ᠬᠠᠤᠯᠢ ᠶᠣᠰᠣᠴᠢ ᠴᠢᠨᠠᠷ ᠢ ᠬᠢᠨᠠᠨ ᠪᠠᠢᠴᠠᠭᠠᠬᠤ ᠠᠵᠢᠯ ᠤᠨ ᠳᠦᠷᠢᠮ ︵ᠲᠤᠷᠰᠢᠨ ᠬᠡᠷᠡᠭᠵᠢᠭᠦᠯᠬᠦ︶ | ᠨᠢᠭᠡᠳᠦᠭᠡᠷ ᠵᠦᠢᠯ ᠬᠠᠤᠯᠢ ᠶᠣᠰᠣᠭᠠᠷ ᠰᠢᠶ᠋ᠳᠪᠦᠷᠢᠲᠦ ᠪᠣᠳᠣᠯᠭ᠎ᠠ ᠲᠣᠭᠲᠠᠭᠠᠬᠤ ᠶᠢ ᠵᠢᠷᠤᠮᠵᠢᠭᠤᠯᠤᠨ᠂ | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠲᠦᠯᠬᠢᠨ ᠠᠬᠢᠭᠤᠯᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢ ᠲᠦᠷᠭᠡᠳᠬᠡᠬᠦ ᠶᠢᠨ ᠲᠤᠰᠠᠳᠠ᠂ ︽ᠲᠥᠷᠥ ᠶᠢᠨ ᠶᠠᠪᠤᠳᠠᠯ ᠤᠨ ᠬᠤᠷᠢᠶᠠᠨ ᠤ ᠴᠢᠬᠤᠯᠠ ᠶᠡᠭᠡ | ᠵᠠᠰᠠᠭ ᠵᠠᠬᠢᠷᠭᠠᠨ ᠤ ᠰᠢᠶ᠋ᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠤᠨ ᠲᠦᠷ ᠬᠡᠷᠡᠭᠵᠢᠭᠦᠯᠬᠦ ᠳᠦᠷᠢᠮ︾ | ᠢ ᠦᠨᠳᠦᠰᠦᠯᠡᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ | ᠰᠢᠶ᠋ᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠤᠨ ᠲᠣᠭᠲᠠᠭᠠᠯ︾ ︵ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 248 ᠳ᠋ᠤᠭᠠᠷ ᠲᠣᠭᠠᠲᠤ︶ ᠢ ᠦᠨᠳᠦᠰᠦᠯᠡᠨ᠂ | ᠮᠠᠨ ᠤ ᠲᠣᠭᠤᠷᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠲᠤᠰ ᠠᠵᠢᠯ ᠤᠨ ᠳᠦᠷᠢᠮᠯᠡᠯ ᠢ ᠲᠣᠭᠲᠠᠭᠠᠪᠠ᠃ | ᠬᠤᠶᠠᠳᠤᠭᠠᠷ ᠵᠦᠢᠯ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ | ᠭᠡᠳᠡᠭ ᠨᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠭᠠᠷᠭᠠᠭᠰᠠᠨ ᠲᠣᠰ ᠲᠣᠭᠤᠷᠢᠭ ᠤᠨ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠳᠤ ᠬᠤᠯᠪᠣᠭᠳᠠᠭᠰᠠᠨ᠂ ᠬᠤᠯᠪᠣᠭᠳᠠᠬᠤ ᠬᠡᠪᠴᠢᠶ᠎ᠡ ᠨᠢ ᠥᠷᠭᠡᠨ᠂ | ᠴᠢᠬᠤᠯᠠ ᠶᠡᠭᠡ ᠤᠯᠠᠨ ᠨᠡᠶᠢᠲᠡ ᠶᠢᠨ ᠠᠰᠢᠭ ᠲᠤᠰᠠ ᠲᠠᠢ ᠬᠤᠯᠪᠣᠭᠳᠠᠬᠤ ᠳᠣᠣᠷᠠᠬᠢ ᠵᠠᠰᠠᠭ ᠵᠠᠬᠢᠷᠭᠠᠨ ᠤ | ᠰᠢᠢᠳᠪᠦᠷᠢᠲᠦ ᠪᠤᠳᠤᠯᠭ᠎ᠠ ᠲᠣᠭᠲᠠᠭᠠᠬᠤ ᠵᠦᠢᠯᠡᠰ ᠢ ᠵᠢᠭᠠᠵᠤ ᠪᠠᠶᠢᠨ᠎ᠠ᠄ | ︵ᠨᠢᠭᠡ︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ | ᠰᠢᠢᠳᠪᠦᠷᠢᠲᠦ ᠪᠣᠳᠣᠯᠭ᠎ᠠ ᠲᠣᠭᠲᠠᠭᠠᠬᠤ ᠳᠡᠰ ᠳᠠᠷᠠᠭᠠᠯᠠᠯ ᠤᠨ ᠲᠣᠭᠲᠠᠭᠠᠯ︾ ᠤᠨ ᠭᠤᠷᠪᠠᠳᠤᠭᠠᠷ ᠵᠦᠢᠯ ᠳᠤ | ᠲᠣᠭᠲᠠᠭᠠᠭᠰᠠᠨ ᠵᠦᠢᠯᠡᠰ ᠲᠤ ᠨᠡᠶᠢᠴᠡᠨ᠎ᠡ᠃ | ︵ᠬᠤᠶᠠᠷ︶ ᠲᠤᠭᠤᠷᠢᠭ ᠤᠨ ᠵᠠᠰᠠᠭ ᠤᠨ ᠣᠷᠳᠣᠨ ᠤ ᠨᠡᠷ᠎ᠡ ᠪᠠᠷ ᠭᠠᠷ ᠤᠨ ᠦᠰᠦᠭ ᠵᠢᠷᠤᠭᠰᠠᠨ ᠪᠠᠶᠢᠯᠳᠤᠬᠤ | ᠪᠤᠳᠤᠯᠭ᠎ᠠ ᠶᠢᠨ ᠬᠠᠮᠲᠤᠷᠠᠯᠴᠠᠭ᠎ᠠ᠂ ᠭᠠᠳᠠᠭᠠᠳᠤ ᠶᠠᠪᠤᠳᠠᠯ᠂ ᠢᠷᠭᠡᠨ ᠤ ᠪᠠ ᠬᠤᠳᠠᠯᠳᠤᠭᠠᠨ ᠤ ᠶᠠᠪᠤᠳᠠᠯ ᠵᠡᠷᠭᠡ | ᠠᠭᠤᠯᠭ᠎ᠠ ᠳᠤ ᠬᠤᠯᠪᠣᠭᠳᠠᠭᠰᠠᠨ ᠭᠡᠷ᠎ᠡ᠂ ᠵᠥᠪᠯᠡᠯᠴᠡᠭᠡᠷ᠃ | ︵ᠭᠤᠷᠪᠠ︶ ᠪᠤᠰᠤᠳ ᠣᠷᠣᠨ ᠤ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ | ᠴᠢᠬᠤᠯᠠᠲᠠᠢ ᠴᠢᠬᠤᠯᠠ ᠶᠡᠭᠡ ᠵᠦᠢᠯᠡᠰ᠃ | ᠭᠤᠷᠪᠠᠳᠤᠭᠠᠷ ᠵᠦᠢᠯ ᠲᠤᠰ ᠲᠦᠷᠢᠮ ᠳᠤ ᠬᠡᠯᠡᠵᠦ ᠪᠠᠶᠢᠭ᠎ᠠ ᠴᠢᠬᠤᠯᠠ ᠶᠡᠭᠡ ᠵᠠᠰᠠᠭ ᠵᠠᠬᠢᠷᠭᠠᠨ ᠤ ᠵᠦᠢᠯᠡᠰ ᠢ | ᠪᠠᠭᠲᠠᠭᠠᠬᠤ ᠦᠭᠡᠢ᠄ | ︵ᠨᠢᠭᠡ︶ ᠭᠡᠨ᠋ᠡᠳᠲᠡ ᠶᠢᠨ ᠬᠡᠷᠡᠭ ᠢ ᠠᠷᠬᠠᠴᠠᠬᠤ᠃ ᠭᠡᠨᠡᠳᠲᠡ ᠶᠢᠨ ᠬᠡᠷᠡᠭ ᠢ ᠠᠷᠭᠠᠴᠠᠭᠠᠬᠤ ᠰᠢᠢᠳᠪᠦᠷᠢᠲᠦ | ᠪᠤᠳᠤᠯᠭ᠎ᠠ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠭᠠᠬᠤ | ᠬᠠᠤᠯᠢ︾ ᠵᠡᠷᠭᠡ ᠬᠤᠯᠪᠣᠭᠳᠠᠯ ᠪᠥᠬᠦᠶ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ ᠤᠨ | ᠲᠣᠭᠲᠠᠭᠠᠯ ᠢ ᠬᠡᠷᠡᠭᠯᠡᠨ᠎ᠡ᠃ | ︵ᠬᠤᠶᠠᠷ︶ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠳᠠᠢ ᠪᠢᠴᠢᠭ ᠮᠠᠲ᠋ᠧᠷᠢᠶᠠᠯ ᠢ ᠲᠤᠭᠲᠠᠭᠠᠬᠤ ᠬᠡᠷᠡᠭᠲᠡᠢ᠃ | ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠣᠭᠲᠠᠭᠠᠬᠤ ᠳᠤ ︽ᠵᠠᠰᠠᠭ ᠵᠠᠬᠢᠷᠭᠠᠨ ᠤ | ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠬᠠᠷᠭᠤᠭᠤᠯᠬᠤ ᠠᠵᠢᠯ ᠤᠨ ᠲᠣᠭᠲᠠᠭᠠᠯ ᠢ ᠳᠠᠷᠤᠮᠠᠯᠯᠠᠨ | ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2019﹈ 47 ᠳ᠋ᠤᠭᠠᠷ ᠲᠣᠭᠠᠲᠤ︶ | ︽ᠵᠠ︾ ᠭᠡᠳ | ︵ᠭᠤᠷᠪᠠ︶ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠪᠤᠶᠤ | ᠵᠠᠰᠠᠭ ᠤᠨ ᠣᠷᠳᠣᠨ ᠤ ᠰᠠᠯᠠᠭ᠎ᠠ ᠮᠥᠴᠢᠷ ᠠᠴᠠ ᠡᠷᠬᠡ ᠲᠤᠰᠢᠶᠠᠯ ᠤᠨ ᠶᠣᠰᠣᠭᠠᠷ ᠰᠢᠶ᠋ᠳᠪᠦᠷᠢᠲᠦ ᠪᠣᠳᠣᠯᠭ᠎ᠠ | ᠲᠣᠭᠲᠠᠭᠠᠬᠤ ᠡᠩ ᠤᠨ ᠰᠢᠶ᠋ᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ | ︵ᠲᠦᠷᠪᠡ︶ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠵᠡᠷᠭᠡ ᠳᠤ ᠠᠰᠲᠠᠭᠠᠨ | ᠲᠣᠭᠲᠠᠭᠠᠯ ᠲᠠᠢ ᠪᠠᠶᠢᠪᠠᠯ᠂ ᠲᠡᠷᠡ ᠲᠣᠭᠲᠠᠭᠠᠯ ᠢ ᠵᠢᠷᠤᠮᠯᠠᠨ᠎ᠠ᠃ | ᠳᠥᠷᠪᠡᠳᠦᠭᠡᠷ ᠵᠦᠢᠯ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠭᠠᠷᠭᠠᠭᠰᠠᠨ ᠴᠢᠬᠤᠯᠠ ᠶᠡᠭᠡ | ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠠᠴᠠ ᠬᠠᠤᠯᠢ | ᠶᠣᠰᠣᠴᠢ ᠴᠢᠨᠠᠷ ᠢ ᠬᠢᠨᠠᠨ ᠬᠠᠷᠭᠤᠭᠤᠯᠤᠨ᠎ᠠ᠃ | ᠲᠠᠪᠤᠳᠤᠭᠠᠷ ᠵᠦᠢᠯ ᠬᠦᠷᠭᠡᠨ ᠬᠢᠨᠠᠭᠤᠯᠬᠤ ᠶᠠᠪᠤᠴᠠ᠄ | ︵ᠨᠢᠭᠡ︶ ᠬᠦᠷᠭᠡᠵᠦ ᠬᠢᠨᠠᠭᠤᠯᠬᠤ ᠮᠠᠲ᠋ᠧᠷᠢᠶᠠᠯ᠃ ᠰᠢᠢᠳᠪᠦᠷᠢᠲᠦ ᠪᠣᠳᠣᠯᠭ᠎ᠠ ᠶᠢ ᠳᠠᠭᠠᠭᠠᠨ ᠠᠪᠴᠤ | ᠭᠦᠢᠴᠡᠳᠬᠡᠬᠦ ᠨᠢᠭᠡᠴᠡ ᠨᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠴᠢᠬᠤᠯᠠ ᠶᠡᠭᠡ ᠵᠠᠰᠠᠭ | ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠥᠰᠦᠯ ᠢ ᠲᠤᠭᠤᠷᠪᠢᠨ ᠪᠢᠴᠢᠬᠦ ᠳᠤ᠂ ᠲᠣᠭᠲᠠᠭᠠᠯ ᠶᠣᠰᠣᠭᠠᠷ | ᠰᠢᠶ᠋ᠳᠪᠦᠷᠢᠲᠦ ᠪᠣᠳᠣᠯᠭ᠎ᠠ ᠶᠢ ᠡᠬᠢᠯᠡᠭᠦᠯᠬᠦ᠂ ᠣᠯᠠᠨ ᠨᠡᠶᠢᠲᠡ ᠪᠠᠷ ᠢᠶᠠᠨ ᠣᠷᠣᠯᠴᠠᠬᠤ᠂ ᠲᠤᠰᠬᠠᠶ ᠮᠡᠷᠭᠡᠵᠢᠯᠲᠡᠨ ᠢᠶᠠᠷ | ᠨᠤᠲᠠᠯᠠᠭᠤᠯᠬᠤ᠂ ᠲᠦᠭᠰᠢᠭᠦᠷᠢ ᠶᠢ ᠦᠨᠡᠯᠡᠨ ᠵᠢᠱᠢᠬᠦ ᠵᠡᠷᠭᠡ ᠲᠠᠰ ᠳᠠᠷᠠᠭᠠᠯᠠᠯ ᠢ ᠲᠡᠭᠦᠯᠳᠡᠷᠵᠢᠭᠦᠯᠦᠭᠰᠡᠨ ᠤ ᠳᠠᠷᠠᠭ᠎ᠠ᠂ | ᠳᠣᠤᠷᠠᠬᠢ ᠮᠠᠲ᠋ᠧᠷᠢᠶᠠᠯ ᠢ ᠬᠠᠩᠭᠠᠬᠤ ᠶᠢᠨ ᠬᠠᠮᠲᠤ ᠮᠠᠲ᠋ᠧᠷᠢᠶᠠᠯ ᠤᠨ ᠦᠨᠡᠨ ᠪᠣᠳᠠᠲᠤ ᠴᠢᠨᠠᠷ᠂ ᠪᠦᠷᠢᠨ ᠪᠦᠲᠦᠨ | ᠴᠢᠨᠠᠷ᠂ ᠵᠢᠷᠤᠮᠵᠢᠯ ᠤᠨ ᠴᠢᠨᠠᠷ ᠪᠠ ᠪᠦᠲᠦᠮᠵᠢᠲᠦ ᠴᠢᠨᠠᠷ ᠢ ᠪᠠᠲᠤᠯᠠᠬᠤ ᠬᠡᠷᠡᠭᠲᠡᠶ᠄ | 1. ᠠᠯᠪᠠᠨ ᠵᠠᠬᠢᠳᠠᠯ ᠬᠦᠷᠭᠡᠵᠦ ᠬᠢᠨᠠᠭᠤᠯᠤᠨ᠎ᠠ | 2. ᠰᠢᠶ᠋ᠳᠪᠦᠷᠢᠲᠦ ᠪᠣᠳᠣᠯᠭ᠎ᠠ ᠶᠢᠨ ᠲᠥᠰᠦᠯ ᠵᠢᠴᠢ ᠲᠣᠳᠣᠷᠬᠠᠶᠢᠯᠠᠯᠲᠠ︔ | 3. ᠬᠠᠮᠢᠶ᠎ᠠ ᠪᠥᠬᠦᠶ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠲᠣᠭᠲᠠᠭᠠᠯ᠂ ᠵᠢᠷᠤᠮᠵᠢᠯ ᠤᠨ | ᠴᠢᠨᠠᠷᠲᠠᠶ ᠪᠢᠴᠢᠭ ᠮᠠᠲ᠋ᠧᠷᠢᠶᠠᠯ ᠤᠨ ᠦᠨᠳᠦᠰᠦᠯᠡᠯ︔ | 4. ᠰᠢᠶ᠋ᠳᠪᠦᠷᠢᠲᠦ ᠪᠣᠳᠣᠯᠭ᠎ᠠ ᠲᠣᠭᠲᠠᠭᠠᠬᠤ ᠬᠠᠤᠯᠢ ᠳᠤ ᠲᠣᠭᠲᠠᠭᠠᠭᠰᠠᠨ ᠳᠡᠰ ᠳᠠᠷᠠᠭᠠᠯᠠᠯ ᠢ ᠭᠦᠢᠴᠡᠳᠬᠡᠬᠦ | ᠲᠣᠳᠣᠷᠬᠠᠶᠢᠯᠠᠯᠲᠠ︔ | 5. ᠰᠢᠶ᠋ᠳᠪᠦᠷᠢᠲᠦ ᠪᠣᠳᠣᠯᠭ᠎ᠠ ᠶᠢ ᠳᠠᠭᠠᠭᠠᠨ ᠠᠪᠴᠤ ᠭᠦᠢᠴᠡᠳᠬᠡᠬᠦ ᠨᠢᠭᠡᠴᠡ ᠶᠢᠨ ᠬᠠᠤᠯᠢ ᠳᠦᠷᠢᠮ ᠤᠨ | ᠪᠠᠶᠢᠭᠤᠯᠤᠮᠵᠢ ᠶᠢᠨ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢᠨ ᠰᠠᠨᠠᠯ | 6. ᠰᠢᠢᠳᠪᠦᠷᠢᠲᠦ ᠪᠤᠳᠤᠯᠭ᠎ᠠ ᠶᠢᠨ ᠲᠥᠰᠦᠯ ᠨᠢ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠵᠤ | ᠠᠬᠤᠢ ᠶᠢᠨ ᠠᠵᠢᠯᠯᠠᠭ᠎ᠠ ᠳᠤ ᠬᠤᠯᠪᠣᠭᠳᠠᠪᠠᠯ᠂ ᠡᠷᠬᠡ ᠲᠡᠭᠰᠢ ᠥᠷᠢᠰᠥᠯᠳᠦᠭᠡᠨ ᠤ ᠬᠢᠨᠠᠨ ᠪᠠᠶᠢᠴᠠᠭᠠᠯᠲᠠ ᠶᠢᠨ | ᠬᠤᠯᠪᠣᠭᠳᠠᠯ ᠪᠦᠬᠦᠢ ᠪᠠᠶᠢᠳᠠᠯ ᠢ ᠪᠠᠭᠲᠠᠭᠠᠬᠤ ᠬᠡᠷᠡᠭᠲᠡᠢ︔ | 7. ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠳᠤ ᠬᠡᠷᠡᠭᠰᠡᠬᠦ ᠪᠤᠰᠤᠳ ᠮᠠᠲ᠋ᠧᠷᠢᠶᠠᠯ᠃ | ᠪᠤᠶ ᠪᠦᠬᠦᠢ ᠮᠠᠲ᠋ᠧᠷᠢᠶᠠᠯ ᠢᠶᠠᠨ ᠲᠤᠰᠢᠶᠠᠭᠰᠠᠨ ᠦᠭᠡᠶ ᠪᠤᠶᠤ ᠪᠦᠷᠢᠮᠦᠰᠦᠨ ᠲᠤᠰᠢᠶᠠᠭᠰᠠᠨ ᠦᠭᠡᠶ ᠪᠣᠯ ᠬᠢᠨᠠᠨ | ᠪᠠᠶᠢᠴᠠᠭᠠᠬᠤ ᠦᠭᠡᠶ᠂ ᠬᠢᠨᠠᠨ ᠪᠠᠶᠢᠴᠠᠭᠠᠭᠰᠠᠨ ᠰᠠᠨᠠᠯ ᠬᠢᠵᠦ ᠥᠭᠬᠦ ᠦᠭᠡᠶ ᠪᠣᠯ ᠴᠥᠮ ᠰᠢᠶ᠋ᠳᠪᠦᠷᠢᠲᠦ ᠪᠣᠳᠣᠯᠭ᠎ᠠ ᠶᠢ | ᠳᠠᠭᠠᠭᠠᠨ ᠠᠪᠴᠤ ᠭᠦᠢᠴᠡᠳᠬᠡᠬᠦ ᠨᠢᠭᠡᠴᠡ ᠳᠤ ᠪᠤᠴᠠᠭᠠᠬᠤ ᠬᠡᠷᠡᠭᠲᠡᠶ᠃ | ︵ᠬᠤᠶᠠᠷ︶ ᠬᠦᠷᠭᠡᠵᠦ ᠬᠢᠨᠠᠭᠤᠯᠬᠤ ᠵᠢᠷᠤᠮ | 1. ᠰᠢᠢᠳᠪᠦᠷᠢᠲᠦ ᠪᠣᠳᠣᠯᠭ᠎ᠠ ᠶᠢ ᠳᠠᠭᠠᠭᠠᠨ ᠠᠪᠴᠤ ᠭᠦᠢᠴᠡᠳᠭᠡᠬᠦ ᠨᠢᠭᠡᠴᠡ ᠨᠢ ᠳᠡᠭᠡᠷ᠎ᠡ ᠳᠤᠷᠠᠳᠤᠭᠰᠠᠨ | ᠮᠠᠲ᠋ᠧᠷᠢᠶᠠᠯ ᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠰᠢᠰᠲ᠋ᠧᠮᠵᠢᠭᠦᠯᠦᠨ | ᠬᠠᠷᠢᠯᠴᠠᠬᠤ ᠭᠠᠵᠠᠷ ᠤᠨ ᠠᠩᠬᠠᠨ ᠤ ᠬᠢᠨᠠᠯᠲᠠ ᠬᠢᠵᠦ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ | ᠠᠯᠪᠠᠨ ᠭᠡᠷ ᠪᠢᠴᠢᠭ ᠮᠠᠲ᠋ᠧᠷᠢᠶᠠᠯ ᠢᠶᠠᠨ ᠮᠡᠳᠡᠭᠦᠯᠦᠨ ᠬᠦᠷᠭᠡᠵᠦ ᠠᠩᠬ᠎ᠠ ᠠᠯᠬᠤᠮ ᠰᠤᠳᠤᠯᠤᠨ ᠮᠠᠭᠠᠳᠯᠠᠵᠤ᠂ | ᠮᠠᠲ᠋ᠧᠷᠢᠶᠠᠯ ᠨᠢ ᠪᠦᠷᠢᠨ ᠲᠡᠭᠦᠯᠳᠡᠷ ᠮᠥᠷᠲᠡᠭᠡᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ | ᠬᠢᠨᠠᠨ ᠪᠠᠶᠢᠴᠠᠭᠠᠬᠤ ᠬᠡᠪᠴᠢᠶᠡᠨ ᠳᠤ ᠬᠠᠷᠢᠶᠠᠯᠠᠭᠳᠠᠵᠤ᠂ ᠠᠩᠬᠠᠨ ᠤ ᠬᠢᠨᠠᠯᠲᠠ ᠶᠢ ᠥᠩᠭᠡᠷᠡᠭᠦᠯᠦᠭᠰᠡᠨ ᠤ ᠳᠠᠷᠠᠭ᠎ᠠ᠂ | ᠰᠢᠢᠳᠪᠦᠷᠢᠲᠦ ᠪᠣᠳᠣᠯᠭ᠎ᠠ ᠶᠢ ᠳᠠᠭᠠᠭᠠᠨ ᠠᠪᠴᠤ ᠭᠦᠢᠴᠡᠳᠭᠡᠯᠭᠡᠬᠦ ᠪᠠᠷ ᠲᠣᠭᠤᠷᠢᠭ ᠤᠨ ᠬᠠᠤᠯᠢ ᠴᠠᠭᠠᠵᠠ ᠶᠢᠨ | ᠲᠣᠪᠴᠢᠶ᠎ᠠ ᠳᠤ ᠳᠡᠪᠰᠢᠭᠦᠯᠵᠦ ᠬᠠᠤᠯᠢ ᠶᠣᠰᠣᠨ ᠤ ᠴᠢᠨᠠᠷ ᠤᠨ ᠬᠢᠨᠠᠨ ᠪᠠᠶᠢᠴᠠᠭᠠᠯᠲᠠ ᠬᠢᠯᠭᠡᠨ᠎ᠡ᠃ | 2. ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠬᠢᠨᠠᠭᠤᠯᠬᠤ ᠪᠠᠷ ᠬᠦᠷᠭᠡᠭᠰᠡᠨ ᠪᠢᠴᠢᠭ ᠮᠠᠲ᠋ᠧᠷᠢᠶᠠᠯ ᠨᠢ | ᠴᠢᠬᠤᠯᠠ ᠶᠡᠭᠡ ᠵᠠᠰᠠᠭ ᠵᠠᠬᠢᠷᠭᠠᠨ ᠤ ᠰᠢᠶ᠋ᠳᠪᠦᠷᠢᠲᠦ ᠪᠣᠳᠣᠯᠭ᠎ᠠ ᠵᠢᠴᠢ ᠬᠦᠷᠭᠡᠨ ᠬᠢᠨᠠᠭᠤᠯᠬᠤ ᠮᠠᠲ᠋ᠧᠷᠢᠶᠠᠯ ᠨᠢ ᠪᠦᠷᠢᠨ | ᠭᠦᠢᠴᠡᠳ ᠪᠠᠶᠢᠬᠤ ᠡᠰᠡᠬᠦ᠂ ᠵᠢᠷᠤᠮᠵᠢᠭᠤᠯᠤᠭᠰᠠᠨ ᠡᠰᠡᠬᠦ ᠵᠡᠷᠭᠡ ᠶᠢ ᠤᠯᠠᠮ ᠨᠢᠭᠡ ᠠᠯᠬᠤᠮ ᠰᠤᠳᠤᠯᠤᠨ ᠮᠠᠭᠠᠳᠯᠠᠵᠤ | ᠬᠢᠨᠠᠨ ᠬᠠᠷᠭᠤᠭᠤᠯᠵᠤ᠂ ᠬᠢᠨᠠᠭᠤᠯᠬᠤ ᠪᠠᠷ ᠬᠦᠷᠭᠡᠭᠰᠡᠨ ᠪᠢᠴᠢᠭ ᠮᠠᠲ᠋ᠧᠷᠢᠶᠠᠯ ᠨᠢ ᠬᠠᠤᠯᠢ ᠶᠣᠰᠣᠴᠢ ᠴᠢᠨᠠᠷ ᠤᠨ ᠬᠢᠨᠠᠨ | ᠬᠠᠷᠭᠤᠭᠤᠯᠬᠤ ᠬᠡᠪᠴᠢᠶᠡᠨ ᠳᠤ ᠬᠠᠷᠢᠶᠠᠯᠠᠭᠳᠠᠬᠤ ᠦᠭᠡᠢ ᠪᠠᠶᠢᠪᠠᠯ᠂ ᠪᠤᠴᠠᠭᠠᠬᠤ ᠬᠡᠷᠡᠭᠲᠡᠶ︔ ᠮᠡᠳᠡᠭᠦᠯᠦᠨ | ᠬᠦᠷᠭᠡᠭᠰᠡᠨ ᠮᠠᠲ᠋ᠧᠷᠢᠶᠠᠯ ᠨᠢ ᠱᠠᠭᠠᠷᠳᠠᠯᠭ᠎ᠠ ᠳᠤ ᠨᠡᠶᠢᠴᠡᠬᠦ ᠦᠭᠡᠢ ᠪᠠᠶᠢᠪᠠᠯ᠂ ᠳᠠᠭᠠᠭᠠᠨ ᠠᠪᠴᠤ ᠭᠦᠢᠴᠡᠳᠬᠡᠬᠦ | ᠨᠢᠭᠡᠴᠢ ᠳᠤ ᠮᠠᠲ᠋ᠧᠷᠢᠶᠠᠯ ᠨᠥᠬᠦᠪᠥᠷᠢᠯᠡᠨ᠎ᠡ᠃ | ︵ᠭᠤᠷᠪᠠ︶ ᠬᠢᠨᠠᠨ ᠲᠣᠭᠲᠠᠭᠠᠬᠤ ᠠᠭᠤᠯᠭ᠎ᠠ ᠵᠢᠴᠢ ᠴᠠᠭ ᠤᠨ ᠬᠢᠵᠠᠭᠠᠷ᠃ ᠲᠤᠭᠤᠷᠢᠭ ᠤᠨ ᠬᠠᠤᠯᠢ | ᠴᠠᠭᠠᠵᠠ ᠶᠢᠨ ᠲᠣᠪᠴᠢᠶ᠎ᠠ ᠬᠠᠮᠢᠶ᠎ᠠ ᠪᠥᠬᠦᠶ ᠲᠣᠭᠲᠠᠭᠠᠯ ᠤᠨ ᠬᠢᠨᠠᠨ ᠬᠠᠷᠭᠤᠭᠤᠯᠤᠭᠰᠠᠨ ᠠᠭᠤᠯᠭ᠎ᠠ ᠶᠢ ᠬᠢᠨᠠᠮᠠᠭᠠᠶ | ᠵᠢᠷᠤᠮᠯᠠᠨ ᠬᠢᠨᠠᠨ ᠬᠠᠷᠭᠤᠭᠤᠯᠵᠤ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠯᠭᠠᠬᠤ ᠪᠠᠷ ᠬᠦᠷᠭᠡᠬᠦ ᠦᠶ᠎ᠡ ᠳᠤ᠂ | 7 ᠠᠵᠢᠯᠯᠠᠬᠤ ᠡᠳᠦᠷ ᠤᠨ ᠬᠢᠨᠠᠨ ᠪᠠᠶᠢᠴᠠᠭᠠᠬᠤ ᠴᠠᠭ ᠤᠨ ᠬᠢᠵᠠᠭᠠᠷ ᠠᠴᠠ ᠳᠤᠲᠠᠭᠤ ᠥᠬᠡᠶ ᠪᠠᠶᠢᠬᠤ ᠶᠢ ᠪᠠᠲᠤᠯᠠᠵᠤ᠂ | ᠴᠢᠬᠤᠯᠠ ᠶᠡᠭᠡ ᠬᠦᠴᠢᠷ ᠲᠦᠪᠡᠭᠲᠡᠶ᠂ ᠬᠠᠤᠯᠢ ᠴᠠᠭᠠᠵᠠ ᠶᠢᠨ ᠬᠠᠷᠢᠴᠠᠭ᠎ᠠ ᠶᠢᠨ ᠪᠤᠳᠤᠯᠢᠶᠠᠨᠲᠠᠶ ᠵᠦᠢᠯᠡᠰ ᠲᠤ | ᠬᠤᠯᠪᠣᠭᠳᠠᠪᠠᠯ᠂ ᠬᠢᠨᠠᠨ ᠪᠠᠶᠢᠴᠠᠭᠠᠬᠤ ᠴᠠᠭ ᠤᠨ ᠬᠢᠵᠠᠭᠠᠷ ᠢ ᠤᠷᠲᠤᠳᠬᠠᠵᠤ ᠪᠣᠯᠤᠨ᠎ᠠ᠃ | ︵ᠲᠦᠷᠪᠡ︶ ᠰᠠᠨᠠᠯ ᠢ ᠬᠢᠨᠠᠨ ᠬᠠᠷᠭᠤᠭᠤᠯᠬᠤ᠃ ᠣᠷᠣᠨ ᠤ ᠬᠠᠤᠯᠢ ᠴᠠᠭᠠᠵᠠ ᠶᠢᠨ ᠲᠣᠪᠴᠢᠶ᠎ᠠ ᠬᠠᠤᠯᠢ ᠳᠤ | ᠨᠡᠶᠢᠴᠡᠬᠦ ᠴᠢᠨᠠᠷ ᠢ ᠬᠢᠨᠠᠨ ᠬᠠᠷᠭᠤᠭᠤᠯᠤᠭᠰᠠᠨ ᠰᠠᠨᠠᠯ ᠢᠶᠠᠨ ᠳᠤᠷᠠᠳᠴᠤ᠂ ᠬᠢᠨᠠᠨ ᠬᠠᠷᠭᠤᠭᠤᠯᠤᠭᠰᠠᠨ ᠰᠠᠨᠠᠯ ᠢᠶᠠᠨ | ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠲᠤ ᠬᠠᠭᠤᠯᠤᠨ ᠢᠯᠡᠭᠡᠪᠡ᠃ | ᠲᠤᠭᠤᠷᠢᠭ ᠤᠨ ᠵᠠᠰᠠᠭ ᠤᠨ ᠣᠷᠳᠣᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ ᠵᠦᠢᠯᠡᠰ ᠢ | ᠡᠷᠬᠡᠪᠰᠢ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢ ᠥᠩᠭᠡᠷᠡᠭᠡᠵᠦ᠂ ᠬᠢᠨᠠᠨ ᠪᠠᠶᠢᠴᠠᠭᠠᠯᠲᠠ ᠪᠤᠶᠤ | ᠬᠢᠨᠠᠨ ᠪᠠᠶᠢᠴᠠᠭᠠᠯᠲᠠ ᠬᠢᠯᠭᠡᠭᠰᠡᠨ ᠦᠭᠡᠢ ᠪᠣᠯ ᠲᠤᠭᠤᠷᠢᠭ ᠤᠨ ᠵᠠᠰᠠᠭ ᠤᠨ ᠣᠷᠳᠣᠨ ᠳᠤ ᠬᠢᠨᠠᠨ ᠵᠥᠪᠯᠡᠭᠦᠯᠬᠦ ᠪᠤᠶᠤ | ᠪᠢᠴᠢᠭ ᠮᠠᠲ᠋ᠧᠷᠢᠶᠠᠯ ᠲᠣᠭᠲᠠᠭᠠᠨ ᠥᠭᠴᠦ ᠪᠣᠯᠬᠤ ᠦᠭᠡᠢ᠃ | ᠵᠢᠷᠭᠤᠳᠤᠭᠠᠷ ᠵᠦᠢᠯ ᠲᠤᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠭᠤᠤᠯᠳᠠᠭᠤ ᠳᠣᠤᠷᠠᠬᠢ ᠭᠤᠷᠪᠠᠨ | ᠲᠠᠯ᠎ᠠ ᠠᠴᠠ ᠴᠢᠬᠤᠯᠠ ᠶᠡᠭᠡ ᠵᠠᠰᠠᠭ ᠵᠠᠬᠢᠷᠭᠠᠨ ᠤ ᠵᠦᠢᠯᠡᠰ ᠤᠨ ᠬᠠᠤᠯᠢ ᠶᠣᠰᠣᠴᠢ ᠴᠢᠨᠠᠷ ᠲᠤ ᠬᠢᠨᠠᠨ ᠪᠠᠶᠢᠴᠠᠭᠠᠯᠲᠠ | ᠬᠢᠨ᠎ᠠ᠄ | ︵ᠨᠢᠭᠡ︶ ᠶᠠᠪᠤᠳᠠᠯ ᠨᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ | ᠲᠣᠭᠲᠠᠭᠠᠬᠤ ᠡᠷᠬᠡ ᠮᠡᠳᠡᠯ ᠳᠤ ᠬᠠᠷᠢᠶᠠᠯᠠᠭᠳᠠᠬᠤ ᠡᠰᠡᠬᠦ᠃ | ︵ᠬᠤᠶᠠᠷ︶ ᠤᠴᠢᠷ ᠶᠠᠪᠤᠳᠠᠯ ᠰᠢᠢᠳᠪᠦᠷᠢᠲᠦ ᠪᠤᠳᠤᠯᠭ᠎ᠠ ᠲᠣᠭᠲᠠᠭᠠᠬᠤ ᠵᠢᠷᠤᠮ ᠨᠢ ᠬᠠᠤᠯᠢ ᠴᠠᠭᠠᠵᠠ᠂ | ᠬᠠᠤᠯᠢ ᠲᠣᠭᠲᠠᠭᠠᠯ᠂ ᠲᠦᠷᠢᠮ ᠲᠣᠭᠲᠠᠭᠠᠯ ᠵᠢᠴᠢ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠬᠦ ᠡᠰᠡᠬᠦ᠃ | ︵ᠭᠤᠷᠪᠠ︶ ᠤᠴᠢᠷ ᠶᠠᠪᠤᠳᠠᠯ ᠤᠨ ᠠᠭᠤᠯᠭ᠎ᠠ ᠨᠢ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ | ᠲᠣᠭᠲᠠᠭᠠᠯ ᠵᠢᠴᠢ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠬᠦ ᠡᠰᠡᠬᠦ | ᠳᠣᠯᠣᠳᠤᠭᠠᠷ ᠵᠦᠢᠯ ᠲᠤᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠴᠢᠬᠤᠯᠠ ᠶᠡᠭᠡ ᠵᠠᠰᠠᠭ ᠵᠠᠬᠢᠷᠭᠠᠨ ᠤ | ᠵᠦᠢᠯᠡᠰ ᠲᠤ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠬᠢᠵᠦ᠂ ᠠᠳᠠᠯᠢ ᠪᠤᠰᠤ ᠪᠠᠶᠢᠳᠠᠯ ᠢ ᠦᠨᠳᠦᠰᠦᠯᠡᠨ | ᠳᠣᠤᠷᠠᠬᠢ ᠮᠡᠲᠦ ᠬᠢᠨᠠᠨ ᠪᠠᠶᠢᠴᠠᠭᠠᠭᠰᠠᠨ ᠰᠠᠨᠠᠯ ᠭᠠᠷᠭᠠᠨ᠎ᠠ᠃ | ︵ᠨᠢᠭᠡ︶ ᠣᠷᠣᠨ ᠤ ᠠᠷᠠᠳ ᠤᠨ ᠵᠠᠰᠠᠭ ᠤᠨ ᠣᠷᠳᠣᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠡᠷᠬᠡ | ᠮᠡᠳᠡᠯ ᠲᠠᠢ ᠪᠠᠶᠢᠵᠤ᠂ ᠴᠢᠬᠤᠯᠠ ᠶᠡᠭᠡ ᠵᠠᠰᠠᠭ ᠵᠠᠬᠢᠷᠭᠠᠨ ᠤ ᠵᠦᠢᠯᠡᠰ ᠤᠨ ᠠᠭᠤᠯᠭ᠎ᠠ ᠨᠢ ᠰᠢᠢᠳᠪᠦᠷᠢᠲᠦ ᠪᠣᠳᠣᠯᠭ᠎ᠠ | ᠲᠣᠭᠲᠠᠭᠠᠬᠤ ᠳᠡᠰ ᠳᠠᠷᠠᠭᠠᠯᠠᠯ ᠨᠢ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠵᠢᠴᠢ | ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠭᠰᠡᠨ ᠪᠠᠶᠢᠪᠠᠯ᠂ ᠬᠢᠨᠠᠨ ᠪᠠᠶᠢᠴᠠᠭᠠᠬᠤ ᠬᠠᠤᠯᠢ ᠶᠣᠰᠣᠨ ᠤ ᠰᠠᠨᠠᠯ | ᠭᠠᠷᠭᠠᠵᠤ ᠥᠭᠭᠦᠨ᠎ᠡ᠃ | ︵ᠬᠤᠶᠠᠷ︶ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠬᠢᠨᠠᠨ ᠪᠠᠶᠢᠴᠠᠭᠠᠬᠤ ᠳᠤ ᠬᠠᠤᠯᠢ ᠳᠤ ᠨᠡᠶᠢᠴᠡᠬᠦ | ᠦᠭᠡᠢ ᠰᠠᠨᠠᠯ ᠭᠠᠷᠭᠠᠨ᠎ᠠ᠄ | 1. ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠡᠷᠬᠡ | ᠮᠡᠳᠡᠯ ᠳᠤ ᠬᠠᠷᠢᠶᠠᠯᠠᠭᠳᠠᠬᠤ ᠦᠭᠡᠢ︔ | 2. ᠴᠢᠬᠤᠯᠠ ᠶᠡᠭᠡ ᠵᠠᠰᠠᠭ ᠵᠠᠬᠢᠷᠭᠠᠨ ᠤ ᠵᠦᠢᠯᠡᠰ ᠤᠨ ᠠᠭᠤᠯᠭ᠎ᠠ ᠨᠢ ᠬᠠᠤᠯᠢ ᠴᠠᠭᠠᠵᠠ᠂ ᠬᠠᠤᠯᠢ | ᠲᠣᠭᠲᠠᠭᠠᠯ᠂ ᠳᠦᠷᠢᠮ ᠲᠣᠭᠲᠠᠭᠠᠯ ᠵᠢᠴᠢ ᠬᠤᠯᠪᠣᠭᠳᠠᠯ ᠪᠦᠬᠦᠢ ᠲᠣᠭᠲᠠᠭᠠᠯ ᠢ ᠵᠥᠷᠢᠴᠡᠪᠡ᠃ | 3. ᠴᠢᠬᠤᠯᠠ ᠶᠡᠭᠡ ᠵᠠᠰᠠᠭ ᠵᠠᠬᠢᠷᠭᠠᠨ ᠤ ᠬᠡᠷᠡᠭ ᠶᠠᠪᠤᠳᠠᠯ ᠤᠨ ᠰᠢᠶ᠋ᠳᠪᠦᠷᠢᠲᠦ ᠪᠣᠳᠣᠯᠭ᠎ᠠ ᠲᠣᠭᠲᠠᠭᠠᠬᠤ ᠳᠡᠰ | ᠳᠠᠷᠠᠭᠠᠯᠠᠯ ᠨᠢ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠵᠢᠴᠢ ᠬᠤᠯᠪᠣᠭᠳᠠᠯ ᠪᠦᠬᠦᠢ | ᠲᠣᠭᠲᠠᠭᠠᠯ ᠠᠴᠠ ᠵᠥᠷᠢᠴᠡᠵᠡᠶ᠃ | ︵ᠭᠤᠷᠪᠠ︶ ᠭᠡᠷ᠎ᠡ᠂ ᠵᠥᠪᠯᠡᠯᠴᠡᠭᠡᠷ ᠲᠤ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠬᠢᠬᠦ ᠶᠢᠨ | ᠬᠠᠮᠲᠤ᠂ ᠬᠠᠤᠯᠢ ᠴᠠᠭᠠᠵᠠ ᠶᠢᠨ ᠲᠦᠭᠰᠢᠭᠦᠷᠢ ᠶᠢᠨ ᠰᠠᠨᠠᠭᠤᠯᠤᠮᠵᠢ ᠪᠤᠶᠤ ᠬᠠᠤᠯᠢ ᠴᠠᠭᠠᠵᠠ ᠶᠢᠨ ᠰᠠᠨᠠᠭᠤᠯᠭ᠎ᠠ | ᠭᠠᠷᠭᠠᠵᠤ ᠪᠣᠯᠤᠨ᠎ᠠ᠃ | ︵ᠲᠦᠷᠪᠡ︶ ᠤᠯᠤᠰ ᠠᠴᠠ ᠬᠠᠷᠠᠬᠠᠨ ᠲᠣᠳᠣᠷᠬᠠᠶ ᠲᠣᠭᠲᠠᠭᠠᠭᠰᠠᠨ ᠬᠠᠶᠢᠨ ᠰᠦᠪᠡᠭᠴᠢᠯᠡᠬᠦ ᠴᠢᠨᠠᠷᠲᠠᠶ | ᠥᠭᠡᠷᠡᠴᠢᠯᠡᠯᠲᠡ ᠶᠢᠨ ᠰᠢᠶ᠋ᠳᠪᠦᠷᠢᠲᠦ ᠪᠣᠳᠣᠯᠭ᠎ᠠ ᠶᠢᠨ ᠵᠦᠢᠯᠡᠰ ᠲᠤ᠂ ᠬᠠᠤᠯᠢ ᠴᠠᠭᠠᠵᠠ ᠶᠢᠨ ᠨᠤᠲᠠᠯᠠᠯ ᠤᠨ ᠰᠠᠨᠠᠯ | ᠭᠠᠷᠭᠠᠭᠰᠠᠨ ᠪᠤᠶᠤ ᠬᠠᠤᠯᠢ ᠴᠠᠭᠠᠵᠠ ᠶᠢᠨ ᠲᠦᠭᠰᠢᠭᠦᠷᠢ ᠶᠢ ᠲᠣᠳᠣᠷᠬᠠᠶ ᠢᠯᠡᠳᠬᠡᠭᠰᠡᠨ ᠪᠠᠶᠢᠬᠤ ᠬᠡᠷᠡᠭᠲᠡᠶ᠃ | ᠨᠠᠶ᠋ᠮᠠᠳᠤᠭᠠᠷ ᠵᠦᠢᠯ ᠰᠢᠶ᠋ᠳᠪᠦᠷᠢᠲᠦ ᠪᠣᠳᠣᠯᠭ᠎ᠠ ᠶᠢᠨ ᠳᠡᠰ ᠳᠠᠷᠠᠭᠠᠯᠠᠯ ᠨᠢ ᠪᠦᠷᠢᠨ ᠪᠤᠰᠤ᠂ ᠬᠢᠨᠠᠨ | ᠪᠠᠶᠢᠴᠠᠭᠠᠭᠰᠠᠨ ᠮᠠᠲ᠋ᠧᠷᠢᠶᠠᠯ ᠨᠢ ᠪᠦᠷᠢᠨ ᠪᠤᠰᠤ ᠪᠠᠶᠢᠪᠠᠯ᠂ ᠰᠢᠶ᠋ᠳᠪᠦᠷᠢᠲᠦ ᠪᠣᠳᠣᠯᠭ᠎ᠠ ᠶᠢ ᠳᠠᠭᠠᠭᠠᠨ ᠠᠪᠴᠤ | ᠭᠦᠢᠴᠡᠳᠬᠡᠬᠦ ᠨᠢᠭᠡᠴᠡ ᠳᠤ ᠪᠤᠴᠠᠭᠠᠵᠤ᠂ ᠰᠢᠶ᠋ᠳᠪᠦᠷᠢᠲᠦ ᠪᠣᠳᠣᠯᠭ᠎ᠠ ᠶᠢ ᠳᠠᠭᠠᠭᠠᠨ ᠠᠪᠴᠤ ᠭᠦᠢᠴᠡᠳᠬᠡᠬᠦ | ᠨᠢᠭᠡᠴᠡ ᠨᠢ ᠬᠠᠤᠯᠢ ᠶᠣᠰᠣᠨ ᠤ ᠴᠢᠨᠠᠷ ᠤᠨ ᠬᠢᠨᠠᠨ ᠪᠠᠶᠢᠴᠠᠭᠠᠭᠰᠠᠨ ᠰᠠᠨᠠᠯ ᠢᠶᠠᠨ ᠦᠨᠳᠦᠰᠦᠯᠡᠨ ᠰᠢᠶ᠋ᠳᠪᠦᠷᠢᠲᠦ | ᠪᠣᠳᠣᠯᠭ᠎ᠠ ᠶᠢᠨ ᠲᠥᠰᠦᠯ ᠳᠤ ᠴᠢᠬᠤᠯᠠ ᠪᠦᠬᠦᠢ ᠵᠠᠰᠠᠪᠤᠷᠢ ᠣᠷᠣᠭᠤᠯᠬᠤ᠂ ᠨᠥᠬᠦᠪᠥᠷᠢᠯᠡᠬᠦ ᠪᠠ ᠲᠣᠬᠢᠷᠠᠭᠤᠯᠤᠯᠲᠠ | ᠬᠢᠬᠦ ᠬᠡᠷᠡᠭᠲᠡᠶ᠃ | ᠰᠢᠢᠳᠪᠦᠷᠢᠲᠦ ᠪᠣᠳᠣᠯᠭ᠎ᠠ ᠶᠢ ᠳᠠᠭᠠᠭᠠᠨ ᠠᠪᠴᠤ ᠭᠦᠢᠴᠡᠳᠭᠡᠬᠦ ᠨᠢᠭᠡᠴᠡ ᠨᠢ ᠬᠠᠤᠯᠢ ᠶᠣᠰᠣᠴᠢ ᠴᠢᠨᠠᠷ ᠤᠨ | ᠬᠢᠨᠠᠨ ᠪᠠᠶᠢᠴᠠᠭᠠᠯᠲᠠ ᠶᠢᠨ ᠰᠠᠨᠠᠯ ᠢ ᠭᠥᠯᠢᠶᠡᠨ ᠠᠪᠤᠭᠰᠠᠨ ᠥᠬᠡᠶ ᠪᠤᠶᠤ ᠪᠦᠷᠢᠮᠦᠰᠦᠨ ᠭᠥᠯᠢᠶᠡᠨ ᠠᠪᠤᠭᠰᠠᠨ ᠥᠬᠡᠶ | ᠪᠠᠶᠢᠪᠠᠯ᠂ ᠲᠤᠭᠤᠷᠢᠭ ᠤᠨ ᠵᠠᠰᠠᠭ ᠤᠨ ᠣᠷᠳᠣᠨ ᠳᠤ ᠳᠡᠪᠰᠢᠭᠦᠯᠦᠨ ᠬᠢᠨᠠᠨ ᠶᠠᠷᠢᠯᠴᠠᠭᠤᠯᠬᠤ ᠦᠶ᠎ᠡ ᠳᠤ ᠤᠴᠢᠷ | ᠰᠢᠯᠲᠠᠭᠠᠨ ᠪᠠ ᠦᠨᠳᠦᠰᠦ ᠪᠠᠷᠢᠮᠲᠠ ᠪᠠᠨ ᠲᠣᠳᠣᠷᠬᠠᠶᠢᠯᠠᠬᠤ ᠬᠡᠷᠡᠭᠲᠡᠶ᠃ | ᠶᠢᠰᠦᠳᠦᠭᠡᠷ ᠵᠦᠢᠯ ᠰᠢᠶ᠋ᠳᠪᠦᠷᠢᠲᠦ ᠪᠣᠳᠣᠯᠭ᠎ᠠ ᠶᠢ ᠳᠠᠭᠠᠭᠠᠨ ᠠᠪᠴᠤ ᠭᠦᠢᠴᠡᠳᠬᠡᠬᠦ ᠨᠢᠭᠡᠴᠡ ᠨᠢ ᠬᠢᠨᠠᠭᠤᠯᠬᠤ | ᠮᠠᠲ᠋ᠧᠷᠢᠶᠠᠯ ᠤᠨ ᠦᠨᠡᠨ ᠪᠣᠳᠠᠲᠤ ᠴᠢᠨᠠᠷ᠂ ᠪᠦᠲᠦᠮᠵᠢᠲᠦ ᠴᠢᠨᠠᠷ ᠲᠤ ᠬᠠᠷᠢᠭᠤᠴᠠᠬᠤ ᠬᠡᠷᠡᠭᠲᠡᠶ᠃ | ᠠᠷᠪᠠᠳᠤᠭᠠᠷ ᠵᠦᠢᠯ ᠰᠢᠶ᠋ᠳᠪᠦᠷᠢᠲᠦ ᠪᠣᠳᠣᠯᠭ᠎ᠠ ᠶᠢᠨ ᠶᠠᠪᠤᠴᠠ ᠶᠢ ᠲᠡᠮᠳᠡᠭᠯᠡᠬᠦ ᠪᠠ ᠮᠠᠲ᠋ᠧᠷᠢᠶᠠᠯ ᠢ ᠳᠠᠩᠰᠠ | ᠡᠪᠬᠡᠮᠡᠯ ᠳᠤ ᠣᠷᠣᠭᠤᠯᠬᠤ ᠳᠦᠷᠢᠮ ᠢ ᠪᠠᠶᠢᠭᠤᠯᠵᠤ᠂ ᠰᠢᠶ᠋ᠳᠪᠦᠷᠢᠲᠦ ᠪᠣᠳᠣᠯᠭ᠎ᠠ ᠶᠢ ᠳᠠᠭᠠᠭᠠᠨ ᠠᠪᠴᠤ ᠭᠦᠢᠴᠡᠳᠬᠡᠬᠦ | ᠨᠢᠭᠡᠴᠡ ᠠᠴᠠ ᠰᠢᠶ᠋ᠳᠪᠦᠷᠢᠲᠦ ᠪᠣᠳᠣᠯᠭ᠎ᠠ ᠲᠣᠭᠲᠠᠭᠠᠬᠤ ᠶᠠᠪᠤᠴᠠ ᠳᠤ ᠪᠤᠶ ᠪᠣᠯᠤᠭᠰᠠᠨ ᠲᠡᠮᠳᠡᠭᠯᠡᠯ᠂ ᠮᠠᠲ᠋ᠧᠷᠢᠶᠠᠯ ᠢ | ᠴᠠᠭ ᠲᠤᠬᠠᠶ ᠳᠤᠨᠢ ᠪᠦᠷᠢᠨ ᠭᠦᠢᠴᠡᠳ ᠳᠠᠩᠰᠠ ᠡᠪᠬᠡᠮᠡᠯ ᠳᠤ ᠣᠷᠣᠭᠤᠯᠬᠤ ᠬᠡᠷᠡᠭᠲᠡᠶ᠃ ᠰᠢᠢᠳᠪᠦᠷᠢᠲᠦ | ᠪᠣᠳᠣᠯᠭ᠎ᠠ ᠶᠢ ᠭᠦᠢᠴᠡᠳᠬᠡᠭᠰᠡᠨ ᠪᠠᠶᠢᠳᠠᠯ ᠢ ᠣᠨ ᠤ ᠬᠠᠤᠯᠢ ᠪᠠᠷ ᠣᠷᠣᠨ ᠢᠶᠠᠨ ᠵᠠᠰᠠᠬᠤ ᠶᠢ ᠰᠢᠯᠭᠠᠨ ᠬᠢᠨᠠᠬᠤ | ᠠᠭᠤᠯᠭ᠎ᠠ ᠳᠤ ᠣᠷᠣᠭᠤᠯᠤᠨ᠎ᠠ᠃ | ᠠᠷᠪᠠᠨ ᠨᠢᠭᠡᠳᠦᠭᠡᠷ ᠵᠦᠢᠯ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠵᠦᠢᠯᠡᠰ ᠤᠨ ᠬᠠᠤᠯᠢ ᠶᠣᠰᠣᠴᠢ | ᠴᠢᠨᠠᠷ ᠢ ᠬᠢᠨᠠᠨ ᠪᠠᠶᠢᠴᠠᠭᠠᠭᠰᠠᠨ ᠰᠠᠨᠠᠯ ᠢ ᠵᠥᠪᠬᠡᠨ ᠳᠣᠲᠣᠭᠠᠳᠤ ᠳᠠᠭᠠᠨ ᠬᠡᠷᠡᠭᠯᠡᠬᠦ ᠳᠤ ᠬᠠᠩᠭᠠᠵᠤ᠂ ᠬᠤᠯᠪᠣᠭᠳᠠᠯ | ᠪᠦᠬᠦᠢ ᠨᠢᠭᠡᠴᠢ ᠪᠤᠶᠤ ᠬᠤᠪᠢ ᠬᠥᠮᠦᠨ ᠨᠢᠭᠤᠴᠠ ᠶᠢ ᠬᠠᠮᠠᠭᠠᠯᠠᠬᠤ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠂ | ᠭᠠᠳᠠᠭᠰᠢ ᠵᠠᠳᠠᠷᠠᠭᠤᠯᠵᠤ ᠪᠣᠯᠬᠤ ᠦᠭᠡᠢ᠃ | ᠠᠷᠪᠠᠨ ᠬᠤᠶᠠᠳᠤᠭᠠᠷ ᠵᠦᠢᠯ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ | ᠬᠡᠷᠡᠭ ᠡᠷᠬᠢᠯᠡᠬᠦ ᠭᠠᠵᠠᠷ᠂ ᠣᠷᠣᠨ ᠤ ᠰᠢᠭᠤᠳ ᠬᠠᠷᠢᠶ᠎ᠠ ᠡᠯ᠎ᠡ ᠨᠢᠭᠡᠴᠡ ᠶᠢᠨ ᠴᠢᠬᠤᠯᠠ ᠶᠡᠭᠡ ᠵᠠᠰᠠᠭ ᠵᠠᠬᠢᠷᠭᠠᠨ ᠤ | ᠰᠢᠶ᠋ᠳᠪᠦᠷᠢᠲᠦ ᠪᠣᠳᠣᠯᠭ᠎ᠠ ᠲᠣᠭᠲᠠᠭᠠᠬᠤ᠂ ᠬᠡᠷᠡᠭᠵᠢᠭᠦᠯᠬᠦ᠂ ᠬᠢᠨᠠᠯᠲᠠ ᠲᠠᠯᠪᠢᠬᠤ ᠵᠡᠷᠭᠡ ᠠᠵᠢᠯᠯᠠᠭ᠎ᠠ ᠶᠢ ᠲᠤᠰ | ᠳᠦᠷᠢᠮ ᠢᠶᠠᠷ ᠯᠠᠪᠯᠠᠯᠲᠠ ᠪᠣᠯᠭᠠᠨ ᠬᠡᠷᠡᠭᠵᠢᠭᠦᠯᠵᠦ᠂ ᠲᠡᠭᠦᠨ ᠤ ᠬᠠᠤᠯᠢ ᠳᠦᠷᠢᠮ ᠤᠨ ᠪᠠᠶᠢᠭᠤᠯᠤᠮᠵᠢ ᠪᠤᠶᠤ ᠬᠠᠤᠯᠢ | ᠴᠠᠭᠠᠵᠠ ᠶᠢᠨ ᠵᠥᠪᠯᠡᠭᠴᠢ ᠠᠴᠠ ᠬᠠᠤᠯᠢ ᠶᠣᠰᠣᠨ ᠤ ᠴᠢᠨᠠᠷᠲᠠᠶ ᠬᠢᠨᠠᠨ ᠪᠠᠶᠢᠴᠠᠭᠠᠯᠲᠠ ᠬᠢᠨ᠎ᠡ᠃ | ᠠᠷᠪᠠᠨ ᠭᠤᠷᠪᠠᠳᠤᠭᠠᠷ ᠵᠦᠢᠯ ᠲᠤᠰ ᠳᠦᠷᠢᠮ ᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠃ |