ᠰᠢᠨᠬᠤᠸᠠ ᠬᠤᠷᠢᠶ᠎ᠠ ᠶᠢᠨ ᠪᠡᠭᠡᠵᠢᠩ ᠤᠨ 10 ᠰᠠᠷ᠎ᠠ ᠶᠢᠨ 11 ᠤ ᠴᠠᠭᠢᠯᠭᠠᠨ ᠮᠡᠳᠡᠭᠡ 10 ᠰᠠᠷ᠎ᠠ ᠶᠢᠨ 11 ᠤ | ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ | ᠲᠠᠩᠬᠢᠮ ᠳᠤ ᠳᠤᠮᠳᠠᠳᠤ ᠤᠯᠤᠰ ᠤᠨ ᠤᠯᠠᠨ ᠤᠯᠤᠰ ᠯᠤᠭ᠎ᠠ ᠨᠥᠭᠦᠷᠰᠡᠭ ᠢᠶᠠᠷ ᠬᠠᠷᠢᠯᠴᠠᠬᠤ ᠶᠡᠭᠡ ᠬᠤᠷᠠᠯ ᠵᠢᠴᠢ ᠳᠤᠮᠳᠠᠳᠤ | ᠤᠯᠤᠰ ᠤᠨ ᠠᠷᠠᠳ ᠲᠦᠮᠡᠨ ᠤ ᠭᠠᠳᠠᠭᠠᠳᠤ ᠲᠠᠢ ᠨᠥᠭᠦᠷᠰᠡᠭ ᠢᠶᠠᠷ ᠬᠠᠷᠢᠯᠴᠠᠬᠤ ᠨᠡᠶᠢᠭᠡᠮᠯᠢᠭ ᠪᠠᠶᠢᠭᠤᠯᠤᠭᠳᠠᠭᠰᠠᠨ 70 | ᠵᠢᠯ ᠤᠨ ᠤᠢ ᠶᠢ ᠳᠤᠷᠠᠰᠬᠠᠬᠤ ᠠᠵᠢᠯᠯᠠᠭ᠎ᠠ ᠳᠤ ᠣᠷᠣᠯᠴᠠᠬᠰᠠᠨ ᠭᠠᠳᠠᠭᠠᠳᠤ ᠶᠢᠨ ᠵᠣᠴᠢᠳ ᠲᠠᠢ ᠠᠭᠤᠯᠵᠠᠪᠠ᠃ | | | | 10 ᠰᠠᠷ᠎ᠠ ᠶᠢᠨ 11 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ | ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠤᠨ ᠤᠯᠠᠨ ᠤᠯᠤᠰ ᠯᠤᠭ᠎ᠠ ᠨᠥᠭᠦᠷᠰᠡᠭ ᠢᠶᠠᠷ ᠬᠠᠷᠢᠯᠴᠠᠬᠤ | ᠶᠡᠭᠡ ᠬᠤᠷᠠᠯ ᠵᠢᠴᠢ ᠳᠤᠮᠳᠠᠳᠤ ᠤᠯᠤᠰ ᠤᠨ ᠠᠷᠠᠳ ᠲᠦᠮᠡᠨ ᠤ ᠭᠠᠳᠠᠭᠠᠳᠤ ᠲᠠᠢ ᠨᠥᠭᠦᠷᠰᠡᠭ ᠢᠶᠠᠷ ᠬᠠᠷᠢᠯᠴᠠᠬᠤ ᠨᠡᠶᠢᠭᠡᠮᠯᠢᠭ | ᠪᠠᠶᠢᠭᠤᠯᠤᠭᠳᠠᠭᠰᠠᠨ 70 ᠵᠢᠯ ᠤᠨ ᠤᠢ ᠶᠢ ᠳᠤᠷᠠᠰᠬᠠᠬᠤ ᠠᠵᠢᠯᠯᠠᠭ᠎ᠠ ᠳᠤ ᠣᠷᠣᠯᠴᠠᠬᠰᠠᠨ ᠭᠠᠳᠠᠭᠠᠳᠤ ᠶᠢᠨ ᠵᠣᠴᠢᠳ ᠲᠠᠢ | ᠬᠠᠮᠲᠤ ᠪᠠᠷ ᠠᠭᠤᠯᠵᠠᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ | ᠰᠢ ᠶᠢᠨ ᠫᠢᠩ ᠡᠩ ᠲᠡᠷᠢᠭᠦᠨ ᠳᠤ ᠳᠤᠮᠳᠠᠳᠤ ᠤᠯᠤᠰ ᠲᠤ ᠢᠷᠡᠵᠦ ᠳᠤᠮᠳᠠᠳᠤ ᠤᠯᠤᠰ ᠤᠨ ᠤᠯᠠᠨ | ᠤᠯᠤᠰ ᠯᠤᠭᠠᠨᠥ᠋ᠭᠦᠷᠰᠡᠭ ᠢᠶᠠᠷ ᠬᠠᠷᠢᠯᠴᠠᠬᠤ ᠶᠡᠭᠡ ᠬᠤᠷᠠᠯ ᠵᠢᠴᠢ ᠳᠤᠮᠳᠠᠳᠤ ᠤᠯᠤᠰ ᠤᠨ ᠠᠷᠠᠳ ᠲᠦᠮᠡᠨ ᠤ | ᠭᠠᠳᠠᠭᠠᠳᠤ ᠲᠠᠢ ᠨᠥᠭᠦᠷᠰᠡᠭ ᠢᠶᠠᠷ ᠬᠠᠷᠢᠯᠴᠠᠬᠤ ᠨᠡᠶᠢᠭᠡᠮᠯᠢᠭ ᠪᠠᠶᠢᠭᠤᠯᠤᠭᠳᠠᠭᠰᠠᠨ 70 ᠵᠢᠯ ᠤᠨ ᠤᠢ ᠶᠢ ᠳᠤᠷᠠᠰᠬᠠᠬᠤ | ᠠᠵᠢᠯᠯᠠᠭ᠎ᠠ ᠳᠤ ᠣᠷᠣᠯᠴᠠᠬᠰᠠᠨ ᠬᠡᠰᠡᠭ ᠭᠠᠳᠠᠭᠠᠳᠤ ᠶᠢᠨ ᠵᠣᠴᠢᠳ ᠤᠨ ᠲᠥᠯᠥᠭᠡᠯᠡᠭᠴᠢ ᠲᠠᠢ ᠬᠠᠮᠲᠤ ᠭᠡᠷᠡᠯ ᠵᠢᠷᠤᠭ | ᠲᠠᠲᠠᠭᠤᠯᠤᠨ ᠳᠤᠷᠠᠰᠬᠠᠯ ᠦᠯᠡᠳᠡᠭᠡᠵᠦ᠂ ᠤᠯᠠᠨ ᠤᠯᠤᠰ ᠤᠨ ᠨᠥᠭᠦᠷᠰᠡᠭ ᠬᠥᠮᠥᠰ ᠤᠨ ᠳᠤᠮᠳᠠᠳᠤ ᠤᠯᠤᠰ ᠤᠨ ᠨᠥᠭᠦᠷᠰᠡᠭ | ᠦᠢᠯᠡᠰ ᠲᠤ ᠤᠷᠳᠤ ᠬᠤᠭᠤᠴᠠᠭ᠎ᠠ ᠪᠠᠷ ᠵᠢᠳᠬᠦᠭᠰᠡᠨ ᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ ᠪᠠᠶᠢᠬᠤ ᠪᠠᠨ | ᠢᠯᠡᠳᠬᠡᠪᠡ᠃ | ᠰᠢ ᠶᠢᠨ ᠫᠢᠩ᠂ ᠠᠷᠠᠳ ᠲᠦᠮᠡᠨ ᠨᠥᠭᠦᠷᠰᠡᠭ ᠪᠠᠶᠢᠬᠤ ᠪᠣᠯ ᠤᠯᠠᠨ ᠤᠯᠤᠰ ᠤᠨ ᠬᠠᠷᠢᠯᠴᠠᠭᠠᠨ ᠤ | ᠯᠠᠪᠳᠠᠭᠤᠨ ᠵᠶ᠋ᠠᠷᠬᠤᠯᠠ ᠠᠶᠠᠯᠠᠬᠤ ᠶᠢᠨ ᠰᠠᠭᠤᠷᠢ ᠮᠥᠨ᠂ ᠳᠡᠯᠡᠬᠡᠢ ᠶᠢᠨ ᠡᠩᠬᠡ ᠲᠠᠶᠢᠪᠤᠩ ᠪᠠ ᠬᠥᠭᠵᠢᠯᠲᠡ ᠶᠢ ᠠᠬᠢᠭᠤᠯᠬᠤ | ᠳᠠᠭᠤᠰᠤᠰᠢᠦᠭᠡᠢ ᠬᠥᠳᠡᠯᠭᠡᠬᠦ ᠬᠦᠴᠦᠨ ᠮᠥᠨ᠃ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ | 75ᠵᠢᠯ ᠤᠨ ᠲᠤᠷᠰᠢ᠂ ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠤᠯᠤᠰ ᠤᠨ ᠠᠷᠠᠳ ᠲᠦᠮᠡᠨ ᠢ | ᠪᠦᠯᠬᠦᠮᠳᠡᠭᠦᠯᠦᠨ ᠳᠠᠭᠠᠭᠤᠯᠵᠤ᠂ ᠥᠪᠡᠷ ᠢ ᠪᠠᠨ ᠬᠥᠭᠵᠢᠭᠦᠯᠬᠦ ᠮᠥᠷᠲᠡᠭᠡᠨ ᠳᠡᠯᠡᠬᠡᠢ ᠳ᠋ᠠᠬᠢᠨ ᠳᠤ ᠪᠤᠶᠠᠨ ᠦᠢᠯᠡᠳᠬᠦ | ᠣᠳᠣᠬᠢᠴᠢᠯᠠᠯᠲᠠ ᠵᠢᠨᠵᠠᠮ ᠢᠶᠠᠷ ᠵᠠᠮᠨᠠᠪᠠ᠃ ᠥᠩᠭᠡᠷᠡᠭᠰᠡᠨ ᠢᠶᠠᠨ ᠡᠷᠭᠢᠴᠡᠭᠦᠯᠬᠦᠶ᠎ᠡ᠂ ᠳᠤᠮᠳᠠᠳᠤ ᠤᠯᠤᠰ ᠤᠨ ᠣᠯᠣᠭᠰᠠᠨ | ᠡᠯ᠎ᠡ ᠲᠠᠯ᠎ᠠ ᠶᠢᠨ ᠠᠮᠵᠢᠯᠲᠠ ᠪᠦᠲᠦᠮᠵᠢ ᠳᠡᠯᠡᠬᠡᠢ ᠶᠢᠨ ᠡᠯ᠎ᠡ ᠤᠯᠤᠰ ᠤᠨ ᠠᠷᠠᠳ ᠲᠦᠮᠡᠨ ᠤ ᠳᠡᠮᠵᠢᠯᠭᠡ ᠠᠴᠠ ᠰᠠᠯᠵᠤ | ᠴᠢᠳᠠᠬᠤ ᠦᠭᠡᠢ ᠶᠤᠮ᠃ ᠨᠢᠭᠡ ᠪᠦᠯᠦᠭ ᠤᠯᠠᠨ ᠤᠯᠤᠰ ᠤᠨ ᠨᠥᠭᠦᠷᠰᠡᠭ ᠬᠥᠮᠥᠰ ᠳᠤᠮᠳᠠᠳᠤ ᠤᠯᠤᠰ ᠤᠨ ᠠᠷᠠᠳ | ᠲᠦᠮᠡᠨ ᠲᠠᠢ ᠰᠠᠯᠬᠢ ᠪᠣᠷᠣᠭᠠᠨ ᠢᠬᠠᠮᠲᠤ ᠪᠠᠷ ᠲᠤᠭᠤᠯᠵᠤ᠂ ᠵᠢᠷᠭᠠᠯ ᠵᠣᠪᠠᠯᠠᠩ ᠢᠶᠠᠨ ᠬᠠᠮᠲᠤᠳᠬᠠᠵᠤ᠂ ᠮᠠᠰᠢ ᠤᠯᠠᠨ | ᠭᠠᠳᠠᠭᠠᠳᠤ ᠶᠢᠨ ᠠᠵᠤ ᠠᠬᠤᠶᠢᠯᠠᠯ᠂ ᠪᠠᠶᠢᠭᠤᠯᠤᠮᠵᠢ᠂ ᠬᠤᠪᠢ ᠬᠥᠮᠥᠨ ᠳᠤᠮᠳᠠᠳᠤ ᠤᠯᠤᠰ ᠤᠨ ᠨᠡᠶᠢᠭᠡᠮ ᠵᠢᠷᠤᠮ ᠤᠨ | ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠡᠯ᠎ᠡ ᠲᠠᠯ᠎ᠠ ᠶᠢᠨ ᠬᠢᠨ ᠤ ᠬᠠᠷᠢᠯᠴᠠᠨ | ᠠᠰᠢᠭᠲᠠᠢ ᠬᠠᠮᠲᠤ ᠪᠠᠷ ᠠᠰᠢᠭᠭᠦ᠋ᠷᠳᠡᠭᠦ ᠶᠢ ᠪᠡᠶᠡᠯᠡᠭᠦᠯᠦᠭᠰᠡᠨ ᠢᠶᠠᠷ ᠪᠠᠷᠠᠬᠤ ᠦᠭᠡᠢ ᠪᠠᠰᠠ ᠳᠤᠮᠳᠠᠳᠤ ᠭᠠᠳᠠᠭᠠᠳᠤ ᠶᠢᠨ | ᠨᠥᠭᠦᠷᠰᠡᠭ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠪᠡ᠃ ᠲᠠ ᠤᠯᠠᠨ ᠤ | ᠳᠤᠮᠳᠠᠳᠤ ᠤᠯᠤᠰ ᠲᠤ ᠦᠵᠡᠭᠦᠯᠦᠭᠰᠡᠨ ᠴᠢᠬᠤᠯᠠ ᠬᠤᠪᠢ ᠨᠡᠮᠡᠷᠢ ᠪᠣᠯᠣᠨ ᠳᠤᠮᠳᠠᠳᠤ ᠤᠯᠤᠰ ᠤᠨ ᠠᠷᠠᠳ | ᠲᠦᠮᠡᠨ ᠯᠦᠭᠡ ᠶᠢᠨ ᠴᠢᠩ ᠦᠨᠡᠨᠴᠢ ᠨᠥᠬᠦᠷᠯᠡᠯ ᠢ ᠪᠢᠳᠡ ᠢᠮᠠᠭᠲᠠ ᠪᠠᠲᠤ ᠴᠡᠭᠡᠵᠢᠯᠡᠨ᠎ᠡ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠣᠳᠣᠬᠠᠨ ᠤ ᠳᠡᠯᠡᠬᠡᠢ ᠶᠢᠷᠲᠢᠨᠴᠦ ᠲᠡᠦᠬᠡ ᠶᠢᠨ ᠲᠣᠨᠣᠯᠵᠢᠨ ᠵᠠᠮ ᠳᠡᠭᠡᠷ᠎ᠡ ᠳᠠᠬᠢᠨᠲᠠ ᠵᠣᠭᠰᠣᠪᠠ᠃ | ᠵᠠᠭᠤᠨ ᠵᠢᠯ ᠤᠨ ᠬᠤᠪᠢᠰᠤᠯᠲᠠ ᠳᠣᠣᠷ᠎ᠠ᠂ ᠪᠦᠭᠦ ᠪᠥᠮᠪᠥᠷᠴᠡᠭ ᠢᠶᠠᠷ ᠢᠶᠠᠨ ᠵᠢᠷᠭᠠᠯ ᠵᠣᠪᠠᠯᠠᠩ ᠢᠶᠠᠨ ᠬᠠᠮᠲᠤᠳᠬᠠᠵᠤ᠂ | ᠬᠥᠮᠥᠨ ᠲᠥᠷᠥᠯᠬᠢᠲᠡᠨ ᠬᠤᠪᠢ ᠵᠠᠶᠠᠭ᠎ᠠ ᠪᠠᠨ ᠬᠠᠮᠲᠤᠳᠬᠠᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ | ᠬᠠᠮᠲᠤ ᠵᠢᠨᠴᠣᠭᠴᠠ ᠶᠢ ᠪᠠᠶᠢᠭᠤᠯᠬᠤ ᠪᠣᠯ ᠳᠡᠯᠡᠬᠡᠢ ᠶᠢᠨ ᠡᠯ᠎ᠡ ᠤᠯᠤᠰ ᠤᠨ ᠠᠷᠠᠳ ᠲᠦᠮᠡᠨ ᠤ ᠠᠯᠤᠰ ᠢᠷᠡᠭᠡᠳᠦᠢ ᠪᠣᠯᠣᠨ᠎ᠠ᠃ | ᠳᠤᠮᠳᠠᠳᠤ ᠤᠯᠤᠰ ᠳᠤᠷᠠᠲᠠᠶ᠎ᠠ ᠡᠯ᠎ᠡ ᠤᠯᠤᠰ ᠤᠨ ᠨᠠᠶᠢᠵᠠ ᠨᠠᠷ ᠲᠠᠢ ᠨᠥᠭᠦᠷᠰᠡᠭ ᠰᠣᠯᠢᠯᠴᠠᠭ᠎ᠠ ᠪᠠᠨ ᠴᠢᠩᠭᠠᠳᠬᠠᠵᠤ᠂ | ᠠᠷᠠᠳ ᠤᠨ ᠭᠠᠳᠠᠭᠠᠳᠤ ᠬᠠᠷᠢᠯᠴᠠᠭᠠᠨ ᠤ ᠥᠪᠡᠷᠮᠢᠴᠡ ᠦᠢᠯᠡᠳᠦᠯ ᠢ ᠪᠠᠳᠠᠷᠠᠭᠤᠯᠵᠤ᠂ ᠭᠠᠷ ᠬᠤᠯᠪᠣᠯᠴᠠᠨ ᠬᠥᠮᠥᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠤᠨ᠎ᠠ᠃ | ᠨᠢᠭᠡ ᠳᠤ᠂ ︽ᠪᠦᠭᠦ ᠳᠡᠯᠡᠬᠡᠢ ᠪᠠᠷ ᠢᠶᠠᠨ ᠬᠠᠷᠢᠯᠴᠠᠨ ᠲᠤᠰᠠᠯᠠᠯᠴᠠᠬᠤ︾ ᠵᠣᠷᠢᠭ ᠰᠠᠨᠠᠭ᠎ᠠ ᠪᠠᠷ᠂ ᠬᠥᠮᠥᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠥᠷᠭᠡᠨ ᠳᠡᠯᠭᠡᠷ | ᠬᠠᠮᠲᠤ ᠶᠢᠨ ᠲᠠᠨᠢᠯᠲᠠ ᠶᠢ ᠨᠢᠭᠲᠠᠷᠠᠭᠤᠯᠤᠶ᠎ᠠ᠃ ᠡᠩᠬᠡ ᠲᠠᠶᠢᠪᠤᠩ᠂ ᠬᠥᠭᠵᠢᠯᠲᠡ᠂ ᠲᠥᠪ ᠭᠤᠣᠯᠴᠢ᠂ ᠰᠢᠳᠤᠷᠭᠤ ᠶᠣᠰᠣ᠂ | ᠠᠷᠠᠳᠴᠢᠯᠠᠯ᠂ ᠡᠷᠬᠡ ᠴᠢᠯᠦᠭᠡ ᠪᠦᠬᠦᠢ ᠪᠦᠭᠦ ᠬᠥᠮᠥᠨ ᠲᠥᠷᠥᠯᠬᠢᠲᠡᠨ ᠤ ᠬᠠᠮᠲᠤ ᠶᠢᠨ ᠦᠷᠳᠡᠭ ᠢ ᠪᠠᠳᠠᠷᠠᠭᠤᠯᠵᠤ᠂ | ᠡᠷᠬᠡᠲ᠋ᠡᠭᠰᠢ ᠡᠮᠬᠢ ᠵᠢᠷᠤᠮ ᠲᠠᠢ ᠳᠡᠯᠡᠬᠡᠢ ᠶᠢᠨ ᠤᠯᠠᠨ ᠲᠦᠢᠯᠵᠢᠯᠲᠡ᠂ ᠲᠦᠭᠡᠮᠡᠯ ᠬᠠᠷᠠᠭᠠᠯᠵᠠᠯ ᠲᠠᠢ ᠪᠠᠭᠲᠠᠭᠠᠮᠵᠢᠲᠠᠢ ᠠᠵᠤ | ᠠᠬᠤᠢ ᠶᠢᠨ ᠳᠡᠯᠡᠬᠡᠶᠢᠴᠢᠯᠡᠯᠲᠡ ᠶᠢ ᠰᠠᠨᠠᠭᠠᠴᠢᠯᠠᠵᠤ᠂ ᠮᠠᠨ ᠤ ᠬᠠᠮᠲᠤ ᠪᠠᠷ ᠠᠮᠢᠳᠤᠷᠠᠵᠤ ᠪᠠᠶᠢᠭ᠎ᠠ ᠳᠡᠯᠡᠬᠡᠢ ᠶᠢᠨ | ᠪᠥᠮᠪᠥᠷᠴᠡᠭ ᠢᠶᠠᠨ ᠡᠩᠬᠡ ᠲᠠᠶᠢᠪᠤᠩ᠂ ᠡᠶ᠎ᠡ ᠵᠣᠬᠢᠴᠠᠯ ᠲᠠᠢ ᠲᠣᠮᠣ ᠭᠡᠷ ᠪᠦᠯᠢ ᠪᠣᠯᠭᠠᠨ ᠪᠦᠲᠦᠭᠡᠨ ᠪᠠᠶᠢᠭᠤᠯᠤᠶ᠎ᠠ᠃ | ᠬᠤᠶᠠᠷ ᠲᠤ᠂ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠦᠷᠳᠡᠭᠦ ᠣᠶᠢᠯᠠᠭᠠᠭᠳᠠᠬᠤᠨ ᠢᠶᠠᠷ᠂ ᠬᠥᠮᠥᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠬᠦᠴᠦᠷᠬᠡᠭ ᠶᠡᠭᠡ ᠬᠠᠮᠲᠤᠷᠠᠯ | ᠬᠦᠴᠦᠨ ᠢ ᠨᠢᠭᠲᠠᠷᠠᠭᠤᠯᠤᠶ᠎ᠠ᠃ ᠳᠤᠮᠳᠠᠳᠤ ᠤᠯᠤᠰ ᠬᠤᠪᠢ ᠪᠠᠨ ᠪᠤᠳᠤᠭᠠᠳ ᠪᠤᠰᠤᠳ ᠢ ᠬᠠᠶᠢᠬᠤᠷᠬᠤ ᠦᠭᠡᠢ | ᠣᠳᠣᠬᠢᠴᠢᠯᠠᠯᠲᠠ ᠶᠢ ᠬᠥᠭᠡᠭᠡᠴᠡᠯᠳᠦᠬᠦ ᠦᠭᠡᠢ᠂ ᠨᠡᠩ ᠤᠯᠠᠨ ᠭᠠᠳᠠᠭᠠᠳᠤ ᠶᠢᠨ ᠨᠠᠶᠢᠵᠠ ᠨᠠᠷ ᠤᠨ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠠᠬᠢᠴᠠ ᠳᠤ ᠢᠳᠡᠪᠬᠢᠲᠡᠢ ᠣᠷᠤᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠂ ᠳᠤᠷᠠᠲᠠᠶ᠎ᠠ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠠᠮᠵᠢᠯᠲᠠ ᠪᠦᠲᠦᠮᠵᠢ ᠪᠠᠷ ᠳᠡᠯᠡᠬᠡᠢ ᠶᠢᠨ | ᠬᠥᠭᠵᠢᠯᠲᠡ ᠳᠤ ᠰᠢᠨ᠎ᠡ ᠠᠵᠠ ᠲᠣᠭᠢᠶᠠᠯ ᠬᠠᠩᠭᠠᠵᠤ᠂ ᠡᠩᠬᠡ ᠲᠠᠶᠢᠪᠤᠩ ᠬᠥᠭᠵᠢᠯᠲᠡ᠂ ᠬᠠᠷᠢᠯᠴᠠᠨ ᠠᠰᠢᠭᠲᠠᠢ | ᠬᠠᠮᠲᠤᠷᠠᠯᠴᠠᠭ᠎ᠠ᠂ ᠬᠠᠮᠲᠤ ᠪᠠᠷ ᠴᠡᠴᠡᠭᠯᠡᠨ ᠬᠥᠭᠵᠢᠭᠰᠡᠨ ᠳᠡᠯᠡᠬᠡᠢ ᠶᠢᠨ ᠣᠳᠣᠬᠢᠴᠢᠯᠠᠯᠲᠠ ᠶᠢ ᠪᠡᠶᠡᠯᠡᠭᠦᠯᠬᠦ ᠶᠢ ᠠᠬᠢᠭᠤᠯᠵᠤ᠂ | ᠡᠯ᠎ᠡ ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠦᠨ᠎ᠡ᠃ | ᠭᠤᠷᠪᠠ ᠳᠤ᠂ ᠨᠡᠭᠡᠭᠡᠯᠲᠡᠲᠡᠢ ᠪᠠᠭᠲᠠᠭᠠᠮᠵᠢᠲᠠᠢ ᠬᠡᠬᠦᠳᠡᠭ ᠴᠡᠭᠡᠵᠢ ᠪᠠᠷ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠪᠣᠯᠪᠠᠰᠤᠨ ᠤ ᠬᠠᠭᠤᠳᠠᠰᠤ ᠶᠢ ᠵᠢᠷᠤᠭᠯᠠᠶ᠎ᠠ᠃ ᠳᠤᠮᠳᠠᠳᠤ ᠶᠢᠨ | ᠦᠨᠳᠦᠰᠦᠲᠡᠨ ᠪᠣᠯ ᠨᠡᠭᠡᠭᠡᠯᠲᠡᠲᠡᠢ ᠪᠠᠭᠲᠠᠭᠠᠮᠵᠢᠲᠠᠢ ᠦᠨᠳᠦᠰᠦᠲᠡᠨ ᠮᠥᠨ᠂ ᠳᠤᠮᠳᠠᠳᠤ ᠤᠯᠤᠰ ᠤᠨ ᠠᠷᠠᠳ ᠲᠦᠮᠡᠨ ᠪᠣᠯ | ᠴᠠᠶᠢᠯᠭᠠᠨ ᠨᠥᠭᠦᠷᠰᠡᠭ ᠠᠷᠠᠳ ᠲᠦᠮᠡᠨ ᠮᠥᠨ᠃ ᠳᠤᠮᠳᠠᠳᠤ ᠤᠯᠤᠰ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ᠂ | ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠦᠢᠯᠡᠳᠦᠯᠭᠡᠵᠢᠭᠦᠯᠵᠦ᠂ ᠴᠢᠩ ᠦᠨᠡᠨᠴᠢ | ᠣᠯᠣᠯᠴᠠᠭ᠎ᠠ ᠪᠠᠷᠲ᠋ᠠᠮᠵᠢᠨ ᠣᠶᠢᠯᠠᠭᠠᠯᠴᠠᠭ᠎ᠠ ᠪᠠᠨ ᠨᠡᠮᠡᠭᠳᠡᠭᠦᠯᠵᠦ᠂ ᠨᠥᠬᠦᠷᠯᠡᠯ ᠢᠶᠠᠨ ᠵᠤᠵᠠᠭᠠᠳᠬᠠᠵᠤ᠂ ᠪᠣᠯᠪᠠᠰᠤᠨ ᠤ | ᠰᠣᠯᠢᠯᠴᠠᠭ᠎ᠠ ᠪᠠᠷᠪᠣᠯᠪᠠᠰᠤᠨ ᠤ ᠵᠠᠢ ᠵᠠᠪᠰᠠᠷ ᠢ ᠳᠠᠪᠠᠵᠤ᠂ ᠪᠣᠯᠪᠠᠰᠤᠨ ᠢᠶᠠᠨ ᠬᠠᠷᠢᠯᠴᠠᠨ ᠲᠣᠯᠢ ᠪᠤᠯᠭᠠᠬᠤ ᠪᠠᠷ ᠪᠣᠯᠪᠠᠰᠤᠨ ᠤ | ᠮᠥᠷᠭᠦᠯᠳᠦᠭᠡᠨ ᠢ ᠳᠠᠪᠠᠨ᠎ᠠ ᠭᠡᠵᠦ ᠴᠢᠬᠤᠯᠠᠴᠢᠯᠠᠪᠠ᠃ | ᠰᠢ ᠶᠢᠨ ᠫᠢᠩ᠂ ᠳᠤᠮᠳᠠᠳᠤ ᠤᠯᠤᠰ ᠤᠨ ᠡᠪ ᠬᠠᠮᠲᠤ ᠨᠠᠮ ᠪᠣᠯ ᠠᠷᠠᠳ ᠲᠦᠮᠡᠨ ᠳᠤ ᠦᠢᠯᠡᠴᠢᠯᠡᠳᠡᠭ ᠨᠠᠮ ᠮᠥᠨ᠂ | ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯ ᠠᠷᠠᠳ ᠲᠦᠮᠡᠨ ᠤ ᠵᠠᠰᠠᠭ ᠤᠨ ᠣᠷᠳᠣᠨ ᠮᠥᠨ᠂ ᠳᠤᠮᠳᠠᠳᠤ | ᠤᠯᠤᠰ ᠤᠨ ᠭᠠᠳᠠᠭᠠᠳᠤ ᠬᠠᠷᠢᠯᠴᠠᠭ᠎ᠠ ᠪᠣᠯ ᠠᠷᠠᠳ ᠲᠦᠮᠡᠨ ᠤ ᠭᠠᠳᠠᠭᠠᠳᠤ ᠬᠠᠷᠢᠯᠴᠠᠭ᠎ᠠ ᠮᠥᠨ᠃ ᠳᠤᠮᠳᠠᠳᠤ ᠤᠯᠤᠰ ᠤᠨ | ᠵᠠᠰᠠᠭ ᠤᠨ ᠣᠷᠳᠣᠨ ᠥᠩᠭᠡᠷᠡᠭᠰᠡᠨ ᠲᠠᠢ ᠪᠠᠨ ᠠᠳᠠᠯᠢ ᠪᠠᠷ ᠳᠤᠮᠳᠠᠳᠤ ᠤᠯᠤᠰ ᠤᠨ ᠠᠷᠠᠳ ᠲᠦᠮᠡᠨ ᠤ ᠭᠠᠳᠠᠭᠠᠳᠤ ᠲᠠᠢ | ᠨᠥᠭᠦᠷᠰᠡᠭ ᠢᠶᠠᠷ ᠬᠠᠷᠢᠯᠴᠠᠬᠤ ᠨᠡᠶᠢᠭᠡᠮᠯᠢᠭ ᠤᠨ ᠳᠤᠮᠳᠠᠳᠤ ᠭᠠᠳᠠᠭᠠᠳᠤ ᠶᠢᠨ ᠠᠷᠠᠳ ᠲᠦᠮᠡᠨ ᠤ ᠨᠥᠬᠦᠷᠯᠡᠯ ᠢ ᠬᠥᠭᠵᠢᠭᠦᠯᠬᠦ᠂ | ᠤᠯᠠᠨ ᠤᠯᠤᠰ ᠤᠨ ᠪᠣᠳᠠᠲᠠᠢ ᠶᠢ ᠡᠷᠭᠢᠮᠯᠡᠭᠦ ᠬᠠᠮᠲᠤᠷᠠᠯᠴᠠᠭ᠎ᠠ ᠶᠢ ᠠᠬᠢᠭᠤᠯᠬᠤ ᠵᠡᠷᠭᠡ ᠲᠠᠯ᠎ᠠ ᠪᠠᠷ ᠥᠪᠡᠷᠮᠢᠴᠡ | ᠦᠢᠯᠡᠳᠦᠯ ᠢᠶᠠᠨ ᠪᠠᠳᠠᠷᠠᠭᠤᠯᠬᠤ ᠶᠢ ᠲᠡᠮᠵᠢᠵᠤ᠂ ᠨᠥᠬᠦᠷᠯᠡᠯ ᠢᠶᠠᠷ ᠬᠥᠭᠦᠷᠭᠡ ᠪᠣᠯᠭᠠᠨ᠂ ᠰᠡᠳᠬᠢᠯ ᠢᠶᠠᠷ ᠢᠶᠠᠨ ᠨᠥᠬᠦᠷᠯᠡᠵᠦ᠂ | ᠳᠤᠮᠳᠠᠳᠤ ᠭᠠᠳᠠᠭᠠᠳᠤ ᠶᠢᠨ ᠠᠷᠠᠳ ᠤᠨ ᠬᠤᠭᠤᠷᠣᠨᠳᠣᠭᠢ ᠨᠥᠬᠦᠷᠯᠡᠯ ᠢ ᠲᠠᠰᠤᠷᠠᠯᠳᠠ ᠦᠭᠡᠢ ᠭᠦᠨᠵᠡᠭᠡᠶᠢᠷᠡᠭᠦᠯᠦᠨ᠂ ᠡᠯ᠎ᠡ | ᠤᠯᠤᠰ ᠤᠨ ᠨᠠᠶᠢᠵᠠ ᠨᠠᠷ ᠲᠠᠢ ᠪᠦᠯᠬᠦᠮᠳᠡᠵᠦ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ | ᠦᠢᠯᠡᠳᠦᠯᠭᠡᠵᠢᠭᠦᠯᠦᠭᠴᠢ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠣᠷᠣᠯᠴᠠᠭᠴᠢ᠂ ᠪᠣᠯᠪᠠᠰᠤᠨ ᠢᠶᠠᠨ | ᠬᠠᠷᠢᠯᠴᠠᠨ ᠲᠣᠯᠢ ᠪᠤᠯᠭᠠᠬᠤ ᠪᠠ ᠠᠷᠠᠳ ᠤᠨ ᠰᠡᠳᠬᠢᠯ ᠨᠡᠪᠲᠡᠷᠡᠯᠴᠡᠬᠦ ᠶᠢᠨ ᠠᠬᠢᠭᠤᠯᠤᠭᠴᠢ ᠪᠠ ᠠᠷᠠᠳ ᠲᠦᠮᠡᠨ ᠤ | ᠨᠥᠬᠦᠷᠯᠡᠯ ᠤᠨ ᠦᠢᠯᠡᠰ ᠤᠨ ᠵᠠᠯᠭᠠᠮᠵᠢᠯᠠᠭᠴᠢ ᠪᠣᠯᠣᠨ᠎ᠠ ᠭᠡᠵᠦ ᠴᠢᠬᠤᠯᠠᠴᠢᠯᠠᠪᠠ᠃ | ᠨᠤᠭᠧᠷᠢᠶᠠ ᠶᠢᠨ ᠤᠤᠯ ᠤᠨ ᠶᠡᠷᠦᠩᠬᠡᠶᠢᠯᠡᠭᠴᠢ ᠤᠪᠠ ᠰᠠᠩᠴᠢᠶᠤᠤ᠂ ᠲᠠᠢ ᠤᠯᠤᠰ ᠤᠨ ᠤᠯᠤᠰ ᠤᠨ | ᠬᠤᠷᠠᠯ ᠤᠨᠤᠤᠯ ᠤᠨ ᠲᠡᠷᠢᠭᠦᠯᠡᠭᠴᠢ ᠫᠦᠸᠧᠴᠢᠨ᠂ ᠠᠮᠧᠷᠢᠺᠠ ᠶᠢᠨ ︽ᠭᠦ᠋ ᠯᠢᠩ ᠤᠨ ᠨᠠᠶᠢᠵᠠ︾ ᠶᠢᠨ ᠬᠤᠷᠠᠯᠳᠤᠭᠤᠯᠤᠭᠴᠢ | ᠮᠦ ᠶᠠᠨ ᠯᠢᠩ ᠲᠤᠰ ᠲᠤᠰ ᠭᠠᠳᠠᠭᠠᠳᠤ ᠶᠢᠨ ᠲᠠᠯ᠎ᠠ ᠶᠢ ᠲᠥᠯᠥᠭᠡᠯᠡᠨ ᠦᠭᠡ ᠬᠡᠯᠡᠪᠡ᠃ ᠲᠡᠳᠡ ᠪᠦᠭᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠳᠤ ᠬᠠᠯᠠᠭᠤᠨ ᠪᠠᠶᠠᠷ ᠬᠦᠷᠭᠡᠵᠦ᠂ ᠳᠤᠮᠳᠠᠳᠤ | ᠤᠯᠤᠰ ᠤᠨ ᠠᠷᠠᠳ ᠲᠦᠮᠡᠨ ᠤ ᠭᠠᠳᠠᠭᠠᠳᠤ ᠲᠠᠢ ᠨᠦᠭᠦᠷᠰᠡᠭ ᠢᠶᠠᠷ ᠬᠠᠷᠢᠯᠴᠠᠬᠤ ᠨᠡᠶᠢᠭᠡᠮᠯᠢᠭ ᠤᠨ ᠠᠷᠠᠳ ᠲᠦᠮᠡᠨ ᠤ | ᠬᠤᠭᠤᠷᠣᠨᠳᠣᠭᠢ ᠭᠠᠳᠠᠭᠠᠳᠤ ᠬᠠᠷᠢᠯᠴᠠᠭ᠎ᠠ ᠶᠢ ᠠᠬᠢᠭᠤᠯᠬᠤ᠂ ᠡᠯ᠎ᠡ ᠤᠯᠤᠰ ᠤᠨ ᠠᠷᠠᠳ ᠲᠦᠮᠡᠨ ᠤ ᠣᠶᠢᠯᠠᠭᠠᠯᠴᠠᠭ᠎ᠠ | ᠪᠣᠯᠣᠨ ᠨᠥᠬᠦᠷᠯᠡᠯ ᠢ ᠵᠤᠵᠠᠭᠠᠳᠬᠠᠬᠤ ᠲᠠᠯ᠎ᠠ ᠪᠠᠷ ᠦᠵᠡᠭᠦᠯᠦᠭᠰᠡᠨ ᠥᠪᠡᠷᠮᠢᠴᠡ ᠦᠢᠯᠡᠳᠦᠯ ᠢ ᠳᠡᠭᠡᠳᠦ ᠬᠡᠮᠵᠢᠶ᠎ᠡ ᠪᠠᠷ | ᠦᠨᠡᠯᠡᠵᠦ᠂ ᠲᠡᠷᠢᠭᠦᠯᠡᠭᠴᠢ ᠰᠢ ᠶᠢᠨ ᠫᠢᠩ ᠤᠨ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠠᠮᠵᠢᠯᠲᠠ ᠲᠠᠢ ᠪᠠᠷ | ᠶᠠᠳᠠᠭᠤ ᠠᠴᠠ ᠠᠩᠭᠢᠵᠢᠷᠠᠵᠤ᠂ ᠲᠦᠷᠭᠡᠨ ᠬᠥᠭᠵᠢᠯᠲᠡ ᠶᠢ ᠪᠡᠶᠡᠯᠡᠭᠦᠯᠵᠦ᠂ ᠨᠢᠭᠡᠨᠲᠡ ᠥᠷᠭᠡᠨ ᠤᠯᠠᠨ ᠬᠥᠭᠵᠢᠵᠦ ᠪᠠᠶᠢᠭ᠎ᠠ | ᠤᠯᠤᠰ ᠤᠨ ᠬᠦᠰᠡᠯ ᠡᠷᠡᠮᠡᠯᠵᠡᠯ ᠤᠨ ᠴᠠᠮᠬᠠᠭ ᠪᠣᠯᠵᠠᠢ᠃ ᠲᠡᠷᠢᠭᠦᠯᠡᠭᠴᠢ ᠰᠢ ᠶᠢᠨ ᠫᠢᠩ ᠬᠥᠮᠥᠨ ᠲᠥᠷᠥᠯᠬᠢᠲᠡᠨ ᠤ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠣᠶᠢᠯᠠᠭᠠᠭᠳᠠᠬᠤᠨ ᠪᠠ ︽ᠨᠢᠭᠡ ᠪᠦᠰᠡ ᠨᠢᠭᠡ ᠵᠠᠮ︾ ᠢ ᠬᠠᠮᠲᠤ ᠪᠠᠷ | ᠪᠦᠲᠦᠭᠡᠨ ᠪᠠᠶᠢᠭᠤᠯᠬᠤ ᠵᠡᠷᠭᠡ ᠰᠠᠨᠠᠭᠠᠴᠢᠯᠠᠭ᠎ᠠ ᠶᠢ ᠳᠤᠷᠠᠳᠤᠭᠰᠠᠨ ᠨᠢ ᠪᠦᠭᠦ ᠪᠥᠮᠪᠥᠷᠴᠡᠭ ᠤᠨ ᠵᠠᠰᠠᠯᠲᠠ ᠶᠢᠨ ᠲᠤᠬᠠᠢ | ᠬᠤᠯᠠ ᠶᠢᠨ ᠬᠠᠷᠠᠴᠠ ᠬᠤᠷᠴᠠ ᠪᠣᠳᠣᠯᠭ᠎ᠠ ᠪᠠ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠵᠦ᠂ ᠳᠡᠯᠡᠬᠡᠢ ᠶᠢᠨ ᠡᠯ᠎ᠡ | ᠤᠯᠤᠰ ᠤᠨ ᠨᠢᠭᠲᠠ ᠬᠠᠮᠲᠤᠷᠠᠯᠴᠠᠬᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠲᠡᠭᠦ ᠳᠤ ᠴᠢᠭᠯᠡᠯ ᠢ ᠲᠣᠳᠣᠷᠬᠠᠢ | ᠵᠢᠭᠠᠵᠤ᠂ ᠳᠤᠮᠳᠠᠳᠤ ᠤᠯᠤᠰ ᠤᠨ ᠬᠥᠭᠵᠢᠯ ᠴᠡᠴᠡᠭᠯᠡᠯ ᠯᠠᠪᠲᠠᠢ ᠳᠡᠯᠡᠬᠡᠢ ᠳ᠋ᠠᠬᠢᠨ ᠳᠤ ᠦᠷᠭᠦᠯᠵᠢᠯᠡᠨ ᠪᠤᠶᠠᠨ ᠦᠢᠯᠡᠳᠬᠦ | ᠪᠣᠯᠣᠨ᠎ᠠ᠃ ᠳᠤᠮᠳᠠᠳᠤ ᠤᠯᠤᠰ ᠯᠤᠭ᠎ᠠ ᠡᠯ᠎ᠡ ᠬᠦᠷᠢᠶ᠎ᠡ ᠴᠠᠷᠠᠭ᠎ᠠ ᠳᠠᠬᠢ ᠨᠥᠭᠦᠷᠰᠡᠭ ᠰᠣᠯᠢᠯᠴᠠᠭ᠎ᠠ ᠬᠠᠮᠲᠤᠷᠠᠯᠴᠠᠭ᠎ᠠ ᠪᠠᠨ | ᠦᠷᠭᠦᠯᠵᠢᠯᠡᠨ ᠴᠢᠩᠭᠠᠳᠬᠠᠵᠤ᠂ ᠠᠷᠠᠳ ᠲᠦᠮᠡᠨ ᠤ ᠨᠥᠬᠦᠷᠯᠡᠯ ᠢ ᠦᠶ᠎ᠡ ᠶᠢᠨ ᠦᠶ᠎ᠡ ᠳᠤ ᠤᠯᠠᠮᠵᠢᠯᠠᠵᠤ᠂ ᠭᠠᠷ | ᠬᠤᠯᠪᠣᠯᠴᠠᠨ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠵᠤ᠂ ᠳᠡᠯᠡᠬᠡᠢ ᠶᠢᠨ | ᠡᠩᠬᠡ ᠲᠠᠶᠢᠪᠤᠩ᠂ ᠬᠥᠭᠵᠢᠯ ᠴᠡᠴᠡᠭᠯᠡᠯ ᠳᠤ ᠨᠡᠩ ᠶᠡᠭᠡ ᠬᠤᠪᠢ ᠨᠡᠮᠡᠷᠢ ᠦᠵᠡᠭᠦᠯᠭᠦ ᠶᠢ ᠬᠦᠰᠡᠵᠦ ᠪᠠᠶᠢᠨ᠎ᠠ ᠭᠡᠵᠦ | ᠢᠯᠡᠳᠬᠡᠵᠡᠭᠡᠪᠡ᠃ ᠭᠠᠳᠠᠭᠠᠳᠤ ᠶᠢᠨ ᠤᠤᠯ ᠤᠨ ᠤᠯᠤᠰ ᠲᠦᠷᠦ ᠶᠢᠨ ᠴᠢᠬᠤᠯᠠ ᠬᠥᠮᠥᠰ᠂ ᠸᠠᠩ ᠤᠨ ᠣᠷᠳᠣᠨ ᠤ | ᠪᠦᠷᠢᠯᠳᠦᠭᠦᠨ᠂ ᠤᠯᠠᠨ ᠤᠯᠤᠰ ᠤᠨ ᠨᠥᠭᠦᠷᠰᠡᠭ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ᠂ ᠨᠥᠭᠦᠷᠰᠡᠭ ᠬᠥᠮᠥᠰ | ᠵᠡᠷᠭᠡ 200 ᠰᠢᠬᠠᠮ ᠬᠥᠮᠥᠨ ᠣᠷᠣᠯᠴᠠᠪᠠ᠃ | ᠼᠠᠢ ᠴᠢ᠂ ᠬᠠᠨ ᠵᠧᠩ᠂ ᠸᠠᠩ ᠢ ᠨᠠᠷ ᠠᠭᠤᠯᠵᠠᠯᠲᠠ ᠳᠤ ᠣᠷᠣᠯᠴᠠᠵᠠᠢ᠃ | |