ᠠᠶᠠᠨᠴᠢᠨ
ᠨᠡᠶᠢᠲᠡᠯᠡᠭᠰᠡᠨ ᠴᠠᠭ᠄
2024/3/20
     ᠨᠢᠭᠡ ᠤᠯᠤᠰ ᠣᠷᠣᠨ ᠤ ᠠᠵᠤ ᠠᠬᠤᠢ ᠨᠡᠶᠢᠭᠡᠮ ᠤᠨ ᠬᠦᠭᠵᠢᠯᠳᠡ ᠪᠣᠯᠤᠨ ᠠᠷᠠᠳ ᠲᠦᠮᠡᠨ ᠤ ᠪᠣᠳᠠᠰ ᠤᠨ ᠪᠠ ᠰᠣᠶᠣᠯ ᠤᠨ ᠠᠮᠢᠳᠤᠷᠠᠯ ᠤᠨ ᠳᠡᠭᠡᠭᠰᠢᠯᠡᠬᠦ ᠶᠢ ᠲᠠᠭᠠᠯᠳᠤᠨ ᠠᠶᠠᠯᠠᠯ ᠵᠢᠭᠤᠯᠴᠢᠯᠠᠯ ᠤᠨ ᠤᠶᠢᠯᠡᠰ ᠴᠦ   ᠬᠦᠭᠵᠢᠨ ᠪᠣᠵᠠᠭᠠᠶᠢᠷᠠᠬᠤ ᠨᠢ ᠵᠠᠶᠢᠯᠠᠰᠢ ᠦᠭᠡᠢ ᠶᠠᠪᠣᠳᠠᠯ ᠪᠤᠯᠠᠬᠤ ᠶᠤᠮ᠃ ᠤᠳᠤᠬᠠᠨ ᠳᠤ ᠮᠠᠨ ᠤ ᠣᠷᠤᠨ ᠤ ︽ᠠᠷᠪᠠᠨ ᠭᠤᠷᠪᠠᠳᠤᠭᠠᠷ ᠲᠠᠪᠤᠨ ᠵᠢᠯ ᠤᠨ ᠲᠦᠯᠦᠪᠵᠢᠭᠦᠯᠭᠡ ᠶᠢᠨ ᠬᠤᠭᠤᠴᠠᠭᠠᠨ ᠤ ᠠᠶᠠᠯᠠᠯ ᠵᠢᠭᠤᠯᠴᠢᠯᠠᠯ ᠤᠨ  ᠤᠶᠢᠯᠠᠰ ᠢ ᠬᠦᠭᠵᠢᠬᠦᠯᠬᠦ ᠲᠣᠬᠠᠢ ᠲᠦᠯᠦᠪᠯᠡᠭᠡ︾ ᠶᠢ ᠨᠢᠭᠡᠨᠳᠡ ᠲᠣᠭᠳᠠᠭᠠᠨ ᠬᠡᠷᠡᠭᠵᠢᠭᠦᠯᠵᠥ ᠡᠬᠢᠯᠡᠪᠡ᠃ ᠡᠭᠦᠨ ᠳᠤ ᠣᠯᠠᠨ ᠳᠤ ᠬᠡᠳᠦᠨ ᠲᠣᠭᠤᠷᠢᠨ ᠵᠤᠭᠠᠴᠠᠬᠤ ᠭᠠᠵᠠᠷ ᠲᠠᠨᠢᠯᠴᠠᠭᠤᠯᠤᠶ᠎ᠠ᠃                                  ᠢᠰᠯᠠᠮ ᠪᠠᠶᠢᠷᠢᠯᠠᠯ ᠤᠨ ᠣᠨᠴᠠᠯᠢᠭ ᠲᠠᠢ ᠦᠵᠡᠮᠵᠢ ᠶᠢᠨ ᠵᠡᠭᠡᠯᠢ                  ᠢᠰᠯᠠᠮ ᠪᠠᠶᠢᠷᠢᠯᠠᠯ ᠤᠨ ᠣᠨᠴᠠᠯᠢᠭ ᠲᠠᠢ ᠦᠵᠡᠮᠵᠢ ᠶᠢᠨ ᠵᠡᠭᠡᠯᠢ ᠨᠢ ᠬᠦᠬᠡᠬᠤᠳᠠ ᠶᠢᠨ ᠬᠦᠢ ᠮᠢᠨ ᠲᠣᠭᠤᠷᠢᠭ ᠲᠤ ᠪᠠᠶᠢᠵᠥ᠂ ᠪᠦᠬᠦ ᠤᠷᠳᠤ ᠨᠢ 1150 ᠮᠧᠲᠷ ᠪᠣᠯᠤᠨ᠎ᠠ᠃ ᠠᠳᠡ ᠬᠤᠳᠤᠩ ᠦᠨᠳᠦᠰᠦᠳᠡᠨ  ᠲᠦᠪᠯᠡᠷᠡᠨ ᠰᠠᠭᠤᠷᠢᠰᠢᠵᠥ᠂ ᠢᠰᠯᠠᠮ ᠤᠨ ᠬᠡᠪ ᠮᠠᠶ᠋ᠢᠭ ᠤᠨ ᠪᠠᠷᠢᠯᠭ᠎ᠠ ᠲᠦᠪᠯᠡᠷᠡᠵᠥ᠂ ᠮᠦᠰᠦᠯᠢᠮᠡᠨ ᠠᠷᠠᠯᠵᠢᠶ᠎ᠠ ᠦᠷᠨᠢᠨ ᠬᠦᠭᠵᠢᠪᠡ᠃ ᠠᠳᠡ ᠡᠬᠦᠳᠡᠨ ᠪᠢᠯᠧᠲ ᠠᠪᠬᠤ ᠦᠭᠡᠢ᠂ ᠪᠦᠬᠦᠯᠢ ᠡᠳᠦᠷ ᠢᠶᠠᠷ ᠨᠢ ᠨᠡᠭᠡᠭᠡᠳᠡᠭ ᠶᠤᠮ᠃ ᠲᠦᠷᠪᠡᠨ ᠤᠯᠠᠷᠢᠯ ᠢᠶᠠᠷ ᠪᠦᠷ ᠲᠤᠭᠤᠷᠢᠵᠥ ᠪᠣᠯᠬᠤ ᠭᠠᠵᠠᠷ ᠶᠤᠮ᠃                    ᠰᠢᠷᠡᠭᠡᠳᠤ ᠵᠤᠤ                ᠰᠢᠷᠡᠭᠡᠳᠤ ᠵᠣᠣ ᠶᠢᠨ ᠬᠢᠲᠠᠳ ᠨᠡᠷ᠎ᠡ ᠨᠢ ︽ᠶᠠᠨ ᠱᠸᠣ ᠰᠦᠮ᠎ᠡ︾ ᠭᠡᠳᠡᠭ᠂ ᠡᠩᠭᠡ ᠠᠮᠤᠭᠤᠯᠠᠩ ᠬᠠᠭᠠᠨ ᠤ ᠦᠭᠭᠦᠭᠰᠡᠨ ᠨᠡᠷ᠎ᠡ ᠪᠣᠯᠤᠨ᠎ᠠ᠃ ᠰᠢᠷᠡᠭᠡᠳᠣ ᠵᠣᠣ ᠨᠢ ᠬᠦᠬᠡᠬᠤᠳᠠ ᠶᠢᠨ ᠬᠠᠭᠤᠴᠢᠨ ᠬᠤᠳᠠ ᠶᠢᠨ ᠢᠤᠢ ᠴᠢᠤᠸᠠᠨ ᠲᠣᠭᠤᠷᠢᠭ ᠤᠨ ᠴᠢᠯᠠᠭᠤ ᠭᠤᠳᠤᠮᠵᠢ ᠶᠢᠨ ᠵᠡᠭᠦᠨ ᠬᠡᠰᠡᠭ ᠲᠤ ᠪᠠᠶᠢᠷᠢᠰᠢᠯᠠᠵᠥ᠂ ᠬᠦᠬᠡᠬᠤᠳᠠ ᠶᠢᠨ ᠬᠡᠪᠴᠢᠶ᠎ᠡ ᠪᠠᠷ ᠬᠠᠮᠤᠭ ᠤᠨ ᠶᠡᠭᠡ ᠯᠠᠮᠠ ᠶᠢᠨ ᠱᠠᠰᠢᠨ ᠤ ᠰᠦᠮ᠎ᠡ ᠪᠣᠯᠤᠨ᠎ᠠ᠃ ᠲᠦᠷᠪᠡᠨ ᠵᠠᠭᠤᠨ ᠵᠢᠯ ᠤᠨ ᠤᠷᠳᠤ   ᠲᠡᠣᠬᠡ ᠲᠠᠢ ᠰᠣᠶᠤᠯ ᠤᠨ ᠥᠪ ᠮᠦᠨ᠃                     