ᠰᠤᠷᠭᠠᠨ ᠬᠥᠮᠦᠵᠢᠯ ᠤᠨ ᠲᠣᠪᠴᠢᠶ᠎ᠠ ᠬᠠᠶᠢᠨᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠪᠠᠶᠢᠭᠤᠯᠭ᠎ᠠ ᠶᠢᠨ ᠠᠵᠢᠯ ᠤᠨ ᠰᠠᠬᠢᠯᠭ᠎ᠠ ᠪᠠᠲᠤ ᠶᠢᠨ ᠲᠤᠰᠬᠠᠶ ᠰᠡᠳᠦᠪᠲᠦ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/12/28
     11 ᠰᠠᠷ᠎ᠠ ᠶᠢᠨ 29 ᠤ ᠡᠳᠦᠷ᠂ ᠲᠤᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠬᠠᠶᠢᠨᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠪᠠᠶᠢᠭᠤᠯᠭ᠎ᠠ ᠶᠢᠨ ᠠᠵᠢᠯ ᠤᠨ ᠰᠠᠬᠢᠯᠭ᠎ᠠ ᠪᠠᠲᠤ ᠶᠢᠨ ᠲᠤᠰᠬᠠᠶ ᠰᠡᠳᠦᠪᠲᠦ ᠬᠤᠷᠠᠯ ᠢ ᠬᠤᠷᠠᠯᠳᠤᠭᠤᠯᠵᠤ᠂ ᠬᠠᠶᠢᠨᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠠᠯᠪᠠᠨ ᠬᠡᠷ ᠲᠤᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠤᠨ ︽ᠠᠵᠢᠯ ᠤᠨ ᠰᠠᠬᠢᠯᠭ᠎ᠠ ᠪᠠᠲᠤ ᠶᠢ ᠤᠯᠠᠮ ᠨᠢᠭᠡ ᠠᠯᠬᠤᠮ ᠴᠢᠩᠳᠠᠯᠠᠬᠤ ᠲᠤᠬᠠᠶ ᠮᠡᠳᠡᠭᠳᠡᠯ︾ ᠢ ᠤᠯᠠᠮᠵᠢᠯᠠᠵᠤ᠂ ᠲᠣᠪᠴᠢᠶ᠎ᠠ ᠶᠢᠨ ᠪᠠᠶᠢᠭᠤᠯᠭ᠎ᠠ ᠶᠢᠨ ᠪᠥᠬᠦ ᠠᠵᠢᠯᠲᠠᠳ ᠨᠢᠭᠡ ᠳᠤ ᠰᠠᠬᠢᠯᠭ᠎ᠠ ᠪᠠᠲᠤ ᠶᠢ ᠡᠷᠬᠢᠮᠯᠡᠵᠦ᠂ ᠶᠣᠰᠣ ᠲᠦᠷᠢᠮ ᠤᠨ ᠤᠬᠠᠮᠰᠠᠷ ᠢᠶᠠᠨ ᠴᠢᠩᠭᠠᠳᠬᠠᠬᠤ ᠬᠡᠷᠡᠭᠲᠡᠶ ᠭᠡᠵᠦ ᠴᠢᠬᠤᠯᠠᠴᠢᠯᠠᠪᠠ᠃ ᠰᠠᠬᠢᠯᠭ᠎ᠠ ᠪᠠᠲᠤ ᠶᠢ ᠰᠠᠬᠢᠵᠤ᠂ ᠪᠢᠰᠢᠷᠡᠨ ᠵᠢᠷᠦᠬᠡᠰᠢᠶᠡᠬᠦ ᠶᠢ ᠮᠡᠳᠡᠵᠦ᠂ ᠬᠤᠷᠢᠭ᠎ᠠ ᠱᠤᠭᠤᠮ ᠢ ᠲᠣᠳᠣᠷᠬᠠᠶᠢᠯᠠᠵᠤ᠂ ᠠᠵᠢᠯ ᠤᠨ ᠣᠪᠣᠷ ᠢᠶᠠᠨ ᠲᠥᠪ ᠪᠣᠯᠭᠠᠵᠤ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠬᠦ ᠬᠡᠷᠡᠭᠲᠡᠢ᠃ ᠬᠤᠶᠠᠷ ᠲᠤ᠂ ᠬᠠᠷᠢᠭᠤᠴᠠᠯᠭ᠎ᠠ ᠡᠭᠦᠷᠭᠡᠯᠡᠬᠦ ᠶᠢ ᠡᠷᠬᠢᠮᠯᠡᠵᠦ᠂ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠬᠤ ᠬᠡᠷᠡᠭᠲᠡᠢ᠃ ᠠᠵᠢᠯ ᠤᠨ ᠰᠤᠷᠲᠠᠯ ᠢᠶᠠᠨ ᠦᠨᠡᠨ ᠬᠦ ᠰᠠᠶᠢᠵᠢᠷᠠᠭᠤᠯᠵᠤ᠂ ᠬᠤᠪᠢ ᠬᠥᠮᠦᠨ ᠤ ᠠᠵᠢᠯ ᠤᠨ ᠳᠤᠮᠳᠠᠬᠢ ᠬᠦᠷᠦᠯᠴᠡᠬᠦ ᠦᠭᠡᠢ ᠲᠠᠯ᠎ᠠ ᠪᠠ ᠳᠤᠲᠠᠭᠤᠳᠠᠯ ᠳᠤ ᠭᠦᠨᠵᠡᠭᠡᠢ ᠵᠠᠳᠠᠯᠤᠯᠲᠠ ᠬᠢᠵᠦ᠂ ᠲᠡᠷᠡ ᠳᠠᠷᠤᠢ ᠳᠤᠨᠢ ᠬᠡᠷᠡᠭᠵᠢᠭᠦᠯᠵᠦ ᠲᠡᠷᠡ ᠳᠠᠷᠤᠢ ᠳᠤᠨᠢ ᠥᠭᠡᠷᠡᠴᠢᠯᠡᠵᠦ᠂ ᠠᠵᠢᠯ ᠤᠨ ᠰᠤᠷᠲᠠᠯ ᠪᠣᠳᠠᠲᠠᠢ ᠪᠢᠰᠢ᠂ ᠠᠵᠢᠯ ᠤᠨ ᠰᠠᠬᠢᠯᠭ᠎ᠠ ᠪᠠᠲᠤ ᠴᠢᠩᠭ᠎ᠠ ᠦᠭᠡᠢ ᠪᠠᠶᠢᠳᠠᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃ ᠲᠣᠰ ᠤᠳᠠᠭᠠᠨ ᠤ ᠬᠤᠷᠠᠯ ᠤᠨ ᠵᠣᠷᠢᠯᠭ᠎ᠠ ᠪᠣᠯ ᠰᠤᠷᠭᠠᠨ ᠬᠥᠮᠦᠵᠢᠯ ᠤᠨ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠨᠳᠤᠯᠭᠠᠲᠤ ᠴᠢᠨᠠᠷ ᠪᠠ ᠪᠣᠳᠠᠲᠤ ᠦᠷ᠎ᠡ ᠪᠦᠳᠦᠮᠵᠢᠳᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠵᠦ᠂ ᠰᠠᠶᠢᠨ ᠰᠠᠶᠢᠬᠠᠨ ᠤᠯᠤᠰ ᠲᠥᠷᠥ ᠶᠢᠨ ᠠᠮᠢ ᠠᠬᠤᠶ ᠶᠢ ᠬᠠᠮᠠᠭᠠᠯᠠᠵᠤ᠂ ᠪᠢᠴᠢᠭ ᠵᠢᠭᠠᠵᠤ ᠬᠥᠮᠦᠨ ᠢ ᠬᠥᠮᠦᠵᠢᠭᠦᠯᠬᠦ ᠬᠠᠷᠢᠭᠤᠴᠠᠯᠭ᠎ᠠ ᠡᠭᠦᠷᠭᠡᠯᠡᠯ ᠪᠠ ᠪᠠᠭᠰᠢ ᠶᠢᠨ ᠬᠦᠰᠦᠨᠦᠭ᠂ ᠲᠥᠪ ᠭᠤᠤᠯᠴᠢ ᠠᠷᠢᠭᠤᠨ ᠴᠢᠬᠡᠴᠢ ᠰᠠᠶᠢᠨ ᠰᠠᠶᠢᠬᠠᠨ ᠳᠦᠷᠢ ᠲᠥᠷᠬᠦ ᠶᠢ ᠪᠠᠲᠤ ᠰᠠᠬᠢᠬᠤ ᠶᠢᠨ ᠲᠥᠯᠥᠭᠡ ᠶᠤᠮ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号