— ᠲᠠᠷᠢᠶᠠᠴᠢᠨ ᠡᠳᠦᠷ ᠤᠨ ᠰᠣᠨᠢᠨ ᠤ ᠬᠤᠷᠢᠶ᠎ᠠ ᠶᠢᠨ ᠲᠠᠷᠢᠮᠠᠯ ᠤᠨ ᠦᠢᠯᠡᠰ ᠤᠨ ᠬᠡᠯᠲᠡᠰ ᠤᠨ ᠰᠤᠷᠪᠤᠯᠵᠢᠯᠠᠭᠴᠢ ᠴᠢ ᠴᠢᠶᠠᠨ ᠴᠢᠶᠠᠨ ᠢ ᠰᠣᠷᠪᠣᠯᠵᠢᠯᠠᠭᠰᠠᠨ ᠨᠢ
ᠨᠡᠶᠢᠲᠡᠯᠡᠭᠰᠡᠨ ᠴᠠᠭ᠄
2024/12/25
      ︽ᠪᠢ ᠠᠩᠬ᠎ᠠ ᠤᠳᠠᠭ᠎ᠠ ᠦᠵᠡᠰᠬᠦᠯᠡᠩᠲᠦ ᠰᠠᠶᠢᠬᠠᠨ ᠦᠬᠠᠶ ᠳᠤ ᠢᠷᠡᠵᠦ ᠪᠠᠶᠢᠨ᠎ᠠ᠂ ᠥᠩᠭᠡᠷᠡᠭᠰᠡᠨ ᠳᠤ ᠦᠬᠠᠶ ᠳᠤ ︿ᠬᠠᠲᠤᠨ ᠭᠤᠤᠯ ᠤᠨ ᠭᠡᠷᠡᠯᠲᠦ ᠰᠤᠪᠤᠳ﹀ ︿ᠦᠵᠦᠮ ᠤᠨ ᠨᠤᠲᠤᠭ﹀ ᠤᠨ ᠰᠠᠶᠢᠬᠠᠨ ᠠᠯᠳᠠᠷ ᠢ ᠣᠯᠵᠤ ᠰᠣᠨᠣᠰᠪᠠ᠂ ᠣᠳᠣᠬᠠᠨ ᠳᠤ᠂ ︿ᠲᠦᠮᠡᠨ ᠭᠠᠵᠠᠷ ᠤᠨ ᠠᠭᠤᠯᠠ ᠭᠤᠤᠯ ᠢᠶᠠᠷ ᠵᠤᠭᠠᠴᠠᠬᠤ﹀ ᠪᠥᠬᠦ ᠤᠯᠤᠰ ᠤᠨ ᠬᠤᠷᠢᠨ ᠳᠥᠷᠪᠡᠳᠦᠭᠡᠷ ᠠᠭᠤᠷ ᠠᠮᠢᠰᠬᠤᠯ ᠤᠨ ᠵᠢᠭᠤᠯᠴᠢᠯᠠᠯ ᠤᠨ ᠠᠮᠲᠠᠲᠤ ᠢᠳᠡᠭᠡᠨ ᠵᠢᠴᠢ ᠵᠠᠮ ᠱᠤᠭᠤᠮ ᠤᠨ ᠤᠬᠠᠭᠤᠯᠤᠨ ᠳᠡᠯᠭᠡᠷᠡᠭᠦᠯᠬᠦ ᠠᠵᠢᠯᠯᠠᠭ᠎ᠠ ᠶᠢ ᠡᠷᠭᠢᠯᠡᠵᠦ ᠪᠠᠶᠢᠭ᠎ᠠ ᠠᠵᠠ ᠲᠣᠬᠢᠶᠠᠯ ᠢ ᠠᠰᠢᠭᠯᠠᠨ᠂ ᠲᠤᠬᠠᠶ ᠶᠢᠨ ᠭᠠᠵᠠᠷ ᠲᠤᠨᠢ ᠲᠣᠭᠤᠷᠢᠨ ᠦᠵᠡᠵᠦ᠂ ᠦᠬᠠᠶ ᠶᠢᠨ ᠦᠵᠦᠮ ᠤᠨ ᠰᠣᠶᠣᠯ ᠪᠠ ᠦᠵᠦᠮ ᠤᠨ ᠠᠵᠤ ᠦᠢᠯᠡᠰ ᠨᠠᠳᠠ ᠳᠤ ᠠᠪᠴᠤ ᠬᠡᠯᠡᠪᠡᠯ ᠨᠢᠭᠡ ᠵᠦᠢᠯ ᠤᠨ ᠣᠯᠳᠠᠬᠤᠶ᠎ᠠ ᠪᠡᠷᠬᠡ ᠲᠥᠷᠥᠭᠳᠡᠯ ᠪᠣᠯᠵᠣ᠂ ᠮᠢᠨᠦ ᠡᠮᠦᠨ᠎ᠡ ᠦᠵᠦᠮ ᠤᠨ ᠠᠵᠤ ᠦᠢᠯᠡᠰ ᠤᠨ ᠲᠤᠬᠠᠶ ᠲᠠᠨᠢᠯᠲᠠ ᠶᠢ ᠨᠠᠩ ᠥᠷᠭᠡᠳᠬᠡᠭᠰᠡᠨ ᠢᠶᠠᠷ ᠪᠠᠷᠠᠬᠤ ᠥᠬᠡᠶ᠂ ᠨᠠᠩ ᠴᠤ ᠲᠣᠰ ᠤᠳᠠᠭᠠᠨ ᠤ ᠠᠶᠠᠯᠠᠯ ᠢᠶᠠᠨ ᠥᠬᠡᠶ ᠪᠣᠯᠭᠠᠵᠠᠢ᠃︾ ᠲᠠᠷᠢᠶᠠᠴᠢᠨ ᠤ ᠡᠳᠦᠷ ᠤᠨ ᠰᠣᠨᠢᠨ ᠤ ᠬᠤᠷᠢᠶᠠᠨ ᠤ ᠲᠠᠷᠢᠮᠠᠯ ᠤᠨ ᠦᠢᠯᠡᠰ ᠤᠨ ᠬᠡᠯᠲᠡᠰ ᠤᠨ ᠰᠤᠷᠪᠤᠯᠵᠢᠯᠠᠭᠴᠢ ᠴᠢ ᠴᠢᠨ ᠴᠢᠨ ᠲᠤᠰᠬᠠᠢ ᠰᠤᠷᠪᠤᠯᠵᠢᠯᠠᠭ᠎ᠠ ᠶᠢ ᠬᠦᠯᠢᠶᠡᠬᠦ ᠳᠤ ᠪᠠᠨ ᠬᠡᠯᠡᠪᠡ᠃
图片2.png
      ᠴᠢ ᠴᠢᠶᠠᠨ ᠴᠢᠶᠠᠨ᠄ ︽ᠡᠳᠦᠭᠡ᠂ ᠥᠪᠡᠷᠮᠢᠴᠡ ᠣᠨᠴᠠᠯᠢᠭ ᠲᠠᠢ ︿ᠲᠠᠷᠢᠶᠠᠴᠢᠨ ᠠᠶᠢᠯ ᠤᠨ ᠵᠤᠭᠠᠴᠠᠯ﹀ ᠨᠢ ᠬᠥᠳᠡᠭᠡ ᠲᠣᠰᠬᠤᠨ ᠤ ᠵᠠᠩ ᠦᠢᠯᠡ ᠶᠢᠨ ᠰᠣᠶᠣᠯ ᠤᠨ ᠣᠶᠢᠯᠠᠭᠠᠯᠲᠠ᠂ ᠲᠠᠷᠢᠶᠠᠯᠠᠭ᠎ᠠ ᠪᠣᠯᠤᠨ ᠠᠷᠠᠳ ᠤᠨ ᠣᠷᠣᠨ ᠰᠠᠭᠤᠴᠠ ᠶᠢᠨ ᠠᠭᠤᠰᠤᠯᠴᠠᠯ ᠳᠤ ᠲᠦᠰᠢᠭᠯᠡᠵᠦ᠂ ᠲᠡᠭᠦᠨ ᠢ ᠮᠠᠰᠢ ᠤᠯᠠᠨ ᠬᠤᠳᠠ ᠶᠢᠨ ᠵᠤᠭᠠᠴᠠᠭᠰᠠᠳ ᠤᠨ ᠰᠡᠳᠬᠢᠯ ᠳᠤ ᠬᠠᠳᠠᠩᠰᠢᠭᠰᠠᠨ ᠵᠤᠭᠠᠴᠠᠯ ᠤᠨ ᠵᠣᠷᠢᠭᠰᠠᠨ ᠭᠠᠵᠠᠷ ᠪᠣᠯᠭᠠᠵᠤ᠂ ᠥᠪᠡᠷᠮᠢᠴᠡ ᠲᠡᠪᠲᠦᠭᠡᠬᠦ ᠬᠡᠯᠪᠡᠷᠢ ᠪᠠᠷ ᠪᠡᠶᠡᠴᠢᠯᠡᠨ ᠣᠶᠢᠯᠠᠭᠠᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠥᠪᠡᠷᠮᠢᠴᠡ ᠣᠨᠴᠠᠯᠢᠭ ᠪᠣᠯᠤᠨ ᠤᠯᠠᠨ ᠶᠠᠩᠵᠤ ᠶᠢᠨ ᠬᠡᠷᠡᠭᠴᠡᠭᠡ ᠶᠢ ᠬᠠᠩᠭᠠᠬᠤ ᠶᠢᠨ ᠬᠠᠮᠲᠤ ᠪᠠᠰᠠ ᠬᠤᠯᠪᠣᠭᠳᠠᠯ ᠪᠦᠬᠦᠢ ᠠᠵᠤ ᠦᠢᠯᠡᠰ ᠪᠣᠯᠤᠨ ᠵᠤᠭᠠᠴᠠᠯ ᠤᠨ ᠠᠵᠢᠯ ᠲᠦᠷᠦᠯ ᠤᠨ ᠬᠥᠭᠵᠢᠯᠲᠡ ᠶᠢ ᠠᠬᠢᠭᠤᠯᠵᠤ᠂ ᠵᠤᠭᠠᠴᠠᠯ ᠤᠨ ᠠᠵᠤ ᠠᠬᠤᠢ ᠳᠤ ᠠᠮᠢᠵᠢᠷᠠᠯ ᠤᠨ ᠬᠦᠴᠦᠨ ᠣᠯᠭᠤᠵᠠᠢ᠃ ᠦᠬᠠᠢ ︽ᠦᠵᠦᠮ ᠤᠨ ᠨᠤᠲᠤᠭ︾ ᠪᠣᠯᠤᠭᠰᠠᠨ ᠤ ᠬᠤᠪᠢ ᠳᠤ᠂ ᠢᠷᠡᠭᠡᠳᠦᠢ ᠳᠤ ᠥᠪᠡᠷ ᠤᠨ ᠦᠵᠦᠮ ᠤᠨ ᠠᠵᠤ ᠦᠢᠯᠡᠰ ᠤᠨ ᠤᠨᠴᠠᠯᠢᠭᠳᠤ ᠳᠠᠪᠠᠭᠤᠯᠢᠭ ᠢᠶᠠᠨ ᠭᠦᠢᠴᠡᠳ ᠠᠰᠢᠭᠯᠠᠵᠤ᠂ ᠪᠦᠬᠦ ᠣᠷᠣᠨ ᠪᠦᠰᠡ ᠪᠠᠷ ᠢᠶᠠᠨ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ ᠪᠠᠶᠢᠭᠤᠯᠵᠤ᠂ ᠦᠵᠦᠮ ᠲᠠᠷᠢᠬᠤ ᠬᠢᠷᠢ ᠲᠦᠪᠰᠢᠨ ᠪᠣᠯᠤᠨ ᠡᠳ᠋ᠰᠢᠭᠦᠯᠬᠦ ᠴᠢᠳᠠᠪᠤᠷᠢ ᠪᠠᠨ ᠳᠡᠭᠡᠭᠰᠢᠯᠡᠭᠦᠯᠬᠦ ᠶᠢᠨ ᠬᠠᠮᠲᠤ ᠡᠯ᠎ᠡ ᠵᠦᠢᠯ ᠤᠨ ᠲᠡᠭᠦᠬᠦ ᠠᠵᠢᠯᠯᠠᠭ᠎ᠠ᠂ ᠠᠮᠲᠠᠲᠤ ᠢᠳᠡᠭᠡᠨ ᠢ ᠰᠢᠯᠭᠠᠨ ᠦᠨᠡᠯᠡᠬᠦ ᠠᠵᠢᠯᠯᠠᠭ᠎ᠠ ᠵᠡᠷᠭᠡ ᠶᠢ ᠢᠳᠡᠪᠬᠢᠲᠡᠢ ᠥᠷᠨᠢᠭᠦᠯᠵᠦ᠂ ᠠᠵᠤ ᠠᠬᠤᠢ ᠶᠢᠨ ᠵᠤᠭᠠᠴᠠᠯ ᠤᠨ ᠥᠷᠨᠢᠯᠲᠡ ᠶᠢ ᠴᠢᠩᠭ᠎ᠠ ᠠᠳᠬᠤᠵᠤ᠂ ᠬᠥᠳᠡᠭᠡ ᠠᠵᠤ ᠠᠬᠤᠢ ᠰᠣᠶᠣᠯ ᠵᠤᠭᠠᠴᠠᠯ ᠤᠨ ᠭᠦᠨᠵᠡᠭᠡᠢ ᠠᠭᠤᠰᠤᠯᠴᠠᠯ ᠢ ᠴᠢᠩᠭᠠᠳᠬᠠᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ ᠦᠢᠯᠡᠰ ᠵᠤᠭᠠᠴᠠᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠠᠶᠢᠭᠤᠯᠵᠤ᠂ ᠨᠡᠩ ᠤᠯᠠᠨ ᠥᠪᠡᠷᠮᠢᠴᠡ ᠣᠨᠴᠠᠯᠢᠭ ᠲᠠᠢ ᠦᠬᠠᠢ ᠶᠢᠨ ᠲᠦᠷᠦᠯ ᠲᠡᠮᠳᠡᠭ ᠤᠨ ᠣᠨᠴᠠ ᠭᠠᠷᠤᠯᠲᠠ ᠶᠢ ᠭᠠᠷᠭᠠᠵᠤ᠂ ᠲᠤᠬᠠᠢ ᠶᠢᠨ ᠭᠠᠵᠠᠷ ᠤᠨ ᠵᠤᠭᠠᠴᠠᠯ ᠤᠨ ᠦᠢᠯᠡᠰ ᠤᠨ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ ᠪᠣᠯᠤᠨ᠎ᠠ︾ ᠬᠡᠵᠡᠢ᠃
 
ᠢᠷᠡᠯᠲᠡ᠄ ᠦᠬᠠᠢ ᠶᠢᠨ ᠷᠠᠳᠢᠣ᠋ ᠲᠧᠯᠸᠢᠰ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号