ᠪᠠᠢ ᠴᠦᠨ ᠯᠸᠢ ᠲᠣᠭᠤᠷᠢᠭ ᠤᠨ ᠠᠵᠤ ᠠᠬᠤᠶᠢᠯᠠᠯ ᠤᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/12/24
      12 ᠳ᠋ᠤᠭᠠᠷ ᠰᠠᠷ᠎ᠠ ᠶᠢᠨ 19 ᠤ ᠡᠳᠦᠷ᠂ ᠲᠤᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠪᠠᠶ ᠴᠦᠨ ᠯᠸᠢ ᠲᠤᠭᠤᠷᠢᠭ ᠤᠨ ᠠᠵᠤ ᠠᠬᠤᠶᠢᠯᠠᠯ ᠤᠨ ᠠᠵᠤ ᠠᠬᠤᠶ ᠶᠢᠨ ᠠᠵᠢᠯᠯᠠᠭᠠᠨ ᠤ ᠠᠵᠢᠯ ᠤᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃      ᠪᠠᠶ ᠴᠦᠨ ᠯᠸᠢ ᠨᠠᠷ ᠤᠷᠢᠳ ᠬᠤᠵᠢᠳ ᠲᠢᠶᠠᠨ ᠢᠦᠶ ᠳᠥᠷᠪᠡᠳᠦᠭᠡᠷ ᠠᠭᠤᠷᠬᠠᠶ᠂ ᠵᠧᠩ ᠰᠢᠩ ᠨᠡᠭᠦᠷᠡᠰᠦᠨ ᠠᠭᠤᠷᠬᠠᠶ᠂ ᠶᠤᠸᠠᠨ ᠯᠠᠶ ᠨᠡᠭᠦᠷᠡᠰᠦᠨ ᠤ ᠦᠶ᠋ᠯᠡᠰ᠂ ᠪᠦᠦ ᠬᠤᠩ ᠬᠢᠮᠢ ᠶᠢᠨ ᠠᠵᠤ ᠦᠶ᠋ᠯᠡᠳᠪᠦᠷᠢ᠂ ᠬᠤᠩ ᠶᠠᠩ ᠬᠤᠩ ᠶᠦᠨ ᠨᠡᠭᠦᠷᠡᠰᠦ ᠤᠬᠢᠶᠠᠬᠤ ᠵᠡᠷᠭᠡ ᠭᠠᠵᠠᠷ ᠲᠤ ᠬᠦᠷᠴᠦ᠂ ᠠᠵᠤ ᠠᠬᠤᠶᠢᠯᠠᠯ ᠤᠨ ᠦᠶ᠋ᠯᠡᠳᠪᠦᠷᠢᠯᠡᠯ ᠠᠵᠢᠯᠯᠠᠭ᠎ᠠ᠂ ᠠᠶᠤᠯᠭᠦᠶ ᠦᠶ᠋ᠯᠡᠳᠪᠦᠷᠢᠯᠡᠯ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠨᠢᠭᠤᠷᠳᠠᠨ ᠶᠠᠷᠢᠯᠴᠠᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠪᠣᠭᠤᠮᠢ ᠶᠢ ᠨᠠᠷᠢᠨ ᠣᠶᠢᠯᠠᠭᠠᠬᠤ ᠶᠢᠨ ᠬᠠᠮᠲᠤ ᠲᠤᠬᠠᠶ ᠶᠢᠨ ᠲᠠᠯᠠᠪᠠᠶ ᠳᠤ ᠵᠢᠯᠣᠭᠤᠳᠬᠤ ᠰᠠᠨᠠᠯ ᠳᠤᠷᠠᠳᠪᠠ᠃ ᠲᠡᠷᠡ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠢᠯᠡᠴᠢᠯᠡᠭᠡᠨ ᠤ ᠤᠬᠠᠮᠰᠠᠷ ᠢᠶᠠᠨ ᠦᠷᠭᠦᠯᠵᠢᠯᠡᠨ ᠴᠢᠩᠭᠠᠳᠬᠠᠵᠤ᠂ ᠠᠵᠤ ᠠᠬᠤᠶᠢᠯᠠᠯ ᠳᠤ ᠭᠦᠨᠵᠡᠭᠡᠶᠢᠷᠡᠨ ᠬᠦᠴᠢᠷᠳᠡᠯ ᠢ ᠣᠶᠢᠯᠠᠭᠠᠵᠤ᠂ ᠲᠦᠷᠦ ᠶᠢᠨ ᠪᠤᠳᠤᠯᠭ᠎ᠠ ᠶᠢ ᠤᠨᠢᠨ ᠳᠡᠭᠡᠷ᠎ᠡ ᠨᠢ ᠳᠡᠮᠵᠢᠬᠦ ᠡᠷᠴᠢᠮ ᠢᠶᠠᠨ ᠴᠢᠩᠭᠠᠳᠬᠠᠵᠤ᠂ ᠤᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠪᠠᠶᠢᠭᠠᠳ ᠠᠵᠤ ᠠᠬᠤᠶᠢᠯᠠᠯ ᠢ ᠬᠠᠪᠰᠤᠷᠤᠨ ᠬᠥᠭᠵᠢᠯᠲᠡ ᠶᠢᠨ ᠬᠦᠴᠢᠷ ᠠᠰᠠᠭᠤᠳᠠᠯ ᠢ ᠨᠢ ᠰᠢᠢᠳᠪᠦᠷᠢᠯᠡᠵᠦ᠂ ᠠᠵᠤ ᠠᠬᠤᠶᠢᠯᠠᠯ ᠳᠤ ᠨᠡᠩ ᠥᠨᠳᠥᠷ ᠪᠦᠲᠦᠮᠵᠢᠲᠡᠢ᠂ ᠳᠥᠭᠦᠮ ᠳᠥᠲᠡ᠂ ᠲᠠᠭᠠᠯᠠᠮᠵᠢᠲᠠᠢ ᠦᠢᠯᠡᠳᠪᠦᠷᠢᠯᠡᠯ ᠡᠵᠡᠩᠨᠡᠯᠲᠡ ᠶᠢᠨ ᠣᠷᠴᠢᠨ ᠲᠣᠭᠤᠷᠢᠨ ᠢ ᠴᠢᠷᠮᠠᠶᠢᠨ ᠡᠭᠦᠳᠴᠦ᠂ ᠠᠵᠤ ᠠᠬᠤᠶᠢᠯᠠᠯ ᠤᠨ ᠬᠥᠭᠵᠢᠯᠲᠡ ᠶᠢᠨ ᠬᠥᠳᠡᠯᠭᠡᠬᠦ ᠬᠦᠴᠦᠨ ᠢ ᠲᠠᠰᠤᠷᠠᠯᠲᠠ ᠦᠭᠡᠢ ᠬᠥᠭᠵᠢᠭᠡᠬᠦ ᠬᠡᠷᠡᠭᠲᠡᠢ ᠭᠡᠵᠦ ᠬᠡᠯᠡᠪᠡ᠃ ᠠᠵᠤ ᠠᠬᠤᠶᠢᠯᠠᠯ ᠤᠨ ᠬᠢᠨ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠶᠢ ᠪᠠᠷᠢᠮᠲᠠᠯᠠᠵᠤ᠂ ᠲᠤᠰ ᠪᠡᠶ᠎ᠡ ᠶᠢᠨ ᠳᠠᠪᠠᠭᠤᠯᠢᠭ ᠲᠠᠢ ᠪᠠᠨ ᠤᠶᠠᠯᠳᠤᠭᠤᠯᠵᠤ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠪᠠᠨ ᠴᠢᠨᠠᠭᠰᠢᠳᠠ ᠳᠡᠭᠡᠭᠰᠢᠯᠡᠭᠦᠯᠵᠦ᠂ ᠦᠢᠯᠡᠳᠪᠦᠷᠢᠯᠡᠯ ᠤᠨ ᠴᠢᠳᠠᠪᠤᠷᠢ ᠪᠠᠨ ᠭᠦᠢᠴᠡᠳ ᠪᠠᠳᠠᠷᠠᠭᠤᠯᠵᠤ᠂ ᠵᠠᠬ᠎ᠠ ᠳᠡᠯᠭᠡᠭᠦᠷ ᠢᠶᠠᠨ ᠥᠷᠭᠡᠳᠬᠡᠬᠦ ᠶᠢ ᠴᠢᠩᠭᠠᠳᠬᠠᠵᠤ᠂ ᠠᠵᠤ ᠠᠬᠤᠶᠢᠯᠠᠯ ᠤᠨ ᠭᠤᠣᠯᠯᠠᠭᠴᠢ ᠦᠷᠢᠰᠦᠯᠳᠦᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠠᠶᠢᠨᠠᠨ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠨᠡᠩ ᠶᠡᠭᠡ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠪᠣᠯᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠦᠢᠯᠡᠳᠪᠦᠷᠢᠯᠡᠯ ᠤᠨ ᠤᠷ᠎ᠠ ᠮᠡᠷᠭᠡᠵᠢᠯ ᠤᠨ ᠲᠦᠪᠰᠢᠨ ᠢᠶᠠᠨ ᠳᠡᠭᠡᠭᠰᠢᠯᠡᠭᠦᠯᠵᠦ᠂ ᠠᠰᠠᠭᠤᠳᠠᠯ ᠢ ᠵᠢᠭᠰᠠᠭᠠᠨ ᠪᠠᠶᠢᠴᠠᠭᠠᠬᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠪᠠᠶᠢᠩᠭᠤᠵᠢᠭᠤᠯᠤᠨ ᠰᠠᠶᠢᠲᠤᠷ ᠬᠢᠵᠦ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠪᠣᠯᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠯᠠᠭᠠᠨ ᠱᠤᠭᠤᠮ ᠢ ᠪᠠᠲᠤ ᠰᠠᠬᠢᠬᠤ ᠬᠡᠷᠡᠭᠲᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号