ᠪᠠᠶ ᠴᠦᠨ ᠯᠸᠢ ᠭᠤᠤᠯᠳᠠᠯᠭ᠎ᠠ ᠲᠠᠢ ᠲᠥᠷᠥᠯ ᠵᠦᠢᠯ ᠤᠨ ᠠᠵᠢᠯ ᠢᠶᠠᠨ ᠡᠬᠢᠯᠡᠭᠦᠯᠵᠦ ᠰᠡᠷᠭᠦᠭᠡᠭᠰᠡᠨ ᠵᠢᠴᠢ ᠭᠤᠤᠯᠳᠠᠯᠭ᠎ᠠ ᠲᠠᠢ ᠠᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/3/19
      3 ᠰᠠᠷ᠎ᠠ ᠶᠢᠨ 16 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠶ ᠴᠦᠨ ᠯᠸᠢ ᠭᠤᠤᠯᠳᠠᠯᠭ᠎ᠠ ᠲᠠᠢ ᠲᠥᠷᠥᠯ ᠵᠦᠢᠯ ᠤᠨ ᠠᠵᠢᠯ ᠢᠶᠠᠨ ᠡᠬᠢᠯᠡᠭᠦᠯᠵᠦ ᠰᠡᠷᠭᠦᠭᠡᠭᠰᠡᠨ ᠵᠢᠴᠢ ᠭᠤᠤᠯᠳᠠᠯᠭ᠎ᠠ ᠲᠠᠢ ᠠᠵᠢᠯ ᠢ ᠥᠷᠨᠢᠭᠦᠯᠦᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃ ᠲᠣᠭᠤᠷᠢᠭ ᠤᠨ ᠤᠳᠤᠷᠢᠳᠤᠯᠭ᠎ᠠ ᠸᠠᠩ ᠬᠤᠩ ᠼᠦᠨ᠂ ᠯᠢᠦ ᠲᠢᠶᠠᠨ ᠴᠢᠩ ᠣᠷᠣᠯᠴᠠᠪᠠ᠃      ᠪᠠᠶᠢᠴᠠᠭᠠᠨ ᠰᠤᠳᠤᠯᠤᠯᠲᠠ ᠶᠢᠨ ᠳᠤᠮᠳᠠ᠂ ᠪᠠᠶ ᠴᠦᠨ ᠯᠸᠢ ᠬᠤᠸᠠ ᠽᠢ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠶᠡᠷᠦᠩᠬᠡᠶᠢᠯᠡᠨ ᠠᠰᠢᠭᠯᠠᠬᠤ ᠠᠵᠤ ᠦᠶ᠋ᠯᠡᠰ ᠤᠨ ᠬᠦᠷᠢᠶᠡᠯᠡᠩ ᠤᠨ ᠲᠥᠷᠥᠯ ᠵᠦᠶ᠋ᠯ᠂ ᠤᠯᠠᠭᠠᠨᠴᠠᠪ ᠳᠣᠤᠷ᠎ᠠ ᠨᠡᠭᠦᠷᠡᠰᠦᠲᠥ᠋ᠷᠥᠭᠴᠢᠲᠦ ᠥᠨᠳᠥᠷ ᠪᠦᠲᠦᠮᠵᠢᠲᠡᠶ ᠤᠬᠢᠶᠠᠵᠤ ᠰᠣᠩᠭᠤᠨ ᠪᠣᠯᠪᠠᠰᠤᠷᠠᠭᠤᠯᠬᠤ ᠠᠵᠤ ᠦᠶ᠋ᠯᠡᠰ ᠤᠨ ᠬᠦᠷᠢᠶᠡᠯᠡᠩ ᠤᠨ ᠲᠥᠷᠥᠯ ᠵᠦᠶ᠋ᠯ᠂ ᠬᠦᠬᠤᠰᠣ ᠪᠣᠬᠢᠷᠲᠤᠯ ᠥᠬᠡᠶ ᠣᠶᠤᠨᠴᠢ ᠨᠡᠭᠦᠷᠡᠰᠦ ᠤᠬᠢᠶᠠᠵᠤ ᠰᠣᠩᠭᠤᠨ ᠪᠣᠯᠪᠠᠰᠤᠷᠠᠭᠤᠯᠬᠤ ᠠᠵᠤ ᠦᠶ᠋ᠯᠡᠰ ᠤᠨ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶ᠋ᠯ ᠤᠨ ᠠᠬᠢᠴᠠ ᠶᠢᠨ ᠪᠠᠶᠢᠳᠠᠯ ᠵᠢᠴᠢ ᠨᠡᠭᠦᠷᠡᠰᠦᠨ ᠠᠭᠤᠷᠬᠠᠶ ᠶᠢᠨ 6 ᠳ᠋ᠤᠭᠠᠷ ᠨᠣᠮᠧᠷᠲᠤ ᠨᠡᠶᠢᠳᠬᠡᠬᠦ ᠣᠷᠣᠨ᠂ ᠨᠡᠭᠦᠷᠡᠰᠦᠨ ᠤ ᠪᠤᠰᠤ ᠠᠭᠤᠷᠬᠠᠶ ᠶᠢᠨ 5 ᠳ᠋ᠤᠭᠠᠷ ᠨᠣᠮᠧᠷᠲᠤ ᠡᠮᠬᠢᠯᠡᠨ ᠨᠡᠶᠢᠯᠡᠭᠦᠯᠬᠦ ᠣᠷᠣᠨ᠂ 9 ᠳ᠋ᠦᠭᠡᠷ ᠨᠣᠮᠧᠷᠲᠤ ᠡᠮᠬᠢᠯᠡᠨ ᠨᠡᠶᠢᠯᠡᠭᠦᠯᠬᠦ ᠣᠷᠣᠨ ᠤ ᠠᠵᠢᠯ ᠤᠨ ᠠᠬᠢᠴᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠥᠷᠥᠯ ᠵᠦᠶ᠋ᠯ ᠢ ᠠᠬᠢᠭᠤᠯᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠨᠠᠷᠢᠨ ᠠᠰᠠᠭᠤᠵᠤ᠂ ᠰᠢᠶ᠋ᠳᠪᠦᠷᠢᠯᠡᠬᠦ ᠠᠷᠭ᠎ᠠ ᠶᠢ ᠰᠤᠳᠤᠯᠵᠤ᠂ ᠬᠤᠯᠪᠣᠭᠳᠠᠯ ᠪᠥᠬᠦᠶ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠲᠡᠷᠡ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠴᠢᠨᠠᠷ ᠰᠠᠶᠢᠲᠠᠢ ᠬᠥᠭᠵᠢᠯᠲᠡ ᠭᠡᠬᠦ ᠡᠨᠡᠬᠦ ᠲᠡᠷᠢᠭᠦᠨ ᠴᠢᠬᠤᠯᠠ ᠡᠭᠦᠷᠭᠡ ᠶᠢ ᠪᠠᠲᠤ ᠡᠵᠡᠮᠳᠡᠵᠦ᠂ ︽ᠲᠦᠷᠦᠯ ᠵᠦᠢᠯ ᠢ ᠠᠳᠬᠤᠬᠤ ᠨᠢ ᠳᠠᠷᠤᠢ ᠬᠥᠭᠵᠢᠯᠲᠡ ᠶᠢ ᠡᠷᠢᠯᠬᠢᠯᠡᠵᠦ ᠪᠠᠶᠢᠭ᠎ᠠ ᠶᠠᠪᠤᠳᠠᠯ ᠮᠥᠨ︾ ᠭᠡᠬᠦ ᠤᠢᠢᠯᠠᠭᠠᠭᠳᠠᠬᠤᠨ ᠢ ᠪᠦᠬᠦ ᠲᠠᠯ᠎ᠠ ᠪᠠᠷ ᠪᠤᠢ ᠪᠣᠯᠭᠠᠵᠤ᠂ ᠥᠷᠯᠥᠭᠡ ᠦᠳᠡᠰᠢ ᠶᠢ ᠲᠡᠮᠡᠴᠡᠬᠦ ᠲᠤᠯᠭᠠᠮ᠎ᠠ ᠰᠡᠳᠬᠢᠯᠭᠡ᠂ ᠠᠵᠢᠯᠯᠠᠬᠤ ᠶᠢ ᠲᠡᠷᠢᠭᠦᠨ ᠳᠤ ᠲᠠᠯᠪᠢᠬᠤ ᠡᠷᠴᠢ ᠵᠣᠷᠢᠭ᠂ ᠤᠷᠳᠤ ᠬᠤᠭᠤᠴᠠᠭ᠎ᠠ ᠪᠠᠷ ᠴᠢᠷᠮᠠᠶᠢᠬᠤ ᠬᠠᠳᠠᠨ ᠵᠣᠷᠢᠭ ᠢᠶᠠᠨ ᠦᠨᠡᠨᠬᠦ ᠴᠢᠩᠭᠠᠳᠬᠠᠵᠤ᠂ ᠭᠤᠣᠯᠳᠠᠯᠭ᠎ᠠ ᠲᠠᠢ ᠲᠦᠷᠦᠯ ᠵᠦᠢᠯ ᠢ ᠡᠷᠲᠡ ᠠᠵᠢᠯ ᠡᠬᠢᠯᠡᠭᠦᠯᠬᠦ᠂ ᠡᠷᠲᠡ ᠪᠦᠲᠦᠭᠡᠨ ᠪᠠᠶᠢᠭᠤᠯᠬᠤ᠂ ᠡᠷᠲᠡ ᠠᠰᠢᠭᠯᠠᠯᠲᠠ ᠳᠤ ᠣᠷᠣᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠲᠤᠯᠭᠠᠭᠤᠷᠢᠯᠠᠯ ᠬᠠᠩᠭᠠᠬᠤ ᠬᠡᠷᠡᠭᠲᠡᠢ᠃ ᠠᠵᠤ ᠠᠬᠤᠶᠢᠯᠠᠯ ᠯᠤᠭ᠎ᠠ ᠶᠢᠨ ᠤᠯᠤᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠵᠦ᠂ ᠡᠯ᠎ᠡ ᠲᠦᠷᠦᠯ ᠤᠨ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠲᠦᠷᠦᠯ ᠵᠦᠢᠯ ᠤᠨ ᠲᠦᠷᠭᠡᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠨᠡᠭᠦᠷᠡᠰᠦᠨ ᠠᠭᠤᠷᠬᠠᠢ᠂ ᠨᠡᠭᠦᠷᠡᠰᠦᠨ ᠤ ᠪᠤᠰᠤ ᠠᠭᠤᠷᠬᠠᠢ ᠶᠢ ᠨᠡᠶᠢᠳᠬᠡᠬᠦ ᠠᠵᠢᠯ ᠢ ᠠᠬᠢᠭᠤᠯᠬᠤ ᠬᠠᠷᠢᠭᠤᠴᠠᠯᠭᠠᠲᠤ ᠰᠡᠳᠬᠢᠯᠭᠡ ᠪᠣᠯᠣᠨ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠬᠠᠷᠠᠯᠲᠠ ᠪᠠᠨ ᠪᠠᠲᠤ ᠡᠵᠡᠮᠳᠡᠵᠦ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠪᠦᠬᠦ ᠬᠦᠴᠦᠨ ᠢᠶᠠᠷ ᠢᠶᠠᠨ ᠪᠣᠭᠤᠮᠲᠠ ᠰᠢᠪᠲᠤᠯᠵᠤ᠂ ᠨᠡᠶᠢᠳᠬᠡᠬᠦ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠠᠲᠤᠯᠠᠵᠤ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠠᠷᠪᠢᠲᠠᠢ ᠡᠷᠴᠢᠮᠯᠢᠭ᠂ ᠥᠨᠳᠥᠷ ᠪᠦᠲᠦᠮᠵᠢᠲᠡᠢ ᠠᠰᠢᠭᠯᠠᠬᠤ ᠶᠢ ᠪᠡᠶᠡᠯᠡᠭᠦᠯᠬᠦ ᠬᠡᠷᠡᠭᠲᠡᠢ ᠭᠡᠵᠡᠢ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号