ᠰᠣᠷᠭᠠᠨ ᠬᠦᠮᠦᠵᠢᠯ ᠤᠨ ᠮᠡᠳᠡᠭᠡ
ᠨᠡᠶᠢᠲᠡᠯᠡᠭᠰᠡᠨ ᠴᠠᠭ᠄
2024/3/11
     ᠬᠥᠬᠡᠬᠤᠲᠠ᠄ ᠬᠡᠦᠬᠡᠳ ᠤᠨ ᠴᠡᠴᠡᠷᠯᠢᠭ ᠪᠤᠯᠤᠨ‌‍ᠲ᠋ᠤᠮᠳᠠᠳᠤ ᠪᠠᠭ᠎ᠠ ᠰᠤᠷᠭᠠᠭᠤᠯᠢ ᠲᠣᠰ ᠲᠣᠰ 40 ᠠᠴᠠ ᠳᠡᠭᠡᠭᠰᠢ ᠶᠢ ᠰᠢᠨ᠎ᠡ ᠪᠠᠷ ᠪᠠᠶᠢᠭᠤᠯᠤᠨ᠎ᠠ                      2 ᠰᠠᠷ᠎ᠠ ᠶᠢᠨ 8 ᠤ ᠡᠳᠦᠷ᠂ ᠰᠤᠷᠪᠤᠯᠵᠢᠯᠠᠭᠴᠢ ᠬᠥᠬᠡᠬᠤᠲᠠ ᠶᠢᠨ ᠵᠠᠰᠠᠭ ᠤᠨ ᠣᠷᠳᠣᠨ ᠠᠴᠠ ᠣᠶᠢᠯᠠᠭᠠᠭᠰᠠᠨ ᠢᠶᠠᠷ᠂ ᠴᠢᠨᠠᠷ ᠰᠠᠶᠢᠲᠠᠶ ᠰᠤᠷᠭᠠᠨ ᠬᠥᠮᠦᠵᠢᠯ ᠤᠨ ᠰᠢᠰᠲ᠋ᠧᠮ ᠢ ᠪᠠᠶᠢᠭᠤᠯᠵᠤ᠂ ᠴᠢᠨᠠᠷ ᠰᠠᠶᠢᠲᠠᠶ ︽ᠰᠤᠷᠤᠯᠴᠠᠬᠤ ᠳᠤ ᠲᠣᠬᠢᠷᠠᠮᠵᠢᠲᠠᠶ ᠬᠤᠲᠠ︾ ᠶᠢ ᠠᠩᠬ᠎ᠠ ᠠᠯᠬᠤᠮ ᠪᠠᠶᠢᠭᠤᠯᠬᠤ ᠶᠢᠨ ᠲᠥᠯᠥᠭᠡ᠂ ᠣᠷᠣᠨ ᠤ ᠲᠥᠪ ︽ᠬᠦᠬᠡᠬᠤᠲᠠ ᠶᠢᠨ ︿ᠠᠷᠪᠠᠨ  ᠳᠥᠷᠪᠡᠳᠦᠭᠡᠷ ᠲᠠᠪᠤᠨ ᠵᠢᠯ﹀ ᠤᠨ ᠰᠤᠷᠭᠠᠨ ᠬᠥᠮᠦᠵᠢᠯ ᠤᠨ ᠦᠢᠯᠡᠰ ᠤᠨ  ᠬᠥᠭᠵᠢᠯᠲᠡ ᠶᠢᠨ  ᠲᠥᠯᠥᠪᠵᠢᠭᠦᠯᠭᠡ︾  ᠶᠢ  ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠪᠠ᠃  ᠲᠥᠯᠥᠪᠵᠢᠭᠦᠯᠭᠡ ᠳᠤ᠂ ︽ᠠᠷᠪᠠᠨ ᠳᠥᠷᠪᠡᠳᠦᠭᠡᠷ  ᠲᠠᠪᠤᠨ  ᠵᠢᠯ︾ ‍ᠤᠨ‌‍ᠲ᠋ᠥ᠋ᠯᠥᠪᠵᠢᠭᠦᠯᠭᠡ ᠶᠢᠨ ᠬᠤᠭᠤᠴᠠᠭᠠᠨ ᠳᠤ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠢ 40 ᠠᠴᠠ  ᠳᠡᠭᠡᠭᠰᠢ ᠶᠢ ᠰᠢᠨ᠎ᠡ ᠪᠠᠷ ᠪᠠᠶᠢᠭᠤᠯᠵᠤ᠂ ᠤᠯᠤᠰ ᠤᠨ ᠦᠮᠴᠢᠯᠡᠯᠳᠤ ᠠᠵᠤ ᠠᠬᠤᠶᠢᠯᠠᠯ ᠠᠵᠢᠯ  ᠦᠢᠯᠡᠰ ᠤᠨ ᠨᠢᠭᠡᠴᠢ᠂ ᠶᠡᠭᠡ ᠳᠡᠭᠡᠳᠦ ᠰᠤᠷᠭᠠᠭᠤᠯᠢ᠂ ᠴᠡᠷᠢᠭ ᠠᠩᠬᠢ ᠶᠢᠨ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠡᠷᠬᠢᠯᠡᠬᠦ ᠶᠢ ᠵᠣᠷᠢᠭᠵᠢᠭᠤᠯᠤᠨ ᠳᠡᠮᠵᠢᠬᠦ ᠬᠡᠷᠡᠭᠲᠡᠢ᠃  ᠳᠤᠮᠳᠠᠳᠤ ᠪᠠᠭ᠎ᠠ ᠰᠤᠷᠭᠠᠭᠤᠯᠢ ᠶᠢ ᠰᠢᠨ᠎ᠡ ᠪᠠᠷ 40 ᠠᠴᠠ ᠳᠡᠭᠡᠭᠰᠢ ᠶᠢ ᠪᠠᠶᠢᠭᠤᠯᠵᠤ᠂  ᠪᠦᠯᠦᠭᠵᠢᠭᠦᠯᠦᠨ ᠰᠤᠷᠭᠠᠭᠤᠯᠢ ᠡᠷᠬᠢᠯᠡᠬᠦ᠂ ᠶᠡᠭᠡ ᠰᠤᠷᠭᠠᠭᠤᠯᠢ ᠶᠢᠨ ᠲᠣᠭᠤᠷᠢᠭ᠂ ︽ᠨᠡᠷᠡᠳᠤ  ᠰᠤᠷᠭᠠᠭᠤᠯᠢ +︾᠂ ᠨᠠᠶᠢᠳᠠᠨ ᠬᠠᠮᠢᠶᠠᠷᠤᠭᠤᠯᠬᠤ ᠵᠡᠷᠭᠡ ᠶᠢ ᠬᠡᠷᠡᠭᠵᠢᠭᠦᠯᠵᠦ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠠᠯᠪᠠᠨ ᠵᠢᠷᠤᠮ ᠤᠨ  ᠰᠤᠷᠭᠠᠨ‌‍ᠬᠥ᠋ᠮᠦᠵᠢᠯ ᠤᠨ ᠦᠨᠳᠦᠰᠦᠨ ᠳᠡᠭᠡᠨ ᠲᠡᠩᠴᠡᠭᠦᠷᠢᠲᠡᠢ ᠪᠠᠶᠢᠭᠰᠠᠨ ᠠᠴᠠ ᠪᠠᠨ ᠴᠢᠨᠠᠷ  ᠰᠠᠶᠢᠲᠠᠢ ᠲᠡᠩᠴᠡᠭᠦᠷᠢᠲᠡᠢ  ᠲᠡᠶᠢᠰᠢ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠲᠤᠷᠠᠳᠴᠠ᠊᠃                                                                                           ᠠᠷᠠᠳ ᠤᠨ ᠰᠦᠯᠵᠢᠶ᠎ᠡ
 
ᠢᠷᠡᠯᠲᠡ᠄ ᠬᠤᠯᠪᠣᠭ᠎ᠠ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号