12 ᠰᠠᠷ᠎ᠠ ᠶᠢᠨ 25 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠯᠢᠦ ᠪᠦᠦ ᠴᠧᠩ ᠠᠵᠤ | ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ᠃ ᠲᠣᠭᠤᠷᠢᠭ ᠤᠨ | ᠤᠳᠤᠷᠢᠳᠤᠯᠭ᠎ᠠ ᠱᠢ ᠯᠢ ᠴᠢᠶᠠᠩ ᠣᠷᠣᠯᠴᠠᠪᠠ᠃ | ᠪᠠᠶᠢᠴᠠᠭᠠᠨ ᠰᠤᠳᠤᠯᠤᠯᠲᠠ ᠶᠢᠨ ᠳᠤᠮᠳᠠ᠂ ᠯᠢᠦ ᠪᠦᠦ ᠴᠧᠩ ᠥᠪᠥᠷ ᠮᠣᠩᠭᠤᠯ ᠤᠨ ᠲᠢᠶᠠᠨ ᠱᠦᠨ | ᠬᠤᠵᠢᠷ ᠤᠨ ᠦᠢᠯᠡᠰ ᠤᠨ ᠬᠢᠵᠠᠭᠠᠷᠲᠤ ᠺᠣᠮᠫᠠᠨᠢ᠂ ᠦᠬᠠᠶ ᠶᠢᠨ ᠱᠢ ᠯᠢᠶᠠᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠦᠬᠠᠶ ᠬᠤᠲᠠ ᠶᠢᠨ ᠴᠧᠩ ᠴᠧᠩ | ᠡᠨᠧᠷᠭᠢ ᠶᠢᠨ ᠶᠡᠭᠡ ᠪᠠᠷᠢᠯᠭ᠎ᠠ ᠶᠢᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ᠂ ᠦᠬᠠᠶ ᠬᠤᠲᠠ ᠶᠢᠨ ᠤᠣ ᠯᠢ ᠳᠠᠬᠢᠯᠲᠠ | ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠦᠬᠠᠶ ᠶᠢᠨ ᠬᠤᠩ ᠽᠧ ᠠᠵᠤ | ᠦᠢᠯᠡᠰ ᠤᠨ ᠬᠢᠵᠠᠭᠠᠷᠲᠤ ᠺᠣᠮᠫᠠᠨᠢ᠂ ᠦᠬᠠᠶ ᠬᠤᠲᠠ ᠶᠢᠨ ᠬᠠᠶ ᠯᠢ ᠨᠡᠭᠦᠷᠡᠰᠦᠨ ᠬᠡᠦᠷᠡᠰᠦ ᠶᠢᠨ ᠬᠢᠵᠠᠭᠠᠷᠲᠤ | ᠺᠣᠮᠫᠠᠨᠢ ᠳᠤ ᠬᠦᠷᠴᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠠᠮᠢ ᠠᠬᠤᠶ ᠶᠢᠨ ᠣᠷᠴᠢᠨ | ᠲᠣᠭᠤᠷᠢᠨ ᠤ ᠬᠠᠮᠠᠭᠠᠯᠠᠯᠲᠠ ᠪᠠ ᠠᠶᠤᠯᠭᠦᠶ ᠦᠢᠯᠡᠳᠪᠦᠷᠢᠯᠡᠯ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ | ᠪᠠᠶᠢᠴᠠᠭᠠᠨ ᠦᠵᠡᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠶᠠᠪᠤᠴᠠ ᠳᠤ ᠲᠤᠯᠭᠠᠷᠠᠭᠰᠠᠨ | ᠬᠦᠴᠢᠷ ᠠᠰᠠᠭᠤᠳᠠᠯ ᠢ ᠨᠠᠷᠢᠨ ᠠᠰᠠᠭᠤᠨ ᠯᠠᠪᠯᠠᠵᠠᠶ᠃ ᠲᠡᠷᠡ᠂ ᠠᠵᠤ ᠠᠬᠤᠶᠢᠯᠠᠯ ᠪᠣᠯ ᠣᠷᠣᠨ ᠨᠤᠲᠤᠭ ᠤᠨ ᠠᠵᠤ | ᠠᠬᠤᠢ ᠶᠢᠨ ᠨᠡᠮᠡᠭᠳᠡᠯ ᠢ ᠲᠤᠯᠭᠠᠭᠤᠷᠢᠯᠠᠬᠤ ᠲᠤᠯᠭᠠᠭᠤᠷᠢ ᠬᠦᠴᠦᠨ ᠮᠥᠨ᠂ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ ᠡᠮᠦᠨ᠎ᠡ ᠨᠢ ᠦᠢᠯᠡᠴᠢᠯᠡᠵᠦ᠂ ᠠᠵᠤ ᠠᠬᠤᠶᠢᠯᠠᠯ ᠤᠨ ᠬᠦᠰᠡᠯ | ᠱᠠᠭᠠᠷᠳᠠᠯᠭ᠎ᠠ ᠶᠢ ᠣᠶᠢᠯᠠᠭᠠᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠳᠤᠮᠳᠠ ᠣᠷᠣᠰᠢᠵᠤ ᠪᠠᠶᠢᠭ᠎ᠠ ᠬᠦᠴᠢᠷᠳᠡᠯ | ᠪᠣᠯᠤᠨ ᠠᠰᠠᠭᠤᠳᠠᠯ ᠢ ᠢᠳᠡᠪᠬᠢᠲᠡᠢ ᠵᠣᠬᠢᠴᠠᠭᠤᠯᠤᠨ ᠰᠢᠢᠳᠪᠦᠷᠢᠯᠡᠵᠦ᠂ ᠡᠯ᠎ᠡ ᠵᠦᠢᠯ ᠤᠨ ᠬᠠᠪᠰᠤᠷᠤᠨ ᠲᠡᠳᠬᠦᠬᠦ | ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠢ ᠬᠠᠪᠰᠤᠷᠤᠨ | ︽ᠥᠪᠡᠷ ᠤᠨ ᠦᠷᠳᠡᠭ ᠢ ᠪᠠᠭᠤᠷᠠᠭᠤᠯᠵᠤ᠂ ᠦᠷ᠎ᠡ ᠠᠰᠢᠭ ᠢ ᠨᠡᠮᠡᠭᠳᠡᠭᠦᠯᠵᠦ᠂ ᠶᠠᠰᠤ ᠴᠢᠨᠠᠷ ᠢ ᠳᠡᠭᠡᠭᠰᠢᠯᠡᠭᠦᠯᠵᠦ︾᠂ | ᠠᠵᠤ ᠠᠬᠤᠶᠢᠯᠠᠯ ᠤᠨ ᠲᠣᠭᠲᠠᠭᠤᠨ ᠡᠷᠡᠭᠦᠯ ᠢᠶᠠᠷ ᠬᠥᠭᠵᠢᠬᠦ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠬᠡᠯᠡᠪᠡ᠃ | ᠠᠵᠤ ᠠᠬᠤᠶᠢᠯᠠᠯ ᠤᠨ ᠬᠢᠨ ᠵᠠᠬ᠎ᠠ ᠳᠡᠯᠭᠡᠭᠦᠷ ᠤᠨ ᠬᠤᠪᠢᠷᠠᠯᠲᠠ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ | ᠬᠥᠭᠵᠢᠯᠲᠡ ᠶᠢᠨ ᠢᠲᠡᠭᠡᠯ ᠢᠶᠠᠨ ᠪᠠᠲᠤᠳᠬᠠᠵᠤ᠂ ᠡᠵᠡᠩᠨᠡᠯᠲᠡ ᠶᠢᠨ ᠠᠷᠭ᠎ᠠ ᠪᠤᠳᠤᠯᠭ᠎ᠠ ᠪᠠᠨ ᠴᠠᠭ ᠲᠤᠬᠠᠢ ᠳᠤᠨᠢ | ᠲᠤᠬᠢᠷᠠᠭᠤᠯᠵᠤ᠂ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠠᠭᠤᠳᠠᠯᠵᠤ᠂ ᠦᠢᠯᠡᠳᠬᠦᠨ ᠤ ᠦᠷᠳᠡᠭ ᠢᠶᠠᠨ | ᠲᠠᠰᠤᠷᠠᠯᠲᠠ ᠦᠭᠡᠢ ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠢᠶᠠᠨ ᠥᠷᠭᠡᠳᠬᠡᠵᠦ᠂ ᠬᠠᠶᠢᠨᠠᠨ ᠲᠣᠭᠤᠷᠢᠭ ᠤᠨ ᠠᠵᠤ | ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠲᠠᠬᠢᠨ ᠬᠤᠪᠢ ᠨᠡᠮᠡᠷᠢ ᠦᠵᠡᠭᠦᠯᠬᠦ ᠬᠡᠷᠡᠭᠲᠡᠢ ᠬᠡᠵᠡᠢ᠃ | ᠠᠶᠤᠯᠭᠦᠢ ᠦᠢᠯᠡᠳᠪᠦᠷᠢᠯᠡᠯ ᠪᠣᠯᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ︽ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ︾ ᠬᠠᠷᠢᠭᠤᠴᠠᠯᠭᠠᠲᠤ | ᠰᠡᠳᠬᠢᠯᠭᠡ ᠪᠠᠷ ᠠᠮᠤᠷ ᠲᠦᠪᠰᠢᠨ ᠤ ᠭᠡᠮ ᠰᠣᠭᠤᠭ ᠢ ᠪᠠᠶᠢᠴᠠᠭᠠᠨ ᠴᠡᠭᠴᠡᠯᠡᠨ ᠵᠠᠰᠠᠬᠤ ᠶᠢ ᠴᠢᠩᠭ᠎ᠠ ᠠᠳᠬᠤᠵᠤ᠂ | ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ | ᠨᠠᠶᠢᠳᠠᠪᠤᠷᠢᠵᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠯᠠᠭᠠᠨ ᠱᠤᠭᠤᠮ ᠪᠣᠯᠤᠨ | ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠡᠷᠡᠰ ᠪᠠᠲᠤ ᠰᠠᠬᠢᠬᠤ ᠬᠡᠷᠡᠭᠲᠡᠢ᠃ |