ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠵᠠᠰᠠᠭ ᠤᠨ ᠣᠷᠳᠣᠨ ᠤ | ᠡᠯ᠎ᠡ ᠰᠠᠯᠠᠭ᠎ᠠ ᠮᠥᠴᠢᠷ᠂ ᠲᠣᠭᠤᠷᠢᠭ ᠤᠨ ᠬᠠᠷᠢᠶ᠎ᠠ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ | ᠲᠣᠭᠤᠷᠢᠭ ᠲᠤ ᠰᠠᠭᠤᠭ᠎ᠠ ᠡᠯ᠎ᠡ ᠬᠤᠯᠪᠣᠭᠳᠠᠯ ᠪᠦᠬᠦᠢ ᠨᠢᠭᠡᠴᠡ ᠳᠤ᠄ | ︽ᠬᠠᠶᠢᠨᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠵᠢᠷᠤᠮᠵᠢᠯ ᠤᠨ | ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠠᠵᠢᠯ ᠤᠨ ᠲᠦᠷᠢᠮ ︵ᠲᠤᠷᠰᠢᠨ | ᠬᠡᠷᠡᠭᠵᠢᠭᠦᠯᠬᠦ︶︾ ︽ᠬᠠᠶᠢᠨᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ | ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠠᠵᠢᠯ ᠤᠨ ᠲᠦᠷᠢᠮ | ︵ᠲᠤᠷᠰᠢᠨ ᠬᠡᠷᠡᠭᠵᠢᠭᠦᠯᠬᠦ︶︾ ᠢ ᠨᠢᠭᠡᠨᠲᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠵᠢᠷᠤᠮᠯᠠᠨ ᠬᠡᠷᠡᠭᠵᠢᠭᠦᠯᠲᠦᠭᠡᠶ᠃ | 2024 ᠣᠨ ᠤ 2 ᠰᠠᠷ᠎ᠠ ᠶᠢᠨ 22 ᠤᠨ ᠡᠳᠦᠷ | ︵ᠲᠤᠰ ᠲᠣᠨᠤᠭ ᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ︶ | ᠬᠠᠶᠢᠨᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ | ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠠᠵᠢᠯ ᠤᠨ ᠲᠦᠷᠢᠮ ︵ᠲᠤᠷᠰᠢᠨ | ᠬᠡᠷᠡᠭᠵᠢᠬᠦᠯᠬᠦ︶ | ᠨᠢᠭᠡᠳᠦᠭᠡᠷ ᠵᠦᠢᠯ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ | ᠴᠢᠨᠠᠷ ᠢ ᠬᠢᠨᠠᠨ ᠪᠠᠶᠢᠴᠠᠭᠠᠬᠤ ᠠᠵᠢᠯ ᠢ ᠵᠢᠷᠤᠮᠵᠢᠭᠤᠯᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠠᠬᠢᠭᠤᠯᠤᠨ᠂ | ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠲᠦᠷᠭᠡᠳᠬᠡᠨ ᠪᠠᠶᠢᠭᠤᠯᠵᠤ᠂ ᠠᠷᠠᠳ ᠢᠷᠭᠡᠨ᠂ ᠬᠠᠤᠯᠢ ᠶᠢᠨ ᠡᠷᠬᠡᠲᠡᠨ | ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠶᠢᠨ ᠲᠤᠰᠠᠳᠠ᠂ | ︽ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ | ᠬᠠᠷᠭᠤᠭᠤᠯᠬᠤ ᠲᠣᠭᠲᠠᠴᠠ ᠶᠢ ᠪᠥᠬᠦ ᠲᠠᠯ᠎ᠠ ᠪᠠᠷ ᠬᠡᠷᠡᠭᠵᠢᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ | ᠠᠯᠪᠠᠨ ᠲᠢᠩᠬᠢᠮ ᠤᠨ ᠵᠢᠯᠣᠭᠤᠳᠬᠤ ᠰᠠᠨᠠᠯ︾ ︵ᠲᠥᠷᠥ ᠠᠯᠪᠠᠨ ᠲᠠᠷᠬᠠᠭᠠᠭᠰᠠᠨ ︹2018︺ 115 ᠳ᠋ᠤᠭᠠᠷ | ᠲᠣᠭᠠᠲᠤ︶ ᠪᠠ ︽ᠵᠠᠰᠠᠭ ᠵᠠᠬᠢᠷᠭᠠᠨ ᠤ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠬᠠᠷᠭᠤᠭᠤᠯᠬᠤ | ᠠᠵᠢᠯ ᠤᠨ ᠲᠣᠭᠲᠠᠭᠠᠯ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇ | 2019﹈ 47 ᠳ᠋ᠤᠭᠠᠷ ᠲᠣᠭᠠᠲᠤ︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ | ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠮᠢᠶᠠᠷᠤᠯᠲᠠ ᠶᠢᠨ ᠠᠷᠭ᠎ᠠ︾ ︵ᠥᠪᠥᠷ ᠵᠠᠰᠠᠭ | ᠠᠯᠪᠠᠨ ᠲᠠᠷᠬᠠᠭᠠᠭᠰᠠᠨ ﹇2019﹈ 47 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ | ᠦᠨᠳᠦᠰᠦᠯᠡᠨ᠂ ᠮᠠᠨ ᠤ ᠣᠷᠣᠨ ᠤ ᠪᠣᠳᠠᠲᠠᠶ ᠲᠠᠢ ᠪᠠᠨ ᠤᠶᠠᠯᠳᠤᠭᠤᠯᠵᠤ᠂ ᠲᠣᠰ ᠠᠵᠢᠯ ᠤᠨ ᠲᠦᠷᠢᠮ ᠢ | ᠲᠣᠭᠲᠠᠭᠠᠪᠠ᠃ | ᠬᠤᠶᠠᠳᠤᠭᠠᠷ ᠵᠦᠢᠯ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠤᠨ ᠬᠠᠤᠯᠢ | ᠶᠤᠰᠤᠴᠢ ᠴᠢᠨᠠᠷ ᠢ ᠬᠢᠨᠠᠨ ᠬᠠᠷᠭᠤᠭᠤᠯᠬᠤ ᠠᠵᠢᠯ ᠳᠤ ᠳᠤᠤᠷᠠᠬᠢ ᠵᠠᠷᠴᠢᠮ ᠤᠳ ᠢ ᠵᠢᠷᠤᠮᠯᠠᠬᠤ ᠬᠡᠷᠡᠭᠲᠡᠢ᠄ | ︵ᠨᠢᠭᠡ︶ ᠨᠡᠶᠢᠭᠡᠮ ᠵᠢᠷᠤᠮ ᠤᠨ ᠬᠠᠤᠯᠢ ᠳᠦᠷᠢᠮ ᠤᠨ ᠨᠢᠭᠡᠳᠦᠯ ᠢ ᠬᠠᠮᠠᠭᠠᠯᠠᠨ᠎ᠠ︔ | ︵ᠬᠤᠶᠠᠷ︶ ᠠᠷᠠᠳ ᠢᠷᠭᠡᠨ᠂ ᠬᠠᠤᠯᠢ ᠶᠢᠨ ᠬᠥᠮᠥᠨ ᠪᠠ ᠪᠣᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ | ᠶᠣᠰᠤᠨ ᠤ ᠡᠷᠬᠡ ᠠᠰᠢᠭ ᠢ ᠬᠠᠮᠠᠭᠠᠯᠠᠨ᠎ᠠ︔ | ︵ᠭᠤᠷᠪᠠ︶ ᠲᠠᠰ ᠳᠠᠷᠠᠭᠠᠯᠠᠯ ᠢ ᠪᠣᠳᠠᠲᠤ ᠴᠣᠭᠴᠠ ᠯᠤᠭ᠎ᠠ ᠬᠢᠨᠠᠨ ᠬᠠᠷᠭᠤᠭᠤᠯᠬᠤ ᠶᠢ ᠵᠡᠷᠭᠡ ᠪᠠᠷ | ᠴᠢᠬᠤᠯᠠᠴᠢᠯᠠᠬᠤ ᠶᠢ ᠪᠠᠷᠢᠮᠲᠠᠯᠠᠨ᠎ᠠ︔ | ︵ᠲᠦᠷᠪᠡ︶ ᠬᠠᠤᠯᠢ ᠶᠣᠰᠣᠴᠢ ᠴᠢᠨᠠᠷ ᠪᠠ ᠵᠦᠶ ᠶᠣᠰᠣᠴᠢ ᠴᠢᠨᠠᠷ ᠢ ᠬᠢᠨᠠᠨ ᠬᠠᠷᠭᠤᠭᠤᠯᠬᠤ ᠶᠢ | ᠤᠶᠠᠯᠳᠤᠭᠤᠯᠬᠤ ᠶᠢ ᠪᠠᠷᠢᠮᠲᠠᠯᠠᠨ᠎ᠠ︔ | ︵ᠲᠠᠪᠤ︶ ᠥᠨᠳᠥᠷ ᠪᠦᠲᠦᠮᠵᠢᠲᠡᠶ ᠪᠥᠭᠡᠳ ᠳᠥᠭᠦᠮ ᠳᠥᠲᠡ ᠪᠠ ᠡᠷᠬᠡ ᠬᠠᠷᠢᠭᠤᠴᠠᠯᠭ᠎ᠠ ᠶᠢ ᠨᠢᠭᠡᠳᠬᠡᠬᠦ ᠶᠢ | ᠪᠠᠷᠢᠮᠲᠠᠯᠠᠨ᠎ᠠ᠃ | ᠭᠤᠷᠪᠠᠳᠤᠭᠠᠷ ᠵᠦᠢᠯ ᠲᠤᠰ ᠲᠦᠷᠢᠮ ᠳᠤ ᠬᠡᠯᠡᠵᠦ ᠪᠠᠶᠢᠭ᠎ᠠ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠳᠠᠢ | ᠪᠢᠴᠢᠭ ᠮᠠᠲ᠋ᠧᠷᠢᠶᠠᠯ ︵ᠲᠤᠷᠤᠬᠰᠢ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠬᠡᠵᠦ ᠲᠤᠪᠴᠢᠯᠠᠨ᠎ᠠ︶ ᠭᠡᠳᠡᠭ ᠨᠢ | ᠤᠷᠤᠨ ᠨᠤᠳᠤᠭ ᠤᠨ ᠵᠠᠰᠠᠭ ᠤᠨ ᠤᠷᠳᠤᠨ ᠤ ᠲᠦᠷᠢᠮ ᠲᠤᠭᠳᠠᠭᠠᠯ ᠠᠴᠠ ᠭᠠᠳᠠᠨ᠎ᠠ᠂ ᠵᠠᠰᠠᠭ ᠵᠠᠬᠢᠷᠭᠠᠨ ᠤ | ᠪᠠᠶᠢᠭᠤᠯᠭ᠎ᠠ ᠪᠤᠶᠤ ᠬᠠᠤᠯᠢ ᠴᠠᠭᠠᠵᠠ᠂ ᠬᠠᠤᠯᠢ ᠲᠤᠭᠳᠠᠭᠠᠯ ᠠᠴᠠ ᠡᠷᠭᠡ ᠤᠯᠭᠤᠭᠰᠠᠨ ᠤᠯᠠᠨ ᠨᠡᠶᠢᠳᠡ ᠶᠢᠨ ᠬᠡᠷᠡᠭ | ᠶᠠᠪᠤᠳᠠᠯ ᠢ ᠬᠠᠮᠢᠶᠠᠷᠬᠤ ᠡᠭᠦᠷᠭᠡ ᠴᠢᠳᠠᠮᠵᠢ ᠲᠠᠢ ᠵᠤᠬᠢᠶᠠᠨ ᠪᠠᠶᠢᠭᠤᠯᠤᠯᠳᠠ ︵ᠲᠤᠷᠤᠭᠰᠢ ᠪᠠᠨ ᠵᠠᠰᠠᠭ ᠵᠠᠬᠢᠷᠭᠠᠨ ᠤ | ᠪᠠᠶᠢᠭᠤᠯᠭ᠎ᠠ ᠭᠡᠵᠦ ᠶᠡᠷᠦᠩᠬᠡᠶᠢᠯᠡᠨ ᠨᠡᠷᠡᠶᠢᠳᠦᠨ᠎ᠡ︶ ᠬᠠᠤᠯᠢ ᠳᠤ ᠲᠤᠭᠳᠠᠭᠠᠭᠰᠠᠨ ᠡᠷᠬᠡ ᠮᠡᠳᠡᠯ ᠤᠨ ᠬᠡᠪᠴᠢᠶ᠎ᠡ᠂ ᠳᠡᠰ | ᠳᠠᠷᠠᠭᠠᠯᠠᠯ ᠶᠤᠰᠤᠭᠠᠷ ᠲᠤᠨᠨᠳᠠᠭᠠᠬᠤ ᠶᠢᠨ ᠬᠠᠮᠳᠤ ᠢᠯᠡ ᠪᠠᠷ ᠨᠡᠶᠢᠳᠡᠯᠡᠵᠦ᠂ ᠠᠷᠠᠳ ᠢᠷᠭᠡᠨ᠂ ᠬᠠᠤᠯᠢ ᠶᠢᠨ ᠡᠷᠭᠡᠳᠡᠨ | ᠪᠠ ᠪᠤᠰᠤᠳ ᠵᠤᠬᠢᠶᠠᠨ ᠪᠠᠶᠢᠭᠤᠯᠤᠯᠳᠠ ᠳᠤ ᠬᠤᠯᠪᠤᠨᠨᠳᠠᠬᠤ ᠡᠷᠬᠡ ᠡᠭᠦᠷᠬᠡ᠂ ᠨᠡᠶᠢᠳᠡᠮ ᠤᠨ ᠬᠢᠵᠠᠭᠠᠷᠯᠠᠬᠤ | ᠭᠦᠴᠦᠨ ᠲᠠᠢ ᠪᠠᠶᠢᠵᠦ᠂ ᠵᠤᠬᠢᠬᠤ ᠬᠤᠭᠤᠴᠠᠭᠠᠨ ᠲᠤᠳᠤᠷ᠎ᠠ ᠲᠠᠬᠢᠨ ᠲᠠᠪᠳᠠᠨ ᠬᠡᠷᠡᠭᠯᠡᠬᠦ ᠠᠯᠪᠠᠨ ᠪᠢᠴᠢᠭ ᠢ | ᠵᠢᠭᠠᠨ᠎ᠠ᠃ | ᠳᠥᠷᠪᠡᠳᠦᠭᠡᠷ ᠵᠦᠢᠯ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭᠠᠬᠤ ᠭᠤᠤᠯ ᠴᠣᠭᠴᠠ ᠵᠢᠴᠢ | ᠦᠨᠡᠮᠰᠢᠬᠦ ᠬᠡᠷᠡᠭᠲᠡᠶ᠃ | ︵ᠨᠢᠭᠡ︶ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭᠠᠬᠤ ᠭᠤᠤᠯ ᠴᠣᠭᠴᠠ᠄ | 1. ᠲᠣᠭᠤᠷᠢᠭ᠂ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ᠃ | 2. ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ︔ | 3᠂ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠣᠯᠠᠨ ᠨᠡᠶᠢᠲᠡ ᠶᠢᠨ ᠬᠡᠷᠡᠭ | ᠶᠠᠪᠤᠳᠠᠯ ᠢ ᠬᠠᠮᠢᠶᠠᠷᠬᠤ ᠡᠭᠦᠷᠭᠡ ᠴᠢᠳᠠᠪᠤᠷᠢ ᠲᠠᠢ ᠵᠣᠬᠢᠶᠠᠨ ᠪᠠᠶᠢᠭᠤᠯᠤᠯᠲᠠ᠃ | ︵ᠬᠤᠶᠠᠷ︶ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭᠠᠬᠤ ᠭᠤᠤᠯ ᠴᠣᠭᠴᠠ ᠨᠢ ᠳᠣᠤᠷᠠᠬᠢ | ᠮᠡᠲᠦ ᠪᠠᠶᠢᠭᠤᠯᠤᠮᠵᠢ ᠶᠢ ᠪᠠᠭᠲᠠᠭᠠᠬᠤ ᠦᠭᠡᠶ᠄ | 1. ᠠᠵᠢᠯ ᠦᠢᠯᠡᠰ ᠤᠨ ᠨᠢᠭᠡᠴᠡ᠃ | 2. ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ᠃ | 3. ᠲᠦᠷ ᠴᠠᠭ ᠤᠨ ᠪᠠᠶᠢᠭᠤᠯᠤᠮᠵᠢ᠃ | 4᠂ ᠣᠷᠣᠨ ᠤ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠤᠨ ᠳᠣᠲᠣᠭᠠᠳᠤ ᠪᠠᠶᠢᠭᠤᠯᠤᠮᠵᠢ᠃ | ︵ᠭᠤᠷᠪᠠ︶ ᠳᠣᠤᠷᠠᠬᠢ ᠬᠤᠯᠪᠣᠭᠳᠠᠯ ᠪᠦᠬᠦᠢ ᠵᠦᠢᠯ ᠤᠨ ᠪᠢᠴᠢᠭ ᠮᠠᠲ᠋ᠧᠷᠢᠶᠠᠯ ᠨᠢ ᠵᠢᠷᠤᠮᠵᠢᠯ ᠤᠨ ᠴᠢᠨᠠᠷᠲᠠᠶ | ᠪᠢᠴᠢᠭ ᠮᠠᠲ᠋ᠧᠷᠢᠶᠠᠯ ᠳᠤ ᠬᠠᠷᠢᠶᠠᠯᠠᠭᠳᠠᠬᠤ ᠦᠭᠡᠶ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠢᠨᠠᠨ | ᠬᠠᠷᠭᠤᠭᠤᠯᠬᠤ ᠬᠡᠪᠴᠢᠶᠡᠨ ᠳᠤ ᠣᠷᠣᠭᠤᠯᠬᠤ ᠦᠭᠡᠶ᠄ | 1. ᠰᠠᠯᠠᠭ᠎ᠠ ᠮᠥᠴᠢᠷ ︵ᠨᠢᠭᠡᠴᠢ︶ ᠤᠨ ᠡᠭᠦᠷᠭᠡ ᠴᠢᠳᠠᠪᠤᠷᠢ ᠶᠢᠨ ᠲᠣᠬᠢᠷᠠᠭᠤᠯᠤᠯᠲᠠ᠂ ᠳᠣᠲᠣᠭᠠᠳᠤ | ᠪᠠᠶᠢᠭᠤᠯᠤᠮᠵᠢ ᠪᠠ ᠠᠵᠢᠯᠲᠠᠨ ᠤ ᠣᠷᠣᠨ ᠲᠤᠭ᠎ᠠ ᠵᠡᠷᠭᠡ ᠶᠢᠨ ᠲᠣᠭᠲᠠᠭᠠᠯ᠃ | 2. ᠪᠢᠴᠢᠭ ᠮᠠᠲ᠋ᠧᠷᠢᠶᠠᠯ ᠶᠠᠪᠤᠭᠤᠯᠤᠭᠰᠠᠨ ᠪᠠᠶᠢᠭᠤᠯᠤᠯᠭ᠎ᠠ ᠶᠢᠨ ᠳᠣᠲᠣᠭᠠᠳᠤ ᠶᠢᠨ ᠠᠵᠢᠯ ᠤᠨ ᠳᠦᠷᠢᠮ᠂ | ᠬᠠᠮᠢᠶᠠᠷᠤᠯᠲᠠ ᠶᠢᠨ ᠳᠦᠷᠢᠮ᠃ ᠵᠢᠱᠢᠶᠡᠯᠡᠪᠡᠯ ᠠᠵᠢᠯ ᠤᠨ ᠳᠦᠷᠢᠮ᠂ ᠬᠦᠳᠡᠯᠮᠦᠷᠢ ᠶᠢᠨ ᠰᠠᠬᠢᠯᠭ᠎ᠠ ᠪᠠᠲᠤ᠂ | ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠬᠤ ᠪᠠ ᠲᠤᠰᠢᠶᠠᠯ ᠠᠴᠠ ᠪᠠᠭᠤᠯᠭᠠᠬᠤ᠂ ᠬᠥᠬᠢᠭᠦᠯᠦᠨ ᠱᠠᠩᠨᠠᠬᠤ᠂ | ᠡᠳ᠋ ᠤᠨ ᠶᠠᠪᠤᠳᠠᠯ ᠤᠨ ᠡᠳ᠋ ᠪᠣᠳᠠᠰ ᠤᠨ ᠬᠠᠮᠢᠶᠠᠷᠤᠯᠲᠠ᠂ ᠠᠷᠢᠭᠤᠨ ᠴᠢᠬᠡᠴᠢ ᠶᠢᠨ ᠪᠠᠶᠢᠭᠤᠯᠤᠯᠲᠠ ᠵᠡᠷᠭᠡ ᠠᠷᠠᠳ | ᠢᠷᠭᠡᠨ᠂ ᠬᠠᠤᠯᠢ ᠶᠢᠨ ᠡᠷᠬᠡᠲᠡᠨ᠂ ᠪᠤᠰᠤᠳ ᠵᠣᠬᠢᠶᠠᠨ ᠪᠠᠶᠢᠭᠤᠯᠤᠯᠲᠠ ᠶᠢᠨ ᠡᠷᠬᠡ ᠠᠰᠢᠭ ᠡᠭᠦᠷᠭᠡ ᠳᠤ | ᠬᠤᠯᠪᠣᠭᠳᠠᠬᠤ ᠦᠭᠡᠢ ᠳᠣᠲᠣᠭᠠᠳᠤ ᠶᠢᠨ ᠳᠡᠰ ᠳᠠᠷᠠᠭᠠᠯᠠᠯ ᠤᠨ ᠴᠢᠨᠠᠷᠲᠠᠢ ᠪᠢᠴᠢᠭ ᠮᠠᠲ᠋ᠧᠷᠢᠶᠠᠯ︔ | 3. ᠠᠵᠢᠯ ᠲᠥᠷᠥᠯ ᠤᠨ ᠮᠡᠷᠭᠡᠵᠢᠯ ᠤᠨ ᠪᠠᠷᠢᠮᠵᠢᠶ᠎ᠠ ᠶᠢᠨ ᠲᠥᠷᠥᠯ ᠤᠨ ᠪᠢᠴᠢᠭ ᠮᠠᠲ᠋ᠧᠷᠢᠶᠠᠯ᠂ ᠮᠡᠷᠭᠡᠵᠢᠯ ᠤᠨ | ᠠᠵᠢᠯᠯᠠᠭᠠᠨ ᠤ ᠳᠦᠷᠢᠮ᠃ | 4. ᠡᠯ᠎ᠡ ᠲᠥᠷᠥᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ︔ | 5. ᠭᠠᠵᠠᠷ ᠲᠠᠲᠠᠪᠤᠷᠢᠯᠠᠭᠰᠠᠨ ᠳᠤ ᠨᠥᠬᠦᠪᠥᠷᠢ ᠥᠭᠴᠦ ᠲᠥᠪᠬᠢᠨᠡᠭᠦᠯᠬᠦ ᠲᠥᠰᠦᠯ᠃ | 6. ᠠᠯᠪᠠᠲᠠᠨ᠂ ᠵᠠᠰᠠᠭ ᠵᠠᠬᠢᠷᠭᠠᠨ ᠤ ᠪᠠᠶᠢᠭᠤᠯᠤᠯᠭ᠎ᠠ ᠶᠢᠨ ᠠᠵᠢᠯᠲᠠᠨ᠂ ᠠᠯᠪᠠᠨ ᠠᠴᠠ ᠡᠷᠬᠢᠯᠡᠭᠰᠡᠨ | ᠰᠤᠷᠭᠠᠭᠤᠯᠢ ᠶᠢᠨ ᠪᠠᠭᠰᠢ ᠠᠵᠢᠯᠲᠠᠨ ᠵᠢᠴᠢ ᠪᠦᠬᠦ ᠲᠤᠭ᠎ᠠ ᠪᠠᠷ ᠵᠣᠭᠤᠰ ᠰᠠᠯᠭᠠᠨ ᠥᠭᠭᠦᠭᠰᠡᠨ ᠪᠤᠰᠤᠳ ᠠᠵᠢᠯ | ᠦᠢᠯᠡᠰ ᠤᠨ ᠨᠢᠭᠡᠴᠡ ᠶᠢᠨ ᠠᠵᠢᠯᠲᠠᠨ ᠠᠵᠢᠯᠴᠢᠨ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠤᠳᠤᠷᠢᠳᠬᠤ ᠬᠥᠮᠦᠰ ᠤᠨ ᠠᠵᠢᠯᠲᠠᠨ ᠤ ᠶᠠᠪᠤᠳᠠᠯ᠂ ᠴᠠᠯᠢᠩ᠂ ᠠᠮᠵᠢᠯᠲᠠ ᠪᠦᠲᠦᠮᠵᠢ ᠵᠡᠷᠭᠡ ᠲᠠᠯ᠎ᠠ ᠪᠠᠷ ᠬᠢᠨᠠᠯᠲᠠ | ᠲᠠᠯᠪᠢᠵᠤ ᠬᠠᠮᠢᠶᠠᠷᠬᠤ ᠪᠢᠴᠢᠭ ᠮᠠᠲ᠋ᠧᠷᠢᠶᠠᠯ᠃ | 7. ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠡᠷᠬᠡ ᠠᠰᠢᠭ᠂ | ᠡᠭᠦᠷᠭᠡ ᠳᠤ ᠬᠤᠯᠪᠣᠭᠳᠠᠬᠤ ᠠᠵᠢᠯ ᠤᠨ ᠲᠥᠯᠥᠪᠵᠢᠭᠦᠯᠭᠡ᠂ ᠲᠥᠯᠥᠪᠯᠡᠭᠡ᠂ ᠲᠤᠬᠢᠷᠠᠭᠤᠯᠤᠯᠳᠠ᠂ ᠭᠤᠣᠯᠳᠠᠯᠭ᠎ᠠ᠂ | ᠬᠢᠨᠠᠨ ᠰᠢᠯᠭᠠᠯᠲᠠ᠂ ᠬᠢᠨᠠᠯᠲᠠ ᠲᠠᠯᠪᠢᠵᠤ ᠪᠠᠶᠢᠴᠠᠭᠠᠬᠤ᠂ ᠳ᠋ᠦᠩᠨᠡᠯᠲᠡ᠂ ᠶᠡᠷᠦᠩᠬᠡᠶᠢᠯᠡᠭᠰᠡᠨ ᠲᠣᠭᠠᠴᠢᠯᠲᠠ ᠵᠡᠷᠭᠡ | ᠪᠢᠴᠢᠭ ᠮᠠᠲ᠋ᠧᠷᠢᠶᠠᠯ᠃ | 8. ᠬᠤᠷᠠᠯ ᠤᠨ ᠲᠣᠪᠴᠢ ᠲᠡᠮᠳᠡᠭᠯᠡᠯ᠂ ᠬᠤᠷᠠᠯ ᠤᠨ ᠮᠡᠳᠡᠭᠳᠡᠯ ᠵᠢᠴᠢ ᠬᠤᠷᠠᠯ ᠤᠨ ᠶᠠᠷᠢᠶᠠᠨ ᠤ ᠮᠠᠲ᠋ᠧᠷᠢᠶᠠᠯ | ᠵᠡᠷᠭᠡ︔ | 9. ᠵᠢᠭᠠᠪᠤᠷᠢ ᠠᠪᠬᠤ᠂ ᠮᠡᠳᠡᠭᠦᠯᠬᠦ | 10. ᠪᠠᠶᠢᠭᠤᠯᠭ᠎ᠠ ᠶᠢᠨ ᠬᠤᠭᠤᠷᠣᠨᠳᠣᠬᠢ ᠵᠣᠬᠢᠴᠠᠭᠤᠯᠬᠤ ᠠᠵᠢᠯ᠂ ᠠᠰᠠᠭᠤᠨ ᠯᠠᠪᠯᠠᠬᠤ ᠪᠠ ᠠᠰᠠᠭᠤᠳᠠᠯ ᠢ | ᠬᠠᠷᠢᠭᠤᠯᠬᠤ᠂ ᠬᠤᠯᠪᠣᠭᠳᠠᠯ ᠪᠦᠬᠦᠢ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠵᠥᠪᠰᠢᠶᠡᠷᠡᠭᠦᠯᠬᠦ ᠪᠠᠷ | ᠭᠤᠶᠤᠴᠢᠯᠠᠬᠤ ᠵᠡᠷᠭᠡ ᠶᠢ ᠪᠠᠭᠲᠠᠭᠠᠨ᠎ᠠ︔ | 11᠂ ᠠᠵᠢᠯ ᠤᠨ ᠤᠳᠤᠷᠢᠳᠬᠤ ᠳᠤᠭᠤᠶᠢᠯᠠᠩ᠂ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ | ᠪᠠᠶᠢᠭᠤᠯᠬᠤ ᠮᠡᠳᠡᠭᠳᠡᠯ᠃ | 12᠂ ᠣᠨᠴᠠ ᠲᠣᠭᠲᠠᠭᠰᠠᠨ ᠬᠥᠮᠦᠨ ᠪᠠ ᠣᠨᠴᠠ ᠲᠣᠭᠲᠠᠭᠰᠠᠨ ᠵᠦᠢᠯ ᠢ ᠨᠡᠶᠢᠲᠡᠯᠡᠭᠰᠡᠨ ᠵᠠᠷᠯᠠᠯ᠂ | ᠮᠡᠳᠡᠭᠳᠡᠬᠦ᠂ ᠴᠣᠬᠤᠯᠠᠪᠤᠷᠢᠯᠠᠬᠤ᠂ ᠵᠠᠷᠯᠠᠨ ᠮᠡᠳᠡᠭᠳᠡᠬᠦ ᠪᠤᠶᠤ ᠭᠠᠷᠭᠠᠭᠰᠠᠨ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ | ᠵᠠᠬᠢᠷᠭᠠᠨ ᠤ ᠰᠢᠢᠳᠬᠡᠯ᠂ ᠵᠠᠰᠠᠭ ᠵᠠᠬᠢᠷᠭᠠᠨ ᠤ ᠨᠤᠲᠠᠯᠠᠯᠲᠠ ᠪᠠ ᠵᠠᠰᠠᠭ ᠵᠠᠬᠢᠷᠭᠠᠨ ᠤ ᠪᠣᠳᠠᠲᠠᠶ ᠬᠠᠤᠯᠢ ᠬᠡᠷᠡᠭᠵᠢᠭᠦᠯᠬᠦ | ᠲᠣᠭᠲᠠᠭᠠᠯ ᠵᠢᠴᠢ ᠵᠠᠰᠠᠭ ᠵᠠᠬᠢᠷᠭᠠᠨ ᠤ ᠳᠠᠬᠢᠨ ᠵᠥᠪᠯᠡᠬᠦ ᠲᠣᠭᠲᠠᠭᠠᠯ ᠵᠡᠷᠭᠡ︔ | 13᠂ ᠠᠵᠢᠯ ᠶᠠᠪᠤᠳᠠᠯ ᠭᠦᠶ᠋ᠴᠡᠳᠬᠡᠬᠦ ᠴᠠᠭ᠂ ᠭᠠᠵᠠᠷ ᠣᠷᠣᠨ ᠵᠡᠷᠭᠡ ᠵᠦᠶ᠋ᠯᠡᠰ ᠤᠨ ᠠᠷᠠᠳ ᠲᠤ ᠲᠥᠬᠦᠮ | ᠦᠵᠡᠭᠦᠯᠬᠦ ᠲᠥᠷᠥᠯ ᠤᠨ ᠪᠢᠴᠢᠭ ᠬᠠᠷ᠎ᠠ ᠶᠢ ᠵᠠᠷᠯᠠᠨ ᠨᠡᠶᠢᠲᠡᠯᠡᠨ᠎ᠡ︔ | 14᠂ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠵᠥᠪᠬᠡᠨ ᠬᠡᠯᠪᠡᠷᠢᠵᠢᠭᠰᠡᠨ ᠪᠢᠴᠢᠭ ᠬᠠᠷ᠎ᠠ᠂ ᠮᠡᠳᠡᠭᠦᠯᠬᠦ | ᠬᠦᠰᠦᠨᠦᠭᠲᠦ᠂ ᠨᠢᠭᠲᠠᠯᠠᠨ ᠪᠣᠳᠣᠬᠤ ᠪᠠᠷᠢᠮᠵᠢᠶ᠎ᠠ᠂ ᠨᠢᠭᠲᠠᠯᠠᠨ ᠪᠣᠳᠣᠵᠤ ᠲᠣᠭᠠᠴᠠᠭ᠎ᠠ ᠬᠢᠬᠦ ᠳᠦᠷᠢᠮ ᠵᠡᠷᠭᠡ | ᠮᠡᠷᠭᠡᠵᠢᠯ ᠤᠨ ᠵᠦᠢᠯᠡᠰ ᠲᠤ ᠲᠣᠭᠲᠠᠭᠠᠭᠰᠠᠨ ᠪᠢᠴᠢᠭ ᠮᠠᠲ᠋ᠧᠷᠢᠶᠠᠯ ᠪᠣᠯᠣᠨ ᠲᠥᠰᠥᠪ ᠢ ᠪᠠᠭᠤᠯᠭᠠᠬᠤ᠂ ᠪᠡᠯᠡ | ᠮᠥᠩᠭᠦ ᠶᠢ ᠬᠤᠪᠢᠶᠠᠷᠢᠯᠠᠬᠤ᠂ ᠲᠥᠷᠥᠯ ᠵᠦᠢᠯ ᠢ ᠴᠤᠬᠤᠯᠠᠪᠤᠷᠢᠯᠠᠨ ᠬᠠᠷᠢᠭᠤᠯᠬᠤ ᠪᠢᠴᠢᠭ ᠮᠠᠲ᠋ᠧᠷᠢᠶᠠᠯ | 15᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢ ᠬᠢᠨᠠᠨ ᠬᠠᠮᠢᠶᠠᠷᠬᠤ ᠪᠠᠶᠢᠭᠤᠯᠤᠮᠵᠢ ᠶᠢᠨ | ᠲᠣᠭᠲᠠᠭᠠᠭᠰᠠᠨ ᠪᠡᠯᠡ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢ ᠭᠦᠢᠴᠡᠳᠭᠡᠬᠦ ᠪᠢᠴᠢᠭ ᠮᠠᠲ᠋ᠧᠷᠢᠶᠠᠯ᠃ | 16. ᠨᠢᠭᠤᠴᠠ ᠳᠤ ᠬᠤᠯᠪᠣᠭᠳᠠᠬᠤ ᠪᠤᠶᠤ ᠬᠠᠤᠯᠢ ᠲᠣᠭᠲᠠᠭᠠᠯ ᠤᠨ ᠵᠢᠭᠠᠯᠲᠠ ᠶᠢᠨ ᠳᠠᠭᠠᠤ ᠢᠯᠡ ᠪᠣᠯᠭᠠᠬᠤ | ᠦᠭᠡᠢ ᠪᠢᠴᠢᠭ ᠮᠠᠲ᠋ᠧᠷᠢᠶᠠᠯ︔ | 17. ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠡᠷᠬᠡ ᠠᠰᠢᠭ | ᠡᠭᠦᠷᠭᠡ ᠳᠤ ᠬᠤᠯᠪᠣᠭᠳᠠᠬᠤ ᠪᠣᠯᠪᠠᠴᠤ ᠲᠣᠰ ᠡᠷᠬᠡ ᠡᠭᠦᠷᠭᠡ ᠶᠢᠨ ᠲᠣᠭᠲᠠᠭᠠᠯᠲᠤ ᠴᠢᠨᠠᠷ ᠪᠠ ᠠᠵᠢᠯᠯᠠᠭᠠᠨ ᠤ ᠴᠢᠨᠠᠷ | ᠪᠠᠶᠢᠬᠤ ᠦᠭᠡᠢ᠂ ᠰᠢᠭᠤᠳ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠦᠨᠳᠦᠰᠦᠯᠡᠯ ᠪᠣᠯᠭᠠᠬᠤ ᠠᠵᠢᠯ ᠤᠨ ᠰᠠᠨᠠᠯ᠂ | ᠠᠵᠢᠯ ᠤᠨ ᠪᠠᠶᠢᠷᠢᠯᠠᠭᠤᠯᠤᠯᠲᠠ᠂ ᠠᠵᠢᠯ ᠤᠨ ᠲᠥᠰᠦᠯ᠂ ᠠᠵᠢᠯ ᠤᠨ ᠲᠥᠯᠥᠪᠵᠢᠭᠦᠯᠭᠡ ᠪᠠ ᠬᠥᠭᠵᠢᠯᠲᠡ ᠶᠢᠨ | ᠬᠥᠲᠥᠯᠪᠦᠷᠢ ᠵᠡᠷᠭᠡ ᠪᠢᠴᠢᠭ ᠮᠠᠲ᠋ᠧᠷᠢᠶᠠᠯ ᠢ ᠡᠰᠢᠯᠡᠵᠦ ᠪᠣᠯᠬᠤ ᠦᠭᠡᠢ᠃ | 18᠂ ᠪᠤᠰᠤᠳ ᠠᠷᠠᠳ ᠢᠷᠭᠡᠨ᠂ ᠬᠠᠤᠯᠢ ᠶᠢᠨ ᠬᠦᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ | ᠡᠷᠬᠡ ᠪᠠ ᠡᠭᠦᠷᠭᠡ ᠳᠤ ᠬᠤᠯᠪᠣᠭᠳᠠᠬᠤ ᠦᠭᠡᠢ ᠪᠤᠶᠤ ᠨᠡᠶᠢᠳᠡᠮ ᠤᠨ ᠬᠢᠵᠠᠭᠠᠷᠯᠠᠬᠤ ᠬᠦᠴᠦᠨ ᠦᠭᠡᠢ ᠪᠢᠴᠢᠭ | ᠮᠠᠲ᠋ᠧᠷᠢᠶᠠᠯ᠃ | ︵ᠲᠦᠷᠪᠡ︶ ᠬᠡᠳᠦᠨ ᠵᠦᠢᠯ ᠤᠨ ᠪᠢᠴᠢᠭ ᠮᠠᠲ᠋ᠧᠷᠢᠶᠠᠯ ᠢ ᠮᠠᠭᠠᠳᠯᠠᠨ ᠲᠤᠭᠳᠠᠭᠠᠬᠤ᠄ | 1. ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠳᠣᠤᠷᠠᠳᠤ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠳᠤ | ᠴᠤᠬᠤᠯᠠᠪᠤᠷᠢᠯᠠᠨ ᠤᠯᠠᠮᠵᠢᠯᠠᠭᠰᠠᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠪᠣᠯ ᠪᠠᠶᠢᠭᠤᠯᠭ᠎ᠠ ᠶᠢᠨ | ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠮᠥᠨ︔ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ | ᠲᠣᠰ ᠱᠠᠲᠤᠨ ᠤ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ ᠲᠣᠰ ᠰᠠᠯᠠᠭ᠎ᠠ ᠮᠥᠴᠢᠷ ᠤᠨ | ᠨᠡᠷ᠎ᠡ ᠪᠠᠷ ᠨᠡᠶᠢᠲᠡᠯᠡᠭᠰᠡᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠪᠣᠯ ᠰᠠᠯᠠᠭ᠎ᠠ ᠮᠥᠴᠢᠷ ᠤᠨ ᠵᠢᠷᠤᠮᠵᠢᠯ ᠤᠨ | ᠴᠢᠨᠠᠷᠲᠠᠶ ᠪᠢᠴᠢᠭ ᠮᠠᠲ᠋ᠧᠷᠢᠶᠠᠯ ᠮᠥᠨ︔ | 2. ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠤᠭ ᠪᠢᠴᠢᠭ ᠮᠠᠲ᠋ᠧᠷᠢᠶᠠᠯ ᠢ ᠤᠯᠠᠮᠵᠢᠯᠠᠨ ᠲᠠᠷᠬᠠᠭᠠᠭᠰᠠᠨ ᠳᠡᠭᠡᠳᠦ | ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠪᠣᠯ ᠲᠣᠰ ᠵᠠᠰᠠᠭ | ᠵᠠᠬᠢᠷᠭᠠᠨ ᠤ ᠪᠠᠶᠢᠭᠤᠯᠭ᠎ᠠ ᠶᠢᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠪᠢᠰᠢ︔ ᠭᠡᠪᠡᠴᠦ ᠳᠡᠭᠡᠳᠦ ᠱᠠᠲᠤᠨ ᠤ | ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠳᠠᠮᠵᠢᠭᠤᠯᠤᠨ | ᠲᠠᠷᠬᠠᠭᠠᠬᠤ ᠶᠢᠨ ᠬᠠᠮᠲᠤ ᠪᠣᠳᠠᠲᠠᠶ ᠬᠡᠷᠡᠭᠵᠢᠭᠦᠯᠬᠦ ᠠᠷᠭ᠎ᠠ ᠬᠡᠮᠵᠢᠶ᠎ᠡ ᠪᠤᠶᠤ ᠨᠥᠬᠦᠪᠥᠷᠢᠯᠡᠬᠦ ᠰᠠᠨᠠᠯ ᠳᠤᠷᠠᠳᠴᠤ᠂ | ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠡᠷᠬᠡ ᠠᠰᠢᠭ ᠡᠭᠦᠷᠭᠡ ᠳᠤ | ᠰᠢᠭᠤᠳ ᠨᠥᠯᠥᠭᠡ ᠪᠣᠯᠤᠭᠰᠠᠨ ᠪᠠᠶᠢᠪᠠᠯ᠂ ᠲᠣᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠢᠷᠤᠮᠵᠢᠯ ᠤᠨ ᠴᠢᠨᠠᠷᠲᠠᠶ | ᠪᠢᠴᠢᠭ ᠮᠠᠲ᠋ᠧᠷᠢᠶᠠᠯ ᠪᠣᠯᠤᠨ᠎ᠠ᠃ | 3᠂ ᠵᠠᠰᠠᠭ ᠵᠠᠬᠢᠷᠭᠠᠨ ᠤ ᠪᠠᠶᠢᠭᠤᠯᠭ᠎ᠠ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠵᠠᠬᠢᠷᠭᠠᠨ ᠤ | ᠵᠥᠪᠰᠢᠶᠡᠷᠡᠯ᠂ ᠵᠠᠰᠠᠭ ᠵᠠᠬᠢᠷᠭᠠᠨ ᠤ ᠰᠢᠳᠭᠡᠯ ᠲᠣᠷᠭᠠᠭᠤᠯᠢ ᠵᠡᠷᠭᠡ ᠲᠠᠰᠤᠯᠤᠯᠲᠠ ᠶᠢᠨ ᠡᠷᠬᠡ ᠶᠢ ᠨᠠᠷᠢᠯᠢᠬᠵᠢᠭᠤᠯᠬᠤ | ᠲᠣᠭᠲᠠᠭᠠᠯ ᠪᠣᠯ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠮᠥᠨᠭᠡᠪᠡᠴᠦ ᠵᠠᠰᠠᠭ ᠵᠠᠬᠢᠷᠭᠠᠨ ᠤ ᠪᠠᠶᠢᠭᠤᠯᠭ᠎ᠠ | ᠳᠣᠤᠷᠠᠳᠤ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠶᠢ ᠵᠢᠯᠣᠭᠤᠳᠴᠤ ᠵᠠᠰᠠᠭ ᠵᠠᠬᠢᠷᠭᠠᠨ ᠤ ᠵᠥᠪᠰᠢᠶᠡᠷᠡᠯ᠂ | ᠵᠠᠰᠠᠭ ᠵᠠᠬᠢᠷᠭᠠᠨ ᠤ ᠰᠢᠢᠳᠬᠡᠯ ᠥᠭᠬᠦ ᠵᠡᠷᠭᠡ ᠲᠠᠰᠤᠯᠤᠯᠲᠠ ᠶᠢᠨ ᠡᠷᠬᠡ ᠶᠢᠨ ᠲᠤᠬᠠᠶ ᠨᠠᠷᠢᠯᠢᠬᠵᠢᠭᠤᠯᠤᠨ | ᠬᠡᠮᠵᠢᠶᠡᠵᠢᠭᠦᠯᠬᠦ ᠲᠤᠬᠠᠶ ᠲᠣᠭᠲᠠᠭᠠᠯ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠪᠢᠰᠢ | 4. ᠵᠠᠰᠠᠭ ᠵᠠᠬᠢᠷᠭᠠᠨ ᠤ ᠪᠠᠶᠢᠭᠤᠯᠭ᠎ᠠ ᠲᠤᠰᠬᠠᠶ ᠠᠵᠢᠯᠯᠠᠭ᠎ᠠ ᠶᠢ ᠬᠡᠷᠡᠭᠵᠢᠭᠦᠯᠬᠦ᠂ ᠬᠤᠯᠪᠣᠭᠳᠠᠯ ᠪᠥᠬᠦᠶ | ᠠᠵᠢᠯ ᠢ ᠪᠠᠶᠢᠷᠢᠯᠠᠭᠤᠯᠬᠤ ᠶᠢᠨ ᠲᠥᠯᠥᠭᠡ ᠲᠣᠭᠲᠠᠭᠠᠭᠰᠠᠨ ᠠᠵᠢᠯ ᠤᠨ ᠲᠥᠰᠦᠯ ᠨᠢ ᠵᠢᠷᠤᠮᠵᠢᠯ ᠤᠨ ᠴᠢᠨᠠᠷᠲᠠᠶ | ᠪᠢᠴᠢᠭ ᠮᠠᠲ᠋ᠧᠷᠢᠶᠠᠯ ᠪᠢᠰᠢ ᠪᠣᠯᠪᠠᠴᠤ ᠲᠣᠰ ᠲᠥᠷᠥᠯ ᠤᠨ ᠲᠥᠰᠦᠯ ᠤᠨ ᠠᠭᠤᠯᠭ᠎ᠠ ᠨᠢ ᠬᠡᠷᠪᠡ ᠣᠨᠴᠠ ᠲᠣᠭᠲᠠᠭᠰᠠᠨ | ᠪᠤᠰᠤ ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠡᠷᠬᠡ ᠠᠰᠢᠭ | ᠡᠭᠦᠷᠭᠡ ᠳᠤ ᠰᠢᠭᠤᠳ ᠨᠥᠯᠥᠭᠡ ᠲᠠᠢ ᠪᠠᠶᠢᠪᠠᠯ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠪᠣᠯᠤᠨ᠎ᠠ᠃ | 5. ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠢᠯᠣᠭᠤᠳᠬᠤ ᠰᠠᠨᠠᠯ ᠳᠤ ᠵᠠᠷᠴᠢᠮ ᠳᠡᠭᠡᠷ᠎ᠡ ᠪᠠᠨ ᠵᠢᠷᠤᠮᠵᠢᠯ ᠤᠨ | ᠴᠢᠨᠠᠷᠲᠠᠶ ᠪᠢᠴᠢᠭ ᠮᠠᠲ᠋ᠧᠷᠢᠶᠠᠯ ᠪᠢᠰᠢ ᠪᠣᠯᠪᠠᠴᠤ ᠪᠢᠴᠢᠭ ᠮᠠᠲ᠋ᠧᠷᠢᠶᠠᠯ ᠤᠨ ᠠᠭᠤᠯᠭ᠎ᠠ ᠨᠢ ᠣᠨᠴᠠ ᠲᠣᠭᠲᠠᠭᠰᠠᠨ ᠪᠤᠰᠤ | ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠡᠷᠬᠡ ᠠᠰᠢᠭ ᠡᠭᠦᠷᠭᠡ ᠳᠤ | ᠰᠢᠭᠤᠳ ᠨᠥᠯᠥᠭᠡ ᠲᠠᠢ ᠪᠠᠶᠢᠪᠠᠯ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠪᠣᠯᠤᠨ᠎ᠠ᠃ | 6. ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠴᠣᠬᠤᠯᠠᠪᠤᠷᠢᠯᠠᠯ ᠨᠢ ᠵᠠᠷᠴᠢᠮ ᠳᠡᠭᠡᠷ᠎ᠡ ᠪᠠᠨ ᠵᠢᠷᠤᠮᠵᠢᠯ ᠤᠨ | ᠴᠢᠨᠠᠷᠲᠠᠶ ᠪᠢᠴᠢᠭ ᠮᠠᠲ᠋ᠧᠷᠢᠶᠠᠯ ᠪᠢᠰᠢ ᠪᠣᠯᠪᠠᠴᠤ ᠴᠣᠬᠤᠯᠠᠪᠤᠷᠢᠯᠠᠭᠰᠠᠨ ᠠᠭᠤᠯᠭ᠎ᠠ ᠨᠢ ᠴᠣᠬᠤᠯᠠᠪᠤᠷᠢᠯᠠᠭᠰᠠᠨ | ᠪᠠᠶᠢᠭᠤᠯᠭ᠎ᠠ ᠶᠢᠨ ᠬᠠᠷᠢᠶᠠᠯᠠᠬᠤ ᠬᠡᠪᠴᠢᠶᠡᠨ ᠳᠣᠲᠣᠷᠠᠬᠢ ᠠᠳᠠᠯᠢ ᠲᠥᠷᠥᠯ ᠤᠨ ᠵᠦᠢᠯᠡᠰ ᠲᠤ ᠨᠡᠶᠢᠳᠡᠮ ᠬᠡᠷᠡᠭᠯᠡᠭᠡᠨ ᠤ | ᠴᠢᠨᠠᠷᠲᠠᠶ ᠪᠠᠶᠢᠬᠤ ᠶᠢᠨ ᠬᠠᠮᠲᠤ ᠣᠨᠴᠠᠭᠠᠶ ᠪᠤᠰᠤ ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ | ᠪᠠᠶᠢᠭᠤᠯᠤᠯᠲᠠ ᠶᠢᠨ ᠡᠷᠬᠡ ᠠᠰᠢᠭ ᠡᠭᠦᠷᠭᠡ ᠳᠤ ᠰᠢᠭᠤᠳ ᠨᠥᠯᠥᠭᠡ ᠲᠠᠢ ᠪᠠᠶᠢᠪᠠᠯ᠂ ᠵᠢᠷᠤᠮᠵᠢᠯ ᠤᠨ ᠴᠢᠨᠠᠷᠲᠠᠶ | ᠪᠢᠴᠢᠭ ᠮᠠᠲ᠋ᠧᠷᠢᠶᠠᠯ ᠪᠣᠯᠤᠨ᠎ᠠ᠃ | ᠲᠠᠪᠤᠳᠤᠭᠠᠷ ᠵᠦᠢᠯ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠬᠠᠤᠯᠢ ᠪᠠᠷ ᠲᠣᠭᠲᠠᠭᠠᠭᠰᠠᠨ ᠡᠷᠬᠡ | ᠮᠡᠳᠡᠯ ᠪᠣᠯᠤᠨ ᠳᠡᠰ ᠳᠠᠷᠠᠭᠠᠯᠠᠯ ᠤᠨ ᠶᠣᠰᠣᠭᠠᠷ ᠵᠣᠬᠢᠶᠠᠨ ᠲᠠᠷᠬᠠᠭᠠᠬᠤ ᠬᠡᠷᠡᠭᠲᠡᠶ᠃ ᠴᠢᠬᠤᠯᠠ ᠪᠦᠬᠦᠢ ᠵᠢᠷᠤᠮᠵᠢᠯ ᠤᠨ | ᠴᠢᠨᠠᠷᠲᠠᠶ ᠪᠢᠴᠢᠭ ᠮᠠᠲ᠋ᠧᠷᠢᠶᠠᠯ ᠳᠤ ᠦᠨᠡᠯᠡᠨ ᠵᠢᠱᠢᠵᠦ ᠨᠤᠲᠠᠯᠠᠯᠲᠠ ᠬᠢᠬᠦ᠂ ᠢᠯᠡ ᠪᠠᠷ ᠰᠠᠨᠠᠯ ᠬᠤᠷᠢᠶᠠᠬᠤ᠂ ᠬᠠᠤᠯᠢ | ᠶᠣᠰᠣᠴᠢ ᠴᠢᠨᠠᠷ ᠢ ᠬᠢᠨᠠᠨ ᠬᠠᠷᠭᠤᠭᠤᠯᠬᠤ᠂ ᠡᠷᠬᠡ ᠲᠡᠭᠰᠢ ᠪᠠᠷ ᠥᠷᠢᠰᠥᠯᠳᠦᠬᠦ ᠶᠢ ᠬᠢᠨᠠᠨ ᠪᠠᠶᠢᠴᠠᠭᠠᠬᠤ᠂ | ᠬᠠᠮᠲᠤ ᠪᠠᠷ ᠶᠠᠷᠢᠯᠴᠠᠨ ᠲᠣᠭᠲᠠᠭᠠᠬᠤ᠂ ᠨᠡᠶᠢᠭᠡᠮ ᠳᠤ ᠢᠯᠡ ᠪᠠᠷ ᠨᠡᠶᠢᠲᠡᠯᠡᠬᠦ ᠵᠡᠷᠭᠡ ᠳᠡᠰ ᠳᠠᠷᠠᠭᠠᠯᠠᠯ ᠢ ᠴᠢᠩᠭ᠎ᠠ | ᠬᠡᠷᠡᠭᠵᠢᠭᠦᠯᠬᠦ ᠬᠡᠷᠡᠭᠲᠡᠶ᠃ | ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠳᠣᠲᠣᠭᠠᠳᠤ ᠪᠠᠶᠢᠭᠤᠯᠤᠮᠵᠢ ᠶᠢᠨ ᠨᠡᠷ᠎ᠡ ᠪᠠᠷ ᠵᠢᠷᠤᠮᠵᠢᠯ ᠤᠨ | ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭᠠᠵᠤ ᠲᠠᠷᠬᠠᠭᠠᠬᠤ ᠶᠢ ᠴᠠᠭᠠᠵᠠᠯᠠᠨ᠎ᠠ᠃ | ᠵᠢᠷᠭᠤᠳᠤᠭᠠᠷ ᠵᠦᠢᠯ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠳᠤ ᠳᠣᠤᠷᠠᠬᠢ ᠮᠡᠲᠦ ᠵᠦᠢᠯ ᠤᠳ ᠢ | ᠲᠣᠭᠲᠠᠭᠠᠵᠤ ᠪᠣᠯᠬᠤ ᠦᠭᠡᠶ᠄ | ︵ᠨᠢᠭᠡ︶ ᠵᠠᠰᠠᠭ ᠵᠠᠬᠢᠷᠭᠠᠨ ᠤ ᠵᠥᠪᠰᠢᠶᠡᠷᠡᠯ | ︵ᠬᠤᠶᠠᠷ︶ ᠵᠠᠰᠠᠭ ᠵᠠᠬᠢᠷᠭᠠᠨ ᠤ ᠰᠢᠢᠳᠬᠡᠯ | ︵ᠭᠤᠷᠪᠠ︶ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠠᠷᠭ᠎ᠠ ᠭᠡᠮᠵᠢᠶ᠎ᠡ᠂ ᠵᠠᠰᠠᠭ ᠵᠠᠬᠢᠷᠭᠠᠨ ᠤ ᠠᠯᠪᠠᠳᠠᠨ | ᠬᠦᠢᠴᠡᠳᠭᠡᠨ᠎ᠡ︔ | ︵ᠲᠦᠷᠪᠡ︶ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠬᠤ ᠲᠥᠷᠥᠯ ᠵᠦᠢᠯ᠃ | ︵ᠲᠠᠪᠤ︶ ᠵᠠᠰᠠᠭ ᠵᠠᠬᠢᠷᠭᠠᠨ ᠤ ᠲᠥᠯᠥᠪᠦᠷᠢ | ︵ᠵᠢᠷᠭᠤᠭ᠎ᠠ︶ ᠵᠠᠰᠠᠭ ᠵᠠᠬᠢᠷᠭᠠᠨ ᠤ ᠪᠠᠶᠢᠴᠠᠭᠠᠯᠲᠠ | ︵ᠳᠤᠯᠤᠭ᠎ᠠ︶ ᠭᠡᠷᠡᠴᠢᠯᠡᠬᠦ ᠵᠦᠢᠯᠡᠰ | ︵ᠨᠠᠢᠮᠠ︶ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ ᠲᠣᠭᠲᠠᠭᠠᠭᠰᠠᠨ | ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠳᠤ ᠲᠣᠭᠲᠠᠭᠠᠵᠤ ᠪᠣᠯᠬᠤ ᠦᠭᠡᠶ ᠪᠤᠰᠤᠳ ᠵᠦᠢᠯ ᠤᠳ᠃ | ᠳᠣᠯᠣᠳᠤᠭᠠᠷ ᠵᠦᠢᠯ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠨᠡᠶᠢᠲᠡᠯᠡᠬᠦ ᠠᠴᠠ ᠡᠮᠦᠨ᠎ᠡ᠂ ᠬᠠᠤᠯᠢ | ᠶᠣᠰᠣᠭᠠᠷ ᠨᠢᠭᠤᠴᠠ ᠶᠢ ᠬᠠᠮᠠᠭᠠᠯᠠᠬᠤ ᠴᠢᠬᠤᠯᠠ ᠲᠠᠢ ᠶᠢ ᠭᠠᠷᠭᠠᠪᠠᠯ᠂ ᠣᠯᠠᠨ ᠲᠦᠮᠡᠨ ᠤ ᠲᠤᠰ ᠪᠡᠶ᠎ᠡ ᠶᠢᠨ ᠠᠰᠢᠭ | ᠲᠤᠰᠠ ᠳᠤ ᠬᠤᠯᠪᠣᠭᠳᠠᠬᠤ ᠪᠤᠶᠤ ᠠᠷᠠᠳ ᠢᠷᠭᠡᠨ᠂ ᠬᠠᠤᠯᠢ ᠶᠢᠨ ᠡᠷᠬᠡᠲᠡᠨ ᠪᠣᠯᠤᠨ ᠪᠤᠰᠤᠳ ᠵᠣᠬᠢᠶᠠᠨ | ᠪᠠᠶᠢᠭᠤᠯᠤᠯᠲᠠ ᠶᠢᠨ ᠡᠷᠬᠡ ᠡᠭᠦᠷᠭᠡ ᠳᠤ ᠴᠢᠬᠤᠯᠠ ᠶᠡᠭᠡ ᠨᠥᠯᠥᠭᠡ ᠲᠠᠢ ᠵᠢᠷᠤᠮᠵᠢᠯ ᠤᠨ ᠴᠢᠨᠠᠷᠲᠠᠶ ᠪᠢᠴᠢᠭ | ᠮᠠᠲ᠋ᠧᠷᠢᠶᠠᠯ ᠢ ᠪᠣᠯ ᠲᠤᠭᠤᠷᠪᠢᠨ ᠪᠢᠴᠢᠬᠦ ᠨᠢᠭᠡᠴᠡ ᠫᠣᠷᠲ᠋ᠧᠯ ᠰᠦᠯᠵᠢᠶ᠎ᠡ᠂ ᠵᠠᠰᠠᠭ ᠤᠨ ᠶᠠᠪᠤᠳᠠᠯ ᠤᠨ ᠰᠢᠨ᠎ᠡ | ᠵᠠᠭᠤᠴᠢᠯᠠᠭᠤᠷ᠂ ᠰᠣᠨᠢᠨ ᠮᠡᠳᠡᠭᠡ ᠨᠡᠶᠢᠲᠡᠯᠡᠬᠦ ᠬᠤᠷᠠᠯ ᠵᠢᠴᠢ ᠰᠣᠨᠢᠨ ᠰᠡᠳᠬᠦᠯ᠂ ᠷᠠᠳᠢᠣ᠋ ᠨᠡᠪᠲᠡᠷᠡᠭᠦᠯᠭᠡ᠂ ᠲᠧᠯᠸᠢᠰ | ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠨᠡᠶᠢᠭᠡᠮ ᠳᠤ ᠢᠯᠡ ᠪᠠᠷ ᠰᠠᠨᠠᠯ ᠬᠤᠷᠢᠶᠠᠬᠤ ᠬᠡᠷᠡᠭᠲᠡᠶ᠃ ᠨᠡᠶᠢᠭᠡᠮ ᠠᠴᠠ | ᠢᠯᠡ ᠪᠠᠷ ᠰᠠᠨᠠᠯ ᠬᠤᠷᠢᠶᠠᠬᠤ ᠴᠠᠭ ᠬᠤᠭᠤᠴᠠᠭ᠎ᠠ ᠶᠢ 30 ᠡᠳᠦᠷ ᠠᠴᠠ ᠳᠤᠲᠠᠭᠤ ᠪᠠᠶᠢᠯᠭᠠᠵᠤ ᠪᠣᠯᠬᠤ ᠦᠭᠡᠢ᠃ | ᠬᠠᠤᠯᠢ ᠶᠣᠰᠣᠭᠠᠷ ᠨᠢᠭᠤᠴᠠ ᠶᠢ ᠬᠠᠮᠠᠭᠠᠯᠠᠬᠤ ᠴᠢᠬᠤᠯᠠᠲᠠᠶ ᠠᠴᠠ ᠭᠠᠳᠠᠨ᠎ᠠ᠂ ᠠᠵᠤ ᠠᠬᠤᠶᠢᠯᠠᠯ ᠤᠨ | ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠯᠤᠭ᠎ᠠ ᠨᠢᠭᠲᠠ ᠬᠤᠯᠪᠣᠭᠳᠠᠬᠤ ᠪᠠᠶᠢᠪᠠᠯ᠂ ᠲᠤᠭᠤᠷᠪᠢᠨ ᠪᠢᠴᠢᠬᠦ | ᠨᠢᠭᠡᠴᠡ ᠲᠣᠭᠲᠠᠭᠠᠯ ᠶᠣᠰᠣᠭᠠᠷ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠠᠵᠤ ᠠᠬᠤᠶᠢᠯᠠᠯ ᠪᠠ ᠠᠵᠢᠯ | ᠲᠥᠷᠥᠯ ᠤᠨ ᠨᠡᠶᠢᠭᠡᠮᠯᠢᠭ᠂ ᠬᠤᠳᠠᠯᠳᠤᠭᠠᠴᠢᠳ ᠤᠨ ᠡᠪᠯᠡᠯ ᠤᠨ ᠰᠠᠨᠠᠯ ᠢ ᠰᠣᠨᠣᠰᠬᠤ ᠬᠡᠷᠡᠭᠲᠡᠶ᠃ | ᠮᠠᠷᠭᠤᠭᠠᠨ ᠢᠶᠠᠷ ᠨᠡᠯᠢᠶᠡᠳ ᠶᠡᠭᠡ ᠤᠴᠢᠷ ᠶᠠᠪᠤᠳᠠᠯ ᠳᠤ ᠪᠣᠯ ᠭᠤᠷᠪᠠᠳᠠᠬᠢ ᠡᠲᠡᠭᠡᠳ ᠤᠨ ᠦᠨᠡᠯᠡᠯᠲᠡ ᠬᠢᠬᠦ ᠶᠢ | ᠣᠷᠣᠭᠤᠯᠵᠤ ᠢᠷᠡᠨ᠂ ᠠᠰᠢᠭ ᠲᠤᠰᠠ ᠶᠢᠨ ᠬᠠᠮᠢᠶ᠎ᠠ ᠪᠦᠬᠦᠢ ᠲᠠᠯ᠎ᠠ ᠶᠢᠨ ᠰᠠᠨᠠᠯ ᠢ ᠰᠣᠨᠣᠰᠴᠤ ᠪᠣᠯᠤᠨ᠎ᠠ᠃ | ᠨᠠᠢᠮᠠᠳᠤᠭᠠᠷ ᠵᠦᠢᠯ ᠲᠤᠤᠷᠠᠬᠢ ᠪᠠᠶᠢᠳᠠᠯ ᠢ ᠨᠤᠤᠷᠠᠭᠯᠠᠨ ᠲᠤᠭᠤᠷᠪᠢᠬᠤ ᠰᠠᠯᠠᠭ᠎ᠠ ᠮᠦᠴᠢᠷ ᠤᠨ | ᠬᠠᠷᠢᠭᠤᠴᠠᠯᠭᠠᠳᠠᠨ ᠪᠢᠴᠢᠭ ᠢᠶᠠᠷ ᠵᠦᠪᠰᠢᠶᠡᠷᠡᠬᠦᠯᠦᠭᠡᠳ᠂ ᠢᠯᠡ ᠪᠠᠷ ᠰᠠᠨᠠᠯ ᠬᠤᠷᠢᠶᠠᠬᠤ ᠦᠭᠡᠢ ᠪᠤᠶᠤ ᠰᠠᠨᠠᠯ | ᠬᠤᠷᠢᠶᠠᠬᠤ ᠴᠠᠭ ᠬᠤᠭᠤᠴᠠᠭᠠᠨ ᠳᠤ ᠬᠢᠵᠠᠭᠠᠷᠯᠠᠭᠳᠠᠬᠤ ᠦᠭᠡᠢ᠄ | ︵ᠨᠢᠭᠡ︶ ᠪᠠᠶᠢᠭᠠᠯᠢ ᠶᠢᠨ ᠭᠠᠶ ᠭᠠᠮᠰᠢᠭ᠂ ᠠᠳᠡᠯ ᠤᠨ ᠭᠠᠶ ᠭᠠᠮᠰᠢᠭ᠂ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠬᠡᠷᠡᠭ ᠪᠠ ᠨᠡᠶᠢᠭᠡᠮ ᠤᠨ ᠠᠮᠤᠷ ᠲᠦᠪᠰᠢᠨ ᠤ ᠬᠡᠷᠡᠭ ᠵᠡᠷᠭᠡ ᠭᠡᠨᠡᠳᠲᠡ ᠶᠢᠨ ᠬᠡᠷᠡᠭ ᠢ ᠰᠡᠷᠭᠡᠶᠢᠯᠡᠬᠦ᠂ | ᠠᠷᠭᠠᠴᠠᠬᠤ ᠪᠠ ᠰᠢᠢᠳᠪᠦᠷᠢᠯᠡᠬᠦ ᠶᠢᠨ ᠲᠤᠰᠠᠳᠠ᠂ | ︵ᠬᠤᠶᠠᠷ︶ ᠬᠠᠤᠯᠢ ᠶᠣᠰᠣᠭᠠᠷ ᠬᠢᠨᠠᠨ ᠪᠠᠶᠢᠴᠠᠭᠠᠵᠤ᠂ ᠢᠯᠡ ᠪᠠᠷ ᠰᠠᠨᠠᠯ ᠬᠤᠷᠢᠶᠠᠬᠤ ᠨᠢ ᠤᠯᠤᠰ ᠤᠨ ᠠᠮᠤᠷ | ᠲᠦᠪᠰᠢᠨ᠂ ᠣᠯᠠᠨ ᠨᠡᠶᠢᠲᠡ ᠶᠢᠨ ᠠᠮᠤᠷ ᠲᠦᠪᠰᠢᠨ᠂ ᠠᠵᠤ ᠠᠬᠤᠶ ᠶᠢᠨ ᠠᠮᠤᠷ ᠲᠦᠪᠰᠢᠨ ᠪᠠ ᠨᠡᠶᠢᠭᠡᠮ ᠤᠨ | ᠲᠣᠭᠲᠠᠭᠤᠨ ᠪᠠᠶᠢᠳᠠᠯ ᠳᠤ ᠬᠤᠣᠷ ᠬᠥᠨᠥᠭᠡᠯ ᠤᠴᠠᠷᠠᠭᠤᠯᠵᠤ ᠮᠡᠳᠡᠬᠦ︔ | ︵ᠭᠤᠷᠪᠠ︶ ᠳᠡᠭᠡᠳᠦ ᠱᠠᠲᠤᠨ ᠤ ᠵᠠᠰᠠᠭ ᠵᠠᠬᠢᠷᠭᠠᠨ ᠤ ᠪᠠᠶᠢᠭᠤᠯᠤᠯᠭ᠎ᠠ᠂ ᠠᠳᠠᠯᠢ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠵᠠᠷᠯᠢᠭ ᠢᠶᠠᠷ ᠲᠣᠭᠲᠠᠭᠠᠭᠰᠠᠨ | ᠪᠠᠶᠢᠪᠠᠯ᠂ ᠳᠠᠷᠦ᠋ᠢᠬᠠᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠣᠭᠲᠠᠭᠠᠬᠤ ᠪᠠ ᠬᠡᠷᠡᠭᠵᠢᠭᠦᠯᠬᠦ | ᠬᠡᠷᠡᠭᠲᠡᠶ︔ | ︵ᠲᠦᠷᠪᠡ︶ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠳᠦᠷᠢᠮ ᠲᠣᠭᠲᠠᠭᠠᠯ ᠳᠤ ᠠᠰ ᠲᠤ ᠪᠠᠨ | ᠲᠣᠭᠲᠠᠭᠠᠯ ᠲᠠᠢ ᠪᠠᠶᠢᠪᠠᠯ᠃ | ᠶᠢᠰᠦᠳᠦᠭᠡᠷ ᠵᠦᠢᠯ ᠲᠤᠭᠤᠷᠪᠢᠨ ᠪᠢᠴᠢᠬᠦ ᠨᠢᠭᠡᠴᠡ ᠠᠴᠠ ᠢᠯᠡ ᠪᠠᠷ ᠰᠠᠨᠠᠯ ᠬᠤᠷᠢᠶᠠᠵᠤ ᠨᠡᠪᠲᠡᠷᠡᠯᠴᠡᠵᠦ | ᠬᠠᠷᠢᠭᠤ ᠲᠤᠰᠬᠠᠬᠤ ᠲᠣᠭᠲᠠᠴᠠ ᠶᠢ ᠪᠠᠶᠢᠭᠤᠯᠬᠤ ᠬᠡᠷᠡᠭᠲᠡᠢ᠃ | ᠲᠤᠭᠤᠷᠪᠢᠨ ᠪᠢᠴᠢᠬᠦ ᠨᠢᠭᠡᠴᠡ ᠠᠴᠠ ᠴᠤᠭᠯᠠᠭᠤᠯᠤᠭᠰᠠᠨ ᠰᠠᠨᠠᠯ ᠢᠶᠠᠨ ᠵᠠᠳᠠᠯᠤᠨ ᠰᠤᠳᠤᠯᠵᠤ᠂ ᠵᠦᠢ | ᠵᠣᠬᠢᠰᠲᠠᠶ ᠰᠠᠨᠠᠯ ᠢ ᠬᠦᠯᠢᠶᠡᠨ ᠠᠪᠬᠤ ᠬᠡᠷᠡᠭᠲᠡᠶ᠃ ᠭᠥᠯᠢᠶᠡᠨ ᠠᠪᠤᠭᠰᠠᠨ ᠪᠠᠶᠢᠳᠠᠯ ᠢ ᠫᠤᠷᠲ᠋ᠧᠯ ᠰᠦᠯᠵᠢᠶ᠎ᠡ᠂ | ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠵᠡᠷᠭᠡ ᠪᠠᠷ ᠳᠠᠮᠵᠢᠭᠤᠯᠤᠨ ᠨᠡᠶᠢᠭᠡᠮ ᠳᠤ ᠨᠡᠶᠢᠲᠡᠯᠡᠵᠦ ᠪᠣᠯᠤᠨ᠎ᠠ᠂ | ᠳ᠋ᠢᠶᠠᠩᠬᠤᠸᠠ᠂ ᠣᠬᠤᠷ ᠮᠡᠳᠡᠭᠡ᠂ ᠡᠯᠧᠺᠳ᠋ᠷᠣᠨ ᠰᠢᠤᠳᠠᠨ ᠤ ᠵᠦᠢᠯ᠂ ᠵᠠᠬᠢᠳᠠᠯ ᠵᠡᠷᠭᠡ ᠣᠯᠠᠨ ᠵᠦᠢᠯ ᠤᠨ ᠠᠷᠭ᠎ᠠ | ᠮᠠᠶ᠋ᠢᠭ ᠢᠶᠠᠷ ᠳᠠᠮᠵᠢᠭᠤᠯᠤᠨ ᠬᠤᠯᠪᠣᠭᠳᠠᠯ ᠪᠥᠬᠦᠶ ᠨᠢᠭᠡᠴᠢ ᠪᠤᠶᠤ ᠬᠤᠪᠢ ᠬᠥᠮᠦᠨ ᠳᠤ ᠬᠠᠷᠢᠭᠤ ᠲᠤᠰᠬᠠᠵᠤ ᠴᠤ | ᠪᠣᠯᠤᠨ᠎ᠠ᠃ ᠨᠡᠯᠢᠶᠡᠳ ᠲᠥᠪᠯᠡᠷᠡᠭᠰᠡᠨ ᠰᠠᠨᠠᠯ ᠰᠠᠨᠠᠭᠤᠯᠭ᠎ᠠ ᠶᠢ ᠬᠡᠷᠡᠭᠯᠡᠬᠦ ᠦᠭᠡᠢ ᠪᠣᠯ᠂ ᠲᠣᠭᠤᠷᠪᠢᠬᠤ ᠲᠣᠳᠣᠷᠬᠠᠶᠢᠯᠠᠯ | ᠳᠣᠲᠣᠷ᠎ᠠ ᠲᠣᠳᠣᠷᠬᠠᠶᠢᠯᠠᠬᠤ ᠬᠡᠷᠡᠭᠲᠡᠶ᠃ | ᠠᠷᠪᠠᠳᠤᠭᠠᠷ ᠵᠦᠢᠯ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠬᠢᠨᠠᠨ ᠵᠥᠪᠯᠡᠭᠦᠯᠬᠦ ᠠᠴᠠ ᠡᠮᠦᠨ᠎ᠡ | ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠬᠢᠬᠦ ᠬᠡᠷᠡᠭᠲᠡᠶ᠂ ᠬᠢᠨᠠᠨ ᠬᠠᠷᠭᠤᠭᠤᠯᠤᠭᠰᠠᠨ ᠦᠭᠡᠶ ᠪᠤᠶᠤ ᠬᠢᠨᠠᠨ | ᠪᠠᠶᠢᠴᠠᠭᠠᠭᠰᠠᠨ ᠨᠢ ᠬᠠᠤᠯᠢ ᠳᠤ ᠨᠡᠶᠢᠴᠡᠬᠦ ᠦᠭᠡᠶ ᠪᠣᠯ ᠵᠠᠰᠠᠭ ᠤᠨ ᠣᠷᠳᠣᠨ ᠤ ᠲᠣᠭᠲᠠᠭᠠᠭᠰᠠᠨ ᠵᠢᠷᠤᠮᠵᠢᠯ ᠤᠨ | ᠴᠢᠨᠠᠷᠲᠠᠶ ᠪᠢᠴᠢᠭ ᠮᠠᠲ᠋ᠧᠷᠢᠶᠠᠯ ᠢ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠪᠤᠶᠤ ᠪᠦᠭᠦᠳᠡ ᠬᠤᠷᠠᠯ ᠳᠤ | ᠳᠡᠪᠰᠢᠭᠦᠯᠦᠨ ᠬᠢᠨᠠᠨ ᠶᠠᠷᠢᠯᠴᠠᠭᠤᠯᠵᠤ ᠪᠣᠯᠬᠤ ᠦᠭᠡᠶ︔ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ | ᠲᠣᠭᠲᠠᠭᠠᠭᠰᠠᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠤᠰ ᠰᠠᠯᠠᠭ᠎ᠠ ᠮᠥᠴᠢᠷ ᠤᠨ ᠢᠶᠠᠨ ᠠᠵᠢᠯᠯᠠᠬᠤ | ᠬᠤᠷᠠᠯ ᠳᠤ ᠳᠡᠪᠰᠢᠭᠦᠯᠵᠦ ᠬᠢᠨᠠᠨ ᠵᠥᠪᠯᠡᠭᠦᠯᠬᠦ ᠪᠠᠷ ᠳᠡᠪᠰᠢᠭᠦᠯᠵᠦ ᠪᠣᠯᠬᠤ ᠦᠭᠡᠶ᠃ | ᠰᠠᠨᠠᠯ ᠬᠤᠷᠢᠶᠠᠬᠤ᠂ ᠬᠠᠮᠲᠤᠷᠠᠨ ᠭᠠᠷ ᠤᠨ ᠦᠰᠦᠭ ᠵᠢᠷᠤᠬᠤ᠂ ᠬᠢᠨᠠᠨ ᠵᠥᠪᠯᠡᠬᠦ ᠳᠤ ᠣᠷᠣᠯᠴᠠᠬᠤ ᠵᠡᠷᠭᠡ | ᠠᠷᠭ᠎ᠠ ᠮᠠᠶ᠋ᠢᠭ ᠢᠶᠠᠷ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢ ᠣᠷᠣᠯᠠᠭᠤᠯᠵᠤ ᠪᠣᠯᠬᠤ ᠦᠭᠡᠢ᠃ | ᠠᠷᠪᠠᠨ ᠨᠢᠭᠡᠳᠦᠭᠡᠷ ᠵᠦᠢᠯ ᠲᠤᠰ ᠲᠦᠷᠢᠮ ᠲᠤᠰ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷᠠᠬᠢ | ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ | ᠪᠠᠶᠢᠴᠠᠭᠠᠬᠤ ᠠᠵᠢᠯ ᠳᠤ ᠬᠡᠷᠡᠭᠯᠡᠭᠳᠡᠨ᠎ᠡ᠃ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠦᠷᠢᠮ ᠲᠣᠭᠲᠠᠭᠠᠯ ᠳᠤ | ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠲᠣᠭᠲᠠᠭᠠᠯ ᠢ ᠵᠢᠷᠤᠮᠯᠠᠨ᠎ᠠ᠃ | ᠠᠷᠪᠠᠨ ᠬᠤᠶᠠᠳᠤᠭᠠᠷ ᠵᠦᠢᠯ ᠣᠷᠣᠨ ᠤ ᠵᠠᠰᠠᠭ ᠤᠨ ᠣᠷᠳᠣᠨ ᠵᠢᠷᠤᠮᠵᠢᠯ ᠤᠨ ᠴᠢᠨᠠᠷᠲᠠᠶ ᠪᠢᠴᠢᠭ | ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠠᠵᠢᠯ ᠢ ᠪᠣᠳᠠᠲᠠᠶ ᠡᠭᠦᠷᠭᠡᠯᠡᠬᠦ ᠰᠠᠯᠠᠭ᠎ᠠ ᠮᠥᠴᠢᠷ | ᠪᠤᠶᠤ ᠪᠠᠶᠢᠭᠤᠯᠤᠮᠵᠢ ︵ᠳᠣᠷᠣᠭᠰᠢ ᠬᠢᠨᠠᠨ ᠪᠠᠶᠢᠴᠠᠭᠠᠬᠤ ᠪᠠᠶᠢᠭᠤᠯᠤᠮᠵᠢ ᠭᠡᠵᠦ ᠶᠡᠷᠦᠩᠬᠡᠶᠢᠯᠡᠨ ᠨᠡᠷᠡᠶᠢᠳᠦᠨ᠎ᠡ︶ ᠶᠢ | ᠲᠣᠳᠣᠷᠬᠠᠶᠢᠯᠠᠨ᠎ᠠ᠃ | ᠲᠤᠭᠤᠷᠢᠭ ᠤᠨ ᠵᠠᠰᠠᠭ ᠤᠨ ᠣᠷᠳᠣᠨ ᠤ ᠬᠢᠨᠠᠨ ᠪᠠᠶᠢᠴᠠᠭᠠᠬᠤ ᠪᠠᠶᠢᠭᠤᠯᠤᠮᠵᠢ ᠪᠣᠯ ᠲᠤᠭᠤᠷᠢᠭ ᠤᠨ ᠬᠠᠤᠯᠢ | ᠴᠠᠭᠠᠵᠠ ᠶᠢᠨ ᠲᠣᠪᠴᠢᠶ᠎ᠠ ᠪᠣᠯᠤᠨ᠎ᠠ᠂ ᠲᠣᠰ ᠱᠠᠲᠤᠨ ᠤ ᠵᠠᠰᠠᠭ ᠤᠨ ᠣᠷᠳᠣᠨ ᠪᠤᠶᠤ ᠵᠠᠰᠠᠭ ᠤᠨ ᠣᠷᠳᠣᠨ ᠤ | ᠠᠯᠪᠠᠨ ᠬᠡᠷ ᠤᠨ ᠨᠡᠷ᠎ᠡ ᠪᠠᠷ ᠳᠠᠷᠤᠮᠠᠯᠯᠠᠨ ᠲᠠᠷᠬᠠᠭᠠᠬᠤ ᠪᠠᠷ ᠪᠠᠶᠢᠭ᠎ᠠ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ | ᠵᠢᠴᠢ ᠲᠣᠰ ᠱᠠᠲᠤᠨ ᠤ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠰᠠᠯᠠᠭ᠎ᠠ | ᠮᠥᠴᠢᠷ ᠤᠨ ᠨᠡᠷ᠎ᠡ ᠪᠠᠷ ᠳᠠᠷᠤᠮᠠᠯᠯᠠᠨ ᠲᠠᠷᠬᠠᠭᠠᠬᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠬᠠᠷᠢᠭᠤᠴᠠᠨ | ᠬᠢᠨᠠᠨ ᠪᠠᠶᠢᠴᠠᠭᠠᠨ᠎ᠠ᠃ | ᠠᠷᠪᠠᠨ ᠭᠤᠷᠪᠠᠳᠤᠭᠠᠷ ᠵᠦᠢᠯ ᠲᠤᠭᠤᠷᠪᠢᠨ ᠪᠢᠴᠢᠬᠦ ᠨᠢᠭᠡᠴᠡ ᠨᠢ ᠵᠢᠷᠤᠮᠵᠢᠯ ᠤᠨ ᠴᠢᠨᠠᠷᠲᠠᠶ ᠪᠢᠴᠢᠭ | ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠯᠭᠠᠬᠤ ᠪᠠᠷ ᠳᠡᠪᠰᠢᠭᠦᠯᠬᠦ ᠳᠤ᠂ ᠳᠣᠤᠷᠠᠬᠢ | ᠮᠠᠲ᠋ᠧᠷᠢᠶᠠᠯ ᠢ ᠮᠡᠳᠡᠭᠦᠯᠦᠨ ᠬᠦᠷᠭᠡᠬᠦ ᠬᠡᠷᠡᠭᠲᠡᠶ᠄ | ︵ᠨᠢᠭᠡ︶ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠬᠢᠯᠭᠡᠬᠦ ᠪᠠᠷ ᠳᠡᠪᠰᠢᠭᠦᠯᠬᠦ ᠵᠠᠬᠢᠳᠠᠯ | ︵ᠭᠤᠶᠤᠴᠢᠯᠠᠬᠤ ᠵᠠᠬᠢᠳᠠᠯ ᠪᠠ ᠰᠢᠯᠵᠢᠭᠦᠯᠦᠨ ᠰᠢᠢᠳᠪᠦᠷᠢᠯᠡᠬᠦ ᠵᠠᠬᠢᠳᠠᠯ ᠪᠠᠭᠲᠠᠨ᠎ᠠ︶ | ︵ᠬᠤᠶᠠᠷ︶ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠨᠡᠶᠢᠲᠡᠯᠡᠬᠦ ᠭᠡᠵᠦ ᠪᠠᠶᠢᠭ᠎ᠠ | ᠤᠳᠤᠷᠢᠳᠤᠯᠭ᠎ᠠ ᠶᠢᠨ ᠴᠣᠬᠤᠯᠠᠪᠤᠷᠢ᠂ ᠬᠤᠷᠠᠯ ᠤᠨ ᠲᠣᠪᠴᠢ ᠲᠡᠮᠳᠡᠭᠯᠡᠯ ᠵᠡᠷᠭᠡ᠃ | ︵ᠭᠤᠷᠪᠠ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠬᠦᠷᠭᠡᠨ ᠬᠢᠨᠠᠭᠤᠯᠬᠤ ᠡᠬᠡ ᠪᠢᠴᠢᠭ ︶ | ︵ᠳᠥᠷᠪᠡ︶ ᠲᠤᠭᠤᠷᠪᠢᠭᠰᠠᠨ ᠲᠣᠳᠣᠷᠬᠠᠶᠢᠯᠠᠯᠲᠠ ︵ᠲᠣᠭᠲᠠᠭᠠᠭᠰᠠᠨ ᠠᠬᠤᠢ ᠪᠠᠶᠢᠳᠠᠯ᠂ ᠦᠨᠳᠦᠰᠦᠯᠡᠯ᠂ | ᠲᠤᠭᠤᠷᠪᠢᠭᠰᠠᠨ ᠶᠠᠪᠤᠴᠠ᠂ ᠴᠢᠬᠤᠯᠠ ᠴᠢᠨᠠᠷ᠂ ᠪᠣᠯᠤᠮᠵᠢᠲᠤ ᠴᠢᠨᠠᠷ᠂ ᠵᠦᠢ ᠶᠣᠰᠣᠴᠢ ᠴᠢᠨᠠᠷ᠂ ᠰᠠᠨᠠᠯ ᠬᠤᠷᠢᠶᠠᠬᠤ᠂ | ᠳᠣᠲᠣᠭᠠᠳᠤ ᠶᠢᠨ ᠬᠠᠤᠯᠢ ᠶᠣᠰᠣᠴᠢ ᠴᠢᠨᠠᠷ ᠢ ᠬᠢᠨᠠᠨ ᠬᠠᠷᠭᠤᠭᠤᠯᠬᠤ ᠵᠢᠴᠢ ᠬᠠᠮᠲᠤ ᠪᠠᠷ ᠶᠠᠷᠢᠯᠴᠠᠬᠤ ᠵᠡᠷᠭᠡ ᠪᠠᠶᠢᠳᠠᠯ | ᠪᠠᠭᠲᠠᠨ᠎ᠠ︶ | ︵ᠲᠠᠪᠤ︶ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠦᠨᠳᠦᠰᠦᠯᠡᠯ ᠪᠣᠯᠭᠠᠭᠰᠠᠨ ᠬᠠᠤᠯᠢ ᠴᠠᠭᠠᠵᠠ᠂ | ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠲᠣᠭᠲᠠᠭᠠᠯ︔ | ︵ᠵᠢᠷᠭᠤᠭ᠎ᠠ︶ ᠣᠯᠠᠨ ᠲᠦᠮᠡᠨ᠂ ᠲᠣᠭᠤᠷᠢᠭ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ᠂ | ᠨᠢᠭᠡᠴᠡ ᠶᠢᠨ ᠪᠢᠴᠢᠭ ᠢᠶᠠᠷ ᠬᠠᠷᠢᠭᠤ ᠲᠤᠰᠬᠠᠭᠰᠠᠨ ᠰᠠᠨᠠᠯ ᠢ ᠬᠤᠷᠢᠶᠠᠨ᠎ᠠ᠃ | ︵ᠳᠤᠯᠤᠭ᠎ᠠ︶ ᠰᠠᠨᠠᠯ ᠬᠤᠷᠢᠶᠠᠵᠤ ᠬᠡᠷᠡᠭᠯᠡᠭᠰᠡᠨ ᠪᠠᠶᠢᠳᠠᠯ ᠤᠨ ᠬᠤᠷᠢᠶᠠᠩᠭᠤᠶᠢᠯᠠᠨ ᠲᠣᠳᠣᠷᠬᠠᠶᠢᠯᠠᠬᠤ᠃ | ︵ᠨᠠᠢᠮᠠ︶ ᠲᠤᠭᠤᠷᠪᠢᠨ ᠪᠢᠴᠢᠬᠦ ᠨᠢᠭᠡᠴᠡ ᠶᠢᠨ ᠬᠠᠤᠯᠢ ᠳᠦᠷᠢᠮ ᠤᠨ ᠪᠠᠶᠢᠭᠤᠯᠤᠮᠵᠢ ᠪᠤᠶᠤ ᠰᠠᠯᠠᠭ᠎ᠠ | ᠲᠠᠰᠤᠭ ᠤᠨ ᠭᠠᠷᠭᠠᠭᠰᠠᠨ ᠬᠠᠤᠯᠢ ᠶᠣᠰᠣᠴᠢ ᠴᠢᠨᠠᠷ ᠤᠨ ᠬᠢᠨᠠᠨ ᠬᠠᠷᠭᠤᠭᠤᠯᠤᠭᠰᠠᠨ ᠰᠠᠨᠠᠯ ︵ᠬᠢᠨᠠᠨ | ᠬᠠᠷᠭᠤᠭᠤᠯᠤᠭᠴᠢ ᠭᠠᠷ ᠤᠨ ᠦᠰᠦᠭ ᠵᠢᠷᠤᠬᠤ ᠶᠢᠨ ᠬᠠᠮᠲᠤ ᠨᠢᠭᠡᠴᠡ ᠶᠢᠨ ᠲᠠᠮᠠᠭ᠎ᠠ ᠶᠢ ᠳᠠᠷᠤᠨ᠎ᠠ᠃︶ | ︵ᠶᠢᠰᠦ︶ ᠬᠠᠮᠲᠤ ᠶᠢᠨ ᠶᠠᠷᠢᠯᠴᠠᠭᠠᠨ ᠤ ᠲᠡᠮᠳᠡᠭᠯᠡᠯ | ︵ᠠᠷᠪᠠ︶ ᠲᠣᠭᠲᠠᠭᠠᠯ ᠶᠣᠰᠣᠭᠠᠷ ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠯᠲᠠ ᠬᠢᠬᠦ ᠴᠢᠬᠤᠯᠠᠲᠠᠶ | ᠪᠠᠶᠢᠪᠠᠯ᠂ ︽ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠬᠤ ᠲᠦᠷᠢᠮ ᠤᠨ ᠬᠡᠷᠡᠭᠵᠢᠭᠦᠯᠬᠦ ᠨᠠᠷᠢᠨ ᠲᠦᠷᠢᠮ︾ ︵ | ᠲᠥᠷᠥ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠵᠤᠷᠬ᠎ᠠ ᠶᠢ ᠡᠰᠡᠷᠭᠦᠴᠡᠬᠦ ᠲᠦᠷᠢᠮ ︹2021︺ 2 | ᠳ᠋ᠤᠭᠠᠷ ᠲᠣᠭᠠᠲᠤ︶ ᠭᠤᠣᠯᠴᠢ ᠥᠷᠢᠰᠥᠯᠳᠦᠭᠡᠨ ᠤ ᠬᠢᠨᠠᠨ ᠪᠠᠶᠢᠴᠠᠭᠠᠯᠲᠠ ᠶᠢᠨ ᠪᠢᠴᠢᠭ ᠤᠨ ᠳ᠋ᠦᠩᠨᠡᠯᠲᠡ ᠶᠢ | ᠲᠤᠰᠢᠶᠠᠬᠤ ᠪᠠᠷ ᠲᠣᠭᠲᠠᠭᠠᠵᠠᠢ︔ | ︵ᠠᠷᠪᠠᠨ ᠨᠢᠭᠡ︶ ᠲᠣᠭᠲᠠᠭᠠᠯ ᠶᠣᠰᠣᠭᠠᠷ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ ᠴᠢᠬᠤᠯᠠᠲᠠᠶ | ᠪᠠᠶᠢᠪᠠᠯ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠤᠭᠰᠠᠨ ᠪᠠᠶᠢᠳᠠᠯ ᠤᠨ ᠪᠢᠴᠢᠭ ᠤᠨ ᠲᠡᠮᠳᠡᠭᠯᠡᠯ︔ | ︵ᠠᠷᠪᠠᠨ ᠬᠤᠶᠠᠷ︶ ᠲᠣᠭᠲᠠᠭᠠᠯ ᠶᠣᠰᠣᠭᠠᠷ ᠭᠡᠷᠡᠴᠢᠯᠡᠭᠡ ᠰᠣᠨᠣᠰᠬᠤ ᠶᠢ ᠵᠣᠬᠢᠶᠠᠨ ᠪᠠᠶᠢᠭᠤᠯᠬᠤ ᠴᠢᠬᠤᠯᠠᠲᠠᠶ | ᠪᠠᠶᠢᠪᠠᠯ᠂ ᠭᠡᠷᠡᠴᠢᠯᠡᠭᠡ ᠰᠣᠨᠣᠰᠤᠭᠰᠠᠨ ᠪᠠᠶᠢᠳᠠᠯ ᠤᠨ ᠪᠢᠴᠢᠭ ᠤᠨ ᠲᠡᠮᠳᠡᠭᠯᠡᠯ ᠢᠶᠠᠨ ᠲᠤᠰᠢᠶᠠᠬᠤ ᠬᠡᠷᠡᠭᠲᠡᠶ︔ | ︵ᠠᠷᠪᠠᠨ ᠭᠤᠷᠪᠠ︶ ᠲᠣᠭᠲᠠᠭᠠᠯ ᠶᠣᠰᠣᠭᠠᠷ ᠬᠡᠷᠡᠭᠴᠡᠭᠡ ᠲᠠᠢ ᠰᠠᠯᠠᠭ᠎ᠠ ᠮᠥᠴᠢᠷ ᠤᠳ ᠬᠠᠮᠲᠤᠷᠠᠨ ᠭᠠᠷ ᠤᠨ | ᠦᠰᠦᠭ ᠵᠢᠷᠤᠪᠠᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠮᠲᠤᠷᠠᠨ ᠭᠠᠷ ᠤᠨ ᠦᠰᠦᠭ ᠵᠢᠷᠤᠭᠰᠠᠨ | ᠰᠠᠨᠠᠯ ᠢ ᠲᠤᠰᠢᠶᠠᠨ᠎ᠠ︔ | ︵ᠠᠷᠪᠠᠨ ᠳᠥᠷᠪᠡᠳᠦᠭᠡᠷ︶ ᠪᠤᠰᠤᠳ ᠬᠡᠷᠡᠭᠰᠡᠬᠦ ᠮᠠᠲ᠋ᠧᠷᠢᠶᠠᠯ᠃ | ᠲᠤᠭᠤᠷᠪᠢᠨ ᠪᠢᠴᠢᠬᠦ ᠨᠢᠭᠡᠴᠢ ᠶᠢᠨ ᠲᠤᠰᠢᠶᠠᠭᠰᠠᠨ ᠮᠠᠲ᠋ᠧᠷᠢᠶᠠᠯ ᠨᠢ ᠪᠦᠷᠢᠨ ᠪᠤᠰᠤ ᠪᠠᠶᠢᠪᠠᠯ᠂ ᠬᠢᠨᠠᠨ | ᠪᠠᠶᠢᠴᠠᠭᠠᠬᠤ ᠪᠠᠶᠢᠭᠤᠯᠤᠮᠵᠢ ᠠᠴᠠ ᠲᠡᠭᠦᠨ ᠢ ᠲᠣᠭᠲᠠᠭᠰᠠᠨ ᠴᠠᠭ ᠤᠨ ᠳᠣᠲᠣᠷ᠎ᠠ ᠨᠥᠬᠦᠪᠥᠷᠢᠯᠡᠬᠦ ᠪᠠᠷ ᠱᠠᠭᠠᠷᠳᠠᠬᠤ | ᠬᠡᠷᠡᠭᠲᠡᠢ᠃ ᠬᠢᠨᠠᠨ ᠪᠠᠶᠢᠴᠠᠭᠠᠬᠤ ᠪᠠᠶᠢᠭᠤᠯᠤᠮᠵᠢ ᠲᠤᠭᠤᠷᠪᠢᠨ ᠪᠢᠴᠢᠬᠦ ᠨᠢᠭᠡᠴᠡ ᠳᠤ ᠵᠢᠷᠤᠮᠵᠢᠯ ᠤᠨ ᠴᠢᠨᠠᠷᠲᠠᠶ ᠪᠢᠴᠢᠭ | ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠳᠤ ᠬᠡᠷᠡᠭᠰᠡᠬᠦ ᠮᠠᠲ᠋ᠧᠷᠢᠶᠠᠯ ᠢ ᠲᠤᠰᠢᠶᠠᠬᠤ ᠶᠢ ᠨᠢᠭᠡ | ᠯᠡ ᠤᠳᠠᠭ᠎ᠠ ᠳᠤ ᠮᠡᠳᠡᠭᠳᠡᠬᠦ ᠬᠡᠷᠡᠭᠲᠡᠶ᠃ | ᠠᠷᠪᠠᠨ ᠳᠥᠷᠪᠡᠳᠦᠭᠡᠷ ᠵᠦᠢᠯ ᠬᠢᠨᠠᠨ ᠪᠠᠶᠢᠴᠠᠭᠠᠬᠤ ᠪᠠᠶᠢᠭᠤᠯᠤᠮᠵᠢ ᠵᠢᠷᠤᠮᠵᠢᠯ ᠤᠨ ᠴᠢᠨᠠᠷᠲᠠᠶ ᠪᠢᠴᠢᠭ | ᠮᠠᠲ᠋ᠧᠷᠢᠶᠠᠯ ᠤᠨ ᠬᠦᠷᠭᠡᠨ ᠬᠢᠨᠠᠭᠤᠯᠬᠤ ᠡᠬᠡ ᠪᠢᠴᠢᠭ ᠤᠨ ᠳᠣᠤᠷᠠᠬᠢ ᠠᠭᠤᠯᠭ᠎ᠠ ᠶᠢ ᠬᠢᠨᠠᠨ ᠬᠠᠷᠭᠤᠭᠤᠯᠬᠤ ᠬᠡᠷᠡᠭᠲᠡᠶ᠄ | ︵ᠨᠢᠭᠡ︶ ᠲᠣᠭᠲᠠᠭᠠᠭᠰᠠᠨ ᠭᠤᠣᠯ ᠴᠣᠭᠴᠠ ᠨᠢ ᠬᠠᠤᠯᠢ ᠳᠤ ᠨᠡᠶᠢᠴᠡᠬᠦ ᠡᠰᠡᠬᠦ︔ | ︵ᠬᠤᠶᠠᠷ︶ ᠲᠣᠭᠲᠠᠭᠠᠭᠰᠠᠨ ᠪᠠᠶᠢᠭᠤᠯᠭ᠎ᠠ ᠶᠢᠨ ᠬᠠᠤᠯᠢ ᠪᠠᠷ ᠲᠣᠭᠲᠠᠭᠠᠭᠰᠠᠨ ᠡᠷᠬᠡ ᠮᠡᠳᠡᠯ ᠤᠨ | ᠬᠡᠪᠴᠢᠶ᠎ᠡ ᠠᠴᠠ ᠳᠠᠪᠠᠭᠰᠠᠨ ᠡᠰᠡᠬᠦ ᠪᠤᠶᠤ ᠡᠷᠬᠡ ᠲᠤᠰᠢᠶᠠᠯ ᠤᠨ ᠲᠣᠭᠲᠠᠭᠠᠯ ᠠᠴᠠ ᠪᠠᠨ ᠳᠠᠪᠠᠭᠰᠠᠨ ᠪᠠᠶᠢᠲᠠᠯ᠎ᠠ ᠵᠠᠬ᠎ᠠ | ᠳᠡᠯᠭᠡᠭᠦᠷ ᠢᠶᠠᠷ ᠲᠣᠬᠢᠷᠠᠭᠤᠯᠬᠤ᠂ ᠠᠵᠤ ᠠᠬᠤᠶᠢᠯᠠᠯ ᠪᠠ ᠨᠡᠶᠢᠭᠡᠮ ᠤᠨ ᠥᠪᠡᠷ ᠢ ᠪᠠᠨ ᠬᠠᠮᠢᠶᠠᠷᠬᠤ᠂ ᠠᠷᠠᠳ | ᠢᠷᠭᠡᠳ ᠤᠨ ᠥᠪᠡᠷ ᠢ ᠪᠠᠨ ᠬᠠᠮᠢᠶᠠᠷᠬᠤ ᠵᠦᠢᠯ ᠤᠳ | ︵ᠭᠤᠷᠪᠠ︶ ᠠᠭᠤᠯᠭ᠎ᠠ ᠨᠢ ᠦᠨᠳᠦᠰᠦᠨ ᠬᠠᠤᠯᠢ ᠪᠠ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ | ᠲᠣᠭᠲᠠᠭᠠᠯ ᠵᠢᠴᠢ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢᠨ ᠲᠣᠭᠲᠠᠭᠠᠯ ᠳᠤ ᠨᠡᠶᠢᠴᠡᠬᠦ ᠡᠰᠡᠬᠦ︔ | ︵ᠲᠦᠷᠪᠡ︶ ᠠᠭᠤᠯᠭ᠎ᠠ ᠨᠢ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ | ᠲᠣᠭᠲᠠᠭᠠᠯ ᠳᠤ ᠨᠡᠶᠢᠴᠡᠬᠦ ᠡᠰᠡᠬᠦ︔ | ︵ᠲᠠᠪᠤ︶ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠰᠢᠢᠳᠪᠦᠷᠢᠯᠡᠬᠦ ᠨᠥᠬᠦᠴᠡᠯ ᠢ ᠨᠡᠮᠡᠭᠳᠡᠭᠦᠯᠦᠭᠰᠡᠨ | ᠡᠰᠡᠬᠦ᠂ ᠣᠷᠴᠢᠯ ᠭᠡᠷᠡᠴᠢᠯᠡᠯ᠂ ᠳᠠᠪᠬᠤᠷᠳᠠᠭᠤᠯᠤᠨ ᠭᠡᠷᠡᠴᠢᠯᠡᠬᠦ᠂ ᠬᠡᠷᠡᠭ ᠦᠭᠡᠢ ᠭᠡᠷᠡᠴᠢ ᠭᠠᠷᠭᠠᠬᠤ ᠵᠡᠷᠭᠡ | ᠠᠭᠤᠯᠭ᠎ᠠ ᠶᠢ ᠲᠣᠭᠲᠠᠭᠠᠭᠰᠠᠨ ᠡᠰᠡᠬᠦ︔ | ︵ᠵᠢᠷᠭᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠦᠨᠳᠦᠰᠦᠯᠡᠯ ᠦᠭᠡᠢ ᠠᠷᠠᠳ ᠢᠷᠭᠡᠨ᠂ | ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠢ | ᠬᠤᠬᠢᠷᠠᠭᠤᠯᠤᠭᠰᠠᠨ ᠪᠤᠶᠤ ᠲᠡᠭᠦᠨ ᠤ ᠡᠭᠦᠷᠭᠡ ᠶᠢ ᠨᠡᠮᠡᠭᠳᠡᠭᠦᠯᠦᠭᠰᠡᠨ ᠪᠠᠶᠢᠳᠠᠯ ᠪᠠᠶᠢᠬᠤ ᠡᠰᠡᠬᠦ᠃ | ︵ᠳᠤᠯᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠦᠨᠳᠦᠰᠦᠯᠡᠯ ᠦᠭᠡᠢ ᠲᠤᠰ ᠰᠠᠯᠠᠭ᠎ᠠ | ᠮᠥᠴᠢᠷ ᠤᠨ ᠡᠷᠬᠡ ᠶᠢ ᠨᠡᠮᠡᠭᠳᠡᠭᠦᠯᠬᠦ ᠪᠤᠶᠤ ᠲᠤᠰ ᠰᠠᠯᠠᠭ᠎ᠠ ᠮᠥᠴᠢᠷ ᠤᠨ ᠬᠠᠤᠯᠢ ᠪᠠᠷ ᠲᠣᠭᠲᠠᠭᠠ᠊ ᠭᠰᠠᠨ ᠡᠭᠦᠷᠭᠡ | ᠬᠠᠷᠢᠭᠤᠴᠠᠯᠭ᠎ᠠ ᠶᠢ ᠪᠠᠭᠠᠰᠬᠠᠬᠤ ᠪᠠᠶᠢᠳᠠᠯ ᠪᠠᠶᠢᠬᠤ ᠡᠰᠡᠬᠦ︔ | ︵ᠨᠠᠢᠮᠠ︶ ᠵᠠᠰᠠᠭ ᠵᠠᠬᠢᠷᠭᠠᠨ ᠤ ᠡᠷᠬᠡ ᠶᠢ ᠳᠤᠷ᠎ᠠ ᠪᠠᠷ ᠢᠶᠠᠨ ᠬᠡᠷᠡᠭᠯᠡᠵᠦ ᠵᠠᠬ᠎ᠠ ᠳᠡᠯᠭᠡᠭᠦᠷ ᠤᠨ | ᠥᠷᠢᠰᠥᠯᠳᠦᠭᠡᠨ ᠤ ᠦᠢᠯᠡ ᠠᠵᠢᠯᠯᠠᠭ᠎ᠠ ᠣᠷᠣᠰᠢᠵᠤ ᠪᠠᠶᠢᠬᠤ ᠡᠰᠡᠬᠦ ᠵᠡᠷᠭᠡ ᠪᠦᠬᠦ ᠤᠯᠤᠰ ᠤᠨ ᠨᠢᠭᠡᠳᠦᠯᠲᠡᠢ ᠵᠠᠬ᠎ᠠ | ᠳᠡᠯᠭᠡᠭᠦᠷ ᠪᠠ ᠭᠤᠣᠯᠴᠢ ᠥᠷᠢᠰᠥᠯᠳᠦᠭᠡᠨ ᠢ ᠬᠠᠷᠰᠢᠯᠠᠬᠤ ᠲᠣᠭᠲᠠᠭᠠᠯ ᠪᠠᠶᠢᠬᠤ ᠡᠰᠡᠬᠦ᠃ | ︵ᠶᠢᠰᠦ︶ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭᠠᠬᠤ ᠳᠡᠰ ᠳᠠᠷᠠᠭᠠᠯᠠᠯ ᠠᠴᠠ | ᠵᠥᠷᠢᠴᠡᠭᠰᠡᠨ ᠡᠰᠡᠬᠦ᠃ | ︵ᠠᠷᠪᠠ︶ ᠤᠯᠤᠰ ᠪᠠ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠬᠤᠯᠪᠣᠭᠳᠠᠯ ᠪᠦᠬᠦᠢ ᠲᠣᠭᠲᠠᠭᠠᠯ | ᠶᠣᠰᠣᠭᠠᠷ ᠬᠢᠨᠠᠨ ᠬᠠᠷᠭᠤᠭᠤᠯᠬᠤ ᠴᠢᠬᠤᠯᠠᠲᠠᠢ ᠪᠤᠰᠤᠳ ᠵᠦᠢᠯ ᠤᠳ᠃ | ᠠᠷᠪᠠᠨ ᠲᠠᠪᠤᠳᠤᠭᠠᠷ ᠵᠦᠢᠯ ᠭᠡᠨᠡᠳᠲᠡ ᠡᠭᠦᠰᠬᠦ ᠬᠡᠷᠡᠭ ᠢ ᠰᠡᠷᠭᠡᠶᠢᠯᠡᠬᠦ᠂ ᠠᠷᠭᠠᠴᠠᠬᠤ ᠪᠠ | ᠰᠢᠶ᠋ᠳᠪᠦᠷᠢᠯᠡᠬᠦ ᠶᠢᠨ ᠲᠤᠰᠠᠳᠠ᠂ ᠡᠰᠡᠬᠦᠯ᠎ᠡ ᠳᠡᠭᠡᠳᠦ ᠱᠠᠲᠤᠨ ᠤ ᠪᠠᠶᠢᠭᠤᠯᠤᠯᠭ᠎ᠠ ᠶᠢᠨ ᠪᠠᠴᠢᠮ ᠵᠠᠷᠯᠢᠭ ᠪᠣᠯᠤᠨ | ᠲᠣᠭᠲᠠᠭᠠᠯ ᠢ ᠬᠡᠷᠡᠭᠵᠢᠭᠦᠯᠬᠦ ᠳᠡᠭᠡᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠳᠠᠷᠦ᠋ᠢᠬᠠᠨ ᠲᠣᠭᠲᠠᠭᠠᠬᠤ | ᠴᠢᠬᠤᠯᠠ ᠲᠠᠢ ᠪᠠᠶᠢᠳᠠᠯ ᠢ ᠭᠠᠷᠭᠠᠪᠠᠯ᠂ ᠬᠠᠤᠯᠢ ᠶᠣᠰᠣᠨ ᠤ ᠴᠢᠨᠠᠷᠲᠠᠶ ᠬᠢᠨᠠᠨ ᠪᠠᠶᠢᠴᠠᠭᠠᠬᠤ ᠴᠠᠭ ᠢ ᠡᠩ ᠤᠨ ᠪᠠᠶᠢᠳᠠᠯ | ᠳᠣᠤᠷ᠎ᠠ 5 ᠠᠵᠢᠯᠯᠠᠬᠤ ᠡᠳᠦᠷ ᠠᠴᠠ ᠳᠤᠲᠠᠭᠤ ᠪᠠᠶᠢᠯᠭᠠᠵᠤ ᠪᠣᠯᠬᠤ ᠦᠭᠡᠶ᠃ ᠬᠢᠨᠠᠨ ᠬᠠᠷᠭᠤᠭᠤᠯᠬᠤ ᠴᠠᠭ | ᠬᠤᠭᠤᠴᠠᠭ᠎ᠠ ᠶᠢ ᠬᠢᠨᠠᠨ ᠪᠠᠶᠢᠴᠠᠭᠠᠬᠤ ᠪᠠᠶᠢᠭᠤᠯᠤᠮᠵᠢ ᠠᠴᠠ ᠪᠦᠬᠦ ᠮᠠᠲ᠋ᠧᠷᠢᠶᠠᠯ ᠢ ᠭᠠᠷᠳᠠᠭᠰᠠᠨ ᠡᠳᠦᠷ ᠠᠴᠠ ᠡᠬᠢᠯᠡᠵᠦ | ᠪᠣᠳᠣᠨ᠎ᠠ᠃ | ᠡᠯ᠎ᠡ ᠨᠢᠭᠡᠴᠡ ᠴᠠᠭ ᠲᠤᠬᠠᠶ ᠳᠤᠨᠢ ᠮᠠᠲ᠋ᠧᠷᠢᠶᠠᠯ ᠢᠶᠠᠨ ᠮᠡᠳᠡᠭᠦᠯᠦᠨ ᠬᠦᠷᠭᠡᠵᠦ᠂ ᠬᠠᠤᠯᠢ ᠶᠣᠰᠣᠴᠢ ᠴᠢᠨᠠᠷ ᠢ | ᠬᠢᠨᠠᠨ ᠪᠠᠶᠢᠴᠠᠭᠠᠬᠤ ᠠᠵᠢᠯ ᠤᠨ ᠴᠠᠭ ᠢ ᠪᠠᠲᠤᠯᠠᠬᠤ ᠬᠡᠷᠡᠭᠲᠡᠶ᠃ ᠲᠤᠭᠤᠷᠪᠢᠨ ᠪᠢᠴᠢᠬᠦ ᠨᠢᠭᠡᠴᠡ ᠨᠢ ᠬᠢᠨᠠᠨ | ᠪᠠᠶᠢᠴᠠᠭᠠᠬᠤ ᠪᠠᠶᠢᠭᠤᠯᠤᠮᠵᠢ ᠶᠢᠨ ᠱᠠᠭᠠᠷᠳᠠᠯᠭ᠎ᠠ ᠶᠣᠰᠣᠭᠠᠷ ᠮᠠᠲ᠋ᠧᠷᠢᠶᠠᠯ ᠨᠥᠬᠦᠪᠦᠷᠢᠯᠡᠵᠦ᠂ ᠪᠠᠶᠢᠳᠠᠯ ᠢᠶᠠᠨ ᠬᠠᠤᠯᠢ | ᠶᠣᠰᠣᠴᠢ ᠴᠢᠨᠠᠷ ᠤᠨ ᠬᠢᠨᠠᠨ ᠪᠠᠶᠢᠴᠠᠭᠠᠬᠤ ᠴᠠᠭ ᠬᠤᠭᠤᠴᠠᠭ᠎ᠠ ᠳᠤ ᠪᠤᠳᠤᠵᠤ ᠣᠷᠣᠭᠤᠯᠬᠤ ᠦᠭᠡᠢ᠃ | ᠠᠷᠪᠠᠨ ᠵᠢᠷᠭᠤᠳᠤᠭᠠᠷ ᠵᠦᠢᠯ ᠬᠢᠨᠠᠨ ᠪᠠᠶᠢᠴᠠᠭᠠᠬᠤ ᠪᠠᠶᠢᠭᠤᠯᠤᠮᠵᠢ ᠵᠢᠷᠤᠮᠵᠢᠯ ᠤᠨ ᠴᠢᠨᠠᠷᠲᠠᠶ ᠪᠢᠴᠢᠭ | ᠮᠠᠲ᠋ᠧᠷᠢᠶᠠᠯ ᠤᠨ ᠲᠤᠰᠬᠠᠶ ᠮᠡᠷᠭᠡᠵᠢᠯᠲᠡᠨ ᠬᠠᠮᠵᠢᠯᠴᠠᠵᠤ ᠬᠢᠨᠠᠨ ᠬᠠᠷᠭᠤᠭᠤᠯᠬᠤ ᠲᠣᠭᠲᠠᠴᠠ ᠶᠢ ᠪᠠᠶᠢᠭᠤᠯᠤᠨ | ᠪᠦᠷᠢᠨᠰᠢᠭᠦᠯᠬᠦ ᠬᠡᠷᠡᠭᠲᠡᠶ᠃ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ᠂ ᠠᠯᠪᠠᠨ ᠲᠤᠰᠢᠶᠠᠯᠲᠤ | ᠬᠠᠤᠯᠢᠴᠢ ᠪᠠ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ ᠤ ᠦᠢᠯᠡᠳᠦᠯ ᠢ ᠪᠠᠳᠠᠷᠠᠭᠤᠯᠤᠨ᠎ᠠ᠃ | ᠬᠢᠨᠠᠨ ᠪᠠᠶᠢᠴᠠᠭᠠᠬᠤ ᠪᠠᠶᠢᠭᠤᠯᠤᠮᠵᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ | ᠴᠢᠨᠠᠷ ᠢ ᠬᠢᠨᠠᠨ ᠪᠠᠶᠢᠴᠠᠭᠠᠬᠤ ᠳᠤ᠂ ᠪᠣᠳᠠᠲᠠᠶ ᠬᠡᠷᠡᠭᠴᠡᠭᠡ ᠪᠠᠨ ᠦᠨᠳᠦᠰᠦᠯᠡᠨ ᠪᠢᠴᠢᠭ ᠤᠨ ᠠᠷᠭ᠎ᠠ ᠮᠠᠶ᠋ᠢᠭ ᠢᠶᠠᠷ | ᠬᠢᠨᠠᠨ ᠪᠠᠶᠢᠴᠠᠭᠠᠬᠤ ᠪᠤᠶᠤ ᠶᠠᠷᠢᠯᠴᠠᠬᠤ ᠬᠤᠷᠠᠯ᠂ ᠵᠣᠬᠢᠴᠠᠭᠤᠯᠬᠤ ᠬᠤᠷᠠᠯ ᠬᠤᠷᠠᠯᠳᠤᠭᠤᠯᠬᠤ᠂ ᠲᠤᠰᠬᠠᠶ | ᠮᠡᠷᠭᠡᠵᠢᠯᠲᠡᠨ ᠢ ᠵᠣᠬᠢᠶᠠᠨ ᠪᠠᠶᠢᠭᠤᠯᠤᠨ ᠨᠤᠲᠠᠯᠠᠭᠤᠯᠬᠤ ᠵᠡᠷᠭᠡ ᠠᠷᠭ᠎ᠠ ᠮᠠᠶ᠋ᠢᠭ ᠢᠶᠠᠷ ᠬᠢᠨᠠᠨ ᠪᠠᠶᠢᠴᠠᠭᠠᠵᠤ ᠪᠣᠯᠤᠨ᠎ᠠ᠃ | ᠠᠷᠪᠠᠨ ᠳᠣᠯᠣᠳᠤᠭᠠᠷ ᠵᠦᠢᠯ ᠬᠢᠨᠠᠨ ᠪᠠᠶᠢᠴᠠᠭᠠᠬᠤ ᠪᠠᠶᠢᠭᠤᠯᠤᠮᠵᠢ ᠵᠢᠷᠤᠮᠵᠢᠯ ᠤᠨ ᠴᠢᠨᠠᠷᠲᠠᠶ ᠪᠢᠴᠢᠭ | ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠶᠠᠪᠤᠴᠠ ᠳᠤ᠂ ᠲᠤᠭᠤᠷᠪᠢᠨ ᠪᠢᠴᠢᠬᠦ ᠨᠢᠭᠡᠴᠡ ᠶᠢ | ᠪᠠᠶᠢᠳᠠᠯ ᠢᠶᠠᠨ ᠨᠥᠬᠦᠪᠥᠷᠢᠯᠡᠨ ᠲᠣᠳᠣᠷᠬᠠᠶᠢᠯᠠᠬᠤ ᠪᠤᠶᠤ ᠬᠤᠯᠪᠣᠭᠳᠠᠯ ᠪᠦᠬᠦᠢ ᠨᠢᠭᠡᠴᠡ ᠶᠢ ᠱᠠᠭᠠᠷᠳᠠᠨ ᠬᠠᠮᠵᠢᠯᠴᠠᠵᠤ | ᠬᠢᠨᠠᠨ ᠪᠠᠶᠢᠴᠠᠭᠠᠯᠭᠠᠵᠤ ᠪᠣᠯᠤᠨ᠎ᠠ᠂ ᠲᠤᠭᠤᠷᠪᠢᠨ ᠪᠢᠴᠢᠬᠦ ᠨᠢᠭᠡᠴᠡ ᠪᠤᠶᠤ ᠬᠤᠯᠪᠣᠭᠳᠠᠯ ᠪᠦᠬᠦᠢ ᠨᠢᠭᠡᠴᠡ | ᠬᠠᠮᠵᠢᠯᠴᠠᠬᠤ ᠬᠡᠷᠡᠭᠲᠡᠶ ᠭᠡᠵᠦ ᠱᠠᠭᠠᠷᠳᠠᠵᠤ ᠪᠣᠯᠤᠨ᠎ᠠ᠃ | ᠬᠢᠨᠡᠨ ᠪᠠᠶᠢᠴᠠᠭᠠᠬᠤ ᠲᠤᠮᠳᠠ ᠤᠯᠵᠤ ᠮᠡᠳᠡᠭᠰᠡᠨ ᠠᠰᠠᠭᠤᠳᠠᠯ ᠢ ᠬᠢᠨᠡᠨ ᠪᠠᠶᠢᠴᠠᠭᠠᠬᠤ ᠪᠠᠶᠢᠭᠤᠯᠤᠮᠵᠢ ᠨᠢ | ᠲᠤᠤᠷᠠᠬᠢ ᠲᠤᠭᠳᠠᠭᠠᠯ ᠢᠶᠠᠷ ᠰᠢᠢᠳᠪᠦᠷᠢᠯᠡᠨ᠎ᠡ᠄ | ︵ᠨᠢᠭᠡ︶ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠪᠢᠰᠢ ᠪᠣᠯ ᠲᠤᠭᠤᠷᠪᠢᠨ ᠪᠢᠴᠢᠬᠦ ᠰᠠᠯᠠᠭ᠎ᠠ | ᠮᠥᠴᠢᠷ ᠲᠤ ᠪᠤᠴᠠᠭᠠᠨ ᠥᠭᠴᠦ᠂ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠬᠢᠬᠦ ᠦᠭᠡᠶ᠃ | ︵ᠬᠤᠶᠠᠷ︶ ᠲᠣᠭᠲᠠᠭᠠᠬᠤ ᠭᠤᠤᠯ ᠴᠣᠭᠴᠠ ᠨᠢ ᠬᠠᠤᠯᠢ ᠳᠤ ᠨᠡᠶᠢᠴᠡᠬᠦ ᠦᠭᠡᠶ᠂ ᠲᠣᠭᠲᠠᠭᠠᠬᠤ | ᠪᠠᠶᠢᠭᠤᠯᠤᠯᠭ᠎ᠠ ᠶᠢᠨ ᠬᠠᠤᠯᠢ ᠪᠠᠷ ᠲᠣᠭᠲᠠᠭᠠᠭᠰᠠᠨ ᠡᠷᠬᠡ ᠲᠤᠰᠢᠶᠠᠯ ᠠᠴᠠ ᠪᠠᠨ ᠬᠡᠲᠦᠷᠡᠭᠰᠡᠨ᠂ ᠡᠰᠡᠬᠦᠯ᠎ᠡ ᠭᠤᠤᠯ | ᠠᠭᠤᠯᠭ᠎ᠠ ᠨᠢ ᠬᠠᠤᠯᠢ ᠳᠤ ᠨᠡᠶᠢᠴᠡᠬᠦ ᠦᠭᠡᠶ ᠪᠣᠯ ᠲᠤᠰ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ | ᠲᠣᠭᠲᠠᠭᠠᠬᠤ ᠦᠭᠡᠶ ᠭᠡᠰᠡᠨ ᠰᠠᠨᠠᠯ ᠳᠤᠷᠠᠳᠤᠨ᠎ᠠ︔ | ︵ᠭᠤᠷᠪᠠ︶ ᠢᠯᠡ ᠪᠠᠷ ᠰᠠᠨᠠᠯ ᠬᠤᠷᠢᠶᠠᠬᠤ ᠬᠡᠷᠡᠭᠲᠡᠢ᠂ ᠬᠠᠷᠠᠬᠠᠨ ᠬᠤᠷᠢᠶᠠᠭᠠᠳᠤᠢ ᠪᠣᠯ᠂ ᠲᠣᠭᠤᠷᠪᠢᠬᠤ | ᠰᠠᠯᠠᠭ᠎ᠠ ᠮᠥᠴᠢᠷ ᠲᠤ ᠪᠤᠴᠠᠭᠠᠵᠤ ᠨᠥᠬᠦᠨ ᠵᠠᠯᠠᠷᠠᠭᠤᠯᠬᠤ ᠵᠢᠷᠤᠮ ᠢ ᠨᠢ ᠪᠤᠴᠠᠭᠠᠵᠤ ᠥᠭᠬᠦ ᠬᠡᠷᠡᠭᠲᠡᠢ︔ | ︵ᠲᠦᠷᠪᠡ︶ ᠲᠤᠰᠬᠠᠢ ᠮᠡᠷᠭᠡᠵᠢᠯᠲᠡᠨ ᠢᠶᠠᠷ ᠨᠤᠲᠠᠯᠠᠭᠤᠯᠤᠭᠠ ᠦᠭᠡᠢ ᠪᠣᠯ᠂ ᠲᠣᠭᠤᠷᠪᠢᠬᠤ ᠰ᠊ ᠠᠯᠠᠭ᠎ᠠ | ᠮᠥᠴᠢᠷ ᠲᠤ ᠨᠢ ᠪᠤᠴᠠᠭᠠᠵᠤ ᠨᠥᠬᠦᠪᠥᠷᠢᠯᠡᠨ ᠵᠠᠯᠠᠷᠠᠭᠤᠯᠬᠤ ᠬᠡᠷᠡᠭᠲᠡᠶ᠃ | ︵ᠲᠠᠪᠤ︶ ᠭᠡᠷᠡᠴᠢᠯᠡᠭᠡ ᠰᠣᠨᠣᠰᠬᠤ ᠶᠢ ᠵᠣᠬᠢᠶᠠᠨ ᠪᠠᠶᠢᠭᠤᠯᠵᠤ ᠬᠠᠷᠠᠬᠠᠨ ᠭᠡᠷᠡᠴᠢᠯᠡᠭᠡ ᠰᠣᠨᠣᠰᠤᠭᠠᠳᠤᠶ | ᠪᠠᠶᠢᠪᠠᠯ᠂ ᠲᠣᠭᠤᠷᠪᠢᠬᠤ ᠰᠠᠯᠠᠭ᠎ᠠ ᠮᠥᠴᠢᠷ ᠲᠤ ᠪᠤᠴᠠᠭᠠᠵᠤ ᠲᠠᠰ ᠳᠠᠷᠠᠭᠠᠯᠠᠯ ᠢ ᠨᠥᠬᠦᠪᠥᠷᠢᠯᠡᠨ ᠵᠠᠯᠠᠷᠠᠭᠤᠯᠬᠤ | ᠬᠡᠷᠡᠭᠲᠡᠶ︔ | ︵ᠵᠢᠷᠭᠤᠭ᠎ᠠ︶ ᠭᠤᠣᠯᠴᠢ ᠥᠷᠢᠰᠦᠯᠳᠦᠭᠡᠨ ᠤ ᠬᠢᠨᠠᠨ ᠪᠠᠶᠢᠴᠠᠭᠠᠯᠲᠠ ᠬᠢᠭᠡᠳ᠋ᠬᠠᠷᠠᠬᠠᠨ ᠬᠢᠨᠠᠨ ᠪᠠᠶᠢᠴᠠᠭᠠᠯᠲᠠ | ᠬᠢᠭᠡᠳᠦᠢ ᠪᠣᠯ᠂ ᠲᠣᠭᠤᠷᠪᠢᠬᠤ ᠰᠠᠯᠠᠭ᠎ᠠ ᠮᠥᠴᠢᠷ ᠲᠤ ᠪᠤᠴᠠᠭᠠᠵᠤ ᠨᠥᠬᠦᠨ ᠵᠠᠯᠠᠷᠠᠭᠤᠯᠬᠤ ᠶᠠᠪᠤᠴᠠ ᠶᠢ | ᠨᠦᠬᠦᠪᠦᠷᠢᠯᠡᠨ ᠪᠤᠴᠠᠭᠠᠬᠤ ᠬᠡᠷᠡᠭᠲᠡᠢ︔ | ︵ᠳᠤᠯᠤᠭ᠎ᠠ︶ ᠰᠠᠯᠠᠭ᠎ᠠ ᠮᠦᠴᠢᠷ ᠠᠴᠠ ᠬᠠᠮᠳᠤᠷᠠᠨ ᠭᠠᠷ ᠤᠨ ᠦᠰᠦᠭ ᠵᠢᠷᠤᠬᠤ ᠠᠴᠠ ᠡᠮᠦᠨ᠎ᠡ ᠭᠠᠷ ᠤᠨ | ᠦᠰᠦᠭ ᠵᠢᠷᠤᠭᠰᠠᠨ ᠦᠭᠡᠢ ᠪᠠᠶᠢᠪᠠᠯ᠂ ᠨᠤᠤᠷᠬᠠᠯᠠᠬᠰᠠᠨ ᠰᠠᠯᠠᠭ᠎ᠠ ᠮᠦᠴᠢᠷ ᠲᠤ ᠪᠤᠴᠠᠭᠠᠵᠤ ᠲᠠᠰ ᠳᠠᠷᠠᠭᠠᠯᠠᠯ ᠢ | ᠨᠦᠬᠦᠪᠦᠷᠢᠯᠡᠨ ᠵᠠᠯᠠᠷᠠᠭᠤᠯᠤᠨ᠎ᠠ᠃ | ︵ᠨᠠᠢᠮᠠ︶ ᠪᠣᠳᠠᠲᠠᠶ ᠲᠣᠭᠲᠠᠭᠠᠯ ᠨᠢ ᠬᠠᠤᠯᠢ ᠳᠤ ᠨᠡᠶᠢᠴᠡᠬᠦ ᠦᠭᠡᠶ ᠪᠣᠯ ᠵᠣᠬᠢᠴᠠᠩᠭᠤᠶ ᠵᠠᠰᠠᠪᠤᠷᠢ | ᠣᠷᠣᠭᠤᠯᠬᠤ ᠰᠠᠨᠠᠯ ᠳᠤᠷᠠᠳᠤᠨ᠎ᠠ᠃ | ᠠᠷᠪᠠᠨ ᠨᠠᠶ᠋ᠮᠠᠳᠤᠭᠠᠷ ᠵᠦᠢᠯ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠬᠠᠤᠯᠢ ᠶᠣᠰᠣᠨ ᠤ ᠴᠢᠨᠠᠷᠲᠠᠶ | ᠬᠢᠨᠠᠨ ᠪᠠᠶᠢᠴᠠᠭᠠᠭᠰᠠᠨ ᠤ ᠳᠠᠷᠠᠭ᠎ᠠ᠂ ᠬᠢᠨᠠᠨ ᠬᠠᠷᠭᠤᠭᠤᠯᠬᠤ ᠪᠠᠶᠢᠭᠤᠯᠤᠮᠵᠢ ᠨᠢ ᠠᠳᠠᠯᠢ ᠪᠤᠰᠤ ᠪᠠᠶᠢᠳᠠᠯ ᠢ | ᠦᠨᠳᠦᠰᠦᠯᠡᠨ ᠬᠠᠤᠯᠢ ᠳᠤ ᠨᠡᠶᠢᠴᠡᠬᠦ᠂ ᠬᠠᠤᠯᠢ ᠳᠤ ᠨᠡᠶᠢᠴᠡᠬᠦ ᠦᠭᠡᠶ᠂ ᠵᠠᠰᠠᠪᠤᠷᠢ ᠣᠷᠣᠭᠤᠯᠬᠤ ᠪᠢᠴᠢᠭ ᠤᠨ ᠬᠢᠨᠠᠨ | ᠬᠠᠷᠭᠤᠭᠤᠯᠤᠭᠰᠠᠨ ᠰᠠᠨᠠᠯ ᠢᠶᠠᠨ ᠳᠤᠷᠠᠳᠬᠤ ᠬᠡᠷᠡᠭᠲᠡᠶ᠃ | ᠠᠷᠪᠠ ᠶᠢᠰᠦᠳᠦᠭᠡᠷ ᠵᠦᠢᠯ ᠲᠤᠭᠤᠷᠪᠢᠨ ᠪᠢᠴᠢᠬᠦ ᠨᠢᠭᠡᠴᠡ ᠨᠢ ᠬᠢᠨᠠᠨ ᠬᠠᠷᠭᠤᠭᠤᠯᠬᠤ ᠪᠠᠶᠢᠭᠤᠯᠤᠮᠵᠢ ᠶᠢᠨ | ᠭᠠᠷᠭᠠᠭᠰᠠᠨ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢᠨ ᠰᠠᠨᠠᠯ ᠳᠤ ᠰᠤᠳᠤᠯᠤᠯᠲᠠ ᠬᠢᠵᠦ᠂ ᠬᠠᠤᠯᠢ | ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢᠨ ᠰᠠᠨᠠᠯ ᠢ ᠦᠨᠳᠦᠰᠦᠯᠡᠨ ᠵᠢᠷᠤᠮᠵᠢᠯ ᠤᠨ ᠴᠢᠨᠠᠷᠲᠠᠶ ᠪᠢᠴᠢᠭ | ᠮᠠᠲ᠋ᠧᠷᠢᠶᠠᠯ ᠳᠤ ᠴᠢᠬᠤᠯᠠ ᠪᠦᠬᠦᠢ ᠵᠠᠰᠠᠪᠤᠷᠢ ᠣᠷᠣᠭᠤᠯᠬᠤ ᠪᠤᠶᠤ ᠨᠥᠬᠦᠪᠥᠷᠢᠯᠡᠬᠦ ᠬᠡᠷᠡᠭᠲᠡᠶ︔ ᠲᠤᠭᠤᠷᠪᠢᠨ ᠪᠢᠴᠢᠬᠦ | ᠨᠢᠭᠡᠴᠢ ᠨᠢ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠳᠤᠷᠠᠳᠤᠭᠰᠠᠨ ᠪᠣᠳᠠᠲᠠᠶ ᠬᠢᠨᠠᠨ ᠪᠠᠶᠢᠴᠠᠭᠠᠭᠰᠠᠨ ᠰᠠᠨᠠᠯ ᠢ | ᠪᠦᠷᠢᠮᠦᠰᠦᠨ ᠬᠦᠯᠢᠶᠡᠨ ᠠᠪᠤᠭᠰᠠᠨ ᠦᠭᠡᠢ ᠪᠣᠯ᠂ ᠴᠠᠭ ᠲᠤᠬᠠᠶ ᠳᠤᠨᠢ ᠬᠢᠨᠠᠨ ᠪᠠᠶᠢᠴᠠᠭᠠᠬᠤ ᠪᠠᠶᠢᠭᠤᠯᠤᠮᠵᠢ ᠲᠠᠢ | ᠨᠡᠪᠲᠡᠷᠡᠯᠴᠡᠬᠦ ᠬᠡᠷᠡᠭᠲᠡᠶ︔ ᠬᠤᠶᠠᠷ ᠲᠠᠯ᠎ᠠ ᠶᠢᠨ ᠰᠠᠨᠠᠯ ᠨᠢᠭᠡᠳᠦᠯ ᠦᠭᠡᠢ ᠪᠣᠯ᠂ ᠲᠤᠭᠤᠷᠪᠢᠨ ᠲᠣᠭᠲᠠᠭᠠᠬᠤ | ᠨᠢᠭᠡᠴᠡ ᠨᠢ ᠲᠣᠭᠲᠠᠭᠠᠬᠤ ᠪᠠᠶᠢᠭᠤᠯᠭ᠎ᠠ ᠳᠤ ᠳᠡᠪᠰᠢᠭᠦᠯᠵᠦ ᠬᠢᠨᠠᠨ ᠶᠠᠷᠢᠯᠴᠠᠭᠤᠯᠬᠤ ᠦᠶ᠎ᠡ ᠳᠤ ᠤᠴᠢᠷ ᠰᠢᠯᠲᠠᠭᠠᠨ | ᠪᠠ ᠦᠨᠳᠦᠰᠦ ᠪᠠᠷᠢᠮᠲᠠ ᠪᠠᠨ ᠨᠠᠷᠢᠨ ᠲᠣᠳᠣᠷᠬᠠᠶᠢᠯᠠᠵᠤ᠂ ᠲᠣᠭᠲᠠᠭᠠᠬᠤ ᠪᠠᠶᠢᠭᠤᠯᠭ᠎ᠠ ᠠᠴᠠ ᠲᠣᠭᠲᠠᠭᠠᠬᠤ | ᠬᠡᠷᠡᠭᠲᠡᠶ᠃ | ᠲᠣᠭᠲᠠᠭᠠᠬᠤ ᠪᠠᠶᠢᠭᠤᠯᠭ᠎ᠠ ᠨᠢ ᠬᠦᠯᠢᠶᠡᠨ ᠠᠪᠤᠭᠰᠠᠨ ᠦᠭᠡᠢ ᠪᠤᠶᠤ ᠪᠦᠷᠢᠮᠦᠰᠦᠨ ᠬᠦᠯᠢᠶᠡᠨ ᠠᠪᠤᠭᠰᠠᠨ | ᠦᠭᠡᠢ ᠪᠠᠶᠢᠪᠠᠯ᠂ ᠲᠣᠭᠤᠷᠪᠢᠬᠤ ᠰᠠᠯᠠᠭ᠎ᠠ ᠮᠥᠴᠢᠷ ᠨᠢ ᠪᠠᠶᠢᠳᠠᠯ ᠤᠨ ᠲᠣᠳᠣᠷᠬᠠᠶᠢᠯᠠᠯ ᠭᠠᠷᠭᠠᠬᠤ ᠶᠢᠨ ᠬᠠᠮᠲᠤ | ᠲᠠᠮᠠᠭ᠎ᠠ ᠳᠠᠷᠤᠭᠰᠠᠨ ᠤ ᠳᠠᠷᠠᠭ᠎ᠠ ᠬᠢᠨᠠᠨ ᠪᠠᠶᠢᠴᠠᠭᠠᠬᠤ ᠪᠠᠶᠢᠭᠤᠯᠤᠮᠵᠢ ᠳᠤ ᠬᠠᠷᠢᠭᠤ ᠲᠤᠰᠬᠠᠬᠤ ᠬᠡᠷᠡᠭᠲᠡᠶ᠃ | ᠬᠤᠷᠢᠳᠤᠭᠠᠷ ᠵᠦᠢᠯ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠨᠡᠶᠢᠲᠡᠯᠡᠭᠰᠡᠨ ᠤ ᠳᠠᠷᠠᠭ᠎ᠠ ᠂ | ᠲᠤᠭᠤᠷᠪᠢᠨ ᠪᠢᠴᠢᠬᠦ ᠨᠢᠭᠡᠴᠡ ᠶᠠᠷᠢᠶ᠎ᠠ ᠬᠡᠯᠡᠯᠴᠡᠭᠡᠨ ᠤ ᠪᠠᠶᠢᠳᠠᠯ ᠢ ᠴᠤᠭᠯᠠᠭᠤᠯᠬᠤ ᠪᠠᠨ ᠴᠢᠩᠭᠠᠳᠬᠠᠵᠤ᠂ ᠴᠠᠭ | ᠲᠤᠬᠠᠶ ᠳᠤᠨᠢ ᠰᠤᠳᠤᠯᠤᠨ ᠮᠠᠭᠠᠳᠯᠠᠵᠤ ᠰᠢᠢᠳᠪᠦᠷᠢᠯᠡᠨ᠂ ᠠᠩᠬᠠᠷᠴᠤ ᠪᠠᠶᠢᠭ᠎ᠠ ᠠᠰᠠᠭᠤᠳᠠᠯ ᠳᠤ | ᠰᠠᠨᠠᠭᠠᠴᠢᠯᠠᠭ᠎ᠠ ᠠᠴᠠ ᠪᠠᠨ ᠬᠠᠷᠢᠭᠤᠯᠲᠠ ᠥᠭᠴᠦ᠂ ᠰᠣᠨᠢᠨ ᠮᠡᠳᠡᠭᠡ ᠨᠡᠶᠢᠲᠡᠯᠡᠬᠦ ᠬᠤᠷᠠᠯ᠂ ᠵᠠᠭᠤᠴᠢᠯᠠᠭᠤᠷ ᠤᠨ | ᠰᠤᠷᠪᠤᠯᠵᠢᠯᠠᠭ᠎ᠠ᠂ ᠲᠤᠰᠬᠠᠶ ᠮᠡᠷᠭᠡᠵᠢᠯᠲᠡᠨ ᠤ ᠲᠠᠶᠢᠯᠤᠮᠵᠢ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠠᠶᠢᠯᠪᠤᠷᠢᠯᠠᠨ | ᠲᠣᠳᠣᠷᠬᠠᠶᠢᠯᠠᠵᠤ᠂ ᠵᠠᠰᠠᠭ ᠤᠨ ᠣᠷᠳᠣᠨ ᠤ ᠰᠦᠯᠵᠢᠶ᠎ᠡ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ᠂ | ᠨᠡᠶᠢᠭᠡᠮ ᠤᠨ ᠬᠠᠷᠢᠯᠴᠠᠭᠠᠨ ᠤ ᠵᠠᠭᠤᠴᠢᠯᠠᠭᠤᠷ ᠵᠡᠷᠭᠡ ᠶᠢ ᠠᠰᠢᠭᠯᠠᠨ ᠣᠯᠠᠨ ᠨᠡᠶᠢᠲᠡ ᠯᠦᠭᠡ ᠶᠢᠨ ᠰᠣᠯᠢᠯᠴᠠᠭ᠎ᠠ ᠪᠠ | ᠦᠢᠯᠡᠳᠦᠯᠴᠡᠯ ᠢᠶᠠᠨ ᠴᠢᠩᠭᠠᠳᠬᠠᠬᠤ ᠬᠡᠷᠡᠭᠲᠡᠶ᠃ | ᠬᠤᠷᠢᠨ ᠨᠢᠭᠡᠳᠦᠭᠡᠷ ᠵᠦᠢᠯ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠲᠤᠭᠤᠷᠪᠢᠨ | ᠪᠢᠴᠢᠬᠦ ᠰᠠᠯᠠᠭ᠎ᠠ ᠮᠥᠴᠢᠷ ᠤᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ | ᠬᠠᠷᠭᠤᠭᠤᠯᠬᠤ ᠲᠣᠭᠲᠠᠴᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢᠨ ᠰᠢᠯᠭᠠᠨ ᠦᠨᠡᠯᠡᠬᠦ ᠭᠦᠢᠴᠡᠳᠬᠡᠯ ᠲᠤᠭ᠎ᠠ ᠶᠢᠨ ᠰᠢᠰᠲ᠋ᠧᠮᠵᠢ ᠳᠤ ᠣᠷᠣᠭᠤᠯᠬᠤ ᠬᠡᠷᠡᠭᠲᠡᠶ᠃ | ᠬᠤᠷᠢᠨ ᠬᠤᠶᠠᠳᠤᠭᠠᠷ ᠵᠦᠢᠯ ᠲᠤᠰ ᠳᠦᠷᠢᠮ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ |