ᠢᠦᠶ ᡁᠢ ᠶᠦᠩ ᠪᠠᠷᠠᠭᠠᠨ ᠤ ᠭᠦᠶ᠋ᠯᠭᠡᠭᠡᠨ ᠤ ᠠᠵᠢᠯ ᠲᠥᠷᠥᠯ ᠤᠨ ᠭᠠᠶᠢᠯᠢ ᠲᠠᠲᠠᠪᠤᠷᠢ ᠶᠢᠨ ᠠᠵᠢᠯ ᠢ ᠪᠠᠶᠢᠴᠠᠭᠠᠨ ᠰᠤᠳᠤᠯᠤᠭᠰᠠᠨ ᠪᠥᠭᠡᠳ ᠶᠠᠷᠢᠯᠴᠠᠬᠤ ᠬᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2024/3/12
      3 ᠰᠠᠷ᠎ᠠ ᠶᠢᠨ 8 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠢᠦᠶ ᡁᠢ ᠶᠦᠩ ᠪᠠᠷᠠᠭᠠᠨ ᠤ ᠭᠦᠢᠯᠭᠡᠭᠡᠨ ᠤ ᠠᠵᠢᠯ ᠲᠥᠷᠥᠯ ᠤᠨ ᠭᠠᠶᠢᠯᠢ ᠲᠠᠲᠠᠪᠤᠷᠢ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠵᠦ᠂ ᠦᠬᠠᠶ ᠬᠤᠲᠠ ᠶᠢᠨ ᠰᠢᠨ ᠢᠦᠶ ᠪᠠᠷᠠᠭᠠᠨ ᠤ ᠭᠦᠢᠯᠭᠡᠭᠡᠨ ᠤ ᠬᠢᠵᠠᠭᠠᠷᠲᠤ ᠺᠣᠮᠫᠠᠨᠢ᠂ ᠦᠬᠠᠶ ᠬᠤᠲᠠ ᠶᠢᠨ ᠴᠠᠩ ᠳ᠋ᠠ ᠪᠠᠷᠠᠭᠠᠨ ᠤ ᠭᠦᠢᠯᠭᠡᠭᠡᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠠᠶᠤᠯᠭᠦᠶ ᠲᠡᠭᠡᠭᠡᠪᠦᠷᠢ ᠪᠠ ᠰᠢᠨ᠎ᠡ ᠡᠨᠧᠷᠭᠢ ᠶᠢᠨ ᠲᠡᠷᠭᠡ ᠬᠥᠰᠬᠡ ᠶᠢ ᠬᠡᠷᠡᠭᠯᠡᠭᠰᠡᠨ ᠵᠡᠷᠭᠡ ᠪᠠᠶᠢᠳᠠᠯ ᠵᠢᠴᠢ ᠦᠬᠠᠶ ᠶᠢᠨ ᠷᠦ᠋ ᠢ ᠵᠢᠶᠦ᠋ᠨ ᠠᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠺᠤᠸᠠᠢ ᠴᠧᠩ ᠰᠢᠨᠵᠢᠯᠡᠬᠦ ᠤᠬᠠᠭᠠᠨ ᠮᠡᠷᠭᠡᠵᠢᠯ ︵ᠦᠬᠠᠶ︶ ᠤᠨ ᠬᠢᠵᠠᠭᠠᠷᠲᠤ ᠺᠣᠮᠫᠠᠨᠢ ᠶᠢᠨ ᠭᠠᠶᠢᠯᠢ ᠵᠠᠰᠠᠬᠤ ᠲᠠᠪᠴᠠᠩ᠂ ᠪᠠᠷᠠᠭᠠᠨ ᠤ ᠲᠡᠭᠡᠭᠡᠪᠦᠷᠢ ᠶᠢᠨ ᠲᠠᠪᠴᠠᠩ ᠤᠨ ᠠᠵᠢᠯᠯᠠᠭᠠᠨ ᠤ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠬᠤᠯᠪᠣᠭᠳᠠᠯ ᠪᠥᠬᠦᠶ ᠠᠵᠤ ᠠᠬᠤᠶᠢᠯᠠᠯ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠲᠣᠭᠤᠷᠢᠭ ᠤᠨ ᠤᠳᠤᠷᠢᠳᠤᠯᠭ᠎ᠠ ᠱᠢ ᠯᠢ ᠴᠢᠶᠠᠩ᠂ ᠮᠠ ᠺᠠᠢ ᠣᠷᠣᠯᠴᠠᠵᠠᠢ᠃      ᠶᠠᠷᠢᠯᠴᠠᠬᠤ ᠬᠤᠷᠠᠯ ᠳᠡᠭᠡᠷ᠎ᠡ᠂ ᠢᠦᠢ ᡁᠢ ᠶᠦᠩ ᠪᠠᠷᠠᠭᠠᠨ ᠤ ᠭᠦᠢᠯᠭᠡᠭᠡᠨ ᠤ ᠦᠢᠯᠡᠰ ᠤᠨ ᠭᠠᠶᠢᠯᠢ ᠲᠠᠲᠠᠪᠤᠷᠢ ᠶᠢᠨ ᠠᠵᠢᠯ ᠤᠨ ᠪᠠᠶᠢᠳᠠᠯ᠂ ᠺᠤᠸᠠᠢ ᠴᠧᠩ ᠰᠢᠨᠵᠢᠯᠡᠬᠦ ᠤᠬᠠᠭᠠᠨ ᠮᠡᠷᠭᠡᠵᠢᠯ ︵ᠦᠬᠠᠢ︶ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠶᠢᠯᠡᠭᠰᠡᠨ ᠤᠶᠤᠨᠲᠤ ᠲᠠᠪᠴᠠᠩ ᠤᠨ ᠠᠵᠢᠯᠯᠠᠭᠠᠨ ᠤ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠠᠢ᠃ ᠲᠡᠷᠡ᠂ ᠪᠠᠷᠠᠭᠠᠨ ᠤ ᠭᠦᠢᠯᠭᠡᠭᠡᠨ ᠤ ᠦᠢᠯᠡᠰ ᠪᠣᠯ ᠤᠳᠤ ᠦᠶ᠎ᠡ ᠶᠢᠨ ᠠᠵᠤ ᠠᠬᠤᠢ ᠶᠢᠨ ᠰᠢᠰᠲ᠋ᠧᠮ ᠤᠨ ᠴᠢᠬᠤᠯᠠ ᠪᠦᠷᠢᠯᠳᠦᠬᠦᠨ ᠬᠡᠰᠡᠭ ᠮᠥᠨ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢᠨ ᠴᠢᠬᠤᠯᠠ ᠬᠡᠯᠬᠢᠶ᠎ᠡ ᠮᠥᠨ᠂ ᠣᠷᠣᠨ ᠪᠦᠰᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠦᠢᠯᠡᠳᠦᠯ ᠲᠠᠢ ᠶᠤᠮ᠃ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠦᠬᠠᠶ ᠬᠤᠲᠠ ᠶᠢᠨ ᠥᠪᠡᠷᠲᠡᠭᠡᠨ ᠵᠠᠰᠠᠬᠤ ᠣᠷᠣᠨ ᠤ ᠪᠠᠷᠠᠭᠤᠨ ᠬᠡᠰᠡᠭ ᠤᠨ ᠶᠡᠭᠡ ᠬᠡᠮᠵᠢᠶᠡᠨ ᠤ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ ᠬᠤᠯᠪᠣᠭᠳᠠᠯ ᠪᠥᠬᠦᠶ ᠲᠥᠯᠥᠪᠵᠢᠭᠦᠯᠭᠡ ᠶᠢ ᠬᠦᠴᠦᠯᠡᠨ ᠪᠠᠶᠢᠭᠤᠯᠵᠤ᠂ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠬᠥᠭᠵᠢᠯᠲᠡ ᠶᠢᠨ ᠰᠡᠳᠬᠢᠮᠵᠢ ᠶᠢ ᠲᠣᠳᠣᠷᠬᠠᠶᠢᠯᠠᠨ᠂ ᠵᠠᠬ᠎ᠠ ᠳᠡᠯᠭᠡᠭᠦᠷ ᠤᠨ ᠦᠢᠯᠡᠴᠢᠯᠡᠭᠡ ᠶᠢ ᠰᠢᠯᠢᠳᠡᠭᠵᠢᠭᠦᠯᠵᠦ᠂ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢ ᠬᠢᠨᠠᠮᠠᠭᠠᠶ ᠰᠤᠳᠤᠯᠤᠨ ᠰᠠᠶᠢᠲᠤᠷ ᠪᠡᠶᠡᠯᠡᠭᠦᠯᠵᠦ᠂ ᠲᠣᠰ ᠭᠠᠵᠠᠷ ᠤᠨ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠭᠤᠤᠯ ᠴᠣᠭᠴᠠ ᠶᠢᠨ ᠬᠥᠭᠵᠢᠨ ᠪᠤᠵᠠᠭᠠᠶᠢᠷᠠᠬᠤ ᠶᠢ ᠤᠯᠠᠮ ᠨᠢᠭᠡ ᠠᠯᠬᠤᠮ ᠬᠥᠲᠥᠯᠦᠨ ᠵᠢᠯᠣᠭᠤᠳᠴᠤ ᠳᠡᠮᠵᠢᠬᠦ ᠬᠡᠷᠡᠭᠲᠡᠶ᠃ ᠨᠡᠭᠦᠷᠡᠰᠦ᠂ ᠪᠠᠷᠠᠭᠠᠨ ᠤ ᠭᠦᠢᠯᠭᠡᠭᠡ ᠵᠡᠷᠭᠡ ᠭᠤᠣᠯᠳᠠᠯᠭ᠎ᠠ ᠲᠠᠢ ᠬᠦᠷᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠤᠯᠢ ᠶᠣᠰᠣᠭᠠᠷ ᠭᠠᠶᠢᠯᠢ ᠶᠢ ᠵᠠᠰᠠᠬᠤ᠂ ᠭᠠᠶᠢᠯᠢ ᠶᠢ ᠵᠠᠰᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠵᠦ᠂ ᠡᠯ᠎ᠡ ᠵᠦᠢᠯ ᠤᠨ ᠱᠠᠩᠨᠠᠵᠤ ᠨᠥᠬᠦᠪᠥᠷᠢᠯᠡᠬᠦ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠰᠠᠶᠢᠲᠤᠷ ᠨᠠᠶᠢᠳᠠᠪᠤᠷᠢᠵᠢᠭᠤᠯᠵᠤ᠂ ᠭᠠᠶᠢᠯᠢ ᠶᠢᠨ ᠢᠷᠡᠯᠳᠡ ᠶᠢᠨ ᠳᠠᠯᠳᠠ ᠬᠦᠴᠦᠨ ᠢ ᠢᠳᠡᠪᠬᠢᠲᠡᠢ ᠠᠭᠤᠳᠠᠯᠵᠤ᠂ ᠭᠠᠶᠢᠯᠢ ᠲᠠᠲᠠᠪᠤᠷᠢ ᠶᠢᠨ ︽ᠪᠦᠬᠦᠨ ᠢ ᠬᠥᠮᠥᠷᠭᠡ ᠳᠤ ᠣᠷᠣᠭᠤᠯᠬᠤ︾᠂ ᠬᠤᠷᠢᠶᠠᠬᠤ ᠶᠣᠰᠣᠲᠠᠢ ᠶᠢ ᠨᠢ ᠪᠦᠬᠦᠨ ᠢ ᠬᠤᠷᠢᠶᠠᠬᠤ ᠶᠢ ᠪᠡᠶᠡᠯᠡᠭᠦᠯᠵᠦ᠂ ᠭᠦᠶᠦᠬᠦ᠂ ᠬᠠᠭᠤᠷᠮᠠᠭᠯᠠᠨ ᠬᠢᠬᠦ᠂ ᠲᠤᠰᠤᠯᠠᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠠᠵᠤ ᠠᠬᠤᠶᠢᠯᠠᠯ ᠤᠨ ᠬᠢᠨ ᠬᠥᠭᠵᠢᠯᠲᠡ ᠶᠢᠨ ᠠᠵᠠ ᠲᠣᠬᠢᠶᠠᠯ ᠢ ᠠᠮᠵᠢᠵᠤ᠂ ︽ᠵᠠᠰᠠᠮᠠᠯ ᠵᠠᠮ ᠢ ᠲᠡᠮᠦᠷ ᠵᠠᠮ ᠢᠶᠠᠷ ᠬᠦᠷᠭᠡᠬᠦ᠂ ᠲᠠᠷᠠᠬᠠᠢ ᠶᠢ ᠴᠤᠭᠯᠠᠷᠠᠯ ᠪᠣᠯᠭᠠᠨ ᠥᠭᠡᠷᠡᠴᠢᠯᠡᠬᠦ᠂ ᠵᠠᠰᠠᠮᠠᠯ ᠵᠠᠮ ᠲᠡᠮᠦᠷ ᠵᠠᠮ ᠤᠨ ᠬᠠᠮᠲᠤᠷᠠᠭᠰᠠᠨ ᠲᠡᠭᠡᠭᠡᠪᠦᠷᠢ︾ ᠪᠣᠯᠤᠨ ︽ᠤᠶᠤᠨᠲᠤ ᠡᠳ᠋ ᠪᠠᠷᠠᠭᠠᠨ ᠤ ᠭᠦᠢᠯᠭᠡᠭᠡ᠂ ᠪᠣᠬᠢᠷᠲᠤᠯ ᠦᠭᠡᠢ ᠡᠳ᠋ ᠪᠠᠷᠠᠭᠠᠨ ᠤ ᠭᠦᠢᠯᠭᠡᠭᠡ︾ ᠵᠡᠷᠭᠡ ᠬᠥᠭᠵᠢᠯᠲᠡ ᠶᠢᠨ ᠵᠠᠮ ᠢ ᠢᠳᠡᠪᠬᠢᠲᠡᠢ ᠰᠦᠪᠡᠭᠴᠢᠯᠡᠵᠦ᠂ ᠪᠦᠬᠦ  ᠲᠣᠭᠤᠷᠢᠭ ᠤᠨ ᠡᠳ᠋ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠬᠥᠭᠵᠢᠯᠲᠡ ᠶᠢ ᠨᠡᠩ ᠵᠢᠷᠤᠮᠵᠢᠭᠤᠨ᠂ ᠨᠡᠩ ᠰᠢᠨᠵᠢᠯᠡᠬᠦ ᠤᠬᠠᠭᠠᠨᠴᠢ ᠪᠠᠷ ᠠᠬᠢᠭᠤᠯᠵᠤ᠂ ᠣᠷᠣᠨ ᠪᠦᠰᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠥᠪᠡᠷ ᠤᠨ ᠬᠠᠮᠢᠶᠠᠷᠤᠯᠲᠠ ᠪᠠᠨ ᠴᠢᠩᠭᠠᠳᠬᠠᠵᠤ᠂ ᠬᠠᠤᠯᠢ ᠲᠣᠭᠲᠠᠭᠠᠯ ᠶᠣᠰᠣᠭᠠᠷ ᠭᠠᠶᠢᠯᠢ ᠰᠦᠢᠳᠬᠡᠯ ᠢ ᠵᠦᠶ ᠵᠣᠬᠢᠰᠲᠠᠶ ᠲᠤᠰᠢᠶᠠᠬᠤ ᠶᠢᠨ ᠬᠠᠮᠲᠤ ᠠᠶᠤᠯᠭᠦᠶ ᠦᠢᠯᠡᠳᠪᠦᠷᠢᠯᠡᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠢᠶᠠᠨ ᠲᠠᠰᠤᠷᠠᠯᠲᠠ ᠥᠬᠡᠶ ᠴᠢᠩᠭᠠᠳᠬᠠᠵᠤ᠂ ᠡᠯ᠎ᠡ ᠲᠥᠷᠥᠯ ᠤᠨ ᠠᠶᠤᠯᠭᠦᠶ ᠦᠢᠯᠡᠳᠪᠦᠷᠢᠯᠡᠯ ᠤᠨ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠶ ᠭᠡᠵᠡᠢ᠃      ᠲᠣᠭᠤᠷᠢᠭ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠬᠠᠮᠢᠶ᠎ᠠ ᠪᠦᠬᠦᠢ ᠠᠵᠤ ᠠᠬᠤᠶᠢᠯᠠᠯ ᠶᠠᠷᠢᠯᠴᠠᠬᠤ ᠬᠤᠷᠠᠯ ᠳᠤ ᠣᠷᠣᠯᠴᠠᠪᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号