ᠨᠢᠭᠡᠳᠦᠭᠡᠷ ᠵᠦᠢᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠵᠥᠪᠰᠢᠶᠡᠷᠡᠭᠰᠡᠨ ︽ᠬᠠᠶᠢᠨᠠᠨ ᠲᠣᠭᠤᠷᠢᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ︾ | ᠪᠣᠯᠤᠨ ᠬᠠᠶᠢᠨᠠᠨ ᠲᠣᠭᠤᠷᠢᠭ ᠤᠨ ᠳᠠᠷᠤᠮᠠᠯᠯᠠᠨ ᠲᠠᠷᠬᠠᠭᠠᠭᠰᠠᠨ ︽ᠬᠠᠶᠢᠨᠠᠨ ᠲᠣᠭᠤᠷᠢᠭ ᠤᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ ᠦᠨᠳᠦᠰᠦᠯᠡᠨ᠂ ᠲᠣᠰ ᠲᠣᠭᠲᠠᠭᠠᠯ ᠢ ᠲᠣᠭᠲᠠᠭᠠᠪᠠ᠃ | ᠬᠤᠶᠠᠳᠤᠭᠠᠷ ᠵᠦᠢᠯ ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ ᠪᠣᠯ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠣᠯᠤᠨ᠎ᠠ᠃ | ᠭᠤᠷᠪᠠᠳᠤᠭᠠᠷ ᠵᠦᠶ᠋ᠯ ᠣᠷᠣᠨ ᠤ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠤᠯᠤᠰ ᠤᠨ ᠳᠣᠲᠣᠭᠠᠳᠤ | ᠭᠠᠳᠠᠭᠠᠳᠤ ᠶᠢᠨ ᠠᠷᠠᠯᠵᠢᠶ᠎ᠠ᠂ ᠣᠯᠠᠨ ᠤᠯᠤᠰ ᠤᠨ ᠠᠵᠤ ᠠᠬᠤᠶ ᠶᠢᠨ ᠬᠠᠮᠲᠤᠷᠠᠯᠴᠠᠭ᠎ᠠ᠂ ᠭᠠᠳᠠᠭᠠᠳᠤ ᠶᠢᠨ | ᠬᠤᠳᠠᠯᠳᠤᠭᠠᠴᠢᠨ ᠤ ᠪᠠᠯᠠ ᠣᠷᠣᠭᠤᠯᠤᠯᠲᠠ ᠪᠠ ᠪᠣᠭᠤᠮᠲᠠ ᠶᠢᠨ ᠬᠠᠮᠢᠶᠠᠷᠤᠯᠲᠠ ᠶᠢᠨ ᠠᠵᠢᠯ ᠤᠨ ᠲᠤᠬᠠᠶ ᠨᠠᠮ ᠤᠨ | ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠲᠤᠭᠤᠷᠢᠭ ᠤᠨ ᠨᠠᠮ ᠤᠨ ᠬᠤᠷᠢᠶ᠎ᠠ ᠶᠢᠨ ᠬᠠᠮᠢᠶ᠎ᠠ ᠪᠥᠬᠦᠶ | ᠰᠢᠶ᠋ᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠭᠦᠷᠭᠡ | ᠬᠠᠷᠢᠭᠤᠴᠠᠯᠭ᠎ᠠ ᠪᠠᠨ ᠭᠦᠶ᠋ᠴᠡᠳᠬᠡᠬᠦ ᠶᠠᠪᠤᠴᠠ ᠳᠤ ᠤᠯᠤᠰ ᠤᠨ ᠳᠣᠲᠣᠭᠠᠳᠤ ᠭᠠᠳᠠᠭᠠᠳᠤ ᠶᠢᠨ ᠠᠷᠠᠯᠵᠢᠶ᠎ᠠ᠂ ᠣᠯᠠᠨ | ᠤᠯᠤᠰ ᠤᠨ ᠠᠵᠤ ᠠᠬᠤᠶ ᠶᠢᠨ ᠬᠠᠮᠲᠤᠷᠠᠯᠴᠠᠭ᠎ᠠ᠂ ᠭᠠᠳᠠᠭᠠᠳᠤ ᠶᠢᠨ ᠬᠤᠳᠠᠯᠳᠤᠭᠠᠴᠢᠨ ᠤ ᠪᠠᠯᠠ ᠣᠷᠣᠭᠤᠯᠤᠯᠲᠠ ᠪᠠ | ᠪᠣᠭᠤᠮᠲᠠ ᠶᠢᠨ ᠬᠠᠮᠢᠶᠠᠷᠤᠯᠲᠠ ᠶᠢᠨ ᠠᠵᠢᠯ ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ | ᠪᠠᠷᠢᠮᠲᠠᠯᠠᠨ ᠴᠢᠩᠭᠠᠳᠬᠠᠨ᠎ᠠ ᠭᠤᠣᠯ ᠡᠭᠦᠷᠭᠡ ᠬᠠᠷᠢᠭᠤᠴᠠᠯᠭ᠎ᠠ ᠪᠣᠯ᠄ | ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ᠂ ᠦᠬᠠᠢ ᠬᠤᠳᠠ ᠶᠢᠨ ᠬᠤᠯᠪᠣᠭᠳᠠᠯ ᠪᠦᠬᠦᠢ | ᠤᠯᠤᠰ ᠤᠨ ᠳᠣᠲᠣᠭᠠᠳᠤ ᠭᠠᠳᠠᠭᠠᠳᠤ ᠶᠢᠨ ᠠᠷᠠᠯᠵᠢᠶ᠎ᠠ᠂ ᠤᠯᠠᠨ ᠤᠯᠤᠰ ᠤᠨ ᠠᠵᠤ ᠠᠬᠤᠢ ᠶᠢᠨ ᠬᠠᠮᠲᠤᠷᠠᠯᠴᠠᠭ᠎ᠠ᠂ | ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ᠂ ᠪᠣᠭᠤᠮᠲᠠ ᠶᠢᠨ ᠠᠵᠢᠯ ᠤᠨ ᠴᠢᠭᠯᠡᠯᠲᠡ ᠲᠦᠷᠦ ᠶᠢᠨ | ᠪᠤᠳᠤᠯᠭ᠎ᠠ ᠪᠣᠯᠤᠨ ᠬᠠᠤᠯᠢ ᠴᠠᠭᠠᠵᠠ ᠬᠠᠤᠯᠢ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠵᠦ᠂ ᠬᠠᠮᠢᠶ᠎ᠠ ᠪᠦᠬᠦᠢ | ᠲᠦᠷᠦ ᠶᠢᠨ ᠪᠤᠳᠤᠯᠭ᠎ᠠ ᠶᠢ ᠲᠤᠭᠤᠷᠪᠢᠨ ᠲᠣᠭᠲᠠᠭᠠᠨ᠎ᠠ᠃ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢᠨ | ᠬᠠᠨᠳᠤᠰᠢ ᠶᠢ ᠰᠤᠳᠤᠯᠵᠤ᠂ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ | ︵ᠬᠤᠶᠠᠷ︶ ᠭᠦᠢᠯᠭᠡᠭᠡᠨ ᠤ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠲᠦᠯᠬᠢᠨ | ᠠᠬᠢᠭᠤᠯᠬᠤ ᠶᠢ ᠬᠠᠷᠢᠭᠤᠴᠠᠵᠤ᠂ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠦᠢᠯᠡᠰ ᠪᠣᠯᠤᠨ ᠨᠡᠶᠢᠭᠡᠮ | ᠲᠣᠭᠤᠷᠢᠭ ᠤᠨ ᠬᠤᠳᠠᠯᠳᠤᠭᠠᠨ ᠤ ᠬᠥᠭᠵᠢᠯᠲᠡ ᠶᠢ ᠵᠢᠯᠣᠭᠤᠳᠴᠤ᠂ ᠳᠤᠮᠳᠠ ᠪᠠᠭ᠎ᠠ ᠠᠷᠠᠯᠵᠢᠶ᠎ᠠ ᠬᠤᠳᠠᠯᠳᠤᠭᠠᠨ ᠤ | ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠴᠤ᠂ | ᠭᠦᠢᠯᠭᠡᠭᠡᠨ ᠤ ᠪᠠᠷᠢᠮᠵᠢᠶᠠᠵᠢᠭᠤᠯᠤᠯᠲᠠ ᠪᠣᠯᠤᠨ ᠬᠡᠯᠬᠢᠶ᠎ᠡ ᠡᠵᠡᠩᠨᠡᠯᠲᠡ᠂ ᠬᠤᠳᠠᠯᠳᠤᠭᠠᠨ ᠤ ᠣᠨᠴᠠ ᠵᠥᠪᠰᠢᠶᠡᠷᠡᠭᠰᠡᠨ | ᠡᠵᠡᠩᠨᠡᠯᠲᠡ᠂ ᠪᠠᠷᠠᠭ᠎ᠠ ᠶᠢᠨ ᠭᠦᠢᠯᠭᠡᠭᠡᠨ ᠤ ᠲᠣᠬᠢᠷᠠᠭᠤᠯᠤᠨ ᠬᠦᠷᠭᠡᠬᠦ᠂ ᠡᠯᠧᠺᠲᠷᠣᠨ ᠬᠤᠳᠠᠯᠳᠤᠭᠠᠨ ᠤ ᠶᠠᠪᠤᠳᠠᠯ | ᠵᠡᠷᠭᠡ ᠣᠳᠣ ᠦ᠊ ᠡᠶ᠎ᠡ ᠶᠢᠨ ᠭᠦᠢᠯᠭᠡᠭᠡᠨ ᠤ ᠠᠷᠭ᠎ᠠ ᠮᠠᠶ᠋ᠢᠭ ᠤᠨ ᠬᠥᠭᠵᠢᠯᠲᠡ ᠶᠢ ᠲᠦᠯᠬᠢᠨ ᠠᠬᠢᠭᠤᠯᠤᠨ᠎ᠠ᠃ | ︵ᠭᠤᠷᠪᠠ︶ ᠵᠠᠬ᠎ᠠ ᠳᠡᠯᠭᠡᠭᠦᠷ ᠤᠨ ᠰᠢᠰᠲ᠋ᠤᠮ ᠤᠨ ᠪᠠᠶᠢᠭᠤᠯᠤᠯᠲᠠ ᠶᠢ ᠠᠬᠢᠭᠤᠯᠬᠤ ᠠᠷᠭ᠎ᠠ ᠬᠡᠮᠵᠢᠶ᠎ᠡ ᠶᠢ | ᠰᠤᠳᠤᠯᠤᠨ ᠳᠤᠷᠠᠳᠴᠤ᠂ ᠬᠤᠲᠠ ᠪᠠᠯᠭᠠᠰᠤᠨ ᠤ ᠵᠠᠬ᠎ᠠ ᠳᠡᠯᠭᠡᠭᠦᠷ ᠤᠨ ᠬᠥᠭᠵᠢᠯᠲᠡ ᠶᠢ ᠠᠬᠢᠭᠤᠯᠤᠨ᠎ᠠ᠃ ᠶᠡᠭᠡ | ᠬᠡᠮᠵᠢᠶᠡᠨ ᠤ ᠦᠢᠯᠡᠳᠬᠦᠨ ᠤ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠤᠨ ᠲᠥᠯᠥᠪᠵᠢᠭᠦᠯᠭᠡ ᠪᠣᠯᠤᠨ | ᠬᠤᠲᠠ ᠶᠢᠨ ᠬᠤᠳᠠᠯᠳᠤᠭᠠᠨ ᠤ ᠲᠣᠤᠷ ᠴᠢᠭ ᠤᠨ ᠲᠥᠯᠥᠪᠵᠢᠭᠦᠯᠭᠡ ᠶᠢ ᠵᠢᠯᠣᠭᠤᠳᠴᠤ᠂ ᠬᠤᠳᠠᠯᠳᠤᠭᠠᠨ ᠤ | ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠢ ᠲᠦᠯᠬᠢᠨ ᠠᠬᠢᠭᠤᠯᠤᠨ᠎ᠠ᠃ ᠲᠠᠷᠢᠶᠠᠯᠠᠬᠤ ᠣᠷᠣᠨ ᠤ ᠵᠠᠬ᠎ᠠ | ᠳᠡᠯᠭᠡᠭᠦᠷ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠵᠤ᠂ ᠲᠠᠷᠢᠶᠠᠯᠠᠬᠤ ᠣᠷᠣᠨ ᠤ ᠣᠳᠣ ᠦ᠊ ᠡᠶ᠎ᠡ ᠶᠢᠨ | ᠭᠦᠢᠯᠭᠡᠭᠡᠨ ᠤ ᠲᠣᠤᠷ ᠰᠦᠯᠵᠢᠶ᠎ᠡ ᠶᠢᠨ ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠯᠧᠺᠲᠷᠣᠨ | ᠬᠤᠳᠠᠯᠳᠤᠭᠠᠨ ᠤ ᠶᠠᠪᠤᠳᠠᠯ ᠢ ᠲᠠᠷᠢᠶᠠᠯᠠᠬᠤ ᠣᠷᠣᠨ ᠳᠤ ᠣᠷᠣᠭᠤᠯᠬᠤ ᠠᠵᠢᠯ ᠢ ᠠᠬᠢᠭᠤᠯᠤᠨ᠎ᠠ᠃ | ︵ᠳᠥᠷᠪᠡ︶᠂ᠵᠠᠬ᠎ᠠ ᠳᠡᠯᠭᠡᠭᠦᠷ ᠤᠨ ᠠᠵᠤ ᠠᠬᠤᠶ ᠶᠢᠨ ᠡᠮᠬᠢ ᠳᠢᠭᠯᠢᠮ ᠢ ᠵᠣᠬᠢᠴᠠᠭᠤᠯᠤᠨ ᠴᠡᠭᠴᠡᠯᠡᠬᠦ ᠪᠠ | ᠵᠢᠷᠤᠮᠵᠢᠭᠤᠯᠵᠤ᠂ ᠬᠤᠳᠠᠯᠳᠤᠭᠠᠨ ᠤ ᠢᠲᠡᠭᠡᠮᠵᠢ ᠶᠢᠨ ᠪᠣᠷᠣᠯᠠᠭᠤᠯᠭ᠎ᠠ ᠶᠢ ᠵᠢᠯᠣᠭᠤᠳᠤᠨ᠂ ᠵᠠᠬ᠎ᠠ ᠳᠡᠯᠭᠡᠭᠦᠷ ᠤᠨ | ᠦᠨᠡᠨᠴᠢ ᠢᠲᠡᠭᠡᠮᠵᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠲᠦᠯᠬᠢᠨ | ᠠᠬᠢᠭᠤᠯᠬᠤ ᠶᠢ ᠬᠠᠷᠢᠭᠤᠴᠠᠨ᠎ᠠ᠃ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠣᠨᠴᠣᠭᠤᠶ ᠭᠦᠢᠯᠭᠡᠭᠡᠨ ᠤ ᠠᠵᠢᠯ | ᠲᠥᠷᠥᠯ ᠳᠤ ᠬᠢᠨᠠᠯᠲᠠ ᠲᠠᠯᠪᠢᠵᠤ ᠬᠠᠮᠢᠶᠠᠷᠤᠨ᠎ᠠ᠃ ᠠᠷᠠᠯᠵᠢᠶ᠎ᠠ ᠬᠤᠳᠠᠯᠳᠤᠭᠠᠨ ᠤ ᠦᠶ᠋ᠯᠡᠴᠢᠯᠡᠭᠡᠨ ᠤ ᠦᠶ᠋ᠯᠡᠰ᠂ | ᠲᠣᠮᠣ ᠬᠡᠯᠪᠡᠷᠢ ᠶᠢᠨ ᠠᠷᠠᠯᠵᠢᠶ᠎ᠠ ᠬᠤᠳᠠᠯᠳᠤᠭᠠᠨ ᠤ ᠠᠷᠠᠯᠵᠢᠶ᠎ᠠ ᠬᠤᠳᠠᠯᠳᠤᠭ᠎ᠠ ᠶᠢ ᠰᠢᠮᠳᠠᠭᠤᠯᠤᠨ ᠵᠢᠯᠣᠭᠤᠳᠬᠤ ᠶᠢ | ᠬᠠᠷᠢᠭᠤᠴᠠᠨ᠎ᠠ︶ ᠬᠥᠳᠡᠯᠭᠡᠭᠡᠨ ᠤ ᠲᠠᠯᠠᠪᠤᠷ ᠤᠨ ᠠᠶᠤᠯᠭᠦᠢ ᠦᠢᠯᠡᠳ᠋ᠪᠦᠷᠢᠯᠡᠯ ᠤᠨ ᠠᠵᠢᠯ᠃ | ︵ᠲᠠᠪᠤ︶ ᠪᠦᠬᠦ ᠲᠣᠭᠤᠷᠢᠭ ᠤᠨ ᠴᠢᠬᠤᠯᠠ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠲᠣᠬᠢᠷᠠᠭᠤᠯᠭ᠎ᠠ | ᠡᠵᠡᠮᠳᠡᠯ ᠪᠠ ᠴᠢᠬᠤᠯᠠ ᠦᠢᠯᠡᠳᠪᠦᠷᠢᠯᠡᠯ ᠤᠨ ᠬᠡᠷᠡᠭᠰᠡᠯ ᠤᠨ ᠭᠦᠢᠯᠭᠡᠭᠡᠨ ᠤ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠪᠠᠴᠢᠮ | ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠵᠠᠬ᠎ᠠ | ᠳᠡᠯᠭᠡᠭᠦᠷ ᠤᠨ ᠠᠵᠢᠯᠯᠠᠭᠠᠨ᠂ ᠲᠠᠸᠠᠷ ᠤᠨ ᠬᠠᠩᠭᠠᠯᠭ᠎ᠠ ᠬᠡᠷᠡᠭᠴᠡᠭᠡ ᠶᠢᠨ ᠪᠠᠶᠢᠳᠠᠯ ᠢ ᠬᠢᠨᠠᠨ ᠰᠢᠨᠵᠢᠯᠡᠵᠦ ᠵᠠᠳᠠᠯᠤᠨ᠎ᠠ᠃ | ᠲᠠᠸᠠᠷ ᠤᠨ ᠦᠨ᠎ᠡ ᠬᠠᠩᠰᠢ ᠶᠢᠨ ᠮᠡᠳᠡᠭᠡ ᠵᠠᠩᠭᠢ ᠶᠢ ᠪᠠᠶᠢᠴᠠᠭᠠᠨ ᠵᠠᠳᠠᠯᠵᠤ᠂ ᠤᠷᠢᠳᠴᠢᠯᠠᠨ ᠵᠢᠱᠢᠵᠦ | ᠰᠡᠷᠡᠮᠵᠢᠯᠡᠭᠦᠯᠬᠦ ᠪᠠ ᠮᠡᠳᠡᠭᠡ ᠵᠠᠩᠭᠢ ᠪᠠᠷ ᠬᠥᠲᠥᠯᠥᠨ ᠵᠢᠯᠣᠭᠤᠳᠤᠨ᠎ᠠ᠃ ᠮᠢᠬᠠᠨ ᠤ ᠵᠦᠢᠯ ᠵᠡᠷᠭᠡ ᠴᠢᠬᠤᠯᠠ | ᠬᠡᠷᠡᠭᠯᠡᠭᠡᠨ ᠤ ᠵᠦᠢᠯ ᠤᠨ ᠨᠥᠭᠡᠴᠡᠯᠡᠯᠲᠡ ᠶᠢᠨ ᠬᠠᠮᠢᠶᠠᠷᠤᠯᠲᠠ ᠪᠣᠯᠤᠨ ᠵᠠᠬ᠎ᠠ ᠳᠡᠯᠭᠡᠭᠦᠷ ᠤᠨ ᠲᠣᠬᠢᠷᠠᠭᠤᠯᠭ᠎ᠠ | ᠡᠵᠡᠮᠳᠡᠯ ᠢ ᠬᠠᠷᠢᠭᠤᠴᠠᠨ᠎ᠠ᠃ | ︵ᠵᠢᠷᠭᠤᠭ᠎ᠠ︶ ᠭᠠᠳᠠᠭᠠᠳᠤ ᠠᠷᠠᠯᠵᠢᠶᠠᠨ ᠤ ᠨᠡᠮᠡᠭᠳᠡᠯ ᠤᠨ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠬᠤ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠤᠱᠯᠠᠭᠤᠯᠤᠨ ᠬᠡᠷᠡᠭᠵᠢᠭᠦᠯᠵᠦ᠂ ᠠᠷᠠᠯᠵᠢᠶ᠎ᠠ ᠶᠢ ᠠᠬᠢᠭᠤᠯᠬᠤ | ᠠᠵᠢᠯᠯᠠᠭ᠎ᠠ ᠪᠣᠯᠤᠨ ᠭᠠᠳᠠᠭᠠᠳᠤ ᠠᠷᠠᠯᠵᠢᠶ᠎ᠠ ᠶᠢ ᠠᠬᠢᠭᠤᠯᠬᠤ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠣᠭᠤᠳᠴᠤ᠂ | ᠭᠠᠳᠠᠭᠠᠳᠤ ᠠᠷᠠᠯᠵᠢᠶᠠᠨ ᠤ ᠬᠠᠮᠢᠶ᠎ᠠ ᠪᠦᠬᠦᠢ ᠲᠠᠸᠠᠷ᠂ ᠮᠡᠷᠭᠡᠵᠢᠯ ᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ | ᠭᠠᠷᠭᠠᠬᠤ ᠲᠥᠯᠥᠪᠯᠡᠭᠡ ᠶᠢᠨ ᠬᠠᠮᠢᠶᠠᠷᠤᠯᠲᠠ ᠶᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ᠎ᠠ᠃ ᠭᠠᠳᠠᠭᠠᠳᠤ | ᠮᠡᠷᠭᠡᠵᠢᠯ ᠤᠨ ᠠᠷᠠᠯᠵᠢᠶ᠎ᠠ᠂ ᠭᠠᠳᠠᠭᠠᠳᠤ ᠭᠠᠷᠭᠠᠯᠲᠠ ᠶᠢᠨ ᠵᠠᠬᠢᠷᠤᠨ ᠬᠠᠮᠢᠶᠠᠷᠬᠤ ᠵᠢᠴᠢ ᠮᠡᠷᠭᠡᠵᠢᠯ᠂ ᠢᠵᠢ ᠪᠦᠷᠢᠨ | ᠲᠥᠬᠦᠭᠡᠷᠦᠮᠵᠢ ᠶᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠢ ᠵᠣᠷᠢᠭᠵᠢᠭᠤᠯᠬᠤ ᠠᠷᠠᠯᠵᠢᠶᠠᠨ ᠤ | ᠲᠥᠷᠥ ᠶᠢᠨ ᠪᠣᠳᠣᠯᠭ᠎ᠠ ᠪᠣᠯᠤᠨ ᠡᠳ᠋ᠰᠢᠭᠦᠯᠭᠡ ᠶᠢᠨ ᠠᠷᠠᠯᠵᠢᠶᠠᠨ ᠤ ᠬᠠᠮᠢᠶᠠᠷᠤᠯᠲᠠ ᠶᠢᠨ ᠠᠷᠭ᠎ᠠ ᠶᠢ ᠬᠡᠷᠡᠭᠵᠢᠭᠦᠯᠬᠦ | ᠬᠡᠷᠡᠭᠲᠡᠶ᠃ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶ᠎ᠠ ᠶᠢ ᠪᠠᠷᠢᠮᠵᠢᠶᠠᠵᠢᠭᠤᠯᠬᠤ ᠠᠵᠢᠯ ᠢ | ᠠᠬᠢᠭᠤᠯᠤᠨ᠎ᠠ᠃ ᠮᠡᠷᠭᠡᠵᠢᠯ ᠢ ᠣᠷᠣᠭᠤᠯᠵᠤ ᠢᠷᠡᠬᠦ᠂ ᠲᠥᠬᠦᠭᠡᠷᠦᠮᠵᠢ ᠶᠢ ᠭᠠᠳᠠᠭᠠᠳᠤ ᠠᠴᠠ ᠣᠷᠣᠭᠤᠯᠬᠤ᠂ | ᠤᠯᠤᠰ ᠠᠴᠠ ᠭᠠᠳᠠᠭᠠᠳᠤ ᠳᠤ ᠭᠠᠷᠭᠠᠬᠤ ᠶᠢ ᠬᠢᠵᠠᠭᠠᠷᠯᠠᠬᠤ ᠮᠡᠷᠭᠡᠵᠢᠯ ᠤᠨ ᠠᠵᠢᠯ ᠳᠤ ᠬᠠᠤᠯᠢ ᠶᠣᠰᠣᠭᠠᠷ ᠬᠢᠨᠠᠯᠲᠠ | ᠲᠠᠯᠪᠢᠨ᠎ᠠ᠃ ᠡᠷᠬᠡ ᠣᠯᠭᠤᠭᠰᠠᠨ ᠶᠣᠰᠣᠭᠠᠷ ᠲᠠᠷᠬᠠᠭᠠᠬᠤ ᠶᠢ ᠰᠡᠷᠭᠡᠶᠢᠯᠡᠬᠦ ᠵᠡᠷᠭᠡ ᠤᠯᠤᠰ ᠤᠨ ᠠᠮᠤᠷ ᠲᠦᠪᠰᠢᠨ ᠲᠠᠢ | ᠬᠤᠯᠪᠣᠭᠳᠠᠬᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠵᠥᠪᠰᠢᠶᠡᠷᠡᠯ ᠤᠨ ᠦᠨᠡᠮᠯᠡᠯ ᠤᠨ | ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ︵ᠳᠤᠯᠤᠭ᠎ᠠ︶ ᠤᠯᠤᠰ᠂ ᠥᠪᠡᠷᠲᠡᠭᠡᠨ ᠵᠠᠰᠠᠬᠤ ᠣᠷᠣᠨ᠂ ᠦᠬᠠᠶ ᠬᠤᠲᠠ ᠶᠢᠨ ᠦᠢᠯᠡᠴᠢᠯᠡᠭᠡᠨ ᠤ | ᠠᠷᠠᠯᠵᠢᠶᠠᠨ ᠤ ᠬᠥᠭᠵᠢᠯᠲᠡ ᠶᠢᠨ ᠲᠥᠯᠥᠪᠵᠢᠭᠦᠯᠭᠡ ᠶᠢ ᠬᠡᠷᠡᠭᠵᠢᠭᠦᠯᠬᠦ ᠶᠢᠨ ᠬᠠᠮᠲᠤ ᠬᠠᠮᠢᠶ᠎ᠠ ᠪᠦᠬᠦᠢ ᠠᠵᠢᠯ ᠢ | ᠥᠷᠨᠢᠭᠦᠯᠦᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ᠂ ᠦᠬᠠᠶ ᠬᠤᠲᠠ ᠶᠢᠨ ᠦᠢᠯᠡᠴᠢᠯᠡᠭᠡᠨ ᠤ ᠭᠠᠳᠠᠭᠠᠳᠤ | ᠭᠠᠷᠭᠠᠯᠲᠠ ᠶᠢ ᠠᠬᠢᠭᠤᠯᠬᠤ ᠪᠠ ᠦᠢᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠬᠤ ᠬᠥᠭᠵᠢᠯᠲᠡ ᠶᠢᠨ | ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠦᠢᠯᠡᠴᠢᠯᠡᠭᠡ ᠶᠢ | ᠭᠠᠳᠠᠭᠰᠢ ᠳᠠᠭᠠᠭᠠᠴᠢᠯᠠᠭᠤᠯᠬᠤ ᠲᠠᠪᠴᠠᠩ ᠤᠨ ᠪᠠᠶᠢᠭᠤᠯᠤᠯᠲᠠ ᠶᠢ ᠠᠬᠢᠭᠤᠯᠤᠨ᠎ᠠ᠃ ᠪᠦᠬᠦ ᠣᠷᠣᠨ ᠤ ᠬᠤᠷᠠᠯ | ᠦᠵᠡᠰᠬᠦᠯᠡᠩ ᠤᠨ ᠦᠶ᠋ᠯᠡᠰ ᠢ ᠠᠬᠢᠭᠤᠯᠬᠤ ᠪᠠ ᠬᠠᠮᠢᠶᠠᠷᠬᠤ ᠠᠵᠢᠯ ᠢ ᠬᠠᠷᠢᠭᠤᠴᠠᠵᠤ᠂ ᠨᠠᠮ ᠵᠠᠰᠠᠭ ᠤᠨ | ᠪᠠᠶᠢᠭᠤᠯᠭ᠎ᠠ ᠶᠢᠨ ᠬᠢᠯᠢ ᠳᠣᠲᠣᠷ᠎ᠠ ᠦᠵᠡᠰᠬᠦᠯᠡᠩ ᠴᠤᠭᠯᠠᠭᠠᠨ ᠡᠷᠬᠢᠯᠡᠬᠦ ᠠᠵᠢᠯᠯᠠᠭ᠎ᠠ ᠶᠢ ᠬᠠᠮᠢᠶᠠᠷᠤᠨ᠎ᠠ᠃ | ︵ᠨᠠᠢᠮᠠ︶ ᠡᠷᠬᠡ ᠣᠯᠭᠤᠯᠲᠠ ᠶᠢ ᠦᠨᠳᠦᠰᠦᠯᠡᠨ ᠬᠠᠶᠢᠨᠠᠨ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠢ ᠲᠥᠯᠥᠭᠡᠯᠡᠨ ᠭᠠᠳᠠᠭᠠᠳᠤ ᠤᠯᠤᠰ ᠯᠤᠭ᠎ᠠ ᠠᠵᠤ ᠠᠬᠤᠶ ᠠᠷᠠᠯᠵᠢᠶᠠᠨ ᠤ ᠬᠡᠯᠡᠯᠴᠡᠭᠡ ᠬᠢᠬᠦ ᠶᠢᠨ ᠬᠠᠮᠲᠤ | ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠵᠤ᠂ ᠤᠯᠤᠰ ᠤᠨ ᠢᠯᠭᠠᠭ᠎ᠠ ︵ᠭᠠᠵᠠᠷ | ᠣᠷᠣᠨ ᠢ ᠰᠢᠢᠳᠪᠦᠷᠢᠯᠡᠨ᠎ᠡ᠃︶ ᠣᠷᠤᠨ ᠨᠤᠲᠤᠭ ᠤᠨ ᠬᠤᠬᠤᠷᠣᠨᠳᠣᠬᠢ ᠠᠵᠤ ᠠᠬᠤᠶ ᠠᠷᠠᠯᠵᠢᠶᠠᠨ ᠤ | ᠬᠠᠷᠢᠴᠠᠭ᠎ᠠ ᠳᠠᠬᠢ ᠴᠢᠬᠤᠯᠠ ᠬᠡᠷᠡᠭ ᠶᠠᠪᠤᠳᠠᠯ᠃ | ︵ᠶᠢᠰᠦ︶ ᠮᠠᠨ ᠤ ᠤᠯᠤᠰ ᠤᠨ ᠳᠡᠯᠡᠬᠡᠶ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠳᠤ ᠣᠷᠣᠯᠴᠠᠭᠰᠠᠨ | ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠣᠯᠤᠨ ᠬᠠᠤᠯᠢ ᠴᠠᠭᠠᠵᠠ ᠬᠠᠤᠯᠢ ᠲᠣᠭᠲᠠᠭᠠᠯ ᠢ ᠨᠠᠶᠢᠳᠠᠪᠤᠷᠢᠵᠢᠭᠤᠯᠬᠤ ᠶᠢᠨ | ᠬᠠᠮᠲᠤ ᠳᠡᠭᠡᠳᠦ ᠱᠠᠲᠤᠨ ᠤ ᠬᠤᠳᠠᠯᠳᠤᠭᠠᠨ ᠤ ᠶᠠᠪᠤᠳᠠᠯ ᠤᠨ ᠰᠠᠯᠠᠭ᠎ᠠ ᠮᠥᠴᠢᠷ ᠢ ᠬᠠᠪᠰᠤᠷᠤᠨ ᠬᠠᠮᠢᠶ᠎ᠠ ᠪᠦᠬᠦᠢ | ᠠᠵᠢᠯ ᠢ ᠥᠷᠨᠢᠭᠦᠯᠦᠨ᠎ᠡ᠃ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠭᠤᠣᠯᠴᠢ ᠠᠷᠠᠯᠵᠢᠶᠠᠨ ᠤ | ᠬᠠᠮᠢᠶ᠎ᠠ ᠪᠦᠬᠦᠢ ᠠᠵᠢᠯ ᠢ ᠵᠣᠬᠢᠴᠠᠭᠤᠯᠤᠨ ᠵᠢᠯᠣᠭᠤᠳᠤᠨ᠎ᠠ᠃ ᠳᠡᠭᠡᠳᠦ ᠱᠠᠲᠤᠨ ᠤ ᠬᠤᠳᠠᠯᠳᠤᠭᠠᠨ ᠤ ᠶᠠᠪᠤᠳᠠᠯ ᠤᠨ | ᠰᠠᠯᠠᠭ᠎ᠠ ᠮᠥᠴᠢᠷ ᠤᠨ ᠬᠠᠶᠢᠨᠠᠨ ᠲᠣᠭᠤᠷᠢᠭ ᠲᠤ ᠬᠤᠯᠪᠣᠭᠳᠠᠬᠤ ᠠᠵᠤ ᠠᠬᠤᠶ ᠠᠷᠠᠯᠵᠢᠶᠠᠨ ᠤ ᠬᠡᠯᠡᠯᠴᠡᠭᠡ ᠳᠤ | ᠣᠷᠣᠯᠴᠠᠨ᠎ᠠ᠃ | ︵ᠠᠷᠪᠠ︶ ᠳᠤ ᠬᠠᠶᠢᠨᠠᠨ ᠲᠣᠭᠤᠷᠢᠭ ᠤᠨ ᠭᠠᠳᠠᠭᠠᠳᠤ ᠠᠵᠤ ᠠᠬᠤᠢ ᠶᠢᠨ ᠬᠠᠮᠲᠤᠷᠠᠯᠴᠠᠭᠠᠨ ᠤ ᠠᠵᠢᠯ ᠢ | ᠬᠠᠷᠢᠭᠤᠴᠠᠵᠤ᠂ ᠣᠷᠣᠰ᠂ ᠮᠣᠩᠭᠤᠯ ᠤᠯᠤᠰ ᠪᠣᠯᠤᠨ ︽ᠨᠢᠭᠡ ᠪᠦᠰᠡ ᠨᠢᠭᠡ ᠵᠠᠮ︾ ᠳᠠᠭᠠᠤ ᠶᠢᠨ | ᠤᠯᠤᠰ ᠯᠤᠭ᠎ᠠ ᠶᠢᠨ ᠠᠵᠤ ᠠᠬᠤᠶ ᠠᠷᠠᠯᠵᠢᠶᠠᠨ ᠤ ᠬᠠᠮᠲᠤᠷᠠᠯᠴᠠᠭ᠎ᠠ ᠶᠢ ᠴᠢᠩᠭᠠᠳᠬᠠᠨ᠎ᠠ᠃ ᠤᠯᠤᠰ᠂ ᠥᠪᠡᠷᠲᠡᠭᠡᠨ | ᠵᠠᠰᠠᠬᠤ ᠣᠷᠣᠨ᠂ ᠦᠬᠠᠢ ᠬᠤᠲᠠ ᠶᠢᠨ ᠭᠠᠳᠠᠭᠠᠳᠤ ᠠᠵᠤ ᠠᠬᠤᠢ ᠶᠢᠨ ᠲᠠᠯ᠎ᠠ ᠪᠠᠷ ᠬᠠᠮᠲᠤᠷᠠᠯᠴᠠᠬᠤ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠵᠦ᠂ ᠭᠠᠳᠠᠭᠠᠳᠤ ᠳᠤ ᠪᠠᠷᠢᠯᠭ᠎ᠠ ᠳᠠᠭᠠᠭᠠᠴᠢᠯᠠᠬᠤ᠂ ᠭᠠᠳᠠᠭᠠᠳᠤ ᠳᠤ ᠬᠥᠳᠡᠯᠮᠦᠷᠢ | ᠦᠢᠯᠡᠴᠢᠯᠡᠭᠡ ᠲᠣᠮᠢᠯᠠᠬᠤ᠂ ᠬᠢᠯᠢ ᠶᠢᠨ ᠭᠠᠳᠠᠨᠠᠬᠢ ᠡᠬᠢ ᠪᠠᠶᠠᠯᠢᠭ ᠤᠨ ᠲᠠᠯ᠎ᠠ ᠪᠠᠷ ᠬᠠᠮᠲᠤᠷᠠᠨ ᠠᠵᠢᠯᠯᠠᠬᠤ᠂ | ᠭᠠᠳᠠᠭᠠᠳᠤ ᠳᠤ ᠪᠡᠯᠡ ᠣᠷᠣᠭᠤᠯᠤᠨ ᠠᠵᠤ ᠠᠬᠤᠢᠯᠠᠯ ᠡᠷᠬᠢᠯᠡᠬᠦ︶ ︽ᠵᠠ︾ ᠭᠡᠳ ᠬᠠᠶᠢᠨᠠᠨ ᠲᠣᠭᠤᠷᠢᠭ ᠤᠨ | ᠭᠠᠳᠠᠭᠠᠳᠤ ᠳᠤ ᠲᠤᠰᠠᠯᠠᠮᠵᠢ ᠦᠵᠡᠭᠦᠯᠬᠦ ᠠᠵᠢᠯ ᠤᠨ ᠡᠭᠦᠷᠭᠡ ᠬᠠᠷᠢᠭᠤᠴᠠᠯᠭ᠎ᠠ ᠪᠣᠯᠤᠨ ᠭᠠᠳᠠᠭᠠᠳᠤ ᠳᠤ ᠲᠤᠰᠠᠯᠠᠮᠵᠢ | ᠦᠵᠡᠭᠦᠯᠬᠦ ᠲᠥᠷᠥᠯ ᠵᠦᠢᠯ ᠢ ᠡᠭᠦᠷᠭᠡᠯᠡᠨ᠎ᠡ᠃ | ︵ᠠᠷᠪᠠᠨ ᠨᠢᠭᠡ︶ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠬᠤ ᠠᠵᠢᠯ ᠢ ᠵᠢᠯᠣᠭᠤᠳᠬᠤ ᠪᠠ | ᠬᠠᠮᠢᠶᠠᠷᠤᠨ᠎ᠠ᠃ ᠭᠠᠳᠠᠭᠠᠳᠤ ᠶᠢᠨ ᠬᠤᠳᠠᠯᠳᠤᠭᠠᠴᠢᠨ ᠤ ᠬᠥᠷᠥᠩᠭᠡ ᠣᠷᠣᠭᠤᠯᠤᠯᠲᠠ ᠶᠢ ᠠᠰᠢᠭᠯᠠᠬᠤ ᠪᠣᠳᠣᠯᠭ᠎ᠠ | ᠠᠷᠭ᠎ᠠ ᠬᠡᠮᠵᠢᠶ᠎ᠡ ᠪᠣᠯᠤᠨ ᠬᠥᠭᠵᠢᠯ ᠤᠨ ᠲᠥᠯᠥᠪᠯᠡᠭᠡ ᠶᠢ ᠲᠤᠤᠱᠲᠠᠢ ᠬᠡᠷᠡᠭᠵᠢᠭᠦᠯᠵᠦ᠃ ᠭᠠᠳᠠᠭᠠᠳᠤ ᠶᠢᠨ | ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢ ᠠᠬᠢᠭᠤᠯᠬᠤ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ | ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠬᠤᠯᠪᠣᠭᠳᠠᠯ ᠪᠦᠬᠦᠢ ᠬᠠᠤᠯᠢ | ᠴᠠᠭᠠᠵᠠ ᠬᠠᠤᠯᠢ ᠲᠣᠭᠲᠠᠭᠠᠯ᠂ ᠭᠡᠷ᠎ᠡ ᠶᠢᠨ ᠲᠦᠷᠢᠮ ᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠬᠠᠤᠯᠢ ᠶᠣᠰᠣᠭᠠᠷ ᠬᠢᠨᠠᠨ | ᠪᠠᠶᠢᠴᠠᠭᠠᠬᠤ ᠶᠢᠨ ᠬᠠᠮᠲᠤ ᠬᠤᠯᠪᠣᠭᠳᠠᠯ ᠪᠦᠬᠦᠢ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ ᠠᠵᠤ ᠠᠬᠤᠶ | ᠮᠡᠷᠭᠡᠵᠢᠯ ᠤᠨ ᠨᠡᠭᠡᠭᠡᠯᠲᠡ ᠶᠢᠨ ᠣᠷᠣᠨ᠂ ᠬᠢᠯᠢ ︵ᠬᠢᠯᠢ ᠠᠯᠤᠰᠯᠠᠭᠰᠠᠨ ᠵᠣᠬᠢᠴᠠᠭᠤᠯᠭ᠎ᠠ︶ ᠶᠢ ᠵᠣᠬᠢᠴᠠᠭᠤᠯᠤᠨ᠎ᠠ︶ | ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠤ ᠬᠠᠮᠢᠶ᠎ᠠ ᠪᠦᠬᠦᠢ ᠠᠵᠢᠯ᠃ | ︵ᠠᠷᠪᠠᠨ ᠬᠤᠶᠠᠷ︶ ᠦᠬᠠᠶ ᠬᠤᠲᠠ ᠶᠢᠨ ᠪᠣᠭᠤᠮᠲᠠ ᠶᠢᠨ ᠠᠵᠢᠯ ᠤᠨ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠵᠦ᠂ ᠪᠣᠭᠤᠮᠲᠠ ᠶᠢᠨ ᠠᠵᠢᠯ ᠢ ᠵᠣᠬᠢᠴᠠᠭᠤᠯᠤᠨ᠂ ᠪᠣᠭᠤᠮᠲᠠ ᠶᠢᠨ ᠠᠵᠤ ᠠᠬᠤᠶ ᠶᠢ ᠠᠬᠢᠭᠤᠯᠬᠤ | ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠪᠣᠭᠤᠮᠲᠠ ᠶᠢᠨ ᠬᠥᠭᠵᠢᠯᠲᠡ ᠶᠢᠨ ᠲᠥᠯᠥᠪᠵᠢᠭᠦᠯᠭᠡ᠂ | ᠪᠣᠭᠤᠮᠲᠠ ᠶᠢᠨ ᠣᠨᠴᠣᠭᠤᠶ ᠬᠢᠨᠠᠨ ᠬᠠᠮᠢᠶᠠᠷᠬᠤ ᠣᠷᠣᠨ ︵ᠲᠠᠯᠠᠪᠤᠷ︶ ᠤ ᠬᠥᠭᠵᠢᠯᠲᠡ ᠶᠢᠨ ᠲᠥᠯᠥᠪᠵᠢᠭᠦᠯᠭᠡ ᠶᠢ | ᠬᠡᠷᠡᠭᠵᠢᠭᠦᠯᠦᠨ᠎ᠡ᠃ ᠪᠣᠭᠤᠮᠲᠠ ᠶᠢᠨ ᠦᠢᠯᠡᠴᠢᠯᠡᠭᠡᠨ ᠤ ᠡᠯᠧᠺᠲᠷᠣᠨ ᠲᠠᠪᠴᠠᠩ ᠤᠨ ᠪᠠᠶᠢᠭᠤᠯᠤᠯᠲᠠ ᠶᠢ | ᠬᠠᠷᠢᠭᠤᠴᠠᠨ᠎ᠠ᠃ ᠪᠣᠭᠤᠮᠲᠠ ᠶᠢᠨ ᠨᠡᠭᠡᠭᠡᠯᠲᠡ ᠬᠢᠬᠦ᠂ ᠪᠦᠲᠦᠭᠡᠨ ᠪᠠᠶᠢᠭᠤᠯᠬᠤ᠂ ᠠᠵᠢᠯᠯᠠᠭᠤᠯᠬᠤ᠂ ᠬᠠᠭᠠᠬᠤ ᠵᠡᠷᠭᠡ | ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠪᠣᠭᠤᠮᠲᠠ ᠶᠢᠨ ᠰᠠᠭᠤᠷᠢ ᠪᠡᠯᠡᠳᠬᠡᠮᠵᠢ ᠪᠠᠶᠢᠭᠤᠯᠬᠤ᠂ ᠪᠠᠶᠢᠴᠠᠭᠠᠨ | ᠰᠢᠯᠭᠠᠬᠤ ᠢᠵᠢ ᠪᠦᠷᠢᠳᠦᠭᠦᠯᠬᠦ ᠪᠡᠯᠡᠳᠬᠡᠮᠵᠢ ᠪᠠ ᠵᠢᠭᠠᠨ ᠲᠣᠭᠲᠠᠭᠠᠭᠰᠠᠨ ᠪᠣᠭᠤᠮᠲᠠ ᠶᠢᠨ ᠠᠵᠢᠯ ᠢ ᠵᠣᠬᠢᠴᠠᠭᠤᠯᠤᠨ᠎ᠠ᠃ | ᠪᠣᠭᠤᠮᠲᠠ ᠶᠢᠨ ︽ᠪᠣᠭᠤᠮᠲᠠ ᠥᠩᠭᠡᠷᠡᠬᠦ︾ ᠪᠦᠲᠦᠭᠡᠨ ᠪᠠᠶᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ | ᠪᠣᠭᠤᠮᠲᠠ ᠶᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ ᠪᠣᠭᠤᠮᠲᠠ ᠪᠠᠷ ᠥᠩᠭᠡᠷᠡᠬᠦ | ᠳᠤᠮᠳᠠᠬᠢ ᠡᠯ᠎ᠡ ᠰᠠᠯᠠᠭ᠎ᠠ ᠮᠥᠴᠢᠷ ᠤᠨ ᠠᠵᠢᠯ ᠤᠨ ᠬᠠᠷᠢᠴᠠᠭ᠎ᠠ ᠶᠢ ᠵᠣᠬᠢᠴᠠᠭᠤᠯᠤᠨ᠎ᠠ᠃ ᠪᠣᠭᠤᠮᠲᠠ ᠶᠢᠨ ᠮᠡᠳᠡᠭᠡ | ᠵᠠᠩᠭᠢᠵᠢᠯᠲᠠ᠂ ᠡᠯᠧᠺᠳ᠋ᠷᠣᠨᠴᠢᠯᠡᠭᠰᠡᠨ ᠪᠠ ᠣᠶᠤᠨᠴᠢ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠶᠢᠨ | ᠬᠠᠮᠢᠶᠠᠷᠤᠯᠲᠠ ᠶᠢ ᠵᠢᠯᠣᠭᠤᠳᠴᠤ᠂ ᠪᠣᠭᠤᠮᠲᠠ ᠶᠢᠨ ︽ᠭᠠᠭᠴᠠ ᠴᠣᠩᠬᠤᠪᠴᠢ︾ ᠶᠢᠨ ᠪᠦᠲᠦᠭᠡᠨ ᠪᠠᠶᠢᠭᠤᠯᠤᠯᠲᠠ | ᠪᠠ ᠳᠡᠯᠭᠡᠷᠡᠭᠦᠯᠦᠨ ᠬᠡᠷᠡᠭᠯᠡᠬᠦ ᠶᠢ ᠬᠠᠷᠢᠭᠤᠴᠠᠨ᠎ᠠ᠃ ᠪᠣᠭᠤᠮᠲᠠ ᠶᠢᠨ ᠣᠷᠣᠨ ᠪᠦᠰᠡ ᠶᠢᠨ ᠣᠯᠠᠨ ᠨᠡᠶᠢᠲᠡ ᠶᠢᠨ ᠠᠮᠤᠷ | ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠬᠤ ᠬᠡᠷᠡᠭ ᠢ ᠰᠢᠢᠳᠪᠦᠷᠢᠯᠡᠬᠦ ᠬᠠᠮᠢᠶ᠎ᠠ ᠪᠥᠬᠦᠶ ᠠᠵᠢᠯ ᠢ ᠵᠢᠯᠣᠭᠤᠳᠴᠤ᠂ | ᠪᠣᠭᠤᠮᠲᠠ ᠶᠢᠨ ᠣᠷᠣᠨ ᠪᠦᠰᠡ ᠶᠢᠨ ᠠᠮᠤᠷ ᠲᠦᠪᠰᠢᠨ ᠤ ᠬᠠᠮᠲᠤᠷᠠᠨ ᠰᠡᠷᠭᠡᠶᠢᠯᠡᠨ ᠡᠵᠡᠮᠳᠡᠬᠦ ᠠᠵᠢᠯ ᠤᠨ ᠲᠦᠷᠢᠮ ᠢ | ᠲᠤᠭᠤᠰᠢᠯᠠᠭᠤᠯᠤᠨ ᠬᠡᠷᠡᠭᠵᠢᠭᠦᠯᠦᠨ᠎ᠡ᠃ ᠪᠣᠭᠤᠮᠲᠠ ᠶᠢᠨ ᠠᠵᠢᠯᠯᠠᠭᠠᠨ ᠢ ᠬᠢᠨᠠᠨ ᠡᠵᠡᠮᠳᠡᠬᠦ ᠪᠠ ᠬᠥᠳᠡᠯᠦᠩᠭᠦᠶ ᠪᠠᠷ | ᠦᠨᠡᠯᠡᠨ ᠵᠢᠱᠢᠬᠦ ᠶᠢ ᠬᠠᠷᠢᠭᠤᠴᠠᠵᠤ᠂ ᠪᠣᠭᠤᠮᠲᠠ ᠶᠢᠨ ᠳ᠋ᠠᠶᠢᠲ᠋ᠠ ᠶᠢ ᠬᠢᠨᠠᠨ ᠰᠢᠨᠵᠢᠵᠦ ᠵᠠᠳᠠᠯᠤᠨ᠂ ᠥᠪᠡᠷᠲᠡᠭᠡᠨ | ᠵᠠᠰᠠᠬᠤ ᠣᠷᠣᠨ ᠤ ᠪᠣᠭᠤᠮᠲᠠ ᠶᠢᠨ ᠲᠣᠮᠣ ᠳ᠋ᠠᠶᠢᠲ᠋ᠠ ᠶᠢ ᠬᠡᠷᠡᠭᠯᠡᠬᠦ ᠲᠤᠰᠬᠠᠶ ᠲᠥᠯᠥᠪᠵᠢᠭᠦᠯᠭᠡ ᠶᠢ | ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ︽ᠨᠢᠭᠡ ᠪᠦᠰᠡ ᠨᠢᠭᠡ ᠵᠠᠮ︾ ᠪᠣᠯᠤᠨ ᠳᠤᠮᠳᠠᠳᠤ ᠮᠣᠩᠭᠤᠯ | ᠣᠷᠣᠰ ᠤᠨ ᠠᠵᠤ ᠠᠬᠤᠶ ᠶᠢᠨ ᠬᠤᠩᠭᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠠᠵᠢᠯ ᠤᠨ ᠳᠤᠮᠳᠠᠬᠢ ᠵᠠᠮ | ᠳᠠᠭᠠᠤ ᠶᠢᠨ ᠤᠯᠤᠰ ᠪᠠ ᠭᠠᠵᠠᠷ ᠣᠷᠣᠨ ᠤ ᠪᠣᠭᠤᠮᠲᠠ ᠶᠢᠨ ᠬᠠᠮᠲᠤᠷᠠᠯᠴᠠᠭᠠᠨ ᠤ ᠤᠴᠢᠷ ᠶᠠᠪᠤᠳᠠᠯ ᠢ ᠬᠠᠷᠢᠭᠤᠴᠠᠵᠤ᠂ | ᠪᠣᠭᠤᠮᠲᠠ ᠶᠢᠨ ᠬᠦᠷᠢᠶᠡᠨ ᠳᠠᠬᠢ ᠣᠯᠠᠨ ᠤᠯᠤᠰ ᠤᠨ ᠬᠠᠮᠲᠤᠷᠠᠯᠴᠠᠭ᠎ᠠ ᠰᠣᠯᠢᠯᠴᠠᠭ᠎ᠠ᠂ ᠬᠠᠮᠲᠤᠷᠠᠨ ᠪᠠᠶᠢᠴᠠᠭᠠᠬᠤ | ᠠᠵᠢᠯ ᠤᠨ ᠲᠣᠭᠲᠠᠴᠠ ᠶᠢᠨ ᠬᠠᠮᠢᠶ᠎ᠠ ᠪᠥᠬᠦᠶ ᠤᠴᠢᠷ ᠶᠠᠪᠤᠳᠠᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠣᠭᠤᠮᠲᠠ | ᠬᠢᠭᠡᠳ ᠤᠯᠤᠰ ᠤᠨ ᠳᠣᠲᠣᠭᠠᠳᠤ ᠶᠢᠨ ᠡᠯ᠎ᠡ ᠮᠤᠵᠢ ︵ᠣᠷᠣᠨ᠂ ᠬᠤᠲᠠ︶ ᠶᠢ ᠠᠬᠢᠭᠤᠯᠤᠨ᠎ᠠ᠃︶ ᠪᠣᠭᠤᠮᠲᠠ ᠨᠢ | ᠣᠷᠣᠨ ᠪᠦᠰᠡ ᠠᠯᠤᠰᠯᠠᠭᠰᠠᠨ ᠬᠠᠮᠵᠢᠯᠴᠠᠭ᠎ᠠ ᠥᠷᠨᠢᠭᠦᠯᠦᠨ᠎ᠡ᠃ ᠤᠮᠠᠷᠠᠰᠢ ᠨᠡᠭᠡᠭᠡᠯᠲᠡ ᠬᠢᠬᠦ ᠶᠢ ᠠᠬᠢᠭᠤᠯᠵᠤ᠂ | ᠣᠷᠣᠰ ᠮᠣᠩᠭᠤᠯ ᠯᠤᠭ᠎ᠠ ᠶᠢᠨ ᠬᠠᠮᠲᠤᠷᠠᠯᠴᠠᠭᠠᠨ ᠤ ᠲᠣᠭᠲᠠᠴᠠ ᠶᠢᠨ ᠰᠢᠨ᠎ᠡ ᠶᠢ ᠡᠭᠦᠳᠬᠦ ᠬᠠᠮᠢᠶ᠎ᠠ ᠪᠦᠬᠦᠢ ᠠᠵᠢᠯ ᠢ | ᠠᠬᠢᠭᠤᠯᠬᠤ ᠬᠡᠷᠡᠭᠲᠡᠢ᠃ | ︵ᠠᠷᠪᠠᠨ ᠭᠤᠷᠪᠠ︶ ᠠᠷᠠᠯᠵᠢᠶ᠎ᠠ ᠬᠤᠳᠠᠯᠳᠤᠭᠠᠨ ᠤ ᠬᠦᠷᠢᠶᠡᠨ ᠳᠤ ᠵᠠᠰᠠᠭ ᠵᠠᠬᠢᠷᠭᠠᠨ ᠤ ᠬᠢᠨᠠᠯᠲᠠ ᠲᠠᠯᠪᠢᠵᠤ | ᠪᠠᠶᠢᠴᠠᠭᠠᠬᠤ᠂ ᠵᠠᠰᠠᠭ ᠵᠠᠬᠢᠷᠭᠠᠨ ᠢᠶᠠᠷ ᠰᠢᠳᠬᠡᠨ ᠲᠣᠷᠭᠠᠬᠤ᠂ ᠪᠤᠰᠤᠳ ᠵᠠᠰᠠᠭ ᠵᠠᠬᠢᠷᠭᠠᠨ ᠤ ᠡᠷᠬᠡ ᠶᠢ | ᠬᠡᠷᠡᠭᠵᠢᠭᠦᠯᠦᠨ᠎ᠡ᠃ | ︵ᠠᠷᠪᠠᠨ ᠳᠦᠷᠪᠡ︶ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ | ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ | ︵ᠠᠷᠪᠠᠨ ᠲᠠᠪᠤ︶ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ | 1. ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠵᠠᠬ᠎ᠠ ᠳᠡᠯᠭᠡᠭᠦᠷ ᠤᠨ ᠠᠵᠤ | ᠠᠬᠤᠶ ᠶᠢᠨ ᠡᠮᠬᠢ ᠳᠢᠭᠯᠢᠮ᠂ ᠠᠷᠢᠬᠢᠨ ᠤ ᠲᠥᠷᠥᠯ ᠤᠨ ᠭᠦᠢᠯᠭᠡᠭᠡ᠂ ᠡᠮ ᠤᠨ ᠵᠦᠢᠯ ᠤᠨ ᠭᠦᠢᠯᠭᠡᠭᠡᠨ ᠤ | ᠬᠠᠮᠢᠶᠠᠷᠤᠯᠲᠠ ᠵᠡᠷᠭᠡ ᠲᠠᠯ᠎ᠠ ᠪᠠᠷ ᠬᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ | ︵1︶ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠵᠠᠬ᠎ᠠ ᠳᠡᠯᠭᠡᠭᠦᠷ ᠤᠨ ᠦᠨᠡᠨᠴᠢ ᠢᠲᠡᠭᠡᠮᠵᠢ ᠶᠢᠨ ᠣᠯᠠᠨ | ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠵᠡᠷᠭᠡ ᠵᠠᠬ᠎ᠠ ᠳᠡᠯᠭᠡᠭᠦᠷ ᠤᠨ ᠠᠵᠤ ᠠᠬᠤᠶ ᠶᠢᠨ ᠡᠮᠬᠢ | ᠳᠢᠭᠯᠢᠮ ᠤᠨ ᠬᠠᠮᠢᠶ᠎ᠠ ᠪᠥᠬᠦᠶ ᠠᠵᠢᠯ ᠢ ᠠᠬᠢᠭᠤᠯᠬᠤ ᠶᠢ ᠬᠠᠷᠢᠭᠤᠴᠠᠨ᠎ᠠ᠃ | ︵2︶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠵᠡᠩᠨᠡᠭᠴᠢᠳ ᠤᠨ ᠭᠠᠭᠴᠠᠭᠠᠷ | ᠡᠵᠡᠮᠰᠢᠯ ᠢ ᠡᠰᠡᠷᠭᠦᠴᠡᠬᠦ ᠬᠠᠤᠯᠢ ᠬᠡᠷᠡᠭᠵᠢᠭᠦᠯᠦᠯᠲᠡ ᠶᠢ ᠬᠠᠷᠢᠭᠤᠴᠠᠵᠤ᠂ ᠦᠬᠠᠶ ᠬᠤᠲᠠ ᠶᠢᠨ ᠶᠡᠷᠦᠩᠬᠡᠶᠢᠯᠡᠭᠰᠡᠨ | ᠠᠵᠤ ᠠᠬᠤᠶ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ | ᠡᠷᠬᠡ ᠳᠤ ᠬᠠᠯᠳᠠᠭᠰᠠᠨ ᠪᠠ ᠬᠠᠭᠤᠷᠮᠠᠭ ᠮᠠᠭᠤ ᠲᠠᠸᠠᠷ ᠦᠢᠯᠡᠳᠴᠦ ᠪᠣᠷᠣᠯᠠᠭᠤᠯᠬᠤ ᠳᠤ ᠴᠣᠬᠢᠯᠲᠠ ᠥᠭᠬᠦ ᠲᠤᠰᠬᠠᠶ | ᠠᠵᠢᠯ ᠤᠨ ᠵᠣᠬᠢᠴᠠᠭᠤᠯᠬᠤ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃ ᠠᠷᠢᠬᠢᠨ ᠤ ᠵᠦᠢᠯ ᠤᠨ | ᠭᠦᠢᠯᠭᠡᠭᠡᠨ ᠤ ᠬᠢᠨᠠᠯᠲᠠ ᠬᠠᠮᠢᠶᠠᠷᠤᠯᠲᠠ ᠪᠣᠯᠤᠨ ᠠᠷᠢᠬᠢᠨ ᠤ ᠵᠦᠢᠯ ᠤᠨ ᠢᠳᠡᠭᠡᠨ ᠤ ᠠᠮᠤᠷ ᠲᠦᠪᠰᠢᠨ ᠢ | ᠬᠠᠷᠢᠭᠤᠴᠠᠨ᠎ᠠ᠃ ᠡᠮ ᠤᠨ ᠵᠦᠢᠯ ᠤᠨ ᠭᠦᠢᠯᠭᠡᠭᠡᠨ ᠤ ᠬᠥᠭᠵᠢᠯᠲᠡ ᠶᠢᠨ ᠲᠥᠯᠥᠪᠵᠢᠭᠦᠯᠭᠡ ᠪᠣᠯᠤᠨ ᠲᠥᠷᠥ ᠶᠢᠨ | ᠪᠣᠳᠣᠯᠭ᠎ᠠ ᠶᠢ ᠬᠠᠮᠵᠢᠯᠴᠠᠨ ᠬᠡᠷᠡᠭᠵᠢᠭᠦᠯᠬᠦ ᠶᠢ ᠬᠠᠷᠢᠭᠤᠴᠠᠵᠤ᠂ ᠡᠯ᠎ᠡ ᠱᠠᠲᠤᠨ ᠤ ᠡᠮ ᠤᠨ ᠵᠦᠢᠯ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠡᠮ ᠤᠨ ᠵᠦᠢᠯ ᠤᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ | ᠬᠠᠷᠢᠭᠤᠴᠠᠬᠤ ᠬᠡᠷᠡᠭᠲᠡᠶ᠃ | 2. ᠲᠣᠭᠤᠷᠢᠭ ᠤᠨ ᠠᠮᠤ ᠪᠤᠳᠠᠭ᠎ᠠ ᠪᠣᠯᠤᠨ ᠡᠳ᠋ ᠪᠠᠷᠠᠭ᠎ᠠ ᠨᠥᠭᠡᠴᠡᠯᠡᠬᠦ ᠲᠣᠪᠴᠢᠶ᠎ᠠ ᠯᠤᠭ᠎ᠠ ᠶᠢᠨ ᠴᠢᠬᠤᠯᠠ | ᠬᠡᠷᠡᠭᠯᠡᠭᠡᠨ ᠤ ᠵᠦᠢᠯ ᠤᠨ ᠨᠥᠭᠡᠴᠡᠯᠡᠯᠲᠡ ᠶᠢᠨ ᠬᠠᠮᠢᠶᠠᠷᠤᠯᠲᠠ ᠶᠢᠨ ᠲᠠᠯ᠎ᠠ ᠪᠠᠷ ᠬᠢ ᠡᠭᠦᠷᠭᠡ ᠬᠠᠷᠢᠭᠤᠴᠠᠯᠭ᠎ᠠ ᠶᠢᠨ | ᠬᠤᠪᠢᠶᠠᠷᠢᠯᠠᠯ᠃ | ︵1︶ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠮᠢᠬᠠᠨ ᠤ ᠵᠦᠶ᠋ᠯ ᠤᠨ ᠨᠥᠭᠡᠴᠡ ᠬᠠᠮᠢᠶᠠᠷᠤᠯᠲᠠ ᠶᠢ | ᠬᠠᠷᠢᠭᠤᠴᠠᠨ᠎ᠠ᠃ | ︵2︶ ᠲᠤᠭᠤᠷᠢᠭ ᠤᠨ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ ᠪᠤᠰᠤᠳ ᠴᠢᠬᠤᠯᠠ | ᠬᠡᠷᠡᠭᠯᠡᠭᠡᠨ ᠤ ᠵᠦᠢᠯ ᠤᠨ ᠨᠥᠭᠡᠴᠡᠯᠡᠬᠦ ᠬᠠᠮᠢᠶᠠᠷᠤᠯᠲᠠ ᠶᠢ ᠬᠠᠷᠢᠭᠤᠴᠠᠨ᠎ᠠ᠃ | ᠳᠥᠷᠪᠡᠳᠦᠭᠡᠷ ᠵᠦᠶ᠋ᠯ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠳᠣᠲᠣᠭᠠᠳᠤ | ᠪᠠᠶᠢᠭᠤᠯᠤᠮᠵᠢ ᠪᠠᠶᠢᠭᠤᠯᠬᠤ ᠦᠭᠡᠢ᠃ | ᠲᠠᠪᠤᠳᠤᠭᠠᠷ ᠵᠦᠢᠯ ᠲᠤᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠪᠠᠶᠢᠭᠤᠯᠭ᠎ᠠ ᠶᠢᠨ | ᠵᠠᠰᠠᠭ ᠵᠠᠬᠢᠷᠭᠠᠨ ᠤ ᠣᠷᠣᠨ ᠲᠤᠭ᠎ᠠ 5 ᠨᠡᠷᠡᠰ ᠪᠣᠯᠤᠨ᠎ᠠ᠃ ᠲᠣᠪᠴᠢᠶᠠᠨ ᠳᠠᠷᠤᠭ᠎ᠠ 1᠂ ᠳᠡᠳ᠋ ᠲᠣᠪᠴᠢᠶᠠᠨ | ᠳᠠᠷᠤᠭ᠎ᠠ 2 ᠨᠡᠷ᠎ᠡ ᠲᠣᠬᠢᠷᠠᠭᠤᠯᠪᠠ᠃ | ᠵᠢᠷᠭᠤᠳᠤᠭᠠᠷ ᠵᠦᠢᠯ ᠲᠣᠰ ᠲᠣᠭᠲᠠᠭᠠᠯ ᠤᠨ ᠲᠠᠶᠢᠯᠪᠤᠷᠢᠯᠠᠯᠲᠠ ᠶᠢ ᠭᠦᠢᠴᠡᠳᠭᠡᠬᠦ ᠠᠵᠢᠯ ᠢ ᠲᠤᠭᠤᠷᠢᠭ ᠤᠨ | ᠨᠠᠮ ᠤᠨ ᠬᠤᠷᠢᠶ᠎ᠠ ᠶᠢᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠤᠷᠢᠶ᠎ᠠ ᠶᠢᠨ ᠠᠯᠪᠠᠨ ᠬᠡᠷ ᠠᠴᠠ ᠬᠠᠷᠢᠭᠤᠴᠠᠵᠤ᠂ | ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠤᠷᠢᠶ᠎ᠠ ᠶᠢᠨ ᠠᠯᠪᠠᠨ ᠬᠡᠷ ᠨᠢ | ᠲᠣᠭᠲᠠᠭᠰᠠᠨ ᠵᠢᠷᠤᠮ ᠶᠣᠰᠣᠭᠠᠷ ᠭᠦᠢᠴᠡᠳᠬᠡᠨ᠎ᠡ᠃ | ᠳᠣᠯᠣᠳᠤᠭᠠᠷ ᠵᠦᠢᠯ ᠲᠤᠰ ᠲᠣᠭᠲᠠᠭᠠᠯ ᠢ 2019 ᠣᠨ ᠤ 3 ᠳ᠋ᠤᠭᠠᠷ ᠰᠠᠷ᠎ᠠ ᠶᠢᠨ 20 ᠤ ᠡᠳᠦᠷ ᠠᠴᠠ | ᠡᠬᠢᠯᠡᠵᠦ ᠬᠡᠷᠡᠭᠵᠢᠭᠦᠯᠦᠨ᠎ᠡ᠃ | ᠬᠠᠶ᠋ᠢᠭ᠄ ᠥᠪᠥᠷ ᠮᠣᠩᠭᠤᠯ ᠤᠨ ᠦᠬᠠᠶ ᠬᠤᠲᠠ ᠶᠢᠨ ᠬᠠᠶᠢᠨᠠᠨ ᠲᠣᠭᠤᠷᠢᠭ ᠤᠨ ᠪᠠᠶᠠᠨ ᠣᠰᠣ ᠵᠡᠭᠡᠯᠢ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ C ᠰᠠᠭᠤᠳᠠᠯ C303 ᠥᠷᠥᠭᠡ | ᠠᠯᠪᠠᠯᠠᠬᠤ ᠴᠠᠭ᠄ ᠦᠳᠡ ᠶᠢᠨ ᠡᠮᠦᠨ᠎ᠡ 9᠄ 00 - 12᠄ 00 ᠦᠳᠡ ᠶᠢᠨ ᠬᠤᠶᠢᠨ᠎ᠠ᠄ 14᠄ 30 - | 17᠄ 30 | ᠬᠠᠷᠢᠯᠴᠠᠬᠤ ᠬᠡᠯᠪᠡᠷᠢ᠄ 0473-4022166 | ᠬᠠᠷᠢᠭᠤᠴᠠᠯᠭᠠᠲᠠᠨ ᠤ ᠣᠪᠣᠭ ᠨᠡᠷ᠎ᠡ᠄ ᠽᠧᠩ ᠴᠦᠨ ᠴᠢ |