ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠠᠵᠢᠯ ᠤᠨ ᠬᠡᠷᠡᠭᠵᠢᠭᠦᠯᠬᠦ ᠠᠷᠭ᠎ᠠ
ᠨᠡᠶᠢᠲᠡᠯᠡᠭᠰᠡᠨ ᠴᠠᠭ᠄
2024/12/28
      ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠠᠵᠢᠯ ᠤᠨ ᠱᠠᠭᠠᠷᠳᠠᠯᠭ᠎ᠠ ᠶᠣᠰᠣᠭᠠᠷ᠂ ᠬᠠᠶᠢᠨᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠠᠤᠯᠢ ᠬᠡᠷᠡᠭᠵᠢᠭᠦᠯᠬᠦ ᠶᠡᠭᠡ ᠠᠩᠭᠢ ᠢᠳᠡᠪᠬᠢᠲᠡᠶ ᠪᠠᠷ ᠵᠣᠬᠢᠶᠠᠨ ᠪᠠᠶᠢᠭᠤᠯᠵᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠤᠨ ᠠᠬᠢᠭᠤᠯᠵᠤ᠂ ᠲᠣᠰ ᠠᠵᠢᠯ ᠢ ᠬᠢᠨᠠᠮᠠᠭᠠᠶ ᠥᠷᠨᠢᠭᠦᠯᠦᠨ᠎ᠡ᠃ ᠡᠳᠦᠭᠡ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠠᠵᠢᠯ ᠤᠨ ᠬᠡᠷᠡᠭᠵᠢᠭᠦᠯᠬᠦ ᠠᠷᠭ᠎ᠠ ᠶᠢ ᠨᠡᠶᠢᠲᠡᠯᠡᠪᠡ᠄      ᠨᠢᠭᠡ᠂ ᠰᠤᠭᠤᠴᠢᠨ ᠪᠠᠶᠢᠴᠠᠭᠠᠬᠤ ᠵᠠᠷᠴᠢᠮ      1. ᠬᠠᠤᠯᠢ ᠶᠣᠰᠣᠭᠠᠷ ᠵᠠᠰᠠᠭ ᠶᠠᠪᠤᠭᠤᠯᠬᠤ᠄ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠲᠣᠭᠲᠠᠭᠠᠯ ᠢ ᠦᠨᠳᠦᠰᠦᠯᠡᠨ ᠬᠢᠨᠠᠨ ᠬᠠᠮᠢᠶᠠᠷᠤᠨ᠎ᠠ᠃ ᠬᠢᠨᠠᠨ ᠵᠠᠬᠢᠷᠴᠤ ᠬᠠᠤᠯᠢ ᠬᠡᠷᠡᠭᠵᠢᠭᠦᠯᠬᠦ      ᠬᠠᠤᠯᠢ ᠶᠣᠰᠣᠭᠠᠷ ᠠᠵᠢᠯᠯᠠᠬᠤ ᠶᠢ ᠴᠢᠩᠭᠠᠳᠬᠠᠬᠤ ᠮᠥᠷᠲᠡᠭᠡᠨ ᠪᠠᠰᠠ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠶ ᠭᠦᠢᠴᠡᠳᠬᠡᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠵᠠᠰᠠᠭ ᠵᠠᠬᠢᠷᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠯᠦᠭᠡ ᠨᠢᠭᠡᠳᠬᠡᠬᠦ ᠬᠡᠷᠡᠭᠲᠡᠶ᠃      2. ᠡᠷᠬᠡ ᠲᠡᠭᠰᠢ ᠢᠯᠡ ᠪᠠᠶᠢᠯᠭᠠᠬᠤ᠄ ᠠᠳᠠᠯᠢ ᠨᠢᠭᠡᠨ ᠲᠠᠪᠴᠠᠩ ᠳᠣᠤᠷ᠎ᠠ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠲᠣᠬᠢᠶᠠᠯᠳᠤᠯ ᠢᠶᠠᠷ ᠰᠣᠩᠭᠤᠨ ᠠᠪᠤᠨ᠎ᠠ᠃      ᠳᠡᠯᠡᠪᠡᠢ ᠶᠢᠨ ᠭᠤᠤᠯ ᠴᠣᠠᠠᠴᠠ ᠶᠢᠨ ᠨᠡᠷᠡᠰ ᠪᠠ ᠰᠤᠭᠤᠴᠢᠨ ᠪᠠᠶᠢᠴᠠᠭᠠᠬᠰᠠᠨ ᠦᠷ᠎ᠠ ᠳ᠋ᠦᠡᠭ ᠢ ᠨᠡᠶᠢᠭᠡᠮ ᠨᠡᠶᠢᠲᠡ ᠳᠤ ᠢᠯᠡ ᠨᠡᠶᠢᠳᠡᠯᠡᠨ᠎ᠠ᠃      3. ᠰᠢᠠᠵᠢᠯᠠᠭᠦ ᠣᠬᠠᠭᠠᠨᠴᠢ ᠵᠢᠷᠣᠮᠵᠢᠭᠤᠯᠣᠯ      ᠳᠡᠰ ᠳᠠᠷᠠᠭᠠᠯᠠᠯ ᠪᠠ ᠴᠤᠪᠤᠷᠠᠯ ᠢ ᠵᠢᠷᠤᠮᠵᠢᠭᠤᠯᠵᠤ᠂ ᠰᠢᠨᠵᠢᠯᠡᠬᠦ ᠤᠬᠠᠭᠠᠨᠴᠢ ᠠᠷᠭ᠎ᠠ ᠪᠠᠷᠢᠯ ᠢᠶᠠᠷ ᠳᠠᠮᠵᠢᠨ ᠰᠢᠨᠵᠢᠯᠡᠬᠦ ᠤᠬᠠᠭᠠᠨᠴᠢ ᠬᠢᠨᠠᠯᠲᠠ ᠬᠠᠮᠢᠶᠠᠷᠤᠯᠲᠠ ᠶᠢ ᠪᠡᠶᠡᠯᠡᠭᠦᠯᠦᠨ᠎ᠡ᠃      ᠬᠤᠶᠠᠷ᠂ ᠰᠤᠭᠤᠴᠢᠨ ᠪᠠᠶᠢᠴᠠᠭᠠᠬᠤ ᠠᠷᠭ᠎ᠠ ᠮᠠᠶ᠋ᠢᠭ 1. ᠬᠠᠨᠳᠤᠯᠭᠠᠲᠤ ᠠᠷᠭ᠎ᠠ ᠮᠠᠶ᠋ᠢᠭ ᠢᠶᠠᠷ ᠲᠠᠰᠢᠷᠠᠮ ᠳᠠᠭᠠᠤ ᠰᠤᠭᠤᠴᠢᠨ ᠪᠠᠶᠢᠴᠠᠭᠠᠪᠠ᠄ ᠰᠤᠭᠤᠴᠢᠨ ᠪᠠᠶᠢᠴᠠᠭᠠᠭᠳᠠᠬᠤ ᠡᠲᠡᠭᠡᠳ ᠤᠨ ᠲᠥᠷᠥᠯ ᠬᠡᠯᠪᠡᠷᠢ᠂ ᠠᠵᠢᠯ ᠲᠥᠷᠥᠯ᠂ ᠬᠡᠪᠴᠢᠶ᠎ᠡ ᠵᠡᠷᠭᠡ ᠣᠨᠴᠠ ᠲᠣᠭᠲᠠᠭᠰᠠᠨ ᠨᠥᠬᠦᠴᠡᠯ ᠤᠨ ᠶᠣᠰᠣᠭᠠᠷ᠂ ᠪᠠᠶᠢᠴᠠᠭᠠᠯᠲᠠ ᠬᠢᠬᠦ ᠭᠡᠵᠦ ᠪᠠᠶᠢᠭ᠎ᠠ ᠡᠲᠡᠭᠡᠳ ᠤᠨ ᠨᠡᠷᠡᠰ ᠢ ᠲᠣᠬᠢᠶᠠᠯᠳᠤᠯ ᠢᠶᠠᠷ ᠰᠣᠩᠭᠤᠨ ᠠᠪᠤᠨ᠎ᠠ᠃ ᠬᠠᠨᠳᠤᠯᠭ᠎ᠠ ᠲᠠᠢ ᠪᠠᠷ ᠰᠣᠭᠤᠴᠠᠨ ᠪᠠᠶᠢᠴᠠᠭᠠᠬᠤ ᠳᠤ ᠭᠤᠣᠯᠳᠠᠭᠤ ᠵᠠᠭᠠᠯᠳᠤᠵᠤ ᠢᠯᠡᠴᠢᠯᠡᠨ ᠮᠡᠳᠡᠭᠦᠯᠦᠭᠰᠡᠨ ᠨᠢ ᠠᠷᠪᠢᠨ᠂ ᠡᠵᠡᠩᠨᠡᠯᠲᠡ ᠶᠢᠨ ᠬᠡᠪ ᠤᠨ ᠪᠤᠰᠤ ᠨᠡᠷᠡᠰ ᠤᠨ ᠵᠢᠭᠰᠠᠭᠠᠯᠲᠠ ᠳᠤ ᠣᠷᠣᠭᠤᠯᠤᠭᠰᠠᠨ ᠪᠤᠶᠤ ᠬᠠᠤᠯᠢ ᠲᠣᠭᠲᠠᠭᠠᠯ ᠠᠴᠠ ᠬᠦᠨᠳᠦ ᠨᠣᠴᠢᠲᠠᠶ ᠵᠥᠷᠢᠴᠡᠭᠰᠡᠨ ᠲᠡᠮᠳᠡᠭᠯᠡᠯ ᠲᠠᠢ ᠵᠡᠷᠭᠡ ᠪᠠᠶᠢᠳᠠᠯ ᠤᠨ ᠪᠠᠶᠢᠴᠠᠭᠠᠭᠳᠠᠬᠤ ᠡᠲᠡᠭᠡᠳ ᠲᠤ ᠲᠣᠭᠠᠴᠠᠭᠳᠠᠨ᠎ᠠ᠃     2. ᠴᠢᠭᠯᠡᠯᠲᠦ ᠪᠤᠰᠤ ᠠᠷᠭ᠎ᠠ ᠮᠠᠶ᠋ᠢᠭ ᠢᠶᠠᠷ ᠰᠤᠭᠤᠴᠢᠨ ᠪᠠᠶᠢᠴᠠᠭᠠᠬᠤ᠄ ᠪᠠᠶᠢᠴᠠᠭᠠᠬᠤ ᠡᠲᠡᠭᠡᠳ ᠲᠤ ᠨᠥᠬᠦᠴᠡᠯ ᠲᠣᠭᠲᠠᠭᠠᠵᠤ ᠥᠭᠬᠦ ᠦᠭᠡᠢ᠃      ᠨᠣᠮᠧᠷ ᠲᠠᠲᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠠᠶᠢᠴᠠᠭᠠᠬᠤ ᠶᠢ ᠬᠦᠯᠢᠶᠡᠵᠦ ᠪᠠᠶᠢᠭ᠎ᠠ ᠡᠲᠡᠭᠡᠳ ᠤᠨ ᠨᠡᠷᠡᠰ ᠢ ᠲᠣᠬᠢᠶᠠᠯᠳᠤᠯ ᠢᠶᠠᠷ ᠰᠣᠩᠭᠤᠵᠤ᠂ ᠰᠤᠭᠤᠴᠢᠨ ᠪᠠᠶᠢᠴᠠᠭᠠᠬᠤ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠲᠠᠯᠪᠢᠬᠤ ᠠᠵᠢᠯᠲᠠᠨ ᠢ ᠬᠡᠷᠡᠭᠵᠢᠭᠦᠯᠵᠦ᠂ ᠨᠣᠮᠧᠷ ᠲᠠᠲᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠲᠠᠯᠪᠢᠬᠤ ᠠᠵᠢᠯᠲᠠᠨ ᠤ ᠨᠡᠷᠡᠰ ᠤᠨ ᠬᠥᠮᠥᠷᠭᠡ  ᠠᠴᠠ  ᠪᠠᠶᠢᠴᠠᠭᠠᠬᠤ  ᠠᠭᠤᠯᠭ᠎ᠠ  ᠶᠢ  ᠦᠨᠳᠦᠰᠦᠯᠡᠨ᠂ ᠲᠤᠰᠬᠠᠶ ᠮᠡᠷᠭᠡᠵᠢᠯ ᠲᠠᠢ ᠤᠶᠠᠯᠳᠤᠭᠤᠯᠤᠨ  ᠲᠣᠬᠢᠶᠠᠯᠳᠤᠯ  ᠢᠶᠠᠷ  ᠰᠣᠩᠭᠤᠨ ᠲᠣᠮᠢᠯᠠᠨ᠎ᠠ᠃      ᠭᠤᠷᠪᠠ᠂ ᠰᠤᠭᠤᠴᠢᠨ ᠪᠠᠶᠢᠴᠠᠭᠠᠬᠤ ᠬᠠᠷᠢᠴᠠᠯ᠂ ᠤᠳᠠᠭ᠎ᠠ ᠳᠠᠷᠠᠭ᠎ᠠ      1. ᠴᠢᠬᠤᠯᠠ ᠪᠦᠬᠦᠢ ᠰᠤᠭᠤᠴᠢᠨ ᠪᠠᠶᠢᠴᠠᠭᠠᠬᠤ ᠬᠠᠮᠤᠷᠬᠤ ᠬᠡᠪᠴᠢᠶ᠎ᠡ ᠶᠢ ᠪᠠᠲᠤᠯᠠᠬᠤ ᠶᠢᠨ ᠲᠥᠯᠥᠭᠡ᠂ ᠪᠠᠰᠠ ᠬᠡᠲᠦ ᠶᠡᠭᠡ ᠪᠠᠶᠢᠴᠠᠭᠠᠯᠲᠠ ᠪᠠ ᠬᠠᠤᠯᠢ ᠬᠡᠷᠡᠭᠵᠢᠭᠦᠯᠦᠯᠲᠡ ᠪᠠᠷ ᠠᠷᠠᠳ ᠢ ᠬᠠᠷᠰᠢᠯᠠᠬᠤ ᠶᠢ ᠰᠡᠷᠭᠡᠶᠢᠯᠡᠵᠦ᠂ ᠵᠠᠭᠠᠯᠳᠤᠵᠤ ᠢᠯᠡᠴᠢᠯᠡᠨ ᠮᠡᠳᠡᠭᠦᠯᠬᠦ ᠪᠠᠷ ᠠᠷᠪᠢᠨ᠂ ᠡᠵᠡᠩᠨᠡᠯᠲᠡ ᠶᠢᠨ ᠬᠡᠪ ᠤᠨ ᠪᠤᠰᠤ ᠨᠡᠷᠡᠰ ᠤᠨ ᠵᠢᠭᠰᠠᠭᠠᠯᠲᠠ ᠳᠤ ᠣᠷᠣᠭᠤᠯᠤᠭᠰᠠᠨ ᠪᠤᠶᠤ ᠬᠠᠤᠯᠢ ᠲᠣᠭᠲᠠᠭᠠᠯ ᠠᠴᠠ ᠬᠦᠨᠳᠦ ᠨᠣᠴᠢᠲᠠᠶ ᠵᠥᠷᠢᠴᠡᠭᠰᠡᠨ ᠲᠡᠮᠳᠡᠭᠯᠡᠯ ᠲᠠᠢ ᠡᠲᠡᠭᠡᠳ ᠢ ᠰᠤᠭᠤᠴᠢᠨ ᠪᠠᠶᠢᠴᠠᠭᠠᠬᠤ ᠬᠠᠷᠢᠴᠠᠯ ᠢ 50%᠂ ᠬᠤᠶᠠᠷ ᠵᠢᠯ ᠳᠤ ᠨᠢᠭᠡ ᠤᠳᠠᠭ᠎ᠠ ᠪᠠᠶᠢᠴᠠᠭᠠᠨ᠎ᠠ᠃      2. ᠪᠣᠰᠣᠳ ᠡᠳᠣᠷ ᠲᠣᠳᠣᠮ ᠤᠨ ᠬᠢᠨᠠᠯᠲᠠ ᠬᠠᠮᠢᠶᠠᠷᠣᠯᠲᠠ ᠬᠢᠬᠦ ᠡᠲᠡᠭᠡᠳ ᠢ ᠰᠣᠭᠤᠴᠠᠨ ᠪᠠᠶᠢᠴᠠᠭᠠᠬᠤ ᠬᠠᠷᠢᠴᠠᠯ ᠨᠢ 20% ᠪᠠᠶᠢᠵᠦ ᠲᠠᠪᠣᠨ ᠵᠢᠯ ᠪᠦᠷᠢ ᠳᠤ      ᠨᠢᠭᠡ ᠡᠭᠡᠯᠵᠢ ᠶᠢᠨ ᠪᠠᠶᠢᠴᠠᠭᠠᠯᠲᠠ ᠬᠢᠬᠦ᠃      ᠳᠥᠷᠪᠡ᠂ ᠠᠵᠢᠯ ᠤᠨ ᠱᠠᠭᠠᠷᠳᠠᠯᠭ᠎ᠠ      1. ᠬᠠᠤᠯᠢ ᠬᠡᠷᠡᠭᠵᠢᠭᠦᠯᠬᠦ ᠠᠵᠢᠯᠲᠠᠨ ᠤ ᠬᠢᠷᠢ ᠬᠡᠮ ᠤᠨ ᠬᠠᠮᠢᠶᠠᠷᠤᠯᠲᠠ ᠶᠢ ᠴᠢᠩᠳᠠᠯᠠᠵᠤ᠂ ᠬᠠᠤᠯᠢ ᠬᠡᠷᠡᠭᠵᠢᠭᠦᠯᠬᠦ ᠬᠢᠷᠢ ᠬᠡᠮ ᠥᠬᠡᠶ ᠬᠥᠮᠦᠰ ᠢ ᠴᠥᠮ ᠪᠠᠷᠢᠵᠤ ᠪᠣᠯᠬᠤ ᠥᠬᠡᠶ᠃      ᠬᠠᠤᠯᠢ ᠶᠢ ᠪᠠᠶᠢᠴᠠᠬᠠᠬᠤ ᠠᠵᠢᠯᠲᠠᠨ ᠤ ᠨᠡᠷᠡᠰ ᠤᠨ ᠬᠥᠮᠥᠷᠭᠡ᠃      2. ᠲᠠᠰᠢᠷᠠᠮ ᠤᠨ ᠰᠤᠭᠤᠴᠢᠨ ᠪᠠᠶᠢᠴᠠᠭᠠᠬᠤ ᠠᠵᠢᠯ ᠢ ᠥᠷᠨᠢᠭᠦᠯᠬᠦ ᠳᠤ᠂ ᠡᠷᠬᠡᠪᠰᠢ ᠬᠤᠶᠠᠷ ᠠᠴᠠ ᠳᠡᠭᠡᠭᠰᠢᠬᠢ ᠬᠠᠤᠯᠢ ᠬᠡᠷᠡᠭᠵᠢᠭᠦᠯᠬᠦ ᠠᠵᠢᠯᠲᠠᠨ ᠬᠠᠮᠲᠤ ᠪᠠᠷ ᠪᠡᠶᠡᠯᠡᠭᠦᠯᠬᠦ ᠬᠡᠷᠡᠭᠲᠡᠶ᠃      3. ᠲᠠᠰᠢᠷᠠᠮ ᠢᠶᠠᠷ ᠰᠤᠭᠤᠴᠢᠨ ᠪᠠᠶᠢᠴᠠᠭᠠᠬᠤ ᠳᠤ ᠲᠣᠬᠢᠶᠠᠯᠳᠤᠯ ᠢᠶᠠᠷ ᠰᠤᠭᠤᠴᠢᠨ ᠪᠠᠶᠢᠴᠠᠭᠠᠬᠤ ᠵᠦᠢᠯᠡᠰ ᠤᠨ ᠨᠠᠷᠢᠨ ᠬᠠᠭᠤᠳᠠᠰᠤ ᠳᠤ ᠵᠢᠭᠰᠠᠭᠠᠭᠰᠠᠨ ᠠᠭᠤᠯᠭ᠎ᠠ ᠶᠢᠨ ᠶᠣᠰᠣᠭᠠᠷ ᠪᠠᠶᠢᠴᠠᠭᠠᠯᠲᠠ ᠬᠢᠵᠦ᠂ ᠴᠢᠩᠭ᠎ᠠ ᠴᠠᠭᠠᠵᠠᠯᠠᠨ᠎ᠠ᠃      ᠬᠡᠪᠴᠢᠶ᠎ᠡ ᠠᠴᠠ ᠳᠠᠪᠠᠭᠤᠯᠤᠨ ᠬᠠᠤᠯᠢ ᠬᠡᠷᠡᠭᠵᠢᠭᠦᠯᠬᠦ᠃      4. ᠠᠳᠠᠯᠢ ᠨᠢᠭᠡᠨ ᠡᠲᠡᠭᠡᠳ ᠤᠨ ᠣᠯᠠᠨ ᠪᠠᠶᠢᠴᠠᠭᠠᠯᠲᠠ ᠶᠢᠨ ᠵᠦᠢᠯᠡᠰ ᠢ ᠵᠠᠷᠴᠢᠮ ᠳᠡᠭᠡᠷ᠎ᠡ ᠪᠠᠨ ᠨᠢᠭᠡ ᠯᠡ ᠤᠳᠠᠭ᠎ᠠ ᠳᠤ ᠪᠡᠶᠡᠯᠡᠭᠦᠯᠬᠦ ᠬᠡᠷᠡᠭᠲᠡᠶ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号