2024 ᠣᠨ ᠤ 1 ᠰᠠᠷ᠎ᠠ ᠶᠢᠨ 23 ᠤ ᠡᠳᠦᠷ ᠦᠬᠠᠢ ᠬᠤᠳᠠ ᠶᠢᠨ ᠬᠠᠶᠢᠨᠠᠨ ᠲᠤᠭᠤᠷᠢᠭ ᠲᠤ | ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ | ᠬᠤᠷᠠᠯᠳᠤᠭᠠᠨ ᠳᠡᠭᠡᠷ᠎ᠡ | ᠬᠠᠶᠢᠨᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠠᠷᠤᠭ᠎ᠠ ᠪᠠᠶ ᠴᠦᠨ ᠯᠸᠢ | ᠲᠥᠯᠥᠭᠡᠯᠡᠭᠴᠢᠳ ᠡ᠄ | ᠤᠳᠤ ᠪᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ | ᠠᠵᠢᠯ ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ | ᠪᠠ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ 2023 ᠣᠨ ᠤ ᠠᠵᠢᠯ ᠤᠨ ᠡᠷᠭᠢᠴᠡᠭᠦᠯᠦᠯ | 2023 ᠤᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠬᠤ ᠡᠬᠢᠯᠡᠯᠲᠡ ᠶᠢᠨ ᠵᠢᠯ ᠮᠥᠨ᠂ ᠭᠤᠷᠪᠠᠨ ᠵᠢᠯ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠬᠡᠰᠡᠭ ᠰᠢᠯᠵᠢᠭᠰᠡᠨ ᠤ ᠳᠠᠷᠠᠭᠠᠬᠢ ᠠᠵᠤ ᠠᠬᠤᠢ ᠶᠢᠨ | ᠰᠡᠷᠭᠦᠯᠲᠡ ᠶᠢᠨ ᠨᠢᠭᠡ ᠵᠢᠯ ᠮᠥᠨ᠂ ᠪᠠᠰᠠ ᠴᠤ ᠬᠠᠶᠢᠨᠠᠨ ᠲᠣᠭᠤᠷᠢᠭ ᠤᠨ ᠬᠥᠭᠵᠢᠯᠲᠡ ᠶᠢᠨ ᠶᠠᠪᠤᠴᠠ ᠳᠠᠬᠢ | ᠲᠦᠢᠯ ᠤᠨ ᠶᠡᠷᠦ ᠪᠤᠰᠤ ᠶᠢᠨ ᠨᠢᠭᠡ ᠵᠢᠯ ᠮᠥᠨ᠃ ᠨᠢᠭᠡ ᠵᠢᠯ ᠤᠨ ᠲᠤᠷᠰᠢ᠂ ᠨᠠᠷᠢᠨ ᠪᠤᠳᠤᠯᠢᠶᠠᠨᠲᠠᠢ ᠬᠦᠨᠳᠦ | ᠬᠡᠴᠡᠭᠦᠦ ᠠᠵᠤ ᠠᠬᠤᠢ ᠶᠢᠨ ᠪᠠᠶᠢᠳᠠᠯ ᠪᠣᠯᠤᠨ ᠪᠡᠷᠬᠡ ᠬᠠᠲᠠᠭᠤᠵᠢᠯᠲᠠᠢ ᠨᠦᠰᠡᠷ ᠬᠦᠨᠳᠦ ᠬᠥᠭᠵᠢᠯᠲᠡ ᠶᠢᠨ | ᠡᠭᠦᠷᠭᠡ ᠶᠢᠨ ᠡᠮᠦᠨ᠎ᠡ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ | ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠢ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠡᠯ᠎ᠡ ᠵᠦᠢᠯ ᠤᠨ ᠠᠵᠢᠯ ᠤᠨ ᠭᠤᠣᠯ ᠰᠢᠵᠢᠮ | ᠪᠣᠯᠭᠠᠬᠤ ᠶᠢ ᠪᠠᠷᠢᠮᠲᠠᠯᠠᠵᠤ᠂ ᠪᠠᠭᠠᠲᠤᠷ ᠡᠷ᠎ᠡ ᠪᠠᠭᠤᠤ ᠪᠠᠨ ᠴᠠᠪᠴᠢᠬᠤ ᠰᠥᠰᠥ ᠵᠣᠷᠢᠭ ᠪᠠ ᠡᠷᠡᠰ ᠵᠣᠷᠢᠭ ᠢᠶᠠᠷ ᠪᠦᠬᠦ | ᠬᠦᠴᠦᠨ ᠢᠶᠠᠷ ᠢᠶᠠᠨ ᠠᠵᠤ ᠠᠬᠤᠢ ᠶᠢ ᠲᠣᠭᠲᠠᠪᠤᠷᠢᠵᠢᠭᠤᠯᠬᠤ᠂ ᠪᠦᠲᠦᠴᠡ ᠶᠢ ᠲᠤᠬᠢᠷᠠᠭᠤᠯᠬᠤ᠂ ᠬᠡᠯᠪᠡᠷᠢ ᠶᠢ | ᠬᠤᠪᠢᠷᠠᠭᠤᠯᠬᠤ ᠶᠢ ᠠᠬᠢᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ | ᠰᠡᠷᠭᠡᠶᠢᠯᠡᠬᠦ ᠶᠢ ᠠᠬᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠰᠢᠨ᠎ᠡ ᠠᠬᠢᠴᠠ ᠰᠢᠨ᠎ᠡ ᠦᠷ᠎ᠡ | ᠪᠦᠲᠦᠮᠵᠢ ᠤᠯᠬᠤ ᠶᠢ ᠠᠬᠢᠭᠤᠯᠪᠠ᠃ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 20 ᠳ᠋ᠦᠩᠰᠢᠭᠤᠷ | ᠲᠥᠭᠦᠷᠢᠭ ᠢ ᠳᠠᠪᠠᠵᠤ᠂ ᠠᠳᠠᠯᠢ ᠬᠤᠭᠤᠴᠠᠭᠠᠨ ᠤ ᠬᠢ ᠠᠴᠠ 7% ᠪᠠᠷ ᠨᠡᠮᠡᠭᠳᠡᠪᠡ︔ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠶ ᠥᠷᠲᠡᠭ ᠠᠳᠠᠯᠢ ᠬᠤᠭᠤᠴᠠᠭᠠᠨ ᠤ ᠬᠢ ᠠᠴᠠ 2.2% ᠢᠶᠠᠷ ᠨᠡᠮᠡᠭᠳᠡᠪᠡ︔ | ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ 76.12 ᠳ᠋ᠦᠩᠰᠢᠭᠤᠷ ᠲᠥᠭᠦᠷᠢᠭ ᠢ ᠪᠡᠶᠡᠯᠡᠭᠦᠯᠪᠡ︔ | ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠬᠡᠮᠵᠢᠶ᠎ᠡ ᠠᠳᠠᠯᠢ | ᠬᠤᠭᠤᠴᠠᠭᠠᠨ ᠤ ᠬᠢ ᠠᠴᠠ 4.9% ᠪᠠᠷ ᠨᠡᠮᠡᠭᠳᠡᠪᠡ︔ ᠬᠤᠲᠠ ᠪᠠᠯᠭᠠᠰᠤ᠂ ᠲᠠᠷᠢᠶᠠᠯᠠᠬᠤ ᠣᠷᠣᠨ ᠤ ᠪᠠᠶᠢᠩᠭᠤ | ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ 3.8%᠂ | 6.4% ᠪᠠᠷ ᠨᠡᠮᠡᠭᠳᠡᠪᠡ᠃ | ᠪᠦᠬᠦ ᠬᠦᠴᠦᠨ ᠢᠶᠠᠷ ᠢᠶᠠᠨ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠬᠤᠶᠠᠷ ᠶᠡᠭᠡ ᠶᠠᠪᠤᠳᠠᠯ ᠢ | ᠲᠦᠷᠭᠡᠳᠬᠡᠨ ᠠᠬᠢᠭᠤᠯᠤᠨ᠎ᠠ | ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡ ᠰᠡᠳᠬᠢᠯ | ᠨᠢᠭᠡ ᠵᠣᠷᠢᠭ ᠢᠶᠠᠷ ᠬᠥᠭᠵᠢᠯᠲᠡ ᠶᠢ ᠠᠳᠬᠤᠵᠤ᠂ ᠡᠭᠦᠷᠭᠡ ᠲᠠᠢ ᠨᠢᠭᠲᠠ ᠤᠶᠠᠯᠳᠤᠭᠤᠯᠤᠨ | ᠨᠠᠶᠢᠳᠠᠪᠤᠷᠢᠵᠢᠭᠤᠯᠤᠯᠲᠠ ᠶᠢ ᠠᠳᠬᠤᠨ᠎ᠠ᠃ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠡᠳᠦᠷ ᠢᠷᠡᠬᠦᠶ᠎ᠡ | ᠪᠠᠬᠢᠵᠢᠪᠡ᠃ ᠭᠤᠤᠯᠳᠠᠯᠭ᠎ᠠ ᠲᠠᠢ ᠠᠭᠤᠷᠬᠠᠶ ᠶᠢᠨ ᠣᠷᠣᠨ ᠪᠠ 12 ᠰᠠᠭᠤᠷᠢ ᠲᠡᠤᠬᠡᠨ ᠠᠴᠠ ᠦᠯᠡᠳᠡᠭᠳᠡᠵᠦ | ᠢᠷᠡᠭᠰᠡᠨ ᠡᠵᠡᠨ ᠥᠬᠡᠶ ᠠᠭᠤᠷᠬᠠᠶ ᠶᠢ ᠵᠠᠰᠠᠬᠤ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠦᠭᠰᠡᠨ ᠪᠥᠭᠡᠳ ᠰᠢᠯᠭᠠᠨ | ᠠᠪᠴᠤ ᠳ᠋ᠤᠭᠠᠷ ᠬᠠᠰᠤᠵᠤ᠂ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠤᠨ ᠶᠡᠷᠦᠩᠬᠡᠶᠢᠯᠡᠭᠰᠡᠨ ᠵᠢᠭᠠᠯᠲᠠ | ᠲᠤᠭ᠎ᠠ ᠠᠳᠠᠯᠢ ᠬᠤᠭᠤᠴᠠᠭᠠᠨ ᠤ ᠬᠢ ᠠᠴᠠ 6.9% ᠪᠠᠷ ᠰᠠᠶᠢᠵᠢᠷᠠᠵᠤ᠂ ᠲᠡᠤᠬᠡ ᠶᠢᠨ ᠬᠠᠮᠤᠭ ᠤᠨ ᠰᠠᠶᠢᠨ ᠬᠢᠷᠢ | ᠲᠦᠪᠰᠢᠨ ᠢ ᠡᠭᠦᠳᠴᠦ᠂ ᠬᠠᠲᠤᠨ ᠭᠤᠤᠯ ᠤᠨ ᠬᠠᠶᠢᠨᠠᠨ ᠲᠣᠭᠤᠷᠢᠭ ᠤᠨ ᠬᠡᠰᠡᠭ ᠤᠨ ᠤᠰᠤᠨ ᠤ ᠴᠢᠨᠠᠷ ᠢ Ⅱ | ᠲᠥᠷᠥᠯ ᠳᠤ ᠲᠣᠭᠲᠠᠪᠤᠷᠢᠵᠢᠭᠤᠯᠪᠠ᠃ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠨᠡᠩ ᠪᠠᠲᠤᠳᠬᠠᠪᠠ᠃ | ᠭᠤᠷᠪᠠᠨ ᠲᠣᠭᠤᠷᠢᠭ ᠤᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠲᠦᠭᠰᠢᠭᠦᠷᠢ ᠶᠡᠬᠡᠲᠡᠶ ᠲᠠᠰ ᠠᠴᠠ | ᠤᠷᠢᠳᠠᠪᠠᠷ ᠤᠬᠤᠷᠢᠨ ᠭᠠᠷᠴᠤ᠂ ᠴᠠᠭᠳᠠᠭᠠᠨ ᠤ ᠪᠠᠶᠢᠳᠠᠯ᠂ ᠡᠷᠡᠭᠦᠦ ᠶᠢᠨ ᠬᠡᠷᠡᠭ ᠤᠨ ᠬᠡᠷᠡᠭ ᠪᠣᠯᠭᠠᠨ ᠳᠠᠩᠰᠠᠯᠠᠭᠰᠠᠨ | ᠲᠤᠭ᠎ᠠ ᠠᠳᠠᠯᠢ ᠬᠤᠭᠤᠴᠠᠭᠠᠨ ᠤ ᠬᠢ ᠠᠴᠠ ᠬᠤᠶᠠᠷ ᠢ ᠪᠠᠭᠤᠷᠠᠭᠤᠯᠵᠤ᠂ ᠨᠡᠯᠢᠶᠡᠳ ᠶᠡᠭᠡ ᠠᠴᠠ ᠳᠡᠭᠡᠭᠰᠢᠬᠢ ᠠᠮᠤᠷ | ᠲᠦᠪᠰᠢᠨ ᠤ ᠠᠳᠡᠯ ᠭᠠᠷᠬᠤ ᠥᠬᠡᠶ ᠪᠠᠶᠢᠨ᠎ᠠ᠃ ᠡᠨᠧᠷᠭᠢ ᠪᠣᠯᠤᠨ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ | ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠠᠩᠬ᠎ᠠ ᠠᠯᠬᠤᠮ ᠬᠡᠪᠴᠢᠶᠡᠵᠢᠵᠦ᠃ ᠲᠦᠭᠦᠬᠡᠢ ᠨᠡᠭᠦᠷᠡᠰᠦᠨ ᠤ | ᠭᠠᠷᠤᠯᠲᠠ 1400 ᠲᠦᠮᠡᠨ ᠲᠣᠨ᠂ ᠨᠠᠷᠢᠯᠢᠭ ᠨᠡᠭᠦᠷᠡᠰᠦᠨ ᠤ ᠭᠠᠷᠤᠯᠲᠠ 1100 ᠲᠦᠮᠡᠨ ᠲᠣᠨ᠂ ᠬᠡᠦᠷᠡᠰᠦ ᠶᠢᠨ | ᠭᠠᠷᠤᠯᠲᠠ 880 ᠲᠦᠮᠡᠨ ᠲᠣᠨ ᠳᠤ ᠬᠦᠷᠴᠦ᠂ 3 ᠪᠣᠬᠢᠷᠳᠤᠯ ᠦᠭᠡᠢ ᠴᠠᠬᠢᠯᠭᠠᠨ ᠤ ᠲᠥᠷᠥᠯ ᠵᠦᠢᠯ ᠢ | ᠤᠷᠤᠭᠰᠢᠲᠠᠢ ᠪᠠᠷ ᠴᠣᠬᠤᠯᠠᠪᠤᠷᠢᠯᠠᠭᠤᠯᠵᠤ᠂ 3 ᠲᠠᠷᠬᠠᠮᠠᠯ ᠭᠡᠷᠡᠯ ᠴᠡᠨᠡᠭ ᠤᠨ ᠲᠣᠣᠷ ᠲᠤ ᠨᠡᠶᠢᠯᠡᠭᠦᠯᠦᠨ ᠴᠠᠬᠢᠯᠭᠠᠨ | ᠭᠠᠷᠭᠠᠪᠠ᠃ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ | ᠭᠠᠵᠠᠷ ᠤᠨ ᠪᠦᠲᠦᠭᠡᠨ ᠪᠠᠶᠢᠭᠤᠯᠤᠯᠲᠠ ᠦᠷ᠎ᠡ ᠪᠦᠲᠦᠮᠵᠢ ᠣᠯᠪᠠ᠃ ᠠᠮᠤ ᠪᠤᠳᠠᠭ᠎ᠠ᠂ ᠢᠳᠡᠰᠢᠨ ᠨᠣᠭᠤᠭ᠎ᠠ ᠳᠠᠷᠢᠬᠤ | ᠲᠠᠯᠠᠪᠠᠶ ᠲᠣᠰ ᠲᠣᠰ ᠠᠳᠠᠯᠢ ᠬᠤᠭᠤᠴᠠᠭᠠᠨ ᠤ ᠬᠢ ᠠᠴᠠ ᠲᠣᠰ ᠲᠣᠰ 11.7%᠂ 19.1% ᠪᠠᠷ ᠨᠡᠮᠡᠭᠳᠡᠵᠦ᠂ | ᠬᠤᠲᠠ ᠶᠢᠨ ᠱᠠᠲᠤᠨ ᠠᠴᠠ ᠪᠠᠭᠤᠯᠭᠠᠭᠰᠠᠨ ᠣᠨ ᠤ ᠡᠭᠦᠷᠭᠡ ᠪᠠᠨ ᠳᠠᠪᠠᠭᠤᠯᠤᠨ ᠪᠡᠶᠡᠯᠡᠭᠦᠯᠵᠦ᠂ ᠮᠢᠬᠠᠨ ᠤ ᠵᠦᠶ᠋ᠯ᠂ | ᠵᠢᠭᠦᠷᠲᠡᠨ ᠤ ᠥᠨᠳᠡᠭᠡ ᠶᠢᠨ ᠭᠠᠷᠤᠯᠲᠠ ᠪᠥᠬᠦ ᠬᠤᠲᠠ ᠶᠢᠨ ᠲᠡᠷᠢᠭᠦᠨ ᠳᠤ ᠣᠷᠣᠵᠤ᠂ ︽ᠬᠠᠶᠢᠨᠠᠨ ᠲᠣᠭᠤᠷᠢᠭ ᠤᠨ | ᠭᠠᠭ᠋ᠠᠶ ᠶᠢᠨ ᠮᠢᠬ᠎ᠠ︾ ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠢᠶᠠᠷ | ᠦᠨᠡᠯᠡᠭᠳᠡᠪᠡ᠃ ᠤᠮᠠᠷᠠᠰᠢ ᠨᠡᠭᠡᠭᠡᠯᠲᠡ ᠬᠢᠬᠦ ᠬᠥᠭᠦᠷᠭᠡᠨ ᠪᠠᠬᠢᠯᠡᠯᠲᠡ ᠨᠡᠩ ᠴᠤ ᠠᠮᠢᠵᠢᠷᠠᠯ ᠤᠨ ᠬᠦᠴᠦᠨ ᠲᠠᠢ ᠪᠣᠯᠪᠠ᠃ | ᠭᠠᠳᠠᠭᠠᠳᠤ ᠪᠡᠯᠡ ᠶᠢ ᠠᠰᠢᠭᠯᠠᠭᠠᠳ ︽ᠲᠡᠭ︾ ᠪᠣᠯᠵᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ | ᠭᠠᠷᠭᠠᠬᠤ ᠠᠷᠠᠯᠵᠢᠶᠠᠨ ᠤ ᠲᠤᠭ᠎ᠠ ᠠᠳᠠᠯᠢ ᠬᠤᠭᠤᠴᠠᠭᠠᠨ ᠤ ᠬᠢ ᠠᠴᠠ 31.1% ᠪᠠᠷ ᠨᠡᠮᠡᠭᠳᠡᠵᠦ᠂ ᠳᠤᠮᠳᠠᠳᠤ | ᠮᠣᠩᠭᠤᠯ ᠣᠷᠣᠰ ᠤᠨ ᠣᠨᠴᠠᠯᠢᠭᠲᠤ ᠠᠷᠠᠯᠵᠢᠶᠠᠨ ᠤ ᠲᠣᠭᠤᠷᠢᠭ ᠵᠢᠩᠬᠢᠨᠢ ᠪᠠᠷ ᠠᠰᠢᠭᠯᠠᠯᠲᠠ ᠳᠤ ᠤᠷᠤᠭᠰᠠᠨ | ᠪᠥᠭᠡᠳ ︽ᠳᠤᠮᠳᠠᠳᠤ ᠤᠯᠤᠰ ᠤᠨ ᠨᠢᠭᠡ ᠰᠢᠶᠠᠩ ᠨᠢᠭᠡ ᠪᠦᠲᠦᠭᠡᠭᠳᠡᠬᠦᠨ ᠤ ᠠᠵᠤ ᠦᠢᠯᠡᠰ ᠤᠨ ᠵᠢᠱᠢᠶ᠎ᠡ | ᠦᠵᠡᠭᠦᠯᠬᠦ ᠣᠷᠣᠨ︾ ᠢ ᠠᠮᠵᠢᠯᠲᠠ ᠲᠠᠢ ᠪᠠᠷ ᠡᠭᠦᠳᠦᠨ ᠪᠠᠶᠢᠭᠤᠯᠪᠠ᠃ ︽ᠵᠢᠱᠢᠶᠡᠴᠢ ᠥᠪᠡᠷᠲᠡᠭᠡᠨ ᠵᠠᠰᠠᠬᠤ | ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠵᠤ ᠯᠠᠪᠳᠠᠭᠤᠨ ᠪᠠᠲᠤᠲᠠᠶ ᠠᠬᠢᠭᠤᠯᠪᠠ᠃ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠭᠰᠠᠨ ᠪᠣᠳᠠᠲᠤ ᠪᠣᠳᠠᠰ ᠤᠨ | ᠦᠵᠡᠮᠵᠢ 91 ᠶᠢ ᠪᠠᠶᠢᠭᠤᠯᠵᠤ᠂ ᠨᠢᠭᠡ ᠨᠢᠯᠬ᠎ᠠ ᠬᠡᠤᠬᠡᠳ᠂ ᠸᠠᠨ ᠮᠦ ᠲᠠᠨ ᠲᠣᠰᠬᠤᠨ ᠥᠪᠡᠷᠲᠡᠭᠡᠨ ᠵᠠᠰᠠᠬᠤ | ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ ᠶᠢ ᠠᠮᠵᠢᠯᠲᠠ ᠲᠠᠢ ᠪᠠᠷ | ᠡᠭᠦᠳᠦᠨ ᠪᠠᠶᠢᠭᠤᠯᠪᠠ᠃ | ᠪᠦᠲᠦᠴᠡ ᠳᠤ ᠲᠣᠬᠢᠷᠠᠭᠤᠯᠤᠯᠲᠠ ᠬᠢᠵᠦ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠠᠯᠬᠤᠴᠠ | ᠪᠠᠲᠤ ᠪᠠᠬᠢ ᠪᠤᠯᠤᠬᠰᠠᠨ ᠪᠠᠶᠢᠨ᠎ᠠ | ᠠᠵᠤ ᠦᠢᠯᠡᠰ ᠤᠨ ᠬᠠᠮᠵᠢᠯᠴᠠᠨ ᠬᠥᠭᠵᠢᠬᠦ ︽ᠬᠠᠮ ᠨᠢᠳᠤᠷᠭ᠎ᠠ︾ ᠶᠢ ᠰᠠᠶᠢᠲᠤᠷ ᠠᠳᠬᠤᠬᠤ ᠶᠢ | ᠪᠠᠷᠢᠮᠲᠠᠯᠠᠵᠤ᠂ ᠲᠦᠷᠦᠯ ᠵᠦᠢᠯ ᠢ ᠦᠷᠭᠦᠯᠵᠢᠯᠡᠨ ᠬᠦᠴᠦᠯᠡᠨ ᠠᠳᠬᠤᠵᠤ᠂ ᠠᠵᠤ ᠦᠢᠯᠡᠰ ᠢ ᠰᠢᠯᠢᠳᠡᠭᠵᠢᠭᠦᠯᠵᠦ᠂ | ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ᠃ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ | ᠬᠤᠷᠳᠤᠴᠠ ᠶᠢ ᠲᠦᠷᠭᠡᠳᠬᠡᠵᠦ ᠦᠷ᠎ᠡ ᠠᠰᠢᠭ ᠢ ᠨᠡᠮᠡᠭᠳᠡᠭᠦᠯᠦᠨ᠎ᠡ᠃ 2023 ᠳᠤᠮᠳᠠᠳᠤ ᠤᠯᠤᠰ · ᠦᠬᠠᠢ ᠶᠢᠨ | ᠨᠡᠭᠦᠷᠡᠰᠦ ᠪᠠᠷ ᠰᠠᠭᠤᠷᠢ ᠪᠣᠯᠭᠠᠭᠰᠠᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠥᠭᠵᠢᠯᠲᠡ ᠶᠢᠨ ᠶᠡᠭᠡ ᠬᠤᠷᠠᠯ ᠢ | ᠳᠠᠭᠠᠭᠠᠨ ᠡᠷᠭᠢᠯᠡᠵᠦ᠂ ᠾᠧ ᠯᠢ ᠨᠡᠭᠦᠷᠡᠰᠦᠲᠥ᠋ᠷᠥᠭᠴᠢ ᠶᠢᠨ ᠰᠢᠷᠬᠡᠭᠯᠢᠭ᠂ ᠬᠠᠷ᠎ᠠ ᠮᠤᠤᠷ ᠤᠨ ᠹᠧᠨᠤᠯ ᠠᠯᠳᠧᠭᠢᠳ᠋ | ᠳᠠᠪᠠᠷᠬᠠᠢ ᠵᠡᠷᠭᠡ 54 ᠲᠥᠷᠥᠯ ᠵᠦᠢᠯ ᠢ ᠣᠷᠣᠭᠤᠯᠤᠨ ᠠᠪᠴᠢᠷᠠᠵᠤ ᠪᠣᠶᠢᠵᠢᠭᠤᠯᠤᠨ᠂ 72.67 ᠳ᠋ᠦᠩᠰᠢᠭᠤᠷ | ᠲᠥᠭᠦᠷᠢᠭ ᠤᠨ ᠪᠡᠯᠡ ᠮᠥᠩᠭᠦ ᠶᠢ ᠪᠣᠳᠠᠲᠠᠶᠢᠵᠢᠭᠤᠯᠪᠠ᠃ ︽ᠵᠦᠢᠯᠡᠰ ᠤᠨ ᠪᠦᠲᠦᠭᠡᠨ ᠪᠠᠶᠢᠭᠤᠯᠤᠯᠲᠠ ᠶᠢᠨ ᠶᠠᠰᠤ | ᠴᠢᠨᠠᠷ ᠢ ᠳᠡᠭᠡᠭᠰᠢᠯᠡᠭᠦᠯᠦᠨ ᠬᠤᠷᠳᠤᠴᠠ ᠶᠢ ᠳᠡᠭᠡᠭᠰᠢᠯᠡᠭᠦᠯᠬᠦ ᠠᠵᠢᠯᠯᠠᠭ᠎ᠠ︾ ᠶᠢ ᠬᠡᠷᠡᠭᠵᠢᠭᠦᠯᠵᠦ᠂ ︽ᠳᠠᠪᠠᠭᠤᠯᠢᠭ ᠢᠶᠠᠨ | ᠪᠠᠳᠠᠷᠠᠭᠤᠯᠬᠤ᠂ ᠵᠥᠷᠢᠶ᠎ᠡ ᠪᠠᠨ ᠡᠷᠢᠬᠦ᠂ ᠬᠥᠭᠵᠢᠯᠲᠡ ᠶᠢ ᠠᠬᠢᠭᠤᠯᠬᠤ︾ ᠭᠤᠣᠯᠳᠠᠯᠭ᠎ᠠ ᠲᠠᠢ ᠵᠦᠢᠯᠡᠰ ᠤᠨ | ᠲᠥᠪᠯᠡᠷᠡᠩᠭᠦᠢ ᠦᠵᠡᠭᠦᠯᠦᠯᠭᠡ ᠶᠢᠨ ᠴᠤᠭᠯᠠᠭᠠᠨ ᠢ ᠡᠷᠬᠢᠯᠡᠵᠦ᠂ 53 ᠭᠤᠣᠯᠳᠠᠯᠭ᠎ᠠ ᠲᠠᠢ ᠵᠦᠢᠯᠡᠰ ᠤᠨ ᠠᠵᠢᠯ ᠢᠶᠠᠨ | ᠡᠬᠢᠯᠡᠭᠦᠯᠦᠭᠰᠡᠨ ᠪᠠ ᠰᠡᠷᠭᠦᠭᠡᠭᠰᠡᠨ ᠨᠤᠷᠮ᠎ᠠ ᠶᠢ 100% ᠪᠠᠷ ᠨᠡᠮᠡᠭᠳᠡᠭᠦᠯᠪᠡ᠃ ᠤᠯᠠᠮᠵᠢᠯᠠᠯᠲᠤ ᠠᠵᠤ ᠦᠢᠯᠡᠰ | ᠠᠮᠢᠵᠢᠷᠠᠯ ᠤᠨ ᠬᠦᠴᠦᠨ ᠢᠶᠠᠨ ᠬᠦᠭᠵᠢᠭᠡᠨ᠎ᠡ᠃ ᠠᠭᠤᠷᠬᠠᠶ ᠶᠢᠨ ᠡᠷᠬᠡ᠂ ᠨᠡᠭᠦᠷᠡᠰᠦ ᠤᠬᠢᠶᠠᠬᠤ᠂ ᠬᠡᠤᠷᠰᠢᠭᠦᠯᠬᠦ | ︽ᠭᠤᠷᠪᠠ ᠶᠢ ᠡᠮᠬᠢᠯᠡᠨ ᠨᠡᠶᠢᠯᠡᠭᠦᠯᠬᠦ︾ ᠦᠷᠭᠦᠯᠵᠢᠯᠡᠨ ᠬᠦᠴᠦᠯᠡᠵᠦ᠂ ᠠᠭᠤᠷᠬᠠᠶ ᠶᠢᠨ ᠡᠷᠬᠡ ᠶᠢ ᠡᠮᠬᠢᠯᠡᠨ | ᠨᠡᠶᠢᠯᠡᠭᠦᠯᠬᠦ ᠠᠵᠢᠯ ᠢ ᠡᠮᠬᠢ ᠵᠢᠷᠤᠮ ᠲᠠᠢ ᠠᠬᠢᠭᠤᠯᠪᠠ︔ ᠨᠡᠭᠦᠷᠡᠰᠦ ᠤᠬᠢᠶᠠᠵᠤ ᠰᠣᠩᠭᠤᠬᠤ ᠶᠡᠷᠦᠩᠬᠡᠶᠢᠯᠡᠭᠰᠡᠨ ᠠᠵᠤ | ᠦᠢᠯᠡᠰ ᠤᠨ 4 ᠵᠢᠱᠢᠶ᠎ᠡ ᠦᠵᠡᠭᠦᠯᠬᠦ ᠬᠦᠷᠢᠶᠡᠯᠡᠩ ᠤᠨ ᠠᠬᠢᠴᠠ ᠤᠷᠤᠭᠰᠢᠲᠠᠶ ᠪᠠᠶᠢᠨ᠎ᠠ︔ 4.3 ᠮᠧᠳ᠋ᠷ ᠠᠴᠠ | ᠳᠣᠷᠣᠭᠰᠢ 4 100 ᠲᠦᠮᠡᠨ ᠲᠣᠨ ᠬᠡᠤᠷᠰᠢᠭᠦᠯᠬᠦ ᠵᠤᠤᠬ᠎ᠠ ᠶᠢ ᠰᠢᠭᠰᠢᠭᠳᠡᠭᠦᠯᠦᠨ ᠬᠠᠭᠠᠵᠤ᠂ 500 ᠲᠦᠮᠡᠨ ᠲᠣᠨ | ᠬᠡᠤᠷᠰᠢᠭᠦᠯᠬᠦ ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠨ ᠠᠵᠢᠯᠯᠠᠭᠤᠯᠵᠤ᠂ 360 ᠲᠦᠮᠡᠨ ᠲᠣᠨ | ᠬᠡᠤᠷᠰᠢᠭᠦᠯᠬᠦ ᠲᠥᠷᠥᠯ ᠵᠦᠢᠯ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠪᠠ᠃ ᠣᠳᠣ ᠦᠶ᠎ᠡ ᠶᠢᠨ ᠨᠡᠭᠦᠷᠡᠰᠦ | ᠬᠢᠮᠢ ᠶᠢᠨ ᠠᠵᠤ ᠦᠢᠯᠡᠳᠪᠦᠷᠢ ᠵᠡᠷᠭᠡ ᠠᠵᠤ ᠦᠢᠯᠡᠰ ᠤᠨ ᠬᠡᠯᠬᠢᠶ᠎ᠡ ᠵᠠᠯᠭᠠᠭ᠎ᠠ ᠵᠠᠯᠭᠠᠭ᠎ᠠ ᠪᠠᠷ ᠳᠡᠰ ᠳᠡᠪᠰᠢᠵᠦ᠂ | ᠮᠧᠲ᠋ᠢᠯ ᠠᠯᠺᠣᠤᠯ ᠤᠨ ᠰᠢᠩᠭᠡᠨ ᠰᠢᠪᠲᠦᠷ᠂ ᠶᠠ ᠳ᠋ᠦᠩ ᠬᠦᠬᠦᠷ ᠬᠦᠴᠢᠯ ᠤᠨ ᠨᠡᠶᠢᠯᠡᠯ᠂ ᠯᠢᠦᠢ ᠪᠠᠩ ᠲᠠᠷᠢᠶᠠᠨ | ᠡᠮ ᠤᠨ ᠵᠠᠪᠰᠠᠷ ᠤᠨ ᠴᠣᠭᠴᠠ ᠵᠡᠷᠭᠡ ᠲᠥᠷᠥᠯ ᠵᠦᠢᠯ ᠠᠰᠢᠭᠯᠠᠯᠲᠠ ᠳᠤ ᠣᠷᠣᠪᠠ᠃ ᠰᠢᠨ᠎ᠡ ᠪᠠᠷ ᠬᠥᠭᠵᠢᠭᠰᠡᠨ | ᠠᠵᠤ ᠦᠢᠯᠡᠰ ᠤᠨ ᠬᠥᠭᠵᠢᠯᠲᠡ ᠶᠢᠨ ᠬᠠᠨᠳᠤᠰᠢ᠃ ᠰᠠᠯᠬᠢ᠂ ᠭᠡᠷᠡᠯ᠂ ᠤᠰᠤᠲᠥ᠋ᠷᠥᠭᠴᠢ᠂ ᠨᠥᠭᠡᠴᠡᠯᠡᠬᠦ ᠲᠦᠷᠦᠯ | ᠵᠦᠢᠯ ᠢ ᠨᠢᠭᠡᠳᠦᠯᠲᠡᠢ ᠲᠥᠯᠥᠪᠵᠢᠭᠦᠯᠦᠨ ᠪᠠᠶᠢᠷᠢᠰᠢᠭᠤᠯᠵᠤ᠂ ᠪᠦᠦ ᠡᠤ᠂ ᠬᠠᠢ ᠹᠧᠩ ᠰᠠᠯᠬᠢ ᠭᠡᠷᠡᠯ ᠢᠶᠠᠷ | ᠤᠰᠤᠲᠥ᠋ᠷᠥᠭᠴᠢ ᠶᠢ ᠦᠢᠯᠡᠳᠬᠦ᠂ ᠥᠷᠭᠡᠨ ᠠᠭᠤᠳᠠᠮ ᠡᠨᠧᠷᠭᠢ ᠶᠢᠨ ᠠᠷᠠᠯ᠂ ᠱᠤᠸᠠᠩ ᠬᠠᠢ ᠤᠰᠤᠲᠥ᠋ᠷᠥᠭᠴᠢ ᠶᠢ | ᠦᠢᠯᠡᠳᠬᠦ ᠦᠷᠳᠡᠭᠡ ᠵᠡᠷᠭᠡ ᠲᠦᠷᠦᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠬᠡᠷᠡᠭᠵᠢᠭᠦᠯᠪᠡ᠃ ᠰᠢᠨ᠎ᠡ | ᠮᠠᠲ᠋ᠧᠷᠢᠶᠠᠯ ᠤᠨ ᠠᠵᠤ ᠦᠢᠯᠡᠰ ᠤᠨ ᠰᠦᠷᠦᠭᠵᠢᠯ ᠢ ᠲᠦᠷᠭᠡᠳᠬᠡᠨ ᠪᠠᠶᠢᠭᠤᠯᠵᠤ᠂ ᠬᠤᠸᠠ ᠾᠧᠩ ᠰᠢᠨ᠎ᠡ | ᠮᠠᠲ᠋ᠧᠷᠢᠶᠠᠯ ᠤᠨ ᠲᠥᠷᠥᠯ ᠵᠦᠢᠯ ᠢ ᠠᠮᠵᠢᠯᠲᠠ ᠲᠠᠢ ᠪᠠᠷ ᠲᠤᠷᠰᠢᠨ ᠦᠢᠯᠡᠳᠪᠦᠷᠢᠯᠡᠵᠦ᠂ ᠱᠢ ᠬᠤᠸᠠᠨ ᠤ ᠳᠡᠭᠡᠳᠦ | ᠴᠢᠳᠡᠪᠬᠢᠳᠦ ᠰᠢᠯ ᠰᠢᠷᠬᠡᠭ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ | ᠲᠣᠭᠠᠴᠢᠯᠠᠭᠰᠠᠨ ᠠᠵᠤ ᠦᠢᠯᠡᠰᠵᠢᠯᠲᠡ ᠶᠢᠨ ᠬᠥᠭᠵᠢᠯᠲᠡ ᠶᠢ ᠢᠳᠡᠪᠬᠢᠲᠡᠢ ᠰᠦᠪᠡᠭᠴᠢᠯᠡᠵᠦ᠂ ᠥᠪᠡᠷᠲᠡᠭᠡᠨ ᠵᠠᠰᠠᠬᠤ | ᠣᠷᠣᠨ ᠤ ᠠᠩᠬᠠᠳᠠᠭᠴᠢ ᠨᠡᠭᠦᠷᠡᠰᠦᠨ ᠤ ᠪᠤᠰᠤ ︽ᠡᠭᠦᠯᠡᠨ ᠠᠭᠤᠷᠬᠠᠶ︾ ᠶᠢ ᠰᠦᠯᠵᠢᠶᠡᠨ ᠳᠤ ᠣᠷᠣᠭᠤᠯᠤᠨ | ᠠᠵᠢᠯᠯᠠᠭᠤᠯᠵᠤ᠂ ᠦᠢᠯᠡᠳᠪᠦᠷᠢᠯᠡᠬᠦ ᠬᠤᠳᠳᠤᠭ ᠤᠨ ᠠᠵᠤ ᠦᠢᠯᠡᠳᠪᠦᠷᠢ ᠶᠢᠨ ᠨᠡᠭᠦᠷᠡᠰᠦᠨ ᠠᠭᠤᠷᠬᠠᠢ ᠶᠢᠨ | ᠤᠶᠤᠨᠴᠢᠯᠠᠭᠰᠠᠨ ᠠᠭᠤᠷᠬᠠᠢ ᠶᠢᠨ ᠬᠤᠳᠳᠤᠭ ᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠪᠡ᠃ ᠲᠠᠷᠢᠶᠠᠯᠠᠩ ᠮᠠᠯ ᠠᠵᠤ | ᠠᠬᠤᠶ ᠶᠢᠨ ᠠᠵᠤ ᠦᠢᠯᠡᠰ ᠤᠨ ᠬᠡᠮᠵᠢᠶ᠎ᠡ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠰᠠᠭᠤᠷᠢ ᠢᠵᠢ ᠪᠦᠷᠢᠳᠦᠭᠦᠯᠬᠦ ᠲᠥᠬᠦᠭᠡᠷᠦᠮᠵᠢ ᠶᠢ ᠠᠵᠢᠯ ᠡᠬᠢᠯᠡᠭᠦᠯᠦᠨ | ᠪᠥᠲᠥᠭᠡᠨ ᠪᠠᠶᠢᠭᠤᠯᠵᠤ᠂ ᠰᠢᠨ ᠢ ᠹᠧᠩ 63 ᠬᠦᠯᠡᠮᠵᠢ ᠶᠢ ᠪᠦᠬᠦᠨ ᠢ ᠠᠰᠢᠭᠯᠠᠯᠲᠠ ᠳᠤ ᠣᠷᠣᠭᠤᠯᠵᠤ᠂ ᠷᠦᠩ | ᠭᠤᠸᠠᠨ᠂ ᠪᠣᠣ ᠶᠤᠸᠠᠨ ᠤ ᠬᠤᠶᠠᠳᠤᠭᠠᠷ ᠬᠤᠭᠤᠴᠠᠭ᠎ᠠ ᠶᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠵᠢᠱᠢᠶ᠎ᠡ | ᠦᠵᠡᠭᠦᠯᠬᠦ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ᠂ ᠬᠤᠷᠰᠢᠶ᠎ᠠ 20 ᠪᠣᠯᠪᠠ᠃ ᠲᠣᠰᠬᠤᠨ ᠤ | ᠬᠠᠮᠲᠤ ᠶᠢᠨ ᠠᠵᠤ ᠠᠬᠤᠢ ᠶᠢᠨ ᠲᠥᠷᠥᠯ ᠵᠦᠢᠯ ᠤᠨ ᠠᠰᠢᠭ ᠣᠷᠣᠯᠭ᠎ᠠ 316 ᠲᠦᠮᠡᠨ ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 28% ᠪᠠᠷ ᠨᠡᠮᠡᠭᠳᠡᠨ᠂ ᠱᠦ ᠭᠤᠸᠠᠩ ᠲᠣᠰᠬᠤᠨ ᠤ ᠵᠢᠯ ᠤᠨ ᠡᠵᠡᠩᠨᠡᠯᠲᠡ ᠶᠢᠨ | ᠴᠢᠨᠠᠷᠲᠠᠶ ᠣᠷᠣᠯᠭ᠎ᠠ 70 ᠲᠦᠮᠡᠨ ᠲᠥᠭᠦᠷᠢᠭ ᠢ ᠳᠠᠪᠠᠵᠤ᠂ ᠸᠠᠨ ᠮᠦ ᠲᠠᠨ ᠲᠣᠰᠬᠤᠨ ᠥᠪᠡᠷᠲᠡᠭᠡᠨ ᠵᠠᠰᠠᠬᠤ | ᠣᠷᠣᠨ ᠤ ᠠᠩᠬᠠᠳᠠᠭᠴᠢ ᠪᠦᠯᠦᠭ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠨᠡᠶᠢᠲᠡᠯᠢᠭ ᠬᠡᠪ | ᠵᠠᠭᠪᠤᠷ ᠢᠶᠠᠷ ᠦᠨᠡᠯᠡᠭᠳᠡᠪᠡ᠃ ᠬᠡᠷᠡᠭᠯᠡᠭᠡᠨ ᠤ ᠵᠠᠬ᠎ᠠ ᠳᠡᠯᠭᠡᠭᠦᠷ ᠦᠷᠭᠦᠯᠵᠢᠯᠡᠨ ᠰᠡᠷᠭᠦᠵᠦ ᠪᠠᠶᠢᠨ᠎ᠠ᠃ ᠶᠢᠨ ᠬᠠᠢ | ᠰᠤᠯᠠ ᠢᠳᠡᠭᠡᠨ ᠤ ᠵᠡᠭᠡᠯᠢ ᠵᠡᠷᠭᠡ ᠬᠤᠳᠠᠯᠳᠤᠭᠠᠨ ᠤ ᠲᠣᠣᠷ ᠴᠡᠭ ᠢ ᠥᠭᠡᠷᠡᠴᠢᠯᠡᠵᠦ ᠬᠠᠢ ᠯᠠᠨ ᠠᠮᠢᠳᠤᠷᠠᠯ ᠤᠨ ᠬᠡᠳᠦ | ᠳᠡᠯᠭᠡᠭᠦᠷ ᠢ ᠵᠢᠩᠬᠢᠨᠢ ᠪᠠᠷ ᠡᠵᠡᠩᠨᠡᠨ᠎ᠡ᠃ ︽ᠤᠮᠠᠷᠠᠲᠤ ᠣᠷᠣᠨ ᠤ ᠬᠠᠶᠢᠨᠠᠨ · ᠬᠠᠲᠤᠨ ᠭᠤᠤᠯ ᠤᠨ ᠰᠠᠯᠬᠢ︾ ᠶᠢᠨ | ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ ᠤᠨ ᠰᠢᠷᠢᠰ ᠠᠵᠢᠯᠯᠠᠭ᠎ᠠ ᠶᠢ ᠠᠮᠵᠢᠯᠲᠠ ᠲᠠᠢ ᠡᠷᠭᠢᠯᠡᠵᠦ᠂ | ᠬᠠᠲᠤᠨ ᠭᠤᠤᠯ ᠤᠨ ᠪᠠᠷᠠᠭᠤᠨ ᠠᠶᠠᠯᠠᠯ ᠤᠨ ᠵᠣᠴᠢᠳ ᠤᠨ ᠪᠠᠭᠤᠳᠠᠯ ᠵᠡᠷᠭᠡ ᠦᠵᠡᠮᠵᠢ ᠶᠢᠨ ᠣᠷᠣᠨ ᠤ | ᠵᠤᠭᠠᠴᠠᠭᠰᠠᠳ ᠢ 90 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠂ ᠲᠠᠷᠢᠶᠠᠯᠠᠩ ᠰᠣᠶᠣᠯ ᠵᠢᠭᠤᠯᠴᠢᠯᠠᠯ | ᠬᠤᠳᠠᠯᠳᠤᠭᠠᠨ ᠤ ᠠᠭᠤᠰᠤᠯᠴᠠᠨ ᠬᠥᠭᠵᠢᠬᠦ ᠳᠤ ᠢᠯᠡᠳᠲᠡ ᠦᠷ᠎ᠡ ᠪᠦᠲᠦᠮᠵᠢ ᠤᠯᠪᠠ᠃ | —— ᠪᠣᠬᠢᠷᠲᠤᠯ ᠢ ᠴᠥᠬᠦᠷᠡᠰᠢ ᠦᠭᠡᠢ ᠵᠠᠰᠠᠬᠤ ᠶᠢ ᠪᠠᠷᠢᠮᠲᠠᠯᠠᠵᠤ᠂ ᠠᠮᠢ ᠠᠬᠤᠢ ᠣᠷᠴᠢᠨ ᠲᠣᠭᠤᠷᠢᠨ | ᠦᠷᠭᠦᠯᠵᠢᠯᠡᠨ ᠰᠢᠯᠢᠳᠡᠭᠵᠢᠪᠡ | ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠠᠮᠢ ᠠᠬᠤᠢ ᠣᠷᠴᠢᠨ | ᠲᠣᠭᠤᠷᠢᠨ ᠤ ᠠᠰᠠᠭᠤᠳᠠᠯ ᠢ ᠰᠢᠢᠳᠪᠦᠷᠢᠯᠡᠬᠦ ᠶᠢᠨ ᠦᠨᠳᠦᠰᠦ ᠠᠴᠠ ᠨᠢ ᠵᠠᠰᠠᠬᠤ ᠪᠤᠳᠤᠯᠭ᠎ᠠ ᠪᠣᠯᠭᠠᠬᠤ ᠶᠢ | ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠶᠢᠨ ᠠᠮᠢ ᠠᠬᠤᠢ ᠶᠢᠨ ᠰᠠᠭᠤᠷᠢ ᠦᠩᠭᠡ ᠶᠢ ᠵᠤᠵᠠᠭᠠᠳᠬᠠᠬᠤ ᠬᠡᠷᠡᠭᠲᠡᠢ᠃ | ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠲᠣᠭᠲᠠᠭᠰᠠᠨ | ᠬᠤᠭᠤᠴᠠᠭᠠᠨ ᠳᠤ ᠡᠪᠬᠡᠮᠡᠯ ᠲᠤᠰᠢᠶᠠᠬᠤ ᠬᠡᠷᠡᠭᠲᠡᠢ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠱᠠᠯᠠᠪᠳᠠᠭᠤᠯᠤᠨ ᠪᠠᠶᠢᠴᠠᠭᠠᠯᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠪᠦᠬᠦᠨ ᠢ ᠰᠢᠢᠳᠪᠦᠷᠢᠯᠡᠵᠦ | ᠳᠠᠭᠤᠰᠬᠠᠨ᠂ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ | ᠪᠠᠶᠢᠴᠠᠭᠠᠯᠲᠠ ᠶᠢᠨ ᠵᠠᠷᠯᠠᠨ ᠮᠡᠳᠡᠭᠳᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠴᠡᠭᠴᠡᠯᠡᠨ ᠰᠠᠶᠢᠵᠢᠷᠠᠭᠤᠯᠬᠤ ᠠᠵᠢᠯ ᠢ | ᠡᠮᠬᠢ ᠵᠢᠷᠤᠮ ᠲᠠᠢ ᠠᠬᠢᠭᠤᠯᠵᠤ᠂ ᠦᠬᠠᠢ ᠶᠢᠨ ᠬᠢᠮᠢ ᠶᠢᠨ ᠠᠵᠤ ᠦᠢᠯᠡᠳᠪᠦᠷᠢ ᠶᠢᠨ ᠴᠠᠬᠢᠯᠠᠭᠤᠷ ᠴᠢᠯᠠᠭᠤᠨ ᠤ | ᠰᠢᠭᠠᠷᠤ ᠶᠢ ᠰᠢᠢᠳᠪᠦᠷᠢᠯᠡᠬᠦ ᠠᠵᠢᠯ ᠢ ᠪᠡᠶᠡᠯᠡᠭᠦᠯᠵᠦ᠂ ︽ᠳᠤᠯᠤᠭ᠎ᠠ ᠶᠢ ᠵᠠᠰᠠᠬᠤ︾ ᠠᠵᠢᠯᠯᠠᠭ᠎ᠠ ᠳᠤ ᠰᠢᠨ᠎ᠡ ᠪᠣᠳᠠᠲᠤ | ᠦᠷ᠎ᠡ ᠪᠦᠲᠦᠮᠵᠢ ᠣᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠢᠯᠡᠳᠲᠡ ᠰᠠᠶᠢᠵᠢᠷᠠᠭᠤᠯᠪᠠ᠃ | ᠬᠥᠬᠡ ᠲᠡᠭᠷᠢ ᠬᠥᠬᠡᠮᠳᠦᠭ ᠤᠰᠤ ᠴᠡᠪᠡᠷ ᠬᠥᠷᠥᠰᠥ ᠱᠢᠷᠣᠢ ᠶᠢ ᠬᠠᠮᠠᠭᠠᠯᠠᠬᠤ ᠲᠡᠢᠨ ᠱᠢᠨ᠎ᠡ ᠦᠷ᠎ᠡ ᠪᠦᠲᠦᠮᠵᠢ | ᠣᠯᠪᠠ᠃ ᠠᠭᠠᠷ ᠮᠠᠨᠳᠠᠯ ᠤᠨ ᠵᠠᠰᠠᠯᠲᠠ ᠶᠢᠨ 23 ᠲᠥᠷᠥᠯ ᠵᠦᠢᠯ ᠢ ᠬᠡᠷᠡᠭᠵᠢᠭᠦᠯᠵᠦ᠂ PM 10 ᠵᠢᠯ ᠤᠨ | ᠳᠤᠮᠳᠠᠴᠢ ᠥᠳᠬᠡᠴᠡ ᠨᠢ ᠲᠡᠦᠬᠡ ᠶᠢᠨ ᠬᠠᠮᠤᠭ ᠤᠨ ᠳᠣᠤᠷ᠎ᠠ ᠬᠡᠮᠵᠢᠶ᠎ᠡ ᠶᠢ ᠡᠭᠦᠳᠪᠡ᠃ ᠭᠠᠵᠠᠷ ᠳᠣᠤᠷᠠᠬᠢ | ᠤᠰᠤ ᠶᠢ 193 ᠲᠦᠮᠡᠨ ᠪᠣᠰᠤᠭ᠎ᠠ ᠳᠥᠷᠪᠡᠯᠵᠢᠨ ᠮᠧᠳ᠋ᠷ ᠨᠡᠭᠡᠭᠡᠨ ᠮᠠᠯᠲᠠᠬᠤ ᠬᠡᠮᠵᠢᠶ᠎ᠡ ᠶᠢ ᠪᠠᠭᠠᠰᠬᠠᠵᠤ᠂ ᠲᠣᠰᠣᠲᠤ | ᠭᠤᠤᠯ ᠤᠨ ᠬᠠᠲᠤᠨ ᠭᠤᠤᠯ ᠳᠤ ᠣᠷᠣᠭᠤᠯᠬᠤ ᠣᠭᠲᠣᠯᠤᠭᠠᠰᠤ ᠶᠢᠨ ᠤᠰᠤᠨ ᠤ ᠴᠢᠨᠠᠷ ᠢ IV ᠲᠥᠷᠥᠯ ᠳᠤ | ᠬᠦᠷᠭᠡᠪᠡ᠃ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠪᠤᠯᠠᠬᠤ 7 ᠲᠠᠯᠠᠪᠠᠢ ᠶᠢ ᠪᠠᠶᠢᠭᠤᠯᠵᠤ᠂ ᠠᠵᠤ | ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ 1300 ᠲᠦᠮᠡᠨ ᠲᠣᠨ ᠴᠡᠪᠡᠷᠯᠡᠪᠡ᠃ | ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ ᠵᠠᠰᠠᠬᠤ ᠠᠵᠢᠯ ᠢ ᠴᠢᠩᠭᠠᠳᠬᠠᠵᠤ᠂ ᠬᠢᠮᠢ ᠶᠢᠨ ᠪᠤᠷᠳᠤᠭᠤᠷ᠂ ᠲᠠᠷᠢᠶᠠᠨ | ᠡᠮ ᠬᠡᠷᠡᠭᠯᠡᠬᠦ ᠬᠡᠮᠵᠢᠶ᠎ᠡ ᠶᠢ ᠰᠥᠭᠡᠷᠭᠦ ᠨᠡᠮᠡᠭᠳᠡᠯ ᠢ ᠪᠡᠶᠡᠯᠡᠭᠦᠯᠦᠨ᠎ᠡ᠃ ᠠᠭᠤᠯᠠ ᠤᠰᠤ ᠣᠢ ᠮᠣᠳᠣ ᠭᠠᠵᠠᠷ ᠲᠠᠷᠢᠶ᠎ᠠ | ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ | ᠵᠠᠰᠠᠬᠤ ᠠᠵᠢᠯ ᠰᠢᠨ᠎ᠡ ᠠᠬᠢᠴᠠ ᠲᠠᠢ ᠪᠣᠯᠪᠠ᠃ ᠠᠭᠤᠷᠬᠠᠶ ᠶᠢᠨ ᠡᠷᠬᠡ ᠪᠦᠬᠦᠢ 53 ᠠᠵᠤ ᠠᠬᠤᠶᠢᠯᠠᠯ ᠤᠨ ᠣᠷᠴᠢᠨ | ᠲᠣᠭᠤᠷᠢᠨ ᠢ ᠬᠠᠮᠠᠭᠠᠯᠠᠬᠤ ᠪᠠ ᠭᠠᠵᠠᠷ ᠰᠢᠷᠣᠶ ᠶᠢ ᠳᠠᠬᠢᠨ ᠬᠠᠭᠠᠯᠪᠤᠷᠢᠯᠠᠬᠤ ᠲᠥᠰᠦᠯ ᠢ ᠨᠠᠶᠢᠷᠠᠭᠤᠯᠤᠨ ᠵᠣᠬᠢᠶᠠᠵᠤ | ᠳᠠᠭᠤᠰᠬᠠᠪᠠ᠃ ᠭᠤᠣᠯ ᠤᠨ ᠵᠠᠮ ᠤᠨ ︽ᠳᠥᠷᠪᠡᠨ ᠰᠠᠮᠠᠭᠤᠨ ᠢ ᠴᠡᠪᠡᠷᠯᠡᠬᠦ︾ ᠶᠢ ᠪᠠᠶᠢᠩᠭᠤᠵᠢᠭᠤᠯᠤᠨ ᠠᠬᠢᠭᠤᠯᠵᠤ᠂ | ᠭᠤᠣᠯ ᠤᠨ ᠡᠷᠭᠢ ᠶᠢᠨ ᠱᠤᠭᠤᠮ ᠢ ᠬᠠᠮᠠᠭᠠᠯᠠᠨ ᠠᠰᠢᠭᠯᠠᠬᠤ ᠲᠥᠯᠥᠪᠵᠢᠭᠦᠯᠭᠡ ᠶᠢ ᠪᠦᠬᠦᠨ ᠢ ᠨᠠᠶᠢᠷᠠᠭᠤᠯᠤᠨ | ᠵᠣᠬᠢᠶᠠᠵᠤ ᠳᠠᠭᠤᠰᠬᠠᠨ᠂ ᠾᠧᠢ ᠯᠦᠩ ᠬᠦᠶ ᠭᠤᠤ᠂ ᠰᠤᠪᠤᠷᠭ᠎ᠠ ᠭᠤᠤ ᠵᠡᠷᠭᠡ ᠭᠤᠣᠯ ᠤᠨ ᠵᠠᠮ ᠢ 7.1 ᠺᠢᠯᠣᠮᠧᠳ᠋ᠷ | ᠨᠡᠪᠲᠡᠷᠡᠭᠦᠯᠦᠨ ᠵᠠᠰᠠᠵᠤ᠂ ᠲᠣᠭᠲᠠᠭᠠᠯ ᠠᠴᠠ ᠵᠥᠷᠢᠴᠡᠨ ᠡᠯᠡᠰᠦ ᠮᠠᠯᠲᠠᠭᠰᠠᠨ 2 ᠠᠵᠤ ᠠᠬᠤᠶᠢᠯᠠᠯ ᠢ ᠬᠠᠤᠯᠢ | ᠲᠣᠭᠲᠠᠭᠠᠯ ᠶᠣᠰᠣᠭᠠᠷ ᠪᠤᠴᠠᠭᠠᠵᠤ ᠭᠠᠷᠭᠠᠬᠤ ᠶᠢᠨ ᠬᠠᠮᠲᠤ ᠰᠡᠷᠭᠦᠭᠡᠨ ᠵᠠᠰᠠᠬᠤ ᠶᠢ ᠪᠡᠶᠡᠯᠡᠭᠦᠯᠪᠡ᠃ ︽ᠭᠤᠷᠪᠠᠨ | ᠤᠮᠠᠷᠠᠲᠤ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ 109 ᠤᠯᠤᠰ ᠤᠨ | ᠵᠠᠮ ᠤᠨ ᠨᠣᠭᠤᠭᠠᠷᠠᠭᠤᠯᠤᠯᠲᠠ ᠵᠡᠷᠭᠡ 8 ᠠᠮᠢ ᠠᠬᠤᠶ ᠶᠢᠨ ᠲᠥᠷᠥᠯ ᠵᠦᠢᠯ ᠢ 2.62 ᠲᠦᠮᠡᠨ ᠮᠥ ᠴᠡᠭᠴᠡᠯᠡᠨ | ᠵᠠᠰᠠᠪᠠ᠃ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠣᠷᠭᠢᠯ ᠳᠤ ᠬᠦᠷᠭᠡᠬᠦ ᠪᠠ ᠰᠢᠨ᠎ᠡ ᠰᠢᠪᠲᠤᠯᠤᠯᠲᠠ | ᠭᠠᠷᠭᠠᠬᠤ ᠪᠣᠯᠤᠨ᠎ᠠ᠃ ᠡᠨᠧᠷᠭᠢ ᠶᠡᠭᠡ ᠬᠤᠷᠣᠭᠳᠠᠭᠤᠯᠬᠤ ᠠᠵᠢᠯ ᠲᠥᠷᠥᠯ ᠢ ᠢᠯᠭᠠᠷᠠᠭᠤᠯᠤᠨ ᠭᠠᠷᠭᠠᠬᠤ ᠭᠤᠷᠪᠠᠨ | ᠵᠢᠯ ᠤᠨ ᠠᠵᠢᠯᠯᠠᠭ᠎ᠠ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠴᠠᠬᠢᠯᠠᠭᠤᠷ ᠴᠢᠯᠠᠭᠤ᠂ ᠲᠡᠮᠦᠷ ᠤᠨ ᠬᠠᠶᠢᠯᠤᠰᠢ | ᠵᠡᠷᠭᠡ ᠦᠢᠯᠡᠳᠪᠦᠷᠢᠯᠡᠬᠦ ᠴᠢᠳᠠᠪᠤᠷᠢ ᠦᠯᠡᠭᠦᠳᠡᠭᠰᠡᠨ 7 ᠠᠵᠤ ᠠᠬᠤᠶᠢᠯᠠᠯ ᠢ ᠰᠢᠭᠰᠢᠭᠳᠡᠭᠦᠯᠵᠦ᠂ ᠪᠥᠬᠦ | ᠲᠣᠭᠤᠷᠢᠭ ᠤᠨ ᠡᠨᠧᠷᠭᠢ ᠶᠢᠨ ᠬᠤᠷᠣᠭᠳᠠᠯ ᠤᠨ ᠬᠦᠴᠦᠯᠡᠴᠡ ᠨᠢ ᠨᠡᠶᠢᠲᠡ 19.3% ᠪᠠᠷ ᠪᠠᠭᠤᠷᠠᠵᠤ᠂ ᠲᠦᠮᠡᠨ | ᠲᠥᠭᠦᠷᠢᠭ ᠤᠨ GDP ᠶᠢᠨ ᠤᠰᠤ ᠬᠡᠷᠡᠭᠯᠡᠬᠦ ᠬᠡᠮᠵᠢᠶ᠎ᠡ᠂ ᠲᠦᠮᠡᠨ ᠲᠥᠭᠦᠷᠢᠭ ᠤᠨ ᠠᠵᠤ ᠦᠢᠯᠡᠳᠪᠦᠷᠢ ᠶᠢᠨ | ᠨᠡᠮᠡᠭᠳᠡᠯ ᠥᠷᠲᠡᠭ ᠤᠨ ᠤᠰᠤ ᠬᠡᠷᠡᠭᠯᠡᠬᠦ ᠬᠡᠮᠵᠢᠶ᠎ᠡ ᠴᠥᠮ 2020 ᠣᠨ ᠤ ᠬᠢ ᠠᠴᠠ 12% ᠪᠠᠷ ᠪᠠᠭᠤᠷᠠᠪᠠ᠃ | —— ᠲᠤᠳᠠᠭᠤᠳᠠᠯ ᠢᠶᠠᠨ ᠨᠦᠬᠦᠪᠦᠷᠢᠯᠡᠵᠦ᠂ ᠬᠤᠳᠠ ᠬᠦᠳᠡᠭᠡ ᠶᠢᠨ ᠬᠦᠭᠵᠢᠯᠳᠡ ᠬᠦᠨᠵᠡᠬᠡᠢ | ᠠᠭᠤᠰᠤᠯᠴᠠᠬᠤ | ᠬᠤᠲᠠ ᠬᠥᠳᠡᠭᠡ ᠶᠢ ᠠᠭᠤᠰᠤᠯᠴᠠᠭᠤᠯᠬᠤ᠂ ᠵᠣᠬᠢᠴᠠᠩᠭᠤᠶ ᠪᠠᠷ ᠬᠥᠭᠵᠢᠭᠦᠯᠬᠦ ᠶᠢ ᠪᠠᠷᠢᠮᠲᠠᠯᠠᠵᠤ᠂ ᠬᠤᠲᠠ | ᠬᠥᠳᠡᠭᠡ ᠶᠢᠨ ᠳᠦᠷᠰᠦ ᠪᠠᠶᠢᠳᠠᠯ ᠡᠳᠦᠷ ᠠᠴᠠ ᠡᠳᠦᠷ ᠰᠢᠨᠡᠳᠦᠨ ᠬᠤᠪᠢᠷᠠᠪᠠ᠃ ᠬᠤᠲᠠ ᠶᠢᠨ ᠴᠢᠳᠠᠮᠵᠢ | ᠦᠷᠭᠦᠯᠵᠢᠯᠡᠨ ᠳᠡᠭᠡᠭᠰᠢᠯᠡᠪᠡ᠃ ᠬᠤᠲᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ 5 | ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠪᠠᠶᠢᠭᠤᠯᠵᠤ᠂ 1238 ᠪᠠᠲᠤᠯᠠᠭ᠎ᠠ ᠶᠢᠨ ᠴᠢᠨᠠᠷᠲᠠᠶ ᠣᠷᠣᠨ | ᠰᠠᠭᠤᠴᠠ ᠶᠢ ᠪᠥᠲᠥᠭᠡᠨ ᠪᠠᠶᠢᠭᠤᠯᠵᠤ᠂ 4.39 ᠲᠦᠮᠡᠨ ᠲᠡᠭᠰᠢ ᠳᠥᠷᠪᠡᠯᠵᠢᠨ ᠮᠧᠳ᠋ᠷ ᠲᠠᠸᠠᠷ ᠤᠨ ᠬᠡᠷ ᠲᠤᠰᠢᠶᠠᠵᠤ᠂ | ᠬᠠᠷᠮᠠᠨ ᠴᠡᠴᠡᠷᠯᠢᠭ ᠪᠠ ᠨᠣᠭᠤᠭᠠᠷᠠᠭᠤᠯᠤᠯᠲᠠ ᠶᠢᠨ ᠵᠠᠩᠭᠢᠯᠠᠭ᠎ᠠ ᠶᠢᠨ ᠴᠡᠭ ᠢ 8᠂ ᠣᠯᠠᠨ ᠨᠡᠶᠢᠲᠡ ᠶᠢᠨ ᠲᠡᠷᠭᠡᠨ | ᠵᠣᠭᠰᠣᠭᠠᠯ ᠢ 530 ᠰᠢᠨ᠎ᠡ ᠪᠠᠷ ᠨᠡᠮᠡᠭᠳᠡᠭᠦᠯᠵᠦ᠂ 8 ᠤᠶᠤᠨᠲᠤ ᠴᠠᠬᠢᠯᠭᠠᠨ ᠴᠡᠨᠡᠭᠯᠡᠬᠦ ᠥᠷᠲᠡᠭᠡ ᠶᠢ ᠰᠢᠨ᠎ᠡ ᠪᠠᠷ | ᠪᠠᠶᠢᠭᠤᠯᠵᠤ᠂ 8 ᠮᠥᠩᠭᠦᠨ ᠭᠦᠢᠯᠭᠡᠭᠡᠨ ᠤ ᠵᠠᠮ ᠵᠡᠷᠭᠡ 3 ᠵᠤᠷᠪᠤᠰ ᠵᠠᠮ ᠢ ᠪᠠᠶᠢᠭᠤᠯᠤᠨ ᠳᠠᠭᠤᠰᠬᠠᠵᠤ ᠲᠡᠷᠭᠡ | ᠨᠡᠪᠲᠡᠷᠡᠭᠦᠯᠵᠦ᠂ ᠪᠤᠭᠤᠲᠤ ᠠᠴᠠ ᠢᠷᠭᠠᠢ ᠬᠦᠷᠬᠦ ᠲᠦᠷᠭᠡᠨ ᠤ ᠲᠡᠮᠦᠷ ᠵᠠᠮ ᠤᠨ ᠬᠠᠶᠢᠨᠠᠨ ᠲᠣᠭᠤᠷᠢᠭ ᠤᠨ ᠬᠡᠰᠡᠭ | ᠵᠡᠷᠭᠡ ᠢᠨᠵᠧᠨᠧᠷᠢᠩ ᠤᠨ ᠲᠥᠷᠥᠯ ᠵᠦᠢᠯ ᠢ ᠤᠷᠤᠭᠰᠢᠲᠠᠶ ᠠᠬᠢᠭᠤᠯᠵᠤ᠂ ᠭᠤᠤᠯ ᠬᠤᠲᠠ ᠶᠢᠨ ᠲᠣᠭᠤᠷᠢᠭ ᠲᠤ | ︽ᠨᠢᠭᠡ ᠮᠦᠴᠡᠲᠤ ᠨᠡᠶᠢᠭᠡᠮ ᠲᠣᠭᠤᠷᠢᠭ ᠤᠨ ᠠᠮᠢᠳᠤᠷᠠᠯ ᠤᠨ ᠬᠦᠷᠢᠶ᠎ᠡ︾ ᠶᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠪᠡ᠃ | ᠬᠥᠳᠡᠭᠡ ᠲᠣᠰᠬᠤᠨ ᠤ ᠳᠦᠷᠰᠦ ᠪᠠᠶᠢᠳᠠᠯ ᠢᠯᠡᠳᠲᠡ ᠰᠠᠶᠢᠵᠢᠷᠠᠪᠠ᠃ ᠲᠠᠷᠢᠶᠠᠯᠠᠬᠤ ᠣᠷᠣᠨ ᠤ ᠣᠷᠣᠰᠢᠨ ᠰᠠᠭᠤᠬᠤ | ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠲᠠᠪᠤᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠶ | ᠥᠷᠨᠢᠭᠦᠯᠵᠦ᠂ ᠲᠠᠷᠢᠶᠠᠯᠠᠬᠤ ᠣᠷᠣᠨ ᠤ 164 ᠡᠷᠦᠬᠡ ᠶᠢᠨ ᠵᠣᠷᠯᠣᠩ ᠢ ᠥᠭᠡᠷᠡᠴᠢᠯᠡᠨ ᠰᠠᠶᠢᠵᠢᠷᠠᠭᠤᠯᠵᠤ᠂ ᠳᠥᠷᠪᠡᠨ | ᠰᠠᠶᠢᠨᠲᠠᠶ ᠬᠥᠳᠡᠭᠡ ᠲᠣᠰᠬᠤᠨ ᠤ ᠵᠠᠰᠠᠮᠠᠯ ᠵᠠᠮ ᠢ 4.6 ᠺᠢᠯᠣᠮᠧᠳ᠋ᠷ ᠰᠢᠨ᠎ᠡ ᠪᠠᠷ ᠪᠠᠶᠢᠭᠤᠯᠵᠤ᠂ 6 ᠵᠤᠷᠪᠤᠰ ᠮᠤᠬᠤᠷ | ᠵᠠᠮ ᠢ ᠨᠡᠪᠲᠡᠷᠡᠭᠦᠯᠵᠦ᠂ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠨᠢᠭᠡᠳᠦᠯᠲᠡᠶ ᠬᠤᠷᠢᠶᠠᠨ | ᠲᠡᠭᠡᠭᠡᠪᠦᠷᠢᠯᠡᠬᠦ ᠶᠢ ᠪᠦᠬᠦᠨ ᠢ ᠪᠦᠷᠬᠦᠭᠦᠯᠪᠡ᠃ ᠬᠦᠷᠢᠶᠡᠯᠡᠩ ᠲᠣᠭᠤᠷᠢᠭ ᠤᠨ ᠲᠥᠬᠦᠭᠡᠷᠦᠮᠵᠢ ᠶᠢᠨ ᠶᠠᠰᠤ ᠴᠢᠨᠠᠷ ᠢ | ᠰᠢᠨ᠎ᠡ ᠪᠠᠷ ᠳᠡᠭᠡᠭᠰᠢᠯᠡᠭᠦᠯᠪᠡ᠃ ᠬᠠᠶ ᠮᠢᠩ ᠵᠠᠮ ᠵᠡᠷᠭᠡ 4 ᠵᠤᠷᠪᠤᠰ ᠵᠠᠮ ᠢ ᠥᠭᠡᠷᠡᠴᠢᠯᠡᠨ ᠰᠠᠶᠢᠵᠢᠷᠠᠭᠤᠯᠵᠤ᠂ | ᠬᠦᠷᠢᠶᠡᠯᠡᠩ ᠲᠣᠭᠤᠷᠢᠭ ᠤᠨ ᠳᠣᠲᠣᠷᠠᠬᠢ ᠵᠠᠮ ᠢ ᠲᠠᠰ ᠳᠡᠪᠰᠢᠭᠦᠯᠬᠦ ᠶᠢ ᠪᠦᠬᠦᠨ ᠢ ᠪᠡᠶᠡᠯᠡᠭᠦᠯᠵᠦ᠂ ᠦᠵᠦᠬᠦᠷ | ᠭᠤᠤ ᠶᠢᠨ ᠬᠦᠷᠢᠶᠡᠯᠡᠩ ᠲᠣᠭᠤᠷᠢᠭ ᠤᠨ ᠬᠡᠰᠡᠭ ᠤᠨ ᠠᠮᠢ ᠠᠬᠤᠶ ᠶᠢ ᠰᠡᠷᠭᠦᠭᠡᠬᠦ ᠢᠨᠵᠧᠨᠧᠷᠢᠩ ᠢ ᠤᠷᠤᠭᠰᠢᠲᠠᠶ | ᠳᠠᠭᠤᠰᠬᠠᠵᠤ᠂ ᠠᠵᠤ ᠦᠢᠯᠡᠰ ᠤᠨ ᠬᠦᠷᠢᠶᠡᠯᠡᠩ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ | ᠥᠷᠲᠡᠭᠡ᠂ ᠣᠶᠤᠨᠴᠢᠯᠠᠭᠰᠠᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠲᠠᠪᠴᠠᠩ᠂ ᠠᠮᠤᠷ ᠲᠦᠪᠰᠢᠨ ᠤ ᠳᠠᠳᠤᠯᠭ᠎ᠠ | ᠪᠣᠯᠪᠠᠰᠤᠷᠠᠯ ᠤᠨ ᠰᠠᠭᠤᠷᠢᠨ ᠭᠠᠵᠠᠷ᠂ ᠠᠶᠤᠯᠲᠠᠶ ᠪᠠᠷᠠᠭᠠᠨ ᠤ ᠲᠡᠭᠡᠭᠡᠪᠦᠷᠢ ᠶᠢᠨ ᠲᠤᠰᠬᠠᠶ ᠬᠡᠷᠡᠭᠯᠡᠭᠡᠨ ᠤ ᠲᠡᠷᠭᠡᠨ | ᠵᠣᠭᠰᠣᠭᠠᠯ᠂ ᠳᠠᠬᠢᠯᠲᠠ ᠤᠰᠤ ᠶᠢ ᠶᠡᠷᠦᠩᠬᠡᠶᠢᠯᠡᠨ ᠠᠰᠢᠭᠯᠠᠬᠤ ᠵᠡᠷᠭᠡ ᠲᠥᠷᠥᠯ ᠵᠦᠢᠯ ᠢ ᠠᠰᠢᠭᠯᠠᠯᠲᠠ ᠳᠤ | ᠣᠷᠣᠭᠤᠯᠵᠤ᠂ ᠬᠦᠷᠢᠶᠡᠯᠡᠩ ᠲᠣᠭᠤᠷᠢᠭ ᠤᠨ ᠡᠨᠧᠷᠭᠢ ᠶᠢᠨ ᠲᠠᠰ ᠪᠠ ᠳᠠᠭᠠᠭᠠᠴᠠ ᠶᠢ ᠲᠠᠰᠤᠷᠠᠯᠲᠠ ᠥᠬᠡᠶ | ᠴᠢᠩᠭᠠᠳᠬᠠᠪᠠ᠃ | ᠰᠡᠳᠬᠢᠯ ᠲᠠᠯᠪᠢᠨ ᠬᠠᠶᠢᠷ᠎ᠠ ᠰᠡᠳᠬᠢᠯᠭᠡ ᠪᠠᠷ ᠢᠶᠠᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ | ᠨᠡᠶᠢᠭᠡᠮ ᠤᠨ ᠶᠡᠭᠡ ᠲᠠᠯ᠎ᠠ ᠡᠶ᠎ᠡ ᠵᠣᠬᠢᠴᠠᠯ ᠲᠠᠢ ᠲᠣᠭᠲᠠᠭᠤᠨ ᠪᠠᠶᠢᠨ᠎ᠠ | 70% ᠠᠴᠠ ᠳᠡᠭᠡᠭᠰᠢᠬᠢ ᠡᠳ᠋ ᠤᠨ ᠬᠦᠴᠦᠨ ᠢ ᠠᠷᠠᠳ ᠤᠨ ᠠᠮᠢᠳᠤᠷᠠᠯ ᠳᠤ ᠬᠡᠷᠡᠭᠯᠡᠬᠦ ᠶᠢ ᠪᠠᠷᠢᠮᠲᠠᠯᠠᠵᠤ᠂ | ᠠᠷᠭ᠎ᠠ ᠪᠦᠬᠦᠨ ᠢ ᠰᠦᠪᠡᠭᠴᠢᠯᠡᠨ ᠠᠷᠠᠳ ᠤᠨ ᠵᠣᠪᠠᠨᠢᠯ ᠢ ᠠᠷᠢᠯᠭᠠᠵᠤ᠂ ᠠᠷᠠᠳ ᠤᠨ ᠬᠦᠴᠢᠷᠳᠡᠯ ᠢ ᠠᠷᠢᠯᠭᠠᠵᠤ᠂ | ᠠᠷᠠᠳ ᠤᠨ ᠰᠡᠳᠬᠢᠯ ᠢ ᠳᠤᠯᠠᠭᠠᠴᠠᠭᠤᠯᠵᠤ᠂ ᠠᠷᠠᠳ ᠤᠨ ᠠᠮᠢᠳᠤᠷᠠᠯ ᠤᠨ 5 ᠪᠣᠳᠠᠲᠤ ᠶᠠᠪᠤᠳᠠᠯ ᠤᠨ ᠲᠥᠷᠥᠯ | ᠵᠦᠢᠯ ᠢ ᠪᠦᠬᠦᠨ ᠢ ᠪᠠᠶᠢᠭᠤᠯᠵᠤ ᠳᠠᠭᠤᠰᠬᠠᠪᠠ᠃ ᠨᠡᠶᠢᠭᠡᠮ ᠤᠨ ᠪᠠᠲᠤᠯᠠᠭ᠎ᠠ ᠪᠦᠲᠦᠮᠵᠢᠲᠡᠢ ᠪᠠᠶᠢᠵᠤ᠃ ᠠᠵᠤ | ᠠᠬᠤᠶᠢᠯᠠᠯ ᠢ ᠲᠤᠰᠠᠯᠠᠵᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠵᠡᠷᠭᠡ ᠪᠠᠯᠠ ᠮᠥᠩᠭᠦ ᠶᠢ 1054 ᠲᠦᠮᠡᠨ | ᠲᠥᠭᠦᠷᠢᠭ ᠲᠠᠷᠬᠠᠭᠠᠵᠤ᠂ ᠬᠤᠲᠠ ᠪᠠᠯᠭᠠᠰᠤᠨ ᠤ 1348 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠠᠵᠢᠯ | ᠠᠯᠳᠠᠭᠰᠠᠳ ᠲᠤ ᠳᠠᠬᠢᠨ ᠠᠵᠢᠯ ᠣᠯᠭᠤᠵᠤ᠂ 908 ᠬᠥᠮᠦᠨ ᠳᠤ ᠳᠠᠬᠢᠨ ᠠᠵᠢᠯ ᠣᠯᠭᠤᠪᠠ᠃ ᠨᠡᠶᠢᠭᠡᠮ ᠤᠨ | ᠠᠪᠤᠷᠠᠨ ᠲᠤᠰᠠᠯᠠᠯᠳᠠ ᠶᠢᠨ ᠬᠦᠷᠢᠶ᠎ᠡ ᠬᠡᠪᠴᠢᠶ᠎ᠡ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ ᠠᠵᠢᠯ ᠢ | ᠳᠠᠪᠠᠭᠤᠯᠤᠨ ᠪᠡᠶᠡᠯᠡᠭᠦᠯᠵᠦ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ᠂ ᠣᠨᠴᠠ ᠬᠦᠴᠢᠷᠳᠡᠯᠲᠡᠶ | ᠬᠥᠮᠦᠰ ᠢ ᠠᠰᠠᠷᠠᠨ ᠲᠡᠵᠢᠭᠡᠬᠦ ᠮᠥᠩᠭᠦ ᠶᠢ ᠲᠣᠰ ᠲᠣᠰ 903 ᠲᠥᠭᠦᠷᠢᠭ᠂ 1700 ᠲᠥᠭᠦᠷᠢᠭ ᠪᠣᠯᠭᠠᠨ | ᠨᠡᠮᠡᠭᠳᠡᠭᠦᠯᠪᠡ᠃ ᠪᠥᠬᠦ ᠬᠤᠲᠠ ᠶᠢᠨ ᠠᠩᠬᠠᠳᠠᠭᠴᠢ ᠡᠮᠴᠢᠯᠡᠭᠡ ᠰᠤᠪᠢᠯᠠᠯᠲᠠ ᠶᠢ ᠤᠶᠠᠯᠳᠤᠭᠤᠯᠤᠭᠰᠠᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠲᠥᠪ᠂ ᠪᠥᠬᠦ ᠬᠤᠲᠠ ᠶᠢᠨ ᠬᠠᠮᠤᠭ ᠤᠨ ᠶᠡᠭᠡ ᠰᠡᠳᠬᠢᠯ ᠵᠢᠷᠦᠬᠡ ᠶᠢ | ᠳᠤᠯᠠᠭᠠᠴᠠᠭᠤᠯᠬᠤ ᠬᠤᠭᠤᠯᠠᠨ ᠬᠡᠷ ᠢ ᠪᠠᠶᠢᠭᠤᠯᠵᠤ᠂ ᠲᠠᠷᠢᠶᠠᠯᠠᠬᠤ ᠣᠷᠣᠨ ᠤ ᠨᠡᠶᠢᠭᠡᠮ ᠲᠣᠭᠤᠷᠢᠭ ᠤᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠲᠥᠬᠦᠭᠡᠷᠦᠮᠵᠢ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠪᠡ᠃ ᠨᠡᠶᠢᠭᠡᠮ ᠤᠨ | ᠦᠢᠯᠡᠰ ᠪᠦᠬᠦ ᠲᠠᠯ᠎ᠠ ᠪᠠᠷ ᠳᠡᠪᠰᠢᠪᠡ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ | ᠲᠦᠭᠡᠮᠡᠯ ᠬᠠᠷᠠᠭᠠᠯᠵᠠᠯ ᠤᠨ ᠬᠥᠭᠵᠢᠯᠲᠡ ᠶᠢᠨ ᠣᠷᠣᠨ ᠤ ᠪᠥᠲᠥᠭᠡᠨ ᠪᠠᠶᠢᠭᠤᠯᠤᠯᠲᠠ ᠶᠢ ᠤᠯᠤᠰ ᠤᠨ ᠬᠢᠨᠠᠨ | ᠵᠢᠯᠣᠭᠤᠳᠴᠤ ᠦᠨᠡᠯᠡᠨ ᠵᠢᠱᠢᠬᠦ ᠪᠠᠷ ᠳᠡᠮᠵᠢᠨ᠂ ᠠᠷᠪᠠ ᠶᠢᠰᠦᠳᠦᠭᠡᠷ ᠳᠤᠮᠳᠠᠳᠤ ᠰᠤᠷᠭᠠᠭᠤᠯᠢ᠂ ᠬᠤᠶᠠᠳᠤᠭᠠᠷ | ᠬᠡᠤᠬᠡᠳ ᠤᠨ ᠴᠡᠴᠡᠷᠯᠢᠭ ᠤᠨ ᠭᠤᠤᠯ ᠴᠣᠭᠴᠠ ᠶᠢ ᠪᠠᠶᠢᠭᠤᠯᠤᠨ ᠪᠦᠲᠦᠭᠡᠵᠦ᠂ ᠠᠷᠪᠠᠨ ᠨᠠᠢᠮᠠᠳᠤᠭᠠᠷ ᠳᠤᠮᠳᠠᠳᠤ | ᠰᠤᠷᠭᠠᠭᠤᠯᠢ ᠤᠯᠤᠰ ᠤᠨ ᠲᠠᠰ ᠤᠨ ︽ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠵᠢᠱᠢᠶ᠎ᠡ | ᠦᠵᠡᠭᠦᠯᠬᠦ ᠰᠤᠷᠭᠠᠭᠤᠯᠢ︾ ᠶᠢᠨ ᠢᠷᠠᠭᠤ ᠠᠯᠳᠠᠷ ᠢ ᠭᠥᠷᠳᠡᠪᠡ᠃ ᠨᠢᠭᠲᠠ ᠬᠡᠯᠪᠡᠷᠢ ᠶᠢᠨ ᠬᠤᠲᠠ ᠶᠢᠨ | ᠡᠮᠴᠢᠯᠡᠭᠡᠨ ᠤ ᠪᠦᠯᠦᠭᠯᠡᠯ ᠢᠯᠡᠳᠲᠡ ᠦᠷ᠎ᠡ ᠪᠦᠲᠦᠮᠵᠢ ᠣᠯᠵᠤ᠂ ᠬᠡᠷ ᠪᠦᠯᠢ ᠶᠢᠨ ᠡᠮᠴᠢ ᠨᠡᠶᠢᠲᠡ 3.8 ᠲᠦᠮᠡᠨ | ᠬᠥᠮᠦᠨ ᠤᠳᠠᠭ᠎ᠠ ᠭᠤᠤᠯᠳᠠᠯᠭ᠎ᠠ ᠲᠠᠢ ᠬᠥᠮᠦᠰ ᠲᠤ ᠦᠶ᠋ᠯᠡᠴᠢᠯᠡᠵᠦ᠂ ᠲᠣᠭᠤᠷᠢᠭ ᠤᠨ ᠠᠷᠠᠳ ᠤᠨ ᠡᠮᠨᠡᠯᠭᠡ ᠶᠢᠨ | ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠡᠬᠡ ᠨᠢᠯᠬᠠᠰ ᠤᠨ ᠡᠷᠡᠭᠦᠯ ᠮᠡᠨᠳᠦ ᠶᠢᠨ ᠦᠶ᠋ᠯᠡᠴᠢᠯᠡᠭᠡᠨ ᠤ ᠲᠡᠷᠢᠭᠦᠨ ᠤ | ᠬᠠᠮᠲᠤ ᠨᠡᠶᠢᠲᠡ ᠶᠢ ᠭᠥᠷᠳᠡᠪᠡ᠃ ᠡᠯ᠎ᠡ ᠲᠥᠷᠥᠯ ᠤᠨ ᠭᠤᠤᠯ ᠰᠡᠳᠦᠪᠲᠦ ᠰᠣᠶᠣᠯ ᠤᠨ ᠦᠵᠡᠭᠦᠯᠦᠯᠭᠡ ᠶᠢ 989 | ᠲᠠᠯᠠᠪᠤᠷ ᠤᠳᠠᠭ᠎ᠠ ᠡᠷᠬᠢᠯᠡᠵᠦ᠂ 130 ᠲᠦᠮᠡᠨ ᠬᠥᠮᠦᠨ ᠤᠳᠠᠭ᠎ᠠ ᠬᠦᠯᠢᠶᠡᠨ ᠠᠪᠴᠤ᠂ ᠴᠡᠷᠢᠭ ᠤᠨ ᠠᠵᠤ | ᠦᠢᠯᠡᠳᠪᠦᠷᠢ ᠶᠢᠨ ᠰᠣᠶᠣᠯ ᠤᠨ ᠳᠤᠷᠠᠰᠬᠠᠯ ᠤᠨ ᠣᠷᠳᠣᠨ ᠢ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ | ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠠᠭᠤᠷᠢᠨ ᠭᠠᠵᠠᠷ ᠢᠶᠠᠷ ᠨᠡᠷᠡᠶᠢᠳᠦᠭᠳᠡᠪᠡ᠃ ᠨᠡᠶᠢᠭᠡᠮ ᠤᠨ ᠵᠠᠰᠠᠯᠲᠠ ᠶᠢᠨ | ᠦᠷ᠎ᠡ ᠪᠦᠲᠦᠮᠵᠢ ᠶᠢ ᠳᠡᠭᠡᠭᠰᠢᠯᠡᠭᠦᠯᠪᠡ᠃ ᠵᠠᠬᠢᠳᠠᠯ ᠰᠤᠷᠪᠤᠯᠵᠢᠯᠠᠯ ᠢ ᠣᠷᠣᠯᠠᠨ ᠭᠦᠶ᠋ᠴᠡᠳᠬᠡᠬᠦ ᠲᠦᠷᠢᠮ ᠢ ᠶᠡᠬᠡᠪᠡᠷ | ᠬᠡᠷᠡᠭᠵᠢᠭᠦᠯᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠬᠠᠮᠲᠤᠷᠠᠨ ᠭᠦᠶ᠋ᠴᠡᠳᠬᠡᠬᠦ᠂ | ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠯ ᠤᠨ ᠬᠠᠮᠲᠤᠷᠠᠨ ᠭᠦᠶ᠋ᠴᠡᠳᠬᠡᠵᠦ ᠲᠤᠰᠢᠶᠠᠨ | ᠰᠢᠶ᠋ᠳᠪᠦᠷᠢᠯᠡᠭᠦᠯᠦᠭᠰᠡᠨ 28 ᠬᠤᠪᠢ ᠳᠠᠪᠬᠤᠷᠳᠠᠭᠰᠠᠨ ᠵᠠᠬᠢᠳᠠᠯ ᠰᠤᠷᠪᠤᠯᠵᠢᠯᠠᠯ ᠤᠨ ᠵᠦᠶ᠋ᠯᠡᠰ ᠢ ᠪᠦᠬᠦᠨ ᠢ | ᠰᠢᠶ᠋ᠳᠪᠦᠷᠢᠯᠡᠵᠦ᠂ ︽ᠨᠢᠭᠡ ᠥᠷᠲᠡᠭᠡ ᠮᠠᠶ᠋ᠢᠭ︾ ᠤᠨ ᠵᠥᠷᠢᠴᠡᠯ ᠵᠢᠭᠤᠷᠠᠯᠳᠤᠭᠠᠨ ᠢ ᠰᠢᠶ᠋ᠳᠪᠦᠷᠢᠯᠡᠬᠦ ᠠᠵᠢᠯ ᠤᠨ | ᠬᠠᠤᠯᠢ ᠥᠪᠡᠷᠲᠡᠭᠡᠨ ᠵᠠᠰᠠᠬᠤ ᠣᠷᠣᠨ ᠤ ︽ᠹᠧᠩ ᠴᠢᠶᠣᠤ ᠶᠢᠨ ᠲᠤᠷᠰᠢᠯᠭ᠎ᠠ︾ ᠶᠢᠨ ᠲᠡᠷᠢᠭᠦᠨ ᠤ ᠨᠡᠶᠢᠲᠡᠯᠢᠭ | ᠵᠢᠱᠢᠶ᠎ᠡ ᠪᠠᠷ ᠦᠨᠡᠯᠡᠭᠳᠡᠪᠡ᠃ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ | ᠵᠥᠪᠯᠡᠯ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠨᠠᠭᠤᠯᠭ᠎ᠠ ᠪᠠ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠠᠶᠤᠯᠭᠦᠢ ᠦᠢᠯᠡᠳᠪᠦᠷᠢᠯᠡᠯ ᠤᠨ ᠲᠤᠰᠬᠠᠢ ᠲᠣᠭᠤᠷᠢᠨ ᠪᠠᠶᠢᠴᠠᠭᠠᠯᠲᠠ ᠶᠢᠨ ᠬᠠᠷᠢᠭᠤ | ᠲᠤᠰᠬᠠᠭᠰᠠᠨ ᠰᠠᠨᠠᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠬᠡᠮ ᠰᠣᠭᠤᠭ ᠢ ᠶᠡᠬᠡᠪᠡᠷ | ᠵᠢᠭᠰᠠᠭᠠᠨ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢ ᠡᠮᠬᠢ ᠵᠢᠷᠤᠮ ᠲᠠᠢ ᠠᠬᠢᠭᠤᠯᠵᠤ᠂ | 10663 ᠵᠦᠢᠯ ᠤᠨ ᠬᠡᠮ ᠰᠣᠭᠤᠭ ᠢ ᠴᠠᠭ ᠲᠤᠬᠠᠢ ᠳᠤᠨᠢ ᠠᠷᠢᠯᠭᠠᠪᠠ᠃ ᠵᠠᠮ ᠬᠠᠷᠢᠯᠴᠠᠭᠠᠨ ᠤ ᠠᠮᠤᠷ | ᠲᠦᠪᠰᠢᠨ ᠤ ᠲᠥᠬᠦᠭᠡᠷᠦᠮᠵᠢ ᠶᠢ 43 ᠤᠭᠰᠠᠷᠠᠵᠤ᠂ ᠭᠤᠤᠯᠳᠠᠯᠭ᠎ᠠ ᠲᠠᠢ ᠣᠷᠣᠨ ᠪᠦᠰᠡ ᠶᠢᠨ ᠬᠠᠷᠠᠭᠠᠨ | ᠳᠠᠪᠲᠠᠮᠵᠢ ᠪᠠᠷ ᠬᠢᠨᠠᠨ ᠡᠵᠡᠮᠳᠡᠬᠦ ᠶᠢ ᠪᠦᠬᠦᠨ ᠢ ᠪᠦᠷᠬᠦᠭᠦᠯᠪᠡ᠃ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ | ᠠᠰᠢᠭ ᠢ ᠬᠠᠤᠯᠢ ᠶᠣᠰᠣᠭᠠᠷ ᠬᠠᠮᠠᠭᠠᠯᠠᠵᠤ᠂ ᠬᠥᠳᠡᠯᠮᠦᠷᠢᠴᠢᠳ ᠤᠨ 7397 ᠲᠦᠮᠡᠨ ᠲᠥᠭᠦᠷᠢᠭ ᠤᠨ ᠴᠠᠯᠢᠩ | ᠥᠷᠢᠲᠦᠬᠦ ᠶᠢ ᠨᠡᠬᠡᠮᠵᠢᠯᠡᠨ ᠠᠪᠴᠢᠷᠠᠪᠠ᠃ | —— ᠴᠠᠭ ᠳᠣᠬᠢᠶᠠᠯ ᠢ ᠠᠮᠵᠢᠨ ᠥᠭᠡᠷᠡᠴᠢᠯᠡᠯᠲᠡ ᠶᠢ ᠠᠬᠢᠭᠤᠯᠵᠤ᠂ ᠬᠦᠭᠵᠢᠯᠲᠡ ᠶᠢᠨ ᠠᠮᠢᠵᠢᠷᠠᠯ ᠤᠨ | ᠬᠦᠴᠦᠨ ᠲᠠᠰᠤᠷᠠᠯᠲᠠ ᠦᠭᠡᠢ ᠴᠢᠩᠬᠠᠷᠠᠪᠠ | ᠥᠭᠡᠷᠡᠴᠢᠯᠡᠯᠲᠡ ᠶᠢᠨ ᠵᠣᠷᠢᠭ ᠰᠠᠨᠠᠭ᠎ᠠ᠂ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠥᠭᠡᠷᠡᠴᠢᠯᠡᠯᠲᠡ ᠪᠠᠷ | ᠬᠥᠳᠡᠯᠭᠡᠬᠦ ᠬᠦᠴᠦᠨ ᠢ ᠨᠡᠮᠡᠭᠳᠡᠭᠦᠯᠵᠦ᠂ ᠨᠡᠭᠡᠭᠡᠯᠲᠡ ᠪᠠᠷ ᠠᠮᠢᠵᠢᠷᠠᠯ ᠤᠨ ᠬᠦᠴᠦᠨ ᠢ ᠨᠡᠮᠡᠭᠳᠡᠭᠦᠯᠵᠦ᠂ ᠣᠷᠴᠢᠨ | ᠲᠣᠭᠤᠷᠢᠨ ᠢᠶᠠᠷ ᠲᠠᠲᠠᠬᠤ ᠬᠦᠴᠦᠨ ᠢ ᠨᠡᠮᠡᠭᠳᠡᠭᠦᠯᠦᠨ᠎ᠡ᠃ ᠥᠭᠡᠷᠡᠴᠢᠯᠡᠯᠲᠡᠡ ᠶᠢᠨ ᠡᠷᠴᠢᠮ ᠲᠠᠰᠤᠷᠠᠯᠲᠠ ᠦᠭᠡᠢ | ᠴᠢᠩᠬᠠᠷᠠᠪᠠ᠃ ᠠᠵᠤ ᠠᠬᠤᠢ ᠪᠠ ᠠᠮᠢ ᠠᠬᠤᠢ ᠶᠢᠨ ᠬᠦᠷᠢᠶᠡᠨ ᠳᠠᠬᠢ 65 ᠵᠦᠢᠯ ᠤᠨ ᠥᠭᠡᠷᠡᠴᠢᠯᠡᠯᠲᠡ ᠶᠢᠨ | ᠡᠭᠦᠷᠭᠡ ᠶᠢ ᠬᠡᠷᠡᠭᠵᠢᠭᠦᠯᠵᠦ᠂ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠥᠭᠡᠷᠡᠴᠢᠯᠡᠯᠲᠡ ᠶᠢᠨ 6 ᠵᠦᠢᠯ ᠤᠨ | ᠲᠤᠷᠰᠢᠯᠲᠠ ᠶᠢ ᠯᠠᠪᠳᠠᠭᠤᠨ ᠢᠶᠠᠷ ᠠᠬᠢᠭᠤᠯᠪᠠ᠃ ᠤᠯᠤᠰ ᠤᠨ ᠥᠮᠴᠢᠯᠡᠯ ᠤᠨ ᠠᠵᠤ ᠠᠬᠤᠢᠯᠠᠯ ᠤᠨ ︽ᠪᠦᠰᠡᠯᠡᠯᠲᠡ ᠶᠢ | ᠱᠢᠪᠲᠤᠯᠬᠤ︾ ᠠᠩᠬ᠎ᠠ ᠠᠯᠬᠤᠮ ᠦᠷ᠎ᠡ ᠪᠦᠲᠦᠮᠵᠢ ᠣᠯᠵᠤ ᠲᠣᠭᠤᠷᠢᠭ ᠤᠨ ᠬᠠᠷᠢᠶ᠎ᠠ ᠤᠯᠤᠰ ᠤᠨ ᠥᠮᠴᠢᠯᠡᠯ ᠤᠨ | ᠠᠵᠤ ᠠᠬᠤᠢᠯᠠᠯ ᠤᠨ ᠡᠵᠡᠩᠨᠡᠯᠲᠡ ᠶᠢᠨ ᠶᠡᠷᠦᠩᠬᠡᠢ ᠣᠷᠣᠯᠭ᠎ᠠ 221 ︽ᠲᠠᠯᠪᠢᠬᠤ ᠬᠠᠮᠢᠶᠠᠷᠬᠤ ᠦᠶ᠋ᠯᠡᠴᠢᠯᠡᠬᠦ︾ | ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ 94 ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠶ᠋ᠯᠡᠰ ᠢ | ︽ᠪᠥᠬᠦ ᠲᠣᠭᠤᠷᠢᠭ ᠲᠤ ᠨᠡᠶᠢᠳᠡᠮ ᠭᠦᠶ᠋ᠴᠡᠳᠬᠡᠬᠦ︾ ᠶᠢ ᠪᠡᠶᠡᠯᠡᠭᠦᠯᠪᠡ᠃ ᠰᠢᠨ᠎ᠡ ᠶᠢ ᠡᠭᠦᠳᠬᠦ ᠠᠮᠢᠵᠢᠷᠠᠯ ᠤᠨ | ᠬᠦᠴᠦᠨ ᠲᠠᠰᠤᠷᠠᠯᠲᠠ ᠦᠭᠡᠢ ᠴᠢᠩᠭᠠᠷᠠᠪᠠ᠃ ᠵᠠᠰᠠᠭ ᠤᠨ ᠣᠷᠳᠣᠨ ᠤ ᠰᠤᠳᠤᠯᠭᠠᠨ ᠪᠠ ᠲᠤᠷᠰᠢᠯᠲᠠ ᠶᠢᠨ | ᠬᠥᠭᠵᠢᠯᠲᠡ ᠶᠢᠨ ᠵᠠᠷᠤᠳᠠᠯ ᠠᠳᠠᠯᠢ ᠬᠤᠭᠤᠴᠠᠭᠠᠨ ᠤ ᠬᠢ ᠠᠴᠠ 23% ᠨᠡᠮᠡᠭᠳᠡᠵᠦ᠂ ᠪᠥᠬᠦ ᠨᠡᠶᠢᠭᠡᠮ ᠢ ᠳᠠᠶᠢᠴᠢᠯᠠᠨ | ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠬᠦ ᠵᠠᠷᠤᠳᠠᠯ 1.74 ᠳ᠋ᠦᠩᠰᠢᠭᠤᠷ ᠲᠥᠭᠦᠷᠢᠭ ᠣᠷᠣᠭᠤᠯᠵᠤ᠂ | ᠥᠪᠡᠷᠲᠡᠭᠡᠨ ᠵᠠᠰᠠᠬᠤ ᠣᠷᠣᠨ ᠤ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 3᠂ ᠰᠢᠨᠵᠢᠯᠡᠬᠦ ᠤᠬᠠᠭᠠᠨ | ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ 13 ᠰᠢᠨ᠎ᠡ ᠪᠠᠷ ᠨᠡᠮᠡᠭᠳᠡᠵᠦ᠂ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠢᠶᠠᠨ ᠪᠠᠷᠢᠴᠠᠭᠠᠯᠠᠵᠤ ᠪᠠᠯᠠ ᠲᠣᠬᠢᠷᠠᠭᠤᠯᠬᠤ ᠳᠤ ︽ᠥᠯᠥ ᠡᠪᠳᠡᠬᠦ︾ ᠶᠢ | ᠪᠡᠶᠡᠯᠡᠭᠦᠯᠵᠦ᠂ ᠰᠠᠨ ᠮᠧᠶ ᠠᠭᠤᠷᠬᠠᠶ ᠶᠢᠨ ᠦᠢᠯᠡᠰ ᠨᠢ ︽ᠪᠥᠬᠦ ᠤᠯᠤᠰ ᠤᠨ ᠠᠩᠬᠠᠳᠠᠭᠴᠢ ᠲᠣᠭᠲᠠᠮᠠᠯ | ᠭᠥᠶᠥᠳᠡᠯᠳᠦ ᠴᠠᠬᠢᠯᠭᠠᠨ ᠵᠤᠤᠬ᠎ᠠ ᠶᠢᠨ ᠣᠨᠴᠠ ᠲᠥᠷᠥᠯ ᠤᠨ ᠲᠡᠮᠦᠷ ᠤᠨ ᠬᠠᠶᠢᠯᠤᠰᠢ ᠬᠠᠶᠢᠯᠤᠭᠤᠯᠬᠤ | ᠲᠤᠷᠰᠢᠯᠲᠠ ᠶᠢᠨ ᠰᠠᠭᠤᠷᠢᠨ ᠭᠠᠵᠠᠷ︾ ᠤᠨ ᠴᠣᠯᠠ ᠭᠥᠷᠳᠡᠪᠡ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ | ᠲᠠᠰᠤᠷᠠᠯᠲᠠ ᠦᠭᠡᠢ ᠰᠢᠯᠢᠳᠡᠭᠵᠢᠪᠡ᠃ ᠪᠦᠬᠦ ᠥᠪᠡᠷᠲᠡᠭᠡᠨ ᠵᠠᠰᠠᠬᠤ ᠣᠷᠣᠨ ᠳᠤ ︽ᠶᠡᠷᠦᠩᠬᠡᠶᠢᠯᠡᠭᠰᠡᠨ ᠨᠢᠭᠡ | ᠴᠣᠩᠬᠤᠪᠴᠢ︾ ᠶᠢᠨ ᠥᠭᠡᠷᠡᠴᠢᠯᠡᠯᠲᠡ ᠶᠢ ᠤᠷᠢᠳᠠᠪᠠᠷ ᠶᠠᠪᠤᠭᠤᠯᠵᠤ᠂ ᠣᠯᠠᠨ ᠲᠦᠮᠡᠨ ᠠᠵᠢᠯ ᠶᠠᠪᠤᠳᠠᠯ | ᠭᠦᠢᠴᠡᠳᠬᠡᠬᠦ ᠳᠤ ᠨᠢᠭᠡ ᠯᠡ ᠤᠳᠠᠭ᠎ᠠ ᠳᠤ ᠬᠦᠷᠬᠦ ᠬᠠᠷᠠᠯᠲᠠ ᠶᠢ ᠦᠨᠳᠦᠰᠦᠨ ᠳᠡᠭᠡᠨ ᠪᠡᠶᠡᠯᠡᠭᠦᠯᠪᠡ᠃ ︽ᠵᠠᠰᠠᠭ | ᠮᠥᠩᠭᠦᠨ ᠭᠦᠢᠯᠭᠡᠭᠡ ᠠᠵᠤ ᠠᠬᠤᠶᠢᠯᠠᠯ︾ ᠤᠨ ᠨᠡᠪᠲᠡᠷᠡᠯᠴᠡᠬᠦ ᠲᠠᠪᠴᠠᠩ ᠢ ᠢᠳᠡᠪᠬᠢᠲᠡᠢ ᠪᠠᠶᠢᠭᠤᠯᠵᠤ᠂ 300 | ᠭᠠᠷᠤᠢ ᠠᠵᠤ ᠠᠬᠤᠶᠢᠯᠠᠯ ᠳᠤ 32.8 ᠳ᠋ᠦᠩᠰᠢᠭᠤᠷ ᠲᠥᠭᠦᠷᠢᠭ ᠤᠨ ᠵᠢᠭᠡᠯᠡᠯᠭᠡ ᠲᠠᠯᠪᠢᠪᠠ᠃ ᠭᠠᠶᠢᠯᠢ ᠬᠥᠩᠭᠡᠯᠡᠵᠦ | ᠰᠦᠢᠳᠬᠡᠯ ᠪᠠᠭᠤᠷᠠᠭᠤᠯᠬᠤ ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠷᠢᠯᠢᠭ ᠣᠨᠣᠴᠠᠲᠠᠢ ᠪᠠᠷ | ᠨᠠᠶᠢᠳᠠᠪᠤᠷᠢᠵᠢᠭᠤᠯᠵᠤ᠂ ᠪᠥᠬᠦ ᠵᠢᠯ ᠳᠤ ᠨᠡᠶᠢᠲᠡ 1.53 ᠳ᠋ᠦᠩᠰᠢᠭᠤᠷ ᠲᠥᠭᠦᠷᠢᠭ ᠤᠨ ᠭᠠᠶᠢᠯᠢ ᠬᠥᠩᠭᠡᠯᠡᠵᠦ | ᠰᠦᠢᠳᠬᠡᠯ ᠪᠤᠴᠠᠭᠠᠪᠠ᠃ | ᠲᠥᠯᠥᠭᠡᠯᠡᠭᠴᠢᠳ ᠡ᠂ ᠨᠢᠭᠡ ᠵᠢᠯ ᠤᠨ ᠲᠤᠷᠰᠢ᠂ ᠪᠢᠳᠡ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ | ᠪᠠᠷᠢᠮᠲᠠᠯᠠᠬᠤ ᠶᠢ ᠵᠠᠰᠠᠭ ᠤᠨ ᠣᠷᠳᠣᠨ ᠤ ᠡᠭᠦᠷᠭᠡ ᠲᠤᠰᠢᠶᠠᠯ ᠢᠶᠠᠨ ᠭᠦᠶ᠋ᠴᠡᠳᠬᠡᠬᠦ ᠶᠢᠨ ᠦᠨᠳᠦᠰᠦᠨ ᠪᠠᠲᠤᠯᠠᠭ᠎ᠠ | ᠪᠣᠯᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭᠠᠨ ᠤ ᠭᠤᠤᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ︽ᠨᠠᠮ ᠤᠨ | ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ | ᠦᠶ᠋ᠯᠡᠳᠦᠯᠭᠡ ᠶᠢᠨ ᠠᠵᠢᠯᠯᠠᠭ᠎ᠠ ᠶᠢ ᠡᠮᠬᠢ ᠵᠢᠷᠤᠮ ᠲᠠᠢ ᠠᠬᠢᠭᠤᠯᠵᠤ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ | ᠤᠯᠤᠰ ᠲᠥᠷᠥ ᠶᠢᠨ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠪᠠᠲᠤ ᠡᠭᠦᠷᠭᠡᠯᠡᠵᠦ᠂ ᠲᠥᠪ ᠤᠨ ᠨᠠᠢᠮᠠᠨ ᠲᠣᠭᠲᠠᠭᠠᠯ | ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ︽ᠪᠠᠷᠢᠮᠵᠢᠶ᠎ᠠ ᠶᠢ ᠳᠡᠭᠡᠭᠰᠢᠯᠡᠭᠦᠯᠬᠦ᠂ ᠬᠤᠷᠳᠤᠴᠠ ᠶᠢ ᠲᠦᠷᠭᠡᠳᠬᠡᠬᠦ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ︾ | ᠲᠤᠰᠬᠠᠶ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ︽ᠤᠳᠠᠭᠠᠨ᠂ ᠪᠦᠳᠦᠭᠦᠯᠢᠭ᠂ ᠬᠡᠶᠢᠰᠪᠦᠷᠢ︾ ᠵᠡᠷᠭᠡ ᠬᠡᠯᠪᠡᠷᠢ ᠶᠢᠨ | ᠦᠵᠡᠯ᠂ ᠨᠣᠶᠠᠨᠴᠢ ᠰᠤᠷᠲᠠᠯ ᠤᠨ ᠠᠰᠠᠭᠤᠳᠠᠯ ᠢ ᠶᠡᠭᠡ ᠪᠠᠷ ᠴᠡᠭᠴᠡᠯᠡᠨ ᠵᠠᠰᠠᠵᠤ᠂ ᠵᠠᠰᠠᠭ ᠤᠨ ᠣᠷᠳᠣᠨ ᠤ | ᠰᠢᠰᠲ᠋ᠧᠮ ᠤᠨ ᠰᠤᠷᠲᠠᠯ ᠤᠨ ᠪᠠᠶᠢᠭᠤᠯᠤᠯᠲᠠ ᠶᠢᠨ ᠦᠷᠭᠦᠯᠵᠢᠯᠡᠨ ᠬᠤᠪᠢᠷᠠᠭᠤᠯᠬᠤ ᠶᠢ ᠦᠨᠡᠨ ᠬᠦ ᠠᠬᠢᠭᠤᠯᠪᠠ᠃ | ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ | ᠰᠢᠢᠳᠪᠦᠷᠢ ᠲᠣᠭᠲᠠᠭᠠᠯ ᠢ ᠡᠷᠡᠰ ᠬᠡᠷᠡᠭᠵᠢᠭᠦᠯᠵᠦ᠂ ᠡᠯ᠎ᠡ ᠲᠠᠯ᠎ᠠ ᠶᠢᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ | ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ 113 | ᠬᠤᠪᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ 87 ᠬᠤᠪᠢ ᠭᠦᠢᠴᠡᠳᠬᠡᠪᠡ᠃ | ︽ᠨᠠᠢᠮᠠᠳᠤᠭᠠᠷ ᠲᠠᠪᠤᠨ ᠵᠢᠯ︾ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠶᠢ ᠭᠦᠨᠵᠡᠭᠡᠶ | ᠠᠬᠢᠭᠤᠯᠵᠤ᠂ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ 19 ᠬᠤᠪᠢ ᠴᠡᠪᠡᠷᠯᠡᠵᠦ᠂ | ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠰᠢᠭᠦᠯᠲᠡ ᠳᠤ ᠣᠷᠣᠯᠴᠠᠨ ᠵᠠᠷᠭᠤ ᠬᠦᠯᠢᠶᠡᠬᠦ ᠨᠣᠷᠮ᠎ᠠ ᠶᠢ | 100% ᠳᠤ ᠬᠦᠷᠦᠭᠦᠯᠵᠦ᠂ ᠥᠪᠡᠷᠲᠡᠭᠡᠨ ᠵᠠᠰᠠᠬᠤ ᠣᠷᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠣᠷᠣᠨ ᠢ ᠠᠮᠵᠢᠯᠲᠠ ᠲᠠᠢ ᠪᠠᠷ ᠡᠭᠦᠳᠦᠨ ᠪᠠᠶᠢᠭᠤᠯᠪᠠ᠃ ︽ᠲᠠᠪᠤ ᠶᠢ | ᠲᠦᠢᠯᠪᠤᠷᠢᠲᠠᠢ ᠪᠠᠶᠢᠴᠠᠭᠠᠬᠤ︾ ᠠᠵᠢᠯᠯᠠᠭ᠎ᠠ ᠶᠢ ᠥᠨᠳᠥᠷ ᠪᠦᠲᠦᠮᠵᠢᠲᠡᠶ ᠪᠠᠷ ᠠᠬᠢᠭᠤᠯᠵᠤ᠂ ᠵᠥᠪᠰᠢᠶᠡᠷᠡᠯ | ᠬᠦᠯᠢᠶᠡᠵᠦ ᠪᠠᠶᠢᠭ᠎ᠠ ᠲᠥᠷᠥᠯ ᠵᠦᠢᠯ᠂ ᠨᠥᠭᠡᠴᠡ ᠪᠡᠯᠡ ᠮᠥᠩᠭᠦ ᠵᠡᠷᠭᠡ 4 ᠰᠠᠭᠤᠷᠢ ᠡᠭᠦᠷᠭᠡ ᠶᠢ ᠪᠦᠬᠦᠨ ᠢ | ᠪᠡᠶᠡᠯᠡᠭᠦᠯᠵᠦ᠂ ᠵᠥᠪᠰᠢᠶᠡᠷᠡᠭᠰᠡᠨ ᠪᠠᠶᠢᠲᠠᠯ᠎ᠠ ᠬᠠᠩᠭᠠᠭᠠᠳᠤᠢ ᠭᠠᠵᠠᠷ ᠰᠢᠷᠣᠢ ᠶᠢ ᠰᠢᠢᠳᠪᠦᠷᠢᠯᠡᠬᠦ ᠣᠨ ᠤ ᠡᠭᠦᠷᠭᠡ ᠶᠢ | ᠳᠠᠪᠠᠭᠤᠯᠤᠨ ᠪᠡᠶᠡᠯᠡᠭᠦᠯᠪᠡ᠃ ᠰᠢᠮᠳᠠᠭᠤᠯᠤᠨ ᠪᠠᠶᠢᠴᠠᠭᠠᠬᠤ᠂ ᠲᠣᠭᠤᠷᠢᠨ ᠪᠠᠶᠢᠴᠠᠭᠠᠬᠤ ᠵᠡᠷᠭᠡ ᠬᠠᠷᠢᠭᠤ ᠲᠤᠰᠬᠠᠭᠰᠠᠨ | ᠰᠠᠨᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠵᠤ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ | ᠲᠤᠰᠬᠠᠶ ᠴᠡᠭᠴᠡᠯᠡᠨ ᠵᠠᠰᠠᠬᠤ ᠶᠢ ᠪᠠᠶᠢᠩᠭᠤᠵᠢᠭᠤᠯᠤᠨ ᠵᠠᠰᠠᠬᠤ ᠡᠭᠦᠷᠭᠡ ᠶᠢ ᠪᠦᠬᠦᠨ ᠢ ᠰᠢᠯᠭᠠᠨ ᠠᠪᠴᠤ | ᠳ᠋ᠤᠭᠠᠷ ᠢ ᠨᠢ ᠬᠠᠰᠤᠵᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠬᠦᠷᠢᠶᠡᠨ ᠳᠠᠬᠢ ᠲᠤᠰᠬᠠᠶ ᠴᠡᠭᠴᠡᠯᠡᠨ | ᠵᠠᠰᠠᠯᠲᠠ ᠶᠢ ᠦᠨᠳᠦᠰᠦᠨ ᠳᠡᠭᠡᠨ ᠪᠡᠶᠡᠯᠡᠭᠦᠯᠪᠡ᠃ ᠡᠯ᠎ᠡ ᠠᠷᠠᠳᠴᠢᠯᠠᠭᠰᠠᠨ ᠨᠠᠮ ᠪᠦᠯᠦᠭ᠂ ᠠᠵᠤ ᠦᠢᠯᠡᠳᠪᠦᠷᠢ | ᠬᠤᠳᠠᠯᠳᠤᠭᠠᠨ ᠤ ᠬᠤᠯᠪᠣᠭ᠎ᠠ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ | ᠬᠤᠯᠪᠣᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠡᠷᠭᠡ ᠠᠷᠠᠳ ᠤᠨ ᠪᠦᠯᠬᠦᠮ ᠪᠣᠯᠤᠨ ᠨᠡᠶᠢᠭᠡᠮ ᠤᠨ ᠵᠣᠬᠢᠶᠠᠨ | ᠪᠠᠶᠢᠭᠤᠯᠤᠯᠲᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠳᠡᠮᠵᠢᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠳᠠᠶᠢᠴᠢᠯᠠᠯᠲᠠ᠂ ᠴᠡᠷᠢᠭ ᠠᠴᠠ ᠬᠠᠯᠠᠭᠳᠠᠭᠰᠠᠳ᠂ ᠬᠤᠶᠠᠷ ᠢ ᠬᠦᠷᠢᠶᠡᠯᠡᠨ ᠬᠠᠷᠠᠭᠠᠯᠵᠠᠬᠤ᠂ ᠪᠦᠷᠢᠳᠬᠡᠨ ᠬᠢᠨᠠᠨ | ᠪᠣᠳᠣᠬᠤ᠂ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ᠂ ᠢᠳᠡᠭᠡᠨ ᠪᠠ ᠡᠮ ᠤᠨ ᠵᠦᠢᠯ᠂ ᠭᠠᠵᠠᠷ | ᠬᠥᠳᠡᠯᠦᠯᠲᠡ ᠴᠠᠭ ᠠᠭᠤᠷ᠂ ᠭᠠᠯ ᠰᠡᠷᠭᠡᠶᠢᠯᠡᠵᠦ ᠭᠠᠮᠰᠢᠭ ᠠᠴᠠ ᠠᠪᠤᠷᠠᠬᠤ᠂ ᠳᠠᠩᠰᠠ ᠡᠪᠬᠡᠮᠡᠯ ᠲᠡᠦᠬᠡ ᠲᠡᠮᠳᠡᠭᠯᠡᠯ᠂ | ᠪᠠᠶᠢᠭᠤᠯᠤᠯᠭ᠎ᠠ ᠶᠢᠨ ᠶᠠᠪᠤᠳᠠᠯ᠂ ᠵᠡᠮᠳᠡᠭᠴᠦᠳ ᠢ ᠲᠡᠳᠬᠦᠨ ᠵᠡᠮᠳᠡᠭᠴᠦᠳ ᠢ ᠲᠤᠰᠠᠯᠠᠬᠤ ᠵᠡᠷᠭᠡ ᠠᠵᠢᠯ ᠢ | ᠯᠠᠪᠳᠠᠭᠤᠨ ᠢᠶᠠᠷ ᠲᠦᠯᠬᠢᠨ ᠠᠬᠢᠭᠤᠯᠪᠠ᠃ | ᠲᠥᠯᠥᠭᠡᠯᠡᠭᠴᠢᠳ ᠡ᠂ ᠤᠴᠢᠷ ᠶᠠᠪᠤᠳᠠᠯ ᠢ ᠥᠩᠭᠡᠷᠡᠭᠡᠪᠡᠯ ᠬᠦᠴᠢᠷ ᠢ ᠨᠢ ᠮᠡᠳᠡᠬᠦ ᠦᠭᠡᠢ ᠪᠣᠯ ᠠᠮᠠᠷᠬᠠᠨ | ᠪᠣᠯᠪᠠᠴᠤ ᠵᠣᠪᠠᠭᠤᠷᠢ ᠵᠦᠳᠡᠭᠦᠷᠢ ᠶᠢ ᠨᠢ ᠮᠡᠳᠡᠵᠦ ᠪᠠᠶᠢᠨ᠎ᠠ᠃ ᠡᠳᠡᠭᠡᠷ ᠠᠮᠵᠢᠯᠲᠠ ᠶᠢ ᠣᠯᠤᠭᠰᠠᠨ ᠤ ᠬᠠᠮᠤᠭ ᠤᠨ | ᠦᠨᠳᠦᠰᠦᠨ ᠵᠦᠢᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠳᠤ ᠪᠤᠢ᠂ ᠬᠤᠳᠠ ᠶᠢᠨ ᠨᠠᠮ ᠤᠨ | ᠬᠤᠷᠢᠶ᠎ᠠ ᠪᠣᠯᠤᠨ ᠲᠤᠭᠤᠷᠢᠭ ᠤᠨ ᠨᠠᠮ ᠤᠨ ᠬᠤᠷᠢᠶ᠎ᠠ ᠶᠢᠨ ᠵᠥᠪ ᠣᠨᠣᠪᠴᠢᠲᠠᠢ ᠤᠳᠤᠷᠢᠳᠤᠯᠭ᠎ᠠ ᠳᠤ ᠪᠤᠢ᠂ | ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠲᠤᠭᠤᠷᠢᠭ ᠤᠨ ᠤᠯᠤᠰ ᠲᠦᠷᠦ ᠶᠢᠨ | ᠵᠥᠪᠯᠡᠯᠭᠡᠨ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠢᠨᠠᠯᠲᠠ ᠳᠡᠮᠵᠢᠯᠭᠡ ᠳᠤ ᠪᠤᠢ᠂ ᠪᠦᠬᠦ ᠲᠤᠭᠤᠷᠢᠭ ᠤᠨ | ᠥᠷᠭᠡᠨ ᠤᠯᠠᠨ ᠺᠠᠳ᠋ᠷ ᠤᠯᠠᠨ ᠲᠦᠮᠡᠨ ᠤ ᠪᠦᠯᠬᠦᠮᠳᠡᠨ ᠲᠡᠮᠡᠴᠡᠵᠦ᠂ ᠴᠢᠷᠮᠠᠶᠢᠨ ᠤᠷᠤᠭᠰᠢᠯᠠᠬᠤ ᠳᠤ ᠪᠤᠢ︕ ᠡ᠊ᠨᠳᠡ | ᠪᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠪᠦᠬᠦ ᠲᠣᠭᠤᠷᠢᠭ ᠤᠨ | ᠦᠨᠳᠦᠰᠦᠲᠡᠨ ᠨᠦᠭᠦᠳ ᠤᠨ ᠠᠷᠠᠳ ᠲᠦᠮᠡᠨ᠂ ᠲᠥᠯᠥᠭᠡᠯᠡᠭᠴᠢᠳ᠂ ᠭᠡᠰᠢᠭᠦᠳ ᠲᠤ᠂ ᠬᠠᠶᠢᠨᠠᠨ ᠲᠣᠭᠤᠷᠢᠭ ᠤᠨ | ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠡᠯ᠎ᠡ ᠡᠲᠡᠭᠡᠳ ᠤᠨ ᠬᠥᠮᠦᠰ ᠲᠤ ᠴᠢᠩ ᠰᠡᠳᠬᠢᠯ ᠤᠨ ᠲᠠᠯᠠᠷᠬᠠᠯ ᠢᠶᠠᠨ | ᠳᠡᠪᠰᠢᠭᠦᠯᠦᠶ᠎ᠡ︕ | ᠠᠮᠵᠢᠯᠲᠠ ᠪᠦᠲᠦᠮᠵᠢ ᠶᠢ ᠨᠤᠲᠠᠯᠠᠭᠤᠰᠢᠲᠠᠶ᠂ ᠠᠰᠠᠭᠤᠳᠠᠯ ᠳᠤ ᠨᠡᠩ ᠵᠥᠪ ᠢᠶᠠᠷ ᠬᠠᠨᠳᠤᠬᠤ ᠴᠢᠬᠤᠯᠠᠲᠠᠢ᠂ | ᠪᠢᠳᠡ ᠰᠡᠷᠭᠡᠭ ᠢᠶᠠᠷ ᠣᠯᠵᠤ ᠬᠠᠷᠠᠬᠤ ᠴᠢᠬᠤᠯᠠᠲᠠᠢ᠄ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠢ | ᠳᠡᠭᠡᠭᠰᠢᠯᠡᠭᠦᠯᠬᠦ ᠴᠢᠬᠤᠯᠠᠲᠠᠢ ᠪᠠᠶᠢᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠶᠢ | ᠪᠠᠰᠠ ᠲᠦᠷᠭᠡᠳᠬᠡᠬᠦ ᠴᠢᠬᠤᠯᠠᠲᠠᠢ ᠪᠠᠶᠢᠨ᠎ᠠ︔ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠭᠦᠷᠭᠡ | ᠬᠠᠲᠠᠭᠤ ᠪᠡᠷᠬᠡ᠂ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠪᠠᠭᠠᠰᠬᠠᠬᠤ ᠳᠠᠷᠤᠯᠲᠠ ᠨᠡᠯᠢᠶᠡᠳ ᠶᠡᠭᠡ ᠪᠠᠶᠢᠨ᠎ᠠ︔ ᠡᠳ᠋ ᠤᠨ | ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠨᠡᠯᠢᠶᠡᠳ ᠲᠤᠪᠤᠶᠢᠮ᠎ᠠ ᠪᠠᠶᠢᠵᠤ᠂ ᠰᠤᠷᠭᠠᠨ ᠬᠥᠮᠦᠵᠢᠯ᠂ ᠡᠮ ᠡᠮᠨᠡᠯᠭᠡ | ᠵᠡᠷᠭᠡ ᠠᠷᠠᠳ ᠤᠨ ᠠᠮᠢᠳᠤᠷᠠᠯ ᠤᠨ ᠠᠵᠢᠯ ᠤᠯᠠᠨ ᠲᠦᠮᠡᠨ ᠤ ᠬᠦᠰᠡᠯ ᠡᠷᠡᠮᠡᠯᠵᠡᠯ ᠲᠠᠢ ᠪᠠᠶᠢᠨ᠎ᠠ᠃ ︽ᠭᠤᠷᠪᠠᠨ | ᠠᠷᠪᠢᠨ ᠭᠤᠷᠪᠠᠨ ᠴᠥᠭᠡᠨ ᠲᠣᠭᠠᠲᠤ ᠭᠤᠷᠪᠠᠨ ᠤᠳᠠᠭᠠᠨ︾ ᠠᠰᠠᠭᠤᠳᠠᠯ ᠮᠥᠨ ᠬᠦ ᠠᠳᠠᠯᠢ ᠪᠤᠰᠤ ᠬᠡᠮᠵᠢᠶ᠎ᠡ ᠪᠠᠷ | ᠣᠷᠣᠰᠢᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠠᠰᠠ ᠦᠷᠭᠦᠯᠵᠢᠯᠡᠨ ᠰᠢᠯᠢᠳᠡᠭᠵᠢᠭᠦᠯᠬᠦ ᠴᠢᠬᠤᠯᠠᠲᠠᠢ | ᠵᠡᠷᠭᠡ ᠪᠠᠶᠢᠨ᠎ᠠ᠃ ᠡᠭᠦᠨ ᠳᠤ ᠪᠢᠳᠡ ᠠᠰᠠᠭᠤᠳᠠᠯ ᠳᠤ ᠰᠢᠭᠤᠳ ᠬᠠᠨᠳᠤᠵᠤ᠂ ᠬᠦᠴᠢᠷ ᠢ ᠰᠦᠷᠦᠨ ᠤᠷᠤᠭᠰᠢᠯᠠᠵᠤ᠂ | ᠪᠦᠬᠦ ᠬᠦᠴᠦᠨ ᠢᠶᠠᠷ ᠢᠶᠠᠨ ᠠᠬᠢᠭᠤᠯᠤᠨ ᠰᠢᠢᠳᠪᠦᠷᠢᠯᠡᠵᠦ᠂ ᠬᠠᠶᠢᠨᠠᠨ ᠲᠣᠭᠤᠷᠢᠭ ᠤᠨ ᠠᠷᠠᠳ ᠲᠦᠮᠡᠨ ᠤ ᠬᠦᠰᠡᠯ | ᠡᠷᠡᠮᠡᠯᠵᠡᠯ ᠢ ᠶᠠᠭᠠᠬᠢᠭᠰᠠᠨ ᠴᠤ ᠬᠥᠰᠡᠷᠳᠡᠭᠦᠯᠬᠦ ᠦᠭᠡᠢ︕ | ᠬᠤᠶᠠᠷ᠂ 2024 ᠣᠨ ᠤ ᠭᠤᠣᠯ ᠬᠠᠷᠠᠯᠲᠠ ᠡᠭᠦᠷᠭᠡ | ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠠᠴᠠ ᠶᠢᠰᠦᠨ ᠲᠠᠯ᠎ᠠ ᠶᠢᠨ ᠭᠤᠤᠯᠳᠠᠯᠭ᠎ᠠ ᠲᠠᠢ ᠠᠵᠢᠯ ᠢ | ᠰᠢᠰᠲ᠋ᠧᠮ ᠲᠠᠢ ᠪᠠᠶᠢᠷᠢᠯᠠᠭᠤᠯᠵᠤ᠂ ᠪᠥᠬᠦ ᠲᠣᠭᠤᠷᠢᠭ ᠤᠨ ᠠᠵᠤ ᠠᠬᠤᠶ ᠶᠢᠨ ᠠᠵᠢᠯ ᠤᠨ ᠬᠤᠷᠠᠯ ᠠᠴᠠ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠬᠤ ᠵᠡᠷᠭᠡ ᠵᠢᠷᠭᠤᠭᠠᠨ ᠢᠨᠵᠧᠨᠧᠷᠢᠩ ᠢ ᠬᠡᠷᠡᠭᠵᠢᠭᠦᠯᠬᠦ᠂ ᠲᠥᠷᠥᠯ ᠵᠦᠢᠯ ᠤᠨ ᠪᠠᠯᠠ | ᠣᠷᠣᠭᠤᠯᠤᠯᠲᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠵᠡᠷᠭᠡ ᠲᠤᠯᠤᠭᠠᠨ ᠲᠠᠯ᠎ᠠ ᠶᠢᠨ ᠡᠭᠦᠷᠭᠡ ᠶᠢ | ᠬᠡᠷᠡᠭᠵᠢᠭᠦᠯᠬᠦ ᠪᠠᠷ ᠲᠣᠭᠲᠠᠵᠤ᠂ ᠪᠥᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠠᠴᠠ ᠠᠷᠪᠠᠨ ᠬᠤᠶᠠᠷ | ᠵᠦᠢᠯ ᠤᠨ ᠭᠤᠤᠯᠳᠠᠯᠭ᠎ᠠ ᠲᠠᠢ ᠠᠵᠢᠯ ᠢ ᠲᠣᠭᠲᠠᠭᠠᠵᠤ᠂ ᠪᠢᠳᠡᠨ ᠤ ᠰᠡᠳᠬᠢᠯ ᠢᠶᠠᠨ ᠨᠢᠭᠡᠳᠬᠡᠨ ᠬᠦᠴᠦ ᠪᠠᠨ | ᠬᠠᠮᠲᠤᠳᠬᠠᠵᠤ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠤ ᠴᠢᠭᠯᠡᠯ ᠠᠷᠭ᠎ᠠ ᠵᠠᠮ ᠢ ᠲᠣᠳᠣᠷᠬᠠᠶ ᠵᠢᠭᠠᠵᠤ᠂ | ᠢᠲᠡᠭᠡᠯ ᠵᠣᠷᠢᠭ ᠢᠶᠠᠨ ᠬᠥᠪᠴᠢᠯᠡᠪᠡ᠃ ᠲᠦᠷᠦᠭᠦᠬᠡᠨ ᠬᠤᠷᠠᠯᠳᠤᠭᠰᠠᠨ ᠲᠣᠭᠤᠷᠢᠭ ᠤᠨ ᠨᠠᠮ ᠤᠨ ᠬᠤᠷᠢᠶᠠᠨ ᠤ | ᠶᠢᠰᠦᠳᠦᠭᠡᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠵᠢᠴᠢ ᠪᠦᠬᠦ ᠲᠣᠭᠤᠷᠢᠭ ᠤᠨ ᠠᠵᠤ ᠠᠬᠤᠢ ᠶᠢᠨ | ᠠᠵᠢᠯ ᠤᠨ ᠬᠤᠷᠠᠯ ᠨᠢ ᠤᠯᠤᠰ ᠲᠦᠷᠦ᠂ ᠪᠠᠶᠢᠯᠳᠤᠬᠤ ᠪᠤᠳᠤᠯᠭ᠎ᠠ ᠪᠣᠯᠤᠨ ᠪᠦᠬᠦ ᠲᠠᠯ᠎ᠠ ᠶᠢᠨ ᠦᠨᠳᠦᠷᠴᠡ ᠳᠤ | ᠵᠣᠭᠰᠣᠵᠤ᠂ ᠠᠷᠪᠠᠨ ᠬᠤᠶᠠᠷ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠲᠣᠳᠣᠷᠬᠠᠢ ᠳᠤᠷᠠᠳᠴᠤ᠂ | ᠲᠡᠷᠢᠭᠦᠨ ᠤ ᠬᠢ ᠶᠢ ᠡᠭᠦᠳᠴᠦ᠂ ᠲᠡᠷᠢᠭᠦᠨ ᠤ ᠬᠢ ᠶᠢ ᠲᠡᠮᠡᠴᠡᠨ ᠤᠯᠬᠤ ᠲᠠᠶᠢᠴᠢᠯᠠᠯᠳᠠ ᠶᠢᠨ ᠵᠠᠷᠯᠢᠭ ᠪᠠᠭᠤᠯᠭᠠᠵᠤ᠂ | ᠬᠠᠮ ᠠᠷᠭ᠎ᠠ ᠪᠤᠳᠤᠯᠭ᠎ᠠ ᠭᠠᠷᠭᠠᠬᠤ᠂ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ | ᠤᠷᠤᠭᠰᠢᠯᠠᠯᠲᠠ ᠶᠢᠨ ᠪᠦᠷᠢᠶ᠎ᠡ ᠶᠢ ᠬᠠᠩᠭᠢᠨᠠᠭᠤᠯᠵᠤ᠂ ᠠᠵᠤ ᠠᠬᠤᠢ ᠪᠠᠨ ᠤᠷᠤᠯᠳᠤᠬᠤ᠂ ᠬᠥᠭᠵᠢᠯᠲᠡ ᠪᠠᠨ | ᠠᠳᠬᠤᠬᠤ ᠴᠢᠩᠭ᠎ᠠ ᠳᠣᠬᠢᠶ᠎ᠠ ᠶᠢ ᠬᠦᠭᠵᠢᠭᠡᠪᠡ᠃ ᠪᠢᠳᠡ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ᠂ | ᠤᠷᠤᠭᠰᠢᠯᠠᠬᠤ ᠪᠠᠷ ᠲᠣᠭᠲᠠᠭᠤᠨ ᠢ ᠠᠬᠢᠭᠤᠯᠬᠤ᠂ ᠤᠷᠢᠳ ᠢᠶᠠᠷ ᠪᠠᠶᠢᠭᠤᠯᠵᠤ ᠳᠠᠷᠠᠭ᠎ᠠ ᠨᠢ ᠡᠪᠳᠡᠬᠦ ᠶᠢ ᠪᠠᠷᠢᠮᠲᠠᠯᠠᠵᠤ᠂ | ︽ᠲᠣᠭᠲᠠᠭᠤᠨ ᠪᠠᠶᠢᠯᠭᠠᠬᠤ︾ ᠪᠠ ︽ᠤᠷᠤᠭᠰᠢᠯᠠᠬᠤ︾᠂ ︽ᠪᠠᠶᠢᠭᠤᠯᠬᠤ︾ ᠬᠤᠪᠢᠰᠤᠩᠭᠤᠢ ᠬᠠᠷᠢᠴᠠᠭ᠎ᠠ ᠶᠢ | ᠣᠨᠣᠪᠴᠢᠲᠠᠢ ᠡᠵᠡᠮᠳᠡᠵᠦ᠂ ᠢᠲᠡᠭᠡᠯ ᠵᠣᠷᠢᠭ ᠢᠶᠠᠨ ᠪᠠᠲᠤᠯᠠᠵᠤ᠂ ᠲᠣᠭᠲᠠᠯ ᠬᠦᠴᠦᠨ ᠢᠶᠠᠨ ᠪᠠᠲᠤᠯᠠᠵᠤ᠂ ᠡᠷᠴᠢ | ᠵᠣᠷᠢᠭ ᠢᠶᠠᠨ ᠪᠠᠲᠤᠯᠠᠵᠤ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠴᠢᠩᠭ᠎ᠠ ᠠᠳᠬᠤᠨ ᠲᠦᠷᠭᠡᠨ ᠠᠵᠢᠯᠯᠠᠵᠤ᠂ | ᠦᠨᠡᠨ ᠬᠦ ᠠᠳᠬᠤᠨ ᠪᠣᠳᠠᠲᠠᠢ ᠠᠵᠢᠯᠯᠠᠵᠤ᠂ ᠵᠣᠷᠢᠭᠲᠠᠢ ᠰᠡᠳᠬᠢᠵᠦ ᠴᠢᠳᠠᠨ᠂ ᠡᠯ᠎ᠡ ᠵᠦᠢᠯ ᠤᠨ ᠠᠵᠢᠯ | ᠦᠢᠯᠡᠰ ᠤᠨ ᠰᠢᠨ᠎ᠡ ᠳᠡᠭᠲᠡᠷ ᠲᠤ ᠭᠠᠷᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ | 2024 ᠤᠨ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ | ᠣᠶ ᠮᠥᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ | ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠮᠥᠨ᠂ ᠪᠥᠬᠦ ᠵᠢᠯ ᠤᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ | ᠬᠤᠯᠪᠣᠭᠳᠠᠯ ᠲᠠᠢ ᠶᠤᠮ᠃ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠡᠨᠡ ᠵᠢᠯ ᠤᠨ | ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ | ᠪᠣᠯᠣᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠦᠬᠦᠳᠡ ᠬᠤᠷᠠᠯ | ᠵᠢᠴᠢ ᠪᠦᠬᠦ ᠲᠣᠭᠤᠷᠢᠭ ᠤᠨ ᠠᠵᠤ ᠠᠬᠤᠢ ᠶᠢᠨ ᠠᠵᠢᠯ ᠤᠨ ᠬᠤᠷᠠᠯ᠂ ᠬᠤᠳᠠ ᠶᠢᠨ ᠨᠠᠮ ᠤᠨ ᠬᠤᠷᠢᠶ᠎ᠠ ᠶᠢᠨ | ᠨᠠᠢᠮᠠᠳᠤᠭᠠᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠵᠢᠴᠢ ᠪᠦᠬᠦ ᠲᠣᠭᠤᠷᠢᠭ ᠤᠨ ᠠᠵᠤ ᠠᠬᠤᠢ ᠶᠢᠨ | ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠲᠣᠭᠲᠠᠭᠤᠨ ᠤ ᠳᠤᠮᠳᠠ | ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠭᠤᠣᠯ ᠱᠤᠭᠤᠮ ᠢ ᠪᠦᠬᠦ ᠲᠠᠯ᠎ᠠ ᠪᠠᠷ | ᠲᠤᠤᠱᠯᠠᠭᠤᠯᠵᠤ᠂ ᠴᠢᠨᠠᠷ ᠰᠠᠶᠢᠲᠠᠢ ᠬᠥᠭᠵᠢᠯᠲᠡ᠂ ᠴᠢᠨᠠᠷ ᠰᠠᠶᠢᠲᠠᠢ ᠠᠮᠢᠳᠤᠷᠠᠯ᠂ ᠴᠢᠨᠠᠷ ᠰᠠᠶᠢᠲᠠᠢ ᠵᠠᠰᠠᠯᠲᠠ ᠶᠢᠨ | ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠬᠡᠷᠡᠭᠲᠡᠢ᠃ | ᠪᠥᠬᠦ ᠲᠣᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠪᠣᠯ᠄ | ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 6% ᠣᠷᠴᠢᠮ ᠨᠡᠮᠡᠭᠳᠡᠭᠦᠯᠵᠦ᠂ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠢ 7% ᠣᠷᠴᠢᠮ ᠨᠡᠮᠡᠭᠳᠡᠭᠦᠯᠦᠨ᠂ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢ 15% ᠣᠷᠴᠢᠮ ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ | 5% ᠣᠷᠴᠢᠮ ᠨᠡᠮᠡᠭᠳᠡᠭᠦᠯᠦᠨ᠂ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠶ ᠶᠢᠨ | ᠨᠡᠮᠡᠭᠳᠡᠯ ᠲᠠᠢ ᠦᠨᠳᠦᠰᠦᠨ ᠳᠤ ᠪᠠᠨ ᠵᠡᠷᠭᠡᠴᠡᠭᠦᠯᠵᠦ᠂ ᠳᠡᠭᠡᠳᠦ ᠱᠠᠲᠤᠨ ᠠᠴᠠ ᠪᠠᠭᠤᠯᠭᠠᠭᠰᠠᠨ ᠡᠨᠧᠷᠭᠢ ᠠᠷᠪᠢᠯᠠᠵᠤ | ᠨᠡᠭᠦᠷᠡᠰᠦᠲᠥ᠋ᠷᠥᠭᠴᠢ ᠪᠠᠭᠠᠰᠬᠠᠬᠤ ᠬᠠᠷᠠᠯᠲᠠ ᠶᠢᠨ ᠡᠭᠦᠷᠭᠡ ᠶᠢ ᠪᠡᠶᠡᠯᠡᠭᠦᠯᠦᠨ᠎ᠡ᠃ | ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠳᠤ᠂ ᠡᠷᠬᠡᠪᠰᠢ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠢ ᠤᠯᠤᠰ ᠲᠦᠷᠦ᠂ ᠠᠵᠤ | ᠠᠬᠤᠢ᠂ ᠰᠣᠶᠣᠯ᠂ ᠨᠡᠶᠢᠭᠡᠮ᠂ ᠠᠮᠢ ᠠᠬᠤᠢ ᠶᠢᠨ ᠪᠣᠯᠪᠠᠰᠤᠨ ᠪᠣᠯᠤᠨ ᠨᠠᠮ ᠤᠨ ᠪᠠᠶᠢᠭᠤᠯᠤᠯᠲᠠ ᠵᠡᠷᠭᠡ ᠡᠯ᠎ᠡ | ᠵᠦᠢᠯ ᠤᠨ ᠠᠵᠢᠯ ᠤᠨ ᠳᠤᠮᠳᠠ ᠪᠦᠬᠦ ᠲᠠᠯ᠎ᠠ ᠪᠠᠷ ᠲᠤᠤᠱᠯᠠᠭᠤᠯᠬᠤ ᠶᠢ ᠪᠠᠷᠢᠮᠲᠠᠯᠠᠵᠤ᠂ ᠬᠤᠳᠠ ᠶᠢᠨ ᠨᠠᠮ ᠤᠨ | ᠬᠤᠷᠢᠶ᠎ᠠ ᠶᠢᠨ ︽ᠨᠢᠭᠡ ᠭᠤᠣᠯ ᠱᠤᠭᠤᠮ ᠢ ᠲᠤᠤᠱᠯᠠᠭᠤᠯᠬᠤ᠂ ᠨᠢᠭᠡ ᠵᠢᠷᠤᠮᠯᠠᠯ ᠢ ᠪᠠᠷᠢᠮᠲᠠᠯᠠᠬᠤ᠂ ᠨᠢᠭᠡ ᠰᠢᠨ᠎ᠡ | ᠵᠠᠮ ᠢᠶᠠᠷ ᠰᠠᠶᠢᠲᠤᠷ ᠵᠠᠮᠨᠠᠬᠤ᠂ ᠬᠤᠶᠠᠷ ᠢ ᠬᠤᠪᠢᠷᠠᠭᠤᠯᠬᠤ ᠶᠢ ᠠᠬᠢᠭᠤᠯᠬᠤ᠂ ︿ᠭᠤᠷᠪᠠᠨ ᠴᠢᠨᠠᠷ ᠰᠠᠶᠢᠳᠠᠢ﹀ | ᠬᠠᠷᠠᠯᠲᠠ ᠶᠢ ᠪᠡᠶᠡᠯᠡᠭᠦᠯᠬᠦ︾ ᠶᠡᠷᠦᠩᠬᠡᠢ ᠬᠥᠭᠵᠢᠯᠲᠡ ᠶᠢᠨ ᠰᠡᠳᠬᠢᠴᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠭᠰᠠᠨ ᠠᠷᠪᠠᠨ ᠬᠤᠶᠠᠷ ᠵᠦᠢᠯ ᠤᠨ ᠭᠤᠣᠯᠳᠠᠯᠭ᠎ᠠ ᠲᠠᠢ | ᠡᠭᠦᠷᠭᠡ ᠲᠠᠢ ᠨᠢᠭᠲᠠ ᠤᠶᠠᠯᠳᠤᠭᠤᠯᠵᠤ᠂ ᠡᠷᠴᠢ ᠵᠣᠷᠢᠭ ᠢᠶᠠᠨ ᠭᠦᠢᠴᠡᠳ ᠪᠠᠳᠠᠷᠠᠭᠤᠯᠵᠤ᠂ | ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠳᠣᠣᠷᠠᠬᠢ ᠭᠤᠣᠯᠳᠠᠯᠭ᠎ᠠ ᠲᠠᠢ ᠠᠵᠢᠯ ᠢ ᠬᠦᠴᠦᠯᠡᠨ ᠰᠠᠶᠢᠲᠤᠷ ᠠᠳᠬᠤᠵᠤ᠂ | ︽ᠳᠤᠯᠤᠭ᠎ᠠ ᠶᠢ ᠵᠢᠱᠢᠶᠡᠴᠢ ᠪᠣᠯᠭᠠᠬᠤ﹀ ᠲᠠᠯ᠎ᠠ ᠪᠠᠷ ᠠᠮᠵᠢᠯᠲᠠ ᠪᠦᠲᠦᠮᠵᠢ ᠭᠠᠷᠭᠠᠬᠤ ᠬᠡᠷᠡᠭᠲᠡᠢ᠃ | —— ᠠᠷᠠᠯᠵᠢᠶᠠᠴᠢᠨ ᠤᠷᠢᠬᠤ ᠶᠢ ᠴᠢᠩᠭ᠎ᠠ ᠠᠳᠬᠤᠬᠤ᠂ ᠲᠦᠷᠦᠯ ᠵᠦᠢᠯ ᠢ ᠶᠡᠬᠡᠪᠡᠷ ᠠᠳᠬᠤᠬᠤ ᠶᠢ | ᠪᠠᠷᠢᠮᠲᠠᠯᠠᠵᠤ᠂ ᠠᠵᠤ ᠠᠬᠤᠢ ᠶᠢᠨ ᠲᠣᠭᠲᠠᠭᠤᠨ ᠠᠵᠢᠯᠯᠠᠭᠠᠨ ᠢ ᠪᠠᠲᠤᠯᠠᠨ᠎ᠠ | ︽ᠲᠣᠭᠲᠠᠭᠤᠨ ᠪᠠᠶᠢᠯᠭᠠᠬᠤ︾ ᠶᠢ ᠶᠡᠭᠡ ᠲᠠᠯ᠎ᠠ ᠪᠠ ᠰᠠᠭᠤᠷᠢ ᠪᠣᠯᠭᠠᠵᠤ᠂ ︽ᠤᠷᠤᠭᠰᠢᠯᠠᠬᠤ︾ ᠪᠠᠷ ᠴᠢᠭᠯᠡᠯ | ᠪᠠ ᠬᠥᠳᠡᠯᠭᠡᠬᠦ ᠬᠦᠴᠦᠨ ᠪᠣᠯᠭᠠᠵᠤ᠂ ᠠᠯᠢᠪᠠ ᠬᠦᠴᠦᠨ ᠢ ᠳᠠᠶᠢᠴᠢᠯᠠᠨ᠂ ᠠᠷᠭ᠎ᠠ ᠪᠦᠬᠦᠨ ᠢ ᠰᠦᠪᠡᠭᠴᠢᠯᠡᠵᠦ᠂ | ᠠᠵᠤ ᠠᠬᠤᠶ ᠶᠢᠨ ᠳᠡᠭᠡᠭᠰᠢᠯᠡᠵᠦ ᠰᠠᠶᠢᠵᠢᠷᠠᠬᠤ ᠪᠠᠶᠢᠳᠠᠯ ᠢ ᠪᠠᠬᠢᠵᠢᠭᠦᠯᠵᠦ᠂ ᠠᠵᠤ ᠠᠬᠤᠶ ᠶᠢᠨ ᠬᠥᠭᠵᠢᠯᠲᠡ ᠶᠢᠨ | ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ᠃ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠤᠨ ᠠᠮᠢᠵᠢᠷᠠᠯ ᠤᠨ ᠬᠦᠴᠦᠨ ᠢ ᠨᠡᠮᠡᠭᠳᠡᠭᠦᠯᠪᠡ᠃ ᠥᠪᠥᠷ ᠮᠣᠩᠭᠤᠯ ᠤᠨ ᠴᠢᠨᠠᠷ | ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ ᠵᠡᠷᠭᠡ ᠡᠯ᠎ᠡ | ᠲᠥᠷᠥᠯ ᠤᠨ ᠲᠥᠷᠥ ᠶᠢᠨ ᠪᠣᠳᠣᠯᠭ᠎ᠠ ᠶᠢ ᠭᠦᠢᠴᠡᠳ ᠪᠥᠭᠡᠳ ᠰᠠᠶᠢᠲᠤᠷ ᠬᠡᠷᠡᠭᠯᠡᠵᠦ᠂ ᠠᠵᠤ ᠠᠬᠤᠶ ᠶᠢᠨ ᠨᠡᠮᠡᠭᠳᠡᠯ ᠢ | ᠳᠡᠮᠵᠢᠬᠦ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠵᠡᠷᠭᠡ ᠲᠥᠷᠥ ᠶᠢᠨ ᠪᠣᠳᠣᠯᠭ᠎ᠠ ᠶᠢᠨ ᠠᠰᠢᠭ | ᠲᠤᠰᠠ ᠶᠢ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃ ᠤᠯᠠᠨ | ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠥᠪᠡᠷ ᠤᠨ | ᠦᠷᠳᠡᠭ ᠢ ᠪᠠᠭᠤᠷᠠᠭᠤᠯᠤᠨ᠂ ᠵᠠᠬᠢᠶᠠᠯᠠᠭ᠎ᠠ ᠶᠢᠨ ᠬᠠᠭᠤᠳᠠᠰᠤ ᠶᠢ ᠲᠣᠭᠲᠠᠪᠤᠷᠢᠵᠢᠭᠤᠯᠵᠤ᠂ ᠦᠷ᠎ᠡ ᠠᠰᠢᠭ ᠢ | ᠨᠡᠮᠡᠭᠳᠡᠭᠦᠯᠦᠨ᠂ ᠠᠵᠤ ᠠᠬᠤᠶᠢᠯᠠᠯ ᠢ ᠬᠠᠪᠰᠤᠷᠤᠨ ᠬᠦᠴᠢᠷ ᠢ ᠲᠤᠭᠤᠯᠵᠤ᠂ ᠦᠢᠯᠡᠳᠪᠦᠷᠢᠯᠡᠯ ᠢ | ᠲᠣᠭᠲᠠᠪᠤᠷᠢᠵᠢᠭᠤᠯᠤᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠣᠭᠤᠳᠴᠤ ᠪᠠᠶᠢᠭᠠᠳ | ᠮᠥᠩᠭᠦᠨ ᠭᠦᠢᠯᠭᠡᠭᠡᠨ ᠤ ᠦᠢᠯᠡᠳᠬᠦᠨ ᠪᠠ ᠦᠢᠯᠡᠴᠢᠯᠡᠭᠡᠨ ᠳᠤ ᠰᠢᠨ᠎ᠡ ᠶᠢ ᠡᠭᠦᠳᠴᠦ᠂ ᠠᠷᠠᠳ ᠠᠴᠠ ᠡᠵᠡᠩᠨᠡᠭᠰᠡᠨ | ᠠᠵᠤ ᠠᠬᠤᠶᠢᠯᠠᠯ᠂ ᠳᠤᠮᠳᠠ ᠵᠢᠵᠢᠭ ᠠᠵᠤ ᠠᠬᠤᠶᠢᠯᠠᠯ ᠤᠨ ᠪᠡᠯᠡ ᠲᠣᠬᠢᠷᠡᠭᠤᠯᠭ᠎ᠠ ᠶᠢᠨ ᠨᠡᠮᠡᠭᠳᠡᠯ ᠤᠨ ᠬᠡᠮᠵᠢᠶ᠎ᠡ ᠶᠢ | ᠥᠷᠭᠡᠳᠬᠡᠨ ᠥᠷᠭᠡᠳᠬᠡᠬᠦ ᠶᠢ ᠠᠬᠢᠭᠤᠯᠤᠨ᠎ᠠ᠃ ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠤᠨ ︽ᠪᠠᠷᠢᠮᠵᠢᠶᠠᠲᠤ | ᠭᠠᠵᠠᠷ︾ ᠤᠨ ᠵᠠᠭᠪᠤᠷ ᠢ ᠶᠡᠬᠡᠪᠡᠷ ᠬᠡᠷᠡᠭᠵᠢᠭᠦᠯᠵᠦ᠂ ︽ᠰᠠᠯᠭᠠᠬᠤ︾ ᠪᠠ ︽ᠳᠥᠷᠪᠡᠨ ᠳᠡᠭᠡᠭᠰᠢᠬᠢ ᠠᠵᠤ | ᠠᠬᠤᠶᠢᠯᠠᠯ︾ ᠤᠨ ᠬᠡᠪᠴᠢᠶᠡᠵᠢᠯ ᠢ ᠳᠡᠭᠡᠭᠰᠢᠯᠡᠭᠦᠯᠦᠨ ᠨᠢᠭᠡᠳᠬᠡᠬᠦ ᠶᠢ ᠦᠷᠭᠦᠯᠵᠢᠯᠡᠨ ᠰᠠᠶᠢᠲᠤᠷ ᠬᠢᠵᠦ᠂ ᠲᠠᠪᠤᠳᠤᠭᠠᠷ | ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠴᠢᠨᠠᠷ ᠰᠠᠶᠢᠲᠠᠶ | ᠪᠡᠶᠡᠯᠡᠭᠦᠯᠦᠨ᠎ᠡ᠃ ᠣᠨᠢᠨ ᠳᠡᠭᠡᠷ᠎ᠡ ᠨᠢ ᠬᠦᠴᠦᠯᠡᠵᠦ ᠬᠤᠳᠠᠯᠳᠤᠭᠠᠴᠢᠨ ᠤᠷᠢᠬᠤ ᠶᠢ ᠠᠳᠬᠤᠨ᠎ᠠ᠃ | ᠳᠠᠭᠠᠭᠤᠯᠤᠭᠴᠢ ᠶᠢ ᠬᠦᠴᠦᠷᠬᠡᠭᠵᠢᠭᠦᠯᠬᠦ᠂ ᠬᠡᠯᠬᠢᠶ᠎ᠡ ᠶᠢ ᠨᠥᠬᠦᠪᠥᠷᠢᠯᠡᠬᠦ᠂ ᠪᠥᠭᠡᠮᠨᠡᠷᠡᠯ ᠢ ᠲᠥᠪᠯᠡᠷᠡᠭᠦᠯᠬᠦ ᠶᠢ | ᠪᠠᠷᠢᠮᠲᠠᠯᠠᠵᠤ᠂ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠨᠠᠷᠢᠯᠢᠭ ᠬᠢᠮᠢ ᠶᠢᠨ ᠠᠵᠤ | ᠦᠢᠯᠡᠳᠪᠦᠷᠢ ᠵᠡᠷᠭᠡ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ᠂ ᠲᠠᠪᠴᠠᠩ ᠢᠶᠠᠷ | ᠠᠷᠠᠯᠵᠢᠶᠠᠴᠢᠨ ᠤᠷᠢᠬᠤ ᠪᠠ ᠬᠤᠳᠠᠯᠳᠤᠭ᠎ᠠ ᠪᠠᠷ ᠠᠷᠠᠯᠵᠢᠶᠠᠴᠢᠨ ᠤᠷᠢᠬᠤ ᠳᠠᠪᠠᠭᠤᠯᠢᠭ ᠢ ᠭᠦᠢᠴᠡᠳ ᠪᠠᠳᠠᠷᠠᠭᠤᠯᠵᠤ᠂ | ᠨᠢᠭᠡ ᠪᠦᠯᠦᠭ ︽ᠲᠤᠯᠤᠭᠠᠶᠢᠯᠠᠭᠴᠢ︾ ᠪᠠ ︽ᠲᠤᠰᠬᠠᠢ ᠨᠠᠷᠢᠯᠢᠭ ᠣᠨᠴᠠ ᠰᠢᠨ᠎ᠡ︾ ᠠᠵᠤ ᠠᠬᠤᠶᠢᠯᠠᠯ ᠢ ᠤᠨᠢᠨ | ᠳᠡᠭᠡᠷ᠎ᠡ ᠨᠢ ᠣᠷᠣᠭᠤᠯᠤᠨ ᠠᠪᠴᠢᠷᠠᠵᠤ᠂ ᠬᠤᠳᠠ ᠶᠢᠨ ᠱᠠᠲᠤᠨ ᠠᠴᠠ ᠠᠷᠠᠯᠵᠢᠶᠠᠴᠢᠨ ᠤᠷᠢᠵᠤ ᠪᠡᠯᠡ ᠣᠷᠣᠭᠤᠯᠬᠤ | ᠡᠭᠦᠷᠭᠡ ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠬᠢᠨᠠᠨ | ᠰᠢᠯᠭᠠᠵᠤ ᠤᠷᠮᠠᠰᠢᠭᠤᠯᠬᠤ ᠰᠢᠰᠲ᠋ᠧᠮᠵᠢ ᠶᠢ ᠪᠦᠷᠢᠨᠰᠢᠭᠦᠯᠵᠦ᠂ ᠠᠷᠭ᠎ᠠ ᠪᠦᠬᠦᠨ ᠢ ᠰᠦᠪᠡᠭᠴᠢᠯᠡᠨ ᠭᠡᠷ᠎ᠡ ᠶᠢ | ᠭᠦᠢᠴᠡᠳᠬᠡᠬᠦ ᠨᠣᠷᠮ᠎ᠠ ᠪᠠ ᠪᠡᠯᠡ ᠮᠥᠩᠭᠦ ᠶᠢ ᠪᠣᠳᠠᠲᠠᠶᠢᠵᠢᠭᠤᠯᠬᠤ ᠨᠣᠷᠮ᠎ᠠ ᠶᠢ ᠳᠡᠭᠡᠭᠰᠢᠯᠡᠭᠦᠯᠵᠦ᠂ ᠬᠤᠳᠠᠯᠳᠤᠭᠠᠴᠢᠨ | ᠤᠷᠢᠬᠤ ᠦᠷ᠎ᠡ ᠪᠦᠲᠦᠭᠡᠯ ᠢ ᠦᠨᠡᠨ ᠬᠦ ᠬᠥᠭᠵᠢᠯᠲᠡ ᠶᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠤᠨ᠎ᠠ᠃ ᠡᠷᠴᠢ | ᠵᠣᠷᠢᠭ ᠢᠶᠠᠨ ᠬᠥᠪᠴᠢᠯᠡᠵᠦ ᠪᠡᠯᠡ ᠣᠷᠣᠭᠤᠯᠤᠯᠲᠠ ᠪᠠᠨ ᠥᠷᠭᠡᠳᠬᠡᠵᠦ᠃ ᠭᠤᠣᠯᠳᠠᠯᠭ᠎ᠠ ᠲᠠᠢ ᠲᠥᠷᠥᠯ ᠵᠦᠢᠯ ᠤᠨ | ︽ᠲᠡᠷᠢᠭᠦᠨ ᠳᠤ ᠣᠷᠣᠬᠤ ᠪᠠᠷ ᠴᠢᠷᠮᠠᠶᠢᠬᠤ᠂ ᠮᠣᠷᠢ ᠤᠷᠤᠯᠳᠤᠵᠦ ᠠᠳᠠᠯᠢᠳᠬᠠᠬᠤ︾ ᠲᠣᠭᠲᠠᠴᠠ ᠶᠢ ᠭᠦᠨᠵᠡᠭᠡᠶ | ᠨᠠᠶᠢᠳᠠᠪᠤᠷᠢᠵᠢᠭᠤᠯᠵᠤ᠂ ᠾᠧ ᠯᠢ ᠨᠡᠭᠦᠷᠡᠰᠦᠲᠥ᠋ᠷᠥᠭᠴᠢ ᠶᠢᠨ ᠰᠢᠷᠬᠡᠭ᠂ ᠶᠠ ᠳ᠋ᠦᠩ ᠥᠨᠳᠥᠷ ᠪᠦᠲᠦᠮᠵᠢᠲᠡᠶ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠤᠳᠤᠭ ᠤᠨ ᠮᠠᠲ᠋ᠧᠷᠢᠶᠠᠯ ᠵᠡᠷᠭᠡ 28 ᠭᠤᠤᠯᠳᠠᠯᠭ᠎ᠠ ᠲᠠᠢ ᠲᠥᠷᠥᠯ | ᠵᠦᠢᠯ ᠤᠨ ᠪᠥᠲᠥᠭᠡᠨ ᠪᠠᠶᠢᠭᠤᠯᠤᠯᠲᠠ ᠶᠢ ᠲᠣᠪᠤᠶᠢᠮ᠎ᠠ ᠰᠠᠶᠢᠲᠤᠷ ᠠᠳᠬᠤᠵᠤ᠂ ᠨᠢᠭᠡᠳᠦᠭᠡᠷ ᠤᠯᠠᠷᠢᠯ ᠳᠤ ᠠᠵᠢᠯ | ᠡᠬᠢᠯᠡᠭᠦᠯᠬᠦ ᠨᠣᠷᠮ᠎ᠠ ᠶᠢ ᠬᠤᠲᠠ ᠶᠢᠨ ᠱᠠᠲᠤᠨ ᠤ ᠱᠠᠭᠠᠷᠳᠠᠯᠭ᠎ᠠ ᠳᠤ ᠬᠦᠷᠦᠭᠦᠯᠬᠦ ᠶᠢ ᠦᠨᠡᠨᠬᠦ ᠪᠠᠲᠤᠯᠠᠵᠤ᠂ ᠲᠣᠭᠲᠠᠮᠠᠯ | ᠬᠥᠷᠥᠩᠭᠡ ᠶᠢᠨ ᠪᠠᠯᠠ ᠣᠷᠣᠭᠤᠯᠤᠯᠲᠠ ᠶᠢ 80 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠬᠦ ᠪᠠᠷ | ᠴᠢᠷᠮᠠᠶᠢᠨ᠎ᠠ᠃ ᠭᠠᠵᠠᠷ ᠰᠢᠷᠣᠶ᠂ ᠤᠰᠤ ᠴᠠᠬᠢᠯᠭᠠᠨ ᠵᠡᠷᠭᠡ ᠬᠦᠴᠦᠨ ᠵᠦᠢᠯ ᠤᠨ ᠬᠠᠩᠭᠠᠯᠭ᠎ᠠ ᠶᠢ ᠪᠠᠲᠤᠯᠠᠬᠤ ᠶᠢ | ᠴᠢᠩᠭᠠᠳᠬᠠᠵᠤ᠂ ︽ᠬᠠᠮᠤᠭ ᠤᠨ ᠰᠢᠯᠢᠳᠡᠭ ᠲᠣᠬᠢᠷᠠᠭᠤᠯᠤᠯᠲᠠ︾ ᠪᠠᠷ ︽ᠬᠠᠮᠤᠭ ᠤᠨ ᠶᠡᠭᠡ ᠥᠷᠲᠡᠭ ᠢ | ᠨᠡᠮᠡᠭᠳᠡᠭᠦᠯᠬᠦ︾ ᠶᠢ ᠪᠣᠶ ᠪᠣᠯᠭᠠᠨ᠎ᠠ᠃ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠪᠠ ᠪᠠᠯᠠ | ᠣᠷᠣᠭᠤᠯᠤᠯᠲᠠ ᠶᠢᠨ ᠤᠳᠤᠷᠢᠳᠤᠮᠵᠢ ᠲᠠᠢ ᠬᠠᠷᠭᠤᠭᠤᠯᠵᠤ᠂ ᠭᠤᠤᠯᠳᠠᠯᠭ᠎ᠠ ᠲᠠᠢ ᠲᠥᠷᠥᠯ ᠵᠦᠢᠯ ᠢ ᠤᠬᠠᠭᠠᠯᠠᠨ | ᠲᠥᠯᠥᠪᠯᠡᠬᠦ ᠶᠢ ᠴᠢᠩᠭᠠᠳᠬᠠᠨ᠂ ᠲᠥᠷᠥ ᠶᠢᠨ ᠪᠣᠳᠣᠯᠭ᠎ᠠ ᠶᠢᠨ ᠪᠠᠯᠠ ᠮᠥᠩᠭᠦ ᠶᠢᠨ ᠳᠡᠮᠵᠢᠯᠭᠡ ᠶᠢ ᠢᠳᠡᠪᠬᠢᠲᠡᠶ ᠪᠠᠷ | ᠴᠢᠷᠮᠠᠶᠢᠨ ᠣᠯᠤᠨ᠎ᠠ᠃ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠦᠷᠢᠶᠡᠯᠡᠩ ᠲᠣᠭᠤᠷᠢᠭ ᠢ | ᠬᠦᠴᠦᠷᠬᠡᠭᠵᠢᠭᠦᠯᠪᠡ᠃ ᠬᠦᠷᠢᠶᠡᠯᠡᠩ ᠲᠣᠭᠤᠷᠢᠭ ᠤᠨ ︽ᠰᠢᠨ᠎ᠡ ᠶᠢ ᠡᠭᠦᠳᠴᠦ ᠶᠠᠰᠤ ᠴᠢᠨᠠᠷ ᠢ ᠳᠡᠭᠡᠭᠰᠢᠯᠡᠭᠦᠯᠬᠦ︾ ᠶᠢ | ᠭᠦᠨᠵᠡᠭᠡᠶ ᠠᠬᠢᠭᠤᠯᠵᠤ᠂ ︽ᠰᠢᠩᠭᠡᠯᠢᠭ ᠢᠶᠠᠨ ᠰᠤᠯᠠᠯᠠᠵᠤ ᠰᠢᠪᠠᠭᠤ ᠪᠠᠨ ᠰᠣᠯᠢᠬᠤ︾ ᠡᠷᠴᠢᠮ ᠢᠶᠠᠨ ᠴᠢᠩᠭᠠᠷᠠᠭᠤᠯᠤᠨ᠂ | ᠬᠢᠵᠠᠭᠠᠷ ᠲᠠᠢ ᠡᠬᠢ ᠪᠠᠶᠠᠯᠢᠭ ᠢ ᠴᠢᠨᠠᠷ ᠰᠠᠶᠢᠲᠠᠶ ᠠᠵᠤ ᠠᠬᠤᠶᠢᠯᠠᠯ ᠳᠠᠰᠢ ᠬᠡᠯᠪᠠᠶᠢᠯᠭᠡᠨ᠎ᠡ᠃ ︽ᠡᠭᠦᠯᠡᠨ | ᠪᠤᠳᠤᠯᠲᠠ ᠶᠢᠨ ᠲᠤᠭ᠎ᠠ ᠪᠠᠷᠢᠮᠲᠠ ᠪᠠᠷ ᠣᠶᠤᠨ ᠴᠢᠳᠠᠯ ᠣᠯᠭᠤᠬᠤ︾ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ | ᠨᠢᠭᠡ ᠪᠦᠯᠦᠭ ᠣᠶᠤᠨᠴᠢ ᠦᠢᠯᠡᠳᠪᠦᠷᠢ᠂ ᠲᠣᠭᠠᠴᠢᠯᠠᠭᠰᠠᠨ ᠦᠢᠯᠡᠳᠪᠦᠷᠢ ᠶᠢᠨ ᠲᠠᠰᠤᠭ ᠢ ᠪᠣᠶ ᠪᠣᠯᠭᠠᠨ᠎ᠠ᠃ | ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠲᠥᠪᠯᠡᠷᠡᠭᠰᠡᠨ ᠲᠣᠭᠤᠷᠢᠭ ᠤᠨ ᠬᠦᠨᠳᠦ ᠶᠡᠭᠡ ᠠᠮᠤᠷ | ᠲᠦᠪᠰᠢᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠥᠷᠥᠯ ᠵᠦᠢᠯ ᠢ ᠬᠡᠷᠡᠭᠵᠢᠭᠦᠯᠵᠦ᠂ ᠬᠢᠮᠢ ᠶᠢᠨ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ D ᠳᠡᠰ ᠤᠨ ᠪᠠᠷᠢᠮᠵᠢᠶ᠎ᠠ ᠳᠤ ᠬᠦᠷᠦᠭᠦᠯᠬᠦ ᠪᠠᠷ ᠴᠢᠷᠮᠠᠶᠢᠨ᠎ᠠ᠃ | —— ᠠᠷᠭ᠎ᠠ ᠮᠠᠶ᠋ᠢᠭ ᠢ ᠬᠤᠪᠢᠷᠠᠭᠤᠯᠬᠤ᠂ ᠪᠦᠲᠦᠴᠡ ᠶᠢ ᠲᠣᠬᠢᠷᠠᠭᠤᠯᠬᠤ ᠶᠢ ᠪᠠᠷᠢᠮᠲᠠᠯᠠᠵᠤ᠂ ᠤᠳᠤ | ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠪᠠᠶᠢᠭᠤᠯᠤᠨ᠎ᠠ | ︽ᠬᠤᠶᠠᠷ ᠰᠠᠭᠤᠷᠢᠨ ᠭᠠᠵᠠᠷ︾ ᠤᠨ ᠪᠦᠲᠦᠭᠡᠨ ᠪᠠᠶᠢᠭᠤᠯᠤᠯᠲᠠ ᠲᠠᠢ ᠨᠢᠭᠲᠠ ᠤᠶᠠᠯᠳᠤᠭᠤᠯᠤᠨ᠂ | ︽ᠨᠡᠭᠦᠷᠡᠰᠦᠨ ᠤ ᠬᠡᠦᠷᠡᠰᠦ ᠶᠢ ᠪᠠᠬᠢᠵᠢᠭᠦᠯᠵᠦ᠂ ᠬᠢᠮᠢ ᠶᠢᠨ ᠠᠵᠤ ᠦᠢᠯᠡᠳᠪᠦᠷᠢ ᠶᠢ ᠳᠡᠭᠡᠭᠰᠢᠯᠡᠭᠦᠯᠦᠨ᠂ ᠰᠢᠨ᠎ᠡ ᠠᠵᠤ | ᠦᠢᠯᠡᠰ ᠢ ᠪᠣᠶᠢᠵᠢᠭᠤᠯᠵᠤ᠂ ᠤᠯᠠᠮᠵᠢᠯᠠᠯ ᠢ ᠰᠢᠯᠢᠳᠡᠭᠵᠢᠭᠦᠯᠬᠦ︾ ᠶᠡᠷᠦᠩᠬᠡᠢ ᠰᠡᠳᠬᠢᠮᠵᠢ ᠶᠢᠨ ᠶᠣᠰᠣᠭᠠᠷ᠂ ᠰᠠᠶᠢᠨᠲᠠᠢ | ᠲᠠᠯ᠎ᠠ ᠪᠠᠨ ᠪᠠᠳᠠᠷᠠᠭᠤᠯᠤᠨ ᠰᠠᠭᠠᠷᠠᠤ ᠲᠠᠯ᠎ᠠ ᠪᠠᠨ ᠲᠡᠪᠴᠢᠵᠦ᠂ ᠰᠢᠯᠢᠳᠡᠭ ᠢ ᠪᠣᠶᠢᠵᠢᠭᠤᠯᠤᠨ ᠦᠷ᠎ᠡ ᠠᠰᠢᠭ ᠢ | ᠨᠡᠮᠡᠭᠳᠡᠭᠦᠯᠬᠦ ᠶᠢ ᠪᠠᠷᠢᠮᠲᠠᠯᠠᠨ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮᠵᠢ ᠶᠢ ᠬᠦᠴᠦᠯᠡᠨ ᠪᠠᠶᠢᠭᠤᠯᠤᠨ᠎ᠠ᠃ | ︽ᠭᠤᠷᠪᠠ ᠶᠢ ᠡᠮᠬᠢᠯᠡᠨ ᠨᠡᠶᠢᠯᠡᠭᠦᠯᠬᠦ︾ ᠪᠠᠷ ᠭᠠᠷᠳᠠᠴᠠ ᠪᠣᠯᠭᠠᠵᠤ᠂ ᠤᠯᠠᠮᠵᠢᠯᠠᠯᠲᠤ ᠠᠵᠤ ᠦᠢᠯᠡᠰ ᠤᠨ ᠳᠠᠪᠬᠤᠴᠠᠨ | ᠲᠠᠰ ᠳᠡᠪᠰᠢᠬᠦ ᠶᠢ ᠠᠬᠢᠭᠤᠯᠤᠨ᠎ᠠ᠃ ᠤᠷᠢᠳᠠᠪᠠᠷ ᠪᠠᠶᠢᠭᠤᠯᠵᠤ ᠳᠠᠷᠠᠭ᠎ᠠ ᠨᠢ ᠡᠪᠳᠡᠬᠦ ᠶᠢ ᠪᠠᠷᠢᠮᠲᠠᠯᠠᠵᠤ᠂ ᠠᠵᠤ | ᠦᠢᠯᠡᠰ ᠤᠨ ᠰᠠᠭᠤᠷᠢ ᠶᠢ ᠳᠠᠬᠢᠨ ᠪᠠᠶᠢᠭᠤᠯᠬᠤ᠂ ᠠᠵᠤ ᠦᠢᠯᠡᠰ ᠤᠨ ᠬᠡᠯᠬᠢᠶ᠎ᠡ ᠶᠢ ᠳᠡᠭᠡᠭᠰᠢᠯᠡᠭᠦᠯᠬᠦ ᠢᠨᠵᠧᠨᠧᠷᠢᠩ ᠢ | ᠬᠡᠷᠡᠭᠵᠢᠭᠦᠯᠦᠨ᠂ ︽ᠭᠤᠷᠪᠠ ᠶᠢ ᠡᠮᠬᠢᠯᠡᠨ ᠨᠡᠶᠢᠯᠡᠭᠦᠯᠬᠦ︾ ᠶᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠨ᠎ᠠ᠃ | ᠨᠡᠭᠦᠷᠡᠰᠦᠨ ᠠᠭᠤᠷᠬᠠᠢ᠂ ᠨᠡᠭᠦᠷᠡᠰᠦᠨ ᠠᠭᠤᠷᠬᠠᠢ ᠪᠤᠰᠤ ᠠᠭᠤᠷᠬᠠᠢ ᠶᠢ ᠡᠮᠬᠢᠯᠡᠨ ᠨᠡᠶᠢᠯᠡᠭᠦᠯᠬᠦ ᠠᠬᠢᠴᠠ ᠶᠢ | ᠲᠦᠷᠭᠡᠳᠬᠡᠵᠦ᠂ ᠨᠢᠭᠡᠳᠦᠭᠡᠷ ᠤᠯᠠᠷᠢᠯ ᠳᠤ ᠨᠡᠭᠦᠷᠡᠰᠦᠨ ᠠᠭᠤᠷᠬᠠᠢ ᠪᠤᠰᠤ ᠠᠭᠤᠷᠬᠠᠢ ᠶᠢ ᠡᠮᠬᠢᠯᠡᠨ ᠨᠡᠶᠢᠯᠡᠭᠦᠯᠬᠦ ᠶᠢ | ᠦᠨᠡᠨᠬᠦ ᠪᠠᠲᠤᠯᠠᠵᠤ᠂ ᠵᠢᠯ ᠤᠨ ᠰᠡᠭᠦᠯᠴᠢ ᠠᠴᠠ ᠡᠮᠦᠨ᠎ᠡ ᠨᠡᠭᠦᠷᠡᠰᠦᠨ ᠠᠭᠤᠷᠬᠠᠢ ᠶᠢ ᠡᠮᠬᠢᠯᠡᠨ ᠨᠡᠶᠢᠯᠡᠭᠦᠯᠬᠦ ᠶᠢ | ᠦᠨᠳᠦᠰᠦᠨ ᠳᠡᠭᠡᠨ ᠪᠡᠶᠡᠯᠡᠭᠦᠯᠦᠨ᠎ᠡ᠃ ᠨᠢᠭᠡ ᠰᠠᠭᠤᠷᠢ ᠮᠣᠳᠣᠨ ᠨᠢᠷᠤᠭᠤᠲᠤ ᠭᠠᠵᠠᠷ ᠣᠷᠣᠨ ᠤ ᠨᠡᠭᠦᠷᠡᠰᠦᠨ ᠤ ᠡᠬᠢ | ᠪᠠᠶᠠᠯᠢᠭ ᠢ ᠬᠠᠶᠢᠨ ᠰᠢᠨᠵᠢᠬᠦ ᠠᠵᠢᠯ ᠢ ᠬᠠᠮᠵᠢᠯᠴᠠᠨ ᠥᠷᠨᠢᠭᠦᠯᠵᠦ᠂ ᠠᠭᠤᠷᠬᠠᠢ ᠶᠢᠨ ᠭᠠᠷᠤᠯᠲᠠ ᠶᠢᠨ ᠡᠬᠢ | ᠪᠠᠶᠠᠯᠢᠭ ᠢ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠨᠡᠭᠦᠷᠡᠰᠦ ᠤᠬᠢᠶᠠᠵᠤ ᠰᠢᠯᠢᠬᠦ ᠠᠵᠢᠯ ᠲᠥᠷᠥᠯ ᠢ ᠡᠭᠴᠡ | ᠨᠢᠭᠡ ᠴᠣᠭᠴᠠᠵᠢᠭᠤᠯᠤᠨ ᠡᠮᠬᠢᠯᠡᠨ ᠨᠡᠶᠢᠯᠡᠭᠦᠯᠬᠦ ᠶᠢ ᠲᠦᠷᠭᠡᠳᠬᠡᠨ ᠠᠬᠢᠭᠤᠯᠵᠤ᠂ ᠬᠤᠸᠠ ᠽᠢ᠂ ᠦ᠋ ᠬᠤᠸᠠ ᠵᠡᠷᠭᠡ | ᠨᠡᠭᠦᠷᠡᠰᠦ ᠤᠬᠢᠶᠠᠵᠤ ᠰᠢᠯᠢᠬᠦ 4 ᠶᠡᠷᠦᠩᠬᠡᠶᠢᠯᠡᠭᠰᠡᠨ ᠠᠵᠤ ᠦᠢᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ ᠢ | ᠲᠦᠷᠭᠡᠳᠬᠡᠨ ᠪᠠᠶᠢᠭᠤᠯᠵᠤ᠂ ᠨᠡᠭᠦᠷᠡᠰᠦ ᠮᠠᠯᠲᠠᠬᠤ ᠤᠬᠢᠶᠠᠵᠤ ᠰᠢᠯᠢᠬᠦ᠂ ᠬᠠᠳᠠᠭᠠᠯᠠᠬᠤ ᠲᠣᠬᠢᠷᠠᠭᠤᠯᠬᠤ ᠲᠡᠭᠡᠭᠡᠪᠦᠷᠢᠯᠡᠬᠦ | ᠪᠥᠬᠦ ᠶᠠᠪᠤᠴᠠ ᠶᠢ ᠠᠦ᠋ᠲ᠋ᠣᠴᠢᠯᠠᠬᠤ᠂ ᠣᠶᠤᠨᠴᠢᠯᠠᠬᠤ᠂ ᠨᠢᠭᠡ ᠴᠣᠭᠴᠠᠵᠢᠭᠤᠯᠬᠤ ᠶᠢ ᠪᠡᠶᠡᠯᠡᠭᠦᠯᠦᠨ᠎ᠡ᠃ ᠰᠢᠨ᠎ᠡ ᠪᠠᠷ | ᠪᠠᠶᠢᠭᠤᠯᠤᠭᠰᠠᠨ ᠨᠢᠭᠡᠨᠲᠡ ᠠᠰᠢᠭᠯᠠᠯᠲᠠ ᠳᠤ ᠣᠷᠣᠭᠤᠯᠤᠭᠰᠠᠨ ᠬᠡᠦᠷᠰᠢᠭᠦᠯᠦᠭᠰᠡᠨ ᠵᠦᠢᠯᠡᠰ ᠤᠨ ᠪᠦᠷᠢᠨ ᠭᠠᠷᠤᠯᠲᠠ | ᠦᠷ᠎ᠡ ᠪᠦᠲᠦᠮᠵᠢ ᠣᠯᠬᠤ ᠶᠢ ᠲᠦᠯᠬᠢᠨ ᠠᠬᠢᠭᠤᠯᠵᠤ᠂ ᠪᠠᠶᠢᠭᠤᠯᠵᠤ ᠪᠠᠶᠢᠭ᠎ᠠ ᠵᠦᠢᠯᠡᠰ ᠢ ᠡᠷᠲᠡᠬᠡᠨ ᠪᠠᠶᠢᠭᠤᠯᠵᠤ | ᠳᠠᠭᠤᠰᠬᠠᠭᠠᠳ ᠠᠰᠢᠭᠯᠠᠯᠲᠠ ᠳᠤ ᠣᠷᠣᠭᠤᠯᠵᠤ᠂ ᠪᠠᠶᠢᠭᠤᠯᠬᠤ ᠪᠠᠷ ᠪᠠᠶᠢᠭ᠎ᠠ ᠵᠦᠢᠯᠡᠰ ᠤᠨ ᠭᠠᠷ ᠭᠦᠢᠴᠡᠳᠬᠡᠯ ᠢ | ᠭᠦᠢᠴᠡᠳᠬᠡᠬᠦ ᠶᠢ ᠬᠦᠴᠦᠯᠡᠨ ᠠᠬᠢᠭᠤᠯᠵᠤ᠂ ᠠᠯᠢ ᠲᠦᠷᠭᠡᠨ ᠢᠶᠠᠷ ᠪᠠᠷᠢᠯᠭ᠎ᠠ ᠶᠢᠨ ᠠᠵᠢᠯ ᠢᠶᠠᠨ ᠡᠬᠢᠯᠡᠭᠦᠯᠦᠨ᠎ᠡ᠃ | ᠨᠡᠭᠦᠷᠡᠰᠦᠨ ᠬᠡᠦᠳᠡᠰᠦ᠂ ᠬᠡᠦᠷᠡᠰᠦᠨ ᠵᠤᠤᠬ᠎ᠠ ᠶᠢᠨ ᠨᠡᠭᠦᠷᠡᠰᠦᠨ ᠬᠡᠢ᠂ ᠪᠦᠳᠦᠭᠦᠯᠢᠭ ᠪᠧᠨ᠋ᠽᠧᠨ ᠢ ᠨᠠᠷᠢᠯᠢᠭ | ᠡᠳ᠋ᠰᠢᠭᠦᠯᠬᠦ ᠵᠡᠷᠭᠡ ᠳᠣᠣᠷᠠᠳᠤ ᠤᠷᠤᠰᠬᠠᠯ ᠤᠨ ᠠᠵᠤ ᠦᠢᠯᠡᠰ ᠢ ᠤᠯᠠᠮ ᠨᠢᠭᠡ ᠠᠯᠬᠤᠮ ᠤᠷᠲᠤᠳᠬᠠᠨ | ᠬᠥᠭᠵᠢᠭᠦᠯᠵᠦ᠂ ᠵᠥᠩ ᠴᠤᠸᠠᠩ ᠯᠢᠶᠠᠨ ᠱᠧᠩ ᠨᠡᠭᠦᠷᠡᠰᠦᠨ ᠤ ᠪᠠᠷᠤᠭᠰᠢᠨ ᠨᠠᠷᠢᠯᠢᠭ ᠦᠢᠯᠡᠳᠬᠦ᠂ ᠺᠤᠱᠦᠥᠸ᠋ | ᠮᠧᠲ᠋ᠢᠯ ᠬᠦᠬᠦᠷᠯᠢᠭ ᠡᠪᠡᠰᠦᠨ ᠠᠮᠢᠨ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ | ᠰᠠᠶᠢᠲᠤᠷ ᠠᠳᠬᠤᠵᠤ᠂ ᠤᠯᠤᠰ ᠤᠨ ᠲᠠᠰ ᠤᠨ ᠪᠣᠬᠢᠷᠲᠤᠯ ᠦᠭᠡᠢ ᠬᠡᠦᠷᠰᠢᠭᠦᠯᠬᠦ ᠠᠵᠤ ᠦᠢᠯᠡᠰ ᠤᠨ ᠰᠠᠭᠤᠷᠢᠨ | ᠭᠠᠵᠠᠷ ᠢ ᠬᠦᠴᠦᠯᠡᠨ ᠪᠠᠶᠢᠭᠤᠯᠤᠨ᠎ᠠ᠃ ︽ᠬᠤᠶᠠᠷ ᠰᠢᠨ᠎ᠡ ᠠᠵᠤ ᠦᠢᠯᠡᠰ︾ ᠢᠶᠠᠷ ᠭᠠᠷᠳᠠᠴᠠ ᠪᠣᠯᠭᠠᠵᠤ᠂ | ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠪᠦᠯᠦᠭᠯᠡᠨ ᠬᠥᠭᠵᠢᠬᠦ ᠶᠢ ᠠᠬᠢᠭᠤᠯᠤᠨ᠎ᠠ᠃ ᠦᠬᠠᠢ ᠵᠢᠴᠢ ᠡᠷᠭᠢᠨ | ᠲᠣᠭᠤᠷᠢᠨ ᠤ ᠭᠠᠵᠠᠷ ᠣᠷᠣᠨ ᠤ ᠪᠣᠬᠢᠷᠲᠤᠯ ᠦᠭᠡᠢ ᠡᠨᠧᠷᠭᠢ ᠰᠢᠩᠭᠡᠭᠡᠬᠦ ᠰᠠᠭᠤᠷᠢᠨ ᠭᠠᠵᠠᠷ ᠢ ᠪᠠᠶᠢᠭᠤᠯᠬᠤ ᠳᠤ | ᠠᠩᠬᠠᠷᠤᠯ ᠢᠶᠠᠨ ᠲᠥᠪᠯᠡᠷᠡᠭᠦᠯᠵᠦ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠢᠶᠠᠷ | ᠴᠠᠬᠢᠯᠭᠠᠨ ᠭᠠᠷᠭᠠᠬᠤ ᠬᠡᠷᠡᠯ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠨᠡᠮᠡᠭᠳᠡᠯ | ᠳᠠᠭᠠᠭᠠᠴᠠ ᠶᠢᠨ ᠨᠣᠭᠤᠭᠠᠨ ᠴᠠᠬᠢᠯᠭᠠᠨ ᠢ ᠲᠣᠬᠢᠷᠠᠭᠤᠯᠬᠤ᠂ ᠦᠯᠡᠳᠡᠭᠡᠯ ᠳᠠᠭᠠᠭᠠᠴᠠ ᠶᠢᠨ ᠨᠣᠭᠤᠭᠠᠨ ᠴᠠᠬᠢᠯᠭᠠᠨ ᠢ | ᠣᠷᠣᠯᠠᠭᠤᠯᠬᠤ ᠶᠢ ᠢᠳᠡᠪᠬᠢᠲᠡᠢ ᠠᠬᠢᠭᠤᠯᠵᠤ᠂ ᠯᠦ ᠨᠧᠩ᠂ ᠭᠦᠸᠧ ᠰᠢᠤᠸᠠᠨ᠂ ᠯᠢᠶᠠᠨ ᠾᠧ ᠹᠯᠣᠷ | ᠨᠡᠭᠦᠷᠡᠰᠦᠲᠥ᠋ᠷᠥᠭᠴᠢ ᠨᠣᠭᠤᠭᠠᠨ ᠴᠠᠬᠢᠯᠭᠠᠨ᠂ ᠬᠠᠢ ᠹᠧᠩ᠂ ᠪᠦᠦ ᠦ᠋ ᠶᠢᠨ ᠥᠩᠭᠡ ᠦᠵᠡᠮᠵᠢ ᠪᠠᠷ ᠤᠰᠤᠲᠥ᠋ᠷᠥᠭᠴᠢ | ᠦᠢᠯᠡᠳᠬᠦ ᠪᠠ ᠲᠠᠷᠬᠠᠮᠠᠯ ᠬᠡᠯᠪᠡᠷᠢ ᠶᠢᠨ ᠬᠡᠷᠡᠯ ᠴᠡᠨᠡᠭ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠥᠬᠦ | ᠬᠦᠴᠦᠨ ᠢᠶᠠᠷ ᠢᠶᠠᠨ ᠠᠬᠢᠭᠤᠯᠵᠤ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ ᠶᠢ | ᠲᠣᠭᠲᠠᠭᠤᠨ ᠢᠶᠠᠷ ᠳᠡᠭᠡᠭᠰᠢᠯᠡᠭᠦᠯᠦᠨ᠂ ᠰᠢᠨ᠎ᠡ ᠡᠨᠧᠷᠭᠢ ᠶᠢᠨ ᠲᠤᠬᠠᠢ ᠶᠢᠨ ᠭᠠᠵᠠᠷ ᠲᠤᠨᠢ ᠰᠢᠩᠭᠡᠭᠡᠬᠦ ᠬᠠᠷᠢᠴᠠᠯ ᠢ | ᠳᠡᠭᠡᠭᠰᠢᠯᠡᠭᠦᠯᠦᠨ᠎ᠡ᠃ ᠪᠥᠬᠦ ᠪᠥᠮᠪᠥᠷᠴᠡᠭ ᠤᠨ ᠬᠠᠮᠤᠭ ᠤᠨ ᠲᠣᠮᠣ BDO ᠶᠢᠨ ᠨᠢᠭᠡ ᠴᠣᠭᠴᠠᠵᠢᠭᠤᠯᠤᠭᠰᠠᠨ | ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠥᠨᠳᠥᠷ | ᠴᠢᠳᠠᠪᠬᠢᠲᠤ ᠰᠢᠷᠬᠡᠭ᠂ ᠵᠠᠳᠠᠷᠠᠵᠤ ᠪᠣᠯᠬᠤ ᠰᠦᠯᠢᠶᠥᠦ ᠵᠡᠷᠭᠡ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ | ᠬᠡᠯᠬᠢᠶ᠎ᠡ ᠶᠢ ᠦᠷᠭᠦᠯᠵᠢᠯᠡᠨ ᠤᠷᠲᠤᠳᠬᠠᠵᠤ᠂ ᠭᠤᠸᠠᠩᠵᠢᠨ ᠤ BDO᠂ ᠬᠠᠷ᠎ᠠ ᠮᠤᠤᠷ ᠤᠨ ᠬᠡᠲᠦ ᠳᠠᠮᠵᠢᠭᠤᠯᠤᠭᠴᠢ | ᠨᠡᠭᠦᠷᠡᠰᠦᠨ ᠬᠠᠷ᠎ᠠ ᠮᠠᠲ᠋ᠧᠷᠢᠶᠠᠯ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠵᠤ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠪᠥᠭᠡᠮᠨᠡᠷᠡᠨ ᠪᠥᠭᠡᠮᠨᠡᠷᠡᠬᠦ ᠶᠢ ᠠᠬᠢᠭᠤᠯᠤᠨ᠎ᠠ᠃ ︽ᠠᠵᠤ | ᠦᠢᠯᠡᠰ ᠤᠨ ᠰᠡᠳᠬᠢᠬᠦᠢ︾ ᠪᠠᠷ ᠭᠠᠷᠳᠠᠴᠠ ᠪᠣᠯᠭᠠᠵᠤ᠂ ᠣᠨᠴᠠᠯᠢᠭᠲᠤ ᠲᠠᠷᠢᠶᠠᠯᠠᠩ ᠮᠠᠯ ᠠᠵᠤ ᠠᠬᠤᠢ ᠶᠢᠨ | ᠬᠥᠭᠵᠢᠨ ᠪᠤᠵᠠᠭᠠᠶᠢᠷᠠᠬᠤ ᠶᠢ ᠠᠬᠢᠭᠤᠯᠤᠨ᠎ᠠ᠃ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ | ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ 2.82 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ | ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠪᠡᠶᠡᠯᠡᠭᠦᠯᠵᠦ᠂ ᠲᠠᠷᠢᠶᠠᠯᠠᠩ ᠤᠨ ︽ᠵᠠᠯᠭᠠᠭ᠎ᠠ ᠵᠠᠯᠭᠠᠭ᠎ᠠ ᠪᠠᠷ︾ ᠤᠨ | ᠡᠷᠴᠢᠮ ᠢ ᠴᠢᠩᠭᠠᠷᠠᠭᠤᠯᠤᠨ᠂ ᠭᠠᠭ᠋ᠠᠢ᠂ ᠠᠯᠠᠰᠢᠨ ᠦᠬᠡᠷ᠂ ᠥᠨᠳᠡᠭᠡᠨ ᠲᠠᠬᠢᠶ᠎ᠠ ᠵᠡᠷᠭᠡ ᠲᠡᠵᠢᠭᠡᠨ ᠦᠷᠡᠵᠢᠭᠦᠯᠬᠦ | ᠦᠢᠯᠡᠰ ᠤᠨ ᠰᠦᠷᠦᠭᠵᠢᠯ ᠤᠨ ᠮᠠᠶ᠋ᠢᠭ ᠤᠨ ᠬᠥᠭᠵᠢᠯᠲᠡ ᠶᠢ ᠠᠬᠢᠭᠤᠯᠵᠤ᠂ ︽ᠬᠦᠨᠡᠰᠦᠨ ᠤ ᠤᠭᠤᠲᠠ︾ ᠶᠢ ᠪᠥᠬᠦ | ᠬᠦᠴᠦᠨ ᠢᠶᠠᠷ ᠢᠶᠠᠨ ᠳᠦᠭᠦᠷᠭᠡᠵᠦ᠂ ︽ᠢᠳᠡᠰᠢᠨ ᠨᠣᠭᠤᠭ᠎ᠠ︾ ᠶᠢ ᠪᠠᠶᠠᠯᠢᠭᠵᠢᠭᠤᠯᠤᠨ᠂ ︽ᠮᠢᠬᠠᠨ ᠫᠢᠯᠠ︾ ᠶᠢ | ᠯᠠᠪᠳᠠᠭᠤᠨ ᠪᠠᠶᠢᠯᠭᠠᠨ᠎ᠠ᠃ ︽ᠠᠵᠤ ᠠᠬᠤᠶᠢᠯᠠᠯ ᠳᠤ ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ︾ ᠪᠠᠷ | ᠭᠠᠷᠳᠠᠴᠠ ᠪᠣᠯᠭᠠᠵᠤ᠂ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠨᠡᠮᠡᠭᠳᠡᠯ ᠤᠨ ᠬᠡᠮᠵᠢᠶ᠎ᠡ ᠪᠠ ᠦᠷ᠎ᠡ | ᠠᠰᠢᠭ ᠤᠨ ᠨᠡᠮᠡᠭᠳᠡᠯ ᠢ ᠠᠬᠢᠭᠤᠯᠤᠨ᠎ᠠ᠃ ᠷᠦ᠋ ᠢ ᠵᠢᠶᠦ᠋ᠨ ᠠᠨ᠂ ᠲᠦᠩ ᠵᠧᠦ ᠶᠢᠨ ᠪᠠᠷᠠᠭᠠᠨ ᠤ ᠭᠦᠢᠯᠭᠡᠭᠡ᠂ | ᠲᠦᠷᠭᠡᠨ ᠪᠣᠯᠪᠠᠰᠤᠷᠠᠬᠤ ᠰᠢᠨᠵᠢᠯᠡᠬᠦ ᠤᠬᠠᠭᠠᠨ ᠮᠡᠷᠭᠡᠵᠢᠯ ᠢ ᠬᠥᠲᠥᠯᠥᠨ ᠵᠢᠯᠤᠭᠤᠳᠴᠤ ᠪᠠᠶᠢᠭᠠᠳ ᠦᠢᠯᠡᠴᠢᠯᠡᠭᠡᠨ ᠤ | ᠦᠢᠯᠡᠰ ᠤᠨ ᠬᠡᠯᠪᠡᠷᠢ ᠪᠠᠶᠢᠳᠠᠯ ᠢ ᠳᠠᠰᠤᠷᠠᠯᠳᠠ ᠦᠭᠡᠢ ᠲᠡᠭᠦᠯᠳᠡᠷᠵᠢᠭᠦᠯᠵᠦ᠂ ᠤᠯᠠᠨ ᠬᠡᠯᠪᠡᠷᠢ ᠶᠢᠨ ᠬᠠᠮᠲᠤᠷᠠᠭᠰᠠᠨ | ᠲᠡᠭᠡᠭᠡᠪᠦᠷᠢ᠂ ︽ᠵᠠᠰᠠᠮᠠᠯ ᠵᠠᠮ ᠢ ᠲᠡᠮᠦᠷ ᠵᠠᠮ ᠳᠤ ᠰᠢᠯᠵᠢᠭᠦᠯᠬᠦ︾ ᠶᠢ ᠶᠡᠬᠡᠪᠡᠷ ᠬᠥᠭᠵᠢᠭᠦᠯᠵᠦ᠂ ᠤᠯᠠᠮᠵᠢᠯᠠᠯᠲᠤ | ᠪᠠᠷᠠᠭᠠᠨ ᠤ ᠭᠦᠢᠯᠭᠡᠭᠡ ᠶᠢ ︽ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ︾ ᠲᠡᠰᠢ ᠬᠡᠯᠪᠡᠷᠢ ᠪᠠᠨ ᠬᠤᠪᠢᠷᠠᠭᠤᠯᠬᠤ ᠶᠢ | ᠠᠬᠢᠭᠤᠯᠤᠨ᠎ᠠ᠃ ᠢᠳᠡᠭᠡᠨ ᠤ ᠦᠢᠯᠡᠳᠬᠡᠯ ᠤᠨ ᠠᠵᠤ ᠦᠢᠯᠡᠰ ᠤᠨ ᠬᠦᠷᠢᠶᠡᠯᠡᠩ ᠪᠠ ᠬᠦᠢᠲᠡᠨ ᠬᠡᠯᠬᠢᠶᠡᠲᠦ | ᠲᠥᠪᠯᠡᠷᠡᠭᠦᠯᠦᠨ ᠲᠠᠷᠬᠠᠭᠠᠬᠤ ᠲᠥᠪ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ ᠰᠢᠨ᠎ᠡ ᠡᠨᠧᠷᠭᠢ ᠶᠢᠨ ᠮᠠᠰᠢᠨ | ᠲᠡᠷᠭᠡ᠂ ᠡᠯᠧᠺᠲᠷᠣᠨ ᠦᠢᠯᠡᠳᠬᠦᠨ ᠤ ᠬᠡᠷᠡᠭᠯᠡᠭᠡ ᠶᠢ ᠬᠥᠭᠵᠢᠭᠦᠯᠦᠨ᠂ 2 ᠥᠪᠡᠷᠮᠢᠴᠡ ᠣᠨᠴᠠᠯᠢᠭ ᠲᠠᠢ ᠵᠡᠭᠡᠯᠢ | ᠲᠣᠭᠤᠷᠢᠭ ᠢ ᠪᠣᠶᠢᠵᠢᠭᠤᠯᠵᠤ᠂ ᠬᠤᠲᠠ ᠶᠢᠨ ︽ᠬᠤᠸᠠᠷ ᠫᠤᠤᠵᠢᠩ︾ ᠢ ᠬᠥᠭᠵᠢᠭᠡᠨ ᠲᠠᠢ ᠪᠣᠯᠭᠠᠨ᠎ᠠ᠃ ᠪᠠᠷᠠᠭᠤᠨᠰᠢ | ᠣᠷᠠᠨᠳᠦ᠋ᠰᠢ ᠵᠣᠴᠢᠳ ᠤᠨ ᠪᠠᠭᠤᠳᠠᠯ᠂ ︽ᠵᠢᠵᠢᠭ ᠭᠤᠷᠪᠠᠳᠤᠭᠠᠷ ᠱᠤᠭᠤᠮ︾ ᠵᠡᠷᠭᠡ ᠵᠢᠭᠤᠯᠴᠢᠯᠠᠯ ᠤᠨ | ᠦᠵᠡᠮᠵᠢ ᠶᠢᠨ ᠣᠷᠣᠨ ᠤ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠲᠦᠷᠭᠡᠳᠬᠡᠨ ᠠᠬᠢᠭᠤᠯᠵᠤ᠂ | ᠬᠥᠳᠡᠭᠡ ᠲᠣᠰᠬᠤᠨ ᠤ ᠥᠩᠭᠡ ᠦᠵᠡᠮᠵᠢ᠂ ᠣᠲᠣ ᠦᠶ᠎ᠡ ᠶᠢᠨ ᠲᠠᠷᠢᠶᠠᠯᠠᠩ᠂ ᠪᠡᠶ᠎ᠡ ᠶᠢᠨ ᠲᠠᠮᠢᠷ ᠤᠨ ᠡᠷᠡᠭᠦᠯ ᠮᠡᠨᠳᠦ᠂ | ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠷᠭᠠᠨ ᠬᠥᠮᠦᠵᠢᠯ ᠵᠡᠷᠭᠡ ᠶᠢ ᠨᠢᠭᠡ ᠴᠣᠭᠴᠠᠵᠢᠭᠤᠯᠤᠭᠰᠠᠨ | ᠵᠢᠪᠦᠮᠡᠯ ᠮᠠᠶ᠋ᠢᠭ ᠤᠨ ᠲᠠᠷᠢᠶᠠᠯᠠᠩ ᠰᠣᠶᠣᠯ ᠵᠢᠭᠤᠯᠴᠢᠯᠠᠯ ᠤᠨ ᠠᠭᠤᠰᠤᠯᠴᠠᠭᠰᠠᠨ ᠬᠡᠰᠡᠭ ᠣᠷᠣᠨ ᠢ ᠬᠦᠴᠦᠯᠡᠨ | ᠪᠠᠶᠢᠭᠤᠯᠤᠨ᠎ᠠ᠃ | ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠭᠦᠯᠬᠦ ᠶᠢ ᠪᠠᠷᠢᠮᠲᠠᠯᠠᠵᠤ᠂ ᠣᠷᠴᠢᠨ | ᠲᠣᠭᠤᠷᠢᠨ ᠤ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ | ︽ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠠᠮᠢ | ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠬᠦᠴᠦᠯᠡᠨ ᠰᠠᠶᠢᠲᠤᠷ ᠠᠳᠬᠤᠬᠤ︾ ᠴᠢᠬᠤᠯᠠ | ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠬᠠᠳᠤᠨ ᠭᠤᠣᠯ ᠤᠨ ᠰᠠᠪᠠ ᠭᠠᠵᠠᠷ ᠤᠨ ᠠᠮᠢ | ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠶᠢᠨ ᠭᠤᠣᠯᠳᠠᠯᠭ᠎ᠠ ᠲᠠᠢ ᠡᠭᠦᠷᠭᠡ ᠶᠢ ᠨᠠᠷᠢᠨ | ᠬᠢᠨᠠᠮᠠᠭᠠᠢ ᠨᠠᠶᠢᠳᠠᠪᠤᠷᠢᠵᠢᠭᠤᠯᠵᠤ᠂ ︽ᠳᠤᠯᠤᠭ᠎ᠠ ᠶᠢ ᠵᠠᠰᠠᠬᠤ︾ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ | ᠦᠵᠡᠰᠬᠦᠯᠡᠩᠲᠦ ᠰᠠᠶᠢᠬᠠᠨ ᠬᠠᠶᠢᠨᠠᠨ ᠲᠣᠭᠤᠷᠢᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ | ᠳᠡᠭᠡᠭᠰᠢᠯᠡᠭᠦᠯᠬᠦ ᠠᠵᠢᠯᠯᠠᠭ᠎ᠠ ᠶᠢ ᠪᠦᠬᠦ ᠬᠦᠴᠦᠨ ᠢᠶᠠᠷ ᠠᠬᠢᠭᠤᠯᠵᠤ᠂ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠶᠢ ᠪᠠᠬᠢᠵᠢᠭᠦᠯᠦᠨ᠎ᠡ᠃ ᠠᠮᠢ ᠠᠬᠤᠢ ᠶᠢ ᠬᠠᠮᠠᠭᠠᠯᠠᠵᠤ ᠰᠡᠷᠭᠦᠭᠡᠬᠦ ᠠᠵᠢᠯ ᠢ ᠰᠢᠨᠵᠢᠯᠡᠬᠦ ᠤᠬᠠᠭᠠᠨᠴᠢ ᠪᠠᠷ | ᠲᠦᠯᠬᠢᠨ ᠠᠬᠢᠭᠤᠯᠤᠨ᠎ᠠ᠃ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠡᠯᠡᠰᠦ ᠶᠢ | ᠶᠡᠷᠦᠩᠬᠡᠶᠢᠯᠡᠨ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ︽ᠭᠤᠷᠪᠠᠨ ᠤᠮᠠᠷᠠᠲᠤ︾ ᠪᠣᠯᠣᠨ | ᠬᠠᠳᠤᠨ ᠭᠤᠣᠯ ᠤᠨ ︽ᠬᠡᠳᠦᠨ ᠦᠰᠦᠭ ᠤᠨ ᠮᠤᠷᠤᠶᠢᠯᠲᠠ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ | ᠶᠡᠭᠡ ᠲᠠᠯ᠎ᠠ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠣᠯᠣᠮ ᠤᠨ ᠬᠠᠶᠠᠭᠳᠠᠮᠠᠯ ᠭᠠᠵᠠᠷ ᠤᠨ | ᠴᠦᠯᠯᠡᠷᠭᠡᠭᠵᠢᠯ ᠢ ᠵᠠᠰᠠᠬᠤ ᠠᠵᠢᠯ ᠢ ᠡᠬᠢᠯᠡᠭᠦᠯᠦᠨ ᠬᠡᠷᠡᠭᠵᠢᠭᠦᠯᠵᠦ᠂ ᠪᠠᠷᠠᠭᠤᠨ ᠲᠦᠪᠰᠢᠨ ᠲᠠᠢ ᠲᠠᠶᠢᠱᠠᠨ ᠠᠭᠤᠯᠠ | ᠵᠢᠴᠢ ᠡᠷᠬᠢᠨ ᠲᠣᠭᠤᠷᠢᠨ ᠤ ᠠᠮᠢ ᠠᠬᠤᠢ ᠶᠢᠨ ᠰᠡᠷᠭᠦᠭᠡᠯᠲᠡ ᠶᠢ ᠲᠦᠷᠭᠡᠳᠬᠡᠵᠦ᠂ ᠠᠮᠢ ᠠᠬᠤᠢ ᠶᠢᠨ ᠰᠢᠰᠲ᠋ᠧᠮ ᠤᠨ | ᠶᠠᠰᠤ ᠴᠢᠨᠠᠷ ᠪᠣᠯᠣᠨ ᠲᠣᠭᠲᠠᠪᠤᠷᠢᠲᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠣᠷᠴᠢᠨ ᠲᠣᠭᠤᠷᠢᠨ ᠤ | ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠦᠨ᠎ᠡ᠃ ᠲᠥᠪ ᠤᠨ ᠪᠠ ᠥᠪᠡᠷᠲᠡᠭᠡᠨ | ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠠᠮᠢ ᠠᠬᠤᠢ ᠣᠷᠴᠢᠨ ᠲᠣᠭᠤᠷᠢᠨ ᠤ ᠲᠣᠣᠷᠵᠢᠭᠤᠯᠤᠭᠰᠠᠨ | ᠬᠠᠮᠢᠶᠠᠷᠤᠯᠲᠠ ᠶᠢ ᠴᠢᠩᠳᠠᠯᠠᠵᠤ᠂ ᠪᠣᠬᠢᠷᠲᠤᠯ ᠤᠨ ᠠᠰᠠᠭᠤᠳᠠᠯ ᠢ ᠢᠯᠡᠷᠡᠭᠦᠯᠵᠦ ᠰᠢᠢᠳᠪᠦᠷᠢᠯᠡᠬᠦ᠂ ᠠᠶᠤᠯ | ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠣᠭᠲᠠᠴᠠ ᠶᠢ | ᠨᠠᠶᠢᠳᠠᠪᠤᠷᠢᠵᠢᠭᠤᠯᠵᠤ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠵᠡᠷᠭᠡ | ᠲᠤᠯᠤᠭᠠᠨ ᠶᠡᠭᠡ ᠶᠡᠷᠦᠩᠬᠡᠶᠢᠯᠡᠨ ᠵᠠᠰᠠᠬᠤ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠨᠢᠭᠡ ᠴᠣᠭᠴᠠᠵᠢᠭᠤᠯᠤᠨ | ᠠᠬᠢᠭᠤᠯᠵᠤ᠂ ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ᠢ ᠵᠠᠰᠠᠬᠤ᠂ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ | ᠪᠠᠶᠢᠭᠤᠯᠤᠯᠲᠠ ᠵᠡᠷᠭᠡ 30 ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠴᠢᠩᠭ᠎ᠠ ᠠᠳᠬᠤᠨ ᠪᠣᠳᠠᠲᠠᠢ ᠠᠳᠬᠤᠵᠤ᠂ | ᠴᠠᠬᠢᠯᠠᠭᠤᠷ ᠴᠢᠯᠠᠭᠤ ᠪᠠ ᠴᠣᠬᠤᠢ ᠶᠢᠨ ᠠᠵᠢᠯ ᠲᠥᠷᠥᠯ ᠤᠨ ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠬᠦ ᠵᠡᠷᠭᠡ | 25 ᠠᠭᠠᠷ ᠮᠠᠨᠳᠠᠯ ᠤᠨ ᠵᠠᠰᠠᠯᠲᠠ ᠶᠢᠨ ᠲᠥᠷᠥᠯ ᠵᠦᠢᠯ ᠢ ᠨᠠᠷᠢᠯᠢᠭ ᠴᠢᠩᠭ᠎ᠠ ᠠᠳᠬᠤᠨ᠂ ᠭᠠᠵᠠᠷ ᠣᠷᠣᠨ ᠤ | ᠣᠷᠴᠢᠨ ᠠᠬᠤᠢ ᠶᠢᠨ ᠠᠭᠠᠷ ᠤᠨ ᠶᠠᠰᠤ ᠴᠢᠨᠠᠷ ᠢ ᠠᠳᠠᠯᠢ ᠬᠤᠭᠤᠴᠠᠭᠠᠨ ᠤ ᠬᠢ ᠠᠴᠠ ᠰᠠᠶᠢᠵᠢᠷᠠᠭᠤᠯᠬᠤ ᠶᠢ ᠦᠨᠡᠨ | ᠬᠦ ᠪᠠᠲᠤᠯᠠᠪᠠ᠃ ᠬᠠᠲᠤᠨ ᠭᠤᠣᠯ ᠤᠨ ᠥᠪᠥᠷ ᠮᠣᠩᠭᠤᠯ ᠳᠤ ᠣᠷᠣᠬᠤ ᠠᠩᠬᠠᠨ ᠤ ᠥᠷᠲᠡᠭᠡ ᠶᠢᠨ ᠠᠩᠬᠠᠨ ᠤ | ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ︽ᠭᠤᠣᠯ ᠤᠨ ᠳᠠᠷᠤᠭ᠎ᠠ ᠶᠢᠨ ᠳᠦᠷᠢᠮ︾ ᠢ ᠴᠢᠩᠭ᠎ᠠ | ᠨᠠᠶᠢᠳᠠᠪᠤᠷᠢᠵᠢᠭᠤᠯᠤᠨ᠂ ᠦᠵᠦᠯᠢᠨ ᠭᠤᠤ ᠶᠢᠨ ᠭᠤᠣᠯ ᠤᠨ ᠵᠠᠮ ᠢ ᠴᠡᠭᠴᠡᠯᠡᠨ ᠵᠠᠰᠠᠬᠤ ᠶᠢ ᠲᠦᠷᠭᠡᠳᠬᠡᠵᠦ᠂ ᠰᠥᠩ | ᠪᠠ ᠦᠶᠡᠷ ᠤᠨ ᠤᠰᠤ ᠶᠢ ᠬᠤᠪᠢᠶᠠᠨ ᠶᠡᠷᠦᠩᠬᠡᠶᠢᠯᠡᠨ ᠴᠤᠭᠯᠠᠭᠤᠯᠵᠤ ᠠᠰᠢᠭᠯᠠᠬᠤ ᠶᠢ ᠠᠬᠢᠭᠤᠯᠵᠤ᠂ ᠭᠠᠵᠠᠷ | ᠳᠡᠭᠡᠷᠡᠬᠢ ᠤᠰᠤᠨ ᠤ ᠳᠠᠭᠠᠭᠠᠴᠠ ᠠᠴᠠ ᠬᠡᠲᠦᠷᠡᠭᠰᠡᠨ ᠣᠷᠣᠨ ᠤ ᠵᠠᠰᠠᠯᠲᠠ ᠶᠢ ᠭᠦᠨᠵᠡᠭᠡᠶᠢᠷᠡᠭᠦᠯᠦᠨ᠎ᠡ᠃ ᠬᠥᠷᠥᠰᠥ | ᠰᠢᠷᠣᠢ ᠶᠢᠨ ᠪᠣᠬᠢᠷᠲᠤᠯ ᠤᠨ ᠲᠦᠭᠰᠢᠭᠦᠷᠢ ᠶᠢ ᠪᠦᠲᠦᠮᠵᠢᠲᠡᠶ ᠪᠠᠷ ᠬᠠᠮᠢᠶᠠᠷᠤᠨ ᠡᠵᠡᠮᠳᠡᠵᠦ᠂ ᠬᠠᠲᠠᠭᠤ ᠪᠡᠶᠡᠲᠦ | ᠬᠠᠶᠠᠭᠳᠠᠮᠠᠯ ᠪᠣᠳᠠᠰ᠂ ᠠᠮᠢᠳᠤᠷᠠᠯ ᠤᠨ ᠬᠤᠭ ᠨᠣᠪᠰᠢ ᠶᠢ ᠲᠦᠷᠦᠯ ᠬᠤᠪᠢᠶᠠᠬᠤ ᠪᠠ ᠡᠬᠢ ᠪᠠᠶᠠᠯᠢᠭᠵᠢᠭᠤᠯᠤᠨ | ᠠᠰᠢᠭᠯᠠᠬᠤ ᠶᠢ ᠲᠦᠷᠭᠡᠳᠬᠡᠨ᠎ᠡ᠃ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ | ᠦᠷᠭᠦᠯᠵᠢᠯᠡᠨ ᠲᠦᠯᠬᠢᠨ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ︽ᠨᠡᠭᠦᠷᠡᠰᠦᠲᠥ᠋ᠷᠥᠭᠴᠢ ᠶᠢᠨ ᠳᠠᠪᠬᠤᠷ | ᠢᠰᠦᠯ ᠣᠷᠭᠢᠯ ᠳᠤ ᠬᠦᠷᠬᠦ ᠠᠷᠪᠠᠨ ᠬᠤᠶᠠᠳᠤᠭᠠᠷ ᠶᠡᠭᠡ ᠬᠤᠷᠠᠯ ᠤᠨ ᠠᠵᠢᠯᠯᠠᠭ᠎ᠠ︾ ᠶᠢ ᠬᠢᠨᠠᠮᠠᠭᠠᠢ | ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠠᠵᠢᠯ ᠲᠥᠷᠥᠯ ᠤᠨ ᠡᠨᠧᠷᠭᠢ ᠶᠢᠨ ᠬᠤᠷᠣᠭᠳᠠᠭᠤᠯᠤᠯ ᠤᠨ | ᠬᠠᠮᠢᠶᠠᠷᠤᠯᠲᠠ ᠶᠢ ᠴᠢᠩᠭᠠᠷᠠᠭᠤᠯᠤᠨ᠂ ︽ᠬᠤᠶᠠᠷ ᠥᠨᠳᠥᠷ︾ ᠤ ᠲᠥᠷᠥᠯ ᠵᠦᠢᠯ ᠢ ᠰᠣᠬᠤᠷ ᠪᠠᠯᠠᠢ ᠪᠠᠷ | ᠬᠥᠭᠵᠢᠭᠦᠯᠬᠦ ᠶᠢ ᠴᠢᠩᠭ᠎ᠠ ᠬᠢᠵᠠᠭᠠᠷᠯᠠᠨ᠎ᠠ᠃ ᠨᠡᠭᠦᠷᠡᠰᠦ ᠴᠠᠬᠢᠯᠭᠠᠨ ᠤ ︽ᠭᠤᠷᠪᠠᠨ ᠥᠭᠡᠷᠡᠴᠢᠯᠡᠯᠲᠡ ᠶᠢ | ᠬᠤᠯᠪᠣᠯᠳᠤᠭᠤᠯᠬᠤ︾ ᠶᠢ ᠶᠡᠬᠡᠪᠡᠷ ᠲᠦᠯᠬᠢᠨ ᠠᠬᠢᠭᠤᠯᠤᠨ᠎ᠠ᠃ ᠡᠨᠧᠷᠭᠢ ᠠᠷᠪᠢᠯᠠᠬᠤ᠂ ᠤᠰᠤ ᠠᠷᠪᠢᠯᠠᠬᠤ | ᠮᠡᠷᠭᠡᠵᠢᠯ ᠤᠨ ᠥᠭᠡᠷᠡᠴᠢᠯᠡᠯᠲᠡ ᠶᠢᠨ ᠨᠢᠭᠡ ᠪᠦᠯᠦᠭ ᠵᠦᠢᠯᠡᠰ ᠢ ᠬᠡᠷᠡᠭᠵᠢᠭᠦᠯᠦᠨ᠎ᠡ᠃ ᠰᠢᠨ᠎ᠡ ᠡᠨᠧᠷᠭᠢ ᠶᠢᠨ | ᠰᠤᠷᠪᠤᠯᠵᠢ ᠶᠢᠨ ᠬᠦᠨᠳᠦ ᠺᠠᠷᠲ ᠢ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠵᠦ᠂ ᠪᠣᠬᠢᠷᠲᠤᠯ ᠦᠭᠡᠢ | ᠲᠡᠭᠡᠭᠡᠪᠦᠷᠢ ᠶᠢᠨ ᠰᠢᠰᠲ᠋ᠧᠮ ᠢ ᠬᠦᠴᠦᠯᠡᠨ ᠪᠠᠶᠢᠭᠤᠯᠤᠨ᠎ᠠ᠃ ᠬᠠᠤᠯᠢ ᠲᠣᠭᠲᠠᠭᠠᠯ ᠠᠴᠠ ᠵᠥᠷᠢᠴᠡᠨ ᠭᠠᠵᠠᠷ | ᠬᠡᠷᠡᠭᠯᠡᠬᠦ ᠶᠢ ᠴᠡᠭᠴᠡᠯᠡᠨ ᠰᠠᠶᠢᠵᠢᠷᠠᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠦᠯᠡᠳᠡᠭᠰᠡᠨ ᠪᠥᠭᠡᠮ ᠢᠶᠠᠷ | ᠵᠥᠪᠰᠢᠶᠡᠷᠡᠭᠰᠡᠨ ᠪᠣᠯᠪᠠᠴᠤ ᠬᠠᠩᠭᠠᠭᠰᠠᠨ ᠦᠭᠡᠢ ᠭᠠᠵᠠᠷ ᠰᠢᠷᠣᠢ ᠶᠢ ᠰᠢᠢᠳᠪᠦᠷᠢᠯᠡᠬᠦ ᠡᠭᠦᠷᠭᠡ ᠶᠢ ᠲᠦᠷᠭᠡᠳᠬᠡᠨ | ᠪᠡᠶᠡᠯᠡᠭᠦᠯᠦᠨ᠎ᠡ᠃ | ᠪᠦᠬᠦ ᠲᠠᠯ᠎ᠠ ᠪᠠᠷ ᠲᠥᠯᠥᠪᠵᠢᠭᠦᠯᠵᠦ᠂ ᠭᠤᠣᠯᠳᠠᠯᠭ᠎ᠠ ᠲᠠᠢ ᠰᠢᠪᠲᠤᠯᠤᠯᠲᠠ ᠬᠢᠬᠦ ᠶᠢ ᠪᠠᠷᠢᠮᠲᠠᠯᠠᠵᠤ᠂ ᠬᠤᠳᠠ | ᠬᠥᠳᠡᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ | ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ ᠶᠢ ᠨᠢᠭᠡᠳᠦᠯᠲᠡᠢ ᠲᠥᠯᠥᠪᠵᠢᠭᠦᠯᠵᠦ᠂ ᠡᠯ᠎ᠡ ᠲᠦᠷᠦᠯ ᠤᠨ ᠡᠯᠧᠮᠧᠨ᠋ᠲ ᠤᠨ ᠬᠤᠣᠰ ᠴᠢᠭᠯᠡᠯ ᠢᠶᠠᠷ | ᠰᠢᠯᠵᠢᠬᠦ ᠶᠢ ᠠᠬᠢᠭᠤᠯᠵᠤ᠂ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠰᠢᠨ᠎ᠡ ᠪᠠᠶᠢᠷᠢᠰᠢᠯ ᠢ ᠣᠷᠣᠰᠢᠨ | ᠰᠠᠭᠤᠬᠤ ᠳᠤ ᠲᠣᠬᠢᠷᠠᠮᠵᠢᠲᠠᠢ ᠬᠤᠳᠠ ᠶᠢ ᠴᠢᠨᠠᠷ ᠰᠠᠶᠢᠲᠠᠢ ᠪᠠᠶᠢᠭᠤᠯᠤᠨ᠎ᠠ᠃ ᠬᠤᠳᠠ ᠶᠢᠨ ᠰᠢᠨᠡᠴᠢᠯᠡᠯᠲᠡ ᠶᠢᠨ | ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠳ᠋ᠧ ᠱᠦᠨ᠂ ᠰᠢᠩ ᠰᠢᠩ ᠵᠡᠷᠭᠡ 5 ᠬᠠᠭᠤᠴᠢᠨ ᠵᠢᠵᠢᠭ ᠲᠣᠭᠤᠷᠢᠭ ᠤᠨ | ᠥᠭᠡᠷᠡᠴᠢᠯᠡᠯᠲᠡ ᠶᠢ ᠡᠬᠢᠯᠡᠭᠦᠯᠵᠦ᠂ ᠶᠢᠨ ᠬᠠᠢ ᠶᠤᠸᠠᠨ ᠴᠡᠴᠡᠷᠯᠢᠭ ᠤᠨ ᠭᠤᠷᠪᠠᠳᠤᠭᠠᠷ ᠬᠤᠭᠤᠴᠠᠭ᠎ᠠ᠂ ᠶᠢᠨ ᠲᠢᠶᠠᠨ | ᠤᠢ ᠰᠢᠭᠤᠢ ᠶᠢᠨ ᠴᠡᠴᠡᠷᠯᠢᠭ᠂ ᠶᠢᠨ ᠲᠠᠢ ᠴᠡᠴᠡᠷᠯᠢᠭ ᠤᠨ ᠢᠦᠢ ᠹᠦ᠋ ᠵᠡᠷᠭᠡ ᠭᠡᠷ ᠪᠠᠶᠢᠰᠢᠩ ᠭᠠᠵᠠᠷ ᠰᠢᠷᠣᠢ ᠶᠢᠨ | ᠬᠥᠷᠥᠩᠭᠡ ᠶᠢᠨ ᠵᠦᠢᠯᠡᠰ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠪᠡ᠃ X166 ᠴᠢ ᠫᠠᠨ ᠬᠤᠳᠳᠤᠭ | ᠠᠴᠠ ᠬᠥᠩ ᠦ᠋ ᠰᠦ ᠬᠦᠷᠬᠦ ᠵᠠᠰᠠᠮᠠᠯ ᠵᠠᠮ ᠤᠨ ᠥᠭᠡᠷᠡᠴᠢᠯᠡᠵᠦ ᠥᠷᠭᠡᠳᠬᠡᠨ ᠪᠠᠶᠢᠭᠤᠯᠬᠤ ᠢᠨᠵᠧᠨᠧᠷᠢᠩ ᠢ | ᠬᠡᠷᠡᠭᠵᠢᠭᠦᠯᠵᠦ᠂ G1816 ᠦᠬᠠᠢ ᠠᠴᠠ ᠱᠢ ᠽᠦᠢ ᠱᠠᠨ ᠬᠦᠷᠬᠦ ᠬᠡᠰᠡᠭ᠂ S37 ᠦᠬᠠᠢ ᠠᠴᠠ ᠨᠢᠩ ᠳ᠋ᠦᠩ | ᠬᠦᠷᠬᠦ ᠬᠡᠰᠡᠭ ᠪᠠ ᠪᠤᠭᠤᠲᠤ ᠠᠴᠠ ᠶᠢᠨ ᠤ ᠳᠡᠭᠡᠳᠦ ᠬᠤᠷᠳᠤᠴᠠᠲᠤ ᠲᠡᠮᠦᠷ ᠵᠠᠮ ᠤᠨ ᠬᠠᠶᠢᠨᠠᠨ ᠤ ᠬᠡᠰᠡᠭ ᠵᠡᠷᠭᠡ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠪᠣᠷᠣᠭᠠᠨ ᠤ ᠤᠰᠤ ᠶᠢ ᠰᠠᠯᠭᠠᠨ | ᠲᠣᠬᠢᠷᠠᠭᠤᠯᠬᠤ ᠪᠣᠷᠣᠭᠠᠨ ᠤ ᠤᠰᠤ ᠶᠢ ᠬᠤᠷᠢᠶᠠᠨ ᠴᠤᠭᠯᠠᠭᠤᠯᠬᠤ ᠬᠤᠭᠤᠯᠠᠢ ᠶᠢᠨ ᠲᠣᠣᠷ ᠢ 3.6 ᠺᠢᠯᠣᠮᠧᠲᠷ | ᠰᠢᠨ᠎ᠡ ᠪᠠᠷ ᠪᠠᠶᠢᠭᠤᠯᠵᠤ᠂ ᠤᠰᠤ ᠬᠠᠩᠭᠠᠬᠤ ᠬᠤᠭᠤᠯᠠᠢ ᠶᠢᠨ ᠲᠣᠣᠷ ᠢ 14.6 ᠺᠢᠯᠣᠮᠧᠲᠷ ᠥᠭᠡᠷᠡᠴᠢᠯᠡᠨ | ᠪᠠᠶᠢᠭᠤᠯᠵᠤ᠂ ᠤᠭᠤᠲᠠᠯᠢᠭ ᠴᠡᠴᠡᠷᠯᠢᠭ ᠢ 3 ᠦᠷᠭᠦᠯᠵᠢᠯᠡᠨ ᠪᠠᠶᠢᠭᠤᠯᠵᠤ᠂ ᠤᠯᠠᠨ ᠲᠦᠮᠡᠨ ᠤ ᠣᠷᠣᠨ | ᠰᠠᠭᠤᠴᠠ ᠶᠢᠨ ᠣᠷᠴᠢᠨ ᠨᠥᠬᠦᠴᠡᠯ ᠢ ᠲᠠᠰᠤᠷᠠᠯᠳᠠ ᠦᠭᠡᠢ ᠰᠠᠶᠢᠵᠢᠷᠠᠭᠤᠯᠪᠠ᠃ ᠬᠤᠳᠠ ᠶᠢᠨ ᠬᠠᠮᠢᠶᠠᠷᠤᠯᠲᠠ ᠶᠢ | ᠥᠨᠳᠥᠷ ᠪᠠᠷᠢᠮᠵᠢᠶ᠎ᠠ ᠪᠠᠷ ᠰᠠᠶᠢᠲᠤᠷ ︽ᠨᠢᠭᠡ ᠮᠥᠴᠡ ᠨᠡᠶᠢᠭᠡᠮ ᠲᠣᠭᠤᠷᠢᠭ ᠤᠨ ᠠᠮᠢᠳᠤᠷᠠᠯ ᠤᠨ ᠬᠦᠷᠢᠶ᠎ᠡ︾ ᠶᠢ | ᠲᠡᠭᠦᠯᠳᠡᠷᠵᠢᠭᠦᠯᠵᠦ᠂ ᠭᠤᠣᠯ ᠬᠤᠲᠠ ᠶᠢᠨ ᠲᠣᠭᠤᠷᠢᠭ ᠤᠨ ᠠᠮᠢᠳᠤᠷᠠᠯ ᠤᠨ ᠬᠦᠷᠢᠶ᠎ᠡ ᠬᠡᠪᠴᠢᠶ᠎ᠡ ᠶᠢᠨ ᠲᠠᠰ | ᠳᠡᠪᠰᠢᠬᠦ ᠶᠢ ᠠᠬᠢᠭᠤᠯᠤᠨ᠎ᠠ᠃ ᠬᠤᠲᠠ ᠶᠢᠨ ᠳᠦᠷᠰᠦ ᠪᠠᠶᠢᠳᠠᠯ ᠤᠨ ᠶᠠᠰᠤ ᠴᠢᠨᠠᠷ ᠢ ᠳᠡᠭᠡᠭᠰᠢᠯᠡᠭᠦᠯᠬᠦ ᠲᠤᠰᠬᠠᠢ | ᠠᠵᠢᠯᠯᠠᠭ᠎ᠠ ᠶᠢ ᠥᠷᠨᠢᠭᠦᠯᠵᠦ᠂ ᠲᠡᠷᠭᠡ ᠵᠣᠭᠰᠤᠭᠠᠬᠤ ᠪᠠᠶᠢᠷᠢ ᠶᠢ 500 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ | ᠰᠠᠭᠤᠭᠠᠯᠢ ᠠᠷᠠᠳ ᠤᠨ ᠵᠢᠵᠢᠭ ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠂ ᠬᠤᠲᠠ ᠶᠢᠨ ᠬᠠᠮᠢᠶᠠᠷᠤᠯᠲᠠ ᠶᠢᠨ ᠦᠢᠯᠡᠴᠢᠯᠡᠭᠡ ᠶᠢ ᠨᠠᠩ ᠰᠢᠯᠢᠳᠡᠭ ᠪᠣᠯᠭᠠᠬᠤ ᠪᠠᠷ ᠬᠤᠲᠠ ᠶᠢᠨ | ᠳᠤᠯᠠᠭᠠᠨ ᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠳᠤᠯᠠᠭᠠᠯᠠᠭ᠎ᠠ ᠶᠢᠨ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ | ᠨᠠᠷᠢᠯᠢᠭ ᠣᠨᠣᠴᠠᠲᠠᠢ ᠪᠠᠷ ᠢᠯᠴᠢ ᠬᠠᠩᠭᠠᠬᠤ᠂ ᠬᠡᠷᠡᠭᠴᠡᠭᠡ ᠪᠠᠷ ᠨᠢ ᠢᠯᠴᠢ ᠬᠠᠩᠭᠠᠬᠤ ᠵᠡᠷᠭᠡ ᠰᠢᠨ᠎ᠡ ᠬᠡᠯᠪᠡᠷᠢ ᠶᠢᠨ | ᠢᠯᠴᠢ ᠬᠠᠩᠭᠠᠬᠤ ᠵᠠᠭᠪᠤᠷ ᠢ ᠰᠦᠪᠡᠭᠴᠢᠯᠡᠨ ᠪᠠᠶᠢᠭᠤᠯᠵᠤ᠂ ᠪᠡᠯᠡᠳᠬᠡᠯ ᠢᠯᠴᠢ ᠶᠢᠨ ᠢᠷᠡᠯᠲᠡ ᠶᠢᠨ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠳᠤᠯᠠᠭᠠᠨ | ᠪᠦᠯᠢᠶᠡᠨ ᠢᠶᠠᠷ ᠡᠪᠦᠯᠵᠢᠭᠦᠯᠦᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠥᠨᠳᠥᠷ ᠲᠠᠬᠢᠨ | ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠶᠢ ᠨᠠᠶᠢᠳᠠᠪᠤᠷᠢᠵᠢᠭᠤᠯᠵᠤ᠂ | ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠦᠷ᠎ᠡ ᠪᠦᠲᠦᠭᠡᠯ ᠢ ᠪᠠᠬᠢᠵᠢᠭᠦᠯᠦᠨ᠎ᠡ᠃ | ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠵᠤ | ᠳᠡᠭᠡᠭᠰᠢᠯᠡᠭᠦᠯᠬᠦ ᠲᠠᠪᠤᠨ ᠵᠢᠯ ᠤᠨ ᠠᠵᠢᠯᠯᠠᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠦᠵᠡᠰᠬᠦᠯᠡᠩᠲᠦ ᠰᠠᠶᠢᠬᠠᠨ | ᠬᠥᠳᠡᠭᠡ ᠲᠣᠰᠬᠤᠨ ᠤ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ | ᠳᠡᠭᠡᠭᠰᠢᠯᠡᠭᠦᠯᠵᠦ᠂ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ ᠵᠡᠷᠭᠡ 9 ᠵᠦᠢᠯᠡᠰ ᠢ ᠨᠢᠭᠡᠳᠦᠯᠲᠡᠢ ᠲᠥᠯᠥᠪᠯᠡᠨ | ᠬᠡᠷᠡᠭᠵᠢᠭᠦᠯᠪᠡ᠃ ᠲᠣᠰᠬᠤᠨ ᠤ ᠬᠠᠮᠲᠤ ᠶᠢᠨ ᠠᠵᠤ ᠠᠬᠤᠢ ᠶᠢ ᠦᠷᠭᠦᠯᠵᠢᠯᠡᠨ ᠬᠥᠭᠵᠢᠭᠦᠯᠦᠨ ᠪᠤᠵᠠᠭᠠᠶᠢᠷᠠᠭᠤᠯᠵᠤ᠂ | 2 ᠵᠠᠰᠠᠭ ᠵᠠᠬᠢᠷᠭᠠᠨ ᠤ ᠲᠣᠰᠬᠤᠨ ᠤ ᠵᠢᠯ ᠤᠨ ᠡᠵᠡᠩᠨᠡᠯᠲᠡ ᠶᠢᠨ ᠴᠢᠨᠠᠷᠲᠠᠢ ᠣᠷᠣᠯᠭ᠎ᠠ ᠶᠢ 50 ᠲᠦᠮᠡᠨ | ᠲᠥᠭᠦᠷᠢᠭ ᠠᠴᠠ ᠳᠡᠭᠡᠭᠰᠢ ᠲᠣᠭᠲᠠᠭᠤᠨ ᠪᠠᠶᠢᠯᠭᠠᠬᠤ ᠶᠢ ᠦᠨᠡᠨᠬᠦ ᠪᠠᠲᠤᠯᠠᠨ᠎ᠠ᠃ ᠥᠪᠡᠷᠲᠡᠭᠡᠨ ᠵᠠᠰᠠᠬᠤ ᠣᠷᠣᠨ ᠤ | ᠱᠠᠲᠤᠨ ᠤ ︽ᠬᠥᠳᠡᠭᠡ ᠲᠣᠰᠬᠤᠨ ᠤ ᠲᠦᠷᠪᠡᠨ ᠰᠠᠶᠢᠨ ᠵᠠᠮ︾ ᠤᠨ ᠵᠢᠱᠢᠶ᠎ᠡ ᠦᠵᠡᠭᠦᠯᠬᠦ ᠬᠤᠰᠢᠭᠤ ᠰᠢᠶᠠᠨ ᠳᠤ | ᠢᠳᠡᠪᠬᠢᠲᠡᠢ ᠪᠠᠷ ᠭᠤᠶᠤᠴᠢᠯᠠᠨ ᠮᠡᠳᠡᠭᠦᠯᠬᠦ ᠬᠡᠷᠡᠭᠲᠡᠢ᠃ | ᠠᠷᠠᠳ ᠤᠨ ᠠᠮᠢᠳᠤᠷᠠᠯ ᠢ ᠪᠠᠲᠤᠯᠠᠬᠤ᠂ ᠠᠷᠠᠳ ᠤᠨ ᠰᠡᠳᠬᠢᠯ ᠢ ᠨᠢᠭᠲᠠᠷᠠᠭᠤᠯᠬᠤ ᠶᠢ ᠪᠠᠷᠢᠮᠲᠠᠯᠠᠵᠤ᠂ ᠠᠷᠠᠳ | ᠣᠯᠠᠨ ᠤ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠦᠨ᠎ᠡ | ᠨᠡᠩ ᠤᠯᠠᠨ ᠲᠦᠷᠦ ᠶᠢᠨ ᠪᠣᠳᠣᠯᠭ᠎ᠠ ᠶᠢ ᠠᠷᠠᠳ ᠤᠨ ᠠᠮᠢᠳᠤᠷᠠᠯ ᠲᠡᠰᠢ ᠲᠥᠪᠯᠡᠷᠡᠭᠦᠯᠬᠦ᠂ ᠡᠳ᠋ ᠤᠨ | ᠬᠦᠴᠦᠨ ᠢ ᠠᠷᠠᠳ ᠤᠨ ᠠᠮᠢᠳᠤᠷᠠᠯ ᠲᠡᠰᠢ ᠬᠡᠯᠪᠡᠶᠢᠯᠭᠡᠬᠦ ᠶᠢ ᠲᠦᠯᠬᠢᠨ ᠠᠬᠢᠭᠤᠯᠵᠤ᠂ ᠨᠢᠭᠡ ᠪᠦᠯᠦᠭ ᠤᠯᠠᠨ | ᠲᠦᠮᠡᠨ ᠤ ᠨᠢᠳᠦᠨ ᠳᠤ ᠦᠵᠡᠭᠳᠡᠬᠦ᠂ ᠭᠠᠷ ᠲᠤ ᠪᠠᠷᠢᠭᠳᠠᠬᠤ᠂ ᠰᠡᠷᠡᠵᠦ ᠮᠡᠳᠡᠬᠦ ᠪᠣᠳᠠᠲᠤ ᠶᠠᠪᠤᠳᠠᠯ ᠢ ᠬᠦᠴᠦᠯᠡᠨ | ᠰᠠᠶᠢᠲᠤᠷ ᠬᠢᠬᠦ ᠬᠡᠷᠡᠭᠲᠡᠢ᠃ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠳᠡᠭᠡᠳᠦ ᠰᠤᠷᠭᠠᠭᠤᠯᠢ ᠲᠡᠭᠦᠰᠦᠭᠰᠡᠳ᠂ | ᠴᠡᠷᠢᠭ ᠠᠴᠠ ᠬᠠᠯᠠᠭᠳᠠᠭᠰᠠᠳ ᠵᠡᠷᠭᠡ ᠭᠤᠣᠯᠳᠠᠯᠭ᠎ᠠ ᠲᠠᠢ ᠬᠠᠮᠲᠤᠯᠢᠭ ᠲᠤ ᠠᠵᠢᠯ ᠣᠯᠭᠤᠬᠤ ᠦᠢᠯᠡᠴᠢᠯᠡᠭᠡᠨ ᠤ | ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ | ᠪᠠᠶᠢᠷᠢ ᠶᠢᠨ ᠦᠨᠳᠦᠰᠦᠨ ᠵᠦᠢᠯ ᠢ ᠳᠠᠭᠠᠭᠠᠨ ᠲᠥᠪᠬᠢᠨᠡᠭᠦᠯᠬᠦ ᠵᠡᠷᠭᠡ ᠲᠦᠷᠦ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠵᠤ᠂ ᠬᠤᠳᠠ ᠪᠠᠯᠭᠠᠰᠤᠨ ᠳᠤ 1000 ᠠᠴᠠ ᠳᠡᠭᠡᠭᠰᠢ ᠬᠥᠮᠥᠨ ᠳᠤ ᠰᠢᠨ᠎ᠡ ᠪᠠᠷ ᠠᠵᠢᠯ | ᠣᠯᠭᠤᠬᠤ ᠪᠠᠷ ᠴᠢᠷᠮᠠᠶᠢᠨ᠎ᠠ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠨᠠᠷᠢᠯᠢᠭ | ᠣᠨᠣᠴᠠᠲᠠᠢ ᠪᠠᠷ ᠥᠷᠭᠡᠳᠬᠡᠬᠦ ᠲᠤᠰᠬᠠᠢ ᠠᠵᠢᠯᠯᠠᠭ᠎ᠠ ᠶᠢ ᠲᠦᠯᠬᠢᠨ ᠠᠬᠢᠭᠤᠯᠵᠤ᠂ ᠣᠨᠴᠠ ᠬᠦᠴᠢᠷᠳᠡᠯᠲᠡᠢ᠂ ᠨᠠᠭᠠᠲᠤ | ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠵᠡᠷᠭᠡ ᠬᠦᠴᠢᠷᠳᠡᠯ ᠲᠠᠢ ᠤᠯᠠᠨ ᠲᠦᠮᠡᠨ ᠢ ᠠᠪᠤᠷᠠᠨ ᠲᠤᠰᠠᠯᠠᠵᠤ ᠬᠠᠪᠰᠤᠷᠤᠨ | ᠲᠡᠳᠬᠦᠬᠦ ᠶᠢ ᠴᠢᠩᠭᠠᠳᠬᠠᠵᠤ᠂ ᠬᠦᠴᠢᠷᠳᠡᠯ ᠳᠤ ᠲᠤᠯᠭᠠᠷᠠᠭᠰᠠᠨ ᠬᠥᠮᠥᠨ ᠨᠢᠭᠡᠪᠦᠷᠢ ᠳᠤ ᠴᠥᠮ ᠴᠠᠭ ᠲᠤᠬᠠᠢ ᠳᠤᠨᠢ | ᠠᠪᠤᠷᠠᠨ ᠲᠤᠰᠠᠯᠠᠯᠲᠠ ᠪᠠ ᠬᠠᠶᠢᠷ᠎ᠠ ᠬᠠᠯᠠᠮᠵᠢ ᠬᠦᠷᠲᠡᠭᠡᠨ᠎ᠡ᠃ ᠭᠡᠷ ᠲᠡᠭᠡᠨ ᠰᠠᠭᠤᠵᠤ ᠪᠠᠶᠢᠭ᠎ᠠ ᠨᠡᠶᠢᠭᠡᠮ | ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠵᠡᠷᠭᠡ 4 | ᠵᠦᠢᠯ ᠤᠨ ᠢᠨᠵᠧᠨᠧᠷᠢᠩ ᠢ ᠬᠡᠷᠡᠭᠵᠢᠭᠦᠯᠵᠦ᠂ ᠬᠦᠴᠢᠷᠳᠡᠯ ᠲᠠᠢ ᠭᠡᠷ ᠪᠦᠯᠢ ᠶᠢᠨ ᠨᠠᠰᠤᠵᠢᠬᠤ ᠳᠤ ᠲᠣᠬᠢᠷᠠᠬᠤ | ᠥᠭᠡᠷᠡᠴᠢᠯᠡᠯᠲᠡ ᠶᠢᠨ ᠡᠭᠦᠷᠭᠡ ᠶᠢ ᠪᠡᠶᠡᠯᠡᠭᠦᠯᠵᠦ᠂ ︽ᠥᠲᠡᠯᠪᠡᠯ ᠭᠥᠷᠳᠡᠬᠦ ᠠᠰᠠᠷᠠᠮᠵᠢ ᠲᠠᠢ︾ ᠪᠠᠶᠢᠬᠤ ᠶᠢ ︽ᠥᠲᠡᠯᠪᠡᠯ | ᠭᠥᠷᠳᠡᠬᠦ ᠠᠰᠠᠷᠠᠮᠵᠢ ᠲᠠᠢ ᠪᠣᠯᠬᠤ︾ ᠳᠠᠰᠢ ᠤᠷᠤᠭᠰᠢᠯᠠᠭᠤᠯᠬᠤ ᠶᠢ ᠲᠦᠯᠬᠢᠨ ᠠᠬᠢᠭᠤᠯᠪᠠ᠃ ᠳᠥᠷᠪᠡᠳᠦᠭᠡᠷ | ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢ ᠦᠷᠭᠦᠯᠵᠢᠯᠡᠨ | ᠰᠠᠶᠢᠲᠤᠷ ᠬᠢᠵᠦ᠂ ᠬᠠᠶᠢᠨᠠᠨ ᠲᠣᠭᠤᠷᠢᠭ ᠤᠨ ᠠᠵᠢᠯᠴᠢᠨ ᠤ ᠰᠣᠶᠣᠯ ᠤᠨ ᠠᠵᠢᠯᠯᠠᠭ᠎ᠠ ᠶᠢᠨ ᠲᠥᠪ ᠤᠨ ᠪᠦᠲᠦᠭᠡᠨ | ᠪᠠᠶᠢᠭᠤᠯᠤᠯᠲᠠ ᠶᠢ ᠡᠬᠢᠯᠡᠭᠦᠯᠵᠦ᠂ ᠤᠯᠠᠭᠠᠨᠮᠥ᠋ ᠶᠢ ᠦᠨᠳᠦᠰᠦᠨ ᠱᠠᠲᠤᠨ ᠳᠤ ᠤᠨᠤᠵᠤ ᠣᠷᠣᠭᠤᠯᠬᠤ ᠵᠡᠷᠭᠡ | ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠣᠯᠠᠨ | ᠲᠦᠮᠡᠨ ᠤ ᠣᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠎ᠠ᠃ ᠴᠡᠷᠢᠭ ᠠᠷᠠᠳ ᠤᠨ ᠬᠡᠷᠡᠭᠯᠡᠭᠡ ᠶᠢ | ᠠᠭᠤᠰᠤᠯᠴᠠᠭᠤᠯᠬᠤ ᠶᠢ ᠴᠢᠩᠭᠠᠳᠬᠠᠵᠤ᠂ ᠴᠡᠷᠢᠭ ᠠᠷᠠᠳ ᠤᠨ ᠢᠲᠡᠭᠡᠯᠴᠡᠭᠡ ᠶᠢ ᠠᠬᠢᠭᠤᠯᠤᠨ᠂ ᠰᠢᠨ᠎ᠡ ᠨᠢᠭᠡ | ᠡᠭᠡᠯᠵᠢ ᠶᠢᠨ ︽ᠬᠤᠶᠠᠷ ᠢ ᠬᠦᠷᠢᠶᠡᠯᠡᠬᠦ ᠵᠢᠱᠢᠶᠡᠴᠢ ᠬᠤᠲᠠ︾ ᠶᠢ ᠡᠭᠦᠳᠦᠨ ᠪᠠᠶᠢᠭᠤᠯᠬᠤ ᠠᠵᠢᠯ ᠢ ᠡᠬᠢᠯᠡᠭᠦᠯᠦᠨ᠎ᠡ᠃ | ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠠᠩᠭᠠᠯᠭ᠎ᠠ ᠶᠢ ᠰᠢᠯᠢᠳᠡᠭᠵᠢᠭᠦᠯᠦᠨ᠎ᠡ᠃ ᠰᠤᠷᠭᠠᠨ ᠬᠥᠮᠦᠵᠢᠯ ᠤᠨ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠬᠤ ᠭᠤᠷᠪᠠᠨ ᠵᠢᠯ ᠤᠨ | ᠠᠵᠢᠯᠯᠠᠭ᠎ᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠢ | ᠭᠤᠭᠴᠤᠭ᠎ᠠ ᠶᠢ ᠰᠠᠶᠢᠵᠢᠷᠠᠭᠤᠯᠬᠤ ᠪᠠ ᠴᠢᠳᠠᠪᠤᠷᠢ ᠶᠢ ᠳᠡᠭᠡᠭᠰᠢᠯᠡᠭᠦᠯᠬᠦ ᠲᠥᠷᠥᠯ ᠵᠦᠢᠯ ᠢ ᠬᠡᠷᠡᠭᠵᠢᠭᠦᠯᠦᠨ᠂ ᠠᠷᠪᠠ | ᠶᠢᠰᠦᠳᠦᠭᠡᠷ ᠳᠤᠮᠳᠠᠳᠤ ᠰᠤᠷᠭᠠᠭᠤᠯᠢ᠂ ᠬᠤᠶᠠᠳᠤᠭᠠᠷ ᠨᠢᠯᠬ᠎ᠠ ᠬᠡᠦᠬᠡᠳ ᠤᠨ ᠪᠦᠲᠦᠭᠡᠨ ᠪᠠᠶᠢᠭᠤᠯᠤᠯᠲᠠ ᠶᠢ | ᠪᠡᠶᠡᠯᠡᠭᠦᠯᠵᠦ᠂ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ | ᠬᠥᠭᠵᠢᠯᠲᠡ ᠶᠢ ᠦᠨᠡᠯᠡᠨ ᠵᠢᠱᠢᠵᠦ ᠰᠢᠯᠭᠠᠨ ᠠᠪᠬᠤ ᠪᠠᠷ ᠴᠢᠷᠮᠠᠶᠢᠨ᠎ᠠ᠃ ︽ᠬᠤᠶᠠᠷ ᠢ ᠪᠠᠭᠠᠰᠬᠠᠬᠤ︾ ᠲᠥᠷᠥ ᠶᠢᠨ | ᠪᠣᠳᠣᠯᠭ᠎ᠠ ᠶᠢ ᠨᠠᠷᠢᠯᠢᠭ ᠨᠠᠶᠢᠳᠠᠪᠤᠷᠢᠵᠢᠭᠤᠯᠵᠤ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠪᠠ ᠪᠠᠭᠰᠢ ᠶᠢᠨ | ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠰᠤᠷᠭᠠᠨ ᠬᠥᠮᠦᠵᠢᠯ ᠤᠨ ︽ᠭᠤᠷᠪᠠᠨ ᠨᠣᠷᠮ᠎ᠠ︾ ᠶᠢ ᠲᠠᠰᠤᠷᠠᠯᠲᠠ | ᠦᠭᠡᠢ ᠳᠡᠭᠡᠭᠰᠢᠯᠡᠭᠦᠯᠵᠦ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠴᠢᠷᠮᠠᠶᠢᠨ ᠰᠠᠶᠢᠲᠤᠷ | ᠡᠷᠭᠢᠯᠡᠨ᠋᠃ ᠡᠷᠡᠭᠦᠯ ᠮᠡᠨᠳᠦ ᠶᠢᠨ ᠦᠢᠯᠡᠴᠢᠯᠡᠭᠡᠨ ᠤ ᠬᠢᠷᠢ ᠲᠦᠪᠰᠢᠨ ᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠭᠤᠷᠪᠠᠨ ᠵᠢᠯ ᠤᠨ ᠠᠵᠢᠯᠯᠠᠭ᠎ᠠ | ᠡᠷᠡᠭᠦᠯ ᠡᠩᠬᠡ ᠬᠠᠶᠢᠨᠠᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠠᠬᠢᠭᠤᠯᠵᠤ᠂ ᠬᠢᠲᠠᠳ | ︵ᠮᠣᠩᠭᠤᠯ︶ ᠤᠨ ᠡᠮ ᠡᠮᠨᠡᠯᠭᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠬᠦᠨᠳᠦ ᠶᠡᠭᠡ | ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠡᠷᠡᠭᠦᠯ ᠬᠠᠮᠠᠭᠠᠯᠠᠯ ᠬᠤᠲᠠ ᠪᠠᠯᠭᠠᠰᠤ ᠶᠢ ᠡᠭᠦᠳᠦᠨ ᠪᠠᠶᠢᠭᠤᠯᠤᠭᠰᠠᠨ ᠦᠷ᠎ᠡ | ᠪᠦᠲᠦᠭᠡᠯ ᠢ ᠪᠠᠬᠢᠵᠢᠭᠦᠯᠵᠦ᠂ ᠢᠨᠲ᠋ᠧᠷ ᠰᠦᠯᠵᠢᠶᠡᠨ ᠤ ᠡᠮᠴᠢᠯᠡᠭᠡᠨ ᠤ ᠦᠢᠯᠡᠴᠢᠯᠡᠭᠡ ᠶᠢ ᠶᠡᠬᠡᠪᠡᠷ ᠥᠷᠨᠢᠭᠦᠯᠵᠦ᠂ | ᠲᠣᠭᠤᠷᠢᠭ ᠤᠨ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠶᠠᠰᠤᠨ ᠤ ᠰᠢᠷᠬᠠᠲᠤᠯ ᠢ ᠣᠨᠣᠰᠢᠯᠠᠨ ᠡᠮᠨᠡᠬᠦ ᠲᠥᠪ ᠢ | ᠪᠠᠶᠢᠭᠤᠯᠵᠤ᠂ ᠣᠯᠠᠨ ᠲᠦᠮᠡᠨ ᠤ ᠡᠪᠡᠳᠴᠢᠨ ᠦᠵᠡᠭᠦᠯᠬᠦ ᠬᠠᠨᠤᠮᠵᠢ ᠶᠢᠨ ᠬᠡᠮᠵᠢᠶ᠎ᠡ ᠶᠢ ᠦᠨᠡᠨᠬᠦ | ᠳᠡᠭᠡᠭᠰᠢᠯᠡᠭᠦᠯᠦᠨ᠎ᠡ᠃ | ᠨᠠᠭᠠᠲᠤ ᠵᠠᠬ᠎ᠠ ᠶᠢᠨ ᠱᠤᠭᠤᠮ ᠤᠨ ᠰᠡᠳᠬᠢᠬᠦᠢ ᠶᠢ ᠪᠠᠷᠢᠮᠲᠠᠯᠠᠨ᠂ ᠠᠮᠤᠷ ᠲᠦᠪᠰᠢᠨ ᠢ ᠪᠠᠲᠤᠯᠠᠵᠤ᠂ | ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠬᠠᠮᠠᠭᠠᠯᠠᠨ᠎ᠠ | ᠠᠮᠤᠷ ᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠶᠤᠯᠭᠦᠢ | ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠠᠮᠤᠷ ᠲᠦᠪᠰᠢᠨ ᠤ ᠪᠠᠲᠤᠯᠠᠪᠤᠷᠢ ᠶᠢᠨ ᠴᠢᠳᠠᠪᠤᠷᠢ ᠶᠢ | ᠳᠡᠭᠡᠭᠰᠢᠯᠡᠭᠦᠯᠵᠦ᠂ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠨ᠎ᠠ᠃ ᠬᠦᠨᠳᠦ ᠶᠡᠭᠡ ᠠᠶᠤᠯ | ᠲᠦᠭᠰᠢᠭᠦᠷᠢ ᠶᠢ ᠰᠡᠷᠭᠡᠶᠢᠯᠡᠨ ᠠᠷᠢᠯᠭᠠᠪᠠ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠶᠤᠯ ᠦᠭᠡᠢ ᠦᠢᠯᠡᠳᠪᠦᠷᠢᠯᠡᠯ ᠤᠨ ᠲᠤᠰᠬᠠᠢ ᠵᠦᠢᠯ ᠤᠨ | ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠶᠢ ᠨᠢᠭᠡᠳᠦᠯᠲᠡᠢ | ᠲᠥᠯᠥᠪᠯᠡᠨ ᠰᠠᠶᠢᠲᠤᠷ ᠠᠳᠬᠤᠵᠤ᠂ ᠠᠭᠤᠷᠬᠠᠢ᠂ ᠠᠶᠤᠯᠲᠠᠢ ᠬᠢᠮᠢ᠂ ᠰᠢᠲᠠᠮᠠᠬᠠᠢ ᠬᠡᠢ ᠵᠡᠷᠭᠡ ᠭᠤᠣᠯᠳᠠᠯᠭ᠎ᠠ ᠲᠠᠢ | ᠠᠵᠢᠯ ᠲᠥᠷᠥᠯ ᠤᠨ ᠬᠦᠷᠢᠶᠡᠨ ᠳᠠᠬᠢ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ | ᠵᠠᠰᠠᠬᠤ ᠶᠢ ᠭᠦᠨᠵᠡᠭᠡᠢ ᠥᠷᠨᠢᠭᠦᠯᠵᠦ᠂ ᠬᠦᠨᠳᠦ ᠶᠡᠭᠡ ᠣᠨᠴᠠ ᠶᠡᠭᠡ ᠠᠳᠡᠯ ᠢ ᠡᠷᠡᠰ ᠰᠡᠷᠭᠡᠶᠢᠯᠡᠨ ᠬᠤᠷᠢᠭᠯᠠᠨ᠎ᠠ᠃ | ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠲᠡᠭᠦᠯᠳᠡᠷᠵᠢᠭᠦᠯᠵᠦ᠂ ᠡᠳ᠋ ᠪᠣᠳᠠᠰ ᠤᠨ ᠨᠥᠭᠡᠴᠡᠯᠡᠯᠲᠡ ᠶᠢ | ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠵᠣᠬᠢᠶᠠᠨ ᠪᠠᠶᠢᠭᠤᠯᠵᠤ᠂ ᠬᠦᠨᠳᠦ ᠶᠡᠭᠡ | ᠭᠡᠨᠡᠳᠲᠡ ᠶᠢᠨ ᠬᠡᠷᠡᠭ ᠢ ᠪᠦᠲᠦᠮᠵᠢᠲᠡᠶ ᠪᠠᠷ ᠠᠷᠭᠠᠴᠠᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ | ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ ᠨᠡᠭᠦᠷᠡᠰᠦᠨ ᠤ ᠵᠠᠬ᠎ᠠ ᠳᠡᠯᠭᠡᠭᠦᠷ ᠤᠨ ᠠᠵᠢᠯᠯᠠᠭᠠᠨ ᠢ ᠬᠢᠨᠠᠨ ᠬᠡᠮᠵᠢᠬᠦ | ᠲᠠᠪᠴᠠᠩ᠂ ᠭᠠᠶᠢᠯᠢ ᠶᠢ ᠶᠡᠷᠦᠩᠬᠡᠶᠢᠯᠡᠨ ᠵᠠᠰᠠᠬᠤ ᠲᠠᠪᠴᠠᠩ ᠢ ᠰᠠᠶᠢᠲᠤᠷ ᠬᠡᠷᠡᠭᠯᠡᠵᠦ᠂ ᠨᠡᠭᠦᠷᠡᠰᠦ᠂ ᠡᠳ᠋ ᠪᠠᠷᠠᠭᠠᠨ ᠤ | ᠭᠦᠢᠯᠭᠡᠭᠡ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠤᠨ ᠭᠠᠶᠢᠯᠢ ᠲᠠᠲᠠᠪᠤᠷᠢᠯᠠᠵᠤ ᠬᠠᠮᠢᠶᠠᠷᠬᠤ ᠠᠵᠢᠯ ᠢ | ᠴᠢᠩᠭᠠᠳᠬᠠᠨ᠎ᠠ᠃ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠪᠠᠩᠬᠢ ᠶᠢᠨ ᠪᠠᠶᠢᠭᠤᠯᠤᠮᠵᠢ ᠶᠢᠨ ᠠᠰᠠᠭᠤᠳᠠᠯ ᠲᠠᠢ | ᠡᠳ᠋ ᠬᠥᠷᠥᠩᠭᠡ ᠶᠢ ᠢᠯᠭᠠᠷᠠᠭᠤᠯᠤᠨ ᠬᠤᠷᠢᠶᠠᠵᠤ ᠰᠢᠢᠳᠪᠦᠷᠢᠯᠡᠬᠦ ᠶᠢ ᠡᠮᠬᠢ ᠵᠢᠷᠤᠮ ᠲᠠᠢ ᠪᠠᠷ ᠠᠬᠢᠭᠤᠯᠵᠤ᠂ | ᠵᠠᠰᠠᠭ ᠤᠨ ᠣᠷᠳᠣᠨ ᠤ ᠥᠷᠢ ᠥᠭᠴᠡᠭᠡ ᠶᠢᠨ ᠲᠦᠭᠰᠢᠭᠦᠷᠢ ᠶᠢ ᠠᠷᠢᠯᠭᠠᠵᠤ᠂ ᠬᠠᠤᠯᠢ ᠲᠣᠭᠲᠠᠭᠠᠯ ᠶᠣᠰᠣᠭᠠᠷ | ᠦᠬᠠᠢ ᠶᠢᠨ ᠬᠢᠮᠢ ᠶᠢᠨ ᠠᠵᠤ ᠦᠢᠯᠡᠳᠪᠦᠷᠢ ᠵᠡᠷᠭᠡ ᠠᠵᠤ ᠠᠬᠤᠶᠢᠯᠠᠯ ᠤᠨ ᠳᠠᠮᠫᠤᠷᠠᠵᠤ ᠳᠠᠬᠢᠨ ᠴᠡᠭᠴᠡᠯᠡᠬᠦ ᠶᠢ | ᠠᠬᠢᠭᠤᠯᠵᠤ᠂ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ | ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠲᠦᠭᠰᠢᠭᠦᠷᠢ ᠥᠯᠥ ᠭᠠᠷᠭᠠᠬᠤ ᠬᠤᠷᠢᠭ᠎ᠠ ᠱᠤᠭᠤᠮ ᠢ ᠪᠠᠲᠤ | ᠰᠠᠬᠢᠨ᠎ᠠ᠃ ᠨᠡᠶᠢᠭᠡᠮ ᠤᠨ ᠶᠡᠷᠦᠩᠬᠡᠶᠢᠯᠡᠭᠰᠡᠨ ᠵᠠᠰᠠᠯᠲᠠ ᠶᠢ ᠴᠢᠩᠭᠠᠳᠬᠠᠨ᠎ᠠ᠃ ᠨᠡᠶᠢᠭᠡᠮ ᠤᠨ ᠵᠠᠰᠠᠯᠲᠠ ᠪᠠ | ᠦᠢᠯᠡᠴᠢᠯᠡᠭᠡᠨ ᠤ ᠲᠥᠪ ᠢ ᠳᠣᠷᠣᠭᠰᠢ ᠰᠢᠯᠵᠢᠭᠦᠯᠬᠦ᠂ ᠡᠬᠢ ᠪᠠᠶᠠᠯᠢᠭ ᠢ ᠳᠣᠷᠣᠭᠰᠢ ᠪᠠᠭᠤᠯᠭᠠᠬᠤ ᠶᠢ ᠠᠬᠢᠭᠤᠯᠵᠤ᠂ | ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠢ ᠪᠠᠬᠢᠵᠢᠭᠦᠯᠵᠦ᠂ ︽12345︾ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢᠨ ᠳᠠᠭᠠᠬᠤ ᠨᠣᠷᠮ᠎ᠠ᠂ ᠰᠢᠢᠳᠪᠦᠷᠢᠯᠡᠬᠦ | ᠨᠣᠷᠮ᠎ᠠ᠂ ᠬᠠᠨᠤᠮᠵᠢ ᠶᠢᠨ ᠨᠣᠷᠮ᠎ᠠ ᠪᠠ ᠴᠠᠭ ᠲᠤᠬᠠᠢ ᠳᠤᠨᠢ ᠰᠢᠢᠳᠪᠦᠷᠢᠯᠡᠵᠦ ᠳᠠᠭᠤᠰᠬᠠᠬᠤ ᠨᠣᠷᠮ᠎ᠠ ᠶᠢ | ᠦᠷᠭᠦᠯᠵᠢᠯᠡᠨ ᠳᠡᠭᠡᠭᠰᠢᠯᠡᠭᠦᠯᠦᠨ᠎ᠡ᠃ ᠪᠦᠬᠦ ᠤᠯᠤᠰ ᠤᠨ ᠵᠠᠬᠢᠳᠠᠯ ᠰᠣᠷᠪᠤᠯᠵᠢᠯᠠᠭ᠎ᠠ ᠶᠢᠨ ᠵᠢᠱᠢᠶ᠎ᠡ ᠦᠵᠡᠭᠦᠯᠬᠦ | ᠣᠷᠣᠨ ᠢ ᠡᠭᠦᠳᠦᠨ ᠪᠠᠶᠢᠭᠤᠯᠬᠤ ᠪᠠᠷ ᠬᠠᠷᠠᠯᠲᠠ ᠪᠣᠯᠭᠠᠨ᠂ ︽ᠶᠡᠭᠡ ᠪᠠᠷ ᠰᠤᠷᠪᠤᠯᠵᠢᠯᠠᠬᠤ᠂ ᠶᠡᠭᠡ ᠪᠠᠷ ᠵᠢᠭᠰᠠᠭᠠᠨ | ᠪᠠᠶᠢᠴᠠᠭᠠᠬᠤ᠂ ᠶᠡᠭᠡ ᠪᠠᠷ ᠡᠶᠡᠳᠡᠭᠦᠯᠬᠦ᠂ ᠶᠡᠭᠡ ᠪᠠᠷ ᠳᠡᠭᠡᠭᠰᠢᠯᠡᠭᠦᠯᠬᠦ︾ ᠪᠠ ︽ᠵᠠᠬᠢᠳᠠᠯ ᠰᠣᠷᠪᠤᠯᠵᠢᠯᠠᠭ᠎ᠠ ᠶᠢᠨ | ᠠᠰᠠᠭᠤᠳᠠᠯ ᠢ ᠡᠬᠢ ᠰᠤᠷᠪᠤᠯᠵᠢ ᠠᠴᠠ ᠨᠢ ᠵᠠᠰᠠᠬᠤ︾ ᠭᠤᠷᠪᠠᠨ ᠵᠢᠯ ᠤᠨ ᠪᠡᠷᠬᠡ ᠰᠡᠳᠦᠪ ᠢ ᠰᠢᠢᠳᠪᠦᠷᠢᠯᠡᠬᠦ | ᠠᠵᠢᠯᠯᠠᠭ᠎ᠠ ᠶᠢ ᠭᠦᠨᠵᠡᠭᠡᠢ ᠲᠦᠯᠬᠢᠨ ᠠᠬᠢᠭᠤᠯᠵᠤ᠂ ᠵᠠᠬᠢᠳᠠᠯ ᠰᠣᠷᠪᠤᠯᠵᠢᠯᠠᠭ᠎ᠠ ᠶᠢ ᠣᠷᠣᠯᠠᠨ ᠰᠢᠢᠳᠪᠦᠷᠢᠯᠡᠬᠦ | ᠦᠢᠯᠡᠴᠢᠯᠡᠭᠡ ᠶᠢ ᠭᠦᠨᠵᠡᠭᠡᠶᠢᠷᠡᠭᠦᠯᠦᠨ᠂ ᠤᠯᠠᠨ ᠲᠦᠮᠡᠨ ᠤ ᠵᠦᠢ ᠶᠣᠰᠣᠨ ᠤ ᠭᠤᠮᠣᠳᠠᠯ ᠱᠠᠭᠠᠷᠳᠠᠯᠭ᠎ᠠ ᠶᠢ ᠬᠠᠤᠯᠢ | ᠶᠣᠰᠣᠭᠠᠷ ᠴᠠᠭ ᠲᠤᠬᠠᠢ ᠳᠤᠨᠢ ᠲᠤᠬᠠᠢ ᠶᠢᠨ ᠭᠠᠵᠠᠷ ᠲᠤᠨᠢ ᠰᠢᠢᠳᠪᠦᠷᠢᠯᠡᠨ᠎ᠡ᠃ ᠠᠮᠤᠷ ᠲᠠᠶᠢᠪᠤᠩ ᠬᠠᠶᠢᠨᠠᠨ | ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠎ᠡ᠃ ︽ᠭᠡᠭᠡᠨ ᠰᠠᠷᠠᠭᠤᠯ ᠢᠨᠵᠧᠨᠧᠷᠢᠩ︾ ᠤᠨ | ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠲᠦᠯᠬᠢᠨ ᠠᠬᠢᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ | ᠠᠷᠢᠯᠭᠠᠬᠤ᠂ ᠠᠮᠢᠨ ᠬᠡᠷᠡᠭ ᠳᠠᠷᠤᠭᠳᠠᠮᠠᠯ ᠬᠡᠷᠡᠭ ᠤᠨ ᠪᠡᠷᠬᠡ ᠰᠡᠳᠦᠪ ᠢ ᠰᠢᠢᠳᠪᠦᠷᠢᠯᠡᠬᠦ ᠵᠡᠷᠭᠡ ᠲᠤᠰᠬᠠᠢ | ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠬᠤᠳᠠ ᠶᠢᠨ ᠠᠮᠤᠷ ᠲᠦᠪᠰᠢᠨ ᠤ ᠤᠶᠠᠨ ᠬᠠᠳᠠᠨ ᠴᠢᠨᠠᠷ ᠢ | ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠫᠤᠤ ᠵᠡᠪᠰᠡᠭ ᠳᠡᠯᠪᠡᠷᠡᠯᠲᠡ ᠳᠤ ᠬᠤᠯᠪᠣᠭᠳᠠᠭᠰᠠᠨ᠂ ᠴᠠᠬᠢᠯᠭᠠᠨ | ᠬᠤᠯᠪᠣᠭ᠎ᠠ ᠰᠦᠯᠵᠢᠶ᠎ᠡ ᠪᠠᠷ ᠮᠡᠬᠡᠯᠡᠬᠦ ᠵᠡᠷᠭᠡ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ | ᠴᠢᠩᠭ᠎ᠠ ᠴᠣᠬᠢᠯᠲᠠ ᠥᠭᠴᠦ ᠵᠠᠯᠬᠠᠭᠠᠨ ᠰᠢᠳᠭᠡᠵᠦ᠂ ︽ᠠᠮᠤᠷ ᠲᠠᠶᠢᠪᠤᠩ ᠳᠤᠮᠳᠠᠳᠤ ᠤᠯᠤᠰ ᠤᠨ ᠪᠦᠲᠦᠭᠡᠨ | ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠳᠠ︾ ᠶᠢ ᠡᠭᠦᠳᠦᠨ ᠪᠠᠶᠢᠭᠤᠯᠵᠤ᠂ ︽ᠪᠦᠬᠦ ᠤᠯᠤᠰ ᠤᠨ ᠬᠤᠣᠷᠲᠤ | ᠡᠳ᠋ ᠢ ᠴᠠᠭᠠᠵᠠᠯᠠᠬᠤ ᠵᠢᠱᠢᠶ᠎ᠡ ᠦᠵᠡᠭᠦᠯᠬᠦ ᠬᠤᠳᠠ︾ ᠶᠢ ᠡᠭᠦᠳᠦᠨ ᠪᠠᠶᠢᠭᠤᠯᠬᠤ ᠪᠠᠷ ᠴᠢᠷᠮᠠᠶᠢᠨ᠎ᠠ᠃ ᠰᠢᠨ᠎ᠡ ᠴᠠᠭ | ᠦᠶ᠎ᠡ ᠶᠢᠨ ᠦᠨᠳᠦᠰᠦᠲᠡᠨ ᠤ ᠠᠵᠢᠯ ᠢ ᠰᠠᠶᠢᠲᠤᠷ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ | ᠪᠠᠶᠢᠭᠤᠯᠬᠤ ︽ᠰᠠᠭᠤᠷᠢ ᠲᠠᠯᠪᠢᠵᠤ ᠶᠠᠰᠤ ᠴᠢᠨᠠᠷ ᠢ ᠳᠡᠭᠡᠭᠰᠢᠯᠡᠭᠦᠯᠬᠦ᠂ ᠦᠨᠳᠦᠰᠦ ᠬᠠᠳᠬᠤᠨ ᠰᠦᠭ ᠰᠦᠨᠡᠰᠦ ᠶᠢ | ᠪᠣᠶᠢᠵᠢᠭᠤᠯᠬᠤ᠂ ᠨᠡᠷᠡᠳᠤ ᠲᠡᠮᠳᠡᠭᠲᠦ ᠪᠠᠷ ᠬᠥᠲᠥᠯᠥᠨ ᠳᠠᠭᠠᠭᠤᠯᠬᠤ︾ ᠭᠤᠷᠪᠠᠨ ᠶᠡᠭᠡ ᠢᠨᠵᠧᠨᠧᠷᠢᠩ ᠢ | ᠬᠡᠷᠡᠭᠵᠢᠭᠦᠯᠵᠦ᠂ ᠥᠷᠭᠡᠨ ᠤᠯᠠᠨ ᠺᠠᠳ᠋ᠷ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ︽ᠵᠢᠷᠭᠤᠭᠠᠨ | ᠥᠭᠦᠯᠡᠪᠦᠷᠢ︾ ᠶᠢᠨ ᠪᠣᠳᠠᠲᠤ ᠬᠡᠷᠡᠭ ᠪᠠ ᠶᠣᠰᠣ ᠤᠴᠢᠷ ᠢ ᠭᠦᠨᠵᠡᠭᠡᠢ ᠣᠶᠢᠯᠠᠭᠠᠭᠤᠯᠤᠨ ᠡᠵᠡᠮᠰᠢᠭᠦᠯᠵᠦ᠂ | ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠪᠠ ᠤᠯᠤᠰ ᠤᠨ | ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠠᠵᠢᠯ ᠢ ᠡᠮᠬᠢ | ᠵᠢᠷᠤᠮ ᠲᠠᠢ ᠪᠠᠷ ᠰᠠᠶᠢᠲᠤᠷ ᠬᠢᠵᠦ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ | ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠶᠢ ᠦᠷᠭᠦᠯᠵᠢᠯᠡᠨ ᠲᠦᠯᠬᠢᠨ ᠠᠬᠢᠭᠤᠯᠤᠨ᠎ᠠ᠃ | ᠥᠭᠡᠷᠡᠴᠢᠯᠡᠯᠲᠡ ᠨᠡᠭᠡᠭᠡᠯᠲᠡ ᠬᠢᠬᠦ ᠶᠢ ᠪᠠᠷᠢᠮᠲᠠᠯᠠᠵᠤ᠂ ᠳᠠᠪᠠᠭᠤᠯᠢᠭ ᠢ ᠪᠣᠶ ᠪᠣᠯᠭᠠᠵᠤ᠂ ᠲᠡᠷᠢᠭᠦᠨ ᠵᠡᠷᠭᠡ ᠶᠢᠨ | ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠪᠣᠶ ᠪᠣᠯᠭᠠᠨ᠎ᠠ | ᠦᠷᠭᠦᠯᠵᠢᠯᠡᠨ ᠥᠭᠡᠷᠡᠴᠢᠯᠡᠯᠲᠡ ᠠᠴᠠ ᠠᠮᠢᠵᠢᠷᠠᠯ ᠤᠨ ᠬᠦᠴᠦᠨ ᠣᠯᠵᠤ᠂ ᠰᠢᠨ᠎ᠡ ᠶᠢ ᠡᠭᠦᠳᠬᠦ ᠠᠴᠠ | ᠬᠥᠳᠡᠯᠭᠡᠬᠦ ᠬᠦᠴᠦᠨ ᠣᠯᠵᠤ᠂ ᠨᠡᠭᠡᠭᠡᠯᠲᠡ ᠬᠢᠬᠦ ᠠᠴᠠ ᠣᠷᠣᠨ ᠵᠠᠢ ᠣᠯᠵᠤ᠂ ᠬᠥᠭᠵᠢᠯᠲᠡ ᠶᠢᠨ ᠰᠢᠨ᠎ᠡ ᠬᠥᠳᠡᠯᠭᠡᠬᠦ | ᠬᠦᠴᠦᠨ ᠢ ᠲᠠᠰᠤᠷᠠᠯᠳᠡ ᠦᠭᠡᠢ ᠪᠤᠢ ᠪᠣᠯᠭᠠᠬᠤ ᠬᠡᠷᠡᠭᠲᠡᠢ᠃ ᠥᠭᠡᠷᠡᠴᠢᠯᠡᠯᠲᠡ ᠶᠢ ᠨᠡᠩ ᠶᠡᠭᠡ ᠡᠷᠴᠢᠮ ᠢᠶᠠᠷ | ᠭᠦᠨᠵᠡᠭᠡᠶᠢᠷᠡᠭᠦᠯᠦᠨ᠎ᠡ᠃ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠶᠡᠬᠡᠪᠡᠷ ᠥᠷᠨᠢᠭᠦᠯᠵᠦ᠂ | ︽ᠵᠠᠰᠠᠭ ᠤᠨ ᠣᠷᠳᠣᠨ ᠤ ᠠᠮᠠᠯᠠᠯᠲᠠ + ᠨᠡᠶᠢᠭᠡᠮ ᠤᠨ ᠬᠢᠨᠠᠯᠲᠠ ᠲᠠᠯᠪᠢᠬᠤ + ᠢᠲᠡᠭᠡᠯ ᠠᠯᠳᠠᠭᠰᠠᠨ ᠠᠴᠠ | ᠬᠠᠷᠢᠭᠤᠴᠠᠯᠭ᠎ᠠ ᠨᠡᠬᠡᠮᠵᠢᠯᠡᠬᠦ︾ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠵᠠᠰᠠᠭ ᠤᠨ ᠶᠠᠪᠤᠳᠠᠯ ᠤᠨ ᠦᠨᠡᠨᠴᠢ | ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ ᠪᠠ ᠬᠠᠤᠯᠢ | ᠴᠠᠭᠠᠵᠠ ᠶᠢᠨ ᠣᠯᠠᠨ ᠨᠡᠶᠢᠲᠡ ᠶᠢᠨ ᠢᠲᠡᠭᠡᠮᠵᠢ ᠶᠢᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ | ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠪᠠᠷ ᠭᠠᠷᠳᠠᠴᠠ ᠪᠣᠯᠭᠠᠵᠤ᠂ ︽ᠨᠢᠭᠡ ᠰᠦᠯᠵᠢᠶ᠎ᠡ ᠪᠠᠷ | ᠨᠡᠶᠢᠳᠡᠮ ᠡᠷᠭᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠰᠠᠶᠢᠲᠤᠷ ᠬᠢᠵᠦ᠂ ᠬᠦᠷᠢᠶᠡᠯᠡᠩ ᠲᠣᠭᠤᠷᠢᠭ ᠵᠢᠴᠢ | ᠦᠨᠳᠦᠰᠦᠨ ᠱᠠᠲᠤᠨ ᠤ ᠲᠥᠪ ︵ᠥᠷᠲᠡᠭᠡ︶ ᠤᠨ ᠳᠥᠭᠦᠮᠴᠢᠯᠡᠯᠲᠡ ᠶᠢᠨ ᠪᠦᠲᠦᠭᠡᠨ ᠪᠠᠶᠢᠭᠤᠯᠤᠯᠲᠠ ᠶᠢ | ᠠᠬᠢᠭᠤᠯᠤᠨ᠎ᠠ᠃ ᠰᠢᠨ᠎ᠡ ᠨᠢᠭᠡ ᠡᠭᠡᠯᠵᠢ ᠶᠢᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢ ᠡᠬᠢᠯᠡᠭᠦᠯᠵᠦ᠂ ᠲᠣᠭᠤᠷᠢᠭ ᠤᠨ | ᠬᠠᠷᠢᠶᠠᠨ ᠳᠠᠬᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠳᠠᠬᠢᠨ | ᠵᠣᠬᠢᠶᠠᠨ ᠪᠠᠶᠢᠭᠤᠯᠬᠤ ᠪᠠ ᠲᠤᠰᠬᠠᠶᠢᠵᠢᠭᠤᠯᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠵᠠᠬ᠎ᠠ | ᠳᠡᠯᠭᠡᠭᠦᠷ ᠲᠤ ᠭᠠᠷᠬᠤ ᠶᠢ ᠠᠬᠢᠭᠤᠯᠬᠤ ︽ᠲᠢᠶᠠᠨ ᠵᠢᠶᠦ᠋ᠨ ᠦᠢᠯᠡᠴᠢᠯᠡᠭᠡᠨ ᠤ ᠲᠥᠯᠥᠪᠯᠡᠭᠡ︾ ᠶᠢ ᠬᠢᠨᠠᠮᠠᠭᠠᠢ | ᠨᠠᠶᠢᠳᠠᠪᠤᠷᠢᠵᠢᠭᠤᠯᠵᠤ᠂ ᠳᠡᠯᠡᠬᠡᠢ ᠶᠢᠨ ᠣᠷᠴᠢᠨ ᠲᠣᠭᠤᠷᠢᠨ ᠤ ᠰᠢᠨ᠎ᠡ ᠮᠠᠲ᠋ᠧᠷᠢᠶᠠᠯ ᠤᠨ ︽ᠡᠬᠡ ᠬᠠᠭᠤᠷᠠᠢ ᠳᠤ | ᠭᠠᠷᠬᠤ︾ ᠤᠮᠠᠷᠠᠲᠤ ᠠᠷᠠᠯᠵᠢᠶᠠᠨ ᠤ ᠭᠠᠵᠠᠷ ᠢ ᠲᠦᠯᠬᠢᠨ ᠠᠬᠢᠭᠤᠯᠤᠨ᠎ᠠ᠃ ᠨᠡᠩ ᠪᠣᠳᠠᠲᠠᠢ ᠠᠷᠭ᠎ᠠ ᠬᠡᠮᠵᠢᠶ᠎ᠡ ᠠᠪᠴᠤ | ᠰᠢᠨ᠎ᠡ ᠶᠢ ᠡᠭᠦᠳᠬᠦ ᠶᠢ ᠴᠢᠩᠭᠠᠳᠬᠠᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ | ᠢᠨᠵᠧᠨᠧᠷᠢᠩ ᠢᠶᠠᠷ ᠭᠠᠷᠳᠠᠴᠠ ᠪᠣᠯᠭᠠᠵᠤ᠂ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢ | ᠬᠥᠭᠵᠢᠭᠦᠯᠬᠦ︾ 2.0 ᠬᠡᠪ ᠤᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠬᠢᠨᠠᠮᠠᠭᠠᠢ ᠨᠠᠶᠢᠳᠠᠪᠤᠷᠢᠵᠢᠭᠤᠯᠤᠨ᠂ 1538 | ᠲᠦᠮᠡᠨ ᠲᠥᠭᠦᠷᠢᠭ ᠤᠨ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢ ᠬᠥᠭᠵᠢᠭᠦᠯᠬᠦ︾ ᠪᠡᠯᠡ | ᠮᠥᠩᠭᠦ ᠭᠠᠷᠭᠠᠵᠤ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠪᠠᠶᠢᠭᠤᠯᠤᠮᠵᠢ ᠪᠠᠶᠢᠭᠤᠯᠵᠤ᠂ ᠰᠤᠳᠤᠯᠤᠨ ᠨᠡᠭᠡᠭᠡᠬᠦ | ᠠᠵᠢᠯᠯᠠᠭ᠎ᠠ ᠥᠷᠨᠢᠭᠦᠯᠦᠨ᠂ ᠰᠤᠳᠤᠯᠤᠨ ᠨᠡᠭᠡᠭᠡᠬᠦ ᠣᠷᠣᠭᠤᠯᠤᠯᠲᠠ ᠪᠠᠨ ᠨᠡᠮᠡᠭᠳᠡᠭᠦᠯᠵᠦ᠂ ᠠᠵᠤ ᠠᠬᠤᠶᠢᠯᠠᠯ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢ | ᠵᠣᠷᠢᠭᠵᠢᠭᠤᠯᠤᠨ᠎ᠠ᠃ ︽ᠬᠤᠶᠠᠷ ᠳᠠᠬᠢᠨ ᠢᠶᠠᠷ ᠨᠡᠮᠡᠭᠳᠡᠭᠦᠯᠬᠦ᠂ ᠬᠤᠶᠠᠷ ᠢ ᠳᠡᠭᠡᠭᠰᠢᠯᠡᠭᠦᠯᠬᠦ︾ ᠠᠵᠢᠯᠯᠠᠭ᠎ᠠ ᠶᠢ | ᠭᠦᠨᠵᠡᠭᠡᠢ ᠬᠡᠷᠡᠭᠵᠢᠭᠦᠯᠵᠦ᠂ ᠲᠣᠭᠲᠠᠭᠠᠭᠰᠠᠨ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ | ︽ᠭᠤᠷᠪᠠ ᠶᠢ ᠪᠦᠷᠢᠨ ᠪᠦᠷᠬᠦᠭᠦᠯᠬᠦ︾ ᠶᠢ ᠬᠦᠴᠦᠯᠡᠨ ᠠᠬᠢᠭᠤᠯᠵᠤ᠂ ᠳᠡᠭᠡᠳᠦ ᠰᠢᠨ᠎ᠡ ᠮᠡᠷᠭᠡᠵᠢᠯ ᠤᠨ ᠠᠵᠤ | ᠠᠬᠤᠶᠢᠯᠠᠯ 3᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ 10 | ᠰᠢᠨ᠎ᠡ ᠪᠠᠷ ᠨᠡᠮᠡᠭᠳᠡᠭᠦᠯᠬᠦ ᠪᠠᠷ ᠴᠢᠷᠮᠠᠶᠢᠨ᠎ᠠ᠃ ᠨᠡᠭᠡᠭᠡᠯᠲᠡ ᠬᠢᠬᠦ ᠶᠢ ᠥᠷᠭᠡᠳᠬᠡᠬᠦ ᠪᠠᠷ ᠨᠡᠩ ᠴᠢᠩᠭ᠎ᠠ ᠵᠣᠷᠢᠭ | ᠰᠢᠭᠤᠳᠬᠤ ᠬᠡᠷᠡᠭᠲᠡᠢ᠃ ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠤᠯᠤᠰ ᠤᠨ ᠤᠮᠠᠷᠠᠰᠢ ᠨᠡᠭᠡᠭᠡᠯᠲᠡ ᠬᠢᠬᠦ | ᠴᠢᠬᠤᠯᠠ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠳᠤ ᠠᠭᠤᠰᠤᠯᠴᠠᠵᠤ᠂ ᠥᠪᠡᠷᠲᠡᠭᠡᠨ ᠵᠠᠰᠠᠬᠤ ᠣᠷᠣᠨ ᠤ | ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠬᠤ ᠲᠤᠷᠰᠢᠯᠲᠠ ᠶᠢᠨ ᠴᠢᠭ᠋ ᠢ ᠲᠦᠷᠭᠡᠳᠬᠡᠨ | ᠠᠬᠢᠭᠤᠯᠵᠤ᠂ ᠲᠣᠰ ᠭᠠᠵᠠᠷ ᠣᠷᠣᠨ ᠤ ᠭᠠᠳᠠᠭᠠᠳᠤ ᠠᠷᠠᠯᠵᠢᠶ᠎ᠠ ᠶᠢᠨ ᠠᠵᠤ ᠠᠬᠤᠶᠢᠯᠠᠯ ᠤᠨ ᠭᠠᠳᠠᠭᠠᠳᠤ ᠳᠠᠬᠢ | ᠬᠥᠮᠥᠷᠭᠡ ᠪᠠᠶᠢᠭᠤᠯᠬᠤ ᠶᠢ ᠳᠡᠮᠵᠢᠵᠦ᠂ ᠳᠣᠷᠣᠨᠠᠲᠤ ᠣᠷᠣᠨ ᠤ ᠬᠦᠨᠳᠦ ᠠᠵᠤ ᠦᠢᠯᠡᠳᠪᠦᠷᠢ᠂ ᠱᠢ ᠬᠤᠸᠠᠨ ᠵᠡᠷᠭᠡ | ᠠᠵᠤ ᠠᠬᠤᠶᠢᠯᠠᠯ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠬᠡᠪᠴᠢᠶ᠎ᠡ ᠶᠢ ᠦᠷᠭᠦᠯᠵᠢᠯᠡᠨ | ᠥᠷᠭᠡᠳᠬᠡᠵᠦ᠂ ︽ᠮᠣᠩᠭᠤᠯ ᠤᠨ ᠨᠡᠭᠦᠷᠡᠰᠦ ᠶᠢ ᠦᠺᠷᠠᠶᠢᠨ ᠳᠤ ᠣᠷᠣᠭᠤᠯᠬᠤ︾ ᠶᠢ ᠶᠡᠬᠡᠪᠡᠷ ᠠᠬᠢᠭᠤᠯᠵᠤ᠂ | ᠣᠶᠤᠨᠴᠢ ᠬᠦᠢᠲᠡᠨ ᠬᠡᠯᠬᠢᠶᠡᠲᠦ ᠲᠥᠷᠥᠯ ᠵᠦᠢᠯ ᠢ ᠡᠬᠢᠯᠡᠨ ᠬᠡᠷᠡᠭᠵᠢᠭᠦᠯᠵᠦ᠂ ᠳᠤᠮᠳᠠᠳᠤ ᠮᠣᠩᠭᠤᠯ ᠣᠷᠣᠰ ᠤᠨ | ᠣᠨᠴᠠᠯᠢᠭᠲᠤ ᠠᠷᠠᠯᠵᠢᠶ᠎ᠠ ᠶᠢᠨ ᠣᠷᠣᠨ ᠤ ᠭᠠᠳᠠᠭᠠᠳᠤ ᠠᠷᠠᠯᠵᠢᠶ᠎ᠠ ᠶᠢᠨ ᠡᠵᠡᠩᠨᠡᠯᠲᠡ ᠶᠢᠨ ᠬᠡᠯᠪᠡᠷᠢ ᠪᠠᠶᠢᠳᠠᠯ ᠢ | ᠲᠠᠰᠤᠷᠠᠯᠲᠠ ᠦᠭᠡᠢ ᠪᠠᠶᠠᠯᠢᠭᠵᠢᠭᠤᠯᠤᠨ᠂ ᠭᠠᠳᠠᠭᠠᠳᠤ ᠠᠷᠠᠯᠵᠢᠶ᠎ᠠ ᠶᠢᠨ ᠰᠢᠨ᠎ᠡ ᠬᠥᠳᠡᠯᠭᠡᠬᠦ ᠬᠦᠴᠦᠨ ᠢ | ᠪᠣᠶᠢᠵᠢᠭᠤᠯᠤᠨ᠎ᠠ᠃ | ᠭᠤᠷᠪᠠ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠨ᠎ᠠ | ᠰᠢᠨ᠎ᠡ ᠴᠠᠭ ᠦᠶ᠎ᠡ ᠰᠢᠨ᠎ᠡ ᠠᠶᠠᠨ ᠰᠢᠨ᠎ᠡ ᠡᠭᠦᠷᠭᠡ ᠬᠠᠷᠢᠭᠤᠴᠠᠯᠭ᠎ᠠ ᠶᠢ ᠪᠡᠶᠡᠯᠡᠭᠦᠯᠬᠦ ᠳᠤ᠂ ᠪᠢᠳᠡ ᠦᠨᠡᠨᠴᠢ | ᠰᠢᠳᠤᠷᠭᠤ ᠪᠠᠷ ᠬᠠᠷᠢᠭᠤᠴᠠᠯᠭ᠎ᠠ ᠡᠭᠦᠷᠭᠡᠯᠡᠬᠦ ᠶᠢ ᠬᠢᠴᠢᠶᠡᠩᠭᠦᠶᠢᠯᠡᠨ ᠵᠢᠷᠤᠮᠯᠠᠵᠤ᠂ ᠤᠭ ᠰᠠᠨᠠᠭ᠎ᠠ ᠶᠢᠨ ᠡᠭᠦᠷᠭᠡ | ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ᠴᠢᠷᠮᠠᠶᠢᠨ ᠵᠢᠳᠬᠦᠵᠦ ᠲᠡᠷᠢᠭᠦᠨ ᠳᠤ ᠣᠷᠣᠬᠤ ᠪᠠᠷ ᠴᠢᠷᠮᠠᠶᠢᠵᠤ᠂ ᠠᠷᠠᠳ | ᠲᠦᠮᠡᠨ ᠳᠤ ᠲᠠᠭᠠᠰᠢᠶᠠᠭᠳᠠᠭᠰᠠᠨ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠨ᠎ᠠ᠃ | ᠤᠯᠤᠰ ᠲᠦᠷᠦ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠨ᠎ᠠ᠃ ︽ᠬᠤᠶᠠᠷ ᠢ ᠲᠣᠭᠲᠠᠭᠠᠬᠤ︾ ᠶᠢ | ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠭᠤᠣᠯ ᠰᠡᠳᠦᠪᠲᠦ ᠰᠤᠷᠭᠠᠨ | ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠤᠷᠤᠯᠴᠠᠯᠭ᠎ᠠ ᠬᠥᠮᠦᠵᠢᠯ ᠢ | ᠪᠠᠶᠢᠩᠭᠤ ᠥᠷᠨᠢᠭᠦᠯᠵᠦ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ | ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠵᠡᠯ | ᠰᠠᠨᠠᠭ᠎ᠠ ᠤᠯᠤᠰ ᠲᠥᠷᠥ ᠦᠶᠯᠡ ᠠᠵᠢᠯᠯᠠᠭ᠎ᠠ ᠶᠢᠨ ᠲᠠᠯ᠎ᠠ ᠪᠠᠷ ᠢᠮᠠᠭᠲᠠ ᠰᠢ ᠶᠢᠨ ᠫᠢᠩ ᠨᠥᠬᠦᠷ ᠢᠶᠠᠷ ᠭᠤᠣᠯ | ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠶᠢ ᠪᠠᠲᠤᠯᠠᠵᠤ᠂ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠢ ᠶᠡᠬᠡᠪᠡᠷ ᠬᠡᠷᠡᠭᠵᠢᠭᠦᠯᠦᠨ᠂ ᠨᠠᠮ ᠤᠨ ᠲᠥᠪ | ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃ ᠬᠠᠤᠯᠢ ᠶᠣᠰᠣᠭᠠᠷ ᠵᠠᠰᠠᠭ | ᠶᠠᠪᠤᠭᠤᠯᠬᠤ ᠶᠢ ᠪᠣᠳᠠᠲᠠᠢ ᠪᠠᠷ ᠨᠠᠶᠢᠳᠠᠪᠤᠷᠢᠵᠢᠭᠤᠯᠤᠨ᠎ᠠ᠃ ᠬᠠᠤᠯᠢ ᠪᠠᠷ ᠵᠠᠰᠠᠬᠤ ᠰᠡᠳᠬᠢᠬᠦᠢ ᠪᠠ ᠬᠠᠤᠯᠢ ᠪᠠᠷ ᠵᠠᠰᠠᠬᠤ | ᠠᠷᠭ᠎ᠠ ᠮᠠᠶ᠋ᠢᠭ ᠢ ᠵᠠᠰᠠᠭ ᠤᠨ ᠣᠷᠳᠣᠨ ᠤ ᠠᠵᠢᠯ ᠤᠨ ᠪᠥᠬᠦ ᠶᠠᠪᠤᠴᠠ ᠳᠤ ᠲᠤᠤᠱᠯᠠᠭᠤᠯᠵᠤ᠂ ᠵᠠᠰᠠᠭ ᠵᠠᠬᠢᠷᠭᠠᠨ ᠤ | ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠢ ᠴᠢᠩᠭ᠎ᠠ ᠵᠢᠷᠤᠮᠵᠢᠭᠤᠯᠤᠨ᠂ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ | ᠬᠠᠤᠯᠢ ᠶᠣᠰᠣᠭᠠᠷ ᠵᠠᠰᠠᠭ ᠶᠠᠪᠤᠭᠤᠯᠬᠤ ᠬᠦᠴᠦᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠵᠠᠰᠠᠭ | ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠵᠤ ᠵᠠᠷᠭᠤ ᠬᠦᠯᠢᠶᠡᠬᠦ ᠨᠣᠷᠮ᠎ᠠ ᠶᠢ | 100% ᠳᠤ ᠬᠦᠷᠦᠭᠦᠯᠬᠦ ᠶᠢ ᠦᠨᠡᠨ ᠬᠦ ᠪᠠᠲᠤᠯᠠᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠬᠠᠤᠯᠢ ᠴᠠᠭᠠᠵᠠ ᠶᠢᠨ ᠬᠢᠨᠠᠯᠲᠠ᠂ ᠠᠵᠢᠯ ᠤᠨ ᠬᠢᠨᠠᠯᠲᠠ ᠪᠠ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ | ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ | ᠨᠠᠷᠢᠨ ᠬᠢᠨᠠᠮᠠᠭᠠᠢ ᠰᠢᠢᠳᠪᠦᠷᠢᠯᠡᠵᠦ᠂ ᠠᠷᠠᠳᠴᠢᠯᠠᠭᠰᠠᠨ ᠨᠠᠮ ᠪᠦᠯᠦᠭ ᠪᠠ ᠨᠡᠶᠢᠭᠡᠮ ᠤᠨ ᠡᠯ᠎ᠡ ᠡᠲᠡᠭᠡᠳ ᠤᠨ ᠰᠠᠨᠠᠯ | ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ᠂ ᠬᠢᠨᠠᠨ ᠪᠤᠳᠤᠬᠤ ᠬᠢᠨᠠᠯᠲᠠ᠂ ᠲᠤᠭ᠎ᠠ ᠪᠦᠷᠢᠳᠬᠡᠯ ᠤᠨ ᠬᠢᠨᠠᠯᠲᠠ ᠶᠢ | ᠴᠢᠩᠭ᠎ᠠ ᠰᠤᠷᠲᠠᠯ ᠤᠨ ᠪᠠᠶᠢᠭᠤᠯᠤᠯᠲᠠ ᠶᠢ ᠡᠳᠦᠷ ᠲᠤᠳᠤᠮ ᠤᠨ ᠠᠵᠢᠯ ᠳᠠᠭᠠᠨ ᠠᠳᠬᠤᠪᠠ᠃ ᠰᠢᠨ᠎ᠡ ᠴᠠᠭ | ᠦᠶ᠎ᠡ ᠶᠢᠨ ᠨᠠᠮ ᠤᠨ ᠤᠯᠠᠨ ᠲᠦᠮᠡᠨᠴᠢ ᠱᠤᠭᠤᠮ ᠢ ᠦᠢᠯᠡᠳᠦᠯᠭᠡᠵᠢᠭᠦᠯᠵᠦ᠂ ᠵᠥᠪ ᠣᠨᠣᠪᠴᠢᠲᠠᠢ ᠠᠵᠢᠯ ᠤᠨ | ᠠᠮᠵᠢᠯᠲᠠ ᠶᠢᠨ ᠦᠵᠡᠯᠲᠡ ᠶᠢ ᠪᠤᠢ ᠪᠣᠯᠭᠠᠨ ᠦᠢᠯᠡᠳᠦᠯᠭᠡᠵᠢᠭᠦᠯᠵᠦ᠂ ᠤᠯᠠᠨ ᠲᠦᠮᠡᠨ ᠤ ᠨᠢᠳᠦᠨ ᠳᠤ ᠦᠵᠡᠭᠳᠡᠬᠦ᠂ | ᠭᠠᠷ ᠲᠤ ᠪᠠᠷᠢᠭᠳᠠᠬᠤ᠂ ᠪᠣᠳᠠᠲᠤ ᠠᠰᠢᠭ ᠬᠦᠷᠳᠡᠬᠦ ᠪᠣᠳᠠᠲᠤ ᠶᠠᠪᠤᠳᠠᠯ ᠢ ᠬᠢᠬᠦ ᠮᠥᠷᠲᠡᠭᠡᠨ ᠪᠠᠰᠠ ᠬᠤᠵᠢᠮ ᠤᠨ | ᠬᠥᠮᠥᠰ ᠲᠤ ᠰᠠᠭᠤᠷᠢ ᠲᠠᠯᠪᠢᠬᠤ᠂ ᠠᠯᠤᠰ ᠬᠡᠳᠦ ᠳᠤ ᠠᠰᠢᠭᠲᠠᠢ ᠰᠠᠶᠢᠨ ᠶᠠᠪᠤᠳᠠᠯ ᠢ ᠬᠢᠬᠦ ᠬᠡᠷᠡᠭᠲᠡᠢ᠃ ᠮᠣᠩᠭᠤᠯ | ᠮᠣᠷᠢᠨ ᠤ ᠵᠣᠷᠢᠭ ᠰᠠᠨᠠᠭ᠎ᠠ ᠪᠠ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾ ᠶᠢ ᠶᠡᠬᠡᠪᠡᠷ ᠪᠠᠳᠠᠷᠠᠭᠤᠯᠵᠤ᠂ | ︽ᠬᠦᠯᠢᠶᠡᠵᠦ ᠳᠡᠶᠢᠯᠬᠦ ᠦᠭᠡᠢ︾ ᠪᠠᠴᠢᠮ ᠲᠤᠯᠭᠠᠮ᠎ᠠ ᠰᠡᠳᠬᠢᠯᠭᠡ᠂ ︽ᠤᠳᠠᠭᠠᠨ ᠪᠠᠶᠢᠵᠤ ᠪᠣᠯᠬᠤ ᠦᠭᠡᠢ︾ | ᠲᠦᠭᠰᠢᠭᠦᠷᠢᠲᠦ ᠰᠡᠳᠬᠢᠯᠭᠡ ᠪᠠᠷ᠂ ᠲᠡᠷᠡ ᠴᠢᠭ ᠢᠶᠠᠷ ᠢᠶᠠᠨ ᠪᠤᠰᠢᠭᠤ ᠱᠠᠯᠠᠮᠠᠭᠠᠢ ᠠᠵᠢᠯᠯᠠᠵᠤ᠂ ᠵᠣᠷᠢᠭᠲᠠᠢ ᠪᠠᠷ | ᠰᠠᠶᠢᠲᠤᠷ ᠠᠵᠢᠯᠯᠠᠵᠤ ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠢ᠃ {ᠮᠣᠩᠭᠤᠯ ᠤᠨ ᠤᠮᠠᠷᠠᠲᠤ ᠶᠢᠨ | ᠭᠤᠷᠪᠠᠨ ᠣᠷᠣᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠤᠨ᠂ ︽ᠬᠦᠯᠢᠶᠡᠵᠦ ᠳᠡᠶᠢᠯᠬᠦ ᠦᠭᠡᠢ︾ ᠪᠠᠶᠢᠬᠤ | ᠪᠠᠴᠢᠮ ᠲᠤᠯᠭᠠᠮ᠎ᠠ ᠰᠡᠳᠬᠢᠯᠭᠡ᠂ ︽ᠤᠳᠠᠭᠠᠨ ᠪᠠᠶᠢᠵᠤ ᠪᠣᠯᠬᠤ ᠦᠭᠡᠢ︾ ᠪᠠᠶᠢᠬᠤ ᠲᠦᠭᠰᠢᠭᠦᠷᠢᠲᠦ ᠰᠡᠳᠬᠢᠯᠭᠡ ᠪᠠᠷ | ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ︽ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ︾ ᠤ ᠠᠰᠠᠭᠤᠳᠠᠯ ᠢ ᠴᠡᠭᠴᠡᠯᠡᠨ | ᠵᠠᠰᠠᠬᠤ ᠶᠢ ᠭᠦᠨᠵᠡᠭᠡᠶᠢᠷᠡᠭᠦᠯᠬᠦ ᠬᠤᠷᠢᠨ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠵᠦ᠂ ︽ᠵᠢᠷᠤᠮᠵᠢᠭᠤᠯᠬᠤ᠂ | ᠴᠣᠮᠬᠠᠳᠬᠠᠬᠤ᠂ ᠬᠤᠷᠳᠤᠴᠠ ᠶᠢ ᠳᠡᠭᠡᠭᠰᠢᠯᠡᠭᠦᠯᠬᠦ︾ ᠶᠢ ᠭᠦᠨᠵᠡᠭᠡᠢ ᠠᠬᠢᠭᠤᠯᠵᠤ᠂ ︽ᠤᠳᠠᠭᠠᠨ᠂ ᠪᠦᠳᠦᠭᠦᠯᠢᠭ᠂ | ᠬᠡᠶᠢᠰᠪᠦᠷᠢ︾ ᠵᠡᠷᠭᠡ ᠬᠡᠯᠪᠡᠷᠢ ᠶᠢᠨ ᠦᠵᠡᠯ᠂ ᠨᠣᠶᠠᠨᠴᠢ ᠰᠤᠷᠲᠠᠯ ᠤᠨ ᠲᠣᠪᠣᠶᠢᠮ᠎ᠠ ᠠᠰᠠᠭᠤᠳᠠᠯ ᠢ ᠡᠷᠡᠰ | ᠵᠠᠯᠠᠷᠠᠭᠤᠯᠤᠨ ᠵᠠᠰᠠᠵᠤ᠂ ᠠᠵᠢᠯ ᠤᠨ ᠪᠠᠷᠢᠮᠵᠢᠶ᠎ᠠ ᠶᠢ ᠳᠡᠭᠡᠭᠰᠢᠯᠡᠭᠦᠯᠦᠨ ᠬᠤᠷᠳᠤᠴᠠ ᠶᠢ ᠳᠡᠭᠡᠭᠰᠢᠯᠡᠭᠦᠯᠦᠨ ᠦᠷ᠎ᠡ | ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠤᠨ᠎ᠠ᠃ ᠠᠷᠢᠭᠤᠨ ᠴᠢᠬᠡᠴᠢ ᠶᠢᠨ ᠰᠠᠬᠢᠯᠭ᠎ᠠ ᠪᠠᠲᠤ ᠶᠢ ᠲᠡᠷᠢᠭᠦᠨ ᠳᠤ | ᠲᠠᠯᠪᠢᠨ᠎ᠠ᠃ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠶᠢ ᠡᠭᠦᠷᠢᠳᠡ ᠪᠠᠲᠤᠯᠠᠵᠤ᠂ ᠨᠠᠮ ᠢ ᠪᠥᠬᠦ | ᠲᠠᠯ᠎ᠠ ᠪᠠᠷ ᠴᠢᠩᠭ᠎ᠠ ᠵᠠᠰᠠᠬᠤ ᠶᠢᠨ ︽ᠨᠢᠭᠡ ᠠᠵᠢᠯ ᠤᠨ ᠪᠠᠶᠢᠷᠢ ᠬᠤᠣᠰ ᠬᠠᠷᠢᠭᠤᠴᠠᠯᠭ᠎ᠠ︾ ᠶᠢ ᠴᠢᠩᠭ᠎ᠠ | ᠭᠦᠢᠴᠡᠳᠬᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ᠂ ᠲᠤᠰᠬᠠᠢ | ᠵᠦᠢᠯ ᠢᠶᠠᠷ ᠬᠢᠨᠠᠨ ᠪᠤᠳᠤᠬᠤ ᠵᠡᠷᠭᠡ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠲᠡᠷᠡ | ᠬᠡᠪ ᠢᠶᠠᠷ ᠨᠢ ᠰᠠᠶᠢᠲᠤᠷ ᠠᠳᠬᠤᠨ᠎ᠠ᠃ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠤᠨ ᠪᠠ | ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠢ | ᠲᠦᠯᠬᠢᠨ ᠠᠬᠢᠭᠤᠯᠵᠤ᠂ ᠰᠢᠨ᠎ᠡ ᠴᠠᠭ ᠦᠶ᠎ᠡ ᠶᠢᠨ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ | ᠴᠢᠩᠭᠠᠳᠬᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠪᠠᠬᠢᠵᠢᠭᠦᠯᠦᠨ | ᠬᠥᠭᠵᠢᠭᠦᠯᠦᠨ᠎ᠡ᠃ ︽ᠠᠷᠪᠢᠯᠠᠨ ᠭᠠᠮᠨᠠᠬᠤ︾ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠣᠷᠣᠯᠭ᠎ᠠ ᠪᠠᠨ | ᠦᠵᠡᠵᠦ ᠵᠠᠷᠤᠯᠭ᠎ᠠ ᠪᠠᠨ ᠲᠣᠬᠢᠷᠠᠭᠤᠯᠬᠤ᠂ ᠠᠷᠪᠢᠯᠠᠨ ᠭᠠᠮᠨᠠᠵᠤ ᠠᠷᠠᠳ ᠢ ᠪᠠᠶᠠᠵᠢᠭᠤᠯᠬᠤ ᠶᠢ ᠪᠠᠷᠢᠮᠲᠠᠯᠠᠨ᠂ | ︽ᠭᠤᠷᠪᠠ ᠶᠢ ᠪᠠᠲᠤᠯᠠᠬᠤ︾ ᠬᠢᠵᠠᠭᠠᠷ ᠱᠤᠭᠤᠮ ᠢ ᠪᠠᠲᠤ ᠰᠠᠬᠢᠵᠤ᠂ ︽ᠭᠤᠷᠪᠠᠨ ᠵᠦᠢᠯ ᠤᠨ ᠠᠯᠪᠠᠨ︾ ᠤ ᠵᠠᠷᠤᠯᠭ᠎ᠠ ᠶᠢ | ᠴᠢᠩᠭ᠎ᠠ ᠬᠢᠵᠠᠭᠠᠷᠯᠠᠵᠤ᠂ ︽ᠰᠢᠨ᠎ᠡ ᠳᠦᠷᠢ ᠲᠥᠷᠬᠦ ᠶᠢᠨ ᠢᠨᠵᠧᠨᠧᠷᠢᠩ︾ ᠢ ᠡᠷᠡᠰ ᠬᠤᠷᠢᠭᠯᠠᠵᠤ᠂ ᠵᠠᠰᠠᠭ ᠤᠨ | ᠣᠷᠳᠣᠨ ᠤ ︽ᠠᠷᠪᠢᠯᠠᠨ ᠭᠠᠮᠨᠠᠬᠤ︾ ᠪᠠᠷ ᠤᠯᠠᠨ ᠲᠦᠮᠡᠨ ᠤ ︽ᠰᠠᠶᠢᠨ ᠠᠮᠢᠳᠤᠷᠠᠯ︾ ᠢ ᠰᠣᠯᠢᠵᠤ ᠠᠪᠬᠤ | ᠬᠡᠷᠡᠭᠲᠡᠢ᠃ | ᠲᠥᠯᠥᠭᠡᠯᠡᠭᠴᠢᠳ ᠠ᠋︕ ᠶᠡᠭᠡ ᠵᠠᠮ ᠲᠤᠶᠢᠯ ᠤᠨ ᠳᠥᠭᠦᠮ ᠳᠥᠲᠡ᠂ ᠪᠣᠳᠠᠲᠠᠢ ᠠᠵᠢᠯᠯᠠᠬᠤ ᠪᠠᠷ ᠭᠤᠣᠯ | ᠪᠣᠯᠭᠠᠮᠤᠢ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ | ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠬᠤᠳᠠ ᠶᠢᠨ | ᠨᠠᠮ ᠤᠨ ᠬᠤᠷᠢᠶ᠎ᠠ ᠪᠣᠯᠣᠨ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ | ᠬᠠᠷᠠᠯᠲᠠ ᠪᠠᠨ ᠲᠣᠭᠲᠠᠭᠠᠵᠤ᠂ ᠡᠷᠡᠯᠬᠡᠭ ᠪᠠᠭᠠᠲᠤᠷᠯᠢᠭ ᠢᠶᠠᠷ ᠤᠷᠤᠭᠰᠢᠯᠠᠵᠤ᠂ ᠴᠢᠨᠠᠷ ᠰᠠᠶᠢᠲᠠᠢ ᠬᠥᠭᠵᠢᠯᠲᠡ᠂ ᠴᠢᠨᠠᠷ | ᠰᠠᠶᠢᠲᠠᠢ ᠠᠮᠢᠳᠤᠷᠠᠯ᠂ ᠥᠨᠳᠥᠷ ᠪᠦᠲᠦᠮᠵᠢᠲᠡᠢ ᠵᠠᠰᠠᠯᠲᠠ ᠶᠢ ᠪᠡᠶᠡᠯᠡᠭᠦᠯᠬᠦ ᠶᠢ ᠠᠬᠢᠭᠤᠯᠵᠤ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠭᠰᠠᠨ ᠬᠠᠶᠢᠨᠠᠨ ᠲᠣᠭᠤᠷᠢᠭ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ︕ | |