| ᠡᠯ᠎ᠡ ᠲᠥᠷᠥᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠲᠤᠬᠠᠶ ᠦᠬᠠᠶ ᠬᠤᠲᠠ ᠶᠢᠨ ᠠᠷᠠᠳ ᠤᠨ | ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ | ᠡᠯ᠎ᠡ ᠲᠥᠷᠥᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠲᠤᠬᠠᠶ ᠦᠬᠠᠶ ᠬᠤᠲᠠ ᠶᠢᠨ ᠠᠷᠠᠳ ᠤᠨ | ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ | ᠦᠬᠠᠶ ᠵᠠᠰᠠᠭ ᠠᠯᠪᠠᠨ ᠥᠰᠥᠭ ﹇2020﹈ 57 ᠳ᠋ᠤᠭᠠᠷ ᠲᠣᠭᠠᠲᠤ | ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠵᠠᠰᠠᠭ ᠤᠨ ᠣᠷᠳᠣᠨ ᠤ ᠡᠯ᠎ᠡ ᠰᠠᠯᠠᠭ᠎ᠠ | ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠵᠠᠷᠤᠯᠭ᠎ᠠ ᠶᠢ ᠪᠠᠭᠠᠰᠬᠠᠨ᠂ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ | ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠤᠰᠠᠳᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠰᠤᠳᠤᠯᠤᠭᠤᠯᠤᠨ | ᠵᠥᠪᠰᠢᠶᠡᠷᠡᠭᠦᠯᠦᠭᠡᠳ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ᠄ | ᠨᠢᠭᠡ᠂ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠨᠢᠭᠡᠳᠦᠯᠲᠡᠶ ᠲᠥᠯᠥᠪᠯᠡᠬᠦ ᠶᠢ ᠴᠢᠩᠭᠠᠳᠬᠠᠨ᠎ᠠ | ᠡᠯ᠎ᠡ ᠲᠣᠭᠤᠷᠢᠭ᠂ ᠡᠯ᠎ᠡ ᠰᠠᠯᠠᠭ᠎ᠠ ᠮᠥᠴᠢᠷ ᠤᠳ ᠴᠥᠮ ᠨᠠᠶᠢᠷᠠᠭᠤᠯᠤᠨ ᠵᠣᠬᠢᠶᠠᠬᠤ ᠴᠢᠬᠤᠯᠠᠲᠠᠶ ᠠᠳᠠᠯᠢ ᠨᠢᠭᠡᠨ | ᠵᠦᠢᠯᠡᠰ ᠤᠨ ᠲᠥᠯᠥᠪᠵᠢᠭᠦᠯᠭᠡ ᠶᠢ ᠬᠤᠲᠠ᠂ ᠲᠣᠭᠤᠷᠢᠭ ᠬᠤᠶᠠᠷ ᠱᠠᠲᠤᠨ ᠤ ᠠᠷᠠᠳ ᠤᠨ ᠵᠠᠰᠠᠭ ᠤᠨ ᠣᠷᠳᠣᠨ ᠪᠤᠶᠤ | ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠠᠴᠠ ᠲᠦᠷᠦᠭᠦᠯᠡᠨ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠨ᠎ᠠ᠃ | ᠬᠤᠲᠠ᠂ ᠲᠣᠭᠤᠷᠢᠭ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠠᠵᠢᠯ ᠤᠨ ᠬᠡᠷᠡᠭᠴᠡᠭᠡ ᠪᠠᠨ ᠦᠨᠳᠦᠰᠦᠯᠡᠨ ᠠᠳᠠᠯᠢ | ᠨᠢᠭᠡᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠨᠢᠭᠡᠴᠡ ᠶᠢ ᠠᠰ ᠲᠤᠨᠢ ᠤᠷᠢᠵᠤ ᠲᠥᠯᠥᠪᠵᠢᠭᠦᠯᠭᠡ ᠨᠠᠶᠢᠷᠠᠭᠤᠯᠤᠨ | ᠵᠣᠬᠢᠶᠠᠵᠤ ᠪᠣᠯᠤᠨ᠎ᠠ᠂ ᠪᠠᠰᠠ ᠪᠦᠬᠦ ᠬᠤᠲᠠ ᠶᠢᠨ ᠲᠥᠯᠥᠪᠵᠢᠭᠦᠯᠭᠡ ᠳᠤ ᠡᠯ᠎ᠡ ᠲᠣᠭᠤᠷᠢᠭ ᠤᠨ ᠲᠥᠯᠥᠪᠵᠢᠭᠦᠯᠭᠡ ᠶᠢᠨ | ᠲᠤᠰᠬᠠᠶ ᠬᠠᠭᠤᠳᠠᠰᠤ ᠶᠢ ᠪᠠᠶᠢᠭᠤᠯᠵᠤ᠂ ᠨᠠᠶᠢᠷᠠᠭᠤᠯᠤᠨ ᠵᠣᠬᠢᠶᠠᠬᠤ ᠵᠠᠷᠤᠳᠠᠯ ᠢ ᠬᠤᠲᠠ᠂ ᠲᠣᠭᠤᠷᠢᠭ ᠠᠴᠠ ᠬᠠᠷᠢᠴᠠᠯ | ᠶᠣᠰᠣᠭᠠᠷ ᠬᠤᠪᠢᠶᠠᠨ ᠡᠭᠦᠷᠭᠡᠯᠡᠨ᠎ᠡ᠃ ᠬᠤᠲᠠ᠂ ᠲᠣᠭᠤᠷᠢᠭ ᠬᠤᠶᠠᠷ ᠱᠠᠲᠤᠨ ᠤ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠳ ᠠᠳᠠᠯᠢ ᠨᠢᠭᠡᠨ ᠵᠦᠢᠯᠡᠰ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠤ᠂ ᠳᠠᠬᠢᠵᠤ ᠲᠤᠰ | ᠲᠤᠰ ᠲᠠᠭᠠᠨ ᠨᠠᠶᠢᠷᠠᠭᠤᠯᠤᠨ ᠵᠣᠬᠢᠶᠠᠬᠤ ᠨᠢᠭᠡᠴᠡ ᠶᠢ ᠤᠷᠢᠵᠤ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠦᠭᠡᠶ᠃ | ᠬᠤᠶᠠᠷ᠂ ᠲᠥᠯᠥᠪᠵᠢᠭᠦᠯᠭᠡ ᠨᠠᠶᠢᠷᠠᠭᠤᠯᠤᠨ ᠵᠣᠬᠢᠶᠠᠬᠤ ᠮᠡᠷᠭᠡᠵᠢᠯ ᠤᠨ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠶ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠵᠠᠷᠴᠢᠮ ᠳᠡᠭᠡᠷ᠎ᠡ ᠪᠠᠨ ᠡᠯ᠎ᠡ ᠰᠠᠯᠠᠭ᠎ᠠ ᠮᠥᠴᠢᠷ | ᠥᠪᠡᠰᠦᠪᠡᠨ ᠨᠠᠶᠢᠷᠠᠭᠤᠯᠤᠨ ᠵᠣᠬᠢᠶᠠᠵᠤ᠂ ᠲᠣᠰ ᠰᠠᠯᠠᠭ᠎ᠠ ᠮᠥᠴᠢᠷ ᠤᠨ ᠠᠵᠢᠯ ᠤᠨ ᠬᠦᠴᠦᠨ ᠪᠤᠶᠤ ᠮᠡᠷᠭᠡᠵᠢᠯ ᠤᠨ ᠬᠦᠴᠦᠨ | ᠬᠦᠷᠦᠯᠴᠡᠬᠦ ᠥᠬᠡᠶ ᠦᠶ᠎ᠡ ᠳᠤ᠂ ᠲᠤᠰᠬᠠᠶ ᠮᠡᠷᠭᠡᠵᠢᠯᠲᠡᠨ ᠪᠤᠶᠤ ᠬᠤᠯᠪᠣᠭᠳᠠᠯ ᠪᠥᠬᠦᠶ ᠮᠡᠷᠭᠡᠵᠢᠯ ᠤᠨ ᠠᠵᠢᠯᠲᠠᠨ ᠢ ᠤᠷᠢᠵᠤ | ᠣᠷᠣᠨ ᠲᠤᠭ᠎ᠠ ᠳᠤ ᠣᠷᠣᠯᠴᠠᠭᠤᠯᠵᠤ᠂ ᠬᠥᠳᠡᠯᠮᠦᠷᠢ ᠦᠢᠯᠡᠴᠢᠯᠡᠭᠡᠨ ᠤ ᠵᠠᠷᠤᠳᠠᠯ ᠢ ᠣᠷᠣᠨ ᠲᠤᠭ᠎ᠠ ᠶᠢᠨ ᠨᠢᠭᠡᠴᠢ ᠠᠴᠠ | ᠤᠷᠢᠨ ᠬᠡᠷᠡᠭᠯᠡᠬᠦ ᠪᠠᠷ ᠪᠠᠶᠢᠭ᠎ᠠ ᠬᠥᠮᠦᠰ ᠲᠠᠢ ᠬᠥᠳᠡᠯᠮᠦᠷᠢ ᠦᠢᠯᠡᠴᠢᠯᠡᠭᠡᠨ ᠤ ᠭᠡᠷ᠎ᠡ ᠲᠣᠭᠲᠠᠨ ᠲᠣᠳᠣᠷᠬᠠᠶᠢᠯᠠᠵᠤ᠂ | ᠬᠤᠲᠠ ᠶᠢᠨ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠲᠣᠬᠢᠷᠠᠭᠤᠯᠬᠤ ᠬᠡᠷᠡᠭᠲᠡᠶ᠃ ᠡᠯ᠎ᠡ ᠲᠥᠷᠥᠯ ᠤᠨ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠤ ᠡᠩ ᠤᠨ ᠪᠠᠶᠢᠳᠠᠯ ᠳᠣᠣᠷ᠎ᠠ ᠵᠠᠭᠤᠴᠢ ᠪᠠᠶᠢᠭᠤᠯᠤᠮᠵᠢ ᠤᠷᠢᠬᠤ ᠦᠭᠡᠢ᠂ | ᠦᠨᠡᠨᠬᠦ ᠵᠠᠭᠤᠴᠢ ᠪᠠᠶᠢᠭᠤᠯᠤᠮᠵᠢ ᠳᠤ ᠨᠠᠶᠢᠳᠠᠨ ᠨᠠᠶᠢᠷᠠᠭᠤᠯᠤᠨ ᠵᠣᠬᠢᠶᠠᠬᠤ ᠴᠢᠬᠤᠯᠠᠲᠠᠢ ᠪᠣᠯ᠂ ᠨᠠᠶᠢᠷᠠᠭᠤᠯᠤᠨ ᠵᠣᠬᠢᠶᠠᠬᠤ | ᠨᠢᠭᠡᠴᠡ ᠠᠴᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ | ᠭᠤᠷᠪᠠ᠂ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠬᠤᠳᠠᠯᠳᠤᠨ ᠠᠪᠬᠤ ᠳᠡᠰ ᠳᠠᠷᠠᠭᠠᠯᠠᠯ ᠢ ᠴᠢᠩᠳᠠᠯᠠᠬᠤ | ᠬᠡᠷᠡᠭᠲᠡᠶ | ᠡᠯ᠎ᠡ ᠲᠣᠭᠤᠷᠢᠭ᠂ ᠡᠯ᠎ᠡ ᠰᠠᠯᠠᠭ᠎ᠠ ᠮᠥᠴᠢᠷ ᠤᠳ ᠮᠡᠷᠭᠡᠵᠢᠯ ᠤᠨ ᠱᠠᠭᠠᠷᠳᠠᠯᠭ᠎ᠠ ᠨᠡᠯᠢᠶᠡᠳ ᠳᠡᠭᠡᠳᠦ ᠵᠡᠷᠭᠡ ᠶᠢᠨ | ᠬᠦᠴᠦᠨ ᠵᠦᠢᠯ ᠠᠴᠠ ᠪᠣᠯᠵᠤ ᠵᠠᠭᠤᠴᠢ ᠪᠠᠶᠢᠭᠤᠯᠤᠮᠵᠢ ᠶᠢ ᠦᠨᠡᠨ ᠬᠦ ᠤᠷᠢᠵᠤ ᠲᠥᠯᠥᠪᠵᠢᠭᠦᠯᠭᠡ ᠨᠠᠶᠢᠷᠠᠭᠤᠯᠤᠨ ᠵᠣᠬᠢᠶᠠᠬᠤ | ᠴᠢᠬᠤᠯᠠᠲᠠᠶ ᠪᠠᠶᠢᠪᠠᠯ᠂ ᠲᠥᠯᠥᠪᠵᠢᠭᠦᠯᠭᠡ ᠨᠠᠶᠢᠷᠠᠭᠤᠯᠤᠨ ᠵᠣᠬᠢᠶᠠᠬᠤ ᠰᠠᠯᠠᠭ᠎ᠠ ᠮᠥᠴᠢᠷ ᠤᠳ ᠲᠥᠯᠥᠪᠵᠢᠭᠦᠯᠭᠡ | ᠨᠠᠶᠢᠷᠠᠭᠤᠯᠤᠨ ᠵᠣᠬᠢᠶᠠᠬᠤ ᠬᠥᠲᠥᠯᠪᠦᠷᠢ ᠶᠢ ᠳᠤᠷᠠᠳᠬᠤ ᠪᠠ ᠲᠥᠰᠦᠪ ᠤᠨ ᠶᠠᠪᠤᠳᠠᠯ ᠤᠨ ᠡᠮᠦᠨᠡᠬᠢ ᠦᠨᠡᠯᠡᠨ ᠵᠢᠱᠢᠭᠰᠡᠨ | ᠮᠡᠳᠡᠭᠦᠯᠦᠯᠲᠡ ᠶᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠰᠤᠳᠤᠯᠤᠭᠤᠯᠵᠤ᠂ ᠬᠤᠲᠠ ᠶᠢᠨ | ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ᠂ ᠬᠤᠲᠠ ᠶᠢᠨ ᠡᠳ᠋ ᠤᠨ ᠵᠠᠰᠠᠭ ᠤᠨ | ᠲᠥᠰᠦᠪ ᠤᠨ ᠬᠢᠨᠠᠨ ᠲᠣᠭᠲᠠᠭᠠᠬᠤ ᠲᠥᠪ ᠠᠴᠠ ᠦᠨ᠎ᠡ ᠯᠠᠪᠯᠠᠬᠤ ᠬᠡᠷᠡᠭᠲᠡᠶ᠃ ᠬᠤᠲᠠ ᠶᠢᠨ ᠡᠳ᠋ ᠤᠨ ᠵᠠᠰᠠᠭ ᠤᠨ | ᠲᠥᠰᠦᠪ ᠤᠨ ᠬᠢᠨᠠᠨ ᠲᠣᠭᠲᠠᠭᠠᠬᠤ ᠲᠥᠪ ᠨᠢ ᠶᠡᠷᠦ ᠳᠡᠭᠡᠨ 3 ᠠᠴᠠ 5 ᠦᠨ᠎ᠡ ᠠᠰᠠᠭᠤᠨ ᠯᠠᠪᠯᠠᠬᠤ ᠦᠨ᠎ᠡ ᠬᠠᠩᠰᠢ ᠶᠢᠨ | ᠪᠠᠶᠢᠳᠠᠯ ᠢ ᠦᠨᠡᠨ ᠪᠣᠳᠠᠲᠠᠶ ᠪᠠᠷ ᠲᠡᠮᠳᠡᠭᠯᠡᠬᠦ ᠶᠢᠨ ᠬᠠᠮᠲᠤ ︽ᠦᠨ᠎ᠡ ᠯᠠᠪᠯᠠᠬᠤ ᠰᠠᠨᠠᠯ ᠤᠨ ᠪᠢᠴᠢᠭ︾ ᠢ ᠭᠠᠷᠭᠠᠵᠤ | ᠲᠥᠯᠥᠪᠵᠢᠭᠦᠯᠭᠡ ᠨᠠᠶᠢᠷᠠᠭᠤᠯᠤᠨ ᠵᠣᠬᠢᠶᠠᠬᠤ ᠨᠢᠭᠡᠴᠡ ᠳᠤ ᠬᠠᠷᠢᠭᠤ ᠲᠤᠰᠬᠠᠵᠤ᠂ ᠲᠥᠯᠥᠪᠵᠢᠭᠦᠯᠭᠡ ᠶᠢ ᠨᠠᠶᠢᠷᠠᠭᠤᠯᠤᠨ | ᠵᠣᠬᠢᠶᠠᠬᠤ ᠨᠢᠭᠡᠴᠡ ᠨᠢ ᠳᠠᠬᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠳᠡᠪᠰᠢᠭᠦᠯᠵᠦ ᠳᠠᠭᠠᠭᠠᠴᠢᠯᠠᠯᠲᠠ | ᠵᠠᠷᠯᠠᠬᠤ ᠤᠴᠢᠷ ᠶᠠᠪᠤᠳᠠᠯ ᠢ ᠰᠤᠳᠤᠯᠤᠭᠤᠯᠤᠨ᠎ᠠ᠃ | ᠬᠤᠲᠠ ᠶᠢᠨ ᠡᠳ᠋ ᠤᠨ ᠵᠠᠰᠠᠭ ᠤᠨ ᠲᠥᠰᠦᠪ ᠤᠨ ᠬᠢᠨᠠᠨ ᠲᠣᠭᠲᠠᠭᠠᠬᠤ ᠲᠥᠪ ᠠᠴᠠ ︽ᠦᠨ᠎ᠡ ᠯᠠᠪᠯᠠᠬᠤ ᠰᠠᠨᠠᠯ ᠤᠨ | ᠪᠢᠴᠢᠭ︾ ᠢ ᠬᠢᠨᠠᠨ ᠲᠣᠭᠲᠠᠭᠠᠵᠤ ᠥᠭᠭᠦᠭᠰᠡᠨ ᠥᠬᠡᠶ ᠪᠠᠶᠢᠪᠠᠯ᠂ ᠡᠯ᠎ᠡ ᠲᠣᠭᠤᠷᠢᠭ᠂ ᠡᠯ᠎ᠡ ᠰᠠᠯᠠᠭ᠎ᠠ ᠮᠥᠴᠢᠷ ᠴᠥᠮ | ᠬᠤᠳᠠᠯᠳᠤᠨ ᠠᠪᠬᠤ ᠠᠵᠢᠯᠯᠠᠭ᠎ᠠ ᠥᠷᠨᠢᠭᠦᠯᠵᠦ ᠪᠣᠯᠬᠤ ᠥᠬᠡᠶ᠂ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶᠠᠨ ᠤ ᠲᠥᠪ ᠪᠠ ᠨᠡᠶᠢᠭᠡᠮ ᠤᠨ ᠳᠠᠭᠠᠭᠠᠴᠢᠯᠠᠯᠲᠠ ᠵᠠᠷᠯᠠᠬᠤ ᠶᠢ ᠣᠷᠣᠯᠠᠬᠤ ᠪᠠᠶᠢᠭᠤᠯᠤᠮᠵᠢ ᠴᠥᠮ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠵᠦᠢᠯᠡᠰ ᠢ ᠭᠥᠯᠢᠶᠡᠨ | ᠠᠪᠴᠤ ᠰᠢᠢᠳᠪᠦᠷᠢᠯᠡᠵᠦ ᠪᠣᠯᠬᠤ ᠥᠬᠡᠶ᠃ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠨᠢᠭᠡᠴᠡ ᠶᠢ ᠤᠷᠢᠳᠠᠪᠠᠷ | ᠲᠣᠭᠲᠠᠭᠠᠬᠤ ᠶᠢ ᠴᠢᠩᠭ᠎ᠠ ᠴᠠᠭᠠᠵᠠᠯᠠᠵᠤ᠂ ᠨᠠᠶᠢᠷᠠᠭᠤᠯᠤᠨ ᠵᠣᠬᠢᠶᠠᠬᠤ ᠵᠠᠷᠤᠳᠠᠯ ᠢ ᠵᠥᠪᠯᠡᠨ ᠲᠣᠭᠲᠠᠭᠠᠵᠤ᠂ ᠬᠠᠮᠢᠶ᠎ᠠ ᠪᠦᠬᠦᠢ | ᠳᠡᠰ ᠳᠠᠷᠠᠭᠠᠯᠠᠯ ᠤᠨ ᠬᠤᠳᠠᠯᠳᠤᠨ ᠠᠪᠬᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠦᠢᠯᠡᠴᠢᠯᠡᠭᠡᠨ ᠢ ᠳᠠᠬᠢᠨ | ᠵᠣᠬᠢᠶᠠᠨ ᠪᠠᠶᠢᠭᠤᠯᠬᠤ ᠬᠡᠷᠡᠭᠲᠡᠶ᠃ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠲᠥᠷᠥᠯ ᠤᠨ ᠭᠠᠭᠴᠠᠭᠠᠷ | ᠡᠵᠡᠮᠰᠢᠯ ᠪᠠ ᠭᠠᠵᠠᠷ ᠣᠷᠣᠨ ᠤ ᠭᠠᠭᠴᠠᠭᠠᠷ ᠡᠵᠡᠮᠰᠢᠯ ᠢ ᠡᠷᠡᠰ ᠡᠪᠳᠡᠵᠦ᠂ ᠪᠦᠬᠦ ᠤᠯᠤᠰ ᠤᠨ ᠠᠳᠠᠯᠢ ᠲᠥᠷᠥᠯ ᠤᠨ | ᠵᠠᠭᠤᠴᠢ ᠪᠠᠶᠢᠭᠤᠯᠤᠮᠵᠢ ᠶᠢᠨ ᠬᠤᠳᠠᠯᠳᠤᠨ ᠠᠪᠬᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠦᠢᠯᠡᠴᠢᠯᠡᠭᠡ ᠳᠤ | ᠬᠠᠨᠳᠤᠭᠤᠯᠵᠤ᠂ ︽ᠭᠠᠭᠴᠠ ᠴᠢᠨᠠᠷ︾ ︽ᠣᠨᠴᠠᠭᠠᠶ ᠴᠢᠨᠠᠷ︾ ᠵᠡᠷᠭᠡ ᠰᠢᠯᠲᠠᠭᠠᠨ ᠢᠶᠠᠷ ᠵᠠᠰᠠᠭ ᠤᠨ ᠣᠷᠳᠣᠨ ᠤ | ᠬᠤᠳᠠᠯᠳᠤᠨ ᠠᠪᠬᠤ ᠲᠥᠯᠥᠪᠵᠢᠭᠦᠯᠭᠡ ᠶᠢᠨ ᠵᠠᠭᠤᠴᠢ ᠪᠠᠶᠢᠭᠤᠯᠤᠮᠵᠢ ᠶᠢᠨ ᠬᠡᠪᠴᠢᠶ᠎ᠡ ᠶᠢ ᠬᠢᠵᠠᠭᠠᠷᠯᠠᠨ ᠲᠣᠭᠲᠠᠭᠠᠵᠤ ᠪᠣᠯᠬᠤ | ᠦᠭᠡᠶ᠃ | ᠳᠥᠷᠪᠡ᠂ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠶ | ᠡᠯ᠎ᠡ ᠲᠣᠭᠤᠷᠢᠭ᠂ ᠡᠯ᠎ᠡ ᠰᠠᠯᠠᠭ᠎ᠠ ᠮᠥᠴᠢᠷ ᠤᠳ ︽ᠠᠷᠪᠢᠴᠢ ᠭᠠᠮᠲᠠᠶ ᠠᠮᠢᠳᠤᠷᠠᠬᠤ︾ ᠦᠵᠡᠯ ᠰᠠᠨᠠᠭ᠎ᠠ ᠶᠢ ᠪᠠᠲᠤ | ᠪᠠᠬᠢ ᠪᠣᠶ ᠪᠣᠯᠭᠠᠵᠤ᠂ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠬᠡᠯᠪᠡᠷᠢᠴᠢ ᠦᠵᠡᠯ ᠢ ᠡᠰᠡᠷᠭᠦᠴᠡᠬᠦ | ᠴᠢᠬᠤᠯᠠ ᠠᠷᠭ᠎ᠠ ᠬᠡᠮᠵᠢᠶ᠎ᠡ ᠪᠣᠯᠭᠠᠵᠤ᠂ ᠤᠯᠠᠮᠵᠢᠯᠠᠯᠲᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠰᠡᠳᠬᠢᠬᠦᠶ ᠶᠢᠨ | ᠲᠣᠭᠲᠠᠮᠠᠯ ᠬᠡᠯᠪᠡᠷᠢ ᠶᠢ ᠡᠪᠳᠡᠵᠦ᠂ ᠴᠣᠮᠬᠠᠨ ᠪᠥᠭᠡᠳ ᠥᠨᠳᠥᠷ ᠪᠦᠲᠦᠮᠵᠢᠲᠡᠶ ᠪᠠᠷ ᠵᠠᠷᠴᠢᠮ ᠪᠣᠯᠭᠠᠵᠤ᠂ ᠪᠣᠳᠠᠲᠠᠶ ᠶᠢ | ᠡᠷᠬᠢᠮᠯᠡᠭᠰᠡᠨ ᠥᠨᠳᠥᠷ ᠪᠦᠲᠦᠮᠵᠢᠲᠡᠶ ᠪᠥᠭᠡᠳ ᠲᠤᠰᠠᠲᠠᠶ ᠪᠠᠶᠢᠬᠤ ᠶᠢ ᠦᠨᠡᠨᠬᠦ ᠪᠡᠶᠡᠯᠡᠭᠦᠯᠬᠦ ᠬᠡᠷᠡᠭᠲᠡᠶ᠃ ᠨᠠᠮ ᠤᠨ ᠲᠥᠪ | ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠᠷ ᠲᠣᠳᠣᠷᠬᠠᠶ ᠱᠠᠭᠠᠷᠳᠠᠭᠰᠠᠨ ᠦᠭᠡᠢ ᠪᠦᠬᠦᠨ ᠢ ᠡᠩ ᠤᠨ | ᠪᠠᠶᠢᠳᠠᠯ ᠳᠤ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ ᠪᠣᠯᠬᠤ ᠦᠭᠡᠢ︔ ᠥᠪᠡᠷᠲᠡᠭᠡᠨ ᠵᠠᠰᠠᠬᠤ ᠣᠷᠣᠨ ᠤ ᠬᠠᠮᠢᠶ᠎ᠠ | ᠪᠦᠬᠦᠢ ᠰᠠᠯᠠᠭ᠎ᠠ ᠮᠥᠴᠢᠷ ᠱᠠᠭᠠᠷᠳᠠᠯᠭ᠎ᠠ ᠳᠤᠷᠠᠳᠴᠤ ᠪᠠᠶᠢᠭᠠᠳ ᠨᠠᠶᠢᠷᠠᠭᠤᠯᠤᠨ ᠵᠣᠬᠢᠶᠠᠵᠤ᠂ ᠪᠣᠳᠠᠲᠤ ᠪᠠᠶᠢᠳᠠᠯ ᠲᠠᠢ ᠪᠠᠨ | ᠤᠶᠠᠯᠳᠤᠭᠤᠯᠤᠨ ᠨᠠᠶᠢᠷᠠᠭᠤᠯᠤᠨ ᠵᠣᠬᠢᠶᠠᠵᠤ᠂ ︽ᠣᠯᠠᠨ ᠲᠥᠯᠥᠪᠵᠢᠭᠦᠯᠭᠡ ᠶᠢ ᠨᠢᠭᠡᠳᠬᠡᠭᠰᠡᠨ︾ ᠪᠤᠶᠤ ︽ᠨᠢᠭᠡ | ᠲᠣᠭᠲᠠᠭᠠᠯ ᠢ ᠤᠯᠠᠨ ᠲᠠᠯ᠎ᠠ ᠪᠠᠷ ᠬᠡᠷᠡᠭᠯᠡᠬᠦ︾ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ︔ ᠦᠬᠠᠶ ᠬᠤᠲᠠ ᠶᠢᠨ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠳᠤ ᠨᠢᠭᠡᠨᠲᠡ ᠲᠣᠳᠣᠷᠬᠠᠶᠢᠯᠠᠭᠰᠠᠨ ᠵᠦᠢᠯᠡᠰ ᠪᠦᠬᠦᠨ ᠢ ᠳᠠᠬᠢᠵᠤ | ᠲᠥᠯᠥᠪᠵᠢᠭᠦᠯᠭᠡ ᠨᠠᠶᠢᠷᠠᠭᠤᠯᠤᠨ ᠵᠣᠬᠢᠶᠠᠬᠤ ᠦᠭᠡᠢ᠃ ᠡᠯ᠎ᠡ ᠲᠣᠭᠤᠷᠢᠭ᠂ ᠡᠯ᠎ᠡ ᠰᠠᠯᠠᠭ᠎ᠠ ᠮᠥᠴᠢᠷ ᠤᠳ ᠨᠢᠭᠡᠨᠲᠡ | ᠨᠠᠶᠢᠷᠠᠭᠤᠯᠤᠨ ᠵᠣᠬᠢᠶᠠᠭᠰᠠᠨ ᠲᠥᠯᠥᠪᠵᠢᠭᠦᠯᠭᠡ ᠶᠢ ᠵᠣᠬᠢᠰᠲᠠᠶ ᠲᠡᠭᠦᠯᠳᠡᠷᠵᠢᠭᠦᠯᠵᠦ᠂ ᠲᠥᠯᠥᠪᠵᠢᠭᠦᠯᠭᠡ ᠶᠢ | ᠳᠠᠪᠬᠤᠷᠳᠠᠭᠤᠯᠤᠨ ᠨᠠᠶᠢᠷᠠᠭᠤᠯᠤᠨ ᠵᠣᠬᠢᠶᠠᠬᠤ ᠶᠢ ᠰᠡᠷᠭᠡᠶᠢᠯᠡᠬᠦ ᠬᠡᠷᠡᠭᠲᠡᠶ᠃ | ᠲᠠᠪᠤ᠂ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢᠨ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠬᠤ | ᠬᠡᠷᠡᠭᠲᠡᠶ | ᠡᠯ᠎ᠡ ᠲᠣᠭᠤᠷᠢᠭ᠂ ᠡᠯ᠎ᠡ ᠰᠠᠯᠠᠭ᠎ᠠ ᠮᠥᠴᠢᠷ ᠤᠳ ᠣᠨ ᠤ ᠲᠥᠰᠦᠪ ᠤᠨ ᠪᠡᠯᠡ ᠮᠥᠩᠭᠦ ᠶᠢᠨ ᠬᠡᠷᠡᠭᠯᠡᠬᠦ ᠲᠥᠯᠥᠪᠯᠡᠭᠡ᠂ | ᠲᠥᠯᠥᠪᠵᠢᠭᠦᠯᠭᠡ ᠶᠢᠨ ᠭᠡᠷ᠎ᠡ ᠶᠢᠨ ᠪᠣᠯᠵᠤᠭ᠎ᠠ ᠪᠠ ᠠᠵᠢᠯ ᠤᠨ ᠠᠬᠢᠴᠠ ᠶᠢᠨ ᠵᠠᠷᠤᠯᠭ᠎ᠠ ᠶᠢᠨ ᠲᠥᠯᠥᠪᠵᠢᠭᠦᠯᠭᠡ ᠶᠢ ᠴᠢᠩᠭ᠎ᠠ | ᠵᠢᠷᠤᠮᠯᠠᠨ ᠵᠠᠷᠤᠳᠠᠯ ᠢ ᠳᠤᠷ᠎ᠠ ᠪᠠᠷ ᠢᠶᠠᠨ ᠲᠣᠬᠢᠷᠠᠭᠤᠯᠵᠤ᠂ ᠲᠦᠷ ᠵᠢᠭᠡᠯᠡᠭᠦᠯᠬᠦ᠂ ᠨᠡᠭᠦᠯᠭᠡᠨ ᠬᠡᠷᠡᠭᠯᠡᠬᠦ ᠪᠠ ᠳᠤᠷ᠎ᠠ ᠪᠠᠷ ᠢᠶᠠᠨ | ᠳᠠᠷᠤᠵᠤ ᠠᠪᠴᠤ ᠪᠣᠯᠬᠤ ᠦᠭᠡᠢ᠂ ᠲᠤᠰᠬᠠᠶ ᠵᠣᠭᠤᠰ ᠢ ᠲᠤᠰᠬᠠᠶ ᠬᠡᠷᠡᠭᠯᠡᠬᠦ ᠶᠢ ᠦᠨᠡᠨᠬᠦ ᠪᠠᠲᠤᠯᠠᠵᠤ᠂ ᠪᠡᠯᠡ ᠮᠥᠩᠭᠦ ᠶᠢᠨ | ᠬᠡᠷᠡᠭᠯᠡᠯᠲᠡ ᠶᠢᠨ ᠦᠷ᠎ᠡ ᠠᠰᠢᠭ ᠢ ᠦᠨᠡᠨᠬᠦ ᠪᠠᠳᠠᠷᠠᠭᠤᠯᠬᠤ ᠬᠡᠷᠡᠭᠲᠡᠶ᠃ ᠡᠳ᠋ ᠤᠨ ᠵᠠᠰᠠᠭ᠂ ᠬᠢᠨᠠᠨ ᠪᠣᠳᠣᠬᠤ ᠰᠠᠯᠠᠭ᠎ᠠ | ᠮᠥᠴᠢᠷ ᠤᠳ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ | ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠵᠠᠷᠤᠳᠠᠯ ᠢ ᠬᠡᠷᠡᠭᠯᠡᠵᠦ ᠪᠠᠶᠢᠭ᠎ᠠ ᠪᠠᠶᠢᠳᠠᠯ ᠳᠤ ᠴᠠᠭ ᠲᠤᠨᠢ ᠲᠤᠬᠢᠷᠠᠭᠤᠯᠤᠨ | ᠲᠤᠰᠬᠠᠶ ᠪᠠᠶᠢᠴᠠᠭᠠᠯᠲᠠ ᠬᠢᠬᠦ ᠬᠡᠷᠡᠭᠲᠡᠶ᠃ | 2023 ᠣᠨ ᠤ 9 ᠰᠠᠷ᠎ᠠ ᠶᠢᠨ 7 ᠤ ᠡᠳᠦᠷ | ︽ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠥᠭᠬᠦ ᠶᠢ ᠪᠠᠲᠤᠯᠠᠬᠤ ᠠᠵᠢᠯ ᠤᠨ ᠬᠢᠨᠠᠨ ᠰᠢᠯᠭᠠᠬᠤ ᠠᠷᠭ᠎ᠠ︾ | ᠶᠢ ᠳᠠᠷᠤᠮᠠᠯᠯᠠᠨ ᠶᠠᠪᠤᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ | ︽ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠥᠭᠬᠦ ᠶᠢ ᠪᠠᠲᠤᠯᠠᠬᠤ ᠠᠵᠢᠯ ᠤᠨ ᠬᠢᠨᠠᠨ ᠰᠢᠯᠭᠠᠬᠤ ᠠᠷᠭ᠎ᠠ︾ | ᠶᠢ ᠳᠠᠷᠤᠮᠠᠯᠯᠠᠨ ᠶᠠᠪᠤᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ | ᠲᠥᠷᠥ ᠠᠯᠪᠠᠨ ᠲᠠᠷᠬᠠᠭᠠᠭᠰᠠᠨ ︹2020︺ 33 ᠳ᠋ᠤᠭᠠᠷ ᠲᠣᠭᠠᠲᠤ | ᠡᠯ᠎ᠡ ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ᠂ | ᠲᠥᠷᠥ ᠶᠢᠨ ᠶᠠᠪᠤᠳᠠᠯ ᠤᠨ ᠬᠤᠷᠢᠶᠠᠨ ᠤ ᠡᠯ᠎ᠡ ᠶᠠᠮᠤᠨ ᠵᠥᠪᠯᠡᠯ᠂ ᠰᠢᠭᠤᠳ ᠬᠠᠷᠢᠶ᠎ᠠ ᠪᠠᠶᠢᠭᠤᠯᠤᠮᠵᠢ ᠨᠤᠭᠤᠳ ᠲᠤ᠄ | ᠲᠥᠷᠥ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠡᠳ᠂ ᠡᠳᠦᠭᠡ ᠵᠠᠰᠠᠪᠤᠷᠢ ᠣᠷᠣᠭᠤᠯᠤᠭᠰᠠᠨ ᠤ ᠳᠠᠷᠠᠭᠠᠬᠢ | ︽ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠣᠯᠭᠤᠬᠤ ᠶᠢ ᠪᠠᠲᠤᠯᠠᠬᠤ ᠠᠵᠢᠯ ᠤᠨ ᠬᠢᠨᠠᠨ ᠰᠢᠯᠭᠠᠬᠤ ᠠᠷᠭ᠎ᠠ︾ ᠶᠢ | ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠲᠦᠭᠡᠶ᠃ 2017 ᠣᠨ ᠤ 12 ᠳ᠋ᠤᠭᠠᠷ | ᠰᠠᠷ᠎ᠠ ᠶᠢᠨ 6 ᠤ ᠡᠳᠦᠷ ᠲᠥᠷᠥ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠡᠳ᠂ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠠᠯᠪᠠᠨ ᠲᠢᠩᠬᠢᠮ ᠠᠴᠠ ᠳᠠᠷᠤᠮᠠᠯᠯᠠᠨ ᠲᠠᠷᠬᠠᠭᠠᠭᠰᠠᠨ ︽ᠬᠥᠯᠥᠰᠥᠨ ᠠᠵᠢᠯᠴᠢᠨ ᠤ ᠴᠠᠯᠢᠩ ᠢ ᠥᠭᠬᠦ ᠶᠢ | ᠪᠠᠲᠤᠯᠠᠬᠤ ᠠᠵᠢᠯ ᠤᠨ ᠬᠢᠨᠠᠨ ᠰᠢᠯᠭᠠᠬᠤ ᠠᠷᠭ᠎ᠠ︾ ᠶᠢ ᠬᠠᠮᠲᠤ ᠳᠤᠨᠢ ᠬᠦᠴᠦᠨ ᠥᠬᠡᠶ ᠪᠣᠯᠭᠠᠨ᠎ᠠ᠃ | ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ | 2023 ᠣᠨ ᠤ 9 ᠰᠠᠷ᠎ᠠ ᠶᠢᠨ 21 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠬᠦ︶ | ᠬᠦᠯᠦᠰᠦᠨ ᠲᠠᠷᠢᠶᠠᠴᠢᠨ ᠤ ᠴᠠᠯᠢᠩ ᠢ ᠪᠠᠲᠤᠯᠠᠬᠤ ᠠᠵᠢᠯ ᠤᠨ ᠬᠢᠨᠠᠨ ᠰᠢᠯᠭᠠᠬᠤ ᠠᠷᠭ᠎ᠠ | ᠨᠢᠭᠡᠳᠦᠭᠡᠷ ᠵᠦᠢᠯ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠥᠭᠬᠦ ᠶᠢ ᠪᠠᠲᠤᠯᠠᠬᠤ ᠠᠵᠢᠯ ᠤᠨ ᠬᠠᠷᠢᠶ᠎ᠠ | ᠭᠠᠵᠠᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ | ᠥᠷᠢᠲᠦᠵᠦ ᠪᠠᠶᠢᠭ᠎ᠠ ᠠᠰᠠᠭᠤᠳᠠᠯ ᠢ ᠪᠦᠲᠦᠮᠵᠢᠲᠡᠶ ᠰᠡᠷᠭᠡᠶᠢᠯᠡᠬᠦ ᠪᠠ ᠰᠢᠶ᠋ᠳᠪᠦᠷᠢᠯᠡᠵᠦ᠂ ᠲᠠᠷᠢᠶᠠᠴᠢᠨ ᠬᠦᠴᠦ | ᠶᠠᠪᠤᠭᠰᠠᠳ ᠤᠨ ᠬᠥᠳᠡᠯᠮᠦᠷᠢ ᠶᠢᠨ ᠬᠥᠯᠥᠰᠥ ᠣᠯᠭᠤᠮᠵᠢ ᠶᠢᠨ ᠡᠷᠬᠡ ᠠᠰᠢᠭ ᠢ ᠦᠨᠡᠨᠬᠦ ᠪᠠᠲᠤᠯᠠᠵᠤ᠂ ᠨᠡᠶᠢᠭᠡᠮ ᠤᠨ ᠲᠥᠪ | ᠭᠤᠤᠯᠴᠢ ᠰᠢᠳᠤᠷᠭᠤ ᠶᠣᠰᠣ ᠶᠢ ᠬᠠᠮᠠᠭᠠᠯᠠᠵᠤ᠂ ᠨᠡᠶᠢᠭᠡᠮ ᠤᠨ ᠡᠶ᠎ᠡ ᠵᠣᠬᠢᠴᠠᠯ ᠲᠠᠢ ᠪᠥᠭᠡᠳ ᠲᠣᠭᠲᠠᠭᠤᠨ ᠪᠠᠶᠢᠬᠤ ᠶᠢ | ᠠᠬᠢᠭᠤᠯᠬᠤ ᠶᠢᠨ ᠲᠤᠰᠠᠳᠠ᠂ ︽ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠥᠭᠬᠦ ᠶᠢ ᠪᠠᠲᠤᠯᠠᠬᠤ ᠳᠦᠷᠢᠮ︾ ᠵᠡᠷᠭᠡ | ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠲᠤᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠲᠤᠰ ᠠᠷᠭ᠎ᠠ ᠨᠢ ᠡᠯ᠎ᠡ ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ | ᠶᠢᠨ ᠠᠷᠠᠳ ᠤᠨ ᠵᠠᠰᠠᠭ ᠤᠨ ᠣᠷᠳᠣᠨ ᠵᠢᠴᠢ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ | ᠪᠢᠩᠲᠤᠸᠡᠨ ︵ᠳᠣᠷᠣᠭᠰᠢ ᠡᠯ᠎ᠡ ᠮᠤᠵᠢ ᠶᠢᠨ ᠱᠠᠲᠤᠨ ᠤ ᠵᠠᠰᠠᠭ ᠤᠨ ᠣᠷᠳᠣᠨ ᠭᠡᠵᠦ ᠨᠢᠭᠡᠳᠦᠯᠲᠡᠶ ᠨᠡᠷᠡᠶᠢᠳᠦᠨ᠎ᠡ︶ ᠶᠢᠨ | ᠲᠠᠷᠢᠶᠠᠴᠢᠨ ᠤ ᠬᠦᠴᠦ ᠶᠠᠪᠤᠭᠰᠠᠳ ᠤᠨ ᠴᠠᠯᠢᠩ ᠢ ᠥᠭᠬᠦ ᠶᠢ ᠪᠠᠲᠤᠯᠠᠬᠤ ᠠᠵᠢᠯ ᠤᠨ ᠣᠨ ᠤ ᠬᠢᠨᠠᠨ ᠰᠢᠯᠭᠠᠬᠤ ᠳᠤ | ᠲᠣᠬᠢᠷᠠᠨ᠎ᠠ᠃ | ᠭᠤᠷᠪᠠᠳᠤᠭᠠᠷ ᠵᠦᠢᠯ ᠰᠢᠯᠭᠠᠨ ᠬᠢᠨᠠᠬᠤ ᠠᠵᠢᠯ ᠢ ᠲᠥᠷᠥ ᠶᠢᠨ ᠶᠠᠪᠤᠳᠠᠯ ᠤᠨ ᠬᠤᠷᠢᠶᠠᠨ ᠤ ᠤᠳᠤᠷᠢᠳᠤᠯᠭ᠎ᠠ ᠶᠢᠨ | ᠳᠣᠤᠷ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠠᠵᠢᠯ ᠣᠯᠭᠤᠯᠲᠠ ᠶᠢ ᠠᠬᠢᠭᠤᠯᠬᠤ ᠪᠠ ᠬᠥᠳᠡᠯᠮᠦᠷᠢ ᠶᠢᠨ | ᠬᠠᠮᠠᠭᠠᠯᠠᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ︵ᠳᠣᠷᠣᠭᠰᠢ ᠤᠳᠤᠷᠢᠳᠬᠤ ᠳᠤᠭᠤᠶᠢᠯᠠᠩ ᠭᠡᠵᠦ ᠲᠣᠪᠴᠢᠯᠠᠨ᠎ᠠ︶ | ᠠᠴᠠ ᠬᠠᠷᠢᠭᠤᠴᠠᠨ ᠬᠡᠷᠡᠭᠵᠢᠭᠦᠯᠵᠦ᠂ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠪᠣᠳᠠᠲᠠᠶ ᠵᠣᠬᠢᠶᠠᠨ ᠪᠠᠶᠢᠭᠤᠯᠤᠨ | ᠨᠠᠶᠢᠳᠠᠪᠤᠷᠢᠵᠢᠭᠤᠯᠤᠨ᠎ᠠ᠃ ᠬᠢᠨᠠᠨ ᠰᠢᠯᠭᠠᠬᠤ ᠠᠵᠢᠯ ᠢ 2023 ᠣᠨ ᠠᠴᠠ 2027 ᠤᠨ ᠪᠣᠯᠲᠠᠯ᠎ᠠ᠂ ᠵᠢᠯ ᠪᠦᠷᠢ ᠨᠢᠭᠡ | ᠤᠳᠠᠭ᠎ᠠ ᠥᠷᠨᠢᠭᠦᠯᠦᠨ᠎ᠡ᠃ | ᠳᠥᠷᠪᠡᠳᠦᠭᠡᠷ ᠵᠦᠢᠯ ᠰᠢᠯᠭᠠᠨ ᠬᠢᠨᠠᠬᠤ ᠠᠵᠢᠯ ᠳᠤ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠢᠨᠵᠢ ᠴᠢᠨᠠᠷ ᠪᠠ ᠬᠡᠮᠵᠢᠶ᠎ᠡ | ᠲᠣᠭᠲᠠᠭᠠᠨ ᠦᠨᠡᠯᠡᠬᠦ ᠶᠢ ᠤᠶᠠᠯᠳᠤᠭᠤᠯᠬᠤ ᠶᠢ ᠪᠠᠷᠢᠮᠲᠠᠯᠠᠨ᠂ ᠪᠤᠰᠤᠳᠴᠢ ᠲᠥᠪ ᠭᠤᠤᠯᠴᠢ ᠪᠠᠶᠢᠬᠤ ᠵᠠᠷᠴᠢᠮ ᠢ ᠵᠢᠷᠤᠮᠯᠠᠵᠤ᠂ | ᠭᠤᠤᠯᠳᠠᠯᠭ᠎ᠠ ᠶᠢ ᠳᠣᠪᠤᠶᠢᠯᠭᠠᠨ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ ᠬᠡᠷᠡᠭᠲᠡᠶ᠃ | ᠲᠠᠪᠤᠳᠤᠭᠠᠷ ᠵᠦᠢᠯ ᠰᠢᠯᠭᠠᠨ ᠬᠢᠨᠠᠬᠤ ᠠᠭᠤᠯᠭ᠎ᠠ ᠳᠤ ᠭᠤᠤᠯᠳᠠᠭᠤ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ | ᠥᠭᠬᠦ ᠶᠢ ᠪᠠᠲᠤᠯᠠᠬᠤ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ᠂ ᠴᠠᠯᠢᠩ ᠥᠭᠬᠦ | ᠪᠠᠲᠤᠯᠠᠭ᠎ᠠ ᠶᠢᠨ ᠳᠦᠷᠢᠮ ᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠬᠤ᠂ ᠴᠠᠯᠢᠩ ᠥᠷᠢᠲᠦᠬᠦ ᠢᠯᠠᠩᠭᠤᠶ᠎ᠠ ᠪᠠᠷᠢᠯᠭ᠎ᠠ ᠶᠢᠨ | ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠴᠠᠯᠢᠩ ᠥᠷᠢᠲᠦᠬᠦ ᠶᠢ ᠵᠠᠰᠠᠭᠰᠠᠨ ᠠᠵᠢᠯ ᠤᠨ ᠦᠷ᠎ᠡ ᠪᠦᠲᠦᠮᠵᠢ᠂ ᠠᠷᠠᠳ | ᠣᠯᠠᠨ ᠤ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠵᠡᠷᠭᠡ ᠪᠠᠶᠢᠳᠠᠯ ᠪᠠᠭᠲᠠᠨ᠎ᠠ᠃ | ᠵᠢᠷᠭᠤᠳᠤᠭᠠᠷ ᠵᠦᠢᠯ ᠤᠳᠤᠷᠢᠳᠬᠤ ᠳᠤᠭᠤᠶᠢᠯᠠᠩ ᠤᠨ ᠠᠯᠪᠠᠨ ᠭᠡᠷ ᠬᠤᠯᠪᠣᠭᠳᠠᠯ ᠪᠦᠬᠦᠢ ᠪᠦᠷᠢᠯᠳᠦᠬᠦᠨ | ᠨᠢᠭᠡᠴᠡ ᠶᠢ ᠵᠣᠬᠢᠶᠠᠨ ᠪᠠᠶᠢᠭᠤᠯᠤᠨ ᠣᠨ ᠤ ᠰᠢᠯᠭᠠᠨ ᠬᠢᠨᠠᠬᠤ ᠲᠥᠰᠦᠯ ᠵᠢᠴᠢ ᠨᠠᠷᠢᠨ ᠲᠦᠷᠢᠮ ᠢ ᠲᠣᠭᠲᠠᠭᠠᠵᠤ᠂ ᠪᠣᠳᠠᠲᠠᠶ | ᠰᠢᠯᠭᠠᠨ ᠬᠢᠨᠠᠬᠤ ᠭᠦᠢᠴᠡᠳᠬᠡᠯ ᠲᠤᠭ᠎ᠠ ᠪᠠ ᠬᠤᠪᠢ ᠶᠢᠨ ᠦᠷᠳᠡᠭ ᠢ ᠲᠣᠳᠣᠷᠬᠠᠶᠢᠯᠠᠨ᠎ᠠ᠃ | ᠳᠣᠯᠣᠳᠤᠭᠠᠷ ᠵᠦᠢᠯ ᠰᠢᠯᠭᠠᠨ ᠬᠢᠨᠠᠬᠤ ᠠᠵᠢᠯ ᠢ ᠳᠣᠤᠷᠠᠬᠢ ᠳᠡᠰ ᠳᠠᠷᠠᠭᠠᠯᠠᠯ ᠢᠶᠠᠷ ᠶᠠᠪᠤᠭᠳᠠᠭᠤᠯᠤᠨ᠎ᠠ᠄ | ︵ᠨᠢᠭᠡ︶ ᠮᠤᠵᠢ ᠶᠢᠨ ᠱᠠᠲᠤᠨ ᠤ ᠥᠪᠡᠷ ᠢ ᠪᠠᠨ ᠪᠠᠶᠢᠴᠠᠭᠠᠬᠤ᠃ ᠡᠯ᠎ᠡ ᠮᠤᠵᠢ ᠶᠢᠨ ᠱᠠᠲᠤᠨ ᠤ ᠵᠠᠰᠠᠭ ᠤᠨ | ᠣᠷᠳᠣᠨ ᠰᠢᠯᠭᠠᠨ ᠬᠢᠨᠠᠬᠤ ᠲᠥᠰᠦᠯ ᠵᠢᠴᠢ ᠨᠠᠷᠢᠨ ᠳᠦᠷᠢᠮ ᠯᠦᠭᠡ ᠬᠠᠷᠢᠴᠠᠭᠤᠯᠤᠨ᠂ ᠣᠨ ᠤ ᠲᠠᠷᠢᠶᠠᠴᠢᠨ ᠬᠦᠴᠦ | ᠶᠠᠪᠤᠭᠰᠠᠳ ᠤᠨ ᠴᠠᠯᠢᠩ ᠢ ᠥᠭᠬᠦ ᠶᠢ ᠪᠠᠲᠤᠯᠠᠬᠤ ᠠᠵᠢᠯ ᠤᠨ ᠠᠬᠢᠴᠠ ᠶᠢᠨ ᠪᠠᠶᠢᠳᠠᠯ ᠪᠣᠯᠤᠨ ᠦᠷ᠎ᠡ ᠪᠦᠲᠦᠮᠵᠢ ᠶᠢ ᠰᠢᠯᠭᠠᠨ | ᠬᠢᠨᠠᠵᠤ᠂ ᠰᠢᠯᠭᠠᠨ ᠬᠢᠨᠠᠵᠤ ᠥᠪᠡᠰᠦᠪᠡᠨ ᠪᠠᠶᠢᠴᠠᠭᠠᠬᠤ ᠬᠦᠰᠦᠨᠦᠭᠲᠦ ᠶᠢ ᠲᠠᠭᠯᠠᠨ ᠮᠡᠳᠡᠭᠦᠯᠵᠦ᠂ ᠥᠪᠡᠰᠦᠪᠡᠨ | ᠪᠠᠶᠢᠴᠠᠭᠠᠭᠰᠠᠨ ᠮᠡᠳᠡᠭᠦᠯᠦᠯᠲᠡ ᠭᠠᠷᠭᠠᠵᠤ᠂ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠮᠡᠳᠡᠭᠦᠯᠦᠨ ᠬᠦᠷᠭᠡᠬᠦ | ᠬᠡᠷᠡᠭᠲᠡᠶ᠃ ᠡᠯ᠎ᠡ ᠮᠤᠵᠢ ᠶᠢᠨ ᠱᠠᠲᠤᠨ ᠤ ᠵᠠᠰᠠᠭ ᠤᠨ ᠣᠷᠳᠣᠨ ᠥᠪᠡᠷ ᠢ ᠪᠠᠨ ᠪᠠᠶᠢᠴᠠᠭᠠᠭᠰᠠᠨ ᠮᠡᠳᠡᠭᠦᠯᠦᠯᠲᠡ ᠶᠢᠨ ᠦᠨᠡᠨ | ᠪᠣᠳᠠᠲᠤ ᠴᠢᠨᠠᠷ᠂ ᠣᠨᠣᠪᠴᠢᠲᠤ ᠴᠢᠨᠠᠷ ᠲᠤ ᠬᠠᠷᠢᠭᠤᠴᠠᠬᠤ ᠬᠡᠷᠡᠭᠲᠡᠶ᠃ | ︵ᠬᠤᠶᠠᠷ︶ ᠲᠤᠬᠠᠢ ᠶᠢᠨ ᠭᠠᠵᠠᠷ ᠲᠤ ᠨᠢ ᠬᠢᠨᠠᠨ ᠪᠠᠶᠢᠴᠠᠭᠠᠬᠤ᠃ ᠤᠳᠤᠷᠢᠳᠬᠤ ᠳᠤᠭᠤᠶᠢᠯᠠᠩ ᠤᠨ ᠠᠯᠪᠠᠨ | ᠭᠡᠷ ᠨᠢ ᠬᠤᠯᠪᠣᠭᠳᠠᠯ ᠪᠦᠬᠦᠢ ᠪᠦᠷᠢᠯᠳᠦᠬᠦᠨ ᠨᠢᠭᠡᠴᠡ ᠶᠢ ᠵᠣᠬᠢᠶᠠᠨ ᠪᠠᠶᠢᠭᠤᠯᠤᠨ ᠬᠢᠨᠠᠨ ᠰᠢᠯᠭᠠᠬᠤ ᠳᠤᠭᠤᠶᠢᠯᠠᠩ | ᠪᠠᠶᠢᠭᠤᠯᠵᠤ᠂ ᠮᠤᠵᠢ ᠶᠢᠨ ᠱᠠᠲᠤᠨ ᠤ ᠵᠠᠰᠠᠭ ᠤᠨ ᠣᠷᠳᠣᠨ ᠤ ᠣᠨ ᠤ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ | ᠥᠭᠬᠦ ᠶᠢ ᠪᠠᠲᠤᠯᠠᠬᠤ ᠠᠵᠢᠯ ᠤᠨ ᠠᠬᠢᠴᠠ ᠶᠢᠨ ᠪᠠᠶᠢᠳᠠᠯ ᠪᠣᠯᠤᠨ ᠦᠷ᠎ᠡ ᠪᠦᠲᠦᠮᠵᠢ ᠶᠢ ᠬᠢᠨᠠᠨ ᠰᠢᠯᠭᠠᠬᠤ ᠳᠤ ᠲᠤᠬᠠᠶ ᠶᠢᠨ | ᠭᠠᠵᠠᠷ ᠤᠨ ᠬᠢᠨᠠᠨ ᠪᠠᠶᠢᠴᠠᠭᠠᠯᠲᠠ ᠬᠢᠵᠦ᠂ ᠡᠯ᠎ᠡ ᠭᠠᠵᠠᠷ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ᠂ ᠡᠬᠢ | ᠡᠭᠦᠰᠦᠯ ᠠᠴᠠ ᠨᠢ ᠵᠠᠰᠠᠬᠤ᠂ ᠳᠦᠷᠢᠮ ᠤᠨ ᠪᠠᠶᠢᠭᠤᠯᠤᠯᠲᠠ ᠵᠡᠷᠭᠡ ᠬᠢᠨᠠᠨ ᠰᠢᠯᠭᠠᠬᠤ ᠭᠦᠢᠴᠡᠳᠬᠡᠬᠦ ᠲᠤᠭ᠎ᠠ ᠳᠤ ᠦᠨᠡᠯᠡᠨ | ᠵᠢᠱᠢᠯᠲᠡ ᠬᠢᠬᠦ ᠬᠡᠷᠡᠭᠲᠡᠶ᠃ ᠲᠤᠬᠠᠶ ᠶᠢᠨ ᠭᠠᠵᠠᠷ ᠲᠤᠨᠢ ᠬᠢᠨᠠᠨ ᠪᠠᠶᠢᠴᠠᠭᠠᠬᠤ ᠳᠤ ᠬᠠᠷᠢᠭᠤ ᠮᠡᠳᠡᠭᠦᠯᠦᠯᠲᠡ ᠰᠣᠨᠣᠰᠬᠤ᠂ | ᠮᠠᠲ᠋ᠧᠷᠢᠶᠠᠯ ᠬᠢᠨᠠᠨ ᠰᠢᠯᠭᠠᠬᠤ ᠵᠡᠷᠭᠡ ᠠᠷᠭ᠎ᠠ ᠮᠠᠶ᠋ᠢᠭ ᠢᠶᠠᠷ ᠶᠠᠪᠤᠭᠳᠠᠭᠤᠯᠤᠨ᠎ᠠ᠃ | ︵ᠭᠤᠷᠪᠠ︶ ᠭᠤᠷᠪᠠᠳᠤᠭᠠᠷ ᠡᠲᠡᠭᠡᠳ ᠤᠨ ᠦᠨᠡᠯᠡᠯᠲᠡ ᠬᠢᠬᠦ᠃ ᠤᠳᠤᠷᠢᠳᠬᠤ ᠳᠤᠭᠤᠶᠢᠯᠠᠩ ᠤᠨ ᠠᠯᠪᠠᠨ ᠬᠡᠷ ᠨᠢ | ᠭᠤᠷᠪᠠᠳᠠᠬᠢ ᠡᠲᠡᠭᠡᠳ ᠤᠨ ᠪᠠᠶᠢᠭᠤᠯᠤᠮᠵᠢ ᠳᠤ ᠨᠠᠶᠢᠳᠠᠵᠤ᠂ ᠥᠯᠢᠭᠡᠷ ᠠᠪᠴᠤ ᠪᠠᠶᠢᠴᠠᠭᠠᠬᠤ᠂ ᠶᠠᠷᠢᠯᠴᠠᠬᠤ ᠪᠠ ᠲᠤᠭ᠎ᠠ | ᠪᠠᠷᠢᠮᠲᠠ ᠶᠢᠨ ᠵᠠᠳᠠᠯᠤᠯᠲᠠ ᠶᠢ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠡᠯ᠎ᠡ ᠭᠠᠵᠠᠷ ᠤᠨ ᠲᠦᠷᠢᠮ ᠢ | ᠨᠠᠶᠢᠳᠠᠪᠤᠷᠢᠵᠢᠭᠤᠯᠬᠤ᠂ ᠠᠷᠠᠳ ᠣᠯᠠᠨ ᠤ ᠬᠠᠨᠤᠮᠵᠢ ᠶᠢᠨ ᠬᠡᠮᠵᠢᠶ᠎ᠡ ᠵᠡᠷᠭᠡ ᠬᠢᠨᠠᠨ ᠰᠢᠯᠭᠠᠬᠤ ᠭᠦᠢᠴᠡᠳᠬᠡᠯ ᠲᠤᠭ᠎ᠠ ᠳᠤ | ᠦᠨᠡᠯᠡᠨ ᠵᠢᠱᠢᠯᠲᠡ ᠬᠢᠬᠦ ᠬᠡᠷᠡᠭᠲᠡᠢ᠃ | ︵ᠲᠦᠷᠪᠡ︶ ᠳᠠᠯᠳᠠ ᠰᠤᠭᠤᠴᠢᠨ ᠪᠠᠶᠢᠴᠠᠭᠠᠬᠤ᠃ ᠤᠳᠤᠷᠢᠳᠬᠤ ᠳᠤᠭᠤᠶᠢᠯᠠᠩ ᠤᠨ ᠠᠯᠪᠠᠨ ᠬᠡᠷ ᠨᠢ | ᠬᠦᠴᠦᠨ ᠢᠶᠠᠨ ᠵᠣᠬᠢᠶᠠᠨ ᠪᠠᠶᠢᠭᠤᠯᠬᠤ ᠪᠤᠶᠤ ᠵᠠᠭᠤᠴᠢᠯᠠᠭᠤᠷ ᠲᠤ ᠨᠠᠶᠢᠳᠠᠵᠤ ᠳᠠᠯᠳᠠᠭᠤᠷ ᠰᠤᠷᠪᠤᠯᠵᠢᠯᠠᠬᠤ ᠳᠤᠭᠤᠶᠢᠯᠠᠩ | ᠪᠠᠶᠢᠭᠤᠯᠵᠤ᠂ ︽ᠳᠠᠯᠳᠠᠭᠤᠷ ᠰᠤᠷᠪᠤᠯᠵᠢᠯᠠᠵᠤ ᠢᠯᠡ ᠪᠠᠷ ᠪᠠᠶᠢᠴᠠᠭᠠᠬᠤ︾ ᠠᠷᠭ᠎ᠠ ᠮᠠᠶ᠋ᠢᠭ ᠢ ᠠᠪᠴᠤ᠂ ᠡᠯ᠎ᠡ ᠭᠠᠵᠠᠷ ᠤᠨ | ᠡᠷᠬᠡ ᠪᠠᠨ ᠬᠠᠮᠠᠭᠠᠯᠠᠬᠤ ᠠᠷᠭ᠎ᠠ ᠵᠠᠮ᠂ ᠰᠤᠷᠲᠠᠯ ᠤᠨ ᠪᠠᠶᠢᠭᠤᠯᠤᠯᠲᠠ ᠵᠡᠷᠭᠡ ᠳᠤ ᠪᠠᠶᠢᠴᠠᠭᠠᠯᠲᠠ ᠬᠢᠬᠦ ᠬᠡᠷᠡᠭᠲᠡᠶ᠃ | ︵ᠲᠠᠪᠤ︶ ᠶᠡᠷᠦᠩᠬᠡᠶᠢᠯᠡᠨ ᠦᠨᠡᠯᠡᠨ ᠵᠢᠱᠢᠯᠲᠡ ᠬᠢᠬᠦ᠃ ᠤᠳᠤᠷᠢᠳᠬᠤ ᠳᠤᠭᠤᠶᠢᠯᠠᠩ ᠤᠨ ᠠᠯᠪᠠᠨ ᠬᠡᠷ ᠨᠢ | ᠬᠤᠯᠪᠣᠭᠳᠠᠯ ᠪᠥᠬᠦᠶ ᠪᠦᠷᠢᠯᠳᠦᠬᠦᠨ ᠨᠢᠭᠡᠴᠡ ᠶᠢ ᠵᠣᠬᠢᠶᠠᠨ ᠪᠠᠶᠢᠭᠤᠯᠤᠨ ᠮᠤᠵᠢ ᠶᠢᠨ ᠱᠠᠲᠤᠨ ᠤ ᠥᠪᠡᠰᠦᠪᠡᠨ | ᠪᠠᠶᠢᠴᠠᠭᠠᠭᠰᠠᠨ᠂ ᠲᠤᠬᠠᠶ ᠶᠢᠨ ᠭᠠᠵᠠᠷ ᠲᠤᠨᠢ ᠬᠠᠷᠭᠤᠭᠤᠯᠤᠨ ᠪᠠᠶᠢᠴᠠᠭᠠᠭᠰᠠᠨ᠂ ᠭᠤᠷᠪᠠᠳᠠᠬᠢ ᠡᠲᠡᠭᠡᠳ ᠠᠴᠠ ᠦᠨᠡᠯᠡᠨ | ᠵᠢᠱᠢᠵᠦ᠂ ᠳᠠᠯᠳᠠᠭᠤᠷ ᠰᠤᠭᠤᠴᠢᠨ ᠪᠠᠶᠢᠴᠠᠭᠠᠭᠰᠠᠨ ᠪᠠᠶᠢᠳᠠᠯ ᠢ ᠦᠨᠳᠦᠰᠦᠯᠡᠨ᠂ ᠠᠵᠢᠯ ᠲᠥᠷᠥᠯ ᠤᠨ ᠭᠤᠤᠯᠴᠢᠯᠠᠨ | ᠬᠠᠮᠢᠶᠠᠷᠤᠭᠰᠠᠨ᠂ ᠳᠣᠲᠣᠭᠠᠳᠤ ᠶᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠭ᠎ᠠ ᠵᠡᠷᠭᠡ ᠰᠠᠯᠠᠭ᠎ᠠ ᠮᠥᠴᠢᠷ ᠤᠨ ᠡᠵᠡᠮᠰᠢᠭᠰᠡᠨ | ᠪᠠᠶᠢᠳᠠᠯ ᠲᠠᠢ ᠤᠶᠠᠯᠳᠤᠭᠤᠯᠤᠨ᠂ ᠰᠢᠯᠭᠠᠨ ᠬᠢᠨᠠᠵᠤ ᠦᠨᠡᠯᠡᠨ ᠵᠢᠱᠢᠵᠦ᠂ ᠰᠢᠯᠭᠠᠨ ᠬᠢᠨᠠᠭᠰᠠᠨ ᠮᠡᠳᠡᠭᠦᠯᠦᠯᠲᠡ ᠶᠢ ᠪᠣᠶ | ᠪᠣᠯᠭᠠᠵᠤ᠂ ᠤᠳᠤᠷᠢᠳᠬᠤ ᠳᠤᠭᠤᠶᠢᠯᠠᠩ ᠳᠤ ᠮᠡᠳᠡᠭᠦᠯᠦᠨ ᠬᠢᠨᠠᠨ ᠵᠥᠪᠰᠢᠶᠡᠷᠡᠭᠦᠯᠦᠨ᠎ᠡ᠃ | ᠨᠠᠢᠮᠠᠳᠤᠭᠠᠷ ᠵᠦᠢᠯ ᠰᠢᠯᠭᠠᠨ ᠬᠢᠨᠠᠬᠤ ᠳᠤ ᠱᠠᠲᠤ ᠬᠤᠪᠢᠶᠠᠨ ᠬᠤᠪᠢ ᠲᠣᠭᠲᠠᠭᠠᠬᠤ ᠠᠷᠭ᠎ᠠ ᠶᠢ ᠠᠪᠴᠤ᠂ ᠰᠠᠭᠤᠷᠢ | ᠪᠠᠷᠢᠮᠵᠢᠶ᠎ᠠ ᠶᠢ 100 ᠬᠤᠪᠢ ᠬᠤᠪᠢᠶᠠᠵᠤ᠂ ᠰᠢᠯᠭᠠᠨ ᠬᠢᠨᠠᠭᠰᠠᠨ ᠦᠷ᠎ᠡ ᠳ᠋ᠦᠩ ᠢ A᠂ B᠂ C ᠭᠡᠵᠦ ᠭᠤᠷᠪᠠᠨ ᠳᠡᠰ | ᠬᠤᠪᠢᠶᠠᠨ᠎ᠠ᠃ | ︵ᠨᠢᠭᠡ︶ ᠡᠭᠦᠨ ᠤ ᠬᠠᠮᠲᠤ ᠳᠣᠤᠷᠠᠬᠢ ᠬᠤᠶᠠᠷ ᠨᠥᠬᠦᠴᠡᠯ ᠳᠤ ᠨᠡᠶᠢᠴᠡᠭᠰᠡᠨ ᠪᠠᠶᠢᠪᠠᠯ᠂ ᠰᠢᠯᠭᠠᠨ ᠬᠢᠨᠠᠬᠤ ᠳᠡᠰ ᠨᠢ | A ᠳᠡᠰ ᠪᠣᠯᠤᠨ᠎ᠠ᠄ | 1. ᠤᠳᠤᠷᠢᠳᠤᠯᠭ᠎ᠠ ᠴᠢᠬᠤᠯᠠᠴᠢᠯᠠᠨ ᠦᠵᠡᠵᠦ᠂ ᠠᠵᠢᠯ ᠤᠨ ᠲᠣᠭᠲᠠᠴᠠ ᠪᠦᠷᠢᠨ ᠲᠡᠭᠦᠯᠳᠡᠷ᠂ ᠡᠯ᠎ᠡ ᠵᠦᠢᠯ ᠤᠨ | ᠴᠠᠯᠢᠩ ᠥᠭᠬᠦ ᠪᠠᠲᠤᠯᠠᠭ᠎ᠠ ᠶᠢᠨ ᠳᠦᠷᠢᠮ ᠪᠦᠷᠢᠨ ᠲᠡᠭᠦᠯᠳᠡᠷ᠂ ᠨᠠᠶᠢᠳᠠᠪᠤᠷᠢᠵᠢᠭᠤᠯᠤᠯᠲᠠ ᠬᠦᠴᠦᠲᠡᠶ᠂ ᠠᠵᠢᠯ ᠤᠨ ᠦᠷ᠎ᠡ | ᠪᠦᠲᠦᠮᠵᠢ ᠢᠯᠡᠷᠬᠡᠶ ᠪᠠᠶᠢᠬᠤ | 2. ᠰᠢᠯᠭᠠᠨ ᠬᠢᠨᠠᠬᠤ ᠳᠤ ᠪᠦᠬᠦ ᠤᠯᠤᠰ ᠤᠨ ᠡᠮᠦᠨ᠎ᠡ ᠠᠷᠪᠠᠨ ᠳᠤ ᠵᠢᠭᠰᠠᠭᠠᠭᠳᠠᠪᠠ᠃ | ︵ᠬᠤᠶᠠᠷ︶ ᠲᠤᠤᠷᠠᠬᠢ ᠪᠠᠶᠢᠳᠠᠯ ᠤᠨ ᠠᠯᠢ ᠨᠢᠭᠡ ᠨᠢ ᠪᠠᠶᠢᠪᠠᠯ᠂ ᠰᠢᠯᠭᠠᠨ ᠬᠢᠨᠠᠬᠤ ᠵᠡᠷᠭᠡ ᠲᠡᠰ ᠨᠢ C ᠲᠡᠰ | ᠪᠤᠯᠤᠨ᠎ᠠ᠄ | 1. ᠬᠥᠯᠥᠰᠥᠨ ᠠᠵᠢᠯᠴᠢᠨ ᠤ ᠴᠠᠯᠢᠩ ᠥᠭᠬᠦ ᠶᠢ ᠪᠠᠲᠤᠯᠠᠬᠤ ᠠᠵᠢᠯ ᠬᠦᠴᠦᠨ ᠦᠭᠡᠢ᠂ ᠦᠷ᠎ᠡ ᠪᠦᠲᠦᠮᠵᠢ ᠢᠯᠡᠷᠬᠡᠶ | ᠪᠤᠰᠤ᠂ ᠴᠠᠯᠢᠩ ᠥᠷᠢᠲᠦᠬᠦ ᠠᠰᠠᠭᠤᠳᠠᠯ ᠲᠣᠪᠤᠶᠢᠮ᠎ᠠ ᠪᠠᠶᠢᠵᠤ᠂ ᠬᠢᠨᠠᠨ ᠰᠢᠯᠭᠠᠬᠤ ᠳᠤ ᠪᠦᠬᠦ ᠤᠯᠤᠰ ᠤᠨ ᠠᠷᠤ ᠲᠠᠯ᠎ᠠ ᠳᠤ | ᠵᠢᠭᠰᠠᠭᠠᠭᠳᠠᠭᠰᠠᠨ | 2. 5 ᠤᠳᠠᠭ᠎ᠠ ᠵᠢᠴᠢ ᠲᠡᠭᠦᠨ ᠠᠴᠠ ᠳᠡᠭᠡᠭᠰᠢᠬᠢ ᠬᠥᠯᠥᠰᠥᠨ ᠠᠵᠢᠯᠴᠢᠨ ᠤ ᠴᠠᠯᠢᠩ ᠢ ᠥᠷᠢᠲᠦᠭᠰᠡᠨ ᠠᠴᠠ ᠪᠣᠯᠵᠤ | 50 ᠬᠥᠮᠦᠨ ᠠᠴᠠ ᠳᠡᠭᠡᠭᠰᠢᠬᠢ ᠬᠠᠮᠲᠤᠯᠢᠭ ᠤᠨ ᠴᠢᠨᠠᠷᠲᠠᠶ ᠬᠡᠷᠡᠭ ᠭᠠᠷᠤᠭᠰᠠᠨ ᠪᠤᠶᠤ 2 ᠤᠳᠠᠭ᠎ᠠ ᠵᠢᠴᠢ ᠲᠡᠭᠦᠨ ᠠᠴᠠ | ᠳᠡᠭᠡᠭᠰᠢᠬᠢ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠪᠠᠷᠢᠯᠭ᠎ᠠ ᠶᠢᠨ ᠲᠥᠷᠥᠯ ᠵᠦᠢᠯ ᠳᠤ ᠬᠥᠯᠥᠰᠥᠨ | ᠠᠵᠢᠯᠴᠢᠨ ᠤ ᠴᠠᠯᠢᠩ ᠢ ᠥᠷᠢᠲᠦᠭᠰᠡᠨ ᠠᠴᠠ ᠪᠣᠯᠵᠤ 50 ᠬᠥᠮᠦᠨ ᠠᠴᠠ ᠳᠡᠭᠡᠭᠰᠢᠬᠢ ᠬᠠᠮᠲᠤᠯᠢᠭ ᠤᠨ ᠴᠢᠨᠠᠷᠲᠠᠶ ᠬᠡᠷᠡᠭ | ᠭᠠᠷᠭᠠᠭᠰᠠᠨ᠃ | 3. 1 ᠤᠳᠠᠭ᠎ᠠ ᠵᠢᠴᠢ ᠲᠡᠭᠦᠨ ᠠᠴᠠ ᠳᠡᠭᠡᠭᠰᠢᠬᠢ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ | ᠥᠷᠢᠲᠦᠭᠰᠡᠨ ᠠᠴᠠ ᠪᠣᠯᠵᠤ ᠬᠡᠲᠦᠷᠡᠮᠡᠬᠡᠢ ᠬᠡᠷᠡᠭ ᠭᠠᠷᠭᠠᠭᠰᠠᠨ ᠪᠥᠭᠡᠳ ᠬᠦᠨᠳᠦ ᠨᠣᠴᠢᠲᠠᠶ ᠦᠷ᠎ᠡ ᠤᠷᠰᠢᠭ ᠭᠠᠷᠭᠠᠭᠰᠠᠨ | ︵ᠭᠤᠷᠪᠠ︶ ᠬᠢᠨ᠋ᠠᠨ ᠰᠢᠯᠬᠠᠬᠤ ᠵᠡᠷᠭᠡ ᠳᠡᠰ ᠨᠢ A C ᠳᠡᠰ ᠠᠴᠠ ᠭᠠᠳᠠᠨ᠎ᠠ B ᠳᠡᠰ᠃ | ᠶᠢᠰᠦᠳᠦᠭᠡᠷ ᠵᠦᠢᠯ ᠰᠢᠯᠭᠠᠨ ᠬᠢᠨᠠᠭᠰᠠᠨ ᠦᠷ᠎ᠡ ᠳ᠋ᠦᠩ ᠢ ᠤᠳᠤᠷᠢᠳᠬᠤ ᠳᠤᠭᠤᠶᠢᠯᠠᠩ ᠢᠶᠠᠷ ᠬᠢᠨᠠᠨ | ᠵᠥᠪᠰᠢᠶᠡᠷᠡᠭᠦᠯᠵᠦ᠂ ᠳᠡᠰ ᠳᠠᠷᠠᠭᠠᠯᠠᠯ ᠤᠨ ᠶᠣᠰᠣᠭᠠᠷ ᠲᠥᠷᠥ ᠶᠢᠨ ᠶᠠᠪᠤᠳᠠᠯ ᠤᠨ ᠬᠤᠷᠢᠶᠠᠨ ᠳᠤ ᠮᠡᠳᠡᠭᠦᠯᠵᠦ | ᠵᠥᠪᠰᠢᠶᠡᠷᠡᠭᠦᠯᠦᠭᠰᠡᠨ ᠤ ᠳᠠᠷᠠᠭ᠎ᠠ᠂ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠡᠯ᠎ᠡ ᠮᠤᠵᠢ ᠶᠢᠨ ᠱᠠᠲᠤᠨ ᠤ | ᠵᠠᠰᠠᠭ ᠤᠨ ᠣᠷᠳᠣᠨ ᠳᠤ ᠮᠡᠳᠡᠭᠦᠯᠬᠦ ᠶᠢᠨ ᠬᠠᠮᠲᠤ᠂ ᠲᠥᠪ ᠤᠨ ᠵᠣᠬᠢᠶᠠᠨ ᠪᠠᠶᠢᠭᠤᠯᠬᠤ ᠬᠡᠯᠲᠡᠰ ᠲᠤ ᠬᠠᠭᠤᠯᠤᠨ ᠬᠦᠷᠭᠡᠵᠦ᠂ | ᠡᠯ᠎ᠡ ᠮᠤᠵᠢ ᠶᠢᠨ ᠱᠠᠲᠤᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠪᠣᠯᠤᠨ ᠬᠤᠯᠪᠣᠭᠳᠠᠯ ᠪᠦᠬᠦᠢ ᠤᠳᠤᠷᠢᠳᠬᠤ | ᠺᠠᠳᠷ ᠢ ᠶᠡᠷᠦᠩᠬᠡᠶᠢᠯᠡᠨ ᠰᠢᠯᠭᠠᠨ ᠬᠢᠨᠠᠵᠤ ᠦᠨᠡᠯᠡᠬᠦ ᠶᠢᠨ ᠯᠠᠪᠯᠠᠯᠲᠠ ᠪᠣᠯᠭᠠᠬᠤ ᠬᠡᠷᠡᠭᠲᠡᠶ᠃ ᠬᠠᠷᠢᠭᠤᠴᠠᠯᠭ᠎ᠠ ᠨᠡᠬᠡᠮᠵᠢᠯᠡᠬᠦ | ᠴᠢᠬᠤᠯᠠ ᠲᠠᠢ ᠪᠠᠶᠢᠪᠠᠯ᠂ ᠺᠠᠳ᠋ᠷ ᠤᠨ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠬᠤᠯᠪᠣᠭᠳᠠᠯ ᠪᠦᠬᠦᠢ | ᠨᠠᠮ ᠤᠨ ᠵᠣᠬᠢᠶᠠᠨ ᠪᠠᠶᠢᠭᠤᠯᠤᠯᠲᠠ ᠪᠤᠶᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠳᠤ | ᠰᠢᠯᠵᠢᠭᠦᠯᠦᠨ ᠲᠤᠰᠢᠶᠠᠨ᠎ᠠ᠃ | ᠠᠷᠪᠠᠳᠤᠭᠠᠷ ᠵᠦᠢᠯ ᠰᠢᠯᠭᠠᠨ ᠬᠢᠨᠠᠬᠤ ᠵᠡᠷᠭᠡ ᠳᠡᠰ ᠨᠢ A ᠳᠡᠰ ᠪᠠᠶᠢᠪᠠᠯ᠂ ᠤᠳᠤᠷᠢᠳᠬᠤ ᠳᠤᠭᠤᠶᠢᠯᠠᠩ ᠠᠴᠠ | ᠵᠠᠷᠯᠠᠨ ᠰᠠᠶᠢᠰᠢᠶᠠᠨ᠎ᠠ︔ ᠰᠢᠯᠭᠠᠨ ᠬᠢᠨᠠᠭᠰᠠᠨ ᠵᠡᠷᠭᠡ ᠳᠡᠰ ᠨᠢ C ᠳᠡᠰ ᠪᠠᠶᠢᠪᠠᠯ᠂ ᠤᠳᠤᠷᠢᠳᠬᠤ ᠳᠤᠭᠤᠶᠢᠯᠠᠩ ᠠᠴᠠ ᠲᠤᠰ | ᠮᠤᠵᠢ ᠶᠢᠨ ᠱᠠᠲᠤᠨ ᠤ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠨ᠎ᠠ᠃ | ᠤᠳᠤᠷᠢᠳᠬᠤ ᠳᠤᠭᠤᠶᠢᠯᠠᠩ ᠤᠨ ᠠᠯᠪᠠᠨ ᠭᠡᠷ ᠨᠢ ᠰᠢᠯᠭᠠᠨ ᠬᠢᠨᠠᠬᠤ ᠳᠤ ᠢᠯᠡᠷᠡᠭᠦᠯᠦᠭᠰᠡᠨ ᠠᠰᠠᠭᠤᠳᠠᠯ ᠢᠶᠠᠨ ᠡᠯ᠎ᠡ | ᠮᠤᠵᠢ ᠶᠢᠨ ᠱᠠᠲᠤᠨ ᠤ ᠵᠠᠰᠠᠭ ᠤᠨ ᠣᠷᠳᠣᠨ ᠳᠤ ᠬᠠᠷᠢᠭᠤ ᠲᠤᠰᠬᠠᠬᠤ ᠶᠢᠨ ᠬᠠᠮᠲᠤ ᠠᠵᠢᠯ ᠢᠶᠠᠨ ᠰᠠᠶᠢᠵᠢᠷᠠᠭᠤᠯᠬᠤ ᠲᠤᠬᠠᠶ | ᠰᠠᠨᠠᠯ ᠰᠠᠨᠠᠭᠤᠯᠭ᠎ᠠ ᠳᠤᠷᠠᠳᠤᠨ᠎ᠠ᠃ ᠡᠯ᠎ᠡ ᠮᠤᠵᠢ ᠶᠢᠨ ᠱᠠᠲᠤᠨ ᠤ ᠵᠠᠰᠠᠭ ᠤᠨ ᠣᠷᠳᠣᠨ ᠴᠠᠭ ᠲᠤᠬᠠᠶ ᠳᠤᠨᠢ ᠵᠣᠬᠢᠶᠠᠨ | ᠪᠠᠶᠢᠭᠤᠯᠤᠨ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ ᠤᠳᠤᠷᠢᠳᠬᠤ ᠳᠤᠭᠤᠶᠢᠯᠠᠩ ᠤᠨ ᠠᠯᠪᠠᠨ ᠬᠡᠷ ᠲᠤ ᠴᠡᠭᠴᠡᠯᠡᠨ | ᠰᠠᠶᠢᠵᠢᠷᠠᠭᠤᠯᠤᠭᠰᠠᠨ ᠪᠠᠶᠢᠳᠠᠯ ᠢᠶᠠᠨ ᠮᠡᠳᠡᠭᠦᠯᠦᠨ ᠬᠦᠷᠭᠡᠬᠦ ᠬᠡᠷᠡᠭᠲᠡᠶ᠃ | ᠠᠷᠪᠠᠨ ᠨᠢᠭᠡᠳᠦᠭᠡᠷ ᠵᠦᠢᠯ ᠰᠢᠯᠭᠠᠨ ᠬᠢᠨᠠᠬᠤ ᠠᠵᠢᠯ ᠤᠨ ᠳᠤᠮᠳᠠ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ᠂ | ᠮᠡᠳᠡᠭᠦᠯᠬᠦ ᠦᠭᠡᠶ ᠨᠢᠭᠤᠭᠠᠳ ᠬᠤᠳᠠᠯ ᠢᠶᠠᠷ ᠮᠡᠳᠡᠭᠦᠯᠦᠭᠰᠡᠨ ᠠᠴᠠ ᠪᠣᠯᠵᠤ ᠰᠢᠯᠭᠠᠨ ᠬᠢᠨᠠᠭᠰᠠᠨ ᠦᠷ᠎ᠡ ᠳ᠋ᠦᠩ ᠨᠢ | ᠪᠣᠳᠠᠲᠠᠶ ᠪᠠᠨ ᠠᠯᠳᠠᠭᠰᠠᠨ ᠪᠠᠶᠢᠪᠠᠯ᠂ ᠨᠡᠪᠲᠡᠷᠡᠭᠦᠯᠦᠨ ᠰᠢᠭᠦᠮᠵᠢᠯᠡᠬᠦ ᠬᠡᠷᠡᠭᠲᠡᠶ︔ ᠦᠢᠯᠡ ᠪᠠᠶᠢᠳᠠᠯ ᠨᠢ ᠬᠦᠨᠳᠦ ᠨᠣᠴᠢᠲᠠᠶ | ᠪᠣᠯ ᠰᠠᠬᠢᠯᠭ᠎ᠠ ᠪᠠᠲᠤ ᠬᠠᠤᠯᠢ ᠴᠠᠭᠠᠵᠠ ᠶᠢᠨ ᠶᠣᠰᠣᠭᠠᠷ ᠬᠠᠮᠢᠶ᠎ᠠ ᠪᠦᠬᠦᠢ ᠬᠥᠮᠦᠰ ᠤᠨ ᠬᠠᠷᠢᠭᠤᠴᠠᠯᠭ᠎ᠠ ᠶᠢ ᠨᠡᠬᠡᠮᠵᠢᠯᠡᠬᠦ | ᠬᠡᠷᠡᠭᠲᠡᠶ᠃ | ᠠᠷᠪᠠᠨ ᠬᠤᠶᠠᠳᠤᠭᠠᠷ ᠵᠦᠢᠯ ᠡᠯ᠎ᠡ ᠮᠤᠵᠢ ᠶᠢᠨ ᠱᠠᠲᠤᠨ ᠤ ᠵᠠᠰᠠᠭ ᠤᠨ ᠣᠷᠳᠣᠨ ᠲᠤᠰ ᠠᠷᠭ᠎ᠠ ᠪᠠᠷ ᠯᠠᠪᠯᠠᠯᠲᠠ | ᠪᠣᠯᠭᠠᠵᠤ᠂ ᠲᠤᠰ ᠭᠠᠵᠠᠷ ᠣᠷᠣᠨ ᠤ ᠪᠣᠳᠠᠲᠠᠶ ᠲᠠᠢ ᠪᠠᠨ ᠤᠶᠠᠯᠳᠤᠭᠤᠯᠤᠨ ᠬᠠᠮᠢᠶ᠎ᠠ ᠪᠦᠬᠦᠢ ᠠᠷᠭ᠎ᠠ ᠶᠢ ᠲᠣᠭᠲᠠᠭᠠᠵᠤ᠂ | ᠲᠤᠰ ᠭᠠᠵᠠᠷ ᠣᠷᠣᠨ ᠤ ᠡᠯ᠎ᠡ ᠱᠠᠲᠤᠨ ᠤ ᠵᠠᠰᠠᠭ ᠤᠨ ᠣᠷᠳᠣᠨ ᠤ ᠲᠠᠷᠢᠶᠠᠴᠢᠨ ᠤ ᠬᠦᠴᠦ ᠶᠠᠪᠤᠭᠰᠠᠳ ᠤᠨ ᠴᠠᠯᠢᠩ ᠢ | ᠥᠭᠬᠦ ᠶᠢ ᠪᠠᠲᠤᠯᠠᠬᠤ ᠠᠵᠢᠯ ᠤᠨ ᠬᠢᠨᠠᠨ ᠰᠢᠯᠭᠠᠬᠤ ᠶᠢ ᠴᠢᠩᠭᠠᠳᠬᠠᠬᠤ ᠬᠡᠷᠡᠭᠲᠡᠶ᠃ | ᠠᠷᠪᠠᠨ ᠭᠤᠷᠪᠠᠳᠤᠭᠠᠷ ᠵᠦᠢᠯ ᠲᠤᠰ ᠠᠷᠭ᠎ᠠ ᠶᠢ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠬᠠᠷᠢᠭᠤᠴᠠᠨ | ᠲᠠᠶᠢᠯᠪᠤᠷᠢᠯᠠᠵᠤ᠂ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠥᠪᠡᠷᠲᠡᠭᠡᠨ ᠵᠠᠰᠠᠬᠤ ᠣᠷᠣᠨ ᠤ ᠲᠤᠭᠠᠴᠠᠯᠠᠬᠰᠠᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ | ᠠᠵᠢᠯ ᠤᠨ ᠲᠥᠰᠦᠯ ︵2023 - 2025 ᠣᠨ︶ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠡ ᠳᠤ᠄ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠭᠠᠴᠢᠯᠠᠭᠰᠠᠨ ᠠᠵᠤ ᠠᠬᠤᠶ ᠶᠢᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠠᠵᠢᠯ ᠤᠨ ᠲᠥᠰᠦᠯ ︵2023 - 2025 ᠣᠨ︶︾ ᠢ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ | ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠶ᠃ | 2023 ᠣᠨ ᠤ 10 ᠰᠠᠷ᠎ᠠ ᠶᠢᠨ 10 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠬᠦ︶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠭᠠᠴᠢᠯᠠᠭᠰᠠᠨ ᠠᠵᠤ ᠠᠬᠤᠶ ᠶᠢᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠠᠵᠢᠯ ᠤᠨ ᠲᠥᠰᠦᠯ ︵2023 - 2025 ᠣᠨ︶ | ᠲᠣᠭᠠᠴᠢᠯᠠᠭᠰᠠᠨ ᠠᠵᠤ ᠠᠬᠤᠶ ᠶᠢ ᠲᠦᠷᠭᠡᠳᠬᠡᠨ ᠬᠥᠭᠵᠢᠭᠦᠯᠬᠦ ᠲᠤᠬᠠᠶ ᠨᠠᠮ ᠤᠨ ᠲᠥᠪ ᠬᠤᠷᠢᠶ᠎ᠠ᠂ ᠲᠥᠷᠥ ᠶᠢᠨ | ᠶᠠᠪᠤᠳᠠᠯ ᠤᠨ ᠬᠤᠷᠢᠶᠠᠨ ᠤ ᠰᠢᠶ᠋ᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠳ᠋ᠠᠶᠢᠲ᠋ᠠ ᠶᠢᠨ ᠡᠯᠧᠮᠧᠨ᠋ᠲ ᠤᠨ ᠭᠤᠤᠯᠯᠠᠬᠤ ᠬᠥᠳᠡᠯᠭᠡᠭᠦᠷ ᠤᠨ ᠦᠶ᠋ᠯᠡᠳᠦᠯ ᠢ ᠭᠦᠶ᠋ᠴᠡᠳ ᠪᠠᠳᠠᠷᠠᠭᠤᠯᠤᠨ᠂ ᠣᠷᠣᠨ | ᠪᠦᠰᠡ ᠶᠢᠨ ᠢᠯᠡᠳᠲᠡ ᠣᠨᠴᠠᠯᠢᠭ ᠲᠠᠢ ᠲᠣᠭᠠᠴᠢᠯᠠᠭᠰᠠᠨ ᠠᠵᠤ ᠠᠬᠤᠶ ᠶᠢᠨ ᠭᠤᠤᠯᠯᠠᠬᠤ ᠠᠵᠤ ᠦᠶ᠋ᠯᠡᠰ ᠢ ᠶᠡᠭᠡ ᠪᠠᠷ | ᠬᠥᠭᠵᠢᠭᠦᠯᠵᠦ᠂ ᠲᠣᠭᠠᠴᠢᠯᠠᠯᠲᠠ ᠪᠠᠷ ᠳᠠᠮᠵᠢᠭᠤᠯᠤᠨ ᠤᠯᠠᠮᠵᠢᠯᠠᠯᠲᠤ ᠠᠵᠤ ᠦᠶ᠋ᠯᠡᠰ ᠤᠨ ᠤᠶᠤᠨᠴᠢᠯᠠᠯᠲᠠ᠂ ᠪᠣᠬᠢᠷᠲᠤᠯ | ᠥᠬᠡᠶ ᠪᠠᠷ ᠬᠡᠯᠪᠡᠷᠢ ᠪᠠᠨ ᠬᠤᠪᠢᠷᠠᠭᠤᠯᠬᠤ ᠪᠠᠷ ᠳᠠᠮᠵᠢᠭᠤᠯᠤᠨ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ | ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ | ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠰᠠᠶᠢᠲᠤᠷ ᠪᠡᠶᠡᠯᠡᠭᠦᠯᠬᠦ ᠶᠢᠨ ᠲᠥᠯᠥᠭᠡ᠂ | ᠪᠥᠬᠦ ᠣᠷᠣᠨ ᠤ ᠠᠵᠤ ᠠᠬᠤᠶ ᠶᠢᠨ ᠪᠦᠲᠦᠴᠡ ᠶᠢ ᠲᠣᠬᠢᠷᠠᠭᠤᠯᠬᠤ᠂ ᠬᠥᠳᠡᠯᠭᠡᠬᠦ ᠡᠨᠧᠷᠭᠢ ᠶᠢ ᠬᠤᠪᠢᠷᠠᠭᠤᠯᠬᠤ᠂ ᠶᠠᠰᠤ | ᠴᠢᠨᠠᠷ ᠢ ᠳᠡᠭᠡᠭᠰᠢᠯᠡᠭᠦᠯᠬᠦ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠤᠨ᠂ ᠲᠣᠰ | ᠲᠥᠰᠦᠯ ᠢ ᠲᠣᠭᠲᠠᠭᠠᠪᠠ᠃ | ᠨᠢᠭᠡ᠂ ᠦᠨᠳᠦᠰᠦᠨ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠲᠣᠭᠠᠴᠢᠯᠠᠭᠰᠠᠨ | ᠠᠵᠤ ᠠᠬᠤᠢ ᠶᠢ ᠬᠥᠭᠵᠢᠭᠦᠯᠬᠦ ᠲᠤᠬᠠᠢ ᠴᠢᠬᠤᠯᠠ ᠥᠭᠦᠯᠡᠯᠲᠡ ᠪᠠ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ | ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠣᠭᠠᠴᠢᠯᠠᠭᠰᠠᠨ | ᠠᠵᠤ ᠠᠬᠤᠢ ᠶᠢᠨ ᠲᠦᠷᠭᠡᠨ ᠬᠥᠭᠵᠢᠯᠲᠡ ᠶᠢᠨ ᠠᠵᠠ ᠲᠣᠬᠢᠶᠠᠯᠳᠤ ᠬᠤᠭᠤᠴᠠᠭ᠎ᠠ ᠶᠢ ᠠᠮᠵᠢᠵᠤ᠂ ︽ᠬᠤᠶᠠᠷ ᠶᠡᠭᠡ ᠶᠠᠪᠤᠳᠠᠯ︾ | ᠢ ᠪᠡᠶᠡᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠪᠠ ᠳ᠋ᠠᠶᠢᠲ᠋ᠠ ᠶᠢᠨ | ᠡᠯᠧᠮᠧᠨ᠋ᠲ ᠢ ᠵᠠᠬ᠎ᠠ ᠳᠡᠯᠭᠡᠭᠦᠷᠵᠢᠭᠦᠯᠬᠦ ᠪᠠᠷ ᠭᠤᠣᠯ ᠰᠢᠵᠢᠮ ᠪᠣᠯᠭᠠᠵᠤ᠂ ᠲᠣᠭᠠᠴᠢᠯᠠᠭᠰᠠᠨ ᠴᠢᠳᠠᠪᠤᠷᠢ ᠶᠢ ᠳᠡᠭᠡᠭᠰᠢᠯᠡᠭᠦᠯᠬᠦ ᠪᠠᠷ | ᠰᠢᠪᠲᠤᠯᠤᠯᠲᠠ ᠶᠢᠨ ᠴᠡᠭ ᠪᠣᠯᠭᠠᠵᠤ᠂ ᠳᠠᠪᠠᠭᠤᠯᠢᠭ ᠤᠨᠴᠠᠯᠢᠬᠳᠤ ᠠᠵᠤ ᠦᠢᠯᠡᠰ ᠤᠨ ᠲᠣᠭᠠᠴᠢᠯᠠᠯᠲᠠ ᠪᠠᠷ ᠬᠥᠲᠥᠯᠦᠮᠵᠢ | ᠪᠣᠯᠭᠠᠵᠤ᠂ ᠲᠣᠭᠠᠴᠢᠯᠠᠭᠰᠠᠨ ᠠᠵᠤ ᠠᠬᠤᠢ ᠶᠢᠨ ᠭᠤᠣᠯᠯᠠᠭᠴᠢ ᠠᠵᠤ ᠦᠢᠯᠡᠰ ᠤᠨ ᠣᠨᠴᠠᠯᠢᠭᠵᠢᠭᠰᠠᠨ᠂ ᠡᠷᠴᠢᠮᠵᠢᠭᠰᠡᠨ | ᠬᠥᠭᠵᠢᠯᠲᠡ ᠶᠢ ᠠᠬᠢᠭᠤᠯᠵᠤ᠂ ᠲᠣᠭᠠᠴᠢᠯᠠᠭᠰᠠᠨ ᠮᠡᠷᠭᠡᠵᠢᠯ ᠪᠣᠯᠤᠨ ᠪᠣᠳᠠᠲᠤ ᠴᠣᠭᠴᠠ ᠶᠢᠨ ᠠᠵᠤ ᠠᠬᠤᠢ ᠶᠢᠨ ᠭᠦᠨᠵᠡᠭᠡᠢ | ᠠᠭᠤᠰᠤᠯᠴᠠᠯ ᠢ ᠠᠬᠢᠭᠤᠯᠵᠤ᠂ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠬᠡᠯᠪᠡᠷᠢ ᠰᠢᠨ᠎ᠡ ᠵᠠᠭᠪᠤᠷ ᠰᠢᠨ᠎ᠡ ᠠᠵᠢᠯ | ᠣᠯᠭᠤᠯᠲᠠ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠣᠭᠠᠴᠢᠯᠠᠭᠰᠠᠨ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠬᠡᠷᠡᠭᠲᠡᠢ᠃ | ︵ᠬᠤᠶᠠᠷ︶ ᠦᠨᠳᠦᠰᠦᠨ ᠵᠠᠷᠴᠢᠮ᠃ | - ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠪᠠᠷᠢᠮᠲᠠᠯᠠᠵᠤ᠂ ᠴᠢᠳᠠᠪᠤᠷᠢ ᠪᠠᠨ ᠳᠡᠭᠡᠭᠰᠢᠯᠡᠭᠦᠯᠦᠨ᠎ᠡ᠃ | ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠲᠣᠭᠠᠴᠢᠯᠠᠭᠰᠠᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠪᠠᠶᠢᠯᠳᠤᠬᠤ ᠪᠤᠳᠤᠯᠭ᠎ᠠ ᠶᠢᠨ ᠲᠤᠯᠭᠠᠭᠤᠷᠢᠯᠠᠯ ᠪᠣᠯᠭᠠᠬᠤ ᠶᠢ ᠪᠠᠷᠢᠮᠲᠠᠯᠠᠵᠤ᠂ ᠰᠢᠨ᠎ᠡ ᠶᠢ ᠡᠭᠦᠳᠬᠦ ᠬᠡᠯᠬᠢᠶ᠎ᠡ᠂ | ᠠᠵᠤ ᠦᠢᠯᠡᠰ ᠤᠨ ᠬᠡᠯᠬᠢᠶ᠎ᠡ᠂ ᠲᠦᠷᠦ ᠶᠢᠨ ᠪᠤᠳᠤᠯᠭ᠎ᠠ ᠶᠢᠨ ᠬᠡᠯᠬᠢᠶ᠎ᠡ᠂ ᠪᠡᠯᠡ ᠮᠥᠩᠭᠦᠨ ᠤ ᠬᠡᠯᠬᠢᠶ᠎ᠡ ᠶᠢᠨ ᠭᠦᠨᠵᠡᠭᠡᠢ | ᠠᠭᠤᠰᠤᠯᠴᠠᠯ ᠢ ᠠᠬᠢᠭᠤᠯᠵᠤ᠂ ᠲᠣᠭᠠᠴᠢᠯᠠᠭᠰᠠᠨ ᠮᠡᠷᠭᠡᠵᠢᠯ ᠢ ᠠᠵᠤ ᠠᠬᠤᠢ ᠨᠡᠶᠢᠭᠡᠮ ᠪᠣᠯᠤᠨ ᠠᠵᠤ ᠦᠢᠯᠡᠰ ᠤᠨ | ᠬᠥᠭᠵᠢᠯᠲᠡ ᠶᠢᠨ ᠡᠯ᠎ᠡ ᠬᠦᠷᠢᠶ᠎ᠡ ᠲᠡᠰᠢ ᠥᠷᠭᠡᠨ ᠭᠦᠨᠵᠡᠭᠡᠢ ᠭᠦᠨᠵᠡᠭᠡᠢ ᠨᠡᠪᠴᠢᠬᠦ ᠶᠢ ᠲᠦᠷᠭᠡᠳᠬᠡᠨ ᠠᠬᠢᠭᠤᠯᠵᠤ᠂ | ᠲᠣᠭᠠᠴᠢᠯᠠᠭᠰᠠᠨ ᠮᠡᠷᠭᠡᠵᠢᠯ᠂ ᠬᠡᠷᠡᠭᠯᠡᠭᠡᠨ ᠤ ᠪᠠᠶᠢᠳᠠᠯ ᠪᠣᠯᠤᠨ ᠬᠤᠳᠠᠯᠳᠤᠭᠠᠨ ᠤ ᠵᠠᠭᠪᠤᠷ ᠤᠨ ᠠᠭᠤᠰᠤᠯᠴᠠᠨ ᠰᠢᠨ᠎ᠡ ᠶᠢ | ᠡᠭᠦᠳᠬᠦ ᠶᠢ ᠠᠬᠢᠭᠤᠯᠬᠤ ᠬᠡᠷᠡᠭᠲᠡᠢ᠃ | — ᠪᠠᠢᠷᠢᠱᠢᠯ ᠢ ᠱᠢᠯᠢᠳᠡᠭᠵᠢᠭᠦᠯᠵᠦ ᠰᠠᠢᠨ ᠲᠠᠯ᠎ᠠ ᠶᠢ ᠳᠠᠪᠲᠠᠨ ᠪᠣᠯᠪᠠᠰᠤᠷᠠᠭᠤᠯᠵᠤ ᠳᠤᠲᠠᠭᠳᠠᠯ ᠢᠶᠠᠨ | ᠨᠥᠬᠦᠪᠥᠷᠢᠯᠡᠬᠦ ᠶᠢ ᠪᠠᠷᠢᠮᠲᠠᠯᠠᠨ᠎ᠠ᠃ ᠪᠠᠷᠠᠭᠠᠯᠬᠢᠯᠠᠯ ᠤᠨ ᠴᠢᠨᠠᠷᠲᠠᠶ ᠪᠣᠳᠣᠯᠬᠢᠯᠠᠯ᠂ ᠪᠥᠬᠦ ᠲᠠᠯ᠎ᠠ ᠶᠢᠨ ᠴᠢᠨᠠᠷᠲᠠᠶ | ᠲᠥᠯᠥᠪᠵᠢᠭᠦᠯᠭᠡ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠪᠠᠶᠢᠷᠢᠰᠢᠭᠤᠯᠤᠯᠲᠠ ᠶᠢ ᠴᠢᠩᠭᠠᠳᠬᠠᠵᠤ᠂ ᠳᠠᠪᠠᠭᠤᠯᠢᠭ | ᠲᠠᠯ᠎ᠠ ᠪᠠᠨ ᠳᠠᠪᠲᠠᠨ ᠪᠣᠯᠪᠠᠰᠤᠷᠠᠭᠤᠯᠵᠤ᠂ ᠳᠤᠲᠠᠭᠤᠳᠠᠯ ᠢᠶᠠᠨ ᠨᠥᠬᠦᠪᠥᠷᠢᠯᠡᠵᠦ᠂ ᠲᠣᠭᠠᠴᠢᠯᠠᠭᠰᠠᠨ ᠠᠵᠤ ᠠᠬᠤᠢ ᠶᠢᠨ | ᠭᠤᠣᠯᠯᠠᠬᠤ ᠠᠵᠤ ᠦᠢᠯᠡᠰ ᠤᠨ ᠪᠣᠬᠢᠷᠲᠤᠯ ᠦᠭᠡᠢ᠂ ᠬᠡᠪᠴᠢᠶᠡᠵᠢᠭᠰᠡᠨ᠂ ᠪᠦᠯᠦᠭᠵᠢᠭᠰᠡᠨ ᠬᠥᠭᠵᠢᠯᠲᠡ ᠶᠢ ᠠᠬᠢᠭᠤᠯᠵᠤ᠂ | ᠣᠨᠴᠠᠯᠢᠭ ᠨᠢ ᠢᠯᠡ ᠲᠣᠳᠣ᠂ ᠳᠠᠪᠠᠭᠤᠯᠢᠭ ᠨᠢ ᠲᠤᠪᠤᠶᠢᠮ᠎ᠠ᠂ ᠥᠷᠢᠰᠥᠯᠳᠦᠬᠦ ᠬᠦᠴᠦᠨ ᠲᠠᠢ ᠠᠵᠤ ᠦᠢᠯᠡᠰ ᠤᠨ | ᠪᠦᠯᠦᠭᠵᠢᠯ ᠢ ᠪᠠᠶᠢᠭᠤᠯᠵᠤ᠂ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ | ᠪᠦᠬᠦ ᠲᠠᠯ᠎ᠠ ᠪᠠᠷ ᠬᠥᠭᠵᠢᠭᠡᠨ᠎ᠡ᠃ | - ᠬᠡᠷᠡᠭᠯᠡᠭᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠤᠭ᠎ᠠ ᠪᠠᠷᠢᠮᠲᠠ ᠪᠠᠷ ᠡᠨᠧᠷᠭᠢ ᠣᠯᠭᠤᠬᠤ ᠶᠢ | ᠪᠠᠷᠢᠮᠲᠠᠯᠠᠨ᠎ᠠ᠃ ᠲᠣᠭᠠᠴᠢᠯᠠᠭᠰᠠᠨ ᠬᠥᠭᠵᠢᠯᠲᠡ ᠪᠠᠷ ᠤᠳᠤᠷᠢᠳᠤᠮᠵᠢ ᠪᠣᠯᠭᠠᠵᠤ᠂ ᠬᠠᠩᠭᠠᠯᠭ᠎ᠠ ᠪᠠ ᠬᠡᠷᠡᠭᠴᠡᠭᠡ | ᠱᠠᠭᠠᠷᠳᠠᠯᠭ᠎ᠠ ᠶᠢ ᠨᠢᠭᠡᠳᠦᠯᠲᠡᠢ ᠲᠥᠯᠥᠪᠵᠢᠭᠦᠯᠦᠨ᠂ ᠬᠡᠷᠡᠭᠯᠡᠭᠡᠨ ᠤ ᠲᠠᠯᠠᠪᠤᠷ ᠬᠢᠭᠡᠳ ᠴᠢᠬᠤᠯᠠ ᠶᠡᠭᠡ ᠲᠦᠷᠦᠯ ᠵᠦᠢᠯ ᠤᠨ | ᠪᠦᠳᠦᠭᠡᠨ ᠪᠠᠶᠢᠭᠤᠯᠤᠯᠲᠠ ᠪᠠᠷ ᠵᠢᠯᠣᠭᠤᠳᠤᠮᠵᠢ ᠪᠣᠯᠭᠠᠵᠤ᠂ ᠨᠢᠭᠡ ᠪᠦᠯᠦᠭ ᠨᠡᠶᠢᠲᠡᠯᠢᠭ ᠬᠡᠷᠡᠭᠯᠡᠭᠡᠨ ᠤ ᠲᠠᠯᠠᠪᠤᠷ ᠢ | ᠪᠤᠶᠢᠵᠢᠭᠤᠯᠤᠨ᠂ ᠲᠣᠭᠠᠴᠢᠯᠠᠭᠰᠠᠨ ᠮᠡᠷᠭᠡᠵᠢᠯ ᠬᠢᠭᠡᠳ ᠪᠣᠳᠠᠲᠤ ᠴᠣᠭᠴᠠ ᠶᠢᠨ ᠠᠵᠤ ᠠᠬᠤᠢ ᠶᠢᠨ ᠭᠦᠨᠵᠡᠭᠡᠢ | ᠠᠭᠤᠰᠤᠯᠴᠠᠯ ᠢ ᠠᠬᠢᠭᠤᠯᠵᠤ᠂ ᠲᠤᠭ᠎ᠠ ᠪᠠᠷᠢᠮᠲᠠ ᠶᠢᠨ ᠡᠯᠧᠮᠧᠨ᠋ᠲ ᠤᠨ ᠦᠷᠳᠡᠭ ᠢ ᠭᠦᠢᠴᠡᠳ ᠪᠠᠳᠠᠷᠠᠭᠤᠯᠤᠨ᠂ | ᠤᠯᠠᠮᠵᠢᠯᠠᠯᠲᠤ ᠠᠵᠤ ᠦᠢᠯᠡᠰ ᠤᠨ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠨ᠎ᠡ᠃ | ᠨᠡᠭᠡᠭᠡᠯᠲᠡ ᠬᠢᠵᠦ ᠬᠠᠮᠵᠢᠯᠴᠠᠬᠤ᠂ ᠳᠣᠲᠣᠭᠠᠳᠤ ᠭᠠᠳᠠᠭᠠᠳᠤ ᠬᠤᠯᠪᠣᠭᠠᠯᠠᠨ ᠬᠥᠳᠡᠯᠦᠯᠴᠡᠬᠦ ᠶᠢ ᠪᠠᠷᠢᠮᠲᠠᠯᠠᠶ᠎ᠡ᠃ ︽ᠵᠡᠭᠦᠨ | ᠪᠡᠶ᠎ᠡ ᠶᠢᠨ ᠲᠤᠭ᠎ᠠ ᠶᠢ ᠪᠠᠷᠠᠭᠤᠨ ᠪᠡᠶ᠎ᠡ ᠳᠤ ᠪᠤᠳᠤᠬᠤ︾ ᠢᠨᠵᠧᠨᠧᠷᠢᠩ᠂ ᠪᠥᠬᠦ ᠤᠯᠤᠰ ᠤᠨ ᠨᠢᠭᠡ ᠴᠣᠭᠴᠠᠵᠢᠭᠤᠯᠤᠭᠰᠠᠨ | ᠪᠤᠳᠤᠬᠤ ᠬᠦᠴᠦᠨ ᠤ ᠰᠦᠯᠵᠢᠶᠡᠨ ᠤ ᠤᠯᠤᠰ ᠤᠨ ᠵᠠᠩᠭᠢᠯᠠᠭ᠎ᠠ ᠶᠢᠨ ᠴᠡᠭ᠂ ︽ᠨᠢᠭᠡ ᠪᠦᠰᠡ ᠨᠢᠭᠡ ᠵᠠᠮ︾ ᠤᠨ | ᠰᠠᠨᠠᠭᠠᠴᠢᠯᠠᠭ᠎ᠠ ᠵᠡᠷᠭᠡ ᠤᠯᠤᠰ ᠤᠨ ᠪᠠᠶᠢᠯᠳᠤᠬᠤ ᠪᠣᠳᠣᠯᠭ᠎ᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠥᠪᠡᠷᠲᠡᠭᠡᠨ | ᠵᠠᠰᠠᠬᠤ ᠣᠷᠣᠨ ᠤ ᠲᠣᠭᠠᠴᠢᠯᠠᠭᠰᠠᠨ ᠠᠵᠤ ᠠᠬᠤᠶ ᠶᠢᠨ ᠬᠥᠭᠵᠢᠯᠲᠡ ᠶᠢᠨ ᠳᠠᠯᠳᠠ ᠬᠦᠴᠦᠨ ᠢ ᠭᠦᠢᠴᠡᠳ ᠠᠭᠤᠳᠠᠯᠤᠨ᠎ᠠ᠃ | ᠬᠥᠭᠵᠢᠯᠲᠡ ᠶᠢᠨ ᠭᠤᠣᠯᠳᠠᠯᠭ᠎ᠠ ᠲᠠᠢ ᠠᠷᠭ᠎ᠠ ᠵᠠᠮ ᠢ ᠲᠣᠳᠣᠷᠬᠠᠶᠢᠯᠠᠵᠤ᠂ ᠣᠷᠣᠨ ᠤ ᠳᠣᠲᠣᠷᠠᠬᠢ ᠠᠵᠤ ᠦᠢᠯᠡᠰ ᠤᠨ | ᠬᠠᠮᠵᠢᠯᠴᠠᠭ᠎ᠠ ᠶᠢ ᠰᠢᠯᠢᠳᠡᠭᠵᠢᠭᠦᠯᠵᠦ᠂ ᠤᠯᠠᠨ ᠡᠰᠢᠲᠦ ᠭᠤᠣᠯ ᠴᠣᠭᠴᠠ ᠣᠷᠣᠯᠴᠠᠭᠰᠠᠨ᠂ ᠬᠠᠮᠵᠢᠯᠴᠠᠨ ᠬᠥᠳᠡᠯᠦᠯᠴᠡᠭᠰᠡᠨ | ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ ᠲᠣᠭᠲᠠᠴᠠ ᠶᠢ ᠪᠠᠶᠢᠭᠤᠯᠤᠨ᠎ᠠ᠃ | - ᠵᠠᠬ᠎ᠠ ᠳᠡᠯᠭᠡᠭᠦᠷ ᠢᠶᠠᠷ ᠭᠤᠣᠯᠯᠠᠭᠤᠯᠵᠤ᠂ ᠵᠠᠰᠠᠭ ᠤᠨ ᠣᠷᠳᠣᠨ ᠠᠴᠠ ᠬᠥᠲᠥᠯᠥᠨ ᠵᠢᠯᠤᠭᠤᠳᠬᠤ ᠶᠢ ᠪᠠᠷᠢᠮᠲᠠᠯᠠᠨ᠎ᠠ᠃ | ᠵᠠᠬ᠎ᠠ ᠳᠡᠯᠭᠡᠭᠦᠷ ᠪᠠ ᠵᠠᠰᠠᠭ ᠤᠨ ᠣᠷᠳᠣᠨ ᠤ ᠬᠤᠶᠠᠷ ᠭᠤᠤᠯ ᠴᠣᠭᠴᠠ ᠶᠢ ᠨᠢᠭᠡᠳᠦᠯᠲᠡᠶ ᠲᠥᠯᠥᠪᠯᠡᠨ᠂ ᠲᠤᠭᠠᠴᠢᠯᠠᠭᠰᠠᠨ | ᠠᠵᠤ ᠠᠬᠤᠶ ᠶᠢᠨ ᠬᠥᠭᠵᠢᠯᠲᠡ ᠳᠠᠬᠢ ᠵᠠᠬ᠎ᠠ ᠳᠡᠯᠭᠡᠭᠦᠷ ᠤᠨ ᠭᠤᠤᠯᠯᠠᠬᠤ ᠪᠠᠶᠢᠷᠢ ᠰᠠᠭᠤᠷᠢ ᠶᠢ ᠴᠢᠩᠭᠠᠷᠠᠭᠤᠯᠵᠤ᠂ ᠳ᠋ᠠᠶᠢᠲ᠋ᠠ᠂ | ᠮᠡᠷᠭᠡᠵᠢᠯ᠂ ᠬᠥᠷᠥᠩᠭᠡ ᠵᠡᠷᠭᠡ ᠡᠯᠧᠮᠧᠨ᠋ᠲ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠠᠵᠤ | ᠦᠢᠯᠡᠰ ᠤᠨ ᠰᠢᠨ᠎ᠡ ᠠᠮᠢᠵᠢᠷᠠᠯ ᠤᠨ ᠬᠦᠴᠦᠨ ᠰᠢᠨ᠎ᠡ ᠳᠠᠯᠳᠠ ᠬᠦᠴᠦᠨ ᠢ ᠬᠥᠭᠵᠢᠭᠡᠨ᠎ᠡ᠃ ᠲᠣᠭᠠᠴᠢᠯᠠᠭᠰᠠᠨ ᠠᠵᠤ | ᠠᠬᠤᠶ ᠶᠢᠨ ᠬᠥᠭᠵᠢᠯᠲᠡ ᠳᠠᠬᠢ ᠵᠠᠰᠠᠭ ᠤᠨ ᠣᠷᠳᠣᠨ ᠤ ᠬᠥᠲᠥᠯᠦᠨ ᠵᠢᠯᠣᠭᠤᠳᠬᠤ ᠦᠢᠯᠡᠳᠦᠯ ᠢ ᠪᠠᠳᠠᠷᠠᠭᠤᠯᠵᠤ᠂ | ᠲᠣᠭᠠᠴᠢᠯᠠᠭᠰᠠᠨ ᠠᠵᠤ ᠠᠬᠤᠶ ᠶᠢᠨ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠴᠢᠩᠭᠠᠷᠠᠭᠤᠯᠤᠨ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢᠨ ᠰᠢᠨ᠎ᠡ ᠶᠢ ᠡᠭᠦᠳᠴᠦ᠂ ᠡᠷᠬᠡ ᠲᠡᠭᠰᠢ ᠪᠠᠷ ᠥᠷᠢᠰᠦᠯᠳᠦᠬᠦ | ᠣᠷᠴᠢᠨ ᠨᠥᠬᠦᠴᠡᠯ ᠢ ᠪᠣᠶ ᠪᠣᠯᠭᠠᠵᠤ᠂ ᠵᠠᠬ᠎ᠠ ᠳᠡᠯᠭᠡᠭᠦᠷ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ | ᠠᠮᠤᠷ ᠲᠦᠪᠰᠢᠨ ᠡᠮᠬᠢ ᠳᠢᠭᠯᠢᠮ ᠲᠠᠢ ᠪᠠᠶᠢᠬᠤ ᠶᠢ ᠪᠠᠷᠢᠮᠲᠠᠯᠠᠵᠤ᠂ ᠵᠣᠬᠢᠴᠠᠩᠭᠤᠢ ᠪᠠᠷ ᠬᠥᠭᠵᠢᠭᠦᠯᠬᠦ ᠶᠢ ᠪᠠᠷᠢᠮᠲᠠᠯᠠᠬᠤ | ᠬᠡᠷᠡᠭᠲᠡᠢ᠃ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠰᠢᠰᠲ᠋ᠧᠮ ᠤᠨ ᠦᠵᠡᠯᠲᠡ ᠪᠠ | ᠬᠤᠷᠢᠭ᠎ᠠ ᠱᠤᠭᠤᠮ ᠤᠨ ᠰᠡᠳᠬᠢᠬᠦᠢ ᠶᠢ ᠴᠢᠩᠭᠠᠳᠬᠠᠵᠤ᠂ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢᠨ ᠳᠤᠮᠳᠠᠬᠢ | ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠪᠠ ᠠᠷᠢᠯᠭᠠᠬᠤ ᠶᠢ ᠴᠢᠬᠤᠯᠠᠴᠢᠯᠠᠵᠤ᠂ ᠠᠵᠤ | ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ ᠲᠣᠭᠲᠠᠭᠤᠨ ᠢ ᠴᠢᠩᠭᠠᠳᠬᠠᠬᠤ ᠬᠡᠷᠡᠭᠲᠡᠢ᠃ ᠠᠮᠥᠷ | ᠳᠥᠪᠰᠢᠨ ᠤ ᠪᠠᠳᠣᠯᠠᠭ᠎ᠠ ᠶᠢᠨ ᠰᠢᠰᠲ᠋ᠧᠮᠵᠢ ᠶᠢ ᠳᠡᠬᠦᠯᠳᠡᠷᠵᠢᠬᠦᠯᠵᠦ᠂ ᠠᠮᠥᠷ ᠳᠥᠪᠰᠢᠨ ᠤ ᠬᠠᠮᠢᠶᠡᠷᠦᠯᠳᠡ ᠶᠢᠨ | ᠬᠠᠷᠢᠭᠤᠴᠠᠯᠭ᠎ᠠ ᠶᠢ ᠨᠠᠶᠢᠳᠡᠪᠦᠷᠢᠵᠢᠭᠤᠯᠥᠨ᠂ ᠲᠣᠣᠷ ᠰᠦᠯᠵᠢᠶ᠎ᠠ ᠪᠠ ᠲᠤᠭ᠎ᠠ ᠪᠡᠷᠢᠮᠳᠡ ᠶᠢᠨ ᠠᠮᠥᠷ ᠳᠥᠪᠰᠢᠨ ᠤ ᠬᠢᠨᠡᠯᠳᠡ | ᠬᠠᠮᠢᠶᠡᠷᠦᠯᠳᠡ ᠶᠢ ᠴᠢᠩᠭᠠᠷᠡᠭᠤᠯᠥᠨ᠎ᠠ᠃ | ᠬᠤᠶᠠᠷ᠂ ᠠᠵᠢᠯ ᠤᠨ ᠬᠠᠷᠠᠯᠲᠠ | ᠵᠢᠷᠭᠤᠭᠠᠨ ᠶᠡᠭᠡ ᠲᠣᠭᠠᠴᠢᠯᠠᠭᠰᠠᠨ ᠠᠵᠤ ᠠᠬᠤᠶ ᠶᠢᠨ ᠭᠤᠤᠯᠳᠠᠯᠭ᠎ᠠ ᠲᠠᠢ ᠠᠵᠢᠯ ᠢ ᠭᠦᠨᠵᠡᠭᠡᠶ ᠠᠬᠢᠭᠤᠯᠵᠤ᠂ ︽ᠨᠢᠭᠡ | ᠪᠠᠶᠢᠷᠢᠰᠢᠭᠤᠯᠤᠯᠲᠠ︾ ︵ᠠᠵᠤ ᠦᠢᠯᠡᠰ ᠤᠨ ᠣᠷᠣᠨ ᠵᠠᠶ ᠶᠢᠨ ᠪᠠᠶᠢᠷᠢᠰᠢᠭᠤᠯᠤᠯᠲᠠ︶ ᠶᠢ ᠰᠢᠯᠢᠳᠡᠭᠵᠢᠭᠦᠯᠵᠦ᠂ ︽ᠭᠤᠷᠪᠠᠨ | ᠶᠡᠭᠡ ᠰᠠᠭᠤᠷᠢ︾ ︵ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠠᠵᠤ ᠦᠢᠯᠡᠰ ᠤᠨ ᠠᠮᠢ ᠠᠬᠤᠶ᠂ ᠭᠤᠤᠯ | ᠴᠣᠭᠴᠠ ᠶᠢ ᠪᠤᠶᠢᠵᠢᠭᠤᠯᠬᠤ︶ ᠶᠢ ᠪᠠᠬᠢᠵᠢᠭᠦᠯᠵᠦ᠂ ︽ᠬᠤᠶᠠᠷ ᠶᠡᠭᠡ ᠪᠠᠲᠤᠯᠠᠭ᠎ᠠ︾ ︵ᠰᠠᠭᠤᠷᠢ ᠪᠡᠯᠡᠳᠬᠡᠮᠵᠢ᠂ | ᠬᠥᠭᠵᠢᠯᠲᠡ ᠶᠢᠨ ᠬᠦᠴᠦᠨ ᠵᠦᠢᠯ︶ ᠶᠢ ᠲᠡᠭᠦᠯᠳᠡᠷᠵᠢᠭᠦᠯᠵᠦ᠂ ︽ᠳᠥᠷᠪᠡᠨ ᠶᠡᠭᠡ ᠰᠠᠭᠤᠷᠢᠨ ᠭᠠᠵᠠᠷ︾ ︵ᠪᠥᠬᠦ | ᠤᠯᠤᠰ ᠤᠨ ᠪᠣᠬᠢᠷᠲᠤᠯ ᠥᠬᠡᠶ ᠪᠤᠳᠤᠬᠤ ᠬᠦᠴᠦᠨ ᠤ ᠪᠠᠲᠤᠯᠠᠭ᠎ᠠ ᠶᠢᠨ ᠰᠠᠭᠤᠷᠢᠨ ᠭᠠᠵᠠᠷ᠂ ᠤᠮᠠᠷᠠᠲᠤ ᠶᠢᠨ | ᠲᠣᠭᠠᠴᠢᠯᠠᠭᠰᠠᠨ ᠦᠢᠯᠡᠳᠬᠦᠨ ᠦᠢᠯᠡᠳᠬᠦ ᠰᠠᠭᠤᠷᠢᠨ ᠭᠠᠵᠠᠷ᠂ ᠪᠥᠬᠦ ᠤᠯᠤᠰ ᠤᠨ ᠲᠣᠮᠣ ᠳ᠋ᠠᠶᠢᠲ᠋ᠠ ᠶᠢᠨ ᠦᠢᠯᠡᠴᠢᠯᠡᠭᠡ | ᠭᠠᠳᠠᠭᠰᠢ ᠭᠠᠷᠭᠠᠬᠤ ᠰᠠᠭᠤᠷᠢᠨ ᠭᠠᠵᠠᠷ᠂ ᠤᠮᠠᠷᠠᠲᠤ ᠶᠢᠨ ᠠᠵᠤ ᠦᠢᠯᠡᠰ ᠤᠨ ᠲᠣᠭᠠᠴᠢᠯᠠᠭᠰᠠᠨ ᠬᠡᠯᠪᠡᠷᠢ ᠪᠠᠨ | ᠬᠤᠪᠢᠷᠠᠭᠤᠯᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ︶ ᠢ ᠪᠠᠶᠢᠭᠤᠯᠤᠨ᠎ᠠ᠃ 2025 ᠤᠨ ᠪᠣᠯᠬᠤ ᠳᠤ᠂ ᠳ᠋ᠠᠶᠢᠲ᠋ᠠ ᠶᠢᠨ | ᠡᠯᠧᠮᠧᠨ᠋ᠲ ᠤᠨ ᠵᠠᠬ᠎ᠠ ᠳᠡᠯᠭᠡᠭᠦᠷ ᠢ ᠦᠨᠳᠦᠰᠦᠨ ᠳᠤ ᠪᠠᠨ ᠪᠦᠷᠢᠯᠳᠦᠭᠦᠯᠵᠦ᠂ ᠲᠣᠭᠠᠴᠢᠯᠠᠭᠰᠠᠨ ᠠᠵᠤ ᠠᠬᠤᠶ ᠶᠢᠨ | ᠭᠤᠤᠯᠯᠠᠬᠤ ᠠᠵᠤ ᠦᠢᠯᠡᠰ ᠤᠨ ᠣᠨᠴᠠᠯᠢᠬᠵᠢᠭᠰᠠᠨ᠂ ᠪᠦᠯᠦᠭᠵᠢᠭᠰᠡᠨ ᠬᠥᠭᠵᠢᠯᠲᠡ ᠶᠢᠨ ᠬᠢᠷᠢ ᠲᠦᠪᠰᠢᠨ ᠢ ᠢᠯᠡᠳᠲᠡ | ᠳᠡᠭᠡᠭᠰᠢᠯᠡᠭᠦᠯᠵᠦ᠂ ᠠᠵᠤ ᠦᠢᠯᠡᠰ ᠤᠨ ᠲᠣᠭᠠᠴᠢᠯᠠᠭᠰᠠᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ | GDP ᠳᠠᠬᠢ ᠲᠣᠭᠠᠴᠢᠯᠠᠭᠰᠠᠨ ᠠᠵᠤ ᠠᠬᠤᠶ ᠶᠢᠨ ᠬᠡᠪᠴᠢᠶ᠎ᠡ ᠶᠢᠨ ᠡᠵᠡᠯᠡᠬᠦ ᠬᠤᠪᠢ ᠶᠢᠨ ᠵᠢᠩ 40% ᠳᠤ ᠬᠦᠷᠴᠦ᠂ | ᠬᠡᠪᠴᠢᠶ᠎ᠡ ᠨᠢ 1 ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ᠂ ᠲᠣᠭᠠᠴᠢᠯᠠᠭᠰᠠᠨ ᠠᠵᠤ ᠠᠬᠤᠶ ᠶᠢᠨ ᠭᠤᠣᠯᠯᠠᠬᠤ ᠠᠵᠤ | ᠦᠢᠯᠡᠰ ᠤᠨ ᠨᠡᠮᠡᠭᠳᠡᠯ ᠥᠷᠲᠡᠭ ᠤᠨ GDP ᠳᠠᠬᠢ ᠡᠵᠡᠯᠡᠬᠦ ᠬᠤᠪᠢ ᠶᠢᠨ ᠵᠢᠩ 2.5% ᠳᠤ ᠬᠦᠷᠴᠦ᠂ ᠬᠡᠪᠴᠢᠶ᠎ᠡ ᠨᠢ | 670 ᠳ᠋ᠦᠩᠰᠢᠭᠤᠷ ᠲᠥᠭᠦᠷᠢᠭ ᠢ ᠳᠠᠪᠠᠪᠠ᠃ 2030 ᠤᠨ ᠪᠣᠯᠬᠤ ᠳᠤ᠂ ᠲᠣᠭᠠᠴᠢᠯᠠᠭᠰᠠᠨ ᠠᠵᠤ ᠠᠬᠤᠶ ᠶᠢᠨ | ᠭᠤᠤᠯᠯᠠᠬᠤ ᠠᠵᠤ ᠦᠢᠯᠡᠰ ᠤᠨ ᠬᠡᠪᠴᠢᠶᠡᠵᠢᠯᠲᠡ᠂ ᠬᠡᠯᠬᠢᠶᠡᠵᠢᠯᠲᠡ᠂ ᠳᠡᠭᠡᠳᠦ ᠲᠠᠰᠵᠢᠭᠰᠡᠨ ᠬᠥᠭᠵᠢᠯᠲᠡ ᠶᠢ ᠰᠢᠨ᠎ᠡ | ᠳᠡᠭᠲᠡᠷ ᠲᠤ ᠭᠠᠷᠭᠠᠵᠤ᠂ ᠤᠨᠴᠠᠯᠢᠬᠳᠤ ᠳᠠᠪᠠᠭᠤᠯᠢᠭ ᠠᠵᠢᠯ ᠲᠥᠷᠥᠯ ᠤᠨ ᠲᠣᠭᠠᠴᠢᠯᠠᠯᠲᠠ᠂ ᠰᠦᠯᠵᠢᠶᠡᠵᠢᠯᠲᠡ᠂ | ᠤᠶᠤᠨᠴᠢᠯᠠᠯᠲᠠ ᠶᠢᠨ ᠬᠡᠯᠪᠡᠷᠢ ᠪᠠᠨ ᠬᠤᠪᠢᠷᠠᠭᠤᠯᠬᠤ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠵᠤ᠂ ᠪᠥᠬᠦ ᠤᠯᠤᠰ ᠤᠨ | ᠪᠣᠬᠢᠷᠲᠤᠯ ᠥᠬᠡᠶ ᠪᠤᠳᠤᠬᠤ ᠬᠦᠴᠦᠨ ᠤ ᠪᠠᠲᠤᠯᠠᠭ᠎ᠠ ᠶᠢᠨ ᠰᠠᠭᠤᠷᠢᠨ ᠭᠠᠵᠠᠷ ᠪᠠ ᠪᠥᠬᠦ ᠤᠯᠤᠰ ᠤᠨ ᠲᠣᠮᠣ ᠳ᠋ᠠᠶᠢᠲ᠋ᠠ ᠶᠢᠨ | ᠦᠢᠯᠡᠴᠢᠯᠡᠭᠡᠨ ᠤ ᠭᠠᠳᠠᠭᠰᠢ ᠭᠠᠷᠭᠠᠬᠤ ᠰᠠᠭᠤᠷᠢᠨ ᠭᠠᠵᠠᠷ ᠢ ᠦᠨᠳᠦᠰᠦᠨ ᠳᠡᠭᠡᠨ ᠪᠠᠶᠢᠭᠤᠯᠵᠤ᠂ ᠤᠮᠠᠷᠠᠲᠤ ᠶᠢᠨ | ᠲᠣᠭᠠᠴᠢᠯᠠᠭᠰᠠᠨ ᠦᠶ᠋ᠯᠡᠳᠬᠦᠨ ᠤ ᠦᠶ᠋ᠯᠡᠳᠬᠦ ᠰᠠᠭᠤᠷᠢᠨ ᠭᠠᠵᠠᠷ ᠪᠠ ᠤᠮᠠᠷᠠᠲᠤ ᠶᠢᠨ ᠠᠵᠤ ᠦᠶ᠋ᠯᠡᠰ ᠤᠨ ᠲᠣᠭᠠᠴᠢᠯᠠᠭᠰᠠᠨ | ᠬᠡᠯᠪᠡᠷᠢ ᠪᠠᠨ ᠬᠤᠪᠢᠷᠠᠭᠤᠯᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠲᠦᠷᠭᠡᠳᠬᠡᠨ ᠪᠠᠶᠢᠭᠤᠯᠵᠤ᠂ ᠪᠥᠬᠦ ᠤᠯᠤᠰ ᠤᠨ | ᠠᠵᠤ ᠦᠶ᠋ᠯᠡᠰ ᠤᠨ ᠰᠠᠭᠤᠷᠢᠨ ᠭᠠᠵᠠᠷ ᠳᠠᠰᠢ ᠤᠷᠤᠭᠰᠢᠯᠠᠨ᠎ᠠ᠃ | ᠭᠤᠷᠪᠠ᠂ ᠭᠤᠣᠯᠳᠠᠯᠭ᠎ᠠ ᠲᠠᠢ ᠡᠭᠦᠷᠭᠡ | ︵ᠨᠢᠭᠡ︶ ᠠᠵᠤ ᠦᠢᠯᠡᠰ ᠤᠨ ᠣᠷᠣᠨ ᠵᠠᠢ ᠶᠢᠨ ᠪᠠᠶᠢᠷᠢᠰᠢᠯ ᠢ ᠰᠢᠯᠢᠳᠡᠭᠵᠢᠭᠦᠯᠵᠦ᠃ ︽ᠭᠠᠵᠠᠷ ᠣᠷᠣᠨ ᠤ | ᠪᠠᠶᠢᠳᠠᠯ ᠳᠠᠭᠠᠨ ᠲᠣᠬᠢᠷᠠᠭᠤᠯᠬᠤ᠂ ᠣᠷᠣᠨ ᠪᠠᠶᠢᠷᠢ ᠪᠠᠨ ᠰᠣᠯᠪᠢᠴᠠᠭᠤᠯᠤᠨ ᠬᠥᠭᠵᠢᠭᠦᠯᠬᠦ᠂ ᠠᠵᠤ ᠦᠢᠯᠡᠰ ᠢ ᠲᠥᠪᠯᠡᠷᠡᠭᠦᠯᠬᠦ︾ | ᠵᠠᠷᠴᠢᠮ ᠶᠣᠰᠣᠭᠠᠷ᠂ ᠣᠷᠣᠨ ᠵᠠᠶ ᠶᠢᠨ ᠪᠠᠶᠢᠷᠢᠰᠢᠭᠤᠯᠤᠯᠲᠠ᠂ ᠴᠢᠳᠠᠮᠵᠢ ᠶᠢᠨ ᠪᠠᠶᠢᠷᠢ ᠲᠣᠭᠲᠠᠭᠠᠯᠲᠠ ᠪᠠ ᠠᠵᠤ | ᠦᠢᠯᠡᠰ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠦᠨ᠂ ᠪᠥᠬᠦ ᠤᠯᠤᠰ ᠤᠨ ᠨᠢᠭᠡ ᠴᠣᠭᠴᠠᠵᠢᠭᠰᠠᠨ ᠪᠤᠳᠤᠬᠤ | ᠬᠦᠴᠦᠨ ᠤ ᠰᠦᠯᠵᠢᠶᠡᠨ ᠤ ᠥᠪᠥᠷ ᠮᠣᠩᠭᠤᠯ ᠤᠨ ᠵᠠᠩᠭᠢᠯᠠᠭ᠎ᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢ | ᠠᠬᠢᠭᠤᠯᠬᠤ ᠪᠠᠷ ᠬᠥᠳᠡᠯᠭᠡᠭᠦᠷ ᠪᠣᠯᠭᠠᠵᠤ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠲᠣᠭᠠᠴᠢᠯᠠᠭᠰᠠᠨ ᠠᠵᠤ | ᠠᠬᠤᠶ ᠶᠢᠨ ᠨᠢᠭᠡ ᠴᠣᠭᠴᠠᠵᠢᠭᠰᠠᠨ ᠬᠥᠭᠵᠢᠯᠲᠡ ᠶᠢᠨ ᠣᠷᠣᠨ ᠢᠶᠠᠷ ᠵᠢᠯᠣᠭᠤᠳᠣᠯᠭ᠎ᠠ ᠪᠣᠯᠭᠠᠨ᠂ ᠡᠯ᠎ᠡ ᠠᠶᠢᠮᠠᠭ ᠬᠤᠲᠠ ᠶᠢ | ᠬᠥᠲᠥᠯᠦᠨ ᠵᠢᠯᠣᠭᠤᠳᠴᠤ ᠪᠠᠶᠢᠭᠠᠳ ᠲᠣᠰ ᠪᠡᠶ᠎ᠡ ᠶᠢᠨ ᠪᠣᠳᠠᠲᠤ ᠪᠠᠶᠢᠳᠠᠯ ᠳᠠᠭᠠᠨ ᠰᠠᠭᠤᠷᠢᠯᠠᠨ᠂ ᠲᠣᠭᠠᠴᠢᠯᠠᠭᠰᠠᠨ ᠠᠵᠤ | ᠦᠢᠯᠡᠰᠵᠢᠯᠲᠡ᠂ ᠠᠵᠤ ᠦᠢᠯᠡᠰ ᠤᠨ ᠲᠣᠭᠠᠴᠢᠯᠠᠯᠲᠠ ᠶᠢ ᠬᠦᠴᠦᠯᠡᠨ ᠠᠬᠢᠭᠤᠯᠵᠤ᠂ ︽ᠨᠢᠭᠡ ᠴᠥᠮ ᠢᠶᠠᠷ ᠬᠥᠳᠡᠯᠭᠡᠭᠦᠷ | ᠪᠣᠯᠭᠠᠬᠤ᠂ ᠨᠢᠭᠡ ᠣᠷᠣᠨ ᠢᠶᠠᠷ ᠬᠥᠲᠥᠯᠦᠨ ᠳᠠᠭᠠᠭᠤᠯᠬᠤ᠂ ᠣᠯᠠᠨ ᠲᠠᠯ᠎ᠠ ᠪᠠᠷ ᠲᠤᠯᠭᠠᠭᠤᠷᠢᠯᠠᠬᠤ︾ ᠲᠣᠭᠠᠴᠢᠯᠠᠭᠰᠠᠨ | ᠠᠵᠤ ᠠᠬᠤᠶ ᠶᠢᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠣᠶ ᠪᠣᠯᠭᠠᠨ᠎ᠠ᠃ | 1. ᠨᠢᠭᠡ ᠪᠥᠭᠡᠮ ᠬᠥᠳᠡᠯᠭᠡᠭᠦᠷ᠃ ᠪᠥᠬᠦ ᠤᠯᠤᠰ ᠤᠨ ᠨᠢᠭᠡ ᠴᠤᠭᠴᠠᠵᠢᠭᠤᠯᠤᠭᠰᠠᠨ ᠪᠤᠳᠤᠬᠤ ᠬᠦᠴᠦᠨ ᠤ | ᠰᠦᠯᠵᠢᠶᠡᠨ ᠤ ᠥᠪᠥᠷ ᠮᠣᠩᠭᠤᠯ ᠤᠨ ᠵᠠᠩᠭᠢᠯᠠᠭ᠎ᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ | ᠵᠠᠩᠭᠢᠯᠠᠭ᠎ᠠ ᠶᠢᠨ ᠴᠡᠭ ᠢᠶᠠᠷ ᠭᠤᠤᠯ ᠣᠷᠣᠨ ᠪᠣᠯᠭᠠᠭᠰᠠᠨ᠂ ᠪᠤᠭᠤᠲᠤ ᠬᠤᠲᠠ᠂ ᠬᠥᠯᠥᠨ ᠪᠤᠶᠢᠷ ᠬᠤᠲᠠ᠂ ᠤᠯᠠᠭᠠᠨᠬᠠᠳᠠ | ᠬᠤᠲᠠ᠂ ᠣᠷᠳᠣᠰ ᠬᠤᠲᠠ᠂ ᠠᠯᠠᠱᠠ ᠠᠶᠢᠮᠠᠭ ᠵᠡᠷᠭᠡ ᠠᠶᠢᠮᠠᠭ ᠬᠤᠲᠠ ᠶᠢᠨ ᠪᠤᠳᠤᠬᠤ ᠬᠦᠴᠦᠨ ᠢᠶᠠᠷ ᠨᠥᠬᠦᠪᠥᠷᠢ ᠪᠣᠯᠭᠠᠨ | ᠥᠷᠭᠡᠳᠬᠡᠬᠦ ᠣᠷᠣᠨ ᠤ ᠪᠤᠳᠤᠬᠤ ᠬᠦᠴᠦᠨ ᠤ ᠰᠦᠯᠵᠢᠶᠡᠨ ᠤ ᠣᠷᠣᠨ ᠵᠠᠶ ᠶᠢᠨ ᠪᠠᠶᠢᠷᠢᠰᠢᠭᠤᠯᠤᠯᠲᠠ ᠶᠢ ᠪᠠᠶᠢᠭᠤᠯᠤᠨ᠎ᠠ᠃ | ᠡᠨᠧᠷᠭᠢ᠂ ᠭᠠᠵᠠᠷ ᠰᠢᠨᠵᠢᠯᠡᠭᠡᠨ᠂ ᠠᠭᠤᠷ ᠠᠮᠢᠰᠬᠤᠯ᠂ ᠴᠠᠭ ᠢᠶᠠᠷ ᠢᠶᠠᠨ ᠲᠣᠣᠷ ᠰᠦᠯᠵᠢᠶ᠎ᠡ ᠵᠡᠷᠭᠡ ᠳᠠᠪᠠᠭᠤᠯᠢᠭ ᠢ | ᠪᠠᠳᠠᠷᠠᠭᠤᠯᠤᠨ᠂ ᠳᠡᠭᠡᠳᠦ ᠳᠡᠰᠴᠢᠯᠡᠬᠦ᠂ ᠪᠣᠬᠢᠷᠳᠤᠯ ᠦᠭᠡᠢ᠂ ᠡᠷᠴᠢᠮᠵᠢᠭᠦᠯᠬᠦ ᠱᠠᠭᠠᠷᠳᠠᠯᠭ᠎ᠠ ᠶᠢ ᠪᠠᠷᠢᠮᠲᠠᠯᠠᠨ᠂ ᠬᠤᠷᠢᠨᠭᠡᠷ ᠤᠨ | ᠳ᠋ᠠᠶᠢᠲ᠋ᠠ ᠶᠢᠨ ᠲᠥᠪ ᠤᠨ ᠪᠥᠭᠡᠮᠨᠡᠷᠡᠯ ︵ᠬᠤᠷᠢᠨᠭᠡᠷ ᠰᠢᠨ᠎ᠡ ᠲᠣᠭᠤᠷᠢᠭ᠂ ᠵᠢᠨᠢᠩ ᠤᠨ ᠲᠣᠮᠣ ᠳ᠋ᠠᠶᠢᠲ᠋ᠠ ᠶᠢᠨ ᠠᠵᠤ | ᠦᠢᠯᠡᠰ ᠤᠨ ᠬᠦᠷᠢᠶᠡᠯᠡᠩ︶ ᠢ ᠥᠨᠳᠥᠷ ᠪᠠᠷᠢᠮᠵᠢᠶ᠎ᠠ ᠪᠠᠷ ᠪᠦᠲᠦᠭᠡᠨ ᠪᠠᠶᠢᠭᠤᠯᠵᠤ᠂ ᠳ᠋ᠠᠶᠢᠲ᠋ᠠ ᠶᠢᠨ ᠲᠥᠪ ᠤᠨ ᠳᠡᠭᠡᠳᠦ | ᠳᠣᠣᠷᠠᠳᠤ ᠤᠷᠤᠰᠬᠠᠯ ᠤᠨ ᠠᠵᠤ ᠦᠢᠯᠡᠰ ᠤᠨ ᠪᠥᠭᠡᠮᠨᠡᠷᠡᠯ ᠢᠶᠠᠷ ᠬᠥᠲᠥᠯᠦᠮᠵᠢ ᠪᠣᠯᠭᠠᠵᠤ᠂ ᠵᠥᠭᠡᠯᠡᠨ ᠲᠣᠨᠤᠭ ᠪᠠ ᠮᠡᠳᠡᠭᠡ | ᠵᠠᠩᠭᠢ ᠶᠢᠨ ᠦᠢᠯᠡᠴᠢᠯᠡᠭᠡ᠂ ᠡᠯᠧᠺᠳ᠋ᠷᠣᠨ ᠮᠡᠳᠡᠭᠡ ᠵᠠᠩᠭᠢ ᠶᠢᠨ ᠦᠢᠯᠡᠳᠬᠡᠯ᠂ ᠲᠤᠭ᠎ᠠ ᠪᠠᠷᠢᠮᠲᠠ ᠶᠢ ᠬᠠᠳᠠᠭᠠᠯᠠᠵᠤ | ᠡᠳ᠋ᠰᠢᠭᠦᠯᠦᠨ ᠪᠤᠳᠤᠬᠤ ᠵᠡᠷᠭᠡ ᠲᠣᠭᠠᠴᠢᠯᠠᠭᠰᠠᠨ ᠠᠵᠤ ᠠᠬᠤᠢ ᠶᠢᠨ ᠭᠤᠣᠯᠯᠠᠬᠤ ᠠᠵᠤ ᠦᠢᠯᠡᠰ ᠢ ᠭᠤᠣᠯᠳᠠᠯᠭ᠎ᠠ ᠲᠠᠢ | ᠬᠥᠭᠵᠢᠭᠦᠯᠦᠨ᠂ ︽ᠬᠠᠷᠢᠯᠴᠠᠨ ᠨᠥᠬᠦᠪᠦᠷᠢᠯᠡᠵᠦ ᠬᠥᠭᠵᠢᠭᠦᠯᠬᠦ᠂ ᠨᠢᠭᠲᠠ ᠵᠣᠯᠭᠠᠭᠤᠯᠬᠤ᠂ ᠬᠠᠮᠵᠢᠯᠴᠠᠨ ᠲᠤᠯᠭᠠᠭᠤᠷᠢᠯᠠᠬᠤ︾ | ᠬᠤᠣᠰ ᠣᠷᠣᠨ ᠤ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠪᠥᠬᠦ ᠤᠯᠤᠰ ᠲᠤ ᠬᠠᠨᠳᠤᠭᠤᠯᠤᠭᠰᠠᠨ ᠪᠣᠬᠢᠷᠳᠤᠯ | ᠦᠭᠡᠢ ᠪᠤᠳᠤᠬᠤ ᠬᠦᠴᠦᠨ ᠤ ᠪᠠᠲᠤᠯᠠᠭ᠎ᠠ ᠶᠢᠨ ᠰᠠᠭᠤᠷᠢᠨ ᠭᠠᠵᠠᠷ ᠢ ᠪᠠᠶᠢᠭᠤᠯᠤᠨ᠎ᠠ᠃ | 2. ᠨᠢᠭᠡ ᠲᠣᠭᠤᠷᠢᠭ ᠢᠶᠠᠷ ᠬᠥᠲᠥᠯᠥᠨ ᠳᠠᠭᠠᠭᠤᠯᠤᠨ᠎ᠠ᠃ ᠬᠥᠬᠡᠬᠤᠲᠠ᠂ ᠪᠤᠭᠤᠲᠤ ᠬᠤᠲᠠ᠂ ᠣᠷᠳᠣᠰ ᠬᠤᠲᠠ᠂ | ᠤᠯᠠᠭᠠᠨᠴᠠᠪ ᠬᠤᠲᠠ ᠳᠥᠷᠪᠡᠨ ᠬᠤᠲᠠ ᠶᠢᠨ ᠬᠠᠮᠵᠢᠯᠴᠠᠨ ᠪᠠᠶᠢᠷᠢ ᠵᠥᠷᠢᠭᠦᠯᠦᠨ ᠬᠥᠭᠵᠢᠬᠦ ᠶᠢ ᠠᠬᠢᠭᠤᠯᠵᠤ᠂ ᠬᠥᠬᠡᠬᠤᠲᠠ | ᠪᠤᠭᠤᠲᠤ ᠣᠷᠳᠣᠰ ᠤᠯᠠᠭᠠᠨᠴᠠᠪ ᠤᠨ ᠲᠣᠭᠠᠴᠢᠯᠠᠭᠰᠠᠨ ᠠᠵᠤ ᠠᠬᠤᠶ ᠶᠢᠨ ᠨᠢᠭᠡ ᠴᠣᠭᠴᠠᠵᠢᠭᠰᠠᠨ ᠬᠥᠭᠵᠢᠯᠲᠡ ᠶᠢ | ᠬᠥᠲᠥᠯᠦᠨ ᠳᠠᠭᠠᠭᠤᠯᠬᠤ ᠣᠷᠣᠨ ᠢ ᠪᠣᠶ ᠪᠣᠯᠭᠠᠵᠤ᠂ ᠨᠢᠭᠡ ᠪᠦᠯᠦᠭ ᠥᠪᠡᠷᠲᠡᠭᠡᠨ ᠵᠠᠰᠠᠬᠤ ᠣᠷᠣᠨ ᠤ ᠲᠠᠰ ᠤᠨ | ᠲᠣᠭᠠᠴᠢᠯᠠᠭᠰᠠᠨ ᠠᠵᠤ ᠠᠬᠤᠶ ᠶᠢᠨ ᠰᠢᠨ᠎ᠡ ᠶᠢ ᠡᠭᠦᠳᠬᠦ ᠬᠥᠭᠵᠢᠯᠲᠡ ᠶᠢᠨ ᠲᠤᠷᠰᠢᠯᠲᠠ ᠶᠢᠨ ᠰᠠᠭᠤᠷᠢᠨ ᠭᠠᠵᠠᠷ ᠢ | ᠪᠥᠲᠥᠭᠡᠨ ᠪᠠᠶᠢᠭᠤᠯᠤᠨ᠎ᠠ᠃ ᠬᠥᠬᠡᠬᠤᠲᠠ᠂ ᠤᠯᠠᠭᠠᠨᠴᠠᠪ ᠬᠤᠲᠠ ᠶᠢᠨ ᠬᠢᠨ ᠪᠣᠬᠢᠷᠲᠤᠯ ᠥᠬᠡᠶ ᠳ᠋ᠠᠶᠢᠲ᠋ᠠ ᠶᠢᠨ ᠲᠥᠪ ᠤᠨ | ᠪᠥᠲᠥᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠠᠬᠢᠭᠤᠯᠵᠤ᠂ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠦᠢᠯᠡᠴᠢᠯᠡᠭᠡ᠂ | ᠡᠯᠧᠺᠳ᠋ᠷᠣᠨ ᠮᠡᠳᠡᠭᠡ ᠵᠠᠩᠭᠢ ᠦᠢᠯᠡᠳᠬᠦ᠂ ᠲᠣᠮᠣ ᠳ᠋ᠠᠶᠢᠲ᠋ᠠ ᠶᠢ ᠬᠠᠳᠠᠭᠠᠯᠠᠵᠤ ᠡᠳ᠋ᠰᠢᠭᠦᠯᠦᠨ ᠪᠣᠯᠪᠠᠰᠤᠷᠠᠭᠤᠯᠬᠤ ᠲᠣᠭᠠᠴᠠᠭ᠎ᠠ | ᠬᠢᠬᠦ ᠪᠠ ᠦᠢᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠬᠤ ᠵᠡᠷᠭᠡ ᠳ᠋ᠠᠶᠢᠲ᠋ᠠ ᠶᠢᠨ ᠲᠥᠪ ᠤᠨ ᠳᠡᠭᠡᠳᠦ ᠳᠣᠤᠷᠠᠳᠤ | ᠤᠷᠤᠰᠬᠠᠯ ᠤᠨ ᠠᠵᠤ ᠦᠢᠯᠡᠰ ᠢ ᠬᠥᠭᠵᠢᠭᠦᠯᠦᠨ᠎ᠡ︔ ᠪᠣᠬᠢᠷᠲᠤᠯ ᠦᠭᠡᠢ ᠪᠤᠳᠤᠬᠤ ᠬᠦᠴᠦᠨ ᠤ ᠬᠡᠷᠡᠭᠯᠡᠯᠲᠡ ᠶᠢ | ᠥᠷᠭᠡᠳᠬᠡᠵᠦ᠂ ᠭᠠᠮᠰᠢᠭ ᠢ ᠰᠡᠷᠭᠡᠶᠢᠯᠡᠨ ᠨᠥᠭᠡᠴᠡᠯᠡᠬᠦ᠂ ᠠᠭᠤᠰᠤᠯᠴᠠᠭᠤᠯᠤᠨ ᠪᠤᠳᠤᠬᠤ ᠬᠦᠴᠦᠨ᠂ ᠲᠣᠮᠣ ᠵᠠᠭᠪᠤᠷ ᠤᠨ | ᠪᠣᠯᠪᠠᠰᠤᠷᠠᠯ ᠵᠡᠷᠭᠡ ᠲᠤᠬᠠᠶᠢᠯᠠᠭᠰᠠᠨ ᠠᠵᠢᠯ ᠢ ᠬᠥᠭᠵᠢᠭᠦᠯᠵᠦ᠂ ᠵᠢᠯᠣᠭᠤᠴᠢ ᠦᠭᠡᠢ ᠮᠠᠰᠢᠨ᠂ ᠵᠢᠯᠣᠭᠤᠴᠢ ᠦᠭᠡᠢ ᠮᠠᠰᠢᠨ | ᠵᠡᠷᠭᠡ ᠲᠣᠮᠣ ᠳ᠋ᠠᠶᠢᠲ᠋ᠠ ᠶᠢᠨ ᠲᠤᠷᠰᠢᠯᠲᠠ ᠶᠢᠨ ᠲᠠᠯᠠᠪᠠᠢ ᠶᠢ ᠪᠠᠶᠢᠷᠢᠰᠢᠭᠤᠯᠵᠤ᠂ ᠳᠣᠬᠢᠭᠤᠷ ᠳᠣᠯᠤᠭ᠎ᠠ᠂ ᠬᠡᠰᠡᠭᠵᠢᠭᠰᠡᠨ | ᠬᠡᠯᠬᠢᠶ᠎ᠡ᠂ ᠵᠣᠬᠢᠶᠠᠮᠠᠯ ᠣᠶᠤᠨ ᠴᠢᠳᠠᠪᠤᠷᠢ ᠵᠡᠷᠭᠡ ᠲᠣᠭᠠᠴᠢᠯᠠᠭᠰᠠᠨ ᠮᠡᠷᠭᠡᠵᠢᠯ ᠤᠨ ᠠᠵᠤ ᠦᠢᠯᠡᠰ ᠤᠨ ᠰᠢᠨ᠎ᠡ ᠶᠢ ᠡᠭᠦᠳᠦᠨ | ᠬᠥᠭᠵᠢᠬᠦ ᠶᠢ ᠠᠬᠢᠭᠤᠯᠵᠤ᠂ ᠪᠥᠬᠦ ᠤᠯᠤᠰ ᠤᠨ ᠲᠣᠮᠣ ᠳ᠋ᠠᠶᠢᠲ᠋ᠠ ᠶᠢᠨ ᠦᠢᠯᠡᠴᠢᠯᠡᠭᠡᠨ ᠤ ᠭᠠᠳᠠᠭᠰᠢ ᠭᠠᠷᠭᠠᠬᠤ ᠰᠠᠭᠤᠷᠢᠨ | ᠭᠠᠵᠠᠷ ᠢ ᠪᠠᠶᠢᠭᠤᠯᠤᠨ᠎ᠠ᠃ ᠪᠤᠭᠤᠲᠤ ᠬᠤᠲᠠ ᠤᠶᠤᠨᠲᠤ ᠠᠭᠤᠷᠬᠠᠶ᠂ ᠰᠦᠯᠵᠢᠶᠡᠨ ᠤ ᠬᠠᠮᠵᠢᠯᠴᠠᠨ ᠦᠶ᠋ᠯᠡᠳᠬᠦ᠂ ᠮᠠᠰᠢᠨ | ᠬᠥᠮᠦᠨ ᠤ ᠦᠢᠯᠡᠳᠪᠦᠷᠢ ᠶᠢᠨ ᠲᠠᠰᠤᠭ ᠵᠡᠷᠭᠡ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠲᠥᠷᠥᠯ ᠵᠦᠶ᠋ᠯ ᠤᠨ | ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠢᠨᠲ᠋ᠧᠷ ᠰᠦᠯᠵᠢᠶ᠎ᠡ᠂ ᠲᠣᠮᠣ ᠳ᠋ᠠᠶᠢᠲ᠋ᠠ᠂ ᠵᠣᠬᠢᠶᠠᠮᠠᠯ ᠣᠶᠤᠨ ᠴᠢᠳᠠᠪᠤᠷᠢ | ᠵᠡᠷᠭᠡ ᠲᠣᠭᠠᠴᠢᠯᠠᠭᠰᠠᠨ ᠮᠡᠷᠭᠡᠵᠢᠯ ᠬᠢᠭᠡᠳ ᠦᠶ᠋ᠯᠡᠳᠬᠦ ᠦᠶ᠋ᠯᠡᠰ ᠤᠨ ᠭᠦᠨᠵᠡᠭᠡᠶ ᠠᠭᠤᠰᠤᠯᠴᠠᠯ ᠢ ᠭᠤᠤᠯᠳᠠᠯᠭ᠎ᠠ ᠲᠠᠢ | ᠠᠬᠢᠭᠤᠯᠵᠤ᠂ ᠲᠣᠨᠤᠭ ᠲᠥᠬᠦᠭᠡᠷᠦᠮᠵᠢ ᠦᠶ᠋ᠯᠡᠳᠬᠦ ᠦᠶ᠋ᠯᠡᠰ ᠤᠨ ᠲᠠᠰ ᠳᠡᠪᠰᠢᠬᠦ ᠶᠢ ᠠᠬᠢᠭᠤᠯᠤᠨ᠂ ᠥᠪᠡᠷᠲᠡᠭᠡᠨ ᠵᠠᠰᠠᠬᠤ | ᠣᠷᠣᠨ ᠤ ᠣᠶᠤᠨᠴᠢ ᠦᠶ᠋ᠯᠡᠳᠬᠦ ᠦᠶ᠋ᠯᠡᠰ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠪᠠ᠃ ᠣᠷᠳᠣᠰ ᠬᠤᠲᠠ ᠶᠢᠨ | ᠲᠣᠭᠠᠴᠢᠯᠠᠭᠰᠠᠨ ᠮᠡᠷᠭᠡᠵᠢᠯ ᠤᠨ ᠡᠨᠧᠷᠭᠢ᠂ ᠢᠮᠠᠭᠠᠨ ᠨᠣᠣᠯᠣᠭᠤᠷ᠂ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ | ᠦᠢᠯᠡᠳᠪᠦᠷᠢ᠂ ᠰᠢᠨ᠎ᠡ ᠡᠨᠧᠷᠭᠢ ᠶᠢᠨ ᠲᠣᠨᠣᠭᠯᠠᠯ ᠵᠡᠷᠭᠡ ᠬᠦᠷᠢᠶᠡᠨ ᠳᠠᠬᠢ ᠬᠡᠷᠡᠭᠯᠡᠯᠲᠡ ᠶᠢ ᠭᠤᠤᠯᠳᠠᠯᠭ᠎ᠠ ᠲᠠᠢ ᠠᠬᠢᠭᠤᠯᠵᠤ᠂ | ︽ᠣᠴᠢ · ᠬᠡᠯᠬᠢᠶᠡᠵᠢᠭᠰᠡᠨ ᠲᠣᠤᠷ︾ ᠤᠨ ᠭᠤᠤᠯ ᠵᠠᠩᠭᠢᠯᠠᠭ᠎ᠠ ᠶᠢᠨ ᠴᠡᠭ ᠢ ᠪᠥᠲᠥᠭᠡᠨ ᠪᠠᠶᠢᠭᠤᠯᠬᠤ ᠶᠢ ᠠᠬᠢᠭᠤᠯᠵᠤ᠂ | ᠰᠢᠨ᠎ᠡ ᠡᠨᠧᠷᠭᠢ ᠶᠢᠨ ᠣᠶᠤᠨᠴᠢ ᠰᠦᠯᠵᠢᠶᠡᠨ ᠤ ᠬᠤᠯᠪᠣᠭᠠᠯᠠᠭᠰᠠᠨ ᠮᠠᠰᠢᠨ ᠲᠡᠷᠭᠡᠨ ᠤ ᠵᠢᠱᠢᠶ᠎ᠡ ᠦᠵᠡᠭᠦᠯᠬᠦ ᠣᠷᠣᠨ ᠢ ᠪᠣᠶ | ᠪᠣᠯᠭᠠᠵᠤ᠂ ᠤᠮᠠᠷᠠᠲᠤ ᠶᠢᠨ ᠠᠵᠤ ᠦᠢᠯᠡᠰ ᠤᠨ ᠲᠣᠭᠠᠴᠢᠯᠠᠭᠰᠠᠨ ᠬᠡᠯᠪᠡᠷᠢ ᠪᠠᠨ ᠬᠤᠪᠢᠷᠠᠭᠤᠯᠬᠤ ᠵᠢᠱᠢᠶ᠎ᠡ ᠦᠵᠡᠭᠦᠯᠬᠦ | ᠰᠠᠭᠤᠷᠢᠨ ᠭᠠᠵᠠᠷ᠂ ᠤᠮᠠᠷᠠᠲᠤ ᠶᠢᠨ ᠡᠨᠧᠷᠭᠢ ᠶᠢᠨ ᠶᠡᠭᠡ ᠲᠠᠷᠢᠬᠢᠨ ᠤ ᠰᠠᠭᠤᠷᠢᠨ ᠭᠠᠵᠠᠷ ᠢ ᠪᠥᠲᠥᠭᠡᠨ ᠪᠠᠶᠢᠭᠤᠯᠤᠨ᠎ᠠ᠃ | 3. ᠣᠯᠠᠨ ᠲᠠᠯ᠎ᠠ ᠪᠠᠷ ᠲᠤᠯᠭᠠᠭᠤᠷᠢᠯᠠᠬᠤ᠃ ᠡᠯ᠎ᠡ ᠠᠶᠢᠮᠠᠭ ᠬᠤᠲᠠ ᠲᠣᠭᠠᠴᠢᠯᠠᠭᠰᠠᠨ ᠠᠵᠤ ᠠᠬᠤᠶ ᠬᠢᠭᠡᠳ | ᠤᠨᠴᠠᠯᠢᠬᠳᠤ ᠠᠵᠤ ᠦᠢᠯᠡᠰ᠂ ᠤᠨᠴᠠᠯᠢᠬᠳᠤ ᠰᠣᠶᠣᠯ᠂ ᠤᠨᠴᠠᠯᠢᠬᠳᠤ ᠴᠢᠳᠠᠮᠵᠢ ᠶᠢᠨ ᠠᠭᠤᠰᠤᠯᠴᠠᠯ ᠢ ᠠᠬᠢᠭᠤᠯᠵᠤ᠂ | ᠠᠵᠤ ᠦᠢᠯᠡᠰ ᠤᠨ ᠲᠣᠭᠠᠴᠢᠯᠠᠭᠰᠠᠨ ᠥᠷᠲᠡᠭ ᠨᠡᠮᠡᠭᠳᠡᠯ ᠤᠨ ᠠᠵᠤ ᠠᠬᠤᠶ ᠶᠢ ᠬᠥᠭᠵᠢᠭᠦᠯᠦᠨ᠎ᠡ᠃ ᠬᠥᠯᠥᠨ ᠪᠦᠷ ᠬᠤᠲᠠ | ᠲᠣᠭᠠᠴᠢᠯᠠᠭᠰᠠᠨ ᠮᠡᠷᠭᠡᠵᠢᠯ ᠤᠨ ᠡᠨᠧᠷᠭᠢ ᠣᠯᠭᠤ ᠬᠤ ᠶᠢ ᠢᠳᠡᠪᠬᠢᠲᠡᠢ ᠠᠬᠢᠭᠤᠯᠵᠤ ᠠᠮᠢ ᠠᠬᠤᠢ ᠶᠢᠨ ᠠᠵᠤ ᠦᠢᠯᠡᠰ ᠤᠨ | ᠣᠶᠤᠨᠴᠢ ᠵᠢᠭᠤᠯᠴᠢᠯᠠᠯ ᠢ ᠲᠦᠷᠭᠡᠪᠴᠢᠯᠡᠨ ᠬᠥᠭᠵᠢᠭᠦᠯᠦᠶ᠎ᠡ᠃ ᠲᠦᠩᠯᠢᠶᠣᠤ ᠬᠤᠲᠠ᠂ ᠤᠯᠠᠭᠠᠨᠬᠠᠳᠠ ᠬᠤᠲᠠ ᠡᠷᠳᠡᠨᠢ | ᠰᠢᠰᠢ᠂ ᠠᠯᠠᠰᠢᠨ ᠦᠬᠡᠷ ᠵᠡᠷᠭᠡ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠳᠡᠭᠡᠳᠦ ᠲᠠᠰ ᠤᠨ ᠠᠵᠤ | ᠦᠢᠯᠡᠰ ᠳᠠᠰᠢ ᠤᠷᠲᠤᠳᠬᠠᠬᠤ ᠶᠢ ᠠᠬᠢᠭᠤᠯᠵᠤ᠂ ᠬᠥᠩᠭᠡᠨᠴᠠᠭᠠᠨ ᠢ ᠭᠦᠨᠵᠡᠭᠡᠶ ᠡᠳ᠋ᠰᠢᠭᠦᠯᠬᠦ᠂ ᠬᠢᠲᠠᠳ ᠡᠮ ᠡᠮᠨᠡᠯᠭᠡ | ︵ᠮᠣᠩᠭᠤᠯ ᠡᠮ ᠡᠮᠨᠡᠯᠭᠡ︶ ᠦᠢᠯᠡᠳᠪᠦᠷᠢᠯᠡᠬᠦ᠂ ᠢᠮᠠᠭᠠᠨ ᠨᠣᠯᠤᠤᠷ ᠢ ᠭᠠᠳᠠᠭᠠᠳᠤ ᠳᠤ ᠭᠠᠷᠭᠠᠵᠤ ᠡᠳ᠋ᠰᠢᠭᠦᠯᠬᠦ ᠵᠡᠷᠭᠡ ᠠᠵᠤ | ᠦᠢᠯᠡᠰ ᠤᠨ ᠲᠣᠭᠠᠵᠢᠭᠤᠯᠤᠨ ᠲᠠᠰ ᠳᠡᠪᠰᠢᠭᠦᠯᠬᠦ ᠥᠭᠡᠷᠡᠴᠢᠯᠡᠯᠲᠡ ᠶᠢ ᠠᠬᠢᠭᠤᠯᠤᠨ᠎ᠠ᠃ ᠬᠢᠩᠭᠠᠨ ᠠᠶᠢᠮᠠᠭ᠂ ᠰᠢᠯᠢ ᠶᠢᠨ | ᠭᠤᠤᠯ ᠠᠶᠢᠮᠠᠭ᠂ ᠪᠠᠶᠠᠨᠨᠠᠭᠤᠷ ᠬᠤᠲᠠ᠂ ᠠᠯᠠᠱᠠ ᠠᠶᠢᠮᠠᠭ ᠨᠢ ᠲᠣᠮᠣ ᠳ᠋ᠠᠶᠢᠲ᠋ᠠ ᠶᠢᠨ ᠮᠡᠷᠭᠡᠵᠢᠯ ᠢ ᠠᠰᠢᠭᠯᠠᠨ ᠠᠯᠠᠰᠢᠨ | ᠬᠤᠨᠢ᠂ ᠠᠯᠠᠰᠢᠨ ᠦᠬᠡᠷ᠂ ᠴᠠᠭᠠᠨ ᠢᠳᠡᠭᠡ ᠵᠡᠷᠭᠡ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ | ᠡᠳ᠋ᠰᠢᠭᠦᠯᠬᠦ ᠠᠵᠤ ᠦᠢᠯᠡᠰ ᠤᠨ ᠲᠣᠭᠠᠵᠢᠭᠤᠯᠤᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ᠃ ᠠᠯᠠᠱᠠ ᠠᠢᠮᠠᠭ | ᠴᠡᠪᠡᠷ ᠡᠨᠧᠷᠭᠢ ᠶᠢᠨ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠳᠠᠪᠤᠰᠤᠨ ᠤ ᠬᠢᠮᠢ ᠶᠢᠨ ᠠᠵᠤ | ᠦᠢᠯᠡᠳᠪᠦᠷᠢ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠵᠡᠷᠭᠡ ᠠᠵᠤ ᠦᠢᠯᠡᠰ ᠤᠨ ᠲᠣᠭᠠᠴᠢᠯᠠᠭᠰᠠᠨ ᠬᠡᠯᠪᠡᠷᠢ ᠶᠢᠨ | ᠬᠤᠪᠢᠷᠠᠭᠤᠯᠤᠯᠲᠠ ᠶᠢ ᠲᠦᠯᠬᠢᠨ ᠠᠬᠢᠭᠤᠯᠤᠨ᠎ᠠ᠃ ᠦᠬᠠᠢ ᠬᠤᠲᠠ ᠱᠢᠨ᠎ᠡ ᠬᠠᠭᠤᠴᠢᠨ ᠬᠥᠳᠡᠯᠭᠡᠬᠦ ᠬᠦᠴᠦᠨ ᠤ | ᠱᠢᠯᠵᠢᠯᠲᠡ ᠶᠢ ᠲᠦᠷᠭᠡᠳᠭᠡᠵᠦ᠂ ᠦᠢᠯᠡᠳᠪᠦᠷᠢ ᠠᠭᠤᠷᠬᠠᠢ ᠶᠢᠨ ᠬᠤᠲᠠ ᠶᠢ ᠠᠮᠢ ᠠᠬᠤᠢ ᠶᠢᠨ ᠬᠤᠲᠠ᠂ ᠲᠣᠭᠠᠴᠢᠯᠠᠭᠰᠠᠨ | ᠱᠢᠨ᠎ᠡ ᠶᠢ ᠡᠭᠦᠳᠬᠦ ᠬᠤᠲᠠ ᠳᠠᠱᠢ ᠬᠡᠯᠪᠡᠷᠢ ᠪᠠᠨ ᠬᠤᠪᠢᠷᠠᠭᠤᠯᠬᠤ ᠶᠢ ᠲᠦᠯᠬᠢᠨ ᠠᠬᠢᠭᠤᠯᠤᠨ᠎ᠠ᠃ | ︵ᠬᠤᠶᠠᠷ︶ ᠲᠧᠭ᠌ᠨᠢᠭ ᠮᠡᠷᠭᠡᠵᠢᠯ ᠤᠨ ᠦᠢᠯᠡᠳ᠋ᠬᠡᠬᠦᠨ ᠤ ᠰᠢᠨ᠎ᠡ ᠶᠢ ᠡᠭᠦᠳᠬᠦ ᠶᠢ ᠠᠬᠢᠭᠤᠯᠤᠨ᠎ᠠ᠃ ︽ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢᠨ ᠱᠠᠭᠠᠷᠳᠠᠯᠭ᠎ᠠ ᠶᠢ | ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠰᠢᠨ᠎ᠡ ᠶᠢ ᠡᠭᠦᠳᠬᠦ ᠡᠬᠢ ᠪᠠᠶᠠᠯᠢᠭ ᠢ ᠪᠦᠲᠦᠮᠵᠢᠲᠡᠶ ᠡᠮᠬᠢᠯᠡᠨ ᠨᠡᠶᠢᠯᠡᠭᠦᠯᠵᠦ᠂ | ᠵᠠᠰᠠᠭ ᠤᠨ ᠣᠷᠳᠣᠨ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ | ᠪᠦᠲᠦᠭᠡᠯ ᠢ ᠤᠯᠠᠷᠢᠭᠤᠯᠤᠨ ᠬᠡᠷᠡᠭᠯᠡᠬᠦ ᠶᠢ ᠴᠢᠩᠭᠠᠳᠬᠠᠵᠤ᠂ ᠰᠢᠨ᠎ᠡ ᠶᠢ ᠡᠭᠦᠳᠬᠦ ᠬᠡᠯᠬᠢᠶ᠎ᠡ ᠬᠢᠭᠡᠳ ᠠᠵᠤ ᠦᠢᠯᠡᠰ ᠤᠨ | ᠬᠡᠯᠬᠢᠶ᠎ᠡ᠂ ᠲᠥᠷᠥ ᠶᠢᠨ ᠪᠣᠳᠣᠯᠭ᠎ᠠ ᠶᠢᠨ ᠬᠡᠯᠬᠢᠶ᠎ᠡ᠂ ᠪᠡᠯᠡ ᠮᠥᠩᠭᠦᠨ ᠤ ᠬᠡᠯᠬᠢᠶ᠎ᠡ ᠶᠢᠨ ᠭᠦᠨᠵᠡᠭᠡᠶ ᠠᠭᠤᠰᠤᠯᠴᠠᠯ ᠢ | ᠠᠬᠢᠭᠤᠯᠤᠨ᠎ᠠ᠃ ᠵᠢᠯ ᠪᠦᠷᠢ ᠲᠤᠩᠬᠠᠭ ᠨᠡᠶᠢᠲᠡᠯᠡᠨ ᠮᠠᠩᠯᠠᠶᠢᠯᠠᠭᠤᠯᠬᠤ ᠮᠡᠷᠭᠡᠵᠢᠯ ᠤᠨ ᠨᠡᠷᠡᠰ ᠤᠨ ᠵᠢᠭᠰᠠᠭᠠᠯᠲᠠ ᠶᠢ 5 ᠠᠴᠠ | ᠳᠡᠭᠡᠭᠰᠢ ᠨᠡᠶᠢᠲᠡᠯᠡᠵᠦ᠂ 2025 ᠤᠨ ᠪᠣᠯᠬᠤ ᠳᠤ ᠲᠣᠭᠠᠴᠢᠯᠠᠯᠲᠠ ᠪᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ | ᠲᠥᠪ ᠢ 5 ᠠᠴᠠ ᠳᠡᠭᠡᠭᠰᠢ ᠪᠠᠶᠢᠭᠤᠯᠵᠤ᠂ ᠲᠣᠭᠠᠴᠢᠯᠠᠭᠰᠠᠨ ᠮᠡᠷᠭᠡᠵᠢᠯ ᠤᠨ ᠬᠠᠩᠭᠠᠯᠭ᠎ᠠ ᠶᠢᠨ ᠴᠢᠳᠠᠪᠤᠷᠢ ᠶᠢ | ᠳᠡᠭᠡᠭᠰᠢᠯᠡᠭᠦᠯᠦᠨ᠎ᠡ᠃ | 1. ᠮᠡᠷᠭᠡᠵᠢᠯ ᠤᠨ ᠦᠢᠯᠡᠳᠬᠦᠨ ᠰᠤᠳᠤᠯᠤᠨ ᠨᠡᠭᠡᠭᠡᠬᠦ ᠶᠢ ᠲᠦᠷᠭᠡᠳᠬᠡᠨ᠎ᠡ᠃ ︽ᠠᠵᠤ ᠠᠬᠤᠶᠢᠯᠠᠯ ᠰᠡᠳᠦᠪ | ᠲᠣᠭᠲᠠᠭᠠᠬᠤ᠂ ᠵᠠᠰᠠᠭ ᠤᠨ ᠣᠷᠳᠣᠨ ᠰᠡᠳᠦᠪ ᠲᠣᠭᠲᠠᠭᠠᠬᠤ᠂ ᠬᠠᠮᠵᠢᠯᠴᠠᠨ ᠰᠡᠳᠦᠪ ᠲᠠᠶᠢᠯᠬᠤ︾ ᠰᠡᠳᠬᠢᠴᠡ ᠶᠣᠰᠣᠭᠠᠷ᠂ | ︽ᠵᠠᠷᠯᠠᠨ ᠮᠠᠩᠯᠠᠶᠢᠯᠠᠭᠤᠯᠬᠤ︾ ᠵᠡᠷᠭᠡ ᠲᠥᠷᠥᠯ ᠵᠦᠢᠯ ᠤᠨ ᠪᠦᠷᠢᠯᠳᠦᠬᠦ ᠲᠣᠭᠲᠠᠴᠠ ᠶᠢ ᠬᠠᠶᠢᠨ ᠰᠦᠪᠡᠭᠴᠢᠯᠡᠵᠦ᠂ ᠨᠢᠭᠡ | ᠪᠦᠯᠦᠭ ᠲᠣᠭᠠᠴᠢᠯᠠᠭᠰᠠᠨ ᠠᠵᠤ ᠠᠬᠤᠶ ᠶᠢᠨ ᠬᠦᠷᠢᠶᠡᠨ ᠳᠠᠬᠢ ᠴᠢᠬᠤᠯᠠ ᠶᠡᠭᠡ ᠰᠢᠨᠵᠢᠯᠡᠬᠦ ᠤᠬᠠᠭᠠᠨ ᠤ ᠰᠤᠳᠤᠯᠭᠠᠨ ᠤ | ᠲᠥᠷᠥᠯ ᠵᠦᠢᠯ ᠢ ᠬᠡᠷᠡᠭᠵᠢᠭᠦᠯᠦᠨ᠎ᠡ᠃ ᠲᠣᠭᠠᠴᠢᠯᠠᠭᠰᠠᠨ ᠠᠵᠤ ᠠᠬᠤᠶ ᠶᠢᠨ ᠬᠦᠷᠢᠶᠡᠨ ᠳᠠᠬᠢ ᠥᠪᠡᠷᠲᠡᠭᠡᠨ ᠵᠠᠰᠠᠬᠤ | ᠣᠷᠣᠨ ᠤ ᠭᠤᠤᠯᠳᠠᠯᠭ᠎ᠠ ᠲᠠᠢ ᠰᠤᠳᠤᠯᠤᠨ ᠨᠡᠭᠡᠭᠡᠬᠦ ᠪᠠ ᠦᠷ᠎ᠡ ᠪᠦᠲᠦᠭᠡᠯ ᠢ ᠤᠨᠳᠤᠤᠰᠢᠭᠤᠯᠬᠤ ᠲᠥᠯᠥᠪᠯᠡᠭᠡ ᠶᠢ | ᠬᠡᠷᠡᠭᠵᠢᠭᠦᠯᠵᠦ᠂ ᠡᠭᠦᠯᠡᠨ ᠪᠤᠳᠤᠯᠳᠠ ᠬᠢᠭᠡᠳ ᠵᠠᠬ᠎ᠠ ᠬᠢᠵᠠᠭᠠᠷ ᠤᠨ ᠪᠤᠳᠤᠯᠳᠠ᠂ ᠵᠣᠬᠢᠶᠠᠮᠠᠯ ᠣᠶᠤᠨ ᠤ ᠪᠤᠳᠤᠯᠳᠠ ᠪᠠ | ᠲᠣᠮᠣ ᠳ᠋ᠠᠶᠢᠲ᠋ᠠ ᠶᠢ ᠴᠤᠭᠯᠠᠭᠤᠯᠬᠤ᠂ ᠬᠠᠳᠠᠭᠠᠯᠠᠬᠤ᠂ ᠤᠬᠢᠶᠠᠵᠤ ᠴᠡᠪᠡᠷᠯᠡᠬᠦ᠂ ᠣᠶᠤᠨᠴᠢ ᠵᠠᠳᠠᠯᠤᠨ ᠰᠢᠢᠳᠪᠦᠷᠢᠯᠡᠬᠦ ᠵᠡᠷᠭᠡ | ᠮᠡᠷᠭᠡᠵᠢᠯ ᠤᠨ ᠰᠤᠳᠤᠯᠭᠠᠨ ᠪᠠ ᠬᠡᠷᠡᠭᠯᠡᠯᠲᠡ ᠶᠢ ᠭᠤᠤᠯᠳᠠᠯᠭ᠎ᠠ ᠲᠠᠢ ᠰᠤᠳᠤᠯᠭᠠᠨ ᠤ ᠴᠢᠭᠯᠡᠯ ᠳᠤ ᠵᠢᠭᠰᠠᠭᠠᠨ ᠣᠷᠣᠭᠤᠯᠵᠤ᠂ | ᠨᠢᠭᠡ ᠪᠦᠯᠦᠭ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠲᠥᠷᠥᠯ ᠵᠦᠢᠯ ᠢ ᠪᠠᠶᠢᠷᠢᠰᠢᠭᠤᠯᠤᠨ ᠬᠡᠷᠡᠭᠵᠢᠭᠦᠯᠵᠦ᠂ | ᠲᠣᠭᠠᠴᠢᠯᠠᠭᠰᠠᠨ ᠠᠵᠤ ᠦᠶᠢᠯᠡᠰᠵᠢᠯᠲᠡ᠂ ᠠᠵᠤ ᠦᠢᠯᠡᠰ ᠤᠨ ᠲᠣᠭᠠᠴᠢᠯᠠᠭᠰᠠᠨ ᠬᠥᠭᠵᠢᠯᠲᠡ ᠳᠤ ᠡᠨᠧᠷᠭᠢ ᠣᠯᠭᠤᠨ᠎ᠠ᠃ | ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠶᠡᠭᠡ ᠳᠡᠭᠡᠳᠦ ᠰᠤᠷᠭᠠᠭᠤᠯᠢ ᠲᠠᠢ | ᠬᠠᠮᠲᠤᠷᠠᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠪᠠᠶᠢᠭᠤᠯᠬᠤ ᠶᠢ ᠵᠣᠷᠢᠭᠵᠢᠭᠤᠯᠵᠤ᠂ ᠰᠢᠨᠵᠢᠯᠡᠬᠦ ᠤᠬᠠᠭᠠᠨ | ᠮᠡᠷᠭᠡᠵᠢᠯ ᠤᠨ ᠴᠢᠬᠤᠯᠠ ᠶᠡᠭᠡ ᠲᠥᠷᠥᠯ ᠵᠦᠢᠯ ᠢ ᠵᠠᠯᠭᠠᠨ ᠠᠪᠴᠤ᠂ ᠡᠨᠧᠷᠭᠢ᠂ ᠲᠣᠨᠤᠭ ᠲᠥᠬᠦᠭᠡᠷᠦᠮᠵᠢ᠂ ᠰᠣᠶᠣᠯ | ᠵᠢᠭᠤᠯᠴᠢᠯᠠᠯ ᠵᠡᠷᠭᠡ ︽ᠲᠣᠭᠠᠴᠢᠯᠠᠬᠤ︾᠂ ︽ᠣᠶᠤᠨᠴᠢ +︾ ᠬᠡᠷᠡᠭᠯᠡᠭᠡᠨ ᠤ ᠮᠡᠷᠭᠡᠵᠢᠯ ᠢ ᠰᠤᠳᠤᠯᠤᠨ ᠨᠡᠭᠡᠭᠡᠬᠦ ᠳᠤ | ᠠᠩᠬᠠᠷᠤᠯ ᠢᠶᠠᠨ ᠲᠥᠪᠯᠡᠷᠡᠭᠦᠯᠦᠨ᠎ᠡ᠃ | 2. ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠨ᠎ᠡ᠃ ︽ᠵᠡᠭᠦᠨ ᠪᠡᠶ᠎ᠡ ᠶᠢᠨ ᠲᠤᠭ᠎ᠠ ᠶᠢ | ᠪᠠᠷᠠᠭᠤᠨ ᠪᠡᠶ᠎ᠡ ᠳᠤ ᠪᠤᠳᠤᠬᠤ︾ ᠪᠣᠬᠢᠷᠲᠤᠯ ᠥᠬᠡᠶ ᠪᠤᠳᠤᠬᠤ ᠬᠦᠴᠦᠨ ᠤ ᠲᠤᠷᠰᠢᠯᠲᠠ ᠶᠢᠨ ᠲᠠᠰᠤᠭ᠂ ᠰᠢᠨᠬᠤᠸᠠ | ᠭᠤᠷᠪᠠᠳᠤᠭᠠᠷ ᠪᠦᠯᠦᠭᠯᠡᠯ ᠤᠨ ᠲᠥᠪ ᠤᠨ ᠲᠤᠷᠰᠢᠯᠲᠠ ᠶᠢᠨ ᠲᠠᠰᠤᠭ ᠵᠡᠷᠭᠡ ᠲᠣᠭᠠᠴᠢᠯᠠᠭᠰᠠᠨ ᠮᠡᠷᠭᠡᠵᠢᠯ ᠤᠨ ᠰᠢᠨ᠎ᠡ ᠶᠢ | ᠡᠭᠦᠳᠬᠦ ᠲᠠᠪᠴᠠᠩ ᠢ ᠨᠠᠶᠢᠳᠠᠪᠤᠷᠢᠵᠢᠭᠤᠯᠤᠨ ᠪᠥᠲᠥᠭᠡᠨ ᠪᠠᠶᠢᠭᠤᠯᠬᠤ ᠶᠢ ᠠᠬᠢᠭᠤᠯᠵᠤ᠂ ᠭᠤᠤᠯᠳᠠᠯᠭ᠎ᠠ ᠲᠠᠢ ᠲᠤᠷᠰᠢᠯᠲᠠ ᠶᠢᠨ | ᠲᠠᠰᠤᠭ᠂ ᠢᠨᠵᠧᠨᠧᠷᠢᠩ ᠤᠨ ᠰᠤᠳᠤᠯᠭᠠᠨ ᠤ ᠲᠥᠪ᠂ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠵᠡᠷᠭᠡ ᠳᠤ ᠬᠥᠳᠡᠯᠦᠩᠭᠦᠶ | ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠡᠨᠧᠷᠭᠢ᠂ ᠬᠢᠮᠢ ᠶᠢᠨ ᠠᠵᠤ ᠦᠢᠯᠡᠳᠪᠦᠷᠢ᠂ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠵᠡᠷᠭᠡ ᠥᠪᠡᠷᠲᠡᠭᠡᠨ ᠵᠠᠰᠠᠬᠤ ᠣᠷᠣᠨ ᠤ ᠳᠠᠪᠠᠭᠤᠯᠢᠭ ᠠᠵᠤ ᠦᠢᠯᠡᠰ ᠤᠨ | ᠲᠣᠭᠤᠷᠢᠨ ᠳᠤ᠂ 2025 ᠤᠨ ᠪᠣᠯᠬᠤ ᠳᠤ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠬᠤ ᠲᠥᠪ ᠢ | 5 ᠠᠴᠠ ᠳᠡᠭᠡᠭᠰᠢ ᠪᠠᠶᠢᠭᠤᠯᠵᠤ᠂ ᠳᠡᠭᠡᠳᠦ ᠳᠣᠤᠷᠠᠳᠤ ᠤᠷᠤᠰᠬᠠᠯ ᠤᠨ ᠠᠵᠤ ᠦᠢᠯᠡᠰ ᠤᠨ ᠬᠡᠯᠬᠢᠶ᠎ᠡ ᠳᠤ ᠬᠡᠯᠪᠡᠷᠢ ᠪᠠᠨ | ᠬᠤᠪᠢᠷᠠᠭᠤᠯᠬᠤ ᠵᠥᠪᠯᠡᠯᠭᠡ ᠥᠭᠬᠦ᠂ ᠰᠢᠢᠳᠪᠦᠷᠢᠯᠡᠬᠦ ᠲᠥᠰᠦᠯ᠂ ᠮᠡᠷᠭᠡᠵᠢᠯ ᠤᠨ ᠪᠣᠯᠪᠠᠰᠤᠷᠠᠭᠤᠯᠤᠯ᠂ ᠡᠬᠢ ᠪᠠᠶᠠᠯᠢᠭ ᠢ | ᠵᠣᠯᠭᠠᠭᠤᠯᠬᠤ ᠵᠡᠷᠭᠡ ᠦᠢᠯᠡᠴᠢᠯᠡᠭᠡ ᠬᠠᠩᠭᠠᠵᠤ᠂ ᠤᠯᠠᠮᠵᠢᠯᠠᠯᠲᠤ ᠠᠵᠤ ᠦᠢᠯᠡᠰ ᠤᠨ ᠲᠣᠭᠠᠴᠢᠯᠠᠭᠰᠠᠨ ᠬᠡᠯᠪᠡᠷᠢ ᠶᠢ | ᠬᠤᠪᠢᠷᠠᠭᠤᠯᠬᠤ ᠶᠢ ᠳᠠᠶᠢᠴᠢᠯᠠᠨ᠎ᠠ᠃ ᠲᠣᠭᠠᠴᠢᠯᠠᠭᠰᠠᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠲᠥᠪ ᠢ ᠰᠢᠯᠢᠨ | ᠰᠣᠩᠭᠤᠬᠤ᠂ ᠦᠨᠡᠯᠡᠨ ᠵᠢᠱᠢᠬᠦ ᠂ ᠰᠢᠯᠭᠠᠨ ᠬᠢᠨᠠᠬᠤ ᠵᠡᠷᠭᠡ ᠪᠠᠷᠢᠮᠵᠢᠶ᠎ᠠ᠂ ᠳᠡᠰ ᠳᠠᠷᠠᠭᠠᠯᠠᠯ ᠪᠠ ᠲᠣᠭᠲᠠᠴᠠ ᠶᠢ | ᠲᠣᠭᠲᠠᠭᠠᠨ᠎ᠠ᠃ | 3. ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠠᠬᠢᠭᠤᠯᠤᠨ᠎ᠠ᠃ ᠲᠣᠭᠠᠴᠢᠯᠠᠭᠰᠠᠨ ᠮᠡᠷᠭᠡᠵᠢᠯ ᠤᠨ ᠰᠢᠨ᠎ᠡ ᠶᠢ | ᠡᠭᠦᠳᠬᠦ ᠬᠡᠷᠡᠭᠯᠡᠯᠲᠡ ᠶᠢ ᠳᠡᠯᠭᠡᠷᠡᠭᠦᠯᠬᠦ ᠲᠥᠪ ᠵᠡᠷᠭᠡ ᠠᠴᠢᠶᠠᠯᠠᠪᠤᠷᠢ ᠶᠢ ᠪᠠᠶᠢᠭᠤᠯᠵᠤ᠂ ᠲᠣᠭᠠᠴᠢᠯᠠᠭᠰᠠᠨ ᠠᠵᠤ ᠠᠬᠤᠶ ᠶᠢᠨ | ᠬᠦᠷᠢᠶᠡᠨ ᠳᠠᠬᠢ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠳᠤ ᠦᠶ᠋ᠯᠡᠴᠢᠯᠡᠨᠡ᠃ ᠲᠣᠭᠠᠴᠢᠯᠠᠭᠰᠠᠨ ᠮᠡᠷᠭᠡᠵᠢᠯ ᠤᠨ | ᠦᠷ᠎ᠡ ᠪᠦᠲᠦᠭᠡᠯ ᠢ ᠤᠯᠠᠷᠢᠭᠤᠯᠬᠤ ᠬᠥᠳᠡᠯᠦᠩᠭᠦᠶ ᠨᠠᠷᠢᠨ ᠬᠠᠭᠤᠳᠠᠰᠤ ᠶᠢ ᠪᠠᠶᠢᠭᠤᠯᠵᠤ᠂ ᠶᠡᠭᠡ ᠳᠡᠭᠡᠳᠦ ᠰᠤᠷᠭᠠᠭᠤᠯᠢ᠂ | ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ | ᠪᠠ ᠠᠵᠤ ᠠᠬᠤᠶᠢᠯᠠᠯ ᠤᠨ ᠮᠡᠷᠭᠡᠵᠢᠯ ᠤᠨ ᠬᠡᠷᠡᠭᠴᠡᠭᠡ ᠱᠠᠭᠠᠷᠳᠠᠯᠭ᠎ᠠ ᠶᠢᠨ ᠬᠤᠭᠤᠷᠣᠨᠳᠣ ᠪᠠᠨ ᠬᠠᠮᠲᠤ ᠪᠠᠷ ᠡᠳ᠋ᠯᠡᠵᠦ | ᠵᠣᠯᠭᠠᠭᠤᠯᠬᠤ ᠶᠢ ᠠᠬᠢᠭᠤᠯᠵᠤ᠂ ᠠᠵᠤ ᠦᠶᠢᠯᠡᠰᠵᠢᠭᠰᠡᠨ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠲᠠᠢ | ᠲᠥᠷᠥᠯ ᠵᠦᠢᠯ ᠢ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ | ᠠᠷᠠᠯᠵᠢᠶᠠᠨ ᠤ ᠲᠠᠪᠴᠠᠩ᠂ ᠰᠢᠨᠵᠢᠯᠡᠬᠦ ᠤᠬᠠᠭᠠᠨ ᠮᠡᠷᠭᠡᠵᠢᠯ ᠤᠨ ᠠᠷᠠᠯᠵᠢᠶᠠᠨ ᠤ ᠲᠣᠮᠣ ᠵᠠᠬ᠎ᠠ ᠳᠡᠯᠭᠡᠭᠦᠷ ᠪᠠ ᠠᠵᠤ | ᠦᠢᠯᠡᠰ ᠤᠨ ᠨᠡᠪᠴᠢᠭᠦᠯᠬᠦ ᠰᠠᠭᠤᠷᠢᠨ ᠭᠠᠵᠠᠷ ᠲᠤ ᠣᠷᠣᠭᠤᠯᠬᠤ ᠶᠢ ᠠᠬᠢᠭᠤᠯᠵᠤ᠂ ᠰᠢᠨ᠎ᠡ ᠶᠢ ᠡᠭᠦᠳᠬᠦ ᠮᠡᠷᠭᠡᠵᠢᠯ ᠤᠨ ᠠᠵᠤ | ᠦᠶᠢᠯᠡᠰᠵᠢᠯᠲᠡ ᠶᠢ ᠲᠦᠷᠭᠡᠳᠬᠡᠨ᠎ᠡ᠃ | ︵ᠭᠤᠷᠪᠠ︶ ᠰᠠᠶᠢᠨ ᠰᠠᠶᠢᠬᠠᠨ ᠲᠣᠭᠠᠴᠢᠯᠠᠭᠰᠠᠨ ᠠᠵᠤ ᠠᠬᠤᠢ ᠶᠢᠨ ᠠᠵᠤ ᠦᠢᠯᠡᠰ ᠤᠨ ᠠᠮᠢ ᠠᠬᠤᠢ ᠶᠢ | ᠴᠣᠭᠴᠠᠯᠠᠨ ᠪᠠᠶᠢᠭᠤᠯᠤᠨ᠎ᠠ᠃ ᠲᠤᠭᠠᠴᠠᠯᠠᠬᠰᠠᠨ ᠠᠵᠤ ᠠᠬᠤᠶ ᠶᠢᠨ ᠭᠤᠤᠯᠯᠠᠬᠤ ᠠᠵᠤ ᠦᠶ᠋ᠯᠡᠰ ᠢ ᠳᠡᠭᠡᠭᠰᠢᠯᠡᠭᠦᠯᠬᠦ | ᠠᠵᠢᠯᠯᠠᠭ᠎ᠠ᠂ ᠡᠭᠦᠯᠡᠨ ᠪᠤᠳᠤᠯᠳᠠ ᠶᠢᠨ ᠲᠤᠭ᠎ᠠ ᠪᠠᠷᠢᠮᠳᠠ ᠪᠠᠷ ᠣᠶᠤᠨ ᠴᠢᠳᠠᠪᠤᠷᠢ ᠣᠯᠭᠤᠬᠤ ᠠᠵᠢᠯᠯᠠᠭ᠎ᠠ᠂ | ᠲᠤᠭᠠᠴᠠᠯᠠᠬᠰᠠᠨ ᠦᠶ᠋ᠯᠡᠴᠢᠯᠡᠭᠡ ᠪᠠ ᠵᠠᠰᠠᠵᠤ ᠳᠡᠭᠡᠭᠰᠢᠯᠡᠭᠦᠯᠬᠦ ᠠᠵᠢᠯᠯᠠᠭ᠎ᠠ᠂ ᠲᠤᠭ᠎ᠠ ᠪᠠᠷᠢᠮᠲᠠ ᠶᠢᠨ ᠬᠦᠴᠦᠨ ᠵᠦᠶ᠋ᠯ ᠤᠨ | ᠥᠷᠲᠡᠭ ᠢ ᠠᠭᠤᠳᠠᠯᠬᠤ ᠠᠵᠢᠯᠯᠠᠭ᠎ᠠ ᠶᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠲᠤᠭᠠᠴᠠᠯᠠᠬᠰᠠᠨ ᠠᠵᠤ | ᠠᠬᠤᠶ ᠶᠢᠨ ᠠᠵᠤ ᠦᠶ᠋ᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠳᠠᠬᠢᠨ ᠢᠶᠠᠷ ᠨᠡᠮᠡᠭᠳᠡᠭᠦᠯᠬᠦ ᠶᠢ ᠠᠬᠢᠭᠤᠯᠤᠨ᠎ᠠ᠃ | ᠳ᠋ᠠᠶᠢᠲ᠋ᠠ ᠶᠢᠨ ᠲᠥᠪ ᠤᠨ ᠬᠡᠪᠴᠢᠶ᠎ᠡ ᠶᠢᠨ ᠳᠠᠪᠠᠭᠤᠯᠢᠭ ᠲᠤ ᠲᠦᠰᠢᠭᠯᠡᠨ᠂ ᠲᠣᠭᠠᠴᠢᠯᠠᠭᠰᠠᠨ ᠠᠵᠤ ᠠᠬᠤᠶ ᠶᠢᠨ ᠭᠤᠣᠯᠯᠠᠬᠤ | ᠠᠵᠤ ᠦᠢᠯᠡᠰ ᠢ ᠪᠤᠶᠢᠵᠢᠭᠤᠯᠬᠤ ᠳᠡᠭᠡᠷ᠎ᠡ ᠬᠦᠴᠦ ᠲᠠᠯᠪᠢᠵᠤ᠂ ᠤᠯᠠᠮᠵᠢᠯᠠᠯᠲᠤ ᠠᠵᠤ ᠦᠢᠯᠡᠰ ᠤᠨ ᠲᠣᠭᠠᠴᠢᠯᠠᠯᠲᠠ᠂ | ᠰᠦᠯᠵᠢᠶᠡᠵᠢᠯᠲᠡ᠂ ᠤᠶᠤᠨᠴᠢᠯᠠᠯᠲᠠ᠂ ᠪᠣᠬᠢᠷᠲᠤᠯ ᠦᠭᠡᠢ ᠬᠡᠯᠪᠡᠷᠢ ᠶᠢ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ | ᠳ᠋ᠠᠶᠢᠲ᠋ᠠ ᠶᠢᠨ ᠡᠯᠧᠮᠧᠨ᠋ᠲ ᠤᠨ ᠦᠷᠳᠡᠭ ᠢ ᠭᠦᠢᠴᠡᠳ ᠠᠭᠤᠳᠠᠯᠬᠤ ᠪᠠ ᠪᠠᠳᠠᠷᠠᠭᠤᠯᠵᠤ᠂ ᠰᠠᠶᠢᠨ ᠰᠠᠶᠢᠬᠠᠨ ᠠᠵᠤ | ᠦᠢᠯᠡᠰ ᠤᠨ ᠠᠮᠢ ᠠᠬᠤᠶ ᠶᠢ ᠪᠠᠶᠢᠭᠤᠯᠵᠤ᠂ ᠲᠣᠭᠠᠴᠢᠯᠠᠭᠰᠠᠨ ᠠᠵᠤ ᠠᠬᠤᠶ ᠶᠢ ᠦᠷᠭᠦᠯᠵᠢᠯᠡᠨ ᠬᠦᠴᠦᠷᠬᠡᠭᠵᠢᠭᠦᠯᠦᠨ | ᠰᠢᠯᠢᠳᠡᠭᠵᠢᠭᠦᠯᠵᠦ ᠪᠤᠵᠠᠭᠠᠶᠢᠷᠠᠭᠤᠯᠤᠨ᠎ᠠ᠃ 2025 ᠤᠨ ᠪᠣᠯᠬᠤ ᠳᠤ᠂ ᠲᠣᠭᠠᠴᠢᠯᠠᠭᠰᠠᠨ ᠠᠵᠤ ᠠᠬᠤᠶ ᠶᠢᠨ ᠬᠡᠪᠴᠢᠶ᠎ᠡ ᠶᠢᠨ | GDP ᠳᠠᠬᠢ ᠡᠵᠡᠯᠡᠬᠦ ᠬᠤᠪᠢ ᠶᠢᠨ ᠵᠢᠩ ᠢ 40% ᠳᠤ ᠬᠦᠷᠦᠭᠦᠯᠵᠦ᠂ ᠬᠡᠪᠴᠢᠶ᠎ᠡ ᠶᠢ 1 ᠲᠦᠮᠡᠨ ᠳ᠋ᠦᠩᠰᠢᠭᠤᠷ | ᠲᠥᠭᠦᠷᠢᠭ ᠠᠴᠠ ᠳᠠᠪᠠᠭᠤᠯᠤᠨ᠎ᠠ᠃ | 1. ᠲᠣᠭᠠᠴᠢᠯᠠᠭᠰᠠᠨ ᠠᠵᠤ ᠠᠬᠤᠶ ᠶᠢᠨ ᠭᠤᠤᠯᠯᠠᠬᠤ ᠠᠵᠤ ᠦᠢᠯᠡᠰ ᠢ ᠳᠡᠭᠡᠭᠰᠢᠯᠡᠭᠦᠯᠬᠦ ᠠᠵᠢᠯᠯᠠᠭ᠎ᠠ ᠶᠢ | ᠬᠡᠷᠡᠭᠵᠢᠭᠦᠯᠦᠨ᠎ᠡ᠃ ᠨᠢᠭᠡ ᠪᠦᠯᠦᠭ ᠨᠡᠯᠢᠶᠡᠳ ᠴᠢᠩᠭ᠎ᠠ ᠥᠷᠢᠰᠦᠯᠳᠦᠬᠦ ᠬᠦᠴᠦᠨ ᠲᠠᠢ᠂ ᠥᠷᠲᠡᠭ ᠤᠨ ᠬᠡᠯᠬᠢᠶ᠎ᠡ ᠶᠢᠨ | ᠳᠤᠮᠳᠠ ᠳᠡᠭᠡᠳᠦ ᠲᠠᠰ ᠢ ᠡᠵᠡᠯᠡᠬᠦ ᠲᠡᠷᠢᠭᠦᠨ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠪᠠ ᠪᠤᠶᠢᠵᠢᠭᠤᠯᠵᠤ᠂ ᠪᠥᠬᠦ | ᠣᠷᠣᠨ ᠤ ᠲᠣᠭᠠᠴᠢᠯᠠᠭᠰᠠᠨ ᠠᠵᠤ ᠠᠬᠤᠶ ᠶᠢᠨ ᠭᠤᠤᠯᠯᠠᠬᠤ ᠠᠵᠤ ᠦᠢᠯᠡᠰ ᠤᠨ ᠬᠡᠪᠴᠢᠶᠡᠵᠢᠯ ᠠᠴᠠ ᠳᠡᠭᠡᠭᠰᠢᠬᠢ ᠠᠵᠤ | ᠠᠬᠤᠶᠢᠯᠠᠯ ᠤᠨ ᠲᠤᠭ᠎ᠠ 150 ᠡᠷᠦᠬᠡ ᠠᠴᠠ ᠳᠡᠭᠡᠭᠰᠢ ᠪᠣᠯᠵᠣ᠂ ᠲᠣᠭᠠᠴᠢᠯᠠᠭᠰᠠᠨ ᠦᠶ᠋ᠯᠡᠳᠬᠦᠨ ᠤ ᠦᠶ᠋ᠯᠡᠳᠬᠦ ᠠᠵᠤ | ᠦᠢᠯᠡᠰ ᠤᠨ ᠪᠥᠭᠡᠮᠨᠡᠷᠡᠯ᠂ ᠲᠣᠭᠠᠴᠢᠯᠠᠭᠰᠠᠨ ᠦᠶ᠋ᠯᠡᠳᠬᠦᠨ ᠤ ᠦᠶ᠋ᠯᠡᠴᠢᠯᠡᠭᠡᠨ ᠤ ᠪᠦᠯᠦᠭᠯᠡᠯ᠂ ᠲᠤᠭ᠎ᠠ ᠪᠠᠷᠢᠮᠲᠠ ᠶᠢᠨ | ᠬᠡᠷᠡᠭᠯᠡᠭᠡᠨ ᠤ ᠠᠵᠤ ᠦᠢᠯᠡᠰ ᠤᠨ ᠪᠥᠭᠡᠮᠨᠡᠷᠡᠯ ᠢ ᠪᠣᠶ ᠪᠣᠯᠭᠠᠨ᠎ᠠ᠃ 2025 ᠤᠨ ᠪᠣᠯᠬᠤ ᠳᠤ᠂ ᠥᠪᠡᠷᠲᠡᠭᠡᠨ ᠵᠠᠰᠠᠬᠤ | ᠣᠷᠣᠨ ᠤ ᠲᠠᠰ ᠤᠨ ᠲᠣᠭᠠᠴᠢᠯᠠᠭᠰᠠᠨ ᠠᠵᠤ ᠦᠢᠯᠡᠰ ᠤᠨ ᠬᠦᠷᠢᠶᠡᠯᠡᠩ ᠲᠣᠭᠤᠷᠢᠭ ᠢ 5 ᠠᠴᠠ ᠳᠡᠭᠡᠭᠰᠢ ᠪᠠᠶᠢᠭᠤᠯᠵᠤ᠂ | ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢ | ᠵᠢᠯ ᠪᠦᠷᠢ ᠳᠤᠮᠳᠠᠴᠢ ᠪᠠᠷ 20% ᠠᠴᠠ ᠳᠡᠭᠡᠭᠰᠢ ᠨᠡᠮᠡᠭᠳᠡᠭᠦᠯᠦᠨ᠂ ᠡᠯᠧᠺᠳ᠋ᠷᠣᠨ ᠮᠡᠳᠡᠭᠡ ᠵᠠᠩᠭᠢ ᠦᠢᠯᠡᠳᠬᠦ ᠦᠢᠯᠡᠰ ᠤᠨ | ᠦᠢᠯᠡᠳᠬᠦᠨ ᠤ ᠥᠷᠲᠡᠭ ᠢ ᠵᠢᠯ ᠪᠦᠷᠢ ᠳᠤᠮᠳᠠᠴᠢ ᠪᠠᠷ 50% ᠠᠴᠠ ᠳᠡᠭᠡᠭᠰᠢ ᠨᠡᠮᠡᠭᠳᠡᠭᠦᠯᠵᠦ᠂ ᠪᠤᠳᠤᠬᠤ ᠬᠦᠴᠦᠨ ᠤ | ᠠᠵᠤ ᠦᠢᠯᠡᠰ ᠤᠨ ᠬᠡᠪᠴᠢᠶ᠎ᠡ ᠶᠢ 200 ᠳ᠋ᠦᠩᠰᠢᠭᠤᠷ ᠲᠥᠭᠦᠷᠢᠭ ᠲᠤ ᠬᠦᠷᠦᠭᠦᠯᠵᠦ᠂ ᠡᠭᠦᠯᠡᠨ ᠪᠤᠳᠤᠯᠲᠠ ᠶᠢᠨ ᠲᠣᠮᠣ | ᠳ᠋ᠠᠶᠢᠲ᠋ᠠ ᠶᠢᠨ ᠠᠵᠤ ᠦᠢᠯᠡᠰ ᠤᠨ ᠶᠡᠷᠦᠩᠬᠡᠶ ᠬᠡᠪᠴᠢᠶ᠎ᠡ ᠪᠠ ᠦᠷ᠎ᠡ ᠠᠰᠢᠭ ᠤᠨ ᠭᠠᠷᠭᠠᠯᠲᠠ ᠶᠢᠨ ᠪᠥᠬᠦ ᠤᠯᠤᠰ ᠤᠨ ᠡᠮᠦᠨ᠎ᠡ | ᠡᠩᠨᠡᠭᠡᠨ ᠳᠤ ᠣᠷᠣᠭᠤᠯᠤᠨ᠂ ᠴᠦᠷᠬᠦᠯᠡᠭᠡ ᠬᠡᠯᠬᠢᠶ᠎ᠡ᠂ ᠵᠣᠬᠢᠶᠠᠮᠠᠯ ᠣᠶᠤᠨ ᠴᠢᠳᠠᠪᠤᠷᠢ ᠵᠡᠷᠭᠡ ᠰᠢᠨ᠎ᠡ ᠪᠠᠷ ᠬᠥᠭᠵᠢᠭᠰᠡᠨ | ᠮᠡᠷᠭᠡᠵᠢᠯ ᠤᠨ ᠰᠢᠨ᠎ᠡ ᠶᠢ ᠡᠭᠦᠳᠬᠦ ᠪᠠ ᠬᠡᠷᠡᠭᠯᠡᠭᠡᠨ ᠤ ᠲᠥᠷᠥᠯ ᠵᠦᠢᠯ ᠢ 50 ᠠᠴᠠ ᠳᠡᠭᠡᠭᠰᠢ ᠬᠡᠷᠡᠭᠵᠢᠭᠦᠯᠵᠦ᠂ | ᠤᠮᠠᠷᠠᠲᠤ ᠶᠢᠨ ᠲᠣᠭᠠᠴᠢᠯᠠᠭᠰᠠᠨ ᠦᠢᠯᠡᠳᠬᠦᠨ ᠦᠢᠯᠡᠳᠬᠦ ᠰᠠᠭᠤᠷᠢᠨ ᠭᠠᠵᠠᠷ᠂ ᠪᠥᠬᠦ ᠤᠯᠤᠰ ᠤᠨ ᠲᠣᠮᠣ ᠳ᠋ᠠᠶᠢᠲ᠋ᠠ ᠶᠢᠨ | ᠦᠢᠯᠡᠴᠢᠯᠡᠭᠡᠨ ᠤ ᠭᠠᠳᠠᠭᠰᠢ ᠭᠠᠷᠭᠠᠬᠤ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠢᠯᠡᠳᠲᠡ ᠦᠷ᠎ᠡ | ᠪᠦᠲᠦᠮᠵᠢ ᠲᠠᠢ ᠪᠣᠯᠭᠠᠨ᠎ᠠ᠃ | 2. ᠡᠭᠦᠯᠡᠨ ᠪᠤᠳᠤᠯᠲᠠ ᠬᠡᠷᠡᠭᠯᠡᠬᠦ ᠲᠤᠭ᠎ᠠ ᠪᠠᠷᠢᠮᠲᠠ ᠶᠢᠨ ᠠᠵᠢᠯᠯᠠᠭ᠎ᠠ ᠶᠢ ᠬᠡᠷᠡᠭᠵᠢᠭᠦᠯᠦᠨ᠎ᠡ᠃ ᠲᠠᠷᠢᠶᠠᠯᠠᠩ ᠮᠠᠯ | ᠠᠵᠤ ᠠᠬᠤᠶ᠂ ᠠᠵᠤ ᠦᠢᠯᠡᠳᠪᠦᠷᠢ᠂ ᠡᠨᠧᠷᠭᠢ᠂ ᠦᠢᠯᠡᠴᠢᠯᠡᠭᠡᠨ ᠤ ᠦᠢᠯᠡᠰ ᠵᠡᠷᠭᠡ ᠬᠦᠷᠢᠶᠡᠨ ᠳᠠᠬᠢ ᠲᠣᠭᠠᠴᠢᠯᠠᠭᠰᠠᠨ | ᠣᠨᠣᠰᠢᠯᠠᠯᠲᠠ ᠶᠢᠨ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠠᠵᠢᠯ ᠲᠥᠷᠥᠯ ᠤᠨ ᠲᠣᠭᠠᠴᠢᠯᠠᠭᠰᠠᠨ ᠣᠨᠣᠰᠢᠯᠠᠬᠤ | ᠬᠡᠪᠴᠢᠶ᠎ᠡ ᠶᠢ ᠥᠷᠭᠡᠳᠬᠡᠵᠦ᠂ ᠨᠡᠶᠢᠲᠡᠯᠢᠭ ᠬᠡᠷᠡᠭᠯᠡᠭᠡᠨ ᠤ ᠲᠠᠯᠠᠪᠤᠷ ᠭᠠᠵᠠᠷ ᠢ ᠪᠤᠶᠢᠵᠢᠭᠤᠯᠤᠨ᠂ ᠤᠯᠠᠮᠵᠢᠯᠠᠯᠲᠤ ᠳᠠᠪᠠᠭᠤᠯᠢᠭ | ᠠᠵᠤ ᠦᠢᠯᠡᠰ ᠤᠨ ᠪᠣᠬᠢᠷᠲᠤᠯ ᠥᠬᠡᠶ᠂ ᠲᠣᠭᠠᠴᠢᠯᠠᠭᠰᠠᠨ᠂ ᠰᠦᠯᠵᠢᠶᠡᠵᠢᠭᠰᠡᠨ᠂ ᠤᠶᠤᠨᠴᠢᠯᠠᠭᠰᠠᠨ ᠬᠠᠮᠵᠢᠯᠴᠠᠨ | ᠬᠥᠭᠵᠢᠬᠦ ᠶᠢ ᠠᠬᠢᠭᠤᠯᠵᠤ᠂ ᠤᠮᠠᠷᠠᠲᠤ ᠶᠢᠨ ᠠᠵᠤ ᠦᠢᠯᠡᠰ ᠤᠨ ᠲᠣᠭᠠᠴᠢᠯᠠᠭᠰᠠᠨ ᠬᠡᠯᠪᠡᠷᠢ ᠪᠠᠨ ᠬᠤᠪᠢᠷᠠᠭᠤᠯᠬᠤ ᠵᠢᠱᠢᠶ᠎ᠡ | ᠦᠵᠡᠭᠦᠯᠬᠦ ᠰᠠᠭᠤᠷᠢᠨ ᠭᠠᠵᠠᠷ ᠢ ᠪᠠᠶᠢᠭᠤᠯᠤᠨ᠎ᠠ᠃ ᠡᠯ᠎ᠡ ᠲᠥᠷᠥᠯ ᠤᠨ ᠬᠦᠷᠢᠶᠡᠯᠡᠩ ᠲᠣᠭᠤᠷᠢᠭ ᠤᠨ 5G ᠵᠡᠷᠭᠡ ᠰᠢᠨ᠎ᠡ | ᠮᠡᠷᠭᠡᠵᠢᠯ ᠤᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠪᠠᠨ ᠲᠦᠷᠭᠡᠳᠬᠡᠬᠦ ᠶᠢ ᠳᠡᠮᠵᠢᠵᠦ᠂ ᠠᠵᠤ | ᠦᠢᠯᠡᠰ ᠤᠨ ᠬᠦᠷᠢᠶᠡᠯᠡᠩ ᠲᠣᠭᠤᠷᠢᠭ ᠤᠨ ᠲᠣᠭᠠᠴᠢᠯᠠᠭᠰᠠᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠬᠦᠷᠢᠶᠡᠯᠡᠩ | ᠲᠣᠭᠤᠷᠢᠭ ᠤᠨ ᠲᠣᠭᠠᠴᠢᠯᠠᠭᠰᠠᠨ᠂ ᠤᠶᠤᠨᠴᠢᠯᠠᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠰᠢᠯᠢᠳᠡᠭ ᠦᠢᠯᠡᠴᠢᠯᠡᠭᠡᠨ ᠤ ᠬᠤᠳᠠᠯᠳᠤᠭᠠᠴᠢᠳ ᠢ ᠵᠣᠷᠢᠭᠵᠢᠭᠤᠯᠵᠤ ᠠᠵᠢᠯ ᠲᠥᠷᠥᠯ ᠤᠨ ᠬᠥᠲᠥᠴᠢ ᠠᠵᠤ ᠠᠬᠤᠶᠢᠯᠠᠯ ᠲᠠᠢ | ᠬᠤᠯᠪᠣᠭᠠᠯᠠᠨ ᠲᠣᠭᠠᠴᠢᠯᠠᠭᠰᠠᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠲᠥᠪ ᠢ ᠪᠠᠶᠢᠭᠤᠯᠵᠤ᠂ ᠠᠵᠢᠯ ᠲᠥᠷᠥᠯ ᠤᠨ | ᠨᠡᠶᠢᠲᠡᠯᠢᠭ ᠴᠢᠨᠠᠷᠲᠠᠶ ᠠᠰᠠᠭᠤᠳᠠᠯ ᠪᠠ ᠬᠡᠷᠡᠭᠯᠡᠭᠡᠨ ᠤ ᠠᠬᠤᠶ ᠪᠠᠶᠢᠳᠠᠯ ᠢ ᠡᠮᠬᠢᠯᠡᠨ ᠪᠣᠯᠪᠠᠰᠤᠷᠠᠭᠤᠯᠵᠤ᠂ ᠰᠢᠯᠢᠳᠡᠭ | ᠰᠢᠢᠳᠪᠦᠷᠢᠯᠡᠬᠦ ᠲᠥᠰᠦᠯ ᠢ ᠳᠡᠯᠭᠡᠷᠡᠭᠦᠯᠦᠨ᠎ᠡ᠃ 2025 ᠤᠨ ᠪᠣᠯᠬᠤ ᠳᠤ᠂ ᠡᠨᠧᠷᠭᠢ᠂ ᠬᠢᠮᠢ ᠶᠢᠨ ᠠᠵᠤ ᠦᠢᠯᠡᠳᠪᠦᠷᠢ᠂ | ᠲᠣᠨᠤᠭ ᠲᠥᠬᠦᠭᠡᠷᠦᠮᠵᠢ ᠦᠢᠯᠡᠳᠬᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠡᠳ᠋ᠰᠢᠭᠦᠯᠬᠦ ᠵᠡᠷᠭᠡ | ᠥᠪᠡᠷᠲᠡᠭᠡᠨ ᠵᠠᠰᠠᠬᠤ ᠣᠷᠣᠨ ᠤ ᠳᠠᠪᠠᠭᠤᠯᠢᠭ ᠠᠵᠤ ᠦᠢᠯᠡᠰ ᠤᠨ ᠲᠣᠭᠤᠷᠢᠨ ᠳᠤ᠂ ᠲᠣᠭᠠᠵᠢᠭᠤᠯᠤᠨ ᠬᠡᠯᠪᠡᠷᠢ ᠪᠠᠨ | ᠬᠤᠪᠢᠷᠠᠭᠤᠯᠬᠤ ᠶᠢ ᠠᠬᠢᠭᠤᠯᠬᠤ ᠲᠥᠪ ᠢ 5 ᠠᠴᠠ ᠳᠡᠭᠡᠭᠰᠢ ᠪᠠᠶᠢᠭᠤᠯᠵᠤ᠂ ᠲᠤᠭ᠎ᠠ ᠪᠠᠷᠢᠮᠲᠠ ᠪᠠᠷ ᠪᠣᠳᠠᠲᠤ | ᠠᠭᠤᠰᠤᠯᠴᠠᠯ ᠤᠨ ᠵᠢᠱᠢᠶ᠎ᠡ ᠦᠵᠡᠭᠦᠯᠬᠦ ᠲᠥᠷᠥᠯ ᠵᠦᠢᠯ ᠢ 150 ᠠᠴᠠ ᠳᠡᠭᠡᠭᠰᠢ ᠬᠡᠷᠡᠭᠵᠢᠭᠦᠯᠬᠦ ᠶᠢ ᠠᠬᠢᠭᠤᠯᠵᠤ᠂ ᠨᠢᠭᠡ | ᠪᠦᠯᠦᠭ ᠵᠢᠱᠢᠶ᠎ᠡ ᠦᠵᠡᠭᠦᠯᠬᠦ ᠬᠡᠷᠡᠭᠯᠡᠭᠡᠨ ᠤ ᠬᠡᠪ ᠳᠠᠭᠤᠷᠢᠶᠠᠯ ᠢ ᠪᠣᠶ ᠪᠣᠯᠭᠠᠵᠤ᠂ ᠠᠵᠤ ᠦᠢᠯᠡᠰ ᠤᠨ ᠲᠣᠭᠠᠵᠢᠭᠤᠯᠤᠨ | ᠬᠡᠯᠪᠡᠷᠢ ᠪᠠᠨ ᠬᠤᠪᠢᠷᠠᠭᠤᠯᠬᠤ ᠦᠷ᠎ᠡ ᠪᠦᠲᠦᠮᠵᠢ ᠢᠯᠡᠳᠲᠡ ᠪᠣᠯᠪᠠ᠃ | 3. ᠲᠣᠭᠠᠴᠢᠯᠠᠭᠰᠠᠨ ᠦᠢᠯᠡᠴᠢᠯᠡᠭᠡ ᠪᠠ ᠵᠠᠰᠠᠵᠤ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ ᠠᠵᠤ | ᠠᠬᠤᠶ ᠶᠢᠨ ᠲᠣᠬᠢᠷᠠᠭᠤᠯᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠨᠡᠶᠢᠭᠡᠮ ᠤᠨ ᠬᠠᠮᠢᠶᠠᠷᠤᠯᠲᠠ᠂ ᠣᠯᠠᠨ | ᠨᠡᠶᠢᠲᠡ ᠶᠢᠨ ᠦᠢᠯᠡᠴᠢᠯᠡᠭᠡ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠬᠦᠷᠢᠶᠡᠨ ᠳᠤ | ᠲᠣᠭᠠᠴᠢᠯᠠᠭᠰᠠᠨ ᠬᠡᠷᠡᠭᠯᠡᠭᠡᠨ ᠤ ᠰᠢᠨ᠎ᠡ ᠶᠢ ᠡᠭᠦᠳᠬᠦ ᠶᠢ ᠥᠷᠨᠢᠭᠦᠯᠵᠦ᠂ ᠨᠢᠭᠡ ᠴᠣᠭᠴᠠᠵᠢᠭᠤᠯᠤᠭᠰᠠᠨ ᠵᠠᠰᠠᠭ ᠤᠨ | ᠶᠠᠪᠤᠳᠠᠯ ᠤᠨ ᠲᠣᠮᠣ ᠳ᠋ᠠᠶᠢᠲ᠋ᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠲᠣᠭᠠᠴᠢᠯᠠᠭᠰᠠᠨ | ᠵᠠᠰᠠᠭ ᠤᠨ ᠣᠷᠳᠣᠨ᠂ ᠲᠣᠭᠠᠴᠢᠯᠠᠭᠰᠠᠨ ᠨᠡᠶᠢᠭᠡᠮ᠂ ᠲᠣᠭᠠᠴᠢᠯᠠᠭᠰᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢ | ᠨᠢᠭᠡᠳᠦᠯᠲᠡᠶ ᠲᠥᠯᠥᠪᠯᠡᠨ ᠠᠬᠢᠭᠤᠯᠵᠤ᠂ ᠮᠡᠳᠡᠭᠡ ᠵᠠᠩᠭᠢ ᠶᠢᠨ ᠥᠨᠥᠴᠢᠨ ᠠᠷᠠᠯ ᠢ ᠠᠷᠢᠯᠭᠠᠵᠤ᠂ ᠳ᠋ᠠᠶᠢᠲ᠋ᠠ ᠶᠢ ᠬᠠᠮᠲᠤ ᠪᠠᠷ | ᠭᠥᠷᠳᠡᠬᠦ ᠶᠢ ᠴᠢᠩᠭᠠᠳᠬᠠᠨ᠎ᠠ᠃ 2025 ᠤᠨ ᠪᠣᠯᠬᠤ ᠳᠤ᠂ ᠵᠠᠰᠠᠭ ᠤᠨ ᠣᠷᠳᠣᠨ ᠢᠶᠠᠷ ᠭᠤᠤᠯᠯᠠᠭᠤᠯᠬᠤ᠂ ᠣᠯᠠᠨ | ᠲᠠᠯ᠎ᠠ ᠪᠠᠷ ᠣᠷᠣᠯᠴᠠᠬᠤ᠂ ᠬᠠᠤᠯᠢ ᠪᠠᠷ ᠵᠠᠰᠠᠬᠤ ᠶᠢ ᠪᠠᠲᠤᠯᠠᠬᠤ ᠲᠣᠭᠠᠴᠢᠯᠠᠭᠰᠠᠨ ᠵᠠᠰᠠᠯᠲᠠ ᠶᠢᠨ ᠰᠢᠰᠲ᠋ᠧᠮᠵᠢ ᠶᠢ ᠨᠠᠩ | ᠲᠡᠭᠦᠯᠳᠡᠷᠵᠢᠭᠦᠯᠵᠦ᠂ ᠲᠣᠭᠠᠴᠢᠯᠠᠭᠰᠠᠨ ᠵᠠᠰᠠᠭ ᠤᠨ ᠶᠠᠪᠤᠳᠠᠯ ᠤᠨ ᠪᠦᠬᠦᠯᠢ ᠴᠣᠭᠴᠠ ᠶᠢᠨ ᠦᠢᠯᠡᠳᠦᠯ ᠴᠢᠳᠠᠪᠤᠷᠢ ᠶᠢ ᠪᠥᠬᠦ | ᠲᠠᠯ᠎ᠠ ᠪᠠᠷ ᠳᠡᠭᠡᠭᠰᠢᠯᠡᠭᠦᠯᠦᠨ᠎ᠡ᠃ | 4 ᠲᠤᠭ᠎ᠠ ᠪᠠᠷᠢᠮᠲᠠ ᠶᠢᠨ ᠬᠦᠴᠦᠨ ᠵᠦᠢᠯ ᠤᠨ ᠥᠷᠲᠡᠭ ᠢ ᠠᠭᠤᠳᠠᠯᠬᠤ ᠠᠵᠢᠯᠯᠠᠭ᠎ᠠ ᠶᠢ ᠬᠡᠷᠡᠭᠵᠢᠭᠦᠯᠦᠨ᠎ᠡ᠃ | ᠲᠤᠰᠬᠠᠶ ᠲᠥᠰᠦᠯ ᠢ ᠲᠣᠭᠲᠠᠭᠠᠵᠤ᠂ ᠳ᠋ᠠᠶᠢᠲ᠋ᠠ ᠶᠢᠨ ᠡᠯᠧᠮᠧᠨ᠋ᠲ ᠤᠨ ᠵᠠᠬ᠎ᠠ ᠳᠡᠯᠭᠡᠭᠦᠷ ᠤᠨ ᠠᠷᠠᠯᠵᠢᠶᠠᠨ ᠤ ᠬᠠᠮᠢᠶᠠᠷᠤᠯᠲᠠ᠂ | ᠡᠷᠬᠡ ᠣᠯᠭᠤᠵᠤ ᠳᠠᠩᠰᠠᠯᠠᠬᠤ᠂ ᠠᠰᠢᠭ ᠣᠷᠣᠯᠭ᠎ᠠ ᠶᠢ ᠬᠤᠪᠢᠶᠠᠷᠢᠯᠠᠬᠤ ᠵᠡᠷᠭᠡ ᠰᠠᠭᠤᠷᠢ ᠲᠦᠷᠢᠮ ᠢ ᠪᠠᠶᠢᠭᠤᠯᠤᠨ | ᠲᠡᠭᠦᠯᠳᠡᠷᠵᠢᠭᠦᠯᠵᠦ᠂ ᠳ᠋ᠠᠶᠢᠲ᠋ᠠ ᠶᠢᠨ ᠡᠯᠧᠮᠧᠨ᠋ᠲ ᠤᠨ ᠵᠠᠬ᠎ᠠ ᠳᠡᠯᠭᠡᠭᠦᠷᠴᠢᠯᠡᠭᠰᠡᠨ ᠥᠭᠡᠷᠡᠴᠢᠯᠡᠯᠲᠡ ᠶᠢ ᠠᠬᠢᠭᠤᠯᠵᠤ᠂ | ᠳ᠋ᠠᠶᠢᠲ᠋ᠠ ᠶᠢᠨ ᠠᠷᠠᠯᠵᠢᠶ᠎ᠠ ᠶᠢ ᠰᠦᠪᠡᠭᠴᠢᠯᠡᠨ ᠥᠷᠨᠢᠭᠦᠯᠵᠦ᠂ ᠳ᠋ᠠᠶᠢᠲ᠋ᠠ ᠶᠢᠨ ᠠᠭᠤᠰᠤᠯᠴᠠᠯ᠂ ᠵᠠᠰᠠᠯᠲᠠ᠂ ᠬᠡᠷᠡᠭᠯᠡᠭᠡᠨ ᠤ | ᠰᠢᠨ᠎ᠡ ᠰᠢᠪᠲᠤᠯᠤᠯᠲᠠ ᠲᠠᠢ ᠪᠣᠯᠬᠤ ᠶᠢ ᠠᠬᠢᠭᠤᠯᠤᠨ᠎ᠠ᠃ 2025 ᠤᠨ ᠪᠣᠯᠬᠤ ᠳᠤ᠂ 3 ᠠᠴᠠ ᠳᠡᠭᠡᠭᠰᠢᠬᠢ | ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠪᠠ ᠠᠵᠢᠯ ᠲᠥᠷᠥᠯ ᠤᠨ ᠳ᠋ᠠᠶᠢᠲ᠋ᠠ ᠬᠥᠮᠥᠷᠭᠡ ᠶᠢ ᠪᠠᠶᠢᠭᠤᠯᠵᠤ᠂ 50 ᠠᠴᠠ | ᠳᠡᠭᠡᠭᠰᠢᠬᠢ ᠲᠤᠭ᠎ᠠ ᠪᠠᠷᠢᠮᠲᠠ ᠬᠠᠩᠭᠠᠬᠤ ᠬᠤᠳᠠᠯᠳᠤᠭᠠᠴᠢᠨ᠂ ᠲᠤᠭ᠎ᠠ ᠪᠠᠷᠢᠮᠲᠠ ᠶᠢᠨ ᠡᠵᠡᠩᠨᠡᠯᠲᠡ ᠶᠢᠨ ᠬᠤᠳᠠᠯᠳᠤᠭᠠᠴᠢᠨ᠂ | ᠵᠠᠭᠤᠴᠢ ᠦᠢᠯᠡᠴᠢᠯᠡᠭᠡᠨ ᠤ ᠬᠤᠳᠠᠯᠳᠤᠭᠠᠴᠢᠨ᠂ ᠲᠤᠭ᠎ᠠ ᠪᠠᠷᠢᠮᠲᠠ ᠶᠢᠨ ᠬᠠᠤᠯᠢ ᠴᠠᠭᠠᠵᠠ ᠶᠢᠨ ᠬᠡᠷᠡᠭ ᠶᠠᠪᠤᠳᠠᠯ ᠤᠨ | ᠪᠠᠶᠢᠭᠤᠯᠤᠮᠵᠢ ᠵᠡᠷᠭᠡ ᠳᠡᠭᠡᠳᠦ ᠳᠣᠤᠷᠠᠳᠤ ᠤᠷᠤᠰᠬᠠᠯ ᠤᠨ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠳ᠋ᠠᠶᠢᠲ᠋ᠠ ᠶᠢᠨ | ᠬᠦᠴᠦᠨ ᠵᠦᠢᠯ ᠤᠨ ᠴᠢᠨᠠᠷ ᠰᠠᠶᠢᠲᠠᠶ ᠬᠠᠩᠭᠠᠯᠭ᠎ᠠ ᠶᠢ ᠴᠢᠩᠭᠠᠷᠠᠭᠤᠯᠤᠨ᠎ᠠ᠃ | ︵ᠲᠦᠷᠪᠡ︶ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠤᠶᠢᠵᠢᠭᠤᠯᠬᠤ ᠶᠢ ᠲᠦᠷᠭᠡᠳᠬᠡᠨ᠎ᠡ᠃ ᠠᠵᠤ ᠦᠢᠯᠡᠰ ᠤᠨ | ᠬᠡᠯᠬᠢᠶ᠎ᠡ ᠶᠢᠨ ᠠᠷᠠᠯᠵᠢᠶᠠᠴᠢᠨ ᠤᠷᠢᠬᠤ ᠶᠢ ᠴᠢᠩᠭᠠᠷᠠᠭᠤᠯᠤᠨ᠂ ᠭᠠᠳᠠᠨ᠎ᠠ ᠠᠴᠠ ᠣᠷᠣᠭᠤᠯᠵᠤ ᠳᠣᠲᠣᠭᠠᠳᠤ ᠳᠠᠭᠠᠨ | ᠬᠥᠮᠥᠵᠢᠭᠦᠯᠬᠦ ᠶᠢ ᠵᠡᠷᠭᠡᠪᠡᠷ ᠠᠳᠬᠤᠬᠤ ᠶᠢ ᠪᠠᠷᠢᠮᠲᠠᠯᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠪᠦᠲᠦᠴᠡ ᠶᠢ | ᠰᠢᠯᠢᠳᠡᠭᠵᠢᠭᠦᠯᠦᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠡᠪᠴᠢᠶ᠎ᠡ ᠶᠢ ᠥᠷᠭᠡᠳᠬᠡᠵᠦ᠂ ᠵᠠᠬ᠎ᠠ ᠳᠡᠯᠭᠡᠭᠦᠷ ᠤᠨ | ᠭᠤᠣᠯ ᠴᠣᠭᠴᠠ ᠶᠢᠨ ᠬᠦᠭᠵᠢᠶᠡᠨ ᠢ ᠨᠢ ᠳᠡᠭᠡᠭᠰᠢᠯᠡᠭᠦᠯᠦᠨ᠂ ᠪᠦᠬᠦ ᠣᠷᠣᠨ ᠤ ᠲᠣᠭᠠᠴᠢᠯᠠᠭᠰᠠᠨ ᠠᠵᠤ ᠠᠬᠤᠢ ᠶᠢᠨ ᠳᠡᠭᠡᠳᠦ | ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 300 ᠠᠴᠠ ᠳᠤᠲᠠᠭᠤ ᠦᠭᠡᠢ ᠪᠠᠶᠢᠯᠭᠠᠵᠤ᠂ ᠲᠤᠰ ᠭᠠᠵᠠᠷ ᠤᠨ | ᠲᠣᠭᠠᠴᠢᠯᠠᠭᠰᠠᠨ ᠮᠡᠷᠭᠡᠵᠢᠯ ᠤᠨ ᠦᠢᠯᠡᠳᠬᠦᠨ᠂ ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠡᠵᠡᠯᠡᠬᠦ ᠨᠤᠷᠮ᠎ᠠ ᠪᠠ ᠲᠦᠷᠦᠯ | ᠲᠡᠮᠳᠡᠭ ᠤᠨ ᠨᠥᠯᠥᠭᠡᠯᠡᠬᠦ ᠬᠦᠴᠦᠨ ᠢ ᠢᠯᠡᠳᠲᠡ ᠳᠡᠭᠡᠭᠰᠢᠯᠡᠭᠦᠯᠦᠨ᠎ᠡ᠃ | 1. ᠣᠷᠣᠨ ᠤ ᠬᠠᠷᠢᠶ᠎ᠠ ᠪᠦᠯᠦᠭᠯᠡᠯᠲᠦ ᠺᠣᠮᠫᠠᠨᠢ ᠶᠢ ᠵᠣᠬᠢᠶᠠᠨ ᠪᠠᠶᠢᠭᠤᠯᠤᠨ᠎ᠠ᠃ ᠥᠪᠥᠷ ᠮᠣᠩᠭᠤᠯ ᠤᠨ | ᠲᠣᠭᠠᠴᠢᠯᠠᠭᠰᠠᠨ ᠠᠵᠤ ᠠᠬᠤᠶ ᠶᠢᠨ ᠬᠥᠭᠵᠢᠯᠲᠡ ᠶᠢᠨ ᠪᠦᠯᠦᠭᠯᠡᠯ ᠢ ᠵᠣᠬᠢᠶᠠᠨ ᠪᠠᠶᠢᠭᠤᠯᠵᠤ᠂ ᠳ᠋ᠠᠶᠢᠲ᠋ᠠ ᠶᠢᠨ ᠡᠳ᠋ | ᠬᠥᠷᠥᠩᠭᠡ ᠶᠢᠨ ᠲᠠᠪᠴᠠᠩ ᠤᠨ ᠡᠵᠡᠩᠨᠡᠯᠲᠡ᠂ ᠲᠣᠮᠣ ᠳ᠋ᠠᠶᠢᠲ᠋ᠠ ᠶᠢᠨ ᠠᠵᠤ ᠦᠢᠯᠡᠰ ᠤᠨ ᠪᠠᠯᠠ ᠣᠷᠣᠭᠤᠯᠤᠯᠲᠠ᠂ | ᠵᠠᠰᠠᠭ ᠤᠨ ᠣᠷᠳᠣᠨ ᠤ ᠵᠢᠱᠢᠶ᠎ᠡ ᠦᠵᠡᠭᠦᠯᠬᠦ ᠴᠢᠨᠠᠷᠲᠠᠶ ᠬᠡᠷᠡᠭᠯᠡᠭᠡᠨ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠪᠠ | ᠲᠣᠮᠣ ᠳ᠋ᠠᠶᠢᠲ᠋ᠠ ᠶᠢᠨ ᠠᠵᠤ ᠦᠢᠯᠡᠰ ᠤᠨ ᠠᠮᠢ ᠠᠬᠤᠶ ᠶᠢ ᠪᠤᠶᠢᠵᠢᠭᠤᠯᠬᠤ ᠵᠡᠷᠭᠡ ᠶᠢ ᠥᠷᠨᠢᠭᠦᠯᠵᠦ᠂ ᠳ᠋ᠠᠶᠢᠲ᠋ᠠ ᠶᠢᠨ ᠦᠨ᠎ᠡ | ᠥᠷᠲᠡᠭ ᠢ ᠭᠦᠨᠵᠡᠭᠡᠶ ᠠᠭᠤᠳᠠᠯᠤᠨ᠎ᠠ᠃ | 2. ᠨᠡᠷᠡᠲᠦ ᠠᠵᠤ ᠠᠬᠤᠶᠢᠯᠠᠯ ᠢ ᠣᠷᠣᠭᠤᠯᠵᠤ ᠢᠷᠡᠨ ᠰᠠᠭᠤᠷᠢᠰᠢᠭᠤᠯᠤᠨ᠎ᠠ᠃ ᠪᠡᠭᠡᠵᠢ᠊ ᠩ ᠲᠢᠶᠠᠨᠵᠢᠨ ᠾᠧᠪᠸᠢ᠂ | ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠵᠡᠷᠭᠡ ᠬᠥᠭᠵᠢᠭᠰᠡᠨ ᠭᠠᠵᠠᠷ | ᠣᠷᠣᠨ ᠯᠤᠭ᠎ᠠ ᠶᠢᠨ ᠠᠵᠤ ᠦᠢᠯᠡᠰ ᠤᠨ ᠵᠣᠯᠭᠠᠯᠴᠠᠭ᠎ᠠ ᠶᠢ ᠠᠬᠢᠭᠤᠯᠵᠤ᠂ ᠣᠷᠣᠨ ᠪᠦᠰᠡ ᠠᠯᠤᠰᠯᠠᠭᠰᠠᠨ ᠲᠣᠭᠠᠴᠢᠯᠠᠭᠰᠠᠨ | ᠠᠵᠤ ᠠᠬᠤᠢ ᠶᠢᠨ ᠠᠵᠤ ᠦᠢᠯᠡᠰ ᠤᠨ ᠬᠤᠯᠪᠣᠭ᠎ᠠ ᠶᠢ ᠵᠣᠬᠢᠶᠠᠨ ᠪᠠᠶᠢᠭᠤᠯᠵᠤ᠂ ᠠᠵᠢᠯ ᠲᠥᠷᠥᠯ ᠤᠨ ᠠᠵᠤ ᠦᠢᠯᠡᠰ ᠤᠨ | ᠬᠡᠯᠬᠢᠶ᠎ᠡ ᠶᠢᠨ ᠵᠢᠷᠤᠭ ᠢ ᠨᠠᠷᠢᠨ ᠬᠤᠪᠢᠶᠠᠵᠤ᠂ ᠨᠠᠷᠢᠯᠢᠭ ᠣᠨᠣᠴᠠᠲᠠᠢ ᠪᠠᠷ ᠬᠤᠳᠠᠯᠳᠤᠭᠠᠴᠢᠨ ᠤᠷᠢᠬᠤ ᠠᠵᠤ ᠠᠬᠤᠶᠢᠯᠠᠯ ᠤᠨ | ᠨᠡᠷᠡᠰ ᠤᠨ ᠵᠢᠭᠰᠠᠭᠠᠯᠲᠠ ᠶᠢ ᠪᠠᠶᠢᠭᠤᠯᠵᠤ᠂ ᠬᠤᠸᠠ ᠸᠧᠢ᠂ ᠰᠢᠨᠬᠤᠸᠠ ᠭᠤᠷᠪᠠᠳᠤᠭᠠᠷ ᠵᠡᠷᠭᠡ ᠤᠯᠤᠰ ᠤᠨ ᠳᠣᠲᠣᠭᠠᠳᠤ | ᠭᠠᠳᠠᠭᠠᠳᠤ ᠶᠢᠨ ᠲᠣᠭᠠᠴᠢᠯᠠᠭᠰᠠᠨ ᠠᠵᠤ ᠠᠬᠤᠢ ᠶᠢᠨ ᠲᠣᠯᠣᠭᠠᠶᠢᠯᠠᠭᠴᠢ ᠠᠵᠤ ᠠᠬᠤᠶᠢᠯᠠᠯ ᠤᠨ ᠣᠷᠣᠨ ᠪᠦᠰᠡ ᠶᠢᠨ | ᠺᠣᠮᠫᠠᠨᠢ ᠪᠠᠶᠢᠭᠤᠯᠬᠤ ᠶᠢ ᠠᠬᠢᠭᠤᠯᠵᠤ᠂ ᠲᠦᠷᠦᠯ ᠵᠦᠢᠯ ᠢᠶᠠᠷ ᠠᠴᠢᠶᠠᠯᠠᠪᠤᠷᠢ ᠪᠣᠯᠭᠠᠨ ᠨᠢᠭᠡ ᠪᠦᠯᠦᠭ ᠲᠣᠭᠠᠴᠢᠯᠠᠭᠰᠠᠨ | ᠠᠵᠤ ᠠᠬᠤᠢ ᠶᠢᠨ ᠠᠵᠤ ᠦᠢᠯᠡᠰ ᠤᠨ ᠳᠡᠭᠡᠳᠦ ᠳᠤᠤᠷᠠᠳᠤ ᠤᠷᠤᠰᠬᠠᠯ ᠤᠨ ᠲᠠᠭᠠᠭᠤᠯᠤᠭᠴᠢ ᠠᠵᠤ ᠠᠬᠤᠶᠢᠯᠠᠯ ᠢ ᠬᠦᠯᠢᠶᠡᠨ | ᠠᠪᠬᠤ ᠪᠠ ᠣᠷᠣᠭᠤᠯᠤᠨ ᠠᠪᠴᠢᠷᠠᠨ᠎ᠠ᠃ | 3. ᠲᠤᠰ ᠭᠠᠵᠠᠷ ᠤᠨ ᠳᠠᠭᠠᠭᠤᠯᠤᠭᠴᠢ ᠠᠵᠤ ᠠᠬᠤᠶᠢᠯᠠᠯ ᠢ ᠪᠤᠶᠢᠵᠢᠭᠤᠯᠤᠨ᠎ᠠ᠃ ᠠᠵᠤ ᠠᠬᠤᠶᠢᠯᠠᠯ ᠳᠤ ᠠᠰᠢᠭ | ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠨᠠᠷᠢᠨ ᠬᠠᠭᠤᠳᠠᠰᠤ ᠶᠢ ᠨᠠᠶᠢᠷᠠᠭᠤᠯᠤᠨ ᠵᠣᠬᠢᠶᠠᠵᠤ᠂ ᠥᠪᠡᠷᠲᠡᠭᠡᠨ ᠵᠠᠰᠠᠬᠤ | ᠣᠷᠣᠨ ᠠᠴᠠ ᠲᠣᠭᠠᠴᠢᠯᠠᠭᠰᠠᠨ ᠠᠵᠤ ᠠᠬᠤᠶ ᠶᠢᠨ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠤᠶᠢᠵᠢᠭᠤᠯᠤᠨ | ᠪᠤᠵᠠᠭᠠᠶᠢᠷᠠᠭᠤᠯᠬᠤ ᠲᠥᠷᠥ ᠶᠢᠨ ᠪᠣᠳᠣᠯᠭ᠎ᠠ ᠶᠢᠨ ᠰᠠᠨᠠᠯ ᠢ ᠨᠡᠶᠢᠲᠡᠯᠡᠵᠦ᠂ ᠲᠠᠰ ᠲᠥᠷᠥᠯ ᠬᠤᠪᠢᠶᠠᠨ ᠪᠤᠶᠢᠵᠢᠭᠤᠯᠤᠨ | ᠬᠥᠲᠥᠯᠦᠨ ᠵᠢᠯᠣᠭᠤᠳᠬᠤ ᠶᠢ ᠬᠡᠷᠡᠭᠵᠢᠭᠦᠯᠦᠨ᠂ ᠲᠤᠰᠬᠠᠶ ᠨᠠᠷᠢᠯᠢᠭ ᠣᠨᠴᠠ ᠰᠢᠨ᠎ᠡ ᠠᠵᠤ ᠠᠬᠤᠶᠢᠯᠠᠯ ᠢ ᠪᠤᠶᠢᠵᠢᠭᠤᠯᠬᠤ | ᠡᠷᠴᠢᠮ ᠢᠶᠠᠨ ᠴᠢᠩᠭᠠᠷᠠᠭᠤᠯᠵᠤ᠂ ᠲᠣᠭᠠᠴᠢᠯᠠᠭᠰᠠᠨ ᠠᠵᠤ ᠠᠬᠤᠶ ᠶᠢᠨ ᠠᠵᠤ ᠠᠬᠤᠶᠢᠯᠠᠯ ᠤᠨ ︽ᠬᠤᠪᠢ ᠬᠥᠮᠦᠨ ᠢ ᠠᠵᠤ | ᠠᠬᠤᠶᠢᠯᠠᠯ ᠪᠣᠯᠭᠠᠨ ᠬᠤᠪᠢᠷᠠᠭᠤᠯᠬᠤ︾᠂ ︽ᠵᠢᠵᠢᠭ ᠠᠵᠤ ᠠᠬᠤᠶᠢᠯᠠᠯ ᠲᠠᠰ ᠳᠡᠪᠰᠢᠬᠦ︾᠂ ︽ᠲᠦᠷᠢᠮ ᠢᠶᠠᠷ ᠨᠠᠷᠢᠯᠢᠭ︾᠂ | ︽ᠰᠢᠯᠢᠳᠡᠭ ᠢᠶᠠᠷ ᠵᠠᠬ᠎ᠠ ᠳᠡᠯᠭᠡᠭᠦᠷ ᠲᠤ ᠭᠠᠷᠭᠠᠬᠤ︾ ᠱᠠᠲᠤᠯᠢᠭ ᠬᠡᠯᠪᠡᠷᠢ ᠶᠢᠨ ᠬᠡᠯᠪᠡᠷᠢ ᠶᠢᠨ ᠬᠤᠪᠢᠷᠠᠭᠤᠯᠤᠯᠲᠠ ᠶᠢ | ᠠᠬᠢᠭᠤᠯᠤᠨ᠎ᠠ᠃ 2025 ᠤᠨ ᠪᠣᠯᠬᠤ ᠳᠤ᠂ ᠪᠥᠬᠦ ᠣᠷᠣᠨ ᠤ ᠲᠣᠭᠠᠴᠢᠯᠠᠭᠰᠠᠨ ᠠᠵᠤ ᠠᠬᠤᠶ ᠶᠢᠨ ᠬᠦᠷᠢᠶᠡᠨ ᠳᠠᠬᠢ | ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 300 ᠠᠴᠠ ᠳᠡᠭᠡᠭᠰᠢ ᠳᠤ ᠬᠦᠷᠦᠭᠦᠯᠦᠨ᠎ᠡ᠃ | ︵ᠲᠠᠪᠤ︶ ᠲᠣᠭᠠᠵᠢᠭᠤᠯᠤᠭᠰᠠᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ | ᠰᠦᠯᠵᠢᠶ᠎ᠡ᠂ ᠪᠤᠳᠤᠬᠤ ᠬᠦᠴᠦᠨ᠂ ᠠᠭᠤᠰᠤᠯᠴᠠᠭᠤᠯᠬᠤ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ | ᠲᠦᠷᠭᠡᠳᠬᠡᠵᠦ᠂ ᠡᠭᠦᠯᠡᠨ ᠰᠦᠯᠵᠢᠶ᠎ᠡ ᠶᠢᠨ ᠬᠠᠮᠵᠢᠯᠴᠠᠭ᠎ᠠ ᠪᠠ ᠪᠤᠳᠤᠬᠤ ᠰᠦᠯᠵᠢᠶᠡᠨ ᠤ ᠠᠭᠤᠰᠤᠯᠴᠠᠨ ᠬᠥᠭᠵᠢᠬᠦ ᠶᠢ | ᠠᠬᠢᠭᠤᠯᠵᠤ᠂ ᠪᠠᠶᠢᠷᠢᠰᠢᠯ ᠨᠢ ᠵᠦᠶ ᠵᠣᠬᠢᠰᠲᠠᠶ᠂ ᠬᠡᠪᠴᠢᠶ᠎ᠡ ᠨᠢ ᠲᠣᠬᠢᠷᠠᠮᠵᠢᠲᠠᠶ᠂ ᠪᠣᠬᠢᠷᠲᠤᠯ ᠥᠬᠡᠶ ᠡᠷᠴᠢᠮᠵᠢᠭᠰᠡᠨ ᠪᠥᠬᠦ | ᠤᠯᠤᠰ ᠤᠨ ᠨᠢᠭᠡ ᠴᠤᠭᠴᠠᠵᠢᠭᠰᠠᠨ ᠪᠤᠳᠤᠬᠤ ᠬᠦᠴᠦᠨ ᠤ ᠰᠦᠯᠵᠢᠶ᠎ᠡ ᠶᠢᠨ ᠥᠪᠥᠷ ᠮᠣᠩᠭᠤᠯ ᠤᠨ ᠵᠠᠩᠭᠢᠯᠠᠭ᠎ᠠ ᠶᠢᠨ | ᠴᠡᠭ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ 2025 ᠤᠨ ᠪᠣᠯᠬᠤ ᠳᠤ᠂ ᠪᠦᠯᠦᠭᠯᠡᠨ | ᠪᠠᠶᠢᠭᠤᠯᠤᠭᠰᠠᠨ ᠳ᠋ᠠᠶᠢᠲ᠋ᠠ ᠶᠢᠨ ᠲᠥᠪ ᠤᠨ ᠦᠢᠯᠡᠴᠢᠯᠡᠭᠦᠷ ᠤᠨ ᠮᠠᠰᠢᠨ ᠴᠣᠭᠴᠠᠯᠠᠪᠤᠷᠢ ᠶᠢᠨ ᠴᠢᠳᠠᠪᠤᠷᠢ ᠶᠢ 500 | ᠲᠦᠮᠡ ᠶᠢ ᠳᠠᠪᠠᠵᠤ᠂ ᠣᠶᠤᠨᠴᠢ ᠪᠣᠳᠣᠬᠤ ᠬᠦᠴᠦᠨ ᠢ 8000 PFlop/s ᠢ ᠳᠠᠪᠠᠵᠤ᠂ ᠤᠯᠤᠰᠴᠢᠯᠠᠭᠰᠠᠨ ᠪᠤᠳᠤᠬᠤ | ᠬᠦᠴᠦᠨ ᠤ ᠡᠵᠡᠯᠡᠬᠦ ᠬᠠᠷᠢᠴᠠᠯ ᠢ 50% ᠠᠴᠠ ᠳᠡᠭᠡᠭᠰᠢ ᠳᠤ ᠬᠦᠷᠦᠭᠦᠯᠦᠨ᠎ᠡ᠃ | 1. ᠲᠣᠤᠷ ᠰᠦᠯᠵᠢᠶᠡᠨ ᠤ ᠰᠠᠭᠤᠷᠢ ᠪᠡᠯᠡᠳᠬᠡᠮᠵᠢ ᠶᠢ ᠲᠡᠭᠦᠯᠳᠡᠷᠵᠢᠭᠦᠯᠦᠨ᠎ᠡ᠃ ᠤᠯᠤᠰ ᠤᠨ ᠰᠢᠨ᠎ᠡ ᠬᠡᠯᠪᠡᠷᠢ ᠶᠢᠨ | ᠢᠨᠲ᠋ᠧᠷ ᠰᠦᠯᠵᠢᠶᠡᠨ ᠤ ᠰᠤᠯᠢᠯᠴᠠᠭᠠᠨ ᠤ ᠲᠦᠪ ᠢ ᠪᠠᠶᠢᠭᠤᠯᠬᠤ ᠪᠠᠷ ᠭᠤᠶᠤᠴᠢᠯᠠᠨ ᠮᠡᠳᠡᠭᠦᠯᠵᠦ᠂ ᠬᠦᠬᠡᠬᠤᠳᠠ ᠪᠤᠭᠤᠳᠤ | ᠤᠷᠳᠤᠰ ᠤᠯᠠᠭᠠᠨᠴᠠᠪ - ᠪᠡᠭᠡᠵᠢᠩ ᠲᠢᠶᠠᠨᠵᠢᠨ ᠾᠧᠪᠸᠢ - ᠬᠦᠬᠡ ᠮᠦᠷᠡᠨ ᠤ ᠭᠤᠷᠪᠠᠯᠵᠢᠨ ᠬᠤᠶᠢᠭ ᠤᠨ ︽2520︾ | ᠶᠢᠨ ᠬᠤᠭᠤᠴᠠᠭ᠎ᠠ ᠶᠢ ᠤᠷᠳᠤᠳᠬᠠᠬᠤ ᠶᠢ ᠪᠠᠶᠢᠭᠤᠯᠤᠨ᠎ᠠ᠃ ᠮᠢᠩᠭᠠᠨ ᠰᠠᠶ᠎ᠠ ᠬᠡᠷᠡᠯ ᠰᠢᠷᠬᠡᠭ ᠤᠨ ᠰᠦᠯᠵᠢᠶ᠎ᠡ᠂ 5G ᠶᠢᠨ | ᠰᠦᠯᠵᠢᠶᠡᠨ ᠤ ᠪᠠᠶᠢᠭᠤᠯᠤᠯᠲᠠ ᠶᠢ ᠲᠦᠷᠭᠡᠳᠬᠡᠨ᠂ ᠮᠠᠯᠵᠢᠬᠤ ᠲᠠᠷᠢᠶᠠᠯᠠᠬᠤ ᠣᠷᠣᠨ ᠤ ᠴᠢᠮᠡᠭᠡ ᠬᠤᠯᠪᠣᠭᠠᠨ ᠤ | ᠰᠦᠯᠵᠢᠶᠡᠨ ᠤ ᠪᠦᠷᠬᠦᠴᠡ ᠶᠢ ᠭᠦᠨᠵᠡᠭᠡᠶᠢᠷᠡᠭᠦᠯᠵᠦ᠂ ᠳᠠᠭᠠᠭᠤᠯᠢ ᠣᠳᠣᠨ ᠢᠨᠲ᠋ᠧᠷ ᠰᠦᠯᠵᠢᠶ᠎ᠡ ᠵᠡᠷᠭᠡ ᠰᠢᠨ᠎ᠡ ᠬᠡᠯᠪᠡᠷᠢ ᠶᠢᠨ | ᠴᠢᠮᠡᠭᠡ ᠬᠤᠯᠪᠣᠭᠠᠨ ᠤ ᠠᠷᠭ᠎ᠠ ᠪᠠᠷᠢᠯ ᠢ ᠬᠡᠷᠡᠭᠯᠡᠨ ᠬᠢᠯᠢ ᠬᠢᠵᠠᠭᠠᠷ ᠣᠷᠣᠨ ᠤ ᠴᠢᠮᠡᠭᠡ ᠬᠤᠯᠪᠣᠭᠠᠨ ᠤ ᠲᠣᠤᠷ ᠰᠦᠯᠵᠢᠶ᠎ᠡ ᠶᠢ | ᠪᠦᠷᠬᠦᠭᠦᠯᠬᠦ ᠶᠢ ᠢᠳᠡᠪᠬᠢᠲᠡᠶ ᠬᠠᠶᠢᠨ ᠰᠦᠪᠡᠭᠴᠢᠯᠡᠵᠦ᠂ ᠠᠶᠢᠮᠠᠭ ᠬᠤᠲᠠ ᠶᠢᠨ ᠲᠣᠤᠷ ᠰᠦᠯᠵᠢᠶ᠎ᠡ ᠶᠢ ᠰᠢᠯᠢᠳᠡᠭᠵᠢᠭᠦᠯᠦᠨ | ᠬᠤᠯᠪᠣᠯᠳᠤᠭᠤᠯᠬᠤ ᠶᠢ ᠠᠬᠢᠭᠤᠯᠤᠨ᠎ᠠ᠃ IPv6 ᠬᠡᠪᠴᠢᠶ᠎ᠡ ᠶᠢᠨ ᠪᠠᠶᠢᠷᠢᠯᠠᠭᠤᠯᠤᠯᠲᠠ ᠪᠠ ᠬᠡᠷᠡᠭᠯᠡᠯᠲᠡ ᠶᠢ | ᠭᠦᠨᠵᠡᠭᠡᠶᠢᠷᠡᠭᠦᠯᠵᠦ᠂ ᠲᠩᠷᠢ ᠭᠠᠵᠠᠷ ᠤᠨ ᠨᠢᠭᠡ ᠴᠣᠭᠴᠠᠵᠢᠯᠲᠠ᠂ 6G ᠵᠡᠷᠭᠡ ᠢᠷᠡᠭᠡᠳᠦᠶ ᠶᠢᠨ ᠲᠣᠤᠷ ᠰᠦᠯᠵᠢᠶ᠎ᠡ ᠶᠢ | ᠰᠦᠪᠡᠭᠴᠢᠯᠡᠨ ᠪᠥᠲᠥᠭᠡᠨ ᠪᠠᠶᠢᠭᠤᠯᠤᠨ᠎ᠠ᠃ 2025 ᠤᠨ ᠪᠣᠯᠬᠤ ᠳᠤ᠂ 5G ᠰᠠᠭᠤᠷᠢ ᠥᠷᠲᠡᠭᠡ ᠶᠢᠨ ᠲᠤᠭ᠎ᠠ ᠬᠡᠮᠵᠢᠶ᠎ᠡ | ᠶᠡᠭᠡ ᠪᠠᠷ ᠨᠡᠮᠡᠭᠳᠡᠵᠦ᠂ ᠢᠨᠲ᠋ᠧᠷ ᠰᠦᠯᠵᠢᠶᠡᠨ ᠤ ᠮᠤᠵᠢ ᠶᠢᠨ ᠬᠤᠭᠤᠷᠣᠨᠳᠣᠬᠢ ᠭᠠᠳᠠᠭᠠᠳᠤ ᠳᠤ ᠭᠠᠷᠭᠠᠬᠤ ᠪᠦᠰᠡ ᠶᠢᠨ | ᠥᠷᠭᠡᠨ ᠬᠡᠮᠵᠢᠶ᠎ᠡ 66.8Tbps5G ᠶᠢᠨ ᠬᠥᠮᠦᠨ ᠠᠮᠠ ᠶᠢᠨ ᠪᠦᠷᠬᠦᠴᠡ ᠶᠢᠨ ᠨᠣᠷᠮ᠎ᠠ 50% ᠳᠤ ᠬᠦᠷᠴᠦ᠂ | ᠰᠢᠯᠵᠢᠮᠡᠯ ᠰᠦᠯᠵᠢᠶ᠎ᠡ ᠶᠢᠨ IPv6 ᠤᠷᠤᠰᠬᠠᠯ ᠤᠨ ᠬᠡᠮᠵᠢᠶ᠎ᠡ ᠶᠢᠨ ᠡᠵᠡᠯᠡᠬᠦ ᠬᠠᠷᠢᠴᠠᠯ 50% ᠳᠤ ᠬᠥᠷᠪᠡ᠃ | 2. ᠪᠣᠳᠣᠬᠤ ᠴᠢᠳᠠᠪᠤᠷᠢ ᠶᠢᠨ ᠰᠠᠭᠤᠷᠢ ᠪᠡᠯᠡᠳᠬᠡᠮᠵᠢ ᠶᠢ ᠪᠠᠬᠢᠵᠢᠭᠦᠯᠦᠨ᠎ᠡ᠃ ᠪᠥᠬᠦ ᠤᠯᠤᠰ ᠤᠨ ᠨᠢᠭᠡ | ᠴᠤᠭᠴᠠᠵᠢᠭᠤᠯᠤᠭᠰᠠᠨ ᠪᠤᠳᠤᠬᠤ ᠬᠦᠴᠦᠨ ᠤ ᠰᠦᠯᠵᠢᠶᠡᠨ ᠤ ᠥᠪᠥᠷ ᠮᠣᠩᠭᠤᠯ ᠤᠨ ᠵᠠᠩᠭᠢᠯᠠᠭ᠎ᠠ ᠶᠢᠨ ᠴᠡᠭ ᠤᠨ ᠪᠥᠲᠥᠭᠡᠨ | ᠪᠠᠶᠢᠭᠤᠯᠤᠯᠲᠠ ᠶᠢ ᠠᠬᠢᠭᠤᠯᠵᠤ᠂ ᠴᠠᠬᠢᠯᠭᠠᠨ ᠬᠤᠯᠪᠣᠭ᠎ᠠ᠂ ᠰᠢᠯᠵᠢᠮᠡᠯ ᠵᠡᠷᠭᠡ ᠠᠵᠤ ᠠᠬᠤᠶᠢᠯᠠᠯ ᠤᠨ ᠳ᠋ᠠᠶᠢᠲ᠋ᠠ ᠶᠢᠨ | ᠲᠥᠪ ᠤᠨ ᠪᠠᠭᠲᠠᠭᠠᠮᠵᠢ ᠶᠢ ᠥᠷᠭᠡᠳᠬᠡᠨ ᠬᠡᠪᠴᠢᠶ᠎ᠡ ᠶᠢ ᠥᠷᠭᠡᠳᠬᠡᠬᠦ ᠶᠢ ᠠᠬᠢᠭᠤᠯᠵᠤ᠂ ᠤᠯᠤᠰ ᠤᠨ ᠶᠠᠮᠤᠨ ᠵᠥᠪᠯᠡᠯ᠂ | ᠠᠵᠢᠯ ᠲᠥᠷᠥᠯ ᠪᠤᠶᠤ ᠪᠡᠯᠭᠡ ᠲᠡᠮᠳᠡᠭ ᠤᠨ ᠴᠢᠨᠠᠷᠲᠠᠶ ᠠᠵᠤ ᠠᠬᠤᠶᠢᠯᠠᠯ ᠤᠨ ᠳ᠋ᠠᠶᠢᠲ᠋ᠠ ᠶᠢᠨ ᠲᠥᠪ᠂ ᠭᠠᠮᠰᠢᠭ ᠤᠨ | ᠪᠡᠯᠡᠳᠬᠡᠯ ᠤᠨ ᠲᠥᠪ ᠢ ᠣᠷᠣᠭᠤᠯᠤᠨ ᠠᠪᠴᠢᠷᠠᠵᠤ᠂ ᠵᠡᠭᠦᠨ ᠪᠡᠶ᠎ᠡ ᠶᠢᠨ ᠲᠤᠭ᠎ᠠ ᠶᠢ ᠪᠠᠷᠠᠭᠤᠨ ᠪᠡᠶ᠎ᠡ ᠳᠤ ᠪᠤᠳᠤᠬᠤ᠂ ᠵᠡᠭᠦᠨ | ᠪᠡᠶ᠎ᠡ ᠶᠢᠨ ᠲᠤᠭ᠎ᠠ ᠶᠢ ᠪᠠᠷᠠᠭᠤᠨᠰᠢ ᠦᠯᠡᠳᠡᠭᠡᠬᠦ᠂ ᠵᠡᠭᠦᠨ ᠪᠡᠶ᠎ᠡ ᠶᠢᠨ ᠲᠤᠭ᠎ᠠ ᠶᠢ ᠪᠠᠷᠠᠭᠤᠨᠰᠢ ᠪᠣᠯᠪᠠᠰᠤᠷᠠᠭᠤᠯᠬᠤ ᠵᠡᠷᠭᠡ ᠠᠬᠤᠶ | ᠪᠠᠶᠢᠳᠠᠯ ᠤᠨ ᠪᠤᠳᠤᠬᠤ ᠬᠦᠴᠦᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ 2025 ᠤᠨ ᠪᠣᠯᠬᠤ ᠳᠤ᠂ ᠪᠦᠯᠦᠭᠯᠡᠨ | ᠪᠠᠶᠢᠭᠤᠯᠤᠭᠰᠠᠨ ᠳ᠋ᠠᠶᠢᠲ᠋ᠠ ᠶᠢᠨ ᠲᠥᠪ ᠤᠨ ᠦᠢᠯᠡᠴᠢᠯᠡᠭᠦᠷ ᠤᠨ ᠮᠠᠰᠢᠨ ᠴᠣᠭᠴᠠᠯᠠᠪᠤᠷᠢ ᠶᠢᠨ ᠴᠢᠳᠠᠪᠤᠷᠢ ᠶᠢ 500 | ᠲᠦᠮᠡ ᠶᠢ ᠳᠠᠪᠠᠵᠤ᠂ 10 ᠠᠴᠠ ᠳᠡᠭᠡᠭᠰᠢᠬᠢ ᠳ᠋ᠠᠶᠢᠲ᠋ᠠ ᠶᠢᠨ ᠲᠥᠪ ᠢ ᠤᠯᠤᠰ ᠤᠨ ᠪᠣᠬᠢᠷᠳᠤᠯ ᠦᠭᠡᠢ ᠳ᠋ᠠᠶᠢᠲ᠋ᠠ ᠶᠢᠨ | ᠲᠥᠪ ᠤᠨ ᠨᠡᠷᠡᠰ ᠲᠤ ᠣᠷᠣᠭᠤᠯᠬᠤ ᠪᠠᠷ ᠴᠢᠷᠮᠠᠶᠢᠵᠤ᠂ ᠪᠥᠬᠦ ᠣᠷᠣᠨ ᠤ ᠲᠣᠮᠣ ᠬᠡᠯᠪᠡᠷᠢ ᠶᠢᠨ ᠳ᠋ᠠᠶᠢᠲ᠋ᠠ ᠶᠢᠨ ᠲᠥᠪ ᠤᠨ | ᠳᠤᠮᠳᠠᠴᠢ ᠴᠠᠬᠢᠯᠭᠠᠨ ᠡᠨᠧᠷᠭᠢ ᠶᠢ ᠬᠡᠷᠡᠭᠯᠡᠬᠦ ᠦᠢᠯᠡᠳᠦᠯ ᠤᠨ ᠬᠡᠮᠵᠢᠭᠳᠡᠯ ︵PUE︶ ᠢ 2 ᠠᠴᠠ ᠳᠣᠷᠣᠭᠰᠢ ᠪᠣᠯᠲᠠᠯ᠎ᠠ | ᠪᠠᠭᠤᠷᠠᠭᠤᠯᠵᠤ᠂ ᠤᠰᠤᠨ ᠤ ᠡᠬᠢ ᠪᠠᠶᠠᠯᠢᠭ ᠤᠨ ᠬᠡᠷᠡᠭᠯᠡᠯᠲᠡ ᠶᠢᠨ ᠦᠷ᠎ᠡ ᠪᠦᠲᠦᠮᠵᠢ ︵WUE︶ ᠶᠢ ᠬᠢᠷᠢ ᠲᠡᠩᠴᠡᠭᠰᠡᠨ | ᠪᠠᠷᠢᠮᠵᠢᠶ᠎ᠠ ᠳᠤ ᠬᠦᠷᠦᠭᠦᠯᠦᠨ᠎ᠡ᠃ ᠥᠪᠥᠷ ᠮᠣᠩᠭᠤᠯ ᠤᠨ ᠳᠡᠭᠡᠳᠦ ᠴᠢᠳᠡᠪᠬᠢᠳᠦ ᠪᠣᠳᠣᠯᠭ᠎ᠠ ᠶᠢᠨ ᠣᠯᠠᠨ ᠨᠡᠶᠢᠲᠡ ᠶᠢᠨ | ᠦᠢᠯᠡᠴᠢᠯᠡᠭᠡᠨ ᠤ ᠲᠠᠪᠴᠠᠩ᠂ ᠳᠣᠷᠣᠨᠠᠳᠠᠬᠢᠨ ᠤ ᠬᠡᠲᠦ ᠪᠣᠳᠣᠯᠭ᠎ᠠ ᠶᠢᠨ ᠡᠭᠦᠯᠡᠨ ᠪᠤᠳᠤᠯᠲᠠ ᠶᠢᠨ ᠥᠪᠥᠷ ᠮᠣᠩᠭᠤᠯ ᠤᠨ | ᠬᠡᠲᠦ ᠶᠡᠭᠡ ᠲᠠᠷᠢᠬᠢ ᠵᠡᠷᠭᠡ ᠲᠠᠪᠴᠠᠩ ᠤᠨ ᠪᠤᠳᠤᠬᠤ ᠬᠦᠴᠦᠨ ᠢ ᠳᠡᠭᠡᠭᠰᠢᠯᠡᠭᠦᠯᠵᠦ᠂ ᠬᠤᠷᠢᠨᠭᠡᠷ ᠰᠢᠨ᠎ᠡ ᠲᠣᠭᠤᠷᠢᠭ ᠤᠨ | ︽ᠡᠭᠦᠯᠡᠨ︾ ᠪᠤᠳᠤᠬᠤ ᠬᠦᠴᠦᠨ ᠤ ᠡᠬᠢ ᠪᠠᠶᠠᠯᠢᠭ ᠢ ᠳᠣᠭᠢᠷᠠᠭᠤᠯᠬᠤ ᠵᠢᠱᠢᠶ᠎ᠡ ᠦᠵᠡᠭᠦᠯᠬᠦ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢ ᠠᠬᠢᠭᠤᠯᠵᠤ᠂ ︽ᠪᠤᠳᠤᠬᠤ ᠬᠦᠴᠦᠨ ᠤ ᠬᠡᠲᠦ ᠳᠡᠯᠭᠡᠭᠦᠷ︾ ᠢ ᠬᠠᠮᠲᠤ ᠪᠠᠷ ᠪᠥᠲᠥᠭᠡᠨ ᠪᠠᠶᠢᠭᠤᠯᠵᠤ᠂ | ᠪᠥᠬᠦ ᠤᠯᠤᠰ ᠤᠨ ᠪᠣᠬᠢᠷᠲᠤᠯ ᠥᠬᠡᠶ ᠪᠤᠳᠤᠬᠤ ᠬᠦᠴᠦᠨ ᠤ ᠪᠠᠲᠤᠯᠠᠭ᠎ᠠ ᠶᠢᠨ ᠰᠠᠭᠤᠷᠢᠨ ᠭᠠᠵᠠᠷ ᠢ ᠪᠠᠶᠢᠭᠤᠯᠤᠨ᠎ᠠ᠃ | ᠬᠥᠬᠡᠬᠤᠲᠠ᠂ ᠪᠤᠭᠤᠲᠤ ᠬᠤᠲᠠ᠂ ᠤᠯᠠᠭᠠᠨᠬᠠᠳᠠ ᠬᠤᠲᠠ᠂ ᠣᠷᠳᠣᠰ ᠬᠤᠲᠠ ᠵᠡᠷᠭᠡ ᠭᠠᠵᠠᠷ ᠣᠷᠣᠨ ᠳᠤ᠂ | ᠨᠥᠬᠦᠴᠡᠯ ᠲᠠᠢ ᠠᠵᠤ ᠠᠬᠤᠶᠢᠯᠠᠯ ᠳᠤ ᠲᠦᠰᠢᠭᠯᠡᠨ᠂ ᠪᠣᠬᠢᠷᠲᠤᠯ ᠥᠬᠡᠶ ᠳ᠋ᠠᠶᠢᠲ᠋ᠠ ᠶᠢᠨ ᠡᠬᠢ ᠪᠠᠶᠠᠯᠢᠭ ᠢ ᠠᠰᠢᠭᠯᠠ ᠡᠨᠧᠷᠭᠢ᠂ | ᠪᠣᠯᠣᠳ ᠲᠡᠮᠦᠷ᠂ ᠬᠤᠪᠣᠷ ᠰᠢᠷᠣᠶ᠂ ᠬᠢᠮᠢ ᠶᠢᠨ ᠠᠵᠤ ᠦᠢᠯᠡᠳᠪᠦᠷᠢ᠂ ᠲᠣᠨᠤᠭ ᠲᠥᠬᠦᠭᠡᠷᠦᠮᠵᠢ᠂ ᠰᠦ ᠶᠢᠨ ᠦᠢᠯᠡᠰ ᠵᠡᠷᠭᠡ | ᠠᠵᠢᠯ ᠲᠥᠷᠥᠯ ᠳᠤ ᠲᠣᠮᠣ ᠳ᠋ᠠᠶᠢᠲ᠋ᠠ ᠶᠢᠨ ᠲᠥᠪ ᠢ ᠪᠠᠶᠢᠭᠤᠯᠵᠤ᠂ ᠣᠷᠣᠨ ᠨᠤᠲᠤᠭ ᠤᠨ ᠤᠨᠴᠠᠯᠢᠭᠳᠤ ᠠᠵᠤ ᠦᠢᠯᠡᠰ ᠤᠨ | ᠲᠣᠭᠠᠵᠢᠭᠤᠯᠤᠨ ᠬᠡᠯᠪᠡᠷᠢ ᠪᠠᠨ ᠬᠤᠪᠢᠷᠠᠭᠤᠯᠬᠤ ᠶᠢ ᠲᠤᠯᠭᠠᠭᠤᠷᠢᠯᠠᠨ᠎ᠠ᠃ 2025 ᠤᠨ ᠪᠣᠯᠬᠤ ᠳᠤ᠂ ᠤᠶᠤᠨᠴᠢᠯᠠᠭᠰᠠᠨ | ᠪᠤᠳᠤᠬᠤ ᠴᠢᠳᠠᠪᠤᠷᠢ ᠨᠢ 8000 PFlop/s ᠢ ᠳᠠᠪᠠᠵᠤ᠂ ᠤᠯᠤᠰᠴᠢᠯᠠᠭᠰᠠᠨ ᠪᠤᠳᠤᠬᠤ ᠬᠦᠴᠦᠨ ᠤ ᠡᠵᠡᠯᠡᠬᠦ | ᠬᠠᠷᠢᠴᠠᠯ ᠢ 50% ᠠᠴᠠ ᠳᠡᠭᠡᠭᠰᠢ ᠳᠤ ᠬᠦᠷᠦᠭᠦᠯᠦᠨ᠎ᠡ᠃ | ᠨᠡᠶᠢᠯᠡᠭᠦᠯᠦᠭᠰᠡᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠡᠨᠧᠷᠭᠢ᠂ ᠲᠣᠨᠤᠭ | ᠲᠥᠬᠦᠭᠡᠷᠦᠮᠵᠢ ᠦᠢᠯᠡᠳᠬᠦ᠂ ᠲᠡᠮᠦᠷᠯᠢᠭ ᠬᠠᠶᠢᠯᠤᠭᠤᠯᠬᠤ᠂ ᠬᠢᠮᠢ ᠶᠢᠨ ᠠᠵᠤ ᠦᠢᠯᠡᠳᠪᠦᠷᠢ ᠵᠡᠷᠭᠡ ᠥᠪᠡᠷᠲᠡᠭᠡᠨ ᠵᠠᠰᠠᠬᠤ | ᠣᠷᠣᠨ ᠤ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ ᠢᠯᠭᠠᠬᠤ ᠲᠡᠮᠳᠡᠭ ᠢ ᠵᠠᠳᠠᠯᠬᠤ ᠬᠤᠶᠠᠳᠤᠭᠠᠷ ᠳᠡᠰ ᠤᠨ 6 | ᠵᠠᠩᠭᠢᠯᠠᠭ᠎ᠠ ᠶᠢᠨ ᠴᠡᠭ ᠢ ᠬᠡᠷᠡᠭᠯᠡᠨ ᠳᠡᠯᠭᠡᠷᠡᠭᠦᠯᠬᠦ ᠪᠠᠨ ᠴᠢᠩᠭᠠᠷᠠᠭᠤᠯᠵᠤ᠂ ᠠᠵᠢᠯ ᠲᠥᠷᠥᠯ ᠤᠨ ᠲᠤᠭ᠎ᠠ ᠪᠠᠷᠢᠮᠲᠠ ᠶᠢᠨ | ᠬᠡᠯᠬᠢᠶ᠎ᠡ ᠶᠢ ᠨᠡᠪᠲᠡᠷᠡᠭᠦᠯᠦᠨ᠎ᠡ᠃ ᠮᠠᠱᠢᠨ ᠲᠡᠷᠭᠡᠨ ᠤ ᠲᠣᠣᠷ ᠰᠦᠯᠵᠢᠶ᠎ᠡ ᠵᠡᠷᠭᠡ ᠪᠡᠯᠡᠳᠭᠡᠮᠵᠢ ᠶᠢ ᠪᠠᠢᠷᠢᠯᠠᠭᠤᠯᠵᠤ᠂ ᠳᠣᠬᠢᠭᠤᠷ | ᠳᠣᠯᠣᠭᠠᠨ ᠣᠳᠣ᠂ ᠵᠣᠬᠢᠶᠠᠮᠠᠯ ᠣᠶᠤᠨ ᠴᠢᠳᠠᠪᠤᠷᠢ ᠵᠡᠷᠭᠡ ᠲᠠᠢ ᠠᠭᠤᠰᠤᠯᠴᠠᠨ ᠬᠡᠷᠡᠭᠯᠡᠬᠦ ᠶᠢ ᠠᠬᠢᠭᠤᠯᠵᠤ᠂ ᠬᠤᠸᠠ | ᠸᠧᠢ ᠶᠢᠨ ᠵᠣᠬᠢᠶᠠᠮᠠᠯ ᠣᠶᠤᠨ ᠴᠢᠳᠠᠪᠤᠷᠢ ᠶᠢᠨ ᠠᠦ᠋ᠲ᠋ᠣ ᠵᠢᠯᠣᠭᠤᠳᠬᠤ ᠪᠣᠳᠣᠬᠤ ᠠᠷᠭ᠎ᠠ ᠶᠢᠨ ᠪᠣᠯᠪᠠᠰᠤᠷᠠᠯ ᠵᠡᠷᠭᠡ | ᠲᠤᠷᠱᠢᠯᠲᠠ ᠶᠢᠨ ᠲᠠᠯᠠᠪᠠᠢ ᠪᠠᠢᠭᠤᠯᠬᠤ ᠶᠢ ᠳᠡᠮᠵᠢᠵᠦ᠂ ᠦᠢᠯᠡᠴᠢᠯᠡᠭᠡᠨ ᠤ ᠲᠣᠭᠠᠴᠠᠯᠠᠭᠰᠠᠨ ᠬᠡᠯᠪᠡᠷᠢ ᠶᠢᠨ | ᠬᠤᠪᠢᠷᠠᠭᠤᠯᠤᠯᠲᠠ ᠳᠤ ᠦᠢᠯᠡᠴᠢᠯᠡᠨ᠎ᠡ᠃ ᠡᠯ᠎ᠡ ᠠᠶᠢᠮᠠᠭ ᠬᠤᠲᠠ ᠶᠢᠨ ᠬᠢᠨ ᠣᠶᠤᠨᠴᠢ ᠳᠠᠮᠵᠢᠭᠤᠯᠭ᠎ᠠ᠂ ᠲᠣᠮᠣ ᠳ᠋ᠠᠶᠢᠲ᠋ᠠ᠂ | ᠡᠭᠦᠯᠡᠨ ᠪᠤᠳᠤᠯᠲᠠ᠂ ᠵᠠᠬ᠎ᠠ ᠬᠢᠵᠠᠭᠠᠷ ᠤᠨ ᠪᠣᠳᠣᠯᠲᠠ᠂ ᠵᠣᠬᠢᠶᠠᠮᠠᠯ ᠣᠶᠤᠨ ᠴᠢᠳᠠᠪᠤᠷᠢ᠂ ᠲᠣᠭᠠᠴᠢᠯᠠᠭᠰᠠᠨ ᠢᠬᠡᠷ᠎ᠡ ᠵᠡᠷᠭᠡ | ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠬᠢᠭᠡᠳ ᠤᠯᠠᠮᠵᠢᠯᠠᠯᠲᠤ ᠰᠠᠭᠤᠷᠢ ᠪᠡᠯᠡᠳᠬᠡᠮᠵᠢ ᠶᠢ | ᠠᠭᠤᠰᠤᠯᠴᠠᠭᠤᠯᠤᠨ ᠬᠥᠭᠵᠢᠭᠦᠯᠬᠦ᠂ ᠲᠥᠪᠯᠡᠷᠡᠭᠦᠯᠦᠨ ᠰᠢᠨ᠎ᠡ ᠶᠢ ᠡᠭᠦᠳᠬᠦ ᠶᠢ ᠠᠬᠢᠭᠤᠯᠵᠤ᠂ ᠵᠠᠮ ᠬᠠᠷᠢᠯᠴᠠᠭ᠎ᠠ᠂ | ᠪᠠᠷᠠᠭᠠᠨ ᠤ ᠭᠦᠢᠯᠭᠡᠭᠡ᠂ ᠡᠨᠧᠷᠭᠢ᠂ ᠤᠰᠤᠨ ᠠᠰᠢᠭᠯᠠᠯᠲᠠ᠂ ᠬᠤᠲᠠ ᠶᠢᠨ ᠶᠠᠪᠤᠳᠠᠯ ᠵᠡᠷᠭᠡ ᠤᠯᠠᠮᠵᠢᠯᠠᠯᠲᠤ ᠰᠠᠭᠤᠷᠢ | ᠪᠡᠯᠡᠳᠬᠡᠮᠵᠢ ᠶᠢᠨ ︽ᠲᠣᠭᠠᠴᠢᠯᠠᠬᠤ︾᠂ ︽ᠣᠶᠤᠨᠴᠢ︾ ᠶᠢᠨ ᠳᠡᠰ ᠳᠡᠪᠰᠢᠬᠦ ᠶᠢ ᠠᠬᠢᠭᠤᠯᠤᠨ᠎ᠠ᠃ | ︵ᠵᠢᠷᠭᠤᠭ᠎ᠠ︶ ᠬᠥᠭᠵᠢᠯᠲᠡ ᠶᠢᠨ ᠡᠯᠧᠮᠧᠨ᠋ᠲ ᠤᠨ ᠲᠤᠯᠭᠠᠭᠤᠷᠢᠯᠠᠯ ᠢ ᠴᠢᠩᠭᠠᠳᠬᠠᠨ᠎ᠠ᠃ ᠲᠣᠭᠠᠴᠢᠯᠠᠭᠰᠠᠨ ᠠᠮᠤᠷ | ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠵᠤ᠂ ᠲᠣᠭᠠᠴᠢᠯᠠᠭᠰᠠᠨ ᠠᠵᠤ ᠠᠬᠤᠢ ᠶᠢᠨ ᠬᠦᠷᠢᠶᠡᠨ ᠤ ᠬᠠᠤᠯᠢ | ᠲᠣᠭᠲᠠᠭᠠᠯᠲᠠ ᠶᠢ ᠠᠬᠢᠭᠤᠯᠵᠤ᠂ ᠪᠠᠷᠢᠮᠵᠢᠶ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠵᠦ᠂ ᠲᠦᠷᠦ ᠶᠢᠨ | ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠦᠷᠭᠦᠯᠵᠢᠯᠡᠨ ᠠᠬᠢᠭᠤᠯᠵᠤ᠂ | ᠭᠠᠵᠠᠷ ᠰᠢᠷᠣᠢ᠂ ᠪᠡᠯᠡ ᠮᠥᠩᠭᠦ᠂ ᠮᠡᠷᠭᠡᠵᠢᠯ᠂ ᠴᠢᠳᠠᠪᠤᠷᠢᠲᠠᠨ ᠵᠡᠷᠭᠡ ᠡᠬᠢ ᠪᠠᠶᠠᠯᠢᠭ ᠤᠨ ᠡᠯᠧᠮᠧᠨ᠋ᠲ ᠤᠨ ᠲᠣᠭᠠᠴᠢᠯᠠᠭᠰᠠᠨ | ᠠᠵᠤ ᠠᠬᠤᠢ ᠶᠢᠨ ᠠᠵᠤ ᠦᠢᠯᠡᠰ ᠲᠡᠶᠢᠰᠢ ᠲᠦᠷᠭᠡᠨ ᠲᠥᠪᠯᠡᠷᠡᠬᠦ ᠶᠢ ᠬᠦᠳᠦᠯᠦᠨ ᠵᠢᠯᠣᠭᠤᠳᠴᠤ᠂ ᠲᠣᠭᠠᠴᠢᠯᠠᠭᠰᠠᠨ ᠠᠵᠤ | ᠠᠬᠤᠢ ᠶᠢᠨ ᠰᠠᠶᠢᠨ ᠰᠠᠶᠢᠬᠠᠨ ᠬᠥᠭᠵᠢᠯᠲᠡ ᠶᠢᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ᠃ | 1. ᠬᠥᠭᠵᠢᠯᠲᠡ ᠶᠢᠨ ᠠᠮᠤᠷ ᠲᠦᠪᠰᠢᠨ ᠢ ᠪᠠᠲᠤᠯᠠᠨ᠎ᠠ᠃ ᠠᠮᠤᠷ ᠲᠦᠪᠰᠢᠨ ᠤ ᠰᠠᠭᠤᠷᠢ ᠶᠢ ᠪᠠᠬᠢᠵᠢᠭᠦᠯᠵᠦ᠂ | ᠴᠢᠮᠡᠭᠡ ᠬᠤᠯᠪᠣᠭᠠᠨ ᠤ ᠰᠦᠯᠵᠢᠶ᠎ᠡ᠂ ᠲᠤᠭ᠎ᠠ ᠪᠠᠷᠢᠮᠲᠠ ᠶᠢᠨ ᠲᠥᠪ ᠵᠡᠷᠭᠡ ᠵᠠᠩᠭᠢᠯᠠᠭ᠎ᠠ ᠶᠢᠨ ᠰᠠᠭᠤᠷᠢ ᠲᠥᠬᠦᠭᠡᠷᠦᠮᠵᠢ ᠶᠢᠨ | ᠠᠮᠤᠷ ᠲᠦᠪᠰᠢᠨ ᠤ ᠤᠶᠠᠨ ᠬᠠᠳᠠᠨ ᠴᠢᠨᠠᠷ ᠢ ᠴᠢᠩᠭᠠᠳᠬᠠᠵᠤ᠂ ᠬᠠᠮᠲᠤ ᠪᠠᠷ ᠪᠠᠶᠢᠭᠤᠯᠬᠤ᠂ ᠬᠠᠮᠲᠤ ᠪᠠᠷ ᠡᠳ᠋ᠯᠡᠬᠦ᠂ | ᠬᠠᠮᠲᠤ ᠪᠠᠷ ᠬᠡᠷᠡᠭᠯᠡᠬᠦ᠂ ᠬᠠᠮᠲᠤ ᠪᠠᠷ ᠬᠠᠮᠠᠭᠠᠯᠠᠬᠤ ᠰᠦᠯᠵᠢᠶᠡᠨ ᠤ ᠠᠮᠤᠷ ᠲᠦᠪᠰᠢᠨ ᠤ ᠬᠠᠮᠵᠢᠯᠴᠠᠨ ᠰᠡᠷᠭᠡᠶᠢᠯᠡᠨ | ᠬᠠᠮᠠᠭᠠᠯᠠᠬᠤ ᠰᠢᠰᠲ᠋ᠧᠮ ᠢ ᠪᠠᠶᠢᠭᠤᠯᠤᠨ᠎ᠠ᠃ ᠲᠦᠷᠢᠮ ᠲᠦᠷᠢᠮ ᠢ ᠲᠡᠭᠦᠯᠳᠡᠷᠵᠢᠭᠦᠯᠵᠦ᠂ ᠳ᠋ᠠᠶᠢᠲ᠋ᠠ ᠶᠢᠨ ᠠᠮᠤᠷ ᠲᠦᠪᠰᠢᠨ ᠤ | ᠦᠢᠯᠡᠳᠬᠦᠨ ᠤ ᠭᠠᠷᠴᠠᠭ ᠪᠠ ᠮᠡᠷᠭᠡᠵᠢᠯ ᠤᠨ ᠨᠠᠷᠢᠨ ᠲᠠᠩᠰᠠ ᠶᠢ ᠪᠠᠶᠢᠭᠤᠯᠵᠤ᠂ ᠳ᠋ᠠᠶᠢᠲ᠋ᠠ ᠶᠢ ᠲᠥᠷᠥᠯ ᠬᠤᠪᠢᠶᠠᠨ ᠲᠠᠰ | ᠬᠤᠪᠢᠶᠠᠬᠤ᠂ ᠡᠬᠢ ᠪᠠᠶᠠᠯᠢᠭ ᠤᠨ ᠭᠠᠷᠴᠠᠭ ᠤᠨ ᠬᠠᠮᠢᠶᠠᠷᠤᠯᠲᠠ᠂ ᠶᠠᠰᠤ ᠴᠢᠨᠠᠷ ᠤᠨ ᠬᠠᠮᠢᠶᠠᠷᠤᠯᠲᠠ᠂ ᠰᠢᠯᠵᠢᠯᠲᠡ ᠶᠢᠨ | ᠲᠦᠭᠰᠢᠭᠦᠷᠢ ᠶᠢ ᠬᠢᠨᠠᠨ ᠰᠢᠨᠵᠢᠬᠦ ᠵᠡᠷᠭᠡ ᠳ᠋ᠠᠶᠢᠲ᠋ᠠ ᠶᠢᠨ ᠠᠮᠤᠷ ᠲᠦᠪᠰᠢᠨ ᠤ ᠪᠠᠲᠤᠯᠠᠭ᠎ᠠ ᠶᠢ ᠰᠠᠶᠢᠲᠤᠷ ᠬᠢᠵᠦ᠂ ᠠᠵᠢᠯ | ᠲᠥᠷᠥᠯ ᠤᠨ ᠳ᠋ᠠᠶᠢᠲ᠋ᠠ ᠶᠢᠨ ᠠᠮᠤᠷ ᠲᠦᠪᠰᠢᠨ ᠤ ᠵᠠᠰᠠᠯᠲᠠ ᠶᠢᠨ ᠴᠢᠳᠠᠪᠤᠷᠢ ᠶᠢ ᠴᠢᠩᠭᠠᠷᠠᠭᠤᠯᠤᠨ᠎ᠠ᠃ ᠰᠦᠯᠵᠢᠶᠡᠨ ᠤ ᠠᠮᠤᠷ | ᠲᠦᠪᠰᠢᠨ ᠤ ᠲᠠᠭᠠᠷᠢᠯᠳᠠ ᠶᠢᠨ ᠰᠡᠷᠭᠡᠶᠢᠯᠡᠯᠲᠡ ᠶᠢᠨ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ | ᠰᠦᠯᠵᠢᠶᠡᠨ ᠤ ᠠᠮᠤᠷ ᠲᠦᠪᠰᠢᠨ ᠤ ᠪᠠᠶᠢᠳᠠᠯ ᠢ ᠮᠡᠳᠡᠷᠡᠬᠦ᠂ ᠰᠠᠨᠠᠭᠠᠴᠢᠯᠠᠭ᠎ᠠ ᠠᠴᠠ ᠪᠠᠨ ᠰᠡᠷᠭᠡᠶᠢᠯᠡᠬᠦ᠂ ᠬᠢᠨᠠᠨ ᠬᠡᠮᠵᠢᠵᠦ | ᠤᠷᠢᠳᠴᠢᠯᠠᠨ ᠰᠡᠷᠡᠮᠵᠢᠯᠡᠭᠦᠯᠬᠦ᠂ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ | 2. ᠲᠥᠷᠥ ᠶᠢᠨ ᠪᠣᠳᠣᠯᠭ᠎ᠠ ᠶᠢ ᠲᠥᠬᠦᠷᠵᠢᠭᠦᠯᠬᠦ ᠪᠠᠨ ᠲᠡᠭᠦᠯᠳᠡᠷᠵᠢᠭᠦᠯᠦᠨ᠎ᠡ᠃ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠲᠣᠭᠠᠴᠢᠯᠠᠭᠰᠠᠨ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠲᠦᠷᠢᠮ︾ ᠢ | ᠨᠡᠶᠢᠲᠡᠯᠡᠬᠦ ᠶᠢ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤ ᠲᠣᠭᠠᠴᠢᠯᠠᠭᠰᠠᠨ ᠠᠵᠤ ᠠᠬᠤᠶ ᠶᠢᠨ ᠬᠥᠭᠵᠢᠯᠲᠡ ᠶᠢ | ᠲᠦᠷᠭᠡᠳᠬᠡᠨ ᠠᠬᠢᠭᠤᠯᠬᠤ ᠲᠥᠷᠥ ᠶᠢᠨ ᠪᠣᠳᠣᠯᠭ᠎ᠠ ᠨᠤᠭᠤᠳ ᠢ ᠪᠣᠳᠠᠲᠠᠶᠢᠵᠢᠭᠤᠯᠬᠤ ᠶᠢ ᠠᠬᠢᠭᠤᠯᠵᠤ᠂ ᠡᠬᠢ ᠪᠠᠶᠠᠯᠢᠭ ᠤᠨ | ᠡᠯᠧᠮᠧᠨ᠋ᠲ ᠢ ᠲᠣᠭᠠᠴᠢᠯᠠᠭᠰᠠᠨ ᠠᠵᠤ ᠠᠬᠤᠶ ᠶᠢᠨ ᠠᠵᠤ ᠦᠢᠯᠡᠰ ᠲᠤ ᠲᠥᠪᠯᠡᠷᠡᠭᠦᠯᠬᠦ ᠶᠢ ᠬᠦᠲᠦᠯᠦᠨ ᠵᠢᠯᠣᠭᠤᠳᠤᠨ᠎ᠠ᠃ | ᠭᠤᠤᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠶᠢᠨ ᠲᠤᠰᠬᠠᠶ ᠪᠠᠯᠠ ᠮᠥᠩᠭᠦ᠂ ᠥᠪᠡᠷᠲᠡᠭᠡᠨ ᠵᠠᠰᠠᠬᠤ ᠣᠷᠣᠨ ᠤ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠲᠤᠰᠬᠠᠶ ᠪᠠᠯᠠ ᠮᠥᠩᠭᠦ ᠵᠡᠷᠭᠡ ᠶᠢ ᠲᠣᠭᠠᠴᠢᠯᠠᠭᠰᠠᠨ | ᠠᠵᠤ ᠠᠬᠤᠶ ᠶᠢᠨ ᠭᠤᠤᠯᠯᠠᠬᠤ ᠠᠵᠤ ᠦᠢᠯᠡᠰ ᠪᠠ ᠠᠵᠤ ᠦᠢᠯᠡᠰ ᠤᠨ ᠲᠣᠭᠠᠴᠢᠯᠠᠭᠰᠠᠨ ᠲᠥᠷᠥᠯ ᠵᠦᠢᠯ ᠳᠠᠰᠢ | ᠬᠡᠯᠪᠠᠶᠢᠯᠭᠡᠬᠦ ᠶᠢ ᠠᠬᠢᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠣᠭᠠᠴᠢᠯᠠᠭᠰᠠᠨ ᠠᠵᠤ ᠠᠬᠤᠶ ᠶᠢᠨ ᠠᠵᠤ | ᠦᠢᠯᠡᠰ ᠤᠨ ᠬᠡᠯᠬᠢᠶ᠎ᠡ ᠶᠢᠨ ᠲᠣᠭᠤᠷᠢᠨ ᠳᠤ ᠪᠠᠯᠠ ᠮᠥᠩᠭᠦ ᠶᠢᠨ ᠬᠡᠯᠬᠢᠶ᠎ᠡ ᠪᠠᠨ ᠪᠠᠶᠢᠷᠢᠰᠢᠭᠤᠯᠬᠤ ᠶᠢ ᠵᠣᠷᠢᠭᠵᠢᠭᠤᠯᠵᠤ᠂ | ᠣᠲᠣ ᠶᠢᠨ ᠪᠠᠶᠢᠭ᠎ᠠ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠰᠠᠭᠤᠷᠢ ᠮᠥᠩᠭᠦ ᠪᠠᠷ ᠲᠣᠭᠠᠴᠢᠯᠠᠭᠰᠠᠨ ᠠᠵᠤ | ᠠᠬᠤᠶ ᠶᠢᠨ ᠬᠥᠭᠵᠢᠯᠲᠡ ᠶᠢ ᠳᠡᠮᠵᠢᠨ᠎ᠡ᠃ | 3. ᠪᠠᠷᠢᠮᠵᠢᠶ᠎ᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠬᠡᠨ᠎ᠡ᠃ ᠵᠠᠰᠠᠭ ᠤᠨ ᠣᠷᠳᠣᠨ ᠤ ᠲᠤᠭ᠎ᠠ | ᠪᠠᠷᠢᠮᠲᠠ ᠴᠤᠭᠯᠠᠭᠤᠯᠬᠤ᠂ ᠴᠢᠯᠥᠭᠡᠲᠡᠶ ᠲᠠᠯᠪᠢᠬᠤ᠂ ᠬᠠᠮᠲᠤᠪᠠᠷ ᠡᠳᠯᠡᠬᠦ᠂ ᠲᠥᠷᠥᠯ ᠬᠤᠪᠢᠶᠠᠬᠤ᠂ ᠶᠠᠰᠤ ᠴᠢᠨᠠᠷ᠂ ᠠᠮᠤᠷ | ᠲᠦᠪᠰᠢᠨ ᠤ ᠬᠠᠮᠢᠶᠠᠷᠤᠯᠲᠠ ᠵᠡᠷᠭᠡ ᠵᠠᠩᠭᠢᠯᠠᠭ᠎ᠠ ᠶᠢᠨ ᠨᠡᠶᠢᠲᠡᠯᠢᠭ ᠴᠢᠨᠠᠷᠲᠠᠶ ᠪᠠᠷᠢᠮᠵᠢᠶ᠎ᠠ ᠶᠢ ᠲᠣᠭᠲᠠᠭᠠᠵᠤ᠂ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢᠵᠢᠯᠲᠠ ᠶᠢᠨ ᠪᠠᠷᠢᠮᠵᠢᠶ᠎ᠠ ᠶᠢᠨ ᠰᠢᠰᠲ᠋ᠧᠮᠵᠢ ᠶᠢ ᠪᠠᠶᠢᠭᠤᠯᠤᠨ᠎ᠠ᠃ | ᠤᠯᠤᠰ ᠤᠨ ᠲᠤᠮᠤ ᠳ᠋ᠠᠢᠲ᠋ᠠ ᠶᠢᠨ ᠠᠷᠠᠯᠵᠢᠶ᠎ᠠ ᠵᠡᠷᠭᠡ ᠳ᠋ᠠᠢᠲ᠋ᠠ ᠶᠢᠨ ᠡᠬᠢ ᠪᠠᠶᠠᠯᠢᠭ ᠤᠨ ᠭᠦᠢᠯᠭᠡᠭᠡᠨ ᠤ ᠪᠠᠷᠢᠮᠵᠢᠶ᠎ᠠ ᠶᠢ | ᠰᠤᠳᠤᠯᠤᠨ ᠲᠣᠭᠲᠠᠭᠠᠬᠤ ᠪᠠ ᠲᠤᠷᠰᠢᠯᠲᠠ ᠶᠢᠨ ᠴᠢᠭ᠋ ᠢᠶᠠᠷ ᠵᠢᠱᠢᠶ᠎ᠡ ᠦᠵᠡᠭᠦᠯᠬᠦ ᠶᠢ ᠦᠷᠨᠢᠭᠦᠯᠵᠦ᠂ ᠳ᠋ᠠᠢᠲ᠋ᠠ ᠶᠢ ᠬᠠᠮᠲᠤᠪᠠᠷ | ᠬᠦᠷᠲᠡᠬᠦ᠂ ᠳ᠋ᠠᠢᠲ᠋ᠠ ᠶᠢ ᠠᠷᠠᠯᠵᠢᠶᠠᠯᠠᠬᠤ᠂ ᠳ᠋ᠠᠢᠲ᠋ᠠ ᠶᠢᠨ ᠡᠷᠬᠡ ᠶᠢ ᠨᠤᠲᠠᠯᠠᠨ ᠲᠣᠭᠲᠠᠭᠠᠬᠤ ᠵᠡᠷᠭᠡ ᠪᠠᠷᠢᠮᠵᠢᠶ᠎ᠠ ᠶᠢ ᠰᠤᠳᠤᠯᠤᠨ | ᠦᠢᠯᠡᠳᠦᠨ᠎ᠡ᠃ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠳ᠋ᠠᠶᠢᠲ᠋ᠠ ᠶᠢᠨ ᠲᠥᠪ ᠤᠨ ᠬᠠᠮᠢᠶ᠎ᠠ | ᠪᠥᠬᠦᠶ ᠪᠠᠷᠢᠮᠵᠢᠶ᠎ᠠ ᠶᠢ ᠰᠤᠳᠤᠯᠤᠨ ᠲᠣᠭᠲᠠᠭᠠᠬᠤ ᠪᠠ ᠲᠤᠷᠰᠢᠯᠲᠠ ᠶᠢᠨ ᠴᠢᠭ᠋ ᠢᠶᠠᠷ ᠵᠢᠱᠢᠶ᠎ᠡ ᠦᠵᠡᠭᠦᠯᠬᠦ ᠶᠢ ᠥᠷᠨᠢᠭᠦᠯᠵᠦ᠂ | ᠰᠠᠭᠤᠷᠢ ᠪᠡᠯᠡᠳᠬᠡᠮᠵᠢ ᠶᠢᠨ ᠬᠦᠷᠢᠶᠡᠨ ᠳᠠᠬᠢ ᠪᠠᠷᠢᠮᠵᠢᠶ᠎ᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ | ᠬᠢᠯᠪᠠᠷ ᠠᠴᠠ ᠬᠦᠴᠢᠷ ᠪᠣᠯᠬᠤ ᠵᠠᠷᠴᠢᠮ ᠶᠣᠰᠣᠭᠠᠷ᠂ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ | ᠠᠮᠢᠳᠤ ᠪᠣᠳᠠᠰ ᠤᠨ ᠡᠮ ᠦᠢᠯᠡᠳᠬᠦ ᠵᠡᠷᠭᠡ ᠥᠪᠡᠷᠲᠡᠭᠡᠨ ᠵᠠᠰᠠᠬᠤ ᠣᠷᠣᠨ ᠤ 14 ᠵᠤᠷᠪᠤᠰ ᠭᠤᠤᠯᠳᠠᠯᠭ᠎ᠠ ᠲᠠᠢ ᠠᠵᠤ | ᠦᠢᠯᠡᠰ ᠤᠨ ᠬᠡᠯᠬᠢᠶ᠎ᠡ ᠶᠢ ᠤᠷᠢᠳᠠᠪᠠᠷ ᠬᠡᠷᠡᠭᠵᠢᠭᠦᠯᠦᠨ ᠤᠷᠢᠳᠠᠪᠠᠷ ᠲᠤᠷᠰᠢᠵᠤ᠂ ᠨᠢᠭᠡ ᠪᠦᠯᠦᠭ ᠠᠵᠢᠯ ᠲᠥᠷᠥᠯ ᠤᠨ | ᠲᠣᠭᠠᠴᠢᠯᠠᠭᠰᠠᠨ ᠬᠡᠯᠪᠡᠷᠢ ᠪᠠᠨ ᠬᠤᠪᠢᠷᠠᠭᠤᠯᠬᠤ ᠪᠠᠷᠢᠮᠵᠢᠶ᠎ᠠ ᠶᠢ ᠰᠤᠳᠤᠯᠤᠨ ᠲᠣᠭᠲᠠᠭᠠᠵᠤ ᠬᠡᠷᠡᠭᠵᠢᠭᠦᠯᠦᠨ᠎ᠡ᠃ | 4. ᠲᠣᠭᠠᠴᠢᠯᠠᠭᠰᠠᠨ ᠴᠢᠳᠠᠪᠤᠷᠢᠲᠠᠨ ᠢ ᠣᠷᠣᠭᠤᠯᠤᠨ ᠬᠥᠮᠦᠵᠢᠭᠦᠯᠦᠨ᠎ᠡ᠃ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠰᠢᠯᠵᠢᠬᠦ ᠶᠢ ᠬᠡᠷᠡᠭᠵᠢᠭᠦᠯᠬᠦ ᠠᠷᠭ᠎ᠠ︾ ᠵᠡᠷᠭᠡ | ᠴᠢᠳᠠᠪᠤᠷᠢᠲᠠᠨ ᠢ ᠣᠷᠣᠭᠤᠯᠤᠨ ᠠᠪᠴᠢᠷᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠳᠡᠭᠡᠳᠦ ᠲᠠᠰ ᠤᠨ | ᠲᠣᠭᠠᠴᠢᠯᠠᠭᠰᠠᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠰᠤᠳᠤᠯᠤᠨ ᠨᠡᠭᠡᠭᠡᠬᠦ ᠰᠠᠭᠤᠷᠢᠨ ᠭᠠᠵᠠᠷ᠂ ᠨᠡᠭᠡᠭᠡᠯᠲᠡᠲᠦ | ᠲᠤᠷᠰᠢᠯᠲᠠ ᠶᠢᠨ ᠲᠠᠰᠤᠭ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠪᠴᠢᠭᠦᠯᠦᠭᠦᠷ ᠵᠡᠷᠭᠡ ᠶᠢ ᠪᠠᠶᠢᠭᠤᠯᠤᠨ᠎ᠠ᠃ ᠣᠷᠣᠨ ᠤ | ᠳᠣᠲᠣᠷᠠᠬᠢ ᠳᠡᠭᠡᠳᠦ ᠰᠤᠷᠭᠠᠭᠤᠯᠢ ᠶᠢᠨ ᠲᠤᠭᠠᠴᠠᠯᠠᠬᠰᠠᠨ ᠠᠵᠤ ᠠᠬᠤᠶ ᠶᠢᠨ ᠬᠠᠮᠢᠶ᠎ᠠ ᠪᠥᠬᠦᠶ ᠲᠤᠰᠬᠠᠶ ᠮᠡᠷᠭᠡᠵᠢᠯ ᠤᠨ | ᠪᠠᠶᠢᠭᠤᠯᠤᠯᠲᠠ ᠶᠢ ᠴᠢᠩᠭᠠᠳᠬᠠᠵᠤ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠲᠤᠮᠤ ᠳ᠋ᠠᠶᠢᠲ᠋ᠠ ᠵᠡᠷᠭᠡ | ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠥᠷᠨᠢᠭᠦᠯᠬᠦ ᠶᠢ ᠳᠡᠮᠵᠢᠵᠦ᠂ ᠠᠵᠤ ᠠᠬᠤᠶᠢᠯᠠᠯ ᠬᠢᠭᠡᠳ | ᠳᠡᠭᠡᠳᠦ ᠵᠡᠷᠭᠡ ᠶᠢᠨ ᠰᠤᠷᠭᠠᠭᠤᠯᠢ ᠯᠤᠭ᠎ᠠ ᠵᠠᠬᠢᠶᠠᠯᠠᠭ᠎ᠠ ᠶᠢᠨ ᠮᠠᠶ᠋ᠢᠭ ᠤᠨ ᠴᠢᠳᠠᠪᠤᠷᠢᠲᠠᠨ ᠬᠥᠮᠦᠵᠢᠭᠦᠯᠬᠦ ᠶᠢ ᠵᠣᠷᠢᠭᠵᠢᠭᠤᠯᠤᠨ᠎ᠠ᠃ | ᠨᠡᠷ᠎ᠡ ᠴᠤᠤᠲᠠᠶ IT ᠠᠵᠤ ᠠᠬᠤᠶᠢᠯᠠᠯ ᠤᠳ ᠢ ᠵᠣᠷᠢᠭᠵᠢᠭᠤᠯᠵᠤ ᠪᠠᠶᠢᠭᠠᠳ ᠣᠷᠣᠨ ᠤ ᠳᠣᠲᠣᠷᠠᠬᠢ ᠳᠡᠭᠡᠳᠦ ᠰᠤᠷᠭᠠᠭᠤᠯᠢ᠂ | ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠲᠠᠢ ᠬᠤᠯᠪᠣᠭᠠᠯᠠᠵᠤ ᠲᠤᠰᠬᠠᠶᠢᠵᠢᠭᠰᠠᠨ ᠪᠣᠯᠪᠠᠰᠤᠷᠠᠭᠤᠯᠤᠯ ᠥᠷᠨᠢᠭᠦᠯᠦᠨ᠂ | ᠪᠦᠬᠦ ᠠᠷᠠᠳ ᠤᠨ ᠲᠣᠭᠠᠵᠢᠭᠤᠯᠤᠭᠰᠠᠨ ᠬᠡᠪ ᠪᠣᠯᠪᠠᠰᠤᠷᠠᠯ ᠬᠢᠭᠡᠳ ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠦᠨ᠎ᠡ᠃ | 5. ᠲᠡᠷᠢᠭᠦᠨ ᠵᠡᠷᠭᠡ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠡᠭᠦᠳᠦᠨ ᠪᠠᠶᠢᠭᠤᠯᠤᠨ᠎ᠠ᠃ | ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠬᠥᠭᠵᠢᠯᠲᠡ ᠪᠠ | ᠠᠮᠤᠷ ᠲᠦᠪᠰᠢᠨ ᠢ ᠨᠢᠭᠡᠳᠦᠯᠲᠡᠶ ᠲᠥᠯᠥᠪᠯᠡᠨ᠂ ᠲᠣᠭᠠᠴᠢᠯᠠᠭᠰᠠᠨ ᠠᠵᠤ ᠠᠬᠤᠶ ᠶᠢᠨ ᠰᠢᠨ᠎ᠡ ᠮᠡᠷᠭᠡᠵᠢᠯ᠂ ᠰᠢᠨ᠎ᠡ ᠠᠵᠤ | ᠦᠢᠯᠡᠰ᠂ ᠰᠢᠨ᠎ᠡ ᠡᠵᠡᠩᠨᠡᠯᠲᠡ ᠶᠢᠨ ᠬᠡᠯᠪᠡᠷᠢ᠂ ᠰᠢᠨ᠎ᠡ ᠵᠠᠭᠪᠤᠷ ᠲᠤ ᠪᠠᠭᠲᠠᠭᠠᠮᠵᠢᠲᠠᠶ ᠪᠣᠯᠭᠤᠮᠵᠢᠲᠠᠶ ᠬᠠᠨᠳᠤᠨ᠎ᠠ᠃ | ᠲᠣᠭᠠᠴᠢᠯᠠᠭᠰᠠᠨ ᠵᠠᠰᠠᠭ ᠤᠨ ᠣᠷᠳᠣᠨ ᠤ 2.0 ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷᠴᠢᠯᠡᠭᠰᠡᠨ᠂ | ᠬᠠᠤᠯᠢᠵᠢᠭᠰᠠᠨ᠂ ᠲᠣᠭᠠᠴᠢᠯᠠᠭᠰᠠᠨ ᠬᠠᠮᠵᠢᠯᠴᠠᠨ ᠬᠠᠮᠢᠶᠠᠷᠤᠯᠲᠠ ᠶᠢᠨ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ | ᠢᠲᠡᠭᠡᠮᠵᠢ᠂ ︽ᠢᠨᠲ᠋ᠧᠷ ᠰᠦᠯᠵᠢᠶᠡᠨ ᠤ ᠬᠢᠨᠠᠯᠲᠠ ᠬᠠᠮᠢᠶᠠᠷᠤᠯᠲᠠ︾ ᠵᠡᠷᠭᠡ ᠰᠢᠨ᠎ᠡ ᠵᠠᠭᠪᠤᠷ ᠤᠨ ᠬᠡᠷᠡᠭᠯᠡᠯᠲᠡ ᠶᠢ | ᠭᠦᠨᠵᠡᠭᠡᠶᠢᠷᠡᠭᠦᠯᠦᠨ᠎ᠡ᠃ ᠡᠯ᠎ᠡ ᠱᠠᠲᠤᠨ ᠤ ᠵᠠᠰᠠᠭ ᠤᠨ ᠣᠷᠳᠣᠨ ᠲᠦᠷᠦᠭᠦᠯᠡᠨ ᠨᠡᠭᠡᠭᠡᠯᠲᠡ ᠬᠢᠵᠦ ᠬᠡᠷᠡᠭᠯᠡᠬᠦ ᠪᠠᠶᠢᠳᠠᠯ ᠢ | ᠨᠡᠭᠡᠭᠡᠵᠦ᠂ ᠲᠣᠭᠠᠴᠢᠯᠠᠭᠰᠠᠨ ᠠᠵᠤ ᠠᠬᠤᠶ ᠶᠢᠨ ᠰᠢᠨ᠎ᠡ ᠦᠢᠯᠡᠳᠬᠦᠨ ᠢ ᠵᠠᠰᠠᠭ ᠤᠨ ᠣᠷᠳᠣᠨ ᠬᠤᠳᠠᠯᠳᠤᠨ ᠠᠪᠬᠤ | ᠡᠷᠴᠢᠮ ᠢᠶᠠᠨ ᠴᠢᠩᠭᠠᠷᠠᠭᠤᠯᠵᠤ᠂ ᠰᠢᠨ᠎ᠡ ᠦᠢᠯᠡᠳᠬᠦᠨ᠂ ᠰᠢᠨ᠎ᠡ ᠮᠡᠷᠭᠡᠵᠢᠯ ᠢ ᠤᠷᠢᠳ ᠢᠶᠠᠷ ᠬᠡᠷᠡᠭᠯᠡᠬᠦ ᠶᠢ ᠵᠣᠷᠢᠭᠵᠢᠭᠤᠯᠵᠤ᠂ | ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠬᠥᠭᠵᠢᠭᠡᠨ᠎ᠡ᠃ | ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠃ ᠥᠪᠡᠷᠲᠡᠭᠡᠨ ᠵᠠᠰᠠᠬᠤ ᠣᠷᠣᠨ ᠤ | ᠲᠣᠭᠠᠴᠢᠯᠠᠭᠰᠠᠨ ᠠᠵᠤ ᠠᠬᠤᠶ ᠶᠢᠨ ᠬᠥᠭᠵᠢᠯᠲᠡ ᠶᠢᠨ ᠵᠣᠬᠢᠴᠠᠭᠤᠯᠬᠤ ᠲᠣᠭᠲᠠᠴᠠ ᠶᠢ ᠰᠢᠯᠢᠳᠡᠭᠵᠢᠭᠦᠯᠵᠦ᠂ | ᠬᠥᠭᠵᠢᠯᠲᠡ ᠶᠢᠨ ᠶᠠᠪᠤᠴᠠ ᠳᠤ ᠢᠯᠡᠷᠡᠭᠰᠡᠨ ᠴᠢᠬᠤᠯᠠ ᠶᠡᠭᠡ ᠠᠰᠠᠭᠤᠳᠠᠯ ᠢ ᠰᠢᠢᠳᠪᠦᠷᠢᠯᠡᠨ᠂ ᠦᠨᠡᠯᠡᠨ ᠵᠢᠱᠢᠵᠦ ᠦᠨᠡᠯᠡᠬᠦ | ᠲᠣᠭᠲᠠᠴᠠ ᠶᠢ ᠲᠡᠭᠦᠯᠳᠡᠷᠵᠢᠭᠦᠯᠵᠦ᠂ ᠣᠨ ᠤ ᠠᠵᠢᠯ ᠤᠨ ᠭᠤᠤᠯᠳᠠᠯᠭ᠎ᠠ ᠶᠢ ᠲᠣᠭᠲᠠᠭᠠᠨ᠂ ᠡᠭᠦᠷᠭᠡ ᠶᠢᠨ ᠴᠠᠭ ᠤᠨ | ᠬᠦᠰᠦᠨᠦᠭᠲᠦ᠂ ᠵᠠᠮ ᠱᠤᠭᠤᠮ ᠤᠨ ᠵᠢᠷᠤᠭ ᠢ ᠨᠠᠷᠢᠯᠢᠬᠵᠢᠭᠤᠯᠵᠤ᠂ ᠪᠥᠬᠦ ᠣᠷᠣᠨ ᠳᠠᠶᠠᠭᠠᠷ ᠬᠠᠮᠵᠢᠯᠴᠠᠨ ᠲᠤᠭᠠᠴᠠᠯᠠᠬᠰᠠᠨ | ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠰᠠᠶᠢᠨ ᠰᠠᠶᠢᠬᠠᠨ ᠪᠠᠶᠢᠷᠢᠰᠢᠯ ᠢ ᠪᠣᠶ ᠪᠣᠯᠭᠠᠨ᠎ᠠ᠃ ᠲᠤᠭᠠᠴᠢᠯᠠᠭᠰᠠᠨ ᠠᠵᠤ | ᠠᠬᠤᠶ ᠶᠢᠨ ᠲᠤᠰᠬᠠᠶ ᠮᠡᠷᠭᠡᠵᠢᠯᠲᠡᠨ ᠠᠴᠠ ᠯᠠᠪᠯᠠᠯᠭ᠎ᠠ ᠬᠢᠬᠦ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠲᠥᠯᠥᠪᠵᠢᠭᠦᠯᠭᠡ | ᠨᠠᠶᠢᠷᠠᠭᠤᠯᠤᠨ ᠵᠣᠬᠢᠶᠠᠬᠤ᠂ ᠲᠥᠷᠥ ᠶᠢᠨ ᠪᠣᠳᠣᠯᠭ᠎ᠠ ᠶᠢᠨ ᠰᠤᠳᠤᠯᠤᠯ᠂ ᠲᠥᠷᠥᠯ ᠵᠦᠢᠯ ᠢ ᠦᠨᠡᠯᠡᠨ ᠵᠢᠱᠢᠬᠦ ᠵᠡᠷᠭᠡ | ᠣᠶᠤᠨ ᠤ ᠳᠡᠮᠵᠢᠯᠭᠡ ᠶᠢ ᠴᠢᠩᠭᠠᠷᠠᠭᠤᠯᠤᠨ᠎ᠠ᠃ | ︵ᠬᠤᠶᠠᠷ︶ ᠬᠢᠨᠠᠨ ᠰᠢᠯᠭᠠᠵᠤ ᠰᠢᠯᠭᠠᠨ ᠦᠨᠡᠯᠡᠬᠦ ᠶᠢ ᠴᠢᠬᠤᠯᠠᠴᠢᠯᠠᠬᠤ ᠬᠡᠷᠡᠭᠲᠡᠶ᠃ ᠥᠪᠥᠷ ᠮᠣᠩᠭᠤᠯ ᠤᠨ | ᠲᠣᠭᠠᠴᠢᠯᠠᠭᠰᠠᠨ ᠠᠵᠤ ᠠᠬᠤᠶ ᠶᠢᠨ ᠬᠥᠭᠵᠢᠯᠲᠡ ᠶᠢᠨ ᠵᠢᠭᠠᠯᠲᠠ ᠲᠤᠭ᠎ᠠ ᠶᠢ ᠨᠠᠶᠢᠷᠠᠭᠤᠯᠤᠨ ᠵᠣᠬᠢᠶᠠᠵᠤ᠂ ᠥᠪᠥᠷ | ᠮᠣᠩᠭᠤᠯ ᠤᠨ ᠲᠣᠭᠠᠴᠢᠯᠠᠭᠰᠠᠨ ᠠᠵᠤ ᠠᠬᠤᠶ ᠶᠢᠨ ᠬᠥᠭᠵᠢᠯᠲᠡ ᠶᠢᠨ ᠵᠢᠭᠠᠯᠲᠠ ᠲᠤᠭ᠎ᠠ ᠶᠢ ᠬᠢᠨᠠᠨ ᠬᠡᠮᠵᠢᠬᠦ ᠲᠠᠪᠴᠠᠩ ᠢ | ᠪᠠᠶᠢᠭᠤᠯᠵᠤ᠂ ᠲᠣᠭᠠᠴᠢᠯᠠᠭᠰᠠᠨ ᠠᠵᠤ ᠠᠬᠤᠶ ᠶᠢᠨ ᠠᠵᠤ ᠦᠢᠯᠡᠰ ᠤᠨ ᠬᠥᠭᠵᠢᠯᠲᠡ ᠳᠤ ᠬᠥᠳᠡᠯᠦᠩᠭᠦᠶ ᠬᠢᠨᠠᠨ | ᠬᠡᠮᠵᠢᠯᠲᠡ ᠶᠢ ᠬᠡᠷᠡᠭᠵᠢᠭᠦᠯᠦᠨ᠎ᠡ᠃ ᠲᠤᠭᠠᠴᠠᠯᠠᠬᠰᠠᠨ ᠠᠵᠤ ᠠᠬᠤᠢ ᠶᠢᠨ ᠬᠥᠭᠵᠢᠯᠲᠡ ᠶᠢᠨ ᠰᠢᠯᠭᠠᠨ ᠬᠢᠨᠠᠬᠤ ᠲᠣᠭᠲᠠᠴᠠ ᠶᠢ | ᠰᠢᠯᠢᠳᠡᠭᠵᠢᠭᠦᠯᠵᠦ᠂ ᠲᠤᠭᠠᠴᠠᠯᠠᠬᠰᠠᠨ ᠠᠵᠤ ᠠᠬᠤᠢ ᠶᠢᠨ ᠤᠷᠮᠠᠰᠢᠭᠤᠯᠬᠤ ᠲᠣᠭᠲᠠᠴᠠ ᠶᠢ ᠪᠠᠶᠢᠭᠤᠯᠵᠤ᠂ ᠲᠤᠭᠠᠴᠠᠯᠠᠬᠰᠠᠨ | ᠠᠵᠤ ᠠᠬᠤᠢ ᠶᠢᠨ ᠬᠥᠭᠵᠢᠯᠲᠡ ᠶᠢ ᠠᠬᠢᠭᠤᠯᠤᠭᠰᠠᠨ ᠦᠷ᠎ᠡ ᠪᠦᠲᠦᠮᠵᠢ ᠪᠠᠷ ᠢᠯᠡᠷᠬᠡᠢ ᠠᠶᠢᠮᠠᠭ ᠬᠤᠲᠠ᠂ ᠰᠠᠯᠠᠭ᠎ᠠ | ᠮᠥᠴᠢᠷ ᠢ ᠱᠠᠩᠨᠠᠨ᠎ᠠ᠃ | ︵ᠭᠤᠷᠪᠠ︶ ᠬᠠᠮᠲᠤ ᠶᠢᠨ ᠠᠵᠢᠯᠯᠠᠭ᠎ᠠ ᠶᠢ ᠪᠠᠨ ᠭᠦᠨᠵᠡᠭᠡᠶᠢᠷᠡᠭᠦᠯᠵᠦ᠃ ᠥᠪᠡᠷᠲᠡᠭᠡᠨ ᠵᠠᠰᠠᠬᠤ ᠣᠷᠣᠨ ᠤ ᠤᠮᠠᠷᠠᠰᠢ | ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠦᠢᠯᠡᠳᠦᠯ ᠢ ᠪᠠᠳᠠᠷᠠᠭᠤᠯᠵᠤ᠂ ᠣᠷᠣᠨ ᠪᠦᠰᠡ ᠶᠢᠨ ᠴᠢᠨᠠᠷᠲᠠᠶ ᠤᠯᠠᠨ | ᠤᠯᠤᠰ ᠤᠨ ᠴᠢᠮᠡᠭᠡ ᠬᠤᠯᠪᠣᠭᠠᠨ ᠤ ᠬᠦᠢᠰᠦ ᠶᠢ ᠪᠠᠶᠢᠭᠤᠯᠵᠤ᠂ ᠲᠣᠭᠠᠴᠢᠯᠠᠭᠰᠠᠨ ᠴᠢᠯᠥᠭᠡᠲᠦ ᠠᠷᠠᠯᠵᠢᠶᠠᠨ ᠤ ᠣᠷᠣᠨ ᠢ | ᠰᠦᠪᠡᠭᠴᠢᠯᠡᠨ ᠪᠠᠶᠢᠭᠤᠯᠵᠤ᠂ ᠳ᠋ᠠᠶᠢᠲ᠋ᠠ ᠶᠢᠨ ᠬᠢᠯᠢ ᠠᠯᠤᠰᠯᠠᠨ ᠰᠢᠯᠵᠢᠬᠦ ᠪᠠ ᠲᠣᠭᠠᠴᠢᠯᠠᠭᠰᠠᠨ ᠠᠷᠠᠯᠵᠢᠶ᠎ᠠ ᠶᠢ ᠠᠬᠢᠭᠤᠯᠵᠤ᠂ | ᠲᠣᠭᠠᠴᠢᠯᠠᠭᠰᠠᠨ ᠲᠣᠷᠭᠠᠨ ᠵᠠᠮ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠤᠨ᠎ᠠ᠃ ᠤᠯᠤᠰ ᠤᠨ ︽ᠵᠡᠭᠦᠨ ᠪᠡᠶ᠎ᠡ ᠶᠢᠨ | ᠲᠤᠭ᠎ᠠ ᠶᠢ ᠪᠠᠷᠠᠭᠤᠨᠰᠢ ᠪᠤᠳᠤᠬᠤ︾ ᠢᠨᠵᠧᠨᠧᠷᠢᠩ ᠲᠠᠢ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠪᠡᠭᠡᠵᠢᠩ ᠲᠢᠶᠠᠨᠵᠢᠨ | ᠾᠧᠪᠸᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ᠂ ᠰᠧᠴᠤᠸᠠᠨ | ᠴᠦᠩᠴᠢᠩ ᠵᠡᠷᠭᠡ ᠲᠡᠷᠢᠭᠦᠨ ᠤ ᠭᠠᠵᠠᠷ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ ᠪᠠ ᠠᠵᠤ | ᠦᠢᠯᠡᠰ ᠤᠨ ᠵᠣᠯᠭᠠᠯᠴᠠᠭ᠎ᠠ ᠶᠢ ᠴᠢᠩᠭᠠᠳᠬᠠᠵᠤ᠂ ᠲᠤᠭ᠎ᠠ ᠪᠠᠷᠢᠮᠲᠠ ᠶᠢ ᠬᠠᠳᠠᠭᠠᠯᠠᠵᠤ ᠡᠳ᠋ᠰᠢᠭᠦᠯᠬᠦ᠂ ᠬᠡᠲᠦ ᠪᠣᠳᠣᠯᠭ᠎ᠠ ᠶᠢᠨ | ᠣᠶᠤᠨᠴᠢ ᠪᠣᠳᠣᠯᠲᠠ ᠪᠠ ᠡᠯᠧᠺᠳ᠋ᠷᠣᠨ ᠮᠡᠳᠡᠭᠡ ᠵᠠᠩᠭᠢ ᠶᠢᠨ ᠦᠢᠯᠡᠳᠬᠡᠯ ᠵᠡᠷᠭᠡ ᠠᠵᠤ ᠦᠢᠯᠡᠰ ᠤᠨ ᠰᠢᠯᠵᠢᠯᠲᠡ ᠶᠢ | ᠰᠠᠨᠠᠭᠠᠴᠢᠯᠠᠭ᠎ᠠ ᠠᠴᠠ ᠪᠠᠨ ᠵᠠᠯᠭᠠᠨ ᠠᠪᠤᠨ᠎ᠠ᠃ ᠣᠷᠣᠨ ᠪᠦᠰᠡ ᠶᠢᠨ ᠳᠣᠲᠣᠷᠠᠬᠢ ᠵᠣᠬᠢᠴᠠᠩᠭᠤᠶ ᠬᠥᠭᠵᠢᠯᠲᠡ ᠶᠢ | ᠠᠬᠢᠭᠤᠯᠵᠤ᠂ ᠠᠶᠢᠮᠠᠭ ᠬᠤᠲᠠ ᠶᠢᠨ ᠬᠤᠭᠤᠷᠣᠨᠳᠣ ᠲᠣᠭᠠᠴᠢᠯᠠᠭᠰᠠᠨ ᠠᠵᠤ ᠠᠬᠤᠶ ᠶᠢᠨ ᠬᠥᠭᠵᠢᠯᠲᠡ ᠶᠢᠨ ᠲᠣᠭᠲᠠᠴᠠ ᠶᠢ | ᠬᠠᠮᠲᠤ ᠪᠠᠷ ᠪᠠᠶᠢᠭᠤᠯᠬᠤ ᠪᠠ ᠬᠠᠮᠲᠤ ᠪᠠᠷ ᠡᠳ᠋ᠯᠡᠬᠦ ᠶᠢ ᠠᠬᠢᠭᠤᠯᠤᠨ᠎ᠠ᠃ | ︵ᠲᠦᠷᠪᠡ︶ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠨ᠎ᠠ᠃ ᠲᠣᠭᠠᠴᠢᠯᠠᠭᠰᠠᠨ ᠠᠵᠤ ᠠᠬᠤᠶ ᠶᠢᠨ | ᠬᠥᠭᠵᠢᠯᠲᠡ ᠶᠢ ᠺᠠᠳ᠋ᠷ ᠤᠨ ᠪᠣᠯᠪᠠᠰᠤᠷᠠᠭᠤᠯᠤᠯ ᠤᠨ ᠬᠢᠴᠢᠶᠡᠯ ᠳᠤ ᠣᠷᠣᠭᠤᠯᠵᠤ᠂ ᠡᠯ᠎ᠡ ᠱᠠᠲᠤᠨ ᠤ ᠤᠳᠤᠷᠢᠳᠬᠤ | ᠺᠠᠳ᠋ᠷᠴᠤᠳ ᠤᠨ ᠲᠣᠭᠠᠴᠢᠯᠠᠯᠲᠠ ᠶᠢ ᠣᠶᠢᠯᠠᠭᠠᠬᠤ᠂ ᠲᠣᠭᠠᠴᠢᠯᠠᠯᠲᠠ ᠶᠢ ᠠᠳᠬᠤᠬᠤ᠂ ᠲᠣᠭᠠᠴᠢᠯᠠᠯᠲᠠ ᠶᠢ ᠬᠡᠷᠡᠭᠯᠡᠬᠦ | ᠲᠣᠭᠠᠴᠢᠯᠠᠭᠰᠠᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠠᠶᠢᠯᠤᠮᠵᠢ᠂ ᠪᠣᠯᠪᠠᠰᠤᠷᠠᠭᠤᠯᠤᠯ ᠵᠡᠷᠭᠡ ᠠᠵᠢᠯᠯᠠᠭ᠎ᠠ ᠶᠢ | ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠲᠤᠭᠠᠴᠠᠯᠠᠬᠰᠠᠨ ᠠᠵᠤ ᠠᠬᠤᠶ ᠶᠢᠨ ᠠᠵᠤ ᠦᠢᠯᠡᠰ ᠤᠨ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠲᠠᠶᠢᠯᠤᠮᠵᠢ ᠶᠢ ᠴᠢᠩᠭᠠᠳᠬᠠᠨ᠂ ᠬᠥᠭᠵᠢᠯᠲᠡ ᠶᠢᠨ ᠣᠷᠴᠢᠨ ᠲᠣᠭᠤᠷᠢᠨ ᠪᠠ | ᠭᠤᠤᠯᠳᠠᠯᠭ᠎ᠠ ᠲᠠᠢ ᠠᠵᠤ ᠠᠬᠤᠶᠢᠯᠠᠯ᠂ ᠭᠤᠤᠯᠳᠠᠯᠭ᠎ᠠ ᠲᠠᠢ ᠲᠥᠷᠥᠯ ᠵᠦᠢᠯ ᠢ ᠤᠬᠠᠭᠤᠯᠤᠨ ᠮᠡᠳᠡᠭᠡᠯᠡᠬᠦ ᠡᠷᠴᠢᠮ ᠢᠶᠠᠨ | ᠴᠢᠩᠭᠠᠷᠠᠭᠤᠯᠵᠤ᠂ ᠲᠤᠭᠠᠴᠠᠯᠠᠬᠰᠠᠨ ᠠᠵᠤ ᠠᠬᠤᠶ ᠶᠢᠨ ᠬᠥᠭᠵᠢᠯᠲᠡ ᠶᠢᠨ ᠲᠤᠷᠰᠢᠯᠭ᠎ᠠ ᠶᠢ ᠰᠣᠯᠢᠯᠴᠠᠵᠤ ᠤᠬᠠᠭᠤᠯᠤᠨ᠎ᠠ᠃ | | ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠤᠨ ᠮᠡᠳᠡᠭᠳᠡᠯ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠡ ᠳᠤ᠄ | ᠶᠡᠷᠦᠩᠬᠡᠶ ᠱᠦᠵᠢ ᠰᠢ ᠶᠢᠨ ᠫᠢᠩ ᠤᠨ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠦᠨᠡᠨ | ᠬᠦ ᠠᠳᠬᠤᠵᠤ ᠦᠷ᠎ᠡ ᠪᠦᠲᠦᠮᠵᠢ ᠭᠠᠷᠭᠠᠬᠤ ᠪᠠ ᠥᠪᠥᠷ ᠮᠣᠩᠭᠤᠯ ᠳᠤ ᠲᠤᠬᠠᠶ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠶ ᠲᠤᠭᠤᠰᠢᠯᠠᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ | ᠵᠠᠰᠠᠭ ᠤᠨ ᠣᠷᠳᠣᠨ ᠤ ᠦᠷ᠎ᠡ ᠶᠢᠨ ᠦᠢᠯᠡᠰ ᠤᠨ ᠠᠵᠢᠯ ᠤᠨ ᠲᠤᠬᠠᠶ ᠪᠣᠳᠠᠲᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ | ᠬᠢᠨᠠᠮᠠᠭᠠᠶ ᠨᠠᠶᠢᠳᠠᠪᠤᠷᠢᠵᠢᠭᠤᠯᠵᠤ᠂ ︽ᠦᠷ᠎ᠠ ᠶᠢ ᠬᠠᠮᠠᠭᠠᠯᠠᠬᠤ᠂ ᠡᠭᠦᠯᠳᠡᠷ ᠪᠤᠶᠢᠵᠢᠭᠤᠯᠬᠤ᠂ ᠦᠷ᠎ᠡ ᠪᠤᠶᠢᠵᠢᠭᠤᠯᠬᠤ᠂ ᠦᠷ᠎ᠡ | ᠬᠡᠷᠡᠭᠯᠡᠬᠦ︾ ᠵᠡᠷᠭᠡ 4 ᠵᠠᠩᠭᠢᠯᠠᠭ᠎ᠠ ᠶᠢᠨ ᠭᠤᠭᠴᠤᠭ᠎ᠠ ᠶᠢ ᠳᠣᠪᠤᠶᠢᠯᠭᠠᠨ᠂ ︽ᠭᠠᠵᠠᠷ᠂ ᠤᠰᠤ᠂ ᠦᠷ᠎ᠡ᠂ ᠠᠮᠤ᠂ ᠮᠢᠬ᠎ᠠ᠂ | ᠰᠦ︾ ᠵᠡᠷᠭᠡ 6 ᠭᠤᠤᠯᠳᠠᠯᠭ᠎ᠠ ᠲᠠᠢ ᠡᠭᠦᠷᠭᠡ ᠶᠢ ᠳᠣᠪᠤᠶᠢᠯᠭᠠᠨ᠂ ᠦᠷ᠎ᠡ ᠶᠢᠨ ᠦᠢᠯᠡᠰ ᠤᠨ ᠬᠥᠭᠵᠢᠯᠲᠡ ᠶᠢᠨ | ᠪᠣᠭᠤᠮᠢ ᠶᠢᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠵᠠᠰᠠᠭ ᠤᠨ ᠣᠷᠳᠣᠨ ᠤ ᠦᠢᠯᠡᠳᠦᠯ ᠢ ᠢᠳᠡᠪᠬᠢᠲᠡᠶ | ᠪᠠᠳᠠᠷᠠᠭᠤᠯᠤᠨ᠂ ᠠᠵᠤ ᠠᠬᠤᠶᠢᠯᠠᠯ᠂ ᠰᠤᠳᠤᠯᠤᠨ ᠨᠡᠭᠡᠭᠡᠬᠦ ᠪᠠᠶᠢᠭᠤᠯᠤᠮᠵᠢ᠂ ᠮᠠᠯᠵᠢᠬᠤ ᠲᠠᠷᠢᠶᠠᠯᠠᠬᠤ ᠡᠷᠦᠬᠡ ᠶᠢᠨ ᠰᠠᠭᠠᠳ | ᠥᠬᠡᠶ ᠵᠣᠯᠭᠠᠭᠤᠯᠬᠤ᠂ ᠨᠢᠭᠲᠠ ᠬᠠᠮᠲᠤᠷᠠᠯᠴᠠᠬᠤ ᠶᠢ ᠠᠬᠢᠭᠤᠯᠵᠤ᠂ ᠦᠷ᠎ᠡ ᠶᠢᠨ ᠦᠢᠯᠡᠰ ᠤᠨ ᠡᠯ᠎ᠡ ᠭᠤᠤᠯ ᠴᠣᠭᠴᠠ᠂ | ᠡᠯ᠎ᠡ ᠭᠤᠭᠴᠤᠭ᠎ᠠ ᠶᠢ ᠨᠢᠭᠡ ᠨᠢᠭᠡ ᠪᠠᠷ ᠪᠥᠬᠦ ᠬᠡᠯᠬᠢᠶ᠎ᠡ ᠪᠠᠷ ᠬᠥᠭᠵᠢᠭᠦᠯᠬᠦ ᠶᠢ ᠠᠬᠢᠭᠤᠯᠵᠤ᠂ ᠤᠯᠤᠰ ᠤᠨ ᠴᠢᠬᠤᠯᠠ ᠮᠠᠯ ᠤᠨ | ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠳᠤ | ᠬᠦᠴᠦᠲᠡᠶ ᠲᠤᠯᠭᠠᠭᠤᠷᠢᠯᠠᠯ ᠬᠠᠩᠭᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠡᠳ᠂ ᠡᠳᠦᠭᠡ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠳᠡᠮᠵᠢᠬᠦ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠳᠣᠤᠷᠠᠬᠢ ᠮᠡᠲᠦ ᠮᠡᠳᠡᠭᠳᠡᠶ᠎ᠡ᠃ | ᠨᠢᠭᠡ᠂ ᠬᠢᠨᠠᠨ ᠲᠣᠭᠲᠠᠭᠠᠬᠤ ᠶᠢ ᠠᠳᠬᠤᠨ ᠬᠠᠮᠲᠤᠪᠠᠷ ᠭᠥᠷᠳᠡᠬᠦ ᠶᠢ ᠠᠬᠢᠭᠤᠯᠵᠤ᠂ ᠦᠷ᠎ᠡ ᠡᠳ᠋ ᠤᠨ ᠡᠬᠢ | ᠪᠠᠶᠠᠯᠢᠭ ᠢ ᠬᠠᠮᠠᠭᠠᠯᠠᠨ ᠠᠰᠢᠭᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ | ︵ᠨᠢᠭᠡ︶ ᠲᠠᠷᠢᠮᠠᠯ ᠤᠨ ᠦᠷ᠎ᠡ ᠶᠢᠨ ᠡᠬᠢ ᠪᠠᠶᠠᠯᠢᠭ ᠢ ᠴᠤᠭᠯᠠᠭᠤᠯᠬᠤ ᠪᠠ ᠬᠢᠨᠠᠨ ᠲᠣᠭᠲᠠᠭᠠᠵᠤ ᠦᠨᠡᠯᠡᠬᠦ ᠠᠵᠢᠯ ᠢ | ᠥᠷᠨᠢᠭᠦᠯᠦᠨ᠎ᠡ᠃ ᠦᠷ᠎ᠡ ᠪᠤᠶᠢᠵᠢᠭᠤᠯᠬᠤ ᠳᠤ ᠲᠤᠯᠭᠠᠮ᠎ᠠ ᠱᠠᠭᠠᠷᠳᠠᠭᠳᠠᠵᠤ ᠪᠠᠶᠢᠭ᠎ᠠ ᠲᠠᠷᠢᠮᠠᠯ ᠤᠨ ᠦᠷ᠎ᠡ ᠶᠢᠨ ᠡᠬᠢ | ᠪᠠᠶᠠᠯᠢᠭ ᠢ ᠴᠤᠭᠯᠠᠭᠤᠯᠵᠤ᠂ ᠣᠳᠣ ᠪᠠᠶᠢᠭ᠎ᠠ ᠦᠷ᠎ᠡ ᠪᠤᠶᠢᠵᠢᠭᠤᠯᠬᠤ ᠯᠤᠭ᠎ᠠ ᠨᠢᠭᠲᠠ ᠬᠤᠯᠪᠣᠭ᠎ᠠ ᠲᠠᠢ ᠡᠷᠳᠡᠨᠢ ᠰᠢᠰᠢ᠂ | ᠰᠢᠷ᠎ᠠ ᠪᠤᠷᠴᠠᠭ᠂ ᠲᠥᠮᠥᠰᠥ᠂ ᠨᠡᠷᠡᠨ ᠬᠤᠸᠠᠷ᠂ ᠨᠠᠷᠢᠮᠤ᠂ ᠨᠣᠬᠠᠶ ᠶᠢᠨ ᠬᠤᠰᠢᠭᠤ ᠵᠡᠷᠭᠡ ᠦᠷ᠎ᠡ ᠡᠳ᠋ ᠤᠨ ᠡᠬᠢ | ᠪᠠᠶᠠᠯᠢᠭ ᠲᠤ ᠲᠠᠷᠢᠶᠠᠨ ᠭᠠᠵᠠᠷ ᠤᠨ ᠰᠢᠨᠵᠢ ᠲᠦᠷᠬᠦ᠂ ᠰᠥᠷᠬᠦ ᠶᠢ ᠡᠰᠡᠷᠭᠦᠴᠡᠬᠦ ᠴᠢᠨᠠᠷ ᠪᠠ ᠵᠠᠩᠭᠢᠯᠠᠭ᠎ᠠ ᠶᠢᠨ ᠭᠧᠨ ᠤ ᠬᠢᠨᠠᠨ | ᠲᠣᠭᠲᠠᠭᠠᠯᠲᠠ ᠬᠢᠨ᠎ᠡ᠃ ᠥᠪᠡᠷᠲᠡᠭᠡᠨ ᠵᠠᠰᠠᠬᠤ ᠣᠷᠣᠨ ᠠᠴᠠ ᠦᠷ᠎ᠡ ᠡᠳ᠋ ᠤᠨ ᠡᠬᠢ ᠪᠠᠶᠠᠯᠢᠭ ᠢ ᠴᠤᠭᠯᠠᠭᠤᠯᠬᠤ᠂ ᠬᠢᠨᠠᠨ | ᠲᠣᠭᠲᠠᠭᠠᠵᠤ ᠦᠨᠡᠯᠡᠬᠦ ᠮᠡᠷᠭᠡᠵᠢᠯ ᠤᠨ ᠪᠠᠷᠢᠮᠵᠢᠶ᠎ᠠ᠂ ᠳᠦᠷᠢᠮ ᠵᠡᠷᠭᠡ ᠶᠢ ᠲᠣᠭᠲᠠᠭᠠᠵᠤ᠂ ᠵᠢᠯ ᠪᠦᠷᠢ 2000 ᠬᠤᠪᠢ | ᠦᠷ᠎ᠡ ᠶᠢᠨ ᠴᠢᠨᠠᠷ ᠤᠨ ᠡᠬᠢ ᠪᠠᠶᠠᠯᠢᠭ ᠢ ᠬᠢᠨᠠᠨ ᠲᠣᠭᠲᠠᠭᠠᠵᠤ ᠦᠨᠡᠯᠡᠭᠡᠳ ᠡᠭᠦᠯᠳᠡᠷ ᠪᠤᠶᠢᠵᠢᠭᠤᠯᠬᠤ ᠰᠢᠨ᠎ᠡ ᠶᠢ | ᠡᠭᠦᠳᠬᠦ ᠳᠤ ᠰᠢᠯᠢᠳᠡᠭ ᠦᠷ᠎ᠡ ᠡᠳ᠋ ᠤᠨ ᠳᠡᠮᠵᠢᠯᠭᠡ ᠬᠠᠩᠭᠠᠨ᠎ᠠ᠃ ︵ᠦᠪᠡᠷᠳᠡᠭᠡᠨ ᠵᠠᠰᠠᠬᠤ ᠣᠷᠣᠨ ᠤ ᠳᠡᠷᠢᠶᠡᠯᠡᠩ ᠮᠠᠯ | ᠠᠵᠦ ᠠᠬᠤᠢ ᠶᠢᠨ ᠳᠢᠩᠬᠢᠮ᠂ ᠡᠯ᠎ᠠ ᠠᠶᠢᠮᠠᠭ ᠤᠨ ᠵᠠᠬᠢᠷᠭ᠎ᠠ᠂ ᠬᠤᠳᠡ ᠶᠢᠨ ᠠᠷᠡᠳ ᠤᠨ ᠵᠠᠰᠠᠭ ᠤᠨ ᠣᠷᠳᠣᠨ ᠨᠢ ᠡᠬᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠡᠷᠢᠯᠡᠯ ᠶᠣᠰᠣᠭᠠᠷ ᠬᠠᠷᠢᠭᠤᠴᠠᠨ᠎ᠠ︔ ᠲᠣᠷᠣᠠᠠᠰᠢ ᠡᠯ᠎ᠠ ᠵᠦᠢᠯ ᠤᠨ ᠡᠬᠦᠷᠭᠡ ᠶᠢ | ᠴᠦᠮ ᠡᠯ᠎ᠠ ᠠᠶᠢᠮᠠᠭ ᠤᠨ ᠵᠠᠬᠢᠷᠭ᠎ᠠ᠂ ᠬᠤᠳᠡ ᠶᠢᠨ ᠠᠷᠡᠳ ᠤᠨ ᠵᠠᠰᠠᠭ ᠤᠨ ᠣᠷᠳᠣᠨ ᠨᠡᠶᠢᠳᠡᠪᠦᠷᠢᠵᠢᠭᠤᠯᠬᠤ ᠴᠢᠬᠤᠯᠠᠳᠡᠢ᠂ | ᠳᠡᠬᠢᠵᠦ ᠵᠢᠠᠠᠰᠠᠭᠠᠬᠤ ᠦᠭᠡᠢ︶ | ︵ᠬᠤᠶᠠᠷ︶ ᠮᠠᠯ ᠵᠢᠭᠦᠷᠲᠡᠨ ᠤ ᠡᠭᠦᠯᠳᠡᠷ ᠬᠠᠮᠠᠭᠠᠯᠠᠬᠤ ᠪᠠ ᠤᠳᠤᠮᠯᠠᠯ ᠤᠨ ᠮᠠᠲ᠋ᠧᠷᠢᠶᠠᠯ ᠴᠤᠭᠯᠠᠭᠤᠯᠤᠨ ᠬᠢᠨᠠᠨ | ᠲᠣᠭᠲᠠᠭᠠᠬᠤ ᠶᠢ ᠥᠷᠨᠢᠭᠦᠯᠦᠨ᠎ᠡ᠃ ᠮᠠᠭᠠᠳᠯᠠᠨ ᠲᠤᠨᠨᠳᠠᠭᠠᠬᠤ ᠶᠢ ᠲᠡᠮᠵᠢᠵᠦ ᠪᠠᠶᠢᠭ᠎ᠠ ᠤᠯᠤᠰ ᠪᠠ ᠦᠪᠡᠷᠳᠡᠬᠡᠨ ᠵᠠᠰᠠᠬᠤ | ᠤᠷᠤᠨ ᠤ ᠲᠡᠰ ᠤᠨ ᠡᠭᠦᠯᠳᠡᠷ ᠬᠠᠮᠠᠭᠠᠯᠠᠬᠤ ᠲᠠᠯᠠᠪᠠᠢ ︵ᠲᠤᠭᠤᠷᠢᠭ︶ ᠣᠨᠴᠠᠯᠢᠭ ᠲᠠᠢ᠂ ᠬᠤᠪᠣᠷ ᠴᠤᠬᠠᠭ᠂ ᠮᠥᠬᠦᠬᠦ | ᠰᠢᠬᠠᠭᠰᠠᠨ ᠣᠷᠣᠨ ᠨᠤᠲᠤᠭ ᠤᠨ ᠲᠥᠷᠥᠯ ᠵᠦᠢᠯ ᠳᠤ ᠠᠮᠢᠳᠤ ᠪᠡᠶ᠎ᠡ ᠶᠢᠨ ᠬᠠᠮᠠᠭᠠᠯᠠᠯᠲᠠ ᠬᠢᠵᠦ᠂ ᠮᠣᠩᠭᠤᠯ ᠦᠬᠡᠷ᠂ | ᠮᠣᠩᠭᠤᠯ ᠮᠣᠷᠢ᠂ ᠬᠤᠤᠰ ᠪᠥᠬᠦᠲᠦ ᠲᠡᠮᠡᠭᠡ᠂ ᠪᠣᠷᠣᠲᠣᠬᠤᠶ ᠲᠣᠮᠣ ᠴᠢᠬᠢᠲᠦ ᠭᠠᠭ᠋ᠠᠶ ᠵᠡᠷᠭᠡ 80 ᠲᠦᠮᠡᠨ ᠲᠥᠭᠦᠷᠢᠭ᠂ | ᠮᠣᠩᠭᠤᠯ ᠬᠤᠨᠢ᠂ ᠨᠣᠯᠤᠤᠷ ᠤᠨ ᠢᠮᠠᠭ᠎ᠠ᠂ ᠴᠠ ᠪᠤᠭᠤ ᠵᠡᠷᠭᠡ 40 ᠲᠦᠮᠡᠨ ᠲᠥᠭᠦᠷᠢᠭ᠂ ᠵᠠᠬ᠎ᠠ ᠶᠢᠨ ᠲᠠᠬᠢᠶ᠎ᠠ᠂ ᠵᠥᠭᠡᠶ᠂ | ᠬᠦᠷᠢ ᠵᠡᠷᠭᠡ 20 ᠲᠦᠮᠡᠨ ᠲᠥᠭᠦᠷᠢᠭ ᠤᠨ ᠪᠠᠷᠢᠮᠵᠢᠶ᠎ᠠ ᠶᠣᠰᠣᠭᠠᠷ ᠨᠥᠬᠦᠪᠥᠷᠢ ᠣᠯᠭᠤᠨ᠎ᠠ᠃ ᠤᠳᠤᠮᠯᠠᠯ ᠤᠨ ᠮᠠᠲ᠋ᠧᠷᠢᠶᠠᠯ ᠢ | ᠴᠤᠭᠯᠠᠭᠤᠯᠵᠤ ᠦᠢᠯᠡᠳᠬᠦ ᠪᠠ ᠭᠧᠨ ᠢ ᠠᠭᠤᠳᠠᠯᠵᠤ ᠰᠢᠯᠭᠠᠨ ᠲᠣᠭᠲᠠᠭᠠᠬᠤ ᠠᠵᠢᠯ ᠥᠷᠨᠢᠭᠦᠯᠬᠦ ᠶᠢ ᠳᠡᠮᠵᠢᠨ᠎ᠡ᠃ | ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ᠂ ᠰᠢᠨᠵᠢᠯᠡᠬᠦ ᠤᠬᠠᠭᠠᠨ ᠮᠡᠷᠭᠡᠵᠢᠯ ᠤᠨ | ᠲᠢᠩᠬᠢᠮ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠭᠤᠷᠪᠠ︶ ᠥᠪᠡᠷᠲᠡᠭᠡᠨ ᠵᠠᠰᠠᠬᠤ ᠣᠷᠣᠨ ᠤ ᠲᠣᠭᠠᠴᠢᠯᠠᠭᠰᠠᠨ ᠦᠷ᠎ᠡ ᠡᠳ᠋ ᠤᠨ ᠡᠬᠢ ᠪᠠᠶᠠᠯᠢᠭ ᠤᠨ ᠬᠥᠮᠥᠷᠭᠡ ᠶᠢ | ᠪᠠᠶᠢᠭᠤᠯᠬᠤ ᠬᠡᠷᠡᠭᠲᠡᠶ᠃ ᠦᠷ᠎ᠡ ᠡᠳ᠋ ᠤᠨ ᠡᠬᠢ ᠪᠠᠶᠠᠯᠢᠭ ᠢ ᠳᠠᠩᠰᠠᠯᠠᠨ ᠲᠡᠮᠳᠡᠭᠯᠡᠬᠦ ᠬᠠᠮᠢᠶᠠᠷᠤᠯᠲᠠ ᠶᠢᠨ ᠳᠦᠷᠢᠮ ᠢ | ᠲᠡᠭᠦᠯᠳᠡᠷᠵᠢᠭᠦᠯᠵᠦ᠂ ᠡᠬᠢ ᠪᠠᠶᠠᠯᠢᠭ ᠤᠨ ᠬᠥᠮᠥᠷᠭᠡ ᠶᠢ ᠬᠠᠮᠲᠤᠪᠠᠷ ᠪᠠᠶᠢᠭᠤᠯᠤᠨ ᠬᠠᠮᠲᠤᠪᠠᠷ ᠡᠳᠯᠡᠬᠦ ᠲᠣᠭᠲᠠᠴᠠ ᠶᠢ | ᠪᠠᠶᠢᠭᠤᠯᠤᠨ᠂ ᠥᠪᠡᠷᠲᠡᠭᠡᠨ ᠵᠠᠰᠠᠬᠤ ᠣᠷᠣᠨ ᠠᠴᠠ ᠴᠤᠭᠯᠠᠭᠤᠯᠤᠭᠰᠠᠨ᠂ ᠬᠢᠨᠠᠨ ᠲᠣᠭᠲᠠᠭᠠᠵᠤ ᠦᠨᠡᠯᠡᠭᠰᠡᠨ ᠦᠷ᠎ᠡ | ᠡᠳ᠋ ᠤᠨ ᠡᠬᠢ ᠪᠠᠶᠠᠯᠢᠭ ᠤᠨ ᠲᠤᠭ᠎ᠠ ᠪᠠᠷᠢᠮᠲᠠ ᠶᠢ ᠪᠦᠬᠦᠨ ᠢ ᠨᠢᠭᠡᠳᠦᠯᠲᠡᠶ ᠲᠣᠭᠠᠴᠢᠯᠠᠭᠰᠠᠨ ᠦᠷ᠎ᠡ ᠡᠳ᠋ ᠤᠨ ᠡᠬᠢ | ᠪᠠᠶᠠᠯᠢᠭ ᠤᠨ ᠬᠥᠮᠥᠷᠭᠡ ᠳᠤ ᠣᠷᠣᠭᠤᠯᠵᠤ᠂ ᠠᠵᠤ ᠠᠬᠤᠶᠢᠯᠠᠯ᠂ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ | ᠰᠤᠳᠤᠯᠤᠯ ᠤᠨ ᠬᠦᠷᠢᠶᠡᠯᠡᠩ ᠭᠠᠵᠠᠷ ᠵᠡᠷᠭᠡ ᠶᠢ ᠵᠣᠷᠢᠭᠵᠢᠭᠤᠯᠤᠨ ᠣᠳᠣ ᠪᠠᠶᠢᠭ᠎ᠠ ᠦᠷ᠎ᠡ ᠡᠳ᠋ ᠤᠨ ᠡᠬᠢ ᠪᠠᠶᠠᠯᠢᠭ ᠤᠨ | ᠮᠡᠳᠡᠭᠡ ᠵᠠᠩᠭᠢ ᠶᠢ ᠲᠠᠪᠴᠠᠩ ᠳᠤ ᠣᠷᠣᠭᠤᠯᠵᠤ᠂ ︽ᠨᠢᠭᠡ ᠡᠬᠢ ᠪᠠᠶᠠᠯᠢᠭ ᠨᠢᠭᠡ ᠪᠡᠶ᠎ᠡ ᠭᠠᠷᠤᠯ︾ ᠢ ᠪᠡᠶᠡᠯᠡᠭᠦᠯᠦᠨ᠎ᠡ᠃ | ᠦᠷ᠎ᠡ ᠡᠳ᠋ ᠤᠨ ᠡᠬᠢ ᠪᠠᠶᠠᠯᠢᠭ ᠢ ᠬᠠᠮᠲᠤᠪᠠᠷ ᠡᠳ᠋ᠯᠡᠵᠦ ᠠᠰᠢᠭᠯᠠᠬᠤ ᠲᠣᠭᠲᠠᠴᠠ ᠶᠢ ᠪᠠᠶᠢᠭᠤᠯᠤᠨ᠂ ᠡᠬᠢ ᠪᠠᠶᠠᠯᠢᠭ ᠢ | ᠬᠠᠮᠲᠤᠪᠠᠷ ᠡᠳᠯᠡᠬᠦ ᠠᠰᠢᠭᠯᠠᠬᠤ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ᠂ ᠦᠷ᠎ᠡ ᠡᠳ᠋ ᠤᠨ ᠡᠬᠢ ᠪᠠᠶᠠᠯᠢᠭ ᠢ | ᠢᠯᠡ ᠪᠠᠷ ᠠᠷᠠᠯᠵᠢᠶᠠᠯᠠᠬᠤ ᠶᠢ ᠲᠦᠯᠬᠢᠨ ᠠᠬᠢᠭᠤᠯᠵᠤ᠂ ᠰᠣᠯᠢᠯᠴᠠᠬᠤ᠂ ᠰᠢᠯᠵᠢᠭᠦᠯᠦᠨ ᠥᠭᠬᠦ᠂ ᠵᠥᠪᠰᠢᠶᠡᠷᠡᠬᠦ᠂ | ᠬᠠᠩᠰᠢᠯᠠᠵᠤ ᠬᠤᠪᠢ ᠣᠷᠣᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠠᠮᠲᠤᠪᠠᠷ ᠡᠳᠯᠡᠵᠦ ᠠᠰᠢᠭᠯᠠᠬᠤ ᠶᠢ | ᠵᠣᠷᠢᠭᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠠᠴᠠ ᠮᠠᠭᠠᠳᠯᠠᠨ ᠲᠣᠭᠲᠠᠭᠠᠭᠰᠠᠨ ᠦᠷ᠎ᠡ ᠶᠢᠨ ᠡᠬᠢ ᠪᠠᠶᠠᠯᠢᠭ ᠤᠨ | ᠬᠥᠮᠥᠷᠭᠡ ᠶᠢ ᠵᠢᠯ ᠪᠦᠷᠢ ᠬᠤᠪᠢᠶᠠᠨ ᠲᠠᠷᠬᠠᠭᠠᠬᠤ ᠪᠤᠶᠤ ᠰᠣᠯᠢᠯᠴᠠᠬᠤ ᠡᠬᠢ ᠪᠠᠶᠠᠯᠢᠭ ᠢ 50 ᠬᠤᠪᠢ ᠠᠴᠠ ᠳᠣᠤᠷ᠎ᠠ | ᠪᠠᠶᠢᠯᠭᠠᠵᠤ ᠪᠣᠯᠬᠤ ᠦᠭᠡᠶ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ | ᠮᠠᠯᠵᠢᠬᠤ ᠣᠷᠣᠨ ᠤ ᠲᠢᠩᠬᠢᠮ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠬᠤᠶᠠᠷ᠂ ᠳᠠᠪᠠᠭᠤᠯᠢᠭ ᠲᠠᠯ᠎ᠠ ᠪᠠᠨ ᠳᠠᠪᠲᠠᠨ ᠪᠣᠯᠪᠠᠰᠤᠷᠠᠭᠤᠯᠵᠤ ᠳᠤᠲᠠᠭᠤᠳᠠᠯ ᠢᠶᠠᠨ ᠨᠥᠬᠦᠪᠦᠷᠢᠯᠡᠵᠦ᠂ ᠲᠣᠭᠲᠠᠭᠤᠨ | ᠪᠥᠭᠡᠳ ᠥᠨᠳᠥᠷ ᠪᠦᠲᠦᠮᠵᠢᠲᠡᠶ ᠣᠳᠣ ᠦᠶ᠎ᠡ ᠶᠢᠨ ᠦᠷ᠎ᠡ ᠪᠤᠶᠢᠵᠢᠭᠤᠯᠬᠤ ᠰᠢᠰᠲ᠋ᠧᠮ ᠢ ᠪᠠᠶᠢᠭᠤᠯᠬᠤ ᠬᠡᠷᠡᠭᠲᠡᠢ | ︵ᠲᠦᠷᠪᠡ︶ ᠠᠵᠤ ᠠᠬᠤᠶᠢᠯᠠᠯ ᠤᠨ ᠰᠢᠯᠢᠳᠡᠭ ᠢ ᠲᠡᠳᠬᠦᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ ᠠᠵᠦ | ᠠᠬᠤᠶᠢᠯᠠᠯ ᠤᠨ ᠭᠤᠤᠯ ᠴᠣᠠᠠᠴᠠ ᠶᠢᠨ ᠴᠢᠳᠠᠮᠵᠢ ᠶᠢ ᠴᠢᠩᠭᠠᠷᠡᠭᠤᠯᠥᠨ᠂ ᠬᠦᠳᠥᠴᠢ ᠠᠵᠦ ᠠᠬᠤᠶᠢᠯᠠᠯ ᠤᠨ ᠦᠷ᠎ᠠ ᠡᠳ᠋ ᠤᠨ | ᠡᠬᠢ ᠪᠠᠶᠠᠯᠢᠭ ᠢ ᠴᠣᠠᠠᠯᠠᠭᠤᠯᠬᠤ ᠪᠠ ᠵᠠᠩᠬᠢᠯᠠᠭ᠎ᠠ ᠶᠢᠨ ᠭᠤᠤᠯᠯᠠᠬᠤ ᠮᠡᠷᠭᠡᠵᠢᠯ ᠤᠨ ᠪᠤᠭᠤᠮᠳᠡ ᠰᠢᠪᠳᠣᠯᠬᠤ ᠠᠵᠢᠯ | ᠦᠷᠨᠢᠬᠦᠯᠬᠦ ᠶᠢ ᠳᠡᠮᠵᠢᠨ᠎ᠠ᠃ ᠤᠯᠤᠰ ᠤᠨ ᠦᠷ᠎ᠡ ᠶᠢᠨ ᠦᠢᠯᠡᠰ ᠤᠨ ᠵᠢᠭᠰᠠᠭᠠᠯ ᠤᠨ ᠬᠡᠯᠪᠡᠷᠢ ᠶᠢᠨ ᠠᠵᠤ ᠠᠬᠤᠶᠢᠯᠠᠯ ᠤᠨ | ︽ᠨᠢᠭᠡ ᠬᠤᠣᠰ ᠨᠢᠭᠡ︾ ᠶᠢᠨ ᠬᠠᠷᠢᠯᠴᠠᠬᠤ ᠲᠣᠭᠲᠠᠴᠠ ᠶᠢ ᠪᠠᠶᠢᠭᠤᠯᠵᠤ᠂ ︽ᠨᠢᠭᠡ ᠠᠵᠤ ᠠᠬᠤᠶᠢᠯᠠᠯ ᠳᠤ ᠨᠢᠭᠡ ᠠᠷᠭ᠎ᠠ | ᠪᠣᠳᠣᠯᠭ᠎ᠠ ᠬᠡᠷᠡᠭᠵᠢᠭᠦᠯᠬᠦ︾ ᠱᠠᠲᠤᠯᠢᠭ ᠪᠤᠶᠢᠵᠢᠯᠲᠠ ᠶᠢ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠦᠷ᠎ᠡ ᠶᠢᠨ | ᠦᠢᠯᠡᠰ ᠤᠨ ᠠᠵᠤ ᠠᠬᠤᠶᠢᠯᠠᠯ ᠤᠨ ᠬᠢᠯᠢ ᠶᠢᠨ ᠳᠣᠲᠣᠷ᠎ᠠ ᠵᠠᠬ᠎ᠠ ᠳᠡᠯᠭᠡᠭᠦᠷ ᠲᠤ ᠭᠠᠷᠬᠤ ᠶᠢ ᠵᠣᠷᠢᠭᠵᠢᠭᠤᠯᠵᠤ᠂ | ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠴᠤ ᠫᠠᠶᠢᠰᠠ ᠡᠯᠭᠦᠬᠦ ᠳᠤ ᠱᠠᠩᠨᠠᠵᠤ | ᠨᠥᠬᠦᠪᠥᠷᠢ ᠥᠭᠬᠦ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠶ᠃ ᠤᠯᠤᠰ ᠤᠨ | ᠦᠷ᠎ᠡ ᠶᠢᠨ ᠦᠢᠯᠡᠰ ᠤᠨ ᠵᠢᠭᠰᠠᠭᠠᠯ ᠤᠨ ᠬᠡᠯᠪᠡᠷᠢ ᠶᠢᠨ ᠠᠵᠤ ᠠᠬᠤᠶᠢᠯᠠᠯ᠂ ᠳᠤᠮᠳᠠᠳᠤ ᠤᠯᠤᠰ ᠤᠨ ᠦᠷ᠎ᠡ ᠶᠢᠨ | ᠨᠡᠶᠢᠭᠡᠮᠯᠢᠭ ᠤᠨ ᠢᠲᠡᠭᠡᠮᠵᠢ ᠶᠢᠨ ᠦᠨᠡᠯᠡᠯᠲᠡ 3A ᠠᠵᠤ ᠠᠬᠤᠶᠢᠯᠠᠯ᠂ ᠪᠤᠶᠢᠵᠢᠭᠤᠯᠬᠤ ᠦᠷᠡᠵᠢᠭᠦᠯᠬᠦ ᠳᠡᠯᠭᠡᠷᠡᠭᠦᠯᠬᠦ ᠶᠢ | ᠨᠢᠭᠡ ᠴᠣᠭᠴᠠᠵᠢᠭᠤᠯᠤᠭᠰᠠᠨ ᠠᠵᠤ ᠠᠬᠤᠶᠢᠯᠠᠯ ᠵᠡᠷᠭᠡ ᠦᠷ᠎ᠡ ᠶᠢᠨ ᠦᠢᠯᠡᠰ ᠤᠨ ᠳᠠᠭᠠᠭᠤᠯᠤᠭᠴᠢ ᠠᠵᠤ ᠠᠬᠤᠶᠢᠯᠠᠯ ᠢ | ᠪᠤᠶᠢᠵᠢᠭᠤᠯᠬᠤ ᠶᠢ ᠳᠡᠮᠵᠢᠨ᠎ᠡ᠃ ᠳᠠᠪᠠᠭᠤᠯᠢᠭ ᠦᠷ᠎ᠡ ᠶᠢᠨ ᠦᠢᠯᠡᠰ ᠤᠨ ᠠᠵᠤ ᠠᠬᠤᠶᠢᠯᠠᠯ ᠤᠨ ᠣᠯᠠᠨ ᠤᠯᠤᠰ ᠤᠨ | ᠰᠣᠯᠢᠯᠴᠠᠭ᠎ᠠ ᠬᠠᠮᠵᠢᠯᠴᠠᠭ᠎ᠠ ᠥᠷᠨᠢᠭᠦᠯᠬᠦ ᠶᠢ ᠵᠣᠷᠢᠭᠵᠢᠭᠤᠯᠵᠤ᠂ ᠭᠠᠳᠠᠭᠠᠳᠤ ᠶᠢᠨ ᠵᠠᠬ᠎ᠠ ᠳᠡᠯᠭᠡᠭᠦᠷ ᠢ ᠢᠳᠡᠪᠬᠢᠲᠡᠶ ᠪᠠᠷ | ᠥᠷᠭᠡᠵᠢᠭᠦᠯᠦᠨ᠂ ᠳᠡᠯᠡᠬᠡᠶᠢᠵᠢᠭᠦᠯᠦᠨ ᠬᠥᠭᠵᠢᠭᠦᠯᠬᠦ ᠳᠤ ᠬᠦᠴᠦᠨ ᠨᠡᠮᠡᠷᠢᠯᠡᠬᠦ ᠬᠡᠷᠡᠭᠲᠡᠶ᠃ ︵ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ᠂ ᠡᠳ᠋ ᠤᠨ | ᠵᠠᠰᠠᠭ ᠤᠨ ᠲᠢᠩᠬᠢᠮ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ | ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠲᠠᠪᠤ︶ ᠲᠠᠷᠢᠮᠠᠯ ᠤᠨ ᠦᠷ᠎ᠡ ᠪᠤᠶᠢᠵᠢᠭᠤᠯᠵᠤ ᠰᠢᠨ᠎ᠡ ᠶᠢ ᠡᠭᠦᠳᠬᠦ ᠶᠢ ᠳᠡᠮᠵᠢᠬᠦ ᠬᠡᠷᠡᠭᠲᠡᠶ᠃ ᠥᠪᠡᠷᠲᠡᠭᠡᠨ ᠵᠠᠰᠠᠬᠤ | ᠣᠷᠣᠨ ᠤ ᠡᠭᠦᠯᠳᠡᠷ ᠪᠤᠶᠢᠵᠢᠭᠤᠯᠬᠤ ᠰᠤᠳᠤᠯᠤᠨ ᠨᠡᠭᠡᠭᠡᠬᠦ ᠰᠠᠭᠤᠷᠢ᠂ ᠣᠷᠣᠨ ᠪᠦᠰᠡ ᠶᠢᠨ ᠬᠠᠷᠢᠴᠠᠭᠤᠯᠤᠭᠰᠠᠨ ᠳᠠᠪᠠᠭᠤᠯᠢᠭ | ᠪᠠ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠷ᠎ᠠ | ᠪᠤᠷᠴᠠᠭ᠂ ᠨᠠᠷᠢᠮᠤ᠂ ᠨᠡᠷᠡᠨ ᠬᠤᠸᠠᠷ᠂ ᠡᠷᠳᠡᠨᠢ ᠰᠢᠰᠢ᠂ ᠲᠥᠮᠥᠰᠥ᠂ ᠲᠤᠲᠤᠷᠭ᠎ᠠ᠂ ᠪᠤᠭᠤᠳᠠᠢ᠂ ᠰᠢᠬᠢᠷ ᠯᠤᠤᠪᠠᠩ᠂ | ᠨᠣᠬᠠᠶ ᠶᠢᠨ ᠬᠤᠰᠢᠭᠤ ᠵᠡᠷᠭᠡ ᠳᠠᠪᠠᠭᠤᠯᠢᠭ ᠣᠨᠴᠠᠯᠢᠭᠲᠤ ᠲᠠᠷᠢᠮᠠᠯ ᠢᠶᠠᠷ ᠭᠤᠣᠯᠳᠠᠯᠭ᠎ᠠ ᠪᠣᠯᠭᠠᠬᠤ ᠶᠢ ᠬᠡᠷᠡᠭᠵᠢᠭᠦᠯᠵᠦ᠂ | ᠡᠭᠦᠯᠳᠡᠷ ᠪᠤᠶᠢᠵᠢᠭᠤᠯᠬᠤ ᠰᠤᠳᠤᠯᠤᠨ ᠨᠡᠭᠡᠭᠡᠬᠦ ᠲᠣᠭᠲᠠᠴᠠ ᠶᠢᠨ ᠰᠢᠨ᠎ᠡ ᠶᠢ ᠡᠭᠦᠳᠴᠦ᠂ ᠰᠢᠨᠵᠢᠯᠡᠬᠦ ᠤᠬᠠᠭᠠᠨ ᠤ | ᠰᠤᠳᠤᠯᠤᠯ ᠤᠨ ᠬᠦᠷᠢᠶᠡᠯᠡᠩ ᠭᠠᠵᠠᠷ᠂ ᠳᠡᠭᠡᠳᠦ ᠰᠤᠷᠭᠠᠭᠤᠯᠢ᠂ ᠬᠥᠲᠥᠴᠢ ᠠᠵᠤ ᠠᠬᠤᠶᠢᠯᠠᠯ᠂ ᠠᠵᠢᠯ ᠲᠥᠷᠥᠯ ᠤᠨ | ᠳᠠᠭᠠᠭᠤᠯᠤᠭᠴᠢ ᠰᠢᠨᠵᠢᠯᠡᠬᠦ ᠤᠬᠠᠭᠠᠨᠲᠠᠨ ᠤ ᠡᠭᠦᠯᠳᠡᠷ ᠪᠤᠶᠢᠵᠢᠭᠤᠯᠬᠤ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ | ᠵᠣᠬᠢᠶᠠᠨ ᠪᠠᠶᠢᠭᠤᠯᠬᠤ ᠶᠢ ᠳᠡᠮᠵᠢᠵᠦ᠂ ᠡᠯ᠎ᠡ ᠲᠠᠯ᠎ᠠ ᠶᠢᠨ ᠦᠷ᠎ᠡ ᠡᠳ᠋ ᠤᠨ ᠡᠬᠢ ᠪᠠᠶᠠᠯᠢᠭ᠂ ᠴᠢᠳᠠᠪᠤᠷᠢᠲᠠᠨ ᠤ ᠡᠬᠢ ᠪᠠᠶᠠᠯᠢᠭ᠂ | ᠲᠠᠪᠴᠠᠩ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠠᠵᠤ ᠦᠶᠢᠯᠡᠰᠵᠢᠭᠰᠡᠨ ᠵᠠᠭᠪᠤᠷ ᠶᠣᠰᠣᠭᠠᠷ ᠰᠠᠭᠤᠷᠢ ᠰᠢᠨᠵᠢᠯᠡᠬᠦ | ᠤᠬᠠᠭᠠᠨ ᠤ ᠰᠤᠳᠤᠯᠭᠠᠨ᠂ ᠬᠡᠷᠡᠭᠯᠡᠭᠡᠨ ᠤ ᠰᠤᠳᠤᠯᠤᠯ᠂ ᠦᠷ᠎ᠡ ᠪᠤᠶᠢᠵᠢᠭᠤᠯᠬᠤ ᠮᠡᠷᠭᠡᠵᠢᠯ ᠵᠡᠷᠭᠡ ᠲᠠᠯ᠎ᠠ ᠪᠠᠷ | ᠲᠥᠪᠯᠡᠷᠡᠭᠦᠯᠦᠨ ᠪᠣᠭᠤᠮᠲᠠ ᠰᠢᠪᠲᠤᠯᠵᠤ᠂ ᠵᠠᠩᠭᠢᠯᠠᠭ᠎ᠠ ᠶᠢᠨ ᠮᠡᠷᠭᠡᠵᠢᠯ᠂ ᠤᠰᠤ ᠠᠷᠪᠢᠯᠠᠵᠤ ᠭᠠᠩ ᠬᠠᠭᠰᠠᠷᠠᠭᠠᠨ ᠲᠠᠢ | ᠲᠡᠮᠡᠴᠡᠬᠦ ᠪᠠ ᠬᠤᠵᠢᠷ ᠲᠤ ᠲᠡᠰᠪᠦᠷᠢᠲᠡᠢ ᠰᠢᠨ᠎ᠡ ᠡᠭᠦᠯᠳᠡᠷ ᠢ ᠰᠣᠩᠭᠤᠨ ᠪᠤᠶᠢᠵᠢᠭᠤᠯᠬᠤ ᠵᠡᠷᠭᠡ ᠲᠠᠯ᠎ᠠ ᠪᠠᠷ | ᠰᠢᠪᠲᠤᠯᠤᠯᠲᠠ ᠲᠠᠢ ᠪᠣᠯᠭᠠᠨ᠎ᠠ᠃ ᠨᠠᠷᠠᠨ ᠬᠤᠸᠠᠷ᠂ ᠰᠢᠷ᠎ᠠ ᠪᠤᠷᠴᠠᠭ᠂ ᠨᠠᠷᠢᠮᠤ ᠶᠢᠨ ᠲᠥᠷᠥᠯ ᠵᠦᠢᠯ ᠤᠨ ᠪᠥᠬᠦ ᠤᠯᠤᠰ ᠲᠤ | ᠲᠡᠷᠢᠭᠦᠯᠡᠬᠦ ᠪᠠᠶᠢᠷᠢ ᠰᠠᠭᠤᠷᠢ ᠶᠢ ᠪᠠᠲᠤᠯᠠᠵᠤ᠂ ᠪᠤᠰᠤᠳ ᠲᠠᠷᠢᠮᠠᠯ ᠤᠨ ᠲᠥᠷᠥᠯ ᠵᠦᠢᠯ ᠤᠨ ᠥᠪᠡᠷ ᠢ ᠪᠠᠨ ᠬᠠᠩᠭᠠᠬᠤ | ᠨᠣᠷᠮ᠎ᠠ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠣᠷᠳᠣ ᠬᠠᠪᠲᠠᠭᠠᠶ ᠲᠠᠯ᠎ᠠ ᠪᠠᠨ ᠳᠠᠪᠲᠠᠨ ᠪᠣᠯᠪᠠᠰᠤᠷᠠᠭᠤᠯᠵᠤ᠂ | ᠲᠡᠷᠢᠭᠦᠨ ᠳᠤ ᠲᠠᠯᠪᠢᠬᠤ ᠶᠢ ᠪᠠᠷᠢᠮᠲᠠᠯᠠᠨ᠂ ᠳᠤᠲᠠᠭᠤᠳᠠᠯ ᠢᠶᠠᠨ ᠨᠥᠬᠦᠪᠥᠷᠢᠯᠡᠵᠦ᠂ ᠵᠥᠷᠢᠶ᠎ᠡ ᠪᠠᠨ ᠪᠠᠭᠠᠰᠬᠠᠬᠤ ᠬᠡᠷᠡᠭᠲᠡᠶ᠃ | ᠡᠷᠳᠡᠨᠢ ᠰᠢᠰᠢ᠂ ᠲᠥᠮᠥᠰᠥ᠂ ᠢᠳᠡᠰᠢᠨ ᠨᠣᠭᠤᠭ᠎ᠠ᠂ ᠰᠢᠷ᠎ᠠ ᠪᠤᠷᠴᠠᠭ᠂ ᠠᠮᠢᠳᠤ ᠪᠣᠳᠠᠰ ᠤᠨ ᠡᠭᠦᠯᠳᠡᠷ ᠪᠤᠶᠢᠵᠢᠭᠤᠯᠬᠤ | ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠠᠶᠢᠭᠤᠯᠤᠯᠲᠠ ᠶᠢ ᠦᠷᠭᠦᠯᠵᠢᠯᠡᠨ | ᠲᠦᠯᠬᠢᠨ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ᠂ ᠰᠢᠨᠵᠢᠯᠡᠬᠦ | ᠤᠬᠠᠭᠠᠨ ᠮᠡᠷᠭᠡᠵᠢᠯ ᠤᠨ ᠲᠢᠩᠬᠢᠮ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠵᠢᠷᠭᠤᠭ᠎ᠠ︶ ᠮᠠᠯ ᠵᠢᠭᠦᠷᠲᠡᠨ ᠤ ᠦᠷ᠎ᠡ ᠪᠤᠶᠢᠵᠢᠭᠤᠯᠬᠤ ᠰᠢᠨᠡᠴᠢᠯᠡᠯᠲᠡ ᠶᠢ ᠳᠡᠮᠵᠢᠨ᠎ᠡ᠃ ᠠᠯᠠᠰᠢᠨ ᠦᠬᠡᠷ᠂ | ᠠᠯᠠᠰᠢᠨ ᠬᠤᠨᠢ᠂ ᠭᠠᠭ᠋ᠠᠶ ᠵᠡᠷᠭᠡ ᠶᠢᠨ ᠡᠭᠦᠯᠳᠡᠷ ᠪᠤᠶᠢᠵᠢᠭᠤᠯᠬᠤ ᠶᠢ ᠬᠠᠮᠲᠤᠷᠠᠨ ᠪᠣᠭᠤᠮᠲᠠ ᠰᠢᠪᠲᠤᠯᠬᠤ ᠪᠠ ︽ᠵᠠᠷᠯᠠᠨ | ᠮᠠᠩᠯᠠᠶᠢᠯᠠᠭᠤᠯᠬᠤ︾ ᠶᠢ ᠥᠷᠨᠢᠭᠦᠯᠵᠦ᠂ ᠰᠠᠭᠠᠯᠢ ᠶᠢᠨ ᠦᠨᠢᠶᠡᠨ ᠤ ᠡᠭᠦᠯᠳᠡᠷ ᠪᠤᠶᠢᠵᠢᠭᠤᠯᠬᠤ ᠰᠢᠨᠵᠢᠯᠡᠬᠦ ᠤᠬᠠᠭᠠᠨ | ᠮᠡᠷᠭᠡᠵᠢᠯ ᠤᠨ ᠪᠣᠭᠤᠮᠲᠠ ᠰᠢᠪᠲᠤᠯᠬᠤ ᠶᠢ ᠴᠢᠩᠭᠠᠳᠬᠠᠨ᠎ᠠ᠃ ᠣᠷᠣᠨ ᠪᠦᠰᠡ ᠶᠢᠨ ᠴᠢᠨᠠᠷᠲᠠᠶ ᠬᠠᠮᠲᠤᠷᠠᠨ ᠦᠷ᠎ᠡ | ᠪᠤᠶᠢᠵᠢᠭᠤᠯᠬᠤ ᠠᠵᠢᠯ ᠥᠷᠨᠢᠭᠦᠯᠬᠦ ᠶᠢ ᠵᠣᠷᠢᠭᠵᠢᠭᠤᠯᠤᠨ᠂ ᠰᠢᠨᠵᠢᠯᠡᠬᠦ ᠤᠬᠠᠭᠠᠨᠴᠢ᠂ ᠰᠢᠰᠲ᠋ᠧᠮ᠂ ᠵᠢᠷᠤᠮᠵᠢᠭᠰᠠᠨ ᠳᠦᠷᠢᠮ | ᠲᠣᠭᠲᠠᠭᠠᠯ ᠢ ᠴᠢᠩᠭ᠎ᠠ ᠵᠢᠷᠤᠮᠯᠠᠨ ᠦᠢᠯᠡᠳᠪᠦᠷᠢᠯᠡᠯ ᠤᠨ ᠴᠢᠨᠠᠷ ᠴᠢᠳᠠᠯ ᠢ ᠬᠡᠮᠵᠢᠨ ᠲᠣᠭᠲᠠᠭᠠᠬᠤ ᠠᠵᠢᠯ ᠥᠷᠨᠢᠭᠦᠯᠵᠦ᠂ | ᠬᠡᠪᠴᠢᠶᠡᠵᠢᠭᠦᠯᠦᠭᠰᠡᠨ᠂ ᠬᠠᠮᠵᠢᠯᠴᠠᠭᠰᠠᠨ᠂ ᠤᠶᠤᠨᠴᠢᠯᠠᠭᠰᠠᠨ ᠣᠳᠣ ᠦ᠊ ᠡᠶ᠎ᠡ ᠶᠢᠨ ᠦᠷ᠎ᠡ ᠪᠤᠶᠢᠵᠢᠭᠤᠯᠬᠤ ᠰᠢᠨ᠎ᠡ ᠵᠠᠭᠪᠤᠷ | ᠪᠠᠶᠢᠭᠤᠯᠬᠤ ᠶᠢ ᠲᠦᠯᠬᠢᠨ ᠠᠬᠢᠭᠤᠯᠤᠨ᠎ᠠ᠃ ᠠᠯᠠᠰᠢᠨ ᠬᠤᠨᠢ ᠶᠢ ᠲᠠᠰᠤᠷᠠᠯᠲᠠ ᠥᠬᠡᠶ ᠰᠣᠩᠭᠤᠨ ᠪᠤᠶᠢᠵᠢᠭᠤᠯᠵᠤ ᠬᠤᠸᠠ | ᠰᠢ ᠦᠬᠡᠷ ᠵᠡᠷᠭᠡ ᠰᠢᠯᠢᠳᠡᠭ ᠡᠭᠦᠯᠳᠡᠷ ᠤᠨ ᠴᠢᠳᠠᠮᠵᠢ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠦᠷ᠎ᠡ ᠶᠢᠨ ᠢᠷᠡᠯᠲᠡ ᠶᠢ | ᠪᠡᠶ᠎ᠡ ᠪᠠᠨ ᠳᠠᠭᠠᠭᠠᠵᠤ ᠡᠵᠡᠮᠳᠡᠵᠦ ᠪᠣᠯᠬᠤ ᠶᠢ ᠴᠢᠷᠮᠠᠶᠢᠨ ᠪᠡᠶᠡᠯᠡᠭᠦᠯᠦᠨ᠎ᠡ︔ ᠠᠯᠠᠰᠢᠨ ᠬᠤᠨᠢ ᠶᠢ ᠣᠷᠣᠨ ᠨᠤᠲᠤᠭ ᠤᠨ | ᠡᠭᠦᠯᠳᠡᠷ ᠤᠨ ᠰᠢᠯᠢᠳᠡᠭ ᠣᠨᠴᠠᠯᠢᠭ ᠢ ᠭᠦᠢᠴᠡᠳ ᠠᠭᠤᠳᠠᠯᠵᠤ᠂ ᠦᠢᠯᠡᠳᠪᠦᠷᠢᠯᠡᠯ ᠤᠨ ᠴᠢᠳᠠᠮᠵᠢ ᠶᠢ ᠦᠷᠭᠦᠯᠵᠢᠯᠡᠨ | ᠳᠡᠭᠡᠭᠰᠢᠯᠡᠭᠦᠯᠵᠦ᠂ ᠣᠯᠠᠨ ᠲᠥᠷᠥᠯ ᠤᠨ ᠥᠨᠳᠥᠷ ᠤᠨᠠᠯᠲᠠ ᠶᠢᠨ ᠲᠤᠰᠬᠠᠢ ᠡᠭᠦᠳᠡᠨ ᠪᠣᠯᠭᠠᠭᠰᠠᠨ ᠰᠢᠨ᠎ᠡ ᠡᠭᠦᠯᠳᠡᠷ ᠢ | ᠪᠤᠶᠢᠵᠢᠭᠤᠯᠤᠨ᠎ᠠ︔ ᠭᠠᠭ᠋ᠠᠢ ᠳᠤ ᠤᠳᠤᠮᠯᠠᠯ ᠤᠨ ᠦᠨᠡᠯᠡᠨ ᠵᠢᠱᠢᠯᠲᠡ᠂ ᠪᠦᠷᠢᠨ ᠭᠧᠨ ᠤ ᠪᠦᠯᠦᠭ ᠤᠨ ᠰᠣᠩᠭᠤᠯᠲᠠ ᠵᠡᠷᠭᠡ | ᠮᠡᠷᠭᠡᠵᠢᠯ ᠢ ᠬᠡᠷᠡᠭᠯᠡᠨ ᠲᠥᠯᠯᠡᠬᠦ ᠨᠣᠷᠮ᠎ᠠ᠂ ᠡᠪᠡᠳᠴᠢᠨ ᠢ ᠡᠰᠡᠷᠭᠦᠴᠡᠬᠦ ᠴᠢᠨᠠᠷ ᠢ ᠳᠡᠭᠡᠭᠰᠢᠯᠡᠭᠦᠯᠦᠨ᠎ᠡ᠃ ᠪᠦᠬᠦ ᠤᠯᠤᠰ ᠲᠤ | ᠲᠡᠷᠢᠭᠦᠯᠡᠭᠰᠡᠨ ᠦᠬᠡᠷ᠂ ᠬᠤᠨᠢ ᠢᠮᠠᠭ᠎ᠠ ᠪᠣᠯᠤᠨ ᠭᠠᠭ᠋ᠠᠶ ᠶᠢᠨ ᠡᠭᠦᠯᠳᠡᠷ ᠪᠤᠶᠢᠵᠢᠭᠤᠯᠬᠤ ᠰᠢᠰᠲ᠋ᠧᠮᠵᠢ ᠶᠢ ᠪᠠᠶᠢᠭᠤᠯᠵᠤ᠂ | ᠡᠭᠦᠯᠳᠡᠷ ᠤᠨ ᠮᠠᠯ ᠤᠨᠤᠭ᠎ᠠ ᠲᠡᠵᠢᠭᠡᠪᠦᠷᠢ ᠵᠢᠭᠦᠷᠲᠡᠨ ᠤ ᠦᠢᠯᠡᠳᠪᠦᠷᠢᠯᠡᠯ ᠤᠨ ᠴᠢᠨᠠᠷ ᠴᠢᠨᠰᠠᠭ᠎ᠠ ᠪᠣᠯᠤᠨ ᠶᠠᠰᠤ ᠴᠢᠨᠠᠷ ᠤᠨ | ᠬᠢᠷᠢ ᠬᠡᠮᠵᠢᠶ᠎ᠡ ᠶᠢ ᠵᠡᠷᠭᠡᠪᠡᠷ ᠳᠡᠭᠡᠭᠰᠢᠯᠡᠭᠦᠯᠬᠦ ᠶᠢ ᠪᠡᠶᠡᠯᠡᠭᠦᠯᠦᠨ᠎ᠡ᠃ ᠨᠣᠯᠤᠤᠷ ᠤᠨ ᠢᠮᠠᠭ᠎ᠠ᠂ ᠠᠳᠤᠭᠤ᠂ ᠲᠡᠮᠡᠭᠡ᠂ ᠰᠠᠭᠠᠯᠢ ᠶᠢᠨ | ᠢᠮᠠᠭ᠎ᠠ᠂ ᠭᠡᠷ ᠤᠨ ᠵᠢᠭᠦᠷᠲᠡᠨ ᠵᠡᠷᠭᠡ ᠣᠨᠴᠠᠯᠢᠭᠲᠤ ᠡᠭᠦᠯᠳᠡᠷ ᠢ ᠰᠣᠩᠭᠤᠨ ᠪᠤᠶᠢᠵᠢᠭᠤᠯᠬᠤ ᠶᠢ ᠳᠡᠮᠵᠢᠨ᠎ᠡ᠃ ︵ᠥᠪᠡᠷᠲᠡᠭᠡᠨ | ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠲᠤᠯᠤᠭ᠎ᠠ︶ ᠣᠶ ᠰᠢᠭᠤᠶ ᠨᠤᠲᠤᠭ ᠪᠡᠯᠴᠢᠭᠡᠷ ᠤᠨ ᠦᠷ᠎ᠡ ᠴᠢᠬᠢ ᠶᠢᠨ ᠦᠷ᠎ᠡ ᠪᠤᠶᠢᠵᠢᠭᠤᠯᠵᠤ ᠰᠢᠨ᠎ᠡ ᠶᠢ | ᠡᠭᠦᠳᠬᠦ ᠶᠢ ᠳᠡᠮᠵᠢᠨ᠎ᠡ᠃ ᠤᠯᠤᠰ ᠤᠨ ᠳᠣᠲᠣᠭᠠᠳᠤ ᠶᠢᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠮᠡᠷᠭᠡᠵᠢᠯ ᠤᠨ | ᠰᠤᠳᠤᠯᠤᠨ ᠨᠡᠭᠡᠭᠡᠬᠦ ᠲᠠᠪᠴᠠᠩ᠂ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠢ᠂ ᠶᠡᠭᠡ ᠳᠡᠭᠡᠳᠦ ᠰᠤᠷᠭᠠᠭᠤᠯᠢ ᠵᠡᠷᠭᠡ | ᠡᠬᠢ ᠪᠠᠶᠠᠯᠢᠭ ᠢ ᠬᠤᠷᠠᠮᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠡᠪᠡᠰᠦ ︵ᠲᠠᠷᠢᠬᠤ ᠶᠢ ᠦᠷᠭᠦᠯᠵᠢᠯᠡᠨ ᠠᠬᠢᠭᠤᠯᠤᠨ᠎ᠠ︶ | ᠠᠵᠢᠯ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠦᠲᠦᠭᠡᠨ ᠪᠠᠶᠢᠭᠤᠯᠤᠯᠲᠠ ᠳᠤ᠂ ᠤᠯᠤᠰ ᠤᠨ ᠡᠪᠡᠰᠦ ᠪᠡᠯᠴᠢᠭᠡᠷ ᠤᠨ | ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠢᠳᠡᠪᠬᠢᠲᠡᠢ ᠡᠭᠦᠳᠦᠨ ᠪᠠᠶᠢᠭᠤᠯᠵᠤ᠂ ᠣᠢ ᠰᠢᠭᠤᠢ ᠡᠪᠡᠰᠦ | ᠪᠡᠯᠴᠢᠭᠡᠷ ᠤᠨ ᠦᠷ᠎ᠡ ᠶᠢᠨ ᠦᠢᠯᠡᠰ ᠤᠨ ᠵᠠᠩᠭᠢᠯᠠᠭ᠎ᠠ ᠶᠢᠨ ᠭᠤᠣᠯ ᠮᠡᠷᠭᠡᠵᠢᠯ ᠤᠨ ᠪᠣᠭᠤᠮᠲᠠ ᠰᠢᠪᠲᠤᠯᠬᠤ ᠶᠢ ᠬᠡᠷᠡᠭᠵᠢᠭᠦᠯᠵᠦ᠂ | ᠥᠪᠡᠷᠲᠡᠭᠡᠨ ᠵᠠᠰᠠᠬᠤ ᠣᠷᠣᠨ ᠤ ᠣᠢ ᠰᠢᠭᠤᠢ ᠡᠪᠡᠰᠦ ᠪᠡᠯᠴᠢᠭᠡᠷ ᠤᠨ ᠲᠥᠷᠥᠯ ᠵᠦᠢᠯ ᠤᠨ ᠰᠢᠨ᠎ᠡ ᠶᠢ ᠡᠭᠦᠳᠦᠨ | ᠬᠥᠭᠵᠢᠬᠦ ᠶᠢ ᠠᠬᠢᠭᠤᠯᠤᠨ᠎ᠠ᠃ ᠬᠢᠶᠠᠭ ᠡᠪᠡᠰᠦ᠂ ᠮᠥᠰᠥᠨ ᠡᠪᠡᠰᠦ ᠶᠢ ᠭᠤᠤᠯᠳᠠᠯᠭ᠎ᠠ ᠲᠠᠢ ᠲᠥᠷᠥᠯ ᠵᠦᠢᠯ ᠤᠨ ᠲᠤᠭ᠎ᠠ | ᠬᠡᠮᠵᠢᠶ᠎ᠡ ᠶᠢ ᠨᠡᠮᠡᠭᠳᠡᠭᠦᠯᠵᠦ᠂ ᠥᠨᠳᠥᠷ ᠦᠷ᠎ᠡ ᠲᠠᠢ᠂ ᠰᠥᠷᠬᠦ ᠥᠨᠳᠥᠷ ᠤᠨᠠᠯᠲᠠ ᠲᠠᠢ ᠰᠢᠨ᠎ᠡ ᠡᠭᠦᠯᠳᠡᠷ ᠢ ᠲᠦᠷᠭᠡᠳᠬᠡᠨ | ᠪᠤᠶᠢᠵᠢᠭᠤᠯᠵᠤ᠂ ᠦᠷ᠎ᠡ ᠶᠢᠨ ᠮᠠᠯ ᠤᠨ ᠨᠢᠭᠡᠴᠢ ᠤᠨᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠤᠯᠤᠰ ᠲᠠᠭᠠᠨ | ᠦᠢᠯᠡᠳᠪᠦᠷᠢᠯᠡᠭᠰᠡᠨ ᠦᠷ᠎ᠡ ᠶᠢᠨ ᠭᠠᠷᠤᠯᠲᠠ ᠪᠠ ᠶᠠᠰᠤ ᠴᠢᠨᠠᠷ ᠢ ᠳᠡᠭᠡᠭᠰᠢᠯᠡᠭᠦᠯᠦᠨ᠎ᠡ︔ ᠠᠷᠪᠠᠢ ᠶᠢ ᠪᠣᠯ ᠨᠢᠭᠡᠴᠢ | ᠤᠨᠠᠯᠲᠠ ᠶᠢᠨ ᠬᠢᠷᠢ ᠲᠦᠪᠰᠢᠨ ᠥᠨᠳᠥᠷ᠂ ᠮᠠᠰᠢᠨᠴᠢᠯᠠᠭᠰᠠᠨ ᠦᠢᠯᠡᠳᠪᠦᠷᠢᠯᠡᠯ ᠳᠤ ᠲᠣᠬᠢᠷᠠᠮᠵᠢᠲᠠᠢ᠂ ᠡᠳ᠋ᠰᠢᠭᠦᠯᠦᠨ | ᠪᠣᠯᠪᠠᠰᠤᠷᠠᠭᠤᠯᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠰᠢᠨ᠎ᠡ ᠡᠭᠦᠯᠳᠡᠷ ᠢ ᠪᠤᠶᠢᠵᠢᠭᠤᠯᠬᠤ ᠪᠠᠷ ᠭᠤᠣᠯ ᠴᠢᠭᠯᠡᠯ | ᠪᠣᠯᠭᠠᠨ᠎ᠠ︔ ᠨᠠᠷᠠᠰᠤ᠂ ᠬᠠᠷᠮᠠᠭ᠂ ᠵᠠᠭᠠᠭ᠂ ᠡᠯᠡᠰᠦ ᠪᠤᠷᠭᠠᠰᠤ ᠶᠢ ᠰᠣᠩᠭᠤᠨ ᠪᠤᠶᠢᠵᠢᠭᠤᠯᠬᠤ ᠪᠠᠷ ᠭᠤᠣᠯ ᠴᠢᠭᠯᠡᠯ ᠪᠣᠯᠭᠠᠨ᠎ᠠ︔ | ᠶᠤᠸᠠᠨ ᠪᠦᠦ ᠹᠧᠩ᠂ ᠬᠡᠭᠡᠷ᠎ᠡ ᠶᠢᠨ ᠭᠦᠢᠯᠡᠰᠦ᠂ ᠪᠠᠷᠢᠭᠤᠯᠲᠤ ᠭᠦᠢᠯᠡᠰᠦ᠂ ᠬᠡᠭᠡᠷ᠎ᠡ ᠶᠢᠨ ᠲᠠᠤᠯᠠᠢ ᠶᠢᠨ ᠪᠥᠭᠡᠷ᠎ᠡ ᠶᠢᠨ ᠰᠠᠶᠢᠨ | ᠡᠭᠦᠯᠳᠡᠷ ᠢ ᠰᠣᠩᠭᠤᠨ ᠪᠤᠶᠢᠵᠢᠭᠤᠯᠬᠤ ᠪᠠᠷ ᠭᠤᠣᠯ ᠴᠢᠭᠯᠡᠯ ᠪᠣᠯᠭᠠᠨ᠎ᠠ︔ ᠴᠢᠴᠠᠷᠭᠠᠨ᠎ᠠ᠂ ᠴᠠᠭᠠᠨ ᠭᠤᠶᠣᠣ᠂ ᠴᠢᠨ᠋ᠸ᠎ᠠ ᠶᠢᠨ | ᠬᠠᠷᠮᠠᠭ ᠢ ᠥᠨᠳᠥᠷ ᠭᠠᠷᠤᠯᠲᠠ ᠲᠠᠢ ᠠᠵᠤ ᠠᠬᠤᠶ ᠶᠢᠨ ᠣᠶ ᠵᠢᠮᠢᠰ ᠤᠨ ᠰᠠᠶᠢᠨ ᠡᠭᠦᠯᠳᠡᠷ ᠢ ᠰᠣᠩᠭᠤᠨ ᠪᠤᠶᠢᠵᠢᠭᠤᠯᠬᠤ ᠪᠠᠷ | ᠭᠤᠣᠯ ᠴᠢᠭᠯᠡᠯ ᠪᠣᠯᠭᠠᠵᠤ᠂ ᠣᠶ ᠰᠢᠭᠤᠶ ᠪᠠ ᠨᠤᠲᠤᠭ ᠪᠡᠯᠴᠢᠭᠡᠷ ᠤᠨ ᠦᠷ᠎ᠡ ᠶᠢᠨ ᠦᠢᠯᠡᠰ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠶᠢ ᠪᠡᠶᠡᠯᠡᠭᠦᠯᠵᠦ᠂ ᠦᠷ᠎ᠡ ᠶᠢᠨ | ᠢᠷᠮᠡᠭ ᠢ ᠪᠡᠶ᠎ᠡ ᠪᠠᠨ ᠳᠠᠭᠠᠭᠠᠵᠤ ᠡᠵᠡᠮᠳᠡᠵᠦ ᠪᠣᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ | ᠪᠡᠯᠴᠢᠭᠡᠷ ᠤᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠡᠭᠦᠷᠭᠡ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠨᠠᠢᠮᠠ︶ ᠡᠭᠦᠯᠳᠡᠷ ᠢ ᠬᠢᠨᠠᠨ ᠲᠣᠭᠲᠠᠭᠠᠬᠤ ᠬᠠᠮᠢᠶᠠᠷᠤᠯᠲᠠ ᠶᠢ ᠴᠢᠩᠭᠠᠳᠬᠠᠨ᠎ᠠ᠃ ᠲᠠᠷᠢᠮᠠᠯ ᠤᠨ ᠡᠭᠦᠯᠳᠡᠷ ᠢ ᠬᠢᠨᠠᠨ | ᠲᠣᠭᠲᠠᠭᠠᠬᠤ ᠪᠠᠷᠢᠮᠵᠢᠶ᠎ᠠ ᠶᠢ ᠴᠢᠩᠳᠠᠯᠠᠵᠤ᠂ DNA ᠪᠠᠶᠢᠷᠢ ᠶᠢᠨ ᠲᠤᠭ᠎ᠠ᠂ ᠤᠨᠠᠯᠲᠠ ᠪᠠ ᠡᠰᠡᠷᠭᠦᠴᠡᠬᠦ ᠴᠢᠨᠠᠷ ᠤᠨ | ᠱᠠᠭᠠᠷᠳᠠᠯᠭ᠎ᠠ ᠶᠢ ᠳᠡᠭᠡᠭᠰᠢᠯᠡᠭᠦᠯᠦᠨ᠎ᠡ᠃ ᠲᠤᠷᠰᠢᠯᠲᠠ ᠶᠢᠨ ᠡᠭᠦᠯᠳᠡᠷ ᠤᠨ ᠴᠢᠬᠤᠯᠠ ᠭᠦᠢᠴᠡᠳᠬᠡᠯ ᠲᠤᠭ᠎ᠠ ᠶᠢᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠲᠤᠷᠰᠢᠯᠲᠠ ᠶᠢᠨ ᠡᠭᠦᠯᠳᠡᠷ ᠤᠨ ᠪᠦᠬᠦᠨ ᠢ ᠬᠠᠮᠤᠷᠤᠭᠰᠠᠨ ᠪᠠᠶᠢᠴᠠᠭᠠᠨ ᠰᠢᠯᠭᠠᠬᠤ | DNA ᠬᠤᠷᠤᠭᠤᠨ ᠣᠷᠣᠮ᠂ ᠡᠰᠡᠷᠭᠦᠴᠡᠬᠦ ᠴᠢᠨᠠᠷ᠂ ᠶᠠᠰᠤ ᠴᠢᠨᠠᠷ ᠪᠠ ᠭᠧᠨ ᠬᠤᠪᠢᠷᠠᠭᠤᠯᠤᠭᠰᠠᠨ ᠪᠦᠷᠢᠯᠳᠦᠬᠦᠨ ᠳᠤ ᠬᠢᠨᠠᠨ | ᠲᠣᠭᠲᠠᠭᠠᠭᠰᠠᠨ ᠡᠭᠦᠯᠳᠡᠷ ᠤᠨ ᠲᠤᠭ᠎ᠠ ᠬᠡᠮᠵᠢᠶ᠎ᠡ ᠶᠢ ᠦᠨᠡᠨ ᠬᠦ ᠪᠠᠭᠤᠷᠠᠭᠤᠯᠵᠤ᠂ ᠶᠠᠰᠤ ᠴᠢᠨᠠᠷ ᠢ ᠳᠡᠭᠡᠭᠰᠢᠯᠡᠭᠦᠯᠦᠨ᠎ᠡ᠃ | ᠲᠤᠷᠰᠢᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠲᠠᠰ ᠤᠨ | ᠡᠭᠦᠯᠳᠡᠷ ᠤᠨ ᠲᠤᠷᠰᠢᠯᠲᠠ ᠶᠢᠨ ᠰᠠᠭᠤᠷᠢᠨ ᠭᠠᠵᠠᠷ ᠢ ᠴᠢᠨᠠᠷ ᠰᠠᠶᠢᠲᠠᠶ ᠪᠠᠶᠢᠭᠤᠯᠤᠨ᠎ᠠ᠃ ᠦᠷ᠎ᠡ ᠣᠷᠣᠭᠤᠯᠬᠤ ᠶᠢ | ᠳᠠᠩᠰᠠᠯᠠᠬᠤ ᠬᠠᠮᠢᠶᠠᠷᠤᠯᠲᠠ ᠶᠢ ᠴᠢᠩᠭᠠᠳᠬᠠᠵᠤ᠂ ᠦᠷ᠎ᠡ ᠣᠷᠣᠭᠤᠯᠬᠤ ᠲᠤᠷᠰᠢᠯᠲᠠ ᠶᠢ ᠮᠡᠳᠡᠭᠦᠯᠦᠨ ᠳᠠᠩᠰᠠᠯᠠᠭᠤᠯᠬᠤ ᠶᠢᠨ | ᠬᠠᠮᠲᠤ ᠲᠦᠷᠦᠯ ᠵᠦᠢᠯ ᠢ ᠮᠥᠷᠳᠡᠨ ᠦᠨᠡᠯᠡᠬᠦ ᠠᠵᠢᠯ ᠢ ᠥᠷᠨᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠠᠵᠤ ᠠᠬᠤᠶ ᠶᠢᠨ ᠲᠢᠩᠬᠢᠮ ᠬᠠᠷᠢᠭᠤᠴᠠᠨ᠎ᠠ︶ | ᠭᠤᠷᠪᠠ᠂ ᠪᠠᠲᠤᠯᠠᠭ᠎ᠠ ᠶᠢ ᠴᠢᠩᠭᠠᠳᠬᠠᠵᠤ ᠳᠠᠪᠠᠭᠤᠯᠢᠭ ᠢᠶᠠᠨ ᠪᠠᠳᠠᠷᠠᠭᠤᠯᠤᠨ᠂ ᠤᠯᠤᠰ ᠤᠨ ᠳᠡᠰ ᠤᠨ ᠰᠠᠶᠢᠨ | ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠢ ᠪᠠᠶᠢᠭᠤᠯᠤᠨ᠎ᠠ | ︵ᠶᠢᠰᠦ︶ ᠲᠠᠷᠢᠮᠠᠯ ᠤᠨ ᠦᠷ᠎ᠡ ᠪᠤᠶᠢᠵᠢᠭᠤᠯᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠨ᠎ᠠ᠃ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠦᠷ᠎ᠡ ᠪᠤᠶᠢᠵᠢᠭᠤᠯᠬᠤ ᠲᠣᠮᠣ ᠰᠢᠶᠠᠨ ᠢ ᠵᠢᠯᠣᠭᠤᠳᠤᠨ | ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠪᠠᠶᠢᠷᠢᠰᠢᠭᠤᠯᠵᠤ᠂ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ | ᠬᠠᠷᠠᠯᠲᠠ ᠶᠢᠨ ᠡᠭᠦᠷᠭᠡ᠂ ᠰᠡᠳᠬᠢᠴᠡ ᠠᠷᠭ᠎ᠠ ᠬᠡᠮᠵᠢᠶ᠎ᠡ ᠶᠢ ᠲᠣᠳᠣᠷᠬᠠᠶᠢᠯᠠᠨ᠂ ᠬᠠᠮᠤᠷᠬᠤ ᠬᠡᠪᠴᠢᠶ᠎ᠡ ᠨᠢ ᠨᠡᠩ ᠥᠷᠭᠡᠨ᠂ | ᠳᠡᠮᠵᠢᠬᠦ ᠡᠷᠴᠢᠮ ᠨᠢ ᠨᠡᠩ ᠶᠡᠭᠡ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ | ᠭᠠᠵᠠᠷ ᠰᠢᠷᠣᠶ᠂ ᠡᠳ᠋ ᠤᠨ ᠵᠠᠰᠠᠭ ᠭᠠᠶᠢᠯᠢ ᠵᠡᠷᠭᠡ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠪᠠᠷ | ᠳᠠᠮᠵᠢᠭᠤᠯᠤᠨ᠂ ᠦᠢᠯᠡᠳᠪᠦᠷᠢᠯᠡᠯ ᠤᠨ ᠰᠠᠶᠢᠨ ᠰᠠᠶᠢᠬᠠᠨ ᠨᠥᠬᠦᠴᠡᠯ ᠪᠣᠯᠤᠨ ᠬᠥᠭᠵᠢᠯᠲᠡ ᠶᠢᠨ ᠣᠷᠴᠢᠨ ᠲᠣᠭᠤᠷᠢᠨ ᠢᠶᠠᠷ | ᠣᠷᠣᠨ ᠤ ᠳᠣᠲᠣᠷ᠎ᠠ ᠭᠠᠳᠠᠨᠠᠬᠢ ᠨᠡᠷᠡᠲᠦ ᠦᠷ᠎ᠡ ᠶᠢᠨ ᠠᠵᠤ ᠠᠬᠤᠶᠢᠯᠠᠯ ᠢ ᠲᠠᠲᠠᠨ ᠥᠪᠥᠷ ᠮᠣᠩᠭᠤᠯ ᠳᠤ | ᠨᠤᠲᠤᠭᠰᠢᠭᠤᠯᠤᠨ᠎ᠠ᠃ ᠤᠯᠤᠰ ᠤᠨ ᠡᠷᠳᠡᠨᠢ ᠰᠢᠰᠢ ᠪᠠᠷ ᠦᠷ᠎ᠡ ᠪᠤᠶᠢᠵᠢᠭᠤᠯᠬᠤ ᠰᠠᠭᠤᠷᠢᠨ ᠭᠠᠵᠠᠷ ᠢ ᠪᠠᠶᠢᠭᠤᠯᠵᠤ᠂ | ᠤᠯᠠᠭᠠᠨᠬᠠᠳᠠ ᠬᠤᠲᠠ᠂ ᠪᠠᠶᠠᠨᠨᠠᠭᠤᠷ ᠬᠤᠲᠠ ᠪᠠᠷ ᠭᠤᠤᠯᠳᠠᠯᠭ᠎ᠠ ᠪᠣᠯᠭᠠᠨ᠂ ᠪᠥᠬᠦ ᠤᠯᠤᠰ ᠤᠨ ᠭᠤᠤᠯ ᠪᠣᠯᠬᠤ ᠠᠮᠢ | ᠠᠬᠤᠶ ᠶᠢᠨ ᠣᠷᠣᠨ ᠤ ᠦᠷ᠎ᠡ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠬᠠᠮᠤᠷᠴᠤ᠂ ᠵᠢᠮᠢᠰ ᠤᠨ ᠲᠦᠷᠦᠭᠦᠦ ᠶᠢ ᠬᠠᠳᠠᠭᠠᠬᠤ᠂ | ᠮᠠᠰᠢᠨᠴᠢᠯᠠᠯᠲᠠ ᠪᠠᠷ ᠬᠦᠴᠦᠷᠬᠡᠭ ᠢ ᠪᠠᠭᠤᠷᠠᠭᠤᠯᠬᠤ᠂ ᠨᠠᠷᠢᠯᠢᠭ ᠰᠣᠩᠭᠤᠬᠤ ᠵᠡᠷᠭᠡ ᠪᠡᠯᠡᠳᠬᠡᠮᠵᠢ ᠲᠥᠬᠦᠭᠡᠷᠦᠮᠵᠢ ᠶᠢᠨ | ᠳᠤᠲᠠᠭᠤᠳᠠᠯ ᠢ ᠨᠥᠬᠦᠪᠥᠷᠢᠯᠡᠵᠦ᠂ ᠣᠷᠣᠨ ᠤ ᠳᠣᠲᠣᠷ᠎ᠠ ᠭᠠᠳᠠᠨᠠᠬᠢ ᠠᠵᠤ ᠠᠬᠤᠶᠢᠯᠠᠯ ᠤᠨ ᠥᠪᠡᠷᠲᠡᠭᠡᠨ ᠵᠠᠰᠠᠬᠤ | ᠣᠷᠣᠨ ᠳᠤ ᠢᠷᠡᠵᠦ ᠦᠷ᠎ᠡ ᠪᠤᠶᠢᠵᠢᠭᠤᠯᠬᠤ ᠶᠢ ᠲᠠᠲᠠᠵᠤ᠂ ᠡᠷᠳᠡᠨᠢ ᠰᠢᠰᠢ ᠶᠢᠨ ᠠᠮᠢᠳᠤ ᠪᠣᠳᠠᠰ ᠤᠨ ᠦᠷ᠎ᠡ | ᠪᠤᠶᠢᠵᠢᠭᠤᠯᠬᠤ ᠶᠢ ᠳᠠᠭᠠᠭᠠᠨ ᠵᠠᠯᠭᠠᠭᠤᠯᠤᠨ᠎ᠠ᠃ ᠤᠯᠤᠰ ᠤᠨ ᠰᠢᠷ᠎ᠠ ᠪᠤᠷᠴᠠᠭ ᠤᠨ ᠦᠷ᠎ᠡ ᠶᠢᠨ ᠰᠠᠭᠤᠷᠢᠨ ᠭᠠᠵᠠᠷ ᠢ | ᠪᠠᠶᠢᠭᠤᠯᠵᠤ᠂ ᠬᠥᠯᠥᠨ ᠪᠤᠶᠢᠷ ᠬᠤᠲᠠ᠂ ᠬᠢᠩᠭᠠᠨ ᠠᠶᠢᠮᠠᠭ ᠢᠶᠠᠷ ᠭᠤᠤᠯᠳᠠᠯᠭ᠎ᠠ ᠪᠣᠯᠭᠠᠨ᠂ ᠦᠷ᠎ᠡ ᠶᠢᠨ ᠥᠩᠭᠡ ᠪᠠᠷ | ᠨᠠᠷᠢᠯᠢᠭ ᠰᠣᠩᠭᠤᠬᠤ᠂ ᠴᠢᠨᠠᠷ ᠰᠠᠶᠢᠲᠠᠶ ᠪᠣᠭᠤᠳᠠᠯᠯᠠᠬᠤ᠂ ᠤᠶᠤᠨᠴᠢᠯᠠᠭᠰᠠᠨ ᠲᠤᠰᠠᠯᠠᠬᠤ ᠪᠡᠯᠡᠳᠬᠡᠮᠵᠢ ᠶᠢᠨ ᠬᠡᠷᠡᠭᠯᠡᠯᠲᠡ ᠶᠢ | ᠲᠡᠭᠦᠯᠳᠡᠷᠵᠢᠭᠦᠯᠵᠦ᠂ ᠤᠯᠤᠰ ᠤᠨ ᠠᠮᠢᠳᠤ ᠪᠣᠳᠠᠰ ᠤᠨ ᠦᠷ᠎ᠡ ᠪᠤᠶᠢᠵᠢᠭᠤᠯᠬᠤ ᠰᠢᠷ᠎ᠠ ᠪᠤᠷᠴᠠᠭ ᠤᠨ ᠦᠷ᠎ᠡ ᠶᠢ | ᠪᠤᠶᠢᠵᠢᠭᠤᠯᠬᠤ ᠡᠭᠦᠷᠭᠡ ᠶᠢ ᠵᠠᠯᠭᠠᠨ ᠵᠣᠯᠭᠠᠭᠤᠯᠬᠤ ᠬᠡᠷᠡᠭᠲᠡᠢ᠃ ᠤᠯᠤᠰ ᠤᠨ ᠲᠥᠮᠥᠰᠥ ᠶᠢᠨ ᠦᠷ᠎ᠡ ᠶᠢᠨ ᠰᠠᠭᠤᠷᠢᠨ | ᠭᠠᠵᠠᠷ ᠢ ᠪᠠᠶᠢᠭᠤᠯᠵᠤ᠂ ᠤᠯᠠᠭᠠᠨᠴᠠᠪ ᠬᠤᠲᠠ᠂ ᠬᠥᠯᠥᠨ ᠪᠤᠶᠢᠷ ᠬᠤᠲᠠ ᠪᠠᠷ ᠭᠤᠤᠯᠳᠠᠯᠭ᠎ᠠ ᠪᠣᠯᠭᠠᠨ᠂ ᠰᠠᠭᠤᠷᠢᠨ | ᠭᠠᠵᠠᠷ ᠤᠨ ᠡᠪᠡᠳᠴᠢᠨ ᠬᠤᠷᠣᠬᠠᠶ ᠶᠢᠨ ᠬᠥᠨᠥᠭᠡᠯ ᠢ ᠤᠶᠤᠨᠴᠢᠯᠠᠨ ᠬᠢᠨᠠᠨ ᠬᠡᠮᠵᠢᠬᠦ᠂ ᠰᠢᠷᠣᠶ ᠶᠢᠨ ᠡᠪᠡᠳᠴᠢᠨ ᠤ ᠬᠥᠨᠥᠭᠡᠯ ᠢ | ᠰᠡᠷᠭᠡᠶᠢᠯᠡᠨ ᠵᠠᠰᠠᠬᠤ᠂ ᠶᠠᠰᠤ ᠴᠢᠨᠠᠷ ᠢ ᠪᠠᠶᠢᠴᠠᠭᠠᠨ ᠬᠡᠮᠵᠢᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠤᠯᠤᠰ ᠤᠨ ᠨᠠᠷᠢᠮᠤ | ᠪᠠ ᠨᠣᠬᠠᠶ ᠶᠢᠨ ᠬᠤᠰᠢᠭᠤ ᠶᠢᠨ ᠦᠷ᠎ᠡ ᠶᠢᠨ ᠰᠠᠭᠤᠷᠢᠨ ᠭᠠᠵᠠᠷ ᠢ ᠪᠠᠶᠢᠭᠤᠯᠵᠤ᠂ ᠤᠯᠠᠭᠠᠨᠬᠠᠳᠠ ᠬᠤᠲᠠ᠂ ᠤᠯᠠᠭᠠᠨᠴᠠᠪ | ᠬᠤᠲᠠ ᠪᠠᠷ ᠭᠤᠤᠯᠳᠠᠯᠭ᠎ᠠ ᠪᠣᠯᠭᠠᠨ᠂ ᠦᠷ᠎ᠡ ᠶᠢ ᠨᠠᠷᠢᠯᠢᠭ ᠰᠣᠩᠭᠤᠬᠤ᠂ ᠬᠠᠳᠠᠭᠠᠬᠤ᠂ ᠪᠣᠭᠤᠳᠠᠯᠯᠠᠬᠤ᠂ ᠦᠷ᠎ᠡ ᠶᠢᠨ | ᠬᠥᠮᠥᠷᠭᠡ ᠵᠡᠷᠭᠡ ᠪᠡᠯᠡᠳᠬᠡᠮᠵᠢ ᠲᠥᠬᠦᠭᠡᠷᠦᠮᠵᠢ ᠶᠢ ᠲᠡᠭᠦᠯᠳᠡᠷᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠡᠮᠦᠨᠡᠲᠦ | ᠣᠷᠣᠨ ᠳᠤ ᠰᠢᠨᠵᠢᠯᠡᠬᠦ ᠤᠬᠠᠭᠠᠨ ᠤ ᠰᠤᠳᠤᠯᠤᠯ ᠤᠨ ᠦᠷ᠎ᠡ ᠪᠤᠶᠢᠵᠢᠭᠤᠯᠬᠤ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ | ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠡᠭᠦᠷᠭᠡ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠠᠷᠪᠠ︶ ᠮᠠᠯ ᠵᠢᠭᠦᠷᠲᠡᠨ ᠤ ᠡᠭᠦᠯᠳᠡᠷ ᠤᠨ ᠢᠷᠡᠯᠲᠡ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠨ᠎ᠠ᠃ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠱᠠᠲᠤᠨ ᠤ ᠮᠠᠯ ᠵᠢᠭᠦᠷᠲᠡᠨ ᠤ ᠭᠤᠤᠯ ᠡᠭᠦᠯᠳᠡᠷ | ᠪᠤᠶᠢᠵᠢᠭᠤᠯᠬᠤ ᠲᠠᠯᠠᠪᠠᠶ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠪᠡᠯᠡᠳᠬᠡᠮᠵᠢ ᠲᠥᠬᠦᠭᠡᠷᠦᠮᠵᠢ ᠶᠢ | ᠲᠡᠭᠦᠯᠳᠡᠷᠵᠢᠭᠦᠯᠦᠨ᠂ ᠲᠡᠵᠢᠭᠡᠨ ᠠᠷᠠᠴᠢᠯᠠᠬᠤ ᠬᠠᠮᠢᠶᠠᠷᠤᠯᠲᠠ ᠶᠢ ᠠᠦ᠋ᠲ᠋ᠣᠴᠢᠯᠠᠬᠤ᠂ ᠬᠡᠮᠵᠢᠨ ᠲᠣᠭᠲᠠᠭᠠᠵᠤ ᠦᠨᠡᠯᠡᠨ | ᠵᠢᠱᠢᠬᠦ ᠶᠢᠨ ᠤᠶᠤᠨᠴᠢᠯᠠᠬᠤ᠂ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠶᠢᠨ ᠪᠣᠰᠤᠭ᠎ᠠ ᠴᠤᠭᠴᠠᠵᠢᠭᠰᠠᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠨ᠂ ᠵᠢᠷᠤᠮᠵᠢᠭᠰᠠᠨ ᠨᠢᠭᠡᠳᠦᠯᠲᠡᠶ ᠦᠢᠯᠡᠳᠪᠦᠷᠢᠯᠡᠯ ᠤᠨ ᠴᠢᠨᠠᠷ ᠴᠢᠳᠠᠯ ᠢ ᠬᠡᠮᠵᠢᠨ | ᠲᠣᠭᠲᠠᠭᠠᠬᠤ ᠪᠠ ᠤᠳᠤᠮᠯᠠᠯ ᠤᠨ ᠦᠨᠡᠯᠡᠨ ᠵᠢᠱᠢᠬᠦ ᠶᠢ ᠥᠷᠨᠢᠭᠦᠯᠵᠦ᠂ ᠵᠢᠯ ᠪᠦᠷᠢ ᠦᠬᠡᠷ 200 ᠲᠣᠯᠣᠭᠠᠶ ᠠᠴᠠ ᠳᠡᠭᠡᠭᠰᠢ᠂ | ᠬᠤᠨᠢ 800 ᠲᠣᠯᠣᠭᠠᠶ ᠠᠴᠠ ᠳᠡᠭᠡᠭᠰᠢ᠂ ᠭᠠᠭ᠋ᠠᠶ 1000 ᠲᠣᠯᠣᠭᠠᠶ ᠠᠴᠠ ᠳᠡᠭᠡᠭᠰᠢ ᠬᠡᠮᠵᠢᠨ ᠲᠣᠭᠲᠠᠭᠠᠵᠤ᠂ | ᠡᠭᠦᠯᠳᠡᠷ ᠤᠨ ᠮᠠᠯ ᠤᠨ ᠲᠤᠭ᠎ᠠ ᠬᠡᠮᠵᠢᠶ᠎ᠡ ᠶᠢ ᠥᠷᠭᠡᠳᠬᠡᠨ᠂ ᠦᠷ᠎ᠡ ᠶᠢᠨ ᠮᠠᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠦᠷ᠎ᠡ | ᠬᠠᠩᠭᠠᠬᠤ ᠴᠢᠳᠠᠪᠤᠷᠢ ᠶᠢ ᠵᠢᠯ ᠳᠤ 10% ᠪᠠᠷ ᠳᠡᠭᠡᠭᠰᠢᠯᠡᠭᠦᠯᠦᠨ᠂ ᠤᠯᠤᠰ ᠤᠨ ᠳᠣᠲᠣᠭᠠᠳᠤ ᠶᠢᠨ ᠲᠡᠷᠢᠭᠦᠨ ᠲᠠᠰ ᠤᠨ ᠮᠠᠯ | ᠵᠢᠭᠦᠷᠲᠡᠨ ᠤ ᠡᠭᠦᠯᠳᠡᠷ ᠤᠨ ᠢᠷᠡᠯᠲᠡ ᠶᠢᠨ ᠰᠠᠭᠤᠷᠢᠨ ᠭᠠᠵᠠᠷ ᠢ ᠪᠠᠶᠢᠭᠤᠯᠤᠨ᠎ᠠ᠃ ᠦᠬᠡᠷ᠂ ᠬᠤᠨᠢᠨ ᠤ ᠡᠭᠦᠯᠳᠡᠷ | ᠪᠤᠶᠢᠵᠢᠭᠤᠯᠬᠤ ᠲᠠᠯᠠᠪᠠᠢ ᠳᠤ ᠵᠢᠯ ᠪᠦᠷᠢ ᠲᠤᠰ ᠲᠤᠰ 60 ᠲᠦᠮᠡᠨ ᠲᠥᠭᠦᠷᠢᠭ᠂ 40 ᠲᠦᠮᠡᠨ ᠲᠥᠭᠦᠷᠢᠭ ᠠᠴᠠ | ᠳᠡᠭᠡᠭᠰᠢᠬᠢ ᠨᠥᠬᠦᠪᠥᠷᠢ ᠣᠯᠭᠤᠵᠤ᠂ ᠬᠢᠨᠠᠨ ᠰᠢᠨᠵᠢᠯᠡᠵᠦ ᠦᠨᠡᠯᠡᠨ ᠵᠢᠱᠢᠬᠦ ᠳᠤ ᠬᠢᠷᠢ ᠲᠡᠩᠴᠡᠭᠰᠡᠨ ᠥᠬᠡᠶ ᠶᠢ ᠨᠢ | ᠬᠥᠳᠡᠯᠦᠩᠭᠦᠶ ᠪᠠᠷ ᠪᠤᠴᠠᠭᠠᠨ ᠭᠠᠷᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ | ᠲᠢᠩᠬᠢᠮ᠂ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | ︵ᠠᠷᠪᠠᠨ ᠨᠢᠭᠡ︶ ᠣᠶ ᠰᠢᠭᠤᠶ ᠪᠠ ᠨᠤᠲᠤᠭ ᠪᠡᠯᠴᠢᠭᠡᠷ ᠤᠨ ᠦᠷ᠎ᠡ ᠪᠠ ᠵᠤᠯᠵᠠᠭ᠎ᠠ ᠮᠣᠳᠣ ᠶᠢ ᠦᠷᠡᠵᠢᠭᠦᠯᠦᠨ | ᠪᠤᠶᠢᠵᠢᠭᠤᠯᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠡᠪᠡᠰᠦᠨ ᠤ ᠡᠭᠦᠯᠳᠡᠷ ᠢ | ᠦᠷᠡᠵᠢᠭᠦᠯᠦᠨ ᠪᠤᠶᠢᠵᠢᠭᠤᠯᠬᠤ ᠲᠤᠰᠠᠯᠠᠮᠵᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠡᠪᠡᠰᠦᠨ ᠤ | ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠭᠤᠤᠯᠳᠠᠯᠭ᠎ᠠ ᠲᠠᠢ ᠭᠠᠵᠠᠷ ᠣᠷᠣᠨ ᠤ ᠨᠢᠭᠡ ᠪᠦᠯᠦᠭ ᠥᠨᠳᠥᠷ ᠪᠠᠷᠢᠮᠵᠢᠶᠠᠲᠤ | ᠡᠪᠡᠰᠦᠨ ᠤ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠢ ᠰᠢᠨᠵᠢᠯᠡᠬᠦ ᠤᠬᠠᠭᠠᠨᠴᠢ ᠪᠠᠷ ᠣᠨᠣᠪᠴᠢᠲᠠᠶ | ᠪᠠᠶᠢᠷᠢᠯᠠᠭᠤᠯᠬᠤ ᠶᠢ ᠵᠣᠷᠢᠭᠵᠢᠭᠤᠯᠤᠨ ᠬᠥᠲᠥᠯᠥᠨ ᠵᠢᠯᠣᠭᠤᠳᠤᠨ᠎ᠠ᠃ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ | ᠪᠠ ᠠᠮᠢ ᠠᠬᠤᠶ ᠶᠢ ᠰᠡᠷᠭᠦᠭᠡᠬᠦ ᠳᠤ ᠬᠡᠷᠡᠭᠯᠡᠬᠦ ᠦᠷ᠎ᠡ ᠶᠢᠨ ᠬᠡᠷᠡᠭᠴᠡᠭᠡ ᠱᠠᠭᠠᠷᠳᠠᠯᠭ᠎ᠠ ᠳᠤ ᠦᠢᠯᠡᠴᠢᠯᠡᠬᠦ ᠪᠠᠷ ᠬᠠᠷᠠᠯᠲᠠ | ᠪᠣᠯᠭᠠᠨ᠂ ᠭᠠᠵᠠᠷ ᠰᠢᠷᠣᠶ᠂ ᠪᠡᠯᠡ ᠮᠥᠩᠭᠦ᠂ ᠲᠥᠷᠥᠯ ᠵᠦᠢᠯ ᠵᠡᠷᠭᠡ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ | ᠪᠠᠷᠢᠮᠵᠢᠶᠠᠵᠢᠭᠰᠠᠨ᠂ ᠡᠷᠴᠢᠮᠵᠢᠭᠰᠡᠨ᠂ ᠬᠡᠪᠴᠢᠶᠡᠵᠢᠭᠰᠡᠨ ᠡᠪᠡᠰᠦᠨ ᠤ ᠦᠷ᠎ᠡ ᠪᠤᠶᠢᠵᠢᠭᠤᠯᠬᠤ ᠰᠠᠭᠤᠷᠢᠨ ᠭᠠᠵᠠᠷ ᠢ ᠪᠦᠲᠦᠭᠡᠨ | ᠪᠠᠶᠢᠭᠤᠯᠬᠤ ᠬᠡᠷᠡᠭᠲᠡᠶ᠃ ᠬᠢᠶᠠᠭ ᠡᠪᠡᠰᠦ ᠶᠢ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠢ ᠪᠠᠶᠢᠭᠤᠯᠵᠤ᠂ ᠬᠥᠯᠥᠨ | ᠪᠤᠶᠢᠷ ᠬᠤᠲᠠ᠂ ᠬᠢᠩᠭᠠᠨ ᠠᠶᠢᠮᠠᠭ᠂ ᠲᠦᠩᠯᠢᠶᠣᠤ ᠬᠤᠲᠠ ᠪᠠᠷ ᠭᠤᠤᠯᠳᠠᠯᠭ᠎ᠠ ᠪᠣᠯᠭᠠᠨ᠂ ᠬᠤᠵᠢᠷᠯᠢᠭ ᠭᠠᠵᠠᠷ᠂ | ᠡᠯᠡᠰᠦᠷᠬᠡᠭ ᠭᠠᠵᠠᠷ ᠤᠨ ᠬᠡᠷᠡᠭᠯᠡᠬᠦ ᠭᠠᠵᠠᠷ ᠤᠨ ᠳᠠᠯᠳᠠ ᠬᠦᠴᠦᠨ ᠢ ᠠᠭᠤᠳᠠᠯᠵᠤ᠂ ᠭᠠᠵᠠᠷ ᠰᠣᠩᠭᠤᠨ ᠬᠡᠷᠡᠭᠯᠡᠬᠦ ᠭᠠᠵᠠᠷ ᠤᠨ | ᠪᠠᠲᠤᠯᠠᠭ᠎ᠠ ᠶᠢ ᠰᠠᠶᠢᠲᠤᠷ ᠬᠢᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ ᠲᠤᠰᠬᠠᠶ ᠵᠦᠢᠯ ᠢᠶᠠᠷ | ᠲᠤᠯᠭᠠᠭᠤᠷᠢᠯᠠᠯ ᠪᠣᠯᠭᠠᠨ᠂ ᠲᠤᠰᠬᠠᠶ ᠵᠦᠢᠯ ᠢᠶᠠᠷ ᠳᠠᠷᠢᠬᠤ᠂ ᠬᠤᠷᠢᠶᠠᠬᠤ᠂ ᠴᠡᠪᠡᠷᠯᠡᠬᠦ ᠮᠠᠰᠢᠨ ᠮᠧᠬᠠᠨᠢᠭ ᠢ ᠵᠣᠬᠢᠶᠠᠨ | ᠪᠠᠶᠢᠭᠤᠯᠤᠨ ᠰᠤᠳᠤᠯᠤᠨ᠎ᠠ︔ ᠴᠠᠷᠭᠠᠰᠤ ᠶᠢ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠢ ᠪᠠᠶᠢᠭᠤᠯᠵᠤ᠂ | ᠬᠥᠬᠡᠬᠤᠲᠠ᠂ ᠤᠯᠠᠭᠠᠨᠴᠠᠪ ᠬᠤᠲᠠ᠂ ᠣᠷᠳᠣᠰ ᠬᠤᠲᠠ᠂ ᠪᠠᠶᠠᠨᠨᠠᠭᠤᠷ ᠬᠤᠲᠠ ᠪᠠᠷ ᠭᠤᠤᠯᠳᠠᠯᠭ᠎ᠠ ᠪᠣᠯᠭᠠᠨ᠂ | ᠲᠥᠪᠯᠡᠷᠡᠭᠦᠯᠦᠨ ᠵᠠᠯᠭᠠᠯᠳᠤᠭᠤᠯᠤᠨ ᠬᠡᠪᠴᠢᠶᠡᠵᠢᠭᠦᠯᠦᠨ ᠦᠢᠯᠡᠳᠪᠦᠷᠢᠯᠡᠬᠦ ᠶᠢ ᠬᠥᠭᠵᠢᠭᠦᠯᠦᠨ᠂ ᠦᠷ᠎ᠡ ᠶᠢᠨ ᠶᠠᠰᠤ ᠴᠢᠨᠠᠷ ᠢ | ᠮᠥᠷᠳᠡᠨ ᠪᠠᠶᠢᠴᠠᠭᠠᠵᠤ ᠬᠠᠮᠢᠶᠠᠷᠬᠤ ᠶᠢ ᠥᠷᠨᠢᠭᠦᠯᠵᠦ᠂ ᠰᠢᠯᠢᠳᠡᠭ ᠡᠭᠦᠯᠳᠡᠷ ᠤᠨ ᠡᠵᠡᠯᠡᠬᠦ ᠬᠠᠷᠢᠴᠠᠯ ᠢ ᠳᠡᠭᠡᠭᠰᠢᠯᠡᠭᠦᠯᠦᠨ᠂ | ᠢᠵᠢ ᠪᠦᠷᠢᠳᠦᠭᠦᠯᠬᠦ ᠦᠢᠯᠡᠳᠪᠦᠷᠢᠯᠡᠯ ᠤᠨ ᠮᠠᠰᠢᠨ ᠢ ᠲᠡᠰ ᠳᠡᠪᠰᠢᠭᠦᠯᠦᠨ ᠥᠭᠡᠷᠡᠴᠢᠯᠡᠨ᠎ᠡ︔ ᠠᠮᠢ ᠠᠬᠤᠶ ᠶᠢ ᠰᠡᠷᠭᠦᠭᠡᠨ | ᠰᠡᠷᠭᠦᠭᠡᠬᠦ ᠳᠤ ᠬᠡᠷᠡᠭᠯᠡᠬᠦ ᠡᠪᠡᠰᠦᠨ ᠤ ᠰᠠᠭᠤᠷᠢᠨ ᠭᠠᠵᠠᠷ ᠢ ᠪᠠᠶᠢᠭᠤᠯᠵᠤ᠂ ᠤᠯᠠᠭᠠᠨᠬᠠᠳᠠ ᠬᠤᠲᠠ ᠪᠣᠯᠤᠨ ᠰᠢᠯᠢ ᠶᠢᠨ ᠭᠤᠤᠯ | ᠠᠶᠢᠮᠠᠭ ᠤᠨ ᠬᠤᠯᠠᠨ ᠰᠢᠷᠭ᠎ᠠ ᠲᠠᠭ᠎ᠠ ᠶᠢᠨ ᠡᠯᠡᠰᠦ ᠶᠢ ᠦᠷᠡᠵᠢᠭᠦᠯᠦᠨ ᠪᠤᠶᠢᠵᠢᠭᠤᠯᠬᠤ ᠨᠠᠩ ᠣᠯᠠᠨ ᠲᠥᠷᠥᠯ ᠬᠡᠯᠪᠡᠷᠢ ᠶᠢᠨ | ᠰᠠᠭᠤᠷᠢᠨ ᠭᠠᠵᠠᠷ ᠢ ᠪᠠᠶᠢᠭᠤᠯᠵᠤ᠂ ᠲᠠᠴᠢᠷᠳᠠᠭᠰᠠᠨ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠬᠦ᠂ ᠪᠣᠬᠢᠷᠲᠤᠯ ᠥᠬᠡᠶ | ᠠᠭᠤᠷᠬᠠᠶ ᠶᠢᠨ ᠪᠦᠲᠦᠭᠡᠨ ᠪᠠᠶᠢᠭᠤᠯᠤᠯᠲᠠ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢ ᠬᠠᠮᠠᠭᠠᠯᠠᠬᠤ᠂ | ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠬᠢᠭᠡᠳ ᠡᠯᠡᠰᠦᠷᠬᠡᠭ ᠭᠠᠵᠠᠷ ᠢ ᠵᠠᠰᠠᠬᠤ᠂ ᠬᠤᠵᠢᠷᠯᠢᠭ ᠭᠠᠵᠠᠷ ᠢ ᠳᠡᠯᠭᠡᠷᠡᠭᠦᠯᠬᠦ ᠳᠤ | ᠲᠣᠬᠢᠷᠠᠬᠤ ᠠᠳᠠᠯᠢ ᠪᠤᠰᠤ ᠲᠥᠷᠥᠯ ᠬᠡᠯᠪᠡᠷᠢ ᠶᠢᠨ ᠠᠮᠢ ᠠᠬᠤᠶ ᠶᠢ ᠰᠡᠷᠭᠦᠭᠡᠨ ᠵᠠᠰᠠᠬᠤ ᠲᠥᠷᠥᠯ ᠵᠦᠢᠯ ᠤᠨ ᠬᠡᠷᠡᠭᠴᠡᠭᠡ | ᠱᠠᠭᠠᠷᠳᠠᠯᠭ᠎ᠠ ᠶᠢ ᠬᠠᠩᠭᠠᠵᠤ᠂ ᠥᠪᠥᠷ ᠮᠣᠩᠭᠤᠯ ᠢᠶᠠᠨ ᠪᠥᠬᠦ ᠤᠯᠤᠰ ᠤᠨ ᠬᠠᠮᠤᠭ ᠤᠨ ᠶᠡᠭᠡ ᠡᠪᠡᠰᠦᠨ ᠦᠷ᠎ᠡ | ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠪᠣᠯᠭᠠᠬᠤ ᠪᠠᠷ ᠴᠢᠷᠮᠠᠶᠢᠨ᠎ᠠ᠃ ᠰᠢᠨ᠎ᠡ ᠪᠠᠷ ᠪᠠᠶᠢᠭᠤᠯᠤᠭᠰᠠᠨ | ᠪᠠᠲᠤᠯᠠᠭ᠎ᠠ ᠶᠢᠨ ᠴᠢᠨᠠᠷᠲᠠᠶ ᠴᠢᠬᠢ ᠮᠣᠳᠣᠨ ᠤ ᠬᠦᠷᠢᠶᠡᠯᠡᠩ ᠳᠤ ᠲᠤᠰᠠᠯᠠᠮᠵᠢ ᠱᠠᠩᠨᠠᠯ ᠣᠯᠭᠤᠬᠤ ᠶᠢ ᠳᠡᠮᠵᠢᠨ᠎ᠡ᠃ ᠰᠢᠬᠢᠷ | ᠡᠪᠡᠰᠦ᠂ ᠬᠤᠨᠴᠢᠷ᠂ ᠤᠯᠠᠭᠠᠨ ᠴᠠᠨ᠎ᠠ᠂ ᠤᠯᠠᠭᠠᠨ ᠭᠤᠶ᠎ᠠ᠂ ᠤᠯᠠᠭᠠᠨ ᠭᠤᠶᠣᠣ᠂ ᠤᠯᠠᠭᠠᠨ ᠴᠠᠭᠠᠨ᠂ ᠬᠤᠷᠳᠤᠨ ᠴᠠᠭᠠᠨ᠂ | ᠴᠢᠴᠠᠷᠭᠠᠨ᠎ᠠ᠂ ᠤᠮᠠᠷᠠᠲᠤ ᠶᠢᠨ ᠡᠯᠡᠰᠦᠨ ᠴᠠᠴᠢᠷ᠂ ᠱᠦᠭᠦᠷᠭᠡᠨ᠎ᠡ ᠶᠢᠨ ᠰᠡᠷᠭᠡᠶᠢᠯᠡᠯᠲᠡ ᠵᠡᠷᠭᠡ ᠣᠨᠴᠠᠯᠢᠭᠲᠤ ᠳᠤᠮᠳᠠ | ︵ᠮᠣᠩᠭᠤᠯ ᠦᠨᠳᠦᠰᠦᠲᠡᠨ︶ ᠬᠢᠬᠦ ᠶᠢ ᠳᠡᠮᠵᠢᠨ᠎ᠠ︶ ᠡᠮ ᠤᠨ ᠮᠠᠲ᠋ᠧᠷᠢᠶᠠᠯ ᠤᠨ ᠰᠠᠢᠨ ᠡᠭᠦᠯᠳᠡᠷ ᠢ ᠪᠦᠵᠢᠭᠤᠯᠬᠤ᠃ | ︵ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ | ᠲᠢᠩᠬᠢᠮ᠂ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠠᠷᠪᠠᠨ ᠬᠤᠶᠠᠷ︶ ᠰᠠᠭᠤᠷᠢᠨ ᠭᠠᠵᠠᠷ ᠤᠨ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ | ᠴᠢᠩᠭᠠᠷᠠᠭᠤᠯᠤᠨ᠎ᠠ᠃ ᠲᠥᠷᠥ ᠶᠢᠨ ᠪᠣᠳᠣᠯᠭ᠎ᠠ ᠪᠠ ᠲᠥᠷᠥᠯ ᠵᠦᠢᠯ ᠢ ᠨᠢᠭᠡᠳᠦᠯᠲᠡᠶ ᠲᠥᠯᠥᠪᠯᠡᠬᠦ ᠶᠢ ᠴᠢᠩᠭᠠᠳᠬᠠᠵᠤ᠂ | ᠨᠥᠬᠦᠴᠡᠯ ᠳᠤ ᠨᠡᠶᠢᠴᠡᠬᠦ ᠲᠠᠷᠢᠮᠠᠯ ᠤᠨ ᠦᠷ᠎ᠡ ᠶᠢᠨ ᠰᠠᠭᠤᠷᠢᠨ ᠭᠠᠵᠠᠷ ᠲᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ | ᠤᠷᠢᠳᠠᠪᠠᠷ ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠨ ᠳᠡᠭᠡᠭᠰᠢᠯᠡᠭᠦᠯᠵᠦ᠂ ᠳᠠᠪᠠᠭᠤᠯᠢᠭ ᠦᠷ᠎ᠡ ᠶᠢᠨ | ᠦᠢᠯᠡᠳᠪᠦᠷᠢᠯᠡᠯ ᠤᠨ ᠰᠠᠭᠤᠷᠢᠨ ᠭᠠᠵᠠᠷ ᠢ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠮᠵᠢᠲᠤ ᠣᠷᠣᠨ ᠳᠤ ᠬᠤᠪᠢᠶᠠᠷᠢᠯᠠᠨ | ᠣᠷᠣᠭᠤᠯᠬᠤ ᠶᠢᠨ ᠬᠠᠮᠲᠤ ᠦᠨᠳᠦᠰᠦᠨ ᠲᠠᠷᠢᠶᠠᠨ ᠭᠠᠵᠠᠷ ᠤᠨ ᠬᠡᠪᠴᠢᠶᠡᠨ ᠳᠤ ᠣᠷᠣᠭᠤᠯᠵᠤ ᠬᠠᠮᠠᠭᠠᠯᠠᠬᠤ ᠬᠡᠷᠡᠭᠲᠡᠶ᠃ | ᠲᠠᠷᠢᠶᠠᠨ ᠭᠠᠵᠠᠷ ᠤᠨ ᠡᠭᠡᠯᠵᠢᠯᠡᠨ ᠳᠠᠷᠢᠬᠤ ᠲᠥᠷᠥᠯ ᠵᠦᠢᠯ ᠤᠨ ᠬᠡᠷᠡᠭᠵᠢᠭᠦᠯᠬᠦ ᠱᠠᠭᠠᠷᠳᠠᠯᠭ᠎ᠠ ᠳᠤ ᠨᠡᠶᠢᠴᠡᠭᠰᠡᠨ ᠦᠷ᠎ᠡ | ᠪᠤᠶᠢᠵᠢᠭᠤᠯᠬᠤ ᠰᠠᠭᠤᠷᠢᠨ ᠭᠠᠵᠠᠷ ᠲᠤ ᠲᠠᠷᠢᠶᠠᠨ ᠭᠠᠵᠠᠷ ᠤᠨ ᠡᠭᠡᠯᠵᠢᠯᠡᠨ ᠳᠠᠷᠢᠬᠤ ᠲᠥᠷᠥᠯ ᠵᠦᠢᠯ ᠢ ᠪᠦᠷᠢᠨ | ᠪᠦᠷᠬᠦᠭᠦᠯᠬᠦ ᠶᠢ ᠪᠡᠶᠡᠯᠡᠭᠦᠯᠦᠨ᠎ᠡ᠃ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠢ ᠡᠩ ᠲᠡᠷᠢᠭᠦᠨ ᠳᠤ ᠬᠠᠮᠤᠷᠤᠨ | ᠲᠠᠷᠢᠵᠤ ᠪᠤᠶᠢᠵᠢᠭᠤᠯᠬᠤ᠂ ᠲᠠᠷᠢᠬᠤ᠂ ᠬᠠᠮᠢᠶᠠᠷᠬᠤ᠂ ᠬᠤᠷᠢᠶᠠᠬᠤ᠂ ᠨᠥᠭᠡᠴᠡᠯᠡᠬᠦ ᠵᠡᠷᠭᠡ ᠦᠢᠯᠡᠴᠢᠯᠡᠭᠡᠨ ᠢ ᠥᠷᠨᠢᠭᠦᠯᠬᠦ | ᠬᠡᠷᠡᠭᠲᠡᠶ᠃ ᠬᠡᠪᠴᠢᠶ᠎ᠡ ᠲᠠᠢ ᠢᠲᠡᠭᠡᠮᠵᠢ ᠣᠯᠭᠤᠬᠤ ᠳᠦᠷᠢᠮ ᠢ ᠬᠡᠷᠡᠭᠵᠢᠭᠦᠯᠵᠦ᠂ ᠬᠢᠨᠠᠨ ᠬᠠᠮᠢᠶᠠᠷᠬᠤ ᠦᠢᠯᠡᠴᠢᠯᠡᠭᠡᠨ ᠤ | ᠰᠢᠰᠲ᠋ᠧᠮᠵᠢ ᠶᠢ ᠲᠡᠭᠦᠯᠳᠡᠷᠵᠢᠭᠦᠯᠦᠨ᠂ ᠦᠷ᠎ᠡ ᠪᠤᠶᠢᠵᠢᠭᠤᠯᠬᠤ ᠰᠠᠭᠤᠷᠢᠨ ᠭᠠᠵᠠᠷ ᠤᠨ ᠬᠠᠮᠢᠶᠠᠷᠤᠯᠲᠠ ᠦᠢᠯᠡᠴᠢᠯᠡᠭᠡᠨ ᠤ | ᠲᠡᠭᠦᠯᠳᠡᠷᠵᠢᠭᠰᠡᠨ ᠲᠣᠭᠲᠠᠴᠠ ᠶᠢ ᠪᠣᠶ ᠪᠣᠯᠭᠠᠬᠤ ᠬᠡᠷᠡᠭᠲᠡᠶ᠃ ᠡᠪᠡᠰᠦᠨ ᠤ ᠦᠷ᠎ᠡ ᠶᠢᠨ ᠦᠢᠯᠡᠳᠪᠦᠷᠢᠯᠡᠯ ᠤᠨ ᠣᠷᠣᠨ ᠤ | ᠶᠣᠰᠣᠭᠠᠷ ᠤᠰᠤ ᠠᠷᠪᠢᠯᠠᠵᠤ ᠤᠰᠤᠯᠠᠬᠤ ᠨᠥᠬᠦᠴᠡᠯ ᠢ ᠪᠦᠷᠢᠯᠳᠦᠭᠦᠯᠦᠭᠰᠡᠨ᠂ ᠲᠥᠪᠯᠡᠷᠡᠨ ᠵᠠᠯᠭᠠᠯᠳᠤᠭᠰᠠᠨ ᠮᠥᠷᠲᠡᠭᠡᠨ | ᠮᠠᠰᠢᠨᠴᠢᠯᠠᠨ ᠦᠢᠯᠡᠳᠪᠦᠷᠢᠯᠡᠬᠦ ᠳᠤ ᠲᠣᠬᠢᠷᠠᠬᠤ ᠡᠩ ᠤᠨ ᠲᠠᠷᠢᠶᠠᠨ ᠭᠠᠵᠠᠷ᠂ ᠲᠡᠵᠢᠭᠡᠯ ᠡᠪᠡᠰᠦᠨ ᠤ ᠭᠠᠵᠠᠷ ᠪᠣᠯᠤᠨ | ᠲᠠᠷᠢᠶᠠᠯᠠᠬᠤ ᠪᠠᠨ ᠵᠣᠭᠰᠣᠵᠤ ᠪᠡᠯᠴᠢᠭᠡᠷ ᠢ ᠰᠡᠷᠭᠦᠭᠡᠬᠦ ᠵᠡᠷᠭᠡ ᠭᠠᠵᠠᠷ ᠤᠨ ᠲᠥᠷᠥᠯ ᠢᠶᠠᠷ ᠬᠤᠪᠢᠶᠠᠷᠢᠯᠠᠨ ᠲᠣᠭᠲᠠᠭᠠᠵᠤ᠂ | ᠥᠨᠳᠥᠷ ᠪᠠᠷᠢᠮᠵᠢᠶᠠᠲᠤ ᠡᠪᠡᠰᠦᠨ ᠤ ᠦᠷ᠎ᠡ ᠪᠤᠶᠢᠵᠢᠭᠤᠯᠬᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠬᠡᠷᠡᠭᠲᠡᠶ᠃ | ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ᠂ ᠣᠶ ᠰᠢᠭᠤᠶ ᠨᠤᠲᠤᠭ ᠪᠡᠯᠴᠢᠭᠡᠷ ᠤᠨ | ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ | ᠶᠣᠰᠣᠭᠠᠷ ᠬᠠᠷᠢᠭᠤᠴᠠᠨ᠎ᠠ︶ | ᠳᠥᠷᠪᠡ᠂ ᠰᠢᠯᠢᠳᠡᠭ ᠢ ᠬᠥᠬᠢᠭᠦᠯᠦᠨ ᠱᠠᠩᠨᠠᠬᠤ ᠲᠣᠭᠲᠠᠴᠠ ᠪᠠᠶᠢᠭᠤᠯᠵᠤ᠂ ᠰᠢᠯᠢᠳᠡᠭ ᠡᠭᠦᠯᠳᠡᠷ ᠢ ᠳᠡᠯᠭᠡᠷᠡᠭᠦᠯᠦᠨ ᠬᠡᠷᠡᠭᠯᠡᠬᠦ | ᠠᠯᠬᠤᠴᠠ ᠶᠢ ᠲᠦᠷᠭᠡᠳᠬᠡᠬᠦ ᠬᠡᠷᠡᠭᠲᠡᠶ | ︵ᠠᠷᠪᠠᠨ ᠭᠤᠷᠪᠠ︶ ᠰᠠᠶᠢᠨ ᠡᠭᠦᠯᠳᠡᠷᠴᠢᠯᠡᠯᠲᠡ ᠶᠢᠨ ᠬᠢᠷᠢ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃ | ᠦᠷ᠎ᠡ ᠰᠣᠩᠭᠤᠬᠤ ᠶᠡᠷᠢᠶᠡᠨ ᠤ ᠲᠠᠪᠴᠠᠩ ᠢ ᠪᠠᠶᠢᠭᠤᠯᠵᠤ᠂ ᠪᠦᠬᠦ ᠣᠷᠣᠨ ᠳᠤ ᠲᠠᠷᠢᠮᠠᠯ ᠤᠨ ᠥᠨᠳᠥᠷ ᠤᠨᠠᠯᠲᠠ ᠲᠠᠢ᠂ | ᠴᠢᠨᠠᠷ ᠰᠠᠶᠢᠲᠠᠢ᠂ ᠪᠣᠬᠢᠷᠲᠤᠯ ᠦᠭᠡᠢ ᠰᠢᠨ᠎ᠡ ᠡᠭᠦᠯᠳᠡᠷ ︽ᠲᠠᠷᠢᠶᠠᠨ ᠦᠷ᠎ᠡ ᠰᠣᠩᠭᠤᠬᠤ︾ ᠲᠠᠪᠴᠠᠩ 60 ᠪᠠᠶᠢᠭᠤᠯᠵᠤ᠂ | ᠡᠷᠳᠡᠨᠢ ᠰᠢᠰᠢ᠂ ᠰᠢᠷ᠎ᠠ ᠪᠤᠷᠴᠠᠭ᠂ ᠲᠥᠮᠥᠰᠥ᠂ ᠨᠡᠷᠡᠨ ᠬᠤᠸᠠᠷ᠂ ᠡᠯᠳᠡᠪ ᠠᠮᠤ ᠡᠯᠳᠡᠪ ᠪᠤᠷᠴᠠᠭ 5 ᠥᠪᠡᠷᠲᠡᠭᠡᠨ ᠵᠠᠰᠠᠬᠤ | ᠣᠷᠣᠨ ᠤ ᠲᠡᠰ ᠤᠨ ᠣᠷᠣᠨ ᠪᠦᠰᠡ ᠶᠢᠨ ᠴᠢᠨᠠᠷᠲᠠᠶ ᠲᠠᠪᠴᠠᠩ ᠢ ᠭᠤᠣᠯᠳᠠᠯᠭ᠎ᠠ ᠲᠠᠢ ᠪᠠᠶᠢᠭᠤᠯᠵᠤ᠂ ᠰᠢᠨ᠎ᠡ ᠡᠭᠦᠯᠳᠡᠷ ᠢ | ᠳᠡᠯᠭᠡᠨ ᠦᠵᠡᠭᠦᠯᠵᠦ ᠦᠨᠡᠯᠡᠬᠦ ᠪᠠ ᠠᠮᠤᠷ ᠲᠦᠪᠰᠢᠨ ᠴᠢᠨᠠᠷ ᠢ ᠬᠢᠨᠠᠨ ᠬᠡᠮᠵᠢᠬᠦ ᠶᠢ ᠲᠥᠪᠯᠡᠷᠡᠭᠦᠯᠦᠨ ᠥᠷᠨᠢᠭᠦᠯᠵᠦ᠂ | ᠰᠢᠯᠢᠳᠡᠭ ᠡᠭᠦᠯᠳᠡᠷ ᠢ ᠲᠠᠨᠢᠯᠴᠠᠭᠤᠯᠬᠤ ᠨᠡᠷᠡᠰ ᠤᠨ ᠵᠢᠭᠰᠠᠭᠠᠯᠲᠠ ᠶᠢ ᠨᠠᠶᠢᠷᠠᠭᠤᠯᠤᠨ ᠨᠡᠶᠢᠲᠡᠯᠡᠵᠦ᠂ ᠦᠷ᠎ᠡ ᠬᠡᠷᠡᠭᠯᠡᠬᠦ ᠦᠷ᠎ᠡ | ᠬᠠᠩᠭᠠᠬᠤ ᠤᠬᠠᠭᠤᠯᠭ᠎ᠠ ᠪᠣᠯᠪᠠᠰᠤᠷᠠᠭᠤᠯᠤᠯ ᠢ ᠴᠢᠩᠭᠠᠳᠬᠠᠨ᠂ ᠲᠠᠷᠢᠶᠠᠴᠢᠳ ᠤᠨ ᠦᠢᠯᠡᠳᠪᠦᠷᠢᠯᠡᠯ ᠳᠤ ᠬᠡᠷᠡᠭᠯᠡᠬᠦ ᠦᠷ᠎ᠡ | ᠰᠣᠩᠭᠤᠬᠤ ᠳᠤ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠨ᠎ᠠ᠃ ᠦᠷ᠎ᠡ ᠶᠢᠨ ᠶᠠᠰᠤ ᠴᠢᠨᠠᠷ ᠤᠨ ᠭᠡᠷᠡᠴᠢᠯᠡᠭᠡ ᠶᠢ | ᠥᠷᠨᠢᠭᠦᠯᠵᠦ᠂ ᠴᠢᠨᠠᠷ ᠰᠠᠶᠢᠲᠠᠶ ᠠᠵᠤ ᠠᠬᠤᠶᠢᠯᠠᠯ ᠤᠨ ᠴᠢᠨᠠᠷ ᠰᠠᠶᠢᠲᠠᠶ ᠡᠭᠦᠯᠳᠡᠷ ᠤᠨ ᠭᠡᠷᠡᠴᠢᠯᠡᠯᠲᠡ ᠪᠠᠷ ᠳᠠᠮᠵᠢᠭᠤᠯᠤᠨ | ᠴᠢᠨᠠᠷ ᠰᠠᠶᠢᠲᠠᠶ ᠦᠨ᠎ᠡ ᠶᠢ ᠨᠢ ᠪᠡᠶᠡᠯᠡᠭᠦᠯᠬᠦ ᠶᠢ ᠵᠣᠷᠢᠭᠵᠢᠭᠤᠯᠵᠤ᠂ ᠲᠥᠮᠥᠰᠥ ᠶᠢᠨ ᠦᠷ᠎ᠡ ᠶᠢᠨ ᠲᠥᠮᠥᠰᠥ ᠶᠢᠨ ᠶᠠᠰᠤ | ᠴᠢᠨᠠᠷ ᠤᠨ ᠭᠡᠷᠡᠴᠢᠯᠡᠭᠡ ᠶᠢᠨ ᠲᠠᠯᠠᠪᠠᠶ ᠶᠢ ᠵᠢᠯ ᠪᠦᠷᠢ 4000 ᠮᠥ ᠠᠴᠠ ᠳᠣᠤᠷ᠎ᠠ ᠪᠠᠶᠢᠯᠭᠠᠵᠤ ᠪᠣᠯᠬᠤ ᠥᠬᠡᠶ᠂ ᠮᠥ | ᠪᠦᠷᠢ ᠳᠤ 1000 ᠲᠥᠭᠦᠷᠢᠭ ᠤᠨ ᠨᠥᠬᠦᠪᠥᠷᠢ ᠥᠭᠴᠦ᠂ ᠡᠷᠳᠡᠨᠢ ᠰᠢᠰᠢ ᠶᠢᠨ ᠦᠷ᠎ᠡ ᠶᠢᠨ ᠶᠠᠰᠤ ᠴᠢᠨᠠᠷ ᠤᠨ | ᠭᠡᠷᠡᠴᠢᠯᠡᠭᠡ ᠶᠢᠨ ᠲᠠᠯᠠᠪᠠᠶ ᠶᠢ ᠵᠢᠯ ᠪᠦᠷᠢ 2 ᠲᠦᠮᠡᠨ ᠮᠥ ᠠᠴᠠ ᠳᠣᠤᠷ᠎ᠠ ᠪᠠᠶᠢᠯᠭᠠᠵᠤ ᠪᠣᠯᠬᠤ ᠥᠬᠡᠶ᠂ ᠮᠥ ᠪᠦᠷᠢ ᠳᠤ | 200 ᠲᠥᠭᠦᠷᠢᠭ ᠤᠨ ᠨᠥᠬᠦᠪᠥᠷᠢ ᠥᠭᠭᠦᠨ᠎ᠡ᠂ ᠰᠢᠷ᠎ᠠ ᠪᠤᠷᠴᠠᠭ ᠤᠨ ᠦᠷ᠎ᠡ ᠶᠢᠨ ᠶᠠᠰᠤ ᠴᠢᠨᠠᠷ ᠤᠨ ᠭᠡᠷᠡᠴᠢᠯᠡᠭᠡ ᠶᠢᠨ | ᠲᠠᠯᠠᠪᠠᠶ ᠶᠢ ᠵᠢᠯ ᠪᠦᠷᠢ 1 ᠲᠦᠮᠡᠨ ᠮᠥ ᠠᠴᠠ ᠳᠣᠤᠷ᠎ᠠ ᠪᠠᠶᠢᠯᠭᠠᠵᠤ ᠪᠣᠯᠬᠤ ᠥᠬᠡᠶ᠂ ᠮᠥ ᠪᠦᠷᠢ ᠳᠤ 200 ᠲᠥᠭᠦᠷᠢᠭ ᠤᠨ | ᠨᠥᠬᠦᠪᠥᠷᠢ ᠥᠭᠭᠦᠨ᠎ᠡ᠃ ᠮᠠᠯ ᠵᠢᠭᠦᠷᠲᠡᠨ ᠤ ᠰᠠᠶᠢᠨ ᠡᠭᠦᠯᠳᠡᠷ ᠢ ᠳᠡᠯᠭᠡᠷᠡᠭᠦᠯᠬᠦ ᠠᠵᠢᠯ ᠢ ᠲᠦᠷᠭᠡᠳᠬᠡᠵᠦ᠂ ᠭᠠᠭ᠋ᠠᠶ ᠦᠬᠡᠷ | ᠬᠤᠨᠢᠨ ᠤ ᠰᠠᠶᠢᠨ ᠡᠭᠦᠯᠳᠡᠷ ᠤᠨ ᠨᠥᠬᠦᠪᠥᠷᠢ ᠥᠭᠬᠦ ᠶᠢ ᠬᠡᠷᠡᠭᠵᠢᠭᠦᠯᠦᠨ᠂ ᠲᠡᠵᠢᠭᠡᠨ ᠦᠷᠡᠵᠢᠭᠦᠯᠬᠦ ᠲᠠᠯᠠᠪᠠᠶ ᠡᠷᠦᠬᠡ ᠶᠢᠨ | ᠰᠠᠶᠢᠨ ᠡᠭᠦᠯᠳᠡᠷ ᠤᠨ ᠢᠴᠡᠭᠡᠯ ᠦᠷ᠎ᠡ᠂ ᠴᠢᠨᠠᠷ ᠰᠠᠶᠢᠲᠠᠶ ᠬᠤᠴᠠ ᠬᠡᠷᠡᠭᠯᠡᠵᠦ ᠪᠠᠶᠢᠭᠠᠳ ᠦᠷᠡᠵᠢᠭᠦᠯᠦᠨ ᠪᠤᠶᠢᠵᠢᠭᠤᠯᠬᠤ ᠶᠢ | ᠳᠡᠮᠵᠢᠨ᠎ᠡ᠃ ᠰᠦ ᠰᠠᠭᠠᠯᠢ ᠶᠢᠨ ᠦᠢᠯᠡᠰ ᠤᠨ ᠰᠠᠶᠢᠨ ᠡᠭᠦᠯᠳᠡᠷ ᠢ ᠦᠷᠡᠵᠢᠭᠦᠯᠦᠨ ᠳᠡᠯᠭᠡᠷᠡᠭᠦᠯᠵᠦ ᠱᠠᠩᠨᠠᠨ ᠬᠥᠬᠢᠭᠦᠯᠬᠦ ᠶᠢ | ᠨᠠᠶᠢᠳᠠᠪᠤᠷᠢᠵᠢᠭᠤᠯᠵᠤ᠂ ᠰᠠᠭᠠᠯᠢ ᠶᠢᠨ ᠦᠨᠢᠶᠡᠨ ᠤ ᠪᠡᠯᠭᠡ ᠶᠢᠨ ᠡᠵᠡᠮᠳᠡᠯ ᠤᠨ ᠬᠦᠪᠦᠷᠡᠯ᠂ ᠢᠴᠡᠭᠡᠯ ᠦᠷ᠎ᠡ ᠶᠢ | ᠳᠡᠯᠭᠡᠷᠡᠭᠦᠯᠦᠨ ᠬᠡᠷᠡᠭᠯᠡᠬᠦ ᠶᠢ ᠳᠡᠮᠵᠢᠨ᠎ᠡ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ᠂ | ᠡᠳ᠋ ᠤᠨ ᠵᠠᠰᠠᠭ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠠᠷᠪᠠᠨ ᠲᠦᠷᠪᠡ︶ ᠲᠠᠷᠢᠮᠠᠯ ᠤᠨ ᠵᠦᠢᠯ ᠡᠪᠡᠰᠦ ᠪᠡᠯᠴᠢᠭᠡᠷ ᠤᠨ ᠲᠥᠷᠥᠯ ᠵᠦᠢᠯ ᠢ | ᠬᠡᠷᠡᠭᠵᠢᠭᠦᠯᠦᠭᠰᠡᠨ ᠤ ᠳᠠᠷᠠᠭ᠎ᠠ ᠨᠥᠬᠦᠪᠦᠷᠢ ᠥᠭᠴᠦ ᠱᠠᠩᠨᠠᠨ᠎ᠠ᠃ ᠥᠪᠡᠷᠲᠡᠭᠡᠨ ᠵᠠᠰᠠᠬᠤ ᠣᠷᠣᠨ ᠤ ᠡᠭᠦᠯᠳᠡᠷ | ᠪᠤᠶᠢᠵᠢᠭᠤᠯᠬᠤ ᠨᠢᠭᠡᠴᠡ ᠶᠢᠨ ᠰᠢᠨ᠎ᠡ ᠪᠠᠷ ᠪᠤᠶᠢᠵᠢᠭᠤᠯᠤᠭᠰᠠᠨ ᠪᠣᠯ ᠤᠯᠤᠰ ᠤᠨ ᠬᠢᠨᠠᠨ ᠲᠣᠭᠲᠠᠭᠠᠯᠲᠠ ᠶᠢ ᠳᠠᠮᠵᠢᠭᠰᠠᠨ | ᠭᠤᠤᠯ ᠲᠠᠷᠢᠮᠠᠯ ᠪᠠ ᠣᠶ ᠰᠢᠭᠤᠶ ᠡᠪᠡᠰᠦ ᠪᠡᠯᠴᠢᠭᠡᠷ ᠤᠨ ᠡᠭᠦᠯᠳᠡᠷ ᠪᠦᠷᠢ ᠳᠤ 10 ᠲᠦᠮᠡᠨ ᠲᠥᠭᠦᠷᠢᠭ ᠤᠨ ᠨᠢᠭᠡ | ᠤᠳᠠᠭ᠎ᠠ ᠶᠢᠨ ᠴᠢᠨᠠᠷᠲᠠᠶ ᠱᠠᠩᠨᠠᠯ ᠣᠯᠭᠤᠨ᠎ᠠ︔ ᠥᠪᠡᠷᠲᠡᠭᠡᠨ ᠵᠠᠰᠠᠬᠤ ᠣᠷᠣᠨ ᠤ ᠦᠷ᠎ᠡ ᠪᠤᠶᠢᠵᠢᠭᠤᠯᠬᠤ ᠨᠢᠭᠡᠴᠡ ᠶᠢᠨ | ᠰᠢᠨ᠎ᠡ ᠪᠠᠷ ᠪᠤᠶᠢᠵᠢᠭᠤᠯᠤᠭᠰᠠᠨ ᠤᠷᠭᠤᠮᠠᠯ ᠤᠨ ᠰᠢᠨ᠎ᠡ ᠡᠭᠦᠯᠳᠡᠷ ᠢ ᠬᠠᠮᠠᠭᠠᠯᠠᠬᠤ ᠡᠷᠬᠡ ᠣᠯᠤᠭᠰᠠᠨ ᠡᠭᠦᠯᠳᠡᠷ ᠲᠤ 5 | ᠲᠦᠮᠡᠨ ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠶ ᠱᠠᠩᠨᠠᠯ ᠣᠯᠭᠤᠨ᠎ᠠ︔ ᠴᠢᠬᠤᠯᠠ ᠶᠡᠭᠡ ᠡᠭᠦᠯᠳᠡᠷ ᠢ ᠰᠤᠳᠤᠯᠤᠨ | ᠨᠡᠭᠡᠭᠡᠬᠦ ᠪᠠ ᠳᠡᠯᠭᠡᠷᠡᠭᠦᠯᠦᠭᠰᠡᠨ ᠤ ᠳᠠᠷᠠᠭ᠎ᠠ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠥᠪᠡᠷᠲᠡᠭᠡᠨ | ᠵᠠᠰᠠᠬᠤ ᠣᠷᠣᠨ ᠤ ᠳᠡᠯᠭᠡᠷᠡᠭᠦᠯᠬᠦ ᠲᠠᠯᠠᠪᠠᠢ ᠪᠠᠷ ᠶᠡᠭᠡ᠂ ᠨᠢᠭᠡᠴᠢ ᠤᠨᠠᠯᠲᠠ ᠶᠢᠨ ᠬᠢᠷᠢ ᠬᠡᠮᠵᠢᠶ᠎ᠡ ᠪᠠᠷ ᠥᠨᠳᠥᠷ᠂ | ᠭᠠᠷᠤᠯᠲᠠ ᠪᠠᠨ ᠨᠡᠮᠡᠭᠳᠡᠭᠦᠯᠬᠦ ᠳᠠᠯᠳᠠ ᠬᠦᠴᠦᠨ ᠢᠶᠠᠷ ᠶᠡᠭᠡ᠂ ᠴᠢᠨᠠᠷ ᠰᠠᠶᠢᠲᠠᠶ ᠲᠤᠰᠬᠠᠶ ᠬᠡᠷᠡᠭᠯᠡᠬᠦ ᠴᠢᠨᠠᠷ ᠢᠶᠠᠷ ᠰᠠᠶᠢᠨ | ᠡᠷᠳᠡᠨᠢ ᠰᠢᠰᠢ᠂ ᠰᠢᠷ᠎ᠠ ᠪᠤᠷᠴᠠᠭ᠂ ᠲᠥᠮᠥᠰᠥ ᠶᠢᠨ ᠡᠭᠦᠯᠳᠡᠷ ᠢ ᠡᠭᠦᠯᠳᠡᠷ ᠤᠨ ᠳᠡᠯᠭᠡᠷᠡᠭᠦᠯᠦᠭᠰᠡᠨ ᠱᠠᠩᠨᠠᠯ ᠣᠯᠭᠤᠵᠤ᠂ | ᠲᠠᠷᠢᠶᠠᠯᠠᠩ ᠤᠨ ᠰᠠᠶᠢᠨ ᠡᠭᠦᠯᠳᠡᠷᠵᠢᠭᠦᠯᠦᠭᠰᠡᠨ ᠬᠢᠷᠢ ᠬᠡᠮᠵᠢᠶ᠎ᠡ ᠶᠢᠨ ᠲᠣᠭᠲᠠᠭᠤᠨ ᠢᠶᠠᠷ ᠳᠡᠭᠡᠭᠰᠢᠯᠡᠬᠦ ᠶᠢ ᠠᠬᠢᠭᠤᠯᠤᠨ᠎ᠠ᠃ ︵ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠭᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ᠂ | ᠡᠳ᠋ ᠤᠨ ᠵᠠᠰᠠᠭ ᠤᠨ ᠲᠢᠩᠬᠢᠮ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠠᠷᠪᠠᠨ ᠲᠠᠪᠤ︶ ᠮᠠᠯ ᠤᠨᠤᠭ᠎ᠠ ᠲᠡᠵᠢᠭᠡᠪᠦᠷᠢ ᠵᠢᠭᠦᠷᠲᠡᠨ ᠤ ᠡᠭᠦᠯᠳᠡᠷ ᠭᠠᠷᠤᠭᠰᠠᠨ ᠤ ᠳᠠᠷᠠᠭ᠎ᠠ ᠲᠤᠰᠠᠯᠠᠵᠤ | ᠱᠠᠩᠨᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠰᠢᠨ᠎ᠡ ᠪᠠᠷ ᠪᠤᠶᠢᠵᠢᠭᠤᠯᠤᠭᠰᠠᠨ ᠤᠯᠤᠰ ᠤᠨ ᠬᠢᠨᠠᠨ | ᠲᠣᠭᠲᠠᠭᠠᠯᠲᠠ ᠶᠢ ᠳᠠᠮᠵᠢᠭᠰᠠᠨ ᠮᠠᠯ ᠵᠢᠭᠦᠷᠲᠡᠨ ᠤ ᠰᠢᠨ᠎ᠡ ᠡᠭᠦᠯᠳᠡᠷ ︵ᠢᠵᠢ ᠤᠳᠤᠮ ᠤᠨ ᠤᠳᠤᠮᠯᠠᠯ︶ ᠪᠦᠷᠢ ᠳᠤ 100 | ᠲᠦᠮᠡᠨ ᠲᠥᠭᠦᠷᠢᠭ ᠱᠠᠩᠨᠠᠨ᠎ᠠ︔ ᠤᠯᠤᠰ ᠤᠨ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠵᠥᠪᠯᠡᠯ ᠠᠴᠠ ᠬᠢᠨᠠᠨ | ᠲᠣᠭᠲᠠᠭᠠᠵᠤ ᠪᠠᠲᠤᠯᠠᠭᠰᠠᠨ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠲᠤ 50 ᠲᠦᠮᠡᠨ ᠲᠥᠭᠦᠷᠢᠭ ᠱᠠᠩᠨᠠᠨ᠎ᠠ︔ | ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠨᠡᠷᠡᠰ ᠤᠨ ᠵᠢᠭᠰᠠᠭᠠᠯᠲᠠ ᠪᠠᠷ ᠡᠮᠦᠨ᠎ᠡ ᠬᠤᠰᠲ᠋ᠠᠨ ᠦᠬᠡᠷ᠂ ᠰᠢᠮᠧᠨ᠋ᠳᠠᠷ ᠦᠬᠡᠷ | ᠂ ᠰᠠᠨ ᠾᠧ ᠦᠬᠡᠷ ᠤᠨ ᠪᠤᠬ᠎ᠠ ᠪᠤᠶᠢᠵᠢᠭᠤᠯᠬᠤ ᠡᠭᠦᠯᠳᠡᠷ ᠪᠤᠶᠢᠵᠢᠭᠤᠯᠬᠤ ᠠᠵᠤ ᠠᠬᠤᠶᠢᠯᠠᠯ ᠢ ᠬᠢᠨᠠᠨ ᠰᠢᠯᠭᠠᠭᠠᠳ | ᠪᠠᠷᠢᠮᠵᠢᠶ᠎ᠠ ᠳᠤ ᠬᠦᠷᠦᠭᠰᠡᠨ ᠤ ᠳᠠᠷᠠᠭ᠎ᠠ ᠱᠠᠩᠨᠠᠯ ᠣᠯᠭᠤᠨ᠎ᠠ︔ ᠳᠤᠮᠳᠠᠳᠤ ᠤᠯᠤᠰ ᠤᠨ ᠠᠵᠤ ᠠᠬᠤᠶᠢᠯᠠᠯ ᠤᠨ ᠨᠡᠷᠡᠲᠦ | ᠲᠥᠷᠥᠯ ᠲᠡᠮᠳᠡᠭᠲᠦ ᠶᠢᠨ ᠥᠷᠢᠰᠥᠯᠳᠦᠬᠦ ᠬᠦᠴᠦᠨ ᠤ ᠵᠢᠭᠠᠯᠲᠠ ᠲᠤᠭ᠎ᠠ ︵CBI ᠢ ᠪᠤᠶᠢᠵᠢᠭᠤᠯᠪᠠ︶ ᠤᠯᠤᠰ ᠤᠨ | ᠳᠣᠲᠣᠭᠠᠳᠤ ᠶᠢᠨ ᠲᠦᠷᠦᠭᠦᠦ 100 ᠨᠡᠷᠡᠰ ᠠᠯᠠᠰᠢᠨ ᠤ ᠡᠭᠦᠯᠳᠡᠷ ᠤᠨ ᠪᠤᠬᠠᠨ ᠤ ᠡᠭᠦᠯᠳᠡᠷ ᠪᠤᠶᠢᠵᠢᠭᠤᠯᠬᠤ ᠠᠵᠤ | ᠠᠬᠤᠶᠢᠯᠠᠯ ᠪᠦᠷᠢ ᠳᠤ 5 ᠲᠦᠮᠡᠨ ᠲᠥᠭᠦᠷᠢᠭ ᠱᠠᠩᠨᠠᠨ᠎ᠠ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠶ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | ︵ᠠᠷᠪᠠᠨ ᠵᠢᠷᠭᠤᠭ᠎ᠠ︶ ᠮᠥᠩᠭᠦᠨ ᠭᠦᠢᠯᠭᠡᠭᠡᠨ ᠤ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠦᠨ᠎ᠡ᠃ | ᠲᠤᠰᠬᠠᠶ ᠵᠦᠢᠯ ᠤᠨ ᠮᠥᠩᠭᠦᠨ ᠭᠦᠢᠯᠭᠡᠭᠡᠨ ᠤ ᠦᠢᠯᠡᠳᠬᠦᠨ ᠨᠡᠶᠢᠲᠡᠯᠡᠬᠦ ᠶᠢ ᠳᠡᠮᠵᠢᠵᠦ᠂ ᠦᠷ᠎ᠡ ᠶᠢᠨ ᠦᠢᠯᠡᠰ ᠤᠨ ᠠᠵᠤ | ᠠᠬᠤᠶᠢᠯᠠᠯ ᠤᠨ ᠪᠠᠯᠠ ᠲᠣᠬᠢᠷᠠᠭᠤᠯᠬᠤ ᠬᠡᠷᠡᠭᠴᠡᠭᠡ ᠱᠠᠭᠠᠷᠳᠠᠯᠭ᠎ᠠ ᠶᠢ ᠤᠷᠢᠳᠠᠪᠠᠷ ᠪᠠᠲᠤᠯᠠᠨ᠂ ᠦᠷ᠎ᠡ ᠶᠢᠨ ᠦᠢᠯᠡᠰ ᠤᠨ | ᠰᠤᠳᠤᠯᠤᠨ ᠨᠡᠭᠡᠭᠡᠬᠦ ᠦᠶᠡᠯᠡᠯ ᠤᠨ ᠬᠤᠭᠤᠴᠠᠭ᠎ᠠ ᠨᠢ ᠣᠷᠳᠣ ᠪᠠᠶᠢᠬᠤ ᠣᠨᠴᠠᠯᠢᠭ ᠤᠨ ᠲᠣᠭᠤᠷᠢᠨ ᠳᠤ 3 - 5 ᠵᠢᠯ ᠤᠨ | ᠣᠷᠳᠣ ᠬᠤᠭᠤᠴᠠᠭᠠᠨ ᠤ ᠮᠥᠩᠭᠦᠨ ᠭᠦᠢᠯᠭᠡᠭᠡᠨ ᠤ ᠨᠡᠷᠡᠳᠬᠦᠨ ᠢ ᠲᠣᠭᠲᠠᠭᠠᠵᠤ᠂ ᠦᠷ᠎ᠡ ᠪᠤᠶᠢᠵᠢᠭᠤᠯᠬᠤ ᠠᠵᠤ ᠠᠬᠤᠶᠢᠯᠠᠯ᠂ | ᠦᠷ᠎ᠡ ᠶᠢ ᠨᠠᠷᠢᠯᠢᠭ ᠡᠳ᠋ᠰᠢᠭᠦᠯᠬᠦ ᠠᠵᠤ ᠠᠬᠤᠶᠢᠯᠠᠯ ᠳᠤ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠦᠵᠡᠭᠦᠯᠬᠦ ᠡᠷᠴᠢᠮ ᠢ | ᠴᠢᠩᠭᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ | ᠦᠢᠯᠡᠰ ᠤᠨ ᠬᠥᠭᠵᠢᠯᠲᠡ ᠶᠢᠨ ᠰᠠᠭᠤᠷᠢ ᠮᠥᠩᠭᠦ ᠶᠢ ᠰᠠᠶᠢᠲᠤᠷ ᠬᠡᠷᠡᠭᠯᠡᠵᠦ᠂ ᠨᠥᠬᠦᠴᠡᠯ ᠳᠤ ᠨᠡᠶᠢᠴᠡᠬᠦ ᠥᠪᠡᠷᠲᠡᠭᠡᠨ ᠵᠠᠰᠠᠬᠤ | ᠣᠷᠣᠨ ᠤ ᠲᠠᠰ ᠠᠴᠠ ᠳᠡᠭᠡᠭᠰᠢᠬᠢ ᠦᠷ᠎ᠡ ᠶᠢᠨ ᠦᠢᠯᠡᠰ ᠤᠨ ᠬᠥᠲᠥᠴᠢ ᠠᠵᠤ ᠠᠬᠤᠶᠢᠯᠠᠯ ᠤᠨ ᠡᠭᠦᠯᠳᠡᠷ ᠰᠤᠳᠤᠯᠤᠨ | ᠨᠡᠭᠡᠭᠡᠬᠦ᠂ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠪᠠ ᠵᠢᠱᠢᠶ᠎ᠡ ᠦᠵᠡᠭᠦᠯᠦᠨ ᠳᠡᠯᠭᠡᠷᠡᠭᠦᠯᠬᠦ ᠵᠡᠷᠭᠡ ᠶᠢ | ᠥᠷᠨᠢᠭᠦᠯᠬᠦ ᠶᠢ ᠳᠡᠮᠵᠢᠨ᠎ᠡ᠃ ︵ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠬᠤᠪᠢᠶᠠᠷᠢ ᠪᠠᠩᠬᠢ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶ | ᠲᠣᠪᠴᠢᠶ᠎ᠠ ᠶᠢᠨ ᠥᠪᠥᠷ ᠮᠣᠩᠭᠤᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ᠂ ᠣᠷᠣᠨ ᠨᠤᠲᠤᠭ ᠤᠨ ᠮᠥᠩᠭᠦᠨ | ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ | ᠶᠣᠰᠣᠭᠠᠷ ᠬᠠᠷᠢᠭᠤᠴᠠᠨ᠎ᠠ︶ | ︵ᠠᠷᠪᠠᠨ ᠳᠣᠯᠤᠭ᠎ᠠ︶ ᠦᠷ᠎ᠡ ᠶᠢᠨ ᠦᠢᠯᠡᠰ ᠤᠨ ᠵᠠᠬ᠎ᠠ ᠳᠡᠯᠭᠡᠭᠦᠷ ᠤᠨ ᠣᠷᠴᠢᠨ ᠲᠤᠬᠤᠷᠢᠨ ᠢ ᠴᠡᠪᠡᠷᠰᠢᠭᠦᠯᠬᠦ᠃ | ᠦᠷ᠎ᠡ ᠶᠢᠨ ᠦᠢᠯᠡᠰ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ | ᠲᠥᠪᠯᠡᠷᠡᠭᠦᠯᠵᠦ᠂ ᠦᠷ᠎ᠡ ᠶᠢᠨ ᠦᠢᠯᠡᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠲᠤᠰᠬᠠᠶ | ᠴᠡᠭᠴᠡᠯᠡᠨ ᠵᠠᠰᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠭᠠᠵᠠᠷ ᠣᠷᠣᠨ ᠠᠯᠤᠰᠯᠠᠭᠰᠠᠨ᠂ ᠰᠠᠯᠠᠭ᠎ᠠ | ᠮᠥᠴᠢᠷ ᠠᠯᠤᠰᠯᠠᠭᠰᠠᠨ ᠬᠤᠯᠪᠣᠭᠠᠯᠠᠨ ᠬᠥᠳᠡᠯᠦᠯᠴᠡᠵᠦ ᠬᠠᠮᠠᠭᠠᠯᠠᠬᠤ ᠪᠠ ᠵᠠᠰᠠᠭ ᠵᠠᠬᠢᠷᠭᠠᠨ ᠤ ᠬᠠᠤᠯᠢ ᠴᠠᠭᠠᠵᠠ ᠶᠢᠨ | ᠬᠠᠮᠵᠢᠯᠴᠠᠨ ᠬᠠᠮᠠᠭᠠᠯᠠᠬᠤ ᠲᠣᠭᠲᠠᠴᠠ ᠶᠢ ᠪᠠᠶᠢᠭᠤᠯᠵᠤ᠂ ᠬᠤᠳᠠᠯ ᠬᠠᠭᠤᠷᠮᠠᠭ ᠴᠢᠨᠠᠷ ᠮᠠᠭᠤ ᠦᠢᠯᠡᠳᠬᠦᠨ ᠳᠤ ᠬᠠᠯᠳᠠᠭᠰᠠᠨ | ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠦᠷ᠎ᠡ ᠶᠢᠨ ᠦᠢᠯᠡᠰ ᠤᠨ ᠠᠩᠬᠠᠨ ᠤ ᠰᠢᠨ᠎ᠡ ᠶᠢ ᠡᠭᠦᠳᠬᠦ | ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠦᠷ᠎ᠡ ᠶᠢᠨ ᠦᠢᠯᠡᠰ ᠤᠨ ᠵᠠᠬ᠎ᠠ ᠳᠡᠯᠭᠡᠭᠦᠷ ᠤᠨ ᠬᠢᠨᠠᠯᠲᠠ ᠲᠠᠯᠪᠢᠵᠤ | ᠰᠤᠭᠤᠴᠢᠨ ᠪᠠᠶᠢᠴᠠᠭᠠᠬᠤ ᠶᠢ ᠴᠢᠩᠭᠠᠳᠬᠠᠵᠤ᠂ ᠦᠷ᠎ᠡ ᠶᠢᠨ ᠶᠠᠰᠤ ᠴᠢᠨᠠᠷ ᠢ ᠰᠢᠯᠭᠠᠨ ᠪᠠᠶᠢᠴᠠᠭᠠᠬᠤ ᠴᠢᠳᠠᠪᠤᠷᠢ ᠶᠢ | ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ | ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ | ᠶᠣᠰᠣᠭᠠᠷ ᠬᠠᠷᠢᠭᠤᠴᠠᠨ᠎ᠠ︶ | ︵ᠠᠷᠪᠠᠨ ᠨᠠᠶᠢᠮᠠ︶ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠤᠷᠮᠠᠰᠢᠭᠤᠯᠬᠤ ᠲᠣᠭᠲᠠᠴᠠ ᠶᠢ | ᠴᠢᠩᠭᠠᠳᠬᠠᠨ᠎ᠠ᠃ ᠲᠥᠷᠥ ᠶᠢᠨ ᠪᠣᠳᠣᠯᠭ᠎ᠠ ᠶᠢᠨ ᠬᠥᠲᠥᠯᠥᠨ ᠵᠢᠯᠣᠭᠤᠳᠬᠤ ᠦᠢᠯᠡᠳᠦᠯ ᠢ ᠭᠦᠢᠴᠡᠳ ᠪᠠᠳᠠᠷᠠᠭᠤᠯᠵᠤ᠂ | ᠰᠢᠨ᠎ᠡ ᠶᠢ ᠡᠭᠦᠳᠬᠦ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠳᠠᠶᠢᠴᠢᠯᠠᠨ᠂ ᠰᠢᠨ᠎ᠡ ᠶᠢ ᠡᠭᠦᠳᠬᠦ ᠠᠮᠢᠵᠢᠷᠠᠯ ᠤᠨ | ᠬᠦᠴᠦᠨ ᠢ ᠬᠥᠭᠵᠢᠭᠡᠨ᠎ᠡ᠃ ︽ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠤᠭᠯᠠᠷᠠᠯ︾ ᠤᠨ ᠰᠢᠨ᠎ᠡ ᠶᠢ | ᠡᠭᠦᠳᠬᠦ ᠪᠠᠷ ᠬᠥᠳᠡᠯᠭᠡᠭᠦᠷ ᠪᠣᠯᠭᠠᠬᠤ ᠲᠠᠪᠴᠠᠩ ᠢ ᠰᠠᠶᠢᠲᠤᠷ ᠠᠰᠢᠭᠯᠠᠵᠤ᠂ ᠰᠢᠨ᠎ᠡ ᠶᠢ ᠡᠭᠦᠳᠬᠦ ᠪᠦᠯᠬᠦᠮ ᠨᠡᠶᠢᠲᠡ᠂ | ᠲᠦᠷᠦᠯ ᠵᠦᠢᠯ᠂ ᠪᠡᠯᠡ ᠮᠥᠩᠭᠦ ᠶᠢ ᠪᠦᠲᠦᠮᠵᠢᠲᠡᠢ ᠵᠣᠯᠭᠠᠭᠤᠯᠵᠤ᠂ ᠤᠨᠢᠨ ᠳᠡᠭᠡᠷ᠎ᠡ ᠨᠢ ︽ᠭᠠᠷ ᠠᠳᠬᠤᠬᠤ︾ ᠬᠡᠷᠡᠭᠲᠡᠢ᠃ | ᠰᠢᠯᠢᠳᠡᠭ ᠤᠨ ᠳᠣᠲᠣᠷ᠎ᠠ ᠠᠴᠠ ᠰᠢᠯᠢᠳᠡᠭ ᠢ ᠨᠢ ᠰᠣᠩᠭᠤᠬᠤ ᠶᠢ ᠪᠠᠷᠢᠮᠲᠠᠯᠠᠵᠤ᠂ ᠡᠭᠦᠳᠡ ᠪᠠᠨ ᠨᠡᠭᠡᠭᠡᠵᠦ ᠬᠠᠮᠲᠤ ᠪᠠᠷ | ᠡᠳ᠋ᠯᠡᠨ ᠰᠢᠨ᠎ᠡ ᠶᠢ ᠡᠭᠦᠳᠴᠦ᠂ ᠬᠠᠮᠲᠤᠷᠠᠯᠴᠠᠭᠠᠨ ᠤ ᠳᠤᠭᠤᠶᠢᠯᠠᠩ ᠪᠦᠯᠬᠦᠮ ᠢ ᠨᠡᠭᠡᠭᠡᠯᠲᠡ ᠲᠠᠢ ᠪᠣᠯᠭᠠᠵᠤ᠂ ᠣᠷᠣᠨ ᠤ | ᠳᠣᠲᠣᠷ᠎ᠠ ᠭᠠᠳᠠᠨᠠᠬᠢ ᠲᠤᠰᠬᠠᠢ ᠮᠡᠷᠭᠡᠵᠢᠯᠲᠡᠨ ᠤ ᠪᠦᠯᠬᠦᠮ ᠦᠷ᠎ᠡ ᠶᠢᠨ ᠦᠢᠯᠡᠰ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ | ᠲᠤᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠶᠢ ᠳᠡᠮᠵᠢᠵᠦ᠂ ᠣᠷᠣᠨ ᠤ ᠳᠣᠲᠣᠷᠠᠬᠢ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ | ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠳᠤ | ᠢᠳᠡᠪᠬᠢᠲᠡᠢ ᠣᠷᠣᠯᠴᠠᠬᠤ ᠶᠢ ᠵᠣᠷᠢᠭᠵᠢᠭᠤᠯᠵᠤ᠂ ᠲᠤᠰ ᠭᠠᠵᠠᠷ ᠣᠷᠣᠨ ᠤ ᠦᠷ᠎ᠡ ᠶᠢᠨ ᠦᠢᠯᠡᠰ ᠤᠨ ᠰᠢᠨᠵᠢᠯᠡᠬᠦ | ᠤᠬᠠᠭᠠᠨ ᠤ ᠰᠤᠳᠤᠯᠭᠠᠨ ᠤ ᠨᠡᠩ ᠤᠯᠠᠨ ᠴᠢᠳᠠᠪᠤᠷᠢᠲᠠᠨ ᠢ ᠬᠥᠮᠦᠵᠢᠭᠦᠯᠦᠨ᠎ᠡ᠃ ᠦᠷ᠎ᠡ ᠶᠢᠨ ᠦᠢᠯᠡᠰ ᠤᠨ ᠳᠡᠭᠡᠳᠦ | ᠲᠠᠰ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠡᠷᠴᠢᠮ ᠢᠶᠠᠨ ᠴᠢᠩᠭᠠᠷᠠᠭᠤᠯᠵᠤ᠂ ᠤᠷᠢᠵᠤ ᠲᠣᠮᠢᠯᠠᠬᠤ ᠲᠦᠷᠢᠮ᠂ | ᠬᠤᠶᠠᠷ ᠢ ᠤᠷᠢᠬᠤ ᠲᠦᠷᠢᠮ ᠤᠨ ᠠᠷᠭ᠎ᠠ ᠮᠠᠶ᠋ᠢᠭ ᠢᠶᠠᠷ ᠳᠡᠭᠡᠳᠦ ᠲᠠᠰ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ | ᠳᠡᠮᠵᠢᠵᠦ᠂ ᠦᠷ᠎ᠡ ᠶᠢᠨ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ ᠪᠠ ᠰᠢᠨ᠎ᠡ ᠶᠢ | ᠡᠭᠦᠳᠬᠦ ᠪᠦᠯᠬᠦᠮ ᠢ ᠣᠷᠣᠭᠤᠯᠤᠨ ᠠᠪᠴᠢᠷᠠᠬᠤ ᠶᠢ ᠵᠣᠷᠢᠭᠵᠢᠭᠤᠯᠵᠤ᠂ ︽ᠨᠢᠭᠡ ᠬᠡᠷᠡᠭ ᠢ ᠨᠢᠭᠡ ᠵᠥᠪᠯᠡᠬᠦ︾ ᠠᠷᠭ᠎ᠠ | ᠮᠠᠶ᠋ᠢᠭ ᠢᠶᠠᠷ ᠳᠡᠮᠵᠢᠯᠭᠡ ᠦᠵᠡᠭᠦᠯᠦᠨ᠎ᠡ᠃ ᠦᠷ᠎ᠡ ᠶᠢᠨ ᠦᠢᠯᠡᠰ ᠤᠨ ᠰᠢᠨᠵᠢᠯᠡᠬᠦ ᠤᠬᠠᠭᠠᠨ ᠤ ᠰᠤᠳᠤᠯᠤᠯ ᠤᠨ | ᠴᠢᠳᠠᠪᠤᠷᠢᠲᠠᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠳᠤᠷᠢᠳᠬᠤ ᠲᠤᠰᠢᠶᠠᠯ ᠡᠭᠦᠷᠭᠡᠯᠡᠭᠡᠳᠦᠶ ᠰᠢᠨᠵᠢᠯᠡᠬᠦ | ᠤᠬᠠᠭᠠᠨ ᠤ ᠰᠤᠳᠤᠯᠤᠯ ᠤᠨ ᠠᠵᠢᠯᠲᠠᠳ ᠤᠨ ᠠᠵᠤ ᠠᠬᠤᠶᠢᠯᠠᠯ ᠳᠤ ᠣᠴᠢᠵᠤ ᠲᠤᠰᠢᠶᠠᠯ ᠬᠠᠪᠰᠤᠷᠭᠠᠬᠤ ᠪᠠ ᠴᠠᠯᠢᠩ | ᠬᠥᠯᠥᠰᠥ ᠶᠢ ᠬᠠᠪᠰᠤᠷᠭᠠᠬᠤ ᠶᠢ ᠵᠣᠷᠢᠭᠵᠢᠭᠤᠯᠤᠨ᠂ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠣᠭᠠᠨ ᠤ | ᠲᠣᠭᠲᠠᠴᠠ ᠪᠠᠷ ᠳᠠᠮᠵᠢᠭᠤᠯᠤᠨ ᠰᠢᠨ᠎ᠡ ᠶᠢ ᠡᠭᠦᠳᠬᠦ ᠴᠢᠳᠠᠪᠤᠷᠢᠲᠠᠨ ᠢ ᠰᠢᠩᠭᠡᠭᠡᠨ ᠠᠪᠬᠤ ᠶᠢ ᠳᠡᠮᠵᠢᠵᠦ᠂ ᠦᠷ᠎ᠡ ᠶᠢᠨ | ᠦᠢᠯᠡᠰ ᠤᠨ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯᠲᠠᠨ ᠤ ᠮᠡᠷᠭᠡᠵᠢᠯ ᠤᠨ ᠴᠣᠯᠠ ᠶᠢ ᠬᠢᠨᠠᠨ | ᠲᠣᠭᠲᠠᠭᠠᠬᠤ ᠵᠠᠮ ᠢ ᠰᠢᠯᠤᠭᠤᠳᠬᠠᠨ᠎ᠠ᠃ ᠦᠷ᠎ᠡ ᠶᠢᠨ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠢ ᠬᠤᠪᠢᠷᠠᠭᠤᠯᠬᠤ ᠲᠣᠭᠲᠠᠴᠠ ᠳᠤ ᠰᠢᠨ᠎ᠡ ᠶᠢ ᠡᠭᠦᠳᠴᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠢ ᠤᠯᠠᠷᠢᠭᠤᠯᠬᠤ ᠶᠢᠨ ᠤᠷᠮᠠᠰᠢᠭᠤᠯᠬᠤ ᠪᠠᠲᠤᠯᠠᠭ᠎ᠠ ᠶᠢ ᠴᠢᠩᠭᠠᠷᠠᠭᠤᠯᠤᠨ᠂ ᠰᠢᠯᠵᠢᠭᠦᠯᠦᠨ ᠥᠭᠬᠦ᠂ ᠵᠥᠪᠰᠢᠶᠡᠷᠡᠬᠦ᠂ | ᠬᠠᠩᠰᠢᠯᠠᠵᠤ ᠬᠤᠪᠢ ᠣᠷᠣᠭᠤᠯᠬᠤ ᠵᠡᠷᠭᠡ ᠬᠡᠯᠪᠡᠷᠢ ᠪᠠᠷ ᠥᠪᠡᠷᠲᠡᠭᠡᠨ ᠵᠠᠰᠠᠬᠤ ᠣᠷᠣᠨ ᠤ ᠳᠣᠲᠣᠷ᠎ᠠ ᠨᠠᠶᠢᠳᠠᠪᠤᠷᠢᠵᠢᠭᠤᠯᠤᠨ | ᠤᠯᠠᠷᠢᠭᠤᠯᠬᠤ ᠦᠷ᠎ᠡ ᠶᠢᠨ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠳᠡᠯᠭᠡᠷᠡᠭᠦᠯᠦᠨ | ᠬᠡᠷᠡᠭᠯᠡᠬᠦ ᠳᠤ ᠱᠠᠩᠨᠠᠯ ᠣᠯᠭᠤᠨ᠎ᠠ᠃ ᠵᠠᠬᠢᠶᠠᠯᠠᠭ᠎ᠠ ᠶᠢᠨ ᠬᠡᠯᠪᠡᠷᠢ᠂ ᠦᠢᠯᠡᠴᠢᠯᠡᠭᠡᠨ ᠤ ᠬᠡᠯᠪᠡᠷᠢ ᠶᠢᠨ ᠰᠢᠨᠵᠢᠯᠡᠬᠦ ᠤᠬᠠᠭᠠᠨ ᠤ | ᠰᠤᠳᠤᠯᠭᠠᠨ ᠢ ᠬᠠᠶᠢᠨ ᠰᠦᠪᠡᠭᠴᠢᠯᠡᠵᠦ᠂ ᠦᠷ᠎ᠡ ᠶᠢᠨ ᠦᠢᠯᠡᠰ ᠤᠨ ᠰᠢᠨᠵᠢᠯᠡᠬᠦ ᠤᠬᠠᠭᠠᠨ ᠤ ᠰᠤᠳᠤᠯᠭᠠᠨ ᠪᠣᠯᠤᠨ ᠵᠠᠬ᠎ᠠ | ᠳᠡᠯᠭᠡᠭᠦᠷ ᠤᠨ ᠬᠡᠷᠡᠭᠴᠡᠭᠡ ᠶᠢ ᠥᠨᠳᠥᠷ ᠪᠦᠲᠦᠮᠵᠢᠲᠡᠶ ᠪᠠᠷ ᠵᠣᠯᠭᠠᠭᠤᠯᠬᠤ ᠶᠢ ᠠᠬᠢᠭᠤᠯᠵᠤ᠂ ᠰᠢᠨᠵᠢᠯᠡᠬᠦ ᠤᠬᠠᠭᠠᠨ ᠤ | ᠰᠤᠳᠤᠯᠭᠠᠨ ᠤ ᠠᠵᠢᠯᠲᠠᠨ ᠤ ᠦᠷ᠎ᠡ ᠪᠦᠲᠦᠭᠡᠯ ᠭᠠᠷᠭᠠᠬᠤ᠂ ᠠᠵᠤ ᠠᠬᠤᠶᠢᠯᠠᠯ ᠬᠤᠳᠠᠯᠳᠤᠨ ᠠᠪᠴᠤ ᠦᠷᠡᠵᠢᠭᠦᠯᠦᠨ | ᠳᠡᠯᠭᠡᠷᠡᠭᠦᠯᠬᠦ᠂ ᠮᠠᠯᠴᠢᠨ ᠲᠠᠷᠢᠶᠠᠴᠢᠨ ᠬᠠᠮᠤᠭ ᠤᠨ ᠰᠢᠯᠢᠳᠡᠭ ᠬᠠᠮᠤᠭ ᠤᠨ ᠲᠣᠬᠢᠷᠠᠮᠵᠢᠲᠠᠶ ᠲᠥᠷᠥᠯ ᠵᠦᠢᠯ ᠢ ᠬᠡᠷᠡᠭᠯᠡᠬᠦ ᠶᠢ | ᠪᠡᠶᠡᠯᠡᠭᠦᠯᠵᠦ᠂ ᠦᠷ᠎ᠡ ᠶᠢᠨ ᠦᠢᠯᠡᠰ ᠤᠨ ᠡᠯ᠎ᠡ ᠭᠤᠣᠯ ᠴᠣᠭᠴᠠ᠂ ᠡᠯ᠎ᠡ ᠭᠤᠭᠴᠤᠭ᠎ᠠ ᠳᠤ ᠨᠢᠭᠲᠠᠷᠠᠨ ᠪᠦᠯᠬᠦᠮᠳᠡᠵᠦ ᠪᠦᠬᠦ | ᠬᠡᠯᠬᠢᠶᠡᠨ ᠤ ᠬᠥᠭᠵᠢᠯᠲᠡ ᠶᠢ ᠠᠬᠢᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ | ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ | ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠳᠡᠭᠡᠷ᠎ᠡ ᠳᠤᠷᠠᠳᠤᠭᠰᠠᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠴᠠᠭ ᠨᠢ 2023 | ᠣᠨ ᠠᠴᠠ 2025 ᠤᠨ ᠪᠣᠯᠤᠨ᠎ᠠ᠂ ︽ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠥᠷᠢᠯᠡᠬᠦ︾ ᠠᠷᠭ᠎ᠠ ᠮᠠᠶ᠋ᠢᠭ ᠢ ᠠᠪᠴᠤ | ᠬᠡᠷᠡᠭᠵᠢᠭᠦᠯᠦᠭᠰᠡᠨ ᠪᠠᠶᠢᠪᠠᠯ᠂ ᠡᠯ᠎ᠡ ᠲᠦᠷᠦᠭᠦᠯᠡᠬᠦ ᠰᠠᠯᠠᠭ᠎ᠠ ᠮᠥᠴᠢᠷ ᠤᠳ ᠪᠠᠯᠠ ᠮᠥᠩᠭᠦ ᠶᠢᠨ ᠬᠠᠮᠢᠶᠠᠷᠤᠯᠲᠠ ᠪᠠ ᠰᠢᠯᠭᠠᠨ | ᠬᠤᠷᠢᠶᠠᠵᠤ ᠰᠢᠯᠭᠠᠨ ᠬᠢᠨᠠᠬᠤ ᠠᠷᠭ᠎ᠠ ᠶᠢ ᠲᠣᠭᠲᠠᠭᠠᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠨᠠᠷᠢᠯᠢᠭ | ᠣᠨᠣᠴᠠᠲᠠᠶ ᠪᠠᠷ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠦᠨᠡᠨᠬᠦ ᠪᠠᠲᠤᠯᠠᠨ᠎ᠠ᠃ | | 2023 ᠣᠨ ᠤ 10 ᠰᠠᠷ᠎ᠠ ᠶᠢᠨ 21 ᠤ ᠡᠳᠦᠷ | | |