ᠭᠧᠮᠫᠢ ᠶᠢᠨ ᠰᠦᠮ᠎ᠡ                          ᠭᠧᠮᠫᠢ ᠶᠢᠨ ᠰᠦᠮ᠎ᠡ ᠶᠢ ᠪᠠᠰᠠ ᠨᠡᠶᠢᠭᠡᠮ ᠢᠶᠠᠷ ᠠᠪᠤᠷᠠᠭᠴᠢ ᠰᠦᠮ᠎ᠡ ᠭᠡᠳᠡᠭ᠃  ᠰᠠᠶᠢᠰᠢᠶᠠᠯ  ᠢᠷᠦᠭᠡᠯᠳᠦ ᠵᠢᠨ‌ᠠᠷᠪᠠ ᠶᠢᠰᠦᠳᠦᠭᠡᠷ ᠣᠨ ︿1804﹀ ᠳᠤ ᠡᠬᠢᠯᠡᠵᠥ ᠪᠠᠶᠢᠭᠤᠯᠵᠠᠢ᠃  ᠰᠦᠮ᠎ᠡ  ᠶᠢᠨ ᠠᠷᠤ ᠳᠤ  ᠪᠠᠨ ᠠᠭᠯᠠᠭ ᠰᠠᠬᠢᠳᠠᠭ ᠪᠠᠶᠠᠨᠴᠠᠭᠠᠨ ᠤ ᠲᠦᠰᠢᠯᠭᠡ ᠲᠠᠢ᠂ ᠵᠡᠬᠦᠨ ᠢᠶᠠᠨ ᠯᠤᠤᠶᠧ ᠬᠠᠳᠠᠨ ᠤ ᠨᠣᠶᠠᠨ ᠣᠷᠬᠢᠯ ᠲᠠᠢ᠂ ᠪᠠᠷᠠᠭᠤᠨ ᠢᠶᠠᠨ ᠬᠠᠳ᠋ᠨ‌‍ᠰᠢᠷᠭᠤᠤᠯ ᠲᠠᠢ᠂ ᠵᠡᠬᠦᠨ ᠪᠠᠷᠠᠭᠤᠨ ᠬᠤᠶᠠᠷ ᠰᠣᠭᠤ ᠪᠠᠷ ᠤᠨᠳᠤᠷᠤᠮᠠᠯ ᠪᠣᠯᠠᠭ᠂ ᠭᠤᠷᠤᠬ᠎ᠠ  ᠲᠠᠢ᠃ ᠲᠦᠷᠪᠡᠨ ᠲᠠᠯ᠎ᠠ ᠳᠤ ᠪᠠᠨ ᠠᠭᠤᠯᠠ ᠲᠠᠢ᠂ ᠠᠭᠤᠢ ᠰᠢᠷᠭᠤᠤᠯ ᠲᠠᠢ᠂ ᠣᠪᠤᠭ᠎ᠠ ᠲᠠᠬᠢᠯᠭ᠎ᠠ   ᠲᠠᠢ᠂ ᠦᠵᠡᠮᠵᠢ ᠰᠠᠶᠢᠬᠠᠨ ᠶᠤᠮ᠃ ᠬᠡᠷᠪᠡ ᠰᠢᠲᠦᠯᠭᠡ ᠪᠢᠰᠢᠷᠡᠯ ᠲᠠᠢ ᠬᠦᠮᠦᠰ ᠪᠤᠯ ᠣᠴᠢᠵᠦ ᠦᠵᠡᠮᠡᠷ ᠪᠣᠯᠬᠤ ᠭᠠᠵᠠᠷ ᠶᠤᠮ᠃ ᠲᠤᠰ ᠵᠢᠷᠤᠭ ᠪᠣᠯ ᠭᠧᠮᠫᠢ ᠶᠢᠨ ᠰᠦᠮ᠎ᠡ ᠵᠢᠨ‌‍ᠰᠢᠨ᠎ᠡ ᠪᠠᠷ ᠪᠠᠶᠢᠭᠤᠯᠤᠨᠰᠠᠨ ᠤ ᠰᠡᠭᠦᠯᠡᠷᠬᠢ ᠭᠡᠷᠡᠯ ᠵᠢᠷᠤᠭ ᠪᠣᠯᠤᠨ᠎ᠠ᠃
 
ᠢᠷᠡᠯᠲᠡ᠄ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号