠣᠳᠠᠰ ᠢ | 30% ᠶᠢᠨ ᠬᠠᠷᠢᠴᠠᠯ ᠢᠶᠠᠷ ᠭᠠᠳᠠᠭᠰᠢᠯᠠᠭᠤᠯᠬᠤ ᠶᠢ ᠪᠠᠭᠠᠰᠬᠠᠬᠤ ᠶᠢ ᠱᠠᠭᠠᠷᠳᠠᠨ᠎ᠠ᠃ ᠲᠡᠮᠦᠷ ᠤᠨ ᠬᠠᠶᠢᠯᠤᠰᠢ ᠶᠢᠨ ᠠᠵᠤ | ᠠᠬᠤᠶᠢᠯᠠᠯ᠄ ᠦᠢᠯᠡᠳᠪᠦᠷᠢᠯᠡᠯ ᠢᠶᠠᠨ ᠵᠣᠭᠰᠣᠭᠠᠨ᠎ᠠ᠃ ᠱᠦᠢᠨᠢ ᠶᠢᠨ ᠠᠵᠤ ᠠᠬᠤᠶᠢᠯᠠᠯ᠄ ᠬᠤᠲᠠ ᠶᠢᠨ ᠠᠮᠢᠳᠤᠷᠠᠯ ᠤᠨ ᠬᠤᠭ | ᠨᠣᠪᠰᠢ᠂ ᠪᠣᠬᠢᠷ ᠰᠢᠪᠠᠷ ᠪᠤᠶᠤ ᠠᠶᠤᠯᠲᠠᠶ ᠬᠠᠶᠠᠭᠳᠠᠮᠠᠯ ᠪᠣᠳᠠᠰ ᠢ ᠬᠠᠮᠵᠢᠯᠴᠠᠨ ᠰᠢᠢᠳᠪᠦᠷᠢᠯᠡᠬᠦ ᠠᠵᠤ ᠠᠬᠤᠶᠢᠯᠠᠯ᠂ | ᠠᠮᠢᠳᠤᠷᠠᠯ ᠤᠨ ᠬᠤᠭ ᠨᠣᠪᠰᠢ ᠬᠢᠭᠡᠳ ᠪᠣᠬᠢᠷ ᠰᠢᠪᠠᠷ ᠤᠨ ᠶᠡᠷᠦᠩᠬᠡᠶ ᠬᠡᠮᠵᠢᠶ᠎ᠡ ᠨᠢ ᠡᠳᠦᠷ ᠪᠦᠷᠢ 400 ᠲᠣᠨ ᠪᠤᠶᠤ | ᠠᠶᠤᠯᠲᠠᠶ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠶᠡᠷᠦᠩᠬᠡᠶ ᠬᠡᠮᠵᠢᠶ᠎ᠡ ᠨᠢ ᠪᠣᠯᠭᠤᠭᠰᠠᠨ ᠮᠠᠲ᠋ᠧᠷᠢᠶᠠᠯ ᠤᠨ ᠦᠢᠯᠡᠳᠪᠦᠷᠢᠯᠡᠬᠦ | ᠴᠢᠳᠠᠪᠤᠷᠢ ᠶᠢᠨ 4% ᠠᠴᠠ ᠳᠣᠤᠷ᠎ᠠ ᠪᠠᠶᠢᠬᠤ ᠦᠢᠯᠡᠳᠪᠦᠷᠢᠯᠡᠯ ᠤᠨ ᠱᠤᠭᠤᠮ ᠢ ᠬᠠᠮᠵᠢᠯᠴᠠᠨ ᠰᠢᠢᠳᠪᠦᠷᠢᠯᠡᠨ᠎ᠡ᠂ | ᠦᠢᠯᠡᠳᠪᠦᠷᠢᠯᠡᠯ ᠢ ᠨᠢ ᠵᠣᠭᠰᠣᠭᠠᠨ᠎ᠠ᠃ ᠪᠤᠰᠤᠳ ᠠᠵᠢᠯ ᠲᠥᠷᠥᠯ ᠤᠨ ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠨᠢ ᠴᠥᠮ ︽ᠬᠦᠨᠳᠦ ᠪᠣᠬᠢᠷᠲᠤᠯ ᠲᠠᠢ ᠴᠠᠭ ᠠᠭᠤᠷ ᠤᠨ | ᠭᠤᠤᠯᠳᠠᠯᠭ᠎ᠠ ᠲᠠᠢ ᠠᠵᠢᠯ ᠲᠥᠷᠥᠯ ᠤᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢ | ᠲᠣᠭᠲᠠᠭᠠᠬᠤ ᠮᠡᠷᠭᠡᠵᠢᠯ ᠤᠨ ᠵᠦᠭᠯᠡᠭᠦᠷ ︵2020 ᠣᠨ ᠤ ᠵᠠᠰᠠᠪᠤᠷᠢ ᠣᠷᠣᠭᠤᠯᠤᠭᠰᠠᠨ ᠬᠡᠪᠯᠡᠯ︶︾ ᠳᠠᠬᠢ D ᠲᠥᠷᠥᠯ | ᠪᠤᠶᠤ C ᠲᠥᠷᠥᠯ ᠤᠨ ᠠᠵᠤ ᠠᠬᠤᠶᠢᠯᠠᠯ ᠢᠶᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃ | ᠰᠢᠯᠵᠢᠮᠡᠯ ᠡᠬᠢ ᠰᠤᠷᠪᠤᠯᠵᠢ ᠶᠢᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ᠄ | ᠪᠣᠯᠣᠳ ᠲᠡᠮᠦᠷ᠂ ᠨᠡᠭᠦᠷᠡᠰᠦᠨ ᠡᠳ᠋ ᠵᠡᠷᠭᠡ ᠠᠵᠤ ᠠᠬᠤᠶᠢᠯᠠᠯ ᠵᠠᠰᠠᠮᠠᠯ ᠵᠠᠮ ᠤᠨ ᠲᠡᠭᠡᠭᠡᠪᠦᠷᠢ ᠶᠢ ᠵᠣᠭᠰᠣᠭᠠᠨ᠎ᠠ᠃ | ︵4︶ ᠪᠤᠰᠤᠳ ᠠᠷᠭ᠎ᠠ ᠬᠡᠮᠵᠢᠶ᠎ᠡ | ᠲᠦᠢᠯ ᠤᠨ ᠠᠰᠢᠭ ᠥᠬᠡᠶ ᠴᠠᠭ ᠠᠭᠤᠷ ᠤᠨ ᠨᠥᠬᠦᠴᠡᠯ ᠳᠤ ᠲᠤᠯᠭᠠᠷᠠᠪᠠᠯ᠂ ᠬᠤᠲᠠ ᠶᠢᠨ ᠬᠦᠨᠳᠦ ᠪᠣᠬᠢᠷᠲᠤᠯ ᠲᠠᠢ | ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠵᠢᠭᠠᠪᠤᠷᠢ ᠶᠣᠰᠣᠭᠠᠷ᠂ ᠲᠦᠷ ᠴᠠᠭ ᠤᠨ | ᠴᠢᠨᠠᠷᠲᠠᠶ ᠪᠣᠬᠢᠷᠲᠤᠯ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠨᠡᠩ ᠴᠢᠩᠭ᠎ᠠ ᠠᠷᠭ᠎ᠠ ᠬᠡᠮᠵᠢᠶ᠎ᠡ ᠠᠪᠴᠤ ᠪᠣᠯᠤᠨ᠎ᠠ᠃ | 4.4 ᠳᠠᠭᠠᠬᠤ ᠶᠢᠨ ᠲᠠᠰ ᠤᠨ ᠲᠣᠬᠢᠷᠠᠭᠤᠯᠤᠯᠲᠠ | ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠬᠤ ᠬᠤᠭᠤᠴᠠᠭᠠᠨ ᠳᠤ᠂ ᠠᠭᠠᠷ ᠤᠨ ᠶᠠᠰᠤ ᠴᠢᠨᠠᠷ ᠤᠨ ᠵᠢᠭᠠᠯᠲᠠ ᠲᠤᠭ᠎ᠠ | ︵AQI︶ ᠶᠢᠨ ᠬᠤᠪᠢᠷᠠᠯᠲᠠ ᠶᠢ ᠴᠠᠭ ᠲᠤᠬᠠᠶ ᠳᠤᠨᠢ ᠬᠢᠨᠠᠨ ᠡᠵᠡᠮᠳᠡᠵᠦ᠂ ᠬᠤᠲᠠ ᠶᠢᠨ ᠬᠦᠨᠳᠦ ᠪᠣᠬᠢᠷᠲᠤᠯ ᠲᠠᠢ ᠴᠠᠭ | ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠶᠢᠨ ᠵᠢᠯᠣᠭᠤᠳᠬᠤ ᠭᠠᠵᠠᠷ ᠤᠨ ᠵᠠᠷᠯᠢᠭ ᠢ ᠦᠨᠳᠦᠰᠦᠯᠡᠨ᠂ ᠰᠡᠷᠡᠮᠵᠢᠯᠡᠭᠦᠯᠬᠦ | ᠲᠠᠰ ᠤᠨ ᠲᠣᠬᠢᠷᠠᠭᠤᠯᠤᠯᠲᠠ ᠶᠢᠨ ᠪᠠᠶᠢᠳᠠᠯ ᠢ ᠦᠨᠳᠦᠰᠦᠯᠡᠨ᠂ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠬᠤ ᠲᠠᠰ ᠢ ᠴᠠᠭ | ᠲᠤᠬᠠᠶ ᠳᠤᠨᠢ ᠳᠡᠭᠡᠭᠰᠢᠯᠡᠭᠦᠯᠬᠦ ᠪᠤᠶᠤ ᠪᠠᠭᠤᠷᠠᠭᠤᠯᠵᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢᠨ ᠬᠠᠨᠳᠤᠯᠭᠠᠲᠤ | ᠴᠢᠨᠠᠷ ᠢ ᠳᠡᠭᠡᠭᠰᠢᠯᠡᠭᠦᠯᠬᠦ ᠬᠡᠷᠡᠭᠲᠡᠶ᠃ | 4.5 ᠮᠡᠳᠡᠭᠡ ᠵᠠᠩᠭᠢ ᠶᠢ ᠢᠯᠡ ᠪᠣᠯᠭᠠᠬᠤ | ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠶᠢᠳᠠᠯ ᠭᠠᠷᠤᠭᠰᠠᠨ ᠦᠶ᠎ᠡ ᠳᠤ᠂ ᠣᠷᠣᠨ ᠤ ᠪᠠᠴᠢᠮ ᠪᠠᠶᠢᠳᠠᠯ ᠢ | ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠭᠡᠷ ᠬᠤᠲᠠ ᠶᠢᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ | ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠵᠢᠭᠠᠪᠤᠷᠢ ᠶᠣᠰᠣᠭᠠᠷ᠂ ᠢᠯᠡ ᠪᠣᠯᠭᠠᠬᠤ ᠮᠡᠳᠡᠭᠡ ᠵᠠᠩᠭᠢ ᠶᠢᠨ | ᠠᠭᠤᠯᠭ᠎ᠠ ᠶᠢ ᠨᠢᠭᠡᠳᠦᠯᠲᠡᠶ ᠲᠣᠭᠲᠠᠭᠠᠵᠤ᠂ ᠢᠯᠡ ᠪᠣᠯᠭᠠᠭᠰᠠᠨ ᠮᠡᠳᠡᠭᠡ ᠵᠠᠩᠭᠢ ᠨᠢ ᠠᠭᠠᠷ ᠮᠠᠨᠳᠠᠯ ᠤᠨ ᠪᠣᠬᠢᠷᠲᠤᠯ ᠤᠨ | ᠲᠡᠷᠢᠭᠦᠨ ᠴᠢᠬᠤᠯᠠ ᠪᠣᠬᠢᠷᠲᠤᠯ ᠪᠣᠳᠠᠰ᠂ ᠪᠣᠬᠢᠷᠲᠤᠯ ᠤᠨ ᠬᠦᠷᠢᠶ᠎ᠡ ᠬᠡᠪᠴᠢᠶ᠎ᠡ᠂ ᠦᠷᠭᠦᠯᠵᠢᠯᠡᠭᠦᠯᠵᠦ ᠮᠡᠳᠡᠬᠦ ᠴᠠᠭ᠂ ᠳᠠᠯᠳᠠ | ᠪᠣᠬᠢᠷᠲᠤᠯ ᠤᠨ ᠬᠡᠮᠵᠢᠶ᠎ᠡ᠂ ᠨᠢᠭᠡᠨᠲᠡ ᠠᠪᠤᠭᠰᠠᠨ ᠠᠷᠭ᠎ᠠ ᠬᠡᠮᠵᠢᠶ᠎ᠡ᠂ ᠨᠥᠯᠥᠭᠡᠯᠡᠭᠳᠡᠵᠦ ᠮᠡᠳᠡᠬᠦ ᠣᠷᠣᠨ ᠪᠦᠰᠡ ᠵᠢᠴᠢ ᠠᠪᠬᠤ | ᠠᠷᠭ᠎ᠠ ᠬᠡᠮᠵᠢᠶ᠎ᠡ ᠶᠢᠨ ᠰᠠᠨᠠᠭᠤᠯᠭ᠎ᠠ ᠵᠡᠷᠭᠡ ᠶᠢ ᠲᠣᠳᠣᠷᠬᠠᠶᠢᠯᠠᠬᠤ ᠬᠡᠷᠡᠭᠲᠡᠶ᠃ ᠣᠷᠣᠨ ᠤ ᠨᠠᠮ ᠤᠨ ᠬᠤᠷᠢᠶᠠᠨ ᠤ ᠤᠬᠠᠭᠤᠯᠬᠤ | ᠬᠡᠯᠲᠡᠰ ᠠᠴᠠ ᠬᠠᠷᠢᠭᠤᠴᠠᠨ ᠵᠣᠬᠢᠴᠠᠭᠤᠯᠵᠤ᠂ ᠡᠷᠬᠡ ᠣᠯᠭᠤᠨ ᠨᠡᠶᠢᠲᠡᠯᠡᠬᠦ᠂ ᠰᠣᠨᠢᠨ ᠮᠡᠳᠡᠭᠡᠯᠡᠯ᠂ ᠵᠠᠭᠤᠴᠢᠯᠠᠭᠤᠷ ᠤᠨ | ᠰᠤᠷᠪᠤᠯᠵᠢᠯᠠᠭ᠎ᠠ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠪᠠ ᠠᠷᠭ᠎ᠠ ᠵᠠᠮ ᠢᠶᠠᠷ ᠳᠠᠮᠵᠢᠭᠤᠯᠤᠨ᠂ ᠣᠯᠠᠨ ᠵᠦᠢᠯ ᠤᠨ | ᠬᠡᠯᠪᠡᠷᠢ ᠪᠠᠷ ᠬᠤᠯᠪᠣᠭᠳᠠᠯ ᠪᠦᠬᠦᠢ ᠮᠡᠳᠡᠭᠡ ᠵᠠᠩᠭᠢ ᠶᠢ ᠢᠯᠡ ᠪᠣᠯᠭᠠᠵᠤ᠂ ᠠᠭᠠᠷ ᠮᠠᠨᠳᠠᠯ ᠤᠨ ᠪᠣᠬᠢᠷᠲᠤᠯ ᠤᠨ ᠪᠠᠶᠢᠳᠠᠯ ᠪᠠ | ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠤᠨ ᠪᠠᠶᠢᠳᠠᠯ ᠢ ᠨᠡᠶᠢᠭᠡᠮ ᠳᠤ ᠴᠠᠭ ᠲᠤᠬᠠᠶ ᠳᠤᠨᠢ᠂ ᠣᠨᠣᠪᠴᠢᠲᠠᠶ᠂ | ᠪᠤᠰᠤᠳᠴᠢ᠂ ᠪᠥᠬᠦ ᠲᠠᠯ᠎ᠠ ᠪᠠᠷ ᠨᠡᠶᠢᠲᠡᠯᠡᠵᠦ᠂ ᠨᠡᠶᠢᠭᠡᠮ ᠤᠨ ᠠᠩᠬᠠᠷᠤᠯ ᠳᠤ ᠬᠠᠷᠢᠭᠤᠯᠲᠠ ᠥᠭᠭᠦᠨ᠎ᠡ᠃ | 4.6 ᠪᠠᠴᠢᠮ ᠪᠠᠶᠢᠳᠠᠯ ᠢ ᠠᠷᠭᠠᠴᠠᠬᠤ ᠳᠤ ᠳᠠᠭᠠᠵᠤ ᠬᠢᠬᠦ ᠶᠢ ᠵᠣᠭᠰᠤᠭᠠᠬᠤ | ᠰᠡᠷᠡᠮᠵᠢᠯᠡᠭᠦᠯᠬᠦ ᠶᠢ ᠬᠦᠴᠦᠨ ᠥᠬᠡᠶ ᠪᠣᠯᠭᠠᠭᠰᠠᠨ ᠤ ᠳᠠᠷᠠᠭ᠎ᠠ᠂ ᠪᠠᠴᠢᠮ ᠪᠠᠶᠢᠳᠠᠯ ᠢ ᠠᠷᠭᠠᠴᠠᠬᠤ ᠶᠢ ᠳᠠᠭᠠᠬᠤ ᠠᠵᠢᠯ | ᠠᠶᠠᠨᠳᠠᠭᠠᠨ ᠳᠠᠭᠤᠰᠤᠨ᠎ᠠ᠃ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠡᠯ᠎ᠡ ᠪᠦᠷᠢᠯᠳᠦᠬᠦᠨ | ᠨᠢᠭᠡᠴᠡ ᠨᠦᠭᠦᠳ ᠳᠠᠭᠠᠬᠤ ᠠᠷᠭ᠎ᠠ ᠬᠡᠮᠵᠢᠶ᠎ᠡ ᠠᠪᠬᠤ ᠨᠢᠭᠡᠴᠡ ᠶᠢ ᠳᠠᠭᠠᠵᠤ ᠬᠢᠬᠦ ᠶᠢ ᠵᠣᠭᠰᠣᠭᠠᠬᠤ ᠶᠢ ᠮᠡᠳᠡᠭᠳᠡᠬᠦ | ᠬᠡᠷᠡᠭᠲᠡᠶ᠃ | 5. ᠬᠢᠨᠠᠯᠲᠠ ᠲᠠᠯᠪᠢᠵᠤ ᠪᠠᠶᠢᠴᠠᠭᠠᠬᠤ | 5.1 ᠪᠠᠴᠢᠮ ᠪᠠᠶᠢᠳᠠᠯ ᠢ ᠠᠷᠭᠠᠴᠠᠬᠤ ᠶᠢᠨ ᠬᠢᠨᠠᠯᠲᠠ ᠪᠠᠶᠢᠴᠠᠭᠠᠯᠲᠠ | ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠭᠰᠡᠨ ᠤ ᠳᠠᠷᠠᠭ᠎ᠠ᠂ ᠲᠤᠭᠤᠷᠢᠭ ᠤᠨ ᠪᠠᠴᠢᠮ ᠪᠠᠶᠢᠳᠠᠯ ᠢ | ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠭᠡᠷ ᠶᠡᠷᠦᠩᠬᠡᠶᠢᠯᠡᠨ ᠬᠢᠨᠠᠨ ᠵᠢᠯᠣᠭᠤᠳᠴᠤ ᠪᠠᠶᠢᠴᠠᠭᠠᠬᠤ ᠳᠤᠭᠤᠶᠢᠯᠠᠩ | ᠪᠠᠶᠢᠭᠤᠯᠵᠤ᠂ ᠴᠠᠭ ᠲᠤᠨᠢ ᠲᠣᠬᠢᠷᠠᠭᠤᠯᠤᠨ ᠲᠤᠬᠠᠶ ᠶᠢᠨ ᠭᠠᠵᠠᠷ ᠲᠤᠨᠢ ᠰᠤᠭᠤᠴᠢᠨ ᠪᠠᠶᠢᠴᠠᠭᠠᠬᠤ ᠪᠠ ᠲᠡᠮᠳᠡᠭᠯᠡᠨ | ᠪᠠᠶᠢᠴᠠᠭᠠᠬᠤ ᠠᠷᠭ᠎ᠠ ᠮᠠᠶ᠋ᠢᠭ ᠢᠶᠠᠷ ᠡᠯ᠎ᠡ ᠪᠦᠷᠢᠯᠳᠦᠬᠦᠨ ᠨᠢᠭᠡᠴᠡ᠂ ᠠᠵᠤ ᠠᠬᠤᠶᠢᠯᠠᠯ ᠤᠨ ᠪᠠᠴᠢᠮ ᠪᠠᠶᠢᠳᠠᠯ ᠢ ᠠᠷᠭᠠᠴᠠᠬᠤ | ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ | ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠬᠦ ᠬᠡᠷᠡᠭᠲᠡᠶ︔ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ | ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ ᠬᠦᠨᠳᠦ ᠪᠣᠬᠢᠷᠲᠤᠯ ᠲᠠᠢ ᠴᠠᠭ ᠠᠭᠤᠷ ᠤᠨ ᠰᠡᠷᠡᠮᠵᠢᠯᠡᠭᠦᠯᠬᠦ | ᠮᠡᠳᠡᠭᠡ ᠵᠠᠩᠭᠢ ᠶᠢ ᠨᠡᠶᠢᠲᠡᠯᠡᠬᠦ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠪᠣᠬᠢᠷᠲᠤᠯ ᠭᠠᠳᠠᠭᠰᠢᠯᠠᠭᠤᠯᠬᠤ | ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ᠂ ᠵᠠᠮ ᠤᠨ ᠠᠷᠢᠭᠤᠨ ᠴᠡᠪᠡᠷ ᠢ ᠬᠠᠮᠠᠭᠠᠯᠠᠬᠤ᠂ ᠪᠠᠷᠢᠯᠭ᠎ᠠ ᠪᠠᠷᠢᠬᠤ ᠪᠠᠨ | ᠵᠣᠭᠰᠣᠭᠠᠬᠤ ᠪᠠ ᠪᠠᠷᠢᠯᠭ᠎ᠠ ᠠᠵᠢᠯᠯᠠᠬᠤ ᠪᠠᠨ ᠵᠣᠭᠰᠣᠭᠠᠬᠤ ᠵᠡᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ | ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠬᠤ ᠬᠡᠷᠡᠭᠲᠡᠶ᠃ | 5.2 ᠬᠠᠷᠢᠭᠤᠴᠠᠯᠭ᠎ᠠ ᠨᠡᠬᠡᠮᠵᠢᠯᠡᠬᠦ | ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠪᠠᠴᠢᠮ ᠪᠠᠶᠢᠳᠠᠯ ᠢ ᠠᠷᠭᠠᠴᠠᠬᠤ ᠴᠣᠣᠷᠢᠶᠠᠳᠣᠨ ᠲᠠᠭᠠᠬᠤ | ᠬᠤᠭᠤᠴᠠᠭᠠᠨ ᠳᠠᠬᠢ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠡᠯ᠎ᠡ ᠵᠦᠢᠯ ᠤᠨ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠵᠤ᠂ ᠪᠠᠴᠢᠮ ᠪᠠᠶᠢᠳᠠᠯ ᠢ ᠠᠷᠭᠠᠴᠠᠬᠤ | ᠴᠣᠣᠷᠢᠶᠠᠳᠣᠯ ᠤᠨ ᠬᠤᠭᠤᠴᠠᠭᠠᠨ ᠳᠤ ᠳᠠᠯᠳᠠᠭᠤᠷ ᠭᠠᠳᠠᠭᠰᠢᠯᠠᠭᠤᠯᠣᠭᠰᠠᠨ᠂ ᠣᠯᠠᠨᠲᠠ ᠪᠠᠶᠢᠴᠠᠭᠠᠬᠰᠠᠨ ᠠᠵᠤ ᠠᠬᠤᠶᠢᠯᠠᠯ ᠢ | ᠬᠠᠤᠯᠢ ᠶᠣᠰᠣᠭᠠᠷ ᠵᠠᠷᠯᠢᠭᠳᠠᠵᠤ ᠪᠠᠶᠢᠭᠠᠳ ᠦᠢᠯᠡᠳᠪᠦᠷᠢᠯᠡᠬᠦ ᠶᠢ ᠵᠣᠭᠰᠣᠭᠠᠵᠤ᠂ ᠬᠠᠤᠯᠢ ᠶᠣᠰᠣᠭᠠᠷ ᠰᠢᠳᠬᠡᠬᠦ ᠠᠴᠠ | ᠭᠠᠳᠠᠨ᠎ᠠ᠂ ᠠᠵᠤ ᠠᠬᠤᠶᠢᠯᠠᠯ ᠤᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠬᠠᠤᠯᠢ ᠴᠠᠭᠠᠵᠠ ᠶᠢᠨ | ᠬᠠᠷᠢᠭᠤᠴᠠᠯᠭ᠎ᠠ ᠶᠢ ᠨᠡᠬᠡᠮᠵᠢᠯᠡᠬᠦ ᠬᠡᠷᠡᠭᠲᠡᠶ᠃ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠣᠷᠣᠰᠢᠵᠤ᠂ | ᠪᠠᠴᠢᠮ ᠪᠠᠶᠢᠳᠠᠯ ᠢ ᠠᠷᠭᠠᠴᠠᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢ | ᠪᠣᠳᠠᠲᠠᠶᠢᠵᠢᠭᠤᠯᠤᠭᠰᠠᠨ ᠥᠬᠡᠶ ︵ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ᠂ ᠪᠣᠬᠢᠷᠲᠤᠯ ᠪᠣᠳᠠᠰ ᠭᠠᠳᠠᠭᠰᠢᠯᠠᠭᠤᠯᠬᠤ | ᠬᠡᠮᠵᠢᠶ᠎ᠡ ᠶᠢ ᠪᠠᠭᠠᠰᠬᠠᠬᠤ ᠬᠠᠷᠢᠭᠤᠴᠠᠯᠭ᠎ᠠ ᠠᠴᠠ ᠵᠠᠶᠢᠯᠠᠭᠰᠠᠨ ᠪᠠᠭᠲᠠᠨ᠎ᠠ︶ ᠪᠤᠶᠤ ᠵᠣᠬᠢᠬᠤ ᠠᠮᠵᠢᠯᠲᠠ ᠪᠦᠲᠦᠮᠵᠢ ᠶᠢᠨ ᠲᠠᠰ | ᠬᠤᠪᠢᠶᠠᠬᠤ ᠱᠠᠭᠠᠷᠳᠠᠯᠭ᠎ᠠ ᠳᠤ ᠥᠯᠥ ᠬᠦᠷᠦᠭᠰᠡᠨ ᠠᠮᠵᠢᠯᠲᠠ ᠪᠦᠲᠦᠮᠵᠢ ᠶᠢᠨ ᠲᠠᠰ ᠬᠤᠪᠢᠶᠠᠭᠰᠠᠨ ᠠᠵᠤ ᠠᠬᠤᠶᠢᠯᠠᠯ ᠢ | ᠬᠠᠮᠢᠶ᠎ᠠ ᠪᠥᠬᠦᠶ ᠲᠠᠰ ᠳᠠᠷᠠᠭᠠᠯᠠᠯ ᠤᠨ ᠶᠣᠰᠣᠭᠠᠷ ᠲᠠᠰ ᠪᠠᠭᠤᠷᠠᠭᠤᠯᠤᠨ ᠰᠢᠶ᠋ᠳᠪᠦᠷᠢᠯᠡᠨ᠎ᠡ᠃ | 6. ᠳ᠋ᠦᠩᠨᠡᠨ ᠦᠨᠡᠯᠡᠬᠦ | ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠬᠡᠷ᠂ ᠡᠯ᠎ᠡ ᠬᠤᠯᠪᠣᠭᠳᠠᠯ | ᠪᠥᠬᠦᠶ ᠰᠠᠯᠠᠭ᠎ᠠ ᠮᠥᠴᠢᠷ ᠪᠣᠯᠤᠨ ᠠᠵᠤ ᠠᠬᠤᠶᠢᠯᠠᠯ ᠤᠳ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ | ᠠᠷᠭᠠᠴᠠᠬᠤ ᠶᠠᠪᠤᠴᠠ ᠶᠢᠨ ᠲᠡᠮᠳᠡᠭᠯᠡᠯ ᠢ ᠰᠠᠶᠢᠲᠤᠷ ᠬᠢᠵᠦ᠂ ᠡᠬᠡ ᠲᠠᠩᠰᠠ ᠶᠢᠨ ᠲᠦᠷᠢᠮ ᠢ ᠪᠠᠶᠢᠭᠤᠯᠬᠤ ᠬᠡᠷᠡᠭᠲᠡᠶ᠃ | ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠬᠤ ᠶᠢ ᠳᠠᠭᠤᠰᠬᠠᠭᠰᠠᠨ ᠤ ᠳᠠᠷᠠᠭᠠᠬᠢ 3 ᠠᠵᠢᠯᠯᠠᠬᠤ ᠡᠳᠦᠷ ᠤᠨ | ᠳᠣᠲᠣᠷ᠎ᠠ᠂ ᠪᠠᠴᠢᠮ ᠪᠠᠶᠢᠳᠠᠯ ᠢ ᠠᠷᠭᠠᠴᠠᠬᠤ ᠳᠤ ᠬᠤᠯᠪᠣᠭᠳᠠᠭᠰᠠᠨ ᠪᠦᠷᠢᠯᠳᠦᠬᠦᠨ ᠨᠢᠭᠡᠴᠡ ᠨᠦᠭᠦᠳ ᠪᠠᠴᠢᠮ ᠪᠠᠶᠢᠳᠠᠯ ᠢ | ᠠᠷᠭᠠᠴᠠᠬᠤ ᠳᠤ ᠠᠪᠤᠭᠰᠠᠨ ᠠᠷᠭ᠎ᠠ ᠬᠡᠮᠵᠢᠶ᠎ᠡ᠂ ᠠᠵᠢᠯᠲᠠᠨ ᠪᠠ ᠡᠳ᠋ ᠪᠣᠳᠠᠰ ᠢ ᠪᠣᠳᠠᠲᠠᠶᠢᠵᠢᠭᠤᠯᠤᠭᠰᠠᠨ ᠪᠠᠶᠢᠳᠠᠯ᠂ ᠪᠠᠴᠢᠮ | ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠦᠷ᠎ᠡ ᠪᠦᠲᠦᠮᠵᠢ᠂ ᠪᠣᠬᠢᠷᠲᠤᠯ ᠭᠠᠳᠠᠭᠰᠢᠯᠠᠭᠤᠯᠬᠤ | ᠬᠡᠮᠵᠢᠶ᠎ᠡ ᠶᠢ ᠪᠠᠭᠠᠰᠬᠠᠭᠰᠠᠨ ᠨᠠᠷᠢᠨ ᠬᠠᠭᠤᠳᠠᠰᠤ᠂ ᠬᠡᠷᠡᠭᠵᠢᠭᠦᠯᠬᠦ ᠲᠥᠰᠦᠯ ᠪᠠ ᠠᠵᠢᠯᠯᠠᠬᠤ ᠲᠥᠰᠦᠯ ᠤᠨ ᠪᠦᠷᠢᠨ ᠪᠦᠲᠦᠨ | ᠴᠢᠨᠠᠷ ᠵᠡᠷᠭᠡ ᠠᠭᠤᠯᠭ᠎ᠠ ᠶᠢᠨ ᠶᠣᠰᠣᠭᠠᠷ ᠦᠨᠡᠯᠡᠨ ᠵᠢᠱᠢᠬᠦ ᠶᠢᠨ ᠬᠠᠮᠲᠤ᠂ ᠳᠡᠭᠡᠭᠰᠢ ᠣᠷᠣᠨ ᠤ ᠪᠠᠴᠢᠮ ᠪᠠᠶᠢᠳᠠᠯ ᠢ | ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠬᠡᠷ ᠲᠤ ᠮᠡᠳᠡᠭᠦᠯᠬᠦ ᠬᠡᠷᠡᠭᠲᠡᠶ᠃ | ᠪᠠᠴᠢᠮ ᠪᠠᠶᠢᠳᠠᠯ ᠢ ᠠᠷᠭᠠᠴᠠᠬᠤ ᠴᠣᠣᠷᠢᠶᠠᠳᠣᠨ ᠠᠪᠬᠤ ᠶᠢ ᠵᠣᠭᠰᠣᠭᠠᠭᠰᠠᠨ 5 ᠠᠵᠢᠯᠯᠠᠬᠤ ᠡᠳᠦᠷ ᠤᠨ ᠳᠣᠲᠣᠷ᠎ᠠ᠂ | ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠬᠡᠷ ᠠᠴᠠ ᠪᠥᠬᠦ ᠲᠤᠭᠤᠷᠢᠭ ᠤᠨ | ᠪᠠᠴᠢᠮ ᠪᠠᠶᠢᠳᠠᠯ ᠢ ᠠᠷᠭᠠᠴᠠᠬᠤ ᠴᠤᠤᠷᠢᠶᠠᠳᠣᠨ ᠲᠠᠭᠠᠬᠤ ᠵᠢᠴᠢ ᠤᠷᠢᠳᠴᠢᠯᠠᠨ ᠰᠡᠷᠡᠮᠵᠢᠯᠡᠭᠦᠯᠵᠦ ᠨᠡᠶᠢᠲᠡᠯᠡᠭᠰᠡᠨ ᠪᠠᠶᠢᠳᠠᠯ᠂ | ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠣᠯᠤᠭᠰᠠᠨ ᠦᠷ᠎ᠡ ᠪᠦᠲᠦᠮᠵᠢ᠂ | ᠢᠯᠡᠷᠡᠭᠦᠯᠦᠭᠰᠡᠨ ᠠᠰᠠᠭᠤᠳᠠᠯ ᠵᠢᠴᠢ ᠬᠠᠯᠠᠨ ᠰᠠᠶᠢᠵᠢᠷᠠᠭᠤᠯᠬᠤ ᠠᠷᠭ᠎ᠠ ᠬᠡᠮᠵᠢᠶ᠎ᠡ ᠵᠡᠷᠭᠡ ᠶᠢ ᠪᠠᠭᠲᠠᠭᠠᠬᠤ ᠶᠢᠨ ᠬᠠᠮᠲᠤ | ᠦᠨᠡᠯᠡᠨ ᠵᠢᠱᠢᠭᠰᠡᠨ ᠮᠡᠳᠡᠭᠦᠯᠦᠯᠲᠡ ᠪᠠᠨ ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠲᠤ | ᠮᠡᠳᠡᠭᠦᠯᠦᠨ ᠬᠢᠨᠠᠨ ᠵᠥᠪᠰᠢᠶᠡᠷᠡᠭᠦᠯᠦᠭᠰᠡᠨ ᠤ ᠳᠠᠷᠠᠭ᠎ᠠ᠂ ᠦᠨᠡᠯᠡᠨ ᠵᠢᠱᠢᠭᠰᠡᠨ ᠮᠡᠳᠡᠭᠦᠯᠦᠯᠲᠡ ᠶᠢ ᠬᠤᠲᠠ ᠶᠢᠨ ᠪᠠᠴᠢᠮ | ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠭᠡᠷ ᠲᠤ ᠮᠡᠳᠡᠭᠦᠯᠦᠨ ᠬᠦᠷᠭᠡᠬᠦ ᠬᠡᠷᠡᠭᠲᠡᠶ᠃ | 7. ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ | 7.1 ᠬᠦᠮᠦᠨ ᠤ ᠬᠦᠴᠣᠨ ᠤ ᠪᠠᠳᠣᠯᠠᠭ᠎ᠠ | ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠨᠢ ᠲᠣᠭᠤᠷᠢᠭ ᠤᠨ ᠪᠠᠴᠢᠮ ᠪᠠᠶᠢᠳᠠᠯ ᠢ | ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠬᠡᠷ ᠤᠨ ᠠᠵᠢᠯᠲᠠᠨ ᠤ ᠲᠣᠬᠢᠷᠠᠭᠤᠯᠤᠯᠲᠠ ᠪᠦᠷᠢᠨ ᠭᠦᠢᠴᠡᠳ ᠪᠠᠶᠢᠬᠤ ᠶᠢ | ᠦᠨᠡᠨᠬᠦ ᠪᠠᠲᠤᠯᠠᠵᠤ᠂ ᠴᠠᠭ ᠲᠤᠬᠠᠶ ᠳᠤᠨᠢ ᠪᠣᠳᠠᠲᠠᠶᠢᠵᠢᠭᠤᠯᠤᠨ᠎ᠠ᠃ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ | ᠵᠢᠯᠣᠭᠤᠳᠬᠤ ᠭᠠᠵᠠᠷ ᠤᠨ ᠪᠦᠷᠢᠯᠳᠦᠬᠦᠨ ᠨᠢᠭᠡᠴᠡ ᠪᠣᠯᠤᠨ ᠠᠵᠤ ᠠᠬᠤᠶᠢᠯᠠᠯ ᠤᠳ ᠲᠣᠰ ᠲᠣᠰ ᠪᠠᠴᠢᠮ ᠪᠠᠶᠢᠳᠠᠯ ᠢ | ᠠᠷᠭᠠᠴᠠᠬᠤ ᠶᠢ ᠳᠠᠭᠠᠬᠤ ᠠᠵᠢᠯ ᠤᠨ ᠳᠤᠭᠤᠶᠢᠯᠠᠩ ᠪᠠᠶᠢᠭᠤᠯᠵᠤ᠂ ᠲᠤᠰᠬᠠᠶ ᠬᠥᠮᠦᠨ ᠲᠣᠬᠢᠷᠠᠭᠤᠯᠤᠨ ᠬᠦᠨᠳᠦ | ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠢ ᠬᠠᠷᠢᠭᠤᠴᠠᠭᠤᠯᠤᠨ᠎ᠠ᠃ | 7.2 ᠵᠠᠷᠣᠳᠡᠯ ᠤᠨ ᠪᠠᠳᠣᠯᠠᠭ᠎ᠠ | ᠲᠣᠭᠤᠷᠢᠭ ᠤᠨ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ | ᠰᠢᠪᠲᠤᠯᠬᠤ ᠪᠡᠯᠡ ᠮᠥᠩᠭᠦ ᠶᠢᠨ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠪᠣᠬᠢᠷᠲᠤᠯ ᠶᠡᠬᠡᠲᠡᠶ ᠴᠠᠭ | ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠳᠤ ᠬᠡᠷᠡᠭᠰᠡᠬᠦ ᠪᠡᠯᠡ ᠮᠥᠩᠭᠦ ᠶᠢ ᠲᠣᠭᠲᠠᠭᠠᠯ ᠶᠣᠰᠣᠭᠠᠷ ᠲᠥᠰᠦᠪ ᠲᠤ | ᠣᠷᠣᠭᠤᠯᠤᠨ᠂ ᠪᠣᠬᠢᠷᠲᠤᠯ ᠶᠡᠬᠡᠲᠡᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠵᠢᠴᠢ ᠪᠠᠴᠢᠮ | ᠪᠠᠶᠢᠳᠠᠯ ᠢ ᠠᠷᠭᠠᠴᠠᠬᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠨᠠᠷᠢᠨ ᠲᠠᠩᠰᠠ ᠶᠢ ᠵᠠᠰᠠᠨ ᠨᠠᠶᠢᠷᠠᠭᠤᠯᠬᠤ᠂ | ᠭᠤᠣᠯᠳᠠᠯᠭ᠎ᠠ ᠲᠠᠢ ᠠᠵᠢᠯ ᠲᠦᠷᠦᠯ ᠤᠨ ᠠᠮᠵᠢᠯᠲᠠ ᠪᠦᠲᠦᠮᠵᠢ ᠶᠢ ᠳᠡᠰ ᠬᠤᠪᠢᠶᠠᠬᠤ᠂ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ᠂ ᠦᠨᠡᠯᠡᠨ ᠵᠢᠱᠢᠬᠦ᠂ ᠬᠢᠨᠠᠯᠲᠠ ᠲᠠᠯᠪᠢᠵᠤ ᠪᠠᠶᠢᠴᠠᠭᠠᠬᠤ ᠵᠢᠴᠢ ᠰᠠᠭᠤᠷᠢ ᠪᠡᠯᠡᠳᠬᠡᠮᠵᠢ ᠶᠢᠨ ᠪᠦᠳᠦᠭᠡᠨ | ᠪᠠᠶᠢᠭᠤᠯᠤᠯᠲᠠ᠂ ᠠᠵᠢᠯᠯᠠᠭᠠᠨ ᠪᠠ ᠬᠠᠮᠠᠭᠠᠯᠠᠯᠲᠠ᠂ ᠪᠠᠴᠢᠮ ᠪᠠᠶᠢᠳᠠᠯ ᠢ ᠠᠷᠭᠠᠴᠠᠬᠤ ᠮᠡᠷᠭᠡᠵᠢᠯ ᠤᠨ ᠳᠡᠮᠵᠢᠯᠭᠡ ᠪᠠ ᠪᠠᠴᠢᠮ | ᠪᠠᠶᠢᠳᠠᠯ ᠢ ᠠᠷᠭᠠᠴᠠᠬᠤ ᠰᠣᠷᠢᠯᠲᠠ ᠵᠡᠷᠭᠡ ᠡᠯ᠎ᠡ ᠵᠦᠢᠯ ᠤᠨ ᠠᠵᠢᠯ ᠳᠤ ᠪᠡᠯᠡ ᠮᠥᠩᠭᠦ ᠶᠢᠨ ᠪᠠᠲᠤᠯᠠᠭ᠎ᠠ ᠬᠠᠩᠭᠠᠬᠤ ᠬᠡᠷᠡᠭᠲᠡᠢ᠃ | ᠣᠷᠣᠨ ᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠪᠦᠷᠢᠯᠳᠦᠬᠦᠨ ᠰᠠᠯᠠᠭ᠎ᠠ ᠮᠥᠴᠢᠷ᠂ ᠬᠠᠮᠢᠶ᠎ᠠ ᠪᠦᠬᠦᠢ | ᠨᠢᠭᠡᠴᠡ ᠪᠣᠯᠤᠨ ᠠᠵᠤ ᠠᠬᠤᠶᠢᠯᠠᠯ ᠤᠳ ᠴᠢᠬᠤᠯᠠ ᠪᠦᠬᠦᠢ ᠪᠡᠯᠡ ᠮᠥᠩᠭᠦ ᠶᠢᠨ ᠳᠡᠮᠵᠢᠯᠭᠡ ᠬᠠᠩᠭᠠᠵᠤ᠂ ᠲᠤᠰ ᠲᠤᠰ ᠤᠨ | ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠤᠷᠤᠭᠰᠢᠲᠠᠶ ᠥᠷᠨᠢᠬᠦ ᠶᠢ | ᠪᠠᠲᠤᠯᠠᠬᠤ ᠬᠡᠷᠡᠭᠲᠡᠶ᠃ | 7.3 ᠡᠳ᠋ ᠪᠠᠷᠠᠭ᠎ᠠ ᠶᠢᠨ ᠪᠠᠲᠤᠯᠠᠭ᠎ᠠ | ᠲᠤᠭᠤᠷᠢᠭ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ | ᠭᠠᠵᠠᠷ ᠤᠨ ᠠᠯᠪᠠᠨ ᠬᠡᠷ ᠣᠲᠣ ᠶᠢᠨ ᠪᠠᠶᠢᠭ᠎ᠠ ᠡᠳ᠋ ᠪᠣᠳᠠᠰ ᠤᠨ ᠪᠠᠶᠢᠳᠠᠯ ᠢ ᠦᠨᠳᠦᠰᠦᠯᠡᠨ ᠪᠠᠴᠢᠮ ᠪᠠᠶᠢᠳᠠᠯ ᠢ ᠠᠷᠭᠠᠴᠠᠬᠤ | ᠬᠤᠭᠤᠴᠠᠭᠠᠨ ᠳᠠᠬᠢ ᠪᠠᠴᠢᠮ ᠪᠠᠶᠢᠳᠠᠯ ᠢ ᠠᠷᠭᠠᠴᠠᠬᠤ ᠬᠡᠮᠵᠢᠭᠦᠷᠯᠢᠭ᠂ ᠲᠡᠷᠭᠡ ᠬᠥᠰᠬᠡ᠂ ᠬᠥᠮᠦᠰ ᠤᠨ ᠰᠡᠷᠭᠡᠶᠢᠯᠡᠨ | ᠬᠠᠮᠠᠭᠠᠯᠠᠬᠤ ᠲᠣᠨᠤᠭ ᠲᠥᠬᠦᠭᠡᠷᠦᠮᠵᠢ ᠶᠢ ᠳᠣᠭᠢᠷᠠᠭᠤᠯᠬᠤ ᠲᠥᠯᠥᠪᠯᠡᠭᠡ ᠶᠢ ᠲᠣᠭᠲᠠᠭᠠᠵᠤ᠂ ᠡᠯ᠎ᠡ ᠵᠦᠢᠯ ᠤᠨ ᠪᠠᠴᠢᠮ | ᠪᠠᠶᠢᠳᠠᠯ ᠢ ᠠᠷᠭᠠᠴᠠᠬᠤ ᠡᠳ᠋ ᠪᠣᠳᠠᠰ ᠤᠨ ᠨᠥᠭᠡᠴᠡᠯᠡᠵᠦ ᠬᠠᠮᠠᠭᠠᠯᠠᠬᠤ ᠭᠤᠤᠯ ᠴᠣᠭᠴᠠ᠂ ᠲᠥᠷᠥᠯ ᠵᠦᠢᠯ ᠬᠢᠭᠡᠳ ᠲᠤᠭ᠎ᠠ | ᠬᠡᠮᠵᠢᠶ᠎ᠡ ᠶᠢ ᠲᠣᠳᠣᠷᠬᠠᠶᠢᠯᠠᠨ᠎ᠠ᠃ | ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤᠰ ᠲᠤᠰ ᠤᠨ ᠡᠭᠦᠷᠭᠡ ᠴᠢᠳᠠᠪᠤᠷᠢ ᠶᠢᠨ ᠬᠤᠪᠢᠶᠠᠷᠢᠯᠠᠯ ᠢᠶᠠᠨ | ᠦᠨᠳᠦᠰᠦᠯᠡᠨ᠂ ᠲᠥᠷᠥᠯ ᠵᠦᠢᠯ ᠨᠢ ᠪᠦᠷᠢᠨ ᠭᠦᠢᠴᠡᠳ᠂ ᠲᠤᠭ᠎ᠠ ᠬᠡᠮᠵᠢᠶ᠎ᠡ ᠨᠢ ᠭᠦᠢᠴᠡᠳ ᠪᠠᠴᠢᠮ ᠪᠠᠶᠢᠳᠠᠯ ᠢ ᠠᠷᠭᠠᠴᠠᠬᠤ | ᠪᠠᠭᠠᠵᠢ ᠬᠡᠷᠡᠭᠰᠡᠯ᠂ ᠲᠡᠷᠭᠡ ᠬᠥᠰᠬᠡ ᠪᠣᠯᠤᠨ ᠰᠡᠷᠭᠡᠶᠢᠯᠡᠨ ᠬᠠᠮᠠᠭᠠᠯᠠᠬᠤ ᠪᠠᠭᠠᠵᠢ ᠬᠡᠷᠡᠭᠰᠡᠯ ᠵᠡᠷᠭᠡ ᠬᠠᠲᠠᠭᠤ ᠬᠡᠷᠡᠭᠰᠡᠯ ᠤᠨ | ᠲᠣᠨᠤᠭ ᠲᠥᠬᠦᠭᠡᠷᠦᠮᠵᠢ ᠶᠢ ᠲᠣᠬᠢᠷᠠᠭᠤᠯᠵᠤ᠂ ᠡᠳᠦᠷ ᠲᠤᠲᠤᠮ ᠤᠨ ᠬᠠᠮᠢᠶᠠᠷᠤᠯᠲᠠ ᠪᠠ ᠠᠷᠠᠴᠢᠯᠠᠨ ᠬᠠᠮᠠᠭᠠᠯᠠᠵᠤ᠂ ᠬᠦᠨᠳᠦ | ᠪᠣᠬᠢᠷᠲᠤᠯ ᠲᠠᠢ ᠴᠠᠭ ᠠᠭᠤᠷ ᠢ ᠠᠷᠭᠠᠴᠠᠬᠤ ᠠᠵᠢᠯ ᠤᠨ ᠤᠷᠤᠭᠰᠢᠲᠠᠶ ᠥᠷᠨᠢᠬᠦ ᠶᠢ ᠦᠨᠡᠨᠬᠦ ᠪᠠᠲᠤᠯᠠᠬᠤ ᠬᠡᠷᠡᠭᠲᠡᠶ᠃ | 7.4 ᠴᠢᠮᠡᠭᠡ ᠬᠤᠯᠪᠣᠭ᠎ᠠ ᠬᠢᠭᠡᠳ ᠮᠡᠳᠡᠭᠡ ᠵᠠᠩᠭᠢ ᠶᠢᠨ ᠪᠠᠲᠤᠯᠠᠭ᠎ᠠ | ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠰᠢᠰᠲ᠋ᠧᠮ ᠢ | ᠪᠦᠷᠢᠨᠰᠢᠭᠦᠯᠦᠨ᠎ᠡ᠃ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ | ᠡᠯ᠎ᠡ ᠪᠦᠷᠢᠯᠳᠦᠬᠦᠨ ᠨᠢᠭᠡᠴᠡ ᠶᠢᠨ ᠬᠤᠭᠤᠷᠣᠨᠳᠣ ᠪᠠᠨ ᠪᠠᠴᠢᠮ ᠪᠠᠶᠢᠳᠠᠯ ᠢ ᠠᠷᠭᠠᠴᠠᠬᠤ ᠮᠡᠳᠡᠭᠡ ᠵᠠᠩᠭᠢ ᠶᠢ ᠲᠦᠷᠭᠡᠨ | ᠳᠠᠮᠵᠢᠭᠤᠯᠬᠤ ᠶᠢ ᠪᠠᠲᠤᠯᠠᠬᠤ ᠬᠡᠷᠡᠭᠲᠡᠶ︔ ᠡᠯ᠎ᠡ ᠪᠦᠷᠢᠯᠳᠦᠬᠦᠨ ᠨᠢᠭᠡᠴᠡ ᠨᠦᠭᠦᠳ ᠪᠠᠴᠢᠮ ᠪᠠᠶᠢᠳᠠᠯ ᠢ ᠠᠷᠭᠠᠴᠠᠬᠤ | ᠵᠢᠵᠢᠭᠦᠷᠯᠡᠨ ᠰᠠᠬᠢᠬᠤ ᠲᠦᠷᠢᠮ ᠢ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠠᠵᠢᠯᠲᠠᠨ ᠤ ᠴᠢᠮᠡᠭᠡ ᠬᠤᠯᠪᠣᠭᠠᠨ ᠤ | ᠮᠡᠳᠡᠭᠡ ᠵᠠᠩᠭᠢ ᠶᠢᠨ ᠬᠥᠮᠥᠷᠭᠡ ᠶᠢ ᠪᠦᠷᠢᠨᠰᠢᠭᠦᠯᠦᠨ᠂ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ | ᠠᠷᠭᠠᠴᠠᠬᠤ ᠬᠠᠷᠢᠭᠤᠴᠠᠯᠭᠠᠲᠠᠨ ᠪᠠ ᠬᠤᠯᠪᠣᠭᠠᠴᠢᠨ ᠢ ᠲᠣᠳᠣᠷᠬᠠᠶᠢᠯᠠᠵᠤ᠂ ᠵᠢᠵᠢᠭᠦᠷᠯᠡᠨ ᠰᠠᠬᠢᠬᠤ ᠤᠲᠠᠰᠤ ᠵᠢᠴᠢ ᠳᠦᠷᠰᠦ | ᠨᠡᠪᠲᠡᠷᠡᠭᠦᠯᠭᠡ ᠶᠢ ᠲᠣᠭᠲᠠᠭᠠᠨ᠂ 24 ᠴᠠᠭ ᠤᠨ ᠴᠢᠮᠡᠭᠡ ᠬᠤᠯᠪᠣᠭᠠᠨ ᠤ ᠰᠠᠭᠠᠳ ᠥᠬᠡᠶ ᠨᠡᠪᠲᠡᠷᠡᠬᠦ ᠶᠢ ᠪᠠᠲᠤᠯᠠᠵᠤ᠂ | ᠪᠠᠴᠢᠮ ᠪᠠᠶᠢᠳᠠᠯ ᠢ ᠠᠷᠭᠠᠴᠠᠬᠤ ᠮᠡᠳᠡᠭᠡ ᠵᠠᠩᠭᠢ ᠪᠠ ᠵᠠᠷᠯᠢᠭ ᠢ ᠴᠠᠭ ᠲᠤᠬᠠᠶ ᠳᠤᠨᠢ ᠪᠦᠲᠦᠮᠵᠢᠲᠡᠶ ᠳᠠᠮᠵᠢᠭᠤᠯᠬᠤ ᠶᠢ | ᠪᠠᠲᠤᠯᠠᠬᠤ ᠬᠡᠷᠡᠭᠲᠡᠶ᠃ | 7.5 ᠠᠮᠤᠷ ᠲᠦᠪᠰᠢᠨ ᠤ ᠪᠠᠲᠤᠯᠠᠭ᠎ᠠ | ᠬᠤᠤᠷ ᠬᠥᠨᠥᠭᠡᠯ ᠲᠠᠢ ᠬᠡᠢ ᠪᠡᠶᠡᠲᠦ ᠶᠢᠨ ᠲᠥᠪᠯᠡᠷᠡᠯ᠂ ᠵᠢᠴᠢ ᠠᠶᠤᠯ ᠲᠠᠢ ᠬᠢᠮᠢ ᠶᠢᠨ ᠡᠳ᠋ ᠦᠢᠯᠡᠳᠪᠦᠷᠢᠯᠡᠬᠦ᠂ | ᠬᠠᠳᠠᠭᠠᠯᠠᠬᠤ ᠪᠠ ᠠᠰᠢᠭᠯᠠᠬᠤ ᠵᠡᠷᠭᠡ ᠠᠮᠤᠷ ᠲᠦᠪᠰᠢᠨ ᠤ ᠲᠦᠭᠰᠢᠭᠦᠷᠢ ᠶᠢᠨ ᠳᠠᠯᠳᠠ ᠭᠡᠮ ᠲᠠᠢ ᠨᠡᠯᠢᠶᠡᠳ ᠶᠡᠭᠡ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ᠪᠣᠬᠢᠷᠲᠤᠯ ᠶᠡᠬᠡᠲᠡᠶ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠳᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠰᠠᠯᠠᠭ᠎ᠠ ᠮᠥᠴᠢᠷ ᠤᠨ ᠰᠠᠨᠠᠯ ᠢ ᠭᠦᠢᠴᠡᠳ ᠬᠤᠷᠢᠶᠠᠵᠤ᠂ ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ ᠭᠠᠳᠠᠭᠰᠢᠯᠠᠭᠤᠯᠬᠤ | ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢᠨ ᠠᠶᠤᠯ ᠦᠭᠡᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠱᠠᠭᠠᠷᠳᠠᠯᠭ᠎ᠠ ᠳᠤ | ᠨᠡᠶᠢᠴᠡᠬᠦ ᠶᠢ ᠦᠨᠡᠨᠬᠦ ᠪᠠᠲᠤᠯᠠᠬᠤ ᠬᠡᠷᠡᠭᠲᠡᠶ᠃ | ᠬᠦᠨᠳᠦ ᠪᠣᠬᠢᠷᠲᠤᠯ ᠲᠠᠢ ᠴᠠᠭ ᠠᠭᠤᠷ ᠤᠨ ᠰᠡᠷᠡᠮᠵᠢᠯᠡᠭᠦᠯᠦᠯ ᠢ ᠡᠬᠢᠯᠡᠭᠦᠯᠦᠭᠰᠡᠨ ᠤ ᠳᠠᠷᠠᠭ᠎ᠠ᠂ ᠠᠮᠢ ᠠᠬᠤᠶ ᠣᠷᠴᠢᠨ | ᠲᠣᠭᠤᠷᠢᠨ ᠤ ᠰᠠᠯᠠᠭ᠎ᠠ ᠮᠥᠴᠢᠷ ᠤᠳ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠴᠠᠭ | ᠲᠤᠬᠠᠶ ᠳᠤᠨᠢ ᠮᠡᠳᠡᠭᠳᠡᠬᠦ ᠬᠡᠷᠡᠭᠲᠡᠶ᠃ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠨᠦᠭᠦᠳ ᠬᠠᠤᠯᠢ ᠶᠣᠰᠣᠭᠠᠷ | ᠦᠢᠯᠡᠳᠪᠦᠷᠢᠯᠡᠬᠦ ᠪᠠᠨ ᠬᠢᠵᠠᠭᠠᠷᠯᠠᠬᠤ᠂ ᠦᠢᠯᠡᠳᠪᠦᠷᠢᠯᠡᠯ ᠢᠶᠠᠨ ᠵᠣᠭᠰᠣᠭᠠᠬᠤ ᠬᠤᠭᠤᠴᠠᠭᠠᠨ ᠳᠤ᠂ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠪᠠ ᠠᠮᠢ ᠠᠬᠤᠶ ᠶᠢᠨ ᠣᠷᠴᠢᠨ ᠲᠣᠭᠤᠷᠢᠨ ᠤ ᠰᠠᠯᠠᠭ᠎ᠠ ᠮᠥᠴᠢᠷ ᠤᠳ ᠨᠡᠪᠲᠡᠷᠡᠯᠴᠡᠨ | ᠵᠣᠬᠢᠴᠠᠭᠤᠯᠬᠤ ᠪᠠᠨ ᠴᠢᠩᠭᠠᠳᠬᠠᠵᠤ᠂ ᠦᠢᠯᠡᠳᠪᠦᠷᠢᠯᠡᠯ ᠢᠶᠠᠨ ᠬᠢᠵᠠᠭᠠᠷᠯᠠᠬᠤ ᠪᠠ ᠦᠢᠯᠡᠳᠪᠦᠷᠢᠯᠡᠯ ᠢᠶᠠᠨ ᠵᠣᠭᠰᠣᠭᠠᠬᠤ ᠠᠵᠤ | ᠠᠬᠤᠶᠢᠯᠠᠯ ᠤᠨ ᠠᠮᠤᠷ ᠲᠦᠪᠰᠢᠨ ᠤ ᠲᠦᠭᠰᠢᠭᠦᠷᠢ ᠶᠢᠨ ᠵᠡᠷᠭᠡ ᠳᠡᠰ ᠢ ᠬᠠᠤᠯᠢ ᠶᠣᠰᠣᠭᠠᠷ ᠲᠣᠭᠲᠠᠭᠠᠵᠤ᠂ ᠲᠦᠭᠰᠢᠭᠦᠷᠢ ᠪᠠᠷ | ᠨᠡᠯᠢᠶᠡᠳ ᠶᠡᠭᠡ ᠠᠵᠤ ᠠᠬᠤᠶᠢᠯᠠᠯ ᠢ ᠬᠤᠲᠠ ᠶᠢᠨ ᠱᠠᠲᠤᠨ ᠤ ᠰᠠᠯᠠᠭ᠎ᠠ ᠮᠥᠴᠢᠷ ᠤᠨ ᠵᠢᠯᠣᠭᠤᠳᠣᠯᠭ᠎ᠠ ᠳᠣᠤᠷ᠎ᠠ᠂ | ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠪᠠ ᠠᠮᠢ ᠠᠬᠤᠶ ᠶᠢᠨ ᠣᠷᠴᠢᠨ ᠲᠣᠭᠤᠷᠢᠨ ᠤ ᠰᠠᠯᠠᠭ᠎ᠠ | ᠮᠥᠴᠢᠷ ᠤᠳ ᠲᠤᠰᠬᠠᠶ ᠮᠡᠷᠭᠡᠵᠢᠯᠲᠡᠨ ᠵᠢᠴᠢ ᠬᠢᠨᠠᠨ ᠬᠠᠮᠢᠶᠠᠷᠬᠤ ᠠᠵᠢᠯᠲᠠᠨ ᠲᠣᠮᠢᠯᠠᠵᠤ ᠲᠤᠬᠠᠶ ᠶᠢᠨ ᠲᠠᠯᠠᠪᠤᠷ ᠲᠤ | ᠣᠴᠢᠭᠤᠯᠵᠤ᠂ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠲᠦᠭᠰᠢᠭᠦᠷᠢ ᠶᠢ ᠢᠯᠭᠠᠨ ᠲᠠᠨᠢᠬᠤ ᠠᠵᠢᠯ ᠢ | ᠥᠷᠨᠢᠭᠦᠯᠵᠦ᠂ ᠳᠠᠯᠳᠠ ᠬᠡᠮ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠦᠢᠯᠡᠳᠪᠦᠷᠢᠯᠡᠯ ᠡᠵᠡᠩᠨᠡᠯᠲᠡ ᠶᠢᠨ | ᠨᠢᠭᠡᠴᠡ ᠶᠢᠨ ᠦᠢᠯᠡᠳᠪᠦᠷᠢᠯᠡᠯ ᠢ ᠬᠢᠵᠠᠭᠠᠷᠯᠠᠬᠤ᠂ ᠦᠢᠯᠡᠳᠪᠦᠷᠢᠯᠡᠯ ᠢᠶᠠᠨ ᠵᠣᠭᠰᠣᠭᠠᠬᠤ ᠬᠤᠭᠤᠴᠠᠭᠠᠨ ᠳᠤ ᠠᠮᠤᠷ | ᠲᠦᠪᠰᠢᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠵᠤ᠂ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠪᠠ ᠣᠷᠴᠢᠨ | ᠲᠣᠭᠤᠷᠢᠨ ᠤ ᠪᠣᠬᠢᠷᠲᠤᠯ ᠤᠨ ᠬᠡᠷᠡᠭ ᠭᠠᠷᠬᠤ ᠠᠴᠠ ᠵᠠᠶᠢᠯᠠᠰᠬᠢᠬᠦ ᠬᠡᠷᠡᠭᠲᠡᠶ᠃ | 8. ᠪᠡᠯᠡᠳᠬᠡᠯ ᠲᠥᠰᠦᠯ ᠤᠨ ᠬᠠᠮᠢᠶᠠᠷᠤᠯᠲᠠ | 8.1 ᠪᠡᠯᠡᠳᠬᠡᠯ ᠲᠥᠰᠦᠯ ᠤᠨ ᠤᠬᠠᠭᠤᠯᠭ᠎ᠠ | ᠤᠬᠠᠭᠤᠯᠬᠤ ᠰᠠᠯᠠᠭ᠎ᠠ ᠮᠥᠴᠢᠷ ᠤᠳ ᠣᠯᠠᠨ ᠵᠦᠢᠯ ᠤᠨ ᠵᠠᠭᠤᠴᠢᠯᠠᠭᠤᠷ ᠤᠨ ᠬᠡᠯᠪᠡᠷᠢ ᠶᠢ ᠠᠰᠢᠭᠯᠠᠨ᠂ ᠪᠡᠯᠡᠳᠬᠡᠯ | ᠲᠥᠰᠦᠯ ᠵᠢᠴᠢ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠬᠠᠤᠯᠢ ᠴᠠᠭᠠᠵᠠ ᠬᠠᠤᠯᠢ | ᠲᠣᠭᠲᠠᠭᠠᠯ᠂ ᠡᠷᠡᠭᠦᠯ ᠮᠡᠨᠳᠦ ᠶᠢᠨ ᠬᠠᠮᠠᠭᠠᠯᠠᠯᠲᠠ ᠵᠡᠷᠭᠡ ᠠᠭᠤᠯᠭ᠎ᠠ ᠶᠢᠨ ᠤᠬᠠᠭᠤᠯᠭ᠎ᠠ ᠶᠢ ᠴᠢᠩᠭᠠᠳᠬᠠᠵᠤ᠂ ᠬᠦᠨᠳᠦ | ᠪᠣᠬᠢᠷᠲᠤᠯ ᠲᠠᠢ ᠴᠠᠭ ᠠᠭᠤᠷ ᠤᠨ ᠬᠤᠯᠪᠣᠭᠳᠠᠯ ᠪᠦᠬᠦᠢ ᠮᠡᠳᠡᠭᠡ ᠵᠠᠩᠭᠢ ᠶᠢ ᠴᠠᠭ ᠲᠤᠬᠠᠶ ᠳᠤᠨᠢ ᠣᠨᠣᠪᠴᠢᠲᠠᠶ ᠨᠡᠶᠢᠲᠡᠯᠡᠵᠦ᠂ | ᠶᠠᠷᠢᠶ᠎ᠠ ᠬᠡᠯᠡᠯᠴᠡᠭᠡ ᠶᠢ ᠵᠥᠪ ᠢᠶᠠᠷ ᠬᠥᠲᠥᠯᠥᠨ ᠵᠢᠯᠣᠭᠤᠳᠬᠤ ᠬᠡᠷᠡᠭᠲᠡᠶ᠃ | 8.2 ᠪᠡᠯᠡᠳᠬᠡᠯ ᠲᠥᠰᠦᠯ ᠤᠨ ᠪᠣᠯᠪᠠᠰᠤᠷᠠᠭᠤᠯᠤᠯ | ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ | ᠪᠣᠯᠪᠠᠰᠤᠷᠠᠭᠤᠯᠤᠯ ᠤᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ | ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠦᠨᠳᠦᠰᠦᠯᠡᠨ᠂ ᠪᠣᠯᠪᠠᠰᠤᠷᠠᠭᠤᠯᠤᠯ ᠤᠨ ᠲᠥᠯᠥᠪᠯᠡᠭᠡ | ᠲᠣᠭᠲᠠᠭᠠᠵᠤ᠂ ᠪᠣᠯᠪᠠᠰᠤᠷᠠᠭᠤᠯᠤᠯ ᠤᠨ ᠠᠭᠤᠯᠭ᠎ᠠ ᠪᠣᠯᠤᠨ ᠴᠠᠭ ᠬᠤᠭᠤᠴᠠᠭ᠎ᠠ ᠶᠢ ᠲᠣᠳᠣᠷᠬᠠᠶᠢᠯᠠᠨ᠂ ᠪᠣᠯᠪᠠᠰᠤᠷᠠᠭᠤᠯᠤᠯ ᠤᠨ | ᠵᠢᠷᠤᠮᠵᠢᠭᠤᠨ ᠪᠥᠭᠡᠳ ᠡᠮᠬᠢ ᠵᠢᠷᠤᠮ ᠲᠠᠢ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠶ᠃ | 8.3 ᠪᠡᠯᠡᠳᠬᠡᠯ ᠲᠥᠰᠦᠯ ᠤᠨ ᠰᠣᠷᠢᠯᠲᠠ | ᠦᠬᠠᠶ ᠬᠤᠲᠠ ᠶᠢᠨ ᠨᠢᠭᠡᠳᠦᠯᠲᠡᠶ ᠱᠠᠭᠠᠷᠳᠠᠯᠭ᠎ᠠ ᠶᠣᠰᠣᠭᠠᠷ᠂ ᠪᠡᠯᠡᠳᠬᠡᠯ ᠲᠥᠰᠦᠯ ᠤᠨ ᠰᠣᠷᠢᠯᠲᠠ ᠶᠢ ᠵᠣᠬᠢᠶᠠᠨ | ᠪᠠᠶᠢᠭᠤᠯᠵᠤ᠂ ᠬᠦᠨᠳᠦ ᠪᠣᠬᠢᠷᠲᠤᠯ ᠲᠠᠢ ᠴᠠᠭ ᠠᠭᠤᠷ ᠢ ᠠᠷᠭᠠᠴᠠᠬᠤ ᠠᠵᠢᠯ ᠤᠨ ᠬᠠᠨᠳᠤᠯᠭᠠᠲᠤ ᠴᠢᠨᠠᠷ ᠪᠠ ᠪᠦᠲᠦᠮᠵᠢᠲᠦ | ᠴᠢᠨᠠᠷ ᠢ ᠳᠡᠭᠡᠭᠰᠢᠯᠡᠭᠦᠯᠪᠡ᠃ ᠰᠢᠷᠡᠭᠡᠨ ᠳᠡᠭᠡᠷᠡᠬᠢ ᠤᠯᠠᠷᠢᠭᠤᠯᠤᠨ ᠲᠣᠭᠯᠠᠬᠤ ᠬᠡᠰᠡᠭ ᠭᠤᠭᠴᠤᠭ᠎ᠠ ᠶᠢ ᠳᠠᠶᠢᠴᠢᠯᠠᠬᠤ | ᠬᠡᠯᠪᠡᠷᠢ ᠶᠢ ᠠᠪᠴᠤ ᠪᠣᠯᠤᠨ᠎ᠠ᠃ | 8.4 ᠪᠡᠯᠡᠳᠬᠡᠯ ᠲᠥᠰᠦᠯ ᠢ ᠪᠦᠷᠢᠳᠬᠡᠨ ᠳᠠᠩᠰᠠᠯᠠᠬᠤ | ᠤᠯᠤᠰ ᠤᠨ ᠬᠠᠮᠢᠶ᠎ᠠ ᠪᠦᠬᠦᠢ ᠮᠡᠷᠭᠡᠵᠢᠯ ᠤᠨ ᠵᠢᠷᠤᠮᠵᠢᠯ ᠤᠨ ᠱᠠᠭᠠᠷᠳᠠᠯᠭ᠎ᠠ ᠪᠠ ᠲᠤᠰ ᠪᠡᠯᠡᠳᠬᠡᠯ ᠲᠥᠰᠦᠯ ᠤᠨ | ᠱᠠᠭᠠᠷᠳᠠᠯᠭ᠎ᠠ ᠶᠢ ᠦᠨᠳᠦᠰᠦᠯᠡᠨ᠂ ᠲᠤᠰ ᠭᠠᠵᠠᠷ ᠣᠷᠣᠨ ᠤ ᠪᠠᠨ ︽ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ | ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︾ ᠢ ᠴᠠᠭ ᠲᠤᠬᠠᠶ ᠳᠤᠨᠢ ᠵᠠᠰᠠᠨ ᠨᠠᠶᠢᠷᠠᠭᠤᠯᠬᠤ ᠶᠢᠨ ᠬᠠᠮᠲᠤ ᠨᠡᠶᠢᠭᠡᠮ ᠳᠤ | ᠨᠡᠶᠢᠲᠡᠯᠡᠨ᠎ᠡ᠃ ᠡᠯ᠎ᠡ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠲᠣᠰ ᠰᠠᠯᠠᠭ᠎ᠠ ᠮᠥᠴᠢᠷ ᠤᠨ ᠢᠶᠠᠨ | ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠳᠤ ᠳᠠᠭᠠᠵᠤ ᠬᠢᠬᠦ ᠲᠤᠰᠬᠠᠶ ᠬᠡᠷᠡᠭᠵᠢᠭᠦᠯᠬᠦ | ᠲᠥᠰᠦᠯ ᠢ ᠲᠣᠭᠲᠠᠭᠠᠵᠤ᠂ ᠲᠤᠰᠬᠠᠶ ᠬᠡᠷᠡᠭᠵᠢᠭᠦᠯᠬᠦ ᠲᠥᠰᠦᠯ ᠳᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ᠂ | ᠦᠨᠡᠨᠬᠦ ᠶᠠᠪᠤᠭᠳᠠᠭᠤᠰᠢᠲᠠᠶ ᠪᠥᠭᠡᠳ ᠰᠢᠨᠵᠢᠯᠡᠬᠦ ᠤᠬᠠᠭᠠᠨᠴᠢ ᠪᠥᠭᠡᠳ ᠪᠦᠲᠦᠮᠵᠢᠲᠡᠶ ᠪᠠᠶᠢᠯᠭᠠᠬᠤ ᠬᠡᠷᠡᠭᠲᠡᠶ᠃ ᠰᠢᠨ᠎ᠡ ᠪᠠᠷ | ᠵᠠᠰᠠᠪᠤᠷᠢ ᠣᠷᠣᠭᠤᠯᠤᠭᠰᠠᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠪᠠ ᠲᠤᠰᠬᠠᠶ ᠬᠡᠷᠡᠭᠵᠢᠭᠦᠯᠬᠦ ᠲᠥᠰᠦᠯ ᠢ | ᠴᠠᠭ ᠲᠤᠬᠠᠶ ᠳᠤᠨᠢ ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠬᠡᠷ ᠲᠤ | ᠳᠠᠩᠰᠠᠯᠠᠭᠤᠯᠬᠤ ᠬᠡᠷᠡᠭᠲᠡᠶ᠃ | 9. ᠳᠠᠭᠠᠯᠳᠤᠭᠤᠯᠤᠭᠰᠠᠨ ᠳᠦᠷᠢᠮ | ᠲᠣᠰ ᠪᠡᠯᠡᠳᠬᠡᠯ ᠲᠥᠰᠦᠯ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠵᠦ᠂ ︽ᠬᠠᠶᠢᠨᠠᠨ ᠲᠣᠭᠤᠷᠢᠭ ᠤᠨ | ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ︵2020 ᠣᠨ ᠤ | ᠵᠠᠰᠠᠪᠤᠷᠢ ᠣᠷᠣᠭᠤᠯᠤᠭᠰᠠᠨ ᠬᠡᠪᠯᠡᠯ︶︾ ︵ᠬᠠᠶᠢᠨᠠᠨ ᠤ ᠵᠠᠰᠠᠭ ᠠᠯᠪᠠᠨ ᠲᠠᠷᠬᠠᠭᠠᠭᠰᠠᠨ ﹇2020﹈ 29 ᠳ᠋ᠦ᠋ᠭᠡᠷ | ᠲᠣᠭᠠᠲᠤ︶ ᠢ ᠬᠠᠮᠲᠤ ᠳᠤᠨᠢ ᠬᠦᠴᠦᠨ ᠥᠬᠡᠶ ᠪᠣᠯᠭᠠᠨ᠎ᠠ᠃ | |