— ᠪᠦᠬᠦ ᠤᠯᠤᠰ ᠤᠨ ᠵᠢᠭᠤᠯᠴᠢᠯᠠᠯ ᠤᠨ ᠪᠠᠷᠢᠮᠵᠢᠶᠠᠵᠢᠭᠤᠯᠤᠯᠲᠠ ᠶᠢᠨ ᠮᠡᠷᠭᠡᠵᠢᠯ ᠤᠨ ᠵᠥᠪᠯᠡᠯ ᠤᠨ ᠡᠷᠬᠢᠯᠡᠭᠴᠢ ᠭᠡᠰᠢᠭᠦᠨ᠂ ᠰᠣᠶᠣᠯ ᠪᠠ ᠵᠢᠭᠤᠯᠴᠢᠯᠠᠯ ᠤᠨ ᠶᠠᠮᠤᠨ ᠤ ᠰᠢᠨᠵᠢᠯᠡᠬᠦ ᠤᠬᠠᠭᠠᠨ ᠮᠡᠷᠭᠡᠵᠢᠯ ᠰᠤᠷᠭᠠᠨ ᠬᠥᠮᠦᠵᠢᠯ ᠤᠨ ᠵᠤᠷᠭᠠᠨ ᠤ ᠤᠤᠯ ᠤᠨ ᠳᠠᠷᠤᠭ᠎ᠠ ᠰᠦᠨ ᠷᠦᠸᠧ ᠹᠧᠩ ᠢ ᠰᠣᠷᠪᠣᠯᠵᠢᠯᠠᠭᠰᠠᠨ ᠨᠢ
ᠨᠡᠶᠢᠲᠡᠯᠡᠭᠰᠡᠨ ᠴᠠᠭ᠄
2024/12/25
      ︽ᠦᠬᠠᠶ ᠶᠢᠨ ᠡᠯ᠎ᠡ ᠴᠠᠭ ᠦᠶ᠎ᠡ ᠶᠢᠨ ᠪᠠᠶᠢᠭᠠᠯᠢ ᠶᠢᠨ ᠥᠩᠭᠡ ᠦᠵᠡᠮᠵᠢ ᠶᠢᠨ ᠲᠠᠯ᠎ᠠ ᠪᠠᠷ ᠨᠡᠶᠢᠲᠡᠯᠢᠭ ᠢᠯᠡᠷᠡᠯ ᠲᠠᠢ ᠪᠠᠶᠢᠬᠤ ᠪᠠᠷ ᠪᠠᠷᠠᠬᠤ ᠥᠬᠡᠶ᠂ ᠠᠮᠲᠠᠲᠤ ᠢᠳᠡᠭᠡᠨ ᠤ ᠲᠠᠯ᠎ᠠ ᠪᠠᠷ ᠴᠦ ᠪᠢᠳᠡᠨ ᠳᠤ ᠮᠠᠰᠢ ᠰᠠᠶᠢᠨ ᠥᠩᠭᠡᠷᠡᠯᠲᠡ ᠲᠠᠢ ᠪᠣᠯᠤᠭᠰᠠᠨ ᠪᠠᠶᠢᠨ᠎ᠠ᠃ ᠠᠳᠡ ᠡᠨᠡ ᠤᠳᠠᠭ᠎ᠠ ᠶᠢᠨ ᠠᠵᠢᠯᠯᠠᠭ᠎ᠠ ᠶᠢ ᠡᠷᠬᠢᠯᠡᠬᠦ ᠳᠤ ᠵᠢᠱᠢᠶ᠎ᠡ ᠦᠵᠡᠭᠦᠯᠬᠦ ᠠᠴᠢ ᠬᠤᠯᠪᠣᠭᠳᠠᠯ ᠲᠠᠢ ᠭᠡᠵᠦ ᠪᠢ ᠦᠵᠡᠵᠦ ᠪᠠᠢᠨ᠎ᠠ᠃ ᠪᠦᠬᠦ ᠤᠯᠤᠰ ᠤᠨ ᠵᠢᠭᠤᠯᠴᠢᠯᠠᠯ ᠤᠨ ᠪᠠᠷᠢᠮᠵᠢᠶᠠᠵᠢᠭᠤᠯᠤᠯᠲᠠ ᠶᠢᠨ ᠮᠡᠷᠭᠡᠵᠢᠯ ᠤᠨ ᠵᠥᠪᠯᠡᠯ ᠤᠨ ᠡᠷᠬᠢᠯᠡᠭᠴᠢ ᠭᠡᠰᠢᠭᠦᠨ᠂ ᠰᠤᠶᠤᠯ ᠪᠠ ᠵᠢᠭᠤᠯᠴᠢᠯᠠᠯ ᠤᠨ ᠶᠠᠮᠤᠨ ᠤ ᠰᠢᠨᠵᠢᠯᠡᠬᠦ ᠤᠬᠠᠭᠠᠨ ᠮᠡᠷᠭᠡᠵᠢᠯ ᠰᠤᠷᠭᠠᠨ ᠬᠦᠮᠦᠵᠢᠯ ᠤᠨ ᠵᠤᠷᠭᠠᠨ ᠤ ᠤᠤᠯ ᠤᠨ ᠳᠠᠷᠤᠭ᠎ᠠ ᠰᠦᠨ ᠷᠤ ᠴᠦᠨ ᠰᠤᠷᠪᠤᠯᠵᠢᠯᠠᠭᠴᠢᠳ ᠤᠨ ᠲᠤᠰᠬᠠᠢ ᠰᠤᠷᠪᠤᠯᠵᠢᠯᠠᠭ᠎ᠠ ᠶᠢ ᠬᠦᠯᠢᠶᠡᠬᠦ ᠳᠤ ᠪᠠᠨ‌‍ᠬᠡᠯᠡᠪᠡ᠃
图片1.png
      ᠰᠦᠨ ᠷᠦᠸᠧ ᠹᠧᠩ ᠬᠡᠯᠡᠬᠦ ᠳᠡᠭᠡᠨ᠂ ᠠᠮᠲᠠᠲᠤ ᠢᠳᠡᠭᠡᠨ ᠪᠣᠯ ᠵᠢᠭᠤᠯᠴᠢᠯᠠᠯ ᠤᠨ ᠴᠢᠬᠤᠯᠠ ᠪᠦᠷᠢᠯᠳᠦᠬᠦᠨ ᠬᠡᠰᠡᠭ ᠮᠥᠨ᠂ ᠣᠷᠣᠨ ᠪᠦᠰᠡ ᠶᠢᠨ ᠭᠠᠵᠠᠷ ᠵᠦᠶ ᠶᠢᠨ ᠣᠷᠴᠢᠨ ᠲᠣᠭᠤᠷᠢᠨ᠂ ᠪᠠᠶᠢᠭᠠᠯᠢ ᠶᠢᠨ ᠳᠦᠷᠰᠦ ᠪᠠᠶᠢᠳᠠᠯ᠂ ᠬᠥᠮᠦᠨ ᠨᠡᠶᠢᠭᠡᠮ ᠤᠨ ᠵᠠᠩ ᠦᠢᠯᠡ ᠶᠢᠨ ᠦᠨᠦᠷ ᠠᠮᠲᠠ ᠶᠢᠨ ᠢᠯᠡᠷᠡᠯ ᠮᠥᠨ᠂ ᠨᠠᠩ ᠴᠤ ᠬᠤᠲᠠ ᠶᠢᠨ ᠵᠠᠩ ᠠᠪᠤᠷᠢ ᠶᠢᠨ ᠥᠪᠡᠷᠮᠢᠴᠡ ᠢᠯᠡᠷᠡᠯ ᠮᠥᠨ᠃ ᠣᠳᠣᠬᠠᠨ ᠳᠤ᠂ ᠠᠮᠲᠠᠲᠤ ᠢᠳᠡᠭᠡᠨ ᠤ ᠵᠢᠭᠤᠯᠴᠢᠯᠠᠯ ᠤᠨ ᠵᠣᠷᠢᠭᠰᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠶᠢᠨ ᠰᠢᠰᠲ᠋ᠧᠮ ᠳᠠᠬᠢ ᠪᠠᠶᠢᠷᠢ ᠰᠠᠭᠤᠷᠢ ᠤᠯᠠᠮ ᠢᠯᠡᠷᠬᠡᠶ ᠪᠣᠯᠵᠤ᠂ ᠶᠠᠭ ᠢᠳᠡᠭ ᠢᠳᠡᠭ ᠢᠶᠠᠷ ᠵᠢᠭᠤᠯᠴᠢᠯᠠᠯ ᠤᠨ ᠬᠡᠷᠡᠭᠯᠡᠭᠡ ᠶᠢ ᠠᠬᠢᠭᠤᠯᠬᠤ᠂ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠰᠢᠨ᠎ᠡ ᠬᠥᠳᠡᠯᠭᠡᠬᠦ ᠬᠦᠴᠦᠨ ᠪᠠ ᠬᠤᠲᠠ ᠶᠢᠨ ᠥᠪᠡᠷᠮᠢᠴᠡ ᠲᠠᠲᠠᠬᠤ ᠬᠦᠴᠦᠨ ᠢ ᠢᠯᠡᠷᠡᠭᠦᠯᠬᠦ ᠰᠢᠨ᠎ᠡ ᠬᠢᠯᠠᠰ ᠴᠡᠭ ᠪᠣᠯᠵᠤ ᠪᠠᠶᠢᠨ᠎ᠠ᠃ ᠦᠬᠠᠢ ︽ᠡᠯᠡᠰᠦᠨ ᠴᠦᠯ ᠤᠨ ᠨᠣᠭᠤᠭᠠᠨ ᠪᠦᠷᠢᠳᠦ︾᠂ ︽ᠦᠵᠦᠮ ᠤᠨ ᠨᠤᠲᠤᠭ︾ ᠵᠡᠷᠭᠡ ᠰᠠᠶᠢᠬᠠᠨ ᠠᠯᠳᠠᠷ ᠲᠠᠢ᠂ ᠪᠠᠶᠢᠭᠠᠯᠢ ᠶᠢᠨ ᠦᠩᠭᠡ ᠦᠵᠡᠮᠵᠢ ᠰᠠᠶᠢᠨ ᠰᠠᠶᠢᠬᠠᠨ᠂ ᠰᠣᠶᠣᠯ ᠤᠨ ᠰᠠᠭᠤᠷᠢ ᠭᠦᠨ ᠵᠤᠵᠠᠭᠠᠨ᠂ ᠦᠨᠳᠦᠰᠦᠲᠡᠨ ᠤ ᠵᠠᠩ ᠠᠭᠠᠯᠢ ᠭᠦᠨ ᠵᠤᠵᠠᠭᠠᠨ ᠵᠡᠷᠭᠡ ᠣᠨᠴᠠᠯᠢᠭ ᠠᠴᠠ ᠭᠠᠳᠠᠨ᠎ᠠ᠂ ᠪᠠᠰᠠ ᠣᠷᠣᠨ ᠪᠦᠰᠡ ᠶᠢᠨ ᠣᠨᠴᠠᠯᠢᠭ ᠲᠠᠢ ᠠᠮᠲᠠᠲᠤ ᠢᠳᠡᠭᠡᠨ ᠤ ᠰᠣᠶᠣᠯ ᠲᠠᠢ ᠪᠠᠶᠢᠬᠤ ᠠᠴᠠ ᠭᠠᠳᠠᠨ᠎ᠠ᠂ ᠲᠤᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ ᠦᠬᠠᠶ ᠶᠢᠨ ︽ᠠᠮᠲᠠᠲᠤ ᠢᠳᠡᠭᠡᠨ ᠤ ᠵᠢᠭᠤᠯᠴᠢᠯᠠᠯ︾ ᠤᠨ ᠠᠭᠤᠰᠤᠯᠴᠠᠨ ᠬᠥᠭᠵᠢᠬᠦ ᠶᠢ ᠤᠯᠠᠮ ᠨᠢᠭᠡ ᠠᠯᠬᠤᠮ ᠠᠬᠢᠭᠤᠯᠵᠤ᠂ ᠲᠤᠬᠠᠶ ᠶᠢᠨ ᠭᠠᠵᠠᠷ ᠤᠨ ᠠᠮᠲᠠᠲᠤ ᠢᠳᠡᠭᠡᠨ ᠤ ᠠᠷᠤ ᠳᠠᠬᠢ ᠡᠭᠦᠰᠦᠯ ᠦᠯᠢᠭᠡᠷ ᠪᠠ ᠰᠣᠶᠣᠯ ᠢᠷᠭᠡᠨᠰᠢᠯ ᠤᠨ ᠠᠴᠢ ᠬᠤᠯᠪᠣᠭᠳᠠᠯ ᠢ ᠨᠡᠩ ᠣᠯᠠᠨ ᠠᠭᠤᠳᠠᠯᠵᠤ᠂ ᠠᠮᠲᠠᠲᠤ ᠢᠳᠡᠭᠡᠨ ᠢᠶᠠᠷ ᠵᠢᠭᠤᠯᠴᠢᠯᠠᠯ ᠤᠨ ᠣᠶᠢᠯᠠᠭᠠᠯᠲᠠ ᠳᠤ ᠥᠪᠡᠷᠮᠢᠴᠡ ᠴᠢᠨᠠᠷ ᠪᠠ ᠭᠦᠨ ᠲᠥᠷᠥᠭᠳᠡᠯ ᠢᠶᠠᠨ ᠨᠡᠮᠡᠭᠳᠡᠭᠦᠯᠵᠦ᠂ ᠦᠨᠦᠷ ᠠᠮᠲᠠ ᠪᠠᠷ ᠨᠢᠭᠡ ᠬᠤᠲᠠ ᠶᠢ ᠴᠡᠭᠡᠵᠢᠯᠡᠵᠦ᠂ ᠠᠮᠲᠠᠲᠤ ᠢᠳᠡᠭᠡᠨ ᠢᠶᠠᠷ ᠨᠢᠭᠡ ᠲᠠᠯ᠎ᠠ ᠶᠢᠨ ᠰᠣᠶᠣᠯ ᠢ ᠤᠯᠠᠮᠵᠢᠯᠠᠬᠤ ᠶᠢ ᠬᠦᠰᠡᠵᠦ ᠪᠠᠶᠢᠨ᠎ᠠ᠃ ︽ᠠᠮᠲᠠᠲᠤ ᠰᠠᠶᠢᠬᠠᠨ ᠳᠤᠮᠳᠠᠳᠤ ᠤᠯᠤᠰ · ᠲᠦᠮᠡᠨ ᠭᠠᠵᠠᠷ ᠤᠨ ᠵᠤᠭᠠᠴᠠᠯ ᠤᠨ ᠠᠮᠲᠠᠲᠤ ᠢᠳᠡᠭᠡᠨ ᠵᠢᠴᠢ ᠵᠠᠮ ᠱᠤᠭᠤᠮ ᠤᠨ ᠤᠬᠠᠭᠤᠯᠤᠨ ᠳᠡᠯᠭᠡᠷᠡᠭᠦᠯᠬᠦ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ ᠨᠡᠩ ᠤᠯᠠᠨ ᠵᠤᠭᠠᠴᠠᠭᠰᠠᠳ ᠢ ᠦᠬᠠᠢ ᠶᠢ ᠠᠩᠬᠠᠷᠴᠤ᠂ ᠦᠬᠠᠢ ᠶᠢ ᠣᠶᠢᠯᠠᠭᠠᠵᠤ᠂ ᠦᠬᠠᠢ ᠳᠤ ᠢᠷᠡᠭᠦᠯᠵᠦ᠂ ᠡᠨᠡᠬᠦ ᠷᠢᠳᠢ ᠰᠢᠳᠢ ᠪᠠᠷ ᠪᠢᠯᠬᠠᠭᠰᠠᠨ ᠪᠠ ᠬᠠᠶᠢᠷ᠎ᠠ ᠰᠡᠳᠬᠢᠯᠭᠡ ᠲᠠᠢ ᠡᠯᠡᠰᠦᠨ ᠲᠠᠯᠠᠢ ᠶᠢᠨ ᠭᠠᠶᠢᠬᠠᠮᠰᠢᠭᠲᠤ ᠬᠤᠳᠠ ᠶᠢ ᠪᠡᠶᠡᠴᠢᠯᠡᠨ ᠣᠶᠢᠯᠠᠭᠠᠬᠤ ᠶᠢ ᠢᠲᠡᠭᠡᠵᠦ ᠪᠠᠶᠢᠨ᠎ᠠ ᠭᠡᠵᠡᠢ᠃
 
ᠢᠷᠡᠯᠲᠡ᠄ ᠦᠬᠠᠢ ᠶᠢᠨ ᠷᠠᠳᠢᠣ᠋ ᠲᠧᠯᠸᠢᠰ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号