ᠳᠤᠮᠳᠠᠳᠤ ᠤᠯᠤᠰ ᠤᠨ ᠡᠪ ᠬᠠᠮᠲᠤ ᠨᠠᠮ ᠤᠨ ᠦᠬᠠᠢ ᠬᠤᠳᠠ ᠶᠢᠨ ᠬᠠᠶᠢᠨᠠᠨ ᠲᠣᠭᠤᠷᠢᠭ ᠤᠨ ᠶᠢᠰᠦᠳᠦᠭᠡᠷ | ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠦᠬᠦᠳᠡ ᠬᠤᠷᠠᠯ 2024 ᠣᠨ ᠤ 2 | ᠰᠠᠷ᠎ᠠ ᠶᠢᠨ 2 ᠤᠨ ᠡᠳᠦᠷ ᠬᠤᠷᠠᠯᠳᠤᠪᠠ᠃ ᠡᠨᠡ ᠤᠳᠠᠭ᠎ᠠ ᠶᠢᠨ ᠪᠦᠭᠦᠳᠡ ᠬᠤᠷᠠᠯ ᠳᠤ ᠣᠷᠣᠯᠴᠠᠭᠰᠠᠨ | ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠡᠰᠢᠭᠦᠨ 13 ᠬᠦᠮᠦᠨ᠃ 121 ᠬᠦᠮᠦᠨ ᠰᠤᠯᠠ | ᠤᠷᠤᠯᠴᠠᠪᠠ᠃ | ᠲᠣᠭᠤᠷᠢᠭ ᠤᠨ ᠨᠠᠮ ᠤᠨ ᠬᠤᠷᠢᠶᠠᠨ ᠤ ᠱᠦᠵᠢ ᠢᠦᠢ ᡁᠢ ᠶᠦᠩ ᠪᠦᠬᠦᠳᠡ ᠬᠤᠷᠠᠯ ᠳᠤ ᠣᠷᠣᠯᠴᠠᠵᠤ | ᠶᠠᠷᠢᠶ᠎ᠠ ᠲᠠᠯᠪᠢᠪᠠ᠃ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠤᠭᠤᠷᠢᠭ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ | ᠲᠦᠷᠦ ᠶᠢᠨ ᠵᠥᠪᠯᠡᠯᠭᠡᠨ ᠵᠢᠴᠢ ᠬᠤᠯᠪᠣᠭᠳᠠᠯ ᠪᠦᠬᠦᠢ ᠲᠠᠯ᠎ᠠ ᠶᠢᠨ ᠤᠳᠤᠷᠢᠳᠬᠤ ᠨᠥᠬᠦᠳ ᠬᠤᠷᠠᠯ ᠳᠤ | ᠣᠷᠣᠯᠴᠠᠪᠠ᠃ | ᠪᠦᠬᠦᠳᠡ ᠬᠤᠷᠠᠯ ᠢ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ | ᠬᠤᠷᠢᠶ᠎ᠠ ᠠᠴᠠ ᠡᠷᠬᠢᠯᠡᠪᠡ᠃ ᠪᠦᠬᠦᠳᠡ ᠬᠤᠷᠠᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ | ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ ᠤᠨ | ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ | ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠦᠬᠦᠳᠡ ᠬᠤᠷᠠᠯ᠂ ᠬᠤᠳᠠ ᠶᠢᠨ | ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠤᠨ | ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ 2023 ᠣᠨ ᠤ ᠰᠠᠬᠢᠯᠭ᠎ᠠ ᠪᠠᠲᠤ ᠪᠠᠶᠢᠴᠠᠭᠠᠬᠤ | ᠬᠢᠨᠠᠨ ᠪᠠᠶᠢᠴᠠᠭᠠᠬᠤ ᠠᠵᠢᠯ ᠢ ᠡᠷᠭᠢᠴᠡᠭᠦᠯᠵᠦ᠂ 2024 ᠣᠨ ᠤ ᠡᠭᠦᠷᠭᠡ ᠶᠢ ᠪᠠᠶᠢᠷᠢᠯᠠᠭᠤᠯᠵᠤ᠂ ᠶᠣᠣ ᠷᠦᠩ | ᠪᠢᠶᠤᠤ ᠨᠥᠬᠦᠷ ᠤᠨ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ | ᠲᠥᠯᠥᠭᠡᠯᠡᠨ ᠬᠢᠭᠰᠡᠨ ︽ᠴᠢᠨᠠᠷ ᠰᠠᠶᠢᠲᠠᠢ ᠬᠥᠭᠵᠢᠯᠲᠡ ᠶᠢᠨ ᠭᠤᠣᠯ ᠰᠡᠳᠦᠪ ᠤᠨ ᠲᠣᠭᠤᠷᠢᠨ ᠳᠤ ᠡᠭᠦᠷᠭᠡ | ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠬᠦ ᠳᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ | ᠬᠠᠶᠢᠨᠠᠨ ᠲᠣᠭᠤᠷᠢᠭ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠶ᠎ᠠ︾ ᠭᠡᠬᠦ | ᠠᠵᠢᠯ ᠤᠨ ᠮᠡᠳᠡᠭᠦᠯᠦᠯᠲᠡ ᠶᠢ ᠬᠢᠨᠠᠨ ᠵᠥᠪᠯᠡᠵᠦ ᠪᠠᠲᠤᠯᠠᠪᠠ᠃ | ᠪᠦᠬᠦᠳᠠ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠲᠥᠪ ᠤᠨ | ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠦᠬᠦᠳᠠ ᠬᠤᠷᠠᠯ ᠳᠡᠭᠡᠷᠡᠬᠢ ᠴᠢᠬᠤᠯᠠ ᠶᠠᠷᠢᠶᠠᠨ ᠤ | ᠵᠣᠷᠢᠭ ᠰᠠᠨᠠᠭ᠎ᠠ ᠪᠣᠯᠤᠨ ᠯᠢ ᠰᠢ ᠨᠥᠬᠦᠷ ᠤᠨ ᠬᠢᠭᠰᠡᠨ ᠠᠵᠢᠯ ᠤᠨ ᠢᠯᠡᠳᠬᠡᠯ ᠢ ᠨᠠᠷᠢᠨ ᠬᠢᠨᠠᠮᠠᠭᠠᠢ ᠰᠤᠷᠤᠯᠴᠠᠵᠤ᠂ | ᠭᠦᠨᠵᠡᠭᠡᠢ ᠣᠶᠢᠯᠠᠭᠠᠪᠠ᠃ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ | ᠬᠢᠬᠦ ᠲᠤᠬᠠᠢ ᠴᠢᠬᠤᠯᠠ ᠦᠵᠡᠯ ᠰᠠᠨᠠᠭ᠎ᠠ ᠨᠢ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠭᠤᠷᠪᠠᠨ | ᠴᠢᠬᠤᠯᠠ ᠶᠡᠭᠡ ᠠᠰᠠᠭᠤᠳᠠᠯ ᠳᠤ ᠰᠢᠨᠵᠢᠯᠡᠬᠦ ᠤᠬᠠᠭᠠᠨᠴᠢ ᠪᠠᠷ ᠬᠠᠷᠢᠭᠤᠯᠲᠠ ᠥᠭᠴᠦ᠂ ᠥᠪᠡᠷ ᠤᠨ ᠪᠡᠶ᠎ᠡ ᠳᠡᠭᠡᠨ | ᠬᠤᠪᠢᠰᠬᠠᠯ ᠬᠢᠬᠦ ᠶᠢ ᠠᠬᠢᠭᠤᠯᠬᠤ ︽ᠶᠢᠰᠦᠨ ᠦᠢᠯᠡᠳᠦᠯᠬᠡ︾ ᠶᠢᠨ ᠱᠠᠭᠠᠷᠳᠠᠯᠭ᠎ᠠ ᠶᠢ ᠲᠣᠳᠣᠷᠬᠠᠢ ᠳᠤᠷᠠᠳᠴᠤ᠂ | ᠰᠢᠨ᠎ᠡ ᠴᠠᠭ ᠦᠶ᠎ᠡ ᠰᠢᠨ᠎ᠡ ᠠᠶᠠᠨ ᠵᠠᠮ ᠳᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠨᠠᠮ ᠤᠨ ᠰᠤᠷᠲᠠᠯ | ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠬᠤ ᠳᠤ | ᠦᠨᠳᠦᠰᠦᠨ ᠵᠢᠷᠤᠮᠯᠠᠯ ᠬᠠᠩᠭᠠᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠰᠠᠶᠢᠲᠤᠷ | ᠬᠢᠬᠦ ᠳᠤ ᠬᠦᠴᠦᠷᠬᠡᠭ ᠶᠡᠭᠡ ᠦᠵᠡᠯ ᠰᠠᠨᠠᠭᠠᠨ ᠤ ᠵᠡᠪᠰᠡᠭ ᠪᠣᠯᠤᠨ ᠰᠢᠨᠵᠢᠯᠡᠬᠦ ᠤᠬᠠᠭᠠᠨᠴᠢ ᠠᠵᠢᠯᠯᠠᠭᠠᠨ ᠤ ᠵᠦᠭᠯᠡᠭᠦᠷ | ᠬᠠᠩᠭᠠᠵᠠᠢ ᠭᠡᠵᠦ ᠰᠠᠨᠠᠯ ᠨᠢᠭᠡᠲᠡᠢ ᠦᠵᠡᠪᠡ᠃ ᠯᠢ ᠰᠢ ᠨᠥᠬᠦᠷ ᠤᠨ ᠠᠵᠢᠯ ᠤᠨ ᠢᠯᠡᠳᠬᠡᠯ ᠨᠢ ᠶᠡᠷᠦᠩᠬᠡᠢ ᠱᠦᠵᠢ | ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ 2024 ᠣᠨ ᠤ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠪᠦᠬᠦ ᠲᠠᠯ᠎ᠠ ᠪᠠᠷ ᠪᠠᠶᠢᠷᠢᠯᠠᠭᠤᠯᠵᠤ᠂ ᠭᠤᠣᠯ | ᠰᠡᠳᠦᠪ ᠨᠢ ᠢᠯᠡ ᠲᠣᠳᠣ᠂ ᠭᠤᠣᠯᠳᠠᠯᠭ᠎ᠠ ᠨᠢ ᠲᠤᠪᠤᠶᠢᠮ᠎ᠠ᠂ ᠪᠣᠳᠠᠲᠠᠢ ᠶᠢ ᠡᠷᠬᠢᠮᠯᠡᠭᠰᠡᠨ ᠪᠣᠳᠠᠲᠠᠢ ᠪᠠᠶᠢᠵᠤ᠂ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠭᠦᠨᠵᠡᠭᠡᠢ | ᠠᠬᠢᠭᠤᠯᠬᠤ ᠳᠤ ᠴᠢᠬᠤᠯᠠ ᠵᠢᠯᠣᠭᠤᠳᠬᠤ ᠠᠴᠢ ᠬᠤᠯᠪᠣᠭᠳᠠᠯ ᠲᠠᠢ ᠶᠤᠮ᠃ ᠦᠵᠡᠯ ᠰᠠᠨᠠᠭ᠎ᠠ ᠪᠠ ᠦᠢᠯᠡ | ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ | ᠲᠤᠬᠠᠢ ᠴᠢᠬᠤᠯᠠ ᠦᠵᠡᠯ ᠰᠠᠨᠠᠭ᠎ᠠ ᠲᠠᠢ ᠨᠢᠭᠡᠳᠬᠡᠵᠦ᠂ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ | ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠰᠢᠨ᠎ᠡ ᠪᠠᠶᠢᠳᠠᠯ ᠢ ᠪᠤᠢ ᠪᠣᠯᠭᠠᠬᠤ ᠶᠢᠨ ᠲᠥᠯᠥᠭᠡ ᠴᠥᠬᠦᠷᠡᠰᠢ | ᠦᠭᠡᠢ ᠴᠢᠷᠮᠠᠶᠢᠨ᠎ᠠ ᠭᠡᠵᠦ ᠰᠠᠨᠠᠯ ᠨᠢᠭᠡᠲᠡᠢ ᠢᠯᠡᠳᠬᠡᠪᠡ᠃ | ᠪᠥᠬᠦᠳᠡ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠰᠠᠬᠢᠯᠭ᠎ᠠ | ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠣᠯᠤᠨ ᠬᠤᠲᠠ ᠶᠢᠨ | ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠳᠥᠷᠪᠡᠳᠦᠭᠡᠷ ᠪᠥᠬᠦᠳᠡ ᠬᠤᠷᠠᠯ ᠤᠨ | ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠵᠤ᠂ ᠪᠥᠬᠦ ᠲᠤᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠪᠣᠯᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠭᠦᠨᠵᠡᠭᠡᠶ ᠰᠤᠷᠤᠯᠴᠠᠨ | ᠣᠶᠢᠯᠠᠭᠠᠵᠤ᠂ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠱᠠᠭᠠᠷᠳᠠᠪᠠ᠃ ᠢᠦᠢ ᡁᠢ ᠶᠦᠩ | ᠨᠥᠬᠦᠷ ᠤᠨ ᠶᠠᠷᠢᠶ᠎ᠠ ᠨᠢ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ | ᠲᠤᠬᠠᠢ ᠴᠢᠬᠤᠯᠠ ᠦᠵᠡᠯ ᠰᠠᠨᠠᠭ᠎ᠠ ᠶᠢ ᠴᠢᠨᠠᠭᠰᠢᠳᠠ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠪᠦᠬᠦ ᠲᠠᠯ᠎ᠠ ᠪᠠᠷ | ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠬᠤ ᠲᠤᠬᠠᠢ ᠲᠤᠬᠢᠷᠠᠭᠤᠯᠤᠯᠳᠠ ᠪᠠᠶᠢᠷᠢᠯᠠᠭᠤᠯᠤᠯᠲᠠ ᠬᠢᠵᠦ᠂ ᠪᠦᠬᠦ | ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡᠨ ᠤ ᠪᠠᠶᠢᠭᠤᠯᠤᠯᠲᠠ ᠳᠤ | ᠲᠣᠳᠣᠷᠬᠠᠢ ᠱᠠᠭᠠᠷᠳᠠᠯᠭ᠎ᠠ ᠳᠤᠷᠠᠳᠴᠤ᠂ ᠮᠠᠰᠢ ᠴᠢᠩᠭ᠎ᠠ ᠤᠯᠤᠰ ᠲᠦᠷᠦᠴᠢ ᠴᠢᠨᠠᠷ᠂ ᠵᠢᠯᠣᠭᠤᠳᠬᠤ ᠴᠢᠨᠠᠷ᠂ | ᠬᠠᠨᠳᠤᠯᠭᠠᠲᠤ ᠴᠢᠨᠠᠷ ᠲᠠᠢ ᠶᠤᠮ᠃ ᠪᠦᠬᠦ ᠲᠤᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ | ᠪᠣᠯᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠢᠨ ᠡᠭᠦᠷᠢᠳᠡ ᠵᠤᠬᠰᠤᠰᠢ ᠦᠭᠡᠢ | ᠬᠠᠳᠠᠨ ᠵᠣᠷᠢᠭ ᠪᠣᠯᠤᠨ ᠪᠠᠷᠢᠮᠲᠠᠯᠠᠯ ᠢᠶᠠᠷ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ | ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ᠡᠷᠡᠰ ᠭᠤᠶᠢᠪᠢᠰᠢ ᠦᠭᠡᠢ ᠪᠠᠷ ᠨᠠᠮ ᠤᠨ ᠥᠪᠡᠷ ᠤᠨ ᠪᠡᠶ᠎ᠡ ᠳᠡᠭᠡᠨ | ᠬᠤᠪᠢᠰᠬᠠᠯ ᠬᠢᠬᠦ ᠶᠢ ᠡᠴᠦᠰ ᠲᠤᠨᠢ ᠲᠤᠯᠲᠠᠯ᠎ᠠ ᠬᠢᠬᠦ ᠬᠡᠷᠡᠭᠲᠡᠢ᠃ | ᠪᠦᠬᠦᠳᠡ ᠬᠤᠷᠠᠯ ᠠᠴᠠ᠂ 2023 ᠣᠨ ᠳᠤ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ | ᠪᠠᠶᠢᠴᠠᠭᠠᠬᠤ ᠵᠥᠪᠯᠡᠯ ᠪᠣᠯᠤᠨ ᠲᠣᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ | ᠪᠦᠬᠦ ᠲᠣᠭᠤᠷᠢᠭ ᠤᠨ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠡᠭᠦᠷᠭᠡ | ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠡᠭᠦᠷᠭᠡ ᠪᠠᠨ ᠨᠡᠯᠢᠶᠡᠳ ᠰᠠᠶᠢᠨ ᠪᠡᠶᠡᠯᠡᠭᠦᠯᠪᠡ᠃ ᠭᠤᠤᠯ | ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠦᠵᠡᠯ ᠰᠠᠨᠠᠭᠠᠨ ᠤ ᠳᠠᠪᠲᠠᠯᠲᠠ ᠶᠢ ᠴᠢᠩᠭᠠᠳᠬᠠᠵᠤ᠂ | ᠦᠨᠡᠨᠴᠢ ᠰᠢᠳᠤᠷᠭᠤ ᠰᠠᠭᠤᠷᠢ ᠥᠩᠭᠡ ᠶᠢ ᠴᠠᠭᠠᠪᠤᠷᠯᠠᠭᠤᠯᠤᠨᠠ᠃ ᠬᠢᠨᠠᠯᠲᠠ ᠲᠠᠯᠪᠢᠬᠤ ᠠᠩᠬᠠᠨ ᠤ | ᠬᠠᠷᠢᠭᠤᠴᠠᠯᠭ᠎ᠠ ᠶᠢ ᠡᠷᠡᠰ ᠭᠤᠶᠢᠪᠢᠰᠢ ᠦᠭᠡᠢ ᠡᠭᠦᠷᠭᠡᠯᠡᠵᠦ᠂ ᠭᠤᠣᠯ ᠶᠡᠭᠡ ᠲᠠᠯ᠎ᠠ ᠳᠤ ᠦᠢᠯᠡᠴᠢᠯᠡᠬᠦ ᠬᠦᠴᠦᠲᠡᠢ | ᠪᠥᠭᠡᠳ ᠪᠦᠲᠦᠮᠵᠢᠲᠡᠢ ᠪᠠᠶᠢᠬᠤ ᠬᠡᠷᠡᠭᠲᠡᠢ᠃ ᠲᠥᠪ ᠴᠢᠩᠭ᠎ᠠ ᠦᠨᠳᠦᠰᠦᠨ ᠰᠠᠨᠠᠭ᠎ᠠ ᠪᠠᠷ ᠰᠤᠷᠲᠠᠯ ᠢ ᠴᠡᠭᠴᠡᠯᠡᠨ | ᠰᠠᠬᠢᠯᠭ᠎ᠠ ᠪᠠᠲᠤ ᠶᠢ ᠴᠢᠩᠳᠠᠯᠠᠵᠤ᠂ ᠨᠠᠮ ᠤᠨ ᠰᠤᠷᠲᠠᠯ ᠵᠠᠰᠠᠭ ᠤᠨ ᠰᠤᠷᠲᠠᠯ ᠦᠷᠭᠦᠯᠵᠢᠯᠡᠨ ᠰᠠᠶᠢᠵᠢᠷᠠᠵᠤ ᠪᠠᠶᠢᠨ᠎ᠠ᠃ | ᠭᠤᠷᠪᠠ ᠶᠢ ᠵᠡᠷᠭᠡᠪᠡᠷ ᠵᠠᠰᠠᠬᠤ ᠶᠢ ᠨᠢᠭᠡ ᠴᠤᠭᠴᠠᠵᠢᠭᠤᠯᠤᠨ ᠲᠦᠯᠬᠢᠨ ᠠᠬᠢᠭᠤᠯᠵᠤ᠂ ᠤᠯᠤᠰ ᠲᠦᠷᠦ ᠶᠢᠨ ᠠᠮᠢ | ᠠᠬᠤᠶ ᠶᠢ ᠲᠠᠰᠤᠷᠠᠯᠲᠠ ᠦᠭᠡᠢ ᠴᠡᠪᠡᠷᠰᠢᠭᠦᠯᠦᠨ ᠰᠢᠯᠢᠳᠡᠭᠵᠢᠭᠦᠯᠦᠨ᠎ᠡ᠃ ᠠᠷᠠᠳ ᠲᠦᠮᠡᠨ ᠢ ᠳᠡᠭᠡᠳᠦᠯᠡᠬᠦ | ᠣᠶᠢᠯᠠᠭᠠᠭᠳᠠᠬᠤᠨ ᠢ ᠪᠠᠷᠢᠮᠲᠠᠯᠠᠵᠤ᠂ ᠵᠠᠰᠠᠯᠲᠠ ᠶᠢᠨ ᠦᠷ᠎ᠡ ᠪᠦᠲᠦᠮᠵᠢ ᠶᠢ ᠴᠥᠬᠦᠷᠡᠰᠢ ᠦᠭᠡᠢ ᠳᠡᠭᠡᠭᠰᠢᠯᠡᠭᠦᠯᠦᠨ᠎ᠡ᠃ | ᠤᠯᠤᠰ ᠲᠥᠷᠥ ᠶᠢᠨ ᠲᠣᠭᠤᠷᠢᠨ ᠪᠠᠢᠴᠠᠭᠠᠬᠤ ᠪᠠᠢᠷᠢ ᠲᠣᠭᠲᠠᠭᠠᠯᠲᠠ ᠶᠢ ᠪᠠᠲᠤ ᠰᠠᠬᠢᠵᠤ ᠦᠷᠭᠦᠯᠵᠢᠯᠡᠨ ᠴᠢᠩᠭ᠎ᠠ | ᠳᠠᠮᠵᠢᠭᠤᠯᠬᠤ ᠬᠦᠴᠦᠲᠡᠢ ᠳᠣᠬᠢᠶ᠎ᠠ᠃ ᠡᠩᠨᠡᠭᠡᠨ ᠤ ᠪᠠᠶᠢᠭᠤᠯᠤᠯᠲᠠ ᠶᠢ ᠴᠢᠩᠭ᠎ᠠ ᠪᠥᠭᠡᠳ ᠪᠣᠳᠠᠲᠠᠶ ᠪᠠᠷ | ᠴᠢᠩᠭᠠᠳᠬᠠᠵᠤ᠂ ᠴᠢᠳᠠᠪᠤᠷᠢ ᠰᠤᠷᠲᠠᠯ ᠨᠠᠩ ᠪᠠᠲᠤ ᠴᠢᠩᠭ᠎ᠠ ᠪᠣᠯᠪᠠ᠃ ᠠᠮᠵᠢᠯᠲᠠ ᠪᠠᠨ ᠨᠤᠲᠠᠯᠠᠬᠤ ᠶᠢᠨ ᠬᠠᠮᠲᠤ | ᠪᠦᠬᠦ ᠣᠷᠣᠨ ᠤ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ | ᠢᠯᠵᠠᠷᠠᠯ ᠢ ᠡᠰᠡᠷᠭᠦᠴᠡᠬᠦ ᠲᠡᠮᠡᠴᠡᠯ ᠤᠨ ᠪᠠᠶᠢᠳᠠᠯ ᠵᠢᠴᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ | ᠪᠣᠯᠤᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠳᠤ ᠣᠷᠣᠰᠢᠵᠤ ᠪᠠᠶᠢᠭ᠎ᠠ ᠠᠰᠠᠭᠤᠳᠠᠯ ᠢ ᠦᠨᠡᠨ ᠪᠣᠳᠠᠲᠠᠶ ᠪᠠᠷ | ᠵᠠᠳᠠᠯᠵᠤ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠷᠭᠦᠯᠵᠢᠯᠡᠨ ᠰᠢᠢᠳᠪᠦᠷᠢᠯᠡᠬᠦ ᠬᠡᠷᠡᠭᠲᠡᠶ ᠭᠡᠵᠦ ᠱᠠᠭᠠᠷᠳᠠᠪᠠ᠃ | ᠪᠦᠬᠦᠳᠡ ᠬᠤᠷᠠᠯ ᠠᠴᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ | ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ | ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠤᠱᠯᠠᠭᠤᠯᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ | ᠣᠶᠢᠯᠠᠭᠠᠵᠤ᠂ ᠤᠬᠠᠮᠰᠠᠷ ᠠᠴᠠ ᠪᠠᠨ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ | ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠲᠣᠭᠲᠠᠭᠤᠨ ᠤ ᠳᠤᠮᠳᠠ ᠤᠷᠤᠭᠰᠢᠯᠠᠨ | ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠦᠬᠦ ᠲᠠᠯ᠎ᠠ ᠪᠠᠷ ᠲᠤᠤᠱᠯᠠᠭᠤᠯᠵᠤ᠂ ᠭᠤᠣᠯ ᠰᠡᠳᠦᠪᠲᠦ ᠬᠥᠮᠦᠵᠢᠯ | ᠪᠣᠯᠤᠨ ᠬᠥᠮᠦᠵᠢᠯ ᠴᠡᠭᠴᠡᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠤᠷᠢᠳᠤᠭᠠᠷ | ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ᠂ | ᠬᠤᠳᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠳᠥᠷᠪᠡᠳᠦᠭᠡᠷ ᠪᠦᠬᠦᠳᠡ | ᠬᠤᠷᠠᠯ᠂ ᠬᠤᠳᠠ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ | ᠬᠥᠭᠵᠢᠯᠲᠡ ᠶᠢ ᠬᠦᠴᠦᠯᠡᠨ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠬᠠᠶᠢᠨᠠᠨ | ᠲᠣᠭᠤᠷᠢᠭ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ | ᠴᠢᠬᠤᠯᠠᠴᠢᠯᠠᠪᠠ᠃ | ᠨᠢᠭᠡᠳᠦᠭᠡᠷ ᠲᠤ᠂ ᠡᠷᠡᠰ ᠭᠤᠶᠢᠪᠢᠰᠢ ᠦᠭᠡᠢ ᠪᠠᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠰᠠᠨᠠᠭ᠎ᠠ ᠪᠠᠨ ᠨᠢᠭᠲᠠᠷᠠᠭᠤᠯᠵᠤ | ᠰᠦᠭ ᠰᠦᠨᠡᠰᠦ ᠶᠢ ᠴᠣᠭᠴᠠᠯᠠᠶ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠢᠯᠠᠩᠭᠤᠶ᠎ᠠ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ | ᠬᠢᠬᠦ ᠴᠢᠬᠤᠯᠠ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠲᠤᠭᠤᠷᠢᠭ ᠤᠨ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ᠂ ᠤᠨᠤᠯ ᠰᠤᠷᠤᠯᠴᠠᠬᠤ ᠭᠤᠣᠯ ᠳᠤᠭᠤᠶᠢᠯᠠᠩ ᠤᠨ | ᠰᠤᠷᠤᠯᠴᠠᠯᠭ᠎ᠠ ᠶᠢᠨ ᠵᠠᠪᠠᠯ ᠰᠤᠷᠬᠤ ᠬᠢᠴᠢᠶᠡᠯ ᠪᠣᠯᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ | ᠬᠥᠮᠦᠵᠢᠯ ᠪᠣᠯᠪᠠᠰᠤᠷᠠᠯ ᠤᠨ ᠭᠤᠣᠯ ᠰᠡᠳᠦᠪ ᠭᠤᠣᠯ ᠱᠤᠭᠤᠮ ᠪᠣᠯᠭᠠᠵᠤ᠂ ᠭᠦᠨᠵᠡᠭᠡᠶᠢᠷᠡᠭᠦᠯᠬᠦ᠂ ᠪᠣᠯᠪᠠᠰᠤᠷᠠᠭᠤᠯᠬᠤ᠂ | ᠬᠤᠪᠢᠷᠠᠭᠤᠯᠬᠤ ᠪᠠᠷ ᠳᠠᠮᠵᠢᠭᠤᠯᠤᠨ᠂ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠬᠤ ᠶᠢ ᠪᠠᠲᠤᠯᠠᠵᠤ᠂ | ᠤᠬᠠᠮᠰᠠᠷ ᠠᠴᠠ ᠪᠠᠨ ᠨᠠᠮ ᠤᠨ ᠰᠢᠨ᠎ᠡ ᠶᠢ ᠡᠭᠦᠳᠬᠦ ᠤᠨᠤᠯ ᠤᠨ ᠳᠤᠮᠳᠠ ᠠᠴᠠ ᠤᠢᠢᠯᠠᠭᠠᠭᠳᠠᠬᠤᠨ ᠢ ᠡᠷᠢᠬᠦ᠂ | ᠰᠡᠳᠬᠢᠮᠵᠢ ᠶᠢ ᠡᠷᠢᠬᠦ᠂ ᠠᠷᠭ᠎ᠠ ᠶᠢ ᠡᠷᠢᠬᠦ᠂ ᠠᠷᠭ᠎ᠠ ᠬᠡᠮᠵᠢᠶ᠎ᠡ ᠶᠢ ᠡᠷᠢᠬᠦ ᠶᠢ ᠪᠠᠲᠤᠯᠠᠵᠤ᠂ ᠰᠤᠷᠤᠯᠴᠠᠯᠭ᠎ᠠ ᠶᠢᠨ ᠦᠷ᠎ᠡ | ᠪᠦᠲᠦᠭᠡᠯ ᠢ ᠲᠠᠰᠤᠷᠠᠯᠲᠠ ᠦᠭᠡᠢ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ | ᠡᠰᠡᠷᠭᠦᠴᠡᠬᠦ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃ | ᠬᠤᠶᠠᠳᠤᠭᠠᠷ ᠲᠤ᠂ ᠤᠯᠤᠰ ᠲᠦᠷᠦ ᠶᠢᠨ ᠬᠢᠨᠠᠯᠲᠠ ᠶᠢ ᠡᠷᠡᠰ ᠭᠤᠶᠢᠪᠢᠰᠢ ᠦᠭᠡᠢ ᠴᠢᠩᠭᠠᠳᠬᠠᠬᠤ ᠬᠡᠷᠡᠭᠲᠡᠢ᠃ | ᠨᠠᠮ ᠤᠨ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠲᠦᠷᠢᠮ ᠢ ᠴᠢᠩᠳᠠᠯᠠᠵᠤ᠂ | ᠤᠯᠤᠰ ᠲᠦᠷᠦ ᠶᠢᠨ ᠵᠥᠷᠢᠶ᠎ᠡ ᠶᠢ ᠡᠷᠡᠰ ᠵᠠᠯᠠᠷᠠᠭᠤᠯᠵᠤ᠂ ᠤᠯᠤᠰ ᠲᠦᠷᠦ ᠶᠢᠨ ᠭᠡᠮ ᠰᠣᠭᠤᠭ ᠢ ᠠᠷᠢᠯᠭᠠᠬᠤ | ᠬᠡᠷᠡᠭᠲᠡᠢ᠃ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠶᠢᠨ ᠲᠣᠭᠤᠷᠢᠨ ᠳᠤ ᠮᠥᠷᠳᠡᠨ ᠬᠢᠨᠠᠯᠲᠠ ᠲᠠᠯᠪᠢᠵᠤ᠂ | ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ | ᠨᠠᠮ ᠤᠨ ᠲᠥᠪ ᠬᠤᠷᠢᠶᠠᠨ ᠤ ᠦᠨᠳᠦᠰᠦᠨ ᠪᠤᠳᠤᠯᠭ᠎ᠠ ᠴᠢᠭᠯᠡᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ | ᠲᠤᠪᠤᠶᠢᠮ᠎ᠠ ᠠᠰᠠᠭᠤᠳᠠᠯ ᠢ ᠡᠷᠡᠰ ᠵᠠᠯᠠᠷᠠᠭᠤᠯᠤᠨ ᠵᠠᠰᠠᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠭᠤᠣᠯ ᠱᠤᠭᠤᠮ ᠪᠣᠯᠤᠨ ᠬᠤᠶᠠᠷ ᠶᠡᠭᠡ ᠶᠠᠪᠤᠳᠠᠯ ᠢ | ᠰᠠᠶᠢᠲᠤᠷ ᠬᠢᠬᠦ ᠲᠤᠬᠠᠢ ᠠᠯᠢ ᠤᠯᠠᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠪᠦᠬᠦ ᠶᠠᠪᠤᠴᠠ ᠪᠠᠷ ᠬᠢᠨᠠᠯᠲᠠ ᠲᠠᠯᠪᠢᠨ᠎ᠠ᠃ ᠡᠯ᠎ᠡ ᠱᠠᠲᠤᠨ ᠤ ︽ᠨᠢᠭᠡᠳᠦᠭᠡᠷ | ᠭᠠᠷ︾ ᠪᠣᠯᠤᠨ ᠤᠳᠤᠷᠢᠳᠬᠤ ᠪᠠᠭ ᠤᠨ ᠥᠪᠡᠷ ᠢ ᠪᠠᠨ ᠴᠢᠩᠭ᠎ᠠ ᠱᠠᠭᠠᠷᠳᠠᠵᠤ᠂ ᠬᠠᠷᠢᠭᠤᠴᠠᠯᠭ᠎ᠠ ᠪᠠᠨ ᠴᠢᠩᠭ᠎ᠠ | ᠭᠦᠢᠴᠡᠳᠬᠡᠵᠦ᠂ ᠬᠠᠷᠢᠶᠠᠨ ᠳ᠋᠊ ᠴᠢᠩᠭ᠎ᠠ ᠬᠠᠮᠢᠶᠠᠷᠬᠤ ᠶᠢ ᠠᠬᠢᠭᠤᠯᠬᠤ ᠬᠡᠷᠡᠭᠲᠡᠶ᠃ ᠡᠯ᠎ᠡ ᠲᠥᠷᠥᠯ ᠤᠨ ᠬᠢᠨᠠᠯᠲᠠ | ᠲᠠᠯᠪᠢᠬᠤ ᠶᠢ ᠨᠡᠪᠲᠡᠷᠡᠭᠦᠯᠦᠨ ᠵᠣᠬᠢᠴᠠᠭᠤᠯᠬᠤ ᠲᠣᠭᠲᠠᠴᠠ ᠶᠢᠨ ᠠᠵᠢᠯᠯᠠᠭᠠᠨ ᠤ ᠬᠢᠷᠢ ᠲᠦᠪᠰᠢᠨ ᠢ | ᠰᠢᠯᠢᠳᠡᠭᠵᠢᠭᠦᠯᠦᠨ ᠳᠡᠭᠡᠭᠰᠢᠯᠡᠭᠦᠯᠵᠦ᠂ ᠬᠢᠨᠠᠯᠲᠠ ᠲᠠᠯᠪᠢᠬᠤ ᠶᠢ ᠨᠡᠪᠲᠡᠷᠡᠭᠦᠯᠦᠨ ᠵᠣᠬᠢᠴᠠᠭᠤᠯᠬᠤ ᠲᠣᠭᠲᠠᠴᠠ ᠶᠢ | ᠪᠠᠯᠭᠠᠰᠤ ︵ᠵᠡᠭᠡᠯᠢ ᠭᠤᠳᠤᠮᠵᠢ︶ ᠳᠠᠰᠢ ᠤᠷᠲᠤᠳᠬᠠᠬᠤ ᠶᠢ ᠠᠬᠢᠭᠤᠯᠤᠨ᠎ᠠ᠃ | ᠭᠤᠷᠪᠠᠳᠤᠭᠠᠷ ᠲᠤ᠂ ᠢᠯᠵᠠᠷᠠᠯ ᠢ ᠡᠰᠡᠷᠭᠦᠴᠡᠵᠦ ᠮᠠᠭᠤ ᠬᠡᠷᠡᠭ ᠢ ᠵᠠᠯᠬᠠᠭᠠᠬᠤ ᠲᠣᠭᠲᠠᠯ ᠬᠦᠴᠦᠨ ᠢ ᠡᠷᠡᠰ | ᠭᠤᠶᠢᠪᠢᠰᠢ ᠦᠭᠡᠢ ᠪᠠᠷᠢᠮᠲᠠᠯᠠᠨ᠎ᠠ᠃ ᠢᠯᠵᠠᠷᠠᠯ ᠢ ᠡᠰᠡᠷᠭᠦᠴᠡᠬᠦ ᠠᠵᠢᠯ ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ | ᠤᠳᠤᠷᠢᠳᠤᠯᠭ᠎ᠠ ᠶᠢ ᠴᠢᠩᠭᠠᠳᠬᠠᠵᠤ᠂ ᠲᠤᠭᠤᠷᠢᠭ ᠤᠨ ᠨᠠᠮ ᠤᠨ ᠬᠤᠷᠢᠶᠠᠨ ᠤ ᠢᠯᠵᠠᠷᠠᠯ ᠢ ᠡᠰᠡᠷᠭᠦᠴᠡᠬᠦ ᠠᠵᠢᠯ ᠤᠨ | ᠵᠣᠬᠢᠴᠠᠭᠤᠯᠬᠤ ᠳᠤᠭᠤᠶᠢᠯᠠᠩ ᠤᠨ ᠦᠶ᠋ᠯᠡᠳᠦᠯ ᠢ ᠭᠦᠶ᠋ᠴᠡᠳ ᠪᠠᠳᠠᠷᠠᠭᠤᠯᠤᠨ᠎ᠠ᠃ ᠵᠠᠰᠠᠭ ᠤᠨ ᠣᠷᠳᠣᠨ ᠪᠠ | ᠬᠤᠳᠠᠯᠳᠤᠭᠠᠴᠢᠨ ᠬᠤᠯᠪᠣᠯᠳᠤᠭᠰᠠᠨ ᠢᠯᠵᠠᠷᠠᠯ ᠤᠨ ᠠᠰᠠᠭᠤᠳᠠᠯ ᠢ ᠴᠢᠩᠭ᠎ᠠ ᠪᠠᠶᠢᠴᠠᠭᠠᠵᠤ᠂ ᠮᠥᠩᠭᠦᠨ ᠭᠦᠢᠯᠭᠡᠭᠡ᠂ | ᠤᠯᠤᠰ ᠤᠨ ᠥᠮᠴᠢᠯᠡᠯᠲᠦ ᠠᠵᠤ ᠠᠬᠤᠶᠢᠯᠠᠯ᠂ ᠡᠨᠧᠷᠭᠢ᠂ ᠡᠮ ᠡᠮᠨᠡᠯᠭᠡ᠂ ᠦᠨᠳᠦᠰᠦᠨ ᠪᠦᠲᠦᠭᠡᠨ | ᠪᠠᠶᠢᠭᠤᠯᠤᠯᠲᠠ ᠶᠢᠨ ᠢᠨᠵᠧᠨᠧᠷᠢᠩ ᠪᠠ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠵᠡᠷᠭᠡ ᠡᠷᠬᠡ ᠶᠢᠨ | ᠲᠥᠪᠯᠡᠷᠡᠯ᠂ ᠪᠡᠯᠡ ᠮᠥᠩᠭᠦ ᠨᠢᠭᠲᠠᠷᠠᠭᠰᠠᠨ᠂ ᠡᠬᠢ ᠪᠠᠶᠠᠯᠢᠭ ᠡᠯᠪᠡᠭ ᠳᠡᠯᠪᠡᠭ ᠬᠦᠷᠢᠶᠡᠨ ᠳᠠᠬᠢ ᠢᠯᠵᠠᠷᠠᠯ ᠤᠨ | ᠠᠰᠠᠭᠤᠳᠠᠯ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ | ᠲᠦᠷᠢᠮ ᠲᠣᠭᠲᠠᠭᠠᠯ ᠠᠴᠠ ᠵᠥᠷᠢᠴᠡᠵᠦ ᠬᠠᠤᠯᠢ ᠠᠴᠠ ᠵᠥᠷᠢᠴᠡᠭᠰᠡᠨ ᠠᠰᠠᠭᠤᠳᠠᠯ ᠢ ᠪᠠᠶᠢᠩᠭᠤᠵᠢᠭᠤᠯᠤᠨ ᠵᠠᠰᠠᠬᠤ ᠶᠢ | ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠬᠢᠨᠠᠨ ᠪᠤᠳᠤᠬᠤ᠂ ᠲᠣᠭᠤᠷᠢᠨ ᠪᠠᠶᠢᠴᠠᠭᠠᠬᠤ ᠵᠡᠷᠭᠡ ᠰᠢᠯᠵᠢᠭᠦᠯᠦᠨ | ᠬᠦᠷᠭᠡᠭᠰᠡᠨ ᠠᠰᠠᠭᠤᠳᠠᠯ ᠤᠨ ᠰᠦᠪᠡᠭᠴᠢ ᠶᠢ ᠪᠠᠶᠢᠴᠠᠭᠠᠨ ᠰᠢᠶ᠋ᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠳᠡᠭᠡᠳᠦ | ᠱᠠᠲᠤᠨ ᠤ ᠵᠢᠭᠠᠨ ᠲᠣᠭᠲᠠᠭᠠᠭᠰᠠᠨ ᠬᠠᠷᠢᠶᠠᠯᠠᠯ ᠤᠨ ᠬᠡᠷᠡᠭ ᠢ ᠴᠢᠨᠠᠷ ᠰᠠᠶᠢᠲᠠᠶ ᠰᠠᠶᠢᠲᠤᠷ ᠬᠢᠨ᠎ᠠ᠃ ᠬᠡᠭᠡᠯᠢ ᠢᠳᠡᠵᠦ | ᠬᠠᠭ᠋ᠤᠤᠯᠢ ᠲᠦᠯᠬᠢᠬᠦ ᠶᠢ ᠬᠠᠮᠲᠤ ᠳᠤᠨᠢ ᠪᠠᠶᠢᠴᠠᠭᠠᠬᠤ ᠶᠢ ᠪᠠᠷᠢᠮᠲᠠᠯᠠᠬᠤ ᠬᠡᠷᠡᠭᠲᠡᠢ᠃ ᠬᠡᠷᠡᠭ ᠢᠶᠠᠷ ᠥᠭᠡᠷᠡᠴᠢᠯᠡᠯᠲᠡ ᠶᠢ | ᠠᠬᠢᠭᠤᠯᠬᠤ᠂ ᠬᠡᠷᠡᠭ ᠢᠶᠠᠷ ᠵᠠᠰᠠᠬᠤ ᠶᠢ ᠠᠬᠢᠭᠤᠯᠬᠤ ᠪᠠ ᠰᠢᠨ᠎ᠡ ᠴᠠᠭ ᠦᠶ᠎ᠡ ᠶᠢᠨ ᠠᠷᠢᠭᠤᠨ ᠴᠢᠬᠡᠴᠢ ᠰᠣᠶᠣᠯ ᠤᠨ | ᠪᠠᠶᠢᠭᠤᠯᠤᠯᠲᠠ ᠶᠢ ᠴᠢᠩᠭᠠᠳᠬᠠᠵᠤ᠂ ︽ᠠᠷᠢᠭᠤᠨ ᠴᠢᠬᠡᠴᠢ ᠬᠠᠶᠢᠨᠠᠨ︾ ᠠᠷᠢᠭᠤᠨ ᠴᠢᠬᠡᠴᠢ ᠨᠠᠷᠠᠲᠤ ᠲᠥᠷᠥᠯ | ᠲᠡᠮᠳᠡᠭᠲᠦ ᠶᠢ ᠪᠣᠶ ᠪᠣᠯᠭᠠᠨ᠎ᠠ᠃ | ᠳᠥᠷᠪᠡᠳᠦᠭᠡᠷ ᠲᠤ᠂ ︽ᠲᠦᠷᠪᠡᠨ ᠰᠤᠷᠲᠠᠯ︾ ᠢ ᠡᠷᠡᠰ ᠭᠤᠶᠢᠪᠢᠰᠢ ᠦᠭᠡᠢ ᠪᠠᠷ ᠵᠠᠯᠠᠷᠠᠭᠤᠯᠵᠤ ᠰᠢᠨ᠎ᠡ | ᠰᠤᠷᠲᠠᠯ ᠢ ᠪᠤᠢ ᠪᠣᠯᠭᠠᠨ᠎ᠠ᠃ ᠵᠢᠷᠭᠠᠨ ᠴᠡᠩᠬᠡᠬᠦ ᠦᠵᠡᠯ᠂ ᠱᠠᠯᠢᠨ ᠪᠦᠷᠢᠯᠭᠡᠬᠦ ᠰᠤᠷᠳᠠᠯ ᠢ ᠬᠦᠨᠵᠡᠬᠡᠢ ᠪᠠᠶᠢᠴᠠᠭᠠᠨ | ᠰᠶᠢᠳᠪᠦᠷᠢᠯᠡᠵᠦ᠂ ︽ᠠᠯᠪᠠᠨ ᠤ ᠵᠤᠭᠤᠰ ᠢ ᠢᠳᠡᠬᠦ︾᠂ ︽ᠵᠠᠩᠭᠤᠢᠳᠠ ᠶᠢ ᠢᠳᠡᠬᠦ︾᠂ ︽ᠲᠤᠤᠷᠠᠳᠤ ᠱᠠᠳᠤ ᠶᠢ | ᠢᠳᠡᠬᠦ︾᠂ ︽ᠠᠯᠪᠠᠨ ᠵᠠᠬᠢᠳᠠᠯ ᠢᠳᠡᠬᠦ︾᠂ ︽ᠬᠤᠭᠤᠯᠠᠨ ᠬᠡᠷ ᠢᠳᠡᠬᠦ︾ ᠵᠡᠷᠬᠡ ᠲᠤᠨᠨᠳᠠᠭᠠᠯ ᠠᠴᠠ ᠵᠦᠷᠢᠴᠡᠵᠦ | ᠢᠳᠡᠵᠦ ᠤᠤᠭᠤᠬᠤ ᠠᠰᠠᠭᠤᠳᠠᠯ ᠢ ᠴᠢᠩᠭ᠎ᠠ ᠪᠠᠶᠢᠴᠠᠭᠠᠵᠦ᠂ ᠰᠠᠬᠢᠯᠭ᠎ᠠ ᠪᠠᠳᠤ ᠶᠢ ᠵᠦᠷᠢᠴᠡᠭᠰᠡᠨ ᠦᠢᠯᠡ | ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠶᠢᠳᠪᠦᠷᠢᠯᠡᠨ᠎ᠡ᠃ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ | ᠤᠳᠤᠷᠢᠳᠬᠤ ᠳᠤᠭᠤᠶᠢᠯᠠᠩ︶ ᠤᠨ ᠦᠵᠡᠯ ᠰᠠᠨᠠᠭ᠎ᠠ ᠶᠢ ᠪᠠᠷᠢᠮᠲᠠᠯᠠᠬᠤ ᠶᠢ ᠱᠠᠭᠠᠷᠳᠠᠨ᠎ᠠ᠃ ᠰᠤᠷᠲᠠᠯ ᠢᠯᠵᠡᠷᠡᠯ ᠢ | ᠬᠠᠮᠲᠤ ᠪᠠᠷ ᠪᠠᠶᠢᠴᠠᠭᠠᠵᠤ ᠵᠡᠷᠭᠡ ᠪᠠᠷ ᠵᠠᠰᠠᠬᠤ ᠶᠢ ᠠᠬᠢᠭᠤᠯᠵᠤ᠂ ᠨᠠᠮᠴᠢ ᠴᠢᠨᠠᠷ ᠨᠠᠮ ᠤᠨ ᠰᠤᠷᠲᠠᠯ ᠨᠠᠮ ᠤᠨ | ᠰᠠᠬᠢᠯᠭ᠎ᠠ ᠪᠠᠲᠤ ᠶᠢ ᠵᠡᠷᠭᠡ ᠪᠠᠷ ᠠᠳᠬᠤᠬᠤ ᠶᠢ ᠪᠠᠷᠢᠮᠲᠠᠯᠠᠬᠤ ᠬᠡᠷᠡᠭᠲᠡᠢ᠃ ᠬᠡᠯᠪᠡᠷᠢᠴᠢ ᠦᠵᠡᠯ᠂ ᠨᠣᠶᠠᠨᠴᠢ | ᠰᠤᠷᠲᠠᠯ ᠢ ᠦᠷᠭᠦᠯᠵᠢᠯᠡᠨ ᠵᠠᠯᠠᠷᠠᠭᠤᠯᠤᠨ ᠵᠠᠰᠠᠵᠤ᠂ ︽ᠵᠢᠷᠤᠮᠵᠢᠭᠤᠯᠬᠤ᠂ ᠴᠣᠮᠬᠠᠳᠬᠠᠬᠤ᠂ ᠲᠦᠷᠭᠡᠳᠬᠡᠬᠦ︾ | ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭᠠᠨ︾ | ︽ᠤᠳᠠᠭᠠᠨ᠂ ᠪᠦᠳᠦᠭᠦᠯᠢᠭ᠂ ᠬᠠᠭᠤᠷᠮᠠᠭ︾ ︽ᠰᠢᠨ᠎ᠡ ᠲᠦᠷᠢ ᠲᠥᠷᠬᠦ ᠶᠢᠨ ᠢᠨᠵᠧᠨᠧᠷᠢᠩ︾ ᠵᠡᠷᠭᠡ | ᠠᠰᠠᠭᠤᠳᠠᠯ ᠢ ᠴᠢᠩᠭ᠎ᠠ ᠴᠡᠭᠴᠡᠯᠡᠨ ᠵᠠᠰᠠᠬᠤ ᠬᠡᠷᠡᠭᠲᠡᠢ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠳᠠᠬᠢᠨ | ᠰᠢᠯᠢᠳᠡᠭᠵᠢᠭᠦᠯᠬᠦ ᠶᠢ ᠠᠬᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠬᠤᠬᠢᠷᠠᠭᠤᠯᠬᠤ ᠰᠤᠷᠲᠠᠯ ᠪᠠ | ᠢᠯᠵᠠᠷᠠᠯ ᠤᠨ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ | ︽ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠵᠢᠯ ᠲᠥᠷᠥᠯ ᠤᠨ ᠰᠤᠷᠲᠠᠯ ᠢ ᠬᠠᠮᠢᠶᠠᠷᠬᠤ︾ ᠣᠨᠣᠯᠵᠢᠬᠤᠨ ᠢ | ᠪᠠᠲᠤ ᠪᠠᠬᠢ ᠪᠣᠶ ᠪᠣᠯᠭᠠᠬᠤ ᠶᠢ ᠠᠬᠢᠭᠤᠯᠬᠤ ᠬᠡᠷᠡᠭᠲᠡᠢ᠃ | ᠲᠠᠪᠤ ᠳᠤ᠂ ᠨᠠᠮ ᠤᠨ ᠰᠠᠬᠢᠯᠭ᠎ᠠ ᠪᠠᠲᠤ ᠶᠢ ᠡᠷᠡᠰ ᠭᠤᠶᠢᠪᠢᠰᠢ ᠦᠭᠡᠢ ᠦᠷᠭᠦᠯᠵᠢᠯᠡᠨ ᠭᠦᠨᠵᠡᠭᠡᠢ ᠴᠢᠩᠳᠠᠯᠠᠨ᠎ᠠ᠃ | ᠰᠢᠨ᠎ᠡ ᠪᠠᠷ ᠵᠠᠰᠠᠪᠤᠷᠢ ᠣᠷᠣᠭᠤᠯᠤᠭᠰᠠᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ ᠢ ᠰᠤᠷᠤᠯᠴᠠᠨ | ᠲᠤᠭᠤᠰᠢᠯᠠᠭᠤᠯᠬᠤ ᠪᠠᠷ ᠠᠵᠠ ᠲᠣᠬᠢᠶᠠᠯ ᠪᠣᠯᠭᠠᠵᠤ᠂ ᠨᠠᠮ ᠤᠨ ᠲᠥᠪ ᠬᠤᠷᠢᠶᠠᠨ ᠤ ᠨᠢᠭᠡᠳᠦᠯᠲᠡᠶ ᠪᠠᠶᠢᠷᠢᠯᠠᠭᠤᠯᠤᠯᠲᠠ | ᠶᠣᠰᠣᠭᠠᠷ ᠲᠥᠪᠯᠡᠷᠡᠩᠭᠦᠶ ᠴᠢᠨᠠᠷᠲᠠᠶ ᠰᠠᠬᠢᠯᠭ᠎ᠠ ᠪᠠᠲᠤ ᠶᠢᠨ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠬᠦ ᠬᠡᠷᠡᠭᠲᠡᠶ᠃ | ︽ᠳᠥᠷᠪᠡᠨ ᠵᠦᠶ᠋ᠯ ᠤᠨ ᠬᠡᠯᠪᠡᠷᠢ ᠪᠠᠶᠢᠳᠠᠯ︾ ᠢ ᠬᠡᠷᠡᠭᠯᠡᠬᠦ ᠶᠢ ᠭᠦᠨᠵᠡᠭᠡᠶᠢᠷᠡᠭᠦᠯᠵᠦ᠂ ᠲᠥᠷᠥ ᠶᠢᠨ ᠪᠣᠳᠣᠯᠭ᠎ᠠ | ᠠᠷᠭ᠎ᠠ ᠪᠣᠳᠣᠯᠭ᠎ᠠ ᠶᠢ ᠣᠨᠣᠪᠴᠢᠲᠠᠶ ᠡᠵᠡᠮᠳᠡᠵᠦ᠂ ᠲᠦᠢᠯ ᠤᠨ ᠣᠨᠣᠪᠴᠢᠲᠠᠶ ᠪᠠᠷ ᠴᠢᠨᠠᠷ ᠪᠠ ᠰᠠᠬᠢᠯᠭ᠎ᠠ ᠪᠠᠲᠤ ᠶᠢᠨ | ᠬᠠᠤᠯᠢ ᠬᠡᠷᠡᠭᠵᠢᠭᠦᠯᠦᠯᠲᠡ ᠶᠢ ᠠᠬᠢᠭᠤᠯᠤᠨ᠎ᠠ᠃ ︽ᠭᠤᠷᠪᠠ ᠶᠢ ᠢᠯᠭᠠᠨ ᠰᠠᠯᠭᠠᠬᠤ︾ ᠶᠢ ᠨᠠᠶᠢᠳᠠᠪᠤᠷᠢᠵᠢᠭᠤᠯᠵᠤ᠂ | ᠭᠦᠵᠢᠷᠯᠡᠨ ᠬᠤᠤᠷᠯᠠᠬᠤ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠴᠠᠭᠠᠳᠬᠠᠬᠤ | ᠡᠷᠴᠢᠮ ᠢᠶᠠᠨ ᠴᠢᠩᠭᠠᠷᠠᠭᠤᠯᠵᠤ᠂ ᠨᠠᠷᠢᠯᠢᠭ ᠣᠨᠣᠴᠠᠲᠠᠶ ᠪᠠᠷ ᠬᠠᠷᠢᠭᠤᠴᠠᠯᠭ᠎ᠠ ᠨᠡᠬᠡᠮᠵᠢᠯᠡᠵᠦ᠂ ᠠᠯᠳᠠᠭ᠎ᠠ ᠪᠤᠷᠤᠭᠤ ᠶᠢ | ᠠᠭᠤᠴᠢᠯᠠᠨ ᠪᠠᠭᠲᠠᠭᠠᠵᠤ ᠬᠠᠷᠢᠭᠤᠴᠠᠯᠭ᠎ᠠ ᠠᠴᠠ ᠬᠡᠯᠲᠦᠷᠢᠭᠦᠯᠵᠦ᠂ ᠰᠢᠨ᠎ᠡ ᠶᠢ ᠡᠭᠦᠳᠬᠦ ᠶᠢ ᠵᠣᠷᠢᠭᠵᠢᠭᠤᠯᠤᠨ᠎ᠠ᠃ | ᠰᠢᠳᠬᠡᠯ ᠣᠯᠬᠤ᠂ ᠺᠠᠳ᠋ᠷ ᠤᠨ ᠬᠠᠷᠢᠭᠤ ᠰᠤᠷᠪᠤᠯᠵᠢᠯᠠᠭ᠎ᠠ ᠶᠢ ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ | ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ | ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠠᠷᠢᠭᠤᠴᠠᠯᠭ᠎ᠠ ᠶᠢᠨ ᠪᠦᠬᠦ ᠬᠡᠯᠬᠢᠶ᠎ᠡ ᠶᠢ | ᠴᠢᠩᠭ᠎ᠠ ᠪᠣᠳᠠᠲᠠᠢ ᠪᠣᠳᠠᠲᠠᠶᠢᠵᠢᠭᠤᠯᠤᠨ᠎ᠠ᠃ | ᠵᠢᠷᠭᠤᠳᠤᠭᠠᠷ ᠲᠤ᠂ ᠤᠯᠤᠰ ᠲᠦᠷᠦ ᠶᠢᠨ ᠴᠠᠭᠳᠠᠨ ᠪᠠᠶᠢᠴᠠᠭᠠᠯᠲᠠ ᠶᠢ ᠡᠷᠡᠰ ᠭᠤᠶᠢᠪᠢᠰᠢ ᠦᠭᠡᠢ | ᠭᠦᠨᠵᠡᠭᠡᠶᠢᠷᠡᠭᠦᠯᠦᠨ ᠠᠬᠢᠭᠤᠯᠬᠤ ᠬᠡᠷᠡᠭᠲᠡᠢ᠃ ᠤᠯᠤᠰ ᠲᠥᠷᠥ ᠶᠢᠨ ᠴᠠᠭᠳᠠᠨ ᠪᠠᠶᠢᠴᠠᠭᠠᠯᠲᠠ ᠶᠢ ᠭᠦᠨᠵᠡᠭᠡᠶᠢᠷᠡᠭᠦᠯᠵᠦ᠂ | ᠬᠤᠶᠠᠷ ᠡᠭᠡᠯᠵᠢ ᠶᠢᠨ ︽ᠡᠩ ᠤᠨ ᠲᠤᠰᠬᠠᠶ ᠵᠦᠶ᠋ᠯ︾ ᠤᠨ ᠴᠠᠭᠳᠠᠨ ᠪᠠᠶᠢᠴᠠᠭᠠᠯᠲᠠ ᠶᠢ ᠪᠠᠶᠢᠷᠢᠯᠠᠭᠤᠯᠵᠤ᠂ | ᠡᠩ ᠤᠨ ᠴᠠᠭᠳᠠᠨ ᠪᠠᠶᠢᠴᠠᠭᠠᠯᠲᠠ᠂ ᠲᠤᠰᠬᠠᠶ ᠴᠠᠭᠳᠠᠨ ᠪᠠᠶᠢᠴᠠᠭᠠᠯᠲᠠ᠂ ᠪᠡᠯᠡᠳᠬᠡᠯ ᠴᠠᠭᠳᠠᠨ ᠪᠠᠶᠢᠴᠠᠭᠠᠯᠲᠠ᠂ | ᠴᠠᠭᠳᠠᠨ ᠪᠠᠶᠢᠴᠠᠭᠠᠯᠲᠠ ᠶᠢᠨ ︽ᠡᠷᠬᠢᠨ ᠬᠠᠷᠠᠬᠤ︾ ᠵᠡᠷᠭᠡ ᠠᠷᠭ᠎ᠠ ᠬᠡᠮᠵᠢᠶ᠎ᠡ ᠶᠢ ᠨᠢᠭᠡᠳᠦᠯᠲᠡᠶ ᠲᠥᠯᠥᠪᠯᠡᠨ ᠰᠠᠶᠢᠲᠤᠷ | ᠬᠡᠷᠡᠭᠯᠡᠨ᠎ᠡ᠃ ᠲᠣᠭᠤᠷᠢᠨ ᠪᠠᠶᠢᠴᠠᠭᠠᠭᠰᠠᠨ ᠤ ᠳᠠᠷᠠᠭᠠᠬᠢ ᠦᠨᠡᠯᠡᠨ ᠵᠢᠱᠢᠬᠦ ᠵᠡᠷᠭᠡ ᠲᠦᠷᠢᠮ ᠲᠣᠭᠲᠠᠴᠠ ᠶᠢ ᠴᠢᠩᠭ᠎ᠠ | ᠨᠠᠶᠢᠳᠠᠪᠤᠷᠢᠵᠢᠭᠤᠯᠬᠤ ᠬᠡᠷᠡᠭᠲᠡᠢ᠃ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠵᠤ᠂ | ᠴᠡᠭᠴᠡᠯᠡᠨ ᠰᠠᠶᠢᠵᠢᠷᠠᠭᠤᠯᠬᠤ ︽ᠨᠢᠭᠡ ᠱᠤᠭᠤᠮ︾ ᠤᠨ ᠠᠵᠢᠯ ᠤᠨ ᠲᠣᠭᠲᠠᠴᠠ ᠶᠢ ᠪᠦᠲᠦᠮᠵᠢᠲᠡᠢ | ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠴᠠᠭᠳᠠᠨ ᠪᠠᠶᠢᠴᠠᠭᠠᠬᠤ ᠶᠢ ᠠᠭᠤᠰᠤᠯᠴᠠᠭᠤᠯᠤᠨ | ᠠᠭᠤᠰᠤᠯᠴᠠᠭᠤᠯᠬᠤ᠂ ᠳᠡᠭᠡᠳᠦ ᠲᠤᠤᠷᠠᠳᠤ ᠱᠠᠳᠤ ᠪᠠᠷ ᠢᠶᠠᠨ ᠬᠤᠯᠪᠣᠭᠠᠯᠠᠨ ᠬᠥᠳᠡᠯᠦᠯᠴᠡᠬᠦ ᠠᠵᠢᠯ ᠤᠨ ᠪᠠᠶᠢᠷᠢᠰᠢᠯ ᠢ | ᠲᠡᠭᠦᠯᠳᠡᠷᠵᠢᠭᠦᠯᠵᠦ᠂ ᠴᠠᠭᠳᠠᠨ ᠪᠠᠶᠢᠴᠠᠭᠠᠬᠤ ᠠᠵᠢᠯ ᠢ ᠦᠨᠳᠦᠰᠦᠨ ᠱᠠᠳᠤ ᠲᠡᠰᠢ ᠤᠷᠲᠤᠳᠬᠠᠬᠤ ᠶᠢ ᠠᠬᠢᠭᠤᠯᠵᠤ᠂ | ᠲᠣᠰᠬᠤᠨ ︵ᠨᠡᠶᠢᠭᠡᠮ ᠲᠣᠭᠤᠷᠢᠭ︶ ᠳᠠᠬᠢ ᠴᠠᠭᠳᠠᠨ ᠪᠠᠶᠢᠴᠠᠭᠠᠬᠤ ᠶᠠᠰᠤ ᠴᠢᠨᠠᠷ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠬᠡᠷᠡᠭᠲᠡᠢ᠃ | ᠲᠤᠯᠤᠭ᠎ᠠ ᠳᠤ᠂ ᠰᠠᠬᠢᠯᠭ᠎ᠠ ᠪᠠᠲᠤ ᠬᠡᠷᠡᠭᠵᠢᠭᠦᠯᠬᠦ ᠬᠠᠤᠯᠢ ᠬᠡᠷᠡᠭᠵᠢᠭᠦᠯᠬᠦ ᠠᠷᠠᠳ ᠤᠨ ᠲᠥᠯᠥᠭᠡ ᠬᠠᠤᠯᠢ | ᠬᠡᠷᠡᠭᠵᠢᠭᠦᠯᠬᠦ ᠰᠤᠷᠲᠠᠯ ᠢ ᠵᠠᠯᠠᠷᠠᠭᠤᠯᠤᠨ ᠰᠠᠮᠠᠭᠤᠷᠠᠯ ᠢ ᠵᠠᠰᠠᠵᠤ ᠠᠷᠠᠳ ᠤᠨ ᠲᠥᠯᠥᠭᠡ ᠵᠢᠳᠬᠦᠬᠦ ᠶᠢ ᠡᠷᠡᠰ | ᠭᠤᠶᠢᠪᠢᠰᠢ ᠦᠭᠡᠢ ᠦᠢᠯᠡᠳᠦᠯᠭᠡᠵᠢᠭᠦᠯᠦᠨ᠎ᠡ᠃ ᠵᠠᠬᠢᠳᠠᠯ ᠰᠤᠷᠪᠤᠯᠵᠢᠯᠠᠯ ᠤᠨ ᠵᠥᠷᠢᠴᠡᠯ ᠢ ᠵᠠᠰᠠᠬᠤ ᠠᠵᠢᠯ ᠢ ᠲᠦᠯᠬᠢᠨ | ᠠᠬᠢᠭᠤᠯᠵᠤ᠂ ᠬᠦᠴᠢᠷ ᠲᠦᠪᠡᠭᠲᠡᠶ ᠠᠰᠠᠭᠤᠳᠠᠯ ᠢ ᠰᠢᠢᠳᠪᠦᠷᠢᠯᠡᠵᠦ᠂ ᠵᠠᠬᠢᠳᠠᠯ ᠰᠤᠷᠪᠤᠯᠵᠢᠯᠠᠯ ᠢᠯᠡᠴᠢᠯᠡᠨ | ᠮᠡᠳᠡᠭᠦᠯᠦᠯᠲᠡ ᠶᠢ ᠨᠠᠮᠳᠠᠭᠤᠯᠤᠭᠰᠠᠨ ᠲᠤᠷᠰᠢᠯᠭ᠎ᠠ ᠶᠢᠨ ᠦᠷ᠎ᠡ ᠪᠦᠲᠦᠮᠵᠢ ᠶᠢ ᠪᠠᠬᠢᠵᠢᠭᠦᠯᠦᠨ᠎ᠡ᠃ ᠪᠠᠭ ᠤᠨ | ᠪᠦᠷᠢᠯᠳᠦᠬᠦᠨ ᠤ ᠵᠠᠬᠢᠳᠠᠯ ᠰᠤᠷᠪᠤᠯᠵᠢᠯᠠᠯ ᠢ ᠬᠦᠯᠢᠶᠡᠨ ᠠᠪᠬᠤ ᠪᠠ ᠳᠣᠷᠣᠭᠰᠢ ᠪᠠᠭᠤᠵᠤ ᠰᠤᠷᠪᠤᠯᠵᠢᠯᠠᠬᠤ ᠳᠦᠷᠢᠮ ᠢ | ᠨᠠᠶᠢᠳᠠᠪᠤᠷᠢᠵᠢᠭᠤᠯᠬᠤ ᠬᠡᠷᠡᠭᠲᠡᠶ᠃ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠲᠤᠪᠤᠶᠢᠮ᠎ᠠ ᠠᠰᠠᠭᠤᠳᠠᠯ ᠳᠤ | ᠠᠩᠬᠠᠷᠤᠯ ᠢᠶᠠᠨ ᠲᠥᠪᠯᠡᠷᠡᠭᠦᠯᠵᠦ᠂ ᠤᠯᠠᠨ ᠲᠦᠮᠡᠨ ᠤ ᠳᠡᠷᠭᠡᠳᠡᠬᠢ ︽ᠢᠯᠠᠭ᠎ᠠ ᠱᠠᠮᠰᠢᠭᠴᠢ ᠰᠢᠷᠭᠤᠯᠵᠢ ᠶᠢᠨ | ᠢᠯᠵᠠᠷᠠᠯ︾ ᠢ ᠡᠷᠡᠰ ᠵᠠᠯᠬᠠᠭᠠᠨ ᠰᠢᠢᠳᠬᠡᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠬᠦᠷᠢᠶᠡᠨ ᠳᠠᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠶᠢ | ᠭᠦᠨᠵᠡᠭᠡᠶᠢᠷᠡᠭᠦᠯᠵᠦ᠂ ︽ᠰᠢᠬᠦᠷ ᠢ ᠴᠤᠬᠢᠵᠦ ᠲᠣᠣᠷ ᠢ ᠡᠪᠳᠡᠬᠦ︾ ᠶᠢ ᠪᠠᠶᠢᠩᠭᠤᠵᠢᠭᠤᠯᠵᠤ ᠣᠷᠭᠠᠨᠢᠭ ᠢᠶᠠᠷ | ᠦᠢᠯᠡᠳᠬᠦ ᠶᠢ ᠠᠬᠢᠭᠤᠯᠤᠨ᠎ᠠ᠃ ᠦᠨᠳᠦᠰᠦᠨ ᠱᠠᠲᠤᠨ ᠤ ᠬᠢᠨᠠᠯᠲᠠ ᠲᠠᠯᠪᠢᠬᠤ ᠠᠵᠢᠯ ᠤᠨ ᠲᠣᠭᠲᠠᠴᠠ ᠶᠢ | ᠰᠦᠪᠡᠭᠴᠢᠯᠡᠨ ᠲᠡᠭᠦᠯᠳᠡᠷᠵᠢᠭᠦᠯᠵᠦ᠂ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶ ᠤ | ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠬᠦᠴᠦᠨ ᠢ ᠨᠢᠭᠡᠳᠦᠯᠲᠡᠢ ᠲᠥᠯᠥᠪᠵᠢᠭᠦᠯᠵᠦ᠂ ᠦᠨᠳᠦᠰᠦᠨ | ᠱᠠᠲᠤᠨ ᠤ ᠬᠢᠨᠠᠯᠲᠠ ᠲᠠᠯᠪᠢᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ᠃ | ᠨᠠᠢᠮᠠᠳᠤᠭᠠᠷ ᠲᠤ᠂ ᠰᠢᠨ᠎ᠡ ᠴᠠᠭ ᠦᠶ᠎ᠡ ᠶᠢᠨ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠬᠦ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠲᠡᠮᠦᠷ ᠴᠡᠷᠢᠭ ᠢ ᠡᠷᠡᠰ ᠭᠤᠶᠢᠪᠢᠰᠢ ᠦᠭᠡᠢ ᠳᠠᠪᠲᠠᠨ ᠪᠣᠯᠪᠠᠰᠤᠷᠠᠭᠤᠯᠤᠨ᠎ᠠ᠃ | ︽ᠦᠵᠡᠯ ᠰᠠᠨᠠᠭᠠᠨ ᠤ ᠲᠠᠯ᠎ᠠ ᠪᠠᠷ ᠵᠣᠷᠢᠭᠲᠠᠢ ᠪᠠᠷ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ᠂ ᠰᠤᠷᠲᠠᠯ ᠤᠨ | ᠲᠠᠯ᠎ᠠ ᠪᠠᠷ ᠵᠣᠷᠢᠭᠲᠠᠢ ᠪᠠᠷ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ᠂ ᠠᠷᠢᠭᠤᠨ ᠴᠢᠬᠡᠴᠢ ᠶᠢᠨ ᠲᠠᠯ᠎ᠠ ᠪᠠᠷ | ᠵᠣᠷᠢᠭᠲᠠᠢ ᠪᠠᠷ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ᠂ ᠴᠢᠩᠭ᠎ᠠ ᠬᠠᠮᠢᠶᠠᠷᠬᠤ ᠲᠠᠯ᠎ᠠ ᠪᠠᠷ ᠵᠣᠷᠢᠭᠲᠠᠢ ᠪᠠᠷ | ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ︾ ᠲᠤᠬᠠᠢ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠢᠨᠠᠨ | ᠪᠠᠶᠢᠴᠠᠭᠠᠬᠤ ᠵᠥᠪᠯᠡᠯ᠂ ᠲᠣᠭᠤᠷᠢᠭ ᠤᠨ ᠨᠠᠮ ᠤᠨ ᠬᠤᠷᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠪᠣᠳᠠᠲᠠᠢ ᠱᠠᠭᠠᠷᠳᠠᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠤᠨ᠎ᠠ᠃ ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠬᠤᠷᠢᠶ᠎ᠠ | ᠠᠷᠠᠳᠴᠢᠯᠠᠯ ᠲᠥᠪᠯᠡᠷᠡᠯ ᠤᠨ ᠶᠣᠰᠣ ᠶᠢ ᠬᠢᠨᠠᠮᠠᠭᠠᠶ ᠲᠤᠭᠤᠰᠢᠯᠠᠭᠤᠯᠤᠨ ᠬᠡᠷᠡᠭᠵᠢᠭᠦᠯᠵᠦ᠂ ᠵᠢᠭᠠᠪᠤᠷᠢ ᠠᠪᠴᠤ | ᠮᠡᠳᠡᠭᠦᠯᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠵᠢᠷᠤᠮᠵᠢᠭᠰᠠᠨ᠂ ᠬᠠᠤᠯᠢᠵᠢᠭᠰᠠᠨ᠂ | ᠵᠢᠩᠬᠢᠨᠢᠴᠢᠯᠡᠭᠰᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠢᠨᠠᠯᠲᠠ ᠵᠢᠴᠢ ᠡᠯ᠎ᠡ ᠲᠠᠯ᠎ᠠ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠤᠯᠠᠨ ᠢ | ᠲᠦᠢᠪᠡᠭᠡᠭᠴᠢ ᠶᠢ ᠪᠠᠶᠢᠩᠭᠤᠵᠢᠭᠤᠯᠤᠨ ᠠᠷᠢᠯᠭᠠᠬᠤ ᠬᠡᠷᠡᠭᠲᠡᠢ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠺᠠᠳ᠋ᠷ ᠢ ᠨᠠᠷᠢᠨ ᠨᠢᠮᠪᠠᠶ ᠬᠠᠶᠢᠷᠠᠯᠠᠨ ᠬᠠᠮᠠᠭᠠᠯᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠪᠠ᠃ | ᠪᠦᠬᠦᠳᠡ ᠬᠤᠷᠠᠯ ᠠᠴᠠ᠂ ᠪᠦᠬᠦ ᠣᠷᠣᠨ ᠤ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠪᠠᠶᠢᠭᠤᠯᠭ᠎ᠠ ᠶᠢᠨ ᠬᠢᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ | ᠪᠠᠷᠢᠮᠲᠠᠯᠠᠵᠤ᠂ ᠬᠦᠴᠦ ᠪᠠᠨ ᠬᠠᠮᠲᠤᠳᠬᠠᠨ ᠰᠡᠳᠬᠢᠯ ᠢᠶᠠᠨ ᠨᠢᠭᠡᠳᠬᠡᠵᠦ᠂ ᠦᠷᠭᠦᠯᠵᠢᠯᠡᠨ ᠲᠡᠮᠡᠴᠡᠵᠦ᠂ ᠡᠷᠡᠯᠬᠡᠭᠯᠡᠨ | ᠤᠷᠤᠭᠰᠢᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠨᠠᠮ ᠤᠨ ᠰᠤᠷᠲᠠᠯ ᠴᠢᠬᠡᠴᠢ ᠵᠠᠰᠠᠭ ᠤᠨ | ᠪᠠᠶᠢᠭᠤᠯᠤᠯᠲᠠ ᠪᠣᠯᠤᠨ ᠢᠯᠵᠢᠷᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠬᠤ ᠲᠠᠯ᠎ᠠ ᠪᠠᠷ ᠰᠢᠨ᠎ᠡ ᠪᠠᠶᠢᠳᠠᠯ ᠢ | ᠡᠭᠦᠳᠴᠦ᠂ ᠰᠢᠨ᠎ᠡ ᠬᠠᠭᠤᠳᠠᠰᠤ ᠶᠢ ᠪᠢᠴᠢᠭᠯᠡᠵᠦ᠂ ᠰᠢᠨ᠎ᠡ ᠭᠠᠪᠢᠶ᠎ᠠ ᠪᠠᠶᠢᠭᠤᠯᠵᠤ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠭᠰᠠᠨ ᠬᠠᠶᠢᠨᠠᠨ ᠲᠣᠭᠤᠷᠢᠭ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠪᠠᠲᠤ ᠴᠢᠩᠭ᠎ᠠ | ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠤᠷᠢᠶᠠᠯᠠᠪᠠ᠃ |